ᠨᠢᠭᠡ᠂ 《ᠬᠡᠷᠡᠭᠵᠢᠭᠦᠯᠬᠦ ᠰᠠᠨᠠᠯ》᠎ᠢ ᠲᠣᠭᠲᠠᠭ᠋ᠠᠭᠰᠠᠨ ᠠᠬᠤᠢ ᠪᠠᠶ᠋ᠢᠳᠠᠯ᠎ᠨᠢ ᠶᠠᠭᠤ ᠪᠣᠢ?
2022 ᠣᠨ᠎ᠤ 10 ᠳ᠋ᠤᠭ᠋ᠠᠷ ᠰᠠᠷ᠎ᠠ᠎ᠳᠤ᠂ ᠲᠦᠷᠦ ᠵᠢᠨ ᠶᠠᠪᠤᠳᠠᠯ᠎ᠤᠨ ᠬᠤᠷᠢᠶ᠎ᠠ 《ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠬᠥᠭᠵᠢᠯᠲᠡ ᠵᠢ ᠠᠬᠢᠭᠤᠯᠬᠤ ᠲᠦᠷᠢᠮ》᠎ᠢ ᠨᠡᠶ᠋ᠢᠲᠡᠯᠡᠵᠦ᠂ 《ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠡᠯ᠎ᠡ ᠲᠦᠷᠦᠯ᠎ᠤᠨ ᠪᠡᠯᠡ ᠮᠥᠩᠭᠦ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠦᠢ᠍ᠯᠡᠰ ᠪᠤᠰᠬᠠᠵᠤ ᠰᠢᠨ᠎ᠡ ᠵᠢ ᠡᠭᠦᠳᠬᠦ᠂ ᠵᠢᠭᠡᠯᠡᠯᠭᠡ ᠵᠢᠨ ᠪᠡᠯᠡ ᠲᠤᠬᠢᠷᠠᠭᠤᠯᠭ᠎ᠠ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ ᠵᠡᠷᠭᠡ ᠲᠠᠯ᠎ᠠ᠎ᠪᠠᠷ ᠪᠡᠯᠡ ᠮᠥᠩᠭᠦ ᠵᠢᠨ ᠳᠡᠮᠵᠢᠯᠭᠡ ᠬᠠᠩᠭ᠋ᠠᠬᠤ ᠬᠡᠷᠡᠭᠲᠡᠢ》 ᠭᠡᠵᠦ ᠲᠣᠳᠣᠷᠬᠠᠶ᠋ᠢᠯᠠᠪᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ 2023 ᠣᠨ᠎ᠤ 4 ᠳ᠋ᠦ᠍ᠭᠡᠷ ᠰᠠᠷ᠎ᠠ᠎ᠳᠤ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠢᠵᠢᠭ ᠪᠢᠴᠢᠯ ᠠᠵᠤ ᠠᠬᠤᠶ᠋ᠢᠯᠠᠯ᠎ᠤᠨ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠭᠤᠷᠪᠠᠨ ᠵᠢᠯ᠎ᠤᠨ ᠦᠰᠦᠨ ᠪᠣᠢ᠌ᠵᠢᠯᠲᠠ ᠵᠢᠨ ᠲᠥᠯᠥᠪᠯᠡᠭᠡ (2023 - 2025 ᠣᠨ)》 ᠵᠢ ᠨᠡᠶ᠋ᠢᠲᠡᠯᠡᠵᠦ᠂ ᠠᠩᠬ᠎ᠠ ᠤᠳᠠᠭ᠎ᠠ 《ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ》᠎ᠳᠤ ᠲᠣᠭᠲᠠᠭᠤᠨ ᠵᠶ᠋ᠠᠷ ᠡᠵᠡᠩᠨᠡᠭᠰᠡᠨ ᠂ ᠢᠲᠡᠭᠡᠮᠵᠢ ᠵᠢᠨ ᠨᠥᠯᠥᠭᠡ ᠥᠬᠡᠶ ᠠᠵᠤ ᠠᠬᠤᠶ᠋ᠢᠯᠠᠯ᠎ᠳᠤ ᠨᠢᠭᠡ ᠯᠡ ᠤᠳᠠᠭ᠋ᠠᠨ᠎ᠤ ᠴᠢᠨᠠᠷᠲᠠᠶ᠎ᠪᠠᠷ 10 ᠲᠦᠮᠡᠨ ᠲᠥᠭᠦᠷᠢᠭ᠎ᠤᠨ ᠨᠥᠬᠦᠪᠥᠷᠢ ᠥᠭᠬᠦ ᠵᠢ ᠲᠣᠳᠣᠷᠬᠠᠶ ᠲᠣᠭᠲᠠᠭ᠋ᠠᠪᠠ᠃ 2024 ᠣᠨ᠎ᠤ 6 ᠳ᠋ᠤᠭ᠋ᠠᠷ ᠰᠠᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ 《ᠠᠷᠠᠳ᠎ᠤᠨ ᠡᠵᠡᠩᠨᠡᠯᠲᠡ ᠵᠢᠨ ᠠᠵᠤ ᠠᠬᠤᠶ ᠵᠢᠨ ᠴᠢᠨᠠᠷ ᠰᠠᠶ᠋ᠢᠲᠠᠶ ᠬᠥᠭᠵᠢᠯᠲᠡ ᠵᠢ ᠳᠡᠮᠵᠢᠬᠦ ᠲᠤᠬᠠᠶ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ 《ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ ᠬᠠᠮᠢᠶ᠎ᠠ ᠪᠥᠬᠦᠶ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠵᠤ᠂ ᠬᠤᠪᠢᠷᠠᠭᠤᠯᠬᠤ ᠥᠪᠡᠷ᠎ᠤᠨ ᠥᠷᠲᠡᠭ᠎ᠢ ᠪᠠᠭᠤᠷᠠᠭᠤᠯᠬᠤ》 ᠵᠢ ᠲᠣᠳᠣᠷᠬᠠᠶ ᠲᠣᠭᠲᠠᠭ᠋ᠠᠪᠠ᠃ ᠡᠭᠦᠨ᠎ᠤ ᠬᠠᠮᠲᠤ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠬᠡᠯᠪᠡᠷᠢ ᠲᠥᠷᠥᠯ ᠬᠤᠪᠢᠶᠠᠨ ᠨᠠᠷᠢᠯᠢᠭ ᠣᠨᠣᠴᠠᠲᠠᠶ᠎ᠪᠠᠷ ᠬᠠᠪᠰᠤᠷᠤᠨ ᠲᠡᠳᠬᠦᠵᠦ ᠬᠥᠭᠵᠢᠯᠲᠡ ᠵᠢᠨ ᠶᠠᠰᠤ ᠴᠢᠨᠠᠷ᠎ᠢ ᠳᠡᠭᠡᠭᠰᠢᠯᠡᠭᠦᠯᠬᠦ ᠲᠤᠬᠠᠶ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠵᠡᠷᠭᠡ 14 ᠰᠠᠯᠠᠭ᠎ᠠ ᠮᠥᠴᠢᠷ᠎ᠲᠠᠢ ᠬᠠᠮᠲᠤᠷᠠᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠬᠡᠯᠪᠡᠷᠢ ᠬᠤᠪᠢᠶᠠᠨ ᠲᠥᠷᠥᠯ ᠬᠤᠪᠢᠶᠠᠨ ᠲᠦᠢ᠍ᠯ᠎ᠤᠨ ᠣᠨᠣᠪᠴᠢᠲᠠᠶ᠎ᠪᠠᠷ ᠬᠠᠪᠰᠤᠷᠤᠨ ᠲᠡᠳᠬᠦᠵᠦ ᠬᠥᠭᠵᠢᠯᠲᠡ ᠵᠢᠨ ᠶᠠᠰᠤ ᠴᠢᠨᠠᠷ᠎ᠢ ᠳᠡᠭᠡᠭᠰᠢᠯᠡᠭᠦᠯᠬᠦ ᠬᠡᠷᠡᠭᠵᠢᠭᠦᠯᠬᠦ ᠲᠥᠰᠦᠯ》᠎ᠢ ᠬᠠᠮᠲᠤ᠎ᠪᠠᠷ ᠨᠡᠶ᠋ᠢᠲᠡᠯᠡᠵᠦ᠂ 《ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ》᠎ᠳᠤ ᠥᠭᠬᠦ ᠨᠢᠭᠡ ᠯᠡ ᠤᠳᠠᠭ᠋ᠠᠨ᠎ᠤ ᠨᠥᠬᠦᠪᠥᠷᠢ ᠪᠠᠯᠠ ᠮᠥᠩᠭᠦ ᠵᠢᠨ ᠲᠥᠷᠥ ᠵᠢᠨ ᠪᠣᠳᠣᠯᠭ᠎ᠠ ᠵᠢ ᠤᠯᠠᠮ ᠨᠢᠭᠡ ᠠᠯᠬᠤᠮ ᠲᠣᠳᠣᠷᠬᠠᠶ ᠨᠠᠶ᠋ᠢᠳᠠᠪᠤᠷᠢᠵᠢᠭᠤᠯᠪᠠ᠃ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠨᠠᠶ᠋ᠢᠳᠠᠪᠤᠷᠢᠵᠢᠭᠤᠯᠬᠤ ᠵᠢᠨ ᠲᠤᠰᠠᠳᠠ ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ 《ᠬᠡᠷᠡᠭᠵᠢᠭᠦᠯᠬᠦ ᠰᠠᠨᠠᠯ》᠎ᠢ ᠲᠤᠭᠤᠷᠪᠢᠵᠤ᠂ 《ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ》 ᠠᠷᠭ᠎ᠠ ᠮᠠᠶᠢᠭ ᠵᠢᠴᠢ ᠨᠢᠭᠡ ᠯᠡ ᠤᠳᠠᠭ᠋ᠠᠨ᠎ᠤ ᠴᠢᠨᠠᠷᠲᠠᠶ ᠨᠥᠬᠦᠪᠥᠷᠢ ᠮᠥᠩᠭᠦ ᠣᠯᠭᠤᠬᠤ ᠨᠥᠬᠦᠴᠡᠯ ᠪᠠ ᠠᠷᠭ᠎ᠠ ᠮᠠᠶᠢᠭ ᠵᠡᠷᠭᠡ ᠵᠢ ᠲᠣᠳᠣᠷᠬᠠᠶ᠋ᠢᠯᠠᠵᠤ᠂ ᠤᠷᠢᠳ ᠬᠤᠵᠢᠳ ᠡᠯ᠎ᠡ ᠠᠶ᠋ᠢᠮᠠᠭ ᠬᠤᠲᠠ᠎ᠠᠴᠠ ᠰᠠᠨᠠᠯ ᠬᠤᠷᠢᠶᠠᠬᠤ᠂ ᠢᠯᠡ᠎ᠪᠠᠷ ᠰᠠᠨᠠᠯ ᠬᠤᠷᠢᠶᠠᠬᠤ᠂ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠬᠤ ᠵᠡᠷᠭᠡ ᠳᠠᠷᠠᠭ᠋ᠠᠯᠠᠯ᠎ᠤᠳ ᠵᠶ᠋ᠡᠷ ᠳᠡᠮᠵᠢᠨ᠂ ᠬᠠᠤᠯᠢ ᠶᠣᠰᠣᠴᠢ ᠴᠢᠨᠠᠷ ᠵᠶ᠋ᠡᠷ ᠬᠢᠨᠠᠨ ᠬᠠᠷᠭᠤᠭᠤᠯᠬᠤ᠂ ᠡᠷᠬᠡ ᠲᠡᠭᠰᠢ᠎ᠪᠠᠷ ᠥᠷᠢᠰᠥᠯᠳᠦᠬᠦ ᠵᠢ ᠬᠢᠨᠠᠨ ᠪᠠᠶ᠋ᠢᠴᠠᠭ᠋ᠠᠬᠤ᠎ᠪᠠᠷ ᠳᠡᠮᠵᠢᠨ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶᠠᠨ᠎ᠤ ᠲᠣᠪᠴᠢᠶ᠎ᠠ ᠵᠢᠨ ᠶᠠᠪᠤᠳᠠᠯ᠎ᠤᠨ ᠬᠤᠷᠠᠯ ᠵᠶ᠋ᠠᠷ ᠬᠢᠨᠠᠨ ᠵᠥᠪᠯᠡᠭᠦᠯᠵᠦ ᠪᠠᠲᠤᠯᠠᠭᠤᠯᠤᠭ᠋ᠠᠳ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠲᠠᠢ ᠬᠠᠮᠲᠤᠷᠠᠨ ᠳᠠᠷᠤᠮᠠᠯᠯᠠᠨ ᠲᠠᠷᠬᠠᠭ᠋ᠠᠵᠤ ᠬᠡᠷᠡᠭᠵᠢᠭᠦᠯᠪᠡ᠃
ᠬᠤᠶᠠᠷ᠂ 《ᠬᠡᠷᠡᠭᠵᠢᠭᠦᠯᠬᠦ ᠰᠠᠨᠠᠯ》᠎ᠤᠨ ᠦᠨᠳᠦᠰᠦᠨ ᠪᠦᠲᠦᠴᠡ ᠪᠠ ᠭᠤᠣᠯ ᠠᠭᠤᠯᠭ᠎ᠠ᠎ᠨᠢ ᠶᠠᠭᠤ ᠪᠣᠢ?
《ᠬᠡᠷᠡᠭᠵᠢᠭᠦᠯᠬᠦ ᠰᠠᠨᠠᠯ》᠎ᠳᠤ ᠵᠢᠯᠣᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ᠂ 《ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ》 ᠠᠷᠭ᠎ᠠ ᠬᠡᠯᠪᠡᠷᠢ᠂ ᠭᠤᠣᠯ ᠡᠲᠡᠭᠡᠳ᠂ ᠲᠥᠷᠥ ᠵᠢᠨ ᠪᠣᠳᠣᠯᠭ᠎ᠠ ᠵᠢᠨ ᠳᠡᠮᠵᠢᠯᠭᠡ᠂ ᠨᠥᠬᠦᠪᠦᠷᠢ ᠪᠡᠯᠡ ᠮᠥᠩᠭᠦ ᠣᠯᠭᠤᠬᠤ ᠨᠥᠬᠦᠴᠡᠯ ᠪᠠ ᠠᠷᠭ᠎ᠠ ᠬᠡᠯᠪᠡᠷᠢ᠂ ᠠᠵᠢᠯ᠎ᠤᠨ ᠱᠠᠭ᠋ᠠᠷᠳᠠᠯᠭ᠎ᠠ ᠵᠡᠷᠭᠡ ᠳᠣᠯᠣᠭ᠋ᠠᠨ ᠬᠡᠰᠡᠭ ᠬᠤᠪᠢᠶᠠᠪᠠ ᠃ ᠨᠢᠭᠡᠳᠦᠭᠡᠷ ᠬᠡᠰᠡᠭ᠎ᠲᠤ 《ᠬᠡᠷᠡᠭᠵᠢᠭᠦᠯᠬᠦ ᠰᠠᠨᠠᠯ》᠎ᠤᠨ ᠵᠢᠯᠣᠭᠤᠳᠬᠤ ᠦᠵᠡᠯ ᠰᠠᠨᠠᠭ᠎ᠠ ᠪᠣᠯ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠪᠣᠯᠣᠨ ᠨᠠᠮ᠎ᠤᠨ ᠬᠤᠷᠢᠳᠤᠭ᠋ᠠᠷ ᠶᠡᠭᠡ ᠬᠤᠷᠠᠯ᠂ ᠬᠤᠷᠢᠳᠤᠭ᠋ᠠᠷ ᠬᠤᠭᠤᠴᠠᠭ᠋ᠠᠨ᠎ᠤ ᠭᠤᠷᠪᠠᠳᠤᠭ᠋ᠠᠷ ᠪᠦᠬᠦᠳᠡ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠨᠠᠢ᠍ᠮᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠪᠣᠯᠣᠨ᠎ᠠ ᠭᠡᠵᠦ ᠲᠣᠳᠣᠷᠬᠠᠶ᠋ᠢᠯᠠᠪᠠ᠃ ᠬᠤᠶᠠᠳᠤᠭ᠋ᠠᠷ ᠬᠡᠰᠡᠭ᠎ᠲᠤ 《ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ》᠎ᠳᠤ ᠠᠵᠢᠯ᠎ᠢ ᠠᠬᠢᠭᠤᠯᠬᠤ᠎ᠳᠤ ᠵᠠᠰᠠᠭ᠎ᠤᠨ ᠣᠷᠳᠣᠨ ᠬᠥᠲᠥᠯᠦᠨ ᠵᠢᠯᠣᠭᠤᠳᠬᠤ᠂ ᠭᠤᠤᠯ ᠴᠣᠭᠴᠠ ᠵᠢᠨ ᠰᠠᠶ᠋ᠢᠨ ᠳᠤᠷ᠎ᠠ᠎ᠠᠴᠠ᠎ᠪᠠᠨ ᠪᠠᠶ᠋ᠢᠬᠤ ᠵᠢ ᠪᠠᠷᠢᠮᠲᠠᠯᠠᠵᠤ᠂ ᠲᠥᠷᠥᠯ ᠬᠤᠪᠢᠶᠠᠨ ᠵᠢᠯᠣᠭᠤᠳᠬᠤ᠂ ᠰᠢᠨᠵᠢᠯᠡᠬᠦ ᠤᠬᠠᠭ᠋ᠠᠨᠴᠢ᠎ᠪᠠᠷ ᠠᠬᠢᠭᠤᠯᠬᠤ᠂ ᠰᠠᠯᠠᠭ᠎ᠠ ᠮᠥᠴᠢᠷ ᠬᠠᠮᠵᠢᠯᠴᠠᠬᠤ᠂ ᠪᠣᠳᠠᠲᠤ ᠦᠷ᠎ᠡ ᠪᠦᠲᠦᠮᠵᠢ ᠵᠢ ᠴᠢᠬᠤᠯᠠᠴᠢᠯᠠᠬᠤ ᠵᠡᠷᠭᠡ ᠭᠤᠷᠪᠠᠨ ᠵᠠᠷᠴᠢᠮ᠎ᠢ ᠲᠣᠳᠣᠷᠬᠠᠶ ᠲᠣᠭᠲᠠᠭ᠋ᠠᠪᠠ᠃ ᠭᠤᠷᠪᠠᠳᠤᠭ᠋ᠠᠷ ᠬᠡᠰᠡᠭ᠎ᠲᠤ 《 ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ 》᠎ᠳᠤ ᠳᠠᠩᠰᠠᠯᠠᠭᠤᠯᠵᠤ ᠪᠣᠯᠬᠤ ᠠᠵᠤ ᠠᠬᠤᠶ᠋ᠢᠯᠠᠯ᠎ᠤᠨ ᠲᠥᠷᠥᠯ ᠬᠡᠯᠪᠡᠷᠢ᠂ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠤᠭᠰᠠᠨ᠎ᠤ ᠳᠠᠷᠠᠭ᠋ᠠᠬᠢ ᠡᠵᠡᠩᠨᠡᠭᠴᠢ ᠵᠢᠨ ᠪᠡᠯᠡ ᠣᠷᠣᠭᠤᠯᠤᠭᠴᠢ ᠵᠢᠨ ᠪᠡᠶ᠎ᠡ ᠵᠢᠨ ᠭᠠᠷᠤᠯ᠎ᠤᠨ ᠱᠠᠭ᠋ᠠᠷᠳᠠᠯᠭ᠎ᠠ ᠵᠢᠴᠢ 《 ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ 》 ᠲᠤᠬᠠᠶ᠋ᠢᠯᠠᠭᠰᠠᠨ ᠠᠵᠢᠯ ᠢ ᠭᠦᠢ᠍ᠴᠡᠳᠬᠡᠬᠦ ᠠᠷᠭ᠎ᠠ ᠮᠠᠶᠢᠭ ᠵᠡᠷᠭᠡ ᠵᠢ ᠲᠣᠳᠣᠷᠬᠠᠶ᠋ᠢᠯᠠᠪᠠ᠃ ᠳᠥᠷᠪᠡᠳᠦᠭᠡᠷ ᠬᠡᠰᠡᠭ᠎ᠲᠤ 《 ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ 》᠎ᠳᠤ ᠭᠤᠣᠯᠳᠠᠯᠭ᠎ᠠ᠎ᠲᠠᠢ ᠪᠤᠶ᠋ᠢᠵᠢᠭᠤᠯᠬᠤ ᠡᠲᠡᠭᠡᠳ᠂ ᠬᠠᠤᠯᠢ ᠶᠣᠰᠣᠭ᠋ᠠᠷ ᠬᠡᠯᠪᠡᠷᠢ᠎ᠪᠠᠨ ᠬᠤᠪᠢᠷᠠᠭᠤᠯᠬᠤ ᠡᠲᠡᠭᠡᠳ ᠵᠢᠴᠢ ᠰᠠᠨᠠᠭ᠋ᠠᠴᠢᠯᠠᠭ᠎ᠠ᠎ᠠᠴᠠ᠎ᠪᠠᠨ ᠬᠡᠯᠪᠡᠷᠢ᠎ᠪᠠᠨ ᠬᠤᠪᠢᠷᠠᠭᠤᠯᠬᠤ ᠵᠢ ᠳᠡᠮᠵᠢᠬᠦ ᠠᠵᠢᠯ᠎ᠤᠨ ᠱᠠᠭ᠋ᠠᠷᠳᠠᠯᠭ᠎ᠠ ᠵᠢ ᠲᠣᠳᠣᠷᠬᠠᠶ᠋ᠢᠯᠠᠪᠠ᠃ ᠲᠠᠪᠤᠳᠤᠭ᠋ᠠᠷ ᠬᠡᠰᠡᠭ᠎ᠲᠤ 《 ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ》᠎ᠳᠤ ᠬᠦᠷᠲᠡᠵᠦ ᠪᠣᠯᠬᠤ ᠲᠦᠷᠦ ᠵᠢᠨ ᠪᠤᠳᠤᠯᠭ᠎ᠠ ᠵᠢᠨ ᠬᠡᠪᠴᠢᠶ᠎ᠡ ᠵᠢᠴᠢ ᠨᠢᠭᠡ ᠯᠡ ᠤᠳᠠᠭ᠋ᠠᠨ᠎ᠤ ᠴᠢᠨᠠᠷᠲᠠᠢ ᠨᠥᠬᠦᠪᠥᠷᠢ ᠮᠥᠩᠭᠦ ᠵᠢ ᠣᠯᠭᠤᠬᠤ ᠠᠵᠢᠯ᠎ᠤᠨ ᠡᠷᠬᠡ ᠵᠢᠨ ᠠᠵᠢᠯ᠎ᠤᠨ ᠬᠤᠪᠢᠶᠠᠷᠢᠯᠠᠯ᠎ᠢ ᠲᠣᠳᠣᠷᠬᠠᠶ᠋ᠢᠯᠠᠪᠠ᠃ ᠵᠢᠷᠭᠤᠳᠤᠭ᠋ᠠᠷ ᠬᠡᠰᠡᠭ᠎ᠲᠤ 《 ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ 》᠎ᠳᠤ ᠨᠢᠭᠡ ᠯᠡ ᠤᠳᠠᠭ᠋ᠠᠨ᠎ᠤ ᠴᠢᠨᠠᠷᠲᠠᠶ ᠨᠥᠬᠦᠪᠥᠷᠢ ᠵᠢᠨ ᠪᠠᠯᠠ ᠮᠥᠩᠭᠦ ᠵᠢᠨ ᠣᠯᠭᠤᠬᠤ ᠨᠥᠬᠦᠴᠡᠯ᠂ ᠣᠯᠭᠤᠬᠤ ᠥᠬᠡᠶ ᠪᠠᠶ᠋ᠢᠳᠠᠯ᠂ ᠣᠯᠭᠤᠬᠤ ᠠᠷᠭ᠎ᠠ ᠮᠠᠶᠢᠭ᠂ ᠭᠤᠶᠤᠴᠢᠯᠠᠬᠤ ᠮᠠᠲ᠋ᠧᠷᠢᠶᠠᠯ ᠵᠡᠷᠭᠡ ᠱᠠᠭ᠋ᠠᠷᠳᠠᠯᠭ᠎ᠠ᠎ᠨᠤᠭᠤᠳ᠎ᠢ ᠲᠣᠳᠣᠷᠬᠠᠶ᠋ᠢᠯᠠᠪᠠ᠃ ᠳᠣᠯᠣᠳᠤᠭ᠋ᠠᠷ ᠬᠡᠰᠡᠭ᠎ᠲᠤ 《ᠬᠡᠷᠡᠭᠵᠢᠭᠦᠯᠬᠦ ᠰᠠᠨᠠᠯ》᠎ᠢ ᠨᠠᠶ᠋ᠢᠳᠠᠪᠤᠷᠢᠵᠢᠭᠤᠯᠬᠤ ᠠᠵᠢᠯ᠎ᠤᠨ ᠱᠠᠭ᠋ᠠᠷᠳᠠᠯᠭ᠎ᠠ ᠵᠢᠴᠢ ᠠᠵᠢᠯ᠎ᠤᠨ ᠰᠠᠬᠢᠯᠭ᠎ᠠ ᠪᠠᠲᠤ ᠵᠢ ᠲᠣᠳᠣᠷᠬᠠᠶ᠋ᠢᠯᠠᠬᠤ ᠵᠢᠨ ᠬᠠᠮᠲᠤ 《ᠬᠡᠷᠡᠭᠵᠢᠭᠦᠯᠬᠦ ᠰᠠᠨᠠᠯ》᠎ᠤᠨ ᠬᠦᠴᠦᠨ᠎ᠲᠠᠢ ᠬᠤᠭᠤᠴᠠᠭ᠎ᠠ ᠵᠢ ᠲᠣᠳᠣᠷᠬᠠᠶ ᠲᠣᠭᠲᠠᠭ᠋ᠠᠪᠠ᠃
ᠭᠤᠷᠪᠠ᠂ ᠶᠠᠭᠤᠨ᠎ᠳᠤ 《 ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ》 ᠪᠤᠢ?
ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ᠎ᠳᠤ ᠬᠠᠤᠯᠢ ᠵᠢᠨ ᠡᠷᠬᠡᠲᠡᠨ᠎ᠤ ᠪᠠᠶ᠋ᠢᠷᠢ ᠰᠠᠭᠤᠷᠢ ᠳᠤᠲᠠᠭᠳᠠᠬᠤ᠂ ᠵᠠᠰᠠᠯᠲᠠ ᠵᠢᠨ ᠵᠠᠭᠪᠤᠷ᠎ᠨᠢ ᠳᠠᠩ ᠴᠤᠯᠭᠤᠶ᠂ ᠪᠡᠯᠡ ᠣᠷᠣᠭᠤᠯᠤᠯᠲᠠ ᠵᠢᠨ ᠬᠡᠪᠴᠢᠶᠡᠵᠢᠯ᠎ᠨᠢ ᠬᠢᠵᠠᠭ᠋ᠠᠷ᠎ᠲᠠᠢ᠂ ᠪᠡᠯᠡ ᠲᠣᠬᠢᠷᠠᠭᠤᠯᠬᠤ ᠵᠢᠭᠡᠯᠡᠯᠭᠡ ᠵᠢᠭᠡᠯᠡᠬᠦ᠎ᠳᠤ ᠬᠦᠴᠢᠷᠲᠡᠶ᠂ ᠲᠦᠭᠰᠢᠭᠦᠷᠢ ᠵᠢ ᠡᠰᠡᠷᠭᠦᠴᠡᠬᠦ ᠴᠢᠳᠠᠪᠤᠷᠢ᠎ᠨᠢ ᠪᠠᠭᠤᠷᠠᠶ ᠵᠡᠷᠭᠡ ᠲᠠᠯ᠎ᠠ᠎ᠲᠠᠢ ᠪᠠᠢ᠌ᠵᠤ ᠂ ᠲᠡᠢ᠌ᠮᠦ ᠮᠥᠷᠲᠡᠬᠡᠨ ᠠᠵᠤ ᠠᠬᠤᠶ᠋ᠢᠯᠠᠯ᠎ᠳᠤ ᠠᠪᠴᠤ ᠬᠡᠯᠡᠪᠡᠯ᠂ ᠬᠤᠳᠠᠯᠳᠤᠭ᠋ᠠᠨ ᠤ ᠢᠲᠡᠭᠡᠮᠵᠢ᠂ ᠡᠵᠡᠩᠨᠡᠯᠲᠡ ᠵᠢᠨ ᠬᠦᠷᠢᠶ᠎ᠡ ᠬᠡᠪᠴᠢᠶ᠎ᠡ᠂ ᠨᠡᠷᠡᠲᠦ ᠲᠡᠮᠳᠡᠭᠲᠦ ᠵᠢᠨ ᠦᠢ᠍ᠯᠡᠳᠦᠯ᠂ ᠥᠷᠢᠰᠥᠯᠳᠦᠬᠦ ᠴᠢᠳᠠᠪᠤᠷᠢ ᠵᠡᠷᠭᠡ ᠲᠠᠯ᠎ᠠ᠎ᠪᠠᠷ ᠬᠠᠷᠢᠴᠠᠭᠤᠯᠤᠭᠰᠠᠨ ᠳᠠᠪᠠᠭᠤᠯᠢᠭ ᠵᠶ᠋ᠠᠷ ᠳᠤᠲᠠᠮᠠᠭ ᠪᠠᠶ᠋ᠢᠨ᠎ᠠ᠃
ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ᠎ᠳᠤ ᠠᠪᠴᠤ ᠬᠡᠯᠡᠪᠡᠯ᠂ ᠬᠡᠯᠪᠡᠷᠢ᠎ᠪᠠᠨ ᠬᠤᠪᠢᠷᠠᠭᠤᠯᠤᠨ ᠠᠵᠤ ᠠᠬᠤᠶ᠋ᠢᠯᠠᠯ ᠪᠣᠯᠭ᠋ᠠᠬᠤ᠎ᠳᠤ ᠵᠢᠷᠭᠤᠭ᠋ᠠᠨ ᠶᠡᠭᠡ ᠠᠰᠢᠭ᠎ᠲᠤ ᠲᠠᠯ᠎ᠠ᠎ᠲᠠᠢ᠄ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠵᠢᠨ ᠲᠠᠯ᠎ᠠ᠎ᠪᠠᠷ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠠᠪᠴᠠᠭ᠋ᠠᠨ᠎ᠤ ᠡᠷᠬᠡ ᠥᠷᠢ ᠥᠭᠴᠡᠭᠡ᠎ᠳᠤ ᠬᠢᠵᠠᠭ᠋ᠠᠷ ᠦᠭᠡᠢ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠂ ᠬᠠᠷᠢᠨ ᠺᠣᠮᠫᠠᠨᠢ ᠵᠢᠨ ᠳᠦᠷᠢᠮᠲᠦ ᠠᠵᠤ ᠠᠬᠤᠶ᠋ᠢᠯᠠᠯ ᠪᠡᠯᠡ ᠭᠠᠷᠭ᠋ᠠᠬᠤ ᠲᠤᠭ᠎ᠠ᠎ᠪᠠᠷ ᠬᠢᠵᠠᠭ᠋ᠠᠷ ᠪᠣᠯᠭ᠋ᠠᠨ ᠬᠢᠵᠠᠭ᠋ᠠᠷᠲᠤ ᠬᠠᠷᠢᠭᠤᠴᠠᠯᠭ᠎ᠠ ᠡᠭᠦᠷᠭᠡᠯᠡᠵᠦ᠂ ᠬᠠᠤᠯᠢ ᠴᠠᠭ᠋ᠠᠵᠠ ᠵᠢᠨ ᠲᠦᠭᠰᠢᠭᠦᠷᠢ ᠵᠢ ᠤᠯᠠᠮ ᠨᠢᠭᠡ ᠠᠯᠬᠤᠮ ᠪᠠᠭᠤᠷᠠᠭᠤᠯᠤᠨ᠎ᠠ᠃ ᠪᠡᠯᠡ ᠮᠥᠩᠭᠥ ᠣᠯᠬᠤ ᠲᠠᠯ᠎ᠠ᠎ᠪᠠᠷ᠂ ᠠᠵᠤ ᠠᠬᠤᠶ᠋ᠢᠯᠠᠯ᠎ᠨᠢ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ᠎ᠠᠴᠠ ᠪᠠᠩᠬᠢ ᠵᠢᠨ ᠵᠢᠭᠡᠯᠡᠯᠭᠡ ᠵᠢ ᠨᠡᠩ ᠠᠮᠠᠷᠬᠠᠨ ᠣᠯᠬᠤ ᠮᠥᠷᠲᠡᠭᠡᠨ ᠵᠢᠭᠡᠯᠡᠯᠭᠡ ᠵᠢᠨ ᠲᠣᠭ᠎ᠠ ᠬᠡᠮᠵᠢᠶ᠎ᠡ᠎ᠨᠢ ᠡᠳᠦᠶ ᠲᠡᠳᠦᠶ ᠨᠡᠮᠡᠭᠳᠡᠬᠦ ᠵᠢᠨ ᠬᠠᠮᠲᠤ᠂ ᠠᠵᠤ ᠠᠬᠤᠶ᠋ᠢᠯᠠᠯ᠎ᠨᠢ ᠪᠡᠯᠡ ᠣᠷᠣᠭᠤᠯᠤᠯᠲᠠ ᠵᠢ ᠲᠠᠲᠠᠨ ᠣᠷᠣᠭᠤᠯᠵᠤ᠂ ᠣᠯᠠᠨ ᠬᠤᠪᠢ ᠣᠷᠣᠭᠤᠯᠤᠭᠴᠢ ᠪᠤᠶᠤ ᠬᠣᠷᠰᠢᠭᠴᠢ᠎ᠪᠠᠷ ᠳᠠᠮᠵᠢᠨ ᠪᠡᠯᠡ ᠮᠥᠩᠭᠥ ᠵᠢᠨ ᠣᠷᠣᠭᠤᠯᠤᠯᠲᠠ᠎ᠪᠠᠨ ᠨᠡᠮᠡᠭᠳᠡᠭᠦᠯᠵᠦ᠂ ᠡᠵᠡᠩᠨᠡᠯᠲᠡ ᠵᠢᠨ ᠬᠡᠪᠴᠢᠶ᠎ᠡ᠎ᠪᠠᠨ ᠥᠷᠭᠡᠳᠬᠡᠨ᠎ᠡ᠃ ᠵᠠᠬ᠎ᠠ ᠳᠡᠯᠭᠡᠭᠦᠷ᠎ᠤᠨ ᠨᠥᠯᠥᠭᠡᠯᠡᠯ᠎ᠤᠨ ᠲᠠᠯ᠎ᠠ᠎ᠪᠠᠷ᠂ ᠵᠣᠬᠢᠶᠠᠨ ᠪᠠᠶ᠋ᠢᠭᠤᠯᠤᠯᠲᠠ ᠵᠢᠨ ᠬᠡᠯᠪᠡᠷᠢ ᠮᠠᠶᠢᠭ ᠵᠶ᠋ᠠᠷ ᠬᠢᠵᠠᠭ᠋ᠠᠷᠯᠠᠭᠳᠠᠭᠰᠠᠨ ᠪᠣᠯᠬᠣᠷ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠬᠡᠯᠬᠢᠶᠡᠯᠡᠨ ᠡᠵᠡᠩᠨᠡᠬᠦ ᠠᠷᠭ᠎ᠠ ᠬᠡᠯᠪᠡᠷᠢ ᠵᠢ ᠠᠪᠴᠤ ᠪᠣᠯᠬᠤ ᠦᠭᠡᠶ᠂ ᠬᠠᠷᠢᠨ ᠠᠵᠤ ᠠᠬᠤᠶ᠋ᠢᠯᠠᠯ᠎ᠨᠢ ᠣᠯᠠᠨ ᠬᠤᠪᠢᠶᠠᠷᠢ ᠰᠠᠯᠪᠤᠷᠢ ᠪᠠᠶ᠋ᠢᠭᠤᠯᠤᠮᠵᠢ ᠪᠠᠶ᠋ᠢᠭᠤᠯᠵᠤ ᠂ ᠣᠯᠠᠨ ᠲᠠᠯ᠎ᠠ ᠪᠠᠷ ᠴᠡᠴᠡᠭᠯᠡᠨ ᠬᠥᠭᠵᠢᠭᠰᠡᠨ᠂ ᠬᠣᠯᠪᠣᠭ᠋ᠠᠯᠠᠨ ᠡᠵᠡᠩᠨᠡᠭᠰᠡᠨ ᠪᠠᠶ᠋ᠢᠳᠠᠯ᠎ᠢ ᠪᠣᠶ ᠪᠣᠯᠭ᠋ᠠᠵᠤ᠂ ᠵᠠᠬ᠎ᠠ ᠳᠡᠯᠭᠡᠭᠦᠷ ᠵᠶ᠋ᠠᠨ ᠥᠷᠭᠡᠵᠢᠭᠦᠯᠦᠨ᠂ ᠬᠦᠴᠦᠷᠬᠡᠭᠵᠢᠭᠦᠯᠦᠨ ᠪᠤᠵᠠᠭ᠋ᠠᠶ᠋ᠢᠷᠠᠭᠤᠯᠬᠤ᠎ᠳᠤ ᠠᠰᠢᠭᠲᠠᠶ ᠪᠠᠢ᠌ᠳᠠᠭ ᠃ ᠨᠠᠷᠠᠲᠤ ᠲᠡᠮᠳᠡᠭᠴᠢᠯᠡᠭᠰᠡᠨ ᠡᠵᠡᠩᠨᠡᠯᠲᠡ ᠵᠢᠨ ᠲᠠᠯ᠎ᠠ᠎ᠪᠠᠷ᠂ ᠠᠵᠤ ᠠᠬᠤᠶ᠋ᠢᠯᠠᠯ᠎ᠤᠳ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ᠎ᠲᠠᠢ ᠬᠠᠷᠢᠴᠠᠭᠤᠯᠵᠤ ᠪᠠᠶ᠋ᠢᠭ᠋ᠠᠳ ᠳᠣᠲᠣᠭ᠋ᠠᠳᠤ ᠵᠢᠨ ᠬᠠᠮᠢᠶᠠᠷᠤᠯᠲᠠ ᠵᠢ ᠴᠢᠩᠭ᠋ᠠᠳᠬᠠᠨ ᠨᠢᠭᠡᠳᠬᠡᠬᠦ᠂ ᠥᠪᠡᠷ᠎ᠤᠨ ᠨᠠᠷᠠᠲᠤ ᠲᠥᠷᠥᠯ ᠲᠡᠮᠳᠡᠭᠲᠦ ᠵᠢᠨ ᠰᠣᠶᠣᠯ᠎ᠢ ᠪᠣᠶ ᠪᠣᠯᠭ᠋ᠠᠬᠤ ᠪᠠ ᠤᠯᠠᠮᠵᠢᠯᠠᠬᠤ᠎ᠳᠤ ᠨᠠᠩ ᠠᠰᠢᠭᠲᠠᠶ ᠶᠤᠮ ᠃ ᠴᠢᠳᠠᠪᠤᠷᠢᠲᠠᠨ᠎ᠢ ᠲᠠᠲᠠᠬᠤ ᠲᠠᠯ᠎ᠠ᠎ᠪᠠᠷ᠂ ᠠᠵᠤ ᠠᠬᠤᠶ᠋ᠢᠯᠠᠯ᠎ᠤᠨ ᠵᠣᠬᠢᠶᠠᠨ ᠪᠠᠶ᠋ᠢᠭᠤᠯᠤᠯᠲᠠ ᠵᠢᠨ ᠪᠦᠲᠦᠴᠡ ᠵᠢ ᠨᠠᠩ ᠵᠢᠷᠤᠮᠵᠢᠭᠤᠯᠤᠭᠰᠠᠨ᠎ᠠᠴᠠ ᠨᠠᠰᠤᠵᠢᠯ᠎ᠤᠨ ᠳᠠᠭ᠋ᠠᠳᠬᠠᠯ᠂ ᠡᠮᠴᠢᠯᠡᠭᠡᠨ᠎ᠤ ᠳᠠᠭ᠋ᠠᠳᠬᠠᠯ ᠵᠡᠷᠭᠡ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠴᠦ᠍ ᠨᠠᠩ ᠲᠡᠭᠦᠯᠳᠡᠷᠵᠢᠭᠦᠯᠵᠦ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ᠎ᠠᠴᠠ ᠨᠠᠩ ᠠᠮᠠᠷᠬᠠᠨ ᠰᠢᠯᠢᠳᠡᠭ ᠴᠢᠳᠠᠪᠤᠷᠢᠲᠠᠨ ᠢ ᠲᠡᠳᠡᠨ ᠠᠪᠴᠢᠷᠠᠬᠤ ᠪᠠ ᠦᠯᠡᠳᠡᠭᠡᠨ ᠠᠪᠤᠨ᠎ᠠ᠃ ᠬᠥᠭᠵᠢᠯᠲᠡ ᠵᠢᠨ ᠣᠷᠣᠨ ᠵᠠᠶ ᠵᠢᠨ ᠲᠠᠯ᠎ᠠ ᠪᠠᠷ᠂ ᠠᠵᠤ ᠠᠬᠤᠶ᠋ᠢᠯᠠᠯ᠎ᠨᠢ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠠᠴᠠ ᠨᠠᠩ ᠠᠮᠠᠷᠬᠠᠨ ᠵᠠᠬ᠎ᠠ ᠳᠡᠯᠭᠡᠭᠦᠷ ᠤᠨ ᠪᠠᠶ᠋ᠢᠷᠢ ᠲᠣᠭᠲᠠᠭ᠋ᠠᠯᠲᠠ ᠬᠢᠵᠦ᠂ ᠢᠲᠡᠭᠡᠮᠵᠢ ᠵᠢᠨ ᠬᠡᠮᠵᠢᠶ᠎ᠡ᠎ᠨᠢ ᠨᠠᠩ ᠥᠨᠳᠥᠷ ᠪᠣᠯᠬᠤ ᠪᠥᠭᠡᠳ ᠨᠡᠶ᠋ᠢᠭᠡᠮ᠎ᠤᠨ ᠡᠬᠢ ᠪᠠᠶᠠᠯᠢᠭ (ᠲᠥᠷᠥ ᠵᠢᠨ ᠪᠣᠳᠣᠯᠭ᠎ᠠ ᠵᠢᠨ ᠳᠡᠮᠵᠢᠯᠭᠡ) ᠢ ᠨᠠᠩ ᠠᠮᠠᠷᠬᠠᠨ ᠣᠯᠵᠤ᠂ ᠠᠵᠤ ᠠᠬᠤᠶ᠋ᠢᠯᠠᠯ᠎ᠤᠨ ᠳᠡᠭᠡᠭᠰᠢᠯᠡᠬᠦ ᠣᠷᠣᠨ ᠵᠠᠶ ᠵᠢ ᠥᠷᠭᠡᠳᠬᠡᠨ᠎ᠡ᠃
ᠳᠥᠷᠪᠡ᠂ 《ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ》 ᠭᠤᠤᠯ ᠠᠷᠭ᠎ᠠ ᠮᠠᠶᠢᠭ᠎ᠨᠢ ᠶᠠᠭᠤ ᠪᠣᠶ?
《ᠬᠡᠷᠡᠭᠵᠢᠭᠦᠯᠬᠦ ᠰᠠᠨᠠᠯ》᠎ᠳᠤ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ᠎ᠨᠢ ᠣᠲᠣ ᠵᠢᠨ ᠪᠠᠶ᠋ᠢᠭ᠎ᠠ ᠦᠢ᠍ᠯᠡᠳᠪᠦᠷᠢᠯᠡᠯ ᠡᠵᠡᠩᠨᠡᠯᠲᠡ ᠵᠢᠨ ᠨᠥᠬᠦᠴᠡᠯ ᠵᠶ᠋ᠠᠷ ᠰᠠᠭᠤᠷᠢ ᠪᠣᠯᠭ᠋ᠠᠬᠤ ᠵᠢ ᠳᠡᠮᠵᠢᠵᠦ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠺᠣᠮᠫᠠᠨᠢ ᠵᠢᠨ ᠬᠠᠤᠯᠢ》᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠠᠮᠲᠤᠷᠠᠭᠰᠠᠨ ᠠᠵᠤ ᠠᠬᠤᠶ᠋ᠢᠯᠠᠯ᠎ᠤᠨ ᠬᠠᠤᠯᠢ》᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠤᠪᠢ ᠬᠥᠮᠦᠨ᠎ᠤ ᠲᠤᠰᠠᠭ᠋ᠠᠷ ᠪᠡᠯᠡ ᠣᠷᠣᠭᠤᠯᠤᠭᠰᠠᠨ ᠠᠵᠤ ᠠᠬᠤᠶ᠋ᠢᠯᠠᠯ᠎ᠤᠨ ᠬᠠᠤᠯᠢ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠦᠨᠳᠦᠰᠦᠯᠡᠨ ᠬᠤᠪᠢ ᠬᠥᠮᠦᠨ᠎ᠤ ᠲᠤᠰᠠᠭ᠋ᠠᠷ ᠪᠡᠯᠡ ᠣᠷᠣᠭᠤᠯᠤᠭᠰᠠᠨ ᠠᠵᠤ ᠠᠬᠤᠶ᠋ᠢᠯᠠᠯ᠂ ᠬᠤᠷᠰᠢᠭᠰᠠᠨ ᠠᠵᠤ ᠠᠬᠤᠶ᠋ᠢᠯᠠᠯ᠂ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ᠎ᠪᠠᠷ ᠳᠠᠩᠰᠠᠯᠠᠭᠤᠯᠬᠤ᠎ᠪᠠᠷ ᠭᠤᠶᠤᠴᠢᠯᠠᠭᠤᠯᠤᠨ᠎ᠠ ᠃ ᠡᠭᠦᠨ᠎ᠤ ᠬᠠᠮᠲᠤ 《 ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ 》 ᠵᠢ ᠲᠣᠳᠣᠷᠬᠠᠶ᠋ᠢᠯᠠᠭᠰᠠᠨ᠎ᠤ ᠳᠠᠷᠠᠭ᠎ᠠ᠂ ᠣᠯᠠᠨ ᠪᠡᠯᠡ ᠣᠷᠣᠭᠤᠯᠤᠭᠴᠢ᠎ᠲᠠᠢ ᠪᠠᠶ᠋ᠢᠪᠠᠯ᠂ ᠪᠡᠯᠡ ᠣᠷᠣᠭᠤᠯᠤᠭᠴᠢ ᠵᠢᠨ ᠳᠣᠲᠣᠷ᠎ᠠ᠎ᠠᠴᠠ ᠨᠠᠭ᠋ᠠᠳᠤ ᠵᠠᠬ᠎ᠠ᠎ᠳᠤ᠎ᠪᠠᠨ ᠤᠤᠯ᠎ᠤᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠡᠵᠡᠩᠨᠡᠭᠴᠢ 1 ᠪᠠᠶ᠋ᠢᠬᠤ ᠬᠡᠷᠡᠭᠲᠡᠶ ᠭᠡᠵᠦ ᠲᠣᠳᠣᠷᠬᠠᠶ ᠲᠣᠭᠲᠠᠭ᠋ᠠᠵᠠᠶ᠃ 《 ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ》᠎ᠳᠤ 《ᠨᠢᠭᠡ ᠵᠢ ᠲᠣᠳᠣᠷᠬᠠᠶ᠋ᠢᠯᠠᠵᠤ ᠨᠢᠭᠡ ᠵᠢ ᠪᠠᠶ᠋ᠢᠭᠤᠯᠬᠤ》 ᠲᠤᠬᠠᠶ᠋ᠢᠯᠠᠭᠰᠠᠨ ᠠᠵᠢᠯ᠎ᠢ ᠬᠠᠮᠲᠤᠷᠠᠨ ᠡᠷᠭᠢᠯᠡᠨ᠎ᠡ᠂ ᠭᠡᠪᠡᠴᠦ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠰᠠᠯᠠᠭ᠎ᠠ ᠮᠥᠴᠢᠷ᠎ᠤᠨ ᠲᠦᠷᠢᠮ ᠲᠣᠭᠲᠠᠭ᠋ᠠᠯ ᠪᠤᠶᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠳᠤ ᠠᠰᠲᠠᠭ᠋ᠠᠨ ᠲᠣᠭᠲᠠᠭ᠋ᠠᠯ᠎ᠲᠠᠢ᠎ᠨᠢ ᠡᠭᠦᠨ᠎ᠳᠤ ᠪᠠᠭᠲᠠᠬᠤ ᠥᠬᠡᠶ᠃ ᠳᠠᠩᠰᠠᠯᠠᠬᠤ ᠪᠠᠶ᠋ᠢᠭᠤᠯᠭ᠎ᠠ᠎ᠨᠢ 《 ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ》 ᠭᠡᠷᠡᠴᠢ ᠭᠠᠷᠭ᠋ᠠᠵᠤ᠂ 《 ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ 》 ᠠᠵᠤ ᠠᠬᠤᠶ᠋ᠢᠯᠠᠯ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠢ ᠦᠷᠭᠦᠯᠵᠢᠯᠡᠭᠦᠯᠬᠦ ᠵᠡᠷᠭᠡ ᠲᠤᠬᠠᠶ᠋ᠢᠯᠠᠭᠰᠠᠨ ᠠᠵᠢᠯ᠎ᠢ ᠭᠦᠢ᠍ᠴᠡᠳᠬᠡᠬᠦ᠎ᠳᠤ ᠳᠥᠭᠦᠮ ᠦᠵᠡᠭᠦᠯᠦᠨ᠎ᠡ᠃
ᠲᠠᠪᠤ᠂ 《 ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ 》 ᠭᠤᠤᠯ ᠡᠲᠡᠭᠡᠳ᠎ᠨᠢ ᠶᠠᠭᠤ ᠶᠠᠭᠤ ᠪᠣᠶ?
《ᠬᠡᠷᠡᠭᠵᠢᠭᠦᠯᠬᠦ ᠰᠠᠨᠠᠯ》᠎ᠳᠤ ᠡᠯ᠎ᠡ ᠭᠠᠵᠠᠷ᠎ᠤᠨ᠎ᠬᠢᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠳᠠᠩᠰᠠᠯᠠᠭᠤᠯᠵᠤ ᠲᠡᠮᠳᠡᠭᠯᠡᠭᠦᠯᠦᠭᠡᠳ ᠨᠢᠭᠡ ᠵᠢᠯ᠎ᠠᠴᠠ ᠢᠯᠡᠭᠦᠦ ᠪᠣᠯᠣᠭᠰᠠᠨ᠂ ᠨᠢᠭᠡᠨᠲᠡ ᠭᠠᠶ᠋ᠢᠯᠢ ᠵᠢᠨ ᠶᠠᠪᠤᠳᠠᠯ᠎ᠤᠨ ᠰᠠᠯᠠᠭ᠎ᠠ ᠮᠥᠴᠢᠷ᠎ᠲᠤ ᠡᠩ᠎ᠤᠨ ᠭᠠᠶ᠋ᠢᠯᠢ ᠲᠤᠰᠢᠶᠠᠭᠴᠢ᠎ᠪᠠᠷ ᠪᠦᠷᠢᠳᠬᠡᠭᠦᠯᠦᠭᠰᠡᠨ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠴᠢ ᠦᠢ᠍ᠯᠡᠳᠬᠦᠨ᠎ᠤ ᠦᠷᠳᠡᠭ ᠪᠠ ᠪᠣᠷᠣᠯᠠᠭᠤᠯᠬᠤ ᠬᠡᠪᠴᠢᠶᠡᠵᠢᠯ ᠵᠶ᠋ᠡᠷ ᠨᠡᠯᠢᠶᠡᠳ ᠶᠡᠭᠡ ᠠᠷᠠᠯᠵᠢᠶ᠎ᠠ ᠬᠤᠳᠠᠯᠳᠤᠭ᠋ᠠᠨ᠎ᠤ ᠭᠦᠢ᠍ᠯᠭᠡᠭᠡᠨ᠎ᠤ ᠲᠦᠷᠦᠯ ᠵᠡᠷᠭᠡ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠭᠤᠣᠯᠳᠠᠯᠭ᠎ᠠ᠎ᠲᠠᠢ ᠳᠡᠮᠵᠢᠬᠦ ᠡᠲᠡᠭᠡᠳ ᠪᠣᠯᠭ᠋ᠠᠵᠤ᠂ ᠲᠡᠭᠦᠨ᠎ᠤ ᠬᠡᠯᠪᠡᠷᠢ᠎ᠪᠠᠨ ᠬᠤᠪᠢᠷᠠᠭᠤᠯᠤᠨ ᠲᠡᠰ ᠳᠡᠪᠰᠢᠭᠦᠯᠬᠦ ᠵᠢ ᠲᠦᠷᠭᠡᠳᠬᠡᠵᠦ ᠠᠵᠤ ᠠᠬᠤᠶ᠋ᠢᠯᠠᠯ ᠪᠣᠯᠭ᠋ᠠᠬᠤ ᠵᠢ ᠠᠬᠢᠭᠤᠯᠬᠤ ᠬᠡᠷᠡᠭᠲᠡᠢ ; ᠬᠠᠤᠯᠢ ᠴᠠᠭ᠋ᠠᠵᠠ ᠬᠠᠤᠯᠢ ᠳᠣᠭᠲᠠᠭ᠋ᠠᠯ᠎ᠳᠤ ᠳᠣᠭᠲᠠᠭ᠋ᠠᠭᠰᠠᠨ ᠪᠦᠬᠦᠢ ᠠᠵᠢᠯ ᠲᠦᠷᠦᠯ᠎ᠤᠨ ᠡᠵᠡᠩᠨᠡᠯᠲᠡ᠎ᠨᠢ ᠠᠵᠤ ᠠᠬᠤᠶ᠋ᠢᠯᠠᠯ᠎ᠤᠨ ᠵᠣᠬᠢᠶᠠᠨ ᠪᠠᠶ᠋ᠢᠭᠤᠯᠤᠯᠲᠠ ᠵᠢᠨ ᠬᠡᠯᠪᠡᠷᠢ ᠵᠢ ᠪᠦᠷᠢᠯᠳᠦᠭᠦᠯᠬᠦ ᠬᠡᠷᠡᠭᠲᠡᠢ ; ᠭᠣᠤᠯᠳᠠᠯᠭ᠎ᠠ᠎ᠲᠠᠢ ᠪᠤᠰᠤ ᠡᠲᠡᠭᠡᠳ᠎ᠤᠨ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ᠎ᠳᠤ ᠬᠠᠷᠢᠶᠠᠯᠠᠭᠳᠠᠪᠠᠯ᠂ ᠰᠠᠶ᠋ᠢᠨ ᠳᠤᠷ᠎ᠠ᠎ᠠᠴᠠ᠎ᠪᠠᠨ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ᠎ᠳᠤ ᠲᠡᠭᠦᠨ᠎ᠤ ᠬᠡᠯᠪᠡᠷᠢ᠎ᠪᠠᠨ ᠬᠤᠪᠢᠷᠠᠭᠤᠯᠬᠤ ᠵᠢ ᠶᠡᠬᠡ᠎ᠪᠠᠷ ᠳᠡᠮᠵᠢᠨ᠎ᠡ ᠭᠡᠵᠦ ᠲᠤᠳᠤᠷᠬᠠᠢ᠌ᠯᠠᠪᠠ᠃
ᠵᠢᠷᠭᠤᠭ᠎ᠠ᠂ 《ᠬᠡᠷᠡᠭᠵᠢᠭᠦᠯᠬᠦ ᠰᠠᠨᠠᠯ》᠎ᠨᠢ 《 ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ 》 ᠨᠢᠭᠡ ᠯᠡ ᠤᠳᠠᠭ᠋ᠠᠨ᠎ᠤ ᠴᠢᠨᠠᠷᠲᠠᠶ ᠨᠥᠬᠦᠪᠥᠷᠢ ᠵᠢᠨ ᠪᠠᠯᠠ ᠮᠥᠩᠭᠦ ᠣᠯᠭᠤᠬᠤ ᠨᠥᠬᠦᠴᠡᠯ᠎ᠢ ᠬᠡᠷᠬᠢᠨ ᠲᠣᠭᠲᠠᠭ᠋ᠠᠭᠰᠠᠨ ᠪᠣᠶ?
《ᠬᠡᠷᠡᠭᠵᠢᠭᠦᠯᠬᠦ ᠰᠠᠨᠠᠯ》᠎ᠳᠤ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠠᠩᠬ᠎ᠠ ᠤᠳᠠᠭ᠎ᠠ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠭᠦᠯᠵᠦ᠂ ᠠᠵᠤ ᠠᠬᠤᠶ᠋ᠢᠯᠠᠯ ᠨᠢᠭᠡ ᠯᠡ ᠤᠳᠠᠭ᠋ᠠᠨ᠎ᠤ ᠴᠢᠨᠠᠷᠲᠠᠢ ᠨᠥᠬᠦᠪᠥᠷᠢ ᠵᠢᠨ ᠪᠡᠯᠡ ᠮᠥᠩᠭᠦ ᠭᠤᠶᠤᠴᠢᠯᠠᠬᠤ᠎ᠳᠤ᠎ᠪᠠᠨ ᠳᠣᠣᠷᠠᠬᠢ ᠪᠦᠬᠦ ᠨᠦᠬᠦᠴᠡᠯ᠎ᠳᠤ ᠨᠡᠢ᠌ᠴᠡᠭᠰᠡᠨ ᠪᠠᠢ᠌ᠬᠤ ᠬᠡᠷᠡᠭᠲᠡᠶ ᠭᠡᠵᠦ ᠲᠣᠳᠣᠷᠬᠠᠶ᠋ᠢᠯᠠᠪᠠ᠄
1. ᠬᠡᠯᠪᠡᠷᠢ᠎ᠪᠠᠨ ᠬᠤᠪᠢᠷᠠᠭᠤᠯᠬᠤ ᠦᠶ᠎ᠡ᠎ᠳᠤ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠦᠷᠭᠦᠯᠵᠢᠯᠡᠭᠰᠡᠨ ᠴᠠᠭ᠎ᠨᠢ ᠨᠢᠭᠡᠨᠲᠡ 1 ᠵᠢᠯ᠎ᠠᠴᠠ ᠬᠡᠲᠦᠷᠡᠭᠰᠡᠨ ᠮᠥᠷᠲᠡᠭᠡᠨ ᠣᠶ᠋ᠢᠷ᠎ᠠ ᠵᠢᠨ 1 ᠵᠢᠯ᠎ᠤᠨ ᠳᠣᠲᠣᠷ᠎ᠠ ᠡᠵᠡᠩᠨᠡᠭᠴᠢ ᠵᠢ ᠬᠤᠪᠢᠷᠠᠭᠤᠯᠬᠤ ᠭᠠᠷᠳᠠᠮ ᠬᠢᠭᠰᠡᠨ ᠦᠭᠡᠢ᠃
2. ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠠᠵᠤ ᠠᠬᠤᠶ᠋ᠢᠯᠠᠯ ᠪᠣᠯᠭ᠋ᠠᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠭᠦᠯᠬᠦ ᠲᠤᠬᠠᠶ᠋ᠢᠯᠠᠭᠰᠠᠨ ᠠᠵᠢᠯ᠎ᠢ ᠭᠦᠢ᠍ᠴᠡᠳᠬᠡᠬᠦ ᠴᠠᠭ᠎ᠨᠢ 2023 ᠣᠨ᠎ᠤ 4 ᠳ᠋ᠦ᠍ᠭᠡᠷ ᠰᠠᠷ᠎ᠠ ᠵᠢᠨ 12᠎ᠤᠨ ᠡᠳᠦᠷ᠎ᠠᠴᠠ 2025 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ ᠪᠣᠯᠲᠠᠯ᠎ᠠ ᠪᠣᠯᠣᠨ᠎ᠠ ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠬᠦᠴᠦᠨ ᠥᠬᠡᠶ ᠪᠣᠯᠭ᠋ᠠᠬᠤ ᠴᠠᠭ ᠬᠢᠭᠡᠳ ᠠᠵᠤ ᠠᠬᠤᠶ᠋ᠢᠯᠠᠯ ᠪᠣᠯᠭ᠋ᠠᠨ ᠬᠡᠯᠪᠡᠷᠢ᠎ᠪᠠᠨ ᠬᠤᠪᠢᠷᠠᠭᠤᠯᠬᠤ ᠴᠠᠭ᠎ᠤᠨ ᠬᠤᠭᠤᠷᠣᠨᠳᠣᠬᠢ ᠵᠠᠶ᠎ᠨᠢ 15 ᠡᠳᠦᠷ᠎ᠠᠴᠠ ᠬᠡᠲᠦᠷᠡᠵᠦ ᠪᠣᠯᠬᠤ ᠥᠬᠡᠶ᠃
3. ᠬᠡᠯᠪᠡᠷᠢ᠎ᠪᠠᠨ ᠬᠤᠪᠢᠷᠠᠭᠤᠯᠬᠤ᠎ᠠᠴᠠ ᠡᠮᠦᠨ᠎ᠡ ᠤᠤᠯ᠎ᠤᠨ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠡᠵᠡᠩᠨᠡᠭᠴᠢ ᠵᠢᠨ ᠬᠡᠯᠪᠡᠷᠢ᠎ᠪᠠᠨ ᠬᠤᠪᠢᠷᠠᠭᠤᠯᠬᠤ ᠠᠵᠤ ᠠᠬᠤᠶ᠋ᠢᠯᠠᠯ᠎ᠤᠨ ᠳᠣᠲᠣᠷᠠᠬᠢ ᠪᠡᠯᠡ ᠣᠷᠣᠭᠤᠯᠤᠯᠲᠠ ᠵᠢᠨ ᠬᠠᠷᠢᠴᠠᠯ᠎ᠢ 30%᠎ᠠᠴᠠ ᠳᠣᠣᠷ᠎ᠠ ᠪᠠᠶ᠋ᠢᠯᠭ᠋ᠠᠵᠤ ᠪᠣᠯᠬᠤ ᠦᠭᠡᠢ᠃
4. ᠬᠡᠯᠪᠡᠷᠢ᠎ᠪᠠᠨ ᠬᠤᠪᠢᠷᠠᠭᠤᠯᠬᠤ ᠠᠵᠤ ᠠᠬᠤᠶ᠋ᠢᠯᠠᠯ 2 ᠵᠢᠯ ᠳᠠᠷᠠᠭ᠋ᠠᠯᠠᠨ ᠪᠣᠳᠠᠲᠠᠶ ᠡᠵᠡᠩᠨᠡᠯᠲᠡ ᠵᠢᠨ ᠠᠵᠢᠯᠯᠠᠭ᠎ᠠ ᠬᠢᠭᠰᠡᠨ ᠪᠥᠭᠡᠳ ᠣᠷᠣᠨ ᠰᠠᠭᠤᠴᠠ ᠵᠢᠨ ᠭᠠᠵᠠᠷ᠎ᠲᠤ᠎ᠪᠠᠨ ᠬᠡᠪ᠎ᠤᠨ ᠡᠵᠡᠩᠨᠡᠯᠲᠡ ᠬᠢᠵᠦ᠂ ᠡᠳ᠋᠎ᠤᠨ ᠶᠠᠪᠤᠳᠠᠯ᠎ᠤᠨ ᠳᠠᠩᠰᠠ ᠲᠡᠮᠳᠡᠭᠯᠡᠬᠦ ᠵᠠᠷᠤᠯᠭ᠎ᠠ (ᠣᠷᠣᠯᠠᠨ ᠳᠠᠩᠰᠠ ᠲᠡᠮᠳᠡᠭᠯᠡᠬᠦ ᠵᠠᠷᠤᠯᠭ᠎ᠠ᠂ ᠡᠳ᠋᠎ᠤᠨ ᠶᠠᠪᠤᠳᠠᠯ᠎ᠤᠨ ᠠᠵᠢᠯᠲᠠᠨ ᠤᠷᠢᠵᠤ ᠬᠡᠷᠡᠭᠯᠡᠬᠦ ᠵᠡᠷᠭᠡ) ᠵᠢᠨ ᠵᠣᠬᠢᠬᠤ ᠭᠡᠷᠡᠴᠢ ᠪᠠᠷᠢᠮᠲᠠ ᠵᠢ ᠬᠠᠩᠭ᠋ᠠᠵᠤ ᠴᠢᠳᠠᠬᠤ ᠪᠠᠢ᠌ᠬᠤ ᠃
5. ᠬᠡᠯᠪᠡᠷᠢ᠎ᠪᠠᠨ ᠬᠤᠪᠢᠷᠠᠭᠤᠯᠬᠤ ᠠᠵᠤ ᠠᠬᠤᠶ᠋ᠢᠯᠠᠯ᠎ᠨᠢ ᠨᠥᠬᠦᠪᠥᠷᠢ ᠵᠢᠨ ᠪᠡᠯᠡ ᠮᠥᠩᠭᠦ ᠭᠤᠶᠤᠴᠢᠯᠠᠬᠤ ᠦᠶ᠎ᠡ᠎ᠳᠤ ᠡᠵᠡᠩᠨᠡᠯᠲᠡ ᠵᠢᠨ ᠬᠡᠪ᠎ᠤᠨ ᠪᠤᠰᠤ ᠨᠡᠷᠡᠰ᠎ᠤᠨ ᠵᠢᠭᠰᠠᠭ᠋ᠠᠯᠲᠠ᠎ᠳᠤ ᠣᠷᠣᠭᠰᠠᠨ ᠦᠭᠡᠢ ᠪᠤᠶᠤ ᠬᠠᠤᠯᠢ ᠵᠢ ᠬᠦᠨᠳᠦ ᠨᠣᠴᠢᠲᠠᠶ ᠵᠥᠷᠢᠴᠡᠵᠦ ᠢᠲᠡᠭᠡᠮᠵᠢ ᠠᠯᠳᠠᠭᠰᠠᠨ ᠨᠡᠷᠡᠰ᠎ᠢ ᠬᠠᠮᠲᠤᠷᠠᠨ ᠵᠠᠯᠬᠠᠭ᠋ᠠᠨ ᠴᠡᠭᠡᠷᠯᠡᠭᠦᠯᠬᠦ ᠵᠢ ᠬᠡᠷᠡᠭᠵᠢᠭᠦᠯᠦᠭᠰᠡᠨ ᠦᠭᠡᠢ᠂ ᠤᠤᠯ᠎ᠤᠨ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ᠎ᠨᠢ ᠰᠢᠭᠦᠬᠦ ᠬᠤᠷᠢᠶᠠᠨ᠎ᠤ ᠢᠲᠡᠭᠡᠮᠵᠢ ᠠᠯᠳᠠᠭᠰᠠᠨ ᠭᠦᠢ᠍ᠴᠡᠳᠬᠡᠭᠳᠡᠭᠴᠢ᠎ᠪᠠᠷ ᠵᠢᠭᠰᠠᠭ᠋ᠠᠭᠳᠠᠭᠰᠠᠨ ᠦᠭᠡᠢ ᠪᠠᠢ᠌ᠬᠤ᠃
6. ᠬᠡᠯᠪᠡᠷᠢ᠎ᠪᠠᠨ ᠬᠤᠪᠢᠷᠠᠭᠤᠯᠬᠤ ᠠᠵᠤ ᠠᠬᠤᠶ᠋ᠢᠯᠠᠯ ᠲᠣᠭᠲᠠᠭ᠋ᠠᠯ ᠶᠣᠰᠣᠭ᠋ᠠᠷ ᠭᠠᠶ᠋ᠢᠯᠢ ᠲᠤᠰᠢᠶᠠᠬᠤ ᠮᠡᠳᠡᠭᠦᠯᠦᠯᠲᠡ ᠬᠢᠭᠰᠡᠨ ᠪᠥᠭᠡᠳ ᠪᠣᠳᠠᠲᠠᠶ ᠭᠠᠶ᠋ᠢᠯᠢ ᠵᠢᠨ ᠮᠥᠩᠭᠦ ᠲᠤᠰᠢᠶᠠᠭᠰᠠᠨ ᠲᠡᠮᠳᠡᠭᠯᠡᠯ᠎ᠲᠠᠢ ᠪᠠᠶ᠋ᠢᠵᠤ᠂ ᠬᠡᠪ᠎ᠤᠨ ᠪᠤᠰᠤ ᠡᠷᠦᠬᠡ ᠪᠠ ᠲᠦᠭᠰᠢᠭᠦᠷᠢ᠎ᠲᠠᠢ ᠭᠠᠶ᠋ᠢᠯᠢ ᠲᠤᠰᠢᠶᠠᠭᠴᠢ᠎ᠳᠤ ᠬᠠᠷᠢᠶᠠᠯᠠᠭᠳᠠᠬᠤ ᠦᠭᠡᠶ᠂ ᠭᠠᠶ᠋ᠢᠯᠢ ᠲᠠᠲᠠᠪᠤᠷᠢ ᠵᠢᠨ ᠬᠠᠤᠯᠢ ᠵᠢ ᠵᠥᠷᠢᠴᠡᠭᠰᠡᠨ ᠬᠦᠨᠳᠦ ᠶᠡᠭᠡ ᠦᠢ᠍ᠯᠡ ᠠᠵᠢᠯᠯᠠᠭ᠎ᠠ ᠦᠭᠡᠶ ᠪᠠᠢ᠌ᠬᠤ᠃
7. ᠬᠡᠯᠪᠡᠷᠢ᠎ᠪᠠᠨ ᠬᠤᠪᠢᠷᠠᠭᠤᠯᠤᠭᠰᠠᠨ᠎ᠤ ᠳᠠᠷᠠᠭ᠎ᠠ᠂ ᠠᠵᠤ ᠠᠬᠤᠶ᠋ᠢᠯᠠᠯ᠎ᠤᠨ ᠨᠡᠷ᠎ᠡ ᠳᠣᠤᠷ᠎ᠠ 1 ᠬᠥᠮᠦᠨ ᠪᠤᠶᠤ ᠲᠡᠭᠦᠨ᠎ᠠᠴᠠ ᠳᠡᠭᠡᠭᠰᠢᠬᠢ ᠬᠦᠮᠦᠨ᠎ᠨᠢ ᠨᠡᠶ᠋ᠢᠭᠡᠮ᠎ᠤᠨ ᠪᠠᠲᠤᠯᠠᠭ᠎ᠠ ᠲᠤᠰᠢᠶᠠᠭ᠋ᠠᠳ ᠪᠦᠬᠦᠯᠢ 1 ᠵᠢᠯ ᠪᠣᠯᠣᠭᠰᠠᠨ ᠃
ᠠᠳᠠᠯᠢ ᠨᠢᠭᠡᠨ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠡᠵᠡᠩᠨᠡᠭᠴᠢᠳ ᠪᠥᠬᠦ ᠣᠷᠣᠨ᠎ᠤ ᠬᠡᠪᠴᠢᠶᠡᠨ᠎ᠳᠤ ᠬᠡᠯᠪᠡᠷᠢ᠎ᠪᠠᠨ ᠬᠤᠪᠢᠷᠠᠭᠤᠯᠬᠤ ᠠᠵᠤ ᠠᠬᠤᠶ᠋ᠢᠯᠠᠯ ᠣᠯᠠᠨ ᠪᠠᠶ᠋ᠢᠪᠠᠯ᠂ ᠲᠡᠭᠦᠨ᠎ᠤ ᠳᠤᠮᠳᠠ᠎ᠠᠴᠠ ᠵᠥᠪᠬᠡᠨ ᠨᠢᠭᠡ ᠯᠡ ᠵᠢ ᠬᠡᠯᠪᠡᠷᠢ᠎ᠪᠠᠨ ᠬᠤᠪᠢᠷᠠᠭᠤᠯᠬᠤ ᠠᠵᠤ ᠠᠬᠤᠶ᠋ᠢᠯᠠᠯ ᠵᠶ᠋ᠠᠷ ᠱᠠᠩᠨᠠᠨ᠎ᠠ᠃
ᠳᠣᠯᠤᠭ᠎ᠠ᠂ 《 ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ 》 ᠨᠢᠭᠡ ᠯᠡ ᠤᠳᠠᠭ᠋ᠠᠨ᠎ᠤ ᠨᠥᠬᠦᠪᠥᠷᠢ ᠵᠢᠨ ᠪᠠᠯᠠ ᠮᠥᠩᠭᠦ ᠭᠤᠶᠤᠴᠢᠯᠠᠬᠤ ᠮᠠᠲ᠋ᠧᠷᠢᠶᠠᠯ᠎ᠳᠤ ᠶᠠᠭᠤ ᠶᠠᠭᠤ ᠪᠠᠢ᠌ᠬᠤ ᠪᠣᠶ?
《ᠬᠡᠷᠡᠭᠵᠢᠭᠦᠯᠬᠦ ᠰᠠᠨᠠᠯ》᠎ᠳᠤ 《 ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ》 ᠬᠡᠯᠪᠡᠷᠢ᠎ᠪᠠᠨ ᠬᠤᠪᠢᠷᠠᠭᠤᠯᠬᠤ ᠠᠵᠤ ᠠᠬᠤᠶ᠋ᠢᠯᠠᠯ᠎ᠤᠨ ᠨᠢᠭᠡ ᠯᠡ ᠤᠳᠠᠭ᠋ᠠᠨ᠎ᠤ ᠴᠢᠨᠠᠷᠲᠠᠶ ᠨᠥᠬᠦᠪᠥᠷᠢ ᠵᠢᠨ ᠪᠡᠯᠡ ᠮᠥᠩᠭᠦ ᠵᠢ ᠭᠤᠶᠤᠴᠢᠯᠠᠬᠤ᠎ᠳᠤ ᠳᠣᠤᠷᠠᠬᠢ ᠭᠤᠶᠤᠴᠢᠯᠠᠯ᠎ᠤᠨ ᠮᠠᠲ᠋ᠧᠷᠢᠶᠠᠯ᠎ᠤᠳ᠎ᠢ ᠲᠤᠰᠢᠶᠠᠬᠤ ᠬᠡᠷᠡᠭᠲᠡᠶ ᠭᠡᠵᠦ ᠲᠤᠳᠤᠷᠬᠠᠢ᠌ᠯᠠᠪᠠ᠄
1. 《 ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ 》 ᠨᠢᠭᠡ ᠯᠡ ᠤᠳᠠᠭ᠋ᠠᠨ᠎ᠤ ᠴᠢᠨᠠᠷᠲᠠᠶ ᠨᠥᠬᠦᠪᠥᠷᠢ ᠵᠢᠨ ᠪᠠᠯᠠ ᠮᠥᠩᠭᠦ ᠵᠢ ᠭᠤᠶᠤᠴᠢᠯᠠᠬᠤ ᠬᠦᠰᠦᠨᠦᠭᠲᠦ᠃
2. ᠬᠡᠯᠪᠡᠷᠢ᠎ᠪᠠᠨ ᠬᠤᠪᠢᠷᠠᠭᠤᠯᠬᠤ ᠠᠵᠤ ᠠᠬᠤᠶ᠋ᠢᠯᠠᠯ᠎ᠤᠨ ᠭᠣᠤᠯ ᠴᠣᠭᠴᠠ ᠵᠢᠨ ᠬᠢᠷᠢ ᠭᠡᠮ᠎ᠤᠨ ᠭᠡᠷᠡᠴᠢ ᠵᠢᠴᠢ ᠤᠤᠯ᠎ᠤᠨ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠡᠵᠡᠩᠨᠡᠭᠴᠢ ᠵᠢᠨ ᠰᠲ᠋ᠣᠺ ᠡᠵᠡᠮᠰᠢᠵᠦ ᠪᠦᠬᠦᠢ ᠬᠠᠷᠢᠴᠠᠯ᠎ᠤᠨ ᠪᠠᠶ᠋ᠢᠳᠠᠯ (ᠲᠣᠭ᠎ᠠ ᠪᠠᠷᠢᠮᠲᠠ ᠵᠢ ᠬᠠᠮᠲᠤ᠎ᠳᠤ᠎ᠪᠠᠨ ᠬᠦᠷᠲᠡᠬᠦ᠎ᠪᠠᠷ ᠳᠠᠮᠵᠢᠨ ᠣᠯᠵᠤ ᠪᠣᠯᠪᠠᠯ ᠬᠠᠩᠭ᠋ᠠᠬᠤ᠎ᠠᠴᠠ ᠬᠡᠯᠲᠦᠷᠢᠭᠦᠯᠦᠨ᠎ᠡ )᠃
3. ᠬᠡᠯᠪᠡᠷᠢ᠎ᠪᠠᠨ ᠬᠤᠪᠢᠷᠠᠭᠤᠯᠬᠤ ᠠᠵᠤ ᠠᠬᠤᠶ᠋ᠢᠯᠠᠯ᠎ᠤᠨ 2 ᠵᠢᠯ ᠳᠠᠷᠠᠭ᠋ᠠᠯᠠᠭᠰᠠᠨ ᠨᠢᠭᠲᠠᠯᠠᠨ ᠪᠣᠳᠣᠭᠴᠢ ᠵᠢᠨ ᠬᠡᠷᠡᠭ ᠡᠷᠬᠢᠯᠡᠬᠦ ᠭᠠᠵᠠᠷ᠎ᠤᠨ ᠬᠢᠨᠠᠨ ᠪᠣᠳᠣᠯᠲᠠ ᠵᠢᠨ ᠮᠡᠳᠡᠭᠦᠯᠦᠯᠲᠡ ᠵᠢᠨ ᠬᠦᠰᠦᠨᠦᠭᠲᠦ᠃
4. ᠬᠡᠯᠪᠡᠷᠢ᠎ᠪᠠᠨ ᠬᠤᠪᠢᠷᠠᠭᠤᠯᠬᠤ ᠠᠵᠤ ᠠᠬᠤᠶ᠋ᠢᠯᠠᠯ᠎ᠤᠨ ᠭᠠᠶ᠋ᠢᠯᠢ ᠲᠤᠰᠢᠶᠠᠵᠤ ᠪᠦᠬᠦᠢ ᠭᠡᠷᠡᠴᠢ (ᠭᠠᠶ᠋ᠢᠯᠢ ᠲᠤᠰᠢᠶᠠᠭᠴᠢ ᠥᠪᠡᠷᠲᠡᠭᠡᠨ ᠡᠯᠧᠺᠲᠷᠣᠨ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ᠎ᠠᠴᠠ ᠳᠠᠷᠤᠮᠠᠯᠯᠠᠨ᠎ᠠ ) ᠵᠢᠴᠢ ᠨᠡᠶ᠋ᠢᠭᠡᠮ᠎ᠤᠨ ᠳᠠᠭ᠋ᠠᠳᠬᠠᠯ᠎ᠤᠨ ᠲᠤᠰᠢᠶᠠᠵᠤ ᠪᠦᠬᠦᠢ ᠭᠡᠷᠡᠴᠢ (ᠠᠵᠤ ᠠᠬᠤᠶ᠋ᠢᠯᠠᠯ ᠥᠪᠡᠷᠲᠡᠭᠡᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠰᠦᠯᠵᠢᠶᠡᠨ ᠳᠡᠭᠡᠷᠡᠬᠢ ᠦᠢ᠍ᠯᠡᠴᠢᠯᠡᠭᠡᠨ᠎ᠤ ᠰᠢᠰᠲ᠋ᠧᠮ᠎ᠳᠤ ᠣᠷᠣᠵᠤ ᠳᠠᠷᠤᠮᠠᠯᠯᠠᠵᠤ ᠪᠣᠯᠤᠨ᠎ᠠ)᠃
5. ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠵᠢᠴᠢ ᠳᠡᠭᠡᠳᠦ ᠱᠠᠲᠤᠨ᠎ᠤ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ ᠳᠤ ᠲᠣᠭᠲᠠᠭ᠋ᠠᠭᠰᠠᠨ ᠪᠤᠰᠤᠳ ᠮᠠᠲ᠋ᠧᠷᠢᠶᠠᠯ᠃
ᠬᠡᠯᠪᠡᠷᠢ᠎ᠪᠠᠨ ᠬᠤᠪᠢᠷᠠᠭᠤᠯᠬᠤ ᠠᠵᠤ ᠠᠬᠤᠶ᠋ᠢᠯᠠᠯ᠎ᠤᠳ ᠱᠠᠭ᠋ᠠᠷᠳᠠᠯᠭ᠎ᠠ ᠶᠣᠰᠣᠭ᠋ᠠᠷ ᠦᠨᠡᠨ ᠪᠣᠳᠠᠲᠠᠶ᠂ ᠬᠠᠤᠯᠢ᠎ᠳᠤ ᠨᠡᠶ᠋ᠢᠴᠡᠭᠰᠡᠨ᠂ ᠪᠦᠷᠢᠨ ᠪᠦᠲᠦᠨ ᠭᠤᠶᠤᠴᠢᠯᠠᠯ᠎ᠤᠨ ᠮᠠᠲ᠋ᠧᠷᠢᠶᠠᠯ ᠵᠶ᠋ᠠᠨ ᠬᠠᠩᠭ᠋ᠠᠬᠤ ᠬᠡᠷᠡᠭᠲᠡᠶ᠃ ᠭᠡᠷᠡᠴᠢᠯᠡᠬᠦ ᠪᠢᠴᠢᠭ ᠮᠠᠲ᠋ᠧᠷᠢᠶᠠᠯ᠎ᠢ ᠬᠠᠮᠲᠤ᠎ᠪᠠᠷ ᠬᠦᠷᠲᠡᠬᠦ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠵᠢᠨ ᠡᠬᠢ ᠪᠠᠶᠠᠯᠢᠭ᠎ᠠᠴᠠ ᠪᠠᠶ᠋ᠢᠴᠠᠭ᠋ᠠᠨ ᠯᠠᠪᠯᠠᠬᠤ᠂ ᠬᠠᠷᠭᠤᠭᠤᠯᠤᠨ ᠪᠠᠢ᠌ᠴᠠᠭ᠋ᠠᠵᠤ ᠪᠣᠯᠪᠠᠯ ᠂ ᠲᠤᠰᠢᠶᠠᠬᠤ ᠥᠬᠡᠶ ᠪᠠᠶ᠋ᠢᠵᠤ ᠪᠣᠯᠤᠨ᠎ᠠ᠃
ᠲᠤᠰ ᠲᠥᠷᠥ ᠵᠢᠨ ᠪᠣᠳᠣᠯᠭ᠎ᠠ ᠵᠢ ᠶᠠᠮᠠᠷᠪᠠ ᠵᠠᠭᠤᠴᠢ ᠪᠠᠶ᠋ᠢᠭᠤᠯᠤᠮᠵᠢ᠎ᠳᠤ ᠨᠠᠶ᠋ᠢᠳᠠᠵᠤ ᠲᠥᠷᠥᠯ ᠵᠦᠢ᠍ᠯ᠎ᠢ ᠣᠷᠣᠯᠠᠭᠤᠯᠤᠭᠰᠠᠨ ᠦᠭᠡᠶ ᠂ ᠠᠵᠤ ᠠᠬᠤᠶ᠋ᠢᠯᠠᠯ᠎ᠠᠴᠠ ᠶᠠᠮᠠᠷᠪᠠ ᠰᠦᠢ᠍ᠳᠬᠡᠯ ᠬᠤᠷᠢᠶᠠᠬᠤ ᠦᠭᠡᠶ᠃
ᠨᠠᠢ᠍ᠮᠠ᠂ 《 ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ 》 ᠨᠢᠭᠡ ᠯᠡ ᠤᠳᠠᠭ᠋ᠠᠨ᠎ᠤ ᠴᠢᠨᠠᠷᠲᠠᠶ ᠨᠥᠬᠦᠪᠥᠷᠢ ᠵᠢᠨ ᠪᠠᠯᠠ ᠮᠥᠩᠭᠦ ᠵᠢ ᠬᠡᠷᠬᠢᠨ ᠣᠯᠭᠤᠬᠤ ᠪᠣᠶ?
《ᠬᠡᠷᠡᠭᠵᠢᠭᠦᠯᠬᠦ ᠰᠠᠨᠠᠯ》᠎ᠳᠤ 《 ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ 》 ᠨᠢᠭᠡ ᠯᠡ ᠤᠳᠠᠭ᠋ᠠᠨ᠎ᠤ ᠴᠢᠨᠠᠷᠲᠠᠢ ᠨᠦᠬᠦᠪᠦᠷᠢ ᠵᠢᠨ ᠪᠡᠯᠡ ᠮᠥᠩᠭᠦ ᠵᠢ ᠭᠤᠶᠤᠴᠢᠯᠠᠨ ᠣᠯᠭᠤᠬᠤ᠎ᠳᠤ ᠬᠤᠶᠠᠷ ᠱᠠᠲᠤ᠎ᠪᠠᠷ ᠬᠢᠨᠠᠨ ᠬᠠᠷᠭᠤᠭᠤᠯᠬᠤ ᠵᠢ ᠬᠡᠷᠡᠭᠵᠢᠭᠦᠯᠦᠨ᠎ᠡ ᠭᠡᠵᠦ ᠲᠣᠳᠣᠷᠬᠠᠶ ᠲᠣᠭᠲᠠᠭ᠋ᠠᠵᠠᠶ᠃ ᠡᠯ᠎ᠡ ᠬᠤᠰᠢᠭᠤ ᠰᠢᠶᠠᠨ (ᠬᠤᠲᠠ᠂ ᠲᠣᠭᠤᠷᠢᠭ)᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠲᠣᠰ ᠬᠠᠷᠢᠶ᠎ᠠ ᠣᠷᠣᠨ᠎ᠤ᠎ᠪᠠᠨ ᠪᠣᠶ᠋ᠢᠵᠢᠭᠤᠯᠬᠤ ᠬᠥᠮᠥᠷᠭᠡ ᠵᠢᠨ ᠳᠣᠲᠣᠷᠠᠬᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ ᠠᠵᠤ ᠠᠬᠤᠶ᠋ᠢᠯᠠᠯ᠎ᠳᠤ ᠨᠢᠭᠡ ᠯᠡ ᠤᠳᠠᠭ᠋ᠠᠨ᠎ᠤ ᠴᠢᠨᠠᠷᠲᠠᠶ ᠨᠥᠬᠦᠪᠥᠷᠢ ᠵᠢᠨ ᠪᠡᠯᠡ ᠮᠥᠩᠭᠦ ᠵᠢ ᠭᠤᠶᠤᠴᠢᠯᠠᠬᠤ ᠠᠷᠭ᠎ᠠ ᠮᠠᠶᠢᠭ ᠵᠢᠴᠢ ᠨᠥᠬᠦᠴᠡᠯ᠎ᠢ ᠮᠡᠳᠡᠭᠳᠡᠬᠦ ᠵᠢ ᠬᠠᠷᠢᠭᠤᠴᠠᠬᠤ ᠵᠢᠨ ᠬᠠᠮᠲᠤ ᠤᠬᠠᠭᠤᠯᠭ᠎ᠠ ᠵᠢᠨ ᠬᠠᠮᠤᠷᠬᠤ ᠬᠡᠪᠴᠢᠶ᠎ᠡ ᠵᠢ ᠥᠷᠭᠡᠳᠬᠡᠵᠦ᠂ ᠲᠥᠷᠥ ᠵᠢᠨ ᠪᠣᠳᠣᠯᠭ᠎ᠠ ᠵᠢ ᠨᠡᠶ᠋ᠢᠭᠡᠮ᠎ᠤᠨ ᠣᠶ᠋ᠢᠯᠠᠭ᠋ᠠᠬᠤ ᠬᠡᠮᠵᠢᠶ᠎ᠡ ᠵᠢ ᠳᠡᠭᠡᠭᠰᠢᠯᠡᠭᠦᠯᠬᠦ ᠬᠡᠷᠡᠭᠲᠡᠢ ᠃ ᠡᠯ᠎ᠡ ᠬᠣᠰᠢᠭᠤ ᠰᠢᠶᠠᠨ (ᠬᠣᠲᠠ᠂ ᠲᠣᠭᠣᠷᠢᠭ)᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠲᠤᠬᠠᠶ ᠵᠢᠨ ᠭᠠᠵᠠᠷ᠎ᠲᠤᠨᠢ ᠡᠷᠦᠬᠡ᠎ᠳᠤ ᠬᠦᠷᠴᠦ ᠰᠤᠷᠪᠤᠯᠵᠢᠯᠠᠬᠤ᠂ ᠬᠥᠨᠳᠡᠯᠡᠨ ᠵᠶ᠋ᠠᠷ ᠰᠠᠯᠠᠭ᠎ᠠ ᠮᠥᠴᠢᠷ᠎ᠤᠨ ᠲᠣᠭ᠎ᠠ ᠪᠠᠷᠢᠮᠲᠠ ᠵᠢ ᠬᠠᠷᠢᠴᠠᠭᠤᠯᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠪᠡᠶ᠎ᠡ᠎ᠪᠠᠨ ᠳᠠᠭ᠋ᠠᠭ᠋ᠠᠵᠤ ᠮᠡᠳᠡᠭᠦᠯᠦᠭᠰᠡᠨ 《 ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ 》 ᠠᠵᠤ ᠠᠬᠤᠶ᠋ᠢᠯᠠᠯ᠎ᠤᠨ ᠭᠤᠶᠤᠴᠢᠯᠠᠯ᠎ᠤᠨ ᠮᠠᠲ᠋ᠧᠷᠢᠶᠠᠯ᠎ᠳᠤ ᠮᠥᠨ ᠴᠢᠨᠠᠷ᠎ᠤᠨ ᠬᠢᠨᠠᠨ ᠪᠠᠶ᠋ᠢᠴᠠᠭ᠋ᠠᠯᠲᠠ ᠬᠢᠵᠦ᠂ ᠬᠢᠨᠠᠨ ᠪᠠᠶ᠋ᠢᠴᠠᠭ᠋ᠠᠭ᠋ᠠᠳ ᠪᠠᠲᠤᠯᠠᠭᠰᠠᠨ ᠨᠡᠷᠡᠰ᠎ᠢ ᠨᠡᠶ᠋ᠢᠭᠡᠮ᠎ᠳᠤ ᠨᠡᠶ᠋ᠢᠲᠡᠯᠡᠬᠦ ᠳᠠᠷᠠᠭ᠋ᠠᠯᠠᠯ᠎ᠢ ᠭᠦᠢ᠍ᠴᠡᠳᠬᠡᠵᠦ᠂ ᠨᠡᠶ᠋ᠢᠲᠡᠯᠡᠬᠦ ᠴᠠᠭ᠎ᠢ 15 ᠠᠵᠢᠯᠯᠠᠬᠤ ᠡᠳᠦᠷ᠎ᠠᠴᠠ ᠳᠤᠲᠠᠭᠤ ᠦᠭᠡᠶ ᠪᠠᠢ᠌ᠯᠭ᠋ᠠᠬᠤ ᠬᠡᠷᠡᠭᠲᠡᠶ᠃ ᠡᠯ᠎ᠡ ᠠᠶ᠋ᠢᠮᠠᠭ ᠬᠤᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠲᠤᠰ ᠬᠠᠷᠢᠶ᠎ᠠ ᠣᠷᠣᠨ᠎ᠤ᠎ᠪᠠᠨ ᠨᠡᠶ᠋ᠢᠲᠡᠯᠡᠭᠰᠡᠨ᠎ᠳᠤ ᠣᠨᠳᠣᠣ ᠰᠠᠨᠠᠯ ᠦᠭᠡᠢ 《 ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ 》 ᠠᠵᠤ ᠠᠬᠤᠶ᠋ᠢᠯᠠᠯ᠎ᠤᠨ ᠮᠡᠳᠡᠭᠦᠯᠦᠭᠰᠡᠨ ᠮᠠᠲ᠋ᠧᠷᠢᠶᠠᠯ᠎ᠢ ᠳᠠᠬᠢᠨ ᠬᠢᠨᠠᠬᠤ ᠵᠢ ᠬᠠᠷᠢᠭᠤᠴᠠᠬᠤ ᠵᠢᠨ ᠬᠠᠮᠲᠤ ᠬᠢᠨᠠᠨ ᠬᠠᠷᠭᠤᠭᠤᠯᠵᠤ ᠪᠠᠲᠤᠯᠠᠭᠳᠠᠭᠰᠠᠨ ᠨᠡᠷᠡᠰ᠎ᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠳᠤ ᠮᠡᠳᠡᠭᠦᠯᠦᠨ ᠬᠦᠷᠭᠡᠬᠦ ᠬᠡᠷᠡᠭᠲᠡᠢ᠃
ᠬᠢᠨᠠᠨ ᠬᠠᠷᠭᠤᠭᠤᠯᠬᠤ᠎ᠪᠠᠷ ᠳᠡᠮᠵᠢᠨ᠂ ᠲᠤᠰᠬᠠᠶ ᠪᠠᠯᠠ ᠮᠥᠩᠭᠦ ᠣᠯᠭᠤᠬᠤ ᠨᠥᠬᠦᠴᠡᠯ᠎ᠳᠤ ᠨᠡᠶ᠋ᠢᠴᠡᠬᠦ ᠬᠡᠯᠪᠡᠷᠢ᠎ᠪᠠᠨ ᠬᠤᠪᠢᠷᠠᠭᠤᠯᠬᠤ ᠠᠵᠤ ᠠᠬᠤᠶ᠋ᠢᠯᠠᠯ᠎ᠳᠤ ᠡᠯ᠎ᠡ ᠱᠠᠲᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠠᠴᠠ ᠱᠠᠲᠤ ᠬᠤᠪᠢᠶᠠᠨ ᠡᠭᠦᠷᠭᠡᠯᠡᠬᠦ ᠬᠠᠷᠢᠴᠠᠯ ᠶᠣᠰᠣᠭ᠋ᠠᠷ ᠵᠣᠭᠤᠰ ᠰᠠᠯᠭ᠋ᠠᠨ ᠥᠭᠬᠦ ᠳᠠᠷᠠᠭ᠋ᠠᠯᠠᠯ᠎ᠢ ᠭᠦᠢ᠍ᠴᠡᠳᠬᠡᠵᠦ᠂ ᠨᠥᠬᠦᠪᠥᠷᠢ ᠵᠢᠨ ᠪᠠᠯᠠ ᠮᠥᠩᠭᠦ ᠵᠢ ᠠᠵᠤ ᠠᠬᠤᠶ᠋ᠢᠯᠠᠯ᠎ᠤᠨ ᠲᠠᠩᠰᠠᠨ ᠡᠷᠦᠬᠡ᠎ᠳᠤ ᠰᠢᠭᠤᠳ ᠣᠯᠭᠤᠨ᠎ᠠ᠃
ᠶᠢᠰᠦ᠂ 《 ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ 》 ᠨᠢᠭᠡ ᠯᠡ ᠤᠳᠠᠭ᠋ᠠᠨ᠎ᠤ ᠴᠢᠨᠠᠷᠲᠠᠶ ᠨᠥᠬᠦᠪᠥᠷᠢ ᠵᠢᠨ ᠪᠠᠯᠠ ᠮᠥᠩᠭᠦ ᠵᠢ ᠶᠠᠮᠠᠷ ᠪᠠᠢ᠌ᠳᠠᠯ᠎ᠳᠤ ᠣᠯᠭᠤᠬᠤ ᠥᠬᠡᠶ ᠪᠣᠶ?
《ᠬᠡᠷᠡᠭᠵᠢᠭᠦᠯᠬᠦ ᠰᠠᠨᠠᠯ》᠎ᠳᠤ ᠨᠢᠭᠡ ᠯᠡ ᠤᠳᠠᠭ᠋ᠠᠨ᠎ᠤ ᠴᠢᠨᠠᠷᠲᠠᠶ ᠨᠥᠬᠦᠪᠥᠷᠢ ᠵᠢᠨ ᠪᠠᠯᠠ ᠮᠥᠩᠭᠦ ᠭᠤᠶᠤᠴᠢᠯᠠᠬᠤ ᠵᠢᠴᠢ ᠣᠯᠭᠤᠬᠤ ᠬᠤᠭᠤᠴᠠᠭ᠋ᠠᠨ᠎ᠳᠤ ᠬᠡᠯᠪᠡᠷᠢ᠎ᠪᠠᠨ ᠬᠤᠪᠢᠷᠠᠭᠤᠯᠬᠤ ᠠᠵᠤ ᠠᠬᠤᠶ᠋ᠢᠯᠠᠯ᠎ᠳᠤ ᠳᠣᠤᠷᠠᠬᠢ ᠪᠠᠶ᠋ᠢᠳᠠᠯ᠎ᠤᠨ ᠨᠢᠭᠡ᠎ᠨᠢ ᠣᠷᠣᠰᠢᠵᠤ ᠪᠠᠶ᠋ᠢᠪᠠᠯ᠂ ᠣᠯᠭᠤᠬᠤ ᠥᠬᠡᠶ᠄
1. ᠬᠡᠯᠪᠡᠷᠢ᠎ᠪᠠᠨ ᠬᠤᠪᠢᠷᠠᠭᠤᠯᠬᠤ ᠠᠵᠤ ᠠᠬᠤᠶ᠋ᠢᠯᠠᠯ ᠬᠡᠯᠪᠡᠷᠢ᠎ᠪᠠᠨ ᠬᠤᠪᠢᠷᠠᠭᠤᠯᠤᠭᠰᠠᠨ ᠡᠳᠦᠷ᠎ᠠᠴᠠ ᠡᠬᠢᠯᠡᠵᠦ ᠦᠷᠭᠦᠯᠵᠢᠯᠡᠭᠰᠡᠨ ᠴᠠᠭ᠎ᠨᠢ 2 ᠵᠢᠯ ᠪᠣᠯᠤᠭ᠎ᠠ ᠦᠭᠡᠢ ᠪᠠᠢ᠌ᠪᠠᠯ ᠃
2. ᠤᠤᠯ᠎ᠤᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠡᠵᠡᠩᠨᠡᠭᠴᠢ ᠨᠢᠭᠡᠨᠲᠡ ᠬᠡᠯᠪᠡᠷᠢ᠎ᠪᠠᠨ ᠬᠤᠪᠢᠷᠠᠭᠤᠯᠬᠤ ᠠᠵᠤ ᠠᠬᠤᠶ᠋ᠢᠯᠠᠯ᠎ᠤᠨ ᠪᠡᠯᠡ ᠣᠷᠣᠭᠤᠯᠤᠭᠴᠢ ᠵᠢᠨ ᠪᠡᠶ᠎ᠡ ᠵᠢᠨ ᠭᠠᠷᠤᠯ᠎ᠤᠨ ᠲᠤᠰᠢᠶᠠᠯ᠎ᠢ ᠡᠭᠦᠷᠭᠡᠯᠡᠬᠦ᠎ᠪᠠᠨ ᠪᠤᠯᠢᠭᠰᠠᠨ ᠪᠠᠶ᠋ᠢᠪᠠᠯ᠃
3. ᠠᠵᠤ ᠠᠬᠤᠶ᠋ᠢᠯᠠᠯ᠎ᠤᠨ ᠣᠷᠣᠨ ᠰᠠᠭᠤᠴᠠ᠎ᠪᠠᠨ ᠬᠤᠪᠢᠷᠠᠭᠤᠯᠵᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠠᠴᠠ ᠨᠡᠭᠦᠵᠦ ᠭᠠᠷᠤᠭᠰᠠᠨ ᠪᠠᠢ᠌ᠪᠠᠯ᠃
4. ᠬᠡᠯᠪᠡᠷᠢ᠎ᠪᠠᠨ ᠬᠤᠪᠢᠷᠠᠭᠤᠯᠬᠤ ᠠᠵᠤ ᠠᠬᠤᠶ᠋ᠢᠯᠠᠯ ᠲᠤᠰ ᠬᠡᠷᠡᠭᠵᠢᠭᠦᠯᠬᠦ ᠰᠠᠨᠠᠯ᠎ᠤᠨ ᠱᠠᠭ᠋ᠠᠷᠳᠠᠯᠭ᠎ᠠ ᠶᠣᠰᠣᠭ᠋ᠠᠷ ᠭᠤᠶᠤᠴᠢᠯᠠᠯ ᠭᠠᠷᠭ᠋ᠠᠭᠰᠠᠨ ᠦᠭᠡᠢ᠂ ᠡᠰᠡᠬᠦᠯ᠎ᠡ ᠬᠤᠳᠠᠯ ᠬᠠᠭᠤᠷᠮᠠᠭ ᠭᠤᠶᠤᠴᠢᠯᠠᠬᠤ ᠮᠠᠲ᠋ᠧᠷᠢᠶᠠᠯ ᠲᠤᠰᠢᠶᠠᠭᠰᠠᠨ ᠪᠠᠢ᠌ᠪᠠᠯ ᠃
5. ᠬᠡᠯᠪᠡᠷᠢ᠎ᠪᠠᠨ ᠬᠤᠪᠢᠷᠠᠭᠤᠯᠬᠤ ᠠᠵᠤ ᠠᠬᠤᠶ᠋ᠢᠯᠠᠯ ᠳᠠᠩᠰᠠᠯᠠᠭᠰᠠᠨ ᠬᠠᠶᠢᠭ ᠵᠶ᠋ᠠᠷ ᠳᠠᠮᠵᠢᠨ ᠬᠠᠷᠢᠯᠴᠠᠬᠤ ᠵᠢᠨ ᠠᠷᠭ᠎ᠠ ᠦᠭᠡᠢ ᠪᠤᠶᠤ ᠴᠠᠭ ᠲᠤᠬᠠᠢᠳᠤᠨᠢ ᠣᠨ᠎ᠤ ᠮᠡᠳᠡᠭᠦᠯᠦᠯᠲᠡ ᠬᠢᠭᠰᠡᠨ ᠦᠭᠡᠢ ᠵᠡᠷᠭᠡ ᠪᠠᠶ᠋ᠢᠳᠠᠯ᠎ᠠᠴᠠ ᠪᠣᠯᠵᠤ ᠬᠡᠪ᠎ᠤᠨ ᠪᠤᠰᠤ ᠡᠵᠡᠩᠨᠡᠯᠲᠡ ᠵᠢᠨ ᠨᠡᠷᠡᠰ᠎ᠲᠤ ᠣᠷᠤᠭᠰᠠᠨ ᠪᠠᠢ᠌ᠪᠠᠯ ᠃
6. ᠬᠡᠯᠪᠡᠷᠢ᠎ᠪᠠᠨ ᠬᠤᠪᠢᠷᠠᠭᠤᠯᠬᠤ ᠠᠵᠤ ᠠᠬᠤᠢ ᠵᠢᠨ ᠨᠢᠭᠡᠴᠢ ᠵᠢ ᠨᠢᠭᠡᠨᠲᠡ ᠬᠠᠰᠤᠭᠰᠠᠨ ᠪᠤᠶᠤ ᠬᠦᠴᠦᠨ ᠦᠭᠡᠢ ᠪᠣᠯᠭ᠋ᠠᠭᠰᠠᠨ᠂ ᠨᠡᠷ᠎ᠡ ᠵᠢ᠎ᠨᠢ ᠬᠠᠰᠤᠭᠰᠠᠨ᠂ ᠵᠠᠷᠯᠢᠭᠳᠠᠨ ᠡᠭᠦᠳᠡ ᠵᠢ᠎ᠨᠢ ᠬᠠᠭ᠋ᠠᠯᠭ᠋ᠠᠵᠤ᠂ ᠳᠠᠩᠰᠠᠯᠠᠯᠲᠠ ᠵᠢ᠎ᠨᠢ ᠬᠦᠴᠦᠨ ᠦᠭᠡᠢ ᠪᠣᠯᠭ᠋ᠠᠭᠰᠠᠨ ᠪᠠᠢ᠌ᠪᠠᠯ᠃
7. ᠬᠡᠯᠪᠡᠷᠢ᠎ᠪᠠᠨ ᠬᠤᠪᠢᠷᠠᠭᠤᠯᠬᠤ ᠠᠵᠤ ᠠᠬᠤᠶ᠋ᠢᠯᠠᠯ ᠮᠡᠳᠡᠭᠦᠯᠬᠦ ᠨᠥᠬᠥᠴᠡᠯ᠎ᠳᠤ ᠬᠦᠷᠦᠭᠰᠡᠨ᠎ᠤ ᠳᠠᠷᠠᠭ᠎ᠠ 90 ᠡᠳᠦᠷ᠎ᠤᠨ ᠳᠣᠲᠣᠷ᠎ᠠ ᠭᠤᠶᠤᠴᠢᠯᠠᠯ ᠭᠠᠷᠭ᠋ᠠᠭᠰᠠᠨ ᠦᠭᠡᠢ ᠪᠠᠢ᠌ᠪᠠᠯ᠃
8. ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠤᠶᠤ ᠳᠡᠭᠡᠳᠦ ᠱᠠᠲᠤᠨ᠎ᠤ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠎ᠠᠴᠠ ᠥᠭᠴᠦ ᠪᠣᠯᠬᠤ ᠦᠭᠡᠢ ᠭᠡᠵᠦ ᠲᠣᠭᠲᠠᠭ᠋ᠠᠭᠰᠠᠨ ᠪᠤᠰᠤᠳ ᠪᠠᠶ᠋ᠢᠳᠠᠯ ᠪᠠᠢ᠌ᠪᠠᠯ᠃
ᠬᠡᠯᠪᠡᠷᠢ᠎ᠪᠠᠨ ᠬᠤᠪᠢᠷᠠᠭᠤᠯᠬᠤ ᠠᠵᠤ ᠠᠬᠤᠶ᠋ᠢᠯᠠᠯ ᠲᠤᠰ ᠬᠡᠷᠡᠭᠵᠢᠭᠦᠯᠬᠦ ᠰᠠᠨᠠᠯ᠎ᠤᠨ ᠲᠣᠭᠲᠠᠭ᠋ᠠᠯ᠎ᠠᠴᠠ ᠵᠥᠷᠢᠴᠡᠵᠦ᠂ ᠨᠥᠬᠦᠪᠥᠷᠢ ᠪᠡᠯᠡ ᠮᠥᠩᠭᠦ ᠵᠢ ᠬᠤᠳᠠᠯ ᠵᠶ᠋ᠠᠷ ᠮᠡᠳᠡᠭᠦᠯᠬᠦ᠂ ᠬᠠᠭᠤᠷᠮᠠᠭᠯᠠᠨ ᠠᠪᠬᠤ ᠵᠡᠷᠭᠡ ᠠᠷᠭ᠎ᠠ ᠪᠠᠷᠢᠯ ᠵᠶ᠋ᠠᠷ ᠮᠡᠬᠡᠯᠡᠨ ᠠᠪᠤᠭᠰᠠᠨ ᠪᠠᠶ᠋ᠢᠪᠠᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠬᠠᠤᠯᠢ ᠶᠣᠰᠣᠭ᠋ᠠᠷ ᠲᠡᠭᠦᠨ᠎ᠢ ᠵᠠᠷᠯᠢᠭᠳᠠᠵᠤ ᠪᠠᠶ᠋ᠢᠭ᠋ᠠᠳ ᠨᠢᠭᠡᠨᠲᠡ ᠣᠯᠤᠭᠰᠠᠨ ᠪᠡᠯᠡ ᠮᠥᠩᠭᠦ ᠵᠢ᠎ᠨᠢ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠤ ᠪᠤᠴᠠᠭ᠋ᠠᠯᠭ᠋ᠠᠬᠤ ᠵᠢᠨ ᠬᠠᠮᠲᠤ ᠬᠤᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠲᠣᠭᠲᠠᠭ᠋ᠠᠯ ᠶᠣᠰᠣᠭ᠋ᠠᠷ ᠬᠠᠮᠢᠶ᠎ᠠ ᠪᠦᠬᠦᠢ ᠬᠥᠮᠦᠰ᠎ᠠᠴᠠ ᠬᠠᠷᠢᠭᠤᠴᠠᠯᠭ᠎ᠠ ᠨᠡᠬᠡᠮᠵᠢᠯᠡᠨ᠎ᠡ᠃