ᠳᠠᠷᠠᠭ᠎ᠠ ᠰᠠᠷ᠎ᠠ᠎ᠠᠴᠠ ᠡᠬᠢᠯᠡᠨ ᠬᠠᠮᠤᠭ᠎ᠤᠨ ᠰᠢᠨ᠎ᠡ ᠲᠣᠭᠲᠠᠭ᠋ᠠᠯ᠎ᠢ ᠬᠡᠷᠡᠭᠵᠢᠭᠦᠯᠦᠨ᠎ᠡ᠂ ᠲᠦᠷᠭᠡᠨ ᠬᠦᠷᠭᠡᠯᠲᠡ᠎ᠢ ᠳᠤᠷ᠎ᠠ᠎ᠪᠠᠷ ᠵᠶ᠋ᠠᠨ ᠥᠷᠲᠡᠭᠡ ᠪᠠ ᠲᠦᠷᠭᠡᠨ ᠬᠦᠷᠭᠡᠯᠲᠡ ᠵᠢᠨ ᠬᠤᠷᠭᠤ᠎ᠳᠤ ᠲᠠᠯᠪᠢᠵᠤ ᠪᠣᠯᠬᠤ ᠦᠭᠡᠢ!
2024-02-27

ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠰᠦᠯᠵᠢᠶᠡᠨ᠎ᠤ ᠮᠡᠳᠡᠭᠡ ᠵᠢ ᠦᠨᠳᠦᠰᠦᠯᠡᠪᠡᠯ᠂ 2023 ᠣᠨ᠎ᠤ 12 ᠳ᠋ᠤᠭ᠋ᠠᠷ ᠰᠠᠷ᠎ᠠ ᠵᠢᠨ 8᠎ᠤ ᠡᠳᠦᠷ 28 ᠳ᠋ᠤᠭ᠋ᠠᠷ ᠤᠳᠠᠭ᠋ᠠᠨ᠎ᠤ ᠶᠠᠮᠤᠨ᠎ᠤ ᠶᠠᠪᠤᠳᠠᠯ᠎ᠤᠨ ᠬᠤᠷᠠᠯ᠎ᠠᠴᠠ ᠪᠠᠲᠤᠯᠠᠭᠰᠠᠨ 《ᠲᠦᠷᠭᠡᠨ ᠬᠦᠷᠭᠡᠯᠲᠡ ᠵᠢᠨ ᠵᠠᠬ᠎ᠠ ᠳᠡᠯᠭᠡᠭᠦᠷ᠎ᠤᠨ ᠬᠠᠮᠢᠶᠠᠷᠤᠯᠲᠠ ᠵᠢᠨ ᠠᠷᠭ᠎ᠠ》 (ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠵᠠᠷᠯᠢᠭ 2023 ᠣᠨ᠎ᠤ 22 ᠳ᠋ᠤᠭ᠋ᠠᠷ ᠲᠣᠭ᠋ᠠᠲᠤ) ᠵᠢ 2024 ᠣᠨ᠎ᠤ 3 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃

《ᠠᠷᠭ᠎ᠠ》᠎ᠳᠤ᠂ ᠲᠦᠷᠭᠡᠨ ᠬᠦᠷᠭᠡᠯᠲᠡ ᠵᠢᠨ ᠲᠤᠬᠠᠶ᠋ᠢᠯᠠᠭᠰᠠᠨ ᠠᠵᠢᠯ ᠡᠵᠡᠩᠨᠡᠵᠦ ᠪᠠᠶ᠋ᠢᠭ᠎ᠠ ᠠᠵᠤ ᠠᠬᠤᠶ᠋ᠢᠯᠠᠯ᠎ᠨᠢ ᠤᠯᠤᠰ᠎ᠤᠨ ᠲᠣᠭᠲᠠᠭ᠋ᠠᠯ ᠶᠣᠰᠣᠭ᠋ᠠᠷ᠂ ᠲᠦᠷᠭᠡᠨ ᠬᠦᠷᠭᠡᠯᠲᠡ ᠵᠢᠨ ᠪᠣᠭᠤᠳᠠᠯ ᠪᠠᠭᠯᠠᠭ᠎ᠠ ᠵᠢ ᠪᠠᠷᠢᠮᠵᠢᠶᠠᠵᠢᠭᠤᠯᠬᠤ᠂ ᠡᠷᠭᠢᠯᠳᠦᠭᠦᠯᠬᠦ᠂ ᠬᠡᠮᠵᠢᠶ᠎ᠡ ᠵᠢ᠎ᠨᠢ ᠪᠠᠭ᠋ᠠᠰᠬᠠᠬᠤ᠂ ᠬᠤᠣᠷᠳᠠᠭᠤᠯᠤᠯ ᠦᠭᠡᠢ ᠪᠣᠯᠭ᠋ᠠᠬᠤ ᠵᠢ ᠠᠬᠢᠭᠤᠯᠵᠤ᠂ ᠬᠡᠲᠦᠷᠡᠲᠡᠯ᠎ᠡ ᠪᠣᠭᠤᠳᠠᠯᠯᠠᠬᠤ᠎ᠠᠴᠠ ᠵᠠᠶ᠋ᠢᠯᠠᠰᠬᠢᠬᠦ ᠬᠡᠷᠡᠭᠲᠡᠢ ᠭᠡᠵᠦ ᠲᠣᠭᠲᠠᠭ᠋ᠠᠵᠠᠢ᠃ ᠲᠦᠷᠭᠡᠨ ᠬᠦᠷᠭᠡᠯᠲᠡ ᠵᠢᠨ ᠠᠵᠢᠯ᠎ᠢ ᠡᠵᠡᠩᠨᠡᠵᠦ ᠪᠠᠶ᠋ᠢᠭ᠎ᠠ ᠠᠵᠤ ᠠᠬᠤᠶ᠋ᠢᠯᠠᠯ ᠣᠷᠴᠢᠨ ᠲᠣᠭᠣᠷᠢᠨ᠎ᠢ ᠬᠠᠮᠠᠭ᠋ᠠᠯᠠᠬᠤ᠎ᠳᠤ ᠠᠰᠢᠭᠲᠠᠢ ᠦᠢ᠍ᠯᠡᠳᠬᠦᠨ᠎ᠢ ᠡᠩ ᠲᠡᠷᠢᠭᠦᠨ᠎ᠳᠤ ᠬᠤᠳᠠᠯᠳᠤᠨ ᠠᠪᠴᠤ᠂ ᠤᠯᠤᠰ᠎ᠤᠨ ᠠᠯᠪᠠᠳᠠᠯᠭ᠎ᠠ ᠵᠢᠨ ᠴᠢᠨᠠᠷᠲᠠᠶ ᠪᠠᠷᠢᠮᠵᠢᠶ᠎ᠠ᠎ᠳᠤ ᠨᠡᠶ᠋ᠢᠴᠡᠭᠰᠡᠨ ᠪᠣᠭᠣᠳᠠᠯᠯᠠᠬᠤ ᠦᠢ᠍ᠯᠡᠳᠬᠦᠨ᠎ᠢ ᠬᠡᠷᠡᠭᠯᠡᠬᠦ ᠬᠡᠷᠡᠭᠲᠡᠶ᠂ ᠬᠡᠷᠡᠭᠯᠡᠬᠦ ᠵᠢ ᠤᠯᠤᠰ᠎ᠠᠴᠠ ᠴᠠᠭ᠋ᠠᠵᠠᠯᠠᠭᠰᠠᠨ ᠰᠦᠯᠢᠶᠣᠤ ᠦᠢ᠍ᠯᠡᠳᠬᠦᠨ᠎ᠢ ᠬᠡᠷᠡᠭᠯᠡᠵᠦ ᠪᠣᠯᠬᠤ ᠦᠭᠡᠶ ᠭ᠋ᠡᠵᠦ ᠲᠣᠭᠲᠠᠭ᠋ᠠᠵᠠᠢ᠃

《ᠠᠷᠭ᠎ᠠ》᠎ᠳᠤ᠂ ᠲᠦᠷᠭᠡᠨ ᠬᠦᠷᠭᠡᠯᠲᠡ ᠵᠢᠨ ᠲᠤᠬᠠᠶ᠋ᠢᠯᠠᠭᠰᠠᠨ ᠠᠵᠢᠯ᠎ᠢ ᠡᠵᠡᠩᠨᠡᠵᠦ ᠪᠠᠶ᠋ᠢᠭ᠎ᠠ ᠠᠵᠤ ᠠᠬᠤᠶ᠋ᠢᠯᠠᠯ᠎ᠨᠢ ᠬᠡᠷᠡᠭᠯᠡᠭᠴᠢ ᠵᠢᠨ ᠵᠥᠪᠰᠢᠶᠡᠷᠡᠯ ᠦᠭᠡᠢ᠎ᠪᠠᠷ ᠲᠦᠷᠭᠡᠨ ᠬᠦᠷᠭᠡᠯᠲᠡ ᠵᠢᠨ ᠵᠦᠢ᠍ᠯ᠎ᠢ ᠣᠷᠣᠯᠠᠨ ᠬᠣᠷᠢᠶᠠᠨ ᠠᠪᠤᠭᠰᠠᠨ᠎ᠢ ᠨᠤᠲᠠᠯᠠᠵᠤ ᠪᠣᠯᠬᠤ ᠦᠭᠡᠢ᠂ ᠲᠦᠷᠭᠡᠨ ᠬᠦᠷᠭᠡᠯᠲᠡ ᠵᠢᠨ ᠵᠦᠢ᠍ᠯ᠎ᠢ ᠤᠶᠤᠨᠲᠤ ᠲᠦᠷᠭᠡᠨ ᠬᠦᠷᠭᠡᠯᠲᠡ ᠵᠢᠨ ᠵᠦᠢ᠍ᠯ᠎ᠤᠨ ᠬᠠᠶ᠋ᠢᠷᠴᠠᠭ᠂ ᠲᠦᠷᠭᠡᠨ ᠬᠦᠷᠭᠡᠯᠲᠡ ᠵᠢᠨ ᠦᠢ᠍ᠯᠡᠴᠢᠯᠡᠭᠡᠨ᠎ᠤ ᠥᠷᠲᠡᠭᠡ ᠵᠡᠷᠭᠡ ᠲᠦᠷᠭᠡᠨ ᠬᠦᠷᠭᠡᠯᠲᠡ ᠵᠢᠨ ᠵᠦᠢ᠍ᠯ᠎ᠤᠨ ᠲᠥᠬᠦᠭᠡᠷᠦᠮᠵᠢ᠎ᠳᠤ ᠳᠤᠷ᠎ᠠ᠎ᠪᠠᠷ ᠵᠶ᠋ᠠᠨ ᠬᠦᠷᠭᠡᠵᠦ ᠪᠣᠯᠬᠤ ᠦᠭᠡᠢ ᠭᠡᠵᠦ ᠱᠠᠭ᠋ᠠᠷᠳᠠᠪᠠ᠃

《ᠠᠷᠭ᠎ᠠ》᠎ᠳᠤ ᠵᠢᠭ᠋ᠠᠵᠤ ᠭᠠᠷᠭ᠋ᠠᠭᠰᠠᠨ᠎ᠨᠢ᠂ ᠲᠦᠷᠭᠡᠨ ᠬᠦᠷᠭᠡᠯᠲᠡ ᠵᠢᠨ ᠲᠤᠬᠠᠶ᠋ᠢᠯᠠᠭᠰᠠᠨ ᠠᠵᠢᠯ ᠡᠵᠡᠩᠨᠡᠭᠰᠡᠨ ᠠᠵᠤ ᠠᠬᠤᠶ᠋ᠢᠯᠠᠯ᠎ᠳᠤ ᠳᠣᠤᠷᠠᠬᠢ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠰᠢᠤᠳᠠᠨ᠎ᠤ ᠶᠠᠪᠤᠳᠠᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠵᠠᠷᠯᠢᠭᠳᠠᠵᠤ ᠪᠠᠶ᠋ᠢᠭ᠋ᠠᠳ ᠵᠠᠯᠠᠷᠠᠭᠤᠯᠵᠤ᠂ ᠰᠡᠷᠡᠮᠵᠢᠯᠡᠭᠦᠯᠬᠦ ᠪᠤᠶᠤ ᠨᠡᠪᠲᠡᠷᠡᠭᠦᠯᠦᠨ ᠰᠢᠭᠦᠮᠵᠢᠯᠡᠵᠦ᠂ 1 ᠲᠦᠮᠡᠨ ᠲᠥᠭᠦᠷᠢᠭ᠎ᠠᠴᠠ ᠳᠣᠭᠤᠭᠰᠢ ᠵᠣᠭᠤᠰ ᠵᠶ᠋ᠠᠷ ᠲᠣᠷᠭ᠋ᠠᠬᠤ᠎ᠪᠠᠷ ᠨᠡᠶ᠋ᠢᠯᠡᠭᠦᠯᠦᠨ ᠰᠢᠢ᠍ᠳᠬᠡᠵᠦ ᠪᠣᠯᠤᠨ᠎ᠠ; ᠦᠢ᠍ᠯᠡ ᠪᠠᠶ᠋ᠢᠳᠠᠯ᠎ᠨᠢ ᠬᠦᠨᠳᠦ ᠨᠣᠴᠢᠲᠠᠶ ᠪᠠᠶ᠋ᠢᠪᠠᠯ᠂ 1 ᠲᠦᠮᠡᠨ ᠲᠥᠭᠦᠷᠢᠭ᠎ᠠᠴᠠ ᠳᠡᠭᠡᠭᠰᠢ 3 ᠲᠦᠮᠡᠨ ᠲᠥᠭᠦᠷᠢᠭ᠎ᠠᠴᠠ ᠳᠣᠭᠤᠭᠰᠢ ᠵᠣᠭᠤᠰ ᠵᠶ᠋ᠠᠷ ᠲᠣᠷᠭ᠋ᠠᠬᠤ᠎ᠪᠠᠷ ᠰᠢᠢ᠍ᠳᠬᠡᠨ᠎ᠡ; ᠬᠡᠷᠡᠭᠯᠡᠭᠴᠢ ᠵᠢᠨ ᠵᠥᠪᠰᠢᠶᠡᠷᠡᠯ ᠦᠭᠡᠢ᠎ᠪᠠᠷ ᠲᠦᠷᠭᠡᠨ ᠬᠦᠷᠭᠡᠯᠲᠡ ᠵᠢᠨ ᠵᠦᠢ᠍ᠯ᠎ᠢ ᠣᠷᠣᠯᠠᠨ ᠬᠦᠯᠢᠶᠡᠨ ᠠᠪᠤᠭᠰᠠᠨ᠎ᠢ ᠨᠤᠲᠠᠯᠠᠭᠰᠠᠨ; ᠬᠡᠷᠡᠭᠯᠡᠭᠴᠢ ᠵᠢᠨ ᠵᠥᠪᠰᠢᠶᠡᠷᠡᠯ ᠦᠭᠡᠢ᠎ᠪᠠᠷ ᠳᠤᠷ᠎ᠠ᠎ᠪᠠᠷ ᠵᠶ᠋ᠠᠨ ᠤᠶᠤᠨᠲᠤ ᠲᠦᠷᠭᠡᠨ ᠬᠦᠷᠭᠡᠯᠲᠡ ᠵᠢᠨ ᠵᠦᠢ᠍ᠯ᠎ᠤᠨ ᠬᠠᠶ᠋ᠢᠷᠴᠠᠭ᠂ ᠲᠦᠷᠭᠡᠨ ᠬᠦᠷᠭᠡᠯᠲᠡ ᠵᠢᠨ ᠦᠢ᠍ᠯᠡᠴᠢᠯᠡᠭᠡᠨ᠎ᠤ ᠥᠷᠲᠡᠭᠡ ᠵᠡᠷᠭᠡ ᠠᠷᠭ᠎ᠠ ᠮᠠᠶᠢᠭ ᠵᠶ᠋ᠠᠷ ᠲᠦᠷᠭᠡᠨ ᠬᠦᠷᠭᠡᠯᠲᠡ ᠵᠢᠨ ᠵᠦᠢ᠍ᠯ᠎ᠢ ᠬᠦᠷᠭᠡᠵᠦ ᠥᠭᠭᠦᠭᠰᠡᠨ; ᠲᠦᠷᠭᠡᠨ ᠬᠦᠷᠭᠡᠯᠲᠡ ᠵᠢᠨ ᠵᠦᠢ᠍ᠯ᠎ᠢ ᠬᠠᠶᠠᠵᠤ ᠰᠢᠳᠡᠭᠰᠡᠨ᠂ ᠭᠢᠰᠬᠢᠯᠡᠭᠰᠡᠨ ᠪᠣᠯ ᠰᠢᠢ᠍ᠳᠬᠡᠨ᠎ᠡ᠃

ᠡᠭᠦᠨ᠎ᠳᠤ᠂ ᠬᠣᠷᠢᠨ ᠵᠢᠷᠭᠤᠳᠤᠭ᠋ᠠᠷ ᠵᠦᠢ᠍ᠯ᠎ᠳᠤ ᠲᠦᠷᠭᠡᠨ ᠬᠦᠷᠭᠡᠯᠲᠡ ᠵᠢᠨ ᠲᠤᠬᠠᠶ᠋ᠢᠯᠠᠭᠰᠠᠨ ᠠᠵᠢᠯ ᠡᠵᠡᠩᠨᠡᠵᠦ ᠪᠠᠢ᠌ᠭ᠎ᠠ ᠠᠵᠤ ᠠᠬᠤᠶ᠋ᠢᠯᠠᠯ᠎ᠨᠢ ᠦᠢ᠍ᠯᠡᠴᠢᠯᠡᠭᠡᠨ᠎ᠤ ᠶᠠᠰᠤ ᠴᠢᠨᠠᠷ᠎ᠤᠨ ᠬᠠᠮᠢᠶᠠᠷᠤᠯᠲᠠ ᠵᠢᠨ ᠳᠦᠷᠢᠮ ᠪᠠ ᠲᠤᠬᠠᠶ᠋ᠢᠯᠠᠭᠰᠠᠨ ᠠᠵᠢᠯ᠎ᠤᠨ ᠠᠵᠢᠯᠯᠠᠭ᠋ᠠᠨ᠎ᠤ ᠵᠢᠷᠤᠮᠵᠢᠯ ᠪᠠᠶ᠋ᠢᠭᠤᠯᠵᠤ᠂ ᠦᠢ᠍ᠯᠡᠴᠢᠯᠡᠭᠡᠨ᠎ᠤ ᠶᠠᠰᠤ ᠴᠢᠨᠠᠷ᠎ᠢ ᠪᠠᠲᠤᠯᠠᠬᠤ ᠵᠢᠨ ᠬᠠᠮᠲᠤ ᠳᠣᠤᠷᠠᠬᠢ ᠱᠠᠭ᠋ᠠᠷᠳᠠᠯᠭ᠎ᠠ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ ᠭᠡᠵᠦ ᠳᠤᠷᠠᠳᠤᠭᠰᠠᠨ ᠪᠠᠢ᠌ᠨ᠎ᠠ᠄ ᠬᠠᠤᠯᠢ ᠶᠣᠰᠣᠭ᠋ᠠᠷ ᠢᠯᠡᠭᠡᠭᠴᠢ ᠵᠢᠨ ᠪᠡᠶ᠎ᠡ ᠵᠢᠨ ᠭᠠᠷᠤᠯ᠎ᠤᠨ ᠮᠡᠳᠡᠭᠡ ᠵᠠᠩᠭᠢ ᠵᠢ ᠪᠠᠢ᠌ᠴᠠᠭ᠋ᠠᠨ ᠰᠢᠯᠭ᠋ᠠᠵᠤ᠂ ᠳᠠᠩᠰᠠᠯᠠᠬᠤ ᠬᠡᠷᠡᠭᠲᠡᠢ᠂ ᠢᠯᠡᠭᠡᠭᠴᠢ᠎ᠨᠢ ᠪᠡᠶ᠎ᠡ ᠵᠢᠨ ᠭᠠᠷᠤᠯ᠎ᠤᠨ ᠮᠡᠳᠡᠭᠡ ᠵᠠᠩᠭᠢ᠎ᠪᠠᠨ ᠬᠠᠩᠭ᠋ᠠᠬᠤ ᠦᠭᠡᠢ ᠪᠤᠶᠤ ᠬᠠᠩᠭ᠋ᠠᠭᠰᠠᠨ᠎ᠨᠢ ᠦᠨᠡᠨ ᠪᠣᠳᠠᠲᠠᠶ ᠪᠤᠰᠤ ᠪᠠᠶ᠋ᠢᠪᠠᠯ᠂ ᠬᠦᠯᠢᠶᠡᠨ ᠠᠪᠴᠤ ᠢᠯᠡᠭᠡᠵᠦ ᠪᠣᠯᠬᠤ ᠦᠭᠡᠶ; ᠢᠯᠡᠭᠡᠭᠴᠢ ᠵᠢᠨ ᠲᠤᠰᠢᠶᠠᠨ ᠥᠭᠭᠦᠭᠰᠡᠨ ᠵᠠᠬᠢᠳᠡᠯ ᠪᠢᠴᠢᠭ᠎ᠠᠴᠠ ᠪᠤᠰᠤᠳ ᠡᠳ᠋ ᠪᠠᠷᠠᠭ᠎ᠠ ᠵᠢ ᠪᠠᠶ᠋ᠢᠴᠠᠭ᠋ᠠᠨ ᠰᠢᠯᠭ᠋ᠠᠵᠤ᠂ ᠳᠣᠲᠣᠭ᠋ᠠᠳᠤ ᠡᠳ᠋ ᠪᠠᠷᠠᠭ᠎ᠠ ᠵᠢᠨ ᠨᠡᠷ᠎ᠡ ᠵᠡᠷᠭᠡ ᠮᠡᠳᠡᠭᠡ ᠵᠠᠩᠭᠢ ᠵᠢ ᠲᠡᠮᠳᠡᠭᠯᠡᠵᠦ᠂ ᠢᠯᠡᠭᠡᠭᠴᠢ᠎ᠨᠢ ᠳᠣᠲᠣᠭ᠋ᠠᠳᠤ ᠵᠢᠨ ᠡᠳ᠋ ᠪᠠᠷᠠᠭ᠎ᠠ ᠵᠢᠨ ᠮᠡᠳᠡᠭᠡ ᠵᠠᠩᠭᠢ ᠵᠢ ᠬᠠᠩᠭ᠋ᠠᠬᠤ ᠦᠭᠡᠶ ᠪᠤᠶᠤ ᠬᠠᠩᠭ᠋ᠠᠭᠰᠠᠨ ᠳᠣᠲᠣᠭ᠋ᠠᠳᠤ ᠡᠳ᠋ ᠪᠠᠷᠠᠭ᠎ᠠ ᠵᠢᠨ ᠮᠡᠳᠡᠭᠡ ᠵᠠᠩᠭᠢ ᠪᠣᠯᠤᠨ ᠪᠠᠶ᠋ᠢᠴᠠᠭ᠋ᠠᠨ ᠰᠢᠯᠭ᠋ᠠᠭᠰᠠᠨ ᠪᠠᠶ᠋ᠢᠳᠠᠯ᠎ᠲᠠᠢ ᠨᠡᠶ᠋ᠢᠴᠡᠬᠦ ᠦᠭᠡᠶ ᠪᠣᠯ ᠬᠤᠷᠢᠶᠠᠨ ᠠᠪᠴᠤ ᠢᠯᠡᠭᠡᠵᠦ ᠪᠣᠯᠬᠤ ᠦᠭᠡᠶ; ᠡᠰᠡᠷᠭᠦᠴᠡᠭᠳᠡᠰᠢ ᠦᠭᠡᠶ ᠬᠦᠴᠦᠨ ᠵᠦᠢ᠍ᠯ᠎ᠠᠴᠠ ᠭᠠᠳᠠᠨ᠎ᠠ᠂ ᠪᠣᠯᠵᠣᠨ ᠲᠣᠭᠲᠠᠭᠰᠠᠨ ᠶᠣᠰᠣᠭ᠋ᠠᠷ ᠠᠮᠠᠯᠠᠭᠰᠠᠨ ᠴᠠᠭ ᠬᠤᠭᠤᠴᠠᠭ᠋ᠠᠨ᠎ᠤ ᠳᠣᠲᠣᠷ᠎ᠠ ᠲᠦᠷᠭᠡᠨ ᠬᠦᠷᠭᠡᠯᠲᠡ ᠵᠢᠨ ᠵᠦᠢ᠍ᠯ᠎ᠢ ᠬᠦᠯᠢᠶᠡᠨ ᠠᠪᠬᠤ ᠬᠠᠶᠢᠭ᠂ ᠬᠦᠯᠢᠶᠡᠨ ᠠᠪᠤᠭᠴᠢ ᠵᠡᠷᠭᠡ᠎ᠳᠤ ᠬᠦᠷᠭᠡᠬᠦ ᠬᠡᠷᠡᠭᠲᠡᠶ᠃

ᠢᠷᠡᠯᠲᠡ᠄ ᠲᠥᠪ ᠲᠧᠯᠸᠢᠰ᠎ᠤᠨ ᠰᠣᠨᠢᠨ ᠮᠡᠳᠡᠭᠡᠨ᠎ᠤ ᠬᠡᠷᠡᠭᠯᠡᠭᠴᠢ ᠵᠢᠨ ᠦᠵᠦᠭᠦᠷ