ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 2024 ᠣᠨ᠎ᠤ ᠨᠢᠭᠡᠳᠦᠭᠡᠷ ᠤᠯᠠᠷᠢᠯ᠎ᠤᠨ ᠪᠥᠬᠦ ᠤᠯᠤᠰ᠎ᠤᠨ 12315 ᠲᠠᠪᠴᠠᠩ᠎ᠤᠨ ᠵᠠᠭ᠋ᠠᠯᠳᠤᠵᠤ ᠢᠯᠡᠴᠢᠯᠡᠨ ᠮᠡᠳᠡᠭᠦᠯᠦᠭᠰᠡᠨ ᠪᠠᠶ᠋ᠢᠳᠠᠯ᠎ᠤᠨ ᠲᠤᠭ᠎ᠠ ᠪᠠᠷᠢᠮᠲᠠ ᠵᠢᠨ ᠮᠡᠳᠡᠭᠦᠯᠦᠯᠲᠡ
2024-04-25

ᠨᠢᠭᠡ᠂ ᠦᠨᠳᠦᠰᠦᠨ ᠪᠠᠶ᠋ᠢᠳᠠᠯ

    2024 ᠣᠨ᠎ᠤ ᠨᠢᠭᠡᠳᠦᠭᠡᠷ ᠤᠯᠠᠷᠢᠯ᠎ᠳᠤ᠂ ᠥᠪᠥᠷ ᠮᠣᠩᠭᠤᠯ ᠪᠥᠬᠦ ᠤᠯᠤᠰ᠎ᠤᠨ 12315 ᠲᠠᠪᠴᠠᠩ᠎ᠨᠢ ᠬᠡᠷᠡᠭᠯᠡᠭᠴᠢᠳ᠎ᠤᠨ ᠵᠠᠭ᠋ᠠᠯᠳᠤᠯᠭ᠎ᠠ᠂ ᠢᠯᠡᠴᠢᠯᠡᠨ ᠮᠡᠳᠡᠭᠦᠯᠦᠯᠲᠡ᠂ ᠯᠠᠪᠯᠠᠭ᠎ᠠ ᠵᠢ ᠨᠡᠶ᠋ᠢᠲᠡ 86991 ᠬᠤᠪᠢ ᠭᠥᠯᠢᠶᠡᠨ ᠠᠪᠴᠤ᠂ ᠠᠳᠠᠯᠢ ᠬᠤᠭᠤᠴᠠᠭ᠋ᠠᠨ᠎ᠤ᠎ᠬᠢ᠎ᠠᠴᠠ 7.23%᠎ᠪᠠᠷ ᠨᠡᠮᠡᠭᠳᠡᠪᠡ᠃ ᠡᠭᠦᠨ᠎ᠳᠤ᠂ ᠵᠠᠭ᠋ᠠᠯᠳᠤᠯᠭ᠎ᠠ 35724 ᠬᠤᠪᠢ ᠪᠠᠶ᠋ᠢᠵᠤ᠂ ᠶᠡᠷᠦᠩᠬᠡᠶ ᠬᠡᠮᠵᠢᠶᠡᠨ᠎ᠤ 41.07% ᠵᠢ ᠡᠵᠡᠯᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 21.05%᠎ᠪᠠᠷ ᠨᠡᠮᠡᠭᠳᠡᠪᠡ; ᠢᠯᠡᠴᠢᠯᠡᠨ ᠮᠡᠳᠡᠭᠦᠯᠦᠯᠲᠡ 7691 ᠬᠤᠪᠢ ᠪᠠᠶ᠋ᠢᠵᠤ᠂ ᠶᠡᠷᠦᠩᠬᠡᠶ ᠬᠡᠮᠵᠢᠶᠡᠨ᠎ᠤ 8.84% ᠵᠢ ᠡᠵᠡᠯᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 23.39%᠎ᠪᠠᠷ ᠨᠡᠮᠡᠭᠳᠡᠪᠡ᠃   ᠯᠠᠪᠯᠠᠭ᠎ᠠ 43576 ᠬᠤᠪᠢ ᠪᠠᠶ᠋ᠢᠵᠤ᠂ ᠶᠡᠷᠦᠩᠬᠡᠶ ᠬᠡᠮᠵᠢᠶᠡᠨ᠎ᠤ 50.09% ᠵᠢ ᠡᠵᠡᠯᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 3.97%᠎ᠪᠠᠷ ᠪᠠᠭᠤᠷᠠᠪᠠ᠃ ᠮᠠᠷᠭᠤᠯᠳᠤᠭ᠋ᠠᠨ᠎ᠳᠤ ᠬᠤᠯᠪᠣᠭᠳᠠᠭᠰᠠᠨ ᠵᠣᠭᠤᠰ᠎ᠤᠨ ᠲᠤᠭ᠎ᠠ 4089.93 ᠲᠦᠮᠡᠨ ᠲᠥᠭᠦᠷᠢᠭ᠎ᠲᠤ ᠬᠦᠷᠴᠦ᠂ ᠬᠡᠷᠡᠭᠯᠡᠭᠴᠢᠳ᠎ᠲᠤ 1157.33 ᠲᠦᠮᠡᠨ ᠲᠥᠭᠦᠷᠢᠭ᠎ᠤᠨ ᠠᠵᠤ ᠠᠬᠤᠶ ᠵᠢᠨ ᠬᠤᠬᠢᠷᠠᠯ᠎ᠢ ᠡᠭᠡᠭᠦᠯᠦᠨ ᠠᠪᠴᠢᠷᠠᠵᠤ ᠥᠭᠪᠡ᠃ 2024 ᠣᠨ᠎ᠤ 4 ᠳ᠋ᠦ᠍ᠭᠡᠷ ᠰᠠᠷ᠎ᠠ ᠵᠢᠨ 8᠎ᠤ ᠡᠳᠦᠷ ᠪᠣᠯᠲᠠᠯ᠎ᠠ ᠵᠠᠭ᠋ᠠᠯᠳᠤᠵᠤ ᠢᠯᠡᠴᠢᠯᠡᠨ ᠮᠡᠳᠡᠭᠦᠯᠦᠭᠰᠡᠨ᠎ᠢ ᠨᠢᠭᠡᠨᠲᠡ 38447 ᠬᠤᠪᠢ ᠰᠢᠢ᠍ᠳᠪᠦᠷᠢᠯᠡᠵᠦ᠂ ᠰᠢᠢ᠍ᠳᠪᠦᠷᠢᠯᠡᠵᠦ ᠳᠠᠭᠤᠰᠬᠠᠭᠰᠠᠨ ᠨᠣᠷᠮ᠎ᠠ᠎ᠨᠢ 88.56%᠎ᠳᠤ ᠬᠥᠷᠪᠡ᠃
    

    2024 ᠣᠨ᠎ᠤ ᠨᠢᠭᠡᠳᠦᠭᠡᠷ ᠤᠯᠠᠷᠢᠯ᠎ᠳᠤ ᠪᠥᠬᠦ ᠣᠷᠣᠨ᠎ᠤ 12315 ᠭᠥᠯᠢᠶᠡᠨ ᠠᠪᠤᠭᠰᠠᠨ ᠬᠡᠮᠵᠢᠶᠡᠨ᠎ᠤ ᠠᠳᠠᠯᠢ ᠬᠤᠭᠤᠴᠠᠭ᠋ᠠᠨ᠎ᠤ ᠬᠠᠷᠢᠴᠠᠭᠤᠯᠤᠯ᠎ᠤᠨ ᠵᠢᠷᠤᠭ᠄
    

2.1.png

ᠡᠯ᠎ᠡ ᠠᠶ᠋ᠢᠮᠠᠭ ᠬᠤᠲᠠ ᠵᠢᠨ ᠬᠦᠯᠢᠶᠡᠨ ᠠᠪᠤᠭᠰᠠᠨ ᠬᠡᠮᠵᠢᠶ᠎ᠡ ᠵᠢᠨ ᠪᠦᠷᠢᠳᠬᠡᠯ᠎ᠤᠨ ᠬᠦᠰᠦᠨᠦᠭᠲᠦ (ᠨᠢᠭᠡᠴᠢ᠄ ᠬᠤᠪᠢ)


1.png

 

ᠬᠦᠯᠢᠶᠡᠨ ᠠᠪᠤᠭᠰᠠᠨ ᠶᠡᠷᠦᠩᠬᠡᠢ ᠬᠡᠮᠵᠢᠶ᠎ᠡ ᠵᠢᠨ ᠡᠮᠦᠨ᠎ᠡ ᠭᠤᠷᠪᠠ᠎ᠳᠤ ᠪᠠᠶ᠋ᠢᠭ᠎ᠠ ᠬᠥᠬᠡᠬᠤᠳᠠ 13503 ᠬᠤᠪᠢ᠂ ᠪᠤᠭᠤᠲᠤ ᠬᠤᠳᠠ 12641 ᠬᠤᠪᠢ᠂ ᠤᠯᠠᠭ᠋ᠠᠨᠬᠠᠳᠠ ᠬᠤᠳᠠ 8102 ᠬᠤᠪᠢ ᠪᠤᠢ᠃ ᠡᠯ᠎ᠡ ᠵᠦᠢ᠍ᠯ᠎ᠤᠨ ᠲᠤᠭ᠎ᠠ ᠪᠠᠷᠢᠮᠲᠠ ᠵᠢᠨ ᠳᠣᠲᠣᠷ᠎ᠠ᠂ ᠵᠠᠭ᠋ᠠᠯᠳᠤᠯᠭ᠎ᠠ ᠵᠢᠨ ᠲᠤᠭ᠎ᠠ ᠬᠡᠮᠵᠢᠶ᠎ᠡ ᠵᠢᠨ ᠡᠮᠦᠨ᠎ᠡ ᠭᠤᠷᠪᠠ᠎ᠳᠤ ᠵᠢᠭᠰᠠᠭ᠋ᠠᠭᠰᠠᠨ᠎ᠨᠢ ᠬᠥᠬᠡᠬᠤᠲᠠ 10971 ᠬᠤᠪᠢ᠂ ᠤᠯᠠᠭ᠋ᠠᠨᠬᠠᠳᠠ ᠬᠤᠲᠠ 7287 ᠬᠤᠪᠢ᠂ ᠪᠤᠭᠤᠲᠤ ᠬᠤᠲᠠ 5342 ᠬᠤᠪᠢ᠂ ᠢᠯᠡᠴᠢᠯᠡᠨ ᠮᠡᠳᠡᠭᠦᠯᠦᠭᠰᠡᠨ ᠲᠤᠭ᠎ᠠ ᠬᠡᠮᠵᠢᠶ᠎ᠡ ᠵᠢᠨ ᠡᠮᠦᠨ᠎ᠡ ᠭᠤᠷᠪᠠ᠎ᠳᠤ ᠵᠢᠭᠰᠠᠭ᠋ᠠᠭᠳᠠᠭᠰᠠᠨ᠎ᠨᠢ ᠬᠥᠬᠡᠬᠤᠲᠠ 2531 ᠬᠤᠪᠢ᠂ ᠪᠤᠭᠤᠲᠤ ᠬᠤᠲᠠ 1092 ᠬᠤᠪᠢ᠂ ᠤᠯᠠᠭ᠋ᠠᠨᠬᠠᠳᠠ ᠬᠤᠲᠠ 785 ᠬᠤᠪᠢ ᠪᠣᠶ᠃

ᠬᠦᠯᠢᠶᠡᠨ ᠠᠪᠤᠭᠰᠠᠨ ᠬᠡᠮᠵᠢᠶ᠎ᠡ ᠵᠢ ᠰᠠᠷ᠎ᠠ᠎ᠪᠠᠷ ᠪᠣᠳᠣᠭᠰᠠᠨ ᠪᠦᠷᠢᠳᠬᠡᠯ᠄
 

2.2.png  


ᠬᠦᠯᠢᠶᠡᠨ ᠠᠪᠤᠭᠰᠠᠨ ᠬᠡᠮᠵᠢᠶ᠎ᠡ᠎ᠨᠢ ᠰᠠᠷ᠎ᠠ ᠪᠦᠷᠢ ᠶᠡᠷᠦᠩᠬᠡᠶ᠎ᠳᠡᠭᠡᠨ ᠤᠷᠢᠳᠠᠪᠠᠷ ᠪᠠᠭᠤᠷᠠᠵᠤ ᠳᠠᠷᠠᠭ᠎ᠠ᠎ᠨᠢ ᠳᠡᠭᠡᠭᠰᠢᠯᠡᠬᠦ ᠬᠠᠨᠳᠤᠰᠢ᠎ᠲᠠᠢ ᠪᠠᠶ᠋ᠢᠨ᠎ᠠ᠃ 2 ᠳ᠋ᠤᠭ᠋ᠠᠷ ᠰᠠᠷ᠎ᠠ᠎ᠳᠤ ᠴᠠᠭ᠋ᠠᠨ ᠰᠠᠷ᠎ᠠ ᠵᠢᠨ ᠠᠮᠠᠷᠠᠯᠲᠠ ᠵᠢᠨ ᠬᠤᠭᠤᠴᠠᠭ᠋ᠠᠨ᠎ᠤ ᠨᠥᠯᠥᠭᠡ᠎ᠠᠴᠠ ᠪᠣᠯᠵᠤ᠂ ᠶᠡᠷᠦᠩᠬᠡᠶ᠎ᠳᠤᠨᠢ ᠬᠦᠯᠢᠶᠡᠨ ᠠᠪᠴᠤ ᠰᠢᠢ᠍ᠳᠪᠦᠷᠢᠯᠡᠭᠰᠡᠨ ᠬᠡᠮᠵᠢᠶ᠎ᠡ ᠨᠡᠯᠢᠶᠡᠳ ᠴᠥᠭᠡᠨ ᠪᠠᠶ᠋ᠢᠨ᠎ᠠ; 3 ᠳ᠋ᠤᠭ᠋ᠠᠷ ᠰᠠᠷ᠎ᠠ᠎ᠳᠤ 《3 · 15》᠎ᠤ ᠬᠡᠷᠡᠭᠯᠡᠭᠴᠢᠳ᠎ᠤᠨ ᠡᠷᠬᠡ ᠠᠰᠢᠭ᠎ᠤᠨ ᠡᠳᠦᠷ᠎ᠤᠨ ᠤᠬᠠᠭᠤᠯᠭ᠎ᠠ ᠵᠢᠨ ᠠᠵᠢᠯᠯᠠᠭ᠎ᠠ ᠵᠢᠨ ᠨᠥᠯᠥᠭᠡ᠎ᠠᠴᠠ ᠪᠣᠯᠵᠣ᠂ ᠬᠡᠷᠡᠭᠯᠡᠭᠴᠢᠳ᠎ᠤᠨ ᠡᠷᠬᠡ ᠠᠰᠢᠭ᠎ᠢ ᠬᠠᠮᠠᠭ᠋ᠠᠯᠠᠬᠤ ᠦᠵᠡᠯ ᠤᠬᠠᠮᠰᠠᠷ᠎ᠢ ᠴᠢᠩᠭ᠋ᠠᠷᠠᠭᠤᠯᠵᠤ᠂ ᠵᠠᠭ᠋ᠠᠯᠳᠤᠵᠤ ᠢᠯᠡᠴᠢᠯᠡᠨ ᠮᠡᠳᠡᠭᠦᠯᠬᠦ ᠠᠰᠠᠭᠤᠨ ᠯᠠᠪᠯᠠᠬᠤ ᠬᠡᠮᠵᠢᠶ᠎ᠡ ᠴᠥᠮ ᠨᠡᠮᠡᠭᠳᠡᠪᠡ᠃

ᠬᠤᠶᠠᠷ᠂ ᠵᠠᠭ᠋ᠠᠯᠳᠤᠭᠰᠠᠨ ᠪᠠᠶ᠋ᠢᠳᠠᠯ᠎ᠤᠨ ᠲᠤᠭ᠎ᠠ ᠪᠦᠷᠢᠳᠭᠡᠯ᠎ᠤᠨ ᠵᠠᠳᠠᠯᠤᠯᠲᠠ

     ᠵᠠᠭ᠋ᠠᠯᠳᠤᠯᠭ᠎ᠠ ᠵᠢ 35724 ᠬᠤᠪᠢ ᠬᠦᠯᠢᠶᠡᠨ ᠠᠪᠴᠤ᠂ ᠠᠳᠠᠯᠢ ᠬᠤᠭᠤᠴᠠᠭ᠋ᠠᠨ᠎ᠤ᠎ᠬᠢ᠎ᠠᠴᠠ 21.05% ᠨᠡᠮᠡᠭᠳᠡᠪᠡ᠃ ᠡᠭᠦᠨ᠎ᠳᠤ ᠲᠠᠸᠠᠷ᠎ᠤᠨ ᠲᠥᠷᠥᠯ 20882 ᠬᠤᠪᠢ᠂ ᠦᠢ᠍ᠯᠡᠴᠢᠯᠡᠭᠡᠨ᠎ᠤ ᠲᠥᠷᠥᠯ 14842 ᠬᠤᠪᠢ ᠪᠤᠢ᠃ ᠵᠠᠭ᠋ᠠᠯᠳᠤᠯᠭ᠎ᠠ᠎ᠳᠤ ᠬᠤᠯᠪᠣᠭᠳᠠᠭᠰᠠᠨ ᠮᠠᠷᠭᠤᠯᠳᠤᠭ᠋ᠠᠨ᠎ᠤ ᠵᠣᠭᠤᠰ᠎ᠤᠨ ᠲᠤᠭ᠎ᠠ 4089.93 ᠲᠦᠮᠡᠨ ᠲᠥᠭᠦᠷᠢᠭ᠎ᠲᠤ ᠬᠦᠷᠴᠦ᠂ ᠬᠡᠷᠡᠭᠯᠡᠭᠴᠢᠳ᠎ᠲᠤ 1157.33 ᠲᠦᠮᠡᠨ ᠲᠥᠭᠦᠷᠢᠭ᠎ᠤᠨ ᠠᠵᠤ ᠠᠬᠤᠶ ᠵᠢᠨ ᠬᠤᠬᠢᠷᠠᠯ᠎ᠢ ᠡᠭᠡᠭᠦᠯᠦᠨ ᠠᠪᠴᠢᠷᠠᠵᠤ ᠥᠭᠪᠡ᠃ 2024 ᠣᠨ᠎ᠤ 4 ᠳ᠋ᠦ᠍ᠭᠡᠷ ᠰᠠᠷ᠎ᠠ ᠵᠢᠨ 8᠎ᠤ ᠡᠳᠦᠷ ᠪᠣᠯᠲᠠᠯ᠎ᠠ ᠵᠠᠭ᠋ᠠᠯᠳᠤᠯᠭ᠎ᠠ ᠵᠢ ᠨᠢᠭᠡᠨᠲᠡ 31837 ᠬᠤᠪᠢ ᠵᠢ᠎ᠨᠢ ᠰᠢᠢ᠍ᠳᠪᠦᠷᠢᠯᠡᠨ ᠳᠠᠭᠤᠰᠬᠠᠵᠤ᠂ ᠰᠢᠢ᠍ᠳᠪᠦᠷᠢᠯᠡᠵᠦ ᠳᠠᠭᠤᠰᠬᠠᠭᠰᠠᠨ ᠨᠣᠷᠮ᠎ᠠ᠎ᠨᠢ 89.12%᠎ᠲᠤ ᠬᠦᠷᠴᠡᠢ᠃

ᠬᠡᠷᠡᠭᠯᠡᠭᠡᠨ᠎ᠤ ᠲᠥᠷᠥᠯ ᠢᠯᠭ᠋ᠠᠯ ᠵᠶ᠋ᠠᠷ ᠬᠤᠪᠢᠶᠠᠭᠰᠠᠨ ᠬᠦᠰᠦᠨᠦᠭᠲᠦ (ᠨᠢᠭᠡ) (ᠬᠣᠶᠠᠷ)᠃

(ᠨᠢᠭᠡ) ᠲᠠᠸᠠᠷ᠎ᠤᠨ ᠲᠥᠷᠥᠯ᠎ᠳᠤ ᠬᠤᠯᠪᠣᠭᠳᠠᠬᠤ (ᠨᠢᠭᠡᠴᠢ᠄ ᠬᠤᠪᠢ)

 

 2.png

ᠲᠠᠸᠠᠷ᠎ᠤᠨ ᠲᠥᠷᠥᠯ᠎ᠤᠨ ᠵᠠᠭ᠋ᠠᠯᠳᠤᠯᠭ᠎ᠠ᠎ᠨᠢ ᠠᠳᠠᠯᠢ ᠬᠤᠭᠤᠴᠠᠭ᠋ᠠᠨ᠎ᠤ᠎ᠬᠢ᠎ᠠᠴᠠ 34.38% ᠨᠡᠮᠡᠭᠳᠡᠪᠡ᠃ ᠵᠠᠭ᠋ᠠᠯᠳᠤᠯᠭ᠎ᠠ ᠵᠢᠨ ᠬᠡᠮᠵᠢᠶ᠎ᠡ᠎ᠨᠢ ᠡᠮᠦᠨ᠎ᠡ ᠲᠠᠪᠤ᠎ᠳᠤ ᠪᠠᠢ᠌ᠭ᠎ᠠ ᠲᠠᠸᠠᠷ᠎ᠤᠨ ᠵᠦᠢ᠍ᠯ ᠪᠣᠯ ᠲᠤᠰ ᠪᠦᠷᠢ ᠢᠳᠡᠭᠡᠨ 9 079 ᠬᠤᠪᠢ᠂ ᠬᠤᠪᠴᠠᠰᠤ ᠬᠤᠨᠠᠷ 2239 ᠬᠤᠪᠢ᠂ ᠵᠠᠮ ᠬᠠᠷᠢᠯᠴᠠᠭ᠋ᠠᠨ᠎ᠤ ᠪᠠᠭ᠋ᠠᠵᠢ ᠬᠡᠷᠡᠭᠰᠡᠯ 1 510 ᠬᠤᠪᠢ᠂ ᠭᠡᠷ᠎ᠤᠨ ᠡᠳ᠋ᠯᠡᠯ ᠬᠡᠷᠡᠭᠰᠡᠯ 1 137 ᠬᠤᠪᠢ᠂ ᠵᠠᠰᠠᠯ ᠵᠢᠮᠰᠡᠭ 773 ᠬᠤᠪᠢ ᠪᠣᠢ᠃

ᠡᠮᠦᠨ᠎ᠡ ᠲᠠᠪᠤ᠎ᠳᠤ ᠪᠠᠢ᠌ᠭ᠎ᠠ ᠲᠠᠸᠠᠷ᠎ᠤᠨ ᠶᠡᠭᠡ ᠲᠥᠷᠥᠯ᠎ᠨᠢ ᠲᠠᠸᠠᠷ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶ᠎ᠡ᠎ᠳᠠᠬᠢ ᠡᠵᠡᠯᠡᠬᠦ ᠬᠠᠷᠢᠴᠠᠯ᠄
  

2.3.png  

ᠲᠠᠸᠠᠷ᠎ᠤᠨ ᠵᠠᠭ᠋ᠠᠯᠳᠤᠯᠭ᠎ᠠ ᠵᠢᠨ ᠬᠠᠯᠠᠮᠰᠢᠯ ᠴᠡᠭ᠎ᠤᠨ ᠡᠮᠦᠨ᠎ᠡ ᠠᠷᠪᠠ᠎ᠳᠤ ᠡᠩ᠎ᠤᠨ ᠬᠡᠷᠡᠭᠯᠡᠭᠡᠨ᠎ᠤ ᠲᠡᠷᠭᠡ 983 ᠬᠤᠪᠢ᠂ ᠭᠠᠷ ᠤᠲᠠᠰᠤ 573 ᠬᠤᠪᠢ᠂ ᠠᠮᠤ ᠭᠤᠯᠢᠷ ᠵᠢᠴᠢ ᠲᠡᠭᠦᠨ᠎ᠤ ᠪᠦᠲᠦᠭᠡᠭᠳᠡᠬᠦᠨ (ᠥᠪᠡᠷᠲᠡᠭᠡᠨ ᠦᠢ᠍ᠯᠡᠳᠦᠭᠰᠡᠨ) 443 ᠬᠤᠪᠢ᠂ ᠮᠢᠬᠠᠨ᠎ᠤ ᠪᠦᠲᠦᠭᠡᠭᠳᠡᠬᠦᠨ (ᠥᠪᠡᠷᠲᠡᠭᠡᠨ ᠦᠢ᠍ᠯᠡᠳᠦᠭᠰᠡᠨ) 409 ᠬᠤᠪᠢ᠂ ᠥᠳᠥᠨ ᠬᠤᠪᠴᠠᠰᠤ 363 ᠬᠤᠪᠢ᠂ ᠪᠣᠷᠴᠠ ᠵᠢᠨ ᠲᠥᠷᠥᠯ 344 ᠬᠤᠪᠢ᠂ ᠠᠷᠠᠰᠤᠨ ᠱᠠᠬᠠᠶ 269 ᠬᠤᠪᠢ᠂ ᠬᠥᠳᠡᠯᠭᠡᠭᠡᠨ᠎ᠤ ᠱᠠᠬᠠᠶ 267 ᠬᠤᠪᠢ᠂ ᠣᠨᠴᠠᠭ᠋ᠠᠶ ᠪᠤᠰᠤ ᠬᠡᠷᠡᠭᠴᠡᠭᠡᠨ᠎ᠤ ᠵᠠᠰᠠᠯ ᠴᠢᠮᠡᠭᠯᠡᠯ᠎ᠤᠨ ᠡᠳ᠋ 258 ᠬᠤᠪᠢ᠂ ᠰᠢᠵᠢᠷ ᠠᠯᠳᠠᠨ ᠡᠯᠭᠦᠭᠡ ᠲᠣᠨᠤᠭ ᠵᠠᠰᠠᠯ ᠵᠢᠮᠰᠡᠭ 255 ᠬᠤᠪᠢ (ᠭᠥᠯᠢᠶᠡᠨ ᠠᠪᠤᠭᠰᠠᠨ ᠬᠡᠮᠵᠢᠶ᠎ᠡ᠎ᠳᠠᠬᠢ ᠪᠤᠶ ᠪᠦᠬᠦᠢ 《ᠪᠤᠰᠤᠳ ᠵᠦᠢ᠍ᠯ》᠎ᠢ ᠨᠡᠷᠡᠰ᠎ᠤᠨ ᠵᠢᠭᠰᠠᠭ᠋ᠠᠯᠲᠠ᠎ᠳᠤ ᠪᠤᠳᠤᠵᠤ ᠣᠷᠣᠭᠤᠯᠬᠤ ᠦᠭᠡᠢ) ᠪᠠᠶ᠋ᠢᠵᠤ᠂ ᠬᠤᠳᠠᠯᠳᠤᠭ᠋ᠠᠨ᠎ᠤ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠤ 19.94% ᠵᠢ ᠡᠵᠡᠯᠡᠪᠡ᠃

ᠡᠮᠦᠨ᠎ᠡ ᠲᠠᠪᠤ᠎ᠳᠤ ᠪᠠᠢ᠌ᠭ᠎ᠠ ᠲᠠᠸᠠᠷ᠎ᠤᠨ ᠶᠡᠭᠡ ᠲᠥᠷᠥᠯ ᠪᠠ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠲᠠᠢ ᠠᠳᠠᠯᠢ᠄ ᠢᠳᠡᠭᠡᠨ᠂ ᠬᠤᠪᠴᠠᠰᠤ ᠬᠤᠨᠠᠷ ᠱᠠᠬᠠᠶ ᠮᠠᠯᠠᠭ᠋ᠠᠶ᠂ ᠵᠠᠮ ᠬᠠᠷᠢᠯᠴᠠᠭ᠋ᠠᠨ᠎ᠤ ᠪᠠᠭ᠋ᠠᠵᠢ ᠬᠡᠷᠡᠭᠰᠡᠯ᠂ ᠬᠡᠷ᠎ᠤᠨ ᠡᠳ᠋ᠯᠡᠯ ᠬᠡᠷᠡᠭᠰᠡᠯ᠂ ᠵᠠᠰᠠᠯ ᠵᠢᠮᠰᠡᠭ᠎ᠨᠢ ᠮᠥᠨ ᠬᠦ᠌ ᠲᠠᠸᠠᠷ᠎ᠤᠨ ᠶᠡᠭᠡ ᠲᠥᠷᠥᠯ᠎ᠤᠨ ᠵᠠᠭ᠋ᠠᠯᠳᠤᠯᠭ᠎ᠠ ᠵᠢᠨ ᠲᠦᠷᠦᠭᠦᠤ ᠲᠠᠪᠤᠨ ᠨᠡᠷᠡᠰ᠎ᠢ ᠡᠵᠡᠯᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ ᠲᠣᠰ ᠲᠣᠰ 55.33%᠂ 37.19%᠂ 17.78%᠂ 17.7%᠂ 16.42% ᠵᠶ᠋ᠠᠷ ᠨᠡᠮᠡᠭᠳᠡᠪᠡ᠃ ᠢᠳᠡᠭᠡᠨ᠎ᠤ ᠲᠥᠷᠥᠯ᠎ᠤᠨ ᠵᠠᠭ᠋ᠠᠯᠳᠤᠯᠭ᠎ᠠ᠎ᠨᠢ ᠮᠥᠨ ᠬᠦ᠌ ᠵᠠᠭ᠋ᠠᠯᠳᠤᠯᠭ᠎ᠠ ᠵᠢᠨ ᠭᠣᠤᠯᠳᠠᠯᠭ᠎ᠠ ᠪᠠᠶ᠋ᠢᠵᠤ᠂ ᠭᠣᠤᠯ ᠠᠰᠠᠭᠤᠳᠠᠯ᠎ᠨᠢ ᠦᠨ᠎ᠡ ᠬᠠᠩᠰᠢ᠂ ᠬᠤᠳᠠᠯ ᠬᠠᠭᠤᠷᠮᠠᠭ ᠴᠢᠨᠠᠷ ᠮᠠᠭᠤ᠂ ᠬᠤᠳᠠᠯ ᠬᠠᠭᠤᠷᠮᠠᠭ ᠤᠬᠠᠭᠤᠯᠭ᠎ᠠ᠂ ᠠᠮᠤᠷ ᠲᠦᠪᠰᠢᠨ᠎ᠤ ᠳᠠᠯᠳᠠ ᠭᠡᠮ ᠣᠷᠣᠰᠢᠵᠤ ᠪᠠᠶ᠋ᠢᠬᠤ ᠵᠡᠷᠭᠡ ᠪᠣᠯᠤᠨ᠎ᠠ᠂ ᠵᠢᠱ᠌ᠢᠶᠡᠯᠡᠪᠡᠯ ᠢᠳᠡᠭᠡᠨ᠎ᠤ ᠪᠣᠭᠣᠳᠠᠯ᠎ᠤᠨ ᠳᠣᠲᠣᠷ᠎ᠠ ᠣᠨᠳᠣᠤ ᠶᠠᠭᠤᠮ᠎ᠠ (ᠬᠣᠷᠣᠬᠠᠶ᠂ ᠬᠣᠯᠢᠴᠠ)᠎ᠲᠠᠢ᠂ ᠬᠤᠭᠤᠴᠠᠭ᠎ᠠ᠎ᠨᠢ ᠥᠩᠭᠡᠷᠡᠭᠰᠡᠨ ᠴᠢᠨᠠᠷ᠎ᠨᠢ ᠬᠤᠪᠢᠷᠬᠠᠰᠠᠨ ᠢᠳᠡᠭᠡᠨ᠎ᠢ ᠪᠣᠷᠣᠯᠠᠭᠤᠯᠤᠭᠰᠠᠨ᠂ ᠦᠢ᠍ᠯᠡᠳᠬᠦᠨ᠎ᠤ ᠪᠣᠭᠣᠳᠠᠯ᠎ᠤᠨ ᠱᠣᠰᠢᠭ᠎ᠠ ᠲᠡᠮᠳᠡᠭ ᠪᠠ ᠵᠠᠷ ᠮᠡᠳᠡᠭᠡᠨ᠎ᠤ ᠤᠬᠠᠭᠤᠯᠭ᠎ᠠ ᠵᠢᠨ ᠦᠭᠡᠨ᠎ᠳᠤ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠬᠡᠷᠡᠭᠯᠡᠭᠡᠨ᠎ᠤ ᠦᠭᠡ ᠵᠡᠷᠭᠡ ᠪᠠᠭᠲᠠᠨ᠎ᠠ᠃ ᠢᠳᠡᠭᠡᠨ᠎ᠤ ᠠᠮᠤᠷ ᠲᠦᠪᠰᠢᠨ᠎ᠨᠢ ᠬᠡᠷᠡᠭᠯᠡᠭᠴᠢᠳ᠎ᠤᠨ ᠠᠮᠢᠳᠤᠷᠠᠯ᠎ᠤᠨ ᠶᠠᠰᠤ ᠴᠢᠨᠠᠷ ᠪᠣᠯᠤᠨ ᠠᠮᠢ ᠨᠠᠰᠤᠨ᠎ᠤ ᠠᠮᠤᠷ ᠲᠦᠪᠰᠢᠨ᠎ᠲᠠᠢ ᠬᠣᠯᠪᠣᠭᠳᠠᠵᠤ᠂ ᠬᠡᠷᠡᠭᠯᠡᠭᠴᠢᠳ ᠵᠢᠩᠬᠢᠨᠢ ᠠᠷᠭ᠎ᠠ ᠵᠠᠮ ᠵᠶ᠋ᠠᠷ ᠢᠳᠡᠭᠡᠨ ᠬᠤᠳᠠᠯᠳᠤᠨ ᠠᠪᠬᠤ ᠵᠢᠨ ᠬᠠᠮᠲᠤ ᠪᠠᠷᠢᠮᠲᠠ᠂ ᠪᠠᠷᠠᠭ᠎ᠠ ᠬᠤᠳᠠᠯᠳᠤᠨ ᠠᠪᠬᠤ ᠵᠢᠵᠢᠭ ᠪᠠᠷᠢᠮᠲᠠ ᠵᠡᠷᠭᠡ ᠭᠡᠷᠡᠴᠢ ᠪᠠᠷᠢᠮᠲᠠ ᠠᠪᠬᠤ ᠬᠡᠷᠡᠭᠲᠡᠶ᠃ ᠬᠤᠳᠠᠯᠳᠤᠨ ᠠᠪᠬᠤ᠎ᠳᠠᠭᠠᠨ ᠢᠳᠡᠭᠡᠨ᠎ᠤ ᠪᠣᠭᠤᠳᠠᠯ᠎ᠤᠨ ᠲᠡᠮᠳᠡᠭ᠎ᠨᠢ ᠪᠦᠷᠢᠨ ᠭᠦᠢ᠍ᠴᠡᠳ ᠪᠠᠶ᠋ᠢᠬᠤ ᠡᠰᠡᠬᠦ ᠵᠢ ᠠᠩᠬᠠᠷᠤᠨ ᠪᠠᠶ᠋ᠢᠴᠠᠭ᠋ᠠᠨ ᠦᠵᠡᠵᠦ᠂ ᠢᠳᠡᠭᠡᠨ᠎ᠤ ᠭᠠᠳᠠᠷ ᠪᠣᠭᠤᠳᠠᠯ᠎ᠨᠢ ᠲᠠᠸᠠᠷ᠎ᠤᠨ ᠨᠡᠷᠡᠶ᠋ᠢᠳᠦᠯ᠂ ᠮᠠᠲ᠋ᠧᠷᠢᠶᠠᠯ᠎ᠤᠨ ᠬᠦᠰᠦᠨᠦᠭ᠂ ᠴᠡᠪᠡᠷ ᠠᠭᠤᠯᠤᠭᠳᠠᠴᠠ᠂ ᠦᠢ᠍ᠯᠡᠳᠪᠦᠷᠢ ᠵᠢᠨ ᠨᠡᠷ᠎ᠡ᠂ ᠦᠢ᠍ᠯᠡᠳᠪᠦᠷᠢ ᠵᠢᠨ ᠬᠠᠶᠢᠭ᠂ ᠤᠲᠠᠰᠤ᠂ ᠦᠢ᠍ᠯᠡᠳᠬᠦᠨ᠎ᠤ ᠪᠠᠷᠢᠮᠵᠢᠶ᠎ᠠ ᠵᠢᠨ ᠳ᠋ᠤᠭ᠋ᠠᠷ ᠵᠡᠷᠭᠡ ᠠᠭᠤᠯᠭ᠎ᠠ ᠵᠢ ᠲᠣᠳᠣᠷᠬᠠᠶ᠋ᠢᠯᠠᠭᠰᠠᠨ ᠡᠰᠡᠬᠦ ᠵᠢ ᠠᠩᠬᠠᠷᠬᠤ ᠬᠡᠷᠡᠭᠲᠡᠢ᠃ ᠢᠳᠡᠭᠡᠨ᠎ᠤ ᠦᠢ᠍ᠯᠡᠳᠪᠦᠷᠢᠯᠡᠭᠰᠡᠨ ᠡᠳᠦᠷ ᠬᠤᠭᠤᠴᠠᠭ᠎ᠠ ᠪᠣᠯᠤᠨ ᠴᠢᠨᠠᠷ᠎ᠢ ᠪᠠᠲᠤᠯᠠᠬᠤ ᠬᠤᠭᠤᠴᠠᠭ᠎ᠠ ᠵᠢ ᠠᠩᠬᠠᠷᠬᠤ ᠬᠡᠷᠡᠭᠲᠡᠢ᠃ ᠰᠤᠯᠠ ᠰᠠᠪᠠᠯᠠᠬᠤ ᠢᠳᠡᠭᠡᠨ ᠬᠤᠳᠠᠯᠳᠤᠨ ᠠᠪᠬᠤ᠎ᠳᠠᠭᠠᠨ ᠰᠤᠯᠠ ᠰᠠᠪᠠᠯᠠᠬᠤ ᠢᠳᠡᠭᠡᠨ ᠡᠵᠡᠩᠨᠡᠭᠴᠢ ᠵᠢᠨ ᠡᠷᠡᠭᠦᠯ ᠬᠠᠮᠠᠭ᠋ᠠᠯᠠᠯ᠎ᠤᠨ ᠪᠠᠶ᠋ᠢᠳᠠᠯ᠂ ᠡᠵᠡᠩᠨᠡᠭᠴᠢ᠎ᠳᠤ ᠡᠷᠡᠭᠦᠯ ᠮᠡᠨᠳᠦ ᠵᠢᠨ ᠦᠨᠡᠮᠯᠡᠯ ᠪᠠᠶ᠋ᠢᠬᠤ ᠡᠰᠡᠬᠦ᠂ ᠡᠷᠡᠭᠦᠯ ᠬᠠᠮᠠᠭ᠋ᠠᠯᠠᠯ᠎ᠤᠨ ᠬᠢᠷᠢ ᠲᠡᠩᠴᠡᠭᠰᠡᠨ ᠦᠨᠡᠮᠯᠡᠯ ᠵᠡᠷᠭᠡ ᠬᠠᠮᠢᠶ᠎ᠠ ᠪᠦᠬᠦᠢ ᠭᠡᠷᠡᠴᠢ ᠦᠨᠡᠮᠯᠡᠯ ᠪᠠᠶ᠋ᠢᠵᠤ᠂ ᠢᠯᠠᠭ᠎ᠠ ᠵᠢ ᠰᠡᠷᠭᠡᠶ᠋ᠢᠯᠡᠬᠦ ᠲᠣᠭᠣᠰᠣ ᠰᠡᠷᠭᠡᠶ᠋ᠢᠯᠡᠬᠦ ᠪᠡᠯᠡᠳᠬᠡᠮᠵᠢ ᠪᠠᠶ᠋ᠢᠬᠤ ᠡᠰᠡᠬᠦ ᠵᠢ ᠠᠩᠬᠠᠷᠬᠤ ᠬᠡᠷᠡᠭᠲᠡᠶ᠃ ᠮᠢᠬᠠᠨ᠎ᠤ ᠵᠦᠢ᠍ᠯ᠂ ᠳᠠᠪᠤᠰᠤᠯᠠᠭᠰᠠᠨ ᠪᠦᠲᠦᠭᠡᠭᠳᠡᠬᠦᠨ ᠬᠤᠳᠠᠯᠳᠤᠨ ᠠᠪᠬᠤ᠎ᠳᠤ ᠬᠠᠮᠤᠭ᠎ᠤᠨ ᠰᠠᠶ᠋ᠢᠨ᠎ᠨᠢ ᠵᠢᠷᠤᠮᠵᠢᠯ᠎ᠲᠠᠢ᠂ ᠲᠣᠭᠲᠠᠮᠠᠯ ᠵᠠᠬ᠎ᠠ ᠳᠡᠯᠭᠡᠭᠦᠷ ᠪᠤᠶᠤ ᠡᠭᠦᠳᠡᠨ ᠳᠡᠯᠭᠡᠭᠦᠷ᠎ᠠᠴᠠ ᠬᠤᠳᠠᠯᠳᠤᠨ ᠠᠪᠴᠤ᠂ ᠨᠡᠭᠦᠳᠡᠯ ᠬᠤᠳᠠᠯᠳᠤᠭ᠋ᠠᠴᠢᠨ᠎ᠠᠴᠠ (ᠲᠣᠭᠲᠠᠮᠠᠯ ᠡᠵᠡᠩᠨᠡᠯᠲᠡ ᠵᠢᠨ ᠭᠠᠵᠠᠷ ᠦᠭᠡᠢ᠂ ᠲᠡᠷᠭᠡ ᠲᠦᠯᠬᠢᠵᠦ ᠪᠣᠷᠣᠯᠠᠭᠤᠯᠤᠨ ᠬᠤᠳᠠᠯᠳᠤᠬᠤ) ᠪᠣᠯᠭᠣᠮᠵᠢᠲᠠᠢ ᠢᠳᠡᠭᠡᠨ ᠬᠤᠳᠠᠯᠳᠤᠨ ᠠᠪᠬᠤ ᠬᠡᠷᠡᠭᠲᠡᠶ᠃

(ᠨᠢᠭᠡ) ᠦᠢ᠍ᠯᠡᠴᠢᠯᠡᠭᠡᠨ᠎ᠤ ᠲᠥᠷᠥᠯ᠎ᠳᠤ ᠬᠤᠯᠪᠣᠭᠳᠠᠬᠤ (ᠨᠢᠭᠡᠴᠢ᠄ ᠬᠤᠪᠢ)

 

3.png

ᠦᠢ᠍ᠯᠡᠴᠢᠯᠡᠭᠡᠨ᠎ᠤ ᠲᠥᠷᠥᠯ᠎ᠤᠨ ᠵᠠᠭ᠋ᠠᠯᠳᠤᠯᠭ᠎ᠠ᠎ᠨᠢ ᠠᠳᠠᠯᠢ ᠬᠤᠭᠤᠴᠠᠭ᠋ᠠᠨ᠎ᠤ᠎ᠬᠢ᠎ᠠᠴᠠ 6.22%᠎ᠪᠠᠷ ᠨᠡᠮᠡᠭᠳᠡᠵᠦ᠂ ᠵᠠᠭ᠋ᠠᠯᠳᠤᠯᠭ᠎ᠠ ᠵᠢᠨ ᠬᠡᠮᠵᠢᠶ᠎ᠡ ᠵᠢᠨ ᠡᠮᠦᠨ᠎ᠡ ᠲᠠᠪᠤ᠎ᠳᠤ ᠵᠢᠭᠰᠠᠭ᠋ᠠᠭᠳᠠᠭᠰᠠᠨ᠎ᠨᠢ ᠲᠣᠰ ᠲᠣᠰ ᠢᠳᠡᠭᠡᠨ ᠤᠮᠳᠠᠭ᠋ᠠᠨ ᠪᠠ ᠬᠤᠨᠣᠭᠯᠠᠬᠤ ᠦᠢ᠍ᠯᠡᠴᠢᠯᠡᠭᠡ 3161 ᠬᠤᠪᠢ᠂ ᠪᠣᠷᠣᠯᠠᠭᠤᠯᠬᠤ ᠦᠢ᠍ᠯᠡᠴᠢᠯᠡᠭᠡ 2960 ᠬᠤᠪᠢ᠂ ᠵᠢᠰᠦ ᠭᠤᠶᠣᠯᠠᠵᠤ ᠦᠰᠦ ᠵᠠᠰᠠᠬᠤ ᠤᠬᠢᠶᠠᠯᠭ᠎ᠠ ᠵᠢᠨ ᠦᠢ᠍ᠯᠡᠴᠢᠯᠡᠭᠡ 1229 ᠬᠤᠪᠢ᠂ ᠬᠥᠮᠦᠵᠢᠯ ᠪᠣᠯᠪᠠᠰᠤᠷᠠᠯ᠎ᠤᠨ ᠦᠢ᠍ᠯᠡᠴᠢᠯᠡᠭᠡ 1073 ᠬᠤᠪᠢ᠂ ᠰᠣᠶᠣᠯ ᠴᠡᠩᠭᠡᠯ ᠪᠡᠶ᠎ᠡ ᠵᠢᠨ ᠲᠠᠮᠢᠷ᠎ᠤᠨ ᠦᠢ᠍ᠯᠡᠴᠢᠯᠡᠭᠡ 933 ᠬᠤᠪᠢ ᠪᠤᠢ᠃

ᠡᠮᠦᠨ᠎ᠡ ᠲᠠᠪᠤ᠎ᠳᠤ ᠪᠠᠢ᠌ᠭ᠎ᠠ ᠦᠢ᠍ᠯᠡᠴᠢᠯᠡᠭᠡᠨ᠎ᠤ ᠶᠡᠭᠡ ᠲᠥᠷᠥᠯ᠎ᠤᠨ ᠦᠢ᠍ᠯᠡᠴᠢᠯᠡᠭᠡᠨ᠎ᠤ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶ᠎ᠡ᠎ᠳᠠᠬᠢ ᠬᠠᠷᠢᠴᠠᠯ᠄
    

 2.4.png

ᠦᠢ᠍ᠯᠡᠴᠢᠯᠡᠭᠡᠨ᠎ᠤ ᠵᠠᠭ᠋ᠠᠯᠳᠤᠯᠭ᠎ᠠ ᠵᠢᠨ ᠬᠠᠯᠠᠮᠰᠢᠯ ᠴᠡᠭ᠎ᠤᠨ ᠡᠮᠦᠨ᠎ᠡ ᠠᠷᠪᠠ᠎ᠳᠤ ᠤᠷᠢᠳᠴᠢᠯᠠᠨ ᠰᠦᠢ᠍ᠳᠬᠡᠯ ᠲᠤᠰᠢᠶᠠᠬᠤ ᠺᠠᠷᠲ᠎ᠤᠨ ᠦᠢ᠍ᠯᠡᠴᠢᠯᠡᠭᠡ 1793 ᠬᠤᠪᠢ᠂ ᠬᠤᠭᠤᠯᠠᠨ ᠭᠡᠷ᠎ᠤᠨ ᠦᠢ᠍ᠯᠡᠴᠢᠯᠡᠭᠡ 1619 ᠬᠤᠪᠢ᠂ ᠪᠠᠭᠤᠳᠠᠯ ᠬᠣᠨᠣᠭᠯᠠᠬᠤ ᠦᠢ᠍ᠯᠡᠴᠢᠯᠡᠭᠡ 828 ᠬᠤᠪᠢ᠂ ᠵᠢᠵᠢᠭᠯᠡᠨ ᠬᠤᠳᠠᠯᠳᠤᠬᠤ ᠦᠢ᠍ᠯᠡᠴᠢᠯᠡᠭᠡ 405 ᠬᠤᠪᠢ᠂ ᠬᠠᠭᠤᠷᠠᠢ᠎ᠪᠠᠷ ᠤᠬᠢᠶᠠᠬᠤ ᠦᠢ᠍ᠯᠡᠴᠢᠯᠡᠭᠡ 361 ᠬᠤᠪᠢ᠂ ᠮᠠᠰᠢᠨ ᠲᠡᠷᠭᠡ ᠰᠡᠯᠪᠢᠨ ᠵᠠᠰᠠᠬᠤ ᠦᠢ᠍ᠯᠡᠴᠢᠯᠡᠭᠡ 294 ᠬᠤᠪᠢ᠂ ᠬᠤᠪᠢ ᠬᠥᠮᠦᠨ᠎ᠤ ᠳᠦᠷᠰᠦᠯᠡᠨ ᠪᠢᠴᠢᠬᠦ ᠭᠡᠷᠡᠯ ᠵᠢᠷᠤᠭ᠎ᠤᠨ ᠦᠢ᠍ᠯᠡᠴᠢᠯᠡᠭᠡ 216 ᠬᠤᠪᠢ᠂ ᠤᠷᠢᠳᠴᠢᠯᠠᠨ ᠬᠤᠳᠠᠯᠳᠤᠬᠤ ᠦᠢ᠍ᠯᠡᠴᠢᠯᠡᠭᠡ 205 ᠬᠤᠪᠢ᠂ ᠺᠢᠨᠣ᠋ ᠲᠢᠶᠠᠲᠷ᠎ᠤᠨ ᠺᠢᠨᠣ᠋ ᠭᠠᠷᠭ᠋ᠠᠬᠤ ᠦᠢ᠍ᠯᠡᠴᠢᠯᠡᠭᠡ 196 ᠬᠤᠪᠢ᠂ ᠢᠨᠲ᠋ᠧᠷ ᠰᠦᠯᠵᠢᠶᠡᠨ᠎ᠤ ᠰᠢᠭᠤᠳ ᠪᠣᠷᠣᠯᠠᠭᠤᠯᠬᠤ ᠦᠢ᠍ᠯᠡᠴᠢᠯᠡᠭᠡ 177 ᠬᠤᠪᠢ (ᠬᠦᠯᠢᠶᠡᠨ ᠠᠪᠤᠭᠰᠠᠨ ᠬᠡᠮᠵᠢᠶ᠎ᠡ᠎ᠳᠠᠬᠢ ᠠᠯᠢᠪᠠ 《ᠪᠤᠰᠤᠳ ᠵᠦᠢ᠍ᠯ》᠎ᠢ ᠨᠡᠷᠡᠰ᠎ᠤᠨ ᠵᠢᠭᠰᠠᠭ᠋ᠠᠯᠲᠠ᠎ᠳᠤ ᠪᠣᠳᠣᠵᠤ ᠣᠷᠣᠭᠤᠯᠬᠤ ᠦᠭᠡᠢ) ᠪᠠᠢ᠌ᠵᠤ᠂ ᠦᠢ᠍ᠯᠡᠴᠢᠯᠡᠭᠡᠨ᠎ᠤ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠢ ᠲᠣᠭ᠋ᠠᠨ᠎ᠤ 41.06% ᠵᠢ ᠡᠵᠡᠯᠡᠪᠡ᠃

     ᠦᠢ᠍ᠯᠡᠴᠢᠯᠡᠭᠡᠨ᠎ᠤ ᠶᠡᠭᠡ ᠲᠥᠷᠥᠯ᠎ᠤᠨ ᠵᠠᠭ᠋ᠠᠯᠳᠤᠯᠭ᠎ᠠ ᠨᠢᠲᠤᠨᠤᠨ᠎ᠤ᠎ᠬᠢ᠎ᠲᠠᠢ ᠵᠢᠭ᠋ᠠᠬᠠᠨ ᠠᠳᠠᠯᠢ ᠦᠭᠡᠢ᠄ ᠢᠳᠡᠭᠡᠨ ᠤᠮᠳᠠᠭ᠋ᠠᠨ ᠪᠠ ᠬᠤᠨᠤᠭᠯᠠᠬᠤ ᠦᠢ᠍ᠯᠡᠴᠢᠯᠡᠭᠡ ᠲᠡᠷᠢᠭᠦᠨ ᠪᠠᠶ᠋ᠢᠷᠢᠨ᠎ᠳᠤ ᠣᠷᠣᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 53.08%᠎ᠪᠠᠷ ᠨᠡᠮᠡᠭᠳᠡᠨ᠂ ᠰᠢᠨ᠎ᠡ ᠵᠢᠯ᠂ ᠴᠠᠭ᠋ᠠᠨ ᠰᠠᠷ᠎ᠠ ᠵᠢᠨ ᠠᠮᠠᠷᠠᠯᠲᠠ ᠵᠢᠨ ᠬᠤᠭᠤᠴᠠᠭ᠋ᠠᠨ᠎ᠳᠤ᠂ ᠬᠡᠷᠡᠭᠯᠡᠭᠴᠢᠳ᠎ᠤᠨ ᠶᠠᠪᠤᠵᠤ ᠰᠠᠭᠤᠬᠤ ᠬᠡᠷᠡᠭᠴᠡᠭᠡ ᠥᠷᠨᠢᠭᠦᠨ ᠪᠣᠯᠵᠤ᠂ ᠡᠭᠦᠨ᠎ᠤ ᠳᠡᠭᠡᠷ᠎ᠡ ᠥᠪᠥᠷ ᠮᠣᠩᠭᠤᠯ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠦ ᠤᠯᠤᠰ᠎ᠤᠨ ᠡᠪᠦᠯ᠎ᠤᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠢ ᠳᠠᠭ᠋ᠠᠭ᠋ᠠᠴᠢᠯᠠᠨ ᠡᠷᠭᠢᠯᠡᠵᠦ᠂ ᠬᠥᠮᠦᠨ᠎ᠤ ᠲᠤᠭ᠎ᠠ ᠨᠡᠮᠡᠭᠳᠡᠵᠦ᠂ ᠭᠠᠳᠠᠨ᠎ᠠ ᠢᠳᠡᠭᠡᠨ ᠤᠮᠳᠠᠭ᠋ᠠᠨ ᠪᠠ ᠬᠤᠨᠤᠵᠤ ᠬᠡᠪᠲᠡᠬᠦ ᠦᠢ᠍ᠯᠡᠴᠢᠯᠡᠭᠡ ᠵᠢ ᠭᠥᠯᠢᠶᠡᠨ ᠠᠪᠬᠤ ᠦᠶ᠎ᠡ᠎ᠳᠤ᠂ ᠬᠤᠭᠤᠯᠠ ᠢᠳᠡᠵᠦ ᠬᠤᠨᠤᠵᠤ ᠬᠡᠪᠲᠡᠬᠦ ᠣᠷᠴᠢᠨ ᠲᠣᠭᠤᠷᠢᠨ᠎ᠤ ᠡᠷᠡᠭᠦᠯ ᠬᠠᠮᠠᠭ᠋ᠠᠯᠠᠯ᠂ ᠬᠤᠨᠤᠵᠤ ᠬᠡᠪᠲᠡᠬᠦ ᠲᠥᠬᠦᠭᠡᠷᠦᠮᠵᠢ ᠪᠦᠷᠢᠨ ᠪᠤᠰᠤ᠂ ᠦᠢ᠍ᠯᠡᠴᠢᠯᠡᠭᠡᠨ᠎ᠤ ᠣᠪᠣᠷ ᠬᠠᠨᠤᠮᠵᠢ ᠥᠬᠡᠶ ᠪᠠ ᠳ᠋ᠦᠩᠨᠡᠨ ᠪᠤᠳᠦᠵᠤ ᠰᠦᠢ᠍ᠳᠬᠡᠯ ᠬᠤᠷᠢᠶᠠᠬᠤ ᠵᠣᠬᠢᠰ ᠥᠬᠡᠶ ᠵᠡᠷᠭᠡ᠎ᠠᠴᠠ ᠪᠣᠯᠵᠣ ᠬᠡᠷᠡᠭᠯᠡᠭᠡᠨ᠎ᠤ ᠵᠢᠭᠤᠷᠠᠯᠳᠤᠭ᠋ᠠᠨ ᠡᠭᠦᠰᠦᠭᠰᠡᠨ ᠪᠠᠶ᠋ᠢᠨ᠎ᠠ᠃ ᠵᠢᠰᠦ ᠭᠤᠶᠣᠯᠠᠵᠤ ᠦᠰᠦ ᠵᠠᠰᠠᠬᠤ ᠪᠡᠶ᠎ᠡ ᠤᠬᠢᠶᠠᠬᠤ ᠦᠢ᠍ᠯᠡᠴᠢᠯᠡᠭᠡ ᠳᠥᠷᠪᠡᠳᠦᠭᠡᠷ ᠪᠠᠶ᠋ᠢᠷᠢ᠎ᠠᠴᠠ ᠭᠤᠷᠪᠠᠳᠤᠭ᠋ᠠᠷ ᠪᠠᠶ᠋ᠢᠷᠢᠨ᠎ᠳᠤ ᠬᠦᠷᠲᠡᠯ᠎ᠡ ᠳᠡᠭᠡᠭᠰᠢᠯᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 42.58%᠎ᠪᠠᠷ ᠨᠡᠮᠡᠭᠳᠡᠨ᠂ ᠭᠤᠤᠯ ᠠᠰᠠᠭᠤᠳᠠᠯ᠎ᠨᠢ ᠬᠤᠳᠠᠯ ᠬᠠᠭᠤᠷᠮᠠᠭ ᠤᠬᠠᠭᠤᠯᠭ᠎ᠠ ᠦᠢ᠍ᠯᠡᠴᠢᠯᠡᠭᠡᠨ᠎ᠤ ᠦᠷ᠎ᠡ ᠪᠦᠲᠦᠮᠵᠢ ᠵᠢ ᠶᠡᠬᠡᠰᠬᠡᠵᠦ᠂ ᠬᠡᠷᠡᠭᠯᠡᠭᠴᠢᠳ ᠦᠢ᠍ᠯᠡᠴᠢᠯᠡᠭᠡ ᠬᠦᠯᠢᠶᠡᠭᠰᠡᠨ᠎ᠤ ᠳᠠᠷᠠᠭ᠎ᠠ ᠡᠷᠡᠭᠦᠯ ᠪᠤᠰᠤ ᠲᠤᠰᠬᠠᠯ ᠭᠠᠷᠴᠤ᠂ ᠪᠣᠯᠵᠣᠨ ᠲᠣᠭᠲᠠᠭᠰᠠᠨ ᠶᠣᠰᠣᠭ᠋ᠠᠷ ᠦᠢ᠍ᠯᠡᠴᠢᠯᠡᠭᠡ ᠬᠠᠩᠭ᠋ᠠᠭᠰᠠᠨ ᠥᠬᠡᠶ ᠪᠥᠭᠡᠳ ᠡᠵᠡᠩᠨᠡᠯᠲᠡ᠎ᠪᠠᠨ ᠵᠣᠭᠰᠣᠭ᠋ᠠᠭᠰᠠᠨ᠎ᠤ ᠳᠠᠷᠠᠭ᠎ᠠ ᠤᠷᠢᠳᠴᠢᠯᠠᠨ ᠰᠦᠢ᠍ᠳᠬᠡᠯ ᠲᠤᠰᠢᠶᠠᠬᠤ ᠺᠠᠷᠲ᠂ ᠭᠡᠰᠢᠭᠦᠨ᠎ᠤ ᠺᠠᠷᠲ᠎ᠤᠨ ᠵᠣᠭᠤᠰ᠎ᠢ ᠪᠤᠴᠠᠭ᠋ᠠᠵᠤ ᠥᠭᠭᠦᠭᠰᠡᠨ ᠦᠭᠡᠢ ᠵᠡᠷᠭᠡ ᠬᠡᠷᠡᠭᠯᠡᠭᠡᠨ᠎ᠤ ᠵᠢᠭᠤᠷᠠᠯᠳᠤᠭ᠋ᠠᠨ᠎ᠳᠤ ᠲᠥᠪᠯᠡᠷᠡᠪᠡ᠃ ᠰᠣᠶᠣᠯ ᠴᠡᠩᠭᠡᠯ ᠪᠡᠶ᠎ᠡ ᠵᠢᠨ ᠲᠠᠮᠢᠷ᠎ᠤᠨ ᠦᠢ᠍ᠯᠡᠴᠢᠯᠡᠭᠡ᠎ᠨᠢ ᠵᠢᠷᠭᠤᠳᠤᠭ᠋ᠠᠷ᠎ᠲᠤ ᠪᠠᠶ᠋ᠢᠭᠰᠠᠨ᠎ᠠᠴᠠ ᠲᠠᠪᠤᠳᠤᠭ᠋ᠠᠷ ᠪᠠᠶ᠋ᠢᠷᠢᠨ᠎ᠳᠤ ᠬᠦᠷᠲᠡᠯ᠎ᠡ ᠳᠡᠭᠡᠭᠰᠢᠯᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 15.33%᠎ᠪᠠᠷ ᠨᠡᠮᠡᠭᠳᠡᠨ᠂ ᠭᠤᠣᠯ ᠠᠰᠠᠭᠤᠳᠠᠯ᠎ᠨᠢ ᠡᠵᠡᠩᠨᠡᠭᠴᠢᠳ᠎ᠤᠨ ᠭᠡᠷ᠎ᠡ ᠵᠢᠨ ᠪᠣᠯᠵᠣᠯ᠎ᠠᠴᠠ ᠵᠥᠷᠢᠴᠡᠨ ᠦᠢ᠍ᠯᠡᠴᠢᠯᠡᠭᠡᠨ᠎ᠤ ᠠᠭᠤᠯᠭ᠎ᠠ᠂ ᠲᠠᠯᠠᠪᠤᠷ ᠭᠠᠵᠠᠷ᠎ᠢ ᠳᠤᠷ᠎ᠠ᠎ᠪᠠᠷ ᠵᠶ᠋ᠠᠨ ᠬᠤᠪᠢᠷᠠᠭᠤᠯᠬᠤ ᠪᠤᠶᠤ ᠭᠡᠷ᠎ᠡ᠎ᠳᠤ ᠲᠣᠭᠲᠠᠭᠰᠠᠨ ᠵᠦᠢ᠍ᠯᠡᠰ᠎ᠢ ᠭᠦᠢ᠍ᠴᠡᠳᠬᠡᠬᠦ ᠵᠢ ᠲᠡᠪᠴᠢᠵᠦ᠂ ᠡᠵᠡᠩᠨᠡᠭᠴᠢᠳ ᠠᠵᠢᠯ ᠵᠶ᠋ᠠᠨ ᠵᠣᠭᠰᠣᠭ᠋ᠠᠭᠰᠠᠨ᠎ᠤ ᠳᠠᠷᠠᠭ᠎ᠠ ᠤᠷᠢᠳᠴᠢᠯᠠᠨ ᠲᠤᠰᠢᠶᠠᠭᠰᠠᠨ ᠮᠥᠩᠭᠦ ᠵᠢ ᠪᠤᠴᠠᠭ᠋ᠠᠬᠤ ᠡᠭᠦᠷᠭᠡ᠎ᠠᠴᠠ ᠵᠠᠶ᠋ᠢᠯᠠᠬᠤ ᠵᠡᠷᠭᠡ ᠠᠰᠠᠭᠤᠳᠠᠯ᠎ᠳᠤ ᠲᠥᠪᠯᠡᠷᠡᠪᠡ᠃ ᠤᠷᠢᠳᠴᠢᠯᠠᠨ ᠰᠦᠢ᠍ᠳᠬᠡᠯ ᠲᠤᠰᠢᠶᠠᠬᠤ ᠺᠠᠷᠲ᠎ᠢ ᠬᠤᠳᠠᠯᠳᠤᠨ ᠠᠪᠬᠤ᠎ᠳᠤ ᠵᠣᠬᠢᠬᠤ ᠬᠠᠷᠠᠭ᠋ᠠᠯᠵᠠᠯ ᠦᠵᠡᠭᠦᠯᠬᠦ᠎ᠠᠴᠠ ᠪᠣᠯᠵᠤ᠂ ᠤᠯᠠᠮ᠎ᠠᠴᠠ ᠤᠯᠠᠮ ᠣᠯᠠᠨ ᠬᠡᠷᠡᠭᠯᠡᠭᠴᠢᠳ ᠡᠢ᠌ᠮᠦ ᠬᠡᠷᠡᠭᠯᠡᠭᠡᠨ᠎ᠤ ᠵᠠᠭᠪᠤᠷ᠎ᠢ ᠬᠦᠯᠢᠶᠡᠨ ᠠᠪᠳᠠᠭ ᠪᠠᠢ᠌ᠨ᠎ᠠ᠂ ᠭᠡᠪᠡᠴᠦ ᠬᠡᠷᠡᠭᠯᠡᠭᠡ ᠬᠢᠬᠦ᠎ᠠᠴᠠ ᠡᠮᠦᠨ᠎ᠡ ᠡᠵᠡᠩᠨᠡᠯᠲᠡ ᠵᠢᠨ ᠭᠣᠣᠯ ᠴᠣᠭᠴᠠ᠎ᠨᠢ ᠬᠠᠤᠯᠢ ᠶᠣᠰᠣᠨ᠎ᠤ ᠡᠰᠡᠬᠦ᠂ ᠡᠵᠡᠩᠨᠡᠯᠲᠡ ᠵᠢᠨ ᠦᠨᠡᠮᠯᠡᠯ ᠪᠠ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ ᠪᠠᠢ᠍ᠬᠤ ᠡᠰᠡᠬᠦ᠂ ᠵᠣᠭᠣᠰ ᠲᠤᠰᠢᠶᠠᠬᠤ ᠨᠢᠭᠡᠴᠢ᠎ᠨᠢ ᠡᠵᠡᠩᠨᠡᠯᠲᠡ ᠵᠢᠨ ᠭᠣᠣᠯ ᠴᠣᠭᠴᠠ᠎ᠲᠠᠢ ᠨᠢᠭᠡᠳᠦᠯᠲᠡᠢ ᠪᠠᠢ᠌ᠬᠤ ᠡᠰᠡᠬᠦ ᠵᠢ ᠨᠤᠲᠠᠯᠠᠬᠤ ᠵᠢᠨ ᠬᠠᠮᠲᠤ ᠤᠳᠠᠭ᠎ᠠ ᠪᠦᠷᠢ ᠵᠢᠨ ᠬᠡᠷᠡᠭᠯᠡᠭᠡᠨ᠎ᠤ ᠲᠡᠮᠳᠡᠭᠯᠡᠯ᠎ᠢ ᠰᠠᠢ᠌ᠲᠤᠷ ᠦᠯᠡᠳᠡᠭᠡᠵᠦ᠂ ᠬᠣᠢ᠌ᠰᠢᠳᠠ ᠬᠡᠷᠡᠭᠯᠡᠭᠡᠨ᠎ᠤ ᠵᠢᠭᠤᠷᠠᠯᠳᠤᠭ᠋ᠠᠨ ᠡᠭᠦᠰᠬᠦ ᠦᠶ᠎ᠡ᠎ᠳᠤ ᠭᠡᠷᠡᠴᠢ ᠭᠠᠷᠭ᠋ᠠᠬᠤ᠎ᠳᠤ ᠪᠦᠷᠢᠨ ᠭᠦᠢ᠍ᠴᠡᠳ ᠬᠦᠴᠦᠨ᠎ᠲᠠᠢ ᠪᠣᠯᠵᠤ ᠴᠢᠳᠠᠨ᠎ᠠ᠃

ᠭᠤᠷᠪᠠ᠂ ᠢᠯᠡᠴᠢᠯᠡᠨ ᠮᠡᠳᠡᠭᠦᠯᠦᠭᠰᠡᠨ ᠪᠠᠶ᠋ᠢᠳᠠᠯ᠎ᠤᠨ ᠲᠤᠭ᠎ᠠ ᠪᠦᠷᠢᠳᠬᠡᠯ᠎ᠤᠨ ᠵᠠᠳᠠᠯᠤᠯᠲᠠ

     ᠢᠯᠡᠴᠢᠯᠡᠨ ᠮᠡᠳᠡᠭᠦᠯᠦᠭᠰᠡᠨ 7691 ᠬᠡᠷᠡᠭ᠎ᠢ ᠬᠦᠯᠢᠶᠡᠨ ᠠᠪᠴᠤ᠂ ᠠᠳᠠᠯᠢ ᠬᠤᠭᠤᠴᠠᠭ᠋ᠠᠨ᠎ᠤ᠎ᠬᠢ᠎ᠠᠴᠠ 23.39%᠎ᠪᠠᠷ ᠨᠡᠮᠡᠭᠳᠡᠪᠡ᠃ ᠡᠭᠦᠨ᠎ᠳᠤ᠂ ᠲᠠᠸᠠᠷ᠎ᠤᠨ ᠲᠥᠷᠥᠯ᠎ᠳᠤ 4737 ᠬᠤᠪᠢ ᠬᠤᠯᠪᠣᠭᠳᠠᠵᠤ᠂ ᠦᠢ᠍ᠯᠡᠴᠢᠯᠡᠭᠡᠨ᠎ᠤ ᠲᠥᠷᠥᠯ᠎ᠳᠤ 2954 ᠬᠤᠪᠢ ᠬᠤᠯᠪᠣᠭᠳᠠᠵᠠᠶ᠃ 4 ᠳ᠋ᠦ᠍ᠭᠡᠷ ᠰᠠᠷ᠎ᠠ ᠵᠢᠨ 8᠎ᠤ ᠡᠳᠦᠷ ᠪᠣᠯᠲᠠᠯ᠎ᠠ ᠨᠡᠶ᠋ᠢᠲᠡ 6653 ᠬᠤᠪᠢ ᠵᠢ ᠰᠢᠢ᠍ᠳᠪᠦᠷᠢᠯᠡᠨ ᠳᠠᠭᠤᠰᠬᠠᠵᠤ᠂ ᠰᠢᠢ᠍ᠳᠪᠦᠷᠢᠯᠡᠵᠦ ᠳᠠᠭᠤᠰᠬᠠᠭᠰᠠᠨ ᠨᠣᠷᠮ᠎ᠠ᠎ᠨᠢ 86.50%᠎ᠳᠤ ᠬᠦᠷᠪᠡ᠃

ᠢᠯᠡᠴᠢᠯᠡᠨ ᠮᠡᠳᠡᠭᠦᠯᠦᠭᠰᠡᠨ᠎ᠢ ᠬᠦᠯᠢᠶᠡᠨ ᠠᠪᠤᠭᠰᠠᠨ ᠬᠡᠮᠵᠢᠶ᠎ᠡ᠎ᠨᠢ ᠡᠮᠦᠨ᠎ᠡ ᠲᠠᠪᠤ᠎ᠳᠤ ᠪᠠᠢ᠌ᠭ᠎ᠠ ᠲᠠᠸᠠᠷ᠂ ᠦᠢ᠍ᠯᠡᠴᠢᠯᠡᠭᠡᠨ᠎ᠤ ᠲᠥᠷᠥᠯ ᠬᠤᠪᠢᠶᠠᠭᠰᠠᠨ ᠬᠦᠰᠦᠨᠦᠭᠲᠦ᠄

 4.png

ᠲᠠᠸᠠᠷ᠎ᠤᠨ ᠲᠥᠷᠥᠯ᠎ᠤᠨ ᠢᠯᠡᠴᠢᠯᠡᠨ ᠮᠡᠳᠡᠭᠦᠯᠦᠯᠲᠡ ᠠᠳᠠᠯᠢ ᠬᠤᠭᠤᠴᠠᠭ᠋ᠠᠨ᠎ᠤ᠎ᠬᠢ᠎ᠠᠴᠠ 56.75%᠎ᠪᠠᠷ ᠨᠡᠮᠡᠭᠳᠡᠵᠦ᠂ ᠲᠣᠰ ᠲᠥᠷᠥᠯ᠎ᠤᠨ ᠢᠯᠡᠴᠢᠯᠡᠨ ᠮᠡᠳᠡᠭᠦᠯᠦᠯᠲᠡ ᠵᠢᠨ ᠳᠤᠮᠳᠠ᠂ ᠢᠳᠡᠭᠡᠨ᠎ᠤ ᠲᠥᠷᠥᠯ᠎ᠤᠨ ᠢᠯᠡᠴᠢᠯᠡᠨ ᠮᠡᠳᠡᠭᠦᠯᠦᠯᠲᠡ 2472 ᠬᠤᠪᠢ ᠪᠠᠶ᠋ᠢᠵᠤ᠂ ᠲᠠᠸᠠᠷ᠎ᠤᠨ ᠲᠥᠷᠥᠯ᠎ᠤᠨ ᠢᠯᠡᠴᠢᠯᠡᠨ ᠮᠡᠳᠡᠭᠦᠯᠦᠭᠰᠡᠨ ᠶᠡᠷᠦᠩᠬᠡᠶ ᠬᠡᠮᠵᠢᠶᠡᠨ᠎ᠤ 52.18% ᠵᠢ ᠡᠵᠡᠯᠡᠪᠡ᠃ ᠢᠳᠡᠭᠡᠨ᠎ᠤ ᠵᠦᠢ᠍ᠯ᠎ᠤᠨ ᠢᠯᠡᠴᠢᠯᠡᠨ ᠮᠡᠳᠡᠭᠦᠯᠦᠯᠲᠡ᠎ᠳᠤ ᠢᠳᠡᠭᠡᠨ ᠤᠮᠳᠠᠭ᠋ᠠᠨ᠎ᠤ ᠵᠦᠢ᠍ᠯᠡᠰ᠂ ᠮᠠᠯ ᠵᠢᠭᠦᠷᠲᠡᠨ᠎ᠤ ᠮᠢᠬ᠎ᠠ ᠵᠢᠴᠢ ᠳᠠᠭ᠋ᠠᠯᠲᠠ ᠪᠦᠲᠦᠭᠡᠭᠳᠡᠬᠦᠨ᠂ ᠴᠠᠭ᠋ᠠᠨ ᠢᠳᠡᠭᠡ᠂ ᠮᠢᠬᠠᠨ᠎ᠤ ᠪᠦᠲᠦᠭᠡᠭᠳᠡᠬᠦᠨ᠂ ᠤᠮᠳᠠᠭ᠋ᠠᠨ᠂ ᠵᠢᠮᠢᠰ᠎ᠤᠨ ᠲᠥᠷᠥᠯ᠂ ᠠᠮᠤ ᠪᠤᠳᠠᠭ᠎ᠠ ᠡᠳ᠋ᠰᠢᠭᠦᠯᠦᠭᠰᠡᠨ ᠪᠦᠲᠦᠭᠡᠭᠳᠡᠬᠦᠨ ᠵᠡᠷᠭᠡ᠎ᠳᠤ ᠬᠤᠯᠪᠣᠭᠳᠠᠨ᠎ᠠ᠂ ᠵᠠᠷ ᠮᠡᠳᠡᠭᠡ᠂ ᠦᠨ᠎ᠡ ᠬᠠᠩᠰᠢ᠂ ᠵᠢᠩ ᠳᠤᠲᠠᠭᠳᠠᠬᠤ᠂ ᠬᠤᠭᠤᠴᠠᠭ᠎ᠠ ᠬᠡᠲᠦᠷᠡᠭᠰᠡᠨ ᠦᠢ᠍ᠯᠡᠳᠬᠦᠨ ᠵᠡᠷᠭᠡ ᠠᠰᠠᠭᠤᠳᠠᠯ ᠵᠶ᠋ᠠᠷ ᠭᠣᠣᠯᠯᠠᠪᠠ᠃ ᠪᠤᠰᠤᠳ ᠢᠯᠡᠴᠢᠯᠡᠨ ᠮᠡᠳᠡᠭᠦᠯᠦᠭᠰᠡᠨ ᠬᠡᠮᠵᠢᠶ᠎ᠡ᠎ᠪᠠᠷ ᠨᠡᠯᠢᠶᠡᠳ ᠣᠯᠠᠨ ᠲᠠᠸᠠᠷ᠎ᠲᠤ ᠣᠨᠴᠠᠭ᠋ᠠᠶ ᠪᠤᠰᠤ ᠬᠡᠷᠡᠭᠴᠡᠭᠡᠨ᠎ᠤ ᠵᠠᠰᠠᠯ ᠴᠢᠮᠡᠭᠯᠡᠯ᠎ᠤᠨ ᠡᠳ᠋᠂ ᠲᠠᠸᠠᠷ᠎ᠤᠨ ᠭᠡᠷ ᠪᠠᠶ᠋ᠢᠰᠢᠩ᠂ ᠬᠢᠲᠠᠳ ᠧᠦ᠋ᠷᠣᠫᠠ ᠪᠡᠯᠡᠨ ᠡᠮ᠂ ᠡᠳᠦᠷ ᠲᠤᠲᠤᠮ᠎ᠤᠨ ᠬᠡᠷᠡᠭᠯᠡᠭᠡᠨ᠎ᠤ ᠡᠮ᠂ ᠬᠢᠲᠠᠳ ᠪᠡᠯᠡᠨ ᠡᠮ᠂ ᠭᠠᠳᠠᠷ ᠬᠤᠪᠴᠠᠰᠤ᠂ ᠣᠨᠴᠠᠭ᠋ᠠᠶ ᠬᠡᠷᠡᠭᠴᠡᠭᠡᠨ᠎ᠤ ᠵᠠᠰᠠᠯ ᠴᠢᠮᠡᠭᠯᠡᠯ᠎ᠤᠨ ᠡᠳ᠋᠂ ᠴᠠᠬᠢᠯᠭ᠋ᠠᠨ ᠱᠠᠲᠤ᠂ ᠮᠠᠰᠢᠨ ᠲᠡᠷᠭᠡ ᠵᠢᠴᠢ ᠮᠠᠰᠢᠨ ᠲᠡᠷᠭᠡᠨ᠎ᠤ ᠰᠡᠯᠪᠢᠭ ᠲᠣᠨᠤᠭ ᠵᠡᠷᠭᠡ ᠵᠢ ᠪᠠᠭᠲᠠᠭ᠋ᠠᠵᠤ᠂ ᠭᠤᠤᠯᠳᠠᠭᠤ ᠦᠨ᠎ᠡ ᠬᠠᠩᠰᠢ᠂ ᠬᠠᠭᠤᠷᠮᠠᠭ ᠮᠠᠭᠤ ᠦᠢ᠍ᠯᠡᠳᠬᠦᠨ ᠦᠢ᠍ᠯᠡᠳᠴᠦ ᠪᠣᠷᠣᠯᠠᠭᠤᠯᠬᠤ᠂ ᠮᠠᠭᠤ᠎ᠪᠠᠷ ᠰᠠᠶ᠋ᠢᠨ᠎ᠢ ᠣᠷᠣᠯᠠᠭᠤᠯᠬᠤ᠂ 《ᠭᠤᠷᠪᠠ ᠦᠭᠡᠶ》᠂ ᠬᠤᠳᠠᠯ ᠬᠠᠭᠤᠷᠮᠠᠭ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠂ ᠬᠤᠳᠠᠯ ᠬᠠᠭᠤᠷᠮᠠᠭ ᠤᠬᠠᠭᠤᠯᠭ᠎ᠠ᠂ ᠦᠨᠡᠮᠯᠡᠯ ᠦᠭᠡᠢ᠎ᠪᠠᠷ ᠡᠵᠡᠩᠨᠡᠬᠦ ᠵᠢᠴᠢ ᠶᠠᠰᠤ ᠴᠢᠨᠠᠷ᠎ᠤᠨ ᠠᠰᠠᠭᠤᠳᠠᠯ ᠵᠡᠷᠭᠡ᠎ᠳᠤ ᠬᠤᠯᠪᠣᠭᠳᠠᠨ᠎ᠠ᠃

     ᠦᠢ᠍ᠯᠡᠴᠢᠯᠡᠭᠡᠨ᠎ᠤ ᠲᠥᠷᠥᠯ᠎ᠤᠨ ᠢᠯᠡᠴᠢᠯᠡᠨ ᠮᠡᠳᠡᠭᠦᠯᠦᠯᠲᠡ ᠠᠳᠠᠯᠢ ᠬᠤᠭᠤᠴᠠᠭ᠋ᠠᠨ᠎ᠤ᠎ᠬᠢ᠎ᠠᠴᠠ 8.00%᠎ᠪᠠᠷ ᠪᠠᠭ᠋ᠠᠰᠴᠤ᠂ ᠲᠣᠰ ᠲᠥᠷᠥᠯ᠎ᠤᠨ ᠢᠯᠡᠴᠢᠯᠡᠨ ᠮᠡᠳᠡᠭᠦᠯᠦᠯᠲᠡ ᠬᠠᠮᠤᠭ᠎ᠤᠨ ᠣᠯᠠᠨ ᠢᠳᠡᠭᠡᠨ ᠤᠮᠳᠠᠭ᠋ᠠᠨ ᠪᠠ ᠬᠣᠨᠣᠭᠤᠯᠬᠤ ᠦᠢ᠍ᠯᠡᠴᠢᠯᠡᠭᠡ 830 ᠬᠤᠪᠢ ᠪᠠᠶ᠋ᠢᠵᠤ᠂ ᠦᠢ᠍ᠯᠡᠴᠢᠯᠡᠭᠡᠨ᠎ᠤ ᠲᠥᠷᠥᠯ᠎ᠤᠨ ᠢᠯᠡᠴᠢᠯᠡᠨ ᠮᠡᠳᠡᠭᠦᠯᠦᠭᠰᠡᠨ ᠶᠡᠷᠦᠩᠬᠡᠶ ᠬᠡᠮᠵᠢᠶᠡᠨ᠎ᠤ 28.10% ᠵᠢ ᠡᠵᠡᠯᠡᠪᠡ᠃ ᠢᠯᠡᠴᠢᠯᠡᠨ ᠮᠡᠳᠡᠭᠦᠯᠦᠭᠰᠡᠨ ᠭᠤᠤᠯ ᠠᠰᠠᠭᠤᠳᠠᠯ᠎ᠨᠢ ᠶᠠᠰᠤ ᠴᠢᠨᠠᠷ᠂ ᠠᠮᠤᠷ ᠲᠦᠪᠰᠢᠨ᠂ ᠦᠨ᠎ᠡ ᠬᠠᠩᠰᠢ᠂ ᠦᠨᠡᠮᠯᠡᠯ ᠦᠭᠡᠢ᠎ᠪᠠᠷ ᠡᠵᠡᠩᠨᠡᠬᠦ ᠵᠡᠷᠭᠡ ᠪᠣᠯᠤᠨ᠎ᠠ᠃ ᠪᠤᠰᠤᠳ ᠢᠯᠡᠴᠢᠯᠡᠨ ᠮᠡᠳᠡᠭᠦᠯᠦᠭᠰᠡᠨ ᠦᠢ᠍ᠯᠡᠴᠢᠯᠡᠭᠡ᠎ᠨᠢ ᠭᠤᠤᠯᠳᠠᠭᠤ ᠵᠢᠵᠢᠭᠯᠡᠨ ᠬᠤᠳᠠᠯᠳᠤᠬᠤ ᠦᠢ᠍ᠯᠡᠴᠢᠯᠡᠭᠡ᠂ ᠡᠮᠨᠡᠯᠭᠡ ᠵᠢᠨ ᠬᠤᠷᠢᠶᠠᠨ᠎ᠤ ᠦᠢ᠍ᠯᠡᠴᠢᠯᠡᠭᠡ᠂ ᠵᠢᠰᠦ ᠭᠤᠶᠣᠯᠠᠵᠤ ᠦᠰᠦ ᠵᠠᠰᠠᠬᠤ ᠦᠢ᠍ᠯᠡᠴᠢᠯᠡᠭᠡ᠂ ᠲᠣᠭᠤᠷᠢᠨ ᠦᠵᠡᠵᠦ ᠵᠤᠭ᠎ᠠ ᠴᠡᠩᠭᠡᠯ᠎ᠤᠨ ᠦᠢ᠍ᠯᠡᠴᠢᠯᠡᠭᠡ᠂ ᠤᠬᠢᠶᠠᠯᠭ᠎ᠠ ᠢᠯᠢᠬᠦ ᠵᠠᠰᠠᠯᠭ᠎ᠠ ᠵᠢᠨ ᠦᠢ᠍ᠯᠡᠴᠢᠯᠡᠭᠡ᠂ ᠮᠡᠷᠭᠡᠵᠢᠯ᠎ᠤᠨ ᠪᠣᠯᠪᠠᠰᠤᠷᠠᠯ᠎ᠤᠨ ᠦᠢ᠍ᠯᠡᠴᠢᠯᠡᠭᠡ᠂ ᠲᠡᠷᠭᠡᠨ ᠵᠣᠭᠰᠣᠭ᠋ᠠᠯ ᠵᠢᠴᠢ ᠪᠤᠰᠤᠳ ᠵᠦᠢ᠍ᠯ᠎ᠳᠤ ᠬᠤᠯᠪᠣᠭᠳᠠᠨ᠎ᠠ᠃ ᠭᠣᠣᠯ ᠠᠰᠠᠭᠤᠳᠠᠯ᠎ᠨᠢ ᠦᠨ᠎ᠡ ᠬᠠᠩᠰᠢ᠂ ᠬᠤᠳᠠᠯ ᠬᠠᠭᠤᠷᠮᠠᠭ ᠤᠬᠠᠭᠤᠯᠭ᠎ᠠ᠂ ᠬᠡᠷᠡᠭᠯᠡᠭᠴᠢᠳ᠎ᠢ ᠮᠡᠬᠡᠯᠡᠭᠦ ᠪᠠ ᠦᠨᠡᠮᠯᠡᠯ ᠦᠭᠡᠢ᠎ᠪᠠᠷ ᠡᠵᠡᠩᠨᠡᠬᠦ ᠵᠡᠷᠭᠡ ᠪᠣᠯᠣᠨ᠎ᠠ᠃

ᠳᠥᠷᠪᠡ᠂ ᠯᠠᠪᠯᠠᠭ᠎ᠠ ᠵᠢᠨ ᠪᠠᠢ᠌ᠳᠠᠯ᠎ᠤᠨ ᠪᠦᠷᠢᠳᠬᠡᠯ ᠵᠠᠳᠠᠯᠤᠯᠲᠠ

     ᠯᠠᠪᠯᠠᠭ᠎ᠠ ᠵᠢᠨ ᠬᠦᠯᠢᠶᠡᠨ ᠠᠪᠤᠭᠰᠠᠨ ᠬᠡᠮᠵᠢᠶ᠎ᠡ 43576 ᠬᠤᠪᠢ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 3.97%᠎ᠪᠠᠷ ᠪᠠᠭᠤᠷᠠᠪᠠ᠂ ᠡᠭᠦᠨ᠎ᠳᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠢᠰᠲ᠋ᠧᠮ᠎ᠳᠤ ᠬᠤᠯᠪᠣᠭᠳᠠᠭᠰᠠᠨ 3914 ᠬᠤᠪᠢ ᠪᠠᠶ᠋ᠢᠵᠤ᠂ ᠯᠠᠪᠯᠠᠭ᠎ᠠ ᠵᠢᠨ ᠬᠡᠮᠵᠢᠶ᠎ᠡ᠎ᠪᠠᠷ ᠨᠡᠯᠢᠶᠡᠳ ᠶᠡᠭᠡ ᠠᠰᠠᠭᠤᠳᠠᠯ᠎ᠨᠢ᠄ ᠵᠠᠭ᠋ᠠᠯᠳᠤᠵᠤ ᠢᠯᠡᠴᠢᠯᠡᠨ ᠮᠡᠳᠡᠭᠦᠯᠦᠭᠰᠡᠨ᠎ᠢ ᠰᠢᠢ᠍ᠳᠪᠦᠷᠢᠯᠡᠭᠰᠡᠨ ᠬᠡᠷᠡᠭ 2434 ᠬᠤᠪᠢ᠂ ᠦᠢ᠍ᠯᠡᠴᠢᠯᠡᠭᠡᠨ᠎ᠤ ᠬᠡᠷᠡᠭᠯᠡᠭᠡ ᠵᠢᠨ ᠬᠢᠨᠠᠯᠲᠠ ᠬᠠᠮᠢᠶᠠᠷᠤᠯᠲᠠ ᠵᠢᠨ 288 ᠬᠤᠪᠢ᠂ ᠰᠦᠯᠵᠢᠶᠡᠨ᠎ᠤ ᠠᠷᠠᠯᠵᠢᠶᠠᠨ᠎ᠤ ᠬᠢᠨᠠᠯᠲᠠ ᠬᠠᠮᠢᠶᠠᠷᠤᠯᠲᠠ ᠵᠢᠨ 188 ᠬᠤᠪᠢ᠂ ᠦᠢ᠍ᠯᠡᠳᠬᠦᠨ (ᠲᠠᠸᠠᠷ)᠎ᠤᠨ ᠶᠠᠰᠤ ᠴᠢᠨᠠᠷ 130 ᠬᠤᠪᠢ᠂ ᠵᠠᠬ᠎ᠠ ᠳᠡᠯᠭᠡᠭᠦᠷ᠎ᠤᠨ ᠭᠤᠣᠯ ᠴᠣᠭᠴᠠ ᠵᠢᠨ ᠳᠠᠩᠰᠠᠯᠠᠯ 105 ᠬᠤᠪᠢ᠂ ᠣᠨᠴᠠ ᠲᠦᠷᠦᠯ᠎ᠤᠨ ᠲᠤᠨᠤᠭ ᠲᠥᠬᠦᠭᠡᠷᠦᠮᠵᠢ 71 ᠬᠤᠪᠢ᠂ ᠬᠡᠷᠡᠭᠯᠡᠭᠡᠨ᠎ᠤ ᠡᠷᠬᠡ ᠠᠰᠢᠭ᠎ᠢ ᠬᠠᠮᠠᠭ᠋ᠠᠯᠠᠬᠤ ᠮᠡᠳᠡᠯᠭᠡ 16008 ᠬᠤᠪᠢ᠂    ᠪᠤᠰᠤᠳ ᠰᠠᠯᠠᠭ᠎ᠠ ᠮᠥᠴᠢᠷ᠎ᠤᠨ ᠯᠠᠪᠯᠠᠭ᠎ᠠ᠎ᠨᠢ ᠭᠣᠤᠯᠳᠠᠭᠤ ᠡᠷᠡᠭᠦᠯ ᠬᠠᠮᠠᠭ᠋ᠠᠯᠠᠯ᠂ ᠵᠢᠭᠤᠯᠴᠢᠯᠠᠯ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠬᠠᠮᠢᠶᠠᠷᠤᠯᠲᠠ᠂ ᠰᠢᠦᠳᠠᠨ᠂ ᠭᠠᠶ᠋ᠢᠯᠢ ᠵᠢᠨ ᠶᠠᠪᠤᠳᠠᠯ᠂ ᠢᠯᠴᠢ ᠬᠠᠩᠭ᠋ᠠᠬᠤ᠂ ᠤᠰᠤ ᠬᠠᠩᠭ᠋ᠠᠬᠤ᠂ ᠴᠠᠬᠢᠯᠭ᠋ᠠᠨ ᠬᠠᠩᠭ᠋ᠠᠬᠤ᠂ ᠠᠳᠠᠯ ᠠᠬᠤᠶ᠂ ᠭᠡᠷ ᠪᠠᠶ᠋ᠢᠰᠢᠩ ᠭᠠᠵᠠᠷ ᠬᠥᠷᠥᠩᠭᠡ ᠵᠡᠷᠭᠡ᠎ᠳᠤ ᠬᠣᠯᠪᠣᠭᠳᠠᠨ᠎ᠠ᠃

ᠲᠠᠶ᠋ᠢᠯᠪᠤᠷᠢ᠄ ᠳᠣᠰ ᠮᠠᠲᠠᠭᠦᠯᠣᠯᠲᠠ ᠵᠢᠨ ᠳᠣᠭ᠎ᠠ ᠪᠠᠷᠢᠮᠲᠠ᠎ᠨᠢ ᠪᠤᠢ᠍ᠭᠦ ᠤᠯᠤᠰ᠎ᠤᠨ 12315 ᠲᠠᠪᠴᠠᠩ᠎ᠠᠴᠠ ᠡᠢ᠍ᠷᠠᠯᠲᠠ᠎ᠲᠠᠢ᠃ 

 

ᠢᠷᠡᠯᠲᠡ᠄ ᠬᠡᠷᠡᠭᠯᠡᠭᠴᠢᠳ᠎ᠤᠨ ᠡᠷᠬᠡ ᠠᠰᠢᠭ᠎ᠢ ᠬᠠᠮᠠᠭ᠋ᠠᠯᠠᠬᠤ ᠦᠢ᠍ᠯᠡᠴᠢᠯᠡᠭᠡᠨ᠎ᠤ ᠲᠥᠪ