ᠰᠢᠲᠠᠮᠠᠬᠠᠢ ᠬᠡᠢ ᠵᠢ ᠭᠡᠷ ᠪᠥᠯᠢ᠂ ᠵᠣᠴᠢᠳ᠎ᠤᠨ ᠪᠠᠭᠤᠳᠠᠯ ᠵᠡᠷᠭᠡ ᠭᠠᠵᠠᠷ᠎ᠲᠤ ᠥᠷᠭᠡᠨ ᠵᠶ᠋ᠠᠷ ᠬᠡᠷᠡᠭᠯᠡᠳᠡᠭ᠃
ᠰᠢᠲᠠᠮᠠᠬᠠᠢ ᠬᠡᠢ ᠯᠡᠪᠡᠷᠡᠬᠦ᠎ᠳᠤ ᠬᠥᠷᠪᠡᠯ ᠠᠮᠠᠷᠬᠠᠨ ᠳᠡᠯᠪᠡᠷᠡᠯᠲᠡ ᠡᠭᠦᠰᠳᠡᠭ᠃
ᠰᠢᠲᠠᠮᠠᠬᠠᠢ ᠬᠡᠢ ᠵᠢᠨ ᠵᠤᠤᠬ᠎ᠠ ᠵᠢ ᠬᠡᠷᠡᠭᠯᠡᠬᠦ᠎ᠳᠤ ᠶᠠᠭᠤ ᠵᠢ ᠠᠩᠬᠠᠷᠬᠤ ᠪᠤᠢ?
ᠰᠢᠲᠠᠮᠠᠬᠠᠢ ᠬᠡᠢ ᠯᠡᠪᠡᠷᠡᠪᠡᠯ ᠬᠡᠷᠬᠢᠨ ᠰᠢᠢ᠍ᠳᠪᠦᠷᠢᠯᠡᠬᠦ ᠪᠤᠢ?
ᠡᠳᠡᠬᠡᠷ ᠮᠡᠳᠡᠯᠬᠡ ᠵᠢ ᠪᠠᠳᠤ ᠴᠡᠭᠡᠵᠢᠯᠡᠬᠦ ᠬᠡᠷᠡᠭᠳᠡᠢ!

ᠰᠢᠲᠠᠮᠠᠬᠠᠢ ᠬᠡᠢ ᠵᠢᠨ ᠵᠤᠤᠬ᠎ᠠ ᠵᠢ ᠬᠡᠷᠬᠢᠨ ᠠᠮᠤᠷ ᠲᠦᠪᠰᠢᠨ ᠵᠶ᠋ᠠᠷ ᠬᠡᠷᠡᠭᠯᠡᠬᠦ ᠪᠤᠢ? ᠡᠳᠡᠭᠡᠷ ᠴᠢᠬᠤᠯᠠ ᠵᠦᠢ᠍ᠯ᠎ᠢ ᠪᠠᠲᠤ ᠴᠡᠭᠡᠵᠢᠯᠡᠬᠦ ᠬᠡᠷᠡᠭᠲᠡᠢ!
ᠵᠠᠬ᠎ᠠ ᠳᠡᠭᠡᠷ᠎ᠡ ᠦᠷᠭᠦᠯᠵᠢ ᠬᠠᠷᠠᠭᠳᠠᠳᠠᠭ ᠰᠢᠲᠠᠮᠠᠬᠠᠢ ᠬᠡᠢ ᠵᠢᠨ ᠵᠤᠤᠬ᠎ᠠ᠎ᠨᠢ ᠭᠣᠣᠯᠳᠠᠭᠤ ᠰᠢᠬᠢᠳᠬᠡᠮᠡᠯ ᠮᠠᠶᠢᠭ᠎ᠤᠨ ᠪᠠ ᠲᠠᠶ᠋ᠢᠰᠠᠨ ᠮᠠᠶᠢᠭ᠎ᠤᠨ ᠬᠣᠶᠠᠷ ᠵᠦᠢ᠍ᠯ ᠪᠠᠢ᠌ᠳᠠᠭ᠃
ᠰᠢᠬᠢᠳᠬᠡᠮᠡᠯ ᠮᠠᠶᠢᠭ᠎ᠨᠢ ᠰᠢᠲᠠᠮᠠᠬᠠᠢ ᠬᠡᠢ ᠵᠢᠨ ᠵᠤᠤᠬ᠎ᠠ ᠵᠢ ᠬᠣᠷᠭᠣ᠎ᠳᠤ ᠰᠢᠭᠢᠳᠬᠡᠨ ᠣᠷᠣᠭᠤᠯᠵᠤ᠂ ᠵᠤᠤᠬ᠎ᠠ ᠪᠠ ᠬᠣᠷᠭᠣ ᠵᠢᠨ ᠭᠠᠳᠠᠷᠭᠤ᠎ᠨᠢ ᠨᠢᠭᠡ ᠲᠦᠪᠰᠢᠨ ᠳᠡᠭᠡᠷ᠎ᠡ ᠪᠠᠢ᠌ᠳᠠᠭ᠃
ᠲᠠᠢ᠌ᠰᠠᠨ ᠮᠠᠶᠢᠭ᠎ᠤᠨ ᠰᠢᠳᠠᠮᠠᠬᠠᠢ ᠬᠡᠢ ᠵᠢᠨ ᠵᠣᠤᠬ᠎ᠠ ᠵᠢᠨ ᠢᠷᠤᠭ᠋ᠠᠷ᠎ᠲᠤ ᠲᠦᠷᠪᠡᠨ ᠵᠣᠤᠬ᠎ᠠ ᠵᠢᠨ ᠤᠯᠠ ᠪᠠᠢ᠌ᠵᠤ᠂ ᠵᠤᠤᠬᠠᠨ᠎ᠤ ᠰᠢᠷᠡᠭᠡᠨ ᠳᠡᠭᠡᠷ᠎ᠡ ᠰᠢᠭᠤᠳ ᠲᠠᠯᠪᠢᠵᠤ ᠪᠣᠯᠳᠠᠭ᠃
ᠰᠢᠲᠠᠮᠠᠬᠠᠢ ᠬᠡᠢ ᠵᠢᠨ ᠵᠤᠤᠬ᠎ᠠ ᠵᠢ ᠢᠯᠡ ᠦᠵᠡᠭᠳᠡᠬᠦ ᠵᠥᠭᠡᠯᠡᠨ ᠬᠣᠭᠣᠯᠠᠢ᠎ᠪᠠᠷ ᠵᠠᠯᠭ᠋ᠠᠳᠠᠭ ᠤᠴᠢᠷ᠎ᠠᠴᠠ᠂ ᠬᠡᠷᠡᠭᠯᠡᠭᠴᠢ ᠶᠠᠮᠠᠷ ᠮᠠᠶᠢᠭ᠎ᠤᠨ ᠰᠢᠲᠠᠮᠠᠬᠠᠢ ᠬᠡᠢ ᠵᠢᠨ ᠵᠤᠤᠬ᠎ᠠ ᠬᠡᠷᠡᠭᠯᠡᠭᠰᠡᠨ ᠴᠤ᠌ ᠪᠦᠷ ᠳᠣᠣᠷᠠᠬᠢ ᠬᠡᠳᠦᠨ ᠵᠦᠢ᠍ᠯ᠎ᠢ ᠠᠩᠬᠠᠷᠬᠤ ᠬᠡᠷᠡᠭᠲᠡᠢ᠃

1. ᠵᠤᠤᠬ᠎ᠠ ᠵᠢᠨ ᠡᠷᠭᠢᠨ ᠲᠣᠭᠣᠷᠢᠨ᠎ᠳᠤ ᠡᠯᠳᠡᠪ ᠶᠠᠭᠤᠮ᠎ᠠ ᠪᠢᠲᠡᠭᠡᠢ ᠣᠪᠣᠭ᠋ᠠᠯᠠᠭ᠋ᠠᠷᠠᠢ᠃
ᠰᠢᠲᠠᠮᠠᠬᠠᠢ ᠬᠡᠢ ᠵᠢᠨ ᠵᠤᠤᠬ᠎ᠠ ᠵᠢᠨ ᠡᠷᠭᠢᠨ ᠲᠣᠭᠣᠷᠢᠨ᠎ᠳᠤ ᠨᠣᠴᠣᠮᠠᠲᠠᠭ᠋ᠠᠶ ᠳᠡᠯᠪᠡᠷᠡᠮᠡᠲᠡᠭᠡᠶ ᠡᠳ᠋᠂ ᠠᠭ᠋ᠠᠷ᠎ᠢ ᠴᠡᠪᠡᠷᠰᠢᠭᠦᠯᠦᠭᠴᠢ᠂ ᠬᠤᠷᠤᠬᠠᠢ ᠠᠯᠠᠬᠤ ᠡᠮ ᠵᠡᠷᠭᠡ ᠳᠠᠷᠤᠯᠲᠠ᠎ᠪᠠᠷ ᠰᠠᠪᠠᠯᠠᠭᠰᠠᠨ ᠵᠦᠢ᠍ᠯ᠎ᠢ ᠣᠪᠣᠭ᠋ᠠᠯᠠᠬᠤ ᠵᠢ ᠴᠠᠭ᠋ᠠᠵᠠᠯᠠᠨ᠎ᠠ᠃
2. ᠬᠡᠷᠡᠭᠯᠡᠬᠦ ᠦᠶ᠎ᠡ᠎ᠳᠤ ᠭᠠᠯ᠎ᠤᠨ ᠪᠠᠢ᠌ᠳᠠᠯ᠎ᠢ ᠠᠵᠢᠭᠯᠠᠬᠤ ᠬᠡᠷᠡᠭᠲᠡᠢ᠃
ᠭᠠᠯ ᠠᠰᠠᠭ᠋ᠠᠬᠤ᠎ᠳᠠᠭᠠᠨ ᠭᠠᠯ᠎ᠤᠨ ᠳᠥᠯᠥ ᠪᠠᠢ᠌ᠬᠤ ᠡᠰᠡᠬᠦ ᠵᠢ ᠠᠩᠬᠠᠷᠤᠨ ᠠᠵᠢᠭᠯᠠᠬᠤ ᠬᠡᠷᠡᠭᠲᠡᠢ᠃
ᠵᠠᠯᠭ᠋ᠠᠯᠳᠤᠭ᠎ᠠ᠎ᠪᠠᠷ ᠭᠤᠷᠪᠠ ᠤᠳᠠᠭ᠎ᠠ ᠠᠰᠠᠭ᠋ᠠᠭ᠋ᠠᠳ ᠳᠡᠢ᠌ᠯᠦᠭᠰᠡᠨ ᠦᠭᠡᠢ ᠪᠣᠯ᠂ ᠲᠦᠷ ᠬᠦᠯᠢᠶᠡᠵᠦ ᠰᠢᠲᠠᠮᠠᠬᠠᠢ ᠬᠡᠢ ᠵᠢ ᠰᠠᠷᠨᠢᠵᠤ ᠠᠷᠢᠯᠤᠭᠰᠠᠨᠤ ᠳᠠᠷᠠᠭ᠎ᠠ ᠳᠠᠬᠢᠵᠤ ᠠᠰᠠᠭ᠋ᠠᠨᠠ᠃
ᠡᠨᠡ ᠦᠶ᠎ᠡ᠎ᠳᠤ ᠶᠠᠮᠠᠷᠪᠠ ᠴᠠᠬᠢᠯᠭ᠋ᠠᠨ ᠬᠡᠷᠡᠭᠰᠡᠯ᠎ᠢ ᠬᠡᠷᠡᠭᠯᠡᠬᠦ ᠪᠤᠶᠤ ᠭᠠᠷ ᠤᠲᠠᠰᠤ᠎ᠪᠠᠷ ᠤᠲᠠᠰᠤᠳᠠᠵᠤ ᠪᠣᠯᠬᠤ ᠦᠭᠡᠢ᠃ ᠴᠠᠬᠢᠯᠭ᠋ᠠᠨ ᠣᠴᠢ ᠡᠭᠦᠰᠴᠦ᠂ ᠠᠶᠤᠯ ᠭᠠᠷᠬᠤ᠎ᠠᠴᠠ ᠰᠡᠷᠭᠡᠢ᠌ᠯᠡᠬᠦ ᠬᠡᠷᠡᠭᠲᠡᠢ᠃
ᠬᠡᠷᠪᠡ ᠵᠢᠵᠢᠭ ᠰᠢᠲᠠᠯᠲᠠ ᠵᠢᠨ ᠬᠦᠴᠦ ᠵᠢ ᠬᠡᠷᠡᠭᠯᠡᠬᠦ ᠭᠡᠪᠡᠯ᠂ ᠨᠡᠭᠡᠯᠡᠭᠡᠢ ᠵᠢ ᠴᠠᠭ᠎ᠤᠨ ᠵᠡᠭᠦᠦ ᠵᠢᠨ ᠡᠰᠡᠷᠭᠦ ᠴᠢᠭᠯᠡᠯ ᠵᠶ᠋ᠡᠷ ᠡᠷᠭᠢᠭᠦᠯᠵᠦ ᠲᠣᠬᠢᠷᠠᠭᠤᠯᠤᠨ᠎ᠠ᠃
ᠭᠠᠯ᠎ᠤᠨ ᠪᠠᠢ᠌ᠳᠠᠯ ᠲᠣᠭᠲᠠᠪᠤᠷᠢ ᠦᠭᠡᠢ ᠂ ᠭᠠᠯ ᠠᠰᠠᠭ᠋ᠠᠵᠤ ᠳᠡᠢ᠌ᠯᠬᠦ ᠦᠭᠡᠢ ᠪᠤᠶᠤ ᠰᠠᠨᠠᠮᠰᠠᠷ ᠦᠭᠡᠢ᠎ᠪᠠᠷ ᠤᠨᠲᠠᠷᠠᠭᠰᠠᠨ ᠪᠠᠢ᠌ᠪᠠᠯ᠂ ᠵᠤᠤᠬᠠᠨ᠎ᠤ ᠡᠳ᠋ᠯᠡᠯ᠎ᠤᠨ ᠦᠢ᠍ᠯᠡᠳᠪᠦᠷᠢ ᠪᠤᠶᠤ ᠲᠤᠬᠠᠢ ᠵᠢᠨ ᠭᠠᠵᠠᠷ᠎ᠤᠨ ᠰᠢᠲᠠᠮᠠᠬᠠᠢ ᠬᠡᠢ ᠬᠠᠩᠭ᠋ᠠᠬᠤ ᠠᠵᠤ ᠠᠬᠤᠢ᠌ᠯᠠᠯ᠎ᠲᠠᠢ ᠬᠠᠷᠢᠯᠴᠠᠵᠤ᠂ ᠲᠤᠰᠬᠠᠢ ᠠᠵᠢᠯᠲᠠᠨ᠎ᠤ ᠵᠢᠯᠤᠭᠤᠳᠤᠯᠭ᠎ᠠ ᠵᠢ ᠬᠦᠯᠢᠶᠡᠵᠦ᠂ ᠳᠤᠷ᠎ᠠ ᠲᠠᠪᠠ᠎ᠪᠠᠷ ᠵᠶ᠋ᠠᠨ ᠰᠡᠯᠪᠢᠨ ᠵᠠᠰᠠᠵᠤ ᠪᠣᠯᠬᠤ ᠦᠭᠡᠢ᠃
3. ᠭᠠᠯ ᠬᠡᠷᠡᠭᠯᠡᠬᠦ᠎ᠳᠤ ᠬᠦᠮᠦᠨ ᠰᠠᠯᠵᠤ ᠪᠣᠯᠬᠤ ᠦᠭᠡᠢ᠃
ᠭᠠᠯ ᠬᠡᠷᠡᠭᠯᠡᠬᠦ᠎ᠳᠤ ᠬᠦᠮᠦᠨ ᠰᠠᠯᠵᠤ ᠪᠣᠯᠬᠤ ᠦᠭᠡᠢ᠃
ᠭᠠᠭᠴᠠᠭ᠋ᠠᠷ ᠰᠠᠭᠤᠭ᠎ᠠ ᠪᠠ ᠮᠠᠷᠲᠠᠮᠠᠲᠠᠭ᠋ᠠᠢ ᠨᠠᠰᠤᠲᠠᠳ᠎ᠤᠨ ᠭᠡᠷ᠎ᠲᠤ ᠬᠠᠭᠤᠷᠠᠢ᠎ᠪᠠᠷ ᠰᠢᠲᠠᠬᠤ᠎ᠠᠴᠠ ᠰᠡᠷᠭᠡᠢ᠌ᠯᠡᠬᠦ ᠴᠢᠳᠠᠪᠤᠷᠢ᠎ᠲᠠᠢ ᠰᠢᠲᠠᠮᠠᠬᠠᠢ ᠬᠡᠢ ᠵᠢᠨ ᠵᠤᠤᠬ᠎ᠠ ᠵᠢ ᠰᠣᠩᠭᠣᠨ ᠬᠤᠳᠠᠯᠳᠤᠨ ᠠᠪᠴᠤ ᠬᠡᠷᠡᠭᠯᠡᠬᠦ ᠵᠢ ᠰᠠᠨᠠᠭᠤᠯᠤᠶ᠎ᠠ᠃
4. ᠬᠤᠭᠤᠴᠠᠭ᠋ᠠᠨ᠎ᠠᠴᠠ ᠬᠡᠲᠦᠷᠡᠭᠰᠡᠨ ᠵᠤᠤᠬᠠᠨ᠎ᠤ ᠬᠡᠷᠡᠭᠰᠡᠯ᠎ᠢ ᠴᠠᠭ ᠲᠤᠬᠠᠢᠳᠤᠨᠢ ᠰᠣᠯᠢᠬᠤ ᠬᠡᠷᠡᠭᠲᠡᠢ
ᠮᠠᠨ᠎ᠤ ᠤᠯᠤᠰ᠎ᠤᠨ ᠣᠳᠣ ᠵᠢᠨ ᠬᠡᠷᠡᠭᠵᠢᠭᠦᠯᠵᠦ ᠪᠠᠶ᠋ᠢᠭ᠎ᠠ ᠤᠯᠤᠰ᠎ᠤᠨ ᠪᠠᠷᠢᠮᠵᠢᠶ᠎ᠠ᠎ᠳᠤ ᠰᠢᠲᠠᠮᠠᠬᠠᠢ ᠬᠡᠢ ᠵᠢᠨ ᠵᠤᠤᠬᠠᠨ᠎ᠤ ᠬᠡᠷᠡᠭᠯᠡᠬᠦ ᠬᠤᠭᠤᠴᠠᠭ᠎ᠠ᠎ᠨᠢ ᠬᠤᠳᠠᠯᠳᠤᠵᠤ ᠭᠠᠷᠭ᠋ᠠᠭᠰᠠᠨ ᠡᠳᠦᠷ᠎ᠠᠴᠠ ᠡᠬᠢᠯᠡᠨ 8 ᠵᠢᠯ ᠪᠣᠯᠣᠨ᠎ᠠ ᠭᠡᠵᠦ ᠲᠣᠭᠲᠠᠭ᠋ᠠᠵᠠᠢ᠃
ᠰᠢᠲᠠᠮᠠᠬᠠᠢ ᠬᠡᠢ ᠵᠢᠨ ᠵᠤᠤᠬ᠎ᠠ ᠵᠢ ᠬᠡᠷᠡᠭᠯᠡᠬᠦ ᠵᠢᠯ᠎ᠤᠨ ᠬᠢᠵᠠᠭ᠋ᠠᠷᠯᠠᠯ᠎ᠢ ᠴᠢᠩᠭ᠎ᠠ ᠵᠢᠷᠤᠮᠯᠠᠭ᠋ᠠᠷᠠᠢ᠃

ᠰᠢᠲᠠᠮᠠᠬᠠᠶ ᠬᠡᠶ ᠵᠢᠨ ᠯᠡᠪᠡᠷᠡᠯᠲᠡ ᠵᠢ ᠬᠡᠷᠬᠢᠨ ᠠᠷᠭ᠋ᠠᠴᠠᠭ᠋ᠠᠬᠤ ᠪᠣᠶ? ᠢᠩᠭᠢᠵᠦ ᠰᠢᠢ᠍ᠳᠪᠦᠷᠢᠯᠡᠬᠦ᠎ᠨᠢ ᠨᠡᠩ ᠵᠣᠬᠢᠰᠲᠠᠢ!
ᠰᠢᠲᠠᠮᠠᠬᠠᠢ ᠬᠡᠢ ᠪᠣᠯ ᠪᠢᠳᠡᠨ᠎ᠤ ᠠᠮᠢᠳᠤᠷᠠᠯ᠎ᠳᠤ ᠳᠤᠲᠠᠭᠳᠠᠵᠤ ᠪᠣᠯᠣᠰᠢ ᠦᠭᠡᠢ ᠴᠢᠬᠤᠯᠠ ᠡᠨᠧᠷᠭᠢ ᠮᠥᠨ᠃
ᠬᠡᠪᠡᠴᠤ ᠲᠡᠬᠦᠨ᠎ᠤ ᠲᠤᠰ ᠪᠡᠶ᠎ᠡ᠎ᠨᠢ ᠠᠮᠠᠷᠬᠠᠨ ᠨᠤᠴᠤᠳᠠᠭ ᠪᠤᠯᠬᠤᠷ ᠯᠡᠪᠡᠷᠡᠬᠦ᠎ᠳᠤ ᠬᠦᠷᠪᠡᠯ ᠬᠦᠨᠳᠦ ᠨᠣᠴᠢᠲᠠᠢ ᠦᠷ᠎ᠡ ᠳ᠋ᠦᠩ᠎ᠢ ᠠᠪᠴᠢᠷᠠᠳᠠᠭ᠃
ᠰᠢᠲᠠᠮᠠᠬᠠᠢ ᠬᠡᠢ ᠯᠡᠪᠡᠷᠡᠭᠰᠡᠨᠢ ᠮᠡᠳᠡᠪᠡᠯ ᠶᠠᠭ᠋ᠠᠬᠢᠪᠠᠯ ᠵᠣᠬᠢᠬᠤ ᠪᠤᠢ?
ᠭᠡᠷ᠎ᠤᠨ ᠰᠢᠲᠠᠮᠠᠬᠠᠢ ᠬᠡᠢ ᠵᠢᠨ ᠳᠤᠮᠳᠠ ᠶᠡᠷᠦ᠎ᠳᠡᠭᠡᠨ ᠨᠢᠭᠡ ᠵᠦᠢ᠍ᠯ᠎ᠤᠨ ᠦᠮᠡᠬᠡᠢ ᠥᠨᠳᠡᠭᠡ ᠵᠢᠨ ᠦᠨᠦᠷ᠎ᠲᠠᠢ ᠲᠦᠰᠳᠠᠢ ᠦᠨᠦᠷ ᠣᠷᠣᠭᠤᠯᠬᠤ ᠡᠳ᠋ ᠨᠡᠮᠡᠵᠦ᠂ ᠰᠢᠲᠠᠮᠠᠬᠠᠢ ᠬᠡᠢ ᠯᠡᠪᠡᠷᠡᠬᠦ ᠦᠶ᠎ᠡ᠎ᠳᠤ ᠬᠥᠮᠥᠰ᠎ᠲᠤ ᠲᠦᠷᠭᠡᠨ ᠮᠡᠳᠡᠭᠳᠡᠳᠡᠭ᠃
ᠰᠢᠲᠠᠮᠠᠬᠠᠶ ᠬᠡᠢ ᠯᠡᠪᠡᠷᠡᠬᠦ ᠦᠶ᠎ᠡ᠎ᠳᠤ ᠬᠠᠮᠤᠭ ᠲᠡᠷᠢᠭᠦᠨ᠎ᠳᠤ ᠬᠡᠢ ᠪᠡᠶᠡᠲᠦ ᠵᠢᠨ ᠨᠡᠭᠡᠯᠡᠭᠡᠢ ᠵᠢ ᠬᠠᠭ᠋ᠠᠵᠤ᠂ ᠭᠠᠯ᠎ᠤᠨ ᠡᠬᠢ ᠪᠦᠬᠦᠨ᠎ᠢ ᠲᠠᠰᠤ ᠬᠣᠷᠢᠭᠯᠠᠬᠤ ᠵᠢ ᠠᠩᠬᠠᠷᠬᠤ ᠬᠡᠷᠡᠭᠲᠡᠢ᠃

ᠳᠠᠷᠠᠭ᠎ᠠ᠎ᠨᠢ ᠡᠭᠦᠳᠡ ᠴᠣᠩᠬᠣ᠎ᠪᠠᠨ ᠠᠯᠭᠤᠷᠬᠠᠨ ᠨᠡᠭᠡᠭᠡᠵᠦ᠂ ᠰᠠᠯᠬᠢ ᠨᠡᠪᠲᠡᠷᠡᠭᠦᠯᠦᠨ ᠠᠭ᠋ᠠᠷ᠎ᠢ ᠰᠣᠯᠢᠨ᠎ᠠ᠃
ᠭᠠᠳᠠᠨ᠎ᠠ᠎ᠠᠴᠠ ᠭᠡᠷ᠎ᠲᠤ᠎ᠪᠠᠨ ᠬᠠᠷᠢᠬᠤ᠎ᠳᠤ ᠰᠢᠲᠠᠮᠠᠬᠠᠢ ᠬᠡᠢ ᠯᠡᠪᠡᠷᠡᠭᠰᠡᠨᠢ ᠣᠯᠵᠤ ᠮᠡᠳᠡᠪᠡᠯ ᠭᠡᠷ᠎ᠠᠴᠠ ᠲᠦᠷᠭᠡᠨ ᠭᠠᠷᠴᠤ᠂ ᠭᠡᠷ᠎ᠤᠨ ᠭᠠᠳᠠᠨᠠᠬᠢ ᠠᠶᠤᠯ ᠦᠭᠡᠢ ᠭᠠᠵᠠᠷ᠎ᠲᠤ ᠣᠴᠢᠬᠤ ᠬᠡᠷᠡᠭᠲᠡᠢ᠃
ᠵᠠᠯᠭ᠋ᠠᠭ᠋ᠠᠳ ᠰᠠᠭᠤᠭ᠎ᠠ ᠭᠠᠵᠠᠷ᠎ᠤᠨ ᠰᠢᠲᠠᠮᠠᠬᠠᠶ ᠬᠡᠶ ᠬᠠᠩᠭ᠋ᠠᠬᠤ ᠠᠵᠤ ᠠᠬᠤᠶ᠋ᠢᠯᠠᠯ᠎ᠳᠤ ᠤᠲᠠᠰᠤᠳᠠᠵᠤ ᠰᠢᠢ᠍ᠳᠪᠦᠷᠢᠯᠡᠭᠦᠯᠦᠨ᠎ᠡ᠃
ᠭᠡᠷ᠎ᠤᠨ ᠭᠠᠳᠠᠨᠠᠬᠢ ᠠᠶᠤᠯ ᠦᠭᠡᠢ ᠭᠠᠵᠠᠷ ᠣᠷᠣᠨ᠎ᠳᠤ ᠲᠤᠰᠬᠠᠢ ᠮᠡᠷᠭᠡᠵᠢᠯᠲᠡᠨ ᠢᠷᠡᠵᠦ ᠰᠢᠢ᠍ᠳᠪᠦᠷᠢᠯᠡᠬᠦ ᠵᠢ ᠬᠦᠯᠢᠶᠡᠬᠦ ᠬᠡᠷᠡᠭᠲᠡᠢ᠃
ᠰᠢᠲᠠᠮᠠᠬᠠᠢ ᠬᠡᠢ ᠯᠡᠪᠡᠷᠡᠬᠦ ᠦᠶᠡᠰ᠂ ᠬᠡᠷᠪᠡ ᠯᠡᠪᠡᠷᠡᠭᠰᠡᠨ ᠰᠢᠲᠠᠮᠠᠬᠠᠢ ᠬᠡᠢ᠎ᠨᠢ ᠵᠣᠬᠢᠬᠤ ᠦᠳᠭᠡᠴᠡ᠎ᠳᠤ ᠬᠦᠷᠪᠡᠯ᠂ ᠰᠢᠲᠠᠮᠠᠬᠠᠢ ᠬᠡᠢ ᠵᠢᠨ ᠡᠨᠳᠡᠯ ᠭᠠᠷᠴᠤ ᠮᠡᠳᠡᠨ᠎ᠡ᠃
ᠡᠶ᠋ᠢᠮᠤ᠎ᠠᠴᠠ ᠰᠢᠢ᠍ᠳᠪᠤᠷᠢᠯᠡᠬᠦ ᠶᠠᠪᠤᠴᠠ᠎ᠳᠤ ᠳᠣᠣᠷᠠᠬᠢ ᠬᠡᠳᠦᠨ ᠵᠦᠢ᠍ᠯ᠎ᠢ ᠡᠷᠬᠡᠪᠰᠢ ᠠᠩᠬᠠᠷᠤᠭ᠋ᠠᠷᠠᠢ᠃
ᠲᠣᠰᠣ ᠤᠲᠤᠭ᠋ᠠᠨ᠎ᠤ ᠰᠣᠷᠣᠭᠤᠯ᠂ ᠰᠠᠩᠰᠠ ᠵᠡᠷᠭᠡ ᠶᠠᠮᠠᠷᠪᠠ ᠴᠠᠬᠢᠯᠭ᠋ᠠᠨ ᠬᠡᠷᠡᠭᠰᠡᠯ᠎ᠢ ᠴᠤ᠌ ᠠᠵᠢᠯᠯᠠᠭᠤᠯᠵᠤ ᠪᠣᠯᠬᠤ ᠦᠭᠡᠢ᠂ ᠡᠯ᠎ᠡ ᠵᠦᠢ᠍ᠯ᠎ᠤᠨ ᠴᠠᠬᠢᠯᠭ᠋ᠠᠨ ᠬᠡᠷᠡᠭᠰᠡᠯ᠎ᠤᠨ ᠨᠡᠭᠡᠯᠡᠭᠡᠢ᠂ ᠤᠭᠯᠠᠭᠤᠷ ᠪᠣᠯᠤᠨ ᠵᠢᠭᠢᠷᠢᠭᠢ ᠤᠭᠯᠤᠷᠭ᠎ᠠ᠎ᠲᠠᠢ ᠵᠠᠯᠭ᠋ᠠᠬᠤ᠎ᠳᠤ ᠴᠥᠮ ᠲᠠᠶ᠋ᠢᠪᠤᠩ ᠴᠠᠬᠢᠯᠭ᠋ᠠᠨ ᠣᠴᠢ ᠭᠠᠷᠴᠤ ᠮᠡᠳᠡᠨ᠎ᠡ᠃
ᠭᠡᠷ ᠳᠣᠲᠣᠷ᠎ᠠ ᠤᠲᠠᠰᠤᠳᠠᠵᠤ ᠪᠣᠯᠬᠤ ᠦᠭᠡᠢ᠂ ᠭᠠᠷ ᠤᠲᠠᠰᠤ᠂ ᠰᠠᠭᠤᠳᠠᠯ ᠤᠲᠠᠰᠤ᠎ᠪᠠᠷ ᠴᠥᠮ ᠤᠲᠠᠰᠤᠳᠠᠵᠤ ᠪᠣᠯᠬᠤ ᠦᠭᠡᠢ᠃
ᠡᠭᠦᠳᠡ ᠴᠣᠩᠬᠣ᠎ᠪᠠᠨ ᠲᠦᠷᠭᠡᠨ ᠨᠡᠭᠡᠭᠡᠪᠡᠯ ᠮᠥᠷᠭᠥᠯᠲᠡ ᠥᠷᠥᠯᠲᠡ᠎ᠠᠴᠠ ᠪᠣᠯᠵᠤ ᠴᠠᠬᠢᠯᠭ᠋ᠠᠨ ᠣᠴᠢ ᠭᠠᠷᠴᠤ ᠮᠡᠳᠡᠨ᠎ᠡ᠃
ᠥᠷᠥᠭᠡᠨ᠎ᠳᠤ ᠬᠤᠪᠴᠠᠰᠤ ᠲᠠᠢ᠌ᠯᠵᠤ ᠪᠣᠯᠬᠤ ᠦᠭᠡᠢ᠂ ᠢᠯᠠᠩᠭᠤᠶ᠎ᠠ ᠬᠣᠯᠢᠮᠠᠭ ᠨᠡᠬᠡᠮᠡᠯ᠂ᠨᠢ ᠯᠦᠩ ᠮᠠᠲ᠋ᠧᠷᠢᠶᠠᠯ᠎ᠤᠨ ᠲᠥᠷᠥᠯ᠎ᠤᠨ ᠬᠤᠪᠴᠠᠰᠤ᠎ᠨᠢ ᠨᠡᠩ ᠠᠮᠠᠷᠬᠠᠨ ᠲᠠᠢ᠍ᠪᠤᠩ ᠴᠠᠬᠢᠯᠭ᠋ᠠᠨ ᠡᠭᠦᠰᠳᠡᠭ ᠪᠠᠢ᠌ᠨ᠎ᠠ᠃

ᠤᠷᠢᠳᠴᠢᠯᠠᠨ ᠰᠡᠷᠭᠡᠢ᠌ᠯᠡᠬᠦ ᠵᠢ ᠴᠢᠬᠤᠯᠠᠴᠢᠯᠠᠵᠤ᠂ ᠡᠳᠡᠭᠡᠷ ᠠᠮᠤᠷ ᠲᠦᠪᠰᠢᠨ᠎ᠤ ᠮᠡᠳᠡᠯᠭᠡ ᠵᠢ ᠣᠢ᠌ᠯᠠᠭ᠋ᠠᠭ᠋ᠠᠷᠠᠢ
ᠰᠢᠲᠠᠮᠠᠬᠠᠢ ᠬᠡᠢ ᠬᠡᠷᠡᠭᠯᠡᠬᠦ ᠦᠶ᠎ᠡ᠎ᠳᠤ ᠬᠠᠵᠠᠭᠤ᠎ᠳᠤᠨᠢ ᠰᠠᠬᠢᠬᠤ ᠬᠡᠷᠡᠭᠲᠡᠢ᠃
ᠰᠢᠲᠠᠭᠴᠢ ᠬᠡᠢ ᠵᠢ ᠬᠡᠷᠡᠭᠯᠡᠵᠦ ᠪᠠᠢ᠌ᠭ᠎ᠠ ᠥᠷᠥᠭᠡ ᠵᠢᠨ ᠡᠭᠦᠳᠡ ᠴᠣᠩᠬᠣ᠎ᠪᠠᠨ ᠨᠡᠭᠡᠭᠡᠵᠦ ᠰᠠᠯᠬᠢ ᠨᠡᠪᠲᠡᠷᠡᠭᠦᠯᠬᠦ ᠬᠡᠷᠡᠭᠲᠡᠢ᠃
ᠪᠤᠳᠠᠭ᠎ᠠ ᠪᠠᠵᠠᠭ᠋ᠠᠬᠤ ᠂ ᠱᠥᠯᠥ ᠪᠤᠴᠠᠯᠭ᠋ᠠᠬᠤ ᠦᠶ᠎ᠡ᠎ᠳᠤ ᠬᠥᠮᠥᠨ ᠰᠠᠯᠵᠤ ᠪᠣᠯᠬᠤ ᠦᠭᠡᠢ᠂ ᠤᠰᠤ ᠣᠷᠭᠢᠯᠵᠤ ᠭᠠᠯ᠎ᠢ ᠤᠨᠲᠠᠷᠠᠭ᠋ᠠᠵᠤ᠂ ᠬᠡᠢ ᠪᠡᠶᠡᠲᠦ ᠯᠡᠪᠡᠷᠡᠬᠦ᠎ᠠᠴᠠ ᠰᠡᠷᠭᠡᠢ᠌ᠯᠡᠬᠦ ᠬᠡᠷᠡᠭᠲᠡᠢ᠃
ᠰᠢᠩᠭᠡᠨᠵᠢᠮᠡᠯ ᠬᠡᠢ ᠵᠢᠨ ᠰᠠᠪᠠ ᠵᠢ ᠪᠢᠲᠡᠭᠡᠢ ᠬᠥᠨᠳᠡᠯᠡᠨ ᠲᠠᠯᠪᠢᠭ᠋ᠠᠷᠠᠢ᠃ ᠵᠠᠪᠠᠯ ᠡᠭᠴᠡ ᠪᠣᠰᠣᠭ᠎ᠠ ᠲᠠᠯᠪᠢᠬᠤ ᠬᠡᠷᠡᠭᠲᠡᠢ᠃
ᠰᠢᠩᠭᠡᠨᠵᠢᠮᠡᠯ ᠬᠡᠢ ᠵᠢᠨ ᠪᠣᠯᠣᠳ ᠯᠣᠩᠬᠣ ᠵᠢ ᠬᠡᠷᠡᠭᠯᠡᠬᠦ ᠦᠶ᠎ᠡ᠎ᠳᠤ ᠬᠠᠯᠠᠭ᠋ᠠᠵᠤ᠂ ᠲᠣᠩᠭᠣᠷᠠᠭᠤᠯᠵᠤ᠂ ᠬᠥᠨᠳᠡᠯᠡᠨ ᠲᠠᠯᠪᠢᠵᠤ᠂ ᠬᠡᠯᠪᠡᠯᠵᠡᠭᠦᠯᠦᠨ ᠰᠠᠵᠢᠯᠠᠵᠤ ᠪᠣᠯᠬᠤ ᠦᠭᠡᠢ᠃

ᠰᠢᠲᠠᠮᠠᠬᠠᠢ ᠬᠡᠢ ᠵᠢᠨ ᠲᠥᠬᠥᠭᠡᠷᠦᠮᠵᠢ᠎ᠳᠤ ᠬᠦᠨᠳᠦ ᠶᠠᠭᠤᠮ᠎ᠠ ᠪᠢᠲᠡᠭᠡᠢ ᠡᠯᠭᠦᠭᠡᠷᠡᠢ᠃
ᠬᠡᠢ ᠵᠢᠨ ᠬᠡᠮᠵᠢᠭᠦᠷ᠂ ᠤᠰᠤ ᠬᠠᠯᠠᠭ᠋ᠠᠭᠤᠷ᠂ ᠰᠢᠲᠠᠮᠠᠬᠠᠢ ᠬᠡᠢ ᠵᠢᠨ ᠲᠦᠬᠦᠭᠡᠷᠦᠮᠵᠢ ᠵᠢᠴᠢ ᠳᠠᠭ᠋ᠠᠯᠲᠠ ᠬᠤᠭᠤᠯᠠᠢ ᠵᠡᠷᠭᠡ ᠵᠢᠨ ᠭᠠᠳᠠᠭᠤᠷ᠎ᠨᠢ ᠪᠣᠭᠣᠳᠠᠯᠯᠠᠵᠤ ᠪᠣᠯᠬᠤ ᠦᠭᠡᠢ᠃
ᠰᠢᠲᠠᠮᠠᠬᠠᠶ ᠬᠡᠢ ᠵᠢᠨ ᠲᠥᠬᠥᠭᠡᠷᠦᠮᠵᠢ ᠳᠡᠭᠡᠷ᠎ᠡ ᠡᠳ᠋ ᠪᠣᠳᠠᠰ ᠤᠶᠠᠵᠤ᠂ ᠡᠯᠭᠦᠬᠦ ᠪᠣᠯᠬᠤ ᠦᠭᠡᠢ᠂ ᠰᠢᠲᠠᠮᠠᠬᠠᠢ ᠬᠡᠢ ᠯᠡᠪᠡᠷᠡᠬᠦ ᠵᠢ ᠰᠡᠷᠭᠡᠢ᠌ᠯᠡᠬᠦ ᠬᠡᠷᠡᠭᠲᠡᠢ᠃
ᠲᠣᠭᠲᠠᠮᠠᠯ ᠬᠤᠭᠤᠴᠠᠭ᠎ᠠ᠎ᠲᠠᠢ᠎ᠪᠠᠷ ᠭᠡᠮ ᠰᠣᠭᠤᠭ᠎ᠢ ᠪᠠᠶ᠋ᠢᠴᠠᠭ᠋ᠠᠨ ᠰᠡᠷᠭᠡᠢ᠌ᠯᠡᠨ᠎ᠡ᠃
ᠲᠣᠭᠣᠭ᠋ᠠᠨ ᠭᠡᠷ᠎ᠤᠨ ᠰᠢᠲᠠᠮᠠᠬᠠᠢ ᠬᠡᠢ ᠵᠢᠨ ᠵᠢᠶᠣᠤᠫᠢ ᠬᠣᠭᠣᠯᠠᠢ ᠬᠠᠭᠤᠴᠢᠷᠠᠵᠤ᠂ ᠰᠤᠯᠠᠷᠠᠭᠰᠠᠨ ᠪᠠᠶ᠋ᠢᠬᠤ ᠡᠰᠡᠬᠦ ᠵᠢ ᠪᠠᠢ᠌ᠩᠭᠤ ᠪᠠᠢ᠌ᠴᠠᠭ᠋ᠠᠬᠤ ᠬᠡᠷᠡᠭᠲᠡᠢ᠃
ᠬᠡᠪ᠎ᠤᠨ ᠪᠤᠰᠤ ᠪᠠᠶ᠋ᠢᠳᠠᠯ ᠢᠯᠡᠷᠡᠪᠡᠯ ᠴᠠᠭ ᠲᠤᠬᠠᠢᠳᠤᠨᠢ ᠲᠤᠰᠬᠠᠢ ᠮᠡᠷᠭᠡᠵᠢᠯ᠎ᠤᠨ ᠠᠵᠢᠯᠲᠠᠨ᠎ᠲᠠᠢ ᠬᠠᠷᠢᠯᠴᠠᠵᠤ ᠰᠡᠯᠪᠢᠨ ᠵᠠᠰᠠᠵᠤ ᠰᠣᠯᠢᠭᠤᠯᠬᠤ ᠬᠡᠷᠡᠭᠲᠡᠢ᠃

ᠰᠢᠲᠠᠮᠠᠬᠠᠢ ᠬᠡᠢ ᠵᠢᠨ ᠵᠤᠤᠬ᠎ᠠ ᠵᠢᠨ ᠬᠣᠭᠣᠯᠠᠢ ᠭᠤᠤᠷᠰᠤ ᠵᠡᠷᠭᠡ ᠪᠡᠯᠡᠳᠬᠡᠮᠵᠢ ᠵᠢ ᠳᠤᠷ᠎ᠠ᠎ᠪᠠᠷ ᠵᠶ᠋ᠠᠨ ᠥᠭᠡᠷᠡᠴᠢᠯᠡᠵᠦ ᠪᠣᠯᠬᠤ ᠦᠭᠡᠢ᠃
ᠰᠢᠲᠠᠮᠠᠬᠠᠶ ᠬᠡᠢ ᠵᠢᠨ ᠵᠤᠤᠬ᠎ᠠ ᠵᠢᠨ ᠬᠡᠢ ᠠᠭᠤᠯᠬᠤ ᠰᠠᠪᠠ ᠵᠢ ᠰᠣᠯᠢᠬᠤ᠎ᠳᠤ ᠬᠣᠭᠣᠯᠠᠢ ᠭᠤᠤᠷᠰᠤ ᠵᠢᠨ ᠵᠠᠯᠭ᠋ᠠᠭ᠋ᠠᠰᠤ ᠵᠢᠨ ᠪᠠᠲᠤ ᠪᠡᠬᠢ ᠪᠠᠢ᠌ᠬᠤ ᠵᠢ ᠪᠠᠲᠤᠯᠠᠵᠤ᠂ ᠬᠡᠢ ᠯᠡᠪᠡᠷᠡᠵᠦ ᠪᠠᠢ᠌ᠬᠤ ᠡᠰᠡᠬᠦ ᠵᠢ ᠪᠠᠢ᠌ᠴᠠᠭ᠋ᠠᠬᠤ ᠬᠡᠷᠡᠭᠲᠡᠢ᠃

ᠭᠡᠷ᠎ᠠᠴᠠ ᠭᠠᠷᠬᠤ᠎ᠠᠴᠠ᠎ᠪᠠᠨ ᠡᠮᠦᠨ᠎ᠡ ᠨᠡᠭᠡᠯᠡᠭᠡᠢ ᠵᠢ ᠬᠠᠭ᠋ᠠᠵᠤ᠂ᠭᠠᠳᠠᠭᠰᠢ ᠭᠠᠷᠬᠤ᠎ᠠᠴᠠ ᠡᠮᠦᠨ᠎ᠡ ᠵᠠᠪᠠᠯ ᠪᠠᠶ᠋ᠢᠴᠠᠭ᠋ᠠᠬᠤ ᠬᠡᠷᠡᠭᠲᠡᠢ᠃
ᠬᠡᠢ ᠠᠭᠤᠯᠬᠤ ᠰᠠᠪᠠ ᠵᠢᠨ ᠨᠡᠭᠡᠯᠡᠬᠡᠢ᠂ ᠬᠣᠭᠣᠯᠠᠢ᠂ ᠵᠥᠭᠡᠯᠡᠨ ᠭᠤᠤᠷᠰᠤ᠎ᠲᠠᠢ ᠵᠠᠯᠭ᠋ᠠᠬᠤ ᠨᠡᠭᠡᠯᠡᠬᠡᠢ ᠪᠠ ᠵᠤᠤᠬᠠᠨ᠎ᠤ ᠬᠡᠷᠡᠭᠰᠡᠯ᠎ᠤᠨ ᠨᠡᠭᠡᠯᠡᠭᠡᠢ ᠵᠡᠷᠭᠡ ᠵᠢ ᠰᠠᠢ᠌ᠲᠤᠷ ᠬᠠᠭ᠋ᠠᠬᠤ ᠬᠡᠷᠡᠭᠲᠡᠢ᠃