ᠦᠰᠦᠭ ᠪᠢᠴᠢᠭ ᠵᠶ᠋ᠡᠷ ᠦᠭᠦᠯᠡᠬᠦᠢ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠰᠢᠳᠬᠡᠯ ᠲᠣᠷᠭ᠋ᠠᠭᠤᠯᠢ ᠵᠢᠨ ᠲᠠᠰᠤᠯᠤᠯᠲᠠ ᠵᠢᠨ ᠡᠷᠬᠡ ᠵᠢ ᠬᠡᠷᠡᠭᠯᠡᠬᠦ ᠳᠦᠷᠢᠮ》 ᠎ᠤᠨ ᠳᠠᠢ᠌ᠯᠤᠮᠵᠢ
2023-02-06

    2023 ᠣᠨ᠎ᠤ 1 ᠳ᠋ᠣᠭᠡᠷ ᠰᠠᠷ᠎ᠠ ᠵᠢᠨ 16᠎ᠤ ᠡᠳᠦᠷ᠂ ᠮᠠᠨ᠎ᠤ ᠲᠣᠪᠴᠢᠶ᠎ᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠰᠢᠳᠬᠡᠯ ᠲᠣᠷᠭ᠋ᠠᠭᠤᠯᠢ ᠵᠢᠨ ᠲᠠᠰᠤᠯᠤᠯᠲᠠ ᠵᠢᠨ ᠡᠷᠬᠡ ᠵᠢ ᠬᠡᠷᠡᠭᠯᠡᠬᠦ ᠳᠦᠷᠢᠮ》 (ᠳᠣᠷᠣᠭᠰᠢ 《ᠲᠠᠰᠤᠯᠤᠯᠲᠠ ᠵᠢᠨ ᠳᠦᠷᠢᠮ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠪᠠ᠂ ᠡᠳᠦᠭᠡ ᠳᠠᠷᠠᠭ᠋ᠠᠬᠢ ᠲᠠᠢ᠌ᠯᠤᠮᠵᠢ ᠵᠢ ᠬᠢᠶ᠎ᠠ᠄

     ᠨᠢᠭᠡ᠂ ᠨᠡᠢ᠌ᠲᠡᠯᠡᠭᠰᠡᠨ ᠠᠬᠤᠢ ᠪᠠᠢ᠌ᠳᠠᠯ ᠪᠠ ᠶᠠᠪᠤᠴᠠ

    2020 ᠣᠨ᠎ᠤ 2 ᠳ᠋ᠤᠭ᠋ᠠᠷ ᠰᠠᠷ᠎ᠠ ᠵᠢᠨ 1᠎ᠤ ᠡᠳᠦᠷ ᠮᠠᠨ᠎ᠤ ᠲᠣᠪᠴᠢᠶ᠎ᠠ᠎ᠠᠴᠠ ᠳᠠᠷᠣᠮᠯᠠᠨ ᠳᠠᠷᠬᠠᠭ᠋ᠠᠬᠰᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠰᠢᠳᠬᠡᠯ ᠲᠣᠷᠭ᠋ᠠᠭᠤᠯᠢ ᠵᠢᠨ ᠲᠠᠰᠤᠯᠤᠯᠲᠠ ᠵᠢᠨ ᠡᠷᠬᠡ ᠵᠢ ᠬᠡᠷᠡᠭᠯᠡᠬᠦ ᠳᠦᠷᠢᠮ》 ᠪᠤᠯ ᠪᠥᠬᠥ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠵᠠᠰᠠᠭ ᠵᠠᠬᠢᠷᠭ᠋ᠠᠨ᠎ᠤ ᠰᠢᠳᠬᠡᠯ ᠲᠣᠷᠭ᠋ᠠᠭᠤᠯᠢ ᠵᠢᠨ ᠲᠠᠰᠤᠯᠤᠯᠲᠠ ᠵᠢᠨ ᠡᠷᠬᠡ ᠵᠢ ᠭᠡᠷᠡᠭᠯᠡᠬᠦ ᠴᠢᠬᠤᠯᠠ ᠦᠨᠳᠦᠰᠦᠯᠡᠯ ᠪᠤᠯᠬᠤ ᠶᠤᠮ᠃ 2021 ᠣᠨ᠎ᠳᠤ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠬᠠᠤᠯᠢ》᠎ᠳᠤ ᠰᠢᠨ᠎ᠡ᠎ᠪᠠᠷ ᠵᠠᠰᠠᠪᠤᠷᠢ ᠣᠷᠣᠭᠤᠯᠵᠤ᠂ ᠬᠡᠲᠦᠷᠡᠭᠦᠯᠦᠨ ᠰᠢᠢ᠍ᠳᠬᠡᠬᠦ ᠪᠠ ᠰᠤᠷᠭ᠋ᠠᠨ ᠬᠥᠮᠥᠵᠢᠭᠦᠯᠬᠦ ᠵᠢ ᠤᠶᠠᠯᠳᠤᠭᠤᠯᠬᠤ ᠵᠠᠷᠴᠢᠮ᠎ᠢ ᠲᠣᠳᠣᠷᠬᠠᠢ ᠲᠣᠭᠲᠠᠭ᠋ᠠᠪᠠ᠂ ᠡᠭᠦᠨ᠎ᠳᠤ ᠥᠯᠥ ᠵᠥᠪᠰᠢᠶᠡᠷᠡᠬᠦ᠂ ᠳᠣᠷᠭ᠋ᠠᠭᠤᠯᠢ ᠵᠢ ᠬᠠᠰᠣᠬᠣ᠂ ᠬᠥᠩᠭᠡᠨ ᠵᠶ᠋ᠡᠷ ᠰᠢᠳᠬᠡᠬᠦ᠂ ᠬᠦᠨᠳᠦ᠎ᠪᠠᠷ ᠰᠢᠳᠬᠡᠬᠦ ᠵᠡᠷᠭᠡ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠠᠰᠤᠯᠤᠯᠲᠠ ᠵᠢᠨ ᠪᠠᠢ᠌ᠳᠠᠯ᠎ᠤᠨ ᠲᠤᠬᠠᠢ ᠲᠣᠭᠲᠠᠭ᠋ᠠᠯ᠎ᠳᠤ ᠵᠣᠬᠢᠬᠤ ᠬᠤᠪᠢᠷᠠᠯᠲᠠ᠎ᠲᠠᠢ ᠪᠣᠯᠪᠠ; 2022 ᠣᠨ᠎ᠤ 《ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ ᠵᠢᠨ 〈ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠰᠢᠳᠬᠡᠯ ᠲᠣᠷᠭ᠋ᠠᠭᠤᠯᠢ ᠵᠢᠨ ᠲᠠᠰᠤᠯᠤᠯᠲᠠ ᠵᠢᠨ ᠡᠷᠬᠡ ᠵᠢ ᠵᠢᠷᠤᠮᠵᠢᠭᠤᠯᠬᠤ ᠲᠤᠬᠠᠢ ᠵᠢᠯᠤᠭᠣᠳᠬᠤ ᠰᠠᠨᠠᠯ〉᠎ᠢ ᠳᠠᠷᠤᠮᠠᠯᠯᠠᠨ ᠲᠠᠷᠬᠠᠭ᠋ᠠᠬᠤ ᠳᠣᠬᠠᠢ ᠮᠡᠳᠡᠭᠳᠡᠯ》 (ᠤᠯᠤᠰ ᠬᠣᠲᠠ ᠵᠢᠨ ᠬᠢᠨᠠᠯᠲᠠ ᠬᠠᠮᠢᠶᠠᠷᠤᠯᠲᠠ ᠵᠢᠨ ᠬᠠᠤᠯᠢ ᠲᠣᠭᠲᠠᠭ᠋ᠠᠯ [2022] 2 ᠳ᠋ᠤᠭ᠋ᠠᠷ ᠲᠣᠭ᠋ᠠᠲᠤ)᠎ᠳᠤ ᠵᠠᠰᠠᠭ ᠵᠠᠬᠢᠷᠭ᠋ᠠᠨ᠎ᠤ ᠰᠢᠳᠬᠡᠯ ᠲᠣᠷᠭ᠋ᠠᠭᠤᠯᠢ ᠵᠢᠨ ᠲᠠᠰᠤᠯᠤᠯᠲᠠ ᠵᠢᠨ ᠳᠦᠷᠢᠮ᠎ᠳᠤ ᠰᠢᠨ᠎ᠡ ᠲᠣᠭᠲᠠᠭ᠋ᠠᠯ ᠭᠠᠷᠭ᠋ᠠᠪᠠ᠃ ᠡᠭᠦᠨ᠎ᠤ ᠬᠠᠮᠲᠤ᠂ ᠣᠢ᠌ᠷ᠎ᠠ ᠵᠢᠨ ᠬᠡᠳᠦᠨ ᠵᠢᠯ᠎ᠳᠤ᠂ ᠦᠨᠳᠦᠰᠦᠨ ᠱᠠᠲᠤᠨ᠎ᠤ ᠨᠥᠬᠥᠳ᠎ᠤᠨ ᠲᠤᠰᠬᠠᠭᠰᠠᠨ ᠬᠠᠤᠯᠢ ᠬᠡᠷᠡᠭᠵᠢᠭᠦᠯᠬᠦ ᠦᠢ᠍ᠯᠡᠳᠦᠯᠭᠡ ᠵᠢᠨ ᠳᠤᠮᠳᠠ ᠪᠠᠰᠠ ᠵᠠᠷᠢᠮ ᠲᠠᠰᠤᠯᠤᠯᠲᠠ ᠵᠢᠨ ᠪᠤᠳᠣᠯᠢᠶᠠᠨ᠎ᠢ ᠰᠢᠢ᠍ᠳᠪᠦᠷᠢᠯᠡᠬᠦ ᠴᠢᠬᠤᠯᠠᠲᠠᠢ ᠪᠠᠢ᠌ᠨ᠎ᠠ᠃ ᠡᠢ᠌ᠮᠦ᠎ᠠᠴᠠ᠂ ᠲᠣᠰ ᠳᠦᠷᠢᠮ᠎ᠢ ᠳᠠᠬᠢᠨ ᠰᠢᠨ᠎ᠡ᠎ᠪᠠᠷ ᠲᠣᠭᠲᠠᠭ᠋ᠠᠵᠤ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠰᠢᠳᠬᠡᠯ ᠲᠣᠷᠭ᠋ᠠᠭᠤᠯᠢ ᠵᠢᠨ ᠲᠠᠰᠤᠯᠤᠯᠲᠠ ᠵᠢᠨ ᠠᠵᠢᠯᠯᠠᠭ᠎ᠠ ᠵᠢ ᠴᠢᠨᠠᠬᠰᠢᠳᠠ ᠵᠢᠷᠤᠮᠵᠢᠭᠤᠯᠤᠨ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠠᠥᠯᠢᠵᠢᠯᠲᠠ ᠵᠢ ᠠᠬᠢᠭᠤᠯᠵᠤ᠂ ᠲᠤᠬᠠᠢ ᠵᠢᠨ ᠬᠥᠮᠥᠨ᠎ᠤ ᠬᠠᠤᠯᠢ ᠶᠤᠰᠤᠨ᠎ᠤ ᠡᠷᠬᠡ ᠠᠰᠢᠭ᠎ᠢ ᠬᠠᠮᠠᠭ᠋ᠠᠯᠠᠬᠤ᠎ᠪᠠᠷ ᠪᠠᠢ᠌ᠨ᠎ᠠ᠃

    《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠬᠠᠤᠯᠢ》 ᠪᠣᠯᠣᠨ 《ᠬᠤᠳᠠᠯᠳᠤᠭ᠎ᠠ ᠡᠷᠭᠢᠯᠡᠬᠦ ᠣᠷᠴᠢᠨ ᠲᠣᠭᠣᠷᠢᠨ᠎ᠢ ᠰᠢᠯᠢᠳᠡᠭᠵᠢᠭᠦᠯᠬᠦ ᠳᠦᠷᠢᠮ》᠎ᠤᠨ ᠬᠠᠮᠢᠶ᠎ᠠ ᠪᠦᠬᠦᠢ ᠲᠣᠭᠲᠠᠭ᠋ᠠᠯ᠎ᠢ ᠲᠤᠤᠱᠯᠠᠭᠤᠯᠤᠨ ᠨᠠᠢ᠌ᠳᠠᠪᠤᠷᠢᠵᠢᠭᠤᠯᠬᠤ ᠵᠢᠨ ᠲᠥᠯᠥᠭᠡ᠂ ᠮᠠᠨ᠎ᠤ ᠲᠣᠪᠴᠢᠶ᠎ᠠ 2021 ᠣᠨ᠎ᠤ 8 ᠳ᠋ᠤᠭ᠋ᠠᠷ ᠰᠠᠷ᠎ᠠ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠠᠰᠤᠯᠤᠯᠲᠠ ᠵᠢᠨ ᠡᠷᠬᠡ ᠵᠢ ᠬᠡᠷᠡᠭᠯᠡᠬᠦ ᠳᠦᠷᠢᠮ》᠎ᠳᠤ ᠵᠠᠰᠠᠪᠤᠷᠢ ᠣᠷᠣᠭᠤᠯᠬᠤ ᠠᠵᠢᠯ᠎ᠢ ᠡᠬᠢᠯᠡᠭᠦᠯᠪᠡ᠃ ᠵᠤᠷᠪᠤᠰ ᠳᠠᠷᠠᠭ᠋ᠠᠯᠠᠨ ᠡᠮᠬᠢᠯᠡᠬᠦ᠂ ᠢᠯᠡ᠎ᠪᠠᠷ ᠰᠠᠨᠠᠯ ᠬᠤᠷᠢᠶᠠᠬᠤ᠂ ᠲᠤᠰᠬᠠᠢ ᠮᠡᠷᠭᠡᠵᠢᠯᠲᠡᠨ ᠵᠶ᠋ᠡᠷ ᠨᠤᠲᠠᠯᠠᠭᠤᠯᠬᠤ᠂ ᠳᠠᠬᠢᠨ ᠳᠠᠪᠲᠠᠨ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ᠎ᠪᠠᠷ ᠳᠠᠮᠵᠢᠭᠤᠯᠤᠨ᠂ ᠡᠴᠦᠰ᠎ᠲᠡᠭᠡᠨ 《ᠲᠠᠰᠤᠯᠤᠯᠲᠠ ᠵᠢᠨ ᠳᠦᠷᠢᠮ》᠎ᠢ ᠪᠣᠶ ᠪᠣᠯᠭ᠋ᠠᠪᠠ᠃

     ᠬᠣᠶᠠᠷ᠂ ᠲᠤᠭᠤᠷᠪᠢᠨ ᠪᠢᠴᠢᠭᠰᠡᠨ ᠦᠨᠳᠦᠰᠦᠯᠡᠯ

    1.《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠰᠢᠳᠬᠡᠯ᠎ᠤᠨ ᠬᠠᠤᠯᠢ 》

    2.《〈ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠰᠢᠳᠬᠡᠯ᠎ᠤᠨ ᠬᠠᠤᠯᠢ〉 ᠵᠢ ᠴᠢᠨᠠᠬᠰᠢᠳᠠ ᠲᠤᠭᠤᠰᠢᠯᠠᠭᠤᠯᠤᠨ ᠬᠡᠷᠡᠭᠵᠢᠭᠦᠯᠬᠦ ᠲᠤᠬᠠᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠮᠡᠳᠡᠭᠳᠡᠯ》

    3. 《ᠵᠠᠰᠠᠭ ᠵᠠᠬᠢᠷᠭ᠋ᠠᠨ᠎ᠤ ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ ᠵᠢ ᠲᠣᠭᠲᠠᠭ᠋ᠠᠬᠤ ᠪᠠ ᠬᠠᠮᠢᠶᠠᠷᠬᠤ ᠠᠵᠢᠯ᠎ᠢ ᠴᠢᠨᠠᠬᠰᠢᠳᠠ ᠵᠢᠷᠤᠮᠵᠢᠭᠤᠯᠬᠤ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠰᠠᠨᠠᠯ》

    4. 《ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ᠎ᠠᠴᠠ 〈ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠰᠢᠳᠬᠡᠯ ᠲᠣᠷᠭ᠋ᠠᠭᠤᠯᠢ ᠵᠢᠨ ᠲᠠᠰᠤᠯᠤᠯᠲᠠ ᠵᠢᠨ ᠡᠷᠬᠡ ᠵᠢ ᠵᠢᠷᠤᠮᠵᠢᠭᠤᠯᠬᠤ ᠲᠤᠬᠠᠢ ᠵᠢᠯᠤᠭᠣᠳᠬᠤ ᠰᠠᠨᠠᠯ〉᠎ᠢ ᠳᠠᠷᠤᠮᠠᠯᠯᠠᠨ ᠲᠠᠷᠬᠠᠭ᠋ᠠᠬᠤ ᠲᠤᠬᠠᠢ ᠮᠡᠳᠡᠭᠳᠡᠯ》

    5. 《〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠰᠢᠳᠬᠡᠯ ᠲᠣᠷᠭ᠋ᠠᠭᠤᠯᠢ ᠵᠢᠨ ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ ᠵᠢ ᠵᠢᠷᠤᠮᠵᠢᠭᠤᠯᠬᠤ ᠠᠷᠭ᠎ᠠ〉 ᠵᠢ ᠳᠠᠷᠤᠮᠠᠯᠯᠠᠨ ᠳᠠᠷᠬᠠᠭ᠋ᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠳᠡᠭᠳᠡᠯ

    6. ᠪᠤᠰᠤᠳ ᠬᠣᠯᠪᠣᠭᠳᠠᠯ ᠪᠦᠬᠦᠢ ᠲᠣᠭᠲᠠᠭ᠋ᠠᠯ᠎ᠤᠳ

     ᠭᠤᠷᠪᠠ᠂ ᠭᠣᠣᠯ ᠠᠭᠤᠯᠭ᠎ᠠ

    (ᠨᠢᠭᠡ) ᠵᠠᠰᠠᠭ ᠵᠠᠬᠢᠷᠭ᠋ᠠᠨ᠎ᠤ ᠰᠢᠳᠬᠡᠯ ᠲᠣᠷᠭ᠋ᠠᠭᠤᠯᠢ ᠵᠢᠨ ᠲᠠᠰᠤᠯᠤᠯᠲᠠ ᠵᠢᠨ ᠡᠷᠬᠡ ᠵᠢ ᠬᠡᠷᠡᠭᠯᠡᠬᠦ ᠳᠦᠷᠢᠮ ᠬᠢᠭᠡᠳ ᠵᠠᠰᠠᠭ ᠵᠠᠬᠢᠷᠭ᠋ᠠᠨ᠎ᠤ ᠰᠢᠳᠬᠡᠯ ᠲᠣᠷᠭ᠋ᠠᠭᠤᠯᠢ ᠵᠢᠨ ᠲᠠᠰᠤᠯᠤᠯᠲᠠ ᠵᠢᠨ ᠰᠠᠭᠤᠷᠢ ᠪᠠᠷᠢᠮᠵᠢᠶ᠎ᠠ ᠵᠢ ᠬᠡᠷᠡᠭᠯᠡᠬᠦ ᠵᠠᠷᠴᠢᠮ᠎ᠢ ᠲᠣᠭᠲᠠᠭ᠋ᠠᠪᠠ᠃

    (ᠬᠣᠶᠠᠷ) ᠵᠠᠰᠠᠭ ᠵᠠᠬᠢᠷᠭ᠋ᠠᠨ᠎ᠤ ᠰᠢᠳᠬᠡᠯ ᠣᠯᠭᠣᠬᠣ ᠦᠭᠡᠢ᠂ ᠵᠠᠰᠠᠭ ᠵᠠᠬᠢᠷᠭ᠋ᠠᠨ᠎ᠤ ᠰᠢᠳᠬᠡᠯ᠎ᠢ ᠬᠠᠰᠣᠬᠣ᠂ ᠵᠠᠰᠠᠭ ᠵᠠᠬᠢᠷᠭ᠋ᠠᠨ᠎ᠤ ᠰᠢᠳᠬᠡᠯ᠎ᠢ ᠬᠦᠩᠬᠡᠯᠡᠬᠦ᠂ ᠵᠠᠰᠠᠭ ᠵᠠᠬᠢᠷᠭ᠋ᠠᠨ᠎ᠤ ᠰᠢᠳᠬᠡᠯ᠎ᠢ ᠬᠦᠨᠳᠦ᠎ᠪᠠᠷ ᠣᠨᠣᠭ᠋ᠠᠬᠤ ᠪᠠ ᠡᠩ᠎ᠤᠨ ᠵᠠᠰᠠᠭ ᠵᠠᠬᠢᠷᠭ᠋ᠠᠨ᠎ᠤ ᠰᠢᠳᠬᠡᠯ ᠵᠢᠴᠢ ᠵᠠᠰᠠᠭ ᠵᠠᠬᠢᠷᠭ᠋ᠠᠨ᠎ᠤ ᠰᠢᠳᠬᠡᠯ᠎ᠤᠨ ᠲᠠᠰᠤᠯᠤᠯᠲᠠ ᠵᠢᠨ ᠡᠷᠬᠡ ᠵᠢᠨ ᠤᠬᠠᠭᠳᠠᠬᠤᠨ᠎ᠢ ᠲᠣᠭᠲᠠᠭ᠋ᠠᠭᠰᠠᠨ᠎ᠤ ᠬᠠᠮᠲᠤ ᠪᠣᠳᠠᠲᠠᠢ ᠬᠡᠷᠡᠭᠯᠡᠬᠦ ᠪᠠᠢ᠌ᠳᠠᠯ᠎ᠢ ᠨᠠᠷᠢᠯᠢᠭᠵᠢᠭᠤᠯᠵᠤ᠂ ᠲᠡᠭᠦᠨ᠎ᠢ ᠨᠠᠩ ᠢᠯᠡᠭᠦᠦ ᠪᠤᠳᠠᠳᠠᠢ ᠪᠣᠯᠭ᠋ᠠᠵᠠᠢ᠃

    (ᠭᠤᠷᠪᠠ) 《ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠳᠬᠡᠯ ᠣᠯᠭᠣᠬᠣ ᠦᠭᠡᠢ ᠪᠠᠢ᠌ᠪᠠᠯ ᠵᠣᠬᠢᠨ᠎ᠠ》᠂ 《ᠵᠠᠰᠠᠭ ᠵᠠᠬᠢᠷᠭ᠋ᠠᠨ᠎ᠤ ᠰᠢᠳᠬᠡᠯ ᠣᠯᠭᠣᠬᠣ ᠦᠭᠡᠢ》᠂ 《ᠵᠠᠰᠠᠭ ᠵᠠᠬᠢᠷᠭ᠋ᠠᠨ᠎ᠤ ᠰᠢᠳᠬᠡᠯ ᠣᠯᠭᠣᠬᠣ ᠦᠭᠡᠢ ᠪᠠᠢ᠌ᠵᠤ ᠪᠤᠯᠬᠤ》 ᠵᠡᠷᠭᠡ ᠪᠠᠢ᠌ᠳᠠᠯ᠎ᠢ ᠨᠡᠮᠡᠪᠡ᠃

    (ᠳᠥᠷᠪᠡ ) ᠰᠢᠢ᠍ᠳᠬᠡᠯ᠎ᠢ ᠬᠠᠰᠠᠵᠦ ᠬᠦᠩᠭᠡᠷᠡᠬᠦᠯᠬᠦ ᠳᠦᠷᠢᠮ᠎ᠢ ᠨᠡᠮᠡᠪᠡ᠃

    (ᠲᠠᠪᠤ) ᠲᠤᠬᠠᠢ ᠵᠢᠨ ᠬᠥᠮᠥᠨ᠎ᠳᠤ ᠤᠯᠠᠨ ᠵᠦᠢ᠍ᠯ᠎ᠤᠨ ᠲᠠᠰᠤᠯᠤᠯᠲᠠ ᠵᠢᠨ ᠬᠦᠴᠦᠨ ᠵᠦᠢ᠍ᠯ ᠪᠠᠢ᠌ᠬᠤ ᠲᠠᠰᠤᠯᠤᠯᠲᠠ ᠵᠢᠨ ᠵᠠᠷᠴᠢᠮ᠎ᠢ ᠲᠣᠭᠲᠠᠭ᠋ᠠᠵᠠᠢ᠃

    (ᠵᠢᠷᠭᠤᠭ᠎ᠠ) ᠲᠤᠬᠠᠢ ᠵᠢᠨ ᠬᠥᠮᠥᠨ᠎ᠤ ᠬᠠᠤᠯᠢ ᠵᠢ ᠵᠥᠷᠢᠴᠡᠭᠰᠡᠨ ᠠᠳᠠᠯᠢ ᠨᠢᠭᠡᠨ ᠦᠢ᠍ᠯᠡ ᠠᠵᠢᠯᠯᠠᠭ᠎ᠠ᠎ᠨᠢ ᠬᠠᠤᠯᠢ ᠴᠠᠭ᠋ᠠᠵᠠ ᠵᠢᠨ ᠤᠯᠠᠨ ᠵᠢᠷᠤᠮᠵᠢᠯ᠎ᠢ ᠵᠥᠷᠢᠴᠡᠭᠰᠡᠨ᠂ ᠡᠰᠡᠬᠦᠯ᠎ᠡ ᠠᠳᠠᠯᠢ ᠨᠢᠭᠡᠨ ᠲᠤᠬᠠᠢ ᠵᠢᠨ ᠬᠥᠮᠥᠨ᠎ᠳᠤ ᠬᠠᠤᠯᠢ ᠵᠢ ᠵᠥᠷᠢᠴᠡᠭᠰᠡᠨ ᠬᠣᠶᠠᠷ ᠵᠦᠢ᠍ᠯ᠎ᠠᠴᠠ ᠳᠡᠭᠡᠭᠰᠢ ᠦᠢ᠍ᠯᠡ ᠠᠵᠢᠯᠯᠠᠭ᠎ᠠ᠎ᠲᠠᠢ ᠪᠠᠢ᠌ᠬᠤ ᠦᠶ᠎ᠡ᠎ᠳᠤ ᠬᠠᠤᠯᠢ ᠶᠠᠪᠤᠭᠤᠯᠬᠤ ᠳᠦᠷᠢᠮ᠎ᠢ ᠲᠣᠭᠲᠠᠭ᠋ᠠᠵᠠᠢ᠃

    (ᠳᠣᠯᠣᠭ᠎ᠠ) ᠬᠡᠷᠡᠭ᠎ᠢ ᠬᠦᠯᠢᠶᠡᠨ ᠠᠪᠴᠦ ᠰᠢᠢ᠍ᠳᠪᠦᠷᠢᠯᠡᠬᠦ ᠪᠠᠢ᠌ᠭᠤᠯᠤᠮᠵᠢ ᠵᠢᠨ ᠵᠠᠰᠠᠭ ᠵᠠᠬᠢᠷᠭ᠋ᠠᠨ᠎ᠤ ᠰᠢᠳᠬᠡᠯ᠎ᠤᠨ ᠲᠠᠰᠤᠯᠤᠯᠲᠠ ᠵᠢ ᠨᠥᠯᠥᠭᠡᠯᠡᠵᠦ ᠮᠡᠳᠡᠬᠦ ᠭᠡᠷᠡᠴᠢ ᠪᠠᠷᠢᠮᠲᠠ ᠵᠢ ᠴᠤᠭᠯᠠᠭᠤᠯᠬᠤ ᠡᠭᠦᠷᠭᠡ ᠵᠢ ᠲᠣᠭᠲᠠᠭ᠋ᠠᠪᠠ᠃

    (ᠨᠠᠢ᠍ᠮᠠ) ᠵᠠᠰᠠᠭ ᠵᠠᠬᠢᠷᠭ᠋ᠠᠨ᠎ᠤ ᠰᠢᠳᠬᠡᠯ᠎ᠤᠨ ᠲᠠᠰᠤᠯᠤᠯᠲᠠ ᠵᠢ ᠵᠣᠬᠢᠰ ᠦᠭᠡᠢ ᠪᠣᠯᠭ᠋ᠠᠭᠰᠠᠨ ᠠᠯᠳᠠᠭ᠎ᠠ ᠵᠢ ᠵᠠᠯᠠᠷᠠᠭᠤᠯᠬᠤ ᠲᠣᠭᠲᠠᠴᠠ ᠵᠢ ᠲᠣᠭᠲᠠᠭ᠋ᠠᠪᠠ᠃

 

      ᠤᠭ ᠮᠠᠲ᠋ᠧᠷᠢᠶᠠᠯ᠎ᠤᠨ ᠬᠠᠶᠢᠭ᠄

    http://amr.nmg.gov.cn/zfxxgk/fdzdgknr/gfxwj/202301/t20230120_2218293.html

 

ᠢᠷᠡᠯᠲᠡ᠄ ᠬᠠᠤᠯᠢ ᠲᠣᠭᠲᠠᠭ᠋ᠠᠯ᠎ᠤᠨ ᠭᠠᠵᠠᠷ