ᠨᠢᠭᠡ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠢᠳᠡᠭᠡᠨ᠎ᠤ ᠡᠵᠡᠩᠨᠡᠯᠲᠡ ᠵᠢᠨ ᠵᠥᠪᠰᠢᠶᠡᠷᠡᠯ᠎ᠤᠨ ᠬᠢᠨᠠᠨ ᠪᠠᠶ᠋ᠢᠴᠠᠭ᠋ᠠᠯᠲᠠ ᠵᠢᠨ ᠬᠡᠷᠡᠭᠵᠢᠭᠦᠯᠬᠦ ᠨᠠᠷᠢᠨ ᠳᠦᠷᠢᠮ (ᠲᠤᠷᠰᠢᠨ ᠬᠡᠷᠡᠭᠵᠢᠭᠦᠯᠬᠦ)》 (ᠳᠣᠷᠣᠭᠰᠢ 《ᠨᠠᠷᠢᠨ ᠳᠦᠷᠢᠮ》 ᠭᠡᠵᠦ ᠲᠣᠪᠴᠢᠯᠠᠨ᠎ᠠ)᠎ᠢ ᠨᠡᠶ᠋ᠢᠲᠡᠯᠡᠭᠰᠡᠨ ᠠᠬᠤᠢ ᠪᠠᠶ᠋ᠢᠳᠠᠯ ᠪᠠ ᠦᠨᠳᠦᠰᠦᠯᠡᠯ
ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶᠠᠨ᠎ᠤ 《 ᠪᠠᠭᠤᠯᠭ᠋ᠠᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢᠨ ᠲᠤᠬᠠᠶ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠭᠦᠨᠵᠡᠭᠡᠶ ᠲᠤᠭᠤᠰᠢᠯᠠᠭᠤᠯᠵᠤ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠢᠳᠡᠭᠡᠨ ᠤ ᠠᠮᠤᠷ ᠲᠦᠪᠰᠢᠨ ᠤ ᠬᠠᠤᠯᠢ》᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠢᠳᠡᠭᠡᠨ᠎ᠤ ᠠᠮᠤᠷ ᠲᠦᠪᠰᠢᠨ᠎ᠤ ᠬᠠᠤᠯᠢ ᠵᠢ ᠬᠡᠷᠡᠭᠵᠢᠭᠦᠯᠬᠦ ᠲᠦᠷᠢᠮ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠲᠦᠷᠢᠮ ᠲᠣᠭᠲᠠᠭ᠋ᠠᠯ᠎ᠤᠨ ᠱᠠᠭ᠋ᠠᠷᠳᠠᠯᠭ᠎ᠠ ᠵᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠤᠨ᠂ ᠢᠳᠡᠭᠡᠨ᠎ᠤ ᠡᠵᠡᠩᠨᠡᠯᠲᠡ ᠵᠢᠨ ᠬᠦᠷᠢᠶᠡᠨ᠎ᠤ ᠰᠢᠨ᠎ᠡ᠎ᠪᠠᠷ ᠬᠥᠭᠵᠢᠭᠰᠡᠨ ᠡᠵᠡᠩᠨᠡᠯᠲᠡ ᠵᠢᠨ ᠪᠠᠶ᠋ᠢᠳᠠᠯ᠎ᠤᠨ ᠬᠥᠭᠵᠢᠯᠲᠡ ᠵᠢᠨ ᠬᠠᠨᠳᠤᠰᠢ᠎ᠳᠤ ᠵᠣᠬᠢᠴᠠᠭᠤᠯᠬᠤ ᠵᠢᠨ ᠲᠥᠯᠥᠭᠡ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠢᠳᠡᠭᠡᠨ᠎ᠤ ᠡᠵᠡᠩᠨᠡᠯᠲᠡ ᠵᠢᠨ ᠵᠥᠪᠰᠢᠶᠡᠷᠡᠯ᠎ᠢ ᠬᠢᠨᠠᠨ ᠪᠠᠶ᠋ᠢᠴᠠᠭ᠋ᠠᠵᠤ ᠬᠡᠷᠡᠭᠵᠢᠭᠦᠯᠬᠦ ᠠᠵᠢᠯ᠎ᠢ ᠵᠢᠷᠤᠮᠵᠢᠭᠤᠯᠵᠤ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠠᠤᠯᠢ》᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠢᠳᠡᠭᠡᠨ᠎ᠤ ᠠᠮᠤᠷ ᠲᠦᠪᠰᠢᠨ᠎ᠤ ᠬᠠᠤᠯᠢ》 ᠵᠢᠴᠢ ᠲᠡᠭᠦᠨ᠎ᠤ ᠬᠡᠷᠡᠭᠵᠢᠭᠦᠯᠬᠦ ᠲᠦᠷᠢᠮ᠂ 《ᠢᠳᠡᠭᠡᠨ᠎ᠤ ᠡᠵᠡᠩᠨᠡᠯᠲᠡ ᠵᠢᠨ ᠵᠦᠪᠰᠢᠶᠡᠷᠡᠯ ᠪᠠ ᠳᠠᠩᠰᠠᠯᠠᠭᠣᠯᠬᠣ ᠬᠠᠮᠢᠶᠠᠷᠣᠯᠲᠠ ᠵᠢᠨ ᠠᠷᠭ᠎ᠠ》᠂ 《ᠢᠳᠡᠭᠡᠨ᠎ᠤ ᠡᠵᠡᠩᠨᠡᠯᠲᠡ ᠵᠢᠨ ᠵᠥᠪᠰᠢᠶᠡᠷᠡᠯ᠎ᠢ ᠬᠢᠨᠠᠨ ᠪᠠᠶ᠋ᠢᠴᠠᠭ᠋ᠠᠬᠤ ᠶᠡᠷᠦᠩᠬᠡᠶ ᠲᠦᠷᠢᠮ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠢᠴᠢ ᠬᠤᠯᠪᠣᠭᠳᠠᠯ ᠪᠥᠬᠦᠶ ᠲᠦᠷᠢᠮ ᠲᠣᠭᠲᠠᠭ᠋ᠠᠯ᠎ᠢ ᠦᠨᠳᠦᠰᠦᠯᠡᠨ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ 《ᠨᠠᠷᠢᠨ ᠲᠦᠷᠢᠮ》᠎ᠢ ᠲᠤᠭᠤᠷᠪᠢᠪᠠ᠃ 《ᠨᠠᠷᠢᠨ ᠲᠦᠷᠢᠮ》᠎ᠨᠢ ᠤᠷᠢᠳ ᠬᠤᠵᠢᠳ ᠡᠯ᠎ᠡ ᠠᠶ᠋ᠢᠮᠠᠭ ᠬᠤᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠴᠢ ᠬᠠᠮᠢᠶ᠎ᠠ ᠪᠥᠬᠦᠶ ᠭᠠᠵᠠᠷ ᠲᠠᠰᠤᠭ᠎ᠠᠴᠠ ᠰᠠᠨᠠᠯ ᠬᠤᠷᠢᠶᠠᠬᠤ᠂ ᠢᠯᠡ᠎ᠪᠠᠷ ᠰᠠᠨᠠᠯ ᠬᠤᠷᠢᠶᠠᠬᠤ᠂ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠬᠤ ᠵᠡᠷᠭᠡ ᠲᠠᠰ ᠳᠠᠷᠠᠭ᠋ᠠᠯᠠᠯ ᠵᠶ᠋ᠠᠷ ᠳᠡᠮᠵᠢᠨ᠂ ᠬᠠᠤᠯᠢ ᠲᠣᠭᠲᠠᠭ᠋ᠠᠯ᠎ᠤᠨ ᠭᠠᠵᠠᠷ᠎ᠤᠨ ᠬᠠᠤᠯᠢ ᠶᠣᠰᠣᠴᠢ ᠴᠢᠨᠠᠷ᠎ᠤᠨ ᠬᠢᠨᠠᠨ ᠬᠠᠷᠭᠤᠭᠤᠯᠤᠯᠲᠠ᠂ ᠲᠦᠪ ᠭᠤᠤᠯᠴᠢ ᠥᠷᠢᠰᠥᠯᠳᠦᠭᠡᠨ᠎ᠤ ᠬᠢᠨᠠᠨ ᠪᠠᠶ᠋ᠢᠴᠠᠭ᠋ᠠᠯᠲᠠ᠎ᠪᠠᠷ ᠳᠡᠮᠵᠢᠨ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠳᠤ ᠮᠡᠳᠡᠭᠦᠯᠵᠦ ᠬᠤᠷᠸ᠎ᠠ ᠲᠥᠷᠥ ᠵᠢᠨ ᠪᠣᠳᠣᠯᠭ᠎ᠠ ᠵᠢᠨ ᠬᠠᠨᠳᠤᠰᠢ ᠵᠢᠨ ᠨᠢᠭᠡᠳᠦᠯᠲᠦ ᠴᠢᠨᠠᠷᠲᠠᠶ ᠦᠨᠡᠯᠡᠨ ᠵᠢᠱ᠌ᠢᠯᠲᠡ ᠵᠢ ᠪᠡᠶᠡᠯᠡᠭᠦᠯᠵᠦ ᠂ ᠲᠣᠪᠴᠢᠶ᠎ᠠ ᠵᠢᠨ ᠶᠠᠪᠤᠳᠠᠯ᠎ᠤᠨ ᠬᠤᠷᠠᠯ ᠵᠶ᠋ᠠᠷ ᠬᠢᠨᠠᠨ ᠵᠥᠪᠯᠡᠭᠦᠯᠵᠦ ᠪᠠᠲᠤᠯᠠᠭᠤᠯᠤᠭ᠋ᠠᠳ᠂ ᠳᠠᠷᠤᠮᠠᠯᠯᠠᠨ ᠲᠠᠷᠬᠠᠭ᠋ᠠᠵᠤ ᠬᠡᠷᠡᠭᠵᠢᠭᠦᠯᠬᠦ ᠵᠢ ᠵᠥᠪᠰᠢᠶᠡᠷᠡᠪᠡ᠃
ᠬᠤᠶᠠᠷ᠂ 《ᠨᠠᠷᠢᠨ ᠳᠦᠷᠢᠮ》᠎ᠢ ᠲᠣᠭᠲᠠᠭ᠋ᠠᠭᠰᠠᠨ ᠵᠠᠷᠴᠢᠮ
《ᠨᠠᠷᠢᠨ ᠲᠦᠷᠢᠮ》 ᠨᠢ 《 ᠬᠠᠤᠯᠢ ᠲᠣᠭᠲᠠᠭ᠋ᠠᠯ ᠳᠤ ᠨᠡᠶ᠋ᠢᠴᠡᠬᠦ᠂ ᠠᠮᠤᠷ ᠲᠦᠪᠰᠢᠨ ᠨᠠᠶ᠋ᠢᠳᠠᠪᠤᠷᠢᠲᠠᠶ ᠪᠠᠶ᠋ᠢᠬᠤ᠂ ᠳᠥᠭᠦᠮ ᠳᠥᠲᠡ ᠥᠨᠳᠥᠷ ᠪᠦᠲᠦᠮᠵᠢᠲᠡᠶ ᠪᠠᠶ᠋ᠢᠬᠤ》 ᠲᠣᠭᠲᠠᠭ᠋ᠠᠬᠤ ᠵᠠᠷᠴᠢᠮ᠎ᠢ ᠵᠢᠷᠤᠮᠯᠠᠨ᠂ ᠵᠥᠪᠰᠢᠶᠡᠷᠡᠯ᠎ᠤᠨ ᠬᠢᠨᠠᠨ ᠪᠠᠶ᠋ᠢᠴᠠᠭ᠋ᠠᠯᠲᠠ ᠵᠢᠨ ᠨᠡᠶ᠋ᠢᠳᠡᠮ ᠬᠡᠷᠡᠭᠯᠡᠬᠦ ᠱᠠᠭ᠋ᠠᠷᠳᠠᠯᠭ᠎ᠠ᠂ ᠢᠳᠡᠭᠡᠨ ᠤᠮᠳᠠᠭ᠋ᠠᠨ᠎ᠤ ᠦᠢ᠍ᠯᠡᠴᠢᠯᠡᠭᠡᠨ᠎ᠤ ᠵᠥᠪᠰᠢᠶᠡᠷᠡᠯ᠎ᠤᠨ ᠬᠢᠨᠠᠨ ᠪᠠᠶ᠋ᠢᠴᠠᠭ᠋ᠠᠯᠲᠠ ᠵᠢᠨ ᠱᠠᠭ᠋ᠠᠷᠳᠠᠯᠭ᠎ᠠ᠂ ᠢᠳᠡᠭᠡᠨ ᠪᠣᠷᠣᠯᠠᠭᠤᠯᠬᠤ ᠵᠥᠪᠰᠢᠶᠡᠷᠡᠯ᠎ᠤᠨ ᠬᠢᠨᠠᠨ ᠪᠠᠶ᠋ᠢᠴᠠᠭ᠋ᠠᠯᠲᠠ ᠵᠢᠨ ᠱᠠᠭ᠋ᠠᠷᠳᠠᠯᠭ᠎ᠠ᠂ ᠪᠤᠰᠤᠳ ᠲᠥᠷᠥᠯ᠎ᠤᠨ ᠢᠳᠡᠭᠡᠨ᠎ᠤ ᠡᠵᠡᠩᠨᠡᠯᠲᠡ ᠵᠢᠨ ᠵᠥᠪᠰᠢᠶᠡᠷᠡᠯ᠎ᠤᠨ ᠬᠢᠨᠠᠨ ᠪᠠᠶ᠋ᠢᠴᠠᠭ᠋ᠠᠯᠲᠠ ᠵᠢᠨ ᠱᠠᠭ᠋ᠠᠷᠳᠠᠯᠭ᠎ᠠ ᠵᠡᠷᠭᠡ ᠵᠢ ᠲᠣᠳᠣᠷᠬᠠᠶ᠋ᠢᠯᠠᠵᠤ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠲᠠᠢ᠎ᠪᠠᠨ ᠤᠶᠠᠯᠳᠤᠭᠤᠯᠤᠨ᠂ ᠢᠳᠡᠭᠡᠨ᠎ᠤ ᠡᠵᠡᠩᠨᠡᠯᠲᠡ ᠵᠢᠨ ᠵᠥᠪᠰᠢᠶᠡᠷᠡᠯ᠎ᠤᠨ ᠬᠢᠨᠠᠨ ᠪᠠᠶ᠋ᠢᠴᠠᠭ᠋ᠠᠬᠤ ᠠᠵᠢᠯ᠎ᠢ ᠤᠯᠠᠮ ᠨᠢᠭᠡ ᠠᠯᠬᠤᠮ ᠵᠢᠷᠤᠮᠵᠢᠭᠤᠯᠪᠠ᠃
ᠭᠤᠷᠪᠠ᠂ ᠲᠠᠢ᠌ᠯᠤᠮᠵᠢ ᠬᠢᠬᠦ ᠬᠡᠯᠪᠡᠷᠢ ᠪᠠ ᠠᠷᠭ᠎ᠠ ᠵᠠᠮ
ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶᠠᠨ᠎ᠤ ᠬᠠᠷᠢᠭᠤᠴᠠᠯᠭ᠋ᠠᠲᠠᠳ ᠰᠦᠯᠵᠢᠶᠡᠨ ᠳᠡᠭᠡᠷ᠎ᠡ ᠰᠤᠷᠪᠤᠯᠵᠢᠯᠠᠬᠤ᠂ ᠵᠠᠭᠤᠴᠢᠯᠠᠭᠤᠷ᠎ᠤᠨ ᠰᠤᠷᠪᠤᠯᠵᠢᠯᠠᠭ᠎ᠠ ᠵᠢ ᠬᠦᠯᠢᠶᠡᠬᠦ ᠵᠡᠷᠭᠡ ᠬᠡᠯᠪᠡᠷᠢ᠎ᠪᠠᠷ ᠳᠠᠮᠵᠢᠭᠤᠯᠤᠨ ᠲᠠᠶ᠋ᠢᠯᠤᠮᠵᠢ ᠬᠢᠨ᠎ᠡ ᠃ ᠵᠠᠰᠠᠭ᠎ᠤᠨ ᠣᠷᠳᠣᠨ᠎ᠤ ᠰᠦᠯᠵᠢᠶ᠎ᠡ᠂ ᠰᠣᠨᠢᠨ ᠮᠡᠳᠡᠭᠡᠨ᠎ᠤ ᠰᠦᠯᠵᠢᠶ᠎ᠡ᠂ ᠷᠠᠳᠢᠣ᠋ ᠲᠧᠯᠸᠢᠰ᠂ ᠰᠣᠨᠢᠨ ᠰᠡᠳᠬᠦᠯ᠂ ᠮᠥᠩᠬᠡ ᠰᠤᠪᠠᠭ ᠵᠡᠷᠭᠡ ᠠᠷᠭ᠎ᠠ ᠵᠠᠮ ᠵᠶ᠋ᠠᠷ ᠠᠰᠠᠭᠤᠯᠲᠠ ᠬᠠᠷᠢᠭᠤᠯᠲᠠ ᠵᠢᠨ ᠬᠡᠯᠪᠡᠷᠢ᠎ᠪᠠᠷ ᠰᠦᠯᠵᠢᠶᠡᠨ᠎ᠳᠤ ᠭᠠᠷᠭ᠋ᠠᠨ ᠲᠠᠢ᠌ᠯᠤᠮᠵᠢ ᠬᠢᠵᠦ ᠂ ᠮᠡᠳᠡᠭᠡ ᠵᠠᠩᠭᠢ ᠵᠢ ᠬᠦᠯᠢᠶᠡᠨ ᠠᠪᠤᠭᠴᠢᠳ᠎ᠤᠨ ᠲᠠᠯ᠎ᠠ ᠵᠢ ᠥᠷᠭᠡᠳᠬᠡᠨ᠎ᠡ᠃
ᠳᠥᠷᠪᠡ᠂ ᠲᠠᠢ᠌ᠯᠤᠮᠵᠢ ᠬᠢᠬᠦ ᠴᠠᠭ
ᠪᠢᠴᠢᠭ ᠮᠠᠲ᠋ᠧᠷᠢᠶᠠᠯ᠎ᠢ ᠳᠠᠷᠤᠮᠠᠯᠯᠠᠨ ᠲᠠᠷᠬᠠᠭ᠋ᠠᠭᠰᠠᠨ ᠨᠢᠭᠡ ᠭᠠᠷᠠᠭ᠎ᠤᠨ ᠳᠠᠷᠠᠭ᠎ᠠ ᠢᠯᠡ ᠪᠣᠯᠭ᠋ᠠᠨ᠎ᠠ᠃
ᠲᠠᠪᠤ᠂ ᠲᠠᠢ᠌ᠯᠤᠮᠵᠢ ᠬᠢᠬᠦ ᠬᠦᠲᠦᠯᠪᠣᠷᠢ
(ᠨᠢᠭᠡ) 《ᠨᠠᠷᠢᠨ ᠳᠦᠷᠢᠮ》᠎ᠢ ᠲᠣᠭᠲᠠᠭ᠋ᠠᠭᠰᠠᠨ ᠠᠬᠤᠢ ᠪᠠᠶ᠋ᠢᠳᠠᠯ᠎ᠨᠢ ᠶᠠᠭᠤ ᠪᠣᠢ?
ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶᠠᠨ᠎ᠤ 《ᠪᠠᠭᠤᠯᠭ᠋ᠠᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢᠨ ᠲᠤᠬᠠᠶ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠭᠦᠨᠵᠡᠭᠡᠶ ᠲᠤᠭᠤᠰᠢᠯᠠᠭᠤᠯᠵᠤ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠢᠳᠡᠭᠡᠨ ᠤ ᠠᠮᠤᠷ ᠲᠦᠪᠰᠢᠨ ᠤ ᠬᠠᠤᠯᠢ》᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠢᠳᠡᠭᠡᠨ᠎ᠤ ᠠᠮᠤᠷ ᠲᠦᠪᠰᠢᠨ᠎ᠤ ᠬᠠᠤᠯᠢ ᠵᠢ ᠬᠡᠷᠡᠭᠵᠢᠭᠦᠯᠬᠦ ᠲᠦᠷᠢᠮ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠲᠦᠷᠢᠮ ᠲᠣᠭᠲᠠᠭ᠋ᠠᠯ᠎ᠤᠨ ᠱᠠᠭ᠋ᠠᠷᠳᠠᠯᠭ᠎ᠠ ᠵᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠤᠨ᠂ ᠢᠳᠡᠭᠡᠨ᠎ᠤ ᠡᠵᠡᠩᠨᠡᠯᠲᠡ ᠵᠢᠨ ᠬᠦᠷᠢᠶᠡᠨ᠎ᠤ ᠰᠢᠨ᠎ᠡ᠎ᠪᠠᠷ ᠬᠥᠭᠵᠢᠭᠰᠡᠨ ᠡᠵᠡᠩᠨᠡᠯᠲᠡ ᠵᠢᠨ ᠪᠠᠶ᠋ᠢᠳᠠᠯ᠎ᠤᠨ ᠬᠥᠭᠵᠢᠯᠲᠡ ᠵᠢᠨ ᠬᠠᠨᠳᠤᠰᠢ᠎ᠳᠤ ᠵᠣᠬᠢᠴᠠᠭᠤᠯᠬᠤ ᠵᠢᠨ ᠲᠥᠯᠥᠭᠡ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠢᠳᠡᠭᠡᠨ᠎ᠤ ᠡᠵᠡᠩᠨᠡᠯᠲᠡ ᠵᠢᠨ ᠵᠥᠪᠰᠢᠶᠡᠷᠡᠯ᠎ᠢ ᠬᠢᠨᠠᠨ ᠪᠠᠶ᠋ᠢᠴᠠᠭ᠋ᠠᠵᠤ ᠬᠡᠷᠡᠭᠵᠢᠭᠦᠯᠬᠦ ᠠᠵᠢᠯ᠎ᠢ ᠵᠢᠷᠤᠮᠵᠢᠭᠤᠯᠵᠤ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠠᠤᠯᠢ》᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠢᠳᠡᠭᠡᠨ᠎ᠤ ᠠᠮᠤᠷ ᠲᠦᠪᠰᠢᠨ᠎ᠤ ᠬᠠᠤᠯᠢ》 ᠵᠢᠴᠢ ᠲᠡᠭᠦᠨ᠎ᠤ ᠬᠡᠷᠡᠭᠵᠢᠭᠦᠯᠬᠦ ᠲᠦᠷᠢᠮ᠂ 《ᠢᠳᠡᠭᠡᠨ᠎ᠤ ᠡᠵᠡᠩᠨᠡᠯᠲᠡ ᠵᠢᠨ ᠵᠥᠪᠰᠢᠶᠡᠷᠡᠯ ᠪᠠ ᠳᠠᠩᠰᠠᠯᠠᠭᠣᠯᠬᠣ ᠬᠠᠮᠢᠶᠠᠷᠣᠯᠲᠠ ᠵᠢᠨ ᠠᠷᠭ᠎ᠠ》᠂ 《ᠢᠳᠡᠭᠡᠨ᠎ᠤ ᠡᠵᠡᠩᠨᠡᠯᠲᠡ ᠵᠢᠨ ᠵᠥᠪᠰᠢᠶᠡᠷᠡᠯ᠎ᠢ ᠬᠢᠨᠠᠨ ᠪᠠᠶ᠋ᠢᠴᠠᠭ᠋ᠠᠬᠤ ᠶᠡᠷᠦᠩᠬᠡᠶ ᠲᠦᠷᠢᠮ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠢᠴᠢ ᠬᠤᠯᠪᠣᠭᠳᠠᠯ ᠪᠥᠬᠦᠶ ᠲᠦᠷᠢᠮ ᠲᠣᠭᠲᠠᠭ᠋ᠠᠯ᠎ᠢ ᠦᠨᠳᠦᠰᠦᠯᠡᠨ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ 《ᠨᠠᠷᠢᠨ ᠲᠦᠷᠢᠮ》᠎ᠢ ᠲᠤᠭᠤᠷᠪᠢᠪᠠ᠃ 《ᠨᠠᠷᠢᠨ ᠲᠦᠷᠢᠮ》᠎ᠳᠤ ᠤᠷᠢᠳ ᠬᠤᠵᠢᠳ ᠡᠯ᠎ᠡ ᠠᠶ᠋ᠢᠮᠠᠭ ᠬᠤᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠴᠢ ᠬᠠᠮᠢᠶ᠎ᠠ ᠪᠥᠬᠦᠶ ᠭᠠᠵᠠᠷ ᠲᠠᠰᠤᠭ᠎ᠠᠴᠠ ᠰᠠᠨᠠᠯ ᠬᠤᠷᠢᠶᠠᠬᠤ᠂ ᠢᠯᠡ᠎ᠪᠠᠷ ᠰᠠᠨᠠᠯ ᠬᠤᠷᠢᠶᠠᠬᠤ᠂ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠬᠤ ᠵᠡᠷᠭᠡ ᠲᠠᠰ ᠳᠠᠷᠠᠭ᠋ᠠᠯᠠᠯ ᠵᠶ᠋ᠠᠷ ᠳᠡᠮᠵᠢᠨ᠂ ᠬᠠᠤᠯᠢ ᠲᠣᠭᠲᠠᠭ᠋ᠠᠯ᠎ᠤᠨ ᠭᠠᠵᠠᠷ᠎ᠤᠨ ᠬᠠᠤᠯᠢ ᠶᠣᠰᠣᠴᠢ ᠴᠢᠨᠠᠷ᠎ᠤᠨ ᠬᠢᠨᠠᠨ ᠬᠠᠷᠭᠤᠭᠤᠯᠤᠯᠲᠠ᠂ ᠲᠦᠪ ᠭᠤᠤᠯᠴᠢ ᠥᠷᠢᠰᠥᠯᠳᠦᠭᠡᠨ᠎ᠤ ᠬᠢᠨᠠᠨ ᠪᠠᠶ᠋ᠢᠴᠠᠭ᠋ᠠᠯᠲᠠ᠎ᠪᠠᠷ ᠳᠡᠮᠵᠢᠨ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠳᠤ ᠮᠡᠳᠡᠭᠦᠯᠵᠦ ᠬᠤᠷᠸ᠎ᠠ ᠲᠥᠷᠥ ᠵᠢᠨ ᠪᠣᠳᠣᠯᠭ᠎ᠠ ᠵᠢᠨ ᠬᠠᠨᠳᠣᠯᠭ᠎ᠠ ᠵᠢᠨ ᠨᠢᠭᠡᠳᠦᠯᠲᠦ ᠴᠢᠨᠠᠷᠲᠠᠶ ᠦᠨᠡᠯᠡᠨ ᠵᠢᠱ᠌ᠢᠯᠲᠡ ᠵᠢ ᠪᠡᠶᠡᠯᠡᠭᠦᠯᠵᠦ᠂ ᠲᠣᠪᠴᠢᠶᠠᠨ ᠤ ᠶᠠᠪᠤᠳᠠᠯ ᠤᠨ ᠬᠤᠷᠠᠯ ᠠᠴᠠ ᠬᠢᠨᠠᠨ ᠵᠥᠪᠯᠡᠵᠦ ᠪᠠᠲᠤᠯᠠᠭ᠋ᠠᠳ᠂ ᠡᠳᠦᠭᠡ ᠳᠠᠷᠤᠮᠠᠯᠯᠠᠨ ᠲᠠᠷᠬᠠᠭ᠋ᠠᠵᠤ ᠬᠡᠷᠡᠭᠵᠢᠭᠦᠯᠪᠡ᠃
(ᠬᠤᠶᠠᠷ) 《ᠨᠠᠷᠢᠨ ᠳᠦᠷᠢᠮ》᠎ᠤᠨ ᠦᠨᠳᠦᠰᠦᠨ ᠪᠦᠲᠦᠴᠡ ᠪᠠ ᠭᠤᠣᠯ ᠠᠭᠤᠯᠭ᠎ᠠ᠎ᠨᠢ ᠶᠠᠭᠤ ᠪᠤᠢ?
《ᠨᠠᠷᠢᠨ ᠲᠦᠷᠢᠮ》᠎ᠳᠤ ᠨᠡᠶ᠋ᠢᠲᠡ ᠵᠢᠷᠭᠤᠭ᠋ᠠᠨ ᠪᠦᠯᠦᠭ᠂ ᠶᠡᠷᠡᠨ ᠳᠥᠷᠪᠡᠨ ᠵᠦᠢ᠍ᠯ ᠪᠠᠢ᠌ᠵᠦ᠂ ᠡᠭᠦᠨ᠎ᠳᠤ ᠨᠢᠭᠡᠳᠦᠭᠡᠷ ᠪᠦᠯᠦᠭ᠎ᠤᠨ ᠶᠡᠷᠦᠩᠬᠡᠢ ᠲᠦᠷᠢᠮ᠎ᠤᠨ ᠬᠡᠰᠡᠭ᠎ᠨᠢ 《ᠨᠠᠷᠢᠨ ᠳᠦᠷᠢᠮ》᠎ᠤᠨ ᠲᠣᠭᠲᠠᠭ᠋ᠠᠭᠰᠠᠨ ᠦᠨᠳᠦᠰᠦᠯᠡᠯ᠂ ᠬᠡᠷᠡᠭᠯᠡᠬᠦ ᠬᠡᠪᠴᠢᠶ᠎ᠡ ᠵᠡᠷᠭᠡ ᠲᠠᠯ᠎ᠠ᠎ᠪᠠᠷ ᠶᠡᠷᠦᠩᠬᠡᠢ ᠲᠣᠭᠲᠠᠭ᠋ᠠᠯ ᠭᠠᠷᠭ᠋ᠠᠵᠠᠢ᠃ ᠪᠤᠰᠤᠳ ᠨᠠᠢ᠍ᠮᠠᠨ ᠪᠦᠯᠦᠭ᠎ᠨᠢ ᠵᠥᠪᠰᠢᠶᠡᠷᠡᠯ᠎ᠤᠨ ᠬᠢᠨᠠᠨ ᠪᠠᠶ᠋ᠢᠴᠠᠭ᠋ᠠᠯᠲᠠ ᠵᠢᠨ ᠨᠡᠶ᠋ᠢᠳᠡᠮ ᠬᠡᠷᠡᠭᠯᠡᠬᠦ ᠱᠠᠭ᠋ᠠᠷᠳᠠᠯᠭ᠎ᠠ᠂ ᠢᠳᠡᠭᠡᠨ ᠤᠮᠳᠠᠭ᠋ᠠᠨ᠎ᠤ ᠦᠢ᠍ᠯᠡᠴᠢᠯᠡᠭᠡ᠂ ᠢᠳᠡᠭᠡᠨ᠎ᠤ ᠪᠣᠷᠣᠯᠠᠭᠤᠯᠭ᠎ᠠ᠂ ᠪᠤᠰᠤᠳ ᠲᠦᠷᠦᠯ᠎ᠤᠨ ᠢᠳᠡᠭᠡᠨ᠎ᠤ ᠡᠵᠡᠩᠨᠡᠯᠲᠡ ᠵᠢᠨ ᠵᠥᠪᠰᠢᠶᠡᠷᠡᠯ᠎ᠤᠨ ᠬᠢᠨᠠᠨ ᠪᠠᠶ᠋ᠢᠴᠠᠭ᠋ᠠᠯᠲᠠ ᠵᠢᠨ ᠱᠠᠭ᠋ᠠᠷᠳᠠᠯᠭ᠎ᠠ ᠵᠡᠷᠭᠡ ᠪᠣᠯᠣᠨ᠎ᠠ᠃
(ᠭᠤᠷᠪᠠ) ᠮᠠᠨ᠎ᠤ ᠣᠷᠣᠨ᠎ᠤ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ᠂ 《ᠨᠠᠷᠢᠨ ᠲᠦᠷᠢᠮ》᠎ᠤᠨ ᠢᠳᠡᠭᠡᠨ᠎ᠤ ᠡᠵᠡᠩᠨᠡᠯᠲᠡ ᠵᠢᠨ ᠵᠥᠪᠰᠢᠶᠡᠷᠡᠯ᠎ᠤᠨ ᠬᠢᠨᠠᠨ ᠪᠠᠶ᠋ᠢᠴᠠᠭ᠋ᠠᠵᠤ ᠬᠡᠷᠡᠭᠵᠢᠭᠦᠯᠬᠦ ᠲᠠᠯ᠎ᠠ᠎ᠪᠠᠷ ᠶᠠᠮᠠᠷ ᠶᠠᠮᠠᠷ ᠰᠢᠨ᠎ᠡ ᠲᠣᠭᠲᠠᠭ᠋ᠠᠯ ᠪᠠᠶ᠋ᠢᠬᠤ ᠪᠤᠢ?
1. ᠲᠥᠪᠯᠡᠷᠡᠭᠦᠯᠦᠨ ᠬᠤᠭᠤᠯᠠᠯᠠᠬᠤ ᠨᠢᠭᠡᠴᠢ ᠵᠢᠨ ᠬᠣᠭᠣᠯᠠᠨ ᠭᠡᠷ᠎ᠢ ᠨᠠᠷᠢᠨ ᠲᠥᠷᠥᠯ ᠬᠤᠪᠢᠶᠠᠵᠤ ᠨᠡᠮᠡᠭᠳᠡᠭᠦᠯᠦᠨ᠎ᠡ᠃ ᠤᠤᠯ᠎ᠤᠨ ᠰᠠᠭᠤᠷᠢᠨ ᠳᠡᠭᠡᠷ᠎ᠡ᠂ 《ᠨᠠᠷᠢᠨ ᠳᠦᠷᠢᠮ》᠎ᠤᠨ ᠳᠥᠷᠪᠡᠳᠦᠭᠡᠷ ᠵᠦᠢ᠍ᠯ᠎ᠠᠴᠠ ᠬᠡᠤᠬᠡᠳ ᠰᠠᠭ᠋ᠠᠲᠠᠭᠤᠯᠬᠤ ᠪᠠᠶ᠋ᠢᠭᠤᠯᠤᠮᠵᠢ ᠵᠢᠨ ᠬᠤᠭᠤᠯᠠᠨ ᠭᠡᠷ᠂ ᠳᠤᠮᠳᠠᠳᠤ ᠪᠠᠭ᠎ᠠ ᠰᠤᠷᠭ᠋ᠠᠭᠤᠯᠢ ᠵᠢᠨ ᠬᠤᠭᠤᠯᠠᠨ ᠭᠡᠷ᠂ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠬᠤᠭᠤᠯᠠᠨ ᠭᠡᠷ᠂ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠬᠤᠭᠤᠯᠠᠨ ᠭᠡᠷ᠂ ᠨᠠᠰᠤᠵᠢᠯ᠎ᠤᠨ ᠪᠠᠶ᠋ᠢᠭᠤᠯᠤᠮᠵᠢ ᠵᠢᠨ ᠬᠤᠭᠤᠯᠠᠨ ᠭᠡᠷ᠂ ᠡᠮᠴᠢᠯᠡᠭᠡᠨ᠎ᠤ ᠪᠠᠶ᠋ᠢᠭᠤᠯᠤᠮᠵᠢ ᠵᠢᠨ ᠬᠤᠭᠤᠯᠠᠨ ᠭᠡᠷ᠂ ᠪᠠᠷᠢᠯᠭ᠎ᠠ ᠵᠢᠨ ᠭᠠᠵᠠᠷ᠎ᠤᠨ ᠬᠤᠭᠤᠯᠠᠨ ᠭᠡᠷ ᠵᠡᠷᠭᠡ ᠵᠢ ᠲᠥᠷᠥᠯ ᠬᠤᠪᠢᠶᠠᠨ᠎ᠠ᠃ ᠡᠨᠡ᠎ᠨᠢ ᠮᠥᠨ ᠴᠦ᠍ ᠶᠡᠷᠦᠩᠬᠡᠶ ᠲᠣᠪᠴᠢᠶᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠶᠣᠰᠣᠭ᠋ᠠᠷ᠂ ᠡᠯ᠎ᠡ ᠲᠥᠷᠥᠯ᠎ᠤᠨ ᠲᠥᠪᠯᠡᠷᠡᠭᠦᠯᠦᠨ ᠬᠤᠭᠤᠯᠠᠯᠠᠬᠤ ᠨᠢᠭᠡᠴᠢ ᠵᠢ ᠨᠡᠩ ᠴᠢᠩᠭ᠎ᠠ᠂ ᠨᠡᠩ ᠬᠠᠨᠳᠣᠯᠭ᠋ᠠᠲᠣ ᠴᠢᠨᠠᠷᠲᠠᠶ᠎ᠪᠠᠷ ᠬᠠᠮᠢᠶᠠᠷᠬᠤ ᠦᠷ᠎ᠡ ᠪᠦᠲᠦᠮᠵᠢ ᠭᠠᠷᠭ᠋ᠠᠬᠤ ᠪᠣᠯᠣᠨ᠎ᠠ ᠃
2. ᠢᠳᠡᠭᠡᠨ᠎ᠤ ᠠᠦ᠋ᠲ᠋ᠣ᠋ ᠲᠥᠬᠦᠭᠡᠷᠦᠮᠵᠢ ᠵᠢ ᠳᠥᠭᠥᠮᠬᠡᠨ ᠵᠶ᠋ᠡᠷ ᠦᠢ᠍ᠯᠡᠳᠴᠦ ᠪᠣᠷᠣᠯᠠᠭᠤᠯᠬᠤ ᠪᠠ ᠠᠰᠢᠭᠯᠠᠨ ᠢᠳᠡᠭᠡᠨ᠎ᠤ ᠡᠵᠡᠩᠨᠡᠯᠲᠡ ᠵᠢᠨ ᠬᠢᠨᠠᠨ ᠪᠠᠢ᠌ᠴᠠᠭ᠋ᠠᠬᠤ ᠱᠠᠭ᠋ᠠᠷᠳᠠᠯᠭ᠎ᠠ ᠵᠢ ᠰᠢᠨ᠎ᠡ᠎ᠪᠠᠷ ᠨᠡᠮᠡᠭᠳᠡᠭᠦᠯᠦᠨ᠎ᠡ ᠃ 《ᠢᠳᠡᠭᠡᠨ ᠡᠵᠡᠩᠨᠡᠬᠦ ᠵᠥᠪᠰᠢᠶᠡᠷᠡᠯ ᠪᠠ ᠳᠠᠩᠰᠠᠯᠠᠭᠤᠯᠬᠤ ᠬᠠᠮᠢᠶᠠᠷᠤᠯᠲᠠ ᠵᠢᠨ ᠠᠷᠭ᠎ᠠ》 (ᠶᠡᠷᠦᠩᠬᠡᠶ ᠲᠣᠪᠴᠢᠶᠠᠨ᠎ᠤ 78 ᠳ᠋ᠤᠭ᠋ᠠᠷ ᠲᠣᠭ᠋ᠠᠲᠤ ᠵᠠᠷᠯᠢᠭ)᠎ᠳᠤ᠂ ᠢᠳᠡᠭᠡᠨ ᠡᠵᠡᠩᠨᠡᠬᠦ ᠵᠥᠪᠰᠢᠶᠡᠷᠡᠯ᠎ᠤᠨ ᠡᠵᠡᠩᠨᠡᠯᠲᠡ ᠵᠢᠨ ᠲᠥᠷᠥᠯ ᠵᠦᠢ᠍ᠯ᠎ᠳᠤ ᠳᠦᠭᠦᠮᠬᠡᠨ ᠵᠶ᠋ᠡᠷ ᠦᠢ᠍ᠯᠡᠳᠴᠦ ᠪᠣᠷᠤᠯᠠᠭᠤᠯᠬᠤ ᠂ ᠢᠳᠡᠭᠡᠨ᠎ᠤ ᠡᠵᠡᠩᠨᠡᠯᠲᠡ ᠬᠠᠮᠢᠶᠠᠷᠤᠯᠲᠠ ᠪᠣᠯᠤᠨ ᠠᠦ᠋ᠲ᠋ᠣ᠋ ᠲᠥᠬᠥᠭᠡᠷᠦᠮᠵᠢ ᠵᠢ ᠠᠰᠢᠭᠯᠠᠨ ᠢᠳᠡᠭᠡᠨ᠎ᠤ ᠡᠵᠡᠩᠨᠡᠯᠲᠡ ᠬᠢᠬᠦ ᠵᠢ ᠰᠢᠨ᠎ᠡ᠎ᠪᠠᠷ ᠨᠡᠮᠡᠭᠳᠡᠭᠦᠯᠪᠡ᠃ ᠡᠶ᠋ᠢᠮᠦ᠎ᠠᠴᠠ᠂ ᠡᠳᠡᠭᠡᠷ ᠲᠥᠷᠥᠯ ᠵᠦᠢ᠍ᠯ᠎ᠤᠨ ᠲᠤᠬᠠᠢ ᠵᠢᠨ ᠭᠠᠵᠠᠷ᠎ᠲᠤᠨᠢ ᠬᠢᠨᠠᠨ ᠪᠠᠶ᠋ᠢᠴᠠᠭ᠋ᠠᠬᠤ ᠱᠠᠭ᠋ᠠᠷᠳᠠᠯᠭ᠎ᠠ ᠵᠢ ᠨᠡᠮᠡᠭᠳᠡᠭᠦᠯᠬᠦ ᠬᠡᠷᠡᠭᠲᠡᠢ᠃ 《ᠨᠠᠷᠢᠨ ᠲᠦᠷᠢᠮ》 ᠳᠤ ᠪᠠᠰᠠ ᠵᠣᠬᠢᠴᠠᠩᠭᠤᠶ ᠠᠭᠤᠯᠭ᠎ᠠ ᠨᠡᠮᠡᠵᠡᠶ᠂ ᠪᠣᠳᠠᠲᠠᠶ ᠠᠭᠤᠯᠭ᠎ᠠ ᠵᠢ 《ᠨᠠᠷᠢᠨ ᠳᠦᠷᠢᠮ》᠎ᠤᠨ ᠳᠥᠷᠪᠡᠳᠦᠭᠡᠷ ᠪᠦᠯᠦᠭ᠎ᠤᠨ ᠭᠤᠷᠪᠠᠳᠤᠭ᠋ᠠᠷ ᠬᠡᠰᠡᠭ ᠪᠠ ᠲᠠᠪᠤᠳᠤᠭ᠋ᠠᠷ ᠪᠦᠯᠦᠭ᠎ᠤᠨ ᠭᠤᠷᠪᠠᠳᠤᠭ᠋ᠠᠷ ᠪᠦᠯᠦᠭ᠎ᠠᠴᠠ ᠦᠵᠡ ᠃
3. ᠬᠡᠰᠡᠭ ᠡᠵᠡᠩᠨᠡᠯᠲᠡ ᠵᠢᠨ ᠲᠥᠷᠥᠯ ᠵᠦᠢ᠍ᠯ ᠢ ᠲᠤᠬᠠᠶ ᠵᠢᠨ ᠭᠠᠵᠠᠷ ᠲᠤ ᠨᠢ ᠬᠠᠷᠭᠤᠭᠤᠯᠤᠨ ᠪᠠᠶ᠋ᠢᠴᠠᠭ᠋ᠠᠬᠤ ᠱᠠᠭ᠋ᠠᠷᠳᠠᠯᠭ᠎ᠠ ᠵᠢ ᠳᠥᠭᠦᠮᠴᠢᠯᠡᠨ᠎ᠡ ᠃ 《 ᠨᠠᠷᠢᠨ ᠳᠦᠷᠢᠮ》᠎ᠤᠨ ᠳᠥᠷᠪᠡᠳᠦᠭᠡᠷ ᠪᠦᠯᠦᠭ᠎ᠤᠨ ᠭᠤᠷᠪᠠᠳᠤᠭ᠋ᠠᠷ ᠬᠡᠰᠡᠭ᠎ᠠᠴᠠ ᠢᠳᠡᠭᠡᠨ᠎ᠤ ᠵᠦᠢ᠍ᠯ ᠡᠵᠡᠩᠨᠡᠭᠴᠢ ᠢᠳᠡᠭᠡᠨ᠎ᠤ ᠠᠮᠤᠷ ᠲᠦᠪᠰᠢᠨ᠎ᠤ ᠲᠦᠭᠰᠢᠭᠦᠷᠢ᠎ᠪᠠᠷ ᠨᠡᠯᠢᠶᠡᠳ ᠳᠣᠣᠷ᠎ᠠ ᠢᠳᠡᠭᠡᠨ᠎ᠢ ᠳᠥᠭᠥᠮᠬᠡᠨ ᠵᠶ᠋ᠠᠷ ᠦᠢ᠍ᠯᠡᠳᠴᠦ ᠪᠣᠷᠤᠯᠠᠭᠤᠯᠤᠭᠰᠠᠨ ᠪᠠᠢ᠌ᠪᠠᠯ ᠢᠳᠡᠭᠡᠨ᠎ᠤ ᠠᠮᠤᠷ ᠲᠦᠪᠰᠢᠨ᠎ᠢ ᠪᠠᠲᠤᠯᠠᠭᠰᠠᠨ ᠤᠷᠢᠲᠠᠯ ᠳᠣᠤᠷ᠎ᠠ᠂ ᠬᠢᠨᠠᠨ ᠪᠠᠶ᠋ᠢᠴᠠᠭ᠋ᠠᠬᠤ ᠱᠠᠭ᠋ᠠᠷᠳᠠᠯᠭ᠎ᠠ ᠵᠢ ᠳᠦᠭᠦᠮᠴᠢᠯᠡᠨ᠎ᠡ᠃ ᠵᠥᠪᠬᠡᠨ ᠤᠷᠢᠳᠴᠢᠯᠠᠨ ᠪᠣᠭᠤᠳᠠᠯᠯᠠᠭᠰᠠᠨ ᠢᠳᠡᠭᠡᠨ ᠪᠤᠶᠤ ᠬᠠᠭ᠋ᠠᠰ ᠪᠡᠯᠡᠨ ᠢᠳᠡᠭᠡᠨ᠎ᠢ ᠪᠣᠷᠣᠯᠠᠭᠤᠯᠪᠠᠯ᠂ ᠪᠣᠳᠠᠲᠠᠶ ᠪᠠᠶ᠋ᠢᠳᠠᠯ᠎ᠢ ᠦᠨᠳᠦᠰᠦᠯᠡᠨ ᠪᠦᠳᠦᠭᠦᠯᠢᠭ (ᠡᠬᠢ) ᠪᠣᠯᠪᠠᠰᠤᠷᠠᠭᠤᠯᠬᠤ ᠭᠠᠵᠠᠷ ᠲᠣᠬᠢᠷᠠᠭᠤᠯᠬᠤ ᠦᠭᠡᠢ᠂ ᠲᠦᠭᠦᠬᠡᠶ ᠮᠠᠲ᠋ᠧᠷᠢᠶᠠᠯ᠎ᠢ ᠴᠡᠪᠡᠷᠯᠡᠨ ᠤᠬᠢᠶᠠᠬᠤ ᠴᠥᠭᠦᠷᠥᠮ᠎ᠢ ᠳᠥᠭᠦᠮᠴᠢᠯᠡᠬᠦ ᠪᠤᠶᠤ ᠲᠣᠬᠢᠷᠠᠭᠤᠯᠬᠤ ᠦᠭᠡᠢ ᠪᠠᠶ᠋ᠢᠵᠤ ᠪᠣᠯᠤᠨ᠎ᠠ ; ᠡᠳ᠋ᠰᠢᠭᠦᠯᠵᠦ ᠦᠢ᠍ᠯᠡᠳᠬᠦ ᠶᠠᠪᠤᠴᠠ ᠵᠢ ᠦᠨᠳᠦᠰᠦᠯᠡᠨ ᠂ ᠬᠡᠷᠴᠢᠬᠦ ᠭᠠᠵᠠᠷ ᠪᠠ ᠲᠣᠭᠤᠭ᠋ᠠᠯᠠᠬᠤ ᠭᠠᠵᠠᠷ ᠵᠡᠷᠭᠡ ᠵᠢ ᠲᠣᠬᠢᠷᠠᠭᠤᠯᠬᠤ ᠦᠭᠡᠢ ᠪᠠᠶ᠋ᠢᠵᠤ ᠪᠣᠯᠤᠨ᠎ᠠ᠃
(ᠲᠦᠷᠪᠡ) 《ᠨᠠᠷᠢᠨ ᠳᠦᠷᠢᠮ》᠎ᠢ ᠬᠡᠷᠡᠭᠵᠢᠭᠦᠯᠬᠦ ᠴᠠᠭ᠎ᠨᠢ ᠬᠡᠵᠢᠶ᠎ᠡ ᠪᠤᠢ?
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠬᠠᠮᠢᠶᠠᠷᠤᠯᠲᠠ ᠵᠢᠨ ᠠᠷᠭ᠎ᠠ》 ᠵᠢᠨ ᠱᠠᠭ᠋ᠠᠷᠳᠠᠯᠭ᠎ᠠ ᠵᠢ ᠦᠨᠳᠦᠰᠦᠯᠡᠨ᠂ ᠵᠠᠰᠠᠭ ᠵᠠᠬᠢᠷᠭ᠋ᠠᠨ᠎ᠤ ᠬᠠᠷᠢᠴᠠᠩᠭᠤᠶ ᠬᠥᠮᠦᠨ ᠵᠢᠴᠢ ᠨᠡᠶ᠋ᠢᠭᠡᠮ ᠨᠡᠶ᠋ᠢᠲᠡ᠎ᠳᠤ 《ᠨᠠᠷᠢᠨ ᠲᠦᠷᠢᠮ》᠎ᠤᠨ ᠬᠠᠮᠢᠶ᠎ᠠ ᠪᠥᠬᠦᠶ ᠲᠣᠭᠲᠠᠭ᠋ᠠᠯ᠎ᠢ ᠭᠦᠢ᠍ᠴᠡᠳ ᠮᠡᠳᠡᠭᠦᠯᠬᠦ ᠵᠢᠨ ᠬᠠᠮᠲᠤ ᠣᠶ᠋ᠢᠯᠠᠭ᠋ᠠᠭᠤᠯᠬᠤ ᠵᠢᠨ ᠲᠥᠯᠥᠭᠡ᠂ 《ᠨᠠᠷᠢᠨ ᠲᠦᠷᠢᠮ》᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃