ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 2023 ᠣᠨ᠎ᠤ ᠪᠥᠬᠦ ᠤᠯᠤᠰ᠎ᠤᠨ 12315 ᠲᠠᠪᠴᠠᠩ᠎ᠤᠨ ᠵᠠᠭ᠋ᠠᠯᠳᠤᠬᠤ ᠢᠯᠡᠴᠢᠯᠡᠨ ᠮᠡᠳᠡᠭᠦᠯᠬᠦ ᠠᠰᠠᠭᠤᠨ ᠯᠠᠪᠯᠠᠯᠲᠠ ᠵᠢᠨ ᠪᠠᠶ᠋ᠢᠳᠠᠯ᠎ᠤᠨ ᠲᠤᠭ᠎ᠠ ᠪᠠᠷᠢᠮᠲᠠ ᠵᠢᠨ ᠮᠡᠳᠡᠭᠦᠯᠦᠯᠲᠡ
2024-01-25

     ᠨᠢᠭᠡ᠂ ᠦᠨᠳᠦᠰᠦᠨ ᠪᠠᠶ᠋ᠢᠳᠠᠯ

    2023 ᠣᠨ᠎ᠳᠤ ᠥᠪᠥᠷ ᠮᠣᠩᠭᠤᠯ᠎ᠤᠨ ᠪᠥᠬᠦ ᠤᠯᠤᠰ᠎ᠤᠨ 12315 ᠲᠠᠪᠴᠠᠩ᠎ᠨᠢ ᠬᠡᠷᠡᠭᠯᠡᠭᠴᠢᠳ᠎ᠤᠨ ᠵᠠᠭ᠋ᠠᠯᠳᠤᠯᠭ᠎ᠠ᠂ ᠢᠯᠡᠴᠢᠯᠡᠨ ᠮᠡᠳᠡᠭᠦᠯᠦᠯᠲᠡ᠂ ᠠᠰᠠᠭᠤᠨ ᠯᠠᠪᠯᠠᠯᠲᠠ ᠵᠢ ᠨᠡᠶ᠋ᠢᠲᠡ 374817 ᠬᠤᠪᠢ ᠭᠥᠯᠢᠶᠡᠨ ᠠᠪᠴᠤ᠂ ᠠᠳᠠᠯᠢ ᠬᠤᠭᠤᠴᠠᠭ᠋ᠠᠨ᠎ᠤ᠎ᠬᠢ᠎ᠠᠴᠠ 15.12% ᠵᠶ᠋ᠠᠷ ᠨᠡᠮᠡᠭᠳᠡᠪᠡ᠃ ᠡᠭᠦᠨ᠎ᠳᠤ᠂ ᠵᠠᠭ᠋ᠠᠯᠳᠤᠯᠭ᠎ᠠ 142668 ᠬᠤᠪᠢ ᠪᠠᠶ᠋ᠢᠵᠤ᠂ ᠶᠡᠷᠦᠩᠬᠡᠶ ᠬᠡᠮᠵᠢᠶᠡᠨ᠎ᠤ 38.06% ᠵᠢ ᠡᠵᠡᠯᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 27.21%᠎ᠪᠠᠷ ᠨᠡᠮᠡᠭᠳᠡᠪᠡ; ᠢᠯᠡᠴᠢᠯᠡᠨ ᠮᠡᠳᠡᠭᠦᠯᠦᠯᠲᠡ 32501 ᠬᠤᠪᠢ ᠪᠠᠶ᠋ᠢᠵᠤ᠂ ᠶᠡᠷᠦᠩᠬᠡᠶ ᠬᠡᠮᠵᠢᠶᠡᠨ᠎ᠤ 8.67% ᠵᠢ ᠡᠵᠡᠯᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 12.60%᠎ᠪᠠᠷ ᠨᠡᠮᠡᠭᠳᠡᠪᠡ; ᠠᠰᠠᠭᠤᠨ ᠯᠠᠪᠯᠠᠯᠲᠠ199648 ᠬᠤᠪᠢ ᠪᠠᠶ᠋ᠢᠵᠤ᠂ ᠶᠡᠷᠦᠩᠬᠡᠶ ᠬᠡᠮᠵᠢᠶᠡᠨ᠎ᠤ 53.27% ᠵᠢ ᠡᠵᠡᠯᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 8.17 %᠎ᠪᠠᠷ ᠨᠡᠮᠡᠭᠳᠡᠪᠡ᠃ ᠮᠠᠷᠭᠤᠭ᠋ᠠᠨ᠎ᠲᠠᠢ ᠬᠤᠯᠪᠣᠭᠳᠠᠭᠰᠠᠨ ᠵᠣᠭᠤᠰ᠎ᠤᠨ ᠲᠤᠭ᠎ᠠ 3.02 ᠳ᠋ᠦᠩᠰᠢᠭᠤᠷ ᠲᠥᠭᠦᠷᠢᠭ ᠪᠠᠢ᠌ᠵᠤ᠂ ᠬᠡᠷᠡᠭᠯᠡᠭᠴᠢᠳ᠎ᠲᠤ 6947.84 ᠲᠦᠮᠡᠨ ᠲᠥᠭᠦᠷᠢᠭ᠎ᠤᠨ ᠠᠵᠤ ᠠᠬᠤᠢ ᠵᠢᠨ ᠬᠤᠬᠢᠷᠠᠯ᠎ᠢ ᠡᠭᠡᠭᠦᠯᠦᠨ ᠠᠪᠴᠢᠷᠠᠵᠤ ᠥᠭᠪᠡ᠃ 2024 ᠣᠨ᠎ᠤ 1 ᠳ᠋ᠦ᠍ᠭᠡᠷ ᠰᠠᠷ᠎ᠠ ᠵᠢᠨ 4᠎ᠤ ᠡᠳᠦᠷ ᠪᠣᠯᠲᠠᠯ᠎ᠠ ᠵᠠᠭ᠋ᠠᠯᠳᠤᠯᠭ᠎ᠠ᠂ ᠢᠯᠡᠴᠢᠯᠡᠨ ᠮᠡᠳᠡᠭᠦᠯᠦᠯᠲᠡ ᠵᠢ ᠨᠢᠭᠡᠨᠲᠡ 169674 ᠬᠤᠪᠢ ᠰᠢᠢ᠍ᠳᠪᠦᠷᠢᠯᠡᠵᠦ ᠳᠠᠭᠤᠰᠬᠠᠵᠤ᠂ ᠰᠢᠢ᠍ᠳᠪᠦᠷᠢᠯᠡᠵᠦ ᠳᠠᠭᠤᠰᠬᠠᠭᠰᠠᠨ ᠨᠣᠷᠮ᠎ᠠ᠎ᠨᠢ 96.86%᠎ᠳᠤ ᠬᠦᠷᠴᠡᠶ᠃

2023 ᠣᠨ᠎ᠳᠤ ᠪᠥᠬᠦ ᠣᠷᠣᠨ᠎ᠤ 12315 ᠳᠠᠪᠴᠠᠩ᠎ᠤᠨ ᠭᠥᠯᠢᠶᠡᠨ ᠠᠪᠤᠭᠰᠠᠨ ᠬᠡᠮᠵᠢᠶᠡᠨ᠎ᠤ ᠠᠳᠠᠯᠢ ᠬᠤᠭᠤᠴᠠᠭ᠋ᠠᠨ᠎ᠤ ᠬᠠᠷᠢᠴᠠᠭᠤᠯᠤᠯ᠎ᠤᠨ ᠵᠢᠷᠤᠭ᠄

 

 5.png

 

ᠡᠯ᠎ᠡ ᠠᠶ᠋ᠢᠮᠠᠭ ᠬᠤᠲᠠ ᠵᠢᠨ ᠰᠢᠢ᠍ᠳᠪᠦᠷᠢᠯᠡᠭᠰᠡᠨ ᠪᠠᠶ᠋ᠢᠳᠠᠯ᠎ᠤᠨ ᠲᠤᠭ᠎ᠠ ᠪᠦᠷᠢᠳᠬᠡᠯ᠎ᠤᠨ ᠬᠦᠰᠦᠨᠦᠭᠲᠦ (ᠨᠢᠭᠡᠴᠢ᠄ ᠬᠤᠪᠢ)

 

 6.png

 

7.png

 

     ᠰᠢᠢ᠍ᠳᠪᠦᠷᠢᠯᠡᠭᠰᠡᠨ ᠶᠡᠷᠦᠩᠬᠡᠢ ᠬᠡᠮᠵᠢᠶ᠎ᠡ ᠵᠢᠨ ᠡᠮᠦᠨ᠎ᠡ ᠭᠤᠷᠪᠠ᠎ᠨᠢ ᠬᠥᠬᠡᠬᠤᠲᠠ᠂ ᠪᠤᠭᠤᠲᠤ ᠬᠤᠲᠠ᠂ ᠤᠯᠠᠭ᠋ᠠᠨᠬᠠᠳᠠ ᠬᠤᠲᠠ ᠪᠣᠯᠣᠨ᠎ᠠ᠃ ᠡᠯ᠎ᠡ ᠵᠦᠢ᠍ᠯ᠎ᠤᠨ ᠲᠤᠭ᠎ᠠ ᠪᠠᠷᠢᠮᠲᠠ ᠵᠢᠨ ᠳᠣᠲᠣᠷ᠎ᠠ᠂ ᠵᠠᠭ᠋ᠠᠯᠳᠤᠯᠭ᠎ᠠ᠂ ᠢᠯᠡᠴᠢᠯᠡᠨ ᠮᠡᠳᠡᠭᠦᠯᠦᠯᠲᠡ ᠵᠢ ᠰᠢᠢ᠍ᠳᠪᠦᠷᠢᠯᠡᠭᠰᠡᠨ ᠬᠡᠮᠵᠢᠶ᠎ᠡ᠎ᠨᠢ ᠡᠮᠦᠨ᠎ᠡ ᠭᠤᠷᠪᠠ᠎ᠳᠤ ᠵᠢᠭᠰᠠᠭ᠋ᠠᠭᠳᠠᠭᠰᠠᠨ᠎ᠨᠢ ᠴᠥᠮ ᠬᠥᠬᠡᠬᠤᠲᠠ᠂ ᠪᠤᠭᠤᠲᠤ ᠬᠤᠲᠠ᠂ ᠤᠯᠠᠭ᠋ᠠᠨᠬᠠᠳᠠ ᠬᠤᠲᠠ ᠪᠣᠯᠣᠨ᠎ᠠ᠃

ᠬᠥᠬᠡᠬᠣᠲᠠ᠂ ᠪᠤᠭᠤᠲᠤ ᠬᠣᠲᠠ᠂ ᠤᠯᠠᠭ᠋ᠠᠨᠬᠠᠳᠠ ᠬᠣᠲᠠ᠂ ᠤᠯᠠᠭ᠋ᠠᠨᠴᠠᠪ ᠬᠤᠳᠠ᠂ ᠪᠠᠶᠠᠨᠨᠠᠭᠤᠷ ᠬᠣᠲᠠ᠂ ᠬᠥᠯᠥᠨ ᠪᠤᠶ᠋ᠢᠷ ᠬᠣᠲᠠ᠂ ᠦᠬᠠᠶ ᠬᠣᠲᠠ ᠵᠡᠷᠭᠡ ᠭᠠᠵᠠᠷ ᠣᠷᠣᠨ᠎ᠤ ᠬᠡᠷᠡᠭᠯᠡᠭᠡᠨ᠎ᠤ ᠪᠦᠬᠦᠯᠢ ᠴᠣᠭᠴᠠ ᠨᠡᠯᠢᠶᠡᠳ ᠶᠡᠬᠡ᠂ ᠬᠡᠷᠡᠭᠯᠡᠭᠡᠨ᠎ᠤ ᠵᠠᠬ᠎ᠠ ᠳᠡᠯᠭᠡᠭᠦᠷ ᠨᠡᠯᠢᠶᠡᠳ ᠬᠥᠭᠵᠢᠶᠡᠨᠲᠡᠶ ᠪᠠᠶ᠋ᠢᠵᠤ᠂ ᠪᠤᠶ ᠪᠣᠯᠤᠭᠰᠠᠨ ᠬᠡᠷᠡᠭᠯᠡᠭᠡᠨ᠎ᠤ ᠵᠢᠭᠤᠷᠠᠯᠳᠤᠭ᠋ᠠᠨ ᠴᠤ᠌ ᠨᠡᠯᠢᠶᠡᠳ ᠠᠷᠪᠢᠨ ᠪᠠᠶ᠋ᠢᠵᠤ᠂ ᠬᠡᠷᠡᠭᠯᠡᠭᠴᠢᠳ᠎ᠤᠨ ᠡᠷᠬᠡ᠎ᠪᠠᠨ ᠬᠠᠮᠠᠭ᠋ᠠᠯᠠᠬᠤ ᠦᠵᠡᠯ ᠤᠬᠠᠮᠰᠠᠷ ᠪᠣᠯᠤᠨ ᠨᠡᠶ᠋ᠢᠭᠡᠮ᠎ᠤᠨ ᠬᠠᠷᠢᠭᠤᠴᠠᠯᠭ᠎ᠠ ᠵᠢᠨ ᠦᠵᠡᠯ ᠤᠬᠠᠮᠰᠠᠷ ᠨᠡᠯᠢᠶᠡᠳ ᠴᠢᠩᠭ᠎ᠠ ᠪᠠᠶ᠋ᠢᠨ᠎ᠠ᠃ 

     ᠪᠦᠬᠦ ᠵᠢᠯ᠎ᠤᠨ ᠰᠢᠢ᠍ᠳᠪᠦᠷᠢᠯᠡᠭᠰᠡᠨ ᠬᠡᠮᠵᠢᠶ᠎ᠡ ᠵᠢᠨ ᠰᠠᠷ᠎ᠠ᠎ᠪᠠᠷ ᠪᠦᠷᠢᠳᠭᠡᠭᠰᠡᠨ ᠬᠦᠰᠦᠨᠦᠭᠲᠦ (ᠨᠢᠭᠡᠴᠢ᠄ ᠬᠤᠪᠢ)

 

8.png 

 

ᠪᠦᠬᠦ ᠵᠢᠯ᠎ᠤᠨ ᠰᠢᠢ᠍ᠳᠪᠦᠷᠢᠯᠡᠭᠰᠡᠨ ᠬᠡᠮᠵᠢᠶᠡᠨ᠎ᠤ ᠰᠠᠷ᠎ᠠ ᠵᠢᠨ ᠬᠠᠨᠳᠤᠰᠢ ᠵᠢᠨ ᠵᠢᠷᠤᠭ᠄

 

9.png

 

     ᠪᠥᠬᠦ ᠵᠢᠯ᠎ᠤᠨ ᠡᠯ᠎ᠡ ᠰᠠᠷ᠎ᠠ᠎ᠳᠤ ᠭᠥᠯᠢᠶᠡᠨ ᠠᠪᠴᠤ ᠰᠢᠢ᠍ᠳᠪᠦᠷᠢᠯᠡᠭᠰᠡᠨ ᠬᠡᠮᠵᠢᠶᠡᠨ᠎ᠤ ᠬᠠᠨᠳᠤᠰᠢ᠎ᠠᠴᠠ ᠦᠵᠡᠪᠡᠯ᠂ 1 ᠳ᠋ᠦ᠍ᠭᠡᠷ ᠰᠠᠷ᠎ᠠ ᠶᠠᠭ ᠰᠠᠶᠢᠬᠠᠨ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ ᠪᠠᠢ᠌ᠵᠤ᠂ ᠪᠥᠬᠦ ᠣᠷᠣᠨ᠎ᠤ ᠡᠯ᠎ᠡ ᠱᠠᠲᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠬᠠᠤᠯᠢ ᠬᠡᠷᠡᠭᠵᠢᠭᠦᠯᠬᠦ ᠡᠷᠴᠢᠮ ᠵᠶ᠋ᠠᠨ ᠴᠢᠩᠭ᠋ᠠᠷᠠᠭᠤᠯᠵᠤ᠂ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠴᠢᠩᠭ᠎ᠠ ᠵᠢᠷᠤᠮᠵᠢᠭᠤᠯᠤᠨ᠂ ᠬᠡᠷᠡᠭᠯᠡᠭᠡᠨ᠎ᠤ ᠣᠷᠴᠢᠨ᠎ᠤ ᠨᠥᠬᠦᠴᠡᠯ ᠡᠳᠦᠷ ᠢᠷᠡᠬᠦᠶ᠎ᠡ ᠲᠣᠭᠲᠠᠭᠤᠨ ᠪᠠ ᠡᠷᠡᠭᠦᠯ ᠴᠢᠬᠢᠷᠠᠭᠵᠢᠵᠤ᠂ ᠡᠯ᠎ᠡ ᠵᠦᠢ᠍ᠯ᠎ᠤᠨ ᠲᠤᠭ᠎ᠠ ᠪᠠᠷᠢᠮᠲᠠ ᠨᠡᠯᠢᠶᠡᠳ ᠪᠠᠭ᠎ᠠ ᠪᠠᠢ᠌ᠪᠠ; 3 ᠳ᠋ᠤᠭ᠋ᠠᠷ ᠰᠠᠷ᠎ᠠ᠎ᠳᠤ 《3 · 15》᠎ᠤ ᠠᠵᠢᠯᠯᠠᠭ᠎ᠠ ᠵᠢᠨ ᠨᠥᠯᠥᠭᠡ᠎ᠪᠠᠷ᠂ ᠬᠡᠷᠡᠭᠯᠡᠭᠴᠢᠳ 3 ᠳ᠋ᠤᠭ᠋ᠠᠷ ᠰᠠᠷ᠎ᠠ ᠵᠢᠨ 15᠎ᠤ ᠬᠤᠭᠤᠴᠠᠭ᠋ᠠᠨ᠎ᠳᠤ ᠥᠪᠡᠷ᠎ᠤᠨ ᠬᠡᠷᠡᠭᠯᠡᠭᠡᠨ᠎ᠤ ᠡᠷᠬᠡ ᠠᠰᠢᠭ ᠵᠶ᠋ᠠᠨ ᠬᠠᠮᠠᠭ᠋ᠠᠯᠠᠵᠤ᠂ ᠬᠡᠷᠡᠭᠯᠡᠭᠡᠨ᠎ᠤ ᠵᠢᠭᠤᠷᠠᠯᠳᠤᠭ᠋ᠠᠨ᠎ᠢ ᠰᠢᠢ᠍ᠳᠪᠦᠷᠢᠯᠡᠬᠦ ᠵᠢ ᠬᠦᠰᠡᠵᠦ᠂ ᠡᠯ᠎ᠡ ᠵᠦᠢ᠍ᠯ᠎ᠤᠨ ᠲᠤᠭ᠎ᠠ ᠪᠠᠷᠢᠮᠲᠠ ᠶᠡᠭᠡ᠎ᠪᠠᠷ ᠨᠡᠮᠡᠭᠳᠡᠪᠡ; 4 ᠳ᠋ᠦ᠍ᠭᠡᠷ ᠰᠠᠷ᠎ᠠ᠎ᠠᠴᠠ ᠬᠤᠶ᠋ᠢᠰᠢ ᠲᠤᠭ᠎ᠠ ᠪᠠᠷᠢᠮᠲᠠ ᠶᠡᠷᠦᠩᠬᠡᠶ᠎ᠳᠤ᠎ᠪᠠᠨ ᠲᠣᠭᠲᠠᠭᠤᠨ ᠪᠠᠢ᠌ᠪᠠ᠃ 7᠂ 8 ᠳ᠋ᠤᠭ᠋ᠠᠷ ᠰᠠᠷ᠎ᠠ ᠶᠠᠭ ᠰᠠᠶᠢᠬᠠᠨ ᠵᠣᠨ᠎ᠤ ᠠᠮᠠᠷᠠᠯᠲᠠ ᠵᠢᠨ ᠬᠤᠭᠤᠴᠠᠭ᠎ᠠ ᠪᠠᠢ᠌ᠵᠤ᠂ ᠭᠠᠳᠠᠭᠰᠢ ᠭᠠᠷᠴᠤ ᠬᠡᠷᠡᠭᠯᠡᠭᠡ ᠬᠢᠬᠦ ᠨᠡᠮᠡᠭᠳᠡᠭᠰᠡᠨ᠂ ᠰᠣᠷᠣᠭᠴᠢ ᠵᠢᠨ ᠣᠯᠠᠩᠬᠢ᠎ᠨᠢ ᠪᠣᠯᠪᠠᠰᠤᠷᠠᠯ᠎ᠤᠨ ᠠᠩᠭᠢ᠎ᠳᠤ ᠣᠷᠣᠯᠴᠠᠭᠰᠠᠨ᠎ᠠᠴᠠ ᠵᠠᠭ᠋ᠠᠯᠳᠤᠯᠭ᠎ᠠ ᠬᠠᠷᠢᠴᠠᠩᠭᠤᠢ ᠣᠯᠠᠰᠢᠷᠠᠪᠠ; 11 ᠳ᠋ᠦ᠍ᠭᠡᠷ ᠰᠠᠷ᠎ᠠ᠎ᠳᠤ ᠰᠦᠯᠵᠢᠶᠡᠨ᠎ᠠᠴᠠ ᠬᠤᠳᠠᠯᠳᠤᠨ ᠠᠪᠬᠤ ᠪᠠᠶᠠᠷ᠎ᠤᠨ ᠡᠳᠦᠷ᠎ᠤᠨ ᠨᠥᠯᠥᠭᠡ᠎ᠠᠴᠠ᠂ ᠪᠣᠳᠠᠲᠤ ᠴᠣᠭᠴᠠ ᠵᠢᠨ ᠳᠡᠯᠭᠡᠭᠦᠷ ᠴᠦ᠍ ᠬᠤᠶ᠋ᠢᠨ᠎ᠠ ᠬᠤᠶ᠋ᠢᠨ᠎ᠠ᠎ᠠᠴᠠ᠎ᠪᠠᠨ ᠬᠠᠷᠠᠭ᠋ᠠᠯᠵᠠᠯ ᠦᠵᠡᠭᠦᠯᠦᠨ ᠬᠢᠮᠳᠠᠷᠠᠬᠤ ᠠᠵᠢᠯᠯᠠᠭ᠎ᠠ ᠥᠷᠨᠢᠭᠦᠯᠵᠦ᠂ ᠵᠠᠭ᠋ᠠᠯᠳᠤᠵᠤ ᠢᠯᠡᠴᠢᠯᠡᠨ ᠮᠡᠳᠡᠭᠦᠯᠦᠭᠰᠡᠨ ᠬᠡᠮᠵᠢᠶ᠎ᠡ ᠢᠯᠡᠳᠲᠡ ᠨᠡᠮᠡᠭᠳᠡᠪᠡ; 12 ᠳ᠋ᠤᠭ᠋ᠠᠷ ᠰᠠᠷ᠎ᠠ᠎ᠳᠤ ᠥᠪᠡᠷᠲᠡᠭᠡᠨ ᠵᠠᠰᠠᠬᠤ ᠣᠷᠣᠨ᠎ᠤ ᠬᠡᠷᠡᠭᠯᠡᠭᠴᠢᠳ᠎ᠤᠨ ᠨᠡᠶ᠋ᠢᠭᠡᠮᠯᠢᠭ᠎ᠨᠢ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ 12315 ᠬᠠᠯᠠᠮᠰᠢᠯ ᠤᠲᠠᠰᠤᠨ᠎ᠳᠤ ᠲᠦᠰᠢᠭᠯᠡᠨ ᠢᠯᠴᠢ ᠬᠠᠩᠭ᠋ᠠᠬᠤ ᠦᠢ᠍ᠯᠡᠴᠢᠯᠡᠭᠡ᠎ᠨᠢ ᠬᠡᠷᠡᠭᠯᠡᠭᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠲᠤ ᠬᠠᠯᠳᠠᠭᠰᠠᠨ ᠬᠣᠯᠪᠤᠭᠳᠠᠯ ᠪᠥᠬᠦᠶ ᠰᠦᠪᠡᠭᠴᠢ ᠵᠢ ᠢᠯᠡ᠎ᠪᠠᠷ ᠴᠤᠭᠯᠠᠭᠤᠯᠵᠤ᠂ ᠠᠰᠠᠭᠤᠨ ᠯᠠᠪᠯᠠᠬᠤ ᠬᠡᠮᠵᠢᠶ᠎ᠡ ᠶᠡᠭᠡ᠎ᠪᠠᠷ ᠨᠡᠮᠡᠭᠳᠡᠪᠡ᠃

     ᠬᠤᠶᠠᠷ᠂ ᠵᠠᠭ᠋ᠠᠯᠳᠤᠭᠰᠠᠨ ᠪᠠᠶ᠋ᠢᠳᠠᠯ᠎ᠤᠨ ᠲᠤᠭ᠎ᠠ ᠪᠠᠷᠢᠮᠳᠠ ᠵᠢᠨ ᠪᠦᠷᠢᠳᠬᠡᠯ

     ᠪᠦᠬᠦ ᠵᠢᠯ᠎ᠳᠤ ᠬᠡᠷᠡᠭᠯᠡᠭᠴᠢᠳ᠎ᠤᠨ ᠵᠠᠭ᠋ᠠᠯᠳᠤᠯᠭ᠎ᠠ ᠵᠢ ᠨᠡᠶ᠋ᠢᠲᠡ 142668 ᠬᠤᠪᠢ ᠭᠥᠯᠢᠶᠡᠨ ᠠᠪᠴᠤ᠂ ᠠᠳᠠᠯᠢ ᠬᠤᠭᠤᠴᠠᠭ᠋ᠠᠨ᠎ᠤ᠎ᠬᠢ᠎ᠠᠴᠠ 27.21%᠎ᠪᠠᠷ ᠨᠡᠮᠡᠭᠳᠡᠪᠡ᠃ ᠡᠭᠦᠨ᠎ᠳᠤ᠂ ᠲᠠᠸᠠᠷ᠎ᠤᠨ ᠲᠥᠷᠥᠯ᠎ᠳᠤ ᠬᠣᠯᠪᠣᠭᠳᠠᠭᠰᠠᠨ 80037 ᠬᠤᠪᠢ᠂ ᠦᠢ᠍ᠯᠡᠴᠢᠯᠡᠭᠡᠨ᠎ᠤ ᠲᠥᠷᠥᠯ᠎ᠳᠤ ᠬᠣᠯᠪᠣᠭᠳᠠᠭᠰᠠᠨ 62631 ᠬᠤᠪᠢ ᠪᠠᠶ᠋ᠢᠨ᠎ᠠ᠃ ᠮᠠᠷᠭᠤᠭ᠋ᠠᠨ᠎ᠳᠤ ᠬᠤᠯᠪᠣᠭᠳᠠᠭᠰᠠᠨ ᠵᠣᠭᠤᠰ᠎ᠤᠨ ᠲᠤᠭ᠎ᠠ 3.02 ᠳ᠋ᠦᠩᠰᠢᠭᠤᠷ ᠲᠥᠭᠦᠷᠢᠭ᠎ᠲᠤ ᠬᠦᠷᠴᠦ᠂ ᠬᠡᠷᠡᠭᠯᠡᠭᠴᠢᠳ᠎ᠲᠤ 6947.84 ᠲᠦᠮᠡᠨ ᠲᠥᠭᠦᠷᠢᠭ᠎ᠤᠨ ᠠᠵᠤ ᠠᠬᠤᠢ ᠵᠢᠨ ᠬᠤᠬᠢᠷᠠᠯ᠎ᠢ ᠡᠭᠡᠭᠦᠯᠦᠨ ᠠᠪᠴᠢᠷᠠᠵᠤ ᠥᠭᠪᠡ᠃ 2024 ᠣᠨ᠎ᠤ 1 ᠳ᠋ᠦ᠍ᠭᠡᠷ ᠰᠠᠷ᠎ᠠ ᠵᠢᠨ 4᠎ᠤ ᠡᠳᠦᠷ ᠪᠣᠯᠲᠠᠯ᠎ᠠ 138219 ᠬᠤᠪᠢ ᠵᠢ᠎ᠨᠢ ᠨᠢᠭᠡᠨᠲᠡ ᠰᠢᠢ᠍ᠳᠪᠦᠷᠢᠯᠡᠨ ᠳᠠᠭᠤᠰᠬᠠᠵᠤ᠂ ᠰᠢᠢ᠍ᠳᠪᠦᠷᠢᠯᠡᠵᠦ ᠳᠠᠭᠤᠰᠬᠠᠭᠰᠠᠨ ᠨᠣᠷᠮ᠎ᠠ 96.88% ᠪᠠᠢ᠌ᠪᠠ᠃

ᠬᠡᠷᠡᠭᠯᠡᠭᠡ ᠬᠢᠭᠰᠡᠨ ᠲᠥᠷᠥᠯ ᠢᠯᠭ᠋ᠠᠯ ᠵᠶ᠋ᠠᠷ ᠬᠤᠪᠢᠶᠠᠷᠢᠯᠠᠭᠰᠠᠨ ᠬᠦᠰᠦᠨᠦᠭᠲᠦ (ᠨᠢᠭᠡ)᠂ (ᠬᠤᠶᠠᠷ)᠄

(ᠨᠢᠭᠡ) ᠲᠠᠸᠠᠷ᠎ᠤᠨ ᠲᠥᠷᠥᠯ᠎ᠳᠤ ᠬᠣᠯᠪᠤᠭᠳᠠᠭᠰᠠᠨ (ᠨᠢᠭᠡᠴᠢ᠄ ᠬᠤᠪᠢ)

 

10.png

 

11.png

 

 12.png

 

     ᠲᠠᠸᠠᠷ᠎ᠤᠨ ᠲᠥᠷᠥᠯ᠎ᠤᠨ ᠵᠠᠭ᠋ᠠᠯᠳᠤᠯᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 34.05%᠎ᠪᠠᠷ ᠨᠡᠮᠡᠭᠳᠡᠪᠡ᠃ ᠵᠠᠭ᠋ᠠᠯᠳᠤᠯᠭ᠎ᠠ ᠵᠢᠨ ᠬᠡᠮᠵᠢᠶ᠎ᠡ᠎ᠨᠢ ᠡᠮᠦᠨ᠎ᠡ ᠲᠠᠪᠤᠨ ᠪᠠᠶ᠋ᠢᠷᠢ᠎ᠳᠤ ᠪᠠᠶ᠋ᠢᠭ᠎ᠠ ᠲᠠᠸᠠᠷ᠎ᠤᠨ ᠶᠡᠭᠡ ᠲᠦᠷᠦᠯ᠎ᠨᠢ ᠲᠤᠰ ᠪᠦᠷᠢ ᠢᠳᠡᠭᠡᠨ᠎ᠤ ᠵᠦᠢ᠍ᠯ 36471 ᠬᠤᠪᠢ᠂ ᠬᠤᠪᠴᠠᠰᠤ ᠱᠠᠬᠠᠢ ᠮᠠᠯᠠᠭ᠋ᠠᠢ 7528 ᠬᠤᠪᠢ᠂ ᠵᠠᠮ ᠬᠠᠷᠢᠯᠴᠠᠭ᠋ᠠᠨ᠎ᠤ ᠪᠠᠭ᠋ᠠᠵᠢ 5725 ᠬᠤᠪᠢ᠂ ᠭᠡᠷ᠎ᠤᠨ ᠡᠳ᠋ᠯᠡᠯ ᠬᠡᠷᠡᠭᠰᠡᠯ 4332 ᠬᠤᠪᠢ  ᠂ ᠴᠢᠮᠡᠭᠡ ᠬᠤᠯᠪᠣᠭ᠋ᠠᠨ᠎ᠤ ᠦᠢ᠍ᠯᠡᠳᠬᠦᠨ 3237 ᠬᠤᠪᠢ ᠪᠠᠶ᠋ᠢᠪᠠ᠃

     ᠵᠠᠭ᠋ᠠᠯᠳᠤᠯᠭ᠎ᠠ ᠵᠢᠨ ᠬᠡᠮᠵᠢᠶ᠎ᠡ ᠵᠢᠨ ᠡᠮᠦᠨ᠎ᠡ ᠲᠠᠪᠤ᠎ᠳᠤ ᠪᠠᠢ᠌ᠭ᠎ᠠ ᠲᠠᠸᠠᠷ᠎ᠤᠨ ᠶᠡᠭᠡ ᠲᠦᠷᠦᠯ᠎ᠤᠨ ᠲᠠᠸᠠᠷ᠎ᠤᠨ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠤ ᠡᠵᠡᠯᠡᠬᠦ ᠬᠠᠷᠢᠴᠠᠯ᠎ᠤᠨ ᠳᠤᠭᠤᠢ ᠬᠡᠯᠪᠡᠷᠢᠲᠦ ᠵᠢᠷᠤᠭ᠄

 

 13.png

 

     ᠵᠠᠭ᠋ᠠᠯᠳᠤᠯᠭ᠎ᠠ ᠵᠢᠨ  ᠬᠡᠮᠵᠢᠶ᠎ᠡ᠎ᠨᠢ ᠨᠢᠭᠡᠳᠦᠭᠡᠷ᠎ᠲᠤ ᠵᠢᠭᠰᠠᠭ᠋ᠠᠭᠳᠠᠭᠰᠠᠨ  ᠢᠳᠡᠭᠡᠨ᠎ᠤ ᠵᠦᠢ᠍ᠯ 36471  ᠬᠤᠪᠢ ᠪᠠᠶ᠋ᠢᠵᠤ᠂ ᠲᠠᠸᠠᠷ᠎ᠤᠨ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠢ ᠬᠡᠮᠵᠢᠶᠡᠨ᠎ᠤ 45.57% ᠵᠢ ᠡᠵᠡᠯᠡᠪᠡ᠃ ᠲᠤᠰ ᠲᠥᠷᠥᠯ᠎ᠤᠨ ᠵᠠᠭ᠋ᠠᠯᠳᠤᠯᠭ᠎ᠠ᠎ᠳᠤ᠂ ᠡᠩ᠎ᠤᠨ ᠢᠳᠡᠭᠡᠨ 28241 ᠬᠤᠪᠢ᠂ ᠠᠷᠢᠬᠢ ᠪᠠ ᠤᠮᠳᠠᠭ᠋ᠠᠨ 4043 ᠬᠤᠪᠢ᠂  ᠢᠳᠡᠰᠢᠨ᠎ᠤ ᠲᠠᠷᠢᠶᠠᠯᠠᠩ᠎ᠤᠨ ᠦᠢ᠍ᠯᠡᠳᠬᠦᠨ 3209 ᠬᠤᠪᠢ᠂ ᠢᠳᠡᠭᠡᠨ᠎ᠤ ᠬᠣᠯᠪᠤᠭᠳᠠᠯ  ᠪᠦᠬᠦᠢ ᠦᠢ᠍ᠯᠡᠳᠬᠦᠨ 365 ᠬᠤᠪᠢ᠂ ᠡᠷᠡᠭᠦᠯᠵᠢᠯ᠎ᠤᠨ ᠢᠳᠡᠭᠡᠨ 360 ᠬᠤᠪᠢ᠂ ᠨᠢᠯᠬ᠎ᠠ ᠬᠡᠦᠬᠡᠳ᠎ᠤᠨ ᠨᠠᠶ᠋ᠢᠷᠠᠯᠭ᠎ᠠ᠎ᠲᠠᠢ ᠰᠦᠨ ᠲᠠᠯᠬ᠎ᠠ 236 ᠬᠤᠪᠢ᠂  ᠠᠨᠠᠭ᠋ᠠᠬᠤ ᠤᠬᠠᠭ᠋ᠠᠨ᠎ᠤ ᠣᠨᠴᠠᠭ᠋ᠠᠢ ᠬᠡᠷᠡᠭᠴᠡᠭᠡᠲᠦ ᠨᠠᠶ᠋ᠢᠷᠠᠯᠭ᠎ᠠ᠎ᠲᠠᠢ ᠢᠳᠡᠭᠡᠨ 17 ᠬᠤᠪᠢ ᠪᠠᠶ᠋ᠢᠪᠠ᠃ ᠵᠠᠭ᠋ᠠᠯᠳᠤᠯᠭ᠎ᠠ᠎ᠨᠢ ᠭᠣᠣᠯᠳᠠᠭᠤ  ᠦᠢ᠍ᠯᠡᠳᠬᠦᠨ᠎ᠤ ᠶᠠᠰᠤ ᠴᠢᠨᠠᠷ ᠪᠣᠯᠣᠨ ᠦᠨ᠎ᠡ ᠬᠠᠩᠰᠢ ᠵᠢᠨ ᠠᠰᠠᠭᠤᠳᠠᠯ᠎ᠢ ᠲᠤᠰᠬᠠᠪᠠ᠃

     ᠵᠠᠭ᠋ᠠᠯᠳᠤᠯᠭ᠎ᠠ ᠵᠢᠨ ᠬᠡᠮᠵᠢᠶ᠎ᠡ᠎ᠨᠢ ᠬᠤᠶᠠᠳᠤᠭ᠋ᠠᠷ᠎ᠲᠤ ᠵᠢᠭᠰᠠᠭ᠋ᠠᠭᠳᠠᠭᠰᠠᠨ ᠬᠤᠪᠴᠠᠰᠤ ᠱᠠᠬᠠᠢ ᠮᠠᠯᠠᠭ᠋ᠠᠢ ᠵᠢᠨ ᠲᠥᠷᠥᠯ 7528 ᠬᠤᠪᠢ ᠪᠠᠶ᠋ᠢᠵᠤ᠂ ᠲᠠᠸᠠᠷ᠎ᠤᠨ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠢ ᠬᠡᠮᠵᠢᠶᠡᠨ᠎ᠤ 9.41% ᠵᠢ ᠡᠵᠡᠯᠡᠪᠡ᠃ ᠲᠤᠰ ᠲᠦᠷᠦᠯ᠎ᠤᠨ ᠵᠠᠭ᠋ᠠᠯᠳᠤᠯᠭ᠎ᠠ᠎ᠳᠤ᠂ ᠱᠠᠬᠠᠶ 2 777 ᠬᠤᠪᠢ᠂ ᠭᠠᠳᠠᠷ ᠬᠤᠪᠴᠠᠰᠤ1711 ᠬᠤᠪᠢ᠂ ᠥᠮᠦᠳᠦ 973 ᠬᠤᠪᠢ᠂ ᠬᠠᠨᠵᠢᠶᠠᠷ 394   ᠬᠤᠪᠢ᠂ ᠪᠠᠩᠵᠠᠯ 373 ᠬᠤᠪᠢ᠂ ᠨᠣᠣᠰᠤᠨ ᠴᠠᠮᠴᠠ 239 ᠬᠤᠪᠢ ᠪᠠᠶ᠋ᠢᠪᠠ᠃ ᠭᠤᠤᠯ ᠠᠰᠠᠭᠤᠳᠠᠯ᠎ᠨᠢ ᠱᠠᠬᠠᠶ ᠬᠠᠭ᠋ᠠᠷᠠᠬᠤ ᠨᠠᠭ᠋ᠠᠯᠲᠠ᠎ᠨᠢ ᠰᠠᠯᠬᠤ᠂ ᠬᠤᠪᠴᠠᠰᠤᠨ᠎ᠤ ᠥᠩᠭᠡ᠎ᠨᠢ ᠪᠠᠭᠤᠷᠠᠵᠤ ᠬᠡᠯᠪᠡᠷᠢ᠎ᠨᠢ ᠬᠤᠪᠢᠷᠠᠬᠤ᠂ ᠬᠤᠳᠠᠯᠳᠤᠭ᠋ᠠᠴᠢᠨ 《ᠭᠤᠷᠪᠠ ᠵᠢ ᠳᠠᠭ᠋ᠠᠭ᠋ᠠᠴᠢᠯᠠᠬᠤ》 ᠲᠣᠭᠲᠠᠭ᠋ᠠᠯ᠎ᠢ ᠭᠦᠢ᠍ᠴᠡᠳᠭᠡᠬᠦ ᠥᠬᠡᠶ ᠵᠢᠴᠢ ᠬᠤᠳᠠᠯᠳᠤᠭᠰᠠᠨ᠎ᠤ ᠳᠠᠷᠠᠭ᠋ᠠᠬᠢ ᠬᠠᠷᠢᠭᠤᠴᠠᠯᠭ᠎ᠠ ᠵᠢᠨ ᠮᠠᠷᠭᠤᠭ᠋ᠠᠨ ᠵᠡᠷᠭᠡ ᠪᠣᠯᠤᠨ᠎ᠠ᠃

     ᠵᠠᠭ᠋ᠠᠯᠳᠤᠯᠭ᠎ᠠ ᠵᠢᠨ ᠬᠡᠮᠵᠢᠶ᠎ᠡ᠎ᠨᠢ ᠭᠤᠷᠪᠠᠳᠤᠭ᠋ᠠᠷ᠎ᠲᠤ ᠵᠢᠭᠰᠠᠭ᠋ᠠᠭᠳᠠᠭᠰᠠᠨ ᠵᠠᠮ ᠬᠠᠷᠢᠯᠴᠠᠭ᠋ᠠᠨ᠎ᠤ ᠪᠠᠭ᠋ᠠᠵᠢ ᠬᠡᠷᠡᠭᠰᠡᠯ᠎ᠤᠨ ᠲᠥᠷᠥᠯ 5725 ᠬᠤᠪᠢ ᠪᠠᠶ᠋ᠢᠵᠤ᠂ ᠲᠠᠸᠠᠷ᠎ᠤᠨ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠤ 7.15% ᠵᠢ ᠡᠵᠡᠯᠡᠪᠡ᠃ ᠲᠤᠰ ᠲᠦᠷᠦᠯ᠎ᠤᠨ ᠵᠠᠭ᠋ᠠᠯᠳᠤᠯᠭ᠎ᠠ᠎ᠳᠤ᠂ ᠮᠠᠰᠢᠨ ᠲᠡᠷᠭᠡ ᠪᠠ ᠮᠠᠰᠢᠨ ᠲᠡᠷᠭᠡᠨ᠎ᠤ ᠰᠡᠯᠪᠢᠭ ᠲᠣᠨᠤᠭ 4461 ᠬᠤᠪᠢ᠂ ᠮᠣᠲ᠋ᠣᠷ ᠲᠡᠷᠭᠡᠨ᠎ᠤ ᠲᠤᠰᠠᠯᠠᠬᠤ ᠬᠦᠴᠦᠨ᠎ᠤ ᠲᠡᠷᠭᠡ 808 ᠬᠤᠪᠢ᠂ ᠳᠤᠭᠤᠢ ᠲᠡᠷᠭᠡ ᠵᠢᠴᠢ ᠰᠡᠯᠪᠢᠭ ᠲᠣᠨᠤᠭ 450 ᠬᠤᠪᠢ ᠪᠠᠶ᠋ᠢᠪᠠ᠃ ᠲᠤᠰᠬᠠᠯ ᠬᠠᠷᠢᠴᠠᠩᠭᠤᠢ ᠲᠥᠪᠯᠡᠷᠡᠵᠦ ᠪᠠᠢ᠌ᠭ᠎ᠠ᠎ᠨᠢ ᠮᠠᠰᠢᠨ ᠲᠡᠷᠭᠡ ᠬᠤᠳᠠᠯᠳᠤᠨ ᠠᠪᠤᠭᠰᠠᠨ ᠬᠣᠯᠪᠤᠭᠳᠠᠯ ᠪᠥᠬᠦᠶ ᠭᠡᠷ᠎ᠡ ᠵᠢᠨ ᠮᠠᠷᠭᠤᠭ᠋ᠠᠨ ᠪᠠᠢ᠌ᠵᠤ᠂ ᠮᠠᠰᠢᠨ ᠲᠡᠷᠭᠡ ᠵᠢᠨ 《ᠭᠤᠷᠪᠠ ᠵᠢ ᠳᠠᠭ᠋ᠠᠭ᠋ᠠᠴᠢᠯᠠᠬᠤ》 ᠵᠢᠴᠢ ᠬᠤᠳᠠᠯᠳᠤᠭᠰᠠᠨ᠎ᠤ ᠳᠠᠷᠠᠭ᠎ᠠ ᠰᠡᠯᠪᠢᠨ ᠵᠠᠰᠠᠬᠤ᠂ ᠮᠠᠰᠢᠨ ᠲᠡᠷᠭᠡᠨ᠎ᠤ ᠰᠡᠯᠪᠢᠭ ᠲᠣᠨᠤᠭ᠎ᠤᠨ ᠶᠠᠰᠤ ᠴᠢᠨᠠᠷ᠎ᠤᠨ ᠠᠰᠠᠭᠤᠳᠠᠯ ᠵᠡᠷᠭᠡ ᠪᠣᠯᠣᠨ᠎ᠠ᠃

     ᠵᠠᠭ᠋ᠠᠯᠳᠤᠯᠭ᠎ᠠ ᠵᠢᠨ ᠬᠡᠮᠵᠢᠶ᠎ᠡ᠎ᠨᠢ ᠳᠥᠷᠪᠡᠳᠦᠭᠡᠷ᠎ᠲᠤ ᠵᠢᠭᠰᠠᠭ᠋ᠠᠭᠳᠠᠭᠰᠠᠨ ᠭᠡᠷ᠎ᠤᠨ ᠬᠡᠷᠡᠭᠰᠡᠯ᠎ᠤᠨ ᠲᠥᠷᠥᠯ 4332 ᠬᠤᠪᠢ ᠪᠠᠶ᠋ᠢᠵᠤ᠂ ᠲᠠᠸᠠᠷ᠎ᠤᠨ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠢ ᠬᠡᠮᠵᠢᠶᠡᠨ᠎ᠤ 5.41% ᠵᠢ ᠡᠵᠡᠯᠡᠪᠡ᠃ ᠲᠤᠰ ᠲᠥᠷᠥᠯ᠎ᠤᠨ ᠵᠠᠭ᠋ᠠᠯᠳᠤᠯᠭ᠎ᠠ᠎ᠳᠤ᠂ ᠭᠡᠷ᠎ᠤᠨ ᠬᠡᠷᠡᠭᠰᠡᠯ 2355 ᠬᠤᠪᠢ᠂ ᠲᠣᠭᠤᠭ᠋ᠠᠨ ᠭᠡᠷ᠎ᠤᠨ ᠬᠡᠷᠡᠭᠰᠡᠯ 449 ᠬᠤᠪᠢ᠂ ᠨᠢᠳᠦᠨ ᠰᠢᠯ 382 ᠬᠤᠪᠢ᠂ ᠡᠳᠦᠷ ᠲᠤᠲᠤᠮ᠎ᠤᠨ ᠬᠡᠷᠡᠭᠯᠡᠭᠡᠨ᠎ᠤ ᠵᠦᠢ᠍ᠯ 348 ᠬᠤᠪᠢ᠂ ᠴᠠᠭ 304 ᠬᠤᠪᠢ᠂ ᠠᠪᠳᠠᠷ᠎ᠠ ᠪᠣᠭᠴᠣ 176 ᠬᠤᠪᠢ᠂ ᠣᠷᠣ ᠵᠢᠨ ᠬᠡᠷᠡᠭᠰᠡᠯ 159 ᠬᠤᠪᠢ ᠪᠠᠶ᠋ᠢᠪᠠ᠃ ᠵᠠᠭ᠋ᠠᠯᠳᠤᠯᠭ᠎ᠠ ᠵᠢᠨ ᠭᠤᠣᠯ ᠠᠰᠠᠭᠤᠳᠠᠯ᠎ᠨᠢ ᠲᠠᠸᠠᠷ᠎ᠤᠨ ᠶᠠᠰᠤ ᠴᠢᠨᠠᠷ᠎ᠤᠨ ᠮᠠᠷᠭᠤᠭ᠋ᠠᠨ ᠪᠠᠢ᠌ᠵᠤ᠂ ᠭᠡᠷ᠎ᠡ᠎ᠳᠤ ᠪᠣᠯᠵᠣᠨ ᠲᠣᠭᠲᠠᠭᠰᠠᠨ ᠶᠣᠰᠣᠭ᠋ᠠᠷ ᠲᠠᠸᠠᠷ ᠬᠠᠩᠭ᠋ᠠᠵᠤ ᠥᠭᠭᠦᠭᠰᠡᠨ ᠦᠭᠡᠢ᠂ ᠬᠤᠳᠠᠯᠳᠤᠭᠰᠠᠨ᠎ᠤ ᠳᠠᠷᠠᠭ᠋ᠠᠬᠢ ᠡᠭᠦᠷᠭᠡ ᠵᠢᠨ ᠮᠠᠷᠭᠤᠭ᠋ᠠᠨ ᠵᠢᠴᠢ ᠵᠠᠬᠢᠶᠠᠯᠠᠭ᠎ᠠ ᠵᠢᠨ ᠮᠥᠩᠭᠦ ᠵᠢ ᠪᠤᠴᠠᠭ᠋ᠠᠵᠤ ᠥᠭᠬᠦ ᠶᠠᠪᠤᠳᠠᠯ ᠪᠣᠯᠤᠨ᠎ᠠ᠃

     ᠵᠠᠭ᠋ᠠᠯᠳᠤᠯᠭ᠎ᠠ ᠵᠢᠨ ᠬᠡᠮᠵᠢᠶ᠎ᠡ᠎ᠨᠢ ᠲᠠᠪᠤᠳᠤᠭ᠋ᠠᠷ᠎ᠲᠤ ᠵᠢᠭᠰᠠᠭ᠋ᠠᠭᠳᠠᠭᠰᠠᠨ ᠴᠢᠮᠡᠭᠡ ᠬᠤᠯᠪᠣᠭ᠋ᠠᠨ᠎ᠤ ᠦᠢ᠍ᠯᠡᠳᠬᠦᠨ᠎ᠤ ᠲᠥᠷᠥᠯ 3237 ᠬᠤᠪᠢ ᠪᠠᠶ᠋ᠢᠵᠤ᠂ ᠲᠠᠸᠠᠷ᠎ᠤᠨ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠤ 4.04% ᠵᠢ ᠡᠵᠡᠯᠡᠪᠡ᠃ ᠲᠤᠰ ᠲᠦᠷᠦᠯ᠎ᠤᠨ ᠵᠠᠭ᠋ᠠᠯᠳᠤᠯᠭ᠎ᠠ᠎ᠳᠤ᠂ ᠰᠢᠯᠵᠢᠮᠡᠯ ᠳ᠋ᠢᠶᠠᠩᠬᠤᠸᠠ ᠵᠢᠴᠢ ᠰᠡᠯᠪᠢᠭ ᠲᠣᠨᠤᠭ 3019 ᠬᠤᠪᠢ᠂ ᠲᠣᠭᠲᠠᠮᠠᠯ ᠳ᠋ᠢᠶᠠᠩᠬᠤᠸᠠ 22 ᠬᠤᠪᠢ᠂ ᠶᠠᠷᠢᠯᠴᠠᠬᠤ ᠮᠠᠰᠢᠨ 6 ᠬᠤᠪᠢ ᠪᠠᠶ᠋ᠢᠪᠠ᠃ ᠵᠠᠭ᠋ᠠᠯᠳᠤᠯᠭ᠎ᠠ ᠵᠢᠨ ᠲᠤᠰᠬᠠᠯ ᠨᠡᠯᠢᠶᠡᠳ ᠣᠯᠠᠨ ᠪᠠᠶ᠋ᠢᠭ᠎ᠠ᠎ᠨᠢ ᠦᠢ᠍ᠯᠡᠳᠬᠦᠨ᠎ᠤ ᠶᠠᠰᠤ ᠴᠢᠨᠠᠷ ᠵᠢᠴᠢ ᠬᠤᠳᠠᠯᠳᠤᠭᠰᠠᠨ᠎ᠤ ᠳᠠᠷᠠᠭ᠋ᠠᠬᠢ ᠦᠢ᠍ᠯᠡᠴᠢᠯᠡᠭᠡᠨ᠎ᠤ ᠠᠰᠠᠭᠤᠳᠠᠯ ᠪᠣᠯᠣᠨ᠎ᠠ᠃

     ᠪᠥᠬᠦ ᠵᠢᠯ᠎ᠤᠨ ᠲᠠᠸᠠᠷ᠎ᠤᠨ ᠵᠠᠭ᠋ᠠᠯᠳᠤᠯᠭ᠎ᠠ ᠵᠢᠨ ᠬᠠᠯᠠᠮᠰᠢᠯ ᠴᠡᠭ᠎ᠤᠨ ᠡᠮᠦᠨ᠎ᠡ ᠠᠷᠪᠠ᠎ᠳᠤ ᠪᠠᠢ᠌ᠭ᠎ᠠ᠎ᠨᠢ ᠡᠩ᠎ᠤᠨ ᠰᠠᠭᠤᠬᠤ ᠲᠡᠷᠭᠡ 3367 ᠬᠤᠪᠢ᠂ ᠭᠠᠷ ᠤᠲᠠᠰᠤ 2703 ᠬᠤᠪᠢ᠂ ᠠᠮᠤ ᠭᠤᠯᠢᠷ ᠵᠢᠴᠢ ᠲᠡᠭᠦᠨ᠎ᠤ ᠦᠢ᠍ᠯᠡᠳᠬᠦᠨ (ᠥᠪᠡᠷ ᠵᠶ᠋ᠠᠨ ᠦᠢ᠍ᠯᠡᠳᠦᠭᠰᠡᠨ) 2022 ᠬᠤᠪᠢ᠂ ᠮᠢᠬᠠᠨ᠎ᠤ ᠦᠢ᠍ᠯᠡᠳᠬᠦᠨ (ᠥᠪᠡᠷ ᠵᠶ᠋ᠡᠨ ᠦᠢ᠍ᠯᠡᠳᠦᠭᠰᠡᠨ) 1723 ᠬᠤᠪᠢ᠂ ᠲᠠᠮᠢᠷ᠎ᠤᠨ ᠱᠠᠬᠠᠶ 1392 ᠬᠤᠪᠢ᠂ ᠬᠠᠲᠠᠭ᠋ᠠᠮᠠᠯ ᠮᠢᠬ᠎ᠠ ᠵᠢᠨ ᠲᠦᠷᠦᠯ 1283 ᠬᠤᠪᠢ᠂ ᠪᠠᠺᠲ᠋ᠧᠷᠢ ᠤᠰᠠᠳᠬᠠᠭᠰᠠᠨ ᠰᠦ 993 ᠬᠤᠪᠢ᠂ ᠣᠨᠴᠠᠭ᠋ᠠᠶ ᠪᠤᠰᠤ ᠬᠡᠷᠡᠭᠴᠡᠭᠡᠨ᠎ᠤ ᠭᠤᠶᠤᠯᠠᠯ᠎ᠤᠨ ᠡᠳ᠋ 892 ᠬᠤᠪᠢ᠂ ᠡᠩ᠎ᠤᠨ ᠣᠷᠣᠨ ᠰᠠᠭᠤᠴᠠ 822 ᠬᠤᠪᠢ᠂ ᠲᠠᠯᠬ᠎ᠠ 797 ᠬᠤᠪᠢ (ᠭᠥᠯᠢᠶᠡᠨ ᠠᠪᠤᠭᠰᠠᠨ ᠬᠡᠮᠵᠢᠶ᠎ᠡ᠎ᠳᠠᠬᠢ ᠪᠤᠶ ᠪᠦᠬᠦᠢ 《ᠪᠤᠰᠤᠳ》᠎ᠢ ᠵᠢᠭᠰᠠᠭ᠋ᠠᠯᠲᠠ᠎ᠳᠤ ᠪᠤᠳᠤᠵᠤ ᠣᠷᠣᠭᠤᠯᠬᠤ ᠦᠭᠡᠶ) ᠪᠠᠶ᠋ᠢᠵᠤ᠂ ᠬᠤᠳᠠᠯᠳᠤᠭ᠋ᠠᠨ᠎ᠤ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠤ 19.98% ᠵᠢ ᠡᠵᠡᠯᠡᠪᠡ᠃

    (ᠬᠤᠶᠠᠷ) ᠦᠢ᠍ᠯᠡᠴᠢᠯᠡᠭᠡᠨ᠎ᠤ ᠲᠥᠷᠥᠯ᠎ᠳᠤ ᠬᠣᠯᠪᠤᠭᠳᠠᠭᠰᠠᠨ (ᠨᠢᠭᠡᠴᠢ᠄ ᠬᠤᠪᠢ)

 

14.png

 

 15.png


     ᠦᠢ᠍ᠯᠡᠴᠢᠯᠡᠭᠡᠨ᠎ᠤ ᠲᠥᠷᠥᠯ᠎ᠤᠨ ᠵᠠᠭ᠋ᠠᠯᠳᠤᠯᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 19.43%᠎ᠪᠠᠷ ᠨᠡᠮᠡᠭᠳᠡᠪᠡ᠃ ᠵᠠᠭ᠋ᠠᠯᠳᠤᠯᠭ᠎ᠠ ᠵᠢᠨ ᠬᠡᠮᠵᠢᠶ᠎ᠡ᠎ᠨᠢ ᠡᠮᠦᠨ᠎ᠡ ᠲᠠᠪᠤ᠎ᠳᠤ ᠵᠢᠭᠰᠠᠭ᠋ᠠᠭᠳᠠᠭᠰᠠᠨ ᠦᠢ᠍ᠯᠡᠴᠢᠯᠡᠭᠡᠨ᠎ᠤ ᠶᠡᠭᠡ ᠲᠥᠷᠥᠯ ᠲᠣᠰ ᠲᠣᠰ ᠪᠣᠷᠤᠯᠠᠭᠤᠯᠭ᠎ᠠ ᠵᠢᠨ ᠦᠢ᠍ᠯᠡᠴᠢᠯᠡᠭᠡ 14349 ᠬᠤᠪᠢ᠂ ᠢᠳᠡᠭᠡᠨ ᠤᠮᠳᠠᠭ᠋ᠠᠨ ᠪᠠ ᠬᠤᠨᠤᠭ᠎ᠤᠨ ᠦᠢ᠍ᠯᠡᠴᠢᠯᠡᠭᠡ 13504 ᠬᠤᠪᠢ᠂ ᠰᠤᠷᠭ᠋ᠠᠨ ᠬᠥᠮᠦᠵᠢᠯ ᠪᠣᠯᠪᠠᠰᠤᠷᠠᠯ᠎ᠤᠨ ᠦᠢ᠍ᠯᠡᠴᠢᠯᠡᠭᠡ 6075 ᠬᠤᠪᠢ᠂ ᠵᠢᠰᠦ ᠭᠤᠶᠣᠯᠠᠵᠤ ᠭᠡᠵᠢᠭᠡ ᠵᠠᠰᠠᠬᠤ ᠤᠬᠢᠶᠠᠯ᠎ᠤᠨ ᠦᠢ᠍ᠯᠡᠴᠢᠯᠡᠭᠡ 4025 ᠬᠤᠪᠢ᠂ ᠰᠣᠶᠣᠯ ᠴᠡᠩᠭᠡᠯ ᠪᠡᠶ᠎ᠡ ᠵᠢᠨ ᠲᠠᠮᠢᠷ᠎ᠤᠨ ᠦᠢ᠍ᠯᠡᠴᠢᠯᠡᠭᠡ 3911 ᠬᠤᠪᠢ ᠪᠠᠶ᠋ᠢᠪᠠ᠃

     ᠵᠠᠭ᠋ᠠᠯᠳᠤᠯᠭ᠎ᠠ ᠵᠢᠨ ᠬᠡᠮᠵᠢᠶ᠎ᠡ ᠵᠢᠨ ᠡᠮᠦᠨ᠎ᠡ ᠲᠠᠪᠤ᠎ᠳᠤ ᠪᠠᠢ᠌ᠭ᠎ᠠ ᠲᠠᠸᠠᠷ᠎ᠤᠨ ᠶᠡᠭᠡ ᠲᠦᠷᠦᠯ᠎ᠤᠨ ᠲᠠᠸᠠᠷ᠎ᠤᠨ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠤ ᠡᠵᠡᠯᠡᠬᠦ ᠬᠠᠷᠢᠴᠠᠯ᠎ᠤᠨ ᠳᠤᠭᠤᠢ ᠬᠡᠯᠪᠡᠷᠢᠲᠦ ᠵᠢᠷᠤᠭ᠄


16.png

 

     ᠵᠠᠭ᠋ᠠᠯᠳᠤᠯᠭ᠎ᠠ ᠵᠢᠨ ᠬᠡᠮᠵᠢᠶ᠎ᠡ᠎ᠨᠢ ᠨᠢᠭᠡᠳᠦᠭᠡᠷ᠎ᠲᠤ ᠵᠢᠭᠰᠠᠭ᠋ᠠᠭᠳᠠᠭᠰᠠᠨ ᠪᠣᠷᠣᠯᠠᠭᠤᠯᠭ᠎ᠠ ᠵᠢᠨ ᠦᠢ᠍ᠯᠡᠴᠢᠯᠡᠭᠡ 14349 ᠬᠤᠪᠢ ᠪᠠᠶ᠋ᠢᠵᠤ᠂ ᠦᠢ᠍ᠯᠡᠴᠢᠯᠡᠭᠡᠨ᠎ᠤ ᠲᠦᠷᠦᠯ᠎ᠤᠨ ᠵᠠᠭ᠋ᠠᠯᠳᠤᠯᠭ᠎ᠠ ᠵᠢᠨ ᠶᠡᠷᠦᠩᠬᠡᠢ ᠬᠡᠮᠵᠢᠶᠡᠨ᠎ᠤ 22.91% ᠵᠢ ᠡᠵᠡᠯᠡᠪᠡ᠃ ᠲᠤᠰ ᠲᠦᠷᠦᠯ᠎ᠤᠨ ᠵᠠᠭ᠋ᠠᠯᠳᠤᠯᠭ᠎ᠠ᠎ᠳᠤ᠂ ᠤᠷᠢᠳᠴᠢᠯᠠᠨ ᠲᠦᠯᠦᠬᠦ ᠺᠠᠷᠲ᠎ᠤᠨ ᠦᠢ᠍ᠯᠡᠴᠢᠯᠡᠭᠡ 9848 ᠬᠤᠪᠢ᠂ ᠵᠢᠵᠢᠭᠯᠡᠨ ᠬᠤᠳᠠᠯᠳᠤᠬᠤ ᠦᠢ᠍ᠯᠡᠴᠢᠯᠡᠭᠡ 1592 ᠬᠤᠪᠢ᠂ ᠤᠷᠢᠳᠴᠢᠯᠠᠨ ᠪᠣᠷᠤᠯᠠᠭᠤᠯᠬᠤ ᠦᠢ᠍ᠯᠡᠴᠢᠯᠡᠭᠡ 528 ᠬᠤᠪᠢ᠂ ᠢᠨᠲ᠋ᠧᠷ ᠰᠦᠯᠵᠢᠶᠡᠨ᠎ᠤ ᠰᠢᠭᠤᠳ ᠪᠣᠷᠣᠯᠠᠭᠤᠯᠬᠤ ᠦᠢ᠍ᠯᠡᠴᠢᠯᠡᠭᠡ 489 ᠬᠤᠪᠢ᠂ ᠵᠠᠬᠢᠶᠠᠯᠠᠨ ᠠᠪᠬᠤ ᠦᠢ᠍ᠯᠡᠴᠢᠯᠡᠭᠡ 422 ᠬᠤᠪᠢ᠂ ᠬᠠᠷᠠᠭ᠋ᠠᠯᠵᠠᠯ᠎ᠤᠨ ᠺᠠᠷᠲ ᠪᠣᠷᠣᠯᠠᠭᠤᠯᠬᠤ ᠦᠢ᠍ᠯᠡᠴᠢᠯᠡᠭᠡ 352 ᠬᠤᠪᠢ ᠪᠠᠶ᠋ᠢᠪᠠ᠃ ᠭᠣᠤᠯ ᠠᠰᠠᠭᠤᠳᠠᠯ᠎ᠨᠢ ᠡᠵᠡᠩᠨᠡᠭᠴᠢ ᠦᠢ᠍ᠯᠡᠴᠢᠯᠡᠭᠡᠨ᠎ᠤ ᠠᠭᠤᠯᠭ᠎ᠠ ᠪᠠ ᠲᠠᠯᠠᠪᠤᠷ ᠭᠠᠵᠠᠷ᠎ᠢ ᠳᠤᠷ᠎ᠠ᠎ᠪᠠᠷ ᠵᠶ᠋ᠠᠨ ᠬᠤᠪᠢᠷᠠᠭᠤᠯᠬᠤ ᠵᠡᠷᠭᠡ ᠭᠡᠷ᠎ᠡ᠎ᠳᠤ ᠪᠣᠯᠵᠣᠨ ᠲᠣᠭᠲᠠᠭᠰᠠᠨ ᠵᠦᠢ᠍ᠯᠡᠰ᠂ ᠡᠵᠡᠩᠨᠡᠭᠴᠢ ᠠᠵᠢᠯ ᠵᠶ᠋ᠠᠨ ᠵᠣᠭᠰᠣᠭ᠋ᠠᠭᠰᠠᠨ᠎ᠤ ᠳᠠᠷᠠᠭ᠎ᠠ ᠤᠷᠢᠳᠴᠢᠯᠠᠨ ᠲᠦᠯᠦᠬᠦ ᠮᠦᠩᠬᠦ ᠵᠢ ᠪᠤᠴᠠᠭ᠋ᠠᠵᠤ ᠥᠭᠬᠦ ᠡᠭᠦᠷᠭᠡ᠎ᠠᠴᠠ ᠵᠠᠢ᠌ᠯᠠᠭᠰᠠᠨ ᠵᠡᠷᠭᠡ ᠪᠣᠯᠤᠨ᠎ᠠ᠃

     ᠵᠠᠭ᠋ᠠᠯᠳᠤᠯᠭ᠎ᠠ ᠵᠢᠨ ᠬᠡᠮᠵᠢᠶ᠎ᠡ᠎ᠨᠢ ᠬᠣᠶᠠᠳᠤᠭ᠋ᠠᠷ᠎ᠲᠤ ᠵᠢᠭᠰᠠᠭ᠋ᠠᠭᠳᠠᠭᠰᠠᠨ ᠢᠳᠡᠭᠡᠨ ᠤᠮᠳᠠᠭ᠋ᠠᠨ ᠪᠠ ᠬᠣᠨᠣᠭ᠎ᠤᠨ ᠦᠢ᠍ᠯᠡᠴᠢᠯᠡᠭᠡ 13504 ᠬᠣᠪᠢ ᠪᠠᠢ᠌ᠵᠤ᠂ ᠦᠢ᠍ᠯᠡᠴᠢᠯᠡᠭᠡᠨ᠎ᠤ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠢ ᠬᠡᠮᠵᠢᠶᠡᠨ᠎ᠤ 21.56% ᠵᠢ ᠡᠵᠡᠯᠡᠪᠡ᠃ ᠲᠤᠰ ᠲᠦᠷᠦᠯ᠎ᠤᠨ ᠵᠠᠭ᠋ᠠᠯᠳᠤᠯᠭ᠎ᠠ᠎ᠳᠤ᠂ ᠢᠳᠡᠭᠡᠨ ᠤᠮᠳᠠᠭ᠋ᠠᠨ᠎ᠤ ᠦᠢ᠍ᠯᠡᠴᠢᠯᠡᠭᠡ 8885 ᠬᠤᠪᠢ᠂ ᠬᠤᠨᠤᠭ᠎ᠤᠨ ᠦᠢ᠍ᠯᠡᠴᠢᠯᠡᠭᠡ 4619 ᠬᠤᠪᠢ ᠪᠠᠢ᠌ᠪᠠ᠃ ᠭᠤᠣᠯ ᠠᠰᠠᠭᠤᠳᠠᠯ᠎ᠨᠢ ᠬᠣᠭᠤᠯᠠᠯᠠᠬᠤ ᠵᠢᠴᠢ ᠣᠷᠣᠵᠤ ᠰᠠᠭᠤᠬᠤ ᠣᠷᠴᠢᠨ ᠲᠣᠭᠤᠷᠢᠨ᠎ᠤ ᠡᠷᠡᠭᠦᠯ ᠬᠠᠮᠠᠭ᠋ᠠᠯᠠᠯ᠂ ᠬᠡᠯᠪᠡᠷᠢᠵᠢᠭᠰᠡᠨ ᠭᠡᠷ᠎ᠡ᠂ ᠤᠬᠠᠭᠤᠯᠭ᠎ᠠ᠎ᠨᠢ ᠪᠣᠳᠠᠲᠠᠢ᠎ᠲᠠᠢ ᠨᠡᠶ᠋ᠢᠴᠡᠬᠦ ᠦᠭᠡᠢ᠂ ᠤᠷᠢᠳᠴᠢᠯᠠᠨ ᠲᠥᠯᠦᠬᠦ ᠬᠡᠷᠡᠭᠯᠡᠭᠡᠨ᠎ᠤ ᠵᠢᠭᠤᠷᠠᠯᠳᠤᠭ᠋ᠠᠨ ᠵᠡᠷᠭᠡ ᠲᠠᠯ᠎ᠠ᠎ᠪᠠᠷ ᠲᠥᠪᠯᠡᠷᠡᠵᠦ ᠪᠠᠶ᠋ᠢᠨ᠎ᠠ᠃

     ᠵᠠᠭ᠋ᠠᠯᠳᠤᠯᠭ᠎ᠠ ᠵᠢᠨ ᠬᠡᠮᠵᠢᠶ᠎ᠡ᠎ᠨᠢ ᠭᠤᠷᠪᠠᠳᠤᠭ᠋ᠠᠷ᠎ᠲᠤ ᠵᠢᠭᠰᠠᠭ᠋ᠠᠭᠳᠠᠭᠰᠠᠨ ᠰᠤᠷᠭ᠋ᠠᠨ ᠬᠥᠮᠦᠵᠢᠯ ᠪᠣᠯᠪᠠᠰᠤᠷᠠᠯ᠎ᠤᠨ ᠦᠢ᠍ᠯᠡᠴᠢᠯᠡᠭᠡ 6075 ᠬᠤᠪᠢ ᠪᠠᠶ᠋ᠢᠵᠤ᠂ ᠦᠢ᠍ᠯᠡᠴᠢᠯᠡᠭᠡᠨ᠎ᠤ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠤ 9.70% ᠵᠢ ᠡᠵᠡᠯᠡᠪᠡ᠃ ᠲᠤᠰ ᠲᠦᠷᠦᠯ᠎ᠤᠨ ᠵᠠᠭ᠋ᠠᠯᠳᠤᠯᠭ᠎ᠠ᠎ᠳᠤ᠂ ᠤᠷ᠎ᠠ ᠴᠢᠳᠠᠪᠤᠷᠢ ᠵᠢᠨ ᠪᠣᠯᠪᠠᠰᠤᠷᠠᠯ᠎ᠤᠨ ᠦᠢ᠍ᠯᠡᠴᠢᠯᠡᠭᠡ 4230 ᠬᠤᠪᠢ᠂ ᠳᠡᠭᠡᠳᠦ ᠵᠡᠷᠭᠡ ᠵᠢᠨ ᠰᠤᠷᠭ᠋ᠠᠨ ᠬᠥᠮᠥᠵᠢᠯ᠎ᠤᠨ ᠦᠢ᠍ᠯᠡᠴᠢᠯᠡᠭᠡ 914 ᠬᠤᠪᠢ᠂ ᠠᠩᠬ᠎ᠠ ᠵᠡᠷᠭᠡ ᠵᠢᠨ ᠰᠤᠷᠭ᠋ᠠᠨ ᠬᠥᠮᠥᠵᠢᠯ᠎ᠤᠨ ᠦᠢ᠍ᠯᠡᠴᠢᠯᠡᠭᠡ 816 ᠬᠤᠪᠢ᠂ ᠳᠤᠮᠳᠠ ᠵᠡᠷᠭᠡ ᠵᠢᠨ ᠰᠤᠷᠭ᠋ᠠᠨ ᠬᠥᠮᠥᠵᠢᠯ᠎ᠤᠨ ᠦᠢ᠍ᠯᠡᠴᠢᠯᠡᠭᠡ 115 ᠬᠤᠪᠢ ᠪᠠᠶ᠋ᠢᠪᠠ᠃ ᠲᠤᠰᠬᠠᠭᠰᠠᠨ ᠭᠤᠣᠯ ᠠᠰᠠᠭᠤᠳᠠᠯ᠎ᠨᠢ ᠨᠠᠰᠤᠨ᠎ᠳᠤ ᠬᠦᠷᠦᠭᠰᠡᠳ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ ᠵᠢᠴᠢ ᠬᠡᠦᠬᠡᠳ᠎ᠤᠨ ᠰᠤᠷᠭ᠋ᠠᠨ ᠬᠥᠮᠦᠵᠢᠯ ᠪᠣᠯᠪᠠᠰᠤᠷᠠᠯ᠎ᠤᠨ ᠬᠢᠴᠢᠶᠡᠯ᠎ᠤᠨ ᠴᠠᠭ᠎ᠤᠨ ᠲᠤᠬᠢᠷᠠᠭᠤᠯᠤᠯᠳᠠ᠂ ᠪᠠᠭᠰᠢ ᠵᠢᠨ ᠬᠦᠴᠦᠨ ᠬᠦᠷᠦᠯᠴᠡᠬᠦ ᠦᠭᠡᠢ᠂ ᠭᠡᠷ᠎ᠡ ᠵᠢ ᠭᠦᠢ᠍ᠴᠡᠳᠬᠡᠬᠦ ᠵᠢᠨ ᠠᠷᠭ᠎ᠠ ᠦᠭᠡᠢ᠂ ᠬᠢᠴᠢᠶᠡᠯ ᠵᠣᠭᠰᠣᠵᠤ ᠠᠵᠢᠯ ᠵᠶ᠋ᠠᠨ ᠵᠣᠭᠰᠤᠭ᠋ᠠᠭᠰᠠᠨ ᠵᠡᠷᠭᠡ᠎ᠠᠴᠠ ᠪᠣᠯᠣᠭᠰᠠᠨ ᠰᠦᠢ᠍ᠳᠬᠡᠯ ᠪᠤᠴᠠᠭ᠋ᠠᠬᠤ ᠵᠢᠭᠤᠷᠠᠯᠳᠤᠭ᠋ᠠᠨ᠎ᠤ ᠪᠠᠶ᠋ᠢᠳᠠᠯ ᠨᠡᠯᠢᠶᠡᠳ ᠲᠤᠪᠤᠶ᠋ᠢᠮ᠎ᠠ ᠪᠠᠢ᠌ᠪᠠ᠃

ᠵᠠᠭ᠋ᠠᠯᠳᠤᠯᠭ᠎ᠠ ᠵᠢᠨ ᠬᠡᠮᠵᠢᠶ᠎ᠡ᠎ᠨᠢ ᠳᠥᠷᠪᠡᠳᠦᠭᠡᠷ᠎ᠲᠤ ᠵᠢᠭᠰᠠᠭ᠋ᠠᠭᠳᠠᠭᠰᠠᠨ ᠵᠢᠰᠦ ᠭᠤᠶᠣᠯᠠᠵᠤ ᠭᠡᠵᠢᠭᠡ ᠵᠠᠰᠠᠬᠤ ᠤᠭᠢᠶᠠᠯ᠎ᠤᠨ ᠦᠢ᠍ᠯᠡᠴᠢᠯᠡᠭᠡ 4025 ᠬᠤᠪᠢ ᠪᠠᠶ᠋ᠢᠵᠤ᠂ ᠦᠢ᠍ᠯᠡᠴᠢᠯᠡᠭᠡᠨ᠎ᠤ ᠲᠦᠷᠦᠯ᠎ᠤᠨ ᠵᠠᠭ᠋ᠠᠯᠳᠤᠯᠭ᠎ᠠ ᠵᠢᠨ ᠶᠡᠷᠦᠩᠬᠡᠢ ᠬᠡᠮᠵᠢᠶᠡᠨ᠎ᠤ 6.43% ᠵᠢ ᠡᠵᠡᠯᠡᠪᠡ᠃ ᠲᠤᠰ ᠲᠦᠷᠦᠯ᠎ᠤᠨ ᠵᠠᠭ᠋ᠠᠯᠳᠤᠯᠭ᠎ᠠ᠎ᠳᠤ᠂ ᠵᠢᠰᠦ ᠭᠤᠶᠣᠯᠠᠵᠤ ᠭᠡᠵᠢᠭᠡ ᠵᠠᠰᠠᠬᠤ ᠦᠢ᠍ᠯᠡᠴᠢᠯᠡᠭᠡ 2656 ᠬᠤᠪᠢ᠂ ᠪᠡᠶ᠎ᠡ ᠤᠬᠢᠶᠠᠬᠤ ᠢᠯᠢᠯᠭᠡ ᠵᠠᠰᠠᠯᠭ᠎ᠠ ᠵᠢᠨ ᠦᠢ᠍ᠯᠡᠴᠢᠯᠡᠭᠡ 1369 ᠬᠤᠪᠢ ᠪᠠᠶ᠋ᠢᠪᠠ᠃ ᠭᠤᠣᠯ ᠠᠰᠠᠭᠤᠳᠠᠯ᠎ᠨᠢ ᠬᠤᠳᠠᠯ ᠬᠠᠭᠤᠷᠮᠠᠭ ᠤᠬᠠᠭᠤᠯᠭ᠎ᠠ᠎ᠪᠠᠷ ᠦᠢ᠍ᠯᠡᠴᠢᠯᠡᠭᠡᠨ᠎ᠤ ᠦᠷ᠎ᠡ ᠪᠦᠲᠦᠮᠵᠢ ᠵᠢ ᠶᠡᠬᠡᠰᠬᠡᠵᠦ᠂ ᠬᠡᠷᠡᠭᠯᠡᠭᠴᠢᠳ ᠦᠢ᠍ᠯᠡᠴᠢᠯᠡᠭᠡ ᠬᠦᠯᠢᠶᠡᠭᠰᠡᠨ᠎ᠤ ᠳᠠᠷᠠᠭ᠎ᠠ ᠬᠡᠪ᠎ᠤᠨ ᠪᠠᠢ᠌ᠳᠠᠯ ᠪᠣᠰᠤ ᠪᠠᠢ᠌ᠳᠠᠯ ᠢᠯᠡᠷᠡᠵᠦ᠂ ᠪᠣᠯᠵᠣᠨ ᠲᠣᠭᠲᠠᠭᠰᠠᠨ ᠶᠣᠰᠣᠭ᠋ᠠᠷ ᠦᠢ᠍ᠯᠡᠴᠢᠯᠡᠭᠡ ᠬᠠᠩᠭ᠋ᠠᠭᠰᠠᠨ ᠦᠭᠡᠢ ᠮᠥᠷᠲᠡᠭᠡᠨ ᠡᠵᠡᠩᠨᠡᠯᠲᠡ᠎ᠪᠠᠨ ᠵᠣᠭᠰᠤᠭ᠋ᠠᠭᠰᠠᠨ᠎ᠤ ᠳᠠᠷᠠᠭ᠎ᠠ ᠤᠷᠢᠳᠴᠢᠯᠠᠨ ᠲᠦᠯᠦᠬᠦ ᠺᠠᠷᠲ᠂ vip  ᠺᠠᠷᠲ᠎ᠤᠨ ᠵᠣᠭᠤᠰ ᠵᠡᠷᠭᠡ ᠵᠢ ᠪᠣᠴᠠᠭ᠋ᠠᠬᠤ ᠵᠢ ᠲᠡᠪᠴᠢᠭᠰᠡᠨ ᠵᠡᠷᠭᠡ ᠬᠡᠷᠡᠭᠯᠡᠭᠡᠨ᠎ᠤ ᠵᠢᠭᠤᠷᠠᠯᠳᠤᠭ᠋ᠠᠨ ᠪᠣᠯᠣᠨ᠎ᠠ᠃

     ᠵᠠᠭ᠋ᠠᠯᠳᠤᠯᠭ᠎ᠠ ᠵᠢᠨ ᠬᠡᠮᠵᠢᠶ᠎ᠡ᠎ᠨᠢ ᠲᠠᠪᠤᠳᠤᠭ᠋ᠠᠷ᠎ᠲᠤ ᠵᠢᠭᠰᠠᠭ᠋ᠠᠭᠳᠠᠭᠰᠠᠨ ᠰᠣᠶᠣᠯ ᠴᠡᠩᠭᠡᠯ ᠪᠡᠶ᠎ᠡ ᠵᠢᠨ ᠲᠠᠮᠢᠷ᠎ᠤᠨ ᠦᠢ᠍ᠯᠡᠴᠢᠯᠡᠭᠡ 3911 ᠬᠤᠪᠢ ᠪᠠᠢ᠌ᠵᠤ᠂ ᠦᠢ᠍ᠯᠡᠴᠢᠯᠡᠭᠡᠨ᠎ᠤ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠤ 6.24% ᠵᠢ ᠡᠵᠡᠯᠡᠪᠡ᠃ ᠲᠤᠰ ᠲᠦᠷᠦᠯ᠎ᠤᠨ ᠵᠠᠭ᠋ᠠᠯᠳᠤᠯᠭ᠎ᠠ᠎ᠳᠤ᠂ ᠪᠡᠶ᠎ᠡ ᠴᠢᠭᠢᠷᠠᠭᠵᠢᠭᠤᠯᠬᠤ ᠦᠢ᠍ᠯᠡᠴᠢᠯᠡᠭᠡ 1718 ᠬᠤᠪᠢ᠂ ᠲᠣᠭᠤᠷᠢᠨ ᠦᠵᠡᠬᠦ ᠵᠤᠭ᠎ᠠ ᠴᠡᠩᠭᠡᠯ᠎ᠤᠨ ᠦᠢ᠍ᠯᠡᠴᠢᠯᠡᠭᠡ 1186 ᠬᠤᠪᠢ᠂ ᠺᠢᠨᠣ᠋ ᠭᠠᠷᠭ᠋ᠠᠬᠤ ᠦᠢ᠍ᠯᠡᠴᠢᠯᠡᠭᠡ 616 ᠬᠤᠪᠢ᠂ ᠲᠣᠭᠯᠠᠯᠲᠠ ᠤᠷᠠᠯᠢᠭ᠎ᠤᠨ ᠦᠢ᠍ᠯᠡᠴᠢᠯᠡᠭᠡ 359 ᠬᠤᠪᠢ᠂ ᠨᠣᠮ᠎ᠤᠨ ᠰᠠᠩ᠎ᠤᠨ ᠲᠠᠩᠰᠠ ᠡᠪᠬᠡᠮᠡᠯ᠎ᠤᠨ ᠣᠷᠳᠣᠨ᠎ᠤ ᠦᠢ᠍ᠯᠡᠴᠢᠯᠡᠭᠡ 28 ᠬᠤᠪᠢ᠂ ᠦᠵᠡᠰᠬᠦᠯᠡᠩ᠎ᠤᠨ ᠦᠢ᠍ᠯᠡᠴᠢᠯᠡᠭᠡ 4 ᠬᠤᠪᠢ ᠪᠠᠶ᠋ᠢᠪᠠ᠃ ᠭᠤᠣᠯ ᠠᠰᠠᠭᠤᠳᠠᠯ᠎ᠨᠢ ᠡᠵᠡᠩᠨᠡᠭᠴᠢᠳ ᠭᠡᠷ᠎ᠡ ᠵᠢᠨ ᠪᠣᠯᠵᠤᠭ᠎ᠠ᠎ᠠᠴᠠ ᠵᠥᠷᠢᠴᠡᠨ ᠦᠢ᠍ᠯᠡᠴᠢᠯᠡᠭᠡᠨ᠎ᠤ ᠠᠭᠤᠯᠭ᠎ᠠ᠂ ᠲᠠᠯᠠᠪᠤᠷ ᠭᠠᠵᠠᠷ᠎ᠢ ᠳᠤᠷ᠎ᠠ᠎ᠪᠠᠷ ᠵᠶ᠋ᠠᠨ ᠬᠤᠪᠢᠷᠠᠭᠤᠯᠬᠤ ᠪᠤᠶᠤ ᠭᠡᠷ᠎ᠡ᠎ᠳᠤ ᠪᠣᠯᠵᠣᠨ ᠲᠣᠭᠲᠠᠭᠰᠠᠨ ᠵᠦᠢ᠍ᠯᠡᠰ᠎ᠢ ᠭᠦᠢ᠍ᠴᠡᠳᠬᠡᠬᠦ ᠵᠢ ᠲᠡᠪᠴᠢᠬᠦ᠂ ᠡᠵᠡᠩᠨᠡᠭᠴᠢ᠎ᠠᠴᠠ ᠠᠵᠢᠯ ᠵᠶ᠋ᠡᠨ ᠵᠣᠭᠰᠣᠭ᠋ᠠᠭᠰᠠᠨ᠎ᠤ ᠳᠠᠷᠠᠭ᠎ᠠ ᠤᠷᠢᠳᠴᠢᠯᠠᠨ ᠲᠦᠯᠦᠬᠦ ᠮᠥᠩᠭᠦ ᠵᠢ ᠪᠤᠴᠠᠭ᠋ᠠᠵᠤ ᠥᠭᠬᠦ ᠡᠭᠦᠷᠭᠡ᠎ᠠᠴᠠ ᠵᠠᠶ᠋ᠢᠯᠠᠬᠤ ᠵᠡᠷᠭᠡ ᠠᠰᠠᠭᠤᠳᠠᠯ᠎ᠳᠤ ᠲᠥᠪᠯᠡᠷᠡᠪᠡ᠃

     ᠦᠢ᠍ᠯᠡᠴᠢᠯᠡᠭᠡᠨ᠎ᠤ ᠵᠠᠭ᠋ᠠᠯᠳᠤᠯᠭ᠎ᠠ ᠵᠢᠨ ᠬᠠᠯᠠᠮᠰᠢᠯ ᠴᠡᠭ᠎ᠤᠨ ᠡᠮᠦᠨ᠎ᠡ ᠠᠷᠪᠠ᠎ᠳᠤ ᠪᠠᠢ᠌ᠭ᠎ᠠ᠎ᠨᠢ ᠤᠷᠢᠳᠴᠢᠯᠠᠨ ᠲᠦᠯᠦᠬᠦ ᠺᠠᠷᠲ᠎ᠤᠨ ᠦᠢ᠍ᠯᠡᠴᠢᠯᠡᠭᠡ 9848 ᠬᠤᠪᠢ᠂ ᠬᠤᠭᠤᠯᠠᠨ ᠭᠡᠷ᠎ᠤᠨ ᠦᠢ᠍ᠯᠡᠴᠢᠯᠡᠭᠡ 5908 ᠬᠤᠪᠢ᠂ ᠵᠣᠴᠢᠳ᠎ᠤᠨ ᠪᠠᠭᠤᠳᠠᠯ᠎ᠤᠨ ᠬᠠᠨᠤᠭ᠎ᠤᠨ ᠦᠢ᠍ᠯᠡᠴᠢᠯᠡᠭᠡ 4407 ᠬᠤᠪᠢ᠂ ᠵᠢᠵᠢᠭᠯᠡᠨ ᠬᠤᠳᠠᠯᠳᠤᠬᠤ ᠦᠢ᠍ᠯᠡᠴᠢᠯᠡᠭᠡ 1592 ᠬᠤᠪᠢ᠂ ᠰᠢᠯᠭ᠋ᠠᠯᠲᠠ᠎ᠳᠤ ᠦᠢ᠍ᠯᠡᠴᠢᠯᠡᠬᠦ ᠪᠣᠯᠪᠠᠰᠤᠷᠠᠯ᠎ᠤᠨ ᠦᠢ᠍ᠯᠡᠴᠢᠯᠡᠭᠡ 1030 ᠬᠤᠪᠢ᠂ ᠮᠠᠰᠢᠨ ᠲᠡᠷᠭᠡ ᠰᠡᠯᠪᠢᠨ ᠵᠠᠰᠠᠬᠤ ᠦᠢ᠍ᠯᠡᠴᠢᠯᠡᠭᠡ 1011 ᠬᠤᠪᠢ᠂ ᠬᠤᠪᠢ ᠬᠥᠮᠥᠨ᠎ᠤ ᠭᠡᠷᠡᠯ ᠵᠢᠷᠤᠭ᠎ᠤᠨ ᠦᠢ᠍ᠯᠡᠴᠢᠯᠡᠭᠡ 988 ᠬᠤᠪᠢ᠂ ᠵᠢᠯᠣᠭᠤᠴᠢ ᠵᠢᠨ ᠪᠣᠯᠪᠠᠰᠤᠷᠠᠯ᠎ᠤᠨ ᠦᠢ᠍ᠯᠡᠴᠢᠯᠡᠭᠡ 930 ᠬᠤᠪᠢ᠂ ᠵᠢᠭᠤᠯᠴᠢᠯᠠᠯ᠎ᠤᠨ ᠵᠠᠭᠤᠴᠢ ᠵᠢᠨ ᠦᠢ᠍ᠯᠡᠴᠢᠯᠡᠭᠡ 871 ᠬᠤᠪᠢ᠂ ᠬᠠᠭᠤᠷᠠᠶ ᠤᠭᠢᠶᠠᠯᠭ᠎ᠠ ᠵᠢᠨ ᠦᠢ᠍ᠯᠡᠴᠢᠯᠡᠭᠡ 716 ᠬᠤᠪᠢ (ᠭᠥᠯᠢᠶᠡᠨ ᠠᠪᠤᠭᠰᠠᠨ ᠬᠡᠮᠵᠢᠶ᠎ᠡ᠎ᠳᠠᠬᠢ ᠪᠤᠶ ᠪᠦᠬᠦᠢ 《ᠪᠤᠰᠤᠳ》᠎ᠢ ᠵᠢᠭᠰᠠᠭ᠋ᠠᠯᠲᠠ᠎ᠳᠤ ᠪᠣᠳᠣᠵᠤ ᠣᠷᠣᠭᠤᠯᠬᠤ ᠦᠭᠡᠢ)᠂ ᠦᠢ᠍ᠯᠡᠴᠢᠯᠡᠭᠡᠨ᠎ᠤ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠢ ᠲᠣᠭ᠋ᠠᠨ᠎ᠤ ᠨᠡᠢ᠌ᠲᠡ 43.59% ᠵᠢ ᠡᠵᠡᠯᠡᠪᠡ᠃

     ᠵᠠᠭ᠋ᠠᠯᠳᠤᠯᠭ᠎ᠠ ᠵᠢ ᠬᠦᠯᠢᠶᠡᠨ ᠠᠪᠤᠭᠰᠠᠨ ᠪᠠᠶ᠋ᠢᠳᠠᠯ᠎ᠢ ᠬᠣᠯᠪᠣᠭᠳᠠᠬᠤ ᠠᠰᠠᠭᠤᠳᠠᠯ᠎ᠤᠨ ᠶᠣᠰᠣᠭ᠋ᠠᠷ ᠠᠩᠭᠢᠯᠠᠭᠰᠠᠨ ᠵᠢᠷᠤᠭ᠄


17.png

 

     ᠬᠣᠯᠪᠣᠭᠳᠠᠬᠤ ᠠᠰᠠᠭᠤᠳᠠᠯ ᠵᠶ᠋ᠠᠷ᠎ᠨᠢ ᠲᠥᠷᠥᠯ ᠬᠤᠪᠢᠶᠠᠨ᠂ ᠡᠯᠳᠡᠪ ᠬᠤᠳᠠᠯ ᠬᠠᠭᠤᠷᠮᠠᠭ ᠶᠠᠭᠤᠮ᠎ᠠ ᠬᠣᠯᠢᠬᠤ᠂ ᠬᠠᠭᠤᠷᠮᠠᠭ ᠵᠶ᠋ᠠᠷ ᠵᠢᠩᠬᠢᠨᠢ ᠵᠢ ᠣᠷᠣᠯᠠᠭᠤᠯᠬᠤ᠂ ᠮᠠᠭᠤ᠎ᠪᠠᠷ ᠰᠠᠶ᠋ᠢᠨ᠎ᠢ ᠣᠷᠣᠯᠠᠭᠤᠯᠬᠤ᠂ ᠭᠡᠷ᠎ᠡ᠎ᠳᠤ ᠪᠣᠯᠵᠣᠨ ᠲᠣᠭᠲᠠᠭᠰᠠᠨ ᠡᠭᠦᠷᠭᠡ᠎ᠪᠠᠨ ᠭᠦᠢ᠍ᠴᠡᠳᠬᠡᠬᠦ ᠦᠭᠡᠶ᠂ ᠭᠤᠷᠪᠠ ᠵᠢ ᠳᠠᠭ᠋ᠠᠭ᠋ᠠᠴᠢᠯᠠᠬᠤ ᠡᠭᠦᠷᠭᠡ᠎ᠪᠠᠨ ᠭᠦᠢ᠍ᠴᠡᠳᠬᠡᠬᠦ ᠦᠭᠡᠶ᠂ ᠦᠨ᠎ᠡ ᠬᠠᠩᠰᠢ ᠵᠢᠨ ᠵᠠᠭ᠋ᠠᠯᠳᠤᠯᠭ᠎ᠠ᠂ ᠠᠮᠤᠷ ᠲᠦᠪᠰᠢᠨ᠎ᠤ ᠳᠠᠯᠳᠠ ᠭᠡᠮ ᠣᠷᠤᠰᠢᠵᠤ ᠪᠠᠢ᠌ᠬᠤ᠂ ᠬᠤᠳᠠᠯ ᠬᠠᠭᠤᠷᠮᠠᠭ ᠵᠠᠷ ᠮᠡᠳᠡᠭᠡ ᠵᠢ ᠠᠰᠢᠭᠯᠠᠨ ᠬᠡᠷᠡᠭᠯᠡᠭᠴᠢᠳ᠎ᠢ ᠪᠤᠷᠤᠭᠤ᠎ᠪᠠᠷ ᠵᠢᠯᠣᠭᠣᠳᠬᠤ ᠵᠡᠷᠭᠡ ᠠᠰᠠᠭᠤᠳᠠᠯ ᠨᠡᠯᠢᠶᠡᠳ ᠲᠣᠪᠣᠶ᠋ᠢᠮ᠎ᠠ ᠪᠠᠶ᠋ᠢᠨ᠎ᠠ᠃

     ᠭᠤᠷᠪᠠ᠂ ᠢᠯᠡᠴᠢᠯᠡᠨ ᠮᠡᠳᠡᠭᠦᠯᠦᠭᠰᠡᠨ ᠪᠠᠶ᠋ᠢᠳᠠᠯ᠎ᠤᠨ ᠲᠤᠭ᠎ᠠ ᠪᠠᠷᠢᠮᠲᠠ ᠵᠢᠨ ᠲᠤᠭ᠎ᠠ ᠪᠦᠷᠢᠳᠭᠡᠯ

     ᠪᠦᠬᠦ ᠵᠢᠯ᠎ᠳᠤ ᠨᠡᠶ᠋ᠢᠲᠡ 32501 ᠬᠤᠪᠢ ᠢᠯᠡᠴᠢᠯᠡᠨ ᠮᠡᠳᠡᠭᠦᠯᠦᠯᠲᠡ ᠵᠢ ᠬᠦᠯᠢᠶᠡᠨ ᠠᠪᠴᠤ᠂ ᠠᠳᠠᠯᠢ ᠬᠤᠭᠤᠴᠠᠭ᠋ᠠᠨ᠎ᠤ᠎ᠬᠢ᠎ᠠᠴᠠ 12.60%᠎ᠪᠠᠷ ᠨᠡᠮᠡᠭᠳᠡᠪᠡ᠃ ᠡᠭᠦᠨ᠎ᠳᠤ᠂ ᠲᠠᠸᠠᠷ᠎ᠤᠨ ᠲᠥᠷᠥᠯ᠎ᠳᠤ ᠬᠣᠯᠪᠤᠭᠳᠠᠬᠤ 16203 ᠬᠤᠪᠢ ᠪᠣᠢ; ᠦᠢ᠍ᠯᠡᠴᠢᠯᠡᠭᠡᠨ᠎ᠤ ᠲᠥᠷᠥᠯ᠎ᠳᠤ ᠬᠣᠯᠪᠤᠭᠳᠠᠬᠤ16298 ᠬᠤᠪᠢ ᠪᠠᠶ᠋ᠢᠨ᠎ᠠ᠃ 2023 ᠣᠨ᠎ᠤ 1 ᠳ᠋ᠦ᠍ᠭᠡᠷ ᠰᠠᠷ᠎ᠠ ᠵᠢᠨ 4᠎ᠤ ᠡᠳᠦᠷ ᠪᠣᠯᠲᠠᠯ᠎ᠠ ᠨᠢᠭᠡᠨᠲᠡ 31457 ᠬᠤᠪᠢ ᠢᠯᠡᠴᠢᠯᠡᠨ ᠮᠡᠳᠡᠭᠦᠯᠦᠯᠲᠡ ᠵᠢ ᠰᠢᠢ᠍ᠳᠪᠦᠷᠢᠯᠡᠨ ᠳᠠᠭᠤᠰᠬᠠᠵᠤ᠂ ᠰᠢᠢ᠍ᠳᠪᠦᠷᠢᠯᠡᠵᠦ ᠳᠠᠭᠤᠰᠬᠠᠭᠰᠠᠨ ᠨᠣᠷᠮ᠎ᠠ᠎ᠨᠢ 96.79% ᠪᠠᠢ᠌ᠪᠠ᠃

     ᠢᠯᠡᠴᠢᠯᠡᠨ ᠮᠡᠳᠡᠭᠦᠯᠦᠯᠲᠡ ᠵᠢ ᠬᠦᠯᠢᠶᠡᠨ ᠠᠪᠤᠭᠰᠠᠨ ᠬᠡᠮᠵᠢᠶ᠎ᠡ᠎ᠨᠢ ᠡᠮᠦᠨ᠎ᠡ ᠲᠠᠪᠤ᠎ᠳᠤ ᠵᠢᠭᠰᠠᠭ᠋ᠠᠭᠳᠠᠭᠰᠠᠨ ᠲᠠᠸᠠᠷ᠂ ᠦᠢ᠍ᠯᠡᠴᠢᠯᠡᠭᠡ ᠵᠢ ᠠᠩᠭᠢᠯᠠᠭᠰᠠᠨ ᠬᠦᠰᠦᠨᠦᠭᠲᠦ᠄

 

18.png

 

     ᠲᠠᠸᠠᠷ᠎ᠤᠨ ᠲᠥᠷᠥᠯ᠎ᠤᠨ ᠢᠯᠡᠴᠢᠯᠡᠨ ᠮᠡᠳᠡᠭᠦᠯᠦᠯᠲᠡ᠎ᠳᠤ ᠂ ᠢᠳᠡᠭᠡᠨ᠎ᠤ ᠲᠥᠷᠥᠯ᠎ᠨᠢ 8719 ᠬᠤᠪᠢ᠎ᠪᠠᠷ ᠲᠦᠷᠦᠭᠦᠨ᠎ᠳᠤ ᠵᠢᠭᠰᠠᠭ᠋ᠠᠭᠳᠠᠵᠤ᠂ ᠲᠠᠸᠠᠷ᠎ᠤᠨ ᠲᠥᠷᠥᠯ᠎ᠤᠨ ᠢᠯᠡᠴᠢᠯᠡᠨ ᠮᠡᠳᠡᠭᠦᠯᠦᠯᠲᠡ ᠵᠢᠨ 53.81% ᠵᠢ ᠡᠵᠡᠯᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 45.39%᠎ᠪᠠᠷ ᠨᠡᠮᠡᠭᠳᠡᠪᠡ᠃ ᠢᠯᠡᠴᠢᠯᠡᠨ ᠮᠡᠳᠡᠭᠦᠯᠦᠯᠲᠡ᠎ᠨᠢ ᠭᠤᠤᠯᠳᠠᠭᠤ ᠢᠳᠡᠭᠡᠨ ᠤᠮᠳᠠᠭ᠋ᠠᠨ᠂ ᠮᠢᠬᠠᠨ ᠦᠢ᠍ᠯᠡᠳᠬᠦᠨ᠂ ᠤᠮᠳᠠᠭ᠋ᠠᠨ᠂ ᠴᠠᠭ᠋ᠠᠨ ᠢᠳᠡᠭᠡ᠂ ᠮᠠᠯ ᠵᠢᠭᠦᠷᠲᠡᠨ᠎ᠤ ᠮᠢᠬ᠎ᠠ ᠵᠢᠴᠢ ᠲᠤᠰᠠᠯᠠᠬᠤ ᠦᠢ᠍ᠯᠡᠳᠬᠦᠨ᠂ ᠠᠮᠤ ᠪᠤᠳᠠᠭ᠎ᠠ ᠵᠢᠨ ᠡᠳ᠋ᠰᠢᠭᠦᠯᠦᠭᠰᠡᠨ ᠦᠢ᠍ᠯᠡᠳᠬᠦᠨ᠂ ᠠᠷᠢᠬᠢᠨ᠎ᠤ ᠵᠦᠢ᠍ᠯ ᠵᠡᠷᠭᠡ᠎ᠳᠤ ᠬᠤᠯᠪᠣᠭᠳᠠᠵᠤ᠂ ᠭᠤᠤᠯᠳᠠᠭᠤ ᠵᠠᠷ ᠮᠡᠳᠡᠭᠡ᠂ ᠦᠨ᠎ᠡ ᠬᠠᠩᠰᠢ᠂ ᠶᠠᠰᠤ ᠴᠢᠨᠠᠷ᠂ ᠲᠠᠸᠠᠷ᠎ᠤᠨ ᠱᠤᠰᠢᠭ᠎ᠠ ᠂ ᠵᠢᠩ ᠳᠤᠲᠠᠭᠤ ᠵᠡᠷᠭᠡ ᠠᠰᠠᠭᠤᠳᠠᠯ᠎ᠳᠤ ᠬᠤᠯᠪᠣᠭᠳᠠᠵᠠᠶ᠃ ᠪᠤᠰᠤᠳ ᠢᠯᠡᠴᠢᠯᠡᠨ ᠮᠡᠳᠡᠭᠦᠯᠦᠭᠰᠡᠨ ᠵᠶ᠋ᠠᠷ ᠨᠡᠯᠢᠶᠡᠳ ᠠᠷᠪᠢᠨ ᠪᠠᠶ᠋ᠢᠭ᠎ᠠ ᠲᠠᠸᠠᠷ᠎ᠲᠤ ᠣᠨᠴᠠᠭ᠋ᠠᠶ ᠪᠤᠰᠤ ᠬᠡᠷᠡᠭᠴᠡᠭᠡᠨ᠎ᠤ ᠭᠤᠶᠤᠯᠠᠯ᠎ᠤᠨ ᠡᠳ᠋᠂ ᠬᠢᠲᠠᠳ ᠧᠦ᠋ᠷᠣᠫᠠ ᠪᠡᠯᠡᠨ  ᠡᠮ᠂ ᠮᠠᠰᠢᠨ ᠲᠡᠷᠭᠡ ᠵᠢᠴᠢ ᠮᠠᠰᠢᠨ ᠲᠡᠷᠭᠡᠨ᠎ᠤ ᠰᠡᠯᠪᠢᠭ ᠲᠣᠨᠤᠭ᠂ ᠡᠳᠦᠷ ᠲᠤᠲᠤᠮ᠎ᠤᠨ  ᠬᠡᠷᠡᠭᠰᠡᠯ᠂ ᠬᠢᠲᠠᠳ ᠪᠡᠯᠡᠨ ᠡᠮ᠂ ᠲᠠᠸᠠᠷ᠎ᠤᠨ ᠭᠡᠷ᠂ ᠴᠠᠬᠢᠯᠭ᠋ᠠᠨ ᠱᠠᠲᠤ᠂ ᠨᠠᠪᠴᠢᠨ ᠲᠠᠮᠠᠬᠢ ᠵᠡᠷᠭᠡ ᠪᠠᠭᠲᠠᠨ᠎ᠠ᠂ ᠭᠤᠤᠯᠳᠠᠭᠤ ᠶᠠᠰᠤ ᠴᠢᠨᠠᠷ᠂ ᠦᠨ᠎ᠡ ᠬᠠᠩᠰᠢ᠂ ᠦᠨᠡᠮᠯᠡᠯ ᠥᠬᠡᠶ ᠡᠵᠡᠩᠨᠡᠯᠲᠡ᠂ ᠲᠠᠸᠠᠷ᠎ᠤᠨ  ᠱᠤᠰᠢᠭ᠎ᠠ᠂ ᠬᠠᠤᠯᠢ᠎ᠠᠴᠠ ᠵᠥᠷᠢᠴᠡᠭᠰᠡᠨ ᠵᠠᠷ ᠮᠡᠳᠡᠭᠡ ᠵᠡᠷᠭᠡ ᠠᠰᠠᠭᠤᠳᠠᠯ᠎ᠳᠤ ᠬᠣᠯᠪᠤᠭᠳᠠᠪᠠ ᠃

     ᠦᠢ᠍ᠯᠡᠴᠢᠯᠡᠭᠡᠨ᠎ᠤ ᠲᠥᠷᠥᠯ᠎ᠤᠨ ᠢᠯᠡᠴᠢᠯᠡᠨ ᠮᠡᠳᠡᠭᠦᠯᠦᠯᠲᠡ᠎ᠳᠤ᠂ ᠢᠳᠡᠭᠡᠨ ᠤᠮᠳᠠᠭ᠋ᠠᠨ ᠪᠠ ᠬᠤᠨᠤᠭ᠎ᠤᠨ ᠦᠢ᠍ᠯᠡᠴᠢᠯᠡᠭᠡᠨ᠎ᠤ ᠲᠥᠷᠥᠯ᠎ᠨᠢ 4559 ᠬᠤᠪᠢ᠎ᠪᠠᠷ ᠲᠦᠷᠦᠭᠦᠨ᠎ᠳᠤ ᠵᠢᠭᠰᠠᠭ᠋ᠠᠭᠳᠠᠵᠤ᠂ ᠦᠢ᠍ᠯᠡᠴᠢᠯᠡᠭᠡᠨ᠎ᠤ ᠲᠥᠷᠥᠯ᠎ᠤᠨ ᠢᠯᠡᠴᠢᠯᠡᠨ ᠮᠡᠳᠡᠭᠦᠯᠦᠯᠲᠡ ᠵᠢᠨ 27.97% ᠵᠢ ᠡᠵᠡᠯᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 45.65%᠎ᠪᠠᠷ ᠨᠡᠮᠡᠭᠳᠡᠪᠡ᠃ ᠢᠯᠡᠴᠢᠯᠡᠨ ᠮᠡᠳᠡᠭᠦᠯᠦᠯᠲᠡ ᠵᠢᠨ ᠭᠤᠤᠯ ᠠᠰᠠᠭᠤᠳᠠᠯ᠎ᠨᠢ ᠶᠠᠰᠤ ᠴᠢᠨᠠᠷ᠂ ᠠᠮᠤᠷ ᠲᠦᠪᠰᠢᠨ᠂ ᠦᠨᠡᠮᠯᠡᠯ ᠦᠭᠡᠢ ᠡᠵᠡᠩᠨᠡᠯᠲᠡ ᠵᠡᠷᠭᠡ ᠪᠣᠯᠤᠨ᠎ᠠ᠃ ᠪᠤᠰᠤᠳ ᠢᠯᠡᠴᠢᠯᠡᠨ ᠮᠡᠳᠡᠭᠦᠯᠦᠭᠰᠡᠨ ᠵᠶ᠋ᠡᠷ ᠨᠡᠯᠢᠶᠡᠳ ᠠᠷᠪᠢᠨ ᠪᠠᠢ᠌ᠭ᠎ᠠ ᠦᠢ᠍ᠯᠡᠴᠢᠯᠡᠭᠡ᠎ᠨᠢ ᠭᠤᠤᠯᠳᠠᠭᠤ ᠡᠮᠨᠡᠯᠭᠡ ᠵᠢᠨ ᠬᠤᠷᠢᠶᠠᠨ᠎ᠤ ᠦᠢ᠍ᠯᠡᠴᠢᠯᠡᠭᠡ᠂ ᠵᠢᠵᠢᠭᠯᠡᠨ ᠬᠤᠳᠠᠯᠳᠤᠬᠤ ᠦᠢ᠍ᠯᠡᠴᠢᠯᠡᠭᠡ  ᠂ ᠵᠢᠰᠦ ᠭᠤᠶᠣᠯᠠᠵᠤ ᠦᠰᠦ ᠵᠠᠰᠠᠬᠤ ᠦᠢ᠍ᠯᠡᠴᠢᠯᠡᠭᠡ  ᠂ ᠬᠡᠯᠪᠡᠷᠢᠵᠢᠭᠦᠯᠬᠦ ᠦᠢ᠍ᠯᠡᠴᠢᠯᠡᠭᠡ  ᠂ ᠡᠵᠡᠩᠨᠡᠯᠲᠡ ᠵᠢᠨ ᠪᠤᠰᠤ ᠴᠢᠨᠠᠷᠲᠠᠶ ᠢᠨᠲ᠋ᠧᠷ ᠰᠦᠯᠵᠢᠶᠡᠨ᠎ᠤ ᠦᠢ᠍ᠯᠡᠴᠢᠯᠡᠭᠡ᠂ ᠲᠣᠭᠤᠷᠢᠨ ᠦᠵᠡᠬᠦ ᠵᠤᠭ᠎ᠠ ᠴᠡᠩᠭᠡᠯ᠎ᠤᠨ ᠦᠢ᠍ᠯᠡᠴᠢᠯᠡᠭᠡ᠂ ᠤᠷ᠎ᠠ ᠴᠢᠳᠠᠪᠤᠷᠢ ᠵᠢᠨ ᠪᠣᠯᠪᠠᠰᠤᠷᠠᠯ᠎ᠤᠨ ᠦᠢ᠍ᠯᠡᠴᠢᠯᠡᠭᠡ᠂ ᠤᠬᠢᠶᠠᠯᠭ᠎ᠠ ᠢᠯᠢᠵᠦ ᠨᠤᠬᠤᠯᠠᠬᠤ ᠦᠢ᠍ᠯᠡᠴᠢᠯᠡᠭᠡ ᠵᠡᠷᠭᠡ᠎ᠳᠤ ᠬᠤᠯᠪᠣᠭᠳᠠᠵᠤ᠂ ᠭᠤᠤᠯ ᠠᠰᠠᠭᠤᠳᠠᠯ᠎ᠨᠢ ᠦᠨᠡᠮᠯᠡᠯ ᠥᠬᠡᠶ ᠡᠵᠡᠩᠨᠡᠯᠲᠡ᠂ ᠬᠤᠳᠠᠯ ᠬᠠᠭᠤᠷᠮᠠᠭ ᠵᠠᠷ ᠮᠡᠳᠡᠭᠡᠨ᠎ᠤ ᠤᠬᠠᠭᠤᠯᠭ᠎ᠠ᠂ ᠦᠢ᠍ᠯᠡᠴᠢᠯᠡᠭᠡᠨ᠎ᠤ ᠶᠠᠰᠤ ᠴᠢᠨᠠᠷ ᠮᠠᠭᠤ ᠪᠠ ᠬᠡᠷᠡᠭᠯᠡᠭᠴᠢᠳ᠎ᠢ ᠮᠡᠬᠡᠯᠡᠭᠰᠡᠨ ᠠᠵᠢᠯᠯᠠᠭ᠎ᠠ ᠪᠣᠯᠤᠨ᠎ᠠ᠃

     ᠢᠯᠡᠴᠢᠯᠡᠨ ᠮᠡᠳᠡᠭᠦᠯᠦᠯᠲᠡ ᠵᠢ ᠬᠦᠯᠢᠶᠡᠨ ᠠᠪᠤᠭᠰᠠᠨ ᠪᠠᠶ᠋ᠢᠳᠠᠯ᠎ᠢ ᠬᠤᠯᠪᠣᠭᠳᠠᠬᠤ ᠠᠰᠠᠭᠤᠳᠠᠯ᠎ᠤᠨ ᠶᠣᠰᠣᠭ᠋ᠠᠷ ᠲᠥᠷᠥᠯ ᠠᠩᠭᠢᠯᠠᠭᠰᠠᠨ ᠵᠢᠷᠤᠭ᠄

 

19.png


     ᠬᠣᠯᠪᠣᠭᠳᠠᠬᠤ ᠠᠰᠠᠭᠤᠳᠠᠯ ᠵᠶ᠋ᠠᠷ᠎ᠨᠢ ᠲᠥᠷᠥᠯ ᠠᠩᠭᠢᠯᠠᠵᠤ᠂ ᠢᠳᠡᠭᠡᠨ᠎ᠤ ᠠᠮᠤᠷ ᠲᠦᠪᠰᠢᠨ᠎ᠤ ᠪᠠᠷᠢᠮᠵᠢᠶ᠎ᠠ᠂ ᠵᠠᠷ ᠮᠡᠳᠡᠭᠡ᠂ ᠦᠨ᠎ᠡ ᠬᠠᠩᠰᠢ ᠵᠢᠨ ᠬᠠᠤᠯᠢ᠎ᠠᠴᠠ ᠵᠥᠷᠢᠴᠡᠭᠰᠡᠨ ᠵᠢᠴᠢ ᠲᠣᠭᠲᠠᠭ᠋ᠠᠯ᠎ᠠᠴᠠ ᠵᠥᠷᠢᠴᠡᠨ ᠰᠦᠢ᠍ᠳᠬᠡᠯ ᠬᠤᠷᠢᠶᠠᠭᠰᠠᠨ ᠦᠢ᠍ᠯᠡ ᠠᠵᠢᠯᠯᠠᠭ᠎ᠠ ᠵᠢᠨ ᠠᠰᠠᠭᠤᠳᠠᠯ᠂ ᠬᠡᠷᠡᠭᠯᠡᠭᠴᠢᠳ᠎ᠤᠨ ᠡᠷᠬᠡ ᠠᠰᠢᠭ᠎ᠲᠤ ᠬᠠᠯᠳᠠᠭᠰᠠᠨ᠂ ᠵᠦᠢ ᠶᠣᠰᠣᠨ᠎ᠤ ᠪᠤᠰᠤ ᠥᠷᠢᠰᠥᠯᠳᠦᠭᠡᠨ᠂ ᠦᠢ᠍ᠯᠡᠳᠬᠦᠨ᠎ᠤ ᠶᠠᠰᠤ ᠴᠢᠨᠠᠷ᠂ ᠳᠠᠩᠰᠠᠯᠠᠨ ᠬᠠᠮᠢᠶᠠᠷᠬᠤ ᠦᠢ᠍ᠯᠡ ᠠᠵᠢᠯᠯᠠᠭ᠎ᠠ᠂ ᠬᠡᠮᠵᠢᠯᠲᠡ ᠵᠢᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢᠴᠢ ᠡᠮ᠎ᠤᠨ ᠵᠦᠢ᠍ᠯ᠎ᠤᠨ ᠠᠰᠠᠭᠤᠳᠠᠯ ᠵᠡᠷᠭᠡ ᠨᠡᠯᠢᠶᠡᠳ ᠲᠣᠪᠣᠶ᠋ᠢᠮ᠎ᠠ ᠪᠠᠶ᠋ᠢᠨ᠎ᠠ᠃

     ᠳᠥᠷᠪᠡ᠂ ᠠᠰᠠᠭᠤᠨ ᠯᠠᠪᠯᠠᠯᠲᠠ ᠵᠢᠨ ᠪᠠᠶ᠋ᠢᠳᠠᠯ᠎ᠤᠨ ᠲᠤᠭ᠎ᠠ ᠪᠠᠷᠢᠮᠲᠠ ᠵᠢᠨ ᠪᠦᠷᠢᠳᠬᠡᠯ

    2023 ᠣᠨ᠎ᠳᠤ ᠠᠰᠠᠭᠤᠨ ᠯᠠᠪᠯᠠᠯᠲᠠ ᠵᠢ ᠨᠡᠢ᠌ᠲᠡ 199648 ᠬᠤᠪᠢ ᠭᠥᠯᠢᠶᠡᠨ ᠠᠪᠴᠤ᠂ ᠠᠳᠠᠯᠢ ᠬᠤᠭᠤᠴᠠᠭ᠋ᠠᠨ᠎ᠤ᠎ᠬᠢ᠎ᠠᠴᠠ 8.17 %᠎ᠪᠠᠷ ᠨᠡᠮᠡᠭᠳᠡᠵᠡᠶ᠂ ᠡᠭᠦᠨ᠎ᠳᠤ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠢᠰᠲ᠋ᠧᠮ᠎ᠳᠤ ᠬᠤᠯᠪᠣᠭᠳᠠᠭᠰᠠᠨ 17254 ᠬᠤᠪᠢ ᠪᠠᠶ᠋ᠢᠵᠤ᠂ ᠠᠰᠠᠭᠤᠨ ᠯᠠᠪᠯᠠᠭᠰᠠᠨ ᠬᠡᠮᠵᠢᠶ᠎ᠡ᠎ᠪᠠᠷ ᠨᠡᠯᠢᠶᠡᠳ ᠶᠡᠭᠡ ᠠᠰᠠᠭᠤᠳᠠᠯ᠎ᠨᠢ᠄ ᠵᠠᠭ᠋ᠠᠯᠳᠤᠯᠭ᠎ᠠ ᠢᠯᠡᠴᠢᠯᠡᠨ ᠮᠡᠳᠡᠭᠦᠯᠦᠯᠲᠡ ᠵᠢ ᠰᠢᠢ᠍ᠳᠪᠦᠷᠢᠯᠡᠭᠰᠡᠨ11103 ᠬᠤᠪᠢ᠂ ᠦᠢ᠍ᠯᠡᠳᠬᠦᠨ (ᠲᠠᠸᠠᠷ)᠎ᠤ ᠶᠠᠰᠤ ᠴᠢᠨᠠᠷ 792 ᠬᠤᠪᠢ᠂ ᠦᠢ᠍ᠯᠡᠴᠢᠯᠡᠭᠡᠨ᠎ᠤ ᠬᠡᠷᠡᠭᠯᠡᠭᠡᠨ᠎ᠤ ᠬᠢᠨᠠᠯᠲᠠ ᠬᠠᠮᠢᠶᠠᠷᠤᠯᠲᠠ 693 ᠬᠤᠪᠢ᠂ ᠢᠳᠡᠭᠡᠨ᠎ᠤ ᠬᠢᠨᠠᠯᠲᠠ ᠬᠠᠮᠢᠶᠠᠷᠤᠯᠲᠠ 250 ᠬᠤᠪᠢ᠂ ᠰᠦᠯᠵᠢᠶᠡᠨ᠎ᠤ ᠠᠷᠠᠯᠵᠢᠶᠠᠨ᠎ᠤ ᠬᠢᠨᠠᠯᠲᠠ ᠬᠠᠮᠢᠶᠠᠷᠤᠯᠲᠠ 218 ᠬᠤᠪᠢ ᠪᠠᠢ᠌ᠵᠤ᠂ ᠬᠡᠷᠡᠭᠯᠡᠭᠡᠨ᠎ᠤ ᠡᠷᠬᠡ ᠠᠰᠢᠭ᠎ᠢ ᠬᠠᠮᠠᠭ᠋ᠠᠯᠠᠬᠤ ᠮᠡᠳᠡᠯᠭᠡ 73635 ᠬᠤᠪᠢ ᠪᠣᠶ᠃ ᠪᠤᠰᠤᠳ ᠰᠠᠯᠠᠭ᠎ᠠ ᠮᠥᠴᠢᠷ᠎ᠤᠨ ᠠᠰᠠᠭᠤᠨ ᠯᠠᠪᠯᠠᠯᠲᠠ᠎ᠨᠢ ᠭᠣᠤᠯᠳᠠᠭᠤ ᠡᠷᠡᠭᠦᠯ ᠬᠠᠮᠠᠭ᠋ᠠᠯᠠᠯ᠂ ᠵᠢᠭᠤᠯᠴᠢᠯᠠᠯ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠬᠠᠮᠢᠶᠠᠷᠤᠯᠲᠠ᠂ ᠰᠢᠦᠳᠠᠨ᠂ ᠭᠠᠶ᠋ᠢᠯᠢ ᠵᠢᠨ ᠶᠠᠪᠤᠳᠠᠯ᠂ ᠢᠯᠴᠢ ᠬᠠᠩᠭ᠋ᠠᠯᠭ᠎ᠠ᠂ ᠤᠰᠤ ᠬᠠᠩᠭ᠋ᠠᠯᠭ᠎ᠠ᠂ ᠴᠠᠬᠢᠯᠭ᠋ᠠᠨ ᠬᠠᠩᠭ᠋ᠠᠯᠭ᠎ᠠ᠂ ᠠᠳᠠᠯ ᠠᠬᠤᠶ᠂ ᠭᠡᠷ ᠪᠠᠶ᠋ᠢᠰᠢᠩ ᠭᠠᠵᠠᠷ ᠬᠥᠷᠥᠩᠭᠡ ᠵᠡᠷᠭᠡ᠎ᠳᠤ ᠬᠣᠯᠪᠣᠭᠳᠠᠨ᠎ᠠ᠃

     ᠲᠠᠪᠤ᠂ ᠶᠡᠷᠦᠩᠬᠡᠢ ᠵᠠᠳᠠᠯᠤᠯᠲᠠ ᠵᠢᠨ ᠰᠠᠨᠠᠭᠤᠯᠭ᠎ᠠ

    (ᠨᠢᠭᠡ) 2023 ᠣᠨ᠎ᠳᠤ ᠪᠥᠬᠦ ᠣᠷᠣᠨ᠎ᠤ ᠬᠡᠷᠡᠭᠯᠡᠭᠴᠢᠳ᠎ᠤᠨ ᠬᠦᠰᠡᠯ ᠱᠠᠭ᠋ᠠᠷᠳᠠᠯᠭ᠎ᠠ ᠵᠢ ᠭᠥᠯᠢᠶᠡᠨ ᠠᠪᠤᠭᠰᠠᠨ ᠶᠡᠷᠦᠩᠬᠡᠶ ᠬᠡᠮᠵᠢᠶ᠎ᠡ ᠠᠳᠠᠯᠢ ᠬᠤᠭᠤᠴᠠᠭ᠋ᠠᠨ᠎ᠤ᠎ᠬᠢ᠎ᠠᠴᠠ ᠢᠯᠡᠳᠲᠡ ᠨᠡᠮᠡᠭᠳᠡᠪᠡ

    2023 ᠣᠨ᠎ᠳᠤ ᠪᠥᠬᠦ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠬᠡᠷᠡᠭᠯᠡᠭᠴᠢᠳ᠎ᠤᠨ ᠠᠰᠠᠭᠤᠨ ᠯᠠᠪᠯᠠᠯᠲᠠ ᠵᠠᠭ᠋ᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠵᠢ ᠭᠥᠯᠢᠶᠡᠨ ᠠᠪᠤᠭᠰᠠᠨ᠎ᠨᠢ ᠢᠯᠡᠳᠲᠡ ᠨᠡᠮᠡᠭᠳᠡᠵᠦ᠂ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 15.12% ᠵᠶ᠋ᠠᠷ ᠨᠡᠮᠡᠭᠳᠡᠵᠦ᠂ ᠢᠯᠡᠴᠢᠯᠡᠨ ᠮᠡᠳᠡᠭᠦᠯᠦᠯᠲᠡ᠎ᠨᠢ ᠠᠳᠠᠯᠢ ᠬᠤᠭᠤᠴᠠᠭ᠋ᠠᠨ᠎ᠤ᠎ᠬᠢ᠎ᠠᠴᠠ 12.60%᠎ᠪᠠᠷ ᠨᠡᠮᠡᠭᠳᠡᠵᠦ᠂ ᠭᠤᠣᠯ ᠰᠢᠯᠲᠠᠭ᠋ᠠᠨ᠎ᠨᠢ ᠨᠢᠭᠡ᠎ᠳᠤ᠂ ᠬᠢᠵᠢᠭ᠎ᠤᠨ ᠪᠠᠶ᠋ᠢᠳᠠᠯ᠎ᠢ ᠪᠥᠬᠦ ᠲᠠᠯ᠎ᠠ᠎ᠪᠠᠷ ᠴᠢᠯᠦᠭᠡᠲᠡᠢ ᠪᠣᠯᠭ᠋ᠠᠭᠰᠠᠨ᠎ᠤ ᠳᠠᠷᠠᠭ᠎ᠠ᠂ ᠠᠵᠤ ᠠᠬᠤᠢ ᠵᠢᠨ ᠰᠡᠷᠭᠦᠯᠲᠡ ᠵᠢᠨ ᠪᠠᠶ᠋ᠢᠳᠠᠯ ᠰᠠᠶ᠋ᠢᠵᠢᠷᠠᠵᠤ᠂ ᠬᠡᠷᠡᠭᠯᠡᠭᠴᠢᠳ᠎ᠤᠨ ᠪᠠᠷᠠᠭ᠎ᠠ ᠬᠤᠳᠠᠯᠳᠤᠨ ᠠᠪᠬᠤ ᠳᠤᠷ᠎ᠠ ᠬᠦᠰᠡᠯ ᠳᠡᠭᠡᠭᠰᠢᠯᠡᠨ᠂ ᠡᠳᠦᠷ ᠲᠤᠲᠤᠮ᠎ᠤᠨ ᠪᠠᠷᠠᠭ᠎ᠠ ᠬᠤᠳᠠᠯᠳᠤᠨ ᠠᠪᠬᠤ᠂ ᠵᠢᠭᠤᠯᠴᠢᠯᠠᠯ᠂ ᠭᠠᠳᠠᠭᠰᠢ ᠭᠠᠷᠬᠤ ᠠᠵᠢᠯᠯᠠᠭ᠎ᠠ ᠢᠯᠡᠳᠲᠡ ᠨᠡᠮᠡᠭᠳᠡᠵᠦ᠂ ᠬᠣᠯᠪᠤᠭᠳᠠᠯ ᠪᠦᠬᠦᠢ ᠵᠠᠭ᠋ᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠵᠢ ᠨᠡᠮᠡᠭᠳᠡᠭᠦᠯᠪᠡ; ᠬᠤᠶᠠᠷ᠎ᠲᠤ᠂ ᠥᠪᠡᠷᠲᠡᠭᠡᠨ ᠵᠠᠰᠠᠬᠤ ᠣᠷᠣᠨ᠎ᠤ 12315 ᠤᠲᠠᠰᠤ ᠠᠪᠬᠤ ᠲᠠᠪᠴᠠᠩ᠎ᠢ 24 ᠴᠠᠭ ᠵᠶ᠋ᠠᠷ ᠬᠥᠮᠥᠨ᠎ᠤ ᠬᠦᠴᠦ᠎ᠪᠠᠷ ᠵᠢᠵᠢᠭᠦᠷᠯᠡᠨ ᠰᠠᠬᠢᠵᠤ᠂ ᠵᠠᠭ᠋ᠠᠯᠳᠤᠯᠭ᠎ᠠ ᠢᠯᠡᠴᠢᠯᠡᠨ᠂ ᠮᠡᠳᠡᠭᠦᠯᠦᠯᠲᠡ ᠵᠢ ᠴᠠᠭ ᠲᠤᠬᠠᠢ᠎ᠳᠤ᠎ᠨᠢ ᠪᠦᠲᠦᠮᠵᠢᠲᠡᠶ ᠪᠣᠯᠭ᠋ᠠᠬᠤ ᠵᠢ ᠪᠠᠲᠤᠯᠠᠪᠠ; ᠭᠤᠷᠪᠠ᠎ᠳᠤ᠂ ᠬᠡᠷᠡᠭᠯᠡᠭᠴᠢᠳ᠎ᠤᠨ ᠡᠷᠬᠡ᠎ᠪᠠᠨ ᠬᠠᠮᠠᠭ᠋ᠠᠯᠠᠬᠤ ᠦᠵᠡᠯ ᠤᠬᠠᠮᠰᠠᠷ᠎ᠢ ᠴᠢᠩᠭ᠋ᠠᠷᠠᠭᠤᠯᠵᠤ᠂ ᠥᠪᠡᠷ ᠵᠶ᠋ᠠᠨ ᠸᠢᠴᠠᠲ᠎ᠤᠨ ᠵᠢᠵᠢᠭ ᠫᠷᠤᠭ᠌ᠷᠠᠮ᠂ ᡁᠢ ᠹᠦ᠋ ᠪᠣᠣ ᠵᠢᠨ ᠵᠢᠵᠢᠭ ᠫᠷᠤᠭ᠌ᠷᠠᠮ ᠵᠢᠴᠢ APP ᠵᠡᠷᠭᠡ ᠣᠯᠠᠨ ᠠᠷᠭ᠎ᠠ ᠵᠠᠮ ᠵᠶ᠋ᠠᠷ ᠪᠥᠬᠦ ᠤᠯᠤᠰ᠎ᠤᠨ 12315 ᠲᠠᠪᠴᠠᠩ᠎ᠳᠤ ᠵᠠᠭ᠋ᠠᠯᠳᠤᠵᠤ ᠢᠯᠡᠴᠢᠯᠡᠨ ᠮᠡᠳᠡᠭᠦᠯᠬᠦ ᠮᠡᠳᠡᠭᠡ ᠵᠠᠩᠭᠢ ᠵᠢ ᠲᠤᠰᠢᠶᠠᠵᠤ᠂ ᠵᠠᠭ᠋ᠠᠯᠳᠤᠵᠤ ᠢᠯᠡᠴᠢᠯᠡᠨ ᠮᠡᠳᠡᠭᠦᠯᠦᠭᠰᠡᠨ ᠪᠡᠶ᠎ᠡ᠎ᠪᠠᠨ ᠳᠠᠭ᠋ᠠᠭ᠋ᠠᠭᠰᠠᠨ ᠴᠢᠨᠠᠷ᠂ ᠳᠥᠭᠦᠮ ᠳᠥᠲᠡ ᠴᠢᠨᠠᠷ᠎ᠢ ᠳᠡᠭᠡᠭᠰᠢᠯᠡᠭᠦᠯᠪᠡ᠃

    (ᠬᠤᠶᠠᠷ) ᠲᠠᠸᠠᠷ᠎ᠤᠨ ᠦᠢ᠍ᠯᠡᠴᠢᠯᠡᠭᠡᠨ᠎ᠤ ᠢᠯᠡᠴᠢᠯᠡᠨ ᠮᠡᠳᠡᠭᠦᠯᠦᠯᠲᠡ ᠵᠢ ᠬᠢᠨᠠᠨ ᠬᠠᠮᠢᠶᠠᠷᠬᠤ ᠡᠷᠴᠢᠮ ᠵᠶ᠋ᠠᠨ ᠴᠢᠩᠭ᠋ᠠᠷᠠᠭᠤᠯᠪᠠ

    2023 ᠣᠨ᠎ᠤ ᠲᠠᠸᠠᠷ᠎ᠤᠨ ᠶᠡᠭᠡ ᠲᠥᠷᠥᠯ᠎ᠤᠨ ᠵᠠᠭ᠋ᠠᠯᠳᠤᠯᠭ᠎ᠠ᠎ᠳᠤ᠂ ᠵᠠᠭ᠋ᠠᠯᠳᠤᠯᠭ᠎ᠠ ᠵᠢᠨ ᠬᠡᠮᠵᠢᠶ᠎ᠡ᠎ᠨᠢ ᠲᠦᠷᠦᠭᠦᠤ 5 ᠨᠡᠷᠡᠰ᠎ᠲᠤ ᠵᠢᠭᠰᠠᠭ᠋ᠠᠭᠳᠠᠭᠰᠠᠨ ᠲᠠᠸᠠᠷ᠎ᠤᠨ ᠶᠡᠭᠡ ᠲᠥᠷᠥᠯ᠎ᠨᠢ ᠨᠢᠳᠤᠨᠤᠨ᠎ᠤ᠎ᠬᠢ᠎ᠲᠠᠢ ᠵᠢᠭ᠋ᠠᠬᠠᠨ ᠠᠳᠠᠯᠢ ᠦᠭᠡᠢ ᠪᠠᠶ᠋ᠢᠵᠤ᠂ ᠢᠳᠡᠭᠡᠨ᠎ᠤ ᠲᠥᠷᠥᠯ᠎ᠤᠨ ᠵᠠᠭ᠋ᠠᠯᠳᠤᠯᠭ᠎ᠠ ᠢᠮᠠᠭᠲᠠ ᠲᠡᠷᠢᠭᠦᠨ ᠪᠠᠶ᠋ᠢᠷᠢᠨ᠎ᠳᠤ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 57.51%᠎ᠪᠠᠷ ᠨᠡᠮᠡᠭᠳᠡᠨ᠂ ᠭᠤᠣᠯ ᠠᠰᠠᠭᠤᠳᠠᠯ᠎ᠨᠢ ᠢᠳᠡᠭᠡᠨ᠎ᠤ ᠵᠦᠢ᠍ᠯ᠎ᠤᠨ ᠬᠤᠭᠤᠴᠠᠭ᠎ᠠ᠎ᠨᠢ ᠥᠩᠭᠡᠷᠡᠭᠰᠡᠨ᠂ ᠴᠢᠨᠠᠷ᠎ᠨᠢ ᠬᠤᠪᠢᠷᠠᠭᠰᠠᠨ᠂ ᠣᠨᠳᠣᠣ ᠪᠣᠳᠠᠰ᠂ ᠬᠤᠳᠠᠯ ᠬᠠᠭᠤᠷᠮᠠᠭ ᠤᠬᠠᠭᠤᠯᠭ᠎ᠠ᠂ ᠦᠨ᠎ᠡ ᠬᠠᠩᠰᠢ ᠵᠢᠴᠢ ᠢᠳᠡᠭᠡᠨ᠎ᠤ ᠵᠦᠢ᠍ᠯ᠎ᠤᠨ ᠪᠦᠷᠢᠯᠳᠦᠬᠦᠨ᠎ᠨᠢ ᠤᠯᠤᠰ᠎ᠤᠨ ᠪᠠᠷᠢᠮᠵᠢᠶ᠎ᠠ᠎ᠠᠴᠠ ᠵᠥᠷᠢᠴᠡᠭᠰᠡᠨ ᠵᠡᠷᠭᠡ ᠠᠰᠠᠭᠤᠳᠠᠯ ᠪᠣᠯᠤᠨ᠎ᠠ; ᠴᠢᠮᠡᠭᠡ ᠬᠤᠯᠪᠣᠭ᠋ᠠᠨ᠎ᠤ ᠦᠢ᠍ᠯᠡᠳᠬᠦᠨ ᠲᠠᠪᠤᠳᠤᠭ᠋ᠠᠷ᠎ᠲᠤ ᠣᠷᠣᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 56.30%᠎ᠪᠠᠷ ᠨᠡᠮᠡᠭᠳᠡᠨ᠂ ᠭᠤᠣᠯ ᠠᠰᠠᠭᠤᠳᠠᠯ᠎ᠨᠢ ᠳᠡᠯᠭᠡᠴᠡ᠂ ᠳ᠋ᠢᠶᠠᠨ ᡂᠢ ᠵᠡᠷᠭᠡ ᠬᠠᠲᠠᠭᠤ ᠲᠣᠨᠣᠭ᠎ᠤᠨ ᠠᠰᠠᠭᠤᠳᠠᠯ ᠵᠢᠴᠢ ᠰᠡᠯᠪᠢᠨ ᠵᠠᠰᠠᠬᠤ ᠶᠠᠰᠤ ᠴᠢᠨᠠᠷ᠂ ᠰᠦᠢ᠍ᠳᠬᠡᠯ ᠬᠤᠷᠢᠶᠠᠬᠤ ᠪᠠ ᠬᠤᠳᠠᠯᠳᠤᠭᠰᠠᠨ᠎ᠤ ᠳᠠᠷᠠᠭ᠋ᠠᠬᠢ ᠦᠢ᠍ᠯᠡᠴᠢᠯᠡᠭᠡᠨ᠎ᠤ ᠣᠪᠣᠷ ᠵᠡᠷᠭᠡ᠎ᠳᠤ ᠬᠤᠯᠪᠣᠭᠳᠠᠵᠠᠶ᠃

2023 ᠣᠨ᠎ᠤ ᠦᠢ᠍ᠯᠡᠴᠢᠯᠡᠭᠡᠨ᠎ᠤ ᠶᠡᠭᠡ ᠲᠥᠷᠥᠯ᠎ᠤᠨ ᠵᠠᠭ᠋ᠠᠯᠳᠤᠯᠭ᠎ᠠ᠎ᠳᠤ᠂ ᠵᠠᠭ᠋ᠠᠯᠳᠤᠯᠭ᠎ᠠ ᠵᠢᠨ ᠬᠡᠮᠵᠢᠶ᠎ᠡ᠎ᠨᠢ ᠲᠦᠷᠦᠭᠦᠦ 5 ᠨᠡᠷᠡᠰ᠎ᠲᠤ ᠵᠢᠭᠰᠠᠭ᠋ᠠᠭᠳᠠᠭᠰᠠᠨ ᠦᠢ᠍ᠯᠡᠴᠢᠯᠡᠭᠡᠨ᠎ᠤ ᠲᠣᠮᠣ ᠲᠥᠷᠥᠯ᠎ᠨᠢ ᠨᠢᠳᠤᠨᠤᠨ᠎ᠤ᠎ᠬᠢ᠎ᠲᠠᠢ ᠦᠨᠳᠦᠰᠦᠨ᠎ᠳᠤ᠎ᠪᠠᠨ ᠠᠳᠠᠯᠢ ᠪᠠᠶ᠋ᠢᠵᠤ᠂ ᠪᠣᠷᠣᠯᠠᠭᠤᠯᠭ᠎ᠠ ᠵᠢᠨ ᠦᠢ᠍ᠯᠡᠴᠢᠯᠡᠭᠡᠨ᠎ᠤ ᠵᠠᠭ᠋ᠠᠯᠳᠤᠯᠭ᠎ᠠ᠎ᠨᠢ ᠮᠥᠨ ᠯᠡ ᠲᠡᠷᠢᠭᠦᠨ ᠪᠠᠶ᠋ᠢᠷᠢᠨ᠎ᠳᠤ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 9.38%᠎ᠪᠠᠷ ᠪᠠᠭ᠋ᠠᠰᠴᠤ᠂ ᠭᠤᠣᠯ ᠠᠰᠠᠭᠤᠳᠠᠯ᠎ᠨᠢ ᠡᠵᠡᠩᠨᠡᠭᠴᠢ ᠦᠢ᠍ᠯᠡᠴᠢᠯᠡᠭᠡᠨ᠎ᠤ ᠠᠭᠤᠯᠭ᠎ᠠ ᠪᠠ ᠲᠠᠯᠠᠪᠤᠷ ᠭᠠᠵᠠᠷ ᠵᠡᠷᠭᠡ ᠭᠡᠷ᠎ᠡ᠎ᠳᠤ ᠪᠣᠯᠵᠣᠨ ᠲᠣᠭᠲᠠᠭᠰᠠᠨ ᠵᠦᠢ᠍ᠯᠡᠰ᠂ ᠬᠡᠷᠡᠭᠯᠡᠭᠴᠢᠳ ᠬᠢᠭᠡᠳ ᠡᠵᠡᠩᠨᠡᠭᠴᠢᠳ᠎ᠤᠨ ᠦᠢ᠍ᠯᠡᠴᠢᠯᠡᠭᠡᠨ᠎ᠤ ᠰᠦᠢ᠍ᠳᠬᠡᠯ᠎ᠤᠨ ᠵᠢᠭᠤᠷᠠᠯᠳᠤᠭ᠋ᠠᠨ᠂ ᠡᠵᠡᠩᠨᠡᠭᠴᠢᠳ ᠠᠵᠢᠯ ᠵᠶ᠋ᠠᠨ ᠵᠣᠭᠰᠤᠭ᠋ᠠᠭᠰᠠᠨ᠎ᠤ ᠳᠠᠷᠠᠭ᠎ᠠ ᠤᠷᠢᠳᠴᠢᠯᠠᠨ ᠲᠦᠯᠦᠬᠦ ᠮᠦᠩᠭᠦ ᠵᠢ ᠪᠤᠴᠠᠭ᠋ᠠᠬᠤ ᠡᠭᠦᠷᠭᠡ᠎ᠠᠴᠠ ᠵᠠᠢ᠌ᠯᠠᠭᠰᠠᠨ ᠵᠡᠷᠭᠡ; ᠢᠳᠡᠭᠡᠨ ᠤᠮᠳᠠᠭ᠋ᠠᠨ ᠪᠠ ᠬᠣᠨᠣᠭ᠎ᠤᠨ ᠦᠢ᠍ᠯᠡᠴᠢᠯᠡᠭᠡ᠂ ᠰᠤᠷᠭ᠋ᠠᠨ ᠬᠥᠮᠦᠵᠢᠯ ᠪᠣᠯᠪᠠᠰᠤᠷᠠᠯ᠎ᠤᠨ ᠦᠢ᠍ᠯᠡᠴᠢᠯᠡᠭᠡ᠂ ᠵᠢᠰᠦ ᠭᠤᠶᠣᠯᠠᠵᠤ ᠭᠡᠵᠢᠭᠡ ᠵᠠᠰᠠᠬᠤ ᠤᠭᠢᠶᠠᠯ᠎ᠤᠨ ᠦᠢ᠍ᠯᠡᠴᠢᠯᠡᠭᠡ᠂ ᠰᠣᠶᠣᠯ ᠴᠡᠩᠭᠡᠯ ᠪᠡᠶ᠎ᠡ ᠵᠢᠨ ᠲᠠᠮᠢᠷ᠎ᠤᠨ ᠦᠢ᠍ᠯᠡᠴᠢᠯᠡᠭᠡ ᠮᠥᠨ ᠬᠦ᠌ ᠬᠤᠶᠠᠳᠤᠭ᠋ᠠᠷ᠎ᠠᠴᠠ ᠲᠠᠪᠤᠳᠤᠭ᠋ᠠᠷ᠎ᠲᠤ ᠵᠢᠭᠰᠠᠭ᠋ᠠᠭᠳᠠᠵᠤ᠂ ᠴᠥᠮ ᠠᠳᠠᠯᠢ ᠪᠤᠰᠤ ᠬᠡᠮᠵᠢᠶ᠎ᠡ᠎ᠪᠠᠷ ᠨᠡᠮᠡᠭᠳᠡᠨ᠂ ᠠᠳᠠᠯᠢ ᠬᠤᠭᠤᠴᠠᠭ᠋ᠠᠨ᠎ᠤ᠎ᠬᠢ᠎ᠠᠴᠠ ᠲᠣᠰ ᠲᠣᠰ 57.92%᠂ 1.06%᠂ 35.43%᠂ 43.05%᠎ᠪᠠᠷ ᠨᠡᠮᠡᠭᠳᠡᠪᠡ᠃

     ᠡᠯ᠎ᠡ ᠱᠠᠲᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠭᠤᠤᠯᠳᠠᠯᠭ᠎ᠠ᠎ᠲᠠᠢ ᠠᠵᠢᠯ ᠲᠥᠷᠥᠯ᠎ᠤᠨ ᠵᠠᠬ᠎ᠠ ᠳᠡᠯᠭᠡᠭᠦᠷ᠎ᠤᠨ ᠡᠵᠡᠩᠨᠡᠯᠲᠡ ᠵᠢᠨ ᠭᠤᠤᠯ ᠴᠣᠭᠴᠠ ᠪᠣᠯᠤᠨ ᠲᠠᠯᠠᠪᠤᠷ ᠭᠠᠵᠠᠷ᠎ᠤᠨ ᠬᠢᠨᠠᠯᠲᠠ ᠬᠠᠮᠢᠶᠠᠷᠤᠯᠲᠠ ᠵᠢᠨ ᠡᠷᠴᠢᠮ ᠵᠶ᠋ᠠᠨ ᠴᠢᠩᠭ᠋ᠠᠷᠠᠭᠤᠯᠵᠤ᠂ ᠢᠯᠠᠩᠭᠤᠶ᠎ᠠ ᠦᠢ᠍ᠯᠡᠳᠬᠦᠨ᠎ᠤ ᠶᠠᠰᠤ ᠴᠢᠨᠠᠷ᠂ ᠦᠨ᠎ᠡ ᠬᠠᠩᠰᠢ ᠪᠣᠯᠤᠨ ᠭᠦᠢ᠍ᠯᠭᠡᠭᠡᠨ᠎ᠤ ᠠᠷᠭ᠎ᠠ ᠵᠠᠮ᠎ᠤᠨ ᠵᠦᠶ ᠶᠣᠰᠣᠴᠢ ᠴᠢᠨᠠᠷ ᠵᠢᠴᠢ ᠬᠠᠤᠯᠢ ᠶᠣᠰᠣᠴᠢ ᠴᠢᠨᠠᠷ᠂ ᠡᠵᠡᠩᠨᠡᠯᠲᠡ ᠵᠢᠨ ᠭᠤᠤᠯ ᠴᠣᠭᠴᠠ ᠵᠢᠨ ᠵᠠᠷ ᠮᠡᠳᠡᠭᠡᠨ᠎ᠤ ᠤᠬᠠᠭᠤᠯᠭ᠎ᠠ ᠵᠢᠴᠢ ᠬᠤᠳᠠᠯᠳᠤᠭᠰᠠᠨ᠎ᠤ ᠳᠠᠷᠠᠭ᠋ᠠᠬᠢ ᠦᠢ᠍ᠯᠡᠴᠢᠯᠡᠭᠡ ᠵᠡᠷᠭᠡ ᠠᠰᠠᠭᠤᠳᠠᠯ᠎ᠳᠤ ᠴᠢᠭᠯᠡᠭᠦᠯᠦᠨ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠪᠣᠯᠤᠨ ᠴᠡᠭᠴᠡᠯᠡᠨ ᠵᠠᠰᠠᠬᠤ ᠠᠵᠢᠯ᠎ᠢ ᠰᠠᠶ᠋ᠢᠲᠤᠷ ᠬᠢᠵᠦ᠂ ᠣᠯᠠᠨ ᠲᠦᠮᠡᠨ᠎ᠳᠤ ᠲᠤᠯᠭ᠋ᠠᠷᠠᠵᠤ ᠪᠠᠶ᠋ᠢᠭ᠎ᠠ ᠬᠡᠷᠡᠭᠯᠡᠭᠡᠨ᠎ᠤ ᠬᠦᠴᠢᠷ ᠠᠰᠠᠭᠤᠳᠠᠯ᠎ᠢ ᠴᠠᠭ ᠲᠤᠬᠠᠶ᠎ᠳᠤ᠎ᠨᠢ ᠰᠢᠢ᠍ᠳᠪᠦᠷᠢᠯᠡᠵᠦ᠂ ᠡᠷᠬᠡ ᠲᠡᠭᠰᠢ ᠡᠮᠬᠢ ᠵᠢᠷᠤᠮ᠎ᠲᠠᠢ ᠥᠷᠢᠰᠥᠯᠳᠦᠭᠡᠨ᠎ᠤ ᠣᠷᠴᠢᠨ ᠲᠣᠭᠤᠷᠢᠨ ᠪᠣᠯᠤᠨ ᠠᠮᠤᠷ ᠲᠦᠪᠰᠢᠨ ᠰᠠᠨᠠᠭ᠎ᠠ ᠠᠮᠤᠷ ᠬᠡᠷᠡᠭᠯᠡᠭᠡᠨ᠎ᠤ ᠣᠷᠴᠢᠨ ᠲᠣᠭᠤᠷᠢᠨ᠎ᠢ ᠪᠣᠶ ᠪᠣᠯᠭ᠋ᠠᠬᠤ᠎ᠳᠤ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠶ᠃

    (ᠭᠤᠷᠪᠠ) ᠬᠡᠷᠡᠭᠯᠡᠭᠴᠢᠳ᠎ᠢ ᠬᠦᠲᠦᠯᠦᠨ ᠵᠢᠯᠤᠭᠤᠳᠴᠤ ᠪᠠᠶ᠋ᠢᠭ᠋ᠠᠳ ᠵᠥᠪ ᠬᠡᠷᠡᠭᠯᠡᠭᠡᠨ᠎ᠤ ᠦᠵᠡᠯᠲᠡ ᠪᠠ ᠡᠵᠡᠩᠨᠡᠭᠴᠢ ᠵᠢᠨ ᠥᠪᠡᠷ᠎ᠢ᠎ᠪᠠᠨ ᠱᠠᠭ᠋ᠠᠷᠳᠠᠬᠤ ᠤᠬᠠᠮᠰᠠᠷ᠎ᠢ ᠪᠤᠢ ᠪᠣᠯᠭ᠋ᠠᠪᠠ

     ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠶᠡᠷᠦ᠎ᠠᠴᠠ ᠬᠡᠷᠡᠭᠯᠡᠭᠡᠨ᠎ᠤ ᠡᠷᠬᠡ ᠠᠰᠢᠭ᠎ᠢ ᠬᠠᠮᠠᠭ᠋ᠠᠯᠠᠬᠤ ᠠᠵᠢᠯ᠎ᠢ ᠲᠦᠢ᠍ᠯ ᠵᠶ᠋ᠠᠷ ᠴᠢᠬᠤᠯᠠᠴᠢᠯᠠᠵᠤ᠂ ᠬᠡᠷᠡᠭᠯᠡᠭᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ ᠵᠢ ᠢᠮᠠᠭᠲᠠ ᠠᠷᠠᠳ᠎ᠤᠨ ᠰᠡᠳᠬᠢᠯ᠎ᠤᠨ ᠢᠨᠵᠧᠨᠧᠷᠢᠩ᠂ ᠠᠷᠠᠳ᠎ᠤᠨ ᠠᠮᠢᠳᠤᠷᠠᠯ᠎ᠤᠨ ᠢᠨᠵᠧᠨᠧᠷᠢᠩ ᠪᠣᠯᠭ᠋ᠠᠨ ᠠᠳᠬᠤᠭᠰᠠᠭ᠋ᠠᠷ ᠢᠷᠡᠵᠡᠢ᠃ ᠬᠡᠷᠡᠭᠯᠡᠭᠴᠢᠳ᠎ᠤᠨ ᠡᠷᠬᠡ ᠠᠰᠢᠭ ᠵᠶ᠋ᠠᠨ ᠬᠠᠮᠠᠭ᠋ᠠᠯᠠᠬᠤ ᠤᠬᠠᠮᠰᠠᠷ ᠳᠡᠭᠡᠭᠰᠢᠯᠡᠬᠦ ᠵᠢ ᠳᠠᠭ᠋ᠠᠯᠳᠤᠨ᠂ ᠡᠷᠬᠡ ᠠᠰᠢᠭ ᠵᠶ᠋ᠠᠨ ᠬᠠᠮᠠᠭ᠋ᠠᠯᠠᠬᠤ ᠠᠷᠭ᠎ᠠ ᠵᠠᠮ ᠲᠠᠰᠤᠷᠠᠯᠲᠠ ᠥᠬᠡᠶ ᠰᠠᠭ᠋ᠠᠳ ᠥᠬᠡᠶ ᠨᠡᠪᠲᠡᠷᠡᠵᠦ᠂ ᠬᠡᠷᠡᠭᠯᠡᠭᠴᠢᠳ᠎ᠤᠨ ᠵᠠᠭ᠋ᠠᠯᠳᠤᠯᠭ᠎ᠠ ᠨᠠᠩ ᠳᠥᠭᠦᠮ ᠳᠥᠲᠡ ᠪᠣᠯᠪᠠ᠃ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ 《ᠰᠠᠷ᠎ᠠ ᠰᠠᠷ᠎ᠠ 3 · 15》᠂ 《ᠲᠠᠪᠤᠨ ᠣᠷᠣᠭᠤᠯᠬᠤ》 ᠵᠡᠷᠭᠡ ᠰᠦᠯᠵᠢᠶᠡᠨ ᠭᠠᠳᠠᠨᠠᠬᠢ ᠠᠵᠢᠯᠯᠠᠭ᠎ᠠ ᠪᠠ ᠢᠨᠲ᠋ᠧᠷ ᠰᠦᠯᠵᠢᠶᠡᠨ᠎ᠤ ᠲᠠᠪᠴᠠᠩ ᠵᠡᠷᠭᠡ ᠠᠷᠭ᠎ᠠ ᠵᠠᠮ ᠵᠶ᠋ᠠᠷ ᠳᠠᠮᠵᠢᠭᠤᠯᠤᠨ᠂ ᠬᠡᠷᠡᠭᠯᠡᠭᠴᠢᠳ᠎ᠢ ᠢᠳᠡᠪᠬᠢᠲᠡᠶ᠎ᠪᠠᠷ ᠬᠥᠲᠥᠯᠦᠨ ᠵᠢᠯᠣᠭᠤᠳᠴᠤ ᠪᠠᠶ᠋ᠢᠭ᠋ᠠᠳ ᠵᠥᠪ ᠬᠡᠷᠡᠭᠯᠡᠭᠡᠨ᠎ᠤ ᠦᠵᠡᠯᠲᠡ ᠵᠢ ᠪᠣᠶ ᠪᠣᠯᠭ᠋ᠠᠪᠠ᠃ ᠡᠭᠦᠨ᠎ᠤ ᠬᠠᠮᠲᠤ᠂ ᠤᠯᠠᠮᠵᠢᠯᠠᠯᠲᠤ ᠵᠠᠭᠤᠴᠢᠯᠠᠭᠤᠷ᠂ ᠰᠢᠨ᠎ᠡ ᠵᠠᠭᠤᠴᠢᠯᠠᠭᠤᠷ᠎ᠲᠠᠢ ᠬᠠᠮᠵᠢᠯᠴᠠᠬᠤ᠎ᠪᠠᠷ ᠳᠠᠮᠵᠢᠭᠤᠯᠤᠨ᠂ ᠰᠢᠷᠢᠰ ᠭᠤᠤᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠵᠢ ᠢᠳᠡᠪᠬᠢᠲᠡᠶ ᠥᠷᠨᠢᠭᠦᠯᠵᠦ᠂ ᠭᠤᠤᠯᠳᠠᠯᠭ᠎ᠠ᠎ᠲᠠᠢ ᠬᠡᠷᠡᠭᠯᠡᠭᠡᠨ᠎ᠤ ᠬᠦᠷᠢᠶᠡᠨ᠎ᠳᠤ ᠬᠡᠷᠡᠭᠯᠡᠭᠡ ᠵᠢ ᠪᠠᠶ᠋ᠢᠴᠠᠭ᠋ᠠᠨ ᠦᠵᠡᠬᠦ᠂ ᠪᠠᠶ᠋ᠢᠴᠠᠭ᠋ᠠᠯᠲᠠ ᠬᠢᠬᠦ ᠵᠢᠴᠢ ᠬᠡᠷᠡᠭᠯᠡᠭᠡ᠎ᠳᠤ ᠬᠢᠨᠠᠯᠲᠠ ᠲᠠᠯᠪᠢᠬᠤ ᠠᠵᠢᠯ᠎ᠢ ᠥᠷᠨᠢᠭᠦᠯᠵᠦ᠂ ᠡᠵᠡᠩᠨᠡᠭᠴᠢᠳ᠎ᠢ ᠰᠢᠮᠳᠠᠭᠤᠯᠵᠤ ᠪᠠᠶ᠋ᠢᠭ᠋ᠠᠳ ᠬᠡᠷᠡᠭᠯᠡᠭᠡᠨ᠎ᠤ ᠡᠷᠬᠡ᠎ᠪᠠᠨ ᠬᠠᠮᠠᠭ᠋ᠠᠯᠠᠬᠤ ᠨᠡᠶ᠋ᠢᠭᠡᠮ᠎ᠤᠨ ᠬᠠᠷᠢᠭᠤᠴᠠᠯᠭ᠎ᠠ ᠵᠢᠨ ᠤᠬᠠᠮᠰᠠᠷ᠎ᠢ᠎ᠨᠢ ᠤᠬᠠᠮᠰᠠᠷ᠎ᠠᠴᠠ᠎ᠪᠠᠨ ᠭᠦᠢ᠍ᠴᠡᠳᠭᠡᠯᠭᠡᠪᠡ᠃

     ᠲᠠᠶ᠋ᠢᠯᠪᠤᠷᠢ᠄ ᠳᠣᠰ ᠮᠠᠲᠠᠭᠦᠯᠣᠯᠲᠠ ᠵᠢᠨ ᠳᠣᠭ᠎ᠠ ᠪᠠᠷᠢᠮᠲᠠ᠎ᠨᠢ ᠪᠤᠢ᠍ᠭᠦ ᠤᠯᠤᠰ᠎ᠤᠨ 12315 ᠲᠠᠪᠴᠠᠩ᠎ᠠᠴᠠ ᠡᠢ᠍ᠷᠠᠯᠲᠠ᠎ᠲᠠᠢ

 

ᠢᠷᠡᠯᠲᠡ᠄ ᠬᠡᠷᠡᠭᠯᠡᠭᠴᠢᠳ᠎ᠤᠨ ᠡᠷᠬᠡ ᠠᠰᠢᠭ᠎ᠢ ᠬᠠᠮᠠᠭ᠋ᠠᠯᠠᠬᠤ ᠦᠢ᠍ᠯᠡᠴᠢᠯᠡᠭᠡᠨ᠎ᠤ ᠲᠥᠪ