ᠰᠤᠷᠭ᠋ᠠᠭᠤᠯᠢ ᠵᠢᠨ ᠬᠦᠷᠢᠶᠡᠨ᠎ᠤ ᠢᠳᠡᠭᠡᠨ᠎ᠤ ᠠᠮᠤᠷ ᠲᠦᠪᠰᠢᠨ᠎ᠤ ᠬᠡᠷᠡᠭᠯᠡᠭᠡ ᠵᠢᠨ ᠰᠠᠨᠠᠭᠤᠯᠤᠮᠵᠢ᠄ ᠰᠤᠷᠭ᠋ᠠᠭᠤᠯᠢ ᠴᠤᠭᠯᠠᠬᠤ ᠳᠤ ᠥᠷᠭᠡᠨ ᠣᠯᠠᠨ ᠪᠠᠭᠰᠢ ᠰᠤᠷᠤᠭᠴᠢ ᠵᠢᠨ ᠰᠤᠷᠭ᠋ᠠᠭᠤᠯᠢ᠎ᠳᠤ᠎ᠪᠠᠨ ᠪᠤᠴᠠᠭᠰᠠᠨ᠎ᠤ ᠳᠠᠷᠠᠭ᠋ᠠᠬᠢ ᠢᠳᠡᠭᠡᠨ ᠤᠮᠳᠠᠭ᠋ᠠᠨ᠎ᠤ ᠠᠮᠤᠷ ᠲᠦᠪᠰᠢᠨ ᠬᠢᠭᠡᠳ ᠪᠡᠶ᠎ᠡ ᠮᠠᠬᠠᠪᠣᠳ᠎ᠤᠨ ᠡᠷᠡᠭᠦᠯ ᠮᠡᠨᠳᠦ ᠵᠢ ᠪᠠᠲᠤᠯᠠᠬᠤ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶᠠᠨ᠎ᠤ ᠲᠣᠲᠣᠨᠣ ᠰᠠᠨᠠᠭᠤᠯᠤᠮᠵᠢ᠂ ᠢᠳᠡᠭᠡᠨ᠎ᠢ ᠰᠣᠩᠭᠤᠨ ᠬᠤᠳᠠᠯᠳᠤᠨ ᠠᠪᠬᠤ᠎ᠳᠤ᠎ᠪᠠᠨ ᠬᠢᠨᠠᠭᠤᠷ ᠪᠣᠯᠭᠤᠮᠵᠢᠲᠠᠶ ᠪᠠᠢ᠌ᠵᠤ ᠵᠢᠩᠬᠢᠨᠢ ᠬᠤᠳᠠᠯᠳᠤᠭ᠎ᠠ᠎ᠠᠴᠠ ᠬᠤᠳᠠᠯᠳᠤᠨ ᠠᠪᠴᠤ᠂ ᠰᠤᠷᠭ᠋ᠠᠭᠤᠯᠢ ᠵᠢᠨ ᠡᠷᠬᠢᠨ ᠲᠣᠭᠤᠷᠢᠨ᠂ ᠵᠡᠭᠡᠯᠢ ᠭᠤᠳᠤᠮᠵᠢ ᠵᠢᠨ 《ᠭᠤᠷᠪᠠ ᠥᠬᠡᠶ》 ᠢᠳᠡᠭᠡᠨ ᠪᠠ ᠴᠢᠨᠠᠷ᠎ᠢ ᠪᠠᠲᠤᠯᠠᠬᠤ ᠬᠤᠭᠤᠴᠠᠭ᠎ᠠ᠎ᠠᠴᠠ ᠬᠡᠲᠦᠷᠡᠭᠰᠡᠨ ᠢᠳᠡᠭᠡᠨ᠎ᠢ ᠬᠤᠳᠠᠯᠳᠤᠨ ᠠᠪᠬᠤ ᠥᠬᠡᠶ ᠪᠠᠢ᠌ᠬᠤ ᠵᠢ ᠰᠠᠨᠠᠭᠤᠯᠤᠶ᠎ᠠ᠃
ᠤᠷᠢᠳᠴᠢᠯᠠᠨ ᠪᠣᠭᠣᠳᠠᠯᠯᠠᠭᠰᠠᠨ ᠢᠳᠡᠭᠡᠨ᠎ᠢ ᠬᠤᠳᠠᠯᠳᠤᠨ ᠠᠪᠬᠤ᠎ᠳᠤ᠎ᠪᠠᠨ
ᠢᠳᠡᠭᠡᠨ᠎ᠤ ᠪᠣᠭᠣᠳᠠᠯ ᠨᠢᠭᠲᠠ ᠪᠢᠲᠡᠭᠦᠮᠵᠢᠯᠡᠭᠰᠡᠨ ᠪᠦᠷᠢᠨ ᠪᠦᠲᠦᠨ ᠪᠠᠶ᠋ᠢᠬᠤ ᠡᠰᠡᠬᠦ᠂ ᠪᠣᠭᠣᠳᠠᠯ ᠳᠡᠭᠡᠷᠡᠬᠢ ᠢᠳᠡᠭᠡᠨ᠎ᠤ ᠱᠣᠰᠢᠭ᠎ᠠ ᠲᠡᠮᠳᠡᠭ᠎ᠤᠨ ᠠᠭᠤᠯᠭ᠎ᠠ᠎ᠨᠢ ᠪᠦᠷᠢᠨ ᠭᠦᠢ᠍ᠴᠡᠳ ᠪᠠᠶ᠋ᠢᠬᠤ ᠡᠰᠡᠬᠦ ᠵᠢ ᠪᠠᠶ᠋ᠢᠴᠠᠭ᠋ᠠᠨ ᠦᠵᠡᠵᠦ᠂ ᠨᠠᠶ᠋ᠢᠷᠠᠯᠭ᠎ᠠ᠂ ᠴᠡᠪᠡᠷ ᠠᠭᠤᠯᠤᠭᠳᠠᠴᠠ ᠪᠠ ᠬᠡᠪ ᠬᠡᠮᠵᠢᠶ᠎ᠡ᠂ ᠦᠢ᠍ᠯᠡᠳᠪᠦᠷᠢᠯᠡᠭᠴᠢ ᠪᠠ (ᠪᠤᠶᠤ) ᠪᠣᠷᠣᠯᠠᠭᠤᠯᠤᠭᠴᠢ ᠵᠢᠨ ᠨᠡᠷᠡᠶ᠋ᠢᠳᠦᠯ᠂ ᠬᠠᠶᠢᠭ ᠪᠠ ᠬᠠᠷᠢᠯᠴᠠᠬᠤ ᠬᠡᠯᠪᠡᠷᠢ᠂ ᠦᠢ᠍ᠯᠡᠳᠪᠦᠷᠢᠯᠡᠭᠰᠡᠨ ᠡᠳᠦᠷ ᠬᠤᠭᠤᠴᠠᠭ᠎ᠠ ᠪᠠ ᠴᠢᠨᠠᠷ᠎ᠢ ᠪᠠᠲᠤᠯᠠᠬᠤ ᠬᠤᠭᠤᠴᠠᠭ᠎ᠠ ᠵᠢᠴᠢ ᠪᠣᠭᠣᠳᠠᠯ ᠳᠡᠭᠡᠷᠡᠬᠢ ᠱᠣᠰᠢᠭ᠎ᠠ ᠵᠢᠨ ᠨᠥᠬᠥᠴᠡᠯ ᠵᠶ᠋ᠠᠷ ᠬᠠᠳᠠᠭ᠋ᠠᠯᠠᠭᠰᠠᠨ ᠡᠰᠡᠬᠦ ᠵᠡᠷᠭᠡ ᠵᠢ ᠭᠣᠤᠯᠳᠠᠯᠭ᠎ᠠ᠎ᠲᠠᠢ ᠠᠩᠬᠠᠷᠬᠤ ᠬᠡᠷᠡᠭᠲᠡᠶ᠃
ᠪᠤᠭᠤᠳᠠᠯ ᠦᠭᠡᠢ ᠢᠳᠡᠭᠡᠨ᠎ᠢ ᠬᠤᠳᠠᠯᠳᠤᠨ ᠠᠪᠬᠤ᠎ᠳᠤ᠎ᠪᠠᠨ
ᠣᠷᠴᠢᠨ ᠲᠣᠭᠣᠷᠢᠨ᠎ᠤ ᠡᠷᠡᠭᠦᠯ ᠬᠠᠮᠠᠭ᠋ᠠᠯᠠᠯ᠎ᠢ ᠠᠩᠬᠠᠷᠤᠨ ᠠᠵᠢᠭᠯᠠᠵᠤ᠂ ᠰᠠᠪᠠᠯᠠᠵᠤ ᠲᠠᠯᠪᠢᠭᠰᠠᠨ ᠢᠳᠡᠭᠡᠨ᠎ᠤ ᠰᠠᠪᠠ ᠪᠤᠶᠤ ᠭᠠᠳᠠᠷ ᠪᠣᠭᠣᠳᠠᠯ ᠳᠤ ᠢᠳᠡᠭᠡᠨ ᠤ ᠨᠡᠷᠡᠶ᠋ᠢᠳᠦᠯ᠂ ᠦᠢ᠍ᠯᠡᠳᠪᠦᠷᠢᠯᠡᠭᠰᠡᠨ ᠡᠳᠦᠷ ᠬᠤᠭᠤᠴᠠᠭ᠎ᠠ ᠪᠤᠶᠤ ᠦᠢ᠍ᠯᠡᠳᠪᠦᠷᠢᠯᠡᠬᠦ ᠵᠢ ᠵᠥᠪᠰᠢᠶᠡᠷᠡᠭᠰᠡᠨ ᠳ᠋ᠤᠭ᠋ᠠᠷ᠂ ᠴᠢᠨᠠᠷ᠎ᠢ ᠪᠠᠲᠤᠯᠠᠬᠤ ᠬᠤᠭᠤᠴᠠᠭ᠎ᠠ᠂ ᠦᠢ᠍ᠯᠡᠳᠪᠦᠷᠢᠯᠡᠭᠴᠢ ᠡᠵᠡᠩᠨᠡᠭᠴᠢ ᠵᠢᠨ ᠨᠡᠷᠡᠶ᠋ᠢᠳᠦᠯ᠂ ᠬᠠᠶᠢᠭ᠂ ᠬᠠᠷᠢᠯᠴᠠᠬᠤ ᠬᠡᠯᠪᠡᠷᠢ ᠵᠡᠷᠭᠡ ᠠᠭᠤᠯᠭ᠎ᠠ ᠵᠢ ᠲᠡᠮᠲᠡᠭᠯᠡᠭᠰᠡᠨ ᠡᠰᠡᠬᠦ ᠵᠢ ᠪᠠᠶ᠋ᠢᠴᠠᠭ᠋ᠠᠨ ᠦᠵᠡᠬᠦ ᠬᠡᠷᠡᠭᠲᠡᠶ᠃ ᠭᠤᠱ᠌ᠤᠭᠤᠯᠢᠭ ᠢᠳᠡᠭᠡᠨ᠂ ᠤᠮᠳᠠᠭ᠋ᠠᠨ᠂ ᠡᠭᠡᠳᠡᠭᠰᠡᠨ ᠰᠦ ᠁ ᠡᠳᠡᠭᠡᠷ ᠪᠦᠲᠦᠭᠡᠭᠳᠡᠬᠦᠨ᠎ᠨᠢ ᠥᠷᠭᠡᠨ ᠣᠯᠠᠨ ᠵᠠᠯᠠᠭᠤᠴᠤᠳ ᠢᠯᠠᠩᠭᠤᠶ᠎ᠠ ᠰᠤᠷᠤᠭᠴᠢᠳ᠎ᠤᠨ ᠳᠤᠷ᠎ᠠ ᠪᠠᠬ᠎ᠠ ᠵᠢ ᠶᠡᠬᠡᠳᠡ ᠲᠠᠲᠠᠵᠤ ᠪᠣᠢ᠂ ᠳᠣᠣᠷ᠎ᠠ ᠪᠢᠳᠡ ᠬᠠᠮᠲᠤ᠎ᠪᠠᠷ ᠡᠳᠡᠭᠡᠷ ᠪᠦᠲᠦᠭᠡᠭᠳᠡᠬᠦᠨ᠎ᠢ ᠰᠣᠩᠭᠤᠬᠤ ᠤᠷ᠎ᠠ ᠮᠡᠷᠭᠡᠵᠢᠯ᠎ᠢ ᠣᠢ᠌ᠯᠠᠭ᠋ᠠᠵᠠᠭ᠋ᠠᠶ᠎ᠠ!
ᠭᠤᠱ᠌ᠤᠭᠤᠯᠢᠭ ᠢᠳᠡᠭᠡᠨ
《ᠭᠣᠱ᠌ᠣᠭᠣᠯᠢᠭ ᠢᠳᠡᠭᠡᠨ》᠎ᠢ ᠪᠠᠰᠠ ᠭᠤᠯᠢᠷ᠎ᠤᠨ ᠰᠢᠨᠳᠠᠰᠤ᠂ ᠦᠬᠡᠷ᠎ᠤᠨ ᠰᠢᠷᠪᠦᠰᠦ ᠭᠡᠵᠦ ᠨᠡᠷᠡᠯᠡᠳᠡᠭ᠂ ᠨᠢᠭᠡ ᠵᠦᠢ᠍ᠯ᠎ᠤᠨ ᠦᠷᠭᠦᠯᠵᠢ ᠬᠠᠷᠠᠭᠳᠠᠳᠠᠭ ᠳᠠᠷᠤᠢ᠌ᠬᠠᠨ ᠢᠳᠡᠵᠦ ᠪᠣᠯᠳᠠᠭ ᠠᠮᠲᠠᠯᠢᠭ ᠭᠤᠯᠢᠷ᠎ᠤᠨ ᠢᠳᠡᠭᠡᠨ ᠪᠣᠯᠣᠨ᠎ᠠ᠃ ᠠᠮᠲᠠᠯᠢᠭ ᠭᠤᠯᠢᠷ᠎ᠤᠨ ᠪᠦᠲᠦᠭᠡᠭᠳᠡᠬᠦᠨ ᠭᠡᠳᠡᠭ᠎ᠨᠢ ᠪᠤᠭᠤᠳᠠᠢ ᠵᠢᠨ ᠭᠤᠯᠢᠷ ᠵᠶ᠋ᠠᠷ ᠭᠤᠣᠯ ᠲᠦᠭᠦᠬᠡᠢ ᠮᠠᠲ᠋ᠧᠷᠢᠶᠠᠯ ᠪᠣᠯᠭ᠋ᠠᠵᠤ᠂ ᠢᠳᠡᠭᠡᠨ᠎ᠤ ᠤᠷᠭᠤᠮᠠᠯ᠎ᠤᠨ ᠲᠣᠰᠣ᠂ ᠢᠳᠡᠭᠡᠨ᠎ᠤ ᠳᠠᠪᠤᠰᠤ᠂ ᠴᠠᠭ᠋ᠠᠨ ᠰᠢᠬᠢᠷ᠂ ᠠᠮᠲᠠᠯᠠᠭᠴᠢ ᠡᠳ᠋ ᠵᠡᠷᠭᠡ᠎ᠪᠠᠷ ᠲᠤᠰᠠᠯᠠᠬᠤ ᠮᠠᠲ᠋ᠧᠷᠢᠶᠠᠯ ᠪᠣᠯᠭ᠋ᠠᠵᠤ᠂ ᠳᠠᠷᠤᠰᠢᠭᠤᠯᠵᠤ ᠪᠣᠯᠭᠣᠬᠤ᠂ ᠬᠡᠷᠴᠢᠬᠦ᠂ ᠵᠢᠭᠤᠷᠠᠬᠤ᠂ ᠪᠣᠭᠤᠳᠠᠯᠯᠠᠬᠤ ᠵᠡᠷᠭᠡ ᠶᠠᠪᠤᠴᠠ᠎ᠪᠠᠷ ᠪᠣᠯᠪᠠᠰᠤᠷᠠᠭᠤᠯᠬᠤ᠎ᠪᠠᠷ ᠳᠠᠮᠵᠢᠨ ᠪᠤᠢ ᠪᠣᠯᠭ᠋ᠠᠭᠰᠠᠨ ᠳᠠᠷᠤᠢ᠌ᠬᠠᠨ ᠢᠳᠡᠵᠦ ᠪᠣᠯᠳᠠᠭ ᠤᠷᠢᠳᠴᠢᠯᠠᠨ ᠪᠣᠭᠤᠳᠠᠯᠯᠠᠭᠰᠠᠨ ᠠᠮᠲᠠᠯᠢᠭ ᠭᠣᠯᠢᠷ᠎ᠤᠨ ᠪᠦᠲᠦᠭᠡᠭᠳᠡᠬᠦᠨ ᠪᠣᠯᠤᠨ᠎ᠠ᠃
ᠵᠠᠬ᠎ᠠ ᠳᠡᠯᠭᠡᠭᠦᠷ᠎ᠲᠤ ᠬᠤᠳᠠᠯᠳᠤᠵᠤ ᠪᠠᠢ᠌ᠭ᠎ᠠ 《ᠭᠤᠱ᠌ᠤᠭᠤᠯᠢᠭ ᠢᠳᠡᠭᠡᠨ》᠎ᠤ ᠣᠯᠠᠩᠬᠢ᠎ᠨᠢ ᠭᠤᠯᠢᠷ᠎ᠤᠨ ᠰᠢᠨᠳᠠᠰᠤᠨᠤ ᠲᠥᠷᠥᠯ ᠤᠨ ᠭᠤᠱ᠌ᠤᠭᠤᠯᠢᠭ ᠢᠳᠡᠭᠡᠨ ᠪᠠᠢ᠌ᠵᠤ᠂ ᠬᠣᠭᠣᠰᠣᠮ ᠪᠤᠭᠤᠳᠠᠯᠯᠠᠬᠤ ᠴᠢᠬᠤᠯᠠ ᠦᠭᠡᠢ᠂ ᠪᠠᠰᠠ ᠨᠢᠭᠡ ᠪᠦᠯᠦᠭ ᠭᠤᠱ᠌ᠤᠭᠤᠯᠢᠭ ᠢᠳᠡᠭᠡᠨ᠎ᠨᠢ ᠪᠤᠷᠴᠠᠭ᠎ᠤᠨ ᠬᠠᠲᠠᠭ᠋ᠠᠮᠠᠯ᠎ᠤᠨ ᠲᠥᠷᠥᠯ᠎ᠤᠨ ᠭᠤᠱ᠌ᠤᠭᠤᠯᠢᠭ ᠢᠳᠡᠭᠡᠨ ᠪᠣᠯᠣᠨ᠎ᠠ᠂ ᠤᠴᠢᠷ᠎ᠨᠢ ᠪᠤᠷᠴᠠᠭ᠎ᠤᠨ ᠬᠠᠲᠠᠭ᠋ᠠᠮᠠᠯ᠎ᠨᠢ ᠬᠠᠳᠠᠭ᠋ᠠᠯᠠᠬᠤ᠎ᠳᠤ ᠳᠦᠭᠦᠮ ᠪᠢᠰᠢ ᠪᠣᠯᠬᠤᠷ ᠡᠨᠡ ᠲᠥᠷᠥᠯ᠎ᠤᠨ ᠭᠤᠱ᠌ᠣᠭᠣᠯᠢᠭ ᠢᠳᠡᠭᠡᠨ᠎ᠢ ᠪᠦᠷ ᠬᠣᠭᠣᠰᠣᠮ ᠪᠣᠭᠤᠳᠠᠯᠯᠠᠳᠠᠭ᠃ ᠭᠤᠱ᠌ᠤᠭᠤᠯᠢᠭ ᠢᠳᠡᠭᠡᠨ᠎ᠤ ᠳᠠᠪᠤᠰᠤ᠂ ᠰᠢᠬᠢᠷ᠂ ᠥᠭᠡᠬᠦᠨᠤ ᠠᠭᠤᠯᠤᠭᠳᠠᠴᠠ ᠨᠡᠯᠢᠶᠡᠳ ᠶᠡᠬᠡ ᠪᠣᠯᠬᠣᠷ ᠥᠪᠡᠷ᠎ᠤᠨ ᠪᠡᠶ᠎ᠡ ᠵᠢᠨ ᠪᠠᠶ᠋ᠢᠳᠠᠯ ᠵᠶ᠋ᠠᠨ ᠦᠨᠳᠦᠰᠦᠯᠡᠵᠦ ᠵᠣᠬᠢᠬᠤ ᠬᠡᠮᠵᠢᠶ᠎ᠡ᠎ᠪᠠᠷ ᠬᠡᠷᠡᠭᠯᠡᠪᠡᠯ ᠵᠣᠬᠢᠨ᠎ᠠ᠃
ᠤᠮᠳᠠᠭ᠋ᠠᠨ
ᠤᠮᠳᠠᠭ᠋ᠠᠨ᠎ᠢ ᠪᠠᠰᠠ ᠤᠮᠳᠠᠭ᠋ᠠᠨ᠎ᠤ ᠵᠦᠢ᠍ᠯ ᠭᠡᠳᠡᠭ᠂ ᠡᠭᠦᠨ᠎ᠳᠤ ᠨᠡᠭᠦᠷᠡᠰᠦᠬᠦ᠋ᠴᠢᠯ᠎ᠤᠨ ᠤᠮᠳᠠᠭ᠋ᠠᠨ᠂ ᠵᠢᠮᠢᠰ ᠨᠣᠭᠤᠭ᠋ᠠᠨ᠎ᠤ ᠰᠢᠭᠦᠰᠦ ᠵᠢᠨ ᠲᠥᠷᠥᠯ ᠵᠢᠴᠢ ᠲᠡᠭᠦᠨ᠎ᠤ ᠤᠮᠳᠠᠭ᠋ᠠᠨ᠂ ᠤᠭᠤᠷᠠᠭ᠎ᠤᠨ ᠤᠮᠳᠠᠭ᠋ᠠᠨ᠂ ᠬᠠᠲᠠᠭᠤ ᠪᠡᠶᠡᠲᠦ ᠤᠮᠳᠠᠭ᠋ᠠᠨ ᠵᠡᠷᠭᠡ ᠵᠢ ᠪᠠᠭᠲᠠᠭ᠋ᠠᠨ᠎ᠠ᠃ ᠤᠮᠳᠠᠭ᠋ᠠᠨ᠎ᠢ ᠰᠣᠩᠭᠣᠨ ᠬᠤᠳᠠᠯᠳᠤᠨ ᠠᠪᠬᠤ᠎ᠨᠢ ᠬᠥᠮᠥᠨ᠎ᠤ ᠠᠳᠠᠯᠢ ᠪᠣᠰᠣ᠎ᠠᠴᠠ ᠰᠢᠯᠲᠠᠭ᠋ᠠᠯᠠᠭᠳᠠᠨᠠ᠃ ᠺᠣᠹᠸᠶᠢᠨ ᠠᠭᠤᠯᠤᠭᠳᠠᠭᠰᠠᠨ ᠤᠮᠳᠠᠭ᠋ᠠᠨ᠎ᠨᠢ ᠲᠠᠷᠢᠬᠢ ᠲᠣᠯᠣᠭ᠋ᠠᠢ ᠵᠢ ᠰᠡᠷᠭᠦᠭᠡᠬᠦ ᠦᠢ᠍ᠯᠡᠳᠦᠯ᠎ᠲᠠᠢ᠂ ᠡᠩ᠎ᠤᠨ ᠪᠠᠶ᠋ᠢᠳᠠᠯ᠎ᠳᠤ ᠨᠠᠰᠤᠨ᠎ᠳᠤ ᠬᠦᠷᠦᠭᠰᠡᠳ ᠤᠤᠭᠤᠬᠤ᠎ᠳᠤ ᠲᠣᠬᠢᠷᠠᠨ᠎ᠠ᠂ ᠬᠡᠤᠬᠡᠳ ᠵᠢᠴᠢ ᠵᠠᠯᠠᠭᠤᠴᠤᠳ ᠪᠠᠭ᠋ᠠᠴᠤᠳ᠎ᠲᠤ ᠲᠣᠬᠢᠷᠠᠬᠤ ᠦᠭᠡᠢ; ᠨᠡᠭᠦᠷᠡᠰᠦ ᠤᠰᠤᠨ᠎ᠤ ᠨᠢᠭᠡᠳᠪᠦᠷᠢ ᠪᠣᠯᠤᠨ ᠳᠠᠪᠤᠰᠤ ᠠᠭᠤᠯᠤᠭᠳᠠᠳᠠᠭ ᠲᠠᠮᠢᠷ᠎ᠤᠨ ᠬᠥᠳᠡᠯᠭᠡᠭᠡᠨ᠎ᠤ ᠤᠮᠳᠠᠭ᠋ᠠᠨ᠎ᠨᠢ ᠪᠡᠶ᠎ᠡ ᠪᠣᠯᠪᠠᠰᠤᠷᠠᠭᠤᠯᠤᠭᠴᠢ ᠪᠠ ᠪᠡᠶ᠎ᠡ ᠵᠢᠨ ᠬᠥᠳᠡᠯᠮᠦᠷᠢ᠎ᠪᠠᠷ ᠬᠥᠳᠡᠯᠮᠦᠷᠢᠯᠡᠵᠦ ᠪᠠᠶ᠋ᠢᠭ᠎ᠠ ᠬᠥᠮᠦᠰ ᠲᠤ ᠲᠣᠬᠢᠷᠠᠨ᠎ᠠ; 《ᠰᠢᠬᠢᠷ ᠦᠭᠡᠢ》 ᠤᠮᠳᠠᠭ᠋ᠠᠨ᠂ 《ᠰᠢᠬᠢᠷ ᠪᠠᠭ᠎ᠠ》 ᠤᠮᠳᠠᠭ᠋ᠠᠨ᠎ᠨᠢ ᠰᠢᠬᠢᠷ ᠪᠠ ᠢᠯᠴᠢ ᠵᠢᠨ ᠬᠡᠮᠵᠢᠶ᠎ᠡ᠎ᠳᠤ ᠣᠨᠴᠠᠭ᠋ᠠᠶ ᠱᠠᠭ᠋ᠠᠷᠳᠠᠯᠭ᠎ᠠ᠎ᠲᠠᠢ ᠬᠥᠮᠦᠰ (ᠵᠢᠱ᠌ᠢᠶᠡᠯᠡᠪᠡᠯ᠂ ᠰᠢᠬᠢᠷ ᠰᠢᠵᠢᠩ ᠡᠪᠡᠳᠴᠢᠲᠡᠨ)᠎ᠤᠨ ᠤᠤᠭᠤᠬᠤ᠎ᠳᠤ ᠲᠣᠬᠢᠷᠠᠨ᠎ᠠ; ᠤᠷᠭᠤᠮᠠᠯ᠎ᠤᠨ ᠤᠭᠤᠷᠠᠭ᠎ᠤᠨ ᠤᠮᠳᠠᠭ᠋ᠠᠨ᠎ᠳᠤ ᠬᠡᠳᠦ᠋ᠢ᠍ᠪᠡᠷ ᠡᠯᠪᠡᠭ ᠪᠠᠶᠠᠯᠢᠭ ᠤᠭᠤᠷᠠᠭ ᠠᠭᠤᠯᠤᠭᠳᠠᠳᠠᠭ ᠴᠤ᠌ ᠦᠨᠢᠶᠡᠨ ᠰᠦ ᠵᠢ ᠣᠷᠣᠯᠠᠭᠤᠯᠤᠨ ᠬᠡᠷᠡᠭᠯᠡᠵᠦ ᠪᠣᠯᠬᠤ ᠦᠭᠡᠢ; ᠵᠢᠮᠢᠰ᠎ᠤᠨ ᠰᠢᠭᠦᠰᠦᠨ᠎ᠳᠤ ᠬᠡᠳᠦ᠋ᠢ᠍ᠪᠡᠷ ᠬᠡᠰᠡᠭ ᠵᠢᠮᠢᠰ᠎ᠤᠨ ᠮᠢᠬ᠎ᠠ ᠪᠠ ᠠᠭᠤᠰᠤᠮᠠᠬᠠᠢ ᠴᠢᠨᠠᠷᠲᠠᠢ ᠢᠳᠡᠭᠡᠨ᠎ᠤ ᠰᠢᠷᠬᠡᠭᠯᠢᠭ᠎ᠢ ᠦᠯᠡᠳᠡᠭᠡᠭᠰᠡᠨ ᠴᠤ᠌ ᠲᠡᠭᠦᠨ᠎ᠤ ᠰᠢᠮ᠎ᠡ ᠲᠡᠵᠢᠭᠡᠯ᠎ᠤᠨ ᠥᠷᠲᠡᠭ᠎ᠢ ᠰᠢᠨ᠎ᠡ ᠰᠣᠷᠭᠤᠭ ᠵᠢᠮᠢᠰ ᠨᠣᠭᠤᠭ᠎ᠠ᠎ᠲᠠᠢ ᠬᠠᠷᠢᠴᠠᠭᠤᠯᠬᠤ ᠵᠢᠨ ᠠᠷᠭ᠎ᠠ ᠦᠭᠡᠢ᠃ ᠡᠶ᠋ᠢᠮᠦ᠎ᠠᠴᠠ᠂ ᠵᠢᠮᠢᠰ ᠨᠣᠭᠤᠭ᠋ᠠᠨ᠎ᠤ ᠰᠢᠭᠦᠰᠦ ᠵᠢ ᠤᠤᠭᠤᠬᠤ᠎ᠨᠢ ᠵᠢᠮᠢᠰ᠂ ᠨᠣᠭᠣᠭ᠎ᠠ ᠵᠢ ᠪᠦᠷᠢᠮᠦᠰᠦᠨ ᠣᠷᠣᠯᠠᠭᠤᠯᠵᠤ ᠪᠣᠯᠬᠤ ᠦᠭᠡᠢ; ᠰᠦᠨ ᠬᠦᠴᠢᠯ᠎ᠤᠨ ᠪᠠᠺᠲ᠋ᠧᠷᠢ ᠵᠢᠨ ᠪᠦᠲᠦᠭᠡᠭᠳᠡᠬᠦᠨ᠎ᠨᠢ ᠲᠡᠭᠦᠨ᠎ᠤ ᠥᠪᠡᠷᠮᠢᠴᠡ ᠴᠢᠨᠠᠷ᠎ᠠᠴᠠ᠎ᠪᠠᠨ ᠪᠣᠯᠵᠤ᠂ ᠱᠣᠰᠢᠭ᠋ᠠᠨ ᠳᠡᠭᠡᠷ᠎ᠡ ᠰᠦᠨ ᠬᠦᠴᠢᠯ᠎ᠤᠨ ᠪᠠᠺᠲ᠋ᠧᠷᠢ ᠵᠢᠨ ᠠᠭᠤᠯᠤᠭᠳᠠᠴᠠ ᠵᠢᠨ ᠬᠡᠮᠵᠢᠶ᠎ᠡ ᠵᠢ ᠢᠯᠡᠷᠬᠡᠢ᠌ᠯᠡᠬᠦ ᠴᠢᠬᠤᠯᠠᠲᠠᠢ ᠪᠠᠢ᠌ᠵᠤ᠂ ᠬᠠᠲᠠᠭᠤ ᠪᠡᠶᠡᠲᠦ ᠤᠮᠳᠠᠭ᠋ᠠᠨ᠎ᠳᠤ ᠪᠦᠲᠦᠭᠡᠭᠳᠡᠬᠦᠨ᠎ᠤ ᠪᠦᠷᠡᠬᠦ ᠪᠤᠶᠤ ᠴᠢᠢ᠍ᠯᠡᠬᠦ ᠠᠷᠭ᠎ᠠ ᠵᠡᠷᠭᠡ ᠵᠢ ᠬᠠᠳᠠᠵᠤ᠂ ᠰᠣᠩᠭᠣᠨ ᠬᠤᠳᠠᠯᠳᠤᠨ ᠠᠪᠬᠤ᠎ᠳᠤ᠎ᠪᠠᠨ ᠠᠩᠬᠠᠷᠤᠨ ᠦᠵᠡᠬᠦ ᠬᠡᠷᠡᠭᠲᠡᠶ᠃ ᠤᠮᠳᠠᠭ᠋ᠠᠨ᠎ᠢ ᠡᠩ᠎ᠤᠨ ᠳᠤᠯᠠᠭ᠋ᠠᠴᠠ᠎ᠳᠤ ᠬᠠᠳᠠᠭ᠋ᠠᠯᠠᠪᠠᠯ ᠪᠣᠯᠴᠢᠬᠠᠨ᠎ᠠ᠂ ᠭᠡᠪᠡᠴᠦ ᠠᠮᠢᠳᠤ ᠪᠠᠺᠲ᠋ᠧᠷᠢ ᠵᠢᠨ ᠬᠡᠯᠪᠡᠷᠢᠲᠦ ᠰᠦᠨ ᠬᠦᠴᠢᠯ᠎ᠤᠨ ᠤᠮᠳᠠᠭ᠋ᠠᠨ᠎ᠢ ᠰᠡᠷᠢᠭᠦᠨ ᠵᠶ᠋ᠡᠷ ᠬᠠᠳᠠᠭ᠋ᠠᠯᠠᠬᠤ ᠨᠥᠬᠦᠴᠡᠯ ᠳᠣᠤᠷ᠎ᠠ ᠬᠠᠳᠠᠭ᠋ᠠᠯᠠᠬᠤ ᠬᠡᠷᠡᠭᠲᠡᠶ᠂ ᠡᠰᠡ ᠲᠡᠭᠡᠪᠡᠯ ᠰᠦᠨ ᠬᠦᠴᠢᠯ᠎ᠤᠨ ᠪᠠᠺᠲ᠋ᠧᠷᠢ ᠵᠢᠨ ᠠᠮᠢᠳᠤ ᠪᠠᠺᠲ᠋ᠧᠷᠢ ᠵᠢᠨ ᠲᠤᠭ᠎ᠠ ᠵᠢ ᠪᠠᠭᠤᠷᠠᠭᠤᠯᠵᠤ᠂ ᠲᠡᠭᠦᠨ᠎ᠤ ᠠᠮᠲᠠ ᠵᠢ ᠨᠦᠯᠦᠭᠡᠯᠡᠳᠡᠭ᠃ ᠵᠢᠮᠢᠰ ᠨᠣᠭᠤᠭ᠋ᠠᠨ᠎ᠤ ᠰᠢᠭᠦᠰᠦ ᠵᠢᠨ ᠤᠮᠳᠠᠭ᠋ᠠᠨ᠎ᠢ ᠨᠡᠬᠡᠭᠡᠭᠰᠡᠨᠤ ᠳᠠᠷᠠᠭ᠎ᠠ᠂ ᠬᠠᠳᠠᠭ᠋ᠠᠯᠠᠬᠤ ᠳᠤᠯᠠᠭ᠋ᠠᠨ᠎ᠤ ᠬᠡᠮᠵᠢᠶ᠎ᠡ ᠵᠢ 0 - 5℃ᠤᠨ ᠬᠤᠭᠤᠷᠤᠨᠳᠤ ᠪᠠᠲᠤᠯᠠᠨ᠂ 48 ᠴᠠᠭ᠎ᠤᠨ ᠳᠣᠲᠣᠷ᠎ᠠ ᠤᠤᠭᠤᠵᠤ ᠳᠠᠭᠤᠰᠬᠠᠵᠤ᠂ ᠬᠠᠳᠠᠭ᠋ᠠᠯᠠᠯᠲᠠ ᠵᠢᠨ ᠬᠤᠭᠤᠴᠠᠭ᠋ᠠᠨ᠎ᠳᠤ ᠮᠢᠺᠷᠣᠪ᠎ᠤᠨ ᠥᠰᠴᠦ ᠦᠷᠡᠵᠢᠬᠦ᠎ᠠᠴᠠ ᠵᠠᠢ᠌ᠯᠠᠰᠬᠢᠬᠤ ᠬᠡᠷᠡᠭᠲᠡᠶ᠃
ᠡᠭᠡᠳᠡᠭᠰᠡᠨ ᠰᠦ
ᠡᠭᠡᠳᠡᠭᠰᠡᠨ ᠰᠦ ᠪᠣᠯ ᠨᠢᠭᠡ ᠵᠦᠢ᠍ᠯ᠎ᠤᠨ ᠢᠰᠬᠦᠯᠡᠩ ᠰᠢᠬᠢᠷᠯᠢᠭ ᠠᠮᠲᠠᠲᠠᠢ ᠦᠨᠢᠶᠡᠨ ᠰᠦᠨ᠎ᠤ ᠤᠮᠳᠠᠭ᠋ᠠᠨ ᠪᠠᠢ᠌ᠵᠤ ᠦᠨᠢᠶᠡᠨ ᠰᠦ᠎ᠪᠠᠷ ᠲᠦᠭᠦᠬᠡᠢ ᠡᠳ᠋ ᠪᠣᠯᠭ᠋ᠠᠨ᠂ ᠪᠠᠰᠲᠸᠦ᠋ᠷ ᠵᠶ᠋ᠠᠷ ᠪᠠᠺᠲ᠋ᠧᠷᠢ ᠵᠢ ᠤᠰᠠᠳᠬᠠᠭᠰᠠᠨᠤ ᠳᠠᠷᠠᠭ᠎ᠠ ᠦᠨᠢᠶᠡᠨ ᠰᠦᠨ᠎ᠳᠤ ᠠᠰᠢᠭ᠎ᠲᠤ ᠪᠠᠺᠲ᠋ᠧᠷᠢ (ᠢᠰᠭᠡᠭᠦᠷ) ᠵᠢ ᠬᠣᠯᠢᠵᠤ᠂ ᠡᠭᠡᠳᠡᠭᠰᠡᠨᠤ ᠳᠠᠷᠠᠭ᠎ᠠ᠂ ᠳᠠᠬᠢᠨ ᠬᠥᠷᠥᠭᠡᠵᠦ ᠰᠠᠪᠠᠯᠠᠭᠰᠠᠨ ᠨᠢᠭᠡ ᠵᠦᠢ᠍ᠯ᠎ᠤᠨ ᠦᠨᠢᠶᠡᠨ ᠰᠦᠨ᠎ᠤ ᠤᠮᠳᠠᠭ᠋ᠠᠨ ᠪᠣᠯᠤᠨ᠎ᠠ᠃ ᠡᠭᠡᠳᠡᠭᠰᠡᠨ ᠰᠦ ᠵᠢ ᠶᠡᠷᠦ᠎ᠳᠤ᠎ᠪᠠᠨ ᠬᠣᠶᠠᠷ ᠲᠥᠷᠥᠯ ᠬᠤᠪᠢᠶᠠᠳᠠᠭ᠂ ᠬᠦᠢ᠍ᠲᠡᠨ ᠵᠶ᠋ᠠᠷ ᠬᠠᠳᠠᠭ᠋ᠠᠯᠠᠬᠤ ᠳᠣᠤᠷ᠎ᠠ ᠳᠤᠯᠠᠭ᠋ᠠᠨ᠎ᠤ ᠡᠭᠡᠳᠡᠭᠰᠡᠨ ᠰᠦ᠂ ᠠᠮᠢᠳᠤ ᠪᠠᠺᠲ᠋ᠧᠷᠢ ᠵᠢᠨ ᠬᠡᠯᠪᠡᠷᠢᠲᠦ ᠡᠭᠡᠳᠡᠭᠰᠡᠨ ᠰᠦ; ᠬᠡᠪ᠎ᠤᠨ ᠳᠤᠯᠠᠭ᠋ᠠᠨ᠎ᠤ ᠡᠭᠡᠳᠡᠭᠰᠡᠨ ᠰᠦ᠂ ᠪᠠᠺᠲ᠋ᠧᠷᠢ ᠤᠰᠠᠳᠬᠠᠭᠰᠠᠨ ᠬᠡᠯᠪᠡᠷᠢ ᠵᠢᠨ ᠡᠭᠡᠳᠡᠭᠰᠡᠨ ᠰᠦ᠂ ᠡᠩ᠎ᠤᠨ ᠪᠠᠶ᠋ᠢᠳᠠᠯ᠎ᠳᠤ ᠢᠳᠡᠪᠬᠢᠵᠢᠭᠦᠯᠦᠭᠰᠡᠨ ᠰᠦᠨ ᠬᠦᠴᠢᠯ ᠠᠭᠤᠯᠬᠤ ᠦᠭᠡᠶ᠃ ᠬᠡᠷᠡᠭᠯᠡᠭᠴᠢᠳ ᠡᠭᠡᠳᠡᠭᠰᠡᠨ ᠰᠦ ᠬᠤᠳᠠᠯᠳᠤᠨ ᠠᠪᠬᠤ᠎ᠳᠤ᠎ᠪᠠᠨ ᠡᠭᠡᠳᠡᠭᠰᠡᠨ ᠰᠦ ᠪᠣᠯᠤᠨ ᠰᠦᠨ ᠤᠮᠳᠠᠭ᠋ᠠᠨ᠎ᠤ ᠢᠯᠭ᠋ᠠᠭ᠎ᠠ ᠵᠢ ᠡᠷᠬᠡᠪᠰᠢ ᠠᠩᠬᠠᠷᠴᠤ᠂ ᠰᠦᠨ ᠤᠮᠳᠠᠭ᠋ᠠᠨ᠎ᠢ ᠴᠤᠯ ᠰᠦ ᠪᠤᠶᠤ ᠴᠠᠭ᠋ᠠᠨ ᠢᠳᠡᠭᠡᠨ ᠵᠶ᠋ᠡᠷ ᠲᠦᠭᠦᠬᠡᠶ ᠮᠠᠲ᠋ᠧᠷᠢᠶᠠᠯ ᠪᠣᠯᠭ᠋ᠠᠨ ᠪᠣᠯᠪᠠᠰᠤᠷᠠᠭᠤᠯᠤᠨ ᠨᠠᠢ᠌ᠷᠠᠭᠤᠯᠤᠭ᠋ᠠᠳ ᠭᠠᠷᠭ᠋ᠠᠭᠰᠠᠨ ᠪᠦᠲᠦᠭᠡᠭᠳᠡᠬᠦᠨ ᠪᠠᠢ᠌ᠵᠤ᠂ ᠨᠠᠢ᠌ᠷᠠᠭᠤᠯᠤᠭᠰᠠᠨ ᠬᠡᠯᠪᠡᠷᠢ ᠵᠢᠨ ᠤᠮᠳᠠᠭ᠋ᠠᠨ᠂ ᠡᠭᠡᠳᠡᠭᠰᠡᠨ ᠰᠦᠨ᠎ᠤ ᠬᠡᠯᠪᠡᠷᠢ ᠵᠢᠨ ᠤᠮᠳᠠᠭ᠋ᠠᠨ᠂ ᠰᠦᠨ ᠬᠦᠴᠢᠯ᠎ᠤᠨ ᠪᠠᠺᠲ᠋ᠧᠷᠢ ᠵᠢᠨ ᠬᠡᠯᠪᠡᠷᠢ ᠵᠢᠨ ᠤᠮᠳᠠᠭ᠋ᠠᠨ ᠭᠡᠵᠦ ᠬᠤᠪᠢᠶᠠᠳᠠᠭ᠃ ᠡᠭᠡᠳᠡᠭᠰᠡᠨ ᠰᠦ ᠪᠣᠯᠤᠨ ᠰᠦ ᠠᠭᠤᠯᠤᠭᠰᠠᠨ ᠤᠮᠳᠠᠭ᠋ᠠᠨ᠎ᠢ ᠱᠣᠰᠢᠭ᠎ᠠ᠎ᠳᠠᠬᠢ ᠤᠭᠤᠷᠠᠭ᠎ᠤᠨ ᠠᠭᠤᠯᠤᠭᠳᠠᠬᠤᠨ ᠵᠶ᠋ᠠᠷ᠎ᠨᠢ ᠢᠯᠭ᠋ᠠᠨ ᠰᠠᠯᠭ᠋ᠠᠵᠤ᠂ GB19302-2010 《ᠢᠳᠡᠭᠡᠨ᠎ᠤ ᠠᠮᠤᠷ ᠲᠦᠪᠰᠢᠨ᠎ᠤ ᠤᠯᠤᠰ᠎ᠤᠨ ᠪᠠᠷᠢᠮᠵᠢᠶᠠᠨ᠎ᠤ ᠡᠭᠡᠳᠡᠭᠰᠡᠨ ᠰᠦᠨ》᠎ᠤ ᠲᠣᠭᠲᠠᠭ᠋ᠠᠯ᠎ᠢ ᠦᠨᠳᠦᠰᠦᠯᠡᠪᠡᠯ᠄ ᠡᠭᠡᠳᠡᠭᠰᠡᠨ ᠰᠦᠨ᠎ᠳᠠᠬᠢ ᠤᠭᠤᠷᠠᠭ᠎ᠤᠨ ᠠᠭᠤᠯᠤᠭᠳᠠᠴᠠ᠎ᠨᠢ 2.9g/100g᠎ᠠᠴᠠ ᠪᠠᠭ᠎ᠠ ᠪᠠᠶ᠋ᠢᠵᠤ ᠪᠣᠯᠬᠤ ᠦᠭᠡᠢ ᠭᠡᠵᠡᠢ ᠃ GB/T21732-2008 《ᠰᠦ ᠠᠭᠤᠯᠤᠭᠰᠠᠨ ᠤᠮᠳᠠᠭ᠋ᠠᠨ》᠎ᠤ ᠲᠣᠭᠲᠠᠭ᠋ᠠᠯ᠎ᠢ ᠦᠨᠳᠦᠰᠦᠯᠡᠪᠡᠯ᠄ ᠨᠠᠢ᠌ᠷᠠᠭᠤᠯᠤᠭᠰᠠᠨ ᠬᠡᠯᠪᠡᠷᠢ ᠵᠢᠨ ᠰᠦ ᠠᠭᠤᠯᠤᠭᠰᠠᠨ ᠤᠮᠳᠠᠭ᠋ᠠᠨ ᠪᠣᠯᠤᠨ ᠡᠭᠡᠳᠡᠭᠰᠡᠨ ᠬᠡᠯᠪᠡᠷᠢ ᠵᠢᠨ ᠰᠦ ᠠᠭᠤᠯᠤᠭᠰᠠᠨ ᠤᠮᠳᠠᠭ᠋ᠠᠨ᠎ᠤ ᠤᠭᠤᠷᠠᠭ᠎ᠤᠨ ᠠᠭᠤᠯᠤᠭᠳᠠᠴᠨ᠎ᠨᠢ ᠴᠥᠮ 1.0g/100g ᠪᠠᠶ᠋ᠢᠪᠠᠯ ᠵᠣᠬᠢᠨ᠎ᠠ ᠭᠡᠵᠡᠢ᠃ ᠰᠦᠨ ᠬᠦᠴᠢᠯ᠎ᠤᠨ ᠪᠠᠺᠲ᠋ᠧᠷᠢ ᠵᠢᠨ ᠤᠮᠳᠠᠭ᠋ᠠᠨ᠎ᠤ ᠤᠭᠤᠷᠠᠭ᠎ᠤᠨ ᠠᠭᠤᠯᠤᠭᠳᠠᠴᠠ᠎ᠨᠢ 0.7g/100g ᠪᠠᠢ᠌ᠪᠠᠯ ᠵᠣᠬᠢᠨ᠎ᠠ ᠭᠡᠵᠡᠢ᠃ ᠲᠡᠷᠠᠭ᠎ᠠ᠎ᠨᠢ ᠨᠠᠢ᠌ᠷᠠᠯᠭ᠎ᠠ ᠵᠢᠨ ᠬᠠᠮᠤᠭ ᠲᠦᠷᠦᠭᠦᠨ᠎ᠳᠤ ᠪᠠᠢ᠌ᠷᠢᠯᠠᠵᠤ ᠪᠠᠢ᠌ᠬᠤ ᠪᠦᠷᠢᠯᠳᠦᠭᠦᠨ᠎ᠢ ᠦᠵᠡᠵᠦ ᠡᠭᠡᠳᠡᠭᠰᠡᠨ ᠰᠦ ᠪᠠ ᠰᠦᠨ ᠤᠮᠳᠠᠭ᠋ᠠᠨ᠎ᠢ ᠢᠯᠭ᠋ᠠᠵᠤ ᠪᠣᠯᠣᠨ᠎ᠠ ᠂ ᠬᠡᠷᠪᠡ ᠬᠠᠮᠤᠭ ᠲᠦᠷᠦᠭᠦᠨ᠎ᠳᠤ ᠵᠢᠭᠰᠠᠭ᠋ᠠᠭᠳᠠᠭᠰᠠᠨ᠎ᠨᠢ ᠲᠦᠬᠦᠭᠡᠢ ᠰᠦ ᠪᠣᠯ ᠶᠡᠷᠤ᠎ᠳᠤ᠎ᠪᠠᠨ ᠡᠭᠡᠳᠡᠭᠰᠡᠨ ᠰᠦ ᠪᠣᠯᠣᠨ᠎ᠠ; ᠬᠡᠷᠪᠡ ᠬᠠᠮᠤᠭ ᠲᠦᠷᠦᠭᠦᠨ᠎ᠳᠤ ᠵᠢᠭᠰᠠᠭ᠋ᠠᠭᠳᠠᠭᠰᠠᠨ᠎ᠨᠢ ᠤᠰᠤ ᠪᠤᠶᠤ ᠪᠤᠰᠤᠳ ᠪᠦᠷᠢᠯᠳᠦᠬᠦᠨ ᠪᠠᠢ᠌ᠪᠠᠯ ᠶᠡᠷᠦ᠎ᠳᠤ᠎ᠪᠠᠨ ᠰᠦᠨ᠎ᠤ ᠤᠮᠳᠠᠭ᠋ᠠᠨ ᠪᠣᠯᠤᠨ᠎ᠠ᠃
ᠣᠨᠴᠠᠭ᠋ᠠᠶ᠋ᠢᠯᠠᠨ ᠠᠩᠬᠠᠷᠬᠤ᠎ᠨᠢ᠂ ᠶᠠᠮᠠᠷᠪᠠ ᠢᠳᠡᠭᠡᠨ᠎ᠢ ᠰᠣᠩᠭᠣᠬᠤ᠎ᠳᠤ᠎ᠪᠠᠨ ᠢᠳᠡᠭᠡᠨ᠎ᠤ ᠦᠢ᠍ᠯᠡᠳᠪᠦᠷᠢᠯᠡᠭᠰᠡᠨ ᠡᠳᠦᠷ ᠬᠤᠭᠤᠴᠠᠭ᠎ᠠ᠂ ᠴᠢᠨᠠᠷ᠎ᠢ ᠪᠠᠲᠤᠯᠠᠬᠤ ᠬᠤᠭᠤᠴᠠᠭ᠎ᠠ ᠵᠢᠴᠢ ᠬᠠᠳᠠᠭ᠋ᠠᠯᠠᠬᠤ ᠱᠠᠭ᠋ᠠᠷᠳᠠᠯᠭ᠎ᠠ ᠵᠢ ᠠᠩᠬᠠᠷᠬᠤ ᠬᠡᠷᠡᠭᠲᠡᠶ᠃ ᠵᠢᠱ᠌ᠢᠶᠡᠯᠡᠪᠡᠯ᠂ ᠡᠭᠡᠳᠡᠭᠰᠡᠨ ᠰᠦ᠂ ᠵᠠᠷᠢᠮ ᠲᠠᠯᠬ᠎ᠠ᠂ ᠪᠣᠭᠤᠷᠰᠤᠭ ᠪᠣᠯᠤᠨ ᠪᠣᠯᠭᠤᠭᠰᠠᠨ ᠢᠳᠡᠭᠡᠨ᠎ᠤ ᠲᠥᠷᠥᠯ᠎ᠤᠨ ᠪᠦᠲᠦᠭᠡᠭᠳᠡᠬᠦᠨ᠎ᠢ ᠰᠡᠷᠢᠭᠦᠨ᠎ᠳᠤ ᠬᠠᠳᠠᠭ᠋ᠠᠯᠠᠵᠤ ᠪᠣᠷᠤᠯᠠᠭᠤᠯᠤᠨ᠎ᠠ᠂ ᠲᠦᠷᠭᠡᠨ ᠬᠥᠯᠳᠡᠭᠡᠬᠦ ᠲᠥᠷᠥᠯ᠎ᠤᠨ ᠢᠳᠡᠭᠡᠨ᠎ᠢ -18℃ ᠤᠨ ᠨᠥᠬᠦᠴᠡᠯ᠎ᠤᠨ ᠳᠣᠤᠷ᠎ᠠ ᠬᠠᠳᠠᠭ᠋ᠠᠯᠠᠬᠤ ᠵᠢᠨ ᠬᠠᠮᠲᠤ ᠪᠣᠷᠣᠯᠠᠭᠤᠯᠵᠤ᠂ ᠳᠤᠯᠠᠭ᠋ᠠᠨ᠎ᠢ ᠡᠵᠡᠮᠳᠡᠬᠦ ᠲᠥᠬᠦᠭᠡᠷᠦᠮᠵᠢ᠎ᠠᠴᠠ ᠰᠠᠯᠪᠠᠯ ᠪᠦᠲᠦᠭᠡᠭᠳᠡᠬᠦᠨ᠎ᠤ ᠶᠠᠰᠤ ᠴᠢᠨᠠᠷ ᠪᠠ ᠴᠢᠨᠠᠷ᠎ᠢ ᠪᠠᠲᠤᠯᠠᠬᠤ ᠬᠤᠭᠤᠴᠠᠭ᠎ᠠ ᠵᠢ ᠨᠥᠯᠥᠭᠡᠯᠡᠬᠦ ᠪᠣᠯᠤᠨ᠎ᠠ᠃
ᠬᠤᠪᠢ ᠬᠦᠮᠦᠨ᠎ᠤ ᠰᠠᠶ᠋ᠢᠨ ᠰᠠᠶ᠋ᠢᠬᠠᠨ ᠢᠳᠡᠭᠡᠨ᠎ᠤ ᠳᠠᠳᠬᠠᠯ᠎ᠢ ᠪᠣᠢ ᠪᠣᠯᠭ᠋ᠠᠬᠤ ᠬᠡᠷᠡᠭᠲᠡᠢ
ᠢᠳᠡᠭᠡᠨ᠎ᠤ ᠰᠠᠶ᠋ᠢᠨ ᠰᠠᠢ᠌ᠬᠠᠨ ᠳᠠᠳᠬᠠᠯ ᠪᠠ ᠠᠷᠢᠭᠤᠨ ᠴᠡᠪᠡᠷ᠎ᠤᠨ ᠲᠠᠳᠬᠠᠯ᠎ᠢ ᠪᠣᠢ ᠪᠣᠯᠭ᠋ᠠᠵᠤ᠂ ᠬᠡᠳᠡᠰᠦᠨᠤ ᠰᠢᠮᠡᠭᠦᠷ ᠬᠤᠷᠤᠬᠠᠢ ᠵᠢᠨ ᠡᠪᠡᠳᠴᠢᠨ ᠬᠠᠯᠳᠠᠪᠤᠷᠢᠯᠠᠬᠤ᠎ᠠᠴᠠ ᠰᠡᠷᠬᠡᠶ᠋ᠢᠯᠡᠨ᠂ ᠲᠦᠭᠦᠬᠡᠢ᠎ᠪᠠᠷ ᠢᠳᠡᠵᠤ ᠪᠤᠯᠬᠤ ᠢᠳᠡᠰᠢᠨ ᠨᠤᠭᠤᠭ᠎ᠠ ᠪᠠ ᠵᠢᠮᠢᠰ᠎ᠢ ᠡᠷᠬᠡᠪᠰᠢ ᠤᠬᠢᠶᠠᠵᠤ ᠴᠡᠪᠡᠷᠯᠡᠭᠰᠡᠨ᠎ᠤ ᠳᠠᠷᠠᠭ᠎ᠠ ᠢᠳᠡᠵᠦ᠂ ᠦᠯᠡᠳᠡᠭᠰᠡᠨ ᠬᠤᠭᠤᠯᠠ ᠵᠠᠭᠤᠰᠢ ᠵᠢ ᠠᠯᠢ ᠴᠢᠳᠠᠬᠤ᠎ᠪᠠᠷ ᠪᠠᠭ᠎ᠠ ᠢᠳᠡᠬᠦ ᠪᠤᠶᠤ ᠢᠳᠡᠬᠦ ᠦᠭᠡᠢ ᠪᠠᠢ᠌ᠵᠤ᠂ ᠬᠡᠷᠪᠡ ᠦᠯᠡᠳᠡᠭᠰᠡᠨ ᠬᠤᠭᠤᠯᠠ ᠵᠠᠭᠤᠰᠢ ᠵᠢ ᠢᠳᠡᠬᠦ ᠭᠡᠪᠡᠯ ᠡᠷᠬᠡᠪᠰᠢ ᠲᠤᠶ᠋ᠢᠯᠪᠤᠷᠢᠳᠠᠢ ᠬᠠᠯᠠᠭᠤᠯᠵᠤ᠂ ᠪᠠᠺᠲ᠋ᠧᠷᠢ ᠵᠢᠨ ᠴᠢᠨᠠᠷᠲᠠᠢ ᠢᠳᠡᠭᠡᠨ᠎ᠤ ᠬᠣᠣᠷᠳᠠᠭᠳᠠᠯᠢ ᠰᠡᠷᠭᠡᠢ᠌ᠯᠡᠨ᠎ᠡ; ᠡᠷᠡᠭᠦᠯ ᠬᠠᠮᠠᠭ᠋ᠠᠯᠠᠯ᠎ᠤᠨ ᠪᠠᠲᠤᠯᠠᠭ᠎ᠠ ᠦᠭᠡᠢ ᠵᠡᠭᠡᠯᠢ ᠵᠢᠨ ᠢᠳᠡᠭᠡᠨ᠎ᠢ ᠢᠳᠡᠬᠦ ᠦᠭᠡᠢ ᠪᠤᠶᠤ ᠴᠥᠬᠡᠨ ᠢᠳᠡᠬᠦ ᠬᠡᠷᠡᠭᠲᠡᠢ᠃
ᠬᠣᠭᠣᠯᠠᠯᠠᠬᠤ ᠣᠷᠴᠢᠨ ᠴᠡᠪᠡᠷ ᠪᠠᠶ᠋ᠢᠬᠤ ᠬᠡᠷᠡᠭᠲᠡᠢ
ᠰᠤᠷᠭ᠋ᠠᠭᠤᠯᠢ ᠵᠢᠨ ᠬᠦᠷᠢᠶᠡᠨ᠎ᠳᠠᠬᠢ ᠡᠯ᠎ᠡ ᠲᠥᠷᠥᠯ᠎ᠤᠨ ᠢᠳᠡᠭᠡᠨ ᠡᠵᠡᠩᠨᠡᠭᠴᠢ᠎ᠳᠤ ᠢᠳᠡᠭᠡᠨ᠎ᠤ ᠠᠮᠤᠷ ᠲᠦᠪᠰᠢᠨ᠎ᠤ ᠬᠠᠮᠢᠶᠠᠷᠤᠯᠲᠠ ᠵᠢᠨ ᠠᠵᠢᠯ᠎ᠤᠨ ᠨᠡᠯᠢᠶᠡᠳ ᠴᠢᠩᠭ᠎ᠠ ᠲᠣᠭᠲᠠᠴᠠ᠎ᠲᠠᠢ ᠪᠠᠶ᠋ᠢᠳᠠᠭ ᠪᠣᠯᠬᠣᠷ ᠰᠤᠷᠤᠭᠴᠢᠳ ᠰᠤᠷᠭ᠋ᠠᠭᠤᠯᠢ᠎ᠳᠤ ᠪᠠᠶ᠋ᠢᠭ᠎ᠠ ᠬᠤᠭᠤᠴᠠᠭ᠋ᠠᠨ᠎ᠳᠤ᠎ᠪᠠᠨ ᠰᠤᠷᠭ᠋ᠠᠭᠤᠯᠢ ᠵᠢᠨ ᠬᠣᠭᠣᠯᠠᠨ ᠭᠡᠷ᠎ᠲᠤ᠎ᠪᠠᠨ ᠬᠣᠭᠣᠯᠠᠯᠠᠬᠤ ᠬᠡᠷᠡᠭᠲᠡᠶ᠃ ᠬᠡᠷᠪᠡ ᠰᠤᠷᠭ᠋ᠠᠭᠤᠯᠢ ᠵᠢᠨ ᠭᠠᠳᠠᠨ᠎ᠠ ᠬᠣᠭᠣᠯᠠᠯᠠᠪᠠᠯ᠂ ᠢᠳᠡᠭᠡᠨ ᠡᠵᠡᠩᠨᠡᠬᠦ ᠵᠥᠪᠰᠢᠶᠡᠷᠡᠯ᠎ᠤᠨ ᠦᠨᠡᠮᠯᠡᠯ᠎ᠲᠠᠢ᠂ ᠡᠷᠡᠭᠦᠯ ᠬᠠᠮᠠᠭ᠋ᠠᠯᠠᠯ᠎ᠤᠨ ᠨᠥᠬᠥᠴᠡᠯ ᠵᠶ᠋ᠠᠷ ᠰᠠᠶ᠋ᠢᠨ᠂ ᠪᠡᠯᠡᠳᠬᠡᠮᠵᠢ᠎ᠨᠢ ᠪᠦᠷᠢᠨ ᠭᠦᠢ᠍ᠴᠡᠳ᠂ ᠬᠣᠭᠣᠯᠠ ᠤᠮᠳᠠᠭ᠋ᠠᠨ᠎ᠤ ᠠᠶᠤᠯᠭᠦᠢ ᠵᠢᠨ ᠢᠲᠡᠭᠡᠯ ᠬᠦᠨᠳᠦ᠎ᠪᠠᠷ ᠨᠡᠯᠢᠶᠡᠳ ᠥᠨᠳᠥᠷ ᠢᠳᠡᠭᠡᠨ ᠤᠮᠳᠠᠭ᠋ᠠᠨ᠎ᠤ ᠨᠢᠭᠡᠴᠢ ᠵᠢ ᠰᠣᠩᠭᠣᠬᠤ ᠬᠡᠷᠡᠭᠲᠡᠶ᠃ ᠬᠡᠷᠪᠡ ᠰᠦᠯᠵᠢᠶᠡᠨ᠎ᠠᠴᠠ ᠬᠤᠭᠤᠯᠠ ᠵᠠᠬᠢᠶᠠᠯᠠᠪᠠᠯ᠂ ᠬᠠᠤᠯᠢ ᠲᠣᠭᠲᠠᠭ᠋ᠠᠯ᠎ᠳᠤ ᠨᠡᠶ᠋ᠢᠴᠡᠬᠦ ᠬᠤᠭᠤᠯᠠ ᠬᠠᠩᠭ᠋ᠠᠬᠤ ᠨᠢᠭᠡᠴᠢ ᠵᠢ ᠰᠣᠩᠭᠤᠵᠤ᠂ ᠳᠡᠯᠭᠡᠭᠦᠷ᠎ᠤᠨ 《ᠬᠤᠳᠠᠯᠳᠤᠭ᠋ᠠᠴᠢᠨ᠎ᠤ ᠮᠡᠳᠡᠭᠡ ᠵᠠᠩᠭᠢ》 ᠵᠢᠨ ᠢᠳᠡᠭᠡᠨ᠎ᠤ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ ᠪᠠ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠶ ᠣᠷᠣᠯᠠᠬᠤ ᠨᠣᠮᠧᠷ᠎ᠤᠨ ᠦᠨᠡᠮᠯᠡᠯ / ᠡᠵᠡᠩᠨᠡᠯᠲᠡ ᠵᠢᠨ ᠦᠨᠡᠮᠯᠡᠯ᠎ᠤᠨ ᠮᠡᠳᠡᠭᠡ ᠵᠠᠩᠭᠢ ᠵᠢ ᠪᠠᠶ᠋ᠢᠴᠠᠭ᠋ᠠᠨ ᠦᠵᠡᠬᠦ ᠵᠢ ᠠᠩᠬᠠᠷᠴᠤ᠂ ᠢᠳᠡᠭᠡᠨ᠎ᠤ ᠡᠵᠡᠩᠨᠡᠯᠲᠡ ᠵᠢᠨ ᠬᠡᠪᠴᠢᠶ᠎ᠡ ᠪᠠ ᠢᠳᠡᠭᠡᠨ᠎ᠤ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ ᠵᠡᠷᠭᠡ ᠵᠠᠩᠭᠢᠯᠠᠭ᠎ᠠ ᠵᠢᠨ ᠮᠡᠳᠡᠭᠡ ᠵᠠᠩᠭᠢ ᠵᠢ ᠣᠨᠴᠠᠭ᠋ᠠᠶ᠋ᠢᠯᠠᠨ ᠠᠩᠬᠠᠷᠬᠤ ᠬᠡᠷᠡᠭᠲᠡᠢ᠃
ᠳᠣᠲᠣᠨᠣ ᠰᠠᠨᠠᠭᠤᠯᠤᠮᠵᠢ
ᠬᠡᠷᠪᠡ ᠲᠠ ᠪᠦᠲᠦᠭᠡᠭᠳᠡᠬᠦᠨ ᠬᠤᠳᠠᠯᠳᠤᠨ ᠠᠪᠬᠤ ᠪᠤᠶᠤ ᠢᠳᠡᠬᠦ ᠶᠠᠪᠤᠴᠠ᠎ᠳᠤ ᠶᠠᠰᠤ ᠴᠢᠨᠠᠷ᠎ᠤᠨ ᠠᠰᠠᠭᠤᠳᠠᠯ ᠪᠤᠶᠤ ᠬᠣᠯᠪᠣᠭᠳᠠᠯ ᠪᠥᠬᠦᠶ ᠪᠠᠷᠢᠮᠵᠢᠶ᠎ᠠ ᠵᠢᠨ ᠱᠠᠭ᠋ᠠᠷᠳᠠᠯᠭ᠎ᠠ᠎ᠳᠤ ᠨᠡᠶ᠋ᠢᠴᠡᠬᠦ ᠥᠬᠡᠶ ᠪᠠᠶ᠋ᠢᠳᠠᠯ᠎ᠢ ᠣᠯᠵᠤ ᠮᠡᠳᠡᠪᠡᠯ᠂ ᠴᠠᠭ ᠲᠤᠬᠠᠶ᠎ᠳᠤᠨᠢ 12345 ᠪᠤᠶᠤ 12315᠎ᠳᠤ ᠵᠠᠭ᠋ᠠᠯᠳᠤᠵᠤ ᠢᠯᠡᠴᠢᠯᠡᠨ ᠮᠡᠳᠡᠭᠦᠯᠦᠭᠡᠷᠡᠢ᠃