《ᠥᠪᠥᠷ ᠮᠣᠩᠭᠤᠯ᠎ᠤᠨ ᠦᠢ᠍ᠯᠡᠳᠪᠦᠷᠢᠯᠡᠵᠦ ᠪᠣᠷᠣᠯᠠᠭᠤᠯᠵᠤ ᠪᠠᠶ᠋ᠢᠭ᠎ᠠ 〈ᠬᠦᠴᠦᠨ᠎ᠲᠠᠢ ᠬᠤᠭᠤᠴᠠᠭ᠎ᠠ ᠦᠭᠡᠢ ᠪᠠ ᠦᠢ᠍ᠯᠡᠳᠭᠦᠨ᠎ᠤ ᠮᠡᠷᠭᠡᠵᠢᠯ᠎ᠤᠨ ᠱᠠᠭ᠋ᠠᠷᠳᠠᠯᠭ᠎ᠠ ᠦᠭᠡᠢ〉 ᠡᠷᠡᠭᠦᠯᠵᠢᠯ᠎ᠤᠨ ᠢᠳᠡᠭᠡᠨ᠎ᠢ ᠲᠥᠪᠯᠡᠷᠡᠭᠦᠯᠦᠨ ᠦᠨᠡᠮᠯᠡᠯ ᠰᠣᠯᠢᠬᠤ ᠠᠵᠢᠯ᠎ᠤᠨ ᠬᠡᠷᠡᠭᠵᠢᠭᠦᠯᠬᠦ ᠲᠥᠰᠥᠯ》᠎ᠢ ᠳᠠᠷᠤᠮᠠᠯᠯᠠᠨ ᠶᠠᠪᠤᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠮᠡᠳᠡᠭᠳᠡᠯ
ᠡᠯ᠎ᠡ ᠠᠶ᠋ᠢᠮᠠᠭ ᠬᠤᠲᠠ ᠵᠢᠴᠢ ᠮᠠᠨᠵᠤᠤᠷ ᠬᠤᠲᠠ᠂ ᠡᠷᠢᠶᠡᠨ ᠬᠤᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠬᠢᠨᠠᠨ ᠦᠨᠡᠯᠡᠬᠦ ᠪᠠᠶ᠋ᠢᠴᠠᠭ᠋ᠠᠨ ᠰᠢᠯᠭ᠋ᠠᠬᠤ ᠲᠥᠪ᠎ᠲᠤ᠄
ᠡᠳᠦᠭᠡ 《ᠥᠪᠥᠷ ᠮᠣᠩᠭᠣᠯ᠎ᠤᠨ ᠦᠢ᠍ᠯᠡᠳᠪᠦᠷᠢᠯᠡᠵᠦ ᠪᠤᠷᠣᠯᠠᠭᠣᠯᠵᠦ ᠪᠠᠢ᠌ᠭ᠎ᠠ 〈 ᠬᠦᠴᠦᠨ᠎ᠲᠠᠢ ᠬᠤᠭᠤᠴᠠᠭ᠎ᠠ ᠦᠭᠡᠶ ᠪᠠ ᠦᠢ᠍ᠯᠡᠳᠬᠦᠨ᠎ᠤ ᠮᠡᠷᠭᠡᠵᠢᠯ᠎ᠤᠨ ᠱᠠᠭ᠋ᠠᠷᠳᠠᠯᠭ᠎ᠠ ᠦᠭᠡᠶ 〉 ᠡᠷᠡᠭᠦᠯᠵᠢᠯ᠎ᠤᠨ ᠢᠳᠡᠭᠡᠨ᠎ᠢ ᠲᠥᠪᠯᠡᠷᠡᠭᠦᠯᠦᠨ ᠦᠨᠡᠮᠯᠡᠯ ᠰᠣᠯᠢᠬᠤ ᠠᠵᠢᠯ᠎ᠤᠨ ᠬᠡᠷᠡᠭᠵᠢᠭᠦᠯᠬᠦ ᠲᠥᠰᠦᠯ》᠎ᠢ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭ᠋ᠠᠶ ᠲᠤᠭᠤᠰᠢᠯᠠᠭᠣᠯᠣᠨ ᠬᠡᠷᠡᠭᠵᠢᠭᠦᠯᠲᠦᠭᠡᠶ᠃
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠤᠪᠴᠢᠶ᠎ᠠ
2025 ᠣᠨ᠎ᠤ 2 ᠳ᠋ᠤᠭ᠋ᠠᠷ ᠰᠠᠷ᠎ᠠ ᠵᠢᠨ 24᠎ᠤ ᠡᠳᠦᠷ
(ᠲᠤᠰ ᠮᠡᠳᠡᠭᠳᠡᠯ᠎ᠢ ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠨ᠎ᠠ )
ᠥᠪᠥᠷ ᠮᠣᠩᠭᠣᠯ᠎ᠤᠨ ᠦᠢ᠍ᠯᠡᠳᠪᠦᠷᠢᠯᠡᠵᠦ ᠪᠣᠷᠣᠯᠠᠭᠤᠯᠬᠤ ᠪᠠᠢ᠌ᠭ᠎ᠠ 《ᠬᠦᠴᠦᠨ᠎ᠲᠠᠢ ᠬᠤᠭᠤᠴᠠᠭ᠎ᠠ ᠦᠭᠡᠶ ᠪᠠ ᠦᠢ᠍ᠯᠡᠳᠬᠦᠨ᠎ᠤ ᠮᠡᠷᠭᠡᠵᠢᠯ᠎ᠤᠨ ᠱᠠᠭ᠋ᠠᠷᠳᠠᠯᠭ᠎ᠠ ᠦᠭᠡᠶ》 ᠡᠷᠡᠭᠦᠯᠵᠢᠯ᠎ᠤᠨ ᠢᠳᠡᠭᠡᠨ᠎ᠢ ᠲᠥᠪᠯᠡᠷᠡᠭᠦᠯᠦᠨ ᠦᠨᠡᠮᠯᠡᠯ ᠰᠣᠯᠢᠬᠤ ᠠᠵᠢᠯ᠎ᠤᠨ ᠬᠡᠷᠡᠭᠵᠢᠭᠦᠯᠬᠦ ᠲᠥᠰᠦᠯ
《〈ᠬᠦᠴᠦᠨ᠎ᠲᠠᠢ ᠬᠤᠭᠤᠴᠠᠭ᠎ᠠ ᠥᠬᠡᠶ ᠪᠠ ᠦᠢ᠍ᠯᠡᠳᠭᠦᠨ᠎ᠤ ᠮᠡᠷᠭᠡᠵᠢᠯ᠎ᠤᠨ ᠱᠠᠭ᠋ᠠᠷᠳᠠᠯᠭ᠎ᠠ ᠥᠬᠡᠶ〉 ᠡᠷᠡᠭᠦᠯᠵᠢᠯ᠎ᠤᠨ ᠢᠳᠡᠭᠡᠨ᠎ᠢ ᠲᠥᠪᠯᠡᠷᠡᠭᠦᠯᠦᠨ ᠦᠨᠡᠮᠯᠡᠯ ᠰᠣᠯᠢᠬᠤ ᠵᠢ ᠬᠢᠨᠠᠨ ᠪᠠᠶ᠋ᠢᠴᠠᠭ᠋ᠠᠬᠤ ᠭᠤᠤᠯᠳᠠᠯᠭ᠎ᠠ〉 ᠵᠢ ᠨᠡᠶ᠋ᠢᠲᠡᠯᠡᠬᠦ ᠲᠤᠬᠠᠶ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ ᠵᠢᠨ ᠠᠯᠪᠠᠨ ᠵᠠᠷ》 (2024 ᠣᠨ᠎ᠤ 49 ᠳ᠋ᠦ᠍ᠭᠡᠷ ᠲᠣᠭ᠋ᠠᠲᠤ) (ᠳᠣᠷᠣᠭᠰᠢ 《ᠬᠢᠨᠠᠨ ᠪᠠᠶ᠋ᠢᠴᠠᠭ᠋ᠠᠬᠤ ᠭᠤᠤᠯᠳᠠᠯᠭ᠎ᠠ》 ᠭᠡᠵᠦ ᠲᠣᠪᠴᠢᠯᠠᠨ᠎ᠠ) ᠪᠠ 《〈ᠡᠷᠡᠭᠦᠯᠵᠢᠯ᠎ᠤᠨ ᠢᠳᠡᠭᠡᠨ᠎ᠤ ᠦᠢ᠍ᠯᠡᠳᠪᠦᠷᠢᠯᠡᠯ᠎ᠤᠨ ᠡᠷᠡᠭᠦᠯᠵᠢᠯ᠎ᠤᠨ ᠴᠢᠳᠠᠮᠵᠢ ᠵᠢᠨ ᠭᠠᠷᠴᠠᠭ ᠰᠢᠮ᠎ᠡ ᠲᠡᠵᠢᠭᠡᠯ᠎ᠤᠨ ᠪᠤᠰᠤ ᠨᠥᠬᠦᠪᠥᠷᠢ ᠡᠳ᠋ (2023 ᠣᠨ᠎ᠤ ᠬᠡᠪᠯᠡᠯ) ᠵᠢᠴᠢ ᠢᠵᠢ ᠪᠥᠷᠢᠳᠦᠭᠰᠡᠨ ᠪᠢᠴᠢᠭ ᠮᠠᠲ᠋ᠧᠷᠢᠶᠠᠯ᠎ᠢ ᠨᠡᠶ᠋ᠢᠲᠡᠯᠡᠬᠦ ᠲᠤᠬᠠᠶ ᠠᠯᠪᠠᠨ ᠵᠠᠷ》 (2023 ᠣᠨ᠎ᠤ ᠬᠡᠪᠯᠡᠯ) ᠵᠢᠴᠢ ᠢᠵᠢ ᠪᠥᠷᠢᠳᠦᠭᠰᠡᠨ ᠪᠢᠴᠢᠭ ᠮᠠᠲ᠋ᠧᠷᠢᠶᠠᠯ᠎ᠢ ᠨᠡᠶ᠋ᠢᠲᠡᠯᠡᠬᠦ ᠲᠤᠬᠠᠶ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ ᠣᠯᠣᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠦᠪᠯᠡᠯ ᠤᠯᠤᠰ᠎ᠤᠨ ᠬᠢᠲᠠᠳ ᠡᠮ ᠡᠮᠨᠡᠯᠭᠡ ᠵᠢᠨ ᠲᠤᠪᠴᠢᠶ᠎ᠠ ᠵᠢᠨ ᠠᠯᠪᠠᠨ ᠵᠠᠷ》 (2023 ᠣᠨ᠎ᠤ 38 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠶᠣᠰᠣᠭ᠋ᠠᠷ᠂ ᠶᠡᠷᠦᠩᠬᠡᠶ ᠲᠣᠪᠴᠢᠶ᠎ᠠ᠎ᠲᠠᠢ ᠬᠠᠮᠵᠢᠯᠴᠠᠨ ᠮᠠᠨ᠎ᠤ ᠣᠷᠣᠨ᠎ᠤ 《ᠬᠦᠴᠦᠨ᠎ᠲᠠᠢ ᠬᠤᠭᠤᠴᠠᠭ᠎ᠠ ᠥᠬᠡᠶ ᠪᠠ ᠦᠢ᠍ᠯᠡᠳᠭᠦᠨ᠎ᠤ ᠮᠡᠷᠭᠡᠵᠢᠯ᠎ᠤᠨ ᠱᠠᠭ᠋ᠠᠷᠳᠠᠯᠭ᠎ᠠ ᠥᠬᠡᠶ》 (ᠳᠣᠷᠣᠭᠰᠢ 《ᠬᠤᠤᠰ ᠦᠭᠡᠢ》 ᠭᠡᠵᠦ ᠲᠣᠪᠴᠢᠯᠠᠨ᠎ᠠ) ᠵᠢᠨ ᠡᠷᠡᠭᠦᠯᠵᠢᠯ᠎ᠤᠨ ᠢᠳᠡᠭᠡᠨ᠎ᠢ ᠲᠥᠪᠯᠡᠷᠡᠭᠦᠯᠦᠨ ᠦᠨᠡᠮᠯᠡᠯ ᠰᠣᠯᠢᠬᠤ ᠠᠵᠢᠯ᠎ᠢ ᠰᠠᠶ᠋ᠢᠲᠤᠷ ᠬᠢᠬᠦ ᠵᠢᠨ ᠲᠤᠰᠠᠳᠠ᠂ ᠮᠠᠨ᠎ᠤ ᠣᠷᠣᠨ᠎ᠤ ᠪᠣᠳᠠᠲᠠᠶ᠎ᠲᠠᠢ᠎ᠪᠠᠨ ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠦᠯ᠎ᠢ ᠲᠣᠭᠲᠠᠭ᠋ᠠᠪᠠ᠃
ᠨᠢᠭᠡ᠂ ᠠᠵᠢᠯ᠎ᠤᠨ ᠬᠠᠷᠠᠯᠲᠠ
ᠶᠡᠷᠦᠩᠬᠡᠶ ᠲᠣᠪᠴᠢᠶ᠎ᠠ ᠵᠢᠨ ᠲᠣᠳᠣᠷᠬᠠᠢ᠌ᠯᠠᠭᠰᠠᠨ ᠰᠢᠯᠵᠢᠯᠲᠡ ᠵᠢᠨ ᠬᠤᠭᠤᠴᠠᠭ᠋ᠠᠨ᠎ᠳᠤ᠂ 《ᠬᠠᠤᠯᠢ ᠲᠣᠭᠲᠠᠭ᠋ᠠᠯ ᠶᠤᠰᠣᠭ᠋ᠠᠷ ᠂ ᠲᠥᠷᠥᠯ ᠬᠤᠪᠢᠶᠠᠨ ᠰᠢᠢ᠍ᠳᠪᠦᠷᠢᠯᠡᠵᠦ ᠂ ᠲᠣᠭᠲᠠᠭᠤᠨ ᠵᠶ᠋ᠠᠷ ᠰᠢᠯᠵᠢᠭᠦᠯᠬᠦ》 ᠵᠠᠷᠴᠢᠮ᠎ᠢ ᠪᠠᠷᠢᠮᠲᠠᠯᠠᠨ ᠂ ᠳᠠᠩᠰᠠᠯᠠᠭᠤᠯᠤᠭᠴᠢ ᠰᠠᠶ᠋ᠢᠨ ᠳᠤᠷ᠎ᠠ᠎ᠠᠴᠠ᠎ᠪᠠᠨ ᠭᠣᠶᠣᠴᠢᠯᠠᠨ ᠮᠡᠳᠡᠭᠦᠯᠦᠭᠰᠡᠨ ᠤᠷᠢᠲᠠᠯ ᠳᠣᠤᠷ᠎ᠠ᠂ ᠮᠠᠨ᠎ᠤ ᠲᠣᠪᠴᠢᠶ᠎ᠠ᠎ᠠᠴᠠ ᠬᠢᠨᠠᠨ ᠣᠯᠭᠣᠭᠰᠠᠨ ᠦᠢ᠍ᠯᠡᠳᠪᠦᠷᠢᠯᠡᠬᠦ ᠵᠦᠪᠰᠢᠶᠡᠷᠡᠯ᠎ᠤᠨ ᠨᠥᠬᠦᠴᠡᠯ᠎ᠳᠤ ᠨᠡᠶ᠋ᠢᠴᠡᠭᠰᠡᠨ ᠤᠶ᠋ᠢᠯᠡᠳᠪᠤᠷᠢᠯᠡᠵᠤ ᠪᠣᠷᠣᠯᠠᠭᠣᠯᠵᠦ ᠪᠠᠶ᠋ᠢᠭ᠎ᠠ 《ᠬᠤᠤᠰ ᠦᠭᠡᠢ》 ᠪᠥᠭᠡᠮ ᠵᠦᠢ᠍ᠯ᠎ᠤᠨ ᠦᠢ᠍ᠯᠡᠳᠬᠦᠨ᠎ᠳᠤ ᠦᠨᠡᠮᠯᠡᠯ ᠰᠣᠯᠢᠬᠤ ᠰᠠᠨᠠᠯ ᠭᠠᠷᠭ᠋ᠠᠵᠤ᠂ ᠡᠷᠡᠭᠦᠯᠵᠢᠯ᠎ᠤᠨ ᠢᠳᠡᠭᠡᠨ᠎ᠤ ᠳᠡᠩᠰᠡᠯᠡᠯᠲᠡ᠂ ᠦᠢ᠍ᠯᠡᠳᠪᠦᠷᠢᠯᠡᠬᠦ ᠵᠥᠪᠰᠢᠶᠡᠷᠡᠯ ᠪᠠ ᠬᠢᠨᠠᠯᠲᠠ ᠬᠠᠮᠢᠶᠠᠷᠤᠯᠲᠠ ᠵᠢ ᠪᠦᠲᠦᠮᠵᠢᠲᠡᠶ ᠵᠣᠯᠭ᠋ᠠᠭᠤᠯᠬᠤ ᠵᠢ ᠴᠢᠩᠭ᠋ᠠᠷᠠᠭᠤᠯᠤᠨ᠎ᠠ᠃
ᠬᠤᠶᠠᠷ᠂ ᠠᠵᠢᠯ᠎ᠤᠨ ᠴᠤᠪᠤᠷᠠᠯ
(ᠨᠢᠭᠡ ) ᠦᠨᠡᠮᠯᠡᠯ ᠰᠣᠯᠢᠬᠤ ᠰᠠᠨᠠᠯ᠎ᠪᠠᠨ ᠭᠣᠶᠣᠴᠢᠯᠠᠨ ᠮᠡᠳᠡᠭᠦᠯᠬᠦ ᠵᠢ ᠳᠣᠷᠠᠳᠣᠨ᠎ᠠ ᠃ ᠦᠨᠡᠮᠯᠡᠯ ᠰᠣᠯᠢᠬᠤ ᠭᠣᠶᠣᠴᠢᠯᠠᠨ ᠮᠡᠳᠡᠭᠦᠯᠬᠦ ᠵᠢ ᠳᠠᠩᠰᠠᠯᠠᠭᠣᠯᠣᠭᠴᠢ ᠰᠠᠶ᠋ᠢᠨ ᠳᠤᠷ᠎ᠠ᠎ᠠᠴᠠ᠎ᠪᠠᠨ ᠳᠤᠷᠠᠳᠴᠤ᠂ 《ᠬᠢᠨᠠᠨ ᠪᠠᠶ᠋ᠢᠴᠠᠭ᠋ᠠᠬᠤ ᠭᠤᠤᠯᠳᠠᠯᠭ᠎ᠠ》᠎ᠲᠠᠢ ᠬᠠᠷᠢᠴᠠᠭᠤᠯᠤᠨ ᠮᠠᠲ᠋ᠧᠷᠢᠶᠠᠯ᠎ᠢ ᠰᠠᠶ᠋ᠢᠲᠤᠷ ᠪᠡᠯᠡᠳᠬᠡᠭᠰᠡᠨᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠳᠤ ᠥᠪᠡᠷᠲᠡᠭᠡᠨ ᠵᠠᠰᠠᠬᠤ ᠣᠷᠣᠨ (ᠮᠤᠵᠢ)᠎ᠤ ᠱᠠᠲᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠦᠨᠡᠮᠯᠡᠯ ᠰᠣᠯᠢᠬᠤ ᠰᠠᠨᠠᠯ᠎ᠢ ᠭᠤᠶᠤᠴᠢᠯᠠᠨ ᠭᠠᠷᠭ᠋ᠠᠵᠦ ᠦᠭᠬᠦᠨ᠎ᠡ ᠂ ᠭᠣᠶᠣᠴᠢᠯᠠᠨ ᠮᠡᠳᠡᠭᠦᠯᠬᠦ ᠮᠠᠲ᠋ᠧᠷᠢᠶᠠᠯ᠎ᠳᠤ᠄
1. 《ᠤᠯᠤᠰ᠎ᠲᠤ᠎ᠪᠠᠨ ᠦᠢ᠍ᠯᠡᠳᠪᠦᠷᠢᠯᠡᠭᠰᠡᠨ ᠡᠷᠡᠭᠦᠯᠵᠢᠯ᠎ᠤᠨ ᠢᠳᠡᠭᠡᠨ᠎ᠤ ᠳᠠᠩᠰᠠᠯᠠᠭᠤᠯᠤᠭᠰᠠᠨ ᠦᠨᠡᠮᠯᠡᠯ》 ᠵᠢᠴᠢ ᠬᠠᠮᠢᠶ᠎ᠠ ᠪᠦᠬᠦᠢ ᠬᠤᠪᠢᠷᠠᠭᠣᠯᠬᠣ ᠪᠤᠶᠤ ᠰᠢᠯᠵᠢᠭᠦᠯᠦᠨ ᠥᠭᠬᠦ ᠵᠡᠷᠭᠡ ᠭᠡᠷᠡᠴᠢᠯᠡᠬᠦ ᠪᠢᠴᠢᠭ ᠮᠠᠲ᠋ᠧᠷᠢᠶᠠᠯ᠎ᠤᠨ ᠬᠠᠭᠤᠯᠪᠤᠷᠢ ᠂
2. 《ᠢᠳᠡᠭᠡᠨ ᠦᠢ᠍ᠯᠡᠳᠪᠦᠷᠢᠯᠡᠬᠦ ᠵᠥᠪᠰᠢᠶᠡᠷᠡᠯ᠎ᠤᠨ ᠦᠨᠡᠮᠯᠡᠯ》 ᠪᠠ ᠨᠠᠷᠢᠨ ᠳᠠᠩᠰᠠ᠂
3. 《ᠬᠢᠨᠠᠨ ᠪᠠᠶ᠋ᠢᠴᠠᠭ᠋ᠠᠬᠤ ᠭᠤᠣᠯᠳᠠᠯᠭ᠎ᠠ》 ᠵᠢᠨ ᠳᠠᠭ᠋ᠠᠯᠳᠤᠭᠤᠯᠤᠯ 1 (《ᠪᠣᠳᠠᠲᠠᠶ ᠦᠢ᠍ᠯᠡᠳᠪᠦᠷᠢᠯᠡᠵᠦ ᠭᠦᠢ᠍ᠴᠡᠳᠬᠡᠵᠦ ᠪᠠᠶ᠋ᠢᠭ᠎ᠠ ᠦᠢ᠍ᠯᠡᠳᠬᠦᠨ᠎ᠤ ᠨᠠᠶ᠋ᠢᠷᠠᠯᠭ᠎ᠠ ᠵᠢᠨ ᠬᠦᠰᠦᠨᠦᠭᠲᠦ》᠂ ᠳᠠᠭ᠋ᠠᠯᠳᠣᠭᠣᠯᠣᠯ 2 《ᠪᠣᠳᠠᠲᠠᠶ ᠦᠢ᠍ᠯᠡᠳᠪᠦᠷᠢᠯᠡᠵᠦ ᠭᠦᠢ᠍ᠴᠡᠳᠬᠡᠵᠦ ᠪᠠᠶ᠋ᠢᠭ᠎ᠠ ᠦᠢ᠍ᠯᠡᠳᠪᠦᠷᠢᠯᠡᠯ᠎ᠤᠨ ᠤᠷ᠎ᠠ ᠮᠡᠷᠭᠡᠰᠢᠯ》᠂ ᠳᠠᠭ᠋ᠠᠯᠳᠣᠭᠣᠯᠣᠯ 3 《ᠪᠣᠳᠠᠲᠠᠶ ᠦᠢ᠍ᠯᠡᠳᠪᠦᠷᠢᠯᠡᠵᠦ ᠭᠦᠢ᠍ᠴᠡᠳᠬᠡᠵᠦ ᠪᠠᠶ᠋ᠢᠭ᠎ᠠ ᠦᠢ᠍ᠯᠡᠳᠭᠦᠨ᠎ᠤ ᠮᠡᠷᠭᠡᠵᠢᠯ᠎ᠤᠨ ᠱᠠᠭ᠋ᠠᠷᠳᠠᠯᠭ᠎ᠠ》 ᠵᠢ ᠪᠠᠭᠲᠠᠨ᠎ᠠ) ᠨᠢᠭᠡ ᠬᠡᠯᠪᠡᠷᠢ ᠵᠢᠨ ᠭᠤᠷᠪᠠᠨ ᠬᠤᠪᠢ ᠪᠡᠯᠡᠳᠬᠡᠨ᠎ᠡ᠂
ᠳᠡᠭᠡᠷ᠎ᠡ ᠳᠤᠷᠠᠳᠤᠭᠰᠠᠨ ᠮᠠᠲ᠋ᠧᠷᠢᠶᠠᠯ᠎ᠳᠤ ᠴᠠᠭ᠋ᠠᠰᠤᠨ ᠬᠡᠪᠯᠡᠯ ᠪᠠ ᠡᠯᠸᠺᠲᠷᠣᠨ ᠬᠡᠪᠯᠡᠯ᠎ᠢ ᠬᠠᠩᠭ᠋ᠠᠬᠤ ᠬᠡᠷᠡᠭᠲᠡᠶ᠂ ᠴᠠᠭ᠋ᠠᠰᠤᠨ ᠬᠡᠪᠯᠡᠯ᠎ᠤᠨ ᠮᠠᠲ᠋ᠧᠷᠢᠶᠠᠯ᠎ᠳᠤ ᠨᠢᠭᠤᠷ ᠳᠠᠷᠠᠭ᠋ᠠᠯᠠᠨ ᠠᠯᠪᠠᠨ ᠲᠠᠮᠠᠭ᠎ᠠ ᠳᠠᠷᠤᠬᠤ ᠪᠤᠶᠤ ᠠᠭᠣᠯᠵᠠᠷ᠎ᠤᠨ ᠲᠠᠮᠠᠭ᠎ᠠ ᠬᠡᠷᠡᠭᠲᠡᠢ ᠂ ᠡᠯᠸᠺᠲᠷᠣᠨ ᠬᠡᠪᠯᠡᠯ᠎ᠤᠨ ᠮᠠᠲ᠋ᠧᠷᠢᠶᠠᠯ᠎ᠳᠤ ᠴᠠᠭ᠋ᠠᠰᠤᠨ ᠬᠡᠪᠯᠡᠯ᠎ᠤᠨ ᠮᠠᠲ᠋ᠧᠷᠢᠶᠠᠯ᠎ᠤᠨ ᠲᠠᠮᠠᠭ᠎ᠠ ᠳᠠᠷᠣᠭᠰᠠᠨ ᠰᠢᠷᠪᠢᠯᠲᠡ ᠵᠢᠨ ᠮᠠᠲ᠋ᠧᠷᠢᠶᠠᠯ ᠪᠠᠢ᠌ᠬᠤ ᠬᠡᠷᠡᠭᠲᠡᠢ ᠃
(ᠬᠣᠶᠠᠷ ) ᠪᠠᠶ᠋ᠢᠳᠠᠯ᠎ᠢ ᠬᠢᠨᠠᠨ ᠬᠠᠷᠭᠤᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ 《ᠬᠤᠣᠰ ᠦᠭᠡᠢ》 ᠡᠷᠡᠭᠦᠯᠵᠢᠯ᠎ᠤᠨ ᠢᠳᠡᠭᠡᠨ᠎ᠤ ᠦᠨᠡᠮᠯᠡᠯ ᠰᠣᠯᠢᠬᠤ ᠰᠠᠨᠠᠯ᠎ᠤᠨ ᠭᠤᠶᠤᠴᠢᠯᠠᠯ᠎ᠢ ᠣᠯᠣᠭᠰᠠᠨ᠎ᠤ ᠳᠠᠷᠠᠭ᠎ᠠ᠂ ᠠᠩᠬ᠎ᠠ ᠠᠯᠬᠤᠮ ᠬᠢᠨᠠᠨ ᠬᠠᠷᠭᠤᠭᠤᠯᠬᠤ᠎ᠪᠠᠷ ᠳᠠᠮᠵᠢᠵᠤ᠂ ᠦᠢ᠍ᠯᠡᠳᠬᠦᠨ ᠦᠢ᠍ᠯᠡᠳᠪᠦᠷᠢᠯᠡᠬᠦ ᠠᠵᠤ ᠠᠬᠤᠶ᠋ᠢᠯᠠᠯ᠎ᠤᠨ ᠬᠠᠷᠢᠶ᠎ᠠ ᠭᠠᠵᠠᠷ (ᠠᠶ᠋ᠢᠮᠠᠭ) ᠬᠤᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠢᠨᠠᠨ ᠦᠨᠡᠯᠡᠬᠦ ᠪᠠᠶ᠋ᠢᠴᠠᠭ᠋ᠠᠨ ᠰᠢᠯᠭ᠋ᠠᠬᠤ ᠲᠥᠪ᠎ᠲᠤ ᠮᠡᠳᠡᠭᠳᠡᠵᠦ ᠪᠠᠢ᠌ᠳᠠᠯ᠎ᠢ ᠬᠢᠨᠠᠨ ᠬᠠᠷᠭᠤᠭᠤᠯᠬᠤ᠎ᠳᠤ ᠬᠠᠮᠵᠢᠯᠴᠠᠭᠣᠯᠣᠨᠠ᠃
1. ᠦᠢ᠍ᠯᠡᠳᠬᠦᠨ ᠦᠢ᠍ᠯᠡᠳᠪᠦᠷᠢᠯᠡᠬᠦ ᠠᠵᠤ ᠠᠬᠤᠶ᠋ᠢᠯᠠᠯ᠎ᠤᠨ ᠬᠠᠷᠢᠶ᠎ᠠ ᠭᠠᠵᠠᠷ (ᠠᠶ᠋ᠢᠮᠠᠭ) ᠬᠤᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠨᠢ ᠦᠨᠡᠮᠯᠡᠯ ᠰᠣᠯᠢᠭᠰᠠᠨ ᠦᠢ᠍ᠯᠡᠳᠬᠦᠨ᠎ᠤ ᠣᠶ᠋ᠢᠷ᠎ᠠ ᠵᠢᠨ 5 ᠵᠢᠯ᠎ᠤᠨ ᠬᠢᠨᠠᠯᠲᠠ ᠬᠠᠮᠢᠶᠠᠷᠤᠯᠲᠠ ᠵᠢᠨ ᠪᠠᠶ᠋ᠢᠳᠠᠯ᠎ᠢ ᠬᠢᠨᠠᠨ ᠬᠠᠷᠭᠤᠭᠤᠯᠬᠤ ᠵᠢᠨ ᠬᠠᠮᠲᠤ ᠂ 5 ᠠᠵᠢᠯᠯᠠᠬᠤ ᠡᠳᠦᠷ᠎ᠤᠨ ᠳᠣᠲᠣᠷ᠎ᠠ 《ᠦᠢ᠍ᠯᠡᠳᠪᠦᠷᠢᠯᠡᠵᠦ ᠪᠣᠷᠣᠯᠠᠭᠣᠯᠵᠦ ᠪᠠᠢ᠌ᠭ᠎ᠠ 〈ᠬᠦᠴᠦᠨ᠎ᠲᠠᠢ ᠬᠤᠭᠤᠴᠠᠭ᠎ᠠ ᠥᠬᠡᠶ ᠪᠠ ᠦᠢ᠍ᠯᠡᠳᠬᠦᠨ᠎ᠤ ᠮᠡᠷᠭᠡᠵᠢᠯ᠎ᠤᠨ ᠱᠠᠭ᠋ᠠᠷᠳᠠᠯᠭ᠎ᠠ ᠥᠬᠡᠶ〉 ᠡᠷᠡᠭᠦᠯᠵᠢᠯ᠎ᠤᠨ ᠢᠳᠡᠭᠡᠨ᠎ᠤ ᠦᠨᠡᠮᠯᠡᠯ ᠰᠣᠯᠢᠬᠤ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠵᠢᠨ ᠬᠢᠨᠠᠨ ᠪᠠᠶ᠋ᠢᠴᠠᠭ᠋ᠠᠬᠤ ᠰᠠᠨᠠᠯ᠎ᠤᠨ ᠪᠢᠴᠢᠭ》 (ᠳᠠᠭ᠋ᠠᠯᠳᠤᠭᠤᠯᠤᠯ 2)᠎ᠢ ᠭᠠᠷᠭ᠋ᠠᠵᠤ ᠥᠭᠭᠦᠨ᠎ᠡ᠃
2. ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠢᠨᠠᠨ ᠦᠨᠡᠯᠡᠬᠦ ᠪᠠᠶ᠋ᠢᠴᠠᠭ᠋ᠠᠨ ᠰᠢᠯᠭ᠋ᠠᠬᠤ ᠲᠥᠪ᠎ᠠᠴᠠ 3 ᠬᠦᠮᠤᠨ᠎ᠠᠴᠠ ᠳᠡᠭᠡᠭᠰᠢᠬᠢ ᠪᠠᠶ᠋ᠢᠴᠠᠭ᠋ᠠᠬᠤ ᠳᠤᠭᠤᠶ᠋ᠢᠯᠠᠩ᠎ᠢ ᠵᠣᠬᠢᠶᠠᠨ ᠪᠠᠶ᠋ᠢᠭᠤᠯᠤᠨ ᠦᠢ᠍ᠯᠡᠳᠬᠦᠨ᠎ᠳᠤ ᠲᠤᠬᠠᠶ ᠵᠢᠨ ᠭᠠᠵᠠᠷ᠎ᠲᠤᠨᠢ ᠬᠢᠨᠠᠨ ᠪᠠᠶ᠋ᠢᠴᠠᠭ᠋ᠠᠯᠲᠠ ᠬᠢᠵᠦ᠂ ᠦᠢ᠍ᠯᠡᠳᠬᠦᠨ᠎ᠤ ᠨᠠᠶ᠋ᠢᠷᠠᠯᠭ᠎ᠠ᠂ ᠦᠢ᠍ᠯᠡᠳᠪᠦᠷᠢᠯᠡᠯ᠎ᠤᠨ ᠣᠷᠠᠯᠠᠯ ᠪᠣᠯᠤᠨ ᠦᠢ᠍ᠯᠡᠳᠬᠦᠨ᠎ᠤ ᠮᠡᠷᠭᠡᠵᠢᠯ᠎ᠤᠨ ᠱᠠᠭ᠋ᠠᠷᠳᠠᠯᠭ᠎ᠠ ᠵᠢ ᠪᠣᠳᠠᠲᠠᠶ ᠬᠡᠷᠡᠭᠵᠢᠭᠦᠯᠵᠦ ᠪᠠᠢ᠌ᠭ᠎ᠠ ᠪᠠᠶ᠋ᠢᠳᠠᠯ᠎ᠢ ᠭᠤᠤᠯᠳᠠᠯᠭ᠎ᠠ᠎ᠲᠠᠢ ᠬᠢᠨᠠᠨ ᠪᠠᠶ᠋ᠢᠴᠠᠭ᠋ᠠᠬᠤ ᠬᠡᠷᠡᠭᠲᠡᠶ᠃ ᠱᠠᠭ᠋ᠠᠷᠳᠠᠯᠭ᠎ᠠ᠎ᠳᠤ ᠨᠡᠶ᠋ᠢᠴᠡᠭᠰᠡᠨ ᠪᠠᠶ᠋ᠢᠪᠠᠯ᠂ 5 ᠠᠵᠢᠯᠯᠠᠬᠤ ᠡᠳᠦᠷ᠎ᠤᠨ ᠳᠣᠲᠣᠷ᠎ᠠ 《ᠦᠢ᠍ᠯᠡᠳᠪᠦᠷᠢᠯᠡᠵᠦ ᠪᠤᠷᠤᠯᠠᠭᠤᠯᠵᠦ ᠪᠠᠢ᠌ᠭ᠎ᠠ 〈ᠬᠦᠴᠦᠨ᠎ᠲᠠᠢ ᠬᠤᠭᠤᠴᠠᠭ᠎ᠠ ᠦᠭᠡᠢ ᠪᠠ ᠦᠢ᠍ᠯᠡᠳᠬᠦᠨ᠎ᠤ ᠮᠡᠷᠭᠡᠵᠢᠯ᠎ᠤᠨ ᠱᠠᠭ᠋ᠠᠷᠳᠠᠯᠭ᠎ᠠ ᠦᠭᠡᠶ〉 ᠡᠷᠡᠭᠦᠯᠵᠢᠯ᠎ᠤᠨ ᠢᠳᠡᠭᠡᠨ᠎ᠤ ᠦᠨᠡᠮᠯᠡᠯ ᠰᠣᠯᠢᠬᠤ ᠲᠤᠬᠠᠶ ᠵᠢᠨ ᠲᠠᠯᠠᠪᠤᠷ᠎ᠢ ᠬᠠᠷᠭᠤᠭᠤᠯᠤᠨ ᠪᠠᠶ᠋ᠢᠴᠠᠭ᠋ᠠᠭᠰᠠᠨ ᠰᠠᠨᠠᠯ᠎ᠤᠨ ᠪᠢᠴᠢᠭ》 (ᠳᠠᠭ᠋ᠠᠯᠳᠤᠭᠤᠯᠤᠯ 3)᠎ᠢ ᠭᠠᠷᠭ᠋ᠠᠵᠤ ᠦᠭᠬᠦ ᠵᠢᠨ ᠬᠠᠮᠲᠤ᠂ 《ᠬᠢᠨᠠᠨ ᠪᠠᠶ᠋ᠢᠴᠠᠭ᠋ᠠᠬᠤ ᠭᠤᠤᠯᠳᠠᠯᠭ᠎ᠠ》 ᠵᠢᠨ ᠳᠠᠭ᠋ᠠᠯᠳᠤᠭᠤᠯᠤᠯ 1 ᠳᠤᠲᠤᠷᠠᠬᠢ ᠳᠠᠭ᠋ᠠᠯᠲᠠ 1 《ᠪᠣᠳᠠᠲᠠᠶ ᠦᠢ᠍ᠯᠡᠳᠪᠦᠷᠢᠯᠡᠵᠦ ᠪᠠᠢ᠌ᠭ᠎ᠠ ᠦᠢ᠍ᠯᠡᠳᠭᠦᠨ᠎ᠤ ᠨᠠᠶ᠋ᠢᠷᠠᠯᠭ᠎ᠠ ᠵᠢᠨ ᠬᠦᠰᠦᠨᠦᠭᠲᠦ》᠂ ᠳᠠᠭ᠋ᠠᠯᠳᠤᠭᠤᠯᠤᠯ 2 《ᠪᠣᠳᠠᠲᠠᠶ ᠦᠢ᠍ᠯᠡᠳᠪᠦᠷᠢᠯᠡᠵᠦ ᠪᠠᠢ᠌ᠭ᠎ᠠ ᠦᠢ᠍ᠯᠡᠳᠪᠦᠷᠢᠯᠡᠯ᠎ᠤᠨ ᠣᠷᠠᠯᠠᠯ》 ᠪᠠ ᠳᠠᠭ᠋ᠠᠯᠳᠤᠭᠤᠯᠤᠯ 3 《ᠪᠣᠳᠠᠲᠠᠶ ᠦᠢ᠍ᠯᠡᠳᠪᠦᠷᠢᠯᠡᠵᠦ ᠪᠠᠢ᠌ᠭ᠎ᠠ ᠦᠢ᠍ᠯᠡᠳᠬᠦᠨ᠎ᠤ ᠮᠡᠷᠭᠡᠵᠢᠯ᠎ᠤᠨ ᠱᠠᠭ᠋ᠠᠷᠳᠠᠯᠭ᠎ᠠ》 ᠵᠢ ᠲᠠᠭᠯᠠᠵᠤ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠣᠨᠴᠠᠭ᠋ᠠᠶ ᠢᠳᠡᠭᠡᠨ᠎ᠤ ᠭᠠᠵᠠᠷ᠎ᠲᠤ ᠮᠡᠳᠡᠭᠦᠯᠦᠨ ᠬᠦᠷᠭᠡᠬᠦ ᠬᠡᠷᠡᠭᠲᠡᠶ᠃
(ᠭᠤᠷᠪᠠ) ᠦᠨᠡᠮᠯᠡᠯ ᠰᠣᠯᠢᠬᠤ ᠰᠠᠨᠠᠯ ᠭᠠᠷᠭ᠋ᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠶᠡᠷᠦᠩᠬᠡᠶ᠋ᠢᠯᠡᠭᠰᠡᠨ ᠦᠢ᠍ᠯᠡᠳᠬᠦᠨ᠎ᠤ ᠦᠢ᠍ᠯᠡᠳᠪᠦᠷᠢᠯᠡᠬᠦ ᠵᠥᠪᠰᠢᠶᠡᠷᠡᠯ᠂ ᠬᠢᠨᠠᠯᠲᠠ ᠬᠠᠮᠢᠶᠠᠷᠤᠯᠲᠠ ᠵᠢᠨ ᠪᠠᠶ᠋ᠢᠳᠠᠯ ᠵᠢᠴᠢ ᠪᠣᠳᠠᠲᠠᠶ ᠦᠢ᠍ᠯᠡᠳᠪᠦᠷᠢᠯᠡᠵᠦ ᠬᠡᠷᠡᠭᠵᠢᠭᠦᠯᠦᠭᠰᠡᠨ ᠨᠠᠶ᠋ᠢᠷᠠᠯᠭ᠎ᠠ᠂ ᠦᠢ᠍ᠯᠡᠳᠪᠦᠷᠢᠯᠡᠬᠦ ᠣᠷᠠᠯᠠᠯ᠂ ᠦᠢ᠍ᠯᠡᠳᠬᠦᠨ᠎ᠤ ᠮᠡᠷᠭᠡᠵᠢᠯ᠎ᠤᠨ ᠱᠠᠭ᠋ᠠᠷᠳᠠᠯᠭ᠎ᠠ ᠵᠢᠨ ᠪᠠᠶ᠋ᠢᠳᠠᠯ᠂ ᠱᠠᠭ᠋ᠠᠷᠳᠠᠯᠭ᠎ᠠ᠎ᠳᠤ ᠨᠡᠶ᠋ᠢᠴᠡᠭᠰᠡᠨ ᠪᠠᠶ᠋ᠢᠪᠠᠯ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠠᠴᠠ ᠦᠨᠡᠮᠯᠡᠯ ᠰᠣᠯᠢᠬᠤ ᠰᠠᠨᠠᠯ ᠭᠠᠷᠭ᠋ᠠᠵᠤ᠂ ᠦᠨᠡᠮᠯᠡᠯ ᠰᠣᠯᠢᠬᠤ᠎ᠪᠠᠷ ᠭᠤᠶᠤᠴᠢᠯᠠᠭᠴᠢ᠎ᠳᠤ ᠬᠠᠷᠢᠭᠤᠯᠲᠠ ᠥᠭᠭᠦᠨ᠎ᠡ᠃
(ᠲᠦᠷᠪᠡ ) ᠂ ᠰᠢᠰᠲ᠋ᠧᠮ᠎ᠨᠢ ᠦᠨᠡᠮᠯᠡᠯ ᠰᠣᠯᠢᠬᠤ ᠭᠤᠶᠤᠴᠢᠯᠠᠯ᠎ᠢ ᠲᠤᠰᠢᠶᠠᠨ᠎ᠠ᠃ ᠦᠨᠡᠮᠯᠡᠯ ᠰᠣᠯᠢᠬᠤ᠎ᠪᠠᠷ ᠭᠤᠶᠤᠴᠢᠯᠠᠭᠴᠢ ᠨᠢ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠦᠨᠡᠮᠯᠡᠯ ᠰᠣᠯᠢᠬᠤ ᠵᠢ ᠵᠥᠪᠰᠢᠶᠡᠷᠡᠭᠰᠡᠨ ᠰᠠᠨᠠᠯ ᠭᠠᠷᠭ᠋ᠠᠭᠰᠠᠨ᠎ᠤ ᠳᠠᠷᠠᠭ᠎ᠠ᠂ ᠤᠯᠤᠰ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ ᠵᠢᠨ ᠡᠷᠡᠭᠦᠯᠵᠢᠯ᠎ᠤᠨ ᠢᠳᠡᠭᠡᠨ᠎ᠤ ᠪᠦᠷᠢᠳᠬᠡᠨ ᠳᠠᠩᠰᠠᠯᠠᠬᠤ ᠬᠠᠮᠢᠶᠠᠷᠤᠯᠲᠠ ᠵᠢᠨ ᠰᠢᠰᠲ᠋ᠧᠮ (https://xbjspzc.gsxt.gov.cn/regist-nter / ᠲᠣᠪᠴᠢᠯᠠᠨ᠎ᠠ) (ᠳᠣᠷᠣᠭᠰᠢ 《ᠳᠠᠩᠰᠠᠯᠠᠭᠤᠯᠬᠤ ᠰᠢᠰᠲ᠋ᠧᠮ》 ᠭᠡᠵᠦ ᠲᠣᠪᠴᠢᠯᠠᠨ᠎ᠠ)᠎ᠳᠤ᠂ 《ᠬᠢᠨᠠᠨ ᠪᠠᠶ᠋ᠢᠴᠠᠭ᠋ᠠᠬᠤ ᠭᠤᠤᠯᠳᠠᠯᠭ᠎ᠠ》 ᠵᠢᠨ ᠱᠠᠭ᠋ᠠᠷᠳᠠᠯᠭ᠎ᠠ ᠶᠣᠰᠣᠭ᠋ᠠᠷ᠂ ᠳᠠᠩᠰᠠᠯᠠᠭᠣᠯᠬᠣ ᠲᠠᠰ ᠳᠠᠷᠠᠭ᠋ᠠᠯᠠᠯ᠎ᠢ ᠬᠤᠪᠢᠷᠠᠭᠣᠯᠬᠣ᠎ᠪᠠᠷ ᠦᠨᠡᠮᠯᠡᠯ ᠰᠣᠯᠢᠬᠤ ᠭᠤᠶᠤᠴᠢᠯᠠᠯ᠎ᠢ ᠳᠤᠷᠠᠳᠴᠤ᠂ ᠵᠦᠢ᠍ᠯ ᠳᠠᠷᠠᠭ᠋ᠠᠯᠠᠨ ᠪᠦᠷᠢᠨ ᠪᠦᠲᠦᠨ ᠲᠠᠭᠯᠠᠨ ᠮᠡᠳᠡᠭᠦᠯᠦᠭᠰᠡᠨ᠎ᠤ ᠳᠠᠷᠠᠭ᠎ᠠ ᠦᠨᠡᠮᠯᠡᠯ ᠰᠣᠯᠢᠬᠤ ᠭᠤᠶᠤᠴᠢᠯᠠᠯ ᠵᠶ᠋ᠠᠨ ᠲᠤᠰᠢᠶᠠᠬᠤ ᠵᠢᠨ ᠬᠠᠮᠲᠤ ᠰᠠᠨᠠᠯ ᠭᠠᠷᠭ᠋ᠠᠭᠰᠠᠨ ᠥᠪᠡᠷᠲᠡᠭᠡᠨ ᠵᠠᠰᠠᠬᠤ ᠣᠷᠣᠨ (ᠮᠤᠵᠢ) ᠲᠤᠪᠴᠢᠶ᠎ᠠ ᠵᠢ ᠰᠣᠩᠭᠣᠨ ᠭᠠᠷᠭ᠋ᠠᠨ᠎ᠠ ᠃ ᠦᠨᠡᠮᠯᠡᠯ ᠰᠣᠯᠢᠬᠤ᠎ᠪᠠᠷ ᠭᠤᠶᠤᠴᠢᠯᠠᠭᠴᠢ ᠦᠨᠡᠮᠯᠡᠯ ᠰᠣᠯᠢᠬᠤ᠎ᠪᠠᠷ ᠭᠤᠶᠤᠴᠢᠯᠠᠭᠰᠠᠨ᠎ᠤ ᠳᠠᠷᠠᠭ᠎ᠠ᠂ ᠭᠤᠶᠤᠴᠢᠯᠠᠯ᠎ᠤᠨ ᠮᠡᠳᠡᠭᠡ ᠵᠠᠩᠭᠢ ᠵᠢ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠳᠤ ᠬᠦᠷᠭᠡᠵᠦ ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠳᠠᠩᠰᠠᠯᠠᠭᠤᠯᠬᠤ ᠰᠢᠰᠲ᠋ᠧᠮ ᠵᠶ᠋ᠠᠷ ᠳᠠᠮᠵᠢᠭᠤᠯᠤᠨ ᠦᠨᠡᠮᠯᠡᠯ ᠰᠣᠯᠢᠬᠤ ᠰᠠᠨᠠᠯ ᠵᠶ᠋ᠠᠨ ᠳᠠᠮᠵᠢᠭᠤᠯᠤᠨ᠎ᠠ᠃ ᠲᠤᠰ ᠦᠢ᠍ᠯᠡᠳᠬᠦᠨ᠎ᠨᠢ ᠬᠣᠶ᠋ᠢᠨᠠᠬᠢ ᠬᠢᠨᠠᠨ ᠪᠠᠶ᠋ᠢᠴᠠᠭ᠋ᠠᠬᠤ ᠱᠠᠲᠤᠨ᠎ᠳᠤ ᠣᠷᠣᠨ᠎ᠠ ᠃
ᠭᠤᠷᠪᠠ᠂ ᠠᠵᠢᠯ᠎ᠤᠨ ᠱᠠᠭ᠋ᠠᠷᠳᠠᠯᠭ᠎ᠠ
(ᠨᠢᠭᠡ) ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠨ᠎ᠠ ᠃ 《ᠬᠤᠤᠰ ᠦᠭᠡᠢ》 ᠡᠷᠡᠭᠦᠯᠵᠢᠯ᠎ᠤᠨ ᠢᠳᠡᠭᠡᠨ᠎ᠤ ᠪᠥᠭᠡᠮ ᠵᠶ᠋ᠠᠷ ᠦᠨᠡᠮᠯᠡᠯ ᠰᠣᠯᠢᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠲᠤᠰᠬᠠᠶ ᠬᠥᠮᠦᠨ ᠲᠣᠬᠢᠷᠠᠭᠤᠯᠤᠨ ᠬᠠᠷᠢᠭᠤᠴᠠᠭᠤᠯᠵᠤ᠂ ᠦᠨᠡᠮᠯᠡᠯ ᠰᠣᠯᠢᠬᠤ ᠪᠠ ᠲᠤᠬᠠᠶ ᠵᠢᠨ ᠲᠠᠯᠠᠪᠤᠷ᠎ᠲᠤ ᠨᠢ ᠬᠢᠨᠠᠨ ᠪᠠᠶ᠋ᠢᠴᠠᠭ᠋ᠠᠬᠤ ᠬᠤᠯᠪᠣᠭᠳᠠᠯ ᠪᠦᠬᠦᠢ ᠠᠵᠢᠯ᠎ᠤᠨ ᠵᠣᠯᠭ᠋ᠠᠯᠴᠠᠭ᠎ᠠ ᠵᠢ ᠡᠮᠬᠢ ᠵᠢᠷᠤᠮ᠎ᠲᠠᠢ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠨᠢ ᠦᠨᠡᠮᠯᠡᠯ ᠰᠣᠯᠢᠬᠤ ᠠᠵᠢᠯ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠵᠢ ᠪᠦᠬᠦ ᠲᠠᠯ᠎ᠠ᠎ᠪᠠᠷ ᠬᠠᠷᠢᠭᠤᠴᠠᠵᠤ᠂ ᠣᠨᠴᠠᠭ᠋ᠠᠶ ᠢᠳᠡᠭᠡᠨ᠎ᠤ ᠭᠠᠵᠠᠷ᠎ᠨᠢ ᠪᠣᠳᠠᠲᠠᠶ ᠠᠵᠢᠯ᠎ᠢ ᠵᠣᠬᠢᠴᠠᠭᠤᠯᠤᠨ ᠠᠬᠢᠭᠤᠯᠬᠤ ᠵᠢ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠢᠨᠠᠨ ᠦᠨᠡᠯᠡᠵᠦ ᠪᠠᠶ᠋ᠢᠴᠠᠭ᠋ᠠᠨ ᠰᠢᠯᠭ᠋ᠠᠬᠤ ᠲᠥᠪ᠎ᠨᠢ ᠭᠤᠤᠯᠳᠠᠭᠤ ᠲᠤᠬᠠᠶ ᠵᠢᠨ ᠲᠠᠯᠠᠪᠣᠷ᠎ᠤᠨ ᠬᠢᠨᠠᠨ ᠪᠠᠶ᠋ᠢᠴᠠᠭ᠋ᠠᠬᠤ ᠠᠵᠢᠯ᠎ᠢ ᠬᠠᠷᠢᠭᠤᠴᠠᠵᠤ᠂ ᠡᠯ᠎ᠡ ᠬᠠᠮᠢᠶ᠎ᠠ ᠪᠥᠬᠦᠶ ᠠᠶ᠋ᠢᠮᠠᠭ ᠬᠤᠲᠠ ᠵᠢᠨ ᠲᠣᠪᠴᠢᠶ᠎ᠠ ᠨᠢ ᠦᠨᠡᠮᠯᠡᠯ ᠰᠣᠯᠢᠬᠤ ᠦᠢ᠍ᠯᠡᠳᠬᠦᠨ᠎ᠤ ᠬᠢᠨᠠᠯᠲᠠ ᠬᠠᠮᠢᠶᠠᠷᠤᠯᠲᠠ ᠵᠢᠨ ᠪᠠᠶ᠋ᠢᠳᠠᠯ᠎ᠢ ᠬᠢᠨᠠᠨ ᠬᠠᠷᠭᠤᠭᠤᠯᠬᠤ ᠵᠢ ᠬᠠᠷᠢᠭᠤᠴᠠᠨ᠎ᠠ᠃
(ᠬᠤᠶᠠᠷ ) ᠂ ᠤᠬᠠᠭᠤᠯᠭ᠎ᠠ ᠵᠢᠯᠣᠭᠤᠳᠣᠯᠭ᠎ᠠ᠎ᠪᠠᠨ ᠴᠢᠩᠭ᠋ᠠᠳᠬᠠᠨ᠎ᠠ ᠃ ᠡᠯ᠎ᠡ ᠱᠠᠲᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢ ᠭᠦᠨᠵᠡᠭᠡᠶ ᠥᠷᠨᠢᠭᠦᠯᠵᠦ᠂ 《ᠬᠢᠨᠠᠨ ᠪᠠᠶ᠋ᠢᠴᠠᠭ᠋ᠠᠬᠤ ᠭᠤᠤᠯᠳᠠᠯᠭ᠎ᠠ》᠂ 《〈ᠡᠷᠡᠭᠦᠯᠵᠢᠯ᠎ᠤᠨ ᠢᠳᠡᠭᠡᠨ ᠭᠡᠵᠦ ᠬᠡᠯᠡᠬᠦ ᠵᠢ ᠵᠥᠪᠰᠢᠶᠡᠷᠡᠬᠦ ᠡᠷᠡᠭᠦᠯᠵᠢᠯ᠎ᠤᠨ ᠴᠢᠳᠠᠮᠵᠢ ᠵᠢᠨ ᠭᠠᠷᠴᠠᠭ ᠰᠢᠮ᠎ᠡ ᠲᠡᠵᠢᠭᠡᠯ᠎ᠤᠨ ᠪᠤᠰᠤ ᠨᠥᠬᠦᠪᠥᠷᠢ ᠡᠳ᠋ (2023 ᠣᠨ᠎ᠤ ᠬᠡᠪᠯᠡᠯ) ᠵᠢᠴᠢ ᠢᠵᠢ ᠪᠥᠷᠢᠳᠦᠭᠦᠯᠬᠦ ᠪᠢᠴᠢᠭ ᠮᠠᠲ᠋ᠧᠷᠢᠶᠠᠯ᠎ᠢ ᠨᠡᠶ᠋ᠢᠲᠡᠯᠡᠬᠦ ᠲᠤᠬᠠᠶ ᠠᠯᠪᠠᠨ ᠵᠠᠷ》 ᠵᠡᠷᠭᠡ ᠵᠢ ᠥᠷᠭᠡᠨ ᠵᠶ᠋ᠠᠷ ᠤᠬᠠᠭᠤᠯᠵᠤ᠂ ᠬᠠᠮᠢᠶ᠎ᠠ ᠪᠥᠬᠦᠶ ᠠᠵᠤ ᠠᠬᠤᠶ᠋ᠢᠯᠠᠯ᠂ ᠳᠠᠩᠰᠠᠯᠠᠭᠤᠯᠤᠭᠴᠢ ᠵᠢᠨ ᠦᠨᠡᠮᠯᠡᠯ ᠰᠣᠯᠢᠬᠤ ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ ᠵᠢ ᠭᠦᠢ᠍ᠴᠡᠳ ᠤᠶ᠋ᠢᠯᠠᠭ᠋ᠠᠨ ᠡᠵᠡᠮᠰᠢᠬᠦ ᠵᠢ ᠦᠨᠡᠨ ᠬᠦ᠌ ᠪᠠᠲᠤᠯᠠᠬᠤ ᠬᠡᠷᠡᠭᠲᠡᠶ᠃ ᠠᠵᠤ ᠠᠬᠤᠶ᠋ᠢᠯᠠᠯ᠎ᠤᠨ ᠢᠳᠡᠪᠬᠢᠲᠡᠶ᠎ᠪᠠᠷ ᠪᠡᠯᠡᠳᠬᠡᠬᠦ᠂ ᠴᠠᠭ ᠲᠤᠬᠠᠶ᠎ᠳᠤᠨᠢ ᠮᠡᠳᠡᠭᠦᠯᠬᠦ ᠵᠢ ᠵᠣᠷᠢᠭᠵᠢᠭᠤᠯᠵᠤ᠂ ᠰᠢᠯᠵᠢᠯᠲᠡ ᠵᠢᠨ ᠬᠤᠭᠤᠴᠠᠭ᠎ᠠ ᠳᠠᠭᠤᠰᠬᠤ ᠦᠶ᠎ᠡ (2028 ᠣᠨ)᠎ᠳᠤ ᠣᠪᠣᠭ᠋ᠠᠯᠠᠨ ᠮᠡᠳᠡᠭᠦᠯᠬᠦ ᠪᠠᠶ᠋ᠢᠳᠠᠯ ᠭᠠᠷᠬᠤ᠎ᠠᠴᠠ ᠵᠠᠢ᠌ᠯᠠᠰᠬᠢᠬᠤ ᠬᠡᠷᠡᠭᠲᠡᠢ ᠃
(ᠭᠤᠷᠪᠠ) ᠳᠡᠰ ᠳᠠᠷᠠᠭ᠋ᠠᠯᠠᠯ᠎ᠤᠨ ᠪᠠᠷᠢᠮᠵᠢᠶ᠎ᠠ ᠵᠢ ᠴᠢᠩᠳᠠᠯᠠᠨ᠎ᠠ᠃ 《ᠬᠤᠤᠰ ᠦᠭᠡᠢ》 ᠡᠷᠡᠭᠦᠯᠵᠢᠯ᠎ᠤᠨ ᠢᠳᠡᠭᠡᠨ᠎ᠤ ᠪᠥᠭᠡᠮ ᠵᠦᠢ᠍ᠯᠡᠰ᠎ᠤᠨ ᠦᠨᠡᠮᠯᠡᠯ ᠰᠣᠯᠢᠬᠤ ᠠᠵᠢᠯ᠎ᠳᠤ ᠣᠷᠣᠯᠴᠠᠭᠰᠠᠨ ᠠᠵᠢᠯᠲᠠᠳ ᠠᠵᠢᠯ ᠲᠦᠷᠦᠯ᠎ᠤᠨ ᠰᠤᠷᠲᠠᠯ᠎ᠤᠨ ᠰᠠᠬᠢᠯᠭ᠎ᠠ ᠪᠠᠲᠤ ᠵᠢ ᠴᠢᠩᠭ᠎ᠠ ᠰᠠᠬᠢᠵᠤ᠂ 《ᠬᠢᠨᠠᠨ ᠪᠠᠶ᠋ᠢᠴᠠᠭ᠋ᠠᠬᠤ ᠭᠤᠣᠯᠳᠠᠯᠭ᠎ᠠ》 ᠵᠡᠷᠭᠡ ᠬᠤᠯᠪᠣᠭᠳᠠᠯ ᠪᠦᠬᠦᠢ ᠲᠣᠭᠲᠠᠭ᠋ᠠᠯ᠎ᠢ ᠴᠢᠩᠭ᠎ᠠ ᠵᠢᠷᠤᠮᠯᠠᠨ ᠬᠢᠨᠠᠨ ᠪᠠᠶ᠋ᠢᠴᠠᠭ᠋ᠠᠬᠤ ᠬᠡᠷᠡᠭᠲᠡᠶ᠃ ᠠᠵᠢᠯ᠎ᠤᠨ ᠰᠠᠬᠢᠯᠭ᠎ᠠ ᠪᠠᠲᠤ᠎ᠠᠴᠠ ᠵᠥᠷᠢᠴᠡᠭᠰᠡᠨ᠂ ᠵᠠᠰᠠᠭ᠎ᠤᠨ ᠰᠤᠷᠲᠠᠯ ᠠᠵᠢᠯ ᠲᠥᠷᠥᠯ᠎ᠤᠨ ᠰᠤᠷᠲᠠᠯ᠎ᠢ ᠬᠤᠬᠢᠷᠠᠭᠤᠯᠤᠭᠰᠠᠨ᠂ ᠵᠣᠬᠢᠰ ᠥᠬᠡᠶ ᠠᠰᠢᠭ ᠲᠤᠰᠠ ᠣᠯᠤᠭᠰᠠᠨ ᠵᠡᠷᠭᠡ ᠦᠢ᠍ᠯᠡ ᠠᠵᠢᠯᠯᠠᠭ᠎ᠠ ᠵᠢ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠰᠠᠯᠠᠭ᠎ᠠ ᠮᠥᠴᠢᠷ᠎ᠲᠤ ᠡᠷᠡᠰ ᠰᠢᠯᠵᠢᠭᠦᠯᠦᠨ ᠬᠦᠷᠭᠡᠵᠦ ᠰᠢᠢ᠍ᠳᠪᠦᠷᠢᠯᠡᠨ ᠂ 《ᠬᠤᠤᠰ ᠦᠭᠡᠶ》 ᠪᠦᠭᠡᠮ ᠵᠦᠢ᠍ᠯ᠎ᠤᠨ ᠦᠨᠡᠮᠯᠡᠯ ᠰᠣᠯᠢᠬᠤ ᠠᠵᠢᠯ᠎ᠤᠨ ᠲᠥᠪ ᠭᠤᠤᠯᠴᠢ ᠴᠢᠨᠠᠷ ᠪᠠ ᠲᠥᠪ ᠴᠢᠩᠭ᠎ᠠ ᠴᠢᠨᠠᠷ᠎ᠢ ᠦᠨᠡᠨ ᠬᠦ᠌ ᠪᠠᠲᠣᠯᠠᠬᠤ ᠬᠡᠷᠡᠭᠲᠡᠢ ᠃
(ᠳᠥᠷᠪᠡ ) ᠂ ᠠᠵᠢᠯ᠎ᠤᠨ ᠵᠠᠷᠤᠳᠠᠯ᠎ᠤᠨ ᠪᠠᠲᠤᠯᠠᠭ᠎ᠠ᠃ 《ᠬᠤᠣᠰ ᠦᠭᠡᠢ》 ᠡᠷᠡᠭᠦᠯᠵᠢᠯ᠎ᠤᠨ ᠢᠳᠡᠭᠡᠨ᠎ᠤ ᠦᠨᠡᠮᠯᠡᠯ ᠰᠣᠯᠢᠬᠤ ᠠᠵᠢᠯ᠎ᠤᠨ ᠬᠤᠭᠤᠴᠠᠭ᠋ᠠᠨ᠎ᠳᠤ᠂ ᠲᠤᠬᠠᠶ ᠵᠢᠨ ᠲᠠᠯᠠᠪᠤᠷ᠎ᠲᠤ ᠬᠢᠨᠠᠨ ᠪᠠᠶ᠋ᠢᠴᠠᠭ᠋ᠠᠬᠤ ᠠᠵᠢᠯᠲᠠᠨ (ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠪᠠᠶ᠋ᠢᠭᠤᠯᠭ᠎ᠠ ᠵᠢᠨ ᠠᠵᠢᠯᠲᠠᠨ᠎ᠠᠴᠠ ᠪᠤᠰᠤᠳ) ᠲᠤᠬᠠᠶ ᠵᠢᠨ ᠲᠠᠯᠠᠪᠠᠶ᠎ᠳᠤ ᠬᠢᠨᠠᠨ ᠪᠠᠶ᠋ᠢᠴᠠᠭ᠋ᠠᠬᠤ ᠠᠵᠢᠯ ᠥᠷᠨᠢᠭᠦᠯᠦᠭᠡᠳ ᠪᠤᠶ ᠪᠣᠯᠤᠭᠰᠠᠨ ᠵᠠᠮ ᠬᠠᠷᠢᠯᠴᠠᠭ᠋ᠠᠨ᠎ᠤ ᠵᠠᠷᠤᠳᠠᠯ᠂ ᠬᠤᠨᠤᠭ᠎ᠤᠨ ᠵᠠᠷᠤᠳᠠᠯ᠂ ᠠᠯᠪᠠᠨ ᠠᠵᠢᠯ ᠵᠶ᠋ᠠᠷ ᠭᠠᠳᠠᠭᠰᠢ ᠭᠠᠷᠬᠤ ᠨᠥᠬᠥᠪᠥᠷᠢ ᠵᠢᠨ ᠵᠠᠷᠤᠳᠠᠯ ᠪᠣᠯᠤᠨ ᠲᠤᠰᠬᠠᠶ ᠮᠡᠷᠭᠡᠵᠢᠯᠲᠡᠨ᠎ᠤ ᠬᠥᠳᠡᠯᠮᠦᠷᠢ ᠦᠢ᠍ᠯᠡᠴᠢᠯᠡᠭᠡᠨ᠎ᠤ ᠵᠠᠷᠤᠳᠠᠯ ᠵᠡᠷᠭᠡ ᠵᠢ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠢᠨᠠᠨ ᠦᠨᠡᠯᠡᠬᠦ ᠪᠠᠶ᠋ᠢᠴᠠᠭ᠋ᠠᠨ ᠰᠢᠯᠭ᠋ᠠᠬᠤ ᠲᠥᠪ᠎ᠠᠴᠠ ᠣᠨᠴᠠᠭ᠋ᠠᠢ ᠢᠳᠡᠭᠡᠨ᠎ᠤ ᠲᠣᠭᠲᠠᠯᠴᠠᠭ᠎ᠠ ᠵᠢᠨ ᠪᠠᠶ᠋ᠢᠴᠠᠭ᠋ᠠᠯᠲᠠ ᠵᠢᠨ ᠵᠠᠷᠤᠳᠠᠯ ᠳᠣᠲᠣᠷ᠎ᠠ᠎ᠠᠴᠠ ᠭᠠᠷᠭ᠋ᠠᠬᠤ ᠬᠡᠷᠡᠭᠲᠡᠶ ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠪᠠᠶ᠋ᠢᠭᠤᠯᠤᠯᠭ᠎ᠠ ᠵᠢᠨ ᠠᠵᠢᠯᠲᠠᠨ᠎ᠤ ᠪᠤᠶ ᠪᠣᠯᠤᠭᠰᠠᠨ ᠵᠠᠮ ᠬᠠᠷᠢᠯᠴᠠᠭ᠋ᠠᠨ᠎ᠤ ᠵᠠᠷᠤᠳᠠᠯ᠂ ᠬᠤᠨᠤᠭ᠎ᠤᠨ ᠵᠠᠷᠤᠳᠠᠯ᠂ ᠠᠯᠪᠠᠨ ᠠᠵᠢᠯ ᠵᠶ᠋ᠠᠷ ᠭᠠᠳᠠᠭᠰᠢ ᠭᠠᠷᠬᠤ ᠨᠦᠬᠦᠪᠦᠷᠢ ᠵᠢᠨ ᠵᠠᠷᠤᠳᠠᠯ᠎ᠢ ᠲᠣᠪᠴᠢᠶᠠᠨ᠎ᠤ ᠪᠠᠢ᠌ᠭᠣᠯᠭ᠎ᠠ ᠵᠢᠨ ᠠᠯᠪᠠᠨ ᠠᠵᠢᠯ ᠵᠶ᠋ᠠᠷ ᠭᠠᠳᠠᠭᠰᠢ ᠭᠠᠷᠬᠤ ᠵᠠᠷᠤᠳᠠᠯ᠎ᠤᠨ ᠳᠠᠩᠰᠠ ᠲᠠᠶ᠋ᠢᠯᠬᠤ ᠳᠡᠰ ᠳᠠᠷᠠᠭ᠋ᠠᠯᠠᠯ᠎ᠤᠨ ᠶᠣᠰᠣᠭ᠋ᠠᠷ ᠳᠠᠩᠰᠠ ᠲᠠᠶ᠋ᠢᠯᠬᠤ ᠬᠡᠷᠡᠭᠲᠡᠶ᠃
ᠳᠠᠭ᠋ᠠᠯᠳᠤᠭᠤᠯᠤᠯ᠄
1. ᠦᠢ᠍ᠯᠡᠳᠪᠦᠷᠢᠯᠡᠵᠦ ᠪᠣᠷᠣᠯᠠᠭᠣᠯᠵᠦ ᠪᠠᠢ᠌ᠭ᠎ᠠ 《ᠬᠦᠴᠦᠨ ᠲᠠᠢ ᠬᠤᠭᠤᠴᠠᠭ᠎ᠠ ᠦᠭᠡᠢ ᠪᠠ ᠦᠢ᠍ᠯᠡᠳᠬᠦᠨ᠎ᠤ ᠮᠡᠷᠭᠡᠵᠢᠯ᠎ᠤᠨ ᠱᠠᠭ᠋ᠠᠷᠳᠠᠯᠭ᠎ᠠ ᠦᠭᠡᠢ》 ᠡᠷᠡᠭᠦᠯᠵᠢᠯ᠎ᠤᠨ ᠢᠳᠡᠭᠡᠨ᠎ᠤ ᠦᠨᠡᠮᠯᠡᠯ ᠰᠣᠯᠢᠬᠤ ᠡᠳᠦᠷ ᠳᠣᠳᠣᠮ᠎ᠤᠨ ᠬᠢᠨᠠᠯᠲᠠ ᠬᠠᠮᠢᠶᠠᠷᠤᠯᠲᠠ / ᠲᠤᠬᠠᠢ ᠵᠢᠨ ᠲᠠᠯᠠᠪᠣᠷ᠎ᠤᠨ ᠬᠢᠨᠠᠨ ᠪᠠᠢ᠍ᠴᠠᠭ᠋ᠠᠯᠲᠠ ᠵᠢᠨ ᠮᠡᠳᠡᠭᠳᠡᠯ
2. ᠦᠢ᠍ᠯᠡᠳᠪᠦᠷᠢᠯᠡᠵᠦ ᠪᠣᠷᠣᠯᠠᠭᠣᠯᠵᠦ ᠪᠠᠢ᠌ᠭ᠎ᠠ 《ᠬᠦᠴᠦᠨ᠎ᠲᠠᠢ ᠬᠤᠭᠤᠴᠠᠭ᠎ᠠ ᠦᠭᠡᠶ ᠪᠠ ᠦᠢ᠍ᠯᠡᠳᠬᠦᠨ᠎ᠤ ᠮᠡᠷᠭᠡᠵᠢᠯ᠎ᠤᠨ ᠱᠠᠭ᠋ᠠᠷᠳᠠᠯᠭ᠎ᠠ ᠦᠭᠡᠶ》 ᠡᠷᠡᠭᠦᠯᠵᠢᠯ᠎ᠤᠨ ᠢᠳᠡᠭᠡᠨ᠎ᠤ ᠦᠨᠡᠮᠯᠡᠯ ᠰᠣᠯᠢᠬᠤ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠵᠢᠨ ᠬᠢᠨᠠᠨ ᠪᠠᠶ᠋ᠢᠴᠠᠭ᠋ᠠᠬᠤ ᠰᠠᠨᠠᠯ᠎ᠤᠨ ᠪᠢᠴᠢᠭ
3. ᠦᠢ᠍ᠯᠡᠳᠪᠦᠷᠢᠯᠡᠵᠦ ᠪᠣᠷᠣᠯᠠᠭᠣᠯᠵᠦ ᠪᠠᠢ᠌ᠭ᠎ᠠ 《ᠬᠦᠴᠦᠨ ᠲᠠᠢ ᠬᠤᠭᠤᠴᠠᠭ᠎ᠠ ᠦᠭᠡᠢ ᠪᠠ ᠦᠢ᠍ᠯᠡᠳᠬᠦᠨ᠎ᠤ ᠮᠡᠷᠭᠡᠵᠢᠯ᠎ᠤᠨ ᠱᠠᠭ᠋ᠠᠷᠳᠠᠯᠭ᠎ᠠ ᠦᠭᠡᠢ》 ᠡᠷᠡᠭᠦᠯᠵᠢᠯ᠎ᠤᠨ ᠢᠳᠡᠭᠡᠨ᠎ᠤ ᠦᠨᠡᠮᠯᠡᠯ ᠰᠣᠯᠢᠬᠤ ᠲᠤᠬᠠᠶ ᠵᠢᠨ ᠲᠠᠯᠠᠪᠤᠷ᠎ᠤᠨ ᠬᠢᠨᠠᠨ ᠪᠠᠶ᠋ᠢᠴᠠᠭ᠋ᠠᠬᠤ ᠰᠠᠨᠠᠯ᠎ᠤᠨ ᠪᠢᠴᠢᠭ
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠤᠪᠴᠢᠶ᠎ᠠ
2025 ᠣᠨ᠎ᠤ 2 ᠳ᠋ᠤᠭ᠋ᠠᠷ ᠰᠠᠷ᠎ᠠ ᠵᠢᠨ 24᠎ᠤ ᠡᠳᠦᠷ
(ᠬᠠᠷᠢᠯᠴᠠᠬᠤ ᠬᠥᠮᠦᠨ᠄ ᠵᠢᠶ ᠱᠠ ᠱᠠ᠂ ᠬᠠᠷᠢᠯᠴᠠᠬᠤ ᠤᠲᠠᠰᠤ᠄ 0471 - 4934951᠂ ᠢᠮᠸᠯ ᠄ nmgtsc@126.com᠂ ᠬᠠᠶᠢᠭ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠤᠲᠠ ᠵᠢᠨ ᠵᠢᠨ ᠴᠢᠶᠣᠣ ᠨᠡᠭᠡᠭᠡᠯᠲᠡ ᠵᠢᠨ ᠲᠣᠭᠤᠷᠢᠭ᠎ᠤᠨ ᠱ᠌ᠢ ᠵᠢᠢ 4 ᠵᠠᠮ᠎ᠤᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠣᠨᠴᠠᠭ᠋ᠠᠶ ᠢᠳᠡᠭᠡᠨ᠎ᠤ ᠭᠠᠵᠠᠷ)
ᠳᠠᠭ᠋ᠠᠯᠳᠤᠭᠤᠯᠤᠯ᠎ᠢ ᠪᠠᠭᠤᠯᠭ᠋ᠠᠬᠤ ᠄