ᠡᠯ᠎ᠡ ᠠᠶ᠋ᠢᠮᠠᠭ ᠬᠤᠲᠠ ᠵᠢᠴᠢ ᠮᠠᠨᠵᠤᠤᠷ᠂ ᠡᠷᠢᠶᠡᠨ ᠬᠤᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠡᠯ᠎ᠡ ᠲᠤᠰᠬᠠᠶ ᠠᠵᠢᠯ᠎ᠤᠨ ᠪᠠᠷᠢᠮᠵᠢᠶᠠᠵᠢᠯ᠎ᠤᠨ ᠮᠡᠷᠭᠡᠵᠢᠯ᠎ᠤᠨ ᠵᠥᠪᠯᠡᠯ᠂ ᠡᠯ᠎ᠡ ᠨᠡᠶ᠋ᠢᠭᠡᠮ᠎ᠤᠨ ᠪᠦᠯᠬᠦᠮ᠂ ᠡᠯ᠎ᠡ ᠬᠤᠯᠪᠣᠭᠳᠠᠯ ᠪᠥᠬᠦᠶ ᠠᠵᠤ ᠠᠬᠤᠶ᠋ᠢᠯᠠᠯ᠎ᠳᠤ᠄
ᠪᠦᠯᠬᠦᠮ ᠨᠡᠢ᠌ᠲᠡ ᠵᠢᠨ ᠪᠠᠷᠢᠮᠵᠢᠶ᠎ᠠ ᠵᠢᠨ ᠵᠢᠷᠤᠮᠵᠢᠯ᠎ᠲᠠᠢ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ᠂ ᠠᠵᠤ ᠠᠬᠤᠶ᠋ᠢᠯᠠᠯ᠎ᠤᠨ ᠪᠠᠷᠢᠮᠵᠢᠶ᠎ᠠ ᠵᠢᠨ ᠶᠠᠰᠤ ᠴᠢᠨᠠᠷ ᠪᠠ ᠬᠢᠷᠢ ᠲᠦᠪᠰᠢᠨ᠎ᠢ ᠳᠡᠭᠡᠭᠰᠢᠯᠡᠭᠦᠯᠬᠦ ᠵᠢᠨ ᠲᠥᠯᠥᠭᠡ᠂ ᠤᠯᠤᠰ᠎ᠤᠨ ᠪᠠᠷᠢᠮᠵᠢᠶᠠᠵᠢᠯ᠎ᠤᠨ ᠵᠥᠪᠯᠡᠯ᠂ ᠠᠷᠠᠳ᠎ᠤᠨ ᠶᠠᠪᠤᠳᠠᠯ᠎ᠤᠨ ᠶᠠᠮᠤᠨ 2019 ᠣᠨ᠎ᠳᠤ 《ᠪᠦᠯᠬᠦᠮ ᠨᠡᠢ᠌ᠲᠡ ᠵᠢᠨ ᠪᠠᠷᠢᠮᠵᠢᠶ᠎ᠠ ᠵᠢᠨ ᠬᠠᠮᠢᠶᠠᠷᠤᠯᠲᠠ ᠵᠢᠨ ᠲᠣᠭᠲᠠᠭ᠋ᠠᠯ》 (ᠤᠯᠤᠰ ᠪᠠᠷᠢᠮᠵᠢᠶᠠᠵᠢᠯ ᠵᠥᠪᠯᠡᠯ ᠬᠤᠯᠪᠣᠭ᠋ᠠᠲᠤ [2019] 1 ᠳ᠋ᠦ᠍ᠭᠡᠷ ᠲᠣᠭ᠋ᠠᠲᠤ)᠎ᠢ ᠳᠠᠷᠤᠮᠠᠯᠯᠠᠨ ᠲᠠᠷᠬᠠᠭ᠋ᠠᠵᠤ᠂ ᠤᠯᠤᠰ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ 2023 ᠣᠨ᠎ᠳᠤ 《ᠠᠵᠤ ᠠᠬᠤᠶ᠋ᠢᠯᠠᠯ᠎ᠤᠨ ᠪᠠᠷᠢᠮᠵᠢᠶᠠᠵᠢᠯ᠎ᠢ ᠠᠬᠢᠭᠤᠯᠬᠤ ᠠᠷᠭ᠎ᠠ》 (ᠤᠯᠤᠰ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ ᠵᠢᠨ ᠵᠠᠷᠯᠢᠭ 83 ᠳ᠋ᠤᠭ᠋ᠠᠷ ᠲᠣᠭ᠋ᠠᠲᠤ)᠎ᠳᠤ ᠵᠠᠰᠠᠪᠤᠷᠢ ᠣᠷᠣᠭᠤᠯᠤᠨ ᠨᠡᠶ᠋ᠢᠲᠡᠯᠡᠵᠦ᠂ ᠪᠦᠯᠬᠦᠮ ᠨᠡᠢ᠌ᠲᠡ ᠵᠢᠨ ᠪᠠᠷᠢᠮᠵᠢᠶ᠎ᠠ᠂ ᠠᠵᠤ ᠠᠬᠤᠶ᠋ᠢᠯᠠᠯ᠎ᠤᠨ ᠪᠠᠷᠢᠮᠵᠢᠶ᠎ᠠ ᠵᠢᠨ ᠥᠪᠡᠷ᠎ᠤᠨ ᠢᠯᠡᠷᠬᠡᠢ᠌ᠯᠡᠯ᠎ᠢ ᠢᠯᠡ ᠨᠡᠢ᠌ᠲᠡᠯᠡᠬᠦ ᠲᠤᠬᠠᠶ ᠪᠣᠳᠠᠲᠠᠶ ᠱᠠᠭ᠋ᠠᠷᠳᠠᠯᠭ᠎ᠠ ᠭᠠᠷᠭ᠋ᠠᠪᠠ᠂ ᠡᠳᠦᠭᠡ ᠬᠤᠯᠪᠣᠭᠳᠠᠯ ᠪᠥᠬᠦᠶ ᠵᠦᠢ᠍ᠯᠡᠰ᠎ᠢ ᠳᠣᠤᠷᠠᠬᠢ ᠮᠡᠲᠦ ᠰᠠᠨᠠᠭᠤᠯᠤᠶ᠎ᠠ᠄
ᠨᠢᠭᠡ᠂ ᠢᠯᠨ᠎ᠪᠠᠷ ᠨᠠᠶ᠋ᠢᠳᠡᠯᠡᠭᠦ ᠠᠭᠤᠯᠭ᠎ᠠ
(ᠨᠢᠭᠡ) ᠨᠡᠶ᠋ᠢᠭᠡᠮ᠎ᠤᠨ ᠪᠦᠯᠬᠦᠮ ᠨᠡᠢ᠌ᠲᠡ᠎ᠨᠢ ᠪᠦᠯᠬᠦᠮ ᠨᠡᠢ᠌ᠲᠡ ᠵᠢᠨ ᠵᠶ᠋ᠡᠨ ᠪᠠᠷᠢᠮᠵᠢᠶᠠᠲᠤ ᠨᠡᠷᠡᠶ᠋ᠢᠳᠦᠯ᠂ ᠳ᠋ᠤᠭ᠋ᠠᠷᠯᠠᠯ᠂ ᠨᠡᠶ᠋ᠢᠲᠡᠯᠡᠭᠰᠡᠨ ᠪᠢᠴᠢᠭ ᠮᠠᠲ᠋ᠧᠷᠢᠶᠠᠯ ᠵᠡᠷᠭᠡ ᠮᠡᠳᠡᠭᠡ ᠵᠠᠩᠭᠢ᠎ᠪᠠᠨ ᠢᠯᠡ ᠨᠡᠶ᠋ᠢᠲᠡᠯᠡᠬᠦ ᠬᠡᠷᠡᠭᠲᠡᠶ᠃ ᠪᠦᠯᠬᠦᠮ ᠨᠡᠢ᠌ᠲᠡ ᠵᠢᠨ ᠪᠠᠷᠢᠮᠵᠢᠶ᠎ᠠ᠎ᠨᠢ ᠲᠤᠰᠬᠠᠶ ᠠᠰᠢᠭ᠎ᠲᠤ ᠬᠤᠯᠪᠣᠭᠳᠠᠪᠠᠯ᠂ ᠪᠠᠰᠠ ᠪᠠᠷᠢᠮᠵᠢᠶ᠎ᠠ ᠵᠢᠨ ᠲᠤᠰᠬᠠᠶ ᠠᠰᠢᠭ᠎ᠲᠤ ᠬᠤᠯᠪᠣᠭᠳᠠᠬᠤ ᠮᠡᠳᠡᠭᠡ ᠵᠠᠩᠭᠢ ᠵᠢ ᠢᠯᠡ ᠨᠡᠢ᠌ᠲᠡᠯᠡᠬᠦ ᠬᠡᠷᠡᠭᠲᠡᠶ᠃ ᠨᠡᠶ᠋ᠢᠭᠡᠮ᠎ᠤᠨ ᠪᠦᠯᠬᠦᠮ ᠨᠡᠢ᠌ᠲᠡ᠎ᠨᠢ ᠪᠦᠯᠬᠦᠮ ᠨᠡᠢ᠌ᠲᠡ ᠵᠢᠨ ᠵᠶ᠋ᠡᠨ ᠪᠠᠷᠢᠮᠵᠢᠶ᠎ᠠ ᠵᠢᠨ ᠪᠦᠬᠦ ᠠᠭᠤᠯᠭ᠎ᠠ ᠪᠤᠶᠤ ᠭᠣᠤᠯ ᠮᠡᠷᠭᠡᠵᠢᠯ᠎ᠤᠨ ᠠᠭᠤᠯᠭ᠎ᠠ᠎ᠪᠠᠨ ᠢᠯᠡ ᠨᠡᠶ᠋ᠢᠲᠡᠯᠡᠬᠦ ᠵᠢ ᠵᠣᠷᠢᠭᠵᠢᠭᠤᠯᠤᠨ᠎ᠠ᠃
(ᠬᠤᠶᠠᠷ) ᠠᠵᠤ ᠠᠬᠤᠶ᠋ᠢᠯᠠᠯ᠎ᠨᠢ ᠲᠡᠭᠦᠨ᠎ᠤ ᠬᠠᠩᠭ᠋ᠠᠭᠰᠠᠨ ᠦᠢ᠍ᠯᠡᠳᠬᠦᠨ ᠪᠤᠶᠤ ᠦᠢ᠍ᠯᠡᠴᠢᠯᠡᠭᠡᠨ᠎ᠳᠤ ᠬᠡᠷᠡᠭᠵᠢᠭᠦᠯᠦᠭᠰᠡᠨ ᠭᠦᠢ᠍ᠴᠡᠳᠬᠡᠭᠰᠡᠨ ᠠᠯᠪᠠᠳᠠᠯᠭ᠎ᠠ ᠵᠢᠨ ᠴᠢᠨᠠᠷᠲᠠᠶ ᠪᠠᠷᠢᠮᠵᠢᠶ᠎ᠠ᠂ ᠲᠠᠨᠢᠯᠴᠠᠭᠤᠯᠭ᠎ᠠ ᠵᠢᠨ ᠴᠢᠨᠠᠷᠲᠠᠶ ᠪᠠᠷᠢᠮᠵᠢᠶ᠎ᠠ᠂ ᠪᠦᠯᠬᠦᠮ ᠨᠡᠢ᠌ᠲᠡ ᠵᠢᠨ ᠪᠠᠷᠢᠮᠵᠢᠶ᠎ᠠ ᠪᠤᠶᠤ ᠠᠵᠤ ᠠᠬᠤᠶ᠋ᠢᠯᠠᠯ᠎ᠤᠨ ᠪᠠᠷᠢᠮᠵᠢᠶ᠎ᠠ ᠵᠢᠨ ᠳ᠋ᠤᠭ᠋ᠠᠷᠯᠠᠯ ᠪᠠ ᠨᠡᠷᠡᠶ᠋ᠢᠳᠦᠯ ᠵᠶ᠋ᠠᠨ ᠢᠯᠡ ᠨᠡᠢ᠌ᠲᠡᠯᠡᠬᠦ ᠬᠡᠷᠡᠭᠲᠡᠶ᠃
ᠠᠵᠤ ᠠᠬᠤᠶ᠋ᠢᠯᠠᠯ᠎ᠨᠢ ᠠᠵᠤ ᠠᠬᠤᠶ᠋ᠢᠯᠠᠯ᠎ᠤᠨ ᠪᠠᠷᠢᠮᠵᠢᠶ᠎ᠠ ᠵᠢ ᠥᠪᠡᠷᠲᠡᠭᠡᠨ ᠲᠣᠭᠲᠠᠭ᠋ᠠᠬᠤ ᠪᠤᠶᠤ ᠬᠠᠮᠲᠤᠷᠠᠨ ᠲᠣᠭᠲᠠᠭ᠋ᠠᠬᠤ᠎ᠳᠤ᠂ ᠦᠢ᠍ᠯᠡᠳᠬᠦᠨ᠂ ᠦᠢ᠍ᠯᠡᠴᠢᠯᠡᠭᠡᠨ᠎ᠤ ᠴᠢᠳᠠᠮᠵᠢ ᠵᠢᠨ ᠭᠦᠢ᠍ᠴᠡᠳᠬᠡᠬᠦ ᠲᠣᠭ᠎ᠠ ᠪᠣᠯᠤᠨ ᠦᠢ᠍ᠯᠡᠳᠬᠦᠨ᠎ᠤ ᠴᠢᠳᠠᠮᠵᠢ ᠵᠢᠨ ᠭᠦᠢ᠍ᠴᠡᠳᠬᠡᠬᠦ ᠲᠣᠭ᠎ᠠ ᠵᠢᠴᠢ ᠲᠣᠬᠢᠷᠠᠯᠴᠠᠭᠰᠠᠨ ᠲᠤᠷᠰᠢᠯᠲᠠ ᠵᠢᠨ ᠠᠷᠭ᠎ᠠ᠂ ᠰᠢᠯᠭ᠋ᠠᠨ ᠪᠠᠶ᠋ᠢᠴᠠᠭ᠋ᠠᠬᠤ ᠠᠷᠭ᠎ᠠ ᠪᠤᠶᠤ ᠦᠨᠡᠯᠡᠬᠦ ᠠᠷᠭ᠎ᠠ᠎ᠪᠠᠨ ᠢᠯᠡ ᠨᠡᠢ᠌ᠲᠡᠯᠡᠬᠦ ᠬᠡᠷᠡᠭᠲᠡᠶ᠃ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠠᠯᠪᠠᠳᠠᠯᠭ᠎ᠠ ᠵᠢᠨ ᠴᠢᠨᠠᠷᠲᠠᠶ ᠤᠯᠤᠰ᠎ᠤᠨ ᠪᠠᠷᠢᠮᠵᠢᠶ᠎ᠠ᠎ᠳᠤ ᠲᠠᠸᠠᠷ᠎ᠢ ᠬᠡᠲᠦᠷᠡᠲᠡᠯ᠎ᠡ ᠪᠣᠭᠣᠳᠠᠯᠯᠠᠬᠤ ᠵᠢ ᠬᠢᠵᠠᠭ᠋ᠠᠷᠯᠠᠬᠤ ᠲᠤᠬᠠᠶ ᠠᠰᠲᠠᠭ᠋ᠠᠨ ᠲᠣᠭᠲᠠᠭ᠋ᠠᠯ᠎ᠲᠠᠢ ᠪᠣᠯ ᠠᠵᠤ ᠠᠬᠤᠶ᠋ᠢᠯᠠᠯ᠎ᠨᠢ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠡᠷᠡᠭᠯᠡᠵᠦ ᠪᠠᠶ᠋ᠢᠭ᠎ᠠ ᠪᠣᠭᠣᠳᠠᠯ᠎ᠤᠨ ᠪᠠᠷᠢᠮᠵᠢᠶ᠎ᠠ᠎ᠪᠠᠨ ᠢᠯᠡ ᠨᠡᠢ᠌ᠲᠡᠯᠡᠬᠦ ᠬᠡᠷᠡᠭᠲᠡᠶ᠃
ᠠᠵᠤ ᠠᠬᠤᠶ᠋ᠢᠯᠠᠯ᠎ᠤᠨ ᠢᠯᠡ ᠨᠡᠢ᠌ᠲᠡᠯᠡᠬᠦ ᠴᠢᠳᠠᠮᠵᠢ ᠵᠢᠨ ᠭᠦᠢ᠍ᠴᠡᠳᠬᠡᠬᠦ ᠲᠣᠭ᠎ᠠ ᠪᠣᠯᠤᠨ ᠴᠢᠨᠠᠷ ᠴᠢᠨᠰᠠᠭ᠎ᠠ ᠵᠢᠨ ᠭᠦᠢ᠍ᠴᠡᠳᠬᠡᠬᠦ ᠲᠣᠭ᠎ᠠ ᠵᠢᠨ ᠲᠥᠷᠥᠯ ᠵᠦᠢ᠍ᠯ᠎ᠨᠢ ᠲᠠᠨᠢᠯᠴᠠᠭᠤᠯᠭ᠎ᠠ ᠵᠢᠨ ᠴᠢᠨᠠᠷᠲᠠᠶ ᠪᠠᠷᠢᠮᠵᠢᠶ᠎ᠠ᠎ᠠᠴᠠ ᠪᠠᠭ᠎ᠠ ᠪᠤᠶᠤ ᠳᠣᠤᠷ᠎ᠠ ᠪᠠᠶ᠋ᠢᠪᠠᠯ᠂ ᠥᠪᠡᠷ᠎ᠤᠨ ᠢᠯᠡᠷᠬᠡᠢ᠌ᠯᠡᠯ ᠵᠶ᠋ᠡᠨ ᠢᠯᠡ ᠨᠡᠢ᠌ᠲᠡᠯᠡᠬᠦ ᠦᠶ᠎ᠡ᠎ᠳᠤ ᠢᠯᠡ ᠲᠣᠳᠣᠷᠬᠠᠢ᠌ᠯᠠᠬᠤ ᠬᠡᠷᠡᠭᠲᠡᠶ᠃
ᠬᠤᠶᠠᠷ᠂ ᠢᠯᠨ᠎ᠪᠠᠷ ᠨᠠᠶ᠋ᠢᠳᠡᠯᠡᠭᠦ ᠴᠠᠭ ᠬᠤᠭᠤᠴᠠᠭ᠎ᠠ
(ᠨᠢᠭᠡ) ᠨᠡᠶ᠋ᠢᠭᠡᠮ᠎ᠤᠨ ᠪᠦᠯᠬᠦᠮ ᠨᠡᠢ᠌ᠲᠡ᠂ ᠠᠵᠤ ᠠᠬᠤᠶ᠋ᠢᠯᠠᠯ ᠦᠢ᠍ᠯᠡᠳᠬᠦᠨ ᠪᠤᠶᠤ ᠦᠢ᠍ᠯᠡᠴᠢᠯᠡᠭᠡ ᠬᠠᠩᠭ᠋ᠠᠬᠤ᠎ᠠᠴᠠ ᠡᠮᠦᠨ᠎ᠡ᠂ ᠬᠡᠷᠡᠭᠵᠢᠭᠦᠯᠬᠦ ᠪᠠᠷᠢᠮᠵᠢᠶ᠎ᠠ ᠵᠢᠨ ᠮᠡᠳᠡᠭᠡ ᠵᠠᠩᠭᠢ ᠵᠢ ᠥᠪᠡᠷ ᠵᠶ᠋ᠠᠨ ᠢᠯᠡᠷᠬᠡᠶ᠋ᠢᠯᠡᠨ ᠢᠯᠡ ᠨᠡᠢ᠌ᠲᠡᠯᠡᠬᠦ ᠬᠡᠷᠡᠭᠲᠡᠶ᠃ ᠨᠠᠶ᠋ᠢᠳᠠᠵᠤ ᠪᠣᠯᠪᠠᠰᠤᠷᠠᠭᠤᠯᠤᠨ ᠦᠢ᠍ᠯᠡᠳᠪᠦᠷᠢᠯᠡᠭᠦᠯᠦᠭᠰᠡᠨ ᠦᠢ᠍ᠯᠡᠳᠬᠦᠨ ᠪᠤᠶᠤ ᠦᠢ᠍ᠯᠡᠴᠢᠯᠡᠭᠡ ᠬᠠᠩᠭ᠋ᠠᠭᠰᠠᠨ ᠪᠣᠯ ᠨᠠᠶ᠋ᠢᠳᠠᠭᠴᠢ ᠵᠢᠨ ᠭᠦᠢ᠍ᠴᠡᠳᠬᠡᠬᠦ ᠪᠠᠷᠢᠮᠵᠢᠶ᠎ᠠ ᠵᠢᠨ ᠮᠡᠳᠡᠭᠡ ᠵᠠᠩᠭᠢ ᠵᠢ ᠥᠪᠡᠰᠦᠪᠡᠨ ᠢᠯᠡᠷᠬᠡᠶ᠋ᠢᠯᠡᠵᠦ ᠢᠯᠡ ᠨᠡᠢ᠌ᠲᠡᠯᠡᠬᠦ ᠬᠡᠷᠡᠭᠲᠡᠢ᠃
(ᠬᠤᠶᠠᠷ) ᠨᠡᠶ᠋ᠢᠭᠡᠮ᠎ᠤᠨ ᠪᠦᠯᠬᠦᠮ ᠨᠡᠢ᠌ᠲᠡ᠂ ᠠᠵᠤ ᠠᠬᠤᠢ᠌ᠯᠠᠯ᠎ᠤᠨ ᠬᠡᠷᠡᠭᠵᠢᠭᠦᠯᠬᠦ ᠪᠠᠷᠢᠮᠵᠢᠶ᠎ᠠ᠎ᠳᠤ ᠬᠤᠪᠢᠷᠠᠯᠲᠠ ᠭᠠᠷᠪᠠᠯ᠂ ᠥᠪᠡᠰᠦᠪᠡᠨ ᠢᠯᠡᠷᠬᠡᠶ᠋ᠢᠯᠡᠵᠦ ᠢᠯᠡ ᠨᠡᠢ᠌ᠲᠡᠯᠡᠭᠰᠡᠨ ᠠᠭᠤᠯᠭ᠎ᠠ᠎ᠪᠠᠨ ᠴᠠᠭ ᠲᠤᠬᠠᠶ᠎ᠳᠤᠨᠢ ᠰᠢᠨᠡᠳᠬᠡᠬᠦ ᠬᠡᠷᠡᠭᠲᠡᠶ᠃ ᠠᠵᠤ ᠠᠬᠤᠶ᠋ᠢᠯᠠᠯ᠎ᠨᠢ ᠳᠠᠩᠰᠠᠯᠠᠭᠤᠯᠤᠭᠰᠠᠨ ᠵᠶ᠋ᠠᠨ ᠬᠦᠴᠦᠨ ᠦᠭᠡᠶ ᠪᠣᠯᠭ᠋ᠠᠭᠰᠠᠨ᠎ᠤ ᠳᠠᠷᠠᠭ᠎ᠠ᠂ ᠬᠣᠯᠪᠣᠭᠳᠠᠯ ᠪᠦᠬᠦᠢ ᠠᠵᠤ ᠠᠬᠤᠶ᠋ᠢᠯᠠᠯ᠎ᠤᠨ ᠪᠠᠷᠢᠮᠵᠢᠶ᠎ᠠ ᠵᠢ ᠬᠦᠴᠦᠨ ᠦᠭᠡᠶ ᠪᠣᠯᠭ᠋ᠠᠬᠤ ᠬᠡᠷᠡᠭᠲᠡᠶ᠃
ᠭᠤᠷᠪᠠ᠂ ᠢᠯᠡ ᠨᠡᠢ᠌ᠲᠡᠯᠡᠬᠦ ᠠᠷᠭ᠎ᠠ ᠮᠠᠶᠢᠭ
(ᠨᠢᠭᠡ) ᠨᠡᠶ᠋ᠢᠭᠡᠮ᠎ᠤᠨ ᠪᠦᠯᠬᠦᠮ ᠨᠡᠢ᠌ᠲᠡ ᠵᠢᠨ ᠪᠦᠬᠦ ᠤᠯᠤᠰ᠎ᠤᠨ ᠪᠦᠯᠬᠦᠮ ᠨᠡᠢ᠌ᠲᠡ ᠵᠢᠨ ᠪᠠᠷᠢᠮᠵᠢᠶ᠎ᠠ ᠵᠢᠨ ᠮᠡᠳᠡᠭᠡ ᠵᠠᠩᠭᠢ ᠵᠢᠨ ᠲᠠᠪᠴᠠᠩ (https://www.ttbz.org.cn/) ᠵᠶ᠋ᠠᠷ ᠳᠠᠮᠵᠢᠭᠤᠯᠤᠨ ᠥᠪᠡᠷ᠎ᠤᠨ ᠢᠯᠡᠷᠬᠡᠢ᠌ᠯᠡᠯ ᠵᠶ᠋ᠡᠨ ᠢᠯᠡ ᠨᠡᠢ᠌ᠲᠡᠯᠡᠬᠦ ᠵᠢ ᠵᠣᠷᠢᠭᠵᠢᠭᠤᠯᠤᠨ᠎ᠠ᠃ ᠠᠵᠤ ᠠᠬᠤᠶ᠋ᠢᠯᠠᠯ᠎ᠨᠢ ᠠᠵᠤ ᠠᠬᠤᠶ᠋ᠢᠯᠠᠯ᠎ᠤᠨ ᠪᠠᠷᠢᠮᠵᠢᠶ᠎ᠠ ᠵᠢᠨ ᠮᠡᠳᠡᠭᠡ ᠵᠠᠩᠭᠢ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ (https://www.qybz.org.cn/) ᠵᠶ᠋ᠠᠷ ᠥᠪᠡᠷ᠎ᠤᠨ ᠢᠯᠡᠷᠬᠡᠢ᠌ᠯᠡᠯ ᠵᠶ᠋ᠡᠨ ᠢᠯᠡ ᠨᠡᠢ᠌ᠲᠡᠯᠡᠬᠦ ᠵᠢ ᠵᠣᠷᠢᠭᠵᠢᠭᠤᠯᠤᠨ᠎ᠠ᠃
(ᠬᠤᠶᠠᠷ) ᠠᠵᠤ ᠠᠬᠤᠶ᠋ᠢᠯᠠᠯ᠎ᠤᠨ ᠪᠠᠷᠢᠮᠵᠢᠶ᠎ᠠ ᠵᠢ ᠪᠤᠰᠤᠳ ᠠᠷᠭ᠎ᠠ ᠵᠠᠮ ᠵᠶ᠋ᠠᠷ ᠳᠠᠮᠵᠢᠭᠤᠯᠤᠨ ᠥᠪᠡᠷ᠎ᠤᠨ ᠢᠯᠡᠷᠬᠡᠢ᠌ᠯᠡᠯ ᠵᠶ᠋ᠡᠨ ᠢᠯᠡ ᠨᠡᠢ᠌ᠲᠡᠯᠡᠭᠰᠡᠨ ᠪᠠᠶ᠋ᠢᠪᠠᠯ᠂ ᠠᠵᠤ ᠠᠬᠤᠶ᠋ᠢᠯᠠᠯ᠎ᠤᠨ ᠪᠠᠷᠢᠮᠵᠢᠶ᠎ᠠ ᠵᠢᠨ ᠮᠡᠳᠡᠭᠡ ᠵᠠᠩᠭᠢ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠳᠤ ᠢᠯᠡ ᠨᠡᠢ᠌ᠲᠡᠯᠡᠬᠦ ᠠᠷᠭ᠎ᠠ ᠵᠠᠮ᠎ᠢ ᠢᠯᠡ ᠨᠡᠢ᠌ᠲᠡᠯᠡᠬᠦ ᠵᠢᠨ ᠬᠠᠮᠲᠤ᠂ ᠥᠪᠡᠷ᠎ᠤᠨ ᠢᠯᠡᠷᠬᠡᠢ᠌ᠯᠡᠯ ᠵᠶ᠋ᠡᠨ ᠢᠯᠡ ᠨᠡᠢ᠌ᠲᠡᠯᠡᠭᠰᠡᠨ ᠮᠡᠳᠡᠭᠡ ᠵᠠᠩᠭᠢ ᠵᠢ ᠣᠯᠵᠤ ᠪᠣᠯᠬᠤ᠂ ᠨᠡᠬᠡᠮᠵᠢᠯᠡᠵᠦ ᠪᠣᠯᠬᠤ ᠪᠠ ᠥᠭᠡᠷᠡᠲᠦᠭᠦᠯᠦᠨ ᠥᠭᠡᠷᠡᠴᠢᠯᠡᠬᠦ ᠵᠢ ᠰᠡᠷᠭᠡᠢ᠌ᠯᠡᠬᠦ ᠵᠢ ᠦᠨᠡᠨ ᠬᠦ᠌ ᠪᠠᠲᠤᠯᠠᠬᠤ ᠬᠡᠷᠡᠭᠲᠡᠶ᠃
ᠳᠥᠷᠪᠡ᠂ ᠬᠣᠯᠪᠣᠭᠳᠠᠯ ᠪᠦᠬᠦᠢ ᠱᠠᠭ᠋ᠠᠷᠳᠠᠯᠭ᠎ᠠ
(ᠨᠢᠭᠡ) ᠪᠦᠯᠬᠦᠮ ᠨᠡᠶ᠋ᠢᠲᠡ ᠵᠢᠨ ᠪᠠᠷᠢᠮᠵᠢᠶ᠎ᠠ ᠵᠢ ᠲᠣᠭᠲᠠᠭ᠋ᠠᠬᠤ᠂ ᠬᠡᠷᠡᠭᠵᠢᠭᠦᠯᠬᠦ ᠪᠠ ᠬᠢᠨᠠᠯᠲᠠ ᠲᠠᠯᠪᠢᠬᠤ᠎ᠳᠤ 《ᠪᠦᠯᠬᠦᠮ ᠨᠡᠶ᠋ᠢᠲᠡ ᠵᠢᠨ ᠪᠠᠷᠢᠮᠵᠢᠶ᠎ᠠ ᠵᠢᠨ ᠬᠠᠮᠢᠶᠠᠷᠤᠯᠲᠠ ᠵᠢᠨ ᠲᠣᠭᠲᠠᠭ᠋ᠠᠯ》᠎ᠤᠨ ᠱᠠᠭ᠋ᠠᠷᠳᠠᠯᠭ᠎ᠠ᠎ᠳᠤ ᠨᠡᠢ᠌ᠴᠡᠬᠦ ᠬᠡᠷᠡᠭᠲᠡᠶ᠃ ᠠᠵᠤ ᠠᠬᠤᠶ᠋ᠢᠯᠠᠯ᠎ᠤᠨ ᠪᠠᠷᠢᠮᠵᠢᠶ᠎ᠠ ᠵᠢ ᠲᠣᠭᠲᠠᠭ᠋ᠠᠬᠤ᠂ ᠬᠡᠷᠡᠭᠵᠢᠭᠦᠯᠬᠦ ᠪᠠ ᠬᠢᠨᠠᠯᠲᠠ ᠲᠠᠯᠪᠢᠬᠤ᠎ᠳᠤ 《ᠠᠵᠤ ᠠᠬᠤᠶ᠋ᠢᠯᠠᠯ᠎ᠤᠨ ᠪᠠᠷᠢᠮᠵᠢᠶᠠᠵᠢᠯ᠎ᠢ ᠠᠬᠢᠭᠤᠯᠬᠤ ᠠᠷᠭ᠎ᠠ》 ᠵᠢᠨ ᠱᠠᠭ᠋ᠠᠷᠳᠠᠯᠭ᠎ᠠ᠎ᠳᠤ ᠨᠡᠢ᠌ᠴᠡᠬᠦ ᠬᠡᠷᠡᠭᠲᠡᠶ᠃ ᠨᠡᠶ᠋ᠢᠭᠡᠮ᠎ᠤᠨ ᠪᠦᠯᠬᠦᠮ ᠨᠡᠢ᠌ᠲᠡ᠂ ᠠᠵᠤ ᠠᠬᠤᠶ᠋ᠢᠯᠠᠯ᠎ᠨᠢ ᠲᠤᠰ ᠲᠤᠰ ᠪᠦᠯᠬᠦᠮ ᠨᠡᠢ᠌ᠲᠡ ᠵᠢᠨ ᠪᠠᠷᠢᠮᠵᠢᠶ᠎ᠠ᠂ ᠠᠵᠤ ᠠᠬᠤᠶ᠋ᠢᠯᠠᠯ᠎ᠤᠨ ᠪᠠᠷᠢᠮᠵᠢᠶ᠎ᠠ ᠵᠢ ᠲᠣᠭᠲᠠᠭ᠋ᠠᠬᠤ ᠪᠠ ᠬᠡᠷᠡᠭᠵᠢᠭᠦᠯᠬᠦ ᠭᠤᠣᠯ ᠴᠣᠭᠴᠠ ᠪᠠᠶ᠋ᠢᠵᠤ᠂ ᠪᠠᠷᠢᠮᠵᠢᠶ᠎ᠠ ᠵᠢᠨ ᠠᠭᠤᠯᠭ᠎ᠠ ᠵᠢᠴᠢ ᠬᠡᠷᠡᠭᠵᠢᠭᠦᠯᠬᠦ ᠦᠷ᠎ᠡ ᠳ᠋ᠦᠩ᠎ᠳᠤ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃
(ᠬᠤᠶᠠᠷ) ᠨᠡᠶ᠋ᠢᠭᠡᠮ᠎ᠤᠨ ᠪᠦᠯᠬᠦᠮ ᠨᠡᠢ᠌ᠲᠡ ᠵᠢᠨ ᠲᠣᠭᠲᠠᠭ᠋ᠠᠭᠰᠠᠨ ᠪᠦᠯᠬᠦᠮ ᠨᠡᠢ᠌ᠲᠡ ᠵᠢᠨ ᠪᠠᠷᠢᠮᠵᠢᠶ᠎ᠠ᠎ᠨᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠠᠯᠪᠠᠳᠠᠯᠭ᠎ᠠ ᠵᠢᠨ ᠴᠢᠨᠠᠷᠲᠠᠶ ᠪᠠᠷᠢᠮᠵᠢᠶ᠎ᠠ᠂ ᠤᠯᠤᠰ᠎ᠤᠨ ᠬᠤᠯᠪᠣᠭᠳᠠᠯ ᠪᠦᠬᠦᠢ ᠠᠵᠤ ᠦᠢ᠍ᠯᠡᠰ᠎ᠤᠨ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠎ᠳᠤ ᠨᠡᠶ᠋ᠢᠴᠡᠬᠦ ᠦᠭᠡᠢ᠂ ᠡᠰᠡᠬᠦᠯ᠎ᠡ 《ᠡᠬᠢ ᠪᠠᠶᠠᠯᠢᠭ᠎ᠢ ᠰᠢᠨᠵᠢᠯᠡᠬᠦ ᠤᠬᠠᠭ᠋ᠠᠨᠴᠢ᠎ᠪᠠᠷ ᠵᠦᠢ ᠵᠣᠬᠢᠰᠲᠠᠶ᠎ᠪᠠᠷ ᠠᠰᠢᠭᠯᠠᠬᠤ᠎ᠳᠤ ᠠᠰᠢᠭᠲᠠᠢ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠳᠡᠯᠭᠡᠷᠡᠭᠦᠯᠵᠦ᠂ ᠦᠢ᠍ᠯᠡᠳᠬᠦᠨ᠎ᠤ ᠠᠶᠤᠯ ᠦᠭᠡᠢ ᠴᠢᠨᠠᠷ᠂ ᠨᠡᠶ᠋ᠢᠳᠡᠮ ᠬᠡᠷᠡᠭᠯᠡᠬᠦ ᠴᠢᠨᠠᠷ᠂ ᠰᠣᠯᠢᠵᠤ ᠪᠣᠯᠬᠤ ᠴᠢᠨᠠᠷ᠎ᠢ ᠴᠢᠩᠭ᠋ᠠᠷᠠᠭᠤᠯᠤᠨ᠂ ᠠᠵᠤ ᠠᠬᠤᠶ ᠵᠢᠨ ᠦᠷ᠎ᠡ ᠠᠰᠢᠭ᠂ ᠨᠡᠶ᠋ᠢᠭᠡᠮ᠎ᠤᠨ ᠦᠷ᠎ᠡ ᠠᠰᠢᠭ᠂ ᠠᠮᠢ ᠠᠬᠤᠶ ᠵᠢᠨ ᠦᠷ᠎ᠡ ᠠᠰᠢᠭ᠎ᠢ ᠳᠡᠭᠡᠭᠰᠢᠯᠡᠭᠦᠯᠵᠦ᠂ ᠮᠡᠷᠭᠡᠵᠢᠯ᠎ᠤᠨ ᠲᠠᠯ᠎ᠠ᠎ᠪᠠᠷ ᠲᠡᠷᠢᠭᠦᠨ᠎ᠤ᠂ ᠠᠵᠤ ᠠᠬᠤᠶ ᠵᠢᠨ ᠲᠠᠯ᠎ᠠ᠎ᠪᠠᠷ ᠵᠦᠢ ᠵᠣᠬᠢᠰᠲᠠᠶ》 ᠪᠠᠢ᠌ᠬᠤ᠎ᠲᠠᠢ ᠨᠡᠢ᠌ᠴᠡᠬᠦ ᠦᠭᠡᠢ ᠪᠠᠢ᠌ᠪᠠᠯ᠂ ᠪᠠᠷᠢᠮᠵᠢᠶᠠᠵᠢᠯ᠎ᠤᠨ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠵᠤ ᠪᠠᠶ᠋ᠢᠭ᠋ᠠᠳ ᠬᠤᠭᠤᠴᠠᠭ᠎ᠠ ᠬᠢᠵᠠᠭ᠋ᠠᠷᠯᠠᠨ ᠵᠠᠯᠠᠷᠠᠭᠤᠯᠤᠨ᠎ᠠ᠃ ᠬᠤᠭᠤᠴᠠᠭ᠎ᠠ᠎ᠨᠢ ᠬᠡᠲᠦᠷᠡᠭᠡᠳ ᠵᠠᠯᠠᠷᠠᠭᠤᠯᠤᠭᠰᠠᠨ ᠦᠭᠡᠢ ᠪᠠᠶ᠋ᠢᠪᠠᠯ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠠᠴᠠ ᠬᠠᠮᠢᠶ᠎ᠠ ᠪᠦᠬᠦᠢ ᠪᠦᠯᠬᠦᠮ ᠨᠡᠢ᠌ᠲᠡ ᠵᠢᠨ ᠪᠠᠷᠢᠮᠵᠢᠶ᠎ᠠ ᠵᠢ ᠬᠦᠴᠦᠨ ᠦᠭᠡᠢ ᠪᠣᠯᠭ᠋ᠠᠵᠤ᠂ ᠪᠦᠬᠦ ᠤᠯᠤᠰ᠎ᠤᠨ ᠪᠦᠯᠬᠦᠮ ᠨᠡᠢ᠌ᠲᠡ ᠵᠢᠨ ᠪᠠᠷᠢᠮᠵᠢᠶ᠎ᠠ ᠵᠢᠨ ᠮᠡᠳᠡᠭᠡ ᠵᠠᠩᠭᠢ ᠵᠢᠨ ᠲᠠᠪᠴᠠᠩ᠎ᠳᠤ ᠢᠯᠡ ᠨᠡᠶ᠋ᠢᠲᠡᠯᠡᠬᠦ ᠵᠢᠨ ᠬᠠᠮᠲᠤ᠂ ᠨᠡᠶ᠋ᠢᠭᠡᠮ᠎ᠤᠨ ᠪᠦᠯᠬᠦᠮ ᠨᠡᠢ᠌ᠲᠡ ᠵᠢᠨ ᠳᠠᠩᠰᠠᠯᠠᠨ ᠬᠠᠮᠢᠶᠠᠷᠬᠤ ᠪᠠᠶ᠋ᠢᠭᠤᠯᠭ᠎ᠠ᠎ᠳᠤ ᠮᠡᠳᠡᠭᠳᠡᠵᠦ᠂ ᠨᠡᠶ᠋ᠢᠭᠡᠮ᠎ᠤᠨ ᠪᠦᠯᠬᠦᠮ ᠨᠡᠢ᠌ᠲᠡ ᠵᠢᠨ ᠳᠠᠩᠰᠠᠯᠠᠨ ᠬᠠᠮᠢᠶᠠᠷᠬᠤ ᠪᠠᠶ᠋ᠢᠭᠤᠯᠭ᠎ᠠ᠎ᠠᠴᠠ ᠲᠡᠭᠦᠨ᠎ᠤ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠨᠡᠶ᠋ᠢᠭᠡᠮ᠎ᠤᠨ ᠪᠦᠯᠬᠦᠮ ᠨᠡᠢ᠌ᠲᠡ ᠵᠢᠨ ᠢᠲᠡᠭᠡᠮᠵᠢ ᠵᠢᠨ ᠰᠢᠰᠲ᠋ᠧᠮᠵᠢ᠎ᠳᠤ ᠣᠷᠣᠭᠤᠯᠤᠨ᠎ᠠ᠃
(ᠭᠤᠷᠪᠠ) ᠠᠵᠤ ᠠᠬᠤᠶ᠋ᠢᠯᠠᠯ᠎ᠤᠨ ᠪᠠᠷᠢᠮᠵᠢᠶ᠎ᠠ ᠵᠢᠨ ᠥᠪᠡᠷ᠎ᠤᠨ ᠢᠯᠡᠷᠬᠡᠢ᠌ᠯᠡᠯ᠎ᠢ ᠢᠯᠡ ᠨᠡᠢ᠌ᠲᠡᠯᠡᠬᠦ᠎ᠨᠢ 《ᠠᠵᠤ ᠠᠬᠤᠶ᠋ᠢᠯᠠᠯ᠎ᠤᠨ ᠪᠠᠷᠢᠮᠵᠢᠶᠠᠵᠢᠯ᠎ᠢ ᠠᠬᠢᠭᠤᠯᠬᠤ ᠠᠷᠭ᠎ᠠ》 ᠵᠢᠨ ᠲᠣᠭᠲᠠᠭ᠋ᠠᠯ᠎ᠳᠤ ᠨᠡᠶ᠋ᠢᠴᠡᠬᠦ ᠥᠬᠡᠶ ᠪᠣᠯ᠂ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠠᠴᠠ ᠵᠠᠷᠯᠢᠭᠳᠠᠵᠤ ᠪᠠᠶ᠋ᠢᠭ᠋ᠠᠳ ᠬᠤᠭᠤᠴᠠᠭ᠎ᠠ ᠬᠢᠵᠠᠭ᠋ᠠᠷᠯᠠᠨ ᠵᠠᠯᠠᠷᠠᠭᠤᠯᠤᠨ᠎ᠠ; ᠬᠤᠭᠤᠴᠠᠭ᠎ᠠ᠎ᠨᠢ ᠬᠡᠲᠦᠷᠡᠭᠡᠳ ᠵᠠᠯᠠᠷᠠᠭᠤᠯᠤᠭᠰᠠᠨ ᠦᠭᠡᠢ ᠪᠣᠯ ᠠᠵᠤ ᠠᠬᠤᠶ᠋ᠢᠯᠠᠯ᠎ᠤᠨ ᠪᠠᠷᠢᠮᠵᠢᠶ᠎ᠠ ᠵᠢᠨ ᠮᠡᠳᠡᠭᠡ ᠵᠠᠩᠭᠢ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ ᠳᠡᠭᠡᠷ᠎ᠡ ᠢᠯᠡ ᠨᠡᠶ᠋ᠢᠲᠡᠯᠡᠨ᠎ᠡ᠃
(ᠳᠥᠷᠪᠡ) ᠪᠦᠯᠬᠦᠮ ᠨᠡᠢ᠌ᠲᠡ ᠵᠢᠨ ᠪᠠᠷᠢᠮᠵᠢᠶ᠎ᠠ ᠵᠢ ᠬᠡᠷᠡᠭᠵᠢᠭᠦᠯᠦᠭᠰᠡᠨ ᠦᠷ᠎ᠡ ᠪᠦᠲᠦᠮᠵᠢ᠎ᠨᠢ ᠰᠠᠶ᠋ᠢᠨ ᠪᠠᠶ᠋ᠢᠬᠤ ᠮᠥᠷᠲᠡᠭᠡᠨ ᠤᠯᠤᠰ᠎ᠤᠨ ᠪᠠᠷᠢᠮᠵᠢᠶ᠎ᠠ᠂ ᠠᠵᠢᠯ ᠲᠥᠷᠥᠯ᠎ᠤᠨ ᠪᠠᠷᠢᠮᠵᠢᠶ᠎ᠠ ᠪᠤᠶᠤ ᠣᠷᠣᠨ ᠨᠤᠲᠤᠭ᠎ᠤᠨ ᠪᠠᠷᠢᠮᠵᠢᠶ᠎ᠠ ᠲᠣᠭᠲᠠᠭ᠋ᠠᠬᠤ ᠱᠠᠭ᠋ᠠᠷᠳᠠᠯᠭ᠎ᠠ᠎ᠳᠤ ᠨᠡᠶ᠋ᠢᠴᠡᠭᠰᠡᠨ ᠪᠠᠶ᠋ᠢᠪᠠᠯ᠂ ᠪᠦᠯᠬᠦᠮ ᠨᠡᠢ᠌ᠲᠡ ᠵᠢᠨ ᠪᠠᠷᠢᠮᠵᠢᠶ᠎ᠠ ᠵᠢ ᠨᠡᠶ᠋ᠢᠲᠡᠯᠡᠬᠦ ᠪᠠᠶ᠋ᠢᠭᠤᠯᠤᠮᠵᠢ᠎ᠠᠴᠠ ᠤᠯᠤᠰ᠎ᠤᠨ ᠪᠠᠷᠢᠮᠵᠢᠶ᠎ᠠ᠂ ᠠᠵᠢᠯ ᠲᠥᠷᠥᠯ᠎ᠤᠨ ᠪᠠᠷᠢᠮᠵᠢᠶ᠎ᠠ ᠪᠤᠶᠤ ᠣᠷᠣᠨ ᠨᠤᠲᠤᠭ᠎ᠤᠨ ᠪᠠᠷᠢᠮᠵᠢᠶ᠎ᠠ ᠪᠣᠯᠭ᠋ᠠᠨ ᠬᠤᠪᠢᠷᠠᠭᠤᠯᠬᠤ᠎ᠪᠠᠷ ᠭᠤᠶᠤᠴᠢᠯᠠᠵᠤ ᠪᠣᠯᠤᠨ᠎ᠠ᠃ ᠲᠠᠨᠢᠯᠴᠠᠭᠤᠯᠭ᠎ᠠ ᠵᠢᠨ ᠴᠢᠨᠠᠷᠲᠠᠶ ᠤᠯᠤᠰ᠎ᠤᠨ ᠪᠠᠷᠢᠮᠵᠢᠶ᠎ᠠ ᠪᠦᠯᠬᠦᠮ ᠨᠡᠢ᠌ᠲᠡ ᠵᠢᠨ ᠪᠠᠷᠢᠮᠵᠢᠶ᠎ᠠ ᠵᠢ ᠦᠨᠡᠮᠰᠢᠬᠦ᠎ᠳᠤ 《〈ᠲᠠᠨᠢᠯᠴᠠᠭᠤᠯᠭ᠎ᠠ ᠵᠢᠨ ᠴᠢᠨᠠᠷᠲᠠᠶ ᠤᠯᠤᠰ᠎ᠤᠨ ᠪᠠᠷᠢᠮᠵᠢᠶ᠎ᠠ ᠪᠦᠯᠬᠦᠮ ᠨᠡᠢ᠌ᠲᠡ ᠵᠢᠨ ᠪᠠᠷᠢᠮᠵᠢᠶ᠎ᠠ ᠵᠢ ᠦᠨᠡᠮᠰᠢᠬᠦ ᠲᠦᠷ ᠬᠡᠷᠡᠭᠵᠢᠭᠦᠯᠬᠦ ᠲᠣᠭᠲᠠᠭ᠋ᠠᠯ〉᠎ᠢ ᠳᠠᠷᠤᠮᠠᠯᠯᠠᠨ ᠶᠠᠪᠤᠭᠤᠯᠬᠤ ᠲᠤᠬᠠᠶ ᠤᠯᠤᠰ᠎ᠤᠨ ᠪᠠᠷᠢᠮᠵᠢᠶᠠᠵᠢᠯ᠎ᠤᠨ ᠬᠠᠮᠢᠶᠠᠷᠤᠯᠲᠠ ᠵᠢᠨ ᠵᠥᠪᠯᠡᠯ᠎ᠤᠨ ᠮᠡᠳᠡᠭᠳᠡᠯ》 (ᠤᠯᠤᠰ᠎ᠤᠨ ᠪᠠᠷᠢᠮᠵᠢᠶᠠᠵᠢᠯ᠎ᠤᠨ ᠵᠥᠪᠯᠡᠯ ᠲᠠᠷᠬᠠᠭ᠋ᠠᠭᠰᠠᠨ [2023] 39 ᠳ᠋ᠦ᠍ᠭᠡᠷ ᠲᠣᠭ᠋ᠠᠲᠤ) ᠶᠣᠰᠣᠭ᠋ᠠᠷ ᠬᠡᠷᠡᠭᠵᠢᠭᠦᠯᠦᠨ᠎ᠡ᠃
(ᠲᠠᠪᠤ) ᠡᠯ᠎ᠠ ᠠᠢ᠍ᠮᠠᠭ ᠬᠤᠳᠡ ᠵᠢᠨ ᠵᠠᠬ᠎ᠠ ᠳᠡᠯᠭᠡᠬᠦᠷ᠎ᠤᠨ ᠬᠢᠨᠡᠯᠳᠡ ᠬᠠᠮᠢᠶᠡᠷᠦᠯᠳᠡ ᠵᠢᠨ ᠲᠣᠪᠴᠢᠶ᠎ᠠ᠎ᠨᠢ ᠪᠦᠯᠬᠦᠮ ᠨᠡᠢ᠌ᠲᠡ ᠵᠢᠨ ᠪᠡᠷᠢᠮᠵᠢᠶ᠎ᠠ᠂ ᠠᠵᠦ ᠠᠬᠤᠶ᠋ᠢᠯᠠᠯ᠎ᠤᠨ ᠪᠠᠷᠢᠮᠵᠢᠶᠠᠵᠢᠯ᠎ᠤᠨ ᠠᠵᠢᠯ᠎ᠢ ᠵᠢᠯᠥᠭᠤᠳᠬᠤ ᠪᠠ ᠬᠢᠨᠡᠯᠳᠡ ᠳᠡᠯᠪᠢᠬᠤ ᠵᠢ ᠴᠢᠩᠭ᠋ᠠᠳᠬᠠᠵᠦ᠂ ᠨᠡᠢ᠌ᠭᠡᠮ᠎ᠤᠨ ᠪᠦᠯᠬᠦᠮ ᠨᠡᠢ᠌ᠲᠡ᠂ ᠠᠵᠦ ᠠᠬᠤᠶ᠋ᠢᠯᠠᠯ᠎ᠢ ᠵᠢᠯᠥᠭᠤᠳᠴᠥ ᠪᠠᠢ᠌ᠭ᠋ᠠᠳ ᠪᠠᠷᠢᠮᠵᠢᠶ᠎ᠠ ᠵᠢᠨ ᠥᠪᠡᠷ᠎ᠤᠨ ᠢᠯᠡᠷᠬᠡᠢ᠌ᠯᠡᠯ᠎ᠢ ᠢᠯᠡ ᠨᠡᠢ᠌ᠲᠡᠯᠡᠬᠦ ᠠᠵᠢᠯ᠎ᠢ ᠰᠠᠢ᠌ᠲᠤᠷ ᠬᠢᠬᠦ ᠭᠡᠷᠡᠭᠳᠡᠢ᠃ ᠠᠵᠤ ᠠᠬᠤᠶ᠋ᠢᠯᠠᠯ᠎ᠤᠨ᠎ᠶᠢᠨ ᠥᠪᠡᠷ᠎ᠤᠨ ᠢᠯᠡᠷᠬᠡᠢ᠌ᠯᠡᠯ᠎ᠢ ᠢᠯᠡ ᠨᠡᠢ᠌ᠲᠡᠯᠡᠭᠰᠡᠨ ᠲᠤᠭ᠎ᠠ ᠭᠡᠮᠵᠢᠶ᠎ᠠ ᠵᠢᠨ ᠨᠡᠮᠡᠭᠳᠡᠭᠰᠡᠨ ᠨᠣᠷᠮ᠎ᠠ ᠪᠠ ᠪᠦᠯᠬᠦᠮ ᠨᠡᠶ᠋ᠢᠲᠡ ᠵᠢᠨ ᠪᠠᠷᠢᠮᠵᠢᠶ᠎ᠠ ᠵᠢᠨ ᠥᠪᠡᠷ᠎ᠤᠨ ᠢᠯᠡᠷᠬᠡᠢ᠌ᠯᠡᠯ᠎ᠢ ᠢᠯᠡ ᠨᠡᠢ᠌ᠲᠡᠯᠡᠭᠰᠡᠨ ᠨᠡᠮᠡᠭᠳᠡᠯ᠎ᠤᠨ ᠲᠤᠭ᠎ᠠ ᠭᠡᠮᠵᠢᠶ᠎ᠠ ᠵᠢ ᠬᠠᠮᠢᠶ᠎ᠠ ᠪᠦᠬᠦᠢ ᠰᠢᠯᠭ᠋ᠠᠨ ᠬᠢᠨᠠᠬᠤ ᠠᠭᠤᠯᠭ᠎ᠠ᠎ᠳᠤ ᠣᠷᠣᠭᠤᠯᠥᠨ᠎ᠠ᠃
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠤᠪᠴᠢᠶ᠎ᠠ
2024 ᠣᠨ᠎ᠤ 2 ᠳ᠋ᠤᠭ᠋ᠠᠷ ᠰᠠᠷ᠎ᠠ ᠵᠢᠨ 22᠎ᠤᠨ ᠡᠳᠦᠷ