ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ 11 ᠳ᠋ᠦ᠍ᠭᠡᠷ ᠰᠠᠷ᠎ᠠ ᠶ᠋ᠢᠨ ᠪᠥᠬᠦ᠌ ᠤᠯᠤᠰ᠎ᠤᠨ 12315 ᠲᠠᠪᠴᠠᠩ᠎ᠤᠨ ᠵᠠᠭᠠᠯᠳᠣᠯᠭ᠎ᠠ ᠢᠯᠡᠴᠢᠯᠡᠨ ᠮᠡᠳᠡᠭᠦᠯᠦᠯᠲᠡ ᠠᠰᠠᠭᠤᠨ ᠯᠠᠪᠯᠠᠯᠲᠠ᠎ᠶᠢᠨ ᠪᠠᠢᠳᠠᠯ᠎ᠤᠨ ᠲᠤᠭ᠎ᠠ ᠪᠠᠷᠢᠮᠲᠠ᠎ᠶ᠋ᠢᠨ ᠵᠠᠳᠠᠯᠤᠯᠳᠠ
2025-12-17

ᠨᠢᠭᠡ᠂ ᠦᠨᠳᠦᠰᠦᠨ ᠪᠠᠢᠳᠠᠯ

2025ᠣᠨ᠎ᠤ 1ᠳ᠋ᠦ᠍ᠭᠡᠷ ᠰᠠᠷ᠎ᠠ᠎ᠠᠴᠠ 11ᠳ᠋ᠦ᠍ᠭᠡᠷ ᠰᠠᠷ᠎ᠠ ᠪᠣᠯᠲᠠᠯ᠎ᠠ ᠥᠪᠥᠷ ᠮᠣᠩᠭᠤᠯ᠎ᠤᠨ ᠪᠥᠬᠦ᠌ ᠤᠯᠤᠰ᠎ᠤᠨ 12315 ᠲᠠᠪᠴᠠᠩ᠎ᠤᠨ ᠬᠡᠷᠡᠭ᠌ᠯᠡᠭ᠌ᠴᠢᠳ᠎ᠤᠨ ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠡ᠂ ᠵᠥᠪᠳᠡᠨ ᠯᠠᠪᠯᠠᠯᠲᠠ ᠨᠡᠢᠲᠡ 422498 ᠬᠤᠪᠢ ᠭᠥᠯᠢᠶᠡᠨ ᠠᠪᠴᠤ᠌᠂ ᠠᠳᠠᠯᠢ ᠬᠤᠭᠤᠴᠠᠭᠠᠨ᠎ᠤ᠎ᠬᠢ᠎ᠠᠴᠠ 21.55%᠎ᠪᠠᠷ ᠨᠡᠮᠡᠭ᠌ᠳᠡᠪᠡ᠃ ᠡᠭᠦᠨ᠎ᠳᠤ᠂ ᠵᠠᠭᠠᠯᠳᠤᠯᠭ᠎ᠠ 194141 ᠬᠤᠪᠢ ᠪᠠᠢᠵᠤ᠂ ᠠᠳᠠᠯᠢ ᠬᠤᠭᠤᠴᠠᠭᠠᠨ᠎ᠤ᠎ᠬᠢ᠎ᠠᠴᠠ35.39%᠎ᠪᠠᠷ ᠨᠡᠮᠡᠭ᠌ᠳᠡᠪᠡ; ᠢᠯᠡᠴᠢᠯᠡᠨ ᠮᠡᠳᠡᠭᠦᠯᠦᠯᠲᠡ 41677 ᠬᠤᠪᠢ ᠪᠠᠢᠵᠤ᠂ ᠠᠳᠠᠯᠢ ᠬᠤᠭᠤᠴᠠᠭᠠᠨ᠎ᠤ᠎ᠬᠢ᠎ᠠᠴᠠ 30.80% ᠎ᠪᠠᠷ ᠨᠡᠮᠡᠭ᠌ᠳᠡᠪᠡ; ᠵᠥᠪᠳᠡᠨ ᠯᠠᠪᠯᠠᠯᠲᠠ 186680 ᠬᠤᠪᠢ ᠪᠠᠢᠵᠤ᠂ ᠠᠳᠠᠯᠢ ᠬᠤᠭᠤᠴᠠᠭᠠᠨ᠎ᠤ᠎ᠬᠢ᠎ᠠᠴᠠ 8.32% ᠎ᠪᠠᠷ ᠨᠡᠮᠡᠭ᠌ᠳᠡᠪᠡ᠃ ᠵᠠᠭᠠᠯᠳᠣᠯᠭ᠎ᠠ ᠢᠯᠡᠴᠢᠯᠡᠨ ᠮᠡᠳᠡᠭᠦᠯᠦᠭ᠌ᠰᠡᠨ᠎ᠶᠢ ᠨᠡᠢᠲᠡ 226818 ᠬᠤᠪᠢ᠎ᠶᠢ ᠱᠢᠢᠳᠪᠦᠷᠢᠯᠡᠨ ᠳᠠᠭᠤᠰᠭᠠᠵᠤ᠂ ᠱᠢᠢᠳᠪᠦᠷᠢᠯᠡᠨ ᠳᠠᠭᠤᠰᠭᠠᠭ᠍ᠰᠠᠨ ᠨᠣᠷᠮ᠎ᠠ᠎ᠨᠢ 96.18% ᠂ ᠮᠠᠷᠭᠤᠯᠳᠤᠭᠠᠨ᠎ᠳᠦ ᠬᠣᠯᠪᠣᠭᠳᠠᠬᠤ ᠵᠣᠭᠤᠰ᠎ᠤᠨ ᠲᠤᠭ᠎ᠠ᠎ᠨᠢ 2.23 ᠳ᠋ᠦᠩᠱᠢᠭᠤᠷ ᠲᠥᠭᠦᠷᠢᠭ ᠪᠠᠢ᠌ᠵᠤ᠂ ᠬᠡᠷᠡᠭ᠌ᠯᠡᠭ᠌ᠴᠢᠳ᠎ᠲᠤ 5693.52 ᠲᠦᠮᠡᠨ ᠲᠥᠭᠦᠷᠢᠭ᠎ᠤᠨ ᠠᠵᠤ ᠠᠬᠤᠶ᠎ᠶ᠋ᠢᠨ ᠬᠤᠬᠢᠷᠠᠯ᠎ᠢ ᠡᠭᠡᠭᠦᠯᠦᠨ ᠠᠪᠴᠢᠷᠠᠵᠤ ᠥᠭᠪᠡ᠃

2025ᠣᠨ᠎ᠤ 11 ᠳ᠋ᠦ᠍ᠭᠡᠷ ᠰᠠᠷ᠎ᠠ᠎ᠳᠤ᠂ ᠥᠪᠥᠷ ᠮᠣᠩᠭᠤᠯ᠎ᠤᠨ ᠪᠥᠬᠦ᠌ ᠤᠯᠤᠰ᠎ᠤᠨ 12315 ᠲᠠᠪᠴᠠᠩ ᠬᠡᠷᠡᠭ᠌ᠯᠡᠭ᠌ᠴᠢᠳ᠎ᠤᠨ ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠡ᠂ ᠵᠥᠪᠳᠡᠨ ᠯᠠᠪᠯᠠᠯᠲᠠ ᠶ᠋ᠢ ᠨᠡᠢᠲᠡ 37596 ᠬᠤᠪᠢ ᠭᠥᠯᠢᠶᠡᠨ ᠠᠪᠴᠤ᠌᠂ ᠠᠳᠠᠯᠢ ᠬᠤᠭᠤᠴᠠᠭᠠᠨ᠎ᠤ᠎ᠬᠢ᠎ᠠᠴᠠ 16.26% ᠎ᠪᠠᠷ ᠨᠡᠮᠡᠭ᠌ᠳᠡᠪᠡ᠃ ᠡᠭᠦᠨ᠎ᠳᠤ᠂ ᠵᠠᠭᠠᠯᠳᠣᠯᠭ᠎ᠠ 16887 ᠬᠤᠪᠢ ᠪᠠᠢᠵᠤ᠂ ᠶᠡᠷᠦᠩᠬᠡᠶ ᠬᠡᠮᠵᠢᠶᠡᠨ᠎ᠤ 44.92%᠎ᠶ᠋ᠢ ᠡᠵᠡᠯᠡᠪᠡ; ᠢᠯᠡᠴᠢᠯᠡᠨ ᠮᠡᠳᠡᠭᠦᠯᠦᠯᠲᠡ 4120 ᠬᠤᠪᠢ ᠪᠠᠢᠵᠤ᠂ ᠶᠡᠷᠦᠩᠬᠡᠶ ᠬᠡᠮᠵᠢᠶᠡᠨ᠎ᠤ 10.96%᠎ᠶ᠋ᠢ ᠡᠵᠡᠯᠡᠪᠡ; ᠵᠥᠪᠳᠡᠨ ᠯᠠᠪᠯᠠᠯᠲᠠ 16589 ᠬᠤᠪᠢ ᠪᠠᠢᠵᠤ᠂ ᠶᠡᠷᠦᠩᠬᠡᠶ ᠬᠡᠮᠵᠢᠶᠡᠨ᠎ᠤ 44.12% ᠎ᠶ᠋ᠢ ᠡᠵᠡᠯᠡᠪᠡ᠃

2025ᠣᠨ᠎ᠤ 11ᠳ᠋ᠦ᠍ᠭᠡᠷ ᠰᠠᠷ᠎ᠠ᠎ᠶᠢᠨ ᠪᠥᠬᠦ᠌ ᠣᠷᠣᠨ᠎ᠤ 12315 ᠵᠠᠭᠠᠯᠳᠣᠯᠭ᠎ᠠ ᠢᠯᠡᠴᠢᠯᠡᠨ ᠮᠡᠳᠡᠭᠦᠯᠦᠯᠲᠡ ᠵᠥᠪᠳᠡᠨ ᠯᠠᠪᠯᠠᠯᠤᠭ᠎ᠠ᠎ᠶ᠋ᠢᠨ ᠬᠡᠮᠵᠢᠶ᠎ᠡ᠎ᠶ᠋ᠢᠨ ᠠᠳᠠᠯᠢ ᠬᠤᠭᠤᠴᠠᠭᠠᠨ᠎ᠤ ᠬᠠᠷᠢᠴᠠᠭᠤᠯᠤᠯ᠎ᠤᠨ ᠵᠢᠷᠤᠭ᠄

 

ᠡᠯ᠎ᠡ ᠠᠢᠮᠠᠭ ᠬᠤᠲᠠ᠎ᠶ᠋ᠢᠨ ᠵᠠᠭᠠᠯᠳᠣᠯᠭ᠎ᠠ ᠢᠯᠡᠴᠢᠯᠡᠨ ᠮᠡᠳᠡᠭᠦᠯᠦᠯᠲᠡ ᠵᠥᠪᠳᠡᠨ ᠯᠠᠪᠯᠠᠯᠤᠭ᠎ᠠ᠎ᠶ᠋ᠢᠨ ᠲᠤᠭ᠎ᠠ ᠪᠦᠷᠢᠳᠭᠡᠯ᠎ᠤᠨ ᠬᠦᠰᠦᠨᠦᠭ᠌ᠲᠦ ( ᠨᠢᠭᠡᠴᠢ᠄ ᠬᠤᠪᠢ)

 

ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠵᠥᠪᠳᠡᠨ ᠯᠠᠪᠯᠠᠯᠤᠭ᠎ᠠ᠎ᠶ᠋ᠢᠨ ᠶᠡᠷᠦᠩᠬᠡᠶ ᠬᠡᠮᠵᠢᠶ᠎ᠡ ᠨᠢ ᠡᠮᠦᠨ᠎ᠡ ᠭᠤᠷᠪᠠ᠎ᠳᠤ ᠵᠢᠭ᠍ᠰᠠᠭᠠᠭ᠍ᠳᠠᠭ᠍ᠰᠠᠨ ᠨᠢ ᠬᠥᠬᠡᠬᠣᠲᠠ᠂ ᠪᠤᠭᠤᠲᠤ ᠬᠣᠲᠠ᠂ ᠤᠯᠠᠭᠠᠨᠬᠠᠳᠠ ᠬᠣᠲᠠ ᠪᠣᠯᠤᠨ᠎ᠠ᠃ ᠡᠯ᠎ᠡ ᠵᠤᠢ᠍ᠢᠯ᠎ᠤᠨ ᠲᠣᠭ᠎ᠠ ᠪᠠᠷᠢᠮᠲᠠ᠎ᠳᠦ᠂ ᠵᠠᠭᠠᠯᠳᠤᠯᠭ᠎ᠠ ᠎ᠶ᠋ᠢᠨ ᠬᠡᠮᠵᠢᠶ᠎ᠡ᠎ᠨᠢ ᠡᠮᠦᠨ᠎ᠡ ᠭᠤᠷᠪᠠ ᠎ᠳᠦ ᠵᠢᠭ᠍ᠰᠠᠭᠠᠭ᠍ᠳᠠᠭ᠍ᠰᠠᠨ ᠨᠢ᠎ᠬᠥᠬᠡᠬᠤᠲᠠ᠂ ᠤᠯᠠᠭᠠᠨᠬᠠᠳᠠ ᠬᠤᠲᠠ᠂ ᠪᠤᠭᠤᠲᠤ ᠬᠤᠲᠠ ᠪᠠᠢᠵᠤ᠂ ᠢᠯᠡᠴᠢᠯᠡᠨ ᠮᠡᠳᠡᠭᠦᠯᠦᠯᠲᠡ᠎ᠶᠢᠨ ᠬᠡᠮᠵᠢᠶ᠎ᠡ᠎ᠨᠢ ᠡᠮᠤᠨ᠎ᠡ ᠭᠤᠷᠪᠠ᠎ᠳᠤ ᠵᠢᠭ᠍ᠰᠠᠭᠠᠭ᠍ᠳᠠᠭ᠍ᠰᠠᠨ ᠨᠢ ᠬᠥᠬᠡᠬᠤᠲᠠ᠂ ᠪᠤᠭᠤᠲᠤ ᠬᠤᠲᠠ᠂ ᠤᠯᠠᠭᠠᠨᠬᠠᠳᠠ ᠬᠤᠲᠠ ᠪᠣᠯᠤᠨ᠎ᠠ᠃

ᠬᠤᠶᠠᠷ᠂ ᠵᠠᠭᠠᠯᠳᠣᠯᠭ᠎ᠠ᠎ᠶ᠋ᠢᠨ ᠪᠠᠢᠳᠠᠯ᠎ᠤᠨ ᠲᠤᠭ᠎ᠠ ᠪᠠᠷᠢᠮᠳᠠ᠎ᠶ᠋ᠢᠨ ᠪᠦᠷᠢᠳᠭᠡᠯ

11 ᠳ᠋ᠦ᠍ᠭᠡᠷ ᠰᠠᠷ᠎ᠠ᠎ᠳᠤ ᠬᠡᠷᠡᠭ᠌ᠯᠡᠭ᠌ᠴᠢᠳ᠎ᠤᠨ ᠵᠠᠭᠠᠯᠳᠤᠯᠭ᠎ᠠ᠎ᠶ᠋ᠢ ᠨᠡᠢᠲᠡ 16887 ᠬᠤᠪᠢ ᠬᠦᠯᠢᠶᠡᠨ ᠠᠪᠴᠤ᠌᠂ ᠠᠳᠠᠯᠢ ᠬᠤᠭᠤᠴᠠᠭᠠᠨ᠎ᠤ᠎ᠬᠢ᠎ᠠᠴᠠ 21.57% ᠎ᠪᠠᠷ ᠨᠡᠮᠡᠭ᠌ᠳᠡᠪᠡ᠃ ᠡᠭᠦᠨ᠎ᠳᠤ᠂ ᠲᠠᠸᠠᠷ᠎ᠤᠨ ᠲᠥᠷᠥᠯ᠎ᠳᠤ ᠬᠤᠯᠪᠣᠭ᠍ᠳᠠᠭ᠍ᠰᠠᠨ ᠨᠢ 10053 ᠬᠤᠪᠢ᠂ ᠦᠢᠯᠡᠴᠢᠯᠡᠭᠡᠨ᠎ᠤ ᠲᠥᠷᠥᠯ᠎ᠳᠤ ᠬᠤᠯᠪᠣᠭ᠍ᠳᠠᠭ᠍ᠰᠠᠨ ᠨᠢ 6834 ᠬᠤᠪᠢ  ᠪᠠᠢᠪᠠ᠃ ᠵᠠᠭᠠᠯᠳᠣᠯᠭ᠎ᠠ᠎ᠶ᠋ᠢᠨ ᠮᠠᠷᠭᠤᠭᠠᠨ᠎ᠲᠠᠢ ᠬᠤᠯᠪᠣᠭ᠍ᠳᠠᠭ᠍ᠰᠠᠨ ᠵᠣᠭᠤᠰ᠎ᠤᠨ ᠲᠤᠭ᠎ᠠ 1238.82 ᠲᠦᠮᠡᠨ ᠲᠥᠭᠦᠷᠢᠭ ᠪᠠᠢᠵᠤ᠂ ᠬᠡᠷᠡᠭ᠌ᠯᠡᠭ᠌ᠴᠢᠳ᠎ᠲᠤ 250.29 ᠲᠦᠮᠡᠨ ᠲᠥᠭᠦᠷᠢᠭ᠎ᠤᠨ ᠠᠵᠤ ᠠᠬᠤᠶ᠎ᠶ᠋ᠢᠨ ᠬᠤᠬᠢᠷᠠᠯ᠎ᠢ ᠡᠭᠡᠭᠦᠯᠦᠨ ᠠᠪᠴᠢᠷᠠᠵᠤ ᠥᠭ᠌ᠪᠡ᠃12 ᠳ᠋ᠤᠭ᠋ᠠᠷ ᠰᠠᠷ᠎ᠠ᠎ᠶ᠋ᠢᠨ 3᠎ᠤ ᠡᠳᠦᠷ ᠪᠣᠯᠲᠠᠯ᠎ᠠ ᠨᠢᠭᠡᠨᠲᠡ 12086 ᠬᠤᠪᠢ᠎ᠶ᠋ᠢ᠎ᠨᠢ ᠱᠢᠢᠳᠪᠦᠷᠢᠯᠡᠨ ᠳᠠᠭᠤᠰᠭᠠᠵᠤ᠂ ᠱᠢᠢᠳᠪᠦᠷᠢᠯᠡᠵᠦ᠍ ᠳᠠᠭᠤᠰᠭᠠᠭ᠍ᠰᠠᠨ ᠨᠣᠷᠮ᠎ᠠ᠎ᠨᠢ 71.57%᠃ 

ᠪᠤᠰᠤᠳᠴᠢ ᠴᠤᠭ᠍ᠴᠠ᠎ᠶ᠋ᠢᠨ ᠲᠦᠷᠦᠯ ᠢᠯᠭᠠᠯ᠎ᠤᠨ ᠬᠤᠪᠢᠶᠠᠷᠢᠯᠠᠯ᠎ᠢ ᠬᠦᠰᠦᠨᠦᠭ (ᠨᠢᠭᠡ)᠂ (ᠬᠤᠶᠠᠷ)᠎ᠲᠤ ᠦᠵᠡᠭᠡᠷᠡᠢ

(ᠨᠢᠭᠡ) ᠲᠠᠸᠠᠷ᠎ᠤᠨ ᠲᠦᠷᠦᠯ᠎ᠳᠤ ᠬᠤᠯᠪᠤᠭ᠍ᠳᠠᠬᠤ

 

ᠲᠠᠸᠠᠷ᠎ᠤᠨ ᠲᠥᠷᠥᠯ᠎ᠦᠨ ᠵᠠᠭᠠᠯᠳᠤᠯᠭ᠎ᠠ ᠨᠢ ᠠᠳᠠᠯᠢ ᠬᠣᠭᠣᠴᠠᠭᠠᠨ ᠎ᠤ ᠬᠢ᠎ᠡᠴᠡ 23.17% ᠎ᠪᠠᠷ ᠨᠡᠮᠡᠭ᠌ᠳᠡᠪᠡ᠃ ᠵᠠᠭᠠᠯᠳᠤᠯᠭ᠎ᠠ᠎ᠶ᠋ᠢᠨ ᠬᠡᠮᠵᠢᠶ᠎ᠡ᠎ᠨᠢ ᠡᠮᠦᠨ᠎ᠡ ᠲᠠᠪᠤ᠎ᠳᠤ ᠵᠢᠭ᠍ᠰᠠᠭᠠᠭ᠍ᠳᠠᠭ᠍ᠰᠠᠨ ᠲᠠᠸᠠᠷ᠎ᠤᠨ ᠶᠡᠭᠡ ᠲᠦᠷᠦᠯ᠎ᠨᠢ ᠳᠡᠰ ᠳᠠᠷᠠᠭᠠᠯᠠᠨ ᠢᠳᠡᠭᠡᠨ᠂ ᠬᠤᠪᠴᠠᠰᠤ ᠬᠤᠨᠠᠷ ᠮᠠᠯᠠᠭᠠᠢ ᠱᠠᠬᠠᠢ᠂ ᠵᠠᠮ ᠬᠠᠷᠢᠯᠴᠠᠭᠠᠨ᠎ᠤ ᠪᠠᠭᠠᠵᠢ᠂ ᠭᠡᠷ᠎ᠤᠨ ᠡᠳ᠋ᠯᠡᠯ ᠬᠡᠷᠡᠭ᠌ᠰᠡᠯ᠂ ᠭᠡᠷ᠎ᠦ ᠴᠠᠬᠢᠯᠭ᠋ᠠᠨ ᠬᠡᠷᠡᠭᠰᠡᠯ ᠪᠣᠯᠤᠨ᠎ᠠ᠃

ᠵᠠᠭᠠᠯᠳᠣᠯᠭ᠎ᠠ ᠎ᠶ᠋ᠢᠨ ᠬᠡᠮᠵᠢᠶ᠎ᠡ᠎ᠨᠢ ᠡᠮᠦᠨ᠎ᠡ ᠲᠠᠪᠤ᠎ᠳᠤ ᠵᠢᠭ᠍ᠰᠠᠭᠠᠭ᠍ᠳᠠᠭ᠍ᠰᠠᠨ ᠲᠠᠸᠠᠷ᠎ᠤᠨ ᠶᠡᠭᠡ ᠲᠥᠷᠥᠯ᠎ᠤᠨ ᠲᠠᠸᠠᠷ᠎ᠤᠨ ᠵᠠᠭᠠᠯᠳᠤᠯᠭ᠎ᠠ᠎ᠶ᠋ᠢᠨ ᠶᠡᠷᠦᠩᠬᠡᠶ ᠬᠡᠮᠵᠢᠶᠡᠨ᠎ᠤ ᠬᠠᠷᠢᠴᠠᠯ᠎ᠳᠤ ᠡᠵᠡᠯᠡᠬᠦ᠌ ᠱᠠᠯᠪᠢᠩ ᠬᠡᠯᠪᠡᠷᠢᠲᠦ ᠵᠢᠷᠤᠭ᠄

 

ᠵᠠᠭᠠᠯᠳᠤᠯᠭ᠎ᠠ᠎ᠶ᠋ᠢᠨ ᠬᠡᠮᠵᠢᠶ᠎ᠡ᠎ᠨᠢ ᠨᠢᠭᠡᠳᠦᠭᠡᠷ᠎ᠲᠤ ᠵᠢᠭ᠍ᠰᠠᠭᠠᠭ᠍ᠳᠠᠭ᠍ᠰᠠᠨ ᠢᠳᠡᠭᠡᠨ᠎ᠤ ᠲᠥᠷᠥᠯ 5137 ᠬᠤᠪᠢ ᠪᠠᠢᠵᠤ᠂ ᠲᠠᠸᠠᠷ᠎ᠤᠨ ᠲᠥᠷᠥᠯ᠎ᠤᠨ ᠵᠠᠭᠠᠯᠳᠤᠯᠭ᠎ᠠ᠎ᠶ᠋ᠢᠨ ᠶᠡᠷᠦᠩᠬᠡᠢ ᠬᠡᠮᠵᠢᠶᠡᠨ᠎ᠤ 51.10%᠎ᠢ ᠡᠵᠡᠯᠡᠪᠡ᠃ ᠡᠢᠮᠣᠷᠭᠦᠦ ᠲᠥᠷᠥᠯ᠎ᠤᠨ ᠵᠠᠭᠠᠯᠳᠤᠯᠭ᠎ᠠ ᠳᠤᠮᠳᠠ᠂ ᠵᠠᠭᠠᠯᠳᠤᠯᠭ᠎ᠠ ᠨᠡᠯᠢᠶᠡᠳ ᠠᠷᠪᠢᠨ ᠪᠠᠢᠭ᠎ᠠ ᠲᠠᠸᠠᠷ ᠪᠣᠯ ᠡᠩ᠎ᠦᠨ ᠢᠳᠡᠭᠡᠨ᠎ᠦ ᠵᠦᠢᠯ 3751 ᠬᠤᠪᠢ ᠂ ᠢᠳᠡᠭᠡᠨ᠎ᠦ ᠲᠠᠷᠢᠶᠠᠯᠠᠩ᠎ᠤᠨ  ᠭᠠᠷᠤᠯᠲᠠ 766 ᠬᠤᠪᠢ᠂ ᠠᠷᠢᠬᠢ ᠪᠠ ᠤᠮᠳᠠᠭᠠᠨ 447 ᠬᠤᠪᠢ᠂ ᠨᠢᠯᠬ᠎ᠠ ᠨᠠᠷᠡᠢ ᠬᠡᠦᠬᠡᠳ᠎ᠦᠨ ᠨᠠᠢᠷᠠᠯᠭ᠎ᠠ ᠰᠦᠨ ᠲᠠᠯᠬ᠎ᠠ 84 ᠬᠤᠪᠢ ᠂ ᠡᠷᠡᠭᠦᠯᠵᠢᠯ᠎ᠦᠨ ᠢᠳᠡᠭᠡᠨ 51 ᠬᠤᠪᠢ ᠂ ᠢᠳᠡᠭᠡᠨ᠎ᠦ ᠬᠠᠮᠢᠶ᠎ᠠ ᠪᠦᠬᠦᠢ ᠦᠢᠯᠡᠳᠬᠦᠨ 37 ᠬᠤᠪᠢ᠂ ᠠᠨᠠᠭᠠᠬᠤ ᠤᠬᠠᠭᠠᠨ᠎ᠤ ᠣᠨᠴᠠᠭᠠᠢ ᠬᠡᠷᠡᠭ᠌ᠴᠡᠭᠡᠲᠦ ᠨᠠᠢᠷᠠᠯᠭ᠎ᠠ᠎ᠶ᠋ᠢᠨ ᠢᠳᠡᠭᠡᠨ 1 ᠬᠤᠪᠢ ᠪᠠᠢᠪᠠ᠃

ᠵᠠᠭᠠᠯᠳᠤᠯᠭ᠎ᠠ᠎ᠶ᠋ᠢᠨ ᠬᠡᠮᠵᠢᠶ᠎ᠡ᠎ᠨᠢ ᠬᠤᠶᠠᠳᠤᠭᠠᠷ᠎ᠲᠤ ᠵᠢᠭ᠍ᠰᠠᠭᠠᠭ᠍ᠳᠠᠭ᠍ᠰᠠᠨ ᠬᠤᠪᠴᠠᠰᠤ ᠬᠤᠨᠠᠷ ᠮᠠᠯᠠᠭᠠᠢ ᠱᠠᠬᠠᠢ ᠎ᠶᠢᠨ ᠲᠥᠷᠥᠯ 983 ᠬᠤᠪᠢ ᠪᠠᠢᠵᠤ᠂ ᠲᠠᠸᠠᠷ᠎ᠤᠨ ᠲᠥᠷᠥᠯ᠎ᠤᠨ ᠵᠠᠭᠠᠯᠳᠤᠯᠭ᠎ᠠ᠎ᠶ᠋ᠢᠨ ᠶᠡᠷᠦᠩᠬᠡᠢ ᠬᠡᠮᠵᠢᠶᠡᠨ᠎ᠤ 9.78%᠎ᠶ᠋ᠢ ᠡᠵᠡᠯᠡᠪᠡ᠃ ᠡᠢᠮᠦᠷᠬᠦᠦ ᠲᠥᠷᠥᠯ᠎ᠤᠨ ᠵᠠᠭᠠᠯᠳᠤᠯᠭ᠎ᠠ ᠳᠤᠮᠳᠠ ᠵᠠᠭᠠᠯᠳᠤᠯᠭ᠎ᠠ᠎ᠪᠡᠷ ᠢᠯᠡᠭᠦᠦ ᠲᠠᠸᠠᠷ ᠨᠢ ᠭᠠᠳᠠᠷ ᠬᠤᠪᠴᠠᠰᠤ 344 ᠬᠤᠪᠢ᠂ ᠱᠠᠬᠠᠢ161 ᠬᠤᠪᠢ᠂ ᠨᠣᠣᠰᠣᠨ ᠴᠠᠮᠴᠠ50 ᠬᠤᠪᠢ᠂ ᠴᠠᠮᠴᠠ45 ᠬᠤᠪᠢ᠂ ᠲᠤᠲᠣᠷ᠎ᠠ ᠬᠤᠪᠴᠠᠰᠣ33 ᠬᠤᠪᠢ᠂ ᠪᠠᠩᠵᠠᠯ15 ᠬᠤᠪᠢ᠂ ᠦᠨᠳᠦᠰᠦᠲᠡᠨ᠎ᠤ ᠬᠤᠪᠴᠠᠰᠣ15 ᠬᠤᠪᠢ ᠂ ᠪᠤᠰᠣᠳ ᠵᠠᠭ᠋ᠠᠯᠳᠤᠭ᠎ᠠ124 ᠬᠤᠪᠢ ᠪᠠᠢᠪᠠ᠃

ᠵᠠᠭᠠᠯᠳᠣᠯᠭ᠎ᠠ ᠎ᠶ᠋ᠢᠨ ᠬᠡᠮᠵᠢᠶ᠎ᠡ ᠨᠢ ᠭᠤᠷᠪᠠᠳᠤᠭᠠᠷ᠎ᠲᠤ ᠵᠢᠭ᠍ᠰᠠᠭᠠᠭ᠍ᠳᠠᠭ᠍ᠰᠠᠨ ᠵᠠᠮ ᠬᠠᠷᠢᠯᠴᠠᠭᠠᠨ᠎ᠤ ᠪᠠᠭᠠᠵᠢ ᠎ᠶ᠋ᠢᠨ ᠲᠥᠷᠥᠯ 768 ᠬᠤᠪᠢ ᠪᠠᠢᠵᠤ᠂ ᠲᠠᠸᠠᠷ᠎ᠤᠨ ᠲᠥᠷᠥᠯ᠎ᠤᠨ ᠵᠠᠭᠠᠯᠳᠤᠯᠭ᠎ᠠ᠎ᠶ᠋ᠢᠨ ᠶᠡᠷᠦᠩᠬᠡᠶ ᠬᠡᠮᠵᠢᠶᠡᠨ᠎ᠤ 7.64% ᠎ᠶ᠋ᠢ ᠡᠵᠡᠯᠡᠪᠡ᠃ ᠡᠢᠮᠦᠷᠬᠦᠦ ᠵᠠᠭᠠᠯᠳᠤᠯᠭ᠎ᠠ ᠳᠤᠮᠳᠠ᠂ ᠮᠠᠰᠢᠨ ᠲᠡᠷᠭᠡ ᠵᠢᠴᠢ ᠰᠡᠯᠪᠢᠭ ᠲᠤᠨᠤᠭ611 ᠬᠤᠪᠢ᠂ ᠳᠣᠭᠣᠢ ᠲᠡᠷᠭᠡ ᠵᠢᠴᠢ ᠰᠡᠯᠪᠢᠭ ᠲᠤᠨᠤᠭ83 ᠬᠤᠪᠢ᠂ ᠮᠣᠲ᠋ᠣᠷ ᠲᠡᠷᠭᠡ ᠪᠠ ᠲᠣᠰᠠᠯᠠᠬᠤ ᠬᠦᠴᠦᠨ᠎ᠦ ᠲᠡᠷᠭᠡ74 ᠬᠤᠪᠢ ᠪᠠᠢᠪᠠ᠃

ᠵᠠᠭᠠᠯᠳᠤᠯᠭ᠎ᠠ ᠶ᠋ᠢᠨ ᠬᠡᠮᠵᠢᠶ᠎ᠡ᠎ᠨᠢ ᠳᠥᠷᠪᠡᠳᠦᠭᠡᠷ᠎ᠲᠤ ᠵᠢᠭ᠍ᠰᠠᠭᠠᠭ᠍ᠳᠠᠭ᠍ᠰᠠᠨ ᠭᠡᠷ᠎ᠤᠨ ᠡᠳ᠋ᠯᠡᠯ ᠬᠡᠷᠡᠭ᠌ᠰᠡᠯ᠎ᠤᠨ ᠲᠥᠷᠥᠯ 528 ᠬᠤᠪᠢ ᠪᠠᠢᠵᠤ᠂ ᠲᠠᠸᠠᠷ᠎ᠤᠨ ᠲᠥᠷᠥᠯ᠎ᠤᠨ ᠵᠠᠭᠠᠯᠳᠤᠯᠭ᠎ᠠ᠎ᠶ᠋ᠢᠨ ᠶᠡᠷᠦᠩᠬᠡᠢ ᠬᠡᠮᠵᠢᠶᠡᠨ᠎ᠤ 5.25% ᠎ᠶ᠋ᠢ ᠡᠵᠡᠯᠡᠪᠡ᠃ ᠡᠢᠮᠦᠷᠬᠦᠦ ᠲᠥᠷᠥᠯ᠎ᠤᠨ ᠵᠠᠭᠠᠯᠳᠤᠯᠭ᠎ᠠ ᠳᠤᠮᠳᠠ᠂ ᠭᠡᠷ᠎ᠤᠨ ᠬᠡᠷᠡᠭ᠌ᠰᠡᠯ 243 ᠬᠤᠪᠢ᠂ ᠲᠣᠭᠤᠭᠠᠨ ᠭᠡᠷ᠎ᠤᠨ ᠬᠡᠷᠡᠭ᠌ᠯᠡᠭᠡᠨ᠎ᠤ ᠵᠦᠢᠯ 71 ᠬᠤᠪᠢ᠂ ᠨᠢᠳᠦᠨ ᠱᠢᠯ 50 ᠬᠤᠪᠢ᠂ ᠴᠠᠭ 48 ᠬᠤᠪᠢ᠂ ᠡᠳᠦᠷ ᠲᠤᠲᠤᠮ᠎ᠤᠨ ᠬᠡᠷᠡᠭ᠌ᠯᠡᠭᠡᠨ᠎ᠤ ᠵᠦᠢᠯ 46 ᠬᠤᠪᠢ᠂ ᠣᠷᠣ ᠳᠡᠭᠡᠷᠡᠬᠢ ᠬᠡᠷᠡᠭ᠌ᠯᠡᠭᠡᠨ᠎ᠤ ᠵᠦᠢᠯ 25 ᠬᠤᠪᠢ᠂ ᠬᠠᠢᠷᠴᠠᠭ ᠪᠣᠭ᠍ᠴᠣ 23 ᠬᠤᠪᠢ᠂ ᠠᠷᠢᠭᠤᠨ ᠴᠡᠪᠡᠷ᠎ᠤᠨ ᠬᠡᠷᠡᠭ᠌ᠰᠡᠯ 20 ᠬᠤᠪᠢ᠂ ᠨᠡᠬᠡᠮᠡᠯ ᠡᠳ᠋ 2 ᠬᠤᠪᠢ  ᠪᠠᠢᠪᠠ᠃

ᠵᠠᠭᠠᠯᠳᠣᠯᠭ᠎ᠠ ᠎ᠶ᠋ᠢᠨ ᠬᠡᠮᠵᠢᠶ᠎ᠡ᠎ᠨᠢ ᠲᠠᠪᠤᠳᠤᠭᠠᠷ᠎ᠲᠤ ᠵᠢᠭ᠍ᠰᠠᠭᠠᠭ᠍ᠳᠠᠭ᠍ᠰᠠᠨ ᠭᠡᠷ᠎ᠤᠨ ᠴᠠᠬᠢᠯᠭ᠋ᠠᠨ ᠬᠡᠷᠡᠭᠰᠡᠯ ᠎ᠦᠨ ᠲᠥᠷᠥᠯ 314 ᠬᠤᠪᠢ ᠪᠠᠢᠵᠤ᠂ ᠲᠠᠸᠠᠷ᠎ᠤᠨ ᠲᠥᠷᠥᠯ᠎ᠤᠨ ᠵᠠᠭᠠᠯᠳᠤᠯᠭ᠎ᠠ᠎ᠶ᠋ᠢᠨ ᠶᠡᠷᠦᠩᠬᠡᠶ ᠬᠡᠮᠵᠢᠶᠡᠨ᠎ᠤ 3.12% ᠎ᠶ᠋ᠢ ᠡᠵᠡᠯᠡᠪᠡ᠃ ᠡᠢ᠌ᠮᠦᠷᠬᠦᠦ ᠲᠥᠷᠥᠯ᠎ᠤᠨ ᠵᠠᠭᠠᠯᠳᠤᠯᠭ᠎ᠠ ᠳᠤᠮᠳᠠ᠂ ᠬᠥᠯᠳᠡᠭᠡᠭᠦᠷ᠎ᠤᠨ ᠲᠥᠷᠥᠯ᠎ᠤᠨ ᠦᠢ᠍ᠯᠡᠳᠭᠦᠨ 64 ᠬᠤᠪᠢ᠂ ᠬᠡᠷ᠎ᠤᠨ ᠬᠡᠷᠡᠭᠯᠡᠭᠡᠨ᠎ᠤ ᠵᠢᠵᠢᠭ ᠴᠠᠬᠢᠯᠭᠠᠨ ᠬᠡᠷᠡᠭᠰᠡᠯ᠎ᠤᠨ ᠦᠢ᠍ᠯᠡᠳᠭᠦᠨ 54 ᠬᠤᠪᠢ᠂ ᠲᠧᠯᠸᠢᠰ ᠮᠠᠰᠢᠨ 41 ᠬᠤᠪᠢ᠂ ᠬᠤᠪᠴᠠᠰᠤ ᠤᠬᠢᠶᠠᠬᠤ ᠲᠥᠷᠥᠯ᠎ᠤᠨ ᠦᠢ᠍ᠯᠡᠳᠭᠦᠨ 36 ᠬᠤᠪᠢ ᠂ ᠠᠭᠠᠷ ᠲᠣᠬᠢᠷᠠᠭᠤᠯᠤᠭᠴᠢ᠎ᠶᠢᠨ ᠦᠢ᠍ᠯᠡᠳᠭᠦᠨ 26 ᠬᠤᠪᠢ ᠂ ᠤᠰᠤ ᠬᠠᠯᠠᠭᠠᠭᠤᠷ 25 ᠬᠤᠪᠢ᠂ ᠴᠠᠬᠢᠯᠭᠠᠨ ᠲᠣᠭᠣᠭᠠᠨ᠎ᠦ ᠬᠡᠷᠡᠭᠰᠡᠯ᠎ᠤᠨ ᠦᠢ᠍ᠯᠡᠳᠭᠦᠨ 17 ᠬᠤᠪᠢ᠂ ᠪᠤᠰᠤᠳ ᠵᠠᠭᠠᠯᠳᠤᠯᠭ᠎ᠠ 51 ᠬᠤᠪᠢ ᠪᠠᠢᠪᠠ᠃

ᠲᠠᠸᠠᠷ᠎ᠤᠨ ᠵᠠᠭᠠᠯᠳᠤᠯᠭ᠎ᠠ᠎ᠶ᠋ᠢᠨ ᠬᠠᠯᠠᠮᠱᠢᠯ ᠴᠡᠭ᠎ᠤᠨ ᠡᠮᠦᠨᠡᠬᠢ ᠠᠷᠪᠠᠨ ᠨᠡᠷᠡᠰ ᠨᠢ ᠡᠩ᠎ᠤᠨ ᠰᠠᠭᠤᠳᠠᠯ᠎ᠤᠨ ᠮᠠᠱᠢᠨ ᠲᠡᠷᠭᠡ 504 ᠬᠤᠪᠢ᠂ ᠦᠬᠡᠷ᠎ᠤᠨ ᠮᠢᠬ᠎ᠠ 266 ᠬᠤᠪᠢ᠂ ᠭᠠᠷ ᠤᠲᠠᠰᠤ 229 ᠬᠤᠪᠢ᠂ ᠠᠮᠤ ᠭᠤᠯᠢᠷ ᠵᠢᠴᠢ ᠲᠡᠭᠦᠨ᠎ᠤ ᠪᠦᠲᠦᠭᠡᠭ᠌ᠳᠡᠬᠦᠨ (ᠥᠪᠡᠷ᠎ᠢᠶᠠᠨ ᠦᠢᠯᠡᠳᠦᠭ᠌ᠰᠡᠨ) 204 ᠬᠤᠪᠢ᠂ ᠪᠣᠷᠴᠠ᠎ᠶᠢᠨ ᠲᠥᠷᠥᠯ180 ᠬᠤᠪᠢ᠂ ᠦᠳᠦᠨ ᠬᠤᠪᠴᠠᠰᠣ 155 ᠬᠤᠪᠢ᠂ ᠮᠢᠬᠠᠨ᠎ᠤ ᠪᠦᠲᠦᠭᠡᠭ᠌ᠳᠡᠬᠦᠨ (ᠥᠪᠡᠷ᠎ᠢᠶᠠᠨ ᠦᠢᠯᠡᠳᠦᠭ᠌ᠰᠡᠨ) 145 ᠬᠤᠪᠢ᠂ ᠲᠠᠯᠬ᠎ᠠ 117 ᠬᠤᠪᠢ᠂  ᠲᠠᠮᠢᠷ᠎ᠤᠨ ᠱᠠᠬᠠᠶ 93 ᠬᠤᠪᠢ᠂ ᠣᠨᠴᠠᠭᠠᠶ ᠪᠤᠰᠤ ᠬᠡᠷᠡᠭ᠌ᠴᠡᠭᠡᠲᠦ ᠵᠠᠰᠠᠯ ᠴᠢᠮᠡᠭ᠌ᠯᠡᠯ᠎ᠤᠨ ᠡᠳ᠋ 93 (ᠭᠥᠯᠢᠶᠡᠨ ᠠᠪᠤᠭᠰᠠᠨ ᠬᠡᠮᠵᠢᠶᠡᠨ᠎ᠳᠠᠬᠢ ᠪᠤᠢ ᠪᠦᠬᠦᠢ 《ᠪᠤᠰᠤᠳ》᠎ᠢ ᠨᠡᠷᠡᠰ᠎ᠤᠨ ᠵᠢᠭ᠍ᠰᠠᠭᠠᠯᠲᠠ᠎ᠳᠤ ᠣᠷᠣᠭᠤᠯᠬᠤ ᠦᠭᠡᠢ)᠂ ᠨᠡᠢᠲᠡ ᠲᠠᠸᠠᠷ᠎ᠤᠨ ᠲᠥᠷᠥᠯ᠎ᠤᠨ ᠵᠠᠭᠠᠯᠳᠤᠯᠭ᠎ᠠ᠎ᠶ᠋ᠢᠨ ᠶᠡᠷᠦᠩᠬᠡᠶ ᠬᠡᠮᠵᠢᠶᠡᠨ᠎ᠤ 19.76% ᠎ᠶ᠋ᠢ ᠡᠵᠡᠯᠡᠪᠡ᠃

( ᠬᠤᠶᠠᠷ) ᠣᠢᠯᠡᠴᠢᠯᠡᠭᠡᠨ᠎ᠤ ᠲᠦᠷᠦᠯ᠎ᠳᠦ ᠬᠤᠯᠪᠤᠭ᠍ᠳᠠᠬᠤ

 

ᠵᠠᠭᠠᠯᠳᠤᠯᠭ᠎ᠠ᠎ᠶ᠋ᠢᠨ ᠬᠡᠮᠵᠢᠶ᠎ᠡ᠎ᠨᠢ ᠨᠢᠭᠡᠳᠦᠭᠡᠷ᠎ᠲᠤ ᠵᠢᠭ᠍ᠰᠠᠭᠠᠭ᠍ᠳᠠᠭ᠍ᠰᠠᠨ ᠪᠣᠷᠤᠯᠠᠭᠤᠯᠭ᠎ᠠ᠎ᠶ᠋ᠢᠨ ᠦᠢᠯᠡᠴᠢᠯᠡᠭᠡ 1813 ᠬᠤᠪᠢ ᠪᠠᠢᠵᠤ᠂ ᠦᠢᠯᠡᠴᠢᠯᠡᠭᠡᠨ᠎ᠤ ᠲᠥᠷᠥᠯ᠎ᠤᠨ ᠵᠠᠭᠠᠯᠳᠤᠯᠭ᠎ᠠ᠎ᠶ᠋ᠢᠨ ᠶᠡᠷᠦᠩᠬᠡᠢ ᠬᠡᠮᠵᠢᠶᠡᠨ᠎ᠤ 26.53%᠎ᠶ᠋ᠢ ᠡᠵᠡᠯᠡᠪᠡ᠃ ᠡᠢᠮᠦᠷᠬᠦᠦ ᠲᠥᠷᠥᠯ᠎ᠤᠨ ᠵᠠᠭᠠᠯᠳᠤᠯᠭ᠎ᠠ᠎ᠶ᠋ᠢᠨ ᠳᠤᠮᠳᠠ᠂ ᠤᠷᠢᠳᠴᠢᠯᠠᠨ ᠥᠭ᠌ᠬᠦ ᠺᠠᠷᠲ᠎ᠤᠨ ᠦᠢᠯᠡᠴᠢᠯᠡᠭᠡ 928 ᠬᠤᠪᠢ᠂ ᠵᠢᠵᠢᠭ᠌ᠯᠡᠨ ᠬᠤᠳᠠᠯᠳᠤᠬᠤ ᠦᠢᠯᠡᠴᠢᠯᠡᠭᠡ 311ᠬᠤᠪᠢ᠂ ᠢᠨᠲ᠋ᠧᠷ ᠰᠦᠯᠵᠢᠶᠡᠨ᠎ᠤ ᠱᠢᠭᠤᠳ ᠪᠣᠷᠣᠯᠠᠭᠤᠯᠬᠤ ᠦᠢᠯᠡᠴᠢᠯᠡᠭᠡ 255 ᠬᠤᠪᠢ᠂ ᠤᠷᠢᠳᠴᠢᠯᠠᠨ ᠬᠤᠳᠠᠯᠳᠤᠬᠤ ᠦᠢᠯᠡᠴᠢᠯᠡᠭᠡ 53 ᠬᠤᠪᠢ ᠂ ᠵᠠᠬᠢᠶᠠᠯᠠᠨ ᠬᠤᠳᠠᠯᠳᠤᠬᠤ ᠦᠢᠯᠡᠴᠢᠯᠡᠭᠡ 38 ᠬᠤᠪᠢ᠂ ᠬᠠᠷᠠᠭᠠᠯᠵᠠᠯ᠎ᠤᠨ ᠺᠠᠷᠲ ᠪᠣᠷᠣᠯᠠᠭᠤᠯᠬᠤ ᠦᠢᠯᠡᠴᠢᠯᠡᠭᠡ 25 ᠬᠤᠪᠢ᠂ ᠪᠤᠰᠤᠳ ᠪᠣᠷᠣᠯᠠᠭᠤᠯᠭ᠎ᠠ᠎ᠶ᠋ᠢᠨ ᠦᠢᠯᠡᠴᠢᠯᠡᠭᠡ 203 ᠬᠤᠪᠢ ᠪᠠᠢᠪᠠ᠃

ᠵᠠᠭᠠᠯᠳᠤᠯᠭ᠎ᠠ᠎ᠶ᠋ᠢᠨ ᠬᠡᠮᠵᠢᠶ᠎ᠡ᠎ᠨᠢ ᠬᠤᠶᠠᠳᠣᠭ᠋ᠠᠷ ᠎ᠲᠤ ᠵᠢᠭ᠍ᠰᠠᠭᠠᠭ᠍ᠳᠠᠭ᠍ᠰᠠᠨ ᠢᠳᠡᠭᠡᠨ ᠤᠮᠳᠠᠭᠠᠨ ᠪᠠ ᠬᠤᠨᠤᠭ᠍ᠯᠠᠬᠤ ᠦᠢᠯᠡᠴᠢᠯᠡᠭᠡ 1601 ᠬᠤᠪᠢ ᠪᠠᠢᠵᠤ᠂ ᠦᠢᠯᠡᠴᠢᠯᠡᠭᠡᠨ᠎ᠤ ᠲᠦᠷᠦᠯ᠎ᠤᠨ ᠵᠠᠭᠠᠯᠳᠤᠯᠭ᠎ᠠ᠎ᠶ᠋ᠢᠨ ᠬᠡᠮᠵᠢᠶᠡᠨ᠎ᠤ 23.43%᠎ᠶ᠋ᠢ ᠡᠵᠡᠯᠡᠪᠡ᠃ ᠡᠢᠮᠦᠷᠬᠦᠦ ᠲᠥᠷᠥᠯ᠎ᠤᠨ ᠵᠠᠭᠠᠯᠳᠤᠯᠭ᠎ᠠ᠎ᠶ᠋ᠢᠨ ᠳᠤᠮᠳᠠ᠂ ᠢᠳᠡᠭᠡᠨ ᠤᠮᠳᠠᠭᠠᠨ᠎ᠤ ᠦᠢᠯᠡᠴᠢᠯᠡᠭᠡ 1279 ᠬᠤᠪᠢ᠂ ᠬᠤᠨᠤᠭ᠎ᠤᠨ ᠦᠢᠯᠡᠴᠢᠯᠡᠭᠡ 322 ᠬᠤᠪᠢ ᠪᠠᠢᠪᠠ᠃

ᠵᠠᠭᠠᠯᠳᠤᠯᠭ᠎ᠠ᠎ᠶ᠋ᠢᠨ ᠬᠡᠮᠵᠢᠶ᠎ᠡ᠎ᠨᠢ ᠭᠤᠷᠪᠠᠳᠤᠭ᠋ᠠᠷ᠎ᠲᠤ ᠵᠢᠭ᠍ᠰᠠᠭᠠᠭ᠍ᠳᠠᠭ᠍ᠰᠠᠨ ᠵᠢᠰᠦ ᠭᠤᠶᠣᠯᠠᠵᠤ ᠦᠰᠦ ᠵᠠᠰᠠᠬᠤ ᠪᠡᠶ᠎ᠡ ᠤᠬᠢᠶᠠᠬᠤ ᠦᠢᠯᠡᠴᠢᠯᠡᠭᠡ 498 ᠬᠤᠪᠢ ᠪᠠᠢᠵᠤ᠂ ᠦᠢᠯᠡᠴᠢᠯᠡᠭᠡᠨ᠎ᠤ ᠲᠦᠷᠦᠯ᠎ᠤᠨ ᠵᠠᠭᠠᠯᠳᠤᠯᠭ᠎ᠠ᠎ᠶ᠋ᠢᠨ ᠶᠡᠷᠦᠩᠬᠡᠢ ᠬᠡᠮᠵᠢᠶᠡᠨ᠎ᠤ 7.29%᠎ᠶ᠋ᠢ ᠡᠵᠡᠯᠡᠪᠡ᠃ ᠡᠢᠮᠦᠷᠬᠦᠦ ᠲᠥᠷᠥᠯ᠎ᠤᠨ ᠵᠠᠭᠠᠯᠳᠤᠯᠭ᠎ᠠ ᠳᠤᠮᠳᠠ ᠵᠢᠰᠦ ᠭᠤᠶᠣᠯᠠᠵᠤ ᠦᠰᠦ ᠵᠠᠰᠠᠬᠤ ᠦᠢᠯᠡᠴᠢᠯᠡᠭᠡ 347 ᠬᠤᠪᠢ᠂ ᠪᠡᠶ᠎ᠡ ᠤᠬᠢᠶᠠᠬᠤ ᠢᠯᠢᠬᠦ᠌ ᠵᠠᠰᠠᠯᠭ᠎ᠠ᠎ᠶ᠋ᠢᠨ ᠦᠢᠯᠡᠴᠢᠯᠡᠭᠡ 151 ᠬᠤᠪᠢ ᠪᠠᠢᠪᠠ᠃

ᠵᠠᠭᠠᠯᠳᠤᠯᠭ᠎ᠠ᠎ᠶ᠋ᠢᠨ ᠬᠡᠮᠵᠢᠶ᠎ᠡ᠎ᠨᠢ ᠳᠦᠷᠪᠡᠳᠦᠭᠡᠷ ᠎ᠲᠤ ᠵᠢᠭ᠍ᠰᠠᠭᠠᠭ᠍ᠳᠠᠭ᠍ᠰᠠᠨ ᠣᠢᠯᠡᠳᠴᠦ᠍ ᠠᠷᠠᠴᠢᠯᠠᠬᠤ ᠪᠠ ᠰᠡᠯᠪᠢᠨ ᠵᠠᠰᠠᠬᠤ ᠦᠢᠯᠡᠴᠢᠯᠡᠭᠡ 352 ᠬᠤᠪᠢ ᠪᠠᠢᠵᠤ᠂ ᠦᠢᠯᠡᠴᠢᠯᠡᠭᠡᠨ᠎ᠤ ᠲᠥᠷᠥᠯ᠎ᠤᠨ ᠵᠠᠭᠠᠯᠳᠤᠯᠭ᠎ᠠ᠎ᠶ᠋ᠢᠨ ᠶᠡᠷᠦᠩᠬᠡᠶ ᠬᠡᠮᠵᠢᠶᠡᠨ᠎ᠤ 5.15%᠎ᠶ᠋ᠢ ᠡᠵᠡᠯᠡᠪᠡ᠃ ᠡᠢᠮᠦᠷᠬᠦᠤ ᠲᠥᠷᠥᠯ᠎ᠤᠨ ᠵᠠᠭᠠᠯᠳᠤᠯᠭ᠎ᠠ᠎ᠶ᠋ᠢᠨ ᠳᠤᠮᠳᠠ᠂ ᠮᠠᠱᠢᠨ ᠲᠡᠷᠭᠡ ᠮᠣᠲ᠋ᠣᠷ ᠲᠡᠷᠭᠡ᠎ᠶᠢᠨ ᠠᠷᠠᠴᠢᠯᠠᠨ ᠬᠠᠮᠠᠭᠠᠯᠠᠬᠤ ᠦᠢᠯᠡᠴᠢᠯᠡᠭᠡ 123 ᠬᠤᠪᠢ᠂ ᠴᠠᠬᠢᠯᠭᠠᠨ ᠬᠡᠷᠡᠭ᠌ᠰᠡᠯ᠎ᠤᠨ ᠰᠡᠯᠪᠢᠨ ᠵᠠᠰᠠᠬᠤ ᠦᠢᠯᠡᠴᠢᠯᠡᠭᠡ 102 ᠬᠤᠪᠢ᠂ ᠦᠢᠯᠡᠳᠬᠦ᠌ ᠦᠢᠯᠡᠴᠢᠯᠡᠭᠡ 74 ᠬᠤᠪᠢ᠂ ᠮᠠᠱᠢᠨᠲᠤ ᠪᠤᠰᠤ ᠲᠡᠷᠭᠡ᠎ᠶᠢᠨ ᠰᠡᠯᠪᠢᠨ ᠵᠠᠰᠠᠬᠤ ᠦᠢᠯᠡᠴᠢᠯᠡᠭᠡ 25 ᠬᠤᠪᠢ᠂ ᠬᠤᠪᠴᠠᠰᠤ ᠬᠤᠨᠠᠷ᠎ᠤᠨ ᠰᠡᠯᠪᠢᠨ ᠵᠠᠰᠠᠬᠤ ᠦᠢᠯᠡᠴᠢᠯᠡᠭᠡ 8 ᠬᠤᠪᠢ᠂ ᠪᠤᠰᠤᠳ ᠦᠢᠯᠡᠴᠢᠯᠡᠭᠡ 20 ᠬᠤᠪᠢ ᠪᠠᠢᠪᠠ᠃

ᠵᠠᠭᠠᠯᠳᠤᠯᠭ᠎ᠠ᠎ᠶ᠋ᠢᠨ ᠬᠡᠮᠵᠢᠶ᠎ᠡ᠎ᠨᠢ ᠲᠠᠪᠤᠳᠤᠭ᠋ᠠᠷ᠎ᠲᠤ ᠵᠢᠭ᠍ᠰᠠᠭᠠᠭ᠍ᠳᠠᠭ᠍ᠰᠠᠨ ᠰᠣᠶᠣᠯ ᠴᠡᠩᠭᠡᠯ ᠪᠡᠶ᠎ᠡ᠎ᠶ᠋ᠢᠨ ᠲᠠᠮᠢᠷ᠎ᠤᠨ ᠦᠢᠯᠡᠴᠢᠯᠡᠭᠡ 347 ᠬᠤᠪᠢ ᠪᠠᠢᠵᠤ᠂ ᠦᠢᠯᠡᠴᠢᠯᠡᠭᠡᠨ᠎ᠤ ᠲᠦᠷᠦᠯ᠎ᠤᠨ ᠵᠠᠭᠠᠯᠳᠤᠯᠭ᠎ᠠ᠎ᠶ᠋ᠢᠨ ᠶᠡᠷᠦᠩᠬᠡᠢ ᠬᠡᠮᠵᠢᠶᠡᠨ᠎ᠤ 5.08% ᠎ᠶ᠋ᠢ ᠡᠵᠡᠯᠡᠪᠡ᠃ ᠡᠢᠮᠦᠷᠬᠦᠦ ᠲᠥᠷᠥᠯ᠎ᠤᠨ ᠵᠠᠭᠠᠯᠳᠤᠯᠭ᠎ᠠ᠎ᠶ᠋ᠢᠨ ᠳᠤᠮᠳᠠ᠂ ᠪᠡᠶ᠎ᠡ ᠴᠢᠭᠢᠷᠠᠭ᠍ᠵᠢᠭᠤᠯᠬᠤ ᠦᠢᠯᠡᠴᠢᠯᠡᠭᠡ 147 ᠬᠤᠪᠢ᠂ ᠲᠣᠭᠤᠷᠢᠨ ᠦᠵᠡᠬᠦ᠌ ᠵᠤᠭ᠋ᠠᠴᠠᠨ ᠨᠠᠭ᠋ᠠᠳᠬᠤ ᠦᠢᠯᠡᠴᠢᠯᠡᠭᠡ 121 ᠬᠤᠪᠢ᠂  ᠺᠢᠨᠣ᠋ ᠭᠠᠷᠭᠠᠬᠤ ᠦᠢᠯᠡᠴᠢᠯᠡᠭᠡ 51ᠬᠤᠪᠢ᠂ ᠲᠣᠭ᠍ᠯᠠᠯᠲᠠ ᠤᠷᠠᠯᠢᠭ᠎ᠤᠨ ᠦᠢᠯᠡᠴᠢᠯᠡᠭᠡ 25 ᠬᠤᠪᠢ᠂ ᠨᠣᠮ᠎ᠤᠨ ᠰᠠᠩ ᠳᠠᠩᠰᠠ ᠡᠪᠬᠡᠮᠡᠯ᠎ᠤᠨ ᠭᠠᠵᠠᠷ᠎ᠤᠨ ᠦᠢᠯᠡᠴᠢᠯᠡᠭᠡ 2 ᠬᠤᠪᠢ᠂ ᠮᠥᠷᠥᠢ ᠰᠤᠭᠤᠯᠤᠭ᠎ᠠ᠎ᠶ᠋ᠢᠨ ᠦᠢᠯᠡᠴᠢᠯᠡᠭᠡ 1 ᠬᠤᠪᠢ ᠪᠠᠢᠪᠠ᠃

ᠦᠢᠯᠡᠴᠢᠯᠡᠭᠡᠨ᠎ᠤ ᠵᠠᠭᠠᠯᠳᠤᠯᠭ᠎ᠠ᠎ᠶ᠋ᠢᠨ ᠬᠠᠯᠠᠮᠰᠢᠯ ᠴᠡᠭ᠎ᠤᠨ ᠡᠮᠦᠨᠡᠬᠢ ᠠᠷᠪᠠᠨ ᠨᠡᠷᠡᠰ ᠎ᠨᠢ ᠤᠷᠢᠳᠴᠢᠯᠠᠨ ᠥᠭ᠌ᠬᠦ ᠺᠠᠷᠲ᠎ᠤᠨ ᠦᠢᠯᠡᠴᠢᠯᠡᠭᠡ 928 ᠬᠤᠪᠢ᠂ ᠬᠤᠭᠤᠯᠠᠨ ᠭᠡᠷ᠎ᠤᠨ ᠣᠢᠯᠡᠴᠢᠯᠡᠭᠡ 575 ᠬᠤᠪᠢ᠂ ᠵᠢᠵᠢᠭ᠌ᠯᠡᠨ ᠬᠤᠳᠠᠯᠳᠤᠬᠤ ᠦᠢᠯᠡᠴᠢᠯᠡᠭᠡ 311 ᠬᠤᠪᠢ᠂ ᠪᠠᠭᠤᠳᠠᠯ᠎ᠳᠤ ᠬᠣᠨᠣᠭ᠍ᠯᠠᠬᠤ ᠦᠢᠯᠡᠴᠢᠯᠡᠭᠡ 304 ᠬᠤᠪᠢ᠂ ᠢᠨᠲ᠋ᠧᠷ ᠰᠦᠯᠵᠢᠶᠡᠨ᠎ᠤ ᠱᠢᠭᠤᠳ ᠪᠣᠷᠣᠯᠠᠭᠤᠯᠬᠤ ᠦᠢᠯᠡᠴᠢᠯᠡᠭᠡ 255 ᠬᠤᠪᠢ᠂ ᠰᠤᠯᠠ ᠢᠳᠡᠭᠡᠨ᠎ᠤ ᠭᠡᠷ᠎ᠤᠨ ᠦᠢᠯᠡᠴᠢᠯᠡᠭᠡ 192 ᠬᠤᠪᠢ᠂ ᠥᠪᠡᠰᠦᠪᠡᠨ ᠰᠣᠩᠭᠣᠬᠤ ᠬᠤᠭᠤᠯᠠᠨ᠎ᠶᠢᠨ ᠦᠢᠯᠡᠴᠢᠯᠡᠭᠡ 117 ᠬᠤᠪᠢ᠂ ᠬᠠᠭᠤᠷᠠᠢ ᠤᠬᠢᠶᠠᠯᠭ᠎ᠠ᠎ᠶᠢᠨ ᠦᠢ᠍ᠯᠡᠴᠢᠯᠡᠭᠡ 113 ᠬᠤᠪᠢ᠂ ᠮᠠᠰᠢᠨ ᠲᠡᠷᠭᠡᠨ᠎ᠦ ᠰᠡᠯᠪᠢᠨ ᠵᠠᠰᠠᠬᠤ ᠦᠢ᠍ᠯᠡᠴᠢᠯᠡᠭᠡ105 ᠬᠤᠪᠢ᠂ ᠪᠡᠯᠡᠨ ᠬᠣᠭᠣᠯᠠ᠎ᠶᠢᠨ ᠭᠡᠷ᠎ᠦᠨ ᠦᠢᠯᠡᠴᠢᠯᠡᠭᠡ 94 ᠬᠤᠪᠢ  (ᠭᠥᠯᠢᠶᠡᠨ ᠠᠪᠤᠭᠰᠠᠨ ᠬᠡᠮᠵᠢᠶᠡᠨ᠎ᠳᠠᠬᠢ ᠪᠤᠢ ᠪᠦᠬᠦᠢ 《ᠪᠤᠰᠤᠳ》᠎ᠢ ᠨᠡᠷᠡᠰ᠎ᠤᠨ ᠵᠢᠭ᠍ᠰᠠᠭᠠᠯᠲᠠ᠎ᠳᠤ ᠣᠷᠣᠭᠤᠯᠬᠤ ᠦᠭᠡᠢ)᠂ ᠨᠡᠢ᠌ᠲᠡ ᠦᠢᠯᠡᠴᠢᠯᠡᠭᠡᠨ᠎ᠤ ᠲᠥᠷᠥᠯ᠎ᠤᠨ ᠵᠠᠭᠠᠯᠳᠤᠯᠭ᠎ᠠ᠎ᠶ᠋ᠢᠨ ᠶᠡᠷᠦᠩᠬᠡᠢ ᠬᠡᠮᠵᠢᠶᠡᠨ᠎ᠤ 43.81% ᠎ᠶ᠋ᠢ ᠡᠵᠡᠯᠡᠪᠡ᠃

ᠭᠤᠷᠪᠠ᠂ ᠢᠯᠡᠴᠢᠯᠡᠨ ᠮᠡᠳᠡᠭᠦᠯᠦᠯᠲᠡ᠎ᠶᠢᠨ ᠪᠠᠢᠳᠠᠯ᠎ᠤᠨ ᠲᠤᠭ᠎ᠠ ᠪᠠᠷᠢᠮᠲᠠ᠎ᠶ᠋ᠢᠨ ᠲᠤᠭ᠎ᠠ ᠪᠦᠷᠢᠳᠭᠡᠯ

11 ᠳ᠋ᠦ᠍ᠭᠡᠷ ᠰᠠᠷ᠎ᠠ᠎ᠳᠤ ᠢᠯᠡᠴᠢᠯᠡᠨ ᠮᠡᠳᠡᠭᠦᠯᠦᠯᠲᠡ᠎ᠶ᠋ᠢ 4120 ᠬᠤᠪᠢ ᠬᠦᠯᠢᠶᠡᠨ ᠠᠪᠴᠤ᠌᠂ ᠠᠳᠠᠯᠢ ᠬᠤᠭᠤᠴᠠᠭᠠᠨ᠎ᠤ᠎ᠬᠢ᠎ᠠᠴᠠ 28.67% ᠎ᠪᠠᠷ ᠨᠡᠮᠡᠭ᠌ᠳᠡᠪᠡ᠃ ᠡᠭᠦᠨ᠎ᠳᠤ᠂ ᠲᠠᠸᠠᠷ᠎ᠤᠨ ᠲᠥᠷᠥᠯ᠎ᠳᠤ  ᠬᠣᠯᠪᠣᠭᠳᠠᠭᠰᠠᠨ ᠨᠢ 2766 ᠬᠤᠪᠢ᠂ ᠦᠶ᠋ᠯᠡᠴᠢᠯᠡᠭᠡᠨ᠎ᠤ ᠲᠥᠷᠥᠯ᠎ᠳᠤ ᠬᠣᠯᠪᠣᠭᠳᠠᠭᠰᠠᠨ ᠨᠢ1354 ᠬᠤᠪᠢ᠂ 12 ᠳ᠋ᠤᠭ᠋ᠠᠷ ᠰᠠᠷ᠎ᠠ᠎ᠶ᠋ᠢᠨ 3 ᠎ᠤ ᠡᠳᠦᠷ ᠪᠣᠯᠲᠠᠯ᠎ᠠ ᠨᠡᠢᠲᠡ 2950 ᠬᠤᠪᠢ᠎ᠶ᠋ᠢ ᠱᠢᠶ᠋ᠳᠪᠦᠷᠢᠯᠡᠵᠦ᠍ ᠳᠠᠭᠤᠰᠭᠠᠪᠠ᠃

ᠢᠯᠡᠴᠢᠯᠡᠨ ᠮᠡᠳᠡᠭᠦᠯᠦᠭ᠌ᠰᠡᠨ᠎ᠶᠢ ᠬᠦᠯᠢᠶᠡᠨ ᠠᠪᠤᠭᠰᠠᠨ ᠬᠡᠮᠵᠢᠶᠡᠨ᠎ᠦ ᠡᠮᠦᠨᠡᠬᠢ ᠲᠠᠪᠤᠨ ᠨᠡᠷᠡᠰ᠎ᠲᠦ ᠵᠢᠭ᠍ᠰᠠᠭᠠᠭ᠍ᠳᠠᠭ᠍ᠰᠠᠨ ᠲᠠᠸᠠᠷ᠂ ᠦᠢᠯᠡᠴᠢᠯᠡᠭᠡᠨ᠎ᠤ ᠲᠥᠷᠥᠯ ᠬᠤᠪᠢᠶᠠᠷᠢᠯᠠᠯ᠎ᠤᠨ ᠬᠦᠰᠦᠨᠦᠭ᠌ᠲᠦ᠄

 

ᠲᠠᠸᠠᠷ᠎ᠤᠨ ᠲᠥᠷᠥᠯ᠎ᠤᠨ ᠢᠯᠡᠴᠢᠯᠡᠨ ᠮᠡᠳᠡᠭᠦᠯᠦᠭ᠌ᠰᠡᠨ᠎ᠢᠶᠠᠷ ᠬᠠᠮᠤᠭ᠎ᠤᠨ ᠣᠯᠠᠨ ᠢᠳᠡᠭᠡᠨ᠎ᠤ ᠲᠥᠷᠥᠯ 1754 ᠬᠤᠪᠢ ᠨᠢ ᠲᠠᠸᠠᠷ᠎ᠤᠨ ᠲᠥᠷᠥᠯ᠎ᠤᠨ ᠢᠯᠡᠴᠢᠯᠡᠨ ᠮᠡᠳᠡᠭᠦᠯᠦᠯᠲᠡ᠎ᠶᠢᠨ ᠶᠡᠷᠦᠩᠬᠡᠶ ᠬᠡᠮᠵᠢᠶᠡᠨ᠎ᠤ 63.41%᠎ᠶ᠋ᠢ ᠡᠵᠡᠯᠡᠪᠡ᠃ ᠢᠯᠡᠴᠢᠯᠡᠨ ᠮᠡᠳᠡᠭᠦᠯᠦᠯᠲᠡ᠎ᠨᠢ ᠭᠤᠤᠯᠳᠠᠭᠤ ᠡᠩ᠎ᠤᠨ ᠢᠳᠡᠭᠡᠨ᠂ ᠢᠳᠡᠭᠡᠨ᠎ᠤ ᠲᠠᠷᠢᠶᠠᠯᠠᠩ᠎ᠤᠨ ᠭᠠᠷᠤᠯᠲᠠ᠂ ᠠᠷᠢᠬᠢ ᠪᠠ ᠤᠮᠳᠠᠭᠠᠨ ᠵᠡᠷᠭᠡ᠎ᠳᠤ ᠬᠤᠯᠪᠣᠭ᠍ᠳᠠᠵᠤ᠂ ᠢᠯᠵᠠᠷᠠᠵᠤ ᠴᠢᠨᠠᠷ ᠬᠤᠪᠢᠷᠠᠬᠤ᠂ ᠸᠠᠯᠠᠵᠦ᠍ ᠬᠤᠷᠤᠬᠠᠢᠲᠣᠬᠣ᠂ ᠪᠤᠵᠠᠷ ᠪᠤᠷᠲᠠᠭ ᠴᠡᠪᠡᠷ ᠪᠤᠰᠤ᠂ ᠡᠯᠳᠡᠪ ᠵᠦᠢᠯ᠎ᠤᠨ ᠪᠣᠳᠠᠰ ᠬᠣᠯᠢᠭᠳᠠᠭᠰᠠᠨ᠂ ᠬᠤᠳᠠᠯ ᠬᠠᠭᠤᠷᠮᠠᠭ ᠡᠳ᠋ ᠬᠤᠯᠢᠬᠤ ᠪᠤᠶᠤ ᠰᠡᠷᠡᠯ᠎ᠦᠨ ᠡᠷᠬᠡᠲᠡᠨ᠎ᠦ ᠪᠡᠯᠭᠡ ᠲᠡᠮᠲᠡᠭ ᠬᠡᠪ᠎ᠤᠨ ᠪᠤᠰᠤ ᠢᠳᠡᠭᠡᠨ᠎ᠤ ᠵᠦᠢᠯ᠂ ᠦᠨ᠎ᠡ ᠬᠠᠩᠰᠢ᠂ ᠲᠠᠸᠠᠷ᠎ᠤᠨ ᠲᠡᠮᠳᠡᠭ᠂ ᠵᠠᠷ ᠮᠡᠳᠡᠭᠡ᠂ ᠵᠢᠩ ᠯᠠᠩ ᠳᠤᠲᠠᠬᠤ ᠵᠡᠷᠭᠡ ᠠᠰᠠᠭᠤᠳᠠᠯ᠎ᠢᠶᠠᠷ ᠭᠤᠤᠯ ᠪᠣᠯᠭᠠᠪᠠ᠃ ᠪᠤᠰᠤᠳ ᠢᠯᠡᠴᠢᠯᠡᠨ ᠮᠡᠳᠡᠭᠦᠯᠦᠯᠲᠡ᠎ᠪᠠᠷ ᠨᠡᠯᠢᠶᠡᠳ ᠣᠯᠠᠨ ᠲᠠᠸᠠᠷ ᠨᠢ ᠹᠢᠽᠢᠺ᠎ᠤᠨ ᠡᠮᠴᠢᠯᠡᠭᠡᠨ᠎ᠤ ᠪᠠᠭᠠᠵᠢ ᠬᠡᠷᠡᠭ᠌ᠰᠡᠯ᠂ ᠬᠢᠲᠠᠳ ᠡᠸᠦ᠋ᠷᠦᠫᠡ ᠪᠡᠯᠡᠨ ᠡᠮ᠂ ᠣᠨᠴᠠᠭᠠᠢ ᠪᠤᠰᠤ ᠬᠡᠷᠡᠭ᠌ᠴᠡᠭᠡᠲᠦ ᠵᠠᠰᠠᠯ ᠴᠢᠮᠡᠭᠯᠡᠯ᠎ᠤᠨ ᠡᠳ᠋᠂ ᠬᠢᠲᠠᠳ ᠪᠡᠯᠡᠨ ᠡᠮ᠂ ᠡᠳᠦᠷ ᠲᠤᠳᠤᠮ᠎ᠤᠨ ᠵᠢᠵᠢᠭ ᠪᠠᠷᠠᠭ᠎ᠠ᠎ᠶᠢᠨ ᠬᠡᠷᠡᠭ᠌ᠰᠡᠯ᠂ ᠲᠠᠸᠠᠷ᠎ᠤᠨ ᠭᠡᠷ ᠪᠠᠢᠱᠢᠩ᠂ ᠮᠠᠱᠢᠨ ᠲᠡᠷᠭᠡ ᠵᠢᠴᠢ ᠮᠠᠱᠢᠨ ᠲᠡᠷᠭᠡᠨ᠎ᠤ ᠰᠡᠯᠪᠢᠭ ᠲᠤᠨᠤᠭ᠂ ᠴᠠᠬᠢᠯᠭᠠᠨ ᠱᠠᠳᠤ ᠵᠡᠷᠭᠡ᠎ᠶ᠋ᠢ ᠪᠠᠭᠲᠠᠭ᠋ᠠᠨ᠂ ᠭᠤᠣᠯᠳᠠᠭᠤ ᠶᠠᠰᠤ ᠴᠢᠨᠠᠷ᠂ ᠦᠨ᠎ᠡ ᠬᠠᠩᠰᠢ᠂ ᠦᠨᠡᠮᠯᠡᠯ ᠦᠭᠡᠢ᠎ᠪᠠᠷ ᠡᠵᠡᠩᠨᠡᠬᠦ᠂ 《ᠭᠤᠷᠪᠠ ᠦᠭᠡᠢ》᠂ ᠬᠤᠳᠠᠯ ᠬᠠᠭᠤᠷᠮᠠᠭ ᠳᠠᠩᠰᠠᠯᠠᠭᠤᠯᠤᠭ᠍ᠰᠠᠨ ᠲᠠᠸᠠᠷ᠎ᠤᠨ ᠲᠡᠮᠳᠡᠭ᠂ ᠬᠠᠤᠯᠢ᠎ᠠᠴᠠ ᠵᠥᠷᠢᠴᠡᠭ᠌ᠰᠡᠨ ᠵᠠᠷ ᠮᠡᠳᠡᠭᠡ ᠵᠡᠷᠭᠡ ᠠᠰᠠᠭᠤᠳᠠᠯ᠎ᠳᠤ ᠬᠣᠯᠪᠣᠭ᠍ᠳᠠᠪᠠ᠃

ᠦᠢᠯᠡᠴᠢᠯᠡᠭᠡᠨ᠎ᠤ ᠲᠥᠷᠥᠯ᠎ᠤᠨ ᠢᠯᠡᠴᠢᠯᠡᠨ ᠮᠡᠳᠡᠭᠦᠯᠦᠭ᠌ᠰᠡᠨ᠎ᠢᠶᠠᠷ ᠬᠠᠮᠤᠭ᠎ᠤᠨ ᠣᠯᠠᠨ ᠢᠳᠡᠭᠡᠨ ᠤᠮᠳᠠᠭᠠᠨ ᠪᠠ ᠬᠤᠨᠤᠭ᠎ᠤᠨ ᠦᠢᠯᠡᠴᠢᠯᠡᠭᠡ 316 ᠬᠤᠪᠢ ᠨᠢ ᠦᠢᠯᠡᠴᠢᠯᠡᠭᠡᠨ᠎ᠤ ᠲᠥᠷᠥᠯ᠎ᠤᠨ ᠢᠯᠡᠴᠢᠯᠡᠨ ᠮᠡᠳᠡᠭᠦᠯᠦᠯᠲᠡ᠎ᠶᠢᠨ ᠶᠡᠷᠦᠩᠬᠡᠶ ᠬᠡᠮᠵᠢᠶᠡᠨ᠎ᠤ 23.34%᠎ᠶ᠋ᠢ ᠡᠵᠡᠯᠡᠪᠡ᠃ ᠢᠯᠡᠴᠢᠯᠡᠨ ᠮᠡᠳᠡᠭᠦᠯᠦᠯᠲᠡ᠎ᠶᠢᠨ ᠭᠤᠤᠯ ᠠᠰᠠᠭᠤᠳᠠᠯ᠎ᠨᠢ ᠶᠠᠰᠤ ᠴᠢᠨᠠᠷ᠂ ᠠᠮᠤᠷ ᠲᠦᠪᠱᠢᠨ᠂ ᠦᠨ᠎ᠡ ᠬᠠᠩᠰᠢ᠂ ᠦᠨᠡᠮᠯᠡᠯ ᠦᠭᠡᠢ᠎ᠪᠠᠷ ᠡᠵᠡᠩᠨᠡᠬᠦ᠌ ᠵᠡᠷᠭᠡ ᠪᠣᠯᠤᠨ᠎ᠠ᠃ ᠪᠤᠰᠤᠳ ᠢᠯᠡᠴᠢᠯᠡᠨ ᠮᠡᠳᠡᠭᠦᠯᠦᠯᠲᠡ᠎ᠪᠠᠷ ᠨᠡᠯᠢᠶᠡᠳ ᠣᠯᠠᠨ ᠦᠶ᠋ᠯᠡᠴᠢᠯᠡᠭᠡ᠎ᠨᠢ ᠭᠤᠤᠯᠳᠠᠭᠤ ᠤᠬᠢᠶᠠᠯᠭ᠎ᠠ᠎ᠶ᠋ᠢᠨ ᠢᠯᠢᠯᠭᠡ᠎ᠶ᠋ᠢᠨ ᠦᠶ᠋ᠯᠡᠴᠢᠯᠡᠭᠡ᠂ ᠵᠢᠵᠢᠭ᠌ᠯᠡᠨ ᠬᠤᠳᠠᠯᠳᠤᠬᠤ ᠦᠶ᠋ᠯᠡᠴᠢᠯᠡᠭᠡ᠂ ᠵᠢᠰᠦ ᠭᠤᠶᠤᠯᠠᠵᠦ ᠦᠰᠦ ᠵᠠᠰᠠᠬᠤ ᠦᠶ᠋ᠯᠡᠴᠢᠯᠡᠭᠡ᠂ ᠮᠡᠷᠭᠡᠵᠢᠯ ᠴᠢᠳᠠᠪᠤᠷᠢ᠎ᠶ᠋ᠢᠨ ᠪᠣᠯᠪᠠᠰᠤᠷᠠᠯ᠎ᠤᠨ ᠦᠶ᠋ᠯᠡᠴᠢᠯᠡᠭᠡ᠂ ᠡᠵᠡᠩᠨᠡᠯᠲᠡ᠎ᠶᠢᠨ ᠪᠤᠰᠣ  ᠴᠢᠨᠠᠷᠲᠠᠢ ᠢᠨᠲ᠋ᠧᠷ ᠰᠦᠯᠵᠢᠶᠠᠨ᠎ᠤ ᠦᠢ᠍ᠯᠡᠴᠢᠯᠡᠭᠡ᠂ ᠲᠣᠭᠣᠷᠢᠨ ᠦᠵᠡᠵᠦ ᠵᠤᠭ᠋ᠠᠴᠠᠨ ᠨᠠᠭ᠋ᠠᠳᠬᠤ ᠦᠶ᠋ᠯᠡᠴᠢᠯᠡᠭᠡ᠂ ᠡᠮᠨᠡᠯᠭᠡ᠎ᠶᠢᠨ ᠬᠤᠷᠢᠶᠠᠨ᠎ᠤ ᠦᠢ᠍ᠯᠡᠴᠢᠯᠡᠭᠡ ᠵᠡᠷᠭᠡ᠎ᠳᠤ ᠬᠤᠯᠪᠣᠭ᠍ᠳᠠᠵᠤ᠂ ᠭᠤᠣᠯᠳᠠᠭᠤ ᠦᠨᠡᠮᠯᠡᠯ ᠥᠬᠡᠶ᠎ᠪᠠᠷ ᠡᠵᠡᠩᠨᠡᠬᠦ᠂ ᠬᠤᠳᠠᠯ ᠬᠠᠭᠤᠷᠮᠠᠭ ᠎ᠢᠶᠠᠷ ᠤᠬᠠᠭᠤᠯᠬᠤ᠂ ᠦᠶ᠋ᠯᠡᠴᠢᠯᠡᠭᠡᠨ᠎ᠤ ᠶᠠᠰᠤ ᠴᠢᠨᠠᠷ ᠠᠨᠠᠢ ᠪᠠ ᠬᠡᠷᠡᠭ᠌ᠯᠡᠭ᠌ᠴᠢᠳ᠎ᠢ ᠮᠡᠬᠡᠯᠡᠬᠦ᠌ ᠠᠵᠢᠯᠯᠠᠭ᠎ᠠ ᠵᠡᠷᠭᠡ ᠠᠰᠠᠭᠤᠳᠠᠯ᠎ᠳᠦ ᠬᠣᠯᠪᠣᠭᠳᠠᠪᠠ᠃

ᠳᠥᠷᠪᠡ᠂ ᠵᠥᠪᠳᠡᠨ ᠯᠠᠪᠯᠠᠯᠤᠭ᠎ᠠ᠎ᠶ᠋ᠢᠨ ᠪᠠᠢᠳᠠᠯ᠎ᠤᠨ ᠲᠤᠭ᠎ᠠ ᠪᠠᠷᠢᠮᠲᠠ᠎ᠶ᠋ᠢᠨ ᠪᠦᠷᠢᠳᠭᠡᠯ

11 ᠳ᠋ᠦ᠍ᠭᠡᠷ ᠰᠠᠷ᠎ᠠ᠎ᠳᠤ ᠵᠥᠪᠳᠡᠨ ᠯᠠᠪᠯᠠᠯᠤᠭ᠎ᠠ16589 ᠬᠤᠪᠢ ᠭᠥᠯᠢᠶᠡᠨ ᠠᠪᠴᠤ᠌᠂ ᠠᠳᠠᠯᠢ ᠬᠤᠭᠤᠴᠠᠭᠠᠨ᠎ᠤ᠎ᠬᠢ᠎ᠠᠴᠠ 8.82% ᠎ᠪᠠᠷ ᠨᠡᠮᠡᠭᠳᠡᠪᠡ᠂ ᠡᠭᠦᠨ᠎ᠳᠤ ᠬᠡᠷᠡᠭ᠌ᠯᠡᠭᠡᠨ᠎ᠤ ᠡᠷᠬᠡ ᠠᠱᠢᠭ᠎ᠢᠶᠡᠨ ᠬᠠᠮᠠᠭᠠᠯᠠᠬᠤ ᠮᠡᠳᠡᠯᠭᠡ᠎ᠲᠠᠢ ᠬᠤᠯᠪᠣᠭ᠍ᠳᠠᠭ᠍ᠰᠠᠨ 6033 ᠬᠤᠪᠢ ᠪᠠᠢᠨ᠎ᠠ; ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠱᠢᠰᠲ᠋ᠧᠮ᠎ᠳᠤ ᠬᠤᠯᠪᠣᠭ᠍ᠳᠠᠭ᠍ᠰᠠᠨ 1182 ᠬᠤᠪᠢ᠂ ᠵᠥᠪᠳᠡᠨ ᠯᠠᠪᠯᠠᠯᠤᠭ᠎ᠠ᠎ᠶᠢᠨ ᠬᠡᠮᠵᠢᠶ᠎ᠡ ᠨᠡᠯᠢᠶᠡᠳ ᠣᠯᠠᠨ ᠠᠰᠠᠭᠤᠳᠠᠯ᠎ᠨᠢ᠄ ᠵᠠᠭᠠᠯᠳᠣᠯᠭ᠎ᠠ ᠢᠯᠡᠴᠢᠯᠡᠨ ᠮᠡᠳᠡᠭᠦᠯᠦᠯᠲᠡ᠎ᠶᠢ 380 ᠬᠤᠪᠢ ᠱᠢᠢᠳᠪᠣᠷᠢᠯᠡᠨ ᠳᠠᠭᠤᠰᠭ᠋ᠠᠵᠦ᠍᠂ ᠰᠦᠯᠵᠢᠶᠡᠨ᠎ᠤ ᠠᠷᠠᠯᠵᠢᠶ᠎ᠠ᠎ᠶ᠋ᠢᠨ ᠬᠢᠨᠠᠯᠲᠠ ᠬᠠᠮᠢᠶᠠᠷᠤᠯᠲᠠ 110 ᠬᠤᠪᠢ᠂ ᠵᠠᠬ᠎ᠠ ᠳᠡᠯᠭᠡᠭᠦᠷ᠎ᠤᠨ ᠭᠤᠣᠯ ᠴᠣᠭ᠍ᠴᠠ᠎ᠶ᠋ᠢᠨ ᠳᠠᠩᠰᠠᠯᠠᠨ  ᠲᠡᠮᠳᠡᠭᠯᠡᠯᠲᠡ 13 ᠬᠤᠪᠢ᠂ ᠦᠢᠯᠡᠴᠢᠯᠡᠭᠡᠨ᠎ᠤ ᠬᠡᠷᠡᠭ᠌ᠯᠡᠭᠡ᠎ᠶ᠋ᠢᠨ ᠬᠢᠨᠠᠯᠲᠠ ᠬᠠᠮᠢᠶᠠᠷᠤᠯᠲᠠ 12 ᠬᠤᠪᠢ᠂ ᠦᠢᠯᠡᠳᠬᠦᠨ (ᠲᠠᠸᠠᠷ)᠎ᠤ ᠶᠠᠰᠤ ᠴᠢᠨᠠᠷ 10 ᠬᠤᠪᠢ᠂ ᠦᠨ᠎ᠡ ᠬᠠᠩᠰᠢ ᠎ᠶᠢᠨ ᠬᠢᠨᠠᠯᠲᠠ ᠬᠠᠮᠢᠶᠠᠷᠣᠯᠲᠠ7 ᠬᠤᠪᠢ᠂ ᠢᠳᠡᠭᠡᠨ᠎ᠤ ᠬᠢᠨᠠᠯᠲᠠ ᠬᠠᠮᠢᠶᠠᠷᠤᠯᠲᠠ 5 ᠬᠤᠪᠢ ᠵᠡᠷᠭᠡ; ᠪᠤᠰᠤᠳ ᠰᠠᠯᠠᠭ᠎ᠠ ᠮᠥᠴᠢᠷ᠎ᠲᠤ ᠬᠣᠯᠪᠣᠭᠳᠠᠭᠰᠠᠨ ᠵᠥᠪᠳᠡᠨ ᠯᠠᠪᠯᠠᠯᠤᠭ᠎ᠠ ᠨᠢ ᠭᠤᠣᠯᠳᠠᠭᠤ ᠡᠷᠡᠭᠦᠯ ᠬᠠᠮᠠᠭᠠᠯᠠᠯ᠂ ᠵᠢᠭᠤᠯᠴᠢᠯᠠᠯ᠂ ᠵᠠᠮ ᠲᠡᠭᠡᠭᠡᠪᠦᠷᠢ᠎ᠶ᠋ᠢᠨ ᠬᠠᠮᠢᠶᠠᠷᠤᠯᠲᠠ᠂ ᠱᠢᠤᠳᠠᠨ᠂ ᠭᠠᠢᠯᠢ᠎ᠶ᠋ᠢᠨ ᠶᠠᠪᠤᠳᠠᠯ᠂ ᠳᠤᠯᠠᠭᠠᠯᠠᠭ᠎ᠠ ᠬᠠᠩᠭᠠᠬᠤ᠂ ᠤᠰᠤ ᠬᠠᠩᠭᠠᠬᠤ᠂ ᠴᠠᠬᠢᠯᠭᠠᠨ ᠬᠠᠩᠭᠠᠬᠤ᠂ ᠠᠳᠠᠯ ᠠᠬᠤᠶ᠂ ᠭᠡᠷ ᠪᠠᠢᠱᠢᠩ ᠭᠠᠵᠠᠷ ᠬᠥᠷᠥᠩᠭᠡ ᠵᠡᠷᠭᠡ᠎ᠳᠤ ᠬᠣᠯᠪᠣᠭᠳᠠᠪᠠ᠃

ᠲᠠᠢᠯᠪᠤᠷᠢ᠄ ᠳᠣᠭ᠎ᠠ ᠪᠠᠷᠢᠮᠲᠠ ᠪᠦᠬᠦ᠌ ᠤᠯᠤᠰ᠎ᠤᠨ 12315 ᠲᠠᠪᠴᠠᠩ ᠡᠴᠠ ᠢᠷᠡᠯᠲᠡ ᠲᠠᠢ

 

ᠢᠷᠡᠯᠲᠡ᠄ ᠬᠡᠷᠡᠭ᠌ᠯᠡᠭ᠌ᠴᠢᠳ᠎ᠦᠨ ᠡᠷᠬᠡ ᠠᠱᠢᠭ᠎ᠢ ᠬᠠᠮᠠᠭᠠᠯᠠᠬᠤ ᠣᠢᠯᠡᠴᠢᠯᠡᠭᠡᠨ᠎ᠤ ᠲᠥᠪ