2024 ᠣᠨ᠎ᠳᠤ ᠳᠤᠮᠳᠠᠳᠤ ᠤᠯᠤᠰ᠎ᠤᠨ ᠡᠷᠬᠡ ᠲᠡᠭᠰᠢ ᠥᠷᠢᠰᠦᠯᠳᠦᠭᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠭᠠᠷᠠᠭ — ᠲᠠᠨ᠎ᠳᠤ ᠡᠷᠬᠡ ᠲᠡᠭᠰᠢ ᠥᠷᠢᠰᠦᠯᠳᠦᠭᠡᠨ᠎ᠤ ᠲᠥᠷᠥ ᠵᠢᠨ ᠪᠣᠳᠣᠯᠭ᠎ᠠ ᠵᠢᠨ ᠮᠡᠳᠡᠯᠭᠡ ᠵᠢ ᠣᠢ᠌ᠯᠠᠭ᠋ᠠᠭᠤᠯᠤᠶ᠎ᠠ
2024-10-11

ᠶᠠᠭᠤ ᠵᠢ ᠦᠷᠢᠰᠦᠯᠳᠦᠭᠡᠨ᠎ᠤ ᠲᠦᠷᠦ ᠵᠢᠨ ᠪᠤᠳᠤᠯᠭ᠎ᠠ ᠭᠡᠬᠦ ᠪᠤᠢ

     ᠶᠡᠷᠦ᠎ᠳᠤ᠎ᠪᠠᠨ ᠵᠠᠬ᠎ᠠ ᠳᠡᠯᠭᠡᠭᠦᠷ᠎ᠤᠨ ᠠᠵᠤ ᠠᠬᠤᠶ ᠵᠢᠨ ᠠᠵᠢᠯᠯᠠᠭ᠎ᠠ ᠳᠤᠮᠳᠠ ᠵᠠᠬ᠎ᠠ ᠳᠡᠯᠭᠡᠭᠦᠷ᠎ᠤᠨ ᠭᠣᠤᠯᠴᠢ ᠥᠷᠢᠰᠦᠯᠳᠦᠭᠡᠨ᠎ᠢ ᠬᠠᠮᠠᠭ᠋ᠠᠯᠠᠨ ᠠᠬᠢᠭᠤᠯᠬᠤ ᠲᠥᠷᠥ ᠵᠢᠨ ᠪᠣᠳᠣᠯᠭ᠎ᠠ᠂ ᠬᠠᠤᠯᠢ ᠴᠠᠭ᠋ᠠᠵᠠ ᠪᠣᠯᠤᠨ ᠬᠢᠨᠠᠨ ᠬᠠᠮᠢᠶᠠᠷᠬᠤ ᠲᠣᠭᠲᠠᠴᠠ ᠵᠢᠨ ᠨᠡᠶ᠋ᠢᠯᠡᠪᠦᠷᠢ ᠭᠡᠵᠦ ᠣᠶ᠋ᠢᠯᠠᠭ᠋ᠠᠵᠤ ᠪᠣᠯᠤᠨ᠎ᠠ᠃ ᠭᠤᠤᠯᠳᠠᠭᠤ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠭᠴᠠᠭ᠋ᠠᠷ ᠡᠵᠡᠮᠰᠢᠯ᠎ᠢ ᠡᠰᠡᠷᠭᠦᠴᠡᠬᠦ ᠬᠠᠤᠯᠢ》 (ᠳᠣᠷᠣᠭᠰᠢ 《ᠭᠠᠭᠴᠠᠭ᠋ᠠᠷ ᠡᠵᠡᠮᠰᠢᠯ᠎ᠢ ᠡᠰᠡᠷᠭᠦᠴᠡᠬᠦ ᠬᠠᠤᠯᠢ》 ᠭᠡᠵᠦ ᠲᠣᠪᠴᠢᠯᠠᠨ᠎ᠠ)᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠦᠶ ᠪᠤᠰᠤ ᠥᠷᠢᠰᠥᠯᠳᠦᠭᠡᠨ᠎ᠢ ᠡᠰᠡᠷᠭᠦᠴᠡᠬᠦ ᠬᠠᠤᠯᠢ》᠂ 《ᠭᠤᠤᠯᠴᠢ ᠥᠷᠢᠰᠥᠯᠳᠦᠭᠡᠨ᠎ᠢ ᠬᠢᠨᠠᠨ ᠪᠠᠶ᠋ᠢᠴᠠᠭ᠋ᠠᠬᠤ ᠲᠦᠷᠢᠮ》 ᠵᠡᠷᠭᠡ ᠬᠣᠯᠪᠣᠭᠳᠠᠯ ᠪᠥᠬᠦᠶ ᠬᠠᠤᠯᠢ ᠴᠠᠭ᠋ᠠᠵᠠ ᠵᠢᠴᠢ ᠢᠵᠢ ᠪᠥᠷᠢᠳᠦᠭᠰᠡᠨ ᠡᠯ᠎ᠡ ᠵᠦᠢ᠍ᠯ᠎ᠤᠨ ᠲᠦᠷᠢᠮ ᠲᠣᠭᠲᠠᠭ᠋ᠠᠯ᠂ ᠵᠦᠭᠯᠡᠭᠦᠷ ᠪᠠ ᠪᠤᠰᠤᠳ ᠲᠥᠷᠥ ᠵᠢᠨ ᠪᠣᠳᠣᠯᠭ᠎ᠠ ᠵᠢ ᠪᠠᠭᠲᠠᠭ᠋ᠠᠨ᠎ᠠ᠃

ᠶᠠᠭᠤᠨ᠎ᠳᠤ ᠦᠷᠢᠰᠦᠯᠳᠦᠭᠡᠨ᠎ᠤ ᠳᠦᠷᠦ ᠵᠢᠨ ᠪᠤᠳᠤᠯᠭ᠎ᠠ ᠵᠢᠨ ᠦᠨᠳᠦᠰᠦᠨ ᠪᠠᠶ᠋ᠢᠷᠢ ᠰᠠᠭᠤᠷᠢ ᠵᠢ ᠴᠢᠩᠭ᠋ᠠᠷᠠᠭᠤᠯᠬᠤ ᠪᠤᠢ

     《ᠭᠠᠭᠴᠠᠭ᠋ᠠᠷ ᠡᠵᠡᠮᠰᠢᠯ᠎ᠢ ᠡᠰᠡᠷᠭᠦᠴᠡᠬᠦ ᠬᠠᠤᠯᠢ》 ᠵᠢᠨ ᠳᠥᠷᠪᠡᠳᠦᠭᠡᠷ ᠵᠣᠷᠪᠣᠰ᠎ᠲᠤ 《ᠤᠯᠤᠰ᠎ᠠᠴᠠ ᠵᠠᠬ᠎ᠠ ᠳᠡᠯᠭᠡᠭᠦᠷᠴᠢᠯᠡᠬᠦ᠂ ᠬᠠᠤᠯᠢ᠎ᠪᠠᠷ ᠵᠠᠰᠠᠬᠤ ᠵᠠᠷᠴᠢᠮ᠎ᠢ ᠪᠠᠷᠢᠮᠲᠠᠯᠠᠵᠤ᠂ ᠥᠷᠢᠰᠥᠯᠳᠦᠭᠡᠨ᠎ᠤ ᠲᠦᠷᠦ ᠵᠢᠨ ᠪᠤᠳᠤᠯᠭ᠎ᠠ ᠵᠢᠨ ᠦᠨᠳᠦᠰᠦᠨ ᠪᠠᠶ᠋ᠢᠷᠢ ᠰᠠᠭᠤᠷᠢ ᠵᠢ ᠴᠢᠩᠭ᠋ᠠᠷᠠᠭᠤᠯᠵᠤ᠂ ᠨᠡᠶ᠋ᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ᠎ᠲᠠᠢ ᠵᠣᠬᠢᠴᠠᠭᠰᠠᠨ ᠥᠷᠢᠰᠥᠯᠳᠦᠭᠡᠨ᠎ᠤ ᠲᠦᠷᠢᠮ᠎ᠢ ᠲᠣᠭᠲᠠᠭ᠋ᠠᠨ ᠬᠡᠷᠡᠭᠵᠢᠭᠦᠯᠵᠦ᠂ ᠬᠤᠷᠸ᠎ᠠ ᠲᠣᠬᠢᠷᠠᠭᠤᠯᠤᠯ ᠡᠵᠡᠮᠳᠡᠯ᠎ᠢ ᠲᠡᠭᠦᠯᠳᠡᠷᠵᠢᠭᠦᠯᠵᠦ᠂ ᠨᠢᠭᠡᠳᠦᠯᠲᠡᠢ᠂ ᠨᠡᠭᠡᠭᠡᠯᠲᠡᠲᠡᠢ᠂ ᠥᠷᠢᠰᠦᠯᠳᠦᠭᠰᠡᠨ᠂ ᠡᠮᠬᠢ ᠵᠢᠷᠤᠮ᠎ᠲᠠᠢ ᠵᠠᠬ᠎ᠠ ᠳᠡᠯᠭᠡᠭᠦᠷ᠎ᠤᠨ ᠲᠣᠭᠲᠠᠯᠴᠠᠭ᠎ᠠ ᠵᠢ ᠲᠡᠭᠦᠯᠳᠡᠷᠵᠢᠭᠦᠯᠦᠨ᠎ᠡ》 ᠭᠡᠵᠦ ᠲᠣᠭᠲᠠᠭ᠋ᠠᠪᠠ᠃ ᠡᠷᠬᠡ ᠲᠡᠭᠰᠢ ᠥᠷᠢᠰᠥᠯᠳᠦᠭᠡᠨ ᠪᠤᠯ ᠵᠠᠬ᠎ᠠ ᠳᠡᠯᠭᠡᠭᠦᠷ᠎ᠤᠨ ᠠᠵᠤ ᠠᠬᠤᠶ ᠵᠢᠨ ᠭᠤᠤᠯᠳᠠᠯᠭ᠎ᠠ ᠮᠥᠨ᠃ ᠥᠷᠢᠰᠥᠯᠳᠦᠭᠡᠨ᠎ᠤ ᠲᠥᠷᠥ ᠵᠢᠨ ᠪᠣᠳᠣᠯᠭ᠎ᠠ ᠵᠢᠨ ᠦᠨᠳᠦᠰᠦᠨ ᠪᠠᠶ᠋ᠢᠷᠢ ᠰᠠᠭᠤᠷᠢ ᠵᠢ ᠴᠢᠩᠭ᠋ᠠᠷᠠᠭᠤᠯᠬᠤ ᠪᠣᠯ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ᠎ᠤᠨ ᠲᠣᠭᠲᠠᠯᠴᠠᠭ᠎ᠠ   ᠪᠠ ᠣᠳᠣᠬᠢᠴᠢᠯᠠᠭᠰᠠᠨ ᠠᠵᠤ ᠠᠬᠤᠶ ᠵᠢᠨ ᠲᠣᠭᠲᠠᠯᠴᠠᠭ᠎ᠠ ᠵᠢ ᠪᠠᠶ᠋ᠢᠭᠤᠯᠬᠤ᠂ ᠨᠡᠶ᠋ᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠶ ᠵᠢᠨ ᠪᠠᠶ᠋ᠢᠭᠤᠯᠤᠯ᠎ᠢ ᠲᠦᠷᠭᠡᠳᠬᠡᠨ ᠲᠡᠭᠦᠯᠳᠡᠷᠵᠢᠭᠦᠯᠬᠦ ᠵᠢᠨ ᠴᠢᠬᠤᠯᠠ ᠠᠭᠤᠯᠭ᠎ᠠ ᠮᠥᠨ᠂ ᠠᠵᠤ ᠠᠬᠤᠶ ᠵᠢᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠳᠣᠲᠣᠭ᠋ᠠᠳᠤ ᠱᠠᠭ᠋ᠠᠷᠳᠠᠯᠭ᠎ᠠ ᠮᠥᠨ᠂ ᠪᠠᠰᠠ ᠴᠤ᠌ ᠥᠨᠳᠥᠷ ᠲᠦᠪᠰᠢᠨ ᠪᠥᠬᠦᠶ ᠭᠠᠳᠠᠭ᠋ᠠᠳᠤ ᠨᠡᠭᠡᠭᠡᠯᠲᠡ ᠵᠢᠨ ᠠᠵᠤ ᠠᠬᠤᠶ ᠵᠢᠨ ᠰᠢᠨ᠎ᠡ ᠪᠠᠶ᠋ᠢᠭᠤᠯᠤᠯ᠎ᠢ ᠪᠠᠶ᠋ᠢᠭᠤᠯᠬᠤ ᠵᠢᠨ ᠵᠠᠶ᠋ᠢᠯᠠᠰᠢ ᠥᠬᠡᠶ ᠬᠡᠷᠡᠭᠴᠡᠭᠡ ᠮᠥᠨ᠃

ᠶᠠᠭᠤ ᠵᠢ ᠭᠠᠭᠴᠠᠭ᠋ᠠᠷ ᠡᠵᠠᠮᠰᠢᠯ ᠭᠡᠬᠦ ᠪᠤᠢ

     ᠭᠠᠭᠴᠠᠭ᠋ᠠᠷ ᠡᠵᠡᠮᠰᠢᠯ ᠪᠤᠯ ᠥᠷᠢᠰᠥᠯᠳᠦᠭᠡᠨ᠎ᠤ ᠬᠠᠷᠢᠴᠠᠩᠭᠣᠢ ᠤᠬᠠᠭᠳᠠᠬᠤᠨ ᠮᠥᠨ᠃ 《ᠭᠠᠭᠴᠠᠭ᠋ᠠᠷ ᠡᠵᠡᠮᠰᠢᠯ᠎ᠢ ᠡᠰᠡᠷᠭᠦᠴᠡᠬᠦ ᠬᠠᠤᠯᠢ》᠎ᠳᠤ ᠭᠤᠷᠪᠠᠨ ᠵᠦᠢ᠍ᠯ᠎ᠤᠨ ᠭᠠᠭᠴᠠᠭ᠋ᠠᠷ ᠡᠵᠡᠮᠰᠢᠯ᠎ᠤᠨ ᠠᠵᠢᠯᠯᠠᠭ᠎ᠠ ᠵᠢ ᠲᠣᠭᠲᠠᠭ᠋ᠠᠪᠠ᠄

     1. ᠡᠵᠡᠩᠨᠡᠭᠴᠢᠳ ᠭᠠᠭᠴᠠᠭ᠋ᠠᠷ ᠡᠵᠡᠮᠰᠢᠬᠦ ᠬᠡᠯᠡᠯᠴᠡᠭᠡᠷ ᠲᠣᠭᠲᠠᠬᠤ

     2. ᠡᠵᠡᠩᠨᠡᠭᠴᠢᠳ ᠵᠠᠬ᠎ᠠ ᠲᠡᠯᠬᠡᠭᠦᠷ᠎ᠢ ᠵᠠᠬᠢᠷᠬᠤ ᠪᠠᠶ᠋ᠢᠷᠢ ᠰᠠᠭᠤᠷᠢ ᠵᠢ ᠲᠤᠷ᠎ᠠ᠎ᠪᠠᠷ ᠬᠡᠷᠡᠭᠯᠡᠬᠦ

     3. ᠥᠷᠢᠰᠦᠯᠳᠦᠭᠡᠨ᠎ᠢ ᠠᠷᠢᠯᠭ᠋ᠠᠬᠤ ᠪᠠ ᠬᠢᠵᠠᠭ᠋ᠠᠷᠯᠠᠬᠤ ᠦᠷ᠎ᠡ ᠳ᠋ᠦᠩ᠎ᠲᠠᠢ ᠡᠵᠡᠩᠨᠡᠭᠴᠢ ᠵᠢᠨ ᠲᠥᠪᠯᠡᠷᠡᠯ  ᠪᠠᠢ᠌ᠬᠤ ᠪᠣᠶᠤ ᠪᠠᠢ᠌ᠬᠤ ᠪᠣᠯᠣᠯᠴᠠᠭ᠎ᠠ᠎ᠲᠠᠢ

     ᠳᠡᠭᠡᠷᠡᠬᠢ ᠭᠤᠷᠪᠠᠨ ᠵᠦᠢ᠍ᠯ᠎ᠤᠨ ᠡᠵᠡᠩᠨᠡᠭᠴᠢ ᠵᠢᠨ ᠭᠠᠭᠴᠠᠭ᠋ᠠᠷ ᠡᠵᠡᠮᠰᠢᠬᠦ ᠦᠢ᠍ᠯᠡ ᠠᠵᠢᠯᠯᠠᠭ᠎ᠠ᠎ᠠᠴᠠ ᠭᠠᠳᠠᠨ᠎ᠠ᠂ 《ᠭᠠᠭᠴᠠᠭ᠋ᠠᠷ ᠡᠵᠡᠮᠰᠢᠯ᠎ᠢ ᠡᠰᠡᠷᠭᠦᠴᠡᠬᠦ ᠬᠠᠤᠯᠢ》᠎ᠨᠢ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠪᠠ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠠᠴᠠ ᠡᠷᠬᠡ ᠣᠯᠭᠤᠭᠰᠠᠨ ᠤᠯᠠᠨ ᠨᠡᠶ᠋ᠢᠲᠡ ᠵᠢᠨ ᠬᠡᠷᠡᠭ ᠶᠠᠪᠤᠳᠠᠯ᠎ᠢ ᠬᠠᠮᠢᠶᠠᠷᠬᠤ ᠡᠭᠦᠷᠭᠡ ᠴᠢᠳᠠᠪᠤᠷᠢ᠎ᠲᠠᠢ ᠵᠣᠬᠢᠶᠠᠨ ᠪᠠᠶ᠋ᠢᠭᠤᠯᠤᠯᠲᠠ᠎ᠳᠤ ᠵᠠᠰᠠᠭ ᠵᠠᠬᠢᠷᠭ᠋ᠠᠨ᠎ᠤ ᠡᠷᠬᠡ᠎ᠪᠠᠨ ᠳᠤᠷ᠎ᠠ᠎ᠪᠠᠷ ᠵᠶ᠋ᠠᠨ ᠬᠡᠷᠡᠭᠯᠡᠵᠦ᠂ ᠥᠷᠢᠰᠥᠯᠳᠦᠭᠡᠨ᠎ᠢ ᠠᠷᠢᠯᠭ᠋ᠠᠬᠤ ᠪᠠ ᠬᠢᠵᠠᠭ᠋ᠠᠷᠯᠠᠬᠤ ᠵᠢ ᠬᠣᠷᠢᠭᠯᠠᠬᠤ ᠲᠣᠭᠲᠠᠭ᠋ᠠᠯ ᠭᠠᠷᠭ᠋ᠠᠪᠠ᠃ ᠣᠨᠴᠠᠭ᠋ᠠᠢ᠌ᠯᠠᠨ ᠠᠩᠬᠠᠷᠬᠤ᠎ᠨᠢ᠂ 《ᠭᠠᠭᠴᠠᠭ᠋ᠠᠷ ᠡᠵᠡᠮᠰᠢᠯ᠎ᠤᠨ ᠪᠠᠶ᠋ᠢᠷᠢ ᠰᠠᠭᠤᠷᠢ》 (ᠵᠠᠬ᠎ᠠ ᠳᠡᠯᠭᠡᠭᠦᠷ᠎ᠤᠨ ᠵᠠᠬᠢᠷᠬᠤ ᠪᠠᠶ᠋ᠢᠷᠢ ᠰᠠᠭᠤᠷᠢ) ᠵᠢᠨ ᠲᠤᠰ ᠪᠡᠶ᠎ᠡ᠎ᠨᠢ ᠬᠠᠤᠯᠢ᠎ᠠᠴᠠ ᠵᠥᠷᠢᠴᠡᠭᠰᠡᠨ᠎ᠢ ᠬᠠᠷᠠᠭᠤᠯᠵᠤ ᠪᠠᠶ᠋ᠢᠬᠤ ᠪᠢᠰᠢ᠂ 《ᠭᠠᠭᠴᠠᠭ᠋ᠠᠷ ᠡᠵᠡᠮᠰᠢᠯ᠎ᠢ ᠡᠰᠡᠷᠭᠦᠴᠡᠬᠦ ᠬᠠᠤᠯᠢ》 ᠵᠢᠨ ᠬᠣᠷᠢᠭᠯᠠᠭᠰᠠᠨ ᠭᠠᠭᠴᠠᠭ᠋ᠠᠷ ᠡᠵᠡᠮᠰᠢᠬᠦ ᠠᠵᠢᠯᠯᠠᠭ᠎ᠠ ᠵᠢ ᠬᠢᠵᠦ ᠪᠠᠶ᠋ᠢᠭ᠎ᠠ ᠡᠰᠡᠬᠦ ᠵᠢ᠎ᠨᠢ ᠦᠵᠡᠬᠦ ᠬᠡᠷᠡᠭᠲᠡᠢ᠃ ᠭᠠᠭᠴᠠᠭ᠋ᠠᠷ ᠡᠵᠡᠮᠰᠢᠬᠦ ᠦᠢ᠍ᠯᠡ ᠠᠵᠢᠯᠯᠠᠭ᠎ᠠ᠎ᠨᠢ ᠥᠷᠢᠰᠥᠯᠳᠦᠭᠡᠨ᠎ᠢ ᠠᠷᠢᠯᠭ᠋ᠠᠬᠤ ᠪᠠ ᠬᠢᠵᠠᠭ᠋ᠠᠷᠯᠠᠵᠤ᠂ ᠡᠬᠢ ᠪᠠᠶᠠᠯᠢᠭ᠎ᠤᠨ ᠲᠣᠬᠢᠷᠠᠭᠤᠯᠬᠤ ᠴᠢᠳᠠᠪᠤᠷᠢ ᠵᠢ ᠪᠠᠳᠠᠷᠠᠭᠤᠯᠬᠤ ᠵᠢ ᠬᠠᠷᠰᠢᠯᠠᠵᠤ᠂ ᠠᠵᠤ ᠠᠬᠤᠶ ᠵᠢᠨ ᠠᠵᠢᠯᠯᠠᠭ᠋ᠠᠨ ᠎ᠤ  ᠦᠷ᠎ᠡ  ᠪᠦᠲᠦᠮᠵᠢ ᠵᠢ  ᠪᠠᠭᠤᠷᠠᠭᠤᠯᠵᠤ᠂ ᠬᠡᠷᠡᠭᠯᠡᠭᠴᠢᠳ᠎ᠤᠨ ᠠᠰᠢᠭ ᠲᠤᠰᠠ ᠪᠠ ᠨᠡᠶ᠋ᠢᠭᠡᠮ ᠨᠡᠶ᠋ᠢᠲᠡ ᠵᠢᠨ ᠠᠰᠢᠭ ᠲᠤᠰᠠ ᠵᠢ ᠬᠣᠬᠢᠷᠠᠭᠤᠯᠬᠤ ᠪᠣᠯᠬᠣᠷ  ᠭᠠᠭᠴᠠᠭ᠋ᠠᠷ  ᠡᠵᠡᠮᠰᠢᠯ ᠎ᠢ  ᠡᠰᠡᠷᠭᠦᠴᠡᠬᠦ  ᠬᠡᠷᠡᠭᠲᠡᠶ᠃

ᠭᠠᠭᠴᠠᠭ᠋ᠠᠷ ᠡᠵᠡᠮᠰᠢᠯ᠎ᠤᠨ ᠲᠤᠬᠠᠢ ᠬᠡᠯᠡᠯᠴᠡᠭᠡᠷ

     ᠭᠠᠭᠴᠠᠭ᠋ᠠᠷ  ᠡᠵᠡᠮᠰᠢᠯ᠎ᠤᠨ  ᠬᠡᠯᠡᠯᠴᠡᠭᠡᠷ ᠭᠡᠳᠡᠭ᠎ᠨᠢ ᠥᠷᠢᠰᠥᠯᠳᠦᠭᠡᠨ᠎ᠤ ᠵᠥᠪᠯᠡᠯᠴᠡᠭᠡᠷ ᠂ ᠲᠣᠭᠲᠠᠭ᠋ᠠᠯ᠎ᠢ ᠦᠭᠡᠢ᠌ᠰᠬᠡᠬᠦ᠂ ᠬᠢᠵᠠᠭ᠋ᠠᠷᠯᠠᠬᠤ ᠪᠣᠶᠤ ᠪᠣᠰᠤᠳ ᠬᠠᠮᠵᠢᠯᠴᠠᠭ᠋ᠠᠨ᠎ᠤ ᠠᠵᠢᠯᠯᠠᠭ᠎ᠠ ᠵᠢ ᠵᠢᠭ᠋ᠠᠵᠤ ᠪᠤᠶ ᠃  ᠭᠠᠭᠴᠠᠭ᠋ᠠᠷ  ᠡᠵᠡᠮᠰᠢᠯ᠎ᠤᠨ ᠬᠡᠯᠡᠯᠴᠡᠭᠡᠷ᠎ᠤᠨ ᠴᠥᠮ᠎ᠡ᠎ᠨᠢ  ᠬᠠᠮᠲᠤ᠎ᠪᠠᠷ  ᠠᠷᠭ᠎ᠠ ᠪᠣᠳᠣᠯᠭ᠎ᠠ ᠲᠣᠭᠲᠠᠭ᠋ᠠᠬᠤ᠂ ᠡᠵᠡᠩᠨᠡᠭᠴᠢᠳ ᠬᠣᠭᠣᠷᠣᠨᠳᠣ᠎ᠪᠠᠨ ᠬᠠᠮᠲᠤ᠎ᠪᠠᠷ  ᠵᠥᠪᠳᠡᠯᠴᠡᠬᠦ ᠠᠵᠢᠯᠯᠠᠭ᠎ᠠ᠎ᠪᠠᠷ ᠳᠠᠮᠵᠢᠭᠤᠯᠤᠨ ᠬᠣᠯᠪᠣᠭᠳᠠᠯ ᠪᠦᠬᠦᠢ ᠵᠠᠬ᠎ᠠ ᠳᠡᠯᠭᠡᠭᠦᠷ᠎ᠤᠨ ᠳᠣᠲᠣᠷᠠᠬᠢ ᠥᠷᠢᠰᠥᠯᠳᠦᠭᠡᠨ᠎ᠢ ᠠᠷᠢᠯᠭ᠋ᠠᠬᠤ ᠪᠠ ᠬᠢᠵᠠᠭ᠋ᠠᠷᠯᠠᠵᠤ᠂ ᠦᠷᠭᠦᠯᠵᠢᠯᠡᠨ ᠭᠠᠭᠴᠠᠭ᠋ᠠᠷ ᠡᠵᠡᠮᠰᠢᠨ ᠠᠰᠢᠭ ᠬᠣᠨᠵᠢᠪᠣᠷᠢ ᠣᠯᠵᠤ᠂ ᠬᠡᠷᠡᠭᠯᠡᠭᠴᠢᠳ᠎ᠤᠨ ᠠᠰᠢᠭ ᠲᠤᠰᠠ ᠵᠢ ᠬᠦᠨᠳᠦ ᠨᠣᠴᠢᠲᠠᠶ  ᠬᠣᠬᠢᠷᠠᠭᠤᠯᠬᠤ  ᠦᠢ᠍ᠯᠡ  ᠠᠵᠢᠯᠯᠠᠭ᠎ᠠ  ᠪᠣᠯᠤᠨ᠎ᠠ᠃

ᠵᠠᠬ᠎ᠠ ᠳᠡᠯᠭᠡᠭᠦᠷ᠎ᠤᠨ ᠵᠠᠬᠢᠷᠬᠤ ᠪᠠᠶ᠋ᠢᠷᠢ ᠰᠠᠭᠤᠷᠢ᠎ᠪᠠᠨ ᠳᠤᠷ᠎ᠠ᠎ᠪᠠᠷ ᠬᠡᠷᠡᠭᠯᠡᠬᠦ ᠲᠤᠬᠠᠶ

     ᠵᠠᠬ᠎ᠠ ᠳᠡᠯᠭᠡᠭᠦᠷ᠎ᠤᠨ ᠵᠠᠬᠢᠷᠬᠤ ᠪᠠᠶ᠋ᠢᠷᠢ ᠰᠠᠭᠤᠷᠢ ᠭᠡᠳᠡᠭ᠎ᠨᠢ ᠡᠵᠡᠩᠨᠡᠭᠴᠢ᠎ᠠᠴᠠ ᠬᠣᠯᠪᠣᠭᠳᠠᠯ ᠪᠦᠬᠦᠢ ᠵᠠᠬ᠎ᠠ ᠳᠡᠯᠭᠡᠭᠦᠷ᠎ᠤᠨ ᠳᠣᠲᠣᠷ᠎ᠠ ᠳᠤᠤᠷᠠᠬᠢ ᠵᠦᠢ᠍ᠯᠡᠰ ᠣᠷᠤᠰᠢᠬᠤ ᠵᠢ ᠵᠢᠭ᠋ᠠᠵᠤ ᠪᠤᠶ᠄

     1. ᠲᠠᠸᠠᠷ᠎ᠤᠨ ᠣᠢ᠍ᠨ᠎ᠠ᠂ ᠳᠣᠭ᠎ᠠ ᠬᠡᠮᠵᠢᠶ᠎ᠡ ᠪᠤᠶᠤ ᠪᠤᠰᠤᠳ ᠠᠷᠠᠯᠵᠢᠶᠠᠨ᠎ᠤ ᠨᠣᠢ᠍ᠭᠦᠴᠠᠯ᠎ᠢ ᠬᠢᠵᠠᠭ᠋ᠠᠷᠯᠠᠵᠤ ᠳᠡᠢ᠌ᠯᠬᠦ

     2. ᠪᠤᠰᠤᠳ ᠡᠵᠡᠩᠨᠡᠭᠴᠢᠳ᠎ᠤᠨ ᠬᠤᠯᠪᠤᠭᠲᠠᠯ ᠪᠦᠭᠦᠢ ᠵᠠᠬ᠎ᠠ ᠲᠡᠯᠭᠡᠭᠦᠷ᠎ᠤᠨ ᠴᠢᠲᠠᠪᠤᠷᠢ᠎ᠳᠤ ᠤᠷᠤᠬᠤ ᠵᠠᠬ᠎ᠠ ᠲᠡᠯᠭᠡᠭᠦᠷ᠎ᠤᠨ ᠪᠠᠶ᠋ᠢᠷᠢ ᠰᠠᠭᠤᠷᠢ ᠵᠢ ᠬᠠᠷᠰᠢᠯᠠᠬᠤ᠂ ᠨᠦᠯᠦᠭᠡᠯᠡᠵᠦ ᠳᠡᠢ᠌ᠯᠬᠦ

     ᠡᠵᠡᠩᠨᠡᠭᠴᠢ᠎ᠠᠴᠠ ᠵᠠᠬ᠎ᠠ ᠳᠡᠯᠭᠡᠭᠦᠷ᠎ᠤᠨ ᠵᠠᠬᠢᠷᠬᠤ ᠪᠠᠢ᠌ᠷᠢ ᠰᠠᠭᠤᠷᠢ᠎ᠪᠠᠨ ᠳᠤᠷ᠎ᠠ᠎ᠪᠠᠷ ᠬᠡᠷᠡᠭᠯᠡᠬᠦ ᠭᠡᠳᠡᠭ᠎ᠨᠢ ᠵᠠᠬ᠎ᠠ ᠳᠡᠯᠭᠡᠭᠦᠷ᠎ᠢ ᠵᠠᠬᠢᠷᠬᠤ ᠪᠠᠢ᠌ᠷᠢ ᠰᠠᠭᠤᠷᠢ᠎ᠲᠠᠢ ᠡᠵᠡᠩᠨᠡᠭᠴᠢ ᠲᠤᠰ ᠪᠠᠢ᠌ᠷᠢ᠎ᠳᠤ᠎ᠪᠠᠨ ᠲᠦᠰᠢᠭᠯᠡᠨ᠂ ᠬᠣᠯᠪᠣᠭᠳᠠᠯ ᠪᠥᠬᠥᠢ ᠵᠠᠬ᠎ᠠ ᠳᠡᠯᠭᠡᠭᠦᠷ᠎ᠤᠨ ᠳᠣᠲᠣᠷ᠎ᠠ ᠲᠥᠪ ᠪᠤᠰᠤ᠎ᠪᠠᠷ ᠥᠷᠢᠰᠦᠯᠳᠦᠭᠡᠨ᠎ᠢ ᠠᠷᠢᠯᠭ᠋ᠠᠬᠤ᠂ ᠬᠢᠵᠠᠭ᠋ᠠᠷᠯᠠᠵᠤ᠂ ᠬᠡᠷᠡᠭᠯᠡᠭᠴᠢᠳ᠎ᠤᠨ ᠠᠰᠢᠭ ᠲᠤᠰᠠ ᠪᠠ ᠨᠡᠢ᠌ᠭᠡᠮ᠎ᠤᠨ ᠣᠯᠠᠨ ᠨᠡᠢ᠌ᠲᠡ ᠵᠢᠨ ᠠᠰᠢᠭ ᠲᠤᠰᠠ ᠵᠢ ᠬᠣᠬᠢᠷᠠᠭᠤᠯᠬᠤ ᠠᠵᠢᠯᠯᠠᠭ᠎ᠠ ᠵᠢ ᠵᠢᠭ᠋ᠠᠨ᠎ᠠ᠃

ᠡᠵᠡᠩᠨᠡᠭᠴᠢ ᠲᠥᠪᠯᠡᠷᠡᠭᠦᠯᠬᠦ ᠲᠤᠬᠠᠢ

     ᠡᠵᠡᠩᠨᠡᠭᠴᠢ ᠲᠥᠪᠯᠡᠷᠡᠭᠦᠯᠬᠦ ᠭᠡᠳᠡᠭ᠎ᠨᠢ ᠡᠵᠡᠩᠨᠡᠭᠴᠢ ᠨᠡᠶ᠋ᠢᠯᠡᠭᠦᠯᠬᠦ᠂ ᠡᠳ᠋ ᠬᠥᠷᠥᠩᠭᠡ ᠬᠤᠳᠠᠯᠳᠤᠨ ᠠᠪᠬᠤ᠂ ᠬᠤᠪᠢᠴᠠᠭ᠎ᠠ ᠵᠢ ᠬᠤᠳᠠᠯᠳᠤᠨ ᠠᠪᠬᠤ᠂ ᠭᠡᠷ᠎ᠡ᠎ᠪᠠᠷ ᠪᠣᠯᠵᠣᠨ ᠲᠣᠭᠲᠠᠬᠤ (ᠬᠣᠯᠪᠣᠭ᠋ᠠᠯᠠᠨ ᠡᠵᠡᠩᠨᠡᠬᠦ᠂ ᠬᠠᠮᠲᠤᠷᠠᠨ ᠡᠵᠡᠩᠨᠡᠬᠦ)᠂ ᠠᠵᠢᠯᠲᠠᠨ᠎ᠤ ᠶᠠᠪᠤᠳᠠᠯ᠎ᠤᠨ ᠲᠣᠬᠢᠷᠠᠭᠤᠯᠤᠯᠲᠠ᠂ ᠮᠡᠷᠭᠡᠵᠢᠯ᠎ᠤᠨ ᠡᠵᠡᠮᠳᠡᠯ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ ᠪᠤᠰᠤᠳ ᠡᠵᠡᠩᠨᠡᠭᠴᠢ ᠵᠢ ᠡᠵᠡᠮᠳᠡᠬᠦ ᠡᠷᠬᠡ ᠵᠢ ᠣᠯᠤᠭᠰᠠᠨ ᠪᠤᠶᠤ ᠪᠤᠰᠤᠳ ᠡᠵᠡᠩᠨᠡᠭᠴᠢ᠎ᠳᠤ ᠰᠢᠢ᠍ᠳᠪᠦᠷᠢᠯᠡᠭᠴᠢ ᠴᠢᠨᠠᠷᠲᠠᠶ ᠨᠥᠯᠥᠭᠡ ᠦᠵᠡᠭᠦᠯᠵᠦ ᠴᠢᠳᠠᠬᠤ ᠪᠠᠶ᠋ᠢᠳᠠᠯ᠎ᠢ ᠵᠢᠭ᠋ᠠᠨ᠎ᠠ᠃ ᠡᠵᠡᠩᠨᠡᠭᠴᠢ ᠲᠥᠪᠯᠡᠷᠡᠭᠦᠯᠬᠦ᠎ᠳᠤ ᠳᠣᠣᠷᠠᠬᠢ ᠭᠤᠷᠪᠠᠨ ᠵᠦᠢ᠍ᠯ᠎ᠤᠨ ᠪᠠᠶ᠋ᠢᠳᠠᠯ᠎ᠲᠠᠢ᠄

     1. ᠡᠵᠡᠩᠨᠡᠭᠴᠢ ᠵᠢ ᠨᠡᠶ᠋ᠢᠯᠡᠭᠦᠯᠬᠦ

     2. ᠡᠵᠡᠩᠨᠡᠭᠴᠢ ᠬᠤᠪᠢᠴᠠᠭ᠋ᠠᠨ᠎ᠤ ᠡᠷᠬᠡ ᠪᠤᠶᠤ ᠡᠳ᠋ ᠬᠦᠷᠦᠩᠬᠡ ᠵᠢ ᠤᠯᠬᠤ ᠠᠷᠭ᠎ᠠ ᠬᠡᠯᠪᠡᠷᠢ᠎ᠪᠠᠷ ᠲᠠᠮᠵᠢᠭᠤᠯᠤᠨ ᠪᠤᠰᠤᠳ ᠡᠵᠡᠩᠨᠡᠭᠴᠢ ᠵᠢ ᠬᠢᠵᠠᠭ᠋ᠠᠷᠯᠠᠬᠤ ᠡᠷᠬᠡ ᠵᠢ ᠤᠯᠤᠨ᠎ᠠ

     3. ᠡᠵᠡᠩᠨᠡᠭᠴᠢ ᠭᠡᠷ᠎ᠡ ᠵᠡᠷᠬᠡ ᠠᠷᠭ᠎ᠠ ᠬᠡᠯᠪᠡᠷᠢ᠎ᠪᠠᠷ ᠲᠠᠮᠵᠢᠭᠤᠯᠤᠨ ᠪᠤᠰᠤᠳ ᠡᠵᠡᠩᠨᠡᠭᠴᠢ ᠵᠢ ᠬᠢᠵᠠᠭ᠋ᠠᠷᠯᠠᠬᠤ ᠡᠷᠬᠡ ᠪᠠ ᠪᠤᠰᠤᠳ ᠡᠵᠡᠩᠨᠡᠭᠴᠢ᠎ᠳᠤ ᠰᠶ᠋ᠢᠳᠪᠦᠷᠢᠯᠡᠭᠦ ᠴᠢᠨᠠᠷᠲᠠᠢ ᠨᠦᠯᠦᠬᠡ ᠦᠵᠡᠭᠦᠯᠵᠦ ᠲᠡᠶ᠋ᠢᠯᠭᠦ

ᠵᠠᠰᠠᠭ ᠵᠠᠬᠢᠷᠭ᠋ᠠᠨ᠎ᠤ ᠡᠷᠬᠡ᠎ᠪᠠᠨ ᠳᠤᠷ᠎ᠠ᠎ᠪᠠᠷ ᠬᠡᠷᠡᠭᠯᠡᠨ ᠥᠷᠢᠰᠥᠯᠳᠥᠭᠡᠨ᠎ᠢ ᠠᠷᠢᠯᠭ᠋ᠠᠬᠤ ᠪᠠ ᠬᠢᠵᠠᠭ᠋ᠠᠷᠯᠠᠬᠤ ᠲᠤᠬᠠᠶ

     ᠵᠠᠰᠠᠭ ᠵᠠᠬᠢᠷᠭ᠋ᠠᠨ᠎ᠤ ᠡᠷᠬᠡ᠎ᠪᠠᠨ ᠳᠤᠷ᠎ᠠ᠎ᠪᠠᠷ ᠬᠡᠷᠡᠭᠯᠡᠨ ᠥᠷᠢᠰᠥᠯᠳᠦᠭᠡᠨ᠎ᠢ ᠠᠷᠢᠯᠭ᠋ᠠᠬᠤ ᠪᠠ ᠬᠢᠵᠠᠭ᠋ᠠᠷᠯᠠᠬᠤ ᠠᠵᠢᠯᠯᠠᠭ᠎ᠠ ᠭᠡᠳᠡᠭ᠎ᠨᠢ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠪᠠ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠠᠴᠠ ᠡᠷᠬᠡ ᠣᠯᠭᠤᠭᠰᠠᠨ ᠣᠯᠠᠨ ᠨᠡᠶ᠋ᠢᠲᠡ ᠵᠢᠨ ᠬᠡᠷᠡᠭ ᠶᠠᠪᠤᠳᠠᠯ᠎ᠢ ᠬᠠᠮᠢᠶᠠᠷᠬᠤ ᠡᠭᠦᠷᠭᠡ ᠴᠢᠳᠠᠪᠤᠷᠢ᠎ᠲᠠᠢ ᠵᠣᠬᠢᠶᠠᠨ ᠪᠠᠶ᠋ᠢᠭᠤᠯᠤᠯᠲᠠ᠎ᠠᠴᠠ ᠵᠠᠰᠠᠭ ᠵᠠᠬᠢᠷᠭ᠋ᠠᠨ᠎ᠤ ᠡᠷᠬᠡ᠎ᠪᠠᠨ ᠳᠤᠷ᠎ᠠ᠎ᠪᠠᠷ ᠬᠡᠷᠡᠭᠯᠡᠬᠦ ᠵᠢ ᠵᠢᠭ᠋ᠠᠨ᠎ᠠ᠂ ᠠᠷᠠᠯᠵᠢᠶᠠᠯᠠᠬᠤ ᠵᠢ ᠬᠢᠵᠠᠭ᠋ᠠᠷᠯᠠᠬᠤ᠂ ᠲᠠᠸᠠᠷ᠎ᠤᠨ ᠴᠢᠯᠥᠭᠡᠲᠦ ᠭᠦᠢ᠍ᠯᠭᠡᠭᠡ ᠵᠢ ᠬᠠᠷᠰᠢᠯᠠᠬᠤ᠂ ᠭᠠᠳᠠᠷ ᠣᠷᠣᠨ᠎ᠤ ᠡᠵᠡᠩᠨᠡᠭᠴᠢ ᠵᠢᠨ ᠲᠣᠰ ᠭᠠᠵᠠᠷ᠎ᠲᠠᠬᠢ ᠵᠦᠶ ᠶᠣᠰᠣᠨ᠎ᠤ ᠡᠵᠡᠩᠨᠡᠯᠲᠡ ᠵᠢᠨ ᠠᠵᠢᠯᠯᠠᠭ᠎ᠠ ᠵᠢ ᠬᠢᠵᠠᠭ᠋ᠠᠷᠯᠠᠬᠤ᠂ ᠭᠠᠳᠠᠭ᠋ᠠᠳᠤ ᠵᠢᠨ ᠡᠵᠡᠩᠨᠡᠭᠴᠢ ᠵᠢᠨ ᠭᠠᠭᠴᠠᠭ᠋ᠠᠷ ᠡᠵᠡᠮᠰᠢᠬᠦ ᠦᠢ᠍ᠯᠡ ᠠᠵᠢᠯᠯᠠᠭ᠎ᠠ ᠬᠢᠬᠦ ᠵᠢ ᠠᠯᠪᠠᠳᠠᠬᠤ᠂ ᠥᠷᠢᠰᠦᠯᠳᠦᠭᠡᠨ᠎ᠢ ᠠᠷᠢᠯᠭ᠋ᠠᠬᠤ ᠪᠠ ᠬᠢᠵᠠᠭ᠋ᠠᠷᠯᠠᠬᠤ ᠠᠭᠤᠯᠭ᠎ᠠ ᠵᠢ ᠪᠠᠭᠲᠠᠭ᠋ᠠᠭᠰᠠᠨ ᠲᠣᠭᠲᠠᠭ᠋ᠠᠯ ᠭᠠᠷᠭ᠋ᠠᠬᠤ ᠵᠡᠷᠭᠡ ᠠᠷᠭ᠎ᠠ ᠪᠠᠷᠢᠯ᠎ᠤᠨ ᠬᠡᠷᠡᠭᠵᠢᠭᠦᠯᠬᠦ ᠥᠷᠢᠰᠦᠯᠳᠦᠭᠡᠨ᠎ᠢ ᠠᠷᠢᠯᠭ᠋ᠠᠬᠤ ᠪᠠ ᠬᠢᠵᠠᠭ᠋ᠠᠷᠯᠠᠬᠤ ᠵᠢ ᠲᠣᠭᠲᠠᠭ᠋ᠠᠬᠤ ᠵᠢ ᠵᠢᠭ᠋ᠠᠨ᠎ᠠ᠃

ᠭᠤᠣᠯᠴᠢ ᠥᠷᠢᠰᠦᠯᠳᠦᠭᠡᠨ᠎ᠤ ᠬᠢᠨᠠᠨ ᠪᠠᠶ᠋ᠢᠴᠠᠭ᠋ᠠᠬᠤ ᠳᠦᠷᠢᠮ

     《ᠭᠠᠭᠴᠠᠭ᠋ᠠᠷ ᠡᠵᠡᠮᠰᠢᠯ᠎ᠢ ᠡᠰᠡᠷᠭᠦᠴᠡᠬᠦ ᠬᠠᠤᠯᠢ》 ᠵᠢᠨ ᠲᠠᠪᠤᠳᠤᠭ᠋ᠠᠷ ᠵᠣᠷᠪᠣᠰ᠎ᠤᠨ ᠲᠣᠭᠲᠠᠭ᠋ᠠᠯ ᠶᠣᠰᠣᠭ᠋ᠠᠷ᠂ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠪᠠ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠠᠴᠠ ᠡᠷᠬᠡ ᠣᠯᠭᠤᠭᠰᠠᠨ ᠤᠯᠠᠨ ᠨᠡᠶ᠋ᠢᠲᠡ ᠵᠢᠨ ᠬᠡᠷᠡᠭ ᠶᠠᠪᠤᠳᠠᠯ᠎ᠢ ᠬᠠᠮᠢᠶᠠᠷᠬᠤ ᠡᠭᠦᠷᠭᠡ ᠴᠢᠳᠠᠪᠤᠷᠢ᠎ᠲᠠᠢ ᠵᠣᠬᠢᠶᠠᠨ ᠪᠠᠶ᠋ᠢᠭᠤᠯᠤᠯᠲᠠ (ᠳᠣᠷᠣᠭᠰᠢ ᠲᠦᠷᠦ ᠵᠢᠨ ᠪᠤᠳᠤᠯᠭ᠎ᠠ ᠲᠣᠭᠲᠠᠭ᠋ᠠᠬᠤ ᠪᠠᠶ᠋ᠢᠭᠤᠯᠭ᠎ᠠ ᠭᠡᠵᠦ ᠶᠡᠷᠦᠩᠬᠡᠶ᠋ᠢᠯᠡᠨ ᠨᠡᠷᠡᠶ᠋ᠢᠳᠦᠨ᠎ᠡ) ᠵᠢᠨ ᠵᠠᠬ᠎ᠠ ᠳᠡᠯᠭᠡᠭᠦᠷ᠎ᠤᠨ ᠭᠤᠣᠯ ᠴᠣᠭᠴᠠ ᠵᠢᠨ ᠠᠵᠤ ᠠᠬᠤᠢ ᠵᠢᠨ ᠠᠵᠢᠯᠯᠠᠭ᠎ᠠ᠎ᠳᠤ ᠬᠤᠯᠪᠣᠭᠳᠠᠬᠤ ᠲᠣᠭᠲᠠᠭ᠋ᠠᠯ᠎ᠢ ᠲᠣᠭᠲᠠᠭ᠋ᠠᠬᠤ᠎ᠳᠤ᠎ᠪᠠᠨ ᠭᠤᠣᠯᠴᠢ᠎ᠪᠠᠷ ᠥᠷᠢᠰᠥᠯᠳᠦᠬᠦ ᠵᠢ ᠬᠢᠨᠠᠨ ᠪᠠᠶ᠋ᠢᠴᠠᠭ᠋ᠠᠬᠤ ᠬᠡᠷᠡᠭᠲᠡᠢ᠃ ᠪᠣᠳᠠᠲᠠᠶ᠎ᠪᠠᠷ ᠬᠡᠯᠡᠪᠡᠯ᠂ ᠲᠥᠷᠥ ᠵᠢᠨ ᠪᠣᠳᠣᠯᠭ᠎ᠠ ᠲᠣᠭᠲᠠᠭ᠋ᠠᠬᠤ ᠪᠠᠶ᠋ᠢᠭᠤᠯᠭ᠎ᠠ᠎ᠠᠴᠠ ᠲᠣᠭᠲᠠᠭ᠋ᠠᠨ᠎ᠠ᠄ ᠵᠥᠪᠰᠢᠶᠡᠷᠡᠨ ᠣᠷᠣᠭᠤᠯᠬᠤ ᠪᠠ ᠪᠤᠴᠠᠭ᠋ᠠᠨ ᠭᠠᠷᠭ᠋ᠠᠬᠤ᠂ ᠠᠵᠤ ᠦᠢ᠍ᠯᠡᠰ᠎ᠢ ᠬᠥᠭᠵᠢᠭᠦᠯᠬᠦ᠂ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ᠂ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ᠂ ᠬᠢᠷᠢ ᠬᠡᠮ᠎ᠤᠨ ᠪᠠᠷᠢᠮᠵᠢᠶ᠎ᠠ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ᠂ ᠡᠵᠡᠩᠨᠡᠯᠲᠡ ᠵᠢᠨ ᠦᠢ᠍ᠯᠡ ᠠᠵᠢᠯᠯᠠᠭ᠎ᠠ ᠵᠢᠨ ᠳᠦᠷᠢᠮᠵᠢᠯ ᠁ ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠠᠵᠤ ᠠᠬᠤᠶ ᠵᠢᠨ ᠠᠵᠢᠯᠯᠠᠭ᠎ᠠ᠎ᠳᠤ ᠬᠤᠯᠪᠣᠭᠳᠠᠬᠤ ᠲᠦᠷᠢᠮ ᠲᠣᠭᠲᠠᠭ᠋ᠠᠯ᠂ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠂ ᠪᠤᠰᠤᠳ ᠲᠥᠷᠥ ᠵᠢᠨ ᠪᠣᠳᠣᠯᠭ᠎ᠠ ᠵᠢᠨ ᠴᠢᠨᠠᠷᠲᠠᠶ ᠪᠢᠴᠢᠭ ᠮᠠᠲ᠋ᠧᠷᠢᠶᠠᠯ ᠵᠢᠴᠢ  《  ᠨᠢᠭᠡ  ᠬᠡᠷᠡᠭ ᠎ᠢ  ᠨᠢᠭᠡ  ᠵᠥᠪᠯᠡᠬᠦ》 ᠬᠡᠯᠪᠡᠷᠢ ᠵᠢᠨ ᠪᠣᠳᠠᠲᠠᠶ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ᠎ᠳᠤ ᠭᠤᠤᠯᠴᠢ ᠥᠷᠢᠰᠥᠯᠳᠦᠭᠡᠨ᠎ᠤ ᠬᠢᠨᠠᠨ ᠪᠠᠶ᠋ᠢᠴᠠᠭ᠋ᠠᠯᠲᠠ ᠬᠢᠵᠦ᠂ ᠵᠠᠬ᠎ᠠ ᠳᠡᠯᠭᠡᠭᠦᠷ᠎ᠤᠨ ᠥᠷᠢᠰᠥᠯᠳᠦᠭᠡᠨ᠎ᠳᠤ ᠦᠵᠡᠭᠦᠯᠬᠦ ᠨᠥᠯᠥᠭᠡ ᠵᠢ ᠦᠨᠡᠯᠡᠨ ᠵᠢᠱ᠌ᠢᠵᠦ᠂ ᠵᠠᠬ᠎ᠠ ᠳᠡᠯᠭᠡᠭᠦᠷ᠎ᠤᠨ ᠥᠷᠢᠰᠥᠯᠳᠦᠭᠡᠨ᠎ᠢ ᠠᠷᠢᠯᠭ᠋ᠠᠬᠤ ᠪᠠ ᠬᠢᠵᠠᠭ᠋ᠠᠷᠯᠠᠬᠤ ᠵᠢ ᠰᠡᠷᠭᠡᠢ᠌ᠯᠡᠨ᠎ᠡ᠃

ᠥᠷᠢᠰᠦᠯᠳᠦᠭᠡᠨ᠎ᠤ ᠲᠥᠷᠥ ᠵᠢᠨ ᠪᠣᠳᠣᠯᠭ᠎ᠠ ᠵᠢᠨ ᠦᠨᠳᠦᠰᠦᠨ ᠪᠠᠶ᠋ᠢᠷᠢ ᠰᠠᠭᠤᠷᠢ ᠵᠢ ᠴᠢᠩᠭ᠋ᠠᠷᠠᠭᠤᠯᠬᠤ᠎ᠳᠤ ᠪᠢᠳᠡ ᠶᠠᠭ᠋ᠠᠬᠢᠪᠠᠯ ᠵᠣᠬᠢᠬᠤ ᠪᠣᠢ?

     ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠪᠠ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠠᠴᠠ ᠡᠷᠬᠡ ᠣᠯᠭᠤᠭᠰᠠᠨ ᠣᠯᠠᠨ ᠨᠡᠶ᠋ᠢᠲᠡ ᠵᠢᠨ ᠬᠡᠷᠡᠭ ᠶᠠᠪᠤᠳᠠᠯ᠎ᠢ ᠬᠠᠮᠢᠶᠠᠷᠬᠤ ᠡᠭᠦᠷᠭᠡ ᠴᠢᠳᠠᠪᠤᠷᠢ᠎ᠲᠠᠢ ᠵᠣᠬᠢᠶᠠᠨ ᠪᠠᠶ᠋ᠢᠭᠤᠯᠤᠯᠲᠠ᠎ᠨᠢ᠂ 《ᠭᠠᠭᠴᠠᠭ᠋ᠠᠷ ᠡᠵᠡᠮᠰᠢᠯ᠎ᠢ ᠡᠰᠡᠷᠭᠦᠴᠡᠬᠦ ᠬᠠᠤᠯᠢ》᠂ 《ᠭᠤᠣᠯᠴᠢ ᠥᠷᠢᠰᠦᠯᠳᠦᠭᠡᠨ᠎ᠤ ᠬᠢᠨᠠᠨ ᠪᠠᠶ᠋ᠢᠴᠠᠭ᠋ᠠᠬᠤ ᠳᠦᠷᠢᠮ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠨᠡᠶ᠋ᠢᠲᠡᠯᠡᠬᠦ᠎ᠠᠴᠠ ᠡᠮᠦᠨ᠎ᠡ ᠬᠢᠨᠠᠨ ᠪᠠᠶ᠋ᠢᠴᠠᠭ᠋ᠠᠬᠤ᠂ ᠨᠡᠶ᠋ᠢᠲᠡᠯᠡᠭᠰᠡᠨ᠎ᠤ ᠳᠠᠷᠠᠭ᠎ᠠ ᠦᠨᠡᠯᠡᠨ ᠵᠢᠱ᠌ᠢᠬᠦ ᠠᠵᠢᠯ᠎ᠢ ᠰᠠᠶ᠋ᠢᠲᠤᠷ ᠬᠢᠵᠦ᠂ ᠠᠰᠠᠭᠤᠳᠠᠯ᠎ᠢ ᠣᠯᠵᠤ ᠮᠡᠳᠡᠪᠡᠯ ᠴᠠᠭ ᠲᠤᠬᠠᠢ᠎ᠳᠤ᠎ᠨᠢ ᠰᠠᠨᠠᠭ᠋ᠠᠴᠢᠯᠠᠭ᠎ᠠ᠎ᠠᠴᠠ᠎ᠪᠠᠨ ᠵᠠᠯᠠᠷᠠᠭᠤᠯᠵᠤ᠂ ᠵᠠᠰᠠᠭ ᠵᠠᠬᠢᠷᠭ᠋ᠠᠨ᠎ᠤ ᠡᠷᠬᠡ᠎ᠪᠠᠨ ᠳᠤᠷ᠎ᠠ᠎ᠪᠠᠷ ᠬᠡᠷᠡᠭᠯᠡᠵᠦ ᠥᠷᠢᠰᠦᠯᠳᠦᠭᠡᠨ᠎ᠢ ᠠᠷᠢᠯᠭ᠋ᠠᠬᠤ ᠪᠠ ᠬᠢᠵᠠᠭ᠋ᠠᠷᠯᠠᠬᠤ ᠵᠢ ᠰᠡᠷᠭᠡᠢ᠌ᠯᠡᠨ᠎ᠡ᠃

     ᠠᠵᠤ ᠠᠬᠤᠶ᠋ᠢᠯᠠᠯ ᠵᠶ᠋ᠠᠷ ᠲᠥᠯᠥᠭᠡᠯᠡᠭᠦᠯᠦᠭᠰᠡᠨ ᠡᠯ᠎ᠡ ᠲᠥᠷᠥᠯ᠎ᠤᠨ ᠡᠵᠡᠩᠨᠡᠭᠴᠢ᠎ᠨᠢ ᠵᠠᠬ᠎ᠠ ᠳᠡᠯᠭᠡᠭᠦᠷ᠎ᠤᠨ ᠥᠷᠢᠰᠥᠯᠳᠦᠭᠡᠨ᠎ᠤ ᠭᠣᠣᠯ ᠴᠣᠭᠴᠠ ᠮᠥᠨ᠃ ᠡᠯ᠎ᠡ ᠲᠥᠷᠥᠯ᠎ᠤᠨ ᠡᠵᠡᠩᠨᠡᠭᠴᠢ᠎ᠠᠴᠠ ᠬᠠᠤᠯᠢ ᠵᠢ ᠰᠠᠬᠢᠵᠤ ᠡᠵᠡᠩᠨᠡᠬᠦ᠂ ᠦᠨᠡᠨᠴᠢ ᠢᠲᠡᠭᠡᠮᠵᠢᠲᠡᠶ ᠡᠵᠡᠩᠨᠡᠬᠦ ᠦᠵᠡᠯ ᠤᠬᠠᠮᠰᠠᠷ ᠵᠶ᠋ᠠᠨ ᠳᠡᠭᠡᠭᠰᠢᠯᠡᠭᠦᠯᠵᠦ᠂ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠡᠷᠭᠡ ᠲᠥᠷᠥ ᠵᠢᠨ ᠪᠣᠳᠣᠯᠭ᠎ᠠ ᠵᠢ ᠰᠠᠨᠠᠭ᠋ᠠᠴᠢᠯᠠᠭ᠎ᠠ᠎ᠠᠴᠠ᠎ᠪᠠᠨ ᠣᠶ᠋ᠢᠯᠠᠭ᠋ᠠᠨ ᠰᠤᠷᠤᠯᠴᠠᠵᠤ᠂ ᠲᠤᠰ ᠪᠡᠶ᠎ᠡ ᠵᠢᠨ ᠡᠵᠡᠩᠨᠡᠯᠲᠡ ᠵᠢᠨ ᠲᠣᠭᠲᠠᠭ᠋ᠠᠯ᠎ᠳᠤ ᠨᠡᠶ᠋ᠢᠴᠡᠬᠦ ᠳᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠭᠠᠭᠴᠠᠭ᠋ᠠᠷ ᠡᠵᠡᠮᠰᠢᠯ ᠪᠠ ᠵᠦᠢ ᠶᠣᠰᠣᠨ᠎ᠤ ᠪᠤᠰᠤ ᠥᠷᠢᠰᠥᠯᠳᠦᠭᠡᠨ᠎ᠤ ᠠᠵᠢᠯᠯᠠᠭ᠎ᠠ ᠬᠢᠬᠦ ᠪᠠ ᠣᠷᠣᠯᠴᠠᠬᠤ᠎ᠠᠴᠠ᠎ᠪᠠᠨ ᠵᠠᠢ᠌ᠯᠠᠰᠬᠢᠬᠤ ᠬᠡᠷᠡᠭᠲᠡᠶ᠃ 《ᠰᠢᠯᠢᠳᠡᠭ᠎ᠨᠢ ᠰᠢᠯᠢᠭᠳᠡᠵᠦ ᠰᠢᠭ᠋ᠠᠷᠤ᠎ᠨᠢ ᠰᠢᠭᠰᠢᠭᠳᠡᠬᠦ》 ᠵᠠᠬ᠎ᠠ ᠳᠡᠯᠭᠡᠭᠦᠷ᠎ᠤᠨ ᠵᠢᠮ᠎ᠡ ᠶᠣᠰᠣ ᠵᠢ ᠬᠦᠨᠳᠦᠳᠬᠡᠵᠦ᠂ ᠠᠮᠤᠷ ᠲᠠᠢ᠌ᠪᠤᠩ ᠪᠠᠶ᠋ᠢᠬᠤ᠎ᠳᠤ᠎ᠪᠠᠨ ᠲᠦᠭᠰᠢᠭᠦᠷᠢ ᠵᠢ ᠪᠣᠳᠣᠯᠬᠢᠯᠠᠬᠤ ᠤᠬᠠᠮᠰᠠᠷ ᠵᠶ᠋ᠠᠨ ᠴᠠᠭ ᠢᠮᠠᠭᠲᠠ ᠪᠠᠲᠤᠯᠠᠵᠤ᠂ ᠲᠠᠰᠤᠷᠠᠯᠳᠠ ᠦᠭᠡᠢ ᠵᠠᠮ ᠨᠡᠭᠡᠭᠡᠨ ᠰᠢᠨ᠎ᠡ ᠵᠢ ᠡᠭᠦᠳᠴᠦ᠂ ᠦᠢ᠍ᠯᠡᠴᠢᠯᠡᠭᠡ᠎ᠪᠠᠨ ᠰᠢᠯᠢᠳᠡᠭᠵᠢᠭᠦᠯᠦᠨ᠂ ᠦᠷ᠎ᠡ ᠪᠦᠲᠦᠮᠵᠢ᠎ᠪᠠᠨ ᠳᠡᠭᠡᠭᠰᠢᠯᠡᠭᠦᠯᠵᠦ᠂ ᠲᠤᠰ ᠪᠡᠶ᠎ᠡ ᠵᠢᠨ ᠵᠠᠬ᠎ᠠ ᠳᠡᠯᠭᠡᠭᠦᠷ᠎ᠤᠨ ᠥᠷᠢᠰᠥᠯᠳᠦᠬᠦ ᠬᠦᠴᠦᠨ ᠵᠶ᠋ᠠᠨ ᠳᠡᠭᠡᠭᠰᠢᠯᠡᠭᠦᠯᠬᠦ ᠬᠡᠷᠡᠭᠲᠡᠶ᠃

     ᠥᠷᠭᠡᠨ ᠤᠯᠠᠨ ᠬᠡᠷᠡᠭᠯᠡᠭᠴᠢᠳ ᠴᠦ᠍ ᠬᠤᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠲᠦᠷᠦ ᠵᠢᠨ ᠪᠤᠳᠤᠯᠭ᠎ᠠ ᠵᠢᠨ ᠲᠣᠭᠲᠠᠭ᠋ᠠᠯ᠎ᠢ ᠰᠠᠨᠠᠭ᠋ᠠᠴᠢᠯᠠᠭ᠎ᠠ᠎ᠠᠴᠠ᠎ᠪᠠᠨ ᠣᠶ᠋ᠢᠯᠠᠭ᠋ᠠᠵᠤ᠂ ᠲᠤᠰ ᠪᠡᠶ᠎ᠡ ᠵᠢᠨ ᠬᠠᠤᠯᠢ ᠶᠣᠰᠣᠨ᠎ᠤ ᠡᠷᠬᠡ ᠠᠰᠢᠭ ᠵᠶ᠋ᠠᠨ ᠬᠠᠮᠠᠭ᠋ᠠᠯᠠᠵᠤ᠂ ᠤᠯᠠᠨ ᠲᠦᠮᠡᠨ᠎ᠤ ᠬᠢᠨᠠᠯᠲᠠ ᠲᠠᠯᠪᠢᠬᠤ ᠬᠦᠴᠦᠷᠬᠡᠭ ᠶᠡᠭᠡ ᠬᠦᠴᠦᠨ᠎ᠢ ᠭᠦᠢ᠍ᠴᠡᠳ ᠪᠠᠳᠠᠷᠠᠭᠤᠯᠵᠤ᠂ ᠥᠷᠢᠰᠥᠯᠳᠦᠭᠡᠨ᠎ᠤ ᠲᠦᠷᠦ ᠵᠢᠨ ᠪᠤᠳᠤᠯᠭ᠎ᠠ ᠵᠢ ᠭᠦᠨᠵᠡᠭᠡᠢ ᠬᠡᠷᠡᠭᠵᠢᠭᠦᠯᠬᠦ ᠨᠡᠶ᠋ᠢᠭᠡᠮ᠎ᠤᠨ ᠰᠠᠭᠤᠷᠢ ᠵᠢ ᠪᠠᠲᠤᠳᠬᠠᠬᠤ ᠬᠡᠷᠡᠭᠲᠡᠢ᠃

 

ᠢᠷᠡᠯᠲᠡ᠄ ᠦᠨ᠎ᠡ ᠬᠠᠩᠰᠢ ᠵᠢᠨ ᠬᠢᠨᠠᠯᠲᠠ ᠵᠢᠨ ᠲᠣᠪᠴᠢᠶ᠎ᠠ (ᠭᠠᠭᠴᠠᠭ᠋ᠠᠷ ᠡᠵᠡᠮᠰᠢᠯ᠎ᠢ ᠡᠰᠡᠷᠭᠦᠴᠡᠬᠦ ᠲᠣᠪᠴᠢᠶ᠎ᠠ)