ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 2024 ᠣᠨ᠎ᠤ ᠳᠡᠭᠡᠷ᠎ᠡ ᠬᠠᠭ᠋ᠠᠰ ᠵᠢᠯ᠎ᠤᠨ ᠪᠥᠬᠦ ᠤᠯᠤᠰ᠎ᠤᠨ 12315 ᠲᠠᠪᠴᠠᠩ᠎ᠤᠨ ᠵᠠᠭ᠋ᠠᠯᠳᠤᠵᠤ ᠢᠯᠡᠴᠢᠯᠡᠨ ᠮᠡᠳᠡᠭᠦᠯᠵᠦ ᠯᠠᠪᠯᠠᠭᠰᠠᠨ ᠪᠠᠶ᠋ᠢᠳᠠᠯ᠎ᠤᠨ ᠳ᠋ᠠᠢ᠌ᠲ᠋ᠠ ᠵᠢᠨ ᠮᠡᠳᠡᠭᠦᠯᠦᠯᠲᠡ
2024-07-09

     ᠨᠢᠭᠡ᠂ ᠦᠨᠳᠦᠰᠦᠨ ᠪᠠᠶ᠋ᠢᠳᠠᠯ

    2024 ᠣᠨ᠎ᠤ ᠳᠡᠭᠡᠷ᠎ᠡ ᠬᠠᠭ᠋ᠠᠰ ᠵᠢᠯ᠎ᠳᠤ᠂ ᠥᠪᠥᠷ ᠮᠣᠩᠭᠤᠯ᠎ᠤᠨ ᠪᠥᠬᠦ ᠤᠯᠤᠰ᠎ᠤᠨ 12315 ᠲᠠᠪᠴᠠᠩ᠎ᠨᠢ ᠬᠡᠷᠡᠭᠯᠡᠭᠴᠢᠳ᠎ᠤᠨ ᠵᠠᠭ᠋ᠠᠯᠳᠤᠯᠭ᠎ᠠ᠂ ᠢᠯᠡᠴᠢᠯᠡᠨ ᠮᠡᠳᠡᠭᠦᠯᠦᠯᠲᠡ᠂ ᠯᠠᠪᠯᠠᠭ᠎ᠠ ᠵᠢ ᠨᠡᠶ᠋ᠢᠲᠡ179818  ᠬᠤᠪᠢ ᠭᠥᠯᠢᠶᠡᠨ ᠠᠪᠴᠤ᠂ ᠠᠳᠠᠯᠢ ᠬᠤᠭᠤᠴᠠᠭ᠋ᠠᠨ᠎ᠤ᠎ᠬᠢ᠎ᠠᠴᠠ 5.91%᠎ᠪᠠᠷ ᠨᠡᠮᠡᠭᠳᠡᠪᠡ᠃ ᠡᠭᠦᠨ᠎ᠳᠤ᠂ ᠵᠠᠭ᠋ᠠᠯᠳᠤᠯᠭ᠎ᠠ 72674  ᠬᠤᠪᠢ ᠪᠠᠶ᠋ᠢᠵᠤ᠂ ᠪᠦᠬᠦ ᠬᠡᠮᠵᠢᠶᠡᠨ᠎ᠤ 40.42%᠎ᠢ ᠡᠵᠡᠯᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 16.58%᠎ᠪᠠᠷ ᠨᠡᠮᠡᠭᠳᠡᠪᠡ; ᠢᠯᠡᠴᠢᠯᠡᠨ ᠮᠡᠳᠡᠭᠦᠯᠦᠯᠲᠡ 16262  ᠬᠤᠪᠢ ᠪᠠᠶ᠋ᠢᠵᠤ᠂ ᠪᠦᠬᠦ ᠬᠡᠮᠵᠢᠶᠡᠨ᠎ᠤ 9.04% ᠵᠢ ᠡᠵᠡᠯᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 21.75 % ᠵᠶ᠋ᠠᠷ ᠨᠡᠮᠡᠭᠳᠡᠪᠡ᠃ ᠯᠠᠪᠯᠠᠭ᠎ᠠ 90882 ᠬᠤᠪᠢ  ᠪᠠᠶ᠋ᠢᠵᠤ᠂ ᠪᠦᠬᠦ ᠬᠡᠮᠵᠢᠶᠡᠨ᠎ᠤ 50.54% ᠵᠢ ᠡᠵᠡᠯᠡᠵᠦ᠂ ᠠᠳᠠᠯᠢ ᠬᠤᠭᠤᠴᠠᠭ᠋ᠠᠨ᠎ᠠᠴᠠ 3.41% ᠪᠠᠭᠤᠷᠠᠪᠠ᠃ 

 

    2024 ᠣᠨ᠎ᠤ ᠳᠡᠭᠡᠷ᠎ᠡ ᠬᠠᠭ᠋ᠠᠰ ᠵᠢᠯ᠎ᠤᠨ ᠪᠥᠬᠦ ᠣᠷᠣᠨ᠎ᠤ 12315 ᠭᠥᠯᠢᠶᠡᠨ ᠠᠪᠤᠭᠰᠠᠨ ᠬᠡᠮᠵᠢᠶᠡᠨ᠎ᠤ ᠠᠳᠠᠯᠢ ᠬᠤᠭᠤᠴᠠᠭ᠋ᠠᠨ᠎ᠤ ᠬᠠᠷᠢᠴᠠᠭᠤᠯᠤᠯ᠎ᠤᠨ ᠵᠢᠷᠤᠭ᠄


图片1.png


     ᠡᠯ᠎ᠡ ᠠᠶ᠋ᠢᠮᠠᠭ ᠬᠤᠲᠠ ᠵᠢᠨ ᠰᠢᠢ᠍ᠳᠪᠦᠷᠢᠯᠡᠭᠰᠡᠨ ᠪᠠᠶ᠋ᠢᠳᠠᠯ᠎ᠤᠨ ᠲᠤᠭ᠎ᠠ ᠪᠦᠷᠢᠳᠬᠡᠯ᠎ᠤᠨ ᠬᠦᠰᠦᠨᠦᠭᠲᠦ (ᠨᠢᠭᠡᠴᠢ᠄ ᠬᠤᠪᠢ)


     ᠡᠯ᠎ᠡ ᠠᠢ᠌ᠮᠠᠭ᠎ᠤᠨ ᠰᠢᠢ᠍ᠳᠪᠦᠷᠢᠯᠡᠭᠰᠡᠨ ᠬᠡᠮᠵᠢᠶ᠎ᠡ᠎ᠠᠴᠠ ᠦᠵᠡᠪᠡᠯ᠂ ᠰᠢᠢ᠍ᠳᠪᠦᠷᠢᠯᠡᠭᠰᠡᠨ ᠶᠡᠷᠦᠩᠬᠡᠢ ᠬᠡᠮᠵᠢᠶ᠎ᠡ ᠵᠢᠨ ᠡᠮᠦᠨ᠎ᠡ ᠭᠤᠷᠪᠠ᠎ᠳᠤ ᠪᠠᠢ᠌ᠭ᠎ᠠ᠎ᠨᠢ ᠬᠥᠬᠡᠬᠤᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ 28897 ᠬᠤᠪᠢ᠂ ᠪᠤᠭᠤᠲᠤ ᠬᠤᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ 25287 ᠬᠤᠪᠢ᠂ ᠤᠯᠠᠭ᠋ᠠᠨᠬᠠᠳᠠ ᠬᠣᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ 14012 ᠬᠤᠪᠢ᠂ ᠪᠠᠶᠠᠨᠨᠠᠭᠤᠷ ᠬᠣᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ 8664 ᠬᠤᠪᠢ᠂ ᠤᠯᠠᠭ᠋ᠠᠨᠴᠠᠪ ᠬᠣᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ 8287 ᠬᠤᠪᠢ ᠰᠢᠢ᠍ᠳᠪᠦᠷᠢᠯᠡᠪᠡ᠃

     ᠬᠦᠯᠢᠶᠡᠨ ᠠᠪᠤᠭᠰᠠᠨ ᠬᠡᠮᠵᠢᠶ᠎ᠡ ᠵᠢᠨ ᠰᠠᠷ᠎ᠠ᠎ᠪᠠᠷ ᠪᠦᠷᠢᠳᠬᠡᠭᠰᠡᠨ ᠬᠦᠰᠦᠨᠦᠭᠲᠦ (ᠨᠢᠭᠡᠴᠢ᠄ ᠬᠤᠪᠢ)


微信截图_20240717150832.png

     ᠰᠠᠷ᠎ᠠ ᠵᠢᠨ ᠬᠠᠨᠳᠤᠰᠢ ᠵᠢᠨ ᠵᠢᠷᠤᠭ᠄

图片2.png


    2 ᠳ᠋ᠤᠭ᠋ᠠᠷ ᠰᠠᠷ᠎ᠠ ᠵᠢᠨ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ᠂ ᠪᠥᠬᠦ ᠣᠷᠣᠨ᠎ᠤ ᠡᠯ᠎ᠡ ᠱᠠᠲᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠬᠠᠤᠯᠢ ᠬᠡᠷᠡᠭᠵᠢᠭᠦᠯᠬᠦ ᠡᠷᠴᠢᠮ ᠵᠶ᠋ᠠᠨ ᠴᠢᠩᠭ᠋ᠠᠷᠠᠭᠤᠯᠵᠤ᠂ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠴᠢᠩᠭ᠎ᠠ ᠵᠢᠷᠤᠮᠵᠢᠭᠤᠯᠤᠨ᠂ ᠬᠡᠷᠡᠭᠯᠡᠭᠡᠨ᠎ᠤ ᠣᠷᠴᠢᠨ ᠲᠣᠭᠤᠷᠢᠨ ᠡᠳᠦᠷ ᠢᠷᠡᠬᠦᠶ᠎ᠡ ᠲᠣᠭᠲᠠᠭᠤᠨ ᠪᠥᠭᠡᠳ ᠡᠷᠡᠭᠦᠯ ᠪᠠᠶ᠋ᠢᠵᠤ᠂ ᠡᠯ᠎ᠡ ᠵᠦᠢ᠍ᠯ᠎ᠤᠨ ᠳ᠋ᠠᠢ᠌ᠲ᠋ᠠ ᠨᠡᠯᠢᠶᠡᠳ ᠪᠠᠭ᠎ᠠ ᠪᠠᠢ᠌ᠵᠤ᠂ 3 ᠳ᠋ᠤᠭ᠋ᠠᠷ ᠰᠠᠷ᠎ᠠ᠎ᠠᠴᠠ ᠬᠤᠶ᠋ᠢᠰᠢ ᠳ᠋ᠠᠢ᠌ᠲ᠋ᠠ ᠶᠡᠷᠦᠩᠬᠡᠶ᠎ᠳᠡᠭᠡᠨ ᠲᠣᠭᠲᠠᠭᠤᠨ ᠪᠠᠶ᠋ᠢᠨ᠎ᠠ᠃

     ᠬᠤᠶᠠᠷ᠂ ᠵᠠᠭ᠋ᠠᠯᠳᠤᠭᠰᠠᠨ ᠪᠠᠶ᠋ᠢᠳᠠᠯ᠎ᠤᠨ ᠲᠤᠭ᠎ᠠ ᠪᠠᠷᠢᠮᠳᠠ ᠵᠢᠨ ᠪᠦᠷᠢᠳᠬᠡᠯ

     ᠳᠡᠭᠡᠷ᠎ᠡ ᠬᠠᠭ᠋ᠠᠰ ᠵᠢᠯ᠎ᠳᠤ ᠬᠡᠷᠡᠭᠯᠡᠭᠴᠢᠳ᠎ᠤᠨ ᠵᠠᠭ᠋ᠠᠯᠳᠤᠯᠭ᠎ᠠ ᠵᠢ ᠨᠡᠶ᠋ᠢᠲᠡ 72674  ᠬᠤᠪᠢ ᠭᠥᠯᠢᠶᠡᠨ ᠠᠪᠴᠤ᠂ ᠠᠳᠠᠯᠢ ᠬᠤᠭᠤᠴᠠᠭ᠋ᠠᠨ᠎ᠤ᠎ᠬᠢ᠎ᠠᠴᠠ 16.58 %᠎ᠪᠠᠷ ᠨᠡᠮᠡᠭᠳᠡᠪᠡ᠃ ᠡᠭᠦᠨ᠎ᠳᠤ ᠲᠠᠸᠠᠷ᠎ᠤᠨ ᠲᠥᠷᠥᠯ᠎ᠨᠢ 43785  ᠬᠤᠪᠢ ᠪᠠᠶ᠋ᠢᠵᠤ᠂ ᠦᠢ᠍ᠯᠡᠴᠢᠯᠡᠭᠡᠨ᠎ᠤ ᠲᠥᠷᠥᠯ᠎ᠨᠢ 28889  ᠬᠤᠪᠢ ᠪᠤᠢ᠃ ᠵᠠᠭ᠋ᠠᠯᠳᠤᠯᠭ᠎ᠠ᠎ᠳᠤ ᠬᠤᠯᠪᠣᠭᠳᠠᠭᠰᠠᠨ ᠮᠠᠷᠭᠤᠯᠳᠤᠭ᠋ᠠᠨ᠎ᠤ ᠵᠣᠭᠤᠰ᠎ᠤᠨ ᠲᠤᠭ᠎ᠠ 8133.10  ᠲᠦᠮᠡᠨ ᠲᠥᠭᠦᠷᠢᠭ᠎ᠲᠤ ᠬᠦᠷᠴᠦ᠂ ᠬᠡᠷᠡᠭᠯᠡᠭᠴᠢᠳ᠎ᠲᠤ 2482.63  ᠲᠦᠮᠡᠨ ᠲᠥᠭᠦᠷᠢᠭ᠎ᠤᠨ ᠠᠵᠤ ᠠᠬᠤᠶ ᠵᠢᠨ ᠬᠤᠬᠢᠷᠠᠯ᠎ᠢ ᠡᠭᠡᠭᠦᠯᠦᠨ ᠠᠪᠴᠢᠷᠠᠪᠠ᠃ 7 ᠳ᠋ᠤᠭ᠋ᠠᠷ ᠰᠠᠷ᠎ᠠ ᠵᠢᠨ 2᠎ᠤᠨ ᠡᠳᠦᠷ ᠪᠣᠯᠲᠠᠯ᠎ᠠ 66900  ᠬᠤᠪᠢ ᠵᠢ ᠨᠢᠭᠡᠨᠲᠡ ᠰᠢᠢ᠍ᠳᠪᠦᠷᠢᠯᠡᠨ ᠳᠠᠭᠤᠰᠬᠠᠵᠤ᠂ ᠰᠢᠢ᠍ᠳᠪᠦᠷᠢᠯᠡᠵᠦ ᠳᠠᠭᠤᠰᠬᠠᠭᠰᠠᠨ ᠨᠣᠷᠮ᠎ᠠ᠎ᠨᠢ 92.05%᠎ᠳᠤ ᠬᠦᠷᠪᠡ᠃ 

     ᠬᠡᠷᠡᠭᠯᠡᠭᠡ ᠵᠢᠨ ᠲᠥᠷᠥᠯ ᠢᠯᠭ᠋ᠠᠯ᠎ᠤᠨ ᠬᠤᠪᠢᠶᠠᠷᠢᠯᠠᠯ᠎ᠢ ᠬᠦᠰᠦᠨᠦᠭᠲᠦ (ᠨᠢᠭᠡ)᠂ (ᠬᠤᠶᠠᠷ) ᠎ᠲᠤ ᠦᠵᠡᠭᠡᠷᠡᠢ

    (ᠨᠢᠭᠡ) ᠲᠠᠸᠠᠷ᠎ᠤᠨ ᠲᠦᠷᠦᠯ᠎ᠳᠤ ᠬᠤᠯᠪᠤᠭᠳᠠᠬᠤ (ᠨᠢᠭᠡᠴᠢ᠄ ᠬᠤᠪᠢ)

ᠲᠠᠸᠠᠷ᠎ᠤᠨ ᠲᠥᠷᠥᠯ᠎ᠤᠨ ᠵᠠᠭ᠋ᠠᠯᠳᠤᠯᠭ᠎ᠠ᠎ᠨᠢ ᠠᠳᠠᠯᠢ ᠬᠤᠭᠤᠴᠠᠭ᠋ᠠᠨ᠎ᠠᠴᠠ 28.65 %᠎ᠪᠠᠷ ᠨᠡᠮᠡᠭᠳᠡᠪᠡ᠃ ᠵᠠᠭ᠋ᠠᠯᠳᠤᠯᠭ᠎ᠠ ᠵᠢᠨ ᠬᠡᠮᠵᠢᠶ᠎ᠡ᠎ᠨᠢ ᠡᠮᠦᠨ᠎ᠡ ᠲᠠᠪᠤ᠎ᠳᠤ ᠪᠠᠶ᠋ᠢᠭ᠎ᠠ ᠲᠠᠸᠠᠷ᠎ᠤᠨ ᠶᠡᠭᠡ ᠲᠦᠷᠦᠯ ᠪᠣᠯ ᠢᠳᠡᠭᠡᠨ᠎ᠤ ᠲᠥᠷᠥᠯ 21124 ᠬᠤᠪᠢ᠂ ᠬᠤᠪᠴᠠᠰᠤ ᠬᠤᠨᠠᠷ ᠱᠠᠬᠠᠢ ᠮᠠᠯᠠᠭ᠋ᠠᠢ ᠵᠢᠨ ᠲᠥᠷᠥᠯ 4028 ᠬᠤᠪᠢ᠂ ᠵᠠᠮ ᠬᠠᠷᠢᠯᠴᠠᠭ᠋ᠠᠨ᠎ᠤ ᠪᠠᠭ᠋ᠠᠵᠢ ᠵᠢᠨ ᠲᠥᠷᠥᠯ 3071 ᠬᠤᠪᠢ᠂ ᠭᠡᠷ᠎ᠤᠨ ᠡᠳ᠋ᠯᠡᠯ ᠬᠡᠷᠡᠭᠰᠡᠯ᠎ᠤᠨ ᠲᠥᠷᠥᠯ 2178 ᠬᠤᠪᠢ᠂ ᠵᠠᠰᠠᠯ ᠵᠢᠮᠰᠡᠭ᠎ᠤᠨ ᠲᠥᠷᠥᠯ 1381 ᠬᠤᠪᠢ ᠪᠤᠢ᠃

ᠵᠠᠭ᠋ᠠᠯᠳᠤᠯᠭ᠎ᠠ ᠵᠢᠨ ᠬᠡᠮᠵᠢᠶ᠎ᠡ᠎ᠨᠢ ᠡᠮᠦᠨ᠎ᠡ ᠲᠠᠪᠤ᠎ᠳᠤ ᠪᠠᠢ᠌ᠭ᠎ᠠ ᠲᠥᠷᠥᠯ᠎ᠤᠨ ᠲᠠᠸᠠᠷ᠎ᠤᠨ ᠶᠡᠭᠡ ᠲᠥᠷᠥᠯ᠎ᠨᠢ ᠲᠠᠸᠠᠷ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶ᠎ᠡ᠎ᠳᠠᠬᠢ ᠡᠵᠡᠯᠡᠬᠦ ᠬᠠᠷᠢᠴᠠᠯ᠄


图片3.png


     ᠵᠠᠭ᠋ᠠᠯᠳᠤᠯᠭ᠎ᠠ ᠵᠢᠨ ᠬᠡᠮᠵᠢᠶ᠎ᠡ᠎ᠨᠢ ᠨᠢᠭᠡᠳᠦᠭᠡᠷ᠎ᠲᠤ ᠪᠠᠢ᠌ᠭ᠎ᠠ ᠢᠳᠡᠭᠡᠨ᠎ᠤ ᠲᠥᠷᠥᠯ 21124 ᠬᠤᠪᠢ ᠪᠠᠶ᠋ᠢᠵᠤ᠂ ᠲᠠᠸᠠᠷ᠎ᠤᠨ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠤ 48.24 % ᠵᠢ ᠡᠵᠡᠯᠡᠪᠡ᠃ ᠲᠣᠰ ᠲᠥᠷᠥᠯ᠎ᠤᠨ ᠵᠠᠭ᠋ᠠᠯᠳᠤᠯᠭ᠎ᠠ᠎ᠳᠤ᠂ ᠡᠩ᠎ᠤᠨ ᠢᠳᠡᠭᠡᠨ᠎ᠤ ᠵᠦᠢ᠍ᠯ 16357  ᠬᠤᠪᠢ᠂ ᠠᠷᠢᠬᠢ ᠪᠣᠯᠤᠨ ᠤᠮᠳᠠᠭ᠋ᠠᠨ᠎ᠤ ᠵᠦᠢ᠍ᠯ 2347 ᠬᠤᠪᠢ᠂ ᠢᠳᠡᠭᠡᠨ᠎ᠳᠤ ᠬᠡᠷᠡᠭᠯᠡᠬᠦ ᠲᠠᠷᠢᠶᠠᠯᠠᠩ᠎ᠤᠨ ᠪᠦᠲᠦᠭᠡᠭᠳᠡᠬᠦᠨ 1814 ᠬᠤᠪᠢ᠂ ᠢᠳᠡᠭᠡᠨ᠎ᠳᠤ ᠬᠣᠯᠪᠣᠭᠳᠠᠬᠤ ᠦᠢ᠍ᠯᠡᠳᠬᠦᠨ 285 ᠬᠤᠪᠢ᠂ ᠡᠷᠡᠭᠦᠯᠵᠢᠯ᠎ᠤᠨ ᠢᠳᠡᠭᠡᠨ 165 ᠬᠤᠪᠢ᠂ ᠨᠢᠯᠬ᠎ᠠ ᠬᠡᠦᠬᠡᠳ᠎ᠤᠨ ᠨᠠᠶ᠋ᠢᠷᠠᠯᠭ᠎ᠠ᠎ᠲᠠᠢ ᠰᠦᠨ ᠲᠠᠯᠬ᠎ᠠ 150 ᠬᠤᠪᠢ᠂ ᠠᠨᠠᠭ᠋ᠠᠬᠤ ᠤᠬᠠᠭ᠋ᠠᠨ᠎ᠤ ᠣᠨᠴᠠᠭ᠋ᠠᠢ ᠬᠡᠷᠡᠭᠴᠡᠭᠡ ᠪᠦᠬᠦᠢ ᠨᠠᠢ᠌ᠷᠠᠯᠭ᠎ᠠ᠎ᠲᠠᠢ ᠢᠳᠡᠭᠡᠨ 6 ᠬᠤᠪᠢ ᠪᠤᠶ᠃  ᠵᠠᠭ᠋ᠠᠯᠳᠤᠯᠭ᠎ᠠ ᠵᠢᠨ ᠲᠤᠰᠬᠠᠯ ᠨᠡᠯᠢᠶᠡᠳ ᠠᠷᠪᠢᠨ ᠪᠠᠶ᠋ᠢᠬᠤ᠎ᠨᠢ ᠢᠳᠡᠭᠡᠨ᠎ᠤ ᠪᠣᠭᠤᠳᠠᠯ ᠪᠠᠭᠯᠠᠭ᠎ᠠ᠎ᠨᠢ ᠵᠢᠷᠤᠮᠵᠢᠯ ᠦᠭᠡᠢ᠂ ᠢᠳᠡᠭᠡᠨ᠎ᠳᠤ ᠣᠨᠳᠣᠣ ᠪᠣᠳᠠᠰ ᠠᠭᠤᠯᠤᠭᠳᠠᠵᠤ ᠪᠠᠶ᠋ᠢᠬᠤ᠂ ᠴᠢᠨᠠᠷ ᠬᠤᠪᠢᠷᠠᠵᠤ ᠬᠤᠭᠤᠴᠠᠭ᠎ᠠ᠎ᠠᠴᠠ ᠥᠩᠭᠡᠷᠡᠭᠰᠡᠨ᠂ ᠱᠣᠰᠢᠭ᠎ᠠ ᠬᠦᠰᠦᠨᠦᠭᠲᠦ᠎ᠳᠤ ᠦ ᠰᠡᠪ᠎ᠲᠠᠢ᠂ ᠵᠠᠷ ᠮᠡᠳᠡᠭᠡᠨ᠎ᠤ ᠬᠤᠳᠠᠯ ᠬᠠᠭᠤᠷᠮᠠᠭ ᠤᠬᠠᠭᠤᠯᠭ᠎ᠠ᠂ ᠦᠨ᠎ᠡ ᠬᠠᠩᠰᠢ ᠵᠡᠷᠭᠡ ᠠᠰᠠᠭᠤᠳᠠᠯ ᠪᠣᠯᠣᠨ᠎ᠠ᠃

     ᠵᠠᠭ᠋ᠠᠯᠳᠤᠯᠭ᠎ᠠ ᠵᠢᠨ ᠬᠡᠮᠵᠢᠶ᠎ᠡ᠎ᠨᠢ ᠬᠤᠶᠠᠳᠤᠭ᠋ᠠᠷ᠎ᠲᠤ ᠪᠠᠢ᠌ᠭ᠎ᠠ ᠬᠤᠪᠴᠠᠰᠤ ᠬᠤᠨᠠᠷ ᠱᠠᠬᠠᠢ ᠮᠠᠯᠠᠭ᠋ᠠᠢ ᠵᠢᠨ ᠲᠥᠷᠥᠯ 4028 ᠬᠤᠪᠢ ᠪᠠᠶ᠋ᠢᠵᠤ᠂ ᠲᠠᠸᠠᠷ᠎ᠤᠨ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠤ 9.20% ᠵᠢ ᠡᠵᠡᠯᠡᠪᠡ᠃ ᠲᠣᠰ ᠲᠥᠷᠥᠯ᠎ᠤᠨ ᠵᠠᠭ᠋ᠠᠯᠳᠤᠯᠭ᠎ᠠ᠎ᠳᠤ ᠱᠠᠬᠠᠢ 1486 ᠬᠤᠪᠢ᠂ ᠭᠠᠳᠠᠷ ᠬᠤᠪᠴᠠᠰᠤ 1087 ᠬᠤᠪᠢ᠂ ᠦᠮᠦᠳᠦ 476 ᠬᠤᠪᠢ᠂ ᠪᠤᠰᠤᠳ  ᠵᠠᠭ᠋ᠠᠯᠳᠤᠯᠭ᠎ᠠ ᠵᠢᠨ ᠬᠡᠮᠵᠢᠶ᠎ᠡ ᠨᠡᠯᠢᠶᠡᠳ ᠠᠷᠪᠢᠨ ᠪᠠᠶ᠋ᠢᠬᠤ᠎ᠨᠢ ᠴᠠᠮᠴᠠ 190 ᠬᠤᠪᠢ᠂ ᠪᠠᠩᠵᠠᠯ 189 ᠬᠤᠪᠢ᠂ ᠨᠣᠣᠰᠣᠨ ᠬᠠᠨᠲᠠᠭ᠋ᠠᠰᠤ 123 ᠬᠤᠪᠢ᠂ ᠳᠣᠲᠣᠷ ᠬᠤᠪᠴᠠᠰᠤ 87 ᠬᠤᠪᠢ ᠪᠤᠢ᠃   ᠭᠣᠣᠯ᠎ᠨᠢ ᠭᠤᠲᠤᠯ ᠮᠠᠯᠠᠭ᠋ᠠᠢ ᠬᠠᠭ᠋ᠠᠷᠠᠬᠤ᠂ ᠬᠤᠪᠴᠠᠰᠤ ᠵᠢᠨ ᠥᠩᠭᠡ᠎ᠨᠢ ᠪᠠᠭᠤᠷᠠᠬᠤ᠂ ᠪᠥᠮᠪᠥᠭᠡᠯᠡᠬᠦ ᠪᠣᠯᠤᠨ ᠬᠤᠳᠠᠯᠳᠤᠭ᠋ᠠᠴᠢᠨ 《ᠭᠤᠷᠪᠠ ᠵᠢ ᠪᠠᠲᠤᠯᠠᠬᠤ》 ᠲᠣᠭᠲᠠᠭ᠋ᠠᠯ᠎ᠢ ᠬᠡᠷᠡᠭᠵᠢᠭᠦᠯᠬᠦ ᠦᠭᠡᠢ ᠵᠡᠷᠭᠡ ᠠᠰᠠᠭᠤᠳᠠᠯ ᠪᠣᠯᠣᠨ᠎ᠠ᠃

     ᠵᠠᠭ᠋ᠠᠯᠳᠤᠯᠭ᠎ᠠ ᠵᠢᠨ ᠬᠡᠮᠵᠢᠶ᠎ᠡ᠎ᠨᠢ ᠭᠤᠷᠪᠠᠳᠤᠭ᠋ᠠᠷ᠎ᠲᠤ ᠪᠠᠢ᠌ᠭ᠎ᠠ ᠵᠠᠮ ᠬᠠᠷᠢᠯᠴᠠᠭ᠋ᠠᠨ᠎ᠤ ᠪᠠᠭ᠋ᠠᠵᠢ ᠬᠡᠷᠡᠭᠰᠡᠯ᠎ᠤᠨ ᠲᠥᠷᠥᠯ 3071 ᠬᠤᠪᠢ ᠪᠠᠶ᠋ᠢᠵᠤ᠂ ᠲᠠᠸᠠᠷ᠎ᠤᠨ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶ᠎ᠡ ᠵᠢᠨ 7.01% ᠵᠢ ᠡᠵᠡᠯᠡᠪᠡ᠃ ᠲᠣᠰ ᠲᠥᠷᠥᠯ᠎ᠤᠨ ᠵᠠᠭ᠋ᠠᠯᠳᠤᠯᠭ᠎ᠠ᠎ᠳᠤ ᠮᠠᠰᠢᠨ ᠲᠡᠷᠭᠡ ᠪᠠ ᠮᠠᠰᠢᠨ ᠲᠡᠷᠭᠡᠨ᠎ᠤ ᠰᠡᠯᠪᠢᠭ ᠲᠣᠨᠤᠭ 2398 ᠬᠤᠪᠢ᠂ ᠮᠣᠲ᠋ᠣᠷ ᠪᠠ ᠬᠥᠳᠡᠯᠭᠡᠭᠦᠷᠲᠦ ᠳᠤᠭᠤᠢ 346 ᠬᠤᠪᠢ᠂ ᠳᠤᠭᠤᠢ ᠲᠡᠷᠭᠡ ᠵᠢᠴᠢ ᠰᠡᠯᠪᠢᠭ ᠲᠣᠨᠣᠭ 327 ᠬᠤᠪᠢ ᠪᠤᠢ᠃ ᠲᠤᠰᠬᠠᠭᠰᠠᠨ ᠠᠰᠠᠭᠤᠳᠠᠯ᠎ᠨᠢ ᠭᠣᠣᠯᠳᠠᠭᠤ   ᠮᠠᠰᠢᠨ ᠲᠡᠷᠭᠡᠨ᠎ᠤ ᠰᠡᠯᠪᠢᠭ ᠲᠣᠨᠤᠭ ᠵᠢᠴᠢ ᠪᠦᠲᠦᠭᠡᠭᠳᠡᠬᠦᠨ᠎ᠤ ᠶᠠᠰᠤ ᠴᠢᠨᠠᠷ᠎ᠤᠨ ᠠᠰᠠᠭᠤᠳᠠᠯ᠎ᠳᠤ ᠲᠥᠪᠯᠡᠷᠡᠵᠦ᠂ ᠴᠠᠬᠢᠯᠭ᠋ᠠᠨ ᠬᠥᠳᠡᠯᠭᠡᠭᠦᠷᠲᠦ ᠲᠡᠷᠭᠡᠨ᠎ᠤ ᠳ᠋ᠢᠶᠠᠨ ᡂᠢ ᠵᠢᠨ ᠶᠠᠰᠤ ᠴᠢᠨᠠᠷ᠎ᠤᠨ ᠠᠰᠠᠭᠤᠳᠠᠯ᠎ᠤᠨ ᠲᠤᠬᠠᠶ ᠵᠠᠭ᠋ᠠᠯᠳᠤᠯᠭ᠎ᠠ ᠴᠦ᠍ ᠨᠡᠯᠢᠶᠡᠳ ᠠᠷᠪᠢᠨ ᠪᠠᠶ᠋ᠢᠨ᠎ᠠ᠃

     ᠵᠠᠭ᠋ᠠᠯᠳᠤᠯᠭ᠎ᠠ ᠵᠢᠨ ᠬᠡᠮᠵᠢᠶ᠎ᠡ᠎ᠨᠢ ᠳᠥᠷᠪᠡᠳᠦᠭᠡᠷ᠎ᠲᠤ ᠪᠠᠶ᠋ᠢᠭ᠎ᠠ ᠭᠡᠷ᠎ᠤᠨ ᠬᠡᠷᠡᠭᠰᠡᠯ᠎ᠤᠨ ᠲᠥᠷᠥᠯ ᠵᠦᠢ᠍ᠯ 2178 ᠬᠤᠪᠢ ᠪᠠᠶ᠋ᠢᠵᠤ᠂ ᠲᠠᠸᠠᠷ᠎ᠤᠨ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠢ ᠬᠡᠮᠵᠢᠶᠡᠨ᠎ᠤ 4.97% ᠵᠢ ᠡᠵᠡᠯᠡᠪᠡ᠃ ᠲᠣᠰ ᠲᠥᠷᠥᠯ᠎ᠤᠨ ᠵᠠᠭ᠋ᠠᠯᠳᠤᠯᠭ᠎ᠠ᠎ᠳᠤ᠂ ᠭᠡᠷ᠎ᠤᠨ ᠡᠳ᠋ᠯᠡᠯ ᠬᠡᠷᠡᠭᠰᠡᠯ 1116 ᠬᠤᠪᠢ᠂ ᠲᠣᠭᠤᠭ᠋ᠠᠨ ᠭᠡᠷ᠎ᠤᠨ ᠬᠡᠷᠡᠭᠰᠡᠯ 254 ᠬᠤᠪᠢ᠂ ᠡᠳᠦᠷ ᠲᠤᠲᠤᠮ᠎ᠤᠨ ᠬᠡᠷᠡᠭᠰᠡᠯ 229 ᠬᠤᠪᠢ᠂ ᠨᠢᠳᠦᠨ ᠰᠢᠯ 162 ᠬᠤᠪᠢ᠂ ᠴᠠᠭ 144 ᠬᠤᠪᠢ᠂ ᠪᠤᠰᠤᠳ ᠵᠠᠭ᠋ᠠᠯᠳᠤᠯᠭ᠎ᠠ ᠵᠢᠨ ᠬᠡᠮᠵᠢᠶ᠎ᠡ ᠨᠡᠯᠢᠶᠡᠳ ᠶᠡᠬᠡ ᠵᠦᠢ᠍ᠯ ᠪᠣᠯ ᠬᠠᠶ᠋ᠢᠷᠴᠠᠭ ᠪᠣᠭᠴᠣ 96 ᠬᠤᠪᠢ᠂ ᠣᠷᠣ ᠵᠢᠨ ᠬᠡᠷᠡᠭᠰᠡᠯ 91 ᠬᠤᠪᠢ᠂ ᠠᠷᠢᠭᠤᠨ ᠴᠡᠪᠡᠷ᠎ᠤᠨ ᠬᠡᠷᠡᠭᠰᠡᠯ 72 ᠬᠤᠪᠢ ᠵᠡᠷᠭᠡ᠂᠂ ᠭᠣᠣᠯᠳᠠᠭᠤ ᠬᠤᠳᠠᠯᠳᠤᠭ᠋ᠠᠴᠢᠨ ᠭᠡᠷ᠎ᠡ᠎ᠳᠤ ᠪᠣᠯᠵᠣᠨ ᠲᠣᠭᠲᠠᠭᠰᠠᠨ ᠶᠣᠰᠣᠭ᠋ᠠᠷ ᠲᠠᠸᠠᠷ ᠬᠠᠩᠭ᠋ᠠᠭᠰᠠᠨ ᠦᠭᠡᠢ ᠵᠢᠴᠢ ᠬᠤᠳᠠᠯᠳᠤᠭᠰᠠᠨ᠎ᠤ ᠳᠠᠷᠠᠭ᠋ᠠᠬᠢ ᠡᠭᠦᠷᠭᠡ᠎ᠪᠠᠨ ᠭᠦᠢ᠍ᠴᠡᠳᠬᠡᠭᠰᠡᠨ ᠦᠭᠡᠢ᠃

     ᠵᠠᠭ᠋ᠠᠯᠳᠤᠯᠭ᠎ᠠ ᠵᠢᠨ ᠬᠡᠮᠵᠢᠶ᠎ᠡ᠎ᠨᠢ ᠲᠠᠪᠤᠳᠤᠭ᠋ᠠᠷ᠎ᠲᠤ ᠪᠠᠢ᠌ᠭ᠎ᠠ ᠵᠠᠰᠠᠯ ᠵᠢᠮᠰᠡᠭ᠎ᠤᠨ ᠲᠦᠷᠦᠯ 1381 ᠬᠤᠪᠢ ᠪᠠᠶ᠋ᠢᠵᠤ᠂ ᠲᠠᠸᠠᠷ᠎ᠤᠨ ᠲᠦᠷᠦᠯ᠎ᠤᠨ ᠵᠠᠭ᠋ᠠᠯᠳᠤᠯᠭ᠎ᠠ ᠵᠢᠨ ᠶᠡᠷᠦᠩᠬᠡᠢ ᠬᠡᠮᠵᠢᠶᠡᠨ᠎ᠤ 3.15% ᠵᠢ ᠡᠵᠡᠯᠡᠪᠡ᠃ ᠲᠣᠰ ᠲᠥᠷᠥᠯ᠎ᠤᠨ ᠵᠠᠭ᠋ᠠᠯᠳᠤᠯᠭ᠎ᠠ᠎ᠳᠤ   ᠠᠯᠳᠠᠨ ᠵᠠᠰᠠᠯ ᠵᠢᠮᠰᠡᠭ 938 ᠬᠤᠪᠢ᠂ ᠪᠠᠶ᠋ᠢᠭ᠋ᠠᠯᠢ ᠵᠢᠨ ᠬᠠᠰ ᠴᠢᠯᠠᠭᠤ 131 ᠬᠤᠪᠢ᠂ ᠮᠥᠩᠬᠦᠨ ᠵᠠᠰᠠᠯ ᠵᠢᠮᠰᠡᠭ 96 ᠬᠤᠪᠢ᠂ ᠪᠠᠶ᠋ᠢᠭ᠋ᠠᠯᠢ ᠵᠢᠨ ᠡᠷᠳᠡᠨᠢ ᠵᠢᠨ ᠴᠢᠯᠠᠭᠤ 87 ᠬᠤᠪᠢ᠂ ᠬᠠᠶ᠋ᠢᠯᠤᠰᠢ ᠵᠢᠨ ᠵᠠᠰᠠᠯ ᠵᠢᠮᠰᠡᠭ 45 ᠬᠤᠪᠢ᠂ ᠣᠷᠭ᠋ᠠᠨᠢᠭ ᠡᠷᠳᠡᠨᠢ ᠵᠢᠨ ᠴᠢᠯᠠᠭᠤ 36 ᠬᠤᠪᠢ᠂ ᠴᠠᠭ᠋ᠠᠨ ᠠᠯᠳᠠᠨ ᠵᠠᠰᠠᠯ ᠵᠢᠮᠰᠡᠭ 23 ᠬᠤᠪᠢ ᠪᠤᠢ᠃ ᠵᠠᠭ᠋ᠠᠯᠳᠤᠯᠭ᠎ᠠ ᠵᠢᠨ ᠲᠤᠰᠬᠠᠯ ᠨᠡᠯᠢᠶᠡᠳ ᠠᠷᠪᠢᠨ ᠪᠠᠶ᠋ᠢᠬᠤ᠎ᠨᠢ ᠮᠠᠭᠤ᠎ᠪᠠᠷ ᠰᠠᠶ᠋ᠢᠨ᠎ᠢ ᠣᠷᠣᠯᠠᠭᠤᠯᠬᠤ᠂ ᠴᠢᠨᠠᠷ ᠮᠠᠭᠤ ᠦᠨ᠎ᠡ᠎ᠨᠢ ᠥᠨᠳᠥᠷ᠂ ᠬᠤᠳᠠᠯᠳᠤᠭ᠋ᠠᠴᠢᠨ ᠪᠠᠷᠠᠭ᠎ᠠ ᠰᠣᠯᠢᠬᠤ ᠪᠤᠴᠠᠭ᠋ᠠᠬᠤ ᠠᠮᠠᠯᠠᠯᠲᠠ᠎ᠪᠠᠨ ᠭᠦᠢ᠍ᠴᠡᠳᠬᠡᠭᠰᠡᠨ ᠦᠭᠡᠢ ᠵᠡᠷᠭᠡ ᠠᠰᠠᠭᠤᠳᠠᠯ ᠪᠣᠯᠤᠨ᠎ᠠ᠃

ᠲᠠᠸᠠᠷ᠎ᠤᠨ ᠵᠠᠭ᠋ᠠᠯᠳᠤᠯᠭ᠎ᠠ ᠵᠢᠨ ᠬᠠᠯᠠᠮᠰᠢᠯ ᠴᠡᠭ᠎ᠤᠨ ᠡᠮᠦᠨᠡᠬᠢ ᠠᠷᠪᠠᠨ ᠨᠡᠷᠡᠰ᠎ᠲᠤ ᠡᠩ᠎ᠤᠨ ᠰᠠᠭᠤᠳᠠᠯ᠎ᠤᠨ ᠮᠠᠰᠢᠨ ᠲᠡᠷᠭᠡ 1851 ᠬᠤᠪᠢ᠂ ᠠᠮᠤ ᠭᠤᠯᠢᠷ ᠵᠢᠴᠢ ᠲᠡᠭᠦᠨ᠎ᠤ ᠦᠢ᠍ᠯᠡᠳᠬᠦᠨ (ᠥᠪᠡᠰᠦᠪᠡᠨ ᠦᠢ᠍ᠯᠡᠳᠪᠦᠷᠢᠯᠡᠭᠰᠡᠨ) 1173 ᠬᠤᠪᠢ᠂ ᠭᠠᠷ ᠤᠲᠠᠰᠤ 1102 ᠬᠤᠪᠢ᠂ ᠮᠢᠬᠠᠨ᠎ᠤ ᠪᠦᠲᠦᠭᠡᠭᠳᠡᠬᠦᠨ (ᠥᠪᠡᠰᠦᠪᠡᠨ ᠦᠢ᠍ᠯᠡᠳᠦᠭᠰᠡᠨ) 847 ᠬᠤᠪᠢ᠂ ᠬᠠᠲᠠᠭᠰᠠᠨ ᠮᠢᠬᠠᠨ᠎ᠤ ᠲᠥᠷᠥᠯ 811 ᠬᠤᠪᠢ᠂ ᠲᠠᠮᠢᠷ᠎ᠤᠨ ᠬᠥᠳᠡᠯᠭᠡᠭᠡᠨ᠎ᠤ ᠱᠠᠬᠠᠢ 711 ᠬᠤᠪᠢ᠂ ᠲᠠᠯᠬ᠎ᠠ 522 ᠬᠤᠪᠢ᠂  ᠪᠠᠺᠲ᠋ᠧᠷᠢ ᠤᠰᠠᠳᠬᠠᠭᠰᠠᠨ ᠰᠦ 498 ᠬᠤᠪᠢ᠂ ᠤᠨᠴᠠᠭ᠋ᠠᠢ ᠪᠤᠰᠤ ᠬᠡᠷᠡᠭᠴᠡᠭᠡᠲᠦ ᠵᠠᠰᠠᠯ᠎ᠤᠨ ᠡᠳ᠋ 486 ᠬᠤᠪᠢ᠂ ᠠᠯᠲᠠᠨ ᠡᠯᠭᠦᠬᠦ ᠴᠢᠮᠡᠭ ᠵᠠᠰᠠᠯ ᠵᠢᠮᠰᠡᠭ 436 ᠬᠤᠪᠢ (ᠭᠥᠯᠢᠶᠡᠨ ᠠᠪᠤᠭᠰᠠᠨ ᠬᠡᠮᠵᠢᠶ᠎ᠡ᠎ᠳᠠᠬᠢ ᠪᠤᠶ ᠪᠦᠬᠦᠢ 《ᠪᠤᠰᠤᠳ ᠵᠦᠢ᠍ᠯ》᠎ᠢ ᠨᠡᠷᠡᠰ᠎ᠤᠨ ᠵᠢᠭᠰᠠᠭ᠋ᠠᠯᠲᠠ᠎ᠳᠤ ᠪᠤᠳᠤᠵᠤ ᠣᠷᠣᠭᠤᠯᠬᠤ ᠦᠭᠡᠶ) ᠪᠠᠶ᠋ᠢᠵᠤ᠂ ᠲᠠᠸᠠᠷ᠎ᠤᠨ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠤ 19.26% ᠵᠢ ᠡᠵᠡᠯᠡᠪᠡ᠃

     ᠳᠡᠭᠡᠷ᠎ᠡ ᠬᠠᠭ᠋ᠠᠰ ᠵᠢᠯ᠎ᠳᠤ ᠵᠠᠭ᠋ᠠᠯᠳᠤᠯᠭ᠎ᠠ ᠵᠢᠨ ᠬᠡᠮᠵᠢᠶ᠎ᠡ᠎ᠨᠢ ᠡᠮᠦᠨ᠎ᠡ ᠲᠠᠪᠤ᠎ᠳᠤ ᠵᠢᠭᠰᠠᠭ᠋ᠠᠭᠳᠠᠭᠰᠠᠨ ᠲᠠᠸᠠᠷ᠎ᠤᠨ ᠲᠥᠷᠥᠯ᠎ᠨᠢ ᠥᠩᠭᠡᠷᠡᠭᠰᠡᠨ ᠵᠢᠯ᠎ᠤᠨ ᠠᠳᠠᠯᠢ ᠬᠤᠭᠤᠴᠠᠭ᠋ᠠᠨ᠎ᠤ ᠵᠠᠭ᠋ᠠᠯᠳᠤᠯᠭ᠎ᠠ ᠵᠢᠨ ᠬᠡᠮᠵᠢᠶ᠎ᠡ ᠵᠢᠨ ᠡᠮᠦᠨ᠎ᠡ ᠲᠠᠪᠤ ᠵᠢ ᠡᠵᠡᠯᠡᠬᠦ ᠲᠣᠮᠣ ᠲᠥᠷᠥᠯ᠎ᠲᠠᠢ ᠵᠢᠭ᠋ᠠᠬᠠᠨ ᠠᠳᠠᠯᠢ ᠦᠭᠡᠢ᠃ ᠡᠭᠦᠨ᠎ᠳᠤ᠂ ᠢᠳᠡᠭᠡᠨ᠎ᠤ ᠵᠦᠢ᠍ᠯ᠎ᠤᠨ ᠵᠠᠭ᠋ᠠᠯᠳᠤᠯᠭ᠎ᠠ ᠵᠢᠨ ᠬᠡᠮᠵᠢᠶ᠎ᠡ᠎ᠨᠢ ᠬᠠᠮᠤᠭ ᠶᠡᠬᠡ ᠪᠠᠢ᠌ᠵᠤ᠂ ᠵᠠᠭ᠋ᠠᠯᠳᠤᠯᠭ᠎ᠠ ᠵᠢᠨ ᠬᠡᠮᠵᠢᠶ᠎ᠡ᠎ᠨᠢ ᠠᠳᠠᠯᠢ ᠬᠤᠭᠤᠴᠠᠭ᠋ᠠᠨ᠎ᠤ᠎ᠬᠢ᠎ᠠᠴᠠ 52.33%᠎ᠪᠠᠷ ᠨᠡᠮᠡᠭᠳᠡᠵᠦ᠂ ᠭᠤᠣᠯᠳᠠᠭᠤ ᠢᠳᠡᠭᠡᠨ᠎ᠤ ᠵᠦᠢ᠍ᠯ᠎ᠤᠨ ᠬᠤᠭᠤᠴᠠᠭ᠎ᠠ᠎ᠨᠢ ᠥᠩᠭᠡᠷᠡᠭᠰᠡᠨ᠂ ᠴᠢᠨᠠᠷ ᠬᠤᠪᠢᠷᠠᠭᠰᠠᠨ᠂ ᠦᠨ᠎ᠡ ᠥᠰᠬᠡᠭᠰᠡᠨ᠂ ᠵᠢᠩ ᠯᠠᠩ ᠳᠤᠲᠠᠬᠤ ᠵᠢᠴᠢ ᠬᠤᠳᠠᠯ ᠬᠠᠭᠤᠷᠮᠠᠭ ᠵᠠᠷ ᠮᠡᠳᠡᠭᠡ ᠵᠡᠷᠭᠡ ᠠᠰᠠᠭᠤᠳᠠᠯ᠎ᠳᠤ ᠬᠤᠯᠪᠣᠭᠳᠠᠵᠠᠢ; ᠵᠠᠰᠠᠯ ᠵᠢᠮᠰᠡᠭ᠎ᠤᠨ ᠲᠥᠷᠥᠯ᠎ᠤᠨ ᠵᠠᠭ᠋ᠠᠯᠳᠤᠯᠭ᠎ᠠ᠎ᠨᠢ ᠡᠮᠦᠨ᠎ᠡ ᠲᠠᠪᠤ᠎ᠳᠤ ᠣᠷᠣᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 2.22%᠎ᠪᠠᠷ ᠨᠡᠮᠡᠭᠳᠡᠵᠦ᠂ ᠭᠤᠣᠯᠳᠠᠭᠤ ᠦᠢ᠍ᠯᠡᠳᠬᠦᠨ᠎ᠤ ᠶᠠᠰᠤ ᠴᠢᠨᠠᠷ᠂ ᠦᠨ᠎ᠡ ᠬᠠᠩᠰᠢ ᠵᠢᠴᠢ ᠬᠤᠳᠠᠯᠳᠤᠭᠰᠠᠨ᠎ᠤ ᠳᠠᠷᠠᠭ᠋ᠠᠬᠢ ᠦᠢ᠍ᠯᠡᠴᠢᠯᠡᠭᠡ ᠵᠡᠷᠭᠡ ᠠᠰᠠᠭᠤᠳᠠᠯ᠎ᠳᠤ ᠬᠣᠯᠪᠣᠭᠳᠠᠪᠠ; ᠪᠤᠰᠤᠳ ᠵᠠᠭ᠋ᠠᠯᠳᠤᠯᠭ᠎ᠠ ᠵᠢᠨ ᠬᠡᠮᠵᠢᠶ᠎ᠡ᠎ᠨᠢ ᠢᠯᠡᠷᠬᠡᠢ ᠬᠤᠪᠢᠷᠠᠯᠲᠠ᠎ᠲᠠᠢ ᠲᠠᠸᠠᠷ᠎ᠤᠨ ᠲᠣᠮᠣ ᠲᠥᠷᠥᠯ᠎ᠨᠢ ᠭᠤᠣᠯᠳᠠᠭᠤ ᠬᠡᠦᠬᠡᠳ᠎ᠤᠨ ᠬᠡᠷᠡᠭᠰᠡᠯ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 88.47%᠎ᠪᠠᠷ ᠨᠡᠮᠡᠭᠳᠡᠵᠦ᠂  ᠭᠣᠣᠯᠳᠠᠭᠤ ᠦᠢ᠍ᠯᠡᠳᠬᠦᠨ᠎ᠤ ᠶᠠᠰᠤ ᠴᠢᠨᠠᠷ᠎ᠤᠨ ᠳᠤᠲᠠᠭᠳᠠᠯ ᠵᠢᠴᠢ ᠬᠤᠳᠠᠯᠳᠤᠭᠰᠠᠨ᠎ᠤ ᠳᠠᠷᠠᠭ᠋ᠠᠬᠢ ᠦᠢ᠍ᠯᠡᠴᠢᠯᠡᠭᠡ ᠵᠢᠨ ᠠᠰᠠᠭᠤᠳᠠᠯ ᠪᠣᠯᠣᠨ᠎ᠠ; ᠡᠷᠡᠭᠦᠯ ᠬᠠᠮᠠᠭ᠋ᠠᠯᠠᠯ᠎ᠤᠨ ᠬᠡᠷᠡᠭᠰᠡᠯ᠂ ᠠᠳᠠᠯᠢ ᠬᠤᠭᠤᠴᠠᠭ᠋ᠠᠨ᠎ᠤ᠎ᠬᠢ᠎ᠠᠴᠠ 75.49%᠎ᠪᠠᠷ ᠨᠡᠮᠡᠭᠳᠡᠵᠦ᠂ ᠭᠤᠣᠯᠳᠠᠭᠤ ᠡᠷᠡᠭᠦᠯ ᠬᠠᠮᠠᠭ᠋ᠠᠯᠠᠯ᠎ᠤᠨ ᠵᠢᠵᠢᠭ ᠭᠡᠷ᠎ᠤᠨ ᠴᠠᠬᠢᠯᠭ᠋ᠠᠨ ᠬᠡᠷᠡᠭᠰᠡᠯ᠂ ᠤᠬᠢᠶᠠᠵᠤ ᠬᠠᠮᠠᠭ᠋ᠠᠯᠠᠬᠤ ᠬᠡᠷᠡᠭᠰᠡᠯ᠂ ᠬᠤᠷᠣᠬᠠᠶ ᠠᠯᠠᠬᠤ ᠬᠡᠷᠡᠭᠰᠡᠯ ᠵᠡᠷᠭᠡ ᠦᠢ᠍ᠯᠡᠳᠬᠦᠨ᠎ᠤ ᠶᠠᠰᠤ ᠴᠢᠨᠠᠷ᠂ ᠦᠨ᠎ᠡ ᠬᠠᠩᠰᠢ᠂ ᠤᠬᠠᠭᠤᠯᠭ᠎ᠠ ᠵᠢᠨ ᠲᠡᠮᠳᠡᠭ ᠵᠡᠷᠭᠡ ᠠᠰᠠᠭᠤᠳᠠᠯ ᠪᠣᠯᠣᠨ᠎ᠠ; ᠬᠡᠪᠯᠡᠭᠳᠡᠬᠦᠨ᠂ ᠠᠳᠠᠯᠢ ᠬᠤᠭᠤᠴᠠᠭ᠋ᠠᠨ᠎ᠤ᠎ᠬᠢ᠎ᠠᠴᠠ 58.11%᠎ᠪᠠᠷ ᠨᠡᠮᠡᠭᠳᠡᠪᠡ; ᠭᠣᠣᠯᠳᠠᠭᠤ ᠬᠡᠪᠯᠡᠭᠳᠡᠬᠦᠨ᠂ ᠡᠯᠧᠺᠲᠷᠣᠨ ᠬᠡᠪᠯᠡᠭᠳᠡᠬᠦᠨ᠎ᠢ ᠰᠦᠯᠵᠢᠶᠡᠨ ᠳᠡᠭᠡᠷ᠎ᠡ ᠬᠤᠳᠠᠯᠳᠤᠨ ᠠᠪᠬᠤ᠎ᠳᠤ ᠬᠤᠳᠠᠯ ᠬᠠᠭᠤᠷᠮᠠᠭ ᠤᠬᠠᠭᠤᠯᠭ᠎ᠠ᠂ ᠦᠨ᠎ᠡ ᠬᠠᠩᠰᠢ᠂ ᠶᠠᠰᠤ ᠴᠢᠨᠠᠷ ᠵᠡᠷᠭᠡ ᠠᠰᠠᠭᠤᠳᠠᠯ᠎ᠳᠤ ᠬᠣᠯᠪᠣᠭᠳᠠᠪᠠ᠃ ᠡᠯ᠎ᠡ ᠲᠦᠷᠦᠯ᠎ᠤᠨ ᠡᠵᠡᠩᠨᠡᠯᠲᠡ ᠵᠢᠨ ᠭᠤᠣᠯ ᠴᠣᠭᠴᠠ ᠬᠡᠷᠡᠭᠯᠡᠭᠴᠢᠳ᠎ᠢ ᠳᠡᠭᠡᠳᠦᠯᠡᠬᠦ ᠣᠶ᠋ᠢᠯᠠᠭ᠋ᠠᠭᠳᠠᠬᠤᠨ᠎ᠢ ᠪᠠᠲᠤ ᠪᠤᠢ ᠪᠣᠯᠭ᠋ᠠᠵᠤ᠂ ᠬᠤᠳᠠᠯ ᠬᠠᠭᠤᠷᠮᠠᠭ ᠤᠬᠠᠭᠤᠯᠭ᠎ᠠ᠂ ᠭᠡᠷ᠎ᠡ ᠵᠢᠨ ᠮᠡᠬᠡᠯᠡᠯ᠂ ᠦᠢ᠍ᠯᠡᠴᠢᠯᠡᠭᠡᠨ᠎ᠤ ᠲᠦᠯᠬᠢᠯᠴᠡᠯ ᠵᠡᠷᠭᠡ ᠠᠰᠠᠭᠤᠳᠠᠯ᠎ᠢ ᠡᠷᠡᠰ ᠬᠤᠷᠢᠭᠯᠠᠬᠤ ᠬᠡᠷᠡᠭᠲᠡᠢ᠃ ᠡᠯ᠎ᠡ ᠱᠠᠲᠤᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠳ ᠬᠠᠤᠯᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠵᠢᠨ ᠡᠷᠴᠢᠮ ᠵᠶ᠋ᠠᠨ ᠴᠢᠩᠭ᠋ᠠᠷᠠᠭᠤᠯᠵᠤ᠂ ᠬᠡᠷᠡᠭᠯᠡᠭᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠲᠤ ᠬᠠᠯᠳᠠᠭᠰᠠᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠴᠢᠩᠭ᠎ᠠ ᠪᠠᠶ᠋ᠢᠴᠠᠭ᠋ᠠᠨ ᠰᠢᠢ᠍ᠳᠪᠦᠷᠢᠯᠡᠵᠦ᠂ ᠬᠡᠷᠡᠭᠯᠡᠭᠴᠢᠳ᠎ᠤᠨ ᠬᠠᠨᠤᠮᠵᠢ ᠵᠢᠨ ᠬᠡᠮᠵᠢᠶ᠎ᠡ ᠵᠢ ᠴᠢᠷᠮᠠᠶ᠋ᠢᠨ ᠳᠡᠭᠡᠭᠰᠢᠯᠡᠭᠦᠯᠵᠦ᠂ ᠬᠡᠷᠡᠭᠯᠡᠭᠡᠨ᠎ᠤ ᠡᠷᠬᠡ ᠲᠡᠭᠰᠢ ᠪᠠᠶ᠋ᠢᠬᠤ ᠵᠢ ᠬᠠᠮᠲᠤᠪᠠᠷ ᠠᠬᠢᠭᠤᠯᠬᠤ ᠬᠡᠷᠡᠭᠲᠡᠢ᠃ 

    (ᠬᠤᠶᠠᠷ) ᠦᠢ᠍ᠯᠡᠴᠢᠯᠡᠭᠡᠨ᠎ᠤ ᠲᠦᠷᠦᠯ᠎ᠳᠤ ᠬᠤᠯᠪᠤᠭᠳᠠᠬᠤ (ᠨᠢᠭᠡᠴᠢ᠄ ᠬᠤᠪᠢ)

     ᠦᠢ᠍ᠯᠡᠴᠢᠯᠡᠭᠡᠨ᠎ᠤ ᠲᠥᠷᠥᠯ᠎ᠤᠨ ᠵᠠᠭ᠋ᠠᠯᠳᠤᠯᠭ᠎ᠠ᠎ᠨᠢ ᠠᠳᠠᠯᠢ ᠬᠤᠭᠤᠴᠠᠭ᠋ᠠᠨ᠎ᠤ᠎ᠬᠢ᠎ᠠᠴᠠ 2.07%᠎ᠪᠠᠷ ᠨᠡᠮᠡᠭᠳᠡᠪᠡ᠃ ᠵᠠᠭ᠋ᠠᠯᠳᠤᠯᠭ᠎ᠠ ᠵᠢᠨ ᠬᠡᠮᠵᠢᠶ᠎ᠡ᠎ᠨᠢ ᠡᠮᠦᠨ᠎ᠡ ᠲᠠᠪᠤ᠎ᠳᠤ ᠪᠠᠢ᠌ᠭ᠎ᠠ ᠦᠢ᠍ᠯᠡᠴᠢᠯᠡᠭᠡᠨ᠎ᠤ ᠶᠡᠭᠡ ᠲᠥᠷᠥᠯ᠎ᠨᠢ ᠪᠣᠷᠣᠯᠠᠭᠤᠯᠬᠤ ᠦᠢ᠍ᠯᠡᠴᠢᠯᠡᠭᠡ 6301 ᠬᠤᠪᠢ᠂ ᠢᠳᠡᠭᠡᠨ ᠤᠮᠳᠠᠭ᠋ᠠᠨ ᠪᠠ ᠬᠣᠨᠣᠭ ᠪᠠᠭᠤᠳᠠᠯ᠎ᠤᠨ ᠦᠢ᠍ᠯᠡᠴᠢᠯᠡᠭᠡ 6087 ᠬᠤᠪᠢ᠂ ᠵᠢᠰᠦ ᠭᠤᠶᠣᠯᠠᠵᠤ ᠦᠰᠦ ᠵᠠᠰᠠᠬᠤ ᠤᠬᠢᠶᠠᠯᠭ᠎ᠠ ᠵᠢᠨ ᠦᠢ᠍ᠯᠡᠴᠢᠯᠡᠭᠡ 2203 ᠬᠤᠪᠢ᠂ ᠬᠥᠮᠦᠵᠢᠯ ᠪᠣᠯᠪᠠᠰᠤᠷᠠᠯ᠎ᠤᠨ ᠦᠢ᠍ᠯᠡᠴᠢᠯᠡᠭᠡ 2034 ᠬᠤᠪᠢ᠂᠂ ᠰᠣᠶᠣᠯ ᠴᠡᠩᠭᠡᠯ ᠪᠡᠶ᠎ᠡ ᠵᠢᠨ ᠲᠠᠮᠢᠷ᠎ᠤᠨ ᠦᠢ᠍ᠯᠡᠴᠢᠯᠡᠭᠡ 1661 ᠬᠤᠪᠢ ᠪᠤᠢ᠃

     ᠵᠠᠭ᠋ᠠᠯᠳᠤᠯᠭ᠎ᠠ ᠵᠢᠨ ᠬᠡᠮᠵᠢᠶ᠎ᠡ᠎ᠨᠢ ᠡᠮᠦᠨ᠎ᠡ ᠲᠠᠪᠤ᠎ᠳᠤ ᠪᠠᠢ᠌ᠭ᠎ᠠ ᠦᠢ᠍ᠯᠡᠴᠢᠯᠡᠭᠡᠨ᠎ᠤ ᠲᠣᠮᠣ ᠲᠥᠷᠥᠯ᠎ᠨᠢ ᠦᠢ᠍ᠯᠡᠴᠢᠯᠡᠭᠡᠨ᠎ᠤ ᠶᠡᠷᠦᠩᠬᠡᠢ ᠬᠡᠮᠵᠢᠶᠡᠨ᠎ᠳᠠᠬᠢ ᠬᠠᠷᠢᠴᠠᠯ᠄


图片4.png


     ᠵᠠᠭ᠋ᠠᠯᠳᠤᠯᠭ᠎ᠠ ᠵᠢᠨ ᠬᠡᠮᠵᠢᠶ᠎ᠡ᠎ᠨᠢ ᠨᠢᠭᠡᠳᠦᠭᠡᠷ᠎ᠲᠤ ᠪᠠᠢ᠌ᠭ᠎ᠠ ᠪᠣᠷᠣᠯᠠᠭᠤᠯᠬᠤ ᠦᠢ᠍ᠯᠡᠴᠢᠯᠡᠭᠡ 6301 ᠬᠤᠪᠢ ᠪᠠᠶ᠋ᠢᠵᠤ᠂ ᠦᠢ᠍ᠯᠡᠴᠢᠯᠡᠭᠡᠨ᠎ᠤ ᠲᠦᠷᠦᠯ᠎ᠤᠨ ᠵᠠᠭ᠋ᠠᠯᠳᠤᠯᠭ᠎ᠠ ᠵᠢᠨ ᠶᠡᠷᠦᠩᠬᠡᠢ ᠬᠡᠮᠵᠢᠶᠡᠨ᠎ᠤ 21.81% ᠵᠢ ᠡᠵᠡᠯᠡᠪᠡ᠃ ᠲᠣᠰ ᠲᠥᠷᠥᠯ᠎ᠤᠨ ᠵᠠᠭ᠋ᠠᠯᠳᠤᠯᠭ᠎ᠠ᠎ᠳᠤ᠂ ᠤᠷᠢᠳᠴᠢᠯᠠᠨ ᠰᠦᠢ᠍ᠳᠬᠡᠯ ᠲᠤᠰᠢᠶᠠᠬᠤ ᠺᠠᠷᠲ᠎ᠤᠨ ᠦᠢ᠍ᠯᠡᠴᠢᠯᠡᠭᠡ 3948 ᠬᠤᠪᠢ᠂ ᠵᠢᠵᠢᠭᠯᠡᠨ ᠬᠤᠳᠠᠯᠳᠤᠬᠤ ᠦᠢ᠍ᠯᠡᠴᠢᠯᠡᠭᠡ 837 ᠬᠤᠪᠢ᠂ ᠤᠷᠢᠳᠴᠢᠯᠠᠨ ᠬᠤᠳᠠᠯᠳᠤᠬᠤ ᠦᠢ᠍ᠯᠡᠴᠢᠯᠡᠭᠡ 389 ᠬᠤᠪᠢ᠂ ᠢᠨᠲ᠋ᠧᠷ ᠰᠦᠯᠵᠢᠶᠡᠨ᠎ᠤ ᠰᠢᠭᠤᠳ ᠪᠣᠷᠣᠯᠠᠭᠤᠯᠬᠤ ᠦᠢ᠍ᠯᠡᠴᠢᠯᠡᠭᠡ 359 ᠬᠤᠪᠢ᠂ ᠬᠠᠷᠠᠭ᠋ᠠᠯᠵᠠᠯ᠎ᠤᠨ ᠺᠠᠷᠲ᠎ᠤᠨ ᠪᠣᠷᠣᠯᠠᠭᠤᠯᠬᠤ ᠦᠢ᠍ᠯᠡᠴᠢᠯᠡᠭᠡ 132 ᠬᠤᠪᠢ᠂ ᠵᠠᠬᠢᠶᠠᠯᠠᠨ ᠬᠤᠳᠠᠯᠳᠤᠨ ᠠᠪᠬᠤ ᠦᠢ᠍ᠯᠡᠴᠢᠯᠡᠭᠡ 117 ᠬᠤᠪᠢ᠂ ᠪᠤᠰᠤᠳ ᠵᠦᠢ᠍ᠯ᠎ᠤᠨ ᠪᠣᠷᠣᠯᠠᠭᠤᠯᠭ᠎ᠠ ᠵᠢᠨ ᠦᠢ᠍ᠯᠡᠴᠢᠯᠡᠭᠡ 519 ᠬᠤᠪᠢ ᠪᠤᠢ᠃ ᠭᠣᠤᠯ ᠠᠰᠠᠭᠤᠳᠠᠯ᠎ᠨᠢ ᠦᠢ᠍ᠯᠡᠴᠢᠯᠡᠭᠡᠨ᠎ᠤ ᠵᠠᠷᠤᠳᠠᠯ᠎ᠤᠨ ᠵᠢᠭᠤᠷᠠᠯᠳᠤᠭ᠋ᠠᠨ᠂ ᠭᠡᠷ᠎ᠡ᠎ᠳᠤ ᠪᠣᠯᠵᠣᠨ ᠲᠣᠭᠲᠠᠭᠰᠠᠨ   ᠵᠦᠢ᠍ᠯᠡᠰ᠎ᠢ ᠳᠤᠷ᠎ᠠ᠎ᠪᠠᠷ ᠵᠶ᠋ᠠᠨ ᠬᠤᠪᠢᠷᠠᠭᠤᠯᠬᠤ᠂ ᠡᠵᠡᠩᠨᠡᠭᠴᠢ ᠡᠵᠡᠩᠨᠡᠯᠲᠡ᠎ᠪᠠᠨ ᠵᠣᠭᠰᠣᠭ᠋ᠠᠭᠰᠠᠨ᠎ᠤ ᠳᠠᠷᠠᠭ᠎ᠠ ᠤᠷᠢᠳᠴᠢᠯᠠᠨ ᠲᠤᠰᠢᠶᠠᠭᠰᠠᠨ ᠵᠣᠭᠣᠰ᠎ᠢ ᠪᠤᠴᠠᠭ᠋ᠠᠵᠤ ᠥᠭᠬᠦ ᠡᠭᠦᠷᠭᠡ᠎ᠠᠴᠠ ᠵᠠᠢ᠌ᠯᠠᠭᠰᠠᠨ ᠵᠡᠷᠭᠡ ᠪᠣᠯᠤᠨ᠎ᠠ᠃

     ᠵᠠᠭ᠋ᠠᠯᠳᠤᠯᠭ᠎ᠠ ᠵᠢᠨ ᠬᠡᠮᠵᠢᠶ᠎ᠡ᠎ᠨᠢ ᠬᠣᠶᠠᠳᠤᠭ᠋ᠠᠷ᠎ᠲᠤ ᠪᠠᠢ᠌ᠭ᠎ᠠ ᠢᠳᠡᠭᠡᠨ ᠤᠮᠳᠠᠭ᠋ᠠᠨ ᠪᠠ ᠬᠣᠨᠣᠭ ᠪᠠᠭᠤᠳᠠᠯ᠎ᠤᠨ ᠦᠢ᠍ᠯᠡᠴᠢᠯᠡᠭᠡ 6087 ᠬᠤᠪᠢ ᠪᠠᠶ᠋ᠢᠵᠤ᠂ ᠦᠢ᠍ᠯᠡᠴᠢᠯᠡᠭᠡᠨ᠎ᠤ ᠲᠦᠷᠦᠯ᠎ᠤᠨ ᠵᠠᠭ᠋ᠠᠯᠳᠤᠯᠭ᠎ᠠ ᠵᠢᠨ ᠶᠡᠷᠦᠩᠬᠡᠢ ᠬᠡᠮᠵᠢᠶᠡᠨ᠎ᠤ 21.07% ᠵᠢ ᠡᠵᠡᠯᠡᠪᠡ᠃ ᠲᠣᠰ ᠲᠥᠷᠥᠯ᠎ᠤᠨ ᠵᠠᠭ᠋ᠠᠯᠳᠤᠯᠭ᠎ᠠ᠎ᠳᠤ᠂ ᠢᠳᠡᠭᠡᠨ ᠤᠮᠳᠠᠭ᠋ᠠᠨ᠎ᠤ ᠦᠢ᠍ᠯᠡᠴᠢᠯᠡᠭᠡ 4333 ᠬᠤᠪᠢ᠂ ᠬᠣᠨᠣᠭ ᠪᠠᠭᠤᠳᠠᠯ᠎ᠤᠨ ᠦᠢ᠍ᠯᠡᠴᠢᠯᠡᠭᠡ 1754 ᠬᠤᠪᠢ ᠪᠤᠢ᠃  ᠭᠣᠤᠯ ᠠᠰᠠᠭᠤᠳᠠᠯ᠎ᠨᠢ ᠢᠳᠡᠭᠡᠨ᠎ᠨᠢ ᠰᠢᠨ᠎ᠡ ᠰᠣᠷᠭᠣᠭ ᠪᠤᠰᠤ᠂ ᠴᠢᠨᠠᠷ᠎ᠨᠢ ᠬᠤᠪᠢᠷᠠᠭᠰᠠᠨ᠂ ᠣᠨᠳᠣᠤ ᠪᠣᠳᠠᠰ ᠬᠣᠯᠢᠯᠳᠤᠭᠰᠠᠨ᠂ ᠬᠣᠭᠣᠯᠠ ᠢᠳᠡᠬᠦ ᠣᠷᠴᠢᠨ ᠲᠣᠭᠣᠷᠢᠨ᠎ᠤ ᠠᠷᠢᠭᠤᠨ ᠴᠡᠪᠡᠷ᠎ᠨᠢ ᠪᠠᠷᠢᠮᠵᠢᠶ᠎ᠠ᠎ᠳᠤ ᠬᠦᠷᠬᠦ ᠦᠭᠡᠶ᠂ ᠰᠦᠢ᠍ᠳᠬᠡᠯ ᠬᠤᠷᠢᠶᠠᠬᠤ᠎ᠨᠢ ᠵᠦᠢ ᠵᠣᠬᠢᠰ ᠦᠭᠡᠶ᠂ ᠦᠢ᠍ᠯᠡᠴᠢᠯᠡᠭᠡᠨ᠎ᠨᠢ ᠭᠦᠢ᠍ᠴᠡᠳ ᠪᠤᠰᠤ ᠵᠡᠷᠭᠡ᠎ᠳᠤ ᠲᠥᠪᠯᠡᠷᠡᠵᠦ ᠪᠤᠶ᠃

ᠵᠠᠭ᠋ᠠᠯᠳᠤᠯᠭ᠎ᠠ ᠵᠢᠨ ᠬᠡᠮᠵᠢᠶ᠎ᠡ᠎ᠨᠢ ᠭᠤᠷᠪᠠᠳᠤᠭ᠋ᠠᠷ᠎ᠲᠤ ᠪᠠᠢ᠌ᠭ᠎ᠠ ᠵᠢᠰᠦ ᠭᠤᠶᠣᠯᠠᠵᠤ ᠦᠰᠦ ᠵᠠᠰᠠᠬᠤ ᠤᠬᠢᠶᠠᠯᠭ᠎ᠠ ᠵᠢᠨ ᠦᠢ᠍ᠯᠡᠴᠢᠯᠡᠭᠡ 2203 ᠬᠤᠪᠢ ᠪᠠᠶ᠋ᠢᠵᠤ᠂ ᠦᠢ᠍ᠯᠡᠴᠢᠯᠡᠭᠡᠨ᠎ᠤ ᠲᠦᠷᠦᠯ᠎ᠤᠨ ᠵᠠᠭ᠋ᠠᠯᠳᠤᠯᠭ᠎ᠠ ᠵᠢᠨ ᠶᠡᠷᠦᠩᠬᠡᠢ ᠬᠡᠮᠵᠢᠶᠡᠨ᠎ᠤ 7.63% ᠵᠢ ᠡᠵᠡᠯᠡᠪᠡ᠃ ᠲᠣᠰ ᠲᠥᠷᠥᠯ᠎ᠤᠨ ᠵᠠᠭ᠋ᠠᠯᠳᠤᠯᠭ᠎ᠠ᠎ᠳᠤ ᠵᠢᠰᠦ ᠭᠤᠶᠣᠯᠠᠵᠤ ᠦᠰᠦ ᠵᠠᠰᠠᠬᠤ ᠦᠢ᠍ᠯᠡᠴᠢᠯᠡᠭᠡ 1445 ᠬᠤᠪᠢ᠂ ᠪᠡᠶ᠎ᠡ ᠤᠬᠢᠶᠠᠬᠤ ᠢᠯᠢᠬᠦ ᠵᠠᠰᠠᠯᠭ᠎ᠠ ᠵᠢᠨ ᠦᠢ᠍ᠯᠡᠴᠢᠯᠡᠭᠡ 758 ᠬᠤᠪᠢ ᠪᠤᠢ᠃  ᠭᠣᠤᠯ ᠠᠰᠠᠭᠤᠳᠠᠯ᠎ᠨᠢ ᠬᠤᠳᠠᠯ ᠬᠠᠭᠤᠷᠮᠠᠭ ᠤᠬᠠᠭᠤᠯᠭ᠎ᠠ᠂ ᠦᠢ᠍ᠯᠡᠴᠢᠯᠡᠭᠡᠨ᠎ᠤ ᠬᠢᠷᠢ ᠭᠡᠮ ᠦᠭᠡᠢ᠂ ᠠᠯᠪᠠᠳᠠᠯᠭ᠎ᠠ᠎ᠪᠠᠷ ᠬᠡᠷᠡᠭᠯᠡᠭᠦᠯᠬᠦ ᠪᠠ ᠰᠦᠢ᠍ᠳᠬᠡᠯ ᠬᠤᠷᠢᠶᠠᠬᠤ ᠲᠥᠷᠥᠯ ᠵᠦᠢ᠍ᠯ᠎ᠤᠨ ᠠᠷᠭ᠎ᠠ ᠮᠠᠶᠢᠭ᠎ᠨᠢ ᠲᠣᠳᠣᠷᠬᠠᠶ ᠦᠭᠡᠶ ᠪᠠᠶ᠋ᠢᠬᠤ ᠵᠡᠷᠭᠡ ᠪᠣᠯᠤᠨ᠎ᠠ᠃

     ᠵᠠᠭ᠋ᠠᠯᠳᠤᠯᠭ᠎ᠠ ᠵᠢᠨ ᠬᠡᠮᠵᠢᠶ᠎ᠡ᠎ᠨᠢ ᠳᠥᠷᠪᠡᠳᠦᠭᠡᠷ᠎ᠲᠤ ᠪᠠᠢ᠌ᠭ᠎ᠠ ᠬᠥᠮᠦᠵᠢᠯ ᠪᠣᠯᠪᠠᠰᠤᠷᠠᠯ᠎ᠤᠨ ᠦᠢ᠍ᠯᠡᠴᠢᠯᠡᠭᠡ 2034 ᠬᠤᠪᠢ ᠪᠠᠶ᠋ᠢᠵᠤ᠂ ᠦᠢ᠍ᠯᠡᠴᠢᠯᠡᠭᠡᠨ᠎ᠤ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠤ 7.04% ᠵᠢ ᠡᠵᠡᠯᠡᠪᠡ᠃ ᠲᠣᠰ ᠲᠥᠷᠥᠯ᠎ᠤᠨ ᠵᠠᠭ᠋ᠠᠯᠳᠤᠯᠭ᠎ᠠ᠎ᠳᠤ᠂ ᠤᠷ᠎ᠠ ᠴᠢᠳᠠᠪᠤᠷᠢ ᠵᠢᠨ ᠪᠣᠯᠪᠠᠰᠤᠷᠠᠯ᠎ᠤᠨ ᠦᠢ᠍ᠯᠡᠴᠢᠯᠡᠭᠡ 1376 ᠬᠤᠪᠢ᠂ ᠳᠡᠭᠡᠳᠦ ᠵᠡᠷᠭᠡ ᠵᠢᠨ ᠰᠤᠷᠭ᠋ᠠᠨ ᠬᠥᠮᠥᠵᠢᠯ᠎ᠤᠨ ᠦᠢ᠍ᠯᠡᠴᠢᠯᠡᠭᠡ 386 ᠬᠤᠪᠢ᠂ ᠠᠩᠬ᠎ᠠ ᠵᠡᠷᠭᠡ ᠵᠢᠨ ᠰᠤᠷᠭ᠋ᠠᠨ ᠬᠥᠮᠥᠵᠢᠯ᠎ᠤᠨ ᠦᠢ᠍ᠯᠡᠴᠢᠯᠡᠭᠡ 232 ᠬᠤᠪᠢ᠂ ᠳᠤᠮᠳᠠ ᠵᠡᠷᠭᠡ ᠵᠢᠨ ᠰᠤᠷᠭ᠋ᠠᠨ ᠬᠥᠮᠥᠵᠢᠯ᠎ᠤᠨ ᠦᠢ᠍ᠯᠡᠴᠢᠯᠡᠭᠡ 40 ᠬᠤᠪᠢ ᠪᠤᠢ᠃   ᠲᠤᠰᠬᠠᠵᠤ ᠪᠠᠶ᠋ᠢᠭ᠎ᠠ ᠭᠣᠣᠯ ᠠᠰᠠᠭᠤᠳᠠᠯ ᠭᠡᠪᠡᠯ ᠭᠡᠷ᠎ᠡ ᠵᠢ ᠬᠤᠪᠢᠷᠠᠭᠤᠯᠬᠤ᠂ ᠭᠡᠷ᠎ᠡ ᠵᠢ ᠰᠢᠯᠵᠢᠭᠦᠯᠬᠦ᠂ ᠰᠤᠷᠤᠯᠭ᠎ᠠ ᠵᠢᠨ ᠰᠦᠢ᠍ᠳᠬᠡᠯ᠎ᠢ ᠪᠤᠴᠠᠭ᠋ᠠᠬᠤ᠂ 《ᠰᠢᠯᠭ᠋ᠠᠯᠲᠠ᠎ᠳᠤ ᠬᠢᠷᠢ ᠲᠡᠩᠴᠡᠬᠦ ᠵᠢ ᠪᠠᠲᠤᠯᠠᠬᠤ》 ᠬᠡᠯᠡᠯᠴᠡᠭᠡᠷ ᠵᠡᠷᠭᠡ ᠪᠣᠯᠣᠨ᠎ᠠ᠃

     ᠵᠠᠭ᠋ᠠᠯᠳᠤᠯᠭ᠎ᠠ ᠵᠢᠨ ᠬᠡᠮᠵᠢᠶ᠎ᠡ᠎ᠨᠢ ᠲᠠᠪᠤᠳᠤᠭ᠋ᠠᠷ᠎ᠲᠤ ᠪᠠᠶ᠋ᠢᠭ᠎ᠠ ᠰᠣᠶᠣᠯ ᠴᠡᠩᠭᠡᠯ ᠪᠡᠶ᠎ᠡ ᠵᠢᠨ ᠲᠠᠮᠢᠷ᠎ᠤᠨ ᠦᠢ᠍ᠯᠡᠴᠢᠯᠡᠭᠡ 1661 ᠬᠤᠪᠢ ᠪᠠᠶ᠋ᠢᠵᠤ᠂ ᠦᠢ᠍ᠯᠡᠴᠢᠯᠡᠭᠡᠨ᠎ᠤ ᠲᠦᠷᠦᠯ᠎ᠤᠨ ᠵᠠᠭ᠋ᠠᠯᠳᠤᠯᠭ᠎ᠠ ᠵᠢᠨ ᠶᠡᠷᠦᠩᠬᠡᠢ ᠬᠡᠮᠵᠢᠶᠡᠨ᠎ᠤ 5.75% ᠵᠢ ᠡᠵᠡᠯᠡᠪᠡ᠃ ᠲᠣᠰ ᠲᠥᠷᠥᠯ᠎ᠤᠨ ᠵᠠᠭ᠋ᠠᠯᠳᠤᠯᠭ᠎ᠠ᠎ᠳᠤ᠂  ᠪᠡᠶ᠎ᠡ ᠴᠢᠭᠢᠷᠠᠭᠵᠢᠭᠤᠯᠬᠤ ᠦᠢ᠍ᠯᠡᠴᠢᠯᠡᠭᠡ 720 ᠬᠤᠪᠢ᠂ ᠲᠣᠭᠤᠷᠢᠨ ᠦᠵᠡᠬᠦ ᠵᠤᠭ᠎ᠠ ᠴᠡᠩᠭᠡᠯ᠎ᠤᠨ ᠦᠢ᠍ᠯᠡᠴᠢᠯᠡᠭᠡ 512 ᠬᠤᠪᠢ᠂ ᠺᠢᠨᠣ᠋ ᠭᠠᠷᠭ᠋ᠠᠬᠤ ᠦᠢ᠍ᠯᠡᠴᠢᠯᠡᠭᠡ 278 ᠬᠤᠪᠢ᠂ ᠲᠣᠭᠯᠠᠯᠲᠠ ᠭᠠᠷᠭ᠋ᠠᠬᠤ ᠤᠷᠠᠯᠢᠭ᠎ᠤᠨ ᠦᠢ᠍ᠯᠡᠴᠢᠯᠡᠭᠡ 118 ᠬᠤᠪᠢ᠂ ᠨᠣᠮ᠎ᠤᠨ ᠰᠠᠩ ᠳᠠᠩᠰᠠ ᠡᠪᠬᠡᠮᠡᠯ᠎ᠤᠨ ᠣᠷᠳᠣᠨ᠎ᠤ ᠦᠢ᠍ᠯᠡᠴᠢᠯᠡᠭᠡ 27 ᠬᠤᠪᠢ᠂   ᠮᠦᠷᠦᠶ᠋ᠢᠴᠡᠭᠡᠨ᠎ᠤ ᠦᠢ᠍ᠯᠡᠴᠢᠯᠡᠭᠡ 6 ᠬᠤᠪᠢ ᠪᠤᠢ᠃ ᠭᠣᠤᠯ ᠠᠰᠠᠭᠤᠳᠠᠯ᠎ᠨᠢ ᠡᠵᠡᠩᠨᠡᠭᠴᠢ ᠭᠡᠷ᠎ᠡ᠎ᠳᠤ ᠪᠣᠯᠵᠣᠨ ᠲᠣᠭᠲᠠᠭᠰᠠᠨ ᠵᠦᠢ᠍ᠯᠡᠰ᠎ᠢ ᠳᠤᠷ᠎ᠠ᠎ᠪᠠᠷ ᠵᠶ᠋ᠠᠨ ᠬᠤᠪᠢᠷᠠᠭᠤᠯᠬᠤ᠂ ᠦᠢ᠍ᠯᠡᠴᠢᠯᠡᠭᠡᠨ᠎ᠤ ᠰᠦᠢ᠍ᠳᠬᠡᠯ᠎ᠤᠨ ᠵᠢᠭᠤᠷᠠᠯᠳᠤᠭ᠋ᠠᠨ᠂ ᠤᠷᠢᠳᠴᠢᠯᠠᠨ ᠰᠦᠢ᠍ᠳᠬᠡᠯ ᠥᠭᠬᠦ ᠺᠠᠷᠲ᠎ᠢ ᠬᠡᠷᠡᠭᠯᠡᠬᠦ ᠵᠢᠴᠢ ᠤᠷᠢᠳᠴᠢᠯᠠᠨ ᠥᠭᠭᠦᠭᠰᠡᠨ ᠵᠣᠭᠣᠰ᠎ᠢ ᠪᠤᠴᠠᠭ᠋ᠠᠬᠤ ᠡᠭᠦᠷᠭᠡ᠎ᠠᠴᠠ ᠵᠠᠢ᠌ᠯᠠᠭᠰᠠᠨ ᠵᠡᠷᠭᠡ ᠪᠣᠯᠤᠨ᠎ᠠ᠃

     ᠦᠢ᠍ᠯᠡᠴᠢᠯᠡᠭᠡᠨ᠎ᠤ ᠵᠠᠭ᠋ᠠᠯᠳᠤᠯᠭ᠎ᠠ ᠵᠢᠨ ᠬᠠᠯᠠᠮᠰᠢᠯ ᠴᠡᠭ᠎ᠤᠨ ᠡᠮᠦᠨ᠎ᠡ ᠠᠷᠪᠠ᠎ᠳᠤ ᠤᠷᠢᠳᠴᠢᠯᠠᠨ ᠰᠦᠢ᠍ᠳᠬᠡᠯ ᠥᠭᠬᠦ ᠺᠠᠷᠲ᠎ᠤᠨ ᠦᠢ᠍ᠯᠡᠴᠢᠯᠡᠭᠡ 3948 ᠬᠤᠪᠢ᠂ ᠬᠤᠭᠤᠯᠠᠨ ᠭᠡᠷ᠎ᠤᠨ ᠦᠢ᠍ᠯᠡᠴᠢᠯᠡᠭᠡ 3033 ᠬᠤᠪᠢ᠂ ᠬᠣᠨᠣᠭ ᠪᠠᠭᠤᠳᠠᠯ᠎ᠤᠨ ᠦᠢ᠍ᠯᠡᠴᠢᠯᠡᠭᠡ 1647 ᠬᠤᠪᠢ᠂ ᠵᠢᠵᠢᠭᠯᠡᠨ ᠬᠤᠳᠠᠯᠳᠤᠬᠤ ᠦᠢ᠍ᠯᠡᠴᠢᠯᠡᠭᠡ 837 ᠬᠤᠪᠢ᠂ ᠬᠠᠭᠤᠷᠠᠶ᠎ᠪᠠᠷ ᠤᠬᠢᠶᠠᠬᠤ ᠦᠢ᠍ᠯᠡᠴᠢᠯᠡᠭᠡ 617 ᠬᠤᠪᠢ᠂ ᠮᠠᠰᠢᠨ ᠲᠡᠷᠭᠡ ᠰᠡᠯᠪᠢᠨ ᠵᠠᠰᠠᠬᠤ ᠦᠢ᠍ᠯᠡᠴᠢᠯᠡᠭᠡ 546 ᠬᠤᠪᠢ᠂ ᠬᠤᠪᠢ ᠬᠥᠮᠦᠨ᠎ᠤ ᠳᠦᠷᠰᠦᠯᠡᠨ ᠪᠢᠴᠢᠬᠦ ᠭᠡᠷᠡᠯ ᠵᠢᠷᠤᠭ᠎ᠤᠨ ᠦᠢ᠍ᠯᠡᠴᠢᠯᠡᠭᠡ 402 ᠬᠤᠪᠢ᠂ ᠤᠷᠢᠳᠴᠢᠯᠠᠨ ᠬᠤᠳᠠᠯᠳᠤᠬᠤ ᠦᠢ᠍ᠯᠡᠴᠢᠯᠡᠭᠡ 389 ᠬᠤᠪᠢ᠂ ᠢᠨᠲ᠋ᠧᠷ ᠰᠦᠯᠵᠢᠶᠡᠨ᠎ᠤ ᠰᠢᠭᠤᠳ ᠪᠣᠷᠣᠯᠠᠭᠤᠯᠬᠤ ᠦᠢ᠍ᠯᠡᠴᠢᠯᠡᠭᠡ 359 ᠬᠤᠪᠢ᠂ ᠭᠠᠷ ᠤᠲᠠᠰᠤ ᠰᠡᠯᠪᠢᠨ ᠵᠠᠰᠠᠬᠤ ᠦᠢ᠍ᠯᠡᠴᠢᠯᠡᠭᠡ 303 ᠬᠤᠪᠢ (ᠭᠥᠯᠢᠶᠡᠨ ᠠᠪᠤᠭᠰᠠᠨ ᠬᠡᠮᠵᠢᠶ᠎ᠡ᠎ᠳᠠᠬᠢ ᠪᠤᠶ ᠪᠦᠬᠦᠢ 《ᠪᠤᠰᠤᠳ ᠵᠦᠢ᠍ᠯ》᠎ᠢ ᠨᠡᠷᠡᠰ᠎ᠤᠨ ᠵᠢᠭᠰᠠᠭ᠋ᠠᠯᠲᠠ᠎ᠳᠤ ᠪᠤᠳᠤᠵᠤ ᠣᠷᠣᠭᠤᠯᠬᠤ ᠦᠭᠡᠶ) ᠪᠠᠶ᠋ᠢᠵᠤ᠂ ᠦᠢ᠍ᠯᠡᠴᠢᠯᠡᠭᠡᠨ᠎ᠤ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠢ ᠬᠡᠮᠵᠢᠶᠡᠨ᠎ᠤ 41.82% ᠵᠢ ᠡᠵᠡᠯᠡᠪᠡ᠃

     ᠳᠡᠭᠡᠷ᠎ᠡ ᠬᠠᠭ᠋ᠠᠰ ᠵᠢᠯ᠎ᠳᠤ ᠵᠠᠭ᠋ᠠᠯᠳᠤᠯᠭ᠎ᠠ ᠵᠢᠨ ᠬᠡᠮᠵᠢᠶ᠎ᠡ᠎ᠨᠢ ᠡᠮᠦᠨ᠎ᠡ ᠲᠠᠪᠤ᠎ᠳᠤ ᠪᠠᠶ᠋ᠢᠭ᠎ᠠ ᠦᠢ᠍ᠯᠡᠴᠢᠯᠡᠭᠡᠨ᠎ᠤ ᠶᠡᠬᠡ ᠲᠥᠷᠥᠯ᠎ᠨᠢ ᠥᠩᠭᠡᠷᠡᠭᠰᠡᠨ ᠵᠢᠯ᠎ᠤᠨ ᠠᠳᠠᠯᠢ ᠬᠤᠭᠤᠴᠠᠭ᠋ᠠᠨ᠎ᠤ ᠵᠠᠭ᠋ᠠᠯᠳᠤᠯᠭ᠎ᠠ ᠵᠢᠨ ᠬᠡᠮᠵᠢᠶ᠎ᠡ᠎ᠨᠢ ᠡᠮᠦᠨ᠎ᠡ ᠲᠠᠪᠤ᠎ᠳᠤ ᠪᠠᠢ᠌ᠭ᠎ᠠ ᠦᠢ᠍ᠯᠡᠴᠢᠯᠡᠭᠡᠨ᠎ᠤ ᠶᠡᠬᠡ ᠲᠥᠷᠥᠯ᠎ᠲᠠᠢ ᠠᠳᠠᠯᠢ᠃ ᠡᠭᠦᠨ᠎ᠳᠤ᠂ ᠪᠣᠷᠣᠯᠠᠭᠤᠯᠭ᠎ᠠ ᠵᠢᠨ ᠦᠢ᠍ᠯᠡᠴᠢᠯᠡᠭᠡ ᠲᠡᠷᠢᠭᠦᠨ ᠪᠠᠶ᠋ᠢᠷᠢᠨ᠎ᠳᠤ ᠲᠣᠭᠲᠠᠭᠤᠨ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 11.32% ᠵᠶ᠋ᠠᠷ ᠪᠠᠭ᠋ᠠᠰᠴᠤ᠂ ᠭᠤᠤᠯ ᠠᠰᠠᠭᠤᠳᠠᠯ᠎ᠨᠢ ᠡᠵᠡᠩᠨᠡᠭᠴᠢ ᠦᠢ᠍ᠯᠡᠴᠢᠯᠡᠭᠡᠨ᠎ᠤ ᠠᠭᠤᠯᠭ᠎ᠠ ᠪᠠ ᠲᠠᠯᠠᠪᠤᠷ ᠭᠠᠵᠠᠷ ᠵᠡᠷᠭᠡ ᠭᠡᠷ᠎ᠡ᠎ᠳᠤ ᠪᠣᠯᠵᠣᠨ ᠲᠣᠭᠲᠠᠭᠰᠠᠨ ᠵᠦᠢ᠍ᠯᠡᠰ᠎ᠢ ᠳᠤᠷ᠎ᠠ᠎ᠪᠠᠷ ᠵᠶ᠋ᠠᠨ ᠬᠤᠪᠢᠷᠠᠭᠤᠯᠬᠤ᠂ ᠬᠡᠷᠡᠭᠯᠡᠭᠴᠢᠳ ᠬᠢᠭᠡᠳ ᠡᠵᠡᠩᠨᠡᠭᠴᠢ ᠵᠢᠨ ᠦᠢ᠍ᠯᠡᠴᠢᠯᠡᠭᠡᠨ᠎ᠤ ᠵᠠᠷᠤᠳᠠᠯ᠎ᠤᠨ ᠵᠢᠭᠤᠷᠠᠯᠳᠤᠭ᠋ᠠᠨ᠂ ᠡᠵᠡᠩᠨᠡᠭᠴᠢ ᠡᠵᠡᠩᠨᠡᠯᠲᠡ᠎ᠪᠠᠨ ᠵᠣᠭᠰᠣᠭ᠋ᠠᠭᠰᠠᠨ᠎ᠤ ᠳᠠᠷᠠᠭ᠎ᠠ ᠤᠷᠢᠳᠴᠢᠯᠠᠨ ᠥᠭᠭᠦᠭᠰᠡᠨ ᠰᠦᠢ᠍ᠳᠬᠡᠯ᠎ᠢ ᠪᠤᠴᠠᠭ᠋ᠠᠬᠤ ᠡᠭᠦᠷᠭᠡ᠎ᠠᠴᠠ ᠵᠠᠢ᠌ᠯᠠᠭᠰᠠᠨ ᠵᠡᠷᠭᠡ; ᠢᠳᠡᠭᠡᠨ ᠤᠮᠳᠠᠭ᠋ᠠᠨ ᠪᠠ ᠬᠤᠨᠤᠭ ᠪᠠᠭᠤᠳᠠᠯ᠎ᠤᠨ ᠦᠢ᠍ᠯᠡᠴᠢᠯᠡᠭᠡ ᠬᠤᠶᠠᠳᠤᠭ᠋ᠠᠷ᠎ᠲᠤ ᠵᠢᠭᠰᠠᠭ᠋ᠠᠭᠳᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 17.26%᠎ᠪᠠᠷ ᠨᠡᠮᠡᠭᠳᠡᠨ᠂ ᠭᠤᠤᠯᠳᠠᠭᠤ ᠬᠤᠭᠤᠯᠠ ᠢᠳᠡᠬᠦ ᠵᠢᠴᠢ ᠬᠣᠨᠣᠵᠤ ᠰᠠᠭᠤᠬᠤ ᠣᠷᠴᠢᠨ ᠲᠣᠭᠤᠷᠢᠨ᠎ᠤ ᠠᠷᠢᠭᠤᠨ ᠴᠡᠪᠡᠷ᠂ ᠬᠡᠯᠪᠡᠷᠢᠳᠤ ᠭᠡᠷ᠎ᠡ᠂ ᠤᠬᠠᠭᠤᠯᠭ᠎ᠠ᠎ᠨᠢ ᠪᠣᠳᠠᠲᠠᠶ᠎ᠲᠠᠢ ᠨᠡᠶ᠋ᠢᠴᠡᠬᠦ ᠥᠬᠡᠶ᠂ ᠤᠷᠢᠳᠴᠢᠯᠠᠨ ᠰᠦᠢ᠍ᠳᠬᠡᠯ ᠥᠭᠬᠦ ᠬᠡᠷᠡᠭᠯᠡᠭᠡᠨ᠎ᠤ ᠵᠢᠭᠤᠷᠠᠯᠳᠤᠭ᠋ᠠᠨ ᠵᠡᠷᠭᠡ ᠠᠰᠠᠭᠤᠳᠠᠯ ᠪᠣᠯᠣᠨ᠎ᠠ᠃ ᠪᠤᠰᠤᠳ ᠦᠢ᠍ᠯᠡᠴᠢᠯᠡᠭᠡᠨ᠎ᠤ ᠲᠥᠷᠥᠯ ᠢᠯᠭ᠋ᠠᠯ᠎ᠤᠨ ᠳᠣᠲᠣᠷᠠᠬᠢ ᠬᠤᠪᠢᠷᠠᠯᠲᠠ ᠵᠢᠨ ᠬᠡᠮᠵᠢᠶ᠎ᠡ ᠨᠡᠯᠢᠶᠡᠳ ᠢᠯᠡᠷᠬᠡᠶ᠎ᠨᠢ ᠤᠬᠢᠶᠠᠵᠤ ᠪᠣᠳᠣᠬᠤ ᠦᠢ᠍ᠯᠡᠴᠢᠯᠡᠭᠡ ᠪᠣᠯᠤᠨ᠎ᠠ᠂ ᠠᠳᠠᠯᠢ ᠬᠤᠭᠤᠴᠠᠭ᠋ᠠᠨ᠎ᠤ᠎ᠬᠢ᠎ᠠᠴᠠ 73.44%᠎ᠪᠠᠷ ᠨᠡᠮᠡᠭᠳᠡᠵᠦ᠂ ᠭᠤᠤᠯᠳᠠᠭᠤ ᠤᠰᠤ᠎ᠪᠠᠷ ᠤᠬᠢᠶᠠᠬᠤ᠂ ᠬᠠᠭᠤᠷᠠᠶ᠎ᠪᠠᠷ ᠤᠬᠢᠶᠠᠬᠤ᠂ ᠪᠤᠳᠤᠭᠯᠠᠬᠤ ᠦᠶ᠎ᠡ᠎ᠳᠤ ᠬᠤᠪᠴᠠᠰᠤ ᠬᠤᠨᠠᠷ᠂ ᠱᠠᠬᠠᠶ ᠵᠢᠨ ᠲᠥᠷᠥᠯ᠎ᠤᠨ ᠡᠪᠳᠡᠭᠳᠡᠯ᠂ ᠦᠨ᠎ᠡ ᠬᠠᠩᠰᠢ ᠵᠢᠨ ᠮᠠᠷᠭᠤᠯᠳᠤᠭ᠋ᠠᠨ ᠵᠡᠷᠭᠡ ᠠᠰᠠᠭᠤᠳᠠᠯ ᠪᠣᠯᠣᠨ᠎ᠠ; ᠨᠡᠶ᠋ᠢᠭᠡᠮ᠎ᠤᠨ ᠦᠢ᠍ᠯᠡᠴᠢᠯᠡᠭᠡ᠂ ᠠᠳᠠᠯᠢ ᠬᠤᠭᠤᠴᠠᠭ᠋ᠠᠨ᠎ᠤ᠎ᠬᠢ᠎ᠠᠴᠠ 55.26%᠎ᠪᠠᠷ ᠨᠡᠮᠡᠭᠳᠡᠵᠡᠶ; ᠭᠤᠤᠯᠳᠠᠭᠤ ᠬᠡᠷ᠎ᠤᠨ ᠶᠠᠪᠤᠳᠠᠯ᠎ᠤᠨ ᠦᠢ᠍ᠯᠡᠴᠢᠯᠡᠭᠡ᠂ ᠬᠠᠭᠤᠯᠪᠤᠷᠢᠯᠠᠬᠤ᠂ ᠥᠰᠥᠭ ᠴᠣᠬᠢᠬᠤ᠂ ᠠᠷᠢᠭᠤᠨ ᠴᠡᠪᠡᠷ᠎ᠤᠨ ᠦᠢ᠍ᠯᠡᠴᠢᠯᠡᠭᠡ ᠵᠡᠷᠭᠡ ᠵᠢᠨ ᠦᠨ᠎ᠡ ᠬᠠᠩᠰᠢ᠂ ᠭᠡᠷ᠎ᠡ ᠵᠢᠨ ᠵᠢᠭᠤᠷᠠᠯᠳᠤᠭ᠋ᠠᠨ ᠵᠡᠷᠭᠡ ᠠᠰᠠᠭᠤᠳᠠᠯ ᠪᠣᠯᠤᠨ᠎ᠠ; ᠵᠢᠭᠤᠯᠴᠢᠯᠠᠯ᠎ᠤᠨ ᠦᠢ᠍ᠯᠡᠴᠢᠯᠡᠭᠡ ᠠᠳᠠᠯᠢ ᠬᠤᠭᠤᠴᠠᠭ᠋ᠠᠨ᠎ᠤ᠎ᠬᠢ᠎ᠠᠴᠠ 24.66%᠎ᠪᠠᠷ ᠨᠡᠮᠡᠭᠳᠡᠵᠦ᠂ ᠭᠤᠤᠯᠳᠠᠭᠤ ᠤᠷᠢᠳᠴᠢᠯᠠᠨ ᠵᠠᠬᠢᠶᠠᠯᠠᠭᠰᠠᠨ ᠦᠢ᠍ᠯᠡᠴᠢᠯᠡᠭᠡᠨ᠎ᠤ ᠵᠠᠷᠤᠳᠠᠯ᠎ᠢ ᠪᠤᠴᠠᠭ᠋ᠠᠬᠤ᠂ ᠪᠠᠷᠠᠭ᠎ᠠ ᠬᠤᠳᠠᠯᠳᠤᠨ ᠠᠪᠤᠭᠰᠠᠨ᠎ᠤ ᠳᠠᠷᠠᠭ᠋ᠠᠬᠢ ᠪᠠᠲᠤᠯᠠᠭ᠎ᠠ ᠬᠦᠴᠢᠷᠲᠡᠶ᠂ ᠵᠢᠭᠤᠯᠴᠢᠯᠠᠯ᠎ᠤᠨ ᠪᠡᠶᠡᠴᠢ ᠣᠶ᠋ᠢᠯᠠᠭ᠋ᠠᠯᠲᠠ ᠮᠠᠭᠤ ᠵᠡᠷᠭᠡ ᠠᠰᠠᠭᠤᠳᠠᠯ᠎ᠳᠤ ᠬᠤᠯᠪᠣᠭᠳᠠᠵᠠᠶ᠃ ᠡᠯ᠎ᠡ ᠬᠢᠨᠠᠨ ᠬᠠᠮᠢᠶᠠᠷᠬᠤ ᠰᠠᠯᠠᠭ᠎ᠠ ᠮᠥᠴᠢᠷ᠂ ᠠᠵᠢᠯ ᠲᠥᠷᠥᠯ᠎ᠤᠨ ᠨᠡᠶ᠋ᠢᠭᠡᠮᠯᠢᠭ᠎ᠤᠳ ᠬᠡᠷᠡᠭᠯᠡᠭᠡᠨ᠎ᠤ ᠤᠬᠠᠭᠤᠯᠭ᠎ᠠ᠎ᠪᠠᠨ ᠴᠢᠩᠭ᠋ᠠᠳᠬᠠᠵᠤ᠂ ᠣᠯᠠᠨ ᠵᠦᠢ᠍ᠯ᠎ᠤᠨ ᠠᠷᠭ᠎ᠠ ᠵᠠᠮ ᠵᠶ᠋ᠠᠷ ᠳᠠᠮᠵᠢᠭᠤᠯᠤᠨ ᠬᠡᠷᠡᠭᠯᠡᠭᠡᠨ᠎ᠤ ᠰᠡᠷᠡᠮᠵᠢᠯᠡᠭᠦᠯᠦᠯ᠎ᠢ ᠨᠡᠶ᠋ᠢᠲᠡᠯᠡᠵᠦ᠂ ᠬᠡᠷᠡᠭᠯᠡᠭᠡᠨ᠎ᠤ ᠰᠤᠷᠭ᠋ᠠᠨ ᠬᠥᠮᠦᠵᠢᠭᠦᠯᠵᠦ ᠬᠥᠲᠥᠯᠦᠨ ᠵᠢᠯᠣᠭᠤᠳᠬᠤ ᠡᠷᠴᠢᠮ ᠵᠶ᠋ᠠᠨ ᠴᠢᠩᠭ᠋ᠠᠷᠠᠭᠤᠯᠤᠨ᠂ ᠬᠡᠷᠡᠭᠯᠡᠭᠡ ᠵᠢᠨ ᠡᠷᠬᠡ᠎ᠪᠠᠨ ᠬᠠᠮᠠᠭ᠋ᠠᠯᠠᠬᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠤᠬᠠᠭᠤᠯᠭ᠎ᠠ ᠵᠢᠨ ᠡᠷᠴᠢᠮ ᠵᠶ᠋ᠠᠨ ᠴᠢᠩᠭ᠋ᠠᠷᠠᠭᠤᠯᠵᠤ᠂ ᠬᠡᠷᠡᠭᠯᠡᠭᠴᠢᠳ᠎ᠤᠨ ᠡᠷᠬᠡ᠎ᠪᠠᠨ ᠬᠠᠮᠠᠭ᠋ᠠᠯᠠᠬᠤ ᠦᠵᠡᠯ ᠤᠬᠠᠮᠰᠠᠷ ᠪᠠ ᠴᠢᠳᠠᠪᠤᠷᠢ ᠵᠢ ᠦᠨᠡᠨ ᠬᠦ᠌ ᠳᠡᠭᠡᠭᠰᠢᠯᠡᠭᠦᠯᠬᠦ ᠬᠡᠷᠡᠭᠲᠡᠶ᠃

     ᠭᠤᠷᠪᠠ᠂ ᠢᠯᠡᠴᠢᠯᠡᠨ ᠮᠡᠳᠡᠭᠦᠯᠦᠭᠰᠡᠨ ᠪᠠᠶ᠋ᠢᠳᠠᠯ᠎ᠤᠨ ᠲᠤᠭ᠎ᠠ ᠪᠦᠷᠢᠳᠭᠡᠯ

     ᠳᠡᠭᠡᠷ᠎ᠡ ᠬᠠᠭ᠋ᠠᠰ ᠵᠢᠯ᠎ᠳᠤ 16262 ᠬᠤᠪᠢ ᠢᠯᠡᠴᠢᠯᠡᠨ ᠮᠡᠳᠡᠭᠦᠯᠦᠯᠲᠡ ᠵᠢ ᠬᠦᠯᠢᠶᠡᠨ ᠠᠪᠴᠤ᠂ ᠠᠳᠠᠯᠢ ᠬᠤᠭᠤᠴᠠᠭ᠋ᠠᠨ᠎ᠤ᠎ᠬᠢ᠎ᠠᠴᠠ 21.75% ᠨᠡᠮᠡᠭᠳᠡᠪᠡ᠃ ᠡᠭᠦᠨ᠎ᠳᠤ᠂ ᠲᠠᠸᠠᠷ᠎ᠤᠨ ᠲᠥᠷᠥᠯ᠎ᠳᠤ 10067 ᠬᠤᠪᠢ ᠬᠤᠯᠪᠣᠭᠳᠠᠵᠤ᠂ ᠦᠢ᠍ᠯᠡᠴᠢᠯᠡᠭᠡᠨ᠎ᠤ ᠲᠥᠷᠥᠯ᠎ᠳᠤ 6195 ᠬᠤᠪᠢ ᠬᠣᠯᠪᠣᠭᠳᠠᠵᠤ᠂ 7 ᠳ᠋ᠤᠭ᠋ᠠᠷ ᠰᠠᠷ᠎ᠠ ᠵᠢᠨ 2᠎ᠤᠨ ᠡᠳᠦᠷ ᠪᠣᠯᠲᠠᠯ᠎ᠠ ᠨᠡᠶ᠋ᠢᠲᠡ 14825 ᠬᠤᠪᠢ ᠵᠢ᠎ᠨᠢ ᠰᠢᠢ᠍ᠳᠪᠦᠷᠢᠯᠡᠵᠦ ᠳᠠᠭᠤᠰᠬᠠᠪᠠ᠃

     ᠢᠯᠡᠴᠢᠯᠡᠨ ᠮᠡᠳᠡᠭᠦᠯᠦᠭᠰᠡᠨ᠎ᠢ ᠬᠦᠯᠢᠶᠡᠨ ᠠᠪᠤᠭᠰᠠᠨ ᠬᠡᠮᠵᠢᠶ᠎ᠡ᠎ᠨᠢ ᠡᠮᠦᠨ᠎ᠡ ᠲᠠᠪᠤ᠎ᠳᠤ ᠪᠠᠢ᠌ᠭ᠎ᠠ ᠲᠠᠸᠠᠷ᠂ ᠦᠢ᠍ᠯᠡᠴᠢᠯᠡᠭᠡᠨ᠎ᠤ ᠲᠥᠷᠥᠯ ᠬᠤᠪᠢᠶᠠᠭᠰᠠᠨ ᠬᠦᠰᠦᠨᠦᠭᠲᠦ᠄

微信截图_20240717152411.png


     ᠳᠡᠭᠡᠷ᠎ᠡ ᠬᠠᠭ᠋ᠠᠰ ᠵᠢᠯ ᠬᠦᠯᠢᠶᠡᠨ ᠠᠪᠤᠭᠰᠠᠨ ᠢᠯᠡᠴᠢᠯᠡᠨ ᠮᠡᠳᠡᠭᠦᠯᠦᠯᠲᠡ ᠵᠢᠨ ᠳᠤᠮᠳᠠ᠂ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠲᠠᠢ ᠬᠠᠷᠢᠴᠠᠭᠤᠯᠪᠠᠯ᠂ ᠬᠤᠪᠢᠷᠠᠯᠲᠠ ᠵᠢᠨ ᠬᠡᠮᠵᠢᠶ᠎ᠡ᠎ᠪᠠᠷ ᠨᠡᠯᠢᠶᠡᠳ ᠶᠡᠭᠡ᠎ᠨᠢ ᠵᠠᠰᠠᠯ ᠴᠢᠮᠡᠭᠯᠡᠯ᠎ᠤᠨ ᠡᠳ᠋᠂ ᠭᠡᠷ ᠪᠠᠶ᠋ᠢᠰᠢᠩ᠂ ᠮᠥᠩᠭᠦᠨ ᠭᠦᠢ᠍ᠯᠭᠡᠭᠡᠨ᠎ᠤ ᠦᠢ᠍ᠯᠡᠴᠢᠯᠡᠭᠡ᠂ ᠲᠦᠷᠢᠶᠡᠰᠦᠯᠡᠬᠦ ᠦᠢ᠍ᠯᠡᠴᠢᠯᠡᠭᠡ᠂ ᠲᠡᠮᠦᠷᠯᠢᠭ ᠵᠠᠮ ᠬᠠᠷᠢᠯᠴᠠᠭ᠎ᠠ ᠴᠠᠬᠢᠯᠭ᠋ᠠᠨ ᠬᠡᠷᠡᠭᠰᠡᠯ ᠪᠣᠯᠤᠨ᠎ᠠ᠃ ᠵᠠᠰᠠᠯ ᠴᠢᠮᠡᠭᠯᠡᠯ᠎ᠤᠨ ᠡᠳ᠋᠎ᠨᠢ ᠨᠡᠶ᠋ᠢᠲᠡ 1379 ᠬᠤᠪᠢ ᠢᠯᠡᠴᠢᠯᠡᠨ ᠮᠡᠳᠡᠭᠦᠯᠦᠯᠲᠡ ᠵᠢ ᠬᠦᠯᠢᠶᠡᠨ ᠠᠪᠴᠤ᠂ ᠠᠳᠠᠯᠢ ᠬᠤᠭᠤᠴᠠᠭ᠋ᠠᠨ᠎ᠤ᠎ᠬᠢ᠎ᠠᠴᠠ 447.22% ᠵᠶ᠋ᠠᠷ ᠨᠡᠮᠡᠭᠳᠡᠵᠦ᠂ ᠭᠤᠣᠯᠳᠠᠭᠤ ᠵᠠᠷ ᠮᠡᠳᠡᠭᠡ᠂ ᠳᠠᠩᠰᠠᠯᠠᠭᠤᠯᠬᠤ ᠵᠡᠷᠭᠡ ᠠᠰᠠᠭᠤᠳᠠᠯ; ᠭᠡᠷ ᠪᠠᠶ᠋ᠢᠰᠢᠩ᠎ᠨᠢ ᠨᠡᠶ᠋ᠢᠲᠡ 273 ᠬᠤᠪᠢ ᠢᠯᠡᠴᠢᠯᠡᠨ ᠮᠡᠳᠡᠭᠦᠯᠦᠯᠲᠡ ᠵᠢ ᠬᠦᠯᠢᠶᠡᠨ ᠠᠪᠴᠤ᠂ ᠠᠳᠠᠯᠢ ᠬᠤᠭᠤᠴᠠᠭ᠋ᠠᠨ᠎ᠤ᠎ᠬᠢ᠎ᠠᠴᠠ 355%᠎ᠪᠠᠷ ᠨᠡᠮᠡᠭᠳᠡᠵᠦ᠂ ᠭᠤᠣᠯᠳᠠᠭᠤ ᠵᠠᠷ ᠮᠡᠳᠡᠭᠡ᠂ ᠭᠡᠷ᠎ᠡ ᠵᠢᠨ ᠵᠢᠭᠤᠷᠠᠯᠳᠤᠭ᠋ᠠᠨ᠎ᠤ ᠠᠰᠠᠭᠤᠳᠠᠯ; ᠮᠥᠩᠭᠦᠨ ᠭᠦᠢ᠍ᠯᠭᠡᠭᠡᠨ᠎ᠤ ᠦᠢ᠍ᠯᠡᠴᠢᠯᠡᠭᠡ᠎ᠨᠢ ᠨᠡᠶ᠋ᠢᠲᠡ 150 ᠬᠤᠪᠢ ᠢᠯᠡᠴᠢᠯᠡᠨ ᠮᠡᠳᠡᠭᠦᠯᠦᠯᠲᠡ ᠵᠢ ᠬᠦᠯᠢᠶᠡᠨ ᠠᠪᠴᠤ᠂ ᠠᠳᠠᠯᠢ ᠬᠤᠭᠤᠴᠠᠭ᠋ᠠᠨ᠎ᠤ᠎ᠬᠢ᠎ᠠᠴᠠ 200%᠎ᠪᠠᠷ ᠨᠡᠮᠡᠭᠳᠡᠵᠦ᠂ ᠭᠤᠣᠯᠳᠠᠭᠤ ᠪᠣᠳᠠᠲᠠᠢ ᠡᠵᠡᠩᠨᠡᠯᠲᠡ ᠵᠢᠨ ᠬᠠᠶᠢᠭ ᠪᠠ ᠳᠠᠩᠰᠠᠯᠠᠭᠤᠯᠤᠭᠰᠠᠨ ᠬᠠᠶᠢᠭ᠎ᠲᠠᠢ ᠨᠡᠶ᠋ᠢᠴᠡᠬᠦ ᠦᠭᠡᠢ᠂ ᠵᠠᠷ ᠮᠡᠳᠡᠭᠡᠨ᠎ᠤ ᠤᠬᠠᠭᠤᠯᠭ᠎ᠠ ᠵᠡᠷᠭᠡ ᠠᠰᠠᠭᠤᠳᠠᠯ; ᠲᠦᠷᠢᠶᠡᠰᠦᠯᠡᠬᠦ ᠦᠢ᠍ᠯᠡᠴᠢᠯᠡᠭᠡ᠎ᠨᠢ ᠨᠡᠶ᠋ᠢᠲᠡ 61 ᠬᠤᠪᠢ ᠢᠯᠡᠴᠢᠯᠡᠨ ᠮᠡᠳᠡᠭᠦᠯᠦᠯᠲᠡ ᠵᠢ ᠬᠦᠯᠢᠶᠡᠨ ᠠᠪᠴᠤ᠂ ᠠᠳᠠᠯᠢ ᠬᠤᠭᠤᠴᠠᠭ᠋ᠠᠨ᠎ᠤ᠎ᠬᠢ᠎ᠠᠴᠠ 117.86%᠎ᠪᠠᠷ ᠨᠡᠮᠡᠭᠳᠡᠵᠡᠶ; ᠲᠡᠮᠦᠷᠯᠢᠭ ᠵᠠᠮ ᠬᠠᠷᠢᠯᠴᠠᠭ᠎ᠠ ᠴᠠᠬᠢᠯᠭ᠋ᠠᠨ ᠬᠡᠷᠡᠭᠰᠡᠯ ᠨᠡᠶ᠋ᠢᠲᠡ 94 ᠬᠤᠪᠢ ᠢᠯᠡᠴᠢᠯᠡᠨ ᠮᠡᠳᠡᠭᠦᠯᠦᠯᠲᠡ ᠵᠢ ᠬᠦᠯᠢᠶᠡᠨ ᠠᠪᠴᠤ᠂ ᠠᠳᠠᠯᠢ ᠬᠤᠭᠤᠴᠠᠭ᠋ᠠᠨ᠎ᠤ᠎ᠬᠢ᠎ᠠᠴᠠ 108.89%᠎ᠪᠠᠷ ᠨᠡᠮᠡᠭᠳᠡᠪᠡ᠂ ᠭᠤᠣᠯᠳᠠᠭᠤ ᠵᠠᠷ᠂ ᠦᠨ᠎ᠡ ᠬᠠᠩᠰᠢ᠂ ᠭᠤᠷᠪᠠ ᠦᠭᠡᠢ ᠦᠢ᠍ᠯᠡᠳᠬᠦᠨ᠎ᠤ ᠠᠰᠠᠭᠤᠳᠠᠯ ᠪᠣᠯᠣᠨ᠎ᠠ᠃

     ᠳᠥᠷᠪᠡ᠂ ᠯᠠᠪᠯᠠᠭ᠎ᠠ ᠵᠢᠨ ᠪᠠᠶ᠋ᠢᠳᠠᠯ᠎ᠤᠨ ᠲᠤᠭ᠎ᠠ ᠪᠦᠷᠢᠳᠬᠡᠯ

     ᠳᠡᠭᠡᠷ᠎ᠡ ᠬᠠᠭ᠋ᠠᠰ ᠵᠢᠯ᠎ᠳᠤ 90882 ᠬᠤᠪᠢ ᠠᠰᠠᠭᠤᠨ ᠯᠠᠪᠯᠠᠭ᠎ᠠ ᠵᠢ ᠭᠥᠯᠢᠶᠡᠨ ᠠᠪᠴᠤ᠂ ᠠᠳᠠᠯᠢ ᠬᠤᠭᠤᠴᠠᠭ᠋ᠠᠨ᠎ᠤ᠎ᠬᠢ᠎ᠠᠴᠠ 3.41%᠎ᠪᠠᠷ ᠪᠠᠭᠤᠷᠠᠪᠠ᠂ ᠡᠭᠦᠨ᠎ᠳᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠢᠰᠲ᠋ᠧᠮ᠎ᠳᠤ ᠬᠤᠯᠪᠣᠭᠳᠠᠭᠰᠠᠨ 10817 ᠬᠤᠪᠢ᠂ ᠯᠠᠪᠯᠠᠭ᠎ᠠ ᠵᠢᠨ ᠬᠡᠮᠵᠢᠶ᠎ᠡ᠎ᠪᠠᠷ ᠨᠡᠯᠢᠶᠡᠳ ᠶᠡᠬᠡ ᠠᠰᠠᠭᠤᠳᠠᠯ ᠭᠡᠪᠡᠯ᠄ ᠵᠠᠭ᠋ᠠᠯᠳᠤᠵᠤ ᠢᠯᠡᠴᠢᠯᠡᠨ ᠮᠡᠳᠡᠭᠦᠯᠵᠦ ᠰᠢᠢ᠍ᠳᠪᠦᠷᠢᠯᠡᠬᠦ 5131 ᠬᠤᠪᠢ᠂ ᠰᠦᠯᠵᠢᠶᠡᠨ᠎ᠤ ᠠᠷᠠᠯᠵᠢᠶᠠᠨ᠎ᠤ ᠬᠢᠨᠠᠯᠲᠠ ᠬᠠᠮᠢᠶᠠᠷᠤᠯᠲᠠ 899 ᠬᠤᠪᠢ᠂ ᠦᠢ᠍ᠯᠡᠴᠢᠯᠡᠭᠡᠨ᠎ᠤ ᠬᠡᠷᠡᠭᠯᠡᠭᠡᠨ᠎ᠤ ᠬᠢᠨᠠᠯᠲᠠ ᠬᠠᠮᠢᠶᠠᠷᠤᠯᠲᠠ 771 ᠬᠤᠪᠢ᠂ ᠦᠢ᠍ᠯᠡᠳᠬᠦᠨ (ᠲᠠᠸᠠᠷ)᠎ᠤ ᠶᠠᠰᠤ ᠴᠢᠨᠠᠷ 408 ᠬᠤᠪᠢ᠂ ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠳᠠᠩᠰᠠᠯᠠᠨ ᠲᠡᠮᠳᠡᠭᠯᠡᠬᠦ 229 ᠬᠤᠪᠢ᠂ ᠢᠳᠡᠭᠡᠨ᠎ᠤ ᠬᠢᠨᠠᠯᠲᠠ ᠬᠠᠮᠢᠶᠠᠷᠤᠯᠲᠠ 218 ᠬᠤᠪᠢ᠂ ᠲᠠᠸᠠᠷ᠎ᠤᠨ ᠠᠷᠠᠯᠵᠢᠶᠠᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ 216 ᠬᠤᠪᠢ᠂ ᠬᠡᠷᠡᠭᠯᠡᠭᠡᠨ᠎ᠤ ᠡᠷᠬᠡ᠎ᠪᠠᠨ ᠬᠠᠮᠠᠭ᠋ᠠᠯᠠᠬᠤ ᠮᠡᠳᠡᠯᠭᠡ 32508 ᠬᠤᠪᠢ ᠪᠣᠶ᠃ ᠪᠤᠰᠤᠳ ᠰᠠᠯᠠᠭ᠎ᠠ ᠮᠥᠴᠢᠷ᠎ᠲᠤ ᠬᠣᠯᠪᠣᠭᠳᠠᠭᠰᠠᠨ ᠠᠰᠠᠭᠤᠨ ᠯᠠᠪᠯᠠᠭ᠎ᠠ᠎ᠳᠤ ᠭᠤᠤᠯᠳᠠᠭᠤ ᠡᠷᠡᠭᠦᠯ ᠬᠠᠮᠠᠭ᠋ᠠᠯᠠᠯ᠂ ᠵᠢᠭᠤᠯᠴᠢᠯᠠᠯ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠬᠠᠮᠢᠶᠠᠷᠤᠯᠲᠠ᠂ ᠰᠢᠤᠳᠠᠨ᠂ ᠭᠠᠢ᠌ᠯᠢ ᠵᠢᠨ ᠶᠠᠪᠤᠳᠠᠯ᠂ ᠳᠤᠯᠠᠭ᠋ᠠᠯᠠᠭ᠎ᠠ ᠬᠠᠩᠭ᠋ᠠᠬᠤ᠂ ᠤᠰᠤ ᠬᠠᠩᠭ᠋ᠠᠬᠤ᠂ ᠴᠠᠬᠢᠯᠭ᠋ᠠᠨ ᠬᠠᠩᠭ᠋ᠠᠬᠤ᠂ ᠠᠳᠠᠯ ᠠᠬᠤᠶ᠂ ᠭᠡᠷ ᠬᠥᠷᠥᠩᠭᠡ ᠵᠡᠷᠭᠡ ᠪᠤᠢ᠃

     ᠲᠠᠶ᠋ᠢᠯᠪᠤᠷᠢ᠄ ᠳᠣᠰ ᠮᠠᠲᠠᠭᠦᠯᠣᠯᠲᠠ ᠵᠢᠨ ᠳᠣᠭ᠎ᠠ ᠪᠠᠷᠢᠮᠲᠠ᠎ᠨᠢ ᠪᠤᠢ᠍ᠭᠦ ᠤᠯᠤᠰ᠎ᠤᠨ 12315 ᠲᠠᠪᠴᠠᠩ᠎ᠠᠴᠠ ᠡᠢ᠍ᠷᠠᠯᠲᠠ᠎ᠲᠠᠢ




ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠷᠡᠭᠯᠡᠭᠴᠢᠳ᠎ᠤᠨ ᠡᠷᠬᠡ ᠠᠰᠢᠭ᠎ᠢ ᠬᠠᠮᠠᠭ᠋ᠠᠯᠠᠬᠤ ᠦᠢ᠍ᠯᠡᠴᠢᠯᠡᠭᠡᠨ᠎ᠤ ᠲᠥᠪ