ᠲᠥᠷᠥ᠎ᠶ᠋ᠢᠨ ᠶᠠᠪᠤᠳᠠᠯ᠎ᠤᠨ ᠬᠤᠷᠢᠶ᠎ᠠ᠎ᠠᠴᠠ ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢᠨ ᠲᠤᠷᠱᠢᠯᠲᠠ᠎ᠶ᠋ᠢᠨ ᠴᠡᠭ᠎ᠤᠨ ᠠᠵᠢᠯ᠎ᠢ ᠰᠤᠳᠤᠯᠤᠨ ᠬᠡᠷᠡᠭ᠌ᠵᠢᠭᠦᠯᠪᠡ
2025-09-05

8 ᠳ᠋ᠤᠭᠠᠷ ᠰᠠᠷ᠎ᠠ᠎ᠶ᠋ᠢᠨ 29 ᠎ᠤ ᠡᠳᠦᠷ ᠬᠤᠷᠠᠯᠳᠤᠭ᠍ᠰᠠᠨ ᠲᠥᠷᠥ᠎ᠶ᠋ᠢᠨ ᠶᠠᠪᠤᠳᠠᠯ᠎ᠤᠨ ᠬᠤᠷᠢᠶ᠎ᠠ᠎ᠶ᠋ᠢᠨ ᠪᠠᠢᠩᠭᠤ᠎ᠶ᠋ᠢᠨ ᠬᠤᠷᠠᠯ᠎ᠳᠦ ᠪᠥᠬᠦ᠌ ᠤᠯᠤᠰ᠎ᠤᠨ ᠬᠡᠰᠡᠭ ᠭᠠᠵᠠᠷ ᠣᠷᠣᠨ᠎ᠳᠤ ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢᠨ ᠲᠤᠷᠱᠢᠯᠲᠠ᠎ᠶ᠋ᠢᠨ ᠴᠡᠭ᠎ᠤᠨ ᠠᠵᠢᠯ᠎ᠢ ᠰᠤᠳᠤᠯᠬᠤ᠎ᠶ᠋ᠢᠨ ᠬᠠᠮᠲᠤ ᠠᠯᠢ ᠣᠯᠠᠨ ᠬᠠᠨᠳᠤᠯᠭᠠᠲᠤ ᠴᠢᠨᠠᠷᠲᠠᠢ ᠪᠠᠢᠷᠢᠯᠠᠭᠤᠯᠤᠯᠲᠠ ᠬᠢᠪᠡ᠃

ᠬᠤᠷᠠᠯ᠎ᠠᠴᠠ᠂ ᠡᠯᠧᠮᠧᠨ᠋ᠲ᠎ᠤᠨ ᠵᠠᠬ᠎ᠠ ᠳᠡᠯᠭᠡᠭᠦᠷᠴᠢᠯᠡᠭ᠌ᠰᠡᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠪᠣᠯ ᠥᠨᠳᠥᠷ ᠲᠦᠪᠱᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ᠎ᠶ᠋ᠢᠨ ᠪᠠᠢᠭᠤᠯᠤᠮᠵᠢ᠎ᠶ᠋ᠢ ᠪᠠᠢᠭᠤᠯᠬᠤ ᠴᠢᠬᠤᠯᠠ ᠠᠷᠭ᠎ᠠ ᠬᠡᠮᠵᠢᠶ᠎ᠡ ᠪᠠᠢᠵᠤ᠂ ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠤᠨ ᠪᠦᠳᠦᠭᠡᠨ ᠪᠠᠢᠭᠤᠯᠤᠯᠲᠠ᠎ᠶ᠋ᠢ ᠠᠬᠢᠭᠤᠯᠬᠤ ᠴᠢᠬᠤᠯᠠ ᠠᠭᠤᠯᠭ᠎ᠠ ᠪᠣᠯᠤᠨ᠎ᠠ ᠭᠡᠵᠦ᠍ ᠵᠢᠭᠠᠵᠤ ᠭᠠᠷᠭᠠᠪᠠ᠃

《ᠵᠠᠬ᠎ᠠ ᠳᠡᠯᠭᠡᠭᠦᠷ᠎ᠦᠨ ᠡᠬᠢ ᠪᠠᠶᠠᠯᠢᠭ᠎ᠢ ᠲᠤᠬᠢᠷᠠᠭᠤᠯᠬᠤ ᠪᠤᠯ ᠬᠠᠮᠤᠭ᠎ᠦᠨ ᠦᠷ᠎ᠡ ᠪᠦᠲᠦᠮᠵᠢ ᠲᠡᠶ ᠬᠡᠯᠪᠡᠷᠢ ᠮᠥ᠋ᠨ᠃ ᠣᠳᠣᠬᠠᠨ᠎ᠳᠤ᠂ ᠡᠯᠸᠮᠸᠨ᠋ᠲ᠎ᠦᠨ ᠵᠠᠬ᠎ᠠ ᠲᠡᠯᠭᠡᠭᠦᠷᠴᠢᠯᠡᠭ᠌ᠰᠡᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠨᠢ〈ᠬᠤᠮᠢᠷᠠᠭ᠎ᠠ ᠦᠷᠢᠰᠤᠯᠳᠤᠭᠡᠨ〉᠎ᠤ ᠠᠰᠠᠭᠤᠳᠠᠯ᠎ᠢ ᠱᠢᠢᠳᠪᠦᠷᠢᠯᠡᠵᠦ᠍᠂ ᠨᠡᠩ ᠡᠷᠬᠡ ᠲᠡᠭ᠌ᠰᠢ ᠵᠠᠬ᠎ᠠ ᠳᠡᠯᠭᠡᠭᠦᠷ᠎ᠤᠨ ᠥᠷᠢᠰᠥᠯᠳᠦᠭᠡᠨ᠎ᠤ ᠣᠷᠴᠢᠨ ᠲᠣᠭᠤᠷᠢᠨ᠎ᠢ ᠪᠤᠢ ᠪᠣᠯᠭᠠᠵᠤ᠂ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠳᠣᠲᠣᠭᠠᠳᠤ ᠬᠥᠳᠡᠯᠭᠡᠬᠦ᠌ ᠬᠦᠴᠦᠨ᠎ᠢ ᠬᠥᠭ᠌ᠵᠢᠭᠡᠬᠦ᠌᠎ᠳᠤ ᠠᠱᠢᠭ᠍ᠲᠠᠢ ᠶᠤᠮ᠃》 ᠭᠡᠵᠦ᠍ ᠤᠯᠤᠰ᠎ᠤᠨ ᠮᠡᠳᠡᠭᠡ ᠵᠠᠩᠭᠢ᠎ᠶ᠋ᠢᠨ ᠲᠥᠪ᠎ᠦᠨ ᠠᠵᠤ ᠠᠬᠤᠢ᠎ᠶ᠋ᠢᠨ ᠵᠢᠱ᠌ᠢᠯᠲᠡ᠎ᠶ᠋ᠢᠨ ᠬᠡᠯᠲᠡᠰ᠎ᠦᠨ ᠰᠤᠳᠤᠯᠤᠭ᠍ᠴᠢ ᠵᠠᠩ  ᠱᠢᠶᠤᠤ ᠯᠠᠨ ᠬᠡᠯᠡᠪᠡ᠃

2020 ᠣᠨ᠎ᠳᠤ᠂ 《ᠨᠠᠩ ᠲᠡᠭᠦᠯᠳᠡᠷᠵᠢᠭ᠌ᠰᠡᠨ ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠪᠠᠢᠭᠤᠯᠤᠮᠵᠢ ᠲᠣᠭ᠍ᠲᠠᠴᠠ᠎ᠶ᠋ᠢ ᠪᠠᠢᠭᠤᠯᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠰᠠᠨᠠᠯ》᠎ᠢ ᠳᠠᠷᠤᠮᠠᠯᠯᠠᠨ ᠲᠠᠷᠬᠠᠭᠠᠵᠤ ᠬᠡᠷᠡᠭ᠌ᠵᠢᠭᠦᠯᠦᠨ᠂ ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠳᠥᠷᠪᠡᠨ ᠨᠢᠷᠤᠭᠤ ᠨᠠᠢ᠍ᠮᠠᠨ ᠲᠤᠯᠭᠠᠭᠤᠷᠢ᠎ᠶ᠋ᠢ ᠪᠠᠢᠭᠤᠯᠪᠠ᠃ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠤᠨ 《ᠲᠣᠭ᠍ᠲᠠᠭᠠᠯ》᠎ᠳᠤ᠂ ᠡᠯᠧᠮᠧᠨ᠋ᠲ᠎ᠤᠨ ᠵᠠᠬ᠎ᠠ ᠳᠡᠯᠭᠡᠭᠦᠷ᠎ᠤᠨ ᠪᠠᠢᠭᠤᠯᠤᠯ ᠪᠠ ᠲᠦᠷᠢᠮ᠎ᠢ ᠲᠡᠭᠦᠯᠳᠡᠷᠵᠢᠭᠦᠯᠵᠦ᠍᠂ ᠦᠢᠯᠡᠳᠪᠦᠷᠢᠯᠡᠯ᠎ᠤᠨ ᠡᠯᠧᠮᠧᠨ᠋ᠲ᠎ᠢ ᠰᠠᠭᠠᠳ ᠦᠭᠡᠢ ᠨᠡᠪᠲᠡᠷᠡᠭᠦᠯᠬᠦ᠂ ᠡᠯ᠎ᠡ ᠲᠦᠷᠦᠯ᠎ᠤᠨ ᠡᠬᠢ ᠪᠠᠶᠠᠯᠢᠭ᠎ᠢ ᠥᠨᠳᠥᠷ ᠪᠦᠲᠦᠮᠵᠢᠲᠡᠢ ᠲᠤᠬᠢᠷᠠᠭᠤᠯᠬᠤ᠂ ᠵᠠᠬ᠎ᠠ ᠳᠡᠯᠭᠡᠭᠦᠷ᠎ᠤᠨ ᠳᠠᠯᠳᠠ ᠬᠦᠴᠦᠨ᠎ᠢ ᠭᠦᠢᠴᠡᠳ ᠪᠠᠳᠠᠷᠠᠭᠤᠯᠬᠤ᠎ᠶ᠋ᠢ ᠠᠬᠢᠭᠤᠯᠬᠤ ᠬᠡᠷᠡᠭ᠌ᠲᠡᠢ ᠭᠡᠵᠦ᠍ ᠳᠤᠷᠠᠳᠴᠠᠢ᠃

ᠮᠡᠷᠭᠡᠵᠢᠯ᠎ᠤᠨ ᠡᠯᠧᠮᠧᠨ᠋ᠲ᠎ᠤᠨ ᠰᠢᠨ᠎ᠡ᠎ᠶᠢ ᠡᠭᠦᠳᠬᠦ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠭᠠᠵᠠᠷ ᠰᠢᠷᠣᠢ᠎ᠶᠢᠨ ᠡᠯᠧᠮᠧᠨ᠋ᠲ᠎ᠢ ᠡᠷᠴᠢᠮᠲᠡᠢ ᠥᠨᠳᠥᠷ ᠪᠦᠲᠦᠮᠵᠢᠲᠡᠢ ᠲᠣᠬᠢᠷᠠᠭᠤᠯᠬᠤ᠎ᠶᠢ ᠠᠬᠢᠭᠤᠯᠵᠤ᠂ ᠬᠥᠮᠥᠨ᠎ᠤ ᠬᠦᠴᠦᠨ᠎ᠤ ᠡᠬᠢ ᠪᠠᠶᠠᠯᠢᠭ᠋᠎ᠤᠨ ᠡᠯᠧᠮᠧᠨ᠋ᠲ᠎ᠢ ᠵᠣᠬᠢᠰᠲᠠᠢ ᠰᠢᠯᠵᠢᠭᠦᠯᠬᠦ᠎ᠶᠢ ᠬᠥᠲᠥᠯᠥᠨ ᠵᠢᠯᠤᠭᠣᠳᠬᠤ ᠭᠡᠷᠡᠭᠲᠡᠢ; ᠭᠣᠣᠯᠳᠠᠯᠭ᠎ᠠ᠎ᠲᠠᠢ ᠬᠦᠷᠢᠶ᠎ᠡ ᠪᠣᠯᠣᠨ ᠵᠠᠩᠭᠢᠯᠠᠭ᠎ᠠ᠎ᠶᠢᠨ ᠭᠣᠭᠴᠣᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠦᠨ ᠥᠭᠡᠷᠡᠴᠢᠯᠡᠯᠲᠡ᠎ᠶᠢᠨ ᠲᠤᠷᠰᠢᠯᠲᠠ᠎ᠶ᠋ᠢᠨ ᠴᠡᠭ᠎ᠢ ᠠᠬᠢᠭᠤᠯᠵᠤ᠂ ᠲᠤᠷᠰᠢᠯᠲᠠ᠎ᠶᠢᠨ ᠴᠡᠭ᠎ᠦᠨ ᠭᠠᠵᠠᠷ ᠣᠷᠣᠨ᠎ᠢ ᠬᠥᠲᠥᠯᠥᠨ ᠵᠢᠯᠤᠭᠣᠳᠴᠤ ᠪᠠᠢᠭᠠᠳ ᠭᠠᠵᠠᠷ ᠣᠷᠣᠨ᠎ᠤ ᠪᠠᠢᠳᠠᠯ᠎ᠳᠦ᠎ᠪᠡᠨ ᠲᠣᠬᠢᠷᠠᠭᠤᠯᠤᠨ ᠵᠣᠷᠢᠭ᠍ᠲᠠᠢ᠎ᠪᠠᠷ ᠰᠢᠨ᠎ᠡ᠎ᠶᠢ ᠡᠭᠦᠳᠬᠦ᠎ᠶᠢ ᠬᠥᠲᠥᠯᠥᠨ ᠵᠢᠯᠤᠭᠣᠳᠬᠤ ᠭᠡᠷᠡᠭᠲᠡᠢ; ᠲᠤᠷᠰᠢᠯᠲᠠ᠎ᠶᠢᠨ ᠴᠡᠭ᠎ᠤᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠵᠢᠯᠤᠭᠣᠳᠬᠤ ᠦᠢᠯᠡᠴᠢᠯᠡᠭᠡ᠎ᠶᠢ ᠰᠠᠢᠲᠤᠷ ᠬᠢᠵᠦ᠂ ᠴᠠᠭ ᠲᠤᠬᠠᠢ᠎ᠳᠤ ᠨᠢ ᠳ᠋ᠦᠩᠨᠡᠨ ᠦᠨᠡᠯᠡᠵᠦ᠂ ᠬᠠᠭᠤᠯᠪᠤᠷᠢᠯᠠᠨ ᠳᠡᠯᠭᠡᠷᠡᠭᠦᠯᠵᠦ ᠪᠤᠯᠬᠤ ᠲᠤᠷᠰᠢᠯᠭ᠎ᠠ ᠠᠷᠭ᠎ᠠ ᠬᠢᠳᠡᠯ᠎ᠢ ᠪᠦᠷᠢᠯᠳᠦᠭᠦᠯᠬᠦ ᠬᠡᠷᠡᠭᠲᠡᠢ᠁ ᠬᠤᠷᠠᠯ᠎ᠤᠨ ᠰᠢᠷᠢᠰ ᠪᠠᠢᠷᠢᠯᠠᠭᠤᠯᠤᠯᠲᠠ ᠨᠠᠷᠢᠯᠢᠭ᠋ ᠤᠨᠤᠪᠴᠢᠲᠠᠢ᠎ᠪᠠᠷ ᠪᠣᠳᠠᠲᠠᠢ᠎ᠶᠢ ᠡᠷᠬᠢᠮᠯᠡᠵᠦ᠂ ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠶᠡᠷᠦᠩᠬᠡᠢᠯᠡᠭᠰᠡᠨ ᠥᠭᠡᠷᠡᠴᠢᠯᠡᠯᠲᠡ᠎ᠶᠢᠨ ᠲᠤᠷᠰᠢᠯᠲᠠ᠎ᠶᠢᠨ ᠴᠡᠭ᠎ᠤᠨ ᠠᠵᠢᠯ᠎ᠤᠨ ᠭᠣᠣᠯᠳᠠᠯᠭ᠎ᠠ᠎ᠲᠠᠢ ᠴᠢᠭᠯᠡᠯ᠎ᠢ ᠲᠣᠳᠣᠷᠬᠠᠢᠯᠠᠵᠤ᠂ ᠢᠳᠡᠪᠬᠢᠲᠡᠢ ᠲᠥᠷᠥ᠎ᠶᠢᠨ ᠪᠣᠳᠣᠯᠭ᠎ᠠ᠎ᠶᠢᠨ ᠳᠣᠬᠢᠶ᠎ᠠ᠎ᠶ᠋ᠢ ᠲᠠᠯᠪᠢᠪᠠ᠃

《ᠡᠯᠧᠮᠧᠨ᠋ᠲ᠎ᠤᠨ ᠵᠠᠬ᠎ᠠ ᠳᠡᠯᠭᠡᠭᠦᠷᠴᠢᠯᠡᠬᠦ᠌ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠪᠦᠲᠦᠮᠵᠢᠲᠡᠢ ᠵᠠᠬ᠎ᠠ ᠳᠡᠯᠭᠡᠭᠦᠷ ᠪᠣᠯᠤᠨ ᠵᠢᠳᠬᠦᠯ ᠴᠢᠷᠮᠠᠢᠯᠭ᠎ᠠ ᠭᠠᠷᠭᠠᠬᠤ ᠵᠠᠰᠠᠭ᠎ᠤᠨ ᠣᠷᠳᠣᠨ᠎ᠤ ᠬᠠᠷᠢᠴᠠᠭ᠎ᠠ᠎ᠶ᠋ᠢ ᠰᠠᠢᠲᠤᠷ ᠨᠢᠭᠡᠳᠦᠯᠲᠡᠢ ᠲᠥᠯᠥᠪᠵᠢᠭᠦᠯᠬᠦ᠌᠎ᠨᠢ ᠵᠠᠩᠭᠢᠯᠠᠭ᠎ᠠ ᠪᠣᠯᠤᠨ᠎ᠠ᠃》 ᠵᠠᠩ ᠱᠢᠶᠤᠤ ᠯᠠᠨ᠂ ᠵᠠᠬ᠎ᠠ ᠳᠡᠯᠭᠡᠭᠦᠷᠴᠢᠯᠡᠭ᠌ᠰᠡᠨ ᠥᠭᠡᠷᠡᠴᠢᠯᠡᠯᠲᠡ᠎ᠶ᠋ᠢ ᠥᠷᠭᠡᠴᠡ ᠪᠠ ᠭᠦᠨᠴᠡ᠎ᠠᠴᠠ ᠠᠬᠢᠭᠤᠯᠵᠤ᠂ ᠡᠬᠢ ᠪᠠᠶᠠᠯᠢᠭ᠎ᠤᠨ ᠲᠤᠬᠢᠷᠠᠭᠤᠯᠤᠯᠳᠠ᠎ᠶ᠋ᠢᠨ ᠦᠷ᠎ᠡ ᠠᠱᠢᠭ᠎ᠢ ᠬᠠᠮᠤᠭ᠎ᠤᠨ ᠶᠡᠭᠡ ᠪᠣᠯᠭᠠᠬᠤ ᠪᠠ ᠦᠷ᠎ᠡ ᠪᠦᠲᠦᠮᠵᠢ᠎ᠶ᠋ᠢ ᠬᠠᠮᠤᠭ᠎ᠤᠨ ᠱᠢᠯᠢᠳᠡᠭ᠌ᠵᠢᠭᠦᠯᠬᠦ᠌᠎ᠶ᠋ᠢ ᠠᠬᠢᠭᠤᠯᠬᠤ ᠮᠥᠷᠲᠡᠭᠡᠨ ᠪᠠᠰᠠ ᠵᠠᠰᠠᠭ᠎ᠤᠨ ᠣᠷᠳᠣᠨ᠎ᠤ ᠦᠢᠯᠡᠳᠦᠯ᠎ᠢ ᠨᠡᠩ ᠰᠠᠢᠲᠤᠷ ᠪᠠᠳᠠᠷᠠᠭᠤᠯᠵᠤ᠂ ᠵᠠᠬ᠎ᠠ ᠳᠡᠯᠭᠡᠭᠦᠷ᠎ᠤᠨ ᠦᠢᠯᠡᠳᠦᠯ᠎ᠢᠶᠠᠨ ᠠᠯᠳᠠᠬᠤ᠎ᠶ᠋ᠢ ᠴᠠᠭ ᠲᠤᠬᠠᠢ᠎ᠳᠤ ᠨᠢ ᠵᠠᠯᠠᠷᠠᠭᠤᠯᠵᠤ᠂ ᠥᠷᠢᠰᠥᠯᠳᠦᠭᠡᠨ᠎ᠤ ᠡᠮᠬᠢ ᠳᠢᠭ᠌ᠯᠢᠮ᠎ᠢ ᠵᠢᠷᠤᠮᠵᠢᠭᠤᠯᠵᠤ᠂ ᠵᠠᠬ᠎ᠠ ᠳᠡᠯᠭᠡᠭᠦᠷ᠎ᠤᠨ ᠪᠦᠲᠦᠮᠵᠢᠲᠡᠢ ᠠᠵᠢᠯᠯᠠᠭᠠᠨ᠎ᠳᠤ ᠪᠠᠲᠤᠯᠠᠭ᠎ᠠ ᠬᠠᠩᠭᠠᠬᠤ ᠬᠡᠷᠡᠭ᠌ᠲᠡᠢ ᠭᠡᠵᠦ᠍ ᠢᠯᠡᠷᠬᠡᠢᠯᠡᠪᠡ᠃

ᠵᠠᠩ ᠱᠢᠶᠤᠤ ᠯᠠᠨ᠂ ᠬᠤᠷᠠᠯ᠎ᠤᠨ ᠪᠠᠢᠷᠢᠯᠠᠭᠤᠯᠤᠯᠲᠠ᠎ᠶ᠋ᠢ ᠰᠠᠢᠲᠤᠷ ᠨᠠᠢᠳᠠᠪᠤᠷᠢᠵᠢᠭᠤᠯᠵᠤ᠂ ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠳᠣᠬᠢᠷᠠᠭᠤᠯᠬᠤ ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢᠨ ᠲᠤᠷᠱᠢᠯᠲᠠ᠎ᠶ᠋ᠢᠨ ᠴᠡᠭ᠎ᠦᠨ ᠠᠵᠢᠯ᠎ᠢ ᠬᠡᠷᠡᠭ᠌ᠵᠢᠭᠦᠯᠵᠦ᠍᠂ ᠡᠯ᠎ᠡ ᠲᠥᠷᠥᠯ᠎ᠤᠨ ᠲᠡᠷᠢᠭᠦᠨ᠎ᠤ ᠴᠢᠨᠠᠷ ᠰᠠᠢᠲᠠᠶ ᠦᠢᠯᠡᠳᠪᠦᠷᠢᠯᠡᠯ᠎ᠤᠨ ᠬᠦᠴᠦᠨ᠎ᠢ ᠱᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ ᠲᠡᠢᠰᠢ ᠤᠷᠤᠭ᠍ᠰᠢᠲᠠᠶ ᠱᠢᠯᠵᠢᠭᠦᠯᠵᠦ᠍᠂ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠨᠠᠩ ᠰᠠᠢᠲᠤᠷ ᠬᠥᠭ᠌ᠵᠢᠭᠡᠵᠦ᠍᠂ ᠬᠥᠭ᠌ᠵᠢᠯᠲᠡ᠎ᠶ᠋ᠢᠨ ᠱᠢᠨ᠎ᠡ ᠣᠷᠣᠨ ᠵᠠᠶ᠎ᠶ᠋ᠢ ᠨᠡᠭᠡᠭᠡᠬᠦ᠌᠎ᠨᠢ ᠯᠠᠪᠲᠠᠶ ᠶᠤᠮ ᠭᠡᠵᠦ᠍ ᠢᠯᠡᠷᠬᠡᠢᠯᠡᠪᠡ᠃

 

ᠢᠷᠡᠯᠲᠡ᠄ ᠱᠢᠨᠬᠤᠸᠠ ᠬᠣᠷᠢᠶ᠎ᠠ