ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 2024 ᠣᠨ᠎ᠤ 5 ᠳ᠋ᠤᠭ᠋ᠠᠷ ᠰᠠᠷ᠎ᠠ ᠵᠢᠨ ᠪᠥᠬᠦ ᠤᠯᠤᠰ᠎ᠤᠨ 12315 ᠲᠠᠪᠴᠠᠩ᠎ᠤᠨ ᠵᠠᠭ᠋ᠠᠯᠳᠤᠵᠤ ᠢᠯᠡᠴᠢᠯᠡᠨ ᠮᠡᠳᠡᠭᠦᠯᠦᠭᠰᠡᠨ ᠪᠠᠶ᠋ᠢᠳᠠᠯ᠎ᠤᠨ ᠲᠤᠭ᠎ᠠ ᠪᠠᠷᠢᠮᠲᠠ ᠵᠢᠨ ᠮᠡᠳᠡᠭᠦᠯᠦᠯᠲᠡ
2024-06-11

ᠨᠢᠭᠡ᠂ ᠦᠨᠳᠦᠰᠦᠨ ᠪᠠᠶ᠋ᠢᠳᠠᠯ

    2024 ᠣᠨ᠎ᠤ 1 ᠳ᠋ᠤᠭ᠋ᠠᠷ ᠰᠠᠷ᠎ᠠ᠎ᠠᠴᠠ 5 ᠳ᠋ᠤᠭ᠋ᠠᠷ ᠰᠠᠷ᠎ᠠ ᠪᠣᠯᠲᠠᠯ᠎ᠠ ᠥᠪᠥᠷ ᠮᠣᠩᠭᠤᠯ᠎ᠤᠨ ᠪᠥᠬᠦ ᠤᠯᠤᠰ᠎ᠤᠨ 12315 ᠲᠠᠪᠴᠠᠩ᠎ᠨᠢ ᠬᠡᠷᠡᠭᠯᠡᠭᠴᠢᠳ᠎ᠤᠨ ᠵᠠᠭ᠋ᠠᠯᠳᠤᠯᠭ᠎ᠠ᠂ ᠢᠯᠡᠴᠢᠯᠡᠨ ᠮᠡᠳᠡᠭᠦᠯᠦᠯᠲᠡ᠂ ᠯᠠᠪᠯᠠᠭ᠎ᠠ ᠵᠢ ᠨᠡᠶ᠋ᠢᠲᠡ 149487  ᠬᠤᠪᠢ ᠭᠥᠯᠢᠶᠡᠨ ᠠᠪᠴᠤ᠂ ᠠᠳᠠᠯᠢ ᠬᠤᠭᠤᠴᠠᠭ᠋ᠠᠨ᠎ᠤ᠎ᠬᠢ᠎ᠠᠴᠠ 7.48 %᠎ᠪᠠᠷ ᠨᠡᠮᠡᠭᠳᠡᠪᠡ᠃ ᠡᠭᠦᠨ᠎ᠳᠤ᠂ ᠵᠠᠭ᠋ᠠᠯᠳᠤᠯᠭ᠎ᠠ 60409  ᠬᠤᠪᠢ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 18.08%᠎ᠪᠠᠷ ᠨᠡᠮᠡᠭᠳᠡᠪᠡ; ᠢᠯᠡᠴᠢᠯᠡᠨ ᠮᠡᠳᠡᠭᠦᠯᠦᠯᠲᠡ 13444  ᠬᠤᠪᠢ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 21.73 % ᠵᠶ᠋ᠠᠷ ᠨᠡᠮᠡᠭᠳᠡᠪᠡ᠃ ᠯᠠᠪᠯᠠᠭ᠎ᠠ 75634  ᠪᠠᠶ᠋ᠢᠵᠤ᠂ ᠠᠳᠠᠯᠢ ᠬᠤᠭᠤᠴᠠᠭ᠋ᠠᠨ᠎ᠠᠴᠠ 1.63% ᠪᠠᠭᠤᠷᠠᠪᠠ᠃ ᠵᠠᠭ᠋ᠠᠯᠳᠤᠵᠤ ᠢᠯᠡᠴᠢᠯᠡᠨ ᠮᠡᠳᠡᠭᠦᠯᠦᠭᠰᠡᠨ ᠬᠡᠷᠡᠭ᠎ᠢ ᠨᠡᠶ᠋ᠢᠲᠡ 67219  ᠬᠤᠪᠢ ᠰᠢᠢ᠍ᠳᠪᠦᠷᠢᠯᠡᠨ ᠳᠠᠭᠤᠰᠬᠠᠵᠤ᠂ ᠰᠢᠢ᠍ᠳᠪᠦᠷᠢᠯᠡᠵᠦ ᠳᠠᠭᠤᠰᠬᠠᠭᠰᠠᠨ ᠨᠣᠷᠮ᠎ᠠ᠎ᠨᠢ 91.02%᠎ᠳᠤ ᠬᠦᠷᠴᠦ᠂ ᠮᠠᠷᠭᠤᠯᠳᠤᠭ᠋ᠠᠨ᠎ᠳᠤ ᠬᠤᠯᠪᠣᠭᠳᠠᠭᠰᠠᠨ ᠵᠣᠭᠤᠰ᠎ᠤᠨ ᠲᠤᠭ᠎ᠠ᠎ᠨᠢ 6960.31  ᠲᠦᠮᠡᠨ ᠲᠥᠭᠦᠷᠢᠭ᠎ᠲᠤ ᠬᠦᠷᠴᠦ᠂ ᠬᠡᠷᠡᠭᠯᠡᠭᠴᠢᠳ᠎ᠲᠤ 2105.95  ᠲᠦᠮᠡᠨ ᠲᠥᠭᠦᠷᠢᠭ᠎ᠤᠨ ᠠᠵᠤ ᠠᠬᠤᠶ ᠵᠢᠨ ᠬᠤᠬᠢᠷᠠᠯ᠎ᠢ ᠡᠭᠡᠭᠦᠯᠦᠨ ᠠᠪᠴᠢᠷᠠᠵᠤ ᠥᠭᠪᠡ᠃   

    2024 ᠣᠨ᠎ᠤ 5 ᠳ᠋ᠤᠭ᠋ᠠᠷ ᠰᠠᠷ᠎ᠠ᠎ᠳᠤ᠂ ᠥᠪᠥᠷ ᠮᠣᠩᠭᠤᠯ᠎ᠤᠨ ᠪᠥᠬᠦ ᠤᠯᠤᠰ᠎ᠤᠨ 12315 ᠲᠠᠪᠴᠠᠩ᠎ᠨᠢ ᠬᠡᠷᠡᠭᠯᠡᠭᠴᠢᠳ᠎ᠤᠨ ᠵᠠᠭ᠋ᠠᠯᠳᠤᠯᠭ᠎ᠠ᠂ ᠢᠯᠡᠴᠢᠯᠡᠨ ᠮᠡᠳᠡᠭᠦᠯᠦᠯᠲᠡ᠂ ᠯᠠᠪᠯᠠᠯᠲᠠ ᠵᠢ ᠨᠡᠶ᠋ᠢᠲᠡ 32625  ᠬᠤᠪᠢ ᠭᠥᠯᠢᠶᠡᠨ ᠠᠪᠴᠤ᠂ ᠠᠳᠠᠯᠢ ᠬᠤᠭᠤᠴᠠᠭ᠋ᠠᠨ᠎ᠤ᠎ᠬᠢ᠎ᠠᠴᠠ 6.47%᠎ᠪᠠᠷ ᠨᠡᠮᠡᠭᠳᠡᠵᠦ᠂ ᠲᠣᠭᠣᠷᠢᠭᠤ ᠠᠳᠠᠯᠢᠳᠬᠠᠯ᠎ᠨᠢ 9.22% ᠵᠶ᠋ᠠᠷ ᠨᠡᠮᠡᠭᠳᠡᠪᠡ᠃ ᠡᠭᠦᠨ᠎ᠳᠤ᠂ ᠵᠠᠭ᠋ᠠᠯᠳᠤᠯᠭ᠎ᠠ 13196  ᠬᠤᠪᠢ ᠪᠠᠶ᠋ᠢᠵᠤ᠂ ᠶᠡᠷᠦᠩᠬᠡᠶ ᠬᠡᠮᠵᠢᠶᠡᠨ᠎ᠤ 40.45% ᠵᠢ ᠡᠵᠡᠯᠡᠪᠡ; ᠢᠯᠡᠴᠢᠯᠡᠨ ᠮᠡᠳᠡᠭᠦᠯᠦᠯᠲᠡ 3005  ᠬᠤᠪᠢ ᠪᠠᠶ᠋ᠢᠵᠤ᠂ ᠶᠡᠷᠦᠩᠬᠡᠢ ᠬᠡᠮᠵᠢᠶᠡᠨ᠎ᠤ 9.21% ᠵᠢ ᠡᠵᠡᠯᠡᠪᠡ; ᠯᠠᠪᠯᠠᠭ᠎ᠠ 16424  ᠬᠤᠪᠢ ᠪᠠᠶ᠋ᠢᠵᠤ᠂ ᠶᠡᠷᠦᠩᠬᠡᠢ ᠬᠡᠮᠵᠢᠶᠡᠨ᠎ᠤ 50.34% ᠵᠢ ᠡᠵᠡᠯᠡᠪᠡ᠃

    2024 ᠣᠨ᠎ᠤ 5 ᠳ᠋ᠤᠭ᠋ᠠᠷ ᠰᠠᠷ᠎ᠠ᠎ᠳᠤ ᠪᠥᠬᠦ ᠣᠷᠣᠨ᠎ᠤ 12315 ᠭᠥᠯᠢᠶᠡᠨ ᠠᠪᠤᠭᠰᠠᠨ ᠬᠡᠮᠵᠢᠶᠡᠨ᠎ᠤ ᠠᠳᠠᠯᠢ ᠬᠤᠭᠤᠴᠠᠭ᠋ᠠᠨ᠎ᠤ ᠬᠠᠷᠢᠴᠠᠭᠤᠯᠤᠯ᠎ᠤᠨ ᠵᠢᠷᠤᠭ᠄

 

     ᠡᠯ᠎ᠡ ᠠᠶ᠋ᠢᠮᠠᠭ ᠬᠤᠲᠠ ᠵᠢᠨ ᠰᠢᠢ᠍ᠳᠪᠦᠷᠢᠯᠡᠭᠰᠡᠨ ᠪᠠᠶ᠋ᠢᠳᠠᠯ᠎ᠤᠨ ᠲᠤᠭ᠎ᠠ ᠪᠦᠷᠢᠳᠬᠡᠯ᠎ᠤᠨ ᠬᠦᠰᠦᠨᠦᠭᠲᠦ (ᠨᠢᠭᠡᠴᠢ᠄ ᠬᠤᠪᠢ)

 

微信截图_20240618115017.png

     ᠰᠢᠢ᠍ᠳᠪᠦᠷᠢᠯᠡᠭᠰᠡᠨ ᠶᠡᠷᠦᠩᠬᠡᠢ ᠬᠡᠮᠵᠢᠶ᠎ᠡ ᠵᠢᠨ ᠡᠮᠦᠨ᠎ᠡ ᠭᠤᠷᠪᠠ᠎ᠳᠤ ᠪᠠᠢ᠌ᠭ᠎ᠠ᠎ᠨᠢ ᠬᠥᠬᠡᠬᠤᠲᠠ᠂ ᠪᠤᠭᠤᠲᠤ ᠬᠤᠲᠠ᠂ ᠤᠯᠠᠭ᠋ᠠᠨᠬᠠᠳᠠ ᠬᠤᠲᠠ ᠪᠣᠯᠣᠨ᠎ᠠ᠃ ᠡᠯ᠎ᠡ ᠵᠦᠢ᠍ᠯ᠎ᠤᠨ ᠲᠤᠭ᠎ᠠ ᠪᠠᠷᠢᠮᠲᠠ᠎ᠳᠤ ᠵᠠᠭ᠋ᠠᠯᠳᠤᠯᠭ᠎ᠠ ᠵᠢ ᠰᠢᠢ᠍ᠳᠪᠦᠷᠢᠯᠡᠭᠰᠡᠨ ᠬᠡᠮᠵᠢᠶ᠎ᠡ ᠵᠢᠨ ᠡᠮᠦᠨ᠎ᠡ ᠭᠤᠷᠪᠠ᠎ᠨᠢ ᠬᠥᠬᠡᠬᠤᠲᠠ᠂ ᠪᠤᠭᠤᠲᠤ ᠬᠤᠲᠠ᠂ ᠤᠯᠠᠭ᠋ᠠᠨᠬᠠᠳᠠ ᠬᠤᠲᠠ ᠪᠣᠯᠣᠨ᠎ᠠ᠃ ᠢᠯᠡᠴᠢᠯᠡᠨ ᠮᠡᠳᠡᠭᠦᠯᠦᠭᠰᠡᠨ᠎ᠢ ᠰᠢᠢ᠍ᠳᠪᠦᠷᠢᠯᠡᠭᠰᠡᠨ ᠬᠡᠮᠵᠢᠶ᠎ᠡ ᠵᠢᠨ ᠡᠮᠦᠨ᠎ᠡ ᠭᠤᠷᠪᠠ᠎ᠨᠢ ᠬᠥᠬᠡᠬᠤᠲᠠ᠂ ᠪᠤᠭᠤᠲᠤ ᠬᠤᠲᠠ᠂ ᠲᠦᠩᠯᠢᠶᠣᠣ ᠬᠤᠲᠠ ᠪᠣᠯᠣᠨ᠎ᠠ᠃

ᠬᠤᠶᠠᠷ᠂ ᠵᠠᠭ᠋ᠠᠯᠳᠤᠭᠰᠠᠨ ᠪᠠᠶ᠋ᠢᠳᠠᠯ᠎ᠤᠨ ᠲᠤᠭ᠎ᠠ ᠪᠠᠷᠢᠮᠳᠠ ᠵᠢᠨ ᠪᠦᠷᠢᠳᠬᠡᠯ

    5 ᠳ᠋ᠤᠭ᠋ᠠᠷ ᠰᠠᠷ᠎ᠠ᠎ᠳᠤ ᠬᠡᠷᠡᠭᠯᠡᠭᠴᠢᠳ᠎ᠤᠨ ᠵᠠᠭ᠋ᠠᠯᠳᠤᠯᠭ᠎ᠠ ᠵᠢ ᠨᠡᠶ᠋ᠢᠲᠡ 13196  ᠬᠤᠪᠢ ᠭᠥᠯᠢᠶᠡᠨ ᠠᠪᠴᠤ᠂ ᠠᠳᠠᠯᠢ ᠬᠤᠭᠤᠴᠠᠭ᠋ᠠᠨ᠎ᠤ᠎ᠬᠢ᠎ᠠᠴᠠ 15.30 % ᠨᠡᠮᠡᠭᠳᠡᠪᠡ᠃ ᠡᠭᠦᠨ᠎ᠳᠤ ᠲᠠᠸᠠᠷ᠎ᠤᠨ ᠲᠥᠷᠥᠯ᠎ᠨᠢ 8417  ᠬᠤᠪᠢ ᠪᠠᠶ᠋ᠢᠵᠤ᠂ ᠦᠢ᠍ᠯᠡᠴᠢᠯᠡᠭᠡᠨ᠎ᠤ ᠲᠥᠷᠥᠯ᠎ᠨᠢ 4779  ᠬᠤᠪᠢ ᠪᠤᠢ᠃ ᠵᠠᠭ᠋ᠠᠯᠳᠤᠯᠭ᠎ᠠ᠎ᠳᠤ ᠬᠤᠯᠪᠣᠭᠳᠠᠭᠰᠠᠨ ᠮᠠᠷᠭᠤᠯᠳᠤᠭ᠋ᠠᠨ᠎ᠤ ᠵᠣᠭᠤᠰ᠎ᠤᠨ ᠲᠤᠭ᠎ᠠ 732.85  ᠲᠦᠮᠡᠨ ᠲᠥᠭᠦᠷᠢᠭ᠎ᠲᠤ ᠬᠦᠷᠴᠦ᠂ ᠬᠡᠷᠡᠭᠯᠡᠭᠴᠢᠳ᠎ᠲᠤ 320.07  ᠲᠦᠮᠡᠨ ᠲᠥᠭᠦᠷᠢᠭ᠎ᠤᠨ ᠠᠵᠤ ᠠᠬᠤᠶ ᠵᠢᠨ ᠬᠤᠬᠢᠷᠠᠯ᠎ᠢ ᠡᠭᠡᠭᠦᠯᠦᠨ ᠠᠪᠴᠢᠷᠠᠪᠠ᠃ 6 ᠳ᠋ᠤᠭ᠋ᠠᠷ ᠰᠠᠷ᠎ᠠ ᠵᠢᠨ 5᠎ᠤ ᠡᠳᠦᠷ ᠪᠣᠯᠲᠠᠯ᠎ᠠ 9329  ᠬᠤᠪᠢ ᠵᠢ᠎ᠨᠢ ᠨᠢᠭᠡᠨᠲᠡ ᠰᠢᠢ᠍ᠳᠪᠦᠷᠢᠯᠡᠨ ᠳᠠᠭᠤᠰᠬᠠᠵᠤ᠂ ᠰᠢᠢ᠍ᠳᠪᠦᠷᠢᠯᠡᠵᠦ ᠳᠠᠭᠤᠰᠬᠠᠭᠰᠠᠨ ᠨᠣᠷᠮ᠎ᠠ᠎ᠨᠢ 70.70%᠎ᠳᠤ ᠬᠦᠷᠪᠡ᠃

     ᠪᠤᠰᠤᠳᠴᠢ ᠴᠤᠭᠴᠠ ᠵᠢᠨ ᠲᠦᠷᠦᠯ ᠢᠯᠭ᠋ᠠᠯ᠎ᠤᠨ ᠬᠦᠰᠦᠨᠦᠭᠲᠦ (ᠨᠢᠭᠡ)᠂ (ᠬᠤᠶᠠᠷ)

    (ᠨᠢᠭᠡ) ᠲᠠᠸᠠᠷ᠎ᠤᠨ ᠲᠦᠷᠦᠯ᠎ᠳᠤ ᠬᠤᠯᠪᠤᠭᠳᠠᠬᠤ

 

微信截图_20240618115110.png

 

     ᠲᠠᠸᠠᠷ᠎ᠤᠨ ᠲᠥᠷᠥᠯ᠎ᠤᠨ ᠵᠠᠭ᠋ᠠᠯᠳᠤᠯᠭ᠎ᠠ᠎ᠨᠢ ᠠᠳᠠᠯᠢ ᠬᠤᠭᠤᠴᠠᠭ᠋ᠠᠨ᠎ᠠᠴᠠ 32.66 %᠎ᠪᠠᠷ ᠨᠡᠮᠡᠭᠳᠡᠪᠡ᠃ ᠵᠠᠭ᠋ᠠᠯᠳᠤᠯᠭ᠎ᠠ ᠵᠢᠨ ᠬᠡᠮᠵᠢᠶ᠎ᠡ᠎ᠨᠢ ᠡᠮᠦᠨ᠎ᠡ ᠲᠠᠪᠤ᠎ᠳᠤ ᠪᠠᠶ᠋ᠢᠭ᠎ᠠ ᠲᠠᠸᠠᠷ᠎ᠤᠨ ᠶᠡᠭᠡ ᠲᠦᠷᠦᠯ ᠪᠣᠯ ᠢᠳᠡᠭᠡᠨ᠂ ᠬᠤᠪᠴᠠᠰᠤ ᠬᠤᠨᠠᠷ ᠱᠠᠬᠠᠢ ᠮᠠᠯᠠᠭ᠋ᠠᠢ᠂ ᠵᠠᠮ ᠬᠠᠷᠢᠯᠴᠠᠭ᠋ᠠᠨ᠎ᠤ ᠪᠠᠭ᠋ᠠᠵᠢ᠂ ᠭᠡᠷ᠎ᠤᠨ ᠡᠳ᠋ᠯᠡᠯ ᠬᠡᠷᠡᠭᠰᠡᠯ᠂ ᠮᠡᠳᠡᠭᠡᠯᠡᠯ᠎ᠤᠨ ᠦᠢ᠍ᠯᠡᠳᠬᠦᠨ ᠪᠣᠯᠣᠨ᠎ᠠ᠃

     ᠵᠠᠭ᠋ᠠᠯᠳᠤᠯᠭ᠎ᠠ ᠵᠢᠨ ᠬᠡᠮᠵᠢᠶ᠎ᠡ᠎ᠨᠢ ᠡᠮᠦᠨ᠎ᠡ ᠲᠠᠪᠤ᠎ᠳᠤ ᠪᠠᠢ᠌ᠭ᠎ᠠ ᠲᠥᠷᠥᠯ᠎ᠤᠨ ᠲᠠᠸᠠᠷ᠎ᠤᠨ ᠶᠡᠭᠡ ᠲᠥᠷᠥᠯ᠎ᠨᠢ ᠲᠠᠸᠠᠷ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶ᠎ᠡ᠎ᠳᠠᠬᠢ ᠡᠵᠡᠯᠡᠬᠦ ᠬᠠᠷᠢᠴᠠᠯ᠄

 

     ᠵᠠᠭ᠋ᠠᠯᠳᠤᠯᠭ᠎ᠠ ᠵᠢᠨ ᠬᠡᠮᠵᠢᠶ᠎ᠡ᠎ᠨᠢ ᠨᠢᠭᠡᠳᠦᠭᠡᠷ᠎ᠲᠤ ᠪᠠᠢ᠌ᠭ᠎ᠠ ᠢᠳᠡᠭᠡᠨ᠎ᠤ ᠲᠥᠷᠥᠯ 4761  ᠬᠤᠪᠢ ᠪᠠᠶ᠋ᠢᠵᠤ᠂ ᠲᠠᠸᠠᠷ᠎ᠤᠨ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠤ 56.56% ᠵᠢ ᠡᠵᠡᠯᠡᠪᠡ᠃ ᠲᠣᠰ ᠲᠥᠷᠥᠯ᠎ᠤᠨ ᠵᠠᠭ᠋ᠠᠯᠳᠤᠯᠭ᠎ᠠ᠎ᠳᠤ᠂ ᠵᠠᠭ᠋ᠠᠯᠳᠤᠯᠭ᠎ᠠ ᠨᠡᠯᠢᠶᠡᠳ ᠠᠷᠪᠢᠨ ᠪᠠᠶ᠋ᠢᠭ᠎ᠠ ᠲᠠᠸᠠᠷ ᠪᠣᠯ ᠡᠩ᠎ᠤᠨ ᠢᠳᠡᠭᠡᠨ᠎ᠤ ᠵᠦᠢ᠍ᠯ 3676  ᠬᠤᠪᠢ᠂ ᠠᠷᠢᠬᠢ ᠪᠣᠯᠤᠨ ᠤᠮᠳᠠᠭ᠋ᠠᠨ᠎ᠤ ᠵᠦᠢ᠍ᠯ 667 ᠬᠤᠪᠢ᠂ ᠢᠳᠡᠭᠡᠨ᠎ᠳᠤ ᠬᠡᠷᠡᠭᠯᠡᠬᠦ ᠲᠠᠷᠢᠶᠠᠯᠠᠩ᠎ᠤᠨ ᠪᠦᠲᠦᠭᠡᠭᠳᠡᠬᠦᠨ 289 ᠬᠤᠪᠢ᠂ ᠢᠳᠡᠭᠡᠨ᠎ᠳᠤ ᠬᠣᠯᠪᠣᠭᠳᠠᠬᠤ ᠦᠢ᠍ᠯᠡᠳᠬᠦᠨ 62 ᠬᠤᠪᠢ᠂ ᠡᠷᠡᠭᠦᠯᠵᠢᠯ᠎ᠤᠨ ᠢᠳᠡᠭᠡᠨ 37 ᠬᠤᠪᠢ᠂ ᠨᠢᠯᠬ᠎ᠠ ᠬᠡᠦᠬᠡᠳ᠎ᠤᠨ ᠨᠠᠶ᠋ᠢᠷᠠᠯᠭ᠎ᠠ᠎ᠲᠠᠢ ᠰᠦᠨ ᠲᠠᠯᠬ᠎ᠠ 29 ᠬᠤᠪᠢ᠂ ᠠᠨᠠᠭ᠋ᠠᠬᠤ ᠤᠬᠠᠭ᠋ᠠᠨ᠎ᠤ ᠣᠨᠴᠠᠭ᠋ᠠᠢ ᠬᠡᠷᠡᠭᠴᠡᠭᠡ ᠪᠦᠬᠦᠢ ᠨᠠᠢ᠌ᠷᠠᠯᠭ᠎ᠠ᠎ᠲᠠᠢ ᠢᠳᠡᠭᠡᠨ 1 ᠬᠤᠪᠢ ᠪᠤᠶ᠃

     ᠵᠠᠭ᠋ᠠᠯᠳᠤᠯᠭ᠎ᠠ ᠵᠢᠨ ᠬᠡᠮᠵᠢᠶ᠎ᠡ᠎ᠨᠢ ᠬᠤᠶᠠᠳᠤᠭ᠋ᠠᠷ᠎ᠲᠤ ᠪᠠᠢ᠌ᠭ᠎ᠠ ᠬᠤᠪᠴᠠᠰᠤ ᠬᠤᠨᠠᠷ ᠱᠠᠬᠠᠢ ᠮᠠᠯᠠᠭ᠋ᠠᠢ 601 ᠬᠤᠪᠢ ᠪᠠᠶ᠋ᠢᠵᠤ᠂ ᠲᠠᠸᠠᠷ᠎ᠤᠨ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠤ 7.14% ᠵᠢ ᠡᠵᠡᠯᠡᠪᠡ᠃ ᠲᠣᠰ ᠲᠥᠷᠥᠯ᠎ᠤᠨ ᠵᠠᠭ᠋ᠠᠯᠳᠤᠯᠭ᠎ᠠ᠎ᠳᠤ ᠵᠠᠭ᠋ᠠᠯᠳᠤᠯᠭ᠎ᠠ ᠨᠡᠯᠢᠶᠡᠳ ᠠᠷᠪᠢᠨ ᠪᠠᠶ᠋ᠢᠭ᠎ᠠ ᠲᠠᠸᠠᠷ ᠪᠣᠯ ᠱᠠᠬᠠᠢ 260 ᠬᠤᠪᠢ᠂ ᠭᠠᠳᠠᠷ ᠬᠤᠪᠴᠠᠰᠤ 92 ᠬᠤᠪᠢ᠂ ᠦᠮᠦᠳᠦ 84 ᠬᠤᠪᠢ᠂ ᠴᠠᠮᠴᠠ 49 ᠬᠤᠪᠢ᠂ ᠪᠠᠩᠵᠠᠯ 38 ᠬᠤᠪᠢ᠂ ᠳᠣᠲᠣᠷ ᠬᠠᠨᠲᠠᠭ᠋ᠠᠰᠤ 15 ᠬᠤᠪᠢ᠂ ᠳᠣᠲᠣᠷ ᠬᠤᠪᠴᠠᠰᠤ 15 ᠬᠤᠪᠢ᠂ ᠪᠤᠰᠤᠳ ᠵᠠᠭ᠋ᠠᠯᠳᠤᠯᠭ᠎ᠠ 48 ᠬᠤᠪᠢ ᠪᠤᠢ᠃

     ᠵᠠᠭ᠋ᠠᠯᠳᠤᠯᠭ᠎ᠠ ᠵᠢᠨ ᠬᠡᠮᠵᠢᠶ᠎ᠡ᠎ᠨᠢ ᠭᠤᠷᠪᠠᠳᠤᠭ᠋ᠠᠷ᠎ᠲᠤ ᠪᠠᠢ᠌ᠭ᠎ᠠ ᠵᠠᠮ ᠬᠠᠷᠢᠯᠴᠠᠭ᠋ᠠᠨ᠎ᠤ ᠪᠠᠭ᠋ᠠᠵᠢ ᠬᠡᠷᠡᠭᠰᠡᠯ᠎ᠤᠨ ᠲᠥᠷᠥᠯ 529 ᠬᠤᠪᠢ ᠪᠠᠶ᠋ᠢᠵᠤ᠂ ᠲᠠᠸᠠᠷ᠎ᠤᠨ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶ᠎ᠡ ᠵᠢᠨ 6.28% ᠵᠢ ᠡᠵᠡᠯᠡᠪᠡ᠃ ᠲᠣᠰ ᠲᠥᠷᠥᠯ᠎ᠤᠨ ᠵᠠᠭ᠋ᠠᠯᠳᠤᠯᠭ᠎ᠠ᠎ᠳᠤ ᠮᠠᠰᠢᠨ ᠲᠡᠷᠭᠡ ᠪᠠ ᠮᠠᠰᠢᠨ ᠲᠡᠷᠭᠡᠨ᠎ᠤ ᠰᠡᠯᠪᠢᠭ ᠲᠣᠨᠤᠭ 374 ᠬᠤᠪᠢ᠂ ᠳᠤᠭᠤᠢ ᠲᠡᠷᠭᠡ ᠵᠢᠴᠢ ᠰᠡᠯᠪᠢᠭ ᠲᠣᠨᠣᠭ78 ᠬᠤᠪᠢ᠂ ᠮᠣᠲ᠋ᠣᠷ ᠪᠠ ᠲᠤᠰᠠᠯᠠᠬᠤ ᠬᠦᠴᠦᠨ᠎ᠤ ᠮᠠᠰᠢᠨ ᠲᠡᠷᠭᠡ 77 ᠬᠤᠪᠢ ᠪᠤᠢ᠃

     ᠵᠠᠭ᠋ᠠᠯᠳᠤᠯᠭ᠎ᠠ ᠵᠢᠨ ᠬᠡᠮᠵᠢᠶ᠎ᠡ᠎ᠨᠢ ᠳᠥᠷᠪᠡᠳᠦᠭᠡᠷ᠎ᠲᠤ ᠪᠠᠶ᠋ᠢᠭ᠎ᠠ ᠭᠡᠷ᠎ᠤᠨ ᠬᠡᠷᠡᠭᠰᠡᠯ᠎ᠤᠨ ᠲᠥᠷᠥᠯ ᠵᠦᠢ᠍ᠯ 339 ᠬᠤᠪᠢ ᠪᠠᠶ᠋ᠢᠵᠤ᠂ ᠲᠠᠸᠠᠷ᠎ᠤᠨ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠢ ᠬᠡᠮᠵᠢᠶᠡᠨ᠎ᠤ 3.99% ᠵᠢ ᠡᠵᠡᠯᠡᠪᠡ᠃ ᠲᠣᠰ ᠲᠥᠷᠥᠯ᠎ᠤᠨ ᠵᠠᠭ᠋ᠠᠯᠳᠤᠯᠭ᠎ᠠ᠎ᠳᠤ᠂ ᠭᠡᠷ᠎ᠤᠨ ᠡᠳ᠋ᠯᠡᠯ ᠬᠡᠷᠡᠭᠰᠡᠯ 149 ᠬᠤᠪᠢ᠂ ᠲᠣᠭᠤᠭ᠋ᠠᠨ ᠭᠡᠷ᠎ᠤᠨ ᠬᠡᠷᠡᠭᠯᠡᠭᠡᠨ᠎ᠤ ᠵᠦᠢ᠍ᠯ 48 ᠬᠤᠪᠢ᠂ ᠨᠢᠳᠦᠨ ᠰᠢᠯ 36 ᠬᠤᠪᠢ᠂ ᠴᠠᠭ 27 ᠬᠤᠪᠢ᠂ ᠬᠠᠶ᠋ᠢᠷᠴᠠᠭ ᠪᠣᠭᠴᠣ 25 ᠬᠤᠪᠢ᠂ ᠡᠳᠦᠷ ᠲᠤᠲᠤᠮ᠎ᠤᠨ ᠬᠡᠷᠡᠭᠯᠡᠭᠡᠨ᠎ᠤ ᠵᠦᠢ᠍ᠯ 36 ᠬᠤᠪᠢ᠂ ᠠᠷᠢᠭᠤᠨ ᠴᠡᠪᠡᠷ᠎ᠤᠨ ᠬᠡᠷᠡᠭᠯᠡᠭᠡᠨ᠎ᠤ ᠵᠦᠢ᠍ᠯ 18 ᠬᠤᠪᠢ᠂ ᠣᠷᠣ ᠵᠢᠨ ᠬᠡᠷᠡᠭᠰᠡᠯ 9 ᠬᠤᠪᠢ᠂ ᠨᠡᠬᠡᠮᠡᠯ ᠡᠳ᠋ 1 ᠬᠤᠪᠢ ᠪᠤᠢ᠃

     ᠵᠠᠭ᠋ᠠᠯᠳᠤᠯᠭ᠎ᠠ ᠵᠢᠨ ᠬᠡᠮᠵᠢᠶ᠎ᠡ᠎ᠨᠢ ᠲᠠᠪᠤᠳᠤᠭ᠋ᠠᠷ᠎ᠲᠤ ᠪᠠᠢ᠌ᠭ᠎ᠠ ᠮᠡᠳᠡᠭᠡᠯᠡᠯ᠎ᠤᠨ ᠦᠢ᠍ᠯᠡᠳᠬᠦᠨ᠎ᠤ ᠲᠦᠷᠦᠯ 218 ᠪᠠᠶ᠋ᠢᠵᠤ᠂ ᠲᠠᠸᠠᠷ᠎ᠤᠨ ᠲᠦᠷᠦᠯ᠎ᠤᠨ ᠵᠠᠭ᠋ᠠᠯᠳᠤᠯᠭ᠎ᠠ ᠵᠢᠨ ᠶᠡᠷᠦᠩᠬᠡᠢ ᠬᠡᠮᠵᠢᠶᠡᠨ᠎ᠤ 2.59% ᠵᠢ ᠡᠵᠡᠯᠡᠪᠡ᠃ ᠲᠣᠰ ᠲᠥᠷᠥᠯ᠎ᠤᠨ ᠵᠠᠭ᠋ᠠᠯᠳᠤᠯᠭ᠎ᠠ ᠳᠤᠮᠳᠠ ᠭᠠᠷ ᠤᠲᠠᠰᠤ ᠪᠣᠯᠣᠨ ᠰᠡᠯᠪᠢᠭ ᠲᠣᠨᠣᠭ201 ᠬᠤᠪᠢ᠂ ᠲᠣᠭᠲᠠᠮᠠᠯ ᠤᠲᠠᠰᠤ1 ᠬᠤᠪᠢ᠂ ᠪᠤᠰᠤᠳ ᠴᠢᠮᠡᠭᠡ ᠮᠡᠳᠡᠭᠡᠯᠡᠯ᠎ᠤᠨ ᠦᠢ᠍ᠯᠡᠳᠬᠦᠨ16 ᠬᠤᠪᠢ ᠪᠤᠢ᠃

     ᠲᠠᠸᠠᠷ᠎ᠤᠨ ᠵᠠᠭ᠋ᠠᠯᠳᠤᠯᠭ᠎ᠠ ᠵᠢᠨ ᠬᠠᠯᠠᠮᠰᠢᠯ ᠴᠡᠭ᠎ᠤᠨ ᠡᠮᠦᠨᠡᠬᠢ ᠠᠷᠪᠠᠨ ᠨᠡᠷᠡᠰ᠎ᠲᠤ ᠠᠮᠤ ᠭᠤᠯᠢᠷ ᠵᠢᠴᠢ ᠲᠡᠭᠦᠨ᠎ᠤ ᠦᠢ᠍ᠯᠡᠳᠬᠦᠨ (ᠥᠪᠡᠰᠦᠪᠡᠨ ᠦᠢ᠍ᠯᠡᠳᠪᠦᠷᠢᠯᠡᠭᠰᠡᠨ) 325 ᠬᠤᠪᠢ᠂ ᠡᠩ᠎ᠤᠨ ᠰᠠᠭᠤᠳᠠᠯ᠎ᠤᠨ ᠮᠠᠰᠢᠨ ᠲᠡᠷᠭᠡ 287 ᠬᠤᠪᠢ᠂ ᠭᠠᠷ ᠤᠲᠠᠰᠤ 182 ᠬᠤᠪᠢ᠂ ᠲᠠᠮᠢᠷ᠎ᠤᠨ ᠬᠥᠳᠡᠯᠭᠡᠭᠡᠨ᠎ᠤ ᠱᠠᠬᠠᠢ159 ᠬᠤᠪᠢ᠂ ᠮᠢᠬᠠᠨ᠎ᠤ ᠪᠦᠲᠦᠭᠡᠭᠳᠡᠬᠦᠨ (ᠥᠪᠡᠰᠦᠪᠡᠨ ᠦᠢ᠍ᠯᠡᠳᠦᠭᠰᠡᠨ) 149 ᠬᠤᠪᠢ᠂ ᠲᠠᠯᠬ᠎ᠠ 118 ᠬᠤᠪᠢ᠂ᠵᠢᠮᠢᠰ᠎ᠤᠨ ᠠᠮᠲᠠᠲᠤ ᠨᠡᠭᠦᠷᠡᠰᠦᠬᠦ᠋ᠴᠢᠯ᠎ᠤᠨ ᠤᠮᠳᠠᠭ᠋ᠠᠨ᠎ᠤ ᠵᠦᠢ᠍ᠯ 105 ᠬᠤᠪᠢ᠂ ᠠᠮᠲᠠ ᠣᠷᠣᠭᠤᠯᠤᠭᠰᠠᠨ ᠮᠢᠬᠠᠨ᠎ᠤ ᠵᠦᠢ᠍ᠯ 102 ᠬᠤᠪᠢ᠂ ᠲᠣᠰᠣᠨ᠎ᠳᠤ ᠪᠤᠴᠠᠯᠭ᠋ᠠᠭᠰᠠᠨ ᠳᠥᠭᠥᠮ ᠭᠤᠯᠢᠷ 102 ᠬᠤᠪᠢ (ᠭᠥᠯᠢᠶᠡᠨ ᠠᠪᠤᠭᠰᠠᠨ ᠬᠡᠮᠵᠢᠶ᠎ᠡ᠎ᠳᠠᠬᠢ ᠪᠤᠶ ᠪᠦᠬᠦᠢ 《ᠪᠤᠰᠤᠳ》᠎ᠢ ᠨᠡᠷᠡᠰ᠎ᠤᠨ ᠵᠢᠭᠰᠠᠭ᠋ᠠᠯᠲᠠ᠎ᠳᠤ ᠪᠤᠳᠤᠵᠤ ᠣᠷᠣᠭᠤᠯᠬᠤ ᠦᠭᠡᠶ) ᠪᠠᠶ᠋ᠢᠵᠤ᠂ ᠬᠤᠳᠠᠯᠳᠤᠭ᠋ᠠᠨ᠎ᠤ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠤ 20.41% ᠵᠢ ᠡᠵᠡᠯᠡᠪᠡ᠃

    (ᠬᠤᠶᠠᠷ) ᠦᠢ᠍ᠯᠡᠴᠢᠯᠡᠭᠡᠨ᠎ᠤ ᠲᠦᠷᠦᠯ᠎ᠳᠤ ᠬᠤᠯᠪᠤᠭᠳᠠᠬᠤ

微信截图_20240618115125.png

     ᠦᠢ᠍ᠯᠡᠴᠢᠯᠡᠭᠡᠨ᠎ᠤ ᠲᠥᠷᠥᠯ᠎ᠤᠨ ᠵᠠᠭ᠋ᠠᠯᠳᠤᠯᠭ᠎ᠠ᠎ᠨᠢ ᠠᠳᠠᠯᠢ ᠬᠤᠭᠤᠴᠠᠭ᠋ᠠᠨ᠎ᠤ᠎ᠬᠢ᠎ᠠᠴᠠ 6.29% ᠪᠠᠭᠤᠷᠠᠪᠠ᠃ ᠵᠠᠭ᠋ᠠᠯᠳᠤᠬᠤ ᠬᠡᠮᠵᠢᠶ᠎ᠡ᠎ᠨᠢ ᠡᠮᠦᠨ᠎ᠡ ᠲᠠᠪᠤ᠎ᠳᠤ ᠪᠠᠢ᠌ᠭ᠎ᠠ ᠦᠢ᠍ᠯᠡᠴᠢᠯᠡᠭᠡᠨ᠎ᠤ ᠶᠡᠭᠡ ᠲᠥᠷᠥᠯ᠎ᠨᠢ ᠪᠣᠷᠣᠯᠠᠭᠤᠯᠬᠤ ᠦᠢ᠍ᠯᠡᠴᠢᠯᠡᠭᠡ᠂ ᠢᠳᠡᠭᠡᠨ ᠤᠮᠳᠠᠭ᠋ᠠᠨ ᠪᠠ ᠬᠣᠨᠣᠭ ᠪᠠᠭᠤᠳᠠᠯ᠎ᠤᠨ ᠦᠢ᠍ᠯᠡᠴᠢᠯᠡᠭᠡ᠂ ᠬᠥᠮᠦᠵᠢᠯ ᠪᠣᠯᠪᠠᠰᠤᠷᠠᠯ᠎ᠤᠨ ᠦᠢ᠍ᠯᠡᠴᠢᠯᠡᠭᠡ᠂ ᠵᠢᠰᠦ ᠭᠤᠶᠣᠯᠠᠵᠤ ᠦᠰᠦ ᠵᠠᠰᠠᠬᠤ ᠤᠬᠢᠶᠠᠯᠭ᠎ᠠ ᠵᠢᠨ ᠦᠢ᠍ᠯᠡᠴᠢᠯᠡᠭᠡ᠂ ᠰᠣᠶᠣᠯ ᠴᠡᠩᠭᠡᠯ ᠪᠡᠶ᠎ᠡ ᠵᠢᠨ ᠲᠠᠮᠢᠷ᠎ᠤᠨ ᠦᠢ᠍ᠯᠡᠴᠢᠯᠡᠭᠡ ᠵᠡᠷᠭᠡ ᠵᠢ ᠪᠠᠭᠲᠠᠭ᠋ᠠᠪᠠ᠃

     ᠵᠠᠭ᠋ᠠᠯᠳᠤᠯᠭ᠎ᠠ ᠵᠢᠨ ᠬᠡᠮᠵᠢᠶ᠎ᠡ᠎ᠨᠢ ᠡᠮᠦᠨ᠎ᠡ ᠲᠠᠪᠤ᠎ᠳᠤ ᠪᠠᠢ᠌ᠭ᠎ᠠ ᠦᠢ᠍ᠯᠡᠴᠢᠯᠡᠭᠡᠨ᠎ᠤ ᠲᠣᠮᠣ ᠲᠥᠷᠥᠯ᠎ᠨᠢ ᠦᠢ᠍ᠯᠡᠴᠢᠯᠡᠭᠡᠨ᠎ᠤ ᠶᠡᠷᠦᠩᠬᠡᠢ ᠬᠡᠮᠵᠢᠶᠡᠨ᠎ᠳᠠᠬᠢ ᠬᠠᠷᠢᠴᠠᠯ᠄

 

     ᠵᠠᠭ᠋ᠠᠯᠳᠤᠯᠭ᠎ᠠ ᠵᠢᠨ ᠬᠡᠮᠵᠢᠶ᠎ᠡ᠎ᠨᠢ ᠨᠢᠭᠡᠳᠦᠭᠡᠷ᠎ᠲᠤ ᠪᠠᠢ᠌ᠭ᠎ᠠ ᠪᠣᠷᠣᠯᠠᠭᠤᠯᠬᠤ ᠦᠢ᠍ᠯᠡᠴᠢᠯᠡᠭᠡ 1176 ᠬᠤᠪᠢ ᠪᠠᠶ᠋ᠢᠵᠤ᠂ ᠦᠢ᠍ᠯᠡᠴᠢᠯᠡᠭᠡᠨ᠎ᠤ ᠲᠦᠷᠦᠯ᠎ᠤᠨ ᠵᠠᠭ᠋ᠠᠯᠳᠤᠯᠭ᠎ᠠ ᠵᠢᠨ ᠶᠡᠷᠦᠩᠬᠡᠢ ᠬᠡᠮᠵᠢᠶᠡᠨ᠎ᠤ 24.61% ᠵᠢ ᠡᠵᠡᠯᠡᠪᠡ᠃ ᠲᠣᠰ ᠲᠥᠷᠥᠯ᠎ᠤᠨ ᠵᠠᠭ᠋ᠠᠯᠳᠤᠯᠭ᠎ᠠ᠎ᠳᠤ᠂ ᠤᠷᠢᠳᠴᠢᠯᠠᠨ ᠰᠦᠢ᠍ᠳᠬᠡᠯ ᠲᠤᠰᠢᠶᠠᠬᠤ ᠺᠠᠷᠲ᠎ᠤᠨ ᠦᠢ᠍ᠯᠡᠴᠢᠯᠡᠭᠡ 743 ᠬᠤᠪᠢ᠂ ᠵᠢᠵᠢᠭᠯᠡᠨ ᠬᠤᠳᠠᠯᠳᠤᠬᠤ ᠦᠢ᠍ᠯᠡᠴᠢᠯᠡᠭᠡ 167 ᠬᠤᠪᠢ᠂ ᠢᠨᠲ᠋ᠧᠷ ᠰᠦᠯᠵᠢᠶᠡᠨ᠎ᠤ ᠰᠢᠭᠤᠳ ᠪᠣᠷᠣᠯᠠᠭᠤᠯᠬᠤ ᠦᠢ᠍ᠯᠡᠴᠢᠯᠡᠭᠡ 68 ᠬᠤᠪᠢ᠂ ᠤᠷᠢᠳᠴᠢᠯᠠᠨ ᠬᠤᠳᠠᠯᠳᠤᠬᠤ ᠦᠢ᠍ᠯᠡᠴᠢᠯᠡᠭᠡ 42 ᠬᠤᠪᠢ᠂ ᠱᠠᠩᠨᠠᠯ᠎ᠲᠠᠢ ᠪᠣᠷᠣᠯᠠᠭᠤᠯᠬᠤ ᠦᠢ᠍ᠯᠡᠴᠢᠯᠡᠭᠡ 29 ᠬᠤᠪᠢ᠂  ᠵᠠᠬᠢᠶᠠᠯᠠᠨ ᠬᠤᠳᠠᠯᠳᠤᠨ ᠠᠪᠬᠤ ᠦᠢ᠍ᠯᠡᠴᠢᠯᠡᠭᠡ 24 ᠬᠤᠪᠢ᠂ ᠬᠠᠷᠠᠭ᠋ᠠᠯᠵᠠᠯ᠎ᠤᠨ ᠺᠠᠷᠲ ᠵᠶ᠋ᠠᠷ ᠪᠣᠷᠣᠯᠠᠭᠤᠯᠬᠤ ᠦᠢ᠍ᠯᠡᠴᠢᠯᠡᠭᠡ 15 ᠬᠤᠪᠢ᠂ ᠱᠠᠩᠨᠠᠯ ᠰᠤᠭᠤᠴᠢᠨ ᠪᠣᠷᠣᠯᠠᠭᠤᠯᠬᠤ ᠦᠢ᠍ᠯᠡᠴᠢᠯᠡᠭᠡ 11 ᠬᠤᠪᠢ᠂ ᠪᠤᠰᠤᠳ ᠵᠦᠢ᠍ᠯ᠎ᠤᠨ ᠪᠣᠷᠣᠯᠠᠭᠤᠯᠭ᠎ᠠ ᠵᠢᠨ ᠦᠢ᠍ᠯᠡᠴᠢᠯᠡᠭᠡ 77 ᠬᠤᠪᠢ ᠪᠤᠢ᠃

     ᠵᠠᠭ᠋ᠠᠯᠳᠤᠯᠭ᠎ᠠ ᠵᠢᠨ ᠬᠡᠮᠵᠢᠶ᠎ᠡ᠎ᠨᠢ ᠬᠣᠶᠠᠳᠤᠭ᠋ᠠᠷ᠎ᠲᠤ ᠪᠠᠢ᠌ᠭ᠎ᠠ ᠢᠳᠡᠭᠡᠨ ᠤᠮᠳᠠᠭ᠋ᠠᠨ ᠪᠠ ᠬᠣᠨᠣᠭ ᠪᠠᠭᠤᠳᠠᠯ᠎ᠤᠨ ᠦᠢ᠍ᠯᠡᠴᠢᠯᠡᠭᠡ 954 ᠬᠤᠪᠢ ᠪᠠᠶ᠋ᠢᠵᠤ᠂ ᠦᠢ᠍ᠯᠡᠴᠢᠯᠡᠭᠡᠨ᠎ᠤ ᠲᠦᠷᠦᠯ᠎ᠤᠨ ᠵᠠᠭ᠋ᠠᠯᠳᠤᠯᠭ᠎ᠠ ᠵᠢᠨ ᠶᠡᠷᠦᠩᠬᠡᠢ ᠬᠡᠮᠵᠢᠶᠡᠨ᠎ᠤ 19.96% ᠵᠢ ᠡᠵᠡᠯᠡᠪᠡ᠃ ᠲᠣᠰ ᠲᠥᠷᠥᠯ᠎ᠤᠨ ᠵᠠᠭ᠋ᠠᠯᠳᠤᠯᠭ᠎ᠠ᠎ᠳᠤ᠂ ᠢᠳᠡᠭᠡᠨ ᠤᠮᠳᠠᠭ᠋ᠠᠨ᠎ᠤ ᠦᠢ᠍ᠯᠡᠴᠢᠯᠡᠭᠡ 648 ᠬᠤᠪᠢ᠂ ᠬᠣᠨᠣᠭ ᠪᠠᠭᠤᠳᠠᠯ᠎ᠤᠨ ᠦᠢ᠍ᠯᠡᠴᠢᠯᠡᠭᠡ 306 ᠬᠤᠪᠢ ᠪᠤᠢ᠃

     ᠵᠠᠭ᠋ᠠᠯᠳᠤᠬᠤ ᠬᠡᠮᠵᠢᠶ᠎ᠡ᠎ᠨᠢ ᠭᠤᠷᠪᠠᠳᠤᠭ᠋ᠠᠷ᠎ᠲᠤ ᠪᠠᠢ᠌ᠭ᠎ᠠ ᠬᠥᠮᠦᠵᠢᠯ ᠪᠣᠯᠪᠠᠰᠤᠷᠠᠯ᠎ᠤᠨ ᠦᠢ᠍ᠯᠡᠴᠢᠯᠡᠭᠡ 342 ᠬᠤᠪᠢ ᠪᠠᠶ᠋ᠢᠵᠤ᠂ ᠦᠢ᠍ᠯᠡᠴᠢᠯᠡᠭᠡᠨ᠎ᠤ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠤ 7.16% ᠵᠢ ᠡᠵᠡᠯᠡᠪᠡ᠃ ᠲᠣᠰ ᠲᠥᠷᠥᠯ᠎ᠤᠨ ᠵᠠᠭ᠋ᠠᠯᠳᠤᠯᠭ᠎ᠠ᠎ᠳᠤ᠂ ᠤᠷ᠎ᠠ ᠴᠢᠳᠠᠪᠤᠷᠢ ᠵᠢᠨ ᠪᠣᠯᠪᠠᠰᠤᠷᠠᠯ᠎ᠤᠨ ᠦᠢ᠍ᠯᠡᠴᠢᠯᠡᠭᠡ 225 ᠬᠤᠪᠢ᠂ ᠳᠡᠭᠡᠳᠦ ᠵᠡᠷᠭᠡ ᠵᠢᠨ ᠰᠤᠷᠭ᠋ᠠᠨ ᠬᠥᠮᠥᠵᠢᠯ᠎ᠤᠨ ᠦᠢ᠍ᠯᠡᠴᠢᠯᠡᠭᠡ 70 ᠬᠤᠪᠢ᠂ ᠠᠩᠬ᠎ᠠ ᠵᠡᠷᠭᠡ ᠵᠢᠨ ᠰᠤᠷᠭ᠋ᠠᠨ ᠬᠥᠮᠥᠵᠢᠯ᠎ᠤᠨ ᠦᠢ᠍ᠯᠡᠴᠢᠯᠡᠭᠡ 40 ᠬᠤᠪᠢ᠂ ᠳᠤᠮᠳᠠ ᠵᠡᠷᠭᠡ ᠵᠢᠨ ᠰᠤᠷᠭ᠋ᠠᠨ ᠬᠥᠮᠥᠵᠢᠯ᠎ᠤᠨ ᠦᠢ᠍ᠯᠡᠴᠢᠯᠡᠭᠡ 7 ᠬᠤᠪᠢ ᠪᠤᠢ᠃

     ᠵᠠᠭ᠋ᠠᠯᠳᠤᠬᠤ ᠬᠡᠮᠵᠢᠶ᠎ᠡ᠎ᠨᠢ ᠳᠥᠷᠪᠡᠳᠦᠭᠡᠷ᠎ᠲᠤ ᠪᠠᠢ᠌ᠭ᠎ᠠ ᠵᠢᠰᠦ ᠭᠤᠶᠣᠯᠠᠵᠤ ᠦᠰᠦ ᠵᠠᠰᠠᠬᠤ ᠤᠬᠢᠶᠠᠯᠭ᠎ᠠ ᠵᠢᠨ ᠦᠢ᠍ᠯᠡᠴᠢᠯᠡᠭᠡ 322 ᠬᠤᠪᠢ ᠪᠠᠶ᠋ᠢᠵᠤ᠂ ᠦᠢ᠍ᠯᠡᠴᠢᠯᠡᠭᠡᠨ᠎ᠤ ᠲᠦᠷᠦᠯ᠎ᠤᠨ ᠵᠠᠭ᠋ᠠᠯᠳᠤᠯᠭ᠎ᠠ ᠵᠢᠨ ᠶᠡᠷᠦᠩᠬᠡᠢ ᠬᠡᠮᠵᠢᠶᠡᠨ᠎ᠤ 6.74% ᠵᠢ ᠡᠵᠡᠯᠡᠪᠡ᠃ ᠲᠣᠰ ᠲᠥᠷᠥᠯ᠎ᠤᠨ ᠵᠠᠭ᠋ᠠᠯᠳᠤᠯᠭ᠎ᠠ᠎ᠳᠤ ᠵᠢᠰᠦ ᠭᠤᠶᠣᠯᠠᠵᠤ ᠦᠰᠦ ᠵᠠᠰᠠᠬᠤ ᠦᠢ᠍ᠯᠡᠴᠢᠯᠡᠭᠡ 207 ᠬᠤᠪᠢ᠂ ᠪᠡᠶ᠎ᠡ ᠤᠬᠢᠶᠠᠬᠤ ᠢᠯᠢᠬᠦ ᠵᠠᠰᠠᠯᠭ᠎ᠠ ᠵᠢᠨ ᠦᠢ᠍ᠯᠡᠴᠢᠯᠡᠭᠡ 115 ᠬᠤᠪᠢ ᠪᠤᠢ᠃

     ᠵᠠᠭ᠋ᠠᠯᠳᠤᠯᠭ᠎ᠠ ᠵᠢᠨ ᠬᠡᠮᠵᠢᠶ᠎ᠡ᠎ᠨᠢ ᠲᠠᠪᠤᠳᠤᠭ᠋ᠠᠷ᠎ᠲᠤ ᠪᠠᠶ᠋ᠢᠭ᠎ᠠ ᠰᠣᠶᠣᠯ ᠴᠡᠩᠭᠡᠯ ᠪᠡᠶ᠎ᠡ ᠵᠢᠨ ᠲᠠᠮᠢᠷ᠎ᠤᠨ ᠦᠢ᠍ᠯᠡᠴᠢᠯᠡᠭᠡ 267 ᠬᠤᠪᠢ ᠪᠠᠶ᠋ᠢᠵᠤ᠂ ᠦᠢ᠍ᠯᠡᠴᠢᠯᠡᠭᠡᠨ᠎ᠤ ᠲᠦᠷᠦᠯ᠎ᠤᠨ ᠵᠠᠭ᠋ᠠᠯᠳᠤᠯᠭ᠎ᠠ ᠵᠢᠨ ᠶᠡᠷᠦᠩᠬᠡᠢ ᠬᠡᠮᠵᠢᠶᠡᠨ᠎ᠤ 5.59% ᠵᠢ ᠡᠵᠡᠯᠡᠪᠡ᠃ ᠲᠣᠰ ᠲᠥᠷᠥᠯ᠎ᠤᠨ ᠵᠠᠭ᠋ᠠᠯᠳᠤᠯᠭ᠎ᠠ᠎ᠳᠤ᠂    ᠪᠡᠶ᠎ᠡ ᠴᠢᠭᠢᠷᠠᠭᠵᠢᠭᠤᠯᠬᠤ ᠦᠢ᠍ᠯᠡᠴᠢᠯᠡᠭᠡ 135 ᠬᠤᠪᠢ᠂ ᠲᠣᠭᠤᠷᠢᠨ ᠦᠵᠡᠬᠦ ᠵᠤᠭ᠎ᠠ ᠴᠡᠩᠭᠡᠯ᠎ᠤᠨ ᠦᠢ᠍ᠯᠡᠴᠢᠯᠡᠭᠡ 73 ᠬᠤᠪᠢ᠂ ᠺᠢᠨᠣ᠋ ᠭᠠᠷᠭ᠋ᠠᠬᠤ ᠦᠢ᠍ᠯᠡᠴᠢᠯᠡᠭᠡ 21 ᠬᠤᠪᠢ᠂ ᠲᠣᠭᠯᠠᠯᠲᠠ ᠭᠠᠷᠭ᠋ᠠᠬᠤ ᠤᠷᠠᠯᠢᠭ᠎ᠤᠨ ᠦᠢ᠍ᠯᠡᠴᠢᠯᠡᠭᠡ 20 ᠬᠤᠪᠢ᠂ ᠨᠣᠮ᠎ᠤᠨ ᠰᠠᠩ᠎ᠤᠨ ᠳᠠᠩᠰᠠ ᠡᠪᠬᠡᠮᠡᠯ᠎ᠤᠨ ᠣᠷᠳᠣᠨ᠎ᠤ ᠦᠢ᠍ᠯᠡᠴᠢᠯᠡᠭᠡ 18 ᠬᠤᠪᠢ ᠪᠤᠢ᠃

     ᠦᠢ᠍ᠯᠡᠴᠢᠯᠡᠭᠡᠨ᠎ᠤ ᠵᠠᠭ᠋ᠠᠯᠳᠤᠯᠭ᠎ᠠ ᠵᠢᠨ ᠬᠠᠯᠠᠮᠰᠢᠯ ᠴᠡᠭ᠎ᠤᠨ ᠡᠮᠦᠨ᠎ᠡ ᠠᠷᠪᠠ᠎ᠳᠤ ᠤᠷᠢᠳᠴᠢᠯᠠᠨ ᠰᠦᠢ᠍ᠳᠬᠡᠯ ᠥᠭᠬᠦ ᠺᠠᠷᠲ᠎ᠤᠨ ᠦᠢ᠍ᠯᠡᠴᠢᠯᠡᠭᠡ 743 ᠬᠤᠪᠢ᠂ ᠬᠤᠭᠤᠯᠠᠨ ᠭᠡᠷ᠎ᠤᠨ ᠦᠢ᠍ᠯᠡᠴᠢᠯᠡᠭᠡ 448 ᠬᠤᠪᠢ᠂ ᠬᠣᠨᠣᠭ ᠪᠠᠭᠤᠳᠠᠯ᠎ᠤᠨ ᠦᠢ᠍ᠯᠡᠴᠢᠯᠡᠭᠡ 282 ᠬᠤᠪᠢ᠂ ᠵᠢᠵᠢᠭᠯᠡᠨ ᠬᠤᠳᠠᠯᠳᠤᠬᠤ ᠦᠢ᠍ᠯᠡᠴᠢᠯᠡᠭᠡ 167 ᠬᠤᠪᠢ᠂ ᠬᠠᠭᠤᠷᠠᠶ᠎ᠪᠠᠷ ᠤᠬᠢᠶᠠᠬᠤ ᠦᠢ᠍ᠯᠡᠴᠢᠯᠡᠭᠡ 93 ᠬᠤᠪᠢ᠂ ᠮᠠᠰᠢᠨ ᠲᠡᠷᠭᠡ ᠰᠡᠯᠪᠢᠨ ᠵᠠᠰᠠᠬᠤ ᠦᠢ᠍ᠯᠡᠴᠢᠯᠡᠭᠡ 74 ᠬᠤᠪᠢ᠂ ᠢᠨᠲ᠋ᠧᠷ ᠰᠦᠯᠵᠢᠶᠡᠨ᠎ᠤ ᠰᠢᠭᠤᠳ ᠪᠣᠷᠣᠯᠠᠭᠤᠯᠬᠤ ᠦᠢ᠍ᠯᠡᠴᠢᠯᠡᠭᠡ 68 ᠬᠤᠪᠢ᠂ ᠬᠤᠪᠢ ᠬᠥᠮᠦᠨ᠎ᠤ ᠳᠦᠷᠰᠦᠯᠡᠨ ᠪᠢᠴᠢᠬᠦ ᠭᠡᠷᠡᠯ ᠵᠢᠷᠤᠭ᠎ᠤᠨ ᠦᠢ᠍ᠯᠡᠴᠢᠯᠡᠭᠡ 57 ᠬᠤᠪᠢ᠂ ᠭᠠᠷ ᠤᠲᠠᠰᠤ ᠰᠡᠯᠪᠢᠨ ᠵᠠᠰᠠᠬᠤ ᠦᠢ᠍ᠯᠡᠴᠢᠯᠡᠭᠡ 52 ᠬᠤᠪᠢ᠂ ᠨᠢᠭᠤᠷ᠎ᠤᠨ ᠰᠤᠪᠢᠯᠠᠯᠲᠠ ᠵᠢᠨ ᠦᠢ᠍ᠯᠡᠴᠢᠯᠡᠭᠡ51 ᠬᠤᠪᠢ (ᠭᠥᠯᠢᠶᠡᠨ ᠠᠪᠤᠭᠰᠠᠨ ᠬᠡᠮᠵᠢᠶ᠎ᠡ᠎ᠳᠠᠬᠢ ᠪᠤᠶ ᠪᠦᠬᠦᠢ 《ᠪᠤᠰᠤᠳ》᠎ᠢ ᠨᠡᠷᠡᠰ᠎ᠤᠨ ᠵᠢᠭᠰᠠᠭ᠋ᠠᠯᠲᠠ᠎ᠳᠤ ᠪᠤᠳᠤᠵᠤ ᠣᠷᠣᠭᠤᠯᠬᠤ ᠦᠭᠡᠶ) ᠪᠠᠶ᠋ᠢᠵᠤ᠂ ᠦᠢ᠍ᠯᠡᠴᠢᠯᠡᠭᠡᠨ᠎ᠤ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠢ ᠬᠡᠮᠵᠢᠶᠡᠨ᠎ᠤ 42.58% ᠵᠢ ᠡᠵᠡᠯᠡᠪᠡ᠃

ᠭᠤᠷᠪᠠ᠂ ᠢᠯᠡᠴᠢᠯᠡᠨ ᠮᠡᠳᠡᠭᠦᠯᠦᠭᠰᠡᠨ ᠪᠠᠶ᠋ᠢᠳᠠᠯ᠎ᠤᠨ ᠲᠤᠭ᠎ᠠ ᠪᠦᠷᠢᠳᠭᠡᠯ

    5 ᠳ᠋ᠤᠭ᠋ᠠᠷ ᠰᠠᠷ᠎ᠠ᠎ᠳᠤ 3005 ᠬᠤᠪᠢ ᠢᠯᠡᠴᠢᠯᠡᠨ ᠮᠡᠳᠡᠭᠦᠯᠦᠯᠲᠡ ᠵᠢ ᠬᠦᠯᠢᠶᠡᠨ ᠠᠪᠴᠤ᠂ ᠠᠳᠠᠯᠢ ᠬᠤᠭᠤᠴᠠᠭ᠋ᠠᠨ᠎ᠤ᠎ᠬᠢ᠎ᠠᠴᠠ 18.68% ᠨᠡᠮᠡᠭᠳᠡᠪᠡ᠃ ᠡᠭᠦᠨ᠎ᠳᠤ᠂ ᠲᠠᠸᠠᠷ᠎ᠤᠨ ᠲᠥᠷᠥᠯ᠎ᠳᠤ 1829 ᠬᠤᠪᠢ ᠬᠤᠯᠪᠣᠭᠳᠠᠵᠤ᠂ ᠦᠢ᠍ᠯᠡᠴᠢᠯᠡᠭᠡᠨ᠎ᠤ ᠲᠥᠷᠥᠯ᠎ᠳᠤ 1176 ᠬᠤᠪᠢ ᠬᠣᠯᠪᠣᠭᠳᠠᠵᠤ᠂ 6 ᠳ᠋ᠤᠭ᠋ᠠᠷ ᠰᠠᠷ᠎ᠠ ᠵᠢᠨ 5᠎ᠤ ᠡᠳᠦᠷ ᠪᠣᠯᠲᠠᠯ᠎ᠠ ᠨᠡᠶ᠋ᠢᠲᠡ 2070 ᠬᠤᠪᠢ ᠵᠢ᠎ᠨᠢ ᠰᠢᠢ᠍ᠳᠪᠦᠷᠢᠯᠡᠵᠦ ᠳᠠᠭᠤᠰᠬᠠᠪᠠ᠃

     ᠢᠯᠡᠴᠢᠯᠡᠨ ᠮᠡᠳᠡᠭᠦᠯᠦᠭᠰᠡᠨ᠎ᠢ ᠬᠦᠯᠢᠶᠡᠨ ᠠᠪᠤᠭᠰᠠᠨ ᠬᠡᠮᠵᠢᠶ᠎ᠡ᠎ᠨᠢ ᠡᠮᠦᠨ᠎ᠡ ᠲᠠᠪᠤ᠎ᠳᠤ ᠪᠠᠢ᠌ᠭ᠎ᠠ ᠲᠠᠸᠠᠷ᠂ ᠦᠢ᠍ᠯᠡᠴᠢᠯᠡᠭᠡᠨ᠎ᠤ ᠲᠥᠷᠥᠯ ᠬᠤᠪᠢᠶᠠᠭᠰᠠᠨ ᠬᠦᠰᠦᠨᠦᠭᠲᠦ᠄

 

 微信截图_20240618115139.png

     ᠲᠠᠸᠠᠷ᠎ᠤᠨ ᠲᠥᠷᠥᠯ᠎ᠤᠨ ᠢᠯᠡᠴᠢᠯᠡᠨ ᠮᠡᠳᠡᠭᠦᠯᠦᠭᠰᠡᠨ ᠬᠡᠮᠵᠢᠶ᠎ᠡ᠎ᠪᠠᠷ ᠬᠠᠮᠤᠭ᠎ᠤᠨ ᠶᠡᠬᠡ ᠪᠣᠯᠬᠤ ᠢᠳᠡᠭᠡᠨ᠎ᠤ ᠲᠥᠷᠥᠯ 1038 ᠬᠤᠪᠢ᠂ ᠲᠠᠸᠠᠷ᠎ᠤᠨ ᠲᠥᠷᠥᠯ᠎ᠤᠨ ᠢᠯᠡᠴᠢᠯᠡᠨ ᠮᠡᠳᠡᠭᠦᠯᠦᠭᠰᠡᠨ ᠶᠡᠷᠦᠩᠬᠡᠶ ᠬᠡᠮᠵᠢᠶᠡᠨ᠎ᠤ 56.75% ᠵᠢ ᠡᠵᠡᠯᠡᠪᠡ᠃ ᠭᠤᠤᠯᠳᠠᠭᠤ ᠡᠩ᠎ᠤᠨ ᠢᠳᠡᠭᠡᠨ᠂ ᠠᠷᠢᠬᠢ ᠪᠣᠯᠤᠨ ᠤᠮᠳᠠᠭ᠋ᠠᠨ᠂ ᠢᠳᠡᠭᠡᠨ᠎ᠤ ᠲᠠᠷᠢᠶᠠᠯᠠᠩ᠎ᠤᠨ ᠪᠦᠲᠦᠭᠡᠭᠳᠡᠬᠦᠨ ᠵᠡᠷᠭᠡ᠎ᠳᠤ ᠬᠤᠯᠪᠣᠭᠳᠠᠵᠤ᠂ ᠢᠯᠵᠢᠷᠡᠨ ᠴᠢᠨᠠᠷ ᠬᠤᠪᠢᠷᠠᠭᠰᠠᠨ᠂ ᠸᠠᠯᠠᠵᠤ ᠬᠣᠷᠣᠬᠠᠢ᠌ᠲᠤᠭᠰᠠᠨ᠂ ᠪᠤᠵᠠᠷ ᠪᠤᠷᠲᠠᠭ ᠴᠡᠪᠡᠷ ᠪᠤᠰᠤ᠂ ᠡᠯᠳᠡᠪ ᠵᠦᠢ᠍ᠯ᠎ᠤᠨ ᠪᠣᠳᠠᠰ ᠬᠣᠯᠢᠯᠳᠤᠭᠰᠠᠨ᠂ ᠬᠠᠭᠤᠷᠮᠠᠭ ᠡᠳ᠋ ᠬᠤᠯᠢᠬᠤ ᠪᠤᠶᠤ ᠬᠡᠪ᠎ᠤᠨ ᠪᠤᠰᠤ ᠰᠡᠷᠡᠵᠦ ᠮᠡᠳᠡᠭᠳᠡᠬᠦᠢ᠌ᠴᠡ ᠪᠣᠳᠠᠰ ᠬᠣᠯᠢᠭᠰᠠᠨ ᠢᠳᠡᠭᠡᠨ᠂ ᠦᠨ᠎ᠡ ᠬᠠᠩᠰᠢ᠂ ᠲᠠᠸᠠᠷ᠎ᠤᠨ ᠲᠡᠮᠳᠡᠭ᠂ ᠵᠠᠷ ᠮᠡᠳᠡᠭᠡ᠂ ᠵᠢᠩ ᠯᠠᠩ ᠳᠤᠲᠠᠭᠳᠠᠬᠤ ᠵᠡᠷᠭᠡ ᠠᠰᠠᠭᠤᠳᠠᠯ᠎ᠳᠤ ᠬᠣᠯᠪᠣᠭᠳᠠᠪᠠ᠃ ᠪᠤᠰᠤᠳ ᠨᠡᠯᠢᠶᠡᠳ ᠣᠯᠠᠨ ᠢᠯᠡᠴᠢᠯᠡᠨ ᠮᠡᠳᠡᠭᠦᠯᠦᠭᠰᠡᠨ ᠲᠠᠸᠠᠷ᠎ᠲᠤ ᠣᠨᠴᠠᠭ᠋ᠠᠶ ᠪᠤᠰᠤ ᠬᠡᠷᠡᠭᠴᠡᠭᠡᠨ᠎ᠤ ᠵᠠᠰᠠᠯ ᠴᠢᠮᠡᠭᠯᠡᠯ᠎ᠤᠨ ᠡᠳ᠋᠂ ᠬᠢᠲᠠᠳ ᠪᠡᠯᠡᠨ ᠡᠮ᠂ ᠴᠠᠬᠢᠯᠭ᠋ᠠᠨ ᠱᠠᠲᠤ᠂ ᠲᠡᠮᠦᠷᠯᠢᠭ ᠪᠠᠭ᠋ᠠᠵᠢ ᠬᠡᠷᠡᠭᠰᠡᠯ᠂ ᠰᠢᠩᠭᠡᠨ ᠪᠡᠶᠡᠲᠦ ᠲᠦᠯᠡᠰᠢ ᠵᠡᠷᠭᠡ ᠪᠠᠭᠲᠠᠵᠤ᠂ ᠭᠤᠤᠯᠳᠠᠭᠤ ᠶᠠᠰᠤ ᠴᠢᠨᠠᠷ᠂ ᠦᠨ᠎ᠡ ᠬᠠᠩᠰᠢ᠂ ᠦᠨᠡᠮᠯᠡᠯ ᠥᠬᠡᠶ᠎ᠪᠠᠷ ᠡᠵᠡᠩᠨᠡᠬᠦ᠂ 《ᠭᠤᠷᠪᠠ ᠥᠬᠡᠶ》᠂ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠎ᠢ ᠬᠠᠭᠤᠷᠮᠠᠭᠯᠠᠭᠰᠠᠨ᠂ ᠬᠠᠤᠯᠢ᠎ᠠᠴᠠ ᠵᠥᠷᠢᠴᠡᠭᠰᠡᠨ ᠵᠠᠷ ᠮᠡᠳᠡᠭᠡ ᠵᠡᠷᠭᠡ ᠠᠰᠠᠭᠤᠳᠠᠯ᠎ᠳᠤ ᠬᠣᠯᠪᠣᠭᠳᠠᠪᠠ᠃

     ᠦᠢ᠍ᠯᠡᠴᠢᠯᠡᠭᠡᠨ᠎ᠤ ᠲᠥᠷᠥᠯ᠎ᠤᠨ ᠢᠯᠡᠴᠢᠯᠡᠨ ᠮᠡᠳᠡᠭᠦᠯᠦᠭᠰᠡᠨ ᠵᠶ᠋ᠠᠷ ᠬᠠᠮᠤᠭ᠎ᠤᠨ ᠣᠯᠠᠨ ᠪᠣᠯᠬᠤ ᠢᠳᠡᠭᠡᠨ ᠤᠮᠳᠠᠭ᠋ᠠᠨ ᠪᠠ ᠬᠣᠨᠣᠭ ᠪᠠᠭᠤᠳᠠᠯ᠎ᠤᠨ ᠦᠢ᠍ᠯᠡᠴᠢᠯᠡᠭᠡ 311 ᠬᠤᠪᠢ ᠪᠠᠶ᠋ᠢᠵᠤ᠂ ᠦᠢ᠍ᠯᠡᠴᠢᠯᠡᠭᠡᠨ᠎ᠤ ᠲᠥᠷᠥᠯ᠎ᠤᠨ ᠢᠯᠡᠴᠢᠯᠡᠨ ᠮᠡᠳᠡᠭᠦᠯᠦᠭᠰᠡᠨ ᠶᠡᠷᠦᠩᠬᠡᠶ ᠬᠡᠮᠵᠢᠶᠡᠨ᠎ᠤ 26.45% ᠵᠢ ᠡᠵᠡᠯᠡᠪᠡ᠃ ᠢᠯᠡᠴᠢᠯᠡᠨ ᠮᠡᠳᠡᠭᠦᠯᠦᠭᠰᠡᠨ ᠭᠤᠤᠯ ᠠᠰᠠᠭᠤᠳᠠᠯ᠎ᠨᠢ ᠶᠠᠰᠤ ᠴᠢᠨᠠᠷ᠂ ᠠᠮᠤᠷ ᠲᠦᠪᠰᠢᠨ᠂ ᠦᠨ᠎ᠡ ᠬᠠᠩᠰᠢ᠂ ᠦᠨᠡᠮᠯᠡᠯ ᠦᠭᠡᠢ᠎ᠪᠠᠷ ᠡᠵᠡᠩᠨᠡᠬᠦ ᠵᠡᠷᠭᠡ ᠪᠣᠯᠤᠨ᠎ᠠ᠃ ᠪᠤᠰᠤᠳ ᠢᠯᠡᠴᠢᠯᠡᠨ ᠮᠡᠳᠡᠭᠦᠯᠦᠭᠰᠡᠨ ᠦᠢ᠍ᠯᠡᠴᠢᠯᠡᠭᠡ᠎ᠨᠢ ᠭᠤᠤᠯᠳᠠᠭᠤ ᠡᠮᠨᠡᠯᠭᠡ ᠵᠢᠨ ᠬᠤᠷᠢᠶᠠᠨ᠎ᠤ ᠦᠢ᠍ᠯᠡᠴᠢᠯᠡᠭᠡ᠂ ᠵᠢᠵᠢᠭᠯᠡᠨ ᠬᠤᠳᠠᠯᠳᠤᠬᠤ ᠦᠢ᠍ᠯᠡᠴᠢᠯᠡᠭᠡ᠂ ᠵᠢᠰᠦ ᠭᠤᠶᠣᠯᠠᠵᠤ ᠦᠰᠦ ᠵᠠᠰᠠᠬᠤ ᠦᠢ᠍ᠯᠡᠴᠢᠯᠡᠭᠡ᠂ ᠲᠣᠭᠤᠷᠢᠨ ᠦᠵᠡᠵᠦ ᠵᠤᠭ᠎ᠠ ᠴᠡᠩᠭᠡᠯ᠎ᠤᠨ ᠦᠢ᠍ᠯᠡᠴᠢᠯᠡᠭᠡ᠂ ᠤᠬᠢᠶᠠᠯᠭ᠎ᠠ ᠢᠯᠢᠬᠦ ᠵᠠᠰᠠᠯᠭ᠎ᠠ ᠵᠢᠨ ᠦᠢ᠍ᠯᠡᠴᠢᠯᠡᠭᠡ᠂ ᠮᠡᠷᠭᠡᠵᠢᠯ᠎ᠤᠨ ᠪᠣᠯᠪᠠᠰᠤᠷᠠᠯ᠎ᠤᠨ ᠦᠢ᠍ᠯᠡᠴᠢᠯᠡᠭᠡ ᠵᠡᠷᠭᠡ᠎ᠳᠤ ᠬᠤᠯᠪᠣᠭᠳᠠᠵᠤ᠂ ᠭᠤᠤᠯ ᠠᠰᠠᠭᠤᠳᠠᠯ᠎ᠨᠢ ᠦᠨᠡᠮᠯᠡᠯ ᠥᠬᠡᠶ᠎ᠪᠠᠷ ᠡᠵᠡᠩᠨᠡᠬᠦ᠂ ᠬᠤᠳᠠᠯ ᠬᠠᠭᠤᠷᠮᠠᠭ ᠵᠠᠷ ᠮᠡᠳᠡᠭᠡᠨ᠎ᠤ ᠤᠬᠠᠭᠤᠯᠭ᠎ᠠ᠂ ᠦᠢ᠍ᠯᠡᠴᠢᠯᠡᠭᠡᠨ᠎ᠤ ᠶᠠᠰᠤ ᠴᠢᠨᠠᠷ ᠮᠠᠭᠤ ᠪᠠ ᠬᠡᠷᠡᠭᠯᠡᠭᠴᠢᠳ᠎ᠢ ᠮᠡᠬᠡᠯᠡᠭᠰᠡᠨ ᠵᠡᠷᠭᠡ ᠪᠣᠯᠤᠨ᠎ᠠ᠃

ᠳᠥᠷᠪᠡ᠂ ᠯᠠᠪᠯᠠᠭ᠎ᠠ ᠵᠢᠨ ᠪᠠᠶ᠋ᠢᠳᠠᠯ᠎ᠤᠨ ᠲᠤᠭ᠎ᠠ ᠪᠦᠷᠢᠳᠬᠡᠯ

    5 ᠳ᠋ᠤᠭ᠋ᠠᠷ ᠰᠠᠷ᠎ᠠ᠎ᠳᠤ 16424 ᠬᠤᠪᠢ ᠠᠰᠠᠭᠤᠨ ᠯᠠᠪᠯᠠᠭ᠎ᠠ ᠵᠢ ᠭᠥᠯᠢᠶᠡᠨ ᠠᠪᠴᠤ᠂ ᠠᠳᠠᠯᠢ ᠬᠤᠭᠤᠴᠠᠭ᠋ᠠᠨ᠎ᠤ᠎ᠬᠢ᠎ᠠᠴᠠ 1.46%᠎ᠪᠠᠷ ᠪᠠᠭᠤᠷᠠᠪᠠ᠂ ᠡᠭᠦᠨ᠎ᠳᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠢᠰᠲ᠋ᠧᠮ᠎ᠳᠤ ᠬᠤᠯᠪᠣᠭᠳᠠᠭᠰᠠᠨ 2466 ᠬᠤᠪᠢ᠂ ᠯᠠᠪᠯᠠᠭ᠎ᠠ ᠵᠢᠨ ᠬᠡᠮᠵᠢᠶ᠎ᠡ᠎ᠪᠠᠷ ᠨᠡᠯᠢᠶᠡᠳ ᠶᠡᠬᠡ ᠠᠰᠠᠭᠤᠳᠠᠯ ᠭᠡᠪᠡᠯ᠄ ᠵᠠᠭ᠋ᠠᠯᠳᠤᠵᠤ ᠢᠯᠡᠴᠢᠯᠡᠨ ᠮᠡᠳᠡᠭᠦᠯᠵᠦ ᠰᠢᠢ᠍ᠳᠪᠦᠷᠢᠯᠡᠬᠦ 996 ᠬᠤᠪᠢ᠂ ᠰᠦᠯᠵᠢᠶᠡᠨ᠎ᠤ ᠠᠷᠠᠯᠵᠢᠶᠠᠨ᠎ᠤ ᠬᠢᠨᠠᠯᠲᠠ ᠬᠠᠮᠢᠶᠠᠷᠤᠯᠲᠠ 266 ᠬᠤᠪᠢ᠂ ᠦᠢ᠍ᠯᠡᠴᠢᠯᠡᠭᠡᠨ᠎ᠤ ᠬᠡᠷᠡᠭᠯᠡᠭᠡᠨ᠎ᠤ ᠬᠢᠨᠠᠯᠲᠠ ᠬᠠᠮᠢᠶᠠᠷᠤᠯᠲᠠ 171 ᠬᠤᠪᠢ᠂ ᠦᠢ᠍ᠯᠡᠳᠬᠦᠨ (ᠲᠠᠸᠠᠷ)᠎ᠤᠨ ᠶᠠᠰᠤ ᠴᠢᠨᠠᠷ 93 ᠬᠤᠪᠢ᠂ ᠢᠳᠡᠭᠡᠨ᠎ᠤ ᠬᠢᠨᠠᠯᠲᠠ ᠬᠠᠮᠢᠶᠠᠷᠤᠯᠲᠠ 58 ᠬᠤᠪᠢ᠂ ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠳᠠᠩᠰᠠᠯᠠᠨ ᠲᠡᠮᠳᠡᠭᠯᠡᠬᠦ 41 ᠬᠤᠪᠢ᠂ ᠲᠠᠸᠠᠷ᠎ᠤᠨ ᠠᠷᠠᠯᠵᠢᠶᠠᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ 39 ᠬᠤᠪᠢ᠂ ᠬᠡᠷᠡᠭᠯᠡᠭᠡᠨ᠎ᠤ ᠡᠷᠬᠡ᠎ᠪᠠᠨ ᠬᠠᠮᠠᠭ᠋ᠠᠯᠠᠬᠤ ᠮᠡᠳᠡᠯᠭᠡ 5738 ᠬᠤᠪᠢ ᠪᠣᠶ᠃ ᠪᠤᠰᠤᠳ ᠰᠠᠯᠠᠭ᠎ᠠ ᠮᠥᠴᠢᠷ᠎ᠤᠨ ᠠᠰᠠᠭᠤᠨ ᠯᠠᠪᠯᠠᠭ᠎ᠠ᠎ᠳᠤ ᠭᠤᠤᠯᠳᠠᠭᠤ ᠡᠷᠡᠭᠦᠯ ᠬᠠᠮᠠᠭ᠋ᠠᠯᠠᠯ᠂ ᠵᠢᠭᠤᠯᠴᠢᠯᠠᠯ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠬᠠᠮᠢᠶᠠᠷᠤᠯᠲᠠ᠂ ᠰᠢᠤᠳᠠᠨ᠂ ᠳᠤᠯᠠᠭ᠋ᠠᠯᠠᠭ᠎ᠠ ᠬᠠᠩᠭ᠋ᠠᠬᠤ᠂ ᠤᠰᠤ ᠬᠠᠩᠭ᠋ᠠᠬᠤ᠂ ᠴᠠᠬᠢᠯᠭ᠋ᠠᠨ ᠬᠠᠩᠭ᠋ᠠᠬᠤ᠂ ᠠᠳᠠᠯ ᠠᠬᠤᠶ᠂ ᠭᠡᠷ ᠬᠥᠷᠥᠩᠭᠡ ᠵᠡᠷᠭᠡ᠎ᠳᠤ ᠬᠣᠯᠪᠣᠭᠳᠠᠪᠠ᠃

     ᠲᠠᠶ᠋ᠢᠯᠪᠤᠷᠢ᠄ ᠳᠣᠰ ᠮᠠᠲᠠᠭᠦᠯᠣᠯᠲᠠ ᠵᠢᠨ ᠳᠣᠭ᠎ᠠ ᠪᠠᠷᠢᠮᠲᠠ᠎ᠨᠢ ᠪᠤᠢ᠍ᠭᠦ ᠤᠯᠤᠰ᠎ᠤᠨ 12315 ᠲᠠᠪᠴᠠᠩ᠎ᠠᠴᠠ ᠡᠢ᠍ᠷᠠᠯᠲᠠ᠎ᠲᠠᠢ



 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠷᠡᠭᠯᠡᠭᠴᠢᠳ᠎ᠤᠨ ᠡᠷᠬᠡ ᠠᠰᠢᠭ᠎ᠢ ᠬᠠᠮᠠᠭ᠋ᠠᠯᠠᠬᠤ ᠦᠢ᠍ᠯᠡᠴᠢᠯᠡᠭᠡᠨ᠎ᠤ ᠲᠥᠪ