ᠨᠢᠭᠡ᠂ ᠦᠨᠳᠦᠰᠦᠨ ᠪᠠᠶ᠋ᠢᠳᠠᠯ
2024 ᠣᠨ᠎ᠳᠤ ᠥᠪᠥᠷ ᠮᠣᠩᠭᠤᠯ᠎ᠤᠨ ᠪᠥᠬᠦ ᠤᠯᠤᠰ᠎ᠤᠨ 12315 ᠲᠠᠪᠴᠠᠩ᠎ᠨᠢ ᠬᠡᠷᠡᠭᠯᠡᠭᠴᠢᠳ᠎ᠤᠨ ᠵᠠᠭ᠋ᠠᠯᠳᠤᠯᠭ᠎ᠠ᠂ ᠢᠯᠡᠴᠢᠯᠡᠨ ᠮᠡᠳᠡᠭᠦᠯᠦᠯᠲᠡ᠂ ᠠᠰᠠᠭᠤᠨ ᠯᠠᠪᠯᠠᠯᠲᠠ ᠵᠢ ᠨᠡᠶ᠋ᠢᠲᠡ 380935 ᠬᠤᠪᠢ ᠭᠥᠯᠢᠶᠡᠨ ᠠᠪᠴᠤ᠂ ᠠᠳᠠᠯᠢ ᠬᠤᠭᠤᠴᠠᠭ᠋ᠠᠨ᠎ᠤ᠎ᠬᠢ᠎ᠠᠴᠠ 1.63%᠎ᠪᠠᠷ ᠨᠡᠮᠡᠭᠳᠡᠪᠡ᠃ ᠡᠭᠦᠨ᠎ᠳᠤ᠂ ᠵᠠᠭ᠋ᠠᠯᠳᠤᠯᠭ᠎ᠠ 158201 ᠬᠤᠪᠢ ᠪᠠᠶ᠋ᠢᠵᠤ᠂ ᠶᠡᠷᠦᠩᠬᠡᠶ ᠬᠡᠮᠵᠢᠶᠡᠨ᠎ᠤ 41.53% ᠵᠢ ᠡᠵᠡᠯᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 10.89%᠎ᠪᠠᠷ ᠨᠡᠮᠡᠭᠳᠡᠪᠡ; ᠢᠯᠡᠴᠢᠯᠡᠨ ᠮᠡᠳᠡᠭᠦᠯᠦᠯᠲᠡ 35182 ᠬᠤᠪᠢ ᠪᠠᠶ᠋ᠢᠵᠤ᠂ ᠶᠡᠷᠦᠩᠬᠡᠶ ᠬᠡᠮᠵᠢᠶᠡᠨ᠎ᠤ 9.24% ᠵᠢ ᠡᠵᠡᠯᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 8.25%᠎ᠪᠠᠷ ᠨᠡᠮᠡᠭᠳᠡᠪᠡ; ᠠᠰᠠᠭᠤᠨ ᠯᠠᠪᠯᠠᠯᠲᠠ 187552 ᠬᠤᠪᠢ ᠪᠠᠶ᠋ᠢᠵᠤ᠂ ᠶᠡᠷᠦᠩᠬᠡᠢ ᠬᠡᠮᠵᠢᠶᠡᠨ᠎ᠤ 49.23% ᠵᠢ ᠡᠵᠡᠯᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 6.06%᠎ᠪᠠᠷ ᠬᠠᠰᠤᠭᠳᠠᠪᠠ᠃ ᠮᠠᠷᠭᠤᠯᠳᠤᠭ᠋ᠠᠨ᠎ᠲᠠᠢ ᠬᠤᠯᠪᠣᠭᠳᠠᠭᠰᠠᠨ ᠵᠣᠭᠤᠰ᠎ᠤᠨ ᠲᠤᠭ᠎ᠠ 1.95 ᠳ᠋ᠦᠩᠰᠢᠭᠤᠷ ᠲᠥᠭᠦᠷᠢᠭ᠎ᠲᠤ ᠬᠦᠷᠴᠦ᠂ ᠬᠡᠷᠡᠭᠯᠡᠭᠴᠢᠳ᠎ᠲᠤ 6829.98 ᠲᠦᠮᠡᠨ ᠲᠥᠭᠦᠷᠢᠭ᠎ᠤᠨ ᠠᠵᠤ ᠠᠬᠤᠶ ᠵᠢᠨ ᠬᠤᠬᠢᠷᠠᠯ᠎ᠢ ᠡᠭᠡᠭᠦᠯᠦᠨ ᠠᠪᠴᠢᠷᠠᠵᠤ ᠥᠭᠴᠡᠶ᠃ 2025 ᠣᠨ᠎ᠤ 1 ᠳ᠋ᠦ᠍ᠭᠡᠷ ᠰᠠᠷ᠎ᠠ ᠵᠢᠨ 3᠎ᠤ ᠡᠳᠦᠷ ᠪᠣᠯᠲᠠᠯ᠎ᠠ ᠵᠠᠭ᠋ᠠᠯᠳᠤᠯᠭ᠎ᠠ ᠢᠯᠡᠴᠢᠯᠡᠨ ᠮᠡᠳᠡᠭᠦᠯᠦᠯᠲᠡ ᠵᠢ ᠨᠢᠭᠡᠨᠲᠡ 187140 ᠬᠤᠪᠢ ᠰᠢᠢ᠍ᠳᠪᠦᠷᠢᠯᠡᠵᠦ᠂ ᠰᠢᠢ᠍ᠳᠪᠦᠷᠢᠯᠡᠵᠦ ᠳᠠᠭᠤᠰᠬᠠᠭᠰᠠᠨ ᠨᠣᠷᠮ᠎ᠠ 96.77%᠎ᠳᠤ ᠬᠦᠷᠪᠡ᠃
2024 ᠣᠨ᠎ᠤ ᠪᠥᠬᠦ ᠣᠷᠣᠨ᠎ᠤ 12315 ᠲᠠᠪᠴᠠᠩ᠎ᠤᠨ ᠵᠠᠭ᠋ᠠᠯᠳᠤᠯᠭ᠎ᠠ ᠢᠯᠡᠴᠢᠯᠡᠨ ᠮᠡᠳᠡᠭᠦᠯᠦᠯᠲᠡ ᠠᠰᠠᠭᠤᠨ ᠯᠠᠪᠯᠠᠯᠲᠠ ᠵᠢᠨ ᠬᠡᠮᠵᠢᠶᠡᠨ᠎ᠤ ᠠᠳᠠᠯᠢ ᠬᠤᠭᠤᠴᠠᠭ᠋ᠠᠨ᠎ᠤ ᠬᠠᠷᠢᠴᠠᠭᠤᠯᠤᠯ᠎ᠤᠨ ᠵᠢᠷᠤᠭ᠄

ᠡᠯ᠎ᠡ ᠠᠶ᠋ᠢᠮᠠᠭ ᠬᠤᠲᠠ ᠵᠢᠨ ᠵᠠᠭ᠋ᠠᠯᠳᠤᠯᠭ᠎ᠠ ᠢᠯᠡᠴᠢᠯᠡᠨ ᠮᠡᠳᠡᠭᠦᠯᠦᠯᠲᠡ ᠵᠢᠨ ᠬᠡᠮᠵᠢᠶᠡᠨ᠎ᠤ ᠪᠠᠶ᠋ᠢᠳᠠᠯ᠎ᠤᠨ ᠪᠦᠷᠢᠳᠬᠡᠯ᠎ᠤᠨ ᠬᠦᠰᠦᠨᠦᠭᠲᠦ (ᠨᠢᠭᠡᠴᠢ᠄ ᠬᠤᠪᠢ)

ᠵᠠᠭ᠋ᠠᠯᠳᠤᠯᠭ᠎ᠠ ᠢᠯᠡᠴᠢᠯᠡᠨ ᠮᠡᠳᠡᠭᠦᠯᠦᠯᠲᠡ ᠠᠰᠠᠭᠤᠨ ᠯᠠᠪᠯᠠᠯᠲᠠ ᠵᠢᠨ ᠶᠡᠷᠦᠩᠬᠡᠶ ᠬᠡᠮᠵᠢᠶᠡᠨ᠎ᠤ ᠡᠮᠦᠨ᠎ᠡ ᠭᠤᠷᠪᠠ᠎ᠳᠤ ᠵᠢᠭᠰᠠᠭ᠋ᠠᠭᠳᠠᠭᠰᠠᠨ᠎ᠨᠢ ᠬᠥᠬᠡᠬᠣᠲᠠ᠂ ᠪᠤᠭᠤᠲᠤ ᠬᠣᠲᠠ᠂ ᠤᠯᠠᠭ᠋ᠠᠨᠬᠠᠳᠠ ᠬᠣᠲᠠ ᠪᠣᠯᠤᠨ᠎ᠠ᠃ ᠡᠯ᠎ᠡ ᠵᠦᠢ᠍ᠯ᠎ᠤᠨ ᠲᠤᠭ᠎ᠠ ᠪᠠᠷᠢᠮᠲᠠ᠎ᠳᠤ ᠵᠠᠭ᠋ᠠᠯᠳᠤᠯᠭ᠎ᠠ ᠵᠢᠨ ᠬᠡᠮᠵᠢᠶ᠎ᠡ ᠡᠮᠦᠨ᠎ᠡ ᠭᠤᠷᠪᠠ᠎ᠳᠤ ᠵᠢᠭᠰᠠᠭ᠋ᠠᠭᠳᠠᠭᠰᠠᠨ᠎ᠨᠢ ᠬᠥᠬᠡᠬᠤᠲᠠ᠂ ᠤᠯᠠᠭ᠋ᠠᠨᠬᠠᠳᠠ ᠬᠤᠲᠠ᠂ ᠪᠤᠭᠤᠲᠤ ᠬᠤᠲᠠ ᠪᠠᠢ᠌ᠵᠤ᠂ ᠢᠯᠡᠴᠢᠯᠡᠨ ᠮᠡᠳᠡᠭᠦᠯᠦᠯᠲᠡ ᠵᠢᠨ ᠬᠡᠮᠵᠢᠶ᠎ᠡ ᠡᠮᠦᠨ᠎ᠡ ᠭᠤᠷᠪᠠ᠎ᠳᠤ ᠵᠢᠭᠰᠠᠭ᠋ᠠᠭᠳᠠᠭᠰᠠᠨ᠎ᠨᠢ ᠬᠥᠬᠡᠬᠤᠲᠠ᠂ ᠪᠤᠭᠤᠲᠤ ᠬᠤᠲᠠ᠂ ᠤᠯᠠᠭ᠋ᠠᠨᠬᠠᠳᠠ ᠬᠤᠲᠠ ᠪᠣᠯᠣᠨ᠎ᠠ᠃
ᠬᠥᠬᠡᠬᠣᠲᠠ᠂ ᠪᠤᠭᠤᠲᠤ ᠬᠣᠲᠠ᠂ ᠤᠯᠠᠭ᠋ᠠᠨᠬᠠᠳᠠ ᠬᠣᠲᠠ᠂ ᠪᠠᠶᠠᠨᠨᠠᠭᠤᠷ ᠬᠣᠲᠠ᠂ ᠤᠯᠠᠭ᠋ᠠᠨᠴᠠᠪ ᠬᠤᠳᠠ᠂ ᠣᠷᠳᠣᠰ ᠬᠤᠳᠠ᠂ ᠲᠦᠩᠯᠢᠶᠣᠤ ᠬᠣᠲᠠ ᠵᠡᠷᠭᠡ ᠭᠠᠵᠠᠷ ᠣᠷᠣᠨ᠎ᠤ ᠬᠡᠷᠡᠭᠯᠡᠭᠡ ᠵᠢᠨ ᠨᠡᠶ᠋ᠢᠲᠡ ᠴᠣᠭᠴᠠ ᠨᠡᠯᠢᠶᠡᠳ ᠶᠡᠬᠡ᠂ ᠬᠡᠷᠡᠭᠯᠡᠭᠡ ᠵᠢᠨ ᠵᠠᠬ᠎ᠠ ᠳᠡᠯᠭᠡᠭᠦᠷ ᠨᠡᠯᠢᠶᠡᠳ ᠬᠥᠭᠵᠢᠶᠡᠨᠲᠡᠶ ᠪᠠᠶ᠋ᠢᠵᠤ᠂ ᠪᠤᠶ ᠪᠣᠯᠤᠭᠰᠠᠨ ᠬᠡᠷᠡᠭᠯᠡᠭᠡ ᠵᠢᠨ ᠵᠢᠭᠤᠷᠠᠯᠳᠤᠭ᠋ᠠᠨ ᠴᠤ᠌ ᠨᠡᠯᠢᠶᠡᠳ ᠣᠯᠠᠨ ᠪᠠᠶ᠋ᠢᠵᠤ᠂ ᠬᠡᠷᠡᠭᠯᠡᠭᠴᠢᠳ᠎ᠤᠨ ᠡᠷᠬᠡ᠎ᠪᠠᠨ ᠬᠠᠮᠠᠭ᠋ᠠᠯᠠᠬᠤ ᠦᠵᠡᠯ ᠤᠬᠠᠮᠰᠠᠷ ᠪᠣᠯᠤᠨ ᠨᠡᠶ᠋ᠢᠭᠡᠮ᠎ᠤᠨ ᠬᠠᠷᠢᠭᠤᠴᠠᠯᠭ᠎ᠠ ᠵᠢᠨ ᠦᠵᠡᠯ ᠤᠬᠠᠮᠰᠠᠷ ᠨᠡᠯᠢᠶᠡᠳ ᠴᠢᠩᠭ᠎ᠠ ᠪᠠᠶ᠋ᠢᠨ᠎ᠠ᠃
ᠪᠦᠬᠦ ᠵᠢᠯ᠎ᠤᠨ ᠵᠠᠭ᠋ᠠᠯᠳᠤᠯᠭ᠎ᠠ ᠢᠯᠡᠴᠢᠯᠡᠨ ᠮᠡᠳᠡᠭᠦᠯᠦᠯᠲᠡ ᠠᠰᠠᠭᠤᠨ ᠯᠠᠪᠯᠠᠯᠲᠠ ᠵᠢᠨ ᠬᠡᠮᠵᠢᠶᠡᠨ᠎ᠤ ᠰᠠᠷ᠎ᠠ ᠵᠢᠨ ᠪᠦᠷᠢᠳᠭᠡᠯ᠎ᠤᠨ ᠬᠦᠰᠦᠨᠦᠭᠲᠦ (ᠨᠢᠭᠡᠴᠢ᠄ ᠬᠤᠪᠢ)

ᠪᠥᠬᠦ ᠵᠢᠯ᠎ᠤᠨ ᠵᠠᠭ᠋ᠠᠯᠳᠤᠯᠭ᠎ᠠ ᠢᠯᠡᠴᠢᠯᠡᠨ ᠮᠡᠳᠡᠭᠦᠯᠦᠯᠲᠡ ᠠᠰᠠᠭᠤᠨ ᠯᠠᠪᠯᠠᠯᠲᠠ ᠵᠢᠨ ᠬᠡᠮᠵᠢᠶᠡᠨ᠎ᠤ ᠰᠠᠷ᠎ᠠ ᠵᠢᠨ ᠬᠠᠨᠳᠤᠰᠢ ᠵᠢᠨ ᠵᠢᠷᠤᠭ᠄

ᠪᠥᠬᠦ ᠵᠢᠯ᠎ᠤᠨ ᠡᠯ᠎ᠡ ᠰᠠᠷ᠎ᠠ ᠵᠢᠨ ᠵᠠᠭ᠋ᠠᠯᠳᠤᠯᠭ᠎ᠠ ᠢᠯᠡᠴᠢᠯᠡᠨ ᠮᠡᠳᠡᠭᠦᠯᠦᠯᠲᠡ ᠠᠰᠠᠭᠤᠨ ᠯᠠᠪᠯᠠᠯᠲᠠ ᠵᠢᠨ ᠬᠡᠮᠵᠢᠶᠡᠨ᠎ᠤ ᠬᠠᠨᠲᠤᠰᠢ᠎ᠠᠴᠠ ᠦᠵᠡᠪᠡᠯ᠂ 2 ᠳ᠋ᠤᠭ᠋ᠠᠷ ᠰᠠᠷ᠎ᠠ ᠶᠠᠭ ᠰᠠᠶᠢᠬᠠᠨ ᠴᠠᠭ᠋ᠠᠨ ᠰᠠᠷ᠎ᠠ ᠵᠢᠨ ᠬᠤᠭᠤᠴᠠᠭ᠎ᠠ ᠪᠠᠢ᠌ᠵᠤ᠂ ᠪᠥᠬᠦ ᠣᠷᠣᠨ᠎ᠤ ᠡᠯ᠎ᠡ ᠱᠠᠲᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠬᠠᠤᠯᠢ ᠬᠡᠷᠡᠭᠵᠢᠭᠦᠯᠬᠦ ᠡᠷᠴᠢᠮ ᠵᠶ᠋ᠠᠨ ᠴᠢᠩᠭ᠋ᠠᠷᠠᠭᠤᠯᠵᠤ᠂ ᠵᠠᠬ᠎ᠠ ᠳᠡᠯᠭᠡᠭᠦᠷ᠎ᠤᠨ ᠡᠮᠬᠢ ᠵᠢᠷᠤᠮ᠎ᠢ ᠴᠢᠩᠭ᠎ᠠ ᠵᠢᠷᠤᠮᠵᠢᠭᠤᠯᠤᠨ᠂ ᠬᠡᠷᠡᠭᠯᠡᠭᠡ ᠵᠢᠨ ᠣᠷᠴᠢᠨ ᠨᠥᠬᠦᠴᠡᠯ ᠡᠳᠦᠷ ᠢᠷᠡᠬᠦᠶ᠎ᠡ ᠲᠣᠭᠲᠠᠭᠤᠨ ᠪᠠ ᠡᠷᠡᠭᠦᠯ ᠴᠢᠬᠢᠷᠠᠭᠵᠢᠵᠤ᠂ ᠡᠯ᠎ᠡ ᠵᠦᠢ᠍ᠯ᠎ᠤᠨ ᠲᠤᠭ᠎ᠠ ᠪᠠᠷᠢᠮᠲᠠ ᠨᠡᠯᠢᠶᠡᠳ ᠳᠣᠣᠷ᠎ᠠ ᠪᠠᠢ᠌ᠪᠠ; 3 ᠳ᠋ᠤᠭ᠋ᠠᠷ ᠰᠠᠷ᠎ᠠ 《3 • 15》᠎ᠤ ᠠᠵᠢᠯᠯᠠᠭ᠎ᠠ ᠵᠢᠨ ᠨᠥᠯᠥᠭᠡ ᠵᠢ ᠭᠥᠷᠳᠡᠵᠦ᠂ ᠬᠡᠷᠡᠭᠯᠡᠭᠴᠢᠳ 3 • 15᠎ᠤ ᠬᠤᠭᠤᠴᠠᠭ᠋ᠠᠨ᠎ᠳᠤ ᠲᠣᠰ ᠪᠡᠶ᠎ᠡ ᠵᠢᠨ ᠬᠡᠷᠡᠭᠯᠡᠭᠡ ᠵᠢᠨ ᠡᠷᠬᠡ ᠠᠰᠢᠭ ᠵᠶ᠋ᠠᠨ ᠬᠠᠮᠠᠭ᠋ᠠᠯᠠᠨ᠂ ᠬᠡᠷᠡᠭᠯᠡᠭᠡᠨ᠎ᠤ ᠵᠢᠭᠤᠷᠠᠯᠳᠤᠭ᠋ᠠᠨ ᠵᠶ᠋ᠡᠨ ᠰᠢᠢ᠍ᠳᠪᠦᠷᠢᠯᠡᠬᠦ ᠵᠢ ᠬᠦᠰᠡᠵᠦ᠂ ᠡᠯ᠎ᠡ ᠵᠦᠢ᠍ᠯ᠎ᠤᠨ ᠲᠤᠭ᠎ᠠ ᠪᠠᠷᠢᠮᠲᠠ ᠶᠡᠭᠡ᠎ᠪᠠᠷ ᠨᠡᠮᠡᠭᠳᠡᠪᠡ; 4 ᠳ᠋ᠦ᠍ᠭᠡᠷ ᠰᠠᠷ᠎ᠠ᠎ᠠᠴᠠ ᠬᠤᠶ᠋ᠢᠰᠢ ᠲᠤᠭ᠎ᠠ ᠪᠠᠷᠢᠮᠲᠠ ᠶᠡᠷᠦᠩᠬᠡᠶ᠎ᠳᠤ᠎ᠪᠠᠨ ᠲᠣᠭᠲᠠᠭᠤᠨ ᠬᠠᠨᠳᠤᠰᠢ ᠭᠠᠷᠪᠠ᠃ 7᠂ 8 ᠳ᠋ᠤᠭ᠋ᠠᠷ ᠰᠠᠷ᠎ᠠ ᠶᠠᠭ ᠵᠣᠨ᠎ᠤ ᠠᠮᠠᠷᠠᠯᠲᠠ ᠵᠢᠨ ᠬᠤᠭᠤᠴᠠᠭ᠎ᠠ ᠪᠠᠢ᠌ᠵᠤ᠂ ᠭᠠᠳᠠᠭᠰᠢ ᠭᠠᠷᠬᠤ ᠠᠵᠢᠯᠯᠠᠭ᠋ᠠᠨ᠎ᠤ ᠬᠡᠷᠡᠭᠯᠡᠭᠡᠨ᠎ᠤ ᠨᠡᠮᠡᠭᠳᠡᠯ᠎ᠠᠴᠠ ᠪᠣᠯᠵᠣ᠂ ᠵᠠᠭ᠋ᠠᠯᠳᠤᠯᠭ᠎ᠠ ᠬᠠᠷᠢᠴᠠᠩᠭᠤᠶ᠎ᠪᠠᠷ ᠣᠯᠠᠰᠢᠷᠠᠭᠰᠠᠨ ᠪᠠᠶ᠋ᠢᠨ᠎ᠠ; 11 ᠳ᠋ᠦ᠍ᠭᠡᠷ ᠰᠠᠷ᠎ᠠ ᠰᠦᠯᠵᠢᠶᠡᠨ᠎ᠠᠴᠠ ᠬᠤᠳᠠᠯᠳᠤᠨ ᠠᠪᠬᠤ ᠪᠠᠶᠠᠷ᠎ᠤᠨ ᠨᠥᠯᠥᠭᠡ᠎ᠠᠴᠠ ᠪᠣᠯᠵᠣ᠂ ᠪᠣᠳᠠᠲᠤ ᠴᠣᠭᠴᠠ ᠵᠢᠨ ᠳᠡᠯᠭᠡᠭᠦᠷ ᠴᠤ᠌ ᠬᠤᠶ᠋ᠢᠨ᠎ᠠ ᠬᠤᠶ᠋ᠢᠨ᠎ᠠ᠎ᠠᠴᠠ᠎ᠪᠠᠨ ᠬᠠᠷᠠᠭ᠋ᠠᠯᠵᠠᠯ ᠦᠵᠡᠭᠦᠯᠦᠨ ᠬᠢᠮᠳᠠᠷᠠᠬᠤ ᠠᠵᠢᠯᠯᠠᠭ᠎ᠠ ᠥᠷᠨᠢᠭᠦᠯᠵᠦ᠂ ᠵᠠᠭ᠋ᠠᠯᠳᠤᠯᠭ᠎ᠠ ᠢᠯᠡᠴᠢᠯᠡᠨ ᠮᠡᠳᠡᠭᠦᠯᠦᠯᠲᠡ ᠵᠢᠨ ᠬᠡᠮᠵᠢᠶ᠎ᠡ ᠴᠤ᠌ ᠡᠳᠦᠶ ᠲᠡᠳᠦᠶ᠎ᠪᠠᠷ ᠨᠡᠮᠡᠭᠳᠡᠪᠡ᠃
ᠬᠤᠶᠠᠷ᠂ ᠵᠠᠭ᠋ᠠᠯᠳᠤᠯᠭ᠎ᠠ ᠵᠢᠨ ᠪᠠᠶ᠋ᠢᠳᠠᠯ᠎ᠤᠨ ᠲᠤᠭ᠎ᠠ ᠪᠠᠷᠢᠮᠳᠠ ᠵᠢᠨ ᠪᠦᠷᠢᠳᠬᠡᠯ
ᠪᠦᠬᠦ ᠵᠢᠯ᠎ᠳᠤ ᠬᠡᠷᠡᠭᠯᠡᠭᠴᠢᠳ᠎ᠤᠨ ᠵᠠᠭ᠋ᠠᠯᠳᠤᠯᠭ᠎ᠠ ᠵᠢ ᠨᠡᠶ᠋ᠢᠲᠡ 158201 ᠬᠤᠪᠢ ᠬᠦᠯᠢᠶᠡᠨ ᠠᠪᠴᠤ᠂ ᠠᠳᠠᠯᠢ ᠬᠤᠭᠤᠴᠠᠭ᠋ᠠᠨ᠎ᠤ᠎ᠬᠢ᠎ᠠᠴᠠ 10.89%᠎ᠪᠠᠷ ᠨᠡᠮᠡᠭᠳᠡᠪᠡ᠃ ᠡᠭᠦᠨ᠎ᠳᠤ᠂ ᠲᠠᠸᠠᠷ᠎ᠤᠨ ᠲᠥᠷᠥᠯ᠎ᠲᠠᠢ ᠬᠣᠯᠪᠣᠭᠳᠠᠭᠰᠠᠨ 94183 ᠬᠤᠪᠢ᠂ ᠦᠢ᠍ᠯᠡᠴᠢᠯᠡᠭᠡᠨ ᠤ ᠲᠥᠷᠥᠯ ᠲᠠᠢ ᠬᠣᠯᠪᠣᠭᠳᠠᠭᠰᠠᠨ 64018 ᠬᠤᠪᠢ ᠪᠤᠶ᠃ ᠮᠠᠷᠭᠤᠭ᠋ᠠᠨ᠎ᠲᠠᠢ ᠬᠤᠯᠪᠣᠭᠳᠠᠭᠰᠠᠨ ᠵᠣᠭᠤᠰ᠎ᠤᠨ ᠲᠤᠭ᠎ᠠ ᠨᠡᠶ᠋ᠢᠲᠡ 1.95 ᠳ᠋ᠦᠩᠰᠢᠭᠤᠷ ᠲᠥᠭᠦᠷᠢᠭ᠎ᠲᠤ ᠬᠦᠷᠴᠦ᠂ ᠬᠡᠷᠡᠭᠯᠡᠭᠴᠢᠳ᠎ᠲᠤ 6829.98 ᠲᠦᠮᠡᠨ ᠲᠥᠭᠦᠷᠢᠭ᠎ᠤᠨ ᠠᠵᠤ ᠠᠬᠤᠶ ᠵᠢᠨ ᠬᠤᠬᠢᠷᠠᠯ᠎ᠢ ᠡᠭᠡᠭᠦᠯᠦᠨ ᠠᠪᠴᠢᠷᠠᠵᠤ ᠥᠭᠴᠡᠶ᠃ 2025 ᠣᠨ᠎ᠤ 1 ᠳ᠋ᠦ᠍ᠭᠡᠷ ᠰᠠᠷ᠎ᠠ ᠵᠢᠨ 3᠎ᠤ ᠡᠳᠦᠷ ᠪᠣᠯᠲᠠᠯ᠎ᠠ 153360 ᠬᠤᠪᠢ ᠬᠡᠷᠡᠭ᠎ᠢ ᠨᠢᠭᠡᠨᠲᠡ ᠰᠢᠢ᠍ᠳᠪᠦᠷᠢᠯᠡᠨ ᠳᠠᠭᠤᠰᠬᠠᠵᠤ᠂ ᠰᠢᠢ᠍ᠳᠪᠦᠷᠢᠯᠡᠵᠦ ᠳᠠᠭᠤᠰᠬᠠᠭᠰᠠᠨ ᠨᠣᠷᠮ᠎ᠠ 96.94%᠎ᠳᠤ ᠬᠦᠷᠪᠡ᠃
ᠬᠡᠷᠡᠭᠯᠡᠭᠡᠨ᠎ᠤ ᠲᠥᠷᠥᠯ ᠢᠯᠭ᠋ᠠᠯ᠎ᠢ ᠬᠦᠰᠦᠨᠦᠭᠲᠦ (ᠨᠢᠭᠡ)᠂ (ᠬᠤᠶᠠᠷ)᠎ᠠᠴᠠ ᠦᠵᠡ᠄
(ᠨᠢᠭᠡ) ᠲᠠᠸᠠᠷ᠎ᠤᠨ ᠲᠥᠷᠥᠯ᠎ᠳᠤ ᠬᠣᠯᠪᠣᠭᠳᠠᠭᠰᠠᠨ (ᠨᠢᠭᠡᠴᠢ᠄ ᠬᠤᠪᠢ)


ᠲᠠᠸᠠᠷ᠎ᠤᠨ ᠲᠥᠷᠥᠯ᠎ᠤᠨ ᠵᠠᠭ᠋ᠠᠯᠳᠤᠯᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 17.67%᠎ᠪᠠᠷ ᠨᠡᠮᠡᠭᠳᠡᠪᠡ᠃ ᠵᠠᠭ᠋ᠠᠯᠳᠤᠯᠭ᠎ᠠ ᠵᠢᠨ ᠬᠡᠮᠵᠢᠶᠡᠨ᠎ᠤ ᠡᠮᠦᠨ᠎ᠡ ᠲᠠᠪᠤ᠎ᠳᠤ ᠵᠢᠭᠰᠠᠭ᠋ᠠᠭᠳᠠᠭᠰᠠᠨ ᠲᠠᠸᠠᠷ᠎ᠤᠨ ᠶᠡᠭᠡ ᠲᠦᠷᠦᠯ᠎ᠨᠢ ᠲᠤᠰ ᠲᠤᠰ ᠢᠳᠡᠭᠡᠨ 47968 ᠬᠤᠪᠢ᠂ ᠬᠤᠪᠴᠠᠰᠤ ᠬᠤᠨᠠᠷ ᠱᠠᠬᠠᠶ ᠮᠠᠯᠠᠭ᠋ᠠᠶ 8433 ᠵᠠᠬ᠎ᠠ᠂ ᠵᠠᠮ ᠬᠠᠷᠢᠯᠴᠠᠭ᠋ᠠᠨ᠎ᠤ ᠪᠠᠭ᠋ᠠᠵᠢ 6353 ᠬᠤᠪᠢ᠂ ᠭᠡᠷ᠎ᠤᠨ ᠡᠳ᠋ᠯᠡᠯ ᠬᠡᠷᠡᠭᠰᠡᠯ 4437 ᠬᠤᠪᠢ᠂ ᠴᠢᠮᠡᠭᠡ ᠬᠤᠯᠪᠣᠭ᠋ᠠᠨ᠎ᠤ ᠦᠢ᠍ᠯᠡᠳᠬᠦᠨ 2711 ᠬᠤᠪᠢ ᠪᠠᠶ᠋ᠢᠪᠠ᠃
ᠵᠠᠭ᠋ᠠᠯᠳᠤᠯᠭ᠎ᠠ ᠵᠢᠨ ᠬᠡᠮᠵᠢᠶᠡᠨ᠎ᠤ ᠡᠮᠦᠨ᠎ᠡ ᠲᠠᠪᠤ᠎ᠳᠤ ᠵᠢᠭᠰᠠᠭ᠋ᠠᠭᠳᠠᠭᠰᠠᠨ ᠲᠠᠸᠠᠷ᠎ᠤᠨ ᠶᠡᠭᠡ ᠲᠦᠷᠦᠯ᠎ᠤᠨ ᠲᠠᠸᠠᠷ᠎ᠤᠨ ᠵᠠᠭ᠋ᠠᠯᠳᠤᠯᠭ᠎ᠠ ᠵᠢᠨ ᠶᠡᠷᠦᠩᠬᠡᠢ ᠬᠡᠮᠵᠢᠶ᠎ᠡ᠎ᠳᠠᠬᠢ ᠡᠵᠡᠯᠡᠬᠦ ᠬᠠᠷᠢᠴᠠᠯ᠎ᠤᠨ ᠳᠤᠭᠤᠢ ᠬᠡᠯᠪᠡᠷᠢᠲᠦ ᠵᠢᠷᠤᠭ᠄

ᠵᠠᠭ᠋ᠠᠯᠳᠤᠯᠭ᠎ᠠ ᠵᠢᠨ ᠬᠡᠮᠵᠢᠶᠡᠨ᠎ᠤ ᠨᠢᠭᠡᠳᠦᠭᠡᠷ᠎ᠲᠤ ᠵᠢᠭᠰᠠᠭ᠋ᠠᠭᠳᠠᠭᠰᠠᠨ᠎ᠨᠢ ᠢᠳᠡᠭᠡᠨ᠎ᠤ ᠲᠥᠷᠥᠯ 47968 ᠬᠤᠪᠢ ᠪᠠᠶ᠋ᠢᠵᠤ᠂ ᠲᠠᠸᠠᠷ᠎ᠤᠨ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠤ 50.93% ᠵᠢ ᠡᠵᠡᠯᠡᠪᠡ᠃ ᠡᠢ᠌ᠮᠦᠷᠬᠦᠦ ᠲᠥᠷᠥᠯ᠎ᠤᠨ ᠵᠠᠭ᠋ᠠᠯᠳᠤᠯᠭ᠎ᠠ᠎ᠳᠤ ᠂ ᠡᠩ᠎ᠤᠨ ᠢᠳᠡᠭᠡᠨ 37748 ᠬᠤᠪᠢ᠂ ᠠᠷᠢᠬᠢ ᠪᠠ ᠤᠮᠳᠠᠭ᠋ᠠᠨ 4848 ᠬᠤᠪᠢ᠂ ᠢᠳᠡᠭᠡᠨ᠎ᠤ ᠲᠠᠷᠢᠶᠠᠯᠠᠩ᠎ᠤᠨ ᠪᠦᠲᠦᠭᠡᠭᠳᠡᠬᠦᠨ 3893 ᠬᠤᠪᠢ᠂ ᠢᠳᠡᠭᠡᠨ᠎ᠳᠤ ᠬᠤᠯᠪᠣᠭᠳᠠᠬᠤ ᠪᠦᠲᠦᠭᠡᠭᠳᠡᠬᠦᠨ 712 ᠬᠤᠪᠢ᠂ ᠨᠢᠯᠬ᠎ᠠ ᠬᠡᠦᠬᠡᠳ᠎ᠤᠨ ᠨᠠᠶ᠋ᠢᠷᠠᠯᠭ᠎ᠠ᠎ᠲᠠᠢ ᠰᠦᠨ ᠲᠠᠯᠬ᠎ᠠ 420 ᠬᠤᠪᠢ᠂ ᠡᠷᠡᠭᠦᠯᠵᠢᠯ᠎ᠤᠨ ᠢᠳᠡᠭᠡᠨ 325 ᠬᠤᠪᠢ᠂ ᠣᠨᠴᠠᠭ᠋ᠠᠢ ᠠᠨᠠᠭ᠋ᠠᠬᠤ ᠤᠬᠠᠭ᠋ᠠᠨ᠎ᠤ ᠬᠡᠷᠡᠭᠴᠡᠭᠡᠲᠦ ᠨᠠᠶ᠋ᠢᠷᠠᠯᠭ᠎ᠠ᠎ᠲᠠᠢ ᠢᠳᠡᠭᠡᠨ 22 ᠬᠤᠪᠢ ᠪᠠᠢ᠌ᠪᠠ ᠃ ᠵᠠᠭ᠋ᠠᠯᠳᠤᠯᠭ᠎ᠠ᠎ᠨᠢ ᠭᠣᠣᠯᠳᠠᠭᠤ ᠦᠢ᠍ᠯᠡᠳᠬᠦᠨ᠎ᠤ ᠶᠠᠰᠤ ᠴᠢᠨᠠᠷ ᠪᠣᠯᠣᠨ ᠦᠨ᠎ᠡ ᠵᠢᠨ ᠠᠰᠠᠭᠤᠳᠠᠯ᠎ᠢ ᠲᠤᠰᠬᠠᠪᠠ ᠃
ᠵᠠᠭ᠋ᠠᠯᠳᠤᠯᠭ᠎ᠠ ᠵᠢᠨ ᠬᠡᠮᠵᠢᠶᠡᠨ᠎ᠤ ᠬᠤᠶᠠᠳᠤᠭ᠋ᠠᠷ᠎ᠲᠤ ᠵᠢᠭᠰᠠᠭ᠋ᠠᠭᠳᠠᠭᠰᠠᠨ᠎ᠨᠢ ᠬᠤᠪᠴᠠᠰᠤ ᠬᠤᠨᠠᠷ ᠱᠠᠬᠠᠢ ᠮᠠᠯᠠᠭ᠋ᠠᠢ 8433 ᠬᠤᠪᠢ ᠪᠠᠶ᠋ᠢᠵᠤ᠂ ᠲᠠᠸᠠᠷ᠎ᠤᠨ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠤ 8.95% ᠵᠢ ᠡᠵᠡᠯᠡᠪᠡ᠃ ᠡᠶ᠋ᠢᠮᠦᠷᠬᠦᠦ ᠲᠦᠷᠦᠯ᠎ᠤᠨ ᠵᠠᠭ᠋ᠠᠯᠳᠤᠯᠭ᠎ᠠ᠎ᠳᠤ᠂ ᠱᠠᠬᠠᠶ 2 829 ᠵᠠᠬ᠎ᠠ᠂ ᠭᠠᠳᠠᠷ ᠬᠤᠪᠴᠠᠰᠤ 2302 ᠵᠠᠬ᠎ᠠ᠂ ᠥᠮᠥᠳᠥ 935 ᠵᠠᠬ᠎ᠠ᠂ ᠪᠠᠩᠵᠠᠯ 774 ᠵᠠᠬ᠎ᠠ᠂ ᠬᠠᠨᠵᠢᠶᠠᠷ 368 ᠵᠠᠬ᠎ᠠ᠂ ᠨᠣᠣᠰᠣᠨ ᠬᠠᠨᠲᠠᠭ᠋ᠠᠰᠤ 278 ᠬᠤᠪᠢ ᠪᠠᠶ᠋ᠢᠪᠠ᠃ ᠭᠤᠤᠯ ᠠᠰᠠᠭᠤᠳᠠᠯ᠎ᠨᠢ ᠱᠠᠬᠠᠶ ᠰᠡᠲᠡᠷᠡᠬᠦ ᠨᠠᠭ᠋ᠠᠯᠲᠠ᠎ᠨᠢ ᠰᠠᠯᠤᠭᠰᠠᠨ᠂ ᠬᠤᠪᠴᠠᠰᠤ ᠬᠤᠨᠠᠷ᠎ᠤᠨ ᠥᠩᠭᠡ᠎ᠨᠢ ᠪᠠᠭᠤᠷᠠᠵᠤ ᠬᠡᠯᠪᠡᠷᠢ᠎ᠨᠢ ᠬᠤᠪᠢᠷᠠᠭᠰᠠᠨ᠂ ᠬᠤᠳᠠᠯᠳᠤᠭ᠋ᠠᠴᠢᠨ 《ᠭᠤᠷᠪᠠ ᠵᠢ ᠳᠠᠭ᠋ᠠᠭ᠋ᠠᠴᠢᠯᠠᠬᠤ》 ᠲᠣᠭᠲᠠᠭ᠋ᠠᠯ᠎ᠢ ᠭᠦᠢ᠍ᠴᠡᠳᠬᠡᠭᠰᠡᠨ ᠥᠬᠡᠶ ᠵᠢᠴᠢ ᠬᠤᠳᠠᠯᠳᠤᠭᠰᠠᠨ᠎ᠤ ᠳᠠᠷᠠᠭ᠋ᠠᠬᠢ ᠬᠠᠷᠢᠭᠤᠴᠠᠯᠭ᠎ᠠ ᠵᠢᠨ ᠮᠠᠷᠭᠤᠯᠳᠤᠭ᠋ᠠᠨ ᠵᠡᠷᠭᠡ ᠪᠣᠯᠤᠨ᠎ᠠ᠃
ᠵᠠᠭ᠋ᠠᠯᠳᠤᠯᠭ᠎ᠠ ᠵᠢᠨ ᠬᠡᠮᠵᠢᠶᠡᠨ᠎ᠤ ᠭᠤᠷᠪᠠᠳᠤᠭ᠋ᠠᠷ᠎ᠲᠤ ᠵᠢᠭᠰᠠᠭ᠋ᠠᠭᠳᠠᠭᠰᠠᠨ᠎ᠨᠢ ᠵᠠᠮ ᠬᠠᠷᠢᠯᠴᠠᠭ᠋ᠠᠨ᠎ᠤ ᠪᠠᠭ᠋ᠠᠵᠢ ᠬᠡᠷᠡᠭᠰᠡᠯ᠎ᠤᠨ ᠲᠥᠷᠥᠯ 6353 ᠪᠠᠶ᠋ᠢᠵᠤ᠂ ᠲᠠᠸᠠᠷ᠎ᠤᠨ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠤ 6.75% ᠵᠢ ᠡᠵᠡᠯᠡᠪᠡ᠃ ᠡᠶ᠋ᠢᠮᠦᠷᠬᠦᠦ ᠲᠦᠷᠦᠯ᠎ᠤᠨ ᠵᠠᠭ᠋ᠠᠯᠳᠤᠯᠭ᠎ᠠ᠎ᠳᠤ᠂ ᠮᠠᠰᠢᠨ ᠲᠡᠷᠭᠡ ᠪᠠ ᠮᠠᠰᠢᠨ ᠲᠡᠷᠭᠡᠨ᠎ᠤ ᠰᠡᠯᠪᠢᠭ ᠲᠣᠨᠤᠭ 5042 ᠬᠤᠪᠢ᠂ ᠮᠣᠲ᠋ᠣᠷ ᠲᠡᠷᠭᠡ ᠲᠤᠰᠠᠯᠠᠬᠤ ᠬᠦᠴᠦᠨ᠎ᠤ ᠲᠡᠷᠭᠡ 656 ᠬᠤᠪᠢ᠂ ᠳᠤᠭᠤᠢ ᠲᠡᠷᠭᠡ ᠵᠢᠴᠢ ᠰᠡᠯᠪᠢᠭ ᠲᠣᠨᠤᠭ 655 ᠬᠤᠪᠢ ᠪᠠᠶ᠋ᠢᠪᠠ᠃ ᠭᠣᠣᠯᠳᠠᠭᠤ ᠲᠤᠰᠬᠠᠭᠰᠠᠨ᠎ᠨᠢ ᠮᠠᠰᠢᠨ ᠲᠡᠷᠭᠡ ᠬᠤᠳᠠᠯᠳᠤᠨ ᠠᠪᠬᠤ ᠬᠠᠮᠢᠶ᠎ᠠ ᠪᠥᠬᠦᠶ ᠭᠡᠷ᠎ᠡ ᠵᠢᠨ ᠮᠠᠷᠭᠤᠭ᠋ᠠᠨ ᠪᠠᠢ᠌ᠵᠤ᠂ ᠮᠠᠰᠢᠨ ᠲᠡᠷᠭᠡᠨ᠎ᠤ 《ᠭᠤᠷᠪᠠ ᠵᠢ ᠳᠠᠭ᠋ᠠᠭ᠋ᠠᠴᠢᠯᠠᠬᠤ》 ᠵᠢᠴᠢ ᠬᠤᠳᠠᠯᠳᠤᠭᠰᠠᠨ᠎ᠤ ᠳᠠᠷᠠᠭ᠋ᠠᠬᠢ ᠰᠡᠯᠪᠢᠨ ᠵᠠᠰᠠᠬᠤ᠂ ᠮᠠᠰᠢᠨ ᠲᠡᠷᠭᠡᠨ᠎ᠤ ᠰᠡᠯᠪᠢᠭ ᠲᠣᠨᠤᠭ᠎ᠤᠨ ᠶᠠᠰᠤ ᠴᠢᠨᠠᠷ᠎ᠤᠨ ᠠᠰᠠᠭᠤᠳᠠᠯ ᠵᠡᠷᠭᠡ ᠪᠣᠯᠣᠨ᠎ᠠ᠃
ᠵᠠᠭ᠋ᠠᠯᠳᠤᠯᠭ᠎ᠠ ᠵᠢᠨ ᠬᠡᠮᠵᠢᠶᠡᠨ᠎ᠤ ᠳᠦᠷᠪᠡᠳᠦᠭᠡᠷ᠎ᠲᠤ ᠵᠢᠭᠰᠠᠭ᠋ᠠᠭᠳᠠᠭᠰᠠᠨ᠎ᠨᠢ ᠭᠡᠷ᠎ᠤᠨ ᠬᠡᠷᠡᠭᠰᠡᠯ᠎ᠤᠨ ᠲᠥᠷᠥᠯ 4437 ᠪᠠᠶ᠋ᠢᠵᠤ᠂ ᠲᠠᠸᠠᠷ᠎ᠤᠨ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠢ ᠬᠡᠮᠵᠢᠶᠡᠨ᠎ᠤ 4.71% ᠵᠢ ᠡᠵᠡᠯᠡᠵᠡᠢ᠃ ᠡᠢ᠌ᠮᠦᠷᠬᠦᠦ ᠲᠥᠷᠥᠯ᠎ᠤᠨ ᠵᠠᠭ᠋ᠠᠯᠳᠤᠯᠭ᠎ᠠ᠎ᠳᠤ᠂ ᠭᠡᠷ᠎ᠤᠨ ᠬᠡᠷᠡᠭᠰᠡᠯ 2173 ᠬᠤᠪᠢ᠂ ᠲᠣᠭᠤᠭ᠋ᠠᠨ ᠭᠡᠷ᠎ᠤᠨ ᠬᠡᠷᠡᠭᠰᠡᠯ 612 ᠬᠤᠪᠢ᠂ ᠡᠳᠦᠷ ᠲᠤᠲᠤᠮ᠎ᠤᠨ ᠬᠡᠷᠡᠭᠯᠡᠭᠡᠨ᠎ᠤ ᠵᠦᠢ᠍ᠯ 516 ᠬᠤᠪᠢ᠂ ᠨᠢᠳᠦᠨ ᠰᠢᠯ 341 ᠬᠤᠪᠢ᠂ ᠴᠠᠭ 271 ᠬᠤᠪᠢ᠂ ᠪᠣᠭᠴᠤ ᠬᠠᠶ᠋ᠢᠷᠴᠠᠭ 186 ᠬᠤᠪᠢ᠂ ᠣᠷᠣ ᠳᠡᠭᠡᠷᠡᠬᠢ ᠬᠡᠷᠡᠭᠰᠡᠯ 168 ᠬᠤᠪᠢ᠂ ᠠᠷᠢᠭᠤᠨ ᠴᠡᠪᠡᠷ᠎ᠤᠨ ᠬᠡᠷᠡᠭᠰᠡᠯ 145 ᠬᠤᠪᠢ ᠪᠠᠢ᠌ᠪᠠ᠃ ᠵᠠᠭ᠋ᠠᠯᠳᠤᠯᠭ᠎ᠠ ᠵᠢᠨ ᠭᠤᠣᠯ ᠠᠰᠠᠭᠤᠳᠠᠯ᠎ᠨᠢ ᠲᠠᠸᠠᠷ᠎ᠤᠨ ᠶᠠᠰᠤ ᠴᠢᠨᠠᠷ᠎ᠤᠨ ᠮᠠᠷᠭᠤᠯᠳᠤᠭ᠋ᠠᠨ᠂ ᠭᠡᠷ᠎ᠡ᠎ᠳᠤ ᠪᠣᠯᠵᠣᠨ ᠲᠣᠭᠲᠠᠭᠰᠠᠨ ᠶᠣᠰᠣᠭ᠋ᠠᠷ ᠲᠠᠸᠠᠷ ᠬᠠᠩᠭ᠋ᠠᠵᠤ ᠥᠭᠭᠦᠭᠰᠡᠨ ᠦᠭᠡᠢ᠂ ᠬᠤᠳᠠᠯᠳᠤᠭᠰᠠᠨ᠎ᠤ ᠳᠠᠷᠠᠭ᠋ᠠᠬᠢ ᠡᠭᠦᠷᠭᠡ ᠵᠢᠨ ᠮᠠᠷᠭᠤᠯᠳᠤᠭ᠋ᠠᠨ ᠵᠢᠴᠢ ᠵᠠᠬᠢᠶᠠᠯᠠᠭ᠎ᠠ ᠵᠢᠨ ᠮᠥᠩᠭᠦ ᠵᠢ ᠪᠤᠴᠠᠭ᠋ᠠᠵᠤ ᠥᠭᠭᠦᠭᠰᠡᠨ ᠡᠰᠡᠬᠦ ᠵᠢᠨ ᠶᠠᠪᠤᠳᠠᠯ᠎ᠤᠳ ᠪᠣᠯᠤᠨ᠎ᠠ᠃
ᠵᠠᠭ᠋ᠠᠯᠳᠤᠯᠭ᠎ᠠ ᠵᠢᠨ ᠬᠡᠮᠵᠢᠶᠡᠨ᠎ᠤ ᠲᠠᠪᠤᠳᠤᠭ᠋ᠠᠷ᠎ᠲᠤ ᠵᠢᠭᠰᠠᠭ᠋ᠠᠭᠳᠠᠭᠰᠠᠨ᠎ᠨᠢ ᠴᠢᠮᠡᠭᠡ ᠬᠤᠯᠪᠣᠭ᠋ᠠᠨ᠎ᠤ ᠦᠢ᠍ᠯᠡᠳᠬᠦᠨ᠎ᠤ ᠲᠥᠷᠥᠯ 2711 ᠬᠤᠪᠢ ᠪᠠᠶ᠋ᠢᠵᠤ᠂ ᠲᠠᠸᠠᠷ᠎ᠤᠨ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠤ 2.88% ᠵᠢ ᠡᠵᠡᠯᠡᠪᠡ᠃ ᠡᠢ᠌ᠮᠦᠷᠬᠦᠦ ᠲᠦᠷᠦᠯ᠎ᠤᠨ ᠵᠠᠭ᠋ᠠᠯᠳᠤᠯᠭ᠎ᠠ᠎ᠳᠤ᠂ ᠰᠢᠯᠵᠢᠮᠡᠯ ᠤᠲᠠᠰᠤ ᠵᠢᠴᠢ ᠰᠡᠯᠪᠢᠭ ᠲᠣᠨᠣᠭ 2494 ᠬᠤᠪᠢ᠂ ᠶᠠᠷᠢᠯᠴᠠᠭᠤᠷ ᠮᠠᠰᠢᠨ 12 ᠬᠤᠪᠢ᠂ ᠲᠣᠭᠲᠠᠮᠠᠯ ᠳ᠋ᠢᠶᠠᠩᠬᠤᠸᠠ 5 ᠬᠤᠪᠢ᠂ ᠪᠤᠰᠤᠳ ᠴᠢᠮᠡᠭᠡ ᠨᠡᠪᠲᠡᠷᠡᠯᠭᠡ ᠵᠢᠨ ᠦᠢ᠍ᠯᠡᠳᠬᠦᠨ 200 ᠬᠤᠪᠢ ᠪᠠᠢ᠌ᠪᠠ᠃ ᠵᠠᠭ᠋ᠠᠯᠳᠤᠯᠭ᠎ᠠ ᠵᠢᠨ ᠲᠤᠰᠬᠠᠯ ᠨᠡᠯᠢᠶᠡᠳ ᠣᠯᠠᠨ ᠪᠠᠶ᠋ᠢᠭ᠎ᠠ᠎ᠨᠢ ᠦᠢ᠍ᠯᠡᠳᠬᠦᠨ᠎ᠤ ᠶᠠᠰᠤ ᠴᠢᠨᠠᠷ ᠵᠢᠴᠢ ᠬᠤᠳᠠᠯᠳᠤᠭᠰᠠᠨ᠎ᠤ ᠳᠠᠷᠠᠭ᠋ᠠᠬᠢ ᠦᠢ᠍ᠯᠡᠴᠢᠯᠡᠭᠡᠨ᠎ᠤ ᠠᠰᠠᠭᠤᠳᠠᠯ᠎ᠤᠳ ᠪᠣᠯᠣᠨ᠎ᠠ᠃
ᠪᠦᠬᠦ ᠵᠢᠯ᠎ᠤᠨ ᠲᠠᠸᠠᠷ᠎ᠤᠨ ᠵᠠᠭ᠋ᠠᠯᠳᠤᠯᠭ᠎ᠠ ᠵᠢᠨ ᠬᠠᠯᠠᠮᠰᠢᠯ ᠴᠡᠭ᠎ᠤᠨ ᠡᠮᠦᠨ᠎ᠡ ᠠᠷᠪᠠ᠎ᠳᠤ ᠵᠢᠭᠰᠠᠭ᠋ᠠᠭᠳᠠᠭᠰᠠᠨ᠎ᠨᠢ ᠡᠩ᠎ᠤᠨ ᠰᠠᠭᠤᠳᠠᠯ᠎ᠤᠨ ᠲᠡᠷᠭᠡ 3438 ᠬᠤᠪᠢ᠂ ᠠᠮᠤ ᠭᠤᠯᠢᠷ ᠵᠢᠴᠢ ᠲᠡᠭᠦᠨ᠎ᠤ ᠪᠦᠲᠦᠭᠡᠭᠳᠡᠬᠦᠨ (ᠥᠪᠡᠷᠲᠡᠭᠡᠨ ᠦᠢ᠍ᠯᠡᠳᠦᠭᠰᠡᠨ) 2400 ᠬᠤᠪᠢ᠂ ᠭᠠᠷ ᠤᠲᠠᠰᠤ 2065 ᠬᠤᠪᠢ᠂ ᠮᠢᠬᠠᠨ᠎ᠤ ᠪᠦᠲᠦᠭᠡᠭᠳᠡᠬᠦᠨ (ᠥᠪᠡᠷᠲᠡᠭᠡᠨ ᠦᠢ᠍ᠯᠡᠳᠦᠭᠰᠡᠨ) 1784 ᠬᠤᠪᠢ᠂ ᠪᠣᠷᠴᠠ ᠵᠢᠨ ᠲᠥᠷᠥᠯ 1543 ᠬᠤᠪᠢ᠂ ᠲᠠᠮᠢᠷ᠎ᠤᠨ ᠬᠥᠳᠡᠯᠭᠡᠭᠡᠨ᠎ᠤ ᠱᠠᠬᠠᠶ 1302 ᠵᠠᠬ᠎ᠠ᠂ ᠲᠠᠯᠬ᠎ᠠ 1177 ᠬᠤᠪᠢ᠂ ᠪᠠᠺᠲ᠋ᠧᠷᠢ ᠤᠰᠠᠳᠬᠠᠭᠰᠠᠨ ᠰᠦ 1074 ᠬᠤᠪᠢ᠂ ᠣᠨᠴᠠᠭ᠋ᠠᠶ ᠪᠤᠰᠤ ᠬᠡᠷᠡᠭᠴᠡᠭᠡᠲᠦ ᠵᠠᠰᠠᠯ ᠴᠢᠮᠡᠭᠯᠡᠯ᠎ᠤᠨ ᠡᠳ᠋ 1021 ᠬᠤᠪᠢ᠂ ᠲᠣᠰᠣᠨ᠎ᠳᠤ ᠪᠤᠴᠠᠯᠭ᠋ᠠᠭᠰᠠᠨ ᠳᠥᠭᠦᠮ ᠭᠤᠯᠢᠷ 908 ᠬᠤᠪᠢ (ᠭᠥᠯᠢᠶᠡᠨ ᠠᠪᠤᠭᠰᠠᠨ ᠬᠡᠮᠵᠢᠶᠡᠨ᠎ᠳᠠᠬᠢ ᠪᠦᠬᠦ 《ᠪᠤᠰᠤᠳ》᠎ᠢ ᠨᠡᠷᠡᠰ᠎ᠤᠨ ᠵᠢᠭᠰᠠᠭ᠋ᠠᠯᠲᠠ᠎ᠳᠤ ᠪᠣᠳᠣᠵᠤ ᠣᠷᠣᠭᠤᠯᠤᠭᠰᠠᠨ ᠦᠭᠡᠢ) ᠪᠠᠶ᠋ᠢᠵᠤ᠂ ᠬᠤᠳᠠᠯᠳᠤᠭ᠋ᠠᠨ᠎ᠤ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠤ 17.74% ᠵᠢ ᠡᠵᠡᠯᠡᠪᠡ᠃
(ᠬᠤᠶᠠᠷ) ᠦᠢ᠍ᠯᠡᠴᠢᠯᠡᠭᠡᠨ᠎ᠤ ᠲᠥᠷᠥᠯ᠎ᠳᠤ ᠬᠣᠯᠪᠣᠭᠳᠠᠭᠰᠠᠨ (ᠨᠢᠭᠡᠴᠢ᠄ ᠬᠤᠪᠢ)

ᠦᠢ᠍ᠯᠡᠴᠢᠯᠡᠭᠡᠨ᠎ᠤ ᠲᠥᠷᠥᠯ᠎ᠤᠨ ᠵᠠᠭ᠋ᠠᠯᠳᠤᠯᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ᠎ᠪᠠᠨ 2.21%᠎ᠪᠠᠷ ᠨᠡᠮᠡᠭᠳᠡᠪᠡ᠃ ᠵᠠᠭ᠋ᠠᠯᠳᠤᠯᠭ᠎ᠠ ᠵᠢᠨ ᠬᠡᠮᠵᠢᠶᠡᠨ᠎ᠤ ᠡᠮᠦᠨ᠎ᠡ ᠲᠠᠪᠤ᠎ᠳᠤ ᠵᠢᠭᠰᠠᠭ᠋ᠠᠭᠳᠠᠭᠰᠠᠨ ᠦᠢ᠍ᠯᠡᠴᠢᠯᠡᠭᠡᠨ᠎ᠤ ᠶᠡᠭᠡ ᠲᠥᠷᠥᠯ᠎ᠨᠢ ᠲᠣᠰ ᠲᠣᠰ 14008 ᠬᠤᠪᠢ᠂ ᠢᠳᠡᠭᠡᠨ ᠤᠮᠳᠠᠭ᠋ᠠᠨ ᠪᠠ ᠬᠤᠨᠤᠭ ᠪᠠᠭᠤᠳᠠᠯ᠎ᠤᠨ ᠦᠢ᠍ᠯᠡᠴᠢᠯᠡᠭᠡ 13985 ᠬᠤᠪᠢ᠂ ᠵᠢᠰᠦ ᠭᠤᠶᠣᠯᠠᠵᠤ ᠦᠰᠦ ᠵᠠᠰᠠᠵᠤ ᠪᠡᠶ᠎ᠡ ᠤᠬᠢᠶᠠᠬᠤ ᠦᠢ᠍ᠯᠡᠴᠢᠯᠡᠭᠡ 4222 ᠬᠤᠪᠢ᠂ ᠰᠤᠷᠭ᠋ᠠᠨ ᠬᠦᠮᠦᠵᠢᠯ ᠪᠣᠯᠪᠠᠰᠤᠷᠠᠯ᠎ᠤᠨ ᠦᠢ᠍ᠯᠡᠴᠢᠯᠡᠭᠡ 4052 ᠬᠤᠪᠢ᠂ ᠰᠣᠶᠣᠯ ᠴᠡᠩᠭᠡᠯ ᠪᠡᠶ᠎ᠡ ᠵᠢᠨ ᠲᠠᠮᠢᠷ᠎ᠤᠨ ᠦᠢ᠍ᠯᠡᠴᠢᠯᠡᠭᠡ 3289 ᠬᠤᠪᠢ ᠪᠠᠶ᠋ᠢᠪᠠ᠃
ᠵᠠᠭ᠋ᠠᠯᠳᠤᠯᠭ᠎ᠠ ᠵᠢᠨ ᠬᠡᠮᠵᠢᠶᠡᠨ᠎ᠤ ᠡᠮᠦᠨ᠎ᠡ ᠲᠠᠪᠤᠨ ᠶᠡᠭᠡ ᠲᠥᠷᠥᠯ᠎ᠤᠨ ᠦᠢ᠍ᠯᠡᠴᠢᠯᠡᠭᠡᠨ᠎ᠤ ᠶᠡᠭᠡ ᠲᠥᠷᠥᠯ᠎ᠳᠠᠬᠢ ᠦᠢ᠍ᠯᠡᠴᠢᠯᠡᠭᠡᠨ᠎ᠤ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠤ ᠬᠠᠷᠢᠴᠠᠯ᠎ᠤᠨ ᠳᠤᠭᠤᠢ ᠬᠡᠯᠪᠡᠷᠢᠲᠦ ᠵᠢᠷᠤᠭ᠄

ᠵᠠᠭ᠋ᠠᠯᠳᠤᠯᠭ᠎ᠠ ᠵᠢᠨ ᠬᠡᠮᠵᠢᠶᠡᠨ᠎ᠤ ᠨᠢᠭᠡᠳᠦᠭᠡᠷ᠎ᠲᠤ ᠵᠢᠭᠰᠠᠭ᠋ᠠᠭᠳᠠᠭᠰᠠᠨ ᠪᠣᠷᠤᠯᠠᠭᠤᠯᠭ᠎ᠠ ᠵᠢᠨ ᠦᠢ᠍ᠯᠡᠴᠢᠯᠡᠭᠡ 14008 ᠬᠣᠪᠢ ᠪᠠᠶ᠋ᠢᠵᠤ᠂ ᠦᠢ᠍ᠯᠡᠴᠢᠯᠡᠭᠡᠨ᠎ᠤ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠢ ᠬᠡᠮᠵᠢᠶᠡᠨ᠎ᠤ 21.88% ᠵᠢ ᠡᠵᠡᠯᠡᠪᠡ᠃ ᠡᠶ᠋ᠢᠮᠦᠷᠬᠦᠦ ᠲᠦᠷᠦᠯ᠎ᠤᠨ ᠵᠠᠭ᠋ᠠᠯᠳᠤᠯᠭ᠎ᠠ᠎ᠳᠤ᠂ ᠤᠷᠢᠳᠴᠢᠯᠠᠨ ᠥᠭᠬᠦ ᠺᠠᠷᠲ᠎ᠤᠨ ᠦᠢ᠍ᠯᠡᠴᠢᠯᠡᠭᠡ 8333 ᠬᠤᠪᠢ᠂ ᠵᠢᠵᠢᠭᠯᠡᠨ ᠬᠤᠳᠠᠯᠳᠤᠬᠤ ᠦᠢ᠍ᠯᠡᠴᠢᠯᠡᠭᠡ 2038 ᠬᠤᠪᠢ᠂ ᠤᠷᠢᠳᠴᠢᠯᠠᠨ ᠬᠤᠳᠠᠯᠳᠤᠬᠤ ᠦᠢ᠍ᠯᠡᠴᠢᠯᠡᠭᠡ 957 ᠬᠤᠪᠢ᠂ ᠢᠨᠲ᠋ᠧᠷ ᠰᠦᠯᠵᠢᠶᠡᠨ᠎ᠤ ᠰᠢᠭᠤᠳ ᠪᠣᠷᠣᠯᠠᠭᠤᠯᠬᠤ ᠦᠢ᠍ᠯᠡᠴᠢᠯᠡᠭᠡ 902 ᠬᠤᠪᠢ᠂ ᠬᠠᠷᠠᠭ᠋ᠠᠯᠵᠠᠯ᠎ᠤᠨ ᠺᠠᠷᠲ ᠵᠶ᠋ᠠᠷ ᠪᠣᠷᠣᠯᠠᠭᠤᠯᠬᠤ ᠦᠢ᠍ᠯᠡᠴᠢᠯᠡᠭᠡ 274 ᠬᠤᠪᠢ᠂ ᠵᠠᠬᠢᠶᠠᠯᠠᠭ᠎ᠠ ᠵᠢᠨ ᠦᠢ᠍ᠯᠡᠴᠢᠯᠡᠭᠡ 258 ᠬᠤᠪᠢ ᠪᠠᠢ᠌ᠪᠠ᠃ ᠭᠣᠤᠯ ᠠᠰᠠᠭᠤᠳᠠᠯ᠎ᠨᠢ ᠡᠵᠡᠩᠨᠡᠭᠴᠢ ᠦᠢ᠍ᠯᠡᠴᠢᠯᠡᠭᠡᠨ᠎ᠤ ᠠᠭᠤᠯᠭ᠎ᠠ ᠪᠠ ᠲᠠᠯᠠᠪᠤᠷ ᠭᠠᠵᠠᠷ᠎ᠢ ᠳᠤᠷ᠎ᠠ᠎ᠪᠠᠷ ᠵᠶ᠋ᠠᠨ ᠬᠤᠪᠢᠷᠠᠭᠤᠯᠬᠤ ᠵᠡᠷᠭᠡ ᠭᠡᠷ᠎ᠡ᠎ᠳᠤ ᠪᠣᠯᠵᠣᠨ ᠲᠣᠭᠲᠠᠭᠰᠠᠨ ᠵᠦᠢ᠍ᠯᠡᠰ᠂ ᠡᠵᠡᠩᠨᠡᠭᠴᠢ ᠠᠵᠢᠯ ᠵᠶ᠋ᠠᠨ ᠵᠣᠭᠰᠣᠭ᠋ᠠᠭᠰᠠᠨ᠎ᠤ ᠳᠠᠷᠠᠭ᠎ᠠ ᠤᠷᠢᠳᠴᠢᠯᠠᠨ ᠥᠭᠭᠦᠭᠰᠡᠨ ᠵᠣᠭᠣᠰ᠎ᠢ᠎ᠨᠢ ᠪᠤᠴᠠᠭ᠋ᠠᠵᠤ ᠥᠭᠬᠦ ᠡᠭᠦᠷᠭᠡ᠎ᠠᠴᠠ ᠵᠠᠶ᠋ᠢᠯᠠᠬᠤ ᠵᠡᠷᠭᠡ ᠪᠣᠯᠤᠨ᠎ᠠ᠃
ᠵᠠᠭ᠋ᠠᠯᠳᠤᠯᠭ᠎ᠠ ᠵᠢᠨ ᠬᠡᠮᠵᠢᠶᠡᠨ᠎ᠤ ᠬᠤᠶᠠᠳᠤᠭ᠋ᠠᠷ᠎ᠲᠤ ᠵᠢᠭᠰᠠᠭ᠋ᠠᠭᠳᠠᠭᠰᠠᠨ᠎ᠨᠢ ᠢᠳᠡᠭᠡᠨ ᠤᠮᠳᠠᠭ᠋ᠠᠨ ᠪᠠ ᠬᠤᠨᠤᠭ ᠪᠠᠭᠤᠳᠠᠯ᠎ᠤᠨ ᠦᠢ᠍ᠯᠡᠴᠢᠯᠡᠭᠡ 13985 ᠬᠤᠪᠢ ᠪᠠᠶ᠋ᠢᠵᠤ᠂ ᠦᠢ᠍ᠯᠡᠴᠢᠯᠡᠭᠡᠨ᠎ᠤ ᠲᠦᠷᠦᠯ᠎ᠤᠨ ᠵᠠᠭ᠋ᠠᠯᠳᠤᠯᠭ᠎ᠠ ᠵᠢᠨ ᠶᠡᠷᠦᠩᠬᠡᠢ ᠬᠡᠮᠵᠢᠶᠡᠨ᠎ᠤ 21.8% ᠵᠢ ᠡᠵᠡᠯᠡᠪᠡ᠃ ᠡᠶ᠋ᠢᠮᠦᠷᠬᠦᠦ ᠲᠦᠷᠦᠯ᠎ᠤᠨ ᠵᠠᠭ᠋ᠠᠯᠳᠤᠯᠭ᠎ᠠ᠎ᠳᠤ᠂ ᠢᠳᠡᠭᠡᠨ ᠤᠮᠳᠠᠭ᠋ᠠᠨ᠎ᠤ ᠦᠢ᠍ᠯᠡᠴᠢᠯᠡᠭᠡ 9315 ᠬᠤᠪᠢ᠂ ᠬᠤᠨᠤᠭ ᠪᠠᠭᠤᠳᠠᠯ᠎ᠤᠨ ᠦᠢ᠍ᠯᠡᠴᠢᠯᠡᠭᠡ 4670 ᠬᠤᠪᠢ ᠪᠠᠶ᠋ᠢᠪᠠ᠃ ᠭᠤᠣᠯ ᠠᠰᠠᠭᠤᠳᠠᠯ᠎ᠨᠢ ᠬᠣᠭᠤᠯᠠᠯᠠᠬᠤ ᠵᠢᠴᠢ ᠣᠷᠣᠵᠤ ᠰᠠᠭᠤᠬᠤ ᠣᠷᠴᠢᠨ ᠲᠣᠭᠤᠷᠢᠨ᠎ᠤ ᠡᠷᠡᠭᠦᠯ ᠬᠠᠮᠠᠭ᠋ᠠᠯᠠᠯ᠂ ᠬᠡᠯᠪᠡᠷᠢᠵᠢᠭᠰᠡᠨ ᠭᠡᠷ᠎ᠡ᠂ ᠤᠬᠠᠭᠤᠯᠭ᠎ᠠ᠎ᠨᠢ ᠪᠣᠳᠠᠲᠠᠢ᠎ᠲᠠᠢ ᠨᠡᠶ᠋ᠢᠴᠡᠬᠦ ᠦᠭᠡᠢ᠂ ᠬᠡᠷᠡᠭᠯᠡᠭᠡᠨ᠎ᠤ ᠤᠷᠢᠳᠴᠢᠯᠠᠨ ᠥᠭᠬᠦ ᠵᠢᠭᠤᠷᠠᠯᠳᠤᠭ᠋ᠠᠨ ᠵᠡᠷᠭᠡ ᠲᠠᠯ᠎ᠠ᠎ᠳᠤ ᠲᠥᠪᠯᠡᠷᠡᠵᠦ ᠪᠠᠶ᠋ᠢᠨ᠎ᠠ᠃
ᠵᠠᠭ᠋ᠠᠯᠳᠤᠯᠭ᠎ᠠ ᠵᠢᠨ ᠬᠡᠮᠵᠢᠶᠡᠨ᠎ᠤ ᠭᠤᠷᠪᠠᠳᠤᠭ᠋ᠠᠷ᠎ᠲᠤ ᠵᠢᠭᠰᠠᠭ᠋ᠠᠭᠳᠠᠭᠰᠠᠨ᠎ᠨᠢ ᠵᠢᠰᠦ ᠭᠤᠶᠣᠯᠠᠵᠤ ᠦᠰᠦ ᠵᠠᠰᠠᠵᠤ ᠪᠡᠶ᠎ᠡ ᠤᠭᠢᠶᠠᠬᠤ ᠦᠢ᠍ᠯᠡᠴᠢᠯᠡᠭᠡ 4222 ᠬᠤᠪᠢ ᠪᠠᠶ᠋ᠢᠵᠤ᠂ ᠦᠢ᠍ᠯᠡᠴᠢᠯᠡᠭᠡᠨ᠎ᠤ ᠲᠦᠷᠦᠯ᠎ᠤᠨ ᠵᠠᠭ᠋ᠠᠯᠳᠤᠯᠭ᠎ᠠ ᠵᠢᠨ ᠶᠡᠷᠦᠩᠬᠡᠢ ᠬᠡᠮᠵᠢᠶᠡᠨ᠎ᠤ 6.60% ᠵᠢ ᠡᠵᠡᠯᠡᠪᠡ᠃ ᠡᠶ᠋ᠢᠮᠦᠷᠬᠦᠦ ᠲᠦᠷᠦᠯ᠎ᠤᠨ ᠵᠠᠭ᠋ᠠᠯᠳᠤᠯᠭ᠎ᠠ᠎ᠳᠤ᠂ ᠵᠢᠰᠦ ᠭᠤᠶᠣᠯᠠᠵᠤ ᠦᠰᠦ ᠵᠠᠰᠠᠬᠤ ᠦᠢ᠍ᠯᠡᠴᠢᠯᠡᠭᠡ 2770 ᠬᠤᠪᠢ᠂ ᠪᠡᠶ᠎ᠡ ᠤᠬᠢᠶᠠᠬᠤ ᠢᠯᠢᠵᠦ ᠨᠤᠬᠤᠯᠠᠬᠤ ᠦᠢ᠍ᠯᠡᠴᠢᠯᠡᠭᠡ 1452 ᠬᠤᠪᠢ ᠪᠠᠶ᠋ᠢᠪᠠ᠃ ᠭᠤᠣᠯ ᠠᠰᠠᠭᠤᠳᠠᠯ᠎ᠨᠢ ᠬᠤᠳᠠᠯ ᠬᠠᠭᠤᠷᠮᠠᠭ ᠤᠬᠠᠭᠤᠯᠭ᠎ᠠ ᠬᠢᠵᠦ ᠦᠢ᠍ᠯᠡᠴᠢᠯᠡᠭᠡᠨ᠎ᠤ ᠦᠷ᠎ᠡ ᠪᠦᠲᠦᠮᠵᠢ ᠵᠢ ᠶᠡᠬᠡᠰᠬᠡᠵᠦ᠂ ᠬᠡᠷᠡᠭᠯᠡᠭᠴᠢᠳ ᠦᠢ᠍ᠯᠡᠴᠢᠯᠡᠭᠡ ᠬᠦᠯᠢᠶᠡᠭᠰᠡᠨ᠎ᠤ ᠳᠠᠷᠠᠭ᠎ᠠ ᠮᠠᠭᠤ ᠨᠥᠯᠥᠭᠡ ᠭᠠᠷᠴᠤ᠂ ᠪᠣᠯᠵᠣᠨ ᠲᠣᠭᠲᠠᠭᠰᠠᠨ ᠶᠣᠰᠣᠭ᠋ᠠᠷ ᠦᠢ᠍ᠯᠡᠴᠢᠯᠡᠭᠡ ᠬᠠᠩᠭ᠋ᠠᠭᠰᠠᠨ ᠦᠭᠡᠢ ᠮᠥᠷᠲᠡᠭᠡᠨ ᠡᠵᠡᠩᠨᠡᠯᠲᠡ᠎ᠪᠠᠨ ᠰᠡᠷᠭᠦᠭᠡᠭᠰᠡᠨ᠎ᠤ ᠳᠠᠷᠠᠭ᠎ᠠ ᠤᠷᠢᠳᠴᠢᠯᠠᠨ ᠥᠭᠬᠦ ᠺᠠᠷᠲ᠂ ᠭᠡᠰᠢᠭᠦᠨ᠎ᠤ ᠺᠠᠷᠲ᠎ᠤᠨ ᠵᠣᠭᠤᠰ᠎ᠢ᠎ᠨᠢ ᠪᠤᠴᠠᠭ᠋ᠠᠬᠤ ᠵᠢ ᠲᠡᠪᠴᠢᠭᠰᠡᠨ ᠵᠡᠷᠭᠡ ᠬᠡᠷᠡᠭᠯᠡᠭᠡᠨ᠎ᠤ ᠵᠢᠭᠤᠷᠠᠯᠳᠤᠭ᠋ᠠᠨ ᠵᠡᠷᠭᠡ ᠲᠠᠯ᠎ᠠ᠎ᠳᠤ ᠲᠥᠪᠯᠡᠷᠡᠵᠦ ᠪᠠᠢ᠌ᠨ᠎ᠠ᠃
ᠵᠠᠭ᠋ᠠᠯᠳᠤᠯᠭ᠎ᠠ ᠵᠢᠨ ᠬᠡᠮᠵᠢᠶᠡᠨ᠎ᠤ ᠳᠥᠷᠪᠡᠳᠦᠭᠡᠷ᠎ᠲᠤ ᠵᠢᠭᠰᠠᠭ᠋ᠠᠭᠳᠠᠭᠰᠠᠨ᠎ᠨᠢ ᠰᠤᠷᠭ᠋ᠠᠨ ᠬᠥᠮᠦᠵᠢᠯ ᠪᠣᠯᠪᠠᠰᠤᠷᠠᠯ᠎ᠤᠨ ᠦᠢ᠍ᠯᠡᠴᠢᠯᠡᠭᠡ 4052 ᠬᠤᠪᠢ ᠪᠠᠶ᠋ᠢᠵᠤ᠂ ᠦᠢ᠍ᠯᠡᠴᠢᠯᠡᠭᠡᠨ᠎ᠤ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠤ 6.33% ᠵᠢ ᠡᠵᠡᠯᠡᠪᠡ᠃ ᠡᠶ᠋ᠢᠮᠦᠷᠬᠦᠦ ᠲᠦᠷᠦᠯ᠎ᠤᠨ ᠵᠠᠭ᠋ᠠᠯᠳᠤᠯᠭ᠎ᠠ᠎ᠳᠤ᠂ ᠤᠷ᠎ᠠ ᠴᠢᠳᠠᠪᠤᠷᠢ ᠵᠢᠨ ᠪᠣᠯᠪᠠᠰᠤᠷᠠᠯ᠎ᠤᠨ ᠦᠢ᠍ᠯᠡᠴᠢᠯᠡᠭᠡ 2748 ᠬᠤᠪᠢ᠂ ᠳᠡᠭᠡᠳᠦ ᠵᠡᠷᠭᠡ ᠵᠢᠨ ᠰᠤᠷᠭ᠋ᠠᠨ ᠬᠥᠮᠥᠵᠢᠯ᠎ᠤᠨ ᠦᠢ᠍ᠯᠡᠴᠢᠯᠡᠭᠡ 778 ᠬᠤᠪᠢ᠂ ᠠᠩᠬ᠎ᠠ ᠵᠡᠷᠭᠡ ᠵᠢᠨ ᠰᠤᠷᠭ᠋ᠠᠨ ᠬᠥᠮᠥᠵᠢᠯ᠎ᠤᠨ ᠦᠢ᠍ᠯᠡᠴᠢᠯᠡᠭᠡ 438 ᠬᠤᠪᠢ᠂ ᠳᠤᠮᠳᠠ ᠵᠡᠷᠭᠡ ᠵᠢᠨ ᠰᠤᠷᠭ᠋ᠠᠨ ᠬᠥᠮᠥᠵᠢᠯ᠎ᠤᠨ ᠦᠢ᠍ᠯᠡᠴᠢᠯᠡᠭᠡ 88 ᠬᠤᠪᠢ ᠪᠠᠶ᠋ᠢᠪᠠ᠃ ᠲᠤᠰᠬᠠᠭᠰᠠᠨ ᠭᠤᠣᠯ ᠠᠰᠠᠭᠤᠳᠠᠯ᠎ᠨᠢ ᠨᠠᠰᠤᠨ᠎ᠳᠤ ᠬᠦᠷᠦᠭᠰᠡᠳ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ ᠵᠢᠴᠢ ᠬᠡᠦᠬᠡᠳ᠎ᠤᠨ ᠬᠥᠮᠦᠵᠢᠯ ᠪᠣᠯᠪᠠᠰᠤᠷᠠᠯ᠎ᠤᠨ ᠬᠢᠴᠢᠶᠡᠯ᠎ᠤᠨ ᠴᠠᠭ᠎ᠤᠨ ᠲᠤᠬᠢᠷᠠᠭᠤᠯᠤᠯᠳᠠ᠂ ᠭᠡᠷ᠎ᠡ ᠵᠢ ᠭᠦᠢ᠍ᠴᠡᠳᠬᠡᠬᠦ ᠵᠢᠨ ᠠᠷᠭ᠎ᠠ ᠦᠭᠡᠢ᠂ ᠬᠢᠴᠢᠶᠡᠯ ᠵᠣᠭᠰᠣᠵᠤ ᠠᠵᠢᠯ ᠵᠣᠭᠰᠤᠭᠰᠠᠨ ᠵᠡᠷᠭᠡ ᠵᠢ ᠪᠠᠭᠲᠠᠭ᠋ᠠᠵᠤ᠂ ᠡᠭᠦᠨ᠎ᠠᠴᠠ ᠪᠣᠯᠣᠭᠰᠠᠨ ᠰᠦᠢ᠍ᠳᠬᠡᠯ᠎ᠢ ᠪᠤᠴᠠᠭ᠋ᠠᠬᠤ ᠵᠣᠭᠤᠰ᠎ᠢ ᠪᠤᠴᠠᠭ᠋ᠠᠬᠤ ᠵᠢᠭᠤᠷᠠᠯᠳᠤᠭ᠋ᠠᠨ᠎ᠤ ᠪᠠᠶ᠋ᠢᠳᠠᠯ ᠨᠡᠯᠢᠶᠡᠳ ᠲᠤᠪᠤᠶ᠋ᠢᠮ᠎ᠠ ᠪᠠᠶ᠋ᠢᠨ᠎ᠠ᠃
ᠵᠠᠭ᠋ᠠᠯᠳᠤᠯᠭ᠎ᠠ ᠵᠢᠨ ᠬᠡᠮᠵᠢᠶᠡᠨ᠎ᠤ ᠲᠠᠪᠤᠳᠤᠭ᠋ᠠᠷ᠎ᠲᠤ ᠵᠢᠭᠰᠠᠭ᠋ᠠᠭᠳᠠᠭᠰᠠᠨ᠎ᠨᠢ ᠰᠣᠶᠣᠯ ᠵᠤᠭ᠎ᠠ ᠴᠡᠩᠭᠡᠯ ᠪᠡᠶ᠎ᠡ ᠵᠢᠨ ᠲᠠᠮᠢᠷ᠎ᠤᠨ ᠦᠢ᠍ᠯᠡᠴᠢᠯᠡᠭᠡ 3289 ᠬᠤᠪᠢ ᠪᠠᠶ᠋ᠢᠵᠤ᠂ ᠦᠢ᠍ᠯᠡᠴᠢᠯᠡᠭᠡᠨ᠎ᠤ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠤ 5.14% ᠵᠢ ᠡᠵᠡᠯᠡᠪᠡ᠃ ᠡᠶ᠋ᠢᠮᠦᠷᠬᠦᠦ ᠲᠦᠷᠦᠯ᠎ᠤᠨ ᠵᠠᠭ᠋ᠠᠯᠳᠤᠯᠭ᠎ᠠ᠎ᠳᠤ᠂ ᠪᠡᠶ᠎ᠡ ᠴᠢᠭᠢᠷᠠᠭᠵᠢᠭᠤᠯᠬᠤ ᠦᠢ᠍ᠯᠡᠴᠢᠯᠡᠭᠡ 1478 ᠬᠤᠪᠢ᠂ ᠲᠣᠭᠤᠷᠢᠨ ᠦᠵᠡᠬᠦ ᠵᠤᠭ᠎ᠠ ᠴᠡᠩᠭᠡᠯ᠎ᠤᠨ ᠦᠢ᠍ᠯᠡᠴᠢᠯᠡᠭᠡ 1040 ᠬᠤᠪᠢ᠂ ᠺᠢᠨᠣ᠋ ᠭᠠᠷᠭ᠋ᠠᠬᠤ ᠦᠢ᠍ᠯᠡᠴᠢᠯᠡᠭᠡ 460 ᠬᠤᠪᠢ᠂ ᠲᠣᠭᠯᠠᠯᠲᠠ ᠭᠠᠷᠭ᠋ᠠᠬᠤ ᠤᠷᠠᠯᠢᠭ᠎ᠤᠨ ᠦᠢ᠍ᠯᠡᠴᠢᠯᠡᠭᠡ 265 ᠬᠤᠪᠢ᠂ ᠨᠣᠮ᠎ᠤᠨ ᠰᠠᠩ ᠲᠠᠩᠰᠠ ᠡᠪᠬᠡᠮᠡᠯ᠎ᠤᠨ ᠣᠷᠳᠣᠨ᠎ᠤ ᠦᠢ᠍ᠯᠡᠴᠢᠯᠡᠭᠡ 38 ᠬᠤᠪᠢ᠂ ᠦᠵᠡᠰᠬᠦᠯᠡᠩ᠎ᠤᠨ ᠦᠢ᠍ᠯᠡᠴᠢᠯᠡᠭᠡ 8 ᠬᠤᠪᠢ ᠪᠠᠶ᠋ᠢᠪᠠ᠃ ᠭᠤᠣᠯ ᠠᠰᠠᠭᠤᠳᠠᠯ᠎ᠨᠢ ᠡᠵᠡᠩᠨᠡᠭᠴᠢᠳ᠎ᠤᠨ ᠭᠡᠷ᠎ᠡ ᠵᠢᠨ ᠪᠣᠯᠵᠤᠭ᠎ᠠ᠎ᠠᠴᠠ ᠵᠥᠷᠢᠴᠡᠨ ᠦᠢ᠍ᠯᠡᠴᠢᠯᠡᠭᠡᠨ᠎ᠤ ᠠᠭᠤᠯᠭ᠎ᠠ ᠪᠠ ᠲᠠᠯᠠᠪᠤᠷ ᠭᠠᠵᠠᠷ᠎ᠢ ᠳᠤᠷ᠎ᠠ᠎ᠪᠠᠷ ᠵᠶ᠋ᠠᠨ ᠬᠤᠪᠢᠷᠠᠭᠤᠯᠤᠭᠰᠠᠨ ᠪᠤᠶᠤ ᠭᠡᠷ᠎ᠡ᠎ᠳᠤ ᠪᠣᠯᠵᠣᠨ ᠲᠣᠭᠲᠠᠭᠰᠠᠨ ᠵᠦᠢ᠍ᠯᠡᠰ᠎ᠢ ᠭᠦᠢ᠍ᠴᠡᠳᠬᠡᠬᠦ ᠵᠢ ᠲᠡᠪᠴᠢᠭᠰᠡᠨ᠂ ᠡᠵᠡᠩᠨᠡᠭᠴᠢ᠎ᠠᠴᠠ ᠠᠵᠢᠯ ᠵᠶ᠋ᠡᠨ ᠵᠣᠭᠰᠣᠭ᠋ᠠᠭᠰᠠᠨ᠎ᠤ ᠳᠠᠷᠠᠭ᠎ᠠ ᠤᠷᠢᠳᠴᠢᠯᠠᠨ ᠥᠭᠭᠦᠭᠰᠡᠨ ᠵᠤᠭᠤᠰ᠎ᠢ᠎ᠨᠢ ᠪᠤᠴᠠᠭ᠋ᠠᠵᠤ ᠥᠭᠬᠦ ᠡᠭᠦᠷᠭᠡ ᠠᠴᠠ ᠵᠠᠢ᠌ᠯᠠᠭᠰᠠᠨ ᠵᠡᠷᠭᠡ ᠠᠰᠠᠭᠤᠳᠠᠯ ᠤᠳ ᠲᠤ ᠲᠥᠪᠯᠡᠷᠡᠪᠡ᠃
ᠦᠢ᠍ᠯᠡᠴᠢᠯᠡᠭᠡᠨ᠎ᠤ ᠵᠠᠭ᠋ᠠᠯᠳᠤᠯᠭ᠎ᠠ ᠵᠢᠨ ᠬᠠᠯᠠᠭᠤᠨ ᠴᠡᠭ᠎ᠤᠨ ᠡᠮᠦᠨ᠎ᠡ ᠠᠷᠪᠠ᠎ᠳᠤ ᠵᠢᠭᠰᠠᠭ᠋ᠠᠭᠳᠠᠭᠰᠠᠨ᠎ᠨᠢ ᠤᠷᠢᠳᠴᠢᠯᠠᠨ ᠥᠭᠬᠦ ᠺᠠᠷᠲ᠎ᠤᠨ ᠦᠢ᠍ᠯᠡᠴᠢᠯᠡᠭᠡ 8333 ᠬᠤᠪᠢ᠂ ᠬᠤᠭᠤᠯᠠᠨ ᠭᠡᠷ᠎ᠤᠨ ᠦᠢ᠍ᠯᠡᠴᠢᠯᠡᠭᠡ 6502 ᠬᠤᠪᠢ᠂ ᠵᠣᠴᠢᠳ᠎ᠤᠨ ᠪᠠᠭᠤᠳᠠᠯ᠎ᠤᠨ ᠦᠢ᠍ᠯᠡᠴᠢᠯᠡᠭᠡ 4352 ᠬᠤᠪᠢ᠂ ᠵᠢᠵᠢᠭᠯᠡᠨ ᠬᠤᠳᠠᠯᠳᠤᠬᠤ ᠦᠢ᠍ᠯᠡᠴᠢᠯᠡᠭᠡ 2038 ᠬᠤᠪᠢ᠂ ᠮᠠᠰᠢᠨ ᠲᠡᠷᠭᠡ ᠰᠡᠯᠪᠢᠨ ᠵᠠᠰᠠᠬᠤ ᠦᠢ᠍ᠯᠡᠴᠢᠯᠡᠭᠡ 1009 ᠬᠤᠪᠢ᠂ ᠤᠷᠢᠳᠴᠢᠯᠠᠨ ᠬᠤᠳᠠᠯᠳᠤᠬᠤ ᠦᠢ᠍ᠯᠡᠴᠢᠯᠡᠭᠡ 957 ᠬᠤᠪᠢ᠂ ᠬᠠᠭᠤᠷᠠᠶ ᠤᠭᠢᠶᠠᠯᠭ᠎ᠠ ᠵᠢᠨ ᠦᠢ᠍ᠯᠡᠴᠢᠯᠡᠭᠡ 913 ᠬᠤᠪᠢ᠂ ᠢᠨᠲ᠋ᠧᠷ ᠰᠦᠯᠵᠢᠶᠡᠨ᠎ᠤ ᠰᠢᠭᠤᠳ ᠪᠣᠷᠣᠯᠠᠭᠤᠯᠬᠤ ᠦᠢ᠍ᠯᠡᠴᠢᠯᠡᠭᠡ 902 ᠬᠤᠪᠢ᠂ ᠬᠤᠪᠢ ᠬᠥᠮᠦᠨ᠎ᠤ ᠭᠡᠷᠡᠯ ᠵᠢᠷᠤᠭ᠎ᠤᠨ ᠦᠢ᠍ᠯᠡᠴᠢᠯᠡᠭᠡ 878 ᠬᠤᠪᠢ᠂ ᠭᠠᠷ ᠤᠲᠠᠰᠤ ᠰᠡᠯᠪᠢᠨ ᠵᠠᠰᠠᠬᠤ ᠦᠢ᠍ᠯᠡᠴᠢᠯᠡᠭᠡ 616 ᠬᠤᠪᠢ (ᠭᠥᠯᠢᠶᠡᠨ ᠠᠪᠤᠭᠰᠠᠨ ᠬᠡᠮᠵᠢᠶᠡᠨ᠎ᠳᠠᠬᠢ ᠪᠦᠬᠦ 《ᠪᠤᠰᠤᠳ》᠎ᠢ ᠨᠡᠷᠡᠰ᠎ᠤᠨ ᠵᠢᠭᠰᠠᠭ᠋ᠠᠯᠲᠠ᠎ᠳᠤ ᠪᠣᠳᠣᠵᠤ ᠣᠷᠣᠭᠤᠯᠤᠭᠰᠠᠨ ᠦᠭᠡᠢ) ᠪᠠᠢ᠌ᠵᠤ᠂ ᠦᠢ᠍ᠯᠡᠴᠢᠯᠡᠭᠡᠨ᠎ᠤ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠤ 41.39% ᠵᠢ ᠡᠵᠡᠯᠡᠪᠡ᠃
ᠵᠠᠭ᠋ᠠᠯᠳᠤᠯᠭ᠎ᠠ ᠵᠢ ᠬᠦᠯᠢᠶᠡᠨ ᠠᠪᠤᠭᠰᠠᠨ ᠪᠠᠶ᠋ᠢᠳᠠᠯ᠎ᠤᠨ ᠬᠣᠯᠪᠣᠭᠳᠠᠬᠤ ᠠᠰᠠᠭᠤᠳᠠᠯ᠎ᠤᠨ ᠶᠣᠰᠣᠭ᠋ᠠᠷ ᠲᠥᠷᠥᠯ ᠬᠤᠪᠢᠶᠠᠭᠰᠠᠨ ᠵᠢᠷᠤᠭ᠄

ᠬᠣᠯᠪᠣᠭᠳᠠᠬᠤ ᠠᠰᠠᠭᠤᠳᠠᠯ ᠵᠶ᠋ᠠᠷ᠎ᠨᠢ ᠲᠥᠷᠥᠯ ᠬᠤᠪᠢᠶᠠᠨ᠂ ᠡᠯᠳᠡᠪ ᠬᠤᠳᠠᠯ ᠬᠠᠭᠤᠷᠮᠠᠭ ᠶᠠᠭᠤᠮ᠎ᠠ ᠬᠣᠯᠢᠭᠰᠠᠨ᠂ ᠬᠠᠭᠤᠷᠮᠠᠭ ᠵᠶ᠋ᠠᠷ ᠵᠢᠩᠬᠢᠨᠢ ᠵᠢ ᠣᠷᠤᠯᠠᠭᠤᠯᠤᠭᠰᠠᠨ᠂ ᠮᠠᠭᠤ᠎ᠪᠠᠷ ᠰᠠᠶ᠋ᠢᠨ᠎ᠢ ᠣᠷᠤᠯᠠᠭᠤᠯᠤᠭᠰᠠᠨ᠂ ᠭᠡᠷ᠎ᠡ᠎ᠳᠤ ᠪᠣᠯᠵᠣᠨ ᠲᠣᠭᠲᠠᠭᠰᠠᠨ ᠡᠭᠦᠷᠭᠡ᠎ᠪᠠᠨ ᠭᠦᠢ᠍ᠴᠡᠳᠬᠡᠭᠰᠡᠨ ᠦᠭᠡᠶ᠂ ᠭᠤᠷᠪᠠ ᠵᠢ ᠳᠠᠭ᠋ᠠᠭ᠋ᠠᠴᠢᠯᠠᠬᠤ ᠡᠭᠦᠷᠭᠡ᠎ᠪᠠᠨ ᠭᠦᠢ᠍ᠴᠡᠳᠬᠡᠭᠰᠡᠨ ᠦᠭᠡᠶ᠂ ᠦᠨ᠎ᠡ ᠬᠠᠩᠰᠢ ᠵᠢᠨ ᠵᠠᠭ᠋ᠠᠯᠳᠤᠯᠭ᠎ᠠ᠂ ᠠᠮᠤᠷ ᠲᠦᠪᠰᠢᠨ᠎ᠤ ᠳᠠᠯᠳᠠ ᠭᠡᠮ ᠣᠷᠤᠰᠢᠭᠰᠠᠨ᠂ ᠬᠤᠳᠠᠯ ᠬᠠᠭᠤᠷᠮᠠᠭ ᠵᠠᠷ ᠮᠡᠳᠡᠭᠡ ᠵᠢ ᠠᠰᠢᠭᠯᠠᠨ ᠬᠡᠷᠡᠭᠯᠡᠭᠴᠢᠳ᠎ᠢ ᠪᠤᠷᠤᠭᠤ᠎ᠪᠠᠷ ᠵᠢᠯᠣᠭᠣᠳᠬᠤ ᠵᠡᠷᠭᠡ ᠠᠰᠠᠭᠤᠳᠠᠯ ᠨᠡᠯᠢᠶᠡᠳ ᠲᠣᠪᠣᠶ᠋ᠢᠮ᠎ᠠ ᠪᠠᠢ᠌ᠪᠠ᠃
ᠭᠤᠷᠪᠠ᠂ ᠢᠯᠡᠴᠢᠯᠡᠨ ᠮᠡᠳᠡᠭᠦᠯᠦᠯᠲᠡ ᠵᠢᠨ ᠪᠠᠶ᠋ᠢᠳᠠᠯ᠎ᠤᠨ ᠲᠤᠭ᠎ᠠ ᠪᠠᠷᠢᠮᠲᠠ ᠵᠢᠨ ᠲᠤᠭ᠎ᠠ ᠪᠦᠷᠢᠳᠭᠡᠯ
ᠪᠦᠬᠦ ᠵᠢᠯ᠎ᠳᠤ ᠨᠡᠶ᠋ᠢᠲᠡ 35182 ᠬᠤᠪᠢ ᠢᠯᠡᠴᠢᠯᠡᠨ ᠮᠡᠳᠡᠭᠦᠯᠦᠯᠲᠡ ᠵᠢ ᠬᠦᠯᠢᠶᠡᠨ ᠠᠪᠴᠤ᠂ ᠠᠳᠠᠯᠢ ᠬᠤᠭᠤᠴᠠᠭ᠋ᠠᠨ ᠤ ᠬᠢ ᠠᠴᠠ ᠪᠠᠨ 8.25% ᠪᠠᠷ ᠨᠡᠮᠡᠭᠳᠡᠪᠡ᠃ ᠡᠭᠦᠨ᠎ᠳᠤ ᠲᠠᠸᠠᠷ᠎ᠤᠨ ᠲᠥᠷᠥᠯ᠎ᠳᠤ ᠬᠤᠯᠪᠤᠭᠳᠠᠭᠰᠠᠨ 21737 ᠬᠤᠪᠢ᠂ ᠦᠢ᠍ᠯᠡᠴᠢᠯᠡᠭᠡᠨ᠎ᠤ ᠲᠥᠷᠥᠯ᠎ᠳᠤ ᠬᠤᠯᠪᠤᠭᠲᠠᠭᠰᠠᠨ 13445 ᠬᠤᠪᠢ ᠪᠠᠢ᠌ᠪᠠ᠃ 2025 ᠣᠨ᠎ᠤ 1 ᠳ᠋ᠦ᠍ᠭᠡᠷ ᠰᠠᠷ᠎ᠠ ᠵᠢᠨ 3᠎ᠤ ᠡᠳᠦᠷ ᠪᠣᠯᠲᠠᠯ᠎ᠠ ᠢᠯᠡᠴᠢᠯᠡᠨ ᠮᠡᠳᠡᠭᠦᠯᠦᠯᠲᠡ ᠵᠢᠨ 33780 ᠬᠤᠪᠢ ᠵᠢ᠎ᠨᠢ ᠨᠢᠭᠡᠨᠲᠡ ᠰᠢᠢ᠍ᠳᠪᠦᠷᠢᠯᠡᠨ ᠳᠠᠭᠤᠰᠬᠠᠵᠤ᠂ ᠰᠢᠢ᠍ᠳᠪᠦᠷᠢᠯᠡᠵᠦ ᠳᠠᠭᠤᠰᠬᠠᠭᠰᠠᠨ ᠨᠣᠷᠮ᠎ᠠ 96.02%᠎ᠲᠤ ᠬᠦᠷᠪᠡ᠃
ᠢᠯᠡᠴᠢᠯᠡᠨ ᠮᠡᠳᠡᠭᠦᠯᠦᠯᠲᠡ ᠵᠢ ᠬᠦᠯᠢᠶᠡᠨ ᠠᠪᠤᠭᠰᠠᠨ ᠬᠡᠮᠵᠢᠶᠡᠨ᠎ᠤ ᠡᠮᠦᠨ᠎ᠡ ᠲᠠᠪᠤ᠎ᠳᠤ ᠵᠢᠭᠰᠠᠭ᠋ᠠᠭᠳᠠᠭᠰᠠᠨ ᠲᠠᠸᠠᠷ᠂ ᠦᠢ᠍ᠯᠡᠴᠢᠯᠡᠭᠡᠨ᠎ᠤ ᠲᠥᠷᠥᠯ ᠬᠤᠪᠢᠶᠠᠭᠰᠠᠨ ᠬᠦᠰᠦᠨᠦᠭᠲᠦ᠄

ᠲᠠᠸᠠᠷ᠎ᠤᠨ ᠲᠥᠷᠥᠯ᠎ᠤᠨ ᠢᠯᠡᠴᠢᠯᠡᠨ ᠮᠡᠳᠡᠭᠦᠯᠦᠯᠲᠡ᠎ᠳᠤ᠂ ᠢᠳᠡᠭᠡᠨ᠎ᠤ ᠲᠥᠷᠥᠯ 10748 ᠬᠤᠪᠢ ᠪᠠᠶ᠋ᠢᠵᠤ᠂ ᠲᠠᠸᠠᠷ᠎ᠤᠨ ᠲᠥᠷᠥᠯ᠎ᠤᠨ ᠢᠯᠡᠴᠢᠯᠡᠨ ᠮᠡᠳᠡᠭᠦᠯᠦᠯᠲᠡ ᠵᠢᠨ 49.45% ᠵᠢ ᠡᠵᠡᠯᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ᠎ᠪᠠᠨ 23.27%᠎ᠪᠠᠷ ᠨᠡᠮᠡᠭᠳᠡᠪᠡ᠃ ᠢᠯᠡᠴᠢᠯᠡᠨ ᠮᠡᠳᠡᠭᠦᠯᠦᠯᠲᠡ᠎ᠪᠠᠷ ᠨᠡᠯᠢᠶᠡᠳ ᠣᠯᠠᠨ ᠲᠠᠸᠠᠷ᠎ᠲᠤ ᠢᠳᠡᠭᠡᠨ ᠤᠮᠳᠠᠭ᠋ᠠᠨ᠂ ᠮᠢᠬᠠᠨ᠎ᠤ ᠪᠦᠲᠦᠭᠡᠭᠳᠡᠬᠦᠨ᠂ ᠤᠮᠳᠠᠭ᠋ᠠᠨ᠂ ᠴᠠᠭ᠋ᠠᠨ ᠢᠳᠡᠭᠡ᠂ ᠠᠮᠤ ᠪᠤᠳᠠᠭ᠋ᠠᠨ᠎ᠤ ᠡᠳ᠋ᠰᠢᠭᠦᠯᠦᠭᠰᠡᠨ ᠪᠦᠲᠦᠭᠡᠭᠳᠡᠬᠦᠨ᠂ ᠮᠠᠯ ᠵᠢᠭᠦᠷᠲᠡᠨ᠎ᠤ ᠮᠢᠬ᠎ᠠ ᠵᠢᠴᠢ ᠲᠤᠰᠠᠯᠠᠬᠤ ᠪᠦᠲᠦᠭᠡᠭᠳᠡᠬᠦᠨ᠂ ᠠᠷᠢᠬᠢᠨ᠎ᠤ ᠵᠦᠢ᠍ᠯ ᠵᠡᠷᠭᠡ ᠵᠢ ᠪᠠᠭᠲᠠᠭ᠋ᠠᠪᠠ᠂ ᠠᠰᠠᠭᠤᠳᠠᠯ᠎ᠨᠢ ᠭᠤᠤᠯᠳᠠᠭᠤ ᠵᠠᠷ ᠮᠡᠳᠡᠭᠡ᠂ ᠦᠨ᠎ᠡ ᠬᠠᠩᠰᠢ᠂ ᠶᠠᠰᠤ ᠴᠢᠨᠠᠷ᠂ ᠲᠠᠸᠠᠷ᠎ᠤᠨ ᠲᠡᠮᠳᠡᠭᠲᠦ᠂ ᠵᠢᠩ ᠳᠤᠲᠠᠭᠤ ᠵᠡᠷᠭᠡ᠎ᠳᠤ ᠬᠣᠯᠪᠣᠭᠳᠠᠪᠠ᠃ ᠪᠤᠰᠤᠳ ᠢᠯᠡᠴᠢᠯᠡᠨ ᠮᠡᠳᠡᠭᠦᠯᠦᠯᠲᠡ ᠨᠡᠯᠢᠶᠡᠳ ᠣᠯᠠᠨ ᠲᠠᠸᠠᠷ᠎ᠲᠤ ᠣᠨᠴᠠᠭ᠋ᠠᠢ ᠪᠤᠰᠤ ᠬᠡᠷᠡᠭᠯᠡᠭᠡᠨ᠎ᠤ ᠵᠠᠰᠠᠯ ᠴᠢᠮᠡᠭ᠎ᠤᠨ ᠡᠳ᠋ᠯᠡᠯ᠂ ᠲᠠᠸᠠᠷ᠎ᠤᠨ ᠭᠡᠷ ᠪᠠᠶ᠋ᠢᠰᠢᠩ᠂ ᠡᠳᠦᠷ ᠲᠤᠲᠤᠮ᠎ᠤᠨ ᠬᠡᠷᠡᠭᠯᠡᠭᠡᠨ᠎ᠤ ᠡᠳ᠋᠂ ᠬᠢᠲᠠᠳ ᠧᠦ᠋ᠷᠣᠫᠠ ᠪᠡᠯᠡᠨ ᠡᠮ᠂ ᠬᠢᠲᠠᠳ ᠪᠡᠯᠡᠨ ᠡᠮ᠂ ᠮᠠᠰᠢᠨ ᠲᠡᠷᠭᠡ ᠵᠢᠴᠢ ᠮᠠᠰᠢᠨ ᠲᠡᠷᠭᠡᠨ᠎ᠤ ᠰᠡᠯᠪᠢᠭ ᠲᠣᠨᠣᠭ ᠵᠡᠷᠭᠡ ᠵᠢ ᠪᠠᠭᠲᠠᠭ᠋ᠠᠵᠤ᠂ ᠭᠣᠤᠯᠳᠠᠭᠤ ᠶᠠᠰᠤ ᠴᠢᠨᠠᠷ᠂ ᠦᠨ᠎ᠡ ᠬᠠᠩᠰᠢ᠂ ᠦᠨᠡᠮᠯᠡᠯ ᠦᠭᠡᠶ᠎ᠪᠠᠷ ᠡᠵᠡᠩᠨᠡᠭᠰᠡᠨ᠂ ᠲᠠᠸᠠᠷ᠎ᠤᠨ ᠲᠡᠮᠳᠡᠭᠲᠦ᠂ ᠬᠠᠤᠯᠢ᠎ᠠᠴᠠ ᠵᠥᠷᠢᠴᠡᠭᠰᠡᠨ ᠵᠠᠷ ᠮᠡᠳᠡᠭᠡ ᠵᠡᠷᠭᠡ ᠠᠰᠠᠭᠤᠳᠠᠯ᠎ᠳᠤ ᠬᠣᠯᠪᠣᠭᠳᠠᠵᠤ ᠪᠠᠢ᠌ᠪᠠ᠃
ᠦᠢ᠍ᠯᠡᠴᠢᠯᠡᠭᠡᠨ᠎ᠤ ᠲᠥᠷᠥᠯ᠎ᠤᠨ ᠢᠯᠡᠴᠢᠯᠡᠨ ᠮᠡᠳᠡᠭᠦᠯᠦᠯᠲᠡ᠎ᠳᠤ᠂ ᠢᠳᠡᠭᠡᠨ ᠤᠮᠳᠠᠭ᠋ᠠᠨ ᠪᠠ ᠬᠣᠨᠣᠭ ᠪᠠᠭᠤᠳᠠᠯ᠎ᠤᠨ ᠦᠢ᠍ᠯᠡᠴᠢᠯᠡᠭᠡᠨ᠎ᠤ ᠲᠥᠷᠥᠯ 3788 ᠬᠤᠪᠢ ᠪᠠᠶ᠋ᠢᠵᠤ᠂ ᠦᠢ᠍ᠯᠡᠴᠢᠯᠡᠭᠡᠨ᠎ᠤ ᠲᠥᠷᠥᠯ᠎ᠤᠨ ᠢᠯᠡᠴᠢᠯᠡᠨ ᠮᠡᠳᠡᠭᠦᠯᠦᠯᠲᠡ ᠵᠢᠨ 28.17% ᠵᠢ ᠡᠵᠡᠯᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ᠎ᠪᠠᠨ 16.91%᠎ᠪᠠᠷ ᠪᠠᠭ᠋ᠠᠰᠪᠠ᠃ ᠢᠯᠡᠴᠢᠯᠡᠨ ᠮᠡᠳᠡᠭᠦᠯᠦᠯᠲᠡ ᠵᠢᠨ ᠭᠤᠤᠯ ᠠᠰᠠᠭᠤᠳᠠᠯ᠎ᠨᠢ ᠶᠠᠰᠤ ᠴᠢᠨᠠᠷ᠂ ᠠᠮᠤᠷ ᠲᠦᠪᠰᠢᠨ᠂ ᠦᠨᠡᠮᠯᠡᠯ ᠦᠭᠡᠢ᠎ᠪᠠᠷ ᠡᠵᠡᠩᠨᠡᠭᠰᠡᠨ ᠵᠡᠷᠭᠡ ᠪᠣᠯᠤᠨ᠎ᠠ᠃ ᠪᠤᠰᠤᠳ ᠢᠯᠡᠴᠢᠯᠡᠨ ᠮᠡᠳᠡᠭᠦᠯᠦᠯᠲᠡ ᠵᠢᠨ ᠦᠢ᠍ᠯᠡᠴᠢᠯᠡᠭᠡᠨ᠎ᠢ ᠭᠤᠤᠯᠳᠠᠭᠤ ᠵᠢᠵᠢᠭᠯᠡᠨ ᠬᠤᠳᠠᠯᠳᠤᠬᠤ ᠦᠢ᠍ᠯᠡᠴᠢᠯᠡᠭᠡ᠂ ᠵᠢᠰᠦ ᠭᠤᠶᠣᠯᠠᠵᠤ ᠦᠰᠦ ᠵᠠᠰᠠᠬᠤ ᠦᠢ᠍ᠯᠡᠴᠢᠯᠡᠭᠡ᠂ ᠡᠮᠨᠡᠯᠭᠡ ᠵᠢᠨ ᠬᠤᠷᠢᠶᠠᠨ᠎ᠤ ᠦᠢ᠍ᠯᠡᠴᠢᠯᠡᠭᠡ᠂ ᠮᠡᠷᠭᠡᠵᠢᠯ᠎ᠤᠨ ᠪᠣᠯᠪᠠᠰᠤᠷᠠᠯ᠎ᠤᠨ ᠦᠢ᠍ᠯᠡᠴᠢᠯᠡᠭᠡ᠂ ᠢᠨᠲ᠋ᠧᠷ ᠰᠦᠯᠵᠢᠶᠡᠨ᠎ᠤ ᠰᠢᠭᠤᠳ ᠪᠣᠷᠣᠯᠠᠭᠤᠯᠬᠤ ᠦᠢ᠍ᠯᠡᠴᠢᠯᠡᠭᠡ᠂ ᠲᠣᠭᠤᠷᠢᠨ ᠦᠵᠡᠬᠦ ᠵᠤᠭ᠎ᠠ ᠴᠡᠩᠭᠡᠯ᠎ᠤᠨ ᠦᠢ᠍ᠯᠡᠴᠢᠯᠡᠭᠡ᠂ ᠤᠬᠢᠶᠠᠯᠭ᠎ᠠ ᠬᠢᠬᠦ ᠢᠯᠢᠵᠦ ᠨᠤᠬᠤᠯᠠᠬᠤ ᠦᠢ᠍ᠯᠡᠴᠢᠯᠡᠭᠡ ᠵᠡᠷᠭᠡ᠎ᠳᠤ ᠬᠤᠯᠪᠣᠭᠳᠠᠵᠤ᠂ ᠭᠤᠤᠯ ᠠᠰᠠᠭᠤᠳᠠᠯ᠎ᠨᠢ ᠦᠨᠡᠮᠯᠡᠯ ᠥᠬᠡᠶ᠎ᠪᠠᠷ ᠡᠵᠡᠩᠨᠡᠭᠰᠡᠨ᠂ ᠬᠤᠳᠠᠯ ᠬᠠᠭᠤᠷᠮᠠᠭ ᠵᠠᠷ ᠮᠡᠳᠡᠭᠡᠨ ᠤ ᠤᠬᠠᠭᠤᠯᠭ᠎ᠠ ᠬᠢᠭᠰᠡᠨ᠂ ᠦᠢ᠍ᠯᠡᠴᠢᠯᠡᠭᠡᠨ ᠤ ᠶᠠᠰᠤ ᠴᠢᠨᠠᠷ ᠮᠠᠭᠤ ᠪᠠ ᠬᠡᠷᠡᠭᠯᠡᠭᠴᠢᠳ ᠢ ᠮᠡᠬᠡᠯᠡᠭᠰᠡᠨ ᠠᠵᠢᠯᠯᠠᠭ᠎ᠠ ᠪᠣᠯᠤᠨ᠎ᠠ᠃
ᠢᠯᠡᠴᠢᠯᠡᠨ ᠮᠡᠳᠡᠭᠦᠯᠦᠯᠲᠡ ᠵᠢᠨ ᠬᠦᠯᠢᠶᠡᠨ ᠠᠪᠤᠭᠰᠠᠨ ᠪᠠᠶ᠋ᠢᠳᠠᠯ᠎ᠢ ᠬᠤᠯᠪᠣᠭᠳᠠᠬᠤ ᠠᠰᠠᠭᠤᠳᠠᠯ᠎ᠤᠨ ᠶᠣᠰᠣᠭ᠋ᠠᠷ ᠲᠥᠷᠥᠯ ᠬᠤᠪᠢᠶᠠᠭᠰᠠᠨ ᠵᠢᠷᠤᠭ᠄

ᠬᠣᠯᠪᠣᠭᠳᠠᠬᠤ ᠠᠰᠠᠭᠤᠳᠠᠯ ᠵᠶ᠋ᠠᠷ᠎ᠨᠢ ᠲᠥᠷᠥᠯ ᠬᠤᠪᠢᠶᠠᠵᠤ᠂ ᠢᠳᠡᠭᠡᠨ᠎ᠤ ᠠᠮᠤᠷ ᠲᠦᠪᠰᠢᠨ᠎ᠤ ᠪᠠᠷᠢᠮᠵᠢᠶ᠎ᠠ᠎ᠠᠴᠠ ᠵᠥᠷᠢᠴᠡᠭᠰᠡᠨ᠂ ᠬᠡᠷᠡᠭᠯᠡᠭᠴᠢᠳ᠎ᠤᠨ ᠡᠷᠬᠡ ᠠᠰᠢᠭ᠎ᠲᠤ ᠬᠠᠯᠳᠠᠭᠰᠠᠨ᠂ ᠲᠥᠪ ᠪᠤᠰᠤ ᠥᠷᠢᠰᠥᠯᠳᠦᠭᠡᠨ᠂ ᠵᠠᠷ ᠮᠡᠳᠡᠭᠡ᠂ ᠦᠨ᠎ᠡ ᠬᠠᠩᠰᠢ ᠵᠢᠨ ᠬᠠᠤᠯᠢ᠎ᠠᠴᠠ ᠵᠥᠷᠢᠴᠡᠭᠰᠡᠨ ᠵᠢᠴᠢ ᠲᠣᠭᠲᠠᠭ᠋ᠠᠯ᠎ᠠᠴᠠ ᠵᠥᠷᠢᠴᠡᠨ ᠰᠦᠢ᠍ᠳᠬᠡᠯ ᠬᠤᠷᠢᠶᠠᠭᠰᠠᠨ ᠦᠢ᠍ᠯᠡ ᠠᠵᠢᠯᠯᠠᠭ᠎ᠠ ᠵᠢᠨ ᠠᠰᠠᠭᠤᠳᠠᠯ᠂ ᠦᠢ᠍ᠯᠡᠳᠬᠦᠨ᠎ᠤ ᠶᠠᠰᠤ ᠴᠢᠨᠠᠷ᠂ ᠳᠠᠩᠰᠠᠯᠠᠨ ᠬᠠᠮᠢᠶᠠᠷᠬᠤ ᠦᠢ᠍ᠯᠡ ᠠᠵᠢᠯᠯᠠᠭ᠎ᠠ᠂ ᠡᠮ᠎ᠤᠨ ᠵᠦᠢ᠍ᠯ᠎ᠤᠨ ᠠᠰᠠᠭᠤᠳᠠᠯ ᠵᠢᠴᠢ ᠬᠡᠮᠵᠢᠯᠲᠡ ᠵᠢᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠡᠷᠭᠡ ᠨᠡᠯᠢᠶᠡᠳ ᠲᠣᠪᠣᠶ᠋ᠢᠮ᠎ᠠ ᠪᠠᠢ᠌ᠪᠠ᠃
ᠳᠥᠷᠪᠡ᠂ ᠠᠰᠠᠭᠤᠨ ᠯᠠᠪᠯᠠᠯᠲᠠ ᠵᠢᠨ ᠪᠠᠶ᠋ᠢᠳᠠᠯ᠎ᠤᠨ ᠲᠤᠭ᠎ᠠ ᠪᠠᠷᠢᠮᠲᠠ ᠵᠢᠨ ᠪᠦᠷᠢᠳᠬᠡᠯ
2024 ᠣᠨ᠎ᠤ ᠠᠰᠠᠭᠤᠨ ᠯᠠᠪᠯᠠᠯᠲᠠ ᠨᠡᠶ᠋ᠢᠲᠡ 187552 ᠬᠤᠪᠢ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ᠎ᠪᠠᠨ 6.06%᠎ᠪᠠᠷ ᠬᠠᠰᠤᠭᠳᠠᠨ᠂ ᠡᠭᠦᠨ᠎ᠳᠤ ᠬᠡᠷᠡᠭᠯᠡᠭᠡᠨ᠎ᠤ ᠡᠷᠬᠡ ᠠᠰᠢᠭ᠎ᠢ ᠬᠠᠮᠠᠭ᠋ᠠᠯᠠᠬᠤ ᠮᠡᠳᠡᠯᠭᠡ 64523 ᠬᠤᠪᠢ ᠪᠠᠢ᠌ᠪᠠ; ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠢᠰᠲ᠋ᠧᠮ᠎ᠳᠤ ᠬᠤᠯᠪᠣᠭᠳᠠᠭᠰᠠᠨ 21786 ᠬᠤᠪᠢ ᠪᠠᠢ᠌ᠵᠤ᠂ ᠠᠰᠠᠭᠤᠨ ᠯᠠᠪᠯᠠᠯᠲᠠ ᠵᠢᠨ ᠬᠡᠮᠵᠢᠶ᠎ᠡ ᠨᠡᠯᠢᠶᠡᠳ ᠶᠡᠭᠡ ᠪᠠᠶ᠋ᠢᠭ᠎ᠠ ᠠᠰᠠᠭᠤᠳᠠᠯ᠎ᠨᠢ ᠲᠤᠰ ᠲᠤᠰ᠄ ᠵᠠᠭ᠋ᠠᠯᠳᠤᠯᠭ᠎ᠠ ᠢᠯᠡᠴᠢᠯᠡᠨ ᠮᠡᠳᠡᠭᠦᠯᠦᠯᠲᠡ ᠵᠢ ᠰᠢᠢ᠍ᠳᠪᠦᠷᠢᠯᠡᠭᠰᠡᠨ 9450 ᠬᠤᠪᠢ᠂ ᠰᠦᠯᠵᠢᠶᠡᠨ᠎ᠤ ᠠᠷᠠᠯᠵᠢᠶᠠᠨ᠎ᠤ ᠬᠢᠨᠠᠯᠲᠠ ᠬᠠᠮᠢᠶᠠᠷᠤᠯᠲᠠ 1773 ᠬᠤᠪᠢ᠂ ᠦᠢ᠍ᠯᠡᠴᠢᠯᠡᠭᠡᠨ᠎ᠤ ᠬᠡᠷᠡᠭᠯᠡᠭᠡᠨ᠎ᠤ ᠬᠢᠨᠠᠯᠲᠠ ᠬᠠᠮᠢᠶᠠᠷᠤᠯᠲᠠ 1102 ᠬᠤᠪᠢ᠂ ᠦᠢ᠍ᠯᠡᠳᠬᠦᠨ (ᠲᠠᠸᠠᠷ)᠎ᠤ ᠶᠠᠰᠤ ᠴᠢᠨᠠᠷ 757 ᠬᠤᠪᠢ᠂ ᠵᠠᠬ᠎ᠠ ᠳᠡᠯᠭᠡᠭᠦᠷ᠎ᠤᠨ ᠭᠤᠣᠯ ᠴᠣᠭᠴᠠ ᠵᠢᠨ ᠳᠠᠩᠰᠠᠯᠠᠯ 514 ᠬᠤᠪᠢ᠂ ᠢᠳᠡᠭᠡᠨ᠎ᠤ ᠬᠢᠨᠠᠯᠲᠠ ᠬᠠᠮᠢᠶᠠᠷᠤᠯᠲᠠ 355 ᠬᠤᠪᠢ᠂ ᠲᠠᠸᠠᠷ᠎ᠤᠨ ᠠᠷᠠᠯᠵᠢᠶᠠᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ 303 ᠬᠤᠪᠢ᠂ ᠦᠨ᠎ᠡ ᠬᠠᠩᠰᠢ ᠵᠢᠨ ᠬᠢᠨᠠᠯᠲᠠ ᠬᠠᠮᠢᠶᠠᠷᠤᠯᠲᠠ 213 ᠬᠤᠪᠢ ᠵᠡᠷᠭᠡ ᠪᠠᠢ᠌ᠪᠠ; ᠪᠤᠰᠤᠳ ᠰᠠᠯᠠᠭ᠎ᠠ ᠮᠥᠴᠢᠷ᠎ᠲᠤ ᠬᠣᠯᠪᠣᠭᠳᠠᠬᠤ ᠠᠰᠠᠭᠤᠨ ᠯᠠᠪᠯᠠᠯᠲᠠ᠎ᠳᠤ ᠭᠤᠣᠯᠳᠠᠭᠤ ᠡᠷᠡᠭᠦᠯ ᠬᠠᠮᠠᠭ᠋ᠠᠯᠠᠯ᠂ ᠵᠢᠭᠤᠯᠴᠢᠯᠠᠯ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠬᠠᠮᠢᠶᠠᠷᠤᠯᠲᠠ᠂ ᠰᠢᠤᠳᠠᠨ᠂ ᠭᠠᠶ᠋ᠢᠯᠢ ᠵᠢᠨ ᠶᠠᠪᠤᠳᠠᠯ᠂ ᠳᠤᠯᠠᠭ᠋ᠠᠯᠠᠭ᠎ᠠ ᠬᠠᠩᠭ᠋ᠠᠬᠤ᠂ ᠤᠰᠤ ᠬᠠᠩᠭ᠋ᠠᠬᠤ᠂ ᠴᠠᠬᠢᠯᠭ᠋ᠠᠨ ᠬᠠᠩᠭ᠋ᠠᠬᠤ᠂ ᠠᠳᠠᠯ ᠠᠬᠤᠶ᠂ ᠭᠡᠷ ᠪᠠᠶ᠋ᠢᠰᠢᠩ ᠭᠠᠵᠠᠷ ᠬᠥᠷᠥᠩᠭᠡ ᠵᠡᠷᠭᠡ ᠵᠢ ᠪᠠᠭᠲᠠᠭ᠋ᠠᠪᠠ᠃
ᠲᠠᠪᠤ᠂ ᠶᠡᠷᠦᠩᠬᠡᠢ ᠵᠠᠳᠠᠯᠤᠯᠲᠠ ᠵᠢᠨ ᠰᠠᠨᠠᠭᠤᠯᠭ᠎ᠠ
(ᠨᠢᠭᠡ) 2024 ᠣᠨ᠎ᠳᠤ ᠪᠥᠬᠦ ᠣᠷᠣᠨ᠎ᠤ ᠬᠡᠷᠡᠭᠯᠡᠭᠴᠢᠳ᠎ᠤᠨ ᠢᠯᠡᠴᠢᠯᠡᠨ ᠮᠡᠳᠡᠭᠦᠯᠦᠯᠲᠡ ᠵᠠᠭ᠋ᠠᠯᠳᠤᠯᠭ᠎ᠠ ᠵᠢ ᠭᠥᠯᠢᠶᠡᠨ ᠠᠪᠤᠭᠰᠠᠨ ᠬᠡᠮᠵᠢᠶ᠎ᠡ ᠠᠳᠠᠯᠢ ᠬᠤᠭᠤᠴᠠᠭ᠋ᠠᠨ᠎ᠤ᠎ᠬᠢ᠎ᠠᠴᠠ᠎ᠪᠠᠨ ᠢᠯᠡᠳᠲᠡ ᠨᠡᠮᠡᠭᠳᠡᠪᠡ
2024 ᠣᠨ᠎ᠳᠤ ᠪᠥᠬᠦ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠬᠡᠷᠡᠭᠯᠡᠭᠴᠢᠳ᠎ᠤᠨ ᠵᠠᠭ᠋ᠠᠯᠳᠤᠯᠭ᠎ᠠ ᠢᠯᠡᠴᠢᠯᠡᠨ ᠮᠡᠳᠡᠭᠦᠯᠦᠯᠲᠡ ᠵᠢ ᠭᠥᠯᠢᠶᠡᠨ ᠠᠪᠤᠭᠰᠠᠨ ᠶᠠᠪᠤᠳᠠᠯ ᠢᠯᠡᠳᠲᠡ ᠨᠡᠮᠡᠭᠳᠡᠵᠦ᠂ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ᠎ᠪᠠᠨ 10.40%᠎ᠪᠠᠷ ᠨᠡᠮᠡᠭᠳᠡᠵᠦ᠂ ᠢᠯᠡᠴᠢᠯᠡᠨ ᠮᠡᠳᠡᠭᠦᠯᠦᠯᠲᠡ ᠠᠳᠠᠯᠢ ᠬᠤᠭᠤᠴᠠᠭ᠋ᠠᠨ᠎ᠤ᠎ᠬᠢ᠎ᠠᠴᠠ᠎ᠪᠠᠨ 8.25%᠎ᠪᠠᠷ ᠨᠡᠮᠡᠭᠳᠡᠵᠡᠶ᠂ ᠭᠤᠤᠯ ᠰᠢᠯᠲᠠᠭ᠋ᠠᠨ᠎ᠨᠢ ᠨᠢᠭᠡ᠎ᠳᠤ᠂ ᠠᠵᠤ ᠠᠬᠤᠶ ᠵᠢᠨ ᠪᠠᠶ᠋ᠢᠳᠠᠯ ᠰᠠᠶ᠋ᠢᠵᠢᠷᠠᠵᠤ᠂ ᠬᠡᠷᠡᠭᠯᠡᠭᠴᠢᠳ᠎ᠤᠨ ᠪᠠᠷᠠᠭ᠎ᠠ ᠬᠤᠳᠠᠯᠳᠤᠨ ᠠᠪᠬᠤ ᠬᠦᠰᠡᠯ ᠡᠷᠡᠮᠡᠯᠵᠡᠯ ᠳᠡᠭᠡᠭᠰᠢᠯᠡᠨ᠂ ᠥᠪᠡᠷᠲᠡᠭᠡᠨ ᠵᠠᠰᠠᠬᠤ ᠣᠷᠣᠨ᠎ᠤ ᠳᠣᠲᠣᠷᠠᠬᠢ ᠲᠣᠭᠯᠠᠯᠲᠠ ᠵᠢᠨ ᠤᠷᠤᠯᠳᠤᠭ᠋ᠠᠨ᠎ᠤ ᠠᠵᠢᠯᠯᠠᠭ᠎ᠠ ᠨᠡᠯᠢᠶᠡᠳ ᠣᠯᠠᠨ ᠪᠣᠯᠵᠣ᠂ ᠬᠠᠮᠢᠶ᠎ᠠ ᠪᠥᠬᠦᠶ ᠵᠠᠭ᠋ᠠᠯᠳᠤᠯᠭ᠎ᠠ ᠢᠯᠡᠴᠢᠯᠡᠨ ᠮᠡᠳᠡᠭᠦᠯᠦᠯᠲᠡ ᠵᠢ ᠨᠡᠮᠡᠭᠳᠡᠭᠦᠯᠪᠡ; ᠬᠤᠶᠠᠷ᠎ᠲᠤ᠂ ᠥᠪᠡᠷᠲᠡᠭᠡᠨ ᠵᠠᠰᠠᠬᠤ ᠣᠷᠣᠨ᠎ᠤ 12315 ᠤᠲᠠᠰᠤ ᠬᠦᠯᠢᠶᠡᠨ ᠠᠪᠬᠤ ᠲᠠᠪᠴᠠᠩ᠎ᠳᠤ 24 ᠴᠠᠭ ᠵᠶ᠋ᠡᠷ ᠬᠥᠮᠦᠨ᠎ᠤ ᠬᠦᠴᠦ᠎ᠪᠠᠷ ᠵᠢᠵᠢᠭᠦᠷᠯᠡᠨ ᠰᠠᠬᠢᠵᠤ᠂ ᠵᠠᠭ᠋ᠠᠯᠳᠤᠯᠭ᠎ᠠ ᠢᠯᠡᠴᠢᠯᠡᠨ ᠮᠡᠳᠡᠭᠦᠯᠦᠯᠲᠡ ᠵᠢ ᠴᠠᠭ ᠲᠤᠬᠠᠶ᠎ᠳᠤᠨᠢ ᠪᠦᠲᠦᠮᠵᠢᠲᠡᠶ ᠭᠦᠢ᠍ᠴᠡᠳᠬᠡᠬᠦ ᠵᠢ ᠪᠠᠲᠤᠯᠠᠪᠠ; ᠭᠤᠷᠪᠠ᠎ᠳᠤ᠂ ᠬᠡᠷᠡᠭᠯᠡᠭᠴᠢᠳ᠎ᠤᠨ ᠡᠷᠬᠡ᠎ᠪᠠᠨ ᠬᠠᠮᠠᠭ᠋ᠠᠯᠠᠬᠤ ᠦᠵᠡᠯ ᠤᠬᠠᠮᠰᠠᠷ ᠴᠢᠩᠭ᠋ᠠᠷᠠᠵᠤ᠂ ᠥᠪᠡᠷᠲᠡᠭᠡᠨ ᠸᠢᠴᠠᠲ᠎ᠤᠨ ᠵᠢᠵᠢᠭ ᠫᠷᠤᠭ᠌ᠷᠠᠮ᠂ ᡁᠢ ᠹᠦ᠋ ᠪᠣᠣ ᠵᠢᠨ ᠵᠢᠵᠢᠭ ᠫᠷᠤᠭ᠌ᠷᠠᠮ ᠵᠢᠴᠢ APP ᠵᠡᠷᠭᠡ ᠣᠯᠠᠨ ᠠᠷᠭ᠎ᠠ ᠵᠠᠮ ᠵᠶ᠋ᠠᠷ ᠪᠥᠬᠦ ᠤᠯᠤᠰ᠎ᠤᠨ 12315 ᠲᠠᠪᠴᠠᠩ᠎ᠳᠤ ᠵᠠᠭ᠋ᠠᠯᠳᠤᠯᠭ᠎ᠠ ᠢᠯᠡᠴᠢᠯᠡᠨ ᠮᠡᠳᠡᠭᠦᠯᠦᠯᠲᠡ ᠵᠢᠨ ᠮᠡᠳᠡᠭᠡ ᠵᠠᠩᠭᠢ ᠵᠢ ᠲᠤᠰᠢᠶᠠᠵᠤ᠂ ᠵᠠᠭ᠋ᠠᠯᠳᠤᠯᠭ᠎ᠠ ᠢᠯᠡᠴᠢᠯᠡᠨ ᠮᠡᠳᠡᠭᠦᠯᠦᠯᠲᠡ ᠵᠢᠨ ᠪᠡᠶ᠎ᠡ᠎ᠪᠠᠨ ᠳᠠᠭ᠋ᠠᠭ᠋ᠠᠭᠰᠠᠨ ᠴᠢᠨᠠᠷ᠂ ᠳᠥᠭᠦᠮ ᠳᠥᠲᠡ ᠴᠢᠨᠠᠷ᠎ᠢ ᠳᠡᠭᠡᠭᠰᠢᠯᠡᠭᠦᠯᠪᠡ᠃
(ᠬᠤᠶᠠᠷ) ᠲᠠᠸᠠᠷ᠎ᠤᠨ ᠦᠢ᠍ᠯᠡᠴᠢᠯᠡᠭᠡᠨ᠎ᠤ ᠢᠯᠡᠴᠢᠯᠡᠨ ᠮᠡᠳᠡᠭᠦᠯᠦᠯᠲᠡ ᠵᠢ ᠬᠢᠨᠠᠨ ᠬᠠᠮᠢᠶᠠᠷᠬᠤ ᠡᠷᠴᠢᠮ ᠵᠶ᠋ᠠᠨ ᠴᠢᠩᠭ᠋ᠠᠷᠠᠭᠤᠯᠪᠠ
2024 ᠣᠨ᠎ᠤ ᠲᠠᠸᠠᠷ᠎ᠤᠨ ᠶᠡᠭᠡ ᠲᠥᠷᠥᠯ᠎ᠤᠨ ᠵᠠᠭ᠋ᠠᠯᠳᠤᠯᠭ᠎ᠠ᠎ᠳᠤ᠂ ᠵᠠᠭ᠋ᠠᠯᠳᠤᠯᠭ᠎ᠠ ᠵᠢᠨ ᠬᠡᠮᠵᠢᠶᠡᠨ᠎ᠤ ᠡᠮᠦᠨ᠎ᠡ ᠲᠠᠪᠤ᠎ᠳᠤ ᠵᠢᠭᠰᠠᠭ᠋ᠠᠭᠳᠠᠭᠰᠠᠨ ᠲᠠᠸᠠᠷ᠎ᠤᠨ ᠶᠡᠭᠡ ᠲᠥᠷᠥᠯ᠎ᠨᠢ ᠨᠢᠳᠤᠨᠤᠨ᠎ᠤ᠎ᠬᠢ᠎ᠲᠠᠢ ᠠᠳᠠᠯᠢ ᠪᠠᠶ᠋ᠢᠵᠤ᠂ ᠢᠳᠡᠭᠡᠨ᠎ᠤ ᠲᠥᠷᠥᠯ᠎ᠤᠨ ᠵᠠᠭ᠋ᠠᠯᠳᠤᠯᠭ᠎ᠠ᠎ᠨᠢ ᠢᠮᠠᠭᠲᠠ ᠲᠡᠷᠢᠭᠦᠨ ᠪᠠᠶ᠋ᠢᠷᠢᠨ᠎ᠳᠤ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ᠎ᠪᠠᠨ 31.52% ᠵᠶ᠋ᠠᠷ ᠨᠡᠮᠡᠭᠳᠡᠪᠡ᠂ ᠬᠤᠯᠪᠣᠭᠳᠠᠬᠤ ᠠᠰᠠᠭᠤᠳᠠᠯ᠎ᠨᠢ ᠭᠣᠣᠯᠳᠠᠭᠤ ᠢᠳᠡᠭᠡᠨ᠎ᠤ ᠵᠦᠢ᠍ᠯ᠎ᠤᠨ ᠬᠤᠭᠤᠴᠠᠭ᠎ᠠ᠎ᠨᠢ ᠥᠩᠭᠡᠷᠡᠭᠰᠡᠨ᠂ ᠴᠢᠨᠠᠷ᠎ᠨᠢ ᠬᠤᠪᠢᠷᠠᠭᠰᠠᠨ᠂ ᠡᠯᠳᠡᠪ ᠵᠦᠢ᠍ᠯ᠎ᠤᠨ ᠪᠣᠳᠠᠰ ᠪᠠᠢ᠌ᠬᠤ᠂ ᠬᠤᠳᠠᠯ ᠬᠠᠭᠤᠷᠮᠠᠭ ᠤᠬᠠᠭᠤᠯᠭ᠎ᠠ ᠬᠢᠭᠰᠡᠨ᠂ ᠦᠨ᠎ᠡ ᠬᠠᠩᠰᠢ ᠵᠢᠴᠢ ᠢᠳᠡᠭᠡᠨ᠎ᠤ ᠵᠦᠢ᠍ᠯ᠎ᠤᠨ ᠪᠦᠷᠢᠯᠳᠦᠬᠦᠨ᠎ᠨᠢ ᠤᠯᠤᠰ᠎ᠤᠨ ᠪᠠᠷᠢᠮᠵᠢᠶ᠎ᠠ᠎ᠠᠴᠠ ᠵᠥᠷᠢᠴᠡᠭᠰᠡᠨ ᠵᠡᠷᠭᠡ ᠪᠣᠯᠣᠨ᠎ᠠ᠃ ᠴᠢᠮᠡᠭᠡ ᠬᠤᠯᠪᠣᠭ᠋ᠠᠨ᠎ᠤ ᠪᠦᠲᠦᠭᠡᠭᠳᠡᠬᠦᠨ᠎ᠤ ᠲᠠᠪᠤᠳᠤᠭ᠋ᠠᠷ᠎ᠲᠤ ᠵᠢᠭᠰᠠᠭ᠋ᠠᠭᠳᠠᠭᠰᠠᠨ᠎ᠨᠢ᠂ ᠠᠳᠠᠯᠢ ᠬᠤᠭᠤᠴᠠᠭ᠋ᠠᠨ᠎ᠤ᠎ᠬᠢ᠎ᠠᠴᠠ᠎ᠪᠠᠨ 16.25%᠎ᠪᠠᠷ ᠬᠠᠰᠤᠭᠳᠠᠵᠤ᠂ ᠬᠣᠯᠪᠣᠭᠳᠠᠬᠤ ᠠᠰᠠᠭᠤᠳᠠᠯ᠎ᠨᠢ ᠭᠣᠣᠯᠳᠠᠭᠤ ᠳᠡᠯᠭᠡᠴᠡ᠂ ᠴᠡᠨᠡᠭ ᠵᠡᠷᠭᠡ ᠬᠠᠲᠠᠭᠤ ᠬᠡᠷᠡᠭᠰᠡᠯ᠎ᠤᠨ ᠠᠰᠠᠭᠤᠳᠠᠯ ᠵᠢᠴᠢ ᠰᠡᠯᠪᠢᠨ ᠵᠠᠰᠠᠬᠤ ᠶᠠᠰᠤ ᠴᠢᠨᠠᠷ᠂ ᠰᠦᠢ᠍ᠳᠬᠡᠯ ᠬᠤᠷᠢᠶᠠᠬᠤ ᠪᠠ ᠬᠤᠳᠠᠯᠳᠤᠭᠰᠠᠨ᠎ᠤ ᠳᠠᠷᠠᠭ᠋ᠠᠬᠢ ᠦᠢ᠍ᠯᠡᠴᠢᠯᠡᠭᠡᠨ᠎ᠤ ᠣᠪᠣᠷ ᠵᠡᠷᠭᠡ ᠪᠣᠯᠤᠨ᠎ᠠ᠃
2024 ᠣᠨ᠎ᠤ ᠦᠢ᠍ᠯᠡᠴᠢᠯᠡᠭᠡᠨ᠎ᠤ ᠶᠡᠭᠡ ᠲᠥᠷᠥᠯ᠎ᠤᠨ ᠵᠠᠭ᠋ᠠᠯᠳᠤᠯᠭ᠎ᠠ᠎ᠳᠤ᠂ ᠵᠠᠭ᠋ᠠᠯᠳᠤᠯᠭ᠎ᠠ ᠵᠢᠨ ᠬᠡᠮᠵᠢᠶᠡᠨ᠎ᠤ ᠡᠮᠦᠨ᠎ᠡ ᠲᠠᠪᠤ᠎ᠳᠤ ᠵᠢᠭᠰᠠᠭ᠋ᠠᠭᠳᠠᠭᠰᠠᠨ ᠦᠢ᠍ᠯᠡᠴᠢᠯᠡᠭᠡᠨ᠎ᠤ ᠲᠣᠮᠣ ᠲᠥᠷᠥᠯ᠎ᠨᠢ ᠨᠢᠳᠤᠨᠤᠨ᠎ᠤ᠎ᠬᠢ᠎ᠲᠠᠢ ᠦᠨᠳᠦᠰᠦᠨ᠎ᠳᠤ᠎ᠪᠠᠨ ᠠᠳᠠᠯᠢ ᠪᠠᠶ᠋ᠢᠵᠤ᠂ ᠵᠢᠭᠰᠠᠭ᠋ᠠᠯᠲᠠ᠎ᠨᠢ ᠵᠢᠭ᠋ᠠᠬᠠᠨ ᠬᠤᠪᠢᠷᠠᠯᠲᠠ᠎ᠲᠠᠢ᠂ ᠪᠣᠷᠣᠯᠠᠭᠤᠯᠭ᠎ᠠ ᠵᠢᠨ ᠦᠢ᠍ᠯᠡᠴᠢᠯᠡᠭᠡᠨ᠎ᠤ ᠵᠠᠭ᠋ᠠᠯᠳᠤᠯᠭ᠎ᠠ᠎ᠨᠢ ᠮᠥᠨ ᠯᠡ ᠲᠡᠷᠢᠭᠦᠨ ᠪᠠᠶ᠋ᠢᠷᠢᠨ᠎ᠳᠤ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ᠎ᠪᠠᠨ 2.38%᠎ᠪᠠᠷ ᠪᠠᠭ᠋ᠠᠰᠴᠤ᠂ ᠭᠤᠣᠯ ᠠᠰᠠᠭᠤᠳᠠᠯ᠎ᠨᠢ ᠡᠵᠡᠩᠨᠡᠭᠴᠢ᠎ᠠᠴᠠ ᠦᠢ᠍ᠯᠡᠴᠢᠯᠡᠭᠡᠨ᠎ᠤ ᠠᠭᠤᠯᠭ᠎ᠠ ᠪᠠ ᠲᠠᠯᠠᠪᠤᠷ ᠭᠠᠵᠠᠷ ᠵᠡᠷᠭᠡ ᠭᠡᠷ᠎ᠡ᠎ᠳᠤ ᠪᠣᠯᠵᠣᠨ ᠲᠣᠭᠲᠠᠭᠰᠠᠨ ᠵᠦᠢ᠍ᠯᠡᠰ᠂ ᠬᠡᠷᠡᠭᠯᠡᠭᠴᠢᠳ ᠪᠠ ᠡᠵᠡᠩᠨᠡᠭᠴᠢ ᠵᠢᠨ ᠦᠢ᠍ᠯᠡᠴᠢᠯᠡᠭᠡᠨ᠎ᠤ ᠰᠦᠢ᠍ᠳᠬᠡᠯ᠎ᠤᠨ ᠵᠢᠭᠤᠷᠠᠯᠳᠤᠭ᠋ᠠᠨ᠂ ᠡᠵᠡᠩᠨᠡᠭᠴᠢ ᠠᠵᠢᠯ ᠵᠶ᠋ᠡᠨ ᠵᠣᠭᠰᠣᠭ᠋ᠠᠭᠰᠠᠨ᠎ᠤ ᠳᠠᠷᠠᠭ᠎ᠠ ᠤᠷᠢᠳᠴᠢᠯᠠᠨ ᠥᠭᠭᠦᠭᠰᠡᠨ ᠵᠣᠭᠤᠰ᠎ᠢ ᠪᠤᠴᠠᠭ᠋ᠠᠬᠤ ᠡᠭᠦᠷᠭᠡ᠎ᠠᠴᠠ ᠵᠠᠢ᠌ᠯᠠᠭᠰᠠᠨ ᠵᠡᠷᠭᠡ ᠠᠰᠠᠭᠤᠳᠠᠯ᠎ᠤᠳ ᠪᠣᠯᠣᠨ᠎ᠠ; ᠢᠳᠡᠭᠡᠨ ᠤᠮᠳᠠᠭ᠋ᠠᠨ ᠪᠠ ᠬᠣᠨᠣᠭ ᠪᠠᠭᠤᠳᠠᠯ᠎ᠤᠨ ᠦᠢ᠍ᠯᠡᠴᠢᠯᠡᠭᠡ᠂ ᠵᠢᠰᠦ ᠭᠤᠶᠣᠯᠠᠵᠤ ᠦᠰᠦ ᠵᠠᠰᠠᠵᠤ ᠤᠬᠢᠶᠠᠯᠭ᠎ᠠ ᠬᠢᠬᠦ ᠦᠢ᠍ᠯᠡᠴᠢᠯᠡᠭᠡ ᠵᠢᠭ᠋ᠠᠬᠠᠨ ᠨᠡᠮᠡᠭᠳᠡᠯ᠎ᠲᠠᠢ ᠪᠠᠢ᠌ᠵᠤ᠂ ᠠᠳᠠᠯᠢ ᠬᠤᠭᠤᠴᠠᠭ᠋ᠠᠨ᠎ᠤ᠎ᠬᠢ᠎ᠠᠴᠠ᠎ᠪᠠᠨ 3.56%᠂ 4.89%᠎ᠪᠠᠷ ᠨᠡᠮᠡᠭᠳᠡᠪᠡ; ᠬᠥᠮᠦᠵᠢᠯ ᠪᠣᠯᠪᠠᠰᠤᠷᠠᠯ᠎ᠤᠨ ᠦᠢ᠍ᠯᠡᠴᠢᠯᠡᠭᠡ᠂ ᠰᠣᠶᠣᠯ ᠵᠤᠭ᠎ᠠ ᠴᠡᠩᠭᠡᠯ ᠪᠡᠶ᠎ᠡ ᠵᠢᠨ ᠲᠠᠮᠢᠷ᠎ᠤᠨ ᠦᠢ᠍ᠯᠡᠴᠢᠯᠡᠭᠡ ᠵᠢᠭ᠋ᠠᠬᠠᠨ ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ᠎ᠪᠠᠨ 33.30%᠂ 15.9%᠎ᠪᠠᠷ ᠬᠠᠰᠤᠭᠳᠠᠪᠠ᠃
ᠡᠯ᠎ᠡ ᠱᠠᠲᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠭᠤᠤᠯᠳᠠᠯᠭ᠎ᠠ᠎ᠲᠠᠢ ᠠᠵᠢᠯ ᠲᠥᠷᠥᠯ᠎ᠤᠨ ᠵᠠᠬ᠎ᠠ ᠳᠡᠯᠭᠡᠭᠦᠷ᠎ᠤᠨ ᠡᠵᠡᠩᠨᠡᠯᠲᠡ ᠵᠢᠨ ᠭᠤᠤᠯ ᠴᠣᠭᠴᠠ ᠪᠣᠯᠤᠨ ᠲᠠᠯᠠᠪᠤᠷ ᠭᠠᠵᠠᠷ᠎ᠤᠨ ᠬᠢᠨᠠᠯᠲᠠ ᠬᠠᠮᠢᠶᠠᠷᠤᠯᠲᠠ ᠵᠢᠨ ᠡᠷᠴᠢᠮ ᠵᠶ᠋ᠠᠨ ᠴᠢᠩᠭ᠋ᠠᠳᠬᠠᠵᠤ᠂ ᠢᠯᠠᠩᠭᠤᠶ᠎ᠠ ᠦᠢ᠍ᠯᠡᠳᠬᠦᠨ᠎ᠤ ᠶᠠᠰᠤ ᠴᠢᠨᠠᠷ᠂ ᠦᠨ᠎ᠡ ᠬᠠᠩᠰᠢ ᠪᠣᠯᠤᠨ ᠭᠦᠢ᠍ᠯᠭᠡᠭᠡᠨ᠎ᠤ ᠠᠷᠭ᠎ᠠ ᠵᠠᠮ᠎ᠤᠨ ᠵᠦᠶ ᠶᠣᠰᠣᠴᠢ ᠴᠢᠨᠠᠷ ᠵᠢᠴᠢ ᠬᠠᠤᠯᠢ ᠶᠣᠰᠣᠴᠢ ᠴᠢᠨᠠᠷ᠂ ᠡᠵᠡᠩᠨᠡᠯᠲᠡ ᠵᠢᠨ ᠭᠤᠤᠯ ᠴᠣᠭᠴᠠ ᠵᠢᠨ ᠵᠠᠷ ᠮᠡᠳᠡᠭᠡᠨ᠎ᠤ ᠤᠬᠠᠭᠤᠯᠭ᠎ᠠ ᠵᠢᠴᠢ ᠪᠣᠷᠣᠯᠠᠭᠤᠯᠭ᠎ᠠ ᠵᠢᠨ ᠳᠠᠷᠠᠭ᠋ᠠᠬᠢ ᠦᠢ᠍ᠯᠡᠴᠢᠯᠡᠭᠡ ᠵᠡᠷᠭᠡ ᠠᠰᠠᠭᠤᠳᠠᠯ᠎ᠳᠤ ᠴᠢᠭᠯᠡᠭᠦᠯᠦᠨ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠪᠣᠯᠤᠨ ᠴᠡᠭᠴᠡᠯᠡᠨ ᠵᠠᠰᠠᠬᠤ ᠠᠵᠢᠯ ᠵᠶ᠋ᠠᠨ ᠰᠠᠶ᠋ᠢᠲᠤᠷ ᠬᠢᠵᠦ᠂ ᠣᠯᠠᠨ ᠲᠦᠮᠡᠨ᠎ᠳᠤ ᠲᠤᠯᠭ᠋ᠠᠷᠠᠵᠤ ᠪᠠᠶ᠋ᠢᠭ᠎ᠠ ᠬᠡᠷᠡᠭᠯᠡᠭᠡᠨ᠎ᠤ ᠬᠦᠴᠢᠷ ᠠᠰᠠᠭᠤᠳᠠᠯ᠎ᠢ ᠴᠠᠭ ᠲᠤᠬᠠᠶ᠎ᠳᠤᠨᠢ ᠰᠢᠢ᠍ᠳᠪᠦᠷᠢᠯᠡᠵᠦ᠂ ᠡᠷᠬᠡ ᠲᠡᠭᠰᠢ ᠡᠮᠬᠢ ᠵᠢᠷᠤᠮ᠎ᠲᠠᠢ ᠥᠷᠢᠰᠥᠯᠳᠦᠭᠡᠨ᠎ᠤ ᠣᠷᠴᠢᠨ ᠲᠣᠭᠤᠷᠢᠨ ᠪᠣᠯᠤᠨ ᠠᠮᠤᠷ ᠲᠦᠪᠰᠢᠨ ᠰᠠᠨᠠᠭ᠎ᠠ ᠠᠮᠤᠷ ᠬᠡᠷᠡᠭᠯᠡᠭᠡᠨ᠎ᠤ ᠣᠷᠴᠢᠨ ᠲᠣᠭᠤᠷᠢᠨ᠎ᠢ ᠪᠣᠶ ᠪᠣᠯᠭ᠋ᠠᠬᠤ᠎ᠳᠤ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠶ᠃
(ᠭᠤᠷᠪᠠ) ᠬᠡᠷᠡᠭᠯᠡᠭᠴᠢᠳ᠎ᠢ ᠬᠦᠲᠦᠯᠦᠨ ᠵᠢᠯᠤᠭᠤᠳᠴᠤ ᠪᠠᠶ᠋ᠢᠭ᠋ᠠᠳ ᠵᠥᠪ ᠬᠡᠷᠡᠭᠯᠡᠭᠡᠨ᠎ᠤ ᠦᠵᠡᠯᠲᠡ ᠪᠠ ᠡᠵᠡᠩᠨᠡᠭᠴᠢ ᠵᠢᠨ ᠥᠪᠡᠷ᠎ᠢ᠎ᠪᠠᠨ ᠱᠠᠭ᠋ᠠᠷᠳᠠᠬᠤ ᠤᠬᠠᠮᠰᠠᠷ᠎ᠢ᠎ᠨᠢ ᠪᠤᠢ ᠪᠣᠯᠭ᠋ᠠᠪᠠ
ᠬᠡᠷᠡᠭᠯᠡᠭᠴᠢᠳ᠎ᠤᠨ ᠡᠷᠬᠡ ᠠᠰᠢᠭ ᠵᠶ᠋ᠠᠨ ᠬᠠᠮᠠᠭ᠋ᠠᠯᠠᠬᠤ ᠤᠬᠠᠮᠰᠠᠷ ᠵᠶ᠋ᠠᠨ ᠳᠡᠭᠡᠭᠰᠢᠯᠡᠭᠦᠯᠬᠦ ᠵᠢ ᠳᠠᠭ᠋ᠠᠯᠳᠤᠨ᠂ ᠬᠡᠷᠡᠭᠯᠡᠭᠴᠢᠳ᠎ᠤᠨ ᠵᠠᠭ᠋ᠠᠯᠳᠤᠯᠭ᠎ᠠ ᠬᠢᠬᠦ᠎ᠳᠤ ᠨᠠᠩ ᠳᠥᠭᠦᠮ ᠳᠥᠲᠡ ᠪᠣᠯᠪᠠ᠃ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ 《ᠰᠠᠷ᠎ᠠ ᠰᠠᠷ᠎ᠠ 3 • 15》᠂ 《ᠲᠠᠪᠤ᠎ᠳᠤ ᠣᠷᠣᠭᠤᠯᠬᠤ》 《ᠰᠠᠨᠠᠭ᠎ᠠ ᠠᠮᠤᠷ ᠬᠡᠷᠡᠭᠯᠡᠭᠡ ᠵᠢ ᠡᠭᠦᠳᠦᠨ ᠪᠠᠶ᠋ᠢᠭᠤᠯᠬᠤ》 ᠵᠡᠷᠭᠡ ᠰᠦᠯᠵᠢᠶᠡᠨ ᠭᠠᠳᠠᠨᠠᠬᠢ ᠠᠵᠢᠯᠯᠠᠭ᠎ᠠ ᠪᠠ ᠢᠨᠲ᠋ᠧᠷ ᠰᠦᠯᠵᠢᠶᠡᠨ᠎ᠤ ᠲᠠᠪᠴᠠᠩ ᠵᠡᠷᠭᠡ ᠠᠷᠭ᠎ᠠ ᠵᠠᠮ ᠵᠶ᠋ᠠᠷ ᠳᠠᠮᠵᠢᠭᠤᠯᠤᠨ᠂ ᠬᠡᠷᠡᠭᠯᠡᠭᠴᠢᠳ᠎ᠢ ᠢᠳᠡᠪᠬᠢᠲᠡᠶ᠎ᠪᠠᠷ ᠬᠥᠲᠥᠯᠦᠨ ᠵᠢᠯᠣᠭᠤᠳᠴᠤ ᠪᠠᠶ᠋ᠢᠭ᠋ᠠᠳ ᠵᠥᠪ ᠣᠨᠣᠪᠴᠢᠲᠠᠶ ᠬᠡᠷᠡᠭᠯᠡᠭᠡᠨ᠎ᠤ ᠦᠵᠡᠯᠲᠡ ᠵᠢ ᠪᠣᠶ ᠪᠣᠯᠭ᠋ᠠᠬᠤ ᠵᠢᠨ ᠬᠠᠮᠲᠤ᠂ ᠤᠯᠠᠮᠵᠢᠯᠠᠯᠲᠤ ᠵᠠᠭᠤᠴᠢᠯᠠᠭᠤᠷ᠂ ᠰᠢᠨ᠎ᠡ ᠵᠠᠭᠤᠴᠢᠯᠠᠭᠤᠷ᠎ᠯᠤᠭ᠎ᠠ ᠬᠠᠮᠵᠢᠯᠴᠠᠬᠤ᠎ᠪᠠᠷ ᠳᠠᠮᠵᠢᠭᠤᠯᠤᠨ᠂ ᠭᠤᠤᠯ ᠰᠡᠳᠦᠪᠲᠦ ᠤᠬᠠᠭᠤᠯᠭ᠎ᠠ ᠵᠢᠨ ᠰᠢᠷᠢᠰ ᠠᠵᠢᠯᠯᠠᠭ᠎ᠠ ᠵᠢ ᠢᠳᠡᠪᠬᠢᠲᠡᠶ ᠥᠷᠨᠢᠭᠦᠯᠵᠦ᠂ ᠭᠤᠤᠯᠳᠠᠯᠭ᠎ᠠ᠎ᠲᠠᠢ ᠬᠡᠷᠡᠭᠯᠡᠭᠡᠨ᠎ᠤ ᠬᠦᠷᠢᠶᠡᠨ᠎ᠳᠤ ᠬᠡᠷᠡᠭᠯᠡᠭᠡ ᠵᠢᠨ ᠪᠡᠶᠡᠴᠢ ᠣᠢ᠌ᠯᠠᠭ᠋ᠠᠯᠲᠠ᠂ ᠪᠠᠶ᠋ᠢᠴᠠᠭ᠋ᠠᠯᠲᠠ ᠵᠢᠴᠢ ᠬᠡᠷᠡᠭᠯᠡᠭᠡ ᠵᠢᠨ ᠬᠢᠨᠠᠯᠲᠠ ᠲᠠᠯᠪᠢᠬᠤ ᠠᠵᠢᠯ᠎ᠢ ᠥᠷᠨᠢᠭᠦᠯᠵᠦ᠂ ᠡᠵᠡᠩᠨᠡᠭᠴᠢᠳ᠎ᠢ ᠰᠢᠮᠳᠠᠭᠤᠯᠵᠤ ᠪᠠᠶ᠋ᠢᠭ᠋ᠠᠳ ᠬᠡᠷᠡᠭᠯᠡᠭᠡ ᠵᠢᠨ ᠡᠷᠬᠡ᠎ᠪᠠᠨ ᠬᠠᠮᠠᠭ᠋ᠠᠯᠠᠬᠤ ᠨᠡᠶ᠋ᠢᠭᠡᠮ᠎ᠤᠨ ᠬᠠᠷᠢᠭᠤᠴᠠᠯᠭ᠎ᠠ ᠵᠢᠨ ᠦᠵᠡᠯ ᠤᠬᠠᠮᠰᠠᠷ᠎ᠢ ᠤᠬᠠᠮᠰᠠᠷ᠎ᠠᠴᠠ᠎ᠪᠠᠨ ᠭᠦᠢ᠍ᠴᠡᠳᠬᠡᠯᠭᠡᠬᠦ ᠬᠡᠷᠡᠭᠲᠡᠢ᠃
ᠲᠠᠶ᠋ᠢᠯᠪᠤᠷᠢ᠄ ᠳᠣᠰ ᠮᠠᠲᠠᠭᠦᠯᠣᠯᠲᠠ ᠵᠢᠨ ᠳᠣᠭ᠎ᠠ ᠪᠠᠷᠢᠮᠲᠠ ᠪᠤᠢ᠍ᠭᠦ ᠤᠯᠤᠰ᠎ᠤᠨ 12315 ᠲᠠᠪᠴᠠᠩ᠎ᠠᠴᠠ ᠡᠢ᠍ᠷᠠᠯᠲᠠ᠎ᠲᠠᠢ