ᠨᠢᠭᠡ᠂ ᠦᠨᠳᠦᠰᠦᠨ ᠪᠠᠶ᠋ᠢᠳᠠᠯ
2024 ᠣᠨ᠎ᠤ 1 ᠳ᠋ᠦ᠍ᠭᠡᠷ ᠰᠠᠷ᠎ᠠ᠎ᠠᠴᠠ 9 ᠳ᠋ᠦ᠍ᠭᠡᠷ ᠰᠠᠷ᠎ᠠ ᠪᠣᠯᠲᠠᠯ᠎ᠠ ᠥᠪᠥᠷ ᠮᠣᠩᠭᠤᠯ᠎ᠤᠨ ᠪᠥᠬᠦ ᠤᠯᠤᠰ᠎ᠤᠨ 12315 ᠲᠠᠪᠴᠠᠩ᠎ᠨᠢ ᠬᠡᠷᠡᠭᠯᠡᠭᠴᠢᠳ᠎ᠤᠨ ᠵᠠᠭ᠋ᠠᠯᠳᠤᠯᠭ᠎ᠠ᠂ ᠢᠯᠡᠴᠢᠯᠡᠨ ᠮᠡᠳᠡᠭᠦᠯᠦᠯᠲᠡ᠂ ᠠᠰᠠᠭᠤᠨ ᠯᠠᠪᠯᠠᠯᠲᠠ ᠵᠢ ᠨᠡᠶ᠋ᠢᠲᠡ 284769 ᠬᠤᠪᠢ ᠭᠥᠯᠢᠶᠡᠨ ᠠᠪᠴᠤ᠂ ᠠᠳᠠᠯᠢ ᠬᠤᠭᠤᠴᠠᠭ᠋ᠠᠨ᠎ᠤ᠎ᠬᠢ᠎ᠠᠴᠠ 4.59%᠎ᠪᠠᠷ ᠨᠡᠮᠡᠭᠳᠡᠪᠡ᠃ ᠡᠭᠦᠨ᠎ᠳᠤ᠂ ᠵᠠᠭ᠋ᠠᠯᠳᠤᠯᠭ᠎ᠠ 116772 ᠬᠤᠪᠢ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 13.18%᠎ᠪᠠᠷ ᠨᠡᠮᠡᠭᠳᠡᠪᠡ; ᠢᠯᠡᠴᠢᠯᠡᠨ ᠮᠡᠳᠡᠭᠦᠯᠦᠯᠲᠡ 25598 ᠬᠤᠪᠢ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 15.84%᠎ᠪᠠᠷ ᠨᠡᠮᠡᠭᠳᠡᠪᠡ ; ᠠᠰᠠᠭᠤᠨ ᠯᠠᠪᠯᠯᠠᠲᠠ 142399 ᠬᠤᠪᠢ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 3.12% ᠵᠶ᠋ᠠᠷ ᠬᠠᠰᠤᠭᠳᠠᠪᠠ ; ᠵᠠᠭ᠋ᠠᠯᠳᠤᠯᠭ᠎ᠠ ᠢᠯᠡᠴᠢᠯᠡᠨ ᠮᠡᠳᠡᠭᠦᠯᠦᠯᠲᠡ ᠠᠰᠠᠭᠤᠨ ᠯᠠᠪᠯᠠᠯᠲᠠ ᠵᠢᠨ ᠨᠡᠶ᠋ᠢᠲᠡ 135840 ᠬᠤᠪᠢ ᠵᠢ ᠰᠢᠢ᠍ᠳᠪᠦᠷᠢᠯᠡᠭᠡᠳ᠂ ᠰᠢᠢ᠍ᠳᠪᠦᠷᠢᠯᠡᠵᠦ ᠳᠠᠭᠤᠰᠬᠠᠭᠰᠠᠨ ᠨᠣᠷᠮ᠎ᠠ᠎ᠨᠢ 95.41% ᠪᠠᠶ᠋ᠢᠵᠤ᠂ ᠮᠠᠷᠭᠤᠭ᠋ᠠᠨ᠎ᠲᠠᠢ ᠬᠣᠯᠪᠣᠭᠳᠠᠭᠰᠠᠨ ᠵᠣᠭᠤᠰ᠎ᠤᠨ ᠲᠤᠭ᠎ᠠ 1.4 ᠳ᠋ᠦᠩᠰᠢᠭᠤᠷ ᠲᠥᠭᠦᠷᠢᠭ ᠪᠠᠢ᠌ᠵᠤ ᠂ ᠬᠡᠷᠡᠭᠯᠡᠭᠴᠢᠳ᠎ᠲᠤ 4238.82 ᠲᠦᠮᠡᠨ ᠲᠥᠭᠦᠷᠢᠭ᠎ᠤᠨ ᠠᠵᠤ ᠠᠬᠤᠶ ᠵᠢᠨ ᠬᠤᠬᠢᠷᠠᠯ᠎ᠢ ᠡᠭᠡᠭᠦᠯᠦᠨ ᠠᠪᠴᠢᠷᠠᠵᠤ ᠥᠭᠪᠡ ᠃
2024 ᠣᠨ᠎ᠤ ᠭᠤᠷᠪᠠᠳᠤᠭ᠋ᠠᠷ ᠤᠯᠠᠷᠢᠯ᠎ᠳᠤ᠂ ᠥᠪᠥᠷ ᠮᠣᠩᠭᠤᠯ᠎ᠤᠨ ᠪᠥᠬᠦ ᠤᠯᠤᠰ᠎ᠤᠨ 12315 ᠲᠠᠪᠴᠠᠩ᠎ᠨᠢ ᠬᠡᠷᠡᠭᠯᠡᠭᠴᠢᠳ᠎ᠤᠨ ᠵᠠᠭ᠋ᠠᠯᠳᠤᠯᠭ᠎ᠠ᠂ ᠢᠯᠡᠴᠢᠯᠡᠨ ᠮᠡᠳᠡᠭᠦᠯᠦᠯᠲᠡ᠂ ᠠᠰᠠᠭᠤᠨ ᠯᠠᠪᠯᠠᠯᠲᠠ ᠵᠢ ᠨᠡᠶ᠋ᠢᠲᠡ 104954 ᠬᠤᠪᠢ ᠭᠥᠯᠢᠶᠡᠨ ᠠᠪᠴᠤ᠂ ᠠᠳᠠᠯᠢ ᠬᠤᠭᠤᠴᠠᠭ᠋ᠠᠨ᠎ᠤ᠎ᠬᠢ᠎ᠠᠴᠠ 2.4%᠎ᠪᠠᠷ ᠨᠡᠮᠡᠭᠳᠡᠪᠡ᠃ ᠡᠭᠦᠨ᠎ᠳᠤ᠂ ᠵᠠᠭ᠋ᠠᠯᠳᠤᠯᠭ᠎ᠠ 44099 ᠬᠤᠪᠢ ᠂ ᠶᠡᠷᠦᠩᠬᠡᠢ ᠬᠡᠮᠵᠢᠶᠡᠨ᠎ᠤ 42.02%᠎ᠢ ᠡᠵᠡᠯᠡᠪᠡ; ᠢᠯᠡᠴᠢᠯᠡᠨ ᠮᠡᠳᠡᠭᠦᠯᠦᠯᠲᠡ 9338 ᠬᠤᠪᠢ ᠂ ᠶᠡᠷᠦᠩᠬᠡᠢ ᠬᠡᠮᠵᠢᠶᠡᠨ᠎ᠤ 8.90% ᠵᠢ ᠡᠵᠡᠯᠡᠪᠡ; ᠠᠰᠠᠭᠤᠨ ᠯᠠᠪᠯᠠᠯᠲᠠ 51517 ᠬᠤᠪᠢ ᠂ ᠶᠡᠷᠦᠩᠬᠡᠢ ᠬᠡᠮᠵᠢᠶᠡᠨ᠎ᠤ 49.08% ᠵᠢ ᠡᠵᠡᠯᠡᠪᠡ᠃
2024 ᠣᠨ᠎ᠤ ᠭᠤᠷᠪᠠᠳᠤᠭ᠋ᠠᠷ ᠤᠯᠠᠷᠢᠯ᠎ᠤᠨ ᠵᠠᠭ᠋ᠠᠯᠳᠤᠯᠭ᠎ᠠ ᠢᠯᠡᠴᠢᠯᠡᠨ ᠮᠡᠳᠡᠭᠦᠯᠦᠯᠲᠡ ᠠᠰᠠᠭᠤᠨ ᠯᠠᠪᠯᠠᠯᠲᠠ ᠵᠢᠨ ᠬᠡᠮᠵᠢᠶᠡᠨ᠎ᠤ ᠠᠳᠠᠯᠢ ᠬᠤᠭᠤᠴᠠᠭ᠋ᠠᠨ᠎ᠤ ᠬᠠᠷᠢᠴᠠᠭᠤᠯᠤᠯ᠎ᠤᠨ ᠵᠢᠷᠤᠭ᠄

ᠡᠯ᠎ᠡ ᠠᠶ᠋ᠢᠮᠠᠭ ᠬᠤᠲᠠ ᠵᠢᠨ ᠰᠢᠢ᠍ᠳᠪᠦᠷᠢᠯᠡᠭᠰᠡᠨ ᠵᠠᠭ᠋ᠠᠯᠳᠤᠯᠭ᠎ᠠ ᠢᠯᠡᠴᠢᠯᠡᠨ ᠮᠡᠳᠡᠭᠦᠯᠦᠯᠲᠡ ᠠᠰᠠᠭᠤᠨ ᠯᠠᠪᠯᠠᠯᠲᠠ ᠵᠢᠨ ᠪᠠᠶ᠋ᠢᠳᠠᠯ᠎ᠤᠨ ᠲᠤᠭ᠎ᠠ ᠪᠦᠷᠢᠳᠬᠡᠯ᠎ᠤᠨ ᠬᠦᠰᠦᠨᠦᠭᠲᠦ (ᠨᠢᠭᠡᠴᠢ᠄ ᠬᠤᠪᠢ)

ᠵᠠᠭ᠋ᠠᠯᠳᠤᠯᠭ᠎ᠠ ᠢᠯᠡᠴᠢᠯᠡᠨ ᠮᠡᠳᠡᠭᠦᠯᠦᠯᠲᠡ ᠠᠰᠠᠭᠤᠨ ᠯᠠᠪᠯᠠᠯᠲᠠ ᠵᠢᠨ ᠶᠡᠷᠦᠩᠬᠡᠶ ᠬᠡᠮᠵᠢᠶᠡᠨ᠎ᠤ ᠡᠮᠦᠨ᠎ᠡ ᠭᠤᠷᠪᠠ᠎ᠳᠤ ᠵᠢᠭᠰᠠᠭ᠋ᠠᠭᠳᠠᠭᠰᠠᠨ᠎ᠨᠢ ᠬᠥᠬᠡᠬᠣᠲᠠ᠂ ᠪᠤᠭᠤᠲᠤ ᠬᠣᠲᠠ᠂ ᠤᠯᠠᠭ᠋ᠠᠨᠬᠠᠳᠠ ᠬᠣᠲᠠ ᠪᠣᠯᠤᠨ᠎ᠠ᠃ ᠡᠯ᠎ᠡ ᠵᠦᠢ᠍ᠯ᠎ᠤᠨ ᠲᠤᠭ᠎ᠠ ᠪᠠᠷᠢᠮᠲᠠ᠎ᠳᠤ ᠵᠠᠭ᠋ᠠᠯᠳᠤᠯᠭ᠎ᠠ ᠵᠢᠨ ᠬᠡᠮᠵᠢᠶ᠎ᠡ ᠡᠮᠦᠨ᠎ᠡ ᠭᠤᠷᠪᠠ᠎ᠳᠤ ᠵᠢᠭᠰᠠᠭ᠋ᠠᠭᠳᠠᠭᠰᠠᠨ᠎ᠨᠢ ᠬᠥᠬᠡᠬᠤᠲᠠ᠂ ᠤᠯᠠᠭ᠋ᠠᠨᠬᠠᠳᠠ ᠬᠤᠲᠠ᠂ ᠪᠤᠭᠤᠲᠤ ᠬᠤᠲᠠ ᠪᠠᠢ᠌ᠵᠤ ᠂ ᠢᠯᠡᠴᠢᠯᠡᠨ ᠮᠡᠳᠡᠭᠦᠯᠦᠯᠲᠡ ᠵᠢᠨ ᠬᠡᠮᠵᠢᠶ᠎ᠡ ᠡᠮᠦᠨ᠎ᠡ ᠭᠤᠷᠪᠠ᠎ᠳᠤ ᠵᠢᠭᠰᠠᠭ᠋ᠠᠭᠳᠠᠭᠰᠠᠨ᠎ᠨᠢ ᠬᠥᠬᠡᠬᠤᠲᠠ᠂ ᠪᠤᠭᠤᠲᠤ ᠬᠤᠲᠠ᠂ ᠤᠯᠠᠭ᠋ᠠᠨᠬᠠᠳᠠ ᠬᠤᠲᠠ ᠪᠣᠯᠣᠨ᠎ᠠ᠃
ᠵᠠᠭ᠋ᠠᠯᠳᠤᠯᠭ᠎ᠠ ᠢᠯᠡᠴᠢᠯᠡᠨ ᠮᠡᠳᠡᠭᠦᠯᠦᠯᠲᠡ ᠠᠰᠠᠭᠤᠨ ᠯᠠᠪᠯᠠᠯᠲᠠ ᠵᠢᠨ ᠬᠡᠮᠵᠢᠶᠡᠨ᠎ᠤ ᠰᠠᠷ᠎ᠠ ᠵᠢᠨ ᠲᠣᠭ᠎ᠠ ᠪᠦᠷᠢᠳᠬᠡᠯ᠎ᠤᠨ ᠳᠠᠬᠢᠷ ᠱᠤᠭᠤᠮ᠎ᠤᠨ ᠵᠢᠷᠤᠭ᠄

ᠭᠤᠷᠪᠠᠳᠤᠭ᠋ᠠᠷ ᠤᠯᠠᠷᠢᠯ᠎ᠤᠨ ᠵᠠᠭ᠋ᠠᠯᠳᠤᠯᠭ᠎ᠠ ᠢᠯᠡᠴᠢᠯᠡᠨ ᠮᠡᠳᠡᠭᠦᠯᠦᠯᠲᠡ ᠠᠰᠠᠭᠤᠨ ᠯᠠᠪᠯᠠᠯᠲᠠ ᠵᠢᠨ ᠬᠡᠮᠵᠢᠶ᠎ᠡ ᠶᠡᠷᠦᠩᠬᠡᠢ᠎ᠳᠤ᠎ᠪᠠᠨ ᠪᠠᠭᠤᠷᠠᠬᠤ ᠬᠠᠨᠳᠤᠰᠢ᠎ᠲᠠᠢ᠃ 7 ᠂ 8 ᠳ᠋ᠤᠭ᠋ᠠᠷ ᠰᠠᠷ᠎ᠠ ᠶᠠᠭ ᠵᠤᠨ᠎ᠤ ᠠᠮᠠᠷᠠᠯᠲᠠ ᠵᠢᠨ ᠬᠤᠭᠤᠴᠠᠭ᠎ᠠ ᠪᠣᠯᠵᠤ ᠂ ᠰᠤᠷᠤᠭᠴᠢᠳ᠎ᠤᠨ ᠠᠮᠠᠷᠠᠯᠲᠠ ᠵᠢᠨ ᠬᠤᠭᠤᠴᠠᠭ᠋ᠠᠨ᠎ᠳᠤ ᠣᠬᠣᠷ ᠬᠤᠭᠤᠴᠠᠭ᠋ᠠᠨ᠎ᠤ ᠠᠵᠢᠯ ᠬᠢᠬᠦ᠂ ᠵᠢᠭᠤᠯᠴᠢᠯᠠᠯ᠂ ᠪᠣᠯᠪᠠᠰᠤᠷᠠᠯ᠎ᠤᠨ ᠠᠩᠭᠢ ᠵᠡᠷᠭᠡ ᠠᠰᠠᠭᠤᠳᠠᠯ᠎ᠤᠨ ᠲᠤᠬᠠᠶ ᠠᠰᠠᠭᠤᠨ ᠯᠠᠪᠯᠠᠯᠲᠠ ᠬᠡᠪ᠎ᠤᠨ ᠪᠠᠶ᠋ᠢᠳᠠᠯ᠎ᠠᠴᠠ ᠣᠯᠠᠨ ᠪᠠᠶ᠋ᠢᠳᠠᠭ᠃
ᠬᠤᠶᠠᠷ᠂ ᠵᠠᠭ᠋ᠠᠯᠳᠤᠯᠭ᠎ᠠ ᠵᠢᠨ ᠪᠠᠶ᠋ᠢᠳᠠᠯ᠎ᠤᠨ ᠲᠤᠭ᠎ᠠ ᠪᠦᠷᠢᠳᠭᠡᠯ᠎ᠤᠨ ᠵᠠᠳᠠᠯᠤᠯᠲᠠ
ᠬᠦᠯᠢᠶᠡᠨ ᠲᠤᠰᠤᠭᠰᠠᠨ ᠵᠠᠭ᠋ᠠᠯᠳᠤᠯᠭ᠎ᠠ 44099 ᠬᠤᠪᠢ ᠂ ᠠᠳᠠᠯᠢ ᠬᠤᠭᠤᠴᠠᠭ᠋ᠠᠨ᠎ᠤ᠎ᠬᠢ᠎ᠠᠴᠠ 7.97%᠎ᠪᠠᠷ ᠨᠡᠮᠡᠭᠳᠡᠵᠡᠢ᠃ ᠡᠭᠦᠨ᠎ᠳᠤ᠂ ᠲᠠᠸᠠᠷ᠎ᠤᠨ ᠲᠥᠷᠥᠯ᠎ᠲᠠᠢ ᠬᠣᠯᠪᠣᠭᠳᠠᠭᠰᠠᠨ 26243 ᠬᠤᠪᠢ᠂ ᠦᠢ᠍ᠯᠡᠴᠢᠯᠡᠭᠡᠨ᠎ᠤ ᠲᠥᠷᠥᠯ ᠲᠠᠢ ᠬᠣᠯᠪᠣᠭᠳᠠᠭᠰᠠᠨ 17856 ᠬᠤᠪᠢ ᠪᠤᠶ᠃ ᠵᠠᠭ᠋ᠠᠯᠳᠤᠯᠭ᠎ᠠ ᠵᠢᠨ ᠮᠠᠷᠭᠤᠭ᠋ᠠᠨ᠎ᠲᠠᠢ ᠨᠡᠶ᠋ᠢᠲᠡ ᠵᠣᠭᠣᠰ᠎ᠤᠨ ᠲᠣᠭ᠎ᠠ 4764.11 ᠲᠦᠮᠡᠨ ᠲᠥᠭᠦᠷᠢᠭ ᠪᠠᠶ᠋ᠢᠵᠤ᠂ ᠬᠡᠷᠡᠭᠯᠡᠭᠴᠢᠳ᠎ᠲᠤ 1521.84 ᠲᠦᠮᠡᠨ ᠲᠥᠭᠦᠷᠢᠭ᠎ᠤᠨ ᠠᠵᠤ ᠠᠬᠤᠢ ᠵᠢᠨ ᠬᠤᠬᠢᠷᠠᠯ᠎ᠢ ᠡᠭᠡᠭᠦᠯᠦᠨ ᠠᠪᠴᠢᠷᠠᠪᠠ᠃ 2024 ᠣᠨ᠎ᠤ 10 ᠳ᠋ᠤᠭ᠋ᠠᠷ ᠰᠠᠷ᠎ᠠ ᠵᠢᠨ 9᠎ᠤ ᠡᠳᠦᠷ ᠪᠣᠯᠲᠠᠯ᠎ᠠ 38898 ᠬᠡᠷᠡᠭ᠎ᠢ ᠨᠢᠭᠡᠨᠲᠡ ᠰᠢᠢ᠍ᠳᠪᠦᠷᠢᠯᠡᠨ ᠳᠠᠭᠤᠰᠬᠠᠵᠤ᠂ ᠰᠢᠢ᠍ᠳᠪᠦᠷᠢᠯᠡᠵᠦ ᠳᠠᠭᠤᠰᠬᠠᠭᠰᠠᠨ ᠨᠣᠷᠮ᠎ᠠ᠎ᠨᠢ 88.21%᠎ᠳᠤ ᠬᠦᠷᠪᠡ᠃
ᠬᠡᠷᠡᠭᠯᠡᠭᠡᠨ᠎ᠤ ᠲᠥᠷᠥᠯ ᠢᠯᠭ᠋ᠠᠯ᠎ᠢ ᠬᠦᠰᠦᠨᠦᠭᠲᠦ᠎ᠠᠴᠠ ᠦᠵᠡ (ᠨᠢᠭᠡ) (ᠬᠣᠶᠠᠷ)᠃
(ᠨᠢᠭᠡ) ᠲᠠᠸᠠᠷ᠎ᠤᠨ ᠲᠥᠷᠥᠯ᠎ᠳᠤ ᠬᠣᠯᠪᠣᠭᠳᠠᠭᠰᠠᠨ (ᠨᠢᠭᠡᠴᠢ᠄ ᠬᠤᠪᠢ )

ᠲᠠᠸᠠᠷ᠎ᠤᠨ ᠲᠥᠷᠥᠯ᠎ᠤᠨ ᠵᠠᠭ᠋ᠠᠯᠳᠤᠯᠭ᠎ᠠ᠎ᠨᠢ ᠠᠳᠠᠯᠢ ᠬᠤᠭᠤᠴᠠᠭ᠋ᠠᠨ᠎ᠤ᠎ᠬᠢ᠎ᠠᠴᠠ 16.43%᠎ᠪᠠᠷ ᠨᠡᠮᠡᠭᠳᠡᠵᠡᠶ᠃ ᠵᠠᠭ᠋ᠠᠯᠳᠤᠯᠭ᠎ᠠ ᠵᠢᠨ ᠬᠡᠮᠵᠢᠶᠡᠨ᠎ᠤ ᠡᠮᠦᠨ᠎ᠡ ᠲᠠᠪᠤᠨ ᠨᠡᠷᠡᠰ᠎ᠲᠤ ᠵᠢᠭᠰᠠᠭ᠋ᠠᠭᠳᠠᠭᠰᠠᠨ ᠲᠠᠸᠠᠷ᠎ᠤᠨ ᠶᠡᠭᠡ ᠲᠥᠷᠥᠯ᠎ᠨᠢ ᠲᠣᠰ ᠲᠣᠰ ᠢᠳᠡᠭᠡᠨ 14639 ᠬᠤᠪᠢ ᠂ ᠬᠤᠪᠴᠠᠰᠤ ᠬᠤᠨᠠᠷ ᠱᠠᠬᠠᠶ ᠮᠠᠯᠠᠭ᠋ᠠᠶ 2019 ᠵᠠᠬ᠎ᠠ ᠂ ᠵᠠᠮ ᠬᠠᠷᠢᠯᠴᠠᠭ᠋ᠠᠨ᠎ᠤ ᠪᠠᠭ᠋ᠠᠵᠢ 1591 ᠬᠤᠪᠢ᠂ ᠭᠡᠷ᠎ᠤᠨ ᠡᠳ᠋ᠯᠡᠯ ᠬᠡᠷᠡᠭᠰᠡᠯ 1146 ᠬᠤᠪᠢ᠂ ᠴᠢᠮᠡᠭᠡ ᠬᠤᠯᠪᠣᠭ᠋ᠠᠨ᠎ᠤ ᠦᠢ᠍ᠯᠡᠳᠬᠦᠨ 706 ᠬᠤᠪᠢ ᠪᠠᠢ᠌ᠪᠠ ᠃
ᠡᠮᠦᠨ᠎ᠡ ᠲᠠᠪᠤᠨ ᠨᠡᠷᠡᠳᠤ ᠵᠢᠭᠰᠠᠭ᠋ᠠᠭᠳᠠᠭᠰᠠᠨ ᠲᠠᠸᠠᠷ᠎ᠤᠨ ᠶᠡᠭᠡ ᠲᠥᠷᠥᠯ᠎ᠤᠨ ᠲᠠᠸᠠᠷ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶ᠎ᠡ᠎ᠳᠠᠬᠢ ᠡᠵᠡᠯᠡᠬᠦ ᠬᠠᠷᠢᠴᠠᠯ᠎ᠤᠨ ᠳᠤᠭᠤᠢ ᠬᠡᠯᠪᠡᠷᠢᠲᠦ ᠵᠢᠷᠤᠭ᠄

ᠲᠠᠸᠠᠷ᠎ᠤᠨ ᠵᠠᠭ᠋ᠠᠯᠳᠤᠯᠭ᠎ᠠ ᠵᠢᠨ ᠬᠠᠯᠠᠮᠰᠢᠯ᠎ᠤᠨ ᠡᠮᠦᠨ᠎ᠡ ᠠᠷᠪᠠ ᠳᠤ ᠵᠢᠭᠰᠠᠭ᠋ᠠᠭᠳᠠᠭᠰᠠᠨ ᠨᠢ ᠡᠩ᠎ᠤᠨ ᠬᠡᠷᠡᠭᠯᠡᠭᠡᠨ᠎ᠤ ᠲᠡᠷᠭᠡ 912 ᠰᠠᠤᠷᠢ᠂ ᠠᠮᠤ ᠭᠤᠯᠢᠷ ᠵᠢᠴᠢ ᠲᠡᠭᠦᠨ᠎ᠤ ᠪᠦᠲᠦᠭᠡᠭᠳᠡᠬᠦᠨ (ᠥᠪᠡᠷ ᠵᠶ᠋ᠠᠨ ᠦᠢ᠍ᠯᠡᠳᠦᠭᠰᠡᠨ) 759 ᠬᠤᠪᠢ᠂ ᠮᠢᠬᠠᠨ᠎ᠤ ᠪᠦᠲᠦᠭᠡᠭᠳᠡᠬᠦᠨ (ᠥᠪᠡᠷ ᠵᠶ᠋ᠠᠨ ᠦᠢ᠍ᠯᠡᠳᠦᠭᠰᠡᠨ ) 600 ᠬᠤᠪᠢ᠂ ᠭᠠᠷ ᠤᠲᠠᠰᠤ 575 ᠬᠤᠪᠢ᠂ ᠲᠣᠰᠣᠨ᠎ᠳᠤ ᠪᠤᠴᠠᠯᠭ᠋ᠠᠭᠰᠠᠨ ᠲᠥᠬᠦᠮ ᠭᠤᠯᠢᠷ 491 ᠬᠤᠪᠢ᠂ ᠪᠣᠷᠴᠠ ᠵᠢᠨ ᠲᠦᠷᠦᠯ 434 ᠬᠤᠪᠢ᠂ ᠲᠠᠯᠬ᠎ᠠ 434 ᠬᠤᠪᠢ᠂ ᠲᠠᠰᠢᠨᠵᠠ 374 ᠬᠤᠪᠢ ᠂ ᠪᠠᠺᠲ᠋ᠧᠷᠢ ᠤᠰᠠᠳᠬᠠᠭᠰᠠᠨ ᠰᠦ 373᠂ ᠲᠠᠮᠢᠷ᠎ᠤᠨ ᠱᠠᠬᠠᠶ 364 ᠵᠠᠬ᠎ᠠ (ᠭᠥᠯᠢᠶᠡᠨ ᠠᠪᠤᠭᠰᠠᠨ ᠬᠡᠮᠵᠢᠶᠡᠨ ᠳᠠᠬᠢ ᠪᠦᠬᠦ 《 ᠪᠤᠰᠤᠳ》᠎ᠢ ᠨᠡᠷᠡᠰ᠎ᠤᠨ ᠵᠢᠭᠰᠠᠭ᠋ᠠᠯᠲᠠ᠎ᠳᠤ ᠪᠣᠳᠣᠵᠤ ᠣᠷᠣᠭᠤᠯᠤᠭᠰᠠᠨ ᠦᠭᠡᠢ) ᠪᠠᠶ᠋ᠢᠵᠤ᠂ ᠬᠤᠳᠠᠯᠳᠤᠭ᠋ᠠᠨ᠎ᠤ ᠵᠦᠢ᠍ᠯ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ ᠤ 20.33% ᠵᠢ ᠡᠵᠡᠯᠡᠪᠡ᠃
ᠡᠮᠦᠨ᠎ᠡ ᠲᠠᠪᠤ᠎ᠳᠤ ᠵᠢᠭᠰᠠᠭ᠋ᠠᠭᠳᠠᠭᠰᠠᠨ ᠲᠠᠸᠠᠷ᠎ᠤᠨ ᠶᠡᠭᠡ ᠲᠥᠷᠥᠯ ᠨᠢᠳᠤᠨᠤᠨ᠎ᠤ᠎ᠬᠢ᠎ᠲᠠᠢ ᠪᠠᠭ᠍ᠠᠨ ᠠᠳᠠᠯᠢ ᠪᠤᠰᠤ ᠲᠠᠯ᠎ᠠ ᠪᠤᠢ᠄ ᠢᠳᠡᠭᠡᠨ᠎ᠤ ᠲᠥᠷᠥᠯ᠎ᠤᠨ ᠵᠠᠭ᠋ᠠᠯᠳᠤᠯᠭ᠎ᠠ ᠮᠥᠨ ᠯᠡ ᠲᠦᠷᠦᠭᠦᠨ᠎ᠳᠤ ᠲᠣᠭᠲᠠᠭᠤᠨ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 36.84%᠎ᠪᠠᠷ ᠨᠡᠮᠡᠭᠳᠡᠵᠦ᠂ ᠭᠤᠤᠯ ᠠᠰᠠᠭᠤᠳᠠᠯ᠎ᠨᠢ ᠦᠨ᠎ᠡ ᠬᠠᠩᠰᠢ᠂ ᠬᠠᠭᠤᠷᠮᠠᠭ ᠴᠢᠨᠠᠷ ᠮᠠᠭᠤ᠂ ᠬᠤᠳᠠᠯ ᠬᠠᠭᠤᠷᠮᠠᠭ ᠤᠬᠠᠭᠤᠯᠭ᠎ᠠ᠂ ᠠᠮᠤᠷ ᠲᠦᠪᠰᠢᠨ᠎ᠤ ᠳᠠᠯᠳᠠ ᠭᠡᠮ ᠣᠷᠣᠰᠢᠵᠤ ᠪᠠᠶ᠋ᠢᠬᠤ ᠵᠡᠷᠭᠡ ᠪᠣᠯᠤᠨ᠎ᠠ ᠂ ᠵᠢᠱ᠌ᠢᠶᠡᠯᠡᠪᠡᠯ ᠢᠳᠡᠭᠡᠨ᠎ᠤ ᠪᠤᠷᠭᠤᠢ᠌ᠳᠠᠯᠳᠤ ᠣᠨᠳᠤᠤ ᠪᠤᠳᠠᠰ ᠪᠠᠢ᠌ᠬᠤ (ᠬᠣᠷᠤᠬᠠᠢ᠂ ᠬᠣᠯᠢᠴᠠ)᠂ ᠴᠢᠨᠠᠷ᠎ᠤᠨ ᠪᠠᠲᠤᠯᠠᠭ᠎ᠠ ᠵᠢᠨ ᠬᠤᠭᠤᠴᠠᠭ᠎ᠠ᠎ᠠᠴᠠ ᠬᠡᠲᠦᠷᠡᠭᠰᠡᠨ ᠢᠳᠡᠭᠡᠨ᠎ᠢ ᠬᠤᠳᠠᠯᠳᠤᠬᠤ᠂ ᠦᠢ᠍ᠯᠡᠳᠭᠦᠨ᠎ᠤ ᠪᠣᠭᠤᠳᠠᠯ᠎ᠤᠨ ᠱᠣᠰᠢᠭ᠎ᠠ ᠲᠡᠮᠳᠡᠭ ᠪᠠ ᠵᠠᠷ ᠮᠡᠳᠡᠭᠡᠨ᠎ᠤ ᠣᠬᠠᠭᠤᠯᠭ᠎ᠠ ᠵᠢᠨ ᠦᠭᠡ᠎ᠳᠤ ᠬᠠᠣᠯᠢ ᠲᠣᠭᠳᠠᠭ᠋ᠠᠯ᠎ᠠᠴᠠ ᠵᠦᠷᠢᠴᠡᠬᠦ ᠦᠭᠡ ᠵᠢ ᠬᠡᠷᠡᠭᠯᠡᠬᠦ ᠵᠡᠷᠭᠡ ᠪᠣᠯᠣᠨ᠎ᠠ ᠃ ᠴᠢᠮᠡᠭᠡ ᠬᠤᠯᠪᠣᠭ᠋ᠠᠨ᠎ᠤ ᠦᠢ᠍ᠯᠡᠳᠬᠦᠨ ᠳᠥᠷᠪᠡᠳᠦᠭᠡᠷ ᠪᠠᠶ᠋ᠢᠷᠢ᠎ᠠᠴᠠ ᠲᠠᠪᠤᠳᠤᠭ᠋ᠠᠷ ᠪᠠᠢ᠌ᠷᠢ ᠬᠦᠷᠲᠡᠯ᠎ᠡ ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 48.01%᠎ᠪᠠᠷ ᠪᠠᠭ᠋ᠠᠰᠴᠤ᠂ ᠭᠤᠤᠯ ᠠᠰᠠᠭᠤᠳᠠᠯ᠎ᠨᠢ ᠭᠠᠷ ᠤᠲᠠᠰᠤ᠎ᠪᠠᠨ ᠬᠡᠪ᠎ᠤᠨ ᠪᠠᠶ᠋ᠢᠳᠠᠯ ᠵᠶ᠋ᠠᠷ ᠨᠡᠭᠡᠭᠡᠵᠦ ᠪᠣᠯᠬᠤ ᠦᠭᠡᠢ᠂ ᠥᠪᠡᠷᠲᠡᠭᠡᠨ ᠬᠠᠭ᠋ᠠᠭᠳᠠᠬᠤ᠂ ᠬᠡᠪ᠎ᠤᠨ ᠪᠠᠶ᠋ᠢᠳᠠᠯ ᠵᠶ᠋ᠠᠷ ᠨᠡᠪᠲᠡᠷᠡᠵᠦ ᠳᠡᠢ᠌ᠯᠬᠦ ᠦᠭᠡᠢ᠂ ᠳᠡᠯᠭᠡᠴᠡ ᠬᠠᠷᠠᠯᠠᠬᠤ᠂ ᠬᠡᠷᠡᠭᠯᠡᠭᠡᠨ᠎ᠤ ᠰᠠᠭ᠋ᠠᠳ᠎ᠲᠠᠢ ᠪᠣᠯᠬᠤ᠂ ᠬᠤᠳᠠᠯᠳᠤᠭ᠋ᠠᠴᠢᠨ ᠰᠡᠯᠪᠢᠨ ᠵᠠᠰᠠᠬᠤ ᠪᠣᠶᠤ ᠰᠣᠯᠢᠬᠤ ᠦᠭᠡᠢ ᠵᠡᠷᠭᠡ ᠠᠰᠠᠭᠤᠳᠠᠯ ᠪᠣᠯᠤᠨ᠎ᠠ᠃
(ᠬᠤᠶᠠᠷ) ᠦᠢ᠍ᠯᠡᠴᠢᠯᠡᠭᠡᠨ᠎ᠤ ᠲᠥᠷᠥᠯ᠎ᠳᠤ ᠬᠣᠯᠪᠣᠭᠳᠠᠭᠰᠠᠨ (ᠨᠢᠭᠡᠴᠢ᠄ ᠬᠤᠪᠢ )

ᠦᠢ᠍ᠯᠡᠴᠢᠯᠡᠭᠡᠨ᠎ᠤ ᠲᠥᠷᠥᠯ᠎ᠤᠨ ᠵᠠᠭ᠋ᠠᠯᠳᠤᠯᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 2.45%᠎ᠪᠠᠷ ᠪᠠᠭ᠋ᠠᠰᠴᠤ᠂ ᠵᠠᠭ᠋ᠠᠯᠳᠤᠯᠭ᠎ᠠ ᠵᠢᠨ ᠬᠡᠮᠵᠢᠶᠡᠨ᠎ᠤ ᠡᠮᠦᠨ᠎ᠡ ᠲᠠᠪᠤᠨ ᠨᠡᠷᠡᠰ᠎ᠲᠤ ᠵᠢᠭᠰᠠᠭ᠋ᠠᠭᠳᠠᠭᠰᠠᠨ᠎ᠨᠢ ᠲᠣᠰ ᠲᠣᠰ ᠢᠳᠡᠭᠡᠨ ᠤᠮᠳᠠᠭ᠋ᠠᠨ ᠪᠠ ᠬᠣᠨᠣᠭ ᠪᠠᠭᠤᠳᠠᠯ᠎ᠤᠨ ᠦᠢ᠍ᠯᠡᠴᠢᠯᠡᠭᠡ 4299 ᠬᠤᠪᠢ᠂ ᠪᠣᠷᠣᠯᠠᠭᠤᠯᠬᠤ ᠦᠢ᠍ᠯᠡᠴᠢᠯᠡᠭᠡ 3443 ᠬᠤᠪᠢ᠂ ᠵᠢᠰᠦ ᠭᠤᠶᠣᠯᠠᠵᠤ ᠦᠰᠦ ᠵᠠᠰᠠᠬᠤ ᠤᠭᠢᠶᠠᠯᠭ᠎ᠠ ᠵᠢᠨ ᠦᠢ᠍ᠯᠡᠴᠢᠯᠡᠭᠡ 1001 ᠬᠤᠪᠢ᠂ ᠰᠣᠶᠣᠯ ᠵᠤᠭ᠎ᠠ ᠴᠡᠩᠭᠡᠯ ᠪᠡᠶ᠎ᠡ ᠵᠢᠨ ᠲᠠᠮᠢᠷ᠎ᠤᠨ ᠦᠢ᠍ᠯᠡᠴᠢᠯᠡᠭᠡ 984 ᠬᠤᠪᠢ᠂ ᠬᠥᠮᠦᠵᠢᠯ ᠪᠣᠯᠪᠠᠰᠤᠷᠠᠯ᠎ᠤᠨ ᠦᠢ᠍ᠯᠡᠴᠢᠯᠡᠭᠡ 967 ᠬᠤᠪᠢ ᠪᠠᠶ᠋ᠢᠪᠠ᠃
ᠡᠮᠦᠨ᠎ᠡ ᠲᠠᠪᠤ᠎ᠳᠤ ᠵᠢᠭᠰᠠᠭ᠋ᠠᠭᠳᠠᠭᠰᠠᠨ ᠦᠢ᠍ᠯᠡᠴᠢᠯᠡᠭᠡᠨ᠎ᠤ ᠶᠡᠭᠡ ᠲᠥᠷᠥᠯ᠎ᠤᠨ ᠦᠢ᠍ᠯᠡᠴᠢᠯᠡᠭᠡᠨ᠎ᠤ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠳᠤ ᠡᠵᠡᠯᠡᠬᠦ ᠬᠠᠷᠢᠴᠠᠯ᠎ᠤᠨ ᠳᠤᠭᠤᠢ ᠬᠡᠯᠪᠡᠷᠢᠲᠦ ᠵᠢᠷᠤᠭ ᠄

ᠦᠢ᠍ᠯᠡᠴᠢᠯᠡᠭᠡᠨ᠎ᠤ ᠵᠠᠭ᠋ᠠᠯᠳᠤᠯᠭ᠎ᠠ ᠵᠢᠨ ᠬᠠᠯᠠᠭᠤᠷᠠᠯ ᠪᠣᠯᠣᠭᠰᠠᠨ ᠡᠮᠦᠨ᠎ᠡ ᠠᠷᠪᠠ᠎ᠳᠤ ᠵᠢᠭᠰᠠᠭ᠋ᠠᠭᠳᠠᠭᠰᠠᠨ ᠤᠷᠢᠳᠴᠢᠯᠠᠨ ᠲᠦᠯᠦᠪᠦᠷᠢᠯᠡᠬᠦ ᠺᠠᠷᠲ᠎ᠤᠨ ᠦᠢ᠍ᠯᠡᠴᠢᠯᠡᠭᠡ 2172 ᠬᠤᠪᠢ᠂ ᠬᠤᠭᠤᠯᠠᠨ ᠭᠡᠷ᠎ᠤᠨ ᠦᠢ᠍ᠯᠡᠴᠢᠯᠡᠭᠡ 1729 ᠬᠤᠪᠢ᠂ ᠵᠣᠴᠢᠳ᠎ᠤᠨ ᠪᠠᠭᠤᠳᠠᠯ᠎ᠤᠨ ᠬᠤᠨᠣᠭᠯᠠᠬᠤ ᠦᠢ᠍ᠯᠡᠴᠢᠯᠡᠭᠡ 1650 ᠬᠤᠪᠢ᠂ ᠵᠢᠵᠢᠭᠯᠡᠨ ᠬᠤᠳᠠᠯᠳᠤᠬᠤ ᠦᠢ᠍ᠯᠡᠴᠢᠯᠡᠭᠡ 472 ᠬᠤᠪᠢ᠂ ᠵᠢᠭᠤᠯᠴᠢᠯᠠᠯ᠎ᠤᠨ ᠵᠠᠭᠤᠴᠢ ᠦᠢ᠍ᠯᠡᠴᠢᠯᠡᠭᠡ 316 ᠬᠤᠪᠢ᠂ ᠬᠤᠪᠢ ᠬᠥᠮᠦᠨ᠎ᠤ ᠭᠡᠷᠡᠯ ᠵᠢᠷᠤᠭ᠎ᠤᠨ ᠦᠢ᠍ᠯᠡᠴᠢᠯᠡᠭᠡ 258 ᠬᠤᠪᠢ᠂ ᠮᠠᠰᠢᠨ ᠲᠡᠷᠭᠡ ᠰᠡᠯᠪᠢᠨ ᠵᠠᠰᠠᠬᠤ ᠦᠢ᠍ᠯᠡᠴᠢᠯᠡᠭᠡ 238 ᠬᠤᠪᠢ᠂ ᠬᠢᠯᠢ ᠵᠢᠨ ᠳᠣᠲᠣᠷᠠᠬᠢ ᠦᠵᠡᠮᠵᠢ ᠵᠢᠨ ᠭᠠᠵᠠᠷ 195 ᠬᠤᠪᠢ᠂ ᠲᠡᠷᠭᠡ ᠬᠥᠰᠬᠡ ᠲᠦᠷᠢᠶᠡᠰᠦᠯᠡᠬᠦ ᠦᠢ᠍ᠯᠡᠴᠢᠯᠡᠭᠡ 194 ᠬᠤᠪᠢ᠂ ᠢᠨᠲ᠋ᠧᠷ ᠰᠦᠯᠵᠢᠶᠡᠨ᠎ᠤ ᠰᠢᠭᠤᠳ ᠪᠣᠷᠣᠯᠠᠭᠤᠯᠬᠤ ᠦᠢ᠍ᠯᠡᠴᠢᠯᠡᠭᠡ 181 ᠬᠤᠪᠢ (ᠬᠦᠯᠢᠶᠡᠨ ᠠᠪᠤᠭᠰᠠᠨ ᠬᠡᠮᠵᠢᠶᠡᠨ᠎ᠳᠠᠬᠢ ᠪᠦᠬᠦ 《ᠪᠤᠰᠤᠳ》᠎ᠢ ᠨᠡᠷᠡᠰ᠎ᠤᠨ ᠵᠢᠭᠰᠠᠭ᠋ᠠᠯᠲᠠ᠎ᠳᠤ ᠪᠣᠳᠣᠵᠣ ᠣᠷᠤᠭᠤᠯᠤᠭᠰᠠᠨ ᠦᠭᠡᠢ)᠂ ᠦᠢ᠍ᠯᠡᠴᠢᠯᠡᠭᠡᠨ᠎ᠤ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠢ ᠲᠣᠭ᠋ᠠᠨ᠎ᠤ 41.47% ᠵᠢ ᠡᠵᠡᠯᠡᠪᠡ᠃
ᠦᠢ᠍ᠯᠡᠴᠢᠯᠡᠭᠡᠨ᠎ᠤ ᠶᠡᠭᠡ ᠲᠥᠷᠥᠯ᠎ᠤᠨ ᠵᠠᠭ᠋ᠠᠯᠳᠤᠯᠭ᠎ᠠ᠎ᠨᠢ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠲᠠᠢ ᠠᠳᠠᠯᠢ ᠪᠠᠶ᠋ᠢᠵᠤ᠂ ᠵᠥᠪᠬᠡᠨ ᠳᠠᠷᠠᠭ᠋ᠠᠯᠠᠯ᠎ᠨᠢ ᠵᠢᠭ᠋ᠠᠬᠠᠨ ᠠᠳᠠᠯᠢ ᠦᠭᠡᠢ᠄ ᠢᠳᠡᠭᠡᠨ ᠤᠮᠳᠠᠭ᠋ᠠᠨ ᠪᠠ ᠬᠤᠨᠤᠭ ᠪᠠᠭᠤᠳᠠᠯ᠎ᠤᠨ ᠦᠢ᠍ᠯᠡᠴᠢᠯᠡᠭᠡᠨ᠎ᠢ ᠮᠥᠨ ᠯᠡ ᠲᠡᠷᠢᠭᠦᠨ᠎ᠳᠤ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 8.41%᠎ᠪᠠᠷ ᠬᠠᠰᠤᠭᠳᠠᠪᠠ᠃ ᠭᠤᠷᠪᠠᠳᠤᠭ᠋ᠠᠷ ᠤᠯᠠᠷᠢᠯ᠎ᠳᠤ ᠶᠠᠭ ᠵᠤᠨ᠎ᠤ ᠠᠮᠠᠷᠠᠯᠲᠠ ᠲᠠᠭ᠋ᠠᠷᠠᠵᠤ᠂ ᠠᠯᠢ ᠣᠯᠠᠨ ᠠᠰᠢᠭᠲᠠᠢ ᠲᠥᠷᠥ ᠵᠢᠨ ᠪᠣᠳᠣᠯᠭ᠎ᠠ ᠵᠢᠨ ᠠᠬᠢᠭᠤᠯᠤᠯ ᠳᠣᠣᠷ᠎ᠠ᠂ ᠵᠤᠭ᠋ᠠᠴᠠᠬᠤ ᠠᠮᠠᠷᠠᠬᠤ ᠵᠡᠷᠭᠡ ᠠᠵᠢᠯ ᠲᠥᠷᠥᠯ ᠪᠥᠬᠦ ᠱᠤᠭᠤᠮ ᠵᠶ᠋ᠠᠨ ᠰᠡᠷᠭᠦᠭᠡᠵᠦ᠂ ᠬᠣᠭᠣᠯᠠᠯᠠᠬᠤ ᠵᠢᠴᠢ ᠣᠷᠣᠵᠤ ᠰᠠᠭᠤᠬᠤ ᠣᠷᠴᠢᠨ ᠲᠣᠭᠤᠷᠢᠨ᠎ᠤ ᠡᠷᠡᠭᠦᠯ ᠬᠠᠮᠠᠭ᠋ᠠᠯᠠᠯ᠂ ᠬᠡᠯᠪᠡᠷᠢ ᠮᠠᠶᠢᠭ᠎ᠤᠨ ᠭᠡᠷ᠎ᠡ᠂ ᠰᠦᠢ᠍ᠳᠬᠡᠯ ᠬᠤᠷᠢᠶᠠᠬᠤ᠂ ᠠᠮᠤᠷ ᠲᠦᠪᠰᠢᠨ᠂ ᠤᠬᠠᠭᠤᠯᠭ᠎ᠠ᠎ᠨᠢ ᠪᠣᠳᠠᠲᠤ ᠪᠠᠶ᠋ᠢᠳᠠᠯ᠎ᠲᠠᠢ ᠨᠡᠶ᠋ᠢᠴᠡᠬᠦ ᠦᠭᠡᠢ᠂ ᠤᠷᠢᠳᠴᠢᠯᠠᠨ ᠲᠦᠯᠦᠪᠦᠷᠢᠯᠡᠬᠦ ᠬᠡᠷᠡᠭᠯᠡᠭᠡᠨ᠎ᠤ ᠵᠢᠭᠤᠷᠠᠯᠳᠤᠭ᠋ᠠᠨ ᠵᠡᠷᠭᠡ ᠠᠰᠠᠭᠤᠳᠠᠯ ᠨᠡᠯᠢᠶᠡᠳ ᠲᠣᠪᠣᠶ᠋ᠢᠮ᠎ᠠ ᠪᠠᠶ᠋ᠢᠨ᠎ᠠ᠃ ᠪᠣᠷᠣᠯᠠᠭᠤᠯᠬᠤ ᠦᠢ᠍ᠯᠡᠴᠢᠯᠡᠭᠡ᠂ ᠬᠥᠮᠦᠵᠢᠯ ᠪᠣᠯᠪᠠᠰᠤᠷᠠᠯ᠎ᠤᠨ ᠦᠢ᠍ᠯᠡᠴᠢᠯᠡᠭᠡ᠂ ᠰᠣᠶᠣᠯ ᠵᠤᠭ᠎ᠠ ᠴᠡᠩᠭᠡᠯ ᠪᠡᠶ᠎ᠡ ᠵᠢᠨ ᠲᠠᠮᠢᠷ᠎ᠤᠨ ᠦᠢ᠍ᠯᠡᠴᠢᠯᠡᠭᠡ᠂ ᠵᠢᠰᠦ ᠭᠤᠶᠣᠯᠠᠵᠤ ᠦᠰᠦ ᠵᠠᠰᠠᠬᠤ ᠤᠬᠢᠶᠠᠯᠭ᠎ᠠ ᠵᠢᠨ ᠦᠢ᠍ᠯᠡᠴᠢᠯᠡᠭᠡ ᠬᠤᠶᠠᠳᠤᠭ᠋ᠠᠷ᠎ᠠᠴᠠ ᠲᠠᠪᠤᠳᠤᠭ᠋ᠠᠷ᠎ᠲᠤ ᠵᠢᠭᠰᠠᠭ᠋ᠠᠭᠳᠠᠵᠤ᠂ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ ᠵᠢᠭ᠋ᠠᠬᠠᠨ ᠬᠤᠪᠢᠷᠠᠯᠲᠠ᠎ᠲᠠᠢ ᠪᠣᠯᠵᠣ᠂ ᠠᠳᠠᠯᠢ ᠬᠤᠭᠤᠴᠠᠭ᠋ᠠᠨ᠎ᠤ᠎ᠬᠢ᠎ᠠᠴᠠ ᠴᠥᠮ ᠵᠣᠬᠢᠬᠤ ᠬᠡᠮᠵᠢᠶ᠎ᠡ᠎ᠪᠠᠷ ᠪᠠᠭᠤᠷᠠᠵᠤ᠂ ᠲᠣᠰ ᠲᠣᠰ 3.61%᠂ 7.91%᠂ 21.09%᠂ 41.57%᠎ᠪᠠᠷ ᠪᠠᠭᠤᠷᠠᠪᠠ᠃
ᠭᠤᠷᠪᠠ᠂ ᠢᠯᠡᠴᠢᠯᠡᠨ ᠮᠡᠳᠡᠭᠦᠯᠦᠯᠲᠡ ᠵᠢᠨ ᠪᠠᠶ᠋ᠢᠳᠠᠯ᠎ᠤᠨ ᠲᠤᠭ᠎ᠠ ᠪᠦᠷᠢᠳᠬᠡᠯ᠎ᠤᠨ ᠵᠠᠳᠠᠯᠤᠯᠲᠠ
ᠢᠯᠡᠴᠢᠯᠡᠨ ᠮᠡᠳᠡᠭᠦᠯᠦᠯᠲᠡ ᠵᠢ ᠲᠤᠰᠤᠭᠰᠠᠨ ᠲᠤᠭ᠎ᠠ 9338 ᠬᠤᠪᠢ ᠂ ᠠᠳᠠᠯᠢ ᠬᠤᠭᠤᠴᠠᠭ᠋ᠠᠨ᠎ᠤ᠎ᠬᠢ᠎ᠠᠴᠠ 6.87%᠎ᠪᠠᠷ ᠨᠡᠮᠡᠭᠳᠡᠪᠡ᠃ ᠡᠭᠦᠨ᠎ᠳᠤ᠂ ᠲᠠᠸᠠᠷ᠎ᠤᠨ ᠲᠥᠷᠥᠯ᠎ᠲᠤ ᠬᠣᠯᠪᠣᠭᠳᠠᠭᠰᠠᠨ 5465 ᠬᠤᠪᠢ᠂ ᠦᠢ᠍ᠯᠡᠴᠢᠯᠡᠭᠡᠨ᠎ᠤ ᠲᠥᠷᠥᠯ᠎ᠳᠤ ᠬᠣᠯᠪᠣᠭᠳᠠᠭᠰᠠᠨ 3873 ᠬᠤᠪᠢ ᠪᠤᠶ᠃ 10 ᠳ᠋ᠤᠭ᠋ᠠᠷ ᠰᠠᠷ᠎ᠠ ᠵᠢᠨ 9᠎ᠤ ᠡᠳᠦᠷ ᠪᠣᠯᠲᠠᠯ᠎ᠠ ᠨᠡᠶ᠋ᠢᠲᠡ 8035 ᠬᠤᠪᠢ ᠵᠢ ᠰᠢᠢ᠍ᠳᠪᠦᠷᠢᠯᠡᠵᠦ᠂ ᠰᠢᠢ᠍ᠳᠪᠦᠷᠢᠯᠡᠵᠦ ᠳᠠᠭᠤᠰᠬᠠᠭᠰᠠᠨ ᠨᠣᠷᠮ᠎ᠠ 86.05%᠎ᠳᠤ ᠬᠦᠷᠪᠡ᠃
ᠢᠯᠡᠴᠢᠯᠡᠨ ᠮᠡᠳᠡᠭᠦᠯᠦᠯᠲᠡ ᠵᠢ ᠬᠦᠯᠢᠶᠡᠨ ᠠᠪᠤᠭᠰᠠᠨ ᠬᠡᠮᠵᠢᠶ᠎ᠡ ᠵᠢᠨ ᠡᠮᠦᠨ᠎ᠡ ᠲᠠᠪᠤ᠎ᠳᠤ ᠵᠢᠭᠰᠠᠭ᠋ᠠᠭᠳᠠᠭᠰᠠᠨ ᠲᠠᠸᠠᠷ᠂ ᠦᠢ᠍ᠯᠡᠴᠢᠯᠡᠭᠡᠨ᠎ᠤ ᠲᠥᠷᠥᠯ ᠬᠤᠪᠢᠶᠠᠭᠰᠠᠨ ᠬᠦᠰᠦᠨᠦᠭᠲᠦ᠄

ᠲᠠᠸᠠᠷ᠎ᠤᠨ ᠲᠥᠷᠥᠯ᠎ᠤᠨ ᠢᠯᠡᠴᠢᠯᠡᠨ ᠮᠡᠳᠡᠭᠦᠯᠦᠯᠲᠡ ᠠᠳᠠᠯᠢ ᠬᠤᠭᠤᠴᠠᠭ᠋ᠠᠨ᠎ᠤ᠎ᠬᠢ᠎ᠠᠴᠠ 38.32 %᠎ᠪᠠᠷ ᠨᠡᠮᠡᠭᠳᠡᠵᠦ᠂ ᠲᠣᠰ ᠲᠥᠷᠥᠯ᠎ᠤᠨ ᠢᠯᠡᠴᠢᠯᠡᠨ ᠮᠡᠳᠡᠭᠦᠯᠦᠯᠲᠡ ᠵᠢᠨ ᠳᠤᠮᠳᠠ᠂ ᠢᠳᠡᠭᠡᠨ᠎ᠤ ᠲᠥᠷᠥᠯ᠎ᠤᠨ ᠢᠯᠡᠴᠢᠯᠡᠨ ᠮᠡᠳᠡᠭᠦᠯᠦᠯᠲᠡ 3209 ᠬᠤᠪᠢ ᠂ ᠲᠠᠸᠠᠷ᠎ᠤᠨ ᠲᠥᠷᠥᠯ᠎ᠤᠨ ᠢᠯᠡᠴᠢᠯᠡᠨ ᠮᠡᠳᠡᠭᠦᠯᠦᠯᠲᠡ ᠵᠢᠨ ᠶᠡᠷᠦᠩᠬᠡᠶ ᠬᠡᠮᠵᠢᠶᠡᠨ᠎ᠤ 58.72 % ᠵᠢ ᠡᠵᠡᠯᠡᠪᠡ᠃ ᠢᠳᠡᠭᠡᠨ᠎ᠤ ᠵᠦᠢ᠍ᠯ᠎ᠤᠨ ᠢᠯᠡᠴᠢᠯᠡᠨ ᠮᠡᠳᠡᠭᠦᠯᠦᠯᠲᠡ ᠨᠡᠯᠢᠶᠡᠳ ᠠᠷᠪᠢᠨ ᠪᠠᠢ᠌ᠭ᠎ᠠ ᠢᠳᠡᠭᠡᠨ ᠤᠮᠳᠠᠭ᠋ᠠᠨ ᠢᠳᠡᠭᠡᠨ᠎ᠤ ᠵᠦᠢ᠍ᠯ᠂ ᠴᠠᠭ᠋ᠠᠨ ᠢᠳᠡᠭᠡᠨ᠂ ᠮᠢᠬᠠᠨ᠎ᠤ ᠪᠦᠲᠦᠭᠡᠭᠳᠡᠬᠦᠨ᠂ ᠤᠮᠳᠠᠭ᠋ᠠᠨ᠂ ᠠᠮᠤ ᠪᠤᠳᠠᠭ᠎ᠠ ᠡᠳ᠋ᠰᠢᠭᠦᠯᠦᠭᠰᠡᠨ ᠪᠦᠲᠦᠭᠡᠭᠳᠡᠬᠦᠨ᠂ ᠮᠠᠯ ᠵᠢᠭᠦᠷᠲᠡᠨ᠎ᠤ ᠮᠢᠬ᠎ᠠ ᠵᠢᠴᠢ ᠲᠤᠰᠠᠯᠠᠬᠤ ᠦᠢ᠍ᠯᠡᠳᠬᠦᠨ ᠵᠡᠷᠭᠡ ᠵᠢ ᠪᠠᠭᠲᠠᠭ᠋ᠠᠵᠤ᠂ ᠵᠠᠷ ᠮᠡᠳᠡᠭᠡ᠂ ᠦᠨ᠎ᠡ ᠬᠠᠩᠰᠢ᠂ ᠵᠢᠩ ᠳᠤᠲᠠᠭᠤ ᠂ ᠴᠢᠨᠠᠷ᠎ᠢ ᠪᠠᠲᠤᠯᠠᠬᠤ ᠬᠤᠭᠤᠴᠠᠭ᠎ᠠ᠎ᠨᠢ ᠬᠡᠲᠦᠷᠡᠭᠰᠡᠨ ᠪᠦᠲᠦᠭᠡᠭᠳᠡᠬᠦᠨ ᠵᠡᠷᠭᠡ ᠠᠰᠠᠭᠤᠳᠠᠯ ᠵᠶ᠋ᠠᠷ ᠭᠣᠣᠯᠯᠠᠵᠤ ᠪᠠᠶ᠋ᠢᠨ᠎ᠠ᠃ ᠪᠤᠰᠤᠳ ᠢᠯᠡᠴᠢᠯᠡᠨ ᠮᠡᠳᠡᠭᠦᠯᠦᠯᠲᠡ ᠨᠡᠯᠢᠶᠡᠳ ᠣᠯᠠᠨ ᠲᠠᠸᠠᠷ᠎ᠲᠤ ᠣᠨᠴᠠᠭ᠋ᠠᠶ ᠪᠤᠰᠤ ᠬᠡᠷᠡᠭᠴᠡᠭᠡᠨ᠎ᠤ ᠭᠤᠶᠤᠯᠠᠯ᠎ᠤᠨ ᠡᠳ᠋᠂ ᠡᠳᠦᠷ ᠲᠤᠲᠤᠮ᠎ᠤᠨ ᠬᠡᠷᠡᠭᠯᠡᠭᠡᠨ᠎ᠤ ᠡᠳ᠋᠂ ᠲᠠᠸᠠᠷ᠎ᠤᠨ ᠭᠡᠷ ᠪᠠᠶ᠋ᠢᠰᠢᠩ᠂ ᠬᠢᠲᠠᠳ ᠪᠡᠯᠡᠨ ᠡᠮ ᠂ ᠬᠢᠲᠠᠳ ᠡᠸᠦ᠋ᠷᠣᠫᠠ ᠪᠡᠯᠡᠨ ᠡᠮ ᠂ ᠠᠮᠢᠳᠤ ᠪᠣᠳᠠᠰ᠎ᠤᠨ ᠬᠢᠮᠢ ᠵᠢᠨ ᠡᠮ᠎ᠤᠨ ᠵᠦᠢ᠍ᠯ᠂ ᠡᠷᠡᠭᠦᠯ ᠬᠠᠮᠠᠭ᠋ᠠᠯᠠᠯ᠎ᠤᠨ ᠪᠠᠭ᠋ᠠᠵᠢ ᠬᠡᠷᠡᠭᠰᠡᠯ ᠵᠡᠷᠭᠡ ᠵᠢ ᠪᠠᠭᠲᠠᠭ᠋ᠠᠵᠤ᠂ ᠭᠤᠤᠯᠳᠠᠭᠤ ᠦᠨ᠎ᠡ ᠬᠠᠩᠰᠢ᠂ ᠬᠠᠭᠤᠷᠮᠠᠭ ᠮᠠᠭᠤ ᠲᠠᠸᠠᠷ ᠦᠢ᠍ᠯᠡᠳᠴᠦ ᠪᠣᠷᠣᠯᠠᠭᠤᠯᠬᠤ᠂ ᠮᠠᠭᠤ᠎ᠪᠠᠷ ᠰᠠᠶ᠋ᠢᠨ᠎ᠢ ᠣᠷᠣᠯᠠᠭᠤᠯᠬᠤ᠂ 《ᠭᠤᠷᠪᠠ ᠥᠬᠡᠶ》᠂ ᠬᠤᠳᠠᠯ ᠬᠠᠭᠤᠷᠮᠠᠭ ᠳᠠᠩᠰᠠᠯᠠᠭᠤᠯᠤᠭᠰᠠᠨ ᠲᠠᠸᠠᠷ᠎ᠤᠨ ᠲᠡᠮᠲᠡᠭᠲᠦ ᠂ ᠬᠤᠳᠠᠯ ᠬᠠᠭᠤᠷᠮᠠᠭ ᠤᠬᠠᠭᠤᠯᠭ᠎ᠠ᠂ ᠦᠨᠡᠮᠯᠡᠯ ᠥᠬᠡᠶ ᠡᠵᠡᠩᠨᠡᠯᠲᠡ ᠵᠢᠴᠢ ᠶᠠᠰᠤ ᠴᠢᠨᠠᠷ᠎ᠤᠨ ᠠᠰᠠᠭᠤᠳᠠᠯ ᠵᠡᠷᠭᠡ᠎ᠳᠤ ᠬᠣᠯᠪᠣᠭᠳᠠᠪᠠ ᠃
ᠦᠢ᠍ᠯᠡᠴᠢᠯᠡᠭᠡᠨ᠎ᠤ ᠲᠥᠷᠥᠯ᠎ᠤᠨ ᠢᠯᠡᠴᠢᠯᠡᠨ ᠮᠡᠳᠡᠭᠦᠯᠦᠯᠲᠡ ᠠᠳᠠᠯᠢ ᠬᠤᠭᠤᠴᠠᠭ᠋ᠠᠨ᠎ᠤ᠎ᠬᠢ᠎ᠠᠴᠠ 19.09%᠎ᠪᠠᠷ ᠪᠠᠭ᠋ᠠᠰᠴᠤ᠂ ᠡᠢ᠌ᠮᠦᠷᠬᠦᠦ ᠢᠯᠡᠴᠢᠯᠡᠨ ᠮᠡᠳᠡᠭᠦᠯᠦᠯᠲᠡ ᠵᠢᠨ ᠬᠠᠮᠤᠭ᠎ᠤᠨ ᠣᠯᠠᠨ᠎ᠨᠢ ᠢᠳᠡᠭᠡᠨ ᠤᠮᠳᠠᠭ᠋ᠠᠨ ᠪᠠ ᠬᠤᠨᠤᠭ ᠪᠠᠭᠤᠳᠠᠯ᠎ᠤᠨ ᠦᠢ᠍ᠯᠡᠴᠢᠯᠡᠭᠡ 1167 ᠬᠤᠪᠢ ᠪᠠᠶ᠋ᠢᠵᠤ᠂ ᠦᠢ᠍ᠯᠡᠴᠢᠯᠡᠭᠡᠨ᠎ᠤ ᠲᠥᠷᠥᠯ᠎ᠤᠨ ᠢᠯᠡᠴᠢᠯᠡᠨ ᠮᠡᠳᠡᠭᠦᠯᠦᠯᠲᠡ ᠵᠢᠨ ᠶᠡᠷᠦᠩᠬᠡᠶ ᠬᠡᠮᠵᠢᠶᠡᠨ᠎ᠤ 30.13% ᠵᠢ ᠡᠵᠡᠯᠡᠪᠡ᠃ ᠢᠯᠡᠴᠢᠯᠡᠨ ᠮᠡᠳᠡᠭᠦᠯᠦᠭᠰᠡᠨ ᠭᠤᠤᠯ ᠠᠰᠠᠭᠤᠳᠠᠯ᠎ᠨᠢ ᠶᠠᠰᠤ ᠴᠢᠨᠠᠷ᠂ ᠠᠮᠤᠷ ᠲᠦᠪᠰᠢᠨ᠂ ᠦᠨ᠎ᠡ ᠬᠠᠩᠰᠢ᠂ ᠦᠨᠡᠮᠯᠡᠯ ᠦᠭᠡᠢ᠎ᠪᠠᠷ ᠡᠵᠡᠩᠨᠡᠬᠦ ᠵᠡᠷᠭᠡ ᠪᠠᠢ᠌ᠪᠠ ᠃ ᠪᠤᠰᠤᠳ ᠢᠯᠡᠴᠢᠯᠡᠨ ᠮᠡᠳᠡᠭᠦᠯᠦᠯᠲᠡ ᠵᠢᠨ ᠦᠢ᠍ᠯᠡᠴᠢᠯᠡᠭᠡᠨ᠎ᠢ ᠭᠤᠤᠯᠳᠠᠭᠤ ᠵᠢᠵᠢᠭᠯᠡᠨ ᠬᠤᠳᠠᠯᠳᠤᠬᠤ ᠦᠢ᠍ᠯᠡᠴᠢᠯᠡᠭᠡ ᠂ ᠡᠮᠨᠡᠯᠭᠡ ᠵᠢᠨ ᠬᠤᠷᠢᠶᠠᠨ᠎ᠤ ᠦᠢ᠍ᠯᠡᠴᠢᠯᠡᠭᠡ ᠂ ᠵᠢᠰᠦ ᠭᠤᠶᠣᠯᠠᠵᠤ ᠦᠰᠦ ᠵᠠᠰᠠᠬᠤ ᠦᠢ᠍ᠯᠡᠴᠢᠯᠡᠭᠡ ᠂ ᠮᠡᠷᠭᠡᠵᠢᠯ ᠴᠢᠳᠠᠪᠤᠷᠢ ᠵᠢᠨ ᠪᠣᠯᠪᠠᠰᠤᠷᠠᠯ᠎ᠤᠨ ᠦᠢ᠍ᠯᠡᠴᠢᠯᠡᠭᠡ ᠂ ᠢᠨᠲ᠋ᠧᠷ ᠰᠦᠯᠵᠢᠶᠡᠨ᠎ᠤ ᠰᠢᠭᠤᠳ ᠪᠣᠷᠣᠯᠠᠭᠤᠯᠬᠤ ᠦᠢ᠍ᠯᠡᠴᠢᠯᠡᠭᠡ ᠂ ᠬᠢᠯᠢ ᠵᠢᠨ ᠳᠣᠲᠣᠷᠠᠬᠢ ᠵᠢᠭᠤᠯᠴᠢᠯᠠᠯ᠂ ᠲᠣᠭᠤᠷᠢᠨ ᠦᠵᠡᠵᠦ ᠵᠤᠭ᠎ᠠ ᠴᠡᠩᠭᠡᠯ᠎ᠤᠨ ᠦᠢ᠍ᠯᠡᠴᠢᠯᠡᠭᠡ ᠂ ᠤᠬᠢᠶᠠᠯᠭ᠎ᠠ ᠬᠢᠵᠦ ᠢᠯᠢᠬᠦ ᠦᠢ᠍ᠯᠡᠴᠢᠯᠡᠭᠡ ᠵᠡᠷᠭᠡ᠎ᠳᠤ ᠬᠣᠯᠪᠣᠭᠳᠠᠪᠠ ᠃ ᠭᠣᠣᠯ ᠠᠰᠠᠭᠤᠳᠠᠯ᠎ᠨᠢ ᠭᠡᠪᠡᠯ ᠦᠨ᠎ᠡ ᠬᠠᠩᠰᠢ᠂ ᠬᠤᠳᠠᠯ ᠬᠠᠭᠤᠷᠮᠠᠭ ᠤᠬᠠᠭᠤᠯᠭ᠎ᠠ᠂ ᠬᠡᠷᠡᠭᠯᠡᠭᠴᠢᠳ᠎ᠢ ᠮᠡᠬᠡᠯᠡᠭᠦ ᠪᠠ ᠦᠨᠡᠮᠯᠡᠯ ᠦᠭᠡᠢ᠎ᠪᠠᠷ ᠡᠵᠡᠩᠨᠡᠬᠦ ᠵᠡᠷᠭᠡ ᠪᠠᠢ᠌ᠪᠠ ᠃
ᠳᠥᠷᠪᠡ᠂ ᠠᠰᠠᠭᠤᠨ ᠯᠠᠪᠯᠠᠯᠲᠠ ᠵᠢᠨ ᠪᠠᠶ᠋ᠢᠳᠠᠯ᠎ᠤᠨ ᠲᠣᠭ᠎ᠠ ᠪᠦᠷᠢᠳᠭᠡᠯ᠎ᠤᠨ ᠵᠠᠳᠠᠯᠤᠯᠲᠠ
ᠠᠰᠠᠭᠤᠨ ᠯᠠᠪᠯᠠᠯᠲᠠ ᠵᠢᠨ ᠬᠦᠯᠢᠶᠡᠨ ᠠᠪᠤᠭᠰᠠᠨ 51517 ᠬᠤᠪᠢ ᠪᠠᠢ᠌ᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 2.63%᠎ᠪᠠᠷ ᠪᠠᠭ᠋ᠠᠰᠪᠠ᠂ ᠡᠭᠦᠨ᠎ᠳᠤ ᠬᠡᠷᠡᠭᠯᠡᠭᠡᠨ᠎ᠤ ᠡᠷᠬᠡ ᠠᠰᠢᠭ᠎ᠢ ᠬᠠᠮᠠᠭ᠋ᠠᠯᠠᠬᠤ ᠮᠡᠳᠡᠯᠭᠡ᠎ᠳᠤ ᠬᠤᠯᠪᠣᠭᠳᠠᠭᠰᠠᠨ 16693 ᠬᠤᠪᠢ ᠪᠤᠢ; ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠢᠰᠲ᠋ᠧᠮ᠎ᠳᠤ ᠬᠤᠯᠪᠣᠭᠳᠠᠭᠰᠠᠨ 6099 ᠬᠤᠪᠢ᠂ ᠠᠰᠠᠭᠤᠨ ᠯᠠᠪᠯᠠᠯᠲᠠ ᠵᠢᠨ ᠬᠡᠮᠵᠢᠶ᠎ᠡ᠎ᠪᠠᠷ ᠨᠡᠯᠢᠶᠡᠳ ᠶᠡᠭᠡ ᠠᠰᠠᠭᠤᠳᠠᠯ᠎ᠨᠢ᠄ ᠵᠠᠭ᠋ᠠᠯᠳᠤᠯᠭ᠎ᠠ ᠢᠯᠡᠴᠢᠯᠡᠨ ᠮᠡᠳᠡᠭᠦᠯᠦᠯᠲᠡ ᠵᠢ ᠰᠢᠢ᠍ᠳᠪᠦᠷᠢᠯᠡᠭᠰᠡᠨ 2525 ᠬᠤᠪᠢ᠂ ᠰᠦᠯᠵᠢᠶᠡᠨ᠎ᠤ ᠠᠷᠠᠯᠵᠢᠶᠠᠨ᠎ᠤ ᠬᠢᠨᠠᠯᠲᠠ ᠬᠠᠮᠢᠶᠠᠷᠤᠯᠲᠠ 467 ᠬᠤᠪᠢ᠂ ᠦᠢ᠍ᠯᠡᠳᠬᠦᠨ (ᠲᠠᠸᠠᠷ)᠎ᠤ ᠶᠠᠰᠤ ᠴᠢᠨᠠᠷ 295 ᠬᠤᠪᠢ᠂ ᠦᠢ᠍ᠯᠡᠴᠢᠯᠡᠭᠡᠨ᠎ᠤ ᠬᠡᠷᠡᠭᠯᠡᠭᠡᠨ᠎ᠤ ᠬᠢᠨᠠᠯᠲᠠ ᠬᠠᠮᠢᠶᠠᠷᠤᠯᠲᠠ 215 ᠬᠤᠪᠢ᠂ ᠢᠳᠡᠭᠡᠨ᠎ᠤ ᠵᠦᠢ᠍ᠯ᠎ᠤᠨ ᠬᠢᠨᠠᠯᠲᠠ ᠬᠠᠮᠢᠶᠠᠷᠤᠯᠲᠠ 96 ᠬᠤᠪᠢ᠂ ᠵᠠᠬ᠎ᠠ ᠳᠡᠯᠭᠡᠭᠦᠷ᠎ᠤᠨ ᠭᠤᠣᠯ ᠴᠣᠭᠴᠠ ᠵᠢᠨ ᠲᠡᠮᠲᠡᠭᠯᠡᠨ ᠳᠠᠩᠰᠠᠯᠠᠯᠲᠠ 89 ᠬᠤᠪᠢ ᠪᠠᠢ᠌ᠪᠠ ; ᠪᠤᠰᠤᠳ ᠰᠠᠯᠠᠭ᠎ᠠ ᠮᠥᠴᠢᠷ᠎ᠤᠨ ᠠᠰᠠᠭᠤᠨ ᠯᠠᠪᠯᠠᠯᠲᠠ᠎ᠳᠤ ᠬᠣᠯᠪᠣᠭᠳᠠᠭᠰᠠᠨ ᠭᠤᠣᠯᠳᠠᠭᠤ ᠡᠷᠡᠭᠦᠯ ᠬᠠᠮᠠᠭ᠋ᠠᠯᠠᠯ᠂ ᠵᠢᠭᠤᠯᠴᠢᠯᠠᠯ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠬᠠᠮᠢᠶᠠᠷᠤᠯᠲᠠ᠂ ᠰᠢᠤᠳᠠᠨ᠂ ᠭᠠᠶ᠋ᠢᠯᠢ ᠵᠢᠨ ᠶᠠᠪᠤᠳᠠᠯ᠂ ᠳᠤᠯᠠᠭ᠋ᠠᠯᠠᠭ᠎ᠠ ᠬᠠᠩᠭ᠋ᠠᠬᠤ᠂ ᠤᠰᠤ ᠬᠠᠩᠭ᠋ᠠᠬᠤ᠂ ᠴᠠᠬᠢᠯᠭ᠋ᠠᠨ ᠬᠠᠩᠭ᠋ᠠᠬᠤ ᠂ ᠠᠳᠠᠯ ᠠᠬᠤᠶ᠂ ᠭᠡᠷ ᠬᠥᠷᠥᠩᠭᠡ ᠵᠡᠷᠭᠡ ᠵᠢ ᠪᠠᠭᠲᠠᠭ᠋ᠠᠪᠠ ᠃
ᠲᠠᠶ᠋ᠢᠯᠪᠤᠷᠢ ᠄ ᠳᠣᠰ ᠮᠠᠲᠠᠭᠦᠯᠣᠯᠲᠠ ᠵᠢᠨ ᠳᠣᠭ᠎ᠠ ᠪᠠᠷᠢᠮᠲᠠ ᠪᠤᠢ᠍ᠭᠦ ᠤᠯᠤᠰ᠎ᠤᠨ 12315 ᠲᠠᠪᠴᠠᠩ᠎ᠠᠴᠠ ᠡᠢ᠍ᠷᠠᠯᠲᠠ᠎ᠲᠠᠢ