ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠬᠡᠯᠪᠡᠷᠢ᠎ᠪᠠᠨ ᠬᠤᠪᠢᠷᠠᠭᠤᠯᠤᠨ ᠠᠵᠤ ᠠᠬᠤᠶ᠋ᠢᠯᠠᠯ ᠪᠣᠯᠭ᠋ᠠᠬᠤ ᠵᠢ ᠳᠡᠮᠵᠢᠬᠦ ᠲᠤᠬᠠᠶ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠡᠳ᠋᠎ᠤᠨ ᠵᠠᠰᠠᠭ᠎ᠤᠨ ᠲᠢᠩᠬᠢᠮ᠎ᠤᠨ ᠬᠡᠷᠡᠭᠵᠢᠭᠦᠯᠬᠦ ᠰᠠᠨᠠᠯ
2025-02-11

ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ   ᠡᠳ᠋᠎ᠤᠨ ᠵᠠᠰᠠᠭ᠎ᠤᠨ ᠲᠢᠩᠬᠢᠮ

ᠬᠤᠪᠢ ᠵᠢᠨ  ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠬᠡᠯᠪᠡᠷᠢ᠎ᠪᠠᠨ ᠬᠤᠪᠢᠷᠠᠭᠤᠯᠤᠨ ᠠᠵᠤ ᠠᠬᠤᠶ᠋ᠢᠯᠠᠯ ᠪᠣᠯᠭ᠋ᠠᠬᠤ ᠵᠢ ᠳᠡᠮᠵᠢᠬᠦ ᠲᠤᠬᠠᠶ ᠬᠡᠷᠡᠭᠵᠢᠭᠦᠯᠬᠦ ᠰᠠᠨᠠᠯ

 

ᠡᠯ᠎ᠡ ᠠᠶ᠋ᠢᠮᠠᠭ ᠬᠤᠲᠠ ᠵᠢᠴᠢ ᠮᠠᠨᠵᠤᠤᠷ ᠬᠤᠲᠠ᠂ ᠡᠷᠢᠶᠡᠨ ᠬᠤᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠣᠪᠴᠢᠶ᠎ᠠ᠎ᠳᠤ᠄

    ᠲᠥᠷᠥ ᠵᠢᠨ ᠶᠠᠪᠤᠳᠠᠯ᠎ᠤᠨ ᠬᠣᠷᠢᠶᠠᠨ᠎ᠤ 《ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠬᠥᠭᠵᠢᠯᠲᠡ ᠵᠢ ᠠᠬᠢᠭᠤᠯᠬᠤ ᠳᠦᠷᠢᠮ》᠎ᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠪᠥᠬᠦ ᠣᠷᠣᠨ᠎ᠤ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠣᠳᠣ ᠦᠶ᠎ᠡ ᠵᠢᠨ ᠠᠵᠤ ᠠᠬᠤᠶ᠋ᠢᠯᠠᠯ ᠲᠡᠶ᠋ᠢᠰᠢ ᠬᠡᠯᠪᠡᠷᠢ᠎ᠪᠠᠨ ᠬᠤᠪᠢᠷᠠᠭᠤᠯᠬᠤ ᠵᠢ ᠵᠣᠷᠢᠭᠵᠢᠭᠤᠯᠤᠨ ᠬᠥᠲᠥᠯᠥᠨ ᠵᠢᠯᠣᠭᠤᠳᠴᠤ᠂ ᠵᠠᠬ᠎ᠠ ᠳᠡᠯᠭᠡᠭᠦᠷ᠎ᠤᠨ ᠥᠷᠢᠰᠦᠯᠳᠦᠬᠦ ᠬᠦᠴᠦᠨ᠎ᠢ ᠴᠢᠩᠭ᠋ᠠᠷᠠᠭᠤᠯᠤᠨ᠂ ᠬᠥᠭᠵᠢᠯᠲᠡ ᠵᠢᠨ ᠰᠢᠨ᠎ᠡ ᠬᠥᠳᠡᠯᠭᠡᠭᠦ ᠬᠦᠴᠦᠨ᠎ᠢ ᠬᠥᠭᠵᠢᠭᠡᠵᠦ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠠᠴᠠ ᠡᠵᠡᠩᠨᠡᠭᠰᠡᠨ ᠠᠵᠤ ᠠᠬᠤᠢ ᠵᠢᠨ ᠬᠥᠭᠵᠢᠯᠲᠡ ᠵᠢᠨ ᠠᠷᠭ᠎ᠠ ᠬᠡᠯᠪᠡᠷᠢ᠎ᠪᠠᠨ ᠬᠤᠪᠢᠷᠠᠭᠤᠯᠬᠤ ᠪᠠ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠭᠦᠯᠬᠦ ᠵᠢ ᠠᠬᠢᠭᠤᠯᠬᠤ ᠵᠢᠨ ᠲᠤᠰᠠᠳᠠ᠂ 《ᠵᠢᠵᠢᠭ ᠪᠢᠴᠢᠯ ᠠᠵᠤ ᠠᠬᠤᠶ᠋ᠢᠯᠠᠯ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠭᠤᠷᠪᠠᠨ ᠵᠢᠯ᠎ᠤᠨ ᠦᠰᠦᠨ ᠪᠣᠢ᠌ᠵᠢᠯᠲᠠ ᠵᠢᠨ ᠲᠥᠯᠥᠪᠯᠡᠭᠡ (2023 - 2025 ᠣᠨ) ᠵᠢ ᠳᠠᠷᠤᠮᠠᠯᠯᠠᠨ ᠲᠠᠷᠬᠠᠭ᠋ᠠᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [ 2023 ] 30 ᠳ᠋ᠤᠭ᠋ᠠᠷ ᠲᠣᠭ᠋ᠠᠲᠤ᠂ ᠳᠣᠷᠣᠭᠰᠢ 《ᠭᠤᠷᠪᠠᠨ ᠵᠢᠯ᠎ᠤᠨ ᠦᠰᠦᠨ ᠪᠣᠢ᠌ᠵᠢᠯᠲᠠ ᠵᠢᠨ  ᠲᠥᠯᠥᠪᠯᠡᠭᠡ》 ᠭᠡᠵᠦ ᠲᠣᠪᠴᠢᠯᠠᠨ᠎ᠠ)᠎ᠤᠨ ᠵᠣᠷᠢᠭ ᠰᠠᠨᠠᠭ᠎ᠠ ᠵᠢ ᠦᠨᠳᠦᠰᠦᠯᠡᠨ᠂ ᠡᠳᠦᠭᠡ ᠥᠪᠡᠷᠲᠡᠭᠡᠨ ᠵᠠᠰᠠᠬᠤ ᠣᠷᠣᠨ᠎ᠤ ᠬᠤᠪᠢ ᠵᠢᠨ  ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠭᠦᠯᠬᠦ ᠵᠢ  ᠳᠡᠮᠵᠢᠵᠦ ᠠᠵᠤ ᠠᠬᠤᠶ᠋ᠢᠯᠠᠯ (ᠳᠣᠷᠣᠭᠰᠢ 《ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ) ᠪᠣᠯᠭ᠋ᠠᠨ ᠬᠤᠪᠢᠷᠠᠭᠤᠯᠬᠤ᠎ᠳᠤ ᠳᠣᠣᠷᠠᠬᠢ ᠮᠡᠲᠦ ᠬᠡᠷᠡᠭᠵᠢᠭᠦᠯᠬᠦ ᠰᠠᠨᠠᠯ᠎ᠢ ᠳᠤᠷᠠᠳᠪᠠ᠃

    ᠨᠢᠭᠡ᠂ ᠵᠢᠯᠣᠭᠤᠳᠬᠤ ᠦᠵᠡᠯ ᠰᠠᠨᠠᠭ᠎ᠠ

    ᠰᠢ  ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠪᠣᠯᠤᠨ ᠨᠠᠮ᠎ᠤᠨ ᠬᠤᠷᠢᠳᠤᠭ᠋ᠠᠷ ᠶᠡᠭᠡ ᠬᠤᠷᠠᠯ᠂ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠥᠬᠦᠳᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠲᠥᠪ ᠬᠤᠷᠢᠶᠠᠨ᠎ᠤ ᠨᠠᠢ᠍ᠮᠠᠳᠤᠭ᠋ᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠪᠠᠷ ᠵᠢᠯᠣᠭᠤᠳᠣᠯᠭ᠎ᠠ ᠪᠣᠯᠭ᠋ᠠᠬᠤ ᠵᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠤᠤᠯ ᠰᠢᠵᠢᠮ ᠪᠣᠯᠭ᠋ᠠᠵᠤ᠂ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠴᠢᠨᠠᠷ ᠰᠠᠶ᠋ᠢᠲᠠᠶ ᠬᠥᠭᠵᠢᠯᠲᠡ ᠵᠢᠨ ᠲᠤᠬᠠᠶ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠵᠢ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ ᠪᠣᠯᠤᠨ ᠡᠵᠡᠩᠨᠡᠯᠲᠡ ᠵᠢᠨ ᠭᠤᠤᠯ ᠴᠣᠭᠴᠠ ᠵᠢᠨ ᠳᠣᠲᠣᠭ᠋ᠠᠳᠤ ᠬᠥᠳᠡᠯᠭᠡᠬᠦ ᠬᠦᠴᠦᠨ᠎ᠢ ᠬᠥᠭᠵᠢᠭᠡᠬᠦ᠎ᠪᠠᠷ ᠬᠦᠴᠦᠯᠡᠬᠦ ᠴᠡᠭ ᠪᠣᠯᠭ᠋ᠠᠵᠤ᠂ 《ᠪᠠᠭᠤᠯᠭ᠋ᠠᠬᠤ  ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠬᠦ᠂ 《ᠭᠤᠷᠪᠠᠨ ᠵᠢᠯ᠎ᠤᠨ ᠦᠰᠦᠨ ᠪᠣᠢ᠌ᠵᠢᠯᠲᠠ ᠵᠢᠨ  ᠲᠥᠯᠥᠪᠯᠡᠭᠡ》 ᠵᠡᠷᠭᠡ ᠳᠡᠮᠵᠢᠯᠭᠡ ᠵᠢᠨ  ᠠᠷᠭ᠎ᠠ  ᠬᠡᠮᠵᠢᠶ᠎ᠡ ᠵᠢ  ᠨᠠᠶ᠋ᠢᠳᠠᠪᠤᠷᠢᠵᠢᠭᠤᠯᠬᠤ ᠎ᠪᠠᠷ  ᠳᠠᠮᠵᠢᠭᠤᠯᠤᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠎ᠢ ᠶᠡᠭᠡ᠎ᠪᠠᠷ ᠰᠢᠯᠢᠳᠡᠭᠵᠢᠭᠦᠯᠵᠦ᠂ 《ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ  ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ》 ᠵᠢ ᠨᠢᠭᠡᠳᠦᠯᠲᠡᠶ ᠲᠥᠯᠥᠪᠯᠡᠨ ᠠᠬᠢᠭᠤᠯᠵᠤ᠂ ᠨᠥᠬᠦᠴᠡᠯ ᠪᠦᠷᠢᠳᠦᠭᠦᠯᠦᠭᠰᠡᠨ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠭᠦᠯᠬᠦ ᠵᠢ  ᠠᠵᠤ ᠠᠬᠤᠶ᠋ᠢᠯᠠᠯ ᠢᠯᠠᠩᠭᠤᠶ᠎ᠠ ᠺᠣᠮᠫᠠᠨᠢ ᠵᠢᠨ ᠳᠦᠷᠢᠮᠲᠦ ᠠᠵᠤ ᠠᠬᠤᠶ᠋ᠢᠯᠠᠯ ᠪᠣᠯᠭ᠋ᠠᠬᠤ ᠵᠢ ᠳᠡᠮᠵᠢᠵᠦ᠂ ᠵᠢᠵᠢᠭ ᠪᠢᠴᠢᠯ ᠠᠵᠤ ᠠᠬᠤᠶ᠋ᠢᠯᠠᠯ᠎ᠤᠨ ᠲᠤᠭ᠎ᠠ ᠬᠡᠮᠵᠢᠶ᠎ᠡ ᠵᠢ ᠨᠡᠮᠡᠭᠳᠡᠭᠦᠯᠬᠦ᠂ ᠶᠠᠰᠤ ᠴᠢᠨᠠᠷ᠎ᠢ ᠳᠡᠭᠡᠭᠰᠢᠯᠡᠭᠦᠯᠬᠦ᠂ ᠪᠣᠳᠠᠲᠤ ᠬᠦᠴᠦᠨ᠎ᠢ ᠨᠡᠮᠡᠭᠳᠡᠭᠦᠯᠬᠦ ᠬᠠᠷᠠᠯᠲᠠ ᠵᠢ ᠪᠦᠬᠦᠯᠢ ᠴᠣᠭᠴᠠ᠎ᠪᠠᠷ᠎ᠨᠢ ᠪᠡᠶᠡᠯᠡᠭᠦᠯᠵᠦ᠂ ᠰᠢᠨ᠎ᠡ ᠴᠠᠭ ᠦᠶ᠎ᠡ ᠵᠢᠨ ᠥᠪᠡᠷᠲᠡᠭᠡᠨ ᠵᠠᠰᠠᠬᠤ ᠣᠷᠣᠨ᠎ᠤ ᠠᠷᠠᠳ᠎ᠠᠴᠠ ᠡᠵᠡᠩᠨᠡᠭᠰᠡᠨ ᠠᠵᠤ ᠠᠬᠤᠶ ᠵᠢᠨ ᠴᠢᠨᠠᠷ ᠰᠠᠶ᠋ᠢᠲᠠᠶ᠂ ᠥᠨᠳᠥᠷ ᠲᠠᠰ ᠳᠠᠪᠬᠤᠷᠭ᠎ᠠ᠂ ᠥᠨᠳᠥᠷ ᠬᠢᠷᠢ ᠲᠦᠪᠰᠢᠨ ᠵᠶ᠋ᠠᠷ ᠬᠥᠭᠵᠢᠬᠦ ᠵᠢ ᠠᠬᠢᠭᠤᠯᠤᠨ᠎ᠠ᠃

    ᠬᠤᠶᠠᠷ᠂ ᠦᠨᠳᠦᠰᠦᠨ ᠵᠠᠷᠴᠢᠮ

    (ᠨᠢᠭᠡ) ᠵᠠᠰᠠᠭ᠎ᠤᠨ ᠣᠷᠳᠣᠨ ᠬᠥᠲᠥᠯᠦᠨ ᠵᠢᠯᠤᠭᠤᠳᠴᠤ᠂ ᠭᠣᠣᠯ ᠴᠣᠭᠴᠠ ᠰᠠᠶ᠋ᠢᠨ ᠳᠤᠷ᠎ᠠ᠎ᠠᠴᠠ᠎ᠪᠠᠨ ᠬᠡᠷᠡᠭᠵᠢᠭᠦᠯᠦᠨ᠎ᠡ ᠃ ᠡᠯ᠎ᠡ ᠱᠠᠲᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠰᠠᠨᠠᠭ᠋ᠠᠴᠢᠯᠠᠭ᠎ᠠ᠎ᠠᠴᠠ᠎ᠪᠠᠨ ᠰᠠᠯᠠᠭ᠎ᠠ ᠮᠥᠴᠢᠷ᠎ᠤᠨ ᠬᠤᠯᠪᠣᠭ᠋ᠠᠯᠠᠨ ᠬᠥᠳᠡᠯᠦᠯᠴᠡᠬᠦ ᠵᠢ ᠴᠢᠩᠭ᠋ᠠᠳᠬᠠᠵᠤ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠬᠥᠭᠵᠢᠯᠲᠡ ᠵᠢ ᠳᠡᠮᠵᠢᠬᠦ ᠬᠠᠮᠲᠤᠷᠠᠭᠰᠠᠨ ᠬᠤᠷᠠᠯ᠎ᠤᠨ ᠲᠦᠷᠢᠮ᠎ᠤᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠤᠨ᠂ ᠬᠢᠨᠠᠨ ᠵᠥᠪᠰᠢᠶᠡᠷᠡᠬᠦ ᠦᠢ᠍ᠯᠡᠴᠢᠯᠡᠭᠡ ᠵᠢ ᠰᠢᠯᠢᠳᠡᠭᠵᠢᠭᠦᠯᠵᠦ᠂ ᠲᠥᠷᠥ ᠵᠢᠨ ᠪᠣᠳᠣᠯᠭ᠎ᠠ ᠵᠢᠨ ᠲᠤᠯᠭ᠋ᠠᠭᠤᠷᠢᠯᠠᠯ᠎ᠢ ᠴᠢᠩᠭ᠋ᠠᠷᠠᠭᠤᠯᠤᠨ᠂ 《ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ》 ᠵᠢ ᠢᠳᠡᠪᠬᠢᠲᠡᠶ᠎ᠪᠠᠷ ᠬᠥᠲᠥᠯᠦᠨ ᠵᠢᠯᠣᠭᠤᠳᠬᠤ ᠪᠠ ᠲᠡᠳᠬᠦᠵᠦ᠂ ᠭᠤᠤᠯ ᠴᠣᠭᠴᠠ ᠵᠢᠨ ᠬᠦᠰᠡᠯ ᠰᠠᠨᠠᠭ᠎ᠠ ᠵᠢ ᠦᠨᠡᠨ ᠬᠦ᠌ ᠬᠦᠨᠳᠦᠳᠬᠡᠨ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠳᠣᠲᠣᠭ᠋ᠠᠳᠤ ᠬᠥᠳᠡᠯᠭᠡᠬᠦ ᠬᠦᠴᠦᠨ᠎ᠢ ᠬᠥᠭᠵᠢᠭᠡᠬᠦ ᠵᠢ ᠴᠢᠬᠤᠯᠠᠴᠢᠯᠠᠵᠤ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠠᠯᠪᠠᠳᠠᠯᠭ᠎ᠠ᠎ᠪᠠᠷ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠭᠦᠯᠵᠦ ᠪᠣᠯᠬᠤ ᠥᠬᠡᠶ᠃

    (ᠬᠤᠶᠠᠷ) ᠲᠥᠷᠥᠯ ᠬᠤᠪᠢᠶᠠᠨ ᠵᠢᠯᠤᠭᠤᠳᠴᠤ᠂ ᠰᠢᠨᠵᠢᠯᠡᠬᠦ ᠤᠬᠠᠭ᠋ᠠᠨᠴᠢ᠎ᠪᠠᠷ ᠠᠬᠢᠭᠤᠯᠤᠨ᠎ᠠ ᠃ 《ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ》 ᠠᠵᠢᠯ᠎ᠢ ᠨᠢᠭᠡ ᠬᠡᠪ ᠵᠶ᠋ᠡᠷ  ᠱᠠᠭ᠋ᠠᠷᠳᠠᠵᠤ ᠪᠣᠯᠬᠤ ᠦᠭᠡᠢ᠂ ᠵᠠᠬ᠎ᠠ ᠳᠡᠯᠭᠡᠭᠦᠷ᠎ᠤᠨ ᠵᠢᠮ᠎ᠡ ᠶᠣᠰᠣ ᠵᠢ ᠵᠢᠷᠤᠮᠯᠠᠵᠤ᠂ ᠡᠯ᠎ᠡ ᠭᠠᠵᠠᠷ᠎ᠤᠨ ᠠᠵᠤ ᠦᠢ᠍ᠯᠡᠰ᠎ᠤᠨ ᠣᠨᠴᠠᠯᠢᠭ ᠪᠠ ᠭᠤᠣᠯ ᠴᠣᠭᠴᠠ ᠵᠢᠨ ᠪᠣᠳᠠᠲᠤ ᠪᠠᠶ᠋ᠢᠳᠠᠯ᠎ᠢ ᠭᠦᠢ᠍ᠴᠡᠳ ᠪᠣᠳᠣᠯᠬᠢᠯᠠᠵᠤ᠂ ᠲᠦᠷᠦᠯ᠎ᠤᠨ ᠬᠡᠷᠡᠭᠴᠡᠭᠡ᠎ᠳᠤ᠎ᠨᠢ ᠲᠣᠬᠢᠷᠠᠭᠤᠯᠬᠤ᠂ ᠰᠢᠨᠵᠢᠯᠡᠬᠦ ᠤᠬᠠᠭ᠋ᠠᠨᠴᠢ᠎ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠵᠢ ᠪᠡᠶᠡᠯᠡᠭᠦᠯᠵᠦ᠂ ᠢᠳᠡᠪᠬᠢᠲᠡᠢ ᠯᠠᠪᠳᠠᠭᠤᠨ᠂ ᠡᠮᠬᠢ ᠵᠢᠷᠤᠮ᠎ᠲᠠᠢ ᠠᠬᠢᠭᠤᠯᠬᠤ ᠬᠡᠷᠡᠭᠲᠡᠢ᠃ ᠪᠤᠳᠠᠳᠤ ᠬᠦᠴᠦᠨ ᠵᠶ᠋ᠠᠷ ᠨᠡᠯᠢᠶᠡᠳ ᠴᠢᠩᠭ᠎ᠠ᠂ ᠨᠦᠭᠦᠴᠡᠯ ᠵᠶ᠋ᠠᠷ ᠨᠡᠯᠢᠶᠡᠳ ᠪᠤᠯᠪᠠᠰᠤᠷᠠᠩᠭᠤᠢ ᠭᠤᠤᠯ ᠴᠤᠭᠴᠠ᠎ᠳᠤ ᠪᠤᠯ ᠳᠡᠭᠦᠨ᠎ᠤ ᠬᠡᠯᠪᠡᠷᠢ᠎ᠪᠠᠨ ᠬᠤᠪᠢᠷᠠᠭᠤᠯᠬᠤ ᠵᠢ ᠳᠦᠯᠬᠢᠨ ᠠᠬᠢᠭᠤᠯᠤᠨ᠎ᠠ ; ᠵᠤᠬᠢᠬᠤ ᠪᠤᠳᠠᠳᠤ ᠬᠦᠴᠦᠨ᠎ᠲᠠᠢ ᠪᠤᠯᠪᠠᠴᠤ᠂ ᠠᠵᠤ ᠠᠬᠤᠶ᠋ᠢᠯᠠᠯ᠎ᠳᠤ ᠳᠠᠲᠠᠭ᠋ᠠᠯᠵᠠᠯ᠎ᠲᠠᠢ  ᠭᠤᠤᠯ ᠴᠤᠭᠴᠠ ᠵᠢ ᠢᠳᠡᠪᠬᠢᠳᠠᠢ᠎ᠪᠠᠷ ᠬᠦᠳᠦᠯᠦᠨ ᠵᠢᠯᠤᠭᠤᠳᠴᠦ ᠳᠡᠳᠬᠦᠨ᠎ᠡ ;  ᠬᠡᠪᠴᠢᠶᠡᠵᠢᠯ ᠵᠶ᠋ᠡᠷ  ᠨᠡᠯᠢᠶᠡᠳ ᠪᠠᠭ᠎ᠠ ᠪᠣᠯᠪᠠᠴᠤ ᠳᠠᠯᠳᠠ ᠬᠦᠴᠦᠨ ᠵᠶ᠋ᠠᠷ ᠨᠡᠯᠢᠶᠡᠳ ᠶᠡᠭᠡ᠂ ᠥᠰᠦᠯᠲᠡ ᠵᠢᠨ ᠴᠢᠨᠠᠷ ᠵᠶ᠋ᠠᠷ ᠰᠠᠶ᠋ᠢᠨ ᠭᠤᠤᠯ ᠴᠣᠭᠴᠠ᠎ᠳᠤ ᠠᠩᠬᠠᠷᠤᠯ ᠲᠠᠯᠪᠢᠬᠤ ᠪᠠ ᠪᠤᠶ᠋ᠢᠵᠢᠭᠤᠯᠬᠤ ᠵᠢ ᠴᠢᠩᠭ᠋ᠠᠳᠬᠠᠨ᠎ᠠ᠃

    (ᠭᠤᠷᠪᠠ) ᠰᠠᠯᠠᠭ᠎ᠠ ᠮᠥᠴᠢᠷ ᠬᠠᠮᠵᠢᠯᠴᠠᠵᠤ᠂ ᠪᠣᠳᠠᠲᠤ ᠦᠷ᠎ᠡ ᠪᠦᠲᠦᠮᠵᠢ ᠵᠢ ᠴᠢᠬᠤᠯᠠᠴᠢᠯᠠᠨ᠎ᠠ ᠃ ᠵᠠᠰᠠᠭ ᠵᠠᠬᠢᠷᠭ᠋ᠠᠨ᠂ ᠬᠠᠤᠯᠢ ᠴᠠᠭ᠋ᠠᠵᠠ᠂ ᠵᠠᠬ᠎ᠠ ᠳᠡᠯᠭᠡᠭᠦᠷ ᠵᠡᠷᠭᠡ ᠠᠷᠭ᠎ᠠ ᠪᠠᠷᠢᠯ᠎ᠢ ᠶᠡᠷᠦᠩᠬᠡᠶ᠋ᠢᠯᠡᠨ ᠬᠡᠷᠡᠭᠯᠡᠵᠦ ᠪᠠᠶ᠋ᠢᠭ᠋ᠠᠳ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠷᠠᠭᠤᠯᠤᠨ᠂ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠵᠢᠷᠤᠮᠵᠢᠭᠤᠯᠵᠤ᠂ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠬᠠᠤᠯᠢ ᠶᠣᠰᠣᠭ᠋ᠠᠷ ᠴᠣᠬᠢᠯᠲᠠ ᠥᠭᠴᠦ᠂ ᠬᠠᠤᠯᠢ ᠲᠣᠭᠲᠠᠭ᠋ᠠᠯ ᠶᠣᠰᠣᠭ᠋ᠠᠷ ᠡᠵᠡᠩᠨᠡᠬᠦ ᠵᠢ ᠶᠡᠬᠡ᠎ᠪᠠᠷ  ᠠᠬᠢᠭᠤᠯᠤᠨ᠂ ᠬᠤᠪᠢ ᠵᠢᠨ  ᠦᠢ᠍ᠯᠡᠳᠪᠦᠷᠢ ᠬᠤᠳᠠᠯᠳᠤᠭ᠋ᠠᠨ᠎ᠤ  ᠡᠷᠦᠬᠡ ᠵᠢᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠭᠦᠯᠬᠦ ᠵᠢ  ᠠᠬᠢᠭᠤᠯᠬᠤ᠎ᠳᠤ ᠡᠷᠡᠭᠦᠯ ᠪᠥᠭᠡᠳ ᠡᠮᠬᠢ ᠵᠢᠷᠤᠮ᠎ᠲᠠᠢ ᠵᠠᠬ᠎ᠠ ᠳᠡᠯᠭᠡᠭᠦᠷ᠎ᠤᠨ ᠣᠷᠴᠢᠨ ᠲᠣᠭᠤᠷᠢᠨ᠎ᠢ ᠪᠣᠶ ᠪᠣᠯᠭ᠋ᠠᠨ᠎ᠠ᠃ ᠬᠤᠪᠢᠷᠠᠭᠤᠯᠬᠤ᠎ᠠᠴᠠ ᠡᠮᠦᠨᠡᠬᠢ᠂ ᠬᠤᠪᠢᠷᠠᠭᠤᠯᠬᠤ ᠳᠤᠮᠳᠠᠬᠢ ᠂ ᠬᠤᠪᠢᠷᠠᠭᠤᠯᠤᠭᠰᠠᠨ᠎ᠤ ᠳᠠᠷᠠᠭ᠋ᠠᠬᠢ ᠦᠢ᠍ᠯᠡᠴᠢᠯᠡᠭᠡᠨ᠎ᠤ ᠲᠣᠭᠲᠠᠴᠠ ᠵᠢ ᠪᠠᠶ᠋ᠢᠭᠤᠯᠵᠤ᠂ ᠮᠡᠷᠭᠡᠵᠢᠯ᠎ᠤᠨ ᠳᠡᠮᠵᠢᠯᠭᠡ ᠵᠢ ᠴᠢᠩᠭ᠋ᠠᠳᠬᠠᠨ᠂ ᠰᠠᠯᠠᠭ᠎ᠠ ᠮᠥᠴᠢᠷ᠎ᠤᠨ ᠬᠤᠭᠤᠷᠣᠨᠳᠣ᠎ᠪᠠᠨ ᠬᠠᠷᠢᠯᠴᠠᠨ ᠮᠡᠳᠡᠷᠡᠬᠦ ᠵᠢ ᠪᠡᠶᠡᠯᠡᠭᠦᠯᠵᠦ᠂ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠤᠨ᠂ ᠬᠦᠴᠢᠷᠳᠡᠯ ᠪᠠ ᠠᠰᠠᠭᠤᠳᠠᠯ᠎ᠢ ᠵᠣᠬᠢᠴᠠᠭᠤᠯᠤᠨ ᠰᠢᠢ᠍ᠳᠪᠦᠷᠢᠯᠡᠵᠦ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ ᠠᠵᠢᠯ᠎ᠤᠨ ᠤᠷᠤᠭᠰᠢᠲᠠᠶ ᠶᠠᠪᠤᠭᠳᠠᠬᠤ ᠵᠢ ᠲᠦᠯᠬᠢᠨ ᠠᠬᠢᠭᠤᠯᠤᠨ᠎ᠠ᠃

    ᠭᠤᠷᠪᠠ᠂ 《ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ  ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ》 ᠠᠷᠭ᠎ᠠ ᠬᠡᠯᠪᠡᠷᠢ

    ᠬᠤᠪᠢ ᠵᠢᠨ  ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠣᠳᠣ ᠪᠠᠶ᠋ᠢᠭ᠎ᠠ ᠦᠢ᠍ᠯᠡᠳᠪᠦᠷᠢᠯᠡᠯ ᠡᠵᠡᠩᠨᠡᠯᠲᠡ ᠵᠢᠨ ᠨᠥᠬᠥᠴᠡᠯ ᠵᠶ᠋ᠠᠷ ᠰᠠᠭᠤᠷᠢ ᠪᠣᠯᠭ᠋ᠠᠬᠤ ᠵᠢ ᠳᠡᠮᠵᠢᠵᠦ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠺᠣᠮᠫᠠᠨᠢ ᠵᠢᠨ ᠬᠠᠤᠯᠢ》᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠣᠷᠰᠢᠭᠰᠠᠨ ᠠᠵᠤ ᠠᠬᠤᠶ᠋ᠢᠯᠠᠯ᠎ᠤᠨ ᠬᠠᠤᠯᠢ》᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠤᠪᠢ ᠬᠥᠮᠦᠨ᠎ᠤ ᠲᠤᠰᠠᠭ᠋ᠠᠷ ᠪᠡᠯᠡ ᠣᠷᠣᠭᠤᠯᠤᠭᠰᠠᠨ ᠠᠵᠤ ᠠᠬᠤᠶ᠋ᠢᠯᠠᠯ᠎ᠤᠨ ᠬᠠᠤᠯᠢ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠦᠨᠳᠦᠰᠦᠯᠡᠨ᠂ ᠭᠤᠶᠤᠴᠢᠯᠠᠬᠤ ᠳᠠᠩᠰᠠᠯᠠᠯ᠎ᠢ  ᠳᠣᠣᠷᠠᠬᠢ ᠮᠡᠲᠦ ᠳᠣᠬᠢᠷᠠᠭᠤᠯᠪᠠ᠄

    (ᠨᠢᠭᠡ) ᠬᠤᠪᠢ ᠬᠦᠮᠦᠨ᠎ᠤ ᠲᠤᠰᠠᠭ᠋ᠠᠷ ᠪᠡᠯᠡ ᠣᠷᠤᠭᠤᠯᠤᠭᠰᠠᠨ  ᠠᠵᠦ ᠠᠬᠤᠶ᠋ᠢᠯᠠᠯ ;

    (ᠬᠤᠶᠠᠷ) ᠬᠤᠷᠰᠢᠭᠰᠠᠨ ᠠᠵᠦ ᠠᠬᠤᠶ᠋ᠢᠯᠠᠯ ;

    (ᠭᠤᠷᠪᠠ) ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ;

    (ᠲᠦᠷᠪᠡ) ᠬᠤᠪᠢ ᠣᠷᠤᠭᠤᠯᠤᠭᠰᠠᠨ ᠬᠢᠵᠠᠭ᠋ᠠᠷᠲᠤ ᠺᠣᠮᠫᠠᠨᠢ ᠃

    《ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ  ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠤᠭᠰᠠᠨ 》᠎ᠤ ᠳᠡᠷᠡᠭ᠎ᠠ᠂ ᠣᠯᠠᠨ ᠪᠡᠯᠡ ᠣᠷᠣᠭᠤᠯᠤᠭᠴᠢ᠎ᠲᠠᠢ ᠪᠣᠯ  ᠪᠡᠯᠡ ᠣᠷᠣᠭᠤᠯᠤᠭᠴᠢ ᠵᠢᠨ ᠳᠣᠲᠣᠷ᠎ᠠ᠎ᠠᠴᠠ ᠨᠠᠭ᠋ᠠᠳᠤ ᠵᠠᠬ᠎ᠠ᠎ᠳᠤ᠎ᠪᠠᠨ  ᠤᠤᠯ᠎ᠤᠨ ᠬᠤᠪᠢ ᠵᠢᠨ  ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ  ᠡᠵᠡᠩᠨᠡᠭᠴᠢ 1 ᠪᠠᠶ᠋ᠢᠬᠤ ᠬᠡᠷᠡᠭᠲᠡᠶ᠃

    《ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ》᠎ᠳᠤ 《  ᠨᠢᠭᠡ ᠵᠢ  ᠲᠣᠳᠣᠷᠬᠠᠶ᠋ᠢᠯᠠᠵᠤ  ᠨᠢᠭᠡ ᠵᠢ  ᠪᠠᠶ᠋ᠢᠭᠤᠯᠬᠤ》 ᠲᠤᠬᠠᠶ᠋ᠢᠯᠠᠭᠰᠠᠨ ᠠᠵᠢᠯ᠎ᠢ ᠬᠠᠮᠲᠤᠷᠠᠨ ᠡᠷᠭᠢᠯᠡᠨ᠎ᠡ᠂ ᠭᠡᠪᠡᠴᠦ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠰᠠᠯᠠᠭ᠎ᠠ ᠮᠥᠴᠢᠷ᠎ᠤᠨ ᠲᠦᠷᠢᠮ ᠲᠣᠭᠲᠠᠭ᠋ᠠᠯ ᠪᠤᠶᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠳᠤ ᠠᠰᠲᠠᠭ᠋ᠠᠨ ᠲᠣᠭᠲᠠᠭ᠋ᠠᠯ᠎ᠲᠠᠢ᠎ᠨᠢ ᠡᠭᠦᠨ᠎ᠳᠤ ᠪᠠᠭᠲᠠᠬᠤ ᠥᠬᠡᠶ᠃ ᠳᠠᠩᠰᠠᠯᠠᠬᠤ ᠪᠠᠶ᠋ᠢᠭᠤᠯᠭ᠎ᠠ᠎ᠨᠢ 《ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ》 ᠠᠵᠤ ᠠᠬᠤᠶ᠋ᠢᠯᠠᠯ᠎ᠤᠨ ᠳᠠᠩᠰᠠᠯᠠᠭᠤᠯᠬᠤ ᠵᠢ ᠵᠥᠪᠰᠢᠶᠡᠷᠡᠬᠦ ᠮᠡᠳᠡᠭᠳᠡᠯ᠎ᠤᠨ ᠪᠢᠴᠢᠭ ᠭᠠᠷᠭ᠋ᠠᠵᠤ᠂ ᠤᠤᠯ᠎ᠤᠨ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠴᠢ ᠲᠡᠰ ᠳᠡᠪᠰᠢᠭᠰᠡᠨ᠎ᠤ ᠳᠠᠷᠠᠭ᠋ᠠᠬᠢ ᠠᠵᠤ ᠠᠬᠤᠶ᠋ᠢᠯᠠᠯ᠎ᠤᠨ ᠦᠨᠳᠦᠰᠦᠨ ᠮᠡᠳᠡᠭᠡ ᠵᠠᠩᠭᠢ ᠵᠢ ᠲᠣᠳᠣᠷᠬᠠᠢ ᠲᠡᠮᠳᠡᠭᠯᠡᠵᠦ᠂ 《ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ  ᠡᠷᠦᠬᠡ ᠵᠢ  ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ》 ᠠᠵᠤ ᠠᠬᠤᠶ᠋ᠢᠯᠠᠯ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠢ ᠦᠷᠭᠦᠯᠵᠢᠯᠡᠭᠦᠯᠬᠦ ᠵᠡᠷᠭᠡ ᠲᠤᠬᠠᠶ᠋ᠢᠯᠠᠭᠰᠠᠨ ᠠᠵᠢᠯ᠎ᠢ ᠭᠦᠢ᠍ᠴᠡᠳᠬᠡᠬᠦ᠎ᠳᠤ ᠲᠦᠬᠦᠮ ᠦᠵᠡᠭᠦᠯᠬᠦ ᠬᠡᠷᠡᠭᠲᠡᠢ᠃

    ᠳᠥᠷᠪᠡ᠂ ᠭᠤᠣᠯ ᠪᠣᠯᠬᠤ ᠡᠲᠡᠭᠡᠳ

    ᠡᠯ᠎ᠡ ᠭᠠᠵᠠᠷ᠎ᠤᠨ᠎ᠬᠢᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠳᠠᠩᠰᠠᠯᠠᠭᠤᠯᠵᠤ ᠲᠡᠮᠳᠡᠭᠯᠡᠭᠦᠯᠦᠭᠡᠳ ᠨᠢᠭᠡ ᠵᠢᠯ᠎ᠠᠴᠠ ᠢᠯᠡᠭᠦᠦ ᠪᠣᠯᠣᠭᠰᠠᠨ᠂ ᠨᠢᠭᠡᠨᠲᠡ ᠭᠠᠶ᠋ᠢᠯᠢ ᠵᠢᠨ ᠶᠠᠪᠤᠳᠠᠯ᠎ᠤᠨ ᠰᠠᠯᠠᠭ᠎ᠠ ᠮᠥᠴᠢᠷ᠎ᠲᠤ ᠡᠩ᠎ᠤᠨ ᠭᠠᠶ᠋ᠢᠯᠢ ᠲᠤᠰᠢᠶᠠᠭᠴᠢ᠎ᠪᠠᠷ ᠪᠦᠷᠢᠳᠬᠡᠭᠦᠯᠦᠭᠰᠡᠨ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠴᠢ ᠦᠢ᠍ᠯᠡᠳᠬᠦᠨ᠎ᠤ ᠦᠷᠳᠡᠭ ᠪᠠ ᠪᠣᠷᠣᠯᠠᠭᠤᠯᠬᠤ ᠬᠡᠪᠴᠢᠶᠡᠵᠢᠯ ᠵᠶ᠋ᠡᠷ ᠨᠡᠯᠢᠶᠡᠳ ᠶᠡᠭᠡ ᠠᠷᠠᠯᠵᠢᠶ᠎ᠠ ᠬᠤᠳᠠᠯᠳᠤᠭ᠋ᠠᠨ᠎ᠤ ᠭᠦᠢ᠍ᠯᠭᠡᠭᠡᠨ᠎ᠤ ᠲᠦᠷᠦᠯ ᠵᠡᠷᠭᠡ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠭᠤᠣᠯᠳᠠᠯᠭ᠎ᠠ᠎ᠲᠠᠢ ᠳᠡᠮᠵᠢᠬᠦ ᠡᠲᠡᠭᠡᠳ ᠵᠶ᠋ᠠᠨ ᠪᠣᠯᠭ᠋ᠠᠵᠤ᠂ ᠲᠡᠭᠦᠨ᠎ᠤ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠭᠦᠯᠬᠦ ᠵᠢ ᠲᠦᠷᠭᠡᠳᠬᠡᠵᠦ ᠠᠵᠤ ᠠᠬᠤᠶ᠋ᠢᠯᠠᠯ ᠪᠣᠯᠭ᠋ᠠᠬᠤ ᠵᠢ ᠠᠬᠢᠭᠤᠯᠵᠤ ᠪᠣᠯᠣᠨ᠎ᠠ;  ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠣᠨᠴᠠ ᠲᠣᠭᠲᠠᠭ᠋ᠠᠭᠰᠠᠨ ᠠᠵᠢᠯ ᠲᠦᠷᠦᠯ᠎ᠤᠨ ᠡᠵᠡᠩᠨᠡᠯᠲᠡ᠎ᠳᠤ ᠠᠵᠤ ᠠᠬᠤᠢ᠌ᠯᠠᠯ᠎ᠤᠨ ᠵᠣᠬᠢᠶᠠᠨ ᠪᠠᠢ᠌ᠭᠤᠯᠤᠯᠲᠠ ᠵᠢᠨ ᠬᠡᠯᠪᠡᠷᠢ ᠵᠢ ᠪᠦᠷᠢᠯᠳᠦᠭᠦᠯᠦᠭᠰᠡᠨ ᠪᠠᠢ᠌ᠬᠤ ᠬᠡᠷᠡᠭᠲᠡᠢ ᠭᠡᠵᠦ ᠲᠣᠭᠲᠠᠭ᠋ᠠᠭᠰᠠᠨ ᠪᠣᠯᠪᠠᠴᠤ ᠣᠳᠣᠬᠠᠨ᠎ᠳᠤ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ᠎ᠪᠠᠷ ᠳᠠᠩᠰᠠᠯᠠᠭᠤᠯᠤᠭᠰᠠᠨ ᠪᠠᠢ᠌ᠪᠠᠯ ᠂ ᠬᠠᠤᠯᠢ ᠶᠣᠰᠣᠭ᠋ᠠᠷ ᠬᠡᠯᠪᠡᠷᠢ᠎ᠪᠠᠨ ᠬᠤᠪᠢᠷᠠᠭᠤᠯᠬᠤ ᠬᠡᠷᠡᠭᠲᠡᠢ ; ᠭᠣᠤᠯᠳᠠᠯᠭ᠎ᠠ᠎ᠲᠠᠢ ᠪᠤᠰᠤ ᠡᠲᠡᠭᠡᠳ᠎ᠤᠨ ᠬᠤᠪᠢ ᠵᠢᠨ  ᠦᠢ᠍ᠯᠡᠳᠪᠦᠷᠢ ᠬᠤᠳᠠᠯᠳᠤᠭ᠋ᠠᠨ᠎ᠤ  ᠡᠷᠦᠬᠡ᠎ᠳᠤ ᠬᠠᠷᠢᠶᠠᠯᠠᠭᠳᠠᠪᠠᠯ᠂ ᠰᠠᠶ᠋ᠢᠨ ᠳᠤᠷ᠎ᠠ᠎ᠠᠴᠠ᠎ᠪᠠᠨ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ᠎ᠳᠤ  ᠲᠡᠭᠦᠨ᠎ᠤ ᠬᠡᠯᠪᠡᠷᠢ᠎ᠪᠠᠨ ᠬᠤᠪᠢᠷᠠᠭᠤᠯᠬᠤ ᠵᠢ  ᠶᠡᠬᠡ᠎ᠪᠠᠷ  ᠳᠡᠮᠵᠢᠨ᠎ᠡ᠃

    ᠲᠠᠪᠤ᠂ ᠲᠥᠷᠥ ᠵᠢᠨ ᠪᠣᠳᠣᠯᠭ᠎ᠠ ᠵᠢᠨ ᠳᠡᠮᠵᠢᠯᠭᠡ

    《ᠭᠤᠷᠪᠠᠨ ᠵᠢᠯ᠎ᠤᠨ  ᠥᠰᠥᠨ ᠪᠣᠶ᠋ᠢᠵᠢᠯᠲᠠ ᠵᠢᠨ ᠲᠥᠯᠥᠪᠯᠡᠭᠡ》 ᠵᠢᠨ 《  ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ》 ᠠᠵᠢᠯᠯᠠᠭ᠎ᠠ ᠵᠢ ᠥᠷᠨᠢᠭᠦᠯᠬᠦ ᠬᠠᠮᠢᠶ᠎ᠠ ᠪᠦᠬᠦᠢ ᠱᠠᠭ᠋ᠠᠷᠳᠠᠯᠭ᠎ᠠ ᠵᠢ ᠦᠨᠳᠦᠰᠦᠯᠡᠨ᠂ 《  ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ》 ᠠᠵᠤ ᠠᠬᠤᠢ᠌ᠯᠠᠯ᠎ᠤᠨ ᠨᠢᠭᠡᠨᠲᠡ ᠪᠠᠢ᠌ᠭ᠎ᠠ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢᠨ ᠨᠥᠬᠥᠴᠡᠯ᠎ᠳᠤ ᠨᠡᠢ᠌ᠴᠡᠪᠡᠯ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠨᠢᠭᠡᠨᠲᠡ ᠨᠡᠢ᠌ᠲᠡᠯᠡᠭᠰᠡᠨ ᠡᠯ᠎ᠡ ᠲᠥᠷᠥᠯ᠎ᠤᠨ ᠲᠡᠳᠬᠦᠨ ᠬᠥᠭᠵᠢᠭᠦᠯᠬᠦ ᠠᠷᠭ᠎ᠠ ᠬᠡᠮᠵᠢᠶ᠎ᠡ ᠵᠢ ᠬᠡᠷᠡᠭᠯᠡᠨ᠎ᠡ᠂ ᠡᠭᠦᠨ᠎ᠳᠤ ᠳᠥᠭᠥᠮ ᠳᠥᠲᠡ᠎ᠪᠠᠷ ᠵᠥᠪᠰᠢᠶᠡᠷᠡᠨ ᠣᠷᠣᠭᠤᠯᠬᠤ᠂ ᠭᠠᠢ᠌ᠯᠢ ᠰᠦᠢ᠍ᠳᠬᠡᠯ᠎ᠢ ᠬᠠᠰᠤᠵᠤ ᠬᠡᠯᠲᠦᠷᠢᠭᠦᠯᠬᠦ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ᠎ᠳᠤ ᠬᠠᠷᠠᠭ᠋ᠠᠯᠵᠠᠯ ᠦᠵᠡᠭᠦᠯᠬᠦ᠂ ᠵᠠᠰᠠᠭ ᠵᠠᠬᠢᠷᠭ᠋ᠠᠨ᠎ᠤ ᠰᠦᠢ᠍ᠳᠬᠡᠯ ᠬᠤᠷᠢᠶᠠᠯᠲᠠ ᠵᠢ ᠬᠠᠰᠤᠵᠤ ᠬᠡᠯᠲᠦᠷᠢᠭᠦᠯᠬᠦ᠂ ᠠᠳᠠᠯ ᠦᠢ᠍ᠯᠡᠰ ᠴᠣᠭᠴᠠᠯᠠᠬᠤ ᠨᠥᠬᠥᠪᠦᠷᠢ ᠥᠭᠬᠦ᠂ ᠮᠥᠩᠭᠥᠨ ᠭᠦᠢ᠍ᠯᠭᠡᠭᠡᠨ᠎ᠤ ᠳᠡᠮᠵᠢᠯᠭᠡ ᠦᠵᠡᠭᠦᠯᠬᠦ ᠵᠡᠷᠭᠡ ᠵᠢ ᠪᠠᠭᠲᠠᠭ᠋ᠠᠬᠤ ᠪᠣᠯᠪᠠᠴᠤ ᠬᠢᠵᠠᠭ᠋ᠠᠷᠯᠠᠬᠤ ᠦᠭᠡᠢ᠃ 《  ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ》 ᠠᠵᠤ ᠠᠬᠤᠢ᠌ᠯᠠᠯ᠎ᠤᠨ ᠳᠠᠩᠰᠠᠯᠠᠯᠲᠠ ᠵᠢᠨ ᠪᠠᠢ᠌ᠭᠤᠯᠭ᠎ᠠ᠎ᠨᠢ 《  ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ 》 ᠠᠵᠤ ᠠᠬᠤᠢ᠌ᠯᠠᠯ᠎ᠳᠤ ᠥᠨᠳᠥᠷ ᠪᠦᠲᠦᠮᠵᠢᠲᠡᠶ ᠳᠥᠭᠥᠮ ᠳᠥᠲᠡ ᠠᠵᠤ ᠠᠬᠤᠢ᠌ᠯᠠᠯ ᠪᠣᠯᠭ᠋ᠠᠨ ᠬᠤᠪᠢᠷᠠᠭᠤᠯᠬᠤ ᠦᠢ᠍ᠯᠡᠴᠢᠯᠡᠭᠡ ᠬᠠᠩᠭ᠋ᠠᠵᠤ᠂ ᠲᠡᠳᠡᠨ᠎ᠢ ᠬᠠᠪᠰᠤᠷᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠭᠦᠯᠬᠦ ᠵᠢ ᠤᠷᠤᠭᠰᠢᠲᠠᠢ ᠪᠡᠶᠡᠯᠡᠭᠦᠯᠬᠦ ᠬᠡᠷᠡᠭᠲᠡᠢ᠃

    《ᠭᠤᠷᠪᠠᠨ ᠵᠢᠯ᠎ᠤᠨ ᠦᠰᠦᠨ ᠪᠣᠢ᠌ᠵᠢᠯᠲᠠ ᠵᠢᠨ  ᠲᠥᠯᠥᠪᠯᠡᠭᠡ》 ᠵᠢᠨ 《ᠠᠩᠬ᠎ᠠ ᠤᠳᠠᠭ᠎ᠠ 〈ᠬᠤᠪᠢ ᠵᠢᠨ ᠦᠢ᠍ᠯᠡᠳᠪᠦᠷᠢ  ᠬᠤᠳᠠᠯᠳᠤᠭ᠋ᠠᠨ᠎ᠤ ᠡᠷᠦᠬᠡ᠎ᠠᠴᠠ  ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ〉᠎ᠪᠠᠷ 2 ᠵᠢᠯ᠎ᠠᠴᠠ ᠳᠡᠭᠡᠭᠰᠢ ᠲᠣᠭᠲᠠᠭᠤᠨ ᠡᠵᠡᠩᠨᠡᠭᠰᠡᠨ ᠂ ᠢᠲᠡᠭᠡᠮᠵᠢ ᠵᠢᠨ ᠨᠥᠯᠥᠭᠡ ᠦᠭᠡᠢ ᠠᠵᠤ ᠠᠬᠤᠶ᠋ᠢᠯᠠᠯ᠎ᠳᠤ ᠨᠢᠭᠡ ᠤᠳᠠᠭ᠋ᠠᠨ᠎ᠤ  ᠴᠢᠨᠠᠷᠲᠠᠶ 10 ᠲᠦᠮᠡᠨ ᠲᠥᠭᠦᠷᠢᠭ᠎ᠤᠨ ᠨᠥᠬᠦᠪᠥᠷᠢ ᠣᠯᠭᠤᠬᠤ》 ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠤᠨ᠎ᠠ᠃ ᠲᠤᠰᠠᠯᠠᠮᠵᠢ ᠵᠢᠨ ᠪᠡᠯᠡ ᠮᠥᠩᠭᠦ ᠵᠢ ᠠᠶ᠋ᠢᠮᠠᠭ ᠬᠤᠲᠠ᠂ ᠬᠤᠰᠢᠭᠤ ᠰᠢᠶᠠᠨ (ᠬᠤᠲᠠ ᠲᠣᠭᠤᠷᠢᠭ)᠎ᠠᠴᠠ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢᠨ ᠶᠣᠰᠣᠭ᠋ᠠᠷ ᠲᠥᠰᠦᠪ ᠲᠣᠬᠢᠷᠠᠭᠤᠯᠵᠤ᠂ ᠪᠣᠳᠠᠲᠠᠶ ᠡᠭᠦᠷᠭᠡᠯᠡᠬᠦ ᠬᠠᠷᠢᠴᠠᠯ ᠪᠠ ᠪᠠᠷᠢᠮᠵᠢᠶ᠎ᠠ ᠵᠢ ᠡᠯ᠎ᠡ ᠭᠠᠵᠠᠷ ᠣᠷᠣᠨ᠎ᠤ ᠪᠣᠳᠠᠲᠤ ᠪᠠᠶ᠋ᠢᠳᠠᠯ᠎ᠢ ᠦᠨᠳᠦᠰᠦᠯᠡᠨ ᠲᠣᠭᠲᠠᠭ᠋ᠠᠨ᠎ᠠ᠃

    ᠵᠢᠷᠭᠤᠭ᠎ᠠ᠂ ᠨᠥᠬᠥᠪᠥᠷᠢ ᠪᠡᠯᠡ ᠮᠥᠩᠭᠥ ᠣᠯᠭᠣᠬᠤ ᠨᠥᠬᠥᠴᠡᠯ ᠪᠣᠯᠤᠨ ᠠᠷᠭ᠎ᠠ ᠮᠠᠶᠢᠭ

    (ᠨᠢᠭᠡ) ᠣᠯᠭᠣᠬᠤ ᠨᠥᠬᠥᠴᠡᠯ

    ᠬᠤᠪᠢ ᠵᠢᠨ  ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠠᠩᠬ᠎ᠠ ᠤᠳᠠᠭ᠎ᠠ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠭᠦᠯᠦᠭᠰᠡᠨ  ᠠᠵᠤ ᠠᠬᠤᠶ᠋ᠢᠯᠠᠯ ᠨᠢᠭᠡ ᠯᠡ ᠤᠳᠠᠭ᠎ᠠ᠎ᠳᠤ ᠨᠥᠬᠦᠪᠥᠷᠢ ᠪᠠᠯᠠ ᠮᠥᠩᠭᠦ ᠭᠤᠶᠤᠴᠢᠯᠠᠬᠤ᠎ᠳᠤ᠎ᠪᠠᠨ  ᠳᠣᠤᠷᠠᠬᠢ ᠪᠥᠬᠦ ᠨᠥᠬᠦᠴᠡᠯ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠄

    1. ᠬᠡᠯᠪᠡᠷᠢ᠎ᠪᠠᠨ ᠬᠤᠪᠢᠷᠠᠭᠤᠯᠬᠤ ᠦᠶ᠎ᠡ᠎ᠳᠤ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠦᠷᠭᠦᠯᠵᠢᠯᠡᠭᠰᠡᠨ  ᠴᠠᠭ᠎ᠨᠢ ᠨᠢᠭᠡᠨᠲᠡ 1 ᠵᠢᠯ ᠬᠡᠲᠦᠷᠡᠭᠰᠡᠨ ᠮᠥᠷᠲᠡᠭᠡᠨ ᠣᠶ᠋ᠢᠷ᠎ᠠ ᠵᠢᠨ 1 ᠵᠢᠯ᠎ᠤᠨ ᠳᠣᠲᠣᠷ᠎ᠠ ᠡᠵᠡᠩᠨᠡᠭᠴᠢ ᠵᠢ ᠬᠤᠪᠢᠷᠠᠭᠤᠯᠬᠤ ᠭᠠᠷᠳᠠᠮ ᠬᠢᠭᠰᠡᠨ ᠦᠭᠡᠢ ᠪᠠᠢ᠌ᠬᠤ᠃

    2. ᠬᠤᠪᠢ ᠵᠢᠨ ᠦᠢ᠍ᠯᠡᠳᠪᠦᠷᠢ  ᠬᠤᠳᠠᠯᠳᠤᠭ᠋ᠠᠨ᠎ᠤ ᠡᠷᠦᠬᠡ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠭᠦᠯᠦᠨ  ᠠᠵᠤ ᠠᠬᠤᠶ᠋ᠢᠯᠠᠯ ᠪᠣᠯᠭ᠋ᠠᠬᠤ  ᠲᠤᠬᠠᠶ᠋ᠢᠯᠠᠭᠰᠠᠨ ᠠᠵᠢᠯ᠎ᠢ ᠭᠦᠢ᠍ᠴᠡᠳᠬᠡᠬᠦ  ᠴᠠᠭ᠎ᠨᠢ 2023 ᠣᠨ᠎ᠤ 4 ᠳ᠋ᠦ᠍ᠭᠡᠷ ᠰᠠᠷ᠎ᠠ ᠵᠢᠨ 12᠎ᠤᠨ ᠡᠳᠦᠷ᠎ᠠᠴᠠ 2025 ᠣᠨ᠎ᠤ 12 ᠳ᠋ᠤᠭ᠋ᠠᠷ  ᠰᠠᠷ᠎ᠠ ᠵᠢᠨ 31 ᠎ᠤ  ᠡᠳᠦᠷ  ᠪᠣᠯᠲᠠᠯ᠎ᠠ  ᠪᠠᠢ᠌ᠵᠤ᠂  ᠲᠤᠰ  ᠬᠤᠭᠤᠴᠠᠭ᠋ᠠᠨ᠎ᠳᠤ ᠬᠤᠪᠢ ᠵᠢᠨ ᠦᠢ᠍ᠯᠡᠳᠪᠦᠷᠢ  ᠬᠤᠳᠠᠯᠳᠤᠭ᠋ᠠᠨ᠎ᠤ ᠡᠷᠦᠬᠡ ᠵᠢ ᠬᠦᠴᠦᠨ ᠥᠬᠡᠶ ᠪᠣᠯᠭ᠋ᠠᠬᠤ ᠴᠠᠭ ᠬᠢᠭᠡᠳ ᠬᠡᠯᠪᠡᠷᠢ᠎ᠪᠠᠨ ᠬᠤᠪᠢᠷᠠᠭᠤᠯᠬᠤ ᠠᠵᠤ ᠠᠬᠤᠶ᠋ᠢᠯᠠᠯ ᠪᠠᠶ᠋ᠢᠭᠤᠯᠬᠤ  ᠬᠤᠭᠤᠷᠣᠨᠳᠣᠬᠢ  ᠴᠠᠭ᠎ᠤᠨ ᠵᠠᠶ᠎ᠨᠢ 15 ᠡᠳᠦᠷ᠎ᠠᠴᠠ ᠬᠡᠲᠦᠷᠡᠵᠦ ᠪᠣᠯᠬᠤ ᠥᠬᠡᠶ᠃

    3. ᠬᠡᠯᠪᠡᠷᠢ᠎ᠪᠠᠨ ᠬᠤᠪᠢᠷᠠᠭᠤᠯᠬᠤ᠎ᠠᠴᠠ ᠡᠮᠦᠨ᠎ᠡ ᠤᠤᠯ᠎ᠤᠨ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠡᠵᠡᠩᠨᠡᠭᠴᠢ ᠵᠢᠨ ᠬᠡᠯᠪᠡᠷᠢ᠎ᠪᠠᠨ ᠬᠤᠪᠢᠷᠠᠭᠤᠯᠤᠨ  ᠠᠵᠤ ᠠᠬᠤᠶ᠋ᠢᠯᠠᠯ ᠪᠣᠯᠭ᠋ᠠᠬᠤ᠎ᠳᠤ  ᠪᠡᠯᠡ ᠣᠷᠣᠭᠤᠯᠤᠯᠲᠠ ᠵᠢᠨ ᠬᠠᠷᠢᠴᠠᠯ᠎ᠢ 30%᠎ᠠᠴᠠ ᠳᠣᠣᠷ᠎ᠠ ᠪᠠᠶ᠋ᠢᠯᠭ᠋ᠠᠵᠤ ᠪᠣᠯᠬᠤ ᠦᠭᠡᠢ᠃

    4. ᠬᠡᠯᠪᠡᠷᠢ᠎ᠪᠠᠨ ᠬᠤᠪᠢᠷᠠᠭᠤᠯᠤᠭᠰᠠᠨ ᠠᠵᠤ ᠠᠬᠤᠶ᠋ᠢᠯᠠᠯ 2 ᠵᠢᠯ ᠳᠠᠷᠠᠭ᠋ᠠᠯᠠᠨ ᠪᠣᠳᠠᠲᠠᠶ ᠡᠵᠡᠩᠨᠡᠯᠲᠡ ᠵᠢᠨ ᠠᠵᠢᠯᠯᠠᠭ᠎ᠠ ᠬᠢᠭᠰᠡᠨ ᠪᠥᠭᠡᠳ ᠣᠷᠣᠨ ᠰᠠᠭᠤᠴᠠ ᠵᠢᠨ ᠭᠠᠵᠠᠷ᠎ᠲᠤ᠎ᠪᠠᠨ ᠬᠡᠪ᠎ᠤᠨ ᠡᠵᠡᠩᠨᠡᠯᠲᠡ ᠬᠢᠵᠦ᠂ ᠡᠳ᠋᠎ᠤᠨ ᠶᠠᠪᠤᠳᠠᠯ᠎ᠤᠨ ᠳᠠᠩᠰᠠ ᠲᠡᠮᠳᠡᠭᠯᠡᠬᠦ ᠵᠠᠷᠤᠯᠭ᠎ᠠ (ᠣᠷᠣᠯᠠᠨ ᠳᠠᠩᠰᠠ ᠲᠡᠮᠳᠡᠭᠯᠡᠬᠦ ᠵᠠᠷᠤᠯᠭ᠎ᠠ᠂ ᠡᠳ᠋᠎ᠤᠨ ᠶᠠᠪᠤᠳᠠᠯ᠎ᠤᠨ ᠠᠵᠢᠯᠲᠠᠨ ᠤᠷᠢᠵᠤ ᠬᠡᠷᠡᠭᠯᠡᠬᠦ ᠵᠡᠷᠭᠡ) ᠵᠢᠨ ᠵᠣᠬᠢᠬᠤ ᠭᠡᠷᠡᠴᠢ ᠪᠠᠷᠢᠮᠲᠠ ᠵᠢ ᠬᠠᠩᠭ᠋ᠠᠵᠤ ᠴᠢᠳᠠᠬᠤ ᠪᠠᠢ᠌ᠬᠤ ᠃

    5. ᠬᠡᠯᠪᠡᠷᠢ᠎ᠪᠠᠨ ᠬᠤᠪᠢᠷᠠᠭᠤᠯᠤᠭᠰᠠᠨ ᠠᠵᠤ ᠠᠬᠤᠶ᠋ᠢᠯᠠᠯ᠎ᠨᠢ ᠨᠥᠬᠦᠪᠥᠷᠢ ᠪᠡᠯᠡ ᠮᠥᠩᠭᠦ ᠭᠤᠶᠤᠴᠢᠯᠠᠬᠤ ᠦᠶ᠎ᠡ᠎ᠳᠤ ᠡᠵᠡᠩᠨᠡᠯᠲᠡ ᠵᠢᠨ ᠬᠡᠪ᠎ᠤᠨ ᠪᠤᠰᠤ ᠨᠡᠷᠡᠰ᠎ᠤᠨ ᠵᠢᠭᠰᠠᠭ᠋ᠠᠯᠲᠠ᠎ᠳᠤ ᠣᠷᠣᠭᠰᠠᠨ ᠦᠭᠡᠢ ᠪᠤᠶᠤ ᠬᠠᠤᠯᠢ ᠵᠢ ᠬᠦᠨᠳᠦ ᠨᠣᠴᠢᠲᠠᠶ ᠵᠥᠷᠢᠴᠡᠵᠦ ᠢᠲᠡᠭᠡᠮᠵᠢ ᠠᠯᠳᠠᠭᠰᠠᠨ ᠨᠡᠷᠡᠰ᠎ᠢ ᠬᠠᠮᠲᠤᠷᠠᠨ ᠵᠠᠯᠬᠠᠭ᠋ᠠᠨ ᠴᠡᠭᠡᠷᠯᠡᠭᠦᠯᠬᠦ ᠵᠢ ᠬᠡᠷᠡᠭᠵᠢᠭᠦᠯᠦᠭᠰᠡᠨ ᠦᠭᠡᠢ᠂ ᠤᠤᠯ᠎ᠤᠨ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ᠎ᠨᠢ ᠰᠢᠭᠦᠬᠦ ᠬᠤᠷᠢᠶᠠᠨ᠎ᠤ ᠢᠲᠡᠭᠡᠮᠵᠢ ᠠᠯᠳᠠᠭᠰᠠᠨ ᠭᠦᠢ᠍ᠴᠡᠳᠬᠡᠭᠳᠡᠭᠴᠢ᠎ᠪᠠᠷ ᠵᠢᠭᠰᠠᠭ᠋ᠠᠭᠳᠠᠭᠰᠠᠨ ᠦᠭᠡᠢ ᠪᠠᠢ᠌ᠬᠤ᠃

    6. ᠬᠡᠯᠪᠡᠷᠢ᠎ᠪᠠᠨ ᠬᠤᠪᠢᠷᠠᠭᠤᠯᠤᠭᠰᠠᠨ ᠠᠵᠤ ᠠᠬᠤᠶ᠋ᠢᠯᠠᠯ ᠲᠣᠭᠲᠠᠭ᠋ᠠᠯ ᠶᠣᠰᠣᠭ᠋ᠠᠷ ᠭᠠᠶ᠋ᠢᠯᠢ ᠲᠤᠰᠢᠶᠠᠬᠤ ᠮᠡᠳᠡᠭᠦᠯᠦᠯᠲᠡ ᠬᠢᠭᠰᠡᠨ ᠪᠥᠭᠡᠳ ᠪᠣᠳᠠᠲᠠᠶ ᠭᠠᠶ᠋ᠢᠯᠢ ᠵᠢᠨ ᠮᠥᠩᠭᠦ ᠲᠤᠰᠢᠶᠠᠭᠰᠠᠨ ᠲᠡᠮᠳᠡᠭᠯᠡᠯ᠎ᠲᠠᠢ ᠪᠠᠶ᠋ᠢᠵᠤ᠂ ᠬᠡᠪ᠎ᠤᠨ ᠪᠤᠰᠤ ᠡᠷᠦᠬᠡ ᠪᠠ  ᠲᠦᠭᠰᠢᠭᠦᠷᠢ᠎ᠲᠠᠢ ᠭᠠᠶ᠋ᠢᠯᠢ ᠲᠤᠰᠢᠶᠠᠭᠴᠢ᠎ᠳᠤ ᠬᠠᠷᠢᠶᠠᠯᠠᠭᠳᠠᠬᠤ ᠦᠭᠡᠶ᠂ ᠭᠠᠶ᠋ᠢᠯᠢ ᠲᠠᠲᠠᠪᠤᠷᠢ ᠵᠢᠨ ᠬᠠᠤᠯᠢ ᠵᠢ ᠵᠥᠷᠢᠴᠡᠭᠰᠡᠨ ᠬᠦᠨᠳᠦ ᠶᠡᠭᠡ ᠦᠢ᠍ᠯᠡ ᠠᠵᠢᠯᠯᠠᠭ᠎ᠠ ᠦᠭᠡᠶ ᠪᠠᠢ᠌ᠬᠤ ᠃

    7. ᠬᠡᠯᠪᠡᠷᠢ᠎ᠪᠠᠨ ᠬᠤᠪᠢᠷᠠᠭᠤᠯᠤᠭᠰᠠᠨ᠎ᠤ ᠳᠠᠷᠠᠭ᠎ᠠ᠂ ᠠᠵᠤ ᠠᠬᠤᠶ᠋ᠢᠯᠠᠯ᠎ᠤᠨ ᠨᠡᠷ᠎ᠡ ᠳᠣᠤᠷ᠎ᠠ 1 ᠬᠥᠮᠦᠨ ᠪᠤᠶᠤ ᠲᠡᠭᠦᠨ᠎ᠠᠴᠠ ᠢᠯᠡᠭᠦᠦ ᠬᠦᠮᠦᠨ  ᠨᠡᠶ᠋ᠢᠭᠡᠮ᠎ᠤᠨ ᠪᠠᠲᠤᠯᠠᠭ᠎ᠠ ᠲᠤᠰᠢᠶᠠᠭ᠋ᠠᠳ ᠪᠦᠬᠦᠯᠢ 1 ᠵᠢᠯ ᠪᠣᠯᠣᠭᠰᠠᠨ ᠪᠠᠢ᠌ᠬᠤ ᠃

ᠢᠵᠢᠯ  ᠨᠢᠭᠡᠨ ᠬᠤᠪᠢ ᠵᠢᠨ ᠦᠢ᠍ᠯᠡᠳᠪᠦᠷᠢ  ᠬᠤᠳᠠᠯᠳᠤᠭ᠋ᠠᠨ᠎ᠤ ᠡᠷᠦᠬᠡ ᠵᠢᠨ ᠡᠵᠡᠩᠨᠡᠭᠴᠢ᠎ᠳᠤ  ᠪᠥᠬᠦ ᠣᠷᠣᠨ᠎ᠤ ᠬᠡᠪᠴᠢᠶᠡᠨ᠎ᠳᠤ ᠬᠡᠯᠪᠡᠷᠢ᠎ᠪᠠᠨ ᠬᠤᠪᠢᠷᠠᠭᠤᠯᠬᠤ  ᠠᠵᠤ ᠠᠬᠤᠶ᠋ᠢᠯᠠᠯ ᠣᠯᠠᠨ ᠪᠠᠶ᠋ᠢᠪᠠᠯ᠂ ᠵᠥᠪᠬᠡᠨ ᠨᠢᠭᠡ ᠯᠡ  ᠬᠡᠯᠪᠡᠷᠢ᠎ᠪᠠᠨ ᠬᠤᠪᠢᠷᠠᠭᠤᠯᠬᠤ ᠠᠵᠤ ᠠᠬᠤᠶ᠋ᠢᠯᠠᠯ᠎ᠢ᠎ᠨᠢ ᠱᠠᠩᠨᠠᠨ᠎ᠠ᠃

    (ᠬᠤᠶᠠᠷ) ᠣᠯᠭᠤᠬᠤ ᠦᠭᠡᠢ ᠪᠠᠶ᠋ᠢᠳᠠᠯ

    ᠨᠢᠭᠡ ᠯᠡ ᠤᠳᠠᠭ᠋ᠠᠨ᠎ᠤ  ᠴᠢᠨᠠᠷᠲᠠᠶ ᠲᠤᠰᠠᠯᠠᠮᠵᠢ ᠵᠢᠨ ᠪᠡᠯᠡ ᠮᠥᠩᠭᠦ ᠭᠤᠶᠤᠴᠢᠯᠠᠬᠤ ᠵᠢᠴᠢ ᠣᠯᠭᠤᠬᠤ ᠬᠤᠭᠤᠴᠠᠭ᠋ᠠᠨ᠎ᠳᠤ ᠬᠡᠯᠪᠡᠷᠢ᠎ᠪᠠᠨ ᠬᠤᠪᠢᠷᠠᠭᠤᠯᠤᠭᠰᠠᠨ ᠠᠵᠤ ᠠᠬᠤᠶ᠋ᠢᠯᠠᠯ᠎ᠳᠤ ᠳᠣᠤᠷᠠᠬᠢ ᠪᠠᠶ᠋ᠢᠳᠠᠯ᠎ᠤᠨ ᠨᠢᠭᠡ᠎ᠨᠢ ᠣᠷᠣᠰᠢᠵᠤ ᠪᠠᠶ᠋ᠢᠪᠠᠯ᠂ ᠣᠯᠭᠤᠬᠤ ᠦᠭᠡᠶ᠄

    1. ᠬᠡᠯᠪᠡᠷᠢ ᠵᠢ ᠬᠤᠪᠢᠷᠠᠭᠤᠯᠬᠤ ᠠᠵᠤ ᠠᠬᠤᠶ᠋ᠢᠯᠠᠯ ᠬᠡᠯᠪᠡᠷᠢ᠎ᠪᠠᠨ  ᠬᠤᠪᠢᠷᠠᠭᠤᠯᠤᠭᠰᠠᠨ  ᠡᠳᠦᠷ᠎ᠠᠴᠠ ᠡᠬᠢᠯᠡᠭᠡᠳ ᠦᠷᠭᠦᠯᠵᠢᠯᠡᠭᠦᠯᠦᠭᠰᠡᠨ ᠬᠤᠭᠤᠴᠠᠭ᠎ᠠ᠎ᠨᠢ 2 ᠵᠢᠯ ᠪᠣᠯᠤᠭ᠎ᠠ ᠦᠭᠡᠢ ᠪᠠᠢ᠌ᠪᠠᠯ ᠃

    2. ᠤᠤᠯ᠎ᠤᠨ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠡᠵᠡᠩᠨᠡᠭᠴᠢ ᠨᠢᠭᠡᠨᠲᠡ ᠬᠡᠯᠪᠡᠷᠢ᠎ᠪᠠᠨ ᠬᠤᠪᠢᠷᠠᠭᠤᠯᠤᠭᠰᠠᠨ ᠠᠵᠤ ᠠᠬᠤᠶ᠋ᠢᠯᠠᠯ᠎ᠤᠨ ᠪᠡᠯᠡ ᠣᠷᠣᠭᠤᠯᠤᠭᠴᠢ ᠵᠢᠨ ᠪᠡᠶ᠎ᠡ ᠵᠢᠨ ᠭᠠᠷᠤᠯ᠎ᠤᠨ ᠲᠤᠰᠢᠶᠠᠯ ᠵᠶ᠋ᠡᠨ  ᠡᠭᠦᠷᠭᠡᠯᠡᠬᠦ᠎ᠪᠠᠨ ᠪᠤᠯᠢᠭᠰᠠᠨ ᠪᠠᠶ᠋ᠢᠪᠠᠯ᠃

    3. ᠬᠡᠯᠪᠡᠷᠢ᠎ᠪᠠᠨ ᠬᠤᠪᠢᠷᠠᠭᠤᠯᠤᠭᠰᠠᠨ ᠠᠵᠤ ᠠᠬᠤᠶ᠋ᠢᠯᠠᠯ᠎ᠤᠨ ᠣᠷᠣᠨ ᠰᠠᠭᠤᠴᠠ᠎ᠪᠠᠨ ᠬᠤᠪᠢᠷᠠᠭᠤᠯᠵᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠠᠴᠠ ᠨᠡᠭᠦᠵᠦ ᠭᠠᠷᠤᠭᠰᠠᠨ ᠪᠠᠢ᠌ᠪᠠᠯ ᠃

    4. ᠬᠡᠯᠪᠡᠷᠢ᠎ᠪᠠᠨ ᠬᠤᠪᠢᠷᠠᠭᠤᠯᠤᠭᠰᠠᠨ ᠠᠵᠤ ᠠᠬᠤᠶ᠋ᠢᠯᠠᠯ ᠲᠤᠰ ᠬᠡᠷᠡᠭᠵᠢᠭᠦᠯᠬᠦ ᠰᠠᠨᠠᠯ᠎ᠤᠨ ᠱᠠᠭ᠋ᠠᠷᠳᠠᠯᠭ᠎ᠠ ᠶᠣᠰᠣᠭ᠋ᠠᠷ ᠭᠤᠶᠤᠴᠢᠯᠠᠯ ᠭᠠᠷᠭ᠋ᠠᠭᠰᠠᠨ ᠦᠭᠡᠢ᠂ ᠡᠰᠡᠬᠦᠯ᠎ᠡ ᠬᠤᠳᠠᠯ ᠬᠠᠭᠤᠷᠮᠠᠭ ᠭᠤᠶᠤᠴᠢᠯᠠᠬᠤ ᠮᠠᠲ᠋ᠧᠷᠢᠶᠠᠯ ᠲᠤᠰᠢᠶᠠᠭᠰᠠᠨ ᠪᠠᠢ᠌ᠪᠠᠯ ᠃

    5.  ᠬᠡᠯᠪᠡᠷᠢ᠎ᠪᠠᠨ ᠬᠤᠪᠢᠷᠠᠭᠤᠯᠤᠭᠰᠠᠨ  ᠠᠵᠤ ᠠᠬᠤᠶ᠋ᠢᠯᠠᠯ ᠳᠠᠩᠰᠠᠯᠠᠭᠰᠠᠨ ᠬᠠᠶᠢᠭ ᠵᠶ᠋ᠠᠷ ᠳᠠᠮᠵᠢᠨ ᠬᠠᠷᠢᠯᠴᠠᠬᠤ ᠵᠢᠨ ᠠᠷᠭ᠎ᠠ ᠦᠭᠡᠢ ᠪᠤᠶᠤ ᠴᠠᠭ ᠲᠤᠬᠠᠢ᠎ᠳᠤ᠎ᠨᠢ ᠣᠨ᠎ᠤ ᠮᠡᠳᠡᠭᠦᠯᠦᠯᠲᠡ ᠬᠢᠭᠰᠡᠨ ᠦᠭᠡᠢ ᠵᠡᠷᠭᠡ ᠪᠠᠶ᠋ᠢᠳᠠᠯ᠎ᠠᠴᠠ ᠪᠣᠯᠵᠤ ᠬᠡᠪ᠎ᠤᠨ ᠪᠤᠰᠤ ᠡᠵᠡᠩᠨᠡᠯᠲᠡ ᠵᠢᠨ ᠨᠡᠷᠡᠰ᠎ᠲᠤ ᠣᠷᠤᠭᠰᠠᠨ  ᠪᠠᠢ᠌ᠪᠠᠯ᠃

    6.  ᠬᠡᠯᠪᠡᠷᠢ᠎ᠪᠠᠨ ᠬᠤᠪᠢᠷᠠᠭᠤᠯᠤᠭᠰᠠᠨ  ᠠᠵᠤ ᠠᠬᠤᠢ᠌ᠯᠠᠯ᠎ᠤᠨ ᠨᠢᠭᠡᠴᠢ ᠵᠢ  ᠨᠢᠭᠡᠨᠲᠡ ᠬᠠᠰᠤᠭᠰᠠᠨ ᠪᠤᠶᠤ ᠬᠦᠴᠦᠨ ᠦᠭᠡᠢ  ᠪᠣᠯᠭ᠋ᠠᠭᠰᠠᠨ᠂ ᠨᠡᠷ᠎ᠡ ᠵᠢ᠎ᠨᠢ ᠬᠠᠰᠤᠭᠰᠠᠨ᠂ ᠵᠠᠷᠯᠢᠭᠳᠠᠨ ᠡᠭᠦᠳᠡ ᠵᠢ᠎ᠨᠢ ᠬᠠᠭ᠋ᠠᠯᠭ᠋ᠠᠭᠰᠠᠨ ᠂ ᠳᠠᠩᠰᠠᠯᠠᠯᠲᠠ ᠵᠢ᠎ᠨᠢ ᠬᠦᠴᠦᠨ ᠦᠭᠡᠢ  ᠪᠣᠯᠭ᠋ᠠᠭᠰᠠᠨ ᠪᠠᠢ᠌ᠪᠠᠯ᠃

    7. ᠬᠡᠯᠪᠡᠷᠢ᠎ᠪᠠᠨ ᠬᠤᠪᠢᠷᠠᠭᠤᠯᠤᠭᠰᠠᠨ  ᠠᠵᠤ ᠠᠬᠤᠶ᠋ᠢᠯᠠᠯ ᠮᠡᠳᠡᠭᠦᠯᠬᠦ ᠨᠥᠬᠥᠴᠡᠯ᠎ᠳᠤ ᠬᠦᠷᠦᠭᠰᠡᠨ᠎ᠤ ᠳᠠᠷᠠᠭ᠎ᠠ 90 ᠡᠳᠦᠷ᠎ᠤᠨ ᠳᠣᠲᠣᠷ᠎ᠠ ᠭᠤᠶᠤᠴᠢᠯᠠᠯ ᠭᠠᠷᠭ᠋ᠠᠭᠰᠠᠨ ᠦᠭᠡᠢ ᠪᠠᠢ᠌ᠪᠠᠯ᠃

    8. ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠤᠶᠤ ᠳᠡᠭᠡᠳᠦ ᠱᠠᠲᠤᠨ᠎ᠤ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠎ᠠᠴᠠ ᠣᠯᠭᠣᠵᠤ  ᠪᠣᠯᠬᠤ ᠦᠭᠡᠢ ᠭᠡᠵᠦ ᠲᠣᠭᠲᠠᠭ᠋ᠠᠭᠰᠠᠨ ᠪᠤᠰᠤᠳ ᠪᠠᠶ᠋ᠢᠳᠠᠯ᠎ᠲᠠᠢ ᠪᠠᠢ᠌ᠪᠠᠯ᠃

    ᠬᠡᠯᠪᠡᠷᠢ᠎ᠪᠠᠨ ᠬᠤᠪᠢᠷᠠᠭᠤᠯᠬᠤ  ᠠᠵᠤ ᠠᠬᠤᠶ᠋ᠢᠯᠠᠯ ᠲᠤᠰ ᠬᠡᠷᠡᠭᠵᠢᠭᠦᠯᠬᠦ ᠰᠠᠨᠠᠯ᠎ᠤᠨ ᠲᠣᠭᠲᠠᠭ᠋ᠠᠯ᠎ᠠᠴᠠ ᠵᠥᠷᠢᠴᠡᠵᠦ᠂ ᠨᠥᠬᠦᠪᠥᠷᠢ  ᠪᠡᠯᠡ  ᠮᠥᠩᠭᠦ ᠵᠢ  ᠬᠤᠳᠠᠯ ᠵᠶ᠋ᠠᠷ  ᠮᠡᠳᠡᠭᠦᠯᠬᠦ᠂ ᠬᠠᠭᠤᠷᠮᠠᠭᠯᠠᠨ ᠠᠪᠬᠤ ᠵᠡᠷᠭᠡ ᠠᠷᠭ᠎ᠠ ᠪᠠᠷᠢᠯ ᠵᠶ᠋ᠠᠷ ᠮᠡᠬᠡᠯᠡᠨ ᠠᠪᠤᠭᠰᠠᠨ ᠪᠠᠶ᠋ᠢᠪᠠᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠬᠠᠤᠯᠢ ᠶᠣᠰᠣᠭ᠋ᠠᠷ ᠲᠡᠭᠦᠨ᠎ᠢ ᠵᠠᠷᠯᠢᠭᠳᠠᠵᠤ ᠪᠠᠶ᠋ᠢᠭ᠋ᠠᠳ ᠨᠢᠭᠡᠨᠲᠡ ᠣᠯᠤᠭᠰᠠᠨ ᠪᠡᠯᠡ ᠮᠥᠩᠭᠦ ᠵᠢ᠎ᠨᠢ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠤ ᠪᠤᠴᠠᠭ᠋ᠠᠯᠭ᠋ᠠᠬᠤ ᠵᠢᠨ  ᠬᠠᠮᠲᠤ ᠬᠤᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠲᠣᠭᠲᠠᠭ᠋ᠠᠯ ᠶᠣᠰᠣᠭ᠋ᠠᠷ ᠬᠠᠮᠢᠶ᠎ᠠ ᠪᠦᠬᠦᠢ ᠬᠥᠮᠦᠰ᠎ᠠᠴᠠ ᠬᠠᠷᠢᠭᠤᠴᠠᠯᠭ᠎ᠠ  ᠨᠡᠬᠡᠮᠵᠢᠯᠡᠨ᠎ᠡ᠃

    (ᠭᠤᠷᠪᠠ) ᠣᠯᠭᠣᠬᠤ  ᠬᠡᠯᠪᠡᠷᠢ

    ᠡᠯ᠎ᠡ ᠬᠤᠰᠢᠭᠤ ᠰᠢᠶᠠᠨ (ᠬᠤᠲᠠ᠂ ᠲᠣᠭᠤᠷᠢᠭ)᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠲᠣᠰ ᠬᠠᠷᠢᠶ᠎ᠠ ᠣᠷᠣᠨ᠎ᠤ᠎ᠪᠠᠨ ᠪᠣᠶ᠋ᠢᠵᠢᠭᠤᠯᠬᠤ ᠬᠥᠮᠥᠷᠭᠡ ᠵᠢᠨ ᠳᠣᠲᠣᠷᠠᠬᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ ᠠᠵᠤ ᠠᠬᠤᠶ᠋ᠢᠯᠠᠯ᠎ᠳᠤ ᠨᠢᠭᠡ ᠯᠡ ᠤᠳᠠᠭ᠋ᠠᠨ᠎ᠤ  ᠴᠢᠨᠠᠷᠲᠠᠶ ᠨᠥᠬᠦᠪᠥᠷᠢ ᠮᠥᠩᠭᠦ ᠭᠤᠶᠤᠴᠢᠯᠠᠬᠤ ᠠᠷᠭ᠎ᠠ ᠮᠠᠶᠢᠭ ᠵᠢᠴᠢ ᠨᠥᠬᠦᠴᠡᠯ᠎ᠢ ᠮᠡᠳᠡᠭᠳᠡᠬᠦ ᠵᠢ ᠬᠠᠷᠢᠭᠤᠴᠠᠬᠤ ᠵᠢᠨ ᠬᠠᠮᠲᠤ ᠤᠬᠠᠭᠤᠯᠭ᠎ᠠ ᠵᠢᠨ ᠬᠠᠮᠤᠷᠬᠤ ᠬᠡᠪᠴᠢᠶ᠎ᠡ ᠵᠢ ᠥᠷᠭᠡᠳᠬᠡᠵᠦ᠂ ᠲᠥᠷᠥ ᠵᠢᠨ ᠪᠣᠳᠣᠯᠭ᠎ᠠ ᠵᠢ ᠨᠡᠶ᠋ᠢᠭᠡᠮ᠎ᠤᠨ ᠣᠶ᠋ᠢᠯᠠᠭ᠋ᠠᠬᠤ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠡᠯ᠎ᠡ ᠬᠣᠰᠢᠭᠤ ᠰᠢᠶᠠᠨ (ᠬᠣᠲᠠ᠂ ᠲᠣᠭᠣᠷᠢᠭ)᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠲᠤᠬᠠᠶ ᠵᠢᠨ ᠭᠠᠵᠠᠷ᠎ᠲᠤ᠎ᠨᠢ ᠡᠷᠦᠬᠡ᠎ᠳᠤ ᠬᠦᠷᠴᠦ ᠰᠤᠷᠪᠤᠯᠵᠢᠯᠠᠬᠤ᠂ ᠬᠥᠨᠳᠡᠯᠡᠨ ᠵᠶ᠋ᠠᠷ ᠰᠠᠯᠠᠭ᠎ᠠ ᠮᠥᠴᠢᠷ᠎ᠤᠨ ᠲᠣᠭ᠎ᠠ ᠪᠠᠷᠢᠮᠲᠠ ᠵᠢ ᠬᠠᠷᠢᠴᠠᠭᠤᠯᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠪᠡᠶ᠎ᠡ᠎ᠪᠠᠨ ᠳᠠᠭ᠋ᠠᠭ᠋ᠠᠵᠤ ᠮᠡᠳᠡᠭᠦᠯᠦᠭᠰᠡᠨ 《ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ  ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ》 ᠠᠵᠤ ᠠᠬᠤᠶ᠋ᠢᠯᠠᠯ᠎ᠤᠨ ᠭᠤᠶᠤᠴᠢᠯᠠᠯ᠎ᠤᠨ ᠮᠠᠲ᠋ᠧᠷᠢᠶᠠᠯ᠎ᠳᠤ ᠮᠥᠨ ᠴᠢᠨᠠᠷ᠎ᠤᠨ ᠬᠢᠨᠠᠨ ᠪᠠᠶ᠋ᠢᠴᠠᠭ᠋ᠠᠯᠲᠠ ᠬᠢᠵᠦ᠂ ᠬᠢᠨᠠᠨ ᠪᠠᠶ᠋ᠢᠴᠠᠭ᠋ᠠᠭ᠋ᠠᠳ ᠪᠠᠲᠤᠯᠠᠭᠳᠠᠭᠰᠠᠨ  ᠨᠡᠷᠡᠰ᠎ᠢ ᠨᠡᠶ᠋ᠢᠭᠡᠮ᠎ᠳᠤ  ᠨᠡᠶ᠋ᠢᠲᠡᠯᠡᠬᠦ  ᠳᠠᠷᠠᠭ᠋ᠠᠯᠠᠯ᠎ᠢ ᠭᠦᠢ᠍ᠴᠡᠳᠬᠡᠵᠦ᠂  ᠨᠡᠶ᠋ᠢᠲᠡᠯᠡᠬᠦ ᠴᠠᠭ᠎ᠢ 15  ᠠᠵᠢᠯᠯᠠᠬᠤ  ᠡᠳᠦᠷ ᠎ᠠᠴᠠ  ᠳᠤᠲᠠᠭᠤ  ᠦᠭᠡᠶ  ᠪᠠᠢ᠌ᠯᠭ᠋ᠠᠬᠤ  ᠬᠡᠷᠡᠭᠲᠡᠶ᠃ ᠡᠯ᠎ᠡ ᠠᠶ᠋ᠢᠮᠠᠭ ᠬᠤᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠲᠤᠰ ᠬᠠᠷᠢᠶ᠎ᠠ ᠣᠷᠣᠨ᠎ᠤ᠎ᠪᠠᠨ  ᠨᠡᠶ᠋ᠢᠲᠡᠯᠡᠭᠰᠡᠨ ᠣᠨᠳᠣᠣ ᠰᠠᠨᠠᠯ ᠦᠭᠡᠢ 《ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ》 ᠠᠵᠤ ᠠᠬᠤᠶ᠋ᠢᠯᠠᠯ᠎ᠤᠨ ᠮᠡᠳᠡᠭᠦᠯᠦᠭᠰᠡᠨ ᠮᠠᠲ᠋ᠧᠷᠢᠶᠠᠯ᠎ᠢ ᠳᠠᠬᠢᠨ ᠬᠢᠨᠠᠬᠤ ᠵᠢ ᠬᠠᠷᠢᠭᠤᠴᠠᠬᠤ ᠵᠢᠨ ᠬᠠᠮᠲᠤ ᠬᠢᠨᠠᠨ ᠬᠠᠷᠭᠤᠭᠤᠯᠵᠤ ᠪᠠᠲᠤᠯᠠᠭᠳᠠᠭᠰᠠᠨ  ᠨᠡᠷᠡᠰ᠎ᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠳᠤ ᠮᠡᠳᠡᠭᠦᠯᠦᠨ ᠬᠦᠷᠭᠡᠬᠦ ᠬᠡᠷᠡᠭᠲᠡᠢ᠃ ᠲᠤᠰᠬᠠᠶ ᠵᠦᠢ᠍ᠯ᠎ᠤᠨ ᠪᠡᠯᠡ ᠮᠥᠩᠭᠦ ᠣᠯᠭᠤᠬᠤ ᠨᠥᠬᠦᠴᠡᠯ᠎ᠳᠤ ᠨᠡᠶ᠋ᠢᠴᠡᠬᠦ᠎ᠪᠠᠷ ᠳᠠᠮᠵᠢᠭᠤᠯᠤᠨ ᠬᠡᠯᠪᠡᠷᠢ᠎ᠪᠠᠨ ᠬᠤᠪᠢᠷᠠᠭᠤᠯᠬᠤ ᠠᠵᠤ ᠠᠬᠤᠶ᠋ᠢᠯᠠᠯ᠎ᠢ ᠡᠯ᠎ᠡ ᠱᠠᠲᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠠᠴᠠ ᠬᠤᠪᠢᠳᠠᠨ ᠡᠭᠦᠷᠭᠡᠯᠡᠬᠦ ᠬᠠᠷᠢᠴᠠᠯ ᠶᠣᠰᠣᠭ᠋ᠠᠷ ᠵᠣᠭᠤᠰ ᠰᠠᠯᠭ᠋ᠠᠨ ᠥᠭᠬᠦ  ᠳᠠᠷᠠᠭ᠋ᠠᠯᠠᠯ᠎ᠢ ᠭᠦᠢ᠍ᠴᠡᠳᠬᠡᠵᠦ᠂ ᠵᠣᠭᠤᠰ ᠰᠠᠯᠭ᠋ᠠᠨ ᠥᠭᠬᠦ  ᠳᠠᠷᠠᠭ᠋ᠠᠯᠠᠯ᠎ᠢ ᠡᠬᠢᠯᠡᠭᠦᠯᠦᠭᠰᠡᠨ ᠡᠳᠦᠷ᠎ᠠᠴᠠ ᠡᠬᠢᠯᠡᠨ 90 ᠠᠵᠢᠯᠯᠠᠬᠤ ᠡᠳᠦᠷ᠎ᠤᠨ ᠳᠣᠲᠣᠷ᠎ᠠ ᠨᠥᠬᠦᠪᠥᠷᠢ ᠪᠡᠯᠡ ᠮᠥᠩᠭᠦ ᠵᠢ ᠠᠵᠤ ᠠᠬᠤᠶ᠋ᠢᠯᠠᠯ᠎ᠤᠨ ᠲᠠᠩᠰᠠᠨ ᠡᠷᠦᠬᠡ᠎ᠳᠤ ᠰᠢᠭᠤᠳ ᠣᠯᠭᠤᠨ᠎ᠠ᠃

    ᠡᠯ᠎ᠡ ᠱᠠᠲᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠲᠤᠰ ᠱᠠᠲᠤᠨ᠎ᠤ ᠡᠳ᠋᠎ᠤᠨ ᠵᠠᠰᠠᠭ᠎ᠤᠨ ᠲᠥᠰᠦᠪ ᠭᠤᠶᠤᠴᠢᠯᠠᠬᠤ ᠱᠠᠭ᠋ᠠᠷᠳᠠᠯᠭ᠎ᠠ ᠶᠣᠰᠣᠭ᠋ᠠᠷ᠂ 《ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ  ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ》 ᠨᠢᠭᠡ ᠯᠡ ᠤᠳᠠᠭ᠋ᠠᠨ᠎ᠤ  ᠴᠢᠨᠠᠷᠲᠠᠶ ᠨᠥᠬᠦᠪᠥᠷᠢ  ᠪᠠᠯᠠ ᠮᠥᠩᠭᠦ ᠵᠢᠨ ᠲᠥᠷᠥᠯ ᠵᠦᠢ᠍ᠯ᠎ᠤᠨ ᠲᠥᠰᠦᠪ᠎ᠢ ᠴᠠᠭ ᠲᠤᠬᠠᠶ᠎ᠳᠤ᠎ᠨᠢ  ᠭᠤᠶᠤᠴᠢᠯᠠᠬᠤ ᠬᠡᠷᠡᠭᠲᠡᠶ᠃ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ  ᠠᠵᠤ ᠠᠬᠤᠶ᠋ᠢᠯᠠᠯ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠷ᠎ᠠ ᠠᠶ᠋ᠢᠮᠠᠭ ᠬᠣᠲᠠ ᠪᠤᠶᠤ ᠬᠣᠰᠢᠭᠤ ᠰᠢᠶᠠᠨ (ᠬᠣᠲᠠ᠂ ᠲᠣᠭᠣᠷᠢᠭ) ᠠᠯᠤᠰᠯᠠᠨ ᠨᠡᠭᠦᠯᠬᠡᠬᠦ ᠲᠤᠬᠠᠶ᠋ᠢᠯᠠᠭᠰᠠᠨ ᠠᠵᠢᠯ᠎ᠢ ᠭᠦᠢ᠍ᠴᠡᠳᠬᠡᠭᠰᠡᠨ ᠪᠣᠯ ᠨᠢᠭᠡ ᠯᠡ ᠤᠳᠠᠭ᠋ᠠᠨ᠎ᠤ  ᠴᠢᠨᠠᠷᠲᠠᠶ ᠲᠤᠰᠠᠯᠠᠮᠵᠢ ᠵᠢᠨ ᠪᠡᠯᠡ ᠮᠥᠩᠭᠥ ᠵᠢ ᠲᠤᠰ ᠠᠵᠤ ᠠᠬᠤᠶ᠋ᠢᠯᠠᠯ ᠮᠡᠳᠡᠭᠦᠯᠬᠦ ᠨᠥᠬᠥᠴᠡᠯ᠎ᠳᠤ ᠨᠡᠶ᠋ᠢᠴᠡᠬᠦ ᠦᠶ᠎ᠡ᠎ᠳᠤ  ᠪᠠᠶ᠋ᠢᠭ᠎ᠠ ᠭᠠᠵᠠᠷ᠎ᠠᠴᠠ ᠬᠠᠷᠢᠭᠤᠴᠠᠨ ᠬᠢᠨᠠᠬᠤ ᠵᠢᠨ ᠬᠠᠮᠲᠤ ᠣᠯᠭᠣᠨ᠎ᠠ᠃

2025 ᠣᠨ᠎ᠠᠴᠠ 2028 ᠣᠨ ᠪᠣᠯᠲᠠᠯᠠᠬᠢ ᠬᠤᠭᠤᠴᠠᠭ᠋ᠠᠨ᠎ᠳᠤ᠂ ᠡᠯ᠎ᠡ ᠱᠠᠲᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠯ ᠪᠦᠷᠢ ᠠᠯᠪᠠᠨ  ᠰᠦᠯᠵᠢᠶᠡᠨ ᠳᠡᠭᠡᠷ᠎ᠡ 《ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ》 ᠬᠡᠯᠪᠡᠷᠢ᠎ᠪᠠᠨ ᠬᠤᠪᠢᠷᠠᠭᠤᠯᠬᠤ ᠠᠵᠤ ᠠᠬᠤᠶ᠋ᠢᠯᠠᠯ᠎ᠤᠨ ᠨᠡᠷᠡᠰ ᠵᠢᠴᠢ ᠨᠢᠭᠡ ᠯᠡ ᠤᠳᠠᠭ᠋ᠠᠨ᠎ᠤ  ᠴᠢᠨᠠᠷᠲᠠᠶ ᠨᠥᠬᠦᠪᠥᠷᠢ  ᠪᠠᠯᠠ ᠮᠥᠩᠭᠦ ᠣᠯᠭᠣᠭᠰᠠᠨ  ᠪᠠᠶ᠋ᠢᠳᠠᠯ᠎ᠢ ᠨᠡᠢ᠌ᠲᠡᠯᠡᠨ᠎ᠡ ᠃

    (ᠲᠦᠷᠪᠡ) ᠭᠤᠶᠤᠴᠢᠯᠠᠬᠤ ᠮᠠᠲ᠋ᠧᠷᠢᠶᠠᠯ

    《ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ  ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ》  ᠬᠡᠯᠪᠡᠷᠢ᠎ᠪᠠᠨ ᠬᠤᠪᠢᠷᠠᠭᠤᠯᠬᠤ  ᠠᠵᠤ ᠠᠬᠤᠶ᠋ᠢᠯᠠᠯ ᠨᠢᠭᠡ ᠯᠡ ᠤᠳᠠᠭ᠋ᠠᠨ᠎ᠳᠤ  ᠨᠥᠬᠦᠪᠥᠷᠢ ᠪᠠᠯᠠ ᠮᠥᠩᠭᠦ ᠭᠤᠶᠤᠴᠢᠯᠠᠬᠤ᠎ᠳᠤ ᠳᠣᠤᠷᠠᠬᠢ ᠭᠤᠶᠤᠴᠢᠯᠠᠯ᠎ᠤᠨ ᠮᠠᠲ᠋ᠧᠷᠢᠶᠠᠯ᠎ᠤᠳ᠎ᠢ ᠲᠤᠰᠢᠶᠠᠬᠤ ᠬᠡᠷᠡᠭᠲᠡᠶ᠄

    1. 《ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ  ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ》 ᠨᠢᠭᠡ ᠯᠡ ᠤᠳᠠᠭ᠋ᠠᠨ᠎ᠤ  ᠴᠢᠨᠠᠷᠲᠠᠶ ᠨᠥᠬᠦᠪᠥᠷᠢ ᠪᠠᠯᠠ ᠮᠥᠩᠭᠦ ᠭᠤᠶᠤᠴᠢᠯᠠᠬᠤ ᠬᠦᠰᠦᠨᠦᠭᠲᠦ᠃

    2. ᠬᠡᠯᠪᠡᠷᠢ᠎ᠪᠠᠨ ᠬᠤᠪᠢᠷᠠᠭᠤᠯᠬᠤ  ᠠᠵᠤ ᠠᠬᠤᠶ᠋ᠢᠯᠠᠯ᠎ᠤᠨ ᠭᠣᠤᠯ ᠴᠣᠭᠴᠠ ᠵᠢᠨ ᠬᠢᠷᠢ ᠭᠡᠮ᠎ᠤᠨ ᠭᠡᠷᠡᠴᠢ ᠵᠢᠴᠢ ᠤᠤᠯ᠎ᠤᠨ ᠬᠤᠪᠢ ᠵᠢᠨ  ᠦᠢ᠍ᠯᠡᠳᠪᠦᠷᠢ ᠬᠤᠳᠠᠯᠳᠤᠭ᠎ᠠ ᠵᠢᠨ ᠡᠷᠦᠬᠡ ᠵᠢᠨ ᠡᠵᠡᠩᠨᠡᠭᠴᠢ ᠵᠢᠨ ᠰᠲ᠋ᠣᠺ ᠡᠵᠡᠮᠰᠢᠬᠦ ᠬᠠᠷᠢᠴᠠᠯ᠎ᠤᠨ ᠪᠠᠶ᠋ᠢᠳᠠᠯ (ᠲᠣᠭ᠎ᠠ ᠪᠠᠷᠢᠮᠲᠠ ᠵᠢ ᠬᠠᠮᠲᠤ᠎ᠳᠤ᠎ᠪᠠᠨ ᠬᠦᠷᠲᠡᠬᠦ᠎ᠪᠠᠷ  ᠳᠠᠮᠵᠢᠨ ᠣᠯᠵᠤ ᠪᠣᠯᠪᠠᠯ  ᠬᠠᠩᠭ᠋ᠠᠬᠤ᠎ᠠᠴᠠ ᠭᠡᠯᠲᠦᠷᠢᠭᠦᠯᠦᠨ᠎ᠡ )᠃

    3. ᠬᠡᠯᠪᠡᠷᠢ᠎ᠪᠠᠨ ᠬᠤᠪᠢᠷᠠᠭᠤᠯᠬᠤ  ᠠᠵᠤ ᠠᠬᠤᠶ᠋ᠢᠯᠠᠯ 2 ᠵᠢᠯ ᠳᠠᠷᠠᠭ᠋ᠠᠯᠠᠨ ᠨᠢᠭᠲᠠᠯᠠᠨ ᠪᠣᠳᠣᠭᠴᠢ ᠵᠢᠨ ᠬᠡᠷᠡᠭ ᠡᠷᠬᠢᠯᠡᠬᠦ ᠭᠠᠵᠠᠷ᠎ᠤᠨ ᠬᠢᠨᠠᠨ ᠪᠤᠳᠤᠭᠰᠠᠨ᠎ᠤ ᠳᠠᠷᠠᠭ᠋ᠠᠬᠢ ᠮᠡᠳᠡᠭᠦᠯᠦᠯᠲᠡ ᠵᠢᠨ ᠬᠦᠰᠦᠨᠦᠭᠲᠦ᠃

    4. ᠬᠡᠯᠪᠡᠷᠢ᠎ᠪᠠᠨ ᠬᠤᠪᠢᠷᠠᠭᠤᠯᠬᠤ ᠠᠵᠤ ᠠᠬᠤᠶ᠋ᠢᠯᠠᠯ᠎ᠤᠨ ᠭᠠᠶ᠋ᠢᠯᠢ ᠲᠤᠰᠢᠶᠠᠭᠰᠠᠨ  ᠭᠡᠷᠡᠴᠢ (ᠭᠠᠶ᠋ᠢᠯᠢ ᠲᠤᠰᠢᠶᠠᠭᠴᠢ  ᠡᠯᠸᠺᠲᠷᠣᠨ  ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ᠎ᠳᠤ ᠨᠡᠪᠲᠡᠷᠡᠵᠦ  ᠥᠪᠡᠷᠲᠡᠭᠡᠨ  ᠳᠠᠷᠤᠮᠠᠯᠯᠠᠬᠤ) ᠵᠢᠴᠢ ᠨᠡᠶ᠋ᠢᠭᠡᠮ᠎ᠤᠨ ᠳᠠᠭ᠋ᠠᠳᠬᠠᠯ᠎ᠤᠨ ᠲᠤᠰᠢᠶᠠᠭᠰᠠᠨ  ᠭᠡᠷᠡᠴᠢ (ᠠᠵᠤ ᠠᠬᠤᠶ᠋ᠢᠯᠠᠯ  ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠰᠦᠯᠵᠢᠶᠡᠨ ᠳᠡᠭᠡᠷᠡᠬᠢ ᠦᠢ᠍ᠯᠡᠴᠢᠯᠡᠭᠡᠨ᠎ᠤ ᠰᠢᠰᠲ᠋ᠧᠮ᠎ᠳᠤ ᠣᠷᠣᠵᠤ ᠥᠪᠡᠷᠲᠡᠭᠡᠨ ᠳᠠᠷᠤᠮᠠᠯᠯᠠᠵᠤ ᠪᠣᠯᠤᠨ᠎ᠠ)᠃

    5. ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠵᠢᠴᠢ ᠳᠡᠭᠡᠳᠦ ᠱᠠᠲᠤᠨ᠎ᠤ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠎ᠳᠤ ᠲᠣᠭᠲᠠᠭ᠋ᠠᠭᠰᠠᠨ ᠪᠤᠰᠤᠳ ᠮᠠᠲ᠋ᠧᠷᠢᠶᠠᠯ᠎ᠤᠳ᠃

    ᠬᠡᠯᠪᠡᠷᠢ᠎ᠪᠠᠨ ᠬᠤᠪᠢᠷᠠᠭᠤᠯᠬᠤ ᠠᠵᠤ ᠠᠬᠤᠶ᠋ᠢᠯᠠᠯ᠎ᠤᠳ ᠱᠠᠭ᠋ᠠᠷᠳᠠᠯᠭ᠎ᠠ ᠶᠣᠰᠣᠭ᠋ᠠᠷ ᠦᠨᠡᠨ ᠪᠣᠳᠠᠲᠠᠶ᠂ ᠬᠠᠤᠯᠢ᠎ᠳᠤ ᠨᠡᠶ᠋ᠢᠴᠡᠭᠰᠡᠨ᠂ ᠪᠦᠷᠢᠨ ᠪᠦᠲᠦᠨ ᠭᠤᠶᠤᠴᠢᠯᠠᠯ᠎ᠤᠨ ᠮᠠᠲ᠋ᠧᠷᠢᠶᠠᠯ ᠵᠶ᠋ᠠᠨ ᠬᠠᠩᠭ᠋ᠠᠬᠤ ᠬᠡᠷᠡᠭᠲᠡᠶ᠃ ᠭᠡᠷᠡᠴᠢᠯᠡᠬᠦ ᠪᠢᠴᠢᠭ ᠮᠠᠲ᠋ᠧᠷᠢᠶᠠᠯ᠎ᠢ ᠬᠠᠮᠲᠤ᠎ᠪᠠᠷ ᠬᠦᠷᠲᠡᠬᠦ  ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠵᠢᠨ ᠡᠬᠢ ᠪᠠᠶᠠᠯᠢᠭ᠎ᠢ ᠪᠠᠶ᠋ᠢᠴᠠᠭ᠋ᠠᠨ ᠯᠠᠪᠯᠠᠬᠤ᠂ ᠬᠠᠷᠭᠤᠭᠤᠯᠤᠨ ᠪᠠᠢ᠌ᠴᠠᠭ᠋ᠠᠵᠤ  ᠪᠣᠯᠪᠠᠯ  ᠲᠤᠰᠢᠶᠠᠬᠤ ᠥᠬᠡᠶ ᠪᠠᠶ᠋ᠢᠵᠤ ᠪᠣᠯᠤᠨ᠎ᠠ᠃

    ᠲᠤᠰ ᠲᠥᠷᠥ ᠵᠢᠨ ᠪᠣᠳᠣᠯᠭ᠎ᠠ ᠵᠢ ᠶᠠᠮᠠᠷᠪᠠ ᠵᠠᠭᠤᠴᠢ ᠪᠠᠶ᠋ᠢᠭᠤᠯᠤᠮᠵᠢ᠎ᠳᠤ ᠨᠠᠶ᠋ᠢᠳᠠᠵᠤ ᠲᠥᠷᠥᠯ ᠵᠦᠢ᠍ᠯ᠎ᠢ ᠣᠷᠣᠯᠠᠭᠤᠯᠤᠭᠰᠠᠨ ᠦᠭᠡᠶ ᠪᠠᠢ᠌ᠵᠤ ᠂ ᠠᠵᠤ ᠠᠬᠤᠶ᠋ᠢᠯᠠᠯ᠎ᠠᠴᠠ ᠶᠠᠮᠠᠷᠪᠠ ᠰᠦᠢ᠍ᠳᠬᠡᠯ ᠬᠤᠷᠢᠶᠠᠬᠤ ᠦᠭᠡᠶ᠃

    ᠳᠣᠯᠤᠭ᠎ᠠ᠂ ᠠᠵᠢᠯ᠎ᠤᠨ ᠱᠠᠭ᠋ᠠᠷᠳᠠᠯᠭ᠎ᠠ

    (ᠨᠢᠭᠡ) ᠲᠠᠨᠢᠯᠲᠠ᠎ᠪᠠᠨ ᠳᠡᠭᠡᠭᠰᠢᠯᠡᠭᠦᠯᠵᠦ᠂ ᠤᠳᠤᠷᠢᠳᠤᠯᠭ᠎ᠠ᠎ᠪᠠᠨ ᠴᠢᠩᠭ᠋ᠠᠳᠬᠠᠬᠤ ᠬᠡᠷᠡᠭᠲᠡᠢ ᠃ ᠡᠯ᠎ᠡ ᠱᠠᠲᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠳ 《ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ  ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ》 ᠠᠵᠢᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢ ᠠᠬᠢᠭᠤᠯᠬᠤ᠎ᠳᠤ ᠦᠵᠡᠭᠦᠯᠬᠦ ᠴᠢᠬᠤᠯᠠ ᠠᠴᠢ ᠬᠤᠯᠪᠣᠭᠳᠠᠯ᠎ᠢ ᠭᠦᠢ᠍ᠴᠡᠳ ᠲᠠᠨᠢᠵᠤ᠂ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠦᠨᠡᠨ ᠬᠦ᠌  ᠴᠢᠩᠭ᠋ᠠᠳᠬᠠᠨ᠂ ᠪᠡᠯᠡ ᠮᠥᠩᠭᠦ ᠵᠢᠨ ᠪᠠᠲᠤᠯᠠᠭ᠎ᠠ ᠵᠢ ᠴᠢᠩᠭ᠋ᠠᠷᠠᠭᠤᠯᠵᠤ᠂ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢ ᠨᠠᠶ᠋ᠢᠳᠠᠪᠤᠷᠢᠵᠢᠭᠤᠯᠤᠨ᠂ ᠲᠥᠷᠥ ᠵᠢᠨ ᠪᠣᠳᠣᠯᠭ᠎ᠠ ᠵᠢᠨ ᠵᠢᠱ᠌ᠢᠭᠰᠡᠨ ᠦᠷ᠎ᠡ ᠪᠦᠲᠦᠮᠵᠢ ᠣᠯᠬᠤ ᠵᠢ ᠦᠨᠡᠨ ᠬᠦ᠌  ᠪᠠᠲᠤᠯᠠᠬᠤ ᠬᠡᠷᠡᠭᠲᠡᠢ᠃

    (ᠬᠤᠶᠠᠷ) ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠵᠤ᠂ ᠦᠢ᠍ᠯᠡᠴᠢᠯᠡᠭᠡ ᠵᠢ ᠴᠢᠩᠭ᠋ᠠᠷᠠᠭᠤᠯᠬᠤ ᠬᠡᠷᠡᠭᠲᠡᠢ ᠃ ᠡᠯ᠎ᠡ ᠱᠠᠲᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ 《ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ》 ᠰᠤᠷᠭ᠋ᠠᠨ ᠬᠥᠮᠦᠵᠢᠯ᠎ᠤᠨ ᠬᠥᠮᠥᠷᠭᠡ ᠵᠢ ᠪᠠᠶ᠋ᠢᠭᠤᠯᠵᠤ᠂ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠭᠦᠯᠬᠦ ᠨᠥᠬᠦᠴᠡᠯ᠎ᠳᠤ ᠨᠡᠶ᠋ᠢᠴᠡᠬᠦ ᠬᠤᠪᠢ ᠵᠢᠨ  ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠬᠡᠪᠴᠢᠶᠡᠵᠢᠯ ᠂ ᠲᠤᠭ᠎ᠠ ᠬᠡᠮᠵᠢᠶ᠎ᠡ᠂ ᠡᠵᠡᠩᠨᠡᠯᠲᠡ ᠵᠢᠨ ᠪᠠᠶ᠋ᠢᠳᠠᠯ ᠵᠡᠷᠭᠡ ᠦᠨᠳᠦᠰᠦᠨ ᠪᠠᠶ᠋ᠢᠳᠠᠯ᠎ᠢ ᠪᠥᠬᠦ ᠲᠠᠯ᠎ᠠ᠎ᠪᠠᠷ ᠡᠵᠡᠮᠰᠢᠵᠦ᠂ ᠲᠣᠭᠲᠠᠮᠠᠯ ᠬᠤᠭᠤᠴᠠᠭ᠎ᠠ᠎ᠲᠠᠢ᠎ᠪᠠᠷ ᠮᠡᠳᠡᠭᠡ ᠵᠠᠩᠭᠢ ᠵᠢ ᠮᠡᠳᠡᠭᠡᠯᠡᠵᠦ᠂ ᠪᠠᠶ᠋ᠢᠳᠠᠯ᠎ᠢ ᠵᠠᠳᠠᠯᠵᠤ᠂ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ ᠬᠦᠰᠡᠯ᠎ᠲᠠᠢ ᠬᠤᠪᠢ ᠵᠢᠨ  ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ  ᠴᠠᠭ ᠲᠤᠬᠠᠶ᠎ᠳᠤ᠎ᠨᠢ  ᠬᠠᠪᠰᠤᠷᠤᠨ ᠲᠡᠳᠬᠦᠬᠦ᠂ ᠬᠥᠲᠥᠯᠦᠨ ᠵᠢᠯᠣᠭᠤᠳᠬᠤ᠂ ᠪᠤᠶ᠋ᠢᠵᠢᠭᠤᠯᠬᠤ ᠵᠡᠷᠭᠡ ᠠᠵᠢᠯ᠎ᠢ ᠥᠷᠨᠢᠭᠦᠯᠵᠦ᠂ ᠲᠡᠳᠡᠨ᠎ᠳᠤ ᠴᠢᠨᠠᠷ ᠰᠠᠶ᠋ᠢᠲᠠᠶ᠂ ᠥᠨᠳᠥᠷ ᠦᠷ᠎ᠡ ᠪᠦᠲᠦᠮᠵᠢᠲᠡᠶ ᠦᠢ᠍ᠯᠡᠴᠢᠯᠡᠭᠡ ᠬᠠᠩᠭ᠋ᠠᠬᠤ ᠬᠡᠷᠡᠭᠲᠡᠢ ᠃

    (ᠭᠤᠷᠪᠠ) ᠣᠬᠠᠭᠤᠯᠭ᠎ᠠ᠎ᠪᠠᠨ ᠴᠢᠩᠭ᠋ᠠᠳᠬᠠᠵᠣ᠂ ᠠᠭᠤᠷ ᠠᠮᠢᠰᠬᠤᠯ᠎ᠢ ᠪᠣᠢ ᠪᠣᠯᠭ᠋ᠠᠬᠤ ᠬᠡᠷᠡᠭᠲᠡᠢ ᠃ ᠡᠯ᠎ᠡ ᠱᠠᠲᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠡᠯ᠎ᠡ ᠲᠥᠷᠥᠯ᠎ᠤᠨ ᠵᠠᠭᠤᠴᠢᠯᠠᠭᠤᠷ᠎ᠢ ᠭᠦᠢ᠍ᠴᠡᠳ ᠠᠰᠢᠭᠯᠠᠨ 《ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ  ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ》 ᠲᠥᠷᠥ ᠵᠢᠨ ᠪᠣᠳᠣᠯᠭ᠎ᠠ ᠵᠢ ᠶᠡᠬᠡ᠎ᠪᠠᠷ  ᠤᠬᠠᠭᠤᠯᠵᠤ᠂ ᠨᠡᠶ᠋ᠢᠲᠡᠯᠢᠭ ᠵᠢᠱ᠌ᠢᠶ᠎ᠡ ᠵᠢ ᠪᠣᠶ ᠪᠣᠯᠭ᠋ᠠᠨ᠂ ᠵᠢᠱ᠌ᠢᠶ᠎ᠡ ᠦᠵᠡᠭᠦᠯᠦᠨ ᠳᠠᠶ᠋ᠢᠴᠢᠯᠠᠬᠤ ᠵᠢ ᠴᠢᠩᠭ᠋ᠠᠳᠬᠠᠵᠤ᠂ ᠨᠥᠬᠦᠴᠡᠯ᠎ᠳᠤ ᠨᠡᠶ᠋ᠢᠴᠡᠬᠦ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠬᠡᠯᠪᠡᠷᠢ᠎ᠪᠠᠨ ᠬᠤᠪᠢᠷᠠᠭᠤᠯᠬᠤ ᠬᠦᠰᠡᠯ ᠡᠷᠡᠮᠡᠯᠵᠡᠯ ᠪᠠ ᠰᠠᠨᠠᠭ᠋ᠠᠴᠢᠯᠠᠭ᠋ᠠᠲᠤ ᠴᠢᠨᠠᠷ᠎ᠢ ᠴᠢᠩᠭ᠋ᠠᠷᠠᠭᠤᠯᠤᠨ᠂ ᠪᠥᠬᠦ ᠨᠡᠶ᠋ᠢᠭᠡᠮ᠎ᠤᠨ 《ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ  ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ》 ᠠᠵᠢᠯ᠎ᠤᠨ ᠲᠤᠬᠠᠶ ᠲᠠᠨᠢᠨ ᠮᠡᠳᠡᠬᠦ ᠬᠡᠮᠵᠢᠶ᠎ᠡ ᠵᠢ ᠳᠡᠭᠡᠭᠰᠢᠯᠡᠭᠦᠯᠵᠦ᠂ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠣᠶ ᠪᠣᠯᠭ᠋ᠠᠬᠤ ᠬᠡᠷᠡᠭᠲᠡᠶ᠃

    (ᠲᠦᠷᠪᠡ) ᠬᠠᠮᠢᠶᠠᠷᠤᠯᠲᠠ᠎ᠪᠠᠨ ᠴᠢᠩᠭ᠋ᠠᠷᠠᠭᠤᠯᠵᠤ ᠂ ᠰᠠᠬᠢᠯᠭ᠎ᠠ ᠪᠠᠲᠤ ᠵᠢ ᠴᠢᠩᠳᠠᠯᠠᠬᠤ ᠬᠡᠷᠡᠭᠲᠡᠢ ᠃ ᠡᠯ᠎ᠡ ᠱᠠᠲᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠳ ᠨᠢᠭᠡ ᠯᠡ ᠤᠳᠠᠭ᠋ᠠᠨ᠎ᠤ  ᠴᠢᠨᠠᠷᠲᠠᠶ ᠨᠥᠬᠦᠪᠥᠷᠢ ᠪᠡᠯᠡ ᠮᠥᠩᠭᠦ ᠵᠢ ᠦᠯᠡᠳᠡᠭᠡᠨ ᠠᠪᠬᠤ ᠂ ᠰᠢᠬᠠᠨ ᠡᠵᠡᠯᠡᠬᠦ ᠂ ᠨᠡᠭᠦᠯᠭᠡᠨ ᠬᠡᠷᠡᠭᠯᠡᠵᠦ ᠪᠣᠯᠬᠤ ᠦᠭᠡᠢ᠂ ᠳᠡᠭᠡᠳᠦ ᠱᠠᠲᠤᠨ᠎ᠤ ᠰᠠᠯᠠᠭ᠎ᠠ ᠮᠥᠴᠢᠷ᠎ᠤᠳ ᠳᠣᠣᠷᠠᠳᠤ ᠱᠠᠲᠤᠨ᠎ᠤ ᠰᠠᠯᠠᠭ᠎ᠠ ᠮᠥᠴᠢᠷ᠎ᠤᠨ ᠨᠥᠬᠦᠪᠥᠷᠢ ᠪᠡᠯᠡ ᠮᠥᠩᠭᠦ ᠣᠯᠭᠤᠬᠤ᠎ᠳᠤ ᠬᠢᠨᠠᠯᠲᠠ ᠲᠠᠯᠪᠢᠬᠤ᠎ᠪᠠᠨ ᠴᠢᠩᠭ᠋ᠠᠳᠬᠠᠵᠤ᠂ ᠳᠡᠭᠡᠷ᠎ᠡ ᠳᠤᠷᠠᠳᠤᠭᠰᠠᠨ ᠦᠢ᠍ᠯᠡ ᠠᠵᠢᠯᠯᠠᠭ᠎ᠠ ᠵᠢ ᠢᠯᠡᠷᠡᠭᠦᠯᠪᠡᠯ᠂ ᠬᠤᠯᠪᠣᠭᠳᠠᠯ ᠪᠦᠬᠦᠢ ᠨᠢᠭᠡᠴᠢ ᠪᠣᠯᠤᠨ ᠬᠤᠯᠪᠣᠭᠳᠠᠯ ᠪᠦᠬᠦᠢ ᠬᠥᠮᠦᠰ᠎ᠠᠴᠠ  ᠬᠠᠷᠢᠭᠤᠴᠠᠯᠭ᠎ᠠ ᠵᠢ ᠬᠠᠤᠯᠢ ᠶᠣᠰᠣᠭ᠋ᠠᠷ ᠨᠡᠬᠡᠮᠵᠢᠯᠡᠨ᠎ᠡ; ᠶᠠᠯ᠎ᠠ ᠬᠢᠭᠰᠡᠨ ᠰᠡᠵᠢᠭᠯᠡᠯᠲᠡᠶ ᠪᠠᠶ᠋ᠢᠪᠠᠯ᠂ ᠬᠠᠤᠯᠢ ᠶᠣᠰᠣᠭ᠋ᠠᠷ ᠬᠠᠤᠯᠢ ᠴᠠᠭ᠋ᠠᠵᠠ ᠵᠢᠨ ᠪᠠᠶ᠋ᠢᠭᠤᠯᠭ᠎ᠠ᠎ᠳᠤ ᠰᠢᠯᠵᠢᠭᠦᠯᠦᠨ ᠲᠤᠰᠢᠶᠠᠵᠤ ᠰᠢᠢ᠍ᠳᠪᠦᠷᠢᠯᠡᠭᠦᠯᠬᠦ  ᠬᠡᠷᠡᠭᠲᠡᠶ᠃

    ᠲᠣᠰ ᠬᠡᠷᠡᠭᠵᠢᠭᠦᠯᠬᠦ ᠰᠠᠨᠠᠯ᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠨ ᠬᠡᠷᠡᠭᠵᠢᠭᠦᠯᠦᠨ᠎ᠡ ᠂ ᠬᠦᠴᠦᠨ᠎ᠲᠠᠢ ᠬᠤᠭᠤᠴᠠᠭ᠎ᠠ᠎ᠨᠢ 2028 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ ᠪᠣᠯᠲᠠᠯ᠎ᠠ ᠪᠣᠯᠤᠨ᠎ᠠ᠃

 

    ᠳᠠᠭ᠋ᠠᠯᠳᠤᠭᠤᠯᠤᠯ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ  ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ》 ᠨᠢᠭᠡ ᠯᠡ ᠤᠳᠠᠭ᠋ᠠᠨ᠎ᠤ  ᠴᠢᠨᠠᠷᠲᠠᠶ ᠨᠦᠬᠦᠪᠦᠷᠢ  ᠪᠡᠯᠡ ᠮᠥᠩᠭᠥ ᠭᠤᠶᠤᠴᠢᠯᠠᠬᠤ ᠬᠦᠰᠦᠨᠦᠭᠲᠦ

 

ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠤᠪᠴᠢᠶ᠎ᠠ

ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠡᠳ᠋᠎ᠤᠨ ᠵᠠᠰᠠᠭ᠎ᠤᠨ ᠲᠢᠩᠬᠢᠮ

2025 ᠣᠨ᠎ᠤ 1 ᠳ᠋ᠦ᠍ᠭᠡᠷ ᠰᠠᠷ᠎ᠠ ᠵᠢᠨ 16᠎ᠤ ᠡᠳᠦᠷ

 

(ᠲᠤᠰ  ᠮᠠᠲᠸᠷᠢᠶᠠᠯ᠎ᠢ  ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠨ᠎ᠠ )

ᠳᠠᠭ᠋ᠠᠯᠳᠤᠭᠤᠯᠤᠯ᠎ᠢ ᠪᠠᠭᠤᠯᠭ᠋ᠠᠬᠤ᠄ ᠳᠠᠭ᠋ᠠᠯᠳᠤᠭᠤᠯᠤᠯ  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ》 ᠨᠢᠭᠡ ᠯᠡ ᠤᠳᠠᠭ᠋ᠠᠨ᠎ᠤ ᠴᠢᠨᠠᠷᠲᠠᠶ ᠨᠦᠬᠦᠪᠦᠷᠢ ᠪᠡᠯᠡ ᠮᠥᠩᠭᠥ ᠵᠢᠨ ᠭᠤᠶᠤᠴᠢᠯᠠᠯ᠎ᠤᠨ ᠬᠦᠰᠦᠨᠦᠭᠲᠦ.doc

 

ᠢᠷᠡᠯᠲᠡ᠄ ᠪᠦᠷᠢᠳᠬᠡᠨ ᠳᠠᠩᠰᠠᠯᠠᠬᠤ ᠲᠣᠪᠴᠢᠶ᠎ᠠ