《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠢ ᠠᠰᠢᠭ᠎ᠤᠨ ᠱᠠᠩᠨᠠᠯ ᠰᠢᠯᠭ᠋ᠠᠷᠠᠭᠤᠯᠬᠤ ᠠᠷᠭ᠎ᠠ》 ᠵᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
2023-05-29

    《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠢ ᠠᠰᠢᠭ᠎ᠤᠨ ᠱᠠᠩᠨᠠᠯ ᠰᠢᠯᠭ᠋ᠠᠷᠠᠭᠤᠯᠬᠤ ᠠᠷᠭ᠎ᠠ》 ᠵᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ

 

 

     ᠡᠯ᠎ᠡ ᠠᠶ᠋ᠢᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶ᠋ᠢᠯᠠᠯ᠂ ᠠᠵᠢᠯ ᠦᠢ᠍ᠯᠡᠰ᠎ᠤᠨ   ᠨᠢᠭᠡᠴᠢ᠎ᠳᠤ᠄

     ᠡᠳᠦᠭᠡ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠢ ᠠᠰᠢᠭ᠎ᠤᠨ ᠱᠠᠩᠨᠠᠯ ᠣᠯᠭᠤᠬᠤ ᠠᠷᠭ᠎ᠠ》 ᠵᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠥᠪᠰᠢᠶᠡᠷᠡᠯ ᠵᠶ᠋ᠠᠷ᠂ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠲᠤᠭ᠋ᠠᠢ᠃

            2023 ᠣᠨ᠎ᠤ 5 ᠳ᠋ᠤᠭ᠋ᠠᠷ ᠰᠠᠷ᠎ᠠ ᠵᠢᠨ 17᠎ᠤ ᠡᠳᠦᠷ

             (ᠲᠤᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)

 

 

 

 

 

 

 

 

 

 

 

 

 

 

 

 

 

 

 

 

 

         ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠶ ᠠᠰᠢᠭ᠎ᠤᠨ ᠱᠠᠩᠨᠠᠯ ᠲᠣᠭᠲᠠᠭ᠋ᠠᠬᠤ ᠠᠷᠭ᠎ᠠ

 

     ᠨᠢᠭᠡᠳᠦᠭᠡᠷ ᠵᠦᠢ᠍ᠯ ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ᠎ᠪᠠᠷ ᠤᠯᠤᠰ ᠵᠶ᠋ᠠᠨ ᠬᠦᠴᠦᠷᠬᠡᠭᠵᠢᠭᠦᠯᠬᠦ ᠪᠠᠶ᠋ᠢᠯᠳᠤᠬᠤ ᠪᠤᠳᠤᠯᠭ᠎ᠠ ᠵᠢ ᠭᠦᠨᠵᠡᠭᠡᠢ ᠬᠡᠷᠡᠭᠵᠢᠭᠦᠯᠵᠦ᠂ ᠪᠦᠬᠦ ᠠᠷᠠᠳ᠎ᠤᠨ ᠰᠢᠨ᠎ᠡ ᠵᠢ ᠡᠭᠦᠳᠬᠦ ᠤᠬᠠᠮᠰᠠᠷ᠎ᠢ  ᠴᠢᠩᠭ᠋ᠠᠳᠬᠠᠨ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠥᠨᠳᠥᠷ  ᠴᠢᠨᠠᠷᠲᠠᠢ  ᠡᠭᠦᠳᠦᠨ ᠪᠦᠲᠦᠭᠡᠯᠲᠡ᠂ ᠥᠨᠳᠥᠷ ᠬᠢᠷᠢ ᠲᠦᠪᠰᠢᠨ᠎ᠲᠠᠢ ᠬᠠᠮᠠᠭ᠋ᠠᠯᠠᠯᠲᠠ  ᠪᠠ ᠦᠨᠳᠦᠷ ᠦᠷ᠎ᠡ ᠠᠰᠢᠭ᠎ᠲᠠᠢ᠎ᠪᠠᠷ ᠬᠡᠷᠡᠭᠯᠡᠬᠦ ᠵᠢ ᠠᠬᠢᠭᠤᠯᠵᠤ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠦᠴᠦᠷᠬᠡᠭ ᠣᠷᠣᠨ᠎ᠢ ᠲᠦᠷᠭᠡᠳᠭᠡᠨ ᠪᠠᠶ᠋ᠢᠭᠤᠯᠬᠤ ᠵᠢᠨ ᠲᠦᠯᠦᠭᠡ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠤᠰᠬᠠᠶ ᠠᠰᠢᠭ᠎ᠤᠨ ᠬᠠᠤᠯᠢ》᠂ 《  ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ᠎ᠪᠠᠷ  ᠤᠯᠤᠰ ᠵᠶ᠋ᠠᠨ  ᠬᠦᠴᠦᠷᠬᠡᠭᠵᠢᠭᠦᠯᠬᠦ ᠪᠥᠲᠥᠭᠡᠨ ᠪᠠᠶ᠋ᠢᠭᠤᠯᠤᠯᠲᠠ ᠵᠢᠨ ᠬᠥᠲᠥᠯᠪᠦᠷᠢ (2021—2035 ᠣᠨ)》 ᠵᠡᠷᠭᠡ ᠬᠠᠤᠯᠢ᠂ ᠪᠢᠴᠢᠭ ᠮᠠᠲ᠋ᠧᠷᠢᠶᠠᠯ᠎ᠤᠨ ᠬᠤᠯᠪᠣᠭᠳᠠᠯ ᠪᠥᠬᠦᠶ ᠲᠣᠭᠲᠠᠭ᠋ᠠᠯ᠎ᠢ ᠦᠨᠳᠦᠰᠦᠯᠡᠨ᠂  ᠮᠠᠨ᠎ᠤ  ᠣᠷᠣᠨ᠎ᠤ ᠪᠣᠳᠠᠲᠠᠶ᠎ᠲᠠᠢ᠎ᠪᠠᠨ ᠤᠶᠠᠯᠳᠤᠭᠤᠯᠵᠤ᠂ ᠲᠣᠰ ᠠᠷᠭ᠎ᠠ ᠵᠢ ᠲᠣᠭᠲᠠᠭ᠋ᠠᠪᠠ᠃

     ᠬᠤᠶᠠᠳᠤᠭ᠋ᠠᠷ ᠵᠦᠢ᠍ᠯ᠂  ᠲᠤᠰ ᠠᠷᠭ᠎ᠠ᠎ᠨᠢ ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠲᠤᠰᠬᠠᠢ ᠠᠰᠢᠭ᠎ᠤᠨ ᠱᠠᠩᠨᠠᠯ᠎ᠢ ᠭᠤᠶᠤᠴᠢᠯᠠᠨ ᠮᠡᠳᠡᠭᠦᠯᠬᠦ᠂ ᠲᠠᠨᠢᠯᠴᠠᠭᠤᠯᠬᠤ᠂ ᠰᠢᠯᠭ᠋ᠠᠷᠠᠭᠤᠯᠬᠤ᠂ ᠪᠡᠯᠡ ᠮᠦᠩᠭᠦ᠎ᠪᠠᠷ ᠲᠤᠰᠠᠯᠠᠬᠤ ᠪᠠ ᠬᠠᠮᠢᠶᠠᠷᠬᠤ ᠵᠡᠷᠭᠡ  ᠦᠢ᠍ᠯᠡ ᠠᠵᠢᠯᠯᠠᠭ᠋ᠠᠨ᠎ᠳᠤ ᠬᠡᠷᠡᠭᠯᠡᠭᠳᠡᠨ᠎ᠡ᠃

     ᠭᠤᠷᠪᠠᠳᠤᠭ᠋ᠠᠷ ᠵᠦᠢ᠍ᠯ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠶ ᠠᠰᠢᠭ᠎ᠤᠨ ᠱᠠᠩᠨᠠᠯ᠎ᠢ ᠥᠪᠡᠷᠲᠡᠭᠡᠨ ᠵᠠᠰᠠᠬᠤ ᠣᠷᠣᠨ᠎ᠤ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠠᠵᠢᠯ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠠᠴᠠ ᠵᠣᠬᠢᠶᠠᠨ ᠪᠠᠶ᠋ᠢᠭᠤᠯᠤᠨ ᠥᠷᠨᠢᠭᠦᠯᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠶ ᠠᠰᠢᠭ᠎ᠤᠨ ᠠᠯᠲᠠᠨ ᠱᠠᠩᠨᠠᠯ᠂ ᠮᠥᠩᠭᠥᠨ ᠱᠠᠩᠨᠠᠯ᠂ ᠰᠢᠯᠢᠳᠡᠭ ᠱᠠᠩᠨᠠᠯ᠎ᠢ ᠲᠣᠬᠢᠷᠠᠭᠤᠯᠵᠤ᠂ ᠡᠭᠦᠳᠦᠯᠲᠡ ᠵᠢᠨ ᠲᠤᠰᠬᠠᠶ ᠠᠰᠢᠭ᠂ ᠬᠡᠷᠡᠭᠯᠡᠭᠡᠨ᠎ᠤ ᠰᠢᠨ᠎ᠡ ᠬᠡᠯᠪᠡᠷᠢ ᠵᠢᠨ ᠲᠤᠰᠬᠠᠶ ᠠᠰᠢᠭ ᠪᠠ ᠭᠠᠳᠠᠭ᠋ᠠᠳᠤ  ᠳᠦᠷᠰᠦ ᠵᠢ ᠵᠢᠷᠤᠭᠯᠠᠨ ᠲᠥᠯᠥᠪᠯᠡᠭᠰᠡᠨ ᠲᠤᠰᠬᠠᠶ ᠠᠰᠢᠭ ᠵᠡᠷᠭᠡ ᠲᠤᠰᠬᠠᠶ ᠠᠰᠢᠭ᠎ᠤᠨ ᠳᠣᠲᠣᠷ᠎ᠠ᠎ᠠᠴᠠ ᠰᠢᠯᠭ᠋ᠠᠷᠠᠭᠤᠯᠤᠨ ᠰᠣᠩᠭᠣᠵᠤ ᠪᠤᠶ ᠪᠣᠯᠭ᠋ᠠᠨ᠎ᠠ᠃

     ᠳᠥᠷᠪᠡᠳᠦᠭᠡᠷ ᠵᠦᠢ᠍ᠯ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠶ ᠠᠰᠢᠭ᠎ᠤᠨ ᠱᠠᠩᠨᠠᠯ᠎ᠢ ᠰᠢᠯᠭ᠋ᠠᠨ ᠰᠣᠩᠭᠣᠬᠤ᠎ᠳᠤ ᠢᠯᠡ ᠲᠣᠳᠣ᠂ ᠡᠷᠬᠡ ᠲᠡᠭᠰᠢ᠂ ᠲᠥᠪ ᠭᠣᠤᠯᠴᠢ᠂ ᠰᠢᠯᠢᠳᠡᠭ᠎ᠢ᠎ᠨᠢ ᠰᠣᠩᠭᠣᠬᠤ ᠵᠠᠷᠴᠢᠮ᠎ᠢ ᠵᠢᠷᠤᠮᠯᠠᠬᠤ ᠬᠡᠷᠡᠭᠲᠡᠶ᠃

     ᠲᠠᠪᠤᠳᠤᠭ᠋ᠠᠷ ᠵᠦᠢ᠍ᠯ᠂ ᠥᠪᠡᠷᠲᠡᠭᠡᠨ ᠵᠠᠰᠠᠬᠤ ᠣᠷᠣᠨ᠎ᠤ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠠᠵᠢᠯ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠶ ᠠᠰᠢᠭ᠎ᠤᠨ ᠱᠠᠩᠨᠠᠯ᠎ᠢ ᠰᠢᠯᠭ᠋ᠠᠷᠠᠭᠤᠯᠤᠨ ᠲᠣᠭᠲᠠᠭ᠋ᠠᠬᠤ ᠺᠣᠮᠢᠰ (ᠳᠣᠷᠣᠭᠰᠢ ᠰᠢᠯᠭ᠋ᠠᠷᠠᠭᠤᠯᠤᠨ ᠲᠣᠭᠲᠠᠭ᠋ᠠᠬᠤ ᠺᠣᠮᠢᠰ ᠭᠡᠵᠦ ᠲᠣᠪᠴᠢᠯᠠᠨ᠎ᠠ)᠎ᠢ ᠪᠠᠶ᠋ᠢᠭᠤᠯᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠶ ᠠᠰᠢᠭ᠎ᠤᠨ ᠱᠠᠩᠨᠠᠯ᠎ᠢ ᠰᠢᠯᠭ᠋ᠠᠷᠠᠭᠤᠯᠤᠨ ᠰᠣᠩᠭᠣᠬᠤ ᠠᠵᠢᠯ᠎ᠢ ᠬᠠᠷᠢᠭᠤᠴᠠᠭᠤᠯᠵᠤ᠂ ᠪᠦᠷᠢᠯᠳᠦᠬᠦᠨ᠎ᠨᠢ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠪᠣᠯᠤᠨ ᠲᠤᠰᠬᠠᠶ ᠮᠡᠷᠭᠡᠵᠢᠯᠲᠡᠨ ᠵᠶ᠋ᠠᠷ ᠪᠦᠷᠢᠯᠳᠦᠵᠦ᠂ ᠬᠤᠭᠤᠴᠠᠭ᠎ᠠ ᠪᠦᠷᠢ ᠵᠢᠨ ᠲᠤᠰᠢᠶᠠᠯ᠎ᠤᠨ ᠬᠤᠭᠤᠴᠠᠭ᠎ᠠ᠎ᠨᠢ 4 ᠵᠢᠯ ᠪᠣᠯᠤᠨ᠎ᠠ᠃

     ᠰᠢᠯᠭ᠋ᠠᠷᠠᠭᠤᠯᠤᠨ ᠲᠣᠭᠲᠠᠭ᠋ᠠᠬᠤ ᠺᠣᠮᠢᠰ᠎ᠤᠨ ᠠᠯᠪᠠᠨ ᠭᠡᠷ᠎ᠢ ᠥᠪᠡᠷᠲᠡᠭᠡᠨ ᠵᠠᠰᠠᠬᠤ ᠣᠷᠣᠨ᠎ᠤ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠠᠵᠢᠯ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠳᠤ ᠲᠣᠬᠢᠷᠠᠭᠤᠯᠵᠤ᠂ ᠰᠢᠯᠭ᠋ᠠᠷᠠᠭᠤᠯᠤᠨ ᠲᠣᠭᠲᠠᠭ᠋ᠠᠬᠤ ᠺᠣᠮᠢᠰ᠎ᠤᠨ ᠠᠯᠪᠠᠨ ᠭᠡᠷ᠎ᠨᠢ  ᠰᠢᠯᠭ᠋ᠠᠷᠠᠭᠤᠯᠤᠨ ᠲᠣᠭᠲᠠᠭ᠋ᠠᠬᠤ ᠺᠣᠮᠢᠰ᠎ᠤᠨ ᠪᠣᠳᠠᠲᠠᠶ ᠬᠡᠷᠡᠭ ᠡᠷᠬᠢᠯᠡᠬᠦ ᠪᠠᠶ᠋ᠢᠭᠤᠯᠤᠮᠵᠢ ᠪᠣᠯᠵᠤ᠂ ᠲᠤᠰᠬᠠᠶ ᠠᠰᠢᠭ᠎ᠤᠨ ᠱᠠᠩᠨᠠᠯ᠎ᠢ ᠰᠢᠯᠭ᠋ᠠᠷᠠᠭᠤᠯᠤᠨ ᠰᠣᠩᠭᠣᠬᠤ ᠡᠳᠦᠷ ᠲᠤᠲᠤᠮ᠎ᠤᠨ ᠠᠵᠢᠯ᠎ᠢ ᠵᠣᠬᠢᠶᠠᠨ ᠪᠠᠶ᠋ᠢᠭᠤᠯᠬᠤ ᠪᠠ ᠵᠣᠬᠢᠴᠠᠭᠤᠯᠬᠤ ᠠᠵᠢᠯ᠎ᠢ  ᠬᠠᠷᠢᠭᠤᠴᠠᠨ᠂ ᠱᠠᠩᠨᠠᠯ ᠰᠢᠯᠭ᠋ᠠᠷᠠᠭᠤᠯᠤᠨ ᠲᠣᠭᠲᠠᠭ᠋ᠠᠬᠤ ᠠᠵᠢᠯ᠎ᠤᠨ ᠲᠥᠰᠦᠯ᠎ᠢ ᠲᠣᠭᠲᠠᠭ᠋ᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠶ ᠠᠰᠢᠭ᠎ᠤᠨ ᠱᠠᠩᠨᠠᠯ᠎ᠢ ᠰᠢᠯᠭ᠋ᠠᠷᠠᠭᠤᠯᠤᠨ ᠲᠣᠭᠲᠠᠭ᠋ᠠᠬᠤ ᠲᠤᠰᠬᠠᠶ ᠮᠡᠷᠭᠡᠵᠢᠯᠲᠡᠨ᠎ᠤ ᠬᠥᠮᠥᠷᠭᠡ ᠵᠢ ᠵᠣᠬᠢᠶᠠᠨ ᠪᠠᠶ᠋ᠢᠭᠤᠯᠵᠤ᠂ ᠲᠤᠰᠬᠠᠶ ᠮᠡᠷᠭᠡᠵᠢᠯᠲᠡᠨ᠎ᠤ ᠬᠥᠮᠥᠷᠭᠡ᠎ᠠᠴᠠ ᠲᠤᠰᠬᠠᠶ ᠮᠡᠷᠭᠡᠵᠢᠯᠲᠡᠨ᠎ᠢ ᠰᠣᠩᠭᠣᠨ ᠲᠤᠰᠬᠠᠶ ᠮᠡᠷᠭᠡᠵᠢᠯᠲᠡᠨ᠎ᠤ ᠳᠤᠭᠤᠶ᠋ᠢᠯᠠᠩ ᠪᠠᠶ᠋ᠢᠭᠤᠯᠵᠤ ᠰᠢᠯᠭ᠋ᠠᠷᠠᠭᠤᠯᠤᠨ ᠲᠣᠭᠲᠠᠭ᠋ᠠᠬᠤ ᠠᠵᠢᠯᠯᠠᠭ᠎ᠠ ᠥᠷᠨᠢᠭᠦᠯᠦᠨ᠎ᠡ᠃ ᠲᠤᠰᠬᠠᠶ ᠮᠡᠷᠭᠡᠵᠢᠯᠲᠡᠨ᠎ᠤ ᠬᠥᠮᠥᠷᠭᠡ ᠵᠢᠨ ᠪᠦᠷᠢᠯᠳᠦᠬᠦᠨ᠎ᠳᠤ ᠲᠤᠰᠬᠠᠶ ᠠᠰᠢᠭ᠎ᠤᠨ ᠬᠢᠨᠠᠨ ᠪᠠᠶ᠋ᠢᠴᠠᠭ᠋ᠠᠭᠴᠢ᠂ ᠮᠡᠷᠭᠡᠵᠢᠯ᠎ᠤᠨ ᠲᠤᠰᠬᠠᠶ ᠮᠡᠷᠭᠡᠵᠢᠯᠲᠡᠨ᠂ ᠠᠵᠤ ᠠᠬᠤᠶ ᠵᠢᠨ ᠲᠤᠰᠬᠠᠶ ᠮᠡᠷᠭᠡᠵᠢᠯᠲᠡᠨ᠂ ᠬᠠᠤᠯᠢ ᠴᠠᠭ᠋ᠠᠵᠠ ᠵᠢᠨ ᠲᠤᠰᠬᠠᠶ ᠮᠡᠷᠭᠡᠵᠢᠯᠲᠡᠨ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠠᠮᠢᠶᠠᠷᠤᠯᠲᠠ ᠵᠢᠨ ᠲᠤᠰᠬᠠᠶ ᠮᠡᠷᠭᠡᠵᠢᠯᠲᠡᠨ ᠵᠡᠷᠭᠡ ᠵᠢ ᠪᠠᠭᠲᠠᠭ᠋ᠠᠵᠤ᠂ ᠵᠢᠯ ᠪᠣᠯᠭ᠋ᠠᠨ  ᠵᠣᠬᠢᠬᠤ ᠬᠠᠷᠢᠴᠠᠯ ᠵᠶ᠋ᠠᠷ ᠰᠢᠨᠡᠳᠬᠡᠬᠦ ᠬᠡᠷᠡᠭᠲᠡᠶ᠃

     ᠵᠢᠷᠭᠤᠳᠤᠭ᠋ᠠᠷ ᠵᠦᠢ᠍ᠯ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠢ ᠠᠰᠢᠭ᠎ᠤᠨ ᠱᠠᠩᠨᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠰᠢᠯᠭ᠋ᠠᠷᠠᠭᠤᠯᠵᠤ᠂ ᠬᠤᠭᠤᠴᠠᠭ᠎ᠠ ᠪᠦᠷᠢ᠎ᠳᠤ ᠠᠯᠲᠠᠨ ᠱᠠᠩᠨᠠᠯ ᠣᠯᠭᠤᠬᠤ ᠵᠢ 5 ᠵᠦᠢ᠍ᠯ᠎ᠠᠴᠠ ᠬᠡᠲᠦᠷᠡᠭᠦᠯᠵᠦ ᠪᠣᠯᠬᠤ ᠦᠭᠡᠢ᠂  ᠡᠭᠦᠨ᠎ᠳᠤ ᠡᠭᠦᠳᠦᠯᠲᠡ ᠵᠢᠨ ᠲᠤᠰᠬᠠᠢ ᠠᠰᠢᠭ᠎ᠢ 80%᠎ᠠᠴᠠ ᠳᠣᠣᠷ᠎ᠠ ᠪᠠᠶ᠋ᠢᠯᠭ᠋ᠠᠵᠤ ᠪᠣᠯᠬᠤ ᠦᠭᠡᠢ᠂ ᠮᠥᠩᠭᠦᠨ ᠱᠠᠩᠨᠠᠯ᠎ᠢ 10 ᠵᠦᠢ᠍ᠯ᠎ᠠᠴᠠ ᠳᠤᠲᠠᠭᠤ ᠪᠠᠶ᠋ᠢᠯᠭ᠋ᠠᠵᠤ ᠪᠣᠯᠬᠤ ᠦᠭᠡᠢ᠂ ᠡᠭᠦᠨ᠎ᠳᠤ ᠡᠭᠦᠳᠦᠯᠲᠡ ᠵᠢᠨ ᠲᠤᠰᠬᠠᠢ ᠠᠰᠢᠭ᠎ᠢ 70 %᠎ᠠᠴᠠ ᠳᠤᠲᠠᠭᠤ ᠪᠠᠶ᠋ᠢᠯᠭ᠋ᠠᠵᠤ ᠪᠣᠯᠬᠤ ᠦᠭᠡᠢ᠂ ᠰᠢᠯᠢᠳᠡᠭ ᠱᠠᠩᠨᠠᠯ᠎ᠢ 20 ᠵᠦᠢ᠍ᠯ᠎ᠠᠴᠠ ᠬᠡᠲᠦᠷᠡᠭᠦᠯᠵᠦ ᠪᠣᠯᠬᠤ ᠦᠭᠡᠢ᠂ ᠡᠭᠦᠨ᠎ᠳᠤ ᠡᠭᠦᠳᠦᠯᠲᠡ ᠵᠢᠨ ᠲᠤᠰᠬᠠᠢ ᠠᠰᠢᠭ᠎ᠢ 60 %᠎ᠠᠴᠠ ᠳᠤᠲᠠᠭᠤ ᠪᠠᠶ᠋ᠢᠯᠭ᠋ᠠᠵᠤ ᠪᠣᠯᠬᠤ ᠦᠭᠡᠢ᠃

     ᠳᠣᠯᠣᠳᠤᠭ᠋ᠠᠷ ᠵᠦᠢ᠍ᠯ ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠢ ᠠᠰᠢᠭ᠎ᠤᠨ ᠱᠠᠩᠨᠠᠯ᠎ᠳᠤ ᠣᠷᠣᠯᠴᠠᠬᠤ᠎ᠳᠤ ᠳᠣᠣᠷᠠᠬᠢ ᠨᠥᠬᠦᠴᠡᠯ᠎ᠢ ᠪᠦᠷᠢᠳᠦᠭᠦᠯᠦᠭᠰᠡᠨ ᠪᠠᠶ᠋ᠢᠬᠤ ᠬᠡᠷᠡᠭᠲᠡᠢ᠄

(ᠨᠢᠭᠡ) ᠂  ᠲᠦᠷᠦᠭᠦᠦ ᠵᠢᠯ᠎ᠤᠨ 12 ᠰᠠᠷ᠎ᠠ ᠵᠢᠨ 31᠎ᠤ ᠡᠳᠦᠷ᠎ᠠᠴᠠ ᠡᠮᠦᠨ᠎ᠡ ᠤᠯᠤᠰ᠎ᠤᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠲᠣᠪᠴᠢᠶ᠎ᠠ᠎ᠠᠴᠠ ᠡᠷᠬᠡ ᠣᠯᠤᠭᠰᠠᠨ  ᠲᠤᠰᠬᠠᠢ ᠠᠰᠢᠭ (ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠲᠤᠰᠭ᠋ᠠᠢ ᠠᠱ᠌ᠢᠭ ᠪᠠᠭᠲᠠᠨ᠎ᠠ)᠂ ᠲᠡᠷᠡᠴᠢᠯᠡᠨ ᠡᠨᠡᠬᠦ ᠲᠤᠰᠬᠠᠢ ᠠᠰᠢᠭ᠎ᠤᠨ ᠡᠷᠬᠡ᠎ᠨᠢ  ᠬᠦᠴᠦᠨ᠎ᠲᠠᠢ ᠪᠥᠭᠡᠳ ᠲᠣᠭᠲᠠᠪᠤᠷᠢᠲᠠᠢ  ᠪᠠᠢ᠍ᠬᠤ ᠬᠡᠷᠡᠭᠲᠡᠢ ;

(  ᠬᠤᠶᠠᠷ) ᠲᠤᠰᠬᠠᠶ ᠠᠰᠢᠭ᠎ᠤᠨ ᠡᠷᠬᠡᠲᠦ  ᠬᠥᠮᠥᠨ ᠎ᠨᠢ  ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠬᠡᠪᠴᠢᠶᠡᠨ᠎ᠳᠤ  ᠬᠠᠤᠯᠢ ᠶᠣᠰᠣᠭ᠋ᠠᠷ ᠳᠠᠩᠰᠠᠯᠠᠭᠤᠯᠤᠭᠰᠠᠨ ᠨᠢᠭᠡᠴᠢ ᠪᠤᠶᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠩᠭᠤ ᠰᠠᠭᠤᠭ᠎ᠠ ᠬᠤᠪᠢ ᠬᠥᠮᠦᠨ  ᠪᠠᠢ᠍ᠵᠤ ᠂ ᠨᠠᠮ᠎ᠤᠨ ᠱᠤᠭᠤᠮ ᠴᠢᠭᠯᠡᠯᠲᠡ ᠲᠥᠷᠥ ᠵᠢᠨ ᠪᠣᠳᠣᠯᠭ᠎ᠠ ᠵᠢ ᠬᠦᠷᠢᠶᠡᠯᠡᠵᠦ᠂ ᠤᠯᠤᠰ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠵᠢᠷᠤᠮᠯᠠᠬᠤ  ᠬᠡᠷᠡᠭᠲᠡᠢ;

(  ᠭᠤᠷᠪᠠ )  ᠲᠤᠰᠬᠠᠢ ᠠᠰᠢᠭ᠎ᠤᠨ ᠪᠥᠬᠥ ᠡᠷᠬᠡᠲᠤ ᠬᠥᠮᠥᠨ᠎ᠨᠢ ᠮᠡᠳᠡᠭᠦᠯᠬᠦ ᠵᠢ ᠵᠥᠪᠰᠢᠶᠡᠷᠡᠭᠰᠡᠨ  ᠪᠠᠢ᠍ᠬᠤ ;

(ᠲᠦᠷᠪᠡ) ᠲᠤᠰᠬᠠᠢ ᠠᠰᠢᠭ ᠎ᠨᠢ  ᠰᠢᠨ᠎ᠡ ᠵᠢ ᠡᠭᠦᠳᠬᠦ ᠴᠢᠨᠠᠷ ᠵᠶ᠋ᠠᠷ ᠴᠢᠩᠭ᠎ᠠ᠂ ᠮᠡᠷᠭᠡᠵᠢᠯ᠎ᠤᠨ ᠬᠢᠷᠢ ᠬᠡᠮᠵᠢᠶ᠎ᠡ ᠥᠨᠳᠥᠷ ᠪᠤᠶᠤ ᠵᠢᠷᠤᠵᠤ ᠲᠥᠯᠥᠪᠯᠡᠭᠰᠡᠨ᠎ᠨᠢ ᠥᠪᠡᠷᠮᠢᠴᠡ ᠪᠥᠭᠡᠳ ᠬᠡᠷᠡᠭᠵᠢᠭᠦᠯᠦᠭᠰᠡᠨ᠎ᠤ ᠳᠠᠷᠠᠭ᠎ᠠ ᠢᠯᠡᠳᠲᠡ ᠠᠵᠤ ᠠᠬᠤᠢ ᠵᠢᠨ ᠦᠷ᠎ᠡ ᠠᠰᠢᠭ᠂ ᠨᠡᠶ᠋ᠢᠭᠡᠮ᠎ᠤᠨ ᠦᠷ᠎ᠡ ᠠᠰᠢᠭ ᠪᠤᠶᠤ ᠠᠮᠢ ᠠᠬᠤᠢ ᠵᠢᠨ ᠦᠷ᠎ᠡ ᠠᠰᠢᠭ  ᠣᠯᠬᠤ ;

(ᠲᠠᠪᠤ) ᠲᠤᠰᠬᠠᠢ ᠠᠰᠢᠭ ᠵᠢᠴᠢ ᠲᠡᠭᠦᠨ᠎ᠤ ᠦᠢ᠍ᠯᠡᠳᠭᠦᠨ᠎ᠨᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠰ ᠵᠢᠴᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠡᠷᠭᠡ ᠲᠦᠷᠦ ᠵᠢᠨ ᠪᠤᠳᠤᠯᠭ᠎ᠠ᠎ᠳᠤ ᠨᠡᠢ᠍ᠴᠡᠬᠦ  ᠬᠡᠷᠡᠭᠲᠡᠢ ;

(ᠵᠢᠷᠭᠤᠭ᠎ᠠ) ᠮᠡᠳᠡᠭᠦᠯᠦᠭᠰᠡᠨ ᠲᠤᠰᠬᠠᠶ ᠠᠰᠢᠭ᠎ᠨᠢ ᠡᠭᠦᠳᠦᠯᠲᠡ ᠵᠢᠨ ᠲᠤᠰᠬᠠᠶ ᠠᠰᠢᠭ ᠪᠠᠶ᠋ᠢᠪᠠᠯ᠂ ᠰᠢᠯᠢᠳᠡᠭ᠎ᠢ᠎ᠨᠢ ᠰᠣᠩᠭᠤᠨ ᠥᠨᠳᠥᠷ ᠥᠷᠲᠡᠭ᠎ᠲᠠᠢ ᠡᠭᠦᠳᠦᠯᠲᠡ ᠵᠢᠨ ᠲᠤᠰᠬᠠᠶ ᠠᠰᠢᠭ᠎ᠤᠨ ᠦᠨᠡᠯᠡᠯᠲᠡ᠎ᠳᠤ ᠣᠷᠣᠯᠴᠠᠭᠤᠯᠤᠨ᠎ᠠ᠃

(ᠳᠤᠯᠤᠭ᠎ᠠ) ᠲᠤᠰᠬᠠᠢ ᠠᠰᠢᠭ᠎ᠨᠢ ᠬᠠᠷᠢᠴᠠᠩᠭᠤᠢ ᠪᠦᠷᠢᠨ ᠲᠡᠭᠦᠯᠳᠡᠷ   ᠬᠠᠮᠠᠭ᠋ᠠᠯᠠᠯᠲᠠ ᠵᠢᠨ  ᠠᠷᠭ᠎ᠠ ᠬᠡᠮᠵᠢᠶ᠎ᠡ  ᠪᠠᠢ᠍ᠬᠤ  ᠬᠡᠷᠡᠭᠲᠡᠢ ᠃

     ᠨᠠᠢ᠍ᠮᠠᠳᠤᠭ᠋ᠠᠷ ᠵᠦᠢ᠍ᠯ ᠂ ᠳᠣᠣᠷ᠎ᠠ ᠵᠢᠭᠰᠠᠭ᠋ᠠᠭᠰᠠᠨ ᠪᠠᠢ᠍ᠳᠠᠯ᠎ᠤᠳ᠎ᠤᠨ ᠨᠢᠭᠡ᠎ᠨᠢ   ᠪᠠᠢ᠍ᠪᠠᠯ  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠢ ᠠᠰᠢᠭ᠎ᠤᠨ ᠱᠠᠩᠨᠠᠯ᠎ᠢ ᠰᠢᠯᠭ᠋ᠠᠷᠠᠭᠤᠯᠬᠤ᠎ᠳᠤ ᠣᠷᠣᠯᠴᠠᠵᠤ ᠪᠣᠯᠬᠤ ᠦᠭᠡᠢ ᠄

(ᠨᠢᠭᠡ) ᠲᠤᠰᠬᠠᠶ ᠠᠰᠢᠭ᠎ᠨᠢ  ᠨᠢᠭᠡᠨᠲᠡ ᠳᠤᠮᠳᠠᠳᠤ ᠤᠯᠤᠰ᠎ᠤᠨ ᠲᠤᠰᠬᠠᠶ ᠠᠰᠢᠭ᠎ᠤᠨ ᠱᠠᠩᠨᠠᠯ ᠪᠤᠶᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠶ ᠠᠰᠢᠭ᠎ᠤᠨ ᠱᠠᠩᠨᠠᠯ ᠬᠦᠷᠲᠡᠭᠰᠡᠨ ᠪᠠᠢ᠍ᠬᠤ;

(ᠬᠤᠶᠠᠷ) ᠲᠤᠰᠬᠠᠢ ᠠᠰᠢᠭ᠎ᠤᠨ ᠵᠦᠢ᠍ᠯᠡᠰ᠎ᠲᠤ ᠲᠤᠰᠬᠠᠢ ᠠᠰᠢᠭ᠎ᠤᠨ ᠡᠷᠬᠡ ᠵᠢᠨ ᠬᠠᠷᠢᠶᠠᠯᠠᠯ᠎ᠤᠨ ᠵᠢᠭᠤᠷᠠᠯᠳᠤᠭ᠋ᠠᠨ᠂ ᠲᠤᠰᠬᠠᠢ ᠠᠰᠢᠭ᠎ᠤᠨ ᠡᠷᠬᠡ ᠵᠢᠨ ᠬᠦᠴᠦᠨ ᠦᠭᠡᠢ ᠵᠢᠭᠤᠷᠠᠯᠳᠤᠭ᠋ᠠᠨ᠂ ᠡᠭᠦᠳᠦᠭᠴᠢ ᠪᠤᠶᠤ ᠵᠢᠷᠤᠵᠤ ᠲᠥᠯᠥᠪᠯᠡᠭᠴᠢ ᠵᠢᠨ ᠬᠣᠭᠣᠷᠣᠨᠳᠤ  ᠵᠢᠭᠤᠷᠠᠯᠳᠤᠭ᠋ᠠᠨ  ᠣᠷᠣᠰᠢᠭᠰᠠᠨ  ᠪᠠᠢ᠍ᠬᠤ ;

(ᠭᠤᠷᠪᠠ) ᠤᠯᠤᠰ᠎ᠤᠨ ᠪᠠᠳᠤᠯᠠᠨ ᠬᠠᠮᠠᠭ᠋ᠠᠯᠠᠯᠳᠠ ᠵᠢᠨ ᠲᠤᠰᠬᠠᠢ ᠠᠰᠢᠭ (ᠨᠢᠭᠤᠴᠠ ᠲᠠᠶ᠋ᠢᠯᠤᠭᠳᠠᠭᠰᠠᠨ᠎ᠨᠢ ᠡᠬᠦᠨ᠎ᠳᠤ ᠪᠠᠭᠳᠠᠬᠤ ᠦᠭᠡᠢ) ᠪᠤᠶᠤ ᠨᠢᠭᠤᠴᠠ ᠵᠢ ᠬᠠᠮᠠᠭ᠋ᠠᠯᠠᠬᠤ ᠲᠤᠰᠬᠠᠢ ᠠᠰᠢᠭ;

(ᠲᠦᠷᠪᠡ) ᠬᠠᠤᠯᠢ ᠴᠠᠭ᠋ᠠᠵᠠ᠂ ᠬᠠᠤᠯᠢ ᠳᠦᠷᠢᠮ  ᠵᠢᠴᠢ ᠳᠦᠷᠢᠮ ᠲᠣᠭᠲᠠᠭ᠋ᠠᠯ ᠵᠡᠷᠭᠡ ᠲᠣᠭᠲᠠᠭ᠋ᠠᠯ᠎ᠳᠤ ᠦᠯᠦ ᠲᠣᠬᠢᠷᠠᠬᠤ ᠪᠤᠰᠤᠳ ᠪᠠᠶ᠋ᠢᠳᠠᠯ᠃

     ᠶᠢᠰᠦᠳᠦᠭᠡᠷ ᠵᠤᠶ᠋ᠢᠯ ᠂ ᠨᠥᠬᠦᠴᠡᠯ᠎ᠳᠤ ᠨᠡᠶ᠋ᠢᠴᠡᠬᠦ ᠲᠤᠰᠬᠠᠶ ᠠᠰᠢᠭ᠎ᠤᠨ ᠡᠷᠬᠡᠲᠤ ᠬᠥᠮᠦᠨ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠶ ᠠᠰᠢᠭ᠎ᠤᠨ ᠱᠠᠩᠨᠠᠯ᠎ᠢ ᠭᠤᠶᠤᠴᠢᠯᠠᠨ ᠮᠡᠳᠡᠭᠦᠯᠬᠦ᠎ᠳᠤ ᠲᠠᠨᠢᠯᠴᠠᠭᠤᠯᠬᠤ ᠠᠷᠭ᠎ᠠ ᠮᠠᠶᠢᠭ᠎ᠢ ᠠᠪᠴᠤ ᠪᠣᠯᠤᠨ᠎ᠠ᠂ ᠳᠣᠤᠷᠠᠬᠢ ᠨᠢᠭᠡᠴᠢ ᠪᠤᠶᠤ ᠬᠤᠪᠢ ᠬᠥᠮᠦᠨ ᠪᠠᠲᠤᠯᠠᠨ ᠲᠠᠨᠢᠯᠴᠠᠭᠤᠯᠵᠤ ᠪᠣᠯᠤᠨ᠎ᠠ᠄

(ᠨᠢᠭᠡ) ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠮᠢᠶ᠎ᠠ  ᠪᠦᠬᠦᠢ ᠪᠦᠷᠢᠯᠳᠦᠬᠦᠨ ᠰᠠᠯᠠᠭ᠎ᠠ ᠮᠥᠴᠢᠷ᠂ ᠰᠢᠭᠤᠳ ᠬᠠᠷᠢᠶ᠎ᠠ ᠪᠠᠢ᠍ᠭᠤᠯᠭ᠎ᠠ  ᠵᠢᠴᠢ ᠳᠡᠭᠡᠳᠦ ᠵᠡᠷᠭᠡ ᠵᠢᠨ ᠰᠤᠷᠭ᠋ᠠᠭᠤᠯᠢ᠂ ᠰᠢᠨᠵᠢᠯᠡᠬᠦ ᠤᠬᠠᠭ᠋ᠠᠨ ᠰᠤᠳᠤᠯᠤᠯ᠎ᠤᠨ ᠬᠦᠷᠢᠶᠡᠯᠡᠩ᠎ᠤᠨ  ᠭᠠᠵᠠᠷ ;

(ᠬᠤᠶᠠᠷ) ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠠᠺᠠᠳᠧᠮᠢᠴᠢ᠂ ᠳᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ᠎ᠤᠨ ᠠᠺᠠᠳᠧᠮᠢᠴᠢ ;

(ᠭᠤᠷᠪᠠ) ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠂ ᠡᠪᠯᠡᠯ᠎ᠤᠨ ᠬᠤᠷᠢᠶ᠎ᠠ ᠂ ᠡᠮᠡᠭᠲᠡᠶ᠋ᠢᠴᠦᠳ᠎ᠤᠨ ᠬᠤᠯᠪᠣᠭ᠎ᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠡᠶ᠋ᠢᠭᠡᠮᠯᠢᠭ᠂ ᠵᠡᠮᠳᠡᠭᠴᠦᠳ᠎ᠤᠨ ᠬᠤᠯᠪᠣᠭ᠎ᠠ᠂ ᠦᠢ᠍ᠯᠡᠳᠪᠦᠷᠢ ᠬᠤᠳᠠᠯᠳᠤᠭ᠋ᠠᠨ᠎ᠤ ᠬᠤᠯᠪᠣᠭ᠎ᠠ ᠵᠡᠷᠭᠡ ᠥᠪᠡᠷᠲᠡᠭᠡᠨ ᠵᠠᠰᠠᠬᠤ ᠣᠷᠣᠨ᠎ᠤ ᠳᠡᠰ ᠦ᠋᠊ᠨ  ᠤᠯᠠᠨ ᠲᠦᠮᠡᠨ᠎ᠤ ᠪᠦᠯᠬᠦᠮ᠎ᠤᠨ ᠵᠣᠬᠢᠶᠠᠨ ᠪᠠᠶ᠋ᠢᠭᠤᠯᠤᠯᠲᠠ;

(ᠲᠦᠷᠪᠡ) ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠠᠵᠢᠯ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ;

(ᠲᠠᠪᠤ) ᠥᠪᠡᠷᠲᠡᠭᠡᠨ ᠵᠠᠰᠠᠬᠤ ᠣᠷᠣᠨ᠎ᠤ ᠳᠡᠰ ᠦ᠋᠊ᠨ  ᠬᠠᠮᠢᠶ᠎ᠠ ᠪᠦᠬᠦᠢ ᠠᠵᠢᠯ ᠲᠥᠷᠥᠯ᠎ᠤᠨ ᠨᠡᠶ᠋ᠢᠭᠡᠮᠯᠢᠭ᠂ ᠡᠷᠳᠡᠮ ᠰᠢᠨᠵᠢᠯᠡᠭᠡᠨ᠎ᠤ ᠨᠡᠶ᠋ᠢᠭᠡᠮᠯᠢᠭ᠂ ᠰᠤᠳᠤᠯᠭ᠋ᠠᠨ᠎ᠤ ᠨᠡᠶ᠋ᠢᠭᠡᠮᠯᠢᠭ᠃

ᠲᠤᠰᠬᠠᠶ ᠠᠰᠢᠭ᠎ᠤᠨ ᠡᠷᠭᠡᠲᠦ  ᠬᠥᠮᠥᠨ ᠎ᠨᠢ  ᠤᠯᠤᠰ᠂ ᠥᠪᠡᠷᠲᠡᠭᠡᠨ ᠵᠠᠰᠠᠬᠤ ᠣᠷᠣᠨ᠎ᠤ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠳᠠᠪᠠᠭᠤᠯᠢᠭ ᠵᠢᠱ᠌ᠢᠶ᠎ᠡ ᠦᠵᠡᠭᠦᠯᠬᠦ ᠠᠵᠤ ᠠᠬᠤᠶ᠋ᠢᠯᠠᠯ ᠪᠤᠶᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠩᠭᠤ ᠰᠠᠭᠤᠭ᠎ᠠ ᠬᠤᠪᠢ ᠬᠥᠮᠦᠨ᠎ᠨᠢ ᠪᠠᠰᠠ ᠥᠪᠡᠷ᠎ᠢ᠎ᠪᠠᠨ  ᠲᠠᠨᠢᠯᠴᠠᠭᠤᠯᠬᠤ ᠠᠷᠭ᠎ᠠ ᠮᠠᠶᠢᠭ᠎ᠢ ᠠᠪᠴᠤ ᠰᠢᠯᠭ᠋ᠠᠷᠠᠭᠤᠯᠤᠯᠲᠠ᠎ᠳᠤ ᠣᠷᠣᠯᠴᠠᠵᠤ ᠪᠣᠯᠤᠨ᠎ᠠ᠃

     ᠠᠷᠪᠠᠳᠤᠭ᠋ᠠᠷ ᠵᠦᠢ᠍ᠯ ᠂  ᠲᠠᠨᠢᠯᠴᠠᠭᠤᠯᠬᠤ  ᠠᠷᠭ᠎ᠠ ᠮᠠᠶᠢᠭ ᠵᠶ᠋ᠠᠷ ᠰᠢᠯᠭ᠋ᠠᠷᠠᠭᠤᠯᠬᠤ᠎ᠳᠤ ᠣᠷᠣᠯᠴᠠᠭᠰᠠᠨ  ᠲᠣᠬᠢᠶᠠᠯᠳᠤᠯ᠎ᠳᠤ᠂ ᠪᠠᠲᠤᠯᠠᠨ ᠲᠠᠨᠢᠯᠴᠠᠭᠤᠯᠤᠭᠰᠠᠨ ᠨᠢᠭᠡᠴᠢ ᠪᠠ ᠬᠤᠪᠢ ᠬᠥᠮᠦᠨ ᠮᠡᠳᠡᠭᠦᠯᠦᠭᠰᠡᠨ ᠮᠠᠲ᠋ᠧᠷᠢᠶᠠᠯ᠎ᠳᠤ ᠬᠢᠨᠠᠨ ᠪᠠᠶ᠋ᠢᠴᠠᠭ᠋ᠠᠯᠲᠠ ᠬᠢᠬᠦ ᠵᠢᠨ ᠬᠠᠮᠲᠤ᠂ ᠲᠤᠬᠠᠶ ᠵᠢᠨ ᠵᠢᠯ᠎ᠤᠨ ᠭᠤᠶᠤᠴᠢᠯᠠᠨ ᠮᠡᠳᠡᠭᠦᠯᠬᠦ ᠠᠯᠪᠠᠨ ᠵᠠᠷ᠎ᠤᠨ ᠱᠠᠭ᠋ᠠᠷᠳᠠᠯᠭ᠎ᠠ ᠵᠢ ᠦᠨᠳᠦᠰᠦᠯᠡᠨ ᠰᠢᠯᠢᠳᠡᠭ᠎ᠢ᠎ᠨᠢ ᠰᠢᠯᠭ᠋ᠠᠷᠠᠭᠤᠯᠤᠨ ᠲᠣᠭᠲᠠᠭ᠋ᠠᠬᠤ ᠺᠣᠮᠢᠰ᠎ᠤᠨ ᠠᠯᠪᠠᠨ ᠭᠡᠷ᠎ᠲᠤ ᠪᠠᠲᠤᠯᠠᠨ ᠲᠠᠨᠢᠯᠴᠠᠭᠤᠯᠵᠤ ᠭᠤᠶᠤᠴᠢᠯᠠᠨ ᠮᠡᠳᠡᠭᠦᠯᠬᠦ ᠬᠡᠷᠡᠭᠲᠡᠶ᠃ ᠥᠪᠡᠷ᠎ᠢ᠎ᠪᠠᠨ ᠲᠠᠨᠢᠯᠴᠠᠭᠤᠯᠬᠤ ᠠᠷᠭ᠎ᠠ ᠮᠠᠶᠢᠭ ᠵᠶ᠋ᠠᠷ ᠰᠢᠯᠭ᠋ᠠᠷᠠᠭᠤᠯᠤᠯᠲᠠ᠎ᠳᠤ ᠣᠷᠣᠯᠴᠠᠭᠰᠠᠨ ᠠᠵᠤ ᠠᠬᠤᠶ᠋ᠢᠯᠠᠯ ᠪᠤᠶᠤ ᠬᠤᠪᠢ ᠬᠥᠮᠦᠨ᠂ ᠰᠢᠯᠭ᠋ᠠᠷᠠᠭᠤᠯᠬᠤ ᠺᠣᠮᠢᠰ᠎ᠤᠨ ᠠᠯᠪᠠᠨ ᠭᠡᠷ᠎ᠲᠤ ᠰᠢᠭᠤᠳ ᠮᠡᠳᠡᠭᠦᠯᠵᠦ ᠪᠣᠯᠤᠨ᠎ᠠ᠃

     ᠠᠷᠪᠠᠨ ᠨᠢᠭᠡᠳᠦᠭᠡᠷ ᠵᠦᠢ᠍ᠯ ᠂ ᠰᠢᠯᠭ᠋ᠠᠷᠠᠭᠤᠯᠬᠤ ᠺᠣᠮᠢᠰ᠎ᠤᠨ ᠠᠯᠪᠠᠨ ᠭᠡᠷ᠎ᠨᠢ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ᠎ᠳᠤ ᠬᠡᠯᠪᠡᠷᠢ ᠵᠢᠨ ᠬᠢᠨᠠᠨ ᠪᠠᠶ᠋ᠢᠴᠠᠭ᠋ᠠᠯᠲᠠ ᠬᠢᠵᠦ᠂ ᠨᠥᠬᠥᠴᠡᠯ᠎ᠳᠤ ᠨᠡᠶ᠋ᠢᠴᠡᠬᠦ ᠵᠢ᠎ᠨᠢ ᠲᠤᠰᠬᠠᠶ ᠠᠰᠢᠭ᠎ᠤᠨ ᠲᠥᠷᠥᠯ ᠬᠡᠯᠪᠡᠷᠢ᠂ ᠮᠡᠷᠭᠡᠵᠢᠯ᠎ᠤᠨ ᠬᠦᠷᠢᠶ᠎ᠡ ᠬᠡᠪᠴᠢᠶ᠎ᠡ ᠵᠡᠷᠭᠡ᠎ᠪᠠᠷ ᠬᠤᠷᠢᠶᠠᠩᠭᠤᠶ᠋ᠢᠯᠠᠨ ᠲᠥᠷᠥᠯ ᠬᠤᠪᠢᠶᠠᠬᠤ ᠬᠡᠷᠡᠭᠲᠡᠶ᠃ ᠲᠥᠷᠥᠯ ᠬᠤᠪᠢᠶᠠᠨ ᠬᠤᠷᠢᠶᠠᠩᠭᠤᠶ᠋ᠢᠯᠠᠵᠤ ᠲᠥᠷᠥᠯ ᠬᠤᠪᠢᠶᠠᠭᠰᠠᠨ ᠪᠠᠶ᠋ᠢᠳᠠᠯ ᠵᠶ᠋ᠠᠨ ᠦᠨᠳᠦᠰᠦᠯᠡᠨ᠂ ᠵᠣᠬᠢᠬᠤ ᠲᠤᠰᠬᠠᠶ ᠮᠡᠷᠭᠡᠵᠢᠯ᠎ᠤᠨ ᠬᠢᠨᠠᠨ ᠲᠣᠭᠲᠠᠭ᠋ᠠᠬᠤ ᠳᠤᠭᠤᠶ᠋ᠢᠯᠠᠩ ᠪᠠᠶ᠋ᠢᠭᠤᠯᠵᠤ ᠠᠩᠬᠠᠨ᠎ᠤ ᠰᠢᠯᠭ᠋ᠠᠷᠠᠭᠤᠯᠤᠯᠲᠠ ᠬᠢᠬᠦ ᠬᠡᠷᠡᠭᠲᠡᠶ᠃

     ᠠᠷᠪᠠᠨ ᠬᠤᠶᠠᠳᠤᠭ᠋ᠠᠷ ᠵᠦᠢ᠍ᠯ᠂  ᠰᠢᠯᠭ᠋ᠠᠷᠠᠭᠤᠯᠬᠤ ᠺᠣᠮᠢᠰ᠎ᠤᠨ ᠠᠯᠪᠠᠨ ᠬᠡᠷ᠎ᠨᠢ ᠠᠩᠬ᠎ᠠ ᠦᠨᠡᠯᠡᠭᠰᠡᠨ ᠪᠠᠶ᠋ᠢᠳᠠᠯ᠎ᠢ ᠦᠨᠳᠦᠰᠦᠯᠡᠨ᠂ ᠱᠠᠩᠨᠠᠯ ᠭᠥᠷᠳᠡᠬᠦ᠎ᠪᠠᠷ ᠪᠠᠶ᠋ᠢᠭ᠎ᠠ ᠲᠥᠷᠥᠯ ᠵᠦᠢ᠍ᠯ᠎ᠤᠨ ᠰᠠᠨᠠᠭᠤᠯᠭ᠎ᠠ ᠵᠢᠨ ᠨᠡᠷᠡᠰ ᠵᠢᠴᠢ ᠱᠠᠩᠨᠠᠯ᠎ᠤᠨ ᠲᠠᠰ᠎ᠢ ᠭᠠᠷᠭ᠋ᠠᠨ ᠂ ᠰᠢᠯᠭ᠋ᠠᠷᠠᠭᠤᠯᠬᠤ ᠺᠣᠮᠢᠰ᠎ᠲᠤ ᠮᠡᠳᠡᠭᠦᠯᠦᠨ ᠬᠢᠨᠠᠨ ᠲᠣᠭᠲᠠᠭ᠋ᠠᠯᠭ᠋ᠠᠨ᠎ᠠ᠃

     ᠠᠷᠪᠠᠨ ᠭᠤᠷᠪᠠᠳᠤᠭ᠋ᠠᠷ ᠵᠦᠢ᠍ᠯ᠂  ᠰᠢᠯᠭ᠋ᠠᠷᠠᠭᠤᠯᠤᠨ ᠲᠣᠭᠲᠠᠭ᠋ᠠᠬᠤ ᠺᠣᠮᠢᠰ ᠪᠦᠭᠦᠳᠡ ᠬᠤᠷᠠᠯ ᠬᠤᠷᠠᠯᠳᠤᠭᠤᠯᠵᠤ᠂ ᠱᠠᠩᠨᠠᠯ ᠣᠯᠬᠤ᠎ᠪᠠᠷ ᠪᠠᠶ᠋ᠢᠭ᠎ᠠ ᠲᠥᠷᠥᠯ ᠵᠦᠢ᠍ᠯ᠎ᠤᠨ ᠰᠠᠨᠠᠭᠤᠯᠭ᠎ᠠ ᠵᠢᠨ ᠨᠡᠷᠡᠰ ᠵᠢᠴᠢ ᠱᠠᠩᠨᠠᠯ᠎ᠤᠨ ᠳᠡᠰ᠎ᠢ ᠬᠠᠮᠲᠤ᠎ᠪᠠᠷ ᠬᠢᠨᠠᠨ ᠲᠣᠭᠲᠠᠭ᠋ᠠᠵᠤ᠂ ᠱᠠᠩᠨᠠᠯ ᠣᠯᠭᠣᠬᠤ᠎ᠪᠠᠷ ᠪᠠᠶ᠋ᠢᠭ᠎ᠠ ᠨᠡᠷᠡᠰ᠎ᠢ ᠲᠣᠭᠲᠠᠭ᠋ᠠᠨ᠎ᠠ᠃

     ᠠᠷᠪᠠᠨ ᠳᠥᠷᠪᠡᠳᠦᠭᠡᠷ ᠵᠦᠢ᠍ᠯ᠂  ᠰᠢᠯᠭ᠋ᠠᠷᠠᠭᠤᠯᠬᠤ ᠺᠣᠮᠢᠰ᠎ᠤᠨ ᠠᠯᠪᠠᠨ ᠭᠡᠷ ᠱᠠᠩᠨᠠᠯ ᠬᠦᠷᠲᠡᠬᠦ ᠨᠡᠷᠡᠰ᠎ᠢ ᠥᠪᠡᠷᠲᠡᠭᠡᠨ ᠵᠠᠰᠠᠬᠤ ᠣᠷᠣᠨ᠎ᠤ ᠮᠡᠳᠡᠯᠭᠡ ᠵᠢᠨ ᠪᠦᠲᠦᠭᠡᠭᠳᠡᠬᠦᠨ᠎ᠤ  ᠥᠮᠴᠢᠯᠡᠬᠦ ᠡᠷᠬᠡ ᠵᠢᠨ ᠠᠵᠢᠯ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ ᠵᠢᠨ ᠰᠦᠯᠵᠢᠶᠡᠨ ᠳᠡᠭᠡᠷ᠎ᠡ ᠢᠯᠡ ᠨᠡᠶ᠋ᠢᠲᠡᠯᠡᠵᠦ᠂ ᠢᠯᠡ ᠨᠡᠶ᠋ᠢᠲᠡᠯᠡᠬᠦ ᠬᠤᠭᠤᠴᠠᠭ᠎ᠠ᠎ᠨᠢ 15 ᠡᠳᠦᠷ ᠪᠣᠯᠤᠨ᠎ᠠ᠃ᠨᠢᠭᠡᠴᠢ ᠪᠤᠶᠤ ᠬᠤᠪᠢ ᠬᠥᠮᠦᠨ ᠱᠠᠩᠨᠠᠯ ᠣᠯᠬᠤ᠎ᠪᠠᠷ ᠪᠠᠶ᠋ᠢᠭ᠎ᠠ ᠨᠡᠷᠡᠰ᠎ᠲᠤ ᠰᠠᠨᠠᠯ᠎ᠲᠠᠢ ᠪᠣᠯ ᠵᠠᠷᠯᠠᠨ ᠨᠡᠶ᠋ᠢᠲᠡᠯᠡᠬᠦ ᠬᠤᠭᠤᠴᠠᠭ᠋ᠠᠨ᠎ᠳᠤ ᠬᠢᠨᠠᠨ ᠲᠣᠭᠲᠠᠭ᠋ᠠᠬᠤ ᠺᠣᠮᠢᠰ᠎ᠤᠨ ᠠᠯᠪᠠᠨ ᠭᠡᠷ᠎ᠲᠤ ᠪᠢᠴᠢᠭ᠎ᠤᠨ ᠬᠡᠯᠪᠡᠷᠢ᠎ᠪᠠᠷ ᠳᠤᠷᠠᠳᠴᠤ ᠪᠣᠯᠤᠨ᠎ᠠ᠃

     ᠠᠷᠪᠠᠨ ᠲᠠᠪᠤᠳᠤᠭ᠋ᠠᠷ ᠵᠦᠢ᠍ᠯ᠂  ᠰᠢᠯᠭ᠋ᠠᠷᠠᠭᠤᠯᠤᠨ ᠲᠣᠭᠲᠠᠭ᠋ᠠᠬᠤ ᠺᠣᠮᠢᠰ᠎ᠤᠨ ᠠᠯᠪᠠᠨ ᠭᠡᠷ᠎ᠨᠢ ᠴᠠᠭ ᠲᠤᠬᠠᠶ᠎ᠳᠤᠨᠢ ᠰᠠᠨᠠᠯ ᠦ᠋᠎ᠤᠨ᠎ᠢ  ᠬᠠᠷᠭᠤᠭᠤᠯᠤᠨ ᠪᠠᠶ᠋ᠢᠴᠠᠭ᠋ᠠᠵᠤ᠂ ᠰᠢᠢ᠍ᠳᠪᠦᠷᠢᠯᠡᠬᠦ  ᠰᠠᠨᠠᠭᠤᠯᠭ᠎ᠠ ᠳᠤᠷᠠᠳᠬᠤ ᠵᠢᠨ ᠬᠠᠮᠲᠤ ᠰᠢᠯᠭ᠋ᠠᠷᠠᠭᠤᠯᠤᠨ ᠲᠣᠭᠲᠠᠭ᠋ᠠᠬᠤ ᠺᠣᠮᠢᠰ᠎ᠲᠤ ᠮᠡᠳᠡᠭᠦᠯᠦᠨ ᠬᠦᠷᠭᠡᠬᠦ ᠬᠡᠷᠡᠭᠲᠡᠶ᠃ ᠰᠢᠯᠭ᠋ᠠᠷᠠᠭᠤᠯᠤᠨ ᠲᠣᠭᠲᠠᠭ᠋ᠠᠬᠤ ᠺᠣᠮᠢᠰ ᠰᠠᠨᠠᠯ᠎ᠢ ᠬᠢᠨᠠᠨ ᠬᠠᠷᠭᠤᠭᠤᠯᠤᠭᠰᠠᠨ ᠪᠠᠶ᠋ᠢᠳᠠᠯ ᠵᠶ᠋ᠠᠨ ᠦᠨᠳᠦᠰᠦᠯᠡᠨ  ᠰᠢᠢ᠍ᠳᠪᠦᠷᠢᠯᠡᠬᠦ  ᠲᠣᠭᠲᠠᠭ᠋ᠠᠯ ᠭᠠᠷᠭ᠋ᠠᠬᠤ ᠬᠡᠷᠡᠭᠲᠡᠶ᠃ ᠰᠢᠯᠭ᠋ᠠᠷᠠᠭᠤᠯᠤᠨ ᠲᠣᠭᠲᠠᠭ᠋ᠠᠬᠤ ᠺᠣᠮᠢᠰ᠎ᠤᠨ ᠠᠯᠪᠠᠨ ᠭᠡᠷ 15 ᠡᠳᠦᠷ᠎ᠤᠨ ᠳᠣᠲᠣᠷ᠎ᠠ ᠰᠢᠢ᠍ᠳᠪᠦᠷᠢᠯᠡᠭᠰᠡᠨ  ᠲᠣᠭᠲᠠᠭ᠋ᠠᠯ ᠵᠶ᠋ᠠᠨ  ᠰᠠᠨᠠᠯ ᠮᠡᠳᠡᠭᠦᠯᠦᠭᠰᠡᠨ ᠲᠠᠯ᠎ᠠ᠂  ᠭᠤᠶᠤᠴᠢᠯᠠᠭᠰᠠᠨ  ᠲᠠᠯ᠎ᠠ  ᠪᠠ ᠲᠠᠨᠢᠯᠴᠠᠭᠤᠯᠤᠭᠰᠠᠨ ᠡᠲᠡᠭᠡᠳ᠎ᠲᠤ ᠮᠡᠳᠡᠭᠳᠡᠬᠦ ᠬᠡᠷᠡᠭᠲᠡᠶ᠃

     ᠠᠷᠪᠠᠨ ᠵᠢᠷᠭᠤᠳᠤᠭ᠋ᠠᠷ ᠵᠦᠢ᠍ᠯ᠂  ᠢᠯᠡ ᠵᠠᠷᠯᠠᠭ᠋ᠠᠳ  ᠣᠨᠳᠣᠣ ᠰᠠᠨᠠᠯ ᠦᠭᠡᠢ ᠪᠤᠶᠤ   ᠰᠠᠨᠠᠯ᠎ᠢ ᠰᠢᠢ᠍ᠳᠪᠦᠷᠢᠯᠡᠵᠦ ᠳᠠᠭᠤᠰᠤᠭᠰᠠᠨ᠎ᠤ ᠳᠠᠷᠠᠭ᠎ᠠ᠂ ᠬᠢᠨᠠᠨ ᠲᠣᠭᠲᠠᠭ᠋ᠠᠬᠤ ᠺᠣᠮᠢᠰ᠎ᠤᠨ ᠠᠯᠪᠠᠨ ᠭᠡᠷ᠎ᠠᠴᠠ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠢ ᠠᠰᠢᠭ᠎ᠤᠨ ᠱᠠᠩᠨᠠᠯ᠎ᠤᠨ ᠱᠠᠩᠨᠠᠯ ᠬᠦᠷᠲᠡᠬᠦ ᠨᠡᠷᠡᠰ᠎ᠢ ᠥᠪᠡᠷᠲᠡᠭᠡᠨ ᠵᠠᠰᠠᠬᠤ ᠣᠷᠣᠨ᠎ᠤ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠠᠵᠢᠯ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠳᠤ ᠮᠡᠳᠡᠭᠦᠯᠦᠨ ᠵᠥᠪᠰᠢᠶᠡᠷᠡᠭᠦᠯᠦᠭᠰᠡᠨ᠎ᠤ ᠳᠠᠷᠠᠭ᠎ᠠ ᠨᠡᠶ᠋ᠢᠭᠡᠮ ᠨᠡᠢ᠍ᠲᠡ᠎ᠳᠤ ᠵᠠᠷᠯᠠᠨ᠎ᠠ ᠃

     ᠠᠷᠪᠠᠨ ᠳᠣᠯᠣᠳᠤᠭ᠋ᠠᠷ ᠵᠦᠢ᠍ᠯ᠂  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠶ ᠠᠰᠢᠭ᠎ᠤᠨ ᠱᠠᠩᠨᠠᠯ᠎ᠢ ᠥᠪᠡᠷᠲᠡᠭᠡᠨ ᠵᠠᠰᠠᠬᠤ ᠣᠷᠣᠨ᠎ᠤ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠠᠵᠢᠯ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠠᠴᠠ ᠦᠨᠡᠮᠯᠡᠯ ᠣᠯᠭᠣᠵᠤ᠂ ᠪᠡᠯᠡ ᠮᠥᠩᠭᠥ ᠵᠢᠨ ᠲᠤᠰᠠᠯᠠᠮᠵᠢ ᠬᠠᠩᠭ᠋ᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠶ ᠠᠰᠢᠭ᠎ᠤᠨ ᠠᠯᠲᠠᠨ ᠱᠠᠩᠨᠠᠯ᠎ᠢ ᠣᠯᠤᠭᠰᠠᠨ ᠲᠤᠰᠬᠠᠶ ᠠᠰᠢᠭ᠎ᠤᠨ ᠡᠷᠬᠡᠲᠦ ᠬᠥᠮᠦᠨ᠎ᠳᠤ 30 ᠲᠦᠮᠡᠨ ᠲᠥᠭᠥᠷᠢᠭ᠎ᠤᠨ ᠪᠡᠯᠡ ᠮᠥᠩᠭᠥ᠎ᠪᠠᠷ  ᠲᠤᠰᠠᠯᠠᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠶ ᠠᠰᠢᠭ᠎ᠤᠨ ᠮᠦᠩᠭᠦᠨ  ᠱᠠᠩᠨᠠᠯ᠎ᠢ ᠣᠯᠤᠭᠰᠠᠨ ᠲᠤᠰᠬᠠᠶ ᠠᠰᠢᠭ᠎ᠤᠨ ᠡᠷᠬᠡᠲᠦ ᠬᠥᠮᠦᠨ᠎ᠳᠤ 20 ᠲᠦᠮᠡᠨ ᠲᠥᠭᠥᠷᠢᠭ᠎ᠤᠨ ᠪᠡᠯᠡ ᠮᠥᠩᠭᠥ ᠵᠢᠨ ᠲᠤᠰᠠᠯᠠᠮᠵᠢ ᠣᠯᠭᠣᠨ᠎ᠠ; ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠶ ᠠᠰᠢᠭ᠎ᠤᠨ ᠰᠢᠯᠢᠳᠡᠭ ᠱᠠᠩᠨᠠᠯ ᠣᠯᠤᠭᠰᠠᠨ ᠲᠤᠰᠬᠠᠶ ᠠᠰᠢᠭ᠎ᠤᠨ ᠡᠷᠬᠡᠲᠦ ᠬᠥᠮᠦᠨ᠎ᠳᠤ 10 ᠲᠦᠮᠡᠨ ᠲᠥᠭᠥᠷᠢᠭ᠎ᠤᠨ ᠪᠡᠯᠡ ᠮᠥᠩᠭᠥ ᠵᠢᠨ ᠲᠤᠰᠠᠯᠠᠮᠵᠢ ᠣᠯᠭᠣᠨ᠎ᠠ᠃

     ᠠᠷᠪᠠᠨ ᠨᠠᠢ᠍ᠮᠠᠳᠤᠭ᠋ᠠᠷ  ᠵᠦᠢ᠍ᠯ᠂  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠶ ᠠᠰᠢᠭ᠎ᠤᠨ ᠠᠯᠲᠠᠨ ᠱᠠᠩᠨᠠᠯ᠂ ᠮᠥᠩᠭᠥᠨ ᠱᠠᠩᠨᠠᠯ᠂ ᠰᠢᠯᠢᠳᠡᠭ ᠱᠠᠩᠨᠠᠯ᠎ᠢ ᠣᠯᠤᠭᠰᠠᠨ ᠲᠤᠰᠬᠠᠶ ᠠᠰᠢᠭ᠎ᠤᠨ ᠡᠷᠬᠡᠲᠦ  ᠬᠥᠮᠦᠨ᠎ᠨᠢ᠂ ᠲᠤᠰᠠᠯᠠᠮᠵᠢ ᠵᠢᠨ ᠪᠡᠯᠡ ᠮᠥᠩᠭᠥ᠎ᠪᠠᠨ ᠳᠣᠤᠷᠠᠬᠢ ᠬᠠᠷᠢᠴᠠᠯ᠎ᠤᠨ ᠶᠣᠰᠣᠭ᠋ᠠᠷ ᠱᠠᠩᠨᠠᠯ ᠣᠯᠤᠭᠰᠠᠨ ᠲᠥᠷᠥᠯ ᠵᠦᠢ᠍ᠯ᠎ᠤᠨ ᠡᠭᠦᠳᠦᠭᠴᠢ ᠪᠤᠶᠤ ᠵᠢᠷᠤᠵᠤ ᠲᠥᠯᠥᠪᠯᠡᠭᠴᠢ ᠵᠢᠴᠢ ᠲᠤᠰ ᠲᠥᠷᠥᠯ᠎ᠤᠨ ᠲᠤᠰᠬᠠᠶ ᠠᠰᠢᠭ᠎ᠤᠨ ᠮᠡᠷᠭᠡᠵᠢᠯ᠎ᠢ ᠬᠡᠷᠡᠭᠵᠢᠭᠦᠯᠬᠦ᠎ᠳᠤ ᠪᠣᠳᠠᠲᠠᠶ ᠬᠤᠪᠢ ᠨᠡᠮᠡᠷᠢ ᠦᠵᠡᠭᠦᠯᠦᠭᠰᠡᠨ   ᠨᠢᠭᠡᠴᠢ ᠪᠠ ᠬᠤᠪᠢ ᠬᠥᠮᠦᠨ᠎ᠳᠤ  ᠬᠤᠪᠢᠶᠠᠷᠢᠯᠠᠨ᠎ᠠ᠄

(ᠨᠢᠭᠡ) ᠱᠠᠩᠨᠠᠯ ᠣᠯᠤᠭᠰᠠᠨ ᠲᠥᠷᠥᠯ ᠵᠦᠢ᠍ᠯ᠎ᠤᠨ ᠲᠤᠰᠬᠠᠶ ᠠᠰᠢᠭ᠎ᠤᠨ ᠡᠭᠦᠳᠦᠭᠴᠢ ᠪᠤᠶᠤ ᠵᠢᠷᠤᠭ ᠲᠥᠯᠥᠪᠯᠡᠭᠡ ᠵᠢᠨ ᠬᠥᠮᠦᠨ᠎ᠳᠤ 50%᠎ᠠᠴᠠ ᠳᠤᠲᠠᠭᠤ ᠦᠭᠡᠢ᠎ᠪᠠᠷ  ᠲᠤᠰᠠᠯᠠᠮᠵᠢ ᠣᠯᠭᠣᠨ᠎ᠠ᠃

(ᠬᠤᠶᠠᠷ) ᠲᠣᠰ ᠲᠤᠰᠬᠠᠶ ᠠᠰᠢᠭ᠎ᠤᠨ ᠮᠡᠷᠭᠡᠵᠢᠯ᠎ᠢ ᠬᠡᠷᠡᠭᠵᠢᠭᠦᠯᠬᠦ᠎ᠳᠤ ᠪᠣᠳᠠᠲᠠᠶ ᠬᠤᠪᠢ ᠨᠡᠮᠡᠷᠢ ᠦᠵᠡᠭᠦᠯᠦᠭᠰᠡᠨ ᠨᠢᠭᠡᠴᠢ ᠪᠠ ᠬᠤᠪᠢ ᠬᠥᠮᠦᠨ᠎ᠳᠤ 20% ᠵᠢᠨ ᠬᠠᠷᠢᠴᠠᠯ ᠵᠶ᠋ᠠᠷ ᠲᠤᠰᠠᠯᠠᠮᠵᠢ ᠣᠯᠭᠣᠨ᠎ᠠ;

(ᠭᠤᠷᠪᠠ) ᠪᠤᠰᠤᠳ ᠲᠤᠰᠠᠯᠠᠮᠵᠢ ᠵᠢᠨ ᠪᠡᠯᠡ ᠮᠥᠩᠭᠦ ᠵᠢ ᠲᠤᠰᠬᠠᠶ ᠠᠰᠢᠭ᠎ᠤᠨ ᠬᠠᠮᠢᠶ᠎ᠠ ᠪᠦᠬᠦᠢ ᠠᠵᠢᠯ᠎ᠳᠤ ᠬᠡᠷᠡᠭᠯᠡᠨ᠎ᠡ᠃

     ᠠᠷᠪᠠ ᠶᠢᠰᠦᠳᠦᠭᠡᠷ ᠵᠦᠢ᠍ᠯ᠂  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠶ ᠠᠰᠢᠭ᠎ᠤᠨ ᠱᠠᠩᠨᠠᠯ ᠦ᠋᠊ᠨ  ᠵᠣᠭᠣᠰ ᠵᠶ᠋ᠠᠷ ᠲᠤᠰᠠᠯᠠᠬᠤ ᠪᠡᠯᠡ ᠮᠥᠩᠭᠥ ᠵᠢ ᠣᠳᠣ ᠪᠠᠶ᠋ᠢᠭ᠎ᠠ ᠥᠪᠡᠷᠲᠡᠭᠡᠨ ᠵᠠᠰᠠᠬᠤ ᠣᠷᠣᠨ᠎ᠤ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠠᠮᠢᠶ᠎ᠠ ᠪᠦᠬᠦᠢ ᠠᠵᠢᠯ᠎ᠤᠨ ᠵᠠᠷᠤᠳᠠᠯ᠎ᠠᠴᠠ ᠵᠢᠭᠰᠠᠭ᠋ᠠᠨ ᠭᠠᠷᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠪᠠᠶ᠋ᠢᠳᠠᠯ᠎ᠢ ᠦᠨᠳᠦᠰᠦᠯᠡᠨ᠂ ᠪᠡᠯᠡ ᠮᠥᠩᠭᠥ ᠵᠢᠨ ᠬᠡᠪᠴᠢᠶ᠎ᠡ ᠬᠢᠭᠡᠳ ᠪᠡᠯᠡ ᠮᠥᠩᠭᠥ ᠵᠢᠨ ᠢᠷᠡᠯᠲᠡ ᠵᠢᠨ ᠠᠷᠭ᠎ᠠ ᠵᠠᠮ᠎ᠢ  ᠲᠤᠬᠠᠢ ᠵᠢᠨ ᠴᠠᠭ᠎ᠲᠤᠨᠢ ᠲᠣᠬᠢᠷᠠᠭᠤᠯᠤᠨ᠎ᠠ᠃

     ᠬᠤᠷᠢᠳᠤᠭ᠋ᠠᠷ ᠵᠦᠢ᠍ᠯ᠂ ᠥᠪᠡᠷᠲᠡᠭᠡᠨ ᠵᠠᠰᠠᠬᠤ ᠣᠷᠣᠨ᠎ᠤ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠠᠵᠢᠯ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠢ ᠬᠠᠮᠢᠶ᠎ᠠ ᠪᠦᠬᠦᠢ ᠤᠬᠠᠭᠤᠯᠭ᠎ᠠ ᠪᠠ ᠰᠣᠯᠢᠯᠴᠠᠭ᠋ᠠᠨ᠎ᠤ  ᠠᠵᠢᠯ᠎ᠢ  ᠢᠳᠡᠪᠬᠢᠲᠡᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠤ ᠲᠤᠰᠬᠠᠢ ᠠᠰᠢᠭ᠎ᠤᠨ ᠱᠠᠩᠨᠠᠯ᠎ᠤᠨ ᠢᠳᠡᠪᠬᠢᠲᠡᠢ ᠠᠬᠢᠭᠤᠯᠬᠤ ᠦᠢ᠍ᠯᠡᠳᠦᠯ᠎ᠢ ᠪᠠᠳᠠᠷᠠᠭᠤᠯᠬᠤ ᠬᠡᠷᠡᠭᠲᠡᠢ᠃

     ᠬᠤᠷᠢᠨ ᠨᠢᠭᠡᠳᠦᠭᠡᠷ ᠵᠦᠢ᠍ᠯ᠂  ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠶ ᠠᠰᠢᠭ᠎ᠤᠨ ᠱᠠᠩᠨᠠᠯ᠎ᠢ ᠬᠢᠨᠠᠨ ᠲᠣᠭᠲᠠᠭ᠋ᠠᠬᠤ᠎ᠳᠤ ᠣᠷᠣᠯᠴᠠᠭᠰᠠᠳ ᠬᠢᠨᠠᠨ ᠲᠣᠭᠲᠠᠭ᠋ᠠᠭᠰᠠᠨ ᠬᠠᠮᠢᠶ᠎ᠠ ᠪᠥᠬᠦᠶ ᠪᠠᠶ᠋ᠢᠳᠠᠯ᠎ᠢ ᠵᠠᠳᠠᠷᠠᠭᠤᠯᠵᠤ ᠪᠣᠯᠬᠤ ᠥᠬᠡᠶ᠂ ᠭᠤᠶᠤᠴᠢᠯᠠᠨ ᠮᠡᠳᠡᠭᠦᠯᠦᠭᠰᠡᠨ ᠨᠢᠭᠡᠴᠢ ᠪᠤᠶᠤ ᠬᠤᠪᠢ ᠬᠥᠮᠦᠨ᠎ᠲᠠᠢ ᠠᠰᠢᠭ ᠲᠤᠰᠠ ᠵᠢᠨ  ᠬᠠᠷᠢᠴᠠᠭ᠎ᠠ᠎ᠲᠠᠢ ᠪᠠᠶ᠋ᠢᠪᠠᠯ ᠵᠠᠢ᠍ᠯᠠᠰᠬᠢᠬᠤ  ᠬᠡᠷᠡᠭᠲᠡᠶ᠃

     ᠬᠣᠷᠢᠨ ᠬᠣᠶᠠᠳᠤᠭ᠋ᠠᠷ ᠵᠦᠢ᠍ᠯ᠂  ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ᠂ ᠬᠤᠪᠢ ᠵᠢᠨ  ᠠᠰᠢᠭ  ᠲᠤᠰᠠ ᠵᠢᠨ  ᠬᠠᠷᠢᠴᠠᠭ᠎ᠠ᠎ᠪᠠᠷ  ᠬᠠᠤᠯᠢ ᠶᠣᠰᠣ ᠵᠢ ᠵᠥᠷᠢᠴᠡᠬᠦ ᠵᠡᠷᠭᠡ ᠵᠦᠢ ᠶᠣᠰᠣᠨ᠎ᠤ ᠪᠤᠰᠤ ᠠᠷᠭ᠎ᠠ ᠪᠠᠷᠢᠯ ᠵᠶ᠋ᠠᠷ ᠪᠤᠰᠤᠳ᠎ᠢ ᠬᠠᠪᠰᠤᠷᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠶ ᠠᠰᠢᠭ᠎ᠤᠨ ᠱᠠᠩᠨᠠᠯ᠎ᠢ ᠣᠯᠬᠤ ᠪᠤᠶᠤ ᠬᠠᠪᠰᠤᠷᠤᠭᠰᠠᠨ  ᠲᠣᠬᠢᠶᠠᠯᠳᠤᠯ᠎ᠳᠤ  ᠬᠢᠨᠠᠨ ᠵᠥᠪᠯᠡᠬᠦ ᠺᠣᠮᠢᠰ ᠪᠤᠶᠤ ᠲᠤᠰᠬᠠᠶ ᠮᠡᠷᠭᠡᠵᠢᠯᠲᠡᠨ᠎ᠤ ᠬᠢᠨᠠᠨ ᠲᠣᠭᠲᠠᠭ᠋ᠠᠬᠤ ᠬᠢᠷᠢ ᠭᠡᠮ᠎ᠢ᠎ᠨᠢ ᠬᠦᠴᠦᠨ ᠦᠭᠡᠶ ᠪᠣᠯᠭ᠋ᠠᠨ᠎ᠠ; ᠡᠭᠦᠨ᠎ᠳᠤ ᠲᠠᠨᠢᠯᠴᠠᠭᠤᠯᠭ᠎ᠠ ᠵᠢᠨ ᠨᠢᠭᠡᠴᠢ ᠪᠤᠶᠤ ᠠᠺᠠᠳᠧᠮᠢᠴᠢ  ᠲᠠᠨᠢᠯᠴᠠᠭᠤᠯᠤᠭᠰᠠᠨ ᠪᠠᠶ᠋ᠢᠪᠠᠯ᠂ ᠵᠠᠷᠯᠠᠨ ᠨᠡᠶ᠋ᠢᠲᠡᠯᠡᠵᠦ᠂ ᠦᠢ᠍ᠯᠡ ᠪᠠᠶ᠋ᠢᠳᠠᠯ᠎ᠨᠢ ᠬᠦᠨᠳᠦ ᠨᠣᠴᠢᠲᠠᠢ ᠪᠠᠶ᠋ᠢᠪᠠᠯ ᠲᠠᠨᠢᠯᠴᠠᠭᠤᠯᠬᠤ ᠬᠢᠷᠢ ᠬᠡᠮ᠎ᠢ᠎ᠨᠢ ᠬᠦᠴᠦᠨ ᠦᠭᠡᠢ ᠪᠣᠯᠭ᠋ᠠᠨ᠎ᠠ;  ᠱᠠᠩᠨᠠᠯ ᠬᠦᠷᠲᠡᠭᠴᠢ ᠵᠢ ᠬᠢᠨᠠᠨ ᠲᠣᠭᠲᠠᠭ᠋ᠠᠬᠤ ᠺᠣᠮᠢᠰ᠎ᠠᠴᠠ᠎ᠨᠢ ᠬᠦᠴᠦᠨ ᠦᠭᠡᠶ ᠪᠣᠯᠭ᠋ᠠᠵᠤ᠂ ᠦᠨᠡᠮᠯᠡᠯ ᠪᠣᠯᠤᠨ ᠲᠤᠰᠠᠯᠠᠮᠵᠢ ᠵᠢᠨ ᠪᠡᠯᠡ ᠮᠥᠩᠭᠥ ᠵᠢ᠎ᠨᠢ ᠨᠡᠬᠡᠮᠵᠢᠯᠡᠨ ᠠᠪᠴᠤ᠂ ᠨᠡᠶ᠋ᠢᠭᠡᠮ᠎ᠤᠨ ᠢᠲᠡᠭᠡᠮᠵᠢ ᠵᠢᠨ ᠳᠠᠩᠰᠠ ᠡᠪᠬᠡᠮᠡᠯ᠎ᠳᠤ ᠲᠡᠮᠳᠡᠭᠯᠡᠨ ᠣᠷᠣᠭᠤᠯᠬᠤ ᠵᠢᠨ ᠬᠠᠮᠲᠤ ᠨᠡᠢ᠍ᠭᠡᠮ  ᠨᠡᠢ᠍ᠲᠡ᠎ᠳᠤ  ᠵᠠᠷᠯᠠᠨ᠂ ᠬᠣᠯᠪᠣᠭᠳᠠᠯ ᠪᠦᠬᠦᠢ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠡᠭᠦᠨ᠎ᠤ ᠱᠠᠩᠨᠠᠯ᠎ᠠᠴᠠ ᠪᠣᠯᠵᠤ ᠣᠯᠤᠭᠰᠠᠨ ᠲᠤᠰᠢᠶᠠᠯ᠎ᠤᠨ ᠴᠣᠯᠠ (ᠠᠵᠢᠯ᠎ᠤᠨ ᠪᠠᠶ᠋ᠢᠷᠢ᠂ ᠲᠤᠰᠢᠶᠠᠯ) ᠪᠣᠯᠤᠨ ᠬᠢᠨᠠᠨ ᠰᠢᠯᠭ᠋ᠠᠭᠰᠠᠨ ᠦᠷ᠎ᠡ ᠳ᠋ᠦᠩ ᠵᠡᠷᠭᠡ ᠵᠢ ᠬᠦᠴᠦᠨ ᠦᠭᠡᠶ ᠪᠣᠯᠭ᠋ᠠᠨ᠎ᠠ᠃ ᠬᠣᠯᠪᠣᠭᠳᠠᠯ ᠪᠦᠬᠦᠢ ᠬᠠᠷᠢᠭᠤᠴᠠᠯᠭ᠎ᠠ ᠡᠭᠦᠷᠭᠡᠯᠡᠭᠴᠢ ᠵᠢ ᠬᠠᠤᠯᠢ ᠵᠢᠨ ᠶᠣᠰᠣᠭ᠋ᠠᠷ  ᠰᠢᠢ᠍ᠳᠪᠦᠷᠢᠯᠡᠨ᠎ᠡ; ᠶᠠᠯ᠎ᠠ᠎ᠳᠤ ᠬᠦᠷᠦᠭᠰᠡᠨ ᠪᠣᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃

     ᠬᠣᠷᠢᠨ ᠭᠤᠷᠪᠠᠳᠤᠭ᠋ᠠᠷ ᠵᠦᠢ᠍ᠯ᠂  ᠥᠪᠡᠷᠲᠡᠭᠡᠨ ᠵᠠᠰᠠᠬᠤ ᠣᠷᠣᠨ᠎ᠤ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠠᠵᠢᠯ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠢ ᠲᠤᠰ ᠠᠷᠭ᠎ᠠ ᠵᠢ ᠦᠨᠳᠦᠰᠦᠯᠡᠨ ᠬᠡᠷᠡᠭᠵᠢᠭᠦᠯᠬᠦ ᠨᠠᠷᠢᠨ ᠳᠦᠷᠢᠮ ᠲᠣᠭᠲᠠᠭ᠋ᠠᠬᠤ ᠬᠡᠷᠡᠭᠲᠡᠶ᠃

     ᠬᠤᠷᠢᠨ ᠳᠥᠷᠪᠡᠳᠦᠭᠡᠷ ᠵᠦᠢ᠍ᠯ᠂  ᠲᠣᠰ ᠠᠷᠭ᠎ᠠ ᠵᠢ 2023 ᠣᠨ᠎ᠤ 7 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃

    

 

ᠤᠭ ᠮᠠᠲ᠋ᠧᠷᠢᠶᠠᠯ᠎ᠤᠨ ᠬᠠᠶᠢᠭ᠄

    https://www.nmg.gov.cn/zwgk/zfxxgk/zfxxgkml/202305/t20230525_2317691.html? dzb=true/index.html

 

ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠵᠠᠬ᠎ᠠ ᠲᠡᠯᠬᠡᠬᠦᠷ᠎ᠤᠨ ᠬᠢᠨᠠᠯᠳᠠ ᠬᠠᠮᠢᠶᠠᠷᠤᠯᠳᠠ ᠵᠢᠨ ᠲᠤᠪᠴᠢᠶ᠎ᠠ