ᠡᠯ᠎ᠡ ᠠᠶ᠋ᠢᠮᠠᠭ ᠬᠤᠲᠠ ᠵᠢᠴᠢ ᠮᠠᠨᠵᠤᠤᠷ ᠬᠤᠲᠠ᠂ ᠡᠷᠢᠶᠡᠨ ᠬᠤᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠣᠨᠴᠠ ᠲᠥᠷᠥᠯ᠎ᠤᠨ ᠲᠥᠬᠦᠭᠡᠷᠦᠮᠵᠢ ᠰᠢᠯᠭ᠋ᠠᠨ ᠪᠠᠢ᠌ᠴᠠᠭ᠋ᠠᠬᠤ ᠰᠤᠳᠤᠯᠭ᠋ᠠᠨ᠎ᠤ ᠬᠦᠷᠢᠶᠡᠯᠡᠩ᠂ ᠡᠯ᠎ᠡ ᠬᠢᠨᠠᠨ ᠲᠣᠭᠲᠠᠭ᠋ᠠᠬᠤ ᠪᠠᠶ᠋ᠢᠭᠤᠯᠤᠮᠵᠢ᠂ ᠡᠯ᠎ᠡ ᠬᠣᠯᠪᠣᠭᠳᠠᠯ ᠪᠦᠬᠦᠢ ᠨᠢᠭᠡᠴᠢ᠎ᠳᠤ᠄
ᠣᠨᠴᠠ ᠲᠥᠷᠥᠯ᠎ᠤᠨ ᠲᠣᠨᠤᠭ ᠲᠥᠬᠦᠭᠡᠷᠦᠮᠵᠢ ᠵᠢ ᠦᠢ᠍ᠯᠡᠳᠪᠦᠷᠢᠯᠡᠬᠦ ᠪᠠ ᠰᠠᠪᠠᠯᠠᠵᠤ ᠲᠥᠬᠥᠭᠡᠷᠬᠦ ᠨᠢᠭᠡᠴᠢ ᠵᠢᠴᠢ ᠰᠢᠯᠭ᠋ᠠᠨ ᠬᠡᠮᠵᠢᠬᠦ᠂ ᠣᠨᠴᠠ ᠲᠥᠷᠥᠯ᠎ᠤᠨ ᠲᠣᠨᠤᠭ ᠲᠥᠬᠦᠭᠡᠷᠦᠮᠵᠢ ᠵᠢᠨ ᠠᠵᠢᠯᠲᠠᠨ᠎ᠤ ᠰᠢᠯᠭ᠋ᠠᠯᠲᠠ ᠵᠢᠨ ᠪᠠᠶ᠋ᠢᠭᠤᠯᠤᠮᠵᠢ᠎ᠳᠤ ᠬᠢᠨᠠᠯᠲᠠ ᠲᠠᠯᠪᠢᠬᠤ ᠵᠢ ᠴᠢᠩᠭ᠋ᠠᠳᠬᠠᠬᠤ ᠵᠢᠨ ᠲᠥᠯᠥᠭᠡ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠣᠨᠴᠠ ᠲᠥᠷᠥᠯ᠎ᠤᠨ ᠲᠣᠨᠤᠭ ᠲᠥᠬᠦᠭᠡᠷᠦᠮᠵᠢ ᠵᠢᠨ ᠠᠮᠤᠷ ᠲᠦᠪᠰᠢᠨ᠎ᠤ ᠬᠠᠤᠯᠢ》 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠠᠤᠯᠢ》 《ᠣᠨᠴᠠ ᠲᠥᠷᠥᠯ᠎ᠤᠨ ᠲᠣᠨᠤᠭ ᠲᠥᠬᠦᠭᠡᠷᠦᠮᠵᠢ ᠵᠢᠨ ᠠᠮᠤᠷ ᠲᠦᠪᠰᠢᠨ᠎ᠤ ᠬᠢᠨᠠᠨ ᠪᠠᠶ᠋ᠢᠴᠠᠭ᠋ᠠᠯᠲᠠ ᠵᠢᠨ ᠲᠦᠷᠢᠮ》 《ᠣᠨᠴᠠ ᠲᠥᠷᠥᠯ᠎ᠤᠨ ᠲᠣᠨᠤᠭ ᠲᠥᠬᠦᠭᠡᠷᠦᠮᠵᠢ ᠵᠢᠨ ᠠᠮᠤᠷ ᠲᠦᠪᠰᠢᠨ᠎ᠤ ᠬᠢᠨᠠᠯᠲᠠ ᠲᠠᠯᠪᠢᠵᠤ ᠪᠠᠶ᠋ᠢᠴᠠᠭ᠋ᠠᠬᠤ ᠠᠷᠭ᠎ᠠ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠲᠣᠭᠲᠠᠭ᠋ᠠᠯ᠎ᠢ ᠦᠨᠳᠦᠰᠦᠯᠡᠨ᠂ 2023 ᠣᠨ᠎ᠳᠤ ᠮᠠᠨ᠎ᠤ ᠲᠣᠪᠴᠢᠶ᠎ᠠ ᠪᠥᠬᠦ ᠣᠷᠣᠨ᠎ᠤ ᠬᠡᠪᠴᠢᠶᠡᠨ᠎ᠳᠤ ᠣᠨᠴᠠ ᠲᠥᠷᠥᠯ᠎ᠤᠨ ᠲᠣᠨᠤᠭ ᠲᠥᠬᠦᠭᠡᠷᠦᠮᠵᠢ ᠵᠢᠨ ᠦᠨᠡᠮᠯᠡᠯ᠎ᠤᠨ ᠳᠠᠷᠠᠭ᠋ᠠᠬᠢ ᠬᠢᠨᠠᠯᠲᠠ ᠲᠠᠯᠪᠢᠵᠤ ᠪᠠᠶ᠋ᠢᠴᠠᠭ᠋ᠠᠬᠤ ᠵᠢ ᠵᠣᠬᠢᠶᠠᠨ ᠪᠠᠶ᠋ᠢᠭᠤᠯᠤᠨ ᠥᠷᠨᠢᠭᠦᠯᠪᠡ᠃ ᠡᠳᠦᠭᠡ ᠬᠠᠮᠢᠶ᠎ᠠ ᠪᠦᠬᠦᠢ ᠪᠠᠶ᠋ᠢᠳᠠᠯ᠎ᠢ ᠳᠣᠣᠷᠠᠬᠢ ᠮᠡᠲᠦ ᠮᠡᠳᠡᠭᠳᠡᠶ᠎ᠡ᠄
ᠨᠢᠭᠡ᠂ ᠬᠢᠨᠠᠯᠲᠠ ᠲᠠᠯᠪᠢᠵᠤ ᠪᠠᠶ᠋ᠢᠴᠠᠭ᠋ᠠᠭᠰᠠᠨ ᠪᠠᠶ᠋ᠢᠳᠠᠯ
ᠲᠣᠰ ᠤᠳᠠᠭ᠋ᠠᠨ᠎ᠤ ᠬᠢᠨᠠᠯᠲᠠ ᠲᠠᠯᠪᠢᠵᠤ ᠪᠠᠶ᠋ᠢᠴᠠᠭ᠋ᠠᠬᠤ᠎ᠳᠤ ᠭᠤᠤᠯᠳᠠᠯᠭ᠎ᠠ᠎ᠲᠠᠢ ᠰᠤᠭᠤᠴᠢᠨ ᠪᠠᠶ᠋ᠢᠴᠠᠭ᠋ᠠᠬᠤ ᠪᠠ 《ᠬᠤᠶᠠᠷ᠎ᠢ ᠲᠠᠰᠢᠷᠠᠮ ᠵᠶ᠋ᠠᠷ》 ᠰᠤᠭᠤᠴᠢᠨ ᠪᠠᠶ᠋ᠢᠴᠠᠭ᠋ᠠᠬᠤ ᠵᠢ ᠤᠶᠠᠯᠳᠤᠭᠤᠯᠬᠤ ᠠᠷᠭ᠎ᠠ ᠬᠡᠯᠪᠡᠷᠢ ᠵᠢ ᠠᠪᠴᠤ᠂ ᠵᠠᠬᠢᠳᠠᠯ ᠰᠤᠷᠪᠤᠯᠵᠢᠯᠠᠭ᠎ᠠ᠂ ᠵᠠᠭ᠋ᠠᠯᠳᠤᠵᠤ ᠢᠯᠡᠴᠢᠯᠡᠨ ᠮᠡᠳᠡᠭᠦᠯᠬᠦ ᠪᠠ ᠡᠳᠦᠷ ᠲᠤᠲᠤᠮ᠎ᠤᠨ ᠬᠢᠨᠠᠨ ᠪᠠᠶ᠋ᠢᠴᠠᠭ᠋ᠠᠬᠤ᠂ ᠰᠢᠯᠭ᠋ᠠᠨ ᠬᠡᠮᠵᠢᠬᠦ᠂ ᠰᠢᠯᠭ᠋ᠠᠨ ᠲᠣᠭᠲᠠᠭ᠋ᠠᠵᠤ ᠬᠢᠨᠠᠨ ᠲᠣᠭᠲᠠᠭ᠋ᠠᠬᠤ ᠵᠡᠷᠭᠡ ᠠᠵᠢᠯ᠎ᠤᠨ ᠳᠤᠮᠳᠠ ᠠᠰᠠᠭᠤᠳᠠᠯ᠎ᠢ ᠢᠯᠡᠷᠡᠭᠦᠯᠦᠭᠰᠡᠨ ᠨᠢᠭᠡᠴᠢ ᠵᠢ ᠭᠤᠤᠯᠳᠠᠯᠭ᠎ᠠ᠎ᠲᠠᠢ ᠴᠢᠬᠤᠯᠠᠴᠢᠯᠠᠪᠠ᠃ ᠨᠡᠢ᠌ᠲᠡ144 ᠪᠠᠢ᠌ᠴᠠᠭ᠋ᠠᠬᠤ ᠡᠲᠡᠭᠡᠳ᠎ᠢ ᠰᠣᠩᠭᠣᠨ ᠠᠪᠴᠤ᠂ ᠡᠭᠦᠨ᠎ᠳᠤ᠂ ᠳᠠᠷᠤᠯᠲᠠᠲᠤ ᠬᠤᠭᠤᠯᠠᠶ ᠵᠢ ᠵᠢᠷᠤᠵᠤ ᠲᠥᠯᠥᠪᠯᠡᠬᠦ 1 ᠨᠢᠭᠡᠴᠢ᠂ ᠳᠠᠷᠤᠯᠲᠠᠲᠤ ᠬᠤᠭᠤᠯᠠᠶ ᠵᠢᠨ ᠲᠣᠨᠣᠭ᠎ᠢ ᠦᠢ᠍ᠯᠡᠳᠬᠦ 2 ᠨᠢᠭᠡᠴᠢ᠂ ᠭᠦᠸᠸᠯᠦ ᠤᠭᠰᠠᠷᠠᠬᠤ 9 ᠨᠢᠭᠡᠴᠢ᠂ ᠳᠠᠷᠤᠯᠳᠠᠲᠤ ᠬᠣᠭᠣᠯᠠᠢ ᠵᠢ ᠤᠭᠰᠠᠷᠠᠬᠤ 9 ᠨᠢᠭᠡᠴᠢ᠂ ᠰᠢᠯᠵᠢᠮᠡᠯ ᠬᠡᠯᠪᠡᠷᠢ ᠵᠢᠨ ᠳᠠᠷᠤᠯᠲᠠᠲᠤ ᠰᠠᠪᠠ ᠪᠠ ᠬᠡᠢ᠌ᠲᠦ ᠯᠣᠩᠬᠣ ᠵᠢ ᠰᠠᠪᠠᠯᠠᠵᠤ ᠲᠥᠬᠥᠭᠡᠷᠬᠦ 38 ᠨᠢᠭᠡᠴᠢ᠂ ᠴᠠᠬᠢᠯᠭ᠋ᠠᠨ ᠱᠠᠲᠤ ᠤᠭᠰᠠᠷᠠᠬᠤ 12 ᠨᠢᠭᠡᠴᠢ᠂ ᠬᠦᠨᠳᠦ ᠵᠢ ᠡᠷᠭᠦᠬᠦ ᠮᠠᠰᠢᠨ ᠮᠧᠬᠠᠨᠢᠭ ᠦᠢ᠍ᠯᠡᠳᠴᠦ ᠤᠭᠰᠠᠷᠠᠬᠤ 11 ᠨᠢᠭᠡᠴᠢ᠂ ᠲᠠᠯᠠᠪᠤᠷ (ᠦᠢ᠍ᠯᠡᠳᠪᠦᠷᠢ)᠎ᠤᠨ ᠳᠣᠲᠣᠷᠠᠬᠢ ᠲᠤᠰᠬᠠᠶ ᠬᠡᠷᠡᠭᠯᠡᠬᠦ ᠮᠠᠰᠢᠨ ᠲᠡᠷᠭᠡ ᠰᠡᠯᠪᠢᠨ ᠵᠠᠰᠠᠬᠤ 5 ᠨᠢᠭᠡᠴᠢ᠂ ᠶᠡᠷᠦᠩᠬᠡᠶ᠋ᠢᠯᠡᠭᠰᠡᠨ ᠰᠢᠯᠭ᠋ᠠᠨ ᠪᠠᠶ᠋ᠢᠴᠠᠭ᠋ᠠᠬᠤ 15 ᠪᠠᠶ᠋ᠢᠭᠤᠯᠤᠮᠵᠢ᠂ ᠬᠡᠢ᠌ᠲᠦ ᠯᠣᠩᠬᠣ ᠵᠢ ᠰᠢᠯᠭ᠋ᠠᠨ ᠪᠠᠶ᠋ᠢᠴᠠᠭ᠋ᠠᠬᠤ 10 ᠪᠠᠶ᠋ᠢᠭᠤᠯᠤᠮᠵᠢ᠂ ᠠᠶᠤᠯᠭᠦᠢ ᠨᠡᠭᠡᠯᠡᠬᠡᠶ ᠵᠢᠨ ᠰᠢᠯᠭ᠋ᠠᠨ ᠪᠠᠶ᠋ᠢᠴᠠᠭ᠋ᠠᠬᠤ 12 ᠪᠠᠶ᠋ᠢᠭᠤᠯᠤᠮᠵᠢ᠂ ᠬᠣᠬᠢᠷᠠᠯ ᠦᠭᠡᠢ ᠪᠠᠢ᠌ᠴᠠᠭ᠋ᠠᠨ ᠬᠡᠮᠵᠢᠬᠦ 5 ᠪᠠᠢ᠌ᠭᠤᠯᠤᠮᠵᠢ᠂ ᠴᠠᠬᠢᠯᠭ᠋ᠠᠨ ᠱᠠᠲᠤ ᠪᠠᠶ᠋ᠢᠴᠠᠭ᠋ᠠᠨ ᠬᠡᠮᠵᠢᠬᠦ 9 ᠪᠠᠶ᠋ᠢᠭᠤᠯᠤᠮᠵᠢ᠂ ᠣᠨᠴᠠ ᠲᠥᠷᠥᠯ᠎ᠤᠨ ᠲᠣᠨᠤᠭ ᠲᠥᠬᠦᠭᠡᠷᠦᠮᠵᠢ ᠵᠢᠨ ᠠᠵᠢᠯᠲᠠᠨ᠎ᠤ ᠰᠢᠯᠭ᠋ᠠᠯᠲᠠ ᠵᠢᠨ 13 ᠪᠠᠶ᠋ᠢᠭᠤᠯᠤᠮᠵᠢ᠂ ᠠᠰᠠᠭᠤᠳᠠᠯ᠎ᠢ ᠢᠯᠡᠷᠡᠭᠦᠯᠦᠭᠰᠡᠨ 58 ᠨᠢᠭᠡᠴᠢ ᠪᠠᠢ᠌ᠵᠤ᠂ ᠰᠤᠭᠤᠴᠢᠨ ᠪᠠᠶ᠋ᠢᠴᠠᠭ᠋ᠠᠬᠤ ᠬᠠᠷᠢᠴᠠᠯ᠎ᠤᠨ 40.3% ᠵᠢ ᠡᠵᠡᠯᠡᠪᠡ᠃
ᠬᠤᠶᠠᠷ᠂ ᠣᠷᠣᠰᠢᠵᠤ ᠪᠠᠶ᠋ᠢᠭ᠎ᠠ ᠠᠰᠠᠭᠤᠳᠠᠯ
(ᠨᠢᠭᠡ) ᠦᠢ᠍ᠯᠡᠳᠪᠦᠷᠢᠯᠡᠬᠦ ᠪᠠ ᠰᠠᠪᠠᠯᠠᠵᠤ ᠳᠦᠭᠦᠷᠭᠡᠬᠦ ᠨᠢᠭᠡᠴᠢ
1. ᠡᠬᠢ ᠪᠠᠶᠠᠯᠢᠭ᠎ᠤᠨ ᠨᠥᠬᠥᠴᠡᠯ᠎ᠤᠨ ᠲᠠᠯ᠎ᠠ᠎ᠪᠠᠷ᠃ ᠬᠡᠰᠡᠭ ᠦᠢ᠍ᠯᠡᠳᠪᠦᠷᠢᠯᠡᠬᠦ ᠰᠠᠪᠠᠯᠠᠵᠤ ᠲᠥᠬᠥᠭᠡᠷᠬᠦ ᠨᠢᠭᠡᠴᠢ ᠵᠢᠨ ᠶᠠᠰᠤ ᠴᠢᠨᠠᠷ᠎ᠢ ᠡᠵᠡᠮᠳᠡᠬᠦ ᠰᠢᠰᠲ᠋ᠧᠮ᠎ᠤᠨ ᠬᠠᠷᠢᠭᠤᠴᠠᠯᠭ᠎ᠠ ᠡᠭᠦᠷᠭᠡᠯᠡᠭᠴᠢ᠂ ᠦᠨᠡᠮᠯᠡᠯ ᠠᠪᠴᠤ ᠪᠠᠶ᠋ᠢᠭ᠎ᠠ ᠠᠵᠢᠯᠲᠠᠨ᠎ᠤ ᠲᠣᠬᠢᠷᠠᠭᠤᠯᠤᠯᠲᠠ᠎ᠨᠢ ᠵᠥᠪᠰᠢᠶᠡᠷᠡᠯ᠎ᠤᠨ ᠳᠦᠷᠢᠮ᠎ᠤᠨ ᠱᠠᠭ᠋ᠠᠷᠳᠠᠯᠭ᠎ᠠ ᠵᠢ ᠦᠷᠭᠦᠯᠵᠢᠯᠡᠨ ᠬᠠᠩᠭ᠋ᠠᠵᠤ ᠳᠡᠶ᠋ᠢᠯᠬᠦ ᠦᠭᠡᠶ; ᠪᠡᠯᠡᠳᠬᠡᠮᠵᠢ᠂ ᠲᠥᠬᠥᠭᠡᠷᠦᠮᠵᠢ ᠵᠢᠨ ᠲᠣᠬᠢᠷᠠᠭᠤᠯᠤᠯᠲᠠ᠎ᠨᠢ ᠵᠥᠪᠰᠢᠶᠡᠷᠡᠯ᠎ᠤᠨ ᠳᠦᠷᠢᠮ᠎ᠤᠨ ᠱᠠᠭ᠋ᠠᠷᠳᠠᠯᠭ᠎ᠠ ᠵᠢ ᠦᠷᠭᠦᠯᠵᠢᠯᠡᠨ ᠬᠠᠩᠭ᠋ᠠᠵᠤ ᠳᠡᠶ᠋ᠢᠯᠬᠦ ᠦᠭᠡᠶ; ᠬᠡᠮᠵᠢᠭᠦᠷᠯᠢᠭ ᠲᠥᠬᠥᠭᠡᠷᠦᠮᠵᠢ᠂ ᠬᠡᠮᠵᠢᠯᠲᠡ ᠵᠢᠨ ᠪᠠᠭ᠋ᠠᠵᠢ ᠬᠡᠷᠡᠭᠰᠡᠯ᠎ᠨᠢ ᠲᠣᠭᠲᠠᠮᠠᠯ ᠬᠤᠭᠤᠴᠠᠭ᠎ᠠ᠎ᠲᠠᠢ᠎ᠪᠠᠷ ᠰᠢᠯᠭ᠋ᠠᠨ ᠲᠣᠭᠲᠠᠭ᠋ᠠᠵᠤ᠂ ᠰᠢᠯᠭ᠋ᠠᠨ ᠣᠨᠣᠪᠴᠢᠯᠠᠭᠰᠠᠨ ᠦᠭᠡᠢ᠂ ᠰᠢᠯᠭ᠋ᠠᠨ ᠲᠣᠭᠲᠠᠭ᠋ᠠᠵᠤ᠂ ᠰᠢᠯᠭ᠋ᠠᠨ ᠣᠨᠣᠪᠴᠢᠯᠠᠭᠰᠠᠨ ᠬᠦᠴᠦᠨ᠎ᠲᠠᠢ ᠬᠤᠭᠤᠴᠠᠭ᠎ᠠ᠎ᠠᠴᠠ ᠬᠡᠲᠦᠷᠡᠭᠦᠯᠦᠨ ᠬᠡᠷᠡᠭᠯᠡᠭᠰᠡᠨ᠃ ᠣᠨᠴᠠ ᠵᠠᠷᠢᠮ ᠦᠢ᠍ᠯᠡᠳᠪᠦᠷᠢᠯᠡᠯ᠎ᠤᠨ ᠨᠢᠭᠡᠴᠢ᠎ᠨᠢ ᠠᠵᠢᠯᠯᠠᠬᠤ ᠭᠠᠵᠠᠷ ᠵᠶ᠋ᠠᠨ ᠨᠡᠭᠦᠯᠭᠡᠭᠰᠡᠨ᠎ᠤ ᠳᠠᠷᠠᠭ᠎ᠠ᠂ ᠵᠥᠪᠰᠢᠶᠡᠷᠡᠯ᠎ᠤᠨ ᠦᠨᠡᠮᠯᠡᠯ᠎ᠢ ᠬᠤᠪᠢᠷᠠᠭᠤᠯᠬᠤ ᠭᠠᠷ ᠭᠦᠢ᠍ᠴᠡᠳᠬᠡᠯ᠎ᠢ ᠭᠦᠢ᠍ᠴᠡᠳᠬᠡᠭᠰᠡᠨ ᠦᠭᠡᠢ᠃
2. ᠵᠠᠩᠭᠢᠯᠠᠭ᠎ᠠ ᠵᠢᠨ ᠶᠠᠪᠤᠴᠠ ᠪᠠ ᠦᠢ᠍ᠯᠡᠳᠬᠦᠨ᠎ᠤ ᠠᠮᠤᠷ ᠲᠦᠪᠰᠢᠨ᠎ᠤ ᠴᠢᠳᠠᠮᠵᠢ ᠵᠢᠨ ᠲᠠᠯ᠎ᠠ᠎ᠪᠠᠷ᠃ ᠬᠡᠰᠡᠭ ᠦᠢ᠍ᠯᠡᠳᠪᠦᠷᠢᠯᠡᠬᠦ ᠨᠢᠭᠡᠴᠢ᠎ᠨᠢ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ ᠵᠢᠨ ᠵᠠᠷᠯᠢᠭ 73 ᠳ᠋ᠤᠭ᠋ᠠᠷ ᠲᠣᠭ᠋ᠠᠲᠤ 《ᠣᠨᠴᠠ ᠲᠥᠷᠥᠯ᠎ᠤᠨ ᠲᠣᠨᠤᠭ ᠲᠥᠬᠦᠭᠡᠷᠦᠮᠵᠢ ᠦᠢ᠍ᠯᠡᠳᠪᠦᠷᠢᠯᠡᠬᠦ ᠨᠢᠭᠡᠴᠢ ᠵᠢᠨ ᠶᠠᠰᠤ ᠴᠢᠨᠠᠷ᠎ᠤᠨ ᠠᠮᠤᠷ ᠲᠦᠪᠰᠢᠨ᠎ᠤ ᠭᠤᠤᠯ ᠴᠣᠭᠴᠠ ᠵᠢᠨ ᠬᠠᠷᠢᠭᠤᠴᠠᠯᠭ᠎ᠠ ᠵᠢᠨ ᠬᠢᠨᠠᠯᠲᠠ ᠬᠠᠮᠢᠶᠠᠷᠤᠯᠲᠠ ᠵᠢ ᠨᠠᠶ᠋ᠢᠳᠠᠪᠤᠷᠢᠵᠢᠭᠤᠯᠬᠤ ᠲᠣᠭᠲᠠᠭ᠋ᠠᠯ》᠎ᠤᠨ ᠱᠠᠭ᠋ᠠᠷᠳᠠᠯᠭ᠎ᠠ ᠶᠣᠰᠣᠭ᠋ᠠᠷ ᠬᠠᠷᠢᠭᠤᠴᠠᠯᠭ᠎ᠠ ᠵᠢᠨ ᠰᠢᠰᠲ᠋ᠧᠮᠵᠢ ᠵᠢ ᠪᠦᠷᠢᠨᠰᠢᠬᠦᠯᠵᠦ᠂ ᠶᠠᠰᠤ ᠴᠢᠨᠠᠷ᠎ᠤᠨ ᠠᠮᠤᠷ ᠲᠦᠪᠰᠢᠨ᠎ᠤ ᠶᠡᠷᠦᠩᠬᠡᠶ ᠬᠢᠨᠠᠭᠴᠢ᠂ ᠶᠠᠰᠤ ᠴᠢᠨᠠᠷ᠎ᠤᠨ ᠠᠮᠤᠷ ᠲᠦᠪᠰᠢᠨ᠎ᠤ ᠠᠵᠢᠯᠲᠠᠨ᠎ᠢ ᠳᠣᠭᠢᠷᠠᠭᠤᠯᠤᠨ᠂ 《ᠡᠳᠦᠷ ᠪᠦᠷᠢ ᠬᠠᠮᠢᠶᠠᠷᠤᠨ ᠡᠵᠡᠮᠳᠡᠬᠦ᠂ ᠭᠠᠷᠠᠭ ᠪᠦᠷᠢ ᠵᠢᠭᠰᠠᠭ᠋ᠠᠨ ᠪᠠᠶ᠋ᠢᠴᠠᠭ᠋ᠠᠬᠤ᠂ ᠰᠠᠷ᠎ᠠ ᠪᠦᠷᠢ ᠳᠣᠭᠢᠷᠠᠭᠤᠯᠬᠤ》 ᠠᠵᠢᠯ᠎ᠤᠨ ᠲᠣᠭᠲᠠᠴᠠ ᠵᠢ ᠨᠠᠢ᠌ᠳᠠᠪᠤᠷᠢᠵᠢᠭᠤᠯᠤᠭᠰᠠᠨ ᠦᠭᠡᠢ; ᠶᠠᠰᠤ ᠴᠢᠨᠠᠷ᠎ᠤᠨ ᠪᠠᠲᠤᠯᠠᠭ᠎ᠠ ᠵᠢᠨ ᠭᠠᠷ ᠳᠡᠪᠲᠡᠷ᠂ ᠲᠠᠰ ᠳᠠᠷᠠᠭ᠋ᠠᠯᠠᠯ᠎ᠤᠨ ᠪᠢᠴᠢᠭ ᠮᠠᠲ᠋ᠧᠷᠢᠶᠠᠯ᠂ ᠬᠠᠮᠢᠶᠠᠷᠤᠯᠲᠠ ᠵᠢᠨ ᠲᠦᠷᠢᠮ᠎ᠳᠠᠬᠢ ᠡᠵᠡᠮᠳᠡᠬᠦ ᠠᠭᠤᠯᠭ᠎ᠠ᠎ᠨᠢ ᠪᠦᠷᠢᠨ ᠪᠤᠰᠤ; ᠶᠠᠰᠤ ᠴᠢᠨᠠᠷ᠎ᠤᠨ ᠪᠠᠲᠤᠯᠠᠭ᠎ᠠ ᠵᠢᠨ ᠰᠢᠰᠲ᠋ᠧᠮ᠎ᠢ ᠬᠡᠷᠡᠭᠵᠢᠭᠦᠯᠬᠦ ᠳᠤᠮᠳᠠ ᠬᠦᠷᠦᠯᠴᠡᠬᠦ ᠦᠭᠡᠢ᠂ ᠬᠠᠮᠢᠶ᠎ᠠ ᠪᠥᠬᠦᠶ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠠᠮᠤᠷ ᠲᠦᠪᠰᠢᠨ᠎ᠤ ᠮᠡᠷᠭᠡᠵᠢᠯ᠎ᠤᠨ ᠵᠢᠷᠤᠮᠵᠢᠯ᠂ ᠪᠠᠷᠢᠮᠵᠢᠶ᠎ᠠ ᠪᠠ ᠰᠢᠰᠲ᠋ᠧᠮ᠎ᠤᠨ ᠪᠢᠴᠢᠭ ᠮᠠᠲ᠋ᠧᠷᠢᠶᠠᠯ᠎ᠤᠨ ᠲᠣᠭᠲᠠᠭ᠋ᠠᠯ᠎ᠤᠨ ᠱᠠᠭ᠋ᠠᠷᠳᠠᠯᠭ᠎ᠠ ᠵᠢ ᠴᠢᠩᠭ᠎ᠠ ᠬᠡᠷᠡᠭᠵᠢᠭᠦᠯᠦᠭᠰᠡᠨ ᠥᠬᠡᠶ᠃ ᠣᠨᠴᠠ ᠵᠠᠷᠢᠮ ᠦᠢ᠍ᠯᠡᠳᠪᠦᠷᠢᠯᠡᠯ᠎ᠤᠨ ᠨᠢᠭᠡᠴᠢ ᠵᠢᠨ ᠭᠠᠩᠨᠠᠨ ᠵᠠᠯᠭ᠋ᠠᠬᠤ ᠠᠵᠢᠯᠲᠠᠨ᠎ᠨᠢ ᠦᠨᠡᠮᠯᠡᠯ᠎ᠤᠨ ᠲᠥᠷᠥᠯ ᠵᠦᠢ᠍ᠯ᠎ᠠᠴᠠ ᠬᠡᠲᠦᠷᠡᠭᠦᠯᠦᠨ ᠭᠠᠩᠨᠠᠬᠤ; ᠪᠠᠶ᠋ᠢᠴᠠᠭ᠋ᠠᠨ ᠬᠡᠮᠵᠢᠭᠰᠡᠨ ᠮᠡᠳᠡᠭᠦᠯᠦᠯᠲᠡ᠎ᠨᠢ ᠵᠢᠷᠤᠮᠵᠢᠯ ᠦᠭᠡᠢ᠂ ᠪᠦᠷᠢᠨ ᠭᠦᠢ᠍ᠴᠡᠳ ᠪᠤᠰᠤ᠃ ᠬᠡᠰᠡᠭ ᠴᠠᠬᠢᠯᠭ᠋ᠠᠨ ᠱᠠᠲᠤ ᠤᠭᠰᠠᠷᠠᠬᠤ ᠨᠢᠭᠡᠴᠢ ᠵᠢᠨ ᠰᠡᠯᠪᠢᠨ ᠵᠠᠰᠠᠵᠤ ᠠᠷᠠᠴᠢᠯᠠᠨ ᠬᠠᠮᠠᠭ᠋ᠠᠯᠠᠬᠤ ᠠᠵᠢᠯ ᠨᠢ ᠬᠦᠷᠦᠯᠴᠡᠬᠦ ᠦᠭᠡᠶ᠂ ᠰᠡᠯᠪᠢᠨ ᠵᠠᠰᠠᠵᠤ ᠠᠷᠠᠴᠢᠯᠠᠨ ᠬᠠᠮᠠᠭ᠋ᠠᠯᠠᠭᠰᠠᠨ ᠴᠠᠬᠢᠯᠭ᠋ᠠᠨ ᠱᠠᠲᠤ᠎ᠨᠢ ᠳᠠᠷᠤᠬᠤ᠎ᠳᠤ ᠬᠠᠷᠢᠭᠤ ᠦᠭᠡᠶ ᠂ ᠠᠰᠠᠷ᠎ᠤᠨ ᠳᠠᠪᠬᠤᠷᠭ᠎ᠠ ᠵᠢᠨ ᠦᠵᠡᠭᠦᠯᠦᠯᠭᠡ ᠵᠡᠷᠭᠡ ᠳᠣᠬᠢᠶᠠᠨ᠎ᠤ ᠰᠢᠰᠲ᠋ᠧᠮ᠎ᠤᠨ ᠠᠵᠢᠯ᠎ᠤᠨ ᠵᠢᠭ᠋ᠠᠪᠤᠷᠢ᠎ᠨᠢ ᠵᠥᠪ ᠪᠤᠰᠤ᠂ ᠴᠠᠬᠢᠯᠭ᠋ᠠᠨ ᠱᠠᠲᠤ ᠵᠢᠨ ᠬᠡᠪ᠎ᠤᠨ ᠭᠡᠷᠡᠯᠲᠦᠭᠦᠯᠭᠡ ᠲᠠᠰᠤᠯᠤᠭᠰᠠᠨᠤ ᠳᠠᠷᠠᠭ᠎ᠠ ᠪᠠᠴᠢᠮ ᠭᠡᠷᠡᠯᠲᠦᠭᠦᠯᠭᠡ᠎ᠨᠢ ᠭᠡᠷᠡᠯᠲᠦᠬᠦ ᠦᠭᠡᠢ᠂ ᠴᠠᠬᠢᠯᠭ᠋ᠠᠨ ᠱᠠᠲᠤ ᠵᠢᠨ ᠰᠡᠦᠬᠡᠨ ᠥᠷᠥᠭᠡ ᠳᠣᠲᠣᠷᠠᠬᠢ ᠲᠦᠭᠰᠢᠭᠦᠷᠢ ᠮᠡᠳᠡᠭᠡᠯᠡᠬᠦ ᠲᠥᠬᠥᠭᠡᠷᠦᠮᠵᠢ᠎ᠨᠢ ᠬᠦᠴᠦᠨ ᠦᠭᠡᠶ ᠪᠣᠯᠤᠭᠰᠠᠨ ᠵᠡᠷᠭᠡ ᠠᠰᠠᠭᠤᠳᠠᠯ ᠣᠷᠣᠰᠢᠵᠤ ᠪᠠᠶ᠋ᠢᠨ᠎ᠠ᠃
(ᠬᠤᠶᠠᠷ) ᠰᠢᠯᠭ᠋ᠠᠨ ᠬᠡᠮᠵᠢᠬᠦ ᠪᠠᠶ᠋ᠢᠭᠤᠯᠤᠮᠵᠢ
1. ᠶᠡᠷᠦᠩᠬᠡᠶ᠋ᠢᠯᠡᠭᠰᠡᠨ ᠰᠢᠯᠭ᠋ᠠᠨ ᠪᠠᠢ᠌ᠴᠠᠭ᠋ᠠᠬᠤ ᠪᠠᠶ᠋ᠢᠭᠤᠯᠤᠮᠵᠢ᠃ ᠬᠡᠰᠡᠭ ᠶᠡᠷᠦᠩᠬᠡᠶ᠋ᠢᠯᠡᠭᠰᠡᠨ ᠰᠢᠯᠭ᠋ᠠᠨ ᠪᠠᠢ᠌ᠴᠠᠭ᠋ᠠᠬᠤ ᠪᠠᠶ᠋ᠢᠭᠤᠯᠤᠮᠵᠢ ᠵᠢᠨ ᠶᠠᠰᠤ ᠴᠢᠨᠠᠷ᠎ᠤᠨ ᠰᠢᠰᠲ᠋ᠧᠮ᠎ᠤᠨ ᠪᠢᠴᠢᠭ ᠮᠠᠲ᠋ᠧᠷᠢᠶᠠᠯ᠎ᠢ ᠬᠡᠷᠡᠭᠵᠢᠭᠦᠯᠦᠭᠰᠡᠨ ᠵᠶ᠋ᠠᠷ ᠬᠦᠷᠦᠯᠴᠡᠬᠦ ᠦᠭᠡᠢ᠃ ᠵᠢᠱ᠌ᠢᠶᠡᠯᠡᠪᠡᠯ ᠰᠢᠯᠭ᠋ᠠᠨ ᠪᠠᠢ᠌ᠴᠠᠭ᠋ᠠᠬᠤ ᠠᠵᠢᠯ᠎ᠢ ᠥᠷᠨᠢᠭᠦᠯᠬᠦ ᠶᠠᠪᠤᠴᠠ᠎ᠳᠤ ᠰᠢᠯᠭ᠋ᠠᠨ ᠪᠠᠢ᠌ᠴᠠᠭ᠋ᠠᠬᠤ᠎ᠪᠠᠷ ᠪᠠᠢ᠌ᠭ᠎ᠠ ᠲᠣᠨᠣᠭ ᠲᠥᠬᠥᠭᠡᠷᠦᠮᠵᠢ ᠵᠢᠨ ᠰᠢᠯᠭ᠋ᠠᠨ ᠪᠠᠢ᠌ᠴᠠᠭ᠋ᠠᠬᠤ ᠲᠥᠰᠦᠯ᠎ᠢ ᠨᠠᠶ᠋ᠢᠷᠠᠭᠤᠯᠤᠨ ᠵᠣᠬᠢᠶᠠᠭᠰᠠᠨ ᠦᠭᠡᠶ᠂ ᠰᠢᠯᠭ᠋ᠠᠨ ᠪᠠᠢ᠌ᠴᠠᠭ᠋ᠠᠭᠰᠠᠨ ᠮᠡᠳᠡᠭᠡ ᠵᠠᠩᠭᠢ ᠵᠢᠨ ᠲᠡᠮᠳᠡᠭᠯᠡᠯ᠎ᠨᠢ ᠪᠦᠷᠢᠨ ᠪᠤᠰᠤ᠂ ᠰᠢᠯᠭ᠋ᠠᠨ ᠪᠠᠶ᠋ᠢᠴᠠᠭ᠋ᠠᠭᠰᠠᠨ ᠮᠡᠳᠡᠭᠦᠯᠦᠯᠲᠡ᠎ᠳᠤ ᠣᠷᠬᠢᠭᠳᠠᠭᠤᠯᠤᠭᠰᠠᠨ᠂ ᠪᠤᠷᠤᠭᠤ ᠰᠢᠯᠭ᠋ᠠᠨ ᠪᠠᠢ᠌ᠴᠠᠭ᠋ᠠᠭᠰᠠᠨ ᠠᠰᠠᠭᠤᠳᠠᠯ ᠣᠷᠣᠰᠢᠵᠤ ᠪᠠᠶ᠋ᠢᠨ᠎ᠠ᠃ ᠣᠨᠴᠠ ᠵᠠᠷᠢᠮ ᠪᠠᠶ᠋ᠢᠭᠤᠯᠤᠮᠵᠢ ᠵᠢᠨ ᠰᠢᠯᠭ᠋ᠠᠨ ᠪᠠᠢ᠌ᠴᠠᠭ᠋ᠠᠭᠰᠠᠨ ᠮᠡᠳᠡᠭᠦᠯᠦᠯᠲᠡ ᠵᠢᠨ ᠠᠭᠤᠯᠭ᠎ᠠ ᠪᠣᠯᠤᠨ ᠠᠩᠬᠠᠨ᠎ᠤ ᠲᠡᠮᠳᠡᠭᠯᠡᠯ᠎ᠤᠨ ᠠᠭᠤᠯᠭ᠎ᠠ᠎ᠨᠢ ᠨᠢᠭᠡᠳᠦᠯ ᠦᠭᠡᠶ᠂ ᠰᠢᠯᠭ᠋ᠠᠨ ᠪᠠᠢ᠌ᠴᠠᠭ᠋ᠠᠭᠰᠠᠨ ᠮᠡᠳᠡᠭᠦᠯᠦᠯᠲᠡ ᠵᠢᠨ ᠰᠢᠯᠭ᠋ᠠᠭᠰᠠᠨ ᠣᠷᠣᠨ ᠪᠠᠶ᠋ᠢᠷᠢ ᠵᠢᠨ ᠲᠣᠳᠣᠷᠬᠠᠶ᠋ᠢᠯᠠᠯᠲᠠ᠎ᠨᠢ ᠣᠨᠣᠪᠴᠢᠲᠠᠶ ᠦᠭᠡᠶ᠃
2. ᠬᠡᠢ᠌ᠲᠦ ᠯᠣᠩᠬᠣ ᠰᠢᠯᠭ᠋ᠠᠨ ᠪᠠᠢ᠌ᠴᠠᠭ᠋ᠠᠬᠤ ᠪᠠᠶ᠋ᠢᠭᠤᠯᠤᠮᠵᠢ᠃ ᠵᠠᠩᠭᠢᠯᠠᠭ᠎ᠠ ᠵᠢᠨ ᠠᠵᠢᠯ᠎ᠤᠨ ᠪᠠᠶ᠋ᠢᠷᠢ ᠵᠢᠨ ᠠᠵᠢᠯᠲᠠᠨ ᠳᠤᠲᠠᠭᠳᠠᠵᠤ᠂ ᠬᠡᠰᠡᠭ ᠬᠡᠢ᠌ᠲᠦ ᠯᠣᠩᠬᠤ ᠵᠢ ᠰᠢᠯᠭ᠋ᠠᠨ ᠪᠠᠢ᠌ᠴᠠᠭ᠋ᠠᠬᠤ ᠪᠠᠶ᠋ᠢᠭᠤᠯᠤᠮᠵᠢ᠎ᠨᠢ ᠮᠡᠷᠭᠡᠵᠢᠯ᠎ᠤᠨ ᠬᠠᠷᠢᠭᠤᠴᠠᠯᠭ᠋ᠠᠲᠠᠨ᠂ ᠶᠠᠰᠤ ᠴᠢᠨᠠᠷ᠎ᠤᠨ ᠬᠠᠷᠢᠭᠤᠴᠠᠯᠭ᠋ᠠᠲᠠᠨ᠂ ᠰᠢᠯᠭ᠋ᠠᠨ ᠪᠠᠢ᠌ᠴᠠᠭ᠋ᠠᠬᠤ ᠬᠠᠷᠢᠭᠤᠴᠠᠯᠭ᠋ᠠᠲᠠᠨ ᠵᠡᠷᠭᠡ ᠵᠠᠩᠭᠢᠯᠠᠭ᠎ᠠ ᠵᠢᠨ ᠠᠵᠢᠯ᠎ᠤᠨ ᠪᠠᠶ᠋ᠢᠷᠢ ᠵᠢᠨ ᠠᠵᠢᠯᠲᠠᠨ᠎ᠢ ᠲᠣᠮᠢᠯᠠᠭᠰᠠᠨ ᠦᠭᠡᠢ᠂ ᠠᠵᠢᠯᠲᠠᠨ᠎ᠨᠢ ᠬᠢᠨᠠᠨ ᠵᠥᠪᠰᠢᠶᠡᠷᠡᠬᠦ ᠳᠦᠷᠢᠮ᠎ᠤᠨ ᠱᠠᠭ᠋ᠠᠷᠳᠠᠯᠭ᠎ᠠ᠎ᠳᠤ ᠨᠡᠶ᠋ᠢᠴᠡᠬᠦ ᠦᠭᠡᠢ; ᠦᠨᠡᠮᠯᠡᠯ᠎ᠲᠠᠢ ᠰᠢᠯᠭ᠋ᠠᠬᠤ ᠠᠵᠢᠯᠲᠠᠨ᠎ᠤ ᠲᠤᠭ᠎ᠠ᠎ᠨᠢ ᠬᠢᠨᠠᠨ ᠵᠥᠪᠰᠢᠶᠡᠷᠡᠬᠦ ᠳᠦᠷᠢᠮ᠎ᠤᠨ ᠱᠠᠭ᠋ᠠᠷᠳᠠᠯᠭ᠎ᠠ᠎ᠳᠤ ᠨᠡᠶ᠋ᠢᠴᠡᠬᠦ ᠦᠭᠡᠢ; ᠰᠢᠯᠭ᠋ᠠᠨ ᠪᠠᠢ᠌ᠴᠠᠭ᠋ᠠᠬᠤ ᠪᠡᠯᠡᠳᠬᠡᠮᠵᠢ᠂ ᠲᠥᠬᠦᠭᠡᠷᠦᠮᠵᠢ ᠪᠠ ᠴᠢᠬᠤᠯᠠ ᠪᠦᠬᠦᠢ ᠪᠠᠭ᠋ᠠᠵᠢ ᠵᠢ ᠦᠷᠭᠦᠯᠵᠢᠯᠡᠨ ᠪᠠᠲᠤᠯᠠᠵᠤ ᠳᠡᠶ᠋ᠢᠯᠬᠦ ᠦᠭᠡᠢ᠂ ᠣᠳᠣ ᠵᠢᠨ ᠪᠠᠶ᠋ᠢᠭ᠎ᠠ ᠲᠥᠬᠦᠭᠡᠷᠦᠮᠵᠢ ᠵᠢᠨ ᠴᠢᠳᠠᠮᠵᠢ᠎ᠨᠢ ᠪᠦᠷᠢᠨ ᠪᠤᠰᠤ ᠨᠢᠭᠡᠨᠲᠡ ᠰᠢᠯᠭ᠋ᠠᠨ ᠪᠠᠢ᠌ᠴᠠᠭ᠋ᠠᠬᠤ ᠱᠠᠭ᠋ᠠᠷᠳᠠᠯᠭ᠎ᠠ ᠵᠢ ᠬᠠᠩᠭ᠋ᠠᠵᠤ ᠳᠡᠶ᠋ᠢᠯᠬᠦ ᠦᠭᠡᠢ ᠪᠣᠯᠣᠭᠰᠠᠨ; ᠬᠡᠢ᠌ᠲᠦ ᠯᠣᠩᠬᠤ ᠵᠢ ᠰᠢᠯᠭ᠋ᠠᠨ ᠪᠠᠢ᠌ᠴᠠᠭ᠋ᠠᠬᠤ ᠪᠠᠶ᠋ᠢᠭᠤᠯᠤᠮᠵᠢ ᠵᠢᠨ ᠰᠢᠯᠭ᠋ᠠᠬᠤ ᠲᠠᠯᠠᠪᠤᠷ ᠵᠶ᠋ᠠᠨ ᠬᠤᠪᠢᠷᠠᠭᠤᠯᠤᠭᠰᠠᠨ᠎ᠤ ᠳᠠᠷᠠᠭ᠎ᠠ᠂ ᠬᠠᠷᠠᠭ᠋ᠠᠯᠵᠠᠭᠰᠠᠨ ᠬᠤᠪᠢᠷᠠᠭᠤᠯᠬᠤ ᠵᠥᠪᠰᠢᠶᠡᠷᠡᠯ᠎ᠤᠨ ᠭᠠᠷᠳᠠᠮ᠎ᠢ ᠭᠦᠢ᠍ᠴᠡᠳᠬᠡᠭᠰᠡᠨ ᠦᠭᠡᠢ᠃ ᠬᠡᠰᠡᠭ ᠪᠠᠶ᠋ᠢᠭᠤᠯᠤᠮᠵᠢ᠎ᠨᠢ TSG Z7001 — 2021 《ᠣᠨᠴᠠ ᠲᠥᠷᠥᠯ᠎ᠤᠨ ᠲᠣᠨᠣᠭ ᠲᠥᠬᠦᠭᠡᠷᠦᠮᠵᠢ ᠵᠢ ᠰᠢᠯᠭ᠋ᠠᠨ ᠪᠠᠢ᠌ᠴᠠᠭ᠋ᠠᠬᠤ ᠪᠠᠶ᠋ᠢᠭᠤᠯᠤᠮᠵᠢ ᠵᠢᠨ ᠬᠢᠨᠠᠨ ᠵᠥᠪᠰᠢᠶᠡᠷᠡᠬᠦ ᠲᠦᠷᠢᠮ》᠎ᠤᠨ ᠶᠣᠰᠣᠭ᠋ᠠᠷ ᠶᠠᠰᠤ ᠴᠢᠨᠠᠷ᠎ᠤᠨ ᠬᠠᠮᠢᠶᠠᠷᠤᠯᠲᠠ ᠵᠢᠨ ᠰᠢᠰᠲ᠋ᠧᠮ᠎ᠢ ᠪᠠᠶ᠋ᠢᠭᠤᠯᠤᠭᠰᠠᠨ ᠥᠬᠡᠶ; ᠲᠣᠭᠲᠠᠭ᠋ᠠᠯ ᠶᠣᠰᠣᠭ᠋ᠠᠷ ᠣᠨ᠎ᠤ ᠳᠣᠲᠣᠭ᠋ᠠᠳᠤ ᠵᠢᠨ ᠬᠢᠨᠠᠨ ᠬᠠᠷᠭᠤᠭᠤᠯᠬᠤ ᠪᠠ ᠬᠠᠮᠢᠶᠠᠷᠴᠤ ᠬᠢᠨᠠᠨ ᠲᠣᠭᠲᠠᠭ᠋ᠠᠬᠤ ᠠᠵᠢᠯ᠎ᠢ ᠥᠷᠨᠢᠭᠦᠯᠦᠭᠰᠡᠨ ᠦᠭᠡᠢ᠃ ᠬᠡᠰᠡᠭ ᠪᠠᠶ᠋ᠢᠭᠤᠯᠤᠮᠵᠢ ᠵᠢᠨ ᠨᠠᠶ᠋ᠢᠷᠠᠭᠤᠯᠤᠨ ᠵᠣᠬᠢᠶᠠᠭᠰᠠᠨ ᠠᠵᠢᠯ᠎ᠤᠨ ᠵᠢᠯᠣᠭᠤᠳᠬᠤ ᠪᠢᠴᠢᠭ ᠪᠠ ᠶᠠᠰᠤ ᠴᠢᠨᠠᠷ᠎ᠤᠨ ᠲᠡᠮᠳᠡᠭᠯᠡᠯ᠎ᠢ ᠲᠠᠭᠯᠠᠨ ᠪᠢᠴᠢᠭᠰᠡᠨ᠎ᠨᠢ ᠵᠢᠷᠤᠮᠵᠢᠯ ᠦᠭᠡᠢ ᠠᠰᠠᠭᠤᠳᠠᠯ ᠣᠷᠣᠰᠢᠵᠤ ᠪᠠᠶ᠋ᠢᠨ᠎ᠠ᠃ ᠵᠢᠱ᠌ᠢᠶᠡᠯᠡᠪᠡᠯ᠂ ᠰᠢᠯᠭ᠋ᠠᠨ ᠪᠠᠢ᠌ᠴᠠᠭ᠋ᠠᠭᠰᠠᠨ ᠲᠡᠮᠳᠡᠭᠯᠡᠯ᠎ᠳᠤ ᠲᠡᠮᠳᠡᠭᠯᠡᠯ᠎ᠤᠨ ᠳ᠋ᠤᠭ᠋ᠠᠷ᠂ ᠬᠡᠷᠡᠭᠯᠡᠬᠦ ᠳᠠᠩᠰᠠᠯᠠᠯ᠎ᠤᠨ ᠦᠨᠡᠮᠯᠡᠯ᠎ᠤᠨ ᠳ᠋ᠤᠭ᠋ᠠᠷ᠂ ᠵᠠᠳᠠᠷᠠᠵᠤ ᠳᠦᠷᠰᠦ ᠬᠤᠪᠢᠷᠠᠬᠤ ᠲᠥᠷᠥᠯ ᠵᠦᠢ᠍ᠯ᠂ ᠲᠣᠭᠲᠠᠮᠠᠯ ᠲᠣᠨᠣᠭᠯᠠᠯ ᠤᠨ ᠲᠥᠷᠥᠯ ᠵᠦᠢ᠍ᠯ᠂ ᠠᠭ᠋ᠠᠷ ᠪᠢᠲᠡᠭᠦᠮᠵᠢᠯᠡᠬᠦ ᠴᠢᠨᠠᠷ᠎ᠤᠨ ᠲᠤᠷᠰᠢᠯᠲᠠ᠂ ᠰᠢᠯᠭ᠋ᠠᠨ ᠪᠠᠢ᠌ᠴᠠᠭ᠋ᠠᠭᠰᠠᠨ ᠦᠷ᠎ᠡ ᠳ᠋ᠦᠩ ᠪᠠ ᠰᠢᠯᠭ᠋ᠠᠨ ᠪᠠᠢ᠌ᠴᠠᠭ᠋ᠠᠭᠰᠠᠨ ᠠᠵᠢᠯᠲᠠᠨ᠎ᠤ ᠭᠠᠷᠤᠨ ᠦᠰᠦᠭ ᠵᠡᠷᠭᠡ᠃
3. ᠬᠣᠬᠢᠷᠠᠯ ᠦᠭᠡᠢ ᠪᠠᠢ᠌ᠴᠠᠭ᠋ᠠᠨ ᠬᠡᠮᠵᠢᠬᠦ ᠪᠠᠶ᠋ᠢᠭᠤᠯᠤᠮᠵᠢ᠃ ᠬᠡᠰᠡᠭ ᠬᠣᠬᠢᠷᠠᠯ ᠦᠭᠡᠶ ᠪᠠᠢ᠌ᠴᠠᠭ᠋ᠠᠨ ᠬᠡᠮᠵᠢᠬᠦ ᠪᠠᠶ᠋ᠢᠭᠤᠯᠤᠮᠵᠢ᠎ᠨᠢ ᠣᠨᠴᠠ ᠲᠥᠷᠥᠯ᠎ᠤᠨ ᠲᠣᠨᠣᠭ ᠲᠥᠬᠥᠭᠡᠷᠦᠮᠵᠢ ᠵᠢᠨ ᠦᠢ᠍ᠯᠡᠳᠪᠦᠷᠢᠯᠡᠯ᠎ᠲᠠᠢ ᠬᠣᠯᠪᠣᠭᠳᠠᠬᠤ ᠠᠶᠤᠯᠭᠦᠢ ᠵᠢᠨ ᠮᠡᠷᠭᠡᠵᠢᠯ᠎ᠤᠨ ᠵᠢᠷᠤᠮᠵᠢᠯ ᠪᠠ ᠪᠠᠷᠢᠮᠵᠢᠶ᠎ᠠ ᠳᠤᠲᠠᠭᠳᠠᠵᠤ᠂ ᠬᠡᠰᠡᠭ ᠠᠶᠤᠯᠭᠦᠢ ᠵᠢᠨ ᠮᠡᠷᠭᠡᠵᠢᠯ᠎ᠤᠨ ᠵᠢᠷᠤᠮᠵᠢᠯ ᠪᠠ ᠪᠠᠷᠢᠮᠵᠢᠶ᠎ᠠ᠎ᠨᠢ ᠣᠳᠣ ᠵᠢᠨ ᠬᠡᠷᠡᠭᠵᠢᠭᠦᠯᠵᠦ ᠪᠠᠶ᠋ᠢᠭ᠎ᠠ ᠬᠦᠴᠦᠨ ᠪᠦᠬᠦᠢ ᠬᠡᠪᠯᠡᠯ ᠪᠢᠰᠢ᠃ ᠬᠡᠰᠡᠭ ᠪᠠᠶ᠋ᠢᠭᠤᠯᠤᠮᠵᠢ ᠵᠢᠨ ᠶᠠᠰᠤ ᠴᠢᠨᠠᠷ᠎ᠢ ᠪᠠᠲᠤᠯᠠᠬᠤ ᠭᠠᠷ ᠳᠡᠪᠲᠡᠷ᠂ ᠲᠠᠰ ᠳᠠᠷᠠᠭ᠋ᠠᠯᠠᠯ᠎ᠤᠨ ᠪᠢᠴᠢᠭ ᠮᠠᠲ᠋ᠧᠷᠢᠶᠠᠯ ᠪᠤᠶᠤ ᠬᠠᠮᠢᠶᠠᠷᠤᠯᠲᠠ ᠵᠢᠨ ᠲᠦᠷᠢᠮ᠎ᠳᠤ ᠬᠤᠬᠢᠷᠠᠯ ᠦᠭᠡᠢ ᠬᠡᠮᠵᠢᠬᠦ ᠵᠠᠷᠯᠢᠭ᠎ᠤᠨ ᠡᠵᠡᠮᠰᠢᠯ᠎ᠤᠨ ᠲᠣᠭᠲᠠᠭ᠋ᠠᠯ᠎ᠢ ᠲᠣᠳᠣᠷᠬᠠᠶ ᠲᠣᠭᠲᠠᠭ᠋ᠠᠭᠰᠠᠨ ᠦᠭᠡᠢ᠂ ᠪᠢᠴᠢᠭ ᠮᠠᠲ᠋ᠧᠷᠢᠶᠠᠯ᠂ ᠲᠡᠮᠳᠡᠭᠯᠡᠯ᠎ᠤᠨ ᠳ᠋ᠤᠭ᠋ᠠᠷᠯᠠᠬᠤ ᠬᠡᠪᠴᠢᠶ᠎ᠡ᠂ ᠳ᠋ᠤᠭ᠋ᠠᠷᠯᠠᠬᠤ ᠠᠷᠭ᠎ᠠ ᠵᠢᠴᠢ ᠱᠠᠭ᠋ᠠᠷᠳᠠᠯᠭ᠎ᠠ ᠵᠢ ᠲᠣᠭᠲᠠᠭ᠋ᠠᠭᠰᠠᠨ ᠦᠭᠡᠢ᠂ ᠴᠣᠷ᠎ᠤᠨ ᠭᠠᠭᠴᠠ ᠴᠢᠨᠠᠷ᠎ᠤᠨ ᠢᠯᠡᠷᠬᠡᠢ᠌ᠯᠡᠯ ᠬᠢᠵᠦ ᠪᠣᠯᠬᠤ ᠦᠭᠡᠢ᠃ ᠬᠡᠰᠡᠭ ᠪᠠᠶ᠋ᠢᠭᠤᠯᠤᠮᠵᠢ ᠵᠢᠨ UT ᠪᠠᠢ᠌ᠴᠠᠭ᠋ᠠᠨ ᠬᠡᠮᠵᠢᠬᠦ ᠬᠠᠷᠢᠭᠤᠴᠠᠯᠭ᠋ᠠᠲᠠᠨ᠎ᠨᠢ UT — Ⅱ ᠲᠠᠰ᠎ᠤᠨ ᠦᠨᠡᠮᠯᠡᠯ ᠣᠯᠣᠭᠰᠠᠨ ᠴᠠᠭ᠎ᠨᠢ 4 ᠵᠢᠯ ᠬᠥᠷᠬᠦ ᠥᠬᠡᠶ; ᠬᠣᠬᠢᠷᠠᠯ ᠦᠭᠡᠢ ᠬᠡᠮᠵᠢᠬᠦ ᠠᠵᠢᠯᠯᠠᠭ᠋ᠠᠨ᠎ᠤ ᠵᠢᠯᠣᠭᠤᠳᠬᠤ ᠪᠢᠴᠢᠭ᠎ᠤᠨ ᠬᠡᠮᠵᠢᠬᠦ ᠲᠠᠰ ᠳᠠᠷᠠᠭ᠋ᠠᠯᠠᠯ᠎ᠤᠨ ᠠᠭᠤᠯᠭ᠎ᠠ ᠵᠢ ᠲᠠᠭᠯᠠᠭᠰᠠᠨ᠎ᠨᠢ ᠪᠦᠷᠢᠨ ᠪᠤᠰᠤ᠂ ᠵᠥᠪ ᠪᠤᠰᠤ ᠪᠠᠶ᠋ᠢᠵᠤ᠂ ᠲᠣᠭᠲᠠᠭ᠋ᠠᠯ ᠶᠣᠰᠣᠭ᠋ᠠᠷ ᠨᠠᠶ᠋ᠢᠷᠠᠭᠤᠯᠤᠨ ᠵᠣᠬᠢᠶᠠᠭᠰᠠᠨ ᠬᠥᠮᠥᠨ ᠪᠠ ᠬᠢᠨᠠᠨ ᠬᠠᠷᠭᠤᠭᠤᠯᠤᠭᠴᠢ ᠵᠢᠨ ᠲᠠᠰ᠎ᠢ ᠲᠠᠭᠯᠠᠭᠰᠠᠨ ᠥᠬᠡᠶ; ᠠᠩᠬᠠᠨ᠎ᠤ ᠲᠡᠮᠳᠡᠭᠯᠡᠯ᠎ᠤᠨ ᠬᠦᠰᠦᠨᠦᠭᠲᠦ᠎ᠳᠠᠬᠢ ᠠᠭᠤᠯᠭ᠎ᠠ᠎ᠨᠢ ᠪᠦᠷᠢᠨ ᠪᠤᠰᠤ; ᠲᠠᠩᠰᠠ ᠡᠪᠬᠡᠮᠡᠯ᠎ᠤᠨ ᠮᠠᠲ᠋ᠧᠷᠢᠶᠠᠯ᠎ᠳᠤ ᠠᠩᠬ᠎ᠠ ᠤᠳᠠᠭ᠎ᠠ ᠵᠢᠨ ᠤᠷᠠᠨ ᠳᠠᠷᠬ᠎ᠠ ᠵᠢᠨ ᠰᠢᠯᠭ᠋ᠠᠨ ᠪᠠᠲᠤᠯᠠᠭᠰᠠᠨ ᠲᠡᠮᠳᠡᠭᠯᠡᠯ᠎ᠢ ᠲᠠᠭᠯᠠᠭᠰᠠᠨ ᠥᠬᠡᠶ᠃
4. ᠴᠠᠬᠢᠯᠭ᠋ᠠᠨ ᠱᠠᠲᠤ ᠪᠠᠢ᠌ᠴᠠᠭ᠋ᠠᠨ ᠬᠡᠮᠵᠢᠬᠦ ᠪᠠᠶ᠋ᠢᠭᠤᠯᠤᠮᠵᠢ᠃ ᠬᠡᠰᠡᠭ ᠴᠠᠬᠢᠯᠭ᠋ᠠᠨ ᠱᠠᠲᠤ ᠪᠠᠢ᠌ᠴᠠᠭ᠋ᠠᠨ ᠬᠡᠮᠵᠢᠬᠦ ᠪᠠᠶ᠋ᠢᠭᠤᠯᠤᠮᠵᠢ ᠵᠢᠨ ᠠᠵᠢᠯᠯᠠᠬᠤ ᠲᠠᠯᠠᠪᠤᠷ᠎ᠲᠤ ᠲᠣᠬᠢᠷᠠᠭᠤᠯᠤᠭᠰᠠᠨ ᠬᠡᠮᠵᠢᠭᠦᠷᠯᠢᠭ ᠲᠥᠬᠦᠭᠡᠷᠦᠮᠵᠢ᠎ᠨᠢ ᠪᠦᠷᠢᠨ ᠪᠤᠰᠤ ᠪᠠᠶ᠋ᠢᠵᠤ᠂ ᠲᠤᠬᠠᠶ ᠵᠢᠨ ᠲᠠᠯᠠᠪᠤᠷ᠎ᠤᠨ ᠴᠠᠬᠢᠯᠭ᠋ᠠᠨ ᠱᠠᠲᠤ ᠵᠢ ᠬᠡᠮᠵᠢᠬᠦ ᠠᠵᠢᠯ᠎ᠤᠨ ᠬᠡᠷᠡᠭᠴᠡᠭᠡ ᠵᠢ ᠬᠠᠩᠭ᠋ᠠᠵᠤ ᠳᠡᠶ᠋ᠢᠯᠬᠦ ᠥᠬᠡᠶ; ᠠᠵᠢᠯ᠎ᠤᠨ ᠵᠢᠯᠣᠭᠤᠳᠬᠤ ᠪᠢᠴᠢᠭ ᠮᠠᠲ᠋ᠧᠷᠢᠶᠠᠯ᠎ᠳᠤ ᠲᠣᠭᠲᠠᠭ᠋ᠠᠭᠰᠠᠨ ᠪᠠᠢ᠌ᠴᠠᠭ᠋ᠠᠨ ᠬᠡᠮᠵᠢᠬᠦ ᠠᠭᠤᠯᠭ᠎ᠠ᠎ᠨᠢ ᠪᠦᠷᠢᠨ ᠪᠤᠰᠤ᠂ ᠪᠠᠢ᠌ᠴᠠᠭ᠋ᠠᠨ ᠬᠡᠮᠵᠢᠬᠦ ᠠᠷᠭ᠎ᠠ ᠳᠤᠲᠠᠭᠤ ᠪᠤᠶᠤ ᠲᠣᠭᠲᠠᠭ᠋ᠠᠭᠰᠠᠨ ᠪᠠᠢ᠌ᠴᠠᠭ᠋ᠠᠨ ᠬᠡᠮᠵᠢᠬᠦ ᠠᠷᠭ᠎ᠠ᠎ᠨᠢ ᠪᠣᠳᠠᠲᠠᠶ ᠲᠣᠳᠣᠷᠬᠠᠶ ᠪᠢᠰᠢ; ᠪᠠᠢ᠌ᠴᠠᠭ᠋ᠠᠨ ᠬᠡᠮᠵᠢᠭᠰᠡᠨ ᠮᠡᠳᠡᠭᠡ ᠵᠠᠩᠭᠢ ᠵᠢᠨ ᠲᠡᠮᠳᠡᠭᠯᠡᠯ ᠨᠢ ᠪᠦᠷᠢᠨ ᠪᠤᠰᠤ; ᠣᠨᠴᠠ ᠵᠠᠷᠢᠮ ᠪᠠᠶ᠋ᠢᠭᠤᠯᠤᠮᠵᠢ᠎ᠳᠤ ᠴᠠᠬᠢᠯᠭ᠋ᠠᠨ ᠱᠠᠲᠤ ᠵᠢ ᠪᠠᠢ᠌ᠴᠠᠭ᠋ᠠᠨ ᠬᠡᠮᠵᠢᠬᠦ ᠠᠵᠢᠯ᠎ᠳᠤ ᠲᠥᠷᠥᠯ ᠵᠦᠢ᠍ᠯ ᠣᠷᠬᠢᠭᠳᠠᠭᠤᠯᠤᠭᠰᠠᠨ᠂ ᠬᠡᠮᠵᠢᠯᠲᠡ ᠣᠷᠬᠢᠭᠳᠠᠭᠤᠯᠤᠭᠰᠠᠨ ᠪᠠ ᠪᠤᠷᠤᠭᠤ ᠬᠡᠮᠵᠢᠭᠰᠡᠨ ᠵᠡᠷᠭᠡ ᠠᠰᠠᠭᠤᠳᠠᠯ ᠣᠷᠣᠰᠢᠨ᠎ᠠ; ᠪᠠᠢ᠌ᠴᠠᠭ᠋ᠠᠨ ᠬᠡᠮᠵᠢᠭᠰᠡᠨ ᠮᠡᠳᠡᠭᠦᠯᠦᠯᠲᠡ ᠵᠢᠨ ᠪᠠᠢ᠌ᠴᠠᠭ᠋ᠠᠨ ᠬᠡᠮᠵᠢᠭᠰᠡᠨ ᠡᠳᠦᠷ ᠬᠤᠭᠤᠴᠠᠭ᠎ᠠ᠎ᠨᠢ ᠲᠡᠮᠳᠡᠭᠯᠡᠯ᠎ᠲᠠᠢ ᠨᠢᠭᠡᠳᠦᠯ ᠥᠬᠡᠶ᠃ ᠬᠡᠰᠡᠭ ᠴᠠᠬᠢᠯᠭ᠋ᠠᠨ ᠱᠠᠲᠤ ᠪᠠᠢ᠌ᠴᠠᠭ᠋ᠠᠨ ᠬᠡᠮᠵᠢᠬᠦ ᠪᠠᠶ᠋ᠢᠭᠤᠯᠤᠮᠵᠢ ᠵᠢᠨ ᠪᠠᠢ᠌ᠴᠠᠭ᠋ᠠᠨ ᠬᠡᠮᠵᠢᠭᠰᠡᠨ ᠮᠡᠳᠡᠭᠦᠯᠦᠯᠲᠡ᠎ᠳᠤ ᠣᠨᠴᠠ ᠵᠠᠷᠢᠮ ᠲᠣᠭᠲᠠᠭᠰᠠᠨ ᠬᠡᠮᠵᠢᠶ᠎ᠡ᠎ᠲᠠᠢ᠎ᠪᠠᠷ ᠬᠡᠮᠵᠢᠬᠦ ᠴᠢᠬᠤᠯᠠᠲᠠᠶ ᠲᠥᠷᠥᠯ ᠵᠦᠢ᠍ᠯ᠎ᠤᠨ ᠪᠠᠢ᠌ᠴᠠᠭ᠋ᠠᠨ ᠬᠡᠮᠵᠢᠭᠰᠡᠨ ᠦᠷ᠎ᠡ ᠳ᠋ᠦᠩ᠎ᠳᠤ ᠬᠠᠷᠠᠭ᠋ᠠᠯᠵᠠᠭᠰᠠᠨ ᠪᠣᠳᠠᠲᠠᠶ ᠬᠡᠮᠵᠢᠭᠰᠡᠨ ᠲᠣᠭ᠎ᠠ ᠪᠠᠷᠢᠮᠲᠠ ᠪᠠᠶ᠋ᠢᠬᠤ ᠦᠭᠡᠶ᠃
5. ᠠᠶᠤᠯᠭᠦᠢ ᠨᠡᠭᠡᠯᠡᠬᠡᠶ ᠵᠢ ᠬᠠᠷᠭᠤᠭᠤᠯᠤᠨ ᠰᠢᠯᠭ᠋ᠠᠬᠤ ᠪᠠᠶ᠋ᠢᠭᠤᠯᠤᠮᠵᠢ᠃ ᠬᠡᠰᠡᠭ ᠠᠶᠤᠯᠭᠦᠢ ᠨᠡᠭᠡᠯᠡᠬᠡᠶ ᠵᠢ ᠬᠠᠷᠭᠤᠭᠤᠯᠤᠨ ᠰᠢᠯᠭ᠋ᠠᠬᠤ ᠪᠠᠶ᠋ᠢᠭᠤᠯᠤᠮᠵᠢ ᠵᠢᠨ ᠦᠨᠡᠮᠯᠡᠯ᠎ᠲᠠᠢ ᠬᠠᠷᠭᠤᠭᠤᠯᠤᠨ ᠰᠢᠯᠭ᠋ᠠᠬᠤ ᠠᠵᠢᠯᠲᠠᠨ ᠬᠦᠷᠦᠯᠴᠡᠬᠦ ᠥᠬᠡᠶ᠂ ᠬᠢᠨᠠᠨ ᠵᠥᠪᠰᠢᠶᠡᠷᠡᠬᠦ ᠲᠦᠷᠢᠮ᠎ᠤᠨ ᠱᠠᠭ᠋ᠠᠷᠳᠠᠯᠭ᠎ᠠ᠎ᠳᠤ ᠨᠡᠶ᠋ᠢᠴᠡᠬᠦ ᠥᠬᠡᠶ; ᠬᠠᠷᠭᠤᠭᠤᠯᠤᠨ ᠰᠢᠯᠭ᠋ᠠᠬᠤ ᠲᠥᠬᠦᠭᠡᠷᠦᠮᠵᠢ ᠪᠠ ᠪᠠᠭ᠋ᠠᠵᠢ ᠬᠡᠷᠡᠭᠰᠡᠯ᠎ᠤᠨ ᠲᠤᠭ᠎ᠠ ᠬᠡᠮᠵᠢᠶ᠎ᠡ᠎ᠨᠢ ᠬᠦᠷᠦᠯᠴᠡᠬᠦ ᠥᠬᠡᠶ᠂ ᠬᠡᠪ᠎ᠤᠨ ᠬᠠᠷᠭᠤᠭᠤᠯᠤᠨ ᠰᠢᠯᠭ᠋ᠠᠬᠤ ᠱᠠᠭ᠋ᠠᠷᠳᠠᠯᠭ᠎ᠠ ᠵᠢ ᠬᠠᠩᠭ᠋ᠠᠵᠤ ᠳᠡᠶ᠋ᠢᠯᠬᠦ ᠥᠬᠡᠶ; ᠬᠠᠷᠭᠤᠭᠤᠯᠤᠨ ᠰᠢᠯᠭ᠋ᠠᠬᠤ ᠲᠠᠪᠴᠠᠩ ᠳᠡᠭᠡᠷᠡᠬᠢ ᠳᠠᠷᠤᠯᠲᠠ ᠵᠢᠨ ᠬᠡᠮᠵᠢᠭᠦᠷ᠎ᠨᠢ ᠬᠦᠴᠦᠨ᠎ᠲᠠᠢ ᠬᠤᠭᠤᠴᠠᠭ᠎ᠠ᠎ᠠᠴᠠ ᠬᠡᠲᠦᠷᠡᠭᠰᠡᠨ᠃ ᠬᠡᠰᠡᠭ ᠪᠠᠶ᠋ᠢᠭᠤᠯᠤᠮᠵᠢ᠎ᠨᠢ TSG Z7002 — 2022 ᠣᠨ᠎ᠤ 《ᠣᠨᠴᠠ ᠲᠥᠷᠥᠯ᠎ᠤᠨ ᠲᠣᠨᠣᠭ ᠲᠥᠬᠦᠭᠡᠷᠦᠮᠵᠢ ᠵᠢ ᠪᠠᠢ᠌ᠴᠠᠭ᠋ᠠᠨ ᠬᠡᠮᠵᠢᠬᠦ ᠪᠠᠶ᠋ᠢᠭᠤᠯᠤᠮᠵᠢ ᠵᠢᠨ ᠬᠢᠨᠠᠨ ᠵᠥᠪᠰᠢᠶᠡᠷᠡᠬᠦ ᠲᠦᠷᠢᠮ》᠎ᠤᠨ ᠶᠣᠰᠣᠭ᠋ᠠᠷ ᠶᠠᠰᠤ ᠴᠢᠨᠠᠷ᠎ᠢ ᠪᠠᠲᠤᠯᠠᠬᠤ ᠬᠠᠮᠢᠶᠠᠷᠤᠯᠲᠠ ᠵᠢᠨ ᠰᠢᠰᠲ᠋ᠧᠮ᠎ᠢ ᠪᠠᠶ᠋ᠢᠭᠤᠯᠤᠭᠰᠠᠨ ᠦᠭᠡᠢ; ᠠᠵᠢᠯ᠎ᠤᠨ ᠵᠢᠯᠤᠭᠤᠳᠬᠤ ᠪᠢᠴᠢᠭ᠎ᠢ ᠡᠰᠢᠯᠡᠨ ᠬᠡᠷᠡᠭᠯᠡᠭᠰᠡᠨ ᠪᠠᠷᠢᠮᠵᠢᠶ᠎ᠠ᠎ᠨᠢ ᠣᠳᠣ ᠵᠢᠨ ᠬᠡᠷᠡᠭᠵᠢᠭᠦᠯᠵᠦ ᠪᠠᠶ᠋ᠢᠭ᠎ᠠ ᠬᠡᠪᠯᠡᠯ ᠪᠢᠰᠢ; ᠠᠵᠢᠯ᠎ᠤᠨ ᠵᠢᠯᠤᠭᠤᠳᠬᠤ ᠪᠢᠴᠢᠭ᠎ᠲᠤ ᠠᠶᠤᠯᠭᠦᠢ ᠨᠡᠭᠡᠯᠡᠬᠡᠶ ᠵᠢ ᠬᠠᠷᠭᠤᠭᠤᠯᠤᠨ ᠰᠢᠯᠭ᠋ᠠᠬᠤ ᠣᠨᠴᠠᠭ᠋ᠠᠢ ᠱᠠᠭ᠋ᠠᠷᠳᠠᠯᠭ᠎ᠠ᠎ᠲᠠᠢ ᠬᠤᠯᠪᠣᠭᠳᠠᠬᠤ ᠠᠭᠤᠯᠭ᠎ᠠ ᠵᠢ ᠲᠣᠭᠲᠠᠭ᠋ᠠᠭᠰᠠᠨ ᠦᠭᠡᠢ; ᠲᠣᠭᠲᠠᠭ᠋ᠠᠯ ᠶᠣᠰᠣᠭ᠋ᠠᠷ ᠣᠨ᠎ᠤ ᠳᠣᠲᠣᠭ᠋ᠠᠳᠤ ᠵᠢᠨ ᠬᠢᠨᠠᠨ ᠬᠠᠷᠭᠤᠭᠤᠯᠬᠤ ᠪᠠ ᠬᠠᠮᠢᠶᠠᠷᠴᠤ ᠬᠢᠨᠠᠨ ᠲᠣᠭᠲᠠᠭ᠋ᠠᠬᠤ ᠠᠵᠢᠯ᠎ᠢ ᠥᠷᠨᠢᠭᠦᠯᠦᠭᠰᠡᠨ ᠦᠭᠡᠢ᠃ ᠬᠡᠰᠡᠭ ᠪᠠᠶ᠋ᠢᠭᠤᠯᠤᠮᠵᠢ ᠵᠢᠨ ᠶᠠᠰᠤ ᠴᠢᠨᠠᠷ᠎ᠤᠨ ᠲᠡᠮᠳᠡᠭᠯᠡᠯ᠎ᠢ ᠲᠠᠭᠯᠠᠭᠰᠠᠨ᠎ᠨᠢ ᠵᠢᠷᠤᠮᠵᠢᠯ ᠥᠬᠡᠶ᠂ ᠰᠢᠯᠭ᠋ᠠᠨ ᠪᠠᠶ᠋ᠢᠴᠠᠭ᠋ᠠᠭᠰᠠᠨ ᠮᠡᠳᠡᠭᠦᠯᠦᠯᠲᠡ᠎ᠳᠠᠬᠢ ᠠᠶᠤᠯᠭᠦᠢ ᠨᠡᠭᠡᠯᠡᠬᠡᠶ ᠵᠢᠨ ᠲᠡᠭᠰᠢᠷᠡᠭᠦᠯᠬᠦ ᠳᠠᠷᠤᠯᠲᠠ᠎ᠨᠢ ᠣᠨᠣᠪᠴᠢᠲᠠᠶ ᠥᠬᠡᠶ᠂ ᠬᠠᠷᠭᠤᠭᠤᠯᠤᠨ ᠰᠢᠯᠭ᠋ᠠᠬᠤ ᠲᠥᠬᠦᠭᠡᠷᠦᠮᠵᠢ ᠵᠢᠨ ᠳ᠋ᠤᠭ᠋ᠠᠷᠯᠠᠯ᠎ᠨᠢ ᠲᠤᠬᠠᠶ ᠵᠢᠨ ᠲᠠᠯᠠᠪᠤᠷ᠎ᠲᠤ ᠬᠡᠷᠡᠭᠯᠡᠭᠰᠡᠨ ᠰᠢᠯᠭ᠋ᠠᠨ ᠪᠠᠶ᠋ᠢᠴᠠᠭ᠋ᠠᠬᠤ ᠲᠥᠬᠦᠭᠡᠷᠦᠮᠵᠢ᠎ᠲᠠᠢ ᠨᠢᠭᠡᠳᠦᠯ ᠥᠬᠡᠶ᠂ ᠰᠢᠯᠭ᠋ᠠᠨ ᠪᠠᠶ᠋ᠢᠴᠠᠭ᠋ᠠᠭᠰᠠᠨ ᠮᠡᠳᠡᠭᠦᠯᠦᠯᠲᠡ᠎ᠳᠤ ᠨᠢᠭᠡᠨᠲᠡ ᠬᠦᠴᠦᠨ ᠥᠬᠡᠶ ᠪᠣᠯᠭ᠋ᠠᠭᠰᠠᠨ ᠪᠠᠷᠢᠮᠵᠢᠶ᠎ᠠ ᠵᠢ ᠡᠰᠢᠯᠡᠨ ᠬᠡᠷᠡᠭᠯᠡᠭᠰᠡᠨ᠃
(ᠭᠤᠷᠪᠠ) ᠣᠨᠴᠠ ᠲᠥᠷᠥᠯ᠎ᠤᠨ ᠲᠣᠨᠣᠭ ᠲᠥᠬᠥᠭᠡᠷᠦᠮᠵᠢ ᠵᠢᠨ ᠠᠵᠢᠯᠲᠠᠨ᠎ᠤ ᠰᠢᠯᠭ᠋ᠠᠯᠲᠠ ᠵᠢᠨ ᠪᠠᠢ᠌ᠭᠤᠯᠤᠮᠵᠢ
ᠬᠡᠰᠡᠭ ᠠᠵᠢᠯᠲᠠᠨ᠎ᠤ ᠰᠢᠯᠭ᠋ᠠᠯᠲᠠ ᠵᠢᠨ ᠪᠠᠶ᠋ᠢᠭᠤᠯᠤᠮᠵᠢ ᠵᠢᠨ ᠲᠤᠰᠬᠠᠶ ᠲᠤᠰᠢᠶᠠᠯ᠎ᠤᠨ ᠠᠵᠢᠯᠲᠠᠨ᠎ᠤ ᠲᠤᠭ᠎ᠠ ᠵᠢᠴᠢ ᠱᠠᠭ᠋ᠠᠷᠳᠠᠯᠭ᠎ᠠ᠎ᠨᠢ ᠪᠠᠢ᠌ᠭᠤᠯᠬᠤ ᠨᠥᠬᠦᠴᠡᠯ᠎ᠢ ᠬᠠᠩᠭ᠋ᠠᠬᠤ ᠥᠬᠡᠶ᠂ ᠬᠠᠷᠠᠭ᠋ᠠᠯᠵᠠᠭᠰᠠᠨ ᠬᠢᠷᠢ ᠬᠡᠮ᠎ᠤᠨ ᠦᠨᠡᠮᠯᠡᠯ᠎ᠲᠠᠢ ᠰᠢᠯᠭ᠋ᠠᠨ ᠲᠣᠭᠲᠠᠭ᠋ᠠᠬᠤ ᠠᠵᠢᠯᠲᠠᠨ ᠪᠠ ᠪᠣᠳᠠᠲᠠᠶ ᠠᠵᠢᠯᠯᠠᠬᠤ ᠮᠡᠷᠭᠡᠵᠢᠯ᠎ᠤᠨ ᠴᠢᠳᠠᠪᠤᠷᠢ ᠵᠢᠨ ᠰᠢᠯᠭ᠋ᠠᠨ ᠲᠣᠭᠲᠠᠭ᠋ᠠᠬᠤ ᠠᠵᠢᠯᠲᠠᠨ᠎ᠤ ᠲᠤᠭ᠎ᠠ ᠬᠡᠮᠵᠢᠶ᠎ᠡ᠎ᠨᠢ ᠬᠦᠷᠦᠯᠴᠡᠬᠦ ᠥᠬᠡᠶ; ᠲᠠᠯᠠᠪᠤᠷ᠎ᠤᠨ ᠨᠥᠬᠦᠴᠡᠯ ᠪᠠ ᠪᠡᠯᠡᠳᠬᠡᠮᠵᠢ ᠲᠥᠬᠦᠭᠡᠷᠦᠮᠵᠢ᠎ᠨᠢ ᠪᠠᠢ᠌ᠭᠤᠯᠬᠤ ᠱᠠᠭ᠋ᠠᠷᠳᠠᠯᠭ᠎ᠠ ᠵᠢ ᠬᠠᠩᠭ᠋ᠠᠵᠤ ᠳᠡᠶ᠋ᠢᠯᠬᠦ ᠥᠬᠡᠶ; ᠡᠭᠦᠨ᠎ᠳᠤ ᠲᠣᠭᠲᠠᠮᠠᠯ ᠠᠵᠢᠯᠯᠠᠬᠤ ᠲᠠᠯᠠᠪᠤᠷ᠂ ᠪᠣᠳᠠᠲᠠᠶ ᠠᠵᠢᠯᠯᠠᠬᠤ ᠰᠢᠯᠭ᠋ᠠᠯᠲᠠ ᠵᠢᠨ ᠲᠣᠭᠲᠠᠮᠠᠯ ᠲᠠᠯᠠᠪᠤᠷ᠂ ᠺᠣᠮᠫᠢᠦ᠋ᠲ᠋ᠧᠷ᠎ᠤᠨ ᠰᠢᠯᠭ᠋ᠠᠯᠲᠠ ᠵᠢᠨ ᠪᠠᠢ᠌ᠷᠢ᠂ ᠰᠢᠯᠭ᠋ᠠᠯᠲᠠ ᠵᠢᠨ ᠲᠠᠯᠠᠪᠤᠷ᠎ᠤᠨ ᠬᠢᠨᠠᠨ ᠡᠵᠡᠮᠳᠡᠬᠦ ᠳᠦᠷᠰᠦ ᠰᠢᠩᠭᠡᠭᠡᠬᠦ ᠮᠠᠰᠢᠨ᠂ ᠦᠵᠡᠭᠦᠯᠦᠯᠭᠡ ᠵᠢᠨ ᠬᠢᠴᠢᠶᠡᠯ᠎ᠤᠨ ᠬᠡᠷ ᠪᠠ ᠪᠣᠳᠠᠲᠠᠢ ᠠᠵᠢᠯᠯᠠᠬᠤ ᠰᠢᠯᠭ᠋ᠠᠯᠲᠠ ᠵᠢᠨ ᠦᠢ᠍ᠯᠡᠳᠪᠦᠷᠢ ᠵᠢᠨ ᠭᠡᠷ᠂ ᠪᠣᠳᠠᠲᠠᠶ ᠠᠵᠢᠯᠯᠠᠬᠤ ᠰᠢᠯᠭ᠋ᠠᠯᠲᠠ ᠵᠢᠨ ᠰᠡᠳᠦᠪ᠎ᠤᠨ ᠬᠥᠮᠥᠷᠭᠡ ᠵᠡᠷᠭᠡ ᠪᠠᠭᠲᠠᠨ᠎ᠠ᠃ ᠬᠡᠰᠡᠭ ᠪᠠᠶ᠋ᠢᠭᠤᠯᠤᠮᠵᠢ᠎ᠨᠢ ᠲᠥᠪ ᠭᠤᠤᠯᠴᠢ ᠴᠢᠨᠠᠷᠲᠠᠶ ᠲᠣᠳᠣᠷᠬᠠᠶ᠋ᠢᠯᠠᠯᠲᠠ ᠬᠢᠭᠰᠡᠨ ᠥᠬᠡᠶ; ᠰᠢᠯᠭ᠋ᠠᠯᠲᠠ ᠵᠢᠨ ᠲᠠᠯᠠᠪᠠᠶ ᠵᠢᠨ ᠲᠡᠮᠳᠡᠭᠯᠡᠯ᠎ᠤᠨ ᠬᠦᠰᠦᠨᠦᠭ᠎ᠲᠤ ᠰᠢᠯᠭ᠋ᠠᠯᠲᠠ ᠬᠢᠨᠠᠭᠴᠢ ᠭᠠᠷᠤᠨ ᠥᠰᠥᠭ ᠵᠢᠷᠤᠭᠰᠠᠨ ᠥᠬᠡᠶ; ᠭᠦᠸᠧᠯᠦ ᠵᠢᠨ ᠤᠰᠤ ᠵᠢ ᠰᠢᠢ᠍ᠳᠪᠦᠷᠢᠯᠡᠬᠦ (G3) ᠪᠣᠳᠠᠲᠠᠶ ᠠᠵᠢᠯᠯᠠᠬᠤ ᠤᠷ᠎ᠠ ᠴᠢᠳᠠᠪᠤᠷᠢ ᠵᠢᠨ ᠰᠢᠯᠭ᠋ᠠᠯᠲᠠ ᠵᠢ 《ᠲᠣᠭ᠋ᠠᠴᠢᠬᠤ》 ᠪᠤᠶᠤ 《ᠪᠢᠷ᠎ᠤᠨ ᠰᠢᠯᠭ᠋ᠠᠯᠲᠠ》 ᠵᠢᠨ ᠠᠷᠭ᠎ᠠ ᠮᠠᠶᠢᠭ ᠵᠶ᠋ᠠᠷ ᠰᠢᠯᠭ᠋ᠠᠭᠰᠠᠨ ; ᠰᠢᠯᠭ᠋ᠠᠯᠲᠠ ᠵᠢᠨ ᠬᠤᠪᠢ ᠲᠣᠭᠲᠠᠭ᠋ᠠᠬᠤ ᠬᠦᠰᠦᠨᠦᠭᠲᠦ᠎ᠳᠠᠬᠢ ᠰᠢᠯᠭ᠋ᠠᠯᠲᠠ ᠵᠢᠨ ᠬᠢᠷᠢ ᠪᠦᠲᠦᠮᠵᠢ ᠬᠢᠭᠡᠳ ᠬᠠᠰᠤᠭᠰᠠᠨ ᠬᠤᠪᠢ᠎ᠨᠢ ᠬᠦᠰᠦᠨᠦᠭᠲᠦ᠎ᠳᠠᠬᠢ ᠰᠢᠯᠭ᠋ᠠᠯᠲᠠ ᠵᠢᠨ ᠬᠢᠷᠢ ᠪᠦᠲᠦᠮᠵᠢ᠎ᠲᠠᠢ ᠨᠢᠭᠡᠳᠦᠯ ᠥᠬᠡᠶ᠂ ᠰᠢᠯᠭ᠋ᠠᠭᠤᠯᠤᠭᠴᠢ ᠵᠢᠨ ᠬᠢᠷᠢ ᠪᠦᠲᠦᠮᠵᠢ ᠵᠢ ᠬᠤᠷᠢᠶᠠᠩᠭᠤᠶ᠋ᠢᠯᠠᠬᠤ ᠬᠦᠰᠦᠨᠦᠭᠲᠦ᠎ᠳᠠᠬᠢ ᠬᠢᠷᠢ ᠪᠦᠲᠦᠮᠵᠢ᠎ᠲᠠᠢ ᠨᠢᠭᠡᠳᠦᠯ ᠥᠬᠡᠶ᠃
ᠭᠤᠷᠪᠠ᠂ ᠬᠤᠯᠪᠣᠭᠳᠠᠯ ᠪᠦᠬᠦᠢ ᠨᠢᠭᠡᠴᠢ ᠵᠢ ᠰᠢᠢ᠍ᠳᠪᠦᠷᠢᠯᠡᠬᠦ ᠰᠠᠨᠠᠯ
(ᠨᠢᠭᠡ) ᠣᠨᠴᠠ ᠲᠥᠷᠥᠯ᠎ᠤᠨ ᠲᠣᠨᠤᠭ ᠲᠥᠬᠦᠭᠡᠷᠦᠮᠵᠢ ᠵᠢ ᠦᠢ᠍ᠯᠡᠳᠪᠦᠷᠢᠯᠡᠬᠦ ᠪᠠ ᠰᠠᠪᠠᠯᠠᠵᠤ ᠲᠥᠬᠥᠭᠡᠷᠬᠦ 12 ᠨᠢᠭᠡᠴᠢ ᠵᠢᠨ ᠬᠤᠯᠪᠣᠭᠳᠠᠯ ᠪᠥᠬᠦᠶ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠢᠷᠢ ᠬᠡᠮ᠎ᠢ ᠬᠠᠤᠯᠢ ᠶᠣᠰᠣᠭ᠋ᠠᠷ ᠬᠦᠴᠦᠨ ᠥᠬᠡᠶ ᠪᠣᠯᠭ᠋ᠠᠪᠠ (ᠨᠠᠷᠢᠨ ᠵᠦᠢ᠍ᠯ᠎ᠢ ᠳᠠᠭ᠋ᠠᠯᠳᠤᠭᠤᠯᠤᠯ 1᠎ᠳᠤ ᠦᠵᠡ)᠃
(ᠬᠤᠶᠠᠷ) ᠬᠠᠷᠢᠶᠠᠲᠤ ᠭᠠᠵᠠᠷ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠳᠠᠭ᠋ᠠᠭ᠋ᠠᠯᠭ᠋ᠠᠵᠤ ᠴᠠᠬᠢᠯᠭ᠋ᠠᠨ ᠱᠠᠲᠤ ᠪᠠᠢ᠌ᠴᠠᠭ᠋ᠠᠨ ᠬᠡᠮᠵᠢᠬᠦ 1 ᠪᠠᠶ᠋ᠢᠭᠤᠯᠤᠮᠵᠢ᠎ᠳᠤ ᠤᠯᠠᠮ ᠨᠢᠭᠡ ᠠᠯᠬᠤᠮ ᠪᠠᠶ᠋ᠢᠴᠠᠭ᠋ᠠᠯᠲᠠ ᠬᠢᠯᠭᠡᠪᠡ (ᠨᠠᠷᠢᠨ ᠵᠦᠢ᠍ᠯ᠎ᠢ ᠳᠠᠭ᠋ᠠᠯᠳᠤᠭᠤᠯᠤᠯ 2᠎ᠳᠤ ᠦᠵᠡ) ᠪᠠᠶ᠋ᠢᠴᠠᠭ᠋ᠠᠭᠰᠠᠨ ᠦᠷ᠎ᠡ ᠳ᠋ᠦᠩ᠎ᠢ᠎ᠨᠢ ᠦᠨᠳᠦᠰᠦᠯᠡᠨ ᠬᠠᠤᠯᠢ ᠶᠣᠰᠣᠭ᠋ᠠᠷ ᠰᠢᠢ᠍ᠳᠪᠦᠷᠢᠯᠡᠬᠦ ᠵᠢᠨ ᠬᠠᠮᠲᠤ ᠰᠢᠢ᠍ᠳᠪᠦᠷᠢᠯᠡᠭᠰᠡᠨ ᠦᠷ᠎ᠡ ᠳ᠋ᠦᠩ᠎ᠢ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠳᠤ ᠮᠡᠳᠡᠭᠦᠯᠬᠦ ᠬᠡᠷᠡᠭᠲᠡᠢ᠃
(ᠭᠤᠷᠪᠠ) ᠬᠠᠷᠢᠶᠠᠲᠤ ᠭᠠᠵᠠᠷ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠳᠠᠭ᠋ᠠᠭ᠋ᠠᠯᠭ᠋ᠠᠵᠤ ᠠᠶᠤᠯᠭᠦᠢ ᠨᠡᠭᠡᠯᠡᠬᠡᠶ ᠵᠢᠨ ᠬᠠᠷᠭᠤᠭᠤᠯᠤᠨ ᠰᠢᠯᠭ᠋ᠠᠬᠤ 1 ᠪᠠᠶ᠋ᠢᠭᠤᠯᠤᠮᠵᠢ᠎ᠳᠤ ᠬᠢᠨᠠᠯᠲᠠ ᠲᠠᠯᠪᠢᠵᠤ ᠪᠠᠶ᠋ᠢᠴᠠᠭ᠋ᠠᠯᠲᠠ ᠬᠢᠯᠭᠡᠪᠡ (ᠨᠠᠷᠢᠨ ᠵᠦᠢ᠍ᠯ᠎ᠢ ᠳᠠᠭ᠋ᠠᠯᠳᠤᠭᠤᠯᠤᠯ 3᠎ᠳᠤ ᠦᠵᠡ) ᠬᠢᠨᠠᠯᠲᠠ ᠲᠠᠯᠪᠢᠵᠤ ᠪᠠᠶ᠋ᠢᠴᠠᠭ᠋ᠠᠭᠰᠠᠨ ᠦᠷ᠎ᠡ ᠳ᠋ᠦᠩ᠎ᠢ ᠦᠨᠳᠦᠰᠦᠯᠡᠨ᠂ ᠬᠠᠤᠯᠢ ᠶᠣᠰᠣᠭ᠋ᠠᠷ ᠰᠢᠢ᠍ᠳᠪᠦᠷᠢᠯᠡᠬᠦ ᠵᠢᠨ ᠬᠠᠮᠲᠤ ᠰᠢᠢ᠍ᠳᠪᠦᠷᠢᠯᠡᠭᠰᠡᠨ ᠦᠷ᠎ᠡ ᠳ᠋ᠦᠩ᠎ᠢ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠳᠤ ᠮᠡᠳᠡᠭᠦᠯᠬᠦ ᠬᠡᠷᠡᠭᠲᠡᠢ᠃
(ᠳᠥᠷᠪᠡ) ᠬᠠᠷᠢᠶᠠᠲᠤ ᠭᠠᠵᠠᠷ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠬᠠᠤᠯᠢ ᠶᠣᠰᠣᠭ᠋ᠠᠷ 4 ᠨᠢᠭᠡᠴᠢ ᠵᠢ ᠵᠠᠷᠯᠢᠭᠳᠠᠵᠤ ᠪᠠᠶ᠋ᠢᠭ᠋ᠠᠳ ᠬᠠᠮᠢᠶ᠎ᠠ ᠪᠦᠬᠦᠢ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠲᠥᠷᠥᠯ ᠵᠦᠢ᠍ᠯ᠎ᠤᠨ ᠠᠵᠢᠯ ᠥᠷᠨᠢᠭᠦᠯᠬᠦ ᠵᠢ ᠲᠦᠷ ᠵᠣᠭᠰᠣᠭ᠋ᠠᠪᠠ (ᠨᠠᠷᠢᠨ ᠵᠦᠢ᠍ᠯ᠎ᠢ ᠳᠠᠭ᠋ᠠᠯᠳᠤᠭᠤᠯᠤᠯ 4᠎ᠳᠤ ᠦᠵᠡ )᠂ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠢᠷᠢ ᠭᠡᠮ᠎ᠤᠨ ᠨᠥᠬᠥᠴᠡᠯ᠎ᠢ ᠬᠠᠩᠭ᠋ᠠᠭᠰᠠᠨ᠎ᠤ ᠳᠠᠷᠠᠭ᠎ᠠ ᠰᠠᠶᠢ ᠬᠠᠮᠢᠶ᠎ᠠ ᠪᠦᠬᠦᠢ ᠵᠥᠪᠰᠢᠶᠡᠷᠡᠯ ᠤᠨ ᠠᠵᠢᠯ ᠢ ᠬᠢᠵᠦ ᠪᠣᠯᠤᠨ᠎ᠠ᠃
(ᠲᠠᠪᠤ) ᠬᠠᠷᠢᠶᠠᠲᠤ ᠭᠠᠵᠠᠷ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠢ ᠵᠠᠷᠯᠢᠭᠳᠠᠵᠤ ᠪᠠᠶ᠋ᠢᠭ᠋ᠠᠳ ᠣᠨᠴᠠ ᠲᠥᠷᠥᠯ᠎ᠤᠨ ᠲᠣᠨᠤᠭ ᠲᠥᠬᠦᠭᠡᠷᠦᠮᠵᠢ ᠵᠢ ᠦᠢ᠍ᠯᠡᠳᠪᠦᠷᠢᠯᠡᠬᠦ ᠨᠢᠭᠡᠴᠢ ᠪᠠ ᠰᠢᠯᠭ᠋ᠠᠨ ᠬᠡᠮᠵᠢᠬᠦ 27 ᠪᠠᠶ᠋ᠢᠭᠤᠯᠤᠮᠵᠢ᠎ᠳᠤ ᠠᠮᠤᠷ ᠲᠦᠪᠰᠢᠨ᠎ᠤ ᠬᠢᠨᠠᠨ ᠪᠠᠶ᠋ᠢᠴᠠᠭ᠋ᠠᠬᠤ ᠵᠠᠷᠯᠢᠭ᠎ᠤᠨ ᠪᠢᠴᠢᠭ ᠪᠠᠭᠤᠯᠭ᠋ᠠᠵᠤ᠂ ᠬᠤᠭᠤᠴᠠᠭ᠎ᠠ ᠲᠣᠭᠲᠠᠭ᠋ᠠᠨ ᠴᠡᠭᠴᠡᠯᠡᠨ ᠥᠭᠡᠷᠡᠴᠢᠯᠡᠭᠦᠯᠬᠦ᠎ᠪᠠᠷ ᠵᠠᠷᠯᠢᠭᠳᠠᠪᠠ (ᠨᠠᠷᠢᠨ ᠵᠦᠢ᠍ᠯ᠎ᠢ ᠳᠠᠭ᠋ᠠᠯᠳᠤᠭᠤᠯᠤᠯ 5᠎ᠳᠤ ᠦᠵᠡ)᠃ ᠳᠡᠭᠡᠷᠡᠬᠢ ᠨᠢᠭᠡᠴᠢ᠎ᠨᠦᠭᠦᠳ ᠬᠢᠨᠠᠯᠲᠠ ᠲᠠᠯᠪᠢᠵᠤ ᠪᠠᠶ᠋ᠢᠴᠠᠭ᠋ᠠᠵᠤ ᠢᠯᠡᠷᠡᠭᠦᠯᠦᠭᠰᠡᠨ ᠠᠰᠠᠭᠤᠳᠠᠯ ᠵᠶ᠋ᠠᠨ ᠬᠢᠨᠠᠮᠠᠭ᠋ᠠᠶ ᠴᠡᠭᠴᠡᠯᠡᠨ ᠰᠠᠶ᠋ᠢᠵᠢᠷᠠᠭᠤᠯᠬᠤ ᠵᠢᠨ ᠬᠠᠮᠲᠤ ᠴᠡᠭᠴᠡᠯᠡᠨ ᠰᠠᠶ᠋ᠢᠵᠢᠷᠠᠭᠤᠯᠤᠭᠰᠠᠨ ᠪᠠᠶ᠋ᠢᠳᠠᠯ ᠵᠶ᠋ᠠᠨ ᠲᠤᠬᠠᠶ ᠵᠢᠨ ᠭᠠᠵᠠᠷ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠮᠡᠳᠡᠭᠦᠯᠬᠦ ᠬᠡᠷᠡᠭᠲᠡᠶ᠃ ᠬᠤᠭᠤᠴᠠᠭ᠎ᠠ᠎ᠨᠢ ᠬᠡᠲᠦᠷᠡᠯ᠎ᠡ ᠴᠡᠭᠴᠡᠯᠡᠨ ᠰᠠᠢ᠌ᠵᠢᠷᠠᠭᠤᠯᠤᠭᠰᠠᠨ ᠦᠭᠡᠢ ᠪᠣᠯ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠢ᠍ᠳᠬᠡᠯ ᠥᠭᠭᠦᠨ᠎ᠡ᠃ ᠳᠡᠭᠡᠷᠡᠬᠢ ᠣᠨᠴᠠ ᠲᠥᠷᠥᠯ᠎ᠤᠨ ᠲᠣᠨᠣᠭ ᠲᠥᠬᠥᠭᠡᠷᠦᠮᠵᠢ ᠦᠢ᠍ᠯᠡᠳᠪᠦᠷᠢᠯᠡᠬᠦ ᠨᠢᠭᠡᠴᠢ ᠳᠠᠷᠠᠭ᠋ᠠᠴᠢ ᠵᠢᠨ ᠨᠢᠭᠡ ᠵᠥᠪᠰᠢᠶᠡᠷᠡᠯ᠎ᠤᠨ ᠦᠶᠡᠯᠡᠯ᠎ᠤᠨ ᠬᠤᠭᠤᠴᠠᠭ᠋ᠠᠨ᠎ᠳᠤ ᠥᠪᠡᠷ ᠵᠶ᠋ᠠᠨ ᠢᠯᠡᠷᠬᠡᠢ᠌ᠯᠡᠵᠦ ᠠᠮᠠᠯᠠᠬᠤ᠎ᠪᠠᠷ ᠦᠨᠡᠮᠯᠡᠯ ᠰᠣᠯᠢᠬᠤ ᠵᠢ ᠭᠤᠶᠤᠴᠢᠯᠠᠬᠤ ᠵᠢ ᠵᠥᠪᠰᠢᠶᠡᠷᠡᠬᠦ ᠦᠭᠡᠢ᠃
(ᠵᠢᠷᠭᠤᠭ᠎ᠠ) ᠣᠨᠴᠠ ᠲᠥᠷᠥᠯ᠎ᠤᠨ ᠲᠣᠨᠤᠭ ᠲᠥᠬᠦᠭᠡᠷᠦᠮᠵᠢ ᠵᠢᠨ ᠠᠵᠢᠯᠲᠠᠨ᠎ᠤ ᠰᠢᠯᠭ᠋ᠠᠯᠲᠠ ᠵᠢᠨ 1 ᠪᠠᠶ᠋ᠢᠭᠤᠯᠤᠮᠵᠢ ᠵᠢᠨ ᠠᠵᠢᠯ᠎ᠤᠨ ᠬᠢᠷᠢ ᠬᠡᠮ᠎ᠢ ᠵᠣᠭᠰᠣᠭ᠋ᠠᠪᠠ (ᠨᠠᠷᠢᠨ ᠵᠦᠢ᠍ᠯ᠎ᠢ ᠳᠠᠭ᠋ᠠᠯᠳᠤᠭᠤᠯᠤᠯ 6᠎ᠳᠤ ᠦᠵᠡ)᠃
(ᠳᠣᠯᠤᠭ᠎ᠠ) ᠣᠨᠴᠠ ᠲᠥᠷᠥᠯ᠎ᠤᠨ ᠲᠣᠨᠤᠭ ᠲᠥᠬᠦᠭᠡᠷᠦᠮᠵᠢ ᠵᠢᠨ ᠠᠵᠢᠯᠲᠠᠨ᠎ᠤ ᠰᠢᠯᠭ᠋ᠠᠯᠲᠠ ᠵᠢᠨ 12 ᠪᠠᠶ᠋ᠢᠭᠤᠯᠤᠮᠵᠢ ᠵᠢᠨ ᠬᠡᠰᠡᠭ ᠰᠢᠯᠭ᠋ᠠᠯᠲᠠ ᠵᠢᠨ ᠲᠥᠷᠥᠯ ᠵᠦᠢ᠍ᠯ ᠥᠷᠨᠢᠭᠦᠯᠬᠦ ᠬᠢᠷᠢ ᠬᠡᠮ᠎ᠢ ᠲᠦᠷ ᠵᠣᠭᠰᠣᠭ᠋ᠠᠪᠠ (ᠨᠠᠷᠢᠨ ᠵᠦᠢ᠍ᠯ᠎ᠢ ᠳᠠᠭ᠋ᠠᠯᠳᠤᠭᠤᠯᠤᠯ 7᠎ᠳᠤ ᠦᠵᠡ)᠃ ᠵᠠᠷᠯᠢᠭᠳᠠᠨ ᠬᠤᠭᠤᠴᠠᠭ᠎ᠠ ᠲᠣᠭᠲᠠᠭ᠋ᠠᠨ ᠴᠡᠭᠴᠡᠯᠡᠨ ᠵᠠᠰᠠᠭᠤᠯᠬᠤ ᠬᠤᠭᠤᠴᠠᠭ᠎ᠠ᠎ᠨᠢ 6 ᠰᠠᠷ᠎ᠠ᠃ ᠬᠤᠭᠤᠴᠠᠭ᠎ᠠ᠎ᠨᠢ ᠬᠡᠲᠦᠷᠡᠯ᠎ᠡ ᠴᠡᠭᠴᠡᠯᠡᠨ ᠰᠠᠢ᠌ᠵᠢᠷᠠᠭᠤᠯᠤᠭᠰᠠᠨ ᠦᠭᠡᠶ ᠪᠣᠯ᠂ ᠣᠨᠴᠠ ᠲᠥᠷᠥᠯ᠎ᠤᠨ ᠲᠣᠨᠤᠭ ᠲᠥᠬᠦᠭᠡᠷᠦᠮᠵᠢ ᠵᠢᠨ ᠠᠵᠢᠯᠲᠠᠨ᠎ᠤ ᠰᠢᠯᠭ᠋ᠠᠯᠲᠠ ᠵᠢᠨ ᠪᠠᠶ᠋ᠢᠭᠤᠯᠤᠮᠵᠢ ᠵᠢᠨ ᠬᠢᠷᠢ ᠭᠡᠮ᠎ᠢ᠎ᠨᠢ ᠬᠦᠴᠦᠨ ᠦᠭᠡᠶ ᠪᠣᠯᠭ᠋ᠠᠨ᠎ᠠ᠃
ᠳᠥᠷᠪᠡ᠂ ᠬᠣᠯᠪᠣᠭᠳᠠᠯ ᠪᠦᠬᠦᠢ ᠱᠠᠭ᠋ᠠᠷᠳᠠᠯᠭ᠎ᠠ
(ᠨᠢᠭᠡ) ᠴᠡᠭᠴᠡᠯᠡᠨ ᠰᠠᠶ᠋ᠢᠵᠢᠷᠠᠭᠤᠯᠵᠤ ᠨᠠᠶ᠋ᠢᠳᠠᠪᠤᠷᠢᠵᠢᠭᠤᠯᠬᠤ ᠵᠢ ᠰᠢᠮᠳᠠᠭᠤᠯᠵᠤ᠂ ᠥᠪᠡᠷ᠎ᠢ ᠵᠶ᠋ᠠᠨ ᠪᠠᠶ᠋ᠢᠴᠠᠭ᠋ᠠᠵᠤ ᠥᠪᠡᠷ᠎ᠢ ᠵᠶ᠋ᠠᠨ ᠵᠠᠯᠠᠷᠠᠭᠤᠯᠬᠤ ᠠᠵᠢᠯ᠎ᠢ ᠥᠷᠨᠢᠭᠦᠯᠦᠨ᠎ᠡ᠃ ᠡᠯ᠎ᠡ ᠬᠤᠯᠪᠣᠭᠳᠠᠯ ᠪᠥᠬᠦᠶ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠲᠣᠰ ᠤᠳᠠᠭ᠋ᠠᠨ᠎ᠤ ᠪᠠᠶ᠋ᠢᠴᠠᠭ᠋ᠠᠯᠲᠠ᠎ᠳᠤ ᠣᠷᠣᠰᠢᠵᠤ ᠪᠠᠶ᠋ᠢᠭ᠎ᠠ ᠠᠰᠠᠭᠤᠳᠠᠯ᠎ᠲᠠᠢ ᠨᠢᠭᠡᠴᠢ ᠵᠢ ᠰᠢᠮᠳᠠᠭᠤᠯᠵᠤ ᠪᠠᠶ᠋ᠢᠭ᠋ᠠᠳ ᠬᠤᠭᠤᠴᠠᠭ᠎ᠠ ᠬᠢᠵᠠᠭ᠋ᠠᠷᠯᠠᠨ ᠴᠡᠭᠴᠡᠯᠡᠨ ᠰᠠᠶ᠋ᠢᠵᠢᠷᠠᠭᠤᠯᠬᠤ ᠵᠢᠨ ᠬᠠᠮᠲᠤ ᠴᠡᠭᠴᠡᠯᠡᠨ ᠰᠠᠶ᠋ᠢᠵᠢᠷᠠᠭᠤᠯᠤᠭᠰᠠᠨ ᠪᠠᠶ᠋ᠢᠳᠠᠯ᠎ᠢ ᠴᠠᠭ ᠲᠤᠬᠠᠶ᠎ᠳᠤᠨᠢ ᠮᠡᠳᠡᠭᠦᠯᠵᠦ᠂ ᠲᠠᠷᠠᠭ᠋ᠠᠴᠢ ᠵᠢᠨ ᠬᠢᠨᠠᠯᠲᠠ ᠲᠠᠯᠪᠢᠵᠤ ᠪᠠᠶ᠋ᠢᠴᠠᠭ᠋ᠠᠬᠤ᠂ ᠰᠢᠯᠭ᠋ᠠᠨ ᠲᠣᠭᠲᠠᠭ᠋ᠠᠵᠤ ᠬᠢᠨᠠᠨ ᠲᠣᠭᠲᠠᠭ᠋ᠠᠬᠤ ᠦᠶ᠎ᠡ᠎ᠳᠤ ᠵᠢᠭᠰᠠᠭ᠋ᠠᠭᠰᠠᠨ ᠠᠰᠠᠭᠤᠳᠠᠯ᠎ᠳᠤ ᠭᠤᠤᠯᠳᠠᠯᠭ᠎ᠠ᠎ᠲᠠᠢ ᠪᠠᠶ᠋ᠢᠴᠠᠭ᠋ᠠᠯᠲᠠ ᠬᠢᠬᠦ ᠵᠢᠨ ᠬᠠᠮᠲᠤ᠂ 5 ᠳ᠋ᠤᠭ᠋ᠠᠷ ᠰᠠᠷ᠎ᠠ ᠵᠢᠨ 31᠎ᠤ ᠡᠳᠦᠷ᠎ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠣᠨᠴᠠ ᠲᠥᠷᠥᠯ᠎ᠤᠨ ᠲᠣᠨᠣᠭ ᠲᠥᠬᠦᠭᠡᠷᠦᠮᠵᠢ ᠵᠢᠨ ᠲᠣᠪᠴᠢᠶ᠎ᠠ᠎ᠳᠤ ᠴᠡᠭᠴᠡᠯᠡᠨ ᠰᠠᠶ᠋ᠢᠵᠢᠷᠠᠭᠤᠯᠤᠭᠰᠠᠨ ᠨᠤᠲᠠᠯᠠᠯᠲᠠ ᠵᠢᠨ ᠮᠡᠳᠡᠭᠦᠯᠦᠯᠲᠡ᠎ᠪᠠᠨ ᠲᠤᠰᠢᠶᠠᠬᠤ ᠬᠡᠷᠡᠭᠲᠡᠶ᠃
(ᠬᠤᠶᠠᠷ) ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠭᠤᠤᠯ ᠴᠣᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ᠎ᠠ᠃ ᠡᠯ᠎ᠡ ᠠᠶ᠋ᠢᠮᠠᠭ ᠬᠤᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠪᠠᠶ᠋ᠢᠴᠠᠭ᠋ᠠᠯᠲᠠ᠎ᠳᠤ ᠢᠯᠡᠷᠡᠭᠦᠯᠦᠭᠰᠡᠨ ᠨᠡᠶ᠋ᠢᠲᠡᠯᠢᠭ ᠴᠢᠨᠠᠷᠲᠠᠶ ᠠᠰᠠᠭᠤᠳᠠᠯ᠎ᠢ ᠦᠨᠳᠦᠰᠦᠯᠡᠨ᠂ ᠬᠠᠷᠢᠶᠠᠲᠤ ᠣᠷᠣᠨ᠎ᠤ ᠳᠣᠲᠣᠷᠠᠬᠢ ᠣᠨᠴᠠ ᠲᠥᠷᠥᠯ᠎ᠤᠨ ᠲᠣᠨᠤᠭ ᠲᠥᠬᠦᠭᠡᠷᠦᠮᠵᠢ ᠦᠢ᠍ᠯᠡᠳᠪᠦᠷᠢᠯᠡᠬᠦ ᠨᠢᠭᠡᠴᠢ ᠪᠠ ᠰᠢᠯᠭ᠋ᠠᠨ ᠬᠡᠮᠵᠢᠬᠦ ᠪᠠᠶ᠋ᠢᠭᠤᠯᠤᠮᠵᠢ ᠵᠢᠨ ᠭᠤᠤᠯᠳᠠᠯᠭ᠎ᠠ᠎ᠲᠠᠢ ᠬᠢᠨᠠᠯᠲᠠ ᠬᠠᠮᠢᠶᠠᠷᠤᠯᠲᠠ ᠵᠢ ᠬᠠᠨᠳᠤᠯᠭ᠋ᠠᠲᠤ ᠴᠢᠨᠠᠷᠲᠠᠶ᠎ᠪᠠᠷ ᠴᠢᠩᠭ᠋ᠠᠳᠬᠠᠨ᠎ᠠ᠃ 《ᠬᠡᠨ ᠬᠢᠨᠠᠨ ᠵᠥᠪᠰᠢᠶᠡᠷᠡᠪᠡᠯ᠂ ᠲᠡᠷᠡ ᠬᠠᠷᠢᠭᠤᠴᠠᠬᠤ》 ᠵᠠᠷᠴᠢᠮ ᠶᠣᠰᠣᠭ᠋ᠠᠷ᠂ ᠡᠯ᠎ᠡ ᠨᠢᠭᠡᠴᠢ ᠵᠢᠨ ᠭᠤᠤᠯ ᠴᠣᠭᠴᠠ ᠵᠢᠨ ᠬᠠᠷᠢᠭᠤᠴᠠᠯᠭ᠎ᠠ᠎ᠪᠠᠨ ᠨᠠᠶ᠋ᠢᠳᠠᠪᠤᠷᠢᠵᠢᠭᠤᠯᠬᠤ᠂ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠬᠠᠮᠢᠶ᠎ᠠ ᠪᠥᠬᠦᠶ ᠠᠮᠤᠷ ᠲᠦᠪᠰᠢᠨ᠎ᠤ ᠮᠡᠷᠭᠡᠵᠢᠯ᠎ᠤᠨ ᠵᠢᠷᠤᠮᠵᠢᠯ᠎ᠤᠨ ᠱᠠᠭ᠋ᠠᠷᠳᠠᠯᠭ᠎ᠠ ᠶᠣᠰᠣᠭ᠋ᠠᠷ ᠣᠨᠴᠠ ᠲᠥᠷᠥᠯ᠎ᠤᠨ ᠲᠣᠨᠤᠭ ᠲᠥᠬᠦᠭᠡᠷᠦᠮᠵᠢ ᠵᠢ ᠦᠢ᠍ᠯᠡᠳᠪᠦᠷᠢᠯᠡᠬᠦ ᠠᠵᠢᠯᠯᠠᠭ᠎ᠠ ᠥᠷᠨᠢᠭᠦᠯᠬᠦ ᠵᠢ ᠰᠢᠮᠳᠠᠭᠤᠯᠤᠨ᠎ᠠ᠃ ᠡᠯ᠎ᠡ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠦᠨᠡᠮᠯᠡᠯ ᠣᠯᠤᠭᠰᠠᠨ ᠨᠢᠭᠡᠴᠢ ᠪᠣᠯᠤᠨ ᠰᠢᠯᠭ᠋ᠠᠯᠲᠠ ᠵᠢᠨ ᠪᠠᠶ᠋ᠢᠭᠤᠯᠤᠮᠵᠢ᠎ᠨᠤᠭᠤᠳ ᠡᠭᠦᠨ ᠵᠶ᠋ᠠᠷ ᠴᠡᠭᠡᠷᠯᠡᠯ ᠪᠣᠯᠭ᠋ᠠᠵᠤ᠂ ᠬᠠᠮᠢᠶ᠎ᠠ ᠪᠥᠬᠦᠶ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠲᠠᠢ ᠬᠠᠷᠢᠴᠠᠭᠤᠯᠤᠨ ᠥᠪᠡᠷ᠎ᠢ᠎ᠪᠠᠨ ᠪᠠᠶ᠋ᠢᠴᠠᠭ᠋ᠠᠵᠤ ᠥᠪᠡᠷ᠎ᠢ᠎ᠪᠠᠨ ᠵᠠᠯᠠᠷᠠᠭᠤᠯᠬᠤ ᠵᠢ ᠥᠷᠨᠢᠭᠦᠯᠵᠦ᠂ ᠠᠵᠢᠯ᠎ᠤᠨ ᠴᠤᠪᠤᠷᠠᠯ᠂ ᠬᠠᠮᠢᠶᠠᠷᠤᠯᠲᠠ ᠵᠢᠨ ᠲᠦᠷᠢᠮ᠂ ᠠᠵᠢᠯᠲᠠᠨ ᠲᠥᠬᠥᠭᠡᠷᠦᠮᠵᠢ ᠵᠢᠨ ᠲᠣᠬᠢᠷᠠᠭᠤᠯᠤᠯᠲᠠ ᠵᠡᠷᠭᠡ ᠲᠠᠯ᠎ᠠ᠎ᠪᠠᠷ ᠠᠰᠠᠭᠤᠳᠠᠯ ᠣᠷᠣᠰᠢᠵᠤ ᠪᠠᠶ᠋ᠢᠭ᠎ᠠ ᠡᠰᠡᠬᠦ ᠵᠢ ᠪᠥᠬᠦ ᠲᠠᠯ᠎ᠠ᠎ᠪᠠᠷ᠂ ᠰᠢᠰᠲ᠋ᠧᠮ᠎ᠲᠠᠢ᠎ᠪᠠᠷ ᠪᠠᠶ᠋ᠢᠴᠠᠭ᠋ᠠᠬᠤ ᠵᠢᠨ ᠬᠠᠮᠲᠤ ᠢᠳᠡᠪᠬᠢᠲᠡᠶ᠎ᠪᠠᠷ ᠠᠷᠭ᠎ᠠ ᠬᠡᠮᠵᠢᠶ᠎ᠡ ᠠᠪᠴᠤ ᠰᠠᠶ᠋ᠢᠵᠢᠷᠠᠭᠤᠯᠵᠤ᠂ ᠠᠵᠢᠯ᠎ᠤᠨ ᠶᠠᠰᠤ ᠴᠢᠨᠠᠷ ᠵᠶ᠋ᠠᠨ ᠦᠨᠡᠨ ᠬᠦ᠌ ᠳᠡᠭᠡᠭᠰᠢᠯᠡᠭᠦᠯᠬᠦ ᠬᠡᠷᠡᠭᠲᠡᠶ᠃ ᠬᠠᠮᠢᠶ᠎ᠠ ᠪᠥᠬᠦᠶ ᠰᠢᠯᠭ᠋ᠠᠨ ᠪᠠᠶ᠋ᠢᠴᠠᠭ᠋ᠠᠬᠤ ᠪᠠᠶ᠋ᠢᠭᠤᠯᠤᠮᠵᠢ ᠪᠠ ᠰᠢᠯᠭ᠋ᠠᠨ ᠲᠣᠭᠲᠠᠭ᠋ᠠᠵᠤ ᠬᠢᠨᠠᠨ ᠲᠣᠭᠲᠠᠭ᠋ᠠᠬᠤ ᠪᠠᠶ᠋ᠢᠭᠤᠯᠤᠮᠵᠢ ᠥᠪᠡᠷ᠎ᠢ᠎ᠪᠠᠨ ᠪᠠᠶ᠋ᠢᠴᠠᠭ᠋ᠠᠵᠤ ᠥᠪᠡᠷ᠎ᠢ᠎ᠪᠠᠨ ᠵᠠᠯᠠᠷᠠᠭᠤᠯᠬᠤ ᠠᠵᠢᠯ᠎ᠢ ᠬᠢᠨᠠᠮᠠᠭ᠋ᠠᠶ ᠥᠷᠨᠢᠭᠦᠯᠵᠦ᠂ ᠠᠵᠢᠯ᠎ᠤᠨ ᠶᠠᠰᠤ ᠴᠢᠨᠠᠷ᠎ᠤᠨ ᠬᠠᠮᠢᠶᠠᠷᠤᠯᠲᠠ ᠡᠵᠡᠮᠳᠡᠯ᠎ᠢ ᠴᠢᠩᠭ᠋ᠠᠳᠬᠠᠨ᠂ ᠮᠡᠷᠭᠡᠵᠢᠯ᠎ᠤᠨ ᠪᠢᠴᠢᠭ ᠮᠠᠲ᠋ᠧᠷᠢᠶᠠᠯ᠎ᠢ ᠴᠠᠭ ᠲᠤᠬᠠᠶ᠎ᠳᠤᠨᠢ ᠲᠡᠭᠦᠯᠳᠡᠷᠵᠢᠭᠦᠯᠵᠦ᠂ ᠰᠢᠯᠭ᠋ᠠᠨ ᠬᠡᠮᠵᠢᠬᠦ ᠪᠠ ᠰᠢᠯᠭ᠋ᠠᠨ ᠲᠣᠭᠲᠠᠭ᠋ᠠᠵᠤ ᠬᠢᠨᠠᠨ ᠲᠣᠭᠲᠠᠭ᠋ᠠᠬᠤ ᠠᠵᠢᠯ ᠤᠨ ᠰᠢᠨᠵᠢᠯᠡᠬᠦ ᠤᠬᠠᠭ᠋ᠠᠨᠴᠢ ᠴᠢᠨᠠᠷ᠂ ᠪᠦᠲᠦᠮᠵᠢᠲᠦ ᠴᠢᠨᠠᠷ᠎ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠂ ᠰᠢᠯᠭ᠋ᠠᠨ ᠪᠠᠶ᠋ᠢᠴᠠᠭ᠋ᠠᠬᠤ ᠪᠠᠶ᠋ᠢᠭᠤᠯᠤᠮᠵᠢ ᠪᠣᠯᠤᠨ ᠰᠢᠯᠭ᠋ᠠᠨ ᠲᠣᠭᠲᠠᠭ᠋ᠠᠵᠤ ᠬᠢᠨᠠᠨ ᠲᠣᠭᠲᠠᠭ᠋ᠠᠬᠤ ᠪᠠᠶ᠋ᠢᠭᠤᠯᠤᠮᠵᠢ᠎ᠨᠤᠭᠤᠳ ᠵᠣᠬᠢᠴᠠᠯᠳᠤᠨ ᠬᠠᠮᠵᠢᠯᠴᠠᠬᠤ᠎ᠪᠠᠨ ᠴᠢᠩᠭ᠋ᠠᠳᠬᠠᠵᠤ᠂ ᠨᠡᠶ᠋ᠢᠯᠡᠮᠡᠯ ᠬᠦᠴᠦᠨ᠎ᠢ ᠪᠣᠶ ᠪᠣᠯᠭ᠋ᠠᠨ᠂ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠤᠨ ᠵᠢᠷᠤᠮᠵᠢᠯ ᠪᠠ ᠠᠵᠢᠯ ᠲᠥᠷᠥᠯ᠎ᠤᠨ ᠬᠢᠷᠢ ᠬᠡᠮᠵᠢᠶ᠎ᠡ ᠵᠢᠨ ᠳᠡᠭᠡᠭᠰᠢᠯᠡᠯᠲᠡ ᠵᠢ ᠬᠠᠮᠲᠤ᠎ᠪᠠᠷ ᠠᠬᠢᠭᠤᠯᠬᠤ ᠬᠡᠷᠡᠭᠲᠡᠶ᠃
(ᠭᠤᠷᠪᠠ) ᠬᠠᠤᠯᠢ ᠬᠡᠷᠡᠭᠵᠢᠭᠦᠯᠬᠦ ᠠᠷᠭ᠎ᠠ ᠪᠠᠷᠢᠯ᠎ᠢ ᠴᠢᠩᠭ᠋ᠠᠷᠠᠭᠤᠯᠵᠤ᠂ ᠬᠠᠮᠲᠤᠷᠠᠨ ᠵᠠᠯᠬᠠᠭ᠋ᠠᠨ ᠴᠡᠭᠡᠷᠯᠡᠭᠦᠯᠬᠦ ᠵᠢ ᠬᠡᠷᠡᠭᠵᠢᠭᠦᠯᠦᠨ᠎ᠡ᠃ ᠡᠯ᠎ᠡ ᠠᠶ᠋ᠢᠮᠠᠭ ᠬᠣᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠣᠯᠤᠨ ᠳᠦᠷᠢᠮ ᠲᠣᠭᠲᠠᠭ᠋ᠠᠯ ᠤᠨ ᠱᠠᠭ᠋ᠠᠷᠳᠠᠯᠭ᠎ᠠ ᠶᠣᠰᠣᠭ᠋ᠠᠷ᠂ ᠣᠨᠴᠠ ᠲᠥᠷᠥᠯ᠎ᠤᠨ ᠲᠣᠨᠣᠭ ᠲᠥᠬᠥᠭᠡᠷᠦᠮᠵᠢ ᠵᠢᠨ ᠠᠮᠤᠷ ᠲᠦᠪᠰᠢᠨ᠎ᠤ ᠬᠢᠨᠠᠨ ᠪᠠᠶ᠋ᠢᠴᠠᠭ᠋ᠠᠯᠲᠠ ᠪᠠ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠴᠢᠩᠭ᠎ᠠ ᠥᠷᠨᠢᠭᠦᠯᠵᠦ᠂ ᠶᠡᠷᠦᠩᠬᠡᠶ᠋ᠢᠯᠡᠭᠰᠡᠨ ᠬᠢᠨᠠᠯᠲᠠ ᠬᠠᠮᠢᠶᠠᠷᠤᠯᠲᠠ ᠪᠠ ᠢᠲᠡᠭᠡᠮᠵᠢ ᠵᠢᠨ ᠶᠠᠯᠠᠯᠠᠨ ᠰᠢᠢ᠍ᠳᠬᠡᠬᠦ ᠡᠷᠴᠢᠮ᠎ᠢ ᠴᠢᠩᠭ᠋ᠠᠳᠬᠠᠨ᠂ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠴᠢᠩᠭ᠎ᠠ ᠪᠠᠶ᠋ᠢᠴᠠᠭ᠋ᠠᠨ ᠰᠢᠢ᠍ᠳᠪᠦᠷᠢᠯᠡᠬᠦ ᠵᠢᠨ ᠬᠠᠮᠲᠤ᠂ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠢᠨ ᠮᠡᠳᠡᠭᠡ ᠵᠠᠩᠭᠢ ᠵᠢ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ ᠵᠢᠨ ᠲᠠᠪᠴᠠᠩ᠎ᠳᠤ ᠴᠤᠭᠯᠠᠭᠤᠯᠤᠨ᠂ ᠬᠠᠮᠲᠤᠷᠠᠨ ᠵᠠᠯᠬᠠᠭ᠋ᠠᠨ ᠴᠡᠭᠡᠷᠯᠡᠭᠦᠯᠬᠦ ᠵᠢ ᠬᠡᠷᠡᠭᠵᠢᠭᠦᠯᠦᠨ᠎ᠡ᠃
1. ᠬᠠᠮᠢᠶ᠎ᠠ ᠪᠦᠬᠦᠢ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠲᠥᠷᠥᠯ ᠵᠦᠢ᠍ᠯ᠎ᠢ᠎ᠨᠢ ᠵᠠᠷᠯᠢᠭᠳᠠᠵᠤ ᠪᠠᠶ᠋ᠢᠭ᠋ᠠᠳ ᠬᠦᠴᠦᠨ ᠦᠭᠡᠶ ᠪᠣᠯᠭ᠋ᠠᠬᠤ ᠨᠢᠭᠡᠴᠢ ᠵᠢᠨ ᠨᠡᠷᠡᠰ
2. ᠬᠠᠷᠢᠶ᠎ᠠ ᠭᠠᠵᠠᠷ᠎ᠤᠨ ᠰᠠᠯᠠᠭ᠎ᠠ ᠮᠥᠴᠢᠷ᠎ᠲᠤ ᠳᠠᠭ᠋ᠠᠭ᠋ᠠᠯᠭ᠋ᠠᠵᠤ ᠤᠯᠠᠮ ᠨᠢᠭᠡ ᠠᠯᠬᠤᠮ ᠪᠠᠶ᠋ᠢᠴᠠᠭ᠋ᠠᠨ ᠰᠢᠢ᠍ᠳᠪᠦᠷᠢᠯᠡᠬᠦ ᠪᠠᠶ᠋ᠢᠭᠤᠯᠤᠮᠵᠢ ᠵᠢᠨ ᠨᠡᠷᠡᠰ
3. ᠬᠠᠷᠢᠶ᠎ᠠ ᠭᠠᠵᠠᠷ᠎ᠤᠨ ᠰᠠᠯᠠᠭ᠎ᠠ ᠮᠥᠴᠢᠷ᠎ᠲᠤ ᠳᠠᠭ᠋ᠠᠭ᠋ᠠᠯᠭ᠋ᠠᠵᠤ ᠬᠢᠨᠠᠯᠲᠠ ᠲᠠᠯᠪᠢᠵᠤ ᠪᠠᠶ᠋ᠢᠴᠠᠭ᠋ᠠᠬᠤ ᠨᠢᠭᠡᠴᠢ ᠵᠢᠨ ᠨᠡᠷᠡᠰ
4. ᠬᠠᠮᠢᠶ᠎ᠠ ᠪᠦᠬᠦᠢ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠲᠥᠷᠥᠯ ᠵᠦᠢ᠍ᠯ᠎ᠢ᠎ᠨᠢ ᠲᠦᠷ ᠵᠣᠭᠰᠣᠭ᠋ᠠᠬᠤ ᠨᠢᠭᠡᠴᠢ ᠵᠢᠨ ᠨᠡᠷᠡᠰ
5. ᠵᠠᠷᠯᠢᠭᠳᠠᠨ ᠬᠤᠭᠤᠴᠠᠭ᠎ᠠ ᠲᠣᠭᠲᠠᠭ᠋ᠠᠨ ᠴᠡᠭᠴᠡᠯᠡᠨ ᠰᠠᠢ᠌ᠵᠢᠷᠠᠭᠤᠯᠬᠤ ᠨᠢᠭᠡᠴᠢ ᠵᠢᠨ ᠨᠡᠷᠡᠰ
6. ᠠᠵᠢᠯᠲᠠᠨ᠎ᠤ ᠰᠢᠯᠭ᠋ᠠᠯᠲᠠ ᠵᠢᠨ ᠠᠵᠢᠯ᠎ᠤᠨ ᠬᠢᠷᠢ ᠬᠡᠮ᠎ᠢ᠎ᠨᠢ ᠬᠦᠴᠦᠨ ᠦᠭᠡᠢ ᠪᠣᠯᠭ᠋ᠠᠬᠤ ᠪᠠᠶ᠋ᠢᠭᠤᠯᠤᠮᠵᠢ ᠵᠢᠨ ᠨᠡᠷᠡᠰ
7. ᠠᠵᠢᠯᠲᠠᠨ᠎ᠤ ᠰᠢᠯᠭ᠋ᠠᠯᠲᠠ ᠵᠢᠨ ᠲᠥᠷᠥᠯ ᠵᠦᠢ᠍ᠯ᠎ᠢ᠎ᠨᠢ ᠲᠦᠷ ᠵᠣᠭᠰᠣᠭ᠋ᠠᠬᠤ ᠪᠠᠶ᠋ᠢᠭᠤᠯᠤᠮᠵᠢ ᠵᠢᠨ ᠨᠡᠷᠡᠰ
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠤᠪᠴᠢᠶ᠎ᠠ
2024 ᠣᠨ᠎ᠤ 4 ᠳ᠋ᠦ᠍ᠭᠡᠷ ᠰᠠᠷ᠎ᠠ ᠵᠢᠨ 17᠎ᠤ ᠡᠳᠦᠷ