ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ 1 ᠳ᠋ᠤᠭᠡᠷ ᠰᠠᠷ᠎ᠠ ᠵᠢᠨ ᠪᠥᠬᠦ ᠤᠯᠤᠰ᠎ᠤᠨ 12315 ᠲᠠᠪᠴᠠᠩ᠎ᠤᠨ ᠵᠠᠭ᠋ᠠᠯᠳᠤᠯᠭ᠎ᠠ ᠢᠯᠡᠴᠢᠯᠡᠨ ᠮᠡᠳᠡᠭᠦᠯᠦᠯᠲᠡ ᠠᠰᠠᠭᠤᠨ ᠯᠠᠪᠯᠠᠯᠲᠠ ᠵᠢᠨ ᠪᠠᠶ᠋ᠢᠳᠠᠯ᠎ᠤᠨ ᠲᠤᠭ᠎ᠠ ᠪᠠᠷᠢᠮᠲᠠ ᠵᠢᠨ ᠮᠡᠳᠡᠭᠦᠯᠦᠯᠲᠡ
2025-02-15

     ᠨᠢᠭᠡ᠂ ᠦᠨᠳᠦᠰᠦᠨ ᠪᠠᠶ᠋ᠢᠳᠠᠯ

     2025 ᠣᠨ᠎ᠤ 1 ᠳ᠋ᠦ᠍ᠭᠡᠷ ᠰᠠᠷ᠎ᠠ᠎ᠳᠤ ᠥᠪᠥᠷ ᠮᠣᠩᠭᠤᠯ᠎ᠤᠨ ᠪᠥᠬᠦ ᠤᠯᠤᠰ᠎ᠤᠨ 12315 ᠲᠠᠪᠴᠠᠩ  ᠬᠡᠷᠡᠭᠯᠡᠭᠴᠢᠳ᠎ᠤᠨ ᠵᠠᠭ᠋ᠠᠯᠳᠤᠯᠭ᠎ᠠ᠂ ᠢᠯᠡᠴᠢᠯᠡᠨ ᠮᠡᠳᠡᠭᠦᠯᠦᠯᠲᠡ ᠂ ᠠᠰᠠᠭᠤᠨ ᠯᠠᠪᠯᠠᠯᠲᠠ ᠵᠢ ᠨᠡᠶ᠋ᠢᠲᠡ 26458 ᠬᠤᠪᠢ ᠭᠥᠯᠢᠶᠡᠨ ᠠᠪᠴᠤ᠂ ᠠᠳᠠᠯᠢ ᠬᠤᠭᠤᠴᠠᠭ᠋ᠠᠨ᠎ᠤ᠎ᠬᠢ᠎ᠠᠴᠠ᠎ᠪᠠᠨ 22.96%᠎ᠪᠠᠷ ᠪᠠᠭ᠋ᠠᠰᠪᠠ᠃ ᠡᠭᠦᠨ᠎ᠳᠤ᠂ ᠵᠠᠭ᠋ᠠᠯᠳᠤᠯᠭ᠎ᠠ 10875 ᠬᠤᠪᠢ ᠪᠠᠶ᠋ᠢᠵᠤ᠂ ᠶᠡᠷᠦᠩᠬᠡᠶ ᠬᠡᠮᠵᠢᠶᠡᠨ᠎ᠤ 41.10% ᠵᠢ ᠡᠵᠡᠯᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ᠎ᠪᠠᠨ 25.92% ᠵᠶ᠋ᠠᠷ ᠪᠠᠭ᠋ᠠᠰᠪᠠ; ᠢᠯᠡᠴᠢᠯᠡᠨ ᠮᠡᠳᠡᠭᠦᠯᠦᠯᠲᠡ 2547 ᠬᠤᠪᠢ ᠪᠠᠶ᠋ᠢᠵᠤ᠂ ᠶᠡᠷᠦᠩᠬᠡᠶ ᠬᠡᠮᠵᠢᠶᠡᠨ᠎ᠤ 9.63% ᠵᠢ ᠡᠵᠡᠯᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ᠎ᠪᠠᠨ 17.60%᠎ᠪᠠᠷ ᠪᠠᠭ᠋ᠠᠰᠪᠠ ;  ᠠᠰᠠᠭᠤᠨ ᠯᠠᠪᠯᠠᠯᠲᠠ 13036 ᠬᠤᠪᠢ ᠪᠠᠶ᠋ᠢᠵᠤ᠂ ᠶᠡᠷᠦᠩᠬᠡᠶ ᠬᠡᠮᠵᠢᠶᠡᠨ᠎ᠤ 49.27% ᠵᠢ ᠡᠵᠡᠯᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ᠎ᠪᠠᠨ 21.32% ᠵᠶ᠋ᠠᠷ ᠪᠠᠭ᠋ᠠᠰᠴᠠᠶ᠃  ᠵᠠᠭ᠋ᠠᠯᠳᠤᠯᠭ᠎ᠠ ᠢᠯᠡᠴᠢᠯᠡᠨ ᠮᠡᠳᠡᠭᠦᠯᠦᠯᠲᠡ ᠵᠢᠨ ᠨᠡᠶ᠋ᠢᠲᠡ 9703 ᠬᠡᠷᠡᠭ᠎ᠢ ᠰᠢᠢ᠍ᠳᠪᠦᠷᠢᠯᠡᠨ ᠳᠠᠭᠤᠰᠬᠠᠵᠤ᠂ ᠰᠢᠢ᠍ᠳᠪᠦᠷᠢᠯᠡᠵᠦ ᠳᠠᠭᠤᠰᠬᠠᠭᠰᠠᠨ ᠨᠣᠷᠮ᠎ᠠ᠎ᠨᠢ 72.29%᠎ᠳᠤ ᠬᠦᠷᠪᠡ ᠂ ᠮᠠᠷᠭᠤᠭ᠋ᠠᠨ᠎ᠲᠠᠢ ᠬᠤᠯᠪᠣᠭᠳᠠᠭᠰᠠᠨ ᠵᠣᠭᠤᠰ᠎ᠤᠨ ᠲᠤᠭ᠎ᠠ᠎ᠨᠢ 915.08 ᠲᠦᠮᠡᠨ ᠲᠥᠭᠦᠷᠢᠭ᠎ᠲᠤ ᠬᠦᠷᠴᠦ᠂ ᠬᠡᠷᠡᠭᠯᠡᠭᠴᠢᠳ᠎ᠲᠤ 181.98 ᠲᠦᠮᠡᠨ ᠲᠥᠭᠦᠷᠢᠭ᠎ᠤᠨ ᠠᠵᠤ ᠠᠬᠤᠶ ᠵᠢᠨ ᠬᠤᠬᠢᠷᠠᠯ᠎ᠢ ᠡᠭᠡᠭᠦᠯᠦᠨ ᠠᠪᠴᠢᠷᠠᠪᠠ ᠃

     2025 ᠣᠨ᠎ᠤ 1 ᠳ᠋ᠦ᠍ᠭᠡᠷ ᠰᠠᠷ᠎ᠠ ᠵᠢᠨ ᠪᠥᠬᠦ ᠣᠷᠣᠨ᠎ᠤ 12315 ᠵᠢᠨ  ᠵᠠᠭ᠋ᠠᠯᠳᠤᠯᠭ᠎ᠠ ᠢᠯᠡᠴᠢᠯᠡᠨ ᠮᠡᠳᠡᠭᠦᠯᠦᠯᠲᠡ ᠠᠰᠠᠭᠤᠨ ᠯᠠᠪᠯᠠᠯᠲᠠ ᠵᠢᠨ ᠬᠡᠮᠵᠢᠶᠡᠨ᠎ᠤ  ᠠᠳᠠᠯᠢ ᠬᠤᠭᠤᠴᠠᠭ᠋ᠠᠨ᠎ᠤ ᠬᠠᠷᠢᠴᠠᠭᠤᠯᠤᠯ᠎ᠤᠨ ᠵᠢᠷᠤᠭ᠄

 

1.jpg

 

     ᠡᠯ᠎ᠡ ᠠᠶ᠋ᠢᠮᠠᠭ ᠬᠤᠲᠠ ᠵᠢᠨ ᠵᠠᠭ᠋ᠠᠯᠳᠤᠯᠭ᠎ᠠ  ᠢᠯᠡᠴᠢᠯᠡᠨ  ᠮᠡᠳᠡᠭᠦᠯᠦᠯᠲᠡ ᠠᠰᠠᠭᠤᠨ ᠯᠠᠪᠯᠠᠯᠲᠠ ᠵᠢᠨ ᠬᠡᠮᠵᠢᠶᠡᠨ᠎ᠤ  ᠪᠠᠶ᠋ᠢᠳᠠᠯ᠎ᠤᠨ ᠪᠦᠷᠢᠳᠬᠡᠯ᠎ᠤᠨ ᠬᠦᠰᠦᠨᠦᠭᠲᠦ (ᠨᠢᠭᠡᠴᠢ ᠄ ᠬᠤᠪᠢ )

 

2.jpg


     ᠵᠠᠭ᠋ᠠᠯᠳᠤᠯᠭ᠎ᠠ ᠢᠯᠡᠴᠢᠯᠡᠨ ᠮᠡᠳᠡᠭᠦᠯᠦᠯᠲᠡ ᠠᠰᠠᠭᠤᠨ ᠯᠠᠪᠯᠠᠯᠲᠠ ᠵᠢᠨ  ᠶᠡᠷᠦᠩᠬᠡᠶ ᠬᠡᠮᠵᠢᠶᠡᠨ᠎ᠤ  ᠡᠮᠦᠨ᠎ᠡ ᠭᠤᠷᠪᠠ᠎ᠳᠤ ᠵᠢᠭᠰᠠᠭ᠋ᠠᠭᠳᠠᠭᠰᠠᠨ᠎ᠨᠢ ᠬᠥᠬᠡᠬᠣᠲᠠ᠂ ᠪᠤᠭᠤᠲᠤ ᠬᠣᠲᠠ᠂ ᠤᠯᠠᠭ᠋ᠠᠨᠬᠠᠳᠠ ᠬᠣᠲᠠ ᠪᠣᠯᠤᠨ᠎ᠠ᠃ ᠡᠯ᠎ᠡ ᠵᠦᠢ᠍ᠯ᠎ᠤᠨ ᠲᠤᠭ᠎ᠠ ᠪᠠᠷᠢᠮᠲᠠ᠎ᠳᠤ  ᠵᠠᠭ᠋ᠠᠯᠳᠤᠯᠭ᠎ᠠ ᠢᠯᠡᠴᠢᠯᠡᠨ ᠮᠡᠳᠡᠭᠦᠯᠦᠯᠲᠡ ᠵᠢᠨ ᠬᠡᠮᠵᠢᠶᠡᠨ᠎ᠤ ᠡᠮᠦᠨ᠎ᠡ ᠭᠤᠷᠪᠠ᠎ᠳᠤ ᠵᠢᠭᠰᠠᠭ᠋ᠠᠭᠳᠠᠭᠰᠠᠨ᠎ᠨᠢ  ᠴᠥᠮ ᠬᠥᠬᠡᠬᠤᠲᠠ᠂ ᠪᠤᠭᠤᠲᠤ ᠬᠤᠲᠠ᠂ ᠤᠯᠠᠭ᠋ᠠᠨᠬᠠᠳᠠ ᠬᠤᠲᠠ ᠪᠣᠯᠤᠨ᠎ᠠ᠃

     ᠬᠤᠶᠠᠷ᠂ ᠵᠠᠭ᠋ᠠᠯᠳᠤᠯᠭ᠎ᠠ ᠵᠢᠨ  ᠪᠠᠶ᠋ᠢᠳᠠᠯ᠎ᠤᠨ ᠲᠤᠭ᠎ᠠ ᠪᠠᠷᠢᠮᠳᠠ ᠵᠢᠨ ᠪᠦᠷᠢᠳᠬᠡᠯ

     1  ᠳ᠋ᠦ᠍ᠭᠡᠷ ᠰᠠᠷ᠎ᠠ᠎ᠳᠤ ᠬᠡᠷᠡᠭᠯᠡᠭᠴᠢᠳ᠎ᠤᠨ ᠵᠠᠭ᠋ᠠᠯᠳᠤᠯᠭ᠎ᠠ ᠵᠢ ᠨᠡᠶ᠋ᠢᠲᠡ 10875 ᠬᠤᠪᠢ ᠭᠥᠯᠢᠶᠡᠨ ᠠᠪᠴᠤ᠂ ᠠᠳᠠᠯᠢ ᠬᠤᠭᠤᠴᠠᠭ᠋ᠠᠨ᠎ᠤ᠎ᠬᠢ᠎ᠠᠴᠠ᠎ᠪᠠᠨ 25.92% ᠵᠶ᠋ᠠᠷ ᠪᠠᠭ᠋ᠠᠰᠪᠠ᠃ ᠡᠭᠦᠨ᠎ᠳᠤ ᠲᠠᠸᠠᠷ᠎ᠤᠨ ᠲᠥᠷᠥᠯ᠎ᠲᠠᠢ  ᠬᠣᠯᠪᠣᠭᠳᠠᠭᠰᠠᠨ 5900 ᠬᠤᠪᠢ᠂ ᠦᠢ᠍ᠯᠡᠴᠢᠯᠡᠭᠡᠨ᠎ᠤ ᠲᠥᠷᠥᠯ᠎ᠲᠠᠢ  ᠬᠣᠯᠪᠣᠭᠳᠠᠭᠰᠠᠨ 4975 ᠬᠤᠪᠢ ᠪᠣᠢ ᠃  ᠵᠠᠭ᠋ᠠᠯᠳᠤᠯᠭ᠎ᠠ᠎ᠳᠤ ᠬᠣᠯᠪᠣᠭᠳᠠᠭᠰᠠᠨ ᠮᠠᠷᠭᠤᠭ᠋ᠠᠨ᠎ᠲᠠᠢ ᠵᠣᠭᠤᠰ᠎ᠤᠨ ᠲᠣᠭ᠎ᠠ 915.08 ᠲᠦᠮᠡᠨ ᠲᠥᠭᠦᠷᠢᠭ ᠪᠠᠢ᠌ᠵᠤ᠂ ᠬᠡᠷᠡᠭᠯᠡᠭᠴᠢᠳ᠎ᠲᠤ 181.98 ᠲᠦᠮᠡᠨ ᠲᠥᠭᠦᠷᠢᠭ᠎ᠤᠨ ᠠᠵᠤ ᠠᠬᠤᠶ ᠵᠢᠨ ᠬᠤᠬᠢᠷᠠᠯ᠎ᠢ ᠡᠭᠡᠭᠦᠯᠦᠨ ᠠᠪᠴᠢᠷᠠᠪᠠ ᠃ 2 ᠳ᠋ᠤᠭ᠋ᠠᠷ ᠰᠠᠷ᠎ᠠ ᠵᠢᠨ 6᠎ᠤ ᠡᠳᠦᠷ ᠪᠣᠯᠲᠠᠯ᠎ᠠ 7907 ᠬᠤᠪᠢ ᠵᠢ ᠨᠢᠭᠡᠨᠲᠡ ᠰᠢᠢ᠍ᠳᠪᠦᠷᠢᠯᠡᠨ ᠳᠠᠭᠤᠰᠬᠠᠵᠤ᠂ ᠰᠢᠢ᠍ᠳᠪᠦᠷᠢᠯᠡᠨ ᠳᠠᠭᠤᠰᠬᠠᠭᠰᠠᠨ ᠨᠣᠷᠮ᠎ᠠ᠎ᠨᠢ 72.71%᠎ᠳᠤ ᠬᠦᠷᠪᠡ ᠃

     ᠪᠤᠰᠤᠳᠴᠢ ᠴᠤᠭᠴᠠ ᠵᠢᠨ ᠲᠦᠷᠦᠯ ᠢᠯᠭ᠋ᠠᠯ᠎ᠢ  ᠬᠦᠰᠦᠨᠦᠭᠲᠦ᠎ᠠᠴᠠ ᠦᠵᠡ (ᠨᠢᠭᠡ) (ᠬᠤᠶᠠᠷ)᠄

     (ᠨᠢᠭᠡ) ᠲᠠᠸᠠᠷ᠎ᠤᠨ ᠲᠦᠷᠦᠯ᠎ᠳᠤ ᠬᠣᠯᠪᠣᠭᠳᠠᠭᠰᠠᠨ


3.jpg

4.jpg


     ᠲᠠᠸᠠᠷ᠎ᠤᠨ ᠲᠥᠷᠥᠯ᠎ᠤᠨ ᠵᠠᠭ᠋ᠠᠯᠳᠤᠯᠭ᠎ᠠ ᠎ᠨᠢ ᠠᠳᠠᠯᠢ ᠬᠤᠭᠤᠴᠠᠭ᠋ᠠᠨ᠎ᠤ᠎ᠬᠢ᠎ᠠᠴᠠ 34.03%᠎ᠪᠠᠷ ᠪᠠᠭ᠋ᠠᠰᠪᠠ ᠃ ᠵᠠᠭ᠋ᠠᠯᠳᠤᠯᠭ᠎ᠠ ᠵᠢᠨ ᠬᠡᠮᠵᠢᠶᠡᠨ᠎ᠤ  ᠡᠮᠦᠨ᠎ᠡ ᠲᠠᠪᠤᠨ ᠨᠡᠷᠡᠰ᠎ᠲᠤ ᠵᠢᠭᠰᠠᠭ᠋ᠠᠭᠳᠠᠭᠰᠠᠨ ᠲᠠᠸᠠᠷ᠎ᠤᠨ ᠶᠡᠭᠡ ᠲᠦᠷᠦᠯ᠎ᠨᠢ  ᠳᠠᠷᠠᠭ᠋ᠠᠯᠠᠯ ᠵᠶ᠋ᠠᠷ  ᠢᠳᠡᠭᠡᠨ᠂ ᠬᠤᠪᠴᠠᠰᠤ ᠬᠤᠨᠠᠷ᠂  ᠱᠠᠬᠠᠢ  ᠮᠠᠯᠠᠭ᠋ᠠᠢ᠂ ᠵᠠᠮ ᠬᠠᠷᠢᠯᠴᠠᠭ᠋ᠠᠨ᠎ᠤ ᠪᠠᠭ᠋ᠠᠵᠢ᠂ ᠭᠡᠷ᠎ᠤᠨ ᠡᠳ᠋ᠯᠡᠯ ᠬᠡᠷᠡᠭᠰᠡᠯ᠂ ᠵᠠᠰᠠᠯ ᠴᠢᠮᠡᠭᠯᠡᠯ ᠪᠣᠯᠣᠨ᠎ᠠ ᠃

     ᠵᠠᠭ᠋ᠠᠯᠳᠤᠯᠭ᠎ᠠ ᠵᠢᠨ ᠬᠡᠮᠵᠢᠶᠡᠨ᠎ᠤ  ᠡᠮᠦᠨ᠎ᠡ ᠲᠠᠪᠤᠨ ᠨᠡᠷ᠎ᠡ᠎ᠳᠤ ᠵᠢᠭᠰᠠᠭ᠋ᠠᠭᠳᠠᠭᠰᠠᠨ  ᠲᠠᠸᠠᠷ᠎ᠤᠨ ᠶᠡᠭᠡ ᠲᠥᠷᠥᠯ᠎ᠤᠨ ᠲᠠᠸᠠᠷ᠎ᠤᠨ ᠵᠠᠭ᠋ᠠᠯᠳᠤᠯᠭ᠎ᠠ ᠵᠢᠨ ᠶᠡᠷᠦᠩᠬᠡᠶ  ᠬᠡᠮᠵᠢᠶ᠎ᠡ᠎ᠳᠠᠬᠢ ᠡᠵᠡᠯᠡᠬᠦ ᠬᠠᠷᠢᠴᠠᠯ᠎ᠤᠨ ᠳᠤᠭᠤᠢ ᠬᠡᠯᠪᠡᠷᠢᠲᠦ ᠵᠢᠷᠤᠭ᠄ 


5.jpg


     ᠵᠠᠭ᠋ᠠᠯᠳᠤᠯᠭ᠎ᠠ ᠵᠢᠨ ᠬᠡᠮᠵᠢᠶᠡᠨ᠎ᠤ ᠨᠢᠭᠡᠳᠦᠭᠡᠷ᠎ᠲᠤ ᠵᠢᠭᠰᠠᠭ᠋ᠠᠭᠳᠠᠭᠰᠠᠨ  ᠢᠳᠡᠭᠡᠨ᠎ᠤ  ᠲᠦᠷᠦᠯ 2874 ᠬᠤᠪᠢ ᠪᠠᠶ᠋ᠢᠵᠤ᠂ ᠲᠠᠸᠠᠷ᠎ᠤᠨ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠢ ᠬᠡᠮᠵᠢᠶᠡᠨ᠎ᠤ 48.71% ᠵᠢ ᠡᠵᠡᠯᠡᠪᠡ᠃  ᠡᠢ᠌ᠮᠦᠷᠬᠦᠦ ᠲᠦᠷᠦᠯ᠎ᠤᠨ ᠵᠠᠭ᠋ᠠᠯᠳᠤᠯᠭ᠎ᠠ᠎ᠳᠤ᠂ ᠵᠠᠭ᠋ᠠᠯᠳᠤᠯᠭ᠎ᠠ ᠨᠡᠯᠢᠶᠡᠳ ᠣᠯᠠᠨ  ᠲᠠᠸᠠᠷ᠎ᠨᠢ ᠡᠩ᠎ᠤᠨ ᠢᠳᠡᠭᠡᠨ᠎ᠤ ᠵᠦᠢ᠍ᠯ 2168 ᠬᠤᠪᠢ᠂ ᠠᠷᠢᠬᠢ ᠪᠠ  ᠤᠮᠳᠠᠭ᠋ᠠᠨ 340 ᠬᠤᠪᠢ᠂ ᠢᠳᠡᠭᠡᠨ᠎ᠳᠤ ᠬᠡᠷᠡᠭᠯᠡᠬᠦ  ᠲᠠᠷᠢᠶᠠᠯᠠᠩ᠎ᠤᠨ ᠪᠦᠲᠦᠭᠡᠭᠳᠡᠬᠦᠨ 287 ᠬᠤᠪᠢ᠂ ᠨᠢᠯᠬ᠎ᠠ ᠬᠡᠦᠬᠡᠳ᠎ᠤᠨ ᠨᠠᠶ᠋ᠢᠷᠠᠯᠭ᠎ᠠ᠎ᠲᠠᠢ ᠰᠦᠨ ᠲᠠᠯᠬ᠎ᠠ 36 ᠬᠤᠪᠢ᠂  ᠢᠳᠡᠭᠡᠨ᠎ᠳᠤ ᠬᠣᠯᠪᠣᠭᠳᠠᠬᠤ ᠪᠦᠲᠦᠭᠡᠭᠳᠡᠬᠦᠨ 21 ᠬᠤᠪᠢ᠂ ᠡᠷᠡᠭᠦᠯᠵᠢᠯ᠎ᠤᠨ ᠢᠳᠡᠭᠡᠨ᠎ᠤ ᠵᠦᠢ᠍ᠯ 20 ᠬᠤᠪᠢ᠂  ᠠᠨᠠᠭ᠋ᠠᠬᠤ ᠤᠬᠠᠭ᠋ᠠᠨ᠎ᠤ ᠣᠨᠴᠠᠭ᠋ᠠᠢ ᠬᠡᠷᠡᠭᠴᠡᠭᠡᠲᠦ ᠨᠠᠶ᠋ᠢᠷᠠᠯᠭ᠎ᠠ ᠵᠢᠨ ᠢᠳᠡᠭᠡᠨ 2 ᠬᠤᠪᠢ ᠪᠣᠯᠣᠨ᠎ᠠ ᠃

     ᠵᠠᠭ᠋ᠠᠯᠳᠤᠯᠭ᠎ᠠ ᠵᠢᠨ ᠬᠡᠮᠵᠢᠶᠡᠨ᠎ᠤ ᠬᠤᠶᠠᠳᠤᠭ᠋ᠠᠷ᠎ᠲᠤ ᠵᠢᠭᠰᠠᠭ᠋ᠠᠭᠳᠠᠭᠰᠠᠨ ᠬᠤᠪᠴᠠᠰᠤ ᠬᠤᠨᠠᠷ ᠱᠠᠬᠠᠢ ᠮᠠᠯᠠᠭ᠋ᠠᠢ ᠵᠢᠨ ᠲᠥᠷᠥᠯ 688 ᠬᠤᠪᠢ ᠪᠠᠶ᠋ᠢᠵᠤ᠂ ᠲᠠᠸᠠᠷ᠎ᠤᠨ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠢ ᠬᠡᠮᠵᠢᠶᠡᠨ᠎ᠤ 11.66% ᠵᠢ ᠡᠵᠡᠯᠡᠪᠡ᠃  ᠡᠶ᠋ᠢᠮᠦᠷᠬᠦᠦ ᠲᠦᠷᠦᠯ᠎ᠤᠨ ᠵᠠᠭ᠋ᠠᠯᠳᠤᠯᠭ᠎ᠠ᠎ᠳᠤ᠂  ᠵᠠᠭ᠋ᠠᠯᠲᠤᠯᠭ᠎ᠠ ᠨᠡᠯᠢᠶᠡᠳ ᠣᠯᠠᠨ  ᠲᠠᠸᠠᠷ᠎ᠨᠢ  ᠭᠠᠳᠠᠷ ᠬᠤᠪᠴᠠᠰᠤ 307 ᠵᠠᠬ᠎ᠠ᠂ ᠱᠠᠬᠠᠶ 163 ᠵᠠᠬ᠎ᠠ᠂ ᠥᠮᠥᠳᠥ 54 ᠵᠠᠬ᠎ᠠ᠂ ᠨᠣᠣᠰᠣᠨ ᠬᠠᠨᠲᠠᠭ᠋ᠠᠰᠤ 51 ᠵᠠᠬ᠎ᠠ᠂ ᠳᠣᠲᠣᠷ ᠴᠠᠮᠴᠠ 25 ᠵᠠᠬ᠎ᠠ᠂ ᠪᠠᠩᠵᠠᠯ 18 ᠵᠠᠬ᠎ᠠ᠂ ᠬᠠᠨᠵᠢᠶᠠᠷ 10 ᠵᠠᠬ᠎ᠠ ᠪᠠᠶ᠋ᠢᠵᠤ᠂ ᠪᠤᠰᠤᠳ ᠵᠠᠭ᠋ᠠᠯᠳᠤᠯᠭ᠎ᠠ 60 ᠬᠤᠪᠢ ᠪᠠᠶ᠋ᠢᠪᠠ᠃

     ᠵᠠᠭ᠋ᠠᠯᠳᠤᠯᠭ᠎ᠠ ᠵᠢᠨ ᠬᠡᠮᠵᠢᠶᠡᠨ᠎ᠤ ᠭᠤᠷᠪᠠᠳᠤᠭ᠋ᠠᠷ᠎ᠲᠤ ᠵᠢᠭᠰᠠᠭ᠋ᠠᠭᠳᠠᠭᠰᠠᠨ ᠵᠠᠮ ᠬᠠᠷᠢᠯᠴᠠᠭ᠋ᠠᠨ᠎ᠤ ᠪᠠᠭ᠋ᠠᠵᠢ ᠬᠡᠷᠡᠭᠰᠡᠯ᠎ᠤᠨ ᠲᠥᠷᠥᠯ 385 ᠬᠤᠪᠢ ᠪᠠᠶ᠋ᠢᠵᠤ᠂ ᠲᠠᠸᠠᠷ᠎ᠤᠨ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠤ 6.53% ᠵᠢ ᠡᠵᠡᠯᠡᠪᠡ᠃  ᠡᠶ᠋ᠢᠮᠦᠷᠬᠦᠦ ᠲᠦᠷᠦᠯ᠎ᠤᠨ ᠵᠠᠭ᠋ᠠᠯᠳᠤᠯᠭ᠎ᠠ᠎ᠳᠤ᠂  ᠮᠠᠰᠢᠨ ᠲᠡᠷᠭᠡ ᠪᠠ ᠮᠠᠰᠢᠨ ᠲᠡᠷᠭᠡᠨ᠎ᠤ ᠰᠡᠯᠪᠢᠭ ᠲᠣᠨᠤᠭ 335 ᠬᠤᠪᠢ᠂ ᠮᠣᠲ᠋ᠣᠷ ᠲᠡᠷᠭᠡ ᠪᠠ ᠲᠤᠰᠠᠯᠠᠬᠤ  ᠲᠡᠷᠭᠡ 34 ᠬᠤᠪᠢ᠂ ᠳᠤᠭᠤᠢ ᠲᠡᠷᠭᠡ ᠪᠠ ᠰᠡᠯᠪᠢᠭ ᠲᠣᠨᠤᠭ 16 ᠬᠤᠪᠢ ᠪᠠᠶ᠋ᠢᠪᠠ᠃

     ᠵᠠᠭ᠋ᠠᠯᠳᠤᠯᠭ᠎ᠠ ᠵᠢᠨ ᠬᠡᠮᠵᠢᠶᠡᠨ᠎ᠤ  ᠳᠥᠷᠪᠡᠳᠦᠭᠡᠷ᠎ᠲᠤ ᠵᠢᠭᠰᠠᠭ᠋ᠠᠭᠳᠠᠭᠰᠠᠨ  ᠭᠡᠷ᠎ᠤᠨ ᠬᠡᠷᠡᠭᠰᠡᠯ᠎ᠤᠨ ᠲᠥᠷᠥᠯ ᠵᠦᠢ᠍ᠯ 265 ᠬᠤᠪᠢ ᠪᠠᠶ᠋ᠢᠵᠤ᠂ ᠲᠠᠸᠠᠷ᠎ᠤᠨ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠢ ᠬᠡᠮᠵᠢᠶᠡᠨ᠎ᠤ 4.49% ᠵᠢ ᠡᠵᠡᠯᠡᠪᠡ᠃  ᠡᠶ᠋ᠢᠮᠦᠷᠬᠦᠦ ᠲᠦᠷᠦᠯ᠎ᠤᠨ ᠵᠠᠭ᠋ᠠᠯᠳᠤᠯᠭ᠎ᠠ᠎ᠳᠤ᠂ ᠭᠡᠷ᠎ᠤᠨ ᠬᠡᠷᠡᠭᠰᠡᠯ 127 ᠬᠤᠪᠢ᠂ ᠲᠣᠭᠤᠭ᠋ᠠᠨ ᠭᠡᠷ᠎ᠤᠨ ᠬᠡᠷᠡᠭᠰᠡᠯ 34 ᠬᠤᠪᠢ᠂ ᠡᠳᠦᠷ ᠲᠤᠲᠤᠮ᠎ᠤᠨ ᠬᠡᠷᠡᠭᠯᠡᠭᠡᠨ᠎ᠤ ᠵᠦᠢ᠍ᠯ 33 ᠬᠤᠪᠢ᠂ ᠨᠢᠳᠦᠨ ᠰᠢᠯ 26 ᠬᠤᠪᠢ᠂ ᠣᠷᠣ ᠳᠡᠭᠡᠷᠡᠬᠢ ᠬᠡᠷᠡᠭᠯᠡᠭᠡᠨ᠎ᠤ ᠵᠦᠢ᠍ᠯ 15 ᠬᠤᠪᠢ᠂ ᠴᠠᠭ 9 ᠬᠤᠪᠢ᠂ ᠠᠷᠢᠭᠤᠨ ᠴᠡᠪᠡᠷ᠎ᠤᠨ ᠬᠡᠷᠡᠭᠯᠡᠭᠡᠨ᠎ᠤ ᠵᠦᠢ᠍ᠯ 9 ᠬᠤᠪᠢ᠂ ᠬᠠᠶ᠋ᠢᠷᠴᠠᠭ ᠪᠣᠭᠴᠣ 6 ᠬᠤᠪᠢ᠂ ᠨᠡᠬᠡᠮᠡᠯ ᠡᠳ᠋ 6 ᠬᠤᠪᠢ ᠪᠠᠢ᠌ᠪᠠ ᠃

     ᠵᠠᠭ᠋ᠠᠯᠳᠤᠯᠭ᠎ᠠ ᠵᠢᠨ ᠬᠡᠮᠵᠢᠶᠡᠨ᠎ᠤ ᠲᠠᠪᠤᠳᠤᠭ᠋ᠠᠷ᠎ᠲᠤ ᠵᠢᠭᠰᠠᠭ᠋ᠠᠭᠳᠠᠭᠰᠠᠨ ᠵᠠᠰᠠᠯ ᠴᠢᠮᠡᠭᠯᠡᠯ᠎ᠤᠨ ᠲᠥᠷᠥᠯ 205 ᠬᠤᠪᠢ ᠪᠠᠢ᠌ᠵᠤ ᠂  ᠲᠠᠸᠠᠷ᠎ᠤᠨ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠢ ᠬᠡᠮᠵᠢᠶᠡᠨ᠎ᠤ 3.47% ᠵᠢ ᠡᠵᠡᠯᠡᠪᠡ ᠃ ᠡᠶ᠋ᠢᠮᠦᠷᠬᠦᠦ ᠲᠥᠷᠥᠯ᠎ᠤᠨ ᠵᠠᠭ᠋ᠠᠯᠳᠤᠯᠭ᠎ᠠ᠎ᠳᠤ ᠂ ᠰᠢᠵᠢᠷ ᠠᠯᠲᠠᠨ᠎ᠤ ᠵᠠᠰᠠᠯ ᠵᠢᠮᠰᠡᠭ 150 ᠬᠤᠪᠢ ᠂ ᠴᠠᠭ᠋ᠠᠨ ᠮᠥᠩᠭᠦᠨ᠎ᠤ ᠵᠠᠰᠠᠯ ᠵᠢᠮᠰᠡᠭ 19 ᠬᠤᠪᠢ ᠂ ᠪᠠᠶ᠋ᠢᠭ᠋ᠠᠯᠢ ᠵᠢᠨ ᠬᠠᠰ ᠴᠢᠯᠠᠭᠤ 10 ᠬᠤᠪᠢ ᠂ ᠬᠠᠶ᠋ᠢᠯᠤᠰᠢ ᠵᠢᠨ ᠵᠠᠰᠠᠯ ᠵᠢᠮᠰᠡᠭ 8 ᠬᠤᠪᠢ ᠂ ᠬᠢᠮᠡᠯ ᠡᠷᠳᠡᠨᠢ ᠵᠢᠨ ᠴᠢᠯᠠᠭᠤ 5 ᠬᠤᠪᠢ ᠂ ᠪᠤᠰᠤᠳ ᠵᠠᠰᠠᠯ ᠵᠢᠮᠰᠡᠭ 13 ᠬᠤᠪᠢ ᠪᠠᠶ᠋ᠢᠪᠠ᠃

     ᠲᠠᠸᠠᠷ᠎ᠤᠨ ᠵᠠᠭ᠋ᠠᠯᠳᠤᠯᠭ᠎ᠠ ᠵᠢᠨ ᠬᠠᠯᠠᠮᠰᠢᠯ  ᠪᠣᠯᠣᠭᠰᠠᠨ ᠡᠮᠦᠨ᠎ᠡ ᠠᠷᠪᠠᠨ ᠨᠡᠷᠡᠰ᠎ᠲᠤ ᠵᠢᠭᠰᠠᠭ᠋ᠠᠭᠳᠠᠭᠰᠠᠨ ᠡᠩ᠎ᠤᠨ ᠰᠠᠭᠤᠳᠠᠯ᠎ᠤᠨ  ᠲᠡᠷᠭᠡ 253 ᠬᠤᠪᠢ᠂ ᠠᠮᠤ ᠭᠤᠯᠢᠷ ᠵᠢᠴᠢ ᠲᠡᠭᠦᠨ᠎ᠤ ᠪᠦᠲᠦᠭᠡᠭᠳᠡᠬᠦᠨ (  ᠥᠪᠡᠷᠲᠡᠭᠡᠨ ᠦᠢ᠍ᠯᠡᠳᠦᠭᠰᠡᠨ ) 160 ᠬᠤᠪᠢ᠂ ᠭᠠᠷ ᠤᠲᠠᠰᠤ 152 ᠬᠤᠪᠢ᠂ ᠥᠳᠥᠨ  ᠬᠤᠪᠴᠠᠰᠤ 147 ᠬᠤᠪᠢ᠂ ᠮᠢᠬᠠᠨ᠎ᠤ ᠪᠦᠲᠦᠭᠡᠭᠳᠡᠬᠦᠨ (  ᠥᠪᠡᠷᠲᠡᠭᠡᠨ ᠦᠢ᠍ᠯᠡᠳᠦᠭᠰᠡᠨ ) 119 ᠬᠤᠪᠢ᠂ ᠰᠢᠵᠢᠷ ᠠᠯᠲᠠᠨ᠎ᠤ ᠡᠯᠭᠦᠮᠡᠯ  ᠵᠠᠰᠠᠯ ᠴᠢᠮᠡᠭᠯᠡᠯ 91 ᠬᠤᠪᠢ᠂  ᠪᠣᠷᠴᠠ ᠵᠢᠨ ᠲᠦᠷᠦᠯ 78 ᠬᠤᠪᠢ᠂ ᠪᠠᠺᠲ᠋ᠧᠷᠢ ᠤᠰᠠᠳᠬᠠᠭᠰᠠᠨ  ᠰᠦ 76 ᠬᠤᠪᠢ᠂ ᠣᠨᠴᠠᠭ᠋ᠠᠶ ᠪᠤᠰᠤ ᠬᠡᠷᠡᠭᠴᠡᠭᠡᠨ᠎ᠤ ᠵᠠᠰᠠᠯ ᠴᠢᠮᠡᠭᠯᠡᠯ᠎ᠤᠨ ᠡᠳ᠋ 76 ᠬᠤᠪᠢ᠂ ᠲᠠᠯᠬ᠎ᠠ 67 ᠬᠤᠪᠢ (ᠬᠦᠯᠢᠶᠡᠨ ᠠᠪᠤᠭᠰᠠᠨ ᠬᠡᠮᠵᠢᠶᠡᠨ᠎ᠳᠠᠬᠢ ᠪᠦᠬᠦ 《ᠪᠤᠰᠤᠳ》᠎ᠢ ᠨᠡᠷᠡᠰ᠎ᠤᠨ ᠵᠢᠭᠰᠠᠭ᠋ᠠᠯᠲᠠ᠎ᠳᠤ ᠪᠣᠳᠣᠵᠣ ᠣᠷᠤᠭᠤᠯᠤᠭᠰᠠᠨ ᠦᠭᠡᠢ ) ᠪᠠᠢ᠌ᠵᠤ ᠂ ᠬᠤᠳᠠᠯᠳᠤᠭ᠋ᠠᠨ᠎ᠤ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠤ 20.66% ᠵᠢ ᠡᠵᠡᠯᠡᠪᠡ᠃

     (ᠬᠤᠶᠠᠷ) ᠦᠢ᠍ᠯᠡᠴᠢᠯᠡᠭᠡᠨ᠎ᠤ ᠲᠦᠷᠦᠯ᠎ᠳᠤ ᠬᠣᠯᠪᠣᠭᠳᠠᠭᠰᠠᠨ

 

6.jpg


     ᠦᠢ᠍ᠯᠡᠴᠢᠯᠡᠭᠡᠨ᠎ᠤ ᠲᠥᠷᠥᠯ᠎ᠤᠨ ᠵᠠᠭ᠋ᠠᠯᠳᠤᠯᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ᠎ᠪᠠᠨ 13.22% ᠵᠶ᠋ᠡᠷ ᠪᠠᠭ᠋ᠠᠰᠪᠠ ᠃ ᠵᠠᠭ᠋ᠠᠯᠳᠤᠯᠭ᠎ᠠ ᠵᠢᠨ ᠬᠡᠮᠵᠢᠶᠡᠨ᠎ᠤ  ᠡᠮᠦᠨ᠎ᠡ ᠲᠠᠪᠤ᠎ᠳᠤ ᠵᠢᠭᠰᠠᠭ᠋ᠠᠭᠳᠠᠭᠰᠠᠨ  ᠦᠢ᠍ᠯᠡᠴᠢᠯᠡᠭᠡᠨ᠎ᠤ ᠶᠡᠭᠡ ᠲᠥᠷᠥᠯ᠎ᠨᠢ ᠳᠠᠷᠠᠭ᠋ᠠᠯᠠᠯ ᠵᠶ᠋ᠠᠷ  ᠪᠣᠷᠣᠯᠠᠭᠤᠯᠭ᠎ᠠ ᠵᠢᠨ ᠦᠢ᠍ᠯᠡᠴᠢᠯᠡᠭᠡ᠂ ᠢᠳᠡᠭᠡᠨ ᠤᠮᠳᠠᠭ᠋ᠠᠨ ᠪᠠ ᠬᠤᠨᠤᠭ ᠪᠠᠭᠤᠳᠠᠯ᠎ᠤᠨ ᠦᠢ᠍ᠯᠡᠴᠢᠯᠡᠭᠡ᠂ ᠵᠢᠰᠦ ᠭᠤᠶᠣᠯᠠᠵᠤ ᠦᠰᠦ ᠵᠠᠰᠠᠬᠤ  ᠤᠬᠢᠶᠠᠯᠭ᠎ᠠ ᠵᠢᠨ ᠦᠢ᠍ᠯᠡᠴᠢᠯᠡᠭᠡ᠂ ᠰᠣᠶᠣᠯ ᠵᠤᠭ᠎ᠠ ᠴᠡᠩᠭᠡᠯ ᠪᠠ ᠪᠡᠶ᠎ᠡ ᠵᠢᠨ ᠲᠠᠮᠢᠷ᠎ᠤᠨ ᠦᠢ᠍ᠯᠡᠴᠢᠯᠡᠭᠡ᠂ ᠬᠥᠮᠦᠵᠢᠯ ᠪᠣᠯᠪᠠᠰᠤᠷᠠᠯ᠎ᠤᠨ ᠦᠢ᠍ᠯᠡᠴᠢᠯᠡᠭᠡ  ᠪᠣᠯᠤᠨ᠎ᠠ᠃

     ᠵᠠᠭ᠋ᠠᠯᠳᠤᠯᠭ᠎ᠠ ᠵᠢᠨ ᠬᠡᠮᠵᠢᠶᠡᠨ᠎ᠤ  ᠡᠮᠦᠨ᠎ᠡ ᠲᠠᠪᠤ᠎ᠳᠤ ᠵᠢᠭᠰᠠᠭ᠋ᠠᠭᠳᠠᠭᠰᠠᠨ ᠦᠢ᠍ᠯᠡᠴᠢᠯᠡᠭᠡᠨ᠎ᠤ  ᠶᠡᠭᠡ ᠲᠥᠷᠥᠯ᠎ᠤᠨ ᠦᠢ᠍ᠯᠡᠴᠢᠯᠡᠭᠡᠨ᠎ᠤ  ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠳᠤ ᠡᠵᠡᠯᠡᠬᠦ  ᠬᠠᠷᠢᠴᠠᠯ᠎ᠤᠨ ᠳᠤᠭᠤᠢ ᠬᠡᠯᠪᠡᠷᠢᠲᠦ  ᠵᠢᠷᠤᠭ᠄


7.jpg


     ᠵᠠᠭ᠋ᠠᠯᠳᠤᠯᠭ᠎ᠠ ᠵᠢᠨ  ᠬᠡᠮᠵᠢᠶᠡᠨ᠎ᠤ  ᠨᠢᠭᠡᠳᠦᠭᠡᠷ᠎ᠲᠤ ᠵᠢᠭᠰᠠᠭ᠋ᠠᠭᠳᠠᠭᠰᠠᠨ ᠪᠣᠷᠤᠯᠠᠭᠤᠯᠭ᠎ᠠ ᠵᠢᠨ ᠦᠢ᠍ᠯᠡᠴᠢᠯᠡᠭᠡ 1405 ᠬᠤᠪᠢ ᠪᠠᠶ᠋ᠢᠵᠤ᠂ ᠦᠢ᠍ᠯᠡᠴᠢᠯᠡᠭᠡᠨ᠎ᠤ ᠲᠦᠷᠦᠯ᠎ᠤᠨ ᠵᠠᠭ᠋ᠠᠯᠳᠤᠯᠭ᠎ᠠ ᠵᠢᠨ ᠶᠡᠷᠦᠩᠬᠡᠢ ᠬᠡᠮᠵᠢᠶᠡᠨ᠎ᠤ 28.24% ᠵᠢ ᠡᠵᠡᠯᠡᠪᠡ᠃ ᠡᠢ᠌ᠮᠦᠷᠬᠦᠦ ᠲᠦᠷᠦᠯ᠎ᠤᠨ  ᠵᠠᠭ᠋ᠠᠯᠳᠤᠯᠭ᠎ᠠ᠎ᠳᠤ᠂ ᠤᠷᠢᠳᠴᠢᠯᠠᠨ ᠲᠦᠯᠦᠪᠦᠷᠢᠯᠡᠬᠦ  ᠺᠠᠷᠲ᠎ᠤᠨ ᠦᠢ᠍ᠯᠡᠴᠢᠯᠡᠭᠡ 668 ᠬᠤᠪᠢ᠂ ᠵᠢᠵᠢᠭᠯᠡᠨ ᠬᠤᠳᠠᠯᠳᠤᠬᠤ ᠦᠢ᠍ᠯᠡᠴᠢᠯᠡᠭᠡ 295 ᠬᠤᠪᠢ᠂ ᠢᠨᠲ᠋ᠧᠷ ᠰᠦᠯᠵᠢᠶᠡᠨ᠎ᠤ ᠰᠢᠭᠤᠳ ᠪᠣᠷᠣᠯᠠᠭᠤᠯᠬᠤ  ᠦᠢ᠍ᠯᠡᠴᠢᠯᠡᠭᠡ 193 ᠬᠤᠪᠢ᠂ ᠬᠠᠷᠠᠭ᠋ᠠᠯᠵᠠᠯ᠎ᠤᠨ ᠺᠠᠷᠲ ᠵᠶ᠋ᠠᠷ ᠪᠣᠷᠣᠯᠠᠭᠤᠯᠬᠤ  ᠦᠢ᠍ᠯᠡᠴᠢᠯᠡᠭᠡ 30 ᠬᠤᠪᠢ᠂ ᠤᠷᠢᠳᠴᠢᠯᠠᠨ ᠬᠤᠳᠠᠯᠳᠤᠬᠤ  ᠦᠢ᠍ᠯᠡᠴᠢᠯᠡᠭᠡ 23 ᠬᠤᠪᠢ᠂ ᠤᠷᠢᠳᠴᠢᠯᠠᠨ ᠵᠠᠬᠢᠶᠠᠯᠠᠬᠤ ᠦᠢ᠍ᠯᠡᠴᠢᠯᠡᠭᠡ 21 ᠬᠤᠪᠢ᠂ ᠪᠤᠰᠤᠳ ᠪᠣᠷᠣᠯᠠᠭᠤᠯᠭ᠎ᠠ ᠵᠢᠨ ᠦᠢ᠍ᠯᠡᠴᠢᠯᠡᠭᠡ 175 ᠬᠤᠪᠢ ᠪᠠᠢ᠌ᠪᠠ ᠃

     ᠵᠠᠭ᠋ᠠᠯᠳᠤᠯᠭ᠎ᠠ ᠵᠢᠨ ᠬᠡᠮᠵᠢᠶᠡᠨ᠎ᠤ ᠬᠤᠶᠠᠳᠤᠭ᠋ᠠᠷ᠎ᠲᠤ ᠵᠢᠭᠰᠠᠭ᠋ᠠᠭᠳᠠᠭᠰᠠᠨ  ᠢᠳᠡᠭᠡᠨ ᠤᠮᠳᠠᠭ᠋ᠠᠨ ᠪᠠ ᠬᠣᠨᠣᠭ ᠪᠠᠭᠤᠳᠠᠯ᠎ᠤᠨ ᠦᠢ᠍ᠯᠡᠴᠢᠯᠡᠭᠡ 812 ᠬᠤᠪᠢ ᠪᠠᠶ᠋ᠢᠵᠤ᠂ ᠦᠢ᠍ᠯᠡᠴᠢᠯᠡᠭᠡᠨ᠎ᠤ ᠲᠦᠷᠦᠯ᠎ᠤᠨ ᠵᠠᠭ᠋ᠠᠯᠳᠤᠯᠭ᠎ᠠ ᠵᠢᠨ ᠶᠡᠷᠦᠩᠬᠡᠢ ᠬᠡᠮᠵᠢᠶᠡᠨ᠎ᠤ 16.32%᠎ᠢ ᠡᠵᠡᠯᠡᠪᠡ᠃  ᠡᠶ᠋ᠢᠮᠦᠷᠬᠦᠦ ᠲᠦᠷᠦᠯ᠎ᠤᠨ ᠵᠠᠭ᠋ᠠᠯᠳᠤᠯᠭ᠎ᠠ᠎ᠳᠤ᠂ ᠢᠳᠡᠭᠡᠨ ᠤᠮᠳᠠᠭ᠋ᠠᠨ᠎ᠤ ᠦᠢ᠍ᠯᠡᠴᠢᠯᠡᠭᠡ 583 ᠬᠤᠪᠢ᠂ ᠬᠤᠨᠤᠭ ᠪᠠᠭᠤᠳᠠᠯ᠎ᠤᠨ ᠦᠢ᠍ᠯᠡᠴᠢᠯᠡᠭᠡ 229 ᠬᠤᠪᠢ ᠪᠠᠢ᠌ᠪᠠ ᠃

     ᠵᠠᠭ᠋ᠠᠯᠳᠤᠯᠭ᠎ᠠ ᠵᠢᠨ ᠬᠡᠮᠵᠢᠶᠡᠨ᠎ᠤ  ᠭᠤᠷᠪᠠᠳᠤᠭ᠋ᠠᠷ᠎ᠲᠤ ᠵᠢᠭᠰᠠᠭ᠋ᠠᠭᠳᠠᠭᠰᠠᠨ ᠵᠢᠰᠦ ᠭᠤᠶᠣᠯᠠᠵᠤ ᠦᠰᠦ ᠵᠠᠰᠠᠵᠤ ᠪᠡᠶ᠎ᠡ ᠤᠬᠢᠶᠠᠬᠤ  ᠦᠢ᠍ᠯᠡᠴᠢᠯᠡᠭᠡ 447 ᠬᠤᠪᠢ ᠪᠠᠶ᠋ᠢᠵᠤ᠂ ᠦᠢ᠍ᠯᠡᠴᠢᠯᠡᠭᠡᠨ᠎ᠤ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠤ 8.98% ᠵᠢ ᠡᠵᠡᠯᠡᠪᠡ᠃  ᠡᠶ᠋ᠢᠮᠦᠷᠬᠦᠦ ᠲᠦᠷᠦᠯ᠎ᠤᠨ ᠵᠠᠭ᠋ᠠᠯᠳᠤᠯᠭ᠎ᠠ᠎ᠳᠤ᠂   ᠵᠢᠰᠦ ᠭᠤᠶᠣᠯᠠᠵᠤ ᠦᠰᠦ ᠵᠠᠰᠠᠬᠤ ᠦᠢ᠍ᠯᠡᠴᠢᠯᠡᠭᠡ 287 ᠬᠤᠪᠢ᠂ ᠤᠭᠢᠶᠠᠯᠭ᠎ᠠ ᠬᠢᠵᠦ ᠢᠯᠢᠬᠦ  ᠦᠢ᠍ᠯᠡᠴᠢᠯᠡᠭᠡ 160 ᠬᠤᠪᠢ ᠪᠠᠶ᠋ᠢᠪᠠ᠃

     ᠵᠠᠭ᠋ᠠᠯᠳᠤᠯᠭ᠎ᠠ ᠵᠢᠨ ᠬᠡᠮᠵᠢᠶᠡᠨ᠎ᠤ  ᠳᠥᠷᠪᠡᠳᠦᠭᠡᠷ᠎ᠲᠤ ᠵᠢᠭᠰᠠᠭ᠋ᠠᠭᠳᠠᠭᠰᠠᠨ  ᠰᠣᠶᠣᠯ ᠵᠤᠭ᠎ᠠ ᠴᠡᠩᠭᠡᠯ ᠪᠡᠶ᠎ᠡ ᠵᠢᠨ ᠲᠠᠮᠢᠷ᠎ᠤᠨ ᠦᠢ᠍ᠯᠡᠴᠢᠯᠡᠭᠡ 284 ᠬᠤᠪᠢ ᠪᠠᠶ᠋ᠢᠵᠤ᠂ ᠦᠢ᠍ᠯᠡᠴᠢᠯᠡᠭᠡᠨ᠎ᠤ ᠲᠦᠷᠦᠯ᠎ᠤᠨ ᠵᠠᠭ᠋ᠠᠯᠳᠤᠯᠭ᠎ᠠ ᠵᠢᠨ ᠶᠡᠷᠦᠩᠬᠡᠢ ᠬᠡᠮᠵᠢᠶᠡᠨ᠎ᠤ 5.71% ᠵᠢ ᠡᠵᠡᠯᠡᠪᠡ᠃ ᠡᠶ᠋ᠢᠮᠦᠷᠬᠦᠦ ᠲᠦᠷᠦᠯ᠎ᠤᠨ ᠵᠠᠭ᠋ᠠᠯᠳᠤᠯᠭ᠎ᠠ᠎ᠳᠤ ᠂  ᠪᠡᠶ᠎ᠡ ᠴᠢᠭᠢᠷᠠᠭᠵᠢᠭᠤᠯᠬᠤ ᠦᠢ᠍ᠯᠡᠴᠢᠯᠡᠭᠡ 98 ᠬᠤᠪᠢ᠂  ᠲᠣᠭᠤᠷᠢᠨ ᠦᠵᠡᠬᠦ ᠵᠤᠭ᠎ᠠ ᠴᠡᠩᠭᠡᠯ᠎ᠤᠨ ᠦᠢ᠍ᠯᠡᠴᠢᠯᠡᠭᠡ 89 ᠬᠤᠪᠢ᠂  ᠺᠢᠨᠣ᠋ ᠭᠠᠷᠭ᠋ᠠᠬᠤ ᠦᠢ᠍ᠯᠡᠴᠢᠯᠡᠭᠡ 85 ᠬᠤᠪᠢ ᠂  ᠲᠣᠭᠯᠠᠯᠲᠠ ᠤᠷᠠᠯᠢᠭ᠎ᠤᠨ ᠦᠢ᠍ᠯᠡᠴᠢᠯᠡᠭᠡ 11 ᠬᠤᠪᠢ ᠂  ᠨᠣᠮ᠎ᠤᠨ ᠰᠠᠩ  ᠲᠠᠩᠰᠠ ᠡᠪᠬᠡᠮᠡᠯ᠎ᠤᠨ ᠣᠷᠳᠣᠨ᠎ᠤ  ᠦᠢ᠍ᠯᠡᠴᠢᠯᠡᠭᠡ 1 ᠬᠤᠪᠢ ᠪᠠᠢ᠌ᠪᠠ ᠃

     ᠵᠠᠭ᠋ᠠᠯᠳᠤᠯᠭ᠎ᠠ ᠵᠢᠨ ᠬᠡᠮᠵᠢᠶᠡᠨ᠎ᠤ  ᠲᠠᠪᠤᠳᠤᠭ᠋ᠠᠷ᠎ᠲᠤ ᠵᠢᠭᠰᠠᠭ᠋ᠠᠭᠳᠠᠭᠰᠠᠨ  ᠰᠤᠷᠭ᠋ᠠᠨ ᠬᠥᠮᠥᠵᠢᠯ  ᠪᠣᠯᠪᠠᠰᠤᠷᠠᠯ᠎ᠤᠨ ᠦᠢ᠍ᠯᠡᠴᠢᠯᠡᠭᠡ 252 ᠬᠤᠪᠢ ᠪᠠᠶ᠋ᠢᠵᠤ᠂ ᠦᠢ᠍ᠯᠡᠴᠢᠯᠡᠭᠡᠨ᠎ᠤ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠢ ᠬᠡᠮᠵᠢᠶᠡᠨ᠎ᠤ 5.07% ᠵᠢ ᠡᠵᠡᠯᠡᠪᠡ᠃ ᠡᠶ᠋ᠢᠮᠦᠷᠬᠦᠦ  ᠲᠦᠷᠦᠯ᠎ᠤᠨ ᠵᠠᠭ᠋ᠠᠯᠳᠤᠯᠭ᠎ᠠ᠎ᠳᠤ᠂ ᠤᠷ᠎ᠠ ᠴᠢᠳᠠᠪᠤᠷᠢ ᠵᠢᠨ ᠪᠣᠯᠪᠠᠰᠤᠷᠠᠯ᠎ᠤᠨ ᠦᠢ᠍ᠯᠡᠴᠢᠯᠡᠭᠡ 174 ᠬᠤᠪᠢ᠂ ᠳᠡᠭᠡᠳᠦ ᠵᠡᠷᠭᠡ ᠵᠢᠨ ᠰᠤᠷᠭ᠋ᠠᠨ ᠬᠥᠮᠥᠵᠢᠯ᠎ᠤᠨ ᠦᠢ᠍ᠯᠡᠴᠢᠯᠡᠭᠡ 56 ᠬᠤᠪᠢ᠂ ᠠᠩᠬ᠎ᠠ ᠵᠡᠷᠭᠡ ᠵᠢᠨ ᠰᠤᠷᠭ᠋ᠠᠨ ᠬᠥᠮᠥᠵᠢᠯ᠎ᠤᠨ ᠦᠢ᠍ᠯᠡᠴᠢᠯᠡᠭᠡ 12 ᠬᠤᠪᠢ᠂ ᠳᠤᠮᠳᠠ ᠵᠡᠷᠭᠡ ᠵᠢᠨ ᠰᠤᠷᠭ᠋ᠠᠨ ᠬᠥᠮᠥᠵᠢᠯ᠎ᠤᠨ ᠦᠢ᠍ᠯᠡᠴᠢᠯᠡᠭᠡ 10 ᠬᠤᠪᠢ ᠪᠠᠶ᠋ᠢᠪᠠ᠃

     ᠦᠢ᠍ᠯᠡᠴᠢᠯᠡᠭᠡᠨ᠎ᠤ ᠵᠠᠭ᠋ᠠᠯᠳᠤᠯᠭ᠎ᠠ ᠵᠢᠨ ᠬᠠᠯᠠᠮᠰᠢᠯ ᠪᠣᠯᠣᠭᠰᠠᠨ ᠡᠮᠦᠨ᠎ᠡ ᠠᠷᠪᠠᠨ ᠨᠡᠷᠡᠰ᠎ᠲᠤ ᠵᠢᠭᠰᠠᠭ᠋ᠠᠭᠳᠠᠭᠰᠠᠨ  ᠤᠷᠢᠳᠴᠢᠯᠠᠨ ᠲᠦᠯᠦᠪᠦᠷᠢᠯᠡᠬᠦ  ᠺᠠᠷᠲ᠎ᠤᠨ ᠦᠢ᠍ᠯᠡᠴᠢᠯᠡᠭᠡ 668 ᠬᠤᠪᠢ᠂ ᠬᠤᠭᠤᠯᠠᠨ ᠭᠡᠷ᠎ᠤᠨ ᠦᠢ᠍ᠯᠡᠴᠢᠯᠡᠭᠡ 350 ᠬᠤᠪᠢ᠂ ᠵᠢᠵᠢᠭᠯᠡᠨ ᠬᠤᠳᠠᠯᠳᠤᠬᠤ ᠦᠢ᠍ᠯᠡᠴᠢᠯᠡᠭᠡ 295 ᠬᠤᠪᠢ᠂ ᠵᠣᠴᠢᠳ᠎ᠤᠨ ᠪᠠᠭᠤᠳᠠᠯ᠎ᠤᠨ ᠦᠢ᠍ᠯᠡᠴᠢᠯᠡᠭᠡ 215 ᠬᠤᠪᠢ᠂  ᠢᠨᠲ᠋ᠧᠷ ᠰᠦᠯᠵᠢᠶᠡᠨ᠎ᠤ ᠰᠢᠭᠤᠳ ᠪᠣᠷᠣᠯᠠᠭᠤᠯᠬᠤ ᠦᠢ᠍ᠯᠡᠴᠢᠯᠡᠭᠡ 193 ᠬᠤᠪᠢ᠂ ᠬᠠᠭᠤᠷᠠᠶ ᠤᠭᠢᠶᠠᠯᠭ᠎ᠠ ᠵᠢᠨ  ᠦᠢ᠍ᠯᠡᠴᠢᠯᠡᠭᠡ 90 ᠬᠤᠪᠢ᠂ ᠺᠢᠨᠣ᠋  ᠲᠢᠶᠠᠲᠷ᠎ᠤᠨ  ᠺᠢᠨᠣ᠋ ᠭᠠᠷᠭ᠋ᠠᠬᠤ ᠦᠢ᠍ᠯᠡᠴᠢᠯᠡᠭᠡ 82 ᠬᠤᠪᠢ᠂ ᠬᠢᠮᠤᠰᠤ  ᠵᠠᠰᠠᠬᠤ ᠦᠢ᠍ᠯᠡᠴᠢᠯᠡᠭᠡ 64 ᠬᠤᠪᠢ (  ᠬᠦᠯᠢᠶᠡᠨ ᠠᠪᠤᠭᠰᠠᠨ ᠬᠡᠮᠵᠢᠶᠡᠨ᠎ᠳᠠᠬᠢ ᠪᠦᠬᠦ 《ᠪᠤᠰᠤᠳ》᠎ᠢ ᠨᠡᠷᠡᠰ᠎ᠤᠨ ᠵᠢᠭᠰᠠᠭ᠋ᠠᠯᠲᠠ᠎ᠳᠤ ᠪᠣᠳᠣᠵᠣ ᠣᠷᠤᠭᠤᠯᠤᠭᠰᠠᠨ ᠦᠭᠡᠢ) ᠪᠠᠢ᠌ᠵᠤ᠂ ᠦᠢ᠍ᠯᠡᠴᠢᠯᠡᠭᠡᠨ᠎ᠤ ᠲᠦᠷᠦᠯ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠤ 41.43% ᠵᠢ ᠡᠵᠡᠯᠡᠪᠡ᠃

     ᠭᠤᠷᠪᠠ᠂ ᠢᠯᠡᠴᠢᠯᠡᠨ ᠮᠡᠳᠡᠭᠦᠯᠦᠯᠲᠡ ᠵᠢᠨ  ᠪᠠᠶ᠋ᠢᠳᠠᠯ᠎ᠤᠨ ᠲᠤᠭ᠎ᠠ ᠪᠠᠷᠢᠮᠲᠠ ᠵᠢᠨ ᠲᠤᠭ᠎ᠠ ᠪᠦᠷᠢᠳᠭᠡᠯ

     1 ᠳ᠋ᠦ᠍ᠭᠡᠷ ᠰᠠᠷ᠎ᠠ᠎ᠳᠤ 2547 ᠬᠤᠪᠢ ᠢᠯᠡᠴᠢᠯᠡᠨ ᠮᠡᠳᠡᠭᠦᠯᠦᠯᠲᠡ ᠵᠢ ᠭᠥᠯᠢᠶᠡᠨ ᠠᠪᠴᠤ᠂ ᠠᠳᠠᠯᠢ ᠬᠤᠭᠤᠴᠠᠭ᠋ᠠᠨ᠎ᠤ᠎ᠬᠢ᠎ᠠᠴᠠ᠎ᠪᠠᠨ 17.60%᠎ᠪᠠᠷ ᠪᠠᠭ᠋ᠠᠰᠪᠠ᠃ ᠡᠭᠦᠨ᠎ᠳᠤ᠂ ᠲᠠᠸᠠᠷ᠎ᠤᠨ ᠲᠥᠷᠥᠯ᠎ᠳᠤ ᠬᠣᠯᠪᠣᠭᠳᠠᠭᠰᠠᠨ 1594 ᠬᠤᠪᠢ ᠂ ᠦᠶᠯᠡᠴᠢᠯᠡᠭᠡᠨ᠎ᠤ ᠲᠥᠷᠥᠯ᠎ᠳᠤ ᠬᠤᠯᠪᠣᠭᠳᠠᠭᠰᠠᠨ 953 ᠬᠤᠪᠢ ᠪᠠᠶ᠋ᠢᠵᠤ᠂ 2 ᠳ᠋ᠤᠭ᠋ᠠᠷ ᠰᠠᠷ᠎ᠠ ᠵᠢᠨ 6᠎ᠤ ᠡᠳᠦᠷ ᠪᠣᠯᠲᠠᠯ᠎ᠠ ᠨᠡᠶ᠋ᠢᠲᠡ 1796 ᠬᠤᠪᠢ ᠵᠢ᠎ᠨᠢ ᠰᠢᠢ᠍ᠳᠪᠦᠷᠢᠯᠡᠵᠦ  ᠳᠠᠭᠤᠰᠬᠠᠪᠠ᠃

     ᠢᠯᠡᠴᠢᠯᠡᠨ ᠮᠡᠳᠡᠭᠦᠯᠦᠯᠲᠡ ᠵᠢ  ᠬᠦᠯᠢᠶᠡᠨ ᠠᠪᠤᠭᠰᠠᠨ ᠬᠡᠮᠵᠢᠶᠡᠨ᠎ᠤ  ᠡᠮᠦᠨ᠎ᠡ ᠲᠠᠪᠤ᠎ᠳᠤ ᠵᠢᠭᠰᠠᠭ᠋ᠠᠭᠳᠠᠭᠰᠠᠨ  ᠲᠠᠸᠠᠷ᠂ ᠦᠢ᠍ᠯᠡᠴᠢᠯᠡᠭᠡᠨ᠎ᠤ ᠲᠥᠷᠥᠯ ᠬᠤᠪᠢᠶᠠᠭᠰᠠᠨ ᠬᠦᠰᠦᠨᠦᠭᠲᠦ᠄


8.jpg


     ᠲᠠᠸᠠᠷ᠎ᠤᠨ ᠲᠦᠷᠦᠯ᠎ᠤᠨ ᠢᠯᠡᠴᠢᠯᠡᠨ ᠮᠡᠳᠡᠬᠦᠯᠦᠯᠳᠡ᠎ᠳᠤ ᠬᠠᠮᠤᠭ ᠤᠯᠠᠨ᠎ᠨᠢ ᠢᠳᠡᠭᠡᠨ᠎ᠤ ᠲᠦᠷᠦᠯ 886 ᠬᠤᠪᠢ ᠪᠠᠶ᠋ᠢᠵᠤ᠂ ᠲᠠᠸᠠᠷ᠎ᠤᠨ ᠲᠦᠷᠦᠯ᠎ᠤᠨ ᠢᠯᠡᠴᠢᠯᠡᠨ ᠮᠡᠳᠡᠬᠦᠯᠦᠯᠳᠡ ᠵᠢᠨ ᠶᠡᠷᠦᠩᠬᠡᠢ ᠬᠡᠮᠵᠢᠶᠡᠨ᠎ᠤ 55.58% ᠵᠢ ᠡᠵᠡᠯᠡᠪᠡ᠃ ᠢᠯᠡᠴᠢᠯᠡᠨ ᠮᠡᠳᠡᠭᠦᠯᠦᠯᠲᠡ᠎ᠨᠢ  ᠭᠤᠤᠯᠳᠠᠭᠤ ᠡᠩ᠎ᠤᠨ ᠢᠳᠡᠭᠡᠨ᠂ ᠠᠷᠢᠬᠢ ᠪᠣᠯᠤᠨ ᠤᠮᠳᠠᠭ᠋ᠠᠨ᠂ ᠢᠳᠡᠭᠡᠨ᠎ᠤ ᠲᠠᠷᠢᠶᠠᠯᠠᠩ᠎ᠤᠨ ᠪᠦᠲᠦᠭᠡᠭᠳᠡᠬᠦᠨ ᠵᠡᠷᠭᠡ᠎ᠳᠤ ᠬᠤᠯᠪᠣᠭᠳᠠᠵᠤ᠂  ᠢᠯᠵᠠᠷᠠᠵᠤ ᠴᠢᠨᠠᠷ ᠬᠤᠪᠢᠷᠠᠬᠤ᠂  ᠸᠠᠯᠠᠵᠤ ᠬᠣᠷᠤᠬᠠᠢ᠌ᠲᠤᠭᠰᠠᠨ᠂ ᠪᠤᠵᠠᠷᠲᠤᠭᠰᠠᠨ᠂ ᠣᠨᠳᠤᠤ ᠵᠦᠢ᠍ᠯ ᠪᠠᠢ᠌ᠬᠤ᠂ ᠣᠨᠳᠤᠣ ᠵᠦᠢ᠍ᠯ᠎ᠤᠨ ᠪᠣᠳᠠᠰ᠎ᠢ ᠬᠣᠯᠢᠭᠰᠠᠨ ᠬᠠᠭᠤᠷᠮᠠᠭᠯᠠᠭᠰᠠᠨ ᠪᠤᠶᠤ ᠬᠡᠪ᠎ᠤᠨ ᠪᠣᠰᠣ ᠢᠳᠡᠭᠡᠨ᠂ ᠦᠨ᠎ᠡ᠂ ᠲᠠᠸᠠᠷ᠎ᠤᠨ ᠲᠡᠮᠲᠡᠭᠲᠦ᠂ ᠵᠠᠷ ᠮᠡᠳᠡᠭᠡ᠂ ᠵᠢᠩ ᠳᠤᠲᠠᠭᠳᠠᠬᠤ ᠵᠡᠷᠭᠡ ᠠᠰᠠᠭᠤᠳᠠᠯ ᠵᠶ᠋ᠠᠷ ᠭᠤᠤᠯ ᠪᠣᠯᠭ᠋ᠠᠪᠠ᠃  ᠪᠤᠰᠤᠳ ᠢᠯᠡᠴᠢᠯᠡᠨ ᠮᠡᠳᠡᠭᠦᠯᠦᠯᠲᠡ ᠵᠢᠨ  ᠨᠡᠯᠢᠶᠡᠳ ᠣᠯᠠᠨ ᠲᠠᠸᠠᠷ᠎ᠲᠤ  ᠡᠳᠦᠷ ᠲᠤᠳᠤᠮ᠎ᠤᠨ ᠬᠡᠷᠡᠭᠯᠡᠭᠡᠨ᠎ᠤ ᠬᠡᠷᠡᠭᠰᠡᠯ᠂ ᠤᠨᠴᠠᠭ᠋ᠠᠢ ᠪᠤᠰᠤ ᠵᠠᠰᠠᠯ ᠴᠢᠮᠡᠭᠯᠡᠯ᠎ᠤᠨ  ᠡᠳ᠋᠂ ᠲᠠᠸᠠᠷ᠎ᠤᠨ ᠭᠡᠷ ᠪᠠᠶ᠋ᠢᠰᠢᠩ᠂ ᠬᠢᠲᠠᠳ ᠪᠡᠯᠡᠨ ᠡᠮ᠂ ᠭᠠᠳᠠᠷ ᠬᠤᠪᠴᠠᠰᠤ ᠵᠡᠷᠭᠡ ᠵᠢ ᠪᠠᠭᠲᠠᠭ᠋ᠠᠵᠤ᠂ ᠭᠤᠣᠯᠳᠠᠭᠤ ᠶᠠᠰᠤ ᠴᠢᠨᠠᠷ᠂ ᠦᠨ᠎ᠡ ᠂ ᠦᠨᠡᠮᠯᠡᠯ ᠦᠭᠡᠢ᠎ᠪᠠᠷ ᠡᠵᠡᠩᠨᠡᠬᠦ᠂ 《ᠭᠤᠷᠪᠠ ᠦᠭᠡᠢ》᠂ ᠬᠤᠳᠠᠯ  ᠬᠠᠭᠤᠷᠮᠠᠭ ᠳᠠᠩᠰᠠᠯᠠᠭᠤᠯᠤᠭᠰᠠᠨ ᠲᠠᠸᠠᠷ᠎ᠤᠨ ᠲᠡᠮᠳᠡᠭᠲᠦ ᠂ ᠬᠠᠤᠯᠢ᠎ᠠᠴᠠ ᠵᠥᠷᠢᠴᠡᠭᠰᠡᠨ ᠵᠠᠷ ᠮᠡᠳᠡᠭᠡ ᠵᠡᠷᠭᠡ ᠠᠰᠠᠭᠤᠳᠠᠯ᠎ᠳᠤ ᠬᠣᠯᠪᠣᠭᠳᠠᠪᠠ ᠃

     ᠦᠢ᠍ᠯᠡᠴᠢᠯᠡᠭᠡᠨ᠎ᠤ ᠲᠥᠷᠥᠯ᠎ᠤᠨ ᠢᠯᠡᠴᠢᠯᠡᠨ ᠮᠡᠳᠡᠭᠦᠯᠦᠯᠲᠡ᠎ᠳᠤ  ᠬᠠᠮᠤᠭ᠎ᠤᠨ ᠣᠯᠠᠨ᠎ᠨᠢ ᠢᠳᠡᠭᠡᠨ ᠤᠮᠳᠠᠭ᠋ᠠᠨ ᠪᠠ ᠬᠣᠨᠣᠭ ᠪᠠᠭᠤᠳᠠᠯ᠎ᠤᠨ  ᠦᠢ᠍ᠯᠡᠴᠢᠯᠡᠭᠡ 208 ᠬᠤᠪᠢ ᠪᠠᠶ᠋ᠢᠵᠤ᠂ ᠦᠢ᠍ᠯᠡᠴᠢᠯᠡᠭᠡᠨ᠎ᠤ ᠲᠥᠷᠥᠯ᠎ᠤᠨ ᠢᠯᠡᠴᠢᠯᠡᠨ ᠮᠡᠳᠡᠭᠦᠯᠦᠯᠲᠡ ᠵᠢᠨ  ᠶᠡᠷᠦᠩᠬᠡᠶ ᠬᠡᠮᠵᠢᠶᠡᠨ᠎ᠤ 21.83% ᠵᠢ ᠡᠵᠡᠯᠡᠪᠡ ᠃ ᠢᠯᠡᠴᠢᠯᠡᠨ ᠮᠡᠳᠡᠭᠦᠯᠦᠯᠲᠡ ᠵᠢᠨ  ᠭᠤᠤᠯ ᠠᠰᠠᠭᠤᠳᠠᠯ᠎ᠨᠢ ᠶᠠᠰᠤ ᠴᠢᠨᠠᠷ᠂ ᠠᠮᠤᠷ ᠲᠦᠪᠰᠢᠨ᠂ ᠦᠨ᠎ᠡ ᠂ ᠦᠨᠡᠮᠯᠡᠯ ᠦᠭᠡᠢ᠎ᠪᠠᠷ ᠡᠵᠡᠩᠨᠡᠭᠰᠡᠨ  ᠵᠡᠷᠭᠡ ᠪᠣᠯᠤᠨ᠎ᠠ᠃ ᠪᠤᠰᠤᠳ ᠢᠯᠡᠴᠢᠯᠡᠨ ᠮᠡᠳᠡᠭᠦᠯᠦᠯᠲᠡ ᠵᠢᠨ ᠦᠢ᠍ᠯᠡᠴᠢᠯᠡᠭᠡ᠎ᠨᠢ  ᠭᠤᠤᠯᠳᠠᠭᠤ ᠵᠢᠵᠢᠭᠯᠡᠨ ᠬᠤᠳᠠᠯᠳᠤᠬᠤ ᠦᠢ᠍ᠯᠡᠴᠢᠯᠡᠭᠡ᠂ ᠵᠢᠰᠦ ᠭᠤᠶᠣᠯᠠᠵᠤ ᠦᠰᠦ ᠵᠠᠰᠠᠬᠤ ᠦᠢ᠍ᠯᠡᠴᠢᠯᠡᠭᠡ᠂ ᠤᠭᠢᠶᠠᠯᠭ᠎ᠠ ᠬᠢᠵᠦ ᠢᠯᠢᠬᠦ  ᠦᠢ᠍ᠯᠡᠴᠢᠯᠡᠭᠡ᠂ ᠮᠡᠷᠭᠡᠵᠢᠯ᠎ᠤᠨ ᠪᠣᠯᠪᠠᠰᠤᠷᠠᠯ᠎ᠤᠨ ᠦᠢ᠍ᠯᠡᠴᠢᠯᠡᠭᠡ᠂ ᠡᠮᠨᠡᠯᠭᠡ ᠵᠢᠨ ᠬᠤᠷᠢᠶᠠᠨ᠎ᠤ ᠦᠢ᠍ᠯᠡᠴᠢᠯᠡᠭᠡ᠂ ᠪᠡᠶ᠎ᠡ ᠴᠢᠭᠢᠷᠠᠭᠵᠢᠭᠤᠯᠬᠤ ᠦᠢ᠍ᠯᠡᠴᠢᠯᠡᠭᠡ᠂ ᠲᠣᠭᠤᠷᠢᠨ ᠦᠵᠡᠬᠦ ᠵᠤᠭ᠎ᠠ ᠴᠡᠩᠭᠡᠯ᠎ᠤᠨ ᠦᠢ᠍ᠯᠡᠴᠢᠯᠡᠭᠡ ᠵᠡᠷᠭᠡ᠎ᠳᠤ ᠬᠤᠯᠪᠣᠭᠳᠠᠵᠤ᠂ ᠭᠤᠤᠯ ᠠᠰᠠᠭᠤᠳᠠᠯ᠎ᠨᠢ ᠦᠨᠡᠮᠯᠡᠯ ᠥᠬᠡᠶ᠎ᠪᠠᠷ ᠡᠵᠡᠩᠨᠡᠭᠰᠡᠨ ᠂ ᠬᠤᠳᠠᠯ ᠬᠠᠭᠤᠷᠮᠠᠭ ᠵᠠᠷ ᠮᠡᠳᠡᠭᠡᠨ᠎ᠤ ᠤᠬᠠᠭᠤᠯᠭ᠎ᠠ᠂ ᠦᠢ᠍ᠯᠡᠴᠢᠯᠡᠭᠡᠨ᠎ᠤ  ᠶᠠᠰᠤ ᠴᠢᠨᠠᠷ ᠮᠠᠭᠤ ᠪᠠ ᠬᠡᠷᠡᠭᠯᠡᠭᠴᠢᠳ᠎ᠢ ᠮᠡᠬᠡᠯᠡᠭᠰᠡᠨ  ᠠᠵᠢᠯᠯᠠᠭ᠎ᠠ ᠪᠣᠯᠤᠨ᠎ᠠ᠃

     ᠳᠥᠷᠪᠡ᠂  ᠠᠰᠠᠭᠤᠨ  ᠯᠠᠪᠯᠠᠯᠲᠠ ᠵᠢᠨ ᠪᠠᠶ᠋ᠢᠳᠠᠯ᠎ᠤᠨ ᠲᠤᠭ᠎ᠠ ᠪᠠᠷᠢᠮᠲᠠ ᠵᠢᠨ ᠲᠣᠭ᠎ᠠ ᠪᠦᠷᠢᠳᠬᠡᠯ

     1 ᠳ᠋ᠦ᠍ᠭᠡᠷ ᠰᠠᠷ᠎ᠠ᠎ᠳᠤ ᠠᠰᠠᠭᠤᠨ ᠯᠠᠪᠯᠠᠯᠲᠠ ᠵᠢ 13036 ᠬᠤᠪᠢ ᠭᠥᠯᠢᠶᠡᠨ ᠠᠪᠴᠤ᠂ ᠠᠳᠠᠯᠢ ᠬᠤᠭᠤᠴᠠᠭ᠋ᠠᠨ᠎ᠤ᠎ᠬᠢ᠎ᠠᠴᠠ᠎ᠪᠠᠨ 21.32% ᠵᠶ᠋ᠠᠷ ᠪᠠᠭ᠋ᠠᠰᠴᠤ᠂ ᠡᠭᠦᠨ᠎ᠳᠤ ᠬᠡᠷᠡᠭᠯᠡᠭᠡᠨ᠎ᠤ ᠡᠷᠬᠡ ᠠᠰᠢᠭ᠎ᠢ ᠬᠠᠮᠠᠭ᠋ᠠᠯᠠᠬᠤ ᠮᠡᠳᠡᠯᠭᠡ᠎ᠳᠤ ᠬᠤᠯᠪᠣᠭᠳᠠᠭᠰᠠᠨ 4326 ᠬᠤᠪᠢ ᠪᠣᠢ ; ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠢᠰᠲ᠋ᠧᠮ᠎ᠳᠤ ᠬᠤᠯᠪᠣᠭᠳᠠᠭᠰᠠᠨ 1263 ᠬᠤᠪᠢ ᠪᠠᠢ᠌ᠵᠤ ᠂ ᠠᠰᠠᠭᠤᠨ ᠯᠠᠪᠯᠠᠯᠲᠠ ᠵᠢᠨ ᠬᠡᠮᠵᠢᠶ᠎ᠡ ᠨᠡᠯᠢᠶᠡᠳ ᠶᠡᠭᠡ ᠪᠠᠢ᠌ᠬᠤ ᠠᠰᠠᠭᠤᠳᠠᠯ᠎ᠨᠢ᠄  ᠵᠠᠭ᠋ᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠵᠢ 463  ᠬᠤᠪᠢ ᠂ ᠰᠦᠯᠵᠢᠶᠡᠨ  ᠠᠷᠠᠯᠵᠢᠶᠠᠨ᠎ᠤ ᠬᠢᠨᠠᠯᠲᠠ ᠬᠠᠮᠢᠶᠠᠷᠤᠯᠲᠠ 162 ᠬᠤᠪᠢ ᠂ ᠦᠢ᠍ᠯᠡᠴᠢᠯᠡᠭᠡᠨ᠎ᠤ ᠬᠡᠷᠡᠭᠯᠡᠭᠡᠨ᠎ᠤ ᠬᠢᠨᠠᠯᠲᠠ ᠬᠠᠮᠢᠶᠠᠷᠤᠯᠲᠠ 33 ᠬᠤᠪᠢ ᠂ ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠳᠠᠩᠰᠠᠯᠠᠭᠤᠯᠤᠨ ᠲᠡᠮᠳᠡᠭᠯᠡᠯᠲᠡ 14 ᠬᠤᠪᠢ ᠂ ᠢᠳᠡᠭᠡᠨ᠎ᠤ ᠬᠢᠨᠠᠯᠲᠠ ᠬᠠᠮᠢᠶᠠᠷᠤᠯᠲᠠ 9 ᠬᠤᠪᠢ ᠂ ᠦᠢ᠍ᠯᠡᠳᠬᠦᠨ (ᠲᠠᠸᠠᠷ)᠎ᠤ ᠶᠠᠰᠤ ᠴᠢᠨᠠᠷ 7 ᠬᠤᠪᠢ ᠂ ᠦᠨ᠎ᠡ ᠵᠢᠨ  ᠬᠢᠨᠠᠯᠲᠠ ᠬᠠᠮᠢᠶᠠᠷᠤᠯᠲᠠ 5 ᠬᠤᠪᠢ ᠪᠣᠯᠣᠨ᠎ᠠ ; ᠪᠤᠰᠤᠳ ᠰᠠᠯᠠᠭ᠎ᠠ ᠮᠥᠴᠢᠷ᠎ᠤᠨ ᠠᠰᠠᠭᠤᠨ ᠯᠠᠪᠯᠯᠠᠲᠠ᠎ᠳᠤ ᠬᠣᠯᠪᠣᠭᠳᠠᠭᠰᠠᠨ  ᠭᠤᠤᠯᠳᠠᠭᠤ ᠡᠷᠡᠭᠦᠯ ᠬᠠᠮᠠᠭ᠋ᠠᠯᠠᠯ᠂ ᠵᠢᠭᠤᠯᠴᠢᠯᠠᠯ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠬᠠᠮᠢᠶᠠᠷᠤᠯᠲᠠ᠂ ᠰᠢᠤᠳᠠᠨ᠂ ᠳᠤᠯᠠᠭ᠋ᠠᠯᠠᠭ᠎ᠠ ᠬᠠᠩᠭ᠋ᠠᠬᠤ᠂ ᠤᠰᠤ ᠬᠠᠩᠭ᠋ᠠᠬᠤ᠂ ᠴᠠᠬᠢᠯᠭ᠋ᠠᠨ ᠬᠠᠩᠭ᠋ᠠᠬᠤ᠂ ᠠᠳᠠᠯ ᠠᠬᠤᠶ᠂ ᠬᠡᠷ ᠬᠥᠷᠥᠩᠭᠡ ᠵᠡᠷᠭᠡ ᠪᠣᠯᠣᠨ᠎ᠠ ᠃

     ᠲᠠᠶ᠋ᠢᠯᠪᠤᠷᠢ ᠄  ᠳᠣᠰ ᠮᠠᠲᠠᠭᠦᠯᠣᠯᠲᠠ ᠵᠢᠨ ᠳᠣᠭ᠎ᠠ ᠪᠠᠷᠢᠮᠲᠠ  ᠪᠤᠢ᠍ᠭᠦ ᠤᠯᠤᠰ᠎ᠤᠨ 12315 ᠲᠠᠪᠴᠠᠩ᠎ᠠᠴᠠ ᠡᠢ᠍ᠷᠠᠯᠲᠠ᠎ᠲᠠᠢ


ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ