ᠨᠢᠭᠡ᠂ ᠦᠨᠳᠦᠰᠦᠨ ᠪᠠᠶ᠋ᠢᠳᠠᠯ
2025 ᠣᠨ᠎ᠤ 1᠎ᠠᠴᠠ 2 ᠳ᠋ᠤᠭ᠋ᠠᠷ ᠰᠠᠷ᠎ᠠ ᠵᠢᠨ ᠥᠪᠥᠷ ᠮᠣᠩᠭᠤᠯ᠎ᠤᠨ ᠪᠥᠬᠦ ᠤᠯᠤᠰ᠎ᠤᠨ 12315 ᠲᠠᠪᠴᠠᠩ ᠳᠡᠭᠡᠷ᠎ᠡ ᠬᠡᠷᠡᠭᠯᠡᠭᠴᠢᠳ᠎ᠤᠨ ᠵᠠᠭ᠋ᠠᠯᠳᠤᠯᠭ᠎ᠠ᠂ ᠢᠯᠡᠴᠢᠯᠡᠨ ᠮᠡᠳᠡᠭᠦᠯᠦᠯᠲᠡ᠂ ᠠᠰᠠᠭᠣᠨ ᠯᠠᠪᠯᠠᠯᠲᠠ ᠵᠢ ᠨᠡᠶ᠋ᠢᠲᠡ 47840 ᠭᠥᠯᠢᠶᠡᠨ ᠠᠪᠴᠤ᠂ ᠠᠳᠠᠯᠢ ᠬᠤᠭᠤᠴᠠᠭ᠋ᠠᠨ᠎ᠤ᠎ᠬᠢ᠎ᠠᠴᠠ 12.18%᠎ᠪᠠᠷ ᠪᠠᠭ᠋ᠠᠰᠪᠠ᠃ ᠡᠭᠦᠨ᠎ᠳᠤ᠂ ᠵᠠᠭ᠋ᠠᠯᠳᠤᠯᠭ᠎ᠠ 20169 ᠬᠤᠪᠢ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 11.61%᠎ᠪᠠᠷ ᠪᠠᠭ᠋ᠠᠰᠪᠠ᠂ ᠢᠯᠡᠴᠢᠯᠡᠨ ᠮᠡᠳᠡᠭᠦᠯᠦᠯᠲᠡ 4774 ᠬᠤᠪᠢ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 1.34%᠎ᠪᠠᠷ ᠨᠡᠮᠡᠭᠳᠡᠪᠡ᠂ ᠠᠰᠠᠭᠣᠨ ᠯᠠᠪᠯᠠᠯᠲᠠ 22897 ᠬᠤᠪᠢ ᠪᠠᠢ᠌ᠵᠦ᠂ ᠠᠳᠠᠯᠢ ᠬᠣᠭᠣᠴᠠᠭ᠋ᠠᠨᠤᠬᠢᠠᠴᠠ 15.02%᠎ᠪᠠᠷ ᠪᠠᠭ᠋ᠠᠰᠪᠠ᠃ ᠵᠠᠭ᠋ᠠᠯᠳᠣᠯᠭ᠎ᠠ ᠢᠯᠡᠴᠢᠯᠡᠨ ᠮᠡᠳᠡᠭᠦᠯᠤᠯᠲᠡ ᠵᠢ ᠨᠡᠢ᠌ᠲᠡ 20164 ᠰᠢᠢ᠍ᠳᠪᠦᠷᠢᠯᠡᠵᠦ ᠳᠠᠭᠣᠰᠬᠠᠵᠦ᠂ ᠰᠢᠢ᠍ᠳᠪᠦᠷᠢᠯᠡᠨ ᠳᠠᠭᠤᠰᠬᠠᠭᠰᠠᠨ ᠨᠤᠷᠮ᠎ᠠ᠎ᠨᠢ 80.84%᠎ᠳᠤ ᠬᠦᠷᠴᠦ᠂ ᠮᠠᠷᠭᠣᠭ᠋ᠠᠨᠳᠤ ᠬᠣᠯᠪᠣᠭᠳᠠᠭᠰᠠᠨ ᠵᠣᠭᠣᠰᠣᠨ ᠲᠣᠭ᠎ᠠ᠎ᠨᠢ 1647.72 ᠲᠦᠮᠡᠨ ᠲᠦᠭᠦᠷᠢᠭ᠎ᠲᠤ ᠬᠦᠷᠴᠦ᠂ ᠬᠡᠷᠡᠭᠯᠡᠭᠴᠢᠳ᠎ᠲᠤ 418.86 ᠲᠦᠮᠡᠨ ᠲᠦᠭᠦᠷᠢᠭ᠎ᠤᠨ ᠠᠵᠦ ᠠᠬᠣᠢ ᠵᠢᠨ ᠬᠤᠬᠢᠷᠠᠯ᠎ᠢ ᠪᠣᠴᠠᠭ᠋ᠠᠨ ᠦᠭᠴᠠᠢ᠃
2025 ᠣᠨ᠎ᠤ 2 ᠳ᠋ᠤᠭ᠋ᠠᠷ ᠰᠠᠷ᠎ᠠ᠎ᠳᠤ᠂ ᠥᠪᠥᠷ ᠮᠣᠩᠭᠤᠯ᠎ᠤᠨ ᠪᠥᠬᠦ ᠤᠯᠤᠰ᠎ᠤᠨ 12315 ᠲᠠᠪᠴᠠᠩ᠎ᠨᠢ ᠬᠡᠷᠡᠭᠯᠡᠭᠴᠢᠳ᠎ᠤᠨ ᠵᠠᠭ᠋ᠠᠯᠳᠤᠯᠭ᠎ᠠ᠂ ᠢᠯᠡᠴᠢᠯᠡᠨ ᠮᠡᠳᠡᠭᠦᠯᠦᠯᠲᠡ᠂ ᠠᠰᠠᠭᠣᠨ ᠯᠠᠪᠯᠠᠯᠲᠠ ᠵᠢ ᠨᠡᠶ᠋ᠢᠲᠡ 21382 ᠬᠤᠪᠢ ᠭᠥᠯᠢᠶᠡᠨ ᠠᠪᠴᠤ᠂ ᠠᠳᠠᠯᠢ ᠬᠤᠭᠤᠴᠠᠭ᠋ᠠᠨ᠎ᠤ᠎ᠬᠢ᠎ᠠᠴᠠ 6.18%᠎ᠪᠠᠷ ᠪᠠᠭ᠋ᠠᠰᠴᠤ᠂ ᠳᠡᠭᠡᠷ᠎ᠡ ᠵᠢᠯ᠎ᠤᠨ ᠠᠳᠠᠯᠢ ᠬᠣᠭᠣᠴᠠᠭ᠋ᠠᠨᠤᠬᠢᠠᠴᠠ 19.19 %᠎ᠪᠠᠷ ᠪᠠᠭ᠋ᠠᠰᠪᠠ᠃ ᠡᠭᠦᠨ᠎ᠳᠤ᠂ ᠵᠠᠭ᠋ᠠᠯᠳᠤᠯᠭ᠎ᠠ 9294 ᠬᠤᠪᠢ ᠪᠠᠶ᠋ᠢᠵᠤ᠂ ᠶᠡᠷᠦᠩᠬᠡᠶ ᠬᠡᠮᠵᠢᠶᠡᠨ᠎ᠤ 43.47% ᠵᠢ ᠡᠵᠡᠯᠡᠪᠡ ᠂ ᠢᠯᠡᠴᠢᠯᠡᠨ ᠮᠡᠳᠡᠭᠦᠯᠣᠯᠲᠡ 2227 ᠬᠤᠪᠢ ᠪᠠᠢ᠌ᠵᠦ᠂ ᠶᠡᠷᠦᠩᠬᠡᠶ ᠬᠡᠮᠵᠢᠶᠡᠨ᠎ᠤ 10.41% ᠵᠢ ᠡᠵᠡᠯᠡᠵᠦ᠂ ᠠᠰᠠᠭᠣᠨ ᠯᠠᠪᠯᠠᠯᠲᠠ 9861 ᠬᠤᠪᠢ ᠪᠠᠶ᠋ᠢᠵᠤ᠂ ᠶᠡᠷᠦᠩᠬᠡᠢ ᠬᠡᠮᠵᠢᠶᠡᠨ᠎ᠤ 46.12% ᠵᠢ ᠡᠵᠡᠯᠡᠵᠠᠢ᠃
2025 ᠣᠨ᠎ᠤ 2 ᠳ᠋ᠤᠭ᠋ᠠᠷ ᠰᠠᠷ᠎ᠠ᠎ᠳᠤ ᠪᠥᠬᠦ ᠣᠷᠣᠨ᠎ᠤ 12315 ᠵᠠᠭ᠋ᠠᠯᠳᠣᠯᠭ᠎ᠠ ᠢᠯᠡᠴᠢᠯᠡᠨ ᠮᠡᠳᠡᠭᠦᠯᠣᠯᠲᠡ ᠠᠰᠠᠭᠣᠨ ᠯᠠᠪᠯᠠᠯᠲᠠ ᠵᠢᠨ ᠬᠡᠮᠵᠢᠶᠡᠨ᠎ᠤ ᠠᠳᠠᠯᠢ ᠬᠤᠭᠤᠴᠠᠭ᠋ᠠᠨ᠎ᠤ ᠬᠠᠷᠢᠴᠠᠭᠤᠯᠤᠯ᠎ᠤᠨ ᠵᠢᠷᠤᠭ᠄

ᠡᠯ᠎ᠡ ᠠᠶ᠋ᠢᠮᠠᠭ ᠬᠤᠲᠠ ᠵᠢᠨ ᠵᠠᠭ᠋ᠠᠯᠳᠣᠯᠭ᠎ᠠ ᠢᠯᠡᠴᠢᠯᠡᠨ ᠮᠡᠳᠡᠭᠦᠯᠣᠯᠲᠡ ᠠᠰᠠᠭᠣᠨ ᠯᠠᠪᠯᠠᠯᠲᠠ ᠵᠢᠨ ᠬᠡᠮᠵᠢᠶᠡᠨ᠎ᠤ ᠪᠠᠶ᠋ᠢᠳᠠᠯ᠎ᠤᠨ ᠪᠦᠷᠢᠳᠬᠡᠯ᠎ᠤᠨ ᠬᠦᠰᠦᠨᠦᠭᠲᠦ (ᠨᠢᠭᠡᠴᠢ ᠄ ᠬᠤᠪᠢ )

ᠵᠠᠭ᠋ᠠᠯᠳᠣᠯᠭ᠎ᠠ ᠢᠯᠡᠴᠢᠯᠡᠨ ᠮᠡᠳᠡᠭᠦᠯᠤᠯᠲᠡ ᠠᠰᠠᠭᠤᠨ ᠯᠠᠪᠯᠠᠯᠲᠠ ᠵᠢᠨ ᠶᠡᠷᠦᠩᠬᠡᠶ ᠬᠡᠮᠵᠢᠶᠡᠨ᠎ᠤ ᠡᠮᠦᠨ᠎ᠡ ᠭᠤᠷᠪᠠ᠎ᠳᠤ ᠵᠢᠭᠰᠠᠭ᠋ᠠᠭᠳᠠᠭᠰᠠᠨ᠎ᠨᠢ ᠪᠤᠭᠤᠲᠤ ᠬᠤᠲᠠ᠂ ᠬᠥᠬᠡᠬᠤᠲᠠ᠂ ᠤᠯᠠᠭ᠋ᠠᠨᠬᠠᠳᠠ ᠬᠤᠲᠠ ᠪᠣᠯᠤᠨ᠎ᠠ᠃ ᠡᠯ᠎ᠡ ᠵᠦᠢ᠍ᠯ᠎ᠤᠨ ᠲᠤᠭ᠎ᠠ ᠪᠠᠷᠢᠮᠲᠠ᠎ᠳᠤ᠂ ᠵᠠᠭ᠋ᠠᠯᠳᠤᠯᠭ᠎ᠠ ᠵᠢᠨ ᠬᠡᠮᠵᠢᠶᠡᠨ᠎ᠤ ᠡᠮᠦᠨ᠎ᠡ ᠭᠤᠷᠪᠠ᠎ᠳᠤ ᠵᠢᠭᠰᠠᠭ᠋ᠠᠭᠳᠠᠭᠰᠠᠨ᠎ᠨᠢ ᠬᠥᠬᠡᠬᠤᠲᠠ᠂ ᠤᠯᠠᠭ᠋ᠠᠨᠬᠠᠳᠠ ᠬᠤᠲᠠ᠂ ᠪᠤᠭᠤᠲᠤ ᠬᠤᠲᠠ ᠪᠠᠢ᠌ᠵᠦ᠂ ᠢᠯᠡᠴᠢᠯᠡᠨ ᠮᠡᠳᠡᠭᠦᠯᠣᠯᠲᠡ ᠵᠢᠨ ᠬᠡᠮᠵᠢᠶᠡᠨ᠎ᠤ ᠡᠮᠦᠨ᠎ᠡ ᠭᠤᠷᠪᠠ ᠳᠤ ᠵᠢᠭᠰᠠᠭ᠋ᠠᠭᠳᠠᠭᠰᠠᠨ ᠨᠢ ᠬᠥᠬᠡᠬᠤᠲᠠ᠂ ᠪᠤᠭᠤᠲᠤ ᠬᠤᠲᠠ᠂ ᠤᠯᠠᠭ᠋ᠠᠨᠬᠠᠳᠠ ᠬᠤᠲᠠ ᠪᠣᠯᠣᠨ᠎ᠠ᠃
ᠬᠤᠶᠠᠷ᠂ ᠵᠠᠭ᠋ᠠᠯᠳᠤᠯᠭ᠎ᠠ ᠵᠢᠨ ᠪᠠᠶ᠋ᠢᠳᠠᠯ᠎ᠤᠨ ᠲᠤᠭ᠎ᠠ ᠪᠠᠷᠢᠮᠳᠠ ᠵᠢᠨ ᠪᠦᠷᠢᠳᠬᠡᠯ
2 ᠳ᠋ᠣᠭ᠋ᠠᠷ ᠰᠠᠷ᠎ᠠ᠎ᠳᠤ ᠬᠡᠷᠡᠭᠯᠡᠭᠴᠢᠳ᠎ᠤᠨ ᠵᠠᠭ᠋ᠠᠯᠳᠤᠯᠭ᠎ᠠ ᠵᠢ ᠨᠡᠶ᠋ᠢᠲᠡ 9294 ᠬᠤᠪᠢ ᠭᠥᠯᠢᠶᠡᠨ ᠠᠪᠴᠤ᠂ ᠠᠳᠠᠯᠢ ᠬᠤᠭᠤᠴᠠᠭ᠋ᠠᠨ᠎ᠤ᠎ᠬᠢ᠎ᠠᠴᠠ 14.16% ᠨᠡᠮᠡᠭᠳᠡᠪᠡ᠃ ᠡᠭᠦᠨ᠎ᠳᠤ ᠲᠠᠸᠠᠷ᠎ᠤᠨ ᠲᠥᠷᠥᠯ᠎ᠳᠤ ᠬᠤᠯᠪᠤᠭᠳᠠᠬᠤ᠎ᠨᠢ 5468 ᠬᠤᠪᠢ ᠪᠠᠶ᠋ᠢᠵᠤ᠂ ᠦᠢ᠍ᠯᠡᠴᠢᠯᠡᠭᠡᠨ᠎ᠤ ᠲᠥᠷᠥᠯ ᠬᠤᠯᠪᠤᠭᠳᠠᠬᠤ᠎ᠨᠢ 3826 ᠬᠤᠪᠢ ᠪᠠᠶ᠋ᠢᠨ᠎ᠠ᠃ ᠮᠠᠷᠭᠤᠯᠳᠤᠭ᠋ᠠᠨ᠎ᠳᠤ ᠬᠤᠯᠪᠣᠭᠳᠠᠭᠰᠠᠨ ᠵᠣᠭᠤᠰ᠎ᠤᠨ ᠲᠤᠭ᠎ᠠ 456.37 ᠲᠦᠮᠡᠨ ᠲᠥᠭᠦᠷᠢᠭ ᠪᠠᠶ᠋ᠢᠵᠤ᠂ ᠬᠡᠷᠡᠭᠯᠡᠭᠴᠢᠳ᠎ᠲᠤ 131.41 ᠲᠦᠮᠡᠨ ᠲᠥᠭᠦᠷᠢᠭ᠎ᠤᠨ ᠠᠵᠤ ᠠᠬᠤᠶ ᠵᠢᠨ ᠬᠤᠬᠢᠷᠠᠯ᠎ᠢ ᠡᠭᠡᠭᠦᠯᠦᠨ ᠠᠪᠴᠢᠷᠠᠵᠤ ᠥᠭᠴᠡᠶ᠃ 3 ᠳ᠋ᠤᠭ᠋ᠠᠷ ᠰᠠᠷ᠎ᠠ ᠵᠢᠨ 4᠎ᠤ ᠡᠳᠦᠷ ᠪᠣᠯᠲᠠᠯ᠎ᠠ ᠨᠢᠭᠡᠨᠲᠡ 6733 ᠬᠤᠪᠢ ᠵᠢ᠎ᠨᠢ ᠰᠢᠢ᠍ᠳᠪᠦᠷᠢᠯᠡᠨ ᠳᠠᠭᠤᠰᠬᠠᠵᠤ᠂ ᠰᠢᠢ᠍ᠳᠪᠦᠷᠢᠯᠡᠵᠦ ᠳᠠᠭᠤᠰᠬᠠᠭᠰᠠᠨ ᠨᠣᠷᠮ᠎ᠠ᠎ᠨᠢ 72.44%᠎ᠳᠤ ᠬᠦᠷᠪᠡ᠃
ᠪᠤᠰᠤᠳᠴᠢ ᠴᠤᠭᠴᠠ᠎ᠪᠠᠷ ᠲᠦᠷᠦᠯ ᠵᠦᠢ᠍ᠯ᠎ᠢ ᠬᠤᠪᠢᠶᠠᠷᠢᠯᠠᠭᠰᠠᠨ ᠬᠦᠰᠦᠨᠦᠭᠲᠦ (ᠨᠢᠭᠡ) (ᠬᠤᠶᠠᠷ)᠎ᠠᠴᠠ ᠦᠵᠡ
(ᠨᠢᠭᠡ) ᠲᠠᠸᠠᠷ᠎ᠤᠨ ᠲᠦᠷᠦᠯ᠎ᠳᠤ ᠬᠣᠯᠪᠣᠭᠳᠠᠭᠰᠠᠨ


ᠲᠠᠸᠠᠷ᠎ᠤᠨ ᠲᠥᠷᠥᠯ᠎ᠤᠨ ᠵᠠᠭ᠋ᠠᠯᠳᠤᠯᠭ᠎ᠠ ᠠᠳᠠᠯᠢ ᠬᠤᠭ᠍ᠤᠴᠠᠭ᠍ᠠᠨᠤᠬᠢᠠᠴᠠ 22.24%᠎ᠪᠠᠷ ᠨᠡᠮᠡᠭᠳᠡᠪᠡ᠃ ᠵᠠᠭ᠋ᠠᠯᠳᠤᠯᠭ᠎ᠠ ᠵᠢᠨ ᠬᠡᠮᠵᠢᠶ᠎ᠡ᠎ᠨᠢ ᠡᠮᠦᠨ᠎ᠡ ᠲᠠᠪᠤᠨ ᠨᠡᠷᠡᠰ᠎ᠲᠤ ᠪᠠᠢ᠌ᠬᠤ ᠲᠠᠸᠠᠷ᠎ᠤᠨ ᠶᠡᠭᠡ ᠲᠦᠷᠦᠯ᠎ᠳᠤ ᠳᠡᠰ ᠳᠠᠷᠠᠭ᠋ᠠᠯᠠᠨ ᠢᠳᠡᠭᠡᠨ᠂ ᠬᠤᠪᠴᠠᠰᠤ ᠬᠤᠨᠠᠷ ᠱᠠᠬᠠᠢ ᠮᠠᠯᠠᠭ᠋ᠠᠢ᠂ ᠵᠠᠮ ᠬᠠᠷᠢᠯᠴᠠᠭ᠋ᠠᠨ᠎ᠤ ᠪᠠᠭ᠋ᠠᠵᠢ᠂ ᠴᠢᠮᠡᠭᠡ ᠬᠤᠯᠪᠣᠭ᠋ᠠᠨ᠎ᠤ ᠦᠢ᠍ᠯᠡᠳᠬᠦᠨ᠂ ᠭᠡᠷ᠎ᠤᠨ ᠡᠳ᠋ᠯᠡᠯ ᠬᠡᠷᠡᠭᠰᠡᠯ ᠵᠡᠷᠭᠡ ᠪᠤᠢ᠃
ᠵᠠᠭ᠋ᠠᠯᠳᠣᠯᠭ᠎ᠠ ᠵᠢᠨ ᠬᠡᠮᠵᠢᠶᠡᠨ᠎ᠤ ᠡᠮᠦᠨ᠎ᠡ ᠲᠠᠪᠤ᠎ᠳᠤ ᠵᠢᠭᠰᠠᠭ᠋ᠠᠭᠳᠠᠭᠰᠠᠨ ᠲᠠᠸᠠᠷ᠎ᠤᠨ ᠶᠡᠭᠡ ᠲᠥᠷᠥᠯ᠎ᠤᠨ ᠲᠠᠸᠠᠷ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠳᠤ ᠡᠵᠡᠯᠡᠬᠦ ᠬᠠᠷᠢᠴᠠᠯ᠎ᠤᠨ ᠳᠤᠭᠤᠢ ᠬᠡᠯᠪᠡᠷᠢᠲᠦ ᠵᠢᠷᠤᠭ᠄

ᠵᠠᠭ᠋ᠠᠯᠳᠣᠯᠭ᠎ᠠ ᠵᠢᠨ ᠬᠡᠮᠵᠢᠶᠡᠨ᠎ᠤ ᠨᠢᠭᠡᠳᠦᠭᠡᠷ᠎ᠲᠤ ᠵᠢᠭᠰᠠᠭ᠋ᠠᠭᠳᠠᠭᠰᠠᠨ ᠢᠳᠡᠭᠡᠨ᠎ᠤ ᠲᠥᠷᠥᠯ 2632 ᠪᠠᠶ᠋ᠢᠵᠤ᠂ ᠲᠠᠸᠠᠷ᠎ᠤᠨ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠤ 48.13% ᠵᠢ ᠡᠵᠡᠯᠡᠪᠡ᠃ ᠡᠢ᠌ᠮᠦᠷᠬᠦᠦ ᠲᠦᠷᠦᠯ᠎ᠤᠨ ᠵᠠᠭ᠋ᠠᠯᠳᠤᠯᠭ᠎ᠠ᠎ᠳᠤ ᠂ ᠵᠠᠭ᠋ᠠᠯᠳᠤᠯᠭ᠎ᠠ ᠨᠡᠯᠢᠶᠡᠳ ᠠᠷᠪᠢᠨ ᠪᠠᠶ᠋ᠢᠭ᠎ᠠ ᠲᠠᠸᠠᠷ ᠪᠣᠯ ᠡᠩ᠎ᠤᠨ ᠢᠳᠡᠭᠡᠨ᠎ᠤ ᠵᠦᠢ᠍ᠯ 2068 ᠬᠤᠪᠢ᠂ ᠠᠷᠢᠬᠢ ᠪᠠ ᠤᠮᠳᠠᠭ᠋ᠠᠨ᠎ᠤ ᠵᠦᠢ᠍ᠯ 274 ᠬᠤᠪᠢ᠂ ᠢᠳᠡᠭᠡᠨ᠎ᠳᠤ ᠬᠡᠷᠡᠭᠯᠡᠬᠦ ᠲᠠᠷᠢᠶᠠᠯᠠᠩ᠎ᠤᠨ ᠪᠦᠲᠦᠭᠡᠭᠳᠡᠬᠦᠨ 220 ᠬᠤᠪᠢ᠂ ᠨᠢᠯᠬ᠎ᠠ ᠬᠡᠦᠬᠡᠳ᠎ᠤᠨ ᠨᠠᠶ᠋ᠢᠷᠠᠯᠭ᠎ᠠ᠎ᠲᠠᠢ ᠰᠦᠨ ᠲᠠᠯᠬ᠎ᠠ 40 ᠬᠤᠪᠢ᠂ ᠢᠳᠡᠭᠡᠨ᠎ᠤ ᠬᠠᠮᠢᠶ᠎ᠠ ᠪᠦᠬᠦᠢ ᠦᠢ᠍ᠯᠡᠳᠬᠦᠨ 17 ᠬᠤᠪᠢ᠂ ᠡᠷᠡᠭᠦᠯᠵᠢᠯ᠎ᠤᠨ ᠢᠳᠡᠭᠡᠨ 13 ᠬᠤᠪᠢ ᠪᠠᠢ᠌ᠪᠠ ᠃
ᠵᠠᠭ᠋ᠠᠯᠳᠤᠯᠭ᠎ᠠ ᠵᠢᠨ ᠬᠡᠮᠵᠢᠶᠡᠨ᠎ᠤ ᠬᠤᠶᠠᠳᠤᠭ᠋ᠠᠷ᠎ᠲᠤ ᠵᠢᠭᠰᠠᠭ᠋ᠠᠭᠳᠠᠭᠰᠠᠨ ᠨᠢ ᠬᠤᠪᠴᠠᠰᠤ ᠬᠤᠨᠠᠷ ᠱᠠᠬᠠᠢ ᠮᠠᠯᠠᠭ᠋ᠠᠢ ᠵᠢᠨ ᠲᠥᠷᠥᠯ 619 ᠬᠤᠪᠢ ᠪᠠᠶ᠋ᠢᠵᠤ᠂ ᠲᠠᠸᠠᠷ᠎ᠤᠨ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠢ ᠬᠡᠮᠵᠢᠶᠡᠨ᠎ᠤ 11.32%᠎ᠢ ᠡᠵᠡᠯᠡᠪᠡ᠃ ᠡᠶ᠋ᠢᠮᠦᠷᠬᠦᠦ ᠲᠦᠷᠦᠯ᠎ᠤᠨ ᠵᠠᠭ᠋ᠠᠯᠳᠤᠯᠭ᠎ᠠ᠎ᠳᠤ ᠂ ᠵᠠᠭ᠋ᠠᠯᠲᠤᠯᠭᠠ ᠨᠡᠯᠢᠶᠡᠳ ᠠᠷᠪᠢᠨ ᠲᠠᠸᠠᠷ ᠪᠣᠯ ᠭᠠᠳᠠᠷ ᠬᠤᠪᠴᠠᠰᠤ 227 ᠬᠤᠪᠢ᠂ ᠱᠠᠬᠠᠢ 193 ᠬᠤᠪᠢ᠂ ᠦᠮᠦᠳᠦ 70 ᠬᠤᠪᠢ᠂ ᠨᠣᠣᠰᠣᠨ ᠬᠦᠷᠮ᠎ᠡ 20 ᠬᠤᠪᠢ᠂ ᠪᠠᠩᠵᠢᠯ 15 ᠬᠤᠪᠢ᠂ ᠤᠬᠤᠷ ᠬᠠᠨᠲᠠᠭ᠋ᠠᠵᠠ 11 ᠬᠤᠪᠢ᠂ ᠳᠣᠲᠣᠷ ᠬᠤᠪᠴᠠᠰᠤ 8 ᠬᠤᠪᠢ᠂ ᠪᠤᠰᠤᠳ ᠵᠠᠭ᠋ᠠᠯᠳᠤᠯᠭ᠎ᠠ 36 ᠬᠤᠪᠢ ᠪᠠᠢ᠌ᠪᠠ ᠃
ᠵᠠᠭ᠋ᠠᠯᠳᠣᠯᠭ᠎ᠠ ᠵᠢᠨ ᠬᠡᠮᠵᠢᠶᠡᠨ᠎ᠤ ᠭᠤᠷᠪᠠᠳᠤᠭ᠋ᠠᠷ᠎ᠲᠤ ᠵᠢᠭᠰᠠᠭ᠋ᠠᠭᠳᠠᠭᠰᠠᠨ᠎ᠨᠢ ᠵᠠᠮ ᠬᠠᠷᠢᠯᠴᠠᠭ᠋ᠠᠨ᠎ᠤ ᠪᠠᠭ᠋ᠠᠵᠢ ᠬᠡᠷᠡᠭᠰᠡᠯ᠎ᠤᠨ ᠲᠥᠷᠥᠯ 360 ᠬᠤᠪᠢ ᠪᠠᠢ᠌ᠵᠦ᠂ ᠲᠠᠸᠠᠷ᠎ᠤᠨ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠤ 6.58% ᠵᠢ ᠡᠵᠡᠯᠡᠪᠡ᠃ ᠡᠶ᠋ᠢᠮᠦᠷᠬᠦᠦ ᠲᠦᠷᠦᠯ᠎ᠤᠨ ᠵᠠᠭ᠋ᠠᠯᠳᠤᠯᠭ᠎ᠠ᠎ᠳᠤ ᠂ ᠮᠠᠰᠢᠨ ᠲᠡᠷᠭᠡ ᠪᠣᠯᠣᠨ ᠮᠠᠰᠢᠨ ᠲᠡᠷᠭᠡᠨ᠎ᠤ ᠰᠡᠯᠪᠢᠭ ᠲᠣᠨᠤᠭ 298 ᠬᠤᠪᠢ᠂ ᠳᠤᠭᠤᠢ ᠲᠡᠷᠭᠡ ᠪᠣᠯᠣᠨ ᠰᠡᠯᠪᠢᠭ ᠲᠣᠨᠤᠭ 33 ᠬᠤᠪᠢ᠂ ᠮᠣᠲ᠋ᠣᠷ ᠲᠡᠷᠭᠡ ᠪᠣᠯᠣᠨ ᠬᠦᠴᠣᠨ᠎ᠳᠤ ᠲᠤᠰᠠᠯᠠᠬᠤ ᠲᠡᠷᠭᠡ 29 ᠬᠤᠪᠢ ᠪᠠᠶ᠋ᠢᠪᠠ᠃
ᠵᠠᠭ᠋ᠠᠯᠳᠤᠯᠭ᠎ᠠ ᠵᠢᠨ ᠬᠡᠮᠵᠢᠶᠡᠨ᠎ᠤ ᠳᠥᠷᠪᠡᠳᠦᠭᠡᠷ᠎ᠲᠤ ᠵᠢᠭᠰᠠᠭ᠋ᠠᠭᠳᠠᠭᠰᠠᠨ ᠨᠢ ᠴᠢᠮᠡᠭᠡ ᠬᠤᠯᠪᠣᠭ᠋ᠠᠨ᠎ᠤ ᠦᠢ᠍ᠯᠡᠳᠬᠦᠨ᠎ᠤ ᠲᠥᠷᠥᠯ 228 ᠬᠤᠪᠢ ᠪᠠᠶ᠋ᠢᠵᠤ᠂ ᠲᠠᠸᠠᠷ᠎ᠤᠨ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠢ ᠬᠡᠮᠵᠢᠶᠡᠨ᠎ᠤ 4.17% ᠵᠢ ᠡᠵᠡᠯᠡᠵᠡᠢ᠃ ᠡᠶ᠋ᠢᠮᠦᠷᠬᠦᠦ ᠲᠦᠷᠦᠯ᠎ᠤᠨ ᠵᠠᠭ᠋ᠠᠯᠳᠤᠯᠭ᠎ᠠ᠎ᠳᠤ ᠂ ᠰᠢᠯᠵᠢᠮᠡᠯ ᠳ᠋ᠢᠶᠠᠩᠬᠤᠸᠠ ᠪᠣᠯᠣᠨ ᠰᠡᠯᠪᠢᠭ ᠲᠣᠨᠤᠭ 201 ᠬᠤᠪᠢ᠂ ᠪᠤᠰᠤᠳ ᠴᠢᠮᠡᠭᠡ ᠨᠡᠪᠲᠡᠷᠡᠯᠭᠡ ᠵᠢᠨ ᠦᠢ᠍ᠯᠡᠳᠬᠦᠨ 27 ᠬᠤᠪᠢ ᠪᠠᠶ᠋ᠢᠪᠠ᠃
ᠵᠠᠭ᠋ᠠᠯᠳᠤᠯᠭ᠎ᠠ ᠵᠢᠨ ᠬᠡᠮᠵᠢᠶᠡᠨ᠎ᠤ ᠲᠠᠪᠤᠳᠤᠭ᠋ᠠᠷ᠎ᠲᠤ ᠵᠢᠭᠰᠠᠭ᠋ᠠᠭᠳᠠᠭᠰᠠᠨ ᠨᠢ ᠭᠡᠷ᠎ᠤᠨ ᠬᠡᠷᠡᠭᠰᠡᠯ᠎ᠤᠨ ᠲᠥᠷᠥᠯ 226 ᠬᠤᠪᠢ ᠪᠠᠶ᠋ᠢᠵᠤ᠂ ᠲᠠᠸᠠᠷ᠎ᠤᠨ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠤ 4.13% ᠵᠢ ᠡᠵᠡᠯᠡᠪᠡ᠃ ᠡᠢ᠌ᠮᠦᠷᠬᠦᠦ ᠲᠦᠷᠦᠯ᠎ᠤᠨ ᠵᠠᠭ᠋ᠠᠯᠳᠤᠯᠭ᠎ᠠ᠎ᠳᠤ ᠂ ᠭᠡᠷ᠎ᠤᠨ ᠬᠡᠷᠡᠭᠰᠡᠯ 102 ᠬᠤᠪᠢ᠂ ᠡᠳᠦᠷ ᠲᠤᠲᠤᠮ᠎ᠤᠨ ᠬᠡᠷᠡᠭᠯᠡᠭᠡᠨ᠎ᠤ ᠵᠦᠢ᠍ᠯ 26 ᠬᠤᠪᠢ᠂ ᠨᠢᠳᠦᠨ ᠰᠢᠯ 24 ᠬᠤᠪᠢ᠂ ᠲᠣᠭᠤᠭ᠋ᠠᠨ ᠭᠡᠷ᠎ᠤᠨ ᠬᠡᠷᠡᠭᠯᠡᠭᠡᠨ᠎ᠤ ᠵᠦᠢ᠍ᠯ 23 ᠬᠤᠪᠢ᠂ ᠴᠠᠭ 19 ᠬᠤᠪᠢ᠂ ᠣᠷᠣ ᠵᠢᠨ ᠬᠡᠷᠡᠭᠰᠡᠯ᠎ᠤᠨ ᠵᠦᠢ᠍ᠯ 15 ᠬᠤᠪᠢ᠂ ᠠᠷᠢᠭᠤᠨ ᠴᠡᠪᠡᠷ᠎ᠤᠨ ᠬᠡᠷᠡᠭᠯᠡᠭᠡᠨ᠎ᠤ ᠵᠦᠢ᠍ᠯ 12 ᠬᠤᠪᠢ᠂ ᠬᠠᠶ᠋ᠢᠷᠴᠠᠭ ᠪᠣᠭᠴᠣ 4 ᠬᠤᠪᠢ᠂ ᠨᠡᠬᠡᠮᠡᠯ ᠡᠳ᠋ 1 ᠬᠤᠪᠢ ᠪᠠᠢ᠌ᠪᠠ ᠃
ᠲᠠᠸᠠᠷ᠎ᠤᠨ ᠵᠠᠭ᠋ᠠᠯᠳᠤᠯᠭ᠎ᠠ ᠵᠢᠨ ᠬᠠᠯᠠᠮᠰᠢᠯ ᠴᠡᠭ᠎ᠤᠨ ᠡᠮᠤᠨ᠎ᠡ ᠠᠷᠪᠠᠨ ᠨᠡᠷᠡᠰ᠎ᠲᠤ ᠵᠢᠭᠰᠠᠭ᠋ᠠᠭᠳᠠᠭᠰᠠᠨ ᠡᠩ᠎ᠤᠨ ᠰᠠᠭᠤᠳᠠᠯ᠎ᠤᠨ ᠲᠡᠷᠭᠡ 215 ᠬᠤᠪᠢ᠂ ᠭᠠᠷ ᠤᠲᠠᠰᠤ 187 ᠬᠤᠪᠢ᠂ ᠥᠲᠥᠨ ᠬᠤᠪᠴᠠᠰᠤ 109 ᠬᠤᠪᠢ᠂ ᠠᠮᠤ ᠭᠤᠯᠢᠷ ᠵᠢᠴᠢ ᠲᠡᠭᠦᠨ᠎ᠤ ᠪᠦᠲᠦᠭᠡᠭᠳᠡᠬᠦᠨ (ᠥᠪᠡᠷᠲᠡᠭᠡᠨ ᠦᠢ᠍ᠯᠡᠳᠦᠭᠰᠡᠨ ) 94 ᠵᠠᠬ᠎ᠠ᠂ ᠮᠢᠬᠠᠨ᠎ᠤ ᠪᠦᠲᠦᠭᠡᠭᠳᠡᠬᠦᠨ (ᠥᠪᠡᠷᠲᠡᠭᠡᠨ ᠦᠢ᠍ᠯᠡᠳᠦᠭᠰᠡᠨ) 90 ᠬᠤᠪᠢ ᠂ ᠠᠮᠲᠠ ᠣᠷᠤᠭᠤᠯᠤᠭᠰᠠᠨ ᠭᠤᠯᠢᠷ᠎ᠤᠨ ᠢᠳᠡᠭᠡᠨ 86 ᠬᠤᠪᠢ᠂ ᠠᠷᠠᠰᠤᠨ ᠱᠠᠬᠠᠢ 81 ᠬᠤᠪᠢ᠂ ᠲᠠᠮᠢᠷ᠎ᠤᠨ ᠱᠠᠬᠠᠶ 69 ᠬᠤᠪᠢ᠂ ᠰᠢᠵᠢᠷ ᠠᠯᠲᠠᠨ ᠡᠯᠭᠦᠮᠡᠯ ᠴᠢᠮᠡᠭᠯᠡᠯ ᠵᠠᠰᠠᠯ 69 ᠬᠤᠪᠢ᠂ ᠣᠨᠴᠠᠭ᠋ᠠᠶ ᠬᠡᠷᠡᠭᠴᠡᠭᠡᠨ᠎ᠤ ᠪᠤᠰᠤ ᠭᠤᠶᠤᠯᠠᠯ᠎ᠤᠨ ᠡᠳ᠋ 65 ᠬᠤᠪᠢ (ᠭᠥᠯᠢᠶᠡᠨ ᠠᠪᠤᠭᠰᠠᠨ ᠬᠡᠮᠵᠢᠶ᠎ᠡ᠎ᠳᠠᠬᠢ ᠪᠣᠢ ᠪᠦᠬᠦᠢ 《ᠪᠤᠰᠤᠳ》᠎ᠢ ᠨᠡᠷᠡᠰ᠎ᠤᠨ ᠵᠢᠭᠰᠠᠭ᠋ᠠᠯᠲᠠ᠎ᠳᠤ ᠣᠷᠤᠭᠤᠯᠤᠭᠰᠠᠨ ᠦᠭᠡᠶ) ᠪᠠᠶ᠋ᠢᠵᠤ᠂ ᠬᠤᠳᠠᠯᠳᠤᠭ᠋ᠠᠨ᠎ᠤ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠤ 19.48% ᠵᠢ ᠡᠵᠡᠯᠡᠪᠡ᠃
(ᠬᠤᠶᠠᠷ) ᠦᠢ᠍ᠯᠡᠴᠢᠯᠡᠭᠡᠨ᠎ᠤ ᠲᠦᠷᠦᠯ᠎ᠳᠤ ᠬᠣᠯᠪᠣᠭᠳᠠᠭᠰᠠᠨ

ᠦᠢ᠍ᠯᠡᠴᠢᠯᠡᠭᠡᠨ᠎ᠤ ᠲᠥᠷᠥᠯ᠎ᠤᠨ ᠵᠠᠭ᠋ᠠᠯᠳᠤᠯᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 4.31%᠎ᠪᠠᠷ ᠨᠡᠮᠡᠭᠳᠡᠪᠡ᠃ ᠵᠠᠭ᠋ᠠᠯᠳᠤᠯᠭ᠎ᠠ ᠵᠢᠨ ᠬᠡᠮᠵᠢᠶᠡᠨ᠎ᠤ ᠡᠮᠦᠨ᠎ᠡ ᠲᠠᠪᠤ᠎ᠳᠤ ᠵᠢᠭᠰᠠᠭ᠋ᠠᠭᠳᠠᠭᠰᠠᠨ ᠦᠢ᠍ᠯᠡᠴᠢᠯᠡᠭᠡᠨ᠎ᠤ ᠶᠡᠭᠡ ᠲᠥᠷᠥᠯ᠎ᠤᠨ ᠳᠠᠷᠠᠭ᠋ᠠᠯᠠᠯ᠎ᠨᠢ ᠪᠣᠷᠣᠯᠠᠭᠤᠯᠭ᠎ᠠ ᠵᠢᠨ ᠦᠢ᠍ᠯᠡᠴᠢᠯᠡᠭᠡ᠂ ᠢᠳᠡᠭᠡᠨ ᠤᠮᠳᠠᠭ᠋ᠠᠨ ᠪᠠ ᠬᠣᠨᠣᠭ ᠪᠠᠭᠤᠳᠠᠯ ᠤᠨ ᠦᠢ᠍ᠯᠡᠴᠢᠯᠡᠭᠡ᠂ ᠰᠣᠶᠣᠯ ᠵᠤᠭ᠎ᠠ ᠴᠡᠩᠭᠡᠯ ᠪᠡᠶ᠎ᠡ ᠵᠢᠨ ᠲᠠᠮᠢᠷ᠎ᠤᠨ ᠦᠢ᠍ᠯᠡᠴᠢᠯᠡᠭᠡ᠂ ᠵᠢᠰᠦ ᠭᠤᠶᠣᠯᠠᠵᠤ ᠦᠰᠤ ᠵᠠᠰᠠᠬᠤ ᠪᠡᠶ᠎ᠡ ᠤᠬᠢᠶᠠᠬᠤ ᠦᠢ᠍ᠯᠡᠴᠢᠯᠡᠭᠡ᠂ ᠬᠥᠮᠦᠵᠢᠯ ᠪᠣᠯᠪᠠᠰᠤᠷᠠᠯ᠎ᠤᠨ ᠦᠢ᠍ᠯᠡᠴᠢᠯᠡᠭᠡ ᠵᠡᠷᠭᠡ ᠪᠣᠯᠤᠨ᠎ᠠ᠃
ᠵᠠᠭ᠋ᠠᠯᠳᠣᠯᠭ᠎ᠠ ᠵᠢᠨ ᠬᠡᠮᠵᠢᠶᠡᠨ᠎ᠤ ᠡᠮᠦᠨ᠎ᠡ ᠲᠠᠪᠤ᠎ᠳᠤ ᠵᠢᠭᠰᠠᠭ᠋ᠠᠭᠳᠠᠭᠰᠠᠨ ᠦᠢ᠍ᠯᠡᠴᠢᠯᠡᠭᠡᠨ᠎ᠤ ᠶᠡᠭᠡ ᠲᠥᠷᠥᠯ᠎ᠤᠨ ᠦᠢ᠍ᠯᠡᠴᠢᠯᠡᠭᠡᠨ᠎ᠤ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠳᠤ ᠡᠵᠡᠯᠡᠬᠦ ᠬᠠᠷᠢᠴᠠᠯ᠎ᠤᠨ ᠳᠤᠭᠤᠢ ᠬᠡᠯᠪᠡᠷᠢᠲᠦ ᠵᠢᠷᠤᠭ ᠄

ᠵᠠᠭ᠋ᠠᠯᠳᠤᠯᠭ᠎ᠠ ᠵᠢᠨ ᠬᠡᠮᠵᠢᠶᠡᠨ᠎ᠤ ᠨᠢᠭᠡᠳᠦᠭᠡᠷ᠎ᠲᠤ ᠵᠢᠭᠰᠠᠭ᠋ᠠᠭᠳᠠᠭᠰᠠᠨ ᠪᠣᠷᠣᠯᠠᠭᠤᠯᠭ᠎ᠠ ᠵᠢᠨ ᠦᠢ᠍ᠯᠡᠴᠢᠯᠡᠭᠡ 899 ᠬᠤᠪᠢ ᠪᠠᠶ᠋ᠢᠵᠤ᠂ ᠦᠢ᠍ᠯᠡᠴᠢᠯᠡᠭᠡᠨ᠎ᠤ ᠲᠦᠷᠦᠯ᠎ᠤᠨ ᠵᠠᠭ᠋ᠠᠯᠳᠤᠯᠭ᠎ᠠ ᠵᠢᠨ ᠶᠡᠷᠦᠩᠬᠡᠢ ᠬᠡᠮᠵᠢᠶᠡᠨ᠎ᠤ 23.50% ᠵᠢ ᠡᠵᠡᠯᠡᠪᠡ᠃ ᠡᠢ᠌ᠮᠦᠷᠬᠦᠦ ᠲᠦᠷᠦᠯ᠎ᠤᠨ ᠵᠠᠭ᠋ᠠᠯᠳᠤᠯᠭ᠎ᠠ᠎ᠳᠤ᠂ ᠤᠷᠢᠳᠴᠢᠯᠠᠨ ᠥᠭᠬᠦ ᠺᠠᠷᠲ᠎ᠤᠨ ᠦᠢ᠍ᠯᠡᠴᠢᠯᠡᠭᠡ 459 ᠬᠤᠪᠢ᠂ ᠵᠢᠵᠢᠭᠯᠡᠨ ᠬᠤᠳᠠᠯᠳᠤᠬᠤ ᠦᠢ᠍ᠯᠡᠴᠢᠯᠡᠭᠡ 172 ᠬᠤᠪᠢ᠂ ᠢᠨᠲ᠋ᠧᠷ ᠰᠦᠯᠵᠢᠶᠡᠨ᠎ᠤ ᠰᠢᠭᠤᠳ ᠪᠣᠷᠣᠯᠠᠭᠤᠯᠬᠤ ᠦᠢ᠍ᠯᠡᠴᠢᠯᠡᠭᠡ 100 ᠬᠤᠪᠢ᠂ ᠵᠠᠬᠢᠶᠠᠯᠠᠨ ᠬᠤᠳᠠᠯᠳᠤᠨ ᠠᠪᠬᠤ ᠦᠢ᠍ᠯᠡᠴᠢᠯᠡᠭᠡ 24 ᠬᠤᠪᠢ᠂ ᠤᠷᠢᠳᠴᠢᠯᠠᠨ ᠬᠤᠳᠠᠯᠳᠤᠬᠤ ᠦᠢ᠍ᠯᠡᠴᠢᠯᠡᠭᠡ 23 ᠬᠤᠪᠢ᠂ ᠪᠠᠷᠠᠭ᠎ᠠ ᠰᠣᠯᠢᠯᠴᠠᠬᠤ ᠠᠷᠠᠯᠵᠢᠶᠠᠨ᠎ᠤ ᠦᠢ᠍ᠯᠡᠴᠢᠯᠡᠭᠡ 10 ᠬᠤᠪᠢ᠂ ᠪᠤᠰᠤᠳ ᠪᠣᠷᠣᠯᠠᠭᠤᠯᠭ᠎ᠠ ᠵᠢᠨ ᠦᠢ᠍ᠯᠡᠴᠢᠯᠡᠭᠡ 111 ᠬᠤᠪᠢ ᠪᠠᠢ᠌ᠪᠠ ᠃
ᠵᠠᠭ᠋ᠠᠯᠳᠣᠯᠭ᠎ᠠ ᠵᠢᠨ ᠬᠡᠮᠵᠢᠶᠡᠨ᠎ᠤ ᠬᠤᠶᠠᠳᠤᠭ᠋ᠠᠷ᠎ᠲᠤ ᠵᠢᠭᠰᠠᠭ᠋ᠠᠭᠳᠠᠭᠰᠠᠨ ᠢᠳᠡᠭᠡᠨ ᠤᠮᠳᠠᠭ᠋ᠠᠨ ᠪᠠ ᠬᠣᠨᠣᠭ ᠪᠠᠭᠤᠳᠠᠯ᠎ᠤᠨ ᠦᠢ᠍ᠯᠡᠴᠢᠯᠡᠭᠡ 737 ᠬᠤᠪᠢ ᠪᠠᠶ᠋ᠢᠵᠤ᠂ ᠦᠢ᠍ᠯᠡᠴᠢᠯᠡᠭᠡᠨ᠎ᠤ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠤ 19.26% ᠵᠢ ᠡᠵᠡᠯᠡᠪᠡ᠃ ᠡᠢ᠌ᠮᠦᠷᠬᠦᠦ ᠲᠦᠷᠦᠯ᠎ᠤᠨ ᠵᠠᠭ᠋ᠠᠯᠳᠤᠯᠭ᠎ᠠ᠎ᠳᠤ᠂ ᠢᠳᠡᠭᠡᠨ ᠤᠮᠳᠠᠭ᠋ᠠᠨ᠎ᠤ ᠦᠢ᠍ᠯᠡᠴᠢᠯᠡᠭᠡ 529 ᠬᠤᠪᠢ᠂ ᠬᠤᠨᠤᠭ ᠪᠠᠭᠤᠳᠠᠯ᠎ᠤᠨ ᠦᠢ᠍ᠯᠡᠴᠢᠯᠡᠭᠡ 208 ᠬᠤᠪᠢ ᠪᠠᠢ᠌ᠪᠠ ᠃
ᠵᠠᠭ᠋ᠠᠯᠳᠤᠯᠭ᠎ᠠ ᠵᠢᠨ ᠬᠡᠮᠵᠢᠶᠡᠨ᠎ᠤ ᠭᠤᠷᠪᠠᠳᠤᠭ᠋ᠠᠷ᠎ᠲᠤ ᠵᠢᠭᠰᠠᠭ᠋ᠠᠭᠳᠠᠭᠰᠠᠨ ᠰᠣᠶᠣᠯ ᠴᠡᠩᠭᠡᠯ ᠪᠡᠶ᠎ᠡ ᠵᠢᠨ ᠲᠠᠮᠢᠷ᠎ᠤᠨ ᠦᠢ᠍ᠯᠡᠴᠢᠯᠡᠭᠡ 356 ᠬᠤᠪᠢ ᠪᠠᠶ᠋ᠢᠵᠤ᠂ ᠦᠢ᠍ᠯᠡᠴᠢᠯᠡᠭᠡᠨ᠎ᠤ ᠲᠦᠷᠦᠯ᠎ᠤᠨ ᠵᠠᠭ᠋ᠠᠯᠳᠤᠯᠭ᠎ᠠ ᠵᠢᠨ ᠶᠡᠷᠦᠩᠬᠡᠢ ᠬᠡᠮᠵᠢᠶᠡᠨ᠎ᠤ 9.30% ᠵᠢ ᠡᠵᠡᠯᠡᠪᠡ᠃ ᠡᠶ᠋ᠢᠮᠦᠷᠬᠦᠦ ᠲᠦᠷᠦᠯ᠎ᠤᠨ ᠵᠠᠭ᠋ᠠᠯᠳᠤᠯᠭ᠎ᠠ᠎ᠳᠤ᠂ ᠺᠢᠨᠣ᠋ ᠭᠠᠷᠭ᠋ᠠᠬᠣ ᠦᠢ᠍ᠯᠡᠴᠢᠯᠡᠭᠡ 180 ᠬᠤᠪᠢ᠂ ᠪᠡᠶ᠎ᠡ ᠴᠢᠭᠢᠷᠠᠭᠵᠢᠭᠤᠯᠬᠤ ᠦᠢ᠍ᠯᠡᠴᠢᠯᠡᠭᠡ 83 ᠬᠤᠪᠢ᠂ ᠲᠣᠭᠤᠷᠢᠨ ᠦᠵᠡᠬᠦ ᠵᠤᠭ᠎ᠠ ᠴᠡᠩᠭᠡᠯ᠎ᠤᠨ ᠦᠢ᠍ᠯᠡᠴᠢᠯᠡᠭᠡ 83 ᠬᠤᠪᠢ᠂ ᠲᠣᠭᠯᠠᠬᠤ ᠤᠷᠠᠯᠢᠭ᠎ᠤᠨ ᠦᠢ᠍ᠯᠡᠴᠢᠯᠡᠭᠡ 8 ᠬᠤᠪᠢ᠂ ᠮᠦᠷᠦᠢ ᠰᠣᠭᠣᠯᠣᠭᠠ ᠵᠢᠨ ᠦᠢ᠍ᠯᠡᠴᠢᠯᠡᠭᠡ 1 ᠬᠤᠪᠢ᠂ ᠨᠣᠮ᠎ᠤᠨ ᠰᠠᠩ ᠲᠠᠩᠰᠠ ᠡᠪᠬᠡᠮᠡᠯ᠎ᠤᠨ ᠣᠷᠳᠣᠨ᠎ᠤ ᠦᠢ᠍ᠯᠡᠴᠢᠯᠡᠭᠡ 1 ᠬᠤᠪᠢ ᠪᠠᠢ᠌ᠪᠠ ᠃
ᠵᠠᠭ᠋ᠠᠯᠳᠣᠯᠭ᠎ᠠ ᠵᠢᠨ ᠬᠡᠮᠵᠢᠶᠡᠨ᠎ᠤ ᠳᠥᠷᠪᠡᠳᠦᠭᠡᠷ᠎ᠲᠤ ᠵᠢᠭᠰᠠᠭ᠋ᠠᠭᠳᠠᠭᠰᠠᠨ ᠵᠢᠰᠦ ᠭᠤᠶᠣᠯᠠᠵᠤ ᠦᠰᠤ ᠵᠠᠰᠠᠵᠤ ᠪᠡᠶ᠎ᠡ ᠤᠬᠢᠶᠠᠬᠤ ᠦᠢ᠍ᠯᠡᠴᠢᠯᠡᠭᠡ 279 ᠬᠤᠪᠢ ᠪᠠᠶ᠋ᠢᠵᠤ᠂ ᠦᠢ᠍ᠯᠡᠴᠢᠯᠡᠭᠡᠨ᠎ᠤ ᠲᠦᠷᠦᠯ᠎ᠤᠨ ᠵᠠᠭ᠋ᠠᠯᠳᠤᠯᠭ᠎ᠠ ᠵᠢᠨ ᠶᠡᠷᠦᠩᠬᠡᠢ ᠬᠡᠮᠵᠢᠶᠡᠨ᠎ᠤ 7.29% ᠵᠢ ᠡᠵᠡᠯᠡᠪᠡ᠃ ᠡᠢ᠌ᠮᠦᠷᠬᠦᠦ ᠲᠦᠷᠦᠯ᠎ᠤᠨ ᠵᠠᠭ᠋ᠠᠯᠳᠤᠯᠭ᠎ᠠ᠎ᠳᠤ ᠂ ᠵᠢᠰᠦ ᠭᠤᠶᠣᠯᠠᠵᠤ ᠦᠰᠦ ᠵᠠᠰᠠᠬᠤ ᠦᠢ᠍ᠯᠡᠴᠢᠯᠡᠭᠡ 179 ᠬᠤᠪᠢ᠂ ᠪᠡᠶ᠎ᠡ ᠤᠬᠢᠶᠠᠬᠤ ᠢᠯᠢᠬᠦ ᠵᠠᠰᠠᠯᠭ᠎ᠠ ᠵᠢᠨ ᠦᠢ᠍ᠯᠡᠴᠢᠯᠡᠭᠡ 100 ᠬᠤᠪᠢ ᠪᠠᠢ᠌ᠪᠠ ᠃
ᠵᠠᠭ᠋ᠠᠯᠳᠣᠯᠭ᠎ᠠ ᠵᠢᠨ ᠬᠡᠮᠵᠢᠶᠡᠨ᠎ᠤ ᠲᠠᠪᠤᠳᠤᠭ᠋ᠠᠷ᠎ᠲᠤ ᠵᠢᠭᠰᠠᠭ᠋ᠠᠭᠳᠠᠭᠰᠠᠨ ᠰᠤᠷᠭ᠋ᠠᠨ ᠬᠥᠮᠦᠵᠢᠯ ᠪᠣᠯᠪᠠᠰᠣᠷᠠᠯ᠎ᠤᠨ ᠦᠢ᠍ᠯᠡᠴᠢᠯᠡᠭᠡ 241 ᠬᠤᠪᠢ ᠪᠠᠶ᠋ᠢᠵᠤ᠂ ᠦᠢ᠍ᠯᠡᠴᠢᠯᠡᠭᠡᠨ᠎ᠤ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠤ 6.30% ᠵᠢ ᠡᠵᠡᠯᠡᠪᠡ᠃ ᠡᠢ᠌ᠮᠦᠷᠬᠦᠦ ᠲᠦᠷᠦᠯ᠎ᠤᠨ ᠵᠠᠭ᠋ᠠᠯᠳᠤᠯᠭ᠎ᠠ᠎ᠳᠤ᠂ ᠤᠷ᠎ᠠ ᠴᠢᠳᠠᠪᠤᠷᠢ ᠵᠢᠨ ᠪᠣᠯᠪᠠᠰᠣᠷᠠᠯ᠎ᠤᠨ ᠦᠢ᠍ᠯᠡᠴᠢᠯᠡᠭᠡ 175 ᠬᠤᠪᠢ᠂ ᠳᠡᠭᠡᠳᠦ ᠵᠡᠷᠭᠡ ᠵᠢᠨ ᠰᠤᠷᠭ᠋ᠠᠨ ᠬᠥᠮᠥᠵᠢᠯ᠎ᠤᠨ ᠦᠢ᠍ᠯᠡᠴᠢᠯᠡᠭᠡ 52 ᠬᠤᠪᠢ᠂ ᠠᠩᠬ᠎ᠠ ᠵᠡᠷᠭᠡ ᠵᠢᠨ ᠰᠤᠷᠭ᠋ᠠᠨ ᠬᠥᠮᠥᠵᠢᠯ᠎ᠤᠨ ᠦᠢ᠍ᠯᠡᠴᠢᠯᠡᠭᠡ 9 ᠬᠤᠪᠢ᠂ ᠳᠤᠮᠳᠠ ᠵᠡᠷᠭᠡ ᠵᠢᠨ ᠰᠤᠷᠭ᠋ᠠᠨ ᠬᠥᠮᠥᠵᠢᠯ᠎ᠤᠨ ᠦᠢ᠍ᠯᠡᠴᠢᠯᠡᠭᠡ 5 ᠬᠤᠪᠢ ᠪᠠᠢ᠌ᠪᠠ ᠃
ᠦᠢ᠍ᠯᠡᠴᠢᠯᠡᠭᠡᠨ᠎ᠤ ᠵᠠᠭ᠋ᠠᠯᠳᠤᠯᠭ᠎ᠠ ᠵᠢᠨ ᠬᠠᠯᠠᠮᠰᠢᠯ ᠴᠡᠭ᠎ᠤᠨ ᠡᠮᠦᠨ᠎ᠡ ᠠᠷᠪᠠᠨ ᠨᠡᠷᠡᠰ ᠤᠷᠢᠳᠴᠢᠯᠠᠨ ᠲᠤᠰᠢᠶᠠᠬᠤ ᠺᠠᠷᠲ ᠵᠢᠨ ᠦᠢ᠍ᠯᠡᠴᠢᠯᠡᠭᠡ 459 ᠬᠤᠪᠢ᠂ ᠬᠤᠭᠤᠯᠠᠨ ᠭᠡᠷ᠎ᠤᠨ ᠦᠢ᠍ᠯᠡᠴᠢᠯᠡᠭᠡ 364 ᠬᠤᠪᠢ᠂ ᠵᠣᠴᠢᠳ᠎ᠤᠨ ᠪᠠᠭᠤᠳᠠᠯ᠎ᠤᠨ ᠦᠢ᠍ᠯᠡᠴᠢᠯᠡᠭᠡ 191 ᠬᠤᠪᠢ᠂ ᠺᠢᠨᠣ᠋ ᠲᠢᠶᠠᠲᠷ ᠤᠨ ᠺᠢᠨᠣ᠋ ᠭᠠᠷᠭ᠋ᠠᠬᠤ ᠦᠢ᠍ᠯᠡᠴᠢᠯᠡᠭᠡ 177 ᠬᠤᠪᠢ᠂ ᠵᠢᠵᠢᠭᠯᠡᠨ ᠬᠤᠳᠠᠯᠳᠤᠬᠤ ᠦᠢ᠍ᠯᠡᠴᠢᠯᠡᠭᠡ 172 ᠬᠤᠪᠢ᠂ ᠢᠨᠲ᠋ᠧᠷ ᠰᠦᠯᠵᠢᠶᠡᠨ᠎ᠤ ᠰᠢᠭᠤᠳ ᠪᠣᠷᠣᠯᠠᠭᠤᠯᠬᠤ ᠦᠢ᠍ᠯᠡᠴᠢᠯᠡᠭᠡ 100 ᠬᠤᠪᠢ᠂ ᠮᠠᠰᠢᠨ ᠲᠡᠷᠭᠡ ᠰᠡᠯᠪᠢᠨ ᠵᠠᠰᠠᠬᠤ ᠦᠢ᠍ᠯᠡᠴᠢᠯᠡᠭᠡ 73 ᠬᠤᠪᠢ᠂ ᠬᠣᠪᠴᠠᠰᠣ ᠤᠬᠢᠶᠠᠬᠤ ᠦᠢ᠍ᠯᠡᠴᠢᠯᠡᠭᠡ 44 ᠬᠤᠪᠢ᠂ ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠤᠨ ᠦᠢ᠍ᠯᠡᠴᠢᠯᠡᠭᠡ 43 ᠬᠤᠪᠢ᠂ ᠭᠠᠷ ᠤᠲᠠᠰᠤ ᠰᠡᠯᠪᠢᠨ ᠵᠠᠰᠠᠬᠤ ᠦᠢ᠍ᠯᠡᠴᠢᠯᠡᠭᠡ 41 ᠬᠤᠪᠢ (ᠭᠥᠯᠢᠶᠡᠨ ᠠᠪᠤᠭᠰᠠᠨ ᠬᠡᠮᠵᠢᠶᠡᠨ᠎ᠳᠠᠬᠢ ᠪᠤᠢ ᠪᠦᠬᠦᠢ 《ᠪᠤᠰᠤᠳ》᠎ᠢ ᠨᠡᠷᠡᠰ᠎ᠤᠨ ᠵᠢᠭᠰᠠᠭ᠋ᠠᠯᠲᠠ᠎ᠳᠤ ᠣᠷᠤᠭᠤᠯᠤᠭᠰᠠᠨ ᠦᠭᠡᠢ)᠂ ᠨᠡᠢ᠌ᠯᠡᠭᠡᠳ ᠦᠢ᠍ᠯᠡᠴᠢᠯᠡᠭᠡᠨ᠎ᠤ ᠲᠦᠷᠦᠯ᠎ᠤᠨ ᠵᠠᠭ᠋ᠠᠯᠳᠤᠯᠭ᠎ᠠ ᠵᠢᠨ ᠶᠡᠷᠦᠩᠬᠡᠢ ᠬᠡᠮᠵᠢᠶᠡᠨ᠎ᠤ 43.49% ᠵᠢ ᠡᠵᠡᠯᠡᠪᠡ᠃
ᠭᠤᠷᠪᠠ᠂ ᠢᠯᠡᠴᠢᠯᠡᠨ ᠮᠡᠳᠡᠭᠦᠯᠦᠯᠲᠡ ᠵᠢᠨ ᠪᠠᠶ᠋ᠢᠳᠠᠯ᠎ᠤᠨ ᠲᠤᠭ᠎ᠠ ᠪᠠᠷᠢᠮᠲᠠ ᠵᠢᠨ ᠪᠦᠷᠢᠳᠬᠡᠯ
2 ᠳ᠋ᠤᠭ᠋ᠠᠷ ᠰᠠᠷ᠎ᠠ᠎ᠳᠤ ᠢᠯᠡᠴᠢᠯᠡᠨ ᠮᠡᠳᠡᠭᠦᠯᠤᠯᠲᠡ ᠵᠢ 2227 ᠬᠤᠪᠢ ᠬᠦᠯᠢᠶᠡᠨ ᠠᠪᠴᠤ᠂ ᠠᠳᠠᠯᠢ ᠬᠤᠭᠤᠴᠠᠭ᠋ᠠᠨ᠎ᠤ᠎ᠬᠢ᠎ᠠᠴᠠ 52.73%᠎ᠪᠠᠷ ᠬᠠᠰᠤᠭᠳᠠᠪᠠ᠃ ᠡᠭᠦᠨ᠎ᠳᠤ᠂ ᠲᠠᠸᠠᠷ᠎ᠤᠨ ᠲᠥᠷᠥᠯ᠎ᠳᠤ ᠬᠤᠯᠪᠣᠭᠳᠠᠬᠤ 1559 ᠬᠤᠪᠢ ᠪᠠᠢ᠌ᠵᠦ᠂ ᠦᠢ᠍ᠯᠡᠴᠢᠯᠡᠭᠡᠨ᠎ᠤ ᠲᠥᠷᠥᠯ᠎ᠳᠤ ᠬᠤᠯᠪᠣᠭᠳᠠᠬᠤ 668 ᠬᠤᠪᠢ ᠪᠠᠶ᠋ᠢᠵᠤ᠂ 3 ᠳ᠋ᠤᠭ᠋ᠠᠷ ᠰᠠᠷ᠎ᠠ ᠵᠢᠨ 4᠎ᠤ ᠡᠳᠦᠷ ᠪᠣᠯᠲᠠᠯ᠎ᠠ ᠨᠡᠶ᠋ᠢᠲᠡ 1420 ᠬᠤᠪᠢ ᠵᠢ᠎ᠨᠢ ᠰᠢᠢ᠍ᠳᠪᠦᠷᠢᠯᠡᠵᠦ ᠳᠠᠭᠤᠰᠬᠠᠪᠠ᠃

ᠲᠠᠸᠠᠷ᠎ᠤᠨ ᠲᠥᠷᠥᠯ᠎ᠤᠨ ᠢᠯᠡᠴᠢᠯᠡᠨ ᠮᠡᠳᠡᠭᠦᠯᠤᠯᠲᠡ ᠵᠢᠨ ᠬᠠᠮᠤᠭ᠎ᠤᠨ ᠣᠯᠠᠨ ᠪᠣᠯᠬᠤ ᠢᠳᠡᠭᠡᠨ᠎ᠤ ᠲᠥᠷᠥᠯ 912 ᠪᠠᠶ᠋ᠢᠵᠤ᠂ ᠲᠠᠸᠠᠷ᠎ᠤᠨ ᠲᠥᠷᠥᠯ᠎ᠤᠨ ᠢᠯᠡᠴᠢᠯᠡᠨ ᠮᠡᠳᠡᠭᠦᠯᠦᠯᠲᠡ ᠵᠢᠨ ᠶᠡᠷᠦᠩᠬᠡᠶ ᠬᠡᠮᠵᠢᠶᠡᠨ᠎ᠤ 58.50% ᠵᠢ ᠡᠵᠡᠯᠡᠪᠡ᠃ ᠢᠯᠡᠴᠢᠯᠡᠨ ᠮᠡᠳᠡᠭᠦᠯᠤᠯᠲᠡ᠎ᠨᠢ ᠭᠤᠤᠯᠳᠠᠭᠤ ᠡᠩ᠎ᠤᠨ ᠢᠳᠡᠭᠡᠨ᠂ ᠠᠷᠢᠬᠢ ᠪᠣᠯᠤᠨ ᠤᠮᠳᠠᠭ᠋ᠠᠨ᠂ ᠢᠳᠡᠭᠡᠨ᠎ᠤ ᠲᠠᠷᠢᠶᠠᠯᠠᠩ᠎ᠤᠨ ᠪᠦᠲᠦᠭᠡᠭᠳᠡᠬᠦᠨ ᠵᠡᠷᠭᠡ᠎ᠳᠤ ᠬᠤᠯᠪᠣᠭᠳᠠᠵᠤ᠂ ᠢᠯᠵᠠᠷᠠᠵᠤ ᠴᠢᠨᠠᠷ ᠬᠤᠪᠢᠷᠠᠭᠰᠠᠨ ᠂ ᠸᠠᠯᠠᠵᠦ ᠬᠣᠷᠤᠬᠠᠢ᠌ᠲᠤᠭᠰᠠᠨ ᠂ ᠪᠣᠬᠢᠷᠲᠤᠭᠳᠠᠭᠰᠠᠨ ᠂ ᠡᠯᠳᠡᠪ ᠵᠦᠢ᠍ᠯ᠎ᠤᠨ ᠪᠣᠳᠠᠰ᠎ᠢ ᠬᠣᠯᠢᠭᠰᠠᠨ ᠂ ᠣᠨᠳᠣᠣ ᠶᠠᠭᠣᠮ᠎ᠠ ᠬᠤᠯᠢᠬᠤ ᠬᠠᠭᠤᠷᠮᠠᠭ ᠡᠳ᠋ ᠬᠤᠯᠢᠬᠤ ᠪᠤᠶᠤ ᠰᠢᠨᠵᠢ ᠪᠠᠢ᠌ᠳᠠᠯ᠎ᠨᠢ ᠬᠡᠪ᠎ᠤᠨ ᠪᠤᠰᠤ ᠢᠳᠡᠭᠡᠨ᠎ᠤ ᠵᠦᠢ᠍ᠯ᠂ ᠦᠨ᠎ᠡ ᠬᠠᠩᠰᠢ᠂ ᠲᠠᠸᠠᠷ᠎ᠤᠨ ᠲᠡᠮᠳᠡᠭ᠂ ᠵᠠᠷ ᠮᠡᠳᠡᠭᠡ᠂ ᠵᠢᠩ ᠯᠠᠩ ᠳᠤᠲᠠᠭᠳᠠᠬᠤ ᠵᠡᠷᠭᠡ ᠠᠰᠠᠭᠤᠳᠠᠯ ᠵᠶ᠋ᠠᠷ ᠭᠤᠤᠯ ᠪᠣᠯᠭ᠋ᠠᠪᠠ ᠃ ᠪᠤᠰᠤᠳ ᠢᠯᠡᠴᠢᠯᠡᠨ ᠮᠡᠳᠡᠬᠦᠯᠦᠯᠳᠡ ᠨᠡᠯᠢᠶᠡᠳ ᠠᠷᠪᠢᠨ ᠪᠠᠶ᠋ᠢᠭ᠎ᠠ ᠲᠠᠸᠠᠷ᠎ᠲᠤ ᠹᠢᠽᠢᠺ᠎ᠤᠨ ᠡᠮᠴᠢᠯᠡᠭᠡᠨ᠎ᠤ ᠪᠠᠭ᠋ᠠᠵᠢ ᠬᠡᠷᠡᠭᠰᠡᠯ᠂ ᠡᠳᠦᠷ ᠲᠤᠳᠤᠮ᠎ᠤᠨ ᠬᠡᠷᠡᠭᠯᠡᠭᠡᠨ᠎ᠤ ᠵᠦᠢ᠍ᠯ᠂ ᠤᠨᠴᠠᠭ᠋ᠠᠢ ᠪᠤᠰᠤ ᠬᠡᠷᠡᠭᠯᠡᠬᠡᠨ᠎ᠤ ᠭᠤᠶᠤᠯᠠᠯ᠎ᠤᠨ ᠡᠳ᠋᠂ ᠬᠢᠲᠠᠳ ᠨᠠᠢ᠌ᠷᠠᠭᠣᠯᠭᠠ ᠡᠮ᠂ ᠲᠠᠸᠠᠷ᠎ᠤᠨ ᠭᠡᠷ ᠪᠠᠶ᠋ᠢᠰᠢᠩ᠂ ᠡᠬᠢ ᠦᠭᠡᠢ ᠮᠡᠰᠡ ᠵᠠᠰᠠᠯ᠎ᠤᠨ ᠪᠠᠭ᠋ᠠᠵᠢ ᠬᠡᠷᠡᠭᠰᠡᠯ᠂ ᠮᠠᠰᠢᠨ ᠲᠡᠷᠭᠡ ᠵᠢᠴᠢ ᠮᠠᠰᠢᠨ ᠲᠡᠷᠭᠡᠨ᠎ᠤ ᠰᠡᠯᠪᠢᠭ ᠲᠤᠨᠤᠭ ᠵᠡᠷᠭᠡ ᠵᠢ ᠪᠠᠭᠲᠠᠭ᠋ᠠᠵᠤ᠂ ᠭᠤᠣᠯᠳᠠᠭᠤ ᠶᠠᠰᠤ ᠴᠢᠨᠠᠷ᠂ ᠦᠨ᠎ᠡ ᠬᠠᠩᠰᠢ᠂ ᠦᠨᠡᠮᠯᠡᠯ ᠦᠭᠡᠢ᠎ᠪᠠᠷ ᠡᠵᠡᠩᠨᠡᠬᠦ᠂ 《ᠭᠤᠷᠪᠠ ᠦᠭᠡᠢ》᠂ ᠬᠤᠳᠠᠯ ᠬᠠᠭᠤᠷᠮᠠᠭ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠂ ᠬᠠᠤᠯᠢ᠎ᠠᠴᠠ ᠵᠥᠷᠢᠴᠡᠭᠰᠡᠨ ᠵᠠᠷ ᠮᠡᠳᠡᠭᠡ ᠵᠡᠷᠭᠡ ᠠᠰᠠᠭᠤᠳᠠᠯ᠎ᠳᠤ ᠬᠣᠯᠪᠣᠭᠳᠠᠪᠠ ᠃
ᠦᠢ᠍ᠯᠡᠴᠢᠯᠡᠭᠡᠨ᠎ᠤ ᠲᠥᠷᠥᠯ᠎ᠤᠨ ᠢᠯᠡᠴᠢᠯᠡᠨ ᠮᠡᠳᠡᠭᠦᠯᠤᠯᠲᠡ ᠵᠢᠨ ᠬᠠᠮᠤᠭ᠎ᠤᠨ ᠣᠯᠠᠨ ᠪᠣᠯᠬᠣ ᠢᠳᠡᠭᠡᠨ ᠤᠮᠳᠠᠭ᠋ᠠᠨ ᠪᠠ ᠬᠣᠨᠣᠭ ᠪᠠᠭᠤᠳᠠᠯ᠎ᠤᠨ ᠦᠢ᠍ᠯᠡᠴᠢᠯᠡᠭᠡ 178 ᠬᠤᠪᠢ ᠪᠠᠶ᠋ᠢᠵᠤ᠂ ᠦᠢ᠍ᠯᠡᠴᠢᠯᠡᠭᠡᠨ᠎ᠤ ᠲᠥᠷᠥᠯ᠎ᠤᠨ ᠢᠯᠡᠴᠢᠯᠡᠨ ᠮᠡᠳᠡᠭᠦᠯᠦᠭᠰᠡᠨ ᠶᠡᠷᠦᠩᠬᠡᠶ ᠬᠡᠮᠵᠢᠶᠡᠨ᠎ᠤ 26.65% ᠵᠢ ᠡᠵᠡᠯᠡᠪᠡ᠃ ᠢᠯᠡᠴᠢᠯᠡᠨ ᠮᠡᠳᠡᠭᠦᠯᠦᠯᠲᠡ ᠵᠢᠨ ᠭᠤᠤᠯ ᠠᠰᠠᠭᠤᠳᠠᠯ᠎ᠨᠢ ᠶᠠᠰᠤ ᠴᠢᠨᠠᠷ᠂ ᠠᠮᠤᠷ ᠲᠦᠪᠰᠢᠨ᠂ ᠦᠨ᠎ᠡ ᠬᠠᠩᠰᠢ᠂ ᠦᠨᠡᠮᠯᠡᠯ ᠦᠭᠡᠢ᠎ᠪᠠᠷ ᠡᠵᠡᠩᠨᠡᠬᠦ ᠵᠡᠷᠭᠡ ᠪᠣᠯᠤᠨ᠎ᠠ᠃ ᠪᠤᠰᠤᠳ ᠢᠯᠡᠴᠢᠯᠡᠨ ᠮᠡᠳᠡᠭᠦᠯᠤᠯᠲᠡ ᠵᠢᠨ ᠦᠢ᠍ᠯᠡᠴᠢᠯᠡᠭᠡᠨ᠎ᠢ ᠭᠤᠤᠯᠳᠠᠭᠤ ᠵᠢᠰᠦ ᠭᠤᠶᠣᠯᠠᠵᠤ ᠦᠰᠦ ᠵᠠᠰᠠᠬᠤ ᠦᠢ᠍ᠯᠡᠴᠢᠯᠡᠭᠡ᠂ ᠵᠢᠵᠢᠭᠯᠡᠨ ᠬᠤᠳᠠᠯᠳᠤᠬᠤ ᠦᠢ᠍ᠯᠡᠴᠢᠯᠡᠭᠡ᠂ ᠤᠭᠢᠶᠠᠵᠤ ᠢᠯᠢᠵᠦ ᠨᠤᠬᠤᠯᠠᠬᠤ ᠦᠢ᠍ᠯᠡᠴᠢᠯᠡᠭᠡ᠂ ᠡᠮᠨᠡᠯᠭᠡ ᠵᠢᠨ ᠬᠤᠷᠢᠶᠠᠨ᠎ᠤ ᠦᠢ᠍ᠯᠡᠴᠢᠯᠡᠭᠡ᠂ ᠲᠣᠭᠤᠷᠢᠨ ᠦᠵᠡᠬᠦ ᠵᠤᠭ᠎ᠠ ᠴᠡᠩᠭᠡᠯ᠎ᠤᠨ ᠦᠢ᠍ᠯᠡᠴᠢᠯᠡᠭᠡ᠂ ᠤᠷ᠎ᠠ ᠴᠢᠳᠠᠪᠤᠷᠢ ᠵᠢᠨ ᠪᠣᠯᠪᠠᠰᠤᠷᠠᠯ᠎ᠤᠨ ᠦᠢ᠍ᠯᠡᠴᠢᠯᠡᠭᠡ ᠵᠡᠷᠭᠡ᠎ᠳᠤ ᠬᠤᠯᠪᠣᠭᠳᠠᠵᠤ᠂ ᠭᠤᠤᠯ ᠠᠰᠠᠭᠤᠳᠠᠯ᠎ᠨᠢ ᠦᠨᠡᠮᠯᠡᠯ ᠥᠬᠡᠶ᠎ᠪᠠᠷ ᠡᠵᠡᠩᠨᠡᠬᠦ᠂ ᠬᠤᠳᠠᠯ ᠬᠠᠭᠤᠷᠮᠠᠭ ᠵᠠᠷ ᠮᠡᠳᠡᠭᠡᠨ᠎ᠤ ᠤᠬᠠᠭᠤᠯᠭ᠎ᠠ᠂ ᠦᠢ᠍ᠯᠡᠴᠢᠯᠡᠭᠡᠨ᠎ᠤ ᠶᠠᠰᠤ ᠴᠢᠨᠠᠷ ᠪᠠᠷᠤᠭᠲᠠᠢ ᠪᠠ ᠬᠡᠷᠡᠭᠯᠡᠭᠴᠢᠳ᠎ᠢ ᠮᠡᠬᠡᠯᠡᠬᠦ ᠠᠵᠢᠯᠯᠠᠭ᠎ᠠ ᠪᠠᠢ᠌ᠪᠠ ᠃
ᠳᠥᠷᠪᠡ᠂ ᠠᠰᠠᠭᠣᠨ ᠯᠠᠪᠯᠠᠯᠲᠠ ᠵᠢᠨ ᠪᠠᠶ᠋ᠢᠳᠠᠯ᠎ᠤᠨ ᠲᠤᠭ᠎ᠠ ᠪᠠᠷᠢᠮᠲᠠ ᠵᠢᠨ ᠪᠦᠷᠢᠳᠬᠡᠯ
2 ᠳ᠋ᠤᠭ᠋ᠠᠷ ᠰᠠᠷ᠎ᠠ᠎ᠳᠤ ᠠᠰᠠᠭᠤᠨ ᠯᠠᠪᠯᠠᠯᠲᠠ ᠵᠢ 9861 ᠬᠤᠪᠢ ᠭᠥᠯᠢᠶᠡᠨ ᠠᠪᠴᠤ᠂ ᠠᠳᠠᠯᠢ ᠬᠤᠭᠤᠴᠠᠭ᠋ᠠᠨ᠎ᠤ᠎ᠬᠢ᠎ᠠᠴᠠ 4.95%᠎ᠪᠠᠷ ᠪᠠᠭ᠋ᠠᠰᠴᠠᠶ᠂ ᠡᠭᠦᠨ᠎ᠳᠤ ᠬᠡᠷᠡᠭᠯᠡᠭᠡᠨ᠎ᠤ ᠡᠷᠬᠡ᠎ᠪᠠᠨ ᠬᠠᠮᠠᠭ᠋ᠠᠯᠠᠬᠤ ᠮᠡᠳᠡᠯᠭᠡ᠎ᠲᠠᠢ ᠬᠤᠯᠪᠣᠭᠳᠠᠭᠰᠠᠨ 3129 ᠬᠤᠪᠢ ᠪᠠᠢ᠌ᠪᠠ ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠢᠰᠲ᠋ᠧᠮ᠎ᠳᠤ ᠬᠤᠯᠪᠣᠭᠳᠠᠭᠰᠠᠨ 1073 ᠬᠤᠪᠢ᠂ ᠠᠰᠠᠭᠤᠨ ᠯᠠᠪᠯᠠᠬᠤ ᠬᠡᠮᠵᠢᠶ᠎ᠡ᠎ᠪᠠᠷ ᠨᠡᠯᠢᠶᠡᠳ ᠶᠡᠭᠡ ᠠᠰᠠᠭᠤᠳᠠᠯ᠎ᠨᠢ ᠲᠣᠰ ᠲᠣᠰ᠄ ᠢᠯᠡᠴᠢᠯᠡᠨ ᠮᠡᠳᠡᠭᠦᠯᠵᠤ ᠵᠠᠯᠭ᠋ᠠᠯᠳᠣᠭᠰᠠᠨ 272 ᠬᠤᠪᠢ᠂ ᠰᠦᠯᠵᠢᠶᠡᠨ᠎ᠤ ᠠᠷᠠᠯᠵᠢᠶᠠᠨ᠎ᠤ ᠬᠢᠨᠠᠯᠲᠠ ᠬᠠᠮᠢᠶᠠᠷᠤᠯᠲᠠ 123 ᠬᠤᠪᠢ᠂ ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠳᠡᠩᠰᠡᠯᠡᠨ ᠲᠡᠮᠳᠡᠭᠯᠡᠭᠰᠡᠨ ᠨᠢ 31 ᠬᠤᠪᠢ᠂ ᠢᠳᠡᠭᠡᠨ᠎ᠤ ᠬᠢᠨᠠᠯᠲᠠ ᠬᠠᠮᠢᠶᠠᠷᠤᠯᠲᠠ 21 ᠬᠤᠪᠢ᠂ ᠲᠠᠸᠠᠷ᠎ᠤᠨ ᠠᠷᠠᠯᠵᠢᠶᠠᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ 18 ᠬᠤᠪᠢ᠂ ᠦᠢ᠍ᠯᠡᠴᠢᠯᠡᠭᠡᠨ᠎ᠤ ᠬᠡᠷᠡᠭᠯᠡᠭᠡᠨ᠎ᠤ ᠬᠢᠨᠠᠯᠲᠠ ᠬᠠᠮᠢᠶᠠᠷᠤᠯᠲᠠ 17 ᠬᠤᠪᠢ᠂ ᠦᠢ᠍ᠯᠡᠳᠬᠦᠨ (ᠲᠠᠸᠠᠷ)᠎ᠤᠨ ᠶᠠᠰᠤ ᠴᠢᠨᠠᠷ 15 ᠬᠤᠪᠢ ᠵᠡᠷᠭᠡ ᠪᠣᠯᠤᠨ᠎ᠠ᠂ ᠪᠤᠰᠤᠳ ᠰᠠᠯᠠᠭ᠎ᠠ ᠮᠥᠴᠢᠷ᠎ᠤᠨ ᠠᠰᠠᠭᠤᠨ ᠯᠠᠪᠯᠠᠬᠤ᠎ᠳᠤ ᠬᠤᠯᠪᠣᠭᠳᠠᠭᠰᠠᠨ᠎ᠨᠢ ᠭᠤᠤᠯᠳᠠᠭᠤ ᠡᠷᠡᠭᠦᠯ ᠬᠠᠮᠠᠭ᠋ᠠᠯᠠᠯ᠂ ᠵᠢᠭᠤᠯᠴᠢᠯᠠᠯ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠬᠠᠮᠢᠶᠠᠷᠤᠯᠲᠠ᠂ ᠰᠢᠤᠳᠠᠨ᠂ ᠳᠤᠯᠠᠭ᠋ᠠᠯᠠᠭ᠎ᠠ ᠬᠠᠩᠭ᠋ᠠᠬᠤ᠂ ᠤᠰᠤ ᠬᠠᠩᠭ᠋ᠠᠬᠤ᠂ ᠠᠳᠠᠯ ᠠᠬᠤᠶ᠂ ᠬᠡᠷ ᠪᠠᠶ᠋ᠢᠰᠢᠩ ᠭᠠᠵᠠᠷ ᠬᠥᠷᠥᠩᠭᠡ ᠵᠡᠷᠭᠡ᠎ᠳᠤ ᠬᠤᠯᠪᠣᠭᠳᠠᠵᠠᠶ᠃
ᠲᠠᠶ᠋ᠢᠯᠪᠤᠷᠢ᠄ ᠳᠣᠰ ᠮᠠᠲᠠᠭᠦᠯᠣᠯᠲᠠ ᠵᠢᠨ ᠳᠣᠭ᠎ᠠ ᠪᠠᠷᠢᠮᠲᠠ᠎ᠨᠢ ᠪᠤᠢ᠍ᠭᠦ ᠤᠯᠤᠰ᠎ᠤᠨ 12315 ᠲᠠᠪᠴᠠᠩ᠎ᠠᠴᠠ ᠡᠢ᠍ᠷᠠᠯᠲᠠ᠎ᠲᠠᠢ