ᠨᠢᠭᠡ᠂ ᠦᠨᠳᠦᠰᠦᠨ ᠪᠠᠶ᠋ᠢᠳᠠᠯ
2024 ᠣᠨ᠎ᠤ 1 ᠳ᠋ᠦ᠍ᠭᠡᠷ ᠰᠠᠷ᠎ᠠ᠎ᠠᠴᠠ 8 ᠳ᠋ᠤᠭ᠋ᠠᠷ ᠰᠠᠷ᠎ᠠ ᠪᠣᠯᠲᠠᠯ᠎ᠠ ᠥᠪᠥᠷ ᠮᠣᠩᠭᠤᠯ᠎ᠤᠨ ᠪᠥᠬᠦ ᠤᠯᠤᠰ᠎ᠤᠨ 12315 ᠲᠠᠪᠴᠠᠩ᠎ᠨᠢ ᠬᠡᠷᠡᠭᠯᠡᠭᠴᠢᠳ᠎ᠤᠨ ᠵᠠᠭ᠋ᠠᠯᠳᠤᠯᠭ᠎ᠠ᠂ ᠢᠯᠡᠴᠢᠯᠡᠨ ᠮᠡᠳᠡᠭᠦᠯᠦᠯᠲᠡ᠂ ᠠᠰᠠᠭᠤᠨ ᠯᠠᠪᠯᠠᠯᠲᠠ ᠵᠢ ᠨᠡᠶ᠋ᠢᠲᠡ 251328 ᠬᠤᠪᠢ ᠭᠥᠯᠢᠶᠡᠨ ᠠᠪᠴᠤ᠂ ᠠᠳᠠᠯᠢ ᠬᠤᠭᠤᠴᠠᠭ᠋ᠠᠨ᠎ᠤ᠎ᠬᠢ᠎ᠠᠴᠠ᠎ᠪᠠᠨ 4.88%᠎ᠪᠠᠷ ᠨᠡᠮᠡᠭᠳᠡᠪᠡ᠃ ᠡᠭᠦᠨ᠎ᠳᠤ᠂ ᠵᠠᠭ᠋ᠠᠯᠳᠤᠯᠭ᠎ᠠ 102740 ᠬᠤᠪᠢ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ᠎ᠪᠠᠨ 13.9%᠎ᠪᠠᠷ ᠨᠡᠮᠡᠭᠳᠡᠪᠡ; ᠢᠯᠡᠴᠢᠯᠡᠨ ᠮᠡᠳᠡᠭᠦᠯᠦᠯᠲᠡ 22713 ᠬᠤᠪᠢ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ᠎ᠪᠠᠨ 17.37%᠎ᠪᠠᠷ ᠨᠡᠮᠡᠭᠳᠡᠪᠡ; ᠠᠰᠠᠭᠤᠨ ᠯᠠᠪᠯᠠᠯᠲᠠ 125875 ᠬᠤᠪᠢ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ᠎ᠪᠠᠨ 3.23%᠎ᠪᠠᠷ ᠪᠠᠭ᠋ᠠᠰᠪᠠ᠃ ᠵᠠᠭ᠋ᠠᠯᠳᠤᠭᠰᠠᠨ ᠢᠯᠡᠴᠢᠯᠡᠨ ᠮᠡᠳᠡᠭᠦᠯᠦᠭᠰᠡᠨ ᠨᠡᠶ᠋ᠢᠲᠡ 118659 ᠬᠡᠷᠡᠭ᠎ᠢ ᠰᠢᠢ᠍ᠳᠪᠦᠷᠢᠯᠡᠨ ᠳᠠᠭᠤᠰᠬᠠᠵᠤ᠂ ᠰᠢᠢ᠍ᠳᠪᠦᠷᠢᠯᠡᠵᠦ ᠳᠠᠭᠤᠰᠬᠠᠭᠰᠠᠨ ᠨᠣᠷᠮ᠎ᠠ᠎ᠨᠢ 94.58%᠎ᠳᠤ ᠬᠦᠷᠴᠦ᠂ ᠬᠡᠷᠡᠭᠯᠡᠭᠴᠢᠳ᠎ᠲᠤ 3730.31 ᠲᠦᠮᠡᠨ ᠲᠥᠭᠦᠷᠢᠭ᠎ᠤᠨ ᠠᠵᠤ ᠠᠬᠤᠶ ᠵᠢᠨ ᠬᠤᠬᠢᠷᠠᠯ᠎ᠢ᠎ᠨᠢ ᠡᠭᠡᠭᠦᠯᠦᠨ ᠠᠪᠴᠢᠷᠠᠵᠤ ᠥᠭᠴᠡᠶ᠃
2024 ᠣᠨ᠎ᠤ 8 ᠳ᠋ᠤᠭ᠋ᠠᠷ ᠰᠠᠷ᠎ᠠ᠎ᠳᠤ᠂ ᠥᠪᠥᠷ ᠮᠣᠩᠭᠤᠯ᠎ᠤᠨ ᠪᠥᠬᠦ ᠤᠯᠤᠰ᠎ᠤᠨ 12315 ᠲᠠᠪᠴᠠᠩ᠎ᠨᠢ ᠬᠡᠷᠡᠭᠯᠡᠭᠴᠢᠳ᠎ᠤᠨ ᠵᠠᠭ᠋ᠠᠯᠳᠤᠯᠭ᠎ᠠ᠂ ᠢᠯᠡᠴᠢᠯᠡᠨ ᠮᠡᠳᠡᠭᠦᠯᠦᠯᠲᠡ᠂ ᠠᠰᠠᠭᠤᠨ ᠯᠠᠪᠯᠠᠯᠲᠠ ᠵᠢ ᠨᠡᠶ᠋ᠢᠲᠡ 35497 ᠬᠤᠪᠢ ᠭᠥᠯᠢᠶᠡᠨ ᠠᠪᠴᠤ᠂ ᠠᠳᠠᠯᠢ ᠬᠤᠭᠤᠴᠠᠭ᠋ᠠᠨ᠎ᠤ᠎ᠬᠢ᠎ᠠᠴᠠ᠎ᠪᠠᠨ 2.27%᠎ᠪᠠᠷ ᠨᠡᠮᠡᠭᠳᠡᠪᠡ᠃ ᠡᠭᠦᠨ᠎ᠳᠤ᠂ ᠵᠠᠭ᠋ᠠᠯᠳᠤᠯᠭ᠎ᠠ 14998 ᠬᠤᠪᠢ ᠪᠠᠶ᠋ᠢᠵᠤ᠂ ᠶᠡᠷᠦᠩᠬᠡᠶ ᠬᠡᠮᠵᠢᠶᠡᠨ᠎ᠤ 42.25% ᠵᠢ ᠡᠵᠡᠯᠡᠪᠡ; ᠢᠯᠡᠴᠢᠯᠡᠨ ᠮᠡᠳᠡᠭᠦᠯᠦᠯᠲᠡ 3234 ᠬᠤᠪᠢ ᠪᠠᠶ᠋ᠢᠵᠤ᠂ ᠶᠡᠷᠦᠩᠬᠡᠶ ᠬᠡᠮᠵᠢᠶᠡᠨ᠎ᠤ 9.11% ᠵᠢ ᠡᠵᠡᠯᠡᠪᠡ; ᠠᠰᠠᠭᠤᠨ ᠯᠠᠪᠯᠠᠯᠲᠠ 17265 ᠬᠤᠪᠢ ᠪᠠᠶ᠋ᠢᠵᠤ᠂ ᠶᠡᠷᠦᠩᠬᠡᠢ ᠬᠡᠮᠵᠢᠶᠡᠨ᠎ᠤ 48.64% ᠵᠢ ᠡᠵᠡᠯᠡᠪᠡ᠃
2024 ᠣᠨ᠎ᠤ 8 ᠳ᠋ᠤᠭ᠋ᠠᠷ ᠰᠠᠷ᠎ᠠ᠎ᠳᠤ ᠪᠥᠬᠦ ᠣᠷᠣᠨ᠎ᠤ 12315 ᠵᠢᠨ ᠭᠥᠯᠢᠶᠡᠨ ᠠᠪᠤᠭᠰᠠᠨ ᠬᠡᠮᠵᠢᠶᠡᠨ᠎ᠤ ᠠᠳᠠᠯᠢ ᠬᠤᠭᠤᠴᠠᠭ᠋ᠠᠨ᠎ᠤ ᠬᠠᠷᠢᠴᠠᠭᠤᠯᠤᠭᠰᠠᠨ ᠵᠢᠷᠤᠭ᠄

ᠡᠯ᠎ᠡ ᠠᠶ᠋ᠢᠮᠠᠭ ᠬᠤᠲᠠ ᠵᠢᠨ ᠵᠠᠭ᠋ᠠᠯᠳᠤᠯᠭ᠎ᠠ ᠢᠯᠡᠴᠢᠯᠡᠨ ᠮᠡᠳᠡᠭᠦᠯᠦᠯᠲᠡ ᠠᠰᠠᠭᠤᠨ ᠯᠠᠪᠯᠠᠯᠲᠠ ᠬᠡᠮᠵᠢᠶᠡᠨ᠎ᠤ ᠪᠠᠶ᠋ᠢᠳᠠᠯ᠎ᠤᠨ ᠪᠦᠷᠢᠳᠬᠡᠯ᠎ᠤᠨ ᠬᠦᠰᠦᠨᠦᠭᠲᠦ (ᠨᠢᠭᠡᠴᠢ᠄ ᠬᠤᠪᠢ)
ᠵᠠᠭ᠋ᠠᠯᠳᠤᠯᠭ᠎ᠠ ᠢᠯᠡᠴᠢᠯᠡᠨ ᠮᠡᠳᠡᠭᠦᠯᠦᠯᠲᠡ ᠠᠰᠠᠭᠤᠨ ᠯᠠᠪᠯᠠᠯᠲᠠ ᠵᠢᠨ ᠶᠡᠷᠦᠩᠬᠡᠶ ᠬᠡᠮᠵᠢᠶᠡᠨ᠎ᠤ ᠡᠮᠦᠨ᠎ᠡ ᠭᠤᠷᠪᠠ᠎ᠳᠤ ᠵᠢᠭᠰᠠᠭ᠋ᠠᠭᠳᠠᠭᠰᠠᠨ᠎ᠨᠢ ᠬᠥᠬᠡᠬᠣᠲᠠ᠂ ᠪᠤᠭᠤᠲᠤ ᠬᠣᠲᠠ᠂ ᠤᠯᠠᠭ᠋ᠠᠨᠬᠠᠳᠠ ᠬᠣᠲᠠ ᠪᠣᠯᠤᠨ᠎ᠠ᠃ ᠡᠯ᠎ᠡ ᠵᠦᠢ᠍ᠯ᠎ᠤᠨ ᠲᠤᠭ᠎ᠠ ᠪᠠᠷᠢᠮᠲᠠ᠎ᠳᠤ ᠵᠠᠭ᠋ᠠᠯᠳᠤᠯᠭ᠎ᠠ ᠵᠢᠨ ᠬᠡᠮᠵᠢᠶᠡᠨ᠎ᠤ ᠡᠮᠦᠨ᠎ᠡ ᠭᠤᠷᠪᠠ᠎ᠳᠤ ᠵᠢᠭᠰᠠᠭ᠋ᠠᠭᠳᠠᠭᠰᠠᠨ᠎ᠨᠢ ᠬᠥᠬᠡᠬᠤᠲᠠ᠂ ᠤᠯᠠᠭ᠋ᠠᠨᠬᠠᠳᠠ ᠬᠤᠲᠠ᠂ ᠪᠤᠭᠤᠲᠤ ᠬᠤᠲᠠ ᠪᠠᠢ᠌ᠵᠤ᠂ ᠢᠯᠡᠴᠢᠯᠡᠨ ᠮᠡᠳᠡᠭᠦᠯᠦᠯᠲᠡ ᠵᠢᠨ ᠬᠡᠮᠵᠢᠶᠡᠨ᠎ᠤ ᠡᠮᠦᠨ᠎ᠡ ᠭᠤᠷᠪᠠ᠎ᠳᠤ ᠵᠢᠭᠰᠠᠭ᠋ᠠᠭᠳᠠᠭᠰᠠᠨ᠎ᠨᠢ ᠬᠥᠬᠡᠬᠤᠲᠠ᠂ ᠪᠤᠭᠤᠲᠤ ᠬᠤᠲᠠ᠂ ᠤᠯᠠᠭ᠋ᠠᠨᠴᠠᠪ ᠬᠤᠲᠠ ᠪᠠᠢ᠌ᠪᠠ᠃
ᠬᠤᠶᠠᠷ᠂ ᠵᠠᠭ᠋ᠠᠯᠳᠤᠯᠭ᠎ᠠ ᠵᠢᠨ ᠪᠠᠶ᠋ᠢᠳᠠᠯ᠎ᠤᠨ ᠲᠤᠭ᠎ᠠ ᠪᠠᠷᠢᠮᠳᠠ ᠵᠢᠨ ᠪᠦᠷᠢᠳᠬᠡᠯ
8 ᠳ᠋ᠤᠭ᠋ᠠᠷ ᠰᠠᠷ᠎ᠠ᠎ᠳᠤ ᠬᠡᠷᠡᠭᠯᠡᠭᠴᠢᠳ᠎ᠤᠨ ᠵᠠᠭ᠋ᠠᠯᠳᠤᠯᠭ᠎ᠠ ᠵᠢ ᠨᠡᠶ᠋ᠢᠲᠡ 14998 ᠬᠤᠪᠢ ᠭᠥᠯᠢᠶᠡᠨ ᠠᠪᠴᠤ᠂ ᠠᠳᠠᠯᠢ ᠬᠤᠭᠤᠴᠠᠭ᠋ᠠᠨ᠎ᠤ᠎ᠬᠢ᠎ᠠᠴᠠ᠎ᠪᠠᠨ 7.40%᠎ᠪᠠᠷ ᠨᠡᠮᠡᠭᠳᠡᠪᠡ᠃ ᠡᠭᠦᠨ᠎ᠳᠤ᠂ ᠲᠠᠸᠠᠷ᠎ᠤᠨ ᠲᠥᠷᠥᠯ 8628 ᠬᠤᠪᠢ ᠪᠠᠶ᠋ᠢᠵᠤ᠂ 6370 ᠦᠢ᠍ᠯᠡᠴᠢᠯᠡᠭᠡᠨ᠎ᠤ ᠲᠥᠷᠥᠯ᠎ᠳᠤ ᠬᠤᠯᠪᠣᠭᠳᠠᠵᠠᠶ᠃ ᠵᠠᠭ᠋ᠠᠯᠳᠤᠯᠭ᠎ᠠ᠎ᠳᠤ ᠬᠤᠯᠪᠣᠭᠳᠠᠭᠰᠠᠨ ᠮᠠᠷᠭᠤᠯᠳᠤᠭ᠋ᠠᠨ᠎ᠤ ᠵᠣᠭᠤᠰ᠎ᠤᠨ ᠲᠤᠭ᠎ᠠ 999.77 ᠲᠦᠮᠡᠨ ᠲᠥᠭᠦᠷᠢᠭ ᠪᠠᠶ᠋ᠢᠵᠤ᠂ ᠬᠡᠷᠡᠭᠯᠡᠭᠴᠢᠳ᠎ᠲᠤ 367.28 ᠲᠦᠮᠡᠨ ᠲᠥᠭᠦᠷᠢᠭ᠎ᠤᠨ ᠠᠵᠤ ᠠᠬᠤᠢ ᠵᠢᠨ ᠬᠤᠬᠢᠷᠠᠯ᠎ᠢ᠎ᠨᠢ ᠡᠭᠡᠭᠦᠯᠦᠨ ᠠᠪᠴᠢᠷᠠᠪᠠ᠃ 9 ᠳ᠋ᠦ᠍ᠭᠡᠷ ᠰᠠᠷ᠎ᠠ ᠵᠢᠨ 3᠎ᠤ ᠡᠳᠦᠷ ᠪᠣᠯᠲᠠᠯ᠎ᠠ ᠨᠢᠭᠡᠨᠲᠡ 10981 ᠬᠤᠪᠢ ᠵᠢ᠎ᠨᠢ ᠰᠢᠢ᠍ᠳᠪᠦᠷᠢᠯᠡᠨ ᠳᠠᠭᠤᠰᠬᠠᠵᠤ᠂ ᠰᠢᠢ᠍ᠳᠪᠦᠷᠢᠯᠡᠵᠦ ᠳᠠᠭᠤᠰᠬᠠᠭᠰᠠᠨ ᠨᠣᠷᠮ᠎ᠠ᠎ᠨᠢ 73.22% ᠪᠣᠯᠤᠨ᠎ᠠ᠃
ᠪᠤᠰᠤᠳᠴᠢ ᠴᠤᠭᠴᠠ ᠵᠢᠨ ᠲᠦᠷᠦᠯ ᠢᠯᠭ᠋ᠠᠯ᠎ᠢ ᠬᠦᠰᠦᠨᠦᠭᠲᠦ᠎ᠠᠴᠠ ᠦᠵᠡ (ᠨᠢᠭᠡ) (ᠬᠤᠶᠠᠷ)
(ᠨᠢᠭᠡ) ᠲᠠᠸᠠᠷ᠎ᠤᠨ ᠲᠦᠷᠦᠯ᠎ᠳᠤ ᠬᠣᠯᠪᠣᠭᠳᠠᠭᠰᠠᠨ
ᠲᠠᠸᠠᠷ᠎ᠤᠨ ᠲᠥᠷᠥᠯ᠎ᠤᠨ ᠵᠠᠭ᠋ᠠᠯᠳᠤᠯᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ᠎ᠪᠠᠨ 15.84%᠎ᠪᠠᠷ ᠨᠡᠮᠡᠭᠳᠡᠪᠡ᠃ ᠵᠠᠭ᠋ᠠᠯᠳᠤᠯᠭ᠎ᠠ ᠵᠢᠨ ᠬᠡᠮᠵᠢᠶᠡᠨ᠎ᠤ ᠡᠮᠦᠨ᠎ᠡ ᠲᠠᠪᠤ᠎ᠳᠤ ᠵᠢᠭᠰᠠᠭ᠋ᠠᠭᠳᠠᠭᠰᠠᠨ ᠲᠠᠸᠠᠷ᠎ᠤᠨ ᠶᠡᠭᠡ ᠲᠦᠷᠦᠯ᠎ᠳᠤ ᠳᠠᠷᠠᠭ᠋ᠠᠯᠠᠯ ᠵᠶ᠋ᠠᠷ ᠢᠳᠡᠭᠡᠨ᠎ᠤ ᠵᠦᠢ᠍ᠯ᠂ ᠬᠤᠪᠴᠠᠰᠤ ᠬᠤᠨᠠᠷ ᠱᠠᠬᠠᠢ ᠮᠠᠯᠠᠭ᠋ᠠᠢ᠂ ᠵᠠᠮ ᠬᠠᠷᠢᠯᠴᠠᠭ᠋ᠠᠨ᠎ᠤ ᠪᠠᠭ᠋ᠠᠵᠢ᠂ ᠭᠡᠷ᠎ᠤᠨ ᠡᠳ᠋ᠯᠡᠯ ᠬᠡᠷᠡᠭᠰᠡᠯ᠂ ᠵᠠᠰᠠᠯ ᠴᠢᠮᠡᠭᠯᠡᠯ ᠪᠠᠶ᠋ᠢᠪᠠ᠃
ᠵᠠᠭ᠋ᠠᠯᠳᠤᠯᠭ᠎ᠠ ᠵᠢᠨ ᠬᠡᠮᠵᠢᠶᠡᠨ᠎ᠤ ᠡᠮᠦᠨ᠎ᠡ ᠲᠠᠪᠤ᠎ᠳᠤ ᠵᠢᠭᠰᠠᠭ᠋ᠠᠭᠳᠠᠭᠰᠠᠨ ᠲᠠᠸᠠᠷ᠎ᠤᠨ ᠶᠡᠭᠡ ᠲᠥᠷᠥᠯ᠎ᠤᠨ᠎ᠬᠢᠨ᠎ᠤ ᠲᠠᠸᠠᠷ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠳᠤ ᠡᠵᠡᠯᠡᠬᠦ ᠬᠤᠪᠢ ᠵᠢᠨ ᠵᠢᠩ᠎ᠤᠨ ᠵᠡᠭᠡᠷᠡᠩᠬᠡᠢ ᠵᠢᠷᠤᠭ᠄

ᠵᠠᠭ᠋ᠠᠯᠳᠤᠯᠭ᠎ᠠ ᠵᠢᠨ ᠬᠡᠮᠵᠢᠶᠡᠨ᠎ᠤ ᠨᠢᠭᠡᠳᠦᠭᠡᠷ᠎ᠲᠤ ᠪᠠᠢ᠌ᠷᠢᠯᠠᠬᠤ ᠢᠳᠡᠭᠡᠨ᠎ᠤ ᠵᠦᠢ᠍ᠯ 4776 ᠬᠤᠪᠢ ᠪᠠᠶ᠋ᠢᠵᠤ᠂ ᠲᠠᠸᠠᠷ᠎ᠤᠨ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠤ 55.35% ᠵᠢ ᠡᠵᠡᠯᠡᠪᠡ᠃ ᠡᠶ᠋ᠢᠮᠦᠷᠬᠦᠦ ᠵᠠᠭ᠋ᠠᠯᠳᠤᠯᠭ᠎ᠠ᠎ᠳᠤ ᠵᠠᠭ᠋ᠠᠯᠳᠤᠯᠭ᠎ᠠ ᠨᠡᠯᠢᠶᠡᠳ ᠣᠯᠠᠨ ᠲᠠᠸᠠᠷ᠎ᠨᠢ ᠡᠩ᠎ᠤᠨ ᠢᠳᠡᠭᠡᠨ᠎ᠤ ᠵᠦᠢ᠍ᠯ 3823 ᠬᠤᠪᠢ᠂ ᠠᠷᠢᠬᠢ ᠪᠠ ᠤᠮᠳᠠᠭ᠋ᠠᠨ 427 ᠬᠤᠪᠢ᠂ ᠢᠳᠡᠭᠡᠨ᠎ᠤ ᠲᠠᠷᠢᠶᠠᠯᠠᠩ᠎ᠤᠨ ᠪᠦᠲᠦᠭᠡᠭᠳᠡᠬᠦᠨ 367 ᠬᠤᠪᠢ᠂ ᠢᠳᠡᠭᠡᠨ᠎ᠤ ᠵᠦᠢ᠍ᠯ᠎ᠤᠨ ᠬᠣᠯᠪᠣᠭᠳᠠᠯ ᠪᠦᠬᠦᠢ ᠪᠦᠲᠦᠭᠡᠭᠳᠡᠬᠦᠨ 85 ᠬᠤᠪᠢ᠂ ᠨᠢᠯᠬ᠎ᠠ ᠬᠡᠦᠬᠡᠳ᠎ᠤᠨ ᠨᠠᠢ᠌ᠷᠠᠯᠭ᠎ᠠ᠎ᠲᠠᠢ ᠰᠦᠨ ᠲᠠᠯᠬ᠎ᠠ 40 ᠬᠤᠪᠢ᠂ ᠡᠷᠡᠭᠦᠯᠵᠢᠯ᠎ᠤᠨ ᠢᠳᠡᠭᠡᠨ 28 ᠬᠤᠪᠢ᠂ ᠠᠨᠠᠭ᠋ᠠᠬᠤ ᠤᠬᠠᠭ᠋ᠠᠨ᠎ᠤ ᠣᠨᠴᠠᠭ᠋ᠠᠢ ᠬᠡᠷᠡᠭᠴᠡᠭᠡᠲᠦ ᠨᠠᠶ᠋ᠢᠷᠠᠯᠭ᠎ᠠ᠎ᠲᠠᠢ ᠢᠳᠡᠭᠡᠨ 6 ᠬᠤᠪᠢ ᠪᠤᠢ᠃
ᠵᠠᠭ᠋ᠠᠯᠳᠤᠯᠭ᠎ᠠ ᠵᠢᠨ ᠬᠡᠮᠵᠢᠶᠡᠨ᠎ᠤ ᠬᠤᠶᠠᠳᠤᠭ᠋ᠠᠷ᠎ᠲᠤ ᠪᠠᠢ᠌ᠷᠢᠯᠠᠬᠤ ᠬᠤᠪᠴᠠᠰᠤ ᠬᠤᠨᠠᠷ ᠱᠠᠬᠠᠢ ᠮᠠᠯᠠᠭ᠋ᠠᠢ ᠵᠢᠨ ᠲᠥᠷᠥᠯ 748 ᠬᠤᠪᠢ ᠪᠠᠶ᠋ᠢᠵᠤ᠂ ᠲᠠᠸᠠᠷ᠎ᠤᠨ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠤ 8.67% ᠵᠢ ᠡᠵᠡᠯᠡᠪᠡ᠃ ᠡᠶ᠋ᠢᠮᠦᠷᠬᠦᠦ ᠵᠠᠭ᠋ᠠᠯᠳᠤᠯᠭ᠎ᠠ᠎ᠳᠤ ᠵᠠᠭ᠋ᠠᠯᠲᠤᠯᠭᠠ ᠨᠡᠯᠢᠶᠡᠳ ᠣᠯᠠᠨ ᠲᠠᠸᠠᠷ᠎ᠨᠢ ᠪᠠᠩᠵᠠᠯ 277 ᠵᠠᠬ᠎ᠠ᠂ ᠱᠠᠬᠠᠢ 213 ᠵᠠᠬ᠎ᠠ᠂ ᠥᠮᠥᠳᠥ 78 ᠵᠠᠬ᠎ᠠ᠂ ᠭᠠᠳᠠᠷ ᠬᠤᠪᠴᠠᠰᠤ 70 ᠵᠠᠬ᠎ᠠ᠂ ᠬᠠᠨᠵᠢᠶᠠᠷ 37 ᠵᠠᠬ᠎ᠠ᠂ ᠴᠠᠮᠴᠠ 16 ᠵᠠᠬ᠎ᠠ᠂ ᠦᠨᠳᠦᠰᠦᠲᠡᠨ᠎ᠤ ᠬᠤᠪᠴᠠᠰᠤ ᠬᠤᠨᠠᠷ 12 ᠵᠠᠬ᠎ᠠ᠂ ᠪᠤᠰᠤᠳ ᠵᠠᠭ᠋ᠠᠯᠳᠤᠯᠭ᠎ᠠ 45 ᠬᠤᠪᠢ ᠪᠠᠶ᠋ᠢᠪᠠ᠃
ᠵᠠᠭ᠋ᠠᠯᠳᠤᠯᠭ᠎ᠠ ᠵᠢᠨ ᠬᠡᠮᠵᠢᠶᠡᠨ᠎ᠤ ᠭᠤᠷᠪᠠᠳᠤᠭ᠋ᠠᠷ᠎ᠲᠤ ᠪᠠᠢ᠌ᠷᠢᠯᠠᠬᠤ ᠵᠠᠮ ᠬᠠᠷᠢᠯᠴᠠᠭ᠋ᠠᠨ᠎ᠤ ᠪᠠᠭ᠋ᠠᠵᠢ ᠵᠢᠨ ᠲᠦᠷᠦᠯ 551 ᠬᠤᠪᠢ ᠪᠠᠢ᠌ᠵᠤ᠂ ᠲᠠᠸᠠᠷ᠎ᠤᠨ ᠲᠦᠷᠦᠯ᠎ᠤᠨ ᠵᠠᠭ᠋ᠠᠯᠳᠤᠯᠭ᠎ᠠ ᠵᠢᠨ ᠶᠡᠷᠦᠩᠬᠡᠢ ᠬᠡᠮᠵᠢᠶᠡᠨ᠎ᠤ 6.39% ᠵᠢ ᠡᠵᠡᠯᠡᠪᠡ᠃ ᠡᠢ᠌ᠮᠦᠷᠬᠦᠦ ᠵᠠᠭ᠋ᠠᠯᠳᠤᠯᠭ᠎ᠠ᠎ᠳᠤ ᠮᠠᠰᠢᠨ ᠲᠡᠷᠭᠡ ᠵᠢᠴᠢ ᠮᠠᠰᠢᠨ ᠲᠡᠷᠭᠡᠨ᠎ᠤ ᠰᠡᠯᠪᠢᠭ ᠲᠣᠨᠣᠭ 431 ᠬᠤᠪᠢ᠂ ᠳᠤᠭᠤᠢ ᠲᠡᠷᠭᠡ ᠵᠢᠴᠢ ᠰᠡᠯᠪᠢᠭ ᠲᠣᠨᠣᠭ 71 ᠬᠤᠪᠢ᠂ ᠮᠣᠲ᠋ᠣᠷ ᠲᠡᠷᠭᠡ ᠪᠠ ᠲᠤᠰᠠᠯᠠᠬᠤ ᠲᠡᠷᠭᠡ 49 ᠬᠤᠪᠢ ᠪᠠᠢ᠌ᠪᠠ᠃
ᠵᠠᠭ᠋ᠠᠯᠳᠤᠯᠭ᠎ᠠ ᠵᠢᠨ ᠬᠡᠮᠵᠢᠶᠡᠨ᠎ᠤ ᠳᠥᠷᠪᠡᠳᠦᠭᠡᠷ᠎ᠲᠤ ᠪᠠᠢ᠌ᠷᠢᠯᠠᠬᠤ ᠭᠡᠷ᠎ᠤᠨ ᠬᠡᠷᠡᠭᠰᠡᠯ᠎ᠤᠨ ᠲᠦᠷᠦᠯ 370 ᠬᠤᠪᠢ ᠪᠠᠢ᠌ᠵᠤ᠂ ᠲᠠᠸᠠᠷ᠎ᠤᠨ ᠲᠦᠷᠦᠯ᠎ᠤᠨ ᠵᠠᠭ᠋ᠠᠯᠳᠤᠯᠭ᠎ᠠ ᠵᠢᠨ ᠶᠡᠷᠦᠩᠬᠡᠢ ᠬᠡᠮᠵᠢᠶᠡᠨ᠎ᠤ 4.29% ᠵᠢ ᠡᠵᠡᠯᠡᠪᠡ᠃ ᠡᠢ᠌ᠮᠦᠷᠬᠦᠦ ᠵᠠᠭ᠋ᠠᠯᠳᠤᠯᠭ᠎ᠠ᠎ᠳᠤ ᠭᠡᠷ᠎ᠤᠨ ᠬᠡᠷᠡᠭᠰᠡᠯ 175 ᠬᠤᠪᠢ᠂ ᠲᠣᠭᠣᠭ᠋ᠠᠨ᠎ᠤ ᠭᠡᠷ᠎ᠤᠨ ᠬᠡᠷᠡᠭᠰᠡᠯ 57 ᠬᠤᠪᠢ᠂ ᠡᠳᠦᠷ ᠲᠣᠲᠣᠮ᠎ᠤᠨ ᠬᠡᠷᠡᠭᠯᠡᠭᠡᠨ᠎ᠤ ᠵᠦᠢ᠍ᠯ 39 ᠬᠤᠪᠢ᠂ ᠨᠢᠳᠦᠨ ᠰᠢᠯ 33 ᠬᠤᠪᠢ᠂ ᠴᠠᠭ 29 ᠬᠤᠪᠢ᠂ ᠬᠠᠢ᠌ᠷᠴᠠᠭ ᠪᠣᠭᠴᠤ 15 ᠬᠤᠪᠢ᠂ ᠠᠷᠢᠭᠤᠨ ᠴᠡᠪᠡᠷ᠎ᠤᠨ ᠬᠡᠷᠡᠭᠯᠡᠭᠡᠨ᠎ᠤ ᠵᠦᠢ᠍ᠯ 11 ᠬᠤᠪᠢ᠂ ᠣᠷᠣᠨ᠎ᠤ ᠬᠡᠷᠡᠭᠯᠡᠭᠡᠨ᠎ᠤ ᠵᠦᠢ᠍ᠯ 8 ᠬᠤᠪᠢ᠂ ᠨᠡᠬᠡᠮᠡᠯ ᠡᠳ᠋ 3 ᠬᠤᠪᠢ ᠪᠠᠢ᠌ᠪᠠ᠃
ᠵᠠᠭ᠋ᠠᠯᠳᠤᠯᠭ᠎ᠠ ᠵᠢᠨ ᠬᠡᠮᠵᠢᠶᠡᠨ᠎ᠤ ᠲᠠᠪᠤᠳᠤᠭ᠋ᠠᠷ᠎ᠲᠤ ᠪᠠᠢ᠌ᠷᠢᠯᠠᠬᠤ ᠵᠠᠰᠠᠯ ᠵᠢᠮᠰᠡᠭ᠎ᠤᠨ ᠲᠥᠷᠥᠯ 265 ᠬᠤᠪᠢ ᠪᠠᠢ᠌ᠵᠤ ᠂ ᠲᠠᠸᠠᠷ᠎ᠤᠨ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠢ ᠬᠡᠮᠵᠢᠶᠡᠨ᠎ᠤ 3.07% ᠵᠢ ᠡᠵᠡᠯᠡᠪᠡ᠃ ᠡᠶ᠋ᠢᠮᠦᠷᠬᠦᠦ ᠵᠠᠭ᠋ᠠᠯᠳᠤᠯᠭ᠎ᠠ᠎ᠳᠤ ᠰᠢᠵᠢᠷ ᠠᠯᠲᠠᠨ᠎ᠤ ᠵᠠᠰᠠᠯ ᠵᠢᠮᠰᠡᠭ 153 ᠬᠤᠪᠢ᠂ ᠴᠠᠭ᠋ᠠᠨ ᠮᠥᠩᠭᠦᠨ᠎ᠤ ᠵᠠᠰᠠᠯ ᠵᠢᠮᠰᠡᠭ 38 ᠬᠤᠪᠢ᠂ ᠪᠠᠶ᠋ᠢᠭ᠋ᠠᠯᠢ ᠵᠢᠨ ᠬᠠᠰ ᠴᠢᠯᠠᠭᠤ 30 ᠬᠤᠪᠢ᠂ ᠪᠠᠶ᠋ᠢᠭ᠋ᠠᠯᠢ ᠵᠢᠨ ᠡᠷᠳᠡᠨᠢ ᠴᠢᠯᠠᠭᠤ 15 ᠬᠤᠪᠢ᠂ ᠤᠷᠭ᠋ᠠᠨᠢᠭ ᠡᠷᠳᠡᠨᠢ ᠴᠢᠯᠠᠭᠤ 12 ᠬᠤᠪᠢ᠂ ᠪᠤᠰᠤᠳ ᠵᠠᠰᠠᠯ ᠵᠢᠮᠰᠡᠭ 17 ᠬᠤᠪᠢ ᠪᠠᠶ᠋ᠢᠪᠠ᠃
ᠲᠠᠸᠠᠷ᠎ᠤᠨ ᠵᠠᠭ᠋ᠠᠯᠳᠤᠯᠭ᠎ᠠ ᠵᠢᠨ ᠬᠠᠯᠠᠮᠰᠢᠯ ᠴᠡᠭ᠎ᠤᠨ ᠡᠮᠦᠨ᠎ᠡ ᠠᠷᠪᠠᠨ ᠨᠡᠷᠡᠲᠤ ᠪᠠᠢ᠌ᠭ᠎ᠠ᠎ᠨᠢ ᠡᠩ᠎ᠤᠨ ᠰᠠᠭᠤᠳᠠᠯ᠎ᠤᠨ ᠮᠠᠰᠢᠨ ᠲᠡᠷᠭᠡ 304 ᠬᠤᠪᠢ᠂ ᠠᠮᠤ ᠭᠤᠯᠢᠷ ᠵᠢᠴᠢ ᠲᠡᠭᠦᠨ᠎ᠤ ᠪᠦᠲᠦᠭᠡᠭᠳᠡᠬᠦᠨ (ᠥᠪᠡᠷ ᠵᠶ᠋ᠠᠨ ᠦᠢ᠍ᠯᠡᠳᠦᠭᠰᠡᠨ) 238 ᠬᠤᠪᠢ᠂ ᠲᠠᠰᠢᠨᠵᠠ 215 ᠵᠠᠬ᠎ᠠ᠂ ᠮᠢᠬᠠᠨ᠎ᠤ ᠪᠦᠲᠦᠭᠡᠭᠳᠡᠬᠦᠨ (ᠥᠪᠡᠷ ᠵᠶ᠋ᠠᠨ ᠦᠢ᠍ᠯᠡᠳᠦᠭᠰᠡᠨ) 202 ᠬᠤᠪᠢ᠂ ᠭᠠᠷ ᠤᠲᠠᠰᠤ 182 ᠬᠤᠪᠢ᠂ ᠪᠣᠷᠴᠠ ᠵᠢᠨ ᠲᠦᠷᠦᠯ 169 ᠬᠤᠪᠢ᠂ ᠲᠣᠰᠣᠨ᠎ᠳᠤ ᠪᠤᠴᠠᠯᠭ᠋ᠠᠭᠰᠠᠨ ᠲᠥᠬᠦᠮ ᠭᠤᠯᠢᠷ 133 ᠬᠤᠪᠢ᠂ ᠪᠠᠺᠲ᠋ᠧᠷᠢ ᠤᠰᠠᠳᠬᠠᠭᠰᠠᠨ ᠰᠦ 125 ᠬᠤᠪᠢ᠂ ᠲᠠᠮᠢᠷ᠎ᠤᠨ ᠱᠠᠬᠠᠶ 112 ᠵᠠᠬ᠎ᠠ᠂ ᠳᠠᠷᠤᠰᠢᠭᠤᠯᠤᠭᠰᠠᠨ ᠮᠢᠬᠠᠨ᠎ᠤ ᠲᠦᠷᠦᠯ 103 ᠬᠤᠪᠢ (ᠭᠥᠯᠢᠶᠡᠨ ᠠᠪᠤᠭᠰᠠᠨ ᠬᠡᠮᠵᠢᠶᠡᠨ᠎ᠳᠠᠬᠢ ᠠᠯᠢᠪᠠ 《ᠪᠤᠰᠤᠳ》᠎ᠢ ᠨᠡᠷᠡᠰ᠎ᠤᠨ ᠵᠢᠭᠰᠠᠭ᠋ᠠᠯᠲᠠ᠎ᠳᠤ ᠣᠷᠣᠭᠤᠯᠤᠭᠰᠠᠨ ᠦᠭᠡᠢ) ᠪᠠᠶ᠋ᠢᠵᠤ᠂ ᠬᠤᠳᠠᠯᠳᠤᠭ᠋ᠠᠨ᠎ᠤ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠤ 20.67% ᠵᠢ ᠡᠵᠡᠯᠡᠪᠡ᠃
(ᠬᠤᠶᠠᠷ) ᠦᠢ᠍ᠯᠡᠴᠢᠯᠡᠭᠡᠨ᠎ᠤ ᠲᠦᠷᠦᠯ᠎ᠳᠤ ᠬᠣᠯᠪᠣᠭᠳᠠᠭᠰᠠᠨ
ᠦᠢ᠍ᠯᠡᠴᠢᠯᠡᠭᠡᠨ᠎ᠤ ᠲᠥᠷᠥᠯ᠎ᠤᠨ ᠵᠠᠭ᠋ᠠᠯᠳᠤᠯᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ᠎ᠪᠠᠨ 2.24%᠎ᠪᠠᠷ ᠪᠠᠭ᠋ᠠᠰᠪᠠ᠃ ᠵᠠᠭ᠋ᠠᠯᠳᠤᠯᠭ᠎ᠠ ᠵᠢᠨ ᠬᠡᠮᠵᠢᠶᠡᠨ᠎ᠤ ᠡᠮᠦᠨ᠎ᠡ ᠲᠠᠪᠤ᠎ᠳᠤ ᠵᠢᠬᠰᠠᠭ᠋ᠠᠬᠳᠠᠬᠰᠠᠨ ᠦᠢ᠍ᠯᠡᠴᠢᠯᠡᠭᠡᠨ᠎ᠤ ᠶᠡᠭᠡ ᠲᠦᠷᠦᠯ᠎ᠳᠤ ᠳᠠᠷᠠᠭ᠋ᠠᠯᠠᠯ ᠵᠶ᠋ᠠᠷ ᠢᠳᠡᠭᠡᠨ ᠤᠮᠳᠠᠭ᠋ᠠᠨ ᠪᠠ ᠬᠤᠨᠤᠭᠯᠠᠬᠤ ᠦᠢ᠍ᠯᠡᠴᠢᠯᠡᠭᠡ᠂ ᠪᠣᠷᠣᠯᠠᠭᠤᠯᠭ᠎ᠠ ᠵᠢᠨ ᠦᠢ᠍ᠯᠡᠴᠢᠯᠡᠭᠡ᠂ ᠰᠣᠶᠣᠯ ᠵᠤᠭ᠎ᠠ ᠴᠡᠩᠭᠡᠯ ᠪᠡᠶ᠎ᠡ ᠵᠢᠨ ᠲᠠᠮᠢᠷ᠎ᠤᠨ ᠦᠢ᠍ᠯᠡᠴᠢᠯᠡᠭᠡ᠂ ᠬᠥᠮᠦᠵᠢᠯ ᠪᠣᠯᠪᠠᠰᠤᠷᠠᠯ᠎ᠤᠨ ᠦᠢ᠍ᠯᠡᠴᠢᠯᠡᠭᠡ᠂ ᠵᠢᠰᠦ ᠭᠤᠶᠣᠯᠠᠵᠤ ᠦᠰᠦ ᠵᠠᠰᠠᠬᠤ ᠤᠬᠢᠶᠠᠯᠭ᠎ᠠ ᠵᠢᠨ ᠦᠢ᠍ᠯᠡᠴᠢᠯᠡᠭᠡ ᠪᠠᠢ᠌ᠪᠠ᠃
ᠵᠠᠭ᠋ᠠᠯᠳᠤᠯᠭ᠎ᠠ ᠵᠢᠨ ᠬᠡᠮᠵᠢᠶᠡᠨ᠎ᠤ ᠡᠮᠦᠨ᠎ᠡ ᠲᠠᠪᠤ᠎ᠳᠤ ᠵᠢᠭᠰᠠᠭ᠋ᠠᠭᠳᠠᠭᠰᠠᠨ ᠦᠢ᠍ᠯᠡᠴᠢᠯᠡᠭᠡᠨ᠎ᠤ ᠶᠡᠭᠡ ᠲᠥᠷᠥᠯ᠎ᠤᠨ᠎ᠬᠢᠨ᠎ᠤ ᠦᠢ᠍ᠯᠡᠴᠢᠯᠡᠭᠡᠨ᠎ᠤ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠳᠤ ᠡᠵᠡᠯᠡᠬᠦ ᠬᠤᠪᠢ ᠵᠢᠨ ᠵᠢᠩ᠎ᠤᠨ ᠵᠡᠭᠡᠷᠡᠩᠬᠡᠢ ᠵᠢᠷᠤᠭ᠄

ᠵᠠᠭ᠋ᠠᠯᠳᠤᠯᠭ᠎ᠠ ᠵᠢᠨ ᠬᠡᠮᠵᠢᠶᠡᠨ᠎ᠤ ᠨᠢᠭᠡᠳᠦᠭᠡᠷ᠎ᠲᠤ ᠪᠠᠢ᠌ᠷᠢᠯᠠᠬᠤ ᠢᠳᠡᠭᠡᠨ ᠤᠮᠳᠠᠭ᠋ᠠᠨ ᠪᠠ ᠬᠤᠨᠣᠭᠯᠠᠬᠤ ᠦᠢ᠍ᠯᠡᠴᠢᠯᠡᠭᠡ 1714 ᠬᠤᠪᠢ ᠪᠠᠶ᠋ᠢᠵᠤ᠂ ᠦᠢ᠍ᠯᠡᠴᠢᠯᠡᠭᠡᠨ᠎ᠤ ᠲᠦᠷᠦᠯ᠎ᠤᠨ ᠵᠠᠭ᠋ᠠᠯᠳᠤᠯᠭ᠎ᠠ ᠵᠢᠨ ᠶᠡᠷᠦᠩᠬᠡᠢ ᠬᠡᠮᠵᠢᠶᠡᠨ᠎ᠤ 26.91% ᠵᠢ ᠡᠵᠡᠯᠡᠪᠡ᠃ ᠡᠶ᠋ᠢᠮᠦᠷᠬᠦᠦ ᠵᠠᠭ᠋ᠠᠯᠳᠤᠯᠭ᠎ᠠ᠎ᠳᠤ ᠢᠳᠡᠭᠡᠨ ᠤᠮᠳᠠᠭ᠋ᠠᠨ᠎ᠤ ᠦᠢ᠍ᠯᠡᠴᠢᠯᠡᠭᠡ 879 ᠬᠤᠪᠢ᠂ ᠬᠤᠨᠣᠭᠯᠠᠬᠤ ᠦᠢ᠍ᠯᠡᠴᠢᠯᠡᠭᠡ 835 ᠬᠤᠪᠢ ᠪᠠᠶ᠋ᠢᠪᠠ᠃
ᠵᠠᠭ᠋ᠠᠯᠳᠤᠯᠭ᠎ᠠ ᠵᠢᠨ ᠬᠡᠮᠵᠢᠶᠡᠨ᠎ᠤ ᠬᠤᠶᠠᠳᠤᠭ᠋ᠠᠷ᠎ᠲᠤ ᠪᠠᠢ᠌ᠷᠢᠯᠠᠬᠤ ᠪᠣᠷᠤᠯᠠᠭᠤᠯᠭ᠎ᠠ ᠵᠢᠨ ᠦᠢ᠍ᠯᠡᠴᠢᠯᠡᠭᠡ 1094 ᠬᠤᠪᠢ ᠪᠠᠶ᠋ᠢᠵᠤ᠂ ᠦᠢ᠍ᠯᠡᠴᠢᠯᠡᠭᠡᠨ᠎ᠤ ᠲᠦᠷᠦᠯ᠎ᠤᠨ ᠵᠠᠭ᠋ᠠᠯᠳᠤᠯᠭ᠎ᠠ ᠵᠢᠨ ᠶᠡᠷᠦᠩᠬᠡᠢ ᠬᠡᠮᠵᠢᠶᠡᠨ᠎ᠤ 17.17% ᠵᠢ ᠡᠵᠡᠯᠡᠪᠡ᠃ ᠡᠶ᠋ᠢᠮᠦᠷᠬᠦᠦ ᠵᠠᠭ᠋ᠠᠯᠳᠤᠯᠭ᠎ᠠ᠎ᠳᠤ ᠤᠷᠢᠳᠴᠢᠯᠠᠨ ᠲᠦᠯᠦᠪᠦᠷᠢᠯᠡᠬᠦ ᠺᠠᠷᠲ᠎ᠤᠨ ᠦᠢ᠍ᠯᠡᠴᠢᠯᠡᠭᠡ 736 ᠬᠤᠪᠢ᠂ ᠵᠢᠵᠢᠭᠯᠡᠨ ᠬᠤᠳᠠᠯᠳᠤᠬᠤ ᠦᠢ᠍ᠯᠡᠴᠢᠯᠡᠭᠡ 141 ᠬᠤᠪᠢ᠂ ᠤᠷᠢᠳᠴᠢᠯᠠᠨ ᠬᠤᠳᠠᠯᠳᠤᠬᠤ ᠦᠢ᠍ᠯᠡᠴᠢᠯᠡᠭᠡ 59 ᠬᠤᠪᠢ᠂ ᠢᠨᠲ᠋ᠧᠷ ᠰᠦᠯᠵᠢᠶᠡᠨ᠎ᠤ ᠰᠢᠭᠤᠳ ᠪᠣᠷᠣᠯᠠᠭᠤᠯᠬᠤ ᠦᠢ᠍ᠯᠡᠴᠢᠯᠡᠭᠡ 35 ᠬᠤᠪᠢ᠂ ᠬᠠᠷᠠᠭ᠋ᠠᠯᠵᠠᠯ᠎ᠤᠨ ᠺᠠᠷᠲ ᠪᠣᠷᠣᠯᠠᠭᠤᠯᠬᠤ ᠦᠢ᠍ᠯᠡᠴᠢᠯᠡᠭᠡ 18 ᠬᠤᠪᠢ᠂ ᠵᠠᠬᠢᠶᠠᠯᠠᠨ ᠬᠤᠳᠠᠯᠳᠤᠬᠤ ᠦᠢ᠍ᠯᠡᠴᠢᠯᠡᠭᠡ 15 ᠬᠤᠪᠢ᠂ ᠱᠠᠩᠨᠠᠯ᠎ᠲᠠᠢ ᠡᠵᠡᠩᠨᠡᠨ ᠪᠣᠷᠣᠯᠠᠭᠤᠯᠬᠤ ᠦᠢ᠍ᠯᠡᠴᠢᠯᠡᠭᠡ 13 ᠬᠤᠪᠢ᠂ ᠪᠤᠰᠤᠳ ᠪᠣᠷᠣᠯᠠᠭᠤᠯᠭ᠎ᠠ ᠵᠢᠨ ᠦᠢ᠍ᠯᠡᠴᠢᠯᠡᠭᠡ 77 ᠬᠤᠪᠢ ᠪᠠᠶ᠋ᠢᠪᠠ᠃
ᠵᠠᠭ᠋ᠠᠯᠳᠤᠯᠭ᠎ᠠ ᠵᠢᠨ ᠬᠡᠮᠵᠢᠶᠡᠨ᠎ᠤ ᠭᠤᠷᠪᠠᠳᠤᠭ᠋ᠠᠷ᠎ᠲᠤ ᠪᠠᠢ᠌ᠷᠢᠯᠠᠬᠤ ᠰᠣᠶᠣᠯ ᠵᠤᠭ᠎ᠠ ᠴᠡᠩᠭᠡᠯ ᠪᠡᠶ᠎ᠡ ᠵᠢᠨ ᠲᠠᠮᠢᠷ᠎ᠤᠨ ᠦᠢ᠍ᠯᠡᠴᠢᠯᠡᠭᠡ 334 ᠬᠤᠪᠢ ᠪᠠᠶ᠋ᠢᠵᠤ᠂ ᠦᠢ᠍ᠯᠡᠴᠢᠯᠡᠭᠡᠨ᠎ᠤ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠤ 5.24% ᠵᠢ ᠡᠵᠡᠯᠡᠪᠡ᠃ ᠡᠶ᠋ᠢᠮᠦᠷᠬᠦᠦ ᠵᠠᠭ᠋ᠠᠯᠳᠤᠯᠭ᠎ᠠ᠎ᠳᠤ ᠲᠣᠭᠤᠷᠢᠨ ᠵᠤᠭ᠋ᠠᠴᠠᠬᠤ ᠦᠢ᠍ᠯᠡᠴᠢᠯᠡᠭᠡ 144 ᠬᠤᠪᠢ᠂ ᠪᠡᠶ᠎ᠡ ᠴᠢᠭᠢᠷᠠᠭᠵᠢᠭᠤᠯᠬᠤ ᠦᠢ᠍ᠯᠡᠴᠢᠯᠡᠭᠡ 128 ᠬᠤᠪᠢ᠂ ᠺᠢᠨᠣ᠋ ᠭᠠᠷᠭ᠋ᠠᠬᠤ ᠦᠢ᠍ᠯᠡᠴᠢᠯᠡᠭᠡ 43 ᠬᠤᠪᠢ᠂ ᠲᠣᠭᠯᠠᠯᠲᠠ ᠭᠠᠷᠭ᠋ᠠᠬᠤ ᠤᠷᠠᠯᠢᠭ᠎ᠤᠨ ᠦᠢ᠍ᠯᠡᠴᠢᠯᠡᠭᠡ 16 ᠬᠤᠪᠢ᠂ ᠨᠣᠮ᠎ᠤᠨ ᠰᠠᠩ᠎ᠤᠨ ᠲᠠᠩᠰᠠ ᠡᠪᠬᠡᠮᠡᠯ᠎ᠤᠨ ᠣᠷᠳᠣᠨ᠎ᠤ ᠦᠢ᠍ᠯᠡᠴᠢᠯᠡᠭᠡ 2 ᠬᠤᠪᠢ᠂ ᠦᠵᠡᠰᠬᠦᠯᠡᠩ᠎ᠤᠨ ᠦᠢ᠍ᠯᠡᠴᠢᠯᠡᠭᠡ 1 ᠬᠤᠪᠢ ᠪᠠᠶ᠋ᠢᠪᠠ᠃
ᠵᠠᠭ᠋ᠠᠯᠳᠤᠯᠭ᠎ᠠ ᠵᠢᠨ ᠬᠡᠮᠵᠢᠶᠡᠨ᠎ᠤ ᠳᠥᠷᠪᠡᠳᠦᠭᠡᠷ᠎ᠲᠤ ᠪᠠᠢ᠌ᠷᠢᠯᠠᠬᠤ ᠬᠥᠮᠦᠵᠢᠯ ᠪᠣᠯᠪᠠᠰᠤᠷᠠᠯ᠎ᠤᠨ ᠦᠢ᠍ᠯᠡᠴᠢᠯᠡᠭᠡ 303 ᠬᠤᠪᠢ ᠪᠠᠶ᠋ᠢᠵᠤ᠂ ᠦᠢ᠍ᠯᠡᠴᠢᠯᠡᠭᠡᠨ᠎ᠤ ᠲᠦᠷᠦᠯ᠎ᠤᠨ ᠵᠠᠭ᠋ᠠᠯᠳᠤᠯᠭ᠎ᠠ ᠵᠢᠨ ᠶᠡᠷᠦᠩᠬᠡᠢ ᠬᠡᠮᠵᠢᠶᠡᠨ᠎ᠤ 4.76% ᠵᠢ ᠡᠵᠡᠯᠡᠪᠡ᠃ ᠡᠶ᠋ᠢᠮᠦᠷᠬᠦᠦ ᠵᠠᠭ᠋ᠠᠯᠳᠤᠯᠭ᠎ᠠ᠎ᠳᠤ ᠤᠷ᠎ᠠ ᠴᠢᠳᠠᠪᠤᠷᠢ ᠵᠢᠨ ᠪᠣᠯᠪᠠᠰᠤᠷᠠᠯ᠎ᠤᠨ ᠦᠢ᠍ᠯᠡᠴᠢᠯᠡᠭᠡ 201 ᠬᠤᠪᠢ᠂ ᠳᠡᠭᠡᠳᠦ ᠵᠡᠷᠭᠡ ᠵᠢᠨ ᠰᠤᠷᠭ᠋ᠠᠨ ᠬᠥᠮᠥᠵᠢᠯ᠎ᠤᠨ ᠦᠢ᠍ᠯᠡᠴᠢᠯᠡᠭᠡ 71 ᠬᠤᠪᠢ᠂ ᠠᠩᠬ᠎ᠠ ᠵᠡᠷᠭᠡ ᠵᠢᠨ ᠰᠤᠷᠭ᠋ᠠᠨ ᠬᠥᠮᠥᠵᠢᠯ᠎ᠤᠨ ᠦᠢ᠍ᠯᠡᠴᠢᠯᠡᠭᠡ 20 ᠬᠤᠪᠢ᠂ ᠳᠤᠮᠳᠠᠳᠤ ᠵᠡᠷᠭᠡ ᠵᠢᠨ ᠰᠤᠷᠭ᠋ᠠᠨ ᠬᠥᠮᠥᠵᠢᠯ᠎ᠤᠨ ᠦᠢ᠍ᠯᠡᠴᠢᠯᠡᠭᠡ 11 ᠬᠤᠪᠢ ᠪᠠᠶ᠋ᠢᠪᠠ᠃
ᠵᠠᠭ᠋ᠠᠯᠳᠤᠯᠭ᠎ᠠ ᠵᠢᠨ ᠬᠡᠮᠵᠢᠶᠡᠨ᠎ᠤ ᠲᠠᠪᠤᠳᠤᠭ᠋ᠠᠷ᠎ᠲᠤ ᠪᠠᠢ᠌ᠷᠢᠯᠠᠬᠤ ᠵᠢᠰᠦ ᠭᠤᠶᠣᠯᠠᠵᠤ ᠦᠰᠦ ᠵᠠᠰᠠᠬᠤ ᠤᠭᠢᠶᠠᠯᠭ᠎ᠠ ᠵᠢᠨ ᠦᠢ᠍ᠯᠡᠴᠢᠯᠡᠭᠡ 296 ᠬᠤᠪᠢ ᠪᠠᠶ᠋ᠢᠵᠤ᠂ ᠦᠢ᠍ᠯᠡᠴᠢᠯᠡᠭᠡᠨ᠎ᠤ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠤ 4.65% ᠵᠢ ᠡᠵᠡᠯᠡᠪᠡ᠃ ᠡᠶ᠋ᠢᠮᠦᠷᠬᠦᠦ ᠵᠠᠭ᠋ᠠᠯᠳᠤᠯᠭ᠎ᠠ᠎ᠳᠤ ᠵᠢᠰᠦ ᠭᠣᠶᠤᠯᠠᠵᠤ ᠦᠰᠦ ᠵᠠᠰᠠᠬᠤ ᠦᠢ᠍ᠯᠡᠴᠢᠯᠡᠭᠡ 181 ᠬᠤᠪᠢ᠂ ᠤᠬᠢᠶᠠᠯᠭ᠎ᠠ ᠪᠠ ᠢᠯᠢᠵᠦ ᠨᠤᠬᠤᠯᠠᠬᠤ ᠦᠢ᠍ᠯᠡᠴᠢᠯᠡᠭᠡ 115 ᠬᠤᠪᠢ ᠪᠠᠶ᠋ᠢᠪᠠ᠃
ᠦᠢ᠍ᠯᠡᠴᠢᠯᠡᠭᠡᠨ᠎ᠤ ᠵᠠᠭ᠋ᠠᠯᠳᠤᠯᠭ᠎ᠠ ᠵᠢᠨ ᠬᠠᠯᠠᠮᠰᠢᠯ ᠴᠡᠭ᠎ᠤᠨ ᠡᠮᠦᠨ᠎ᠡ ᠠᠷᠪᠠᠨ ᠨᠡᠷᠡᠲᠤ ᠪᠠᠢ᠌ᠭ᠎ᠠ᠎ᠨᠢ ᠵᠣᠴᠢᠳ᠎ᠤᠨ ᠪᠠᠭᠤᠳᠠᠯ᠎ᠤᠨ ᠬᠤᠨᠣᠭᠯᠠᠬᠤ ᠦᠢ᠍ᠯᠡᠴᠢᠯᠡᠭᠡ 755 ᠬᠤᠪᠢ᠂ ᠤᠷᠢᠳᠴᠢᠯᠠᠨ ᠲᠦᠯᠦᠪᠦᠷᠢᠯᠡᠬᠦ ᠺᠠᠷᠲ᠎ᠤᠨ ᠦᠢ᠍ᠯᠡᠴᠢᠯᠡᠭᠡ 736 ᠬᠤᠪᠢ᠂ ᠬᠤᠭᠤᠯᠠᠨ ᠭᠡᠷ᠎ᠤᠨ ᠦᠢ᠍ᠯᠡᠴᠢᠯᠡᠭᠡ 616 ᠬᠤᠪᠢ᠂ ᠵᠢᠭᠤᠯᠴᠢᠯᠠᠯ᠎ᠤᠨ ᠵᠠᠭᠤᠴᠢ ᠵᠢᠨ ᠦᠢ᠍ᠯᠡᠴᠢᠯᠡᠭᠡ 170 ᠬᠤᠪᠢ᠂ ᠵᠢᠵᠢᠭᠯᠡᠨ ᠬᠤᠳᠠᠯᠳᠤᠬᠤ ᠦᠢ᠍ᠯᠡᠴᠢᠯᠡᠭᠡ 141 ᠬᠤᠪᠢ᠂ ᠬᠤᠪᠢ ᠬᠦᠮᠦᠨ᠎ᠤ ᠭᠡᠡᠯ ᠵᠢᠷᠤᠭ᠎ᠤᠨ ᠦᠢ᠍ᠯᠡᠴᠢᠯᠡᠭᠡ 110 ᠬᠤᠪᠢ᠂ ᠬᠢᠯᠢ ᠵᠢᠨ ᠳᠣᠲᠣᠷᠠᠬᠢ ᠦᠵᠡᠮᠵᠢ ᠵᠢᠨ ᠴᠡᠭ 87 ᠬᠤᠪᠢ᠂ ᠮᠠᠰᠢᠨ ᠲᠡᠷᠭᠡ ᠰᠡᠯᠪᠢᠨ ᠵᠠᠰᠠᠬᠤ ᠦᠢ᠍ᠯᠡᠴᠢᠯᠡᠭᠡ 79 ᠬᠤᠪᠢ᠂ ᠲᠡᠷᠭᠡ ᠬᠥᠰᠬᠡ ᠲᠦᠷᠢᠶᠡᠰᠦᠯᠡᠬᠦ ᠦᠢ᠍ᠯᠡᠴᠢᠯᠡᠭᠡ 70 ᠬᠤᠪᠢ᠂ ᠤᠷᠢᠳᠴᠢᠯᠠᠨ ᠬᠤᠳᠠᠯᠳᠤᠬᠤ ᠦᠢ᠍ᠯᠡᠴᠢᠯᠡᠭᠡ 59 ᠬᠤᠪᠢ (ᠭᠥᠯᠢᠶᠡᠨ ᠠᠪᠤᠭᠰᠠᠨ ᠬᠡᠮᠵᠢᠶᠡᠨ᠎ᠳᠠᠬᠢ ᠠᠯᠢᠪᠠ 《ᠪᠤᠰᠤᠳ》᠎ᠢ ᠨᠡᠷᠡᠰ᠎ᠤᠨ ᠵᠢᠭᠰᠠᠭ᠋ᠠᠯᠲᠠ᠎ᠳᠤ ᠣᠷᠣᠭᠤᠯᠤᠭᠰᠠᠨ ᠦᠭᠡᠢ) ᠪᠠᠢ᠌ᠵᠤ᠂ ᠦᠢ᠍ᠯᠡᠴᠢᠯᠡᠭᠡᠨ᠎ᠤ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠤ 44.32%᠎ᠢ ᠡᠵᠡᠯᠡᠪᠡ᠃
ᠭᠤᠷᠪᠠ᠂ ᠢᠯᠡᠴᠢᠯᠡᠨ ᠮᠡᠳᠡᠭᠦᠯᠦᠯᠲᠡ ᠵᠢᠨ ᠪᠠᠶ᠋ᠢᠳᠠᠯ᠎ᠤᠨ ᠲᠤᠭ᠎ᠠ ᠪᠠᠷᠢᠮᠲᠠ ᠵᠢᠨ ᠪᠦᠷᠢᠳᠭᠡᠯ
8 ᠳ᠋ᠤᠭ᠋ᠠᠷ ᠰᠠᠷ᠎ᠠ᠎ᠳᠤ 3234 ᠬᠤᠪᠢ ᠢᠯᠡᠴᠢᠯᠡᠨ ᠮᠡᠳᠡᠭᠦᠯᠦᠯᠲᠡ ᠵᠢ ᠬᠦᠯᠢᠶᠡᠨ ᠠᠪᠴᠤ᠂ ᠠᠳᠠᠯᠢ ᠬᠤᠭᠤᠴᠠᠭ᠋ᠠᠨ᠎ᠤ᠎ᠬᠢ᠎ᠠᠴᠠ᠎ᠪᠠᠨ 15.09%᠎ᠪᠠᠷ ᠨᠡᠮᠡᠭᠳᠡᠪᠡ᠃ ᠡᠭᠦᠨ᠎ᠳᠤ᠂ ᠲᠠᠸᠠᠷ᠎ᠤᠨ ᠲᠥᠷᠥᠯ᠎ᠳᠤ ᠬᠤᠯᠪᠣᠭᠳᠠᠭᠰᠠᠨ 1970 ᠬᠤᠪᠢ᠂ ᠦᠢ᠍ᠯᠡᠴᠢᠯᠡᠭᠡᠨ᠎ᠤ ᠲᠥᠷᠥᠯ᠎ᠳᠤ ᠬᠤᠯᠪᠣᠭᠳᠠᠭᠰᠠᠨ 1264 ᠬᠤᠪᠢ ᠪᠠᠶ᠋ᠢᠵᠤ᠂ 9 ᠳ᠋ᠦ᠍ᠭᠡᠷ ᠰᠠᠷ᠎ᠠ ᠵᠢᠨ 3᠎ᠤ ᠡᠳᠦᠷ ᠪᠣᠯᠲᠠᠯ᠎ᠠ ᠨᠡᠶ᠋ᠢᠲᠡ 2353 ᠬᠤᠪᠢ ᠵᠢ᠎ᠨᠢ ᠰᠢᠢ᠍ᠳᠪᠦᠷᠢᠯᠡᠵᠦ ᠳᠠᠭᠤᠰᠬᠠᠪᠠ᠃
ᠢᠯᠡᠴᠢᠯᠡᠨ ᠮᠡᠳᠡᠭᠦᠯᠦᠯᠲᠡ ᠵᠢᠨ ᠬᠦᠯᠢᠶᠡᠨ ᠠᠪᠤᠭᠰᠠᠨ ᠬᠡᠮᠵᠢᠶᠡᠨ᠎ᠤ ᠡᠮᠦᠨ᠎ᠡ ᠲᠠᠪᠤ᠎ᠳᠤ ᠪᠠᠢ᠌ᠷᠢᠯᠠᠬᠤ ᠲᠠᠸᠠᠷ᠂ ᠦᠢ᠍ᠯᠡᠴᠢᠯᠡᠭᠡᠨ᠎ᠤ ᠲᠥᠷᠥᠯ᠎ᠤᠨ ᠬᠤᠪᠢᠶᠠᠭᠰᠠᠨ ᠬᠦᠰᠦᠨᠦᠭᠲᠦ᠄
ᠲᠠᠸᠠᠷ᠎ᠤᠨ ᠲᠥᠷᠥᠯ᠎ᠤᠨ ᠢᠯᠡᠴᠢᠯᠡᠨ ᠮᠡᠳᠡᠭᠦᠯᠦᠯᠲᠡ ᠬᠠᠮᠤᠭ᠎ᠤᠨ ᠣᠯᠠᠨ ᠢᠳᠡᠭᠡᠨ᠎ᠤ ᠲᠥᠷᠥᠯ 1105 ᠬᠤᠪᠢ ᠪᠠᠶ᠋ᠢᠵᠤ᠂ ᠲᠠᠸᠠᠷ᠎ᠤᠨ ᠲᠥᠷᠥᠯ᠎ᠤᠨ ᠢᠯᠡᠴᠢᠯᠡᠨ ᠮᠡᠳᠡᠭᠦᠯᠦᠯᠲᠡ ᠵᠢᠨ ᠶᠡᠷᠦᠩᠬᠡᠶ ᠬᠡᠮᠵᠢᠶᠡᠨ᠎ᠤ 56.09% ᠵᠢ ᠡᠵᠡᠯᠡᠪᠡ᠃ ᠢᠯᠡᠴᠢᠯᠡᠨ ᠮᠡᠳᠡᠭᠦᠯᠦᠯᠲᠡ᠎ᠨᠢ ᠭᠤᠤᠯᠳᠠᠭᠤ ᠡᠩ᠎ᠤᠨ ᠢᠳᠡᠭᠡᠨ᠂ ᠠᠷᠢᠬᠢ ᠪᠠ ᠤᠮᠳᠠᠭ᠋ᠠᠨ᠂ ᠢᠳᠡᠭᠡᠨ᠎ᠤ ᠲᠠᠷᠢᠶᠠᠯᠠᠩ᠎ᠤᠨ ᠪᠦᠲᠦᠭᠡᠭᠳᠡᠬᠦᠨ ᠵᠡᠷᠭᠡ᠎ᠳᠤ ᠬᠤᠯᠪᠣᠭᠳᠠᠵᠤ᠂ ᠢᠯᠵᠠᠷᠠᠵᠤ ᠴᠢᠨᠠᠷ ᠬᠤᠪᠢᠷᠠᠬᠤ᠂ ᠬᠤᠷᠤᠬᠠᠢ᠌ᠲᠤᠭᠰᠠᠨ᠂ ᠪᠣᠬᠢᠷᠳᠤᠭᠳᠠᠭᠰᠠᠨ᠂ ᠣᠨᠳᠣᠤ ᠵᠦᠢ᠍ᠯ ᠪᠠᠢ᠌ᠬᠤ᠂ ᠬᠠᠭᠤᠷᠮᠠᠭ ᠡᠳ᠋ ᠬᠤᠯᠢᠬᠤ ᠪᠤᠶᠤ ᠬᠡᠯᠪᠡᠷᠢ ᠳᠦᠷᠰᠦ᠎ᠨᠢ ᠬᠠᠴᠢᠨ ᠰᠣᠨᠢᠨ ᠬᠡᠪ᠎ᠤᠨ ᠪᠤᠰᠤ ᠢᠳᠡᠭᠡᠨ᠎ᠤ ᠵᠦᠢ᠍ᠯ᠂ ᠦᠨ᠎ᠡ ᠬᠠᠩᠰᠢ᠂ ᠲᠠᠸᠠᠷ᠎ᠤᠨ ᠲᠡᠮᠲᠡᠭᠲᠦ᠂ ᠵᠠᠷ ᠮᠡᠳᠡᠭᠡ᠂ ᠵᠢᠩ᠎ᠳᠤ᠎ᠪᠠᠨ ᠬᠦᠷᠬᠦ ᠦᠭᠡᠢ ᠵᠡᠷᠭᠡ ᠠᠰᠠᠭᠤᠳᠠᠯ ᠵᠶ᠋ᠠᠷ ᠭᠤᠤᠯ ᠪᠣᠯᠭ᠋ᠠᠪᠠ᠃ ᠪᠤᠰᠤᠳ ᠢᠯᠡᠴᠢᠯᠡᠨ ᠮᠡᠳᠡᠭᠦᠯᠦᠯᠲᠡ᠎ᠪᠠᠷ ᠨᠡᠯᠢᠶᠡᠳ ᠠᠷᠪᠢᠨ ᠲᠠᠸᠠᠷ᠎ᠲᠤ ᠣᠨᠴᠠᠭ᠋ᠠᠢ ᠪᠤᠰᠤ ᠬᠡᠷᠡᠭᠴᠡᠭᠡᠲᠦ ᠵᠠᠰᠠᠯ ᠴᠢᠮᠡᠭ᠎ᠤᠨ ᠡᠳ᠋᠂ ᠲᠠᠸᠠᠷ᠎ᠤᠨ ᠪᠠᠶ᠋ᠢᠰᠢᠩ᠂ ᠡᠳᠦᠷ ᠲᠤᠲᠤᠮ᠎ᠤᠨ ᠬᠡᠷᠡᠭᠯᠡᠭᠡᠨ᠎ᠤ ᠡᠳ᠋᠂ ᠬᠢᠲᠠᠳ ᠪᠡᠯᠡᠨ ᠡᠮ᠂ ᠬᠢᠲᠠᠳ ᠧᠦ᠋ᠷᠣᠫᠠ ᠪᠡᠯᠡᠨ ᠡᠮ᠂ ᠠᠮᠢᠳᠤ ᠪᠣᠳᠠᠰ᠎ᠤᠨ ᠬᠢᠮᠢ ᠵᠢᠨ ᠡᠮ᠎ᠤᠨ ᠵᠦᠢ᠍ᠯ᠂ ᠬᠢᠲᠠᠳ ᠡᠮ᠎ᠤᠨ ᠮᠠᠲ᠋ᠧᠷᠢᠶᠠᠯ᠂ ᠮᠠᠰᠢᠨ ᠲᠡᠷᠭᠡ ᠵᠢᠴᠢ ᠮᠠᠰᠢᠨ ᠲᠡᠷᠭᠡᠨ᠎ᠤ ᠰᠡᠯᠪᠢᠭ ᠲᠣᠨᠣᠭ ᠵᠡᠷᠭᠡ ᠵᠢ ᠪᠠᠭᠲᠠᠭ᠋ᠠᠵᠤ᠂ ᠭᠣᠤᠯᠳᠠᠭᠤ ᠶᠠᠰᠤ ᠴᠢᠨᠠᠷ᠂ ᠦᠨ᠎ᠡ ᠬᠠᠩᠰᠢ᠂ ᠦᠨᠡᠮᠯᠡᠯ ᠦᠭᠡᠶ ᠡᠵᠡᠩᠨᠡᠯᠲᠡ᠂ 《ᠭᠤᠷᠪᠠ ᠦᠭᠡᠶ》᠂ ᠬᠤᠳᠠᠯ ᠬᠠᠭᠤᠷᠮᠠᠭ ᠳᠠᠩᠰᠠᠯᠠᠭᠤᠯᠤᠭᠰᠠᠨ ᠲᠠᠸᠠᠷ᠎ᠤᠨ ᠲᠡᠮᠲᠡᠭᠲᠦ᠂ ᠬᠠᠤᠯᠢ᠎ᠠᠴᠠ ᠵᠥᠷᠢᠴᠡᠭᠰᠡᠨ ᠵᠠᠷ ᠮᠡᠳᠡᠭᠡ ᠵᠡᠷᠭᠡ ᠠᠰᠠᠭᠤᠳᠠᠯ᠎ᠳᠤ ᠬᠣᠯᠪᠣᠭᠳᠠᠪᠠ᠃
ᠦᠢ᠍ᠯᠡᠴᠢᠯᠡᠭᠡᠨ᠎ᠤ ᠲᠥᠷᠥᠯ᠎ᠤᠨ ᠢᠯᠡᠴᠢᠯᠡᠨ ᠮᠡᠳᠡᠭᠦᠯᠦᠯᠲᠡ᠎ᠪᠠᠷ ᠬᠠᠮᠤᠭ᠎ᠤᠨ ᠣᠯᠠᠨ᠎ᠨᠢ ᠢᠳᠡᠭᠡᠨ ᠤᠮᠳᠠᠭ᠋ᠠᠨ ᠪᠠ ᠬᠤᠨᠣᠭᠯᠠᠬᠤ ᠦᠢ᠍ᠯᠡᠴᠢᠯᠡᠭᠡ 391 ᠬᠤᠪᠢ ᠪᠠᠶ᠋ᠢᠵᠤ᠂ ᠦᠢ᠍ᠯᠡᠴᠢᠯᠡᠭᠡᠨ᠎ᠤ ᠲᠥᠷᠥᠯ᠎ᠤᠨ ᠢᠯᠡᠴᠢᠯᠡᠨ ᠮᠡᠳᠡᠭᠦᠯᠦᠯᠲᠡ ᠵᠢᠨ ᠶᠡᠷᠦᠩᠬᠡᠶ ᠬᠡᠮᠵᠢᠶᠡᠨ᠎ᠤ 30.93% ᠵᠢ ᠡᠵᠡᠯᠡᠪᠡ᠃ ᠢᠯᠡᠴᠢᠯᠡᠨ ᠮᠡᠳᠡᠭᠦᠯᠦᠭᠰᠡᠨ ᠭᠤᠤᠯ ᠠᠰᠠᠭᠤᠳᠠᠯ᠎ᠨᠢ ᠶᠠᠰᠤ ᠴᠢᠨᠠᠷ᠂ ᠠᠮᠤᠷ ᠲᠦᠪᠰᠢᠨ᠂ ᠦᠨ᠎ᠡ ᠬᠠᠩᠰᠢ᠂ ᠦᠨᠡᠮᠯᠡᠯ ᠦᠭᠡᠢ ᠡᠵᠡᠩᠨᠡᠯᠲᠡ ᠵᠡᠷᠭᠡ ᠪᠣᠯᠤᠨ᠎ᠠ᠃ ᠪᠤᠰᠤᠳ ᠢᠯᠡᠴᠢᠯᠡᠨ ᠮᠡᠳᠡᠭᠦᠯᠦᠭᠰᠡᠨ ᠦᠢ᠍ᠯᠡᠴᠢᠯᠡᠭᠡᠨ᠎ᠢ ᠭᠤᠤᠯᠳᠠᠭᠤ ᠵᠢᠵᠢᠭᠯᠡᠨ ᠬᠤᠳᠠᠯᠳᠤᠬᠤ ᠦᠢ᠍ᠯᠡᠴᠢᠯᠡᠭᠡ᠂ ᠡᠮᠨᠡᠯᠭᠡ ᠵᠢᠨ ᠬᠤᠷᠢᠶᠠᠨ᠎ᠤ ᠦᠢ᠍ᠯᠡᠴᠢᠯᠡᠭᠡ᠂ ᠵᠢᠰᠦ ᠭᠤᠶᠣᠯᠠᠵᠤ ᠦᠰᠦ ᠵᠠᠰᠠᠬᠤ ᠦᠢ᠍ᠯᠡᠴᠢᠯᠡᠭᠡ᠂ ᠬᠢᠯᠢ ᠵᠢᠨ ᠳᠣᠲᠣᠷᠠᠬᠢ ᠵᠢᠭᠤᠯᠴᠢᠯᠠᠯ᠂ ᠳᠦᠷᠢ ᠲᠥᠷᠬᠦ ᠵᠢᠨ ᠦᠢ᠍ᠯᠡᠴᠢᠯᠡᠭᠡ᠂ ᠢᠨᠲ᠋ᠧᠷ ᠰᠦᠯᠵᠢᠶᠡᠨ᠎ᠤ ᠰᠢᠭᠤᠳ ᠪᠣᠷᠣᠯᠠᠭᠤᠯᠬᠤ ᠦᠢ᠍ᠯᠡᠴᠢᠯᠡᠭᠡ᠂ ᠲᠤᠭᠤᠷᠢᠵᠤ ᠵᠤᠭ᠋ᠠᠴᠠᠬᠤ ᠦᠢ᠍ᠯᠡᠴᠢᠯᠡᠭᠡ ᠵᠡᠷᠭᠡ᠎ᠳᠤ ᠬᠤᠯᠪᠣᠭᠳᠠᠵᠤ᠂ ᠭᠤᠤᠯ ᠠᠰᠠᠭᠤᠳᠠᠯ᠎ᠨᠢ ᠦᠨᠡᠮᠯᠡᠯ ᠥᠬᠡᠶ ᠡᠵᠡᠩᠨᠡᠯᠲᠡ᠂ ᠬᠤᠳᠠᠯ ᠬᠠᠭᠤᠷᠮᠠᠭ ᠵᠠᠷ ᠮᠡᠳᠡᠭᠡᠨ᠎ᠤ ᠤᠬᠠᠭᠤᠯᠭ᠎ᠠ᠂ ᠦᠢ᠍ᠯᠡᠴᠢᠯᠡᠭᠡᠨ᠎ᠤ ᠶᠠᠰᠤ ᠴᠢᠨᠠᠷ ᠮᠠᠭᠤ ᠪᠠ ᠬᠡᠷᠡᠭᠯᠡᠭᠴᠢᠳ᠎ᠢ ᠮᠡᠬᠡᠯᠡᠭᠰᠡᠨ ᠠᠵᠢᠯᠯᠠᠭ᠎ᠠ ᠪᠣᠯᠤᠨ᠎ᠠ᠃
ᠳᠥᠷᠪᠡ᠂ ᠠᠰᠠᠭᠤᠨ ᠯᠠᠪᠯᠠᠯᠲᠠ ᠵᠢᠨ ᠪᠠᠶ᠋ᠢᠳᠠᠯ᠎ᠤᠨ ᠲᠤᠭ᠎ᠠ ᠪᠠᠷᠢᠮᠲᠠ ᠵᠢᠨ ᠪᠦᠷᠢᠳᠬᠡᠯ
8 ᠳ᠋ᠤᠭ᠋ᠠᠷ ᠰᠠᠷ᠎ᠠ᠎ᠳᠤ 17265 ᠬᠤᠪᠢ ᠠᠰᠠᠭᠤᠨ ᠯᠠᠪᠯᠠᠯᠲᠠ ᠵᠢ ᠭᠥᠯᠢᠶᠡᠨ ᠠᠪᠴᠤ᠂ ᠠᠳᠠᠯᠢ ᠬᠤᠭᠤᠴᠠᠭ᠋ᠠᠨ᠎ᠤ᠎ᠬᠢ᠎ᠠᠴᠠ᠎ᠪᠠᠨ 3.73%᠎ᠪᠠᠷ ᠪᠠᠭ᠋ᠠᠰᠴᠤ᠂ ᠡᠭᠦᠨ᠎ᠳᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠢᠰᠲ᠋ᠧᠮ᠎ᠳᠤ ᠬᠤᠯᠪᠣᠭᠳᠠᠭᠰᠠᠨ 1970 ᠬᠤᠪᠢ ᠠᠰᠠᠭᠤᠳᠠᠯ᠎ᠢ ᠰᠢᠢ᠍ᠳᠪᠦᠷᠢᠯᠡᠵᠦ᠂ ᠠᠰᠠᠭᠤᠨ ᠯᠠᠪᠯᠠᠯᠲᠠ ᠵᠢᠨ ᠬᠡᠮᠵᠢᠶ᠎ᠡ᠎ᠪᠠᠷ ᠨᠡᠯᠢᠶᠡᠳ ᠶᠡᠭᠡ ᠠᠰᠠᠭᠤᠳᠠᠯ᠎ᠨᠢ ᠲᠤᠰ ᠲᠠᠰᠤ᠄ ᠵᠠᠭ᠋ᠠᠯᠳᠤᠯᠭ᠎ᠠ ᠢᠯᠡᠴᠢᠯᠡᠨ ᠮᠡᠳᠡᠭᠦᠯᠦᠯᠲᠡ ᠵᠢᠨ ᠰᠢᠢ᠍ᠳᠪᠦᠷᠢᠯᠡᠭᠰᠡᠨ 876 ᠬᠤᠪᠢ᠂ ᠰᠦᠯᠵᠢᠶᠡᠨ᠎ᠤ ᠠᠷᠠᠯᠵᠢᠶᠠᠨ᠎ᠤ ᠬᠢᠨᠠᠯᠲᠠ ᠬᠠᠮᠢᠶᠠᠷᠤᠯᠲᠠ ᠵᠢᠨ 162 ᠬᠤᠪᠢ᠂ ᠦᠢ᠍ᠯᠡᠳᠬᠦᠨ (ᠲᠠᠸᠠᠷ)᠎ᠤᠨ ᠶᠠᠰᠤ ᠴᠢᠨᠠᠷ᠎ᠤᠨ 85 ᠬᠤᠪᠢ᠂ ᠦᠢ᠍ᠯᠡᠴᠢᠯᠡᠭᠡᠨ᠎ᠤ ᠬᠡᠷᠡᠭᠯᠡᠭᠡᠨ᠎ᠤ ᠬᠢᠨᠠᠯᠲᠠ ᠬᠠᠮᠢᠶᠠᠷᠤᠯᠲᠠ ᠵᠢᠨ 42 ᠬᠤᠪᠢ᠂ ᠢᠳᠡᠭᠡᠨ᠎ᠤ ᠬᠢᠨᠠᠯᠲᠠ ᠬᠠᠮᠢᠶᠠᠷᠤᠯᠲᠠ ᠵᠢᠨ 38 ᠬᠤᠪᠢ᠂ ᠦᠨ᠎ᠡ ᠬᠠᠩᠰᠢ ᠵᠢᠨ ᠬᠢᠨᠠᠯᠲᠠ ᠬᠠᠮᠢᠶᠠᠷᠤᠯᠲᠠ ᠵᠢᠨ 19 ᠬᠤᠪᠢ᠂ ᠵᠠᠬ᠎ᠠ ᠳᠡᠯᠭᠡᠭᠦᠷ᠎ᠤᠨ ᠭᠤᠣᠯ ᠴᠣᠭᠴᠠ ᠵᠢᠨ ᠳᠠᠩᠰᠠᠯᠠᠭᠤᠯᠤᠯᠲᠠ 17 ᠬᠤᠪᠢ᠂ ᠣᠨᠴᠠ ᠲᠥᠷᠥᠯ᠎ᠤᠨ ᠲᠣᠨᠤᠭ ᠲᠥᠬᠦᠭᠡᠷᠦᠮᠵᠢ 10 ᠬᠤᠪᠢ ᠵᠡᠷᠭᠡ ᠪᠠᠶ᠋ᠢᠵᠤ᠂ ᠬᠡᠷᠡᠭᠯᠡᠭᠡᠨ᠎ᠤ ᠡᠷᠬᠡ ᠠᠰᠢᠭ᠎ᠢ ᠬᠠᠮᠠᠭ᠋ᠠᠯᠠᠬᠤ ᠮᠡᠳᠡᠯᠭᠡ 5541 ᠬᠤᠪᠢ ᠪᠣᠶ᠃ ᠪᠤᠰᠤᠳ ᠰᠠᠯᠠᠭ᠎ᠠ ᠮᠥᠴᠢᠷ᠎ᠤᠨ ᠠᠰᠠᠭᠤᠨ ᠯᠠᠪᠯᠠᠯᠲᠠ᠎ᠳᠤ ᠬᠣᠯᠪᠣᠭᠳᠠᠭᠰᠠᠨ ᠭᠤᠤᠯᠳᠠᠭᠤ ᠡᠷᠡᠭᠦᠯ ᠬᠠᠮᠠᠭ᠋ᠠᠯᠠᠯ᠂ ᠵᠢᠭᠤᠯᠴᠢᠯᠠᠯ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠬᠠᠮᠢᠶᠠᠷᠤᠯᠲᠠ᠂ ᠰᠢᠤᠳᠠᠨ᠂ ᠳᠤᠯᠠᠭ᠋ᠠᠯᠠᠭ᠎ᠠ ᠬᠠᠩᠭ᠋ᠠᠬᠤ᠂ ᠤᠰᠤ ᠬᠠᠩᠭ᠋ᠠᠬᠤ᠂ ᠴᠠᠬᠢᠯᠭ᠋ᠠᠨ ᠬᠠᠩᠭ᠋ᠠᠬᠤ᠂ ᠠᠳᠠᠯ ᠠᠬᠤᠶ᠂ ᠭᠡᠷ ᠬᠥᠷᠥᠩᠭᠡ ᠵᠡᠷᠭᠡ ᠪᠠᠢ᠌ᠪᠠ᠃
ᠲᠠᠶ᠋ᠢᠯᠪᠤᠷᠢ᠄ ᠳᠣᠰ ᠮᠠᠲᠠᠭᠦᠯᠣᠯᠲᠠ ᠵᠢᠨ ᠳᠣᠭ᠎ᠠ ᠪᠠᠷᠢᠮᠲᠠ ᠪᠤᠢ᠍ᠭᠦ ᠤᠯᠤᠰ᠎ᠤᠨ 12315 ᠲᠠᠪᠴᠠᠩ᠎ᠠᠴᠠ ᠡᠢ᠍ᠷᠠᠯᠲᠠ᠎ᠲᠠᠢ