ᠨᠢᠭᠡ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠢᠳᠡᠭᠡᠨ᠎ᠤ ᠦᠢ᠍ᠯᠡᠳᠪᠦᠷᠢᠯᠡᠯ ᠡᠵᠡᠩᠨᠡᠯᠲᠡ ᠵᠢᠨ ᠠᠵᠤ ᠠᠬᠤᠶ᠋ᠢᠯᠠᠯ᠎ᠤᠨ ᠢᠳᠡᠭᠡᠨ᠎ᠤ ᠠᠮᠤᠷ ᠲᠦᠪᠰᠢᠨ᠎ᠤ ᠢᠲᠡᠭᠡᠮᠵᠢ ᠵᠢᠨ ᠲᠦᠭᠰᠢᠭᠦᠷᠢ ᠵᠢ ᠳᠡᠰ ᠲᠥᠷᠥᠯ ᠬᠤᠪᠢᠶᠠᠨ ᠬᠠᠮᠢᠶᠠᠷᠬᠤ ᠠᠷᠭ᠎ᠠ》 (ᠳᠣᠷᠣᠭᠰᠢ 《ᠠᠷᠭ᠎ᠠ》 ᠭᠡᠵᠦ ᠲᠣᠪᠴᠢᠯᠠᠨ᠎ᠠ) ᠵᠢ ᠨᠡᠶ᠋ᠢᠲᠡᠯᠡᠭᠰᠡᠨ ᠠᠬᠤᠶ ᠪᠠᠶ᠋ᠢᠳᠠᠯ ᠪᠠ ᠦᠨᠳᠦᠰᠦᠯᠡᠯ
ᠢᠳᠡᠭᠡᠨ᠎ᠤ ᠦᠢ᠍ᠯᠡᠳᠪᠦᠷᠢᠯᠡᠯ ᠡᠵᠡᠩᠨᠡᠯᠲᠡ ᠵᠢᠨ ᠠᠵᠤ ᠠᠬᠤᠶ᠋ᠢᠯᠠᠯ᠎ᠤᠨ ᠢᠲᠡᠭᠡᠮᠵᠢ ᠵᠢᠨ ᠲᠦᠭᠰᠢᠭᠦᠷᠢ ᠵᠢ ᠳᠡᠰ ᠲᠥᠷᠥᠯ ᠬᠤᠪᠢᠶᠠᠨ ᠬᠠᠮᠢᠶᠠᠷᠬᠤ ᠲᠣᠭᠲᠠᠯᠴᠠᠭ᠎ᠠ ᠵᠢ ᠪᠠᠶ᠋ᠢᠭᠤᠯᠵᠤ᠂ ᠵᠠᠬ᠎ᠠ ᠳᠡᠯᠭᠡᠭᠦᠷ᠎ᠤᠨ ᠭᠤᠣᠯ ᠴᠣᠭᠴᠠ ᠵᠢᠨ ᠦᠨᠡᠨᠴᠢ ᠢᠲᠡᠭᠡᠮᠵᠢ ᠵᠢᠨ ᠦᠵᠡᠯ ᠤᠬᠠᠮᠰᠠᠷ᠎ᠢ ᠴᠢᠩᠭ᠋ᠠᠷᠠᠭᠤᠯᠤᠨ᠂ ᠢᠲᠡᠭᠡᠮᠵᠢ᠎ᠲᠠᠢ ᠪᠠᠶ᠋ᠢᠬᠤ ᠵᠢ ᠤᠷᠮᠠᠰᠢᠭᠤᠯᠵᠤ᠂ ᠢᠲᠡᠭᠡᠮᠵᠢ ᠠᠯᠳᠠᠭᠰᠠᠳ᠎ᠢ ᠵᠠᠯᠬᠠᠭ᠋ᠠᠨ ᠴᠡᠭᠡᠷᠯᠡᠭᠦᠯᠵᠦ᠂ ᠢᠳᠡᠭᠡᠨ᠎ᠤ ᠠᠮᠤᠷ ᠲᠦᠪᠰᠢᠨ᠎ᠢ ᠪᠠᠲᠤᠯᠠᠨ᠂ ᠠᠵᠤ ᠦᠢ᠍ᠯᠡᠰ᠎ᠤᠨ ᠡᠷᠡᠭᠦᠯ ᠵᠶ᠋ᠠᠷ ᠬᠥᠭᠵᠢᠬᠦ ᠵᠢ ᠠᠬᠢᠭᠤᠯᠬᠤ ᠵᠢᠨ ᠲᠤᠰᠠᠳᠠ᠂ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ 《ᠪᠠᠭᠤᠯᠭ᠋ᠠᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ᠎ᠢ ᠰᠢᠯᠢᠳᠡᠭᠵᠢᠭᠦᠯᠬᠦ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠶᠣᠰᠣᠭ᠋ᠠᠷ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠢᠳᠡᠭᠡᠨ᠎ᠤ ᠠᠮᠤᠷ ᠲᠦᠪᠰᠢᠨ᠎ᠤ ᠬᠠᠤᠯᠢ》᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠢᠳᠡᠭᠡᠨ᠎ᠤ ᠠᠮᠤᠷ ᠲᠦᠪᠰᠢᠨ᠎ᠤ ᠬᠠᠤᠯᠢ ᠵᠢ ᠬᠡᠷᠡᠭᠵᠢᠭᠦᠯᠬᠦ ᠳᠦᠷᠢᠮ》 《ᠨᠡᠶ᠋ᠢᠭᠡᠮ᠎ᠤᠨ ᠢᠲᠡᠭᠡᠮᠵᠢ ᠵᠢᠨ ᠲᠣᠭᠲᠠᠯᠴᠠᠭ᠎ᠠ ᠵᠢᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ ᠢᠲᠡᠭᠡᠮᠵᠢ᠎ᠪᠠᠷ ᠰᠠᠭᠤᠷᠢ ᠪᠣᠯᠭ᠋ᠠᠭᠰᠠᠨ ᠰᠢᠨ᠎ᠡ ᠬᠡᠯᠪᠡᠷᠢ ᠵᠢᠨ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠪᠠᠶ᠋ᠢᠭᠤᠯᠬᠤ ᠲᠤᠬᠠᠢ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠠᠯᠪᠠᠨ ᠲᠢᠩᠬᠢᠮ᠎ᠤᠨ ᠵᠢᠯᠣᠭᠤᠳᠬᠤ ᠰᠠᠨᠠᠯ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ 《ᠠᠷᠭ᠎ᠠ》 ᠵᠢ ᠲᠤᠭᠤᠷᠪᠢᠵᠤ᠂ ᠢᠲᠡᠭᠡᠮᠵᠢ᠎ᠪᠠᠷ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢ ᠠᠬᠢᠭᠤᠯᠤᠨ᠂ ᠠᠵᠤ ᠠᠬᠤᠶ᠋ᠢᠯᠠᠯ᠎ᠤᠨ ᠢᠲᠡᠭᠡᠮᠵᠢ ᠵᠢᠨ ᠲᠦᠭᠰᠢᠭᠦᠷᠢ ᠵᠢ ᠳᠡᠰ ᠲᠥᠷᠥᠯ ᠬᠤᠪᠢᠶᠠᠨ ᠬᠠᠮᠢᠶᠠᠷᠬᠤ ᠵᠢ ᠠᠬᠢᠭᠤᠯᠵᠤ᠂ ᠦᠨᠳᠦᠰᠦᠨ᠎ᠠᠴᠠ᠎ᠨᠢ ᠵᠠᠰᠠᠬᠤ ᠬᠢᠨᠠᠯᠲᠠ ᠬᠠᠮᠢᠶᠠᠷᠤᠯᠲᠠ ᠵᠢᠨ ᠤᠷᠲᠤ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠶ᠋ᠢᠭᠤᠯᠤᠨ᠂ ᠢᠳᠡᠭᠡᠨ᠎ᠤ ᠠᠮᠤᠷ ᠲᠦᠪᠰᠢᠨ᠎ᠤ ᠲᠦᠭᠰᠢᠭᠦᠷᠢ ᠵᠢ ᠡᠵᠡᠮᠳᠡᠬᠦ ᠵᠢ ᠴᠢᠩᠭ᠋ᠠᠳᠬᠠᠵᠤ᠂ ᠨᠠᠷᠢᠯᠢᠭ ᠣᠨᠣᠴᠠᠲᠠᠶ᠎ᠪᠠᠷ ᠬᠢᠨᠠᠨ ᠬᠠᠮᠢᠶᠠᠷᠬᠤ᠂ ᠪᠦᠲᠦᠮᠵᠢᠲᠡᠶ ᠬᠢᠨᠠᠨ ᠬᠠᠮᠢᠶᠠᠷᠬᠤ᠂ ᠣᠶᠣᠨᠲᠤ᠎ᠪᠠᠷ ᠬᠢᠨᠠᠨ ᠬᠠᠮᠢᠶᠠᠷᠬᠤ᠂ ᠲᠥᠪ ᠭᠤᠤᠯᠴᠢ ᠪᠠᠷ ᠬᠢᠨᠠᠯᠲᠠ ᠬᠠᠮᠢᠶᠠᠷᠬᠤ ᠵᠢ ᠠᠬᠢᠭᠤᠯᠤᠨ᠂ ᠢᠳᠡᠭᠡᠨ᠎ᠤ ᠦᠢ᠍ᠯᠡᠳᠪᠦᠷᠢᠯᠡᠯ ᠡᠵᠡᠩᠨᠡᠯᠲᠡ ᠵᠢᠨ ᠬᠦᠷᠢᠶ᠎ᠡ ᠴᠠᠷᠠᠭ᠎ᠠ ᠵᠢᠨ ᠬᠢᠨᠠᠯᠲᠠ ᠬᠠᠮᠢᠶᠠᠷᠤᠯᠲᠠ ᠵᠢᠨ ᠦᠢ᠍ᠯᠡᠳᠦᠯ ᠴᠢᠳᠠᠪᠤᠷᠢ ᠵᠢ ᠳᠡᠭᠡᠭᠰᠢᠯᠡᠭᠦᠯᠪᠡ᠃ 《ᠠᠷᠭ᠎ᠠ》᠎ᠨᠢ ᠤᠷᠢᠳ ᠬᠤᠵᠢᠳ ᠡᠯ᠎ᠡ ᠠᠶ᠋ᠢᠮᠠᠭ ᠬᠤᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠴᠢ ᠬᠠᠮᠢᠶ᠎ᠠ ᠪᠥᠬᠦᠶ ᠭᠠᠵᠠᠷ ᠲᠠᠰᠤᠭ ᠠᠴᠠ ᠰᠠᠨᠠᠯ ᠬᠤᠷᠢᠶᠠᠬᠤ᠂ ᠢᠯᠡ᠎ᠪᠠᠷ ᠰᠠᠨᠠᠯ ᠬᠤᠷᠢᠶᠠᠬᠤ᠂ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠬᠤ ᠵᠡᠷᠭᠡ ᠳᠠᠷᠠᠭ᠋ᠠᠯᠠᠯ ᠵᠶ᠋ᠠᠷ ᠳᠠᠮᠵᠢᠭᠤᠯᠤᠨ ᠂ ᠬᠠᠤᠯᠢ ᠲᠣᠭᠲᠠᠭ᠋ᠠᠯ᠎ᠤᠨ ᠭᠠᠵᠠᠷ᠎ᠤᠨ ᠬᠠᠤᠯᠢ ᠶᠣᠰᠣᠴᠢ ᠴᠢᠨᠠᠷ᠎ᠢ ᠬᠢᠨᠠᠨ ᠬᠠᠷᠭᠤᠭᠤᠯᠬᠤ᠎ᠪᠠᠷ ᠳᠡᠮᠵᠢᠨ᠂ ᠲᠣᠪᠴᠢᠶᠠᠨ᠎ᠤ ᠶᠠᠪᠤᠳᠠᠯ᠎ᠤᠨ ᠬᠤᠷᠠᠯ ᠵᠶ᠋ᠠᠷ ᠬᠢᠨᠠᠨ ᠵᠥᠪᠯᠡᠭᠦᠯᠵᠦ ᠪᠠᠲᠤᠯᠠᠭᠤᠯᠵᠤ᠂ ᠳᠠᠷᠤᠮᠠᠯᠯᠠᠨ ᠲᠠᠷᠬᠠᠭ᠋ᠠᠵᠤ ᠬᠡᠷᠡᠭᠵᠢᠭᠦᠯᠬᠦ ᠵᠢ ᠵᠥᠪᠰᠢᠶᠡᠷᠡᠪᠡ᠃
ᠬᠤᠶᠠᠷ᠂ 《ᠠᠷᠭ᠎ᠠ》 ᠵᠢ ᠲᠣᠭᠲᠠᠭ᠋ᠠᠭᠰᠠᠨ ᠵᠠᠷᠴᠢᠮ
《ᠠᠷᠭ᠎ᠠ》᠎ᠨᠢ 《ᠬᠠᠤᠯᠢ ᠲᠣᠭᠲᠠᠭ᠋ᠠᠯ᠎ᠳᠤ ᠨᠡᠶ᠋ᠢᠴᠡᠬᠦ᠂ ᠠᠮᠤᠷ ᠲᠦᠪᠰᠢᠨ ᠨᠠᠶ᠋ᠢᠳᠠᠪᠤᠷᠢᠲᠠᠶ ᠪᠠᠶ᠋ᠢᠬᠤ᠂ ᠳᠥᠭᠦᠮ ᠳᠥᠲᠡ ᠥᠨᠳᠥᠷ ᠦᠷ᠎ᠡ ᠪᠦᠲᠦᠮᠵᠢ᠎ᠲᠠᠢ》 ᠪᠠᠶ᠋ᠢᠬᠤ ᠵᠠᠷᠴᠢᠮ᠎ᠢ ᠵᠢᠷᠤᠮᠯᠠᠵᠤ᠂ ᠢᠲᠡᠭᠡᠮᠵᠢ ᠵᠢᠨ ᠲᠦᠭᠰᠢᠭᠦᠷᠢ ᠵᠢ ᠲᠠᠰ ᠲᠥᠷᠥᠯ ᠬᠤᠪᠢᠶᠠᠨ ᠬᠠᠮᠢᠶᠠᠷᠬᠤ ᠵᠣᠷᠢᠯᠭ᠎ᠠ ᠵᠢ ᠲᠣᠳᠣᠷᠬᠠᠶ᠋ᠢᠯᠠᠵᠤ᠂ ᠢᠲᠡᠭᠡᠮᠵᠢ ᠵᠢᠨ ᠲᠠᠩᠰᠠ ᠡᠪᠬᠡᠮᠡᠯ᠂ ᠲᠠᠰ ᠬᠤᠪᠢᠶᠠᠬᠤ ᠳᠠᠷᠠᠭ᠋ᠠᠯᠠᠯ᠂ ᠲᠠᠰ ᠬᠤᠪᠢᠶᠠᠬᠤ ᠪᠠᠷᠢᠮᠵᠢᠶ᠎ᠠ᠂ ᠦᠷ᠎ᠡ ᠳ᠋ᠦᠩ᠎ᠤᠨ ᠬᠡᠷᠡᠭᠯᠡᠯᠲᠡ ᠵᠡᠷᠭᠡ ᠭᠤᠭᠴᠤᠭ᠎ᠠ ᠵᠢᠨ ᠬᠠᠷᠢᠭᠤᠴᠠᠯᠭ᠎ᠠ ᠪᠠ ᠡᠭᠦᠷᠭᠡ ᠵᠢ ᠲᠣᠭᠲᠠᠭ᠋ᠠᠵᠤ᠂ ᠬᠢᠨᠠᠯᠲᠠ ᠬᠠᠮᠢᠶᠠᠷᠤᠯᠲᠠ ᠵᠢᠨ ᠡᠬᠢ ᠪᠠᠶᠠᠯᠢᠭ᠎ᠢ ᠵᠦᠶ ᠵᠣᠬᠢᠰᠲᠠᠶ ᠳᠣᠭᠢᠷᠠᠭᠤᠯᠬᠤ ᠪᠠ ᠥᠨᠳᠥᠷ ᠪᠦᠲᠦᠮᠵᠢᠲᠡᠶ᠎ᠪᠠᠷ ᠠᠰᠢᠭᠯᠠᠬᠤ ᠵᠢ ᠪᠡᠶᠡᠯᠡᠭᠦᠯᠬᠦ ᠪᠣᠳᠠᠲᠠᠶ ᠠᠷᠭ᠎ᠠ ᠪᠠᠷᠢᠯ ᠪᠠ ᠴᠢᠬᠤᠯᠠ ᠠᠴᠢᠶᠠᠯᠠᠪᠤᠷᠢ ᠪᠣᠯᠤᠨ᠎ᠠ᠃
ᠭᠤᠷᠪᠠ᠂ ᠲᠠᠢ᠌ᠯᠤᠮᠵᠢ ᠵᠢᠨ ᠬᠡᠯᠪᠡᠷᠢ ᠪᠠ ᠠᠷᠭ᠎ᠠ ᠵᠠᠮ
ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶᠠᠨ᠎ᠤ ᠬᠠᠷᠢᠭᠤᠴᠠᠯᠭ᠋ᠠᠲᠠᠳ ᠰᠦᠯᠵᠢᠶᠡᠨ ᠳᠡᠭᠡᠷ᠎ᠡ ᠰᠤᠷᠪᠤᠯᠵᠢᠯᠠᠬᠤ ᠂ ᠵᠠᠭᠤᠴᠢᠯᠠᠭᠤᠷ᠎ᠤᠨ ᠰᠤᠷᠪᠤᠯᠵᠢᠯᠠᠭ᠎ᠠ ᠵᠢ ᠬᠦᠯᠢᠶᠡᠬᠦ ᠵᠡᠷᠭᠡ ᠬᠡᠯᠪᠡᠷᠢ᠎ᠪᠠᠷ ᠳᠠᠮᠵᠢᠭᠤᠯᠤᠨ ᠲᠠᠶ᠋ᠢᠯᠤᠮᠵᠢ ᠬᠢᠨ᠎ᠡ ᠃ ᠵᠠᠰᠠᠭ᠎ᠤᠨ ᠣᠷᠳᠣᠨ᠎ᠤ ᠰᠦᠯᠵᠢᠶ᠎ᠡ᠂ ᠰᠣᠨᠢᠨ ᠮᠡᠳᠡᠭᠡᠨ᠎ᠤ ᠰᠦᠯᠵᠢᠶ᠎ᠡ᠂ ᠷᠠᠳᠢᠣ᠋ ᠨᠡᠪᠲᠡᠷᠡᠭᠦᠯᠭᠡ ᠲᠧᠯᠸᠢᠰ᠂ ᠰᠣᠨᠢᠨ ᠰᠡᠳᠬᠦᠯ᠂ ᠮᠥᠩᠬᠡ ᠰᠤᠪᠠᠭ ᠵᠡᠷᠭᠡ ᠠᠷᠭ᠎ᠠ ᠵᠠᠮ ᠵᠶ᠋ᠠᠷ ᠠᠰᠠᠭᠤᠯᠲᠠ ᠬᠠᠷᠢᠭᠤᠯᠲᠠ ᠵᠢᠨ ᠬᠡᠯᠪᠡᠷᠢ᠎ᠪᠠᠷ ᠰᠦᠯᠵᠢᠶᠡᠨ᠎ᠳᠤ ᠭᠠᠷᠴᠤ ᠲᠠᠢ᠌ᠯᠪᠤᠷᠢᠯᠠᠨ ᠂ ᠮᠡᠳᠡᠭᠡ ᠵᠠᠩᠭᠢ ᠵᠢ ᠬᠦᠯᠢᠶᠡᠨ ᠠᠪᠤᠭᠴᠢᠳ᠎ᠤᠨ ᠲᠠᠯ᠎ᠠ ᠵᠢ ᠥᠷᠭᠡᠳᠬᠡᠨ᠎ᠡ᠃
ᠳᠥᠷᠪᠡ᠂ ᠲᠠᠢ᠌ᠯᠤᠮᠵᠢ ᠵᠢᠨ ᠴᠠᠭ
ᠪᠢᠴᠢᠭ ᠮᠠᠲ᠋ᠧᠷᠢᠶᠠᠯ᠎ᠢ ᠳᠠᠷᠤᠮᠠᠯᠯᠠᠭᠰᠠᠨ᠎ᠤ ᠨᠢᠭᠡ ᠭᠠᠷᠠᠭ᠎ᠤᠨ ᠳᠠᠷᠠᠭ᠎ᠠ ᠢᠯᠡ ᠪᠣᠯᠭ᠋ᠠᠨ᠎ᠠ᠃
ᠲᠠᠪᠤ᠂ ᠲᠠᠢ᠌ᠯᠤᠮᠵᠢ ᠵᠢᠨ ᠲᠤᠪᠴᠢ
(ᠨᠢᠭᠡ) 《ᠠᠷᠭ᠎ᠠ》 ᠵᠢ ᠲᠣᠭᠲᠠᠭ᠋ᠠᠭᠰᠠᠨ ᠠᠬᠤᠶ ᠪᠠᠶ᠋ᠢᠳᠠᠯ᠎ᠨᠢ ᠶᠠᠭᠤ ᠪᠣᠶ?
ᠢᠳᠡᠭᠡᠨ᠎ᠤ ᠦᠢ᠍ᠯᠡᠳᠪᠦᠷᠢᠯᠡᠯ ᠡᠵᠡᠩᠨᠡᠯᠲᠡ ᠵᠢᠨ ᠠᠵᠤ ᠠᠬᠤᠶ᠋ᠢᠯᠠᠯ᠎ᠤᠨ ᠢᠲᠡᠭᠡᠮᠵᠢ ᠵᠢᠨ ᠲᠦᠭᠰᠢᠭᠦᠷᠢ ᠵᠢ ᠳᠡᠰ ᠲᠥᠷᠥᠯ ᠬᠤᠪᠢᠶᠠᠨ ᠬᠠᠮᠢᠶᠠᠷᠬᠤ ᠲᠣᠭᠲᠠᠯᠴᠠᠭ᠎ᠠ ᠵᠢ ᠪᠠᠶ᠋ᠢᠭᠤᠯᠵᠤ᠂ ᠵᠠᠬ᠎ᠠ ᠳᠡᠯᠭᠡᠭᠦᠷ᠎ᠤᠨ ᠭᠤᠣᠯ ᠴᠣᠭᠴᠠ ᠵᠢᠨ ᠦᠨᠡᠨᠴᠢ ᠢᠲᠡᠭᠡᠮᠵᠢ ᠵᠢᠨ ᠦᠵᠡᠯ ᠤᠬᠠᠮᠰᠠᠷ ᠢ ᠴᠢᠩᠭ᠋ᠠᠷᠠᠭᠤᠯᠤᠨ᠂ ᠢᠲᠡᠭᠡᠮᠵᠢ ᠲᠠᠢ ᠪᠠᠶ᠋ᠢᠬᠤ ᠵᠢ ᠤᠷᠮᠠᠰᠢᠭᠤᠯᠵᠤ᠂ ᠢᠲᠡᠭᠡᠮᠵᠢ ᠠᠯᠳᠠᠭᠰᠠᠳ᠎ᠢ ᠵᠠᠯᠬᠠᠭ᠋ᠠᠨ ᠴᠡᠭᠡᠷᠯᠡᠭᠦᠯᠵᠦ᠂ ᠢᠳᠡᠭᠡᠨ᠎ᠤ ᠠᠮᠤᠷ ᠲᠦᠪᠰᠢᠨ᠎ᠢ ᠪᠠᠲᠤᠯᠠᠨ᠂ ᠠᠵᠤ ᠦᠢ᠍ᠯᠡᠰ᠎ᠤᠨ ᠡᠷᠡᠭᠦᠯ ᠵᠶ᠋ᠠᠷ ᠬᠥᠭᠵᠢᠬᠦ ᠵᠢ ᠠᠬᠢᠭᠤᠯᠬᠤ ᠵᠢᠨ ᠲᠤᠰᠠᠳᠠ᠂ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ 《ᠪᠠᠭᠤᠯᠭ᠋ᠠᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ᠎ᠢ ᠰᠢᠯᠢᠳᠡᠭᠵᠢᠭᠦᠯᠬᠦ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠶᠣᠰᠣᠭ᠋ᠠᠷ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠢᠳᠡᠭᠡᠨ᠎ᠤ ᠠᠮᠤᠷ ᠲᠦᠪᠰᠢᠨ᠎ᠤ ᠬᠠᠤᠯᠢ》᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠢᠳᠡᠭᠡᠨ᠎ᠤ ᠠᠮᠤᠷ ᠲᠦᠪᠰᠢᠨ᠎ᠤ ᠬᠠᠤᠯᠢ ᠵᠢ ᠬᠡᠷᠡᠭᠵᠢᠭᠦᠯᠬᠦ ᠳᠦᠷᠢᠮ》 《ᠨᠡᠶ᠋ᠢᠭᠡᠮ᠎ᠤᠨ ᠢᠲᠡᠭᠡᠮᠵᠢ ᠵᠢᠨ ᠲᠣᠭᠲᠠᠯᠴᠠᠭ᠎ᠠ ᠵᠢᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ ᠢᠲᠡᠭᠡᠮᠵᠢ᠎ᠪᠠᠷ ᠰᠠᠭᠤᠷᠢ ᠪᠣᠯᠭ᠋ᠠᠭᠰᠠᠨ ᠰᠢᠨ᠎ᠡ ᠬᠡᠯᠪᠡᠷᠢ ᠵᠢᠨ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠪᠠᠶ᠋ᠢᠭᠤᠯᠬᠤ ᠲᠤᠬᠠᠢ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠠᠯᠪᠠᠨ ᠲᠢᠩᠬᠢᠮ᠎ᠤᠨ ᠵᠢᠯᠣᠭᠤᠳᠬᠤ ᠰᠠᠨᠠᠯ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ 《 ᠠᠷᠭ᠎ᠠ》 ᠵᠢ ᠲᠤᠭᠤᠷᠪᠢᠪᠠ ᠃ 《ᠠᠷᠭ᠎ᠠ》᠎ᠨᠢ ᠤᠷᠢᠳ ᠬᠤᠵᠢᠳ ᠡᠯ᠎ᠡ ᠠᠶ᠋ᠢᠮᠠᠭ ᠬᠤᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠴᠢ ᠬᠠᠮᠢᠶ᠎ᠠ ᠪᠥᠬᠦᠶ ᠭᠠᠵᠠᠷ ᠲᠠᠰᠤᠭ᠎ᠠᠴᠠ ᠰᠠᠨᠠᠯ ᠬᠤᠷᠢᠶᠠᠬᠤ᠂ ᠢᠯᠡ᠎ᠪᠠᠷ ᠰᠠᠨᠠᠯ ᠬᠤᠷᠢᠶᠠᠬᠤ᠂ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠬᠤ ᠵᠡᠷᠭᠡ ᠳᠠᠷᠠᠭ᠋ᠠᠯᠠᠯ ᠵᠶ᠋ᠠᠷ ᠳᠠᠮᠵᠢᠭᠤᠯᠤᠨ᠂ ᠬᠠᠤᠯᠢ ᠲᠣᠭᠲᠠᠭ᠋ᠠᠯ᠎ᠤᠨ ᠭᠠᠵᠠᠷ᠎ᠤᠨ ᠬᠠᠤᠯᠢ ᠶᠣᠰᠣᠴᠢ ᠴᠢᠨᠠᠷ᠎ᠢ ᠬᠢᠨᠠᠨ ᠬᠠᠷᠭᠤᠭᠤᠯᠬᠤ᠎ᠪᠠᠷ ᠳᠡᠮᠵᠢᠨ᠂ ᠲᠣᠪᠴᠢᠶᠠᠨ᠎ᠤ ᠶᠠᠪᠤᠳᠠᠯ᠎ᠤᠨ ᠬᠤᠷᠠᠯ ᠵᠶ᠋ᠠᠷ ᠬᠢᠨᠠᠨ ᠵᠥᠪᠯᠡᠭᠦᠯᠵᠦ ᠪᠠᠲᠤᠯᠠᠭᠤᠯᠵᠤ᠂ ᠡᠳᠦᠭᠡ ᠳᠠᠷᠤᠮᠠᠯᠯᠠᠨ ᠲᠠᠷᠬᠠᠭ᠋ᠠᠵᠤ ᠬᠡᠷᠡᠭᠵᠢᠭᠦᠯᠬᠦ᠎ᠪᠠᠷ ᠪᠣᠯᠪᠠ ᠃
(ᠬᠤᠶᠠᠷ) 《ᠠᠷᠭ᠎ᠠ》 ᠵᠢᠨ ᠦᠨᠳᠦᠰᠦᠨ ᠪᠦᠲᠦᠴᠡ ᠪᠠ ᠭᠤᠤᠯ ᠠᠭᠤᠯᠭ᠎ᠠ᠎ᠨᠢ ᠶᠠᠭᠤ ᠪᠣᠶ?
ᠲᠣᠰ 《ᠠᠷᠭ᠎ᠠ》᠎ᠳᠤ ᠶᠡᠷᠦᠩᠬᠡᠶ ᠲᠦᠷᠢᠮ᠂ ᠢᠲᠡᠭᠡᠮᠵᠢ ᠵᠢᠨ ᠲᠠᠩᠰᠠ ᠡᠪᠬᠡᠮᠡᠯ᠂ ᠲᠠᠰ ᠬᠤᠪᠢᠶᠠᠬᠤ ᠪᠠᠷᠢᠮᠵᠢᠶ᠎ᠠ᠂ ᠲᠠᠰ ᠬᠤᠪᠢᠶᠠᠬᠤ ᠳᠠᠷᠠᠭ᠋ᠠᠯᠠᠯ᠂ ᠦᠷ᠎ᠡ ᠳ᠋ᠦᠩ᠎ᠤᠨ ᠬᠡᠷᠡᠭᠯᠡᠯᠲᠡ᠂ ᠳᠠᠭ᠋ᠠᠯᠳᠤᠭᠤᠯᠤᠭᠰᠠᠨ ᠲᠦᠷᠢᠮ ᠵᠡᠷᠭᠡ ᠨᠡᠶ᠋ᠢᠲᠡ ᠵᠢᠷᠭᠤᠭ᠋ᠠᠨ ᠪᠦᠯᠦᠭ ᠬᠤᠷᠢᠨ ᠨᠠᠢ᠍ᠮᠠᠨ ᠵᠣᠷᠪᠣᠰ᠎ᠢ ᠪᠠᠭᠲᠠᠭ᠋ᠠᠪᠠ ᠃
ᠨᠢᠭᠡᠳᠦᠭᠡᠷ ᠪᠦᠯᠦᠭ᠎ᠤᠨ ᠶᠡᠷᠦᠩᠬᠡᠶ ᠲᠦᠷᠢᠮ ᠨᠡᠶ᠋ᠢᠲᠡ 5 ᠵᠣᠷᠪᠣᠰ ᠪᠠᠶ᠋ᠢᠵᠤ᠂ ᠲᠣᠰ ᠠᠷᠭ᠎ᠠ ᠵᠢᠨ ᠵᠣᠷᠢᠯᠭ᠎ᠠ᠂ ᠢᠳᠡᠭᠡᠨ᠎ᠤ ᠠᠮᠤᠷ ᠲᠦᠪᠰᠢᠨ᠎ᠤ ᠢᠲᠡᠭᠡᠮᠵᠢ ᠵᠢᠨ ᠲᠦᠭᠰᠢᠭᠦᠷᠢ ᠵᠢ ᠲᠠᠰ ᠲᠥᠷᠥᠯ ᠬᠤᠪᠢᠶᠠᠨ ᠬᠠᠮᠢᠶᠠᠷᠬᠤ ᠲᠣᠮᠢᠶᠠᠯᠠᠯ᠂ ᠬᠡᠷᠡᠭᠵᠢᠭᠦᠯᠬᠦ ᠰᠠᠯᠠᠭ᠎ᠠ ᠮᠥᠴᠢᠷ ᠪᠠ ᠬᠡᠷᠡᠭᠯᠡᠬᠦ ᠵᠠᠷᠴᠢᠮ ᠵᠡᠷᠭᠡ ᠠᠭᠤᠯᠭ᠎ᠠ᠎ᠨᠤᠭᠤᠳ᠎ᠢ ᠲᠣᠭᠲᠠᠭ᠋ᠠᠪᠠ; ᠬᠤᠶᠠᠳᠤᠭ᠋ᠠᠷ ᠪᠦᠯᠦᠭ᠎ᠤᠨ ᠢᠲᠡᠭᠡᠮᠵᠢ ᠵᠢᠨ ᠲᠠᠩᠰᠠ ᠡᠪᠬᠡᠮᠡᠯ ᠨᠡᠶ᠋ᠢᠲᠡ 3 ᠵᠣᠷᠪᠣᠰ ᠪᠠᠶ᠋ᠢᠵᠤ᠂ ᠭᠤᠤᠯᠳᠠᠭᠤ ᠵᠢᠷᠤᠮ᠎ᠤᠨ ᠢᠳᠡᠭᠡᠨ᠎ᠤ ᠠᠮᠤᠷ ᠲᠦᠪᠰᠢᠨ᠎ᠤ ᠢᠲᠡᠭᠡᠮᠵᠢ ᠵᠢᠨ ᠮᠡᠳᠡᠭᠡ ᠵᠠᠩᠭᠢ ᠵᠢᠨ ᠪᠣᠶ ᠪᠣᠯᠬᠤ᠂ ᠢᠲᠡᠭᠡᠮᠵᠢ ᠵᠢᠨ ᠲᠠᠩᠰᠠ ᠡᠪᠬᠡᠮᠡᠯ᠎ᠤᠨ ᠠᠭᠤᠯᠭ᠎ᠠ ᠵᠢᠴᠢ ᠮᠡᠳᠡᠭᠡ ᠵᠠᠩᠭᠢ ᠵᠢ ᠴᠤᠭᠯᠠᠭᠤᠯᠬᠤ ᠠᠷᠭ᠎ᠠ ᠮᠠᠶᠢᠭ᠎ᠢ ᠲᠤᠳᠤᠷᠬᠠᠢ᠌ᠯᠠᠪᠠ ; ᠭᠤᠷᠪᠠᠳᠤᠭ᠋ᠠᠷ ᠪᠦᠯᠦᠭ᠎ᠤᠨ ᠲᠠᠰ ᠬᠤᠪᠢᠶᠠᠬᠤ ᠪᠠᠷᠢᠮᠵᠢᠶ᠎ᠠ ᠨᠡᠶ᠋ᠢᠲᠡ 4 ᠵᠣᠷᠪᠣᠰ ᠪᠠᠶ᠋ᠢᠵᠤ᠂ ᠢᠳᠡᠭᠡᠨ᠎ᠤ ᠠᠮᠤᠷ ᠲᠦᠪᠰᠢᠨ᠎ᠤ ᠢᠲᠡᠭᠡᠮᠵᠢ ᠵᠢᠨ ᠲᠦᠭᠰᠢᠭᠦᠷᠢ ᠵᠢᠨ ᠵᠡᠷᠭᠡ ᠳᠡᠰ᠎ᠢ ᠲᠣᠭᠲᠠᠭ᠋ᠠᠬᠤ᠂ ᠬᠤᠪᠢ ᠲᠣᠭᠲᠠᠭ᠋ᠠᠬᠤ ᠠᠷᠭ᠎ᠠ᠂ ᠲᠥᠷᠥᠯ ᠢᠯᠭ᠋ᠠᠯ᠎ᠢ ᠬᠤᠪᠢᠶᠠᠷᠢᠯᠠᠬᠤ ᠵᠡᠷᠭᠡ ᠬᠤᠯᠪᠣᠭᠳᠠᠯ ᠪᠦᠬᠦᠢ ᠲᠣᠭᠲᠠᠭ᠋ᠠᠯ᠎ᠤᠳ᠎ᠢ ᠲᠣᠳᠣᠷᠬᠠᠶ᠋ᠢᠯᠠᠪᠠ; ᠳᠥᠷᠪᠡᠳᠦᠭᠡᠷ ᠪᠦᠯᠦᠭ᠎ᠤᠨ ᠳᠡᠰ ᠬᠤᠪᠢᠶᠠᠬᠤ ᠳᠠᠷᠠᠭ᠋ᠠᠯᠠᠯ ᠨᠡᠶ᠋ᠢᠲᠡ 10 ᠵᠣᠷᠪᠣᠰ ᠪᠠᠶ᠋ᠢᠵᠤ᠂ ᠭᠤᠣᠯᠳᠠᠭᠤ ᠢᠲᠡᠭᠡᠮᠵᠢ ᠵᠢᠨ ᠳᠡᠰ ᠲᠣᠭᠲᠠᠭ᠋ᠠᠬᠤ ᠳᠠᠷᠠᠭ᠋ᠠᠯᠠᠯ᠂ ᠳᠡᠰ ᠲᠣᠭᠲᠠᠭ᠋ᠠᠬᠤ ᠪᠠᠷᠢᠮᠵᠢᠶ᠎ᠠ᠂ ᠳᠡᠰ᠎ᠲᠤ ᠲᠣᠬᠢᠷᠠᠭᠤᠯᠤᠭ᠎ᠠ ᠬᠢᠬᠦ ᠵᠡᠷᠭᠡ ᠬᠤᠯᠪᠣᠭᠳᠠᠯ ᠪᠦᠬᠦᠢ ᠲᠣᠭᠲᠠᠭ᠋ᠠᠯ᠎ᠤᠳ᠎ᠢ ᠲᠠᠨᠢᠯᠴᠠᠭᠤᠯᠪᠠ ; ᠲᠠᠪᠤᠳᠤᠭ᠋ᠠᠷ ᠪᠦᠯᠦᠭ᠎ᠤᠨ ᠦᠷ᠎ᠡ ᠳ᠋ᠦᠩ᠎ᠤᠨ ᠬᠡᠷᠡᠭᠯᠡᠯᠲᠡ ᠨᠡᠶ᠋ᠢᠲᠡ 4 ᠵᠣᠷᠪᠣᠰ ᠪᠠᠶ᠋ᠢᠵᠤ᠂ ᠢᠲᠡᠭᠡᠮᠵᠢ ᠵᠢᠨ ᠵᠡᠷᠭᠡ ᠳᠡᠰ᠎ᠢ ᠦᠨᠡᠯᠡᠨ ᠲᠣᠭᠲᠠᠭ᠋ᠠᠭᠰᠠᠨ ᠦᠷ᠎ᠡ ᠳ᠋ᠦᠩ᠎ᠤᠨ ᠬᠠᠮᠢᠶᠠᠷᠤᠯᠲᠠ ᠪᠠ ᠬᠡᠷᠡᠭᠯᠡᠯᠲᠡ ᠵᠢ ᠲᠤᠳᠤᠷᠬᠠᠢ᠌ᠯᠠᠪᠠ ; ᠵᠢᠷᠭᠤᠳᠤᠭ᠋ᠠᠷ ᠪᠦᠯᠦᠭ᠎ᠤᠨ ᠳᠠᠭ᠋ᠠᠯᠳᠤᠭᠤᠯᠤᠭᠰᠠᠨ ᠳᠦᠷᠢᠮ ᠨᠡᠶ᠋ᠢᠲᠡ 2 ᠵᠣᠷᠪᠣᠰ ᠪᠠᠶ᠋ᠢᠵᠤ᠂ ᠲᠤᠰ ᠠᠷᠭ᠎ᠠ ᠵᠢᠨ ᠬᠠᠮᠤᠭ ᠡᠴᠦᠰ ᠤᠨ ᠲᠠᠶ᠋ᠢᠯᠪᠤᠷᠢᠯᠠᠬᠤ ᠡᠷᠬᠡ ᠵᠢ ᠲᠣᠳᠣᠷᠬᠠᠶ᠋ᠢᠯᠠᠨ᠂ ᠠᠷᠭ᠎ᠠ ᠵᠢ ᠬᠡᠷᠡᠭᠵᠢᠭᠦᠯᠬᠦ ᠡᠳᠦᠷ ᠬᠤᠭᠤᠴᠠᠭ᠎ᠠ ᠵᠢ ᠲᠣᠭᠲᠠᠭ᠋ᠠᠪᠠ ᠃
(ᠭᠤᠷᠪᠠ) 《ᠠᠷᠭ᠎ᠠ》 ᠵᠢᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤ ᠬᠢᠭᠡᠳ ᠡᠯ᠎ᠡ ᠠᠶ᠋ᠢᠮᠠᠭ ᠬᠤᠲᠠ ᠵᠢᠨ ᠱᠠᠲᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ᠎ᠤᠨ ᠲᠤᠬᠠᠶ ᠲᠣᠭᠲᠠᠭ᠋ᠠᠯ᠎ᠨᠢ ᠶᠠᠮᠠᠷ ᠪᠣᠶ?
《ᠠᠷᠭ᠎ᠠ》᠎ᠳᠤ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠠᠴᠠ ᠲᠣᠰ ᠠᠵᠢᠯ᠎ᠢ ᠵᠣᠬᠢᠶᠠᠨ ᠪᠠᠶ᠋ᠢᠭᠤᠯᠤᠨ ᠵᠣᠬᠢᠴᠠᠭᠤᠯᠬᠤ ᠪᠠ ᠬᠢᠨᠠᠯᠲᠠ ᠲᠠᠯᠪᠢᠵᠤ ᠵᠢᠯᠣᠭᠤᠳᠬᠤ ᠵᠢ ᠬᠠᠷᠢᠭᠤᠴᠠᠵᠤ᠂ ᠭᠤᠤᠯᠳᠠᠭᠤ ᠪᠥᠬᠦ ᠣᠷᠣᠨ᠎ᠤ ᠢᠳᠡᠭᠡᠨ᠎ᠤ ᠠᠮᠤᠷ ᠲᠦᠪᠰᠢᠨ᠎ᠤ ᠢᠲᠡᠭᠡᠮᠵᠢ ᠵᠢᠨ ᠲᠦᠭᠰᠢᠭᠦᠷᠢ ᠵᠢ ᠲᠠᠰ ᠲᠥᠷᠥᠯ ᠬᠤᠪᠢᠶᠠᠨ ᠬᠠᠮᠢᠶᠠᠷᠬᠤ ᠠᠵᠢᠯ᠎ᠤᠨ ᠵᠢᠷᠤᠮᠵᠢᠯ᠎ᠢ ᠲᠣᠭᠲᠠᠭ᠋ᠠᠬᠤ ᠵᠢᠨ ᠬᠠᠮᠲᠤ ᠪᠥᠬᠦ ᠣᠷᠣᠨ᠎ᠤ ᠢᠳᠡᠭᠡᠨ᠎ᠤ ᠦᠢ᠍ᠯᠡᠳᠪᠦᠷᠢᠯᠡᠯ ᠡᠵᠡᠩᠨᠡᠯᠲᠡ ᠵᠢᠨ ᠠᠵᠤ ᠠᠬᠤᠶ᠋ᠢᠯᠠᠯ᠎ᠤᠨ ᠢᠲᠡᠭᠡᠮᠵᠢ ᠵᠢᠨ ᠲᠥᠷᠥᠯ ᠢᠯᠭ᠋ᠠᠯ᠎ᠢ ᠦᠨᠡᠯᠡᠨ ᠲᠣᠭᠲᠠᠭ᠋ᠠᠬᠤ᠂ ᠲᠦᠭᠰᠢᠭᠦᠷᠢ ᠵᠢ ᠲᠥᠷᠥᠯ ᠬᠤᠪᠢᠶᠠᠨ ᠬᠠᠮᠢᠶᠠᠷᠬᠤ᠂ ᠮᠡᠳᠡᠭᠡ ᠵᠠᠩᠭᠢ ᠵᠢ ᠬᠠᠮᠲᠤ᠎ᠳᠤ᠎ᠪᠠᠨ ᠭᠥᠷᠳᠡᠬᠦ ᠪᠠ ᠬᠤᠯᠪᠣᠭ᠋ᠠᠯᠠᠨ ᠵᠠᠯᠬᠠᠭ᠋ᠠᠨ ᠴᠡᠭᠡᠷᠯᠡᠭᠦᠯᠬᠦ ᠠᠵᠢᠯ᠎ᠳᠤ ᠬᠢᠨᠠᠯᠲᠠ ᠲᠠᠯᠪᠢᠨ ᠵᠢᠯᠣᠭᠤᠳᠤᠨ᠎ᠠ; ᠠᠶ᠋ᠢᠮᠠᠭ ᠬᠤᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠲᠣᠰ ᠠᠵᠢᠯ᠎ᠢ ᠬᠠᠷᠢᠭᠤᠴᠠᠨ ᠬᠡᠷᠡᠭᠵᠢᠭᠦᠯᠵᠦ᠂ ᠭᠤᠤᠯᠳᠠᠭᠤ ᠦᠨᠡᠯᠡᠨ ᠲᠣᠭᠲᠠᠭ᠋ᠠᠭᠰᠠᠨ ᠦᠷ᠎ᠡ ᠳ᠋ᠦᠩ᠎ᠢ ᠳᠠᠬᠢᠨ ᠬᠢᠨᠠᠬᠤ᠂ ᠬᠤᠷᠢᠶᠠᠩᠭᠤᠶ᠋ᠢᠯᠠᠬᠤ ᠪᠠ ᠦᠷ᠎ᠡ ᠳ᠋ᠦᠩ᠎ᠤᠨ ᠬᠡᠷᠡᠭᠯᠡᠯᠲᠡ ᠵᠢ ᠬᠠᠷᠢᠭᠤᠴᠠᠨ᠎ᠠ᠃
(ᠲᠦᠷᠪᠡ) 《ᠠᠷᠭ᠎ᠠ》᠎ᠨᠢ ᠢᠳᠡᠭᠡᠨ᠎ᠤ ᠦᠢ᠍ᠯᠡᠳᠪᠦᠷᠢᠯᠡᠯ ᠡᠵᠡᠩᠨᠡᠯᠲᠡ ᠵᠢᠨ ᠢᠳᠡᠭᠡᠨ᠎ᠤ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠬᠦᠷᠢᠶᠡᠨ᠎ᠳᠤ ᠶᠠᠮᠠᠷ ᠶᠠᠮᠠᠷ ᠢᠳᠡᠪᠬᠢ ᠦᠢ᠍ᠯᠡᠳᠦᠯ ᠦᠵᠡᠭᠦᠯᠬᠦ ᠪᠤᠢ?
《ᠠᠷᠭ᠎ᠠ》᠎ᠨᠢ ᠪᠥᠬᠦ ᠣᠷᠣᠨ᠎ᠤ ᠬᠡᠪᠴᠢᠶᠡᠨ᠎ᠳᠤ ᠢᠳᠡᠭᠡᠨ᠎ᠤ ᠦᠢ᠍ᠯᠡᠳᠪᠦᠷᠢᠯᠡᠯ ᠡᠵᠡᠩᠨᠡᠯᠲᠡ ᠵᠢᠨ ᠠᠵᠤ ᠠᠬᠤᠶ᠋ᠢᠯᠠᠯ᠎ᠳᠤ ᠢᠳᠡᠭᠡᠨ᠎ᠤ ᠠᠮᠤᠷ ᠲᠦᠪᠰᠢᠨ᠎ᠤ ᠢᠲᠡᠭᠡᠮᠵᠢ ᠵᠢᠨ ᠲᠦᠭᠰᠢᠭᠦᠷᠢ ᠵᠢ ᠲᠠᠰ ᠲᠥᠷᠥᠯ ᠬᠤᠪᠢᠶᠠᠨ ᠬᠠᠮᠢᠶᠠᠷᠬᠤ ᠵᠢ ᠥᠷᠨᠢᠭᠦᠯᠵᠦ᠂ ᠨᠢᠭᠡ ᠲᠠᠯ᠎ᠠ᠎ᠪᠠᠷ ᠢᠲᠡᠭᠡᠮᠵᠢ᠎ᠪᠠᠷ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢ ᠠᠬᠢᠭᠤᠯᠵᠤ᠂ ᠠᠵᠤ ᠠᠬᠤᠶ᠋ᠢᠯᠠᠯ᠎ᠤᠨ ᠢᠲᠡᠭᠡᠮᠵᠢ ᠵᠢᠨ ᠲᠦᠭᠰᠢᠭᠦᠷᠢ ᠵᠢ ᠲᠠᠰ ᠲᠥᠷᠥᠯ ᠬᠤᠪᠢᠶᠠᠨ ᠬᠠᠮᠢᠶᠠᠷᠬᠤ ᠵᠢ ᠠᠬᠢᠭᠤᠯᠤᠨ᠂ ᠦᠨᠳᠦᠰᠦᠨ᠎ᠠᠴᠠ᠎ᠨᠢ ᠵᠠᠰᠠᠬᠤ ᠣᠷᠳᠣ ᠬᠤᠭᠤᠴᠠᠭ᠋ᠠᠨ᠎ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠪᠠᠶ᠋ᠢᠭᠤᠯᠵᠤ᠂ ᠬᠢᠨᠠᠯᠲᠠ ᠬᠠᠮᠢᠶᠠᠷᠤᠯᠲᠠ ᠵᠢᠨ ᠡᠬᠢ ᠪᠠᠶᠠᠯᠢᠭ᠎ᠢ ᠵᠦᠶ ᠵᠣᠬᠢᠰᠲᠠᠶ ᠳᠣᠭᠢᠷᠠᠭᠤᠯᠬᠤ ᠪᠠ ᠥᠨᠳᠥᠷ ᠪᠦᠲᠦᠮᠵᠢᠲᠡᠶ᠎ᠪᠠᠷ ᠠᠰᠢᠭᠯᠠᠬᠤ ᠵᠢ ᠪᠡᠶᠡᠯᠡᠭᠦᠯᠦᠨ᠎ᠡ; ᠨᠥᠭᠦᠭᠡ ᠲᠠᠯ᠎ᠠ᠎ᠪᠠᠷ ᠢᠳᠡᠭᠡᠨ᠎ᠤ ᠠᠮᠤᠷ ᠲᠦᠪᠰᠢᠨ᠎ᠤ ᠲᠦᠭᠰᠢᠭᠦᠷᠢ ᠵᠢᠨ ᠡᠵᠡᠮᠳᠡᠯ᠎ᠢ ᠴᠢᠩᠭ᠋ᠠᠳᠬᠠᠵᠤ᠂ ᠨᠠᠷᠢᠯᠢᠭ ᠣᠨᠣᠴᠠᠲᠠᠶ᠎ᠪᠠᠷ ᠬᠢᠨᠠᠨ ᠬᠠᠮᠢᠶᠠᠷᠬᠤ᠂ ᠪᠦᠲᠦᠮᠵᠢᠲᠡᠶ ᠬᠢᠨᠠᠨ ᠬᠠᠮᠢᠶᠠᠷᠬᠤ᠂ ᠣᠶᠣᠨᠲᠤ᠎ᠪᠠᠷ ᠬᠢᠨᠠᠨ ᠬᠠᠮᠢᠶᠠᠷᠬᠤ ᠂ ᠲᠥᠪ ᠭᠤᠤᠯᠴᠢ᠎ᠪᠠᠷ ᠬᠢᠨᠠᠨ ᠬᠠᠮᠢᠶᠠᠷᠬᠤ ᠵᠢ ᠠᠬᠢᠭᠤᠯᠬᠤ ᠮᠥᠷᠲᠡᠭᠡᠨ ᠢᠳᠡᠭᠡᠨ᠎ᠤ ᠦᠢ᠍ᠯᠡᠳᠪᠦᠷᠢᠯᠡᠯ ᠡᠵᠡᠩᠨᠡᠯᠲᠡ ᠵᠢᠨ ᠬᠦᠷᠢᠶᠡᠨ᠎ᠳᠠᠬᠢ ᠬᠢᠨᠠᠯᠲᠠ ᠬᠠᠮᠢᠶᠠᠷᠤᠯᠲᠠ ᠵᠢᠨ ᠦᠢ᠍ᠯᠡᠳᠦᠯ ᠴᠢᠳᠠᠪᠤᠷᠢ ᠵᠢ ᠪᠥᠬᠦ ᠲᠠᠯ᠎ᠠ᠎ᠪᠠᠷ ᠳᠡᠭᠡᠭᠰᠢᠯᠡᠭᠦᠯᠬᠦ ᠪᠣᠯᠣᠨ᠎ᠠ ᠃
(ᠲᠠᠪᠤ) 《ᠠᠷᠭ᠎ᠠ》 ᠵᠢ ᠬᠡᠵᠢᠶ᠎ᠡ᠎ᠠᠴᠠ ᠡᠬᠢᠯᠡᠨ ᠬᠡᠷᠡᠭᠵᠢᠭᠦᠯᠬᠦ ᠪᠤᠢ?
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠬᠠᠮᠢᠶᠠᠷᠤᠯᠲᠠ ᠵᠢᠨ ᠠᠷᠭ᠎ᠠ》 ᠵᠢᠨ ᠱᠠᠭ᠋ᠠᠷᠳᠠᠯᠭ᠎ᠠ ᠵᠢ ᠦᠨᠳᠦᠰᠦᠯᠡᠨ᠂ ᠵᠠᠰᠠᠭ ᠵᠠᠬᠢᠷᠭ᠋ᠠᠨ᠎ᠤ ᠬᠠᠷᠢᠴᠠᠩᠭᠤᠢ ᠬᠥᠮᠦᠨ ᠵᠢᠴᠢ ᠨᠡᠶ᠋ᠢᠭᠡᠮ ᠨᠡᠶ᠋ᠢᠲᠡ᠎ᠳᠤ 《ᠠᠷᠭ᠎ᠠ》 ᠵᠢᠨ ᠬᠠᠮᠢᠶ᠎ᠠ ᠪᠦᠬᠦᠢ ᠲᠣᠭᠲᠠᠭ᠋ᠠᠯ᠎ᠢ ᠭᠦᠢ᠍ᠴᠡᠳ ᠮᠡᠳᠡᠭᠦᠯᠬᠦ ᠵᠢ ᠪᠠᠲᠤᠯᠠᠬᠤ ᠵᠢᠨ ᠲᠤᠰᠠᠳᠠ ᠂ 《ᠠᠷᠭ᠎ᠠ》 ᠵᠢ 2025 ᠣᠨ᠎ᠤ 3 ᠳ᠋ᠤᠭ᠋ᠠᠷ ᠰᠠᠷ᠎ᠠ ᠵᠢᠨ 1᠎ᠤ ᠡᠳᠦᠷ ᠡᠬᠢᠯᠡᠨ ᠬᠡᠷᠡᠭᠵᠢᠭᠦᠯᠬᠦ᠎ᠪᠠᠷ ᠲᠣᠭᠲᠠᠭ᠋ᠠᠪᠠ᠃
ᠤᠤᠯ ᠵᠣᠬᠢᠶᠠᠯ᠎ᠤᠨ ᠬᠠᠶᠢᠭ ᠄ http://amr.nmg.gov.cn/zfxxgk/fdzdgknr/gfxwj/spjg/202501/t20250108_2649925.html