ᠦᠰᠦᠭ ᠪᠢᠴᠢᠭ᠎ᠢᠶᠡᠷ ᠦᠭᠦᠯᠡᠬᠦᠢ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠢᠳᠡᠭᠡᠨ᠎ᠤ ᠵᠢᠵᠢᠭ ᠦᠢᠯᠡᠳᠬᠡᠯ᠎ᠤᠨ ᠭᠠᠵᠠᠷ ᠵᠢᠵᠢᠭ ᠢᠳᠡᠭᠡᠨ ᠤᠮᠳᠠᠭᠠᠨ᠎ᠤ ᠳᠡᠯᠭᠡᠭᠦᠷ ᠵᠢᠵᠢᠭ ᠢᠳᠡᠭᠡᠨ᠎ᠤ ᠳᠡᠯᠭᠡᠭᠦᠷ ᠪᠠ ᠢᠳᠡᠭᠡᠨ᠎ᠤ ᠳᠡᠯᠭᠡᠭᠦᠷᠴᠢᠨ᠎ᠤ ᠬᠠᠮᠢᠶᠠᠷᠤᠯᠲᠠ᠎ᠶᠢᠨ ᠳᠦᠷᠢᠮ》
2025-08-22

《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠢᠳᠡᠭᠡᠨ᠎ᠤ ᠵᠢᠵᠢᠭ ᠦᠢᠯᠡᠳᠬᠡᠯ᠎ᠦᠨ ᠭᠠᠵᠠᠷ ᠵᠢᠵᠢᠭ ᠢᠳᠡᠭᠡᠨ ᠤᠮᠳᠠᠭᠠᠨ᠎ᠤ ᠳᠡᠯᠭᠡᠭᠦᠷ ᠵᠢᠵᠢᠭ ᠢᠳᠡᠭᠡᠨ᠎ᠤ ᠳᠡᠯᠭᠡᠭᠦᠷ ᠪᠠ ᠢᠳᠡᠭᠡᠨ᠎ᠤ ᠳᠡᠯᠭᠡᠭᠦᠷᠴᠢᠨ᠎ᠤ ᠬᠠᠮᠢᠶᠠᠷᠤᠯᠲᠠ᠎ᠶᠢᠨ ᠳᠦᠷᠢᠮ》 (ᠳᠣᠷᠣᠭ᠍ᠰᠢ 《ᠳᠦᠷᠢᠮ》 ᠭᠡᠵᠦ ᠲᠣᠪᠴᠢᠯᠠᠨ᠎ᠠ)᠎ᠢ 2024ᠣᠨ᠎ᠤ 3 ᠳ᠋ᠤᠭᠠᠷ ᠰᠠᠷ᠎ᠠ᠎ᠶᠢᠨ 1᠎ᠤ ᠡᠳᠦᠷ᠎ᠠᠴᠠ ᠵᠢᠩᠬᠢᠨᠢ᠎ᠪᠠᠷ ᠬᠡᠷᠡᠭᠵᠢᠭᠦᠯᠪᠡ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠢᠳᠡᠭᠡᠨ᠎ᠤ ᠵᠢᠵᠢᠭ ᠦᠢᠯᠡᠳᠬᠡᠯ᠎ᠤᠨ ᠭᠠᠵᠠᠷ᠎ᠤᠨ ᠳᠡᠩᠰᠡᠯᠡᠨ ᠬᠠᠮᠢᠶᠠᠷᠤᠯᠲᠠ᠎ᠶᠢᠨ ᠠᠷᠭ᠎ᠠ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠵᠢᠭ ᠢᠳᠡᠭᠡᠨ ᠤᠮᠳᠠᠭᠠᠨ᠎ᠤ ᠳᠡᠯᠭᠡᠭᠦᠷ᠎ᠤᠨ ᠳᠡᠩᠰᠡᠯᠡᠨ ᠲᠡᠮᠳᠡᠭᠯᠡᠬᠦ ᠬᠠᠮᠢᠶᠠᠷᠤᠯᠲᠠ᠎ᠶᠢᠨ ᠠᠷᠭ᠎ᠠ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠵᠢᠭ ᠢᠳᠡᠭᠡᠨ᠎ᠤ ᠳᠡᠯᠭᠡᠭᠦᠷ᠎ᠤᠨ ᠳᠡᠩᠰᠡᠯᠡᠨ ᠲᠡᠮᠳᠡᠭᠯᠡᠬᠦ ᠪᠠ ᠳᠡᠩᠰᠡᠯᠡᠨ ᠬᠠᠮᠢᠶᠠᠷᠤᠯᠲᠠ᠎ᠶᠢᠨ ᠠᠷᠭ᠎ᠠ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠢᠳᠡᠭᠡᠨ᠎ᠤ ᠳᠡᠯᠭᠡᠭᠦᠷᠴᠢᠨ᠎ᠢ ᠪᠦᠷᠢᠳᠬᠡᠨ ᠳᠠᠩᠰᠠᠯᠠᠬᠤ ᠬᠠᠮᠢᠶᠠᠷᠤᠯᠲᠠ᠎ᠶᠢᠨ ᠠᠷᠭ᠎ᠠ》 ᠵᠡᠷᠭᠡ ᠢᠵᠢ ᠪᠦᠷᠢᠳᠦᠭᠦᠯᠬᠦ ᠬᠠᠮᠢᠶᠠᠷᠤᠯᠲᠠ᠎ᠶᠢᠨ ᠠᠷᠭ᠎ᠠ (ᠳᠣᠷᠣᠭ᠍ᠰᠢ ᠢᠵᠢ ᠪᠦᠷᠢᠳᠦᠭᠦᠯᠬᠦ ᠬᠠᠮᠢᠶᠠᠷᠤᠯᠲᠠ᠎ᠶᠢᠨ ᠠᠷᠭ᠎ᠠ ᠭᠡᠵᠦ ᠲᠣᠪᠴᠢᠯᠠᠨ᠎ᠠ)᠎ᠶᠢ 2024 ᠣᠨ᠎ᠤ 5 ᠳ᠋ᠤᠭᠠᠷ ᠰᠠᠷ᠎ᠠ᠎ᠶᠢᠨ 1᠎ᠤ ᠡᠳᠦᠷ᠎ᠠᠴᠠ ᠵᠢᠩᠬᠢᠨᠢ᠎ᠪᠠᠷ ᠬᠡᠷᠡᠭᠵᠢᠭᠦᠯᠪᠡ᠃ ᠬᠡᠷᠡᠭᠵᠢᠭᠦᠯᠦᠭᠰᠡᠨ ᠨᠢᠭᠡ ᠵᠢᠯ᠎ᠳᠦ᠂ ᠤᠯᠤᠰ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ᠎ᠶᠢᠨ ᠬᠠᠮᠢᠶ᠎ᠠ ᠪᠦᠬᠦᠢ ᠵᠢᠷᠤᠮᠵᠢᠬ᠍ᠰᠠᠨ ᠪᠢᠴᠢᠭ ᠮᠠᠲᠧᠷᠢᠶᠠᠯ ᠵᠡᠷᠭᠡ᠎ᠶᠢ ᠦᠨᠳᠦᠰᠦᠯᠡᠨ᠂ ᠲᠥᠬᠥᠷ ᠬᠠᠮᠢᠶᠠᠷᠤᠯᠲᠠ᠎ᠶᠢᠨ ᠠᠷᠭ᠎ᠠ᠎ᠶᠢ ᠬᠡᠷᠡᠭᠵᠢᠭᠦᠯᠦᠭᠰᠡᠨ ᠨᠢᠭᠡ ᠵᠢᠯ᠎ᠦᠨ ᠲᠤᠷᠰᠢ ᠣᠷᠣᠰᠢᠵᠤ ᠪᠠᠢᠭ᠎ᠠ ᠠᠰᠠᠭᠤᠳᠠᠯ᠎ᠲᠠᠢ ᠤᠶᠠᠯᠳᠤᠭᠤᠯᠤᠨ᠂ ᠲᠥᠬᠥᠷ ᠬᠠᠮᠢᠶᠠᠷᠤᠯᠲᠠ᠎ᠶᠢᠨ ᠠᠷᠭ᠎ᠠ᠎ᠳᠤ ᠠᠩᠬ᠎ᠠ ᠤᠳᠠᠭ᠎ᠠ ᠵᠠᠰᠠᠪᠤᠷᠢ ᠣᠷᠣᠭᠤᠯᠬᠤ ᠠᠵᠢᠯ᠎ᠢ  ᠥᠷᠨᠢᠭᠦᠯᠪᠡ᠃

ᠨᠢᠭᠡ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠢᠳᠡᠭᠡᠨ᠎ᠤ ᠵᠢᠵᠢᠭ ᠦᠢᠯᠡᠳᠬᠡᠯ᠎ᠤᠨ ᠭᠠᠵᠠᠷ᠎ᠤᠨ ᠳᠠᠩᠰᠠᠯᠠᠨ ᠬᠠᠮᠢᠶᠠᠷᠬᠤ ᠠᠷᠭ᠎ᠠ》᠎ᠶᠢᠨ ᠲᠤᠬᠠᠢ ᠃ ᠲᠣᠰ ᠤᠳᠠᠭ᠎ᠠ ᠵᠠᠰᠠᠪᠤᠷᠢ ᠣᠷᠣᠭᠤᠯᠬᠤ᠎ᠳᠦ᠎ᠪᠡᠨ ᠦᠢᠯᠡᠳᠪᠦᠷᠢᠯᠡᠯ᠎ᠢᠶᠠᠨ ᠴᠠᠭᠠᠵᠠᠯᠠᠬᠤ ᠭᠠᠷᠴᠠᠭ᠎ᠲᠤ ᠲᠣᠬᠢᠷᠠᠭᠤᠯᠤᠯᠲᠠ ᠬᠢᠵᠦ᠂ ᠴᠠᠭᠠᠨ ᠢᠳᠡᠭᠡᠨ᠎ᠢ ᠪᠦᠭᠦᠨ᠎ᠢ ᠦᠢᠯᠡᠳᠪᠦᠷᠢᠯᠡᠬᠦ᠎ᠶᠢ ᠨᠢ ᠴᠠᠭᠠᠵᠠᠯᠠᠪᠠ᠂ ᠵᠥᠪᠭᠡᠨ ᠲᠤᠯᠤᠭᠠᠨ ᠵᠦᠢᠯ᠎ᠢ ᠦᠯᠡᠳᠡᠭᠡᠵᠦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠢᠳᠡᠭᠡᠨ᠎ᠤ ᠠᠮᠤᠷ ᠲᠦᠪᠰᠢᠨ᠎ᠤ ᠣᠷᠣᠨ ᠨᠤᠲᠤᠭ᠎ᠤᠨ ᠪᠠᠷᠢᠮᠵᠢᠶ᠎ᠠ᠎ᠶᠢ ᠬᠡᠷᠡᠭᠵᠢᠭᠦᠯᠦᠭᠰᠡᠨ ᠴᠠᠭᠠᠨ ᠢᠳᠡᠭᠡ᠄ ᠬᠤᠷᠤᠳ᠂ ᠥᠷᠥᠮ᠎ᠡ᠂ ᠴᠤᠷ᠎ᠠ᠂ ᠪᠢᠰᠢᠯᠠᠭ᠂ ᠢᠰᠭᠡᠭᠰᠡᠨ ᠬᠤᠷᠤᠳ (ᠠᠭᠠᠷᠤᠤᠯ)᠂ ᠵᠥᠭᠡᠬᠡᠢ᠂ ᠴᠡᠭᠡ (ᠠᠢᠷᠠᠭ)᠃ ᠴᠠᠭᠠᠵᠠᠯᠠᠭᠰᠠᠨ ᠭᠠᠷᠴᠠᠭ᠎ᠤᠨ ᠠᠭᠤᠯᠭ᠎ᠠ᠎ᠶᠢ ᠳᠥᠭᠥᠮᠴᠢᠯᠡᠵᠦ ᠲᠣᠭᠠᠴᠢᠭ᠍ᠰᠠᠨ ᠪᠠᠢᠨ᠎ᠠ ᠃

ᠬᠣᠶᠠᠷ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠵᠢᠭ ᠢᠳᠡᠭᠡᠨ ᠤᠮᠳᠠᠭᠠᠨ᠎ᠤ ᠳᠡᠯᠭᠡᠭᠦᠷ᠎ᠤᠨ ᠳᠠᠩᠰᠠᠯᠠᠨ ᠬᠠᠮᠢᠶᠠᠷᠬᠤ ᠠᠷᠭ᠎ᠠ》᠎ᠶᠢᠨ ᠲᠤᠬᠠᠢ᠃ ᠲᠣᠰ ᠤᠳᠠᠭ᠎ᠠ ᠵᠠᠰᠠᠪᠤᠷᠢ ᠣᠷᠣᠭᠤᠯᠬᠤ᠎ᠳᠦ᠎ᠪᠡᠨ ᠵᠢᠵᠢᠭ ᠢᠳᠡᠭᠡᠨ ᠤᠮᠳᠠᠭᠠᠨ᠎ᠤ ᠳᠡᠯᠭᠡᠭᠦᠷ᠎ᠤᠨ ᠲᠣᠮᠢᠶᠠᠯᠠᠯ᠎ᠢ ᠤᠯᠠᠮ ᠨᠢᠭᠡ ᠠᠯᠬᠤᠮ ᠲᠣᠳᠣᠷᠬᠠᠢᠯᠠᠵᠤ᠂ ᠳᠡᠩᠰᠡᠯᠡᠨ ᠲᠡᠮᠳᠡᠭᠯᠡᠬᠦ ᠭᠤᠶᠤᠴᠢᠯᠠᠯ ᠬᠢᠭᠡᠳ ᠭᠥᠯᠢᠶᠡᠨ ᠠᠪᠴᠤ ᠰᠢᠢᠳᠪᠦᠷᠢᠯᠡᠬᠦ ᠱᠠᠭᠠᠷᠳᠠᠯᠭ᠎ᠠ᠎ᠶᠢᠨ ᠠᠭᠤᠯᠭ᠎ᠠ᠎ᠶᠢ ᠳᠥᠭᠥᠮᠴᠢᠯᠡᠵᠦ᠂ ᠳᠡᠩᠰᠡᠯᠡᠨ ᠲᠡᠮᠳᠡᠭᠯᠡᠬᠦ ᠦᠨᠡᠮᠯᠡᠯ᠎ᠢ ᠬᠤᠪᠢᠷᠠᠭᠤᠯᠬᠤ᠂ ᠦᠷᠭᠦᠯᠵᠢᠯᠡᠭᠦᠯᠬᠦ᠂ ᠨᠥᠬᠥᠪᠦᠷᠢᠯᠡᠨ ᠭᠦᠢᠴᠡᠳᠬᠡᠬᠦ ᠴᠠᠭ᠎ᠢ ᠪᠠᠭᠠᠰᠬᠠᠨ᠂ ᠵᠢᠵᠢᠭ ᠢᠳᠡᠭᠡᠨ ᠤᠮᠳᠠᠭᠠᠨ᠎ᠤ ᠳᠡᠯᠭᠡᠭᠦᠷ᠎ᠤᠨ ᠳᠡᠩᠰᠡᠯᠡᠨ ᠲᠡᠮᠳᠡᠭᠯᠡᠬᠦ ᠭᠤᠶᠤᠴᠢᠯᠠᠯ᠎ᠤᠨ ᠬᠦᠰᠦᠨᠦᠭᠲᠦ᠂ ᠨᠠᠢᠳᠠᠯᠭ᠎ᠠ᠎ᠶᠢᠨ ᠪᠢᠴᠢᠭ᠂ ᠠᠮᠠᠯᠠᠯᠲᠠ᠎ᠶᠢᠨ ᠪᠢᠴᠢᠭ᠂ ᠳᠡᠩᠰᠡᠯᠡᠨ ᠲᠡᠮᠳᠡᠭᠯᠡᠭᠰᠡᠨ ᠦᠨᠡᠮᠯᠡᠯ᠎ᠢ ᠬᠦᠴᠦᠨ ᠦᠭᠡᠢ ᠪᠤᠯᠭᠠᠬᠤ᠂ ᠬᠢᠨᠠᠯᠲᠠ ᠲᠠᠯᠪᠢᠵᠤ ᠪᠠᠢᠴᠠᠭᠠᠬᠤ ᠵᠡᠷᠭᠡ ᠢᠳᠡᠭᠡᠨ᠎ᠤ ᠠᠮᠤᠷ ᠲᠦᠪᠰᠢᠨ᠎ᠤ ᠬᠠᠮᠢᠶ᠎ᠠ ᠪᠦᠬᠦᠢ ᠳᠦᠷᠢᠮ᠎ᠤᠨ ᠥᠯᠢᠭᠡᠷ ᠬᠡᠪ᠎ᠢ ᠨᠥᠬᠥᠪᠦᠷᠢᠯᠡᠨ ᠲᠡᠭᠦᠯᠳᠡᠷᠵᠢᠭᠦᠯᠵᠦ᠂ ᠵᠢᠵᠢᠭ ᠢᠳᠡᠭᠡᠨ ᠤᠮᠳᠠᠭᠠᠨ᠎ᠤ ᠳᠡᠯᠭᠡᠭᠦᠷ᠎ᠤᠨ ᠳᠡᠩᠰᠡᠯᠡᠨ ᠲᠡᠮᠳᠡᠭᠯᠡᠬᠦ ᠬᠠᠮᠢᠶᠠᠷᠤᠯᠲᠠ᠎ᠶᠢ ᠤᠯᠠᠮ ᠨᠢᠭᠡ ᠠᠯᠬᠤᠮ ᠵᠢᠷᠤᠮᠵᠢᠭᠤᠯᠬᠤ᠎ᠶᠢᠨ ᠲᠥᠯᠥᠭᠡ ᠴᠢᠭᠯᠡᠯ᠎ᠢ ᠲᠣᠳᠣᠷᠬᠠᠢ ᠲᠣᠭᠲᠠᠭᠠᠪᠠ᠃

ᠭᠤᠷᠪᠠ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠯᠠ ᠢᠳᠡᠭᠡᠨ᠎ᠤ ᠳᠡᠯᠭᠡᠭᠦᠷ᠎ᠢ ᠳᠠᠩᠰᠠᠯᠠᠬᠤ ᠪᠠ ᠳᠠᠩᠰᠠᠯᠠᠭᠤᠯᠬᠤ ᠬᠠᠮᠢᠶᠠᠷᠤᠯᠲᠠ᠎ᠶᠢᠨ ᠠᠷᠭ᠎ᠠ》᠎ᠶᠢᠨ ᠲᠤᠬᠠᠢ ᠃ ᠲᠣᠰ ᠤᠳᠠᠭ᠎ᠠ ᠵᠠᠰᠠᠪᠤᠷᠢ ᠣᠷᠣᠭᠤᠯᠬᠤ᠎ᠳᠦ᠎ᠪᠡᠨ ᠵᠢᠵᠢᠭ ᠢᠳᠡᠭᠡᠨ᠎ᠤ ᠳᠡᠯᠭᠡᠭᠦᠷ᠎ᠤᠨ ᠳᠠᠩᠰᠠᠯᠠᠯᠲᠠ᠎ᠶᠢᠨ ᠲᠠᠰ ᠳᠠᠷᠠᠭᠠᠯᠠᠯ  (ᠬᠦᠴᠦᠨ ᠦᠭᠡᠢ ᠪᠤᠯᠭᠠᠬᠤ᠎ᠶᠢ ᠪᠠᠭᠲᠠᠭᠠᠨ᠎ᠠ)᠎ᠢ ᠤᠯᠠᠮ ᠨᠢᠭᠡ ᠠᠯᠬᠤᠮ ᠲᠣᠳᠣᠷᠬᠠᠢᠯᠠᠵᠤ᠂ ᠡᠵᠡᠩᠨᠡᠬᠦ᠎ᠶᠢ ᠴᠠᠭᠠᠵᠠᠯᠠᠭᠰᠠᠨ ᠢᠳᠡᠭᠡᠨ᠎ᠤ ᠲᠥᠷᠥᠯ ᠵᠦᠢᠯ᠎ᠢ ᠨᠡᠮᠡᠭᠳᠡᠭᠦᠯᠦᠨ᠂ ᠠᠵᠢᠯ ᠶᠠᠪᠤᠳᠠᠯ ᠭᠦᠢᠴᠡᠳᠬᠡᠬᠦ ᠴᠠᠭ᠎ᠤᠨ ᠬᠢᠵᠠᠭᠠᠷ᠎ᠢ ᠪᠠᠭᠠᠰᠬᠠᠪᠠ᠃

ᠳᠥᠷᠪᠡ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠢᠳᠡᠭᠡᠨ᠎ᠤ ᠳᠡᠯᠭᠡᠭᠦᠷᠴᠢᠨ᠎ᠢ ᠪᠦᠷᠢᠳᠭᠡᠨ ᠳᠠᠩᠰᠠᠯᠠᠬᠤ ᠬᠠᠮᠢᠶᠠᠷᠤᠯᠲᠠ᠎ᠶᠢᠨ ᠠᠷᠭ᠎ᠠ》᠎ᠶᠢᠨ ᠲᠤᠬᠠᠢ ᠃ ᠲᠣᠰ ᠤᠳᠠᠭ᠎ᠠ ᠵᠠᠰᠠᠪᠤᠷᠢ ᠣᠷᠣᠭᠤᠯᠬᠤ ᠎ᠳᠦ ᠪᠡᠨ ᠢᠳᠡᠭᠡᠨ᠎ᠤ ᠳᠡᠯᠭᠡᠭᠦᠷᠴᠢᠨ᠎ᠤ ᠦᠨᠳᠦᠰᠦᠨ ᠱᠠᠭᠠᠷᠳᠠᠯᠭ᠎ᠠ᠎ᠶᠢ ᠤᠯᠠᠮ ᠨᠢᠭᠡ ᠠᠯᠬᠤᠮ ᠲᠣᠳᠣᠷᠬᠠᠢᠯᠠᠵᠤ ᠂ ᠢᠳᠡᠭᠡᠨ ᠡᠵᠡᠩᠨᠡᠬᠦ᠎ᠶᠢ ᠴᠠᠭᠠᠵᠠᠯᠠᠬᠤ ᠬᠦᠷᠢᠶ᠎ᠡ ᠬᠡᠪᠴᠢᠶ᠎ᠡ᠎ᠶᠢ ᠵᠠᠭᠠᠭᠯᠠᠨ ᠲᠣᠭᠲᠠᠭᠠᠵᠤ ᠂ ᠳᠠᠩᠰᠠᠯᠠᠭᠤᠯᠬᠤ ᠲᠠᠰ ᠳᠠᠷᠠᠭᠠᠯᠠᠯ᠎ᠢ ᠲᠡᠭᠦᠯᠳᠡᠷᠵᠢᠭᠦᠯᠦᠨ᠂ ᠰᠢᠨ᠎ᠡ᠎ᠪᠠᠷ ᠨᠡᠮᠡᠭᠳᠡᠭᠰᠡᠨ ᠳᠠᠩᠰᠠᠯᠠᠯᠲᠠ᠎ᠶᠢᠨ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ ᠨᠢ ᠳᠠᠭᠤᠰᠤᠭᠠᠳ ᠠᠶᠠᠨᠳᠠᠭᠠᠨ ᠬᠦᠴᠦᠨ ᠦᠭᠡᠢ ᠪᠣᠯᠭᠠᠬᠤ ᠪᠠ ᠳᠤᠭᠠᠷᠯᠠᠨ ᠬᠡᠷᠡᠭᠯᠡᠬᠦ᠎ᠶᠢ ᠴᠠᠭᠠᠵᠠᠯᠠᠬᠤ ᠲᠣᠭᠲᠠᠭᠠᠯ᠎ᠢ ᠥᠯᠥ ᠦᠷᠭᠦᠯᠵᠢᠯᠡᠭᠦᠯᠵᠦ ᠂ ᠢᠳᠡᠭᠡᠨ᠎ᠤ ᠳᠡᠯᠭᠡᠭᠦᠷᠴᠢᠨ᠎ᠢ ᠳᠡᠩᠰᠡᠯᠡᠨ ᠬᠠᠮᠢᠶᠠᠷᠬᠤ ᠠᠵᠢᠯ᠎ᠢ ᠨᠠᠩ ᠳᠥᠭᠦᠮ ᠳᠥᠲᠡ ᠂ ᠡᠮᠬᠢ ᠵᠢᠷᠤᠮ᠎ᠲᠠᠢ ᠪᠣᠯᠭᠠᠪᠠ ᠃

ᠲᠠᠪᠤ ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠢᠳᠡᠭᠡᠨ᠎ᠤ ᠵᠢᠵᠢᠭ ᠦᠢᠯᠡᠳᠬᠡᠯ ᠤ᠋ᠨ ᠭᠠᠵᠠᠷ᠎ᠤᠨ ᠵᠢᠵᠢᠭ ᠢᠳᠡᠭᠡᠨ ᠤᠮᠳᠠᠭᠠᠨ᠎ᠤ ᠳᠡᠯᠭᠡᠭᠦᠷ᠎ᠤᠨ ᠵᠢᠵᠢᠭ ᠢᠳᠡᠭᠡᠨ᠎ᠤ ᠳᠡᠯᠭᠡᠭᠦᠷ ᠪᠠ ᠢᠳᠡᠭᠡᠨ᠎ᠤ ᠳᠡᠯᠭᠡᠭᠦᠷᠴᠢᠨ᠎ᠢ ᠪᠦᠷᠢᠳᠭᠡᠨ ᠳᠠᠩᠰᠠᠯᠠᠬᠤ ᠵᠢᠴᠢ ᠳᠠᠩᠰᠠᠯᠠᠨ ᠳ᠋ᠤᠭᠠᠷᠯᠠᠬᠤ ᠬᠠᠮᠢᠶᠠᠷᠤᠯᠲᠠ᠎ᠶᠢᠨ ᠳᠦᠷᠢᠮ》 ᠤ᠋ᠨ ᠲᠤᠬᠠᠢ ᠃ ᠲᠤᠰ ᠬᠡᠰᠡᠭ᠎ᠢ ᠵᠠᠰᠠᠭᠰᠠᠨ ᠦᠭᠡᠢ ᠃ 

ᠵᠢᠷᠭᠤᠭ᠎ᠠ ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠢᠳᠡᠭᠡᠨ ᠦᠢᠯᠡᠳᠪᠦᠷᠢᠯᠡᠵᠦ ᠡᠵᠡᠩᠨᠡᠬᠦ᠎ᠶᠢ ᠳᠠᠩᠰᠠᠯᠠᠨ ᠲᠡᠮᠳᠡᠭᠯᠡᠬᠦ ᠦᠨᠡᠮᠯᠡᠯ᠎ᠤᠨ ᠬᠡᠪ ᠶᠠᠩᠵᠤ》᠎ᠶᠢᠨ ᠲᠤᠬᠠᠢ ᠃ ᠲᠤᠰ ᠬᠡᠰᠡᠭ᠎ᠢ ᠵᠠᠰᠠᠭᠰᠠᠨ ᠦᠭᠡᠢ ᠃

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ