ᠨᠢᠭᠡ᠂ ᠦᠨᠳᠦᠰᠦᠨ ᠪᠠᠶ᠋ᠢᠳᠠᠯ
2024 ᠣᠨ᠎ᠤ 1 ᠳ᠋ᠦ᠍ᠭᠡᠷ ᠰᠠᠷ᠎ᠠ᠎ᠠᠴᠠ 11 ᠳ᠋ᠦ᠍ᠭᠡᠷ ᠰᠠᠷ᠎ᠠ ᠪᠣᠯᠲᠠᠯ᠎ᠠ ᠥᠪᠥᠷ ᠮᠣᠩᠭᠤᠯ᠎ᠤᠨ ᠪᠥᠬᠦ ᠤᠯᠤᠰ᠎ᠤᠨ 12315 ᠲᠠᠪᠴᠠᠩ᠎ᠨᠢ ᠬᠡᠷᠡᠭᠯᠡᠭᠴᠢᠳ᠎ᠤᠨ ᠵᠠᠭ᠋ᠠᠯᠳᠤᠯᠭ᠎ᠠ᠂ ᠢᠯᠡᠴᠢᠯᠡᠨ ᠮᠡᠳᠡᠭᠦᠯᠦᠯᠲᠡ᠂ ᠠᠰᠠᠭᠤᠨ ᠯᠠᠪᠯᠠᠯᠲᠠ ᠵᠢ ᠨᠡᠶ᠋ᠢᠲᠡ 347595 ᠬᠤᠪᠢ ᠭᠥᠯᠢᠶᠡᠨ ᠠᠪᠴᠤ᠂ ᠠᠳᠠᠯᠢ ᠬᠤᠭᠤᠴᠠᠭ᠋ᠠᠨ᠎ᠤ᠎ᠬᠢ᠎ᠠᠴᠠ᠎ᠪᠠᠨ 1.94 %᠎ᠪᠠᠷ ᠨᠡᠮᠡᠭᠳᠡᠪᠡ᠃ ᠡᠭᠦᠨ᠎ᠳᠤ᠂ ᠵᠠᠭ᠋ᠠᠯᠳᠤᠯᠭ᠎ᠠ 143396 ᠬᠤᠪᠢ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ᠎ᠪᠠᠨ 9.53%᠎ᠪᠠᠷ ᠨᠡᠮᠡᠭᠳᠡᠪᠡ; ᠢᠯᠡᠴᠢᠯᠡᠨ ᠮᠡᠳᠡᠭᠦᠯᠦᠯᠲᠡ 31863 ᠬᠤᠪᠢ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ᠎ᠪᠠᠨ 7.24%᠎ᠪᠠᠷ ᠨᠡᠮᠡᠭᠳᠡᠪᠡ ; ᠠᠰᠠᠭᠤᠨ ᠯᠠᠪᠯᠠᠯᠲᠠ 172336 ᠬᠤᠪᠢ ᠪᠠᠢ᠌ᠵᠤ ᠂ ᠠᠳᠠᠯᠢ ᠬᠤᠭᠤᠴᠠᠭ᠋ᠠᠨ᠎ᠤ᠎ᠬᠢ᠎ᠠᠴᠠ᠎ᠪᠠᠨ 4.45%᠎ᠪᠠᠷ ᠪᠠᠭ᠋ᠠᠰᠪᠠ ᠃ ᠢᠯᠡᠴᠢᠯᠡᠨ ᠮᠡᠳᠡᠭᠦᠯᠦᠯᠲᠡ ᠵᠠᠭ᠋ᠠᠯᠳᠤᠯᠭ᠎ᠠ ᠵᠢ ᠨᠡᠶ᠋ᠢᠲᠡ 168459 ᠬᠤᠪᠢ ᠰᠢᠢ᠍ᠳᠪᠦᠷᠢᠯᠡᠨ ᠳᠠᠭᠤᠰᠬᠠᠵᠤ᠂ ᠰᠢᠢ᠍ᠳᠪᠦᠷᠢᠯᠡᠵᠦ ᠳᠠᠭᠤᠰᠬᠠᠭᠰᠠᠨ ᠨᠣᠷᠮ᠎ᠠ 96.12%᠎ᠳᠤ ᠬᠦᠷᠴᠦ᠂ ᠮᠠᠷᠭᠤᠯᠳᠤᠭ᠋ᠠᠨ᠎ᠲᠠᠢ ᠬᠤᠯᠪᠣᠭᠳᠠᠭᠰᠠᠨ ᠵᠣᠭᠤᠰ᠎ᠤᠨ ᠲᠤᠭ᠎ᠠ 1.76 ᠳ᠋ᠦᠩᠰᠢᠭᠤᠷ ᠲᠥᠭᠦᠷᠢᠭ᠎ᠲᠤ ᠬᠦᠷᠴᠦ᠂ ᠬᠡᠷᠡᠭᠯᠡᠭᠴᠢᠳ᠎ᠲᠤ 5656 ᠲᠦᠮᠡᠨ ᠲᠥᠭᠦᠷᠢᠭ᠎ᠤᠨ ᠠᠵᠤ ᠠᠬᠤᠶ ᠵᠢᠨ ᠬᠤᠬᠢᠷᠠᠯ᠎ᠢ ᠡᠭᠡᠭᠦᠯᠦᠨ ᠠᠪᠴᠢᠷᠠᠵᠤ ᠥᠭᠪᠡ᠃
2024 ᠣᠨ᠎ᠤ 11 ᠳ᠋ᠦ᠍ᠭᠡᠷ ᠰᠠᠷ᠎ᠠ᠎ᠳᠤ᠂ ᠥᠪᠥᠷ ᠮᠣᠩᠭᠤᠯ᠎ᠤᠨ ᠪᠥᠬᠦ ᠤᠯᠤᠰ᠎ᠤᠨ 12315 ᠲᠠᠪᠴᠠᠩ ᠬᠡᠷᠡᠭᠯᠡᠭᠴᠢᠳ᠎ᠤᠨ ᠵᠠᠭ᠋ᠠᠯᠳᠤᠯᠭ᠎ᠠ᠂ ᠢᠯᠡᠴᠢᠯᠡᠨ ᠮᠡᠳᠡᠭᠦᠯᠦᠯᠲᠡ᠂ ᠠᠰᠠᠭᠤᠨ ᠯᠠᠪᠯᠠᠯᠲᠠ ᠵᠢ ᠨᠡᠶ᠋ᠢᠲᠡ 32338 ᠬᠤᠪᠢ ᠭᠥᠯᠢᠶᠡᠨ ᠠᠪᠴᠤ᠂ ᠠᠳᠠᠯᠢ ᠬᠤᠭᠤᠴᠠᠭ᠋ᠠᠨ᠎ᠤ᠎ᠬᠢ᠎ᠠᠴᠠ᠎ᠪᠠᠨ 12.87%᠎ᠪᠠᠷ ᠪᠠᠭ᠋ᠠᠰᠪᠠ᠃ ᠡᠭᠦᠨ᠎ᠳᠤ᠂ ᠵᠠᠭ᠋ᠠᠯᠳᠤᠯᠭ᠎ᠠ 13891 ᠬᠤᠪᠢ ᠪᠠᠶ᠋ᠢᠵᠤ᠂ ᠶᠡᠷᠦᠩᠬᠡᠶ ᠬᠡᠮᠵᠢᠶᠡᠨ᠎ᠤ 42.96% ᠵᠢ ᠡᠵᠡᠯᠡᠪᠡ; ᠢᠯᠡᠴᠢᠯᠡᠨ ᠮᠡᠳᠡᠭᠦᠯᠦᠯᠲᠡ 3202 ᠬᠤᠪᠢ ᠪᠠᠶ᠋ᠢᠵᠤ᠂ ᠶᠡᠷᠦᠩᠬᠡᠶ ᠬᠡᠮᠵᠢᠶᠡᠨ᠎ᠤ 9.9% ᠵᠢ ᠡᠵᠡᠯᠡᠪᠡ; ᠠᠰᠠᠭᠤᠨ ᠯᠠᠪᠯᠠᠯᠲᠠ 15245 ᠬᠤᠪᠢ ᠪᠠᠶ᠋ᠢᠵᠤ᠂ ᠶᠡᠷᠦᠩᠬᠡᠶ ᠬᠡᠮᠵᠢᠶᠡᠨ᠎ᠤ 47.14% ᠵᠢ ᠡᠵᠡᠯᠡᠪᠡ᠃
2024 ᠣᠨ᠎ᠤ 11 ᠳ᠋ᠤᠭᠡᠷ ᠰᠠᠷ᠎ᠠ ᠵᠢᠨ ᠪᠥᠬᠦ ᠣᠷᠣᠨ᠎ᠤ 12315 ᠵᠢᠨ ᠭᠥᠯᠢᠶᠡᠨ ᠠᠪᠤᠭᠰᠠᠨ ᠬᠡᠮᠵᠢᠶᠡᠨ᠎ᠤ ᠠᠳᠠᠯᠢ ᠬᠤᠭᠤᠴᠠᠭ᠋ᠠᠨ᠎ᠤ ᠬᠠᠷᠢᠴᠠᠭᠤᠯᠤᠯ᠎ᠤᠨ ᠵᠢᠷᠤᠭ᠄

ᠡᠯ᠎ᠡ ᠠᠶ᠋ᠢᠮᠠᠭ ᠬᠤᠲᠠ ᠵᠢᠨ ᠵᠠᠭ᠋ᠠᠯᠳᠤᠯᠭ᠎ᠠ ᠢᠯᠡᠴᠢᠯᠡᠨ ᠮᠡᠳᠡᠭᠦᠯᠦᠯᠲᠡ ᠠᠰᠠᠭᠤᠨ ᠯᠠᠪᠯᠠᠯᠲᠠ ᠵᠢᠨ ᠬᠡᠮᠵᠢᠶᠡᠨ᠎ᠤ ᠪᠠᠶ᠋ᠢᠳᠠᠯ᠎ᠤᠨ ᠪᠦᠷᠢᠳᠬᠡᠯ᠎ᠤᠨ ᠬᠦᠰᠦᠨᠦᠭᠲᠦ (ᠨᠢᠭᠡᠴᠢ᠄ ᠬᠤᠪᠢ)

ᠵᠠᠭ᠋ᠠᠯᠳᠤᠯᠭ᠎ᠠ ᠢᠯᠡᠴᠢᠯᠡᠨ ᠮᠡᠳᠡᠭᠦᠯᠦᠯᠲᠡ ᠠᠰᠠᠭᠤᠨ ᠯᠠᠪᠯᠠᠯᠲᠠ ᠵᠢᠨ ᠶᠡᠷᠦᠩᠬᠡᠶ ᠬᠡᠮᠵᠢᠶᠡᠨ᠎ᠤ ᠡᠮᠦᠨ᠎ᠡ ᠭᠤᠷᠪᠠ᠎ᠳᠤ ᠵᠢᠭᠰᠠᠭ᠋ᠠᠭᠳᠠᠭᠰᠠᠨ᠎ᠨᠢ ᠬᠥᠬᠡᠬᠣᠲᠠ᠂ ᠪᠤᠭᠤᠲᠤ ᠬᠣᠲᠠ᠂ ᠤᠯᠠᠭ᠋ᠠᠨᠬᠠᠳᠠ ᠬᠣᠲᠠ ᠪᠣᠯᠤᠨ᠎ᠠ᠃ ᠡᠯ᠎ᠡ ᠵᠦᠢ᠍ᠯ᠎ᠤᠨ ᠲᠤᠭ᠎ᠠ ᠪᠠᠷᠢᠮᠲᠠ᠎ᠳᠤ ᠵᠠᠭ᠋ᠠᠯᠳᠤᠯᠭ᠎ᠠ ᠵᠢᠨ ᠬᠡᠮᠵᠢᠶᠡᠨ᠎ᠤ ᠡᠮᠦᠨ᠎ᠡ ᠭᠤᠷᠪᠠ᠎ᠳᠤ ᠵᠢᠭᠰᠠᠭ᠋ᠠᠭᠳᠠᠭᠰᠠᠨ᠎ᠨᠢ ᠬᠥᠬᠡᠬᠤᠲᠠ᠂ ᠤᠯᠠᠭ᠋ᠠᠨᠬᠠᠳᠠ ᠬᠤᠲᠠ᠂ ᠪᠤᠭᠤᠲᠤ ᠬᠤᠲᠠ ᠪᠠᠢ᠌ᠵᠤ᠂ ᠢᠯᠡᠴᠢᠯᠡᠨ ᠮᠡᠳᠡᠭᠦᠯᠦᠯᠲᠡ ᠵᠢᠨ ᠬᠡᠮᠵᠢᠶᠡᠨ ᠤ ᠡᠮᠦᠨ᠎ᠡ ᠭᠤᠷᠪᠠ ᠳᠤ ᠵᠢᠭᠰᠠᠭ᠋ᠠᠭᠳᠠᠭᠰᠠᠨ᠎ᠨᠢ ᠬᠥᠬᠡᠬᠤᠲᠠ᠂ ᠪᠤᠭᠤᠲᠤ ᠬᠤᠲᠠ᠂ ᠤᠯᠠᠭ᠋ᠠᠨᠬᠠᠳᠠ ᠬᠤᠲᠠ ᠪᠣᠯᠣᠨ᠎ᠠ᠃
ᠬᠤᠶᠠᠷ᠂ ᠵᠠᠭ᠋ᠠᠯᠳᠤᠯᠭ᠎ᠠ ᠵᠢᠨ ᠪᠠᠶ᠋ᠢᠳᠠᠯ᠎ᠤᠨ ᠲᠤᠭ᠎ᠠ ᠪᠠᠷᠢᠮᠳᠠ ᠵᠢᠨ ᠪᠦᠷᠢᠳᠬᠡᠯ
11 ᠳ᠋ᠦ᠍ᠭᠡᠷ ᠰᠠᠷ᠎ᠠ᠎ᠳᠤ ᠬᠡᠷᠡᠭᠯᠡᠭᠴᠢᠳ᠎ᠤᠨ ᠵᠠᠭ᠋ᠠᠯᠳᠤᠯᠭ᠎ᠠ ᠵᠢ ᠨᠡᠢ᠌ᠲᠡ 13891 ᠬᠤᠪᠢ ᠬᠦᠯᠢᠶᠡᠨ ᠠᠪᠴᠤ᠂ ᠠᠳᠠᠯᠢ ᠬᠤᠭᠤᠴᠠᠭ᠋ᠠᠨ᠎ᠤ᠎ᠬᠢ᠎ᠠᠴᠠ᠎ᠪᠠᠨ 10.50%᠎ᠪᠠᠷ ᠨᠡᠮᠡᠭᠳᠡᠪᠡ᠃ ᠡᠭᠦᠨ᠎ᠳᠤ ᠲᠠᠸᠠᠷ᠎ᠤᠨ ᠲᠥᠷᠥᠯ᠎ᠲᠠᠢ ᠬᠣᠯᠪᠣᠭᠳᠠᠭᠰᠠᠨ 8162 ᠬᠤᠪᠢ᠂ ᠦᠢ᠍ᠯᠡᠴᠢᠯᠡᠭᠡ ᠵᠢᠨ ᠲᠥᠷᠥᠯ᠎ᠲᠠᠢ ᠬᠣᠯᠪᠣᠭᠳᠠᠭᠰᠠᠨ 5729 ᠬᠤᠪᠢ ᠪᠣᠢ᠃ ᠵᠠᠭ᠋ᠠᠯᠳᠤᠯᠭ᠎ᠠ᠎ᠳᠤ ᠬᠣᠯᠪᠣᠭᠳᠠᠭᠰᠠᠨ ᠮᠠᠷᠭᠤᠭ᠋ᠠᠨ᠎ᠲᠠᠢ ᠵᠣᠭᠤᠰ᠎ᠤᠨ ᠲᠣᠭ᠎ᠠ 1566.89 ᠲᠦᠮᠡᠨ ᠲᠥᠭᠦᠷᠢᠭ ᠪᠠᠢ᠌ᠵᠤ᠂ ᠬᠡᠷᠡᠭᠯᠡᠭᠴᠢᠳ᠎ᠲᠤ 824.78 ᠲᠦᠮᠡᠨ ᠲᠥᠭᠦᠷᠢᠭ᠎ᠤᠨ ᠠᠵᠤ ᠠᠬᠤᠶ ᠵᠢᠨ ᠬᠤᠬᠢᠷᠠᠯ᠎ᠢ ᠡᠭᠡᠭᠦᠯᠦᠨ ᠠᠪᠴᠢᠷᠠᠪᠠ᠃ 12 ᠳ᠋ᠤᠭ᠋ᠠᠷ ᠰᠠᠷ᠎ᠠ ᠵᠢᠨ 3᠎ᠤ ᠡᠳᠦᠷ ᠪᠣᠯᠲᠠᠯ᠎ᠠ 9903 ᠬᠤᠪᠢ ᠵᠢ ᠨᠢᠭᠡᠨᠲᠡ ᠰᠢᠢ᠍ᠳᠪᠦᠷᠢᠯᠡᠨ ᠳᠠᠭᠤᠰᠬᠠᠵᠤ᠂ ᠰᠢᠢ᠍ᠳᠪᠦᠷᠢᠯᠡᠵᠦ ᠳᠠᠭᠤᠰᠬᠠᠭᠰᠠᠨ ᠨᠣᠷᠮ᠎ᠠ᠎ᠨᠢ 71.29%᠎ᠳᠤ ᠬᠦᠷᠪᠡ᠃
ᠪᠤᠰᠤᠳᠴᠢ ᠴᠤᠭᠴᠠ ᠵᠢᠨ ᠲᠦᠷᠦᠯ ᠢᠯᠭ᠋ᠠᠯ᠎ᠢ ᠬᠦᠰᠦᠨᠦᠭᠲᠦ᠎ᠠᠴᠠ ᠦᠵᠡ (ᠨᠢᠭᠡ) (ᠬᠣᠶᠠᠷ)
(ᠨᠢᠭᠡ) ᠲᠠᠸᠠᠷ᠎ᠤᠨ ᠲᠥᠷᠥᠯ᠎ᠳᠤ ᠬᠣᠯᠪᠣᠭᠳᠠᠭᠰᠠᠨ᠄

ᠲᠠᠸᠠᠷ᠎ᠤᠨ ᠲᠥᠷᠥᠯ᠎ᠤᠨ ᠵᠠᠭ᠋ᠠᠯᠳᠤᠯᠭ᠎ᠠ᠎ᠨᠢ ᠠᠳᠠᠯᠢ ᠬᠤᠭᠤᠴᠠᠭ᠋ᠠᠨ᠎ᠤ᠎ᠬᠢ᠎ᠠᠴᠠ᠎ᠪᠠᠨ 16.36%᠎ᠪᠠᠷ ᠪᠠᠭ᠋ᠠᠰᠪᠠ ᠃ ᠵᠠᠭ᠋ᠠᠯᠳᠤᠯᠭ᠎ᠠ ᠵᠢᠨ ᠬᠡᠮᠵᠢᠶᠡᠨ᠎ᠤ ᠡᠮᠦᠨ᠎ᠡ ᠲᠠᠪᠤᠨ ᠨᠡᠷᠡᠰ᠎ᠲᠤ ᠵᠢᠭᠰᠠᠭ᠋ᠠᠭᠳᠠᠭᠰᠠᠨ ᠲᠠᠸᠠᠷ᠎ᠤᠨ ᠶᠡᠭᠡ ᠲᠦᠷᠦᠯ᠎ᠨᠢ ᠳᠠᠷᠠᠭ᠋ᠠᠯᠠᠯ ᠵᠶ᠋ᠠᠷ ᠢᠳᠡᠭᠡᠨ᠂ ᠬᠤᠪᠴᠠᠰᠤ ᠬᠤᠨᠠᠷ ᠱᠠᠬᠠᠢ ᠮᠠᠯᠠᠭ᠋ᠠᠢ᠂ ᠵᠠᠮ ᠬᠠᠷᠢᠯᠴᠠᠭ᠋ᠠᠨ᠎ᠤ ᠪᠠᠭ᠋ᠠᠵᠢ᠂ ᠭᠡᠷ᠎ᠤᠨ ᠡᠳ᠋ᠯᠡᠯ ᠬᠡᠷᠡᠭᠰᠡᠯ᠂ ᠴᠢᠮᠡᠭᠡ ᠬᠣᠯᠪᠣᠭ᠋ᠠᠨ᠎ᠤ ᠪᠦᠲᠦᠭᠡᠭᠳᠡᠬᠦᠨ ᠪᠤᠯᠤᠨ᠎ᠠ᠃
ᠡᠮᠦᠨ᠎ᠡ ᠲᠠᠪᠤᠨ ᠨᠡᠷᠡᠳᠤ ᠵᠢᠭᠰᠠᠭ᠋ᠠᠭᠳᠠᠭᠰᠠᠨ ᠲᠠᠸᠠᠷ᠎ᠤᠨ ᠶᠡᠭᠡ ᠲᠥᠷᠥᠯ᠎ᠤᠨ ᠲᠠᠸᠠᠷ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠳᠠᠬᠢ ᠡᠵᠡᠯᠡᠬᠦ ᠬᠠᠷᠢᠴᠠᠯ᠎ᠤᠨ ᠳᠤᠭᠤᠢ ᠬᠡᠯᠪᠡᠷᠢᠲᠦ ᠵᠢᠷᠤᠭ᠄

ᠵᠠᠭ᠋ᠠᠯᠳᠤᠯᠭ᠎ᠠ ᠵᠢᠨ ᠬᠡᠮᠵᠢᠶᠡᠨ᠎ᠤ ᠨᠢᠭᠡᠳᠦᠭᠡᠷ᠎ᠲᠤ ᠵᠢᠭᠰᠠᠭ᠋ᠠᠭᠳᠠᠭᠰᠠᠨ ᠢᠳᠡᠭᠡᠨ᠎ᠤ ᠲᠥᠷᠥᠯ 4228 ᠬᠤᠪᠢ ᠪᠠᠶ᠋ᠢᠵᠤ᠂ ᠲᠠᠸᠠᠷ᠎ᠤᠨ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠤ 51.80% ᠵᠢ ᠡᠵᠡᠯᠡᠪᠡ᠃ ᠡᠢ᠌ᠮᠦᠷᠬᠦᠦ ᠲᠦᠷᠦᠯ᠎ᠤᠨ ᠵᠠᠭ᠋ᠠᠯᠳᠤᠯᠭ᠎ᠠ᠎ᠳᠤ᠂ ᠵᠠᠭ᠋ᠠᠯᠳᠤᠯᠭ᠎ᠠ ᠨᠡᠯᠢᠶᠡᠳ ᠣᠯᠠᠨ ᠪᠠᠶ᠋ᠢᠭ᠎ᠠ ᠲᠠᠸᠠᠷ᠎ᠨᠢ ᠡᠩ᠎ᠤᠨ ᠢᠳᠡᠭᠡᠨ 3367 ᠬᠤᠪᠢ᠂ ᠠᠷᠢᠬᠢ ᠪᠣᠯᠤᠨ ᠤᠮᠳᠠᠭ᠋ᠠᠨ 388 ᠬᠤᠪᠢ᠂ ᠢᠳᠡᠭᠡᠨ᠎ᠤ ᠲᠠᠷᠢᠶᠠᠯᠠᠩ᠎ᠤᠨ ᠪᠦᠲᠦᠭᠡᠭᠳᠡᠬᠦᠨ 352 ᠬᠤᠪᠢ᠂ ᠨᠢᠯᠬ᠎ᠠ ᠬᠡᠦᠬᠡᠳ᠎ᠤᠨ ᠨᠠᠶ᠋ᠢᠷᠠᠯᠭ᠎ᠠ᠎ᠲᠠᠢ ᠰᠦᠨ ᠲᠠᠯᠬ᠎ᠠ 56 ᠬᠤᠪᠢ᠂ ᠢᠳᠡᠭᠡᠨ᠎ᠤ ᠬᠠᠮᠢᠶ᠎ᠠ ᠪᠦᠬᠦᠢ ᠦᠢ᠍ᠯᠡᠳᠬᠦᠨ 36 ᠬᠤᠪᠢ᠂ ᠡᠷᠡᠭᠦᠯᠵᠢᠯ᠎ᠤᠨ ᠢᠳᠡᠭᠡᠨ 27 ᠬᠤᠪᠢ᠂ ᠣᠨᠴᠠᠭ᠋ᠠᠢ ᠠᠨᠠᠭ᠋ᠠᠬᠤ ᠤᠬᠠᠭ᠋ᠠᠨ᠎ᠤ ᠬᠡᠷᠡᠭᠴᠡᠭᠡᠲᠦ ᠨᠠᠶ᠋ᠢᠷᠠᠯᠭ᠎ᠠ᠎ᠲᠠᠢ ᠢᠳᠡᠭᠡᠨ 2 ᠬᠤᠪᠢ ᠪᠤᠢ᠃
ᠵᠠᠭ᠋ᠠᠯᠳᠤᠯᠭ᠎ᠠ ᠵᠢᠨ ᠬᠡᠮᠵᠢᠶ᠎ᠡ᠎ᠨᠢ ᠬᠣᠶᠠᠳᠤᠭ᠋ᠠᠷ᠎ᠲᠤ ᠵᠢᠭᠰᠠᠭ᠋ᠠᠭᠳᠠᠭᠰᠠᠨ ᠬᠤᠪᠴᠠᠰᠤ ᠬᠤᠨᠠᠷ᠂ ᠮᠠᠯᠠᠭ᠋ᠠᠢ ᠱᠠᠬᠠᠢ ᠵᠢᠨ ᠲᠥᠷᠥᠯ 875 ᠬᠤᠪᠢ ᠪᠠᠢ᠌ᠵᠤ ᠂ ᠲᠠᠸᠠᠷ᠎ᠤᠨ ᠵᠠᠭ᠋ᠠᠯᠳᠤᠯᠭ᠎ᠠ ᠵᠢᠨ ᠶᠡᠷᠦᠩᠬᠡᠢ ᠬᠡᠮᠵᠢᠶᠡᠨ᠎ᠤ 10.72%᠎ᠢ ᠡᠵᠡᠯᠡᠪᠡ ᠃ ᠡᠶ᠋ᠢᠮᠦᠷᠬᠦᠦ ᠲᠦᠷᠦᠯ᠎ᠤᠨ ᠵᠠᠭ᠋ᠠᠯᠳᠤᠯᠭ᠎ᠠ᠎ᠳᠤ ᠂ ᠵᠠᠭ᠋ᠠᠯᠳᠤᠯᠭ᠎ᠠ ᠨᠡᠯᠢᠶᠡᠳ ᠣᠯᠠᠨ ᠪᠠᠶ᠋ᠢᠭ᠎ᠠ ᠲᠠᠸᠠᠷ᠎ᠨᠢ ᠭᠠᠳᠠᠷ ᠬᠤᠪᠴᠠᠰᠤ᠎ᠨᠢ 347 ᠵᠠᠬ᠎ᠠ᠂ ᠱᠠᠬᠠᠢ 240 ᠵᠠᠬ᠎ᠠ ᠂ ᠥᠮᠥᠳᠥ 73 ᠵᠠᠬ᠎ᠠ ᠂ ᠲᠠᠰᠢᠨᠵᠠ 66 ᠵᠠᠬ᠎ᠠ᠂ ᠨᠣᠣᠰᠣᠨ ᠬᠠᠨᠲᠠᠭ᠋ᠠᠰᠤ 45 ᠵᠠᠬ᠎ᠠ᠂ ᠬᠠᠨᠳᠠᠭ᠋ᠠᠰᠤ 20 ᠵᠠᠬ᠎ᠠ᠂ ᠮᠠᠯᠠᠭ᠋ᠠᠢ 15᠂ ᠳᠣᠲᠣᠷ ᠬᠤᠪᠴᠠᠰᠤ 12 ᠵᠠᠬ᠎ᠠ᠂ ᠬᠠᠨᠵᠢᠶᠠᠷ 11 ᠵᠠᠬ᠎ᠠ ᠪᠠᠶ᠋ᠢᠵᠤ᠂ ᠪᠤᠰᠤᠳ ᠵᠠᠭ᠋ᠠᠯᠳᠤᠯᠭ᠎ᠠ 46 ᠬᠤᠪᠢ ᠪᠠᠶ᠋ᠢᠪᠠ᠃
ᠵᠠᠭ᠋ᠠᠯᠳᠤᠯᠭ᠎ᠠ ᠵᠢᠨ ᠬᠡᠮᠵᠢᠶᠡᠨ᠎ᠤ ᠭᠤᠷᠪᠠᠳᠤᠭ᠋ᠠᠷ᠎ᠲᠤ ᠵᠢᠭᠰᠠᠭ᠋ᠠᠭᠳᠠᠭᠰᠠᠨ ᠵᠠᠮ ᠬᠠᠷᠢᠯᠴᠠᠭ᠋ᠠᠨ᠎ᠤ ᠪᠠᠭ᠋ᠠᠵᠢ ᠬᠡᠷᠡᠭᠰᠡᠯ᠎ᠤᠨ ᠲᠥᠷᠥᠯ 545 ᠬᠤᠪᠢ ᠪᠠᠶ᠋ᠢᠵᠤ᠂ ᠲᠠᠸᠠᠷ᠎ᠤᠨ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠢ ᠬᠡᠮᠵᠢᠶᠡᠨ᠎ᠤ 6.68% ᠵᠢ ᠡᠵᠡᠯᠡᠪᠡ᠃ ᠡᠶ᠋ᠢᠮᠦᠷᠬᠦᠦ ᠲᠦᠷᠦᠯ᠎ᠤᠨ ᠵᠠᠭ᠋ᠠᠯᠳᠤᠯᠭ᠎ᠠ᠎ᠳᠤ᠂ ᠮᠠᠰᠢᠨ ᠲᠡᠷᠭᠡ ᠵᠢᠴᠢ ᠮᠠᠰᠢᠨ ᠲᠡᠷᠭᠡᠨ᠎ᠤ ᠰᠡᠯᠪᠢᠭ ᠲᠣᠨᠤᠭ 455 ᠬᠤᠪᠢ᠂ ᠮᠣᠲ᠋ᠣᠷ ᠲᠡᠷᠭᠡ ᠪᠠ ᠲᠤᠰᠠᠯᠠᠬᠤ ᠲᠡᠷᠭᠡ 46 ᠬᠤᠪᠢ ᠂ ᠳᠤᠭᠤᠢ ᠲᠡᠷᠭᠡ ᠵᠢᠴᠢ ᠰᠡᠯᠪᠢᠭ ᠲᠣᠨᠤᠭ 44 ᠬᠤᠪᠢ ᠪᠠᠶ᠋ᠢᠪᠠ᠃
ᠵᠠᠭ᠋ᠠᠯᠳᠤᠯᠭ᠎ᠠ ᠵᠢᠨ ᠬᠡᠮᠵᠢᠶᠡᠨ᠎ᠤ ᠳᠥᠷᠪᠡᠳᠦᠭᠡᠷ᠎ᠲᠤ ᠵᠢᠭᠰᠠᠭ᠋ᠠᠭᠳᠠᠭᠰᠠᠨ ᠭᠡᠷ᠎ᠤᠨ ᠬᠡᠷᠡᠭᠰᠡᠯ᠎ᠤᠨ ᠲᠥᠷᠥᠯ 329 ᠬᠤᠪᠢ ᠪᠠᠶ᠋ᠢᠵᠤ᠂ ᠲᠠᠸᠠᠷ᠎ᠤᠨ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠢ ᠬᠡᠮᠵᠢᠶᠡᠨ᠎ᠤ 4.03% ᠵᠢ ᠡᠵᠡᠯᠡᠪᠡ ᠃ ᠡᠶ᠋ᠢᠮᠦᠷᠬᠦᠦ ᠲᠦᠷᠦᠯ ᠵᠠᠭ᠋ᠠᠯᠳᠤᠯᠭ᠎ᠠ᠎ᠳᠤ ᠂ ᠭᠡᠷ᠎ᠤᠨ ᠬᠡᠷᠡᠭᠰᠡᠯ 163 ᠬᠤᠪᠢ᠂ ᠲᠣᠭᠤᠭ᠋ᠠᠨ ᠭᠡᠷ᠎ᠤᠨ ᠬᠡᠷᠡᠭᠰᠡᠯ 50 ᠬᠤᠪᠢ᠂ ᠡᠳᠦᠷ ᠲᠤᠲᠤᠮ᠎ᠤᠨ ᠬᠡᠷᠡᠭᠯᠡᠭᠡᠨ᠎ᠤ ᠵᠦᠢ᠍ᠯ 37 ᠬᠤᠪᠢ᠂ ᠨᠢᠳᠦᠨ ᠰᠢᠯ 22 ᠬᠤᠪᠢ᠂ ᠠᠷᠢᠭᠤᠨ ᠴᠡᠪᠡᠷ᠎ᠤᠨ ᠬᠡᠷᠡᠭᠰᠡᠯ 20 ᠬᠤᠪᠢ᠂ ᠴᠠᠭ 16 ᠬᠤᠪᠢ᠂ ᠬᠠᠶ᠋ᠢᠷᠴᠠᠭ ᠪᠣᠭᠴᠣ 12 ᠬᠤᠪᠢ᠂ ᠣᠷᠣ ᠳᠡᠭᠡᠷᠡᠬᠢ ᠬᠡᠷᠡᠭᠰᠡᠯ 7 ᠬᠤᠪᠢ᠂ ᠨᠡᠬᠡᠮᠡᠯ ᠡᠳ᠋ 2 ᠬᠤᠪᠢ ᠪᠠᠢ᠌ᠪᠠ ᠃
ᠵᠠᠭ᠋ᠠᠯᠳᠤᠯᠭ᠎ᠠ ᠵᠢᠨ ᠬᠡᠮᠵᠢᠶᠡᠨ᠎ᠤ ᠲᠠᠪᠤᠳᠤᠭ᠋ᠠᠷ᠎ᠲᠤ ᠵᠢᠭᠰᠠᠭ᠋ᠠᠭᠳᠠᠭᠰᠠᠨ ᠴᠢᠮᠡᠭᠡ ᠬᠤᠯᠪᠣᠭ᠋ᠠᠨ᠎ᠤ ᠦᠢ᠍ᠯᠡᠳᠬᠦᠨ᠎ᠤ ᠲᠥᠷᠥᠯ 236 ᠪᠠᠶ᠋ᠢᠵᠤ᠂ ᠲᠠᠸᠠᠷ᠎ᠤᠨ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠤ 2.89% ᠵᠢ ᠡᠵᠡᠯᠡᠪᠡ᠃ ᠡᠶ᠋ᠢᠮᠦᠷᠬᠦᠦ ᠲᠦᠷᠦᠯ᠎ᠤᠨ ᠵᠠᠭ᠋ᠠᠯᠳᠤᠯᠭ᠎ᠠ᠎ᠳᠤ ᠂ ᠰᠢᠯᠵᠢᠮᠡᠯ ᠳ᠋ᠢᠶᠠᠩᠬᠤᠸᠠ ᠵᠢᠴᠢ ᠰᠡᠯᠪᠢᠭ ᠲᠣᠨᠤᠭ 215 ᠬᠤᠪᠢ᠂ ᠪᠤᠰᠤᠳ ᠴᠢᠮᠡᠭᠡ ᠬᠣᠯᠪᠣᠭ᠋ᠠᠨ᠎ᠤ ᠦᠢ᠍ᠯᠡᠳᠬᠦᠨ 20 ᠬᠤᠪᠢ᠂ ᠶᠠᠷᠢᠯᠴᠠᠭᠤᠷ 1 ᠬᠤᠪᠢ ᠪᠠᠶ᠋ᠢᠪᠠ᠃
ᠲᠠᠸᠠᠷ᠎ᠤᠨ ᠵᠠᠭ᠋ᠠᠯᠳᠤᠯᠭ᠎ᠠ ᠵᠢᠨ ᠬᠠᠯᠠᠮᠰᠢᠯ ᠴᠡᠭ᠎ᠤᠨ ᠡᠮᠦᠨ᠎ᠡ ᠠᠷᠪᠠ᠎ᠳᠤ ᠵᠢᠭᠰᠠᠭ᠋ᠠᠭᠳᠠᠭᠰᠠᠨ ᠨᠢ ᠡᠩ᠎ᠤᠨ ᠰᠠᠭᠤᠳᠠᠯ᠎ᠤᠨ ᠲᠡᠷᠭᠡ 343 ᠬᠤᠪᠢ᠂ ᠠᠮᠤ ᠭᠤᠯᠢᠷ ᠵᠢᠴᠢ ᠲᠡᠭᠦᠨ᠎ᠤ ᠪᠦᠲᠦᠭᠡᠭᠳᠡᠬᠦᠨ (ᠥᠪᠡᠷᠲᠡᠭᠡᠨ ᠦᠢ᠍ᠯᠡᠳᠦᠭᠰᠡᠨ ) 236 ᠬᠤᠪᠢ᠂ ᠭᠠᠷ ᠤᠲᠠᠰᠤ 208 ᠬᠤᠪᠢ᠂ ᠮᠢᠬᠠᠨ᠎ᠤ ᠪᠦᠲᠦᠭᠡᠭᠳᠡᠬᠦᠨ (ᠥᠪᠡᠷᠲᠡᠭᠡᠨ ᠦᠢ᠍ᠯᠡᠳᠦᠭᠰᠡᠨ ) 177 ᠬᠤᠪᠢ᠂ ᠬᠠᠲᠠᠭ᠋ᠠᠭᠰᠠᠨ ᠮᠢᠬᠠᠨ᠎ᠤ ᠲᠥᠷᠥᠯ 148 ᠬᠤᠪᠢ᠂ ᠣᠨᠴᠠᠭ᠋ᠠᠢ ᠪᠤᠰᠤ ᠬᠡᠷᠡᠭᠴᠡᠭᠡᠨ᠎ᠤ ᠭᠤᠶᠤᠯᠠᠯ᠎ᠤᠨ ᠡᠳ᠋ 140 ᠬᠤᠪᠢ᠂ ᠲᠠᠮᠢᠷ᠎ᠤᠨ ᠬᠥᠳᠡᠯᠭᠡᠭᠡᠨ᠎ᠤ ᠱᠠᠬᠠᠶ 135 ᠬᠤᠪᠢ᠂ ᠲᠠᠯᠬ᠎ᠠ 127 ᠬᠤᠪᠢ᠂ ᠳᠡᠪᠡᠯ 121 ᠵᠠᠬ᠎ᠠ ᠂ ᠥᠳᠥᠨ ᠬᠤᠪᠴᠠᠰᠤ 97 ᠵᠠᠬ᠎ᠠ ( ᠬᠦᠯᠢᠶᠡᠨ ᠠᠪᠤᠭᠰᠠᠨ ᠬᠡᠮᠵᠢᠶᠡᠨ᠎ᠳᠠᠬᠢ ᠪᠦᠬᠦ 《ᠪᠤᠰᠤᠳ》᠎ᠢ ᠨᠡᠷᠡᠰ᠎ᠤᠨ ᠵᠢᠭᠰᠠᠭ᠋ᠠᠯᠲᠠ᠎ᠳᠤ ᠪᠣᠳᠣᠵᠣ ᠣᠷᠤᠭᠤᠯᠤᠭᠰᠠᠨ ᠦᠭᠡᠢ ) ᠪᠠᠢ᠌ᠵᠤ᠂ ᠬᠤᠳᠠᠯᠳᠤᠭ᠋ᠠᠨ᠎ᠤ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠤ 21.22%᠎ᠢ ᠡᠵᠡᠯᠡᠪᠡ᠃
(ᠬᠤᠶᠠᠷ) ᠦᠢ᠍ᠯᠡᠴᠢᠯᠡᠭᠡᠨ᠎ᠤ ᠲᠦᠷᠦᠯ᠎ᠳᠤ ᠬᠣᠯᠪᠣᠭᠳᠠᠭᠰᠠᠨ

ᠦᠢ᠍ᠯᠡᠴᠢᠯᠡᠭᠡᠨ᠎ᠤ ᠲᠥᠷᠥᠯ᠎ᠤᠨ ᠵᠠᠭ᠋ᠠᠯᠳᠤᠯᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 0.57%᠎ᠪᠠᠷ ᠪᠠᠭ᠋ᠠᠰᠪᠠ ᠃ ᠵᠠᠭ᠋ᠠᠯᠳᠤᠯᠭ᠎ᠠ ᠵᠢᠨ ᠬᠡᠮᠵᠢᠶᠡᠨ᠎ᠤ ᠡᠮᠦᠨ᠎ᠡ ᠲᠠᠪᠤ᠎ᠳᠤ ᠵᠢᠭᠰᠠᠭ᠋ᠠᠭᠳᠠᠭᠰᠠᠨ ᠦᠢ᠍ᠯᠡᠴᠢᠯᠡᠭᠡᠨ᠎ᠤ ᠶᠡᠭᠡ ᠲᠥᠷᠥᠯ᠎ᠨᠢ ᠳᠠᠷᠠᠭ᠋ᠠᠯᠠᠯ ᠵᠶ᠋ᠠᠷ ᠪᠣᠷᠣᠯᠠᠭᠤᠯᠬᠤ ᠦᠢ᠍ᠯᠡᠴᠢᠯᠡᠭᠡ᠂ ᠢᠳᠡᠭᠡᠨ ᠤᠮᠳᠠᠭ᠋ᠠᠨ ᠪᠠ ᠬᠤᠨᠣᠭᠯᠠᠬᠤ ᠦᠢ᠍ᠯᠡᠴᠢᠯᠡᠭᠡ᠂ ᠬᠦᠮᠦᠵᠢᠯ ᠪᠣᠯᠪᠠᠰᠤᠷᠠᠯ᠎ᠤᠨ ᠦᠢ᠍ᠯᠡᠴᠢᠯᠡᠭᠡ᠂ ᠵᠢᠰᠦ ᠭᠤᠶᠣᠯᠠᠵᠤ ᠦᠰᠦ ᠵᠠᠰᠠᠬᠤ ᠤᠬᠢᠶᠠᠯᠭ᠎ᠠ ᠵᠢᠨ ᠦᠢ᠍ᠯᠡᠴᠢᠯᠡᠭᠡ᠂ ᠠᠷᠠᠴᠢᠯᠠᠨ ᠬᠠᠮᠠᠭ᠋ᠠᠯᠠᠬᠤ ᠪᠠ ᠰᠡᠯᠪᠢᠨ ᠵᠠᠰᠠᠬᠤ ᠦᠢ᠍ᠯᠡᠴᠢᠯᠡᠭᠡ ᠪᠣᠯᠤᠨ᠎ᠠ᠃
ᠵᠠᠭ᠋ᠠᠯᠳᠤᠯᠭ᠎ᠠ ᠵᠢᠨ ᠬᠡᠮᠵᠢᠶᠡᠨ᠎ᠤ ᠡᠮᠦᠨ᠎ᠡ ᠲᠠᠪᠤ᠎ᠳᠤ ᠵᠢᠭᠰᠠᠭ᠋ᠠᠭᠳᠠᠭᠰᠠᠨ ᠦᠢ᠍ᠯᠡᠴᠢᠯᠡᠭᠡᠨ᠎ᠤ ᠶᠡᠭᠡ ᠲᠥᠷᠥᠯ᠎ᠤᠨ ᠦᠢ᠍ᠯᠡᠴᠢᠯᠡᠭᠡᠨ᠎ᠤ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠳᠠᠬᠢ ᠡᠵᠡᠯᠡᠬᠦ ᠬᠠᠷᠢᠴᠠᠯ᠎ᠤᠨ ᠳᠤᠭᠤᠢ ᠬᠡᠯᠪᠡᠷᠢᠲᠦ ᠵᠢᠷᠤᠭ᠄

ᠵᠠᠭ᠋ᠠᠯᠳᠤᠯᠭ᠎ᠠ ᠵᠢᠨ ᠬᠡᠮᠵᠢᠶᠡᠨ᠎ᠤ ᠨᠢᠭᠡᠳᠦᠭᠡᠷ᠎ᠲᠤ ᠵᠢᠭᠰᠠᠭ᠋ᠠᠭᠳᠠᠭᠰᠠᠨ ᠪᠣᠷᠤᠯᠠᠭᠤᠯᠭ᠎ᠠ ᠵᠢᠨ ᠦᠢ᠍ᠯᠡᠴᠢᠯᠡᠭᠡ 1690 ᠬᠤᠪᠢ ᠪᠠᠶ᠋ᠢᠵᠤ᠂ ᠦᠢ᠍ᠯᠡᠴᠢᠯᠡᠭᠡᠨ᠎ᠤ ᠲᠦᠷᠦᠯ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠤ 29.50% ᠵᠢ ᠡᠵᠡᠯᠡᠪᠡ᠃ ᠡᠢ᠌ᠮᠦᠷᠬᠦᠦ ᠲᠥᠷᠥᠯ᠎ᠤᠨ ᠵᠠᠭ᠋ᠠᠯᠳᠤᠯᠭ᠎ᠠ᠎ᠳᠤ᠂ ᠤᠷᠢᠳᠴᠢᠯᠠᠨ ᠲᠦᠯᠦᠬᠦ ᠺᠠᠷᠲ᠎ᠤᠨ ᠦᠢ᠍ᠯᠡᠴᠢᠯᠡᠭᠡ 923 ᠬᠤᠪᠢ᠂ ᠵᠢᠵᠢᠭᠯᠡᠨ ᠬᠤᠳᠠᠯᠳᠤᠬᠤ ᠦᠢ᠍ᠯᠡᠴᠢᠯᠡᠭᠡ 251 ᠬᠤᠪᠢ᠂ ᠤᠷᠢᠳᠴᠢᠯᠠᠨ ᠬᠤᠳᠠᠯᠳᠤᠬᠤ ᠦᠢ᠍ᠯᠡᠴᠢᠯᠡᠭᠡ 182 ᠬᠤᠪᠢ᠂ ᠢᠨᠲ᠋ᠧᠷ ᠰᠦᠯᠵᠢᠶᠡᠨ᠎ᠤ ᠰᠢᠭᠤᠳ ᠪᠣᠷᠣᠯᠠᠭᠤᠯᠬᠤ ᠦᠢ᠍ᠯᠡᠴᠢᠯᠡᠭᠡ 130 ᠬᠤᠪᠢ᠂ ᠵᠠᠬᠢᠶᠠᠯᠠᠨ ᠬᠤᠳᠠᠯᠳᠤᠨ ᠠᠪᠬᠤ ᠦᠢ᠍ᠯᠡᠴᠢᠯᠡᠭᠡ 20 ᠬᠤᠪᠢ᠂ ᠬᠠᠷᠠᠭ᠋ᠠᠯᠵᠠᠯ᠎ᠤᠨ ᠺᠠᠷᠲ ᠪᠣᠷᠣᠯᠠᠭᠤᠯᠬᠤ ᠦᠢ᠍ᠯᠡᠴᠢᠯᠡᠭᠡ 18 ᠬᠤᠪᠢ ᠪᠠᠢ᠌ᠵᠤ᠂ ᠪᠤᠰᠤᠳ ᠪᠣᠷᠣᠯᠠᠭᠤᠯᠭ᠎ᠠ ᠵᠢᠨ ᠦᠢ᠍ᠯᠡᠴᠢᠯᠡᠭᠡ 166 ᠬᠤᠪᠢ ᠪᠠᠢ᠌ᠪᠠ ᠃
ᠵᠠᠭ᠋ᠠᠯᠳᠤᠯᠭ᠎ᠠ ᠵᠢᠨ ᠬᠡᠮᠵᠢᠶᠡᠨ᠎ᠤ ᠬᠤᠶᠠᠳᠤᠭ᠋ᠠᠷ᠎ᠲᠤ ᠵᠢᠭᠰᠠᠭ᠋ᠠᠭᠳᠠᠭᠰᠠᠨ ᠢᠳᠡᠭᠡᠨ ᠤᠮᠳᠠᠭ᠋ᠠᠨ ᠪᠠ ᠬᠤᠨᠣᠭᠯᠠᠬᠤ ᠦᠢ᠍ᠯᠡᠴᠢᠯᠡᠭᠡ 1083 ᠬᠤᠪᠢ ᠪᠠᠶ᠋ᠢᠵᠤ᠂ ᠦᠢ᠍ᠯᠡᠴᠢᠯᠡᠭᠡᠨ᠎ᠤ ᠲᠦᠷᠦᠯ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠤ 18.9% ᠵᠢ ᠡᠵᠡᠯᠡᠪᠡ᠃ ᠡᠶ᠋ᠢᠮᠦᠷᠬᠦᠦ ᠲᠦᠷᠦᠯ᠎ᠤᠨ ᠵᠠᠭ᠋ᠠᠯᠳᠤᠯᠭ᠎ᠠ᠎ᠳᠤ ᠂ ᠢᠳᠡᠭᠡᠨ ᠤᠮᠳᠠᠭ᠋ᠠᠨ᠎ᠤ ᠦᠢ᠍ᠯᠡᠴᠢᠯᠡᠭᠡ 786 ᠬᠤᠪᠢ᠂ ᠬᠤᠨᠣᠭᠯᠠᠬᠤ ᠦᠢ᠍ᠯᠡᠴᠢᠯᠡᠭᠡ 297 ᠬᠤᠪᠢ ᠪᠠᠶ᠋ᠢᠪᠠ᠃
ᠵᠠᠭ᠋ᠠᠯᠳᠤᠯᠭ᠎ᠠ ᠵᠢᠨ ᠬᠡᠮᠵᠢᠶᠡᠨ᠎ᠤ ᠭᠤᠷᠪᠠᠳᠤᠭ᠋ᠠᠷᠢ ᠵᠢᠭᠰᠠᠭ᠋ᠠᠭᠳᠠᠭᠰᠠᠨ ᠰᠤᠷᠭ᠋ᠠᠨ ᠬᠥᠮᠦᠵᠢᠯ᠎ᠤᠨ ᠪᠣᠯᠪᠠᠰᠤᠷᠠᠯ᠎ᠤᠨ ᠦᠢ᠍ᠯᠡᠴᠢᠯᠡᠭᠡ 358 ᠬᠤᠪᠢ ᠪᠠᠢ᠌ᠵᠤ ᠂ ᠦᠢ᠍ᠯᠡᠴᠢᠯᠡᠭᠡᠨ᠎ᠤ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠢ ᠬᠡᠮᠵᠢᠶᠡᠨ᠎ᠤ 6.25% ᠵᠢ ᠡᠵᠡᠯᠡᠪᠡ᠃ ᠡᠶ᠋ᠢᠮᠦᠷᠬᠦᠦ ᠲᠦᠷᠦᠯ᠎ᠤᠨ ᠵᠠᠭ᠋ᠠᠯᠳᠤᠯᠭ᠎ᠠ᠎ᠳᠤ᠂ ᠤᠷ᠎ᠠ ᠴᠢᠳᠠᠪᠤᠷᠢ ᠵᠢᠨ ᠪᠣᠯᠪᠠᠰᠤᠷᠠᠯ᠎ᠤᠨ ᠦᠢ᠍ᠯᠡᠴᠢᠯᠡᠭᠡ 251 ᠬᠤᠪᠢ᠂ ᠳᠡᠭᠡᠳᠦ ᠵᠡᠷᠭᠡ ᠵᠢᠨ ᠰᠤᠷᠭ᠋ᠠᠨ ᠬᠥᠮᠥᠵᠢᠯ᠎ᠤᠨ ᠦᠢ᠍ᠯᠡᠴᠢᠯᠡᠭᠡ 63 ᠬᠤᠪᠢ᠂ ᠠᠩᠬ᠎ᠠ ᠵᠡᠷᠭᠡ ᠵᠢᠨ ᠰᠤᠷᠭ᠋ᠠᠨ ᠬᠥᠮᠥᠵᠢᠯ᠎ᠤᠨ ᠦᠢ᠍ᠯᠡᠴᠢᠯᠡᠭᠡ 38 ᠬᠤᠪᠢ᠂ ᠳᠤᠮᠳᠠ ᠵᠡᠷᠭᠡ ᠵᠢᠨ ᠰᠤᠷᠭ᠋ᠠᠨ ᠬᠥᠮᠥᠵᠢᠯ᠎ᠤᠨ ᠦᠢ᠍ᠯᠡᠴᠢᠯᠡᠭᠡ 6 ᠬᠤᠪᠢ ᠪᠠᠶ᠋ᠢᠪᠠ᠃
ᠵᠠᠭ᠋ᠠᠯᠳᠤᠯᠭ᠎ᠠ ᠵᠢᠨ ᠬᠡᠮᠵᠢᠶᠡᠨ᠎ᠤ ᠳᠥᠷᠪᠡᠳᠦᠭᠡᠷ᠎ᠲᠤ ᠵᠢᠭᠰᠠᠭ᠋ᠠᠭᠳᠠᠭᠰᠠᠨ ᠵᠢᠰᠦ ᠭᠤᠶᠣᠯᠠᠵᠤ ᠦᠰᠦ ᠵᠠᠰᠠᠬᠤ ᠤᠬᠢᠶᠠᠯᠭ᠎ᠠ ᠵᠢᠨ ᠦᠢ᠍ᠯᠡᠴᠢᠯᠡᠭᠡ 321 ᠬᠤᠪᠢ ᠪᠠᠶ᠋ᠢᠵᠤ᠂ ᠦᠢ᠍ᠯᠡᠴᠢᠯᠡᠭᠡᠨ᠎ᠤ ᠲᠦᠷᠦᠯ᠎ᠤᠨ ᠵᠠᠭ᠋ᠠᠯᠳᠤᠯᠭ᠎ᠠ ᠵᠢᠨ ᠶᠡᠷᠦᠩᠬᠡᠢ ᠬᠡᠮᠵᠢᠶᠡᠨ᠎ᠤ 5.60% ᠵᠢ ᠡᠵᠡᠯᠡᠪᠡ᠃ ᠡᠶ᠋ᠢᠮᠦᠷᠬᠦᠦ ᠲᠦᠷᠦᠯ᠎ᠤᠨ ᠵᠠᠭ᠋ᠠᠯᠳᠤᠯᠭ᠎ᠠ᠎ᠳᠤ ᠂ ᠵᠢᠰᠦ ᠭᠤᠶᠣᠯᠠᠵᠤ ᠦᠰᠦ ᠵᠠᠰᠠᠬᠤ ᠦᠢ᠍ᠯᠡᠴᠢᠯᠡᠭᠡ 204 ᠬᠤᠪᠢ᠂ ᠤᠭᠢᠶᠠᠯᠭ᠎ᠠ ᠬᠢᠵᠦ ᠢᠯᠢᠬᠦ ᠦᠢ᠍ᠯᠡᠴᠢᠯᠡᠭᠡ 117 ᠬᠤᠪᠢ ᠪᠠᠶ᠋ᠢᠪᠠ᠃
ᠵᠠᠭ᠋ᠠᠯᠳᠤᠯᠭ᠎ᠠ ᠵᠢᠨ ᠬᠡᠮᠵᠢᠶᠡᠨ᠎ᠤ ᠲᠠᠪᠤᠳᠤᠭ᠋ᠠᠷ᠎ᠲᠤ ᠵᠢᠭᠰᠠᠭ᠋ᠠᠭᠳᠠᠭᠰᠠᠨ ᠠᠷᠠᠴᠢᠯᠠᠨ ᠬᠠᠮᠠᠭ᠋ᠠᠯᠠᠬᠤ ᠪᠠ ᠰᠡᠯᠪᠢᠨ ᠵᠠᠰᠠᠬᠤ ᠦᠢ᠍ᠯᠡᠴᠢᠯᠡᠭᠡ 215 ᠬᠤᠪᠢ ᠪᠠᠶ᠋ᠢᠵᠤ᠂ ᠦᠢ᠍ᠯᠡᠴᠢᠯᠡᠭᠡᠨ᠎ᠤ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠤ 3.75% ᠵᠢ ᠡᠵᠡᠯᠡᠪᠡ᠃ ᠡᠢ᠌ᠮᠦᠷᠬᠦᠦ ᠲᠥᠷᠥᠯ᠎ᠤᠨ ᠵᠠᠭ᠋ᠠᠯᠳᠤᠯᠭ᠎ᠠ᠎ᠳᠤ᠂ ᠮᠠᠰᠢᠨ ᠲᠡᠷᠭᠡ ᠮᠣᠲ᠋ᠣᠷ ᠲᠡᠷᠭᠡ ᠠᠷᠠᠴᠢᠯᠠᠨ ᠬᠠᠮᠠᠭ᠋ᠠᠯᠠᠬᠤ ᠦᠢ᠍ᠯᠡᠴᠢᠯᠡᠭᠡ 75 ᠬᠤᠪᠢ᠂ ᠴᠠᠬᠢᠯᠭ᠋ᠠᠨ ᠬᠡᠷᠡᠭᠰᠡᠯ ᠰᠡᠯᠪᠢᠨ ᠵᠠᠰᠠᠬᠤ ᠦᠢ᠍ᠯᠡᠴᠢᠯᠡᠭᠡ 57 ᠬᠤᠪᠢ ᠂ ᠦᠢ᠍ᠯᠡᠳᠬᠦ ᠦᠢ᠍ᠯᠡᠴᠢᠯᠡᠭᠡ 46 ᠬᠤᠪᠢ᠂ ᠮᠠᠰᠢᠨᠲᠤ ᠪᠤᠰᠤ ᠲᠡᠷᠭᠡ ᠰᠡᠯᠪᠢᠨ ᠵᠠᠰᠠᠬᠤ ᠦᠢ᠍ᠯᠡᠴᠢᠯᠡᠭᠡ 21 ᠬᠤᠪᠢ᠂ ᠴᠠᠭ ᠰᠤᠪᠤᠳ ᠡᠷᠳᠡᠨᠢ ᠰᠡᠯᠪᠢᠨ ᠵᠠᠰᠠᠬᠤ ᠦᠢ᠍ᠯᠡᠴᠢᠯᠡᠭᠡ 9 ᠬᠤᠪᠢ᠂ ᠪᠤᠰᠤᠳ ᠦᠢ᠍ᠯᠡᠴᠢᠯᠡᠭᠡ 7 ᠬᠤᠪᠢ ᠪᠠᠢ᠌ᠪᠠ ᠃
ᠦᠢ᠍ᠯᠡᠴᠢᠯᠡᠭᠡᠨ᠎ᠤ ᠵᠠᠭ᠋ᠠᠯᠳᠤᠯᠭ᠎ᠠ ᠵᠢᠨ ᠬᠠᠯᠠᠮᠰᠢᠯ ᠪᠣᠯᠣᠭᠰᠠᠨ ᠡᠮᠦᠨ᠎ᠡ ᠠᠷᠪᠠᠨ ᠨᠡᠷᠡᠰ᠎ᠲᠤ ᠵᠢᠭᠰᠠᠭ᠋ᠠᠭᠳᠠᠭᠰᠠᠨ ᠤᠷᠢᠳᠴᠢᠯᠠᠨ ᠲᠦᠯᠦᠬᠦ ᠺᠠᠷᠲ᠎ᠤᠨ ᠦᠢ᠍ᠯᠡᠴᠢᠯᠡᠭᠡ 923 ᠬᠤᠪᠢ᠂ ᠬᠤᠭᠤᠯᠠᠨ ᠭᠡᠷ᠎ᠤᠨ ᠦᠢ᠍ᠯᠡᠴᠢᠯᠡᠭᠡ 572 ᠬᠤᠪᠢ᠂ ᠪᠠᠭᠤᠳᠠᠯ ᠬᠣᠨᠣᠭ᠎ᠤᠨ ᠦᠢ᠍ᠯᠡᠴᠢᠯᠡᠭᠡ 272 ᠬᠤᠪᠢ᠂ ᠵᠢᠵᠢᠭᠯᠡᠨ ᠬᠤᠳᠠᠯᠳᠤᠬᠤ ᠦᠢ᠍ᠯᠡᠴᠢᠯᠡᠭᠡ 251 ᠬᠤᠪᠢ᠂ ᠤᠷᠢᠳᠴᠢᠯᠠᠨ ᠬᠤᠳᠠᠯᠳᠤᠬᠤ ᠦᠢ᠍ᠯᠡᠴᠢᠯᠡᠭᠡ 182 ᠬᠤᠪᠢ᠂ ᠢᠨᠲ᠋ᠧᠷ ᠰᠦᠯᠵᠢᠶᠡᠨ᠎ᠤ ᠰᠢᠭᠤᠳ ᠪᠣᠷᠣᠯᠠᠭᠤᠯᠬᠤ ᠦᠢ᠍ᠯᠡᠴᠢᠯᠡᠭᠡ 130 ᠬᠤᠪᠢ᠂ ᠬᠠᠭᠤᠷᠠᠶ ᠤᠭᠢᠶᠠᠯᠭ᠎ᠠ ᠵᠢᠨ ᠦᠢ᠍ᠯᠡᠴᠢᠯᠡᠭᠡ 68 ᠬᠤᠪᠢ᠂ ᠬᠤᠪᠢ ᠬᠥᠮᠦᠨ᠎ᠤ ᠰᠡᠭᠦᠳᠡᠷᠯᠡᠬᠦ ᠦᠢ᠍ᠯᠡᠴᠢᠯᠡᠭᠡ 63 ᠬᠤᠪᠢ᠂ ᠮᠠᠰᠢᠨ ᠲᠡᠷᠭᠡ ᠰᠡᠯᠪᠢᠨ ᠵᠠᠰᠠᠬᠤ ᠦᠢ᠍ᠯᠡᠴᠢᠯᠡᠭᠡ 60 ᠬᠤᠪᠢ᠂ ᠨᠢᠭᠤᠷ᠎ᠤᠨ ᠰᠤᠪᠢᠯᠠᠯ᠎ᠤᠨ ᠦᠢ᠍ᠯᠡᠴᠢᠯᠡᠭᠡ 54 ᠬᠤᠪᠢ ( ᠬᠦᠯᠢᠶᠡᠨ ᠠᠪᠤᠭᠰᠠᠨ ᠬᠡᠮᠵᠢᠶᠡᠨ᠎ᠳᠠᠬᠢ ᠪᠦᠬᠦ 《ᠪᠤᠰᠤᠳ》᠎ᠢ ᠨᠡᠷᠡᠰ᠎ᠤᠨ ᠵᠢᠭᠰᠠᠭ᠋ᠠᠯᠲᠠ᠎ᠳᠤ ᠪᠣᠳᠣᠵᠣ ᠣᠷᠤᠭᠤᠯᠤᠭᠰᠠᠨ ᠦᠭᠡᠢ) ᠪᠠᠶ᠋ᠢᠵᠤ᠂ ᠦᠢ᠍ᠯᠡᠴᠢᠯᠡᠭᠡᠨ᠎ᠤ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠤ 44.95% ᠵᠢ ᠡᠵᠡᠯᠡᠪᠡ᠃
ᠭᠤᠷᠪᠠ᠂ ᠢᠯᠡᠴᠢᠯᠡᠨ ᠮᠡᠳᠡᠭᠦᠯᠦᠯᠲᠡ ᠵᠢᠨ ᠪᠠᠶ᠋ᠢᠳᠠᠯ᠎ᠤᠨ ᠲᠤᠭ᠎ᠠ ᠪᠠᠷᠢᠮᠲᠠ ᠵᠢᠨ ᠲᠤᠭ᠎ᠠ ᠪᠦᠷᠢᠳᠭᠡᠯ
11 ᠳ᠋ᠦ᠍ᠭᠡᠷ ᠰᠠᠷ᠎ᠠ᠎ᠳᠤ 3202 ᠬᠤᠪᠢ ᠢᠯᠡᠴᠢᠯᠡᠨ ᠮᠡᠳᠡᠭᠦᠯᠦᠯᠲᠡ ᠵᠢ ᠬᠦᠯᠢᠶᠡᠨ ᠠᠪᠴᠤ᠂ ᠠᠳᠠᠯᠢ ᠬᠤᠭᠤᠴᠠᠭ᠋ᠠᠨ ᠤ ᠬᠢ᠎ᠠᠴᠠ ᠪᠠᠨ 26.95% ᠪᠠᠷ ᠪᠠᠭ᠋ᠠᠰᠪᠠ᠃ ᠡᠭᠦᠨ᠎ᠳᠤ᠂ ᠲᠠᠸᠠᠷ᠎ᠤᠨ ᠲᠥᠷᠥᠯ᠎ᠳᠤ ᠬᠣᠯᠪᠣᠭᠳᠠᠭᠰᠠᠨ 2061 ᠬᠤᠪᠢ ᠂ ᠦᠢ᠍ᠯᠡᠴᠢᠯᠡᠭᠡᠨ᠎ᠤ ᠲᠥᠷᠥᠯ᠎ᠳᠤ ᠬᠣᠯᠪᠣᠭᠳᠠᠭᠰᠠᠨ 1141 ᠬᠤᠪᠢ ᠪᠠᠶ᠋ᠢᠵᠤ᠂ 12 ᠳ᠋ᠤᠭ᠋ᠠᠷ ᠰᠠᠷ᠎ᠠ ᠵᠢᠨ 3᠎ᠤ ᠡᠳᠦᠷ ᠪᠣᠯᠲᠠᠯ᠎ᠠ ᠨᠡᠶ᠋ᠢᠲᠡ 2262 ᠬᠤᠪᠢ ᠵᠢ᠎ᠨᠢ ᠰᠢᠢ᠍ᠳᠪᠦᠷᠢᠯᠡᠵᠦ ᠳᠠᠭᠤᠰᠬᠠᠪᠠ᠃
ᠢᠯᠡᠴᠢᠯᠡᠨ ᠮᠡᠳᠡᠭᠦᠯᠦᠯᠲᠡ ᠵᠢ ᠬᠦᠯᠢᠶᠡᠨ ᠠᠪᠤᠭᠰᠠᠨ ᠬᠡᠮᠵᠢᠶᠡᠨ᠎ᠤ ᠡᠮᠦᠨ᠎ᠡ ᠲᠠᠪᠤ᠎ᠳᠤ ᠵᠢᠭᠰᠠᠭ᠋ᠠᠭᠳᠠᠭᠰᠠᠨ ᠲᠠᠸᠠᠷ᠂ ᠦᠢ᠍ᠯᠡᠴᠢᠯᠡᠭᠡᠨ᠎ᠤ ᠲᠥᠷᠥᠯ ᠬᠤᠪᠢᠶᠠᠭᠰᠠᠨ ᠬᠦᠰᠦᠨᠦᠭᠲᠦ᠄

ᠲᠠᠸᠠᠷ᠎ᠤᠨ ᠲᠦᠷᠦᠯ᠎ᠤᠨ ᠢᠯᠡᠴᠢᠯᠡᠨ ᠮᠡᠳᠡᠬᠦᠯᠦᠯᠳᠡ᠎ᠳᠤ ᠬᠠᠮᠤᠭ᠎ᠤᠨ ᠠᠷᠪᠢᠨ᠎ᠨᠢ ᠢᠳᠡᠭᠡᠨ᠎ᠤ ᠲᠦᠷᠦᠯ 1141 ᠬᠤᠪᠢ ᠪᠠᠶ᠋ᠢᠵᠤ᠂ ᠲᠠᠸᠠᠷ᠎ᠤᠨ ᠲᠦᠷᠦᠯ᠎ᠤᠨ ᠢᠯᠡᠴᠢᠯᠡᠨ ᠮᠡᠳᠡᠬᠦᠯᠦᠯᠳᠡ ᠵᠢᠨ ᠶᠡᠷᠦᠩᠬᠡᠢ ᠬᠡᠮᠵᠢᠶᠡᠨ᠎ᠤ 55.36% ᠵᠢ ᠡᠵᠡᠯᠡᠪᠡ᠃ ᠢᠯᠡᠴᠢᠯᠡᠨ ᠮᠡᠳᠡᠭᠦᠯᠦᠯᠲᠡ᠎ᠨᠢ ᠭᠤᠤᠯᠳᠠᠭᠤ ᠡᠩ᠎ᠤᠨ ᠢᠳᠡᠭᠡᠨ᠂ ᠠᠷᠢᠬᠢ ᠪᠣᠯᠤᠨ ᠤᠮᠳᠠᠭ᠋ᠠᠨ᠂ ᠢᠳᠡᠭᠡᠨ᠎ᠤ ᠲᠠᠷᠢᠶᠠᠯᠠᠩ᠎ᠤᠨ ᠪᠦᠲᠦᠭᠡᠭᠳᠡᠬᠦᠨ ᠵᠡᠷᠭᠡ᠎ᠳᠤ ᠬᠤᠯᠪᠣᠭᠳᠠᠵᠤ᠂ ᠢᠯᠵᠠᠷᠠᠵᠤ ᠴᠢᠨᠠᠷ ᠬᠤᠪᠢᠷᠠᠭᠰᠠᠨ ᠂ ᠸᠠᠯᠠᠵᠤ ᠬᠣᠷᠤᠬᠠᠢ᠌ᠲᠤᠭᠰᠠᠨ᠂ ᠪᠤᠵᠠᠷᠲᠤᠭᠳᠠᠭᠰᠠᠨ ᠂ ᠣᠨᠳᠤᠤ ᠵᠦᠢ᠍ᠯ ᠪᠠᠢ᠌ᠬᠤ ᠂ ᠣᠨᠳᠤᠣ ᠵᠦᠢ᠍ᠯ᠎ᠤᠨ ᠪᠣᠳᠠᠰ᠎ᠢ ᠬᠣᠯᠢᠭᠰᠠᠨ ᠬᠠᠭᠤᠷᠮᠠᠭᠯᠠᠭᠰᠠᠨ ᠪᠤᠶᠤ ᠬᠡᠪ᠎ᠤᠨ ᠪᠣᠰᠣ ᠢᠳᠡᠭᠡᠨ᠂ ᠦᠨ᠎ᠡ᠂ ᠲᠠᠸᠠᠷ᠎ᠤᠨ ᠲᠡᠮᠲᠡᠭᠲᠦ᠂ ᠵᠠᠷ ᠮᠡᠳᠡᠭᠡ᠂ ᠵᠢᠩ ᠳᠤᠲᠠᠭᠳᠠᠬᠤ ᠵᠡᠷᠭᠡ ᠠᠰᠠᠭᠤᠳᠠᠯ ᠵᠶ᠋ᠠᠷ ᠭᠤᠤᠯ ᠪᠣᠯᠭ᠋ᠠᠪᠠ ᠃ ᠪᠤᠰᠤᠳ ᠢᠯᠡᠴᠢᠯᠡᠨ ᠮᠡᠳᠡᠭᠦᠯᠦᠯᠲᠡ ᠵᠢᠨ ᠨᠡᠯᠢᠶᠡᠳ ᠣᠯᠠᠨ ᠲᠠᠸᠠᠷ᠎ᠲᠤ ᠤᠨᠴᠠᠭ᠋ᠠᠢ ᠬᠡᠷᠡᠭᠴᠡᠭᠡᠨ᠎ᠤ ᠪᠤᠰᠤ ᠭᠤᠶᠤᠯᠠᠯ᠎ᠤᠨ ᠡᠳ᠋᠂ ᠡᠳᠦᠷ ᠲᠤᠲᠤᠮ᠎ᠤᠨ ᠬᠡᠷᠡᠭᠯᠡᠭᠡᠨ᠎ᠤ ᠡᠳ᠋᠂ ᠬᠢᠲᠠᠳ ᠧᠦ᠋ᠷᠣᠫᠠ ᠪᠡᠯᠡᠨ ᠡᠮ᠂ ᠲᠠᠸᠠᠷ᠎ᠤᠨ ᠭᠡᠷ ᠪᠠᠶ᠋ᠢᠰᠢᠩ᠂ ᠬᠢᠲᠠᠳ ᠪᠡᠯᠡᠨ ᠡᠮ᠂ ᠹᠢᠽᠢᠺ᠎ᠤᠨ ᠡᠮᠴᠢᠯᠡᠭᠡᠨ᠎ᠤ ᠪᠠᠭ᠋ᠠᠵᠢ ᠬᠡᠷᠡᠭᠰᠡᠯ᠂ ᠮᠠᠰᠢᠨ ᠲᠡᠷᠭᠡ ᠵᠢᠴᠢ ᠮᠠᠰᠢᠨ ᠲᠡᠷᠭᠡᠨ᠎ᠤ ᠰᠡᠯᠪᠢᠭ ᠲᠤᠨᠤᠭ᠂ ᠨᠣᠣᠰᠣᠨ ᠬᠠᠨᠲᠠᠭ᠋ᠠᠰᠤ ᠵᠡᠷᠭᠡ ᠵᠢ ᠪᠠᠭᠲᠠᠭ᠋ᠠᠵᠤ᠂ ᠭᠤᠣᠯᠳᠠᠭᠤ ᠶᠠᠰᠤ ᠴᠢᠨᠠᠷ᠂ ᠦᠨ᠎ᠡ ᠬᠠᠩᠰᠢ᠂ ᠦᠨᠡᠮᠯᠡᠯ ᠦᠭᠡᠢ᠎ᠪᠠᠷ ᠡᠵᠡᠩᠨᠡᠬᠦ᠂ 《ᠭᠤᠷᠪᠠ ᠦᠭᠡᠢ》᠂ ᠬᠤᠳᠠᠯ ᠬᠠᠭᠤᠷᠮᠠᠭ ᠳᠠᠩᠰᠠᠯᠠᠭᠤᠯᠤᠭᠰᠠᠨ ᠲᠠᠸᠠᠷ᠎ᠤᠨ ᠲᠡᠮᠳᠡᠭᠲᠦ ᠂ ᠬᠠᠤᠯᠢ᠎ᠠᠴᠠ ᠵᠥᠷᠢᠴᠡᠭᠰᠡᠨ ᠵᠠᠷ ᠮᠡᠳᠡᠭᠡ ᠵᠡᠷᠭᠡ ᠠᠰᠠᠭᠤᠳᠠᠯ᠎ᠳᠤ ᠬᠣᠯᠪᠣᠭᠳᠠᠪᠠ ᠃
ᠦᠢ᠍ᠯᠡᠴᠢᠯᠡᠭᠡᠨ᠎ᠤ ᠲᠥᠷᠥᠯ᠎ᠤᠨ ᠢᠯᠡᠴᠢᠯᠡᠨ ᠮᠡᠳᠡᠭᠦᠯᠦᠯᠲᠡ᠎ᠳᠤ ᠬᠠᠮᠤᠭ᠎ᠤᠨ ᠠᠷᠪᠢᠨ᠎ᠨᠢ ᠪᠣᠷᠣᠯᠠᠭᠤᠯᠭ᠎ᠠ ᠵᠢᠨ ᠦᠢ᠍ᠯᠡᠴᠢᠯᠡᠭᠡ 361 ᠬᠤᠪᠢ ᠪᠠᠶ᠋ᠢᠵᠤ᠂ ᠦᠢ᠍ᠯᠡᠴᠢᠯᠡᠭᠡᠨ᠎ᠤ ᠲᠥᠷᠥᠯ᠎ᠤᠨ ᠢᠯᠡᠴᠢᠯᠡᠨ ᠮᠡᠳᠡᠭᠦᠯᠦᠯᠲᠡ ᠵᠢᠨ ᠶᠡᠷᠦᠩᠬᠡᠶ ᠬᠡᠮᠵᠢᠶᠡᠨ᠎ᠤ 31.64% ᠵᠢ ᠡᠵᠡᠯᠡᠪᠡ᠃ ᠢᠯᠡᠴᠢᠯᠡᠨ ᠮᠡᠳᠡᠭᠦᠯᠦᠯᠲᠡ ᠵᠢᠨ ᠭᠣᠣᠯ ᠠᠰᠠᠭᠤᠳᠠᠯ᠎ᠨᠢ ᠵᠠᠷ ᠮᠡᠳᠡᠭᠡ᠂ ᠦᠨ᠎ᠡ ᠬᠠᠩᠰᠢ᠂ ᠦᠨᠡᠮᠯᠡᠯ ᠦᠭᠡᠢ᠎ᠪᠠᠷ ᠡᠵᠡᠩᠨᠡᠭᠰᠡᠨ ᠵᠡᠷᠭᠡ ᠪᠣᠯᠣᠨ᠎ᠠ᠃ ᠪᠤᠰᠤᠳ ᠢᠯᠡᠴᠢᠯᠡᠨ ᠮᠡᠳᠡᠭᠦᠯᠦᠯᠲᠡ ᠵᠢᠨ ᠦᠢ᠍ᠯᠡᠴᠢᠯᠡᠭᠡᠨ᠎ᠢ ᠭᠤᠤᠯᠳᠠᠭᠤ ᠢᠳᠡᠭᠡᠨ ᠤᠮᠳᠠᠭ᠋ᠠᠨ᠎ᠤ ᠦᠢ᠍ᠯᠡᠴᠢᠯᠡᠭᠡ᠂ ᠵᠢᠰᠦ ᠭᠤᠶᠣᠯᠠᠵᠤ ᠦᠰᠦ ᠵᠠᠰᠠᠬᠤ ᠦᠢ᠍ᠯᠡᠴᠢᠯᠡᠭᠡ᠂ ᠬᠤᠨᠤᠭ ᠪᠠᠭᠤᠳᠠᠯ᠎ᠤᠨ ᠦᠢ᠍ᠯᠡᠴᠢᠯᠡᠭᠡ᠂ ᠤᠬᠢᠶᠠᠯᠭ᠎ᠠ ᠬᠢᠵᠦ ᠢᠯᠢᠬᠦ ᠦᠢ᠍ᠯᠡᠴᠢᠯᠡᠭᠡ᠂ ᠲᠣᠭᠤᠷᠢᠨ ᠦᠵᠡᠬᠦ ᠵᠤᠭ᠎ᠠ ᠴᠡᠩᠭᠡᠯ᠎ᠤᠨ ᠦᠢ᠍ᠯᠡᠴᠢᠯᠡᠭᠡ᠂ ᠮᠡᠷᠭᠡᠵᠢᠯ᠎ᠤᠨ ᠪᠣᠯᠪᠠᠰᠤᠷᠠᠯ᠎ᠤᠨ ᠦᠢ᠍ᠯᠡᠴᠢᠯᠡᠭᠡ᠂ ᠡᠮᠨᠡᠯᠭᠡ ᠵᠢᠨ ᠬᠤᠷᠢᠶᠠᠨ᠎ᠤ ᠦᠢ᠍ᠯᠡᠴᠢᠯᠡᠭᠡ ᠵᠡᠷᠭᠡ᠎ᠳᠤ ᠬᠤᠯᠪᠣᠭᠳᠠᠵᠤ᠂ ᠭᠤᠤᠯ ᠠᠰᠠᠭᠤᠳᠠᠯ᠎ᠨᠢ ᠦᠨᠡᠮᠯᠡᠯ ᠥᠬᠡᠶ᠎ᠪᠠᠷ ᠡᠵᠡᠩᠨᠡᠭᠰᠡᠨ ᠂ ᠬᠤᠳᠠᠯ ᠬᠠᠭᠤᠷᠮᠠᠭ ᠵᠠᠷ ᠮᠡᠳᠡᠭᠡᠨ᠎ᠤ ᠤᠬᠠᠭᠤᠯᠭ᠎ᠠ᠂ ᠦᠢ᠍ᠯᠡᠴᠢᠯᠡᠭᠡᠨ᠎ᠤ ᠶᠠᠰᠤ ᠴᠢᠨᠠᠷ ᠮᠠᠭᠤ ᠪᠠ ᠬᠡᠷᠡᠭᠯᠡᠭᠴᠢᠳ᠎ᠢ ᠮᠡᠬᠡᠯᠡᠭᠰᠡᠨ ᠠᠵᠢᠯᠯᠠᠭ᠎ᠠ ᠪᠣᠯᠤᠨ᠎ᠠ᠃
ᠳᠥᠷᠪᠡ᠂ ᠠᠰᠠᠭᠤᠨ ᠯᠠᠪᠯᠠᠯᠲᠠ ᠵᠢᠨ ᠪᠠᠶ᠋ᠢᠳᠠᠯ᠎ᠤᠨ ᠲᠤᠭ᠎ᠠ ᠪᠠᠷᠢᠮᠲᠠ ᠵᠢᠨ ᠪᠦᠷᠢᠳᠬᠡᠯ
11 ᠳ᠋ᠤᠭᠡᠷ ᠰᠠᠷ᠎ᠠ᠎ᠳᠤ ᠠᠰᠠᠭᠤᠨ ᠯᠠᠪᠯᠠᠯᠲᠠ ᠵᠢ 15245 ᠬᠤᠪᠢ ᠭᠥᠯᠢᠶᠡᠨ ᠠᠪᠴᠤ᠂ ᠠᠳᠠᠯᠢ ᠬᠤᠭᠤᠴᠠᠭ᠋ᠠᠨ᠎ᠤ᠎ᠬᠢ᠎ᠠᠴᠠ᠎ᠪᠠᠨ 11.42% ᠵᠶ᠋ᠠᠷ ᠪᠠᠭᠤᠷᠠᠪᠠ᠂ ᠡᠭᠦᠨ᠎ᠳᠤ ᠬᠡᠷᠡᠭᠯᠡᠭᠡᠨ᠎ᠤ ᠡᠷᠬᠡ ᠠᠰᠢᠭ᠎ᠢ ᠬᠠᠮᠠᠭ᠋ᠠᠯᠠᠬᠤ ᠮᠡᠳᠡᠯᠭᠡ᠎ᠳᠤ ᠬᠣᠯᠪᠣᠭᠳᠠᠭᠰᠠᠨ 5308 ᠬᠤᠪᠢ ; ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠢᠰᠲ᠋ᠧᠮ᠎ᠳᠤ ᠬᠤᠯᠪᠣᠭᠳᠠᠭᠰᠠᠨ 1613 ᠬᠤᠪᠢ ᠪᠠᠢ᠌ᠵᠤ᠂ ᠠᠰᠠᠭᠤᠨ ᠯᠠᠪᠯᠠᠯᠲᠠ ᠵᠢᠨ ᠬᠡᠮᠵᠢᠶ᠎ᠡ ᠨᠡᠯᠢᠶᠡᠳ ᠶᠡᠭᠡ ᠪᠠᠢ᠌ᠬᠤ ᠠᠰᠠᠭᠤᠳᠠᠯ᠎ᠨᠢ᠄ ᠵᠠᠭ᠋ᠠᠯᠳᠤᠯᠭ᠎ᠠ ᠢᠯᠡᠴᠢᠯᠡᠨ ᠮᠡᠳᠡᠭᠦᠯᠦᠯᠲᠡ ᠵᠢ ᠰᠢᠢ᠍ᠳᠪᠦᠷᠢᠯᠡᠭᠰᠡᠨ 544 ᠬᠤᠪᠢ᠂ ᠰᠦᠯᠵᠢᠶᠡᠨ ᠠᠷᠠᠯᠵᠢᠶᠠᠨ᠎ᠤ ᠬᠢᠨᠠᠯᠲᠠ ᠬᠠᠮᠢᠶᠠᠷᠤᠯᠲᠠ 166 ᠬᠤᠪᠢ᠂ ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠳᠡᠩᠰᠡᠯᠡᠨ ᠲᠡᠮᠲᠡᠭᠯᠡᠯᠲᠡ 48 ᠬᠤᠪᠢ᠂ ᠦᠢ᠍ᠯᠡᠴᠢᠯᠡᠭᠡᠨ᠎ᠤ ᠬᠡᠷᠡᠭᠯᠡᠭᠡᠨ᠎ᠤ ᠬᠢᠨᠠᠯᠲᠠ ᠬᠠᠮᠢᠶᠠᠷᠤᠯᠲᠠ 48 ᠬᠤᠪᠢ᠂ ᠦᠢ᠍ᠯᠡᠳᠬᠦᠨ (ᠲᠠᠸᠠᠷ)᠎ᠤ ᠶᠠᠰᠤ ᠴᠢᠨᠠᠷ 17 ᠬᠤᠪᠢ᠂ ᠦᠨ᠎ᠡ ᠬᠠᠩᠰᠢ ᠵᠢᠨ ᠬᠢᠨᠠᠯᠲᠠ ᠬᠠᠮᠢᠶᠠᠷᠤᠯᠲᠠ 14 ᠬᠤᠪᠢ᠂ ᠢᠳᠡᠭᠡᠨ᠎ᠤ ᠬᠢᠨᠠᠯᠲᠠ ᠬᠠᠮᠢᠶᠠᠷᠤᠯᠲᠠ 14 ᠬᠤᠪᠢ᠂ ᠣᠨᠴᠠ ᠲᠥᠷᠥᠯ᠎ᠤᠨ ᠲᠣᠨᠤᠭ ᠲᠥᠬᠦᠭᠡᠷᠦᠮᠵᠢ 14 ᠬᠤᠪᠢ ᠵᠡᠷᠭᠡ ᠪᠣᠯᠣᠨ᠎ᠠ ; ᠪᠤᠰᠤᠳ ᠰᠠᠯᠠᠭ᠎ᠠ ᠮᠥᠴᠢᠷ᠎ᠤᠨ ᠠᠰᠠᠭᠤᠨ ᠯᠠᠪᠯᠠᠯᠲᠠ᠎ᠳᠤ ᠬᠣᠯᠪᠣᠭᠳᠠᠭᠰᠠᠨ ᠭᠤᠤᠯᠳᠠᠭᠤ ᠡᠷᠡᠭᠦᠯ ᠬᠠᠮᠠᠭ᠋ᠠᠯᠠᠯ᠂ ᠵᠢᠭᠤᠯᠴᠢᠯᠠᠯ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠬᠠᠮᠢᠶᠠᠷᠤᠯᠲᠠ᠂ ᠰᠢᠤᠳᠠᠨ᠂ ᠭᠠᠶ᠋ᠢᠯᠢ ᠵᠢᠨ ᠶᠠᠪᠤᠳᠠᠯ᠂ ᠳᠤᠯᠠᠭ᠋ᠠᠯᠠᠭ᠎ᠠ ᠬᠠᠩᠭ᠋ᠠᠬᠤ᠂ ᠤᠰᠤ ᠬᠠᠩᠭ᠋ᠠᠬᠤ᠂ ᠠᠳᠠᠯ ᠠᠬᠤᠶ᠂ ᠭᠡᠷ ᠪᠠᠶ᠋ᠢᠰᠢᠩ ᠭᠠᠵᠠᠷ ᠬᠥᠷᠥᠩᠭᠡ ᠵᠡᠷᠭᠡ ᠵᠢ ᠪᠠᠭᠲᠠᠭ᠋ᠠᠪᠠ ᠃
ᠲᠠᠶ᠋ᠢᠯᠪᠤᠷᠢ᠄ ᠳᠣᠰ ᠮᠠᠲᠠᠭᠦᠯᠣᠯᠲᠠ ᠵᠢᠨ ᠳᠣᠭ᠎ᠠ ᠪᠠᠷᠢᠮᠲᠠ᠎ᠨᠢ ᠪᠤᠢ᠍ᠭᠦ ᠤᠯᠤᠰ᠎ᠤᠨ 12315 ᠲᠠᠪᠴᠠᠩ᠎ᠠᠴᠠ ᠡᠢ᠍ᠷᠠᠯᠲᠠ᠎ᠲᠠᠢ