《ᠵᠠᠢ ᠦᠭᠡᠢ》᠎ᠪᠠᠷ ᠨᠠᠷᠢᠯᠢᠭ᠋ ᠤᠨᠤᠪᠴᠢᠲᠠᠢ ᠦᠢᠯᠡᠴᠢᠯᠡᠵᠦ᠍ 《ᠵᠣᠭ᠍ᠰᠣᠰᠢ ᠦᠭᠡᠢ》 ᠎ᠪᠡᠷ ᠬᠤᠳᠠᠯᠳᠤᠭ᠎ᠠ ᠡᠵᠡᠩᠨᠡᠬᠦ᠌ ᠣᠷᠴᠢᠨ ᠨᠦᠬᠦᠴᠡᠯ ᠎ᠢ ᠱᠢᠯᠢᠳᠡᠭ᠌ᠵᠢᠭᠦᠯᠦᠨ᠎ᠡ ᠬᠢᠩᠭᠠᠨ ᠠᠢᠮᠠᠭ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ ᠭᠠᠳᠠᠭᠠᠳᠤ ᠪᠡᠯᠡ᠎ᠶᠢᠨ ᠠᠵᠤ ᠠᠬᠤᠢᠯᠠᠯ᠎ᠢ ᠳᠠᠩᠰᠠᠯᠠᠨ ᠲᠡᠮᠳᠡᠭ᠌ᠯᠡᠬᠦ᠌ ᠲᠤᠬᠠᠢᠯᠠᠭᠰᠠᠨ ᠠᠵᠢᠯ᠎ᠤᠨ ᠲᠤᠰᠬᠠᠢ ᠰᠡᠳᠦᠪᠲᠦ ᠪᠣᠯᠪᠠᠰᠤᠷᠠᠯ ᠡᠷᠭᠢᠯᠡᠪᠡ
2025-09-03

8 ᠳ᠋ᠤᠭᠠᠷ ᠰᠠᠷ᠎ᠠ᠎ᠶᠢᠨ 21᠎ᠤ ᠡᠳᠦᠷ᠂ ᠬᠢᠩᠭᠠᠨ ᠠᠢᠮᠠᠭ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ ᠠᠢᠮᠠᠭ᠎ᠤᠨ ᠬᠤᠳᠠᠯᠳᠤᠭᠠᠨ᠎ᠤ ᠶᠠᠪᠤᠳᠠᠯ᠎ᠤᠨ ᠲᠣᠪᠴᠢᠶ᠎ᠠ᠎ᠳᠤ ᠭᠠᠳᠠᠭᠠᠳᠤ ᠪᠡᠯᠡ᠎ᠶᠢᠨ ᠠᠵᠤ ᠠᠬᠤᠢᠯᠠᠯ᠎ᠢ ᠳᠠᠩᠰᠠᠯᠠᠨ ᠲᠡᠮᠳᠡᠭ᠌ᠯᠡᠬᠦ᠌ ᠲᠤᠬᠠᠢᠯᠠᠭᠰᠠᠨ ᠠᠵᠢᠯ᠎ᠤᠨ ᠲᠤᠰᠬᠠᠢ ᠰᠡᠳᠦᠪᠲᠦ ᠪᠣᠯᠪᠠᠰᠤᠷᠠᠯ ᠡᠷᠭᠢᠯᠡᠵᠦ᠂ ᠪᠦᠭᠦ ᠠᠢᠮᠠᠭ᠎ᠤᠨ ᠡᠯ᠎ᠡ ᠬᠣᠰᠢᠭᠤ ᠰᠢᠶᠠᠨ ᠬᠤᠲᠠ᠎ᠶᠢᠨ ᠭᠠᠳᠠᠭᠠᠳᠤ ᠪᠡᠯᠡ᠎ᠶᠢᠨ ᠠᠵᠤ ᠠᠬᠤᠢᠯᠠᠯ᠎ᠤᠨ ᠲᠥᠯᠥᠭᠡᠯᠡᠭᠴᠢ ᠶ᠋ᠢᠨ 40 ᠭᠠᠷᠤᠢ ᠬᠥᠮᠥᠨ ᠲᠣᠰ ᠤᠳᠠᠭᠠᠨ᠎ᠤ ᠪᠣᠯᠪᠠᠰᠤᠷᠠᠯ᠎ᠳᠤ ᠣᠷᠣᠯᠴᠠᠪᠠ᠃

ᠲᠣᠰ ᠤᠳᠠᠭᠠᠨ᠎ᠤ ᠪᠣᠯᠪᠠᠰᠤᠷᠠᠯ ᠨᠢ ᠠᠵᠤ ᠠᠬᠤᠢᠯᠠᠯ᠎ᠤᠨ ᠠᠩᠬᠠᠷᠤᠯ ᠲᠠᠯᠪᠢᠵᠤ ᠪᠠᠢᠭ᠎ᠠ ᠠᠰᠠᠭᠤᠳᠠᠯ᠎ᠳᠤ ᠰᠢᠭᠤᠳ ᠬᠠᠨᠳᠤᠵᠤ᠂ ᠠᠵᠤ ᠠᠬᠤᠢᠯᠠᠯ᠎ᠤᠨ ᠬᠡᠷᠡᠭᠴᠡᠭᠡ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠦᠨ᠂  ᠤᠨᠤᠪᠴᠢᠲᠠᠢ ᠬᠢᠴᠢᠶᠡᠯ ᠲᠣᠬᠢᠷᠠᠭᠤᠯᠵᠤ᠂ ᠨᠠᠷᠢᠨ ᠪᠤᠳᠤᠯᠢᠶᠠᠨᠲᠠᠢ ᠬᠠᠤᠯᠢ ᠲᠣᠭᠲᠠᠭᠠᠯ᠎ᠤᠨ ᠵᠦᠢᠯ ᠵᠤᠷᠪᠤᠰ᠎ᠢ ᠲᠣᠳᠣᠷᠬᠠᠢ ᠠᠵᠢᠯᠯᠠᠭᠠᠨ᠎ᠤ ᠵᠦᠭᠯᠡᠭᠦᠷ ᠪᠣᠯᠭᠠᠨ ᠬᠤᠪᠢᠷᠠᠭᠤᠯᠬᠤ᠎ᠶᠢᠨ ᠲᠥᠯᠥᠭᠡ ᠶᠤᠮ᠃ ᠭᠣᠣᠯᠳᠠᠭᠤ ᠳᠣᠣᠷᠠᠬᠢ ᠭᠣᠣᠯ ᠠᠭᠤᠯᠭ᠎ᠠ᠎ᠶᠢᠨ ᠲᠣᠭᠣᠷᠢᠨ᠎ᠳᠤ ᠭᠦᠨᠵᠡᠭᠡᠢ ᠪᠥᠭᠡᠳ ᠣᠢᠯᠠᠭᠠᠮᠵᠢᠲᠠᠢ ᠲᠠᠢᠯᠤᠮᠵᠢ ᠬᠢᠪᠡ᠄ ᠨᠢᠭᠡ᠎ᠳᠤ᠂ ᠬᠠᠤᠯᠢ ᠲᠣᠭᠲᠠᠭᠠᠯ ᠲᠥᠷᠥ᠎ᠶᠢᠨ ᠪᠣᠳᠣᠯᠭ᠎ᠠ᠎ᠶᠢᠨ ᠲᠠᠢᠯᠤᠮᠵᠢ ᠬᠢᠵᠦ᠂ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠳᠠᠭᠠᠳᠤ᠎ᠶᠢᠨ ᠬᠤᠳᠠᠯᠳᠤᠭᠠᠴᠢᠨ᠎ᠤ ᠪᠡᠯᠡ ᠣᠷᠣᠭᠤᠯᠤᠯᠲᠠ᠎ᠶᠢᠨ ᠬᠠᠤᠯᠢ》᠂ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠬ᠎ᠠ ᠳᠡᠯᠭᠡᠭᠦᠷ᠎ᠤᠨ ᠭᠣᠣᠯ ᠴᠣᠭᠴᠠ᠎ᠶᠢ ᠳᠡᠩᠰᠡᠯᠡᠨ ᠬᠠᠮᠢᠶᠠᠷᠬᠤ ᠳᠦᠷᠢᠮ》᠂  《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠺᠤᠮᠫᠠᠨᠢ᠎ᠶᠢᠨ ᠬᠠᠤᠯᠢ》 ᠵᠡᠷᠭᠡ ᠬᠠᠮᠤᠭ᠎ᠤᠨ ᠰᠢᠨ᠎ᠡ ᠬᠠᠤᠯᠢ ᠴᠠᠭᠠᠵᠠ ᠬᠠᠤᠯᠢ ᠲᠣᠭᠲᠠᠭᠠᠯ᠎ᠳᠤ ᠨᠠᠷᠢᠨ ᠲᠠᠢᠯᠤᠮᠵᠢ ᠬᠢᠵᠦ᠂ ᠭᠠᠳᠠᠭᠠᠳᠤ ᠪᠡᠯᠡ᠎ᠶᠢᠨ ᠠᠵᠤ ᠠᠬᠤᠢᠯᠠᠯ᠎ᠤᠨ ᠤᠯᠤᠰ ᠠᠷᠠᠳ᠎ᠤᠨ ᠬᠠᠷᠠᠭᠠᠯᠵᠠᠯ᠎ᠤᠨ ᠬᠣᠷᠢᠭ᠎ᠠ ᠴᠠᠭᠠᠵᠠ᠎ᠲᠠᠢ ᠵᠦᠢᠯᠡᠰ᠎ᠤᠨ ᠨᠠᠷᠢᠨ ᠬᠠᠭᠤᠳᠠᠰᠤ᠎ᠶᠢᠨ ᠬᠠᠮᠢᠶᠠᠷᠤᠯᠲᠠ᠎ᠶᠢᠨ ᠳᠦᠷᠢᠮ᠎ᠢ ᠲᠣᠳᠣᠷᠬᠠᠢᠯᠠᠪᠠ᠃ ᠬᠣᠶᠠᠷ᠎ᠲᠤ᠂ ᠭᠤᠶᠤᠴᠢᠯᠠᠬᠤ ᠮᠠᠲᠧᠷᠢᠶᠠᠯ᠎ᠢ ᠵᠢᠷᠤᠮᠵᠢᠭᠤᠯᠬᠤ᠂ ᠳᠠᠷᠠᠭᠠᠯᠠᠨ ᠲᠠᠢᠯᠪᠤᠷᠢᠯᠠᠨ ᠶᠠᠷᠢᠵᠤ ᠪᠠᠢᠭᠤᠯᠬᠤ᠂ ᠬᠤᠪᠢᠷᠠᠭᠤᠯᠬᠤ᠂ ᠳᠠᠩᠰᠠᠯᠠᠬᠤ᠂ ᠪᠦᠭᠦ ᠠᠮᠢ ᠨᠠᠰᠤᠨ᠎ᠤ ᠦᠶᠡᠯᠡᠯ᠎ᠤᠨ ᠬᠤᠭᠤᠴᠠᠭᠠᠨ᠎ᠳᠤ ᠬᠡᠷᠡᠭᠰᠡᠬᠦ ᠮᠠᠲᠧᠷᠢᠶᠠᠯ᠎ᠢ ᠬᠦᠴᠦᠨ ᠦᠭᠡᠢ ᠪᠤᠯᠭᠠᠬᠤ ᠵᠢᠷᠤᠮᠵᠢᠯ᠎ᠤᠨ ᠱᠠᠭᠠᠷᠳᠠᠯᠭ᠎ᠠ᠂ ᠣᠨᠴᠠᠭᠠᠢᠯᠠᠨ ᠭᠠᠳᠠᠭᠠᠳᠤ ᠬᠡᠯᠡᠨ᠎ᠤ ᠮᠠᠲᠧᠷᠢᠶᠠᠯ᠎ᠤᠨ ᠠᠯᠪᠠᠨ ᠭᠡᠷᠡᠴᠢᠯᠡᠭᠡ᠂ ᠪᠡᠯᠡ ᠣᠷᠣᠭᠤᠯᠤᠭ᠍ᠴᠢ᠎ᠶᠢᠨ ᠭᠣᠣᠯ ᠴᠣᠭᠴᠠ᠎ᠶᠢᠨ ᠬᠢᠷᠢ ᠭᠡᠮ᠎ᠤᠨ ᠭᠡᠷᠡᠴᠢ ᠵᠡᠷᠭᠡ ᠣᠨᠴᠠᠭᠠᠶ ᠴᠢᠬᠤᠯᠠ ᠨᠥᠬᠥᠴᠡᠯ᠎ᠳᠤ ᠴᠢᠭᠯᠡᠭᠦᠯᠦᠨ᠂ ᠭᠣᠣᠯᠳᠠᠯᠭ᠎ᠠ᠎ᠲᠠᠢ ᠵᠠᠳᠠᠯᠤᠯᠲᠠ ᠬᠢᠵᠦ᠂ ᠠᠵᠤ ᠠᠬᠤᠢᠯᠠᠯ᠎ᠤᠨ 《ᠨᠠᠭᠠᠰᠢ ᠴᠠᠭᠠᠰᠢ ᠭᠦᠶᠦᠬᠦ》᠎ᠠᠴᠠ ᠵᠠᠢᠯᠠᠰᠬᠢᠪᠡ᠃ ᠭᠤᠷᠪᠠ᠎ᠳᠤ᠂ ᠰᠢᠰᠲᠧᠮ᠎ᠤᠨ ᠠᠵᠢᠯᠯᠠᠭᠠᠨ᠎ᠤ ᠪᠣᠳᠠᠲᠤ ᠶᠠᠪᠤᠳᠠᠯ᠂ ᠲᠤᠬᠠᠢ᠎ᠶᠢᠨ ᠲᠠᠯᠠᠪᠠᠶ᠎ᠳᠤ 《ᠪᠦᠭᠦ ᠶᠠᠪᠤᠴᠠ᠎ᠶᠢᠨ ᠡᠯᠸᠺᠲᠷᠦᠨᠴᠢᠯᠡᠭ᠌ᠰᠡᠨ ᠳᠠᠩᠰᠠᠯᠠᠯᠲᠠ᠎ᠶᠢᠨ ᠰᠢᠰᠲᠧᠮ》᠎ᠤᠨ ᠭᠠᠳᠠᠭᠠᠳᠤ ᠪᠡᠯᠡ᠎ᠶᠢᠨ ᠬᠡᠰᠡᠭ᠎ᠤᠨ ᠠᠵᠢᠯᠯᠠᠬᠤ ᠶᠠᠪᠤᠴᠠ᠎ᠶᠢ ᠳᠡᠯᠭᠡᠨ ᠦᠵᠡᠭᠦᠯᠵᠦ᠂ ᠨᠡᠷᠡᠢᠳᠦᠯ ᠎ᠢ ᠪᠡᠶ᠎ᠡ᠎ᠪᠠᠨ ᠳᠠᠭᠠᠭᠠᠵᠤ ᠭᠤᠶᠤᠴᠢᠯᠠᠨ ᠮᠡᠳᠡᠭᠦᠯᠬᠦ ᠡᠴᠡ ᠰᠦᠯᠵᠢᠶᠡᠨ ᠳᠡᠭᠡᠷ᠎ᠡ ᠦᠨᠡᠨ ᠨᠡᠷ᠎ᠡ᠎ᠪᠠᠷ ᠭᠡᠷᠡᠴᠢᠯᠡᠬᠦ᠎ᠶᠢ ᠲᠠᠭᠯᠠᠨ  ᠮᠡᠳᠡᠭᠦᠯᠬᠦ᠌ ᠬᠦᠷᠲᠡᠯ᠎ᠡ᠂ ᠭᠠᠷ᠎ᠢᠶᠠᠷ᠎ᠢᠶᠠᠨ ᠵᠢᠭᠠᠨ ᠰᠤᠷᠭᠠᠯᠲᠠ ᠬᠢᠵᠦ᠂ ᠰᠤᠷᠤᠬ᠍ᠴᠢᠳ᠎ᠤᠨ ᠰᠣᠨᠣᠰᠴᠤ ᠣᠢᠯᠠᠭᠠᠬᠤ᠂ ᠰᠤᠷᠴᠤ ᠪᠠᠲᠤᠳᠭᠠᠬᠤ᠂ ᠬᠡᠷᠡᠭᠯᠡᠵᠦ ᠳᠡᠢᠯᠭᠦ᠎ᠶᠢ ᠦᠨᠡᠨ ᠬᠦ᠌ ᠪᠠᠲᠤᠯᠠᠪᠠ᠃

ᠲᠣᠰ ᠤᠳᠠᠭᠠᠨ᠎ᠤ ᠲᠤᠰᠬᠠᠢ ᠰᠡᠳᠦᠪᠲᠦ ᠪᠣᠯᠪᠠᠰᠤᠷᠠᠯ ᠨᠢ ᠬᠢᠩᠭᠠᠨ ᠠᠢᠮᠠᠭ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠎ᠶᠢᠨ ᠬᠤᠳᠠᠯᠳᠤᠭ᠎ᠠ ᠡᠵᠡᠩᠨᠡᠬᠦ ᠣᠷᠴᠢᠨ  ᠨᠦᠬᠦᠴᠡᠯ᠎ᠢ ᠦᠷᠭᠦᠯᠵᠢᠯᠡᠨ ᠰᠢᠯᠢᠳᠡᠭᠵᠢᠭᠦᠯᠬᠦ ᠴᠢᠬᠤᠯᠠ ᠠᠷᠭ᠎ᠠ ᠬᠡᠮᠵᠢᠶ᠎ᠡ᠎ᠶᠢᠨ ᠨᠢᠭᠡ ᠪᠣᠯᠣᠨ᠎ᠠ᠂ ᠤᠷᠢᠳᠠᠴᠢ ᠦᠢᠯᠡᠴᠢᠯᠡᠭᠡ᠂ ᠤᠷᠢᠳᠴᠢᠯᠠᠨ ᠵᠢᠯᠤᠭᠣᠳᠬᠤ᠎ᠪᠠᠷ ᠳᠠᠮᠵᠢᠭᠤᠯᠤᠨ᠂ ᠭᠠᠳᠠᠭᠠᠳᠤ ᠪᠡᠯᠡ᠎ᠶᠢᠨ ᠠᠵᠤ ᠠᠬᠤᠢᠯᠠᠯ᠎ᠤᠨ ᠳᠦᠷᠢᠮ᠎ᠤᠨ ᠴᠢᠨᠠᠷᠲᠠᠢ ᠠᠷᠠᠯᠵᠢᠶᠠᠨ᠎ᠤ ᠥᠪᠡᠷ᠎ᠤᠨ ᠥᠷᠲᠡᠭ᠎ᠢ ᠪᠦᠲᠦᠮᠵᠢᠲᠡᠶ ᠪᠠᠭᠤᠷᠠᠭᠤᠯᠵᠤ᠂ ᠵᠠᠬ᠎ᠠ ᠳᠡᠯᠭᠡᠭᠦᠷ᠎ᠲᠤ ᠣᠷᠣᠬᠤ᠎ᠶᠢ ᠵᠥᠪᠰᠢᠶᠡᠷᠡᠬᠦ᠎ᠶᠢᠨ ᠲᠥᠭᠦᠮ ᠬᠡᠮᠵᠢᠶ᠎ᠡ ᠪᠠ ᠬᠠᠨᠤᠮᠵᠢ᠎ᠶᠢᠨ ᠬᠡᠮᠵᠢᠶ᠎ᠡ᠎ᠶᠢ ᠳᠡᠭᠡᠭᠰᠢᠯᠡᠭᠦᠯᠪᠡ᠃ ᠬᠢᠩᠭᠠᠨ ᠠᠢᠮᠠᠭ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ 《ᠠᠷᠠᠳ᠎ᠲᠤ ᠲᠥᠭᠦᠮ ᠦᠵᠡᠭᠦᠯᠵᠦ ᠠᠵᠤ ᠠᠬᠤᠢᠯᠠᠯ᠎ᠳᠤ ᠠᠰᠢᠭ᠋ ᠬᠦᠷᠲᠡᠭᠡᠬᠦ᠂ ᠦᠢᠯᠡᠴᠢᠯᠡᠭᠡ᠎ᠶᠢ ᠳᠡᠭᠡᠳᠦᠯᠡᠬᠦ》 ᠣᠨᠣᠯᠵᠢᠬᠤᠨ᠎ᠢ ᠦᠷᠭᠦᠯᠵᠢᠯᠡᠨ ᠪᠠᠷᠢᠮᠲᠠᠯᠠᠵᠤ᠂ ᠪᠡᠯᠡ ᠣᠷᠣᠭᠤᠯᠤᠭ᠍ᠴᠢ ᠨᠢᠭᠡᠪᠦᠷᠢ᠎ᠳᠤ ᠬᠢᠩᠭᠠᠨ ᠠᠢᠮᠠᠭ᠎ᠲᠤ ᠴᠥᠮ ᠶᠠᠪᠤᠴᠠ᠎ᠪᠠᠷ ᠬᠠᠮᠤᠭ᠎ᠤᠨ ᠳᠥᠭᠦᠮ᠂ ᠦᠷ᠎ᠡ ᠪᠦᠲᠦᠮᠵᠢ᠎ᠪᠠᠷ ᠬᠠᠮᠤᠭ᠎ᠤᠨ ᠥᠨᠳᠥᠷ᠂ ᠦᠢᠯᠡᠴᠢᠯᠡᠭᠡ᠎ᠪᠠᠷ ᠬᠠᠮᠤᠭ᠎ᠤᠨ ᠰᠢᠯᠢᠳᠡᠭ ᠦᠢᠯᠡᠴᠢᠯᠡᠭᠡ᠎ᠶᠢ ᠳᠠᠩᠰᠠᠯᠠᠨ ᠲᠡᠮᠳᠡᠭᠯᠡᠵᠦ᠂ ᠴᠢᠨᠠᠷ ᠰᠠᠢᠲᠠᠢ ᠵᠠᠬ᠎ᠠ ᠳᠡᠯᠭᠡᠭᠦᠷ᠎ᠲᠤ ᠵᠥᠪᠰᠢᠶᠡᠷᠡᠨ ᠤᠷᠤᠭᠤᠯᠬᠤ ᠦᠢᠯᠡᠴᠢᠯᠡᠭᠡ᠎ᠪᠠᠷ ᠬᠢᠩᠭᠠᠨ ᠠᠢᠮᠠᠭ᠎ᠤᠨ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃

 

ᠢᠷᠡᠯᠲᠡ᠄ ᠬᠢᠩᠭᠠᠨ ᠠᠢᠮᠠᠭ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ