ᠦᠰᠦᠭ ᠪᠢᠴᠢᠭ ᠵᠶ᠋ᠡᠷ ᠦᠭᠦᠯᠡᠬᠦᠢ᠄ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶᠠᠨ᠎ᠤ ᠲᠠᠪᠴᠠᠩ᠎ᠤᠨ ᠠᠵᠤ ᠠᠬᠤᠶ ᠵᠢᠨ ᠪᠦᠯᠦᠭᠵᠢᠯ᠎ᠤᠨ ᠳᠠᠩᠰᠠᠯᠠᠨ ᠲᠡᠮᠳᠡᠭᠯᠡᠬᠦ ᠬᠠᠮᠢᠶᠠᠷᠤᠯᠲᠠ ᠵᠢᠨ ᠠᠷᠭ᠎ᠠ》
2024-12-31

     ᠲᠦᠷᠦᠭᠦᠬᠡᠨ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ  ᠲᠣᠪᠴᠢᠶᠠᠨ᠎ᠤ  ᠲᠠᠪᠴᠠᠩ᠎ᠤᠨ ᠠᠵᠤ ᠠᠬᠤᠶ ᠵᠢᠨ ᠪᠦᠯᠦᠭᠵᠢᠯ᠎ᠤᠨ  ᠳᠡᠩᠰᠡᠯᠡᠨ ᠲᠡᠮᠳᠡᠭᠯᠡᠬᠦ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠲᠠᠷᠬᠠᠭ᠋ᠠᠪᠠ᠂ ᠡᠳᠦᠭᠡ ᠳᠣᠤᠷᠠᠬᠢ ᠮᠡᠲᠦ ᠲᠠᠶ᠋ᠢᠯᠤᠮᠵᠢ ᠬᠢᠶ᠎ᠠ᠄

     ᠨᠢᠭᠡ ᠂ ᠲᠠᠪᠴᠠᠩ᠎ᠤᠨ ᠠᠵᠤ ᠠᠬᠤᠶ᠋ᠢᠯᠠᠯ᠂ ᠲᠠᠪᠴᠠᠩ᠎ᠤᠨ ᠪᠦᠯᠦᠭᠵᠢᠯ᠎ᠤᠨ ᠳᠡᠩᠰᠡᠯᠡᠨ ᠲᠡᠮᠳᠡᠭᠯᠡᠬᠦ ᠵᠢᠨ ᠪᠣᠳᠠᠲᠠᠶ ᠤᠬᠠᠭᠳᠠᠬᠤᠨ᠎ᠨᠢ ᠶᠠᠭᠤ ᠪᠣᠶ?

     ᠲᠠᠪᠴᠠᠩ᠎ᠤᠨ ᠠᠵᠤ ᠠᠬᠤᠶ᠋ᠢᠯᠠᠯ ᠭᠡᠳᠡᠭ᠎ᠨᠢ ᠰᠦᠯᠵᠢᠶᠡᠨ᠎ᠤ ᠠᠷᠠᠯᠵᠢᠶᠠᠨ᠎ᠤ ᠠᠵᠢᠯᠯᠠᠭ᠎ᠠ ᠳᠤᠮᠳᠠ ᠠᠷᠠᠯᠵᠢᠶᠠᠨ᠎ᠤ ᠬᠤᠶᠠᠷ ᠲᠠᠯ᠎ᠠ ᠪᠤᠶᠤ ᠣᠯᠠᠨ ᠲᠠᠯ᠎ᠠ᠎ᠳᠤ ᠰᠦᠯᠵᠢᠶᠡᠨ᠎ᠤ ᠡᠵᠡᠩᠨᠡᠯᠲᠡ ᠵᠢᠨ ᠲᠠᠯᠠᠪᠤᠷ ᠭᠠᠵᠠᠷ᠂ ᠠᠷᠠᠯᠵᠢᠶᠠᠨ᠎ᠤ ᠵᠤᠬᠢᠴᠠᠭᠤᠯᠭ᠎ᠠ᠂ ᠮᠡᠳᠡᠭᠡ ᠵᠠᠩᠭᠢ ᠨᠡᠶ᠋ᠢᠲᠡᠯᠡᠬᠦ ᠵᠡᠷᠭᠡ ᠦᠢ᠍ᠯᠡᠴᠢᠯᠡᠭᠡ ᠬᠠᠩᠭ᠋ᠠᠵᠤ᠂ ᠠᠷᠠᠯᠵᠢᠶᠠᠨ᠎ᠤ ᠬᠤᠶᠠᠷ ᠲᠠᠯ᠎ᠠ ᠪᠤᠶᠤ ᠣᠯᠠᠨ ᠲᠠᠯ᠎ᠠ ᠵᠢᠨ ᠲᠤᠰᠠᠭ᠋ᠠᠷ ᠰᠦᠯᠵᠢᠶᠡᠨ᠎ᠤ ᠠᠷᠠᠯᠵᠢᠶᠠᠨ᠎ᠤ ᠠᠵᠢᠯᠯᠠᠭ᠎ᠠ ᠥᠷᠨᠢᠭᠦᠯᠬᠦ ᠬᠠᠤᠯᠢ ᠵᠢᠨ ᠡᠷᠬᠡᠲᠡᠨ᠎ᠤ ᠵᠣᠬᠢᠶᠠᠨ ᠪᠠᠶ᠋ᠢᠭᠤᠯᠤᠯᠲᠠ ᠵᠢ ᠵᠢᠭ᠋ᠠᠵᠤ ᠪᠣᠶ᠃

     ᠲᠠᠪᠴᠠᠩ᠎ᠤᠨ ᠪᠦᠯᠦᠭᠵᠢᠯ᠎ᠤᠨ ᠳᠠᠩᠰᠠᠯᠠᠨ ᠲᠡᠮᠳᠡᠭᠯᠡᠬᠦ ᠭᠡᠳᠡᠭ᠎ᠨᠢ ᠣᠯᠠᠨ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ᠎ᠨᠢ ᠨᠢᠭᠡ ᠲᠠᠪᠴᠠᠩ᠎ᠤᠨ ᠠᠵᠤ ᠠᠬᠤᠶ᠋ᠢᠯᠠᠯ᠎ᠤᠨ ᠰᠠᠭᠤᠭ᠎ᠠ ᠭᠠᠵᠠᠷ (ᠡᠵᠡᠩᠨᠡᠯᠲᠡ ᠵᠢᠨ ᠲᠠᠯᠠᠪᠤᠷ)᠎ᠤᠨ ᠬᠠᠶᠢᠭ ᠵᠶ᠋ᠠᠷ ᠡᠵᠡᠩᠨᠡᠯᠲᠡ ᠵᠢᠨ ᠲᠠᠯᠠᠪᠤᠷ ᠪᠣᠯᠭ᠋ᠠᠨ ᠳᠠᠩᠰᠠᠯᠠᠨ ᠲᠡᠮᠳᠡᠭᠯᠡᠭᠦᠯᠬᠦ ᠵᠢᠨ  ᠬᠠᠮᠲᠤ ᠲᠤᠰ ᠲᠠᠪᠴᠠᠩ᠎ᠤᠨ ᠠᠵᠤ ᠠᠬᠤᠶ᠋ᠢᠯᠠᠯ᠎ᠠᠴᠠ ᠬᠠᠤᠯᠢ ᠴᠠᠭ᠋ᠠᠵᠠ ᠵᠢᠨ ᠪᠢᠴᠢᠭ ᠬᠠᠷ᠎ᠠ᠂ ᠭᠠᠶ᠋ᠢᠯᠢ ᠮᠡᠳᠡᠭᠦᠯᠬᠦ ᠵᠡᠷᠭᠡ ᠨᠠᠶ᠋ᠢᠳᠠᠨ ᠬᠠᠮᠢᠶᠠᠷᠤᠭᠤᠯᠬᠤ ᠦᠢ᠍ᠯᠡᠴᠢᠯᠡᠭᠡ ᠬᠠᠩᠭ᠋ᠠᠵᠤ᠂ ᠡᠵᠡᠩᠨᠡᠯᠲᠡ ᠵᠢᠨ ᠭᠤᠣᠯ ᠴᠣᠭᠴᠠᠲᠤ  ᠪᠦᠯᠦᠭᠵᠢᠯ᠎ᠤᠨ  ᠬᠥᠭᠵᠢᠯᠲᠡ ᠵᠢᠨ ᠪᠦᠷᠢᠳᠬᠡᠨ ᠳᠠᠩᠰᠠᠯᠠᠬᠤ ᠵᠠᠭᠪᠤᠷ᠎ᠢ ᠪᠦᠷᠢᠯᠳᠦᠭᠦᠯᠦᠨ᠎ᠡ᠃

     ᠬᠤᠶᠠᠷ ᠂ ᠲᠠᠪᠴᠠᠩ᠎ᠤᠨ ᠠᠵᠤ ᠠᠬᠤᠶ᠋ᠢᠯᠠᠯ ᠶᠠᠮᠠᠷ ᠶᠠᠮᠠᠷ ᠨᠥᠬᠦᠴᠡᠯ᠎ᠢ ᠪᠦᠷᠢᠯᠳᠦᠭᠦᠯᠬᠦ ᠬᠡᠷᠡᠭᠲᠡᠢ ᠪᠣᠶ?

     ᠲᠠᠪᠴᠠᠩ᠎ᠤᠨ ᠠᠵᠦ ᠠᠬᠤᠶ᠋ᠢᠯᠠᠯ᠎ᠨᠢ ᠲᠣᠣᠷᠡᠬᠢ ᠨᠦᠬᠦᠴᠡᠯ᠎ᠤᠳ᠎ᠢ ᠪᠦᠷᠢᠯᠳᠦᠬᠦᠯᠬᠦ ᠭᠡᠷᠡᠭᠳᠡᠢ᠄

     1. ᠥᠪᠥᠷ ᠮᠣᠩᠭᠤᠯ᠎ᠤᠨ ᠣᠷᠣᠨ ᠪᠦᠰᠡ᠎ᠳᠤ ᠳᠠᠩᠰᠠᠯᠠᠨ ᠲᠡᠮᠳᠡᠭᠯᠡᠭᠦᠯᠬᠦ᠂ ᠭᠠᠶ᠋ᠢᠯᠢ ᠲᠤᠰᠢᠶᠠᠬᠤ᠎ᠳᠤ ᠠᠵᠤ  ᠠᠬᠤᠶ᠋ᠢᠯᠠᠯ ᠎ᠤᠨ ᠬᠠᠤᠯᠢ ᠵᠢᠨ  ᠡᠷᠬᠡᠲᠡᠨ ᠎ᠤ  ᠬᠢᠷᠢ  ᠬᠡᠮ ᠎ᠲᠠᠢ;

     2. ᠰᠠᠭᠤᠭ᠎ᠠ ᠭᠠᠵᠠᠷ᠎ᠨᠢ ᠠᠵᠤ ᠦᠢ᠍ᠯᠡᠰ᠎ᠤᠨ ᠬᠦᠷᠢᠶᠡᠯᠡᠩ᠂ ᠦᠢ᠍ᠯᠡᠰ ᠪᠣᠰᠬᠠᠬᠤ ᠬᠦᠷᠢᠶᠡᠯᠡᠩ᠂ ᠨᠡᠪᠴᠢᠭᠦᠯᠬᠦ ᠬᠦᠷᠢᠶᠡᠯᠡᠩ ᠵᠡᠷᠭᠡ ᠬᠦᠷᠢᠶᠡᠯᠡᠩ ᠲᠣᠭᠤᠷᠢᠭ᠎ᠲᠤ ᠪᠠᠶ᠋ᠢᠬᠤ ᠵᠢᠨ ᠬᠠᠮᠲᠤ ᠪᠠᠶ᠋ᠢᠭ᠎ᠠ ᠭᠠᠵᠠᠷ᠎ᠤᠨ ᠵᠶ᠋ᠠᠨ ᠰᠢᠶᠠᠨ᠎ᠤ ᠱᠠᠲᠤᠨ᠎ᠤ ᠵᠠᠬ᠎ᠠ ᠳᠡᠯᠭᠡᠭᠦᠷ ᠎ᠤᠨ  ᠬᠢᠨᠠᠯᠲᠠ  ᠬᠠᠮᠢᠶᠠᠷᠤᠯᠲᠠ ᠵᠢᠨ  ᠰᠠᠯᠠᠭ᠎ᠠ  ᠮᠥᠴᠢᠷ ᠵᠶ᠋ᠠᠷ  ᠮᠠᠭ᠋ᠠᠳᠯᠠᠨ  ᠲᠣᠭᠲᠠᠭ᠋ᠠᠯᠭ᠋ᠠᠨ᠎ᠠ;

     3. ᠲᠤᠰ ᠠᠷᠭ᠎ᠠ ᠵᠢᠨ ᠲᠣᠭᠲᠠᠭ᠋ᠠᠯ ᠶᠣᠰᠣᠭ᠋ᠠᠷ ᠪᠦᠯᠦᠭᠵᠢᠯ᠎ᠤᠨ ᠳᠠᠩᠰᠠᠯᠠᠨ ᠲᠡᠮᠳᠡᠭᠯᠡᠭᠦᠯᠦᠭᠰᠡᠨ  ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ᠎ᠳᠤ ᠣᠷᠣᠯᠠᠨ ᠭᠦᠢ᠍ᠴᠡᠳᠬᠡᠬᠦ ᠭᠤᠶᠤᠴᠢᠯᠠᠯ ᠪᠠ ᠬᠠᠮᠢᠶᠠᠷᠤᠯᠲᠠ ᠵᠢᠨ ᠬᠠᠷᠢᠭᠤᠴᠠᠯᠭ᠎ᠠ ᠡᠭᠦᠷᠭᠡᠯᠡᠨ᠎ᠡ ;

     4. ᠣᠷᠣᠯᠠᠨ ᠭᠦᠢ᠍ᠴᠡᠳᠬᠡᠬᠦ ᠪᠦᠯᠦᠭᠵᠢᠯ᠎ᠤᠨ ᠳᠠᠩᠰᠠᠯᠠᠨ ᠲᠡᠮᠳᠡᠭᠯᠡᠭᠦᠯᠬᠦ  ᠲᠤᠬᠠᠶ᠋ᠢᠯᠠᠭᠰᠠᠨ ᠠᠵᠢᠯ᠎ᠯᠤᠭ᠎ᠠ ᠲᠣᠬᠢᠷᠠᠯᠴᠠᠭᠰᠠᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠦᠢ᠍ᠯᠡᠴᠢᠯᠡᠭᠡ ᠬᠢᠭᠡᠳ ᠬᠢᠨᠠᠯᠲᠠ ᠬᠠᠮᠢᠶᠠᠷᠤᠯᠲᠠ ᠵᠢᠨ ᠴᠢᠳᠠᠪᠤᠷᠢ ᠵᠢ ᠪᠦᠷᠢᠯᠳᠦᠭᠦᠯᠦᠨ᠎ᠡ;

     5. ᠠᠵᠤ ᠠᠬᠤᠶ᠋ᠢᠯᠠᠯ ᠣᠶ᠋ᠢᠷ᠎ᠠ ᠵᠢᠨ 3 ᠵᠢᠯ᠎ᠳᠤ ᠡᠵᠡᠩᠨᠡᠯᠲᠡ ᠵᠢᠨ ᠬᠡᠪ᠎ᠤᠨ ᠪᠤᠰᠤ ᠨᠡᠷᠡᠰ᠎ᠤᠨ ᠵᠢᠭᠰᠠᠭ᠋ᠠᠯᠲᠠ᠎ᠳᠤ ᠣᠷᠣᠭᠰᠠᠨ ᠦᠭᠡᠢ᠂ ᠬᠠᠤᠯᠢ ᠵᠢ ᠬᠦᠨᠳᠦ ᠨᠣᠴᠢᠲᠠᠶ ᠵᠥᠷᠢᠴᠡᠵᠦ ᠢᠲᠡᠭᠡᠮᠵᠢ ᠠᠯᠳᠠᠭᠰᠠᠨ ᠨᠡᠷᠡᠰ᠎ᠤᠨ ᠵᠢᠭᠰᠠᠭ᠋ᠠᠯᠲᠠ᠎ᠳᠤ ᠣᠷᠣᠭᠰᠠᠨ ᠦᠭᠡᠢ ᠪᠠᠢ᠌ᠬᠤ; ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ᠎ᠨᠢ ᠣᠢ᠌ᠷ᠎ᠠ ᠵᠢᠨ 3 ᠵᠢᠯ᠎ᠳᠤ ᠢᠲᠡᠭᠡᠮᠵᠢ ᠠᠯᠳᠠᠭᠰᠠᠨ ᠭᠦᠢ᠍ᠴᠡᠳᠭᠡᠭᠳᠡᠭᠴᠢ᠂ ᠬᠦᠨᠳᠦ ᠶᠡᠬᠡ ᠭᠠᠢ᠌ᠯᠢ ᠲᠠᠲᠠᠪᠤᠷᠢ ᠵᠢᠨ ᠬᠠᠤᠯᠢ᠎ᠠᠴᠠ ᠵᠥᠷᠢᠴᠡᠭᠰᠡᠨ ᠬᠡᠷᠡᠭ᠎ᠤᠨ ᠲᠤᠬᠠᠢ ᠵᠢᠨ ᠬᠥᠮᠦᠨ ᠵᠡᠷᠭᠡ ᠢᠲᠡᠭᠡᠮᠵᠢ ᠮᠠᠭᠤᠲᠠᠢ ᠲᠡᠮᠳᠡᠭᠯᠡᠯ᠎ᠳᠤ ᠵᠢᠭᠰᠠᠭ᠋ᠠᠭᠳᠠᠭᠰᠠᠨ ᠦᠭᠡᠢ ᠪᠠᠢ᠌ᠬᠤ᠃

     ᠨᠥᠬᠦᠴᠡᠯ᠎ᠳᠤ ᠨᠡᠶ᠋ᠢᠴᠡᠬᠦ ᠲᠠᠪᠴᠠᠩ᠎ᠤᠨ ᠠᠵᠤ ᠠᠬᠤᠶ᠋ᠢᠯᠠᠯ ᠥᠪᠡᠷ ᠵᠶ᠋ᠠᠨ ᠪᠤᠶᠤ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠵᠢᠨ ᠨᠡᠷ᠎ᠡ᠎ᠪᠠᠷ ᠣᠷᠣᠵᠤ ᠢᠷᠡᠵᠦ ᠡᠵᠡᠩᠨᠡᠵᠦ ᠪᠠᠶ᠋ᠢᠭ᠎ᠠ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ᠎ᠳᠤ ᠣᠷᠣᠯᠠᠨ ᠭᠦᠢ᠍ᠴᠡᠳᠬᠡᠬᠦ ᠳᠠᠩᠰᠠᠯᠠᠯ᠎ᠤᠨ ᠦᠢ᠍ᠯᠡᠴᠢᠯᠡᠭᠡ ᠬᠠᠩᠭ᠋ᠠᠵᠤ᠂ ᠬᠠᠷᠢᠶ᠎ᠠ ᠭᠠᠵᠠᠷ᠎ᠤᠨ ᠳᠠᠩᠰᠠᠯᠠᠨ ᠲᠡᠮᠳᠡᠭᠯᠡᠬᠦ ᠪᠠᠶ᠋ᠢᠭᠤᠯᠭ᠎ᠠ᠎ᠳᠤ 《ᠲᠠᠪᠴᠠᠩ᠎ᠤᠨ ᠠᠵᠤ ᠠᠬᠤᠶ᠋ᠢᠯᠠᠯ᠎ᠤᠨ ᠪᠦᠯᠦᠭᠵᠢᠯ᠎ᠤᠨ  ᠳᠠᠩᠰᠠᠯᠠᠨ  ᠲᠡᠮᠳᠡᠭᠯᠡᠬᠦ  ᠮᠡᠳᠡᠭᠦᠯᠦᠯᠲᠡ ᠵᠢᠨ  ᠭᠤᠶᠤᠴᠢᠯᠠᠨ  ᠮᠡᠳᠡᠭᠦᠯᠬᠦ  ᠬᠦᠰᠦᠨᠦᠭᠲᠦ》 ᠵᠢ ᠲᠤᠰᠢᠶᠠᠨ᠎ᠠ᠃

     ᠭᠤᠷᠪᠠ ᠂ ᠶᠠᠮᠠᠷ ᠶᠠᠮᠠᠷ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ᠎ᠨᠢ ᠪᠦᠯᠦᠭᠵᠢᠯ᠎ᠤᠨ ᠳᠠᠩᠰᠠᠯᠠᠨ  ᠲᠡᠮᠳᠡᠭᠯᠡᠭᠦᠯᠬᠦ ᠎ᠪᠠᠷ  ᠭᠤᠶᠤᠴᠢᠯᠠᠵᠤ  ᠪᠣᠯᠬᠤ  ᠦᠭᠡᠢ  ᠪᠣᠢ?

     1. ᠡᠵᠡᠩᠨᠡᠯᠲᠡ ᠵᠢᠨ ᠬᠡᠪᠴᠢᠶ᠎ᠡ᠎ᠨᠢ 《ᠠᠵᠤ ᠠᠬᠤᠶ᠋ᠢᠯᠠᠯ᠎ᠤᠨ ᠳᠠᠩᠰᠠᠯᠠᠨ ᠲᠡᠮᠳᠡᠭᠯᠡᠭᠦᠯᠬᠦ ᠵᠢᠨ ᠤᠷᠢᠳᠠᠴᠢ ᠬᠢᠨᠠᠨ ᠵᠥᠪᠰᠢᠶᠡᠷᠡᠬᠦ ᠵᠦᠢ᠍ᠯᠡᠰ᠎ᠤᠨ ᠭᠠᠷᠴᠠᠭ》᠎ᠲᠤ ᠬᠤᠯᠪᠣᠭᠳᠠᠨ᠎ᠠ;

     2. ᠶᠠᠪᠤᠳᠠᠯ᠎ᠢ ᠭᠦᠢ᠍ᠴᠡᠳᠬᠡᠬᠦ᠎ᠳᠤ ᠬᠤᠶ᠋ᠢᠨᠠᠬᠢ ᠵᠥᠪᠰᠢᠶᠡᠷᠡᠯ᠎ᠢ ᠣᠯᠬᠤ ᠴᠢᠬᠤᠯᠠᠲᠠᠢ ᠪᠤᠰᠤᠳ ᠡᠵᠡᠩᠨᠡᠯᠲᠡ ᠵᠢᠨ ᠠᠵᠢᠯᠯᠠᠭ᠎ᠠ ᠵᠢ ᠬᠢᠬᠦ᠎ᠳᠤ᠂ ᠵᠥᠪᠰᠢᠶᠡᠷᠡᠯ᠎ᠤᠨ ᠰᠠᠯᠠᠭ᠎ᠠ ᠮᠥᠴᠢᠷ᠎ᠠᠴᠠ ᠪᠣᠳᠠᠲᠤ ᠴᠣᠭᠴᠠ ᠵᠢᠨ ᠡᠵᠡᠩᠨᠡᠯᠲᠡ ᠵᠢᠨ ᠲᠠᠯᠠᠪᠤᠷ᠎ᠲᠤ ᠲᠣᠳᠣᠷᠬᠠᠢ ᠱᠠᠭ᠋ᠠᠷᠳᠠᠯᠭ᠎ᠠ᠎ᠲᠠᠢ ᠪᠠᠢ᠌ᠬᠤ ᠬᠡᠷᠡᠭᠲᠡᠢ;

     3. ᠣᠨᠴᠠ ᠲᠣᠭᠲᠠᠭᠰᠠᠨ ᠡᠵᠡᠩᠨᠡᠯᠲᠡ ᠵᠢᠨ ᠦᠢ᠍ᠯᠡᠳᠪᠦᠷᠢᠯᠡᠯ ᠪᠠᠶ᠋ᠢᠪᠠᠯ  ᠰᠠᠶᠢ ᠡᠵᠡᠩᠨᠡᠯᠲᠡ ᠵᠢᠨ ᠠᠵᠢᠯᠯᠠᠭ᠎ᠠ ᠵᠢ ᠥᠷᠨᠢᠭᠦᠯᠵᠦ ᠪᠣᠯᠬᠤ;

     4. ᠪᠦᠯᠦᠭᠵᠢᠯ᠎ᠤᠨ ᠴᠤᠭᠯᠠᠷᠠᠯ᠎ᠳᠤ ᠲᠣᠬᠢᠷᠠᠬᠤ ᠦᠭᠡᠢ ᠪᠤᠰᠤᠳ;

     ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠳᠤ ᠪᠦᠯᠦᠭᠵᠢᠯ᠎ᠤᠨ ᠳᠠᠩᠰᠠᠯᠠᠨ ᠲᠡᠮᠳᠡᠭᠯᠡᠭᠦᠯᠬᠦ ᠲᠠᠯ᠎ᠠ᠎ᠪᠠᠷ ᠠᠰᠲᠠᠭ᠋ᠠᠨ ᠲᠣᠭᠲᠠᠭ᠋ᠠᠯ᠎ᠲᠠᠢ ᠪᠣᠯ ᠲᠡᠷᠡ ᠲᠣᠭᠲᠠᠭ᠋ᠠᠯ ᠵᠶ᠋ᠠᠷ᠎ᠨᠢ ᠬᠢᠬᠦ ᠬᠡᠷᠡᠭᠲᠡᠶ᠃

     ᠳᠥᠷᠪᠡ ᠂ ᠲᠠᠪᠴᠠᠩ᠎ᠤᠨ ᠠᠵᠤ ᠠᠬᠤᠶ᠋ᠢᠯᠠᠯ᠎ᠳᠤ ᠶᠠᠮᠠᠷ ᠶᠠᠮᠠᠷ ᠬᠢᠨᠠᠯᠲᠠ ᠬᠠᠮᠢᠶᠠᠷᠤᠯᠲᠠ ᠵᠢᠨ ᠡᠭᠦᠷᠭᠡ᠎ᠲᠠᠢ ᠪᠣᠶ?

     1. ᠪᠦᠯᠦᠭᠵᠢᠯ᠎ᠤᠨ ᠳᠠᠩᠰᠠᠯᠠᠭᠤᠯᠤᠨ ᠲᠡᠮᠳᠡᠭᠯᠡᠭᠦᠯᠦᠭᠰᠡᠨ  ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠳᠠᠩᠰᠠ ᠡᠪᠬᠡᠮᠡᠯ᠎ᠢ ᠪᠠᠶ᠋ᠢᠭᠤᠯᠵᠤ᠂ ᠠᠭᠤᠯᠭ᠎ᠠ᠎ᠳᠤ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠨᠡᠷᠡᠶ᠋ᠢᠳᠦᠯ (ᠪᠤᠶᠤ ᠳ᠋ᠤᠭ᠋ᠠᠷ)᠂ ᠡᠵᠡᠩᠨᠡᠭᠴᠢ ᠵᠢᠨ ᠰᠠᠭᠤᠭ᠎ᠠ ᠭᠠᠵᠠᠷ (ᠪᠠᠶ᠋ᠢᠩᠭᠤ ᠰᠠᠭᠤᠭ᠎ᠠ ᠭᠠᠵᠠᠷ) ᠵᠢᠴᠢ ᠬᠠᠷᠢᠯᠴᠠᠬᠤ ᠠᠷᠭ᠎ᠠ ᠮᠠᠶᠢᠭ᠎ᠢ ᠪᠠᠭᠲᠠᠭ᠋ᠠᠬᠤ ᠵᠢᠨ ᠬᠠᠮᠲᠤ ᠨᠠᠭ᠋ᠠᠳᠤ ᠵᠠᠬ᠎ᠠ᠎ᠳᠤ᠎ᠪᠠᠨ ᠵᠢᠷᠭᠤᠭ᠋ᠠᠨ ᠰᠠᠷ᠎ᠠ ᠪᠦᠷᠢ᠎ᠳᠤ ᠨᠢᠭᠡ ᠤᠳᠠᠭ᠎ᠠ ᠬᠠᠷᠭᠤᠭᠤᠯᠤᠨ ᠪᠠᠶ᠋ᠢᠴᠠᠭ᠋ᠠᠵᠤ ᠰᠢᠨᠡᠳᠬᠡᠨ᠎ᠡ᠃

     2. ᠪᠦᠯᠦᠭᠵᠢᠯ᠎ᠤᠨ ᠳᠠᠩᠰᠠᠯᠠᠭᠤᠯᠤᠨ  ᠲᠡᠮᠳᠡᠭᠯᠡᠭᠦᠯᠦᠭᠰᠡᠨ  ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠬᠠᠷᠢᠯᠴᠠᠬᠤ ᠲᠡᠮᠳᠡᠭᠯᠡᠯ᠎ᠤᠨ ᠳᠡᠪᠲᠡᠷ᠎ᠢ ᠪᠠᠶ᠋ᠢᠭᠤᠯᠵᠤ᠂ ᠪᠦᠯᠦᠭᠵᠢᠯ᠎ᠤᠨ ᠳᠠᠩᠰᠠᠯᠠᠭᠤᠯᠤᠨ  ᠲᠡᠮᠳᠡᠭᠯᠡᠭᠦᠯᠦᠭᠰᠡᠨ  ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠬᠠᠳᠠᠭ᠋ᠠᠯᠠᠵᠤ ᠪᠠᠶ᠋ᠢᠭ᠎ᠠ ᠪᠠᠶ᠋ᠢᠳᠠᠯ᠎ᠢ ᠰᠠᠷ᠎ᠠ ᠪᠦᠷᠢ ᠠᠳᠠᠭ᠎ᠲᠤ᠎ᠪᠠᠨ ᠨᠢᠭᠡ ᠤᠳᠠᠭ᠎ᠠ ᠬᠢᠨᠠᠨ ᠬᠠᠷᠭᠤᠭᠤᠯᠵᠤ᠂ ᠪᠦᠯᠦᠭᠵᠢᠯ᠎ᠤᠨ ᠳᠠᠩᠰᠠᠯᠠᠨ  ᠲᠡᠮᠳᠡᠭᠯᠡᠭᠦᠯᠦᠭᠰᠡᠨ  ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠳᠠᠩᠰᠠᠯᠠᠨ  ᠲᠡᠮᠳᠡᠭᠯᠡᠭᠦᠯᠦᠭᠰᠡᠨ  ᠮᠡᠳᠡᠭᠡ ᠵᠠᠩᠭᠢ ᠵᠢ ᠤᠯᠠᠷᠢᠯ ᠪᠦᠷᠢ ᠠᠳᠠᠭ᠎ᠲᠤ᠎ᠪᠠᠨ ᠨᠢᠭᠡ ᠤᠳᠠᠭ᠎ᠠ ᠬᠢᠨᠠᠨ ᠬᠠᠷᠭᠤᠭᠤᠯᠤᠨ᠎ᠠ᠃

     3. ᠲᠠᠪᠴᠠᠩ᠎ᠤᠨ ᠠᠵᠤ ᠠᠬᠤᠶ᠋ᠢᠯᠠᠯ ᠬᠠᠭ᠋ᠠᠰ ᠵᠢᠯ᠎ᠤᠨ ᠮᠡᠳᠡᠭᠦᠯᠬᠦ ᠲᠦᠷᠢᠮ ᠪᠠᠶ᠋ᠢᠭᠤᠯᠵᠤ᠂ ᠬᠠᠭ᠋ᠠᠰ ᠵᠢᠯ᠎ᠤᠨ ᠳᠠᠷᠠᠭ᠎ᠠ 10 ᠡᠳᠦᠷ᠎ᠤᠨ ᠳᠣᠲᠣᠷ᠎ᠠ᠂ ᠲᠠᠪᠴᠠᠩ᠎ᠤᠨ ᠠᠵᠤ ᠠᠬᠤᠶ᠋ᠢᠯᠠᠯ᠎ᠤᠨ ᠬᠠᠷᠢᠶ᠎ᠠ ᠭᠠᠵᠠᠷ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠬᠠᠮᠢᠶᠠᠷᠤᠯᠲᠠ ᠵᠢᠨ ᠡᠭᠦᠷᠭᠡ᠎ᠪᠠᠨ ᠭᠦᠢ᠍ᠴᠡᠳᠬᠡᠭᠰᠡᠨ᠂ ᠬᠤᠪᠢ᠎ᠪᠠᠷ ᠵᠶ᠋ᠠᠨ ᠳᠠᠩᠰᠠᠯᠠᠨ ᠲᠡᠮᠳᠡᠭᠯᠡᠭᠦᠯᠦᠭᠰᠡᠨ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ᠎ᠲᠠᠢ ᠬᠤᠯᠪᠣᠭ᠎ᠠ ᠠᠪᠤᠭᠰᠠᠨ ᠵᠡᠷᠭᠡ ᠪᠠᠶ᠋ᠢᠳᠠᠯ ᠵᠶ᠋ᠠᠨ ᠮᠡᠳᠡᠭᠦᠯᠦᠨ ᠬᠦᠷᠭᠡᠨ᠎ᠡ᠃

     4. ᠲᠠᠪᠴᠠᠩ᠎ᠤᠨ ᠠᠵᠤ ᠠᠬᠤᠶ᠋ᠢᠯᠠᠯ ᠪᠦᠯᠦᠭᠵᠢᠯ᠎ᠤᠨ ᠳᠠᠩᠰᠠᠯᠠᠨ ᠲᠡᠮᠳᠡᠭᠯᠡᠭᠦᠯᠦᠭᠰᠡᠨ ᠬᠤᠪᠢ ᠵᠢᠨ ᠦᠢ᠍ᠯᠡᠳᠪᠦᠷᠢ   ᠬᠤᠳᠠᠯᠳᠤᠭ᠋ᠠᠨ ᠎ᠤ  ᠡᠷᠦᠬᠡ ᠵᠢᠨ  ᠨᠡᠷᠡᠰ ᠎ᠤᠨ  ᠳᠠᠩᠰᠠ᠂ ᠳᠠᠩᠰᠠ ᠡᠪᠬᠡᠮᠡᠯ᠎ᠤᠨ ᠮᠡᠳᠡᠭᠡ ᠵᠠᠩᠭᠢ ᠵᠢᠴᠢ ᠪᠤᠰᠤᠳ ᠮᠡᠳᠡᠭᠡ ᠵᠠᠩᠭᠢ ᠵᠢ ᠵᠠᠳᠠᠷᠠᠭᠤᠯᠬᠤ ᠪᠤᠶᠤ ᠵᠣᠬᠢᠰ ᠦᠭᠡᠢ᠎ᠪᠠᠷ ᠬᠡᠷᠡᠭᠯᠡᠵᠦ ᠪᠣᠯᠬᠤ ᠦᠭᠡᠢ᠃

     ᠲᠠᠪᠴᠠᠩ᠎ᠤᠨ ᠠᠵᠤ ᠠᠬᠤᠶ᠋ᠢᠯᠠᠯ᠎ᠨᠢ ᠮᠡᠳᠡᠭᠡ ᠵᠠᠩᠭᠢᠵᠢᠯᠲᠠ ᠵᠢᠨ ᠠᠷᠭ᠎ᠠ ᠮᠠᠶᠢᠭ ᠵᠶ᠋ᠠᠷ ᠳᠠᠮᠵᠢᠭᠤᠯᠤᠨ ᠪᠦᠯᠦᠭᠵᠢᠯ᠎ᠤᠨ ᠳᠠᠩᠰᠠᠯᠠᠨ ᠲᠡᠮᠳᠡᠭᠯᠡᠭᠦᠯᠦᠭᠰᠡᠨ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠬᠠᠮᠢᠶᠠᠷᠤᠯᠲᠠ ᠵᠢ ᠥᠷᠨᠢᠭᠦᠯᠵᠦ ᠪᠣᠯᠤᠨ᠎ᠠ᠃

     ᠲᠠᠪᠤ ᠂ ᠲᠠᠪᠴᠠᠩ᠎ᠤᠨ ᠠᠵᠤ ᠠᠬᠤᠶ᠋ᠢᠯᠠᠯ᠎ᠨᠢ ᠬᠢᠨᠠᠯᠲᠠ ᠬᠠᠮᠢᠶᠠᠷᠤᠯᠲᠠ ᠵᠢᠨ ᠡᠭᠦᠷᠭᠡ᠎ᠪᠠᠨ ᠲᠣᠭᠲᠠᠭ᠋ᠠᠯ ᠶᠣᠰᠣᠭ᠋ᠠᠷ ᠭᠦᠢ᠍ᠴᠡᠳᠬᠡᠭᠰᠡᠨ ᠦᠭᠡᠢ ᠪᠣᠯ ᠶᠠᠮᠠᠷ ᠲᠦᠷᠢᠮ ᠪᠠ ᠠᠷᠭ᠎ᠠ ᠬᠡᠮᠵᠢᠶ᠎ᠡ ᠠᠪᠬᠤ ᠪᠣᠢ?

     ᠡᠩ ᠲᠡᠷᠢᠭᠦᠨ᠎ᠳᠤ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠲᠡᠭᠦᠨ᠎ᠤ ᠰᠢᠨ᠎ᠡ᠎ᠪᠠᠷ ᠳᠠᠩᠰᠠᠯᠠᠭᠤᠯᠤᠭᠰᠠᠨ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠳᠠᠩᠰᠠᠯᠠᠬᠤ ᠲᠤᠬᠠᠶ᠋ᠢᠯᠠᠭᠰᠠᠨ ᠠᠵᠢᠯ᠎ᠢ ᠣᠷᠣᠯᠠᠨ ᠭᠦᠢ᠍ᠴᠡᠳᠬᠡᠬᠦ ᠵᠢ ᠲᠦᠷ ᠵᠣᠭᠰᠣᠭ᠋ᠠᠵᠤ ᠪᠣᠯᠤᠨ᠎ᠠ᠃ ᠳᠣᠣᠷᠠᠬᠢ ᠪᠠᠶ᠋ᠢᠳᠠᠯ ᠭᠠᠷᠤᠭᠰᠠᠨ ᠪᠠᠶ᠋ᠢᠪᠠᠯ᠂ ᠳᠠᠩᠰᠠᠯᠠᠬᠤ ᠪᠠᠶ᠋ᠢᠭᠤᠯᠭ᠎ᠠ᠎ᠨᠢ ᠬᠠᠤᠯᠢ ᠶᠣᠰᠣᠭ᠋ᠠᠷ ᠰᠢᠢ᠍ᠳᠪᠦᠷᠢᠯᠡᠬᠦ ᠬᠡᠷᠡᠭᠲᠡᠢ; ᠦᠢ᠍ᠯᠡ ᠪᠠᠶ᠋ᠢᠳᠠᠯ᠎ᠨᠢ ᠬᠦᠨᠳᠦ ᠨᠣᠴᠢᠲᠠᠢ ᠶᠠᠯ᠎ᠠ ᠬᠢᠭᠰᠡᠨ ᠰᠡᠵᠢᠭᠯᠡᠯᠲᠡᠢ ᠪᠠᠶ᠋ᠢᠪᠠᠯ᠂ ᠬᠠᠤᠯᠢ ᠴᠠᠭ᠋ᠠᠵᠠ ᠵᠢᠨ ᠪᠠᠶ᠋ᠢᠭᠤᠯᠭ᠎ᠠ᠎ᠳᠤ ᠰᠢᠯᠵᠢᠭᠦᠯᠦᠨ ᠬᠦᠷᠭᠡᠵᠦ ᠰᠢᠢ᠍ᠳᠪᠦᠷᠢᠯᠡᠭᠦᠯᠬᠦ ᠬᠡᠷᠡᠭᠲᠡᠢ᠄

     1. ᠲᠠᠪᠴᠠᠩ᠎ᠤᠨ ᠠᠵᠤ ᠠᠬᠤᠶ᠋ᠢᠯᠠᠯ ᠦᠨᠡᠨ ᠪᠠᠶ᠋ᠢᠳᠠᠯ ᠵᠶ᠋ᠠᠨ ᠨᠢᠭᠤᠭᠰᠠᠨ᠂ ᠬᠤᠳᠠᠯ ᠬᠠᠭᠤᠷᠮᠠᠭ ᠮᠠᠲ᠋ᠧᠷᠢᠶᠠᠯ ᠬᠠᠩᠭ᠋ᠠᠭ᠋ᠠᠳ ᠪᠦᠯᠦᠭᠵᠢᠯ᠎ᠤᠨ  ᠳᠠᠩᠰᠠᠯᠠᠨ ᠲᠡᠮᠳᠡᠭᠯᠡᠭᠦᠯᠬᠦ ᠵᠢ  ᠣᠷᠣᠯᠠᠨ ᠭᠦᠢ᠍ᠴᠡᠳᠬᠡᠬᠦ ᠵᠥᠪᠰᠢᠶᠡᠷᠡᠯ ᠣᠯᠣᠭᠰᠠᠨ᠂ ᠡᠰᠡᠬᠦᠯ᠎ᠡ ᠤᠭᠰᠠᠷᠠᠭᠤᠯᠤᠨ ᠪᠦᠷᠢᠳᠬᠡᠭᠦᠯᠦᠭᠰᠡᠨ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠬᠤᠳᠠᠯ ᠬᠠᠭᠤᠷᠮᠠᠭ ᠮᠠᠲ᠋ᠧᠷᠢᠶᠠᠯ ᠬᠠᠩᠭ᠋ᠠᠵᠤ ᠳᠠᠩᠰᠠᠯᠠᠨ ᠲᠡᠮᠳᠡᠭᠯᠡᠭᠦᠯᠦᠭᠰᠡᠨ;

     2. ᠲᠠᠪᠴᠠᠩ᠎ᠤᠨ ᠠᠵᠤ ᠠᠬᠤᠶ᠋ᠢᠯᠠᠯ ᠪᠦᠯᠦᠭᠵᠢᠯ᠎ᠤᠨ ᠳᠠᠩᠰᠠᠯᠠᠨ ᠲᠡᠮᠳᠡᠭᠯᠡᠭᠦᠯᠦᠭᠰᠡᠨ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠳᠠᠩᠰᠠ ᠡᠪᠬᠡᠮᠡᠯ᠎ᠨᠢ ᠪᠦᠷᠢᠨ ᠪᠤᠰᠤ᠂ ᠠᠭᠤᠯᠭ᠎ᠠ᠎ᠨᠢ ᠪᠦᠷᠢᠨ ᠪᠤᠰᠤ᠂ ᠳᠠᠩᠰᠠᠯᠠᠬᠤ ᠪᠠᠶ᠋ᠢᠭᠤᠯᠭ᠎ᠠ᠎ᠠᠴᠠ ᠵᠠᠷᠯᠢᠭᠳᠠᠵᠤ ᠪᠠᠶ᠋ᠢᠭ᠋ᠠᠳ ᠬᠤᠭᠤᠴᠠᠭ᠎ᠠ ᠬᠢᠵᠠᠭ᠋ᠠᠷᠯᠠᠨ ᠵᠠᠯᠠᠷᠠᠭᠤᠯᠭ᠎ᠠ ᠬᠢᠯᠭᠡᠭᠰᠡᠨ ᠦᠭᠡᠢ;

     3. ᠲᠠᠪᠴᠠᠩ᠎ᠤᠨ ᠠᠵᠤ ᠠᠬᠤᠶ᠋ᠢᠯᠠᠯ ᠳᠠᠩᠰᠠᠯᠠᠬᠤ ᠪᠠᠶ᠋ᠢᠭᠤᠯᠭ᠎ᠠ᠎ᠳᠤ ᠡᠭᠦᠷᠭᠡ᠎ᠪᠠᠨ ᠭᠦᠢ᠍ᠴᠡᠳᠬᠡᠭᠰᠡᠨ ᠪᠠᠶ᠋ᠢᠳᠠᠯ᠂ ᠪᠦᠯᠦᠭᠵᠢᠯ᠎ᠤᠨ ᠳᠠᠩᠰᠠᠯᠠᠨ ᠲᠡᠮᠳᠡᠭᠯᠡᠭᠦᠯᠦᠭᠰᠡᠨ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠬᠤᠯᠪᠣᠭ᠎ᠠ ᠠᠪᠤᠭᠰᠠᠨ ᠪᠠᠶ᠋ᠢᠳᠠᠯ ᠵᠶ᠋ᠠᠨ ᠴᠠᠭ ᠲᠤᠬᠠᠶ᠎ᠳᠤ᠎ᠨᠢ ᠮᠡᠳᠡᠭᠦᠯᠦᠨ ᠬᠦᠷᠭᠡᠭᠰᠡᠨ ᠦᠭᠡᠢ ᠪᠠᠢ᠌ᠳᠠᠯ;

     4. ᠲᠠᠪᠴᠠᠩ᠎ᠲᠠᠢ ᠠᠵᠤ ᠠᠬᠤᠶ᠋ᠢᠯᠠᠯ᠎ᠤᠨ ᠨᠡᠶ᠋ᠢᠲᠡᠯᠡᠭᠰᠡᠨ ᠮᠡᠳᠡᠭᠡ ᠵᠠᠩᠭᠢ᠎ᠨᠢ ᠪᠦᠷᠢᠨ ᠪᠤᠰᠤ᠂ ᠵᠢᠷᠤᠮᠵᠢᠭᠤᠨ ᠪᠤᠰᠤ᠂ ᠦᠨᠡᠨ ᠪᠣᠳᠠᠲᠠᠶ ᠪᠠᠶ᠋ᠢᠳᠠᠯ ᠵᠶ᠋ᠠᠨ ᠨᠢᠭᠤᠨ ᠳᠠᠯᠳᠠᠯᠠᠵᠤ᠂ ᠳᠠᠩᠰᠠᠯᠠᠬᠤ ᠪᠠᠶ᠋ᠢᠭᠤᠯᠭ᠎ᠠ ᠵᠠᠷᠯᠢᠭᠳᠠᠵᠤ ᠪᠠᠶ᠋ᠢᠭ᠋ᠠᠳ ᠬᠤᠭᠤᠴᠠᠭ᠎ᠠ ᠬᠢᠵᠠᠭ᠋ᠠᠷᠯᠠᠨ ᠵᠠᠯᠠᠷᠠᠭᠤᠯᠭ᠎ᠠ ᠬᠢᠯᠭᠡᠭᠰᠡᠨ ᠦᠭᠡᠢ ᠪᠠᠢ᠌ᠳᠠᠯ;

     5. ᠲᠠᠪᠴᠠᠩ᠎ᠤᠨ ᠠᠵᠤ ᠠᠬᠤᠶ᠋ᠢᠯᠠᠯ ᠬᠠᠮᠵᠢᠯᠴᠠᠬᠤ ᠥᠬᠡᠶ᠂ ᠳᠠᠩᠰᠠᠯᠠᠬᠤ ᠪᠠᠶ᠋ᠢᠭᠤᠯᠭ᠎ᠠ ᠵᠢ ᠬᠠᠮᠵᠢᠨ ᠪᠦᠯᠦᠭᠵᠢᠯ᠎ᠤᠨ ᠳᠠᠩᠰᠠᠯᠠᠨ  ᠲᠡᠮᠳᠡᠭᠯᠡᠭᠦᠯᠦᠭᠰᠡᠨ  ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠬᠠᠮᠢᠶᠠᠷᠤᠯᠲᠠ ᠵᠢ ᠴᠢᠩᠭ᠋ᠠᠳᠬᠠᠬᠤ᠂ ᠡᠰᠡᠬᠦᠯ᠎ᠡ ᠪᠦᠯᠦᠭᠵᠢᠯ᠎ᠤᠨ ᠳᠠᠩᠰᠠᠯᠠᠨ ᠲᠡᠮᠳᠡᠭᠯᠡᠭᠦᠯᠦᠭᠰᠡᠨ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ᠎ᠲᠠᠢ ᠬᠠᠮᠵᠢᠯᠴᠠᠵᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠬᠢᠨᠠᠯᠲᠠ ᠬᠠᠮᠢᠶᠠᠷᠤᠯᠲᠠ᠎ᠠᠴᠠ ᠵᠠᠶ᠋ᠢᠯᠠᠬᠤ;

     6. ᠲᠠᠪᠴᠠᠩ᠎ᠤᠨ ᠠᠵᠤ ᠠᠬᠤᠶ᠋ᠢᠯᠠᠯ ᠲᠤᠰ ᠠᠷᠭ᠎ᠠ᠎ᠳᠤ ᠲᠣᠭᠲᠠᠭ᠋ᠠᠭᠰᠠᠨ ᠪᠤᠰᠤᠳ ᠡᠭᠦᠷᠭᠡ᠎ᠪᠠᠨ ᠦᠯᠦ ᠭᠦᠢ᠍ᠴᠡᠳᠭᠡᠭᠰᠡᠨ᠃

ᠤᠤᠯ    ᠵᠣᠬᠢᠶᠠᠯ  ᠎ᠤᠨ    ᠰᠦᠯᠵᠢᠶᠡᠨ ᠬᠠᠶᠢᠭ᠄ http://amr.nmg.gov.cn/zfxxgk/fdzdgknr/gfxwj/202412/t20241220_2641269.html 

 

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ