5 ᠡᠳᠦᠷ᠎ᠲᠦ ᠦᠨᠡᠮᠯᠡᠯ ᠪᠠᠭᠤᠯᠭᠠᠨ᠎ᠠ! ᠪᠤᠭᠤᠲᠤ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ 《ᠭᠠᠷᠴᠠᠭ᠎ᠤᠨ ᠪᠤᠰᠤ ᠢᠳᠡᠭᠡᠨ᠎ᠤ ᠵᠦᠢᠯ》᠎ᠤᠨ ᠦᠢᠯᠡᠳᠪᠦᠷᠢᠯᠡᠯ᠎ᠤᠨ ᠵᠥᠪᠱᠢᠶᠡᠷᠡᠯ᠎ᠤᠨ ᠬᠦᠴᠢᠷ ᠠᠰᠠᠭᠤᠳᠠᠯ᠎ᠢ ᠱᠢᠢᠳᠪᠦᠷᠢᠯᠡᠪᠡ
2025-09-10

《ᠦᠨᠡᠬᠡᠷ ᠪᠤᠳᠤᠵᠦ᠍ ᠣᠯᠣᠭ᠍ᠰᠠᠨ ᠦᠭᠡᠢ᠂ ᠵᠥᠪᠬᠡᠨ 5 ᠡᠳᠦᠷ ᠬᠡᠷᠡᠭ᠌ᠯᠡᠭᠡᠳ ᠢᠳᠡᠭᠡᠨ ᠦᠢᠯᠡᠳᠪᠦᠷᠢᠯᠡᠬᠦ᠌ ᠵᠥᠪᠱᠢᠶᠡᠷᠡᠯ᠎ᠤᠨ ᠦᠨᠡᠮᠯᠡᠯ ᠎ᠢ ᠣᠯᠪᠠ᠂ ᠦᠢᠯᠡᠳᠬᠦᠨ᠎ᠨᠢ ᠭᠠᠷᠴᠠᠭ᠎ᠲᠤ ᠵᠢᠭ᠍ᠰᠠᠭᠠᠭ᠍ᠳᠠᠭ᠍ᠰᠠᠨ ᠥᠬᠡᠶ᠂ ᠶᠡᠷᠦ᠍᠎ᠨᠢ ᠣᠷᠳᠣ ᠬᠤᠭᠤᠴᠠᠭ᠎ᠠ᠎ᠪᠠᠷ ᠭᠦᠶᠦᠬᠦ᠌ ᠲᠥᠯᠥᠪᠯᠡᠭᠡ᠎ᠪᠠᠨ ᠰᠠᠢᠲᠤᠷ ᠬᠢᠵᠡᠶ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠰᠠᠨᠠᠭᠠᠴᠢᠯᠠᠭ᠎ᠠ᠎ᠠᠴᠠ᠎ᠪᠠᠨ ᠵᠣᠬᠢᠴᠠᠭᠤᠯᠵᠤ᠂ ᠥᠨᠳᠥᠷ ᠪᠦᠲᠦᠮᠵᠢᠲᠡᠶ ᠦᠢᠯᠡᠴᠢᠯᠡᠵᠦ᠍᠂ ᠪᠢᠳᠡᠨ᠎ᠢ ᠬᠠᠪᠰᠣᠷᠣᠨ ᠬᠦᠴᠢᠷ ᠠᠰᠠᠭᠤᠳᠠᠯ᠎ᠢ᠎ᠱᠢᠢᠳᠪᠦᠷᠢᠯᠡᠵᠦ᠍ ᠥᠭ᠌ᠴᠡᠶ!》ᠣᠢᠷ᠎ᠠ᠎ᠳᠤ᠂ ᠢᠳᠡᠭᠡᠨ ᠦᠢᠯᠡᠳᠪᠦᠷᠢᠯᠡᠬᠦ᠌ ᠠᠵᠦ᠍ ᠠᠬᠣᠢᠯᠠᠯ᠎ᠤᠨ ᠨᠢᠭᠡᠨ ᠬᠠᠷᠢᠭᠤᠴᠠᠯᠭᠠᠲᠠᠨ ᠲᠤᠰᠭᠠᠢᠯᠠᠨ ᠪᠤᠭᠤᠲᠤ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠳᠤ ᠬᠦᠷᠴᠦ᠍᠂ ᠲᠠᠯᠠᠷᠬᠠᠯ᠎ᠤᠨ ᠬᠡᠮᠡᠷᠯᠢᠭ ᠲᠤᠭ ᠬᠦᠷᠭᠡᠪᠡ᠃

ᠤᠤᠯ᠎ᠨᠢ ᠲᠣᠰ ᠠᠵᠤ ᠠᠬᠤᠢᠯᠠᠯ᠎ᠤᠨ ᠲᠥᠯᠥᠪᠯᠡᠭᠡ᠎ᠲᠠᠢ᠎ᠪᠠᠷ ᠦᠶ᠋ᠯᠡᠳᠪᠦᠷᠢᠯᠡᠭ᠌ᠰᠡᠨ ᠨᠢᠭᠡ ᠵᠦᠶ᠋ᠯ᠎ᠤᠨ ᠱᠢᠨ᠎ᠡ ᠦᠶ᠋ᠯᠡᠳᠬᠦᠨ᠎ᠨᠢ 《ᠢᠳᠡᠭᠡᠨ ᠦᠶ᠋ᠯᠡᠳᠪᠦᠷᠢᠯᠡᠬᠦ᠌ ᠵᠥᠪᠱᠢᠶᠡᠷᠡᠯ᠎ᠤᠨ ᠲᠥᠷᠥᠯ ᠬᠤᠪᠢᠶᠠᠭ᠍ᠰᠠᠨ ᠭᠠᠷᠴᠠᠭ》᠎ᠲᠤ ᠣᠷᠣᠭᠤᠯᠤᠭ᠍ᠰᠠᠨ ᠥᠬᠡᠶ ᠪᠠᠢᠵᠤ᠂ ᠨᠢᠭᠡ ᠦᠶ᠎ᠡ 《ᠮᠡᠳᠡᠭᠦᠯᠬᠦ᠌ ᠠᠷᠭ᠎ᠠ ᠥᠬᠡᠶ》 ᠬᠦᠴᠢᠷᠳᠡᠯ᠎ᠳᠤ ᠲᠤᠯᠭᠠᠷᠠᠵᠦ᠍ ᠪᠠᠢᠪᠠ᠃ ᠠᠵᠤ ᠠᠬᠤᠢᠯᠠᠯ᠎ᠤ᠋ᠨ ᠬᠦᠰᠡᠯ ᠱᠠᠭᠠᠷᠳᠠᠯᠭ᠎ᠠ᠎ᠳ᠋ᠤ ᠴᠢᠭ᠌ᠯᠡᠭᠦᠯᠦᠨ ᠂ ᠪᠤᠭᠤᠲᠤ ᠬᠣᠲᠠ᠎ᠶᠢᠨ ᠵᠠᠬ᠎ᠠ ᠳᠡᠯᠭᠡᠭᠦᠷ᠎ᠦ᠋ᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ《ᠱᠢᠢᠳᠪᠤᠷᠢᠯᠡᠭ᠌ᠳᠡᠭᠦᠢ ᠰᠡᠳᠭᠢᠭᠦᠢ》᠎ᠪᠡᠷ 《ᠬᠡᠪ᠎ᠦ᠋ᠨ ᠪᠤᠰᠤ》 ᠬᠦᠴᠢᠷ ᠠᠰᠠᠭᠤᠳᠠᠯ᠎ᠢ᠋ ᠱᠢᠢᠳᠪᠤᠷᠢᠯᠡᠵᠦ᠍ ᠂ ᠭᠠᠷᠴᠠᠭ᠎ᠤᠨ ᠪᠣᠰᠤ ᠢᠳᠡᠭᠡᠨ ᠳᠣᠲᠣᠷᠠᠬᠢ ᠢᠳᠡᠭᠡᠨ ᠦᠢᠯᠡᠳᠪᠦᠷᠢᠯᠡᠬᠦ᠌ ᠵᠦᠪᠱᠢᠶᠡᠷᠡᠯ᠎ᠦ᠋ᠨ ᠬᠢᠨᠠᠨ ᠪᠠᠢᠴᠠᠭᠠᠬᠤ ᠠᠵᠢᠯ᠎ᠢ᠋ ᠠᠩᠬ᠎ᠠ ᠤᠳᠠᠭ᠎ᠠ ᠪᠦᠬᠦ᠌ ᠶᠠᠪᠤᠴᠠ᠎ᠳ᠋ᠤ  ᠳᠠᠭᠠᠭᠠᠴᠢᠯᠠᠨ ᠡᠷᠬᠢᠯᠡᠪᠡ ᠃

ᠡᠭᠦᠨ᠎ᠠᠴᠠ ᠡᠮᠦᠨ᠎ᠡ᠂ ᠠᠵᠢᠯᠲᠠᠳ ᠠᠵᠤ ᠠᠬᠤᠢᠯᠠᠯ᠎ᠯᠤᠭ᠎ᠠ ᠣᠯᠠᠨ ᠡᠭᠡᠯᠵᠢ᠎ᠶ᠋ᠢᠨ ᠭᠦᠨᠵᠡᠭᠡᠶ ᠰᠣᠯᠢᠯᠴᠠᠭ᠎ᠠ ᠬᠢᠬᠦ᠌᠎ᠶ᠋ᠢ ᠥᠷᠨᠢᠭᠦᠯᠵᠦ᠍᠂ ᠠᠵᠤ ᠠᠬᠤᠢᠯᠠᠯ᠎ᠤᠨ ᠦᠢᠯᠡᠳᠪᠦᠷᠢᠯᠡᠯ᠎ᠤᠨ ᠬᠡᠪᠴᠢᠶ᠎ᠡ᠂ ᠦᠢᠯᠡᠳᠬᠦᠨ᠎ᠤ ᠣᠨᠴᠠᠯᠢᠭ ᠱᠢᠨᠵᠢ᠂ ᠮᠡᠷᠭᠡᠵᠢᠯ᠎ᠤᠨ ᠪᠠᠷᠢᠮᠵᠢᠶ᠎ᠠ ᠵᠡᠷᠭᠡ ᠵᠠᠩᠭᠢᠯᠠᠭ᠎ᠠ᠎ᠶ᠋ᠢᠨ ᠮᠡᠳᠡᠭᠡ ᠵᠠᠩᠭᠢ᠎ᠶ᠋ᠢ ᠪᠥᠬᠦ᠌ ᠲᠠᠯ᠎ᠠ᠎ᠪᠠᠷ ᠣᠢᠯᠠᠭᠠᠵᠤ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠯᠤᠭ᠎ᠠ ᠵᠢᠭᠠᠪᠤᠷᠢ ᠠᠪᠴᠦ᠍ ᠨᠡᠪᠲᠡᠷᠡᠯᠴᠡᠵᠦ᠍᠂ ᠬᠢᠨᠠᠨ ᠵᠥᠪᠱᠢᠶᠡᠷᠡᠬᠦ᠌ ᠴᠤᠪᠤᠷᠠᠯ᠎ᠢ ᠲᠡᠭᠦᠯᠳᠡᠷᠵᠢᠭᠦᠯᠦᠨ᠂ ᠡᠯ᠎ᠡ ᠭᠤᠭ᠍ᠴᠤᠭ᠎ᠠ᠎ᠶ᠋ᠢᠨ ᠡᠭᠦᠷᠭᠡ ᠬᠠᠷᠢᠭᠤᠴᠠᠯᠭ᠎ᠠ᠎ᠶ᠋ᠢ ᠲᠣᠳᠣᠷᠬᠠᠢᠯᠠᠵᠤ᠂ ᠠᠵᠤ ᠠᠬᠤᠢᠯᠠᠯ᠎ᠤᠨ 《ᠪᠠᠢᠳᠠᠯ᠎ᠳᠤ ᠨᠢ ᠲᠣᠬᠢᠷᠠᠭᠤᠯᠤᠨ ᠮᠡᠳᠡᠭᠦᠯᠬᠦ᠌》 ᠲᠥᠰᠦᠯ᠎ᠢ ᠢᠵᠢᠯ ᠠᠯᠬᠤᠮ᠎ᠢᠶᠠᠷ ᠲᠣᠭ᠍ᠲᠠᠭᠠᠪᠠ᠃ ᠳᠠᠷᠠᠭ᠎ᠠ᠎ᠨᠢ᠂ ᠲᠤᠰᠭᠠᠶ ᠮᠡᠷᠭᠡᠵᠢᠯᠲᠡᠨ᠂ ᠠᠵᠤ ᠠᠬᠤᠢᠯᠠᠯ ᠪᠠ ᠬᠢᠨᠠᠨ ᠬᠠᠮᠢᠶᠠᠷᠬᠤ ᠠᠵᠢᠯᠲᠠᠨ᠎ᠢ ᠳᠠᠷᠤᠶ ᠲᠦᠷᠭᠡᠨ ᠵᠣᠬᠢᠶᠠᠨ ᠪᠠᠢᠭᠤᠯᠤᠨ ᠬᠢᠨᠠᠨ ᠲᠣᠭ᠍ᠲᠠᠭᠠᠬᠤ ᠬᠤᠷᠠᠯ ᠬᠤᠷᠠᠯᠳᠤᠭᠤᠯᠵᠤ᠂ ᠮᠡᠷᠭᠡᠵᠢᠯ᠎ᠤᠨ ᠵᠢᠷᠤᠮᠵᠢᠯ᠂ ᠠᠮᠤᠷ ᠲᠦᠪᠱᠢᠨ᠎ᠤ ᠪᠠᠷᠢᠮᠵᠢᠶ᠎ᠠ ᠪᠠ ᠲᠣᠭ᠍ᠲᠠᠭᠠᠯ᠎ᠳᠤ ᠨᠡᠢᠴᠡᠭᠦᠯᠦᠨ ᠠᠵᠢᠯᠯᠠᠭᠤᠯᠬᠤ᠎ᠳᠤ ᠠᠩᠬᠠᠷᠣᠯ᠎ᠢᠶᠠᠨ ᠲᠦᠪᠯᠡᠷᠡᠭᠦᠯᠵᠦ᠍᠂ ᠱᠢᠨᠵᠢᠯᠡᠬᠦ᠌ ᠤᠬᠠᠭᠠᠨᠴᠢ ᠪᠥᠭᠡᠳ ᠶᠠᠪᠤᠭ᠍ᠳᠠᠭᠤᠱᠢᠲᠠᠶ ᠬᠢᠨᠠᠨ ᠪᠠᠢᠴᠠᠭᠠᠬᠤ ᠲᠥᠰᠦᠯ᠎ᠢ ᠲᠦᠷᠭᠡᠨ ᠲᠣᠭ᠍ᠲᠠᠭᠠᠪᠠ᠃

ᠶᠠᠪᠤᠴᠠ᠎ᠳᠤ᠂ ᠪᠤᠭᠤᠲᠤ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠰᠠᠨᠠᠭᠠᠴᠢᠯᠠᠭ᠎ᠠ᠎ᠠᠴᠠ᠎ᠪᠠᠨ 《ᠵᠣᠬᠢᠴᠠᠭᠤᠯᠤᠭ᠍ᠴᠢ》 ᠪᠣᠯᠵᠣ᠂ ᠬᠢᠨᠠᠨ ᠵᠥᠪᠱᠢᠶᠡᠷᠡᠬᠦ᠂ ᠲᠤᠬᠠᠶ᠎ᠶ᠋ᠢᠨ ᠲᠠᠯᠠᠪᠤᠷ᠎ᠲᠤ ᠬᠠᠷᠭᠤᠭᠤᠯᠤᠨ ᠪᠠᠢᠴᠠᠭᠠᠬᠤ᠂ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠵᠡᠷᠭᠡ ᠭᠤᠭ᠍ᠴᠤᠭ᠎ᠠ᠎ᠶ᠋ᠢ ᠨᠡᠪᠲᠡᠷᠡᠭᠦᠯᠵᠦ᠍᠂ ᠴᠠᠭ ᠲᠤᠬᠠᠶ᠎ᠳᠤ ᠨᠢ ᠵᠡᠷᠭᠡ ᠪᠡᠷ ᠠᠬᠢᠭᠤᠯᠤᠨ᠂ ᠠᠵᠤ ᠠᠬᠤᠢᠯᠠᠯ᠎ᠤᠨ ᠪᠡᠯᠡᠳᠭᠡᠯ ᠮᠠᠲ᠋ᠧᠷᠢᠶᠠᠯ᠎ᠢ ᠵᠢᠯᠣᠭᠤᠳᠴᠤ᠌᠂ ᠬᠢᠨᠠᠨ ᠪᠠᠢᠴᠠᠭᠠᠬᠤ᠂ ᠬᠢᠨᠠᠨ ᠵᠥᠪᠱᠢᠶᠡᠷᠡᠬᠦ᠌᠎ᠶ᠋ᠢ ᠵᠠᠪᠰᠠᠷ ᠥᠬᠡᠶ ᠵᠣᠯᠭᠠᠭᠤᠯᠬᠤ᠎ᠶ᠋ᠢ ᠪᠡᠶᠡᠯᠡᠭᠦᠯᠪᠡ᠃ ᠡᠴᠦᠰ᠎ᠲᠤ᠌᠂ ᠵᠥᠪᠬᠡᠨ 5 ᠠᠵᠢᠯᠯᠠᠬᠤ ᠡᠳᠦᠷ ᠬᠡᠷᠡᠭ᠌ᠯᠡᠵᠦ᠍᠂ ᠬᠢᠨᠠᠨ ᠲᠣᠭ᠍ᠲᠠᠭᠠᠬᠤ᠎ᠠᠴᠠ ᠦᠨᠡᠮᠯᠡᠯ ᠣᠯᠭᠤᠬᠤ ᠬᠦᠷᠲᠡᠯᠡᠬᠢ ᠪᠥᠬᠦ᠌ ᠶᠠᠪᠤᠴᠠ᠎ᠶ᠋ᠢ ᠪᠡᠶᠡᠯᠡᠭᠦᠯᠵᠦ᠍᠂ ᠠᠵᠤ ᠠᠬᠤᠢᠯᠠᠯ᠎ᠤᠨ ᠵᠢᠱ᠌ᠢᠯᠲᠡ᠎ᠠᠴᠠ ᠬᠤᠯᠠ ᠳᠠᠪᠠᠭ᠍ᠰᠠᠨ ᠪᠠᠢᠨ᠎ᠠ᠃

ᠡᠨᠡ ᠬᠦ᠌ ᠬᠡᠮᠡᠷᠯᠢᠭ ᠲᠤᠭ ᠪᠣᠯ ᠠᠵᠤ ᠠᠬᠤᠢᠯᠠᠯ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠲᠤᠰᠭᠠᠶ ᠮᠡᠷᠭᠡᠵᠢᠯ ᠪᠠ ᠦᠷ᠎ᠡ ᠪᠦᠲᠦᠮᠵᠢ᠎ᠶ᠋ᠢ ᠳᠡᠭᠡᠳᠦ ᠬᠡᠮᠵᠢᠶ᠎ᠡ᠎ᠪᠠᠷ ᠮᠡᠳᠡᠷᠡᠵᠦ᠍ ᠪᠠᠢᠭ᠎ᠠ ᠶᠠᠪᠤᠳᠠᠯ ᠪᠣᠯᠬᠤ᠎ᠪᠠᠷ ᠪᠠᠷᠠᠬᠤ ᠥᠬᠡᠶ᠂ ᠨᠠᠩ ᠴᠤ᠌ ᠪᠤᠭᠤᠲᠤ᠎ᠶ᠋ᠢᠨ ᠬᠤᠳᠠᠯᠳᠤᠭ᠎ᠠ ᠡᠷᠭᠢᠯᠡᠬᠦ᠌ ᠣᠷᠴᠢᠨ ᠨᠥᠬᠦᠴᠡᠯ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠦᠨᠡᠨ ᠰᠡᠳᠭᠢᠯ᠎ᠠᠴᠠ᠎ᠪᠠᠨ ᠠᠵᠤ ᠠᠬᠤᠢᠯᠠᠯ᠎ᠤᠨ ᠬᠦᠴᠢᠷᠳᠡᠯ᠎ᠢ ᠱᠢᠢᠳᠪᠦᠷᠢᠯᠡᠵᠦ᠍ ᠥᠭ᠌ᠭᠦᠭ᠌ᠰᠡᠨ ᠠᠮᠢᠳᠤᠯᠢᠭ ᠭᠡᠷᠡᠴᠢ ᠪᠣᠯᠤᠨ᠎ᠠ᠃ ᠪᠤᠭᠤᠲᠤ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠲᠣᠰ ᠲᠥᠷᠥᠯ᠎ᠤᠨ ᠱᠢᠨ᠎ᠡ᠎ᠶ᠋ᠢ ᠡᠭᠦᠳᠬᠦ᠌ ᠦᠶ᠋ᠯᠡᠴᠢᠯᠡᠭᠡᠨ᠎ᠤ ᠲᠤᠷᠱᠢᠯᠭ᠎ᠠ᠎ᠪᠠᠨ ᠦᠷᠭᠦᠯᠵᠢᠯᠡᠨ ᠳ᠋ᠦᠩᠨᠡᠵᠦ᠍᠂ ᠴᠤᠪᠤᠷᠠᠯ᠎ᠢ ᠤᠯᠠᠮ ᠨᠢᠭᠡ ᠠᠯᠬᠤᠮ ᠱᠢᠯᠢᠳᠡᠭ᠌ᠵᠢᠭᠦᠯᠦᠨ᠂ ᠬᠢᠨᠠᠨ ᠵᠥᠪᠱᠢᠶᠡᠷᠡᠬᠦ᠌᠎ᠶ᠋ᠢ ᠲᠦᠷᠭᠡᠳᠭᠡᠵᠦ᠍᠂ ᠨᠠᠩ ᠣᠯᠠᠨ ᠠᠵᠤ ᠠᠬᠤᠢᠯᠠᠯ᠎ᠤᠨ ᠬᠥᠭ᠌ᠵᠢᠯᠲᠡ᠎ᠶ᠋ᠢᠨ ᠬᠤᠷᠳᠤᠴᠠ᠎ᠶ᠋ᠢ ᠲᠦᠷᠭᠡᠳᠭᠡᠬᠦ᠌᠎ᠳᠤ ᠬᠦᠴᠦᠨ ᠨᠡᠮᠡᠷᠢᠯᠡᠬᠦ᠌ ᠪᠣᠯᠣᠨ᠎ᠠ᠃

 

ᠢᠷᠡᠯᠲᠡ᠄ ᠪᠤᠭᠤᠲᠤ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ