ᠨᠢᠭᠡ ᠂ ᠦᠨᠳᠦᠰᠦᠨ ᠪᠠᠢᠳᠠᠯ
2025 ᠣᠨ᠎ᠤ ᠳᠡᠭᠡᠷ᠎ᠡ ᠬᠠᠭᠠᠰ ᠵᠢᠯ᠎ᠳᠤ ᠂ ᠥᠪᠥᠷ ᠮᠣᠩᠭᠤᠯ᠎ᠤᠨ ᠪᠥᠬᠦ᠌ ᠤᠯᠤᠰ᠎ᠤᠨ 12315 ᠲᠠᠪᠴᠠᠩ᠎ᠨᠢ ᠬᠡᠷᠡᠭ᠌ᠯᠡᠭ᠌ᠴᠢᠳ᠎ᠤᠨ ᠵᠠᠭᠠᠯᠳᠤᠯᠭ᠎ᠠ ᠂ ᠢᠯᠡᠴᠢᠯᠡᠨ ᠮᠡᠳᠡᠭᠦᠯᠦᠯᠲᠡ ᠂ ᠠᠰᠠᠭᠤᠨ ᠯᠠᠪᠯᠠᠯᠲᠠ᠎ᠶ᠋ᠢ ᠨᠡᠢᠲᠡ 203677 ᠬᠤᠪᠢ ᠭᠥᠯᠢᠶᠡᠨ ᠠᠪᠴᠤ᠌ ᠂ ᠠᠳᠠᠯᠢ ᠬᠤᠭᠤᠴᠠᠭᠠᠨ ᠦ ᠬᠢ᠎ᠠᠴᠠ 13.27% ᠪᠠᠷ ᠨᠡᠮᠡᠭ᠌ᠳᠡᠪᠡ ᠃ ᠡᠭᠦᠨ᠎ᠳᠤ ᠂ ᠵᠠᠭᠠᠯᠳᠤᠯᠭ᠎ᠠ 88614 ᠬᠤᠪᠢ ᠪᠠᠢᠵᠤ ᠂ ᠶᠡᠷᠦᠩᠬᠡᠶ ᠬᠡᠮᠵᠢᠶᠡᠨ᠎ᠤ 43.51% ᠶ᠋ᠢ ᠡᠵᠡᠯᠡᠵᠦ᠍ ᠂ ᠠᠳᠠᠯᠢ ᠬᠤᠭᠤᠴᠠᠭᠠᠨ ᠦ ᠬᠢ᠎ᠠᠴᠠ 21.93% ᠪᠠᠷ ᠨᠡᠮᠡᠭ᠌ᠳᠡᠪᠡ ︔ ᠢᠯᠡᠴᠢᠯᠡᠨ ᠮᠡᠳᠡᠭᠦᠯᠦᠯᠲᠡ 19991 ᠬᠤᠪᠢ ᠪᠠᠢᠵᠤ ᠂ ᠶᠡᠷᠦᠩᠬᠡᠶ ᠬᠡᠮᠵᠢᠶᠡᠨ᠎ᠤ 9.81% ᠶ᠋ᠢ ᠡᠵᠡᠯᠡᠵᠦ᠍ ᠂ ᠠᠳᠠᠯᠢ ᠬᠤᠭᠤᠴᠠᠭᠠᠨ ᠦ ᠬᠢ᠎ᠠᠴᠠ 22.93% ᠪᠠᠷ ᠨᠡᠮᠡᠭ᠌ᠳᠡᠪᠡ ︔ ᠠᠰᠠᠭᠤᠨ ᠯᠠᠪᠯᠠᠯᠲᠠ 95072 ᠬᠤᠪᠢ ᠪᠠᠢᠵᠤ ᠂ ᠶᠡᠷᠦᠩᠬᠡᠶ ᠬᠡᠮᠵᠢᠶᠡᠨ᠎ᠤ 46.68% ᠶ᠋ᠢ ᠡᠵᠡᠯᠡᠵᠦ᠍ ᠂ ᠠᠳᠠᠯᠢ ᠬᠤᠭᠤᠴᠠᠭᠠᠨ ᠦ ᠬᠢ᠎ᠠᠴᠠ 4.61% ᠪᠠᠷ ᠨᠡᠮᠡᠭ᠌ᠳᠡᠪᠡ ᠃ ᠮᠠᠷᠭᠤᠭᠠᠨ᠎ᠲᠠᠢ ᠬᠤᠯᠪᠣᠭ᠍ᠳᠠᠭ᠍ᠰᠠᠨ ᠵᠣᠭᠤᠰ᠎ᠤᠨ ᠲᠤᠭ᠎ᠠ 10043.37 ᠲᠦᠮᠡᠨ ᠲᠥᠭᠦᠷᠢᠭ ᠪᠠᠢᠵᠤ ᠂ ᠬᠡᠷᠡᠭ᠌ᠯᠡᠭ᠌ᠴᠢᠳ᠎ᠲᠤ 1992 ᠲᠦᠮᠡᠨ ᠲᠥᠭᠦᠷᠢᠭ᠎ᠤᠨ ᠠᠵᠤ ᠠᠬᠤᠢ ᠶ᠋ᠢᠨ ᠬᠤᠬᠢᠷᠠᠯ᠎ᠢ ᠡᠭᠡᠭᠦᠯᠦᠨ ᠠᠪᠴᠢᠷᠠᠪᠠ ᠃ 2025 ᠣᠨ᠎ᠤ 7 ᠳ᠋ᠤᠭᠠᠷ ᠰᠠᠷ᠎ᠠ ᠶ᠋ᠢᠨ 3 ᠤ ᠡᠳᠦᠷ ᠪᠣᠯᠲᠠᠯ᠎ᠠ ᠵᠠᠭᠠᠯᠳᠤᠵᠤ ᠢᠯᠡᠴᠢᠯᠡᠨ ᠮᠡᠳᠡᠭᠦᠯᠦᠭ᠌ᠰᠡᠨ᠎ᠨᠢ ᠮᠡᠳᠡᠭᠦᠯᠦᠭ᠌ᠰᠡᠨ ᠢ ᠨᠢᠭᠡᠨᠲᠡ 99699 ᠬᠤᠪᠢ ᠱᠢᠢᠳᠪᠦᠷᠢᠯᠡᠵᠦ᠍ ᠂ ᠱᠢᠢᠳᠪᠦᠷᠢᠯᠡᠵᠦ᠍ ᠳᠠᠭᠤᠰᠭᠠᠭ᠍ᠰᠠᠨ ᠨᠣᠷᠮ᠎ᠠ᠎ᠨᠢ 91.80% ᠳᠦ ᠬᠦᠷᠴᠡᠢ᠃
2025 ᠣᠨ᠎ᠤ ᠳᠡᠭᠡᠷ᠎ᠡ ᠬᠠᠭᠠᠰ ᠵᠢᠯ᠎ᠤᠨ ᠪᠥᠬᠦ᠌ ᠣᠷᠣᠨ᠎ᠤ 12315 ᠲᠠᠪᠴᠠᠩ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠪᠠ ᠠᠰᠠᠭᠤᠨ ᠯᠠᠪᠯᠠᠯᠲᠠ ᠶ᠋ᠢᠨ ᠬᠡᠮᠵᠢᠶᠡᠨ᠎ᠦ ᠠᠳᠠᠯᠢ ᠬᠤᠭᠤᠴᠠᠭᠠᠨ᠎ᠤ ᠬᠠᠷᠢᠴᠠᠭᠤᠯᠤᠯ᠎ᠤᠨ ᠵᠢᠷᠤᠭ ᠄

ᠡᠯ᠎ᠡ ᠠᠢᠮᠠᠭ ᠬᠤᠲᠠ ᠶ᠋ᠢᠨ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠪᠠ ᠠᠰᠠᠭᠤᠨ ᠯᠠᠪᠯᠠᠯᠲᠠ ᠶ᠋ᠢᠨ ᠬᠡᠮᠵᠢᠶᠡᠨ᠎ᠦ ᠲᠤᠭ᠎ᠠ ᠪᠦᠷᠢᠳᠭᠡᠯ᠎ᠤᠨ ᠬᠦᠰᠦᠨᠦᠭ᠌ᠲᠦ ( ᠨᠢᠭᠡᠴᠢ ᠄ ᠬᠤᠪᠢ )

ᠡᠯ᠎ᠡ ᠠᠢᠮᠠᠭ ᠬᠤᠲᠠ ᠶ᠋ᠢᠨ ᠭᠥᠯᠢᠶᠡᠨ ᠠᠪᠤᠭ᠍ᠰᠠᠨ ᠬᠡᠮᠵᠢᠶ᠎ᠡ᠎ᠠᠴᠠ ᠦᠵᠡᠪᠡᠯ ᠂ ᠭᠥᠯᠢᠶᠡᠨ ᠠᠪᠤᠭ᠍ᠰᠠᠨ ᠶᠡᠷᠦᠩᠬᠡᠶ ᠬᠡᠮᠵᠢᠶᠡᠨ᠎ᠦ ᠡᠮᠦᠨ᠎ᠡ ᠲᠠᠪᠤ ᠳᠦ ᠵᠢᠭ᠍ᠰᠠᠭᠠᠭ᠍ᠳᠠᠭ᠍ᠰᠠᠨ ᠨᠢ ᠬᠥᠬᠡᠬᠤᠲᠠ ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ 33955 ᠬᠤᠪᠢ ᠂ ᠪᠤᠭᠤᠲᠤ ᠬᠤᠲᠠ ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ 29890 ᠬᠤᠪᠢ ᠂ ᠤᠯᠠᠭᠠᠨᠬᠠᠳᠠ ᠬᠤᠲᠠ ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ 14088 ᠬᠤᠪᠢ ᠂ ᠤᠯᠠᠭᠠᠨᠴᠠᠪ ᠬᠤᠲᠠ ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ 10343 ᠬᠤᠪᠢ ᠂ ᠪᠠᠶᠠᠨᠨᠠᠭᠤᠷ ᠬᠤᠲᠠ ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ 10178 ᠬᠤᠪᠢ ᠪᠣᠯᠤᠨ᠎ᠠ ᠃
ᠬᠦᠯᠢᠶᠡᠨ ᠠᠪᠤᠭ᠍ᠰᠠᠨ ᠬᠡᠮᠵᠢᠶ᠎ᠡ ᠶ᠋ᠢᠨ ᠰᠠᠷ᠎ᠠ᠎ᠪᠠᠷ ᠪᠦᠷᠢᠳᠭᠡᠭ᠌ᠰᠡᠨ ᠬᠦᠰᠦᠨᠦᠭ᠌ᠲᠦ ( ᠨᠢᠭᠡᠴᠢ ᠄ ᠬᠤᠪᠢ )

ᠰᠠᠷ᠎ᠠ ᠶ᠋ᠢᠨ ᠬᠠᠨᠳᠤᠰᠢ ᠶ᠋ᠢᠨ ᠵᠢᠷᠤᠭ ᠄

2 ᠳ᠋ᠤᠭᠠᠷ ᠰᠠᠷ᠎ᠠ ᠶᠠᠭ ᠰᠠᠶᠢᠬᠠᠨ ᠴᠠᠭᠠᠨ ᠰᠠᠷ᠎ᠠ ᠶ᠋ᠢᠨ ᠬᠤᠭᠤᠴᠠᠭᠠᠨ᠎ᠳᠤ ᠪᠠᠢᠵᠤ ᠂ ᠪᠥᠬᠦ᠌ ᠣᠷᠣᠨ᠎ᠤ ᠡᠯ᠎ᠡ ᠱᠠᠲᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠶ᠋ᠢᠨ ᠰᠠᠯᠠᠭ᠎ᠠ ᠮᠥᠴᠢᠷ᠎ᠤᠳ ᠬᠠᠤᠯᠢ ᠬᠡᠷᠡᠭ᠌ᠵᠢᠭᠦᠯᠬᠦ᠌ ᠡᠷᠴᠢᠮ᠎ᠢᠶᠠᠨ ᠴᠢᠩᠭᠠᠷᠠᠭᠤᠯᠵᠤ ᠂ ᠵᠠᠬ᠎ᠠ ᠳᠡᠯᠭᠡᠭᠦᠷ᠎ᠤᠨ ᠡᠮᠬᠢ ᠳᠢᠭ᠌ᠯᠢᠮ᠎ᠢ ᠴᠢᠩᠭ᠎ᠠ ᠵᠢᠷᠤᠮᠵᠢᠭᠤᠯᠤᠨ ᠂ ᠬᠡᠷᠡᠭ᠌ᠯᠡᠭᠡᠨ᠎ᠤ ᠣᠷᠴᠢᠨ ᠲᠣᠭᠤᠷᠢᠨ ᠡᠳᠦᠷ ᠢᠷᠡᠬᠦᠶ᠎ᠡ ᠲᠣᠭ᠍ᠲᠠᠭᠤᠨ ᠪᠥᠭᠡᠳ ᠡᠷᠡᠭᠦᠯ ᠪᠠᠢᠵᠤ ᠂ ᠡᠯ᠎ᠡ ᠵᠦᠢᠯ᠎ᠤᠨ ᠲᠤᠭ᠎ᠠ ᠪᠠᠷᠢᠮᠲᠠ ᠨᠡᠯᠢᠶᠡᠳ ᠪᠠᠭ᠎ᠠ ᠪᠣᠯᠪᠠ᠃ 3 ᠳ᠋ᠤᠭᠠᠷ ᠰᠠᠷ᠎ᠠ᠎ᠳᠤ 《 3·15 》 ᠤ ᠬᠡᠷᠡᠭ᠌ᠯᠡᠭ᠌ᠴᠢᠳ᠎ᠤᠨ ᠡᠷᠬᠡ ᠠᠱᠢᠭ᠎ᠤᠨ ᠡᠳᠦᠷ᠎ᠤᠨ ᠤᠬᠠᠭᠤᠯᠭ᠎ᠠ ᠶ᠋ᠢᠨ ᠠᠵᠢᠯᠯᠠᠭ᠎ᠠ ᠶ᠋ᠢᠨ ᠨᠥᠯᠥᠭᠡ ᠡᠴᠡ ᠪᠣᠯᠵᠤ ᠂ ᠬᠡᠷᠡᠭ᠌ᠯᠡᠭ᠌ᠴᠢᠳ᠎ᠤᠨ ᠡᠷᠬᠡ ᠠᠱᠢᠭ᠎ᠢᠶᠠᠨ ᠬᠠᠮᠠᠭᠠᠯᠠᠬᠤ ᠦᠵᠡᠯ ᠤᠬᠠᠮᠰᠠᠷ ᠴᠢᠩᠭᠠᠷᠠᠵᠤ ᠂ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠪᠠ ᠠᠰᠠᠭᠤᠨ ᠯᠠᠪᠯᠠᠯᠲᠠ᠎ᠶ᠋ᠢᠨ ᠬᠡᠮᠵᠢᠶ᠎ᠡ ᠴᠤ᠌ ᠡᠳᠦᠶ ᠲᠡᠳᠦᠶ ᠨᠡᠮᠡᠭ᠌ᠳᠡᠵᠡᠢ ᠃ 4 ᠳ᠋ᠦ᠍ᠭᠡᠷ ᠰᠠᠷ᠎ᠠ᠎ᠠᠴᠠ ᠬᠤᠢᠰᠢ 12315 ᠲᠠᠪᠴᠠᠩ ᠪᠣᠯᠤᠨ 12345 ᠱᠢᠰᠲ᠋ᠧᠮ ᠵᠠᠯᠭᠠᠯᠳᠤᠵᠤ ᠂ ᠬᠡᠷᠡᠭ᠌ᠯᠡᠭᠡᠨ᠎ᠤ ᠡᠷᠬᠡ ᠠᠱᠢᠭ᠎ᠢᠶᠠᠨ ᠬᠠᠮᠠᠭᠠᠯᠠᠬᠤ ᠲᠦᠷᠦᠯ᠎ᠤᠨ ᠲᠤᠭ᠎ᠠ ᠪᠠᠷᠢᠮᠲᠠ᠎ᠶ᠋ᠢ ᠬᠠᠮᠲᠤ ᠪᠠᠷ ᠡᠳ᠋ᠯᠡᠵᠦ᠍ ᠂ ᠲᠤᠭ᠎ᠠ ᠪᠠᠷᠢᠮᠲᠠ ᠶᠡᠷᠦᠩᠬᠡᠢ᠎ᠳᠡᠭᠡᠨ ᠶᠡᠷᠦᠩᠬᠡᠢ ᠳᠤ ᠪᠠᠨ ᠢᠯᠡᠳᠲᠡ ᠨᠡᠮᠡᠭ᠌ᠳᠡᠵᠡᠢ᠃
ᠬᠤᠶᠠᠷ ᠂ ᠵᠠᠭᠠᠯᠳᠤᠯᠭ᠎ᠠ ᠶ᠋ᠢᠨ ᠪᠠᠢᠳᠠᠯ᠎ᠤᠨ ᠲᠣᠭ᠎ᠠ ᠪᠦᠷᠢᠳᠭᠡᠯ
ᠳᠡᠭᠡᠷ᠎ᠡ ᠬᠠᠭᠠᠰ ᠵᠢᠯ᠎ᠳ᠋ᠦ᠍ ᠬᠡᠷᠡᠭ᠌ᠯᠡᠭ᠌ᠴᠢᠳᠦ᠋ᠨ ᠵᠠᠭᠠᠯᠳᠤᠯᠭ᠎ᠠ᠎ᠶᠢ ᠨᠡᠢᠲᠡ 88614 ᠬᠤᠪᠢ ᠬᠦᠯᠢᠶᠡᠨ ᠠᠪᠴᠤ᠌ ᠠᠳᠠᠯᠢ ᠬᠤᠭᠤᠴᠠᠭᠠᠨ᠎ᠤ᠋ ᠬᠢ᠎ᠡᠴᠡ 21.93% ᠪᠠᠷ ᠨᠡᠮᠡᠭ᠌ᠳᠡᠪᠡ ᠃ ᠡᠭᠦᠨ᠎ᠳᠤ ᠲᠠᠸᠠᠷ ᠤᠨ ᠲᠥᠷᠥᠯ᠎ᠳᠤ ᠬᠤᠯᠪᠤᠭᠳᠠᠬᠤ᠎ᠨᠢ 50443 ᠬᠤᠪᠢ ᠂ ᠦᠢᠯᠡᠴᠢᠯᠡᠭᠡᠨ᠎ᠤ ᠲᠥᠷᠥᠯ᠎ᠳᠤ ᠬᠤᠯᠪᠤᠭᠳᠠᠬᠤ᠎ᠨᠢ 38171 ᠬᠤᠪᠢ ᠪᠠᠢᠪᠠ ᠃ ᠮᠠᠷᠭᠣᠯᠳᠣᠭ᠋ᠠᠨᠳᠤ ᠬᠤᠯᠪᠣᠭᠳᠠᠭᠰᠠᠨ ᠵᠣᠭᠣᠰᠣᠨ᠎ᠤ ᠲᠤᠭ᠎ᠠ᠎ᠨᠢ 10043.37 ᠲᠦᠮᠡᠨ ᠲᠥᠭᠦᠷᠢᠭ ᠪᠠᠢᠵᠤ ᠂ ᠬᠡᠷᠡᠭ᠌ᠯᠡᠭ᠌ᠴᠢᠳ᠎ᠲᠤ 1992 ᠲᠦᠮᠡᠨ ᠲᠥᠭᠦᠷᠢᠭ᠎ᠤᠨ ᠠᠵᠤ ᠠᠬᠤᠢ ᠶ᠋ᠢᠨ ᠬᠤᠬᠢᠷᠠᠯ᠎ᠢ ᠡᠭᠡᠭᠦᠯᠦᠨ ᠠᠪᠴᠢᠷᠠᠵᠤ ᠥᠭᠴᠡᠶ ᠃ 7 ᠳ᠋ᠤᠭᠠᠷ ᠰᠠᠷ᠎ᠠ ᠶ᠋ᠢᠨ 3 ᠤ ᠡᠳᠦᠷ ᠪᠣᠯᠲᠠᠯ᠎ᠠ 81258 ᠬᠤᠪᠢ᠎ᠶ᠋ᠢ ᠨᠢᠭᠡᠨᠲᠡ ᠱᠢᠢᠳᠪᠦᠷᠢᠯᠡᠨ ᠳᠠᠭᠤᠰᠭᠠᠵᠤ ᠂ ᠱᠢᠢᠳᠪᠦᠷᠢᠯᠡᠵᠦ᠍ ᠳᠠᠭᠤᠰᠭᠠᠭ᠍ᠰᠠᠨ ᠨᠣᠷᠮ᠎ᠠ᠎ᠨᠢ 91.70% ᠳᠤ ᠬᠦᠷᠪᠡ ᠃
ᠬᠡᠷᠡᠭᠯᠡᠭᠡᠨ᠎ᠤ ᠲᠥᠷᠥᠯ ᠢᠯᠭ᠋ᠠᠯ ᠵᠶ᠋ᠠᠷ ᠬᠤᠪᠢᠶᠠᠷᠢᠯᠠᠭ᠍ᠰᠠᠨ ᠢ ᠬᠦᠰᠦᠨᠦᠭᠲᠦ ( ᠨᠢᠭᠡ ) ᠂ ( ᠬᠣᠶᠠᠷ )᠎ᠠᠴᠠ ᠦᠵᠡ
( ᠨᠢᠭᠡ ) ᠲᠠᠸᠠᠷ᠎ᠤᠨ ᠲᠥᠷᠥᠯ᠎ᠳᠤ ᠬᠤᠯᠪᠤᠭᠳᠠᠭᠰᠠᠨ ( ᠨᠢᠭᠡᠴᠢ᠄ ᠬᠤᠪᠢ )


ᠲᠠᠸᠠᠷ᠎ᠦᠨ ᠲᠥ᠋ᠷᠥᠯ᠎ᠦᠨ ᠵᠠᠭᠠᠯᠳᠤᠯᠭ᠎ᠠ ᠠᠳᠠᠯᠢ ᠬᠤᠭᠤᠴᠠᠭᠠᠨ ᠤ ᠬᠤᠭ᠍ᠤᠴᠠᠭ᠍ᠠᠨᠤ ᠬᠢ ᠡᠴᠡ 15.21% ᠪᠠᠷ ᠨᠡᠮᠡᠭ᠌ᠳᠡᠪᠡ ᠃ ᠵᠠᠭᠠᠯᠳᠤᠯᠭ᠎ᠠ ᠶ᠋ᠢᠨ ᠬᠡᠮᠵᠢᠶᠡᠨ᠎ᠦ ᠡᠮᠦᠨ᠎ᠡ ᠲᠠᠪᠤᠨ ᠨᠡᠷᠡᠰ᠎ᠲᠦ ᠵᠢᠭ᠍ᠰᠠᠭᠠᠭ᠍ᠳᠠᠭ᠍ᠰᠠᠨ ᠲᠠᠸᠠᠷ᠎ᠤᠨ ᠶᠡᠭᠡ ᠲᠦᠷᠦᠯ᠎ᠤᠨ ᠳᠠᠷᠠᠭᠠᠯᠠᠯ᠎ᠨᠢ ᠢᠳᠡᠭᠡᠨ᠎ᠤ ᠲᠦᠷᠦᠯ 24356 ᠬᠤᠪᠢ ᠂ ᠬᠤᠪᠴᠠᠰᠤ ᠬᠤᠨᠠᠷ ᠮᠠᠯᠠᠭᠠᠢ ᠱᠠᠬᠠᠢ ᠶ᠋ᠢᠨ ᠲᠦᠷᠦᠯ 4711 ᠬᠤᠪᠢ ᠂ ᠵᠠᠮ ᠬᠠᠷᠢᠯᠴᠠᠭᠠᠨ᠎ᠤ ᠪᠠᠭᠠᠵᠢ ᠶ᠋ᠢᠨ ᠲᠦᠷᠦᠯ 3662 ᠬᠤᠪᠢ ᠂ ᠭᠡᠷ᠎ᠤᠨ ᠡᠳ᠋ᠯᠡᠯ ᠬᠡᠷᠡᠭ᠌ᠰᠡᠯ᠎ᠤᠨ ᠲᠦᠷᠦᠯ 2405 ᠬᠤᠪᠢ ᠂ ᠴᠢᠮᠡᠭᠡ ᠬᠤᠯᠪᠣᠭᠠᠨ᠎ᠤ ᠦᠢᠯᠡᠳᠬᠦᠨ᠎ᠤ ᠲᠦᠷᠦᠯ 1867 ᠬᠤᠪᠢ ᠪᠠᠢᠪᠠ ᠃
ᠵᠠᠭᠠᠯᠳᠤᠯᠭ᠎ᠠ ᠶ᠋ᠢᠨ ᠬᠡᠮᠵᠢᠶᠡᠨ᠎ᠳᠦ ᠬᠡᠮᠵᠢᠶᠡᠨ ᠤ ᠡᠮᠦᠨ᠎ᠡ ᠲᠠᠪᠤᠨ ᠨᠡᠷᠡᠰ᠎ᠲᠦ ᠵᠢᠭ᠍ᠰᠠᠭᠠᠭ᠍ᠳᠠᠭ᠍ᠰᠠᠨ ᠲᠠᠸᠠᠷ᠎ᠤᠨ ᠶᠡᠭᠡ ᠲᠥᠷᠥᠯ᠎ᠤᠨ ᠲᠠᠸᠠᠷ᠎ᠤᠨ ᠵᠠᠭᠠᠯᠳᠤᠯᠭ᠎ᠠ ᠶ᠋ᠢᠨ ᠶᠡᠷᠦᠩᠬᠡᠶ ᠬᠡᠮᠵᠢᠶᠡᠨ ᠳ᠋ᠡᠬᠢ ᠡᠵᠡᠯᠡᠬᠦ᠌ ᠬᠠᠷᠢᠴᠠᠯ᠎ᠤᠨ ᠳᠤᠭᠤᠢ ᠬᠡᠯᠪᠡᠷᠢᠲᠦ ᠵᠢᠷᠤᠭ ᠄

ᠵᠠᠭᠠᠯᠳᠤᠯᠭ᠎ᠠ ᠶ᠋ᠢᠨ ᠬᠡᠮᠵᠢᠶᠡᠨ᠎ᠦ ᠨᠢᠭᠡᠳᠦᠭᠡᠷ ᠲᠦ ᠵᠢᠭ᠍ᠰᠠᠭᠠᠭ᠍ᠳᠠᠭ᠍ᠰᠠᠨ ᠢᠳᠡᠭᠡᠨ᠎ᠤ ᠲᠥᠷᠥᠯ 24356 ᠪᠠᠢᠵᠤ ᠂ ᠲᠠᠸᠠᠷ᠎ᠤᠨ ᠲᠥᠷᠥᠯ᠎ᠤᠨ ᠵᠠᠭᠠᠯᠳᠤᠯᠭ᠎ᠠ ᠶ᠋ᠢᠨ ᠶᠡᠷᠦᠩᠬᠡᠶ ᠬᠡᠮᠵᠢᠶᠡᠨ᠎ᠤ 48.28 ᠶ᠋ᠢ ᠡᠵᠡᠯᠡᠪᠡ ᠃ ᠡᠢᠮᠦᠷᠬᠦᠦ ᠲᠦᠷᠦᠯ᠎ᠦᠨ ᠵᠠᠭᠠᠯᠳᠤᠯᠭ᠎ᠠ ᠳᠦ ᠂ ᠡᠩ᠎ᠤᠨ ᠢᠳᠡᠭᠡᠨ 18194 ᠬᠤᠪᠢ ᠂ ᠢᠳᠡᠱᠢᠨᠦ ᠲᠠᠷᠢᠶᠠᠯᠠᠩ᠎ᠤᠨ ᠪᠦᠲᠦᠭᠡᠭ᠌ᠳᠡᠬᠦᠨ 2801 ᠬᠤᠪᠢ ᠂ ᠠᠷᠢᠬᠢ ᠪᠣᠯᠤᠨ ᠤᠮᠳᠠᠭᠠᠨ 2527 ᠬᠤᠪᠢ ᠂ ᠨᠢᠯᠬ᠎ᠠ ᠬᠡᠦᠬᠡᠳ᠎ᠤᠨ ᠨᠠᠢᠷᠠᠯᠭ᠎ᠠ᠎ᠲᠠᠢ ᠰᠦᠨ ᠲᠠᠯᠬ᠎ᠠ 404 ᠬᠤᠪᠢ ᠂ ᠢᠳᠡᠭᠡᠨ᠎ᠤ ᠬᠠᠮᠢᠶ᠎ᠠ ᠪᠦᠬᠦᠢ ᠪᠦᠲᠦᠭᠡᠭ᠌ᠳᠡᠬᠦᠨ 227 ᠬᠤᠪᠢ ᠂ ᠡᠷᠡᠭᠦᠯᠵᠢᠯ᠎ᠤᠨ ᠢᠳᠡᠭᠡᠨ 192 ᠬᠤᠪᠢ ᠂ ᠣᠨᠴᠠᠭᠠᠢ ᠠᠨᠠᠭᠠᠬᠤ ᠤᠬᠠᠭᠠᠨ᠎ᠤ ᠬᠡᠷᠡᠭ᠌ᠴᠡᠭᠡᠲᠦ ᠨᠠᠢᠷᠠᠯᠭ᠎ᠠ᠎ᠲᠠᠢ ᠢᠳᠡᠭᠡᠨ 11 ᠬᠤᠪᠢ ᠪᠠᠢᠪᠠ ᠃ ᠵᠠᠭᠠᠯᠳᠤᠯᠭ᠎ᠠ ᠶ᠋ᠢᠨ ᠲᠤᠰᠭᠠᠯ ᠨᠡᠯᠢᠶᠡᠳ ᠠᠷᠪᠢᠨ ᠪᠠᠢᠬᠤ᠎ᠨᠢ ᠢᠳᠡᠭᠡᠨ᠎ᠤ ᠪᠣᠭᠤᠳᠠᠯ ᠪᠠᠭ᠍ᠯᠠᠭ᠎ᠠ᠎ᠨᠢ ᠵᠢᠷᠤᠮᠵᠢᠯ ᠦᠭᠡᠢ ᠂ ᠢᠳᠡᠭᠡᠨ᠎ᠳᠤ ᠣᠨᠳᠣᠣ ᠪᠣᠳᠠᠰ ᠠᠭᠤᠯᠤᠭ᠍ᠳᠠᠵᠤ ᠪᠠᠢᠬᠤ ᠂ ᠴᠢᠨᠠᠷ ᠨᠢ ᠬᠤᠪᠢᠷᠠᠵᠤ ᠬᠤᠭᠤᠴᠠᠭ᠎ᠠ ᠨᠢ ᠥᠩᠭᠡᠷᠡᠭ᠌ᠰᠡᠨ ᠂ ᠱᠣᠱᠢᠭ᠎ᠠ ᠶ᠋ᠢᠨ ᠲᠠᠢᠯᠪᠤᠷᠢ ᠳᠤ ᠦ ᠰᠡᠪ ᠪᠠᠢᠬᠤ ᠂ ᠵᠠᠷ ᠮᠡᠳᠡᠭᠡᠨ᠎ᠤ ᠬᠤᠳᠠᠯ ᠬᠠᠭᠤᠷᠮᠠᠭ ᠤᠬᠠᠭᠤᠯᠭ᠎ᠠ ᠂ ᠦᠨ᠎ᠡ ᠬᠠᠩᠰᠢ ᠵᠡᠷᠭᠡ ᠶ᠋ᠢᠨ ᠠᠰᠠᠭᠤᠳᠠᠯ ᠪᠣᠯᠤᠨ᠎ᠠ ᠃
ᠵᠠᠭᠠᠯᠳᠤᠯᠭ᠎ᠠ ᠶ᠋ᠢᠨ ᠬᠡᠮᠵᠢᠶᠡᠨ᠎ᠦ ᠬᠤᠶᠠᠳᠤᠭᠠᠷ ᠲᠤ ᠵᠢᠭ᠍ᠰᠠᠭᠠᠭ᠍ᠳᠠᠭ᠍ᠰᠠᠨ ᠬᠤᠪᠴᠠᠰᠤ ᠬᠤᠨᠠᠷ᠎ᠤᠨ ᠲᠥᠷᠥᠯ 4711 ᠵᠠᠬ᠎ᠠ ᠪᠠᠢᠵᠤ ᠂ ᠲᠠᠸᠠᠷ᠎ᠤᠨ ᠲᠥᠷᠥᠯ᠎ᠤᠨ ᠵᠠᠭᠠᠯᠳᠤᠯᠭ᠎ᠠ ᠶ᠋ᠢᠨ ᠶᠡᠷᠦᠩᠬᠡᠶ ᠬᠡᠮᠵᠢᠶᠡᠨ᠎ᠤ 9.34% ᠶ᠋ᠢ ᠡᠵᠡᠯᠡᠪᠡ ᠃ ᠡᠢᠮᠦᠷᠬᠦᠦ ᠲᠦᠷᠦᠯ᠎ᠦᠨ ᠵᠠᠭᠠᠯᠳᠤᠯᠭ᠎ᠠ ᠳᠦ ᠱᠠᠬᠠᠶ 1765 ᠵᠠᠬ᠎ᠠ ᠂ ᠭᠠᠳᠠᠷ ᠬᠤᠪᠴᠠᠰᠤ 1153 ᠵᠠᠬ᠎ᠠ ᠂ ᠥᠮᠥᠳᠥ 519 ᠵᠠᠬ᠎ᠠ ᠂ ᠴᠠᠮᠴᠠ 270 ᠵᠠᠬ᠎ᠠ ᠂ ᠪᠠᠩᠵᠠᠯ 188 ᠵᠠᠬ᠎ᠠ ᠂ ᠨᠣᠣᠰᠣᠨ ᠬᠠᠨᠲᠠᠭᠠᠰᠤ 165 ᠵᠠᠬ᠎ᠠ ᠂ ᠳᠣᠲᠣᠷ ᠬᠠᠨᠲᠠᠭᠠᠰᠤ 137 ᠵᠠᠬ᠎ᠠ ᠂ ᠳᠣᠲᠣᠷ ᠬᠤᠪᠴᠠᠰᠤ 127 ᠵᠡᠷᠭᠡ ᠪᠠᠢᠪᠠ ᠃ ᠭᠣᠣᠯ ᠠᠰᠠᠭᠤᠳᠠᠯ ᠨᠢ ᠭᠤᠲᠤᠯ ᠮᠠᠯᠠᠭᠠᠢ ᠰᠡᠳᠡᠷᠡᠬᠦ᠌ ᠂ ᠬᠤᠪᠴᠠᠰᠤ ᠬᠤᠨᠠᠷ᠎ᠤᠨ ᠥᠩᠭᠡ ᠪᠠᠭᠤᠷᠠᠬᠤ ᠂ ᠪᠦᠮᠪᠦᠭᠡᠷᠭᠡᠬᠦ᠌ ᠪᠣᠯᠤᠨ ᠬᠤᠳᠠᠯᠳᠤᠭᠠᠴᠢᠳ 《 ᠭᠤᠷᠪᠠ᠎ᠶ᠋ᠢ ᠳᠠᠭᠠᠭᠠᠴᠢᠯᠠᠬᠤ 》 ᠲᠣᠭ᠍ᠲᠠᠭᠠᠯ᠎ᠢ ᠭᠦᠢᠴᠡᠳᠭᠡᠭ᠌ᠰᠡᠨ ᠦᠭᠡᠢ ᠭᠡᠬᠦ᠌ ᠵᠡᠷᠭᠡ ᠃
ᠵᠠᠭᠠᠯᠳᠤᠯᠭ᠎ᠠ ᠶ᠋ᠢᠨ ᠬᠡᠮᠵᠢᠶᠡᠨ᠎ᠦ ᠭᠤᠷᠪᠠᠳᠤᠭᠠᠷ᠎ᠲᠤ ᠵᠢᠭ᠍ᠰᠠᠭᠠᠭ᠍ᠳᠠᠭ᠍ᠰᠠᠨ ᠵᠠᠮ ᠬᠠᠷᠢᠯᠴᠠᠭᠠᠨ᠎ᠤ ᠪᠠᠭᠠᠵᠢ ᠬᠡᠷᠡᠭ᠌ᠰᠡᠯ᠎ᠤᠨ ᠲᠥᠷᠥᠯ 3662 ᠬᠤᠪᠢ ᠪᠠᠢᠵᠤ ᠂ ᠲᠠᠸᠠᠷ᠎ᠤᠨ ᠲᠥᠷᠥᠯ᠎ᠤᠨ ᠵᠠᠭᠠᠯᠳᠤᠯᠭ᠎ᠠ ᠶ᠋ᠢᠨ ᠶᠡᠷᠦᠩᠬᠡᠢ ᠬᠡᠮᠵᠢᠶᠡᠨ᠎ᠤ 7.26% ᠶ᠋ᠢ ᠡᠵᠡᠯᠡᠵᠡᠢ ᠃ ᠡᠢᠮᠦᠷᠬᠦᠦ ᠲᠦᠷᠦᠯ᠎ᠦᠨ ᠵᠠᠭᠠᠯᠳᠤᠯᠭ᠎ᠠ ᠳᠦ ᠮᠠᠱᠢᠨ ᠲᠡᠷᠭᠡ ᠪᠠ ᠮᠠᠱᠢᠨ ᠲᠡᠷᠭᠡᠨ᠎ᠤ ᠰᠡᠯᠪᠢᠭ ᠲᠣᠨᠤᠭ 2965 ᠬᠤᠪᠢ ᠂ ᠳᠤᠭᠤᠢ ᠲᠡᠷᠭᠡ ᠪᠠ ᠰᠡᠯᠪᠢᠭ ᠲᠣᠨᠤᠭ 356 ᠬᠤᠪᠢ ᠂ ᠮᠣᠲ᠋ᠣᠷ ᠲᠡᠷᠭᠡ ᠪᠠ ᠲᠤᠰᠠᠯᠠᠬᠤ ᠬᠦᠴᠦᠨ᠎ᠤ ᠲᠡᠷᠭᠡ 341 ᠬᠤᠪᠢ ᠪᠠᠢᠪᠠ᠃ ᠡᠨᠡ᠎ᠨᠢ ᠮᠠᠱᠢᠨ ᠲᠡᠷᠭᠡᠨ᠎ᠤ ᠰᠡᠯᠪᠢᠭ ᠲᠣᠨᠤᠭ ᠵᠢᠴᠢ ᠪᠦᠲᠦᠭᠡᠭ᠌ᠳᠡᠬᠦᠨ᠎ᠤ ᠶᠠᠰᠤ ᠴᠢᠨᠠᠷ᠎ᠤᠨ ᠠᠰᠠᠭᠤᠳᠠᠯ᠎ᠢ ᠲᠤᠰᠭᠠᠵᠤ ᠪᠠᠢᠭ᠎ᠠ ᠶᠠᠪᠤᠳᠠᠯ ᠪᠠᠢᠵᠤ ᠳᠦ ᠲᠤᠰᠭᠠᠯ ᠲᠥᠪᠯᠡᠷᠡᠵᠦ᠍ ᠂ ᠴᠠᠬᠢᠯᠭᠠᠨ ᠬᠥᠳᠡᠯᠭᠡᠭᠦᠷᠲᠦ ᠲᠡᠷᠭᠡᠨ᠎ᠤ ᠳ᠋ᠢᠶᠠᠨ ᡂᠢ ᠶ᠋ᠢᠨ ᠴᠡᠨᠡᠭ ᠦᠨ ᠶᠠᠰᠤ ᠴᠢᠨᠠᠷ᠎ᠤᠨ ᠠᠰᠠᠭᠤᠳᠠᠯ᠎ᠤᠨ ᠲᠤᠬᠠᠶ ᠵᠠᠭᠠᠯᠳᠤᠯᠭ᠎ᠠ ᠴᠦ᠍ ᠨᠡᠯᠢᠶᠡᠳ ᠠᠷᠪᠢᠨ ᠪᠠᠢᠬᠤ᠎ᠶ᠋ᠢ ᠲᠤᠰᠭᠠᠵᠤ ᠪᠠᠢᠨ᠎ᠠ ᠃
ᠵᠠᠭᠠᠯᠳᠤᠯᠭ᠎ᠠ ᠶ᠋ᠢᠨ ᠬᠡᠮᠵᠢᠶᠡᠨ᠎ᠦ ᠳᠦᠷᠪᠡᠳᠦᠭᠡᠷ᠎ᠲᠤ ᠵᠢᠭ᠍ᠰᠠᠭᠠᠭ᠍ᠳᠠᠭ᠍ᠰᠠᠨ ᠭᠡᠷ᠎ᠤᠨ ᠬᠡᠷᠡᠭ᠌ᠰᠡᠯ᠎ᠤᠨ ᠲᠥᠷᠥᠯ ᠵᠦᠢᠯ 2405 ᠬᠤᠪᠢ ᠪᠠᠢᠵᠤ ᠂ ᠲᠠᠸᠠᠷ᠎ᠤᠨ ᠲᠥᠷᠥᠯ᠎ᠤᠨ ᠵᠠᠭᠠᠯᠳᠤᠯᠭ᠎ᠠ ᠶ᠋ᠢᠨ ᠶᠡᠷᠦᠩᠬᠡᠢ ᠬᠡᠮᠵᠢᠶᠡᠨ᠎ᠤ 4.77% ᠶ᠋ᠢ ᠡᠵᠡᠯᠡᠪᠡ ᠃ ᠲᠣᠰ ᠲᠥᠷᠥᠯ᠎ᠤᠨ ᠵᠠᠭᠠᠯᠳᠤᠯᠭ᠎ᠠ ᠳᠤᠮᠳᠠ ᠂ ᠳᠦ ᠭᠡᠷ᠎ᠤᠨ ᠬᠡᠷᠡᠭ᠌ᠰᠡᠯ 1072 ᠬᠤᠪᠢ ᠂ ᠲᠣᠭᠤᠭᠠᠨ ᠬᠡᠷ᠎ᠤᠨ ᠬᠡᠷᠡᠭ᠌ᠰᠡᠯ 337 ᠬᠤᠪᠢ ᠂ ᠡᠳᠦᠷ ᠲᠤᠲᠤᠮ᠎ᠤᠨ ᠬᠡᠷᠡᠭ᠌ᠯᠡᠭᠡᠨ᠎ᠤ ᠵᠦᠢᠯ 298 ᠬᠤᠪᠢ ᠂ ᠨᠢᠳᠦᠨ ᠱᠢᠯ 278 ᠬᠤᠪᠢ ᠂ ᠴᠠᠭ 148 ᠬᠤᠪᠢ ᠪᠠᠢᠵᠤ ᠂ ᠵᠠᠭᠠᠯᠳᠤᠯᠭ᠎ᠠ ᠠᠷᠪᠢᠨ ᠪᠠᠢᠬᠤ ᠪᠤᠰᠤᠳ ᠵᠦᠢᠯ᠎ᠨᠢ ᠣᠷᠣ ᠳᠡᠭᠡᠷᠡᠬᠢ ᠶ᠋ᠢᠨ ᠬᠡᠷᠡᠭ᠌ᠰᠡᠯ 97 ᠬᠤᠪᠢ ᠂ ᠬᠠᠢᠷᠴᠠᠭ ᠪᠣᠭ᠍ᠴᠣ 93 ᠬᠤᠪᠢ ᠂ ᠠᠷᠢᠭᠤᠨ ᠴᠡᠪᠡᠷ᠎ᠤᠨ ᠬᠡᠷᠡᠭ᠌ᠰᠡᠯ 65 ᠬᠤᠪᠢ ᠵᠡᠷᠭᠡ ᠪᠣᠯᠤᠨ᠎ᠠ ᠃ ᠭᠣᠣᠯ ᠨᠢ ᠬᠤᠳᠠᠯᠳᠤᠭᠠᠴᠢᠨ ᠭᠡᠷ᠎ᠡ᠎ᠳᠦ ᠪᠣᠯᠵᠣᠨ ᠲᠣᠭ᠍ᠲᠠᠭ᠍ᠰᠠᠨ ᠶᠣᠰᠣᠭᠠᠷ ᠲᠠᠸᠠᠷ ᠬᠠᠩᠭᠠᠵᠤ ᠦᠭ᠌ᠭᠦᠭ᠌ᠰᠡᠨ ᠦᠭᠡᠢ ᠵᠢᠴᠢ ᠬᠤᠳᠠᠯᠳᠤᠭ᠍ᠰᠠᠨᠤ ᠳᠠᠷᠠᠭᠠᠬᠢ ᠡᠭᠦᠷᠭᠡ᠎ᠪᠡᠨ ᠭᠦᠢᠴᠡᠳᠭᠡᠭ᠌ᠰᠡᠨ ᠦᠭᠡᠢ ᠪᠣᠯᠤᠨ᠎ᠠ ᠃
ᠵᠠᠭᠠᠯᠳᠤᠯᠭ᠎ᠠ ᠶ᠋ᠢᠨ ᠬᠡᠮᠵᠢᠶᠡᠨ᠎ᠦ ᠲᠠᠪᠤᠳᠤᠭᠠᠷ᠎ᠲᠤ ᠵᠢᠭ᠍ᠰᠠᠭᠠᠭ᠍ᠳᠠᠭ᠍ᠰᠠᠨ ᠴᠢᠮᠡᠭᠡ ᠬᠤᠯᠪᠣᠭᠠᠨ᠎ᠤ ᠦᠢᠯᠡᠳᠬᠦᠨ᠎ᠤ ᠲᠥᠷᠥᠯ 1867 ᠬᠤᠪᠢ ᠪᠠᠢᠵᠤ ᠂ ᠲᠠᠸᠠᠷ᠎ᠤᠨ ᠲᠥᠷᠥᠯ᠎ᠤᠨ ᠵᠠᠭᠠᠯᠳᠤᠯᠭ᠎ᠠ ᠶ᠋ᠢᠨ ᠶᠡᠷᠦᠩᠬᠡᠶ ᠬᠡᠮᠵᠢᠶᠡᠨ᠎ᠤ 3.70% ᠶ᠋ᠢ ᠡᠵᠡᠯᠡᠪᠡ ᠃ ᠡᠢᠮᠦᠷᠬᠦᠦ ᠲᠦᠷᠦᠯ᠎ᠦᠨ ᠵᠠᠭᠠᠯᠳᠤᠯᠭ᠎ᠠ ᠳᠦ ᠱᠢᠯᠵᠢᠮᠡᠯ ᠳ᠋ᠢᠶᠠᠩᠬᠤᠸᠠ ᠪᠣᠯᠣᠨ ᠰᠡᠯᠪᠢᠭ ᠲᠣᠨᠤᠭ 1694 ᠬᠤᠪᠢ ᠂ ᠲᠣᠭ᠍ᠲᠠᠮᠠᠯ ᠳ᠋ᠢᠶᠠᠩᠬᠤᠸᠠ 9 ᠬᠤᠪᠢ ᠂ ᠶᠠᠷᠢᠯᠴᠠᠭᠤᠷ ᠮᠠᠱᠢᠨ 3 ᠬᠤᠪᠢ ᠂ ᠪᠤᠰᠤᠳ ᠴᠢᠮᠡᠭᠡ ᠨᠡᠪᠲᠡᠷᠡᠯᠭᠡ ᠶ᠋ᠢᠨ ᠦᠢᠯᠡᠳᠬᠦᠨ 161 ᠬᠤᠪᠢ ᠪᠠᠢᠪᠠ ᠃ ᠵᠠᠭ᠋ᠠᠯᠳᠤᠯᠭ᠎ᠠ ᠵᠢᠨ ᠲᠤᠰᠬᠠᠯ ᠨᠡᠯᠢᠶᠡᠳ ᠣᠯᠠᠨ ᠪᠠᠶ᠋ᠢᠭ᠎ᠠ᠎ᠨᠢ ᠦᠢ᠍ᠯᠡᠳᠬᠦᠨ᠎ᠤ ᠶᠠᠰᠤ ᠴᠢᠨᠠᠷ ᠵᠢᠴᠢ ᠬᠤᠳᠠᠯᠳᠤᠭᠰᠠᠨ᠎ᠤ ᠳᠠᠷᠠᠭ᠋ᠠᠬᠢ ᠦᠢ᠍ᠯᠡᠴᠢᠯᠡᠭᠡᠨ᠎ᠤ ᠠᠰᠠᠭᠤᠳᠠᠯ ᠪᠣᠯᠣᠨ᠎ᠠ ᠃
ᠲᠠᠸᠠᠷ᠎ᠤᠨ ᠵᠠᠭ᠋ᠠᠯᠳᠤᠯᠭ᠎ᠠ ᠵᠢᠨ ᠬᠠᠯᠠᠮᠰᠢᠯ ᠴᠡᠭ᠎ᠤᠨ ᠡᠮᠦᠨ᠎ᠡ ᠠᠷᠪᠠ᠎ᠳᠤ ᠵᠢᠭᠰᠠᠭ᠋ᠠᠭᠳᠠᠭᠰᠠᠨ᠎ᠨᠢ ᠡᠩ᠎ᠤᠨ ᠰᠠᠭᠤᠳᠠᠯ᠎ᠤᠨ ᠲᠡᠷᠭᠡ 2274 ᠬᠤᠪᠢ ᠂ ᠭᠠᠷ ᠤᠲᠠᠰᠤ 1490 ᠬᠤᠪᠢ ᠂ ᠠᠮᠤ ᠭᠤᠯᠢᠷ ᠵᠢᠴᠢ ᠲᠡᠭᠦᠨ᠎ᠤ ᠪᠦᠲᠦᠭᠡᠭᠳᠡᠬᠦᠨ ( ᠥᠪᠡᠷᠲᠡᠭᠡᠨ ᠦᠢ᠍ᠯᠡᠳᠦᠭᠰᠡᠨ ) 1272 ᠬᠤᠪᠢ ᠂ ᠮᠢᠬᠠᠨ᠎ᠤ ᠪᠦᠲᠦᠭᠡᠭ᠌ᠳᠡᠬᠦᠨ 945 ᠬᠤᠪᠢ ( ᠥᠪᠡᠷᠲᠡᠭᠡᠨ ᠦᠢ᠍ᠯᠡᠳᠦᠭᠰᠡᠨ ) ᠂ ᠲᠠᠮᠢᠷ᠎ᠤᠨ ᠬᠥᠳᠡᠯᠭᠡᠭᠡᠨ᠎ᠤ ᠱᠠᠬᠠᠢ 788 ᠬᠤᠪᠢ ᠂ ᠦᠬᠡᠷ᠎ᠤᠨ ᠮᠢᠬ᠎ᠠ 698 ᠬᠤᠪᠢ ᠂ ᠪᠣᠷᠴᠠ᠎ᠶ᠋ᠢᠨ ᠲᠥᠷᠥᠯ 674 ᠬᠤᠪᠢ ᠂ ᠲᠠᠯᠬ᠎ᠠ 651 ᠬᠤᠪᠢ ᠂ ᠰᠢᠵᠢᠷ ᠠᠯᠲᠠᠨ᠎ᠤ ᠡᠯᠭᠦᠮᠡᠯ ᠵᠠᠰᠠᠯ ᠴᠢᠮᠡᠭᠯᠡᠯ 622 ᠬᠤᠪᠢ ᠂ ᠪᠠᠺᠲ᠋ᠧᠷᠢ ᠤᠰᠠᠳᠭᠠᠭ᠍ᠰᠠᠨ ᠰᠦ 607 ᠬᠤᠪᠢ ᠪᠠᠢᠵᠤ ( ᠭᠥᠯᠢᠶᠡᠨ ᠠᠪᠤᠭᠰᠠᠨ ᠬᠡᠮᠵᠢᠶᠡᠨ᠎ᠳᠠᠬᠢ ᠪᠦᠬᠦ 《 ᠪᠤᠰᠤᠳ 》᠎ᠢ ᠪᠣᠳᠣᠵᠤ ᠣᠷᠣᠭᠤᠯᠤᠭᠰᠠᠨ ᠦᠭᠡᠢ ) ᠂ ᠲᠠᠸᠠᠷ᠎ᠤᠨ ᠲᠥᠷᠥᠯ᠎ᠤᠨ ᠵᠠᠭᠠᠯᠳᠤᠯᠭ᠎ᠠ ᠶ᠋ᠢᠨ ᠶᠡᠷᠦᠩᠬᠡᠶ ᠬᠡᠮᠵᠢᠶᠡᠨ᠎ᠤ 19.87% ᠶ᠋ᠢ ᠡᠵᠡᠯᠡᠪᠡ ᠃
ᠳᠡᠭᠡᠷ᠎ᠡ ᠬᠠᠭᠠᠰ ᠵᠢᠯ᠎ᠤᠨ ᠵᠠᠭᠠᠯᠳᠤᠯᠭ᠎ᠠ ᠶ᠋ᠢᠨ ᠬᠡᠮᠵᠢᠶᠡᠨ᠎ᠳᠦ ᠡᠮᠦᠨ᠎ᠡ ᠲᠠᠪᠤᠨ ᠨᠡᠷᠡᠰ᠎ᠲᠤ ᠵᠢᠭ᠍ᠰᠠᠭᠠᠭ᠍ᠳᠠᠭ᠍ᠰᠠᠨ ᠲᠠᠸᠠᠷ᠎ᠤᠨ ᠶᠡᠬᠡ ᠲᠥᠷᠥᠯ ᠪᠠ ᠥᠩᠭᠡᠷᠡᠭ᠌ᠰᠡᠨ ᠵᠢᠯ᠎ᠦᠨ ᠠᠳᠠᠯᠢ ᠬᠤᠭᠤᠴᠠᠭᠠᠨ᠎ᠤ ᠵᠢᠯ᠎ᠤᠨ ᠵᠠᠭᠠᠯᠳᠤᠯᠭ᠎ᠠ ᠶ᠋ᠢᠨ ᠬᠡᠮᠵᠢᠶᠡᠨ᠎ᠳᠦ ᠡᠮᠦᠨ᠎ᠡ ᠲᠠᠪᠤᠨ ᠨᠡᠷᠡᠰ᠎ᠲᠤ ᠵᠢᠭ᠍ᠰᠠᠭᠠᠭ᠍ᠳᠠᠭ᠍ᠰᠠᠨ ᠲᠠᠸᠠᠷ᠎ᠤᠨ ᠶᠡᠬᠡ ᠲᠥᠷᠥᠯ ᠨᠢ ᠵᠢᠭᠠᠬᠠᠨ ᠠᠳᠠᠯᠢ ᠦᠭᠡᠢ᠃ ᠡᠭᠦᠨ᠎ᠳᠤ ᠂ ᠢᠳᠡᠭᠡᠨ᠎ᠤ ᠲᠥᠷᠥᠯ᠎ᠤᠨ ᠵᠠᠭᠠᠯᠳᠤᠯᠭ᠎ᠠ ᠮᠥᠨ ᠬᠦ᠌ ᠲᠡᠷᠢᠭᠦᠨ ᠪᠠᠢᠷᠢᠨ᠎ᠳᠤ ᠤᠷᠤᠭ᠍ᠰᠠᠨ ᠪᠥᠭᠡᠳ ᠵᠠᠭᠠᠯᠳᠤᠯᠭ᠎ᠠ ᠶ᠋ᠢᠨ ᠬᠡᠮᠵᠢᠶ᠎ᠡ ᠨᠢ ᠠᠳᠠᠯᠢ ᠬᠤᠭᠤᠴᠠᠭᠠᠨ ᠦ ᠬᠢ᠎ᠠᠴᠠ 15.30% ᠪᠠᠷ ᠨᠡᠮᠡᠭ᠌ᠳᠡᠵᠦ᠍ ᠂ ᠭᠤᠣᠯᠳᠠᠭᠤ ᠢᠳᠡᠭᠡᠨ᠎ᠤ ᠵᠦᠢᠯ᠎ᠤᠨ ᠬᠤᠭᠤᠴᠠᠭ᠎ᠠ ᠥᠩᠭᠡᠷᠡᠭ᠌ᠰᠡᠨ ᠂ ᠴᠢᠨᠠᠷ ᠬᠤᠪᠢᠷᠠᠭ᠍ᠰᠠᠨ ᠂ ᠦᠨ᠎ᠡ ᠥᠰᠦᠭ᠌ᠰᠡᠨ ᠂ ᠵᠢᠩ ᠯᠠᠩ ᠳᠤᠲᠠᠭᠤ ᠵᠢᠴᠢ ᠬᠤᠳᠠᠯ ᠬᠠᠭᠤᠷᠮᠠᠭ ᠵᠠᠷ ᠮᠡᠳᠡᠭᠡ ᠵᠡᠷᠭᠡ ᠠᠰᠠᠭᠤᠳᠠᠯ᠎ᠳᠤ ᠬᠤᠯᠪᠣᠭ᠍ᠳᠠᠵᠠᠢ ︔ ᠴᠢᠮᠡᠭᠡ ᠬᠤᠯᠪᠣᠭᠠᠨ᠎ᠤ ᠦᠢᠯᠡᠳᠬᠦᠨ᠎ᠤ ᠲᠥᠷᠥᠯ᠎ᠤᠨ ᠵᠠᠭᠠᠯᠳᠤᠯᠭ᠎ᠠ ᠨᠢ ᠡᠮᠦᠨ᠎ᠡ ᠲᠠᠪᠤᠳᠤᠭᠠᠷ᠎ᠲᠤ ᠣᠷᠣᠵᠤ ᠂ ᠠᠳᠠᠯᠢ ᠬᠤᠭᠤᠴᠠᠭᠠᠨ ᠦ ᠬᠢ᠎ᠠᠴᠠ 42.69% ᠪᠠᠷ ᠨᠡᠮᠡᠭ᠌ᠳᠡᠵᠦ᠍ ᠂ ᠭᠤᠣᠯᠳᠠᠭᠤ ᠦᠢᠯᠡᠳᠬᠦᠨ᠎ᠤ ᠶᠠᠰᠤ ᠴᠢᠨᠠᠷ ᠂ ᠦᠨ᠎ᠡ ᠬᠠᠩᠰᠢ ᠵᠢᠴᠢ ᠬᠤᠳᠠᠯᠳᠤᠭ᠍ᠰᠠᠨᠤ ᠳᠠᠷᠠᠭᠠᠬᠢ ᠦᠢᠯᠡᠴᠢᠯᠡᠭᠡ ᠵᠡᠷᠭᠡ ᠠᠰᠠᠭᠤᠳᠠᠯ᠎ᠳᠤ ᠬᠤᠯᠪᠣᠭ᠍ᠳᠠᠵᠠᠶ ︔ ᠪᠤᠰᠤᠳ ᠵᠠᠭᠠᠯᠳᠤᠯᠭ᠎ᠠ ᠶ᠋ᠢᠨ ᠬᠡᠮᠵᠢᠶ᠎ᠡ ᠢᠯᠡᠳᠲᠡ ᠬᠤᠪᠢᠷᠠᠭ᠍ᠰᠠᠨ ᠲᠠᠸᠠᠷ᠎ᠤᠨ ᠶᠡᠭᠡ ᠲᠥᠷᠥᠯ ᠨᠢ ᠭᠤᠤᠯᠳᠠᠭᠤ ᠠᠪᠤᠷᠠᠯᠲᠠ ᠶ᠋ᠢᠨ ᠲᠥᠬᠦᠭᠡᠷᠦᠮᠵᠢ ᠪᠠᠢᠵᠤ ᠂ ᠠᠳᠠᠯᠢ ᠬᠤᠭᠤᠴᠠᠭᠠᠨ ᠦ ᠬᠢ᠎ᠠᠴᠠ 950.0% ᠪᠠᠷ ᠨᠡᠮᠡᠭ᠌ᠳᠡᠵᠦ᠍ ᠂ ᠭᠤᠤᠯᠳᠠᠭᠤ ᠶᠠᠰᠤ ᠴᠢᠨᠠᠷ ᠂ ᠪᠠᠷᠢᠮᠵᠢᠶ᠎ᠠ ᠂ ᠬᠡᠪᠴᠢᠶ᠎ᠡ᠎ᠠᠴᠠ ᠬᠡᠲᠦᠷᠡᠭᠦᠯᠦᠨ ᠡᠵᠡᠩᠨᠡᠭ᠌ᠰᠡᠨ ᠵᠡᠷᠭᠡ ᠠᠰᠠᠭᠤᠳᠠᠯ ᠪᠣᠯᠤᠨ᠎ᠠ ︔ ᠡᠮᠴᠢᠯᠡᠭᠡᠨ᠎ᠤ ᠪᠠᠭᠠᠵᠢ ᠬᠡᠷᠡᠭ᠌ᠰᠡᠯ ᠂ ᠠᠳᠠᠯᠢ ᠬᠤᠭᠤᠴᠠᠭᠠᠨ ᠦ ᠬᠢ᠎ᠠᠴᠠ 295.38% ᠪᠠᠷ ᠨᠡᠮᠡᠭ᠌ᠳᠡᠵᠦ᠍ ᠂ ᠭᠤᠤᠯᠳᠠᠭᠤ ᠡᠮᠴᠢᠯᠡᠭᠡᠨ᠎ᠤ ᠪᠠᠭᠠᠵᠢ ᠬᠡᠷᠡᠭ᠌ᠰᠡᠯ᠎ᠤᠨ ᠶᠠᠰᠤ ᠴᠢᠨᠠᠷ ᠂ ᠦᠨ᠎ᠡ ᠬᠠᠩᠰᠢ ᠵᠢᠴᠢ ᠬᠢᠷᠢ ᠬᠡᠮ᠎ᠢ ᠮᠠᠭᠠᠳᠯᠠᠨ ᠲᠣᠭ᠍ᠲᠠᠭᠠᠬᠤ ᠵᠡᠷᠭᠡ ᠠᠰᠠᠭᠤᠳᠠᠯ ᠪᠣᠯᠤᠨ᠎ᠠ ︔ ᠰᠡᠭᠦᠳᠡᠷᠯᠡᠬᠦ᠌ ᠦᠢᠯᠡᠳᠬᠦᠨ ᠂ ᠠᠳᠠᠯᠢ ᠬᠤᠭᠤᠴᠠᠭᠠᠨ ᠦ ᠬᠢ᠎ᠠᠴᠠ 137.93% ᠪᠠᠷ ᠨᠡᠮᠡᠭ᠌ᠳᠡᠵᠦ᠍ ᠂ ᠭᠤᠤᠯᠳᠠᠭᠤ ᠦᠨ᠎ᠡ ᠬᠠᠩᠰᠢ ᠂ ᠶᠠᠰᠤ ᠴᠢᠨᠠᠷ ᠵᠡᠷᠭᠡ ᠠᠰᠠᠭᠤᠳᠠᠯ᠎ᠳᠤ ᠬᠤᠯᠪᠣᠭ᠍ᠳᠠᠵᠠᠶ ᠃ ᠡᠯ᠎ᠡ ᠲᠦᠷᠦᠯ᠎ᠤᠨ ᠡᠵᠡᠩᠨᠡᠯᠲᠡ ᠶ᠋ᠢᠨ ᠭᠤᠣᠯ ᠴᠣᠭ᠍ᠴᠠ ᠬᠡᠷᠡᠭ᠌ᠯᠡᠭ᠌ᠴᠢᠳ᠎ᠢ ᠳᠡᠭᠡᠳᠦᠯᠡᠬᠦ᠌ ᠣᠢᠯᠠᠭᠠᠭ᠍ᠳᠠᠬᠤᠨ᠎ᠢ ᠪᠠᠲᠤ ᠪᠤᠢ ᠪᠣᠯᠭᠠᠵᠤ ᠂ ᠬᠤᠳᠠᠯ ᠬᠠᠭᠤᠷᠮᠠᠭ ᠤᠬᠠᠭᠤᠯᠭ᠎ᠠ ᠂ ᠭᠡᠷ᠎ᠡ ᠶ᠋ᠢᠨ ᠮᠡᠬᠡᠯᠡᠯ ᠂ ᠦᠢᠯᠡᠴᠢᠯᠡᠭᠡᠨ᠎ᠤ ᠲᠦᠯᠬᠢᠯᠴᠡᠯ ᠵᠡᠷᠭᠡ ᠠᠰᠠᠭᠤᠳᠠᠯ᠎ᠢ ᠡᠷᠡᠰ ᠬᠤᠷᠢᠭ᠍ᠯᠠᠬᠤ ᠬᠡᠷᠡᠭ᠌ᠲᠡᠢ ᠃ ᠡᠯ᠎ᠡ ᠱᠠᠲᠤᠨ᠎ᠤ ᠬᠠᠤᠯᠢ ᠬᠡᠷᠡᠭ᠌ᠵᠢᠭᠦᠯᠬᠦ᠌ ᠰᠠᠯᠠᠭ᠎ᠠ ᠮᠥᠴᠢᠷ᠎ᠤᠳ ᠬᠠᠤᠯᠢ ᠬᠡᠷᠡᠭ᠌ᠵᠢᠭᠦᠯᠬᠦ᠌ ᠬᠢᠨᠠᠯᠲᠠ ᠬᠠᠮᠢᠶᠠᠷᠤᠯᠲᠠ ᠶ᠋ᠢᠨ ᠡᠷᠴᠢᠮ᠎ᠢᠶᠠᠨ ᠴᠢᠩᠭᠠᠷᠠᠭᠤᠯᠵᠤ ᠂ ᠬᠡᠷᠡᠭ᠌ᠯᠡᠭ᠌ᠴᠢᠳ᠎ᠤᠨ ᠬᠠᠤᠯᠢ ᠶᠣᠰᠣᠨ᠎ᠤ ᠡᠷᠬᠡ ᠠᠱᠢᠭ᠎ᠲᠤ ᠬᠠᠯᠳᠠᠭ᠍ᠰᠠᠨ ᠬᠠᠤᠯᠢ᠎ᠠᠴᠠ ᠵᠥᠷᠢᠴᠡᠭ᠌ᠰᠡᠨ ᠦᠢᠯᠡ ᠠᠵᠢᠯᠯᠠᠭ᠎ᠠ᠎ᠶ᠋ᠢ ᠴᠢᠩᠭ᠎ᠠ ᠪᠠᠢᠴᠠᠭᠠᠨ ᠱᠢᠢᠳᠪᠦᠷᠢᠯᠡᠵᠦ᠍ ᠂ ᠬᠡᠷᠡᠭ᠌ᠯᠡᠭ᠌ᠴᠢᠳ᠎ᠤᠨ ᠬᠠᠨᠤᠮᠵᠢ ᠶ᠋ᠢᠨ ᠬᠡᠮᠵᠢᠶ᠎ᠡ᠎ᠶ᠋ᠢ ᠴᠢᠷᠮᠠᠢᠨ ᠳᠡᠭᠡᠭ᠌ᠰᠢᠯᠡᠭᠦᠯᠵᠦ᠍ ᠂ ᠬᠡᠷᠡᠭ᠌ᠯᠡᠭᠡᠨ᠎ᠤ ᠡᠷᠬᠡ ᠲᠡᠭ᠌ᠰᠢ ᠪᠠᠢᠬᠤ᠎ᠶ᠋ᠢ ᠬᠠᠮᠲᠤ ᠪᠠᠷ ᠠᠬᠢᠭᠤᠯᠬᠤ ᠬᠡᠷᠡᠭ᠌ᠲᠡᠢ ᠃
( ᠬᠤᠶᠠᠷ ) ᠦᠢᠯᠡᠴᠢᠯᠡᠭᠡᠨ᠎ᠤ ᠲᠥᠷᠥᠯ᠎ᠳᠤ ᠬᠣᠯᠪᠤᠭ᠍ᠳᠠᠭ᠍ᠰᠠᠨ ( ᠨᠢᠭᠡᠴᠢ ᠄ ᠬᠤᠪᠢ )


ᠦᠢᠯᠡᠴᠢᠯᠡᠭᠡᠨ᠎ᠦ ᠲᠥᠷᠥᠯ᠎ᠦᠨ ᠵᠠᠭᠠᠯᠳᠤᠯᠭ᠎ᠠ ᠨᠢ ᠠᠳᠠᠯᠢ ᠬᠤᠭᠤᠴᠠᠭᠠᠨ᠎ᠦ ᠬᠢ᠎ᠠᠴᠠ 32.13% ᠪᠡᠷ ᠨᠡᠮᠡᠭ᠌ᠳᠡᠪᠡ ᠃ ᠵᠠᠭᠠᠯᠳᠤᠯᠭ᠎ᠠ ᠶ᠋ᠢᠨ ᠬᠡᠮᠵᠢᠶᠡᠨ᠎ᠳᠦ ᠡᠮᠦᠨ᠎ᠡ ᠲᠠᠪᠤᠨ ᠨᠡᠷᠡᠰ᠎ᠲᠤ ᠵᠢᠭ᠍ᠰᠠᠭᠠᠭ᠍ᠳᠠᠭ᠍ᠰᠠᠨ ᠨᠢ ᠲᠣᠰ ᠲᠣᠰ ᠪᠣᠷᠣᠯᠠᠭᠤᠯᠭ᠎ᠠ ᠶ᠋ᠢᠨ ᠦᠢᠯᠡᠴᠢᠯᠡᠭᠡ 9080 ᠬᠤᠪᠢ ᠂ ᠢᠳᠡᠭᠡᠨ ᠤᠮᠳᠠᠭᠠᠨ ᠪᠠ ᠬᠣᠨᠣᠭ ᠪᠠᠭᠤᠳᠠᠯ᠎ᠤᠨ ᠦᠢᠯᠡᠴᠢᠯᠡᠭᠡ 8480 8480 ᠬᠤᠪᠢ ᠂ ᠵᠢᠰᠦ ᠭᠤᠶᠣᠯᠠᠵᠤ ᠦᠰᠦ ᠵᠠᠰᠠᠬᠤ ᠪᠠ ᠤᠬᠢᠶᠠᠬᠤ ᠦᠢᠯᠡᠴᠢᠯᠡᠭᠡ 3064 ᠬᠤᠪᠢ ᠂ ᠰᠣᠶᠣᠯ ᠴᠡᠩᠭᠡᠯ ᠪᠡᠶ᠎ᠡ ᠶ᠋ᠢᠨ ᠲᠠᠮᠢᠷ᠎ᠤᠨ ᠦᠢᠯᠡᠴᠢᠯᠡᠭᠡ 2397 ᠬᠤᠪᠢ ᠂ ᠰᠤᠷᠭ᠋ᠠᠨ ᠬᠥᠮᠦᠵᠢᠯ ᠪᠣᠯᠪᠠᠰᠣᠷᠠᠯ᠎ᠤᠨ ᠦᠢᠯᠡᠴᠢᠯᠡᠭᠡ 2206 ᠬᠤᠪᠢ ᠪᠠᠢᠪᠠ ᠃
ᠵᠠᠭᠠᠯᠳᠤᠯᠭ᠎ᠠ ᠶ᠋ᠢᠨ ᠬᠡᠮᠵᠢᠶᠡᠨ᠎ᠳᠦ ᠬᠡᠮᠵᠢᠶᠡᠨ ᠤ ᠡᠮᠦᠨ᠎ᠡ ᠲᠠᠪᠤᠨ ᠨᠡᠷᠡᠰ᠎ᠲᠦ ᠵᠢᠭ᠍ᠰᠠᠭᠠᠭ᠍ᠳᠠᠭ᠍ᠰᠠᠨ ᠦᠢᠯᠡᠴᠢᠯᠡᠭᠡᠨ᠎ᠦ ᠶᠡᠭᠡ ᠲᠥᠷᠥᠯ᠎ᠤᠨ ᠦᠢᠯᠡᠴᠢᠯᠡᠭᠡᠨ᠎ᠤ ᠵᠠᠭᠠᠯᠳᠤᠯᠭ᠎ᠠ ᠶ᠋ᠢᠨ ᠶᠡᠷᠦᠩᠬᠡᠶ ᠬᠡᠮᠵᠢᠶᠡᠨ᠎ᠳᠠᠬᠢ ᠡᠵᠡᠯᠡᠬᠦ᠌ ᠬᠠᠷᠢᠴᠠᠯ᠎ᠤᠨ ᠳᠤᠭᠤᠢ ᠬᠡᠯᠪᠡᠷᠢᠲᠦ ᠵᠢᠷᠤᠭ ᠄

ᠵᠠᠭᠠᠯᠳᠤᠯᠭ᠎ᠠ ᠶ᠋ᠢᠨ ᠬᠡᠮᠵᠢᠶᠡᠨ᠎ᠦ ᠨᠢᠭᠡᠳᠦᠭᠡᠷ᠎ᠲᠤ ᠪᠠᠢᠬᠤ ᠵᠢᠭ᠍ᠰᠠᠭᠠᠭ᠍ᠳᠠᠭ᠍ᠰᠠᠨ ᠪᠣᠷᠣᠯᠠᠭᠤᠯᠭ᠎ᠠ ᠶ᠋ᠢᠨ ᠦᠢᠯᠡᠴᠢᠯᠡᠭᠡ 9080 ᠬᠤᠪᠢ ᠪᠠᠢᠵᠤ ᠂ ᠦᠢᠯᠡᠴᠢᠯᠡᠭᠡᠨ᠎ᠤ ᠲᠦᠷᠦᠯ᠎ᠤᠨ ᠵᠠᠭᠠᠯᠳᠤᠯᠭ᠎ᠠ ᠶ᠋ᠢᠨ ᠶᠡᠷᠦᠩᠬᠡᠢ ᠬᠡᠮᠵᠢᠶᠡᠨ᠎ᠤ 23.79% ᠶ᠋ᠢ ᠡᠵᠡᠯᠡᠪᠡ ᠃ ᠡᠢᠮᠦᠷᠬᠦᠦ ᠲᠦᠷᠦᠯ᠎ᠦᠨ ᠵᠠᠭᠠᠯᠳᠤᠯᠭ᠎ᠠ ᠳᠦ ᠂ ᠤᠷᠢᠳᠴᠢᠯᠠᠨ ᠲᠤᠱᠢᠶᠠᠬᠤ ᠺᠠᠷᠲ᠎ᠤᠨ ᠦᠢᠯᠡᠴᠢᠯᠡᠭᠡ 4807 ᠬᠤᠪᠢ ᠂ ᠵᠢᠵᠢᠭ᠌ᠯᠡᠨ ᠬᠤᠳᠠᠯᠳᠤᠬᠤ ᠦᠢᠯᠡᠴᠢᠯᠡᠭᠡ 1701 ᠬᠤᠪᠢ ᠂ ᠢᠨᠲ᠋ᠧᠷ ᠰᠦᠯᠵᠢᠶᠡᠨ᠎ᠤ ᠱᠢᠭᠤᠳ ᠪᠣᠷᠣᠯᠠᠭᠤᠯᠬᠤ ᠦᠢᠯᠡᠴᠢᠯᠡᠭᠡ 1073 ᠬᠤᠪᠢ ᠂ ᠤᠷᠢᠳᠴᠢᠯᠠᠨ ᠬᠤᠳᠠᠯᠳᠤᠬᠤ ᠦᠢᠯᠡᠴᠢᠯᠡᠭᠡ 241 ᠬᠤᠪᠢ ᠂ ᠵᠠᠬᠢᠶᠠᠯᠠᠭ᠎ᠠ ᠶ᠋ᠢᠨ ᠦᠢᠯᠡᠴᠢᠯᠡᠭᠡ 191 ᠬᠤᠪᠢ ᠂ ᠬᠠᠷᠠᠭᠠᠯᠵᠠᠯ᠎ᠤᠨ ᠺᠠᠷᠲ ᠪᠣᠷᠣᠯᠠᠭᠤᠯᠬᠤ ᠦᠢᠯᠡᠴᠢᠯᠡᠭᠡ 136 ᠬᠤᠪᠢ ᠂ ᠪᠤᠰᠤᠳ ᠪᠣᠷᠣᠯᠠᠭᠤᠯᠭ᠎ᠠ ᠶ᠋ᠢᠨ ᠦᠢᠯᠡᠴᠢᠯᠡᠭᠡ 931 ᠬᠤᠪᠢ ᠪᠠᠢᠪᠠ ᠃ ᠭᠣᠤᠯ ᠠᠰᠠᠭᠤᠳᠠᠯ ᠨᠢ ᠦᠢᠯᠡᠴᠢᠯᠡᠭᠡᠨ᠎ᠦ ᠵᠠᠷᠤᠳᠠᠯ᠎ᠤᠨ ᠵᠢᠭᠤᠷᠠᠯᠳᠤᠭᠠᠨ ᠂ ᠭᠡᠷ᠎ᠡ᠎ᠳᠤ ᠪᠣᠯᠵᠣᠨ ᠲᠣᠭᠲᠠᠭᠰᠠᠨ ᠵᠦᠢ᠍ᠯᠡᠰ ᠢ ᠳᠤᠷ᠎ᠠ ᠪᠠᠷ᠎ᠢᠶᠠᠨ ᠬᠤᠪᠢᠷᠠᠭᠤᠯᠤᠭ᠍ᠰᠠᠨ ᠂ ᠡᠵᠡᠩᠨᠡᠭᠴᠢ᠎ᠠᠴᠠ ᠠᠵᠢᠯ ᠵᠶ᠋ᠡᠨ ᠵᠣᠭᠰᠣᠭ᠋ᠠᠭᠰᠠᠨ᠎ᠤ ᠳᠠᠷᠠᠭ᠎ᠠ ᠤᠷᠢᠳᠴᠢᠯᠠᠨ ᠥᠭᠭᠦᠭᠰᠡᠨ ᠵᠤᠭᠤᠰ᠎ᠢ᠎ᠨᠢ ᠪᠤᠴᠠᠭ᠋ᠠᠵᠤ ᠥᠭᠬᠦ ᠡᠭᠦᠷᠭᠡ ᠠᠴᠠ ᠵᠠᠢ᠌ᠯᠠᠭᠰᠠᠨ ᠵᠡᠷᠭᠡ ᠪᠣᠯᠤᠨ᠎ᠠ ᠃
ᠵᠠᠭᠠᠯᠳᠤᠯᠭ᠎ᠠ ᠶ᠋ᠢᠨ ᠬᠡᠮᠵᠢᠶᠡᠨ᠎ᠳᠦ ᠤ ᠬᠤᠶᠠᠳᠤᠭᠠᠷ᠎ᠲᠤ ᠵᠢᠭ᠍ᠰᠠᠭᠠᠭ᠍ᠳᠠᠭ᠍ᠰᠠᠨ ᠢᠳᠡᠭᠡᠨ ᠤᠮᠳᠠᠭᠠᠨ ᠪᠠ ᠬᠣᠨᠣᠭ ᠪᠠᠭᠤᠳᠠᠯ᠎ᠤᠨ ᠦᠢᠯᠡᠴᠢᠯᠡᠭᠡ 8480 ᠬᠤᠪᠢ ᠪᠠᠢᠵᠤ ᠂ ᠦᠢᠯᠡᠴᠢᠯᠡᠭᠡᠨ᠎ᠤ ᠲᠦᠷᠦᠯ᠎ᠤᠨ ᠵᠠᠭᠠᠯᠳᠤᠯᠭ᠎ᠠ ᠶ᠋ᠢᠨ ᠶᠡᠷᠦᠩᠬᠡᠶ ᠬᠡᠮᠵᠢᠶᠡᠨ᠎ᠤ 22.22% ᠢ ᠡᠵᠡᠯᠡᠪᠡ ᠃ ᠡᠢᠮᠦᠷᠬᠦᠦ ᠲᠦᠷᠦᠯ᠎ᠦᠨ ᠵᠠᠭᠠᠯᠳᠤᠯᠭ᠎ᠠ ᠳᠦ ᠢᠳᠡᠭᠡᠨ ᠤᠮᠳᠠᠭᠠᠨ᠎ᠤ ᠦᠢᠯᠡᠴᠢᠯᠡᠭᠡ 6284 ᠬᠤᠪᠢ ᠂ ᠬᠣᠨᠣᠭ ᠪᠠᠭᠤᠳᠠᠯ᠎ᠤᠨ ᠦᠢᠯᠡᠴᠢᠯᠡᠭᠡ 2196 ᠬᠤᠪᠢ ᠪᠠᠢᠪᠠ ᠃ ᠭᠣᠤᠯ ᠠᠰᠠᠭᠤᠳᠠᠯ ᠨᠢ ᠢᠳᠡᠭᠡᠨ ᠨᠢ ᠱᠢᠨ᠎ᠡ ᠰᠣᠷᠭᠣᠭ ᠪᠤᠰᠤ ᠂ ᠴᠢᠨᠠᠷ ᠬᠤᠪᠢᠷᠠᠭ᠍ᠰᠠᠨ ᠂ ᠣᠨᠳᠣᠤ ᠪᠣᠳᠠᠰ ᠬᠣᠯᠢᠯᠳᠤᠭ᠍ᠰᠠᠨ ᠂ ᠬᠣᠭᠣᠯᠠ ᠢᠳᠡᠬᠦ᠌ ᠬᠣᠭᠣᠯᠠᠯᠠᠬᠤ ᠣᠷᠴᠢᠨ ᠲᠣᠭᠣᠷᠢᠨ᠎ᠤ ᠠᠷᠢᠭᠤᠨ ᠴᠡᠪᠡᠷ ᠨᠢ ᠪᠠᠷᠢᠮᠵᠢᠶ᠎ᠠ᠎ᠳᠤ ᠬᠦᠷᠬᠦ᠌ ᠦᠭᠡᠶ ᠂ ᠰᠦᠢᠳᠭᠡᠯ ᠬᠤᠷᠢᠶᠠᠬᠤ ᠨᠢ ᠵᠦᠢ ᠵᠣᠬᠢᠰ ᠦᠭᠡᠶ ᠂ ᠦᠢᠯᠡᠴᠢᠯᠡᠭᠡᠨ ᠨᠢ ᠭᠦᠢᠴᠡᠳ ᠪᠤᠰᠤ ᠵᠡᠷᠭᠡ ᠲᠠᠯ᠎ᠠ᠎ᠳᠤ ᠲᠥᠪᠯᠡᠷᠡᠵᠦ᠍ ᠪᠤᠶ ᠃
ᠵᠠᠭᠠᠯᠳᠤᠯᠭ᠎ᠠ ᠶ᠋ᠢᠨ ᠬᠡᠮᠵᠢᠶᠡᠨ᠎ᠳᠦ ᠤ ᠭᠤᠷᠪᠠᠳᠤᠭᠠᠷ᠎ᠲᠤ ᠵᠢᠭ᠍ᠰᠠᠭᠠᠭ᠍ᠳᠠᠭ᠍ᠰᠠᠨ ᠵᠢᠰᠦ ᠭᠤᠶᠣᠯᠠᠵᠤ ᠦᠰᠦ ᠵᠠᠰᠠᠬᠤ ᠪᠠ ᠤᠬᠢᠶᠠᠬᠤ ᠦᠢᠯᠡᠴᠢᠯᠡᠭᠡ 3064 ᠬᠤᠪᠢ ᠪᠠᠢᠵᠤ ᠂ ᠦᠢᠯᠡᠴᠢᠯᠡᠭᠡᠨ᠎ᠤ ᠲᠦᠷᠦᠯ᠎ᠤᠨ ᠵᠠᠭᠠᠯᠳᠤᠯᠭ᠎ᠠ ᠶ᠋ᠢᠨ ᠶᠡᠷᠦᠩᠬᠡᠢ ᠬᠡᠮᠵᠢᠶᠡᠨ᠎ᠤ 8.03% ᠶ᠋ᠢ ᠡᠵᠡᠯᠡᠪᠡ ᠃ ᠡᠢᠮᠦᠷᠬᠦᠦ ᠲᠥᠷᠥᠯ ᠦᠨ ᠵᠠᠭᠠᠯᠳᠤᠯᠭ᠎ᠠ ᠳᠦ ᠵᠢᠰᠦ ᠭᠤᠶᠣᠯᠠᠵᠤ ᠦᠰᠦ ᠵᠠᠰᠠᠬᠤ ᠦᠢᠯᠡᠴᠢᠯᠡᠭᠡ 1993 ᠬᠤᠪᠢ ᠂ ᠤᠬᠢᠶᠠᠬᠤ ᠢᠯᠢᠬᠦ ᠵᠠᠰᠠᠯᠭ᠎ᠠ᠎ᠶ᠋ᠢᠨ ᠦᠢᠯᠡᠴᠢᠯᠡᠭᠡ 1071 ᠬᠤᠪᠢ ᠪᠠᠢᠪᠠ᠃ ᠭᠣᠤᠯ ᠠᠰᠠᠭᠤᠳᠠᠯ ᠨᠢ ᠬᠤᠳᠠᠯ ᠬᠠᠭᠤᠷᠮᠠᠭ ᠤᠬᠠᠭᠤᠯᠭ᠎ᠠ ᠂ ᠦᠢᠯᠡᠴᠢᠯᠡᠭᠡᠨ᠎ᠦ ᠬᠢᠷᠢ ᠭᠡᠮ ᠢ ᠪᠦᠷᠢᠯᠳᠦᠭᠦᠯᠦᠭᠡᠳᠦᠢ ᠂ ᠠᠯᠪᠠᠳᠠᠯᠭ᠎ᠠ᠎ᠪᠠᠷ ᠬᠡᠷᠡᠭ᠌ᠯᠡᠭᠦᠯᠬᠦ᠌ ᠪᠠ ᠰᠦᠢᠳᠭᠡᠯ ᠬᠤᠷᠢᠶᠠᠬᠤ ᠲᠥᠷᠥᠯ ᠵᠦᠢᠯ᠎ᠦᠨ ᠠᠷᠭ᠎ᠠ ᠮᠠᠶᠢᠭ ᠨᠢ ᠲᠣᠳᠣᠷᠬᠠᠶ ᠦᠭᠡᠶ ᠪᠠᠢᠬᠤ ᠵᠡᠷᠭᠡ ᠪᠣᠯᠤᠨ᠎ᠠ ᠃
ᠵᠠᠭᠠᠯᠳᠤᠯᠭ᠎ᠠ ᠶ᠋ᠢᠨ ᠬᠡᠮᠵᠢᠶᠡᠨ᠎ᠳᠦ ᠤ ᠳᠥᠷᠪᠡᠳᠦᠭᠡᠷ᠎ᠲᠤ ᠵᠢᠭ᠍ᠰᠠᠭᠠᠭ᠍ᠳᠠᠭ᠍ᠰᠠᠨ ᠰᠣᠶᠣᠯ ᠴᠡᠩᠭᠡᠯ ᠪᠡᠶ᠎ᠡ ᠶ᠋ᠢᠨ ᠲᠠᠮᠢᠷ᠎ᠤᠨ ᠦᠢᠯᠡᠴᠢᠯᠡᠭᠡ 2397 ᠬᠤᠪᠢ ᠪᠠᠢᠵᠤ ᠂ ᠦᠢᠯᠡᠴᠢᠯᠡᠭᠡᠨ᠎ᠤ ᠲᠦᠷᠦᠯ᠎ᠤᠨ ᠵᠠᠭᠠᠯᠳᠤᠯᠭ᠎ᠠ ᠶ᠋ᠢᠨ ᠶᠡᠷᠦᠩᠬᠡᠢ ᠬᠡᠮᠵᠢᠶᠡᠨ᠎ᠤ 6.28% ᠶ᠋ᠢ ᠡᠵᠡᠯᠡᠪᠡ ᠃ ᠡᠢᠮᠦᠷᠬᠦᠦ ᠲᠥᠷᠥᠯ᠎ᠤᠨ ᠵᠠᠭᠠᠯᠳᠤᠯᠭ᠎ᠠ ᠳᠤ ᠂ ᠲᠣᠭᠤᠷᠢᠨ ᠦᠵᠡᠬᠦ ᠵᠤᠭ᠎ᠠ ᠴᠡᠩᠭᠡᠯ᠎ᠤᠨ ᠦᠢ᠍ᠯᠡᠴᠢᠯᠡᠭᠡ 907 ᠬᠤᠪᠢ ᠂ ᠪᠡᠶ᠎ᠡ ᠴᠢᠭᠢᠷᠠᠭ᠍ᠵᠢᠭᠤᠯᠬᠤ ᠦᠢᠯᠡᠴᠢᠯᠡᠭᠡ 875 ᠬᠤᠪᠢ ᠂ ᠺᠢᠨᠣ᠋ ᠭᠠᠷᠭᠠᠬᠤ ᠦᠢᠯᠡᠴᠢᠯᠡᠭᠡ 381 ᠬᠤᠪᠢ ᠂ ᠲᠣᠭ᠍ᠯᠠᠯᠲᠠ ᠭᠠᠷᠭᠠᠬᠤ ᠤᠷᠠᠯᠢᠭ᠎ᠤᠨ ᠦᠢᠯᠡᠴᠢᠯᠡᠭᠡ 194 ᠬᠤᠪᠢ ᠂ ᠨᠣᠮ᠎ᠤᠨ ᠰᠠᠩ᠎ᠤᠨ ᠲᠠᠩᠰᠠ ᠡᠪᠬᠡᠮᠡᠯ᠎ᠤᠨ ᠰᠠᠩ᠎ᠤᠨ ᠦᠢᠯᠡᠴᠢᠯᠡᠭᠡ 29 ᠬᠤᠪᠢ ᠂ ᠱᠠᠩᠨᠠᠯᠲᠤ ᠰᠤᠭᠤᠯᠤᠭ᠎ᠠ ᠶ᠋ᠢᠨ ᠦᠢᠯᠡᠴᠢᠯᠡᠭᠡ 11 ᠬᠤᠪᠢ ᠪᠠᠢᠪᠠ ᠃ ᠭᠣᠤᠯ ᠠᠰᠠᠭᠤᠳᠠᠯ ᠨᠢ ᠡᠵᠡᠩᠨᠡᠭ᠌ᠴᠢ ᠭᠡᠷ᠎ᠡ᠎ᠳᠦ ᠪᠣᠯᠵᠣᠨ ᠲᠣᠭ᠍ᠲᠠᠭ᠍ᠰᠠᠨ ᠵᠦᠢᠯᠡᠰ᠎ᠢ ᠳᠤᠷ᠎ᠠ᠎ᠪᠠᠷ᠎ᠢᠶᠠᠨ ᠬᠤᠪᠢᠷᠠᠭᠤᠯᠤᠭ᠍ᠰᠠᠨ ᠂ ᠦᠢᠯᠡᠴᠢᠯᠡᠭᠡᠨ᠎ᠦ ᠰᠦᠢᠳᠭᠡᠯ᠎ᠦᠨ ᠵᠢᠭᠤᠷᠠᠯᠳᠤᠭᠠᠨ ᠂ ᠤᠷᠢᠳᠴᠢᠯᠠᠨ ᠲᠤᠱᠢᠶᠠᠬᠤ ᠺᠠᠷᠲ ᠢ ᠬᠡᠷᠡᠭ᠌ᠯᠡᠬᠦ᠌ ᠵᠢᠴᠢ ᠤᠷᠢᠳᠴᠢᠯᠠᠨ ᠥᠭᠭᠦᠭᠰᠡᠨ ᠵᠤᠭᠤᠰ᠎ᠢ᠎ᠨᠢ ᠪᠤᠴᠠᠭ᠋ᠠᠵᠤ ᠥᠭᠬᠦ ᠡᠭᠦᠷᠭᠡ ᠠᠴᠠ ᠵᠠᠢ᠌ᠯᠠᠭᠰᠠᠨ ᠵᠡᠷᠭᠡ ᠪᠣᠯᠤᠨ᠎ᠠ ᠃
ᠵᠠᠭᠠᠯᠳᠤᠯᠭ᠎ᠠ ᠶ᠋ᠢᠨ ᠬᠡᠮᠵᠢᠶᠡᠨ᠎ᠳᠦ ᠤ ᠲᠠᠪᠤᠳᠤᠭᠠᠷ᠎ᠲᠤ ᠵᠢᠭ᠍ᠰᠠᠭᠠᠭ᠍ᠳᠠᠭ᠍ᠰᠠᠨ ᠰᠤᠷᠭ᠋ᠠᠨ ᠬᠥᠮᠦᠵᠢᠯ ᠪᠣᠯᠪᠠᠰᠣᠷᠠᠯ᠎ᠤᠨ ᠦᠢᠯᠡᠴᠢᠯᠡᠭᠡ 2206 ᠬᠤᠪᠢ ᠪᠠᠢᠵᠤ ᠂ ᠦᠢᠯᠡᠴᠢᠯᠡᠭᠡᠨ᠎ᠤ ᠲᠦᠷᠦᠯ᠎ᠤᠨ ᠵᠠᠭᠠᠯᠳᠤᠯᠭ᠎ᠠ ᠶ᠋ᠢᠨ ᠶᠡᠷᠦᠩᠬᠡᠶ ᠬᠡᠮᠵᠢᠶᠡᠨ᠎ᠤ 5.78% ᠶ᠋ᠢ ᠡᠵᠡᠯᠡᠪᠡ ᠃ ᠡᠢᠮᠦᠷᠬᠦᠦ ᠲᠦᠷᠦᠯ᠎ᠦᠨ ᠵᠠᠭᠠᠯᠳᠤᠯᠭ᠎ᠠ ᠳᠦ ᠤᠷ᠎ᠠ ᠴᠢᠳᠠᠪᠤᠷᠢ ᠶ᠋ᠢᠨ ᠪᠣᠯᠪᠠᠰᠤᠷᠠᠭᠤᠯᠤᠯ᠎ᠤᠨ ᠦᠢᠯᠡᠴᠢᠯᠡᠭᠡ 1584 ᠬᠤᠪᠢ ᠂ ᠳᠡᠭᠡᠳᠦ ᠵᠡᠷᠭᠡ ᠶ᠋ᠢᠨ ᠰᠤᠷᠭᠠᠨ ᠬᠥᠮᠥᠵᠢᠯ᠎ᠤᠨ ᠦᠢᠯᠡᠴᠢᠯᠡᠭᠡ 384 ᠬᠤᠪᠢ ᠂ ᠠᠩᠬ᠎ᠠ ᠵᠡᠷᠭᠡ ᠶ᠋ᠢᠨ ᠰᠤᠷᠭᠠᠨ ᠬᠥᠮᠥᠵᠢᠯ᠎ᠤᠨ ᠦᠢᠯᠡᠴᠢᠯᠡᠭᠡ 160 ᠬᠤᠪᠢ ᠂ ᠳᠤᠮᠳᠠ ᠵᠡᠷᠭᠡ ᠶ᠋ᠢᠨ ᠰᠤᠷᠭᠠᠨ ᠬᠥᠮᠥᠵᠢᠯ᠎ᠤᠨ ᠦᠢᠯᠡᠴᠢᠯᠡᠭᠡ 78 ᠬᠤᠪᠢ ᠪᠠᠢᠪᠠ ᠃ ᠳᠤᠰᠭᠠᠭ᠍ᠰᠠᠨ ᠭᠣᠣᠯ ᠠᠰᠠᠭᠤᠳᠠᠯ ᠨᠢ ᠭᠡᠷ᠎ᠡ᠎ᠶ᠋ᠢ ᠬᠤᠪᠢᠷᠠᠭᠣᠯᠣᠭ᠍ᠰᠠᠨ ᠂ ᠭᠡᠷ᠎ᠡ᠎ᠶ᠋ᠢ ᠱᠢᠯᠵᠢᠭᠦᠯᠦᠭ᠌ᠰᠡᠨ ᠂ ᠰᠤᠷᠤᠯᠭ᠎ᠠ ᠶ᠋ᠢᠨ ᠰᠦᠢᠳᠭᠡᠯ᠎ᠢ ᠪᠤᠴᠠᠭᠠᠭ᠍ᠰᠠᠨ ᠂ 《 ᠦᠩᠭᠡᠷᠡᠬᠦ᠌ ᠶ᠋ᠢ ᠪᠠᠲᠤᠯᠠᠬᠤ 》 ᠬᠡᠯᠡᠯᠴᠡᠭᠡᠷ ᠵᠡᠷᠭᠡ ᠪᠣᠯᠣᠨ᠎ᠠ᠃
ᠦᠢᠯᠡᠴᠢᠯᠡᠭᠡᠨ᠎ᠤ ᠵᠠᠭ᠋ᠠᠯᠳᠤᠯᠭ᠎ᠠ ᠵᠢᠨ ᠬᠠᠯᠠᠮᠰᠢᠯ ᠴᠡᠭ᠎ᠤᠨ ᠡᠮᠦᠨ᠎ᠡ ᠠᠷᠪᠠ᠎ᠳᠤ ᠵᠢᠭᠰᠠᠭ᠋ᠠᠭᠳᠠᠭᠰᠠᠨ ᠤᠷᠢᠳᠴᠢᠯᠠᠨ ᠲᠤᠱᠢᠶᠠᠬᠤ ᠺᠠᠷᠲ ᠤᠨ ᠦᠢᠯᠡᠴᠢᠯᠡᠭᠡ 4807 ᠬᠤᠪᠢ ᠂ ᠬᠤᠭᠤᠯᠠᠨ ᠭᠡᠷ᠎ᠤᠨ ᠦᠢᠯᠡᠴᠢᠯᠡᠭᠡ 3330 ᠬᠤᠪᠢ᠂ ᠵᠣᠴᠢᠳ᠎ᠤᠨ ᠪᠠᠭᠤᠳᠠᠯ᠎ᠤᠨ ᠦᠢ᠍ᠯᠡᠴᠢᠯᠡᠭᠡ 2012 ᠬᠤᠪᠢ ᠂ ᠵᠢᠵᠢᠭ᠌ᠯᠡᠨ ᠬᠤᠳᠠᠯᠳᠤᠬᠤ ᠦᠢᠯᠡᠴᠢᠯᠡᠭᠡ 1701 ᠬᠤᠪᠢ ᠂ ᠢᠨᠲ᠋ᠧᠷ ᠰᠦᠯᠵᠢᠶᠡᠨ᠎ᠤ ᠱᠢᠭᠤᠳ ᠪᠣᠷᠣᠯᠠᠭᠤᠯᠬᠤ ᠦᠢᠯᠡᠴᠢᠯᠡᠭᠡ 1073 ᠬᠤᠪᠢ ᠂ ᠵᠢᠵᠢᠭ ᠢᠳᠡᠭᠡᠨ᠎ᠤ ᠳᠡᠯᠭᠡᠭᠦᠷ᠎ᠤᠨ ᠦᠢᠯᠡᠴᠢᠯᠡᠭᠡ 679 ᠬᠤᠪᠢ ᠂ ᠮᠠᠱᠢᠨ ᠲᠡᠷᠭᠡ ᠰᠡᠯᠪᠢᠨ ᠵᠠᠰᠠᠬᠤ ᠦᠢᠯᠡᠴᠢᠯᠡᠭᠡ 655 ᠬᠤᠪᠢ ᠂ ᠬᠠᠭᠤᠷᠠᠶ ᠤᠬᠢᠶᠠᠯᠭ᠎ᠠ ᠶ᠋ᠢᠨ ᠦᠢᠯᠡᠴᠢᠯᠡᠭᠡ 499 ᠬᠤᠪᠢ᠂ ᠨᠢᠭᠤᠷ᠎ᠤᠨ ᠰᠣᠪᠢᠯᠠᠯᠲᠠ 465 ᠬᠤᠪᠢ ᠂ ᠭᠠᠷ ᠤᠲᠠᠰᠤ ᠰᠡᠯᠪᠢᠨ ᠵᠠᠰᠠᠬᠤ ᠦᠢᠯᠡᠴᠢᠯᠡᠭᠡ 452 ᠬᠤᠪᠢ ᠭᠥᠯᠢᠶᠡᠨ ᠠᠪᠤᠭᠰᠠᠨ ᠬᠡᠮᠵᠢᠶᠡᠨ᠎ᠳᠠᠬᠢ ᠪᠦᠬᠦ 《ᠪᠤᠰᠤᠳ》 ᠢ ᠪᠣᠳᠣᠵᠤ ᠣᠷᠣᠭᠤᠯᠤᠭᠰᠠᠨ ᠦᠭᠡᠢ ᠂ ᠦᠢᠯᠡᠴᠢᠯᠡᠭᠡᠨ᠎ᠤ ᠲᠦᠷᠦᠯ᠎ᠤᠨ ᠵᠠᠭᠠᠯᠳᠤᠯᠭ᠎ᠠ ᠶ᠋ᠢᠨ ᠶᠡᠷᠦᠩᠬᠡᠶ ᠬᠡᠮᠵᠢᠶᠡᠨ᠎ᠤ 41.06% ᠶ᠋ᠢ ᠡᠵᠡᠯᠡᠪᠡ ᠃
ᠳᠡᠭᠡᠷ᠎ᠡ ᠬᠠᠭᠠᠰ ᠵᠢᠯ᠎ᠳᠤ ᠵᠠᠭᠠᠯᠳᠤᠯᠭ᠎ᠠ ᠶ᠋ᠢᠨ ᠬᠡᠮᠵᠢᠶᠡᠨ᠎ᠦ ᠡᠮᠦᠨ᠎ᠡ ᠲᠠᠪᠤᠨ ᠨᠡᠷᠡᠰ᠎ᠲᠦ ᠵᠢᠭ᠍ᠰᠠᠭᠠᠭ᠍ᠳᠠᠭ᠍ᠰᠠᠨ ᠦᠢᠯᠡᠴᠢᠯᠡᠭᠡᠨ᠎ᠤ ᠶᠡᠭᠡ ᠲᠥᠷᠥᠯ ᠪᠠ ᠨᠢᠳᠤᠨᠤᠨ᠎ᠤ ᠠᠳᠠᠯᠢ ᠬᠤᠭᠤᠴᠠᠭᠠᠨ᠎ᠤ ᠵᠠᠭᠠᠯᠳᠤᠯᠭ᠎ᠠ ᠶ᠋ᠢᠨ ᠬᠡᠮᠵᠢᠶᠡᠨ᠎ᠦ ᠡᠮᠦᠨ᠎ᠡ ᠲᠠᠪᠤᠳᠤᠭᠠᠷ᠎ᠲᠤ ᠣᠷᠣᠭ᠍ᠰᠠᠨ ᠲᠠᠪᠤᠨ ᠨᠡᠷᠡᠰ ᠲᠦ ᠵᠢᠭ᠍ᠰᠠᠭᠠᠭ᠍ᠰᠠᠨ ᠦᠢᠯᠡᠴᠢᠯᠡᠭᠡᠨ᠎ᠤ ᠶᠡᠭᠡ ᠲᠥᠷᠥᠯ ᠨᠢ ᠠᠳᠠᠯᠢ ᠪᠠᠢᠵᠤ ᠂ ᠵᠢᠭ᠍ᠰᠠᠭᠠᠯᠲᠠ ᠨᠢ ᠪᠠᠭ᠎ᠠ ᠬᠤᠪᠢᠷᠠᠯᠲᠠ᠎ᠲᠠᠢ ᠪᠣᠯᠵᠠᠶ ᠃ ᠡᠭᠦᠨ᠎ᠳᠤ ᠂ ᠪᠣᠷᠣᠯᠠᠭᠤᠯᠭ᠎ᠠ ᠶ᠋ᠢᠨ ᠦᠢᠯᠡᠴᠢᠯᠡᠭᠡ ᠲᠡᠷᠢᠭᠦᠨ ᠪᠠᠢᠷᠢᠨ᠎ᠳᠤ ᠲᠣᠭ᠍ᠲᠠᠭᠤᠨ ᠪᠠᠢᠵᠤ ᠂ ᠠᠳᠠᠯᠢ ᠬᠤᠭᠤᠴᠠᠭᠠᠨ ᠦ ᠬᠢ᠎ᠠᠴᠠ 44.10% ᠪᠠᠷ ᠨᠡᠮᠡᠭ᠌ᠳᠡᠵᠦ᠍ ᠂ ᠭᠤᠤᠯ ᠠᠰᠠᠭᠤᠳᠠᠯ᠎ᠨᠢ ᠡᠵᠡᠩᠨᠡᠭ᠌ᠴᠢ ᠦᠶ᠋ᠯᠡᠴᠢᠯᠡᠭᠡᠨ᠎ᠤ ᠠᠭᠤᠯᠭ᠎ᠠ ᠪᠠ ᠲᠠᠯᠠᠪᠤᠷ ᠭᠠᠵᠠᠷ ᠵᠡᠷᠭᠡ ᠭᠡᠷ᠎ᠡ᠎ᠳᠤ ᠪᠣᠯᠵᠣᠨ ᠲᠣᠭ᠍ᠲᠠᠭ᠍ᠰᠠᠨ ᠵᠦᠶ᠋ᠯᠡᠰ᠎ᠢ ᠳᠤᠷ᠎ᠠ ᠪᠠᠷ᠎ᠢᠶᠠᠨ ᠬᠤᠪᠢᠷᠠᠭᠤᠯᠤᠭ᠍ᠰᠠᠨ ᠂ ᠬᠡᠷᠡᠭ᠌ᠯᠡᠭ᠌ᠴᠢᠳ ᠬᠢᠭᠡᠳ ᠡᠵᠡᠩᠨᠡᠭ᠌ᠴᠢ ᠶ᠋ᠢᠨ ᠦᠶ᠋ᠯᠡᠴᠢᠯᠡᠭᠡᠨ᠎ᠤ ᠵᠠᠷᠤᠳᠠᠯ᠎ᠤᠨ ᠵᠢᠭᠤᠷᠠᠯᠳᠤᠭᠠᠨ ᠂ ᠡᠵᠡᠩᠨᠡᠭᠴᠢ᠎ᠠᠴᠠ ᠠᠵᠢᠯ ᠵᠶ᠋ᠡᠨ ᠵᠣᠭᠰᠣᠭ᠋ᠠᠭᠰᠠᠨ᠎ᠤ ᠳᠠᠷᠠᠭ᠎ᠠ ᠤᠷᠢᠳᠴᠢᠯᠠᠨ ᠥᠭᠭᠦᠭᠰᠡᠨ ᠵᠤᠭᠤᠰ᠎ᠢ᠎ᠨᠢ ᠪᠤᠴᠠᠭ᠋ᠠᠵᠤ ᠥᠭᠬᠦ ᠡᠭᠦᠷᠭᠡ ᠠᠴᠠ ᠵᠠᠢ᠌ᠯᠠᠭᠰᠠᠨ ᠵᠡᠷᠭᠡ ᠠᠰᠠᠭᠤᠳᠠᠯ ᠪᠣᠯᠤᠨ᠎ᠠ ︔ ᠰᠣᠶᠣᠯ ᠴᠡᠩᠭᠡᠯ ᠪᠡᠶ᠎ᠡ ᠶ᠋ᠢᠨ ᠲᠠᠮᠢᠷ᠎ᠤᠨ ᠦᠶ᠋ᠯᠡᠴᠢᠯᠡᠭᠡ᠎ᠨᠢ ᠳᠡᠭᠡᠭ᠌ᠰᠢᠯᠡᠭᠡᠳ ᠳᠥᠷᠪᠡᠳᠦᠭᠡᠷ ᠪᠠᠢᠷᠢᠨ᠎ᠳᠤ ᠬᠦᠷᠴᠦ᠍ ᠂ ᠠᠳᠠᠯᠢ ᠬᠤᠭᠤᠴᠠᠭᠠᠨ ᠦ ᠬᠢ᠎ᠠᠴᠠ 44.31% ᠪᠠᠷ ᠨᠡᠮᠡᠭ᠌ᠳᠡᠵᠦ᠍ ᠂ ᠭᠤᠤᠯ ᠠᠰᠠᠭᠤᠳᠠᠯ᠎ᠨᠢ ᠦᠶ᠋ᠯᠡᠴᠢᠯᠡᠭᠡᠨ᠎ᠤ ᠵᠠᠷᠤᠳᠠᠯ᠎ᠤᠨ ᠵᠢᠭᠤᠷᠠᠯᠳᠤᠭᠠᠨ ᠂ ᠭᠡᠷ᠎ᠡ᠎ᠳᠤ ᠪᠣᠯᠵᠣᠨ ᠲᠣᠭ᠍ᠲᠠᠭ᠍ᠰᠠᠨ ᠵᠦᠶ᠋ᠯᠡᠰ᠎ᠢ ᠳᠤᠷ᠎ᠠ᠎ᠪᠠᠷ᠎ᠢᠶᠠᠨ ᠬᠤᠪᠢᠷᠠᠭᠤᠯᠵᠤ ᠂ ᠤᠬᠠᠭᠤᠯᠭ᠎ᠠ᠎ᠨᠢ ᠪᠣᠳᠠᠲᠠᠶ᠎ᠲᠠᠢ ᠨᠡᠢᠴᠡᠬᠦ᠌ ᠥᠬᠡᠶ᠂ ᠤᠷᠢᠳᠴᠢᠯᠠᠨ ᠰᠦᠢ᠍ᠳᠬᠡᠯ ᠥᠭᠬᠦ ᠬᠡᠷᠡᠭᠯᠡᠭᠡᠨ᠎ᠤ ᠵᠢᠭᠤᠷᠠᠯᠳᠤᠭ᠋ᠠᠨ ᠵᠡᠷᠭᠡ ᠠᠰᠠᠭᠤᠳᠠᠯ ᠳᠤ ᠲᠥᠪᠯᠡᠷᠡᠵᠡᠶ ᠃ ᠪᠤᠰᠤᠳ ᠦᠢᠯᠡᠴᠢᠯᠡᠭᠡᠨ᠎ᠤ ᠲᠥᠷᠥᠯ ᠢᠯᠭᠠᠯ᠎ᠤᠨ ᠳᠣᠲᠣᠷᠠᠬᠢ ᠬᠤᠪᠢᠷᠠᠯᠲᠠ ᠶ᠋ᠢᠨ ᠬᠡᠮᠵᠢᠶ᠎ᠡ ᠨᠡᠯᠢᠶᠡᠳ ᠢᠯᠡᠷᠬᠡᠶ ᠨᠢ ᠵᠠᠰᠠᠭ ᠵᠠᠬᠢᠷᠭᠠᠨ ᠠᠵᠢᠯ ᠦᠢᠯᠡᠰ᠎ᠤᠨ ᠴᠢᠨᠠᠷᠲᠠᠶ ᠦᠢᠯᠡᠴᠢᠯᠡᠭᠡ ᠪᠠᠢᠵᠤ ᠂ ᠠᠳᠠᠯᠢ ᠬᠤᠭᠤᠴᠠᠭᠠᠨ ᠦ ᠬᠢ᠎ᠠᠴᠠ 147.37% ᠪᠠᠷ ᠨᠡᠮᠡᠭ᠌ᠳᠡᠵᠦ᠍ ᠂ ᠭᠤᠤᠯᠳᠠᠭᠤ ᠲᠤᠬᠠᠢᠯᠠᠭ᠍ᠰᠠᠨ ᠠᠵᠢᠯ᠎ᠢ ᠭᠦᠢᠴᠡᠳᠭᠡᠬᠦ᠌ ᠦᠶ᠎ᠡ ᠶ᠋ᠢᠨ ᠦᠨ᠎ᠡ ᠬᠠᠩᠰᠢ ᠶ᠋ᠢᠨ ᠮᠠᠷᠭᠤᠯᠳᠤᠭᠠᠨ ᠂ ᠬᠤᠳᠠᠯ ᠬᠠᠭᠤᠷᠮᠠᠭ ᠤᠬᠠᠭᠤᠯᠭ᠎ᠠ ᠵᠡᠷᠭᠡ ᠠᠰᠠᠭᠤᠳᠠᠯ ᠪᠣᠯᠤᠨ᠎ᠠ ︔ ᠵᠠᠭᠤᠴᠢᠯᠠᠭᠤᠷ᠎ᠤᠨ ᠦᠢᠯᠡᠰ᠎ᠤᠨ ᠦᠢᠯᠡᠴᠢᠯᠡᠭᠡ ᠠᠳᠠᠯᠢ ᠬᠤᠭᠤᠴᠠᠭᠠᠨ ᠦ ᠬᠢ᠎ᠠᠴᠠ 116.67% ᠪᠠᠷ ᠨᠡᠮᠡᠭ᠌ᠳᠡᠵᠦ᠍ ᠂ ᠭᠤᠤᠯᠳᠠᠭᠤ ᠦᠨ᠎ᠡ ᠬᠠᠩᠰᠢ ᠂ ᠭᠡᠷ᠎ᠡ ᠶ᠋ᠢᠨ ᠵᠢᠭᠤᠷᠠᠯᠳᠤᠭᠠᠨ᠂ ᠬᠤᠳᠠᠯ ᠬᠠᠭᠤᠷᠮᠠᠭ ᠤᠬᠠᠭᠤᠯᠭ᠎ᠠ ᠵᠡᠷᠭᠡ ᠠᠰᠠᠭᠤᠳᠠᠯ ᠪᠣᠯᠤᠨ᠎ᠠ︔ ᠤᠷᠤᠱᠢᠭᠤᠯᠭᠠ ᠶ᠋ᠢᠨ ᠦᠢᠯᠡᠴᠢᠯᠡᠭᠡ ᠨᠢ ᠠᠲᠠᠯᠢ ᠬᠤᠭᠤᠴᠠᠭᠠᠨ᠎ᠦ ᠬᠢ᠎ᠠᠴᠠ 100.00%᠎ᠪᠡᠷ ᠨᠡᠮᠡᠭ᠌ᠲᠡᠵᠦ᠍ ᠂ ᠭᠤᠤᠯᠲᠠᠭᠤ ᠦᠨ᠎ᠡ ᠬᠠᠩᠰᠢ ᠂ ᠦᠨᠡᠮᠯᠡᠯ ᠦᠭᠡᠢ᠎ᠪᠡᠷ ᠡᠵᠡᠩᠨᠡᠭᠦ᠌ ᠵᠡᠷᠬᠡ ᠠᠰᠠᠭᠤᠲᠠᠯ᠎ᠳᠤ ᠬᠤᠯᠪᠤᠭ᠍ᠲᠠᠵᠠᠢ ᠃ ᠡᠯ᠎ᠡ ᠬᠢᠨᠠᠨ ᠬᠠᠮᠢᠶᠠᠷᠬᠤ ᠰᠠᠯᠠᠭ᠎ᠠ ᠮᠥᠴᠢᠷ ᠂ ᠠᠵᠢᠯ ᠲᠥᠷᠥᠯ᠎ᠤᠨ ᠨᠡᠶ᠋ᠢᠭᠡᠮᠯᠢᠭ᠎ᠤᠳ ᠬᠡᠷᠡᠭᠯᠡᠭᠡᠨ᠎ᠤ ᠤᠬᠠᠭᠤᠯᠭ᠎ᠠ᠎ᠪᠠᠨ ᠴᠢᠩᠭ᠋ᠠᠳᠬᠠᠵᠤ ᠂ ᠣᠯᠠᠨ ᠵᠦᠢ᠍ᠯ᠎ᠤᠨ ᠠᠷᠭ᠎ᠠ ᠵᠠᠮ ᠵᠶ᠋ᠠᠷ ᠳᠠᠮᠵᠢᠭᠤᠯᠤᠨ ᠬᠡᠷᠡᠭᠯᠡᠭᠡᠨ᠎ᠤ ᠰᠡᠷᠡᠮᠵᠢᠯᠡᠭᠦᠯᠦᠯ᠎ᠢ ᠨᠡᠶ᠋ᠢᠲᠡᠯᠡᠵᠦ᠂ ᠬᠡᠷᠡᠭᠯᠡᠭᠡᠨ᠎ᠤ ᠰᠤᠷᠭ᠋ᠠᠨ ᠬᠥᠮᠦᠵᠢᠭᠦᠯᠵᠦ ᠬᠥᠲᠥᠯᠦᠨ ᠵᠢᠯᠣᠭᠤᠳᠬᠤ ᠡᠷᠴᠢᠮ ᠵᠶ᠋ᠠᠨ ᠴᠢᠩᠭ᠋ᠠᠷᠠᠭᠤᠯᠤᠨ ᠂ ᠬᠡᠷᠡᠭᠯᠡᠭᠡ ᠵᠢᠨ ᠡᠷᠬᠡ᠎ᠪᠠᠨ ᠬᠠᠮᠠᠭ᠋ᠠᠯᠠᠬᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠤᠬᠠᠭᠤᠯᠭ᠎ᠠ ᠵᠢᠨ ᠡᠷᠴᠢᠮ ᠵᠶ᠋ᠠᠨ ᠴᠢᠩᠭ᠋ᠠᠷᠠᠭᠤᠯᠵᠤ᠂ ᠬᠡᠷᠡᠭᠯᠡᠭᠴᠢᠳ᠎ᠤᠨ ᠡᠷᠬᠡ᠎ᠪᠠᠨ ᠬᠠᠮᠠᠭ᠋ᠠᠯᠠᠬᠤ ᠦᠵᠡᠯ ᠤᠬᠠᠮᠰᠠᠷ ᠪᠠ ᠴᠢᠳᠠᠪᠤᠷᠢ ᠵᠢ ᠦᠨᠡᠨ ᠬᠦ᠌ ᠳᠡᠭᠡᠭᠰᠢᠯᠡᠭᠦᠯᠬᠦ ᠬᠡᠷᠡᠭᠲᠡᠶ ᠃
ᠭᠤᠷᠪᠠ ᠂ ᠢᠯᠡᠴᠢᠯᠡᠨ ᠮᠡᠳᠡᠭᠦᠯᠦᠯᠲᠡ ᠶ᠋ᠢᠨ ᠪᠠᠢᠳᠠᠯ᠎ᠤᠨ ᠲᠤᠭ᠎ᠠ ᠪᠦᠷᠢᠳᠭᠡᠯ
ᠳᠡᠭᠡᠷ᠎ᠡ ᠬᠠᠭᠠᠰ ᠵᠢᠯ᠎ᠳᠤ 19991 ᠬᠤᠪᠢ ᠢᠯᠡᠴᠢᠯᠡᠨ ᠮᠡᠳᠡᠭᠦᠯᠦᠯᠲᠡ᠎ᠶ᠋ᠢ ᠬᠦᠯᠢᠶᠡᠨ ᠠᠪᠴᠤ᠌ ᠂ ᠠᠳᠠᠯᠢ ᠬᠤᠭᠤᠴᠠᠭᠠᠨ ᠦ ᠬᠢ᠎ᠠᠴᠠ 22.93% ᠪᠠᠷ ᠨᠡᠮᠡᠭ᠌ᠳᠡᠪᠡ᠃ ᠡᠭᠦᠨ᠎ᠳᠤ ᠂ ᠲᠠᠸᠠᠷ᠎ᠤᠨ ᠲᠥᠷᠥᠯ ᠳᠦ ᠬᠣᠯᠪᠣᠭ᠍ᠳᠠᠭ᠍ᠰᠠᠨ 12698 ᠬᠤᠪᠢ ᠬᠣᠯᠪᠤᠭ᠍ᠳᠠᠵᠤ ᠂ ᠦᠢᠯᠡᠴᠢᠯᠡᠭᠡᠨ᠎ᠤ ᠲᠥᠷᠥᠯ ᠳᠤ ᠬᠣᠯᠪᠣᠭ᠍ᠳᠠᠭ᠍ᠰᠠᠨ 7293 ᠬᠤᠪᠢ ᠪᠠᠢᠵᠤ ᠬᠣᠯᠪᠤᠭ᠍ᠳᠠᠵᠤ ᠂ 7 ᠳ᠋ᠤᠭᠠᠷ ᠰᠠᠷ᠎ᠠ ᠶ᠋ᠢᠨ 3 ᠤ ᠡᠳᠦᠷ ᠪᠣᠯᠲᠠᠯ᠎ᠠ ᠨᠡᠢᠲᠡ 18441 ᠬᠤᠪᠢ᠎ᠶ᠋ᠢ᠎ᠨᠢ ᠱᠢᠢᠳᠪᠦᠷᠢᠯᠡᠵᠦ᠍ ᠳᠠᠭᠤᠰᠭᠠᠪᠠ ᠃
ᠢᠯᠡᠴᠢᠯᠡᠨ ᠮᠡᠳᠡᠭᠦᠯᠦᠯᠲᠡ ᠶ᠋ᠢ ᠬᠦᠯᠢᠶᠡᠨ ᠠᠪᠤᠭ᠍ᠰᠠᠨ ᠬᠡᠮᠵᠢᠶᠡᠨ᠎ᠦ ᠡᠮᠦᠨ᠎ᠡ ᠲᠠᠪᠤ᠎ᠳᠤ ᠵᠢᠭ᠍ᠰᠠᠭᠠᠭ᠍ᠳᠠᠭ᠍ᠰᠠᠨ ᠲᠠᠸᠠᠷ ᠂ ᠦᠢᠯᠡᠴᠢᠯᠡᠭᠡᠨ᠎ᠦ ᠲᠥᠷᠥᠯ ᠬᠤᠪᠢᠶᠠᠭ᠍ᠰᠠᠨ ᠬᠦᠰᠦᠨᠦᠭ᠌ᠲᠦ ᠄

ᠳᠡᠭᠡᠷ᠎ᠡ ᠬᠠᠭᠠᠰ ᠵᠢᠯ᠎ᠳᠦ ᠬᠦᠯᠢᠶᠡᠨ ᠠᠪᠤᠭ᠍ᠰᠠᠨ ᠢᠯᠡᠴᠢᠯᠡᠨ ᠮᠡᠳᠡᠭᠦᠯᠦᠯᠲᠡ ᠳᠤ ᠂ ᠨᠢᠳᠤᠨᠤᠨ᠎ᠤ ᠠᠳᠠᠯᠢ ᠬᠤᠭᠤᠴᠠᠭᠠᠨ ᠦ ᠬᠢ᠎ᠲᠠᠢ ᠬᠠᠷᠢᠴᠠᠭᠤᠯᠪᠠᠯ ᠂ ᠬᠤᠪᠢᠷᠠᠯᠲᠠ᠎ᠶ᠋ᠢᠨ ᠬᠡᠮᠵᠢᠶ᠎ᠡ᠎ᠪᠠᠷ ᠨᠡᠯᠢᠶᠡᠳ ᠶᠡᠭᠡ ᠨᠢ ᠡᠮᠴᠢᠯᠡᠭᠡᠨ᠎ᠤ ᠪᠠᠭᠠᠵᠢ ᠬᠡᠷᠡᠭ᠌ᠰᠡᠯ ᠂ ᠣᠶᠤᠨᠴᠢ ᠲᠥᠬᠦᠭᠡᠷᠦᠮᠵᠢ ᠂ ᠭᠡᠷ᠎ᠤᠨ ᠬᠡᠷᠡᠭ᠌ᠰᠡᠯ ᠂ ᠵᠢᠰᠦ ᠭᠤᠶᠣᠯᠠᠵᠤ ᠦᠰᠦ ᠵᠠᠰᠠᠬᠤ ᠪᠠ ᠤᠬᠢᠶᠠᠬᠤ ᠦᠢᠯᠡᠴᠢᠯᠡᠭᠡ ᠂ ᠲᠡᠮᠦᠷᠯᠢᠭ ᠵᠠᠮ ᠬᠠᠷᠢᠯᠴᠠᠭ᠎ᠠ ᠴᠠᠬᠢᠯᠭ᠋ᠠᠨ ᠬᠡᠷᠡᠭᠰᠡᠯ ᠵᠡᠷᠭᠡ ᠪᠣᠯᠤᠨ᠎ᠠ ᠃ ᠡᠮᠴᠢᠯᠡᠭᠡᠨ᠎ᠤ ᠪᠠᠭᠠᠵᠢ ᠬᠡᠷᠡᠭ᠌ᠰᠡᠯ ᠤᠨ ᠢᠯᠡᠴᠢᠯᠡᠨ ᠮᠡᠳᠡᠭᠦᠯᠦᠯᠲᠡ ᠶ᠋ᠢ ᠨᠡᠢᠲᠡ 340 ᠬᠤᠪᠢ ᠢᠯᠡᠴᠢᠯᠡᠨ ᠮᠡᠳᠡᠭᠦᠯᠦᠯᠲᠡ᠎ᠶ᠋ᠢ ᠬᠦᠯᠢᠶᠡᠨ ᠠᠪᠴᠤ᠌ ᠂ ᠠᠳᠠᠯᠢ ᠬᠤᠭᠤᠴᠠᠭᠠᠨ ᠦ ᠬᠢ᠎ᠠᠴᠠ 211.93% ᠪᠠᠷ ᠨᠡᠮᠡᠭ᠌ᠳᠡᠵᠦ᠍ ᠂ ᠭᠤᠤᠯᠳᠠᠭᠤ ᠵᠠᠷ ᠮᠡᠳᠡᠭᠡ ᠂ ᠲᠠᠸᠠᠷ᠎ᠤᠨ ᠲᠡᠮᠳᠡᠭ ᠵᠡᠷᠭᠡ ᠠᠰᠠᠭᠤᠳᠠᠯ ᠪᠣᠯᠤᠨ᠎ᠠ ︔ ᠤᠶᠤᠨᠲᠤ ᠲᠥᠬᠦᠭᠡᠷᠦᠮᠵᠢ ᠶ᠋ᠢᠨ ᠢᠯᠡᠴᠢᠯᠡᠨ ᠮᠡᠳᠡᠭᠦᠯᠦᠯᠲᠡ ᠶ᠋ᠢ ᠨᠡᠢᠲᠡ 14 ᠬᠤᠪᠢ ᠢᠯᠡᠴᠢᠯᠡᠨ ᠮᠡᠳᠡᠭᠦᠯᠦᠯᠲᠡ᠎ᠶ᠋ᠢ ᠭᠥᠯᠢᠶᠡᠨ ᠠᠪᠴᠤ᠌ ᠂ ᠠᠳᠠᠯᠢ ᠬᠤᠭᠤᠴᠠᠭᠠᠨ ᠦ ᠬᠢ᠎ᠠᠴᠠ 180% ᠪᠠᠷ ᠨᠡᠮᠡᠭ᠌ᠳᠡᠵᠦ᠍ ᠂ ᠭᠤᠤᠯᠳᠠᠭᠤ ᠶᠠᠰᠤ ᠴᠢᠨᠠᠷ ᠂ ᠵᠠᠷ ᠮᠡᠳᠡᠭᠡ ᠂ ᠲᠠᠸᠠᠷ᠎ᠤᠨ ᠲᠡᠮᠳᠡᠭ᠎ᠤᠨ ᠠᠰᠠᠭᠤᠳᠠᠯ ᠪᠣᠯᠤᠨ᠎ᠠ ︔ ᠭᠡᠷ᠎ᠤᠨ ᠡᠳ᠋ᠯᠡᠯ ᠬᠡᠷᠡᠭ᠌ᠰᠡᠯ᠎ᠤᠨ ᠢᠯᠡᠴᠢᠯᠡᠨ ᠮᠡᠳᠡᠭᠦᠯᠦᠯᠲᠡ᠎ᠶ᠋ᠢ ᠨᠡᠢᠲᠡ 873 ᠬᠤᠪᠢ ᠭᠥᠯᠢᠶᠡᠨ ᠠᠪᠴᠤ᠌ ᠂ ᠠᠳᠠᠯᠢ ᠬᠤᠭᠤᠴᠠᠭᠠᠨ ᠦ ᠬᠢ᠎ᠠᠴᠠ 142.50% ᠪᠠᠷ ᠨᠡᠮᠡᠭ᠌ᠳᠡᠵᠦ᠍᠂ ᠭᠤᠤᠯᠳᠠᠭᠤ ᠵᠠᠷ ᠮᠡᠳᠡᠭᠡᠨ᠎ᠤ ᠤᠬᠠᠭᠤᠯᠭ᠎ᠠ ᠂ ᠶᠠᠰᠤ ᠴᠢᠨᠠᠷ ᠂ ᠪᠠᠷᠢᠮᠵᠢᠶ᠎ᠠ ᠵᠡᠷᠭᠡ ᠠᠰᠠᠭᠤᠳᠠᠯ ᠪᠣᠯᠪᠠ ︔ ᠵᠢᠰᠦ ᠭᠤᠶᠣᠯᠠᠵᠤ ᠦᠰᠦ ᠵᠠᠰᠠᠬᠤ ᠪᠠ ᠤᠬᠢᠶᠠᠬᠤ ᠦᠢᠯᠡᠴᠢᠯᠡᠭᠡ ᠶ᠋ᠢᠨ ᠢᠯᠡᠴᠢᠯᠡᠨ ᠮᠡᠳᠡᠭᠦᠯᠦᠯᠲᠡ ᠶ᠋ᠢ ᠨᠡᠢᠲᠡ 1323 ᠬᠤᠪᠢ ᠢᠯᠡᠴᠢᠯᠡᠨ ᠮᠡᠳᠡᠭᠦᠯᠦᠯᠲᠡ᠎ᠶ᠋ᠢ ᠭᠥᠯᠢᠶᠡᠨ ᠠᠪᠴᠤ᠌ ᠂ ᠠᠳᠠᠯᠢ ᠬᠤᠭᠤᠴᠠᠭᠠᠨ ᠦ ᠬᠢ᠎ᠠᠴᠠ 129.29% ᠪᠠᠷ ᠨᠡᠮᠡᠭ᠌ᠳᠡᠵᠦ᠍ ᠂ ᠭᠤᠤᠯᠳᠠᠭᠤ ᠦᠨ᠎ᠡ ᠬᠠᠩᠰᠢ ᠂ ᠵᠠᠷ ᠮᠡᠳᠡᠭᠡ ᠂ ᠲᠠᠸᠠᠷ᠎ᠤᠨ ᠲᠡᠮᠳᠡᠭ ᠵᠡᠷᠭᠡ ᠠᠰᠠᠭᠤᠳᠠᠯ ᠪᠣᠯᠤᠨ᠎ᠠ ︔ ᠲᠡᠮᠦᠷᠯᠢᠭ ᠵᠠᠮ ᠬᠠᠷᠢᠯᠴᠠᠭ᠎ᠠ ᠴᠠᠬᠢᠯᠭ᠋ᠠᠨ ᠬᠡᠷᠡᠭᠰᠡᠯ ᠤᠨ ᠢᠯᠡᠴᠢᠯᠡᠨ ᠮᠡᠳᠡᠭᠦᠯᠦᠯᠲᠡ ᠶ᠋ᠢ ᠨᠡᠢᠲᠡ 187 ᠬᠤᠪᠢ ᠢᠯᠡᠴᠢᠯᠡᠨ ᠮᠡᠳᠡᠭᠦᠯᠦᠯᠲᠡ᠎ᠶ᠋ᠢ ᠬᠦᠯᠢᠶᠡᠨ ᠠᠪᠴᠤ᠌ ᠂ ᠠᠳᠠᠯᠢ ᠬᠤᠭᠤᠴᠠᠭᠠᠨ ᠦ ᠬᠢ᠎ᠠᠴᠠ 96.84% ᠪᠠᠷ ᠨᠡᠮᠡᠭ᠌ᠳᠡᠵᠦ᠍ ᠂ ᠭᠤᠣᠯᠳᠠᠭᠤ ᠵᠠᠷ ᠮᠡᠳᠡᠭᠡ᠂ ᠦᠨ᠎ᠡ ᠬᠠᠩᠰᠢ ᠂ ᠭᠤᠷᠪᠠ ᠦᠭᠡᠢ ᠦᠢᠯᠡᠳᠬᠦᠨ᠎ᠤ ᠠᠰᠠᠭᠤᠳᠠᠯ ᠪᠣᠯᠤᠨ᠎ᠠ ᠃
ᠳᠥᠷᠪᠡ ᠂ ᠠᠰᠠᠭᠤᠨ ᠯᠠᠪᠯᠠᠯᠲᠠ ᠶ᠋ᠢᠨ ᠪᠠᠢᠳᠠᠯ᠎ᠤᠨ ᠲᠤᠭ᠎ᠠ ᠪᠦᠷᠢᠳᠬᠡᠯ
ᠳᠡᠭᠡᠷ᠎ᠡ ᠬᠠᠭᠠᠰ ᠵᠢᠯ᠎ᠳᠤ 95072 ᠬᠤᠪᠢ ᠠᠰᠠᠭᠤᠨ ᠯᠠᠪᠯᠠᠯᠲᠠ᠎ᠶ᠋ᠢ ᠭᠥᠯᠢᠶᠡᠨ ᠠᠪᠴᠤ᠌ ᠂ ᠠᠳᠠᠯᠢ ᠬᠤᠭᠤᠴᠠᠭᠠᠨ ᠦ ᠬᠢ᠎ᠠᠴᠠ 4.61% ᠪᠠᠷ ᠨᠡᠮᠡᠭ᠌ᠳᠡᠵᠦ᠍ ᠂ ᠡᠭᠦᠨ᠎ᠳᠤ ᠬᠡᠷᠡᠭ᠌ᠯᠡᠭᠡᠨ᠎ᠤ ᠡᠷᠬᠡ᠎ᠶ᠋ᠢ ᠬᠠᠮᠠᠭᠠᠯᠠᠬᠤ ᠮᠡᠳᠡᠯᠭᠡ᠎ᠳᠤ ᠬᠤᠯᠪᠣᠭ᠍ᠳᠠᠭ᠍ᠰᠠᠨ 24645 ᠬᠤᠪᠢ ᠪᠠᠢᠨ᠎ᠠ ︔ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠶ᠋ᠢᠨ ᠱᠢᠰᠲ᠋ᠧᠮ᠎ᠳᠤ ᠬᠤᠯᠪᠣᠭ᠍ᠳᠠᠭ᠍ᠰᠠᠨ 7489 ᠬᠤᠪᠢ ᠪᠠᠢᠵᠤ ᠂ ᠠᠰᠠᠭᠤᠨ ᠯᠠᠪᠯᠠᠯᠲᠠ᠎ᠶ᠋ᠢᠨ ᠬᠡᠮᠵᠢᠶ᠎ᠡ᠎ᠪᠠᠷ ᠨᠡᠯᠢᠶᠡᠳ ᠶᠡᠭᠡ ᠪᠠᠢᠬᠤ ᠠᠰᠠᠭᠤᠳᠠᠯ᠎ᠨᠢ ᠲᠤᠰ ᠲᠤᠰ ᠄ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶ᠋ᠢ ᠱᠢᠢᠳᠪᠦᠷᠢᠯᠡᠭ᠌ᠰᠡᠨ ᠨᠢ 3329 ᠬᠤᠪᠢ ᠂ ᠰᠦᠯᠵᠢᠶᠡᠨ᠎ᠤ ᠠᠷᠠᠯᠵᠢᠶᠠᠨ᠎ᠤ ᠬᠢᠨᠠᠯᠲᠠ ᠬᠠᠮᠢᠶᠠᠷᠤᠯᠲᠠ ᠶ᠋ᠢᠨ 733 ᠬᠤᠪᠢ ᠂ ᠵᠠᠬ᠎ᠠ ᠳᠡᠯᠭᠡᠭᠦᠷ᠎ᠤᠨ ᠭᠤᠤᠯ ᠴᠣᠭ᠍ᠴᠠ ᠶ᠋ᠢᠨ ᠳᠡᠩᠰᠡᠯᠡᠨ ᠲᠡᠮᠳᠡᠭ᠌ᠯᠡᠭ᠌ᠰᠡᠨ 148 ᠬᠤᠪᠢ ᠂ ᠦᠢᠯᠡᠴᠢᠯᠡᠭᠡᠨ᠎ᠤ ᠬᠡᠷᠡᠭ᠌ᠯᠡᠭᠡᠨ᠎ᠤ ᠬᠢᠨᠠᠯᠲᠠ ᠬᠠᠮᠢᠶᠠᠷᠤᠯᠲᠠ᠎ᠶ᠋ᠢᠨ 95 ᠬᠤᠪᠢ ᠂ ᠦᠢᠯᠡᠳᠬᠦᠨ ( ᠲᠠᠸᠠᠷ )᠎ᠤ ᠶᠠᠰᠤ ᠴᠢᠨᠠᠷ᠎ᠤᠨ 46 ᠬᠤᠪᠢ ᠂ ᠢᠳᠡᠭᠡᠨ᠎ᠤ ᠬᠢᠨᠠᠯᠲᠠ ᠬᠠᠮᠢᠶᠠᠷᠤᠯᠲᠠ ᠶ᠋ᠢᠨ 45 ᠬᠤᠪᠢ ᠂ ᠣᠨᠴᠠ ᠲᠥᠷᠥᠯ᠎ᠤᠨ ᠲᠣᠨᠤᠭ ᠲᠥᠬᠦᠭᠡᠷᠦᠮᠵᠢ 30 ᠬᠤᠪᠢ ᠵᠡᠷᠭᠡ ᠪᠣᠯᠣᠨ᠎ᠠ ︔ ᠪᠤᠰᠤᠳ ᠰᠠᠯᠠᠭ᠎ᠠ ᠮᠥᠴᠢᠷ ᠲᠤ ᠬᠣᠯᠪᠤᠭ᠍ᠳᠠᠭ᠍ᠰᠠᠨ ᠠᠰᠠᠭᠤᠨ ᠯᠠᠪᠯᠠᠯᠲᠠ ᠨᠢ ᠭᠣᠤᠯᠳᠠᠭᠤ ᠡᠷᠡᠭᠦᠯ ᠬᠠᠮᠠᠭᠠᠯᠠᠯ ᠂ ᠵᠢᠭᠤᠯᠴᠢᠯᠠᠯ ᠂ ᠵᠠᠮ ᠬᠠᠷᠢᠯᠴᠠᠭ᠎ᠠ ᠲᠡᠭᠡᠭᠡᠪᠦᠷᠢ ᠶ᠋ᠢᠨ ᠬᠠᠮᠢᠶᠠᠷᠤᠯᠲᠠ ᠂ ᠱᠢᠦᠳᠠᠨ ᠂ ᠭᠠᠢᠯᠢ ᠶ᠋ᠢᠨ ᠶᠠᠪᠤᠳᠠᠯ ᠂ ᠢᠯᠴᠢ ᠬᠠᠩᠭᠠᠬᠤ ᠂ ᠤᠰᠤ ᠬᠠᠩᠭᠠᠬᠤ ᠂ ᠴᠠᠬᠢᠯᠭᠠᠨ ᠬᠠᠩᠭᠠᠬᠤ ᠂ ᠠᠳᠠᠯ ᠠᠬᠤᠶ ᠂ ᠭᠡᠷ ᠬᠥᠷᠥᠩᠭᠡ ᠵᠡᠷᠭᠡ ᠪᠣᠯᠤᠨ᠎ᠠ᠃
ᠲᠠᠶ᠋ᠢᠯᠪᠤᠷᠢ ᠄ ᠳᠣᠭ᠎ᠠ ᠪᠠᠷᠢᠮᠲᠠ᠎ᠨᠢ ᠪᠤᠢ᠍ᠭᠦ ᠤᠯᠤᠰᠤ12315 ᠲᠠᠪᠴᠠᠩ᠎ᠠᠴᠠ ᠡᠢ᠍ᠷᠠᠯᠲᠠ᠎ᠲᠠᠢ