ᠦᠰᠦᠭ ᠪᠢᠴᠢᠭ ᠵᠶ᠋ᠡᠷ ᠦᠭᠦᠯᠡᠬᠦᠢ᠄ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠲᠠᠰᠤᠯᠤᠯᠲᠠ ᠵᠢᠨ ᠡᠷᠬᠡ ᠵᠢᠨ ᠰᠠᠭᠣᠷᠢ ᠪᠠᠷᠢᠮᠵᠢᠶ᠎ᠠ》 ᠵᠡᠷᠭᠡ ᠭᠤᠷᠪᠠᠨ ᠵᠦᠢ᠍ᠯ᠎ᠤᠨ ᠲᠠᠰᠤᠯᠤᠯᠲᠠ ᠵᠢᠨ ᠡᠷᠬᠡ ᠵᠢᠨ ᠰᠠᠭᠣᠷᠢ ᠪᠠᠷᠢᠮᠵᠢᠶ᠎ᠠ ᠵᠢᠨ ᠲᠠᠶ᠋ᠢᠯᠤᠮᠵᠢ
2025-03-07

     ᠨᠢᠭᠡ᠂ ᠲᠣᠭᠲᠠᠭ᠋ᠠᠭᠰᠠᠨ ᠠᠬᠤᠶ ᠪᠠᠶ᠋ᠢᠳᠠᠯ

     ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠮᠡᠳᠡᠭᠦᠯᠣᠯᠲᠡ᠎ᠳᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠢᠷᠤᠮ᠎ᠢ ᠲᠡᠭᠦᠯᠳᠡᠷᠵᠢᠭᠦᠯᠵᠦ᠂ ᠵᠠᠰᠠᠭ ᠵᠠᠬᠢᠷᠭ᠋ᠠᠨ᠎ᠤ ᠲᠠᠰᠤᠯᠤᠯᠲᠠ ᠵᠢᠨ ᠰᠠᠭᠤᠷᠢ ᠪᠠᠷᠢᠮᠵᠢᠶ᠎ᠠ ᠵᠢ ᠪᠦᠷᠢᠨᠰᠢᠭᠦᠯᠵᠦ᠂ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ 《ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠵᠦ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠲᠦᠯᠬᠢᠨ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠲᠣᠭᠲᠠᠭ᠋ᠠᠯ》᠎ᠳᠤ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠡᠷᠭᠡ ᠬᠦᠷᠢᠶᠡᠨ᠎ᠳᠠᠬᠢ ᠵᠠᠰᠠᠭ ᠵᠠᠬᠢᠷᠭ᠋ᠠᠨ᠎ᠤ ᠲᠠᠰᠤᠯᠤᠯᠲᠠ ᠵᠢᠨ ᠡᠷᠬᠡ ᠵᠢᠨ ᠰᠠᠭᠣᠷᠢ ᠪᠠᠷᠢᠮᠵᠢᠶ᠎ᠠ ᠵᠢᠨ ᠳᠦᠷᠢᠮ᠎ᠢ ᠲᠡᠭᠦᠯᠳᠡᠷᠵᠢᠭᠦᠯᠬᠦ ᠬᠡᠷᠡᠭᠲᠡᠢ ᠭᠡᠵᠦ ᠲᠣᠳᠣᠷᠬᠠᠶ ᠳᠤᠷᠠᠳᠤᠨ ᠭᠠᠷᠭ᠋ᠠᠪᠠ᠃ 2021 ᠣᠨ᠎ᠳᠤ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠬᠠᠤᠯᠢ》᠎ᠳᠤ 《ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠠᠰᠤᠯᠤᠯᠲᠠ ᠵᠢᠨ ᠰᠠᠭᠣᠷᠢ ᠪᠠᠷᠢᠮᠵᠢᠶ᠎ᠠ ᠵᠢ ᠬᠠᠤᠯᠢ ᠶᠣᠰᠣᠭ᠋ᠠᠷ ᠲᠣᠭᠲᠠᠭ᠋ᠠᠵᠤ ᠪᠣᠯᠤᠨ᠎ᠠ᠂ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠠᠰᠤᠯᠤᠯᠲᠠ ᠵᠢᠨ ᠡᠷᠬᠡ ᠵᠢ ᠵᠢᠷᠤᠮᠵᠢᠭᠤᠯᠤᠨ ᠬᠡᠷᠡᠭᠵᠢᠭᠦᠯᠬᠦ ᠬᠡᠷᠡᠭᠲᠡᠶ》 ᠭᠡᠵᠦ ᠲᠣᠭᠲᠠᠭ᠋ᠠᠵᠠᠶ᠃ 2022 ᠣᠨ᠎ᠳᠤ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ 《ᠵᠠᠰᠠᠭ ᠵᠠᠬᠢᠷᠭ᠋ᠠᠨ᠎ᠤ ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ ᠵᠢ ᠲᠣᠭᠲᠠᠭ᠋ᠠᠬᠤ ᠪᠠ ᠬᠠᠮᠢᠶᠠᠷᠬᠤ ᠠᠵᠢᠯ᠎ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠰᠠᠨᠠᠯ》 (ᠲᠥᠷᠥ ᠠᠯᠪᠠᠨ ᠲᠠᠷᠬᠠᠭ᠋ᠠᠭᠰᠠᠨ [2022] 27 ᠳ᠋ᠤᠭ᠋ᠠᠷ ᠲᠣᠭ᠋ᠠᠲᠤ) ᠪᠠ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ 《ᠵᠠᠰᠠᠭ ᠵᠠᠬᠢᠷᠭ᠋ᠠᠨ᠎ᠤ ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ ᠵᠢ ᠲᠣᠭᠲᠠᠭ᠋ᠠᠬᠤ ᠪᠠ ᠬᠠᠮᠢᠶᠠᠷᠬᠤ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠵᠠᠰᠠᠭ ᠵᠠᠬᠢᠷᠭ᠋ᠠᠨ᠎ᠤ ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ ᠵᠢ ᠲᠣᠭᠲᠠᠭ᠋ᠠᠬᠤ ᠪᠠ ᠬᠠᠮᠢᠶᠠᠷᠬᠤ ᠵᠢ  ᠰᠠᠶ᠋ᠢᠲᠤᠷ  ᠬᠢᠬᠦ  ᠲᠤᠬᠠᠶ  ᠪᠣᠳᠠᠲᠠᠶ  ᠱᠠᠭ᠋ᠠᠷᠳᠠᠯᠭ᠎ᠠ  ᠭᠠᠷᠭ᠋ᠠᠪᠠ᠃  2023᠂ ᠮᠠᠨ᠎ᠤ ᠲᠣᠪᠴᠢᠶ᠎ᠠ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠠᠰᠤᠯᠤᠯᠲᠠ ᠵᠢᠨ ᠡᠷᠬᠡ ᠵᠢᠨ ᠬᠡᠷᠡᠭᠯᠡᠬᠦ ᠲᠦᠷᠢᠮ》᠎ᠳᠤ ᠵᠠᠰᠠᠪᠤᠷᠢ ᠣᠷᠣᠭᠤᠯᠤᠭᠰᠠᠨ ᠪᠥᠭᠡᠳ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ》 ᠵᠢ ᠳᠠᠷᠤᠮᠠᠯᠯᠠᠨ ᠲᠠᠷᠬᠠᠭ᠋ᠠᠪᠠ᠃

     ᠮᠠᠨ᠎ᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠦᠷᠢᠶᠡᠨ᠎ᠳᠠᠬᠢ ᠵᠠᠰᠠᠭ ᠵᠠᠬᠢᠷᠭ᠋ᠠᠨ᠎ᠤ ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ ᠵᠢᠨ ᠲᠦᠷᠢᠮ᠎ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠵᠠᠰᠠᠭ ᠵᠠᠬᠢᠷᠭ᠋ᠠᠨ᠎ᠤ ᠵᠥᠪᠰᠢᠶᠡᠷᠡᠯ᠂ ᠵᠠᠰᠠᠭ ᠵᠠᠬᠢᠷᠭ᠋ᠠᠨ᠎ᠤ ᠪᠠᠶ᠋ᠢᠴᠠᠭ᠋ᠠᠯᠲᠠ᠂ ᠵᠠᠰᠠᠭ ᠵᠠᠬᠢᠷᠭ᠋ᠠᠨ᠎ᠤ ᠠᠯᠪᠠᠳᠠᠯᠭ᠎ᠠ ᠵᠢ ᠵᠢᠷᠤᠮᠵᠢᠭᠤᠯᠤᠨ ᠬᠡᠷᠡᠭᠵᠢᠭᠦᠯᠵᠦ᠂ ᠬᠠᠤᠯᠢ ᠶᠣᠰᠣᠭ᠋ᠠᠷ ᠵᠠᠰᠠᠭ ᠶᠠᠪᠤᠭᠤᠯᠬᠤ ᠴᠢᠳᠠᠪᠤᠷᠢ ᠪᠠ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠵᠢᠨ ᠲᠤᠰᠠᠳᠠ᠂ ᠬᠠᠤᠯᠢ ᠶᠤᠰᠤᠭ᠋ᠠᠷ ᠵᠠᠰᠠᠭ ᠶᠠᠪᠣᠭᠳᠠᠭᠣᠯᠵᠤ᠂ ᠮᠠᠨ᠎ᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠤᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ᠂ ᠬᠠᠮᠢᠶ᠎ᠠ ᠪᠥᠬᠦᠶ ᠲᠠᠰ ᠳᠠᠷᠠᠭ᠋ᠠᠯᠠᠯ᠎ᠤᠨ ᠶᠣᠰᠣᠭ᠋ᠠᠷ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ》᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠠᠯᠪᠠᠳᠠᠯᠭ᠎ᠠ ᠵᠢᠨ  ᠲᠠᠰᠤᠯᠤᠯᠲᠠ ᠵᠢᠨ  ᠡᠷᠬᠡ ᠵᠢᠨ  ᠰᠠᠭᠤᠷᠢ  ᠪᠠᠷᠢᠮᠵᠢᠶ᠎ᠠ》 ᠵᠢ  ᠲᠣᠭᠲᠠᠭ᠋ᠠᠪᠠ᠃

     ᠬᠤᠶᠠᠷ᠂ ᠲᠣᠭᠲᠠᠭ᠋ᠠᠭᠰᠠᠨ ᠦᠨᠳᠦᠰᠦᠯᠡᠯ

     1. 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠊ᠠᠤᠯᠢ》

     2. 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠠᠯᠪᠠᠳᠠᠯᠭ᠎ᠠ ᠵᠢᠨ ᠬᠠᠤᠯᠢ》᠃

     3. 《ᠵᠠᠰᠠᠭ ᠵᠠᠬᠢᠷᠭ᠋ᠠᠨ᠎ᠤ ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ ᠵᠢ ᠲᠣᠭᠲᠠᠭ᠋ᠠᠬᠤ ᠪᠠ ᠬᠠᠮᠢᠶᠠᠷᠬᠤ ᠠᠵᠢᠯ᠎ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠰᠠᠨᠠᠯ》;

     4. 《ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠦᠢ᠍ᠯᠡᠰ᠎ᠤᠨ ᠵᠢᠯᠣᠭᠤᠳᠬᠤ ᠭᠠᠷᠴᠠᠭ (2022 ᠣᠨ᠎ᠤ ᠬᠡᠪᠯᠡᠯ)》;

     5.《ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠦᠷᠢᠶᠡᠨ᠎ᠳᠠᠬᠢ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠵᠦᠢ᠍ᠯᠡᠰ᠎ᠤᠨ ᠬᠡᠷᠡᠭᠵᠢᠭᠦᠯᠬᠦ ᠵᠢᠷᠤᠮᠵᠢᠯ》

     6. 《〈ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠢᠨ ᠲᠠᠰᠣᠯᠥᠯᠳᠡ ᠵᠢᠨ ᠡᠷᠬᠡ ᠵᠢᠨ ᠰᠠᠭᠤᠷᠢ ᠪᠠᠷᠢᠮᠵᠢᠶ᠎ᠠ ᠵᠢ ᠵᠢᠷᠤᠮᠵᠢᠭᠤᠯᠬᠤ ᠠᠷᠭ᠎ᠠ〉 ᠵᠢ ᠳᠠᠷᠤᠮᠠᠯᠯᠠᠨ ᠶᠠᠪᠤᠭᠤᠯᠬᠤ ᠲᠣᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》

     7. 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠠᠰᠤᠯᠤᠯᠲᠠ ᠵᠢᠨ ᠡᠷᠬᠡ ᠵᠢᠨ ᠬᠡᠷᠡᠭᠯᠡᠬᠦ ᠲᠦᠷᠢᠮ》

     8. ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠳᠤ ᠬᠣᠯᠪᠣᠭᠳᠠᠬᠤ ᠪᠤᠰᠤᠳ ᠬᠠᠤᠯᠢ ᠴᠠᠭ᠋ᠠᠵᠠ ᠬᠠᠤᠯᠢ ᠲᠣᠭᠲᠠᠭ᠋ᠠᠯ ᠳᠦᠷᠢᠮ᠃

     ᠭᠤᠷᠪᠠ᠂ ᠭᠤᠣᠯ ᠠᠭᠤᠯᠭ᠎ᠠ

     ᠨᠢᠭᠡ᠎ᠳᠤ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ᠃ 25 ᠵᠦᠢ᠍ᠯ᠎ᠤᠨ ᠵᠠᠰᠠᠭ ᠵᠠᠬᠢᠷᠭ᠋ᠠᠨ᠎ᠤ ᠵᠦᠪᠰᠢᠶᠡᠷᠡᠯ᠎ᠤᠨ ᠡᠷᠬᠡ ᠲᠤᠰᠢᠶᠠᠯ᠎ᠲᠠᠢ ᠬᠣᠯᠪᠣᠭᠳᠠᠨ᠎ᠠ᠃ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠲᠦᠷᠢᠮ ᠲᠣᠭᠲᠠᠭ᠋ᠠᠯ᠎ᠤᠨ ᠲᠣᠭᠲᠠᠭ᠋ᠠᠯ᠎ᠢ ᠦᠨᠳᠦᠰᠦᠯᠡᠨ᠂ ᠲᠣᠭᠲᠠᠭ᠋ᠠᠬᠤ ᠦᠨᠳᠦᠰᠦᠯᠡᠯ᠂ ᠬᠡᠷᠡᠭᠵᠢᠭᠦᠯᠬᠦ ᠭᠤᠤᠯ ᠴᠣᠭᠴᠠ᠂ ᠵᠥᠪᠰᠢᠶᠡᠷᠡᠬᠦ ᠨᠥᠬᠦᠴᠡᠯ᠂ ᠭᠤᠶᠤᠴᠢᠯᠠᠬᠤ ᠮᠠᠲ᠋ᠧᠷᠢᠶᠠᠯ᠂ ᠬᠢᠨᠠᠨ ᠵᠥᠪᠰᠢᠶᠡᠷᠡᠬᠦ ᠴᠠᠭ᠎ᠤᠨ ᠬᠢᠵᠠᠭ᠋ᠠᠷ᠂ ᠬᠢᠨᠠᠨ ᠵᠥᠪᠰᠢᠶᠡᠷᠡᠬᠦ ᠶᠠᠪᠣᠴᠠ᠂ ᠰᠦᠢ᠍ᠳᠬᠡᠯ ᠬᠤᠷᠢᠶᠠᠭᠰᠠᠨ ᠪᠠᠶ᠋ᠢᠳᠠᠯ᠂ ᠲᠤᠭ᠎ᠠ ᠬᠡᠮᠵᠢᠶ᠎ᠡ ᠵᠢᠨ ᠬᠢᠵᠠᠭ᠋ᠠᠷᠯᠠᠯ᠂ ᠣᠨ᠎ᠤ ᠪᠠᠶ᠋ᠢᠴᠠᠭ᠋ᠠᠯᠲᠠ ᠤᠨ᠎ᠤ ᠮᠡᠳᠡᠭᠦᠯᠦᠯᠲᠡ ᠵᠡᠷᠭᠡ ᠡᠯᠸᠮᠸᠨ᠋ᠲ᠎ᠤᠨ ᠠᠭᠤᠯᠭ᠎ᠠ ᠵᠢ ᠲᠣᠳᠣᠷᠬᠠᠶ᠋ᠢᠯᠠᠪᠠ᠃

     ᠬᠤᠶᠠᠷ᠎ᠲᠤ᠂ ᠵᠠᠰᠠᠭ ᠵᠠᠬᠢᠷᠭ᠋ᠠᠨ᠎ᠤ ᠪᠠᠶ᠋ᠢᠴᠠᠭ᠋ᠠᠯᠲᠠ ᠵᠢᠨ ᠲᠠᠰᠤᠯᠤᠯᠲᠠ ᠵᠢᠨ ᠡᠷᠬᠡ ᠵᠢᠨ ᠰᠠᠭᠣᠷᠢ ᠪᠠᠷᠢᠮᠵᠢᠶ᠎ᠠ᠃ 52 ᠵᠦᠢ᠍ᠯ᠎ᠤᠨ ᠵᠠᠰᠠᠭ ᠵᠠᠬᠢᠷᠭ᠋ᠠᠨ᠎ᠤ ᠪᠠᠶ᠋ᠢᠴᠠᠭ᠋ᠠᠬᠤ ᠵᠦᠢ᠍ᠯᠡᠰ᠎ᠲᠤ ᠬᠣᠯᠪᠣᠭᠳᠠᠨ᠎ᠠ᠃ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠲᠦᠷᠢᠮ ᠲᠣᠭᠲᠠᠭ᠋ᠠᠯ᠎ᠤᠨ ᠲᠣᠭᠲᠠᠭ᠋ᠠᠯ᠎ᠢ ᠦᠨᠳᠦᠰᠦᠯᠡᠨ᠂ ᠪᠠᠶ᠋ᠢᠴᠠᠭ᠋ᠠᠬᠤ ᠵᠦᠢ᠍ᠯᠡᠰ᠂ ᠬᠠᠤᠯᠢ᠎ᠪᠠᠷ ᠲᠣᠭᠲᠠᠭ᠋ᠠᠭᠰᠠᠨ ᠦᠨᠳᠦᠰᠦᠯᠡᠯ᠂ ᠵᠦᠢ᠍ᠯᠡᠰ᠎ᠤᠨ ᠬᠡᠪᠴᠢᠶ᠎ᠡ᠂ ᠪᠠᠶ᠋ᠢᠴᠠᠭ᠋ᠠᠬᠤ ᠠᠷᠭ᠎ᠠ ᠮᠠᠶᠢᠭ᠂ ᠪᠠᠶ᠋ᠢᠴᠠᠭ᠋ᠠᠬᠤ ᠤᠳᠠᠭ᠎ᠠ᠂ ᠪᠠᠶ᠋ᠢᠴᠠᠭ᠋ᠠᠬᠤ ᠡᠷᠬᠡ ᠮᠡᠳᠡᠯ᠂ ᠬᠤᠯᠪᠣᠭᠳᠠᠬᠤ ᠡᠰᠡᠬᠦ ᠵᠡᠷᠭᠡ ᠡᠯᠧᠮᠧᠨ᠋ᠲ᠎ᠤᠨ ᠠᠭᠤᠯᠭ᠎ᠠ ᠵᠢ ᠲᠣᠳᠣᠷᠬᠠᠶ᠋ᠢᠯᠠᠪᠠ᠃

     ᠭᠤᠷᠪᠠ᠎ᠳᠤ᠂ ᠵᠠᠰᠠᠭ ᠵᠠᠬᠢᠷᠭ᠋ᠠᠨ᠎ᠤ ᠠᠯᠪᠠᠳᠠᠯᠭ᠎ᠠ ᠵᠢᠨ ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ᠃ 38 ᠵᠦᠢ᠍ᠯ᠎ᠤᠨ ᠵᠠᠰᠠᠭ ᠵᠠᠬᠢᠷᠭ᠋ᠠᠨ᠎ᠤ ᠠᠯᠪᠠᠳᠠᠯᠭ᠎ᠠ ᠵᠢᠨ ᠡᠷᠬᠡ ᠲᠤᠰᠢᠶᠠᠯ᠎ᠳᠤ ᠬᠣᠯᠪᠣᠭᠳᠠᠨ᠎ᠠ᠃ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠤᠨ ᠲᠤᠭᠲᠠᠭ᠋ᠠᠯ᠎ᠢ ᠦᠨᠳᠦᠰᠦᠯᠡᠨ᠂ ᠵᠠᠰᠠᠭ ᠵᠠᠬᠢᠷᠭ᠋ᠠᠨ᠎ᠤ ᠠᠯᠪᠠᠳᠠᠯᠭ᠎ᠠ ᠵᠢᠨ ᠡᠷᠬᠡ ᠲᠤᠰᠢᠶᠠᠯ᠎ᠤᠨ ᠲᠥᠷᠥᠯ ᠵᠦᠢ᠍ᠯ᠂ ᠦᠨᠳᠦᠰᠦᠯᠡᠯ᠂ ᠨᠥᠬᠦᠴᠡᠯ᠂ ᠳᠡᠰ ᠳᠠᠷᠠᠭ᠋ᠠᠯᠠᠯ᠂ ᠴᠠᠭ᠎ᠤᠨ ᠬᠢᠵᠠᠭ᠋ᠠᠷ ᠵᠢᠴᠢ ᠠᠯᠪᠠᠳᠠᠯᠭ᠎ᠠ ᠵᠢᠨ ᠠᠷᠭ᠎ᠠ ᠬᠡᠮᠵᠢᠶ᠎ᠡ ᠵᠢ ᠦᠯᠤ ᠬᠡᠷᠡᠭᠵᠢᠭᠦᠯᠬᠦ ᠪᠠᠶ᠋ᠢᠳᠠᠯ᠎ᠢ ᠲᠣᠳᠣᠷᠬᠠᠶ᠋ᠢᠯᠠᠪᠠ᠃

     ᠳᠥᠷᠪᠡ᠂ ᠬᠠᠮᠢᠶ᠎ᠠ ᠪᠥᠬᠦᠶ ᠱᠠᠭ᠋ᠠᠷᠳᠠᠯᠭ᠎ᠠ

     (ᠨᠢᠭᠡ) ᠵᠠᠰᠠᠭ ᠵᠠᠬᠢᠷᠭ᠋ᠠᠨ᠎ᠤ ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ ᠪᠣᠯ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠲᠣᠬᠠᠢ ᠵᠢᠨ ᠭᠠᠵᠠᠷ ᠣᠷᠣᠨ ᠲᠤᠰ ᠰᠠᠯᠠᠭ᠎ᠠ ᠮᠥᠴᠢᠷ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ᠂ ᠲᠠᠰᠤᠯᠤᠯᠲᠠ ᠵᠢᠨ ᠬᠤᠯᠪᠣᠭᠳᠠᠬᠤ ᠠᠳᠠᠯᠢ ᠪᠤᠰᠤ ᠪᠣᠳᠠᠲᠤ ᠬᠡᠷᠡᠭ ᠪᠠ ᠦᠢ᠍ᠯᠡ ᠪᠠᠶ᠋ᠢᠳᠠᠯ᠎ᠤᠨ ᠶᠣᠰᠣᠭ᠋ᠠᠷ᠂ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠳᠠᠬᠢ ᠵᠠᠷᠴᠢᠮ᠎ᠤᠨ ᠴᠢᠨᠠᠷᠲᠠᠶ ᠲᠣᠭᠲᠠᠭ᠋ᠠᠯ ᠪᠤᠶᠤ ᠵᠣᠬᠢᠬᠤ ᠬᠠᠷᠢᠮᠠᠬᠠᠶ ᠴᠢᠨᠠᠷᠲᠠᠶ ᠬᠠᠤᠯᠢ ᠬᠡᠷᠡᠭᠵᠢᠭᠦᠯᠬᠦ ᠡᠷᠬᠡ ᠮᠡᠳᠡᠯ᠂ ᠲᠠᠰᠤᠯᠤᠯᠲᠠ ᠵᠢᠨ ᠬᠡᠮᠵᠢᠶ᠎ᠡ ᠵᠡᠷᠭᠡ ᠠᠭᠤᠯᠭ᠎ᠠ ᠵᠢ ᠨᠠᠷᠢᠯᠢᠭᠵᠢᠭᠤᠯᠤᠨ ᠬᠡᠮᠵᠢᠶᠡᠵᠢᠭᠦᠯᠵᠦ᠂ ᠣᠨᠴᠠ ᠲᠣᠭᠲᠠᠭᠰᠠᠨ ᠬᠡᠯᠪᠡᠷᠢ᠎ᠪᠠᠷ ᠨᠡᠶ᠋ᠢᠭᠡᠮ᠎ᠳᠤ ᠨᠡᠶ᠋ᠢᠲᠡᠯᠡᠬᠦ ᠵᠢᠨ ᠬᠠᠮᠲᠤ ᠬᠡᠷᠡᠭᠵᠢᠭᠦᠯᠬᠦ ᠪᠣᠳᠠᠲᠠᠶ ᠬᠠᠤᠯᠢ ᠬᠡᠷᠡᠭᠵᠢᠭᠦᠯᠬᠦ ᠬᠡᠮᠵᠢᠶ᠎ᠡ ᠪᠠ ᠪᠠᠷᠢᠮᠵᠢᠶ᠎ᠠ ᠪᠣᠯᠤᠨ᠎ᠠ᠃ ᠵᠠᠰᠠᠭ ᠵᠠᠬᠢᠷᠭ᠋ᠠᠨ᠎ᠤ ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ ᠵᠢ ᠲᠣᠭᠲᠠᠭ᠋ᠠᠬᠤ ᠪᠠ ᠬᠠᠮᠢᠶᠠᠷᠬᠤ ᠵᠢ ᠵᠢᠷᠤᠮᠵᠢᠭᠤᠯᠬᠤ᠎ᠨᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠢ ᠪᠦᠲᠦᠮᠵᠢᠲᠡᠢ ᠬᠡᠷᠡᠭᠵᠢᠭᠦᠯᠬᠦ ᠵᠢ ᠪᠠᠲᠤᠯᠠᠬᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠯᠠᠭ᠎ᠠ ᠵᠢ ᠵᠢᠷᠤᠮᠵᠢᠭᠤᠯᠬᠤ᠂ ᠨᠡᠶ᠋ᠢᠭᠡᠮ᠎ᠤᠨ ᠲᠥᠪ ᠭᠤᠣᠯᠴᠢ ᠰᠢᠳᠤᠷᠭᠤ ᠶᠣᠰᠣ ᠵᠢ ᠬᠠᠮᠠᠭ᠋ᠠᠯᠠᠬᠤ᠎ᠳᠤ ᠴᠢᠬᠤᠯᠠ ᠠᠴᠢ ᠬᠤᠯᠪᠣᠭᠳᠠᠯ᠎ᠲᠠᠢ ᠶᠤᠮ᠃

     (ᠬᠤᠶᠠᠷ) ᠵᠠᠰᠠᠭ ᠵᠠᠬᠢᠷᠭ᠋ᠠᠨ᠎ᠤ ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ ᠵᠢ ᠲᠣᠭᠲᠠᠭ᠋ᠠᠬᠤ ᠡᠷᠬᠡ ᠮᠡᠳᠡᠯ᠎ᠤᠨ ᠬᠡᠪᠴᠢᠶ᠎ᠡ ᠵᠢ ᠴᠢᠩᠭ᠎ᠠ ᠵᠢᠷᠤᠮᠵᠢᠭᠤᠯᠤᠨ᠎ᠠ᠃ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠤᠨ ᠦᠨᠳᠦᠰᠦᠯᠡᠯ ᠦᠭᠡᠶ ᠪᠣᠯ ᠵᠠᠰᠠᠭ ᠵᠠᠬᠢᠷᠭ᠋ᠠᠨ ᠬᠠᠷᠢᠴᠠᠩᠭᠤᠶ ᠬᠥᠮᠦᠨ᠎ᠤ ᠡᠭᠦᠷᠭᠡ ᠵᠢ ᠨᠡᠮᠡᠭᠳᠡᠭᠦᠯᠬᠦ ᠪᠤᠶᠤ ᠵᠠᠰᠠᠭ ᠵᠠᠬᠢᠷᠭ᠋ᠠᠨ ᠬᠠᠷᠢᠴᠠᠩᠭᠤᠶ ᠬᠥᠮᠦᠨ᠎ᠤ ᠡᠷᠬᠡ ᠠᠰᠢᠭ᠎ᠢ ᠬᠣᠬᠢᠷᠠᠭᠤᠯᠵᠤ ᠪᠣᠯᠬᠤ ᠦᠭᠡᠶ᠃ ᠠᠳᠠᠯᠢ ᠨᠢᠭᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠦᠢ᠍ᠯᠡᠰ᠎ᠲᠤ᠂ ᠥᠪᠡᠷᠲᠡᠭᠡᠨ ᠵᠠᠰᠠᠬᠤ ᠣᠷᠣᠨ᠎ᠤ ᠲᠣᠪᠴᠢᠶ᠎ᠠ᠎ᠨᠢ ᠵᠠᠰᠠᠭ ᠵᠠᠬᠢᠷᠭ᠋ᠠᠨ᠎ᠤ ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ ᠵᠢ ᠨᠢᠭᠡᠨᠲᠡ ᠲᠣᠭᠲᠠᠭ᠋ᠠᠭᠰᠠᠨ ᠪᠠᠶ᠋ᠢᠪᠠᠯ᠂ ᠡᠯ᠎ᠡ ᠠᠶ᠋ᠢᠮᠠᠭ ᠬᠣᠲᠠ ᠵᠢᠨ ᠲᠣᠪᠴᠢᠶ᠎ᠠ᠎ᠨᠢ ᠵᠠᠷᠴᠢᠮ ᠳᠡᠭᠡᠷ᠎ᠡ᠎ᠪᠠᠨ ᠰᠢᠭᠤᠳ ᠬᠡᠷᠡᠭᠯᠡᠵᠦ ᠪᠣᠯᠤᠨ᠎ᠠ᠂ ᠬᠡᠷᠪᠡ ᠰᠢᠭᠤᠳ ᠬᠡᠷᠡᠭᠯᠡᠵᠦ ᠪᠣᠯᠬᠤ ᠦᠭᠡᠶ ᠪᠣᠯ᠂ ᠲᠤᠰ ᠭᠠᠵᠠᠷ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠪᠠᠶ᠋ᠢᠳᠠᠯ᠎ᠲᠠᠢ ᠤᠶᠠᠯᠳᠤᠭᠤᠯᠵᠤ᠂ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠤᠨ ᠲᠣᠭᠲᠠᠭ᠋ᠠᠯ᠎ᠳᠤ ᠵᠠᠰᠠᠭ ᠵᠠᠬᠢᠷᠭ᠋ᠠᠨ᠎ᠤ ᠲᠠᠰᠤᠯᠤᠯᠲᠠ ᠵᠢᠨ ᠡᠷᠬᠡ ᠵᠢᠨ ᠬᠡᠪᠴᠢᠶᠡᠨ ᠳᠣᠲᠣᠷ᠎ᠠ ᠵᠦᠢ ᠵᠣᠬᠢᠰᠲᠠᠶ ᠨᠠᠷᠢᠯᠢᠭᠵᠢᠭᠤᠯᠤᠨ ᠬᠡᠮᠵᠢᠶᠡᠵᠢᠭᠦᠯᠵᠦ ᠪᠣᠯᠤᠨ᠎ᠠ᠃

     (ᠭᠤᠷᠪᠠ) ᠬᠠᠤᠯᠢ᠎ᠪᠠᠷ ᠲᠣᠭᠲᠠᠭ᠋ᠠᠭᠰᠠᠨ ᠵᠠᠰᠠᠭ ᠵᠠᠬᠢᠷᠭ᠋ᠠᠨ᠎ᠤ ᠵᠥᠪᠰᠢᠶᠡᠷᠡᠬᠦ ᠳᠡᠰ ᠳᠠᠷᠠᠭ᠋ᠠᠯᠠᠯ᠎ᠳᠤ᠂ ᠡᠯ᠎ᠡ ᠠᠶ᠋ᠢᠮᠠᠭ ᠬᠣᠲᠠ ᠵᠢᠨ ᠲᠣᠪᠴᠢᠶ᠎ᠠ ᠵᠢ ᠵᠣᠷᠢᠭᠵᠢᠭᠤᠯᠤᠨ ᠳᠣᠲᠣᠭ᠋ᠠᠳᠤ ᠵᠢᠨ ᠠᠵᠢᠯ᠎ᠤᠨ ᠴᠤᠪᠤᠷᠠᠯ ᠪᠣᠯᠤᠨ ᠭᠤᠶᠤᠴᠢᠯᠠᠯ᠎ᠤᠨ ᠮᠠᠲ᠋ᠧᠷᠢᠶᠠᠯ᠎ᠢ ᠬᠠᠤᠯᠢ ᠶᠣᠰᠣᠭ᠋ᠠᠷ ᠰᠢᠯᠢᠳᠡᠭᠵᠢᠭᠦᠯᠦᠨ ᠳᠥᠭᠥᠮᠴᠢᠯᠡᠵᠦ᠂ ᠵᠠᠰᠠᠭ ᠵᠠᠬᠢᠷᠭ᠋ᠠᠨ᠎ᠤ ᠵᠥᠪᠰᠢᠶᠡᠷᠡᠯ᠎ᠢ ᠭᠦᠢ᠍ᠴᠡᠳᠬᠡᠬᠦ ᠴᠠᠭ ᠬᠤᠭᠤᠴᠠᠭ᠎ᠠ ᠵᠢ ᠵᠦᠢ ᠵᠣᠬᠢᠰᠲᠠᠶ ᠪᠠᠭ᠋ᠠᠰᠬᠠᠨ᠎ᠠ᠂ ᠭᠡᠬᠦ᠎ᠳᠡᠭᠡᠨ ᠵᠦᠪᠰᠢᠶᠡᠷᠡᠯ᠎ᠤᠨ ᠨᠥᠬᠥᠴᠡᠯ᠂ ᠭᠣᠭᠴᠣᠭ᠎ᠠ ᠵᠢ ᠨᠡᠮᠡᠭᠳᠡᠭᠦᠯᠵᠦ ᠪᠣᠯᠬᠤ ᠦᠭᠡᠶ᠂ ᠭᠡᠷᠡᠴᠢᠯᠡᠬᠦ ᠮᠠᠲ᠋ᠧᠷᠢᠶᠠᠯ ᠨᠡᠮᠡᠵᠦ ᠪᠣᠯᠬᠤ ᠦᠭᠡᠶ᠂ ᠭᠠᠳᠠᠭᠤᠷᠴᠢᠯᠠᠬᠤ ᠴᠢᠨᠠᠷᠲᠠᠶ᠂ ᠣᠷᠣᠨ ᠪᠦᠰᠡ ᠵᠢᠨ ᠬᠢᠵᠠᠭ᠋ᠠᠷᠯᠠᠯ ᠵᠡᠷᠭᠡ ᠭᠣᠤᠯᠴᠢ ᠪᠤᠰᠤ ᠵᠦᠢ᠍ᠯ ᠵᠤᠷᠪᠤᠰ᠎ᠢ ᠪᠠᠶ᠋ᠢᠷᠢᠯᠠᠭᠤᠯᠬᠤ ᠪᠤᠶᠤ ᠬᠡᠯᠪᠡᠷᠢ ᠵᠢ᠎ᠨᠢ ᠥᠭᠡᠷᠡᠲᠡᠭᠦᠯᠦᠨ ᠪᠠᠶ᠋ᠢᠷᠢᠯᠠᠭᠤᠯᠵᠤ ᠪᠣᠯᠬᠤ ᠦᠭᠡᠶ᠂ ᠠᠵᠢᠯ ᠲᠥᠷᠥᠯ᠎ᠤᠨ ᠭᠠᠭᠴᠠᠭ᠋ᠠᠷ ᠡᠵᠡᠮᠰᠢᠯ᠂ ᠣᠷᠣᠨ ᠨᠤᠲᠤᠭ᠎ᠤᠨ ᠬᠠᠮᠠᠭ᠋ᠠᠯᠠᠯᠲᠠ᠂ ᠵᠠᠬ᠎ᠠ ᠳᠡᠯᠭᠡᠭᠦᠷ᠎ᠤᠨ ᠬᠡᠰᠡᠭᠯᠡᠯ᠎ᠢ ᠰᠡᠷᠭᠡᠶ᠋ᠢᠯᠡᠨ ᠬᠣᠷᠢᠭᠯᠠᠬᠤ ᠬᠡᠷᠡᠭᠲᠡᠶ᠃

     (ᠲᠦᠷᠪᠡ) ᠵᠠᠰᠠᠭ ᠵᠠᠬᠢᠷᠭ᠋ᠠᠨ᠎ᠤ ᠪᠠᠶ᠋ᠢᠴᠠᠭ᠋ᠠᠯᠲᠠ ᠪᠣᠯ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠡᠶᠡᠴᠢ ᠴᠣᠭᠴᠠ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠴᠢᠬᠤᠯᠠ ᠠᠷᠭ᠎ᠠ ᠮᠠᠶᠢᠭ ᠪᠣᠯᠤᠨ᠎ᠠ᠂ ᠠᠵᠤ ᠠᠬᠤᠶ᠋ᠢᠯᠠᠯ᠎ᠤᠨ ᠬᠠᠤᠯᠢ ᠶᠣᠰᠣᠭ᠋ᠠᠷ ᠡᠵᠡᠩᠨᠡᠬᠦ ᠵᠢ ᠣᠳᠣᠷᠢᠳᠣᠨ ᠵᠢᠷᠤᠮᠵᠢᠭᠤᠯᠬᠤ᠂ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠤᠷᠢᠳᠴᠢᠯᠠᠨ ᠰᠡᠷᠭᠡᠶ᠋ᠢᠯᠡᠵᠦ ᠵᠠᠯᠠᠷᠠᠭᠤᠯᠬᠤ᠎ᠳᠤ ᠴᠢᠬᠤᠯᠠ ᠦᠢ᠍ᠯᠡᠳᠦᠯ᠎ᠲᠠᠢ ᠶᠤᠮ᠃ ᠠᠵᠤ ᠠᠬᠤᠶ᠋ᠢᠯᠠᠯ᠎ᠳᠤ ᠬᠤᠯᠪᠣᠭᠳᠠᠬᠤ ᠬᠠᠤᠯᠢ ᠬᠡᠷᠡᠭᠵᠢᠭᠦᠯᠦᠯᠲᠡ ᠵᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠲᠣᠭᠣᠰᠢᠯᠠᠭᠣᠯᠣᠨ ᠨᠠᠶ᠋ᠢᠳᠠᠪᠤᠷᠢᠵᠢᠭᠤᠯᠬᠤ ᠵᠢᠨ ᠲᠥᠯᠥᠭᠡ᠂ ᠠᠵᠤ ᠠᠬᠤᠶ᠋ᠢᠯᠠᠯ᠎ᠳᠤ ᠬᠤᠯᠪᠣᠭᠳᠠᠬᠤ ᠵᠠᠰᠠᠭ ᠵᠠᠬᠢᠷᠭ᠋ᠠᠨ᠎ᠤ ᠪᠠᠶ᠋ᠢᠴᠠᠭ᠋ᠠᠯᠲᠠ ᠵᠢ ᠴᠢᠩᠭ᠎ᠠ ᠵᠢᠷᠤᠮᠵᠢᠭᠤᠯᠵᠤ᠂ ᠳᠤᠷ᠎ᠠ᠎ᠪᠠᠷ ᠵᠶ᠋ᠠᠨ ᠪᠠᠶ᠋ᠢᠴᠠᠭ᠋ᠠᠬᠤ ᠵᠢ ᠡᠷᠡᠰ ᠬᠤᠷᠢᠭᠯᠠᠵᠤ᠂ ᠠᠵᠤ ᠠᠬᠤᠶ᠋ᠢᠯᠠᠯ᠎ᠤᠨ ᠳᠠᠷᠤᠭ᠋ᠠᠰᠤ ᠵᠢ ᠦᠨᠡᠨ ᠬᠦ᠌ ᠬᠥᠩᠭᠡᠷᠡᠭᠦᠯᠪᠡ᠃ ᠡᠯ᠎ᠡ ᠠᠶ᠋ᠢᠮᠠᠭ ᠬᠤᠲᠠ ᠵᠢᠨ ᠲᠣᠪᠴᠢᠶ᠎ᠠ ᠵᠠᠰᠠᠭ ᠵᠠᠬᠢᠷᠭ᠋ᠠᠨ᠎ᠤ ᠪᠠᠶ᠋ᠢᠴᠠᠭ᠋ᠠᠯᠲᠠ ᠵᠢ ᠶᠠᠪᠣᠭᠳᠠᠭᠣᠯᠬᠣ ᠪᠡᠶᠡᠴᠢ ᠴᠣᠭᠴᠠ᠎ᠨᠢ ᠡᠷᠬᠡᠪᠰᠢ ᠬᠠᠤᠯᠢ᠎ᠪᠠᠷ ᠲᠣᠭᠲᠠᠭ᠋ᠠᠭᠰᠠᠨ ᠬᠢᠷᠢ ᠬᠡᠮ᠎ᠢ ᠪᠦᠷᠢᠯᠳᠦᠭᠦᠯᠵᠦ᠂ ᠨᠠᠷᠢᠯᠢᠭ ᠣᠨᠣᠪᠴᠢᠲᠠᠢ᠎ᠪᠠᠷ ᠪᠠᠶ᠋ᠢᠴᠠᠭ᠋ᠠᠬᠤ ᠵᠢ ᠶᠡᠬᠡᠪᠡᠷ ᠠᠬᠢᠭᠤᠯᠵᠤ᠂ ᠳᠠᠪᠬᠤᠷᠳᠠᠭᠤᠯᠤᠨ ᠪᠠᠶ᠋ᠢᠴᠠᠭ᠋ᠠᠬᠤ᠂ ᠣᠯᠠᠨ ᠲᠠᠯ᠎ᠠ᠎ᠪᠠᠷ ᠪᠠᠶ᠋ᠢᠴᠠᠭ᠋ᠠᠬᠤ ᠵᠢ ᠰᠡᠷᠭᠡᠶ᠋ᠢᠯᠡᠬᠦ ᠬᠡᠷᠡᠭᠲᠡᠶ᠃ ᠵᠠᠰᠠᠭ ᠵᠠᠬᠢᠷᠭ᠋ᠠᠨ᠎ᠤ ᠪᠠᠶ᠋ᠢᠴᠠᠭ᠋ᠠᠯᠲᠠ ᠵᠢ ᠨᠡᠶ᠋ᠢᠯᠡᠭᠦᠯᠦᠨ ᠬᠡᠷᠡᠭᠵᠢᠭᠦᠯᠵᠦ ᠪᠣᠯᠬᠤ ᠵᠢ᠎ᠨᠢ ᠳᠠᠪᠬᠤᠷᠳᠠᠭᠤᠯᠤᠨ ᠪᠠᠶ᠋ᠢᠴᠠᠭ᠋ᠠᠵᠤ ᠪᠣᠯᠬᠤ ᠦᠭᠡᠢ᠂ ᠵᠠᠰᠠᠭ ᠵᠠᠬᠢᠷᠭ᠋ᠠᠨ᠎ᠤ ᠪᠠᠶ᠋ᠢᠴᠠᠭ᠋ᠠᠯᠲᠠ ᠵᠢ ᠨᠡᠢ᠌ᠯᠡᠭᠦᠯᠣᠨ ᠬᠡᠷᠡᠭᠵᠢᠭᠦᠯᠵᠦ ᠪᠣᠯᠬᠤ ᠵᠢ᠎ᠨᠢ ᠣᠯᠠᠨ ᠲᠠᠯ᠎ᠠ᠎ᠠᠴᠠ ᠪᠠᠶ᠋ᠢᠴᠠᠭ᠋ᠠᠵᠤ ᠪᠣᠯᠬᠤ ᠦᠭᠡᠢ᠂ ᠪᠢᠴᠢᠭ ᠵᠶ᠋ᠠᠷ ᠬᠠᠷᠭᠤᠭᠤᠯᠤᠨ ᠪᠠᠶ᠋ᠢᠴᠠᠭ᠋ᠠᠬᠤ᠂ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ᠂ ᠣᠶᠤᠨᠴᠢ ᠬᠢᠨᠠᠯᠲᠠ ᠬᠠᠮᠢᠶᠠᠷᠤᠯᠲᠠ ᠬᠢᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠨ ᠬᠢᠨᠠᠨ ᠬᠠᠮᠢᠶᠠᠷᠴᠤ ᠳᠡᠶ᠋ᠢᠯᠬᠦ ᠵᠢ᠎ᠨᠢ ᠠᠵᠤ ᠠᠬᠤᠶ᠋ᠢᠯᠠᠯ᠎ᠳᠤ ᠣᠷᠣᠵᠤ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠯᠲᠠ ᠬᠢᠵᠦ ᠪᠣᠯᠬᠤ ᠦᠭᠡᠢ᠂ ᠵᠠᠰᠠᠭ ᠵᠠᠬᠢᠷᠭ᠋ᠠᠨ᠎ᠤ ᠪᠠᠶ᠋ᠢᠴᠠᠭ᠋ᠠᠯᠲᠠ ᠵᠢᠨ ᠬᠠᠤᠯᠢ ᠵᠢᠨ ᠦᠨᠳᠦᠰᠦᠯᠡᠯ᠎ᠲᠠᠢ᠂ ᠴᠢᠩᠭ᠎ᠠ ᠵᠢᠷᠤᠮᠵᠢᠭᠰᠠᠨ᠂ ᠲᠥᠪ ᠭᠤᠣᠯᠴᠢ ᠪᠣᠯᠪᠠᠰᠤᠨ᠂ ᠨᠠᠷᠢᠯᠢᠭ ᠣᠨᠣᠪᠴᠢᠲᠠᠢ ᠪᠥᠭᠡᠳ ᠥᠨᠳᠥᠷ ᠪᠦᠲᠦᠮᠵᠢᠲᠡᠶ ᠪᠠᠶ᠋ᠢᠬᠤ ᠵᠢ ᠦᠨᠡᠨ ᠬᠦ᠌ ᠪᠠᠲᠤᠯᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃

     (ᠲᠠᠪᠤ) ᠵᠠᠰᠠᠭ ᠵᠠᠬᠢᠷᠭ᠋ᠠᠨ᠎ᠤ ᠠᠯᠪᠠᠳᠠᠯᠭ᠎ᠠ ᠵᠢᠨ ᠠᠷᠭ᠎ᠠ ᠬᠡᠮᠵᠢᠶ᠎ᠡ ᠵᠢ ᠠᠪᠬᠤ᠎ᠳᠤ᠎ᠪᠠᠨ ᠡᠷᠬᠡᠪᠰᠢ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠠᠯᠪᠠᠳᠠᠯᠭ᠎ᠠ ᠵᠢᠨ ᠬᠠᠤᠯᠢ》᠎ᠳᠤ ᠲᠣᠭᠲᠠᠭ᠋ᠠᠭᠰᠠᠨ ᠳᠡᠰ ᠳᠠᠷᠠᠭ᠋ᠠᠯᠠᠯ᠎ᠢ ᠴᠢᠩᠭ᠎ᠠ ᠵᠢᠷᠤᠮᠯᠠᠨ ᠬᠡᠷᠡᠭᠵᠢᠭᠦᠯᠵᠦ᠂ ᠪᠠᠶ᠋ᠢᠴᠠᠭ᠋ᠠᠨ ᠪᠢᠲᠡᠭᠦᠮᠵᠢᠯᠡᠬᠦ᠂ ᠳᠠᠷᠤᠵᠤ ᠠᠪᠬᠤ ᠬᠤᠭᠤᠴᠠᠭ᠎ᠠ ᠵᠢ ᠭᠤᠴᠢᠨ ᠡᠳᠦᠷ᠎ᠠᠴᠠ ᠬᠡᠲᠦᠷᠡᠭᠦᠯᠵᠦ ᠪᠣᠯᠬᠤ ᠦᠭᠡᠶ᠂ ᠪᠠᠶ᠋ᠢᠳᠠᠯ᠎ᠨᠢ ᠪᠤᠳᠤᠯᠢᠶᠠᠨᠲᠠᠶ ᠪᠣᠯ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠵᠶ᠋ᠠᠷ ᠵᠥᠪᠰᠢᠶᠡᠷᠡᠭᠦᠯᠦᠭᠡᠳ᠂ ᠤᠷᠲᠤᠳᠬᠠᠵᠤ ᠪᠣᠯᠤᠨ᠎ᠠ᠂ ᠭᠡᠬᠦ᠎ᠳᠡᠭᠡᠨ ᠤᠷᠲᠤᠳᠬᠠᠬᠤ ᠬᠤᠭᠤᠴᠠᠭ᠎ᠠ ᠵᠢ ᠭᠤᠴᠢᠨ ᠡᠳᠦᠷ᠎ᠠᠴᠠ ᠬᠡᠲᠦᠷᠡᠭᠦᠯᠵᠦ ᠪᠣᠯᠬᠤ ᠦᠭᠡᠶ᠃ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠠᠰᠲᠠᠭ᠋ᠠᠨ ᠲᠣᠭᠲᠠᠭ᠋ᠠᠯ᠎ᠲᠠᠢ᠎ᠨᠢ ᠡᠭᠦᠨ᠎ᠳᠤ ᠪᠠᠭᠲᠠᠬᠤ ᠦᠭᠡᠢ᠃ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠨᠢ ᠢᠯᠡᠳᠲᠡ ᠬᠥᠩᠭᠡᠨ ᠪᠤᠶᠤ ᠨᠡᠶ᠋ᠢᠭᠡᠮ᠎ᠳᠤ ᠢᠯᠡᠳᠲᠡ ᠬᠣᠤᠷ ᠬᠥᠨᠥᠭᠡᠯ ᠦᠭᠡᠶ ᠪᠣᠯ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠠᠯᠪᠠᠳᠠᠯᠭ᠎ᠠ ᠵᠢᠨ ᠠᠷᠭ᠎ᠠ ᠬᠡᠮᠵᠢᠶ᠎ᠡ ᠠᠪᠬᠤ ᠦᠭᠡᠶ ᠪᠠᠶ᠋ᠢᠵᠤ ᠪᠣᠯᠤᠨ᠎ᠠ᠃ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠠᠰᠠᠭ ᠵᠠᠬᠢᠷᠭ᠋ᠠᠨ᠎ᠤ ᠠᠯᠪᠠᠳᠠᠯᠭ᠎ᠠ ᠵᠢᠨ ᠠᠷᠭ᠎ᠠ ᠬᠡᠮᠵᠢᠶ᠎ᠡ ᠵᠢ ᠬᠡᠷᠡᠭᠵᠢᠭᠦᠯᠬᠦ ᠨᠠᠷᠢᠨ ᠳᠠᠩᠰᠠ》᠎ᠳᠤ ᠲᠣᠭᠲᠠᠭ᠋ᠠᠭᠰᠠᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠨᠡᠶ᠋ᠢᠴᠡᠪᠡᠯ᠂ ᠵᠠᠰᠠᠭ ᠵᠠᠬᠢᠷᠭ᠋ᠠᠨ᠎ᠤ ᠠᠯᠪᠠᠳᠠᠯᠭ᠎ᠠ ᠵᠢᠨ ᠠᠷᠭ᠎ᠠ ᠬᠡᠮᠵᠢᠶ᠎ᠡ ᠵᠢ ᠬᠡᠷᠡᠭᠵᠢᠭᠦᠯᠬᠦ ᠦᠭᠡᠢ ᠪᠠᠶ᠋ᠢᠵᠤ ᠪᠣᠯᠤᠨ᠎ᠠ᠃

     (ᠵᠢᠷᠭᠤᠭ᠎ᠠ) ᠥᠪᠡᠷᠲᠡᠭᠡᠨ ᠵᠠᠰᠠᠬᠤ ᠣᠷᠣᠨ᠎ᠤ ᠲᠣᠪᠴᠢᠶ᠎ᠠ᠎ᠠᠴᠠ ᠲᠣᠰᠬᠠᠢ ᠵᠦᠢ᠍ᠯ᠎ᠤᠨ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ᠂ ᠬᠠᠤᠯᠢ ᠬᠡᠷᠡᠭᠵᠢᠭᠦᠯᠣᠯᠲᠡ ᠵᠢᠨ ᠬᠡᠷᠡᠭ᠎ᠤᠨ ᠡᠪᠬᠡᠮᠡᠯ᠎ᠢ ᠦᠨᠡᠯᠡᠨ ᠪᠠᠶ᠋ᠢᠴᠠᠭ᠋ᠠᠬᠤ᠂ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢ ᠦᠨᠡᠯᠡᠬᠦ᠂ ᠬᠠᠤᠯᠢ ᠬᠡᠷᠡᠭᠵᠢᠭᠦᠯᠦᠯᠲᠡ ᠵᠢ ᠦᠨᠡᠯᠡᠨ ᠶᠠᠷᠢᠯᠴᠠᠵᠤ ᠰᠢᠯᠭ᠋ᠠᠨ ᠬᠢᠨᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠵᠠᠰᠠᠭ ᠵᠠᠬᠢᠷᠭ᠋ᠠᠨ᠎ᠤ ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ ᠵᠢᠨ ᠲᠦᠷᠢᠮ᠎ᠢ ᠬᠡᠷᠡᠭᠵᠢᠭᠦᠯᠵᠦ ᠪᠠᠶ᠋ᠢᠭ᠎ᠠ ᠪᠠᠶ᠋ᠢᠳᠠᠯ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ ᠵᠢ ᠴᠢᠩᠭ᠋ᠠᠳᠬᠠᠨ᠎ᠠ᠃ ᠵᠠᠰᠠᠭ ᠵᠠᠬᠢᠷᠭ᠋ᠠᠨ᠎ᠤ ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ ᠵᠢᠨ ᠦᠨᠳᠦᠰᠦᠯᠡᠯ ᠪᠣᠯᠭ᠋ᠠᠭᠰᠠᠨ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠳᠤ ᠵᠠᠰᠠᠪᠤᠷᠢ ᠣᠷᠣᠭᠤᠯᠵᠤ᠂ ᠵᠠᠰᠠᠪᠤᠷᠢ ᠣᠷᠣᠭᠤᠯᠤᠭᠰᠠᠨ ᠠᠭᠤᠯᠭ᠎ᠠ᠎ᠪᠠᠷ ᠪᠠᠷᠢᠮᠵᠢᠶ᠎ᠠ ᠪᠣᠯᠭ᠋ᠠᠨ᠂ ᠥᠪᠡᠷᠲᠡᠭᠡᠨ ᠵᠠᠰᠠᠬᠤ ᠣᠷᠣᠨ᠎ᠤ ᠲᠣᠪᠴᠢᠶ᠎ᠠ ᠴᠠᠭ ᠲᠤᠬᠠᠶ᠎ᠳᠤᠨᠢ ᠲᠣᠬᠢᠷᠠᠭᠤᠯᠤᠯᠲᠠ ᠬᠢᠬᠦ ᠬᠡᠷᠡᠭᠲᠡᠶ᠃



 

ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠵᠠᠬ᠎ᠠ ᠲᠡᠯᠬᠡᠬᠦᠷ᠎ᠤᠨ ᠬᠢᠨᠠᠯᠳᠠ ᠬᠠᠮᠢᠶᠠᠷᠤᠯᠳᠠ ᠵᠢᠨ ᠲᠤᠪᠴᠢᠶ᠎ᠠ