ᠦᠰᠦᠭ ᠪᠢᠴᠢᠭ ᠵᠶ᠋ᠡᠷ ᠦᠭᠦᠯᠡᠬᠦᠢ᠄ 《ᠰᠤᠷᠭ᠋ᠠᠭᠤᠯᠢ ᠵᠢᠨ ᠭᠠᠳᠠᠨᠠᠬᠢ ᠬᠤᠭᠤᠯᠠ ᠬᠠᠩᠭ᠋ᠠᠯᠭ᠎ᠠ ᠵᠢᠨ ᠢᠳᠡᠭᠡᠨ᠎ᠤ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠠᠵᠢᠯ᠎ᠢ ᠴᠢᠩᠭ᠋ᠠᠳᠬᠠᠬᠤ ᠲᠤᠬᠠᠶ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠰᠤᠷᠭ᠋ᠠᠨ ᠬᠥᠮᠦᠵᠢᠯ᠎ᠤᠨ ᠲᠢᠩᠬᠢᠮ᠎ᠤᠨ ᠮᠡᠳᠡᠭᠳᠡᠯ》
2025-01-23

     ᠨᠢᠭᠡ᠂ 《ᠰᠤᠷᠭ᠋ᠠᠭᠤᠯᠢ ᠵᠢᠨ ᠭᠠᠳᠠᠨᠠᠬᠢ ᠬᠤᠭᠤᠯᠠ  ᠬᠠᠩᠭ᠋ᠠᠯᠭ᠎ᠠ ᠵᠢᠨ  ᠢᠳᠡᠭᠡᠨ᠎ᠤ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠠᠵᠢᠯ᠎ᠢ ᠴᠢᠩᠭ᠋ᠠᠳᠬᠠᠬᠤ ᠲᠤᠬᠠᠶ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ   ᠰᠤᠷᠭ᠋ᠠᠨ ᠬᠥᠮᠦᠵᠢᠯ᠎ᠤᠨ ᠲᠢᠩᠬᠢᠮ᠎ᠤᠨ ᠮᠡᠳᠡᠭᠳᠡᠯ》 (ᠳᠣᠷᠣᠭᠰᠢ 《ᠮᠡᠳᠡᠭᠳᠡᠯ》 ᠭᠡᠵᠦ ᠲᠣᠪᠴᠢᠯᠠᠨ᠎ᠠ)᠎ᠢ ᠨᠡᠶ᠋ᠢᠲᠡᠯᠡᠭᠰᠡᠨ ᠠᠬᠤᠶ ᠪᠠᠶ᠋ᠢᠳᠠᠯ ᠪᠠ ᠦᠨᠳᠦᠰᠦᠯᠡᠯ

     ᠣᠳᠣᠬᠠᠨ᠎ᠳᠤ᠂ ᠪᠥᠬᠦ ᠣᠷᠣᠨ᠎ᠳᠤ ᠰᠤᠷᠭ᠋ᠠᠭᠤᠯᠢ ᠵᠢᠨ ᠭᠠᠳᠠᠨᠠᠬᠢ ᠬᠤᠭᠤᠯᠠ ᠬᠠᠩᠭ᠋ᠠᠬᠤ  ᠨᠢᠭᠡᠴᠢ 9 ᠪᠠᠶ᠋ᠢᠵᠤ᠂ ᠰᠤᠷᠭ᠋ᠠᠭᠤᠯᠢ ᠵᠢᠨ ᠭᠠᠳᠠᠨᠠᠬᠢ ᠬᠤᠭᠤᠯᠠ ᠲᠣᠬᠢᠷᠠᠭᠤᠯᠬᠤ ᠦᠢ᠍ᠯᠡᠴᠢᠯᠡᠭᠡ ᠵᠢ ᠬᠦᠯᠢᠶᠡᠭᠰᠡᠨ ᠰᠤᠷᠭ᠋ᠠᠭᠤᠯᠢ ᠨᠡᠶ᠋ᠢᠲᠡ 19 ᠪᠠᠶ᠋ᠢᠵᠤ᠂ ᠡᠳᠦᠷ ᠪᠦᠷᠢ ᠵᠢᠨ  ᠬᠤᠭᠤᠯᠠᠯᠠᠬᠤ ᠰᠣᠷᠣᠭᠴᠢ 8765 ᠬᠥᠮᠦᠨ ᠪᠣᠢ᠂ ᠬᠤᠭᠤᠯᠠ ᠬᠠᠩᠭ᠋ᠠᠵᠤ ᠲᠣᠬᠢᠷᠠᠭᠤᠯᠤᠨ ᠬᠦᠷᠭᠡᠬᠦ ᠬᠡᠮᠵᠢᠶ᠎ᠡ ᠶᠡᠭᠡ᠂ ᠰᠤᠷᠭ᠋ᠠᠭᠤᠯᠢ ᠵᠢᠨ ᠭᠠᠳᠠᠨᠠᠬᠢ ᠬᠤᠭᠤᠯᠠ ᠬᠠᠩᠭ᠋ᠠᠬᠤ ᠨᠢᠭᠡᠴᠢ ᠵᠢᠨ ᠢᠳᠡᠭᠡᠨ᠎ᠤ ᠠᠮᠤᠷ ᠲᠦᠪᠰᠢᠨ᠎ᠤ ᠠᠰᠠᠭᠤᠳᠠᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠬᠦ ᠬᠡᠷᠡᠭᠲᠡᠢ  ᠪᠠᠶ᠋ᠢᠨ᠎ᠠ᠃ ᠰᠤᠷᠭ᠋ᠠᠭᠤᠯᠢ ᠵᠢᠨ ᠭᠠᠳᠠᠨᠠᠬᠢ ᠬᠤᠭᠤᠯᠠ ᠬᠠᠩᠭ᠋ᠠᠬᠤ ᠨᠢᠭᠡᠴᠢ ᠵᠢᠨ  ᠢᠳᠡᠭᠡᠨ᠎ᠤ ᠠᠮᠤᠷ ᠲᠦᠪᠰᠢᠨ᠎ᠢ ᠤᠯᠠᠮ ᠨᠢᠭᠡ ᠠᠯᠬᠤᠮ ᠪᠠᠲᠤᠯᠠᠬᠤ ᠵᠢᠨ ᠲᠤᠰᠠᠳᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ  ᠢᠳᠡᠭᠡᠨ᠎ᠤ ᠠᠮᠤᠷ ᠲᠦᠪᠰᠢᠨ᠎ᠤ ᠠᠯᠪᠠᠨ ᠬᠡᠷ ᠵᠡᠷᠭᠡ ᠲᠠᠪᠤᠨ ᠶᠠᠮᠤᠨ ᠵᠥᠪᠯᠡᠯ᠎ᠤᠨ ᠬᠠᠮᠲᠤᠷᠠᠨ ᠳᠠᠷᠤᠮᠠᠯᠯᠠᠨ ᠲᠠᠷᠬᠠᠭ᠋ᠠᠭᠰᠠᠨ 《ᠰᠤᠷᠭ᠋ᠠᠭᠤᠯᠢ ᠵᠢᠨ ᠬᠦᠷᠢᠶᠡᠨ᠎ᠤ  ᠢᠳᠡᠭᠡᠨ᠎ᠤ ᠠᠮᠤᠷ ᠲᠦᠪᠰᠢᠨ᠎ᠢ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠵᠢᠨ ᠬᠡᠷᠡᠭᠵᠢᠭᠦᠯᠬᠦ ᠲᠥᠰᠦᠯ》᠂ 《ᠰᠤᠷᠭ᠋ᠠᠭᠤᠯᠢ ᠵᠢᠨ ᠭᠠᠳᠠᠨᠠᠬᠢ ᠬᠣᠭᠣᠯᠠ ᠬᠠᠩᠭ᠋ᠠᠯᠭ᠎ᠠ ᠵᠢᠨ ᠢᠳᠡᠭᠡᠨ᠎ᠤ ᠠᠮᠤᠷ ᠲᠦᠪᠰᠢᠨ᠎ᠤ ᠬᠠᠮᠢᠶᠠᠷᠤᠯᠲᠠ ᠵᠢᠨ ᠠᠵᠢᠯ᠎ᠢ ᠴᠢᠩᠭ᠋ᠠᠳᠬᠠᠬᠤ ᠲᠤᠬᠠᠶ ᠰᠤᠷᠭ᠋ᠠᠨ ᠬᠥᠮᠦᠵᠢᠯ᠎ᠤᠨ ᠶᠠᠮᠤᠨ᠎ᠤ ᠠᠯᠪᠠᠨ ᠲᠢᠩᠬᠢᠮ᠎ᠤᠨ ᠮᠡᠳᠡᠭᠳᠡᠯ》 ᠵᠡᠷᠭᠡ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠮᠠᠨ᠎ᠤ ᠣᠷᠣᠨ᠎ᠤ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠰᠤᠷᠭ᠋ᠠᠨ ᠬᠥᠮᠦᠵᠢᠯ᠎ᠤᠨ ᠲᠢᠩᠬᠢᠮ ᠬᠠᠮᠲᠤᠷᠠᠨ 《ᠰᠤᠷᠭ᠋ᠠᠭᠤᠯᠢ ᠵᠢᠨ ᠭᠠᠳᠠᠨᠠᠬᠢ ᠬᠤᠭᠤᠯᠠ ᠬᠠᠩᠭ᠋ᠠᠯᠭ᠎ᠠ ᠵᠢᠨ  ᠢᠳᠡᠭᠡᠨ᠎ᠤ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠠᠵᠢᠯ᠎ᠢ ᠴᠢᠩᠭ᠋ᠠᠳᠬᠠᠬᠤ ᠲᠤᠬᠠᠶ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ    ᠰᠤᠷᠭ᠋ᠠᠨ ᠬᠦᠮᠦᠵᠢᠯ᠎ᠤᠨ ᠲᠢᠩᠬᠢᠮ᠎ᠤᠨ  ᠮᠡᠳᠡᠭᠳᠡᠯ》᠎ᠢ ᠲᠤᠭᠤᠷᠪᠢᠪᠠ᠃ 《ᠮᠡᠳᠡᠭᠳᠡᠯ》᠎ᠢ ᠤᠷᠢᠳ ᠬᠤᠵᠢᠳ ᠰᠤᠷᠭ᠋ᠠᠨ ᠬᠥᠮᠦᠵᠢᠯ᠎ᠤᠨ ᠲᠢᠩᠬᠢᠮ᠂ ᠡᠯ᠎ᠡ ᠠᠶ᠋ᠢᠮᠠᠭ ᠬᠤᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠠᠴᠠ ᠰᠠᠨᠠᠯ ᠬᠤᠷᠢᠶᠠᠬᠤ᠂ ᠢᠯᠡ᠎ᠪᠠᠷ ᠰᠠᠨᠠᠯ ᠬᠤᠷᠢᠶᠠᠬᠤ᠂ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠬᠤ ᠵᠡᠷᠭᠡ  ᠳᠠᠷᠠᠭ᠋ᠠᠯᠠᠯ ᠵᠶ᠋ᠠᠷ ᠳᠠᠮᠵᠢᠭᠤᠯᠤᠨ ᠂ ᠬᠠᠤᠯᠢ ᠲᠣᠭᠲᠠᠭ᠋ᠠᠯ᠎ᠤᠨ ᠭᠠᠵᠠᠷ᠎ᠤᠨ ᠬᠠᠤᠯᠢ ᠶᠣᠰᠣᠴᠢ ᠴᠢᠨᠠᠷ᠎ᠤᠨ ᠬᠢᠨᠠᠨ ᠬᠠᠷᠭᠤᠭᠤᠯᠤᠯᠲᠠ᠎ᠪᠠᠷ ᠪᠠᠲᠤᠯᠠᠭᠳᠠᠵᠤ ᠂ ᠲᠣᠪᠴᠢᠶᠠᠨ᠎ᠤ  ᠶᠠᠪᠤᠳᠠᠯ᠎ᠤᠨ ᠬᠤᠷᠠᠯ ᠵᠶ᠋ᠠᠷ ᠬᠢᠨᠠᠨ ᠵᠥᠪᠯᠡᠭᠦᠯᠵᠦ ᠪᠠᠲᠤᠯᠠᠭᠤᠯᠵᠤ᠂ ᠳᠠᠷᠤᠮᠠᠯᠯᠠᠨ ᠲᠠᠷᠬᠠᠭ᠋ᠠᠵᠤ ᠬᠡᠷᠡᠭᠵᠢᠭᠦᠯᠬᠦ ᠵᠢ ᠵᠥᠪᠰᠢᠶᠡᠷᠡᠪᠡ᠃

     ᠬᠤᠶᠠᠷ᠂ 《ᠮᠡᠳᠡᠭᠳᠡᠯ》᠎ᠢ ᠲᠣᠭᠲᠠᠭ᠋ᠠᠭᠰᠠᠨ ᠵᠠᠷᠴᠢᠮ

     《ᠮᠡᠳᠡᠭᠳᠡᠯ》᠎ᠳᠤ 《ᠬᠠᠤᠯᠢ ᠲᠣᠭᠲᠠᠭ᠋ᠠᠯ᠎ᠳᠤ ᠨᠡᠶ᠋ᠢᠴᠡᠬᠦ᠂ ᠠᠮᠤᠷ ᠲᠦᠪᠰᠢᠨ ᠪᠥᠭᠡᠳ ᠨᠠᠶ᠋ᠢᠳᠠᠪᠤᠷᠢᠲᠠᠶ ᠪᠠᠶ᠋ᠢᠬᠤ᠂ ᠳᠥᠭᠦᠮ ᠳᠥᠲᠡ ᠪᠥᠭᠡᠳ ᠥᠨᠳᠥᠷ ᠪᠦᠲᠦᠮᠵᠢᠲᠡᠶ ᠪᠠᠶ᠋ᠢᠬᠤ》  ᠲᠣᠭᠲᠠᠭ᠋ᠠᠬᠤ ᠵᠠᠷᠴᠢᠮ᠎ᠢ ᠵᠢᠷᠤᠮᠯᠠᠨ᠂ ᠪᠥᠬᠦ ᠣᠷᠣᠨ᠎ᠤ ᠰᠤᠷᠭ᠋ᠠᠭᠤᠯᠢ ᠵᠢᠨ ᠭᠠᠳᠠᠨᠠᠬᠢ ᠬᠤᠭᠤᠯᠠ ᠬᠠᠩᠭ᠋ᠠᠬᠤ ᠡᠵᠡᠩᠨᠡᠯᠲᠡ ᠵᠢᠨ ᠠᠵᠢᠯᠯᠠᠭ᠎ᠠ ᠵᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠤᠭᠤᠯᠠ ᠵᠠᠬᠢᠶᠠᠯᠠᠬᠤ ᠰᠤᠷᠭ᠋ᠠᠭᠤᠯᠢ ᠪᠠ ᠰᠤᠷᠭ᠋ᠠᠭᠤᠯᠢ ᠵᠢᠨ ᠭᠠᠳᠠᠨᠠᠬᠢ ᠬᠤᠭᠤᠯᠠ ᠬᠠᠩᠭ᠋ᠠᠬᠤ ᠨᠢᠭᠡᠴᠢ ᠵᠢᠨ  ᠢᠳᠡᠭᠡᠨ᠎ᠤ ᠠᠮᠤᠷ ᠲᠦᠪᠰᠢᠨ᠎ᠤ ᠭᠤᠤᠯ ᠴᠣᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ᠂ ᠬᠠᠷᠢᠶ᠎ᠠ ᠭᠠᠵᠠᠷ ᠪᠠ ᠰᠠᠯᠠᠭ᠎ᠠ ᠮᠥᠴᠢᠷ᠎ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠵᠢ ᠴᠢᠩᠭ᠋ᠠᠷᠠᠭᠤᠯᠵᠤ᠂ ᠢᠳᠡᠭᠡᠨ᠎ᠤ ᠠᠮᠤᠷ ᠲᠦᠪᠰᠢᠨ᠎ᠤ ᠲᠦᠭᠰᠢᠭᠦᠷᠢ ᠵᠢ ᠪᠦᠲᠦᠮᠵᠢᠲᠡᠶ ᠰᠡᠷᠭᠡᠢ᠌ᠯᠡᠬᠦ ᠪᠣᠯᠣᠨ᠎ᠠ ᠃

     ᠭᠤᠷᠪᠠ᠂ ᠲᠠᠢ᠌ᠯᠤᠮᠵᠢ ᠬᠢᠬᠦ  ᠬᠡᠯᠪᠡᠷᠢ ᠪᠠ ᠠᠷᠭ᠎ᠠ ᠵᠠᠮ

     ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶᠠᠨ᠎ᠤ ᠬᠠᠷᠢᠭᠤᠴᠠᠯᠭ᠋ᠠᠲᠠᠳ  ᠰᠦᠯᠵᠢᠶᠡᠨ ᠳᠡᠭᠡᠷ᠎ᠡ ᠰᠣᠷᠪᠣᠯᠵᠢᠯᠠᠯ ᠬᠢᠬᠦ ᠂ ᠵᠠᠭᠤᠴᠢᠯᠠᠭᠤᠷ᠎ᠤᠨ ᠰᠤᠷᠪᠤᠯᠵᠢᠯᠠᠭ᠎ᠠ ᠵᠢ ᠬᠦᠯᠢᠶᠡᠬᠦ ᠵᠡᠷᠭᠡ ᠬᠡᠯᠪᠡᠷᠢ᠎ᠪᠠᠷ ᠳᠠᠮᠵᠢᠭᠤᠯᠤᠨ ᠲᠠᠶ᠋ᠢᠯᠤᠮᠵᠢ ᠬᠢᠨ᠎ᠡ ᠃ ᠵᠠᠰᠠᠭ᠎ᠤᠨ ᠣᠷᠳᠣᠨ᠎ᠤ ᠰᠦᠯᠵᠢᠶ᠎ᠡ᠂ ᠰᠣᠨᠢᠨ ᠮᠡᠳᠡᠭᠡᠨ᠎ᠤ ᠰᠦᠯᠵᠢᠶ᠎ᠡ᠂ ᠷᠠᠳᠢᠣ᠋ ᠨᠡᠪᠲᠡᠷᠡᠭᠦᠯᠭᠡ ᠲᠧᠯᠸᠢᠰ᠂ ᠰᠣᠨᠢᠨ ᠰᠡᠳᠬᠦᠯ᠂ ᠮᠥᠩᠬᠡ ᠰᠤᠪᠠᠭ ᠵᠡᠷᠭᠡ ᠠᠷᠭ᠎ᠠ ᠵᠠᠮ ᠵᠶ᠋ᠠᠷ ᠠᠰᠠᠭᠤᠯᠲᠠ ᠬᠠᠷᠢᠭᠤᠯᠲᠠ ᠵᠢᠨ ᠬᠡᠯᠪᠡᠷᠢ᠎ᠪᠠᠷ ᠰᠦᠯᠵᠢᠶᠡᠨ᠎ᠳᠤ ᠭᠠᠷᠭ᠋ᠠᠨ ᠲᠠᠢ᠌ᠯᠤᠮᠵᠢ ᠬᠢᠵᠦ ᠂ ᠮᠡᠳᠡᠭᠡ ᠵᠠᠩᠭᠢ ᠵᠢ ᠬᠦᠯᠢᠶᠡᠨ ᠠᠪᠤᠭᠴᠢᠳ᠎ᠤᠨ ᠲᠠᠯ᠎ᠠ ᠵᠢ ᠥᠷᠭᠡᠳᠬᠡᠨ᠎ᠡ᠃

     ᠳᠥᠷᠪᠡ᠂  ᠲᠠᠢ᠌ᠯᠤᠮᠵᠢ ᠬᠢᠬᠦ ᠴᠠᠭ

     ᠪᠢᠴᠢᠭ ᠮᠠᠲ᠋ᠧᠷᠢᠶᠠᠯ᠎ᠢ ᠳᠠᠷᠤᠮᠠᠯᠯᠠᠭᠰᠠᠨ᠎ᠤ ᠨᠢᠭᠡ ᠭᠠᠷᠠᠭ᠎ᠤᠨ ᠳᠠᠷᠠᠭ᠎ᠠ ᠢᠯᠡ ᠪᠣᠯᠭ᠋ᠠᠨ᠎ᠠ᠃

     ᠲᠠᠪᠤ᠂  ᠲᠠᠢ᠌ᠯᠤᠮᠵᠢ ᠬᠢᠬᠦ  ᠲᠤᠪᠴᠢ

     (ᠨᠢᠭᠡ) 《ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠭᠰᠠᠨ ᠠᠬᠤᠢ ᠪᠠᠶ᠋ᠢᠳᠠᠯ᠎ᠨᠢ ᠶᠠᠭᠤ ᠪᠣᠢ?

     ᠣᠳᠣᠬᠠᠨ᠎ᠳᠤ᠂ ᠪᠥᠬᠦ ᠣᠷᠣᠨ᠎ᠳᠤ ᠰᠤᠷᠭ᠋ᠠᠭᠤᠯᠢ ᠵᠢᠨ ᠭᠠᠳᠠᠨᠠᠬᠢ ᠬᠤᠭᠤᠯᠠ ᠬᠠᠩᠭ᠋ᠠᠬᠤ ᠨᠢᠭᠡᠴᠢ 9 ᠪᠠᠶ᠋ᠢᠵᠤ᠂ ᠰᠤᠷᠭ᠋ᠠᠭᠤᠯᠢ ᠵᠢᠨ ᠭᠠᠳᠠᠨᠠᠬᠢ ᠬᠤᠭᠤᠯᠠ ᠲᠣᠬᠢᠷᠠᠭᠤᠯᠬᠤ ᠦᠢ᠍ᠯᠡᠴᠢᠯᠡᠭᠡ ᠵᠢ ᠬᠦᠯᠢᠶᠡᠭᠰᠡᠨ ᠰᠤᠷᠭ᠋ᠠᠭᠤᠯᠢ ᠨᠡᠶ᠋ᠢᠲᠡ 19 ᠪᠠᠶ᠋ᠢᠵᠤ᠂ ᠡᠳᠦᠷ ᠪᠦᠷᠢ ᠵᠢᠨ ᠬᠣᠭᠣᠯᠠᠯᠠᠬᠤ  ᠰᠣᠷᠣᠭᠴᠢ 8765 ᠬᠥᠮᠦᠨ ᠪᠣᠢ ᠂ ᠬᠤᠭᠤᠯᠠ ᠬᠠᠩᠭ᠋ᠠᠵᠤ ᠲᠣᠬᠢᠷᠠᠭᠤᠯᠤᠨ ᠬᠦᠷᠭᠡᠬᠦ ᠬᠡᠮᠵᠢᠶ᠎ᠡ ᠶᠡᠭᠡ᠂ ᠰᠤᠷᠭ᠋ᠠᠭᠤᠯᠢ ᠵᠢᠨ ᠭᠠᠳᠠᠨᠠᠬᠢ ᠬᠤᠭᠤᠯᠠ ᠬᠠᠩᠭ᠋ᠠᠬᠤ ᠨᠢᠭᠡᠴᠢ ᠵᠢᠨ ᠢᠳᠡᠭᠡᠨ᠎ᠤ ᠠᠮᠤᠷ ᠲᠦᠪᠰᠢᠨ᠎ᠤ ᠠᠰᠠᠭᠤᠳᠠᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠬᠦ ᠬᠡᠷᠡᠭᠲᠡᠢ ᠪᠠᠶ᠋ᠢᠨ᠎ᠠ᠃ ᠰᠤᠷᠭ᠋ᠠᠭᠤᠯᠢ ᠵᠢᠨ ᠭᠠᠳᠠᠨᠠᠬᠢ ᠬᠤᠭᠤᠯᠠ ᠬᠠᠩᠭ᠋ᠠᠬᠤ ᠨᠢᠭᠡᠴᠢ ᠵᠢᠨ ᠢᠳᠡᠭᠡᠨ᠎ᠤ ᠠᠮᠤᠷ ᠲᠦᠪᠰᠢᠨ᠎ᠢ ᠤᠯᠠᠮ ᠨᠢᠭᠡ ᠠᠯᠬᠤᠮ ᠪᠠᠲᠤᠯᠠᠬᠤ ᠵᠢᠨ ᠲᠤᠰᠠᠳᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠢᠳᠡᠭᠡᠨ᠎ᠤ ᠠᠮᠤᠷ ᠲᠦᠪᠰᠢᠨ᠎ᠤ ᠠᠯᠪᠠᠨ ᠬᠡᠷ ᠵᠡᠷᠭᠡ ᠲᠠᠪᠤᠨ ᠶᠠᠮᠤᠨ ᠵᠥᠪᠯᠡᠯ᠎ᠤᠨ ᠬᠠᠮᠲᠤᠷᠠᠨ ᠳᠠᠷᠤᠮᠠᠯᠯᠠᠨ ᠲᠠᠷᠬᠠᠭ᠋ᠠᠭᠰᠠᠨ 《ᠰᠤᠷᠭ᠋ᠠᠭᠤᠯᠢ ᠵᠢᠨ ᠬᠦᠷᠢᠶᠡᠨ᠎ᠤ ᠢᠳᠡᠭᠡᠨ᠎ᠤ ᠠᠮᠤᠷ ᠲᠦᠪᠰᠢᠨ᠎ᠢ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠵᠢᠨ ᠬᠡᠷᠡᠭᠵᠢᠭᠦᠯᠬᠦ ᠲᠥᠰᠦᠯ》᠂ 《ᠰᠤᠷᠭ᠋ᠠᠭᠤᠯᠢ ᠵᠢᠨ ᠭᠠᠳᠠᠨᠠᠬᠢ ᠬᠣᠭᠣᠯᠠ ᠬᠠᠩᠭ᠋ᠠᠯᠭ᠎ᠠ ᠵᠢᠨ ᠢᠳᠡᠭᠡᠨ᠎ᠤ ᠠᠮᠤᠷ ᠲᠦᠪᠰᠢᠨ᠎ᠤ ᠬᠠᠮᠢᠶᠠᠷᠤᠯᠲᠠ ᠵᠢᠨ ᠠᠵᠢᠯ᠎ᠢ ᠴᠢᠩᠭ᠋ᠠᠳᠬᠠᠬᠤ ᠲᠤᠬᠠᠶ ᠰᠤᠷᠭ᠋ᠠᠨ ᠬᠥᠮᠦᠵᠢᠯ᠎ᠤᠨ ᠶᠠᠮᠤᠨ᠎ᠤ ᠠᠯᠪᠠᠨ ᠲᠢᠩᠬᠢᠮ᠎ᠤᠨ ᠮᠡᠳᠡᠭᠳᠡᠯ》 ᠵᠡᠷᠭᠡ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠮᠠᠨ᠎ᠤ ᠣᠷᠣᠨ᠎ᠤ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠰᠤᠷᠭ᠋ᠠᠨ ᠬᠥᠮᠦᠵᠢᠯ᠎ᠤᠨ ᠲᠢᠩᠬᠢᠮ ᠬᠠᠮᠲᠤᠷᠠᠨ 《ᠰᠤᠷᠭ᠋ᠠᠭᠤᠯᠢ ᠵᠢᠨ ᠭᠠᠳᠠᠨᠠᠬᠢ ᠬᠤᠭᠤᠯᠠ ᠬᠠᠩᠭ᠋ᠠᠯᠭ᠎ᠠ ᠵᠢᠨ ᠢᠳᠡᠭᠡᠨ᠎ᠤ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠠᠵᠢᠯ᠎ᠢ ᠴᠢᠩᠭ᠋ᠠᠳᠬᠠᠬᠤ ᠲᠤᠬᠠᠶ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ   ᠰᠤᠷᠭ᠋ᠠᠨ ᠬᠦᠮᠦᠵᠢᠯ᠎ᠤᠨ ᠲᠢᠩᠬᠢᠮ᠎ᠤᠨ ᠮᠡᠳᠡᠭᠳᠡᠯ》᠎ᠢ ᠲᠤᠭᠤᠷᠪᠢᠪᠠ᠃ 《ᠮᠡᠳᠡᠭᠳᠡᠯ》᠎ᠢ ᠤᠷᠢᠳ ᠬᠤᠵᠢᠳ ᠰᠤᠷᠭ᠋ᠠᠨ ᠬᠥᠮᠦᠵᠢᠯ᠎ᠤᠨ ᠲᠢᠩᠬᠢᠮ᠂ ᠡᠯ᠎ᠡ ᠠᠶ᠋ᠢᠮᠠᠭ ᠬᠤᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠠᠴᠠ ᠰᠠᠨᠠᠯ ᠬᠤᠷᠢᠶᠠᠬᠤ᠂ ᠢᠯᠡ᠎ᠪᠠᠷ ᠰᠠᠨᠠᠯ ᠬᠤᠷᠢᠶᠠᠬᠤ᠂ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠬᠤ ᠵᠡᠷᠭᠡ ᠳᠠᠷᠠᠭ᠋ᠠᠯᠠᠯ ᠵᠶ᠋ᠠᠷ ᠳᠠᠮᠵᠢᠭᠤᠯᠤᠨ᠂ ᠬᠠᠤᠯᠢ ᠲᠣᠭᠲᠠᠭ᠋ᠠᠯ᠎ᠤᠨ ᠭᠠᠵᠠᠷ᠎ᠤᠨ ᠬᠠᠤᠯᠢ ᠶᠣᠰᠣᠴᠢ ᠴᠢᠨᠠᠷ᠎ᠤᠨ ᠬᠢᠨᠠᠨ ᠬᠠᠷᠭᠤᠭᠤᠯᠤᠯᠲᠠ᠎ᠪᠠᠷ ᠪᠠᠲᠤᠯᠠᠭᠳᠠᠵᠤ᠂ ᠲᠣᠪᠴᠢᠶᠠᠨ᠎ᠤ ᠶᠠᠪᠤᠳᠠᠯ᠎ᠤᠨ ᠬᠤᠷᠠᠯ ᠵᠶ᠋ᠠᠷ ᠬᠢᠨᠠᠨ ᠵᠥᠪᠯᠡᠭᠦᠯᠵᠦ ᠪᠠᠲᠤᠯᠠᠭᠤᠯᠵᠤ᠂ ᠡᠳᠦᠭᠡ ᠳᠠᠷᠤᠮᠠᠯᠯᠠᠨ ᠲᠠᠷᠬᠠᠭ᠋ᠠᠵᠤ ᠬᠡᠷᠡᠭᠵᠢᠭᠦᠯᠬᠦ᠎ᠪᠠᠷ ᠪᠣᠯᠪᠠ ᠃

     (ᠬᠤᠶᠠᠷ) 《ᠮᠡᠳᠡᠭᠳᠡᠯ》᠎ᠤᠨ ᠦᠨᠳᠦᠰᠦᠨ ᠪᠦᠲᠦᠴᠡ ᠪᠠ ᠭᠤᠣᠯ ᠠᠭᠤᠯᠭ᠎ᠠ᠎ᠨᠢ ᠶᠠᠭᠤ ᠪᠤᠢ?

     《ᠮᠡᠳᠡᠭᠳᠡᠯ》᠎ᠳᠤ ᠬᠤᠭᠤᠯᠠ ᠵᠠᠬᠢᠶᠠᠯᠠᠬᠤ ᠰᠤᠷᠭ᠋ᠠᠭᠤᠯᠢ ᠵᠢᠨ ᠢᠳᠡᠭᠡᠨ᠎ᠤ ᠠᠮᠤᠷ ᠲᠦᠪᠰᠢᠨ᠎ᠤ ᠬᠠᠮᠢᠶᠠᠷᠤᠯᠲᠠ ᠵᠢᠨ ᠭᠤᠣᠯ ᠴᠣᠭᠴᠠ ᠵᠢᠨ  ᠬᠠᠷᠢᠭᠤᠴᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠬᠤ᠂ ᠰᠤᠷᠭ᠋ᠠᠭᠤᠯᠢ ᠵᠢᠨ ᠭᠠᠳᠠᠨᠠᠬᠢ ᠬᠤᠭᠤᠯᠠ ᠬᠠᠩᠭ᠋ᠠᠬᠤ ᠨᠢᠭᠡᠴᠢ ᠵᠢᠨ  ᠢᠳᠡᠭᠡᠨ᠎ᠤ ᠠᠮᠤᠷ ᠲᠦᠪᠰᠢᠨ᠎ᠤ ᠡᠵᠡᠩᠨᠡᠯᠲᠡ ᠵᠢᠨ ᠭᠤᠣᠯ ᠴᠣᠭᠴᠠ ᠵᠢᠨ ᠬᠠᠷᠢᠭᠤᠴᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠬᠤ᠂ ᠬᠠᠷᠢᠶ᠎ᠠ ᠭᠠᠵᠠᠷ ᠵᠢᠴᠢ ᠰᠠᠯᠠᠭ᠎ᠠ ᠮᠥᠴᠢᠷ᠎ᠤᠨ ᠢᠳᠡᠭᠡᠨ᠎ᠤ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠬᠤ᠂ ᠬᠠᠷᠢᠭᠤᠴᠠᠯᠭ᠎ᠠ ᠨᠡᠬᠡᠮᠵᠢᠯᠡᠬᠦ ᠵᠢ  ᠴᠢᠩᠭ᠎ᠠ ᠨᠠᠶ᠋ᠢᠳᠠᠪᠤᠷᠢᠵᠢᠭᠤᠯᠬᠤ ᠲᠦᠷᠪᠡᠨ ᠬᠡᠰᠡᠭ ᠠᠭᠤᠯᠭ᠎ᠠ ᠵᠢ  ᠪᠠᠭᠲᠠᠭ᠋ᠠᠪᠠ ᠃

     ᠨᠢᠭᠡᠳᠦᠭᠡᠷ ᠬᠡᠰᠡᠭ᠎ᠲᠤ ᠬᠤᠭᠤᠯᠠ ᠵᠠᠬᠢᠶᠠᠯᠠᠬᠤ ᠰᠤᠷᠭ᠋ᠠᠭᠤᠯᠢ ᠵᠢᠨ ᠢᠳᠡᠭᠡᠨ᠎ᠤ ᠠᠮᠤᠷ ᠲᠦᠪᠰᠢᠨ᠎ᠤ ᠬᠠᠮᠢᠶᠠᠷᠤᠯᠲᠠ ᠵᠢᠨ ᠭᠤᠣᠯ ᠴᠣᠭᠴᠠ ᠵᠢᠨ ᠬᠠᠷᠢᠭᠤᠴᠠᠯᠭ᠎ᠠ ᠵᠢ  ᠲᠤᠳᠤᠷᠬᠠᠢ᠌ᠯᠠᠪᠠ ᠂ ᠰᠤᠷᠭ᠋ᠠᠭᠤᠯᠢ ᠵᠢᠨ ᠵᠠᠬᠢᠷᠤᠯ ᠪᠣᠯ ᠰᠤᠷᠭ᠋ᠠᠭᠤᠯᠢ ᠵᠢᠨ ᠬᠠᠮᠲᠤ᠎ᠪᠠᠷ ᠬᠣᠭᠣᠯᠠᠯᠠᠬᠤ ᠬᠣᠭᠣᠯᠠᠨ᠎ᠤ ᠬᠦᠷᠭᠡᠯᠲᠡ ᠵᠢᠨ  ᠢᠳᠡᠭᠡᠨ᠎ᠤ ᠠᠮᠤᠷ ᠲᠦᠪᠰᠢᠨ᠎ᠤ ᠨᠢᠭᠡᠳᠦᠭᠡᠷ ᠬᠠᠷᠢᠭᠤᠴᠠᠯᠭ᠋ᠠᠲᠠᠨ ᠪᠠᠶ᠋ᠢᠵᠤ᠂ ᠰᠤᠷᠭ᠋ᠠᠭᠤᠯᠢ ᠵᠢᠨ ᠢᠳᠡᠭᠡᠨ᠎ᠤ ᠠᠮᠤᠷ ᠲᠦᠪᠰᠢᠨ᠎ᠤ ᠨᠢᠭᠡᠳᠦᠭᠡᠷ ᠬᠠᠷᠢᠭᠤᠴᠠᠯᠭ᠎ᠠ ᠵᠢ ᠡᠭᠦᠷᠭᠡᠯᠡᠨ᠎ᠡ; ᠡᠭᠦᠨ᠎ᠤ ᠬᠠᠮᠲᠤ ᠰᠤᠷᠭ᠋ᠠᠭᠤᠯᠢ ᠵᠢᠨ ᠳᠠᠭ᠋ᠠᠭ᠋ᠠᠴᠢᠯᠠᠯᠲᠠ ᠵᠠᠷᠯᠠᠬᠤ ᠱᠠᠭ᠋ᠠᠷᠳᠠᠯᠭ᠎ᠠ ᠪᠠ ᠵᠥᠪᠰᠢᠶᠡᠷᠡᠨ ᠣᠷᠣᠭᠤᠯᠬᠤ ᠨᠥᠬᠦᠴᠡᠯ᠂ ᠰᠤᠷᠭ᠋ᠠᠭᠤᠯᠢ ᠵᠢᠨ ᠡᠳᠦᠷ ᠲᠤᠳᠤᠮ᠎ᠤᠨ ᠬᠠᠮᠢᠶᠠᠷᠤᠯᠲᠠ ᠵᠢᠨ ᠲᠦᠷᠢᠮ ᠵᠢᠴᠢ ᠰᠤᠷᠭ᠋ᠠᠭᠤᠯᠢ ᠵᠢᠨ ᠭᠠᠳᠠᠨᠠᠬᠢ ᠬᠤᠭᠤᠯᠠ ᠬᠠᠩᠭ᠋ᠠᠬᠤ ᠨᠢᠭᠡᠴᠢ ᠵᠢ  ᠦᠨᠡᠯᠡᠬᠦ ᠪᠠ ᠤᠬᠤᠷᠢᠭᠤᠯᠤᠨ  ᠭᠠᠷᠭ᠋ᠠᠬᠤ ᠲᠣᠭᠲᠠᠴᠠ ᠵᠢ ᠪᠠᠶ᠋ᠢᠭᠤᠯᠬᠤ᠎ᠳᠤ ᠱᠠᠭ᠋ᠠᠷᠳᠠᠯᠭ᠎ᠠ ᠳᠤᠷᠠᠳᠤᠨ᠎ᠠ; ᠬᠤᠶᠠᠳᠤᠭ᠋ᠠᠷ ᠬᠡᠰᠡᠭ᠎ᠲᠤ ᠰᠤᠷᠭ᠋ᠠᠭᠤᠯᠢ ᠵᠢᠨ ᠭᠠᠳᠠᠨᠠᠬᠢ ᠬᠤᠭᠤᠯᠠ ᠬᠠᠩᠭ᠋ᠠᠬᠤ ᠨᠢᠭᠡᠴᠢ ᠵᠢᠨ  ᠭᠤᠣᠯ ᠴᠣᠭᠴᠠ ᠵᠢᠨ ᠬᠠᠷᠢᠭᠤᠴᠠᠯᠭ᠎ᠠ ᠵᠢ ᠲᠤᠳᠤᠷᠬᠠᠢ᠌ᠯᠠᠪᠠ ᠂ ᠰᠤᠷᠭ᠋ᠠᠭᠤᠯᠢ ᠵᠢᠨ ᠭᠠᠳᠠᠨᠠᠬᠢ ᠬᠤᠭᠤᠯᠠ ᠬᠠᠩᠭ᠋ᠠᠬᠤ ᠨᠢᠭᠡᠴᠢ ᠵᠢ  ᠡᠯ᠎ᠡ ᠵᠦᠢ᠍ᠯ᠎ᠤᠨ ᠢᠳᠡᠭᠡᠨ᠎ᠤ ᠠᠮᠤᠷ ᠲᠦᠪᠰᠢᠨ᠎ᠤ ᠲᠦᠷᠢᠮ᠎ᠢ ᠨᠠᠶ᠋ᠢᠳᠠᠪᠤᠷᠢᠵᠢᠭᠤᠯᠵᠤ᠂ ᠢᠳᠡᠭᠡᠨ᠎ᠤ ᠠᠮᠤᠷ ᠲᠦᠪᠰᠢᠨ᠎ᠢ ᠬᠠᠷᠢᠭᠤᠴᠠᠬᠤ ᠵᠢᠨ ᠬᠠᠮᠲᠤ ᠰᠤᠷᠭ᠋ᠠᠭᠤᠯᠢ ᠵᠢᠨ ᠬᠢᠨᠠᠯᠲᠠ ᠵᠢ ᠬᠦᠯᠢᠶᠡᠨ᠎ᠡ ; ᠭᠤᠷᠪᠠᠳᠤᠭ᠋ᠠᠷ ᠬᠡᠰᠡᠭ᠎ᠲᠤ  ᠬᠠᠷᠢᠶ᠎ᠠ ᠭᠠᠵᠠᠷ ᠵᠢᠴᠢ ᠰᠠᠯᠠᠭ᠎ᠠ ᠮᠥᠴᠢᠷ᠎ᠤᠨ ᠢᠳᠡᠭᠡᠨ᠎ᠤ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠬᠤ ᠵᠢ ᠱᠠᠭ᠋ᠠᠷᠳᠠᠪᠠ ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠰᠤᠷᠭ᠋ᠠᠨ ᠬᠥᠮᠦᠵᠢᠯ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ ᠲᠤᠰ ᠲᠤᠰ᠎ᠤᠨ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠨᠢᠭᠲᠠ ᠬᠠᠮᠵᠢᠯᠴᠠᠨ᠂ ᠬᠢᠨᠠᠯᠲᠠ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠵᠤ᠂ ᠬᠢᠨᠠᠯᠲᠠ ᠬᠠᠮᠢᠶᠠᠷᠤᠯᠲᠠ ᠵᠢᠨ ᠨᠡᠶ᠋ᠢᠯᠡᠮᠡᠯ ᠬᠦᠴᠦᠨ᠎ᠢ ᠪᠤᠢ ᠪᠣᠯᠭ᠋ᠠᠨ᠎ᠠ; ᠳᠥᠷᠪᠡᠳᠦᠭᠡᠷ ᠬᠡᠰᠡᠭ᠎ᠲᠤ  ᠬᠠᠷᠢᠭᠤᠴᠠᠯᠭ᠎ᠠ ᠨᠡᠬᠡᠮᠵᠢᠯᠡᠬᠦ ᠵᠢ ᠴᠢᠩᠭ᠎ᠠ ᠨᠠᠢ᠌ᠳᠠᠪᠤᠷᠢᠵᠢᠭᠤᠯᠬᠤ ᠵᠢ ᠱᠠᠭ᠋ᠠᠷᠳᠠᠪᠠ ᠂ ᠰᠤᠷᠭ᠋ᠠᠭᠤᠯᠢ ᠵᠢᠨ ᠭᠠᠳᠠᠨᠠᠬᠢ ᠬᠤᠭᠤᠯᠠ ᠬᠠᠩᠭ᠋ᠠᠬᠤ ᠨᠢᠭᠡᠴᠢ ᠂ ᠬᠤᠭᠤᠯᠠ ᠵᠠᠬᠢᠶᠠᠯᠠᠬᠤ ᠰᠤᠷᠭ᠋ᠠᠭᠤᠯᠢ᠂ ᠬᠠᠷᠢᠶ᠎ᠠ ᠭᠠᠵᠠᠷ ᠵᠢᠴᠢ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠵᠢᠴᠢ ᠭᠡᠰᠢᠭᠦᠳ᠎ᠲᠤ ᠢ  ᠬᠠᠤᠯᠢ ᠲᠣᠭᠲᠠᠭ᠋ᠠᠯ᠎ᠠᠴᠠ ᠵᠥᠷᠢᠴᠡᠭᠰᠡᠨ  ᠠᠵᠢᠯᠯᠠᠭ᠎ᠠ ᠣᠷᠣᠰᠢᠵᠤ ᠪᠠᠶ᠋ᠢᠪᠠᠯ᠂ ᠬᠠᠮᠢᠶ᠎ᠠ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠵᠡᠷᠭᠡ ᠵᠢ ᠦᠨᠳᠦᠰᠦᠯᠡᠨ ᠰᠢᠢ᠍ᠳᠪᠦᠷᠢᠯᠡᠨ᠎ᠡ᠃

     (ᠭᠤᠷᠪᠠ) 《ᠮᠡᠳᠡᠭᠳᠡᠯ》᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠪᠠ  ᠰᠤᠷᠭ᠋ᠠᠨ ᠬᠥᠮᠥᠵᠢᠯ᠎ᠤᠨ ᠰᠠᠯᠠᠭ᠎ᠠ ᠮᠥᠴᠢᠷ᠎ᠤᠨ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ᠎ᠤᠨ ᠲᠤᠬᠠᠢ ᠲᠣᠭᠲᠠᠭ᠋ᠠᠯ᠎ᠨᠢ ᠶᠠᠮᠠᠷ ᠪᠣᠢ?

     ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠎ᠤᠳ ᠬᠤᠭᠤᠯᠠ ᠵᠠᠬᠢᠶᠠᠯᠠᠬᠤ ᠰᠤᠷᠭ᠋ᠠᠭᠤᠯᠢ ᠵᠢ ᠵᠢᠯᠣᠭᠤᠳᠤᠨ ᠱᠠᠯᠠᠪᠳᠠᠭᠤᠯᠵᠤ  ᠪᠠᠶ᠋ᠢᠭ᠋ᠠᠳ ᠢᠳᠡᠭᠡᠨ᠎ᠤ ᠠᠮᠤᠷ ᠲᠦᠪᠰᠢᠨ᠎ᠤ ᠬᠠᠮᠢᠶᠠᠷᠤᠯᠲᠠ ᠵᠢᠨ ᠲᠦᠷᠢᠮ᠎ᠢ ᠪᠠᠶ᠋ᠢᠭᠤᠯᠤᠨ ᠪᠦᠷᠢᠨᠰᠢᠬᠦᠯᠵᠦ᠂ ᠰᠤᠷᠭ᠋ᠠᠭᠤᠯᠢ ᠵᠢᠨ ᠭᠠᠳᠠᠨᠠᠬᠢ ᠬᠤᠭᠤᠯᠠ ᠬᠠᠩᠭ᠋ᠠᠬᠤ ᠬᠠᠮᠢᠶᠠᠷᠤᠯᠲᠠ ᠵᠢᠨ ᠲᠠᠯ᠎ᠠ᠎ᠪᠠᠷ᠎ᠬᠢ ᠪᠠᠶ᠋ᠢᠴᠠᠭ᠋ᠠᠯᠲᠠ᠂ ᠰᠢᠯᠭ᠋ᠠᠨ ᠬᠢᠨᠠᠵᠤ ᠦᠨᠡᠯᠡᠬᠦ ᠵᠢ ᠴᠢᠩᠭ᠋ᠠᠳᠬᠠᠨ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ᠂ ᠳᠣᠲᠣᠭ᠋ᠠᠳᠤ ᠵᠢ ᠬᠠᠮᠠᠭ᠋ᠠᠯᠠᠬᠤ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ᠎ᠲᠠᠢ ᠬᠠᠮᠵᠢᠯᠴᠠᠨ ᠰᠤᠷᠭ᠋ᠠᠭᠤᠯᠢ᠂ ᠰᠤᠷᠭ᠋ᠠᠭᠤᠯᠢ ᠵᠢᠨ ᠭᠠᠳᠠᠨᠠᠬᠢ ᠬᠤᠭᠤᠯᠠ ᠬᠠᠩᠭ᠋ᠠᠬᠤ ᠨᠢᠭᠡᠴᠢ᠎ᠳᠤ  ᠬᠢᠨᠠᠯᠲᠠ ᠲᠠᠯᠪᠢᠵᠤ ᠪᠠᠶ᠋ᠢᠴᠠᠭ᠋ᠠᠬᠤ ᠪᠠ ᠢᠳᠡᠭᠡᠨ᠎ᠤ ᠠᠮᠤᠷ ᠲᠦᠪᠰᠢᠨ᠎ᠤ ᠠᠳᠡᠯ᠎ᠢ ᠠᠷᠭ᠋ᠠᠴᠠᠭ᠋ᠠᠬᠤ  ᠠᠵᠢᠯ᠎ᠢ ᠥᠷᠨᠢᠭᠦᠯᠦᠨ᠎ᠡ ; ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠬᠤᠭᠤᠯᠠ ᠵᠠᠬᠢᠶᠠᠯᠠᠬᠤ ᠰᠤᠷᠭ᠋ᠠᠭᠤᠯᠢ ᠪᠠ ᠰᠤᠷᠭ᠋ᠠᠭᠤᠯᠢ ᠵᠢᠨ ᠭᠠᠳᠠᠨᠠᠬᠢ ᠬᠤᠭᠤᠯᠠ ᠬᠠᠩᠭ᠋ᠠᠬᠤ ᠨᠢᠭᠡᠴᠢ ᠵᠢᠨ  ᠢᠳᠡᠭᠡᠨ᠎ᠤ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠢᠳᠡᠭᠡᠨ᠎ᠤ ᠠᠮᠤᠷ ᠲᠦᠪᠰᠢᠨ᠎ᠤ ᠠᠵᠢᠯ᠎ᠤᠨ ᠬᠡᠷᠡᠭᠴᠡᠭᠡ ᠵᠢ ᠦᠨᠳᠦᠰᠦᠯᠡᠨ᠂ ᠰᠤᠷᠭ᠋ᠠᠨ ᠬᠥᠮᠦᠵᠢᠯ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠬᠤᠭᠤᠯᠠ ᠵᠠᠬᠢᠶᠠᠯᠠᠬᠤ ᠰᠤᠷᠭ᠋ᠠᠭᠤᠯᠢ ᠪᠤᠶᠤ ᠰᠤᠷᠭ᠋ᠠᠭᠤᠯᠢ ᠵᠢᠨ ᠭᠠᠳᠠᠨᠠᠬᠢ ᠬᠤᠭᠤᠯᠠ ᠬᠠᠩᠭ᠋ᠠᠬᠤ ᠨᠢᠭᠡᠴᠢ᠎ᠳᠤ  ᠲᠣᠬᠢᠶᠠᠯᠳᠤᠯ ᠵᠶ᠋ᠠᠷ ᠬᠢᠨᠠᠯᠲᠠ ᠲᠠᠯᠪᠢᠵᠤ ᠪᠠᠢ᠌ᠴᠠᠭ᠋ᠠᠨ᠎ᠠ ᠃

     (ᠲᠦᠷᠪᠡ) 《ᠮᠡᠳᠡᠭᠳᠡᠯ》᠎ᠨᠢ ᠰᠤᠷᠭ᠋ᠠᠭᠤᠯᠢ ᠵᠢᠨ ᠬᠦᠷᠢᠶᠡᠨ᠎ᠤ ᠢᠳᠡᠭᠡᠨ᠎ᠤ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠲᠠᠯ᠎ᠠ᠎ᠪᠠᠷ ᠶᠠᠮᠠᠷ ᠶᠠᠮᠠᠷ ᠢᠳᠡᠪᠬᠢ ᠦᠢ᠍ᠯᠡᠳᠦᠯ ᠦᠵᠡᠭᠦᠯᠬᠦ  ᠪᠤᠢ?

     《ᠮᠡᠳᠡᠭᠳᠡᠯ》᠎ᠨᠢ ᠭᠤᠣᠯᠳᠠᠭᠤ ᠥᠪᠡᠷᠲᠡᠭᠡᠨ ᠵᠠᠰᠠᠬᠤ ᠣᠷᠣᠨ᠎ᠤ ᠰᠤᠷᠭ᠋ᠠᠭᠤᠯᠢ ᠵᠢᠨ ᠭᠠᠳᠠᠨᠠᠬᠢ ᠬᠤᠭᠤᠯᠠ  ᠬᠠᠩᠭ᠋ᠠᠯᠭ᠎ᠠ ᠵᠢᠨ  ᠬᠢᠨᠠᠯᠲᠠ ᠬᠠᠮᠢᠶᠠᠷᠤᠯᠲᠠ ᠵᠢᠨ ᠠᠵᠢᠯ᠎ᠢ ᠵᠢᠷᠤᠮᠵᠢᠭᠤᠯᠵᠤ᠂ ᠰᠤᠷᠭ᠋ᠠᠭᠤᠯᠢ ᠵᠢᠨ ᠬᠦᠷᠢᠶᠡᠨ᠎ᠤ ᠢᠳᠡᠭᠡᠨ᠎ᠤ ᠠᠮᠤᠷ ᠲᠦᠪᠰᠢᠨ᠎ᠤ ᠬᠠᠮᠢᠶᠠᠷᠤᠯᠲᠠ ᠵᠢ ᠴᠢᠩᠭ᠋ᠠᠳᠬᠠᠨ᠂ ᠡᠭᠦᠷᠭᠡ ᠬᠠᠷᠢᠭᠤᠴᠠᠯᠭ᠎ᠠ ᠵᠢ ᠲᠣᠳᠣᠷᠬᠠᠢ ᠪᠣᠯᠭ᠋ᠠᠵᠤ᠂ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ᠂ ᠳᠠᠭ᠋ᠠᠭ᠋ᠠᠴᠢᠯᠠᠯᠲᠠ ᠵᠠᠷᠯᠠᠬᠤ ᠳᠠᠭ᠋ᠠᠭ᠋ᠠᠴᠢᠯᠠᠯᠲᠠ ᠬᠦᠯᠢᠶᠡᠬᠦ  ᠳᠠᠷᠠᠭ᠋ᠠᠯᠠᠯ᠎ᠢ ᠴᠢᠩᠳᠠᠯᠠᠵᠤ᠂ ᠰᠢᠯᠭ᠋ᠠᠨ ᠬᠢᠨᠠᠵᠤ ᠤᠬᠤᠷᠢᠭᠤᠯᠤᠨ  ᠭᠠᠷᠭ᠋ᠠᠬᠤ ᠲᠣᠭᠲᠠᠴᠠ ᠵᠢ ᠪᠦᠷᠢᠨᠰᠢᠬᠦᠯᠵᠦ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠲᠤᠯᠭ᠋ᠠᠨ᠎ᠠ᠃ ᠰᠤᠷᠭ᠋ᠠᠭᠤᠯᠢ ᠵᠢᠨ ᠭᠠᠳᠠᠨᠠᠬᠢ ᠬᠤᠭᠤᠯᠠ ᠬᠠᠩᠭ᠋ᠠᠯᠭ᠎ᠠ ᠵᠢᠨ  ᠢᠳᠡᠭᠡᠨ᠎ᠤ ᠠᠮᠤᠷ ᠲᠦᠪᠰᠢᠨ᠎ᠨᠢ ᠰᠤᠷᠭ᠋ᠠᠭᠤᠯᠢ ᠵᠢᠨ ᠬᠦᠷᠢᠶᠡᠨ᠎ᠤ ᠢᠳᠡᠭᠡᠨ᠎ᠤ ᠠᠮᠤᠷ ᠲᠦᠪᠰᠢᠨ᠎ᠤ ᠠᠵᠢᠯ᠎ᠤᠨ ᠴᠢᠬᠤᠯᠠ ᠨᠢᠭᠡ ᠭᠤᠭᠴᠤᠭ᠎ᠠ ᠪᠣᠯᠤᠭᠰᠠᠨ᠎ᠤ ᠬᠤᠪᠢ᠎ᠳᠤ᠂ ᠡᠷᠬᠡᠪᠰᠢ ᠴᠢᠩᠭ᠎ᠠ ᠬᠢᠨᠠᠨ ᠬᠠᠮᠢᠶᠠᠷᠴᠤ᠂ ᠴᠢᠩᠭ᠎ᠠ ᠰᠢᠢ᠍ᠳᠭᠡᠵᠦ ᠂ ᠥᠷᠭᠡᠨ ᠣᠯᠠᠨ ᠪᠠᠭᠰᠢ ᠰᠤᠷᠤᠭᠴᠢᠳ᠎ᠤᠨ ᠬᠣᠭᠣᠯᠠᠯᠠᠬᠤ ᠶᠠᠰᠤ ᠴᠢᠨᠠᠷ᠎ᠢ ᠦᠨᠡᠨ ᠬᠦ᠌  ᠪᠠᠲᠤᠯᠠᠬᠤ ᠪᠣᠯᠣᠨ᠎ᠠ ᠃

     (ᠲᠠᠪᠤ) 《ᠮᠡᠳᠡᠭᠳᠡᠯ》᠎ᠢ  ᠬᠡᠵᠢᠶ᠎ᠡ᠎ᠠᠴᠠ ᠡᠬᠢᠯᠡᠨ ᠬᠡᠷᠡᠭᠵᠢᠭᠦᠯᠬᠦ  ᠪᠤᠢ?

     《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠬᠠᠮᠢᠶᠠᠷᠤᠯᠲᠠ ᠵᠢᠨ ᠠᠷᠭ᠎ᠠ》 ᠵᠢᠨ ᠱᠠᠭ᠋ᠠᠷᠳᠠᠯᠭ᠎ᠠ ᠵᠢ ᠦᠨᠳᠦᠰᠦᠯᠡᠨ᠂ ᠵᠠᠰᠠᠭ ᠵᠠᠬᠢᠷᠭ᠋ᠠᠨ᠎ᠤ ᠬᠠᠷᠢᠴᠠᠩᠭᠤᠶ ᠬᠥᠮᠦᠨ ᠵᠢᠴᠢ ᠨᠡᠶ᠋ᠢᠭᠡᠮ ᠨᠡᠶ᠋ᠢᠲᠡ᠎ᠳᠤ 《ᠮᠡᠳᠡᠭᠳᠡᠯ》᠎ᠤᠨ ᠬᠠᠮᠢᠶ᠎ᠠ ᠪᠥᠬᠦᠶ ᠲᠣᠭᠲᠠᠭ᠋ᠠᠯ᠎ᠢ ᠭᠦᠢ᠍ᠴᠡᠳ  ᠮᠡᠳᠡᠭᠦᠯᠬᠦ ᠵᠢ ᠪᠠᠲᠤᠯᠠᠬᠤ ᠵᠢᠨ  ᠲᠤᠰᠠᠳᠠ᠂ 《ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃

     ᠤᠤᠯ  ᠵᠣᠬᠢᠶᠠᠯ᠎ᠤᠨ ᠬᠠᠶᠢᠭ ᠄ http://amr.nmg.gov.cn/zfxxgk/fdzdgknr/gfxwj/spjg/202501/t20250108_2649953.html 

                

ᠢᠷᠡᠯᠲᠡ᠄ ᠢᠳᠡᠭᠡᠨ ᠤᠮᠳᠠᠭ᠋ᠠᠨ᠎ᠤ ᠭᠠᠵᠠᠷ