ᠦᠰᠦᠭ ᠪᠢᠴᠢᠭ ᠵᠶ᠋ᠠᠷ ᠦᠭᠦᠯᠡᠬᠦᠢ᠄ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠢᠳᠡᠭᠡᠨ᠎ᠤ ᠡᠵᠡᠩᠨᠡᠯᠲᠡ ᠵᠢᠨ ᠵᠥᠪᠰᠢᠶᠡᠷᠡᠯ ᠪᠠ ᠳᠠᠩᠰᠠᠯᠠᠭᠣᠯᠣᠬᠣ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》
2025-03-25

     ᠨᠢᠭᠡ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠢᠳᠡᠭᠡᠨ᠎ᠤ ᠡᠵᠡᠩᠨᠡᠯᠲᠡ ᠵᠢᠨ ᠵᠥᠪᠰᠢᠶᠡᠷᠡᠯ ᠪᠠ ᠳᠠᠩᠰᠠᠯᠠᠭᠤᠯᠬᠤ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 (ᠳᠣᠷᠣᠭᠰᠢ 《ᠠᠷᠭ᠎ᠠ》 ᠭᠡᠵᠦ ᠲᠣᠪᠴᠢᠯᠠᠨ᠎ᠠ) ᠵᠢ ᠨᠡᠶ᠋ᠢᠲᠡᠯᠡᠭᠰᠡᠨ ᠠᠬᠤᠢ ᠪᠠᠶ᠋ᠢᠳᠠᠯ ᠪᠠ ᠦᠨᠳᠦᠰᠦᠯᠡᠯ

     ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶᠠᠨ᠎ᠤ 《  ᠪᠠᠭᠤᠯᠭ᠋ᠠᠬᠤ  ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢᠨ ᠲᠤᠬᠠᠶ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠭᠦᠨᠵᠡᠭᠡᠶ ᠲᠤᠭᠤᠰᠢᠯᠠᠭᠤᠯᠵᠤ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠢᠳᠡᠭᠡᠨ ᠎ᠤ  ᠠᠮᠤᠷ  ᠲᠦᠪᠰᠢᠨ ᠎ᠤ  ᠬᠠᠤᠯᠢ》᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠢᠳᠡᠭᠡᠨ᠎ᠤ ᠠᠮᠤᠷ ᠲᠦᠪᠰᠢᠨ᠎ᠤ ᠬᠠᠤᠯᠢ ᠵᠢ ᠬᠡᠷᠡᠭᠵᠢᠭᠦᠯᠬᠦ ᠲᠦᠷᠢᠮ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠲᠦᠷᠢᠮ ᠲᠣᠭᠲᠠᠭ᠋ᠠᠯ᠎ᠤᠨ ᠱᠠᠭ᠋ᠠᠷᠳᠠᠯᠭ᠎ᠠ ᠵᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠤᠨ᠂ ᠢᠳᠡᠭᠡᠨ᠎ᠤ ᠡᠵᠡᠩᠨᠡᠯᠲᠡ ᠵᠢᠨ ᠬᠦᠷᠢᠶᠡᠨ᠎ᠤ ᠰᠢᠨ᠎ᠡ᠎ᠪᠠᠷ ᠬᠥᠭᠵᠢᠭᠰᠡᠨ ᠡᠵᠡᠩᠨᠡᠯᠲᠡ ᠵᠢᠨ ᠪᠠᠶ᠋ᠢᠳᠠᠯ᠎ᠤᠨ ᠬᠥᠭᠵᠢᠯᠲᠡ ᠵᠢᠨ ᠬᠠᠨᠳᠤᠰᠢ᠎ᠳᠤ ᠵᠣᠬᠢᠴᠠᠭᠤᠯᠬᠤ ᠵᠢᠨ ᠲᠥᠯᠥᠭᠡ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠢᠳᠡᠭᠡᠨ᠎ᠤ ᠡᠵᠡᠩᠨᠡᠯᠲᠡ ᠵᠢᠨ ᠵᠥᠪᠰᠢᠶᠡᠷᠡᠯ ᠪᠠ ᠳᠠᠩᠰᠠᠯᠠᠭᠣᠯᠵᠦ ᠬᠢᠨᠠᠨ ᠪᠠᠶ᠋ᠢᠴᠠᠭ᠋ᠠᠬᠤ ᠠᠵᠢᠯ᠎ᠢ ᠵᠢᠷᠤᠮᠵᠢᠭᠤᠯᠵᠤ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠠᠤᠯᠢ》᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠢᠳᠡᠭᠡᠨ᠎ᠤ ᠠᠮᠤᠷ ᠲᠦᠪᠰᠢᠨ᠎ᠤ ᠬᠠᠤᠯᠢ》 ᠵᠢᠴᠢ ᠲᠡᠭᠦᠨ᠎ᠤ ᠬᠡᠷᠡᠭᠵᠢᠭᠦᠯᠬᠦ ᠲᠦᠷᠢᠮ᠂ 《ᠢᠳᠡᠭᠡᠨ᠎ᠤ ᠡᠵᠡᠩᠨᠡᠯᠲᠡ ᠵᠢᠨ ᠵᠥᠪᠰᠢᠶᠡᠷᠡᠯ ᠪᠠ ᠳᠠᠩᠰᠠᠯᠠᠭᠣᠯᠬᠣ ᠬᠠᠮᠢᠶᠠᠷᠣᠯᠲᠠ ᠵᠢᠨ ᠠᠷᠭ᠎ᠠ》 《ᠢᠳᠡᠭᠡᠨ᠎ᠤ ᠡᠵᠡᠩᠨᠡᠯᠲᠡ ᠵᠢᠨ ᠵᠦᠪᠰᠢᠶᠡᠷᠡᠯ ᠬᠢᠨᠠᠨ ᠪᠠᠢ᠌ᠴᠠᠭ᠋ᠠᠬᠣ ᠶᠡᠷᠣᠩᠬᠡᠢ ᠳᠦᠷᠢᠮ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠢᠴᠢ ᠬᠤᠯᠪᠣᠭᠳᠠᠯ ᠪᠥᠬᠦᠶ ᠲᠦᠷᠢᠮ᠎ᠤᠨ ᠲᠣᠭᠲᠠᠭ᠋ᠠᠯ᠎ᠢ ᠦᠨᠳᠦᠰᠦᠯᠡᠨ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ 《ᠠᠷᠭ᠎ᠠ》 ᠵᠢ ᠲᠤᠭᠤᠷᠪᠢᠪᠠ᠃ 《ᠠᠷᠭ᠎ᠠ》᠎ᠨᠢ ᠤᠷᠢᠳ ᠬᠤᠵᠢᠳ ᠡᠯ᠎ᠡ ᠠᠶ᠋ᠢᠮᠠᠭ ᠬᠤᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠴᠢ ᠬᠠᠮᠢᠶ᠎ᠠ ᠪᠥᠬᠦᠶ  ᠭᠠᠵᠠᠷ  ᠲᠠᠰᠤᠭ ᠎ᠠᠴᠠ  ᠰᠠᠨᠠᠯ  ᠬᠤᠷᠢᠶᠠᠬᠤ᠂ ᠢᠯᠡ᠎ᠪᠠᠷ ᠰᠠᠨᠠᠯ ᠬᠤᠷᠢᠶᠠᠬᠤ᠂ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠬᠤ ᠵᠡᠷᠭᠡ ᠲᠠᠰ ᠳᠠᠷᠠᠭ᠋ᠠᠯᠠᠯ ᠵᠶ᠋ᠠᠷ ᠳᠡᠮᠵᠢᠨ᠂ ᠬᠠᠤᠯᠢ ᠲᠣᠭᠲᠠᠭ᠋ᠠᠯ᠎ᠤᠨ ᠭᠠᠵᠠᠷ᠎ᠤᠨ ᠬᠠᠤᠯᠢ ᠶᠣᠰᠣᠴᠢ ᠴᠢᠨᠠᠷ᠎ᠤᠨ ᠬᠢᠨᠠᠨ ᠬᠠᠷᠭᠤᠭᠤᠯᠤᠯᠲᠠ᠂ ᠲᠦᠪ ᠭᠤᠤᠯᠴᠢ ᠥᠷᠢᠰᠥᠯᠳᠦᠭᠡᠨ᠎ᠤ ᠬᠢᠨᠠᠨ ᠪᠠᠶ᠋ᠢᠴᠠᠭ᠋ᠠᠯᠲᠠ᠎ᠪᠠᠷ ᠳᠡᠮᠵᠢᠨ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠳᠤ ᠮᠡᠳᠡᠭᠦᠯᠦᠨ ᠬᠣᠷᠸ᠎ᠠ ᠲᠦᠷᠣ ᠵᠢᠨ ᠪᠣᠳᠣᠯᠭ᠎ᠠ ᠵᠢᠨ ᠬᠠᠨᠳᠣᠯᠭ᠎ᠠ ᠵᠢᠨ ᠨᠢᠭᠡᠲᠦᠯᠲᠣ ᠴᠢᠨᠠᠷ᠎ᠤᠨ ᠦᠨᠡᠯᠡᠨ ᠵᠢᠱ᠌ᠢᠯᠲᠡ ᠵᠢ ᠪᠡᠶᠡᠯᠡᠭᠦᠯᠵᠦ᠂ ᠲᠣᠪᠴᠢᠶᠠᠨ᠎ᠤ  ᠶᠠᠪᠤᠳᠠᠯ᠎ᠤᠨ ᠬᠤᠷᠠᠯ ᠵᠶ᠋ᠠᠷ ᠬᠢᠨᠠᠨ ᠵᠥᠪᠯᠡᠭᠦᠯᠵᠦ ᠪᠠᠲᠤᠯᠠᠭᠤᠯᠵᠤ᠂ ᠳᠠᠷᠤᠮᠠᠯᠯᠠᠨ ᠲᠠᠷᠬᠠᠭ᠋ᠠᠵᠤ ᠬᠡᠷᠡᠭᠵᠢᠭᠦᠯᠬᠦ ᠵᠢ ᠵᠥᠪᠰᠢᠶᠡᠷᠡᠪᠡ᠃

     ᠬᠤᠶᠠᠷ᠂ 《ᠠᠷᠭ᠎ᠠ》 ᠵᠢ ᠲᠣᠭᠲᠠᠭ᠋ᠠᠭᠰᠠᠨ  ᠵᠠᠷᠴᠢᠮ

     《ᠠᠷᠭ᠎ᠠ》 ᠎ᠨᠢ  《ᠬᠠᠤᠯᠢ  ᠶᠣᠰᠣᠨ ᠎ᠳᠤ  ᠨᠡᠶ᠋ᠢᠴᠡᠬᠦ᠂  ᠠᠮᠤᠷ  ᠲᠦᠪᠰᠢᠨ  ᠨᠠᠶ᠋ᠢᠳᠠᠪᠤᠷᠢᠲᠠᠶ  ᠪᠠᠶ᠋ᠢᠬᠤ᠂  ᠳᠥᠭᠦᠮ  ᠳᠥᠲᠡ  ᠥᠨᠳᠥᠷ  ᠪᠦᠲᠦᠮᠵᠢᠲᠡᠶ  ᠪᠠᠶ᠋ᠢᠬᠤ》  ᠲᠣᠭᠲᠠᠭ᠋ᠠᠬᠤ ᠵᠠᠷᠴᠢᠮ᠎ᠢ ᠵᠢᠷᠤᠮᠯᠠᠨ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠢᠳᠡᠭᠡᠨ᠎ᠤ ᠡᠵᠡᠩᠨᠡᠯᠲᠡ ᠵᠢᠨ ᠵᠥᠪᠰᠢᠶᠡᠷᠡᠯ ᠪᠠ ᠳᠠᠩᠰᠠᠯᠠᠭᠤᠯᠬᠤ ᠠᠵᠢᠯ᠎ᠢ ᠨᠠᠩ ᠰᠠᠶ᠋ᠢᠲᠤᠷ ᠵᠢᠷᠤᠮᠵᠢᠭᠤᠯᠵᠤ᠂ ᠭᠤᠶᠤᠴᠢᠯᠠᠬᠤ ᠪᠠ ᠭᠥᠯᠢᠶᠡᠨ ᠠᠪᠴᠤ ᠰᠢᠢ᠍ᠳᠪᠦᠷᠢᠯᠡᠬᠦ᠂ ᠬᠢᠨᠠᠨ ᠪᠠᠶ᠋ᠢᠴᠠᠭ᠋ᠠᠬᠤ ᠪᠠ ᠲᠣᠭᠲᠠᠭ᠋ᠠᠬᠤ᠂ ᠵᠥᠪᠰᠢᠶᠡᠷᠡᠯ᠎ᠤᠨ ᠦᠨᠡᠮᠯᠡᠯ᠎ᠢ ᠬᠠᠮᠢᠶᠠᠷᠬᠤ᠂ ᠬᠤᠪᠢᠷᠠᠭᠤᠯᠬᠤ᠂ ᠦᠷᠭᠦᠯᠵᠢᠯᠡᠭᠦᠯᠬᠦ᠂ ᠨᠥᠬᠦᠵᠦ ᠬᠦᠢ᠍ᠴᠡᠳᠬᠡᠬᠦ ᠪᠠ ᠬᠦᠴᠦᠨ ᠥᠬᠡᠶ ᠪᠣᠯᠭ᠋ᠠᠬᠤ᠂ ᠵᠥᠪᠬᠡᠨ ᠤᠷᠢᠳᠴᠢᠯᠠᠨ ᠪᠣᠭᠤᠳᠠᠯᠯᠠᠭᠰᠠᠨ ᠢᠳᠡᠭᠡᠨ᠎ᠢ ᠳᠠᠩᠰᠠᠯᠠᠭᠤᠯᠬᠤ᠂ ᠢᠳᠡᠭᠡᠨ ᠡᠵᠡᠩᠨᠡᠭᠴᠢ ᠵᠢᠨ ᠮᠡᠳᠡᠭᠦᠯᠣᠯᠲᠡ᠂ ᠬᠢᠨᠠᠯᠲᠠ ᠲᠠᠯᠪᠢᠵᠤ ᠪᠠᠶ᠋ᠢᠴᠠᠭ᠋ᠠᠬᠤ ᠪᠠ ᠬᠠᠮᠢᠶᠠᠷᠬᠤ ᠵᠡᠷᠭᠡ ᠭᠤᠭᠴᠤᠭ᠎ᠠ ᠵᠢᠨ ᠬᠠᠷᠢᠭᠤᠴᠠᠯᠭ᠎ᠠ ᠪᠠ ᠡᠭᠦᠷᠭᠡ ᠵᠢ ᠲᠣᠭᠲᠠᠭ᠋ᠠᠵᠤ᠂ ᠬᠢᠨᠠᠨ ᠵᠥᠪᠰᠢᠶᠡᠷᠡᠬᠦ᠎ᠳᠤ  ᠨᠠᠩ ᠳᠥᠭᠦᠮ᠂ ᠦᠢ᠍ᠯᠡᠴᠢᠯᠡᠭᠡ᠎ᠨᠢ ᠨᠠᠩ ᠰᠢᠯᠢᠳᠡᠭ ᠵᠠᠰᠠᠭ᠎ᠤᠨ ᠶᠠᠪᠤᠳᠠᠯ ᠪᠠ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ᠎ᠢ ᠪᠡᠶᠡᠯᠡᠭᠦᠯᠬᠦ ᠵᠢ ᠠᠬᠢᠭᠤᠯᠪᠠ᠃

     ᠭᠤᠷᠪᠠ᠂ ᠲᠠᠢ᠌ᠯᠤᠮᠵᠢ ᠬᠢᠬᠦ  ᠬᠡᠯᠪᠡᠷᠢ ᠪᠠ ᠠᠷᠭ᠎ᠠ ᠵᠠᠮ

     ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶᠠᠨ᠎ᠤ ᠬᠠᠷᠢᠭᠤᠴᠠᠯᠭ᠋ᠠᠲᠠᠳ  ᠰᠦᠯᠵᠢᠶᠡᠨ ᠳᠡᠭᠡᠷ᠎ᠡ ᠰᠤᠷᠪᠤᠯᠵᠢᠯᠠᠬᠤ᠂ ᠵᠠᠭᠤᠴᠢᠯᠠᠭᠤᠷ᠎ᠤᠨ ᠰᠤᠷᠪᠤᠯᠵᠢᠯᠠᠭ᠎ᠠ ᠵᠢ ᠬᠦᠯᠢᠶᠡᠬᠦ ᠵᠡᠷᠭᠡ ᠬᠡᠯᠪᠡᠷᠢ᠎ᠪᠠᠷ ᠳᠠᠮᠵᠢᠭᠤᠯᠤᠨ ᠲᠠᠶ᠋ᠢᠯᠤᠮᠵᠢ  ᠬᠢᠨ᠎ᠡ ᠃ ᠵᠠᠰᠠᠭ᠎ᠤᠨ ᠣᠷᠳᠣᠨ᠎ᠤ ᠰᠦᠯᠵᠢᠶ᠎ᠡ᠂ ᠰᠣᠨᠢᠨ ᠮᠡᠳᠡᠭᠡᠨ᠎ᠤ ᠰᠦᠯᠵᠢᠶ᠎ᠡ᠂ ᠷᠠᠳᠢᠣ᠋ ᠲᠧᠯᠸᠢᠰ᠂ ᠰᠣᠨᠢᠨ ᠰᠡᠳᠬᠦᠯ᠂ ᠮᠥᠩᠬᠡ ᠰᠤᠪᠠᠭ ᠵᠡᠷᠭᠡ ᠠᠷᠭ᠎ᠠ ᠵᠠᠮ ᠵᠶ᠋ᠠᠷ ᠠᠰᠠᠭᠤᠯᠲᠠ ᠬᠠᠷᠢᠭᠤᠯᠲᠠ ᠵᠢᠨ ᠬᠡᠯᠪᠡᠷᠢ᠎ᠪᠠᠷ ᠰᠦᠯᠵᠢᠶᠡᠨ᠎ᠳᠤ ᠭᠠᠷᠭ᠋ᠠᠨ  ᠲᠠᠢ᠌ᠯᠤᠮᠵᠢ ᠬᠢᠵᠦ ᠂ ᠮᠡᠳᠡᠭᠡ ᠵᠠᠩᠭᠢ ᠵᠢ ᠬᠦᠯᠢᠶᠡᠨ ᠠᠪᠤᠭᠴᠢᠳ᠎ᠤᠨ ᠲᠠᠯ᠎ᠠ ᠵᠢ ᠥᠷᠭᠡᠳᠬᠡᠨ᠎ᠡ᠃

     ᠳᠥᠷᠪᠡ᠂ ᠲᠠᠢ᠌ᠯᠤᠮᠵᠢ ᠬᠢᠬᠦ  ᠴᠠᠭ

     ᠪᠢᠴᠢᠭ ᠮᠠᠲ᠋ᠧᠷᠢᠶᠠᠯ᠎ᠢ ᠳᠠᠷᠤᠮᠠᠯᠯᠠᠨ ᠲᠠᠷᠬᠠᠭ᠋ᠠᠭᠰᠠᠨ  ᠨᠢᠭᠡ ᠭᠠᠷᠠᠭ᠎ᠤᠨ ᠳᠠᠷᠠᠭ᠎ᠠ ᠢᠯᠡ ᠪᠣᠯᠭ᠋ᠠᠨ᠎ᠠ᠃

      ᠲᠠᠪᠤ᠂ ᠲᠠᠢ᠌ᠯᠤᠮᠵᠢ ᠬᠢᠬᠦ  ᠬᠦᠲᠦᠯᠪᠣᠷᠢ

    (ᠨᠢᠭᠡ) 《ᠠᠷᠭ᠎ᠠ》 ᠵᠢ ᠲᠣᠭᠲᠠᠭ᠋ᠠᠭᠰᠠᠨ ᠠᠬᠤᠶ ᠪᠠᠶ᠋ᠢᠳᠠᠯ᠎ᠨᠢ ᠶᠠᠭᠤ ᠪᠣᠶ?

     ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶᠠᠨ᠎ᠤ 《ᠪᠠᠭᠤᠯᠭ᠋ᠠᠬᠤ  ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢᠨ ᠲᠤᠬᠠᠶ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠭᠦᠨᠵᠡᠭᠡᠶ ᠲᠤᠭᠤᠰᠢᠯᠠᠭᠤᠯᠵᠤ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ  ᠢᠳᠡᠭᠡᠨ ᠎ᠤ  ᠠᠮᠤᠷ  ᠲᠦᠪᠰᠢᠨ ᠎ᠤ  ᠬᠠᠤᠯᠢ》᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠢᠳᠡᠭᠡᠨ᠎ᠤ ᠠᠮᠤᠷ ᠲᠦᠪᠰᠢᠨ᠎ᠤ ᠬᠠᠤᠯᠢ ᠵᠢ ᠬᠡᠷᠡᠭᠵᠢᠭᠦᠯᠬᠦ ᠲᠦᠷᠢᠮ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠲᠦᠷᠢᠮ ᠲᠣᠭᠲᠠᠭ᠋ᠠᠯ᠎ᠤᠨ ᠱᠠᠭ᠋ᠠᠷᠳᠠᠯᠭ᠎ᠠ ᠵᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠤᠨ᠂ ᠢᠳᠡᠭᠡᠨ᠎ᠤ ᠡᠵᠡᠩᠨᠡᠯᠲᠡ ᠵᠢᠨ ᠬᠦᠷᠢᠶᠡᠨ᠎ᠤ ᠰᠢᠨ᠎ᠡ᠎ᠪᠠᠷ ᠬᠥᠭᠵᠢᠭᠰᠡᠨ ᠡᠵᠡᠩᠨᠡᠯᠲᠡ ᠵᠢᠨ ᠪᠠᠶ᠋ᠢᠳᠠᠯ᠎ᠤᠨ ᠬᠥᠭᠵᠢᠯᠲᠡ ᠵᠢᠨ ᠬᠠᠨᠳᠤᠰᠢ᠎ᠳᠤ ᠵᠣᠬᠢᠴᠠᠭᠤᠯᠬᠤ ᠵᠢᠨ ᠲᠥᠯᠥᠭᠡ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠢᠳᠡᠭᠡᠨ᠎ᠤ ᠡᠵᠡᠩᠨᠡᠯᠲᠡ ᠵᠢᠨ ᠵᠥᠪᠰᠢᠶᠡᠷᠡᠯ ᠪᠠ ᠳᠡᠩᠰᠡᠯᠡᠵᠦ ᠬᠢᠨᠠᠨ ᠪᠠᠶ᠋ᠢᠴᠠᠭ᠋ᠠᠬᠤ ᠠᠵᠢᠯ᠎ᠢ ᠵᠢᠷᠤᠮᠵᠢᠭᠤᠯᠵᠤ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠠᠤᠯᠢ》᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠢᠳᠡᠭᠡᠨ᠎ᠤ ᠠᠮᠤᠷ ᠲᠦᠪᠰᠢᠨ᠎ᠤ ᠬᠠᠤᠯᠢ》 ᠵᠢᠴᠢ ᠲᠡᠭᠦᠨ᠎ᠤ ᠬᠡᠷᠡᠭᠵᠢᠭᠦᠯᠬᠦ ᠲᠦᠷᠢᠮ᠂ 《ᠢᠳᠡᠭᠡᠨ᠎ᠤ ᠡᠵᠡᠩᠨᠡᠯᠲᠡ ᠵᠢᠨ ᠵᠥᠪᠰᠢᠶᠡᠷᠡᠯ ᠪᠠ ᠳᠠᠩᠰᠠᠯᠠᠭᠣᠯᠬᠣ ᠬᠠᠮᠢᠶᠠᠷᠣᠯᠲᠠ ᠵᠢᠨ ᠠᠷᠭ᠎ᠠ》 《ᠢᠳᠡᠭᠡᠨ᠎ᠤ ᠡᠵᠡᠩᠨᠡᠯᠲᠡ ᠵᠢᠨ ᠵᠦᠪᠰᠢᠶᠡᠷᠡᠯ ᠬᠢᠨᠠᠨ ᠪᠠᠢ᠌ᠴᠠᠭ᠋ᠠᠬᠣ ᠶᠡᠷᠣᠩᠬᠡᠢ ᠳᠦᠷᠢᠮ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠢᠴᠢ ᠬᠤᠯᠪᠣᠭᠳᠠᠯ ᠪᠥᠬᠦᠶ ᠲᠦᠷᠢᠮ᠎ᠤᠨ ᠲᠣᠭᠲᠠᠭ᠋ᠠᠯ᠎ᠢ ᠦᠨᠳᠦᠰᠦᠯᠡᠨ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ 《ᠠᠷᠭ᠎ᠠ》 ᠵᠢ ᠲᠤᠭᠤᠷᠪᠢᠪᠠ᠃ 《ᠠᠷᠭ᠎ᠠ》᠎ᠨᠢ ᠤᠷᠢᠳ ᠬᠤᠵᠢᠳ ᠡᠯ᠎ᠡ ᠠᠶ᠋ᠢᠮᠠᠭ ᠬᠤᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠴᠢ ᠬᠠᠮᠢᠶ᠎ᠠ ᠪᠥᠬᠦᠶ  ᠭᠠᠵᠠᠷ  ᠲᠠᠰᠤᠭ ᠎ᠠᠴᠠ  ᠰᠠᠨᠠᠯ  ᠬᠤᠷᠢᠶᠠᠬᠤ᠂ ᠢᠯᠡ᠎ᠪᠠᠷ ᠰᠠᠨᠠᠯ ᠬᠤᠷᠢᠶᠠᠬᠤ᠂ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠬᠤ ᠵᠡᠷᠭᠡ ᠲᠠᠰ ᠳᠠᠷᠠᠭ᠋ᠠᠯᠠᠯ ᠵᠶ᠋ᠠᠷ ᠳᠡᠮᠵᠢᠨ᠂ ᠬᠠᠤᠯᠢ ᠲᠣᠭᠲᠠᠭ᠋ᠠᠯ᠎ᠤᠨ ᠭᠠᠵᠠᠷ᠎ᠤᠨ ᠬᠠᠤᠯᠢ ᠶᠣᠰᠣᠴᠢ ᠴᠢᠨᠠᠷ᠎ᠤᠨ ᠬᠢᠨᠠᠨ ᠬᠠᠷᠭᠤᠭᠤᠯᠤᠯᠲᠠ᠂ ᠲᠥᠪ ᠭᠤᠤᠯᠴᠢ ᠥᠷᠢᠰᠥᠯᠳᠦᠭᠡᠨ᠎ᠤ ᠬᠢᠨᠠᠨ ᠪᠠᠶ᠋ᠢᠴᠠᠭ᠋ᠠᠯᠲᠠ᠎ᠪᠠᠷ ᠳᠡᠮᠵᠢᠨ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠳᠤ ᠮᠡᠳᠡᠭᠦᠯᠦᠨ ᠬᠣᠷᠸ᠎ᠠ ᠲᠦᠷᠣ ᠵᠢᠨ ᠪᠣᠳᠣᠯᠭ᠎ᠠ ᠵᠢᠨ ᠬᠠᠨᠳᠣᠯᠭ᠎ᠠ ᠵᠢᠨ ᠨᠢᠭᠡᠲᠦᠯᠲᠣ ᠴᠢᠨᠠᠷ᠎ᠤᠨ ᠦᠨᠡᠯᠡᠨ ᠵᠢᠱ᠌ᠢᠯᠲᠡ ᠵᠢ ᠪᠡᠶᠡᠯᠡᠭᠦᠯᠵᠦ᠂ ᠲᠣᠪᠴᠢᠶᠠᠨ᠎ᠤ  ᠶᠠᠪᠤᠳᠠᠯ᠎ᠤᠨ ᠬᠤᠷᠠᠯ ᠵᠶ᠋ᠠᠷ ᠬᠢᠨᠠᠨ ᠵᠥᠪᠯᠡᠭᠦᠯᠵᠦ ᠪᠠᠲᠤᠯᠠᠭᠤᠯᠵᠤ᠂ ᠳᠠᠷᠤᠮᠠᠯᠯᠠᠨ ᠲᠠᠷᠬᠠᠭ᠋ᠠᠵᠤ ᠬᠡᠷᠡᠭᠵᠢᠭᠦᠯᠬᠦ ᠵᠢ ᠵᠥᠪᠰᠢᠶᠡᠷᠡᠪᠡ᠃

     (ᠬᠤᠶᠠᠷ) 《ᠠᠷᠭ᠎ᠠ》 ᠵᠢᠨ ᠦᠨᠳᠦᠰᠦᠨ ᠪᠦᠲᠦᠴᠡ ᠪᠠ ᠭᠤᠤᠯ ᠠᠭᠤᠯᠭ᠎ᠠ᠎ᠨᠢ ᠶᠠᠭᠤ ᠪᠣᠶ?

     《ᠠᠷᠭ᠎ᠠ》᠎ᠳᠤ ᠨᠡᠶ᠋ᠢᠲᠡ ᠶᠢᠰᠦᠨ ᠪᠦᠯᠦᠭ᠂ ᠲᠠᠪᠢᠨ ᠳᠣᠯᠣᠭ᠋ᠠᠨ ᠵᠦᠢ᠍ᠯ᠂ ᠡᠭᠦᠨ᠎ᠳᠤ ᠨᠢᠭᠡᠳᠦᠭᠡᠷ ᠪᠦᠯᠦᠭ᠎ᠤᠨ ᠶᠡᠷᠦᠩᠬᠡᠶ ᠲᠦᠷᠢᠮ᠎ᠨᠢ 《ᠠᠷᠭ᠎ᠠ》 ᠵᠢᠨ ᠲᠣᠭᠲᠠᠭ᠋ᠠᠭᠰᠠᠨ ᠦᠨᠳᠦᠰᠦᠯᠡᠯ᠂ ᠬᠡᠷᠡᠭᠯᠡᠬᠦ ᠬᠡᠪᠴᠢᠶ᠎ᠡ᠂ ᠠᠵᠢᠯ᠎ᠤᠨ ᠵᠠᠷᠴᠢᠮ᠂ ᠵᠥᠪᠰᠢᠶᠡᠷᠡᠬᠦ ᠬᠦᠷᠢᠶ᠎ᠡ ᠬᠡᠪᠴᠢᠶ᠎ᠡ᠂ ᠲᠤᠰᠢᠶᠠᠯ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠵᠡᠷᠭᠡ ᠲᠠᠯ᠎ᠠ᠎ᠪᠠᠷ ᠶᠡᠷᠦᠩᠬᠡᠶ ᠲᠣᠭᠲᠠᠭ᠋ᠠᠯ ᠭᠠᠷᠭ᠋ᠠᠵᠠᠶ᠃ ᠪᠤᠰᠤᠳ ᠨᠠᠢ᠍ᠮᠠᠨ  ᠪᠦᠯᠦᠭ᠎ᠨᠢ ᠢᠳᠡᠭᠡᠨ᠎ᠤ ᠡᠵᠡᠩᠨᠡᠯᠲᠡ ᠵᠢᠨ ᠵᠥᠪᠰᠢᠶᠡᠷᠡᠯ᠎ᠳᠤ ᠬᠣᠯᠪᠣᠭᠳᠠᠬᠤ ᠭᠤᠶᠤᠴᠢᠯᠠᠯ ᠪᠠ ᠭᠥᠯᠢᠶᠡᠨ ᠠᠪᠴᠤ ᠰᠢᠢ᠍ᠳᠪᠦᠷᠢᠯᠡᠬᠦ᠂ ᠬᠢᠨᠠᠨ ᠪᠠᠶ᠋ᠢᠴᠠᠭ᠋ᠠᠬᠤ ᠪᠠ ᠲᠣᠭᠲᠠᠭ᠋ᠠᠬᠤ ; ᠢᠳᠡᠭᠡᠨ᠎ᠤ ᠡᠵᠡᠩᠨᠡᠯᠲᠡ ᠵᠢᠨ ᠵᠦᠪᠰᠢᠶᠡᠷᠡᠯ᠎ᠤᠨ ᠦᠨᠡᠮᠯᠡᠯ᠎ᠢ ᠬᠠᠮᠢᠶᠠᠷᠬᠣ᠂ ᠬᠤᠪᠢᠷᠠᠭᠣᠯᠬᠣ᠂ ᠨᠦᠬᠦᠵᠦ ᠬᠦᠢ᠍ᠴᠡᠳᠬᠡᠬᠦ ᠵᠢᠴᠢ ᠬᠦᠴᠤᠨ ᠦᠭᠡᠢ ᠪᠣᠯᠭ᠋ᠠᠬᠣ ; ᠵᠥᠪᠬᠡᠨ ᠤᠷᠢᠳᠴᠢᠯᠠᠨ ᠪᠣᠭᠤᠳᠠᠯᠯᠠᠭᠰᠠᠨ ᠢᠳᠡᠭᠡᠨ᠎ᠢ ᠳᠠᠩᠰᠠᠯᠠᠭᠤᠯᠬᠤ ; ᠢᠳᠡᠭᠡᠨ ᠡᠵᠡᠩᠨᠡᠭᠴᠢ ᠵᠢᠨ ᠮᠡᠳᠡᠭᠦᠯᠣᠯᠲᠡ ;  ᠬᠢᠨᠠᠯᠲᠠ ᠲᠠᠯᠪᠢᠵᠤ ᠪᠠᠶ᠋ᠢᠴᠠᠭ᠋ᠠᠬᠤ ᠪᠠ ᠬᠠᠮᠢᠶᠠᠷᠬᠤ ᠵᠡᠷᠭᠡ ᠵᠢ ᠬᠠᠮᠤᠷᠪᠠ ᠃

     (ᠭᠤᠷᠪᠠ) 《ᠠᠷᠭ᠎ᠠ》᠎ᠳᠤ 《ᠪᠠᠭᠤᠯᠭ᠋ᠠᠬᠤ  ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠬᠤ᠂ ᠢᠳᠡᠭᠡᠨ᠎ᠤ ᠡᠵᠡᠩᠨᠡᠯᠲᠡ ᠵᠢᠨ ᠵᠥᠪᠰᠢᠶᠡᠷᠡᠯ᠎ᠤᠨ ᠵᠦᠢ᠍ᠯᠡᠰ᠎ᠢ ᠰᠢᠯᠢᠳᠡᠭᠵᠢᠭᠦᠯᠬᠦ ᠲᠠᠯ᠎ᠠ᠎ᠪᠠᠷ ᠶᠠᠮᠠᠷ ᠶᠠᠮᠠᠷ ᠰᠢᠨ᠎ᠡ ᠲᠣᠭᠲᠠᠭ᠋ᠠᠯ ᠪᠠᠶ᠋ᠢᠬᠤ ᠪᠤᠢ?

     1. ᠵᠥᠪᠰᠢᠶᠡᠷᠡᠯ᠎ᠤᠨ ᠵᠦᠢ᠍ᠯᠡᠰ᠎ᠤᠨ  ᠵᠠᠷᠴᠢᠮ᠎ᠤᠨ ᠲᠠᠯ᠎ᠠ᠎ᠪᠠᠷ ᠲᠤᠳᠤᠷᠬᠠᠢ᠌ᠯᠠᠪᠠ ᠃ 《ᠠᠷᠭ᠎ᠠ》 ᠵᠢᠨ ᠭᠤᠷᠪᠠᠳᠤᠭ᠋ᠠᠷ ᠵᠦᠢ᠍ᠯ᠂ ᠵᠢᠷᠭᠤᠳᠤᠭ᠋ᠠᠷ ᠵᠦᠢ᠍ᠯ ᠪᠠ ᠳᠣᠯᠣᠳᠤᠭ᠋ᠠᠷ ᠵᠦᠢ᠍ᠯ᠎ᠳᠤ᠂ ᠵᠥᠪᠰᠢᠶᠡᠷᠡᠯ᠎ᠤᠨ ᠦᠨᠳᠦᠰᠦᠨ ᠵᠠᠷᠴᠢᠮ᠂ ᠤᠷᠢᠳᠴᠢᠯᠠᠨ ᠪᠣᠭᠤᠳᠠᠯᠯᠠᠬᠤ ᠵᠢ ᠳᠠᠩᠰᠠᠯᠠᠭᠤᠯᠬᠤ  ᠵᠠᠷᠴᠢᠮ ᠪᠠ ᠨᠢᠭᠡ ᠭᠠᠵᠠᠷ ᠨᠢᠭᠡ ᠦᠨᠡᠮᠯᠡᠯ᠎ᠤᠨ ᠵᠠᠷᠴᠢᠮ᠎ᠢ ᠲᠣᠳᠣᠷᠬᠠᠶ᠋ᠢᠯᠠᠬᠤ ᠵᠢᠨ ᠬᠠᠮᠲᠤ᠂ ᠠᠦ᠋ᠲ᠋ᠣ᠋ ᠲᠥᠬᠦᠭᠡᠷᠦᠮᠵᠢ᠎ᠪᠠᠷ ᠳᠠᠮᠵᠢᠭᠤᠯᠤᠨ ᠢᠳᠡᠭᠡᠨ᠎ᠤ ᠡᠵᠡᠩᠨᠡᠯᠲᠡ ᠵᠢᠨ ᠠᠵᠢᠯᠯᠠᠭ᠎ᠠ ᠬᠢᠬᠦ ᠪᠤᠶᠤ ᠵᠥᠪᠬᠡᠨ ᠢᠳᠡᠭᠡᠨ᠎ᠤ ᠡᠵᠡᠩᠨᠡᠯᠲᠡ ᠬᠠᠮᠢᠶᠠᠷᠤᠯᠲᠠ ᠵᠢᠨ ᠠᠵᠢᠯᠯᠠᠭ᠎ᠠ ᠬᠢᠬᠦ ᠵᠥᠪᠰᠢᠶᠡᠷᠡᠯ᠎ᠤᠨ ᠵᠠᠷᠴᠢᠮ᠎ᠢ ᠵᠢᠭ᠋ᠠᠵᠤ ᠭᠠᠷᠭ᠋ᠠᠪᠠ᠃

     2. ᠵᠦᠪᠬᠡᠨ ᠤᠷᠢᠳᠴᠢᠯᠠᠨ ᠪᠤᠭᠤᠳᠠᠯᠯᠠᠭᠰᠠᠨ  ᠢᠳᠡᠭᠡᠨ ᠪᠣᠷᠣᠯᠠᠭᠤᠯᠬᠤ ᠵᠢ ᠳᠠᠩᠰᠠᠯᠠᠭᠤᠯᠬᠤ ᠬᠤᠯᠪᠣᠭᠳᠠᠯ ᠪᠦᠬᠦᠢ ᠱᠠᠭ᠋ᠠᠷᠳᠠᠯᠭ᠎ᠠ ᠵᠢᠨ ᠲᠣᠬᠠᠢ ᠲᠤᠳᠤᠷᠬᠠᠢ᠌ᠯᠠᠪᠠ ᠃ 2021 ᠣᠨ᠎ᠳᠤ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠢᠳᠡᠭᠡᠨ᠎ᠤ ᠠᠮᠤᠷ ᠲᠦᠪᠰᠢᠨ᠎ᠤ ᠬᠠᠤᠯᠢ》 ᠵᠢᠨ ᠭᠤᠴᠢᠨ ᠲᠠᠪᠤᠳᠤᠭ᠋ᠠᠷ ᠵᠦᠢ᠍ᠯ᠎ᠳᠤ 《ᠵᠦᠪᠬᠡᠨ ᠤᠷᠢᠳᠴᠢᠯᠠᠨ ᠪᠣᠭᠤᠳᠠᠯᠯᠠᠭᠰᠠᠨ ᠢᠳᠡᠭᠡᠨ᠎ᠢ ᠪᠣᠷᠣᠯᠠᠭᠤᠯᠬᠤ》 ᠵᠢ ᠵᠥᠪᠰᠢᠶᠡᠷᠡᠯ᠎ᠤᠨ ᠬᠠᠮᠢᠶᠠᠷᠤᠯᠲᠠ ᠪᠠᠶ᠋ᠢᠭᠰᠠᠨ᠎ᠠᠴᠠ ᠳᠠᠩᠰᠠᠯᠠᠭᠣᠯᠬᠣ ᠬᠠᠮᠢᠶᠠᠷᠤᠯᠲᠠ ᠪᠣᠯᠭ᠋ᠠᠨ ᠥᠭᠡᠷᠡᠴᠢᠯᠡᠪᠡ᠃ ᠵᠦᠪᠬᠡᠨ ᠤᠷᠢᠳᠴᠢᠯᠠᠨ ᠪᠣᠭᠤᠳᠠᠯᠯᠠᠭᠰᠠᠨ ᠢᠳᠡᠭᠡᠨ᠎ᠢ ᠪᠣᠷᠣᠯᠠᠭᠤᠯᠬᠤ ᠵᠢ ᠳᠠᠩᠰᠠᠯᠠᠭᠤᠯᠬᠤ ᠬᠤᠯᠪᠣᠭᠳᠠᠯ ᠪᠦᠬᠦᠢ ᠱᠠᠭ᠋ᠠᠷᠳᠠᠯᠭ᠎ᠠ ᠵᠢ ᠤᠯᠠᠮ ᠨᠢᠭᠡ ᠠᠯᠬᠤᠮ ᠲᠣᠳᠣᠷᠬᠠᠶ᠋ᠢᠯᠠᠬᠤ ᠵᠢᠨ ᠲᠥᠯᠥᠭᠡ᠂ 《ᠠᠷᠭ᠎ᠠ》 ᠵᠢᠨ ᠳᠥᠷᠪᠡᠳᠦᠭᠡᠷ ᠵᠦᠢ᠍ᠯ᠎ᠳᠤ ᠵᠦᠪᠬᠡᠨ ᠤᠷᠢᠳᠴᠢᠯᠠᠨ ᠪᠣᠭᠤᠳᠠᠯᠯᠠᠭᠰᠠᠨ ᠢᠳᠡᠭᠡᠨ᠎ᠢ ᠪᠣᠷᠣᠯᠠᠭᠤᠯᠬᠤ᠎ᠳᠤ ᠢᠳᠡᠭᠡᠨ᠎ᠤ ᠡᠵᠡᠩᠨᠡᠯᠲᠡ ᠵᠢᠨ ᠵᠥᠪᠰᠢᠶᠡᠷᠡᠯ ᠣᠯᠬᠤ ᠴᠢᠬᠤᠯᠠ ᠦᠭᠡᠢ ᠭᠡᠵᠦ ᠲᠣᠳᠣᠷᠬᠠᠶ ᠲᠣᠭᠲᠠᠭ᠋ᠠᠵᠤ᠂ ᠵᠢᠷᠭᠤᠳᠤᠭ᠋ᠠᠷ ᠵᠦᠢ᠍ᠯ ᠵᠢᠴᠢ ᠵᠢᠷᠭᠤᠳᠤᠭ᠋ᠠᠷ ᠪᠦᠯᠦᠭ᠎ᠢ  ᠵᠥᠪᠬᠡᠨ ᠤᠷᠢᠳᠴᠢᠯᠠᠨ ᠪᠣᠭᠣᠳᠠᠯᠯᠠᠭᠰᠠᠨ ᠢᠳᠡᠭᠡᠨ᠎ᠢ ᠪᠣᠷᠣᠯᠠᠭᠤᠯᠬᠤ ᠵᠢ ᠳᠠᠩᠰᠠᠯᠠᠭᠤᠯᠬᠤ ᠲᠤᠰᠬᠠᠢ ᠵᠦᠢ᠍ᠯ ᠵᠤᠷᠪᠤᠰ ᠪᠠ ᠪᠦᠯᠦᠭ ᠬᠡᠰᠡᠭ ᠪᠣᠯᠭ᠋ᠠᠵᠤ᠂ ᠳᠠᠩᠰᠠᠯᠠᠭᠤᠯᠬᠤ ᠬᠡᠪᠴᠢᠶ᠎ᠡ᠂ ᠳᠠᠩᠰᠠᠯᠠᠭᠤᠯᠬᠤ ᠭᠤᠣᠯ ᠴᠣᠭᠴᠠ ᠵᠢᠨ ᠬᠢᠷᠢ ᠬᠡᠮ᠎ᠤᠨ ᠱᠠᠭ᠋ᠠᠷᠳᠠᠯᠭ᠎ᠠ ᠪᠠ ᠳᠠᠩᠰᠠᠯᠠᠭᠤᠯᠬᠤ ᠮᠡᠳᠡᠭᠡ ᠵᠠᠩᠭᠢ ᠵᠢ ᠢᠯᠡ ᠨᠡᠶ᠋ᠢᠲᠡᠯᠡᠬᠦ ᠵᠡᠷᠭᠡ ᠠᠭᠤᠯᠭ᠎ᠠ ᠵᠢ ᠲᠣᠳᠣᠷᠬᠠᠶ᠋ᠢᠯᠠᠵᠠᠢ᠃

     3. ᠬᠣᠯᠪᠣᠭᠳᠠᠯ ᠪᠦᠬᠦᠢ ᠵᠥᠪᠰᠢᠶᠡᠷᠡᠯ᠎ᠤᠨ ᠵᠦᠢ᠍ᠯᠡᠰ᠎ᠢ  ᠮᠡᠳᠡᠭᠦᠯᠬᠦ ᠵᠦᠢ᠍ᠯ ᠪᠣᠯᠭ᠋ᠠᠨ ᠲᠣᠬᠢᠷᠠᠭᠤᠯᠤᠨ᠎ᠠ᠃ 《ᠪᠠᠭᠤᠯᠭ᠋ᠠᠬᠤ  ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠬᠦ ᠵᠢᠨ ᠲᠥᠯᠥᠭᠡ᠂ 《ᠠᠷᠭ᠎ᠠ》 ᠵᠢᠨ ᠳᠥᠴᠢᠨ ᠳᠥᠷᠪᠡᠳᠦᠭᠡᠷ ᠵᠦᠢ᠍ᠯ᠎ᠳᠤ ᠰᠦᠯᠵᠢᠶᠡᠨ᠎ᠤ ᠡᠵᠡᠩᠨᠡᠯᠲᠡ ᠪᠠ ᠡᠵᠡᠩᠨᠡᠯᠲᠡ ᠵᠢᠨ ᠲᠠᠯᠠᠪᠤᠷ᠎ᠤᠨ ᠭᠠᠳᠠᠨ᠎ᠠ ᠬᠥᠮᠥᠷᠭᠡ ᠪᠠᠶ᠋ᠢᠭᠤᠯᠬᠤ (ᠥᠪᠡᠷ᠎ᠤᠨ ᠥᠮᠴᠢᠯᠡᠯ᠂ ᠲᠦᠷᠢᠶᠡᠰᠦᠯᠡᠯ ᠵᠡᠷᠭᠡ ᠪᠠᠭᠲᠠᠨ᠎ᠠ) ᠬᠤᠶᠠᠷ ᠵᠦᠢ᠍ᠯ᠎ᠤᠨ ᠵᠥᠪᠰᠢᠶᠡᠷᠡᠯ᠎ᠤᠨ ᠵᠦᠢ᠍ᠯᠡᠰ᠎ᠢ ᠮᠡᠳᠡᠭᠦᠯᠬᠦ ᠵᠦᠢ᠍ᠯᠡᠰ ᠪᠣᠯᠭ᠋ᠠᠨ ᠲᠤᠬᠢᠷᠠᠭᠣᠯᠣᠨ᠎ᠠ᠃

     4. ᠢᠳᠡᠭᠡᠨ᠎ᠤ ᠡᠵᠡᠩᠨᠡᠯᠲᠡ ᠵᠢᠨ ᠵᠥᠪᠰᠢᠶᠡᠷᠡᠯ᠎ᠢ  ᠣᠯᠬᠤ ᠴᠢᠬᠤᠯᠠ ᠦᠭᠡᠶ ᠪᠠᠶ᠋ᠢᠳᠠᠯ᠎ᠢ ᠲᠤᠳᠤᠷᠬᠠᠢ᠌ᠯᠠᠪᠠ᠃ ᠢᠳᠡᠭᠡᠨ᠎ᠤ ᠡᠵᠡᠩᠨᠡᠯᠲᠡ ᠵᠢᠨ ᠵᠥᠪᠰᠢᠶᠡᠷᠡᠯ᠎ᠢ ᠭᠦᠢ᠍ᠴᠡᠳᠬᠡᠬᠦ ᠬᠦᠷᠢᠶ᠎ᠡ ᠬᠡᠪᠴᠢᠶ᠎ᠡ ᠵᠢ ᠤᠯᠠᠮ ᠨᠢᠭᠡ ᠠᠯᠬᠤᠮ ᠲᠤᠳᠤᠷᠬᠠᠢ᠌ᠯᠠᠵᠤ ᠂ 《ᠠᠷᠭ᠎ᠠ》 ᠵᠢᠨ ᠳᠥᠷᠪᠡᠳᠦᠭᠡᠷ ᠵᠦᠢ᠍ᠯ᠎ᠳᠤ ᠢᠳᠡᠭᠡᠨ᠎ᠤ ᠲᠠᠷᠢᠶᠠᠯᠠᠩ᠎ᠤᠨ ᠪᠦᠲᠦᠭᠡᠭᠳᠡᠬᠦᠨ᠎ᠢ ᠪᠣᠷᠣᠯᠠᠭᠤᠯᠬᠤ ᠂ ᠵᠥᠪᠬᠡᠨ ᠤᠷᠢᠳᠴᠢᠯᠠᠨ ᠪᠣᠭᠤᠳᠠᠯᠯᠠᠬᠤ ᠢᠳᠡᠭᠡᠨ᠎ᠢ ᠪᠣᠷᠤᠯᠠᠭᠤᠯᠬᠤ ᠂ ᠡᠮᠴᠢᠯᠡᠭᠡᠨ᠎ᠤ ᠪᠠᠶ᠋ᠢᠭᠤᠯᠤᠮᠵᠢ᠂ ᠡᠮ᠎ᠤᠨ ᠵᠦᠢ᠍ᠯ᠎ᠢ ᠵᠢᠵᠢᠭᠯᠡᠨ ᠬᠤᠳᠠᠯᠳᠤᠬᠤ ᠠᠵᠤ ᠠᠬᠤᠶ᠋ᠢᠯᠠᠯ᠎ᠤᠨ ᠠᠨᠠᠭ᠋ᠠᠬᠤ ᠤᠬᠠᠭ᠋ᠠᠨ᠎ᠤ ᠣᠨᠴᠠᠭ᠋ᠠᠢ ᠬᠡᠷᠡᠭᠴᠡᠭᠡᠨ᠎ᠤ  ᠨᠠᠶ᠋ᠢᠷᠠᠯᠭ᠎ᠠ᠎ᠲᠠᠢ ᠢᠳᠡᠭᠡᠨ᠎ᠳᠠᠬᠢ  ᠲᠤᠰᠬᠠᠢ ᠲᠣᠭᠲᠠᠭ᠋ᠠᠭᠰᠠᠨ ᠪᠦᠷᠢᠨ ᠰᠢᠮ᠎ᠡ ᠲᠡᠵᠢᠭᠡᠯ᠎ᠤᠨ ᠨᠠᠶ᠋ᠢᠷᠠᠯᠭ᠎ᠠ᠎ᠲᠠᠢ ᠢᠳᠡᠭᠡᠨ᠎ᠢ ᠪᠣᠷᠤᠯᠠᠭᠤᠯᠬᠤ ᠂ ᠢᠳᠡᠭᠡᠨ ᠦᠢ᠍ᠯᠡᠳᠪᠦᠷᠢᠯᠡᠬᠦ ᠵᠥᠪᠰᠢᠶᠡᠷᠡᠯ᠎ᠢ ᠨᠢᠭᠡᠨᠲᠡ ᠣᠯᠣᠭᠰᠠᠨ ᠢᠳᠡᠭᠡᠨ ᠦᠢ᠍ᠯᠡᠳᠪᠦᠷᠢᠯᠡᠭᠴᠢᠳ᠎ᠤᠨ ᠲᠡᠭᠦᠨ᠎ᠤ ᠦᠢ᠍ᠯᠡᠳᠪᠦᠷᠢᠯᠡᠵᠦ ᠡᠳ᠋ᠰᠢᠭᠦᠯᠬᠦ ᠲᠠᠯᠠᠪᠤᠷ ᠪᠤᠶᠤ ᠰᠦᠯᠵᠢᠶ᠎ᠡ᠎ᠪᠠᠷ ᠳᠠᠮᠵᠢᠭᠤᠯᠤᠨ ᠲᠡᠭᠦᠨ᠎ᠤ ᠦᠢ᠍ᠯᠡᠳᠪᠦᠷᠢᠯᠡᠭᠰᠡᠨ ᠢᠳᠡᠭᠡᠨ ᠵᠶ᠋ᠠᠨ ᠪᠣᠷᠤᠯᠠᠭᠤᠯᠬᠤ ᠂ ᠬᠤᠭᠤᠯᠠᠯᠠᠬᠤ ᠬᠥᠮᠥᠨ᠎ᠤ ᠲᠤᠭ᠎ᠠ᠎ᠨᠢ 30 ᠬᠥᠮᠥᠨ᠎ᠳᠤ ᠬᠦᠷᠬᠦ ᠦᠭᠡᠢ ᠵᠢᠵᠢᠭ ᠬᠡᠯᠪᠡᠷᠢ ᠵᠢᠨ ᠬᠤᠭᠤᠯᠠᠨ ᠭᠡᠷ (ᠰᠤᠷᠭ᠋ᠠᠭᠤᠯᠢ᠂ ᠬᠡᠦᠬᠡᠳ ᠰᠠᠭ᠋ᠠᠲᠠᠭᠤᠯᠬᠤ ᠪᠠᠶ᠋ᠢᠭᠤᠯᠤᠮᠵᠢ᠂ ᠠᠰᠠᠷᠠᠨ ᠬᠥᠮᠦᠵᠢᠭᠦᠯᠬᠦ ᠪᠠᠶ᠋ᠢᠭᠤᠯᠤᠮᠵᠢ᠂ ᠨᠠᠰᠣᠲᠠᠨ᠎ᠢ ᠠᠰᠠᠷᠠᠬᠤ ᠪᠠᠶ᠋ᠢᠭᠤᠯᠤᠮᠵᠢ᠂ ᠡᠮᠴᠢᠯᠡᠭᠡᠨ᠎ᠤ ᠪᠠᠶ᠋ᠢᠭᠤᠯᠤᠮᠵᠢ᠂ ᠪᠠᠷᠢᠯᠭ᠎ᠠ ᠵᠢᠨ ᠭᠠᠵᠠᠷ᠎ᠠᠴᠠ ᠪᠣᠰᠣᠳ ) ᠵᠡᠷᠭᠡ ᠪᠠᠶ᠋ᠢᠳᠠᠯ᠎ᠳᠤ  ᠢᠳᠡᠭᠡᠨ᠎ᠤ ᠡᠵᠡᠩᠨᠡᠯᠲᠡ ᠵᠢᠨ  ᠵᠥᠪᠰᠢᠶᠡᠷᠡᠯ᠎ᠢ  ᠣᠯᠬᠤ ᠴᠢᠬᠤᠯᠠ ᠦᠭᠡᠢ᠃

     (ᠲᠦᠷᠪᠡ) 《ᠠᠷᠭ᠎ᠠ》 ᠵᠢ ᠬᠡᠷᠡᠭᠵᠢᠭᠦᠯᠬᠦ ᠴᠠᠭ᠎ᠨᠢ ᠬᠡᠵᠢᠶ᠎ᠡ ᠪᠤᠢ?

     《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠬᠠᠮᠢᠶᠠᠷᠤᠯᠲᠠ ᠵᠢᠨ ᠠᠷᠭ᠎ᠠ》 ᠵᠢᠨ ᠱᠠᠭ᠋ᠠᠷᠳᠠᠯᠭ᠎ᠠ ᠵᠢ ᠦᠨᠳᠦᠰᠦᠯᠡᠨ᠂ ᠵᠠᠰᠠᠭ ᠵᠠᠬᠢᠷᠭ᠋ᠠᠨ᠎ᠤ ᠬᠠᠷᠢᠴᠠᠩᠭᠤᠶ ᠬᠥᠮᠦᠨ ᠵᠢᠴᠢ ᠨᠡᠶ᠋ᠢᠭᠡᠮ ᠨᠡᠶ᠋ᠢᠲᠡ ᠵᠢᠨ 《ᠠᠷᠭ᠎ᠠ》 ᠵᠢᠨ ᠬᠠᠮᠢᠶ᠎ᠠ ᠪᠥᠬᠦᠶ ᠲᠣᠭᠲᠠᠭ᠋ᠠᠯ᠎ᠢ ᠭᠦᠢ᠍ᠴᠡᠳ ᠮᠡᠳᠡᠭᠦᠯᠬᠦ ᠵᠢᠨ ᠬᠠᠮᠲᠤ ᠣᠶ᠋ᠢᠯᠠᠭ᠋ᠠᠭᠤᠯᠬᠤ ᠵᠢᠨ ᠲᠥᠯᠥᠭᠡ᠂ 《ᠠᠷᠭ᠎ᠠ》 ᠵᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃

 

ᠢᠷᠡᠯᠲᠡ᠄ ᠢᠳᠡᠭᠡᠨ ᠤᠮᠳᠠᠭ᠋ᠠᠨ᠎ᠤ ᠭᠠᠵᠠᠷ