2022 ᠣᠨ᠎ᠤ ᠥᠪᠡᠷᠲᠡᠭᠡᠨ ᠵᠠᠰᠠᠬᠤ ᠣᠷᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠲᠥᠯᠥᠪᠯᠡᠭᠡ ᠵᠢ ᠪᠠᠭᠤᠯᠭ᠋ᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
2022-06-15

                  ᠦᠪᠣᠷ ᠮᠣᠩᠭᠣᠯ᠎ᠤᠨ ᠦᠪᠡᠷᠲᠡᠭᠡᠨ ᠵᠠᠰᠠᠬᠣ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠢᠴᠢᠭ ᠮᠠᠲ᠋ᠧᠷᠢᠶᠠᠯ
                                ᠦᠪᠦᠷ ᠵᠠᠰᠠᠭ ᠲᠠᠷᠬᠠᠭ᠋ᠠᠭᠰᠠᠨ [2022] 1 ᠳ᠋ᠦ᠍ᠭᠡᠷ ᠲᠣᠭ᠋ᠠᠲᠤ


        2022 ᠣᠨ᠎ᠤ ᠥᠪᠡᠷᠲᠡᠭᠡᠨ ᠵᠠᠰᠠᠬᠤ ᠣᠷᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ

    ᠲᠥᠯᠥᠪᠯᠡᠭᠡ ᠵᠢ ᠪᠠᠭᠤᠯᠭ᠋ᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ


      ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠤᠷᠳᠤᠨ᠂ ᠡᠯ᠎ᠡ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠂ ᠦᠪᠡᠷᠲᠡᠭᠡᠨ ᠵᠠᠰᠠᠬᠤ ᠤᠷᠤᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠢ᠌ᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
      《2022 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠲᠥᠯᠥᠪᠯᠡᠭᠡ》 ᠵᠢ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠵᠢᠷᠭᠤᠳᠤᠭ᠋ᠠᠷ ᠬᠤᠷᠠᠯᠳᠤᠭ᠋ᠠᠨ ᠵᠶ᠋ᠠᠷ ᠬᠢᠨᠠᠨ ᠵᠥᠪᠯᠡᠵᠦ ᠪᠠᠲᠤᠯᠠᠭ᠋ᠠᠳ᠂ ᠡᠳᠦᠭᠡ ᠪᠠᠭᠤᠯᠭ᠋ᠠᠨ ᠶᠠᠪᠤᠭᠤᠯᠪᠠ᠂ ᠪᠣᠳᠠᠲᠠᠶ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠶ ᠲᠤᠭᠤᠰᠢᠯᠠᠭᠤᠯᠤᠨ ᠬᠡᠷᠡᠭᠵᠢᠭᠦᠯᠲᠦᠭᠡᠶ᠃
                                                         2022 ᠣᠨ᠎ᠤ 1 ᠳ᠋ᠦ᠍ᠭᠡᠷ ᠰᠠᠷ᠎ᠠ ᠵᠢᠨ 29᠎ᠤ ᠡᠳᠦᠷ
                                                          (ᠲᠤᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)


2022 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠲᠥᠯᠥᠪᠯᠡᠭᠡ
     

      2022 ᠣᠨ᠎ᠳᠤ ᠨᠠᠮ᠎ᠤᠨ ᠬᠣᠷᠢᠳᠤᠭ᠋ᠠᠷ ᠶᠡᠬᠡ ᠬᠤᠷᠠᠯ᠎ᠢ ᠬᠤᠷᠠᠯᠳᠣᠬᠣ ᠪᠣᠯᠣᠨ᠎ᠠ᠂ ᠡᠨᠡ ᠪᠣᠯ ᠨᠠᠮ ᠪᠠ ᠤᠯᠤᠰ᠎ᠤᠨ ᠤᠯᠤᠰ ᠲᠦᠷᠦ ᠵᠢᠨ ᠠᠮᠢᠳᠤᠷᠠᠯ᠎ᠳᠠᠬᠢ ᠶᠡᠬᠡ ᠶᠠᠪᠤᠳᠠᠯ ᠪᠣᠯᠬᠣᠷ᠂ ᠲᠣᠭᠲᠠᠭᠤᠨ ᠮᠥᠷᠲᠡᠭᠡᠨ ᠡᠷᠡᠭᠦᠯ ᠠᠵᠤ ᠠᠬᠤᠢ ᠵᠢᠨ ᠣᠷᠴᠢᠨ ᠲᠣᠭᠣᠷᠢᠨ᠂ ᠲᠦᠷᠦ ᠲᠦᠪᠰᠢᠨ ᠠᠷᠠᠳ ᠠᠮᠤᠭᠤᠯᠠᠩ ᠨᠡᠶ᠋ᠢᠭᠡᠮ᠎ᠤᠨ ᠣᠷᠴᠢᠨ ᠲᠣᠭᠣᠷᠢᠨ᠂ ᠣᠪᠣᠷ ᠰᠤᠷᠲᠠᠯ ᠲᠥᠪ ᠴᠢᠬᠡᠴᠢ ᠤᠯᠤᠰ ᠲᠦᠷᠦ ᠵᠢᠨ ᠣᠷᠴᠢᠨ ᠲᠣᠭᠣᠷᠢᠨ᠎ᠢ ᠪᠠᠲᠤᠯᠠᠬᠤ᠎ᠨᠢ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠃ 2022 ᠣᠨ᠎ᠤ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠠᠵᠢᠯ᠎ᠢ ᠰᠠᠶ᠋ᠢᠲᠤᠷ ᠬᠢᠬᠦ᠎ᠳᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭ᠋ᠠᠨ᠎ᠤ ᠬᠣᠷᠢᠶᠠᠨ᠎ᠤ ᠤᠳᠠᠭ᠎ᠠ ᠪᠦᠷᠢ ᠵᠢᠨ ᠪᠦᠬᠦᠳᠡ ᠬᠤᠷᠠᠯ᠎ᠤᠨ ᠵᠣᠷᠢᠭ ᠰᠠᠨᠠᠭ᠎ᠠ᠂ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ ᠵᠢᠨ ᠨᠠᠮ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠨᠠᠮ ᠪᠠᠶ᠋ᠢᠭᠤᠯᠬᠤ ᠠᠭᠤᠤ ᠶᠡᠬᠡ ᠵᠣᠷᠢᠭ ᠰᠠᠨᠠᠭ᠎ᠠ ᠵᠢ ᠪᠠᠳᠠᠷᠠᠭᠤᠯᠤᠨ᠂ ᠲᠣᠭᠲᠠᠭᠤᠨ᠎ᠤ ᠳᠠᠭ᠋ᠠᠤ ᠤᠷᠤᠭᠰᠢᠯᠠᠬᠤ ᠠᠵᠢᠯ᠎ᠤᠨ ᠶᠡᠷᠦᠩᠬᠡᠢ ᠦᠨᠳᠦᠰᠦᠨ ᠰᠠᠨᠠᠭ᠎ᠠ ᠵᠢ ᠪᠠᠷᠢᠮᠲᠠᠯᠠᠵᠤ᠂ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠪᠦᠷᠢᠨ ᠲᠡᠭᠦᠯᠳᠡᠷ᠂ ᠵᠥᠪ ᠣᠨᠣᠪᠴᠢᠲᠠᠶ᠂ ᠪᠦᠬᠦ ᠲᠠᠯ᠎ᠠ᠎ᠪᠠᠷ ᠲᠤᠭᠤᠰᠢᠯᠠᠭᠤᠯᠤᠨ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠳᠤ ᠢᠳᠡᠪᠬᠢᠲᠡᠶ ᠦᠢ᠍ᠯᠡᠴᠢᠯᠡᠬᠦ ᠪᠠ ᠠᠭᠤᠰᠤᠯᠴᠠᠵᠤ᠂ ᠥᠭᠡᠷᠡᠴᠢᠯᠡᠯᠲᠡ ᠨᠡᠭᠡᠭᠡᠯᠲᠡ ᠵᠢ ᠪᠦᠬᠦ ᠲᠠᠯ᠎ᠠ᠎ᠪᠠᠷ ᠭᠦᠨᠵᠡᠭᠡᠢ᠌ᠷᠡᠭᠦᠯᠦᠨ᠂ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠬᠥᠭᠵᠢᠯᠲᠡ ᠵᠢ ᠪᠠᠷᠢᠮᠲᠠᠯᠠᠵᠤ᠂ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ᠎ᠪᠠᠷ ᠭᠣᠣᠯ ᠰᠢᠵᠢᠮ ᠪᠣᠯᠭ᠋ᠠᠬᠤ ᠵᠢ ᠪᠠᠷᠢᠮᠲᠠᠯᠠᠨ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢ ᠨᠢᠭᠡᠳᠦᠯᠲᠡᠢ ᠲᠥᠯᠥᠪᠯᠡᠵᠦ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠶ ᠲᠥᠯᠥᠪᠯᠡᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠴᠥᠬᠥᠷᠡᠰᠢ ᠦᠭᠡᠢ ᠪᠠᠲᠤ ᠪᠡᠬᠢᠵᠢᠭᠦᠯᠵᠦ᠂ ᠠᠮᠢ ᠠᠬᠤᠶ ᠵᠢ ᠤᠷᠢᠳ ᠵᠶ᠋ᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠶ᠋ᠢᠲᠠᠢ ᠬᠥᠭᠵᠢᠯᠲᠡ ᠵᠢᠨ ᠰᠢᠨ᠎ᠡ ᠵᠠᠮ ᠵᠶ᠋ᠠᠷ ᠭᠤᠶ᠋ᠢᠪᠢᠰᠢ ᠦᠭᠡᠢ ᠵᠠᠮᠨᠠᠨ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ ᠭᠠᠵᠠᠷ》᠂ 《ᠨᠢᠭᠡ ᠬᠥᠭᠥᠷᠭᠡᠨ ᠪᠡᠬᠢᠯᠡᠯᠲᠡ》 ᠵᠢ ᠲᠦᠷᠭᠡᠳᠬᠡᠨ ᠪᠠᠢ᠌ᠭᠤᠯᠵᠤ᠂

《ᠵᠢᠷᠭᠤᠭ᠎ᠠ ᠵᠢ ᠲᠣᠭᠲᠠᠪᠤᠷᠢᠵᠢᠭᠤᠯᠬᠤ》 《ᠵᠢᠷᠭᠤᠭ᠎ᠠ ᠵᠢ ᠪᠠᠲᠤᠯᠠᠬᠤ》 ᠠᠵᠢᠯ᠎ᠢ ᠦᠷᠭᠦᠯᠵᠢᠯᠡᠨ ᠰᠠᠶ᠋ᠢᠲᠤᠷ ᠬᠢᠵᠦ᠂ ᠠᠷᠠᠳ᠎ᠤᠨ ᠠᠮᠢᠳᠤᠷᠠᠯ᠎ᠢ ᠬᠦᠴᠦᠯᠡᠨ ᠪᠠᠲᠤᠯᠠᠵᠤ ᠰᠠᠢ᠌ᠵᠢᠷᠠᠭᠤᠯᠤᠨ᠂ ᠠᠵᠤ ᠠᠬᠤᠢ ᠵᠢᠨ ᠠᠵᠢᠯᠯᠠᠭ᠋ᠠᠨ᠎ᠢ ᠢᠮᠠᠭᠲᠠ ᠵᠦᠢ ᠵᠣᠬᠢᠰᠲᠠᠢ ᠣᠷᠣᠨ ᠵᠠᠢ᠎ᠳᠤ ᠪᠠᠢ᠌ᠯᠭ᠋ᠠᠵᠤ᠂ ᠨᠡᠶ᠋ᠢᠭᠡᠮ᠎ᠤᠨ ᠶᠡᠬᠡ ᠲᠠᠯ᠎ᠠ ᠵᠢᠨ ᠲᠣᠭᠲᠠᠭᠤᠨ᠎ᠢ ᠪᠠᠲᠤᠯᠠᠨ᠂ ᠰᠢᠯᠢᠳᠡᠭ ᠬᠢᠷᠢ ᠪᠦᠲᠦᠮᠵᠢ᠎ᠪᠠᠷ ᠵᠶ᠋ᠠᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠠᠮᠵᠢᠯᠲᠠ᠎ᠲᠠᠢ ᠬᠤᠷᠠᠯᠳᠤᠬᠤ ᠵᠢ ᠤᠭᠲᠤᠨ᠎ᠠ᠃
      ᠥᠪᠡᠷᠲᠡᠭᠡᠨ ᠵᠠᠰᠠᠬᠤ ᠣᠷᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠭᠣᠣᠯ ᠪᠣᠯᠬᠤ ᠵᠢᠱ᠌ᠢᠭᠰᠡᠨ ᠬᠠᠷᠠᠯᠲᠠ ᠪᠣᠯ᠄ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ᠎ᠢ 6% ᠣᠷᠴᠢᠮ ᠨᠡᠮᠡᠭᠳᠡᠭᠦᠯᠦᠨ᠎ᠡ; ᠬᠣᠲᠠ ᠪᠠᠯᠭ᠋ᠠᠰᠤᠨ᠎ᠤ 20 ᠲᠦᠮᠡ ᠭᠠᠷᠤᠢ ᠬᠥᠮᠦᠨ᠎ᠳᠤ ᠰᠢᠨ᠎ᠡ᠎ᠪᠠᠷ ᠠᠵᠢᠯ ᠣᠯᠭᠣᠵᠤ᠂ ᠬᠣᠲᠠ ᠪᠠᠯᠭ᠋ᠠᠰᠤᠨ᠎ᠤ ᠪᠠᠢ᠌ᠴᠠᠭ᠋ᠠᠯᠲᠠ᠎ᠳᠠᠬᠢ ᠠᠵᠢᠯ ᠠᠯᠳᠠᠭᠰᠠᠳ᠎ᠤᠨ ᠨᠣᠷᠮ᠎ᠠ ᠵᠢ 6% ᠣᠷᠴᠢᠮ ᠪᠠᠢ᠌ᠯᠭ᠋ᠠᠨ᠎ᠠ; ᠰᠠᠭᠤᠭ᠋ᠠᠯᠢ ᠠᠷᠠᠳ᠎ᠤᠨ ᠬᠡᠷᠡᠭᠯᠡᠭᠡ ᠵᠢᠨ ᠦᠨ᠎ᠡ ᠬᠠᠩᠰᠢ ᠵᠢᠨ ᠥᠰᠥᠯᠲᠡ ᠵᠢ 3% ᠣᠷᠴᠢᠮ ᠪᠠᠶ᠋ᠢᠯᠭ᠋ᠠᠨ᠎ᠠ; ᠰᠠᠭᠤᠭ᠋ᠠᠯᠢ ᠠᠷᠠᠳ᠎ᠤᠨ ᠣᠷᠣᠯᠭ᠎ᠠ ᠵᠢᠨ ᠨᠡᠮᠡᠭᠳᠡᠯ᠎ᠢ ᠠᠵᠤ ᠠᠬᠤᠢ ᠵᠢᠨ ᠨᠡᠮᠡᠭᠳᠡᠯ᠎ᠯᠦᠭᠡ ᠦᠨᠳᠦᠰᠦᠨ᠎ᠳᠤ᠎ᠪᠠᠨ ᠠᠳᠠᠯᠢ ᠠᠯᠬᠤᠮ᠎ᠲᠠᠢ ᠪᠠᠶ᠋ᠢᠯᠭ᠋ᠠᠨ᠎ᠠ; ᠠᠮᠢ ᠠᠬᠤᠶ ᠵᠢᠨ ᠣᠷᠴᠢᠨ ᠲᠣᠭᠣᠷᠢᠨ᠎ᠤ ᠶᠠᠰᠤ ᠴᠢᠨᠠᠷ᠎ᠢ ᠤᠯᠠᠮ ᠨᠢᠭᠡ ᠠᠯᠬᠤᠮ ᠰᠠᠶ᠋ᠢᠵᠢᠷᠠᠭᠤᠯᠵᠤ᠂ ᠤᠯᠤᠰ᠎ᠠᠴᠠ ᠪᠠᠭᠤᠯᠭ᠋ᠠᠭᠰᠠᠨ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠬᠠᠷᠠᠯᠲᠠ ᠡᠭᠦᠷᠭᠡ ᠵᠢ ᠪᠡᠶᠡᠯᠡᠭᠦᠯᠦᠨ᠎ᠡ᠃ ᠳᠡᠭᠡᠷ᠎ᠡ ᠳᠤᠷᠠᠳᠤᠭᠰᠠᠨ ᠬᠠᠷᠠᠯᠲᠠ ᠵᠢ ᠪᠡᠶᠡᠯᠡᠭᠦᠯᠬᠦ᠎ᠳᠤ ᠡᠷᠬᠡᠪᠰᠢ ᠨᠠᠮ᠎ᠤᠨ ᠲᠥᠪ ᠬᠣᠷᠢᠶᠠᠨ᠎ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠪᠠᠷᠢᠮᠲᠠᠯᠠᠨ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠤᠨ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ ᠵᠢᠨ ᠨᠠᠮ᠎ᠤᠨ ᠲᠥᠯᠥᠭᠡᠯᠡᠭᠴᠢᠳ᠎ᠤᠨ ᠶᠡᠬᠡ ᠬᠤᠷᠠᠯ ᠪᠠ ᠪᠦᠬᠦ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯ᠎ᠤᠨ ᠪᠠᠶ᠋ᠢᠷᠢᠯᠠᠭᠤᠯᠤᠯᠲᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠤᠨ᠎ᠠ᠃ ᠡᠷᠬᠡᠪᠰᠢ ᠴᠢᠨᠠᠷ ᠰᠠᠶ᠋ᠢᠲᠠᠶ ᠬᠥᠭᠵᠢᠯᠲᠡ ᠵᠢ ᠪᠠᠷᠢᠮᠲᠠᠯᠠᠵᠤ᠂ ᠠᠵᠤ ᠠᠬᠤᠶ ᠵᠢᠨ ᠪᠥᠲᠥᠭᠡᠨ ᠪᠠᠶ᠋ᠢᠭᠤᠯᠤᠯᠲᠠ᠎ᠪᠠᠷ ᠭᠤᠤᠯ ᠪᠣᠯᠭ᠋ᠠᠬᠤ ᠵᠢ ᠪᠠᠷᠢᠮᠲᠠᠯᠠᠨ᠂ ᠠᠮᠢ ᠠᠬᠤᠶ ᠵᠢ ᠤᠷᠢᠳ ᠵᠶ᠋ᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠶ᠋ᠢᠲᠠᠶ ᠬᠥᠭᠵᠢᠯᠲᠡ ᠵᠢᠨ ᠰᠢᠨ᠎ᠡ ᠵᠠᠮ ᠵᠶ᠋ᠠᠷ ᠯᠠᠪᠳᠠᠭᠤᠨ ᠪᠠᠲᠤᠲᠠᠶ ᠰᠠᠶ᠋ᠢᠲᠤᠷ ᠵᠠᠮᠨᠠᠨ᠎ᠠ᠃ ᠡᠷᠬᠡᠪᠰᠢ ᠲᠣᠭᠲᠠᠭᠤᠨ᠎ᠤ ᠳᠠᠭ᠋ᠠᠤ ᠤᠷᠤᠭᠰᠢᠯᠠᠬᠤ ᠵᠢ ᠪᠠᠷᠢᠮᠲᠠᠯᠠᠵᠤ᠂ ᠤᠷᠢᠳ ᠵᠶ᠋ᠠᠷ ᠰᠢᠨ᠎ᠡ ᠵᠢ ᠪᠠᠶ᠋ᠢᠭᠤᠯᠵᠤ ᠳᠠᠷᠠᠭ᠎ᠠ᠎ᠨᠢ ᠬᠠᠭᠤᠴᠢᠨ ᠵᠶ᠋ᠠᠨ ᠲᠠᠶᠠᠭᠳᠠᠬᠤ᠂ ᠯᠠᠪᠳᠠᠭᠤᠨ ᠪᠠᠲᠤᠲᠠᠢ ᠬᠢᠬᠦ ᠵᠢ ᠪᠠᠷᠢᠮᠲᠠᠯᠠᠨ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ ᠭᠠᠵᠠᠷ》᠂ 《ᠨᠢᠭᠡ ᠬᠥᠭᠥᠷᠭᠡᠨ ᠪᠡᠬᠢᠯᠡᠯᠲᠡ》 ᠵᠢ ᠲᠦᠷᠭᠡᠳᠬᠡᠨ ᠪᠠᠢ᠌ᠭᠤᠯᠤᠨ᠎ᠠ᠃ ᠡᠷᠬᠡᠪᠰᠢ ᠨᠢᠭᠡᠳᠦᠯᠲᠡᠶ ᠲᠥᠯᠥᠪᠯᠡᠵᠦ ᠵᠣᠬᠢᠴᠠᠭᠤᠯᠬᠤ ᠵᠢ ᠴᠢᠩᠭ᠋ᠠᠳᠬᠠᠵᠤ᠂ ᠰᠢᠰᠲ᠋ᠧᠮ᠎ᠤᠨ ᠦᠵᠡᠯᠲᠡ ᠵᠢ ᠪᠠᠷᠢᠮᠲᠠᠯᠠᠨ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠪᠠ ᠣᠨ᠎ᠤ ᠲᠥᠯᠥᠪᠯᠡᠭᠡ ᠬᠡᠷᠡᠭᠵᠢᠭᠦᠯᠬᠦ ᠵᠢ ᠨᠢᠭᠡᠳᠦᠯᠲᠡᠶ ᠲᠥᠯᠥᠪᠯᠡᠵᠦ᠂ ᠠᠵᠤ ᠠᠬᠤᠶ ᠵᠢᠨ ᠶᠠᠰᠤ ᠴᠢᠨᠠᠷ᠎ᠤᠨ ᠲᠣᠭᠲᠠᠭᠤᠨ ᠵᠶ᠋ᠠᠷ ᠳᠡᠭᠡᠭᠰᠢᠯᠡᠬᠦ ᠪᠠ ᠲᠣᠭ᠎ᠠ ᠬᠡᠮᠵᠢᠶᠡᠨ᠎ᠤ ᠵᠣᠬᠢᠰᠲᠠᠶ᠎ᠪᠠᠷ ᠨᠡᠮᠡᠭᠳᠡᠬᠦ ᠵᠢ ᠠᠬᠢᠭᠤᠯᠤᠨ᠎ᠠ᠃
      ᠨᠢᠭᠡ᠂ ᠲᠣᠭᠲᠠᠭᠤᠨ ᠪᠠᠶ᠋ᠢᠯᠭ᠋ᠠᠬᠤ ᠵᠢ ᠲᠡᠷᠢᠭᠦᠨ᠎ᠳᠤ ᠲᠠᠯᠪᠢᠬᠤ᠂ ᠲᠣᠭᠲᠠᠭᠤᠨ᠎ᠤ ᠳᠠᠭ᠋ᠠᠤ ᠤᠷᠤᠭᠰᠢᠯᠠᠬᠤ ᠵᠢ ᠪᠠᠷᠢᠮᠲᠠᠯᠠᠨ᠂ ᠠᠵᠤ ᠠᠬᠤᠢ ᠵᠢᠨ ᠲᠣᠭᠲᠠᠭᠤᠨ ᠠᠵᠢᠯᠯᠠᠭ᠋ᠠᠨ᠎ᠢ ᠢᠮᠠᠭᠲᠠ ᠵᠦᠢ ᠵᠣᠬᠢᠰᠲᠠᠢ ᠣᠷᠣᠨ ᠵᠠᠢ᠎ᠳᠤ ᠪᠠᠶ᠋ᠢᠯᠭ᠋ᠠᠨ᠎ᠠ
      ᠤᠯᠤᠰ᠎ᠤᠨ ᠲᠥᠷᠥ ᠵᠢᠨ ᠪᠣᠳᠣᠯᠭ᠎ᠠ᠎ᠪᠠᠷ ᠬᠦᠴᠦᠯᠡᠨ ᠡᠷᠴᠢᠯᠡᠵᠦ ᠲᠣᠬᠢᠷᠠᠮᠵᠢᠲᠠᠢ ᠤᠷᠤᠭᠰᠢ ᠠᠬᠢᠭᠤᠯᠬᠤ ᠱᠠᠭ᠋ᠠᠷᠳᠠᠯᠭ᠎ᠠ ᠶᠣᠰᠣᠭ᠋ᠠᠷ᠂ ᠡᠳ᠋᠎ᠤᠨ ᠵᠠᠰᠠᠭ᠎ᠤᠨ ᠢᠳᠡᠪᠬᠢᠲᠡᠶ ᠲᠥᠷᠥ ᠵᠢᠨ ᠪᠣᠳᠣᠯᠭ᠎ᠠ ᠪᠠ ᠵᠣᠭᠣᠰᠣᠨ᠎ᠤ ᠯᠠᠪᠳᠠᠭᠤᠨ ᠲᠥᠷᠥ ᠵᠢᠨ ᠪᠣᠳᠣᠯᠭ᠎ᠠ ᠵᠢ ᠰᠠᠶ᠋ᠢᠲᠤᠷ ᠨᠠᠢ᠌ᠳᠠᠪᠤᠷᠢᠵᠢᠭᠤᠯᠤᠨ᠂ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠬᠠᠪᠰᠤᠷᠴᠤ ᠪᠠᠢ᠌ᠭ᠋ᠠᠳ ᠳᠠᠷᠤᠭ᠋ᠠᠰᠤ ᠵᠢ᠎ᠨᠢ ᠬᠥᠩᠭᠡᠷᠡᠭᠦᠯᠵᠦ ᠬᠦᠴᠢᠷᠳᠡᠯ᠎ᠢ᠎ᠨᠢ ᠲᠠᠢ᠌ᠯᠵᠤ᠂

《ᠵᠢᠷᠭᠤᠭ᠎ᠠ ᠵᠢ ᠲᠣᠭᠲᠠᠪᠤᠷᠢᠵᠢᠭᠤᠯᠬᠤ》 《ᠵᠢᠷᠭᠤᠭ᠎ᠠ ᠵᠢ ᠪᠠᠲᠤᠯᠠᠬᠤ》 ᠢᠯᠠᠩᠭᠤᠶ᠎ᠠ ᠠᠵᠢᠯ ᠣᠯᠭᠣᠯᠲᠠ ᠵᠢ ᠪᠠᠲᠤᠯᠠᠬᠤ ᠠᠷᠠᠳ᠎ᠤᠨ ᠠᠮᠢᠳᠤᠷᠠᠯ᠎ᠢ ᠪᠠᠲᠤᠯᠠᠬᠤ ᠵᠠᠬ᠎ᠠ ᠳᠡᠯᠭᠡᠭᠦᠷ᠎ᠤᠨ ᠭᠤᠤᠯ ᠴᠣᠭᠴᠠ ᠵᠢ ᠪᠠᠲᠤᠯᠠᠬᠤ ᠠᠵᠢᠯ᠎ᠢ ᠦᠷᠭᠦᠯᠵᠢᠯᠡᠨ ᠰᠠᠶ᠋ᠢᠲᠤᠷ ᠬᠢᠨ᠎ᠡ᠃
      (ᠨᠢᠭᠡ) ᠡᠳ᠋᠎ᠤᠨ ᠵᠠᠰᠠᠭ ᠮᠥᠩᠭᠥᠨ ᠭᠦᠢ᠍ᠯᠭᠡᠭᠡᠨ᠎ᠤ ᠳᠡᠮᠵᠢᠬᠦ ᠡᠷᠴᠢᠮ᠎ᠢ ᠴᠢᠩᠭ᠋ᠠᠷᠠᠭᠤᠯᠤᠨ᠎ᠠ᠃ ᠡᠳ᠋᠎ᠤᠨ ᠵᠠᠰᠠᠭ᠎ᠤᠨ ᠢᠳᠡᠪᠬᠢᠲᠡᠶ ᠲᠥᠷᠥ ᠵᠢᠨ ᠪᠣᠳᠣᠯᠭ᠎ᠠ ᠵᠢ ᠣᠨᠣᠴᠠᠲᠠᠢ ᠪᠥᠭᠡᠳ ᠪᠦᠲᠦᠮᠵᠢᠲᠡᠶ ᠬᠡᠷᠡᠭᠵᠢᠭᠦᠯᠵᠦ᠂ ᠠᠵᠤ ᠠᠬᠤᠶ᠋ᠢᠯᠠᠯ᠎ᠢ ᠬᠠᠪᠰᠤᠷᠤᠨ ᠬᠦᠴᠢᠷᠳᠡᠯ᠎ᠢ᠎ᠨᠢ ᠰᠢᠢ᠍ᠳᠪᠦᠷᠢᠯᠡᠬᠦ ᠡᠷᠴᠢᠮ ᠵᠶ᠋ᠠᠨ ᠴᠢᠩᠭ᠋ᠠᠷᠠᠭᠤᠯᠤᠨ᠂ ᠭᠠᠶ᠋ᠢᠯᠢ ᠵᠢ ᠬᠥᠩᠭᠡᠯᠡᠵᠦ ᠰᠦᠢ᠍ᠳᠬᠡᠯ᠎ᠢ᠎ᠨᠢ ᠪᠠᠭᠤᠷᠠᠭᠤᠯᠬᠤ ᠨᠡᠶ᠋ᠢᠯᠡᠯ ᠮᠠᠶᠢᠭ᠎ᠤᠨ ᠰᠢᠨ᠎ᠡ ᠲᠥᠷᠥ ᠵᠢᠨ ᠪᠣᠳᠣᠯᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠭᠠᠶ᠋ᠢᠯᠢ ᠰᠦᠢ᠍ᠳᠬᠡᠯ᠎ᠤᠨ ᠦᠢ᠍ᠯᠡᠴᠢᠯᠡᠭᠡ ᠵᠢ ᠰᠢᠯᠢᠳᠡᠭᠵᠢᠭᠦᠯᠦᠨ᠂ ᠪᠠᠯᠠ ᠮᠥᠩᠭᠥ ᠵᠢ ᠰᠢᠭᠤᠳ ᠪᠠᠭᠤᠯᠭ᠋ᠠᠬᠤ ᠪᠠᠶ᠋ᠢᠩᠭᠤᠵᠢᠭᠰᠠᠨ ᠲᠣᠭᠲᠠᠴᠠ ᠵᠢ ᠲᠡᠭᠦᠯᠳᠡᠷᠵᠢᠭᠦᠯᠵᠦ᠂ ᠠᠶ᠋ᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠳᠤ ᠰᠢᠯᠵᠢᠭᠦᠯᠦᠨ ᠲᠥᠯᠥᠬᠦ ᠢᠯᠠᠩᠭᠤᠶ᠎ᠠ ᠡᠩ᠎ᠤᠨ ᠰᠢᠯᠵᠢᠭᠦᠯᠦᠨ ᠲᠥᠯᠥᠬᠦ ᠬᠡᠪᠴᠢᠶ᠎ᠡ ᠵᠢ ᠨᠡᠮᠡᠭᠳᠡᠭᠦᠯᠦᠨ᠂ ᠡᠳ᠋᠎ᠤᠨ ᠬᠦᠴᠦᠨ ᠵᠶ᠋ᠠᠨ ᠳᠣᠷᠣᠭᠰᠢ ᠪᠠᠭᠤᠯᠭ᠋ᠠᠬᠤ ᠵᠢ ᠠᠬᠢᠭᠤᠯᠤᠨ᠎ᠠ᠃ ᠵᠣᠭᠣᠰᠣᠨ᠎ᠤ ᠲᠠᠯ᠎ᠠ ᠵᠢᠨ ᠠᠮᠢᠳᠤᠯᠢᠭ ᠪᠥᠭᠡᠳ ᠲᠣᠬᠢᠷᠠᠮᠵᠢᠲᠠᠢ᠂ ᠵᠦᠢ ᠵᠣᠬᠢᠰᠲᠠᠢ ᠪᠥᠭᠡᠳ ᠪᠦᠷᠢᠨ ᠭᠦᠢ᠍ᠴᠡᠳ ᠪᠠᠢ᠌ᠬᠤ ᠯᠠᠪᠳᠠᠭᠤᠨ ᠲᠦᠷᠦ ᠵᠢᠨ ᠪᠤᠳᠤᠯᠭ᠎ᠠ ᠵᠢ ᠨᠠᠢ᠌ᠳᠠᠪᠤᠷᠢᠵᠢᠭᠤᠯᠤᠨ᠂ ᠲᠦᠭᠡᠮᠡᠯ ᠬᠠᠷᠠᠭ᠋ᠠᠯᠵᠠᠯ᠎ᠲᠠᠢ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡ ᠵᠢ ᠦᠷᠭᠦᠯᠵᠢᠯᠡᠨ ᠴᠢᠩᠭ᠋ᠠᠳᠬᠠᠵᠤ᠂ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢ ᠬᠦᠲᠦᠯᠦᠨ ᠵᠢᠯᠣᠭᠣᠳᠴᠤ ᠪᠠᠶ᠋ᠢᠭ᠋ᠠᠳ ᠪᠣᠳᠠᠲᠤ ᠴᠣᠭᠴᠠ ᠵᠢᠨ ᠠᠵᠤ ᠠᠬᠤᠢ ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠡᠭᠦᠳᠦᠯᠲᠡ᠂ ᠪᠣᠬᠢᠷᠲᠤᠯ ᠦᠭᠡᠢ ᠬᠥᠭᠵᠢᠯᠲᠡ ᠵᠢ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠤᠨ᠂ ᠮᠥᠩᠭᠥᠨ ᠭᠦᠢ᠍ᠯᠭᠡᠭᠡᠨ᠎ᠤ 《ᠲᠥᠷᠥᠯ ᠵᠦᠢ᠍ᠯ᠎ᠢ᠎ᠨᠢ ᠪᠠᠲᠤᠯᠠᠬᠤ᠂ ᠬᠦᠷᠢᠶᠡᠯᠡᠩ ᠲᠣᠭᠣᠷᠢᠭ᠎ᠲᠤ ᠣᠷᠣᠭᠤᠯᠬᠤ᠂ ᠠᠵᠤ ᠠᠬᠤᠶ᠋ᠢᠯᠠᠯ᠎ᠳᠤ ᠬᠦᠷᠭᠡᠬᠦ᠂ ᠬᠥᠳᠡᠭᠡ ᠲᠣᠰᠬᠣᠨ᠎ᠳᠤ ᠪᠠᠭᠤᠯᠭ᠋ᠠᠬᠤ》 ᠠᠵᠢᠯᠯᠠᠭ᠋ᠠᠨ᠎ᠢ ᠭᠦᠨᠵᠡᠭᠡᠶ᠋ᠢᠷᠡᠭᠦᠯᠵᠦ᠂ ᠲᠦᠭᠡᠮᠡᠯ ᠬᠠᠷᠠᠭ᠋ᠠᠯᠵᠠᠯ᠎ᠲᠠᠢ ᠵᠢᠵᠢᠭ ᠪᠢᠴᠢᠯ ᠵᠢᠭᠡᠯᠡᠯᠭᠡ᠎ᠪᠠᠷ ᠳᠡᠮᠵᠢᠬᠦ ᠪᠠᠭ᠋ᠠᠵᠢ ᠪᠠ ᠲᠠᠷᠢᠶᠠᠯᠠᠩ᠎ᠢ ᠳᠡᠮᠵᠢᠬᠦ ᠵᠢᠵᠢᠭ ᠪᠢᠴᠢᠯ ᠠᠵᠤ ᠠᠬᠤᠶ᠋ᠢᠯᠠᠯ᠎ᠢ ᠳᠡᠮᠵᠢᠬᠦ ᠳᠠᠬᠢᠨᠲᠠ ᠵᠢᠭᠡᠯᠡᠯᠭᠡ᠎ᠪᠠᠷ ᠳᠡᠮᠵᠢᠬᠦ ᠲᠥᠯᠥᠪᠯᠡᠭᠡ ᠵᠢ ᠰᠠᠶ᠋ᠢᠲᠤᠷ ᠨᠠᠢ᠌ᠳᠠᠪᠤᠷᠢᠵᠢᠭᠤᠯᠤᠨ᠂ ᠵᠢᠵᠢᠭ ᠪᠢᠴᠢᠯ ᠠᠵᠤ ᠠᠬᠤᠶ᠋ᠢᠯᠠᠯ᠎ᠳᠤ ᠬᠠᠨᠳᠤᠭᠤᠯᠤᠭᠰᠠᠨ ᠵᠠᠰᠠᠭ᠎ᠤᠨ ᠣᠷᠳᠣᠨ᠎ᠤ ᠴᠢᠨᠠᠷᠲᠠᠢ ᠪᠡᠯᠡ ᠲᠤᠬᠢᠷᠠᠭᠤᠯᠭ᠎ᠠ ᠳᠠᠭ᠋ᠠᠭ᠋ᠠᠯᠲᠠ ᠬᠢᠬᠦ ᠲᠤᠬᠠᠶ᠋ᠢᠯᠠᠭᠰᠠᠨ ᠠᠵᠢᠯ᠎ᠤᠨ ᠬᠡᠪᠴᠢᠶ᠎ᠡ ᠵᠢ ᠥᠷᠭᠡᠳᠬᠡᠵᠦ᠂ ᠳᠠᠭ᠋ᠠᠭ᠋ᠠᠯᠲᠠ ᠬᠢᠬᠦ ᠥᠪᠡᠷ᠎ᠤᠨ ᠦᠷᠲᠡᠭ᠎ᠢ᠎ᠨᠢ ᠪᠠᠭᠤᠷᠠᠭᠤᠯᠤᠨ᠎ᠠ᠃
      (ᠬᠣᠶᠠᠷ) ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠦᠷᠭᠦᠯᠵᠢᠯᠡᠨ ᠬᠥᠭᠵᠢᠭᠡᠨ᠎ᠡ᠃ ᠠᠷᠠᠳ᠎ᠠᠴᠠ ᠡᠵᠡᠩᠨᠡᠭᠰᠡᠨ ᠠᠵᠤ ᠠᠬᠤᠶ ᠵᠢᠨ ᠬᠥᠭᠵᠢᠯᠲᠡ ᠵᠢᠨ ᠣᠷᠴᠢᠨ ᠨᠥᠬᠥᠴᠡᠯ᠎ᠢ ᠰᠢᠯᠢᠳᠡᠭᠵᠢᠭᠦᠯᠵᠦ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ 3.0 ᠪᠠᠷᠯᠠᠯ᠎ᠤᠨ ᠲᠥᠰᠦᠯ᠎ᠢ ᠬᠡᠷᠡᠭᠵᠢᠭᠦᠯᠦᠨ᠎ᠡ᠃ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ 《ᠨᠢᠭᠡ ᠰᠦᠯᠵᠢᠶ᠎ᠡ᠎ᠪᠠᠷ ᠨᠡᠶ᠋ᠢᠳᠡᠮ ᠭᠦᠢ᠍ᠴᠡᠳᠬᠡᠬᠦ》 《ᠨᠢᠭᠡ ᠰᠦᠯᠵᠢᠶ᠎ᠡ᠎ᠪᠠᠷ ᠨᠢᠭᠡᠳᠦᠯᠲᠡᠶ ᠬᠠᠮᠢᠶᠠᠷᠬᠤ》 ᠵᠢ ᠪᠥᠬᠥ ᠲᠠᠯ᠎ᠠ᠎ᠪᠠᠷ ᠬᠡᠷᠡᠭᠵᠢᠭᠦᠯᠦᠨ᠂ 《ᠨᠢᠭᠡ ᠯᠡ ᠤᠳᠠᠭ᠎ᠠ᠎ᠳᠤ ᠭᠦᠢ᠍ᠴᠡᠳᠬᠡᠬᠦ》᠂ 《ᠲᠠᠨ᠎ᠳᠤ ᠬᠠᠪᠰᠤᠷᠤᠨ ᠭᠦᠢ᠍ᠴᠡᠳᠬᠡᠬᠦ》 ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠶᠡᠷᠦᠩᠬᠡᠶ᠋ᠢᠯᠡᠭᠰᠡᠨ ᠴᠣᠩᠬᠤᠪᠴᠢ ᠵᠢᠨ ᠦᠢ᠍ᠯᠡᠴᠢᠯᠡᠬᠦ ᠬᠢᠷᠢ ᠲᠦᠪᠰᠢᠨ ᠪᠠ 《ᠮᠥᠩᠬᠡ ᠰᠤᠪᠠᠭ》᠎ᠤᠨ ᠰᠢᠯᠵᠢᠮᠡᠯ ᠦᠵᠦᠭᠦᠷ᠎ᠤᠨ ᠦᠢ᠍ᠯᠡᠴᠢᠯᠡᠬᠦ ᠴᠢᠳᠠᠪᠤᠷᠢ ᠵᠢ ᠳᠡᠭᠡᠭᠰᠢᠯᠡᠭᠦᠯᠦᠨ᠎ᠡ᠃ 《ᠭᠡᠷᠡᠴᠢ ᠪᠠ ᠦᠨᠡᠮᠯᠡᠯ᠎ᠢ ᠰᠠᠯᠭ᠋ᠠᠬᠤ》 ᠥᠭᠡᠷᠡᠴᠢᠯᠡᠯᠲᠡ ᠵᠢ ᠦᠷᠭᠦᠯᠵᠢᠯᠡᠨ ᠠᠬᠢᠭᠤᠯᠵᠤ᠂ ᠠᠵᠤ ᠠᠬᠤᠢ᠍ᠯᠠᠯ᠎ᠳᠤ ᠬᠣᠯᠪᠣᠭᠳᠠᠬᠤ ᠭᠡᠷᠡᠴᠢ ᠪᠠ ᠦᠨᠡᠮᠯᠡᠯ᠎ᠢ ᠡᠯᠸᠺᠲᠷᠣᠨᠴᠢᠯᠡᠬᠦ᠎ᠪᠠᠨ ᠪᠥᠬᠥ ᠲᠠᠯ᠎ᠠ᠎ᠪᠠᠷ ᠪᠡᠶᠡᠯᠡᠭᠦᠯᠦᠨ᠎ᠡ᠃ ᠡᠯ᠎ᠡ ᠲᠥᠷᠥᠯ᠎ᠤᠨ ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠥᠮᠴᠢᠯᠡᠬᠦ ᠡᠷᠬᠡ ᠪᠠ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠬᠠᠮᠠᠭ᠋ᠠᠯᠠᠵᠤ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠤᠨ ᠠᠰᠠᠭᠤᠳᠠᠯ᠎ᠢ ᠲᠤᠰᠬᠠᠶ ᠴᠡᠭᠴᠡᠯᠡᠨ ᠵᠠᠰᠠᠬᠤ᠎ᠪᠠᠨ ᠠᠬᠢᠭᠤᠯᠤᠨ᠂ ᠠᠵᠤ ᠠᠬᠤᠶ᠋ᠢᠯᠠᠯ᠎ᠳᠤ ᠬᠣᠯᠪᠣᠭᠳᠠᠭᠰᠠᠨ ᠬᠤᠷᠢᠶᠠᠬᠤ ᠰᠦᠢ᠍ᠳᠬᠡᠯ᠎ᠢ ᠴᠢᠩᠭ᠎ᠠ ᠬᠢᠵᠠᠭ᠋ᠠᠷᠯᠠᠵᠤ᠂ ᠳᠤᠷ᠎ᠠ᠎ᠪᠠᠷ ᠵᠶ᠋ᠠᠨ ᠵᠣᠭᠣᠰ ᠵᠶ᠋ᠠᠷ ᠲᠣᠷᠭ᠋ᠠᠵᠤ ᠪᠠᠢ᠌ᠭ᠎ᠠ ᠠᠰᠠᠭᠤᠳᠠᠯ᠎ᠢ ᠴᠢᠩᠭ᠎ᠠ ᠴᠡᠭᠴᠡᠯᠡᠨ ᠵᠠᠰᠠᠨ᠎ᠠ᠃ ᠠᠵᠤ ᠠᠬᠤᠶ᠋ᠢᠯᠠᠯ᠎ᠤᠨ ᠥᠷᠢᠲᠦᠭᠰᠡᠨ ᠵᠣᠭᠣᠰ ᠵᠶ᠋ᠠᠨ ᠲᠦᠯᠦᠵᠦ ᠳᠠᠭᠤᠰᠬᠠᠬᠤ ᠤᠷᠳᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠨᠠᠶ᠋ᠢᠳᠠᠪᠤᠷᠢᠵᠢᠭᠤᠯᠵᠤ᠂ ᠮᠠᠭᠤ ᠰᠠᠨᠠᠭ᠎ᠠ᠎ᠲᠠᠢ᠎ᠪᠠᠷ ᠵᠣᠭᠣᠰ ᠥᠷᠢᠲᠦᠬᠦ ᠪᠠ ᠥᠷᠢ᠎ᠠᠴᠠ ᠵᠠᠢ᠌ᠯᠠᠬᠤ ᠦᠢ᠍ᠯᠡ ᠠᠵᠢᠯᠯᠠᠭ᠎ᠠ ᠵᠢ ᠪᠦᠲᠦᠮᠵᠢᠲᠡᠢ ᠵᠠᠰᠠᠨ᠎ᠠ᠃ ᠠᠷᠠᠳ᠎ᠠᠴᠠ ᠡᠵᠡᠩᠨᠡᠭᠰᠡᠨ ᠠᠵᠤ ᠠᠬᠤᠶ ᠵᠢᠨ ᠬᠥᠭᠵᠢᠯᠲᠡ ᠵᠢ ᠳᠡᠮᠵᠢᠬᠦ ᠲᠥᠷᠥ ᠵᠢᠨ ᠪᠣᠳᠣᠯᠭ᠎ᠠ ᠵᠢᠨ ᠨᠠᠶ᠋ᠢᠳᠠᠪᠤᠷᠢᠵᠢᠭᠤᠯᠵᠤ ᠪᠠᠶ᠋ᠢᠭ᠎ᠠ ᠪᠠᠶ᠋ᠢᠳᠠᠯ᠎ᠢ ᠨᠢᠭᠲᠠ ᠮᠥᠷᠳᠡᠨ᠂ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ ᠶᠠᠪᠤᠴᠠ᠎ᠳᠤ ᠲᠤᠯᠭ᠋ᠠᠷᠠᠭᠰᠠᠨ ᠬᠦᠴᠢᠷᠳᠡᠯ ᠪᠠ ᠠᠰᠠᠭᠤᠳᠠᠯ᠎ᠢ ᠴᠠᠭ ᠲᠤᠬᠠᠶ᠎ᠳᠤ᠎ᠨᠢ ᠮᠡᠳᠡᠵᠦ ᠢᠯᠡᠷᠡᠭᠦᠯᠬᠦ ᠪᠠ ᠵᠣᠬᠢᠴᠠᠭᠤᠯᠵᠤ ᠰᠢᠢ᠍ᠳᠪᠦᠷᠢᠯᠡᠨ᠎ᠡ᠃
      (ᠭᠤᠷᠪᠠ) ᠠᠵᠢᠯ ᠣᠯᠭᠣᠯᠲᠠ ᠣᠷᠣᠯᠭ᠎ᠠ ᠵᠢᠨ ᠲᠣᠭᠲᠠᠭᠤᠨ ᠵᠶ᠋ᠠᠷ ᠨᠡᠮᠡᠭᠳᠡᠬᠦ ᠵᠢ ᠠᠬᠢᠭᠤᠯᠤᠨ᠎ᠠ᠃ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠳᠤᠮᠳᠠ ᠠᠵᠢᠯ ᠣᠯᠭᠣᠯᠲᠠ ᠵᠢ ᠤᠷᠢᠳ ᠵᠶ᠋ᠠᠷ ᠪᠣᠳᠣᠯᠬᠢᠯᠠᠬᠤ ᠤᠳᠤᠷᠢᠳᠤᠮᠵᠢ ᠵᠢ ᠴᠢᠩᠭ᠋ᠠᠷᠠᠭᠤᠯᠵᠤ᠂ ᠠᠵᠢᠯ ᠣᠯᠭᠣᠬᠤ ᠵᠢ ᠲᠣᠭᠲᠠᠪᠤᠷᠢᠵᠢᠭᠤᠯᠬᠤ ᠠᠷᠭ᠎ᠠ ᠬᠡᠮᠵᠢᠶ᠎ᠡ ᠵᠢ ᠪᠣᠳᠠᠲᠠᠶ ᠨᠠᠢ᠌ᠳᠠᠪᠤᠷᠢᠵᠢᠭᠤᠯᠵᠤ ᠨᠠᠷᠢᠯᠢᠭᠵᠢᠭᠤᠯᠤᠨ᠎ᠠ᠃ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠂ ᠴᠡᠷᠢᠭ᠎ᠤᠨ ᠠᠯᠪᠠ᠎ᠠᠴᠠ ᠬᠠᠯᠠᠭᠳᠠᠭᠰᠠᠳ᠂ ᠲᠠᠷᠢᠶᠠᠯᠠᠬᠤ ᠮᠠᠯᠵᠢᠬᠤ ᠣᠷᠣᠨ᠎ᠤ ᠬᠥᠳᠡᠯᠮᠦᠷᠢ ᠬᠦᠴᠦᠨ᠂ ᠠᠵᠢᠯ ᠤᠯᠬᠤ᠎ᠳᠤ ᠬᠦᠴᠢᠷᠲᠡᠶ ᠬᠥᠮᠦᠰ᠂ ᠬᠣᠲᠠ ᠪᠠᠯᠭ᠋ᠠᠰᠤᠨ᠎ᠤ ᠠᠵᠢᠯ ᠠᠯᠳᠠᠭᠰᠠᠳ ᠵᠡᠷᠭᠡ ᠭᠤᠤᠯᠳᠠᠯᠭ᠎ᠠ ᠪᠣᠯᠬᠤ ᠬᠥᠮᠦᠰ᠎ᠲᠤ ᠠᠵᠢᠯ ᠣᠯᠭᠣᠬᠤ ᠵᠢ ᠲᠥᠷᠥᠯ ᠬᠤᠪᠢᠶᠠᠵᠤ ᠪᠠᠲᠤᠯᠠᠨ᠎ᠠ᠃ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ᠎ᠢ ᠴᠢᠩᠭ᠋ᠠᠳᠬᠠᠵᠤ᠂ 《ᠠᠳᠠᠯ ᠪᠣᠰᠬᠠᠬᠤ ᠥᠪᠥᠷ ᠮᠣᠩᠭᠣᠯ》 ᠠᠵᠢᠯᠯᠠᠭ᠋ᠠᠨ᠎ᠢ ᠭᠦᠨᠵᠡᠭᠡᠶ᠋ᠢᠷᠡᠭᠦᠯᠦᠨ᠂ ᠠᠮᠢᠳᠤᠯᠢᠭ ᠵᠶ᠋ᠠᠷ ᠠᠵᠢᠯ ᠣᠯᠭᠣᠬᠤ ᠵᠢ ᠵᠣᠷᠢᠭᠵᠢᠭᠤᠯᠤᠨ ᠳᠡᠮᠵᠢᠵᠦ᠂ ᠣᠯᠠᠨ ᠨᠡᠶ᠋ᠢᠲᠡ ᠵᠢᠨ ᠠᠵᠢᠯ ᠣᠯᠭᠣᠬᠤ ᠦᠢ᠍ᠯᠡᠴᠢᠯᠡᠭᠡᠨ᠎ᠤ ᠪᠠᠷᠢᠮᠵᠢᠶᠠᠵᠢᠯ᠎ᠢ ᠠᠬᠢᠭᠤᠯᠤᠨ᠂ ᠠᠵᠢᠯ ᠣᠯᠭᠣᠯᠲᠠ ᠵᠢ ᠬᠢᠨᠠᠨ ᠰᠢᠨᠵᠢᠬᠦ ᠪᠠ ᠠᠵᠢᠯ ᠠᠯᠳᠠᠯᠲᠠ ᠵᠢ ᠰᠡᠷᠡᠮᠵᠢᠯᠡᠭᠦᠯᠬᠦ ᠵᠢ ᠴᠢᠩᠭ᠋ᠠᠳᠬᠠᠵᠤ᠂ ᠨᠠᠩ ᠴᠢᠨᠠᠷ ᠰᠠᠶ᠋ᠢᠲᠠᠶ ᠨᠠᠩ ᠭᠦᠢ᠍ᠴᠡᠳ ᠠᠵᠢᠯ ᠣᠯᠭᠣᠬᠤ ᠵᠢ ᠠᠬᠢᠭᠤᠯᠤᠨ᠎ᠠ᠃ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠲᠣᠭᠲᠠᠭᠤᠨ ᠵᠶ᠋ᠠᠷ ᠳᠡᠭᠡᠭᠰᠢᠯᠡᠬᠦ ᠵᠢ ᠠᠬᠢᠭᠤᠯᠤᠨ᠂ ᠣᠷᠣᠯᠭ᠎ᠠ ᠵᠢᠨ ᠬᠤᠪᠢᠶᠠᠷᠢᠯᠠᠯᠲᠠ ᠵᠢᠨ ᠭᠤᠤᠯᠳᠠᠯᠭ᠎ᠠ ᠪᠣᠯᠬᠤ ᠬᠦᠷᠢᠶᠡᠨ᠎ᠳᠠᠬᠢ ᠥᠭᠡᠷᠡᠴᠢᠯᠡᠯᠲᠡ ᠵᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠠᠮᠲᠤ᠎ᠪᠠᠷ ᠪᠠᠶᠠᠵᠢᠨ ᠴᠢᠨᠡᠭᠡᠯᠢᠭᠵᠢᠬᠦ ᠵᠢ ᠯᠠᠪᠳᠠᠭᠤᠨ ᠵᠶ᠋ᠠᠷ ᠠᠬᠢᠭᠤᠯᠤᠨ᠎ᠠ᠃
      ᠬᠣᠶᠠᠷ᠂ ᠪᠣᠳᠠᠲᠤ ᠴᠣᠭᠴᠠ ᠵᠢᠨ ᠠᠵᠤ ᠠᠬᠤᠢ ᠵᠢᠨ ᠰᠠᠭᠤᠷᠢ ᠵᠢ ᠪᠡᠬᠢᠵᠢᠭᠦᠯᠦᠨ ᠪᠤᠵᠠᠭ᠋ᠠᠶ᠋ᠢᠷᠠᠭᠤᠯᠵᠤ᠂ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢᠨ ᠣᠳᠣᠬᠢᠴᠢᠯᠠᠬᠤ ᠲᠦᠪᠰᠢᠨ᠎ᠢ ᠳᠡᠭᠡᠭᠰᠢᠯᠡᠭᠦᠯᠦᠨ᠎ᠡ
      ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠭᠰᠠᠨ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢ ᠭᠦᠨᠵᠡᠭᠡᠶ ᠬᠡᠷᠡᠭᠵᠢᠭᠦᠯᠵᠦ᠂ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠂ 《ᠬᠣᠶᠠᠷ ᠰᠠᠭᠤᠷᠢᠨ ᠭᠠᠵᠠᠷ》᠎ᠤᠨ ᠪᠣᠬᠢᠷᠲᠤᠯ ᠥᠬᠡᠶ᠎ᠪᠠᠷ ᠬᠡᠯᠪᠡᠷᠢ᠎ᠪᠠᠨ ᠬᠤᠪᠢᠷᠠᠭᠤᠯᠤᠨ ᠬᠥᠭᠵᠢᠬᠦ ᠵᠢ ᠠᠬᠢᠭᠤᠯᠵᠤ᠂ ᠨᠠᠩ ᠴᠢᠩᠭ᠎ᠠ ᠰᠢᠨ᠎ᠡ ᠵᠢ ᠡᠭᠦᠳᠬᠦ ᠬᠦᠴᠦᠨ᠎ᠲᠠᠢ᠂ ᠨᠠᠩ ᠥᠨᠳᠥᠷ ᠨᠡᠮᠡᠯᠲᠡ ᠥᠷᠲᠡᠭ᠎ᠲᠠᠢ᠂ ᠨᠠᠩ ᠠᠮᠤᠷ ᠲᠦᠪᠰᠢᠨ ᠨᠠᠶ᠋ᠢᠳᠠᠪᠤᠷᠢᠲᠠᠶ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢ ᠪᠦᠷᠢᠯᠳᠦᠭᠦᠯᠦᠨ᠎ᠡ᠃
      (ᠨᠢᠭᠡ) ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠴᠦ ᠲᠤᠯᠭ᠋ᠠᠭᠤᠷᠢᠯᠠᠬᠤ ᠦᠢ᠍ᠯᠡᠳᠦᠯ᠎ᠢ᠎ᠨᠢ ᠴᠢᠩᠭ᠋ᠠᠷᠠᠭᠤᠯᠤᠨ᠎ᠠ᠃ ᠰᠢᠨ᠎ᠡ ᠵᠢ ᠡᠭᠦᠳᠬᠦ ᠬᠡᠯᠪᠡᠷᠢ ᠪᠦᠬᠦᠢ ᠥᠪᠥᠷ ᠮᠣᠩᠭᠣᠯ᠎ᠢ ᠲᠦᠷᠭᠡᠳᠬᠡᠨ ᠪᠠᠶ᠋ᠢᠭᠤᠯᠵᠤ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠣᠷᠣᠭᠤᠯᠤᠯᠲᠠ ᠵᠢᠨ ᠡᠷᠴᠢᠮ᠎ᠢ ᠴᠢᠩᠭ᠋ᠠᠷᠠᠭᠤᠯᠤᠨ᠂ 《ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ ᠵᠶ᠋ᠠᠷ ᠥᠪᠥᠷ ᠮᠣᠩᠭᠣᠯ ᠵᠶ᠋ᠠᠨ ᠬᠥᠭᠵᠢᠭᠦᠯᠦᠨ ᠮᠠᠨᠳᠤᠭᠤᠯᠬᠤ》 ᠠᠵᠢᠯᠯᠠᠭ᠋ᠠᠨ ᠬᠡᠷᠡᠭᠵᠢᠭᠦᠯᠬᠦ ᠵᠢ ᠠᠬᠢᠭᠤᠯᠤᠨ᠎ᠠ᠃ ᠵᠠᠩᠭᠢᠯᠠᠭ᠎ᠠ ᠵᠢᠨ ᠭᠣᠣᠯᠯᠠᠬᠤ ᠮᠡᠷᠭᠡᠵᠢᠯ᠎ᠤᠨ ᠪᠣᠭᠣᠮᠲᠠ ᠰᠢᠪᠲᠤᠯᠬᠤ ᠡᠷᠴᠢᠮ᠎ᠢ ᠴᠢᠩᠭ᠋ᠠᠷᠠᠭᠤᠯᠤᠨ᠂ ᠰᠦ ᠵᠢᠨ ᠦᠢ᠍ᠯᠡᠰ᠂ ᠰᠢᠨ᠎ᠡ ᠮᠠᠲᠸᠷᠢᠶᠠᠯ᠂ ᠰᠢᠨ᠎ᠡ ᠡᠨᠧᠷᠭᠢ᠂ ᠦᠷ᠎ᠡ ᠵᠢᠨ ᠦᠢ᠍ᠯᠡᠰ ᠵᠡᠷᠭᠡ ᠬᠦᠷᠢᠶᠡᠨ᠎ᠳᠤ ᠨᠢᠭᠡ ᠪᠦᠯᠦᠭ ᠴᠢᠬᠤᠯᠠ ᠶᠡᠬᠡ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠲᠥᠷᠥᠯ ᠵᠦᠢ᠍ᠯ᠎ᠢ ᠬᠡᠷᠡᠭᠵᠢᠭᠦᠯᠦᠨ᠎ᠡ᠃ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ᠂ ᠰᠦ ᠵᠢᠨ ᠦᠢ᠍ᠯᠡᠰ᠂ ᠬᠣᠪᠣᠷ ᠰᠢᠷᠣᠶ ᠵᠢᠨ ᠰᠢᠨ᠎ᠡ ᠮᠠᠲ᠋ᠧᠷᠢᠶᠠᠯ᠎ᠤᠨ ᠤᠯᠤᠰ᠎ᠤᠨ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠲᠥᠪ᠎ᠢ ᠥᠨᠳᠥᠷ ᠪᠠᠷᠢᠮᠵᠢᠶ᠎ᠠ᠎ᠪᠠᠷ ᠪᠠᠢ᠌ᠭᠤᠯᠤᠨ᠂ ᠬᠥᠬᠡᠬᠣᠲᠠ ᠪᠤᠭᠤᠲᠤ ᠣᠷᠳᠣᠰ᠎ᠤᠨ ᠤᠯᠤᠰ᠎ᠤᠨ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠦᠭᠰᠡᠨ ᠵᠢᠱ᠌ᠢᠶ᠎ᠡ ᠦᠵᠡᠭᠦᠯᠬᠦ ᠲᠣᠭᠣᠷᠢᠭ᠂ ᠪᠠᠶᠠᠨᠨᠠᠭᠤᠷ᠎ᠤᠨ ᠤᠯᠤᠰ᠎ᠤᠨ ᠲᠠᠷᠢᠶᠠᠯᠠᠩ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠬᠦ ᠲᠣᠭᠣᠷᠢᠭ ᠵᠡᠷᠭᠡ ᠤᠯᠤᠰ᠎ᠤᠨ ᠲᠠᠰ᠎ᠤᠨ ᠵᠢᠱ᠌ᠢᠶ᠎ᠡ ᠦᠵᠡᠭᠦᠯᠬᠦ ᠲᠣᠭᠣᠷᠢᠭ᠎ᠢ ᠴᠢᠨᠠᠷ ᠰᠠᠶ᠋ᠢᠲᠠᠶ ᠪᠥᠲᠥᠭᠡᠨ ᠪᠠᠶ᠋ᠢᠭᠤᠯᠤᠨ᠎ᠠ᠃ ᠠᠵᠤ ᠠᠬᠤᠶ᠋ᠢᠯᠠᠯ᠎ᠤᠨ ᠰᠢᠨ᠎ᠡ ᠵᠢ ᠡᠭᠦᠳᠬᠦ ᠭᠣᠣᠯ ᠴᠣᠭᠴᠠ ᠵᠢᠨ ᠪᠠᠶ᠋ᠢᠷᠢ ᠰᠠᠭᠤᠷᠢ ᠵᠢ ᠴᠢᠩᠭ᠋ᠠᠳᠬᠠᠨ᠂ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠶ᠋ᠢᠯᠠᠯ ᠪᠠ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠡᠯᠪᠡᠷᠢ ᠵᠢᠨ ᠳᠤᠮᠳᠠ ᠵᠢᠵᠢᠭ ᠠᠵᠤ ᠠᠬᠤᠶ᠋ᠢᠯᠠᠯ᠎ᠤᠨ 《ᠬᠣᠣᠰ ᠳᠠᠬᠢᠨ ᠵᠶ᠋ᠠᠷ ᠨᠡᠮᠡᠭᠳᠡᠭᠦᠯᠬᠦ》 ᠠᠵᠢᠯᠯᠠᠭ᠋ᠠᠨ᠎ᠢ ᠲᠦᠷᠭᠡᠳᠬᠡᠨ ᠬᠡᠷᠡᠭᠵᠢᠭᠦᠯᠵᠦ᠂ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠶ᠋ᠢᠯᠠᠯ᠎ᠢ 200 ᠰᠢᠨ᠎ᠡ᠎ᠪᠠᠷ ᠨᠡᠮᠡᠭᠳᠡᠭᠦᠯᠦᠨ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠡᠯᠪᠡᠷᠢ ᠵᠢᠨ ᠳᠤᠮᠳᠠ ᠵᠢᠵᠢᠭ ᠠᠵᠤ ᠠᠬᠤᠶ᠋ᠢᠯᠠᠯ᠎ᠢ 1000 ᠭᠠᠷᠤᠢ ᠪᠣᠯᠭ᠋ᠠᠨ᠎ᠠ᠃ 《ᠰᠢᠨ᠎ᠡ ᠵᠢ ᠡᠭᠦᠳᠴᠦ ᠦᠢ᠍ᠯᠡᠰ ᠪᠣᠰᠬᠠᠬᠤ》 ᠲᠠᠯ᠎ᠠ ᠵᠢᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠠᠵᠤ ᠠᠬᠤᠶ᠋ᠢᠯᠠᠯ᠎ᠤᠨ ᠨᠡᠪᠴᠢᠭᠦᠯᠦᠭᠦᠷ᠂ ᠣᠯᠠᠨ ᠵᠶ᠋ᠠᠷ ᠵᠶ᠋ᠠᠨ ᠰᠢᠨ᠎ᠡ ᠵᠢ ᠡᠭᠦᠳᠴᠦ ᠦᠢ᠍ᠯᠡᠰ ᠪᠣᠰᠬᠠᠬᠤ ᠣᠷᠣᠨ ᠵᠠᠶ ᠵᠡᠷᠭᠡ ᠰᠢᠨ᠎ᠡ ᠵᠢ ᠡᠭᠦᠳᠴᠦ ᠦᠢ᠍ᠯᠡᠰ ᠪᠣᠰᠬᠠᠬᠤ ᠠᠴᠢᠶᠠᠯᠠᠪᠤᠷᠢ ᠵᠢᠨ ᠪᠦᠲᠦᠭᠡᠨ ᠪᠠᠶ᠋ᠢᠭᠤᠯᠤᠯᠲᠠ ᠵᠢ ᠳᠡᠮᠵᠢᠨ᠎ᠡ᠃ ᠴᠢᠳᠠᠪᠤᠷᠢᠲᠠᠨ᠎ᠤ ᠡᠩᠨᠡᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠂ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠰᠢᠷᠢᠰ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠴᠢᠳᠠᠪᠤᠷᠢᠲᠠᠨ᠎ᠢ ᠬᠥᠮᠦᠵᠢᠭᠦᠯᠬᠦ᠂ ᠦᠨᠡᠯᠡᠬᠦ᠂ ᠬᠡᠷᠡᠭᠯᠡᠬᠦ᠂ ᠣᠷᠣᠭᠤᠯᠤᠨ ᠠᠪᠴᠢᠷᠠᠬᠤ ᠵᠡᠷᠭᠡ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠦᠨ᠎ᠡ᠃
      (ᠬᠣᠶᠠᠷ) ᠪᠣᠬᠢᠷᠲᠤᠯ ᠦᠭᠡᠢ ᠳᠠᠪᠠᠭᠤᠯᠢᠭ ᠣᠨᠴᠠᠯᠢᠭ᠎ᠲᠠᠢ ᠠᠵᠤ ᠦᠢ᠍ᠯᠡᠰ᠎ᠤᠨ ᠲᠣᠭᠲᠠᠯᠴᠠᠭ᠎ᠠ ᠵᠢ ᠪᠠᠶ᠋ᠢᠭᠤᠯᠤᠨ᠎ᠠ᠃ ᠲᠦᠷᠦᠭᠦᠦ ᠪᠦᠯᠦᠭ᠎ᠤᠨ ᠭᠤᠤᠯᠳᠠᠯᠭ᠎ᠠ ᠪᠣᠯᠬᠤ ᠠᠵᠤ ᠦᠢ᠍ᠯᠡᠰ᠎ᠤᠨ ᠬᠡᠯᠬᠢᠶ᠎ᠡ ᠵᠢᠨ ᠠᠵᠢᠯ᠎ᠢ ᠲᠦᠷᠭᠡᠳᠬᠡᠨ ᠠᠬᠢᠭᠤᠯᠵᠤ᠂ ᠭᠤᠤᠯᠳᠠᠯᠭ᠎ᠠ ᠪᠣᠯᠬᠤ ᠠᠵᠤ ᠦᠢ᠍ᠯᠡᠰ᠎ᠤᠨ ᠬᠡᠯᠬᠢᠶ᠎ᠡ ᠵᠢᠨ

《ᠬᠡᠯᠬᠢᠶ᠎ᠡ ᠵᠢᠨ ᠳᠠᠷᠤᠭ᠎ᠠ ᠵᠢᠨ ᠲᠦᠷᠢᠮ》᠎ᠢ ᠨᠠᠶ᠋ᠢᠳᠠᠪᠤᠷᠢᠵᠢᠭᠤᠯᠤᠨ᠂ ᠪᠣᠬᠢᠷᠲᠤᠯ ᠥᠬᠡᠶ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠢ ᠡᠳ᠋ᠰᠢᠭᠦᠯᠦᠨ ᠪᠣᠯᠪᠠᠰᠤᠷᠠᠭᠤᠯᠬᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠰᠢᠨ᠎ᠡ ᠬᠡᠯᠪᠡᠷᠢ ᠵᠢᠨ ᠬᠢᠮᠢ ᠵᠢᠨ ᠠᠵᠤ ᠦᠢ᠍ᠯᠡᠳᠪᠦᠷᠢ᠂ ᠣᠲᠣ ᠦᠶ᠎ᠡ ᠵᠢᠨ ᠲᠣᠨᠣᠭ ᠲᠥᠬᠥᠭᠡᠷᠦᠮᠵᠢ ᠦᠢ᠍ᠯᠡᠳᠬᠦ᠂ ᠠᠮᠢᠳᠤ ᠪᠣᠳᠠᠰ᠎ᠤᠨ ᠡᠮ ᠡᠮᠨᠡᠯᠭᠡ᠂ ᠲᠣᠭ᠋ᠠᠵᠢᠯᠲᠤ ᠠᠵᠤ ᠠᠬᠤᠶ᠂ ᠣᠲᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ ᠵᠡᠷᠭᠡ ᠠᠵᠤ ᠦᠢ᠍ᠯᠡᠰ᠎ᠤᠨ ᠪᠦᠯᠦᠭᠵᠢᠯ᠎ᠢ ᠶᠡᠬᠡ᠎ᠪᠠᠷ ᠬᠥᠭᠵᠢᠭᠦᠯᠦᠨ᠎ᠡ᠃ ᠡᠨᠧᠷᠭᠢ ᠪᠠ ᠪᠠᠶ᠋ᠢᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ ᠭᠠᠵᠠᠷ᠎ᠤᠨ ᠪᠣᠬᠢᠷᠲᠤᠯ ᠥᠬᠡᠶ᠎ᠪᠠᠷ ᠬᠡᠯᠪᠡᠷᠢ᠎ᠪᠠᠨ ᠬᠤᠪᠢᠷᠠᠭᠤᠯᠤᠨ ᠬᠥᠭᠵᠢᠬᠦ ᠵᠢ ᠠᠬᠢᠭᠤᠯᠤᠨ᠂ ᠤᠷᠢᠳ ᠵᠶ᠋ᠠᠷ ᠰᠢᠨ᠎ᠡ ᠵᠢ ᠪᠠᠶ᠋ᠢᠭᠤᠯᠵᠤ ᠳᠠᠷᠠᠭ᠎ᠠ᠎ᠨᠢ ᠬᠠᠭᠤᠴᠢᠨ ᠵᠶ᠋ᠠᠨ ᠲᠠᠶᠠᠭᠳᠠᠬᠤ ᠵᠢ ᠪᠠᠷᠢᠮᠲᠠᠯᠠᠨ᠂ ᠨᠡᠭᠦᠷᠡᠰᠦ ᠵᠢ ᠴᠡᠪᠡᠷᠰᠢᠭᠦᠯᠦᠨ ᠥᠨᠳᠥᠷ ᠪᠦᠲᠦᠮᠵᠢᠲᠡᠶ ᠠᠰᠢᠭᠯᠠᠬᠤ᠎ᠪᠠᠨ ᠬᠦᠴᠦᠯᠡᠨ ᠠᠬᠢᠭᠤᠯᠵᠤ᠂ ᠰᠢᠨ᠎ᠡ ᠡᠨᠧᠷᠭᠢ ᠪᠠ ᠨᠡᠭᠦᠷᠡᠰᠦ ᠵᠢ ᠰᠢᠯᠢᠳᠡᠭᠵᠢᠭᠦᠯᠦᠨ ᠨᠢᠭᠡᠳᠬᠡᠬᠦ ᠵᠢ᠎ᠨᠢ ᠠᠬᠢᠭᠤᠯᠤᠨ᠂ 《ᠬᠣᠶᠠᠷ᠎ᠢ ᠤᠷᠢᠳ ᠵᠶ᠋ᠠᠷ ᠬᠢᠬᠦ》 《ᠬᠣᠶᠠᠷ᠎ᠢ ᠳᠠᠪᠠᠭᠤᠯᠬᠤ》 ᠬᠠᠷᠠᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠢᠨ᠎ᠡ ᠡᠨᠧᠷᠭᠢ ᠵᠢᠨ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠨ᠂ ᠰᠢᠨ᠎ᠡ ᠡᠨᠧᠷᠭᠢ ᠵᠢ ᠰᠢᠩᠭᠡᠭᠡᠨ ᠠᠪᠬᠤ ᠴᠢᠳᠠᠪᠤᠷᠢ᠎ᠪᠠᠨ ᠴᠢᠩᠭ᠋ᠠᠷᠠᠭᠤᠯᠵᠤ᠂ ᠰᠢᠨ᠎ᠡ ᠡᠨᠧᠷᠭᠢ ᠵᠢᠨ ᠲᠤᠤᠷ᠎ᠲᠤ ᠨᠡᠶ᠋ᠢᠯᠡᠭᠦᠯᠬᠦ ᠬᠡᠪᠴᠢᠶ᠎ᠡ ᠵᠢ᠎ᠨᠢ 2000 ᠲᠦᠮᠡᠨ ᠺᠢᠯᠤᠸᠠᠲ᠎ᠠᠴᠠ ᠳᠡᠭᠡᠭᠰᠢ ᠰᠢᠨ᠎ᠡ᠎ᠪᠠᠷ ᠨᠡᠮᠡᠭᠳᠡᠭᠦᠯᠦᠨ᠂ ᠳᠠᠬᠢᠨ ᠡᠭᠦᠰᠴᠦ ᠪᠣᠯᠬᠤ ᠡᠨᠧᠷᠭᠢ ᠵᠢᠨ ᠮᠠᠰᠢᠨ ᠴᠣᠭᠴᠠᠯᠠᠪᠤᠷᠢ ᠵᠢᠨ ᠬᠤᠪᠢ ᠵᠢᠨ ᠵᠢᠩ᠎ᠢ 40%᠎ᠠᠴᠠ ᠳᠡᠭᠡᠭᠰᠢ᠎ᠳᠤ ᠬᠦᠷᠦᠭᠦᠯᠦᠨ᠎ᠡ᠃ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠪᠣᠬᠢᠷᠲᠤᠯ ᠥᠬᠡᠶ ᠴᠢᠨᠠᠷ ᠰᠠᠶ᠋ᠢᠲᠠᠶ ᠥᠨᠳᠥᠷ ᠦᠷ᠎ᠡ ᠪᠦᠲᠦᠮᠵᠢᠲᠡᠶ᠎ᠪᠠᠷ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠵᠤ᠂ ᠶᠠᠰᠤ ᠴᠢᠨᠠᠷ ᠵᠶ᠋ᠠᠷ ᠲᠠᠷᠢᠶᠠᠯᠠᠩ᠎ᠢ ᠬᠥᠭᠵᠢᠭᠦᠯᠬᠦ᠂ ᠪᠣᠬᠢᠷᠲᠤᠯ ᠥᠬᠡᠶ᠎ᠪᠠᠷ ᠲᠠᠷᠢᠶᠠᠯᠠᠩ᠎ᠢ ᠬᠥᠭᠵᠢᠭᠦᠯᠬᠦ᠂ ᠨᠠᠷᠠᠲᠤ ᠲᠡᠮᠳᠡᠭ ᠵᠶ᠋ᠠᠷ ᠲᠠᠷᠢᠶᠠᠯᠠᠩ ᠵᠶ᠋ᠠᠨ ᠬᠦᠴᠦᠷᠬᠡᠭᠵᠢᠭᠦᠯᠬᠦ ᠵᠢ ᠪᠠᠷᠢᠮᠲᠠᠯᠠᠨ᠂ 《ᠭᠤᠷᠪᠠᠨ ᠵᠦᠢ᠍ᠯ᠎ᠤᠨ ᠪᠦᠲᠦᠭᠡᠭᠳᠡᠬᠦᠨ ᠬᠢᠭᠡᠳ ᠨᠢᠭᠡ ᠲᠡᠮᠳᠡᠭ》 ᠵᠶ᠋ᠠᠨ ᠳᠡᠭᠡᠭᠰᠢᠯᠡᠭᠦᠯᠬᠦ ᠠᠵᠢᠯᠯᠠᠭ᠋ᠠᠨ᠎ᠢ ᠭᠦᠨᠵᠡᠭᠡᠶ ᠠᠬᠢᠭᠤᠯᠵᠤ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠤᠨ ᠨᠥᠯᠥᠭᠡᠯᠡᠬᠦ ᠬᠦᠴᠦᠨ᠎ᠢ ᠥᠷᠭᠡᠳᠬᠡᠨ᠂ ᠪᠣᠬᠢᠷᠲᠤᠯ ᠥᠬᠡᠶ ᠴᠢᠨᠠᠷ ᠰᠠᠶ᠋ᠢᠲᠠᠶ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠬᠠᠩᠭ᠋ᠠᠬᠤ ᠴᠢᠳᠠᠪᠤᠷᠢ ᠵᠢ᠎ᠨᠢ ᠳᠡᠭᠡᠭᠰᠢᠯᠡᠭᠦᠯᠦᠨ᠎ᠡ᠃ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ ᠰᠢᠨ᠎ᠡ᠎ᠪᠠᠷ ᠪᠣᠶ ᠪᠣᠯᠤᠭᠰᠠᠨ ᠠᠵᠤ ᠦᠢ᠍ᠯᠡᠰ᠎ᠢ ᠶᠡᠬᠡ᠎ᠪᠠᠷ ᠬᠥᠭᠵᠢᠭᠦᠯᠵᠦ᠂ ᠲᠣᠭ᠋ᠠᠵᠢᠯᠲᠤ ᠠᠵᠤ ᠠᠬᠤᠶ ᠵᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭ᠋ᠠᠶ᠋ᠢᠷᠠᠭᠤᠯᠤᠨ᠂ ᠲᠣᠭ᠋ᠠᠵᠢᠭᠤᠯᠤᠭᠰᠠᠨ ᠬᠡᠯᠪᠡᠷᠢ ᠲᠡᠢ᠌ᠰᠢ ᠬᠤᠪᠢᠷᠠᠭᠤᠯᠬᠤ ᠠᠵᠢᠯ᠎ᠤᠨ ᠱᠤᠭᠤᠮ᠎ᠤᠨ ᠵᠢᠷᠤᠭ᠎ᠢ ᠠᠵᠢᠯ ᠲᠥᠷᠥᠯ ᠵᠶ᠋ᠠᠷ᠎ᠨᠢ ᠬᠤᠪᠢᠶᠠᠵᠤ ᠲᠣᠭᠲᠠᠭ᠋ᠠᠨ᠂ ᠪᠣᠬᠢᠷᠲᠤᠯ ᠥᠬᠡᠶ ᠣᠷᠴᠢᠨ ᠲᠣᠭᠣᠷᠢᠨ᠎ᠤ ᠬᠠᠮᠠᠭ᠋ᠠᠯᠠᠯᠲᠠ᠂ ᠠᠮᠢᠳᠤ ᠪᠣᠳᠠᠰ᠎ᠤᠨ ᠡᠮ ᠡᠮᠨᠡᠯᠭᠡ᠂ ᠳᠡᠭᠡᠳᠦ ᠲᠠᠰ᠎ᠤᠨ ᠲᠣᠨᠣᠭ ᠲᠥᠬᠥᠭᠡᠷᠦᠮᠵᠢ ᠵᠡᠷᠭᠡ ᠠᠵᠤ ᠦᠢ᠍ᠯᠡᠰ᠎ᠢ ᠪᠤᠵᠠᠭ᠋ᠠᠢ᠌ᠷᠠᠭᠤᠯᠤᠨ᠂ ᠴᠡᠷᠢᠭ ᠠᠷᠠᠳ᠎ᠤᠨ ᠬᠡᠷᠡᠭᠴᠡᠭᠡᠨ᠎ᠤ ᠠᠭᠤᠰᠤᠯᠴᠠᠭᠰᠠᠨ ᠠᠵᠤ ᠦᠢ᠍ᠯᠡᠰ᠎ᠢ ᠬᠥᠭᠵᠢᠭᠦᠯᠦᠨ᠎ᠡ᠃ ᠦᠢ᠍ᠯᠡᠴᠢᠯᠡᠭᠡᠨ᠎ᠤ ᠦᠢ᠍ᠯᠡᠰ᠎ᠤᠨ ᠳᠤᠲᠠᠭᠤᠳᠠᠯ ᠵᠶ᠋ᠠᠨ ᠨᠥᠬᠥᠪᠥᠷᠢᠯᠡᠬᠦ ᠵᠢ ᠲᠦᠷᠭᠡᠳᠬᠡᠨ ᠠᠬᠢᠭᠤᠯᠵᠤ᠂ ᠣᠲᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ ᠵᠶ᠋ᠠᠨ ᠲᠡᠷᠢᠭᠦᠨ᠎ᠤ ᠦᠢ᠍ᠯᠡᠳᠬᠦ ᠦᠢ᠍ᠯᠡᠰ᠂ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠶ᠎ᠯᠤᠭ᠎ᠠ ᠭᠦᠨ ᠠᠭᠤᠰᠤᠯᠴᠠᠭᠤᠯᠬᠤ ᠵᠢ ᠠᠬᠢᠭᠤᠯᠤᠨ᠂ ᠦᠢ᠍ᠯᠡᠳᠪᠦᠷᠢᠯᠡᠯ᠎ᠤᠨ ᠴᠢᠨᠠᠷᠲᠠᠶ ᠦᠢ᠍ᠯᠡᠴᠢᠯᠡᠭᠡᠨ᠎ᠤ ᠦᠢ᠍ᠯᠡᠰ ᠵᠶ᠋ᠠᠨ ᠲᠤᠰᠬᠠᠶ᠋ᠢᠵᠢᠭᠰᠠᠨ ᠪᠠ ᠥᠷᠲᠡᠭ᠎ᠤᠨ ᠬᠡᠯᠬᠢᠶ᠎ᠡ ᠵᠢᠨ ᠳᠡᠭᠡᠳᠦ ᠲᠠᠰ ᠲᠡᠢ᠌ᠰᠢ ᠤᠷᠲᠤᠳᠬᠠᠬᠤ ᠵᠢ ᠠᠬᠢᠭᠤᠯᠵᠤ᠂ ᠠᠮᠢᠳᠤᠷᠠᠯ᠎ᠤᠨ ᠬᠡᠷᠡᠭᠴᠡᠭᠡᠨ᠎ᠤ ᠴᠢᠨᠠᠷᠲᠠᠶ ᠦᠢ᠍ᠯᠡᠴᠢᠯᠡᠭᠡᠨ᠎ᠤ ᠦᠢ᠍ᠯᠡᠰ ᠵᠶ᠋ᠠᠨ ᠴᠢᠨᠠᠷ ᠰᠠᠶ᠋ᠢᠲᠠᠶ ᠪᠠ ᠣᠯᠠᠨ ᠶᠠᠩᠵᠤᠴᠢᠯᠬᠠᠰᠠᠨ ᠲᠡᠢ᠌ᠰᠢ ᠲᠠᠰ ᠳᠡᠪᠰᠢᠭᠦᠯᠬᠦ ᠵᠢ ᠠᠬᠢᠭᠤᠯᠤᠨ᠂ ᠡᠨᠧᠷᠭᠢ ᠠᠷᠪᠢᠯᠠᠬᠤ ᠦᠢ᠍ᠯᠡᠴᠢᠯᠡᠭᠡ᠂ ᠰᠤᠳᠤᠯᠤᠨ ᠨᠡᠭᠡᠭᠡᠵᠦ ᠵᠢᠷᠤᠵᠤ ᠲᠥᠯᠥᠪᠯᠡᠬᠦ ᠵᠡᠷᠭᠡ ᠦᠢ᠍ᠯᠡᠳᠬᠦ ᠦᠢ᠍ᠯᠡᠰ᠎ᠤᠨ ᠦᠢ᠍ᠯᠡᠴᠢᠯᠡᠭᠡᠨ᠎ᠢ ᠪᠣᠶ ᠪᠣᠯᠭ᠋ᠠᠨ ᠬᠥᠭᠵᠢᠭᠦᠯᠵᠦ᠂ ᠭᠤᠤᠯᠳᠠᠯᠭ᠎ᠠ ᠪᠣᠯᠬᠤ ᠦᠵᠡᠮᠵᠢ ᠵᠢᠨ ᠣᠷᠣᠨ᠎ᠤ ᠴᠢᠨᠠᠷ ᠴᠢᠨᠰᠠᠭ᠎ᠠ᠎ᠪᠠᠨ ᠳᠡᠭᠡᠭᠰᠢᠯᠡᠭᠦᠯᠬᠦ ᠠᠵᠢᠯᠯᠠᠭ᠋ᠠᠨ ᠪᠠ ᠰᠣᠶᠣᠯ ᠵᠢᠭᠤᠯᠴᠢᠯᠠᠯ᠎ᠤᠨ ᠲᠣᠭ᠋ᠠᠵᠢᠭᠤᠯᠤᠭᠰᠠᠨ ᠢᠨᠵᠧᠨᠧᠷᠢᠩ᠎ᠢ ᠬᠡᠷᠡᠭᠵᠢᠭᠦᠯᠦᠨ᠂ ᠪᠠᠷᠠᠭ᠋ᠠᠨ᠎ᠤ ᠭᠦᠢ᠍ᠯᠭᠡᠭᠡᠨ᠂ ᠮᠥᠩᠭᠥᠨ ᠭᠦᠢ᠍ᠯᠭᠡᠭᠡ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠂ ᠵᠢᠭᠤᠯᠴᠢᠯᠠᠯ᠂ ᠰᠣᠶᠣᠯ ᠵᠡᠷᠭᠡ ᠬᠦᠷᠢᠶ᠎ᠡ᠎ᠪᠠᠷ ᠭᠤᠤᠯᠳᠠᠯᠭ᠎ᠠ ᠪᠣᠯᠭ᠋ᠠᠵᠤ᠂ ᠨᠢᠭᠡ ᠪᠦᠯᠦᠭ ᠦᠢ᠍ᠯᠡᠴᠢᠯᠡᠭᠡᠨ᠎ᠤ ᠦᠢ᠍ᠯᠡᠰ᠎ᠤᠨ ᠲᠥᠪᠯᠡᠷᠡᠭᠰᠡᠨ ᠲᠣᠭᠣᠷᠢᠭ᠎ᠢ ᠪᠠᠶ᠋ᠢᠭᠤᠯᠤᠨ᠂ ᠴᠢᠨᠠᠷ ᠰᠠᠶ᠋ᠢᠲᠠᠶ ᠦᠢ᠍ᠯᠡᠴᠢᠯᠡᠭᠡ ᠬᠠᠩᠭ᠋ᠠᠬᠤ ᠵᠢ ᠴᠢᠩᠭ᠋ᠠᠷᠠᠭᠤᠯᠤᠨ᠎ᠠ᠃
      ᠲᠤᠰᠬᠠᠶ ᠪᠤᠯᠤᠩ 1᠄ ᠭᠤᠤᠯᠳᠠᠯᠭ᠎ᠠ ᠪᠣᠯᠬᠤ ᠠᠵᠤ ᠦᠢ᠍ᠯᠡᠰ᠎ᠤᠨ ᠬᠡᠯᠬᠢᠶ᠎ᠡ ᠵᠢᠨ ᠠᠵᠢᠯ᠎ᠢ ᠲᠦᠷᠭᠡᠳᠬᠡᠨ ᠠᠬᠢᠭᠤᠯᠤᠨ᠎ᠠ
      (ᠨᠢᠭᠡ) ᠣᠲᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠦᠢ᠍ᠯᠡᠰ᠎ᠤᠨ ᠬᠡᠯᠬᠢᠶ᠎ᠡ᠃ ᠣᠳᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠂ ᠤᠯᠤᠰ᠎ᠤᠨ ᠲᠥᠯᠥᠪᠵᠢᠭᠦᠯᠦᠨ ᠪᠠᠶ᠋ᠢᠷᠢᠰᠢᠭᠤᠯᠤᠭᠰᠠᠨ ᠣᠳᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠲᠥᠷᠥᠯ ᠵᠦᠢ᠍ᠯ᠎ᠢ ᠪᠣᠳᠠᠲᠠᠶ᠋ᠢᠵᠢᠭᠤᠯᠬᠤ᠎ᠪᠠᠷ ᠢᠳᠡᠪᠬᠢᠲᠡᠶ ᠴᠢᠷᠮᠠᠶ᠋ᠢᠵᠤ᠂ ᠳᠡᠭᠡᠳᠦ ᠲᠠᠰ᠎ᠤᠨ ᠰᠠᠭᠤᠷᠢ ᠪᠣᠯᠬᠤ ᠬᠢᠮᠢ ᠵᠢᠨ ᠠᠵᠤ ᠦᠢ᠍ᠯᠡᠳᠪᠦᠷᠢ ᠵᠢᠨ ᠦᠢ᠍ᠯᠡᠳᠬᠦᠨ᠎ᠢ ᠶᠡᠬᠡ᠎ᠪᠠᠷ ᠬᠥᠭᠵᠢᠭᠦᠯᠦᠨ᠂ ᠠᠵᠤ ᠦᠢ᠍ᠯᠡᠰ᠎ᠤᠨ ᠢᠵᠢ ᠪᠦᠷᠢᠳᠦᠭᠦᠯᠬᠦ ᠴᠢᠳᠠᠪᠤᠷᠢ ᠵᠢ᠎ᠨᠢ ᠴᠢᠩᠭ᠋ᠠᠷᠠᠭᠤᠯᠵᠤ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠬᠡᠷᠡᠭᠯᠡᠵᠦ ᠤᠯᠠᠷᠢᠭᠤᠯᠬᠤ ᠵᠢ ᠠᠬᠢᠭᠤᠯᠤᠨ᠂ ᠪᠣᠬᠢᠷᠲᠤᠯ ᠦᠭᠡᠶ ᠪᠠᠢ᠌ᠯᠭ᠋ᠠᠬᠤ ᠪᠠ ᠨᠡᠭᠦᠷᠡᠰᠦᠳᠦ᠋ᠷᠦᠭᠴᠢ ᠪᠠᠭ᠎ᠠ ᠭᠠᠳᠠᠭᠰᠢᠯᠠᠭᠤᠯᠬᠤ ᠬᠢᠷᠢ ᠲᠦᠪᠰᠢᠨ ᠵᠶ᠋ᠠᠨ ᠳᠡᠭᠡᠭᠰᠢᠯᠡᠭᠦᠯᠦᠨ᠎ᠡ᠃
      (ᠬᠣᠶᠠᠷ) ᠰᠠᠯᠬᠢᠨ᠎ᠤ ᠬᠦᠴᠦ᠎ᠪᠠᠷ ᠴᠠᠬᠢᠯᠭ᠋ᠠᠨ ᠡᠭᠦᠰᠬᠡᠬᠦ ᠲᠣᠨᠣᠭ ᠲᠥᠬᠥᠭᠡᠷᠦᠮᠵᠢ ᠵᠢᠨ ᠠᠵᠤ ᠦᠢ᠍ᠯᠡᠰ᠎ᠤᠨ ᠬᠡᠯᠬᠢᠶ᠎ᠡ᠃ ᠠᠵᠤ ᠦᠢ᠍ᠯᠡᠰ᠎ᠤᠨ ᠪᠠᠶ᠋ᠢᠷᠢᠰᠢᠭᠤᠯᠤᠯᠲᠠ ᠵᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠮᠡᠷᠭᠡᠵᠢᠯ᠎ᠤᠨ ᠰᠢᠨ᠎ᠡ ᠡᠭᠦᠳᠦᠯᠲᠡ ᠵᠢ ᠳᠡᠮᠵᠢᠵᠦ᠂ ᠥᠪᠡᠷᠲᠡᠭᠡᠨ ᠵᠠᠰᠠᠬᠤ ᠣᠷᠣᠨ᠎ᠤ ᠬᠡᠯᠬᠢᠶ᠎ᠡ ᠵᠢᠨ ᠭᠣᠣᠯᠯᠠᠬᠤ ᠠᠵᠤ ᠠᠬᠤᠶ᠋ᠢᠯᠠᠯ᠎ᠢ ᠢᠳᠡᠪᠬᠢᠲᠡᠶ ᠪᠣᠢ ᠪᠣᠯᠭ᠋ᠠᠨ᠂ ᠠᠵᠤ ᠦᠢ᠍ᠯᠡᠰ᠎ᠤᠨ ᠬᠡᠯᠬᠢᠶ᠎ᠡ ᠵᠢᠨ ᠳᠤᠲᠠᠭᠤᠳᠠᠯ᠎ᠢ᠎ᠨᠢ ᠨᠥᠬᠥᠪᠥᠷᠢᠯᠡᠬᠦ ᠠᠵᠢᠯᠯᠠᠭ᠋ᠠᠨ᠎ᠢ ᠬᠦᠴᠦᠲᠡᠢ ᠬᠡᠷᠡᠭᠵᠢᠭᠦᠯᠵᠦ᠂ ᠠᠵᠤ ᠦᠢ᠍ᠯᠡᠰ᠎ᠢ ᠲᠡᠳᠬᠦᠬᠦ ᠲᠥᠷᠥ ᠵᠢᠨ ᠪᠣᠳᠣᠯᠭ᠎ᠠ᠎ᠪᠠᠨ ᠪᠠᠶ᠋ᠢᠭᠤᠯᠤᠨ ᠪᠦᠷᠢᠨᠰᠢᠭᠦᠯᠦᠨ᠎ᠡ᠃
      (ᠭᠤᠷᠪᠠ) ᠬᠡᠷᠡᠯ ᠴᠡᠨᠡᠭ᠎ᠤᠨ ᠲᠣᠨᠣᠭ ᠲᠥᠬᠥᠭᠡᠷᠦᠮᠵᠢ ᠵᠢᠨ ᠠᠵᠤ ᠦᠢ᠍ᠯᠡᠰ᠎ᠤᠨ ᠬᠡᠯᠬᠢᠶ᠎ᠡ᠃ ᠠᠵᠤ ᠦᠢ᠍ᠯᠡᠰ᠎ᠤᠨ ᠪᠠᠶ᠋ᠢᠷᠢᠰᠢᠭᠤᠯᠤᠯᠲᠠ ᠵᠢ ᠲᠣᠬᠢᠷᠠᠭᠤᠯᠤᠨ ᠰᠢᠯᠢᠳᠡᠭᠵᠢᠭᠦᠯᠵᠦ᠂ ᠰᠤᠳᠤᠯᠤᠨ ᠨᠡᠭᠡᠭᠡᠬᠦ ᠣᠷᠣᠭᠤᠯᠤᠯᠲᠠ ᠵᠢᠨ ᠡᠷᠴᠢᠮ᠎ᠢ ᠴᠢᠩᠭ᠋ᠠᠷᠠᠭᠤᠯᠤᠨ᠂ ᠠᠵᠤ ᠠᠬᠤᠶ᠋ᠢᠯᠠᠯ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠵᠢ᠎ᠨᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠠᠵᠤ ᠦᠢ᠍ᠯᠡᠰ᠎ᠤᠨ ᠬᠡᠯᠬᠢᠶ᠎ᠡ᠎ᠪᠠᠨ ᠤᠷᠲᠤᠳᠬᠠᠬᠤ ᠵᠢ ᠠᠬᠢᠭᠤᠯᠵᠤ᠂ ᠣᠳᠣ ᠪᠠᠢ᠌ᠭ᠎ᠠ ᠲᠦᠭᠦᠬᠡᠢ ᠮᠠᠲ᠋ᠧᠷᠢᠶᠠᠯ᠎ᠤᠨ ᠠᠵᠤ ᠠᠬᠤᠶ᠋ᠢᠯᠠᠯ᠎ᠢ ᠳᠠᠮᠵᠢᠵᠤ ᠪᠠᠢ᠌ᠭ᠋ᠠᠳ ᠳᠤᠮᠳᠠ ᠬᠡᠯᠬᠢᠶᠡᠨ᠎ᠳᠠᠬᠢ ᠭᠡᠷᠡᠯ ᠴᠡᠨᠡᠭ᠎ᠤᠨ ᠲᠣᠨᠣᠭ ᠲᠥᠬᠥᠭᠡᠷᠦᠮᠵᠢ ᠵᠢᠨ ᠠᠵᠤ ᠦᠢ᠍ᠯᠡᠰ ᠲᠡᠢ᠌ᠰᠢ ᠤᠷᠲᠤᠳᠬᠠᠨ᠂ ᠣᠷᠣᠨ᠎ᠤ ᠭᠠᠳᠠᠨᠠᠬᠢ ᠬᠥᠲᠥᠴᠢ ᠠᠵᠤ ᠠᠬᠤᠶ᠋ᠢᠯᠠᠯ᠎ᠯᠤᠭ᠎ᠠ ᠢᠳᠡᠪᠬᠢᠲᠡᠢ ᠵᠣᠯᠭ᠋ᠠᠭᠤᠯᠵᠤ᠂ ᠠᠵᠤ ᠦᠢ᠍ᠯᠡᠰ᠎ᠢ ᠲᠡᠳᠬᠦᠬᠦ ᠲᠥᠷᠥ ᠵᠢᠨ ᠪᠣᠳᠣᠯᠭ᠎ᠠ᠎ᠪᠠᠨ ᠪᠠᠶ᠋ᠢᠭᠤᠯᠤᠨ ᠪᠦᠷᠢᠨᠰᠢᠭᠦᠯᠦᠨ᠎ᠡ᠃
      (ᠳᠥᠷᠪᠡ) ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠠᠵᠤ ᠦᠢ᠍ᠯᠡᠰ᠎ᠤᠨ ᠬᠡᠯᠬᠢᠶ᠎ᠡ᠃ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠦᠨ ᠪᠠᠶ᠋ᠢᠷᠢᠰᠢᠭᠤᠯᠵᠤ᠂ ᠠᠵᠤ ᠠᠬᠤᠶ᠋ᠢᠯᠠᠯ᠎ᠤᠨ ᠮᠡᠷᠭᠡᠵᠢᠯ᠎ᠤᠨ ᠰᠢᠨ᠎ᠡ ᠡᠭᠦᠳᠦᠯᠲᠡ ᠵᠢ ᠳᠡᠮᠵᠢᠵᠦ᠂ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠠᠵᠤ ᠦᠢ᠍ᠯᠡᠰ᠎ᠤᠨ ᠬᠥᠲᠥᠴᠢ ᠠᠵᠤ ᠠᠬᠤᠶ᠋ᠢᠯᠠᠯ᠎ᠢ ᠪᠣᠶ ᠪᠣᠯᠭ᠋ᠠᠨ᠂ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠠᠵᠤ ᠦᠢ᠍ᠯᠡᠰ᠎ᠤᠨ ᠲᠦᠬᠦᠷᠵᠢᠬᠦ ᠠᠵᠤ ᠠᠬᠤᠶ᠋ᠢᠯᠠᠯ᠎ᠢ ᠢᠳᠡᠪᠬᠢᠲᠡᠶ᠎ᠪᠠᠷ ᠣᠷᠣᠭᠤᠯᠤᠨ ᠠᠪᠴᠢᠷᠠᠵᠤ᠂ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠴᠠᠬᠢᠯᠭ᠋ᠠᠨ ᠴᠡᠨᠡᠭᠯᠡᠬᠦ ᠰᠠᠭᠤᠷᠢ ᠪᠡᠯᠡᠳᠬᠡᠮᠵᠢ ᠵᠢᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠨ᠂ ᠰᠢᠨ᠎ᠡ ᠡᠨᠧᠷᠭᠢ ᠵᠢᠨ ᠮᠠᠰᠢᠨ ᠲᠡᠷᠭᠡ ᠵᠢ ᠳᠡᠯᠭᠡᠷᠡᠭᠦᠯᠬᠦ ᠡᠷᠴᠢᠮ ᠵᠶ᠋ᠠᠨ ᠴᠢᠩᠭ᠋ᠠᠷᠠᠭᠤᠯᠤᠨ᠎ᠠ᠃
      (ᠲᠠᠪᠤ) ᠠᠮᠢᠳᠤ ᠪᠣᠳᠠᠰ᠎ᠤᠨ ᠡᠮ ᠡᠮᠨᠡᠯᠭᠡ ᠵᠢᠨ ᠠᠵᠤ ᠦᠢ᠍ᠯᠡᠰ᠎ᠤᠨ ᠬᠡᠯᠬᠢᠶ᠎ᠡ᠃ ᠠᠵᠤ ᠦᠢ᠍ᠯᠡᠰ᠎ᠤᠨ ᠲᠥᠪᠯᠡᠷᠡᠵᠦ ᠪᠥᠭᠡᠮᠨᠡᠷᠡᠭᠰᠡᠨ ᠪᠠ ᠵᠦᠷᠢᠶᠡᠵᠢᠭᠰᠡᠨ ᠬᠥᠭᠵᠢᠯᠲᠡ ᠵᠢ ᠠᠬᠢᠭᠤᠯᠤᠨ᠂ ᠬᠡᠯᠬᠢᠶ᠎ᠡ ᠵᠢᠨ ᠭᠣᠣᠯᠯᠠᠬᠤ ᠠᠵᠤ ᠠᠬᠤᠶ᠋ᠢᠯᠠᠯ᠂ ᠲᠣᠯᠣᠭ᠋ᠠᠢ᠌ᠯᠠᠬᠤ ᠠᠵᠤ ᠠᠬᠤᠶ᠋ᠢᠯᠠᠯ᠎ᠢ ᠪᠣᠶ ᠪᠣᠯᠭ᠋ᠠᠨ ᠪᠦᠷᠢᠯᠳᠦᠭᠦᠯᠵᠦ᠂ ᠠᠵᠤ ᠦᠢ᠍ᠯᠡᠰ᠎ᠤᠨ ᠬᠡᠯᠬᠢᠶ᠎ᠡ ᠵᠢ ᠤᠷᠲᠤᠳᠬᠠᠵᠤ ᠬᠡᠯᠬᠢᠶ᠎ᠡ ᠵᠢᠨ ᠳᠤᠲᠠᠭᠤᠳᠠᠯ᠎ᠢ᠎ᠨᠢ ᠨᠥᠬᠥᠪᠥᠷᠢᠯᠡᠬᠦ ᠵᠢ ᠴᠢᠩᠭ᠋ᠠᠳᠬᠠᠨ᠂ ᠴᠢᠬᠤᠯᠠ ᠶᠡᠬᠡ ᠰᠢᠨ᠎ᠡ ᠡᠭᠦᠳᠦᠯᠲᠡ ᠵᠢᠨ ᠲᠠᠪᠴᠠᠩ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠪᠣᠲᠠᠲᠠᠢ᠌ᠵᠢᠭᠤᠯᠵᠤ ᠤᠯᠠᠷᠢᠭᠤᠯᠬᠤ᠎ᠪᠠᠨ ᠠᠬᠢᠭᠤᠯᠤᠨ᠎ᠠ᠃
      (ᠵᠢᠷᠭᠤᠭ᠎ᠠ) ᠬᠣᠪᠣᠷ ᠰᠢᠷᠣᠶ ᠵᠢᠨ ᠠᠵᠤ ᠦᠢ᠍ᠯᠡᠰ᠎ᠤᠨ ᠬᠡᠯᠬᠢᠶ᠎ᠡ᠃ ᠠᠵᠤ ᠦᠢ᠍ᠯᠡᠰ᠎ᠤᠨ ᠪᠠᠶ᠋ᠢᠷᠢᠰᠢᠭᠤᠯᠤᠯᠲᠠ ᠵᠢ ᠲᠣᠬᠢᠷᠠᠭᠤᠯᠤᠨ ᠰᠢᠯᠢᠳᠡᠭᠵᠢᠭᠦᠯᠵᠦ᠂ ᠬᠣᠪᠣᠷ ᠰᠢᠷᠣᠶ ᠵᠢᠨ ᠠᠵᠤ ᠦᠢ᠍ᠯᠡᠰ᠎ᠤᠨ ᠪᠦᠯᠦᠭᠵᠢᠯ᠎ᠢ ᠤᠯᠠᠮ ᠨᠢᠭᠡ ᠠᠯᠬᠤᠮ ᠬᠥᠭᠵᠢᠭᠦᠯᠵᠦ᠂ ᠤᠯᠤᠰ᠎ᠤᠨ ᠬᠣᠪᠣᠷ ᠰᠢᠷᠣᠶ ᠵᠢᠨ ᠴᠢᠳᠠᠮᠵᠢᠲᠤ ᠮᠠᠲᠸᠷᠢᠶᠠᠯ᠎ᠤᠨ ᠰᠢᠨ᠎ᠡ ᠡᠭᠦᠳᠦᠯᠲᠡ ᠵᠢᠨ ᠲᠥᠪ᠂ ᠬᠣᠪᠣᠷ ᠰᠢᠷᠣᠶ ᠵᠢᠨ ᠰᠢᠨ᠎ᠡ ᠮᠠᠲᠸᠷᠢᠶᠠᠯ᠎ᠤᠨ ᠰᠢᠨ᠎ᠡ ᠡᠭᠦᠳᠦᠯᠲᠡ ᠵᠢᠨ ᠲᠥᠪ᠎ᠤᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠂ ᠬᠣᠪᠣᠷ ᠰᠢᠷᠣᠶ ᠵᠢᠨ ᠬᠡᠷᠡᠭᠯᠡᠭᠡᠨ᠎ᠤ ᠠᠵᠤ ᠦᠢ᠍ᠯᠡᠰ᠎ᠢ ᠪᠣᠢ ᠪᠣᠯᠭ᠋ᠠᠨ ᠪᠤᠵᠠᠭ᠋ᠠᠶ᠋ᠢᠷᠠᠭᠤᠯᠵᠤ᠂ ᠲᠡᠳᠬᠦᠬᠦ ᠲᠥᠷᠥ ᠵᠢᠨ ᠪᠣᠳᠣᠯᠭ᠎ᠠ᠎ᠪᠠᠨ ᠪᠠᠶ᠋ᠢᠭᠤᠯᠤᠨ ᠪᠦᠷᠢᠨᠰᠢᠭᠦᠯᠦᠨ᠎ᠡ᠃
      (ᠳᠣᠯᠣᠭ᠎ᠠ) ᠥᠩᠭᠡᠲᠦ ᠲᠡᠮᠦᠷᠯᠢᠭ᠎ᠤᠨ ᠠᠵᠤ ᠦᠢ᠍ᠯᠡᠰ᠎ᠤᠨ ᠬᠡᠯᠬᠢᠶ᠎ᠡ᠃ ᠠᠵᠤ ᠦᠢ᠍ᠯᠡᠰ᠎ᠤᠨ ᠪᠠᠢ᠌ᠷᠢᠰᠢᠭᠤᠯᠤᠯᠲᠠ ᠵᠢ ᠲᠣᠬᠢᠷᠠᠭᠤᠯᠤᠨ ᠰᠢᠯᠢᠳᠡᠭᠵᠢᠭᠦᠯᠵᠦ᠂ ᠮᠡᠷᠭᠡᠵᠢᠯ ᠣᠷᠣᠭᠤᠯᠵᠤ ᠢᠷᠡᠬᠦ ᠪᠠ ᠡᠭᠦᠳᠦᠨ ᠪᠦᠲᠦᠭᠡᠵᠦ ᠰᠤᠳᠤᠯᠤᠨ ᠨᠡᠭᠡᠭᠡᠬᠦ ᠵᠢ ᠳᠡᠮᠵᠢᠨ᠂ ᠠᠵᠤ ᠦᠢ᠍ᠯᠡᠰ᠎ᠤᠨ ᠬᠡᠯᠬᠢᠶ᠎ᠡ᠎ᠪᠠᠨ ᠤᠷᠲᠤᠳᠬᠠᠬᠤ ᠵᠢ ᠬᠦᠴᠦᠲᠡᠢ ᠠᠬᠢᠭᠤᠯᠵᠤ᠂ ᠣᠳᠣ ᠪᠠᠶ᠋ᠢᠭ᠎ᠠ ᠴᠠᠬᠢᠯᠭ᠋ᠠᠨ ᠵᠶ᠋ᠠᠷ ᠵᠠᠳᠠᠯᠤᠭᠰᠠᠨ ᠬᠥᠩᠭᠡᠨ ᠴᠠᠭ᠋ᠠᠨ᠎ᠤ ᠬᠡᠯᠬᠢᠶ᠎ᠡ ᠵᠢᠨ ᠭᠣᠣᠯᠯᠠᠬᠤ ᠠᠵᠤ ᠠᠬᠤᠶ᠋ᠢᠯᠠᠯ ᠵᠶ᠋ᠠᠨ ᠬᠥᠩᠭᠡᠨ ᠴᠠᠭ᠋ᠠᠨ᠎ᠤ ᠳᠠᠷᠠᠭ᠋ᠠᠴᠢ᠎ᠪᠠᠷ᠎ᠬᠢ ᠡᠳ᠋ᠰᠢᠭᠦᠯᠬᠦ ᠠᠵᠤ ᠦᠢ᠍ᠯᠡᠰ ᠲᠡᠢ᠌ᠰᠢ ᠤᠷᠲᠤᠳᠬᠠᠬᠤ ᠵᠢ ᠳᠡᠮᠵᠢᠵᠦ᠂ ᠠᠵᠤ ᠦᠢ᠍ᠯᠡᠰ᠎ᠢ ᠲᠡᠳᠬᠦᠬᠦ ᠲᠥᠷᠥ ᠵᠢᠨ ᠪᠣᠳᠣᠯᠭ᠎ᠠ᠎ᠪᠠᠨ ᠪᠠᠶ᠋ᠢᠭᠤᠯᠤᠨ ᠪᠦᠷᠢᠨᠰᠢᠭᠦᠯᠦᠨ᠎ᠡ᠃
      (ᠨᠠᠢ᠍ᠮᠠ) ᠰᠦ ᠵᠢᠨ ᠦᠢ᠍ᠯᠡᠰ᠎ᠤᠨ ᠠᠵᠤ ᠦᠢ᠍ᠯᠡᠰ᠎ᠤᠨ ᠬᠡᠯᠬᠢᠶ᠎ᠡ᠃ ᠰᠠᠭ᠋ᠠᠯᠢ ᠵᠢᠨ ᠦᠨᠢᠶᠡᠨ᠎ᠤ ᠤᠳᠤᠮᠰᠢᠯ᠎ᠤᠨ ᠡᠭᠦᠯᠳᠡᠷ ᠰᠠᠶ᠋ᠢᠵᠢᠷᠠᠭᠤᠯᠬᠤ ᠲᠥᠯᠥᠪᠯᠡᠭᠡ ᠪᠠ ᠲᠡᠵᠢᠭᠡᠯ ᠡᠪᠡᠰᠦ ᠪᠣᠷᠳᠣᠭ᠋ᠠᠨ᠎ᠤ ᠪᠠᠲᠤᠯᠠᠬᠤ ᠴᠢᠳᠠᠪᠤᠷᠢ ᠵᠢ᠎ᠨᠢ ᠳᠡᠭᠡᠭᠰᠢᠯᠡᠭᠦᠯᠬᠦ ᠢᠨᠵᠧᠨᠧᠷᠢᠩ᠎ᠢ ᠬᠡᠷᠡᠭᠵᠢᠭᠦᠯᠦᠨ᠂ ᠰᠠᠭ᠋ᠠᠯᠢ ᠵᠢᠨ ᠦᠨᠢᠶᠡᠨ᠎ᠤ ᠰᠦᠷᠦᠭ ᠵᠶ᠋ᠠᠨ ᠨᠡᠮᠡᠭᠳᠡᠭᠦᠯᠬᠦ ᠵᠢ ᠠᠬᠢᠭᠤᠯᠵᠤ᠂ ᠲᠠᠷᠢᠶᠠᠯᠠᠩ ᠪᠠ ᠠᠵᠤ ᠠᠬᠤᠶ᠋ᠢᠯᠠᠯ᠎ᠤᠨ ᠠᠰᠢᠭ ᠲᠤᠰᠠ ᠵᠢ ᠬᠣᠯᠪᠣᠭᠳᠠᠭᠤᠯᠬᠤ᠎ᠪᠠᠨ ᠤᠯᠠᠮ ᠨᠢᠭᠡ ᠠᠯᠬᠤᠮ ᠨᠢᠭᠲᠠᠷᠠᠭᠤᠯᠤᠨ᠎ᠠ᠃
      (ᠶᠢᠰᠦ) ᠠᠯᠠᠰᠢᠨ ᠦᠬᠡᠷ᠎ᠤᠨ ᠠᠵᠤ ᠦᠢ᠍ᠯᠡᠰ᠎ᠤᠨ ᠬᠡᠯᠬᠢᠶ᠎ᠡ᠃ ᠦᠷ᠎ᠡ ᠡᠭᠦᠯᠳᠡᠷ᠎ᠤᠨ ᠦᠢ᠍ᠯᠡᠰ ᠵᠶ᠋ᠠᠨ ᠳᠡᠭᠡᠭᠰᠢᠯᠡᠭᠦᠯᠬᠦ ᠢᠨᠵᠧᠨᠧᠷᠢᠩ᠎ᠢ ᠬᠡᠷᠡᠭᠵᠢᠭᠦᠯᠦᠨ᠂ ᠠᠯᠠᠰᠢᠨ ᠦᠬᠡᠷ᠎ᠤᠨ ᠪᠠᠷᠢᠮᠵᠢᠶᠠᠵᠢᠭᠤᠯᠤᠭᠰᠠᠨ ᠦᠢ᠍ᠯᠡᠳᠪᠦᠷᠢᠯᠡᠬᠦ ᠲᠣᠭᠲᠠᠯᠴᠠᠭ᠎ᠠ ᠵᠢ ᠪᠦᠷᠢᠨᠰᠢᠭᠦᠯᠵᠦ᠂ ᠣᠲᠣ ᠦᠶ᠎ᠡ ᠵᠢᠨ ᠡᠳ᠋ᠰᠢᠭᠦᠯᠦᠨ ᠪᠣᠯᠪᠠᠰᠤᠷᠠᠭᠤᠯᠬᠤ ᠲᠣᠭᠲᠠᠯᠴᠠᠭ᠎ᠠ ᠵᠢ ᠪᠠᠢ᠌ᠭᠤᠯᠤᠨ᠂ ᠪᠣᠬᠢᠷᠲᠤᠯ ᠥᠬᠡᠶ ᠨᠠᠷᠠᠲᠤ ᠲᠡᠮᠳᠡᠭ᠎ᠢ ᠪᠤᠵᠠᠭ᠋ᠠᠶ᠋ᠢᠷᠠᠭᠤᠯᠤᠨ ᠬᠦᠴᠦᠷᠬᠡᠭᠵᠢᠭᠦᠯᠵᠦ᠂ ᠣᠲᠣ ᠦᠶ᠎ᠡ ᠵᠢᠨ ᠲᠠᠷᠢᠶᠠᠯᠠᠩ᠎ᠤᠨ ᠠᠵᠤ ᠦᠢ᠍ᠯᠡᠰ᠎ᠤᠨ ᠬᠦᠷᠢᠶᠡᠯᠡᠩ ᠡᠭᠦᠳᠦᠨ ᠪᠠᠶ᠋ᠢᠭᠤᠯᠬᠤ ᠵᠢ ᠳᠡᠮᠵᠢᠨ᠂ ᠠᠯᠠᠰᠢᠨ ᠦᠬᠡᠷ᠎ᠤᠨ ᠠᠵᠤ ᠦᠢ᠍ᠯᠡᠰ᠎ᠤᠨ ᠪᠦᠯᠦᠭᠵᠢᠯ᠎ᠢ ᠪᠣᠶ ᠪᠣᠯᠭ᠋ᠠᠨ ᠪᠤᠵᠠᠭ᠋ᠠᠶ᠋ᠢᠷᠠᠭᠤᠯᠵᠤ᠂ ᠠᠵᠤ ᠦᠢ᠍ᠯᠡᠰ᠎ᠤᠨ ᠮᠡᠳᠡᠭᠡ ᠵᠠᠩᠭᠢᠴᠢᠯᠠᠬᠤ ᠬᠢᠷᠢ ᠲᠦᠪᠰᠢᠨ ᠵᠶ᠋ᠠᠨ ᠳᠡᠭᠡᠭᠰᠢᠯᠡᠭᠦᠯᠦᠨ᠎ᠡ᠃
      (ᠠᠷᠪᠠ) ᠠᠯᠠᠰᠢᠨ ᠬᠣᠨᠢᠨ᠎ᠤ ᠠᠵᠤ ᠦᠢ᠍ᠯᠡᠰ᠎ᠤᠨ ᠬᠡᠯᠬᠢᠶ᠎ᠡ᠃ ᠰᠠᠶ᠋ᠢᠨ ᠡᠭᠦᠯᠳᠡᠷ᠎ᠢ ᠦᠷᠡᠵᠢᠭᠦᠯᠦᠨ ᠪᠣᠢ᠌ᠵᠢᠭᠤᠯᠬᠤ ᠲᠣᠭᠲᠠᠯᠴᠠᠭ᠎ᠠ ᠵᠢᠨ ᠪᠠᠶ᠋ᠢᠭᠤᠯᠤᠯᠲᠠ ᠵᠢ ᠠᠬᠢᠭᠤᠯᠵᠤ᠂ ᠠᠯᠠᠰᠢᠨ ᠬᠣᠨᠢᠨ᠎ᠤ ᠤᠳᠤᠮᠰᠢᠯ᠎ᠤᠨ ᠡᠭᠦᠯᠳᠡᠷ ᠰᠠᠶ᠋ᠢᠵᠢᠷᠠᠭᠤᠯᠬᠤ ᠲᠥᠯᠥᠪᠯᠡᠭᠡ ᠵᠢ ᠭᠦᠨᠵᠡᠭᠡᠶ ᠬᠡᠷᠡᠭᠵᠢᠭᠦᠯᠦᠨ᠂ ᠠᠯᠠᠰᠢᠨ ᠬᠣᠨᠢᠨ᠎ᠤ ᠪᠠᠷᠢᠮᠵᠢᠶᠠᠵᠢᠭᠤᠯᠤᠭᠰᠠᠨ ᠦᠢ᠍ᠯᠡᠳᠪᠦᠷᠢᠯᠡᠬᠦ ᠲᠣᠭᠲᠠᠯᠴᠠᠭ᠎ᠠ ᠵᠢ ᠪᠠᠶ᠋ᠢᠭᠤᠯᠤᠨ ᠪᠦᠷᠢᠨᠰᠢᠬᠦᠯᠵᠦ᠂ ᠠᠯᠠᠰᠢᠨ ᠬᠣᠨᠢᠨ᠎ᠤ ᠨᠠᠷᠠᠲᠤ ᠲᠡᠮᠳᠡᠭ᠎ᠤᠨ ᠪᠠᠶ᠋ᠢᠭᠤᠯᠤᠯᠲᠠ ᠵᠢ ᠠᠬᠢᠭᠤᠯᠤᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠭᠤᠷᠬᠢ ᠣᠯᠠᠨ ᠵᠦᠢ᠍ᠯ᠎ᠤᠨ ᠪᠣᠷᠣᠯᠠᠭᠤᠯᠤᠨ ᠬᠤᠳᠠᠯᠳᠤᠬᠤ ᠵᠠᠮ ᠮᠥᠷ ᠵᠶ᠋ᠠᠨ ᠢᠳᠡᠪᠬᠢᠲᠡᠶ

ᠥᠷᠭᠡᠳᠬᠡᠨ᠎ᠡ᠃
      (ᠠᠷᠪᠠᠨ ᠨᠢᠭᠡ) ᠲᠥᠮᠥᠰᠥᠨ᠎ᠤ ᠠᠵᠤ ᠦᠢ᠍ᠯᠡᠰ᠎ᠤᠨ ᠬᠡᠯᠬᠢᠶ᠎ᠡ᠃ ᠤᠯᠤᠰ᠎ᠤᠨ ᠲᠡᠰ᠎ᠤᠨ ᠲᠥᠮᠥᠰᠥᠨ᠎ᠤ ᠰᠠᠶ᠋ᠢᠨ ᠦᠷ᠎ᠡ ᠵᠢ ᠦᠷᠡᠵᠢᠭᠦᠯᠬᠦ ᠰᠠᠭᠤᠷᠢᠨ ᠭᠠᠵᠠᠷ᠎ᠤᠨ ᠵᠢᠱ᠌ᠢᠶ᠎ᠡ ᠦᠵᠡᠭᠦᠯᠵᠦ ᠬᠥᠲᠥᠯᠥᠨ ᠳᠠᠭ᠋ᠠᠭᠤᠯᠬᠤ ᠦᠢ᠍ᠯᠡᠳᠦᠯ᠎ᠢ᠎ᠨᠢ ᠪᠠᠳᠠᠷᠠᠭᠤᠯᠤᠨ᠂ ᠲᠥᠮᠥᠰᠥᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ᠂ ᠲᠥᠮᠥᠰᠥ ᠡᠳ᠋ᠰᠢᠭᠦᠯᠦᠨ ᠪᠣᠯᠪᠠᠰᠤᠷᠠᠭᠤᠯᠬᠤ ᠬᠢᠷᠢ ᠲᠦᠪᠰᠢᠨ᠎ᠢ ᠳᠡᠭᠡᠭᠰᠢᠯᠡᠭᠦᠯᠦᠨ᠂ 《ᠥᠪᠥᠷ ᠮᠣᠩᠭᠣᠯ ᠲᠥᠮᠥᠰᠥ》 ᠵᠢᠨ ᠨᠡᠷᠡᠲᠦ ᠲᠡᠮᠳᠡᠭ ᠵᠶ᠋ᠠᠨ ᠪᠣᠶ ᠪᠣᠯᠭ᠋ᠠᠨ᠎ᠠ᠃
      (ᠠᠷᠪᠠᠨ ᠬᠣᠶᠠᠷ) ᠬᠣᠨᠢ ᠢᠮᠠᠭ᠋ᠠᠨ᠎ᠤ ᠨᠣᠣᠰᠣ ᠨᠤᠯᠤᠭᠤᠤᠷ᠎ᠤᠨ ᠠᠵᠤ ᠦᠢ᠍ᠯᠡᠰ᠎ᠤᠨ ᠬᠡᠯᠬᠢᠶ᠎ᠡ᠃ ᠨᠣᠣᠰᠣ ᠨᠤᠯᠤᠭᠤᠤᠷ᠎ᠤᠨ ᠨᠥᠭᠡᠴᠡᠯᠡᠨ ᠬᠠᠳᠠᠭ᠋ᠠᠯᠠᠬᠤ᠎ᠳᠤ ᠳᠠᠮ ᠬᠦᠦ ᠥᠭᠬᠦ ᠲᠥᠷᠥ ᠵᠢᠨ ᠪᠣᠳᠣᠯᠭ᠎ᠠ ᠵᠢ ᠦᠷᠭᠦᠯᠵᠢᠯᠡᠨ ᠲᠡᠭᠦᠯᠳᠡᠷᠵᠢᠭᠦᠯᠵᠦ᠂ ᠨᠤᠯᠤᠭᠤᠤᠷ᠎ᠤᠨ ᠢᠮᠠᠭ᠋ᠠᠨ᠎ᠤ ᠴᠢᠨᠠᠷ᠎ᠢ᠎ᠨᠢ ᠳᠡᠭᠡᠭᠰᠢᠯᠡᠭᠦᠯᠬᠦ ᠢᠨᠵᠧᠨᠧᠷᠢᠩ᠎ᠢ ᠬᠡᠷᠡᠭᠵᠢᠭᠦᠯᠦᠨ᠂ ᠴᠢᠨᠠᠷ ᠰᠠᠶ᠋ᠢᠲᠠᠶ ᠮᠥᠷᠲᠡᠭᠡᠨ ᠦᠨ᠎ᠡ ᠰᠠᠢ᠌ᠲᠠᠢ ᠪᠠᠢ᠌ᠬᠤ ᠲᠣᠭᠲᠠᠴᠠ ᠵᠢ ᠪᠦᠷᠢᠨᠰᠢᠭᠦᠯᠵᠦ᠂ ᠨᠣᠣᠰᠣ ᠨᠤᠯᠤᠭᠤᠤᠷ᠎ᠤᠨ ᠠᠵᠤ ᠦᠢ᠍ᠯᠡᠰ᠎ᠤᠨ ᠲᠥᠪᠯᠡᠷᠡᠯ᠎ᠤᠨ ᠬᠡᠮᠵᠢᠶ᠎ᠡ ᠵᠢ ᠳᠡᠭᠡᠭᠰᠢᠯᠡᠭᠦᠯᠦᠨ᠂ ᠮᠡᠷᠭᠡᠵᠢᠯ ᠪᠠ ᠵᠠᠬ᠎ᠠ ᠳᠡᠯᠭᠡᠭᠦᠷ᠎ᠤᠨ ᠳᠠᠪᠠᠭᠤᠯᠢᠭ᠎ᠲᠠᠢ ᠬᠡᠯᠬᠢᠶ᠎ᠡ ᠵᠢᠨ ᠭᠣᠣᠯᠯᠠᠬᠤ ᠠᠵᠤ ᠠᠬᠤᠶ᠋ᠢᠯᠠᠯ᠎ᠢ ᠪᠣᠢ ᠪᠣᠯᠭ᠋ᠠᠵᠤ᠂ ᠨᠣᠣᠰᠣ ᠨᠤᠯᠤᠭᠤᠤᠷ᠎ᠤᠨ ᠰᠢᠷᠬᠡᠭ᠎ᠤᠨ ᠶᠠᠰᠤ ᠴᠢᠨᠠᠷ᠎ᠢ ᠪᠠᠶ᠋ᠢᠴᠠᠭ᠋ᠠᠨ ᠰᠢᠯᠭ᠋ᠠᠬᠤ ᠲᠣᠭᠲᠠᠯᠴᠠᠭ᠎ᠠ᠎ᠪᠠᠨ ᠲᠡᠭᠦᠯᠳᠡᠷᠵᠢᠭᠦᠯᠦᠨ᠎ᠡ᠃

      (ᠭᠤᠷᠪᠠ) ᠦᠢ᠍ᠯᠡᠳᠬᠦ ᠦᠢ᠍ᠯᠡᠰ᠎ᠤᠨ ᠭᠣᠣᠯᠯᠠᠭᠴᠢ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠦᠨ᠎ᠡ᠃ ᠦᠢ᠍ᠯᠡᠳᠬᠦ ᠦᠢ᠍ᠯᠡᠰ᠂ ᠳᠤᠮᠳᠠ ᠵᠢᠵᠢᠭ ᠠᠵᠤ ᠠᠬᠤᠶ᠋ᠢᠯᠠᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠲᠦᠷᠦ ᠵᠢᠨ ᠪᠤᠳᠤᠯᠭ᠎ᠠ ᠠᠷᠭ᠎ᠠ ᠬᠡᠮᠵᠢᠶ᠎ᠡ᠎ᠨᠦᠭᠦᠳ᠎ᠢ ᠲᠣᠭᠲᠠᠭ᠋ᠠᠨ᠎ᠠ᠃ ᠦᠢ᠍ᠯᠡᠳᠬᠦ ᠦᠢ᠍ᠯᠡᠰ᠎ᠤᠨ ᠭᠣᠣᠯᠯᠠᠭᠴᠢ ᠦᠷᠢᠰᠦᠯᠳᠦᠬᠦ ᠬᠦᠴᠦᠨ ᠵᠶ᠋ᠠᠨ ᠳᠡᠭᠡᠭᠰᠢᠯᠡᠭᠦᠯᠬᠦ ᠠᠵᠢᠯᠯᠠᠭ᠋ᠠᠨ᠎ᠤ ᠲᠥᠯᠥᠪᠯᠡᠭᠡ ᠵᠢ ᠭᠦᠨᠵᠡᠭᠡᠢ ᠨᠠᠶ᠋ᠢᠳᠠᠪᠤᠷᠢᠵᠢᠭᠤᠯᠤᠨ᠎ᠠ᠃ ᠦᠢ᠍ᠯᠡᠳᠬᠦ ᠦᠢ᠍ᠯᠡᠰ᠎ᠤᠨ ᠬᠡᠯᠬᠢᠶ᠎ᠡ ᠵᠢ᠎ᠨᠢ ᠤᠷᠲᠤᠳᠬᠠᠬᠤ᠂ ᠬᠡᠯᠬᠢᠶ᠎ᠡ ᠵᠢᠨ ᠳᠤᠲᠠᠭᠤᠳᠠᠯ᠎ᠢ᠎ᠨᠢ ᠨᠥᠬᠥᠪᠥᠷᠢᠯᠡᠬᠦ᠂ ᠬᠡᠯᠬᠢᠶ᠎ᠡ ᠵᠢ᠎ᠨᠢ ᠬᠦᠴᠦᠷᠬᠡᠭᠵᠢᠭᠦᠯᠬᠦ ᠠᠵᠢᠯᠯᠠᠭ᠎ᠠ ᠵᠢ ᠪᠥᠬᠥ ᠲᠠᠯ᠎ᠠ᠎ᠪᠠᠷ ᠥᠷᠨᠢᠭᠦᠯᠵᠦ᠂ ᠲᠣᠨᠣᠭ ᠲᠥᠬᠥᠭᠡᠷᠦᠮᠵᠢ ᠦᠢ᠍ᠯᠡᠳᠬᠦ᠂ ᠰᠢᠨ᠎ᠡ ᠡᠨᠧᠷᠭᠢ ᠵᠢᠨ ᠮᠠᠰᠢᠨ ᠲᠡᠷᠭᠡ᠂ ᠣᠲᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ᠂ ᠬᠣᠪᠣᠷ ᠰᠢᠷᠣᠶ᠂ ᠠᠮᠢᠳᠤ ᠪᠣᠳᠠᠰ᠎ᠤᠨ ᠡᠮ ᠡᠮᠨᠡᠯᠭᠡ ᠵᠡᠷᠭᠡ ᠭᠤᠤᠯᠳᠠᠯᠭ᠎ᠠ ᠪᠣᠯᠬᠤ ᠠᠵᠤ ᠦᠢ᠍ᠯᠡᠰ᠎ᠤᠨ ᠬᠡᠯᠬᠢᠶ᠎ᠡ ᠵᠢᠨ ᠲᠣᠭᠣᠷᠢᠨ᠎ᠳᠤ᠂ ᠬᠤᠳᠠᠯᠳᠤᠭ᠋ᠠᠴᠢᠨ ᠤᠷᠢᠵᠤ ᠪᠠᠯᠠ ᠣᠷᠣᠭᠤᠯᠬᠤ ᠡᠷᠴᠢᠮ ᠵᠶ᠋ᠠᠨ ᠴᠢᠩᠭ᠋ᠠᠷᠠᠭᠤᠯᠤᠨ᠂ ᠬᠥᠮᠥᠷᠭᠡ᠎ᠳᠤ ᠣᠷᠣᠭᠤᠯᠤᠭᠰᠠᠨ ᠲᠥᠷᠥᠯ ᠵᠦᠢ᠍ᠯ ᠵᠶ᠋ᠠᠨ ᠨᠠᠶ᠋ᠢᠳᠠᠪᠤᠷᠢᠵᠢᠭᠤᠯᠬᠤ ᠵᠢ ᠠᠬᠢᠭᠤᠯᠵᠤ᠂ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢ᠎ᠨᠢ ᠨᠡᠪᠲᠡᠷᠡᠭᠦᠯᠬᠦ ᠢᠨᠵᠧᠨᠧᠷᠢᠩ᠎ᠢ ᠬᠡᠷᠡᠭᠵᠢᠭᠦᠯᠦᠨ᠎ᠡ᠃ ᠤᠯᠠᠮᠵᠢᠯᠠᠯᠲᠤ ᠠᠵᠤ ᠦᠢ᠍ᠯᠡᠰ᠎ᠤᠨ ᠲᠣᠭ᠋ᠠᠵᠢᠭᠤᠯᠤᠨ ᠥᠭᠡᠷᠡᠴᠢᠯᠡᠵᠦ ᠰᠢᠨᠡᠳᠬᠡᠬᠦ ᠵᠢ ᠲᠦᠷᠭᠡᠳᠬᠡᠨ᠂ ᠲᠣᠭ᠋ᠠᠵᠢᠭᠤᠯᠤᠭᠰᠠᠨ ᠦᠢ᠍ᠯᠡᠳᠪᠦᠷᠢ ᠵᠢᠨ ᠲᠠᠰᠤᠭ ᠪᠠ ᠣᠶᠤᠨᠴᠢ ᠦᠢ᠍ᠯᠡᠳᠪᠦᠷᠢ ᠵᠢᠨ ᠲᠥᠷᠥᠯ ᠵᠦᠢ᠍ᠯ᠎ᠢ ᠠᠬᠢᠭᠤᠯᠵᠤ᠂ ᠭᠤᠤᠯᠳᠠᠯᠭ᠎ᠠ ᠪᠣᠯᠬᠤ ᠠᠵᠢᠯ ᠲᠥᠷᠥᠯ᠎ᠤᠨ ᠠᠵᠤ ᠦᠢ᠍ᠯᠡᠳᠪᠦᠷᠢ ᠵᠢᠨ ᠬᠥᠮᠦᠨ ᠮᠠᠰᠢᠨ᠎ᠢ ᠳᠡᠯᠭᠡᠷᠡᠭᠦᠯᠦᠨ᠂ ᠲᠤᠰᠬᠠᠶ ᠨᠠᠷᠢᠯᠢᠭ ᠣᠨᠴᠠ ᠰᠢᠨ᠎ᠡ 《ᠵᠢᠵᠢᠭ ᠠᠪᠤᠷᠭᠤ》 ᠠᠵᠤ ᠠᠬᠤᠶ᠋ᠢᠯᠠᠯ᠎ᠢ ᠲᠦᠷᠭᠡᠳᠬᠡᠨ ᠪᠣᠶ᠋ᠢᠵᠢᠭᠤᠯᠵᠤ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠣᠶᠤᠨᠴᠢᠯᠠᠬᠤ ᠪᠠᠶ᠋ᠢᠭᠤᠯᠤᠯᠲᠠ ᠵᠢ ᠦᠨᠳᠦᠰᠦᠨ᠎ᠳᠤ᠎ᠪᠠᠨ ᠪᠡᠶᠡᠯᠡᠭᠦᠯᠦᠨ᠎ᠡ᠃

      ᠭᠤᠷᠪᠠ᠂ ᠳᠣᠲᠣᠭ᠋ᠠᠳᠤ ᠬᠡᠷᠡᠭᠴᠡᠭᠡ᠎ᠪᠠᠨ ᠥᠷᠭᠡᠳᠬᠡᠬᠦ ᠪᠠᠶ᠋ᠢᠯᠳᠤᠬᠤ ᠪᠣᠳᠣᠯᠭ᠎ᠠ ᠵᠢ ᠭᠦᠨᠵᠡᠭᠡᠶ ᠬᠡᠷᠡᠭᠵᠢᠭᠦᠯᠵᠦ᠂ ᠠᠵᠤ ᠠᠬᠤᠶ ᠵᠢᠨ ᠬᠥᠭᠵᠢᠯᠲᠡ ᠵᠢᠨ ᠳᠣᠲᠣᠭ᠋ᠠᠳᠤ᠎ᠳᠠᠬᠢ ᠬᠥᠳᠡᠯᠭᠡᠬᠦ ᠬᠦᠴᠦᠨ᠎ᠢ ᠲᠠᠰᠤᠷᠠᠯᠲᠠ ᠦᠭᠡᠢ ᠴᠢᠩᠭ᠋ᠠᠷᠠᠭᠤᠯᠤᠨ᠎ᠠ
      ᠬᠡᠷᠡᠭᠯᠡᠭᠡ ᠪᠠ ᠪᠡᠯᠡ ᠣᠷᠣᠭᠤᠯᠤᠯᠲᠠ ᠵᠢ ᠪᠦᠲᠦᠮᠵᠢᠲᠡᠢ ᠥᠷᠭᠡᠳᠬᠡᠵᠦ᠂ ᠬᠡᠷᠡᠭᠴᠡᠭᠡ ᠱᠠᠭ᠋ᠠᠷᠳᠠᠯᠭ᠎ᠠ᠎ᠪᠠᠷ ᠬᠦᠲᠦᠯᠦᠨ ᠳᠠᠭ᠋ᠠᠭᠤᠯᠬᠤ ᠪᠠ ᠬᠠᠩᠭ᠋ᠠᠯᠭ᠎ᠠ᠎ᠪᠠᠷ ᠡᠭᠦᠳᠦᠨ ᠪᠦᠲᠦᠭᠡᠬᠦ ᠵᠢ ᠣᠷᠭ᠋ᠠᠨᠢᠭ ᠵᠶ᠋ᠠᠷ ᠤᠶᠠᠯᠳᠤᠭᠤᠯᠤᠨ᠂ ᠳᠣᠲᠣᠭ᠋ᠠᠳᠤ ᠬᠡᠷᠡᠭᠴᠡᠭᠡ ᠵᠢ ᠥᠷᠭᠡᠳᠬᠡᠬᠦ᠎ᠪᠠᠷ ᠰᠠᠭᠤᠷᠢ ᠴᠡᠭ ᠪᠣᠯᠭ᠋ᠠᠵᠤ ᠪᠠᠢ᠌ᠭ᠋ᠠᠳ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠳᠤ ᠦᠢ᠍ᠯᠡᠴᠢᠯᠡᠬᠦ ᠪᠠ ᠠᠭᠤᠰᠤᠯᠴᠠᠭᠤᠯᠤᠨ᠎ᠠ᠃
      (ᠨᠢᠭᠡ) ᠬᠡᠷᠡᠭᠯᠡᠭᠡ᠎ᠪᠠᠨ ᠦᠷᠭᠦᠯᠵᠢᠯᠡᠨ ᠰᠡᠷᠭᠦᠭᠡᠬᠦ ᠵᠢ ᠠᠬᠢᠭᠤᠯᠤᠨ᠎ᠠ᠃ ᠤᠯᠠᠮᠵᠢᠯᠠᠯᠲᠤ ᠬᠡᠷᠡᠭᠯᠡᠭᠡ ᠵᠢᠨ ᠴᠢᠨᠠᠷ ᠴᠢᠨᠰᠠᠭ᠎ᠠ ᠵᠢ᠎ᠨᠢ ᠳᠡᠭᠡᠭᠰᠢᠯᠡᠭᠦᠯᠦᠨ ᠬᠡᠪᠴᠢᠶ᠎ᠡ ᠪᠠᠭᠲᠠᠭ᠋ᠠᠮᠵᠢ ᠵᠢ᠎ᠨᠢ ᠥᠷᠭᠡᠳᠬᠡᠬᠦ ᠵᠢ ᠲᠦᠷᠭᠡᠳᠬᠡᠨ᠂ 《ᠥᠪᠥᠷ ᠮᠣᠩᠭᠣᠯ》 ᠦᠰᠦᠭᠲᠦ ᠲᠡᠮᠳᠡᠭ᠎ᠲᠠᠢ ᠨᠡᠷᠡᠲᠦ ᠲᠡᠮᠳᠡᠭ ᠵᠶ᠋ᠠᠨ ᠳᠡᠭᠡᠭᠰᠢᠯᠡᠭᠦᠯᠬᠦ ᠠᠵᠢᠯᠯᠠᠭ᠋ᠠᠨ᠎ᠢ ᠥᠷᠨᠢᠭᠦᠯᠵᠦ᠂ ᠬᠤᠳᠠᠯᠳᠤᠭ᠋ᠠᠨ᠎ᠤ ᠪᠣᠳᠠᠲᠤ ᠴᠣᠭᠴᠠ ᠵᠢᠨ ᠬᠡᠯᠪᠡᠷᠢ᠎ᠪᠠᠨ ᠬᠤᠪᠢᠷᠠᠭᠤᠯᠬᠤ ᠪᠠ ᠵᠠᠭᠪᠤᠷ᠎ᠲᠤ᠎ᠪᠠᠨ ᠰᠢᠨ᠎ᠡ ᠵᠢ ᠡᠭᠦᠳᠬᠦ ᠵᠢ᠎ᠨᠢ ᠠᠬᠢᠭᠤᠯᠤᠨ᠂ ᠪᠣᠬᠢᠷᠲᠤᠯ ᠦᠭᠡᠢ ᠬᠤᠳᠠᠯᠳᠤᠭ᠋ᠠᠨ᠎ᠤ ᠲᠠᠯᠠᠪᠠᠢ ᠵᠢ ᠡᠭᠦᠳᠦᠨ ᠪᠠᠶ᠋ᠢᠭᠤᠯᠬᠤ ᠪᠠ ᠨᠡᠷᠡᠲᠦ ᠲᠡᠮᠳᠡᠭ᠎ᠢ ᠬᠡᠯᠬᠢᠶᠡᠵᠢᠭᠦᠯᠦᠨ ᠬᠥᠭᠵᠢᠭᠦᠯᠬᠦ ᠵᠢ᠎ᠨᠢ ᠳᠡᠮᠵᠢᠵᠦ᠂ ᠳᠤᠮᠳᠠ ᠵᠢᠵᠢᠭ ᠪᠢᠴᠢᠯ ᠠᠵᠤ ᠠᠬᠤᠶ᠋ᠢᠯᠠᠯ ᠪᠠ ᠬᠤᠪᠢ ᠵᠢᠨ ᠳᠡᠯᠭᠡᠭᠦᠷ᠎ᠤᠨ ᠰᠦᠯᠵᠢᠶ᠎ᠡ᠎ᠪᠠᠷ ᠡᠵᠡᠩᠨᠡᠨ ᠪᠣᠷᠣᠯᠠᠭᠤᠯᠬᠤ ᠠᠷᠭ᠎ᠠ ᠮᠠᠶᠢᠭ᠎ᠢ ᠬᠡᠷᠡᠭᠯᠡᠨ ᠵᠠᠬ᠎ᠠ ᠳᠡᠯᠭᠡᠭᠦᠷ ᠵᠶ᠋ᠠᠨ ᠥᠷᠭᠡᠳᠬᠡᠬᠦ ᠵᠢ᠎ᠨᠢ ᠠᠬᠢᠭᠤᠯᠤᠨ᠂ ᠰᠢᠨ᠎ᠡ ᠡᠨᠧᠷᠭᠢ ᠵᠢᠨ ᠮᠠᠰᠢᠨ ᠲᠡᠷᠭᠡ ᠵᠢᠨ ᠴᠠᠬᠢᠯᠭ᠋ᠠᠨ ᠴᠡᠨᠡᠭᠯᠡᠵᠦ ᠰᠣᠯᠢᠬᠤ ᠪᠡᠯᠡᠳᠬᠡᠮᠵᠢ ᠵᠢ᠎ᠨᠢ ᠲᠦᠷᠭᠡᠳᠬᠡᠨ ᠲᠡᠭᠦᠯᠳᠡᠷᠵᠢᠭᠦᠯᠵᠦ᠂ ᠭᠡᠷ᠎ᠤᠨ ᠴᠠᠬᠢᠯᠭ᠋ᠠᠨ ᠬᠡᠷᠡᠭᠰᠡᠯ᠎ᠢ ᠡᠭᠡᠭᠦᠯᠦᠨ ᠠᠪᠴᠤ ᠰᠢᠢ᠍ᠳᠪᠦᠷᠢᠯᠡᠬᠦ ᠲᠣᠭᠲᠠᠯᠴᠠᠭ᠎ᠠ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠂ ᠨᠥᠬᠥᠴᠡᠯ᠎ᠲᠠᠢ ᠭᠠᠵᠠᠷ ᠣᠷᠣᠨ᠎ᠢ ᠵᠣᠷᠢᠭᠵᠢᠭᠤᠯᠵᠤ ᠪᠠᠢ᠌ᠭ᠋ᠠᠳ ᠪᠣᠬᠢᠷᠲᠤᠯ ᠦᠭᠡᠢ ᠣᠶᠤᠨᠴᠢ ᠭᠡᠷ᠎ᠤᠨ ᠴᠠᠬᠢᠯᠭ᠋ᠠᠨ ᠬᠡᠷᠡᠭᠰᠡᠯ᠎ᠢ ᠬᠥᠳᠡᠭᠡ ᠲᠣᠰᠬᠤᠨ᠎ᠳᠤ ᠪᠠᠭᠤᠯᠭ᠋ᠠᠨ᠎ᠠ᠃ ᠰᠢᠨ᠎ᠡ ᠬᠡᠯᠪᠡᠷᠢ ᠪᠦᠬᠦᠢ ᠬᠡᠷᠡᠭᠯᠡᠭᠡ ᠵᠢ ᠢᠳᠡᠪᠬᠢᠲᠡᠶ ᠪᠣᠶ ᠪᠣᠯᠭ᠋ᠠᠵᠤ᠂ ᠥᠯᠥ ᠣᠢ᠌ᠷᠠᠳᠬᠤ ᠬᠡᠯᠪᠡᠷᠢ ᠪᠦᠬᠦᠢ ᠬᠡᠷᠡᠭᠯᠡᠭᠡ ᠵᠢᠨ ᠪᠡᠶᠡᠴᠢᠯᠡᠨ ᠣᠢ᠌ᠯᠠᠭ᠋ᠠᠬᠤ ᠵᠢ ᠥᠷᠭᠡᠳᠬᠡᠵᠦ᠂ ᠣᠶᠣᠨᠯᠢᠭ ᠬᠡᠲᠦ ᠳᠡᠯᠭᠡᠭᠦᠷ᠂ ᠣᠶᠣᠨᠯᠢᠭ ᠬᠤᠳᠠᠯᠳᠤᠭ᠎ᠠ ᠳᠡᠯᠭᠡᠭᠦᠷ᠂ ᠣᠶᠣᠨᠯᠢᠭ ᠬᠣᠭᠣᠯᠠᠨ ᠬᠡᠷ᠂ ᠣᠶᠣᠨᠯᠢᠭ ᠤᠯᠠᠭ᠎ᠠ ᠥᠷᠲᠡᠭᠡ᠂ ᠣᠶᠣᠨᠯᠢᠭ ᠨᠣᠮ᠎ᠤᠨ ᠳᠡᠯᠭᠡᠭᠦᠷ ᠪᠠᠶ᠋ᠢᠭᠤᠯᠬᠤ ᠵᠢ ᠵᠣᠷᠢᠭᠵᠢᠭᠤᠯᠤᠨ᠂ ᠰᠦᠯᠵᠢᠶᠡᠨ᠎ᠤ ᠪᠠ ᠰᠦᠯᠵᠢᠶᠡᠨ ᠭᠠᠳᠠᠭᠤᠷᠬᠢ ᠵᠢ ᠠᠭᠤᠰᠤᠯᠴᠠᠭᠤᠯᠤᠭᠰᠠᠨ ᠪᠡᠶᠡᠴᠢᠯᠡᠨ ᠣᠶ᠋ᠢᠯᠠᠭ᠋ᠠᠬᠤ ᠪᠠ ᠪᠣᠷᠣᠯᠠᠭᠤᠯᠵᠤ ᠬᠤᠳᠠᠯᠳᠤᠬᠤ ᠲᠤᠰᠬᠠᠶ ᠭᠠᠵᠠᠷ ᠪᠠᠶ᠋ᠢᠭᠤᠯᠬᠤ ᠵᠢ᠎ᠨᠢ ᠳᠡᠮᠵᠢᠵᠦ᠂ ᠰᠢᠨ᠎ᠡ ᠬᠡᠯᠪᠡᠷᠢ ᠪᠦᠬᠦᠢ ᠰᠣᠶᠣᠯ ᠪᠠ ᠵᠢᠭᠤᠯᠴᠢᠯᠠᠯ᠎ᠤᠨ ᠬᠡᠷᠡᠭᠯᠡᠭᠡ ᠵᠢᠨ ᠲᠥᠪᠯᠡᠷᠡᠩᠭᠦᠢ ᠪᠠᠢ᠌ᠬᠤ ᠭᠠᠵᠠᠷ᠎ᠢ ᠪᠠᠶ᠋ᠢᠭᠤᠯᠤᠨ᠎ᠠ᠃ ᠬᠣᠲᠠ ᠬᠥᠳᠡᠭᠡ ᠵᠢᠨ ᠬᠡᠷᠡᠭᠯᠡᠭᠡ ᠵᠢᠨ ᠠᠭᠤᠰᠤᠯᠴᠠᠭᠰᠠᠨ ᠲᠤᠤᠷ ᠰᠦᠯᠵᠢᠶ᠎ᠡ ᠵᠢ ᠲᠡᠭᠦᠯᠳᠡᠷᠵᠢᠭᠦᠯᠦᠨ᠂ ᠣᠷᠣᠨ ᠪᠦᠰᠡ ᠵᠢᠨ ᠬᠡᠷᠡᠭᠯᠡᠭᠡ ᠵᠢᠨ ᠲᠥᠪ ᠪᠠ ᠰᠢᠶᠠᠨ᠎ᠤ ᠬᠡᠪᠴᠢᠶᠡᠨ᠎ᠤ ᠬᠡᠷᠡᠭᠯᠡᠭᠡ ᠵᠢᠨ ᠲᠥᠪᠯᠡᠷᠡᠩᠭᠦᠢ ᠲᠣᠭᠣᠷᠢᠭ᠎ᠤᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠵᠤ᠂ ᠬᠣᠲᠠ ᠬᠥᠳᠡᠭᠡ ᠵᠢᠨ ᠬᠤᠳᠠᠯᠳᠤᠭ᠋ᠠᠨ᠎ᠤ ᠲᠤᠤᠷ ᠴᠡᠭ᠎ᠤᠨ ᠪᠠᠶ᠋ᠢᠷᠢᠰᠢᠭᠤᠯᠤᠯᠲᠠ ᠵᠢ ᠡᠮᠬᠢᠯᠡᠨ ᠨᠡᠶ᠋ᠢᠯᠡᠭᠦᠯᠵᠦ ᠰᠢᠯᠢᠳᠡᠭᠵᠢᠭᠦᠯᠦᠨ᠂ ᠲᠠᠷᠢᠶᠠᠯᠠᠩ ᠠᠷᠠᠯᠵᠢᠶᠠᠨ᠎ᠤ ᠵᠠᠬ᠎ᠠ ᠳᠡᠯᠭᠡᠭᠦᠷ ᠵᠡᠷᠭᠡ ᠵᠢᠵᠢᠭᠯᠡᠨ ᠬᠤᠳᠠᠯᠳᠤᠬᠤ ᠲᠤᠤᠷ ᠴᠡᠭ᠎ᠢ ᠲᠠᠰ ᠳᠡᠪᠰᠢᠭᠦᠯᠵᠦ ᠥᠭᠡᠷᠡᠴᠢᠯᠡᠨ ᠰᠢᠨᠡᠳᠬᠡᠵᠦ᠂ ᠨᠡᠶ᠋ᠢᠭᠡᠮ ᠲᠣᠭᠣᠷᠢᠭ᠎ᠲᠠᠬᠢ ᠠᠷᠠᠳ᠎ᠲᠤ ᠲᠥᠬᠥᠮ ᠦᠵᠡᠭᠦᠯᠬᠦ ᠬᠡᠷᠡᠭᠯᠡᠭᠡ ᠦᠢ᠍ᠯᠡᠴᠢᠯᠡᠭᠡᠨ᠎ᠤ ᠭᠠᠵᠠᠷ᠎ᠢ ᠲᠡᠭᠦᠯᠳᠡᠷᠵᠢᠭᠦᠯᠦᠨ᠂ ᠡᠯᠧᠺᠲᠷᠣᠨ ᠬᠤᠳᠠᠯᠳᠤᠭ᠎ᠠ ᠵᠢ ᠬᠥᠳᠡᠭᠡ ᠲᠣᠰᠬᠣᠨ᠎ᠳᠤ ᠨᠡᠪᠲᠡᠷᠡᠭᠦᠯᠵᠦ ᠪᠠᠢ᠌ᠭ᠎ᠠ ᠶᠡᠷᠦᠩᠬᠡᠶ᠋ᠢᠯᠡᠭᠰᠡᠨ ᠵᠢᠱ᠌ᠢᠶ᠎ᠡ ᠦᠵᠡᠭᠦᠯᠬᠦ ᠰᠢᠶᠠᠨ᠎ᠤ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠨ᠎ᠡ᠃
      (ᠬᠣᠶᠠᠷ) ᠪᠦᠲᠦᠮᠵᠢᠲᠡᠢ ᠪᠡᠯᠡ ᠣᠷᠣᠭᠤᠯᠤᠯᠲᠠ ᠵᠢ ᠢᠳᠡᠪᠬᠢᠲᠡᠢ ᠥᠷᠭᠡᠳᠬᠡᠨ᠎ᠡ᠃ ᠤᠯᠤᠰ᠎ᠠᠴᠠ ᠪᠣᠬᠢᠷᠲᠤᠯ ᠪᠠ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠵᠢ ᠪᠠᠭ᠋ᠠᠰᠬᠠᠬᠤ᠂ ᠰᠢᠨ᠎ᠡ ᠡᠨᠧᠷᠭᠢ᠂ ᠰᠢᠨ᠎ᠡ ᠮᠡᠷᠭᠡᠵᠢᠯ᠂ ᠰᠢᠨ᠎ᠡ ᠠᠵᠤ ᠦᠢ᠍ᠯᠡᠰ᠎ᠤᠨ ᠪᠦᠯᠦᠭᠵᠢᠯ᠂ ᠬᠣᠲᠠ ᠵᠢᠨ ᠬᠣᠭᠣᠯᠠᠢ ᠭᠤᠤᠷᠰᠤ ᠵᠢᠨ ᠲᠣᠣᠷ᠎ᠤᠨ ᠥᠭᠡᠷᠡᠴᠢᠯᠡᠨ ᠰᠢᠨᠡᠳᠬᠡᠬᠦ ᠵᠡᠷᠭᠡ ᠬᠦᠷᠢᠶᠡᠨ᠎ᠳᠠᠬᠢ ᠣᠷᠣᠭᠤᠯᠤᠯᠲᠠ ᠵᠢᠨ ᠡᠷᠴᠢᠮ ᠵᠶ᠋ᠠᠨ ᠴᠢᠩᠭ᠋ᠠᠷᠠᠭᠤᠯᠵᠤ ᠪᠠᠢ᠌ᠭ᠎ᠠ ᠠᠰᠢᠭᠲᠠᠢ ᠴᠠᠭ ᠲᠣᠬᠢᠶᠠᠯ᠎ᠢ ᠠᠳᠬᠤᠵᠤ᠂ ᠲᠤᠰᠬᠠᠢ ᠵᠢᠭᠡᠯᠡᠯᠭᠡ ᠵᠢᠨ ᠪᠡᠯᠡ ᠮᠥᠩᠭᠥ ᠵᠢ ᠭᠦᠢ᠍ᠴᠡᠳ ᠰᠠᠶ᠋ᠢᠲᠤᠷ ᠬᠡᠷᠡᠭᠯᠡᠵᠦ᠂ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠵᠢ 7% ᠣᠷᠴᠢᠮ ᠨᠡᠮᠡᠭᠳᠡᠭᠦᠯᠬᠦ᠎ᠪᠠᠷ ᠴᠢᠷᠮᠠᠶ᠋ᠢᠨ᠎ᠠ᠃ ᠬᠦᠴᠦᠨ ᠵᠦᠢ᠍ᠯ᠎ᠤᠨ ᠪᠠᠲᠤᠯᠠᠭ᠎ᠠ ᠵᠢ ᠴᠢᠩᠭ᠋ᠠᠳᠬᠠᠨ᠂ 《ᠪᠠᠯᠠ ᠮᠥᠩᠭᠥ ᠪᠠ ᠬᠦᠴᠦᠨ ᠵᠦᠢ᠍ᠯ ᠵᠶ᠋ᠠᠨ ᠲᠥᠷᠥᠯ ᠵᠦᠢ᠍ᠯ ᠵᠶ᠋ᠠᠷ᠎ᠨᠢ ᠶᠠᠪᠤᠭᠤᠯᠬᠤ》 ᠵᠢ ᠨᠠᠶ᠋ᠢᠳᠠᠪᠤᠷᠢᠵᠢᠭᠤᠯᠵᠤ᠂ ᠴᠢᠬᠤᠯᠠ ᠶᠡᠬᠡ ᠲᠥᠷᠥᠯ ᠵᠦᠢ᠍ᠯ᠎ᠤᠨ ᠬᠡᠷᠡᠭᠯᠡᠬᠦ ᠭᠠᠵᠠᠷ᠂ ᠪᠠᠯᠠ ᠮᠥᠩᠭᠥ᠂ ᠡᠨᠧᠷᠭᠢ ᠵᠢᠨ ᠬᠣᠷᠣᠭᠳᠠᠯ᠂ ᠤᠰᠤᠨ᠎ᠤ ᠬᠣᠷᠣᠭᠳᠠᠯ ᠵᠡᠷᠭᠡ ᠪᠥᠲᠥᠭᠡᠨ ᠪᠠᠶ᠋ᠢᠭᠤᠯᠤᠯᠲᠠ ᠵᠢᠨ ᠬᠦᠴᠦᠨ ᠵᠦᠢ᠍ᠯ᠎ᠤᠨ ᠪᠠᠲᠤᠯᠠᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠵᠦᠶ ᠵᠣᠬᠢᠰᠲᠠᠶ ᠨᠢᠭᠡᠳᠦᠯᠲᠡᠶ ᠲᠥᠯᠥᠪᠯᠡᠨ᠎ᠡ᠃ ᠪᠡᠯᠡ ᠣᠷᠣᠭᠤᠯᠤᠯᠲᠠ ᠵᠢᠨ ᠦᠢ᠍ᠯᠡᠴᠢᠯᠡᠭᠡ ᠵᠢ ᠰᠢᠯᠢᠳᠡᠭᠵᠢᠭᠦᠯᠦᠨ᠂ ᠠᠷᠠᠳ᠎ᠤᠨ ᠳᠤᠮᠳᠠᠬᠢ ᠪᠡᠯᠡ ᠣᠷᠣᠭᠤᠯᠤᠯᠲᠠ ᠵᠢᠨ ᠠᠮᠢᠵᠢᠷᠠᠯ᠎ᠤᠨ ᠬᠦᠴᠦᠨ᠎ᠢ ᠭᠦᠢ᠍ᠴᠡᠳ ᠬᠥᠭᠵᠢᠭᠡᠵᠦ᠂ ᠠᠷᠠᠳ᠎ᠤᠨ ᠳᠤᠮᠳᠠᠬᠢ ᠪᠡᠯᠡ ᠣᠷᠣᠭᠤᠯᠤᠯᠲᠠ ᠵᠢᠨ ᠬᠠᠮᠢᠶᠠᠷᠤᠯᠲᠠ᠎ᠳᠤ ᠬᠣᠯᠪᠣᠭᠳᠠᠭᠰᠠᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠦᠢ᠍ᠯᠡᠰ᠎ᠢ ᠤᠯᠠᠮ ᠨᠢᠭᠡ ᠠᠯᠬᠤᠮ ᠢᠯᠭ᠋ᠠᠷᠠᠭᠤᠯᠤᠨ ᠴᠣᠮᠬᠠᠳᠬᠠᠵᠤ ᠵᠢᠷᠤᠮᠵᠢᠭᠤᠯᠤᠨ᠂ ᠵᠠᠬ᠎ᠠ ᠳᠡᠯᠭᠡᠭᠦᠷ᠎ᠤᠨ ᠲᠣᠭᠲᠠᠴᠠ ᠵᠢᠨ ᠦᠢ᠍ᠯᠡᠳᠦᠯ᠎ᠢ ᠪᠠᠳᠠᠷᠠᠭᠤᠯᠵᠤ᠂ ᠨᠡᠶ᠋ᠢᠭᠡᠮ᠎ᠤᠨ ᠬᠥᠷᠥᠩᠭᠡ ᠵᠢ ᠲᠠᠲᠠᠵᠤ ᠰᠠᠭᠤᠷᠢ ᠪᠡᠯᠡᠳᠬᠡᠮᠵᠢ ᠵᠢᠨ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ᠎ᠳᠤ ᠣᠷᠣᠯᠴᠠᠭᠤᠯᠤᠨ᠂ ᠠᠷᠠᠳ᠎ᠤᠨ ᠳᠤᠮᠳᠠᠬᠢ ᠪᠡᠯᠡ ᠣᠷᠣᠭᠤᠯᠤᠯᠲᠠ ᠵᠢᠨ ᠨᠡᠯᠢᠶᠡᠳ ᠲᠦᠷᠭᠡᠨ ᠨᠡᠮᠡᠭᠳᠡᠬᠦ ᠪᠠᠶ᠋ᠢᠳᠠᠯ᠎ᠢ ᠪᠠᠲᠤᠯᠠᠨ᠎ᠠ᠃ ᠴᠢᠬᠤᠯᠠ ᠶᠡᠬᠡ ᠲᠥᠷᠥᠯ ᠵᠦᠢ᠍ᠯ᠎ᠤᠨ ᠲᠢᠩᠬᠢᠮ᠎ᠤᠨ ᠬᠣᠭᠣᠷᠣᠨᠳᠣᠬᠢ ᠬᠠᠮᠲᠤᠷᠠᠭᠰᠠᠨ ᠬᠤᠷᠠᠯ᠎ᠤᠨ ᠲᠦᠷᠢᠮ᠎ᠢ ᠲᠡᠭᠦᠯᠳᠡᠷᠵᠢᠭᠦᠯᠵᠦ᠂ ᠲᠦᠷᠦᠭᠦᠴᠢ ᠵᠢᠨ ᠬᠤᠭᠤᠴᠠᠭ᠋ᠠᠨ᠎ᠳᠠᠬᠢ ᠭᠠᠷᠳᠠᠮ ᠭᠦᠢ᠍ᠴᠡᠳᠬᠡᠭᠰᠡᠨ ᠭᠤᠷᠪᠠᠨ ᠱᠠᠲᠤᠨ᠎ᠤ ᠰᠠᠯᠠᠭ᠎ᠠ ᠮᠥᠴᠢᠷ᠎ᠤᠨ ᠳᠠᠭ᠋ᠠᠭ᠋ᠠᠴᠢᠯᠠᠨ ᠬᠣᠯᠪᠣᠭ᠋ᠠᠯᠠᠬᠤ ᠬᠠᠷᠢᠭᠤᠴᠠᠯᠭ᠎ᠠ ᠵᠢᠨ ᠲᠣᠭᠲᠠᠴᠠ ᠪᠠ ᠴᠢᠬᠤᠯᠠ ᠶᠡᠬᠡ ᠲᠥᠷᠥᠯ ᠵᠦᠢ᠍ᠯ᠎ᠤᠨ 《ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)》 ᠭᠤᠷᠪᠠᠨ ᠱᠠᠲᠤᠨ᠎ᠤ ᠤᠳᠤᠷᠢᠳᠤᠯᠭ᠎ᠠ ᠵᠢᠨ ᠳᠠᠭ᠋ᠠᠭ᠋ᠠᠴᠢᠯᠠᠨ ᠬᠣᠯᠪᠣᠭ᠋ᠠᠯᠠᠬᠤ ᠲᠦᠷᠢᠮ᠎ᠤᠨ ᠬᠠᠷᠢᠭᠤᠴᠠᠯᠭ᠎ᠠ ᠵᠢ ᠴᠢᠩᠭ᠎ᠠ ᠪᠣᠳᠠᠲᠠᠶ᠋ᠢᠵᠢᠭᠤᠯᠤᠨ᠂ ᠴᠢᠬᠤᠯᠠ ᠶᠡᠬᠡ ᠲᠥᠷᠥᠯ ᠵᠦᠢ᠍ᠯ᠎ᠢ ᠠᠬᠢᠭᠤᠯᠬᠤ ᠠᠵᠢᠯ᠎ᠤᠨ ᠲᠤᠰᠬᠠᠶ ᠪᠠᠭ᠎ᠤᠨ ᠦᠢ᠍ᠯᠡᠳᠦᠯ᠎ᠢ᠎ᠨᠢ ᠪᠠᠳᠠᠷᠠᠭᠤᠯᠵᠤ᠂ ᠴᠢᠬᠤᠯᠠ ᠶᠡᠬᠡ ᠲᠥᠷᠥᠯ ᠵᠦᠢ᠍ᠯ᠎ᠢ ᠬᠡᠷᠡᠭᠵᠢᠭᠦᠯᠬᠦ ᠶᠠᠪᠤᠴᠠ᠎ᠳᠠᠬᠢ ᠬᠦᠴᠢᠷ ᠪᠠ ᠲᠦᠭᠵᠢᠷᠡᠯ ᠪᠣᠯᠵᠤ ᠪᠠᠢ᠌ᠭ᠎ᠠ ᠠᠰᠠᠭᠤᠳᠠᠯ᠎ᠢ ᠴᠠᠭ ᠲᠤᠬᠠᠶ᠎ᠳᠤ᠎ᠨᠢ ᠵᠣᠬᠢᠴᠠᠭᠤᠯᠤᠨ ᠰᠢᠢ᠍ᠳᠪᠦᠷᠢᠯᠡᠨ᠎ᠡ᠃ ᠤᠯᠤᠰ᠎ᠤᠨ 102 ᠵᠦᠢ᠍ᠯ᠎ᠤᠨ ᠴᠢᠬᠤᠯᠠ ᠶᠡᠬᠡ ᠢᠨᠵᠧᠨᠧᠷᠢᠩ ᠵᠶ᠋ᠠᠷ ᠭᠤᠤᠯᠳᠠᠯᠭ᠎ᠠ ᠪᠣᠯᠭ᠋ᠠᠵᠤ᠂ ᠲᠥᠷᠥᠯ ᠵᠦᠢ᠍ᠯ᠎ᠤᠨ ᠨᠥᠭᠡᠴᠡ ᠵᠢ ᠴᠢᠩᠭ᠋ᠠᠳᠬᠠᠨ᠂ ᠭᠤᠤᠯᠳᠠᠯᠭ᠎ᠠ ᠪᠣᠯᠬᠤ ᠬᠦᠷᠢᠶ᠎ᠡ ᠴᠠᠷᠠᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠥᠭᠵᠢᠯᠲᠡ ᠵᠢᠨ ᠰᠠᠭᠤᠷᠢ ᠵᠢ ᠪᠡᠬᠢᠵᠢᠭᠦᠯᠬᠦ᠂ ᠠᠵᠤ ᠦᠢ᠍ᠯᠡᠰ᠎ᠤᠨ ᠲᠠᠰ ᠳᠡᠪᠰᠢᠬᠦ ᠵᠢ ᠠᠬᠢᠭᠤᠯᠬᠤ ᠪᠠ ᠠᠷᠠᠳ᠎ᠤᠨ ᠠᠮᠢᠳᠤᠷᠠᠯ᠎ᠤᠨ ᠬᠡᠷᠡᠭᠴᠡᠭᠡ ᠱᠠᠭ᠋ᠠᠷᠳᠠᠯᠭ᠎ᠠ᠎ᠳᠤ ᠦᠢ᠍ᠯᠡᠴᠢᠯᠡᠬᠦ ᠴᠢᠨᠠᠷ ᠰᠠᠶ᠋ᠢᠲᠠᠶ ᠨᠢᠭᠡ ᠪᠦᠯᠦᠭ ᠲᠥᠷᠥᠯ ᠵᠦᠢ᠍ᠯ᠎ᠢ ᠰᠡᠳᠦᠨ ᠲᠥᠯᠥᠪᠯᠡᠨ᠎ᠡ᠃
      (ᠭᠤᠷᠪᠠ) ᠰᠠᠭᠤᠷᠢ ᠪᠡᠯᠡᠳᠬᠡᠮᠵᠢ ᠵᠢᠨ ᠪᠥᠲᠥᠭᠡᠨ ᠪᠠᠶ᠋ᠢᠭᠤᠯᠤᠯᠲᠠ ᠵᠢ ᠵᠣᠬᠢᠰᠲᠠᠶ ᠤᠷᠢᠳᠴᠢᠯᠠᠨ ᠪᠠᠢ᠌ᠷᠢᠰᠢᠯᠠᠭᠤᠯᠤᠨ᠎ᠠ᠃ 《ᠬᠣᠶᠠᠷ ᠰᠢᠨ᠎ᠡ ᠨᠢᠭᠡ ᠬᠦᠨᠳᠦ》᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠠᠭᠤᠷᠢ ᠪᠡᠯᠡᠳᠬᠡᠮᠵᠢ ᠵᠢᠨ ᠪᠠᠯᠠ ᠣᠷᠣᠭᠤᠯᠤᠯᠲᠠ ᠵᠢ ᠵᠣᠬᠢᠰᠲᠠᠶ ᠤᠷᠢᠳᠴᠢᠯᠠᠨ ᠥᠷᠨᠢᠭᠦᠯᠦᠨ᠎ᠡ᠃ ᠰᠢᠨ᠎ᠡ ᠬᠡᠯᠪᠡᠷᠢ ᠵᠢᠨ ᠰᠠᠭᠤᠷᠢ ᠪᠡᠯᠡᠳᠬᠡᠮᠵᠢ ᠵᠢᠨ ᠲᠠᠯ᠎ᠠ᠎ᠪᠠᠷ᠂ 5G᠂ ᠳ᠋ᠠᠢ᠌ᠲ᠋ᠠ ᠵᠢᠨ ᠲᠥᠪ ᠵᠡᠷᠭᠡ ᠰᠢᠨ᠎ᠡ ᠨᠢᠭᠡ ᠦᠶ᠎ᠡ ᠵᠢᠨ ᠮᠡᠳᠡᠭᠡ ᠵᠠᠩᠭᠢ ᠵᠢᠨ ᠰᠠᠭᠤᠷᠢ ᠪᠡᠯᠡᠳᠬᠡᠮᠵᠢ ᠵᠢᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠵᠦ᠂ 5G ᠰᠠᠭᠤᠷᠢ ᠥᠷᠲᠡᠭᠡ ᠵᠢ 1 ᠲᠦᠮᠡ ᠰᠢᠨ᠎ᠡ᠎ᠪᠠᠷ ᠪᠠᠶ᠋ᠢᠭᠤᠯᠵᠤ᠂ ᠬᠣᠰᠢᠭᠤ ᠰᠢᠶᠠᠨ (ᠬᠣᠲᠠ᠂ ᠲᠣᠭᠣᠷᠢᠭ)᠂ ᠭᠤᠤᠯᠳᠠᠯᠭ᠎ᠠ ᠪᠣᠯᠬᠤ ᠬᠦᠷᠢᠶᠡᠯᠡᠩ ᠲᠣᠭᠣᠷᠢᠭ᠂ ᠲᠣᠮᠣ ᠬᠡᠯᠪᠡᠷᠢ ᠵᠢᠨ ᠠᠵᠤ ᠠᠬᠤᠶ᠋ᠢᠯᠠᠯ᠎ᠳᠤ 5G᠎ᠢ ᠪᠦᠷᠢᠨ ᠪᠦᠷᠬᠦᠭᠦᠯᠦᠨ᠂ ᠪᠥᠬᠥ ᠤᠯᠤᠰ᠎ᠤᠨ ᠨᠢᠭᠡ ᠴᠣᠭᠴᠠᠵᠢᠭᠤᠯᠤᠭᠰᠠᠨ ᠬᠠᠮ ᠰᠢᠢ᠍ᠳᠪᠦᠷᠢᠯᠡᠬᠦ ᠴᠢᠳᠠᠮᠵᠢ ᠵᠢᠨ ᠰᠦᠯᠵᠢᠶᠡᠨ᠎ᠳᠠᠬᠢ ᠤᠯᠤᠰ᠎ᠤᠨ ᠭᠣᠣᠯ ᠵᠠᠩᠭᠢᠶᠠᠰᠤ ᠴᠡᠭ᠎ᠤᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠳᠤ ᠤᠯᠤᠰ᠎ᠤᠨ ᠰᠢᠨ᠎ᠡ ᠬᠡᠯᠪᠡᠷᠢ ᠵᠢᠨ ᠢᠨᠲ᠋ᠧᠷ ᠰᠦᠯᠵᠢᠶ᠎ᠡ ᠵᠢᠨ ᠰᠣᠯᠢᠯᠴᠠᠯ᠎ᠤᠨ ᠲᠥᠪ᠎ᠢ ᠪᠠᠶ᠋ᠢᠷᠢᠰᠢᠭᠤᠯᠬᠤ᠎ᠪᠠᠷ ᠴᠢᠷᠮᠠᠶ᠋ᠢᠨ᠎ᠠ᠃ ᠵᠠᠮ ᠬᠠᠷᠢᠯᠴᠠᠭ᠋ᠠᠨ᠎ᠤ ᠰᠠᠭᠤᠷᠢ ᠪᠡᠯᠡᠳᠬᠡᠮᠵᠢ ᠵᠢᠨ ᠲᠠᠯ᠎ᠠ᠎ᠪᠠᠷ᠂ ᠪᠤᠭᠤᠲᠤ᠎ᠠᠴᠠ ᠢᠷᠭ᠋ᠠᠶ ᠬᠦᠷᠬᠦ ᠳᠡᠭᠡᠳᠦ ᠬᠤᠷᠳᠤ ᠵᠢᠨ ᠲᠡᠮᠦᠷ ᠵᠠᠮ (ᠪᠠᠶᠠᠨᠬᠣᠲᠠ᠎ᠠᠴᠠ ᠢᠷᠭ᠋ᠠᠶ ᠬᠦᠷᠬᠦ ᠰᠠᠯᠪᠤᠷᠢ ᠱᠤᠭᠤᠮ ᠪᠠᠭᠲᠠᠨ᠎ᠠ)᠂ ᠵᠢᠨᠢᠩ᠎ᠠᠴᠠ ᠳ᠋ᠠᠲ᠋ᠦ᠋ᠩ ᠪᠠ ᠶᠤᠸᠠᠨᠫᠢᠩ ᠬᠦᠷᠬᠦ ᠳᠡᠭᠡᠳᠦ ᠬᠤᠷᠳᠤ ᠵᠢᠨ ᠲᠡᠮᠦᠷ ᠵᠠᠮ᠂ ᠡᠷᠢᠶᠡᠨ᠎ᠠᠴᠠ ᠭᠤᠸᠠᠩᠵᠧᠦ ᠬᠦᠷᠬᠦ ᠳᠡᠭᠡᠳᠦ ᠬᠤᠷᠳᠤ ᠵᠢᠨ ᠵᠠᠰᠠᠮᠠᠯ ᠵᠠᠮ᠎ᠳᠠᠬᠢ ᠵᠢᠨᠢᠩ᠎ᠠᠴᠠ ᠠᠷᠤᠨ ᠬᠦᠷᠬᠦ ᠵᠢ ᠬᠣᠯᠪᠣᠨ ᠵᠠᠯᠭ᠋ᠠᠭᠤᠯᠬᠤ ᠱᠤᠭᠤᠮ᠂ ᠬᠥᠬᠡᠬᠣᠲᠠ ᠰᠢᠨ᠎ᠡ ᠨᠢᠰᠬᠡᠯ᠎ᠤᠨ ᠪᠠᠭᠤᠳᠠᠯ ᠵᠡᠷᠭᠡ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢᠨ ᠠᠬᠢᠴᠠ ᠵᠢ ᠲᠦᠷᠭᠡᠳᠬᠡᠨ᠂ ᠬᠥᠬᠡᠬᠣᠲᠠ ᠨᠢᠰᠬᠡᠯ᠎ᠤᠨ ᠪᠠᠭᠤᠳᠠᠯ᠎ᠤᠨ ᠳᠡᠭᠡᠳᠦ ᠬᠤᠷᠳᠤ ᠵᠢᠨ ᠵᠠᠰᠠᠮᠠᠯ ᠵᠠᠮ ᠵᠡᠷᠭᠡ ᠲᠥᠷᠥᠯ ᠵᠦᠢ᠍ᠯ᠎ᠢ ᠪᠦᠬᠦ ᠲᠠᠯ᠎ᠠ᠎ᠪᠠᠷ ᠠᠵᠢᠯ ᠡᠬᠢᠯᠡᠭᠦᠯᠵᠦ᠂ ᠣᠷᠳᠣᠰ᠎ᠠᠴᠠ ᠢᠦᠢ ᠯᠢᠨ ᠪᠠ ᠶᠠᠨ ᠠᠨ ᠬᠦᠷᠬᠦ ᠳᠡᠭᠡᠳᠦ ᠬᠤᠷᠳᠤ ᠵᠢᠨ ᠲᠡᠮᠦᠷ ᠵᠠᠮ ᠵᠡᠷᠭᠡ ᠲᠥᠷᠥᠯ ᠵᠦᠢ᠍ᠯ᠎ᠤᠨ ᠡᠬᠢᠨ᠎ᠤ ᠬᠤᠭᠤᠴᠠᠭ᠋ᠠᠨ᠎ᠤ ᠠᠵᠢᠯ᠎ᠢ ᠢᠳᠡᠪᠬᠢᠲᠡᠶ ᠠᠬᠢᠭᠤᠯᠤᠨ᠂ ᠲᠡᠮᠦᠷ ᠵᠠᠮ᠎ᠤᠨ ᠪᠦᠲᠦᠭᠡᠨ ᠪᠠᠶ᠋ᠢᠭᠤᠯᠤᠯᠲᠠ ᠵᠢᠨ ᠬᠡᠪᠴᠢᠶ᠎ᠡ ᠵᠢ 1700 ᠺᠢᠯᠤᠮᠸᠲᠷ (ᠡᠭᠦᠨ᠎ᠳᠤ ᠳᠡᠭᠡᠳᠦ ᠬᠤᠷᠳᠤ ᠵᠢᠨ ᠲᠡᠮᠦᠷ ᠵᠠᠮ 470 ᠺᠢᠯᠤᠮᠸᠲᠷ ᠪᠣᠢ)᠂ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠬᠡᠪᠴᠢᠶ᠎ᠡ ᠵᠢ 1 ᠲᠦᠮᠡᠨ ᠺᠢᠯᠤᠮᠸᠲᠷ ᠪᠣᠯᠭ᠋ᠠᠬᠤ᠎ᠪᠠᠷ ᠴᠢᠷᠮᠠᠢ᠌ᠵᠤ᠂ ᠨᠡᠢ᠌ᠳᠡᠮ ᠬᠡᠷᠡᠭᠯᠡᠬᠦ ᠨᠢᠰᠬᠡᠯ᠎ᠤᠨ ᠪᠠᠭᠤᠳᠠᠯ᠎ᠢ 3 ᠪᠠᠢ᠌ᠭᠤᠯᠤᠨ᠎ᠠ᠃ ᠪᠠᠷᠠᠭ᠋ᠠᠨ᠎ᠤ ᠭᠦᠢ᠍ᠯᠭᠡᠭᠡᠨ᠎ᠤ ᠰᠠᠭᠤᠷᠢ ᠪᠡᠯᠡᠳᠬᠡᠮᠵᠢ ᠵᠢᠨ ᠲᠠᠯ᠎ᠠ᠎ᠪᠠᠷ᠂ ᠬᠥᠬᠡᠬᠣᠲᠠ᠂ ᠤᠯᠠᠭ᠋ᠠᠨᠴᠠᠪ — ᠡᠷᠢᠶᠡᠨ ᠬᠣᠲᠠ᠂ ᠮᠠᠨᠵᠤᠤᠷ ᠵᠡᠷᠭᠡ ᠤᠯᠤᠰ᠎ᠤᠨ ᠪᠠᠷᠠᠭ᠋ᠠᠨ᠎ᠤ ᠭᠦᠢ᠍ᠯᠭᠡᠭᠡᠨ᠎ᠤ ᠬᠦᠢ᠍ᠰᠦ ᠪᠠ ᠪᠠᠶᠠᠨᠨᠠᠭᠤᠷ᠎ᠤᠨ ᠤᠯᠤᠰ᠎ᠤᠨ ᠬᠦᠢ᠍ᠲᠡᠨ ᠬᠡᠯᠬᠢᠶᠡᠲᠦ ᠪᠠᠷᠠᠭ᠋ᠠᠨ᠎ᠤ ᠭᠦᠢ᠍ᠯᠭᠡᠭᠡᠨ᠎ᠤ ᠨᠢᠷᠤᠭᠤᠪᠴᠢ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ᠂ ᠣᠯᠠᠨ ᠬᠡᠯᠪᠡᠷᠢ ᠮᠠᠶᠢᠭ᠎ᠤᠨ ᠬᠣᠯᠪᠣᠭ᠋ᠠᠯᠠᠨ ᠲᠡᠭᠡᠭᠡᠪᠦᠷᠢᠯᠡᠬᠦ ᠰᠢᠯᠵᠢᠭᠦᠯᠦᠨ ᠵᠥᠭᠡᠭᠡᠪᠦᠷᠢᠯᠡᠬᠦ ᠪᠡᠯᠡᠳᠬᠡᠮᠵᠢ᠂ ᠪᠠᠷᠠᠭ᠋ᠠᠨ᠎ᠤ ᠭᠦᠢ᠍ᠯᠭᠡᠭᠡᠨ᠎ᠤ ᠮᠡᠳᠡᠭᠡ ᠵᠠᠩᠭᠢ ᠵᠢᠨ ᠲᠠᠪᠴᠠᠩ᠂ ᠣᠯᠠᠨ ᠨᠡᠶ᠋ᠢᠲᠡ ᠵᠢᠨ ᠨᠡᠶ᠋ᠢᠳᠡᠮ ᠬᠡᠷᠡᠭᠯᠡᠬᠦ ᠲᠣᠮᠣ ᠬᠡᠯᠪᠡᠷᠢ ᠵᠢᠨ ᠬᠥᠮᠥᠷᠭᠡᠯᠡᠨ ᠬᠠᠳᠠᠭ᠋ᠠᠯᠠᠬᠤ ᠪᠡᠯᠡᠳᠬᠡᠮᠵᠢ ᠵᠡᠷᠭᠡ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠳᠠᠮᠵᠢᠵᠤ᠂ 《ᠲᠦᠷᠭᠡᠨ ᠢᠯᠡᠭᠡᠯᠲᠡ ᠵᠢ ᠲᠣᠰᠬᠣᠨ᠎ᠳᠤ ᠣᠷᠣᠭᠤᠯᠬᠤ》 ᠢᠨᠵᠧᠨᠧᠷᠢᠩ᠎ᠢ ᠲᠥᠷᠥᠯ ᠬᠤᠪᠢᠶᠠᠵᠤ ᠠᠬᠢᠭᠤᠯᠤᠨ᠂ ᠪᠠᠢ᠌ᠭᠤᠯᠤᠮᠵᠢᠲᠤ ᠲᠣᠰᠬᠣᠨ᠎ᠳᠠᠬᠢ ᠲᠦᠷᠭᠡᠨ ᠢᠯᠡᠭᠡᠯᠲᠡ ᠵᠢᠨ ᠦᠢ᠍ᠯᠡᠴᠢᠯᠡᠭᠡ ᠨᠡᠪᠲᠡᠷᠡᠭᠰᠡᠨ ᠨᠣᠷᠮ᠎ᠠ ᠵᠢ 95%᠎ᠠᠴᠠ ᠳᠡᠭᠡᠭᠰᠢ ᠪᠣᠯᠭ᠋ᠠᠨ᠎ᠠ᠃ ᠡᠨᠧᠷᠭᠢ ᠵᠢᠨ ᠰᠠᠭᠤᠷᠢ ᠪᠡᠯᠡᠳᠬᠡᠮᠵᠢ ᠵᠢᠨ ᠲᠠᠯ᠎ᠠ᠎ᠪᠠᠷ᠂ ᠴᠠᠬᠢᠯᠭ᠋ᠠᠨ ᠬᠦᠴᠦᠨ᠎ᠤ ᠲᠣᠣᠷ᠂ ᠲᠣᠰᠣ ᠪᠠ ᠬᠡᠢ ᠵᠢᠨ ᠬᠣᠭᠣᠯᠠᠶ ᠭᠤᠤᠷᠰᠤ᠂ ᠡᠨᠧᠷᠭᠢ ᠨᠥᠭᠡᠴᠡᠯᠡᠬᠦ ᠪᠡᠯᠡᠳᠬᠡᠮᠵᠢ ᠵᠡᠷᠭᠡ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠤᠨ᠎ᠠ᠃ ᠤᠰᠤᠨ ᠠᠰᠢᠭᠯᠠᠯᠲᠠ ᠵᠢᠨ ᠰᠠᠭᠤᠷᠢ ᠪᠡᠯᠡᠳᠬᠡᠮᠵᠢ ᠵᠢᠨ ᠲᠠᠯ᠎ᠠ᠎ᠪᠠᠷ᠂ ᠴᠢᠬᠤᠯᠠ ᠶᠡᠬᠡ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢ ᠯᠠᠪᠳᠠᠭᠤᠨ ᠪᠠᠲᠤᠲᠠᠶ ᠠᠬᠢᠭᠤᠯᠵᠤ᠂ ᠬᠠᠭᠤᠴᠢᠨ ᠡᠮᠵᠡᠭ ᠠᠶᠤᠯᠲᠠᠶ ᠤᠰᠤᠨ ᠴᠥᠭᠥᠷᠥᠮ᠎ᠤᠨ ᠠᠶᠤᠯ᠎ᠢ᠎ᠨᠢ ᠠᠷᠢᠯᠭ᠋ᠠᠨ ᠪᠡᠬᠢᠵᠢᠭᠦᠯᠬᠦ ᠠᠵᠢᠯ᠎ᠢ ᠰᠠᠶ᠋ᠢᠲᠤᠷ ᠬᠢᠨ᠎ᠡ᠃ ᠬᠣᠲᠠ ᠵᠢᠨ ᠰᠠᠭᠤᠷᠢ ᠪᠡᠯᠡᠳᠬᠡᠮᠵᠢ ᠵᠢᠨ ᠲᠠᠯ᠎ᠠ᠎ᠪᠠᠷ᠂ ᠬᠣᠲᠠ ᠵᠢᠨ ᠶᠠᠪᠤᠳᠠᠯ᠎ᠤᠨ ᠰᠠᠭᠤᠷᠢ ᠪᠡᠯᠡᠳᠬᠡᠮᠵᠢ ᠵᠢᠨ ᠪᠡᠯᠡ ᠣᠷᠣᠭᠤᠯᠤᠯᠲᠠ ᠵᠢᠨ ᠡᠷᠴᠢᠮ᠎ᠢ ᠴᠢᠩᠭ᠋ᠠᠷᠠᠭᠤᠯᠵᠤ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠪᠠ ᠪᠠᠶ᠋ᠢᠭ᠋ᠠᠯᠢ ᠵᠢᠨ ᠭᠠᠮᠰᠢᠭ᠎ᠢ ᠰᠡᠷᠭᠡᠶ᠋ᠢᠯᠡᠨ ᠵᠠᠰᠠᠬᠤ ᠴᠢᠳᠠᠪᠤᠷᠢ ᠵᠢᠨ ᠲᠠᠯ᠎ᠠ ᠵᠢᠨ ᠳᠤᠲᠠᠭᠤᠳᠠᠯ ᠵᠶ᠋ᠠᠨ ᠬᠦᠴᠦᠯᠡᠨ ᠨᠥᠬᠥᠪᠥᠷᠢᠯᠡᠨ᠎ᠡ᠃
      ᠲᠤᠰᠬᠠᠶ ᠪᠤᠯᠤᠩ 2᠄ ᠰᠠᠭᠤᠷᠢ ᠪᠡᠯᠡᠳᠬᠡᠮᠵᠢ ᠵᠢᠨ ᠪᠥᠲᠥᠭᠡᠨ ᠪᠠᠶ᠋ᠢᠭᠤᠯᠤᠯᠲᠠ ᠵᠢ ᠵᠣᠬᠢᠰᠲᠠᠶ ᠤᠷᠢᠳᠴᠢᠯᠠᠨ ᠪᠠᠶ᠋ᠢᠷᠢᠰᠢᠭᠤᠯᠤᠨ᠎ᠠ
      (ᠨᠢᠭᠡ) ᠰᠢᠨ᠎ᠡ ᠬᠡᠯᠪᠡᠷᠢ ᠵᠢᠨ ᠰᠠᠭᠤᠷᠢ ᠪᠡᠯᠡᠳᠬᠡᠮᠵᠢ ᠵᠢᠨ ᠲᠠᠯ᠎ᠠ᠎ᠪᠠᠷ᠃ 5G ᠰᠠᠭᠤᠷᠢ ᠪᠡᠯᠡᠳᠬᠡᠮᠵᠢ ᠵᠢᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠨ᠂ ᠪᠥᠬᠥ ᠵᠢᠯ᠎ᠳᠤ 5G ᠰᠠᠭᠤᠷᠢ ᠥᠷᠲᠡᠭᠡ ᠵᠢ 1 ᠲᠦᠮᠡ ᠰᠢᠨ᠎ᠡ᠎ᠪᠠᠷ ᠪᠠᠶ᠋ᠢᠭᠤᠯᠵᠤ᠂ ᠨᠡᠶ᠋ᠢᠲᠡ 3 ᠲᠦᠮᠡ ᠵᠢ ᠪᠠᠢ᠌ᠭᠤᠯᠬᠤ ᠪᠣᠯᠣᠨ᠎ᠠ; ᠨᠡᠭᠦᠷᠡᠰᠦ᠂ ᠬᠣᠪᠣᠷ ᠰᠢᠷᠣᠶ᠂ ᠬᠢᠮᠢ ᠵᠢᠨ ᠠᠵᠤ ᠦᠢ᠍ᠯᠡᠳᠪᠦᠷᠢ ᠵᠡᠷᠭᠡ ᠠᠵᠢᠯ ᠲᠥᠷᠥᠯ᠎ᠳᠤ ᠠᠵᠤ ᠦᠢ᠍ᠯᠡᠳᠪᠦᠷᠢ ᠵᠢᠨ ᠢᠨᠲ᠋ᠧᠷ ᠰᠦᠯᠵᠢᠶᠡᠨ᠎ᠤ ᠢᠯᠭ᠋ᠠᠬᠤ ᠲᠡᠮᠳᠡᠭ᠎ᠲᠠᠢ ᠵᠠᠳᠠᠯᠤᠨ ᠰᠢᠨᠵᠢᠬᠦ ᠬᠣᠶᠠᠳᠤᠭ᠋ᠠᠷ ᠳᠡᠰ᠎ᠤᠨ ᠵᠠᠩᠭᠢᠶᠠᠰᠤ ᠴᠡᠭ᠎ᠢ 1 — 2 ᠪᠣᠢ ᠪᠣᠯᠭ᠋ᠠᠵᠤ ᠪᠠᠶ᠋ᠢᠭᠤᠯᠤᠨ᠎ᠠ᠃ 5G᠎ᠤᠨ ᠬᠡᠷᠡᠭᠯᠡᠨ ᠳᠡᠯᠭᠡᠷᠡᠭᠦᠯᠬᠦ ᠵᠢ ᠴᠢᠩᠭ᠋ᠠᠳᠬᠠᠵᠤ᠂ 5G + ᠣᠶᠣᠨᠯᠢᠭ ᠠᠭᠤᠷᠬᠠᠢ ᠵᠢᠨ ᠲᠠᠯ᠎ᠠ᠎ᠪᠠᠷ᠂ ᠪᠦᠬᠦ ᠵᠢᠯ᠎ᠳᠤ ᠣᠶᠤᠨᠴᠢᠯᠠᠭᠰᠠᠨ ᠨᠡᠭᠡᠭᠡᠨ ᠮᠠᠯᠲᠠᠬᠤ ᠭᠠᠵᠠᠷ᠎ᠢ 40 ᠪᠠᠢ᠌ᠭᠤᠯᠬᠤ᠎ᠪᠠᠨ ᠠᠬᠢᠭᠤᠯᠤᠨ᠂ ᠨᠡᠶ᠋ᠢᠲᠡ 90 ᠵᠢ ᠪᠠᠢ᠌ᠭᠤᠯᠬᠤ ᠪᠣᠯᠣᠨ᠎ᠠ᠃ 5G + ᠵᠢᠯᠣᠭᠣᠴᠢ ᠥᠬᠡᠶ ᠠᠵᠢᠯᠯᠠᠬᠤ ᠲᠠᠯ᠎ᠠ᠎ᠪᠠᠷ᠂ ᠪᠥᠬᠥ ᠵᠢᠯ᠎ᠳᠤ 300 ᠵᠢ ᠥᠭᠡᠷᠡᠴᠢᠯᠡᠨ ᠰᠢᠨᠡᠳᠬᠡᠵᠦ᠂ ᠨᠡᠶ᠋ᠢᠲᠡ 400 ᠪᠣᠯᠭ᠋ᠠᠨ᠎ᠠ᠃ 5G + ᠠᠵᠤ ᠦᠢ᠍ᠯᠡᠳᠪᠦᠷᠢ ᠵᠢᠨ ᠢᠨᠲ᠋ᠧᠷ ᠰᠦᠯᠵᠢᠶᠡᠨ᠎ᠤ ᠲᠠᠯ᠎ᠠ᠎ᠪᠠᠷ᠂ ᠠᠵᠤ ᠦᠢ᠍ᠯᠡᠳᠪᠦᠷᠢ ᠵᠢᠨ ᠢᠨᠲ᠋ᠧᠷ ᠰᠦᠯᠵᠢᠶᠡᠨ᠎ᠤ ᠲᠠᠪᠴᠠᠩ᠎ᠢ 10 ᠪᠠᠶ᠋ᠢᠭᠤᠯᠬᠤ᠎ᠪᠠᠷ ᠴᠢᠷᠮᠠᠶ᠋ᠢᠨ᠎ᠠ᠃ ᠳ᠋ᠠᠶ᠋ᠢᠲ᠋ᠠ ᠵᠢᠨ ᠲᠥᠪ᠎ᠤᠨ ᠪᠠᠶ᠋ᠢᠭᠤᠯᠤᠯᠲᠠ ᠵᠢ ᠠᠬᠢᠭᠤᠯᠵᠤ᠂ ᠳ᠋ᠠᠶ᠋ᠢᠲ᠋ᠠ ᠵᠢᠨ ᠲᠥᠪ᠎ᠤᠨ ᠮᠠᠰᠢᠨ ᠴᠣᠭᠴᠠᠯᠠᠪᠤᠷᠢ ᠵᠢ ᠪᠦᠬᠦᠯᠢ ᠴᠣᠭᠴᠠ᠎ᠳᠤ᠎ᠨᠢ 200 ᠲᠦᠮᠡ ᠪᠣᠯᠭ᠋ᠠᠨ᠎ᠠ᠃
      (ᠬᠣᠶᠠᠷ) ᠲᠡᠮᠦᠷ ᠵᠠᠮ᠎ᠤᠨ ᠲᠠᠯ᠎ᠠ᠎ᠪᠠᠷ᠃ ᠴᠢᠴᠢᠬᠠᠷ᠎ᠠᠴᠠ ᠬᠠᠶ᠋ᠢᠯᠠᠷ ᠪᠠ ᠮᠠᠨᠵᠤᠤᠷ ᠬᠦᠷᠬᠦ ᠳᠡᠭᠡᠳᠦ ᠬᠤᠷᠳᠤ ᠵᠢᠨ ᠲᠡᠮᠦᠷ ᠵᠠᠮ᠎ᠢ ᠪᠠᠶ᠋ᠢᠭᠤᠯᠬᠤ᠎ᠪᠠᠷ ᠴᠢᠷᠮᠠᠶ᠋ᠢᠨ᠎ᠠ᠂ ᠴᠢᠴᠢᠬᠠᠷ᠎ᠠᠴᠠ ᠤᠯᠠᠭ᠋ᠠᠨᠬᠣᠲᠠ ᠪᠠ ᠲᠦᠩᠯᠢᠶᠣᠤ ᠬᠦᠷᠬᠦ ᠳᠡᠭᠡᠳᠦ ᠬᠤᠷᠲᠤ ᠵᠢᠨ ᠲᠡᠮᠦᠷ ᠵᠠᠮ᠂ ᠵᠢᠨᠢᠩ᠎ᠠᠴᠠ ᠡᠷᠢᠶᠡᠨ ᠬᠣᠲᠠ ᠬᠥᠷᠬᠥ ᠴᠢᠳᠠᠮᠵᠢ ᠵᠢ᠎ᠨᠢ ᠥᠷᠭᠡᠳᠬᠡᠬᠦ᠎ᠪᠠᠷ ᠥᠭᠡᠷᠡᠴᠢᠯᠡᠨ ᠰᠢᠨᠡᠳᠬᠡᠬᠦ ᠲᠥᠷᠥᠯ ᠵᠦᠢ᠍ᠯ᠎ᠢ ᠤᠯᠤᠰ᠎ᠤᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠡᠮᠦᠷ ᠵᠠᠮ᠎ᠤᠨ ᠬᠥᠭᠵᠢᠯᠲᠡ ᠵᠢᠨ ᠲᠥᠯᠥᠪᠵᠢᠭᠦᠯᠭᠡ᠎ᠳᠤ ᠣᠷᠣᠭᠤᠯᠤᠨ᠎ᠠ᠂ ᠤᠯᠤᠰ᠎ᠠᠴᠠ 《ᠤᠷᠲᠤᠪᠲᠤᠷ ᠪᠠ ᠤᠷᠲᠤ ᠬᠤᠭᠤᠴᠠᠭ᠋ᠠᠨ᠎ᠤ ᠲᠡᠮᠦᠷ ᠵᠠᠮ᠎ᠤᠨ ᠲᠣᠣᠷ᠎ᠤᠨ ᠲᠥᠯᠥᠪᠵᠢᠭᠦᠯᠭᠡ》᠎ᠳᠤ ᠲᠣᠬᠢᠷᠠᠭᠤᠯᠤᠯᠲᠠ ᠬᠢᠬᠦ ᠦᠶ᠎ᠡ᠎ᠳᠤ᠎ᠨᠢ ᠵᠢᠨᠢᠩ᠎ᠠᠴᠠ ᠲᠦᠩᠯᠢᠶᠣᠤ ᠪᠠ ᠴᠠᠩᠴᠦ᠋ᠨ ᠬᠦᠷᠬᠦ᠂ ᠬᠥᠬᠡᠬᠣᠲᠠ᠎ᠠᠴᠠ ᠪᠤᠭᠤᠲᠤ ᠬᠦᠷᠬᠦ᠂ ᠬᠥᠬᠡᠬᠣᠲᠠ᠎ᠠᠴᠠ ᠱᠦᠸᠸᠵᠸᠦ ᠪᠠ ᠲᠠᠢ᠌ᠶᠤᠸᠠᠨ ᠬᠦᠷᠬᠦ᠂ ᠣᠷᠳᠣᠰ᠎ᠠᠴᠠ ᠳ᠋ᠠᠲ᠋ᠦ᠋ᠩ ᠪᠠ ᠰᠢᠶᠦ᠋ᠩ ᠠᠨ ᠬᠥᠷᠬᠥ ᠳᠡᠭᠡᠳᠦ ᠬᠤᠷᠳᠤ ᠵᠢᠨ ᠲᠡᠮᠦᠷ ᠵᠠᠮ ᠵᠡᠷᠭᠡ ᠭᠤᠤᠯᠳᠠᠯᠭ᠎ᠠ ᠪᠣᠯᠬᠤ ᠲᠥᠷᠥᠯ ᠵᠦᠢ᠍ᠯ᠎ᠳᠤ ᠲᠣᠬᠢᠷᠠᠭᠤᠯᠤᠨ ᠣᠷᠣᠭᠤᠯᠬᠤ᠎ᠪᠠᠷ ᠴᠢᠷᠮᠠᠢ᠌ᠨ᠎ᠠ᠂ ᠪᠤᠭᠤᠲᠤ᠎ᠠᠴᠠ ᠣᠷᠳᠣᠰ ᠬᠥᠷᠬᠥ᠂ ᠪᠠᠢ᠌ᠴᠸᠩ᠎ᠠᠴᠠ ᠷᠠᠰᠢᠶᠠᠨ ᠬᠥᠷᠬᠥ ᠲᠡᠮᠦᠷ ᠵᠠᠮ᠎ᠤᠨ ᠴᠢᠳᠠᠮᠵᠢ ᠵᠢ᠎ᠨᠢ ᠥᠷᠭᠡᠳᠬᠡᠬᠦ᠎ᠪᠠᠷ ᠥᠭᠡᠷᠡᠴᠢᠯᠡᠨ ᠰᠢᠨᠡᠳᠬᠡᠬᠦ ᠵᠡᠷᠭᠡ ᠲᠥᠷᠥᠯ ᠵᠦᠢ᠍ᠯ᠎ᠤᠨ ᠡᠬᠢᠨ᠎ᠤ ᠬᠤᠭᠤᠴᠠᠭ᠋ᠠᠨ᠎ᠤ ᠠᠵᠢᠯ᠎ᠢ ᠠᠬᠢᠭᠤᠯᠤᠨ᠂ ᠣᠷᠳᠣᠰ᠎ᠠᠴᠠ ᠢᠦᠶ ᠯᠢᠨ ᠪᠠ ᠶᠠᠨ ᠠᠨ ᠬᠦᠷᠬᠦ ᠳᠡᠭᠡᠳᠦ ᠬᠤᠷᠳᠤ ᠵᠢᠨ ᠲᠡᠮᠦᠷ ᠵᠠᠮ᠂ ᠰᠢᠯᠢ ᠵᠢᠨ ᠬᠣᠲᠠ᠎ᠠᠴᠠ᠎ᠲᠠᠢ ᠽᠢ ᠴᠸᠩ ᠬᠦᠷᠬᠦ ᠲᠡᠮᠦᠷ ᠵᠠᠮ ᠵᠡᠷᠭᠡ ᠲᠦᠷᠦᠯ ᠵᠦᠢ᠍ᠯ᠎ᠢ ᠡᠷᠲᠡᠬᠡᠨ ᠪᠣᠲᠠᠲᠠᠢ᠌ᠵᠢᠭᠤᠯᠵᠤ ᠪᠠᠷᠢᠯᠭ᠎ᠠ ᠡᠬᠢᠯᠡᠭᠦᠯᠬᠦ᠎ᠪᠠᠷ ᠴᠢᠷᠮᠠᠢ᠌ᠨ᠎ᠠ᠂ ᠪᠤᠭᠤᠲᠤ᠎ᠠᠴᠠ ᠢᠷᠭ᠋ᠠᠶ ᠬᠥᠷᠬᠥ ᠳᠡᠭᠡᠳᠦ ᠬᠤᠷᠳᠤ ᠵᠢᠨ ᠲᠡᠮᠦᠷ ᠵᠠᠮ (ᠪᠠᠶᠠᠨᠬᠣᠲᠠ᠎ᠠᠴᠠ ᠢᠷᠭ᠋ᠠᠶ ᠬᠥᠷᠬᠥ ᠰᠠᠯᠪᠤᠷᠢ ᠱᠤᠭᠤᠮ ᠪᠠᠭᠲᠠᠨ᠎ᠠ)᠂ ᠵᠢᠨᠢᠩ᠎ᠠᠴᠠ ᠳ᠋ᠠᠲ᠋ᠦ᠋ᠩ ᠪᠠ ᠶᠤᠸᠠᠨᠫᠢᠩ ᠬᠦᠷᠬᠦ ᠳᠡᠭᠡᠳᠦ ᠬᠤᠷᠳᠤ ᠵᠢᠨ ᠲᠡᠮᠦᠷ ᠵᠠᠮ᠂ ᠵᠢᠨᠢᠩ᠎ᠠᠴᠠ ᠲᠦᠩᠯᠢᠶᠣᠤ ᠬᠦᠷᠬᠦ ᠲᠡᠮᠦᠷ ᠵᠠᠮ᠎ᠤᠨ ᠴᠠᠬᠢᠯᠭ᠋ᠠᠨᠵᠢᠭᠤᠯᠬᠤ᠎ᠪᠠᠷ ᠥᠭᠡᠷᠡᠴᠢᠯᠡᠨ ᠰᠢᠨᠡᠳᠬᠡᠬᠦ ᠵᠡᠷᠭᠡ ᠭᠣᠣᠯᠳᠠᠯᠭ᠎ᠠ ᠪᠣᠯᠬᠤ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠢᠳᠡᠪᠬᠢᠲᠡᠶ ᠠᠬᠢᠭᠤᠯᠤᠨ᠎ᠠ᠃
      (ᠭᠤᠷᠪᠠ) ᠵᠠᠰᠠᠮᠠᠯ ᠵᠠᠮ᠎ᠤᠨ ᠲᠠᠯ᠎ᠠ᠎ᠪᠠᠷ᠃ ᠬᠥᠬᠡᠬᠣᠲᠠ ᠨᠢᠰᠬᠡᠯ᠎ᠤᠨ ᠪᠠᠭᠤᠳᠠᠯ᠎ᠤᠨ ᠳᠡᠭᠡᠳᠦ ᠬᠤᠷᠳᠤ ᠵᠢᠨ ᠵᠠᠰᠠᠮᠠᠯ ᠵᠠᠮ᠂ G 1015 ᠲᠢᠶᠸ ᠯᠢ— ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤ ᠬᠦᠷᠬᠦ᠂ S29 ᠬᠥᠬᠡᠬᠣᠲᠠ — ᠯᠢᠶᠠᠩᠴᠧᠩ ᠬᠦᠷᠬᠦ ᠵᠡᠷᠭᠡ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠲᠥᠷᠥᠯ ᠵᠦᠢ᠍ᠯ᠎ᠢ ᠪᠦᠬᠦ ᠲᠠᠯ᠎ᠠ᠎ᠪᠠᠷ ᠠᠵᠢᠯ ᠡᠬᠢᠯᠡᠭᠦᠯᠦᠨ ᠪᠠᠶ᠋ᠢᠭᠤᠯᠵᠤ᠂ G55 ᠡᠷᠢᠶᠡᠨ ᠬᠣᠲᠠ — ᠰᠠᠶ᠋ᠢᠬᠠᠨᠲᠠᠯ᠎ᠠ ᠬᠦᠷᠬᠦ᠂ G1817 ᠪᠠᠶᠠᠨ ᠬᠤᠳᠳᠤᠭ — ᠪᠠᠶᠠᠨᠬᠣᠲᠠ ᠵᠡᠷᠭᠡ ᠦᠷᠭᠦᠯᠵᠢᠯᠡᠨ ᠪᠠᠶ᠋ᠢᠭᠤᠯᠬᠤ ᠵᠠᠰᠠᠮᠠᠯ ᠵᠠᠮ᠎ᠤᠨ ᠲᠥᠷᠥᠯ ᠵᠦᠢ᠍ᠯ᠎ᠢ ᠲᠦᠷᠭᠡᠳᠬᠡᠨ ᠠᠬᠢᠭᠤᠯᠤᠨ᠎ᠠ᠃ ᠵᠢᠭᠤᠯᠴᠢᠯᠠᠯ᠎ᠤᠨ ᠵᠠᠮ᠂ ᠠᠵᠤ ᠦᠢ᠍ᠯᠡᠰ᠎ᠤᠨ ᠵᠠᠮ᠂ ᠵᠠᠰᠠᠮᠠᠯ ᠵᠠᠮ᠎ᠤᠨ ᠲᠣᠣᠷ᠎ᠯᠤᠭ᠎ᠠ ᠵᠠᠯᠭ᠋ᠠᠭᠰᠠᠨ ᠵᠠᠮ᠂ ᠪᠠᠢ᠌ᠭᠤᠯᠤᠮᠵᠢᠲᠤ ᠲᠣᠰᠬᠣᠨ᠎ᠳᠤ ᠨᠡᠪᠲᠡᠷᠡᠭᠦᠯᠬᠦ ᠬᠣᠶᠠᠷ ᠲᠡᠷᠭᠡᠨ᠎ᠤ ᠵᠥᠷᠢᠨ ᠠᠶᠠᠯᠠᠬᠤ ᠵᠠᠰᠠᠮᠠᠯ ᠵᠠᠮ ᠵᠢᠴᠢ ᠨᠡᠯᠢᠶᠡᠳ ᠣᠯᠠᠨ ᠬᠥᠮᠦᠨ ᠠᠮᠠ᠎ᠲᠠᠢ ᠬᠡᠪᠴᠢᠶᠡᠲᠦ ᠠᠶ᠋ᠢᠯ ᠲᠣᠰᠬᠣᠨ ᠪᠠ ᠬᠢᠯᠢ ᠣᠢ᠌ᠷᠠᠯᠴᠠᠭ᠎ᠠ ᠠᠶ᠋ᠢᠯ ᠲᠣᠰᠬᠣᠨ᠎ᠳᠤ ᠨᠡᠪᠲᠡᠷᠡᠭᠦᠯᠬᠦ ᠳᠡᠪᠢᠰᠴᠦ ᠬᠠᠲᠠᠭᠤᠷᠠᠭᠤᠯᠤᠭᠰᠠᠨ ᠵᠠᠮ᠎ᠤᠨ ᠪᠥᠲᠥᠭᠡᠨ ᠪᠠᠶ᠋ᠢᠭᠤᠯᠤᠯᠲᠠ ᠵᠢ ᠡᠮᠬᠢ ᠵᠢᠷᠤᠮ᠎ᠲᠠᠢ᠎ᠪᠠᠷ ᠠᠬᠢᠭᠤᠯᠵᠤ᠂ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠴᠢᠨᠠᠷ᠎ᠢ ᠳᠡᠭᠡᠭᠰᠢᠯᠡᠭᠦᠯᠦᠨ ᠲᠠᠰ ᠳᠡᠪᠰᠢᠭᠦᠯᠬᠦ ᠵᠢ᠎ᠨᠢ ᠠᠬᠢᠭᠤᠯᠤᠨ᠎ᠠ᠃
      (ᠳᠥᠷᠪᠡ) ᠨᠢᠰᠬᠡᠯ᠎ᠤᠨ ᠪᠠᠭᠤᠳᠠᠯ᠎ᠤᠨ ᠲᠠᠯ᠎ᠠ᠎ᠪᠠᠷ᠃ ᠠᠯᠠᠱ᠌ᠠ ᠵᠡᠭᠦᠨ ᠬᠣᠰᠢᠭᠤᠨ᠎ᠤ ᠠᠵᠢᠯ᠎ᠤᠨ ᠡᠭᠡᠯᠵᠢ ᠵᠢᠨ ᠨᠢᠰᠬᠡᠯ᠎ᠤᠨ ᠪᠠᠭᠤᠳᠠᠯ᠎ᠤᠨ ᠰᠠᠯᠪᠤᠷᠢ ᠱᠤᠭᠤᠮ᠎ᠤᠨ ᠨᠢᠰᠬᠡᠯ᠎ᠤᠨ ᠪᠠᠭᠤᠳᠠᠯ᠎ᠤᠨ ᠳᠡᠰ ᠳᠡᠪᠰᠢᠭᠦᠯᠬᠦ ᠪᠣᠯᠤᠮᠵᠢᠲᠤ ᠰᠤᠳᠤᠯᠤᠯ᠎ᠤᠨ ᠮᠡᠳᠡᠭᠦᠯᠦᠯᠲᠡ ᠵᠢ ᠤᠯᠤᠰ ᠵᠶ᠋ᠠᠷ ᠵᠥᠪᠰᠢᠶᠡᠷᠡᠭᠦᠯᠦᠨ ᠴᠣᠬᠣᠯᠠᠪᠤᠷᠢᠯᠠᠭᠤᠯᠬᠤ᠎ᠪᠠᠷ ᠴᠢᠷᠮᠠᠶ᠋ᠢᠵᠤ᠂ ᠬᠥᠬᠡᠬᠣᠲᠠ ᠰᠢᠨ᠎ᠡ ᠨᠢᠰᠬᠡᠯ᠎ᠤᠨ ᠪᠠᠭᠤᠳᠠᠯ᠂ ᠪᠠᠭ᠋ᠠᠷᠢᠨ ᠵᠡᠭᠦᠨ ᠬᠣᠰᠢᠭᠤᠨ᠎ᠤ ᠨᠡᠶ᠋ᠢᠳᠡᠮ ᠬᠡᠷᠡᠭᠯᠡᠭᠡᠨ᠎ᠤ ᠨᠢᠰᠬᠡᠯ᠎ᠤᠨ ᠪᠠᠭᠤᠳᠠᠯ ᠵᠡᠷᠭᠡ ᠪᠠᠶ᠋ᠢᠭᠤᠯᠵᠤ ᠪᠠᠶ᠋ᠢᠭ᠎ᠠ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠪᠦᠬᠦ ᠬᠦᠴᠦᠨ ᠵᠶ᠋ᠠᠷ ᠵᠶ᠋ᠠᠨ ᠠᠬᠢᠭᠤᠯᠤᠨ᠂ ᠪᠠᠷᠠᠭᠤᠨ ᠦᠵᠦᠮᠦᠴᠢᠨ ᠬᠣᠰᠢᠭᠤ᠂ ᠲᠦᠴᠢᠦᠸᠠᠨ ᠰᠢᠶᠠᠨ ᠵᠡᠷᠭᠡ ᠨᠡᠶ᠋ᠢᠳᠡᠮ ᠬᠡᠷᠡᠭᠯᠡᠭᠡᠨ᠎ᠤ ᠨᠢᠰᠬᠡᠯ᠎ᠤᠨ ᠪᠠᠭᠤᠳᠠᠯ᠎ᠤᠨ ᠲᠥᠷᠥᠯ ᠵᠦᠢ᠍ᠯ᠎ᠢ ᠡᠷᠲᠡᠬᠡᠨ ᠠᠵᠢᠯ ᠡᠬᠢᠯᠡᠭᠦᠯᠬᠦ᠎ᠪᠠᠷ ᠴᠢᠷᠮᠠᠶ᠋ᠢᠨ᠎ᠠ᠃
      (ᠲᠠᠪᠤ) ᠡᠨᠧᠷᠭᠢ ᠵᠢᠨ ᠰᠠᠭᠤᠷᠢ ᠪᠡᠯᠡᠳᠬᠡᠮᠵᠢ ᠵᠢᠨ ᠲᠠᠯ᠎ᠠ᠎ᠪᠠᠷ᠃ ᠰᠢᠨ᠎ᠡ ᠡᠨᠧᠷᠭᠢ᠎ᠪᠠᠷ ᠭᠤᠤᠯ ᠴᠣᠭᠴᠠ ᠪᠣᠯᠭ᠋ᠠᠭᠰᠠᠨ ᠰᠢᠨ᠎ᠡ ᠬᠡᠯᠪᠡᠷᠢ ᠵᠢᠨ ᠴᠠᠬᠢᠯᠭ᠋ᠠᠨ ᠬᠦᠴᠦᠨ᠎ᠤ ᠰᠢᠰᠲ᠋ᠧᠮ᠎ᠢ ᠪᠥᠲᠥᠭᠡᠨ ᠪᠠᠶ᠋ᠢᠭᠤᠯᠬᠤ᠎ᠪᠠᠨ ᠠᠬᠢᠭᠤᠯᠵᠤ᠂ ᠬᠠᠳᠠᠭ᠋ᠠᠯᠠᠭᠳᠠᠵᠤ ᠪᠠᠶ᠋ᠢᠭ᠎ᠠ ᠨᠡᠭᠦᠷᠡᠰᠦ᠎ᠪᠠᠷ ᠴᠠᠬᠢᠯᠭ᠋ᠠᠨ ᠭᠠᠷᠭ᠋ᠠᠬᠤ ᠮᠠᠰᠢᠨ ᠴᠣᠭᠴᠠᠯᠠᠪᠤᠷᠢ ᠵᠢ ᠥᠭᠡᠷᠡᠴᠢᠯᠡᠨ ᠰᠢᠨᠡᠳᠬᠡᠵᠦ ᠲᠠᠰ ᠳᠡᠪᠰᠢᠭᠦᠯᠬᠦ ᠵᠢ ᠭᠦᠨᠵᠡᠭᠡᠶ ᠬᠡᠷᠡᠭᠵᠢᠭᠦᠯᠦᠨ᠂ ᠣᠨᠴᠠ ᠥᠨᠳᠥᠷ ᠬᠦᠴᠦᠳᠡᠯᠲᠦ ᠨᠡᠭᠦᠷᠡᠰᠦ ᠲᠦᠯᠡᠵᠦ ᠭᠠᠷᠭ᠋ᠠᠭᠰᠠᠨ ᠴᠠᠬᠢᠯᠭ᠋ᠠᠨ᠎ᠢ ᠭᠠᠳᠠᠭᠰᠢ ᠬᠦᠷᠭᠡᠬᠦ᠂ ᠤᠯᠤᠰ᠎ᠤᠨ ᠲᠦᠷᠦᠭᠦᠦ ᠪᠦᠯᠦᠭ ᠲᠣᠮᠣ ᠬᠡᠯᠪᠡᠷᠢ ᠵᠢᠨ ᠰᠠᠯᠬᠢᠨ ᠬᠦᠴᠦᠨ᠎ᠤ ᠴᠠᠬᠢᠯᠭ᠋ᠠᠨ᠎ᠳᠤ ᠣᠷᠣᠭᠤᠯᠤᠭᠰᠠᠨ ᠬᠡᠷᠡᠯ ᠴᠡᠨᠡᠭ᠎ᠤᠨ ᠰᠠᠭᠤᠷᠢᠨ ᠭᠠᠵᠠᠷ᠂ ᠪᠠᠲᠤᠯᠠᠭ᠎ᠠ ᠵᠢᠨ ᠴᠢᠨᠠᠷᠲᠠᠶ ᠴᠠᠬᠢᠯᠭ᠋ᠠᠨ ᠬᠦᠴᠦᠨ᠎ᠤ ᠲᠤᠤᠷ᠎ᠲᠤ ᠨᠡᠶ᠋ᠢᠯᠡᠭᠦᠯᠦᠭᠰᠡᠨ ᠰᠢᠨ᠎ᠡ ᠡᠨᠧᠷᠭᠢ᠂ ᠲᠠᠷᠠᠬᠠᠶ ᠪᠤᠲᠠᠷᠬᠠᠶ ᠮᠠᠶᠢᠭ᠎ᠤᠨ ᠰᠠᠯᠬᠢᠨ ᠬᠦᠴᠦᠨ᠎ᠤ ᠴᠠᠬᠢᠯᠭ᠋ᠠᠨ ᠪᠠ ᠲᠠᠷᠬᠠᠯᠲᠠ ᠵᠢᠨ ᠮᠠᠶᠢᠭ᠎ᠤᠨ ᠬᠡᠷᠡᠯ ᠴᠡᠨᠡᠭ ᠵᠡᠷᠭᠡ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢ ᠭᠤᠤᠯᠳᠠᠯᠭ᠎ᠠ᠎ᠲᠠᠢ ᠠᠬᠢᠭᠤᠯᠵᠤ᠂ ᠥᠪᠥᠷ ᠮᠣᠩᠭᠣᠯ᠎ᠤᠨ ᠪᠠᠷᠠᠭᠤᠨ ᠬᠡᠰᠡᠭ᠎ᠠᠴᠠ ᠪᠡᠭᠡᠵᠢᠩ ᠲᠢᠶᠠᠨᠵᠢᠨ ᠾᠧᠪᠧᠶ᠎ᠳᠤ ᠥᠨᠳᠥᠷ ᠬᠠᠷᠢᠴᠠᠯ ᠪᠥᠬᠥᠶ ᠰᠢᠨ᠎ᠡ ᠡᠨᠧᠷᠭᠢ ᠵᠢᠨ ᠴᠠᠬᠢᠯᠭ᠋ᠠᠨ ᠬᠦᠴᠦᠨ᠎ᠢ ᠭᠠᠳᠠᠭᠰᠢ ᠬᠦᠷᠭᠡᠬᠦ ᠨᠡᠪᠲᠡᠷᠡᠯ᠎ᠤᠨ ᠡᠬᠢᠨ᠎ᠤ ᠬᠤᠭᠤᠴᠠᠭ᠋ᠠᠨ᠎ᠤ ᠠᠵᠢᠯ᠎ᠢ ᠡᠬᠢᠯᠡᠭᠦᠯᠦᠨ᠎ᠡ᠃
      (ᠵᠢᠷᠭᠤᠭ᠎ᠠ) ᠤᠰᠤᠨ ᠠᠰᠢᠭᠯᠠᠯᠲᠠ ᠵᠢᠨ ᠰᠠᠭᠤᠷᠢ ᠪᠡᠯᠡᠳᠬᠡᠮᠵᠢ ᠵᠢᠨ ᠲᠠᠯ᠎ᠠ᠎ᠪᠠᠷ᠃ ᠴᠤᠤᠯ ᠭᠣᠣᠯ᠎ᠤᠨ ᠤᠰᠤ ᠵᠢ ᠲᠠᠲᠠᠵᠤ ᠯᠢᠶᠣᠤ ᠾᠧ ᠭᠣᠣᠯ᠎ᠳᠤ ᠨᠡᠮᠡᠷᠢᠯᠡᠬᠦ ᠪᠠᠷᠢᠯᠭ᠎ᠠ᠂ ᠵᠡᠭᠦᠨ ᠲᠠᠶ᠋ᠢᠰᠠ ᠤᠰᠤᠨ ᠴᠥᠭᠥᠷᠥᠮ ᠵᠡᠷᠭᠡ ᠴᠢᠬᠤᠯᠠ ᠶᠡᠬᠡ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠠᠬᠢᠴᠠ ᠵᠢ ᠲᠦᠷᠭᠡᠳᠬᠡᠵᠦ᠂ ᠴᠤᠤᠯ ᠭᠣᠣᠯ᠎ᠤᠨ ᠤᠰᠤ ᠵᠢ ᠲᠠᠲᠠᠵᠤ ᠯᠢᠶᠣᠤ ᠾᠧ ᠭᠣᠣᠯ᠎ᠳᠤ ᠨᠡᠮᠡᠷᠢᠯᠡᠬᠦ ᠬᠣᠶᠠᠳᠤᠭ᠋ᠠᠷ ᠬᠤᠭᠤᠴᠠᠭ᠎ᠠ᠂ ᠬᠠᠲᠤᠨ ᠭᠣᠣᠯ᠎ᠤᠨ ᠥᠪᠥᠷ ᠮᠣᠩᠭᠣᠯ᠎ᠤᠨ ᠬᠡᠰᠡᠭ᠎ᠲᠠᠬᠢ ᠦᠶᠡᠷ᠎ᠢ ᠰᠡᠷᠭᠡᠶ᠋ᠢᠯᠡᠬᠦ ᠭᠤᠷᠪᠠᠳᠤᠭ᠋ᠠᠷ ᠬᠤᠭᠤᠴᠠᠭ᠎ᠠ ᠵᠡᠷᠭᠡ ᠪᠠᠷᠢᠯᠭ᠎ᠠ ᠵᠢᠨ ᠡᠬᠢᠨ᠎ᠤ ᠬᠤᠭᠤᠴᠠᠭ᠋ᠠᠨ᠎ᠤ ᠠᠵᠢᠯ᠎ᠢ ᠯᠠᠪᠳᠠᠭᠤᠨ ᠪᠠᠲᠤᠲᠠᠶ ᠠᠬᠢᠭᠤᠯᠤᠨ᠎ᠠ᠃ ᠭᠣᠣᠯ ᠪᠣᠯᠬᠤ ᠰᠠᠯᠪᠤᠷᠢ ᠤᠷᠤᠰᠬᠠᠯ᠂ ᠳᠤᠮᠳᠠ ᠵᠢᠵᠢᠭ ᠭᠣᠣᠯ ᠮᠥᠷᠡᠨ᠎ᠢ ᠵᠠᠰᠠᠬᠤ᠂ ᠲᠤᠮᠤ ᠳᠤᠮᠳᠠ ᠬᠡᠯᠪᠡᠷᠢ ᠵᠢᠨ ᠡᠮᠵᠡᠭ ᠠᠶᠤᠯᠲᠠᠢ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ ᠠᠵᠢᠯ᠎ᠢ ᠬᠡᠷᠡᠭᠵᠢᠭᠦᠯᠵᠦ᠂ ᠠᠭᠤᠯᠠᠨ᠎ᠤ ᠦᠶᠡᠷ᠎ᠤᠨ ᠭᠠᠮᠰᠢᠭ᠎ᠢ ᠰᠡᠷᠭᠡᠶ᠋ᠢᠯᠡᠨ ᠵᠠᠰᠠᠬᠤ ᠲᠥᠷᠥᠯ ᠵᠦᠢ᠍ᠯ᠎ᠤᠨ ᠪᠦᠳᠦᠭᠡᠨ ᠪᠠᠶ᠋ᠢᠭᠤᠯᠤᠯᠲᠠ ᠵᠢ ᠢᠳᠡᠪᠬᠢᠲᠡᠢ ᠠᠬᠢᠭᠤᠯᠤᠨ᠎ᠠ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠤᠰᠤᠨ ᠠᠰᠢᠭᠯᠠᠯᠲᠠ ᠵᠢᠨ ᠰᠠᠭᠤᠷᠢ ᠵᠢ ᠪᠡᠬᠢᠵᠢᠭᠦᠯᠵᠦ᠂ ᠪᠣᠷᠣᠲᠣᠬᠣᠶ᠂ ᠳ᠋ᠸᠩᠺᠸᠦ ᠵᠡᠷᠭᠡ ᠲᠣᠮᠣ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠎ᠢ ᠦᠷᠭᠦᠯᠵᠢᠯᠡᠨ ᠢᠵᠢ ᠪᠦᠷᠢᠳᠦᠭᠦᠯᠦᠨ ᠪᠠᠢ᠌ᠭᠤᠯᠬᠤ ᠪᠠ ᠣᠳᠣᠬᠢᠴᠢᠯᠠᠬᠤ᠎ᠪᠠᠷ ᠥᠭᠡᠷᠡᠴᠢᠯᠡᠨ ᠰᠢᠨᠡᠳᠬᠡᠬᠦ ᠵᠢ ᠦᠷᠭᠦᠯᠵᠢᠯᠡᠨ ᠬᠡᠷᠡᠭᠵᠢᠭᠦᠯᠦᠨ᠎ᠡ᠃
    (ᠳᠣᠯᠣᠭ᠎ᠠ) ᠬᠣᠲᠠ ᠵᠢᠨ ᠰᠠᠭᠤᠷᠢ ᠪᠡᠯᠡᠳᠬᠡᠮᠵᠢ ᠵᠢᠨ ᠲᠠᠯ᠎ᠠ᠎ᠪᠠᠷ᠃ ᠬᠣᠲᠠ ᠵᠢᠨ ᠰᠢᠨᠡᠴᠢᠯᠡᠯ᠎ᠢ ᠠᠬᠢᠭᠤᠯᠤᠨ᠂ ᠬᠣᠲᠠ ᠵᠢᠨ ᠶᠠᠪᠤᠳᠠᠯ᠎ᠤᠨ ᠢᠨᠵᠧᠨᠧᠷᠢᠩ᠂ ᠭᠠᠮᠰᠢᠭ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠵᠡᠷᠭᠡ ᠬᠦᠷᠢᠶᠡᠨ᠎ᠳᠠᠬᠢ ᠳᠤᠲᠠᠭᠤᠳᠠᠯ᠎ᠢ ᠲᠦᠷᠭᠡᠨ ᠨᠥᠬᠥᠪᠥᠷᠢᠯᠡᠵᠦ᠂ ᠰᠢᠲᠠᠮᠠᠬᠠᠶ ᠬᠡᠶ᠂ ᠢᠯᠴᠢ ᠬᠠᠩᠭ᠋ᠠᠬᠤ᠂ ᠤᠰᠤ ᠬᠠᠩᠭ᠋ᠠᠵᠤ ᠵᠠᠯᠠᠬᠤ ᠵᠡᠷᠭᠡ ᠬᠠᠭᠤᠴᠢᠨ ᠬᠣᠭᠣᠯᠠᠶ ᠭᠤᠤᠷᠰᠤ ᠵᠢᠨ ᠲᠤᠤᠷ᠎ᠢ ᠰᠢᠨᠡᠳᠬᠡᠨ ᠥᠭᠡᠷᠡᠴᠢᠯᠡᠬᠦ ᠵᠢ ᠠᠬᠢᠭᠤᠯᠤᠨ᠂ ᠬᠣᠲᠠ ᠵᠢᠨ ᠤᠰᠤᠲᠤᠯ᠎ᠢ ᠰᠢᠰᠲ᠋ᠧᠮ᠎ᠲᠠᠢ ᠵᠠᠰᠠᠵᠤ᠂ ᠪᠣᠬᠢᠷ ᠤᠰᠤ᠂ ᠬᠣᠭ ᠨᠣᠪᠰᠢ ᠰᠢᠢ᠍ᠳᠪᠦᠷᠢᠯᠡᠬᠦ ᠵᠡᠷᠭᠡ ᠰᠠᠭᠤᠷᠢ ᠪᠡᠯᠡᠳᠬᠡᠮᠵᠢ ᠵᠢᠨ ᠪᠥᠲᠥᠭᠡᠨ ᠪᠠᠶ᠋ᠢᠭᠤᠯᠤᠯᠲᠠ ᠵᠢ ᠴᠢᠩᠭ᠋ᠠᠳᠬᠠᠨ᠂ ᠬᠣᠲᠠ ᠪᠠᠯᠭ᠋ᠠᠰᠤᠨ᠎ᠤ ᠬᠠᠭᠤᠴᠢᠨ ᠰᠠᠭᠤᠭ᠋ᠠᠯᠢ ᠲᠣᠭᠣᠷᠢᠭ᠎ᠲᠠᠬᠢ 21.37 ᠲᠦᠮᠡᠨ ᠡᠷᠦᠬᠡ ᠥᠭᠡᠷᠡᠴᠢᠯᠡᠨ ᠰᠢᠨᠡᠳᠬᠡᠬᠦ᠂ ᠲᠥᠬᠥᠮ ᠪᠦᠲᠦᠴᠡᠲᠦ ᠣᠷᠣᠨ ᠰᠠᠭᠤᠴᠠ ᠵᠢᠨ ᠲᠣᠭᠣᠷᠢᠭ᠎ᠲᠠᠬᠢ 1 ᠲᠦᠮᠡᠨ ᠢᠵᠢ ᠭᠡᠷ ᠪᠠᠢ᠌ᠰᠢᠩ᠎ᠢ ᠥᠭᠡᠷᠡᠴᠢᠯᠡᠨ ᠰᠢᠨᠡᠳᠬᠡᠬᠦ᠎ᠪᠠᠷ ᠲᠥᠯᠥᠪᠯᠡᠨ ᠬᠡᠷᠡᠭᠵᠢᠭᠦᠯᠵᠦ᠂ 1.2 ᠲᠦᠮᠡᠨ ᠢᠵᠢ ᠪᠠᠲᠤᠯᠠᠭ᠎ᠠ ᠵᠢᠨ ᠴᠢᠨᠠᠷᠲᠠᠶ ᠲᠦᠷᠢᠶᠡᠰᠦᠯᠡᠬᠦ ᠣᠷᠣᠨ ᠰᠠᠭᠤᠴᠠ ᠵᠢ ᠪᠠᠶ᠋ᠢᠭᠤᠯᠥᠨ᠎ᠠ᠃

      ᠳᠥᠷᠪᠡ᠂ ᠠᠮᠢ ᠠᠬᠤᠶ ᠵᠢ ᠤᠷᠢᠳ ᠵᠶ᠋ᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠵᠢ ᠪᠠᠷᠢᠮᠲᠠᠯᠠᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠨ᠎ᠠ
      ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠴᠢᠩᠭ᠋ᠠᠳᠬᠠᠬᠤ ᠪᠠᠶ᠋ᠢᠯᠳᠤᠬᠤ ᠪᠣᠳᠣᠯᠭ᠎ᠠ ᠵᠢᠨ ᠲᠣᠭᠲᠠᠯ ᠬᠦᠴᠦᠨ ᠵᠶ᠋ᠠᠨ ᠪᠠᠲᠤᠯᠠᠨ᠂ ᠠᠮᠢ ᠠᠬᠤᠶ ᠣᠷᠴᠢᠨ ᠲᠣᠭᠣᠷᠢᠨ᠎ᠢ ᠦᠷᠭᠦᠯᠵᠢᠯᠡᠨ ᠰᠠᠶ᠋ᠢᠵᠢᠷᠠᠭᠤᠯᠵᠤ᠂ ᠪᠣᠬᠢᠷᠲᠤᠯ ᠥᠬᠡᠶ ᠪᠣᠯᠭ᠋ᠠᠬᠤ᠎ᠪᠠᠷ ᠬᠡᠯᠪᠡᠷᠢ᠎ᠪᠠᠨ ᠬᠤᠪᠢᠷᠠᠭᠤᠯᠬᠤ ᠵᠢ ᠪᠥᠬᠥ ᠬᠦᠷᠢᠶᠡᠨ᠎ᠳᠤ ᠪᠥᠬᠥ ᠲᠠᠯ᠎ᠠ᠎ᠪᠠᠷ ᠠᠬᠢᠭᠤᠯᠤᠨ᠂ ᠤᠯᠤᠰ᠎ᠤᠨ ᠠᠮᠢ ᠠᠬᠤᠶ ᠵᠢᠨ ᠪᠣᠯᠪᠠᠰᠤᠨ᠎ᠤ ᠲᠤᠷᠰᠢᠯᠲᠠ ᠵᠢᠨ ᠲᠣᠭᠣᠷᠢᠭ᠎ᠢ ᠢᠳᠡᠪᠬᠢᠲᠡᠶ ᠡᠭᠦᠳᠦᠨ ᠪᠠᠶ᠋ᠢᠭᠤᠯᠤᠨ᠎ᠠ᠃
      (ᠨᠢᠭᠡ) ᠠᠮᠢ ᠠᠬᠤᠶ ᠵᠢᠨ ᠰᠢᠰᠲ᠋ᠧᠮ᠎ᠢ ᠬᠠᠮᠠᠭ᠋ᠠᠯᠠᠬᠤ ᠡᠷᠴᠢᠮ ᠵᠶ᠋ᠠᠨ ᠴᠢᠩᠭ᠋ᠠᠷᠠᠭᠤᠯᠤᠨ᠎ᠠ᠃ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠨᠢᠭᠡ ᠴᠤᠭᠴᠠᠵᠢᠭᠤᠯᠤᠨ ᠬᠠᠮᠠᠭ᠋ᠠᠯᠠᠬᠤ ᠪᠠ ᠰᠢᠰᠲ᠋ᠧᠮ᠎ᠲᠠᠢ ᠵᠠᠰᠠᠬᠤ ᠵᠢ ᠪᠠᠷᠢᠮᠲᠠᠯᠠᠵᠤ᠂ ᠦᠨᠳᠦᠰᠦᠨ ᠨᠤᠲᠤᠭ ᠪᠡᠯᠴᠢᠭᠡᠷ᠎ᠢ ᠬᠠᠮᠠᠭ᠋ᠠᠯᠠᠬᠤ ᠲᠦᠷᠢᠮ᠎ᠢ ᠴᠢᠩᠭ᠎ᠠ ᠬᠡᠷᠡᠭᠵᠢᠭᠦᠯᠵᠦ᠂ ᠣᠶ ᠵᠢᠨ ᠳᠠᠷᠤᠭ᠎ᠠ ᠵᠢᠨ ᠲᠦᠷᠢᠮ᠂ ᠭᠤᠤᠯ ᠮᠥᠷᠡᠨ᠎ᠤ ᠳᠠᠷᠤᠭ᠎ᠠ ᠵᠢᠨ ᠲᠦᠷᠢᠮ᠎ᠢ ᠨᠠᠶ᠋ᠢᠳᠠᠪᠤᠷᠢᠵᠢᠭᠤᠯᠤᠨ᠎ᠠ᠃ ᠤᠯᠤᠰ᠎ᠤᠨ ᠭᠠᠵᠠᠷ ᠰᠢᠷᠣᠶ ᠵᠢᠨ ᠨᠣᠭᠣᠭ᠋ᠠᠷᠠᠭᠤᠯᠤᠯᠲᠠ ᠵᠢᠨ ᠠᠵᠢᠯᠯᠠᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠠᠬᠢᠭᠤᠯᠵᠤ᠂ ᠬᠤᠯᠠᠨ ᠰᠢᠷᠭ᠎ᠠ ᠲᠠᠭ᠎ᠠ ᠵᠢᠨ ᠬᠡᠪᠴᠢᠶᠡᠵᠢᠭᠰᠡᠨ ᠣᠶ ᠰᠢᠭᠤᠶ ᠵᠢᠨ ᠲᠠᠯᠠᠪᠠᠶ ᠵᠢᠨ ᠲᠤᠷᠰᠢᠯᠲᠠ ᠵᠢᠨ ᠴᠡᠭ᠎ᠤᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠤᠨ᠂ ᠰᠢᠷ᠎ᠠ ᠬᠥᠷᠥᠰᠥᠲᠦ ᠥᠨᠳᠥᠷᠯᠢᠭ᠎ᠤᠨ ᠬᠥᠷᠥᠰᠥ ᠰᠢᠷᠣᠶ ᠵᠢᠨ ᠢᠳᠡᠭᠳᠡᠯ᠎ᠢ ᠶᠡᠷᠦᠩᠬᠡᠶ᠋ᠢᠯᠡᠨ ᠵᠠᠰᠠᠬᠤ᠂ ᠥᠪᠥᠷ ᠮᠣᠩᠭᠣᠯ᠎ᠤᠨ ᠥᠨᠳᠥᠷᠯᠢᠭ᠎ᠤᠨ ᠠᠮᠢ ᠠᠬᠤᠶ ᠵᠢ ᠬᠠᠮᠠᠭ᠋ᠠᠯᠠᠬᠤ ᠪᠠ ᠰᠡᠷᠭᠦᠭᠡᠬᠦ᠂ ᠶᠡᠬᠡ ᠪᠠᠭ᠎ᠠ ᠬᠢᠩᠭ᠋ᠠᠨ ᠳᠠᠪᠠᠭ᠎ᠠ ᠵᠢᠨ ᠣᠶ ᠰᠢᠭᠤᠶ ᠵᠢᠨ ᠠᠮᠢ ᠠᠬᠤᠶ ᠵᠢ ᠬᠠᠮᠠᠭ᠋ᠠᠯᠠᠵᠤ ᠪᠣᠢ᠌ᠵᠢᠭᠤᠯᠬᠤ ᠵᠡᠷᠭᠡ ᠴᠢᠬᠤᠯᠠ ᠶᠡᠬᠡ ᠢᠨᠵᠧᠨᠧᠷᠢᠩ᠎ᠢ ᠬᠡᠷᠡᠭᠵᠢᠭᠦᠯᠵᠦ᠂ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠶ᠋ᠢᠯᠭ᠋ᠠᠬᠤ ᠪᠠ ᠠᠮᠢ ᠠᠬᠤᠶ᠎ᠳᠤ ᠲᠥᠯᠥᠪᠦᠷᠢ ᠥᠭᠬᠦ ᠲᠦᠷᠢᠮ᠎ᠢ ᠨᠠᠶ᠋ᠢᠳᠠᠪᠤᠷᠢᠵᠢᠭᠤᠯᠤᠨ᠎ᠠ᠃ ᠡᠬᠡ ᠪᠣᠯᠬᠤ ᠭᠣᠣᠯ ᠬᠠᠲᠤᠨ ᠭᠤᠤᠯ᠎ᠢ ᠬᠠᠮᠠᠭ᠋ᠠᠯᠠᠬᠤ᠎ᠪᠠᠨ ᠲᠣᠪᠣᠶ᠋ᠢᠮ᠎ᠠ ᠪᠠᠶ᠋ᠢᠷᠢᠨ᠎ᠳᠤ ᠲᠠᠯᠪᠢᠵᠤ᠂ 《ᠬᠠᠲᠤᠨ ᠭᠤᠤᠯ᠎ᠤᠨ ᠰᠠᠪᠠ ᠭᠠᠵᠠᠷ᠎ᠤᠨ ᠥᠪᠥᠷ ᠮᠣᠩᠭᠣᠯ᠎ᠳᠠᠬᠢ ᠬᠡᠰᠡᠭ᠎ᠤᠨ ᠠᠮᠢ ᠠᠬᠤᠶ ᠵᠢᠨ ᠬᠣᠩᠭᠢᠯ᠎ᠤᠨ ᠪᠥᠲᠥᠭᠡᠨ ᠪᠠᠶ᠋ᠢᠭᠤᠯᠤᠯᠲᠠ ᠵᠢᠨ ᠲᠥᠯᠥᠪᠵᠢᠭᠦᠯᠭᠡ》 ᠵᠢ ᠲᠣᠭᠲᠠᠭ᠋ᠠᠨ᠂ 《ᠤᠰᠤᠨ᠎ᠤ ᠬᠡᠮᠵᠢᠶ᠎ᠡ᠎ᠪᠠᠷ ᠬᠣᠲᠠ ᠵᠢᠨ ᠪᠠᠭᠲᠠᠭ᠋ᠠᠮᠵᠢ᠂ ᠭᠠᠵᠠᠷ᠎ᠤᠨ ᠬᠡᠪᠴᠢᠶ᠎ᠡ᠂ ᠬᠥᠮᠥᠨ ᠠᠮᠠ᠂ ᠦᠢ᠍ᠯᠡᠳᠪᠦᠷᠢᠯᠡᠯ᠎ᠤᠨ ᠴᠢᠳᠠᠪᠤᠷᠢ ᠳᠥᠷᠪᠡ ᠵᠢ ᠲᠣᠭᠲᠠᠭ᠋ᠠᠬᠤ》 ᠵᠠᠷᠴᠢᠮ᠎ᠢ ᠪᠥᠬᠥ ᠲᠠᠯ᠎ᠠ᠎ᠪᠠᠷ ᠲᠤᠭᠤᠰᠢᠯᠠᠭᠤᠯᠵᠤ᠂ ᠬᠠᠲᠤᠨ ᠭᠤᠤᠯ᠎ᠤᠨ ᠠᠮᠢ ᠠᠬᠤᠶ ᠵᠢᠨ ᠪᠦᠰᠡ ᠵᠢᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠤᠨ᠎ᠠ᠃ 《ᠭᠤᠷᠪᠠᠨ ᠨᠠᠭᠤᠷ》᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠠᠰᠠᠯᠲᠠ ᠵᠢ ᠭᠦᠨᠵᠡᠭᠡᠢ ᠠᠬᠢᠭᠤᠯᠵᠤ᠂ ᠴᠠᠭ᠋ᠠᠨᠨᠠᠭᠤᠷ ᠨᠤᠭᠤ ᠭᠠᠵᠠᠷ᠎ᠤᠨ ᠴᠡᠴᠡᠷᠯᠢᠭ᠎ᠤᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠡᠯᠡᠰᠦ ᠮᠠᠩᠬ᠎ᠠ ᠵᠢ ᠰᠡᠷᠭᠡᠶ᠋ᠢᠯᠡᠨ ᠵᠠᠰᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠬᠥᠷᠥᠰᠥ ᠰᠢᠷᠣᠶ ᠵᠢ ᠬᠠᠮᠠᠭ᠋ᠠᠯᠠᠬᠤ ᠪᠠ ᠨᠤᠭᠤ ᠭᠠᠵᠠᠷ᠎ᠢ ᠬᠠᠮᠠᠭ᠋ᠠᠯᠠᠬᠤ᠎ᠪᠠᠨ ᠦᠷᠭᠦᠯᠵᠢᠯᠡᠨ ᠠᠬᠢᠭᠤᠯᠤᠨ᠎ᠠ᠃ ᠠᠭᠤᠷᠬᠠᠢ ᠵᠢᠨ ᠠᠮᠢ ᠠᠬᠤᠢ ᠵᠢ ᠰᠡᠷᠭᠦᠭᠡᠬᠦ ᠡᠷᠴᠢᠮ ᠵᠶ᠋ᠠᠨ ᠴᠢᠩᠭ᠋ᠠᠷᠠᠭᠤᠯᠵᠤ᠂ ᠪᠣᠬᠢᠷᠲᠤᠯ ᠦᠭᠡᠢ ᠠᠭᠤᠷᠬᠠᠢ ᠵᠢ ᠰᠢᠨ᠎ᠡ᠎ᠪᠠᠷ 100 ᠭᠠᠷᠤᠢ ᠪᠠᠶ᠋ᠢᠭᠤᠯᠤᠨ᠎ᠠ᠃
      (ᠬᠣᠶᠠᠷ) ᠪᠣᠬᠢᠷᠲᠤᠯ᠎ᠢ ᠰᠡᠷᠭᠡᠶ᠋ᠢᠯᠡᠨ ᠵᠠᠰᠠᠬᠤ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠢ ᠭᠦᠨᠵᠡᠭᠡᠢ ᠰᠠᠶ᠋ᠢᠲᠤᠷ ᠬᠢᠨ᠎ᠡ᠃ ᠠᠭ᠋ᠠᠷ᠎ᠤᠨ ᠴᠡᠪᠡᠷᠴᠡ ᠵᠢ ᠰᠠᠢ᠌ᠵᠢᠷᠠᠭᠤᠯᠬᠤ ᠠᠵᠢᠯᠯᠠᠭ᠋ᠠᠨ᠎ᠢ ᠦᠷᠭᠦᠯᠵᠢᠯᠡᠨ ᠠᠬᠢᠭᠤᠯᠵᠤ᠂ ᠦᠬᠠᠶ ᠵᠢᠴᠢ ᠡᠷᠬᠢᠨ ᠲᠣᠭᠣᠷᠢᠨ᠎ᠤ ᠭᠠᠵᠠᠷ ᠣᠷᠣᠨ ᠵᠡᠷᠭᠡ ᠭᠤᠤᠯᠳᠠᠯᠭ᠎ᠠ ᠪᠣᠯᠬᠤ ᠣᠷᠣᠨ ᠪᠦᠰᠡ ᠵᠢᠨ ᠠᠭ᠋ᠠᠷ ᠮᠠᠨᠳᠠᠯ᠎ᠤᠨ ᠪᠣᠬᠢᠷᠲᠤᠯ᠎ᠢ ᠬᠣᠯᠪᠣᠭ᠋ᠠᠯᠠᠨ ᠰᠡᠷᠭᠡᠶ᠋ᠢᠯᠡᠵᠦ ᠬᠠᠮᠲᠤᠷᠠᠨ ᠡᠷᠬᠡᠰᠢᠶᠡᠬᠦ᠎ᠪᠠᠨ ᠭᠦᠨᠵᠡᠭᠡᠶ᠋ᠢᠷᠡᠭᠦᠯᠦᠨ᠂ ᠭᠤᠤᠯᠳᠠᠯᠭ᠎ᠠ ᠪᠣᠯᠬᠤ ᠠᠵᠢᠯ ᠲᠥᠷᠥᠯ᠎ᠤᠨ ᠬᠡᠲᠦ ᠳᠤᠤᠷ᠎ᠠ ᠭᠠᠳᠠᠭᠰᠢᠯᠠᠭᠤᠯᠬᠤ ᠵᠢ ᠥᠭᠡᠷᠡᠴᠢᠯᠡᠨ ᠰᠢᠨᠡᠳᠬᠡᠬᠦ᠎ᠪᠠᠨ ᠯᠠᠪᠳᠠᠭᠤᠨ ᠠᠬᠢᠭᠤᠯᠵᠤ᠂ ᠠᠵᠤ ᠦᠢ᠍ᠯᠡᠳᠪᠦᠷᠢ ᠵᠢᠨ ᠵᠤᠤᠬ᠎ᠠ᠎ᠠᠴᠠ ᠡᠭᠦᠰᠦᠭᠰᠡᠨ ᠠᠭ᠋ᠠᠷ ᠮᠠᠨᠳᠠᠯ᠎ᠤᠨ ᠪᠣᠬᠢᠷᠲᠤᠯ᠎ᠢ ᠶᠡᠷᠦᠩᠬᠡᠶ᠋ᠢᠯᠡᠨ ᠵᠠᠰᠠᠬᠤ᠎ᠪᠠᠨ ᠬᠦᠴᠦᠲᠡᠢ ᠬᠡᠷᠡᠭᠵᠢᠭᠦᠯᠦᠨ᠂ ᠨᠡᠭᠦᠷᠡᠰᠦ ᠲᠦᠯᠡᠵᠦ ᠡᠭᠦᠰᠦᠭᠰᠡᠨ ᠪᠣᠬᠢᠷᠲᠤᠯ᠂ ᠳᠡᠭᠳᠡᠮᠡᠬᠡᠶ ᠴᠢᠨᠠᠷ᠎ᠲᠠᠢ ᠣᠷᠭ᠋ᠠᠨᠢᠭ ᠪᠣᠳᠠᠰ᠎ᠢ ᠶᠡᠷᠦᠩᠬᠡᠶ᠋ᠢᠯᠡᠨ ᠴᠡᠭᠴᠡᠯᠡᠨ ᠵᠠᠰᠠᠬᠤ᠎ᠪᠠᠨ ᠭᠦᠨᠵᠡᠭᠡᠶ ᠠᠬᠢᠭᠤᠯᠵᠤ᠂ ᠣᠽᠣᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠰᠢᠪᠲᠤᠯᠤᠯᠲᠠ ᠵᠢᠨ ᠠᠵᠢᠯᠯᠠᠭ᠋ᠠᠨ᠎ᠢ ᠥᠷᠨᠢᠭᠦᠯᠦᠨ᠂ ᠲᠣᠭᠣᠰᠣ ᠵᠢ ᠶᠡᠷᠦᠩᠬᠡᠶ᠋ᠢᠯᠡᠨ ᠬᠠᠮᠢᠶᠠᠷᠴᠤ ᠡᠷᠬᠡᠰᠢᠶᠡᠬᠦ᠎ᠪᠠᠨ ᠴᠢᠩᠭ᠋ᠠᠳᠬᠠᠵᠤ᠂ ᠬᠦᠨᠳᠦ ᠪᠣᠬᠢᠷᠲᠤᠯ᠎ᠲᠠᠢ ᠴᠠᠭ ᠠᠭᠤᠷ᠎ᠢ ᠪᠦᠲᠦᠮᠵᠢᠲᠡᠶ ᠠᠷᠭ᠋ᠠᠴᠠᠭ᠋ᠠᠨ᠎ᠠ᠃ ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠵᠢᠯᠯᠠᠭ᠎ᠠ᠎ᠪᠠᠨ ᠭᠦᠨᠵᠡᠭᠡᠶ ᠥᠷᠨᠢᠭᠦᠯᠵᠦ᠂ ᠪᠠᠷᠢᠮᠵᠢᠶ᠎ᠠ᠎ᠳᠤ ᠬᠦᠷᠬᠦ ᠦᠭᠡᠶ ᠤᠰᠤᠨ ᠴᠣᠭᠴᠠ ᠵᠢ ᠵᠠᠰᠠᠬᠤ᠎ᠪᠠᠨ ᠴᠢᠩᠭ᠋ᠠᠷᠠᠭᠤᠯᠤᠨ᠂ ᠪᠠᠷᠢᠮᠵᠢᠶ᠎ᠠ᠎ᠪᠠᠷ ᠭᠠᠳᠠᠭᠰᠢᠯᠠᠭᠤᠯᠬᠤ᠎ᠳᠤ ᠬᠢᠨᠠᠯᠲᠠ ᠬᠠᠮᠢᠶᠠᠷᠤᠯᠲᠠ ᠵᠢ ᠴᠢᠩᠭ᠎ᠠ ᠬᠡᠷᠡᠭᠵᠢᠭᠦᠯᠵᠦ᠂ ᠤᠰᠤᠨ ᠰᠤᠷᠪᠤᠯᠵᠢ ᠵᠢᠨ ᠭᠠᠵᠠᠷ᠎ᠢ ᠵᠢᠷᠤᠮᠵᠢᠯ᠎ᠲᠠᠢ ᠪᠦᠲᠦᠭᠡᠨ ᠪᠠᠶ᠋ᠢᠭᠤᠯᠬᠤ᠎ᠪᠠᠨ ᠴᠢᠩᠭ᠋ᠠᠳᠬᠠᠨ᠎ᠠ᠃ ᠬᠥᠷᠥᠰᠥ ᠰᠢᠷᠣᠢ ᠵᠢᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠵᠢᠯᠯᠠᠭ᠎ᠠ᠎ᠪᠠᠨ ᠯᠠᠪᠳᠠᠭᠤᠨ ᠪᠠᠲᠤᠲᠠᠢ ᠠᠬᠢᠭᠤᠯᠵᠤ᠂ ᠠᠶᠤᠯᠲᠠᠢ ᠬᠠᠶᠠᠭᠳᠠᠮᠠᠯ ᠪᠣᠳᠠᠰ᠎ᠢ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ᠎ᠤᠨ ᠠᠵᠢᠯᠯᠠᠭ᠋ᠠᠨ᠎ᠢ ᠦᠷᠭᠦᠯᠵᠢᠯᠡᠨ ᠥᠷᠨᠢᠭᠦᠯᠵᠦ᠂ ᠬᠦᠨᠳᠦ ᠲᠡᠮᠦᠷᠯᠢᠭ᠎ᠤᠨ ᠪᠣᠬᠢᠷᠲᠤᠯ ᠪᠠ ᠰᠦᠯᠢᠶᠣᠣ ᠵᠢᠨ ᠪᠣᠬᠢᠷᠲᠤᠯ᠎ᠢ ᠪᠦᠬᠦ ᠬᠡᠯᠬᠢᠶᠡᠨ᠎ᠳᠤ᠎ᠨᠢ ᠰᠡᠷᠭᠡᠶ᠋ᠢᠯᠡᠨ ᠵᠠᠰᠠᠬᠤ ᠵᠢ ᠴᠢᠩᠭ᠋ᠠᠳᠬᠠᠵᠤ᠂ 《ᠬᠠᠶᠠᠭᠳᠠᠮᠠᠯ ᠪᠣᠳᠠᠰ ᠦᠭᠡᠢ ᠬᠤᠳᠠ》 ᠵᠢᠨ ᠪᠦᠳᠦᠭᠡᠨ ᠪᠠᠶ᠋ᠢᠭᠤᠯᠤᠯᠲᠠ ᠵᠢ ᠠᠬᠢᠭᠤᠯᠤᠨ᠎ᠠ᠃
      (ᠭᠤᠷᠪᠠ) ᠪᠣᠬᠢᠷᠲᠤᠯ ᠥᠬᠡᠶ ᠪᠥᠭᠡᠳ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢ ᠯᠠᠪᠳᠠᠭᠤᠨ ᠵᠶ᠋ᠠᠷ ᠠᠬᠢᠭᠤᠯᠤᠨ᠎ᠠ᠃ ᠠᠵᠤ ᠦᠢ᠍ᠯᠡᠰ᠎ᠤᠨ ᠪᠦᠲᠦᠴᠡ᠂ ᠡᠨᠧᠷᠭᠢ ᠵᠢᠨ ᠪᠦᠲᠦᠴᠡ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠪᠦᠲᠦᠴᠡ᠂ ᠭᠠᠵᠠᠷ ᠬᠡᠷᠡᠭᠯᠡᠬᠦ ᠪᠦᠲᠦᠴᠡ ᠵᠢ ᠬᠦᠴᠦᠯᠡᠨ ᠲᠤᠬᠢᠷᠠᠭᠤᠯᠵᠤ᠂ ᠪᠣᠬᠢᠷᠲᠤᠯ ᠦᠭᠡᠢ ᠦᠢ᠍ᠯᠡᠳᠪᠦᠷᠢᠯᠡᠯ ᠠᠮᠢᠳᠤᠷᠠᠯ᠎ᠤᠨ ᠠᠷᠭ᠎ᠠ ᠮᠠᠶᠢᠭ᠎ᠢ ᠪᠤᠢ ᠪᠣᠯᠭ᠋ᠠᠬᠤ᠎ᠪᠠᠨ ᠠᠬᠢᠭᠤᠯᠤᠨ᠎ᠠ᠃ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠶ ᠵᠢᠨ ᠬᠡᠷᠡᠭᠴᠡᠭᠡ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ 《ᠭᠤᠷᠪᠠᠨ ᠱᠤᠭᠤᠮ ᠨᠢᠭᠡ ᠲᠠᠩᠰᠠ》 ᠵᠢᠨ ᠣᠷᠣᠨ ᠬᠤᠪᠢᠶᠠᠵᠤ ᠬᠠᠮᠢᠶᠠᠷᠤᠨ ᠡᠵᠡᠮᠳᠡᠬᠦ ᠵᠢ ᠬᠡᠷᠡᠭᠵᠢᠭᠦᠯᠦᠨ᠎ᠡ᠃ ᠤᠰᠤᠨ᠎ᠤ ᠡᠬᠢ ᠰᠤᠷᠪᠤᠯᠵᠢ ᠵᠢᠨ ᠬᠠᠮᠤᠭ᠎ᠤᠨ ᠴᠢᠩᠭ᠎ᠠ ᠬᠠᠮᠢᠶᠠᠷᠤᠯᠲᠠ ᠵᠢ ᠴᠢᠩᠭ᠋ᠠᠳᠬᠠᠵᠤ᠂ ᠤᠰᠤ ᠠᠷᠪᠢᠯᠠᠵᠤ ᠤᠰᠤ ᠵᠢ ᠡᠵᠡᠮᠳᠡᠬᠦ ᠭᠦᠨᠵᠡᠭᠡᠢ ᠠᠵᠢᠯᠯᠠᠭ᠎ᠠ᠎ᠪᠠᠨ ᠠᠬᠢᠭᠤᠯᠤᠨ᠂ ᠤᠰᠤᠨ᠎ᠤ ᠡᠬᠢ ᠰᠤᠷᠪᠤᠯᠵᠢ ᠵᠢᠨ ᠬᠣᠷᠣᠭᠳᠠᠯ᠎ᠢ ᠡᠵᠡᠮᠳᠡᠬᠦ ᠡᠭᠦᠷᠭᠡ᠎ᠪᠠᠨ ᠰᠠᠶ᠋ᠢᠲᠤᠷ ᠨᠠᠶ᠋ᠢᠳᠠᠪᠤᠷᠢᠵᠢᠭᠤᠯᠤᠨ᠎ᠠ᠃ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢ ᠤᠷᠬᠢᠯ ᠬᠡᠮᠵᠢᠭᠳᠡᠯ᠎ᠠᠴᠠ᠎ᠨᠢ ᠪᠠᠭᠤᠷᠠᠭᠤᠯᠬᠤ᠂ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠵᠦ᠂ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢ ᠤᠷᠬᠢᠯ ᠬᠡᠮᠵᠢᠭᠳᠡᠯ᠎ᠠᠴᠠ᠎ᠨᠢ ᠪᠠᠭᠤᠷᠠᠭᠤᠯᠬᠤ᠂ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠲᠦᠷᠦ ᠵᠢᠨ ᠪᠤᠳᠤᠯᠭ᠎ᠠ ᠵᠢᠨ ᠲᠣᠭᠲᠠᠯᠴᠠᠭ᠎ᠠ ᠵᠢ ᠪᠠᠶ᠋ᠢᠭᠤᠯᠤᠨ ᠪᠦᠷᠢᠯᠳᠦᠭᠦᠯᠵᠦ᠂ ᠡᠨᠧᠷᠭᠢ ᠵᠢᠨ ᠬᠣᠷᠣᠭᠳᠠᠯ᠎ᠤᠨ 《ᠬᠣᠶᠠᠷ᠎ᠢ ᠬᠢᠵᠠᠭ᠋ᠠᠷᠯᠠᠬᠤ》 ᠲᠦᠷᠢᠮ᠎ᠢ ᠰᠢᠨᠵᠢᠯᠡᠬᠦ ᠤᠬᠠᠭ᠋ᠠᠨᠴᠢ᠎ᠪᠠᠷ ᠲᠡᠭᠦᠯᠳᠡᠷᠵᠢᠭᠦᠯᠦᠨ᠎ᠡ᠃ ᠪᠦᠬᠦ ᠲᠠᠯ᠎ᠠ᠎ᠪᠠᠷ ᠠᠷᠪᠢᠯᠠᠬᠤ ᠪᠠᠶ᠋ᠢᠯᠳᠤᠬᠤ ᠪᠤᠳᠤᠯᠭ᠎ᠠ ᠵᠢ ᠬᠡᠷᠡᠭᠵᠢᠭᠦᠯᠵᠦ᠂ ᠦᠢ᠍ᠯᠡᠳᠪᠦᠷᠢᠯᠡᠯ᠎ᠤᠨ ᠬᠦᠷᠢᠶᠡᠨ᠎ᠳᠤ ᠡᠬᠢ ᠪᠠᠶᠠᠯᠢᠭ᠎ᠢ ᠪᠦᠬᠦ ᠲᠠᠯ᠎ᠠ᠎ᠪᠠᠷ ᠠᠷᠪᠢᠯᠠᠬᠤ᠂ ᠡᠷᠴᠢᠮᠵᠢᠭᠦᠯᠬᠦ᠂ ᠣᠷᠴᠢᠯᠳᠤᠭᠤᠯᠤᠨ ᠠᠰᠢᠭᠯᠠᠬᠤ ᠵᠢ ᠠᠬᠢᠭᠤᠯᠤᠨ᠂ 《ᠬᠣᠶᠠᠷ ᠶᠡᠬᠡᠲᠡᠢ》 ᠲᠥᠷᠥᠯ ᠵᠦᠢ᠍ᠯ᠎ᠢ ᠰᠣᠬᠣᠷ ᠪᠠᠯᠠᠢ᠎ᠪᠠᠷ ᠬᠥᠭᠵᠢᠭᠦᠯᠬᠦ ᠵᠢ ᠡᠷᠡᠰ ᠬᠣᠷᠢᠭᠯᠠᠨ ᠵᠣᠭᠰᠣᠭ᠋ᠠᠵᠤ᠂ ᠡᠨᠧᠷᠭᠢ ᠵᠢᠨ ᠠᠰᠢᠭᠯᠠᠮᠵᠢ ᠵᠢᠨ ᠬᠡᠪ ᠳᠠᠭᠤᠷᠢᠶᠠᠯ᠎ᠤᠨ ᠬᠢᠷᠢ ᠲᠦᠪᠰᠢᠨ ᠵᠶ᠋ᠠᠷ ᠪᠠᠷᠢᠮᠵᠢᠶ᠎ᠠ ᠪᠣᠯᠭ᠋ᠠᠵᠤ᠂ ᠭᠣᠣᠯᠳᠠᠯᠭ᠎ᠠ ᠪᠣᠯᠬᠤ ᠠᠵᠢᠯ ᠲᠦᠷᠦᠯ᠎ᠤᠨ ᠠᠵᠤ ᠠᠬᠤᠶ᠋ᠢᠯᠠᠯ᠎ᠢ ᠥᠭᠡᠷᠡᠴᠢᠯᠡᠨ ᠰᠢᠨᠡᠳᠬᠡᠵᠦ ᠲᠡᠰ ᠳᠡᠪᠰᠢᠭᠦᠯᠬᠦ ᠵᠢ᠎ᠨᠢ ᠡᠮᠬᠢ ᠵᠢᠷᠤᠮ᠎ᠲᠠᠢ ᠬᠡᠷᠡᠭᠵᠢᠭᠦᠯᠦᠨ᠂ ᠪᠣᠬᠢᠷᠲᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠮᠡᠷᠭᠡᠵᠢᠯ᠎ᠤᠨ ᠪᠡᠷᠬᠡ ᠰᠡᠳᠦᠪ᠎ᠢ ᠰᠢᠢ᠍ᠳᠪᠦᠷᠢᠯᠡᠬᠦ ᠵᠢ᠎ᠨᠢ ᠴᠢᠩᠭ᠋ᠠᠳᠬᠠᠵᠤ᠂ ᠲᠡᠷᠢᠭᠦᠨ᠎ᠤ ᠮᠡᠷᠭᠡᠵᠢᠯ᠎ᠢ ᠳᠡᠯᠭᠡᠷᠡᠭᠦᠯᠦᠨ ᠬᠡᠷᠡᠭᠯᠡᠬᠦ ᠵᠢ᠎ᠨᠢ ᠲᠦᠷᠭᠡᠳᠬᠡᠨ᠎ᠡ; ᠬᠡᠷᠡᠭᠯᠡᠭᠡ ᠵᠢᠨ ᠬᠦᠷᠢᠶᠡᠨ᠎ᠳᠤ᠂ ᠪᠥᠬᠥ ᠠᠷᠠᠳ᠎ᠤᠨ ᠠᠷᠪᠢᠯᠠᠨ ᠭᠠᠮᠨᠠᠬᠤ ᠦᠵᠡᠯ ᠤᠬᠠᠮᠰᠠᠷ᠎ᠢ ᠴᠢᠩᠭ᠋ᠠᠷᠠᠭᠤᠯᠵᠤ᠂ ᠠᠷᠪᠢᠲᠠᠶ ᠪᠥᠭᠡᠳ ᠲᠣᠬᠢᠷᠠᠮᠵᠢᠲᠠᠶ᠂ ᠪᠣᠬᠢᠷᠲᠤᠯ ᠥᠬᠡᠶ ᠪᠥᠭᠡᠳ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ᠎ᠤᠨ ᠠᠷᠭ᠎ᠠ ᠮᠠᠶᠢᠭ᠎ᠢ ᠰᠠᠨᠠᠭ᠋ᠠᠴᠢᠯᠠᠨ᠂ ᠪᠥᠬᠥ ᠨᠡᠶ᠋ᠢᠭᠡᠮ ᠵᠶ᠋ᠠᠷ ᠵᠶ᠋ᠠᠨ ᠴᠠᠬᠢᠯᠭ᠋ᠠᠨ ᠠᠷᠪᠢᠯᠠᠵᠤ ᠬᠡᠷᠡᠭᠯᠡᠬᠦ ᠪᠠ ᠡᠨᠧᠷᠭᠢ ᠬᠡᠷᠡᠭᠯᠡᠬᠦ ᠵᠢ᠎ᠨᠢ ᠴᠢᠩᠭ᠋ᠠᠳᠬᠠᠬᠤ ᠵᠢ ᠠᠬᠢᠭᠤᠯᠵᠤ᠂ ᠬᠣᠲᠠ ᠵᠢᠨ ᠦᠵᠡᠮᠦᠷᠢ ᠵᠢᠨ ᠭᠡᠷᠡᠯᠲᠦᠭᠦᠯᠭᠡ ᠵᠢᠨ ᠬᠠᠮᠢᠶᠠᠷᠤᠯᠲᠠ ᠵᠢ ᠵᠢᠷᠤᠮᠵᠢᠭᠤᠯᠤᠨ᠂ ᠵᠠᠮ ᠬᠠᠷᠢᠯᠴᠠᠭ᠎ᠠ ᠵᠡᠷᠭᠡ ᠬᠦᠷᠢᠶᠡᠨ᠎ᠤ ᠡᠨᠧᠷᠭᠢ ᠠᠷᠪᠢᠯᠠᠬᠤ ᠵᠢ ᠴᠢᠩᠭ᠋ᠠᠷᠠᠭᠤᠯᠵᠤ᠂ ᠪᠠᠷᠠᠭ᠋ᠠᠨ᠎ᠤ ᠲᠡᠭᠡᠭᠡᠪᠦᠷᠢ ᠵᠢᠨ 《ᠵᠠᠰᠠᠮᠠᠯ ᠵᠠᠮ᠎ᠠᠴᠠ ᠲᠡᠮᠦᠷ ᠵᠠᠮ᠎ᠳᠤ ᠰᠢᠯᠵᠢᠭᠦᠯᠬᠦ》 ᠵᠢ ᠠᠬᠢᠭᠤᠯᠤᠨ᠂ ᠬᠣᠭ ᠨᠣᠪᠰᠢ ᠵᠢ ᠲᠥᠷᠥᠯ ᠬᠤᠪᠢᠶᠠᠬᠤ ᠪᠠ ᠡᠬᠢ ᠪᠠᠶᠠᠯᠢᠭᠵᠢᠭᠤᠯᠬᠤ ᠵᠢ ᠬᠡᠷᠡᠭᠵᠢᠭᠦᠯᠦᠨ᠎ᠡ᠃
      ᠲᠠᠪᠤ᠂ ᠠᠩᠬᠠᠨ᠎ᠤ ᠪᠦᠲᠦᠭᠡᠭᠳᠡᠬᠦᠨ᠎ᠤ ᠬᠠᠩᠭ᠋ᠠᠵᠤ ᠪᠠᠲᠤᠯᠠᠬᠤ ᠴᠢᠳᠠᠪᠤᠷᠢ ᠵᠢ ᠴᠢᠩᠭ᠋ᠠᠳᠬᠠᠵᠤ᠂ ᠡᠬᠡ ᠤᠯᠤᠰ᠎ᠤᠨ ᠤᠮᠠᠷᠠᠲᠤ ᠬᠢᠯᠢ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠠᠲᠤ ᠴᠣᠭᠴᠠᠯᠠᠨ᠎ᠠ
      ᠠᠮᠤᠷ ᠲᠦᠪᠰᠢᠨ ᠬᠥᠭᠵᠢᠯᠲᠡ ᠵᠢᠨ ᠣᠨᠣᠯᠵᠢᠬᠤᠨ᠎ᠢ ᠪᠠᠲᠤ ᠪᠤᠢ ᠪᠣᠯᠭ᠋ᠠᠵᠤ᠂ ᠰᠢᠰᠲ᠋ᠧᠮ᠎ᠤᠨ ᠦᠵᠡᠯᠲᠡ ᠵᠢ ᠪᠠᠷᠢᠮᠲᠠᠯᠠᠨ᠂ ᠬᠣᠷᠢᠭ᠎ᠠ ᠱᠤᠭᠤᠮ᠎ᠤᠨ ᠰᠡᠳᠬᠢᠬᠦᠢ ᠵᠢ ᠴᠢᠩᠭ᠋ᠠᠳᠬᠠᠵᠤ᠂ ᠠᠮᠤ ᠪᠤᠳᠠᠭ᠎ᠠ ᠪᠠ ᠡᠨᠧᠷᠭᠢ ᠵᠢᠨ ᠬᠠᠩᠭ᠋ᠠᠵᠤ ᠪᠠᠲᠤᠯᠠᠬᠤ ᠬᠠᠷᠢᠭᠤᠴᠠᠯᠭ᠎ᠠ ᠵᠢ ᠡᠭᠦᠷᠭᠡᠯᠡᠨ᠂ ᠭᠣᠣᠯᠳᠠᠯᠭ᠎ᠠ ᠪᠣᠯᠬᠤ ᠬᠦᠷᠢᠶᠡᠨ᠎ᠤ ᠲᠦᠭᠰᠢᠭᠦᠷᠢ ᠵᠢ ᠬᠦᠴᠦᠯᠡᠨ ᠰᠡᠷᠭᠡᠢ᠌ᠯᠡᠵᠦ ᠠᠷᠢᠯᠭ᠋ᠠᠨ᠎ᠠ᠃
      (ᠨᠢᠭᠡ) ᠠᠮᠤ ᠪᠤᠳᠠᠭ᠎ᠠ ᠰᠦ ᠮᠢᠬᠠᠨ᠎ᠤ ᠦᠢ᠍ᠯᠡᠳᠪᠦᠷᠢᠯᠡᠯ᠎ᠢ ᠬᠦᠴᠦᠯᠡᠨ ᠲᠣᠭᠲᠠᠪᠤᠷᠢᠵᠢᠭᠤᠯᠤᠨ᠎ᠠ᠃ ᠲᠠᠷᠢᠶᠠᠯᠠᠬᠤ ᠭᠠᠵᠠᠷ᠎ᠢ ᠬᠠᠮᠠᠭ᠋ᠠᠯᠠᠬᠤ ᠬᠠᠮᠤᠭ᠎ᠤᠨ ᠴᠢᠩᠭ᠎ᠠ ᠲᠦᠷᠢᠮ᠎ᠢ ᠨᠠᠶ᠋ᠢᠳᠠᠪᠤᠷᠢᠵᠢᠭᠤᠯᠵᠤ᠂ ᠲᠠᠷᠢᠶᠠᠯᠠᠬᠤ ᠭᠠᠵᠠᠷ᠎ᠤᠨ ᠤᠯᠠᠭ᠋ᠠᠨ ᠱᠤᠭᠤᠮ᠎ᠢ ᠪᠠᠲᠤ ᠰᠠᠬᠢᠨ᠂ ᠲᠠᠷᠢᠶᠠᠯᠠᠬᠤ ᠭᠠᠵᠠᠷ᠎ᠢ 《ᠲᠠᠷᠢᠶᠠᠯᠠᠩ᠎ᠤᠨ ᠪᠤᠰᠤ ᠪᠣᠯᠭ᠋ᠠᠬᠤ》 ᠵᠢ ᠡᠷᠡᠰ ᠬᠣᠷᠢᠭᠯᠠᠵᠤ᠂ 《ᠠᠮᠤ ᠪᠤᠳᠠᠭ᠋ᠠᠨ᠎ᠤ ᠪᠤᠰᠤ ᠪᠣᠯᠭ᠋ᠠᠬᠤ》 ᠵᠢ ᠰᠡᠷᠭᠡᠶ᠋ᠢᠯᠡᠨ᠂ ᠠᠮᠤ ᠪᠤᠳᠠᠭ᠎ᠠ ᠳᠠᠷᠢᠬᠤ ᠲᠠᠯᠠᠪᠠᠶ ᠪᠠ ᠤᠨᠠᠯᠲᠠ ᠵᠢᠨ ᠲᠣᠭᠲᠠᠭᠤᠨ ᠪᠠᠶ᠋ᠢᠬᠤ ᠵᠢ ᠦᠨᠡᠨ ᠬᠦ᠌ ᠪᠠᠲᠤᠯᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠰᠢᠨ᠎ᠡ᠎ᠪᠠᠷ 400 ᠲᠦᠮᠡᠨ ᠮᠦ᠍ ᠪᠠᠶ᠋ᠢᠭᠤᠯᠵᠤ᠂ ᠬᠠᠷ᠎ᠠ ᠬᠥᠷᠥᠰᠥᠲᠦ ᠭᠠᠵᠠᠷ᠎ᠢ ᠬᠠᠮᠠᠭ᠋ᠠᠯᠠᠬᠤ ᠴᠢᠨᠠᠷᠲᠠᠢ ᠲᠠᠷᠢᠶᠠᠯᠠᠭ᠎ᠠ ᠵᠢ 1350 ᠲᠦᠮᠡᠨ ᠮᠦ᠍ ᠪᠣᠯᠭ᠋ᠠᠨ᠂ ᠰᠢᠷ᠎ᠠ ᠪᠤᠷᠴᠠᠭ ᠲᠠᠷᠢᠬᠤ ᠬᠡᠪᠴᠢᠶ᠎ᠡ ᠵᠢ 500 ᠲᠦᠮᠡᠨ ᠮᠦ᠍ ᠥᠷᠭᠡᠳᠬᠡᠬᠦ ᠡᠭᠦᠷᠭᠡ᠎ᠪᠠᠨ ᠪᠡᠶᠡᠯᠡᠭᠦᠯᠵᠦ᠂ ᠦᠷ᠎ᠡ ᠵᠢᠨ ᠦᠢ᠍ᠯᠡᠰ᠎ᠢ ᠬᠥᠭᠵᠢᠭᠦᠯᠬᠦ ᠠᠵᠢᠯᠯᠠᠭ᠋ᠠᠨ᠎ᠢ ᠬᠡᠷᠡᠭᠵᠢᠭᠦᠯᠦᠨ᠂ ᠢᠳᠡᠰᠢᠨ ᠨᠣᠭᠣᠭ᠎ᠠ ᠵᠢᠨ ᠦᠢ᠍ᠯᠡᠳᠪᠦᠷᠢᠯᠡᠯ ᠬᠠᠩᠭ᠋ᠠᠯᠭ᠎ᠠ ᠵᠢ ᠰᠠᠶ᠋ᠢᠲᠤᠷ ᠠᠳᠬᠤᠨ᠎ᠠ᠃ ᠣᠲᠣ ᠦᠶ᠎ᠡ ᠵᠢᠨ ᠮᠠᠯ ᠠᠵᠤ ᠠᠬᠤᠶ ᠵᠢᠨ ᠬᠥᠭᠵᠢᠯᠲᠡ ᠵᠢ ᠲᠦᠷᠭᠡᠳᠬᠡᠨ᠂ ᠴᠢᠨᠠᠷ ᠰᠠᠶ᠋ᠢᠲᠠᠶ ᠲᠡᠵᠢᠭᠡᠯ ᠡᠪᠡᠰᠦ ᠪᠣᠷᠳᠣᠭ᠋ᠠᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠪᠥᠲᠥᠭᠡᠨ ᠪᠠᠶ᠋ᠢᠭᠤᠯᠵᠤ᠂ ᠰᠦ ᠵᠢᠨ ᠦᠢ᠍ᠯᠡᠰ ᠵᠶ᠋ᠠᠨ ᠬᠥᠭᠵᠢᠭᠦᠯᠦᠨ ᠮᠠᠨᠳᠤᠭᠤᠯᠬᠤ ᠵᠢ ᠯᠠᠪᠳᠠᠭᠤᠨ ᠪᠠᠲᠤᠲᠠᠶ ᠠᠬᠢᠭᠤᠯᠤᠨ᠂ ᠮᠢᠬᠠᠨ᠎ᠤ ᠵᠦᠢ᠍ᠯ᠎ᠤᠨ ᠭᠠᠷᠤᠯᠲᠠ ᠵᠢ 260 ᠲᠦᠮᠡᠨ ᠲᠣᠨ᠎ᠳᠤ ᠲᠣᠭᠲᠠᠪᠤᠷᠢᠵᠢᠭᠤᠯᠬᠤ᠂ ᠰᠦ ᠵᠢᠨ ᠭᠠᠷᠤᠯᠲᠠ ᠵᠢ 720 ᠲᠦᠮᠡᠨ ᠲᠣᠨ᠎ᠳᠤ ᠬᠦᠷᠭᠡᠬᠦ ᠵᠢ ᠠᠬᠢᠭᠤᠯᠤᠨ᠎ᠠ᠃
      (ᠬᠣᠶᠠᠷ) ᠡᠨᠧᠷᠭᠢ ᠵᠢᠨ ᠡᠬᠢ ᠪᠠᠶᠠᠯᠢᠭ᠎ᠤᠨ ᠠᠮᠤᠷ ᠲᠦᠪᠰᠢᠨ᠎ᠢ ᠪᠦᠬᠦ ᠬᠦᠴᠦᠨ ᠵᠶ᠋ᠠᠷ ᠵᠶ᠋ᠠᠨ ᠪᠠᠲᠤᠯᠠᠨ᠎ᠠ᠃ ᠠᠮᠢ ᠠᠬᠤᠢ ᠵᠢᠨ ᠬᠠᠮᠠᠭ᠋ᠠᠯᠠᠯᠲᠠ ᠪᠠ ᠠᠶᠤᠯ ᠦᠭᠡᠢ ᠦᠢ᠍ᠯᠡᠳᠪᠦᠷᠢᠯᠡᠯ᠎ᠤᠨ ᠤᠯᠠᠭ᠋ᠠᠨ ᠱᠤᠭᠤᠮ᠎ᠢ ᠴᠢᠩᠭ᠎ᠠ ᠰᠠᠬᠢᠵᠤ᠂ ᠨᠡᠭᠦᠷᠡᠰᠦᠨ᠎ᠤ ᠦᠢ᠍ᠯᠡᠳᠪᠦᠷᠢᠯᠡᠬᠦ ᠴᠢᠳᠠᠮᠵᠢ ᠵᠢ ᠰᠢᠯᠢᠳᠡᠭᠵᠢᠭᠦᠯᠦᠨ ᠳᠡᠰ ᠳᠡᠪᠰᠢᠭᠦᠯᠬᠦ ᠵᠢ ᠠᠬᠢᠭᠤᠯᠤᠨ᠂ ᠲᠡᠷᠢᠭᠦᠨ᠎ᠤ ᠦᠢ᠍ᠯᠡᠳᠪᠦᠷᠢᠯᠡᠬᠦ ᠴᠢᠳᠠᠮᠵᠢ ᠵᠢ ᠡᠮᠬᠢ ᠵᠢᠷᠤᠮ᠎ᠲᠠᠢ᠎ᠪᠠᠷ ᠪᠠᠳᠠᠷᠠᠭᠤᠯᠵᠤ᠂ ᠨᠡᠭᠦᠷᠡᠰᠦᠨ᠎ᠤ ᠭᠠᠷᠤᠯᠲᠠ ᠵᠢ 10 ᠳ᠋ᠦᠩᠰᠢᠭᠤᠷ ᠲᠣᠨ᠎ᠠᠴᠠ ᠳᠡᠭᠡᠭᠰᠢ᠎ᠳᠤ ᠲᠣᠭᠲᠠᠪᠤᠷᠢᠵᠢᠭᠤᠯᠤᠨ᠎ᠠ᠃ ᠴᠠᠬᠢᠯᠭ᠋ᠠᠨ ᠬᠦᠴᠦᠨ᠎ᠤ ᠬᠠᠩᠭ᠋ᠠᠯᠭ᠎ᠠ ᠵᠢ ᠲᠣᠭᠲᠠᠭᠤᠨ ᠵᠶ᠋ᠠᠷ ᠨᠡᠮᠡᠭᠳᠡᠭᠦᠯᠵᠦ᠂ ᠨᠡᠭᠦᠷᠡᠰᠦ᠎ᠪᠠᠷ ᠴᠠᠬᠢᠯᠭ᠋ᠠᠨ ᠭᠠᠷᠭ᠋ᠠᠬᠤ ᠮᠠᠰᠢᠨ ᠴᠣᠭᠴᠠᠯᠠᠪᠤᠷᠢ ᠵᠢᠨ ᠵᠦᠢ ᠵᠣᠬᠢᠰᠲᠠᠢ ᠡᠯᠪᠡᠭ ᠪᠠᠶ᠋ᠢᠬᠤ ᠵᠢ ᠪᠠᠲᠤᠯᠠᠨ᠂ ᠣᠳᠣ ᠪᠠᠢ᠌ᠭ᠎ᠠ ᠨᠡᠭᠦᠷᠡᠰᠦ᠎ᠪᠠᠷ ᠴᠠᠬᠢᠯᠭ᠋ᠠᠨ ᠭᠠᠷᠭ᠋ᠠᠬᠤ ᠲᠥᠷᠥᠯ ᠵᠦᠢ᠍ᠯ᠎ᠢ ᠥᠭᠡᠷᠡᠴᠢᠯᠡᠨ ᠰᠢᠨᠡᠳᠬᠡᠵᠦ ᠳᠡᠰ ᠳᠡᠪᠰᠢᠭᠦᠯᠬᠦ ᠵᠢ᠎ᠨᠢ ᠢᠳᠡᠪᠬᠢᠲᠡᠢ ᠠᠬᠢᠭᠤᠯᠵᠤ᠂ ᠴᠠᠬᠢᠯᠭ᠋ᠠᠨ ᠬᠦᠴᠦᠨ᠎ᠤ ᠶᠡᠷᠦᠩᠬᠡᠢ ᠮᠠᠰᠢᠨ ᠴᠣᠭᠴᠠᠯᠠᠪᠤᠷᠢ ᠵᠢ 1.6 ᠳ᠋ᠦᠩᠰᠢᠭᠤᠷ ᠬᠢᠯᠦᠸᠠᠲ᠎ᠠᠴᠠ ᠳᠡᠭᠡᠭᠰᠢ ᠪᠣᠯᠭ᠋ᠠᠨ᠎ᠠ᠃ ᠴᠠᠬᠢᠯᠭ᠋ᠠᠨ ᠭᠠᠷᠭ᠋ᠠᠵᠤ ᠢᠯᠴᠢ ᠬᠠᠩᠭ᠋ᠠᠬᠤ ᠠᠵᠤ ᠠᠬᠤᠶ᠋ᠢᠯᠠᠯ᠎ᠤᠨ ᠨᠡᠭᠦᠷᠡᠰᠦᠨ᠎ᠤ ᠤᠷᠲᠤᠪᠲᠤᠷ ᠪᠠ ᠤᠷᠲᠤ ᠬᠤᠭᠤᠴᠠᠭ᠋ᠠᠨ᠎ᠤ ᠭᠡᠷ᠎ᠡ᠎ᠪᠠᠨ ᠪᠦᠷᠢᠨ ᠪᠥᠷᠬᠥᠭᠦᠯᠬᠦ ᠵᠢ ᠠᠬᠢᠭᠤᠯᠬᠤ ᠵᠢᠨ ᠬᠠᠮᠲᠤ᠂ ᠭᠡᠷ᠎ᠡ᠎ᠪᠠᠨ ᠭᠦᠢ᠍ᠴᠡᠳᠬᠡᠬᠦ ᠨᠣᠷᠮ᠎ᠠ ᠵᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠡᠨᠧᠷᠭᠢ ᠵᠢᠨ ᠦᠢ᠍ᠯᠡᠳᠪᠦᠷᠢᠯᠡᠯ ᠬᠠᠩᠭ᠋ᠠᠯᠭ᠎ᠠ ᠨᠥᠭᠡᠴᠡ ᠪᠣᠷᠣᠯᠠᠭᠤᠯᠤᠯᠲᠠ ᠵᠢᠨ ᠲᠣᠭᠲᠠᠯᠴᠠᠭ᠎ᠠ ᠵᠢ ᠲᠡᠭᠦᠯᠳᠡᠷᠵᠢᠭᠦᠯᠦᠨ᠂ ᠡᠨᠧᠷᠭᠢ ᠬᠡᠷᠡᠭᠯᠡᠬᠦ ᠵᠢ ᠪᠠᠲᠤᠯᠠᠬᠤ ᠲᠥᠰᠦᠯ ᠵᠶ᠋ᠠᠨ ᠨᠠᠷᠢᠯᠢᠬ᠍ᠵᠢᠭᠤᠯᠤᠨ ᠨᠠᠶ᠋ᠢᠳᠠᠪᠤᠷᠢᠵᠢᠭᠤᠯᠵᠤ᠂ ᠨᠡᠭᠦᠷᠡᠰᠦ ᠴᠠᠬᠢᠯᠭ᠋ᠠᠨ ᠲᠤᠰᠤ ᠬᠡᠢ ᠲᠡᠭᠡᠭᠡᠪᠦᠷᠢ ᠵᠢᠨ ᠲᠣᠬᠢᠷᠠᠭᠤᠯᠤᠯᠲᠠ ᠵᠢ ᠴᠢᠩᠭ᠋ᠠᠳᠬᠠᠨ᠂ ᠠᠷᠠᠳ᠎ᠤᠨ ᠠᠮᠢᠳᠤᠷᠠᠯ ᠪᠠ ᠤᠯᠠᠨ ᠨᠡᠶ᠋ᠢᠲᠡ ᠵᠢᠨ ᠡᠨᠧᠷᠭᠢ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠵᠢ ᠦᠨᠡᠨ ᠬᠦ᠌ ᠪᠠᠲᠤᠯᠠᠨ᠎ᠠ᠃ ᠬᠣᠪᠣᠷ ᠰᠢᠷᠣᠶ ᠵᠡᠷᠭᠡ ᠡᠬᠢ ᠪᠠᠶᠠᠯᠢᠭ᠎ᠢ ᠬᠠᠮᠠᠭ᠋ᠠᠯᠠᠯᠲᠠ ᠵᠢᠨ ᠴᠢᠨᠠᠷᠲᠠᠶ ᠨᠡᠭᠡᠭᠡᠨ ᠮᠠᠯᠲᠠᠬᠤ᠂ ᠴᠢᠨᠠᠷ ᠰᠠᠶ᠋ᠢᠲᠠᠶ ᠨᠡᠭᠡᠭᠡᠨ ᠠᠰᠢᠭᠯᠠᠬᠤ ᠵᠢ᠎ᠨᠢ ᠠᠬᠢᠭᠤᠯᠤᠨ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠶᠡᠷᠦᠩᠬᠡᠶ ᠲᠥᠯᠥᠪᠵᠢᠭᠦᠯᠭᠡ》 ᠵᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠠᠭᠤᠷᠬᠠᠶ ᠵᠢᠨ ᠦᠢ᠍ᠯᠡᠰ᠎ᠤᠨ ᠨᠡᠭᠡᠭᠡᠨ ᠬᠥᠭᠵᠢᠭᠦᠯᠬᠦ ᠪᠠᠶ᠋ᠢᠷᠢᠰᠢᠭᠤᠯᠤᠯ᠎ᠢ ᠰᠢᠯᠢᠳᠡᠭᠵᠢᠭᠦᠯᠦᠨ᠎ᠡ᠃ ᠥᠷᠭᠡᠨ ᠬᠡᠷᠡᠭᠴᠡᠭᠡᠨ᠎ᠤ ᠲᠠᠸᠠᠷ᠎ᠤᠨ ᠵᠠᠬ᠎ᠠ ᠳᠡᠯᠭᠡᠭᠦᠷ᠎ᠤᠨ ᠬᠠᠨᠳᠤᠰᠢ ᠵᠢ ᠴᠢᠩᠭ᠎ᠠ ᠮᠥᠷᠳᠡᠵᠦ ᠰᠤᠳᠤᠯᠤᠨ ᠮᠠᠭ᠋ᠠᠳᠯᠠᠵᠤ᠂ ᠥᠷᠭᠡᠨ ᠬᠡᠷᠡᠭᠴᠡᠭᠡᠨ᠎ᠤ ᠲᠠᠸᠠᠷ᠎ᠤᠨ ᠵᠠᠬ᠎ᠠ ᠳᠡᠯᠭᠡᠭᠦᠷ᠎ᠲᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠎ᠠ᠃
      (ᠭᠤᠷᠪᠠ) ᠭᠤᠤᠯᠳᠠᠯᠭ᠎ᠠ ᠪᠣᠯᠬᠤ ᠬᠦᠷᠢᠶᠡᠨ᠎ᠳᠠᠬᠢ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠨ᠎ᠠ᠃ ᠶᠡᠬᠡ ᠲᠠᠯ᠎ᠠ ᠵᠢ ᠲᠣᠭᠲᠠᠭᠤᠨ ᠪᠠᠶ᠋ᠢᠯᠭ᠋ᠠᠬᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠣᠨᠣᠴᠠᠲᠠᠢ ᠵᠠᠳᠠᠯᠵᠤ ᠰᠢᠢ᠍ᠳᠪᠦᠷᠢᠯᠡᠬᠦ ᠴᠢᠭᠯᠡᠯᠲᠡ ᠶᠣᠰᠣᠭ᠋ᠠᠷ᠂ ᠲᠦᠭᠰᠢᠭᠦᠷᠢ ᠵᠢ ᠰᠢᠢ᠍ᠳᠪᠦᠷᠢᠯᠡᠬᠦ ᠠᠵᠢᠯ᠎ᠢ ᠰᠠᠶ᠋ᠢᠲᠤᠷ ᠠᠳᠬᠤᠨ᠎ᠠ᠃ ᠮᠥᠩᠭᠥᠨ ᠭᠦᠢ᠍ᠯᠭᠡᠭᠡᠨ᠎ᠤ ᠠᠮᠤᠷ ᠲᠦᠪᠰᠢᠨ ᠲᠣᠭᠲᠠᠭᠤᠨ ᠪᠠᠶ᠋ᠢᠳᠠᠯ᠎ᠢ ᠦᠨᠡᠨ ᠬᠦ᠌ ᠬᠠᠮᠠᠭ᠋ᠠᠯᠠᠵᠤ᠂ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠦᠷᠢᠮ ᠪᠠ ᠮᠥᠩᠭᠥᠨ ᠭᠦᠢ᠍ᠯᠭᠡᠭᠡᠨ᠎ᠤ ᠲᠦᠭᠰᠢᠭᠦᠷᠢ ᠵᠢ ᠰᠢᠢ᠍ᠳᠪᠦᠷᠢᠯᠡᠬᠦ ᠲᠣᠭᠲᠠᠴᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠣᠷᠣᠨ ᠨᠤᠲᠤᠭ᠂ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ᠂ ᠠᠵᠢᠯ ᠲᠥᠷᠥᠯ᠎ᠤᠨ ᠭᠤᠤᠯᠴᠢᠯᠠᠨ ᠬᠠᠮᠢᠶᠠᠷᠬᠤ ᠵᠡᠷᠭᠡ ᠡᠯ᠎ᠡ ᠲᠠᠯ᠎ᠠ ᠵᠢᠨ ᠬᠠᠷᠢᠭᠤᠴᠠᠯᠭ᠎ᠠ ᠵᠢ ᠴᠢᠩᠭ᠎ᠠ ᠪᠣᠳᠠᠲᠠᠶ᠋ᠢᠵᠢᠭᠤᠯᠵᠤ᠂ ᠠᠵᠤ ᠠᠬᠤᠶ᠋ᠢᠯᠠᠯ᠎ᠤᠨ ᠥᠪᠡᠷ᠎ᠢ᠎ᠪᠠᠨ ᠠᠪᠤᠷᠬᠠᠤ ᠭᠤᠤᠯ ᠴᠣᠭᠴᠠ ᠵᠢᠨ ᠬᠠᠷᠢᠭᠤᠴᠠᠯᠭ᠎ᠠ ᠵᠢ ᠴᠢᠩᠭ᠋ᠠᠷᠠᠭᠤᠯᠤᠨ᠂ ᠪᠠᠩᠬᠢ ᠵᠢᠨ ᠦᠢ᠍ᠯᠡᠰ᠎ᠤᠨ ᠵᠦᠶ ᠪᠤᠰᠤ ᠵᠢᠭᠡᠯᠡᠯᠭᠡ ᠵᠢ ᠢᠯᠭ᠋ᠠᠷᠠᠭᠤᠯᠤᠨ ᠬᠤᠷᠢᠶᠠᠵᠤ ᠰᠢᠢ᠍ᠳᠪᠦᠷᠢᠯᠡᠬᠦ ᠲᠤᠰᠬᠠᠶ ᠠᠵᠢᠯᠯᠠᠭ᠋ᠠᠨ᠎ᠢ᠎ᠨᠢ ᠬᠡᠷᠡᠭᠵᠢᠭᠦᠯᠦᠨ ᠠᠬᠢᠭᠤᠯᠵᠤ᠂ ᠲᠦᠭᠰᠢᠭᠦᠷᠢ ᠶᠡᠬᠡᠲᠡᠶ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠲᠦᠭᠰᠢᠭᠦᠷᠢ ᠵᠢ ᠯᠠᠪᠳᠠᠭᠤᠨ ᠪᠠᠲᠤᠲᠠᠶ ᠠᠷᠢᠯᠭ᠋ᠠᠵᠦ ᠰᠢᠢ᠍ᠳᠪᠦᠷᠢᠯᠡᠨ᠂ ᠢᠲᠡᠭᠡᠮᠵᠢᠲᠦ ᠵᠢᠭᠡᠯᠡᠯᠭᠡ ᠵᠢᠨ ᠭᠡᠷ᠎ᠡ᠎ᠠᠴᠠ ᠵᠥᠷᠢᠴᠡᠬᠦ ᠲᠦᠭᠰᠢᠭᠦᠷᠢ ᠵᠢ ᠯᠠᠪᠳᠠᠭᠤᠨ ᠵᠶ᠋ᠠᠷ ᠰᠢᠢ᠍ᠳᠪᠦᠷᠢᠯᠡᠨ᠎ᠡ᠃ ᠵᠠᠰᠠᠭ᠎ᠤᠨ ᠣᠷᠳᠣᠨ᠎ᠤ ᠥᠷᠢ ᠥᠭᠴᠡᠭᠡ ᠵᠢᠨ ᠲᠦᠭᠰᠢᠭᠦᠷᠢ ᠵᠢ ᠢᠳᠡᠪᠬᠢᠲᠡᠶ ᠪᠥᠭᠡᠳ ᠯᠠᠪᠳᠠᠭᠤᠨ ᠵᠶ᠋ᠠᠷ ᠰᠡᠷᠭᠡᠶ᠋ᠢᠯᠡᠨ ᠠᠷᠢᠯᠭ᠋ᠠᠵᠤ᠂ 《ᠠᠷᠪᠢᠲᠠᠢ ᠭᠠᠮᠲᠠᠢ ᠠᠮᠢᠳᠤᠷᠠᠬᠤ》 ᠵᠢ ᠪᠠᠷᠢᠮᠲᠠᠯᠠᠨ᠂ ᠡᠩ᠎ᠤᠨ ᠴᠢᠨᠠᠷᠲᠠᠶ ᠵᠠᠷᠤᠯᠭ᠎ᠠ ᠵᠢ ᠦᠷᠭᠦᠯᠵᠢᠯᠡᠨ ᠴᠢᠩᠭ᠎ᠠ ᠬᠢᠵᠠᠭ᠋ᠠᠷᠯᠠᠬᠤ ᠪᠠ ᠪᠠᠭ᠋ᠠᠰᠬᠠᠵᠤ᠂ ᠦᠨᠳᠦᠰᠦᠨ ᠱᠠᠲᠤᠨ᠎ᠤ ᠡᠳ᠋᠎ᠤᠨ ᠵᠠᠰᠠᠭ᠎ᠤᠨ ᠠᠵᠢᠯᠯᠠᠭ᠋ᠠᠨ᠎ᠤ ᠲᠦᠭᠰᠢᠭᠦᠷᠢ ᠵᠢ ᠪᠦᠲᠦᠮᠵᠢᠲᠡᠶ ᠰᠡᠷᠭᠡᠶ᠋ᠢᠯᠡᠨ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠥᠷᠢ ᠥᠭᠴᠡᠭᠡ ᠵᠢᠨ ᠬᠢᠵᠠᠭ᠋ᠠᠷ ᠲᠣᠭ᠎ᠠ ᠵᠢ ᠵᠦᠶ ᠵᠣᠬᠢᠰᠲᠠᠶ ᠲᠣᠭᠲᠠᠭ᠋ᠠᠵᠤ᠂ ᠳᠠᠯᠳᠠ ᠴᠢᠨᠠᠷᠲᠠᠶ ᠥᠷᠢ ᠥᠭᠴᠡᠭᠡ ᠵᠢᠨ ᠨᠡᠮᠡᠭᠳᠡᠬᠦ ᠵᠢ ᠡᠷᠡᠰ ᠬᠣᠷᠢᠭᠯᠠᠨ᠂ ᠳᠠᠯᠳᠠ ᠴᠢᠨᠠᠷᠲᠠᠶ ᠥᠷᠢ ᠥᠭᠴᠡᠭᠡ ᠵᠢᠨ ᠦᠯᠡᠳᠡᠭᠡᠯ᠎ᠢ ᠡᠮᠬᠢ ᠵᠢᠷᠤᠮ᠎ᠲᠠᠢ᠎ᠪᠠᠷ ᠠᠷᠢᠯᠭ᠋ᠠᠨ᠎ᠠ᠃ 《ᠰᠠᠭᠤᠬᠤ᠎ᠠᠴᠠ ᠪᠢᠰᠢ ᠰᠠᠷᠢᠭ᠋ᠠᠯᠠᠬᠤ ᠥᠬᠡᠶ》 ᠪᠠᠶ᠋ᠢᠬᠤ ᠪᠠᠶ᠋ᠢᠷᠢ ᠲᠣᠭᠲᠠᠭ᠋ᠠᠯᠲᠠ ᠵᠢ ᠪᠠᠷᠢᠮᠲᠠᠯᠠᠨ᠂ ᠵᠢᠱ᠌ᠢᠯᠲᠡ᠎ᠪᠠᠷ ᠬᠥᠲᠥᠯᠥᠨ ᠵᠢᠯᠣᠭᠣᠳᠬᠤ ᠵᠢ ᠴᠢᠩᠭ᠋ᠠᠳᠬᠠᠵᠤ᠂ ᠲᠦᠷᠢᠶᠡᠰᠦᠯᠡᠬᠦ ᠪᠠ ᠬᠤᠳᠠᠯᠳᠤᠨ ᠠᠪᠬᠤ ᠵᠢ ᠵᠡᠷᠭᠡ᠎ᠪᠠᠷ ᠴᠢᠬᠤᠯᠠᠴᠢᠯᠠᠬᠤ᠎ᠪᠠᠨ ᠪᠠᠷᠢᠮᠲᠠᠯᠠᠨ᠂ ᠣᠷᠳᠣ ᠬᠤᠭᠤᠴᠠᠭ᠎ᠠ᠎ᠪᠠᠷ ᠲᠦᠷᠢᠶᠡᠰᠦᠯᠡᠬᠦ ᠣᠷᠣᠨ ᠰᠠᠭᠤᠴᠠ ᠵᠢᠨ ᠵᠠᠬ᠎ᠠ ᠳᠡᠯᠭᠡᠭᠦᠷ᠎ᠢ ᠬᠥᠭᠵᠢᠭᠦᠯᠵᠦ᠂ ᠪᠠᠲᠤᠯᠠᠭ᠎ᠠ ᠵᠢᠨ ᠴᠢᠨᠠᠷᠲᠠᠶ ᠣᠷᠣᠨ ᠰᠠᠭᠤᠴᠠ ᠵᠢᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠤᠨ᠂ ᠬᠣᠲᠠ ᠵᠢᠨ ᠰᠢᠨ᠎ᠡ ᠠᠷᠠᠳ᠎ᠤᠨ ᠣᠷᠣᠨ ᠰᠠᠭᠤᠴᠠ ᠵᠢᠨ ᠪᠠᠲᠤᠯᠠᠭ᠎ᠠ ᠵᠢᠨ ᠠᠰᠠᠭᠤᠳᠠᠯ᠎ᠢ ᠭᠤᠤᠯᠳᠠᠯᠭ᠎ᠠ᠎ᠲᠠᠢ ᠰᠢᠢ᠍ᠳᠪᠦᠷᠢᠯᠡᠵᠦ᠂ ᠬᠡᠷ ᠪᠠᠶ᠋ᠢᠰᠢᠩ ᠭᠠᠵᠠᠷ ᠬᠥᠷᠥᠩᠭᠡ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠂ ᠬᠣᠲᠠ ᠵᠢᠨ ᠪᠠᠶ᠋ᠢᠳᠠᠯ᠎ᠳᠤ᠎ᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ ᠪᠠᠶ᠋ᠢᠭ᠋ᠠᠳ ᠬᠡᠷ ᠪᠠᠶ᠋ᠢᠰᠢᠩ ᠭᠠᠵᠠᠷ ᠬᠥᠷᠥᠩᠭᠡ ᠵᠢᠨ ᠦᠢ᠍ᠯᠡᠰ᠎ᠤᠨ ᠰᠠᠶ᠋ᠢᠨ ᠣᠷᠴᠢᠯ ᠪᠠ ᠡᠷᠡᠭᠦᠯ ᠬᠥᠭᠵᠢᠯᠲᠡ ᠵᠢ ᠠᠬᠢᠭᠤᠯᠤᠨ᠎ᠠ᠃ ᠠᠶᠤᠯ ᠦᠭᠡᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠲᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠠᠶᠤᠯ ᠦᠭᠡᠢ ᠦᠢ᠍ᠯᠡᠳᠪᠦᠷᠢᠯᠡᠯ᠎ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ᠎ᠤᠨ ᠠᠵᠢᠯᠯᠠᠭ᠋ᠠᠨ ᠵᠶ᠋ᠠᠨ ᠪᠡᠬᠢᠵᠢᠭᠦᠯᠦᠨ ᠳᠡᠭᠡᠭᠰᠢᠯᠡᠭᠦᠯᠬᠦ ᠠᠵᠢᠯ᠎ᠢ ᠭᠦᠨᠵᠡᠭᠡᠶ ᠥᠷᠨᠢᠭᠦᠯᠦᠨ᠂ ᠠᠶᠤᠯᠲᠠᠶ ᠬᠢᠮᠢ ᠵᠢᠨ ᠪᠣᠳᠠᠰ᠂ ᠪᠠᠷᠢᠯᠭ᠎ᠠ ᠵᠢᠨ ᠠᠵᠢᠯ᠂ ᠠᠭᠤᠷᠬᠠᠶ᠂ ᠰᠢᠲᠠᠮᠠᠬᠠᠶ ᠬᠡᠶ ᠵᠡᠷᠭᠡ ᠭᠤᠤᠯᠳᠠᠯᠭ᠎ᠠ ᠪᠣᠯᠬᠤ ᠬᠦᠷᠢᠶᠡᠨ᠎ᠳᠠᠬᠢ ᠲᠤᠰᠬᠠᠶ ᠴᠡᠭᠴᠡᠯᠡᠨ ᠵᠠᠰᠠᠯᠲᠠ ᠵᠢ ᠯᠠᠪᠳᠠᠭᠤᠨ ᠪᠠᠲᠤᠲᠠᠶ ᠰᠠᠶ᠋ᠢᠲᠤᠷ ᠠᠳᠬᠤᠵᠤ᠂ ᠬᠦᠨᠳᠦ ᠣᠨᠴᠠ ᠶᠡᠬᠡ ᠠᠮᠤᠷ ᠲᠦᠪᠰᠢᠨ᠎ᠤ ᠡᠨᠳᠡᠯ ᠭᠠᠷᠬᠤ ᠵᠢ ᠪᠦᠲᠦᠮᠵᠢᠲᠡᠶ ᠬᠣᠷᠢᠭᠯᠠᠨ᠎ᠠ᠃ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠡᠳ᠋ ᠪᠠᠷᠠᠭ᠋ᠠᠨ᠎ᠤ ᠪᠠᠲᠤᠯᠠᠭ᠎ᠠ ᠵᠢᠨ ᠲᠣᠭᠲᠠᠯᠴᠠᠭ᠎ᠠ ᠵᠢ ᠪᠦᠷᠢᠨᠰᠢᠭᠦᠯᠵᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠬᠦᠴᠦᠨ᠂ ᠣᠷᠣᠨ ᠪᠦᠰᠡ ᠵᠢᠨ ᠴᠢᠨᠠᠷᠲᠠᠢ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠰᠠᠭᠤᠷᠢᠨ ᠭᠠᠵᠠᠷ ᠪᠠ ᠡᠳ᠋ ᠪᠠᠷᠠᠭ᠎ᠠ ᠲᠣᠨᠣᠭ ᠲᠥᠬᠦᠭᠡᠷᠦᠮᠵᠢ ᠨᠥᠭᠡᠴᠡᠯᠡᠬᠦ ᠲᠣᠭᠲᠠᠯᠴᠠᠭ᠋ᠠᠨ᠎ᠤ ᠪᠠᠶ᠋ᠢᠭᠤᠯᠤᠯᠲᠠ ᠵᠢ ᠴᠢᠩᠭ᠋ᠠᠳᠬᠠᠨ᠂ ᠪᠠᠶ᠋ᠢᠭ᠋ᠠᠯᠢ ᠵᠢᠨ ᠭᠠᠮᠰᠢᠭ᠎ᠢ ᠰᠡᠷᠭᠡᠶ᠋ᠢᠯᠡᠨ ᠵᠠᠰᠠᠬᠤ ᠭᠣᠣᠯᠳᠠᠯᠭ᠎ᠠ ᠪᠣᠯᠬᠤ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ᠂ ᠭᠠᠮᠰᠢᠭ᠎ᠢ ᠬᠢᠨᠠᠨ ᠰᠢᠨᠵᠢᠵᠦ ᠰᠡᠷᠡᠮᠵᠢᠯᠡᠭᠦᠯᠬᠦ ᠬᠢᠷᠢ ᠲᠦᠪᠰᠢᠨ ᠪᠠ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠶᠤᠯ᠎ᠠᠴᠠ ᠠᠪᠤᠷᠠᠨ ᠲᠤᠰᠠᠯᠠᠬᠤ ᠴᠢᠳᠠᠪᠤᠷᠢ᠎ᠪᠠᠨ ᠳᠡᠭᠡᠭᠰᠢᠯᠡᠭᠦᠯᠦᠨ᠎ᠡ᠃
      ᠵᠢᠷᠭᠤᠭ᠎ᠠ᠂ ᠥᠭᠡᠷᠡᠴᠢᠯᠡᠯᠲᠡ ᠨᠡᠭᠡᠭᠡᠯᠲᠡ ᠵᠢ ᠭᠦᠨᠵᠡᠭᠡᠢ᠌ᠷᠡᠭᠦᠯᠦᠨ ᠣᠷᠣᠨ ᠪᠦᠰᠡ ᠵᠢᠨ ᠵᠣᠬᠢᠴᠠᠯᠳᠤᠯ᠎ᠢ ᠠᠬᠢᠭᠤᠯᠵᠤ᠂ ᠤᠯᠤᠰ᠎ᠤᠨ ᠳᠣᠲᠣᠭ᠋ᠠᠳᠤ᠎ᠳᠠᠬᠢ ᠶᠡᠬᠡ ᠣᠷᠴᠢᠯ᠂ ᠤᠯᠤᠰ᠎ᠤᠨ ᠳᠣᠲᠣᠭ᠋ᠠᠳᠤ ᠪᠠ ᠣᠯᠠᠨ ᠤᠯᠤᠰ᠎ᠤᠨ ᠬᠣᠣᠰ ᠣᠷᠴᠢᠯ᠎ᠳᠤ ᠪᠥᠬᠥ ᠲᠠᠯ᠎ᠠ᠎ᠪᠠᠷ ᠣᠷᠣᠯᠴᠠᠨ ᠠᠭᠤᠰᠤᠯᠴᠠᠨ᠎ᠠ
      ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠥᠨᠳᠥᠷ ᠬᠢᠷᠢ ᠲᠦᠪᠰᠢᠨ ᠪᠥᠬᠥᠶ ᠨᠡᠭᠡᠭᠡᠯᠲᠡ ᠵᠢ ᠥᠷᠭᠡᠳᠬᠡᠨ᠂ ᠬᠣᠲᠠ ᠬᠥᠳᠡᠭᠡ ᠣᠷᠣᠨ ᠪᠦᠰᠡ ᠵᠢᠨ ᠬᠥᠭᠵᠢᠯᠲᠡ ᠵᠢ ᠨᠢᠭᠡᠳᠦᠯᠲᠡᠶ ᠲᠥᠯᠥᠪᠯᠡᠵᠦ᠂ ᠡᠯ᠎ᠡ ᠵᠦᠢ᠍ᠯ᠎ᠤᠨ 《ᠬᠣᠷᠢᠭ᠎ᠠ ᠴᠡᠭ》᠂ 《ᠲᠦᠭᠵᠢᠷᠡᠯ ᠴᠡᠭ》᠎ᠢ ᠡᠷᠡᠰ ᠠᠷᠢᠯᠭ᠋ᠠᠵᠤ ᠰᠢᠯᠤᠭᠤᠳᠬᠠᠨ᠂ ᠬᠥᠭᠵᠢᠯᠲᠡ ᠵᠢᠨ ᠬᠥᠳᠡᠯᠭᠡᠬᠦ ᠬᠦᠴᠦᠨ ᠠᠮᠢᠵᠢᠷᠠᠯ᠎ᠤᠨ ᠬᠦᠴᠦᠨ ᠪᠠ ᠲᠡᠩᠴᠡᠭᠦᠷᠢᠲᠦ ᠴᠢᠨᠠᠷ ᠵᠣᠬᠢᠴᠠᠩᠭᠤᠶ ᠴᠢᠨᠠᠷ᠎ᠢ ᠴᠢᠩᠭ᠋ᠠᠷᠠᠭᠤᠯᠤᠨ᠎ᠠ᠃
      (ᠨᠢᠭᠡ) ᠭᠤᠤᠯᠳᠠᠯᠭ᠎ᠠ ᠪᠣᠯᠬᠤ ᠬᠦᠷᠢᠶᠡᠨ᠎ᠳᠠᠬᠢ ᠥᠭᠡᠷᠡᠴᠢᠯᠡᠯᠲᠡ ᠵᠢ ᠯᠠᠪᠳᠠᠭᠤᠨ ᠪᠠᠲᠤᠲᠠᠶ ᠠᠬᠢᠭᠤᠯᠤᠨ᠎ᠠ᠃ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ᠎ᠤᠨ ᠲᠣᠭᠲᠠᠯᠴᠠᠭ᠋ᠠᠨ᠎ᠤ ᠪᠠᠶ᠋ᠢᠭᠤᠯᠤᠯᠲᠠ ᠵᠢᠨ ᠠᠵᠢᠯᠯᠠᠭ᠋ᠠᠨ᠎ᠢ ᠬᠡᠷᠡᠭᠵᠢᠭᠦᠯᠵᠦ᠂ ᠥᠮᠴᠢᠯᠡᠯ᠎ᠤᠨ ᠡᠷᠬᠡ ᠵᠢᠨ ᠲᠦᠷᠢᠮ ᠪᠠ ᠬᠦᠴᠦᠨ ᠵᠦᠢ᠍ᠯ᠎ᠢ ᠵᠠᠬ᠎ᠠ ᠳᠡᠯᠭᠡᠭᠦᠷᠴᠢᠯᠡᠨ ᠲᠤᠬᠢᠷᠠᠭᠤᠯᠬᠤ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠎ᠡ᠃ ᠵᠠᠬ᠎ᠠ ᠳᠡᠯᠭᠡᠭᠦᠷ᠎ᠲᠤ ᠵᠥᠪᠰᠢᠶᠡᠷᠡᠨ ᠣᠷᠣᠭᠤᠯᠬᠤ᠎ᠳᠤ ᠬᠣᠷᠢᠭ᠎ᠠ᠎ᠲᠠᠢ ᠵᠦᠢ᠍ᠯᠡᠰ᠎ᠤᠨ ᠨᠠᠷᠢᠨ ᠬᠠᠭᠤᠳᠠᠰᠤ ᠵᠢᠨ ᠲᠦᠷᠢᠮ ᠪᠠ ᠭᠤᠤᠯᠴᠢ ᠥᠷᠢᠰᠥᠯᠳᠦᠭᠡᠨ᠎ᠤ ᠬᠢᠨᠠᠨ ᠪᠠᠶ᠋ᠢᠴᠠᠭ᠋ᠠᠬᠤ ᠲᠦᠷᠢᠮ᠎ᠢ ᠨᠠᠶ᠋ᠢᠳᠠᠪᠤᠷᠢᠵᠢᠭᠤᠯᠵᠤ᠂ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢ ᠬᠠᠤᠯᠢ ᠶᠣᠰᠣᠭ᠋ᠠᠷ ᠴᠢᠩᠭ᠋ᠠᠳᠬᠠᠨ᠂ ᠵᠠᠬ᠎ᠠ ᠳᠡᠯᠭᠡᠭᠦᠷ᠎ᠲᠤ ᠵᠥᠪᠰᠢᠶᠡᠷᠡᠨ ᠣᠷᠣᠭᠤᠯᠬᠤ ᠵᠢᠨ ᠰᠠᠭ᠋ᠠᠳ ᠥᠬᠡᠶ ᠨᠡᠪᠲᠡᠷᠡᠬᠦ᠂ ᠨᠡᠭᠡᠭᠡᠯᠲᠡ ᠬᠢᠬᠦ᠎ᠨᠢ ᠡᠮᠬᠢ ᠵᠢᠷᠤᠮ᠎ᠲᠠᠢ᠂ ᠥᠷᠢᠰᠥᠯᠳᠦᠭᠡᠨ᠎ᠨᠢ ᠭᠦᠢ᠍ᠴᠡᠳ᠂ ᠡᠮᠬᠢ ᠳᠢᠭᠯᠢᠮ᠎ᠨᠢ ᠵᠢᠷᠤᠮᠵᠢᠯ᠎ᠲᠠᠢ ᠪᠠᠶ᠋ᠢᠬᠤ ᠵᠢ ᠪᠡᠶᠡᠯᠡᠭᠦᠯᠦᠨ᠎ᠡ᠃ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠥᠭᠡᠷᠡᠴᠢᠯᠡᠯᠲᠡ ᠵᠢᠨ ᠭᠤᠷᠪᠠᠨ ᠵᠢᠯ᠎ᠤᠨ ᠠᠵᠢᠯᠯᠠᠭ᠋ᠠᠨ᠎ᠤ ᠡᠭᠦᠷᠭᠡ ᠵᠢ ᠪᠡᠶᠡᠯᠡᠭᠦᠯᠵᠦ᠂ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ ᠳᠠᠬᠢᠨᠲᠠ ᠵᠣᠬᠢᠶᠠᠨ ᠪᠠᠶ᠋ᠢᠭᠤᠯᠬᠤ ᠪᠠ ᠲᠤᠰᠬᠠᠢ᠌ᠵᠢᠭᠤᠯᠤᠨ ᠡᠮᠬᠢᠯᠡᠵᠦ ᠨᠡᠶ᠋ᠢᠯᠡᠭᠦᠯᠬᠦ ᠵᠢ ᠯᠠᠪᠳᠠᠭᠤᠨ ᠵᠶ᠋ᠠᠷ ᠠᠬᠢᠭᠤᠯᠤᠨ᠂ ᠠᠵᠢᠯ ᠲᠥᠷᠥᠯ᠎ᠤᠨ ᠲᠡᠷᠢᠭᠦᠨ ᠳᠡᠰ᠎ᠤᠨ ᠪᠠᠷᠢᠮᠵᠢᠶ᠎ᠠ᠎ᠲᠠᠢ ᠬᠠᠷᠢᠴᠠᠭᠤᠯᠵᠤ ᠬᠠᠮᠢᠶᠠᠷᠤᠯᠲᠠ᠎ᠪᠠᠨ ᠳᠡᠭᠡᠭᠰᠢᠯᠡᠭᠦᠯᠬᠦ ᠲᠤᠰᠬᠠᠶ ᠠᠵᠢᠯᠯᠠᠭ᠋ᠠᠨ᠎ᠢ ᠭᠦᠨᠵᠡᠭᠡᠶ ᠥᠷᠨᠢᠭᠦᠯᠵᠦ᠂ ᠠᠯᠳᠠᠭᠳᠠᠯ᠎ᠲᠠᠢ ᠭᠣᠣᠯᠳᠠᠯᠭ᠎ᠠ ᠪᠣᠯᠬᠤ ᠠᠵᠤ ᠠᠬᠤᠶ᠋ᠢᠯᠠᠯ᠎ᠳᠤ ᠲᠤᠰᠬᠠᠶ ᠴᠡᠭᠴᠡᠯᠡᠨ ᠵᠠᠰᠠᠬᠤ ᠵᠢ ᠪᠡᠶᠡᠯᠡᠭᠦᠯᠦᠨ᠂ ᠠᠵᠤ ᠠᠬᠤᠶ᠋ᠢᠯᠠᠯ᠎ᠤᠨ ᠬᠠᠮᠢᠶᠠᠷᠤᠯᠲᠠ ᠵᠢᠨ ᠱᠠᠲᠤ ᠲᠠᠰ᠎ᠢ ᠶᠡᠬᠡ᠎ᠪᠠᠷ ᠪᠠᠭ᠋ᠠᠰᠬᠠᠵᠤ᠂ ᠬᠠᠤᠯᠢ ᠵᠢᠨ ᠡᠷᠬᠡᠲᠡᠨ᠎ᠤ ᠡᠷᠦᠬᠡ ᠵᠢᠨ ᠲᠣᠭ᠎ᠠ ᠵᠢ᠎ᠨᠢ ᠬᠠᠰᠤᠨ᠂ ᠬᠣᠯᠢᠮᠠᠭ ᠥᠮᠴᠢᠯᠡᠯᠲᠦ ᠳᠦᠷᠢᠮ᠎ᠤᠨ ᠥᠭᠡᠷᠡᠴᠢᠯᠡᠯᠲᠡ ᠵᠢ ᠢᠳᠡᠪᠬᠢᠲᠡᠶ ᠪᠥᠭᠡᠳ ᠯᠠᠪᠳᠠᠭᠤᠨ ᠵᠶ᠋ᠠᠷ ᠠᠬᠢᠭᠤᠯᠤᠨ᠎ᠠ᠃ ᠡᠳ᠋᠎ᠤᠨ ᠵᠠᠰᠠᠭ ᠭᠠᠶ᠋ᠢᠯᠢ ᠮᠥᠩᠭᠥᠨ ᠭᠦᠢ᠍ᠯᠭᠡᠭᠡᠨ᠎ᠤ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ᠂ ᠲᠥᠰᠦᠪ᠎ᠤᠨ ᠬᠠᠮᠢᠶᠠᠷᠤᠯᠲᠠ ᠵᠢᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠢ ᠠᠬᠢᠭᠤᠯᠤᠨ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠰᠢᠭᠤᠳ ᠪᠡᠯᠡ ᠲᠤᠬᠢᠷᠠᠭᠤᠯᠬᠤ ᠬᠡᠪᠴᠢᠶ᠎ᠡ ᠵᠢ ᠥᠷᠭᠡᠳᠬᠡᠨ᠂ ᠠᠵᠤ ᠠᠬᠤᠶ᠋ᠢᠯᠠᠯ᠎ᠤᠨ ᠵᠠᠬ᠎ᠠ ᠳᠡᠯᠭᠡᠭᠦᠷ᠎ᠲᠤ ᠭᠠᠷᠬᠤ ᠵᠢ ᠦᠷᠭᠦᠯᠵᠢᠯᠡᠨ ᠠᠬᠢᠭᠤᠯᠵᠤ᠂ ᠬᠤᠳᠠ ᠵᠢᠨ ᠬᠤᠳᠠᠯᠳᠤᠭ᠋ᠠᠨ᠎ᠤ ᠪᠠᠩᠬᠢ ᠵᠢᠨ ᠥᠭᠡᠷᠡᠴᠢᠯᠡᠯᠲᠡ ᠵᠢᠨ ᠠᠵᠢᠯ᠎ᠢ ᠯᠠᠪᠳᠠᠭᠤᠨ ᠪᠠᠲᠤᠲᠠᠢ ᠠᠬᠢᠭᠤᠯᠤᠨ᠎ᠠ᠃ ᠦᠨ᠎ᠡ ᠬᠠᠩᠰᠢ ᠵᠢᠨ ᠬᠦᠷᠢᠶᠡᠨ᠎ᠳᠠᠬᠢ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠪᠣᠬᠢᠷᠲᠤᠯ ᠥᠬᠡᠶ ᠴᠠᠬᠢᠯᠭ᠋ᠠᠨ᠎ᠤ ᠦᠨ᠎ᠡ ᠬᠠᠩᠰᠢ ᠵᠢᠨ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠤᠨ᠂ ᠪᠠᠶ᠋ᠢᠭ᠋ᠠᠯᠢ ᠵᠢᠨ ᠰᠢᠲᠠᠮᠠᠬᠠᠶ ᠬᠡᠢ ᠵᠢᠨ ᠦᠨ᠎ᠡ ᠬᠠᠩᠰᠢ ᠵᠢᠨ ᠪᠦᠷᠢᠯᠳᠦᠬᠦ ᠲᠣᠭᠲᠠᠴᠠ ᠵᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠲᠠᠷᠢᠶᠠᠯᠠᠩ᠎ᠳᠤ ᠬᠡᠷᠡᠭᠯᠡᠬᠦ ᠤᠰᠤᠨ᠎ᠤ ᠦᠨ᠎ᠡ ᠬᠠᠩᠰᠢ ᠵᠢᠨ ᠥᠭᠡᠷᠡᠴᠢᠯᠡᠯᠲᠡ ᠵᠢ ᠭᠦᠨᠵᠡᠭᠡᠶ ᠠᠬᠢᠭᠤᠯᠤᠨ᠂ ᠨᠡᠶ᠋ᠢᠭᠡᠮ᠎ᠤᠨ ᠠᠪᠤᠷᠠᠨ ᠲᠤᠰᠠᠯᠠᠬᠤ ᠪᠠ ᠪᠠᠲᠤᠯᠠᠭ᠎ᠠ ᠵᠢᠨ ᠪᠠᠷᠢᠮᠵᠢᠶ᠎ᠠ ᠵᠢ ᠪᠠᠷᠠᠭ᠋ᠠᠨ᠎ᠤ ᠦᠨ᠎ᠡ ᠵᠢᠨ ᠥᠰᠥᠯᠲᠡ᠎ᠯᠦᠭᠡ ᠬᠣᠯᠪᠣᠭᠳᠠᠭᠤᠯᠤᠭᠰᠠᠨ ᠬᠣᠯᠪᠣᠭ᠋ᠠᠯᠠᠵᠤ ᠬᠥᠳᠡᠯᠦᠯᠴᠡᠬᠦ ᠲᠣᠭᠲᠠᠴᠠ ᠵᠢ ᠪᠦᠷᠢᠨᠰᠢᠭᠦᠯᠦᠨ᠎ᠡ᠃ ᠴᠠᠬᠢᠯᠭ᠋ᠠᠨ ᠬᠦᠴᠦᠨ᠎ᠤ ᠵᠠᠬ᠎ᠠ ᠳᠡᠯᠭᠡᠭᠦᠷ᠎ᠤᠨ ᠠᠷᠠᠯᠵᠢᠶ᠎ᠠ ᠵᠢ ᠲᠡᠭᠦᠯᠳᠡᠷᠵᠢᠭᠦᠯᠵᠦ᠂ ᠴᠠᠬᠢᠯᠭ᠋ᠠᠨ ᠬᠦᠴᠦᠨ᠎ᠤ ᠪᠡᠯᠡᠨ ᠪᠠᠷᠠᠭ᠎ᠠ ᠵᠢᠨ ᠵᠠᠬ᠎ᠠ ᠳᠡᠯᠭᠡᠭᠦᠷ᠎ᠤᠨ ᠲᠤᠷᠰᠢᠬᠤ ᠠᠵᠢᠯᠯᠠᠭ᠋ᠠᠨ᠎ᠢ ᠥᠷᠨᠢᠭᠦᠯᠦᠨ᠎ᠡ᠃ ᠲᠠᠷᠢᠶᠠᠯᠠᠬᠤ ᠮᠠᠯᠵᠢᠬᠤ ᠣᠷᠣᠨ᠎ᠤ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠲᠠᠷᠢᠶᠠᠯᠠᠬᠤ ᠣᠷᠣᠨ᠂ ᠮᠠᠯᠵᠢᠬᠤ ᠣᠷᠣᠨ᠎ᠤ ᠣᠳᠣᠬᠢᠴᠢᠯᠠᠯᠲᠠ ᠵᠢᠨ ᠲᠤᠷᠰᠢᠯᠲᠠ ᠵᠢᠨ ᠴᠡᠭ᠎ᠤᠨ ᠪᠦᠲᠦᠭᠡᠨ ᠪᠠᠶ᠋ᠢᠭᠤᠯᠤᠯᠲᠠ ᠵᠢ ᠰᠠᠶ᠋ᠢᠲᠤᠷ ᠠᠳᠬᠤᠨ᠎ᠠ᠃
      (ᠬᠣᠶᠠᠷ) ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠥᠷᠭᠡᠨ ᠪᠡᠬᠢᠯᠡᠯᠲᠡ ᠵᠢ ᠪᠥᠲᠥᠭᠡᠨ ᠪᠠᠶ᠋ᠢᠭᠤᠯᠤᠨ᠎ᠠ᠃ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠥᠲᠥᠭᠡᠨ ᠪᠠᠶ᠋ᠢᠭᠤᠯᠬᠤ ᠴᠢᠨᠠᠷ ᠰᠠᠶ᠋ᠢᠲᠠᠶ ᠬᠥᠭᠵᠢᠯᠲᠡ᠎ᠳᠤ ᠨᠠᠩ ᠰᠠᠶ᠋ᠢᠨ ᠦᠢ᠍ᠯᠡᠴᠢᠯᠡᠬᠦ ᠪᠠ ᠠᠭᠤᠰᠤᠯᠴᠠᠭᠤᠯᠤᠨ᠂ ᠥᠪᠡᠷᠲᠡᠭᠡᠨ ᠵᠠᠰᠠᠬᠤ ᠣᠷᠣᠨ᠎ᠤ

《ᠤᠯᠤᠰ᠎ᠤᠨ ᠤᠮᠠᠷᠠᠰᠢ ᠨᠡᠭᠡᠭᠡᠯᠲᠡ ᠬᠢᠬᠦ ᠬᠥᠭᠥᠷᠭᠡᠨ ᠪᠡᠬᠢᠯᠡᠯᠲᠡ ᠵᠢ ᠪᠥᠲᠥᠭᠡᠨ ᠪᠠᠶ᠋ᠢᠭᠤᠯᠬᠤ ᠠᠵᠢᠯᠯᠠᠭ᠋ᠠᠨ᠎ᠤ ᠲᠥᠰᠦᠯ》 (ᠥᠪᠥᠷ ᠨᠠᠮ ᠲᠠᠷᠬᠠᠭ᠋ᠠᠭᠰᠠᠨ [2021] 23 ᠳ᠋ᠤᠭ᠋ᠠᠷ ᠲᠣᠭ᠋ᠠᠲᠤ)᠎ᠢ ᠲᠦᠷᠭᠡᠳᠬᠡᠨ ᠨᠠᠶ᠋ᠢᠳᠠᠪᠤᠷᠢᠵᠢᠭᠤᠯᠵᠤ᠂ ᠭᠠᠳᠠᠭ᠋ᠠᠳᠤ ᠠᠷᠠᠯᠵᠢᠶ᠎ᠠ ᠭᠠᠳᠠᠭ᠋ᠠᠳᠤ ᠪᠠᠯᠠ ᠵᠢᠨ ᠲᠣᠭᠲᠠᠭᠤᠨ ᠵᠶ᠋ᠠᠷ ᠨᠡᠮᠡᠭᠳᠡᠬᠦ ᠵᠢ ᠠᠬᠢᠭᠤᠯᠤᠨ᠂ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠶᠡᠷᠦᠩᠬᠡᠶ ᠲᠣᠭ᠎ᠠ ᠵᠢ 8%᠎ᠠᠴᠠ ᠳᠡᠭᠡᠭᠰᠢ ᠨᠡᠮᠡᠭᠳᠡᠭᠦᠯᠬᠦ᠎ᠪᠠᠷ ᠴᠢᠷᠮᠠᠶ᠋ᠢᠨ᠎ᠠ᠃ ᠰᠠᠭᠤᠷᠢ ᠪᠡᠯᠡᠳᠬᠡᠮᠵᠢ ᠵᠢᠨ ᠬᠠᠷᠢᠯᠴᠠᠨ ᠬᠣᠯᠪᠣᠭ᠋ᠠᠯᠠᠵᠤ ᠬᠠᠷᠢᠯᠴᠠᠨ ᠨᠡᠪᠲᠡᠷᠡᠯᠴᠡᠬᠦ ᠵᠢ ᠴᠢᠩᠭ᠋ᠠᠳᠬᠠᠨ᠂ 《ᠳᠤᠮᠳᠠᠳᠤ ᠧᠦ᠋ᠷᠣᠫᠠ ᠵᠢᠨ ᠡᠭᠡᠯᠵᠢ ᠵᠢᠨ ᠭᠠᠯᠲᠤ ᠲᠡᠷᠭᠡᠨ᠎ᠤ ᠲᠡᠭᠡᠭᠡᠪᠦᠷᠢ ᠵᠢᠨ ᠴᠢᠳᠠᠪᠤᠷᠢ ᠵᠢ ᠳᠡᠭᠡᠭᠰᠢᠯᠡᠭᠦᠯᠬᠦ ᠵᠢᠨ ᠬᠡᠷᠡᠭᠵᠢᠭᠦᠯᠬᠦ ᠲᠥᠰᠦᠯ》 (ᠬᠥᠭᠵᠢᠭᠦᠯᠦᠯᠲᠡ ᠥᠭᠡᠷᠡᠴᠢᠯᠡᠯᠲᠡ ᠰᠠᠭᠤᠷᠢ [2021] 867 ᠳ᠋ᠤᠭ᠋ᠠᠷ ᠲᠣᠭ᠋ᠠᠲᠤ)᠎ᠤᠨ ᠭᠣᠣᠯᠳᠠᠯᠭ᠎ᠠ ᠪᠣᠯᠬᠤ ᠲᠥᠷᠥᠯ ᠵᠦᠢ᠍ᠯ᠎ᠢ ᠠᠬᠢᠭᠤᠯᠤᠨ ᠬᠡᠷᠡᠭᠵᠢᠭᠦᠯᠵᠦ᠂ ᠬᠢᠯᠢ ᠵᠢᠨ ᠪᠣᠭᠣᠮᠲᠠ ᠵᠢᠨ ᠰᠠᠭᠤᠷᠢ ᠪᠡᠯᠡᠳᠬᠡᠮᠵᠢ ᠵᠢ ᠰᠠᠶ᠋ᠢᠵᠢᠷᠠᠭᠤᠯᠤᠨ᠎ᠠ᠃ ᠳᠤᠮᠳᠠᠳᠤ ᠧᠦ᠋ᠷᠣᠫᠠ ᠵᠢᠨ ᠡᠭᠡᠯᠵᠢ ᠵᠢᠨ ᠭᠠᠯᠲᠤ ᠲᠡᠷᠭᠡᠨ᠎ᠤ ᠬᠣᠣᠰ ᠴᠢᠭᠯᠡᠯ ᠵᠶ᠋ᠠᠷ ᠪᠠᠶ᠋ᠢᠩᠭᠤ ᠠᠵᠢᠯᠯᠠᠭᠤᠯᠬᠤ ᠦᠷ᠎ᠡ ᠠᠰᠢᠭ᠎ᠢ ᠳᠡᠭᠡᠭᠰᠢᠯᠡᠭᠦᠯᠵᠦ᠂ ᠳᠤᠮᠳᠠᠳᠤ ᠧᠦ᠋ᠷᠣᠫᠠ ᠵᠢᠨ ᠡᠭᠡᠯᠵᠢ ᠵᠢᠨ ᠭᠠᠯᠲᠤ ᠲᠡᠷᠭᠡᠨ᠎ᠤ 300 ᠭᠠᠷᠤᠢ ᠴᠤᠪᠤᠭ᠎ᠠ ᠵᠢᠨ ᠲᠣᠭᠲᠠᠭᠤᠨ ᠵᠶ᠋ᠠᠷ ᠲᠡᠭᠡᠭᠡᠪᠦᠷᠢᠯᠡᠨ ᠡᠵᠡᠩᠨᠡᠬᠦ ᠵᠢ ᠠᠬᠢᠭᠤᠯᠤᠨ᠎ᠠ᠃ ᠳᠤᠮᠳᠠᠳᠤ ᠤᠯᠤᠰ (ᠥᠪᠥᠷ ᠮᠣᠩᠭᠣᠯ)᠎ᠤᠨ ᠴᠢᠯᠥᠭᠡᠲᠦ ᠠᠷᠠᠯᠵᠢᠶᠠᠨ᠎ᠤ ᠲᠤᠷᠰᠢᠯᠲᠠ ᠵᠢᠨ ᠲᠣᠭᠣᠷᠢᠭ᠎ᠢ ᠪᠠᠶ᠋ᠢᠭᠤᠯᠬᠤ᠎ᠪᠠᠷ ᠢᠳᠡᠪᠬᠢᠲᠡᠶ ᠭᠤᠶᠤᠴᠢᠯᠠᠨ ᠮᠡᠳᠡᠭᠦᠯᠦᠨ᠎ᠡ᠃ ᠤᠯᠤᠰ᠎ᠤᠨ ᠳᠣᠲᠣᠭ᠋ᠠᠳᠤ᠎ᠳᠠᠬᠢ ᠣᠷᠣᠨ ᠪᠦᠰᠡ ᠵᠢᠨ ᠠᠵᠤ ᠠᠬᠤᠶ ᠵᠢᠨ ᠬᠠᠮᠵᠢᠯᠴᠠᠭ᠎ᠠ ᠵᠢ ᠴᠢᠩᠭ᠋ᠠᠳᠬᠠᠨ᠂ ᠠᠵᠤ ᠦᠢ᠍ᠯᠡᠰ᠎ᠤᠨ ᠰᠢᠯᠵᠢᠯᠲᠡ ᠵᠢ ᠢᠳᠡᠪᠬᠢᠲᠡᠶ᠎ᠪᠠᠷ ᠵᠠᠯᠭ᠋ᠠᠨ ᠠᠪᠴᠤ᠂ ᠣᠷᠣᠨ᠎ᠤ ᠳᠣᠲᠣᠷᠠᠬᠢ ᠠᠵᠤ ᠦᠢ᠍ᠯᠡᠰ᠎ᠤᠨ ᠬᠡᠯᠬᠢᠶ᠎ᠡ᠂ ᠰᠢᠨ᠎ᠡ ᠵᠢ ᠡᠭᠦᠳᠬᠦ ᠬᠡᠯᠬᠢᠶ᠎ᠡ᠂ ᠬᠠᠩᠭ᠋ᠠᠯᠭ᠎ᠠ ᠵᠢᠨ ᠬᠡᠯᠬᠢᠶ᠎ᠡ᠂ ᠪᠠᠷᠠᠭ᠋ᠠᠨ᠎ᠤ ᠭᠦᠢ᠍ᠯᠭᠡᠭᠡᠨ᠎ᠤ ᠬᠡᠯᠬᠢᠶ᠎ᠡ᠂ ᠥᠷᠲᠡᠭ᠎ᠤᠨ ᠬᠡᠯᠬᠢᠶ᠎ᠡ ᠵᠢ ᠪᠥᠬᠥ ᠤᠯᠤᠰ᠎ᠤᠨ ᠲᠣᠮᠣ ᠵᠠᠬ᠎ᠠ ᠳᠡᠯᠭᠡᠭᠦᠷ᠎ᠯᠦᠭᠡ ᠪᠥᠬᠥ ᠲᠠᠯ᠎ᠠ᠎ᠪᠠᠷ ᠵᠣᠯᠭ᠋ᠠᠭᠤᠯᠬᠤ ᠪᠠ ᠭᠦᠨᠵᠡᠭᠡᠶ ᠠᠭᠤᠰᠤᠯᠴᠠᠭᠤᠯᠬᠤ ᠵᠢ ᠠᠬᠢᠭᠤᠯᠤᠨ᠎ᠠ᠃
      (ᠭᠤᠷᠪᠠ) ᠬᠣᠲᠠ ᠬᠥᠳᠡᠭᠡ ᠠᠭᠤᠰᠤᠯᠴᠠᠭᠰᠠᠨ ᠣᠷᠣᠨ ᠪᠦᠰᠡ ᠵᠢᠨ ᠵᠣᠬᠢᠴᠠᠩᠭᠤᠶ ᠬᠥᠭᠵᠢᠯᠲᠡ ᠵᠢ ᠠᠬᠢᠭᠤᠯᠤᠨ᠎ᠠ᠃ ᠳᠠᠪᠠᠭᠤᠯᠢᠭ ᠵᠶ᠋ᠠᠨ ᠬᠠᠷᠢᠯᠴᠠᠨ ᠨᠥᠬᠥᠪᠥᠷᠢᠯᠡᠬᠦ ᠣᠷᠣᠨ ᠪᠦᠰᠡ ᠵᠢᠨ ᠪᠠᠶ᠋ᠢᠷᠢᠰᠢᠯ᠎ᠢ ᠪᠤᠢ ᠪᠣᠯᠭ᠋ᠠᠨ᠂ ᠪᠠᠷᠠᠭᠤᠨ ᠣᠷᠣᠨ᠎ᠢ ᠶᠡᠬᠡ᠎ᠪᠠᠷ ᠨᠡᠭᠡᠭᠡᠨ ᠬᠥᠭᠵᠢᠭᠦᠯᠬᠦ᠂ ᠵᠡᠭᠦᠨ ᠬᠣᠶ᠋ᠢᠲᠤ ᠣᠷᠣᠨ᠎ᠢ ᠬᠥᠭᠵᠢᠭᠦᠯᠦᠨ ᠮᠠᠨᠳᠤᠭᠤᠯᠬᠤ᠂ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠢ ᠬᠥᠭᠵᠢᠯᠲᠡ ᠵᠡᠷᠭᠡ ᠴᠢᠬᠤᠯᠠ ᠶᠡᠬᠡ ᠣᠷᠣᠨ ᠪᠦᠰᠡ ᠵᠢᠨ ᠪᠠᠶ᠋ᠢᠯᠳᠤᠬᠤ ᠪᠤᠳᠤᠯᠭ᠎ᠠ ᠵᠢ ᠪᠣᠳᠠᠲᠠᠢ ᠪᠥᠭᠡᠳ ᠨᠠᠷᠢᠯᠢᠭ ᠨᠠᠶ᠋ᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ 《ᠶᠡᠷᠦᠩᠬᠡᠢ ᠱᠦᠵᠢ ᠰᠢ ᠵᠢᠨ ᠫᠢᠩ᠎ᠤᠨ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠢ ᠬᠥᠭᠵᠢᠯᠲᠡ ᠵᠢ ᠭᠦᠨᠵᠡᠭᠡᠢ ᠠᠬᠢᠭᠤᠯᠬᠤ ᠰᠠᠭᠤᠳᠠᠯ᠎ᠤᠨ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠲᠤᠬᠠᠢ ᠬᠡᠷᠡᠭᠵᠢᠭᠦᠯᠬᠦ ᠰᠠᠨᠠᠯ》᠎ᠢ ᠬᠡᠷᠡᠭᠵᠢᠭᠦᠯᠵᠦ᠂ ᠵᠡᠭᠦᠨ ᠳᠤᠮᠳᠠ ᠪᠠᠷᠠᠭᠤᠨ ᠬᠡᠰᠡᠭ᠎ᠤᠨ ᠵᠦᠷᠢᠶᠡᠴᠢᠯᠡᠭᠰᠡᠨ ᠵᠣᠬᠢᠴᠠᠩᠭᠤᠢ ᠬᠥᠭᠵᠢᠯᠲᠡ ᠵᠢ ᠠᠬᠢᠭᠤᠯᠤᠨ᠎ᠠ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠪᠠᠨ ᠪᠥᠬᠥ ᠲᠠᠯ᠎ᠠ᠎ᠪᠠᠷ ᠠᠬᠢᠭᠤᠯᠤᠨ᠂ ᠶᠠᠳᠠᠭᠤ᠎ᠠᠴᠠ ᠠᠩᠭᠢᠵᠢᠷᠠᠭᠤᠯᠤᠭᠰᠠᠨ ᠰᠢᠪᠲᠤᠯᠤᠯᠲᠠ ᠵᠢᠨ ᠦᠷ᠎ᠡ ᠪᠦᠲᠦᠮᠵᠢ ᠵᠢ ᠪᠡᠬᠢᠵᠢᠭᠦᠯᠦᠨ ᠥᠷᠭᠡᠳᠬᠡᠵᠦ᠂ ᠬᠥᠳᠡᠯᠦᠩᠭᠦᠶ᠎ᠪᠠᠷ ᠬᠢᠨᠠᠨ ᠰᠢᠨᠵᠢᠬᠦ ᠪᠠ ᠲᠤᠶ᠋ᠢᠯ᠎ᠤᠨ ᠣᠨᠣᠪᠴᠢᠲᠠᠶ᠎ᠪᠠᠷ ᠬᠠᠪᠰᠤᠷᠤᠨ ᠲᠡᠳᠬᠦᠬᠦ ᠵᠢ ᠴᠢᠩᠭ᠋ᠠᠳᠬᠠᠵᠤ᠂ ᠬᠡᠪᠴᠢᠶᠡᠲᠦ ᠴᠢᠨᠠᠷᠲᠠᠶ᠎ᠪᠠᠷ ᠪᠤᠴᠠᠭ᠋ᠠᠳ ᠶᠠᠳᠠᠭᠤᠷᠠᠬᠤ ᠪᠠᠶ᠋ᠢᠳᠠᠯ ᠡᠭᠦᠰᠬᠦ ᠥᠬᠡᠶ ᠪᠠᠶ᠋ᠢᠬᠤ ᠵᠢ ᠦᠨᠡᠨ ᠬᠦ᠌ ᠪᠠᠲᠤᠯᠠᠨ᠂ ᠣᠷᠣᠰᠢᠨ ᠰᠠᠭᠤᠬᠤ᠎ᠳᠤ ᠲᠣᠬᠢᠷᠠᠮᠵᠢᠲᠠᠶ ᠦᠵᠡᠰᠬᠦᠯᠡᠩᠲᠦ ᠰᠠᠶ᠋ᠢᠬᠠᠨ ᠬᠥᠳᠡᠭᠡ ᠲᠣᠰᠬᠣᠨ᠎ᠢ ᠪᠥᠲᠥᠭᠡᠨ ᠪᠠᠢ᠌ᠭᠤᠯᠬᠤ᠎ᠪᠠᠨ ᠲᠦᠷᠭᠡᠳᠬᠡᠵᠦ᠂ ᠮᠠᠯᠵᠢᠬᠤ ᠲᠠᠷᠢᠶᠠᠯᠠᠬᠤ ᠣᠷᠣᠨ᠎ᠤ ᠣᠷᠣᠰᠢᠨ ᠠᠮᠢᠳᠤᠷᠠᠬᠤ ᠣᠷᠴᠢᠨ ᠨᠥᠬᠥᠴᠡᠯ᠎ᠢ ᠴᠡᠭᠴᠡᠯᠡᠨ ᠰᠠᠶ᠋ᠢᠵᠢᠷᠠᠭᠤᠯᠵᠤ ᠳᠡᠭᠡᠭᠰᠢᠯᠡᠭᠦᠯᠬᠦ ᠲᠠᠪᠤᠨ ᠵᠢᠯ᠎ᠤᠨ ᠠᠵᠢᠯᠯᠠᠭ᠋ᠠᠨ᠎ᠢ ᠥᠷᠨᠢᠭᠦᠯᠦᠨ᠂ ᠮᠠᠯᠵᠢᠬᠤ ᠲᠠᠷᠢᠶᠠᠯᠠᠬᠤ ᠣᠷᠣᠨ᠎ᠤ ᠨᠤᠷᠠᠬᠤ ᠠᠶᠤᠯᠲᠠᠶ ᠬᠡᠷ ᠪᠠᠶ᠋ᠢᠰᠢᠩ᠎ᠢ ᠥᠭᠡᠷᠡᠴᠢᠯᠡᠨ ᠰᠢᠨᠡᠳᠬᠡᠬᠦ᠎ᠪᠠᠨ ᠠᠬᠢᠭᠤᠯᠵᠤ᠂ ᠤᠰᠤ ᠴᠠᠬᠢᠯᠭ᠋ᠠᠨ ᠵᠠᠮ ᠬᠡᠶ ᠪᠠ ᠦᠶᠡᠷ᠎ᠢ ᠰᠡᠷᠭᠡᠶ᠋ᠢᠯᠡᠬᠦ ᠵᠡᠷᠭᠡ ᠵᠢᠨ ᠪᠡᠯᠡᠳᠬᠡᠮᠵᠢ ᠨᠥᠬᠥᠴᠡᠯ᠎ᠢ ᠪᠥᠬᠥ ᠲᠠᠯ᠎ᠠ᠎ᠪᠠᠷ ᠰᠠᠢ᠌ᠵᠢᠷᠠᠭᠤᠯᠤᠨ᠂ ᠵᠣᠷᠯᠣᠩ᠎ᠤᠨ ᠬᠤᠪᠢᠰᠤᠯᠲᠠ ᠵᠢ ᠯᠠᠪᠳᠠᠭᠤᠨ ᠪᠠᠲᠤᠲᠠᠶ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠵᠠᠰᠠᠮᠠᠯ ᠵᠠᠮ᠎ᠢ ᠰᠢᠨ᠎ᠡ᠎ᠪᠠᠷ 5000 ᠭᠠᠷᠤᠢ ᠺᠢᠯᠣᠮᠧᠲᠷ ᠥᠭᠡᠷᠡᠴᠢᠯᠡᠨ ᠪᠠᠶ᠋ᠢᠭᠤᠯᠤᠨ᠎ᠠ᠃ ᠬᠥᠮᠦᠨ ᠵᠶ᠋ᠠᠷ ᠭᠤᠤᠯ ᠪᠣᠯᠭ᠋ᠠᠭᠰᠠᠨ ᠰᠢᠨ᠎ᠡ ᠬᠡᠯᠪᠡᠷᠢ ᠵᠢᠨ ᠬᠣᠲᠠ ᠪᠠᠯᠭ᠋ᠠᠰᠣᠵᠢᠯᠳᠡ ᠵᠢ ᠪᠥᠲᠥᠭᠡᠨ ᠪᠠᠢ᠌ᠭᠤᠯᠬᠤ ᠶᠠᠰᠤ ᠴᠢᠨᠠᠷ᠎ᠢ᠎ᠨᠢ ᠳᠡᠭᠡᠭᠰᠢᠯᠡᠭᠦᠯᠵᠦ᠂ ᠲᠣᠮᠣ ᠳᠤᠮᠳᠠ ᠵᠢᠵᠢᠭ ᠬᠣᠲᠠ ᠪᠠ ᠵᠢᠵᠢᠭ ᠬᠣᠲᠠ ᠪᠠᠯᠭ᠋ᠠᠰᠤᠨ᠎ᠤ ᠵᠣᠬᠢᠴᠠᠩᠭᠤᠢ ᠬᠣᠯᠪᠣᠭ᠋ᠠᠯᠠᠨ ᠬᠥᠳᠡᠯᠦᠯᠴᠡᠵᠦ ᠣᠨᠴᠠᠯᠢᠭ᠎ᠲᠠᠢ ᠬᠥᠭᠵᠢᠬᠦ ᠵᠢ᠎ᠨᠢ ᠠᠬᠢᠭᠤᠯᠤᠨ᠂ ᠣᠷᠣᠨ᠎ᠤ ᠲᠥᠪ ᠬᠣᠲᠠ ᠵᠢᠨ ᠪᠥᠲᠥᠭᠡᠨ ᠪᠠᠶ᠋ᠢᠭᠤᠯᠤᠯᠲᠠ ᠵᠢ ᠳᠡᠮᠵᠢᠵᠦ᠂ ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ᠎ᠢ ᠨᠢᠭᠡ ᠴᠣᠭᠴᠠᠵᠢᠭᠤᠯᠬᠤ ᠠᠬᠢᠴᠠ᠎ᠪᠠᠨ ᠲᠦᠷᠭᠡᠳᠬᠡᠨ᠂ ᠬᠣᠲᠠ᠎ᠳᠠᠬᠢ ᠰᠠᠭᠤᠷᠢᠰᠢᠵᠤ ᠠᠵᠢᠯᠯᠠᠬᠤ᠎ᠳᠤ ᠲᠣᠬᠢᠷᠠᠬᠤ ᠴᠢᠳᠠᠮᠵᠢ ᠵᠢ᠎ᠨᠢ ᠲᠡᠭᠦᠯᠳᠡᠷᠵᠢᠭᠦᠯᠵᠦ᠂ ᠰᠢᠶᠠᠨ᠎ᠤ ᠬᠡᠪᠴᠢᠶᠡᠨ᠎ᠤ ᠠᠵᠤ ᠠᠬᠤᠶ ᠵᠢᠨ ᠶᠡᠷᠦᠩᠬᠡᠶ᠋ᠢᠯᠡᠭᠰᠡᠨ ᠥᠷᠢᠰᠥᠯᠳᠦᠬᠦ ᠬᠦᠴᠦᠨ᠎ᠢ ᠳᠡᠭᠡᠭᠰᠢᠯᠡᠭᠦᠯᠦᠨ᠎ᠡ᠃
      ᠳᠣᠯᠣᠭ᠎ᠠ᠂ ᠠᠵᠤ ᠠᠬᠤᠢ ᠵᠢᠨ ᠬᠥᠭᠵᠢᠯᠲᠡ ᠪᠠ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢ ᠨᠢᠭᠡᠳᠦᠯᠲᠡᠢ ᠲᠥᠯᠥᠪᠯᠡᠵᠦ ᠠᠬᠢᠭᠤᠯᠤᠨ᠂ ᠠᠷᠠᠳ᠎ᠤᠨ ᠠᠮᠢᠳᠤᠷᠠᠯ᠎ᠢ ᠰᠠᠭᠤᠷᠢ᠎ᠠᠴᠠ᠎ᠨᠢ ᠪᠠᠲᠤᠯᠠᠬᠤ᠎ᠪᠠᠨ ᠪᠠᠲᠤᠲᠠᠢ ᠰᠠᠢ᠌ᠲᠤᠷ ᠳᠠᠭ᠋ᠠᠭ᠋ᠠᠵᠤ ᠪᠠᠲᠤᠯᠠᠨ᠎ᠠ
      ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢ ᠣᠨᠣᠪᠴᠠᠵᠢᠭᠤᠯᠬᠤ᠂ ᠣᠯᠠᠨ ᠨᠡᠶ᠋ᠢᠲᠡ ᠵᠢᠨ ᠦᠢ᠍ᠯᠡᠴᠢᠯᠡᠭᠡ ᠵᠢ ᠲᠡᠩᠴᠡᠭᠦᠷᠢᠰᠢᠭᠦᠯᠬᠦ᠂ ᠨᠡᠶ᠋ᠢᠭᠡᠮ᠎ᠤᠨ ᠵᠠᠰᠠᠯᠲᠠ ᠵᠢ ᠣᠳᠣᠬᠢᠴᠢᠯᠠᠬᠤ ᠬᠢᠷᠢ ᠲᠦᠪᠰᠢᠨ ᠵᠶ᠋ᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠂ ᠪᠦᠲᠦᠮᠵᠢᠲᠡᠶ ᠠᠷᠭ᠎ᠠ ᠬᠡᠮᠵᠢᠶ᠎ᠡ᠎ᠪᠠᠷ ᠠᠷᠠᠳ ᠲᠦᠮᠡᠨ ᠵᠶ᠋ᠠᠷ ᠭᠤᠤᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠨᠠᠶ᠋ᠢᠳᠠᠪᠤᠷᠢᠵᠢᠭᠤᠯᠵᠤ᠂ ᠬᠠᠮᠲᠤ᠎ᠪᠠᠷ ᠪᠠᠶᠠᠵᠢᠬᠤ ᠵᠢ ᠠᠬᠢᠭᠤᠯᠤᠨ᠎ᠠ᠃
      (ᠨᠢᠭᠡ) ᠣᠯᠠᠨ ᠨᠡᠶ᠋ᠢᠲᠡ ᠵᠢᠨ ᠦᠢ᠍ᠯᠡᠴᠢᠯᠡᠭᠡ ᠪᠠ ᠨᠡᠶ᠋ᠢᠭᠡᠮ᠎ᠤᠨ ᠵᠠᠰᠠᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭ᠋ᠠᠨ᠂ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠵᠤ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠡᠭᠦᠳᠦᠨ ᠪᠠᠢ᠌ᠭᠤᠯᠬᠤ ᠠᠵᠢᠯ᠎ᠢ ᠭᠦᠨᠵᠡᠭᠡᠢ ᠪᠥᠭᠡᠳ ᠤᠳᠠᠭ᠋ᠠᠨ ᠳᠠᠭ᠋ᠠᠭ᠋ᠠᠮᠠᠭ᠋ᠠᠢ ᠥᠷᠨᠢᠭᠦᠯᠦᠨ᠎ᠡ᠃ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠲᠡᠭᠦᠯᠳᠡᠷᠵᠢᠭᠦᠯᠦᠨ᠂ ᠪᠠᠶ᠋ᠢᠩᠭᠤ ᠰᠠᠭᠤᠭ᠎ᠠ ᠭᠠᠵᠠᠷ᠎ᠲᠤ ᠣᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡ ᠬᠠᠩᠭ᠋ᠠᠬᠤ ᠳᠦᠷᠢᠮ᠎ᠢ ᠪᠦᠷᠢᠨᠰᠢᠭᠦᠯᠵᠦ᠂ ᠣᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡᠨ᠎ᠤ ᠬᠡᠪᠴᠢᠶ᠎ᠡ ᠪᠠ ᠪᠠᠷᠢᠮᠵᠢᠶ᠎ᠠ ᠵᠢ ᠰᠢᠨᠵᠢᠯᠡᠬᠦ ᠤᠬᠠᠭ᠋ᠠᠨᠴᠢ᠎ᠪᠠᠷ ᠲᠣᠬᠢᠷᠠᠭᠤᠯᠤᠨ᠂ ᠨᠠᠰᠤᠲᠠᠨ ᠪᠠ ᠨᠢᠯᠬ᠎ᠠ ᠵᠢᠨ ᠬᠥᠮᠦᠨ ᠠᠮᠠ ᠵᠢᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢᠨ ᠪᠠᠶ᠋ᠢᠭᠤᠯᠤᠯᠲᠠ ᠵᠢ ᠯᠠᠪᠳᠠᠭᠤᠨ ᠪᠠᠲᠤᠲᠠᠶ ᠠᠬᠢᠭᠤᠯᠵᠤ᠂ ᠲᠥᠷᠥᠵᠦ ᠬᠥᠩᠭᠡᠵᠢᠬᠦ ᠲᠠᠯ᠎ᠠ ᠵᠢᠨ ᠲᠥᠬᠥᠷ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠦᠨ᠂ ᠨᠢᠯᠬ᠎ᠠ ᠬᠡᠦᠬᠡᠳ᠎ᠢ ᠬᠠᠷᠠᠭ᠋ᠠᠯᠵᠠᠨ ᠠᠰᠠᠷᠠᠬᠤ ᠪᠠ ᠨᠠᠰᠤᠲᠠᠶ᠋ᠢᠴᠤᠳ᠎ᠤᠨ ᠡᠷᠡᠭᠦᠯ ᠮᠡᠨᠳᠦ ᠵᠢᠨ ᠦᠢ᠍ᠯᠡᠴᠢᠯᠡᠭᠡᠨ᠎ᠢ ᠰᠠᠶ᠋ᠢᠲᠤᠷ ᠬᠢᠵᠦ᠂ ᠨᠡᠶ᠋ᠢᠳᠡᠮ ᠬᠠᠷᠠᠭ᠋ᠠᠯᠵᠠᠯ ᠬᠦᠷᠲᠡᠭᠡᠬᠦ ᠨᠠᠰᠤᠵᠢᠯ᠎ᠤᠨ ᠦᠢ᠍ᠯᠡᠴᠢᠯᠡᠭᠡᠨ᠎ᠢ ᠬᠥᠭᠵᠢᠭᠦᠯᠦᠨ᠎ᠡ᠃ ᠨᠡᠶ᠋ᠢᠭᠡᠮ᠎ᠤᠨ ᠪᠠᠲᠤᠯᠠᠭ᠎ᠠ ᠵᠢᠨ ᠳᠦᠷᠢᠮ᠎ᠢ ᠪᠦᠷᠢᠨᠰᠢᠭᠦᠯᠵᠦ᠂ ᠪᠦᠬᠦ ᠠᠷᠠᠳ ᠵᠶ᠋ᠠᠷ ᠵᠶ᠋ᠠᠨ ᠳᠠᠭ᠋ᠠᠳᠬᠠᠯ᠎ᠳᠤ ᠣᠷᠣᠯᠴᠠᠬᠤ ᠲᠥᠯᠥᠪᠯᠡᠭᠡ ᠵᠢ ᠭᠦᠨᠵᠡᠭᠡᠶ ᠬᠡᠷᠡᠭᠵᠢᠭᠦᠯᠦᠨ᠂ ᠨᠡᠶ᠋ᠢᠭᠡᠮ᠎ᠤᠨ ᠳᠠᠭ᠋ᠠᠳᠬᠠᠯ᠎ᠤᠨ ᠬᠠᠮᠤᠷᠬᠤ ᠬᠡᠪᠴᠢᠶ᠎ᠡ ᠵᠢ ᠦᠷᠭᠦᠯᠵᠢᠯᠡᠨ ᠥᠷᠭᠡᠳᠬᠡᠵᠦ᠂ ᠠᠵᠢᠯ ᠠᠯᠳᠠᠯᠲᠠ ᠵᠢᠨ ᠳᠠᠭ᠋ᠠᠳᠬᠠᠯ᠎ᠢ ᠥᠪᠡᠷᠲᠡᠭᠡᠨ ᠵᠠᠰᠠᠬᠤ ᠣᠷᠣᠨ᠎ᠤ ᠱᠠᠲᠤᠨ᠎ᠳᠤ ᠨᠢᠭᠡᠳᠦᠯᠲᠡᠶ ᠲᠥᠯᠥᠪᠯᠡᠬᠦ ᠳᠦᠷᠢᠮ᠎ᠢ ᠨᠠᠶ᠋ᠢᠳᠠᠪᠤᠷᠢᠵᠢᠭᠤᠯᠤᠨ᠂ ᠠᠵᠤ ᠠᠬᠤᠶ᠋ᠢᠯᠠᠯ᠎ᠤᠨ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠳᠠᠭ᠋ᠠᠳᠬᠠᠯ᠎ᠢ ᠪᠦᠬᠦ ᠤᠯᠤᠰ᠎ᠲᠤ ᠨᠢᠭᠡᠳᠦᠯᠲᠡᠶ ᠲᠥᠯᠥᠪᠯᠡᠬᠦ᠎ᠯᠦᠭᠡ ᠲᠣᠭᠲᠠᠭᠤᠨ ᠵᠶ᠋ᠠᠷ ᠵᠣᠯᠭ᠋ᠠᠭᠤᠯᠦᠨ᠎ᠡ᠃ ᠨᠡᠶ᠋ᠢᠭᠡᠮ᠎ᠤᠨ ᠪᠠᠲᠤᠯᠠᠭ᠎ᠠ᠎ᠪᠠᠷ ᠰᠠᠭᠤᠷᠢ᠎ᠠᠴᠠ᠎ᠨᠢ ᠪᠠᠲᠤᠯᠠᠬᠤ ᠵᠢ ᠴᠢᠩᠭ᠋ᠠᠳᠬᠠᠨ᠂ ᠠᠮᠢᠳᠤᠷᠠᠯ᠎ᠤᠨ ᠨᠠᠭ᠋ᠠᠳᠤ ᠵᠠᠬ᠎ᠠ ᠵᠢᠨ ᠪᠠᠲᠤᠯᠠᠭ᠎ᠠ ᠭᠥᠷᠳᠡᠭᠰᠡᠳ᠂ ᠣᠷᠣᠯᠭ᠎ᠠ ᠪᠠᠭ᠋ᠠᠲᠠᠶ ᠬᠥᠮᠥᠰ᠎ᠲᠤ ᠬᠥᠳᠡᠯᠦᠩᠭᠦᠶ ᠬᠠᠮᠢᠶᠠᠷᠤᠯᠲᠠ ᠵᠢ ᠬᠡᠷᠡᠭᠵᠢᠭᠦᠯᠵᠦ᠂ ᠬᠦᠴᠢᠷᠳᠡᠯᠲᠡᠶ ᠣᠯᠠᠨ ᠲᠦᠮᠡᠨ᠎ᠤ ᠦᠨᠳᠦᠰᠦᠨ ᠠᠮᠢᠳᠤᠷᠠᠯ᠎ᠢ ᠦᠨᠡᠨ ᠬᠦ᠌ ᠪᠠᠲᠤᠯᠠᠨ᠎ᠠ᠃ ᠡᠮᠡᠭᠲᠡᠶ᠋ᠢᠴᠦᠳ ᠬᠡᠦᠬᠡᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠵᠤ᠂ ᠡᠬᠡ ᠨᠢᠯᠬᠠᠰ᠎ᠤᠨ ᠡᠷᠡᠭᠦᠯ ᠮᠡᠨᠳᠦ ᠵᠢᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠵᠡᠮᠳᠡᠭᠴᠦᠳ᠂ ᠥᠨᠥᠴᠢᠨ ᠬᠡᠦᠬᠡᠳ ᠵᠡᠷᠭᠡ ᠵᠢᠨ ᠨᠡᠶ᠋ᠢᠭᠡᠮ᠎ᠤᠨ ᠠᠰᠠᠷᠠᠮᠵᠢ ᠵᠢᠨ ᠲᠦᠷᠢᠮ᠎ᠢ ᠲᠡᠭᠦᠯᠳᠡᠷᠵᠢᠭᠦᠯᠦᠨ᠎ᠡ᠃ ᠠᠮᠤᠷ ᠠᠮᠤᠭᠤᠯᠠᠩ ᠥᠪᠥᠷ ᠮᠣᠩᠭᠣᠯ᠂ ᠬᠠᠤᠯᠢᠵᠢᠯ᠎ᠤᠨ ᠥᠪᠥᠷ ᠮᠣᠩᠭᠣᠯ᠎ᠤᠨ ᠪᠠᠶ᠋ᠢᠭᠤᠯᠤᠯᠲᠠ ᠵᠢ ᠭᠦᠨᠵᠡᠭᠡᠶ ᠠᠬᠢᠭᠤᠯᠵᠤ᠂ ᠬᠣᠲᠠ ᠬᠥᠳᠡᠭᠡ ᠵᠢᠨ ᠨᠡᠶ᠋ᠢᠭᠡᠮ ᠲᠣᠭᠣᠷᠢᠭ᠎ᠤᠨ ᠵᠠᠰᠠᠯᠲᠠ ᠪᠠ ᠦᠢ᠍ᠯᠡᠴᠢᠯᠡᠭᠡᠨ᠎ᠤ ᠲᠣᠭᠲᠠᠯᠴᠠᠭ᠎ᠠ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠂ ᠢᠳᠡᠭᠡᠨ ᠪᠠ ᠡᠮ᠎ᠤᠨ ᠵᠦᠢ᠍ᠯ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠷᠠᠭᠤᠯᠵᠤ᠂ ᠨᠡᠶ᠋ᠢᠭᠡᠮ᠎ᠤᠨ ᠠᠮᠤᠷ ᠲᠦᠪᠰᠢᠨ᠎ᠤ ᠰᠡᠷᠭᠡᠶ᠋ᠢᠯᠡᠨ ᠡᠵᠡᠮᠳᠡᠬᠦ ᠲᠣᠭᠲᠠᠯᠴᠠᠭ᠎ᠠ ᠵᠢ ᠲᠡᠭᠦᠯᠳᠡᠷᠵᠢᠭᠦᠯᠦᠨ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠪᠠ ᠴᠡᠷᠢᠭ ᠠᠩᠭᠢ ᠵᠢᠨ ᠪᠠᠶ᠋ᠢᠭᠤᠯᠤᠯᠲᠠ ᠵᠢ ᠳᠡᠮᠵᠢᠵᠦ᠂ ᠡᠬᠡ ᠤᠯᠤᠰ᠎ᠤᠨ ᠤᠮᠠᠷᠠᠲᠤ ᠵᠢᠨ ᠠᠮᠤᠷ ᠲᠣᠭᠲᠠᠭᠤᠨ᠎ᠢ ᠰᠠᠬᠢᠨ ᠬᠠᠮᠠᠭ᠋ᠠᠯᠠᠨ᠎ᠠ᠃
      (ᠬᠣᠶᠠᠷ) ᠨᠡᠶ᠋ᠢᠭᠡᠮ᠎ᠤᠨ ᠠᠵᠢᠯ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠤᠨ᠎ᠠ᠃ ᠴᠢᠨᠠᠷ ᠰᠠᠶ᠋ᠢᠲᠠᠶ ᠰᠤᠷᠭ᠋ᠠᠨ ᠬᠥᠮᠦᠵᠢᠯ᠎ᠤᠨ ᠲᠣᠭᠲᠠᠯᠴᠠᠭ᠎ᠠ ᠵᠢ ᠪᠠᠶ᠋ᠢᠭᠤᠯᠵᠤ᠂ ᠶᠣᠰᠣ ᠰᠤᠷᠲᠠᠬᠤᠨ ᠵᠶ᠋ᠠᠷ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠵᠢ ᠨᠠᠢ᠌ᠳᠠᠪᠤᠷᠢᠵᠢᠭᠤᠯᠤᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠬᠥᠮᠦᠵᠢᠯ᠎ᠢ ᠭᠦᠨᠵᠡᠭᠡᠶ ᠥᠷᠨᠢᠭᠦᠯᠵᠦ᠂ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠬᠦ ᠡᠷᠴᠢᠮ ᠵᠶ᠋ᠠᠨ ᠴᠢᠩᠭ᠋ᠠᠷᠠᠭᠤᠯᠤᠨ᠎ᠠ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ᠎ᠳᠠᠬᠢ ᠰᠤᠷᠬᠤ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ ᠪᠠ ᠰᠢᠶᠠᠨ᠎ᠤ ᠬᠡᠪᠴᠢᠶᠡᠨ᠎ᠤ ᠡᠩ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠬᠥᠭᠵᠢᠯᠲᠡ ᠵᠢ ᠳᠡᠭᠡᠭᠰᠢᠯᠡᠭᠦᠯᠬᠦ ᠠᠵᠢᠯᠯᠠᠭ᠋ᠠᠨ᠎ᠤ ᠲᠥᠯᠥᠪᠯᠡᠭᠡ ᠵᠢ ᠬᠡᠷᠡᠭᠵᠢᠭᠦᠯᠤᠨ᠂ ᠰᠢᠶᠠᠨ᠎ᠤ ᠬᠡᠪᠴᠢᠶᠡᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠴᠢᠨᠠᠷ ᠰᠠᠶ᠋ᠢᠲᠠᠶ ᠲᠡᠩᠴᠡᠭᠦᠷᠢᠲᠡᠶ ᠬᠥᠭᠵᠢᠬᠦ ᠵᠢ ᠠᠬᠢᠭᠤᠯᠵᠤ᠂ 《ᠬᠣᠶᠠᠷ᠎ᠢ ᠬᠥᠩᠭᠡᠷᠡᠭᠦᠯᠬᠦ》 ᠦᠷ᠎ᠡ ᠪᠦᠲᠦᠮᠵᠢ᠎ᠪᠠᠨ ᠦᠷᠭᠦᠯᠵᠢᠯᠡᠨ ᠳᠡᠭᠡᠭᠰᠢᠯᠡᠭᠦᠯᠵᠦ᠂ ᠬᠥᠳᠡᠯᠮᠦᠷᠢ᠂ ᠪᠡᠶ᠎ᠡ ᠵᠢᠨ ᠲᠠᠮᠢᠷ᠂ ᠭᠤᠸ᠎ᠠ ᠰᠠᠶ᠋ᠢᠬᠠᠨ᠎ᠤ ᠬᠥᠮᠥᠵᠢᠯ᠎ᠢ ᠴᠢᠩᠭ᠋ᠠᠳᠬᠠᠨ ᠰᠠᠶ᠋ᠢᠵᠢᠷᠠᠭᠤᠯᠵᠤ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠵᠦ ᠰᠢᠯᠢᠳᠡᠭᠵᠢᠭᠦᠯᠦᠨ ᠬᠥᠮᠥᠵᠢᠭᠦᠯᠬᠦ ᠠᠵᠢᠯᠯᠠᠭ᠋ᠠᠨ᠎ᠤ ᠲᠥᠯᠥᠪᠯᠡᠭᠡ ᠵᠢ ᠴᠢᠨᠠᠷ ᠰᠠᠶ᠋ᠢᠲᠠᠶ ᠬᠡᠷᠡᠭᠵᠢᠭᠦᠯᠦᠨ᠂ 《ᠬᠤᠤᠰ ᠲᠡᠷᠢᠭᠦᠨ ᠲᠠᠰ》᠎ᠤᠨ ᠪᠠᠶ᠋ᠢᠭᠤᠯᠤᠯᠲᠠ ᠵᠢ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠤᠨ᠎ᠠ᠃ ᠡᠷᠡᠭᠦᠯ ᠡᠩᠬᠡ ᠥᠪᠥᠷ ᠮᠣᠩᠭᠣᠯ᠎ᠤᠨ ᠪᠠᠶ᠋ᠢᠭᠤᠯᠤᠯᠲᠠ ᠵᠢ ᠠᠬᠢᠭᠤᠯᠵᠤ᠂ ᠣᠷᠣᠨ ᠪᠦᠰᠡ ᠵᠢᠨ ᠡᠮᠴᠢᠯᠡᠭᠡᠨ᠎ᠤ ᠲᠥᠪ᠎ᠤᠨ ᠪᠠᠶ᠋ᠢᠭᠤᠯᠤᠯᠲᠠ ᠵᠢ ᠴᠢᠩᠭ᠋ᠠᠳᠬᠠᠨ᠂ ᠱᠠᠲᠤ ᠬᠤᠪᠢᠶᠠᠵᠤ ᠣᠨᠣᠰᠢᠯᠠᠨ ᠡᠮᠨᠡᠬᠦ ᠲᠣᠭᠲᠠᠯᠴᠠᠭ᠎ᠠ ᠵᠢᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ ᠰᠢᠶᠠᠨ᠎ᠤ ᠬᠡᠪᠴᠢᠶᠡᠨ᠎ᠤ ᠨᠢᠭᠲᠠᠷᠠᠭᠰᠠᠨ ᠬᠡᠯᠪᠡᠷᠢ ᠪᠦᠬᠦᠢ ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠲᠤᠷᠰᠢᠯᠲᠠ ᠵᠢᠨ ᠴᠡᠭ᠎ᠤᠨ ᠪᠠᠶ᠋ᠢᠭᠤᠯᠤᠯᠲᠠ ᠵᠢ ᠠᠬᠢᠭᠤᠯᠤᠨ᠂ ᠶᠡᠷᠦᠩᠬᠡᠶ ᠰᠠᠯᠠᠭ᠋ᠠᠨ᠎ᠤ ᠡᠮᠴᠢ ᠪᠠ ᠬᠥᠳᠡᠭᠡ ᠲᠣᠰᠬᠣᠨ᠎ᠤ ᠡᠮᠴᠢ ᠵᠢᠨ ᠡᠩᠨᠡᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ 《ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ ᠮᠡᠨᠳᠦ》 ᠵᠢ ᠵᠢᠷᠤᠮᠵᠢᠭᠤᠯᠤᠨ ᠬᠥᠭᠵᠢᠭᠦᠯᠬᠦ ᠵᠢ ᠠᠬᠢᠭᠤᠯᠤᠨ᠂ ᠬᠢᠲᠠᠳ ᠡᠮ ᠡᠮᠨᠡᠯᠭᠡ (ᠮᠣᠩᠭᠣᠯ ᠡᠮ ᠡᠮᠨᠡᠯᠭᠡ) ᠵᠢ ᠬᠥᠭᠵᠢᠭᠦᠯᠦᠨ ᠮᠠᠨᠳᠤᠭᠤᠯᠬᠤ ᠴᠢᠬᠤᠯᠠ ᠶᠡᠬᠡ ᠢᠨᠵᠧᠨᠧᠷᠢᠩ᠎ᠢ ᠬᠡᠷᠡᠭᠵᠢᠭᠦᠯᠵᠦ᠂ ᠡᠪᠡᠳᠴᠢᠨ ᠡᠮᠭᠡᠭ᠎ᠢ ᠰᠡᠷᠭᠡᠶ᠋ᠢᠯᠡᠵᠦ ᠬᠣᠷᠢᠭᠯᠠᠬᠤ ᠪᠠᠶ᠋ᠢᠭᠤᠯᠤᠯ᠎ᠤᠨ ᠥᠭᠡᠷᠡᠴᠢᠯᠡᠯᠲᠡ ᠵᠢ ᠠᠬᠢᠭᠤᠯᠤᠨ᠂ ᠤᠨᠳᠤᠤ ᠭᠠᠵᠠᠷ᠎ᠲᠤ ᠡᠮᠨᠡᠭᠦᠯᠦᠭᠰᠡᠨ ᠵᠠᠷᠤᠳᠠᠯ᠎ᠢ᠎ᠨᠢ ᠰᠢᠭᠤᠳ ᠳ᠋ᠦᠩᠨᠡᠨ ᠪᠤᠳᠤᠬᠤ ᠵᠢ ᠰᠢᠯᠢᠳᠡᠭᠵᠢᠭᠦᠯᠵᠦ᠂ ᠡᠮᠴᠢᠯᠡᠭᠡᠨ᠎ᠤ ᠳᠠᠭ᠋ᠠᠳᠬᠠᠯ᠎ᠤᠨ ᠡᠯᠧᠺᠲᠷᠣᠨ ᠭᠡᠷᠡᠴᠢ ᠪᠠᠷᠢᠮᠲᠠ ᠵᠢ ᠨᠡᠶ᠋ᠢᠳᠡᠮ ᠬᠡᠷᠡᠭᠯᠡᠵᠦ ᠪᠣᠯᠬᠤ ᠵᠢ᠎ᠨᠢ ᠲᠦᠷᠭᠡᠳᠬᠡᠨ ᠠᠬᠢᠭᠤᠯᠤᠨ᠎ᠠ᠃ ᠰᠣᠶᠣᠯ ᠵᠶ᠋ᠠᠷ ᠠᠷᠠᠳ᠎ᠲᠤ ᠠᠰᠢᠭ ᠬᠦᠷᠲᠡᠭᠡᠬᠦ ᠡᠷᠴᠢᠮ᠎ᠢ ᠴᠢᠩᠭ᠋ᠠᠷᠠᠭᠤᠯᠵᠤ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠪᠠ ᠪᠣᠳᠠᠰ᠎ᠤᠨ ᠪᠤᠰᠤ ᠰᠣᠶᠣᠯ᠎ᠤᠨ ᠥᠪ᠎ᠤᠨ ᠰᠢᠰᠲ᠋ᠧᠮᠲᠦ ᠴᠢᠨᠠᠷᠲᠠᠢ ᠬᠠᠮᠠᠭ᠋ᠠᠯᠠᠯᠲᠠ ᠵᠢ ᠴᠢᠩᠭ᠋ᠠᠳᠬᠠᠵᠤ᠂ ᠤᠷᠳᠤ ᠴᠠᠭ᠋ᠠᠨ ᠬᠡᠷᠡᠮ᠎ᠤᠨ ᠤᠯᠤᠰ᠎ᠤᠨ ᠰᠣᠶᠣᠯ᠎ᠤᠨ ᠴᠡᠴᠡᠷᠯᠢᠭ᠂ ᠬᠠᠳᠤᠨ ᠭᠣᠣᠯ᠎ᠤᠨ ᠤᠯᠤᠰ᠎ᠤᠨ ᠰᠣᠶᠣᠯ᠎ᠤᠨ ᠴᠡᠴᠡᠷᠯᠢᠭ᠂ ᠬᠣᠷᠢᠨᠭᠡᠷ ᠡᠷᠲᠡᠨ᠎ᠤ ᠰᠢᠷᠣᠢ ᠵᠢᠨ ᠬᠤᠳᠠ ᠵᠢᠨ ᠬᠠᠭᠤᠴᠢ ᠰᠤᠳᠤᠯᠤᠯ᠎ᠤᠨ ᠴᠡᠴᠡᠷᠯᠢᠭ ᠵᠡᠷᠭᠡ ᠲᠦᠷᠦᠯ ᠵᠦᠢ᠍ᠯ᠎ᠤᠨ ᠪᠦᠳᠦᠭᠡᠨ ᠪᠠᠶ᠋ᠢᠭᠤᠯᠤᠯᠲᠠ ᠵᠢ ᠠᠬᠢᠭᠤᠯᠤᠨ᠎ᠠ᠃ ᠪᠡᠶ᠎ᠡ ᠵᠢᠨ ᠲᠠᠮᠢᠷ᠎ᠤᠨ ᠦᠢ᠍ᠯᠡᠰ᠎ᠢ ᠬᠥᠭᠵᠢᠭᠦᠯᠵᠦ᠂ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠲᠡᠭᠦᠯᠳᠡᠷᠵᠢᠭᠦᠯᠦᠨ᠂ ᠪᠡᠶ᠎ᠡ ᠵᠢᠨ ᠲᠠᠮᠢᠷ᠎ᠤᠨ ᠴᠡᠴᠡᠷᠯᠢᠭ᠂ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠲᠥᠪ᠂ ᠣᠯᠠᠨ ᠨᠡᠶ᠋ᠢᠲᠡ ᠵᠢᠨ ᠪᠡᠶ᠎ᠡ ᠵᠢᠨ ᠲᠠᠮᠢᠷ᠎ᠤᠨ ᠲᠠᠯᠠᠪᠠᠶ ᠵᠡᠷᠭᠡ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ᠂ ᠮᠥᠰᠥ ᠴᠠᠰᠤᠨ᠎ᠤ ᠬᠥᠳᠡᠯᠭᠡᠭᠡᠨ᠎ᠢ ᠶᠡᠬᠡ᠎ᠪᠠᠷ ᠬᠥᠭᠵᠢᠭᠦᠯᠦᠨ᠂ ᠪᠡᠭᠡᠵᠢᠩ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠂ ᠡᠪᠦᠯ᠎ᠤᠨ ᠤᠯᠠᠷᠢᠯ᠎ᠤᠨ ᠵᠡᠮᠳᠡᠭᠴᠦᠳ᠎ᠤᠨ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠢ ᠬᠠᠮᠵᠢᠯᠴᠠᠨ ᠰᠠᠶ᠋ᠢᠲᠤᠷ ᠡᠷᠬᠢᠯᠡᠨ᠎ᠡ᠃ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠲᠦᠭᠡᠮᠡᠯᠵᠢᠭᠦᠯᠦᠯᠲᠡ ᠵᠢ ᠴᠢᠩᠭ᠋ᠠᠳᠬᠠᠨ᠎ᠠ᠃
      (ᠭᠤᠷᠪᠠ) ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠰᠢᠨᠵᠢᠯᠡᠬᠦ ᠤᠬᠠᠭ᠋ᠠᠨᠴᠢ᠎ᠪᠠᠷ ᠣᠨᠣᠴᠠᠲᠠᠢ ᠰᠠᠶ᠋ᠢᠲᠤᠷ ᠬᠢᠨ᠎ᠡ᠃ 《ᠭᠠᠳᠠᠨ᠎ᠠ᠎ᠠᠴᠠ ᠬᠠᠯᠳᠠᠪᠤᠷᠢᠯᠠᠨ ᠣᠷᠣᠵᠤ ᠢᠷᠡᠬᠦ ᠵᠢ ᠰᠡᠷᠭᠡᠶ᠋ᠢᠯᠡᠵᠦ᠂ ᠳᠣᠲᠣᠭ᠋ᠠᠳᠤ᠎ᠳᠤ᠎ᠪᠠᠨ ᠳᠠᠬᠢᠨ ᠡᠭᠦᠰᠬᠦ ᠵᠢ ᠰᠡᠷᠭᠡᠶ᠋ᠢᠯᠡᠬᠦ》 ᠵᠢ ᠪᠠᠷᠢᠮᠲᠠᠯᠠᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠬᠦ ᠪᠠ ᠰᠢᠢ᠍ᠳᠪᠦᠷᠢᠯᠡᠬᠦ ᠬᠢᠷᠢ ᠲᠦᠪᠰᠢᠨ ᠵᠶ᠋ᠠᠨ ᠪᠥᠬᠥ ᠲᠠᠯ᠎ᠠ᠎ᠪᠠᠷ ᠳᠡᠭᠡᠭᠰᠢᠯᠡᠭᠦᠯᠦᠨ᠎ᠡ᠃ ᠬᠢᠯᠢ ᠵᠢᠨ ᠪᠣᠭᠣᠮᠲᠠ ᠵᠢᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ ᠵᠶ᠋ᠠᠨ ᠴᠢᠩᠭ᠎ᠠ ᠵᠢᠷᠤᠮᠵᠢᠭᠤᠯᠤᠨ ᠰᠠᠶ᠋ᠢᠲᠤᠷ ᠬᠢᠵᠦ᠂ ᠬᠢᠯᠢ ᠵᠢᠨ ᠪᠣᠭᠣᠮᠲᠠ᠎ᠳᠠᠬᠢ ᠬᠥᠮᠦᠨ᠂ ᠪᠣᠳᠠᠰ᠂ ᠣᠷᠴᠢᠨ ᠲᠣᠭᠣᠷᠢᠨ᠎ᠤ ᠪᠢᠲᠡᠭᠦᠦ ᠴᠥᠷᠬᠡᠯᠡᠭᠡ ᠬᠠᠮᠢᠶᠠᠷᠤᠯᠲᠠ ᠵᠢ ᠪᠥᠬᠥ ᠲᠠᠯ᠎ᠠ᠎ᠪᠠᠷ ᠴᠢᠩᠭ᠋ᠠᠳᠬᠠᠨ᠂ 《ᠭᠠᠳᠠᠨ᠎ᠠ᠎ᠠᠴᠠ ᠬᠠᠯᠳᠠᠪᠤᠷᠢᠯᠠᠨ ᠣᠷᠣᠵᠤ ᠢᠷᠡᠬᠦ ᠵᠢ ᠰᠡᠷᠭᠡᠶ᠋ᠢᠯᠡᠬᠦ》 ᠰᠡᠷᠭᠡᠶ᠋ᠢᠯᠡᠯᠲᠡ ᠵᠢᠨ ᠱᠤᠭᠤᠮ᠎ᠢ ᠡᠷᠡᠰ ᠰᠠᠬᠢᠨ᠎ᠠ᠃ ᠴᠠᠭ᠋ᠠᠨ ᠰᠠᠷ᠎ᠠ ᠵᠢᠴᠢ ᠪᠡᠭᠡᠵᠢᠩ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠂ ᠡᠪᠦᠯ᠎ᠤᠨ ᠤᠯᠠᠷᠢᠯ᠎ᠤᠨ ᠵᠡᠮᠳᠡᠭᠴᠦᠳ᠎ᠤᠨ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠬᠤᠭᠤᠴᠠᠭ᠋ᠠᠨ᠎ᠳᠠᠬᠢ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ ᠵᠶ᠋ᠠᠨ ᠴᠢᠩᠭ᠋ᠠᠳᠬᠠᠵᠤ᠂ ᠵᠠᠩᠭᠢᠯᠠᠭ᠎ᠠ ᠪᠣᠯᠬᠤ ᠭᠠᠵᠠᠷ᠂ ᠴᠢᠬᠤᠯᠠ ᠲᠠᠯᠠᠪᠤᠷ ᠭᠠᠵᠠᠷ ᠪᠠ ᠭᠣᠣᠯᠳᠠᠯᠭ᠎ᠠ ᠪᠣᠯᠬᠤ ᠬᠥᠮᠦᠰ᠎ᠢ ᠣᠨᠣᠴᠠᠲᠠᠢ᠎ᠪᠠᠷ ᠰᠡᠷᠭᠡᠶ᠋ᠢᠯᠡᠨ ᠡᠵᠡᠮᠳᠡᠬᠦ ᠠᠵᠢᠯ᠎ᠢ ᠰᠠᠶ᠋ᠢᠲᠤᠷ ᠠᠳᠬᠤᠨ᠎ᠠ᠃ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ ᠵᠶ᠋ᠠᠨ ᠪᠠᠶ᠋ᠢᠩᠭᠤᠵᠢᠭᠤᠯᠬᠤ ᠵᠢ ᠯᠠᠪᠳᠠᠭᠤᠨ ᠪᠠᠲᠤᠲᠠᠶ ᠠᠬᠢᠭᠤᠯᠵᠤ᠂ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠵᠢ ᠰᠤᠯᠠᠷᠠᠭᠤᠯᠤᠯ ᠥᠬᠡᠶ ᠠᠳᠬᠤᠬᠤ ᠵᠢ ᠪᠠᠷᠢᠮᠲᠠᠯᠠᠨ᠂ ᠰᠡᠷᠭᠡᠶ᠋ᠢᠯᠡᠨ ᠡᠵᠡᠮᠳᠡᠬᠦ ᠠᠵᠢᠯ᠎ᠤᠨ ᠳᠤᠲᠠᠭᠤᠳᠠᠯ ᠪᠠ ᠳᠤᠲᠠᠭᠳᠠᠯ᠎ᠢ ᠴᠠᠭ ᠲᠤᠬᠠᠶ᠎ᠳᠤ᠎ᠨᠢ ᠪᠠᠶ᠋ᠢᠴᠠᠭ᠋ᠠᠨ ᠨᠥᠬᠥᠪᠥᠷᠢᠯᠡᠵᠦ᠂ ᠡᠮᠴᠢᠯᠡᠭᠡᠨ᠎ᠤ ᠭᠤᠤᠯᠳᠠᠯᠭ᠎ᠠ᠎ᠲᠠᠢ ᠰᠡᠷᠭᠡᠶ᠋ᠢᠯᠡᠨ ᠡᠵᠡᠮᠳᠡᠬᠦ ᠡᠳ᠋ ᠪᠠᠷᠠᠭ᠋ᠠᠨ᠎ᠤ ᠪᠠᠷᠢᠮᠵᠢᠶ᠎ᠠ᠎ᠪᠠᠷ ᠨᠥᠭᠡᠴᠡᠯᠡᠬᠦ ᠬᠡᠮᠵᠢᠶ᠎ᠡ ᠵᠢ ᠪᠠᠢ᠌ᠩᠭᠤᠵᠢᠭᠤᠯᠤᠨ ᠪᠠᠷᠢᠮᠲᠠᠯᠠᠨ᠎ᠠ᠃ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ ᠲᠠᠷᠢᠬᠤ ᠠᠵᠢᠯ᠎ᠢ ᠡᠮᠬᠢ ᠵᠢᠷᠤᠮ᠎ᠲᠠᠢ ᠠᠬᠢᠭᠤᠯᠤᠨ᠎ᠠ᠃

      ᠬᠠᠭᠤᠯᠤᠨ ᠢᠯᠡᠭᠡᠬᠦ᠎ᠨᠢ᠄ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠡᠯ᠎ᠡ ᠰᠠᠯᠠᠭ᠎ᠠ ᠮᠦᠴᠢᠷ᠂ ᠥᠪᠥᠷ ᠮᠣᠩᠭᠤᠯ᠎ᠤᠨ ᠴᠡᠷᠢᠭ᠎ᠤᠨ ᠲᠣᠭᠣᠷᠢᠭ᠂ ᠵᠡᠪᠰᠡᠭᠲᠦ ᠴᠠᠭᠳᠠᠭ᠎ᠠ ᠵᠢᠨ ᠥᠪᠥᠷ ᠮᠣᠩᠭᠣᠯ᠎ᠤᠨ ᠶᠡᠷᠦᠩᠬᠡᠢ ᠠᠩᠭᠢ᠃
      ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢ᠌ᠩᠭᠤ ᠬᠣᠷᠢᠶᠠᠨ᠎ᠤ ᠠᠯᠪᠠᠨ ᠲᠢᠩᠬᠢᠮ᠂ ᠤᠯᠤᠰ ᠲᠥᠷᠥ ᠵᠢᠨ ᠵᠦᠪᠯᠡᠯᠭᠡᠨ᠎ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠬᠢᠨᠠᠨ ᠪᠠᠢ᠌ᠴᠠᠭ᠋ᠠᠬᠤ ᠵᠦᠪᠯᠡᠯ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠦᠨᠳᠦᠷ ᠵᠡᠷᠭᠡ ᠵᠢᠨ ᠰᠢᠭᠦᠬᠦ ᠬᠣᠷᠢᠶ᠎ᠠ᠂ ᠪᠠᠢ᠌ᠴᠠᠭ᠋ᠠᠬᠤ ᠬᠣᠷᠢᠶ᠎ᠠ᠃
      ᠡᠯ᠎ᠡ ᠠᠷᠠᠳ᠎ᠤᠨ ᠪᠦᠯᠬᠦᠮ᠂ ᠰᠣᠨᠢᠨ ᠮᠡᠳᠡᠭᠡᠨ᠎ᠤ ᠨᠢᠭᠡᠴᠢ᠃

                           ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
                                2022 ᠣᠨ᠎ᠤ 1 ᠳ᠋ᠤᠭᠡᠷ ᠰᠠᠷ᠎ᠠ ᠵᠢᠨ 30᠎ᠤ ᠡᠳᠦᠷ ᠳᠠᠷᠤᠮᠠᠯᠯᠠᠨ ᠲᠠᠷᠬᠠᠭ᠋ᠠᠪᠠ

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ