ᠦᠰᠦᠭ ᠪᠢᠴᠢᠭ ᠵᠶ᠋ᠠᠷ ᠦᠭᠦᠯᠡᠬᠦᠢ᠄ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 〈ᠮᠣᠩᠭᠤᠯ〉 ᠲᠡᠮᠳᠡᠭᠲᠦ ᠵᠢᠨ ᠭᠡᠷᠡᠴᠢᠯᠡᠯ᠎ᠤᠨ ᠬᠠᠮᠢᠶᠠᠷᠤᠯᠲᠠ ᠵᠢᠨ ᠠᠷᠭ᠎ᠠ》
2025-03-24

     ᠥᠪᠡᠷᠲᠡᠭᠡᠨ ᠵᠠᠰᠠᠬᠤ ᠣᠷᠣᠨ᠎ᠤ ᠳᠠᠪᠠᠭᠤᠯᠢᠭ ᠣᠨᠴᠠᠯᠢᠭᠲᠤ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ᠂ ᠨᠠᠷᠠᠲᠤ ᠲᠥᠷᠥᠯ ᠲᠡᠮᠳᠡᠭᠲᠦ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ 《ᠥᠪᠥᠷ ᠮᠣᠩᠭᠤᠯ》 ᠲᠡᠮᠳᠡᠭᠲᠦ ᠵᠢᠨ ᠭᠡᠷᠡᠴᠢᠯᠡᠯ᠎ᠤᠨ  ᠠᠵᠢᠯᠯᠠᠭ᠎ᠠ ᠵᠢ ᠵᠢᠷᠤᠮᠵᠢᠭᠤᠯᠬᠤ ᠵᠢᠨ ᠲᠤᠰᠠᠳᠠ ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠡᠷᠡᠴᠢᠯᠡᠨ ᠮᠡᠳᠡᠷᠡᠬᠦ ᠲᠦᠷᠢᠮ》 ᠵᠡᠷᠭᠡ ᠬᠤᠯᠪᠣᠭᠳᠠᠯ ᠪᠥᠬᠦᠶ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠤᠨ ᠲᠣᠭᠲᠠᠭ᠋ᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 〈ᠥᠪᠥᠷ ᠮᠣᠩᠭᠤᠯ〉 ᠲᠡᠮᠳᠡᠭᠲᠦ ᠵᠢᠨ ᠭᠡᠷᠡᠴᠢᠯᠡᠯ᠎ᠤᠨ ᠬᠠᠮᠢᠶᠠᠷᠤᠯᠲᠠ ᠵᠢᠨ ᠠᠷᠭ᠎ᠠ》᠎ᠳᠤ ᠵᠠᠰᠠᠪᠤᠷᠢ ᠣᠷᠣᠭᠤᠯᠪᠠ᠂ ᠡᠳᠦᠭᠡ ᠬᠤᠯᠪᠣᠭᠳᠠᠯ ᠪᠥᠬᠦᠶ ᠠᠭᠤᠯᠭ᠎ᠠ ᠵᠢᠨ ᠲᠤᠬᠠᠶ ᠳᠣᠤᠷᠠᠬᠢ ᠮᠡᠲᠦ ᠲᠠᠢ᠌ᠯᠪᠤᠷᠢᠯᠠᠶ᠎ᠠ᠄

     ᠨᠢᠭᠡ᠂ ᠨᠡᠶ᠋ᠢᠲᠡᠯᠡᠭᠰᠡᠨ ᠠᠬᠤᠶ ᠪᠠᠶ᠋ᠢᠳᠠᠯ

     ᠶᠡᠷᠦᠩᠬᠡᠶ ᠱᠦᠵᠢ ᠰᠢ  ᠵᠢᠨ ᠫᠢᠩ 《ᠥᠪᠥᠷ ᠮᠣᠩᠭᠤᠯ᠎ᠤᠨ ᠠᠩᠬᠠᠨ᠎ᠤ ᠦᠢ᠍ᠯᠡᠳᠬᠦᠨ ᠣᠯᠠᠨ᠂ ᠤᠤᠯ ᠨᠠᠷᠠᠲᠤ ᠲᠡᠮᠳᠡᠭᠲᠦ ᠵᠢᠨ  ᠣᠨᠴᠠᠯᠢᠭ ᠲᠣᠪᠤᠶ᠋ᠢᠮ᠎ᠠ᠂ ᠮᠠᠰᠢ ᠣᠯᠠᠨ ᠪᠣᠳᠠᠰ᠎ᠢ 〈ᠲᠤᠲᠤᠷ ᠭᠡᠷ᠎ᠲᠤ᠎ᠪᠠᠨ ᠠᠷᠠᠴᠢᠯᠠᠭ᠋ᠠᠳ ᠬᠦᠮᠤᠨ ᠲᠠᠨᠢᠵᠤ ᠮᠡᠳᠡᠬᠦ ᠦᠭᠡᠢ〉᠂  ᠰᠠᠢ᠌ᠨ  ᠪᠠᠷᠠᠭ᠎ᠠ ᠵᠢ  ᠥᠨᠳᠥᠷ  ᠦᠨ᠎ᠡ ᠎ᠪᠠᠷ  ᠬᠤᠳᠠᠯᠳᠣᠵᠦ  ᠳᠡᠢ᠌ᠯᠬᠦ  ᠦᠭᠡᠢ》 《ᠠᠮᠢ ᠠᠬᠤᠶ ᠵᠢᠨ ᠲᠠᠷᠢᠶᠠᠯᠠᠩ ᠮᠠᠯ ᠠᠵᠤ ᠠᠬᠤᠶ ᠵᠢ ᠶᠡᠭᠡ᠎ᠪᠠᠷ ᠬᠥᠭᠵᠢᠭᠦᠯᠵᠦ᠂ ᠲᠠᠷᠢᠶᠠᠯᠠᠩ  ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠢ  ᠨᠠᠷᠢᠯᠢᠭ ᠡᠳ᠋ᠰᠢᠭᠦᠯᠬᠦ ᠪᠠ ᠪᠣᠬᠢᠷᠲᠤᠯ ᠥᠬᠡᠶ ᠣᠷᠭ᠋ᠠᠨᠢᠭ ᠨᠠᠷᠠᠲᠤ ᠲᠡᠮᠳᠡᠭᠲᠦ ᠵᠢ ᠪᠣᠶ ᠪᠣᠯᠭ᠋ᠠᠬᠤ ᠵᠢ ᠰᠠᠶ᠋ᠢᠲᠤᠷ ᠠᠳᠬᠤᠵᠤ᠂ ᠨᠢᠭᠡᠳᠦᠭᠡᠷ ᠬᠤᠶᠠᠳᠤᠭ᠋ᠠᠷ ᠭᠤᠷᠪᠠᠳᠤᠭ᠋ᠠᠷ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠵᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠵᠢᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠤᠨ᠎ᠠ》 ᠭᠡᠵᠦ ᠴᠢᠬᠤᠯᠠᠴᠢᠯᠠᠪᠠ᠃

     ᠶᠡᠷᠦᠩᠬᠡᠶ ᠱᠦᠵᠢ ᠰᠢ  ᠵᠢᠨ ᠫᠢᠩ᠎ᠤᠨ ᠥᠪᠥᠷ ᠮᠣᠩᠭᠤᠯ᠎ᠤᠨ ᠲᠤᠬᠠᠶ ᠴᠢᠬᠤᠯᠠ ᠵᠢᠭ᠋ᠠᠪᠤᠷᠢ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠮᠠᠨ᠎ᠤ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠠᠵᠤ ᠦᠢ᠍ᠯᠡᠰ᠎ᠤᠨ ᠨᠠᠷᠠᠲᠤ ᠲᠡᠮᠳᠡᠭᠲᠦ ᠵᠢᠨ ᠬᠥᠭᠵᠢᠯᠲᠡ ᠵᠢᠨ ᠪᠣᠳᠠᠲᠤ ᠬᠡᠷᠡᠭᠴᠡᠭᠡ ᠱᠠᠭ᠋ᠠᠷᠳᠠᠯᠭ᠎ᠠ ᠵᠢ ᠬᠦᠢ᠍ᠴᠡᠳᠬᠡᠬᠦ ᠵᠢᠨ ᠲᠤᠰᠠᠳᠠ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠨᠢ ᠤᠯᠤᠰ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ ᠵᠢᠨ᠎ᠬᠢᠨ᠎ᠢ  ᠵᠦᠪᠳᠡᠯᠴᠡᠨ ᠭᠣᠶᠣᠴᠢᠯᠠᠵᠦ ᠤᠯᠤᠰ᠎ᠤᠨ ᠭᠡᠷᠡᠴᠢᠯᠡᠯ ᠵᠥᠪᠰᠢᠶᠡᠷᠡᠯ᠎ᠤᠨ ᠵᠥᠪᠯᠡᠯ ᠵᠶ᠋ᠠᠷ ᠵᠥᠪᠰᠢᠶᠡᠷᠡᠭᠦᠯᠵᠦ᠂ 《ᠥᠪᠥᠷ ᠮᠣᠩᠭᠤᠯ》  ᠲᠡᠮᠳᠡᠭᠲᠦ᠎ᠪᠠᠷ ᠥᠪᠥᠷ ᠮᠣᠩᠭᠤᠯ᠎ᠤᠨ ᠣᠷᠣᠨ ᠪᠦᠰᠡ ᠵᠢᠨ ᠨᠠᠷᠠᠲᠤ ᠲᠡᠮᠳᠡᠭᠲᠦ ᠵᠢ ᠪᠣᠶ ᠪᠣᠯᠭ᠋ᠠᠬᠤ ᠠᠵᠢᠯᠯᠠᠭ᠎ᠠ ᠵᠢᠨ ᠰᠢᠨ᠎ᠡ ᠵᠢ ᠡᠭᠦᠳᠦᠨ ᠥᠷᠨᠢᠭᠦᠯᠵᠦ᠂ 《ᠥᠪᠥᠷ  ᠮᠣᠩᠭᠤᠯ》 ᠲᠡᠮᠳᠡᠭᠲᠦ᠎ᠳᠤ 《ᠪᠠᠷᠢᠮᠵᠢᠶ᠎ᠠ + ᠭᠡᠷᠡᠴᠢᠯᠡᠯ》᠎ᠢ  ᠳᠡᠯᠡᠬᠡᠶ᠎ᠳᠤ ᠨᠡᠶ᠋ᠢᠳᠡᠮ ᠬᠡᠷᠡᠭᠯᠡᠭᠦᠯᠬᠦ ᠭᠤᠷᠪᠠᠳᠠᠬᠢ ᠡᠲᠡᠭᠡᠳ᠎ᠤᠨ ᠭᠡᠷᠡᠴᠢᠯᠡᠯ᠎ᠤᠨ ᠠᠷᠭ᠎ᠠ ᠮᠠᠶᠢᠭ᠎ᠢ ᠬᠡᠷᠡᠭᠯᠡᠪᠡ ᠂ ᠡᠭᠦᠨ᠎ᠤ ᠵᠣᠷᠢᠯᠭ᠎ᠠ᠎ᠨᠢ ᠭᠡᠷᠡᠴᠢᠯᠡᠬᠦ᠂ ᠵᠢᠩᠬᠢᠨᠢ ᠪᠠᠷᠠᠭ᠎ᠠ ᠵᠢ  ᠰᠣᠩᠭᠣᠬᠣ᠎ᠳᠤ ᠪᠣᠢ᠂ 5 ᠵᠢᠯ ᠭᠠᠷᠤᠶ ᠵᠢᠨ ᠴᠦᠬᠦᠷᠡᠰᠢ ᠦᠭᠡᠢ ᠴᠢᠷᠮᠠᠶ᠋ᠢᠯᠭ᠎ᠠ᠎ᠪᠠᠷ ᠳᠡᠮᠵᠢᠨ᠂ 《ᠥᠪᠥᠷ ᠮᠣᠩᠭᠤᠯ》 ᠲᠡᠮᠳᠡᠭᠲᠦ᠎ᠨᠢ ᠨᠢᠭᠡᠨᠲᠡ ᠢᠯᠡ ᠲᠣᠳᠣ ᠥᠪᠥᠷ ᠮᠣᠩᠭᠤᠯ᠎ᠤᠨ ᠣᠨᠴᠠᠯᠢᠭ᠎ᠲᠠᠢ ᠣᠷᠣᠨ ᠪᠦᠰᠡ ᠵᠢᠨ ᠨᠠᠷᠠᠲᠤ ᠲᠡᠮᠳᠡᠭᠲᠦ ᠪᠣᠯᠵᠣ᠂ ᠨᠡᠶ᠋ᠢᠭᠡᠮ᠎ᠤᠨ ᠡᠯ᠎ᠡ ᠡᠲᠡᠭᠡᠳ ᠪᠠ ᠥᠷᠭᠡᠨ ᠣᠯᠠᠨ ᠬᠡᠷᠡᠭᠯᠡᠭᠴᠢᠳ᠎ᠤᠨ ᠦᠷᠭᠡᠨ ᠳᠡᠯᠭᠡᠷ ᠠᠩᠬᠠᠷᠣᠯ ᠪᠠ ᠵᠦᠪᠰᠢᠶᠡᠷᠡᠯ᠎ᠢ ᠣᠯᠣᠭᠰᠠᠨ ᠪᠠᠶ᠋ᠢᠨ᠎ᠠ᠃ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠦ ᠠᠬᠣᠢ ᠵᠢᠨ ᠪᠦᠲᠦᠭᠡᠭᠳᠡᠬᠦᠨ᠎ᠤ ᠨᠡᠷᠡᠲᠦ ᠲᠡᠮᠳᠡᠭᠲᠦ ᠵᠢᠨ ᠪᠠᠶ᠋ᠢᠭᠤᠯᠤᠯᠲᠠ ᠵᠢᠨ ᠵᠢᠷᠤᠮᠵᠢᠯ᠎ᠤᠨ ᠴᠢᠨᠠᠷ ᠪᠠ ᠦᠷ᠎ᠡ ᠪᠦᠲᠦᠮᠵᠢᠲᠦ  ᠴᠢᠨᠠᠷ ᠎ᠢ  ᠤᠯᠠᠮ  ᠨᠢᠭᠡ  ᠠᠯᠬᠤᠮ  ᠳᠡᠭᠡᠭᠰᠢᠯᠡᠭᠦᠯᠬᠦ ᠵᠢᠨ  ᠲᠦᠯᠣᠭᠡ ᠂   《  ᠥᠪᠥᠷ  ᠮᠣᠩᠭᠣᠯ》 ᠲᠡᠮᠳᠡᠭᠲᠦ ᠵᠢᠨ  ᠭᠡᠷᠡᠴᠢᠯᠡᠯ᠎ᠨᠢ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠦ ᠠᠬᠣᠢ ᠵᠢᠨ ᠪᠦᠲᠦᠭᠡᠭᠳᠡᠬᠦᠨ᠎ᠤ ᠨᠡᠷᠡᠲᠦ ᠲᠡᠮᠳᠡᠭᠲᠦ ᠵᠢᠨ ᠪᠠᠶ᠋ᠢᠭᠤᠯᠤᠯᠲᠠ ᠵᠢᠨ ᠠᠵᠢᠯ᠎ᠳᠠᠬᠢ ᠴᠢᠬᠤᠯᠠ ᠦᠢ᠍ᠯᠡᠳᠦᠯ᠎ᠢ ᠪᠠᠳᠠᠷᠠᠭᠤᠯᠪᠠ ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠦᠢ᠍ᠯᠡᠳᠬᠦᠨ᠎ᠤ ᠶᠠᠰᠤ ᠴᠢᠨᠠᠷ᠎ᠤᠨ ᠬᠠᠤᠯᠢ》᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠡᠷᠡᠴᠢᠯᠡᠵᠦ ᠵᠥᠪᠰᠢᠶᠡᠷᠡᠬᠦ ᠳᠦᠷᠢᠮ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠣᠣᠯᠳᠠᠯᠭ᠋ᠠᠲᠤ ᠲᠠᠷᠢᠶᠠᠯᠠᠩ ᠮᠠᠯ ᠠᠵᠥ ᠠᠬᠣᠢ ᠵᠢᠨ ᠪᠦᠲᠦᠭᠡᠭᠳᠡᠬᠦᠨ᠎ᠤ ᠰᠠᠭᠣᠷᠢᠨ ᠭᠠᠵᠠᠷ᠎ᠢ ᠪᠦᠲᠦᠭᠡᠨ ᠪᠠᠶ᠋ᠢᠭᠤᠯᠬᠤ ᠵᠢ ᠠᠬᠢᠭᠤᠯᠬᠤ ᠳᠦᠷᠢᠮ》 ᠵᠡᠷᠭᠡ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠤᠨ ᠲᠣᠭᠲᠠᠭ᠋ᠠᠯ᠎ᠢ ᠦᠨᠳᠦᠰᠦᠯᠡᠨ᠂ ᠲᠤᠰ ᠠᠷᠭ᠎ᠠ᠎ᠳᠤ ᠵᠠᠰᠠᠪᠤᠷᠢ ᠣᠷᠣᠭᠣᠯᠪᠠ᠃

     ᠬᠤᠶᠠᠷ᠂ ᠲᠣᠭᠲᠠᠭ᠋ᠠᠭᠰᠠᠨ ᠦᠨᠳᠦᠰᠦᠯᠡᠯ

     《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠥᠪᠥᠷ ᠮᠣᠩᠭᠣᠯ 〉  ᠲᠡᠮᠳᠡᠭᠲᠦ ᠵᠢᠨ ᠭᠡᠷᠡᠴᠢᠯᠡᠯ᠎ᠤᠨ ᠬᠠᠮᠢᠶᠠᠷᠤᠯᠲᠠ ᠵᠢᠨ ᠠᠷᠭ᠎ᠠ》 ᠵᠢ ᠭᠣᠤᠯᠳᠠᠭᠤ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠡᠷᠡᠴᠢᠯᠡᠵᠦ ᠵᠥᠪᠰᠢᠶᠡᠷᠡᠬᠦ ᠳᠦᠷᠢᠮ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠲᠣᠭᠲᠠᠭ᠋ᠠᠯ ᠵᠢᠴᠢ ᠬᠡᠰᠡᠭ ᠮᠤᠵᠢ ᠵᠢᠨ ᠲᠡᠷᠢᠭᠦᠨ᠎ᠤ ᠬᠢᠳᠡᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠲᠠᠢ ᠤᠶᠠᠯᠳᠤᠭᠤᠯᠤᠨ ᠵᠠᠰᠠᠪᠤᠷᠢ ᠣᠷᠣᠭᠤᠯᠵᠤ ᠪᠤᠶ ᠪᠣᠯᠭ᠋ᠠᠪᠠ᠃

     ᠭᠤᠷᠪᠠ᠂ ᠲᠤᠭᠤᠷᠪᠢᠨ ᠪᠢᠴᠢᠭᠰᠡᠨ ᠶᠠᠪᠤᠴᠠ

     ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ 2024 ᠣᠨ᠎ᠤ 12 ᠳ᠋ᠤᠭ᠋ᠠᠷ ᠰᠠᠷ᠎ᠠ᠎ᠳᠤ 《ᠬᠠᠮᠢᠶᠠᠷᠤᠯᠲᠠ ᠵᠢᠨ ᠠᠷᠭ᠎ᠠ》᠎ᠳᠤ ᠵᠠᠰᠠᠪᠤᠷᠢ ᠣᠷᠣᠭᠤᠯᠬᠤ ᠠᠵᠢᠯ᠎ᠢ ᠡᠬᠢᠯᠡᠭᠦᠯᠵᠦ᠂ ᠥᠷᠭᠡᠨ ᠵᠶ᠋ᠠᠷ ᠰᠠᠨᠠᠯ ᠬᠤᠷᠢᠶᠠᠬᠤ᠂ ᠲᠥᠪ ᠭᠤᠤᠯᠴᠢ ᠥᠷᠢᠰᠥᠯᠳᠦᠭᠡᠨ᠎ᠢ ᠬᠢᠨᠠᠨ ᠪᠠᠶ᠋ᠢᠴᠠᠭ᠋ᠠᠬᠤ᠂ ᠬᠠᠤᠯᠢ ᠶᠣᠰᠣᠴᠢ ᠴᠢᠨᠠᠷ᠎ᠢ ᠬᠢᠨᠠᠨ ᠪᠠᠶ᠋ᠢᠴᠠᠭ᠋ᠠᠬᠤ᠂ ᠬᠤᠷᠸ᠎ᠠ ᠲᠥᠷᠥ ᠵᠢᠨ ᠪᠣᠳᠣᠯᠭ᠎ᠠ ᠵᠢᠨ ᠬᠠᠨᠳᠤᠰᠢ ᠵᠢᠨ ᠨᠢᠭᠡᠳᠦᠯᠲᠦ ᠴᠢᠨᠠᠷ᠎ᠢ ᠦᠨᠡᠯᠡᠨ ᠵᠢᠱ᠌ᠢᠬᠦ᠎ᠪᠠᠷ ᠳᠡᠮᠵᠢᠨ᠂ ᠡᠯ᠎ᠡ ᠲᠠᠯ᠎ᠠ ᠵᠢᠨ ᠰᠠᠨᠠᠯ᠎ᠢ ᠦᠨᠳᠦᠰᠦᠯᠡᠨ ᠪᠥᠬᠦ ᠲᠠᠯ᠎ᠠ᠎ᠪᠠᠷ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃ 2025 ᠣᠨ᠎ᠤ 1 ᠳ᠋ᠦ᠍ᠭᠡᠷ ᠰᠠᠷ᠎ᠠ ᠵᠢᠨ 24᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ 2025 ᠣᠨ᠎ᠤ 2 ᠳ᠋ᠤᠭ᠋ᠠᠷ ᠤᠳᠠᠭ᠋ᠠᠨ᠎ᠤ ᠲᠣᠪᠴᠢᠶᠠᠨ᠎ᠤ  ᠶᠠᠪᠤᠳᠠᠯ᠎ᠤᠨ ᠬᠤᠷᠠᠯ ᠵᠶ᠋ᠠᠷ ᠬᠢᠨᠠᠨ ᠵᠥᠪᠯᠡᠵᠦ ᠪᠠᠲᠤᠯᠠᠭ᠋ᠠᠳ᠂ ᠨᠡᠶ᠋ᠢᠲᠡᠯᠡᠭᠰᠡᠨ ᠡᠳᠦᠷ᠎ᠠᠴᠠ ᠡᠬᠢᠯᠡᠵᠦ ᠬᠡᠷᠡᠭᠵᠢᠭᠦᠯᠪᠡ᠃

     ᠳᠥᠷᠪᠡ᠂ ᠭᠤᠤᠯ ᠠᠭᠤᠯᠭ᠎ᠠ

     《ᠬᠠᠮᠢᠶᠠᠷᠤᠯᠲᠠ ᠵᠢᠨ ᠠᠷᠭ᠎ᠠ》᠎ᠳᠤ ᠨᠡᠶ᠋ᠢᠲᠡ ᠲᠤᠯᠤᠭ᠋ᠠᠨ ᠬᠡᠰᠡᠭ ᠳᠥᠴᠢᠨ ᠭᠤᠷᠪᠠᠨ  ᠵᠦᠢ᠍ᠯ  ᠪᠠᠢ᠌ᠵᠦ᠂ ᠳᠣᠤᠷᠠᠬᠢ ᠠᠭᠤᠯᠭ᠎ᠠ ᠵᠢ ᠪᠠᠭᠲᠠᠭ᠋ᠠᠨ᠎ᠠ᠄

     ᠨᠢᠭᠡᠳᠦᠭᠡᠷ ᠬᠡᠰᠡᠭ᠎ᠨᠢ ᠶᠡᠷᠦᠩᠬᠡᠢ ᠳᠦᠷᠢᠮ ᠪᠠᠢ᠌ᠵᠤ᠂ ᠨᠢᠭᠡᠳᠦᠭᠡᠷ ᠵᠦᠢ᠍ᠯ᠎ᠠᠴᠠ ᠲᠠᠪᠤᠳᠤᠭ᠋ᠠᠷ ᠵᠦᠢ᠍ᠯ ᠬᠦᠷᠲᠡᠯ᠎ᠡ  ᠪᠣᠯᠣᠨ᠎ᠠ᠃ 《ᠬᠠᠮᠢᠶᠠᠷᠤᠯᠲᠠ ᠵᠢᠨ ᠠᠷᠭ᠎ᠠ》 ᠵᠢ ᠲᠤᠭᠤᠷᠪᠢᠬᠤ ᠦᠨᠳᠦᠰᠦᠯᠡᠯ᠂ ᠬᠡᠷᠡᠭᠯᠡᠬᠦ ᠬᠡᠪᠴᠢᠶ᠎ᠡ᠂ ᠡᠯ᠎ᠡ ᠰᠠᠯᠠᠭ᠎ᠠ ᠮᠥᠴᠢᠷ᠎ᠤᠨ ᠲᠤᠰᠢᠶᠠᠯ ᠬᠠᠷᠢᠭᠤᠴᠠᠯᠭ᠎ᠠ ᠵᠢ ᠲᠣᠭᠲᠠᠭ᠋ᠠᠪᠠ᠃

     ᠬᠣᠶᠠᠳᠤᠭ᠋ᠠᠷ ᠬᠡᠰᠡᠭ᠎ᠨᠢ ᠪᠠᠷᠢᠮᠵᠢᠶ᠎ᠠ ᠪᠠ ᠮᠡᠷᠭᠡᠵᠢᠯ᠎ᠤᠨ ᠵᠢᠷᠤᠮᠵᠢᠯ ᠪᠠᠢ᠌ᠵᠤ᠂ ᠵᠢᠷᠭᠤᠳᠤᠭ᠋ᠠᠷ ᠵᠦᠢ᠍ᠯ᠎ᠠᠴᠠ ᠠᠷᠪᠠᠳᠤᠭ᠋ᠠᠷ ᠵᠦᠢ᠍ᠯ ᠬᠦᠷᠲᠡᠯ᠎ᠡ  ᠪᠣᠯᠤᠨ᠎ᠠ᠃ 《ᠥᠪᠥᠷ ᠮᠣᠩᠭᠤᠯ》 ᠲᠡᠮᠳᠡᠭᠲᠦ ᠵᠢᠨ  ᠭᠡᠷᠡᠴᠢᠯᠡᠯ᠎ᠤᠨ ᠬᠠᠮᠢᠶ᠎ᠠ ᠪᠥᠬᠦᠶ ᠪᠠᠷᠢᠮᠵᠢᠶ᠎ᠠ ᠪᠠ ᠮᠡᠷᠭᠡᠵᠢᠯ᠎ᠤᠨ ᠵᠢᠷᠤᠮᠵᠢᠯ᠎ᠢ ᠪᠦᠷᠢᠯᠳᠦᠭᠦᠯᠬᠦ᠂ ᠲᠣᠭᠲᠠᠭ᠋ᠠᠬᠤ᠂ ᠨᠡᠶ᠋ᠢᠲᠡᠯᠡᠬᠦ ᠬᠡᠯᠪᠡᠷᠢ ᠵᠢᠴᠢ ᠳᠠᠬᠢᠨ ᠬᠢᠨᠠᠬᠤ ᠴᠠᠭ᠎ᠢ ᠲᠣᠭᠲᠠᠭ᠋ᠠᠪᠠ᠃ 《ᠥᠪᠥᠷ  ᠮᠣᠩᠭᠣᠯ》 ᠲᠡᠮᠳᠡᠭᠲᠦ ᠵᠢᠨ ᠪᠠᠷᠢᠮᠵᠢᠶ᠎ᠠ ᠪᠣᠯᠤᠨ ᠮᠡᠷᠭᠡᠵᠢᠯ᠎ᠤᠨ ᠵᠢᠷᠤᠮᠵᠢᠯ᠎ᠤᠨ ᠡᠯᠰᠡᠨ ᠴᠤᠭᠯᠠᠭᠤᠯᠬᠤ᠂ ᠰᠤᠳᠤᠯᠤᠨ ᠲᠣᠭᠲᠠᠭ᠋ᠠᠬᠤ ᠠᠷᠭ᠎ᠠ ᠮᠠᠶᠢᠭ ᠵᠢᠴᠢ ᠪᠠᠷᠢᠮᠵᠢᠶ᠎ᠠ᠎ᠳᠤ ᠵᠠᠰᠠᠪᠤᠷᠢ ᠣᠷᠤᠭᠤᠯᠬᠤ  ᠵᠡᠷᠭᠡ ᠠᠭᠤᠯᠭ᠎ᠠ ᠪᠣᠯᠣᠨ᠎ᠠ᠃

     ᠭᠤᠷᠪᠠᠳᠤᠭ᠋ᠠᠷ ᠬᠡᠰᠡᠭ᠎ᠨᠢ ᠭᠡᠷᠡᠴᠢᠯᠡᠯ᠎ᠤᠨ ᠬᠡᠷᠡᠭᠵᠢᠭᠦᠯᠦᠯᠲᠡ ᠪᠠᠢ᠌ᠵᠤ ᠂ ᠠᠷᠪᠠᠨ ᠨᠢᠭᠡᠳᠦᠭᠡᠷ ᠵᠦᠢ᠍ᠯ᠎ᠠᠴᠠ ᠬᠤᠷᠢᠨ ᠳᠥᠷᠪᠡᠳᠦᠭᠡᠷ ᠵᠦᠢ᠍ᠯ ᠬᠦᠷᠲᠡᠯ᠎ᠡ  ᠪᠣᠯᠣᠨ᠎ᠠ᠃ 《ᠥᠪᠥᠷ ᠮᠣᠩᠭᠤᠯ》 ᠲᠡᠮᠳᠡᠭᠲᠦ ᠵᠢᠨ ᠬᠡᠷᠡᠴᠢᠯᠡᠯ᠎ᠢ  ᠬᠡᠷᠡᠭᠵᠢᠭᠦᠯᠬᠦ ᠶᠠᠪᠤᠴᠠ᠎ᠳᠤ ᠮᠡᠳᠡᠭᠦᠯᠬᠦ᠂ ᠬᠦᠯᠢᠶᠡᠨ ᠠᠪᠴᠤ ᠰᠢᠢ᠍ᠳᠪᠦᠷᠢᠯᠡᠬᠦ᠂ ᠭᠡᠷᠡᠴᠢᠯᠡᠬᠦ ᠡᠯ᠎ᠡ ᠭᠣᠭᠴᠤᠭ᠋ᠠᠨ᠎ᠤ  ᠱᠠᠭ᠋ᠠᠷᠳᠠᠯᠭ᠎ᠠ ᠵᠢ ᠲᠣᠭᠲᠠᠭ᠋ᠠᠪᠠ᠃ ᠠᠵᠢᠯ᠎ᠤᠨ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ᠂ ᠭᠡᠷᠡᠴᠢᠯᠡᠯ᠎ᠤᠨ ᠭᠤᠶᠤᠴᠢᠯᠠᠨ  ᠮᠡᠳᠡᠭᠦᠯᠬᠦ ᠶᠠᠪᠣᠴᠠ᠂ ᠭᠥᠯᠢᠶᠡᠨ ᠠᠪᠴᠤ ᠰᠢᠢ᠍ᠳᠪᠦᠷᠢᠯᠡᠬᠦ ᠵᠡᠷᠭᠡ ᠠᠭᠤᠯᠭ᠎ᠠ᠎ᠳᠤ ᠵᠠᠰᠠᠪᠤᠷᠢ ᠣᠷᠣᠭᠤᠯᠵᠤ᠂ ᠭᠡᠷᠡᠴᠢᠯᠡᠬᠦ ᠪᠠᠶ᠋ᠢᠭᠤᠯᠤᠮᠵᠢ ᠵᠢᠨ ᠡᠭᠦᠷᠭᠡ ᠬᠠᠷᠢᠭᠤᠴᠠᠯᠭ᠎ᠠ ᠵᠢ ᠵᠢᠷᠤᠮᠵᠢᠭᠤᠯᠪᠠ᠃

     ᠳᠥᠷᠪᠡᠳᠦᠭᠡᠷ ᠬᠡᠰᠡᠭ᠎ᠨᠢ ᠭᠡᠷᠡᠴᠢᠯᠡᠯ᠎ᠤᠨ ᠦᠨᠡᠮᠯᠡᠯ ᠪᠠ ᠭᠡᠷᠡᠴᠢᠯᠡᠯ᠎ᠤᠨ ᠲᠡᠮᠳᠡᠭ ᠪᠠᠶ᠋ᠢᠵᠤ᠂ ᠬᠤᠷᠢᠨ ᠲᠠᠪᠤᠳᠤᠭ᠋ᠠᠷ ᠵᠦᠢ᠍ᠯ᠎ᠠᠴᠠ ᠭᠤᠴᠢᠨ ᠬᠤᠶᠠᠳᠤᠭ᠋ᠠᠷ ᠵᠦᠢ᠍ᠯ ᠬᠦᠷᠲᠡᠯ᠎ᠡ  ᠪᠣᠯᠣᠨ᠎ᠠ᠃ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠡᠷᠡᠴᠢᠯᠡᠵᠦ ᠵᠥᠪᠰᠢᠶᠡᠷᠡᠬᠦ ᠳᠦᠷᠢᠮ》᠂ 《ᠭᠡᠷᠡᠴᠢᠯᠡᠬᠦ ᠪᠠᠶ᠋ᠢᠭᠤᠯᠤᠮᠵᠢ ᠵᠢᠨ ᠬᠠᠮᠢᠶᠠᠷᠤᠯᠲᠠ ᠵᠢᠨ ᠠᠷᠭ᠎ᠠ》 ᠵᠡᠷᠭᠡ ᠲᠣᠭᠲᠠᠭ᠋ᠠᠯ᠎ᠪᠠᠷ ᠦᠨᠳᠦᠰᠦᠯᠡᠯ ᠪᠣᠯᠭ᠋ᠠᠭᠰᠠᠨ᠎ᠢ ᠦᠨᠳᠦᠰᠦᠯᠡᠨ᠂ ᠭᠡᠷᠡᠴᠢᠯᠡᠯ᠎ᠤᠨ ᠦᠨᠡᠮᠯᠡᠯ ᠪᠠ ᠭᠡᠷᠡᠴᠢᠯᠡᠯ᠎ᠤᠨ ᠲᠡᠮᠳᠡᠭ᠎ᠤᠨ ᠠᠭᠤᠯᠭ᠎ᠠ᠎ᠳᠤ ᠵᠠᠰᠠᠪᠤᠷᠢ ᠣᠷᠣᠭᠤᠯᠪᠠ᠃ 《ᠥᠪᠥᠷ  ᠮᠣᠩᠭᠣᠯ 》  ᠲᠡᠮᠳᠡᠭᠲᠦ ᠵᠢᠨ  ᠭᠡᠷᠡᠴᠢᠯᠡᠯ ᠎ᠤᠨ ᠦᠨᠡᠮᠯᠡᠯ ᠎ᠤᠨ  ᠬᠦᠴᠦᠨ  ᠪᠦᠬᠦᠢ  ᠬᠤᠭᠤᠴᠠᠭ᠎ᠠ ᠎ᠨᠢ  3  ᠵᠢᠯ  ᠪᠣᠯᠬᠤ ᠪᠠ  ᠭᠡᠷᠡᠴᠢᠯᠡᠯ᠎ᠤᠨ ᠲᠡᠮᠳᠡᠭ᠎ᠢ ᠬᠡᠷᠡᠭᠯᠡᠬᠦ ᠬᠠᠮᠢᠶ᠎ᠠ ᠪᠦᠬᠦᠢ ᠠᠭᠤᠯᠭ᠎ᠠ ᠵᠢ ᠨᠡᠮᠡᠪᠡ᠃

     ᠲᠠᠪᠤᠳᠤᠭ᠋ᠠᠷ ᠬᠡᠰᠡᠭ᠎ᠨᠢ ᠡᠵᠡᠩᠨᠡᠯᠲᠡ ᠵᠢᠨ ᠭᠤᠣᠯ ᠴᠣᠭᠴᠠ ᠵᠢᠨ ᠪᠣᠢ᠌ᠵᠢᠭᠣᠯᠣᠯ  ᠪᠠᠢ᠌ᠵᠤ ᠂ ᠭᠤᠴᠢᠨ ᠭᠤᠷᠪᠠᠳᠤᠭ᠋ᠠᠷ ᠵᠦᠢ᠍ᠯ᠎ᠠᠴᠠ  ᠭᠤᠴᠢᠨ ᠳᠣᠯᠣᠳᠤᠭ᠋ᠠᠷ ᠵᠦᠢ᠍ᠯ ᠬᠦᠷᠲᠡᠯ᠎ᠡ  ᠪᠣᠯᠣᠨ᠎ᠠ᠃ ᠲᠤᠰ ᠬᠡᠰᠡᠭ᠎ᠨᠢ 《ᠦᠪᠣᠷ ᠮᠣᠩᠭᠣᠯ᠎ᠤᠨ ᠦᠪᠡᠷᠲᠡᠭᠡᠨ ᠵᠠᠰᠠᠬᠣ ᠣᠷᠣᠨ᠎ᠤ ᠬᠦᠭᠵᠢᠭᠦᠯᠦᠯᠲᠡ ᠪᠠ ᠦᠭᠡᠷᠡᠴᠢᠯᠡᠯᠲᠡ ᠵᠢᠨ ᠵᠦᠪᠯᠡᠯ ᠦᠪᠡᠷᠲᠡᠭᠡᠨ ᠵᠠᠰᠠᠬᠣ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠬᠢᠵᠢᠯᠲᠠ ᠵᠢᠨ ᠲᠢᠩᠬᠢᠮ ᠵᠡᠷᠭᠡ 7 ᠰᠠᠯᠠᠭ᠎ᠠ ᠮᠦᠴᠢᠷ 〈ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠵᠡᠷᠭᠡ ᠰᠠᠯᠠᠭ᠎ᠠ ᠮᠥᠴᠢᠷ᠎ᠤᠨ ᠰᠢᠨ᠎ᠡ ᠴᠠᠭ ᠦᠶ᠎ᠡ ᠵᠢᠨ ᠨᠠᠷᠠᠲᠤ ᠲᠡᠮᠳᠡᠭᠲᠦ ᠵᠢᠨ ᠪᠠᠶ᠋ᠢᠭᠤᠯᠤᠯᠲᠠ ᠵᠢ ᠠᠬᠢᠭᠤᠯᠬᠤ ᠲᠤᠬᠠᠶ ᠵᠢᠯᠣᠭᠤᠳᠬᠤ ᠰᠠᠨᠠᠯ〉᠎ᠢ ᠳᠠᠮᠵᠢᠭᠣᠯᠣᠨ ᠲᠠᠷᠬᠠᠭ᠋ᠠᠬᠤ ᠲᠣᠬᠠᠢ ᠮᠡᠳᠡᠭᠳᠡᠯ》 ᠵᠢᠴᠢ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠶᠠᠰᠤ ᠴᠢᠨᠠᠷ᠎ᠤᠨ ᠪᠠᠯᠠ ᠲᠣᠬᠢᠷᠠᠭᠤᠯᠭ᠎ᠠ ᠵᠢᠨ ᠢᠲᠡᠭᠡᠮᠵᠢ ᠵᠢ ᠨᠡᠮᠡᠭᠳᠡᠭᠦᠯᠬᠦ ᠦᠢ᠍ᠯᠡᠴᠢᠯᠡᠭᠡᠨ᠎ᠤ ᠪᠣᠳᠠᠲᠤ ᠴᠣᠭᠴᠠ ᠵᠢᠨ ᠠᠵᠤ ᠠᠬᠤᠶ ᠵᠢᠨ ᠴᠢᠨᠠᠷ ᠰᠠᠶ᠋ᠢᠲᠠᠶ ᠬᠥᠭᠵᠢᠯᠲᠡ ᠵᠢ ᠥᠷᠨᠢᠭᠦᠯᠬᠦ ᠠᠵᠢᠯ᠎ᠤᠨ ᠲᠥᠰᠦᠯ》᠎ᠢ  ᠨᠠᠢ᠌ᠳᠠᠪᠤᠷᠢᠵᠢᠭᠤᠯᠵᠤ᠂ 《ᠥᠪᠥᠷ  ᠮᠣᠩᠭᠤᠯ》  ᠲᠡᠮᠳᠡᠭᠲᠦ ᠵᠢ  ᠪᠤᠶ᠋ᠢᠵᠢᠭᠤᠯᠬᠤ ᠬᠠᠮᠢᠶ᠎ᠠ ᠪᠥᠬᠦᠶ ᠠᠭᠤᠯᠭ᠎ᠠ᠎ᠳᠤ ᠵᠠᠰᠠᠪᠤᠷᠢ ᠣᠷᠣᠭᠤᠯᠵᠤ᠂ ᠶᠠᠰᠤ ᠴᠢᠨᠠᠷ᠎ᠤᠨ ᠪᠠᠯᠠ ᠲᠣᠬᠢᠷᠠᠭᠤᠯᠭ᠎ᠠ ᠵᠢᠨ ᠢᠲᠡᠭᠡᠮᠵᠢ ᠵᠢ ᠨᠡᠮᠡᠭᠳᠡᠭᠦᠯᠬᠦ ᠠᠵᠢᠯ᠎ᠤᠨ ᠬᠠᠮᠢᠶ᠎ᠠ ᠪᠥᠬᠦᠶ ᠱᠠᠭ᠋ᠠᠷᠳᠠᠯᠭ᠎ᠠ ᠵᠢ ᠨᠡᠮᠡᠪᠡ ᠃

     ᠵᠢᠷᠭᠤᠳᠤᠭ᠋ᠠᠷ ᠬᠡᠰᠡᠭ᠎ᠨᠢ ᠬᠢᠨᠠᠯᠲᠠ ᠬᠠᠮᠢᠶᠠᠷᠣᠯᠲᠠ  ᠪᠠᠢ᠌ᠵᠤ ᠂ ᠭᠣᠴᠢᠨ  ᠨᠠᠢ᠍ᠮᠠᠳᠤᠭ᠋ᠠᠷ ᠵᠦᠢ᠍ᠯ᠎ᠠᠴᠠ  ᠳᠦᠴᠢᠨ ᠬᠤᠶᠠᠳᠤᠭ᠋ᠠᠷ ᠵᠦᠢ᠍ᠯ ᠬᠦᠷᠲᠡᠯ᠎ᠡ  ᠪᠣᠯᠣᠨ᠎ᠠ᠃ 《ᠥᠪᠥᠷ  ᠮᠣᠩᠭᠤᠯ》 ᠲᠡᠮᠳᠡᠭᠲᠦ ᠵᠢᠨ ᠭᠡᠷᠡᠴᠢᠯᠡᠯ᠎ᠤᠨ  ᠠᠵᠢᠯᠯᠠᠭ᠎ᠠ ᠵᠢᠨ ᠬᠢᠨᠠᠯᠲᠠ ᠬᠠᠮᠢᠶᠠᠷᠤᠯᠲᠠ ᠵᠢᠨ ᠬᠠᠮᠢᠶ᠎ᠠ ᠪᠥᠬᠦᠶ ᠠᠭᠤᠯᠭ᠎ᠠ ᠵᠢᠴᠢ ᠡᠯ᠎ᠡ ᠱᠠᠲᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠬᠢᠨᠠᠯᠲᠠ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ ᠵᠢ ᠲᠣᠭᠲᠠᠭ᠋ᠠᠪᠠ᠃

     ᠳᠣᠯᠣᠳᠤᠭ᠋ᠠᠷ ᠬᠡᠰᠡᠭ᠎ᠨᠢ ᠳᠠᠭ᠋ᠠᠯᠳᠤᠭᠤᠯᠤᠯ ᠳᠦᠷᠢᠮ ᠪᠠᠢ᠌ᠵᠤ ᠂ ᠳᠥᠴᠢᠨ ᠭᠤᠷᠪᠠᠳᠤᠭ᠋ᠠᠷ ᠵᠦᠢ᠍ᠯ ᠪᠣᠯᠣᠨ᠎ᠠ᠃ ᠲᠤᠰ ᠠᠷᠭ᠎ᠠ ᠵᠢ ᠬᠡᠷᠡᠭᠵᠢᠭᠦᠯᠬᠦ ᠡᠳᠦᠷ ᠬᠤᠭᠤᠴᠠᠭ᠎ᠠ ᠵᠢ ᠲᠣᠭᠲᠠᠭ᠋ᠠᠪᠠ ᠃

 

 

ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠵᠠᠬ᠎ᠠ ᠲᠡᠯᠬᠡᠬᠦᠷ᠎ᠤᠨ ᠬᠢᠨᠠᠯᠳᠠ ᠬᠠᠮᠢᠶᠠᠷᠤᠯᠳᠠ ᠵᠢᠨ ᠲᠤᠪᠴᠢᠶ᠎ᠠ