ᠣᠶ᠋ᠢᠷ᠎ᠠ᠎ᠳᠤ᠂ ᠤᠯᠤᠰ᠎ᠤᠨ ᠪᠠᠷᠢᠮᠵᠢᠶ᠎ᠠ ᠵᠢᠨ ᠵᠥᠪᠯᠡᠯ 《2024 ᠣᠨ᠎ᠤ ᠪᠥᠬᠦ ᠤᠯᠤᠰ᠎ᠤᠨ ᠪᠠᠷᠢᠮᠵᠢᠶᠠᠵᠢᠯ ᠵᠢᠨ ᠠᠵᠢᠯ᠎ᠤᠨ ᠭᠤᠤᠯᠳᠠᠯᠭ᠎ᠠ》 (ᠳᠣᠷᠣᠭᠰᠢ 《ᠠᠵᠢᠯ᠎ᠤᠨ ᠭᠤᠤᠯᠳᠠᠯᠭ᠎ᠠ》 ᠭᠡᠵᠦ ᠲᠣᠪᠴᠢᠯᠠᠨ᠎ᠠ) ᠵᠢ ᠳᠠᠷᠤᠮᠠᠯᠯᠠᠨ ᠲᠠᠷᠬᠠᠭ᠋ᠠᠵᠤ᠂ ᠶᠠᠰᠤ ᠴᠢᠨᠠᠷ᠎ᠤᠨ ᠲᠤᠯᠭ᠋ᠠᠭᠤᠷᠢᠯᠠᠯ ᠪᠠ ᠪᠠᠷᠢᠮᠵᠢᠶ᠎ᠠ᠎ᠪᠠᠷ ᠬᠥᠲᠥᠯᠦᠨ ᠳᠠᠭ᠋ᠠᠭᠤᠯᠬᠤ ᠵᠢ ᠴᠢᠩᠭ᠋ᠠᠳᠬᠠᠨ᠂ 《ᠤᠯᠤᠰ᠎ᠤᠨ ᠪᠠᠷᠢᠮᠵᠢᠶᠠᠵᠢᠯ ᠵᠢᠨ ᠬᠥᠭᠵᠢᠯᠲᠡ ᠵᠢᠨ ᠬᠥᠲᠥᠯᠪᠦᠷᠢ》 ᠵᠢᠨ ᠡᠯ᠎ᠡ ᠵᠦᠢ᠍ᠯ᠎ᠤᠨ ᠭᠤᠤᠯᠳᠠᠯᠭ᠎ᠠ᠎ᠲᠠᠢ ᠡᠭᠦᠷᠭᠡ ᠵᠢᠨ ᠬᠡᠷᠡᠭᠵᠢᠭᠦᠯᠦᠯᠲᠡ ᠵᠢ ᠭᠦᠨᠵᠡᠭᠡᠶ ᠠᠬᠢᠭᠤᠯᠪᠠ᠃
《ᠠᠵᠢᠯ᠎ᠤᠨ ᠭᠤᠣᠯᠳᠠᠯᠭ᠎ᠠ》᠎ᠨᠢ ᠤᠯᠤᠰ᠎ᠤᠨ ᠳᠣᠲᠣᠭ᠋ᠠᠳᠤ ᠵᠢᠨ ᠬᠡᠷᠡᠭᠴᠡᠭᠡ ᠵᠢ ᠬᠦᠴᠦᠯᠡᠨ ᠥᠷᠭᠡᠳᠬᠡᠵᠦ᠂ ᠰᠢᠨ᠎ᠡ ᠨᠢᠭᠡ ᠡᠭᠡᠯᠵᠢ ᠵᠢᠨ ᠪᠠᠷᠢᠮᠵᠢᠶ᠎ᠠ ᠵᠢᠨ ᠲᠡᠰ ᠳᠡᠪᠰᠢᠬᠦ ᠵᠢ ᠲᠦᠷᠭᠡᠳᠬᠡᠨ ᠠᠬᠢᠭᠤᠯᠬᠤ; ᠤᠯᠠᠨ ᠤᠯᠤᠰ᠎ᠤᠨ ᠥᠷᠢᠰᠥᠯᠳᠦᠭᠡᠨ᠎ᠤ ᠬᠠᠮᠲᠤᠷᠠᠯᠴᠠᠭ᠋ᠠᠨ᠎ᠤ ᠰᠢᠨ᠎ᠡ ᠳᠠᠪᠠᠭᠤᠯᠢᠭ᠎ᠢ ᠪᠤᠶ᠋ᠢᠵᠢᠭᠤᠯᠵᠤ᠂ ᠪᠠᠷᠢᠮᠵᠢᠶ᠎ᠠ ᠵᠢᠨ ᠳᠡᠯᠡᠬᠡᠶ᠋ᠢᠵᠢᠯᠲᠡ ᠵᠢᠨ ᠦᠰᠦᠷᠦᠯᠲᠡ ᠵᠢᠨ ᠢᠨᠵᠧᠨᠧᠷᠢᠩ᠎ᠢ ᠶᠡᠬᠡᠪᠡᠷ ᠬᠡᠷᠡᠭᠵᠢᠭᠦᠯᠬᠦ; ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠶᠡᠬᠡᠪᠡᠷ ᠪᠠᠶ᠋ᠢᠭᠤᠯᠵᠤ᠂ ᠨᠢᠭᠡ ᠪᠦᠯᠦᠭ ᠪᠠᠷᠢᠮᠵᠢᠶ᠎ᠠ ᠵᠢᠨ ᠬᠡᠯᠬᠢᠶ᠎ᠡ ᠵᠢ ᠲᠣᠭᠲᠠᠪᠤᠷᠢᠵᠢᠭᠤᠯᠬᠤ ᠴᠢᠬᠤᠯᠠ ᠶᠡᠭᠡ ᠪᠡᠯᠭᠡ ᠲᠡᠮᠳᠡᠭ᠎ᠤᠨ ᠴᠢᠨᠠᠷᠲᠠᠢ ᠲᠦᠷᠦᠯ ᠵᠦᠢ᠍ᠯ᠎ᠢ ᠬᠦᠴᠦ᠎ᠪᠠᠨ ᠲᠥᠪᠯᠡᠷᠡᠭᠦᠯᠦᠨ ᠥᠷᠨᠢᠭᠦᠯᠬᠦ; ᠪᠦᠬᠦ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠤᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ ᠰᠢᠨ᠎ᠡ ᠬᠡᠯᠪᠡᠷᠢ ᠵᠢᠨ ᠪᠠᠷᠢᠮᠵᠢᠶ᠎ᠠ ᠵᠢᠨ ᠰᠢᠰᠲ᠋ᠧᠮ᠎ᠢ ᠦᠷᠭᠦᠯᠵᠢᠯᠡᠨ ᠰᠢᠯᠢᠳᠡᠭᠵᠢᠭᠦᠯᠵᠦ᠂ ᠪᠠᠷᠢᠮᠵᠢᠶ᠎ᠠ ᠵᠢᠨ ᠬᠡᠷᠡᠭᠵᠢᠭᠦᠯᠦᠯᠲᠡ ᠬᠡᠷᠡᠭᠯᠡᠯᠲᠡ ᠵᠢ ᠭᠤᠣᠯᠳᠠᠯᠭ᠎ᠠ᠎ᠲᠠᠢ ᠴᠢᠩᠭ᠋ᠠᠳᠬᠠᠬᠤ; ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠦ ᠬᠡᠯᠪᠡᠷᠢ ᠵᠢᠨ ᠠᠵᠤ ᠠᠬᠤᠢ ᠵᠢᠨ ᠰᠢᠨ᠎ᠡ ᠪᠠᠶ᠋ᠢᠭᠤᠯᠤᠯ᠎ᠢ ᠪᠠᠶ᠋ᠢᠭᠤᠯᠵᠤ᠂ ᠪᠠᠷᠢᠮᠵᠢᠶ᠎ᠠ ᠵᠢᠨ ᠲᠦᠷᠢᠮ᠎ᠤᠨ ᠬᠡᠯᠪᠡᠷᠢ ᠵᠢᠨ ᠨᠡᠭᠡᠭᠡᠯᠳᠡ ᠵᠢ ᠯᠠᠪᠳᠠᠭᠤᠨ ᠵᠶ᠋ᠠᠷ ᠥᠷᠭᠡᠳᠬᠡᠬᠦ; ᠪᠠᠷᠢᠮᠵᠢᠶᠠᠵᠢᠯ᠎ᠤᠨ ᠦᠢ᠍ᠯᠡᠰ᠎ᠤᠨ ᠲᠤᠰ ᠪᠡᠶ᠎ᠡ ᠵᠢᠨ ᠴᠢᠨᠠᠷ ᠰᠠᠶ᠋ᠢᠲᠠᠢ ᠬᠥᠭᠵᠢᠯᠲᠡ ᠵᠢ ᠪᠡᠶᠡᠯᠡᠭᠦᠯᠵᠦ᠂ ᠪᠠᠷᠢᠮᠵᠢᠶᠠᠵᠢᠯ᠎ᠤᠨ ᠬᠥᠭᠵᠢᠯᠲᠡ ᠵᠢᠨ ᠰᠠᠭᠤᠷᠢ ᠵᠢ ᠬᠦᠴᠦᠯᠡᠨ ᠪᠠᠬᠢᠵᠢᠭᠦᠯᠬᠦ᠂ ᠪᠠᠷᠢᠮᠵᠢᠶᠠᠵᠢᠯ᠎ᠤᠨ ᠨᠥᠯᠥᠭᠡᠯᠡᠬᠦ ᠬᠦᠴᠦᠨ᠎ᠢ ᠥᠷᠭᠡᠳᠬᠡᠬᠦ ᠵᠡᠷᠭᠡ 6 ᠲᠠᠯ᠎ᠠ᠎ᠠᠴᠠ 2024 ᠣᠨ᠎ᠤ ᠪᠦᠬᠦ ᠤᠯᠤᠰ᠎ᠤᠨ ᠪᠠᠷᠢᠮᠵᠢᠶᠠᠵᠢᠯ᠎ᠤᠨ ᠭᠤᠣᠯᠳᠠᠯᠭ᠎ᠠ᠎ᠲᠠᠢ ᠠᠵᠢᠯ᠎ᠳᠤ ᠪᠠᠶ᠋ᠢᠷᠢᠯᠠᠭᠤᠯᠤᠯᠲᠠ ᠬᠢᠪᠡ᠃
ᠪᠣᠳᠠᠲᠠᠢ᠎ᠪᠠᠷ ᠠᠪᠴᠤ ᠦᠵᠡᠪᠡᠯ᠂ 《ᠠᠵᠢᠯ᠎ᠤᠨ ᠭᠤᠣᠯᠳᠠᠯᠭ᠎ᠠ》 ᠵᠢ ᠨᠡᠶ᠋ᠢᠳᠡ 90 ᠵᠤᠷᠪᠤᠰ ᠪᠣᠯᠭ᠋ᠠᠨ ᠨᠠᠷᠢᠯᠢᠬ᠍ᠵᠢᠭᠤᠯᠪᠠ᠃ ᠡᠭᠦᠨ᠎ᠳᠤ᠂ ᠤᠯᠤᠰ᠎ᠤᠨ ᠳᠣᠲᠣᠭ᠋ᠠᠳᠤ ᠵᠢᠨ ᠬᠡᠷᠡᠭᠴᠡᠭᠡ ᠱᠠᠭ᠋ᠠᠷᠳᠠᠯᠭ᠎ᠠ ᠵᠢ ᠥᠷᠭᠡᠳᠬᠡᠬᠦ ᠲᠠᠯ᠎ᠠ᠎ᠪᠠᠷ᠂ ᠡᠨᠧᠷᠭᠢ ᠵᠢᠨ ᠬᠤᠷᠣᠭᠳᠠᠯ᠎ᠤᠨ ᠬᠢᠵᠠᠭ᠋ᠠᠷ ᠲᠤᠭ᠎ᠠ᠂ ᠦᠢ᠍ᠯᠡᠳᠬᠦᠨ᠎ᠤ ᠲᠥᠬᠦᠭᠡᠷᠦᠮᠵᠢ ᠵᠢᠨ ᠡᠨᠧᠷᠭᠢ ᠵᠢᠨ ᠠᠰᠢᠭᠯᠠᠮᠵᠢ ᠵᠢᠨ ᠠᠯᠪᠠᠳᠠᠯᠭ᠎ᠠ ᠵᠢᠨ ᠴᠢᠨᠠᠷᠲᠠᠶ ᠤᠯᠤᠰ᠎ᠤᠨ ᠪᠠᠷᠢᠮᠵᠢᠶ᠎ᠠ᠎ᠳᠤ ᠱᠠᠯᠠᠪᠳᠠᠨ ᠵᠠᠰᠠᠪᠤᠷᠢ ᠣᠷᠣᠭᠤᠯᠬᠤ᠂ ᠤᠯᠠᠮᠵᠢᠯᠠᠯᠲᠤ ᠠᠵᠢᠯ ᠲᠥᠷᠥᠯ᠎ᠢ ᠲᠠᠰ ᠳᠡᠪᠰᠢᠭᠦᠯᠦᠨ ᠥᠭᠡᠷᠡᠴᠢᠯᠡᠬᠦ ᠵᠢ ᠬᠥᠲᠥᠯᠦᠨ ᠳᠠᠭ᠋ᠠᠭᠤᠯᠬᠤ ᠵᠡᠷᠭᠡ ᠵᠢ ᠪᠠᠭᠲᠠᠭ᠋ᠠᠬᠤ ᠮᠥᠷᠲᠡᠭᠡᠨ ᠰᠢᠨ᠎ᠡ ᠬᠡᠯᠪᠡᠷᠢ ᠵᠢᠨ ᠡᠨᠧᠷᠭᠢ ᠬᠠᠳᠠᠭ᠋ᠠᠯᠠᠬᠤ᠂ ᠤᠰᠤᠲᠥ᠋ᠷᠥᠭᠴᠢ ᠡᠨᠧᠷᠭᠢ᠂ ᠠᠮᠤᠷ ᠲᠦᠪᠰᠢᠨ᠎ᠤ ᠪᠠᠴᠢᠮ ᠪᠠᠶ᠋ᠢᠳᠠᠯ᠎ᠢ ᠠᠷᠭ᠋ᠠᠴᠠᠬᠤ ᠲᠣᠨᠤᠭ ᠲᠥᠬᠦᠭᠡᠷᠦᠮᠵᠢ ᠵᠡᠷᠭᠡ ᠬᠦᠷᠢᠶᠡᠨ᠎ᠳᠤ ᠨᠢᠭᠡ ᠪᠦᠯᠦᠭ ᠰᠢᠨ᠎ᠡ ᠪᠠᠷᠢᠮᠵᠢᠶ᠎ᠠ ᠵᠢ ᠤᠷᠢᠳᠴᠢᠯᠠᠨ ᠪᠠᠶ᠋ᠢᠷᠢᠯᠠᠭᠤᠯᠬᠤ᠂ ᠰᠢᠨ᠎ᠡ ᠡᠵᠡᠩᠨᠡᠯᠲᠡ ᠵᠢᠨ ᠬᠡᠯᠪᠡᠷᠢ ᠰᠢᠨ᠎ᠡ ᠵᠠᠭᠪᠤᠷ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠴᠢᠭᠯᠡᠯ᠎ᠢ ᠬᠥᠲᠥᠯᠦᠨ ᠵᠢᠯᠣᠭᠤᠳᠬᠤ ᠵᠢ ᠪᠠᠭᠲᠠᠭ᠋ᠠᠨ᠎ᠠ᠃ ᠪᠠᠷᠢᠮᠵᠢᠶ᠎ᠠ ᠵᠢᠨ ᠳᠡᠯᠡᠬᠡᠶ᠋ᠢᠵᠢᠯᠲᠡ ᠵᠢᠨ ᠦᠰᠦᠷᠦᠯᠲᠡ ᠵᠢᠨ ᠢᠨᠵᠧᠨᠧᠷᠢᠩ᠎ᠢ ᠬᠡᠷᠡᠭᠵᠢᠭᠦᠯᠬᠦ ᠲᠠᠯ᠎ᠠ᠎ᠪᠠᠷ᠂ 《ᠠᠵᠢᠯ᠎ᠤᠨ ᠭᠤᠣᠯᠳᠠᠯᠭ᠎ᠠ》᠎ᠳᠤ ᠲᠣᠳᠣᠷᠬᠠᠢ᠌ᠯᠠᠭᠰᠠᠨ᠎ᠨᠢ᠂ ᠡᠯ᠎ᠡ ᠲᠠᠯ᠎ᠠ ᠵᠢᠨ᠎ᠬᠢᠨ᠎ᠤ ᠡᠯ᠎ᠡ ᠳᠡᠯᠡᠬᠡᠢ ᠵᠢᠨ ᠴᠢᠨᠠᠷᠲᠠᠢ ᠲᠤᠰᠬᠠᠢ ᠮᠡᠷᠭᠡᠵᠢᠯ᠎ᠤᠨ ᠪᠠᠷᠢᠮᠵᠢᠶ᠎ᠠ ᠵᠢᠨ ᠵᠣᠬᠢᠶᠠᠨ ᠪᠠᠶ᠋ᠢᠭᠤᠯᠤᠯᠲᠠ ᠵᠢᠨ ᠠᠵᠢᠯᠯᠠᠭ᠎ᠠ᠎ᠳᠤ ᠨᠡᠩ ᠥᠷᠭᠡᠨ ᠵᠶ᠋ᠠᠷ ᠣᠷᠣᠯᠴᠠᠬᠤ ᠵᠢ ᠵᠣᠷᠢᠭᠵᠢᠭᠤᠯᠵᠤ᠂ ᠠᠭᠤᠷ ᠠᠮᠢᠰᠬᠤᠯ᠎ᠤᠨ ᠬᠤᠪᠢᠷᠠᠯᠲᠠ᠂ ᠮᠥᠩᠭᠦᠨ ᠭᠦᠢ᠍ᠯᠭᠡᠭᠡᠨ᠎ᠤ ᠦᠢ᠍ᠯᠡᠴᠢᠯᠡᠭᠡ᠂ ᠲᠣᠭ᠋ᠠᠴᠢᠯᠠᠭᠰᠠᠨ ᠠᠵᠤ ᠠᠬᠤᠢ᠂ ᠰᠢᠨ᠎ᠡ ᠡᠨᠧᠷᠭᠢ᠂ ᠠᠭ᠋ᠠᠷ᠎ᠤᠨ ᠠᠶᠠᠯᠠᠯ ᠰᠠᠨᠰᠠᠷ᠎ᠤᠨ ᠠᠶᠠᠯᠠᠯ᠂ ᠣᠩᠭᠤᠴᠠ ᠰᠠᠯ᠂ ᠬᠢᠲᠠᠳ ᠡᠮ ᠡᠮᠨᠡᠯᠭᠡ ᠵᠡᠷᠭᠡ ᠭᠤᠣᠯᠳᠠᠯᠭ᠎ᠠ᠎ᠲᠠᠢ ᠬᠦᠷᠢᠶᠡᠨ᠎ᠳᠤ ᠨᠢᠭᠡ ᠪᠦᠯᠦᠭ ᠤᠯᠠᠨ ᠤᠯᠤᠰ᠎ᠤᠨ ᠪᠠᠷᠢᠮᠵᠢᠶ᠎ᠠ ᠵᠢᠨ ᠰᠠᠨᠠᠯ ᠳᠤᠷᠠᠳᠤᠯᠭ᠎ᠠ ᠵᠢ ᠳᠤᠷᠠᠳᠴᠠᠢ᠃
ᠪᠦᠬᠦ ᠤᠯᠤᠰ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠠᠵᠢᠯ᠎ᠤᠨ ᠬᠤᠷᠠᠯ᠎ᠠᠴᠠ᠂ ᠨᠢᠭᠡ ᠪᠦᠯᠦᠭ ᠪᠠᠷᠢᠮᠵᠢᠶ᠎ᠠ ᠵᠢᠨ ᠬᠡᠯᠬᠢᠶ᠎ᠡ ᠵᠢ ᠲᠣᠭᠲᠠᠪᠤᠷᠢᠵᠢᠭᠤᠯᠬᠤ ᠬᠡᠯᠬᠢᠶ᠎ᠡ ᠵᠢᠨ ᠴᠢᠬᠤᠯᠠ ᠶᠡᠭᠡ ᠪᠡᠯᠭᠡ ᠲᠡᠮᠳᠡᠭ᠎ᠤᠨ ᠴᠢᠨᠠᠷᠲᠠᠶ ᠲᠥᠷᠥᠯ ᠵᠦᠢ᠍ᠯ᠎ᠢ ᠬᠡᠷᠡᠭᠵᠢᠭᠦᠯᠦᠨ᠎ᠡ ᠭᠡᠵᠦ ᠳᠤᠷᠠᠳᠤᠨ ᠭᠠᠷᠭ᠋ᠠᠪᠠ᠂ ᠰᠤᠷᠪᠤᠯᠵᠢᠯᠠᠭᠴᠢ ᠵᠢᠨ ᠠᠩᠬᠠᠷᠤᠭᠰᠠᠨ ᠵᠶ᠋ᠠᠷ᠂ 《ᠠᠵᠢᠯ᠎ᠤᠨ ᠭᠤᠤᠯᠳᠠᠯᠭ᠎ᠠ》᠎ᠳᠠᠬᠢ ᠲᠡᠭᠦᠨ᠎ᠯᠦᠭᠡ ᠬᠤᠯᠪᠣᠭᠳᠠᠬᠤ ᠵᠦᠢ᠍ᠯ ᠨᠡᠶ᠋ᠢᠲᠡ 14 ᠵᠤᠷᠪᠤᠰ ᠪᠠᠶ᠋ᠢᠨ᠎ᠠ᠂ ᠡᠲᠡᠭᠡᠷ ᠲᠥᠷᠥᠯ ᠵᠦᠢ᠍ᠯ᠎ᠳᠤ ᠭᠤᠣᠯᠯᠠᠬᠤ ᠰᠡᠯᠪᠢᠭ ᠲᠣᠨᠤᠭ (ᠲᠣᠨᠣᠭᠯᠠᠭ᠋ᠠᠰᠤ)᠂ ᠵᠠᠩᠭᠢᠯᠠᠭ᠎ᠠ ᠵᠢᠨ ᠰᠠᠭᠤᠷᠢ ᠮᠠᠲ᠋ᠧᠷᠢᠶᠠᠯ᠂ ᠲᠡᠷᠢᠭᠦᠨ᠎ᠤ ᠰᠠᠭᠤᠷᠢ ᠠᠵᠤ ᠦᠢ᠍ᠯᠡᠳᠪᠦᠷᠢ᠂ ᠠᠵᠤ ᠦᠢ᠍ᠯᠡᠰ᠎ᠤᠨ ᠮᠡᠷᠭᠡᠵᠢᠯ᠎ᠤᠨ ᠰᠠᠭᠤᠷᠢ ᠵᠡᠷᠭᠡ ᠠᠵᠤ ᠦᠢ᠍ᠯᠡᠰ᠎ᠤᠨ ᠰᠠᠭᠤᠷᠢ ᠪᠠᠷᠢᠮᠵᠢᠶ᠎ᠠ ᠵᠢᠨ ᠰᠢᠰᠲ᠋ᠧᠮ᠎ᠢ ᠪᠦᠷᠢᠨᠰᠢᠭᠦᠯᠬᠦ ᠵᠢ ᠪᠠᠭᠲᠠᠭ᠋ᠠᠵᠤ᠂ ᠠᠵᠤ ᠦᠢ᠍ᠯᠡᠳᠪᠦᠷᠢ ᠵᠢᠨ ᠵᠢᠷᠤᠭ ᠲᠥᠯᠥᠪᠯᠡᠭᠡ᠂ ᠠᠵᠤ ᠦᠢ᠍ᠯᠡᠳᠪᠦᠷᠢ ᠵᠢᠨ ᠳᠠᠭᠤᠷᠢᠶᠠᠮᠠᠯ᠂ ᠳ᠋ᠠᠢ᠌ᠲ᠋ᠠ ᠵᠢᠨ ᠬᠥᠮᠥᠷᠭᠡ ᠵᠡᠷᠭᠡ ᠠᠵᠤ ᠦᠢ᠍ᠯᠡᠳᠪᠦᠷᠢ ᠵᠢᠨ ᠵᠥᠭᠡᠯᠡᠨ ᠲᠣᠨᠤᠭ᠎ᠤᠨ ᠪᠠᠷᠢᠮᠵᠢᠶ᠎ᠠ ᠵᠢ ᠲᠦᠷᠭᠡᠳᠬᠡᠨ ᠲᠣᠭᠲᠠᠭ᠋ᠠᠵᠤ᠂ ᠬᠤᠪᠣᠷ ᠰᠢᠷᠣᠶ ᠵᠢᠨ ᠨᠠᠷᠢᠯᠢᠭ ᠬᠦᠳᠡᠷ᠎ᠢ ᠮᠠᠯᠲᠠᠵᠤ ᠰᠢᠯᠢᠬᠦ᠂ ᠬᠤᠪᠣᠷ ᠰᠢᠷᠣᠶ ᠪᠣᠯᠪᠠᠰᠤᠷᠠᠭᠤᠯᠵᠤ ᠰᠠᠯᠭ᠋ᠠᠬᠤ᠂ ᠳᠡᠭᠡᠳᠦ ᠲᠠᠰ᠎ᠤᠨ ᠬᠤᠪᠣᠷ ᠰᠢᠷᠣᠶ ᠵᠢ ᠪᠣᠯᠪᠠᠰᠤᠷᠠᠭᠤᠯᠬᠤ᠂ ᠬᠤᠪᠣᠷ ᠰᠢᠷᠣᠶ ᠵᠢᠨ ᠬᠤᠶᠠᠳᠠᠬᠢ ᠤᠳᠠᠭ᠋ᠠᠨ᠎ᠤ ᠡᠬᠢ ᠪᠠᠶᠠᠯᠢᠭ᠎ᠢ ᠡᠭᠡᠭᠦᠯᠦᠨ ᠬᠤᠷᠢᠶᠠᠬᠤ ᠵᠡᠷᠭᠡ ᠪᠠᠷᠢᠮᠵᠢᠶ᠎ᠠ ᠵᠢ ᠨᠡᠶ᠋ᠢᠲᠡᠯᠡᠨ ᠬᠡᠷᠡᠭᠵᠢᠭᠦᠯᠵᠦ᠂ ᠳᠠᠬᠢᠯᠲᠠ ᠪᠣᠯᠣᠳ ᠲᠡᠮᠦᠷ᠎ᠤᠨ ᠲᠦᠭᠦᠬᠡᠶ ᠮᠠᠲ᠋ᠧᠷᠢᠶᠠᠯ᠂ ᠳᠠᠬᠢᠯᠲᠠ ᠥᠨᠳᠥᠷ ᠳᠤᠯᠠᠭ᠋ᠠᠨ᠎ᠤ ᠬᠠᠶ᠋ᠢᠯᠤᠰᠢ ᠵᠢᠨ ᠲᠦᠭᠦᠬᠡᠶ ᠮᠠᠲ᠋ᠧᠷᠢᠶᠠᠯ᠂ ᠳᠠᠬᠢᠯᠲᠠ ᠰᠦᠯᠢᠶᠣᠣ ᠪᠠ ᠭᠤᠮ ᠵᠡᠷᠭᠡ ᠳᠠᠬᠢᠯᠲᠠ ᠮᠠᠲ᠋ᠧᠷᠢᠶᠠᠯ᠎ᠤᠨ ᠪᠠᠷᠢᠮᠵᠢᠶ᠎ᠠ ᠵᠢ ᠲᠦᠷᠭᠡᠪᠴᠢᠯᠡᠨ ᠰᠤᠳᠤᠯᠤᠨ ᠪᠦᠲᠦᠭᠡᠵᠦ᠂ ᠤᠶᠤᠨᠲᠤ ᠰᠦᠯᠵᠢᠶᠡᠨ᠎ᠤ ᠬᠤᠯᠪᠣᠭ᠋ᠠᠯᠠᠭᠰᠠᠨ ᠮᠠᠰᠢᠨ ᠲᠡᠷᠭᠡ ᠵᠢᠯᠣᠭᠤᠳᠬᠤ᠎ᠳᠤ ᠲᠤᠰᠠᠯᠠᠬᠤ ᠠᠮᠤᠷ ᠲᠦᠪᠰᠢᠨ᠎ᠤ ᠲᠣᠭᠤᠷᠢᠨ᠎ᠳᠤ᠂ ᠲᠡᠷᠢᠭᠦᠨ᠎ᠤ ᠵᠢᠯᠣᠭᠤᠳᠬᠤ᠎ᠳᠤ ᠲᠤᠰᠠᠯᠠᠬᠤ ᠰᠢᠰᠲ᠋ᠧᠮ (ADAS)᠎ᠤᠨ ᠰᠢᠷᠢᠰ ᠠᠮᠤᠷ ᠲᠦᠪᠰᠢᠨ᠎ᠤ ᠪᠠᠷᠢᠮᠵᠢᠶ᠎ᠠ ᠵᠡᠷᠭᠡ ᠵᠢ ᠨᠡᠶ᠋ᠢᠲᠡᠯᠡᠨ ᠬᠡᠷᠡᠭᠵᠢᠭᠦᠯᠦᠨ᠎ᠡ᠃
《ᠤᠯᠤᠰ᠎ᠤᠨ ᠪᠠᠷᠢᠮᠵᠢᠶᠠᠵᠢᠯ ᠵᠢᠨ ᠬᠥᠭᠵᠢᠯᠲᠡ ᠵᠢᠨ ᠬᠥᠲᠥᠯᠪᠦᠷᠢ》᠎ᠳᠤ ᠪᠠᠷᠢᠮᠵᠢᠶ᠎ᠠ ᠵᠢᠨ ᠰᠢᠨ᠎ᠡ ᠵᠢ ᠡᠭᠦᠳᠬᠦ ᠬᠡᠯᠪᠡᠷᠢ ᠵᠢᠨ ᠠᠵᠤ ᠠᠬᠤᠶ᠋ᠢᠯᠠᠯ᠎ᠤᠨ ᠳᠦᠷᠢᠮ᠎ᠢ ᠪᠠᠢ᠌ᠭᠤᠯᠤᠨ᠎ᠠ ᠭᠡᠵᠦ ᠳᠤᠷᠠᠳᠴᠠᠢ᠃ 2023 ᠣᠨ᠎ᠳᠤ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ 《ᠪᠠᠷᠢᠮᠵᠢᠶ᠎ᠠ ᠵᠢᠨ ᠰᠢᠨ᠎ᠡ ᠵᠢ ᠡᠭᠦᠳᠬᠦ ᠬᠡᠯᠪᠡᠷᠢ ᠵᠢᠨ ᠠᠵᠤ ᠠᠬᠤᠶ᠋ᠢᠯᠠᠯ᠎ᠢ ᠪᠤᠶ᠋ᠢᠵᠢᠭᠤᠯᠬᠤ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢ ᠳᠠᠷᠤᠮᠠᠯᠯᠠᠨ ᠲᠠᠷᠬᠠᠭ᠋ᠠᠵᠤ᠂ ᠠᠵᠤ ᠠᠬᠤᠶ᠋ᠢᠯᠠᠯ᠎ᠤᠨ ᠪᠠᠷᠢᠮᠵᠢᠶ᠎ᠠ᠂ ᠮᠡᠷᠭᠡᠵᠢᠯ᠂ ᠦᠢ᠍ᠯᠡᠴᠢᠯᠡᠭᠡ ᠵᠢᠴᠢ ᠬᠠᠮᠢᠶᠠᠷᠤᠯᠲᠠ ᠵᠢ ᠬᠠᠷᠢᠯᠴᠠᠨ ᠬᠥᠳᠡᠯᠦᠯᠴᠡᠵᠦ ᠬᠥᠭᠵᠢᠭᠦᠯᠬᠦ ᠲᠠᠯ᠎ᠠ᠎ᠪᠠᠷ᠎ᠬᠢ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠤᠯᠠᠮ ᠨᠢᠭᠡ ᠠᠯᠬᠤᠮ ᠬᠥᠭᠵᠢᠭᠡᠪᠡ᠃ 《ᠠᠵᠢᠯ᠎ᠤᠨ ᠭᠤᠤᠯᠳᠠᠯᠭ᠎ᠠ》᠎ᠳᠤ᠂ 2024 ᠣᠨ᠎ᠳᠤ ᠪᠠᠷᠢᠮᠵᠢᠶ᠎ᠠ ᠵᠢᠨ ᠰᠢᠨ᠎ᠡ ᠵᠢ ᠡᠭᠦᠳᠬᠦ ᠬᠡᠯᠪᠡᠷᠢ ᠵᠢᠨ ᠠᠵᠤ ᠠᠬᠤᠶ᠋ᠢᠯᠠᠯ᠎ᠢ 300 ᠭᠠᠷᠤᠶ ᠳᠠᠪᠠᠭᠤᠯᠬᠤ ᠵᠢᠨ ᠬᠠᠮᠲᠤ ᠠᠵᠤ ᠠᠬᠤᠶ᠋ᠢᠯᠠᠯ᠎ᠤᠨ ᠪᠠᠷᠢᠮᠵᠢᠶ᠎ᠠ ᠵᠢᠨ 《ᠳᠠᠭ᠋ᠠᠭᠤᠯᠤᠭᠴᠢ》 ᠵᠢ ᠴᠢᠷᠮᠠᠶ᠋ᠢᠨ ᠡᠭᠦᠳᠬᠦ ᠵᠢ ᠵᠣᠷᠢᠭᠵᠢᠭᠤᠯᠵᠤ᠂ ᠪᠠᠷᠢᠮᠵᠢᠶ᠎ᠠ᠎ᠳᠤ ᠬᠠᠷᠭᠤᠭᠤᠯᠵᠤ ᠪᠠᠷᠢᠮᠵᠢᠶ᠎ᠠ᠎ᠳᠤ ᠬᠦᠷᠦᠭᠦᠯᠦᠨ ᠳᠡᠭᠡᠭᠰᠢᠯᠡᠭᠦᠯᠬᠦ ᠠᠵᠢᠯᠯᠠᠭ᠎ᠠ ᠵᠢ ᠭᠦᠨᠵᠡᠭᠡᠶ ᠥᠷᠨᠢᠭᠦᠯᠦᠨ᠎ᠡ; ᠨᠢᠭᠡ ᠪᠦᠯᠦᠭ ᠤᠯᠤᠰ᠎ᠤᠨ ᠮᠡᠷᠭᠡᠵᠢᠯ᠎ᠤᠨ ᠪᠠᠷᠢᠮᠵᠢᠶ᠎ᠠ ᠵᠢᠨ ᠰᠢᠨ᠎ᠡ ᠵᠢ ᠡᠭᠦᠳᠬᠦ ᠰᠠᠭᠤᠷᠢᠨ ᠭᠠᠵᠠᠷ᠎ᠢ ᠰᠢᠨ᠎ᠡ᠎ᠪᠠᠷ ᠵᠥᠪᠰᠢᠶᠡᠷᠡᠨ ᠪᠥᠲᠥᠭᠡᠨ ᠪᠠᠶ᠋ᠢᠭᠤᠯᠵᠤ᠂ 《ᠤᠯᠤᠰ᠎ᠤᠨ ᠮᠡᠷᠭᠡᠵᠢᠯ᠎ᠤᠨ ᠪᠠᠷᠢᠮᠵᠢᠶ᠎ᠠ ᠵᠢᠨ ᠰᠢᠨ᠎ᠡ ᠵᠢ ᠡᠭᠦᠳᠬᠦ ᠰᠠᠭᠤᠷᠢᠨ ᠭᠠᠵᠠᠷ᠎ᠤᠨ ᠬᠠᠮᠢᠶᠠᠷᠤᠯᠲᠠ ᠵᠢᠨ ᠠᠷᠭ᠎ᠠ》᠎ᠳᠤ ᠵᠠᠰᠠᠪᠤᠷᠢ ᠣᠷᠣᠭᠤᠯᠵᠤ᠂ ᠰᠢᠨ᠎ᠡ ᠵᠢ ᠡᠭᠦᠳᠬᠦ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠪᠠ ᠬᠠᠮᠢᠶᠠᠷᠤᠯᠲᠠ ᠵᠢ ᠴᠢᠩᠭ᠋ᠠᠳᠬᠠᠨ᠂ ᠮᠡᠷᠭᠡᠵᠢᠯ᠎ᠤᠨ ᠪᠣᠭᠤᠮᠲᠠ ᠰᠢᠪᠲᠤᠯᠬᠤ᠂ ᠪᠠᠷᠢᠮᠵᠢᠶ᠎ᠠ ᠵᠢ ᠰᠤᠳᠤᠯᠤᠨ ᠪᠦᠲᠦᠭᠡᠬᠦ᠂ ᠠᠵᠤ ᠦᠢ᠍ᠯᠡᠰ᠎ᠢ ᠳᠡᠯᠭᠡᠷᠡᠭᠦᠯᠬᠦ ᠵᠢ ᠵᠡᠷᠭᠡ᠎ᠪᠡᠷ ᠠᠬᠢᠭᠤᠯᠵᠤ᠂ ᠲᠡᠷᠢᠭᠦᠨ᠎ᠤ ᠬᠡᠷᠡᠭᠯᠡᠭᠡᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠢ ᠴᠠᠭ ᠲᠤᠬᠠᠶ᠎ᠳᠤᠨᠢ ᠪᠠᠷᠢᠮᠵᠢᠶ᠎ᠠ᠎ᠳᠤ ᠠᠭᠤᠰᠤᠯᠴᠠᠭᠤᠯᠵᠤ᠂ ᠪᠠᠷᠢᠮᠵᠢᠶ᠎ᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ ᠭᠡᠵᠦ ᠲᠣᠳᠣᠷᠬᠠᠢ᠌ᠯᠠᠪᠠ᠃