ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠢᠴᠢᠭ ᠮᠠᠲ᠋ᠧᠷᠢᠶᠠᠯ
ᠥᠪᠥᠷ ᠵᠠᠰᠠᠭ ᠲᠠᠷᠬᠠᠭ᠋ᠠᠭᠰᠠᠨ [2022] 10 ᠳ᠋ᠤᠭ᠋ᠠᠷ ᠲᠣᠭ᠋ᠠᠲᠤ
ᠣᠶ ᠰᠢᠭᠤᠶ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠢ ᠰᠡᠷᠭᠡᠢ᠌ᠯᠡᠵᠦ ᠤᠨᠲᠠᠷᠠᠭ᠋ᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ
ᠡᠯ᠎ᠡ ᠠᠶ᠋ᠢᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
ᠣᠶ ᠰᠢᠭᠤᠶ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠢ ᠰᠡᠷᠭᠡᠢ᠌ᠯᠡᠵᠦ ᠤᠨᠲᠠᠷᠠᠭ᠋ᠠᠬᠤ ᠠᠵᠢᠯ᠎ᠨᠢ ᠤᠯᠤᠰ᠎ᠤᠨ ᠭᠠᠵᠠᠷ ᠰᠢᠷᠣᠶ ᠠᠮᠢ ᠠᠬᠤᠶ ᠵᠢᠨ ᠠᠮᠤᠷ ᠲᠦᠪᠰᠢᠨ᠎ᠲᠠᠢ ᠬᠣᠯᠪᠣᠭᠳᠠᠵᠤ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠲᠠᠢ ᠬᠣᠯᠪᠣᠭᠳᠠᠵᠤ᠂ ᠥᠭᠡᠷᠡᠴᠢᠯᠡᠯᠲᠡ ᠬᠥᠭᠵᠢᠯᠲᠡ ᠲᠣᠭᠲᠠᠭᠤᠨ᠎ᠤ ᠶᠡᠬᠡ ᠲᠠᠯ᠎ᠠ᠎ᠲᠠᠢ ᠬᠣᠯᠪᠣᠭᠳᠠᠵᠤ ᠪᠠᠢ᠌ᠨ᠎ᠠ᠃ ᠪᠦᠬᠦ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠢ ᠰᠡᠷᠭᠡᠢ᠌ᠯᠡᠵᠦ ᠤᠨᠲᠠᠷᠠᠭ᠋ᠠᠬᠤ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠵᠦ᠂ ᠣᠶ ᠰᠢᠭᠤᠶ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠢ ᠪᠦᠲᠦᠮᠵᠢᠲᠡᠶ ᠰᠡᠷᠭᠡᠶ᠋ᠢᠯᠡᠬᠦ ᠪᠠ ᠤᠨᠲᠠᠷᠠᠭ᠋ᠠᠵᠤ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠪᠠ ᠣᠶ ᠰᠢᠭᠤᠶ ᠵᠢᠨ ᠡᠬᠢ ᠪᠠᠶᠠᠯᠢᠭ᠎ᠤᠨ ᠠᠮᠦᠷ ᠲᠦᠪᠰᠢᠨ᠎ᠢ ᠦᠨᠡᠨ ᠬᠦ᠌ ᠪᠠᠲᠤᠯᠠᠬᠤ ᠵᠢᠨ ᠲᠤᠰᠠᠳᠠ᠂ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ᠎ᠪᠠᠨ ᠤᠶᠠᠯᠳᠤᠭᠤᠯᠵᠤ᠂ ᠳᠣᠣᠷᠠᠬᠢ ᠮᠡᠲᠦ ᠵᠠᠷᠯᠢᠭ᠎ᠢ ᠨᠡᠶ᠋ᠢᠲᠡᠯᠡᠪᠡ᠃
ᠨᠢᠭᠡ᠂ ᠵᠠᠬᠢᠷᠤᠨ ᠬᠠᠮᠢᠶᠠᠷᠬᠤ ᠴᠠᠭ᠎ᠢ ᠲᠣᠳᠣᠷᠬᠠᠶ ᠲᠣᠭᠲᠠᠭ᠋ᠠᠬᠤ ᠬᠡᠷᠡᠭᠲᠡᠢ
2022 ᠣᠨ᠎ᠤ ᠬᠠᠪᠤᠷ᠎ᠤᠨ ᠤᠯᠠᠷᠢᠯ᠎ᠳᠠᠬᠢ ᠪᠥᠬᠥ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠢ ᠰᠡᠷᠭᠡᠢ᠌ᠯᠡᠵᠦ ᠤᠨᠲᠠᠷᠠᠭ᠋ᠠᠬᠤ ᠴᠢᠩᠭ᠎ᠠ ᠵᠠᠬᠢᠷᠤᠨ ᠬᠠᠮᠢᠶᠠᠷᠬᠤ ᠬᠤᠭᠤᠴᠠᠭ᠎ᠠ ᠪᠣᠯ 4 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ 5 ᠳ᠋ᠤᠭ᠋ᠠᠷ ᠰᠠᠷ᠎ᠠ ᠵᠢᠨ 31᠎ᠤ ᠡᠳᠦᠷ ᠪᠣᠯᠣᠨ᠎ᠠ᠃ ᠡᠯ᠎ᠡ ᠭᠠᠵᠠᠷ ᠣᠷᠣᠨ᠎ᠨᠢ ᠲᠤᠰ ᠭᠠᠵᠠᠷ ᠣᠷᠣᠨ᠎ᠤ᠎ᠪᠠᠨ ᠪᠣᠳᠠᠲᠠᠢ ᠪᠠᠶ᠋ᠢᠳᠠᠯ ᠵᠶ᠋ᠠᠨ ᠦᠨᠳᠦᠰᠦᠯᠡᠨ᠂ ᠵᠠᠬᠢᠷᠤᠨ ᠬᠠᠮᠢᠶᠠᠷᠬᠤ ᠬᠤᠭᠤᠴᠠᠭ᠎ᠠ ᠬᠢᠵᠠᠭ᠋ᠠᠷ᠎ᠤᠨ ᠡᠬᠢᠯᠡᠬᠦ ᠪᠠ ᠳᠠᠭᠤᠰᠬᠤ ᠵᠢ ᠤᠷᠢᠳᠴᠢᠯᠠᠭᠤᠯᠬᠤ ᠪᠤᠶᠤ ᠬᠣᠢ᠌ᠰᠢᠯᠠᠭᠤᠯᠬᠤ᠎ᠪᠠᠨ ᠨᠡᠶ᠋ᠢᠭᠡᠮ᠎ᠳᠤ ᠨᠡᠶ᠋ᠢᠲᠡᠯᠡᠬᠦ ᠵᠢᠨ ᠬᠠᠮᠲᠤ᠂ ᠳᠡᠭᠡᠲᠦ ᠨᠢᠭᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠠ ᠣᠶ ᠰᠢᠭᠤᠶ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠢ ᠰᠡᠷᠭᠡᠢ᠌ᠯᠡᠵᠦ ᠤᠨᠲᠠᠷᠠᠭ᠋ᠠᠬᠤ ᠠᠵᠢᠯ᠎ᠤᠨ ᠵᠢᠯᠣᠭᠣᠳᠬᠤ ᠭᠠᠵᠠᠷ᠎ᠲᠤ ᠳᠠᠩᠰᠠᠯᠠᠭᠤᠯᠬᠤ ᠬᠡᠷᠡᠭᠲᠡᠶ᠃
ᠬᠣᠶᠠᠷ᠂ ᠵᠠᠬᠢᠷᠤᠨ ᠬᠠᠮᠢᠶᠠᠷᠬᠤ ᠣᠷᠣᠨ ᠪᠦᠰᠡ ᠵᠢ ᠬᠤᠪᠢᠶᠠᠷᠢᠯᠠᠨ ᠲᠣᠭᠲᠠᠭ᠋ᠠᠬᠤ ᠬᠡᠷᠡᠭᠲᠡᠢ
ᠣᠶ ᠰᠢᠭᠤᠶ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠢ ᠰᠡᠷᠭᠡᠢ᠌ᠯᠡᠵᠦ ᠤᠨᠲᠠᠷᠠᠭ᠋ᠠᠬᠤ ᠵᠢᠨ ᠵᠠᠬᠢᠷᠤᠨ ᠬᠠᠮᠢᠶᠠᠷᠬᠤ ᠣᠷᠣᠨ ᠪᠦᠰᠡ ᠵᠢ ᠪᠣᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠬᠤᠪᠢᠶᠠᠷᠢᠯᠠᠨ ᠲᠣᠭᠲᠠᠭ᠋ᠠᠬᠤ ᠵᠢᠨ ᠬᠠᠮᠲᠤ ᠨᠡᠶ᠋ᠢᠭᠡᠮ᠎ᠳᠤ ᠨᠡᠶ᠋ᠢᠲᠡᠯᠡᠨ᠎ᠡ᠃
ᠭᠤᠷᠪᠠ᠂ ᠭᠠᠯ ᠲᠦᠢ᠍ᠮᠡᠷ᠎ᠢ ᠰᠡᠷᠭᠡᠢ᠌ᠯᠡᠵᠦ ᠤᠨᠲᠠᠷᠠᠭ᠋ᠠᠬᠤ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠬᠡᠷᠡᠭᠲᠡᠢ
ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠣᠶ ᠰᠢᠭᠤᠶ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠢ ᠰᠡᠷᠭᠡᠢ᠌ᠯᠡᠵᠦ ᠤᠨᠲᠠᠷᠠᠭ᠋ᠠᠬᠤ ᠵᠠᠰᠠᠭ ᠵᠠᠬᠢᠷᠭ᠋ᠠᠨ᠎ᠤ ᠳᠠᠷᠤᠭ᠎ᠠ ᠵᠢᠨ ᠬᠠᠷᠢᠭᠤᠴᠠᠯᠭ᠎ᠠ ᠵᠢᠨ ᠲᠦᠷᠢᠮ᠎ᠢ ᠴᠢᠩᠭ᠎ᠠ ᠬᠡᠷᠡᠭᠵᠢᠭᠦᠯᠵᠦ᠂ ᠬᠠᠷᠢᠶ᠎ᠠ ᠭᠠᠵᠠᠷ᠎ᠤᠨ ᠤᠳᠤᠷᠢᠳᠤᠯᠭ᠎ᠠ ᠵᠢᠨ ᠬᠠᠷᠢᠭᠤᠴᠠᠯᠭ᠎ᠠ᠂ ᠠᠵᠢᠯ ᠲᠥᠷᠥᠯ᠎ᠤᠨ ᠰᠠᠯᠠᠭ᠎ᠠ ᠮᠥᠴᠢᠷ᠎ᠤᠨ ᠬᠢᠨᠠᠯᠲᠠ ᠬᠠᠮᠢᠶᠠᠷᠤᠯᠲᠠ ᠵᠢᠨ ᠬᠠᠷᠢᠭᠤᠴᠠᠯᠭ᠎ᠠ ᠪᠠ ᠦᠢ᠍ᠯᠡᠳᠪᠦᠷᠢᠯᠡᠨ ᠡᠵᠡᠩᠨᠡᠭᠴᠢ ᠵᠢᠨ ᠭᠤᠤᠯ ᠴᠣᠭᠴᠠ ᠵᠢᠨ ᠬᠠᠷᠢᠭᠤᠴᠠᠯᠭ᠎ᠠ ᠵᠢ ᠱᠠᠲᠤ ᠱᠠᠲᠤ᠎ᠪᠠᠷ ᠴᠢᠩᠭ᠎ᠠ ᠪᠤᠲᠠᠲᠠᠢ᠌ᠵᠢᠭᠤᠯᠤᠨ᠂ ᠬᠠᠷᠢᠭᠤᠴᠠᠯᠭ᠎ᠠ ᠵᠢᠨ ᠣᠷᠣᠨ᠎ᠢ᠎ᠨᠢ ᠬᠤᠪᠢᠶᠠᠷᠢᠯᠠᠨ ᠲᠣᠭᠲᠠᠭ᠋ᠠᠵᠤ᠂ ᠬᠠᠷᠢᠭᠤᠴᠠᠯᠭ᠎ᠠ ᠵᠢᠨ ᠪᠢᠴᠢᠭ ᠲᠣᠭᠲᠠᠵᠤ᠂ ᠴᠢᠩᠭ᠎ᠠ ᠪᠥᠭᠡᠳ ᠨᠢᠭᠲᠠ ᠲᠤᠤᠷᠵᠢᠭᠤᠯᠤᠭᠰᠠᠨ ᠬᠠᠷᠢᠭᠤᠴᠠᠯᠭ᠎ᠠ ᠵᠢᠨ ᠰᠢᠰᠲ᠋ᠧᠮ᠎ᠢ ᠪᠠᠶ᠋ᠢᠭᠤᠯᠬᠤ ᠬᠡᠷᠡᠭᠲᠡᠶ᠃ ᠡᠯ᠎ᠡ ᠱᠠᠲᠤᠨ᠎ᠤ ᠣᠢ ᠰᠢᠭᠤᠶ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠢ ᠰᠡᠷᠭᠡᠢ᠌ᠯᠡᠵᠦ ᠤᠨᠲᠠᠷᠠᠭ᠋ᠠᠬᠤ ᠠᠵᠢᠯ᠎ᠤᠨ ᠵᠢᠯᠣᠭᠣᠳᠬᠤ ᠭᠠᠵᠠᠷ᠎ᠤᠨ ᠪᠦᠷᠢᠯᠳᠦᠬᠦᠨ ᠨᠢᠭᠡᠴᠢ᠎ᠨᠢ ᠲᠤᠰ ᠲᠣᠰ᠎ᠤᠨ ᠡᠭᠦᠷᠭᠡ ᠲᠤᠰᠢᠶᠠᠯ ᠪᠠ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠨᠢᠭᠲᠠ ᠬᠠᠮᠵᠢᠯᠴᠠᠨ᠂ ᠣᠢ ᠰᠢᠭᠤᠶ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠢ ᠰᠡᠷᠭᠡᠢ᠌ᠯᠡᠵᠦ ᠤᠨᠲᠠᠷᠠᠭ᠋ᠠᠬᠤ ᠡᠯ᠎ᠡ ᠵᠦᠢ᠍ᠯ᠎ᠤᠨ ᠠᠵᠢᠯ᠎ᠢ ᠬᠦᠴᠦ᠎ᠪᠠᠨ ᠬᠠᠮᠲᠤᠳᠬᠠᠨ ᠰᠠᠶ᠋ᠢᠲᠤᠷ ᠬᠢᠬᠦ ᠬᠡᠷᠡᠭᠲᠡᠶ᠃ ᠣᠶ ᠰᠢᠭᠤᠶ ᠨᠤᠲᠤᠭ ᠪᠡᠯᠴᠢᠭᠡᠷ᠎ᠤᠨ ᠰᠠᠯᠠᠭ᠎ᠠ ᠮᠥᠴᠢᠷ᠎ᠨᠢ ᠰᠡᠷᠭᠡᠢ᠌ᠯᠡᠵᠦ ᠠᠪᠤᠷᠬᠠᠤ ᠬᠠᠷᠢᠭᠤᠴᠠᠯᠭ᠎ᠠ ᠵᠢᠨ ᠬᠡᠯᠬᠢᠶ᠎ᠡ᠎ᠪᠠᠨ ᠨᠢᠭᠲᠠ ᠵᠣᠯᠭ᠋ᠠᠭᠤᠯᠵᠤ᠂ ᠣᠶ ᠰᠢᠭᠤᠶ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠢ ᠤᠷᠢᠳᠴᠢᠯᠠᠨ ᠰᠡᠷᠭᠡᠶ᠋ᠢᠯᠡᠬᠦ ᠪᠠ ᠭᠠᠯ ᠲᠦᠢ᠍ᠮᠡᠷ ᠭᠠᠷᠤᠭᠰᠠᠨ ᠡᠬᠢᠨ᠎ᠤ ᠬᠤᠭᠤᠴᠠᠭ᠋ᠠᠨ᠎ᠳᠠᠬᠢ ᠰᠢᠢ᠍ᠳᠪᠦᠷᠢᠯᠡᠬᠦ ᠠᠵᠢᠯ᠎ᠢ ᠰᠠᠶ᠋ᠢᠲᠤᠷ ᠬᠢᠵᠦ᠂ ᠭᠠᠯ ᠲᠦᠢ᠍ᠮᠡᠷ᠎ᠢ ᠤᠨᠲᠠᠷᠠᠭ᠋ᠠᠬᠤ ᠪᠥᠬᠥ ᠶᠠᠪᠤᠴᠠ᠎ᠳᠤ᠎ᠨᠢ ᠣᠷᠣᠯᠴᠠᠬᠤ ᠬᠡᠷᠡᠭᠲᠡᠶ᠃ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠡᠯ᠎ᠡ ᠲᠠᠯ᠎ᠠ ᠵᠢᠨ ᠬᠦᠴᠦᠨ᠎ᠢ ᠨᠢᠭᠡᠳᠦᠯᠲᠡᠢ ᠲᠥᠯᠥᠪᠯᠡᠨ᠂ ᠶᠡᠬᠡ ᠲᠦᠢ᠍ᠮᠡᠷ ᠬᠦᠨᠳᠦ ᠠᠶᠤᠯ᠎ᠢ ᠠᠷᠭ᠋ᠠᠴᠠᠭ᠋ᠠᠬᠤ ᠡᠯ᠎ᠡ ᠵᠦᠢ᠍ᠯ᠎ᠤᠨ ᠠᠵᠢᠯ ᠶᠠᠪᠤᠳᠠᠯ᠎ᠤᠨ ᠡᠮᠤᠨᠡᠬᠢ ᠪᠡᠯᠡᠳᠬᠡᠯ ᠠᠵᠢᠯ᠎ᠢ ᠰᠠᠶ᠋ᠢᠲᠤᠷ ᠬᠢᠵᠦ᠂ ᠣᠢ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ ᠭᠠᠷᠤᠮᠠᠭᠴᠠ ᠳᠠᠷᠤᠢ ᠲᠦᠷᠭᠡᠨ ᠤᠨᠲᠠᠷᠠᠭ᠋ᠠᠬᠤ ᠵᠢᠨ ᠬᠠᠮᠲᠤ᠂ ᠠᠵᠢᠯ ᠶᠠᠪᠤᠳᠠᠯ᠎ᠤᠨ ᠳᠤᠮᠳᠠᠬᠢ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠡᠯ᠎ᠡ ᠵᠦᠢ᠍ᠯ᠎ᠤᠨ ᠠᠵᠢᠯ᠎ᠢ ᠰᠠᠶ᠋ᠢᠲᠤᠷ ᠬᠢᠬᠦ ᠬᠡᠷᠡᠭᠲᠡᠢ᠃
ᠳᠥᠷᠪᠡ᠂ ᠭᠠᠯ ᠲᠦᠢ᠍ᠮᠡᠷ ᠡᠭᠦᠰᠬᠦ ᠡᠬᠢ ᠢᠷᠡᠯᠲᠡ ᠵᠢ ᠬᠠᠮᠢᠶᠠᠷᠤᠨ ᠡᠵᠡᠮᠳᠡᠬᠦ ᠠᠵᠢᠯ ᠵᠶ᠋ᠠᠨ ᠴᠢᠩᠳᠠᠯᠠᠬᠤ ᠬᠡᠷᠡᠭᠲᠡᠢ
ᠴᠢᠩᠭ᠎ᠠ ᠬᠣᠷᠢᠭᠯᠠᠵᠤ ᠵᠠᠬᠢᠷᠤᠨ ᠬᠠᠮᠢᠶᠠᠷᠬᠤ ᠬᠤᠭᠤᠴᠠᠭ᠋ᠠᠨ᠎ᠳᠤ ᠳᠣᠣᠷᠠᠬᠢ ᠲᠣᠭᠲᠠᠭ᠋ᠠᠯ᠎ᠢ ᠵᠢᠷᠤᠮᠯᠠᠬᠤ ᠬᠡᠷᠡᠭᠲᠡᠢ᠄
(ᠨᠢᠭᠡ) ᠴᠢᠩᠭ᠎ᠠ ᠬᠣᠷᠢᠭᠯᠠᠵᠤ ᠵᠠᠬᠢᠷᠤᠨ ᠬᠠᠮᠢᠶᠠᠷᠬᠤ ᠣᠷᠣᠨ ᠪᠦᠰᠡ᠎ᠳᠤ ᠲᠠᠮᠠᠬᠢ ᠲᠠᠲᠠᠬᠤ᠂ ᠬᠦᠳᠡᠭᠡ ᠭᠠᠳᠠᠨ᠎ᠠ ᠬᠣᠭᠣᠯᠠᠯᠠᠬᠤ᠂ ᠴᠠᠭ᠋ᠠᠰᠤ ᠰᠢᠲᠠᠭ᠋ᠠᠬᠤ᠂ ᠬᠦᠵᠢ ᠠᠰᠠᠭ᠋ᠠᠬᠤ᠂ ᠲᠦᠯᠡᠰᠢ ᠰᠢᠲᠠᠭ᠋ᠠᠵᠤ ᠳᠤᠯᠠᠭ᠋ᠠᠯᠠᠬᠤ᠂ ᠬᠣᠭ ᠨᠣᠪᠰᠢ ᠰᠢᠲᠠᠭ᠋ᠠᠬᠤ ᠵᠢᠴᠢ ᠪᠤᠰᠤᠳ ᠦᠢ᠍ᠯᠡᠳᠪᠦᠷᠢᠯᠡᠯ᠎ᠤᠨ ᠪᠤᠰᠤ ᠬᠡᠷᠡᠭᠴᠡᠭᠡᠨ᠎ᠳᠤ ᠭᠠᠯ ᠬᠡᠷᠡᠭᠯᠡᠬᠦ ᠵᠢ ᠴᠢᠩᠭ᠎ᠠ ᠴᠠᠭ᠋ᠠᠵᠠᠯᠠᠨ᠎ᠠ᠃
(ᠬᠣᠶᠠᠷ) ᠴᠢᠩᠭ᠎ᠠ ᠬᠣᠷᠢᠭᠯᠠᠵᠤ ᠵᠠᠬᠢᠷᠤᠨ ᠬᠠᠮᠢᠶᠠᠷᠬᠤ ᠣᠷᠣᠨ ᠪᠦᠰᠡ᠎ᠳᠤ ᠦᠢ᠍ᠯᠡᠳᠪᠦᠷᠢᠯᠡᠯ᠎ᠤᠨ ᠬᠡᠷᠡᠭᠴᠡᠭᠡ᠎ᠪᠠᠷ ᠬᠦᠳᠡᠭᠡ ᠭᠠᠳᠠᠨ᠎ᠠ ᠭᠠᠯ ᠬᠡᠷᠡᠭᠯᠡᠬᠦ᠎ᠳᠤ᠎ᠪᠠᠨ ᠬᠢᠨᠠᠨ ᠵᠦᠪᠰᠢᠶᠡᠷᠡᠭᠦᠯᠬᠦ ᠳᠦᠷᠢᠮ᠎ᠢ ᠴᠢᠩᠭ᠎ᠠ ᠬᠡᠷᠡᠭᠵᠢᠭᠦᠯᠬᠦ ᠬᠡᠷᠡᠭᠲᠡᠢ᠂ ᠣᠨᠴᠠᠭ᠋ᠠᠢ ᠰᠢᠯᠲᠠᠭ᠋ᠠᠨ᠎ᠠᠴᠠ ᠪᠣᠯᠣᠭ᠋ᠠᠳ ᠬᠦᠳᠡᠭᠡ ᠭᠠᠳᠠᠨ᠎ᠠ ᠦᠢ᠍ᠯᠡᠳᠪᠦᠷᠢᠯᠡᠯ ᠠᠮᠢᠳᠤᠷᠠᠯ᠎ᠤᠨ ᠬᠡᠷᠡᠭᠴᠡᠭᠡ᠎ᠪᠠᠷ ᠦᠨᠡᠨ ᠬᠦ᠌ ᠭᠠᠯ ᠬᠡᠷᠡᠭᠯᠡᠬᠦ ᠴᠢᠬᠤᠯᠠᠲᠠᠢ ᠪᠣᠯ᠂ ᠡᠷᠬᠡᠪᠰᠢ ᠲᠤᠬᠠᠶ ᠵᠢᠨ ᠭᠠᠵᠠᠷ᠎ᠤᠨ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠬᠢᠨᠠᠨ ᠪᠠᠶ᠋ᠢᠴᠠᠭ᠋ᠠᠯᠭ᠋ᠠᠵᠤ ᠵᠥᠪᠰᠢᠶᠡᠷᠡᠭᠦᠯᠦᠭᠡᠳ ᠵᠢᠭ᠋ᠠᠨ ᠲᠣᠭᠲᠠᠭ᠋ᠠᠭᠰᠠᠨ ᠴᠠᠭ ᠬᠤᠭᠤᠴᠠᠭ᠎ᠠ᠂ ᠵᠢᠭ᠋ᠠᠨ ᠲᠣᠭᠲᠠᠭ᠋ᠠᠭᠰᠠᠨ ᠭᠠᠵᠠᠷ᠎ᠲᠤ ᠬᠠᠷᠢᠭᠤᠴᠠᠯᠭ᠎ᠠ ᠡᠭᠦᠷᠭᠡᠯᠡᠭᠴᠢ ᠵᠢ ᠲᠣᠳᠣᠷᠬᠠᠶ ᠲᠣᠭᠲᠠᠭ᠋ᠠᠭᠰᠠᠨ᠂ ᠰᠡᠷᠭᠡᠢ᠌ᠯᠡᠵᠦ ᠠᠪᠤᠷᠠᠬᠤ ᠪᠡᠯᠡᠳᠬᠡᠯ ᠠᠵᠢᠯ᠎ᠢ ᠰᠠᠶ᠋ᠢᠲᠤᠷ ᠬᠢᠭᠰᠡᠨ ᠤᠷᠢᠲᠠᠯ ᠳᠣᠣᠷ᠎ᠠ ᠵᠣᠬᠢᠶᠠᠨ ᠪᠠᠢ᠌ᠭᠤᠯᠵᠤ ᠬᠡᠷᠡᠭᠵᠢᠭᠦᠯᠬᠦ ᠬᠡᠷᠡᠭᠲᠡᠶ᠃
(ᠭᠤᠷᠪᠠ) ᠡᠯ᠎ᠡ ᠪᠠᠶ᠋ᠢᠴᠠᠭ᠋ᠠᠬᠤ ᠥᠷᠲᠡᠭᠡ᠂ ᠠᠵᠢᠭᠯᠠᠨ ᠪᠠᠷᠠᠯᠠᠬᠤ ᠲᠠᠶ᠋ᠢᠰᠠ᠂ ᠲᠣᠭᠣᠷᠢᠨ ᠴᠠᠭᠳᠠᠵᠤ ᠬᠠᠮᠠᠭ᠋ᠠᠯᠠᠬᠤ ᠠᠵᠢᠯ᠎ᠤᠨ ᠪᠠᠶ᠋ᠢᠷᠢ ᠵᠡᠷᠭᠡ᠎ᠨᠢ ᠪᠦᠬᠦᠯᠢ ᠡᠳᠦᠷ ᠵᠶ᠋ᠠᠷ ᠵᠢᠵᠢᠭᠦᠷᠯᠡᠨ ᠰᠠᠬᠢᠵᠤ᠂ 《ᠭᠠᠯ ᠰᠡᠷᠭᠡᠢ᠌ᠯᠡᠯᠲᠡ ᠵᠢᠨ ᠺᠣᠳ᠋》᠎ᠢ ᠪᠠᠶ᠋ᠢᠷᠢᠯᠠᠭᠤᠯᠤᠨ᠂ ᠴᠢᠩᠭ᠎ᠠ ᠬᠣᠷᠢᠭᠯᠠᠵᠤ ᠵᠠᠬᠢᠷᠤᠨ ᠬᠠᠮᠢᠶᠠᠷᠬᠤ ᠣᠷᠣᠨ ᠪᠦᠰᠡ᠎ᠳᠤ ᠣᠷᠣᠬᠤ ᠬᠥᠮᠦᠰ ᠪᠠ ᠲᠡᠷᠭᠡ ᠬᠥᠰᠬᠡ ᠵᠢ ᠴᠢᠩᠭ᠎ᠠ ᠵᠠᠬᠢᠷᠤᠨ ᠬᠠᠮᠢᠶᠠᠷᠴᠤ᠂ ᠭᠠᠯ᠎ᠤᠨ ᠡᠳ᠋ ᠬᠡᠷᠡᠭᠰᠡᠯ ᠪᠤᠶᠤ ᠨᠣᠴᠣᠮᠠᠲᠠᠭ᠋ᠠᠶ ᠳᠡᠯᠪᠡᠷᠡᠮᠡᠲᠡᠭᠡᠶ ᠡᠳ᠋ ᠪᠣᠳᠠᠰ᠎ᠢ ᠠᠪᠴᠤ ᠴᠢᠩᠭ᠎ᠠ ᠬᠣᠷᠢᠭᠯᠠᠵᠤ ᠵᠠᠬᠢᠷᠤᠨ ᠬᠠᠮᠢᠶᠠᠷᠬᠤ ᠣᠷᠣᠨ ᠪᠦᠰᠡ᠎ᠳᠤ ᠣᠷᠣᠬᠤ ᠵᠢ ᠴᠢᠩᠭ᠎ᠠ ᠴᠠᠭ᠋ᠠᠵᠠᠯᠠᠬᠤ ᠬᠡᠷᠡᠭᠲᠡᠶ᠃
ᠲᠠᠪᠤ᠂ ᠭᠠᠯ ᠲᠦᠢ᠍ᠮᠡᠷ᠎ᠤᠨ ᠠᠶᠤᠯ᠎ᠤᠨ ᠳᠠᠯᠳᠠ ᠭᠡᠮ᠎ᠢ ᠠᠷᠢᠯᠭ᠋ᠠᠬᠤ ᠬᠡᠷᠡᠭᠲᠡᠶ
ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ᠎ᠨᠢ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠨ᠂ ᠣᠶ ᠰᠢᠭᠤᠶ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠢ ᠰᠡᠷᠭᠡᠢ᠌ᠯᠡᠵᠦ ᠤᠨᠲᠠᠷᠠᠭ᠋ᠠᠬᠤ ᠵᠢ ᠰᠢᠮᠳᠠᠭᠤᠯᠤᠨ ᠵᠢᠯᠣᠭᠣᠳᠴᠤ ᠪᠠᠶ᠋ᠢᠴᠠᠭ᠋ᠠᠬᠤ ᠪᠠ ᠳᠠᠯᠳᠠ ᠭᠡᠮ᠎ᠢ ᠵᠢᠭᠰᠠᠭ᠋ᠠᠨ ᠪᠠᠶ᠋ᠢᠴᠠᠭ᠋ᠠᠬᠤ᠎ᠪᠠᠨ ᠪᠠᠶ᠋ᠢᠩᠭᠤᠵᠢᠭᠤᠯᠤᠨ ᠵᠣᠬᠢᠶᠠᠨ ᠪᠠᠶ᠋ᠢᠭᠤᠯᠵᠤ ᠥᠷᠨᠢᠭᠦᠯᠦᠨ᠂ ᠵᠠᠩᠭᠢᠯᠠᠭ᠎ᠠ ᠪᠣᠯᠬᠤ ᠴᠢᠬᠤᠯᠠ ᠠᠰᠠᠭᠤᠳᠠᠯ᠎ᠢ ᠨᠡᠷ᠎ᠡ ᠵᠢᠭ᠋ᠠᠵᠤ ᠰᠢᠮᠳᠠᠭᠤᠯᠤᠨ ᠭᠦᠢ᠍ᠴᠡᠳᠭᠡᠯᠭᠡᠬᠦ ᠬᠡᠷᠡᠭᠲᠡᠶ; ᠭᠤᠤᠯᠳᠠᠯᠭ᠎ᠠ ᠪᠣᠯᠬᠤ ᠣᠷᠣᠨ ᠪᠦᠰᠡ ᠵᠢᠨ ᠣᠶ ᠵᠢᠨ ᠬᠣᠷᠮᠣᠶ᠎ᠳᠠᠬᠢ ᠰᠢᠲᠠᠮᠠᠬᠠᠶ ᠡᠳ᠋᠎ᠢ ᠴᠡᠪᠡᠷᠯᠡᠨ ᠠᠷᠢᠯᠭ᠋ᠠᠬᠤ᠎ᠪᠠᠨ ᠴᠢᠩᠭ᠋ᠠᠳᠬᠠᠵᠤ᠂ ᠲᠠᠷᠠᠬᠠᠶ ᠪᠠᠢ᠌ᠭ᠎ᠠ ᠣᠩᠭᠣᠨ ᠪᠣᠯᠠᠰᠢ ᠵᠢ ᠰᠢᠯᠵᠢᠭᠦᠯᠬᠦ ᠪᠠ ᠲᠥᠪᠯᠡᠷᠡᠭᠦᠯᠦᠨ ᠬᠠᠮᠢᠶᠠᠷᠬᠤ ᠵᠢ ᠢᠳᠡᠪᠬᠢᠲᠡᠶ ᠠᠬᠢᠭᠤᠯᠵᠤ ᠬᠥᠲᠥᠯᠥᠨ ᠵᠢᠯᠣᠭᠣᠳᠴᠤ᠂ ᠠᠭᠤᠯᠠ᠂ ᠭᠤᠤ ᠰᠤᠪᠠᠭ᠂ ᠭᠣᠣᠯ᠎ᠤᠨ ᠲᠣᠬᠣᠢ ᠵᠢ ᠠᠷᠢᠯᠭ᠋ᠠᠨ ᠴᠡᠪᠡᠷᠯᠡᠬᠦ ᠠᠵᠢᠯ ᠵᠶ᠋ᠠᠨ ᠴᠠᠭ ᠲᠤᠬᠠᠶ᠎ᠳᠤᠨᠢ ᠵᠣᠬᠢᠶᠠᠨ ᠪᠠᠢ᠌ᠭᠤᠯᠵᠤ ᠥᠷᠨᠢᠭᠦᠯᠬᠦ ᠬᠡᠷᠡᠭᠲᠡᠶ᠃ ᠠᠰᠠᠭᠤᠳᠠᠯ᠎ᠢ ᠣᠯᠵᠤ ᠮᠡᠳᠡᠭᠰᠡᠨ ᠪᠠᠶ᠋ᠢᠲᠠᠯ᠎ᠠ ᠴᠡᠭᠴᠡᠯᠡᠨ ᠰᠠᠶ᠋ᠢᠵᠢᠷᠠᠭᠤᠯᠬᠤ ᠵᠢ ᠲᠡᠪᠴᠢᠭᠰᠡᠨ ᠵᠢᠴᠢ ᠬᠠᠮᠢᠶᠠᠷᠤᠯᠲᠠ ᠵᠢ ᠥᠯᠥ ᠳᠠᠭ᠋ᠠᠭᠰᠠᠨ ᠪᠤᠶᠤ ᠵᠣᠷᠢᠭᠤᠳᠠ ᠵᠦᠷᠢᠴᠡᠭᠰᠡᠳ᠎ᠢ ᠲᠣᠭᠲᠠᠭ᠋ᠠᠯ ᠰᠠᠬᠢᠯᠭ᠎ᠠ ᠬᠠᠤᠯᠢ ᠶᠣᠰᠣᠭ᠋ᠠᠷ ᠴᠢᠩᠭ᠎ᠠ ᠰᠢᠢ᠍ᠳᠪᠦᠷᠢᠯᠡᠬᠦ ᠬᠡᠷᠡᠭᠲᠡᠢ᠃
ᠵᠢᠷᠭᠤᠭ᠎ᠠ᠂ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ᠎ᠪᠠᠨ ᠴᠢᠩᠭ᠋ᠠᠷᠠᠭᠤᠯᠬᠤ ᠬᠡᠷᠡᠭᠲᠡᠶ
ᠡᠯ᠎ᠡ ᠱᠠᠲᠤᠨ᠎ᠤ ᠣᠶ ᠰᠢᠭᠤᠶ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠢ ᠰᠡᠷᠭᠡᠢ᠌ᠯᠡᠵᠦ ᠤᠨᠲᠠᠷᠠᠭ᠋ᠠᠬᠤ ᠰᠠᠯᠠᠭ᠎ᠠ ᠮᠥᠴᠢᠷ ᠪᠠ ᠬᠠᠷᠢᠭᠤᠴᠠᠯᠭ᠋ᠠᠲᠤ ᠨᠢᠭᠡᠴᠢ᠎ᠨᠢ 24 ᠴᠠᠭ ᠵᠶ᠋ᠠᠷ ᠵᠢᠵᠢᠭᠦᠷᠯᠡᠬᠦ᠂ ᠤᠳᠤᠷᠢᠳᠤᠯᠭ᠎ᠠ ᠨᠠᠷ ᠳᠠᠭ᠋ᠠᠭᠤᠯᠤᠨ ᠵᠢᠵᠢᠭᠦᠷᠯᠡᠬᠦ᠂ ᠭᠠᠯ ᠲᠦᠢ᠍ᠮᠡᠷ᠎ᠤᠨ ᠪᠠᠶ᠋ᠢᠳᠠᠯ᠎ᠤᠨ ᠮᠡᠳᠡᠭᠡ ᠵᠠᠩᠭᠢ ᠵᠢ 《ᠰᠢᠰᠲ᠋ᠧᠮᠵᠢᠭᠦᠯᠦᠨ ᠮᠡᠳᠡᠭᠦᠯᠬᠦ》 《ᠭᠠᠯ ᠲᠦᠢ᠍ᠮᠡᠷ ᠭᠠᠷᠪᠠᠯ ᠵᠠᠪᠠᠯ ᠮᠡᠳᠡᠭᠦᠯᠬᠦ》 ᠪᠠ ᠴᠢᠬᠤᠯᠠ ᠴᠠᠭ ᠬᠤᠭᠤᠴᠠᠭ᠋ᠠᠨ᠎ᠳᠤ 《ᠡᠳᠦᠷ᠎ᠤᠨ ᠮᠡᠳᠡᠭᠦᠯᠦᠯᠲᠡ》 《ᠭᠠᠯ ᠲᠦᠢ᠍ᠮᠡᠷ ᠥᠬᠡᠶ ᠵᠢᠨ ᠮᠡᠳᠡᠭᠦᠯᠦᠯᠲᠡ》 ᠵᠢᠨ ᠲᠦᠷᠢᠮ᠎ᠢ ᠴᠢᠩᠭ᠎ᠠ ᠬᠡᠷᠡᠭᠵᠢᠭᠦᠯᠵᠦ᠂ ᠨᠢᠭᠤᠭ᠋ᠠᠳ ᠦᠯᠦ ᠮᠡᠳᠡᠭᠦᠯᠬᠦ᠂ ᠬᠣᠵᠢᠭᠤ ᠮᠡᠳᠡᠭᠦᠯᠬᠦ ᠵᠡᠷᠭᠡ ᠦᠢ᠍ᠯᠡ ᠠᠵᠢᠯᠯᠠᠭ᠎ᠠ ᠵᠢ ᠲᠣᠭᠲᠠᠭ᠋ᠠᠯ ᠰᠠᠬᠢᠯᠭ᠎ᠠ ᠬᠠᠤᠯᠢ ᠶᠣᠰᠣᠭ᠋ᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ ᠬᠠᠷᠢᠭᠤᠴᠠᠯᠭ᠎ᠠ ᠬᠡᠯᠡᠯᠴᠡᠬᠦ ᠬᠡᠷᠡᠭᠲᠡᠶ᠃ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ᠎ᠨᠢ ᠭᠠᠯ ᠲᠦᠢ᠍ᠮᠡᠷ᠎ᠤᠨ ᠪᠠᠶ᠋ᠢᠳᠠᠯ᠎ᠢ ᠨᠢᠭᠲᠠ ᠬᠢᠨᠠᠨ ᠠᠵᠢᠭᠯᠠᠵᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠭᠡᠯ ᠲᠥᠰᠦᠯ ᠵᠶ᠋ᠠᠨ ᠲᠡᠭᠦᠯᠳᠡᠷᠵᠢᠭᠦᠯᠦᠨ᠂ ᠡᠩᠨᠡᠭᠡᠨ᠎ᠤ ᠪᠠᠶ᠋ᠢᠷᠢᠯᠠᠭᠤᠯᠤᠯᠲᠠ᠎ᠪᠠᠨ ᠰᠢᠯᠢᠳᠡᠭᠵᠢᠭᠦᠯᠵᠦ᠂ ᠶᠡᠷᠦᠩᠬᠡᠶ᠋ᠢᠯᠡᠭᠰᠡᠨ ᠪᠠᠲᠤᠯᠠᠭ᠎ᠠ᠎ᠪᠠᠨ ᠴᠢᠩᠭ᠋ᠠᠳᠬᠠᠨ᠂ ᠭᠡᠨᠡᠳᠲᠡ ᠡᠭᠦᠰᠦᠭᠰᠡᠨ ᠭᠠᠯ ᠲᠦᠢ᠍ᠮᠡᠷ᠎ᠤᠨ ᠪᠠᠶ᠋ᠢᠳᠠᠯ᠎ᠢ ᠪᠤᠰᠢᠭᠤ ᠲᠦᠷᠭᠡᠨ ᠤᠨᠲᠠᠷᠠᠭ᠋ᠠᠵᠤ᠂ ᠥᠨᠳᠥᠷ ᠪᠦᠲᠦᠮᠵᠢᠲᠡᠶ ᠰᠢᠢ᠍ᠳᠪᠦᠷᠢᠯᠡᠨ᠂ 《ᠡᠷᠲᠡ᠎ᠠᠴᠠ᠂ ᠪᠠᠭ᠎ᠠ ᠳᠡᠭᠡᠷ᠎ᠡ᠎ᠨᠢ᠂ ᠤᠨᠲᠠᠷᠠᠭ᠋ᠠᠭᠰᠠᠨ》 ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃
ᠳᠣᠯᠣᠭ᠎ᠠ᠂ ᠭᠠᠯ ᠲᠦᠢ᠍ᠮᠡᠷ ᠤᠨᠲᠠᠷᠠᠭ᠋ᠠᠬᠤ᠎ᠳᠤ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠶ
ᠣᠶ ᠰᠢᠭᠤᠶ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠢ ᠤᠨᠲᠠᠷᠠᠭ᠋ᠠᠵᠤ ᠠᠶᠤᠯ᠎ᠠᠴᠠ ᠠᠪᠤᠷᠠᠬᠤ ᠠᠵᠢᠯ᠎ᠳᠤ ᠬᠠᠷᠢᠶᠠᠯᠠᠭᠳᠠᠬᠤ ᠭᠠᠵᠠᠷ ᠵᠶ᠋ᠠᠷ᠎ᠨᠢ ᠭᠣᠣᠯ ᠪᠣᠯᠭ᠋ᠠᠬᠤ ᠵᠠᠷᠴᠢᠮ᠎ᠢ ᠪᠠᠷᠢᠮᠲᠠᠯᠠᠨ᠂ ᠵᠢᠯᠣᠭᠣᠳᠬᠤ ᠭᠠᠵᠠᠷ᠎ᠤᠨ ᠡᠷᠬᠡ ᠰᠦᠷ᠎ᠢ ᠪᠣᠢ ᠪᠣᠯᠭ᠋ᠠᠵᠤ᠂ ᠨᠢᠭᠡᠳᠦᠯᠲᠡᠶ ᠵᠢᠯᠣᠭᠣᠳᠤᠨ᠂ ᠰᠢᠨᠵᠢᠯᠡᠬᠦ ᠤᠬᠠᠭ᠋ᠠᠨᠴᠢ᠎ᠪᠠᠷ ᠤᠨᠲᠠᠷᠠᠭ᠋ᠠᠵᠤ ᠠᠪᠤᠷᠠᠬᠤ ᠬᠡᠷᠡᠭᠲᠡᠶ᠃ ᠠᠮᠢ ᠨᠠᠰᠤ ᠵᠢ ᠳᠡᠭᠡᠳᠦᠯᠡᠬᠦ᠂ ᠠᠮᠤᠷ ᠲᠦᠪᠰᠢᠨ᠎ᠢ ᠲᠡᠷᠢᠭᠦᠨ᠎ᠳᠤ ᠪᠠᠢ᠌ᠯᠭ᠋ᠠᠬᠤ ᠣᠨᠣᠯᠵᠢᠬᠤᠨ᠎ᠢ ᠪᠠᠲᠤ ᠪᠣᠶ ᠪᠣᠯᠭ᠋ᠠᠵᠤ᠂ ᠲᠤᠰᠬᠠᠶ ᠮᠡᠷᠭᠡᠵᠢᠯ᠎ᠤᠨ ᠵᠢᠯᠣᠭᠣᠳᠣᠯᠭ᠎ᠠ᠎ᠲᠠᠢ᠂ ᠲᠤᠰᠬᠠᠶ᠋ᠢᠵᠢᠭᠰᠠᠨ ᠭᠠᠯ ᠤᠨᠲᠠᠷᠠᠭ᠋ᠠᠬᠤ ᠵᠠᠮ ᠵᠶ᠋ᠠᠷ ᠵᠠᠮᠨᠠᠵᠤ᠂ ᠭᠠᠯ ᠲᠦᠢ᠍ᠮᠡᠷ ᠤᠨᠲᠠᠷᠠᠭ᠋ᠠᠬᠤ ᠠᠵᠢᠯ᠎ᠳᠤ ᠣᠯᠠᠨ ᠲᠦᠮᠡᠨ᠎ᠤ ᠰᠢᠭᠤᠳ ᠣᠷᠣᠯᠴᠠᠬᠤ ᠵᠢ᠎ᠨᠢ ᠡᠷᠡᠰ ᠵᠠᠢ᠌ᠯᠠᠭᠤᠯᠵᠤ᠂ ᠨᠠᠰᠤᠲᠠᠶ᠋ᠢᠴᠤᠳ᠂ ᠨᠠᠰᠤᠨ᠎ᠳᠤ ᠥᠯᠥ ᠬᠦᠷᠦᠭᠰᠡᠳ᠂ ᠰᠤᠷᠤᠭᠴᠢᠳ ᠵᠡᠷᠭᠡ ᠭᠠᠯ ᠲᠦᠢ᠍ᠮᠡᠷ ᠤᠨᠲᠠᠷᠠᠭ᠋ᠠᠬᠤ᠎ᠳᠤ ᠣᠷᠣᠯᠴᠠᠬᠤ ᠵᠢ ᠬᠣᠷᠢᠭᠯᠠᠵᠤ᠂ ᠬᠥᠮᠦᠨ ᠬᠠᠷ᠎ᠠ ᠡᠨᠳᠡᠵᠦ ᠰᠢᠷᠬᠠᠲᠤᠬᠤ ᠡᠨᠳᠡᠯ ᠬᠡᠷᠡᠭ ᠭᠠᠷᠬᠤ ᠵᠢ ᠴᠢᠩᠭ᠎ᠠ ᠰᠡᠷᠭᠡᠶ᠋ᠢᠯᠡᠬᠦ ᠬᠡᠷᠡᠭᠲᠡᠶ᠃
ᠨᠠᠢ᠍ᠮᠠ᠂ ᠴᠢᠩᠭ᠎ᠠ ᠰᠢᠮᠳᠠᠭᠤᠯᠤᠨ ᠵᠢᠯᠣᠭᠣᠳᠴᠤ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ
ᠣᠶ ᠰᠢᠭᠤᠶ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠤᠨ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠬᠦ ᠡᠷᠴᠢᠮ ᠵᠶ᠋ᠠᠨ ᠴᠢᠩᠭ᠋ᠠᠷᠠᠭᠤᠯᠤᠨ᠂ ᠬᠡᠷᠡᠭ ᠨᠢᠭᠡᠪᠦᠷᠢ ᠵᠢ ᠵᠠᠪᠠᠯ ᠪᠠᠶ᠋ᠢᠴᠠᠭ᠋ᠠᠵᠤ᠂ ᠬᠡᠷᠡᠭ ᠨᠢᠭᠡᠪᠦᠷᠢ᠎ᠠᠴᠠ ᠵᠠᠪᠠᠯ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ ᠰᠠᠬᠢᠯᠭ᠎ᠠ ᠪᠠᠲᠤ ᠵᠢ ᠬᠡᠷᠡᠭᠵᠢᠭᠦᠯᠦᠨ ᠬᠠᠷᠢᠭᠤᠴᠠᠯᠭ᠎ᠠ ᠨᠡᠬᠡᠮᠵᠢᠯᠡᠬᠦ ᠡᠷᠴᠢᠮ᠎ᠢ ᠴᠢᠩᠭ᠋ᠠᠷᠠᠭᠤᠯᠵᠤ᠂ ᠣᠶ ᠰᠢᠭᠤᠶ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠢ ᠰᠡᠷᠭᠡᠢ᠌ᠯᠡᠵᠦ ᠤᠨᠲᠠᠷᠠᠭ᠋ᠠᠬᠤ ᠬᠠᠷᠢᠭᠤᠴᠠᠯᠭ᠎ᠠ᠎ᠪᠠᠨ ᠥᠯᠥ ᠨᠠᠢ᠌ᠳᠠᠪᠤᠷᠢᠵᠢᠭᠤᠯᠤᠭᠰᠠᠨ ᠪᠤᠶᠤ ᠪᠤᠲᠠᠲᠠᠢ᠌ᠵᠢᠭᠤᠯᠵᠤ ᠨᠠᠶ᠋ᠢᠳᠠᠪᠤᠷᠢᠵᠢᠭᠤᠯᠤᠭᠰᠠᠨ ᠥᠬᠡᠶ᠎ᠠᠴᠠ ᠪᠣᠯᠵᠣ᠂ ᠬᠦᠨᠳᠦ ᠣᠨᠴᠠ ᠶᠡᠬᠡ ᠭᠠᠯ ᠲᠦᠢ᠍ᠮᠡᠷ ᠭᠠᠷᠤᠭᠰᠠᠨ ᠪᠤᠶᠤ ᠬᠥᠮᠦᠨ ᠬᠠᠷ᠎ᠠ ᠡᠨᠳᠡᠵᠦ ᠰᠢᠷᠬᠠᠲᠤᠭᠰᠠᠨ ᠡᠨᠳᠡᠯ ᠬᠡᠷᠡᠭ ᠭᠠᠷᠤᠭᠰᠠᠨ ᠭᠠᠵᠠᠷ ᠣᠷᠣᠨ᠂ ᠨᠢᠭᠡᠴᠢ ᠪᠠ ᠬᠠᠷᠢᠭᠤᠴᠠᠯᠭ᠎ᠠ᠎ᠲᠠᠢ ᠬᠦᠮᠦᠰ᠎ᠠᠴᠠ ᠲᠣᠭᠲᠠᠭ᠋ᠠᠯ ᠰᠠᠬᠢᠯᠭ᠎ᠠ ᠬᠠᠤᠯᠢ ᠶᠣᠰᠣᠭ᠋ᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃
ᠶᠢᠰᠦ᠂ ᠤᠬᠠᠭᠤᠯᠭ᠎ᠠ ᠬᠥᠮᠦᠵᠢᠯ᠎ᠢ ᠴᠢᠩᠭ᠋ᠠᠳᠬᠠᠬᠤ ᠬᠡᠷᠡᠭᠲᠡᠶ
ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ᠎ᠨᠢ ᠣᠯᠠᠨ ᠵᠦᠢ᠍ᠯ᠎ᠤᠨ ᠬᠡᠯᠪᠡᠷᠢ ᠮᠠᠶᠢᠭ᠎ᠢ ᠬᠡᠷᠡᠭᠯᠡᠨ᠂ ᠣᠶ ᠰᠢᠭᠤᠶ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠢ ᠰᠡᠷᠭᠡᠢ᠌ᠯᠡᠵᠦ ᠤᠨᠲᠠᠷᠠᠭ᠋ᠠᠬᠤ ᠠᠵᠢᠯ᠎ᠤᠨ ᠤᠬᠠᠭᠤᠯᠭ᠎ᠠ ᠬᠥᠮᠦᠵᠢᠯ᠎ᠢ ᠥᠷᠭᠡᠨ ᠳᠡᠯᠭᠡᠷ ᠥᠷᠨᠢᠭᠦᠯᠵᠦ᠂ ᠣᠯᠠᠨ ᠨᠡᠶ᠋ᠢᠲᠡ ᠵᠢᠨ ᠬᠠᠷᠢᠭᠤᠴᠠᠯᠭ᠎ᠠ ᠵᠢᠨ ᠦᠵᠡᠯ ᠤᠬᠠᠮᠰᠠᠷ᠂ ᠠᠮᠤᠷ ᠲᠦᠪᠰᠢᠨ᠎ᠤ ᠦᠵᠡᠯ ᠤᠬᠠᠮᠰᠠᠷ ᠪᠠ ᠬᠠᠤᠯᠢ᠎ᠪᠠᠷ ᠵᠠᠰᠠᠬᠤ ᠦᠵᠡᠯ ᠤᠬᠠᠮᠰᠠᠷ᠎ᠢ ᠴᠢᠩᠭ᠋ᠠᠷᠠᠭᠤᠯᠤᠨ᠂ ᠣᠯᠠᠨ ᠨᠡᠶ᠋ᠢᠲᠡ ᠵᠢᠨ ᠭᠠᠯ ᠲᠦᠢ᠍ᠮᠡᠷ᠎ᠢ ᠰᠡᠷᠭᠡᠶ᠋ᠢᠯᠡᠬᠦ᠂ ᠠᠶᠤᠯ᠎ᠠᠴᠠ ᠵᠠᠶ᠋ᠢᠯᠠᠬᠤ᠂ ᠥᠪᠡᠷ᠎ᠢ᠎ᠪᠠᠨ ᠠᠪᠤᠷᠠᠬᠤ᠂ ᠬᠠᠷᠢᠯᠴᠠᠨ ᠲᠤᠰᠠᠯᠠᠯᠴᠠᠵᠤ ᠠᠪᠤᠷᠠᠬᠤ ᠪᠠ ᠠᠶᠤᠯ ᠭᠠᠮᠰᠢᠭ᠎ᠢ ᠪᠠᠭ᠋ᠠᠰᠬᠠᠬᠤ ᠴᠢᠳᠠᠪᠤᠷᠢ ᠵᠢ᠎ᠨᠢ ᠳᠡᠭᠡᠭᠰᠢᠯᠡᠭᠦᠯᠵᠦ᠂ ᠭᠠᠯ ᠲᠦᠢ᠍ᠮᠡᠷ ᠭᠠᠷᠤᠭᠰᠠᠨ ᠠᠶᠤᠯ ᠭᠠᠮᠰᠢᠭ ᠪᠣᠯᠬᠤ ᠦᠭᠡᠶ᠂ ᠭᠠᠯ ᠲᠦᠢ᠍ᠮᠡᠷ ᠭᠠᠷᠤᠭᠰᠠᠨ ᠴᠦ᠍ ᠡᠨᠳᠡᠵᠦ ᠰᠢᠷᠬᠠᠳᠤᠭᠰᠠᠨ ᠦᠭᠡᠶ ᠪᠠᠢ᠌ᠯᠭ᠋ᠠᠬᠤ ᠬᠡᠷᠡᠭᠲᠡᠶ᠃
2022 ᠣᠨ᠎ᠤ 3 ᠳ᠋ᠤᠭ᠋ᠠᠷ ᠰᠠᠷ᠎ᠠ ᠵᠢᠨ 17᠎ᠤ ᠡᠳᠦᠷ
(ᠲᠤᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2022 ᠣᠨ᠎ᠤ 3 ᠳ᠋ᠤᠭ᠋ᠠᠷ ᠰᠠᠷ᠎ᠠ ᠵᠢᠨ 17᠎ᠤ ᠡᠳᠦᠷ ᠳᠠᠷᠤᠮᠠᠯᠯᠠᠪᠠ