ᠨᠢᠭᠡ᠂ ᠦᠨᠳᠦᠰᠦᠨ ᠪᠠᠢᠳᠠᠯ
2025 ᠣᠨ᠎ᠤ 1 ᠳ᠋ᠦ᠍ᠭᠡᠷ ᠰᠠᠷ᠎ᠠ ᠠᠴᠠ 7 ᠳ᠋ᠤᠭᠠᠷ ᠰᠠᠷ᠎ᠠ ᠪᠣᠯᠲᠠᠯ᠎ᠠ ᠥᠪᠥᠷ ᠮᠣᠩᠭᠤᠯ᠎ᠤᠨ ᠪᠥᠬᠦ᠌ ᠤᠯᠤᠰ᠎ᠤᠨ 12315 ᠲᠠᠪᠴᠠᠩ᠎ᠨᠢ ᠬᠡᠷᠡᠭ᠌ᠯᠡᠭ᠌ᠴᠢᠳ᠎ᠤᠨ ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠡ᠂ ᠠᠰᠠᠭᠤᠨ ᠯᠠᠪᠯᠠᠯᠲᠠ ᠶ᠋ᠢ ᠨᠡᠢᠲᠡ 252759 ᠬᠤᠪᠢ ᠭᠥᠯᠢᠶᠡᠨ ᠠᠪᠴᠤ᠌᠂ ᠠᠳᠠᠯᠢ ᠬᠤᠭᠤᠴᠠᠭᠠᠨ᠎ᠤ᠎ᠬᠢ᠎ᠠᠴᠠ 17.11% ᠪᠡᠷ ᠨᠡᠮᠡᠭ᠌ᠳᠡᠪᠡ᠃ ᠡᠭᠦᠨ᠎ᠳᠤ᠂ ᠵᠠᠭᠠᠯᠳᠤᠯᠭ᠎ᠠ 113589 ᠬᠤᠪᠢ ᠪᠠᠢᠵᠤ᠂ ᠠᠳᠠᠯᠢ ᠬᠤᠭᠤᠴᠠᠭᠠᠨ᠎ᠤ᠎ᠬᠢ᠎ᠠᠴᠠ 29.46% ᠪᠠᠷ ᠨᠡᠮᠡᠭ᠌ᠳᠡᠪᠡ; ᠢᠯᠡᠴᠢᠯᠡᠨ ᠮᠡᠳᠡᠭᠦᠯᠦᠯᠲᠡ 24755 ᠬᠤᠪᠢ ᠪᠠᠢᠵᠤ᠂ ᠠᠳᠠᠯᠢ ᠬᠤᠭᠤᠴᠠᠭᠠᠨ᠎ᠤ᠎ᠬᠢ᠎ᠠᠴᠠ 27.12% ᠪᠠᠷ ᠨᠡᠮᠡᠭ᠌ᠳᠡᠪᠡ ︔ ᠠᠰᠠᠭᠤᠨ ᠯᠠᠪᠯᠠᠯᠲᠠ 114415 ᠬᠤᠪᠢ ᠪᠠᠢᠵᠤ ᠂ ᠠᠳᠠᠯᠢ ᠬᠤᠭᠤᠴᠠᠭᠠᠨ᠎ᠤ᠎ᠬᠢ᠎ᠠᠴᠠ 5.35%᠎ᠪᠠᠷ ᠨᠡᠮᠡᠭᠳᠡᠪᠡ ᠃ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠨᠡᠶ᠋ᠢᠲᠡ 128828 ᠬᠤᠪᠢ᠎ᠶᠢ ᠰᠢᠢᠳᠪᠦᠷᠢᠯᠡᠨ ᠳᠠᠭᠤᠰᠬᠠᠵᠤ ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ᠎ᠨᠢ 93.12%᠎ᠲᠤ ᠬᠦᠷᠴᠦ ᠂ ᠮᠠᠷᠭᠤᠯᠳᠤᠭᠠᠨ᠎ᠳᠤ ᠬᠤᠯᠪᠣᠭᠳᠠᠭᠰᠠᠨ ᠵᠣᠭᠤᠰ᠎ᠤᠨ ᠲᠤᠭ᠎ᠠ᠎ᠨᠢ 1.32 ᠳ᠋ᠦᠩᠰᠢᠭᠤᠷ ᠲᠥᠭᠦᠷᠢᠭ᠎ᠲᠤ ᠬᠦᠷᠴᠦ ᠂ ᠬᠡᠷᠡᠭᠯᠡᠭᠴᠢᠳ᠎ᠲᠤ 3364.8 ᠲᠦᠮᠡᠨ ᠲᠥᠭᠦᠷᠢᠭ᠎ᠤᠨ ᠠᠵᠤ ᠠᠬᠤᠶ᠎ᠶᠢᠨ ᠬᠤᠬᠢᠷᠠᠯ᠎ᠢ ᠡᠭᠡᠭᠦᠯᠦᠨ ᠠᠪᠴᠢᠷᠠᠵᠤ ᠥᠭᠴᠡᠶ ᠃
2025 ᠣᠨ᠎ᠤ 7 ᠳ᠋ᠤᠭᠠᠷ ᠰᠠᠷ᠎ᠠ᠎ᠳᠤ᠂ ᠥᠪᠥᠷ ᠮᠣᠩᠭᠤᠯ᠎ᠤᠨ ᠪᠥᠬᠦ᠌ ᠤᠯᠤᠰ᠎ᠤᠨ 12315 ᠲᠠᠪᠴᠠᠩ᠎ᠨᠢ ᠬᠡᠷᠡᠭ᠌ᠯᠡᠭ᠌ᠴᠢᠳ᠎ᠤᠨ ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠡ᠂ ᠠᠰᠠᠭᠤᠨ ᠯᠠᠪᠯᠠᠯᠲᠠ ᠶ᠋ᠢ ᠨᠡᠢᠲᠡ 49087 ᠬᠤᠪᠢ ᠭᠥᠯᠢᠶᠡᠨ ᠠᠪᠴᠤ᠌᠂ ᠠᠳᠠᠯᠢ ᠬᠤᠭᠤᠴᠠᠭᠠᠨ᠎ᠤ᠎ᠬᠢ᠎ᠠᠴᠠ 36.28%᠎ᠪᠠᠷ ᠨᠡᠮᠡᠭ᠌ᠳᠡᠵᠦ᠍᠂ ᠠᠳᠠᠯᠢ ᠬᠤᠭᠤᠴᠠᠭᠠᠨ ᠤ ᠠᠴᠠ15.23% ᠪᠠᠷ ᠨᠡᠮᠡᠭ᠌ᠳᠡᠪᠡ᠃ ᠡᠭᠦᠨ᠎ᠳᠤ᠂ ᠵᠠᠭᠠᠯᠳᠤᠯᠭ᠎ᠠ 24978 ᠬᠤᠪᠢ ᠪᠠᠢᠵᠤ᠂ ᠶᠡᠷᠦᠩᠬᠡᠶ ᠬᠡᠮᠵᠢᠶᠡᠨ᠎ᠤ 50.88% ᠶ᠋ᠢ ᠡᠵᠡᠯᠡᠪᠡ; ᠢᠯᠡᠴᠢᠯᠡᠨ ᠮᠡᠳᠡᠭᠦᠯᠦᠯᠲᠡ 4766 ᠬᠤᠪᠢ ᠪᠠᠢᠵᠤ᠂ ᠶᠡᠷᠦᠩᠬᠡᠶ ᠬᠡᠮᠵᠢᠶᠡᠨ᠎ᠤ 9.71% ᠶ᠋ᠢ ᠡᠵᠡᠯᠡᠪᠡ; ᠠᠰᠠᠭᠤᠨ ᠯᠠᠪᠯᠠᠯᠲᠠ 19343 ᠬᠤᠪᠢ ᠪᠠᠢᠵᠤ᠂ ᠶᠡᠷᠦᠩᠬᠡᠶ ᠬᠡᠮᠵᠢᠶᠡᠨ᠎ᠤ 39.41% ᠶ᠋ᠢ ᠡᠵᠡᠯᠡᠪᠡ᠃
2025 ᠣᠨ᠎ᠤ 7 ᠳ᠋ᠤᠭᠠᠷ ᠰᠠᠷ᠎ᠠ ᠳᠠᠬᠢ ᠪᠥᠬᠦ᠌ ᠣᠷᠣᠨ᠎ᠤ 12315 ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠠᠰᠠᠭᠤᠨ ᠯᠠᠪᠯᠠᠯᠲᠠ᠎ᠶ᠋ᠢᠨ ᠬᠡᠮᠵᠢᠶ᠎ᠡ᠎ᠶ᠋ᠢᠨ ᠠᠳᠠᠯᠢ ᠬᠤᠭᠤᠴᠠᠭᠠᠨ᠎ᠤ ᠬᠠᠷᠢᠴᠠᠭᠤᠯᠤᠯ᠎ᠤᠨ ᠵᠢᠷᠤᠭ᠄

ᠡᠯ᠎ᠡ ᠠᠢᠮᠠᠭ ᠬᠤᠲᠠ᠎ᠶᠢᠨ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠠᠰᠠᠭᠤᠨ ᠯᠠᠪᠯᠠᠯᠲᠠ ᠶ᠋ᠢᠨ ᠬᠡᠮᠵᠢᠶ᠎ᠡ᠎ᠶᠢᠨ ᠪᠠᠢᠳᠠᠯ᠎ᠤᠨ ᠪᠦᠷᠢᠳᠬᠡᠯ᠎ᠤᠨ ᠬᠦᠰᠦᠨᠦᠭᠲᠦ (ᠨᠢᠭᠡᠴᠢ᠄ ᠬᠤᠪᠢ )

ᠵᠠᠭᠠᠯᠳᠤᠵᠤ ᠢᠯᠡᠴᠢᠯᠡᠨ ᠮᠡᠳᠡᠭᠦᠯᠬᠦ᠌ ᠠᠰᠠᠭᠤᠨ ᠯᠠᠪᠯᠠᠭ᠍ᠰᠠᠨ ᠶᠡᠷᠦᠩᠬᠡᠶ ᠬᠡᠮᠵᠢᠶ᠎ᠡ᠎ᠶ᠋ᠢᠨ ᠡᠮᠦᠨ᠎ᠡ ᠭᠤᠷᠪᠠ᠎ᠳᠤ ᠵᠢᠭ᠍ᠰᠠᠭᠠᠭ᠍ᠳᠠᠭ᠍ᠰᠠᠨ ᠨᠢ ᠬᠥᠬᠡᠬᠣᠲᠠ᠂ ᠪᠤᠭᠤᠲᠤ ᠬᠣᠲᠠ᠂ ᠤᠯᠠᠭᠠᠨᠬᠠᠳᠠ ᠬᠣᠲᠠ ᠪᠣᠯᠤᠨ᠎ᠠ᠃ ᠡᠯ᠎ᠡ ᠵᠦᠢᠯ᠎ᠤᠨ ᠲᠤᠭ᠎ᠠ ᠪᠠᠷᠢᠮᠲᠠ᠎ᠳᠤ ᠵᠠᠭᠠᠯᠳᠤᠭ᠍ᠰᠠᠨ ᠬᠡᠮᠵᠢᠶ᠎ᠡ ᠶ᠋ᠢᠨ ᠡᠮᠦᠨ᠎ᠡ ᠭᠤᠷᠪᠠ᠎ᠳᠤ ᠵᠢᠭ᠍ᠰᠠᠭᠠᠭ᠍ᠳᠠᠭ᠍ᠰᠠᠨ ᠨᠢ ᠬᠥᠬᠡᠬᠤᠲᠠ᠂ ᠪᠤᠭᠤᠲᠤ ᠬᠤᠲᠠ᠂ ᠤᠯᠠᠭᠠᠨᠬᠠᠳᠠ ᠬᠤᠲᠠ ᠪᠠᠢᠵᠤ᠂ ᠢᠯᠡᠴᠢᠯᠡᠨ ᠮᠡᠳᠡᠭᠦᠯᠦᠭ᠌ᠰᠡᠨ ᠬᠡᠮᠵᠢᠶ᠎ᠡ ᠶ᠋ᠢᠨ ᠡᠮᠦᠨ᠎ᠡ ᠭᠤᠷᠪᠠ᠎ᠳᠤ ᠵᠢᠭ᠍ᠰᠠᠭᠠᠭ᠍ᠳᠠᠭ᠍ᠰᠠᠨ ᠨᠢ ᠬᠥᠬᠡᠬᠤᠲᠠ᠂ ᠪᠤᠭᠤᠲᠤ ᠬᠤᠲᠠ᠂ ᠲᠦᠩᠯᠢᠶᠣᠤ ᠬᠤᠲᠠ ᠪᠣᠯᠤᠨ᠎ᠠ᠃
ᠬᠤᠶᠠᠷ᠂ ᠵᠠᠭᠠᠯᠳᠤᠭ᠍ᠰᠠᠨ ᠪᠠᠢᠳᠠᠯ᠎ᠤᠨ ᠲᠤᠭ᠎ᠠ ᠪᠠᠷᠢᠮᠳᠠ᠎ᠶ᠋ᠢᠨ ᠪᠦᠷᠢᠳᠭᠡᠯ
7 ᠳ᠋ᠤᠭᠠᠷ ᠰᠠᠷ᠎ᠠ᠎ᠳᠤ ᠬᠡᠷᠡᠭ᠌ᠯᠡᠭ᠌ᠴᠢᠳ᠎ᠤᠨ ᠵᠠᠭᠠᠯᠳᠤᠯᠭ᠎ᠠ᠎ᠶ᠋ᠢ ᠨᠡᠢᠲᠡ 24978 ᠬᠤᠪᠢ ᠭᠥᠯᠢᠶᠡᠨ ᠠᠪᠴᠤ᠌᠂ ᠠᠳᠠᠯᠢ ᠬᠤᠭᠤᠴᠠᠭᠠᠨ᠎ᠤ᠎ᠬᠢ᠎ᠠᠴᠠ 65.74% ᠪᠡᠷ ᠨᠡᠮᠡᠭ᠌ᠳᠡᠪᠡ᠃ ᠡᠭᠦᠨ᠎ᠳᠤ ᠲᠠᠸᠠᠷ᠎ᠤᠨ ᠲᠥᠷᠥᠯ ᠳᠤ ᠬᠣᠯᠪᠣᠭ᠍ᠳᠠᠭ᠍ᠰᠠᠨ 13260 ᠬᠤᠪᠢ ᠪᠠᠢᠵᠤ᠂ ᠦᠢᠯᠡᠴᠢᠯᠡᠭᠡᠨ᠎ᠤ ᠲᠥᠷᠥᠯ᠎ᠳᠤ 11718 ᠬᠤᠪᠢ ᠬᠤᠯᠪᠣᠭ᠍ᠳᠠᠵᠠᠶ᠃ ᠮᠠᠷᠭᠤᠯᠳᠤᠭᠠᠨ᠎ᠳᠤ ᠬᠤᠯᠪᠣᠭ᠍ᠳᠠᠭ᠍ᠰᠠᠨ ᠵᠣᠭᠤᠰ᠎ᠤᠨ ᠲᠤᠭ᠎ᠠ 1974.62 ᠲᠦᠮᠡᠨ ᠲᠥᠭᠦᠷᠢᠭ ᠪᠠᠢᠵᠤ᠂ ᠬᠡᠷᠡᠭ᠌ᠯᠡᠭ᠌ᠴᠢᠳ᠎ᠲᠤ 378.33 ᠲᠦᠮᠡᠨ ᠲᠥᠭᠦᠷᠢᠭ᠎ᠤᠨ ᠠᠵᠤ ᠠᠬᠤᠶ᠎ᠶ᠋ᠢᠨ ᠬᠤᠬᠢᠷᠠᠯ᠎ᠢ ᠡᠭᠡᠭᠦᠯᠦᠨ ᠠᠪᠴᠢᠷᠠᠪᠠ᠃ 8 ᠳ᠋ᠤᠭᠠᠷ ᠰᠠᠷ᠎ᠠ᠎ᠶ᠋ᠢᠨ 5 ᠤ ᠡᠳᠦᠷ ᠪᠣᠯᠲᠠᠯ᠎ᠠ ᠨᠢᠭᠡᠨᠲᠡ 19261 ᠬᠤᠪᠢ᠎ᠶ᠋ᠢ᠎ᠨᠢ ᠱᠢᠢᠳᠪᠦᠷᠢᠯᠡᠨ ᠳᠠᠭᠤᠰᠭᠠᠵᠤ᠂ ᠱᠢᠢᠳᠪᠦᠷᠢᠯᠡᠵᠦ᠍ ᠳᠠᠭᠤᠰᠭᠠᠭ᠍ᠰᠠᠨ ᠨᠣᠷᠮ᠎ᠠ᠎ᠨᠢ 77.11% ᠳᠤ ᠬᠦᠷᠪᠡ᠃
ᠪᠤᠰᠤᠳᠴᠢ ᠴᠣᠭᠴᠠ᠎ᠶᠢᠨ ᠲᠦᠷᠦᠯ ᠢᠯᠭᠠᠯ᠎ᠢᠶᠠᠷ ᠬᠦᠰᠦᠨᠦᠭ᠌ᠲᠦ ᠡᠴᠡ ᠦᠵᠡ (ᠨᠢᠭᠡ)᠂ (ᠬᠣᠶᠠᠷ)
(ᠨᠢᠭᠡ) ᠲᠠᠸᠠᠷ᠎ᠤᠨ ᠲᠦᠷᠦᠯ᠎ᠳᠤ ᠬᠣᠯᠪᠣᠭᠳᠠᠬᠤ


ᠲᠠᠸᠠᠷ᠎ᠤᠨ ᠲᠥᠷᠥᠯ᠎ᠤᠨ ᠵᠠᠭᠠᠯᠳᠤᠯᠭ᠎ᠠ ᠠᠳᠠᠯᠢ ᠬᠤᠭᠤᠴᠠᠭᠠᠨ ᠤ ᠬᠢ᠎ᠠᠴᠠ 50.49% ᠪᠠᠷ ᠨᠡᠮᠡᠭ᠌ᠳᠡᠪᠡ᠃ ᠵᠠᠭᠠᠯᠳᠤᠯᠭ᠎ᠠ᠎ᠶ᠋ᠢᠨ ᠬᠡᠮᠵᠢᠶ᠎ᠡ ᠶ᠋ᠢᠨ ᠡᠮᠦᠨ᠎ᠡ ᠲᠠᠪᠤᠨ ᠪᠠᠢᠷᠢ᠎ᠳᠤ ᠪᠠᠢᠭ᠎ᠠ ᠲᠠᠸᠠᠷ᠎ᠤᠨ ᠶᠡᠭᠡ ᠲᠦᠷᠦᠯ᠎ᠨᠢ ᠳᠡᠰ ᠳᠠᠷᠠᠭᠠᠯᠠᠨ ᠢᠳᠡᠭᠡᠨ᠂ ᠬᠤᠪᠴᠠᠰᠤ ᠬᠤᠨᠠᠷ ᠱᠠᠬᠠᠢ ᠮᠠᠯᠠᠭᠠᠢ᠂ ᠵᠠᠮ ᠬᠠᠷᠢᠯᠴᠠᠭᠠᠨ᠎ᠤ ᠪᠠᠭᠠᠵᠢ᠂ ᠭᠡᠷ᠎ᠤᠨ ᠡᠳ᠋ᠯᠡᠯ ᠬᠡᠷᠡᠭ᠌ᠰᠡᠯ᠂ ᠭᠡᠷ᠎ᠤᠨ ᠴᠠᠬᠢᠯᠭᠠᠨ ᠬᠡᠷᠡᠭ᠌ᠰᠡᠯ ᠵᠡᠷᠭᠡ ᠪᠠᠢᠪᠠ᠃
ᠵᠠᠭᠠᠯᠳᠤᠯᠭ᠎ᠠ ᠶ᠋ᠢᠨ ᠬᠡᠮᠵᠢᠶ᠎ᠡ ᠶ᠋ᠢᠨ ᠡᠮᠦᠨ᠎ᠡ ᠲᠠᠪᠤᠨ ᠲᠥᠷᠥᠯ᠎ᠤᠨ ᠲᠠᠸᠠᠷ᠎ᠤᠨ ᠶᠡᠭᠡ ᠲᠥᠷᠥᠯ᠎ᠨᠢ ᠲᠠᠸᠠᠷ᠎ᠤᠨ ᠵᠠᠭᠠᠯᠳᠤᠯᠭ᠎ᠠ᠎ᠶ᠋ᠢᠨ ᠶᠡᠷᠦᠩᠬᠡᠶ ᠬᠡᠮᠵᠢᠶᠡᠨ᠎ᠤ ᠬᠠᠷᠢᠴᠠᠯ᠎ᠳᠤ ᠡᠵᠡᠯᠡᠬᠦ᠌ ᠳᠤᠭᠤᠢ ᠬᠡᠯᠪᠡᠷᠢᠲᠦ ᠵᠢᠷᠤᠭ᠄

ᠵᠠᠭᠠᠯᠳᠤᠯᠭ᠎ᠠ᠎ᠶ᠋ᠢᠨ ᠬᠡᠮᠵᠢᠶ᠎ᠡ ᠶ᠋ᠢᠨ ᠨᠢᠭᠡᠳᠦᠭᠡᠷ᠎ᠲᠤ ᠣᠷᠣᠳᠠᠭ ᠢᠳᠡᠭᠡᠨ 6562 ᠬᠤᠪᠢ ᠪᠠᠢᠵᠤ᠂ ᠲᠠᠸᠠᠷ᠎ᠤᠨ ᠲᠥᠷᠥᠯ᠎ᠤᠨ ᠵᠠᠭᠠᠯᠳᠤᠯᠭ᠎ᠠ᠎ᠶ᠋ᠢᠨ ᠶᠡᠷᠦᠩᠬᠡᠢ ᠬᠡᠮᠵᠢᠶᠡᠨ᠎ᠤ 49.49% ᠶ᠋ᠢ ᠡᠵᠡᠯᠡᠵᠡᠢ᠃ ᠡᠢᠮᠤᠷᠭᠦᠦ ᠲᠦᠷᠦᠯ ᠦᠨ ᠵᠠᠭᠠᠯᠳᠤᠯᠭ᠎ᠠ ᠳᠦ ᠵᠠᠭᠠᠯᠳᠤᠯᠭ᠎ᠠ ᠨᠡᠯᠢᠶᠡᠳ ᠠᠷᠪᠢᠨ ᠪᠠᠢᠭ᠎ᠠ ᠲᠠᠸᠠᠷ ᠪᠣᠯ ᠡᠩ᠎ᠤᠨ ᠢᠳᠡᠭᠡᠨ 4640 ᠬᠤᠪᠢ᠂ ᠢᠳᠡᠭᠡᠨ᠎ᠤ ᠲᠠᠷᠢᠶᠠᠯᠠᠩ᠎ᠤᠨ ᠪᠦᠲᠦᠭᠡᠭ᠌ᠳᠡᠬᠦᠨ 953 ᠬᠤᠪᠢ᠂ ᠠᠷᠢᠬᠢ ᠪᠠ ᠤᠮᠳᠠᠭᠠᠨ 658 ᠬᠤᠪᠢ᠂ ᠢᠳᠡᠭᠡᠨ᠎ᠤ ᠬᠠᠮᠢᠶ᠎ᠠ ᠪᠦᠬᠦᠢ ᠪᠦᠲᠦᠭᠡᠭ᠌ᠳᠡᠬᠦᠨ 122ᠬᠤᠪᠢ᠂ ᠨᠢᠯᠬ᠎ᠠ ᠬᠡᠦᠬᠡᠳ᠎ᠤᠨ ᠨᠠᠢᠷᠠᠯᠭ᠎ᠠ᠎ᠲᠠᠢ ᠰᠦᠨ ᠲᠠᠯᠬ᠎ᠠ 115 ᠬᠤᠪᠢ᠂ ᠡᠷᠡᠭᠦᠯᠵᠢᠯ᠎ᠤᠨ ᠢᠳᠡᠭᠡᠨ 73ᠬᠤᠪᠢ᠂ ᠠᠨᠠᠭᠠᠬᠤ ᠤᠬᠠᠭᠠᠨ᠎ᠤ ᠣᠨᠴᠠᠭᠠᠢ ᠬᠡᠷᠡᠭ᠌ᠴᠡᠭᠡᠲᠦ ᠨᠠᠢᠷᠠᠯᠭ᠎ᠠ᠎ᠲᠠᠢ ᠢᠳᠡᠭᠡᠨ 1ᠬᠤᠪᠢ ᠪᠠᠢᠪᠠ᠃
ᠵᠠᠭᠠᠯᠳᠤᠯᠭ᠎ᠠ ᠶ᠋ᠢᠨ ᠬᠡᠮᠵᠢᠶ᠎ᠡ ᠶ᠋ᠢᠨ ᠬᠤᠶᠠᠳᠤᠭᠠᠷ ᠲᠤ ᠵᠢᠭ᠍ᠰᠠᠭᠠᠭ᠍ᠳᠠᠭ᠍ᠰᠠᠨ ᠬᠤᠪᠴᠠᠰᠤ ᠬᠤᠨᠠᠷ᠎ᠤᠨ ᠲᠥᠷᠥᠯ 973 ᠪᠠᠢᠵᠤ᠂ ᠲᠠᠸᠠᠷ᠎ᠤᠨ ᠲᠥᠷᠥᠯ᠎ᠤᠨ ᠵᠠᠭᠠᠯᠳᠤᠯᠭ᠎ᠠ᠎ᠶ᠋ᠢᠨ ᠶᠡᠷᠦᠩᠬᠡᠶ ᠬᠡᠮᠵᠢᠶᠡᠨ᠎ᠤ 7.34% ᠶ᠋ᠢ ᠡᠵᠡᠯᠡᠪᠡ᠃ ᠡᠢᠮᠦᠷᠬᠦᠦ ᠲᠦᠷᠦᠯ ᠦᠨ ᠵᠠᠭᠠᠯᠳᠤᠯᠭ᠎ᠠ ᠳᠦ ᠂ ᠵᠠᠭᠠᠯᠳᠤᠯᠭ᠎ᠠ ᠨᠡᠯᠢᠶᠡᠳ ᠠᠷᠪᠢᠨ ᠪᠠᠢᠭ᠎ᠠ ᠲᠠᠸᠠᠷ ᠪᠣᠯ ᠱᠠᠬᠠᠢ 397 ᠵᠠᠬ᠎ᠠ ᠂ ᠭᠠᠳᠠᠷ ᠬᠤᠪᠴᠠᠰᠤ 143 ᠵᠠᠬ᠎ᠠ ᠂ ᠦᠮᠦᠳᠦ 105 ᠵᠠᠬ᠎ᠠ ᠂ Tᠴᠠᠮᠴᠠ 105 ᠵᠠᠬ᠎ᠠ᠂ ᠪᠠᠩᠵᠠᠯ 67 ᠵᠠᠬ᠎ᠠ᠂ ᠳᠣᠲᠣᠷ ᠬᠤᠪᠴᠠᠰᠤ 37 ᠵᠠᠬ᠎ᠠ ᠂ ᠳᠣᠲᠣᠷ ᠬᠠᠨᠲᠠᠭᠠᠰᠤ 35 ᠵᠠᠬ᠎ᠠ᠂ ᠪᠤᠰᠤᠳ ᠵᠠᠭᠠᠯᠳᠤᠯᠭ᠎ᠠ 84 ᠬᠤᠪᠢ ᠪᠠᠢᠪᠠ ᠃
ᠵᠠᠭᠠᠯᠳᠤᠯᠭ᠎ᠠ ᠶ᠋ᠢᠨ ᠬᠡᠮᠵᠢᠶ᠎ᠡ ᠶ᠋ᠢᠨ ᠭᠤᠷᠪᠠᠳᠤᠭᠠᠷ᠎ᠲᠤ ᠵᠢᠭ᠍ᠰᠠᠭᠠᠭ᠍ᠳᠠᠭ᠍ᠰᠠᠨ ᠵᠠᠮ ᠬᠠᠷᠢᠯᠴᠠᠭᠠᠨ᠎ᠤ ᠪᠠᠭᠠᠵᠢ ᠬᠡᠷᠡᠭ᠌ᠰᠡᠯ᠎ᠤᠨ ᠲᠥᠷᠥᠯ 937 ᠪᠠᠢᠵᠤ᠂ ᠲᠠᠸᠠᠷ᠎ᠤᠨ ᠲᠥᠷᠥᠯ᠎ᠤᠨ ᠵᠠᠭᠠᠯᠳᠤᠯᠭ᠎ᠠ᠎ᠶ᠋ᠢᠨ ᠶᠡᠷᠦᠩᠬᠡᠶ ᠬᠡᠮᠵᠢᠶ᠎ᠡ᠎ᠶ᠋ᠢᠨ 7.07% ᠶ᠋ᠢ ᠡᠵᠡᠯᠡᠪᠡ᠃ ᠡᠢᠮᠦᠷᠬᠦᠦ ᠲᠦᠷᠦᠯ ᠦᠨ ᠵᠠᠭᠠᠯᠳᠤᠯᠭ᠎ᠠ ᠳᠦ ᠂ ᠮᠠᠱᠢᠨ ᠲᠡᠷᠭᠡ ᠪᠠ ᠮᠠᠱᠢᠨ ᠲᠡᠷᠭᠡᠨ᠎ᠤ ᠰᠡᠯᠪᠢᠭ ᠲᠣᠨᠤᠭ 736 ᠬᠤᠪᠢ᠂ ᠳᠤᠭᠤᠢ ᠲᠡᠷᠭᠡ ᠪᠠ ᠰᠡᠯᠪᠢᠭ ᠲᠣᠨᠤᠭ 112ᠬᠤᠪᠢ᠂ ᠮᠣᠲ᠋ᠣᠷ ᠲᠡᠷᠭᠡ ᠪᠠ ᠲᠤᠰᠠᠯᠠᠬᠤ ᠬᠦᠴᠦᠨ᠎ᠤ ᠲᠡᠷᠭᠡ 89 ᠬᠤᠪᠢ ᠪᠠᠢᠪᠠ᠃
ᠵᠠᠭᠠᠯᠳᠤᠯᠭ᠎ᠠ ᠶ᠋ᠢᠨ ᠬᠡᠮᠵᠢᠶ᠎ᠡ ᠶ᠋ᠢᠨ ᠳᠥᠷᠪᠡᠳᠦᠭᠡᠷ᠎ᠲᠤ ᠵᠢᠭ᠍ᠰᠠᠭᠠᠭ᠍ᠳᠠᠭ᠍ᠰᠠᠨ ᠭᠡᠷ᠎ᠤᠨ ᠬᠡᠷᠡᠭ᠌ᠰᠡᠯ᠎ᠤᠨ ᠲᠥᠷᠥᠯ ᠵᠦᠢᠯ 672 ᠬᠤᠪᠢ ᠪᠠᠢᠵᠤ᠂ ᠲᠠᠸᠠᠷ᠎ᠤᠨ ᠲᠥᠷᠥᠯ᠎ᠤᠨ ᠵᠠᠭᠠᠯᠳᠤᠯᠭ᠎ᠠ᠎ᠶ᠋ᠢᠨ ᠶᠡᠷᠦᠩᠬᠡᠢ ᠬᠡᠮᠵᠢᠶᠡᠨ᠎ᠤ 5.07% ᠶ᠋ᠢ ᠡᠵᠡᠯᠡᠪᠡ᠃ ᠡᠢᠮᠦᠷᠬᠦᠦ ᠲᠥᠷᠥᠯ᠎ᠤᠨ ᠵᠠᠭᠠᠯᠳᠤᠯᠭ᠎ᠠ ᠳᠦ᠂ ᠭᠡᠷ᠎ᠤᠨ ᠬᠡᠷᠡᠭ᠌ᠰᠡᠯ 307 ᠬᠤᠪᠢ᠂ ᠲᠣᠭᠤᠭᠠᠨ ᠭᠡᠷ᠎ᠤᠨ ᠬᠡᠷᠡᠭ᠌ᠰᠡᠯ 80 ᠬᠤᠪᠢ᠂ ᠡᠳᠦᠷ ᠲᠤᠲᠤᠮ᠎ᠤᠨ ᠬᠡᠷᠡᠭ᠌ᠯᠡᠭᠡᠨ᠎ᠤ ᠵᠦᠢᠯ 70 ᠬᠤᠪᠢ᠂ ᠨᠢᠳᠦᠨ ᠱᠢᠯ 65 ᠬᠤᠪᠢ᠂ ᠬᠠᠢᠷᠴᠠᠭ 45 ᠬᠤᠪᠢ᠂ ᠴᠠᠭ 42 ᠬᠤᠪᠢ᠂ ᠠᠷᠢᠭᠤᠨ ᠴᠡᠪᠡᠷ᠎ᠤᠨ ᠬᠡᠷᠡᠭ᠌ᠰᠡᠯ 36 ᠬᠤᠪᠢ᠂ ᠣᠷᠣ ᠳᠡᠭᠡᠷᠡᠬᠢ ᠬᠡᠷᠡᠭ᠌ᠰᠡᠯ 25 ᠬᠤᠪᠢ᠂ ᠨᠡᠬᠡᠮᠡᠯ ᠡᠳ᠋ 2ᠬᠤᠪᠢ ᠪᠠᠢᠪᠠ᠃
ᠵᠠᠭᠠᠯᠳᠤᠯᠭ᠎ᠠ ᠶ᠋ᠢᠨ ᠬᠡᠮᠵᠢᠶ᠎ᠡ ᠶ᠋ᠢᠨ ᠲᠠᠪᠤᠳᠤᠭᠠᠷ ᠲᠤ ᠵᠢᠭ᠍ᠰᠠᠭᠠᠭ᠍ᠳᠠᠭ᠍ᠰᠠᠨ ᠭᠡᠷ᠎ᠤᠨ ᠴᠠᠬᠢᠯᠭᠠᠨ ᠬᠡᠷᠡᠭ᠌ᠰᠡᠯ᠎ᠤᠨ ᠲᠥᠷᠥᠯ 622 ᠪᠠᠢᠵᠤ᠂ ᠲᠠᠸᠠᠷ᠎ᠤᠨ ᠲᠥᠷᠥᠯ᠎ᠤᠨ ᠵᠠᠭᠠᠯᠳᠤᠯᠭ᠎ᠠ᠎ᠶ᠋ᠢᠨ ᠶᠡᠷᠦᠩᠬᠡᠶ ᠬᠡᠮᠵᠢᠶᠡᠨ᠎ᠤ 4.69% ᠶ᠋ᠢ ᠡᠵᠡᠯᠡᠪᠡ᠃ ᠡᠢᠮᠦᠷᠬᠦᠦ ᠲᠦᠷᠦᠯ ᠦᠨ ᠵᠠᠭᠠᠯᠳᠤᠯᠭ᠎ᠠ ᠳᠦ ᠂ ᠠᠭᠠᠷ ᠵᠣᠬᠢᠴᠠᠭᠤᠯᠭ᠎ᠠ ᠶ᠋ᠢᠨ ᠦᠢᠯᠡᠳᠬᠦᠨ 212 ᠬᠤᠪᠢ᠂ ᠬᠥᠯᠳᠡᠭᠡᠭᠦᠷ ᠤᠨ ᠲᠥᠷᠥᠯ᠎ᠤᠨ ᠦᠢᠯᠡᠳᠬᠦᠨ 113 ᠬᠤᠪᠢ᠂ ᠭᠡᠷ᠎ᠤᠨ ᠴᠠᠬᠢᠯᠭᠠᠨ ᠬᠡᠷᠡᠭ᠌ᠰᠡᠯ᠎ᠤᠨ ᠦᠢᠯᠡᠳᠬᠦᠨ 74 ᠬᠤᠪᠢ᠂ ᠬᠠᠯᠠᠭᠤᠨ ᠤᠰᠤᠨ᠎ᠤ ᠪᠠᠭᠠᠵᠢ 42 ᠬᠤᠪᠢ᠂ ᠰᠤᠷᠤᠯᠴᠠᠬᠤ ᠮᠠᠱᠢᠨ 35 ᠬᠤᠪᠢ᠂ ᠬᠤᠪᠴᠠᠰᠤ ᠤᠬᠢᠶᠠᠬᠤ ᠮᠠᠱᠢᠨ᠎ᠤ ᠲᠥᠷᠥᠯ᠎ᠤᠨ ᠦᠢᠯᠡᠳᠬᠦᠨ 32 ᠬᠤᠪᠢ᠂ ᠲᠧᠯᠸᠢᠰ 31 ᠬᠤᠪᠢ᠂ ᠪᠤᠰᠤᠳ ᠭᠡᠷ᠎ᠤᠨ ᠴᠠᠬᠢᠯᠭᠠᠨ ᠬᠡᠷᠡᠭ᠌ᠰᠡᠯ᠎ᠤᠨ ᠦᠢᠯᠡᠳᠬᠦᠨ 83 ᠬᠤᠪᠢ ᠪᠠᠢᠪᠠ᠃
ᠲᠠᠸᠠᠷ᠎ᠤᠨ ᠵᠠᠭᠠᠯᠳᠤᠯᠭ᠎ᠠ᠎ᠶᠢᠨ ᠬᠠᠯᠠᠮᠰᠢᠯ ᠴᠡᠭ᠎ᠤᠨ ᠡᠮᠦᠨ᠎ᠡ ᠠᠷᠪᠠ ᠳᠦ ᠵᠢᠭ᠍ᠰᠠᠭᠠᠭ᠍ᠳᠠᠭ᠍ᠰᠠᠨ ᠨᠢ ᠡᠩ᠎ᠤᠨ ᠰᠠᠭᠤᠳᠠᠯ᠎ᠤᠨ ᠲᠡᠷᠭᠡ 529 ᠬᠤᠪᠢ᠂ ᠠᠮᠤ ᠭᠤᠯᠢᠷ ᠵᠢᠴᠢ ᠲᠡᠭᠦᠨ᠎ᠤ ᠪᠦᠲᠦᠭᠡᠭᠳᠡᠬᠦᠨ (ᠥᠪᠡᠷᠲᠡᠭᠡᠨ ᠦᠢᠯᠡᠳᠪᠡ)334 ᠬᠤᠪᠢ᠂ ᠦᠬᠡᠷ᠎ᠤᠨ ᠮᠢᠬ᠎ᠠ 295 ᠬᠤᠪᠢ᠂ ᠲᠠᠯᠬ᠎ᠠ 231 ᠬᠤᠪᠢ᠂ ᠬᠠᠲᠠᠭᠠᠬ᠍ᠰᠠᠨ ᠪᠤᠷᠴᠠ 222 ᠬᠤᠪᠢ᠂ ᠮᠢᠬᠠᠨ᠎ᠤ ᠵᠦᠢᠯ (ᠥᠪᠡᠷᠲᠡᠭᠡᠨ ᠦᠢᠯᠡᠳᠪᠡ) 207 ᠬᠤᠪᠢ᠂ ᠰᠢᠵᠢᠷ ᠠᠯᠳᠠᠨ ᠡᠯᠭᠦᠭᠡ ᠲᠣᠨᠤᠭ᠎ᠤᠨ ᠵᠠᠰᠠᠯ ᠴᠢᠮᠡᠭᠯᠡᠯ 146 ᠬᠤᠪᠢ᠂ ᠬᠥᠳᠡᠯᠭᠡᠭᠡᠨ᠎ᠤ ᠱᠠᠬᠠᠢ 132 ᠬᠤᠪᠢ᠂ ᠪᠠᠺᠲᠧᠷᠢ ᠤᠰᠠᠳᠬᠠᠭᠰᠠᠨ ᠰᠦ 114 ᠬᠤᠪᠢ (ᠭᠥᠯᠢᠶᠡᠨ ᠠᠪᠤᠭᠰᠠᠨ ᠬᠡᠮᠵᠢᠶ᠎ᠡ᠎ᠳᠠᠬᠢ ᠥᠮᠴᠢᠯᠡᠯ᠎ᠤᠨ 《ᠪᠤᠰᠤᠳ》 ᠢ ᠨᠡᠷᠡᠰ᠎ᠤᠨ ᠵᠢᠭ᠍ᠰᠠᠭᠠᠯᠲᠠ᠎ᠳᠤ ᠪᠤᠳᠤᠵᠤ ᠣᠷᠣᠭᠤᠯᠤᠭᠰᠠᠨ ᠦᠭᠡᠢ) ᠪᠠᠢᠵᠤ᠂ ᠬᠤᠳᠠᠯᠳᠤᠭᠠᠨ᠎ᠤ ᠵᠦᠢᠯ᠎ᠤᠨ ᠵᠠᠭᠠᠯᠳᠤᠯᠭ᠎ᠠ᠎ᠶᠢᠨ ᠶᠡᠷᠦᠩᠬᠡᠢ ᠬᠡᠮᠵᠢᠶᠡᠨ᠎ᠤ 19.63%᠎ᠶᠢ ᠡᠵᠡᠯᠡᠪᠡ ᠃
(ᠬᠤᠶᠠᠷ) ᠦᠢᠯᠡᠴᠢᠯᠡᠭᠡᠨ᠎ᠤ ᠲᠦᠷᠦᠯ᠎ᠳᠤ ᠬᠤᠯᠪᠤᠭ᠍ᠳᠠᠬᠤ


ᠦᠢᠯᠡᠴᠢᠯᠡᠭᠡᠨ᠎ᠤ ᠲᠥᠷᠥᠯ᠎ᠤᠨ ᠵᠠᠭᠠᠯᠳᠤᠯᠭ᠎ᠠ ᠠᠳᠠᠯᠢ ᠬᠤᠭᠤᠴᠠᠭᠠᠨ᠎ᠤ᠎ᠬᠢ᠎ᠠᠴᠠ 87.19% ᠪᠠᠷ ᠨᠡᠮᠡᠭ᠌ᠳᠡᠪᠡ᠃ ᠵᠠᠭᠠᠯᠳᠤᠯᠭ᠎ᠠ᠎ᠶ᠋ᠢᠨ ᠬᠡᠮᠵᠢᠶ᠎ᠡ ᠶ᠋ᠢᠨ ᠡᠮᠦᠨ᠎ᠡ ᠲᠠᠪᠤ᠎ᠳᠤ ᠵᠢᠭ᠍ᠰᠠᠭᠠᠬ᠍ᠰᠠᠨ ᠦᠢᠯᠡᠴᠢᠯᠡᠭᠡᠨ᠎ᠤ ᠶᠡᠭᠡ ᠲᠥᠷᠥᠯ᠎ᠨᠢ ᠲᠡᠰ ᠳᠠᠷᠠᠭᠠᠯᠠᠨ ᠢᠳᠡᠭᠡᠨ ᠤᠮᠳᠠᠭᠠᠨ ᠪᠠ ᠬᠤᠨᠣᠭ᠍ᠯᠠᠬᠤ ᠦᠢᠯᠡᠴᠢᠯᠡᠭᠡ᠂ ᠰᠣᠶᠣᠯ ᠵᠤᠭ᠎ᠠ ᠴᠡᠩᠭᠡᠯ ᠪᠡᠶ᠎ᠡ᠎ᠶ᠋ᠢᠨ ᠲᠠᠮᠢᠷ᠎ᠤᠨ ᠦᠢᠯᠡᠴᠢᠯᠡᠭᠡ᠂ ᠪᠣᠷᠣᠯᠠᠭᠤᠯᠭ᠎ᠠ᠎ᠶ᠋ᠢᠨ ᠦᠢᠯᠡᠴᠢᠯᠡᠭᠡ᠂ ᠵᠢᠰᠦ ᠭᠤᠶᠣᠯᠠᠵᠤ ᠦᠰᠦ ᠵᠠᠰᠠᠬᠤ ᠤᠬᠢᠶᠠᠯᠭ᠎ᠠ᠎ᠶ᠋ᠢᠨ ᠦᠢᠯᠡᠴᠢᠯᠡᠭᠡ᠂ ᠣᠢᠯᠡᠳᠴᠦ᠍ ᠠᠷᠠᠴᠢᠯᠠᠬᠤ ᠪᠠ ᠰᠡᠯᠪᠢᠨ ᠵᠠᠰᠠᠬᠤ ᠦᠢᠯᠡᠴᠢᠯᠡᠭᠡ ᠵᠡᠷᠭᠡ᠎ᠶ᠋ᠢ ᠪᠠᠭ᠍ᠲᠠᠭᠠᠵᠠᠢ᠃
ᠵᠠᠭᠠᠯᠳᠤᠯᠭ᠎ᠠ ᠶ᠋ᠢᠨ ᠬᠡᠮᠵᠢᠶ᠎ᠡ᠎ᠨᠢ ᠡᠮᠦᠨ᠎ᠡ ᠲᠠᠪᠤᠨ ᠶᠡᠭᠡ ᠲᠥᠷᠥᠯ᠎ᠤᠨ ᠦᠢᠯᠡᠴᠢᠯᠡᠭᠡᠨ᠎ᠤ ᠶᠡᠭᠡ ᠲᠥᠷᠥᠯ᠎ᠳᠠᠬᠢ ᠦᠢᠯᠡᠴᠢᠯᠡᠭᠡᠨ᠎ᠤ ᠵᠠᠭᠠᠯᠳᠤᠯᠭ᠎ᠠ᠎ᠶ᠋ᠢᠨ ᠶᠡᠷᠦᠩᠬᠡᠶ ᠬᠡᠮᠵᠢᠶᠡᠨ᠎ᠤ ᠬᠠᠷᠢᠴᠠᠯ᠎ᠤᠨ ᠳᠤᠭᠤᠢ ᠬᠡᠯᠪᠡᠷᠢᠲᠦ ᠵᠢᠷᠤᠭ᠄

ᠵᠠᠭᠠᠯᠳᠤᠯᠭ᠎ᠠ ᠶ᠋ᠢᠨ ᠬᠡᠮᠵᠢᠶ᠎ᠡ ᠶ᠋ᠢᠨ ᠨᠢᠭᠡᠳᠦᠭᠡᠷ᠎ᠲᠤ ᠵᠢᠭ᠍ᠰᠠᠭᠠᠭ᠍ᠳᠠᠭ᠍ᠰᠠᠨ ᠢᠳᠡᠭᠡᠨ ᠤᠮᠳᠠᠭᠠᠨ ᠪᠠ ᠬᠤᠨᠣᠭ᠍ᠯᠠᠬᠤ ᠦᠢᠯᠡᠴᠢᠯᠡᠭᠡ 3297 ᠬᠤᠪᠢ ᠪᠠᠢᠵᠤ᠂ ᠦᠢᠯᠡᠴᠢᠯᠡᠭᠡᠨ᠎ᠤ ᠲᠦᠷᠦᠯ᠎ᠤᠨ ᠵᠠᠭᠠᠯᠳᠤᠯᠭ᠎ᠠ᠎ᠶ᠋ᠢᠨ ᠶᠡᠷᠦᠩᠬᠡᠢ ᠬᠡᠮᠵᠢᠶᠡᠨ᠎ᠤ 28.14% ᠶ᠋ᠢ ᠡᠵᠡᠯᠡᠪᠡ᠃ ᠡᠢᠮᠦᠷᠬᠦᠦ ᠲᠥᠷᠥᠯ᠎ᠤᠨ ᠵᠠᠭᠠᠯᠳᠤᠯᠭ᠎ᠠ ᠳᠦ᠂ ᠢᠳᠡᠭᠡᠨ ᠤᠮᠳᠠᠭᠠᠨ᠎ᠤ ᠦᠢᠯᠡᠴᠢᠯᠡᠭᠡ 2295 ᠬᠤᠪᠢ᠂ ᠬᠤᠨᠤᠭ᠎ᠤᠨ ᠦᠢᠯᠡᠴᠢᠯᠡᠭᠡ 1002 ᠬᠤᠪᠢ ᠪᠣᠶ᠃
ᠵᠠᠭᠠᠯᠳᠤᠯᠭ᠎ᠠ᠎ᠶ᠋ᠢᠨ ᠬᠡᠮᠵᠢᠶ᠎ᠡ ᠶ᠋ᠢᠨ ᠬᠤᠶᠠᠳᠤᠭᠠᠷ᠎ᠲᠤ ᠵᠢᠭ᠍ᠰᠠᠭᠠᠭ᠍ᠳᠠᠭ᠍ᠰᠠᠨ ᠰᠣᠶᠣᠯ ᠴᠡᠩᠭᠡᠯ ᠪᠡᠶ᠎ᠡ᠎ᠶ᠋ᠢᠨ ᠲᠠᠮᠢᠷ᠎ᠤᠨ ᠦᠢᠯᠡᠴᠢᠯᠡᠭᠡ 2005 ᠬᠤᠪᠢ ᠪᠠᠢᠵᠤ᠂ ᠦᠢᠯᠡᠴᠢᠯᠡᠭᠡᠨ᠎ᠤ ᠲᠦᠷᠦᠯ᠎ᠤᠨ ᠵᠠᠭᠠᠯᠳᠤᠯᠭ᠎ᠠ᠎ᠶ᠋ᠢᠨ ᠶᠡᠷᠦᠩᠬᠡᠢ ᠬᠡᠮᠵᠢᠶᠡᠨ᠎ᠤ 17.11% ᠶ᠋ᠢ ᠡᠵᠡᠯᠡᠪᠡ᠃ ᠡᠢᠮᠦᠷᠬᠦᠦ ᠲᠦᠷᠦᠯ ᠦᠨ ᠵᠠᠭᠠᠯᠳᠤᠯᠭ᠎ᠠ ᠳᠦ᠂ ᠲᠣᠭ᠍ᠯᠠᠯᠲᠠ ᠤᠷᠠᠯᠢᠭ᠎ᠤᠨ ᠦᠢᠯᠡᠴᠢᠯᠡᠭᠡ 1330 ᠬᠤᠪᠢ᠂ ᠲᠣᠭᠤᠷᠢᠨ ᠦᠵᠡᠬᠦ᠌ ᠵᠤᠭ᠎ᠠ ᠴᠡᠩᠭᠡᠯ᠎ᠤᠨ ᠦᠢᠯᠡᠴᠢᠯᠡᠭᠡ 354 ᠬᠤᠪᠢ᠂ ᠪᠡᠶ᠎ᠡ ᠴᠢᠭᠢᠷᠠᠭ᠍ᠵᠢᠭᠤᠯᠬᠤ ᠦᠢᠯᠡᠴᠢᠯᠡᠭᠡ 257 ᠬᠤᠪᠢ᠂ ᠺᠢᠨᠣ᠋ ᠭᠠᠷᠭᠠᠬᠤ ᠦᠢᠯᠡᠴᠢᠯᠡᠭᠡ 55 ᠬᠤᠪᠢ᠂ ᠨᠣᠮ᠎ᠤᠨ ᠰᠠᠩ᠎ᠤᠨ ᠲᠠᠩᠰᠠ ᠡᠪᠬᠡᠮᠡᠯ᠎ᠤᠨ ᠣᠷᠳᠣᠨ᠎ᠤ ᠦᠢᠯᠡᠴᠢᠯᠡᠭᠡ 7 ᠬᠤᠪᠢ᠂ ᠬᠣᠨᠵᠢᠪᠤᠷᠢ᠎ᠲᠤ ᠰᠤᠭᠤᠯᠤᠭ᠎ᠠ ᠶ᠋ᠢᠨ ᠦᠢᠯᠡᠴᠢᠯᠡᠭᠡ 2 ᠬᠤᠪᠢ ᠪᠠᠢᠪᠠ᠃
ᠵᠠᠭᠠᠯᠳᠤᠯᠭ᠎ᠠ ᠶ᠋ᠢᠨ ᠬᠡᠮᠵᠢᠶ᠎ᠡ ᠶ᠋ᠢᠨ ᠭᠤᠷᠪᠠᠳᠤᠭᠠᠷ᠎ᠲᠤ ᠵᠢᠭ᠍ᠰᠠᠭᠠᠭ᠍ᠳᠠᠭ᠍ᠰᠠᠨ ᠪᠣᠷᠣᠯᠠᠭᠤᠯᠬᠤ ᠦᠢᠯᠡᠴᠢᠯᠡᠭᠡ1907 ᠬᠤᠪᠢ ᠪᠠᠢᠵᠤ᠂ ᠦᠶ᠋ᠯᠡᠴᠢᠯᠡᠭᠡᠨ᠎ᠤ ᠲᠥᠷᠥᠯ᠎ᠤᠨ ᠵᠠᠭᠠᠯᠳᠤᠯᠭ᠎ᠠ᠎ᠶ᠋ᠢᠨ ᠶᠡᠷᠦᠩᠬᠡᠶ ᠬᠡᠮᠵᠢᠶᠡᠨ᠎ᠤ 16.27% ᠶ᠋ᠢ ᠡᠵᠡᠯᠡᠪᠡ᠃ ᠡᠢᠮᠦᠷᠬᠦᠦ ᠲᠥᠷᠥᠯ᠎ᠤᠨ ᠵᠠᠭᠠᠯᠳᠤᠯᠭ᠎ᠠ ᠳᠦ᠂ ᠤᠷᠢᠳᠴᠢᠯᠠᠨ ᠥᠭ᠌ᠬᠦ ᠺᠠᠷᠲ᠎ᠤᠨ ᠦᠢᠯᠡᠴᠢᠯᠡᠭᠡ 934 ᠬᠤᠪᠢ᠂ ᠵᠢᠵᠢᠭ᠌ᠯᠡᠨ ᠬᠤᠳᠠᠯᠳᠤᠬᠤ ᠦᠢᠯᠡᠴᠢᠯᠡᠭᠡ 364 ᠬᠤᠪᠢ᠂ ᠢᠨᠲ᠋ᠧᠷ ᠰᠦᠯᠵᠢᠶᠡᠨ᠎ᠤ ᠱᠢᠭᠤᠳ ᠪᠣᠷᠣᠯᠠᠭᠤᠯᠬᠤ ᠦᠢᠯᠡᠴᠢᠯᠡᠭᠡ 240 ᠬᠤᠪᠢ᠂ ᠤᠷᠢᠳᠴᠢᠯᠠᠨ ᠬᠤᠳᠠᠯᠳᠤᠬᠤ ᠦᠢᠯᠡᠴᠢᠯᠡᠭᠡ 108 ᠬᠤᠪᠢ᠂ ᠵᠠᠬᠢᠶᠠᠯᠠᠨ ᠬᠤᠳᠠᠯᠳᠤᠬᠤ ᠦᠢᠯᠡᠴᠢᠯᠡᠭᠡ 33 ᠬᠤᠪᠢ᠂ ᠬᠠᠷᠠᠭᠠᠯᠵᠠᠯ᠎ᠤᠨ ᠺᠠᠷᠲ ᠪᠣᠷᠣᠯᠠᠭᠤᠯᠬᠤ ᠦᠢᠯᠡᠴᠢᠯᠡᠭᠡ 27 ᠬᠤᠪᠢ᠂ ᠪᠤᠰᠤᠳ ᠪᠣᠷᠣᠯᠠᠭᠤᠯᠭ᠎ᠠ᠎ᠶ᠋ᠢᠨ ᠦᠢᠯᠡᠴᠢᠯᠡᠭᠡ 201 ᠬᠤᠪᠢ ᠪᠠᠢᠪᠠ᠃
ᠵᠠᠭᠠᠯᠳᠤᠯᠭ᠎ᠠ᠎ᠶ᠋ᠢᠨ ᠬᠡᠮᠵᠢᠶ᠎ᠡ ᠶ᠋ᠢᠨ ᠳᠥᠷᠪᠡᠳᠦᠭᠡᠷ ᠲᠦ ᠵᠢᠭ᠍ᠰᠠᠭᠠᠭ᠍ᠳᠠᠭ᠍ᠰᠠᠨ ᠵᠢᠰᠦ ᠭᠤᠶᠣᠯᠠᠵᠤ ᠦᠰᠦ ᠵᠠᠰᠠᠵᠤ ᠪᠡᠶ᠎ᠡ ᠤᠬᠢᠶᠠᠬᠤ ᠦᠢᠯᠡᠴᠢᠯᠡᠭᠡ 755 ᠬᠤᠪᠢ ᠪᠠᠢᠵᠤ᠂ ᠦᠢᠯᠡᠴᠢᠯᠡᠭᠡᠨ᠎ᠤ ᠲᠥᠷᠥᠯ᠎ᠤᠨ ᠵᠠᠭᠠᠯᠳᠤᠯᠭ᠎ᠠ᠎ᠶ᠋ᠢᠨ ᠶᠡᠷᠦᠩᠬᠡᠶ ᠬᠡᠮᠵᠢᠶᠡᠨ᠎ᠤ 6.44% ᠶ᠋ᠢ ᠡᠵᠡᠯᠡᠪᠡ᠃ ᠡᠢᠮᠦᠷᠬᠦᠦ ᠲᠦᠷᠦᠯ ᠦᠨ ᠵᠠᠭᠠᠯᠳᠤᠯᠭ᠎ᠠ ᠳᠦ ᠂ ᠵᠢᠰᠦ ᠭᠤᠶᠣᠯᠠᠵᠤ ᠦᠰᠦ ᠵᠠᠰᠠᠬᠤ ᠦᠢᠯᠡᠴᠢᠯᠡᠭᠡ 510 ᠬᠤᠪᠢ᠂ ᠪᠡᠶ᠎ᠡ ᠤᠬᠢᠶᠠᠬᠤ ᠢᠯᠢᠬᠦ᠌ ᠵᠠᠰᠠᠯᠭ᠎ᠠ᠎ᠶ᠋ᠢᠨ ᠦᠢᠯᠡᠴᠢᠯᠡᠭᠡ 245 ᠬᠤᠪᠢ ᠪᠠᠢᠪᠠ᠃
ᠵᠠᠭᠠᠯᠳᠤᠯᠭ᠎ᠠ᠎ᠶ᠋ᠢᠨ ᠬᠡᠮᠵᠢᠶ᠎ᠡ ᠶ᠋ᠢᠨ ᠲᠠᠪᠤᠳᠤᠭᠠᠷ ᠲᠤ ᠵᠢᠭ᠍ᠰᠠᠭᠠᠭ᠍ᠳᠠᠭ᠍ᠰᠠᠨ ᠠᠷᠠᠴᠢᠯᠠᠨ ᠬᠠᠮᠠᠭᠠᠯᠠᠬᠤ ᠪᠠ ᠰᠡᠯᠪᠢᠨ ᠵᠠᠰᠠᠬᠤ ᠦᠢᠯᠡᠴᠢᠯᠡᠭᠡ 542 ᠬᠤᠪᠢ ᠪᠠᠢᠵᠤ᠂ ᠦᠢᠯᠡᠴᠢᠯᠡᠭᠡᠨ᠎ᠤ ᠲᠥᠷᠥᠯ᠎ᠤᠨ ᠵᠠᠭᠠᠯᠳᠤᠯᠭ᠎ᠠ᠎ᠶ᠋ᠢᠨ ᠶᠡᠷᠦᠩᠬᠡᠢ ᠬᠡᠮᠵᠢᠶᠡᠨ᠎ᠤ 4.63% ᠶ᠋ᠢ ᠡᠵᠡᠯᠡᠪᠡ᠃ ᠡᠢᠮᠦᠷᠬᠦᠤ ᠲᠦᠷᠦᠯ ᠦᠨ ᠵᠠᠭᠠᠯᠳᠤᠯᠭ᠎ᠠ ᠳᠦ᠂ ᠮᠠᠱᠢᠨ ᠲᠡᠷᠭᠡ ᠮᠣᠲ᠋ᠣᠷ ᠲᠡᠷᠭᠡ᠎ᠶ᠋ᠢ ᠠᠷᠠᠴᠢᠯᠠᠨ ᠬᠠᠮᠠᠭᠠᠯᠠᠵᠤ ᠰᠡᠯᠪᠢᠨ ᠵᠠᠰᠠᠬᠤ ᠦᠢᠯᠡᠴᠢᠯᠡᠭᠡ194 ᠬᠤᠪᠢ᠂ ᠴᠠᠬᠢᠯᠭᠠᠨ ᠬᠡᠷᠡᠭ᠌ᠰᠡᠯ᠎ᠢ ᠰᠡᠯᠪᠢᠨ ᠵᠠᠰᠠᠬᠤ ᠦᠢᠯᠡᠴᠢᠯᠡᠭᠡ 167 ᠬᠤᠪᠢ᠂ ᠤᠢ᠍ᠯᠡᠳᠬᠦ᠌ ᠦᠢᠯᠡᠴᠢᠯᠡᠭᠡ 105 ᠬᠤᠪᠢ᠂ ᠮᠠᠱᠢᠨᠲᠤ ᠪᠤᠰᠤ ᠲᠡᠷᠭᠡ᠎ᠶ᠋ᠢ ᠰᠡᠯᠪᠢᠨ ᠵᠠᠰᠠᠬᠤ ᠦᠢᠯᠡᠴᠢᠯᠡᠭᠡ 44 ᠬᠤᠪᠢ᠂ ᠪᠤᠰᠤᠳ ᠵᠦᠢᠯ᠎ᠤᠨ ᠠᠷᠠᠴᠢᠯᠠᠨ ᠬᠠᠮᠠᠭᠠᠯᠠᠵᠤ ᠰᠡᠯᠪᠢᠨ ᠵᠠᠰᠠᠬᠤ ᠦᠢᠯᠡᠴᠢᠯᠡᠭᠡ 32 ᠬᠤᠪᠢ ᠪᠠᠢᠪᠠ᠃
ᠦᠢᠯᠡᠴᠢᠯᠡᠭᠡᠨ᠎ᠤ ᠵᠠᠭᠠᠯᠳᠤᠯᠭ᠎ᠠ᠎ᠶᠢᠨ ᠬᠠᠯᠠᠮᠰᠢᠯ᠎ᠤᠨ ᠡᠮᠦᠨ᠎ᠡ ᠠᠷᠪᠠᠨ ᠨᠡᠷᠡᠰ᠎ᠲᠤ ᠳᠠᠭᠤᠤ ᠬᠥᠭᠵᠢᠮ᠎ᠤᠨ ᠲᠣᠬ᠍ᠯᠠᠯᠲᠠ᠎ᠶᠢᠨ ᠦᠢᠯᠡᠴᠢᠯᠡᠭᠡ 1205 ᠬᠤᠪᠢ᠂ ᠬᠣᠭᠣᠯᠠᠨ ᠭᠡᠷ᠎ᠤᠨ ᠦᠢᠯᠡᠴᠢᠯᠡᠭᠡ 985 ᠬᠤᠪᠢ᠂ ᠤᠷᠢᠳᠴᠢᠯᠠᠨ ᠥᠭᠬᠦ ᠺᠠᠷᠲ᠎ᠤᠨ ᠦᠢᠯᠡᠴᠢᠯᠡᠭᠡ 934 ᠬᠤᠪᠢ᠂ ᠵᠣᠴᠢᠳ᠎ᠤᠨ ᠪᠠᠭᠤᠳᠠᠯ᠎ᠤᠨ ᠦᠢᠯᠡᠴᠢᠯᠡᠭᠡ 895 ᠬᠤᠪᠢ᠂ ᠰᠤᠯᠠ ᠢᠳᠡᠭᠡᠨ᠎ᠤ ᠳᠡᠯᠭᠡᠭᠦᠷ᠎ᠤᠨ ᠦᠢᠯᠡᠴᠢᠯᠡᠭᠡ 372 ᠬᠤᠪᠢ᠂ ᠵᠢᠵᠢᠭᠯᠡᠨ ᠬᠤᠳᠠᠯᠳᠤᠬᠤ ᠦᠢᠯᠡᠴᠢᠯᠡᠭᠡ 364 ᠬᠤᠪᠢ᠂ ᠢᠨᠲᠧᠷ ᠰᠦᠯᠵᠢᠶᠡᠨ᠎ᠤ ᠰᠢᠭᠤᠳ ᠪᠣᠷᠤᠯᠠᠭᠤᠯᠭ᠎ᠠ᠎ᠶᠢᠨ ᠦᠢᠯᠡᠴᠢᠯᠡᠭᠡ 240 ᠬᠤᠪᠢ᠂ ᠥᠪᠡᠷ᠎ᠢᠶᠠᠨ ᠦᠢᠯᠡᠴᠢᠯᠡᠬᠦ ᠬᠣᠭᠣᠯᠠᠨ ᠦᠢᠯᠡᠴᠢᠯᠡᠭᠡ 217 ᠬᠤᠪᠢ᠂ ᠲᠦᠷᠭᠡᠨ ᠬᠣᠭᠣᠯᠠᠨ ᠭᠡᠷ᠎ᠤᠨ ᠦᠢᠯᠡᠴᠢᠯᠡᠭᠡ 175 ᠬᠤᠪᠢ᠂ ᠲᠡᠷᠭᠡ ᠬᠥᠰᠬᠡ ᠲᠦᠷᠢᠶᠡᠰᠦᠯᠡᠬᠦ ᠦᠢᠯᠡᠴᠢᠯᠡᠭᠡ 159 ᠬᠤᠪᠢ (ᠭᠥᠯᠢᠶᠡᠨ ᠠᠪᠬᠤ ᠬᠡᠮᠵᠢᠶᠡᠨ᠎ᠳᠠᠬᠢ ᠪᠤᠢ ᠪᠦᠬᠦᠢ 《ᠪᠤᠰᠤᠳ》 ᠢ ᠨᠡᠷᠡᠰ᠎ᠤᠨ ᠵᠢᠭ᠍ᠰᠠᠭᠠᠯᠲᠠ᠎ᠳᠤ ᠪᠣᠳᠣᠵᠣ ᠣᠷᠤᠭᠤᠯᠤᠭ᠍ᠰᠠᠨ ᠦᠭᠡᠢ) ᠪᠠᠢᠵᠤ᠂ ᠦᠢᠯᠡᠴᠢᠯᠡᠭᠡᠨ᠎ᠤ ᠲᠦᠷᠦᠯ᠎ᠤᠨ ᠵᠠᠭᠠᠯᠳᠤᠯᠭ᠎ᠠ᠎ᠶᠢᠨ ᠶᠡᠷᠦᠩᠬᠡᠢ ᠬᠡᠮᠵᠢᠶᠡᠨ᠎ᠤ 47.33%᠎ᠶᠢ ᠡᠵᠡᠯᠡᠪᠡ᠃
ᠭᠤᠷᠪᠠ᠂ ᠢᠯᠡᠴᠢᠯᠡᠨ ᠮᠡᠳᠡᠭᠦᠯᠦᠭ᠌ᠰᠡᠨ ᠪᠠᠢᠳᠠᠯ᠎ᠤᠨ ᠲᠤᠭ᠎ᠠ ᠪᠠᠷᠢᠮᠲᠠ᠎ᠶ᠋ᠢᠨ ᠪᠦᠷᠢᠳᠭᠡᠯ
7 ᠳ᠋ᠤᠭᠠᠷ ᠰᠠᠷ᠎ᠠ᠎ᠳᠤ ᠢᠯᠡᠴᠢᠯᠡᠨ ᠮᠡᠳᠡᠭᠦᠯᠦᠯᠲᠡ᠎ᠶ᠋ᠢ 4766 ᠬᠤᠪᠢ ᠭᠥᠯᠢᠶᠡᠨ ᠠᠪᠴᠤ᠌᠂ ᠠᠳᠠᠯᠢ ᠬᠤᠭᠤᠴᠠᠭᠠᠨ᠎ᠤ᠎ᠬᠢ᠎ᠠᠴᠠ 48.06% ᠪᠠᠷ ᠨᠡᠮᠡᠭ᠌ᠳᠡᠪᠡ᠃ ᠡᠭᠦᠨ᠎ᠳᠤ᠂ ᠲᠠᠸᠠᠷ᠎ᠤᠨ ᠲᠥᠷᠥᠯ᠎ᠳᠤ ᠬᠤᠯᠪᠣᠭ᠍ᠳᠠᠭ᠍ᠰᠠᠨ 2690 ᠬᠤᠪᠢ ᠪᠠᠢᠵᠤ᠂ 2076 ᠬᠤᠪᠢ ᠦᠢᠯᠡᠴᠢᠯᠡᠭᠡᠨ᠎ᠤ ᠲᠥᠷᠥᠯ᠎ᠳᠤ ᠬᠤᠯᠪᠣᠭ᠍ᠳᠠᠵᠤ᠂ 8 ᠳ᠋ᠤᠭᠠᠷ ᠰᠠᠷ᠎ᠠ᠎ᠶ᠋ᠢᠨ 5 ᠤ ᠡᠳᠦᠷ ᠪᠣᠯᠲᠠᠯ᠎ᠠ ᠨᠡᠢᠲᠡ 3446 ᠬᠤᠪᠢ᠎ᠶ᠋ᠢ᠎ᠨᠢ ᠱᠢᠢᠳᠪᠦᠷᠢᠯᠡᠵᠦ᠍ ᠳᠠᠭᠤᠰᠭᠠᠪᠠ᠃
ᠢᠯᠡᠴᠢᠯᠡᠨ ᠮᠡᠳᠡᠭᠦᠯᠦᠭ᠌ᠰᠡᠨ᠎ᠢ ᠬᠦᠯᠢᠶᠡᠨ ᠠᠪᠤᠭ᠍ᠰᠠᠨ ᠬᠡᠮᠵᠢᠶ᠎ᠡ ᠶ᠋ᠢᠨ ᠡᠮᠦᠨ᠎ᠡ ᠲᠠᠪᠤ ᠳᠤ ᠵᠢᠭ᠍ᠰᠠᠭᠠᠭ᠍ᠳᠠᠭ᠍ᠰᠠᠨ ᠲᠠᠸᠠᠷ ᠪᠠ ᠦᠢᠯᠡᠴᠢᠯᠡᠭᠡᠨ᠎ᠦ ᠲᠥᠷᠥᠯ ᠬᠤᠪᠢᠶᠠᠭ᠍ᠰᠠᠨ ᠬᠦᠰᠦᠨᠦᠭ᠌ᠲᠦ᠄

ᠲᠠᠸᠠᠷ᠎ᠤᠨ ᠲᠦᠷᠦᠯ᠎ᠤᠨ ᠢᠯᠡᠴᠢᠯᠡᠨ ᠮᠡᠳᠡᠭᠦᠯᠦᠯᠲᠡ᠎ᠪᠠᠷ ᠬᠠᠮᠤᠭ ᠤᠯᠠᠨ ᠢᠳᠡᠭᠡᠨ᠎ᠤ ᠲᠦᠷᠦᠯ 1820 ᠪᠠᠢᠵᠤ᠂ ᠲᠠᠸᠠᠷ᠎ᠤᠨ ᠲᠦᠷᠦᠯ᠎ᠤᠨ ᠢᠯᠡᠴᠢᠯᠡᠨ ᠮᠡᠳᠡᠭᠦᠯᠦᠯᠲᠡ᠎ᠶᠢᠨ ᠶᠡᠷᠦᠩᠬᠡᠢ ᠬᠡᠮᠵᠢᠶᠡᠨ᠎ᠤ 67.66%᠎ᠶ᠋ᠢ ᠡᠵᠡᠯᠡᠪᠡ᠃ ᠢᠯᠡᠴᠢᠯᠡᠨ ᠮᠡᠳᠡᠭᠦᠯᠦᠯᠲᠡ ᠨᠢ ᠭᠣᠣᠯᠳᠠᠭᠤ ᠡᠩ᠎ᠤᠨ ᠢᠳᠡᠭᠡᠨ᠂ ᠢᠳᠡᠭᠡᠨ᠎ᠤ ᠲᠠᠷᠢᠶᠠᠯᠠᠩ᠎ᠤᠨ ᠪᠦᠲᠦᠭᠡᠭᠳᠡᠬᠦᠨ᠂ ᠠᠷᠢᠬᠢ ᠪᠠ ᠤᠮᠳᠠᠭᠠᠨ ᠵᠡᠷᠭᠡ᠎ᠳᠤ ᠬᠣᠯᠪᠣᠭᠳᠠᠵᠤ᠂ ᠢᠯᠵᠠᠷᠠᠵᠤ ᠴᠢᠨᠠᠷ ᠨᠢ ᠬᠤᠪᠢᠷᠠᠭ᠍ᠰᠠᠨ᠂ ᠸᠠᠯᠠᠵᠦ᠍ ᠬᠣᠷᠣᠬᠠᠢᠲᠤᠭ᠍ᠰᠠᠨ᠂ ᠪᠤᠵᠠᠷ ᠪᠤᠷᠲᠠᠭ ᠠᠷᠢᠭᠤᠨ ᠴᠡᠪᠡᠷ ᠪᠤᠰᠤ᠂ ᠣᠨᠳᠣᠤ ᠵᠦᠢᠯ᠎ᠢ ᠬᠣᠯᠢᠯᠳᠤᠭᠤᠯᠤᠭ᠍ᠰᠠᠨ᠂ ᠬᠤᠳᠠᠯ ᠬᠠᠭᠤᠷᠮᠠᠭ ᠵᠦᠢᠯ᠎ᠢ ᠬᠣᠯᠢᠯᠳᠤᠭᠤᠯᠤᠭ᠍ᠰᠠᠨ ᠪᠤᠶᠤ ᠰᠡᠷᠡᠯ᠎ᠦᠨ ᠡᠷᠬᠡᠲᠡᠨ ᠨᠢ ᠬᠡᠪ᠎ᠦᠨ ᠪᠤᠰᠤ ᠢᠳᠡᠭᠡᠨ᠂ ᠦᠨ᠎ᠡ ᠬᠠᠩᠰᠢ᠂ ᠲᠠᠸᠠᠷ᠎ᠤᠨ ᠲᠡᠮᠳᠡᠭ᠂ ᠵᠠᠷ ᠮᠡᠳᠡᠭᠡ᠂ ᠵᠢᠩ ᠨᠢ ᠳᠤᠲᠠᠮᠠᠭ ᠵᠡᠷᠭᠡ ᠠᠰᠠᠭᠤᠳᠠᠯ᠎ᠢᠶᠠᠷ ᠭᠣᠤᠯ ᠪᠤᠯᠭᠠᠪᠠ᠃ ᠪᠤᠰᠤᠳ ᠢᠯᠡᠴᠢᠯᠡᠨ ᠮᠡᠳᠡᠭᠦᠯᠦᠭᠰᠡᠨ᠎ᠢᠶᠠᠷ ᠨᠡᠯᠢᠶᠡᠳ ᠠᠷᠪᠢᠨ ᠲᠠᠸᠠᠷ᠎ᠲᠤ᠂ ᠡᠳᠦᠷ ᠲᠤᠳᠤᠮ᠎ᠤᠨ ᠬᠡᠷᠡᠭᠯᠡᠭᠡᠨ᠎ᠤ ᠬᠡᠷᠡᠭᠰᠡᠯ᠂ ᠲᠠᠸᠠᠷ᠎ᠤᠨ ᠭᠡᠷ᠂ ᠮᠠᠰᠢᠨ ᠲᠡᠷᠭᠡ ᠵᠢᠴᠢ ᠮᠠᠰᠢᠨ ᠲᠡᠷᠭᠡᠨ᠎ᠤ ᠰᠡᠯᠪᠢᠭ ᠲᠤᠨᠤᠭ᠂ ᠤᠨᠴᠠᠭᠠᠢ ᠬᠡᠷᠡᠭᠯᠡᠭᠡᠨ᠎ᠤ ᠪᠤᠰᠤ ᠵᠠᠰᠠᠯ ᠴᠢᠮᠡᠭ᠎ᠤᠨ ᠡᠳ᠋᠂ ᠬᠢᠲᠠᠳ ᠪᠡᠯᠡᠨ ᠡᠮ᠂ ᠬᠢᠲᠠᠳ ᠡᠮ᠎ᠤᠨ ᠮᠠᠲᠧᠷᠢᠶᠠᠯ᠂ ᠬᠢᠲᠠᠳ ᠡᠸᠦ᠋ᠷᠦᠫᠡ ᠪᠡᠯᠡᠨ ᠡᠮ᠂ ᠴᠠᠭᠢᠯᠭᠠᠨ ᠱᠠᠲᠤ ᠵᠡᠷᠭᠡ᠎ᠶᠢ ᠪᠠᠭᠲᠠᠭᠠᠵᠤ᠂ ᠭᠣᠣᠯᠳᠠᠭᠤ ᠶᠠᠰᠤ ᠴᠢᠨᠠᠷ᠂ ᠦᠨ᠎ᠡ ᠬᠠᠩᠰᠢ᠂ ᠦᠨᠡᠮᠯᠡᠯ ᠦᠭᠡᠢ᠎ᠪᠠᠷ ᠡᠵᠡᠩᠨᠡᠬᠦ᠂ 《ᠭᠤᠷᠪᠠ ᠦᠭᠡᠢ》᠂ ᠬᠤᠳᠠᠯ ᠬᠠᠭᠤᠷᠮᠠᠭ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠂ ᠬᠠᠤᠯᠢ᠎ᠠᠴᠠ ᠵᠥᠷᠢᠴᠡᠭᠰᠡᠨ ᠵᠠᠷ ᠮᠡᠳᠡᠭᠡ ᠵᠡᠷᠭᠡ ᠠᠰᠠᠭᠤᠳᠠᠯ᠎ᠳᠤ ᠬᠣᠯᠪᠣᠭᠳᠠᠵᠠᠢ᠃
ᠦᠢᠯᠡᠴᠢᠯᠡᠭᠡᠨ᠎ᠤ ᠲᠥᠷᠥᠯ᠎ᠤᠨ ᠢᠯᠡᠴᠢᠯᠡᠨ ᠮᠡᠳᠡᠭᠦᠯᠦᠯᠲᠡ ᠳᠡᠬᠢ ᠬᠠᠮᠤᠭ᠎ᠤᠨ ᠣᠯᠠᠨ ᠨᠢ ᠢᠳᠡᠭᠡᠨ ᠤᠮᠳᠠᠭᠠᠨ ᠪᠠ ᠬᠤᠨᠤᠭ᠎ᠤᠨ ᠦᠢᠯᠡᠴᠢᠯᠡᠭᠡ 624 ᠬᠤᠪᠢ ᠪᠠᠢᠵᠤ᠂ ᠦᠢᠯᠡᠴᠢᠯᠡᠭᠡᠨ᠎ᠤ ᠲᠥᠷᠥᠯ᠎ᠤᠨ ᠢᠯᠡᠴᠢᠯᠡᠨ ᠮᠡᠳᠡᠭᠦᠯᠦᠭ᠌ᠰᠡᠨ ᠶᠡᠷᠦᠩᠬᠡᠶ ᠬᠡᠮᠵᠢᠶᠡᠨ᠎ᠤ 30.06% ᠶ᠋ᠢ ᠡᠵᠡᠯᠡᠪᠡ᠃ ᠢᠯᠡᠴᠢᠯᠡᠨ ᠮᠡᠳᠡᠭᠦᠯᠦᠭ᠌ᠰᠡᠨ ᠭᠤᠤᠯ ᠠᠰᠠᠭᠤᠳᠠᠯ᠎ᠨᠢ ᠶᠠᠰᠤ ᠴᠢᠨᠠᠷ᠂ ᠠᠮᠤᠷ ᠲᠦᠪᠱᠢᠨ᠂ ᠦᠨ᠎ᠡ ᠬᠠᠩᠰᠢ᠂ ᠦᠨᠡᠮᠯᠡᠯ ᠦᠭᠡᠢ᠎ᠪᠠᠷ ᠡᠵᠡᠩᠨᠡᠭ᠌ᠰᠡᠨ ᠵᠡᠷᠭᠡ ᠪᠣᠯᠤᠨ᠎ᠠ᠃ ᠪᠤᠰᠤᠳ ᠢᠯᠡᠴᠢᠯᠡᠨ ᠮᠡᠳᠡᠭᠦᠯᠦᠭ᠌ᠰᠡᠨ ᠦᠶ᠋ᠯᠡᠴᠢᠯᠡᠭᠡ ᠳᠦ ᠭᠤᠤᠯᠳᠠᠭᠤ ᠤᠭᠢᠶᠠᠵᠤ ᠢᠯᠢᠬᠦ᠌ ᠦᠶ᠋ᠯᠡᠴᠢᠯᠡᠭᠡ᠂ ᠵᠢᠵᠢᠭ᠌ᠯᠡᠨ ᠬᠤᠳᠠᠯᠳᠤᠬᠤ ᠦᠶ᠋ᠯᠡᠴᠢᠯᠡᠭᠡ᠂ ᠦᠰᠦ ᠵᠠᠰᠠᠵᠤ ᠵᠢᠰᠦ ᠭᠤᠶᠣᠯᠠᠬᠤ ᠦᠶ᠋ᠯᠡᠴᠢᠯᠡᠭᠡ᠂ ᠲᠣᠭᠤᠷᠢᠨ ᠦᠵᠡᠬᠦ᠌ ᠵᠤᠭ᠎ᠠ ᠴᠡᠩᠭᠡᠯ᠎ᠤᠨ ᠦᠶ᠋ᠯᠡᠴᠢᠯᠡᠭᠡ᠂ ᠡᠮᠨᠡᠯᠭᠡ᠎ᠶ᠋ᠢᠨ ᠬᠤᠷᠢᠶᠠᠨ᠎ᠤ ᠦᠶ᠋ᠯᠡᠴᠢᠯᠡᠭᠡ᠂ ᠲᠣᠭ᠍ᠯᠠᠯᠲᠠ ᠤᠷᠠᠯᠢᠭ᠎ᠤᠨ ᠦᠶ᠋ᠯᠡᠴᠢᠯᠡᠭᠡ᠂ ᠱᠢᠯᠵᠢᠮᠡᠯ ᠳ᠋ᠢᠶᠠᠩᠬᠤᠸᠠ᠎ᠶ᠋ᠢᠨ ᠦᠶ᠋ᠯᠡᠴᠢᠯᠡᠭᠡ᠂ ᠮᠡᠷᠭᠡᠵᠢᠯ᠎ᠤᠨ ᠪᠣᠯᠪᠠᠰᠤᠷᠠᠯ᠎ᠤᠨ ᠦᠶ᠋ᠯᠡᠴᠢᠯᠡᠭᠡ ᠵᠡᠷᠭᠡ᠎ᠳᠤ ᠬᠤᠯᠪᠣᠭ᠍ᠳᠠᠵᠤ᠂ ᠭᠤᠤᠯ ᠠᠰᠠᠭᠤᠳᠠᠯ᠎ᠨᠢ ᠦᠨᠡᠮᠯᠡᠯ ᠥᠬᠡᠶ᠎ᠪᠠᠷ ᠡᠵᠡᠩᠨᠡᠬᠦ᠂ ᠬᠤᠳᠠᠯ ᠬᠠᠭᠤᠷᠮᠠᠭ ᠵᠠᠷ ᠮᠡᠳᠡᠭᠡᠨ᠎ᠤ ᠤᠬᠠᠭᠤᠯᠭ᠎ᠠ᠂ ᠦᠶ᠋ᠯᠡᠴᠢᠯᠡᠭᠡᠨ᠎ᠤ ᠶᠠᠰᠤ ᠴᠢᠨᠠᠷ᠎ᠢᠶᠠᠷ ᠠᠨᠠᠶ ᠪᠠ ᠬᠡᠷᠡᠭ᠌ᠯᠡᠭ᠌ᠴᠢᠳ᠎ᠢ ᠮᠡᠬᠡᠯᠡᠭ᠌ᠰᠡᠨ ᠵᠡᠷᠭᠡ ᠪᠣᠯᠣᠨ᠎ᠠ᠃
ᠳᠥᠷᠪᠡ᠂ ᠠᠰᠠᠭᠤᠨ ᠯᠠᠪᠯᠠᠭ᠍ᠰᠠᠨ ᠪᠠᠢᠳᠠᠯ᠎ᠤᠨ ᠲᠤᠭ᠎ᠠ ᠪᠠᠷᠢᠮᠲᠠ᠎ᠶ᠋ᠢᠨ ᠪᠦᠷᠢᠳᠭᠡᠯ
7 ᠳ᠋ᠤᠭᠠᠷ ᠰᠠᠷ᠎ᠠ᠎ᠳᠤ 19343 ᠬᠤᠪᠢ ᠠᠰᠠᠭᠤᠨ ᠯᠠᠪᠯᠠᠯᠲᠠ ᠶ᠋ᠢ ᠭᠥᠯᠢᠶᠡᠨ ᠠᠪᠴᠤ᠌᠂ ᠠᠳᠠᠯᠢ ᠬᠤᠭᠤᠴᠠᠭᠠᠨ᠎ᠤ᠎ᠬᠢ᠎ᠠᠴᠠ 9.11% ᠪᠠᠷ ᠨᠡᠮᠡᠭ᠌ᠳᠡᠵᠦ᠍᠂ ᠡᠭᠦᠨ᠎ᠳᠤ ᠬᠡᠷᠡᠭ᠌ᠯᠡᠭᠡᠨ᠎ᠤ ᠡᠷᠬᠡ ᠠᠱᠢᠭ᠎ᠢ ᠬᠠᠮᠠᠭᠠᠯᠠᠬᠤ ᠮᠡᠳᠡᠯᠭᠡ᠎ᠳᠤ ᠬᠤᠯᠪᠣᠭ᠍ᠳᠠᠭ᠍ᠰᠠᠨ 7361 ᠬᠤᠪᠢ ᠪᠠᠢᠨ᠎ᠠ; ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠱᠢᠰᠲ᠋ᠧᠮ᠎ᠳᠤ ᠬᠤᠯᠪᠣᠭ᠍ᠳᠠᠭ᠍ᠰᠠᠨ 1749 ᠬᠤᠪᠢ ᠠᠰᠠᠭᠤᠳᠠᠯ᠂ ᠠᠰᠠᠭᠤᠨ ᠯᠠᠪᠯᠠᠭ᠍ᠰᠠᠨ ᠬᠡᠮᠵᠢᠶ᠎ᠡ᠎ᠪᠠᠷ ᠨᠡᠯᠢᠶᠡᠳ ᠶᠡᠭᠡ ᠠᠰᠠᠭᠤᠳᠠᠯ᠎ᠨᠢ᠄ ᠵᠠᠭᠠᠯᠳᠤᠵᠤ ᠢᠯᠡᠴᠢᠯᠡᠨ ᠮᠡᠳᠡᠭᠦᠯᠦᠭ᠌ᠰᠡᠨ᠎ᠢ ᠱᠢᠢᠳᠪᠦᠷᠢᠯᠡᠭ᠌ᠰᠡᠨ ᠨᠢ ᠲᠤᠰ ᠲᠤᠰ 830 ᠬᠤᠪᠢ᠂ ᠰᠦᠯᠵᠢᠶᠡᠨ᠎ᠤ ᠠᠷᠠᠯᠵᠢᠶᠠᠨ᠎ᠤ ᠬᠢᠨᠠᠯᠲᠠ ᠬᠠᠮᠢᠶᠠᠷᠤᠯᠲᠠ 196 ᠬᠤᠪᠢ᠂ ᠦᠢᠯᠡᠴᠢᠯᠡᠭᠡᠨ᠎ᠤ ᠬᠡᠷᠡᠭ᠌ᠯᠡᠭᠡ᠎ᠶ᠋ᠢᠨ ᠬᠢᠨᠠᠯᠲᠠ ᠬᠠᠮᠢᠶᠠᠷᠤᠯᠲᠠ 24 ᠬᠤᠪᠢ᠂ ᠵᠠᠬ᠎ᠠ ᠳᠡᠯᠭᠡᠭᠦᠷ᠎ᠤᠨ ᠭᠤᠣᠯ ᠴᠣᠭ᠍ᠴᠠ᠎ᠶ᠋ᠢᠨ ᠳᠠᠩᠰᠠᠯᠠᠨ ᠲᠡᠮᠳᠡᠭ᠌ᠯᠡᠭᠦᠯᠦᠭ᠌ᠰᠡᠨ 16 ᠬᠤᠪᠢ᠂ ᠦᠨ᠎ᠡ ᠬᠠᠩᠰᠢ᠎ᠶ᠋ᠢᠨ ᠬᠢᠨᠠᠯᠲᠠ ᠬᠠᠮᠢᠶᠠᠷᠤᠯᠲᠠ 8 ᠬᠤᠪᠢ ᠵᠡᠷᠭᠡ ᠪᠣᠯᠣᠨ᠎ᠠ; ᠪᠤᠰᠤᠳ ᠰᠠᠯᠠᠭ᠎ᠠ ᠮᠥᠴᠢᠷ᠎ᠤᠨ ᠠᠰᠠᠭᠤᠨ ᠯᠠᠪᠯᠠᠬᠤ᠎ᠳᠤ ᠬᠤᠯᠪᠣᠭ᠍ᠳᠠᠭ᠍ᠰᠠᠨ᠎ᠨᠢ ᠭᠤᠣᠯᠳᠠᠭᠤ ᠡᠷᠡᠭᠦᠯ ᠬᠠᠮᠠᠭᠠᠯᠠᠯ᠂ ᠵᠢᠭᠤᠯᠴᠢᠯᠠᠯ᠂ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠬᠠᠮᠢᠶᠠᠷᠤᠯᠲᠠ᠂ ᠱᠢᠤᠳᠠᠨ᠂ ᠭᠠᠢᠯᠢ᠎ᠶ᠋ᠢᠨ ᠶᠠᠪᠤᠳᠠᠯ᠂ ᠳᠤᠯᠠᠭᠠᠯᠠᠭ᠎ᠠ ᠬᠠᠩᠭᠠᠬᠤ᠂ ᠤᠰᠤ ᠬᠠᠩᠭᠠᠬᠤ᠂ ᠴᠠᠬᠢᠯᠭᠠᠨ ᠬᠠᠩᠭᠠᠬᠤ᠂ ᠠᠳᠠᠯ ᠠᠬᠤᠶ᠂ ᠭᠡᠷ ᠬᠥᠷᠥᠩᠭᠡ ᠵᠡᠷᠭᠡ᠎ᠳᠤ ᠬᠤᠯᠪᠣᠭ᠍ᠳᠠᠵᠠᠶ᠃
ᠲᠠᠢᠯᠪᠤᠷᠢ᠄ ᠲᠣᠭ᠎ᠠ ᠪᠠᠷᠢᠮᠲᠠ ᠨᠢ ᠪᠦᠬᠦ᠌ ᠤᠯᠤᠰ᠎ᠤᠨ12315 ᠲᠡᠪᠴᠡᠩ᠎ᠡᠴᠡ ᠢᠷᠡᠯᠲᠡ ᠲᠠᠢ