ᠦᠰᠦᠭ ᠪᠢᠴᠢᠭ ᠵᠶ᠋ᠡᠷ ᠦᠭᠦᠯᠡᠬᠦᠢ᠄ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠵᠡᠰᠬᠦᠯᠡᠩ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠵᠢᠯᠣᠭᠤᠳᠤᠮᠵᠢ》 ᠵᠢᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
2024-10-09

      ᠨᠢᠭᠡ᠂ ᠲᠣᠭᠲᠠᠭ᠋ᠠᠭᠰᠠᠨ ᠠᠬᠤᠶ ᠪᠠᠶ᠋ᠢᠳᠠᠯ

      ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠠᠯᠪᠠᠨ ᠲᠢᠩᠬᠢᠮ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ 《ᠮᠡᠳᠡᠯᠭᠡ ᠵᠢᠨ   ᠥᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢ ᠴᠢᠩᠭ᠋ᠠᠳᠬᠠᠬᠤ ᠲᠤᠬᠠᠶ ᠰᠠᠨᠠᠯ》 ᠪᠣᠯᠤᠨ ᠤᠯᠤᠰ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠲᠣᠪᠴᠢᠶ᠎ᠠ ᠵᠢᠨ 《ᠦᠵᠡᠰᠬᠦᠯᠡᠩ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠵᠢᠯᠣᠭᠤᠳᠤᠮᠵᠢ》᠎ᠳᠠᠬᠢ ᠦᠵᠡᠰᠬᠦᠯᠡᠩ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢᠨ ᠠᠵᠢᠯ᠎ᠤᠨ ᠲᠤᠬᠠᠶ ᠪᠠᠶ᠋ᠢᠷᠢᠯᠠᠭᠤᠯᠤᠯᠲᠠ ᠵᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠤᠰᠠᠳᠠ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠲᠣᠰ ᠭᠠᠵᠠᠷ ᠣᠷᠣᠨ᠎ᠤ᠎ᠪᠠᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠪᠣᠳᠠᠲᠠᠶ ᠵᠢᠯᠣᠭᠤᠳᠤᠮᠵᠢ ᠲᠣᠭᠲᠠᠭ᠋ᠠᠬᠤ ᠬᠡᠷᠡᠭᠲᠡᠶ ᠭᠡᠵᠦ ᠱᠠᠭ᠋ᠠᠷᠳᠠᠪᠠ᠃ ᠡᠶ᠋ᠢᠮᠦ᠎ᠠᠴᠠ᠂ ᠦᠵᠡᠰᠬᠦᠯᠡᠩ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠠᠵᠢᠯ᠎ᠢ ᠪᠥᠬᠦ ᠲᠠᠯ᠎ᠠ᠎ᠪᠠᠷ ᠴᠢᠩᠭ᠋ᠠᠳᠬᠠᠵᠤ᠂ ᠦᠵᠡᠰᠬᠦᠯᠡᠩ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠨ ᠬᠠᠮᠢᠶᠠᠷᠬᠤ ᠠᠵᠢᠯ᠎ᠤᠨ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠠᠵᠢᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ᠂ ᠤᠯᠤᠰ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠲᠣᠪᠴᠢᠶ᠎ᠠ ᠵᠢᠨ ᠬᠠᠮᠢᠶ᠎ᠠ ᠪᠥᠬᠦᠶ ᠲᠥᠷᠥ ᠵᠢᠨ ᠪᠣᠳᠣᠯᠭ᠎ᠠ ᠵᠢ ᠮᠠᠨ᠎ᠤ ᠣᠷᠣᠨ᠎ᠳᠤ ᠨᠠᠶ᠋ᠢᠳᠠᠪᠤᠷᠢᠵᠢᠭᠤᠯᠬᠤ ᠵᠢ ᠢᠳᠡᠪᠬᠢᠲᠡᠶ ᠠᠬᠢᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ (ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠲᠣᠪᠴᠢᠶ᠎ᠠ) ᠵᠢᠨ ᠡᠭᠦᠷᠭᠡ ᠴᠢᠳᠠᠪᠤᠷᠢ᠎ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ (ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠲᠣᠪᠴᠢᠶ᠎ᠠ) 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠵᠡᠰᠬᠦᠯᠡᠩ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠵᠢᠯᠣᠭᠤᠳᠤᠮᠵᠢ》 (ᠳᠣᠷᠣᠭᠰᠢ 《ᠵᠢᠯᠣᠭᠤᠳᠤᠮᠵᠢ》 ᠭᠡᠵᠦ ᠲᠣᠪᠴᠢᠯᠠᠨ᠎ᠠ) ᠵᠢ ᠲᠣᠭᠲᠠᠭ᠋ᠠᠨ ᠨᠡᠶ᠋ᠢᠲᠡᠯᠡᠪᠡ᠃

      ᠬᠤᠶᠠᠷ᠂ ᠲᠣᠭᠲᠠᠭ᠋ᠠᠭᠰᠠᠨ ᠦᠨᠳᠦᠰᠦᠯᠡᠯ

      《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠢᠷᠭᠡᠨ᠎ᠤ ᠬᠠᠤᠯᠢ ᠵᠢᠨ ᠪᠢᠴᠢᠭ》᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠤᠰᠬᠠᠶ ᠠᠰᠢᠭ᠎ᠤᠨ ᠬᠠᠤᠯᠢ》᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠠᠸᠠᠷ᠎ᠤᠨ ᠲᠡᠮᠲᠡᠭᠲᠦ ᠵᠢᠨ ᠬᠠᠤᠯᠢ》᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ》᠂ 《ᠦᠵᠡᠰᠬᠦᠯᠡᠩ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠠᠷᠭ᠎ᠠ》᠂ 《ᠦᠵᠡᠰᠬᠦᠯᠡᠩ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠵᠢᠯᠣᠭᠤᠳᠤᠮᠵᠢ》᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠶ ᠠᠰᠢᠭ᠎ᠢ ᠠᠬᠢᠭᠤᠯᠬᠤ ᠪᠠ ᠬᠠᠮᠠᠭ᠋ᠠᠯᠠᠬᠤ ᠲᠦᠷᠢᠮ》 ᠵᠡᠷᠭᠡ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ ᠵᠢᠴᠢ ᠲᠥᠷᠥ ᠵᠢᠨ ᠪᠣᠳᠣᠯᠭ᠎ᠠ ᠵᠢᠨ ᠵᠢᠯᠣᠭᠤᠳᠣᠯᠭ᠎ᠠ ᠪᠣᠯᠤᠨ᠎ᠠ᠃

      ᠭᠤᠷᠪᠠ᠂ ᠭᠤᠣᠯ ᠠᠭᠤᠯᠭ᠎ᠠ

      《ᠵᠢᠯᠣᠭᠤᠳᠤᠮᠵᠢ》᠎ᠨᠢ ᠨᠡᠶ᠋ᠢᠲᠡ ᠲᠠᠪᠤᠨ ᠪᠦᠯᠦᠭ 31 ᠵᠣᠷᠪᠣᠰ ᠪᠠᠶ᠋ᠢᠵᠤ᠂ ᠭᠤᠤᠯᠳᠠᠭᠤ ᠦᠵᠡᠰᠬᠦᠯᠡᠩ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠠᠵᠢᠯ᠎ᠤᠨ ᠠᠭᠤᠯᠭ᠎ᠠ᠂ ᠦᠵᠡᠰᠬᠦᠯᠡᠩ᠎ᠢ ᠡᠷᠭᠢᠯᠡᠬᠦ ᠭᠠᠵᠠᠷ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠂ ᠦᠵᠡᠰᠬᠦᠯᠡᠩ᠎ᠢ ᠭᠤᠤᠯᠯᠠᠨ ᠡᠷᠭᠢᠯᠡᠬᠦ ᠲᠠᠯ᠎ᠠ᠂ ᠦᠵᠡᠰᠬᠦᠯᠡᠩ᠎ᠳᠤ ᠣᠷᠣᠯᠴᠠᠬᠤ ᠲᠠᠯ᠎ᠠ ᠵᠢᠨ ᠡᠭᠦᠷᠭᠡ ᠬᠠᠷᠢᠭᠤᠴᠠᠯᠭ᠎ᠠ ᠵᠢ ᠲᠣᠭᠲᠠᠭ᠋ᠠᠵᠠᠶ᠃

      ᠨᠢᠭᠡᠳᠦᠭᠡᠷ ᠪᠦᠯᠦᠭ᠎ᠲᠤ ᠨᠡᠶ᠋ᠢᠲᠡ 4 ᠵᠣᠷᠪᠣᠰ ᠪᠠᠢ᠌ᠵᠤ᠂ 《ᠵᠢᠯᠣᠭᠤᠳᠤᠮᠵᠢ》 ᠵᠢ ᠲᠣᠭᠲᠠᠭ᠋ᠠᠭᠰᠠᠨ ᠦᠨᠳᠦᠰᠦᠯᠡᠯ᠂ ᠵᠣᠷᠢᠯᠭ᠎ᠠ᠂ ᠠᠴᠢ ᠬᠤᠯᠪᠣᠭᠳᠠᠯ ᠵᠡᠷᠭᠡ ᠵᠢᠴᠢ ᠬᠡᠷᠡᠭᠯᠡᠬᠦ ᠬᠡᠪᠴᠢᠶ᠎ᠡ᠂ ᠦᠵᠡᠰᠬᠦᠯᠡᠩ᠎ᠤᠨ ᠲᠦᠷᠦᠯ ᠬᠡᠯᠪᠡᠷᠢ᠂ ᠠᠵᠢᠯ᠎ᠤᠨ ᠵᠠᠷᠴᠢᠮ᠂ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ ᠵᠡᠷᠭᠡ ᠵᠢ ᠲᠣᠳᠣᠷᠬᠠᠶ᠋ᠢᠯᠠᠪᠠ᠃

      ᠬᠤᠶᠠᠳᠤᠭ᠋ᠠᠷ ᠪᠦᠯᠦᠭ᠎ᠲᠤ ᠨᠡᠶ᠋ᠢᠲᠡ 10 ᠵᠣᠷᠪᠣᠰ ᠪᠠᠢ᠌ᠵᠤ᠂ ᠦᠵᠡᠰᠭᠦᠯᠡᠩ ᠡᠷᠭᠢᠯᠡᠬᠦ᠎ᠠᠴᠠ ᠡᠮᠦᠨ᠎ᠡ᠂ ᠡᠷᠭᠢᠯᠡᠨ ᠭᠦᠢ᠍ᠴᠡᠳᠬᠡᠬᠦ ᠭᠠᠵᠠᠷ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ᠂ ᠦᠵᠡᠰᠬᠦᠯᠡᠩ᠎ᠢ ᠭᠤᠤᠯᠯᠠᠨ ᠡᠷᠭᠢᠯᠡᠬᠦ ᠲᠠᠯ᠎ᠠ ᠵᠢᠨ ᠡᠭᠦᠷᠭᠡ ᠬᠠᠷᠢᠭᠤᠴᠠᠯᠭ᠎ᠠ᠂ ᠦᠵᠡᠰᠬᠦᠯᠡᠩ᠎ᠳᠤ ᠣᠷᠣᠯᠴᠠᠬᠤ ᠲᠠᠯ᠎ᠠ ᠵᠢᠨ ᠡᠭᠦᠷᠭᠡ ᠬᠠᠷᠢᠭᠤᠴᠠᠯᠭ᠎ᠠ᠂ ᠦᠵᠡᠰᠬᠦᠯᠡᠩ᠎ᠳᠤ ᠣᠷᠣᠯᠴᠠᠬᠤ ᠲᠥᠷᠥᠯ ᠵᠦᠢ᠍ᠯ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢᠨ ᠵᠢᠯᠣᠭᠤᠳᠣᠯᠭ᠎ᠠ᠂ ᠵᠠᠭ᠋ᠠᠯᠳᠤᠯᠭ᠎ᠠ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠨ ᠪᠠᠶ᠋ᠢᠭᠤᠯᠤᠭᠰᠠᠨ ᠱᠠᠭ᠋ᠠᠷᠳᠠᠯᠭ᠎ᠠ᠂ ᠠᠵᠢᠯᠲᠠᠨ᠎ᠤ ᠪᠦᠷᠢᠯᠳᠦᠯ᠂ ᠡᠭᠦᠷᠭᠡ ᠬᠠᠷᠢᠭᠤᠴᠠᠯᠭ᠎ᠠ ᠵᠡᠷᠭᠡ ᠵᠢ ᠵᠢᠭ᠋ᠠᠨ ᠵᠢᠯᠣᠭᠤᠳᠪᠠ᠃

      ᠭᠤᠷᠪᠠᠳᠤᠭ᠋ᠠᠷ ᠪᠦᠯᠦᠭ᠎ᠲᠤ ᠨᠡᠶ᠋ᠢᠲᠡ 10 ᠵᠣᠷᠪᠣᠰ ᠪᠠᠢ᠌ᠵᠤ᠂ ᠦᠵᠡᠰᠬᠦᠯᠡᠩ᠎ᠤᠨ ᠬᠤᠭᠤᠴᠠᠭ᠋ᠠᠨ᠎ᠳᠤ᠂ ᠵᠠᠭ᠋ᠠᠯᠳᠤᠯᠭ᠎ᠠ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠨ ᠭᠤᠤᠯ ᠡᠭᠦᠷᠭᠡ ᠬᠠᠷᠢᠭᠤᠴᠠᠯᠭ᠎ᠠ᠂ ᠵᠠᠭ᠋ᠠᠯᠳᠤᠯᠭ᠎ᠠ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ᠎ᠳᠤ ᠵᠠᠭ᠋ᠠᠯᠳᠤᠯᠭ᠎ᠠ᠎ᠳᠤ ᠬᠡᠷᠡᠭᠰᠡᠬᠦ ᠮᠠᠲ᠋ᠧᠷᠢᠶᠠᠯ᠂ ᠵᠠᠭ᠋ᠠᠯᠳᠤᠯᠭ᠎ᠠ ᠵᠢᠨ ᠬᠡᠷᠡᠭ᠎ᠢ ᠰᠢᠢ᠍ᠳᠪᠦᠷᠢᠯᠡᠬᠦ᠂ ᠭᠥᠯᠢᠶᠡᠨ ᠠᠪᠴᠤ ᠰᠢᠢ᠍ᠳᠪᠦᠷᠢᠯᠡᠬᠦ ᠦᠭᠡᠢ ᠪᠠᠶ᠋ᠢᠳᠠᠯ᠂ ᠮᠠᠭᠤ ᠰᠠᠨᠠᠭ᠎ᠠ᠎ᠲᠠᠢ᠎ᠪᠠᠷ ᠵᠠᠭ᠋ᠠᠯᠳᠤᠭᠰᠠᠨ ᠪᠠᠶ᠋ᠢᠳᠠᠯ ᠵᠡᠷᠭᠡ ᠵᠢ ᠵᠢᠭ᠋ᠠᠪᠠ᠃

      ᠳᠥᠷᠪᠡᠳᠦᠭᠡᠷ ᠪᠦᠯᠦᠭ᠎ᠲᠤ ᠨᠡᠶ᠋ᠢᠲᠡ 4 ᠵᠣᠷᠪᠣᠰ ᠪᠠᠶ᠋ᠢᠵᠤ᠂ ᠦᠵᠡᠰᠬᠦᠯᠡᠩ᠎ᠤᠨ ᠳᠠᠷᠠᠭ᠋ᠠᠬᠢ ᠦᠵᠡᠰᠬᠦᠯᠡᠩ᠎ᠤᠨ ᠡᠷᠭᠢᠯᠡᠨ ᠭᠦᠢ᠍ᠴᠡᠳᠬᠡᠭᠰᠡᠨ ᠭᠠᠵᠠᠷ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠵᠠᠭ᠋ᠠᠯᠳᠤᠯᠭ᠎ᠠ ᠵᠢᠨ ᠬᠡᠷᠡᠭ᠎ᠢ ᠰᠢᠢ᠍ᠳᠪᠦᠷᠢᠯᠡᠬᠦ᠂ ᠵᠠᠭ᠋ᠠᠯᠳᠤᠯᠭ᠎ᠠ ᠵᠢᠨ ᠦᠢ᠍ᠯᠡ ᠠᠵᠢᠯᠯᠠᠭ᠎ᠠ ᠵᠢ ᠲᠡᠮᠳᠡᠭᠯᠡᠬᠦ᠂ ᠲᠤᠭ᠎ᠠ ᠪᠦᠷᠢᠳᠬᠡᠯ᠎ᠤᠨ ᠵᠠᠭ᠋ᠠᠯᠳᠤᠯᠭ᠎ᠠ ᠵᠢᠨ ᠬᠡᠷᠡᠭ᠎ᠤᠨ ᠮᠡᠳᠡᠭᠡ ᠵᠠᠩᠭᠢ᠂ ᠤᠬᠠᠭᠤᠯᠭ᠎ᠠ ᠵᠢᠨ ᠲᠤᠷᠰᠢᠯᠭ᠎ᠠ ᠠᠷᠭ᠎ᠠ ᠬᠢᠳᠡᠯ᠎ᠢ ᠤᠬᠠᠭᠤᠯᠪᠠ᠃

      ᠲᠠᠪᠤᠳᠤᠭ᠋ᠠᠷ ᠪᠦᠯᠦᠭ᠎ᠲᠤ ᠨᠡᠶ᠋ᠢᠳᠡ 3 ᠵᠣᠷᠪᠣᠰ ᠪᠠᠶ᠋ᠢᠵᠤ᠂ ᠵᠠᠭ᠋ᠠᠯᠳᠤᠯᠭ᠎ᠠ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠨ  ᠠᠵᠢᠯᠳᠠᠨ᠎ᠤ  ᠬᠠᠷᠢᠭᠤᠴᠠᠯᠭ᠎ᠠ   ᠡᠭᠦᠷᠭᠡᠯᠡᠬᠦ  ᠦᠭᠡᠢ᠂ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠦᠭᠡᠢ ᠪᠤᠶᠤ ᠵᠥᠪ ᠣᠨᠣᠪᠴᠢᠲᠠᠢ᠎ᠪᠠᠷ ᠭᠦᠢ᠍ᠴᠡᠳᠬᠡᠬᠦ ᠦᠭᠡᠢ ᠪᠠᠶ᠋ᠢᠬᠤ ᠵᠢ ᠵᠢᠭ᠋ᠠᠨ ᠵᠢᠯᠣᠭᠤᠳᠴᠤ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠵᠢᠭ᠋ᠠᠵᠤ ᠪᠠᠶ᠋ᠢᠭ᠎ᠠ ᠪᠣᠳᠠᠲᠠᠢ ᠰᠠᠯᠠᠭ᠎ᠠ ᠮᠥᠴᠢᠷ᠎ᠢ ᠲᠣᠳᠣᠷᠬᠠᠶ᠋ᠢᠯᠠᠪᠠ᠃

      ᠲᠦᠷᠪᠡ᠂ ᠠᠰᠠᠭᠤᠯᠲᠠ ᠬᠠᠷᠢᠭᠤᠯᠲᠠ ᠵᠢᠨ ᠲᠠᠢ᠌ᠯᠪᠤᠷᠢᠯᠠᠯᠲᠠ

      (ᠨᠢᠭᠡ) ᠶᠠᠭᠤᠨ᠎ᠳᠤ 《ᠵᠢᠯᠣᠭᠤᠳᠤᠮᠵᠢ》 ᠵᠢ ᠲᠣᠭᠲᠠᠭ᠋ᠠᠵᠤ ᠨᠡᠶ᠋ᠢᠲᠡᠯᠡᠭᠰᠡᠨ ᠪᠤᠢ?

      《ᠵᠢᠯᠣᠭᠤᠳᠤᠮᠵᠢ》 ᠵᠢ ᠲᠣᠭᠲᠠᠭ᠋ᠠᠨ ᠨᠡᠶ᠋ᠢᠲᠡᠯᠡᠬᠦ᠎ᠨᠢ ᠨᠢᠭᠡ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠠᠯᠪᠠᠨ ᠲᠢᠩᠬᠢᠮ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ 《ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢ ᠴᠢᠩᠭ᠋ᠠᠳᠬᠠᠬᠤ ᠲᠤᠬᠠᠶ ᠰᠠᠨᠠᠯ》 ᠪᠠ ᠤᠯᠤᠰ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠲᠣᠪᠴᠢᠶ᠎ᠠ ᠵᠢᠨ 《ᠦᠵᠡᠰᠬᠦᠯᠡᠩ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠵᠢᠯᠣᠭᠤᠳᠤᠮᠵᠢ》 ᠵᠢ ᠨᠠᠩ ᠰᠠᠶ᠋ᠢᠨ ᠨᠠᠶ᠋ᠢᠳᠠᠪᠤᠷᠢᠵᠢᠭᠤᠯᠬᠤ ᠵᠢᠨ ᠲᠥᠯᠥᠭᠡ ᠶᠤᠮ; ᠬᠤᠶᠠᠷ᠎ᠲᠤ᠂ ᠦᠵᠡᠰᠬᠦᠯᠡᠩ᠎ᠤᠨ ᠬᠤᠭᠤᠴᠠᠭ᠋ᠠᠨ᠎ᠳᠠᠬᠢ ᠦᠵᠡᠰᠬᠦᠯᠡᠩ᠎ᠢ ᠡᠷᠭᠢᠯᠡᠬᠦ ᠭᠠᠵᠠᠷ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠂ ᠭᠤᠤᠯᠯᠠᠨ ᠡᠷᠭᠢᠯᠡᠬᠦ ᠡᠲᠡᠭᠡᠳ᠂ ᠦᠵᠡᠰᠬᠦᠯᠡᠩ᠎ᠳᠤ ᠣᠷᠣᠯᠴᠠᠬᠤ ᠡᠲᠡᠭᠡᠳ᠂ ᠵᠠᠭ᠋ᠠᠯᠳᠤᠯᠭ᠎ᠠ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠡᠷᠭᠡ ᠰᠠᠯᠠᠭ᠎ᠠ ᠮᠥᠴᠢᠷ᠎ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠵᠢ ᠨᠠᠷᠢᠯᠢᠭᠵᠢᠭᠤᠯᠵᠤ᠂ ᠦᠵᠡᠰᠬᠦᠯᠡᠩ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢᠨ ᠠᠵᠢᠯ᠎ᠢ ᠪᠥᠬᠦ ᠲᠠᠯ᠎ᠠ᠎ᠪᠠᠷ ᠴᠢᠩᠭ᠋ᠠᠳᠬᠠᠬᠤ ᠬᠡᠷᠡᠭᠲᠡᠢ᠃ ᠭᠤᠷᠪᠠ᠎ᠳᠤ᠂ ᠲᠦᠷᠢᠮ ᠵᠶ᠋ᠠᠷ ᠳᠠᠮᠵᠢᠭᠤᠯᠤᠨ ᠣᠷᠣᠨ ᠨᠤᠲᠤᠭ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ (ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠰᠠᠯᠠᠭ᠎ᠠ ᠮᠥᠴᠢᠷ)᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢᠨ ᠠᠵᠢᠯ᠎ᠢ ᠨᠠᠩ ᠰᠠᠶ᠋ᠢᠲᠤᠷ ᠵᠢᠷᠤᠮᠵᠢᠭᠤᠯᠵᠤ᠂ ᠨᠢᠭᠡᠳᠦᠯᠲᠡᠶ ᠬᠠᠮᠢᠶᠠᠷᠤᠯᠲᠠ ᠵᠢᠨ ᠲᠦᠷᠢᠮ᠎ᠢ ᠪᠣᠶ ᠪᠣᠯᠭ᠋ᠠᠨ᠎ᠠ᠃

      (ᠬᠤᠶᠠᠷ) 《ᠵᠢᠯᠣᠭᠤᠳᠤᠮᠵᠢ》 ᠵᠢ ᠲᠣᠭᠲᠠᠭ᠋ᠠᠵᠤ ᠨᠡᠶ᠋ᠢᠲᠡᠯᠡᠭᠰᠡᠨ᠎ᠨᠢ ᠶᠠᠮᠠᠷ ᠶᠠᠮᠠᠷ ᠪᠣᠳᠠᠲᠤ ᠬᠡᠷᠡᠭᠴᠡᠭᠡ᠎ᠲᠠᠢ ᠪᠤᠢ?

      ᠣᠳᠣᠬᠠᠨ᠎ᠳᠤ᠂ ᠡᠯ᠎ᠡ ᠲᠥᠷᠥᠯ᠎ᠤᠨ ᠦᠵᠡᠰᠬᠦᠯᠡᠩ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠬᠠᠮᠢᠶᠠᠷᠤᠯᠲᠠ ᠵᠢᠨ ᠠᠵᠢᠯ ᠲᠡᠭᠦᠯᠳᠡᠷ ᠪᠤᠰᠤ᠂ ᠦᠵᠡᠰᠬᠦᠯᠡᠩ᠎ᠤᠨ ᠡᠯ᠎ᠡ ᠰᠠᠯᠠᠭ᠎ᠠ ᠮᠥᠴᠢᠷ᠎ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠎ᠨᠢ ᠲᠣᠳᠣᠷᠬᠠᠶ ᠥᠬᠡᠶ ᠪᠥᠭᠡᠳ ᠬᠠᠮᠠᠭ᠋ᠠᠯᠠᠬᠤ ᠤᠬᠠᠮᠰᠠᠷ ᠵᠶ᠋ᠠᠨ ᠴᠢᠩᠭ᠋ᠠᠳᠬᠠᠬᠤ ᠴᠢᠬᠤᠯᠠᠲᠠᠶ ᠪᠠᠶ᠋ᠢᠵᠤ᠂ ᠮᠡᠳᠡᠯᠭᠡ ᠵᠢᠨ   ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠠᠵᠢᠯ᠎ᠤᠨ ᠲᠣᠭᠲᠠᠴᠠ᠎ᠳᠤ ᠬᠦᠷᠦᠯᠴᠡᠬᠦ ᠥᠬᠡᠶ ᠲᠠᠯ᠎ᠠ ᠣᠷᠣᠰᠢᠵᠤ ᠪᠠᠶ᠋ᠢᠨ᠎ᠠ᠃ ᠡᠭᠦᠨ᠎ᠠᠴᠠ ᠭᠠᠳᠠᠨ᠎ᠠ᠂ ᠤᠯᠤᠰ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠲᠣᠪᠴᠢᠶ᠎ᠠ ᠵᠢᠨ 《ᠦᠵᠡᠰᠬᠦᠯᠡᠩ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢᠨ ᠵᠢᠯᠣᠭᠤᠳᠤᠮᠵᠢ》᠎ᠨᠢ ᠭᠤᠤᠯᠳᠠᠭᠤ ᠤᠯᠤᠰ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠲᠣᠪᠴᠢᠶ᠎ᠠ ᠵᠢᠨ ᠬᠠᠮᠢᠶ᠎ᠠ ᠪᠥᠬᠦᠶ ᠠᠵᠢᠯ ᠎ᠳᠤ  ᠴᠢᠭᠯᠡᠭᠦᠯᠦᠨ  ᠵᠢᠯᠣᠭᠤᠳᠣᠯᠭ᠎ᠠ  ᠬᠢᠨ᠎ᠡ᠂ ᠪᠠᠰᠠ ᠮᠠᠨ᠎ᠤ ᠣᠷᠣᠨ᠎ᠤ ᠪᠣᠳᠠᠲᠠᠶ᠎ᠲᠠᠢ᠎ᠪᠠᠨ ᠤᠶᠠᠯᠳᠤᠭᠤᠯᠪᠠᠯ ᠰᠠᠶᠢ ᠨᠠᠩ ᠰᠠᠶ᠋ᠢᠨ ᠨᠠᠶ᠋ᠢᠳᠠᠪᠤᠷᠢᠵᠢᠭᠤᠯᠵᠤ ᠴᠢᠳᠠᠨ᠎ᠠ᠃

      (ᠭᠤᠷᠪᠠ) 《ᠵᠢᠯᠣᠭᠤᠳᠤᠮᠵᠢ》᠎ᠳᠤ ᠬᠡᠷᠡᠭᠯᠡᠭᠳᠡᠬᠦ ᠬᠡᠪᠴᠢᠶ᠎ᠡ᠎ᠨᠢ ᠶᠠᠭᠤ ᠪᠣᠶ?

      ᠲᠣᠰ ᠵᠢᠯᠣᠭᠤᠳᠤᠮᠵᠢ ᠵᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠷ᠎ᠠ ᠡᠷᠭᠢᠯᠡᠭᠰᠡᠨ ᠡᠯ᠎ᠡ ᠲᠥᠷᠥᠯ᠎ᠤᠨ ᠠᠵᠤ ᠠᠬᠤᠶ ᠮᠡᠷᠭᠡᠵᠢᠯ᠎ᠤᠨ ᠠᠷᠠᠯᠵᠢᠶᠠᠨ᠎ᠤ ᠦᠵᠡᠰᠬᠦᠯᠡᠩ᠂ ᠳᠡᠯᠭᠡᠨ ᠪᠣᠷᠣᠯᠠᠭᠤᠯᠬᠤ ᠴᠤᠭᠯᠠᠭ᠋ᠠᠨ᠂ ᠦᠵᠡᠰᠬᠦᠯᠡᠩ᠎ᠤᠨ ᠴᠤᠭᠯᠠᠭ᠋ᠠᠨ᠂ ᠠᠷᠠᠯᠵᠢᠶᠠᠨ᠎ᠤ ᠴᠤᠭᠯᠠᠭ᠋ᠠᠨ᠂ ᠦᠵᠡᠰᠭᠦᠯᠡᠩ ᠵᠡᠷᠭᠡ ᠠᠵᠢᠯᠯᠠᠭ᠎ᠠ᠎ᠳᠤ ᠲᠤᠰᠬᠠᠶ ᠠᠰᠢᠭ᠂ ᠲᠠᠸᠠᠷ᠎ᠤᠨ ᠲᠡᠮᠲᠡᠭᠲᠦ᠂ ᠭᠠᠵᠠᠷ ᠵᠦᠶ ᠵᠢᠨ ᠪᠡᠯᠭᠡ ᠲᠡᠮᠳᠡᠭ᠂ ᠬᠡᠪᠯᠡᠯ᠎ᠤᠨ ᠡᠷᠬᠡ ᠵᠡᠷᠭᠡ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠠᠭ᠋ᠠᠯᠠᠯᠲᠠ᠎ᠲᠠᠢ ᠬᠤᠯᠪᠣᠭ᠎ᠠ᠎ᠲᠠᠢ ᠬᠡᠷᠡᠭ ᠶᠠᠪᠤᠳᠠᠯ᠎ᠳᠤ ᠬᠡᠷᠡᠭᠯᠡᠨ᠎ᠡ᠃

      (ᠲᠦᠷᠪᠡ) 《ᠵᠢᠯᠣᠭᠤᠳᠤᠮᠵᠢ》 ᠵᠢᠨ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠠᠵᠢᠯ᠎ᠤᠨ ᠵᠢᠷᠤᠮᠯᠠᠬᠤ ᠵᠠᠷᠴᠢᠮ᠎ᠨᠢ ᠶᠠᠭᠤ ᠪᠣᠢ?

      ᠦᠵᠡᠰᠬᠦᠯᠡᠩ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠠᠵᠢᠯ᠎ᠳᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠎ᠤᠨ ᠵᠢᠭ᠋ᠠᠨ ᠵᠢᠯᠣᠭᠤᠳᠴᠤ ᠬᠢᠨᠠᠨ ᠬᠠᠮᠢᠶᠠᠷᠬᠤ᠂ ᠦᠵᠡᠰᠬᠦᠯᠡᠩ᠎ᠢ ᠭᠤᠤᠯᠯᠠᠨ ᠡᠷᠬᠢᠯᠡᠬᠦ ᠲᠠᠯ᠎ᠠ ᠪᠣᠳᠠᠲᠠᠶ ᠬᠠᠷᠢᠭᠤᠴᠠᠬᠤ᠂ ᠦᠵᠡᠰᠬᠦᠯᠡᠩ᠎ᠳᠤ ᠣᠷᠣᠯᠴᠠᠬᠤ ᠲᠠᠯ᠎ᠠ ᠵᠢᠨ᠎ᠬᠢᠨ ᠦᠨᠡᠨᠴᠢ ᠢᠲᠡᠭᠡᠮᠵᠢᠲᠡᠶ ᠥᠪᠡᠷ᠎ᠢ᠎ᠪᠠᠨ ᠱᠠᠭ᠋ᠠᠷᠳᠠᠬᠤ᠂ ᠨᠡᠶ᠋ᠢᠭᠡᠮ ᠨᠡᠶ᠋ᠢᠲᠡ᠎ᠪᠠᠷ ᠵᠶ᠋ᠠᠨ ᠥᠷᠭᠡᠨ ᠳᠡᠯᠭᠡᠷ ᠬᠢᠨᠠᠯᠲᠠ ᠲᠠᠯᠪᠢᠬᠤ ᠵᠠᠷᠴᠢᠮ᠎ᠢ ᠵᠢᠷᠤᠮᠯᠠᠨ᠎ᠠ᠃

      (ᠲᠠᠪᠤ) 《ᠵᠢᠯᠣᠭᠤᠳᠤᠮᠵᠢ》᠎ᠳᠤ ᠡᠷᠬᠢᠯᠡᠨ ᠪᠠᠶ᠋ᠢᠭᠤᠯᠤᠭᠰᠠᠨ ᠭᠠᠵᠠᠷ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠶᠠᠮᠠᠷ ᠶᠠᠮᠠᠷ ᠡᠭᠦᠷᠭᠡ ᠴᠢᠳᠠᠪᠤᠷᠢ ᠪᠠᠶ᠋ᠢᠬᠤ ᠪᠣᠢ?

      ᠦᠵᠡᠰᠬᠦᠯᠡᠩ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠬᠠᠮᠢᠶᠠᠷᠤᠯᠲᠠ ᠵᠢᠨ ᠰᠠᠯᠠᠭ᠎ᠠ ᠮᠥᠴᠢᠷ ᠪᠣᠯ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠢᠶᠠᠷᠬᠤ ᠰᠠᠯᠠᠭ᠎ᠠ ᠮᠥᠴᠢᠷ ᠪᠣᠯᠣᠨ᠎ᠠ᠂ 《ᠵᠢᠯᠣᠭᠤᠳᠤᠮᠵᠢ》 ᠵᠢᠨ ᠭᠤᠷᠪᠠᠳᠤᠭ᠋ᠠᠷ ᠵᠣᠷᠪᠣᠰ᠎ᠲᠤ᠂ ᠦᠵᠡᠰᠬᠦᠯᠡᠩ᠎ᠢ ᠡᠷᠬᠢᠯᠡᠭᠰᠡᠨ ᠭᠠᠵᠠᠷ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠲᠤᠰ ᠲᠤᠰ᠎ᠤᠨ ᠡᠭᠦᠷᠭᠡ ᠬᠠᠷᠢᠭᠤᠴᠠᠯᠭ᠎ᠠ᠎ᠪᠠᠨ ᠦᠨᠳᠦᠰᠦᠯᠡᠨ᠂ ᠬᠠᠮᠵᠢᠯᠴᠠᠭ᠎ᠠ᠎ᠪᠠᠨ ᠴᠢᠩᠭ᠋ᠠᠷᠠᠭᠤᠯᠵᠤ᠂ ᠲᠤᠰ ᠣᠷᠣᠨ ᠪᠦᠰᠡ ᠵᠢᠨ ᠳᠣᠲᠣᠷ᠎ᠠ ᠦᠵᠡᠰᠬᠦᠯᠡᠩ ᠡᠷᠬᠢᠯᠡᠵᠦ ᠪᠠᠶ᠋ᠢᠭ᠎ᠠ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠲᠤᠰᠬᠠᠶ ᠮᠡᠷᠭᠡᠵᠢᠯ᠎ᠤᠨ ᠵᠢᠯᠣᠭᠤᠳᠣᠯᠭ᠎ᠠ ᠪᠠ ᠬᠢᠨᠠᠯᠲᠠ ᠲᠠᠯᠪᠢᠵᠤ ᠪᠠᠶ᠋ᠢᠴᠠᠭ᠋ᠠᠬᠤ ᠎ᠪᠠᠨ  ᠬᠠᠮᠲᠤ ᠎ᠪᠠᠷ  ᠴᠢᠩᠭ᠋ᠠᠳᠬᠠᠵᠤ᠂ ᠦᠵᠡᠰᠬᠦᠯᠡᠩ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠡᠮᠬᠢ ᠳᠢᠭᠯᠢᠮ᠎ᠢ ᠬᠠᠮᠠᠭ᠋ᠠᠯᠠᠬᠤ ᠭᠡᠵᠦ ᠲᠣᠭᠲᠠᠭ᠋ᠠᠵᠠᠶ᠃ ᠠᠷᠪᠠᠨ ᠲᠠᠪᠤᠳᠤᠭ᠋ᠠᠷ ᠵᠣᠷᠪᠣᠰ᠎ᠲᠤ᠂ ᠦᠵᠡᠰᠬᠦᠯᠡᠩ᠎ᠤᠨ ᠬᠤᠭᠤᠴᠠᠭ᠋ᠠᠨ᠎ᠳᠤ᠂ ᠦᠵᠡᠰᠬᠦᠯᠡᠩ᠎ᠢ ᠡᠷᠬᠢᠯᠡᠭᠰᠡᠨ ᠭᠠᠵᠠᠷ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠵᠠᠭ᠋ᠠᠯᠳᠤᠯᠭ᠎ᠠ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ ᠪᠠᠶ᠋ᠢᠭᠤᠯᠤᠭᠰᠠᠨ ᠦᠵᠡᠰᠬᠦᠯᠡᠩ᠎ᠳᠤ ᠬᠢᠨᠠᠯᠲᠠ ᠲᠠᠯᠪᠢᠵᠤ ᠲᠣᠭᠤᠷᠢᠨ ᠪᠠᠶ᠋ᠢᠴᠠᠭ᠋ᠠᠵᠤ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠡᠷᠬᠡ᠎ᠳᠤ ᠬᠠᠯᠳᠠᠭᠰᠠᠨ ᠬᠤᠳᠠᠯ ᠬᠠᠭᠤᠷᠮᠠᠭ ᠦᠢ᠍ᠯᠡ ᠠᠵᠢᠯᠯᠠᠭ᠎ᠠ ᠵᠢᠨ ᠰᠦᠪᠡᠭᠴᠢ ᠵᠢ ᠴᠠᠭ ᠲᠤᠬᠠᠢ᠎ᠳᠤ᠎ᠨᠢ ᠢᠯᠡᠷᠡᠭᠦᠯᠬᠦ ᠵᠢᠨ ᠬᠠᠮᠲᠤ ᠡᠷᠬᠡ ᠲᠤᠰᠢᠶᠠᠯ ᠵᠶ᠋ᠠᠨ ᠦᠨᠳᠦᠰᠦᠯᠡᠨ ᠪᠠᠶ᠋ᠢᠴᠠᠭ᠋ᠠᠨ ᠰᠢᠢ᠍ᠳᠪᠦᠷᠢᠯᠡᠬᠦ ᠬᠡᠷᠡᠭᠲᠡᠢ᠃ ᠬᠣᠷᠢᠨ ᠲᠠᠪᠤᠳᠤᠭ᠋ᠠᠷ ᠵᠣᠷᠪᠣᠰ᠎ᠲᠤ᠂ ᠦᠵᠡᠰᠬᠦᠯᠡᠩ᠎ᠤᠨ ᠳᠠᠷᠠᠭ᠋ᠠᠬᠢ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠵᠠᠭ᠋ᠠᠯᠳᠤᠯᠭ᠎ᠠ ᠵᠢᠨ ᠬᠡᠷᠡᠭ᠎ᠢ ᠰᠢᠢ᠍ᠳᠪᠦᠷᠢᠯᠡᠬᠦ᠂ ᠰᠢᠯᠵᠢᠭᠦᠯᠦᠨ ᠬᠦᠷᠭᠡᠬᠦ ᠮᠠᠲ᠋ᠧᠷᠢᠶᠠᠯ᠂ ᠮᠡᠳᠡᠭᠡ ᠵᠠᠩᠭᠢ ᠪᠦᠷᠢᠳᠬᠡᠬᠦ᠂ ᠤᠬᠠᠭᠤᠯᠤᠨ ᠳᠡᠯᠭᠡᠷᠡᠭᠦᠯᠬᠦ ᠵᠡᠷᠭᠡ ᠡᠭᠦᠷᠭᠡ ᠬᠠᠷᠢᠭᠤᠴᠠᠯᠭ᠎ᠠ ᠵᠢ ᠲᠣᠭᠲᠠᠭ᠋ᠠᠪᠠ᠃

      (ᠵᠢᠷᠭᠤᠭ᠎ᠠ) 《ᠵᠢᠯᠣᠭᠤᠳᠤᠮᠵᠢ》᠎ᠳᠤ ᠦᠵᠡᠰᠭᠦᠯᠡᠩ᠎ᠤᠨ ᠭᠣᠣᠯ ᠡᠷᠬᠢᠯᠡᠭᠰᠡᠨ ᠲᠠᠯ᠎ᠠ᠎ᠨᠢ ᠶᠠᠮᠠᠷ  ᠡᠭᠦᠷᠭᠡ  ᠬᠠᠷᠢᠭᠤᠴᠠᠯᠭ᠎ᠠ  ᠭᠦᠢ᠍ᠴᠡᠳᠭᠡᠬᠦ  ᠭᠡᠵᠦ  ᠲᠣᠭᠲᠠᠭ᠋ᠠᠭᠰᠠᠨ ᠪᠣᠢ?

      《ᠵᠢᠯᠣᠭᠤᠳᠤᠮᠵᠢ》 ᠵᠢᠨ ᠵᠢᠷᠭᠤᠳᠤᠭ᠋ᠠᠷ ᠵᠣᠷᠪᠣᠰ᠎ᠲᠤ᠂ ᠦᠵᠡᠰᠬᠦᠯᠡᠩ᠎ᠢ ᠭᠤᠤᠯᠯᠠᠨ ᠡᠷᠬᠢᠯᠡᠭᠰᠡᠨ ᠲᠠᠯ᠎ᠠ᠎ᠨᠢ ᠦᠵᠡᠰᠬᠦᠯᠡᠩ᠎ᠳᠤ ᠣᠷᠣᠯᠴᠠᠬᠤ ᠲᠠᠯ᠎ᠠ ᠵᠢᠨ ᠮᠡᠳᠡᠭᠡ ᠵᠠᠩᠭᠢ ᠵᠢ ᠳᠡᠩᠰᠡᠯᠡᠵᠦ᠂ ᠦᠵᠡᠰᠬᠦᠯᠡᠩ᠎ᠳᠤ ᠣᠷᠣᠯᠴᠠᠬᠤ ᠲᠠᠯ᠎ᠠ ᠵᠢᠨ ᠮᠡᠳᠡᠭᠡ ᠵᠠᠩᠭᠢ ᠵᠢᠨ ᠦᠨᠡᠨ ᠪᠣᠳᠠᠲᠠᠶ ᠪᠥᠭᠡᠳ ᠪᠦᠲᠦᠮᠵᠢᠲᠡᠶ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠶ; ᠳᠣᠯᠣᠳᠤᠭ᠋ᠠᠷ ᠵᠣᠷᠪᠣᠰ᠎ᠲᠤ᠂ ᠦᠵᠡᠰᠬᠦᠯᠡᠩ᠎ᠢ ᠭᠤᠣᠯᠯᠠᠨ ᠡᠷᠬᠢᠯᠡᠭᠰᠡᠨ ᠲᠠᠯ᠎ᠠ ᠵᠢᠨ᠎ᠬᠢᠨ ᠳᠡᠯᠭᠡᠨ ᠦᠵᠡᠭᠦᠯᠬᠦ᠎ᠠᠴᠠ ᠡᠮᠦᠨ᠎ᠡ ᠨᠠᠭ᠋ᠠᠳᠤ ᠵᠠᠬ᠎ᠠ᠎ᠳᠤ᠎ᠪᠠᠨ 5 ᠠᠵᠢᠯᠯᠠᠬᠤ ᠡᠳᠦᠷ᠎ᠤᠨ ᠡᠮᠦᠨ᠎ᠡ ᠦᠵᠡᠰᠬᠦᠯᠡᠩ᠎ᠢ ᠡᠷᠬᠢᠯᠡᠬᠦ ᠴᠠᠭ᠂ ᠭᠠᠵᠠᠷ ᠣᠷᠣᠨ ᠵᠢᠴᠢ ᠦᠵᠡᠰᠬᠦᠯᠡᠩ᠎ᠳᠤ ᠣᠷᠣᠯᠴᠠᠬᠤ ᠲᠠᠯ᠎ᠠ ᠵᠢᠨ ᠮᠡᠳᠡᠭᠡ ᠵᠠᠩᠭᠢ ᠵᠢ ᠠᠵᠢᠯᠯᠠᠭ᠎ᠠ ᠡᠷᠬᠢᠯᠡᠬᠦ ᠭᠠᠵᠠᠷ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠮᠡᠳᠡᠭᠳᠡᠬᠦ ᠬᠡᠷᠡᠭᠲᠡᠶ ᠭᠡᠵᠦ ᠲᠣᠭᠲᠠᠭ᠋ᠠᠵᠠᠶ᠃ ᠨᠠᠢ᠍ᠮᠠᠳᠣᠭ᠋ᠠᠷ ᠵᠣᠷᠪᠣᠰ᠎ᠲᠤ᠂ ᠦᠵᠡᠰᠬᠦᠯᠡᠩ᠎ᠢ ᠭᠤᠤᠯᠯᠠᠨ ᠡᠷᠬᠢᠯᠡᠭᠰᠡᠨ ᠲᠠᠯ᠎ᠠ ᠬᠢᠭᠡᠳ ᠦᠵᠡᠰᠬᠦᠯᠡᠩ᠎ᠳᠤ ᠣᠷᠣᠯᠴᠠᠭᠰᠠᠨ ᠲᠠᠯ᠎ᠠ ᠵᠢᠨ᠎ᠬᠢᠨ ᠦᠵᠡᠰᠬᠦᠯᠡᠩ᠎ᠳᠤ ᠣᠷᠣᠯᠴᠠᠭᠰᠠᠨ ᠭᠡᠷ᠎ᠡ ᠵᠢᠨ ᠳᠣᠲᠣᠷ᠎ᠠ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠬᠠᠮᠢᠶ᠎ᠠ ᠪᠦᠬᠦᠢ ᠠᠭᠤᠯᠭ᠎ᠠ ᠵᠢᠨ ᠲᠤᠬᠠᠶ ᠪᠣᠯᠵᠣᠨ ᠲᠣᠭᠲᠠᠭᠰᠠᠨ ᠪᠠᠶ᠋ᠢᠬᠤ ᠬᠡᠷᠡᠭᠲᠡᠶ᠄ ᠦᠵᠡᠰᠬᠦᠯᠡᠩ᠎ᠳᠤ ᠣᠷᠣᠯᠴᠠᠭᠰᠠᠨ ᠲᠠᠯ᠎ᠠ ᠥᠪᠡᠷ ᠵᠶ᠋ᠠᠨ ᠦᠵᠡᠰᠭᠦᠯᠡᠩ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠳᠦᠷᠢᠮ᠎ᠢ ᠵᠢᠷᠤᠮᠯᠠᠬᠤ ᠠᠮᠠᠯᠠᠯᠲᠠ᠎ᠪᠠᠨ ᠵᠢᠷᠤᠮᠯᠠᠨ᠎ᠠ; ᠦᠵᠡᠰᠬᠦᠯᠡᠩ᠎ᠳᠤ ᠣᠷᠣᠯᠴᠠᠭᠰᠠᠨ ᠲᠠᠯ᠎ᠠ ᠵᠢᠨ᠎ᠬᠢᠨ ᠦᠵᠡᠰᠬᠦᠯᠡᠩ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ  ᠵᠠᠭ᠋ᠠᠯᠳᠤᠯᠭ᠎ᠠ ᠵᠢ  ᠰᠢᠢ᠍ᠳᠪᠦᠷᠢᠯᠡᠬᠦ  ᠳᠠᠷᠠᠭ᠋ᠠᠯᠠᠯ ᠪᠠ ᠠᠷᠭ᠎ᠠ ᠮᠠᠶᠢᠭ; ᠦᠵᠡᠰᠬᠦᠯᠡᠩ᠎ᠳᠤ ᠣᠷᠣᠯᠴᠠᠭᠰᠠᠨ ᠪᠦᠲᠦᠭᠡᠭᠳᠡᠬᠦᠨ᠂ ᠳᠡᠯᠭᠡᠨ ᠦᠵᠡᠭᠦᠯᠬᠦ ᠡᠳ᠋᠎ᠤᠨ ᠪᠣᠭᠤᠳᠠᠯ ᠪᠠᠭᠯᠠᠭ᠎ᠠ᠂ ᠳᠡᠯᠭᠡᠨ ᠦᠵᠡᠭᠦᠯᠬᠦ ᠪᠠᠶ᠋ᠢᠷᠢ ᠵᠢᠨ ᠵᠢᠷᠤᠭ ᠲᠥᠯᠥᠪᠯᠡᠭᠡ ᠵᠢᠴᠢ ᠳᠡᠯᠭᠡᠨ ᠦᠵᠡᠭᠦᠯᠬᠦ ᠪᠠᠶ᠋ᠢᠷᠢ ᠵᠢᠨ ᠪᠤᠰᠤᠳ ᠦᠵᠡᠭᠦᠯᠭᠡ ᠵᠢᠨ ᠬᠡᠰᠡᠭ ᠵᠡᠷᠭᠡ ᠦᠵᠡᠰᠬᠦᠯᠡᠩ᠎ᠳᠤ ᠣᠷᠣᠯᠴᠠᠭᠰᠠᠨ ᠲᠥᠷᠥᠯ ᠵᠦᠢ᠍ᠯ᠎ᠨᠢ ᠪᠤᠰᠤᠳ᠎ᠤᠨ ᠮᠡᠳᠡᠯᠭᠡ ᠵᠢᠨ ᠥᠮᠴᠢᠯᠡᠯ᠎ᠤᠨ ᠡᠷᠬᠡ᠎ᠳᠤ ᠬᠠᠯᠳᠠᠭᠰᠠᠨ ᠦᠭᠡᠢ ᠭᠡᠰᠡᠨ ᠠᠮᠠᠯᠠᠯᠲᠠ ᠵᠢ ᠵᠢᠷᠤᠮᠯᠠᠬᠤ ᠬᠡᠷᠡᠭᠲᠡᠢ᠃ ᠦᠵᠡᠰᠬᠦᠯᠡᠩ᠎ᠳᠤ ᠣᠷᠣᠯᠴᠠᠬᠤ ᠲᠥᠷᠥᠯ ᠵᠦᠢ᠍ᠯ᠎ᠳᠤ ᠡᠷᠬᠡ᠎ᠳᠤ ᠬᠠᠯᠳᠠᠭᠰᠠᠨ ᠵᠶ᠋ᠠᠷ ᠰᠡᠵᠢᠭᠯᠡᠭᠳᠡᠭᠰᠡᠨ ᠪᠥᠭᠡᠳ ᠦᠵᠡᠰᠬᠦᠯᠡᠩ᠎ᠳᠤ ᠣᠷᠣᠯᠴᠠᠬᠤ ᠡᠲᠡᠭᠡᠳ᠎ᠨᠢ ᠲᠣᠭᠲᠠᠭᠰᠠᠨ ᠬᠤᠭᠤᠴᠠᠭ᠋ᠠᠨ ᠳᠣᠲᠣᠷ᠎ᠠ ᠡᠷᠬᠡ᠎ᠳᠤ ᠬᠠᠯᠳᠠᠬᠤ ᠦᠭᠡᠢ ᠬᠦᠴᠦᠨ ᠪᠦᠬᠦᠢ ᠭᠡᠷᠡᠴᠢ ᠭᠠᠷᠭ᠋ᠠᠵᠤ ᠴᠢᠳᠠᠬᠤ ᠦᠭᠡᠢ ᠪᠠᠶ᠋ᠢᠪᠠᠯ᠂ ᠦᠵᠡᠰᠬᠦᠯᠡᠩ ᠎ᠳᠤ ᠣᠷᠣᠯᠴᠠᠬᠤ ᠡᠲᠡᠭᠡᠳ᠎ᠨᠢ ᠳᠠᠷᠦ᠋ᠢ᠍ᠬᠠᠨ ᠥᠯᠥ ᠦᠵᠡᠭᠳᠡᠭᠦᠯᠬᠦ᠂  ᠬᠤᠳᠠᠯᠳᠤᠬᠤ ᠎ᠪᠠᠨ  ᠵᠣᠭᠰᠤᠬᠤ᠂ ᠳᠡᠯᠭᠡᠨ ᠦᠵᠡᠭᠦᠯᠬᠦ ᠵᠡᠷᠭᠡ ᠰᠢᠢ᠍ᠳᠪᠦᠷᠢᠯᠡᠬᠦ ᠠᠷᠭ᠎ᠠ ᠬᠡᠮᠵᠢᠶ᠎ᠡ ᠠᠪᠴᠤ᠂ ᠰᠢᠢ᠍ᠳᠪᠦᠷᠢᠯᠡᠬᠦ ᠦᠭᠡᠢ ᠪᠣᠯ ᠦᠵᠡᠰᠬᠦᠯᠡᠩ᠎ᠢ ᠭᠤᠤᠯᠯᠠᠨ ᠡᠷᠬᠢᠯᠡᠭᠰᠡᠨ ᠡᠲᠡᠭᠡᠳ᠎ᠨᠢ ᠦᠵᠡᠰᠬᠦᠯᠡᠩ᠎ᠳᠤ ᠣᠷᠣᠯᠴᠠᠬᠤ ᠬᠢᠷᠢ ᠬᠡᠮ᠎ᠢ᠎ᠨᠢ ᠲᠦᠷ ᠵᠣᠭᠰᠣᠭ᠋ᠠᠬᠤ ᠪᠤᠶᠤ ᠬᠦᠴᠦᠨ ᠦᠭᠡᠢ ᠪᠣᠯᠭ᠋ᠠᠬᠤ᠎ᠪᠠᠷ ᠨᠡᠶ᠋ᠢᠲᠡᠯᠡᠬᠦ ᠬᠡᠷᠡᠭᠲᠡᠢ; ᠦᠵᠡᠰᠬᠦᠯᠡᠩ᠎ᠳᠤ ᠣᠷᠣᠯᠴᠠᠬᠤ ᠲᠠᠯ᠎ᠠ ᠵᠢᠨ᠎ᠬᠢᠨ ᠦᠵᠡᠰᠬᠦᠯᠡᠩ᠎ᠳᠤ ᠣᠷᠣᠯᠴᠠᠬᠤ ᠲᠥᠷᠥᠯ ᠵᠦᠢ᠍ᠯ᠎ᠤᠨ ᠡᠷᠬᠡ ᠵᠢᠨ ᠭᠡᠷᠡᠴᠢ᠂ ᠪᠠᠶ᠋ᠢᠴᠠᠭ᠋ᠠᠨ ᠰᠢᠯᠭ᠋ᠠᠬᠤ᠎ᠳᠤ ᠬᠠᠮᠵᠢᠯᠴᠠᠬᠤ ᠵᠡᠷᠭᠡ ᠡᠭᠦᠷᠭᠡ ᠵᠢ ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠨ᠎ᠠ; ᠦᠵᠡᠰᠬᠦᠯᠡᠩ᠎ᠳᠤ ᠣᠷᠣᠯᠴᠠᠬᠤ ᠲᠠᠯ᠎ᠠ ᠵᠢᠨ᠎ᠬᠢᠨ ᠦᠵᠡᠰᠬᠦᠯᠡᠩ᠎ᠳᠤ ᠣᠷᠣᠯᠴᠠᠬᠤ ᠲᠥᠷᠥᠯ ᠵᠦᠢ᠍ᠯ᠎ᠤᠨ ᠡᠷᠬᠡ ᠵᠢᠨ ᠭᠡᠷᠡᠴᠢ᠂ ᠪᠠᠶ᠋ᠢᠴᠠᠭ᠋ᠠᠨ ᠰᠢᠯᠭ᠋ᠠᠬᠤ᠎ᠳᠤ ᠬᠠᠮᠵᠢᠯᠴᠠᠬᠤ ᠵᠡᠷᠭᠡ ᠡᠭᠦᠷᠭᠡ ᠵᠢ ᠬᠠᠤᠯᠢ ᠶᠣᠰᠣᠭ᠋ᠠᠷ ᠭᠦᠢ᠍ᠴᠡᠳᠬᠡᠬᠦ᠎ᠳᠤ ᠢᠳᠡᠪᠬᠢᠲᠡᠶ ᠬᠠᠮᠵᠢᠯᠴᠠᠬᠤ ᠬᠡᠷᠡᠭᠲᠡᠶ; ᠦᠵᠡᠰᠬᠦᠯᠡᠩ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠬᠠᠤᠯᠢ ᠶᠣᠰᠣᠭ᠋ᠠᠷ ᠬᠠᠮᠢᠶᠠᠷᠤᠨ᠎ᠠ; ᠦᠵᠡᠰᠬᠦᠯᠡᠩ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢᠨ ᠠᠵᠢᠯ᠎ᠤᠨ ᠪᠣᠳᠠᠲᠠᠶ ᠪᠣᠯᠵᠣᠨ ᠲᠣᠭᠲᠠᠭᠰᠠᠨ ᠪᠤᠰᠤᠳ ᠵᠦᠢ᠍ᠯ ᠵᠤᠷᠪᠤᠰ᠎ᠢ ᠦᠨᠳᠦᠰᠦᠯᠡᠨ᠎ᠡ᠃ ᠶᠢᠰᠦᠳᠦᠭᠡᠷ ᠵᠣᠷᠪᠣᠰ᠎ᠲᠤ᠂ ᠦᠵᠡᠰᠬᠦᠯᠡᠩ᠎ᠢ ᠭᠤᠤᠯᠯᠠᠨ ᠡᠷᠬᠢᠯᠡᠭᠰᠡᠨ ᠡᠲᠡᠭᠡᠳ᠎ᠨᠢ ᠦᠵᠡᠰᠬᠦᠯᠡᠩ᠎ᠳᠤ ᠣᠷᠣᠯᠴᠠᠬᠤ ᠲᠠᠯ᠎ᠠ ᠵᠢᠨ ᠦᠵᠡᠰᠬᠦᠯᠡᠩ᠎ᠳᠤ ᠣᠷᠣᠯᠴᠠᠬᠤ ᠲᠥᠷᠥᠯ ᠵᠦᠢ᠍ᠯ᠂ ᠮᠡᠷᠭᠡᠵᠢᠯ᠂ ᠦᠢ᠍ᠯᠡᠳᠬᠦᠨ ᠵᠢᠴᠢ ᠤᠬᠠᠭᠤᠯᠭ᠎ᠠ ᠵᠢᠨ ᠮᠠᠲ᠋ᠧᠷᠢᠶᠠᠯ᠂ ᠳᠡᠯᠭᠡᠨ ᠦᠵᠡᠭᠦᠯᠬᠦ ᠰᠠᠮᠪᠠᠷ᠎ᠠ ᠵᠡᠷᠭᠡ ᠮᠡᠳᠡᠯᠭᠡ ᠵᠢᠨ ᠥᠮᠴᠢᠯᠡᠯ᠎ᠤᠨ ᠡᠷᠬᠡ᠎ᠳᠤ ᠬᠤᠯᠪᠣᠭᠳᠠᠬᠤ ᠠᠭᠤᠯᠭ᠎ᠠ ᠵᠢ ᠳᠡᠯᠭᠡᠨ ᠦᠵᠡᠭᠦᠯᠬᠦ᠎ᠠᠴᠠ ᠡᠮᠦᠨ᠎ᠡ ᠬᠢᠨᠠᠨ ᠪᠠᠶ᠋ᠢᠴᠠᠭ᠋ᠠᠬᠤ ᠬᠡᠷᠡᠭᠲᠡᠶ᠂ ᠡᠭᠦᠨ᠎ᠳᠤ ᠪᠠᠭᠲᠠᠬᠤ ᠪᠣᠯᠪᠠᠴᠤ ᠲᠤᠰᠬᠠᠶ ᠠᠰᠢᠭ᠎ᠤᠨ ᠳᠠᠩᠰᠠᠯᠠᠯ᠎ᠤᠨ ᠳᠡᠪᠲᠡᠷ᠎ᠤᠨ ᠬᠠᠭᠤᠯᠪᠤᠷᠢ ᠳᠡᠪᠲᠡᠷ᠂ ᠲᠤᠰᠬᠠᠶ ᠠᠰᠢᠭ᠎ᠤᠨ ᠦᠨᠡᠮᠯᠡᠯ᠂ ᠲᠤᠰᠬᠠᠶ ᠠᠰᠢᠭ᠎ᠤᠨ ᠵᠥᠪᠰᠢᠶᠡᠷᠡᠯ᠎ᠤᠨ ᠭᠡᠷ᠎ᠡ ᠵᠡᠷᠭᠡ ᠲᠤᠰᠬᠠᠶ ᠠᠰᠢᠭ᠂ ᠲᠠᠸᠠᠷ᠎ᠤᠨ ᠲᠡᠮᠲᠡᠭᠲᠦ᠂ ᠭᠠᠵᠠᠷ ᠵᠦᠶ ᠵᠢᠨ ᠪᠡᠯᠭᠡ ᠲᠡᠮᠳᠡᠭ᠂ ᠬᠡᠪᠯᠡᠯ᠎ᠤᠨ ᠡᠷᠬᠡ ᠵᠢᠴᠢ ᠵᠥᠪᠰᠢᠶᠡᠷᠡᠯ᠎ᠤᠨ ᠭᠡᠷ᠎ᠡ ᠵᠢᠨ ᠮᠠᠲ᠋ᠧᠷᠢᠶᠠᠯ᠎ᠳᠤ ᠬᠢᠵᠠᠭ᠋ᠠᠷᠯᠠᠭᠳᠠᠬᠤ ᠦᠭᠡᠢ; ᠦᠵᠡᠰᠭᠦᠯᠡᠩ᠎ᠤᠨ ᠭᠤᠤᠯᠯᠠᠨ ᠡᠷᠭᠢᠯᠡᠭᠰᠡᠨ ᠲᠠᠯ᠎ᠠ ᠵᠢᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠦᠵᠡᠰᠬᠦᠯᠡᠩ᠎ᠢ ᠭᠤᠤᠯᠯᠠᠨ ᠡᠷᠭᠢᠯᠡᠭᠰᠡᠨ ᠲᠠᠯ᠎ᠠ ᠵᠢᠨ ᠬᠢᠨᠠᠨ ᠪᠠᠶ᠋ᠢᠴᠠᠭ᠋ᠠᠭᠰᠠᠨ ᠪᠠᠶ᠋ᠢᠳᠠᠯ᠎ᠢ ᠬᠢᠨᠠᠨ ᠪᠠᠶ᠋ᠢᠴᠠᠭ᠋ᠠᠬᠤ ᠬᠡᠷᠡᠭᠲᠡᠶ᠃

      (ᠳᠤᠯᠤᠭ᠎ᠠ) 《ᠵᠢᠯᠣᠭᠤᠳᠤᠮᠵᠢ》᠎ᠳᠤ ᠦᠵᠡᠰᠬᠦᠯᠡᠩ᠎ᠳᠤ ᠣᠷᠣᠯᠴᠠᠬᠤ ᠡᠲᠡᠭᠡᠳ᠎ᠨᠢ ᠶᠠᠮᠠᠷ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠬᠡᠷᠡᠭᠲᠡᠢ ᠭᠡᠵᠦ ᠲᠣᠭᠲᠠᠭ᠋ᠠᠭᠰᠠᠨ ᠪᠣᠢ?

      《ᠵᠢᠯᠣᠭᠤᠳᠤᠮᠵᠢ》 ᠵᠢᠨ ᠠᠷᠪᠠᠳᠤᠭ᠋ᠠᠷ ᠵᠣᠷᠪᠣᠰ᠎ᠲᠤ ᠲᠣᠭᠲᠠᠭ᠋ᠠᠭᠰᠠᠨ᠎ᠨᠢ᠂ ᠦᠵᠡᠰᠬᠦᠯᠡᠩ᠎ᠳᠤ ᠣᠷᠣᠯᠴᠠᠬᠤ᠎ᠠᠴᠠ ᠡᠮᠦᠨ᠎ᠡ᠂ ᠦᠵᠡᠰᠬᠦᠯᠡᠩ᠎ᠳᠤ ᠣᠷᠣᠯᠴᠠᠬᠤ ᠡᠲᠡᠭᠡᠳ᠎ᠨᠢ ᠬᠠᠤᠯᠢ ᠶᠣᠰᠣᠭ᠋ᠠᠷ ᠦᠵᠡᠰᠬᠦᠯᠡᠩ᠎ᠳᠤ ᠣᠷᠣᠯᠴᠠᠬᠤ ᠬᠡᠷᠡᠭᠲᠡᠶ᠂ ᠦᠵᠡᠰᠬᠦᠯᠡᠩ᠎ᠢ ᠭᠤᠤᠯᠯᠠᠨ ᠡᠷᠬᠢᠯᠡᠬᠦ ᠲᠠᠯ᠎ᠠ᠎ᠯᠤᠭ᠎ᠠ ᠢᠳᠡᠪᠬᠢᠲᠡᠶ ᠬᠠᠮᠵᠢᠯᠴᠠᠨ ᠳᠡᠯᠭᠡᠨ ᠦᠵᠡᠭᠦᠯᠬᠦ᠎ᠠᠴᠠ ᠡᠮᠦᠨ᠎ᠡ ᠬᠠᠮᠢᠶ᠎ᠠ ᠪᠥᠬᠦᠶ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠪᠠᠶ᠋ᠢᠳᠠᠯ᠎ᠳᠤ ᠬᠢᠨᠠᠨ ᠪᠠᠶ᠋ᠢᠴᠠᠭ᠋ᠠᠬᠤ ᠠᠵᠢᠯ ᠬᠢᠵᠦ᠂ ᠪᠤᠰᠤᠳ᠎ᠤᠨ ᠮᠡᠳᠡᠯᠭᠡ ᠵᠢᠨ ᠥᠮᠴᠢᠯᠡᠯ᠎ᠤᠨ ᠡᠷᠬᠡ᠎ᠳᠤ ᠬᠠᠯᠳᠠᠵᠤ ᠪᠣᠯᠬᠤ ᠥᠬᠡᠶ; ᠠᠷᠪᠠᠨ ᠨᠢᠭᠡᠳᠦᠭᠡᠷ ᠵᠣᠷᠪᠣᠰ᠎ᠲᠤ᠂ ᠦᠵᠡᠰᠬᠦᠯᠡᠩ᠎ᠳᠤ ᠣᠷᠣᠯᠴᠠᠬᠤ ᠲᠥᠷᠥᠯ ᠵᠦᠢ᠍ᠯ᠎ᠳᠤ ᠬᠠᠤᠯᠢ ᠶᠣᠰᠣᠭ᠋ᠠᠷ ᠬᠠᠮᠢᠶ᠎ᠠ ᠪᠥᠬᠦᠶ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠭᠡᠷᠡᠴᠢ᠎ᠲᠠᠢ ᠪᠠᠶ᠋ᠢᠬᠤ ᠬᠡᠷᠡᠭᠲᠡᠶ; ᠦᠵᠡᠰᠬᠦᠯᠡᠩ᠎ᠳᠤ ᠣᠷᠣᠯᠴᠠᠬᠤ ᠲᠥᠷᠥᠯ ᠵᠦᠢ᠍ᠯ᠎ᠳᠤ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠭᠡᠷᠡᠴᠢ ᠲᠡᠮᠳᠡᠭ ᠬᠠᠳᠠᠭᠰᠠᠨ ᠪᠠᠶ᠋ᠢᠪᠠᠯ᠂ ᠬᠤᠯᠪᠣᠭᠳᠠᠯ ᠪᠥᠬᠦᠶ ᠲᠣᠭᠲᠠᠭ᠋ᠠᠯ ᠶᠣᠰᠣᠭ᠋ᠠᠷ ᠲᠣᠳᠣᠷᠬᠠᠶ᠋ᠢᠯᠠᠬᠤ ᠬᠡᠷᠡᠭᠲᠡᠶ᠃

      (ᠨᠠᠢ᠍ᠮᠠ) 《ᠵᠢᠯᠣᠭᠤᠳᠤᠮᠵᠢ》᠎ᠳᠤ ᠶᠠᠮᠠᠷ ᠪᠠᠶ᠋ᠢᠳᠠᠯ᠎ᠤᠨ ᠳᠣᠣᠷ᠎ᠠ ᠵᠠᠭ᠋ᠠᠯᠳᠤᠯᠭ᠎ᠠ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ ᠲᠣᠬᠢᠷᠠᠭᠤᠯᠬᠤ ᠬᠡᠷᠡᠭᠲᠡᠶ ᠭᠡᠵᠦ ᠲᠣᠭᠲᠠᠭ᠋ᠠᠭᠰᠠᠨ ᠪᠣᠶ?

      《ᠵᠢᠯᠣᠭᠤᠳᠤᠮᠵᠢ》 ᠵᠢᠨ ᠠᠷᠪᠠᠨ ᠬᠤᠶᠠᠳᠤᠭ᠋ᠠᠷ ᠵᠣᠷᠪᠣᠰ᠎ᠲᠤ᠂ ᠳᠣᠣᠷᠠᠬᠢ ᠪᠠᠶ᠋ᠢᠳᠠᠯ᠎ᠤᠨ ᠠᠯᠢ ᠨᠢᠭᠡ᠎ᠨᠢ ᠪᠠᠶ᠋ᠢᠪᠠᠯ᠂ ᠦᠵᠡᠰᠬᠦᠯᠡᠩ᠎ᠳᠤ ᠵᠠᠭ᠋ᠠᠯᠳᠤᠯᠭ᠎ᠠ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ ᠪᠠᠶ᠋ᠢᠭᠤᠯᠵᠤ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠤᠬᠠᠭᠤᠯᠭ᠎ᠠ ᠯᠠᠪᠯᠠᠭ᠎ᠠ᠂ ᠵᠠᠭ᠋ᠠᠯᠳᠤᠯᠭ᠎ᠠ ᠵᠢ ᠰᠢᠢ᠍ᠳᠪᠦᠷᠢᠯᠡᠬᠦ ᠵᠡᠷᠭᠡ ᠦᠢ᠍ᠯᠡᠴᠢᠯᠡᠭᠡ ᠬᠠᠩᠭ᠋ᠠᠬᠤ ᠬᠡᠷᠡᠭᠲᠡᠢ᠄ ᠦᠵᠡᠰᠬᠦᠯᠡᠩ᠎ᠤᠨ ᠬᠤᠭᠤᠴᠠᠭ᠎ᠠ᠎ᠨᠢ ᠭᠤᠷᠪᠠᠨ ᠡᠳᠦᠷ (ᠭᠤᠷᠪᠠᠨ ᠡᠳᠦᠷ᠎ᠢ ᠪᠠᠭᠲᠠᠭ᠋ᠠᠨ᠎ᠠ)᠎ᠠᠴᠠ ᠳᠡᠭᠡᠭᠰᠢ ᠪᠠᠢ᠌ᠬᠤ; ᠳᠡᠯᠡᠬᠡᠢ ᠵᠢᠨ ᠪᠤᠶᠤ ᠤᠯᠤᠰ᠎ᠤᠨ ᠳᠣᠲᠣᠭ᠋ᠠᠳᠤ᠎ᠳᠤ ᠴᠢᠬᠤᠯᠠ ᠶᠡᠭᠡ ᠨᠥᠯᠥᠭᠡ᠎ᠲᠠᠢ ᠪᠠᠢ᠌ᠬᠤ; ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠵᠢᠭᠤᠷᠠᠯᠳᠤᠭ᠋ᠠᠨ ᠨᠡᠯᠢᠶᠡᠳ ᠠᠷᠪᠢᠨ ᠭᠠᠷᠴᠤ ᠮᠡᠳᠡᠬᠦ; ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠪᠤᠶᠤ ᠦᠵᠡᠰᠬᠦᠯᠡᠩ᠎ᠢ ᠡᠷᠬᠢᠯᠡᠨ ᠡᠷᠬᠢᠯᠡᠬᠦ ᠡᠲᠡᠭᠡᠳ᠎ᠨᠢ ᠴᠢᠬᠤᠯᠠᠲᠠᠢ ᠭᠡᠵᠦ ᠦᠵᠡᠵᠦ ᠪᠠᠢ᠌ᠬᠤ᠃

      (ᠶᠢᠰᠦ) 《ᠵᠢᠯᠣᠭᠤᠳᠤᠮᠵᠢ》᠎ᠳᠤ ᠵᠠᠭ᠋ᠠᠯᠳᠤᠯᠭ᠎ᠠ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ ᠶᠠᠮᠠᠷ ᠬᠥᠮᠦᠰ ᠵᠶ᠋ᠠᠷ ᠪᠦᠷᠢᠯᠳᠦᠨ᠎ᠡ ᠭᠡᠵᠦ ᠲᠣᠭᠲᠠᠭ᠋ᠠᠭᠰᠠᠨ ᠪᠤᠢ?

      《ᠵᠢᠯᠣᠭᠤᠳᠤᠮᠵᠢ》 ᠵᠢᠨ ᠠᠷᠪᠠᠨ ᠭᠤᠷᠪᠠᠳᠤᠭ᠋ᠠᠷ ᠵᠣᠷᠪᠣᠰ᠎ᠲᠤ᠂ ᠵᠠᠭ᠋ᠠᠯᠳᠤᠯᠭ᠎ᠠ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ᠎ᠨᠢ ᠦᠵᠡᠰᠬᠦᠯᠡᠩ᠎ᠢ ᠭᠣᠣᠯᠯᠠᠨ ᠡᠷᠬᠢᠯᠡᠬᠦ ᠲᠠᠯ᠎ᠠ ᠵᠢᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠲᠦᠷᠦᠭᠦᠯᠡᠨ ᠵᠣᠬᠢᠶᠠᠨ ᠪᠠᠶ᠋ᠢᠭᠤᠯᠵᠤ᠂ ᠦᠵᠡᠰᠬᠦᠯᠡᠩ᠎ᠢ ᠭᠤᠣᠯᠯᠠᠨ ᠡᠷᠬᠢᠯᠡᠬᠦ ᠡᠲᠡᠭᠡᠳ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠠᠵᠢᠯᠲᠠᠨ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠬᠠᠤᠯᠢ ᠬᠡᠷᠡᠭᠵᠢᠭᠦᠯᠬᠦ ᠠᠵᠢᠯᠲᠠᠨ᠂ ᠬᠡᠷᠡᠭᠯᠡᠭᠴᠢᠳ᠎ᠤᠨ ᠡᠷᠬᠡ ᠠᠰᠢᠭ᠎ᠢ ᠬᠠᠮᠠᠭ᠋ᠠᠯᠠᠬᠤ ᠠᠵᠢᠯ᠎ᠤᠨ ᠪᠠᠶ᠋ᠢᠭᠤᠯᠤᠮᠵᠢ ᠵᠢᠨ ᠠᠵᠢᠯᠲᠠᠨ᠂ ᠲᠤᠰᠬᠠᠢ ᠮᠡᠷᠭᠡᠵᠢᠯ᠎ᠤᠨ ᠠᠵᠢᠯᠲᠠᠨ᠂ ᠬᠠᠤᠯᠢ ᠴᠠᠭ᠋ᠠᠵᠠ ᠵᠢᠨ ᠲᠤᠰᠬᠠᠢ ᠮᠡᠷᠭᠡᠵᠢᠯ᠎ᠤᠨ ᠠᠵᠢᠯᠲᠠᠨ ᠵᠡᠷᠭᠡ᠎ᠪᠠᠷ ᠪᠦᠷᠢᠯᠳᠦᠨ᠎ᠡ; ᠦᠵᠡᠰᠬᠦᠯᠡᠩ᠎ᠢ ᠭᠣᠣᠯᠯᠠᠨ ᠡᠷᠬᠢᠯᠡᠬᠦ ᠲᠠᠯ᠎ᠠ ᠵᠢᠨ᠎ᠬᠢᠨ ᠵᠠᠭ᠋ᠠᠯᠳᠤᠯᠭ᠎ᠠ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠨ ᠠᠵᠢᠯᠲᠠᠳ᠎ᠤᠨ ᠦᠵᠡᠰᠭᠦᠯᠡᠩ᠎ᠳᠤ ᠣᠷᠣᠵᠤ ᠠᠵᠢᠯ ᠥᠷᠨᠢᠭᠦᠯᠬᠦ᠎ᠳᠤ ᠦᠨᠡᠮᠯᠡᠯ᠂ ᠲᠠᠯᠠᠪᠤᠷ ᠭᠠᠵᠠᠷ ᠵᠡᠷᠭᠡ ᠴᠢᠬᠤᠯᠠ ᠪᠦᠬᠦᠢ ᠨᠥᠬᠦᠴᠡᠯ ᠬᠠᠩᠭ᠋ᠠᠬᠤ ᠬᠡᠷᠡᠭᠲᠡᠢ ᠭᠡᠵᠦ ᠲᠣᠭᠲᠠᠭ᠋ᠠᠵᠠᠢ᠃ ᠵᠠᠭ᠋ᠠᠯᠳᠤᠯᠭ᠎ᠠ ᠵᠢᠨ ᠪᠠᠶ᠋ᠢᠭᠤᠯᠤᠮᠵᠢ ᠲᠣᠬᠢᠷᠠᠭᠤᠯᠤᠭᠰᠠᠨ ᠦᠭᠡᠢ ᠪᠠᠶ᠋ᠢᠪᠠᠯ᠂ ᠦᠵᠡᠰᠬᠦᠯᠡᠩ᠎ᠢ ᠡᠷᠬᠢᠯᠡᠬᠦ ᠭᠠᠵᠠᠷ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠦᠵᠡᠰᠬᠦᠯᠡᠩ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢ ᠵᠢᠯᠣᠭᠤᠳᠬᠤ᠂ ᠬᠢᠨᠠᠯᠲᠠ ᠲᠠᠯᠪᠢᠬᠤ ᠪᠠ ᠬᠤᠯᠪᠣᠭᠳᠠᠯ ᠪᠦᠬᠦᠢ ᠬᠡᠷᠡᠭ᠎ᠢ ᠰᠢᠢ᠍ᠳᠪᠦᠷᠢᠯᠡᠬᠦ᠎ᠪᠠᠨ ᠴᠢᠩᠭ᠋ᠠᠳᠬᠠᠵᠤ᠂ ᠦᠵᠡᠰᠬᠦᠯᠡᠩ᠎ᠢ ᠭᠤᠣᠯᠯᠠᠨ ᠡᠷᠬᠢᠯᠡᠬᠦ ᠡᠲᠡᠭᠡᠳ᠎ᠨᠢ ᠦᠵᠡᠰᠬᠦᠯᠡᠩ᠎ᠤᠨ ᠡᠷᠬᠢᠯᠡᠨ ᠭᠦᠢ᠍ᠴᠡᠳᠬᠡᠬᠦ ᠭᠠᠵᠠᠷ᠎ᠤᠨ ᠬᠠᠮᠢᠶ᠎ᠠ ᠪᠦᠬᠦᠢ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠬᠠᠷᠢᠯᠴᠠᠬᠤ ᠬᠥᠮᠦᠨ᠂ ᠬᠠᠷᠢᠯᠴᠠᠬᠤ ᠠᠷᠭ᠎ᠠ ᠬᠡᠯᠪᠡᠷᠢ ᠵᠡᠷᠭᠡ ᠵᠢ ᠦᠵᠡᠰᠬᠦᠯᠡᠩ᠎ᠤᠨ ᠲᠠᠯᠠᠪᠤᠷ ᠣᠷᠳᠣᠨ᠎ᠤ ᠢᠯᠡᠷᠬᠡᠶ ᠪᠠᠶ᠋ᠢᠷᠢᠨ᠎ᠳᠤ ᠨᠡᠶ᠋ᠢᠲᠡᠯᠡᠬᠦ ᠬᠡᠷᠡᠭᠲᠡᠶ᠃

      (ᠠᠷᠪᠠ) 《ᠵᠢᠯᠣᠭᠤᠳᠤᠮᠵᠢ》᠎ᠳᠤ ᠵᠠᠭ᠋ᠠᠯᠳᠤᠯᠭ᠎ᠠ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠎ᠨᠢ ᠶᠠᠭᠤ ᠭᠡᠵᠦ ᠲᠣᠭᠲᠠᠭ᠋ᠠᠭᠰᠠᠨ ᠪᠣᠶ?

      《ᠵᠢᠯᠣᠭᠤᠳᠤᠮᠵᠢ》 ᠵᠢᠨ ᠠᠷᠪᠠᠨ ᠳᠥᠷᠪᠡᠳᠦᠭᠡᠷ ᠵᠣᠷᠪᠣᠰ᠎ᠲᠤ᠂ ᠵᠠᠭ᠋ᠠᠯᠳᠤᠯᠭ᠎ᠠ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ ᠳᠣᠤᠷᠠᠬᠢ ᠦᠵᠡᠰᠬᠦᠯᠡᠩ᠎ᠤᠨ ᠮᠡᠳᠡᠯᠭᠡ ᠵᠢᠨ ᠥᠮᠴᠢᠯᠡᠯ᠎ᠤᠨ ᠡᠷᠬᠡ᠎ᠳᠤ ᠬᠤᠯᠪᠣᠭᠳᠠᠬᠤ ᠬᠠᠮᠢᠶ᠎ᠠ ᠪᠦᠬᠦᠢ ᠵᠠᠭ᠋ᠠᠯᠳᠤᠯᠭ᠎ᠠ ᠵᠢ ᠬᠦᠯᠢᠶᠡᠨ ᠠᠪᠴᠤ ᠰᠢᠢ᠍ᠳᠪᠦᠷᠢᠯᠡᠬᠦ ᠬᠡᠷᠡᠭᠲᠡᠶ; ᠦᠵᠡᠰᠬᠦᠯᠡᠩ᠎ᠤᠨ ᠬᠤᠭᠤᠴᠠᠭ᠋ᠠᠨ᠎ᠳᠤ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠤᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠢᠴᠢ ᠲᠦᠷᠦ ᠵᠢᠨ ᠪᠤᠳᠤᠯᠭ᠎ᠠ ᠵᠢᠨ ᠵᠥᠪᠯᠡᠯᠭᠡ ᠬᠠᠩᠭ᠋ᠠᠨ᠎ᠠ; ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠤᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠢᠴᠢ ᠲᠦᠷᠦ ᠵᠢᠨ ᠪᠤᠳᠤᠯᠭ᠎ᠠ ᠵᠢᠨ ᠵᠥᠪᠯᠡᠯᠭᠡ ᠬᠠᠩᠭ᠋ᠠᠨ᠎ᠠ; ᠮᠡᠳᠡᠯᠭᠡ ᠵᠢᠨ ᠥᠮᠴᠢᠯᠡᠯ᠎ᠤᠨ ᠡᠷᠬᠡ᠎ᠳᠤ ᠬᠠᠯᠳᠠᠭᠰᠠᠨ ᠬᠡᠷᠡᠭ᠎ᠲᠤ ᠬᠤᠯᠪᠣᠭᠳᠠᠭᠰᠠᠨ ᠵᠠᠭ᠋ᠠᠯᠳᠤᠯᠭ᠎ᠠ᠎ᠳᠤ ᠮᠠᠭ᠋ᠠᠳᠯᠠᠯᠲᠠ ᠵᠢᠨ ᠰᠠᠨᠠᠯ ᠬᠠᠩᠭ᠋ᠠᠵᠤ᠂ ᠦᠵᠡᠰᠬᠦᠯᠡᠩ᠎ᠢ ᠭᠣᠣᠯᠯᠠᠨ ᠡᠷᠬᠢᠯᠡᠬᠦ ᠭᠠᠵᠠᠷ᠎ᠢ ᠵᠣᠬᠢᠴᠠᠭᠤᠯᠤᠨ᠎ᠠ ᠭᠡᠵᠦ ᠲᠣᠳᠣᠷᠬᠠᠶ ᠲᠣᠭᠲᠠᠭ᠋ᠠᠵᠠᠢ; ᠬᠤᠯᠪᠣᠭᠳᠠᠯ ᠪᠦᠬᠦᠢ ᠵᠠᠭ᠋ᠠᠯᠳᠤᠯᠭ᠎ᠠ ᠵᠢᠨ ᠪᠠᠶ᠋ᠢᠳᠠᠯ ᠵᠢᠴᠢ ᠮᠠᠲ᠋ᠧᠷᠢᠶᠠᠯ᠎ᠢ ᠦᠵᠡᠰᠬᠦᠯᠡᠩ᠎ᠢ ᠭᠣᠣᠯᠯᠠᠨ ᠡᠷᠬᠢᠯᠡᠬᠦ ᠭᠠᠵᠠᠷ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠰᠢᠯᠵᠢᠭᠦᠯᠦᠨ ᠲᠤᠰᠢᠶᠠᠵᠤ᠂ ᠬᠠᠤᠯᠢ ᠵᠢ ᠵᠥᠷᠢᠴᠡᠭᠰᠡᠨ ᠰᠦᠪᠡᠭᠴᠢ ᠵᠢ ᠬᠠᠮᠢᠶ᠎ᠠ ᠪᠦᠬᠦᠢ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠲᠤ ᠰᠢᠯᠵᠢᠭᠦᠯᠦᠨ ᠬᠦᠷᠭᠡᠨ᠎ᠡ; ᠦᠵᠡᠰᠬᠦᠯᠡᠩ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠮᠡᠳᠡᠭᠡ ᠵᠠᠩᠭᠢ ᠵᠢ ᠬᠤᠷᠢᠶᠠᠩᠭᠤᠶ᠋ᠢᠯᠠᠬᠤ ᠪᠠ ᠵᠠᠳᠠᠯᠤᠨ᠎ᠠ; ᠪᠤᠰᠤᠳ ᠬᠠᠮᠢᠶ᠎ᠠ ᠪᠦᠬᠦᠢ ᠵᠦᠢ᠍ᠯᠡᠰ᠎ᠢ ᠰᠢᠢ᠍ᠳᠪᠦᠷᠢᠯᠡᠨ᠎ᠡ᠃

      (ᠠᠷᠪᠠᠨ ᠨᠢᠭᠡ) 《ᠵᠢᠯᠣᠭᠤᠳᠤᠮᠵᠢ》᠎ᠨᠢ ᠵᠠᠭ᠋ᠠᠯᠳᠤᠯᠭ᠎ᠠ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ᠎ᠳᠤ ᠶᠠᠮᠠᠷ ᠶᠠᠮᠠᠷ ᠮᠠᠲ᠋ᠧᠷᠢᠶᠠᠯ ᠲᠤᠰᠢᠶᠠᠬᠤ ᠬᠡᠷᠡᠭᠲᠡᠢ ᠭᠡᠵᠦ ᠲᠣᠭᠲᠠᠭ᠋ᠠᠭᠰᠠᠨ ᠪᠣᠢ?

      《ᠵᠢᠯᠣᠭᠤᠳᠤᠮᠵᠢ》 ᠵᠢᠨ ᠠᠷᠪᠠᠨ ᠳᠣᠯᠣᠳᠤᠭ᠋ᠠᠷ ᠵᠣᠷᠪᠣᠰ᠎ᠲᠤ᠂ ᠵᠠᠭ᠋ᠠᠯᠳᠤᠯᠭ᠎ᠠ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ᠎ᠳᠤ ᠵᠠᠭ᠋ᠠᠯᠳᠤᠯᠭ᠎ᠠ ᠭᠠᠷᠭ᠋ᠠᠭᠰᠠᠨ ᠪᠠᠶ᠋ᠢᠪᠠᠯ᠂ ᠵᠠᠭ᠋ᠠᠯᠳᠤᠯᠭ᠎ᠠ ᠵᠢᠨ ᠮᠠᠲ᠋ᠧᠷᠢᠶᠠᠯ᠎ᠳᠤ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠡᠷᠬᠡ ᠵᠢᠨ ᠬᠠᠷᠢᠶᠠᠯᠠᠯ᠎ᠨᠢ ᠬᠠᠤᠯᠢ ᠶᠣᠰᠣᠨ᠎ᠤ ᠬᠦᠴᠦᠨ᠎ᠲᠠᠢ ᠪᠠᠶ᠋ᠢᠬᠤ ᠵᠢ ᠭᠡᠷᠡᠴᠢᠯᠡᠵᠦ ᠳᠡᠶ᠋ᠢᠯᠬᠦ ᠭᠡᠷᠡᠴᠢ ᠪᠠᠷᠢᠮᠲᠠ ᠵᠢᠨ ᠮᠠᠲ᠋ᠧᠷᠢᠶᠠᠯ; ᠵᠠᠭ᠋ᠠᠯᠳᠤᠭᠴᠢ ᠵᠢᠨ ᠦᠨᠳᠦᠰᠦᠨ ᠪᠠᠶ᠋ᠢᠳᠠᠯ᠎ᠳᠤ ᠪᠡᠶ᠎ᠡ ᠵᠢᠨ ᠭᠡᠷᠡᠴᠢ ᠵᠡᠷᠭᠡ ᠵᠢ ᠪᠠᠭᠲᠠᠭ᠋ᠠᠨ᠎ᠠ; ᠪᠤᠰᠤᠳ ᠬᠥᠮᠦᠨ᠎ᠳᠤ ᠨᠠᠶ᠋ᠢᠳᠠᠵᠤ ᠵᠠᠭ᠋ᠠᠯᠳᠤᠭᠤᠯᠤᠭᠰᠠᠨ ᠪᠠᠶ᠋ᠢᠪᠠᠯ᠂ ᠡᠷᠬᠡ ᠣᠯᠭᠤᠭᠰᠠᠨ ᠨᠠᠶ᠋ᠢᠳᠠᠯᠭ᠎ᠠ ᠵᠢᠨ ᠪᠢᠴᠢᠭ᠎ᠢ ᠲᠤᠰᠢᠶᠠᠬᠤ ᠬᠡᠷᠡᠭᠲᠡᠢ; ᠡᠷᠬᠡ ᠎ᠳᠤ ᠬᠠᠯᠳᠠᠭᠰᠠᠨ ᠰᠡᠵᠢᠭ ᠎ᠲᠠᠢ  ᠦᠨᠳᠦᠰᠦᠨ  ᠪᠣᠳᠠᠲᠤ  ᠬᠡᠷᠡᠭ᠂ ᠤᠴᠢᠷ ᠰᠢᠯᠲᠠᠭ᠋ᠠᠨ ᠪᠠ ᠭᠡᠷᠡᠴᠢ ᠪᠠᠷᠢᠮᠲᠠ; ᠭᠤᠶᠤᠴᠢᠯᠠᠯ᠎ᠤᠨ ᠵᠦᠢ᠍ᠯᠡᠰ; ᠦᠵᠡᠰᠬᠦᠯᠡᠩ᠎ᠳᠤ ᠵᠠᠭ᠋ᠠᠯᠳᠤᠯᠭ᠎ᠠ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ᠎ᠠᠴᠠ ᠬᠠᠩᠭ᠋ᠠᠯᠭ᠋ᠠᠬᠤ᠎ᠪᠠᠷ ᠱᠠᠭ᠋ᠠᠷᠳᠠᠭᠰᠠᠨ ᠪᠤᠰᠤᠳ ᠮᠠᠲ᠋ᠧᠷᠢᠶᠠᠯ; ᠵᠠᠭ᠋ᠠᠯᠳᠤᠯᠭ᠎ᠠ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ᠎ᠨᠢ ᠠᠵᠢᠯ᠎ᠤᠨ ᠬᠡᠷᠡᠭᠴᠡᠭᠡ᠎ᠪᠠᠨ ᠦᠨᠳᠦᠰᠦᠯᠡᠨ᠂ ᠨᠢᠭᠡᠳᠦᠯᠲᠡᠶ ᠵᠣᠬᠢᠶᠠᠭᠰᠠᠨ ᠬᠦᠰᠦᠨᠦᠭᠲᠦ ᠪᠤᠶᠤ ᠰᠦᠯᠵᠢᠶᠡᠨ᠎ᠤ ᠨᠢᠭᠤᠷ᠎ᠤᠨ ᠴᠥᠷᠬᠡᠯᠡᠭᠡ ᠬᠠᠩᠭ᠋ᠠᠵᠤ ᠪᠣᠯᠤᠨ᠎ᠠ ᠭᠡᠵᠦ ᠲᠣᠭᠲᠠᠭ᠋ᠠᠵᠠᠶ᠃

      (ᠠᠷᠪᠠᠨ ᠬᠣᠶᠠᠷ) 《ᠵᠢᠯᠣᠭᠤᠳᠤᠮᠵᠢ》᠎ᠳᠤ ᠵᠠᠭ᠋ᠠᠯᠳᠤᠯᠭ᠎ᠠ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠠᠭ᠋ᠠᠯᠳᠤᠯᠭ᠎ᠠ ᠵᠢ ᠣᠯᠤᠭᠰᠠᠨ᠎ᠤ ᠳᠠᠷᠠᠭ᠎ᠠ ᠬᠡᠷᠬᠢᠨ ᠰᠢᠢ᠍ᠳᠪᠦᠷᠢᠯᠡᠬᠦ ᠬᠡᠷᠡᠭᠲᠡᠢ ᠭᠡᠵᠦ ᠲᠣᠭᠲᠠᠭ᠋ᠠᠭᠰᠠᠨ ᠪᠣᠶ?

      《ᠵᠢᠯᠣᠭᠤᠳᠤᠮᠵᠢ》 ᠵᠢᠨ ᠠᠷᠪᠠ ᠶᠢᠰᠦᠳᠦᠭᠡᠷ ᠵᠣᠷᠪᠣᠰ᠎ᠲᠤ᠂ ᠵᠠᠭ᠋ᠠᠯᠳᠤᠯᠭ᠎ᠠ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠠᠭ᠋ᠠᠯᠳᠤᠯᠭ᠎ᠠ ᠵᠢ ᠬᠦᠯᠢᠶᠡᠨ ᠠᠪᠤᠭᠰᠠᠨ᠎ᠤ ᠳᠠᠷᠠᠭ᠎ᠠ᠂ ᠬᠠᠤᠯᠢ ᠶᠣᠰᠣᠭ᠋ᠠᠷ ᠬᠤᠯᠪᠣᠭᠳᠠᠯ ᠪᠦᠬᠦᠢ ᠳᠠᠷᠠᠭ᠋ᠠᠯᠠᠯ ᠶᠣᠰᠣᠭ᠋ᠠᠷ ᠲᠡᠷᠡ ᠳᠠᠷᠤᠢ᠎ᠳᠤ᠎ᠨᠢ ᠬᠢᠨᠠᠨ ᠪᠠᠶ᠋ᠢᠴᠠᠭ᠋ᠠᠬᠤ ᠵᠢᠨ ᠬᠠᠮᠲᠤ ᠬᠢᠨᠠᠨ ᠪᠠᠶ᠋ᠢᠴᠠᠭ᠋ᠠᠭᠰᠠᠨ ᠪᠠᠶ᠋ᠢᠳᠠᠯ ᠵᠶ᠋ᠠᠨ ᠦᠨᠳᠦᠰᠦᠯᠡᠨ ᠬᠦᠯᠢᠶᠡᠨ ᠠᠪᠴᠤ ᠰᠢᠢ᠍ᠳᠪᠦᠷᠢᠯᠡᠬᠦ ᠡᠰᠡᠬᠦ ᠵᠢ ᠲᠣᠭᠲᠠᠭ᠋ᠠᠵᠤ᠂ ᠬᠦᠯᠢᠶᠡᠨ ᠠᠪᠴᠤ ᠰᠢᠢ᠍ᠳᠪᠦᠷᠢᠯᠡᠬᠦ ᠦᠭᠡᠢ ᠵᠢ᠎ᠨᠢ ᠵᠠᠭ᠋ᠠᠯᠳᠤᠭᠴᠢ᠎ᠳᠤ ᠮᠡᠳᠡᠭᠳᠡᠬᠦ ᠬᠡᠷᠡᠭᠲᠡᠢ; ᠬᠦᠯᠢᠶᠡᠨ ᠠᠪᠴᠤ ᠰᠢᠢ᠍ᠳᠪᠦᠷᠢᠯᠡᠬᠦ ᠨᠥᠬᠦᠴᠡᠯ᠎ᠳᠤ ᠨᠡᠶ᠋ᠢᠴᠡᠬᠦ ᠵᠢ᠎ᠨᠢ ᠬᠠᠤᠯᠢ ᠶᠣᠰᠣᠭ᠋ᠠᠷ ᠬᠦᠯᠢᠶᠡᠨ ᠠᠪᠴᠤ ᠰᠢᠢ᠍ᠳᠪᠦᠷᠢᠯᠡᠬᠦ ᠵᠢᠨ ᠬᠠᠮᠲᠤ ᠳᠡᠯᠭᠡᠨ ᠦᠵᠡᠭᠦᠯᠬᠦ ᠬᠤᠷᠠᠯ᠎ᠢ ᠡᠷᠬᠢᠯᠡᠨ ᠰᠢᠢ᠍ᠳᠪᠦᠷᠢᠯᠡᠬᠦ ᠲᠠᠯ᠎ᠠ ᠪᠠ ᠵᠠᠭ᠋ᠠᠯᠳᠤᠭᠴᠢ᠎ᠳᠤ ᠴᠠᠭ ᠲᠤᠬᠠᠢ᠎ᠳᠤ᠎ᠨᠢ ᠮᠡᠳᠡᠭᠳᠡᠬᠦ ᠬᠡᠷᠡᠭᠲᠡᠢ ᠭᠡᠵᠦ ᠲᠣᠭᠲᠠᠭ᠋ᠠᠵᠠᠢ᠃ ᠬᠤᠷᠢᠳᠤᠭ᠋ᠠᠷ ᠵᠣᠷᠪᠣᠰ᠎ᠲᠤ᠂ ᠵᠠᠭ᠋ᠠᠯᠳᠤᠯᠭ᠎ᠠ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠠᠭ᠋ᠠᠯᠳᠤᠯᠭ᠎ᠠ ᠵᠢᠨ ᠬᠡᠷᠡᠭ᠎ᠢ ᠰᠢᠢ᠍ᠳᠪᠦᠷᠢᠯᠡᠬᠦ ᠦᠶ᠎ᠡ᠎ᠳᠤ᠂ ᠲᠤᠰ ᠵᠢᠯᠣᠭᠤᠳᠤᠮᠵᠢ ᠵᠢᠨ ᠠᠷᠪᠠᠨ ᠳᠣᠯᠣᠳᠤᠭ᠋ᠠᠷ ᠵᠣᠷᠪᠣᠰ᠎ᠤᠨ ᠲᠣᠭᠲᠠᠭ᠋ᠠᠯ᠎ᠳᠤ ᠨᠡᠶ᠋ᠢᠴᠡᠬᠦ ᠵᠠᠭ᠋ᠠᠯᠳᠤᠯᠭ᠎ᠠ ᠵᠢᠨ ᠮᠠᠲ᠋ᠧᠷᠢᠶᠠᠯ᠎ᠢ 24 ᠴᠠᠭ᠎ᠤᠨ ᠳᠣᠲᠣᠷ᠎ᠠ ᠲᠡᠭᠦᠨ᠎ᠢ ᠬᠤᠯᠪᠣᠭᠳᠠᠯ ᠪᠦᠬᠦᠢ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠰᠢᠯᠵᠢᠭᠦᠯᠦᠨ ᠲᠤᠰᠢᠶᠠᠬᠤ ᠬᠡᠷᠡᠭᠲᠡᠢ ᠭᠡᠵᠦ ᠲᠣᠭᠲᠠᠭ᠋ᠠᠵᠠᠢ᠃ ᠬᠤᠷᠢᠨ ᠨᠢᠭᠡᠳᠦᠭᠡᠷ ᠵᠣᠷᠪᠣᠰ᠎ᠲᠤ᠂ ᠵᠠᠭ᠋ᠠᠯᠳᠤᠭᠴᠢ ᠡᠷᠬᠡ᠎ᠳᠤ ᠬᠠᠯᠳᠠᠬᠰᠠᠨ ᠦᠭᠡᠢ ᠭᠡᠵᠦ ᠦᠵᠡᠪᠡᠯ᠂ 24 ᠴᠠᠭ᠎ᠤᠨ ᠳᠣᠲᠣᠷ᠎ᠠ ᠪᠢᠴᠢᠭ᠎ᠤᠨ ᠢᠯᠡᠷᠬᠡᠶ᠋ᠢᠯᠡᠯᠲᠡ ᠬᠢᠵᠦ᠂ ᠬᠤᠯᠪᠣᠭᠳᠠᠯ ᠪᠦᠬᠦᠢ ᠭᠡᠷᠡᠴᠢ ᠮᠠᠲ᠋ᠧᠷᠢᠶᠠᠯ ᠲᠤᠰᠢᠶᠠᠵᠤ᠂ ᠡᠷᠬᠡ᠎ᠳᠤ ᠬᠠᠯᠳᠠᠬᠤ ᠦᠭᠡᠢ ᠭᠡᠷᠡᠴᠢ ᠭᠠᠷᠭ᠋ᠠᠬᠤ ᠦᠭᠡᠢ ᠪᠥᠭᠡᠳ ᠬᠤᠯᠪᠣᠭᠳᠠᠯ ᠪᠦᠬᠦᠢ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠠᠢ ᠬᠠᠮᠵᠢᠯᠴᠠᠨ ᠡᠷᠬᠡ᠎ᠳᠤ ᠬᠠᠯᠳᠠᠭᠰᠠᠨ ᠡᠳ᠋ ᠪᠣᠳᠠᠰ᠎ᠢ ᠪᠠᠶ᠋ᠢᠴᠠᠭ᠋ᠠᠨ ᠰᠢᠯᠭ᠋ᠠᠬᠤ ᠬᠡᠷᠡᠭᠲᠡᠢ; ᠲᠣᠭᠲᠠᠭᠰᠠᠨ ᠴᠠᠭ᠎ᠤᠨ ᠳᠣᠲᠣᠷ᠎ᠠ ᠪᠢᠴᠢᠭ᠎ᠤᠨ ᠢᠯᠡᠷᠬᠡᠶ᠋ᠢᠯᠡᠯᠲᠡ᠎ᠪᠠᠨ ᠲᠤᠰᠢᠶᠠᠭᠰᠠᠨ ᠦᠭᠡᠢ᠂ ᠡᠰᠡᠬᠦᠯ᠎ᠡ ᠬᠦᠴᠦᠨ ᠪᠦᠬᠦᠢ ᠭᠡᠷᠡᠴᠢ ᠭᠠᠷᠭ᠋ᠠᠵᠤ ᠴᠢᠳᠠᠬᠤ ᠦᠭᠡᠢ᠂ ᠡᠰᠡᠬᠦᠯ᠎ᠡ ᠵᠠᠭ᠋ᠠᠯᠳᠤᠯᠭ᠎ᠠ᠎ᠳᠤ ᠣᠷᠣᠯᠴᠠᠭᠳᠠᠭᠰᠠᠨ ᠵᠦᠢ᠍ᠯᠡᠰ᠎ᠤᠨ ᠡᠷᠬᠡ᠎ᠳᠤ ᠬᠠᠯᠳᠠᠭᠰᠠᠨ ᠪᠣᠳᠠᠲᠤ ᠬᠡᠷᠡᠭ᠎ᠨᠢ ᠬᠦᠴᠦᠨ᠎ᠲᠠᠢ ᠪᠣᠯᠤᠭᠰᠠᠨ ᠬᠠᠤᠯᠢ ᠴᠠᠭ᠋ᠠᠵᠠ ᠵᠢᠨ ᠪᠢᠴᠢᠭ ᠬᠠᠷ᠎ᠠ ᠵᠢ ᠨᠢᠭᠡᠨᠲᠡ ᠨᠤᠲᠠᠯᠠᠭᠰᠠᠨ ᠪᠤᠶᠤ ᠵᠠᠭ᠋ᠠᠯᠳᠤᠭᠳᠠᠭᠰᠠᠨ ᠬᠥᠮᠥᠨ᠎ᠤ ᠡᠷᠬᠡ᠎ᠳᠤ ᠬᠠᠯᠳᠠᠭᠰᠠᠨ᠎ᠢ ᠵᠥᠪᠰᠢᠶᠡᠷᠡᠭᠰᠡᠨ ᠪᠠᠶ᠋ᠢᠪᠠᠯ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠬᠢᠨᠠᠯᠲᠠ ᠲᠠᠯᠪᠢᠵᠤ ᠪᠠᠶ᠋ᠢᠭ᠋ᠠᠳ ᠦᠵᠡᠰᠬᠦᠯᠡᠩ᠎ᠤᠨ ᠭᠤᠣᠯᠯᠠᠨ ᠡᠷᠬᠢᠯᠡᠬᠦ ᠡᠲᠡᠭᠡᠳ᠎ᠲᠤ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠭᠦᠯᠬᠦ᠎ᠪᠠᠷ ᠱᠠᠭ᠋ᠠᠷᠳᠠᠬᠤ ᠬᠡᠷᠡᠭᠲᠡᠢ ᠭᠡᠵᠦ ᠲᠣᠭᠲᠠᠭ᠋ᠠᠵᠠᠢ᠃

      (ᠠᠷᠪᠠᠨ ᠭᠤᠷᠪᠠ) 《ᠵᠢᠯᠣᠭᠤᠳᠤᠮᠵᠢ》᠎ᠳᠤ ᠵᠠᠭ᠋ᠠᠯᠳᠤᠯᠭ᠎ᠠ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠨ ᠬᠦᠯᠢᠶᠡᠨ ᠠᠪᠴᠤ ᠰᠢᠢ᠍ᠳᠪᠦᠷᠢᠯᠡᠬᠦ ᠦᠭᠡᠢ ᠪᠠᠢ᠌ᠳᠠᠯ᠎ᠢ ᠬᠡᠷᠬᠢᠨ ᠲᠣᠭᠲᠠᠭ᠋ᠠᠭᠰᠠᠨ ᠪᠣᠢ?

      《ᠵᠢᠯᠣᠭᠤᠳᠤᠮᠵᠢ》 ᠵᠢᠨ ᠠᠷᠪᠠᠨ ᠨᠠᠢ᠍ᠮᠠᠳᠤᠭ᠋ᠠᠷ ᠵᠣᠷᠪᠣᠰ᠎ᠲᠤ᠂ ᠳᠣᠤᠷᠠᠬᠢ ᠵᠠᠭ᠋ᠠᠯᠳᠤᠯᠭ᠎ᠠ ᠵᠢ ᠭᠥᠯᠢᠶᠡᠨ ᠠᠪᠴᠤ ᠰᠢᠢ᠍ᠳᠪᠦᠷᠢᠯᠡᠬᠦ ᠥᠬᠡᠶ᠄ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠡᠷᠬᠡᠲᠦ ᠬᠥᠮᠦᠨ ᠪᠤᠶᠤ ᠠᠰᠢᠭ ᠬᠤᠤᠷ᠎ᠤᠨ ᠬᠠᠷᠢᠴᠠᠭ᠋ᠠᠲᠠᠨ ᠨᠢᠭᠡᠨᠲᠡ ᠵᠠᠭ᠋ᠠᠯᠳᠤᠭᠳᠠᠭᠰᠠᠨ ᠦᠢ᠍ᠯᠡ ᠠᠵᠢᠯᠯᠠᠭ᠎ᠠ ᠵᠢᠨ ᠲᠤᠬᠠᠶ ᠠᠷᠠᠳ᠎ᠤᠨ ᠰᠢᠭᠦᠬᠦ ᠬᠤᠷᠢᠶ᠎ᠠ᠎ᠳᠤ ᠡᠷᠬᠡ᠎ᠳᠤ ᠬᠠᠯᠳᠠᠭᠰᠠᠨ ᠵᠠᠭ᠋ᠠᠯᠳᠤᠯᠭ᠎ᠠ ᠭᠠᠷᠭ᠋ᠠᠭᠰᠠᠨ ᠪᠤᠶᠤ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠭᠤᠶᠤᠴᠢᠯᠠᠯ ᠭᠠᠷᠭ᠋ᠠᠭᠰᠠᠨ ᠪᠠᠢ᠌ᠬᠤ; ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠡᠷᠬᠡ ᠵᠢᠨ ᠬᠦᠴᠦᠨ ᠲᠣᠭᠲᠠᠭᠤᠨ ᠪᠤᠰᠤ ᠪᠤᠶᠤ ᠡᠷᠬᠡ ᠵᠢᠨ ᠬᠠᠷᠢᠶᠠᠯᠠᠯ᠎ᠨᠢ ᠲᠣᠭᠲᠠᠪᠤᠷᠢ ᠦᠭᠡᠢ ᠪᠠᠶ᠋ᠢᠬᠤ; ᠲᠣᠰ ᠵᠢᠯᠣᠭᠤᠳᠤᠮᠵᠢ ᠵᠢᠨ ᠠᠷᠪᠠᠨ ᠳᠣᠯᠣᠳᠤᠭ᠋ᠠᠷ ᠵᠣᠷᠪᠣᠰ᠎ᠤᠨ ᠵᠠᠭ᠋ᠠᠯᠳᠤᠬᠤ ᠮᠠᠲ᠋ᠧᠷᠢᠶᠠᠯ᠎ᠤᠨ ᠬᠠᠮᠢᠶ᠎ᠠ ᠪᠦᠬᠦᠢ ᠲᠣᠭᠲᠠᠭ᠋ᠠᠯ᠎ᠳᠤ ᠨᠡᠶ᠋ᠢᠴᠡᠬᠦ ᠦᠭᠡᠢ ᠪᠠᠢ᠌ᠬᠤ᠃

      (ᠠᠷᠪᠠᠨ ᠳᠥᠷᠪᠡᠳᠦᠭᠡᠷ) 《ᠵᠢᠯᠣᠭᠤᠳᠤᠮᠵᠢ》᠎ᠳᠤ ᠶᠠᠮᠠᠷ ᠶᠠᠮᠠᠷ᠎ᠨᠢ ᠮᠠᠭᠤ ᠰᠠᠨᠠᠭ᠎ᠠ᠎ᠲᠠᠢ᠎ᠪᠠᠷ ᠵᠠᠭ᠋ᠠᠯᠳᠤᠬᠤ᠎ᠳᠤ ᠲᠣᠭ᠋ᠠᠴᠠᠭᠳᠠᠬᠤ ᠵᠢ ᠲᠣᠳᠤᠷᠬᠠᠢ᠌ᠯᠠᠭᠰᠠᠨ ᠪᠣᠶ?

      《ᠵᠢᠯᠣᠭᠤᠳᠤᠮᠵᠢ》 ᠵᠢᠨ ᠬᠤᠷᠢᠨ ᠭᠤᠷᠪᠠᠳᠤᠭ᠋ᠠᠷ ᠵᠣᠷᠪᠣᠰ᠎ᠲᠤ᠂ ᠮᠠᠭᠤ ᠰᠠᠨᠠᠭ᠎ᠠ᠎ᠲᠠᠢ ᠵᠠᠭ᠋ᠠᠯᠳᠤᠯᠭ᠎ᠠ ᠵᠢᠨ ᠪᠠᠶ᠋ᠢᠳᠠᠯ᠎ᠳᠤ ᠲᠣᠭ᠋ᠠᠴᠠᠭᠳᠠᠬᠤ᠎ᠨᠢ᠄ ᠵᠠᠭ᠋ᠠᠯᠳᠤᠯᠭ᠎ᠠ ᠭᠠᠷᠭ᠋ᠠᠬᠤ᠎ᠳᠤ ᠦᠨᠳᠦᠰᠦ ᠪᠠᠷᠢᠮᠲᠠ ᠪᠣᠯᠭ᠋ᠠᠭᠰᠠᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠡᠷᠬᠡ ᠣᠷᠣᠰᠢᠬᠤ ᠦᠭᠡᠢ ᠪᠤᠶᠤ ᠬᠠᠤᠯᠢ᠎ᠳᠤ ᠨᠡᠶ᠋ᠢᠴᠡᠬᠦ ᠦᠭᠡᠢ ᠭᠡᠳᠡᠭ᠎ᠢ ᠵᠣᠷᠢᠭᠤᠲᠠ ᠮᠡᠳᠡᠵᠦ ᠵᠠᠭ᠋ᠠᠯᠳᠤᠭᠰᠠᠨ; ᠦᠵᠡᠰᠬᠦᠯᠡᠩ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ᠎ᠠᠴᠠ ᠦᠨᠡᠮᠰᠢᠨ ᠲᠣᠭᠲᠠᠭ᠋ᠠᠭᠰᠠᠨ᠎ᠤ ᠳᠠᠷᠠᠭ᠎ᠠ᠂ ᠳᠠᠪᠬᠤᠷᠳᠠᠭᠤᠯᠤᠨ ᠵᠠᠭ᠋ᠠᠯᠳᠤᠭᠰᠠᠨ; ᠲᠤᠰ ᠵᠢᠯᠣᠭᠤᠳᠤᠮᠵᠢ ᠵᠢᠨ ᠠᠷᠪᠠᠨ ᠨᠠᠢ᠍ᠮᠠᠳᠤᠭ᠋ᠠᠷ ᠵᠣᠷᠪᠣᠰ᠎ᠤᠨ ᠲᠣᠭᠲᠠᠭ᠋ᠠᠯ᠎ᠳᠤ ᠨᠡᠶ᠋ᠢᠴᠡᠬᠦ ᠵᠠᠭ᠋ᠠᠯᠳᠤᠯᠭ᠎ᠠ ᠵᠢ ᠬᠦᠯᠢᠶᠡᠨ ᠠᠪᠴᠤ ᠰᠢᠢ᠍ᠳᠪᠦᠷᠢᠯᠡᠬᠦ ᠦᠭᠡᠢ ᠪᠠᠶ᠋ᠢᠳᠠᠯ᠃

      ᠤᠭ ᠵᠣᠬᠢᠶᠠᠯ᠎ᠤᠨ ᠰᠦᠯᠵᠢᠶᠡᠨ ᠬᠠᠶᠢᠭ᠄ https://amr.nmg.gov.cn/zfxxgk/fdzdgknr/gfxwj/202409/t20240924_2579847.html

 

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ