ᠰᠢᠨ᠎ᠡ 《ᠺᠣᠮᠫᠠᠨᠢ ᠵᠢᠨ ᠬᠠᠤᠯᠢ》᠎ᠨᠢ ᠠᠵᠤ ᠠᠬᠤᠢ᠍ᠯᠠᠯ᠎ᠤᠨ ᠮᠡᠳᠡᠭᠡ ᠵᠠᠩᠭᠢ ᠵᠢ ᠢᠯᠡ ᠨᠡᠢ᠍ᠲᠡᠯᠡᠬᠦ ᠳᠦᠷᠢᠮ᠎ᠢ ᠤᠯᠠᠮ ᠨᠢᠭᠡ ᠠᠯᠬᠤᠮ ᠴᠢᠩᠭ᠋ᠠᠳᠬᠠᠪᠠ᠃ ᠬᠣᠯᠪᠣᠭᠳᠠᠯ ᠪᠦᠬᠦᠢ ᠮᠡᠳᠡᠭᠡ ᠵᠠᠩᠭᠢ ᠵᠢ ᠢᠯᠡ ᠨᠡᠶ᠋ᠢᠲᠡᠯᠡᠭᠰᠡᠨ ᠦᠭᠡᠶ ᠪᠤᠶᠤ ᠦᠨᠡᠨ ᠪᠣᠳᠠᠲᠠᠶ᠎ᠪᠠᠷ ᠢᠯᠡ ᠨᠡᠶ᠋ᠢᠲᠡᠯᠡᠭᠰᠡᠨ ᠦᠭᠡᠶ ᠪᠣᠯ᠂ ᠺᠣᠮᠫᠠᠨᠢ ᠵᠢᠨ ᠳᠠᠩᠰᠠᠯᠠᠭᠤᠯᠬᠤ ᠪᠠᠢ᠌ᠭᠤᠯᠭ᠎ᠠ ᠬᠠᠮᠤᠭ᠎ᠤᠨ ᠥᠨᠳᠥᠷ᠎ᠲᠡᠭᠡᠨ ᠬᠣᠷᠢᠨ ᠲᠦᠮᠡᠨ ᠲᠥᠭᠥᠷᠢᠭ ᠵᠣᠭᠣᠰ ᠵᠶ᠋ᠠᠷ ᠲᠣᠷᠭ᠋ᠠᠵᠤ ᠪᠣᠯᠤᠨ᠎ᠠ᠃
ᠬᠣᠯᠪᠤᠬᠲᠠᠯ ᠪᠤᠢ᠍ᠭᠦᠢ ᠬᠠᠣᠯᠢ ᠴᠠᠭ᠋ᠠᠵᠠ ᠵᠢᠨ ᠳᠣᠰᠬᠠᠢ ᠮᠠᠷᠭᠡᠵᠢᠯᠲᠠᠣᠠ ᠰᠣᠷᠪᠤᠯᠵᠢᠯᠠᠬ᠍ᠴᠢ ᠵᠢᠨ ᠰᠣᠷᠪᠤᠯᠵᠢᠯᠠᠭ᠎ᠠ ᠵᠢ ᠬᠦᠯᠢᠶᠡᠬᠦ᠎ᠳᠤ᠎ᠪᠠᠨ ᠬᠡᠯᠡᠭᠰᠡᠨ᠎ᠨᠢ᠂ ᠡᠨᠠ ᠪᠤᠯ ᠠᠵᠤ ᠠᠬᠣᠢ᠍ᠢ᠍ᠯᠠᠯᠤᠨ ᠮᠡᠳᠡᠭᠡ ᠵᠠᠩᠭᠢ ᠵᠢ ᠡᠢ᠍ᠯᠠ ᠨᠠᠢ᠍ᠢ᠍ᠲᠠᠯᠠᠭᠦ ᠳᠣᠢ᠍ᠷᠢᠮ᠎ᠢ ᠪᠠᠢ᠍ᠢ᠍ᠭᠣᠯᠣᠬᠲᠠᠬᠰᠠᠨᠠᠴᠠ ᠨᠠᠭ᠋ᠠᠰᠢ᠂ ᠬᠣᠯᠪᠣᠭᠳᠠᠯ ᠪᠦᠬᠦᠢ ᠮᠡᠳᠡᠭᠡ ᠵᠠᠩᠭᠢ ᠵᠢ ᠢᠯᠡ ᠨᠡᠶ᠋ᠢᠲᠡᠯᠡᠭᠰᠡᠨ ᠦᠭᠡᠶ ᠪᠤᠶᠤ ᠦᠨᠡᠨ ᠪᠣᠳᠠᠲᠠᠶ᠎ᠪᠠᠷ ᠢᠯᠡ ᠨᠡᠶ᠋ᠢᠲᠡᠯᠡᠭᠰᠡᠨ ᠦᠭᠡᠶ ᠵᠢ ᠬᠠᠮᠣᠭ᠎ᠤᠨ ᠴᠢᠩᠭ᠎ᠠ ᠰᠢᠢ᠍ᠳᠬᠡᠬᠦ ᠠᠷᠭ᠎ᠠ ᠬᠡᠮᠵᠢᠶ᠎ᠡ ᠮᠣᠢ᠍ᠠ᠃ ᠰᠢᠨ᠎ᠡ 《ᠺᠣᠮᠫᠠᠨᠢ ᠵᠢᠨ ᠬᠠᠤᠯᠢ》᠎ᠨᠢ ᠠᠵᠤ ᠠᠬᠤᠶ᠋ᠢᠯᠠᠯ᠎ᠤᠨ ᠮᠡᠳᠡᠭᠡ ᠵᠠᠩᠭᠢ ᠵᠢ ᠢᠯᠡ ᠨᠡᠶ᠋ᠢᠲᠡᠯᠡᠬᠦ ᠲᠦᠷᠢᠮ᠎ᠢ ᠤᠯᠠᠮ ᠨᠢᠭᠡ ᠠᠯᠬᠤᠮ ᠴᠢᠩᠭ᠋ᠠᠳᠬᠠᠵᠤ᠂ ᠠᠵᠤ ᠠᠬᠤᠶ᠋ᠢᠯᠠᠯ᠎ᠤᠨ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ ᠵᠢᠨ ᠲᠦᠷᠢᠮ᠎ᠢ ᠴᠤ᠌ ᠤᠯᠠᠮ ᠨᠢᠭᠡ ᠠᠯᠬᠤᠮ ᠴᠢᠩᠭ᠋ᠠᠳᠬᠠᠵᠠᠢ᠃
2014 ᠣᠨ᠎ᠤ 8 ᠳ᠋ᠤᠭ᠋ᠠᠷ ᠰᠠᠷ᠎ᠠ᠎ᠳᠤ ᠨᠡᠶ᠋ᠢᠲᠡᠯᠡᠭᠰᠡᠨ 《ᠠᠵᠤ ᠠᠬᠤᠶ᠋ᠢᠯᠠᠯ᠎ᠤᠨ ᠮᠡᠳᠡᠭᠡ ᠵᠠᠩᠭᠢ ᠵᠢ ᠢᠯᠡ ᠨᠡᠶ᠋ᠢᠲᠡᠯᠡᠬᠦ ᠲᠦᠷ ᠬᠡᠷᠡᠭᠵᠢᠭᠦᠯᠬᠦ ᠲᠦᠷᠢᠮ》᠎ᠨᠢ ᠳᠠᠷᠤᠶ ᠠᠵᠤ ᠠᠬᠤᠶ᠋ᠢᠯᠠᠯ᠎ᠤᠨ ᠮᠡᠳᠡᠭᠡ ᠵᠠᠩᠭᠢ ᠵᠢ ᠢᠯᠡ ᠨᠡᠶ᠋ᠢᠲᠡᠯᠡᠬᠦ ᠲᠦᠷᠢᠮ᠎ᠢ ᠲᠣᠭᠲᠠᠭ᠋ᠠᠭᠰᠠᠨ ᠶᠠᠪᠤᠳᠠᠯ ᠪᠣᠯᠤᠨ᠎ᠠ᠃ ᠲᠤᠰ ᠳᠦᠷᠢᠮ᠎ᠤᠨ ᠠᠷᠪᠠᠨ ᠳᠣᠯᠣᠳᠤᠭ᠋ᠠᠷ ᠵᠦᠢ᠍ᠯ᠎ᠳᠤ ᠳᠣᠣᠷᠠᠬᠢ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠵᠤ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠡᠵᠡᠩᠨᠡᠯᠲᠡ ᠵᠢᠨ ᠬᠡᠪ᠎ᠤᠨ ᠪᠤᠰᠤ ᠨᠡᠷᠡᠰ᠎ᠤᠨ ᠵᠢᠭᠰᠠᠭ᠋ᠠᠯᠲᠠ᠎ᠳᠤ ᠣᠷᠣᠭᠤᠯᠵᠤ᠂ ᠠᠵᠤ ᠠᠬᠤᠶ᠋ᠢᠯᠠᠯ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠨᠡᠶ᠋ᠢᠲᠡ᠎ᠳᠤ ᠵᠠᠷᠯᠠᠬᠤ ᠰᠢᠰᠲ᠋ᠧᠮ ᠵᠶ᠋ᠠᠷ ᠳᠠᠮᠵᠢᠭᠤᠯᠤᠨ ᠨᠡᠶ᠋ᠢᠭᠡᠮ᠎ᠳᠤ ᠵᠠᠷᠯᠠᠨ ᠨᠡᠢ᠌ᠲᠡᠯᠡᠭᠰᠡᠨ ᠪᠠᠢ᠌ᠪᠠᠯ᠂ ᠨᠡᠶ᠋ᠢᠲᠡ᠎ᠳᠤ ᠵᠠᠷᠯᠠᠬᠤ ᠡᠭᠦᠷᠭᠡ᠎ᠪᠠᠨ ᠭᠦᠢ᠍ᠴᠡᠳᠬᠡᠬᠦ ᠵᠢ ᠰᠠᠨᠠᠭᠤᠯᠤᠨ᠎ᠠ; ᠦᠢ᠍ᠯᠡ ᠪᠠᠶ᠋ᠢᠳᠠᠯ᠎ᠨᠢ ᠬᠦᠨᠳᠦ ᠨᠣᠴᠢᠲᠠᠶ ᠪᠠᠶ᠋ᠢᠪᠠᠯ᠂ ᠬᠤᠯᠪᠣᠭᠳᠠᠯ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠤᠯᠪᠣᠭᠳᠠᠯ ᠪᠦᠬᠦᠢ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠤᠨ ᠲᠣᠭᠲᠠᠭ᠋ᠠᠯ ᠶᠣᠰᠣᠭ᠋ᠠᠷ ᠵᠠᠰᠠᠭ ᠵᠠᠬᠢᠷᠭ᠋ᠠᠨ᠎ᠤ ᠰᠢᠢ᠍ᠳᠬᠡᠯ ᠥᠭᠭᠦᠨ᠎ᠡ; ᠪᠤᠰᠤᠳ ᠬᠥᠮᠦᠨ᠎ᠳᠤ ᠬᠤᠬᠢᠷᠠᠯ ᠤᠴᠠᠷᠠᠭᠤᠯᠤᠭᠰᠠᠨ ᠪᠠᠶ᠋ᠢᠪᠠᠯ᠂ ᠲᠥᠯᠥᠬᠦ ᠬᠠᠷᠢᠭᠤᠴᠠᠯᠭ᠎ᠠ ᠵᠢ ᠬᠠᠤᠯᠢ ᠶᠣᠰᠣᠭ᠋ᠠᠷ ᠡᠭᠦᠷᠭᠡᠯᠡᠨ᠎ᠡ; ᠶᠠᠯ᠎ᠠ ᠪᠣᠯᠵᠤ ᠪᠦᠷᠢᠯᠳᠦᠭᠰᠡᠨ ᠪᠠᠶ᠋ᠢᠪᠠᠯ᠂ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃ (ᠨᠢᠭᠡ) ᠠᠵᠤ ᠠᠬᠤᠶ᠋ᠢᠯᠠᠯ᠎ᠨᠢ ᠲᠤᠰ ᠲᠦᠷᠢᠮ᠎ᠳᠤ ᠲᠣᠭᠲᠠᠭ᠋ᠠᠭᠰᠠᠨ ᠬᠤᠭᠤᠴᠠᠭ᠎ᠠ ᠬᠢᠵᠠᠭ᠋ᠠᠷ᠎ᠤᠨ ᠶᠣᠰᠣᠭ᠋ᠠᠷ ᠣᠨ᠎ᠤ ᠮᠡᠳᠡᠭᠦᠯᠦᠯᠲᠡ᠎ᠪᠠᠨ ᠢᠯᠡ ᠨᠡᠶ᠋ᠢᠲᠡᠯᠡᠭᠰᠡᠨ ᠦᠭᠡᠶ ᠪᠤᠶᠤ ᠠᠵᠤ ᠦᠢ᠍ᠯᠡᠳᠪᠦᠷᠢ ᠬᠤᠳᠠᠯᠳᠤᠭ᠎ᠠ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠵᠠᠷᠯᠠᠭᠰᠠᠨ ᠬᠤᠭᠤᠴᠠᠭ᠎ᠠ ᠬᠢᠵᠠᠭ᠋ᠠᠷ᠎ᠤᠨ ᠶᠣᠰᠣᠭ᠋ᠠᠷ ᠬᠣᠯᠪᠣᠭᠳᠠᠯ ᠪᠦᠬᠦᠢ ᠠᠵᠤ ᠠᠬᠤᠶ᠋ᠢᠯᠠᠯ᠎ᠤᠨ ᠮᠡᠳᠡᠭᠡ ᠵᠠᠩᠭᠢ ᠵᠢ ᠢᠯᠡ ᠨᠡᠶ᠋ᠢᠲᠡᠯᠡᠭᠰᠡᠨ ᠦᠭᠡᠶ; (ᠬᠣᠶᠠᠷ) ᠠᠵᠤ ᠠᠬᠤᠶ᠋ᠢᠯᠠᠯ᠎ᠤᠨ ᠢᠯᠡ ᠨᠡᠶ᠋ᠢᠲᠡᠯᠡᠭᠰᠡᠨ ᠮᠡᠳᠡᠭᠡ ᠵᠠᠩᠭᠢ᠎ᠨᠢ ᠦᠨᠡᠨ ᠪᠣᠳᠠᠲᠠᠶ ᠪᠠᠶ᠋ᠢᠳᠠᠯ ᠵᠶ᠋ᠠᠨ ᠨᠢᠭᠤᠨ ᠳᠠᠯᠳᠠᠯᠠᠭᠰᠠᠨ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠪᠣᠯ᠃ ᠲᠣᠰ ᠲᠦᠷᠢᠮ᠎ᠤᠨ ᠭᠤᠣᠯᠳᠠᠯᠭ᠎ᠠ ᠪᠣᠯ ᠡᠵᠡᠩᠨᠡᠯᠲᠡ ᠵᠢᠨ ᠬᠡᠪ᠎ᠤᠨ ᠪᠤᠰᠤ ᠨᠡᠷᠡᠰ᠎ᠤᠨ ᠵᠢᠭᠰᠠᠭ᠋ᠠᠯᠲᠠ᠎ᠳᠤ ᠵᠢᠭᠰᠠᠭ᠋ᠠᠨ ᠣᠷᠣᠭᠤᠯᠬᠤ᠂ ᠬᠠᠤᠯᠢ ᠵᠢ ᠬᠦᠨᠳᠦ ᠨᠣᠴᠢᠲᠠᠶ ᠵᠥᠷᠢᠴᠡᠵᠦ ᠢᠲᠡᠭᠡᠯ ᠠᠯᠳᠠᠭᠰᠠᠨ ᠠᠵᠤ ᠠᠬᠤᠶ᠋ᠢᠯᠠᠯ᠎ᠤᠨ ᠨᠡᠷᠡᠰ᠎ᠲᠤ ᠵᠢᠭᠰᠠᠭ᠋ᠠᠨ ᠣᠷᠣᠭᠤᠯᠬᠤ ᠵᠡᠷᠭᠡ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠪᠣᠯᠤᠨ᠎ᠠ᠂ ᠵᠣᠭᠤᠰ ᠵᠶ᠋ᠠᠷ ᠲᠣᠷᠭ᠋ᠠᠬᠤ ᠲᠤᠭ᠎ᠠ ᠬᠡᠮᠵᠢᠶ᠎ᠡ ᠵᠢ ᠲᠣᠭᠲᠠᠭ᠋ᠠᠭᠰᠠᠨ ᠥᠬᠡᠶ ᠵᠡᠷᠭᠡ ᠪᠣᠳᠠᠲᠠᠶ ᠲᠣᠷᠭ᠋ᠠᠬᠤ ᠲᠦᠷᠢᠮ ᠪᠣᠯᠤᠨ᠎ᠠ᠃
2021 ᠣᠨ᠎ᠤ 7 ᠳ᠋ᠤᠭ᠋ᠠᠷ ᠰᠠᠷ᠎ᠠ᠎ᠳᠤ ᠨᠡᠶ᠋ᠢᠲᠡᠯᠡᠭᠰᠡᠨ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠳᠡᠩᠰᠡᠯᠡᠨ ᠲᠡᠮᠳᠡᠭᠯᠡᠬᠦ ᠬᠠᠮᠢᠶᠠᠷᠤᠯᠲᠠ ᠵᠢᠨ ᠲᠦᠷᠢᠮ》᠎ᠤᠨ ᠭᠤᠴᠢᠨ ᠲᠠᠪᠤᠳᠤᠭ᠋ᠠᠷ ᠵᠦᠢ᠍ᠯ᠎ᠤᠨ ᠲᠣᠭᠲᠠᠭ᠋ᠠᠯ᠎ᠳᠤ᠂ ᠵᠠᠬ᠎ᠠ ᠳᠡᠯᠭᠡᠭᠦᠷ᠎ᠤᠨ ᠭᠤᠤᠯ ᠴᠣᠭᠴᠠ᠎ᠨᠢ ᠤᠯᠤᠰ᠎ᠤᠨ ᠬᠤᠯᠪᠣᠭᠳᠠᠯ ᠪᠥᠬᠦᠶ ᠲᠣᠭᠲᠠᠭ᠋ᠠᠯ ᠶᠣᠰᠣᠭ᠋ᠠᠷ ᠣᠨ᠎ᠤ ᠮᠡᠳᠡᠭᠦᠯᠦᠯᠲᠡ ᠪᠠ ᠳᠡᠩᠰᠡᠯᠡᠨ ᠲᠡᠮᠳᠡᠭᠯᠡᠭᠰᠡᠨ ᠬᠠᠮᠢᠶ᠎ᠠ ᠪᠥᠬᠦᠶ ᠮᠡᠳᠡᠭᠡ ᠵᠠᠩᠭᠢ ᠵᠢ ᠢᠯᠡ ᠨᠡᠶ᠋ᠢᠲᠡᠯᠡᠬᠦ ᠬᠡᠷᠡᠭᠲᠡᠶ᠃ ᠭᠡᠪᠡᠴᠦ ᠲᠣᠰ ᠲᠦᠷᠢᠮ᠎ᠨᠢ ᠤᠯᠤᠰ᠎ᠤᠨ ᠬᠤᠯᠪᠣᠭᠳᠠᠯ ᠪᠥᠬᠦᠶ ᠲᠣᠭᠲᠠᠭ᠋ᠠᠯ ᠶᠣᠰᠣᠭ᠋ᠠᠷ ᠣᠨ᠎ᠤ ᠮᠡᠳᠡᠭᠦᠯᠦᠯᠲᠡ ᠪᠠ ᠳᠡᠩᠰᠡᠯᠡᠯᠲᠡ ᠵᠢᠨ ᠬᠠᠮᠢᠶ᠎ᠠ ᠪᠥᠬᠦᠶ ᠮᠡᠳᠡᠭᠡ ᠵᠠᠩᠭᠢ ᠵᠢ ᠨᠡᠶ᠋ᠢᠲᠡᠯᠡᠭᠰᠡᠨ ᠥᠬᠡᠶ ᠵᠢ ᠪᠣᠳᠠᠲᠠᠶ ᠲᠣᠷᠭ᠋ᠠᠬᠤ ᠲᠦᠷᠢᠮ᠎ᠢ ᠲᠣᠭᠲᠠᠭ᠋ᠠᠭᠰᠠᠨ ᠥᠬᠡᠶ᠃
2022 ᠣᠨ᠎ᠤ 3 ᠳ᠋ᠤᠭ᠋ᠠᠷ ᠰᠠᠷ᠎ᠠ᠎ᠳᠤ ᠨᠡᠶ᠋ᠢᠲᠡᠯᠡᠭᠰᠡᠨ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠬ᠎ᠠ ᠳᠡᠯᠭᠡᠭᠦᠷ᠎ᠤᠨ ᠭᠤᠣᠯ ᠴᠣᠭᠴᠠ ᠵᠢᠨ ᠳᠠᠩᠰᠠᠯᠠᠨ ᠬᠠᠮᠢᠶᠠᠷᠬᠤ ᠳᠦᠷᠢᠮ᠎ᠤᠨ ᠬᠡᠷᠡᠭᠵᠢᠭᠦᠯᠬᠦ ᠨᠠᠷᠢᠨ ᠳᠦᠷᠢᠮ》᠎ᠤᠨ ᠵᠢᠷᠠᠨ ᠭᠤᠷᠪᠠᠳᠤᠭ᠋ᠠᠷ ᠵᠦᠢ᠍ᠯ᠎ᠳᠤ᠂ ᠵᠠᠬ᠎ᠠ ᠳᠡᠯᠭᠡᠭᠦᠷ᠎ᠤᠨ ᠭᠤᠣᠯ ᠴᠣᠭᠴᠠ᠎ᠨᠢ ᠵᠢᠯ ᠪᠦᠷᠢ ᠵᠢᠨ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ 6 ᠳ᠋ᠤᠭ᠋ᠠᠷ ᠰᠠᠷ᠎ᠠ ᠵᠢᠨ 30᠎ᠤ ᠡᠳᠦᠷ ᠪᠣᠯᠲᠠᠯ᠎ᠠ᠂ ᠤᠯᠤᠰ᠎ᠤᠨ ᠠᠵᠤ ᠠᠬᠤᠶ᠋ᠢᠯᠠᠯ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠨᠡᠶ᠋ᠢᠲᠡ᠎ᠳᠤ ᠵᠠᠷᠯᠠᠬᠤ ᠰᠢᠰᠲ᠋ᠧᠮ ᠵᠶ᠋ᠠᠷ ᠳᠠᠮᠵᠢᠭᠤᠯᠤᠨ ᠳᠡᠭᠡᠷ᠎ᠡ ᠨᠢᠭᠡ ᠵᠢᠯ᠎ᠤᠨ ᠣᠨ᠎ᠤ ᠮᠡᠳᠡᠭᠦᠯᠦᠯᠲᠡ᠎ᠪᠠᠨ ᠮᠡᠳᠡᠭᠦᠯᠦᠨ ᠬᠦᠷᠭᠡᠬᠦ ᠵᠢᠨ ᠬᠠᠮᠲᠤ ᠨᠡᠶ᠋ᠢᠭᠡᠮ᠎ᠳᠤ ᠢᠯᠡ ᠨᠡᠶ᠋ᠢᠲᠡᠯᠡᠬᠦ ᠬᠡᠷᠡᠭᠲᠡᠢ ᠭᠡᠵᠦ ᠲᠣᠭᠲᠠᠭ᠋ᠠᠪᠠ᠃ ᠳᠠᠯᠠᠳᠤᠭ᠋ᠠᠷ ᠵᠦᠢ᠍ᠯ᠎ᠳᠤ ᠵᠠᠬ᠎ᠠ ᠳᠡᠯᠭᠡᠭᠦᠷ᠎ᠤᠨ ᠭᠤᠣᠯ ᠴᠣᠭᠴᠠ᠎ᠨᠢ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠬᠤᠭᠤᠴᠠᠭ᠋ᠠᠨ᠎ᠳᠤ ᠣᠨ᠎ᠤ ᠮᠡᠳᠡᠭᠦᠯᠦᠯᠲᠡ᠎ᠪᠠᠨ ᠢᠯᠡ ᠨᠡᠶ᠋ᠢᠲᠡᠯᠡᠭᠰᠡᠨ ᠦᠭᠡᠢ ᠪᠤᠶᠤ ᠮᠡᠳᠡᠭᠦᠯᠦᠭᠰᠡᠨ ᠦᠭᠡᠢ ᠪᠠᠶ᠋ᠢᠪᠠᠯ᠂ ᠳᠠᠩᠰᠠᠯᠠᠬᠤ ᠪᠠᠶ᠋ᠢᠭᠤᠯᠭ᠎ᠠ᠎ᠠᠴᠠ ᠡᠵᠡᠩᠨᠡᠯᠲᠡ ᠵᠢᠨ ᠬᠡᠪ᠎ᠤᠨ ᠪᠤᠰᠤ ᠨᠡᠷᠡᠰ᠎ᠤᠨ ᠵᠢᠭᠰᠠᠭ᠋ᠠᠯᠲᠠ᠎ᠳᠤ ᠣᠷᠣᠭᠤᠯᠵᠤ᠂ 1 ᠲᠦᠮᠡᠨ ᠲᠥᠭᠦᠷᠢᠭ᠎ᠠᠴᠠ ᠳᠣᠭᠤᠭᠰᠢ ᠵᠣᠭᠤᠰ ᠵᠶ᠋ᠠᠷ ᠲᠣᠷᠭ᠋ᠠᠵᠤ ᠪᠣᠯᠣᠨ᠎ᠠ᠃ ᠬᠡᠷᠡᠭᠵᠢᠭᠦᠯᠬᠦ ᠨᠠᠷᠢᠨ ᠳᠦᠷᠢᠮ᠎ᠨᠢ ᠣᠨ᠎ᠤ ᠮᠡᠳᠡᠭᠦᠯᠦᠯᠲᠡ᠎ᠠᠴᠠ ᠪᠤᠰᠤᠳ ᠬᠤᠯᠪᠣᠭᠳᠠᠯ ᠪᠦᠬᠦᠢ ᠮᠡᠳᠡᠭᠡ ᠵᠠᠩᠭᠢ ᠵᠢ ᠢᠯᠡ ᠨᠡᠢ᠌ᠲᠡᠯᠡᠬᠦ ᠡᠰᠡᠬᠦ ᠵᠢ ᠲᠣᠭᠲᠠᠭ᠋ᠠᠭᠰᠠᠨ ᠦᠭᠡᠢ᠂ ᠶᠠᠷᠢᠶᠠᠨ ᠦᠭᠡᠢ ᠪᠠᠰᠠ ᠪᠣᠳᠠᠲᠠᠢ ᠲᠣᠷᠭ᠋ᠠᠬᠤ ᠳᠦᠷᠢᠮ᠎ᠢ ᠲᠣᠭᠲᠠᠭ᠋ᠠᠭᠰᠠᠨ ᠦᠭᠡᠢ᠃
ᠰᠢᠨ᠎ᠡ 《ᠺᠣᠮᠫᠠᠨᠢ ᠵᠢᠨ ᠬᠠᠤᠯᠢ》᠎ᠳᠤ ᠠᠵᠤ ᠠᠬᠤᠶ᠋ᠢᠯᠠᠯ᠎ᠤᠨ ᠢᠲᠡᠭᠡᠮᠵᠢ ᠵᠢᠨ ᠮᠡᠳᠡᠭᠡ ᠵᠠᠩᠭᠢ ᠵᠢ ᠢᠯᠡ ᠨᠡᠶ᠋ᠢᠲᠡᠯᠡᠬᠦ ᠲᠤᠬᠠᠶ ᠨᠠᠷᠢᠨ ᠪᠣᠳᠠᠲᠠᠶ ᠲᠣᠭᠲᠠᠭ᠋ᠠᠯ ᠭᠠᠷᠭ᠋ᠠᠭᠰᠠᠨ ᠪᠥᠭᠡᠳ ᠬᠤᠯᠪᠣᠭᠳᠠᠯ ᠪᠥᠬᠦᠶ ᠮᠡᠳᠡᠭᠡ ᠵᠠᠩᠭᠢ ᠵᠢ ᠢᠯᠡ ᠨᠡᠶ᠋ᠢᠲᠡᠯᠡᠭᠰᠡᠨ ᠥᠬᠡᠶ ᠪᠤᠶᠤ ᠬᠤᠯᠪᠣᠭᠳᠠᠯ ᠪᠥᠬᠦᠶ ᠮᠡᠳᠡᠭᠡ ᠵᠠᠩᠭᠢ ᠵᠢ ᠦᠨᠡᠨ ᠪᠣᠳᠠᠲᠠᠶ᠎ᠪᠠᠷ ᠨᠡᠶ᠋ᠢᠲᠡᠯᠡᠭᠰᠡᠨ ᠥᠬᠡᠶ ᠪᠣᠯ ᠴᠢᠩᠭ᠎ᠠ ᠰᠢᠢ᠍ᠳᠬᠡᠬᠦ ᠠᠷᠭ᠎ᠠ ᠬᠡᠮᠵᠢᠶ᠎ᠡ ᠲᠣᠭᠲᠠᠭ᠋ᠠᠭᠰᠠᠨ ᠪᠠᠶ᠋ᠢᠨ᠎ᠠ᠃ ᠰᠢᠨ᠎ᠡ 《ᠺᠣᠮᠫᠠᠨᠢ ᠵᠢᠨ ᠬᠠᠤᠯᠢ》 ᠵᠢᠨ ᠳᠥᠴᠢᠳᠦᠭᠡᠷ ᠵᠦᠢ᠍ᠯ᠎ᠤᠨ ᠲᠣᠭᠲᠠᠭ᠋ᠠᠯ᠎ᠳᠤ᠂ ᠺᠣᠮᠫᠠᠨᠢ᠎ᠨᠢ ᠲᠣᠭᠲᠠᠭ᠋ᠠᠯ ᠶᠣᠰᠣᠭ᠋ᠠᠷ ᠤᠯᠤᠰ᠎ᠤᠨ ᠠᠵᠤ ᠠᠬᠤᠶ᠋ᠢᠯᠠᠯ᠎ᠤᠨ ᠢᠲᠡᠭᠡᠮᠵᠢ ᠵᠢᠨ ᠮᠡᠳᠡᠭᠡ ᠵᠠᠩᠭᠢ ᠵᠢ ᠢᠯᠡ ᠨᠡᠶ᠋ᠢᠲᠡᠯᠡᠬᠦ ᠰᠢᠰᠲ᠋ᠧᠮ ᠵᠶ᠋ᠠᠷ ᠳᠠᠮᠵᠢᠭᠤᠯᠤᠨ ᠳᠣᠤᠷᠠᠬᠢ ᠵᠦᠢ᠍ᠯᠡᠰ᠎ᠢ ᠵᠠᠷᠯᠠᠨ ᠨᠡᠶ᠋ᠢᠲᠡᠯᠡᠬᠦ ᠬᠡᠷᠡᠭᠲᠡᠶ᠄ (ᠨᠢᠭᠡ) ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ ᠬᠤᠪᠢ ᠣᠷᠣᠭᠤᠯᠤᠭᠴᠢ ᠵᠢᠨ ᠲᠤᠰᠢᠶᠠᠭᠰᠠᠨ ᠪᠠ ᠪᠣᠳᠠᠲᠠᠶ ᠲᠤᠰᠢᠶᠠᠭᠰᠠᠨ ᠪᠠᠯᠠ ᠣᠷᠣᠭᠤᠯᠤᠭᠰᠠᠨ ᠲᠤᠭ᠎ᠠ᠂ ᠪᠠᠯᠠ ᠭᠠᠷᠭ᠋ᠠᠬᠤ ᠠᠷᠭ᠎ᠠ ᠮᠠᠶᠢᠭ ᠪᠠ ᠪᠠᠯᠠ ᠭᠠᠷᠭ᠋ᠠᠭᠰᠠᠨ ᠡᠳᠦᠷ ᠬᠤᠭᠤᠴᠠᠭ᠎ᠠ᠂ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ ᠵᠢᠨ ᠡᠭᠦᠰᠭᠡᠨ ᠪᠠᠶ᠋ᠢᠭᠤᠯᠤᠭᠴᠢ ᠵᠢᠨ ᠬᠤᠳᠠᠯᠳᠤᠨ ᠠᠪᠤᠭᠰᠠᠨ ᠰᠲ᠋ᠣᠺ᠎ᠤᠨ ᠲᠤᠭ᠎ᠠ; (ᠬᠤᠶᠠᠷ) ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ ᠬᠤᠪᠢ ᠣᠷᠣᠭᠤᠯᠤᠭᠴᠢ᠂ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ ᠵᠢᠨ ᠡᠭᠦᠰᠭᠡᠨ ᠪᠠᠶ᠋ᠢᠭᠤᠯᠤᠭᠴᠢ ᠵᠢᠨ ᠰᠲ᠋ᠣᠺ᠎ᠤᠨ ᠡᠷᠬᠡ᠂ ᠬᠤᠪᠢ ᠵᠢ ᠬᠤᠪᠢᠷᠠᠭᠤᠯᠤᠭᠰᠠᠨ ᠮᠡᠳᠡᠭᠡ ᠵᠠᠩᠭᠢ; (ᠭᠤᠷᠪᠠ) ᠵᠠᠰᠠᠭ ᠵᠠᠬᠢᠷᠭ᠋ᠠᠨ᠎ᠤ ᠵᠥᠪᠰᠢᠶᠡᠷᠡᠯ ᠣᠯᠤᠭᠰᠠᠨ᠂ ᠬᠤᠪᠢᠷᠠᠭᠤᠯᠤᠭᠰᠠᠨ᠂ ᠬᠦᠴᠦᠨ ᠥᠬᠡᠶ ᠪᠣᠯᠭ᠋ᠠᠭᠰᠠᠨ ᠵᠡᠷᠭᠡ ᠮᠡᠳᠡᠭᠡ ᠵᠠᠩᠭᠢ; (ᠳᠥᠷᠪᠡ) ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠮᠡᠳᠡᠭᠡ ᠵᠠᠩᠭᠢ᠃ ᠺᠣᠮᠫᠠᠨᠢ᠎ᠠᠴᠠ ᠡᠮᠦᠨ᠎ᠡ ᠳᠤᠷᠠᠳᠤᠭᠰᠠᠨ ᠢᠯᠡ ᠨᠡᠢ᠌ᠲᠡᠯᠡᠬᠦ ᠮᠡᠳᠡᠭᠡ ᠵᠠᠩᠭᠢ ᠵᠢᠨ ᠦᠨᠡᠨ ᠪᠣᠳᠠᠲᠠᠢ᠂ ᠵᠥᠪ ᠣᠨᠣᠪᠴᠢᠲᠠᠢ᠂ ᠪᠦᠷᠢᠨ ᠪᠦᠲᠦᠨ ᠪᠠᠶ᠋ᠢᠬᠤ ᠵᠢ ᠪᠠᠲᠤᠯᠠᠬᠤ ᠬᠡᠷᠡᠭᠲᠡᠢ᠃ ᠰᠢᠨ᠎ᠡ 《ᠺᠣᠮᠫᠠᠨᠢ ᠵᠢᠨ ᠬᠠᠤᠯᠢ》 ᠵᠢᠨ ᠬᠣᠶᠠᠷ ᠵᠠᠭᠤ ᠲᠠᠪᠢᠨ ᠨᠢᠭᠡᠳᠦᠭᠡᠷ ᠵᠦᠢ᠍ᠯ᠎ᠳᠤ ᠲᠣᠭᠲᠠᠭ᠋ᠠᠭᠰᠠᠨ᠎ᠨᠢ᠂ ᠺᠣᠮᠫᠠᠨᠢ᠎ᠨᠢ ᠲᠤᠰ ᠬᠠᠤᠯᠢ ᠵᠢᠨ ᠳᠥᠴᠢᠳᠦᠭᠡᠷ ᠵᠦᠢ᠍ᠯ᠎ᠤᠨ ᠲᠣᠭᠲᠠᠭ᠋ᠠᠯ ᠶᠣᠰᠣᠭ᠋ᠠᠷ ᠬᠣᠯᠪᠣᠭᠳᠠᠯ ᠪᠦᠬᠦᠢ ᠮᠡᠳᠡᠭᠡ ᠵᠠᠩᠭᠢ ᠵᠢ ᠨᠡᠶ᠋ᠢᠲᠡᠯᠡᠭᠰᠡᠨ ᠦᠭᠡᠶ ᠪᠤᠶᠤ ᠬᠣᠯᠪᠣᠭᠳᠠᠯ ᠪᠦᠬᠦᠢ ᠮᠡᠳᠡᠭᠡ ᠵᠠᠩᠭᠢ ᠵᠢ ᠦᠨᠡᠨ ᠪᠣᠳᠠᠲᠠᠶ᠎ᠪᠠᠷ ᠨᠡᠶ᠋ᠢᠲᠡᠯᠡᠭᠰᠡᠨ ᠦᠭᠡᠶ ᠪᠣᠯ ᠺᠣᠮᠫᠠᠨᠢ ᠵᠢᠨ ᠳᠠᠩᠰᠠᠯᠠᠭᠤᠯᠬᠤ ᠪᠠᠢ᠌ᠭᠤᠯᠭ᠎ᠠ᠎ᠨᠢ ᠵᠠᠷᠯᠢᠭᠳᠠᠵᠤ ᠪᠠᠶ᠋ᠢᠭ᠋ᠠᠳ ᠵᠠᠯᠠᠷᠠᠭᠤᠯᠵᠤ᠂ ᠨᠢᠭᠡ ᠲᠦᠮᠡᠨ ᠲᠥᠭᠥᠷᠢᠭ᠎ᠠᠴᠠ ᠳᠡᠭᠡᠭᠰᠢ ᠲᠠᠪᠤᠨ ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠵᠤ ᠪᠣᠯᠤᠨ᠎ᠠ᠃ ᠦᠢ᠍ᠯᠡ ᠪᠠᠶ᠋ᠢᠳᠠᠯ᠎ᠨᠢ ᠬᠦᠨᠳᠦ ᠨᠣᠴᠢᠲᠠᠶ ᠪᠣᠯ ᠲᠠᠪᠤᠨ ᠲᠦᠮᠡᠨ ᠲᠥᠭᠥᠷᠢᠭ᠎ᠠᠴᠠ ᠳᠡᠭᠡᠭᠰᠢ ᠬᠣᠷᠢᠨ ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠨ᠎ᠠ᠃ ᠰᠢᠭᠤᠳ ᠬᠠᠷᠢᠭᠤᠴᠠᠵᠤ ᠪᠠᠶ᠋ᠢᠭ᠎ᠠ ᠭᠣᠤᠯᠴᠢᠯᠠᠨ ᠬᠠᠮᠢᠶᠠᠷᠴᠤ ᠪᠦᠬᠦᠢ ᠬᠥᠮᠦᠰ ᠪᠣᠯᠤᠨ ᠪᠤᠰᠤᠳ ᠰᠢᠭᠤᠳ ᠬᠠᠷᠢᠭᠤᠴᠠᠯᠭ᠎ᠠ ᠡᠭᠦᠷᠭᠡᠯᠡᠭᠴᠢ ᠵᠢ ᠨᠢᠭᠡ ᠲᠦᠮᠡᠨ ᠲᠥᠭᠥᠷᠢᠭ᠎ᠠᠴᠠ ᠳᠡᠭᠡᠭᠰᠢ ᠠᠷᠪᠠᠨ ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠨ᠎ᠠ᠃
ᠳᠣᠮᠲᠠᠲᠤ ᠤᠯᠤᠰ᠎ᠤᠨ ᠡᠪ ᠬᠠᠮᠲᠤ ᠨᠠᠮ᠎ᠤᠨ ᠳᠣᠢ᠍ᠪ ᠬᠣᠷᠢᠶᠠᠨ᠎ᠤ ᠨᠠᠮ᠎ᠤᠨ ᠰᠤᠷᠭ᠋ᠠᠭᠤᠯᠢ (ᠤᠯᠤᠰ᠎ᠤᠨ ᠵᠠᠰᠠᠭ ᠵᠠᠭᠢᠷᠭ᠋ᠠᠨ᠎ᠤ ᠲᠠᠭᠡᠲᠤ ᠰᠣᠷᠭ᠋ᠠᠭᠣᠯᠢ) ᠵᠢᠨ ᠫᠷᠣᠹᠧᠰᠰᠣᠷ ᠸᠠᠩ ᠸᠧᠢ ᠰᠣᠷᠪᠤᠯᠵᠢᠯᠠᠬ᠍ᠴᠢ ᠵᠢᠨ ᠰᠣᠷᠪᠤᠯᠵᠢᠯᠠᠭ᠎ᠠ ᠵᠢ ᠬᠦᠯᠢᠶᠡᠬᠦ᠎ᠳᠤ᠎ᠪᠠᠨ ᠬᠡᠯᠡᠭᠰᠡᠨ᠎ᠨᠢ᠂ ᠠᠵᠤ ᠠᠬᠣᠢ᠍ᠢ᠍ᠯᠠᠯᠤᠨ ᠮᠡᠳᠡᠭᠡ ᠵᠠᠩᠭᠢ ᠵᠢ ᠡᠢ᠍ᠯᠠ ᠨᠠᠢ᠍ᠢ᠍ᠲᠠᠯᠠᠭᠦ ᠪᠤᠯ ᠣᠲᠤ ᠣᠢ᠍ᠶᠡ ᠵᠢᠨ ᠵᠠᠬ᠎ᠠ ᠲᠠᠯᠭᠡᠭᠦᠷ᠎ᠤᠨ ᠠᠵᠤ ᠠᠬᠣᠢ ᠵᠢᠨ ᠠᠵᠢᠯᠯᠠᠭ᠋ᠠᠨ᠎ᠤ ᠴᠢᠬᠣᠯᠠ ᠰᠠᠭᠣᠷᠢ ᠮᠣᠢ᠍ᠠ᠃ ᠰᠢᠨ᠎ᠡ 《ᠺᠣᠮᠫᠠᠨᠢ ᠵᠢᠨ ᠬᠠᠤᠯᠢ》᠎ᠨᠢ 《ᠢᠷᠭᠡᠨ᠎ᠤ ᠬᠠᠤᠯᠢ ᠵᠢᠨ ᠪᠢᠴᠢᠭ》 ᠵᠡᠷᠭᠡ ᠬᠤᠯᠪᠣᠭᠳᠠᠯ ᠪᠦᠬᠦᠢ ᠬᠠᠤᠯᠢ ᠲᠣᠭᠲᠠᠭ᠋ᠠᠬᠤ ᠲᠣᠭᠲᠠᠭ᠋ᠠᠯ᠎ᠤᠨ ᠰᠠᠭᠤᠷᠢᠨ ᠳᠡᠭᠡᠷ᠎ᠡ᠂ ᠤᠳᠤ ᠵᠢᠨ ᠬᠡᠷᠡᠭᠵᠢᠭᠦᠯᠵᠦ ᠪᠠᠶ᠋ᠢᠭ᠎ᠠ ᠬᠠᠤᠯᠢ ᠲᠣᠭᠲᠠᠭ᠋ᠠᠬᠤ ᠠᠰᠢᠭᠲᠠᠢ ᠲᠤᠷᠰᠢᠯᠭ᠎ᠠ᠎ᠪᠠᠷ ᠲᠣᠯᠢ ᠪᠣᠯᠭ᠋ᠠᠬᠤ ᠪᠠ ᠰᠢᠩᠭᠡᠭᠡᠨ ᠠᠪᠴᠤ᠂ ᠮᠡᠳᠡᠭᠡ ᠵᠠᠩᠭᠢ ᠵᠢ ᠢᠯᠡ ᠨᠡᠶ᠋ᠢᠲᠡᠯᠡᠬᠦ ᠲᠣᠭᠲᠠᠴᠠ ᠵᠢᠨ ᠺᠣᠮᠫᠠᠨᠢ ᠵᠢᠨ ᠠᠵᠢᠯᠯᠠᠭ᠋ᠠᠨ ᠳᠤᠮᠳᠠᠬᠢ ᠴᠢᠳᠠᠮᠵᠢ ᠪᠠ ᠦᠢ᠍ᠯᠡᠳᠦᠯ᠎ᠢ ᠤᠯᠠᠮ ᠨᠢᠭᠡ ᠠᠯᠬᠤᠮ ᠴᠢᠩᠭ᠋ᠠᠳᠬᠠᠪᠠ᠃ ᠰᠢᠨ᠎ᠡ 《ᠺᠣᠮᠫᠠᠨᠢ ᠵᠢᠨ ᠬᠠᠤᠯᠢ》 ᠵᠢᠨ ᠮᠡᠳᠡᠭᠡ ᠵᠠᠩᠭᠢ ᠵᠢ ᠢᠯᠡ ᠨᠡᠶ᠋ᠢᠲᠡᠯᠡᠬᠦ ᠲᠤᠬᠠᠶ ᠰᠢᠨ᠎ᠡ ᠲᠣᠭᠲᠠᠭ᠋ᠠᠯ᠂ ᠰᠢᠨ᠎ᠡ ᠱᠠᠭ᠋ᠠᠷᠳᠠᠯᠭ᠎ᠠ᠎ᠨᠢ ᠰᠢᠨ᠎ᠡ 《ᠺᠣᠮᠫᠠᠨᠢ ᠵᠢᠨ ᠬᠠᠤᠯᠢ》 ᠵᠢᠨ ᠮᠡᠳᠡᠭᠡ ᠵᠠᠩᠭᠢ ᠵᠢᠨ ᠰᠠᠭᠤᠷᠢ ᠵᠢ ᠤᠯᠠᠮ ᠨᠢᠭᠡ ᠠᠯᠬᠤᠮ ᠪᠠᠬᠢᠵᠢᠭᠦᠯᠵᠦ᠂ ᠺᠣᠮᠫᠠᠨᠢ ᠵᠢᠨ ᠬᠠᠤᠯᠢ ᠵᠢ ᠪᠦᠲᠦᠮᠵᠢᠲᠡᠶ ᠬᠡᠷᠡᠭᠵᠢᠭᠦᠯᠬᠦ ᠵᠢ ᠠᠬᠢᠭᠤᠯᠬᠤ᠂ ᠣᠲᠣ ᠦᠶ᠎ᠡ ᠵᠢᠨ ᠠᠵᠤ ᠠᠬᠤᠶ᠋ᠢᠯᠠᠯ᠎ᠤᠨ ᠲᠦᠷᠢᠮ᠎ᠢ ᠪᠠᠶ᠋ᠢᠭᠤᠯᠬᠤ᠎ᠳᠤ ᠴᠢᠬᠤᠯᠠ ᠬᠦᠴᠦᠨ ᠴᠢᠳᠠᠯ ᠵᠶ᠋ᠠᠨ ᠡᠷᠭᠦᠬᠦ ᠪᠣᠯᠤᠨ᠎ᠠ᠃