ᠨᠢᠭᠡ᠂ ᠲᠤᠭᠤᠷᠪᠢᠭᠰᠠᠨ ᠠᠬᠤᠶ ᠪᠠᠶ᠋ᠢᠳᠠᠯ
2022 ᠣᠨ᠎ᠳᠤ᠂ ᠮᠠᠨ᠎ᠤ ᠲᠣᠪᠴᠢᠶ᠎ᠠ᠎ᠨᠢ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠲᠠᠢ ᠬᠠᠮᠲᠤᠷᠠᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠦᠷᠢᠶᠡᠨ᠎ᠳᠠᠬᠢ ᠬᠦᠨᠳᠦ ᠶᠡᠭᠡ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠢᠯᠡᠴᠢᠯᠡᠨ ᠮᠡᠳᠡᠭᠦᠯᠬᠦ ᠵᠢ ᠱᠠᠩᠨᠠᠬᠤ ᠲᠦᠷ ᠬᠡᠷᠡᠭᠵᠢᠭᠦᠯᠬᠦ ᠠᠷᠭ᠎ᠠ ᠵᠢᠨ ᠬᠡᠷᠡᠭᠵᠢᠭᠦᠯᠬᠦ ᠨᠠᠷᠢᠨ ᠲᠦᠷᠢᠮ》 (ᠥᠪᠥᠷ ᠵᠠᠬ᠎ᠠ ᠳᠡᠯᠭᠡᠭᠦᠷ᠎ᠤᠨ ᠬᠢᠨᠠᠯᠲᠠ ᠲᠠᠯᠪᠢᠬᠤ ᠲᠣᠭᠲᠠᠭ᠋ᠠᠯ [2022 ] 11 ᠳ᠋ᠦ᠍ᠭᠡᠷ ᠲᠣᠭ᠋ᠠᠲᠤ) (ᠳᠣᠷᠤᠭᠰᠢ 《ᠬᠡᠷᠡᠭᠵᠢᠭᠦᠯᠬᠦ ᠨᠠᠷᠢᠨ ᠳᠦᠷᠢᠮ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠵᠤ᠂ ᠪᠥᠬᠦ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠦᠷᠢᠶᠡᠨ᠎ᠳᠠᠬᠢ ᠬᠦᠨᠳᠦ ᠶᠡᠭᠡ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠢᠯᠡᠴᠢᠯᠡᠨ ᠮᠡᠳᠡᠭᠦᠯᠬᠦ ᠵᠢ ᠱᠠᠩᠨᠠᠬᠤ ᠠᠵᠢᠯ᠎ᠢ ᠵᠢᠷᠤᠮᠵᠢᠭᠤᠯᠪᠠ᠃ ᠡᠨᠡ ᠵᠢᠯ᠎ᠤᠨ 8 ᠳ᠋ᠤᠭ᠋ᠠᠷ ᠰᠠᠷ᠎ᠠ᠎ᠳᠤ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ᠂ ᠡᠳ᠋᠎ᠤᠨ ᠵᠠᠰᠠᠭ᠎ᠤᠨ ᠶᠠᠮᠤᠨ ᠬᠠᠮᠲᠤᠷᠠᠨ 《ᠢᠳᠡᠭᠡᠨ᠎ᠤ ᠦᠢ᠍ᠯᠡᠳᠪᠦᠷᠢᠯᠡᠯ ᠡᠵᠡᠩᠨᠡᠯᠲᠡ ᠵᠢᠨ ᠠᠵᠤ ᠠᠬᠤᠶ᠋ᠢᠯᠠᠯ᠎ᠤᠨ ᠳᠣᠲᠣᠭ᠋ᠠᠳᠤ ᠵᠢᠨ ᠢᠯᠡᠴᠢᠯᠡᠨ ᠮᠡᠳᠡᠭᠦᠯᠦᠭᠴᠢ ᠵᠢᠨ ᠢᠯᠡᠴᠢᠯᠡᠨ ᠮᠡᠳᠡᠭᠦᠯᠦᠯᠲᠡ ᠵᠢᠨ ᠱᠠᠩᠨᠠᠯ᠎ᠢ ᠬᠡᠷᠡᠭᠵᠢᠭᠦᠯᠬᠦ ᠲᠤᠬᠠᠶ ᠵᠠᠷᠯᠠᠯ 》᠎ᠢ ᠳᠠᠷᠤᠮᠠᠯᠯᠠᠨ ᠲᠠᠷᠬᠠᠭ᠋ᠠᠵᠤ᠂ ᠢᠳᠡᠭᠡᠨ᠎ᠤ ᠦᠢ᠍ᠯᠡᠳᠪᠦᠷᠢᠯᠡᠯ ᠡᠵᠡᠩᠨᠡᠯᠲᠡ ᠵᠢᠨ ᠠᠵᠤ ᠠᠬᠤᠶ᠋ᠢᠯᠠᠯ᠎ᠤᠨ ᠳᠣᠲᠣᠭ᠋ᠠᠳᠤ ᠵᠢᠨ ᠢᠯᠡᠴᠢᠯᠡᠨ ᠮᠡᠳᠡᠭᠦᠯᠦᠯᠲᠡ ᠵᠢᠨ ᠱᠠᠩᠨᠠᠯ᠎ᠤᠨ ᠳᠦᠷᠢᠮ᠎ᠢ ᠬᠡᠷᠡᠭᠵᠢᠭᠦᠯᠬᠦ ᠲᠤᠬᠠᠶ ᠬᠠᠮᠢᠶ᠎ᠠ ᠪᠦᠬᠦᠢ ᠲᠣᠭᠲᠠᠭ᠋ᠠᠯ᠎ᠢ ᠭᠠᠷᠭ᠋ᠠᠪᠠ᠃
ᠣᠳᠣᠬᠠᠨ᠎ᠳᠤ᠂ ᠪᠥᠬᠦ ᠣᠷᠣᠨ᠎ᠤ ᠢᠳᠡᠭᠡᠨ᠎ᠤ ᠦᠢ᠍ᠯᠡᠳᠪᠦᠷᠢᠯᠡᠯ ᠡᠵᠡᠩᠨᠡᠯᠲᠡ ᠵᠢᠨ ᠠᠵᠤ ᠠᠬᠤᠶ᠋ᠢᠯᠠᠯ ᠣᠯᠠᠨ᠂ ᠴᠡᠭ ᠣᠯᠠᠨ ᠲᠠᠯ᠎ᠠ ᠥᠷᠭᠡᠨ ᠱᠤᠭᠤᠮ ᠣᠷᠳᠣ ᠪᠠᠶ᠋ᠢᠵᠤ᠂ ᠢᠳᠡᠭᠡᠨ᠎ᠤ ᠠᠮᠤᠷ ᠲᠦᠪᠰᠢᠨ᠎ᠤ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠳᠠᠯᠳᠠ ᠴᠢᠨᠠᠷ ᠵᠶ᠋ᠠᠷ ᠴᠢᠩᠭ᠎ᠠ᠂ ᠬᠢᠨᠠᠯᠲᠠ ᠬᠠᠮᠢᠶᠠᠷᠤᠯᠲᠠ ᠵᠢᠨ ᠬᠦᠴᠢᠷᠳᠡᠯ ᠶᠡᠭᠡ᠂ ᠵᠥᠪᠬᠡᠨ ᠬᠡᠷᠡᠭᠯᠡᠭᠴᠢᠳ᠎ᠤᠨ ᠢᠯᠡᠴᠢᠯᠡᠨ ᠮᠡᠳᠡᠭᠦᠯᠦᠯᠲᠡ᠎ᠪᠠᠷ ᠳᠠᠮᠵᠢᠨ ᠡᠷᠬᠡ᠎ᠪᠠᠨ ᠬᠠᠮᠠᠭ᠋ᠠᠯᠠᠬᠤ᠎ᠨᠢ ᠬᠦᠨᠳᠦ ᠶᠡᠭᠡ᠂ ᠢᠳᠡᠭᠡᠨ᠎ᠤ ᠨᠢᠭᠤᠭᠳᠠᠮᠠᠯ ᠠᠮᠤᠷ ᠲᠦᠪᠰᠢᠨ᠎ᠤ ᠳᠠᠯᠳᠠ ᠬᠡᠮ᠎ᠢ ᠢᠯᠡᠷᠡᠭᠦᠯᠬᠦ᠎ᠳᠤ ᠬᠦᠴᠢᠷ ᠪᠠᠢ᠌ᠵᠤ ᠂ ᠵᠣᠬᠢᠬᠤ ᠬᠡᠮᠵᠢᠶᠡᠨ ᠳᠡᠭᠡᠷ᠎ᠡ 《ᠬᠡᠷᠡᠭᠵᠢᠭᠦᠯᠬᠦ ᠨᠠᠷᠢᠨ ᠲᠦᠷᠢᠮ》᠎ᠢ ᠢᠳᠡᠭᠡᠨ᠎ᠤ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠬᠦᠷᠢᠶᠡᠨ᠎ᠳᠤ ᠪᠦᠲᠦᠮᠵᠢᠲᠡᠶ ᠨᠠᠶ᠋ᠢᠳᠠᠪᠤᠷᠢᠵᠢᠭᠤᠯᠬᠤ ᠵᠢᠨ ᠠᠷᠭ᠎ᠠ ᠥᠬᠡᠶ ᠶᠤᠮ ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ᠂ ᠡᠳ᠋᠎ᠤᠨ ᠵᠠᠰᠠᠭ᠎ᠤᠨ ᠶᠠᠮᠤᠨ᠎ᠤ ᠬᠠᠮᠲᠤᠷᠠᠨ ᠲᠣᠭᠲᠠᠭ᠋ᠠᠭᠰᠠᠨ ᠢᠳᠡᠭᠡᠨ᠎ᠤ ᠦᠢ᠍ᠯᠡᠳᠪᠦᠷᠢᠯᠡᠯ ᠡᠵᠡᠩᠨᠡᠯᠲᠡ ᠵᠢᠨ ᠠᠵᠤ ᠠᠬᠤᠶ᠋ᠢᠯᠠᠯ᠎ᠤᠨ ᠳᠣᠲᠣᠭ᠋ᠠᠳᠤ ᠵᠢᠨ ᠢᠯᠡᠴᠢᠯᠡᠨ ᠮᠡᠳᠡᠭᠦᠯᠦᠭᠴᠢ ᠵᠢ ᠱᠠᠩᠨᠠᠬᠤ ᠳᠦᠷᠢᠮ᠎ᠨᠢ ᠨᠡᠶ᠋ᠢᠭᠡᠮ᠎ᠤᠨ ᠬᠢᠨᠠᠯᠲᠠ ᠲᠠᠯᠪᠢᠯᠲᠠ ᠵᠢ ᠴᠢᠩᠭ᠋ᠠᠷᠠᠭᠤᠯᠤᠨ᠂ ᠡᠯ᠎ᠡ ᠲᠥᠷᠥᠯ᠎ᠤᠨ ᠢᠳᠡᠭᠡᠨ᠎ᠤ ᠠᠮᠤᠷ ᠲᠦᠪᠰᠢᠨ᠎ᠤ ᠲᠦᠭᠰᠢᠭᠦᠷᠢ ᠵᠢᠨ ᠳᠠᠯᠳᠠ ᠭᠡᠮ᠎ᠢ ᠴᠠᠭ ᠲᠤᠬᠠᠶ᠎ᠳᠤᠨᠢ ᠢᠯᠡᠷᠡᠭᠦᠯᠵᠦ᠂ ᠪᠦᠬᠦ ᠲᠠᠯ᠎ᠠ᠎ᠪᠠᠷ ᠬᠠᠮᠤᠷᠤᠭᠰᠠᠨ ᠣᠯᠠᠨ ᠵᠶ᠋ᠠᠷ ᠵᠶ᠋ᠠᠨ ᠰᠡᠷᠭᠡᠶ᠋ᠢᠯᠡᠵᠦ ᠣᠯᠠᠨ ᠵᠶ᠋ᠠᠷ ᠵᠶ᠋ᠠᠨ ᠵᠠᠰᠠᠬᠤ ᠲᠣᠭᠲᠠᠯᠴᠠᠭ᠎ᠠ ᠵᠢ ᠪᠠᠶ᠋ᠢᠭᠤᠯᠬᠤ᠎ᠳᠤ ᠴᠢᠬᠤᠯᠠ ᠶᠡᠬᠡ ᠠᠴᠢ ᠬᠣᠯᠪᠣᠭᠳᠠᠯ᠎ᠲᠠᠢ ᠪᠥᠭᠡᠳ ᠪᠠᠰᠠ ᠡᠯ᠎ᠡ ᠭᠠᠵᠠᠷ᠎ᠤᠨ᠎ᠬᠢᠨ᠎ᠨᠢ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ᠂ ᠢᠳᠡᠭᠡᠨ᠎ᠤ ᠦᠢ᠍ᠯᠡᠳᠪᠦᠷᠢᠯᠡᠯ ᠡᠵᠡᠩᠨᠡᠯᠲᠡ ᠵᠢᠨ ᠠᠵᠤ ᠠᠬᠤᠶ᠋ᠢᠯᠠᠯ᠎ᠤᠨ ᠳᠣᠲᠣᠭ᠋ᠠᠳᠤ ᠵᠢᠨ ᠢᠯᠡᠴᠢᠯᠡᠨ ᠮᠡᠳᠡᠭᠦᠯᠦᠭᠴᠢ ᠵᠢᠨ ᠢᠯᠡᠴᠢᠯᠡᠨ ᠮᠡᠳᠡᠭᠦᠯᠦᠭᠰᠡᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠂ ᠱᠠᠩᠨᠠᠬᠤ ᠨᠥᠬᠥᠴᠡᠯ᠂ ᠱᠠᠩᠨᠠᠯ᠎ᠤᠨ ᠪᠡᠯᠡ ᠮᠥᠩᠭᠥ ᠵᠢᠨ ᠢᠷᠡᠯᠲᠡ ᠵᠡᠷᠭᠡ ᠵᠦᠢ᠍ᠯ᠎ᠳᠤ ᠲᠣᠳᠣᠷᠬᠠᠶ ᠲᠣᠭᠲᠠᠭ᠋ᠠᠯ ᠭᠠᠷᠭ᠋ᠠᠬᠤ ᠴᠢᠬᠤᠯᠠᠲᠠᠢ ᠪᠠᠶ᠋ᠢᠨ᠎ᠠ᠃
ᠬᠤᠶᠠᠷ᠂ ᠲᠤᠭᠤᠷᠪᠢᠨ ᠪᠢᠴᠢᠭᠰᠡᠨ ᠵᠣᠷᠢᠯᠭ᠎ᠠ
ᠢᠳᠡᠭᠡᠨ᠎ᠤ ᠠᠮᠤᠷ ᠲᠦᠪᠰᠢᠨ᠎ᠤ ᠨᠡᠶ᠋ᠢᠭᠡᠮ᠎ᠤᠨ ᠬᠠᠮᠲᠤ᠎ᠪᠠᠷ ᠵᠠᠰᠠᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠂ ᠳᠣᠲᠣᠭ᠋ᠠᠳᠤ ᠵᠢᠨ ᠬᠥᠮᠦᠰ ᠵᠢᠴᠢ ᠬᠠᠮᠢᠶ᠎ᠠ ᠪᠦᠬᠦᠢ ᠪᠠᠶ᠋ᠢᠳᠠᠯ᠎ᠢ ᠮᠡᠳᠡᠬᠦ ᠬᠥᠮᠦᠨ᠎ᠤ ᠢᠳᠡᠭᠡᠨ᠎ᠤ ᠠᠮᠤᠷ ᠲᠦᠪᠰᠢᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠢᠳᠡᠪᠬᠢᠲᠡᠶ ᠢᠯᠡᠴᠢᠯᠡᠨ ᠮᠡᠳᠡᠭᠦᠯᠬᠦ ᠵᠢ ᠵᠣᠷᠢᠭᠵᠢᠭᠤᠯᠵᠤ᠂ ᠢᠳᠡᠭᠡᠨ᠎ᠤ ᠠᠮᠤᠷ ᠲᠦᠪᠰᠢᠨ᠎ᠤ ᠠᠰᠠᠭᠤᠳᠠᠯ᠎ᠢ ᠴᠠᠭ ᠲᠤᠬᠠᠶ᠎ᠳᠤᠨᠢ ᠢᠯᠡᠷᠡᠭᠦᠯᠬᠦ ᠪᠠ ᠰᠢᠢ᠍ᠳᠪᠦᠷᠢᠯᠡᠨ ᠂ ᠬᠡᠷᠡᠭᠯᠡᠭᠴᠢᠳ᠎ᠤᠨ ᠡᠷᠡᠭᠦᠯ ᠮᠡᠨᠳᠦ ᠵᠢ ᠬᠠᠮᠠᠭ᠋ᠠᠯᠠᠨ᠎ᠠ ᠃
ᠭᠤᠷᠪᠠ᠂ ᠠᠵᠢᠯ᠎ᠤᠨ ᠬᠠᠷᠠᠯᠲᠠ ᠵᠢᠴᠢ ᠭᠣᠤᠯ ᠡᠭᠦᠷᠭᠡ
《ᠢᠳᠡᠭᠡᠨ᠎ᠤ ᠦᠢ᠍ᠯᠡᠳᠪᠦᠷᠢᠯᠡᠯ ᠡᠵᠡᠩᠨᠡᠯᠲᠡ ᠵᠢᠨ ᠠᠵᠤ ᠠᠬᠤᠶ᠋ᠢᠯᠠᠯ᠎ᠤᠨ ᠳᠣᠲᠣᠭ᠋ᠠᠳᠤ ᠵᠢᠨ ᠢᠯᠡᠴᠢᠯᠡᠨ ᠮᠡᠳᠡᠭᠦᠯᠦᠭᠴᠢ ᠵᠢ ᠱᠠᠩᠨᠠᠬᠤ ᠲᠦᠷ ᠬᠡᠷᠡᠭᠵᠢᠭᠦᠯᠬᠦ ᠲᠣᠭᠲᠠᠭ᠋ᠠᠯ》᠎ᠤᠨ ᠠᠵᠢᠯ᠎ᠤᠨ ᠬᠠᠷᠠᠯᠲᠠ ᠪᠣᠯ ᠢᠳᠡᠭᠡᠨ᠎ᠤ ᠠᠮᠤᠷ ᠲᠦᠪᠰᠢᠨ᠎ᠢ ᠨᠡᠶ᠋ᠢᠭᠡᠮ ᠨᠡᠶ᠋ᠢᠲᠡ᠎ᠪᠠᠷ ᠵᠶ᠋ᠠᠨ ᠬᠠᠮᠲᠤ᠎ᠪᠠᠷ ᠵᠠᠰᠠᠬᠤ ᠬᠢᠷᠢ ᠲᠦᠪᠰᠢᠨ᠎ᠢ ᠳᠡᠭᠡᠭᠰᠢᠯᠡᠭᠦᠯᠵᠦ᠂ ᠱᠠᠩᠨᠠᠬᠤ᠎ᠪᠠᠷ ᠳᠠᠮᠵᠢᠭᠤᠯᠤᠨ ᠣᠯᠠᠨ ᠨᠡᠶ᠋ᠢᠲᠡ ᠵᠢᠨ ᠢᠳᠡᠭᠡᠨ᠎ᠤ ᠠᠮᠤᠷ ᠲᠦᠪᠰᠢᠨ᠎ᠤ ᠬᠢᠨᠠᠯᠲᠠ ᠲᠠᠯᠪᠢᠯᠲᠠ᠎ᠳᠤ ᠣᠷᠣᠯᠴᠠᠬᠤ ᠵᠢ ᠵᠣᠷᠢᠭᠵᠢᠭᠤᠯᠵᠤ᠂ ᠢᠳᠡᠭᠡᠨ᠎ᠤ ᠠᠮᠤᠷ ᠲᠦᠪᠰᠢᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠴᠠᠭ ᠲᠤᠬᠠᠶ᠎ᠳᠤᠨᠢ ᠢᠯᠡᠷᠡᠭᠦᠯᠬᠦ ᠵᠢᠨ ᠬᠠᠮᠲᠤ ᠪᠠᠶ᠋ᠢᠴᠠᠭ᠋ᠠᠨ ᠰᠢᠢ᠍ᠳᠪᠦᠷᠢᠯᠡᠵᠦ᠂ ᠡᠭᠦᠨ᠎ᠤ ᠤᠯᠠᠮ᠎ᠠᠴᠠ ᠣᠯᠠᠨ ᠨᠡᠶ᠋ᠢᠲᠡ ᠵᠢᠨ ᠡᠷᠡᠭᠦᠯ ᠮᠡᠨᠳᠦ ᠪᠠ ᠢᠳᠡᠭᠡᠨ᠎ᠤ ᠠᠮᠤᠷ ᠲᠦᠪᠰᠢᠨ᠎ᠢ ᠪᠠᠲᠤᠯᠠᠨ᠎ᠠ᠃
1. ᠢᠯᠡᠴᠢᠯᠡᠨ ᠮᠡᠳᠡᠭᠦᠯᠬᠦ ᠠᠷᠭ᠎ᠠ ᠵᠠᠮ᠎ᠢ ᠰᠠᠭ᠋ᠠᠳ ᠥᠬᠡᠶ ᠨᠡᠪᠲᠡᠷᠡᠭᠦᠯᠦᠨ᠎ᠡ᠄ ᠡᠯ᠎ᠡ ᠱᠠᠲᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠢᠯᠡᠴᠢᠯᠡᠨ ᠮᠡᠳᠡᠭᠦᠯᠬᠦ ᠠᠷᠭ᠎ᠠ ᠵᠠᠮ᠎ᠤᠨ ᠰᠠᠭ᠋ᠠᠳ ᠥᠬᠡᠶ ᠨᠡᠪᠲᠡᠷᠡᠬᠦ ᠵᠢ ᠦᠨᠡᠨ ᠬᠦ᠌ ᠪᠠᠲᠤᠯᠠᠬᠤ ᠬᠡᠷᠡᠭᠲᠡᠶ ᠂ ᠢᠨᠲᠸᠷ ᠰᠦᠯᠵᠢᠶ᠎ᠡ᠂ ᠤᠲᠠᠰᠤ ᠂ ᠹᠠᠺᠰ᠂ ᠰᠢᠤᠳᠠᠨ ᠵᠶ᠋ᠠᠷ ᠢᠯᠡᠭᠡᠬᠦ ᠬᠠᠶᠢᠭ᠂ ᠴᠣᠩᠬᠣᠪᠴᠢ ᠵᠡᠷᠭᠡ ᠵᠢ ᠪᠠᠭᠲᠠᠭ᠋ᠠᠨ᠎ᠠ᠃
2. ᠢᠯᠡᠴᠢᠯᠡᠨ ᠮᠡᠳᠡᠭᠦᠯᠦᠭᠰᠡᠨ ᠮᠡᠳᠡᠭᠡ ᠵᠠᠩᠭᠢ ᠵᠢ ᠲᠡᠮᠳᠡᠭᠯᠡᠬᠦ᠄ ᠢᠯᠡᠴᠢᠯᠡᠨ ᠮᠡᠳᠡᠭᠦᠯᠦᠯᠲᠡ ᠵᠢ ᠲᠤᠰᠤᠭᠰᠠᠨ᠎ᠤ ᠳᠠᠷᠠᠭ᠎ᠠ᠂ ᠢᠯᠡᠴᠢᠯᠡᠨ ᠮᠡᠳᠡᠭᠦᠯᠦᠭᠴᠢ ᠵᠢᠨ ᠮᠡᠳᠡᠭᠡ ᠵᠠᠩᠭᠢ ᠪᠣᠯᠤᠨ ᠢᠯᠡᠴᠢᠯᠡᠨ ᠮᠡᠳᠡᠭᠦᠯᠦᠭᠰᠡᠨ ᠠᠭᠤᠯᠭ᠎ᠠ ᠵᠢ ᠨᠠᠷᠢᠨ ᠪᠣᠳᠠᠲᠠᠶ ᠲᠡᠮᠳᠡᠭᠯᠡᠬᠦ ᠵᠢᠨ ᠬᠠᠮᠲᠤ ᠴᠠᠭ ᠲᠤᠬᠠᠶ᠎ᠳᠤᠨᠢ ᠰᠢᠢ᠍ᠳᠪᠦᠷᠢᠯᠡᠬᠦ ᠡᠷᠬᠡ ᠮᠡᠳᠡᠯ᠎ᠲᠠᠢ ᠰᠠᠯᠠᠭ᠎ᠠ ᠮᠥᠴᠢᠷ᠎ᠲᠤ ᠬᠤᠪᠢᠶᠠᠨ ᠬᠦᠷᠭᠡᠨ᠎ᠡ᠃
3. ᠪᠠᠶ᠋ᠢᠴᠠᠭ᠋ᠠᠵᠤ ᠬᠢᠨᠠᠨ ᠬᠠᠷᠭᠤᠭᠤᠯᠬᠤ᠄ ᠦᠨᠡᠨ ᠨᠡᠷ᠎ᠡ᠎ᠪᠠᠷ ᠢᠯᠡᠴᠢᠯᠡᠨ ᠮᠡᠳᠡᠭᠦᠯᠬᠦ᠎ᠳᠤ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠲᠣᠭᠲᠠᠭᠰᠠᠨ ᠴᠠᠭ᠎ᠤᠨ ᠳᠣᠲᠣᠷ᠎ᠠ ᠪᠠᠶ᠋ᠢᠴᠠᠭ᠋ᠠᠨ ᠬᠠᠷᠭᠤᠭᠤᠯᠬᠤ ᠵᠢᠨ ᠬᠠᠮᠲᠤ ᠢᠯᠡᠴᠢᠯᠡᠨ ᠮᠡᠳᠡᠭᠦᠯᠦᠭᠴᠢ᠎ᠳᠤ ᠬᠡᠷᠡᠭ ᠪᠣᠯᠭ᠋ᠠᠨ ᠳᠠᠩᠰᠠᠯᠠᠬᠤ ᠡᠰᠡᠬᠦ ᠵᠢ ᠮᠡᠳᠡᠭᠳᠡᠨ᠎ᠡ᠃
4. ᠢᠯᠡᠴᠢᠯᠡᠨ ᠮᠡᠳᠡᠭᠦᠯᠦᠭᠴᠢ ᠵᠢ ᠱᠠᠩᠨᠠᠬᠤ ᠄ ᠪᠠᠶ᠋ᠢᠴᠠᠭ᠋ᠠᠨ ᠲᠤᠳᠤᠯᠠᠭ᠋ᠠᠳ ᠦᠨᠡᠨ ᠪᠣᠳᠠᠲᠠᠶ ᠪᠠᠶ᠋ᠢᠬᠤ ᠢᠯᠡᠴᠢᠯᠡᠨ ᠮᠡᠳᠡᠭᠦᠯᠦᠯᠲᠡ ᠵᠢᠨ ᠢᠯᠡᠴᠢᠯᠡᠨ ᠮᠡᠳᠡᠭᠦᠯᠦᠭᠴᠢ᠎ᠳᠤ ᠱᠠᠩᠨᠠᠯ ᠣᠯᠭᠤᠵᠤ᠂ ᠪᠣᠳᠠᠲᠠᠶ ᠱᠠᠩᠨᠠᠬᠤ ᠵᠣᠭᠤᠰ᠎ᠤᠨ ᠲᠤᠭ᠎ᠠ ᠵᠢ 《ᠬᠡᠷᠡᠭᠵᠢᠭᠦᠯᠬᠦ ᠨᠠᠷᠢᠨ ᠲᠦᠷᠢᠮ》᠎ᠤᠨ ᠶᠣᠰᠣᠭ᠋ᠠᠷ ᠬᠡᠷᠡᠭᠵᠢᠭᠦᠯᠵᠦ᠂ ᠬᠡᠷᠡᠭ ᠨᠢᠭᠡᠪᠦᠷᠢ ᠵᠢᠨ ᠱᠠᠩᠨᠠᠯ᠎ᠤᠨ ᠵᠣᠭᠤᠰ᠎ᠤᠨ ᠲᠤᠭ᠎ᠠ ᠵᠢᠨ ᠳᠡᠭᠡᠳᠦ ᠬᠢᠵᠠᠭ᠋ᠠᠷ 100 ᠲᠦᠮᠡᠨ ᠲᠥᠭᠦᠷᠢᠭ ᠪᠣᠯᠣᠨ᠎ᠠ ᠃
5. ᠤᠬᠠᠭᠤᠯᠭ᠎ᠠ ᠬᠥᠮᠦᠵᠢᠯ᠄ ᠣᠯᠠᠨ ᠵᠦᠢ᠍ᠯ᠎ᠤᠨ ᠬᠡᠯᠪᠡᠷᠢ᠎ᠪᠠᠷ ᠳᠠᠮᠵᠢᠭᠤᠯᠤᠨ ᠢᠳᠡᠭᠡᠨ᠎ᠤ ᠠᠮᠤᠷ ᠲᠦᠪᠰᠢᠨ᠎ᠤ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠵᠢ ᠥᠷᠭᠡᠨ ᠵᠶ᠋ᠠᠷ ᠥᠷᠨᠢᠭᠦᠯᠵᠦ᠂ ᠢᠯᠡᠴᠢᠯᠡᠨ ᠮᠡᠳᠡᠭᠦᠯᠬᠦ ᠳᠦᠷᠢᠮ᠎ᠤᠨ ᠲᠤᠬᠠᠶ ᠠᠷᠠᠳ ᠣᠯᠠᠨ ᠤ ᠲᠠᠨᠢᠯᠲᠠ ᠵᠢ ᠳᠡᠭᠡᠭᠰᠢᠯᠡᠭᠦᠯᠦᠨ᠎ᠡ᠃
ᠳᠥᠷᠪᠡ᠂ 《ᠲᠦᠷ ᠬᠡᠷᠡᠭᠵᠢᠭᠦᠯᠬᠦ ᠲᠣᠭᠲᠠᠭ᠋ᠠᠯ》᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠬᠡᠷᠬᠢᠨ ᠰᠠᠶ᠋ᠢᠲᠤᠷ ᠠᠳᠬᠤᠬᠤ ᠪᠣᠶ?
《ᠲᠦᠷ ᠬᠡᠷᠡᠭᠵᠢᠭᠦᠯᠬᠦ ᠲᠣᠭᠲᠠᠭ᠋ᠠᠯ》᠎ᠢ ᠪᠦᠲᠦᠮᠵᠢᠲᠡᠶ ᠬᠡᠷᠡᠭᠵᠢᠭᠦᠯᠬᠦ ᠵᠢ ᠦᠨᠡᠨ ᠬᠦ᠌ ᠪᠠᠲᠤᠯᠠᠬᠤ ᠵᠢᠨ ᠲᠤᠰᠠᠳᠠ ᠂ ᠡᠯ᠎ᠡ ᠱᠠᠲᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠪᠣᠯᠤᠨ ᠡᠳ᠋᠎ᠤᠨ ᠵᠠᠰᠠᠭ᠎ᠤᠨ ᠲᠣᠪᠴᠢᠶ᠎ᠠ ᠪᠣᠳᠠᠲᠤ ᠪᠠᠶ᠋ᠢᠳᠠᠯ ᠲᠠᠢ ᠪᠠᠨ ᠤᠶᠠᠯᠳᠤᠭᠤᠯᠤᠨ᠂ ᠳᠣᠤᠷᠠᠬᠢ ᠠᠷᠭ᠎ᠠ ᠬᠡᠮᠵᠢᠶ᠎ᠡ ᠵᠢ ᠠᠪᠬᠤ ᠴᠢᠬᠤᠯᠠᠲᠠᠶ᠄ ᠨᠢᠭᠡ᠎ᠳᠤ ᠂ ᠢᠯᠡᠴᠢᠯᠡᠨ ᠮᠡᠳᠡᠭᠦᠯᠬᠦ ᠠᠷᠭ᠎ᠠ ᠵᠠᠮ᠎ᠢ ᠰᠢᠯᠤᠭᠤᠳᠬᠠᠵᠤ᠂ ᠳᠣᠲᠣᠭ᠋ᠠᠳᠤ ᠵᠢᠨ ᠢᠯᠡᠴᠢᠯᠡᠨ ᠮᠡᠳᠡᠭᠦᠯᠦᠭᠴᠢ ᠵᠢᠨ ᠣᠯᠠᠨ ᠵᠦᠢ᠍ᠯ᠎ᠤᠨ ᠠᠷᠭ᠎ᠠ ᠮᠠᠶᠢᠭ ᠵᠶ᠋ᠠᠷ ᠳᠠᠮᠵᠢᠭᠤᠯᠤᠨ ᠳᠥᠭᠦᠮ ᠳᠥᠲᠡ᠎ᠪᠠᠷ ᠢᠯᠡᠴᠢᠯᠡᠨ ᠮᠡᠳᠡᠭᠦᠯᠬᠦ ᠵᠢ ᠦᠨᠡᠨ ᠬᠦ᠌ ᠪᠠᠲᠤᠯᠠᠨ᠎ᠠ; ᠬᠤᠶᠠᠷ᠎ᠲᠤ᠂ ᠢᠯᠡᠴᠢᠯᠡᠨ ᠮᠡᠳᠡᠭᠦᠯᠦᠭᠰᠡᠨ ᠮᠡᠳᠡᠭᠡ ᠵᠠᠩᠭᠢ ᠵᠢ ᠨᠠᠷᠢᠨ ᠪᠣᠳᠠᠲᠠᠶ ᠲᠡᠮᠳᠡᠭᠯᠡᠬᠦ ᠵᠢᠨ ᠬᠠᠮᠲᠤ ᠴᠠᠭ ᠲᠤᠬᠠᠶ᠎ᠳᠤᠨᠢ ᠰᠢᠢ᠍ᠳᠪᠦᠷᠢᠯᠡᠨ᠎ᠡ; ᠭᠤᠷᠪᠠ᠎ᠳᠤ ᠂ ᠦᠨᠡᠨ ᠨᠡᠷ᠎ᠡ ᠵᠢᠨ ᠢᠯᠡᠴᠢᠯᠡᠨ ᠮᠡᠳᠡᠭᠦᠯᠦᠯᠲᠡ ᠵᠢ ᠦᠳᠲᠡᠷ ᠲᠦᠷᠭᠡᠨ ᠪᠠᠶ᠋ᠢᠴᠠᠭ᠋ᠠᠨ ᠬᠠᠷᠭᠤᠭᠤᠯᠬᠤ ᠵᠢᠨ ᠬᠠᠮᠲᠤ ᠲᠣᠭᠲᠠᠭᠰᠠᠨ ᠴᠠᠭ᠎ᠤᠨ ᠳᠣᠲᠣᠷ᠎ᠠ ᠦᠷ᠎ᠡ ᠳ᠋ᠦᠩ᠎ᠢ ᠬᠠᠷᠢᠭᠤ ᠲᠤᠰᠬᠠᠨ᠎ᠠ; ᠲᠦᠷᠪᠡ᠎ᠳᠤ᠂ ᠪᠠᠶ᠋ᠢᠴᠠᠭ᠋ᠠᠨ ᠲᠤᠳᠤᠯᠠᠭ᠋ᠠᠳ ᠦᠨᠡᠨ ᠪᠣᠳᠠᠲᠠᠶ ᠢᠯᠡᠴᠢᠯᠡᠨ ᠮᠡᠳᠡᠭᠦᠯᠦᠯᠲᠡ ᠵᠢ ᠱᠠᠩᠨᠠᠵᠤ᠂ ᠬᠠᠮᠤᠭ᠎ᠤᠨ ᠥᠨᠳᠥᠷ᠎ᠲᠤ᠎ᠪᠠᠨ 100 ᠲᠦᠮᠡᠨ ᠲᠥᠭᠦᠷᠢᠭ᠎ᠲᠤ ᠬᠦᠷᠦᠨ᠎ᠡ; ᠲᠠᠪᠤ᠎ᠳᠤ᠂ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠠᠵᠢᠯ᠎ᠤᠨ ᠲᠣᠭᠲᠠᠴᠠ᠎ᠪᠠᠨ ᠲᠡᠭᠦᠯᠳᠡᠷᠵᠢᠭᠦᠯᠵᠦ᠂ ᠳᠦᠷᠢᠮᠵᠢᠭᠰᠡᠨ᠂ ᠵᠢᠷᠤᠮᠵᠢᠭᠰᠠᠨ ᠬᠠᠮᠢᠶᠠᠷᠤᠯᠲᠠ ᠵᠢ ᠪᠡᠶᠡᠯᠡᠭᠦᠯᠦᠨ᠎ᠡ ; ᠵᠢᠷᠭᠤᠭ᠎ᠠ᠎ᠳᠤ᠂ ᠤᠬᠠᠭᠤᠯᠤᠨ ᠬᠥᠮᠦᠵᠢᠭᠦᠯᠬᠦ ᠠᠵᠢᠯᠯᠠᠭ᠎ᠠ ᠵᠢ ᠥᠷᠭᠡᠨ ᠵᠶ᠋ᠠᠷ ᠥᠷᠨᠢᠭᠦᠯᠵᠦ᠂ ᠤᠯᠠᠨ ᠲᠦᠮᠡᠨ᠎ᠤ ᠢᠯᠡᠴᠢᠯᠡᠨ ᠮᠡᠳᠡᠭᠦᠯᠬᠦ ᠳᠦᠷᠢᠮ᠎ᠤᠨ ᠲᠤᠬᠠᠢ ᠲᠠᠨᠢᠯᠲᠠ ᠪᠠ ᠣᠷᠣᠯᠴᠠᠬᠤ ᠬᠡᠮᠵᠢᠶ᠎ᠡ ᠵᠢ ᠳᠡᠭᠡᠭᠰᠢᠯᠡᠭᠦᠯᠦᠨ᠎ᠡ; ᠲᠤᠯᠤᠭ᠎ᠠ᠎ᠳᠤ᠂ ᠨᠢᠭᠤᠴᠠ ᠵᠢ ᠬᠠᠮᠠᠭ᠋ᠠᠯᠠᠬᠤ ᠲᠦᠷᠢᠮ᠎ᠢ ᠴᠢᠩᠭ᠎ᠠ ᠬᠡᠷᠡᠭᠵᠢᠭᠦᠯᠵᠦ᠂ ᠢᠯᠡᠴᠢᠯᠡᠨ ᠮᠡᠳᠡᠭᠦᠯᠦᠭᠴᠢ ᠵᠢᠨ ᠮᠡᠳᠡᠭᠡ ᠵᠠᠩᠭᠢ ᠵᠢ ᠬᠠᠮᠠᠭ᠋ᠠᠯᠠᠵᠤ᠂ ᠴᠣᠬᠢᠯᠲᠠ ᠥᠭᠴᠦ ᠬᠠᠷᠢᠭᠤ ᠠᠪᠬᠤ ᠠᠵᠢᠯᠯᠠᠭ᠎ᠠ ᠵᠢ ᠴᠢᠩᠭ᠎ᠠ ᠵᠠᠯᠬᠠᠭ᠋ᠠᠨ ᠰᠢᠢ᠍ᠳᠭᠡᠨ᠎ᠡ ᠃ ᠡᠳᠡᠭᠡᠷ ᠠᠷᠭ᠎ᠠ ᠬᠡᠮᠵᠢᠶᠡᠨᠤᠭᠤᠳᠪᠠᠷ ᠳᠠᠮᠵᠢᠭᠤᠯᠤᠨ᠂ ᠢᠳᠡᠭᠡᠨ᠎ᠤ ᠠᠮᠤᠷ ᠲᠦᠪᠰᠢᠨ᠎ᠤ ᠨᠡᠶ᠋ᠢᠭᠡᠮ ᠨᠡᠢ᠌ᠲᠡ᠎ᠪᠠᠷ ᠵᠶ᠋ᠡᠨ ᠬᠠᠮᠲᠤ᠎ᠪᠠᠷ ᠵᠠᠰᠠᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃
ᠶᠡᠷᠦᠩᠬᠡᠶ᠎ᠳᠤᠨᠢ ᠠᠪᠴᠤ ᠬᠡᠯᠡᠪᠡᠯ᠂ 《ᠲᠦᠷ ᠬᠡᠷᠡᠭᠵᠢᠭᠦᠯᠬᠦ ᠲᠣᠭᠲᠠᠭ᠋ᠠᠯ》᠎ᠨᠢ ᠪᠥᠬᠦ ᠣᠷᠣᠨ᠎ᠤ ᠢᠳᠡᠭᠡᠨ᠎ᠤ ᠠᠮᠤᠷ ᠲᠦᠪᠰᠢᠨ᠎ᠤ ᠬᠦᠷᠢᠶᠡᠨ᠎ᠳᠠᠬᠢ ᠬᠦᠨᠳᠦ ᠶᠡᠭᠡ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠱᠠᠩᠨᠠᠨ ᠬᠥᠬᠢᠭᠦᠯᠬᠦ᠎ᠳᠤ ᠨᠠᠩ ᠪᠣᠳᠠᠲᠠᠶ ᠱᠠᠭ᠋ᠠᠷᠳᠠᠯᠭ᠎ᠠ ᠳᠤᠷᠠᠳᠴᠤ᠂ ᠬᠠᠤᠯᠢ᠎ᠠᠴᠠ ᠵᠥᠷᠢᠴᠡᠭᠰᠡᠨ ᠬᠦᠨᠳᠦ ᠶᠡᠭᠡ ᠦᠢ᠍ᠯᠡ ᠠᠵᠢᠯᠯᠠᠭ᠎ᠠ ᠵᠢ ᠴᠠᠭ ᠲᠤᠬᠠᠶ᠎ᠳᠤᠨᠢ ᠢᠯᠡᠷᠡᠭᠦᠯᠦᠨ ᠵᠠᠯᠠᠷᠠᠭᠤᠯᠵᠤ᠂ ᠢᠳᠡᠭᠡᠨ᠎ᠤ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠦᠢ᠍ᠯᠡᠳᠦᠯ ᠴᠢᠳᠠᠪᠤᠷᠢ ᠵᠢ ᠳᠡᠭᠡᠭᠰᠢᠯᠡᠭᠦᠯᠦᠨ᠂ ᠬᠢᠨᠠᠯᠲᠠ ᠬᠠᠮᠢᠶᠠᠷᠤᠯᠲᠠ᠎ᠳᠤ ᠰᠢᠨ᠎ᠡ ᠬᠠᠷᠠᠭ᠋ᠠᠰᠤ ᠬᠠᠩᠭ᠋ᠠᠪᠠ᠂ ᠲᠤᠬᠠᠶ᠋ᠢᠯᠠᠪᠠᠯ ᠳᠣᠲᠣᠭ᠋ᠠᠳᠤ ᠵᠢᠨ ᠬᠥᠮᠦᠰ ᠪᠠ ᠪᠠᠶ᠋ᠢᠳᠠᠯ᠎ᠢ ᠮᠡᠳᠡᠬᠦ ᠬᠥᠮᠦᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠢᠯᠡᠴᠢᠯᠡᠨ ᠮᠡᠳᠡᠭᠦᠯᠬᠦ ᠵᠢ ᠵᠣᠷᠢᠭᠵᠢᠭᠤᠯᠬᠤ᠎ᠪᠠᠷ ᠳᠠᠮᠵᠢᠭᠤᠯᠤᠨ᠂ ᠢᠳᠡᠭᠡᠨ᠎ᠤ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠡᠷᠴᠢᠮ᠎ᠢ ᠴᠢᠩᠭ᠋ᠠᠷᠠᠭᠤᠯᠵᠤ ᠂ ᠨᠡᠶ᠋ᠢᠭᠡᠮ᠎ᠤᠨ ᠲᠦᠷᠢᠮ᠎ᠤᠨ ᠪᠦᠲᠦᠮᠵᠢᠲᠡᠶ ᠠᠵᠢᠯᠯᠠᠭ᠋ᠠᠨ᠎ᠢ ᠬᠠᠮᠠᠭ᠋ᠠᠯᠠᠨ᠂ ᠵᠠᠰᠠᠭ ᠵᠠᠬᠢᠷᠭ᠋ᠠᠨ᠎ᠤ ᠬᠢᠨᠠᠯᠲᠠ ᠬᠠᠮᠢᠶᠠᠷᠤᠯᠲᠠ ᠵᠢᠨ ᠥᠪᠡᠷ᠎ᠤᠨ ᠥᠷᠲᠡᠭ᠎ᠢ ᠪᠠᠭᠤᠷᠠᠭᠤᠯᠵᠤ᠂ ᠣᠯᠠᠨ ᠨᠡᠶ᠋ᠢᠲᠡ ᠵᠢᠨ ᠡᠷᠡᠭᠦᠯ ᠮᠡᠨᠳᠦ ᠵᠢ ᠪᠠᠲᠤᠯᠠᠬᠤ ᠪᠣᠯᠣᠨ᠎ᠠ ᠃
ᠤᠤᠯ ᠵᠣᠬᠢᠶᠠᠯ ᠤᠨ ᠰᠦᠯᠵᠢᠶᠡᠨ ᠬᠠᠶᠢᠭ᠄ http://amr.nmg.gov.cn/zfxxgk/fdzdgknr/gfxwj/spjg/202412/t20241226_2644165.html