ᠣᠶ᠋ᠢᠷ᠎ᠠ ᠵᠢᠨ ᠵᠢᠯ᠎ᠤᠳ᠎ᠲᠤ᠂ ᠤᠷᠢᠳᠴᠢᠯᠠᠨ ᠰᠦᠢ᠍ᠳᠬᠡᠯ ᠲᠤᠰᠢᠶᠠᠬᠤ ᠮᠠᠶᠢᠭ᠎ᠤᠨ ᠬᠡᠷᠡᠭᠯᠡᠭᠡ ᠠᠭ᠋ᠠᠵᠢᠮ ᠵᠶ᠋ᠠᠷ ᠵᠢᠵᠢᠭᠯᠡᠨ ᠬᠤᠳᠠᠯᠳᠤᠬᠤ ᠪᠠ ᠦᠢ᠍ᠯᠡᠴᠢᠯᠡᠭᠡᠨ᠎ᠤ ᠬᠦᠷᠢᠶᠡᠨ᠎ᠳᠠᠬᠢ ᠭᠤᠣᠯ ᠪᠣᠯᠬᠤ ᠬᠡᠷᠡᠭᠯᠡᠭᠡᠨ᠎ᠤ ᠡᠵᠡᠩᠨᠡᠯᠲᠡ ᠵᠢᠨ ᠬᠡᠯᠪᠡᠷᠢ ᠪᠠᠶ᠋ᠢᠳᠠᠯ ᠪᠣᠯᠵᠤ᠂ ᠵᠢᠰᠦ ᠭᠣᠶᠣᠯᠠᠵᠤ ᠦᠰᠦ ᠵᠠᠰᠠᠬᠤ᠂ ᠤᠮᠪᠠᠯᠲᠠ ᠪᠡᠶ᠎ᠡ ᠴᠢᠭᠢᠷᠠᠭᠵᠢᠭᠤᠯᠤᠯᠲᠠ᠂ ᠢᠳᠡᠭᠡᠨ ᠤᠮᠳᠠᠭ᠋ᠠᠨ᠂ ᠬᠤᠳᠠᠯᠳᠤᠭ᠋ᠠᠨ᠎ᠤ ᠲᠠᠯᠠᠪᠤᠷ᠂ ᠬᠡᠲᠦ ᠳᠡᠯᠭᠡᠭᠦᠷ᠂ ᠬᠥᠮᠦᠵᠢᠯ ᠪᠣᠯᠪᠠᠰᠤᠷᠠᠯ ᠵᠡᠷᠭᠡ ᠠᠵᠢᠯ ᠲᠥᠷᠥᠯ᠎ᠳᠤ ᠥᠷᠭᠡᠨ ᠵᠶ᠋ᠠᠷ ᠬᠡᠷᠡᠭᠯᠡᠭᠳᠡᠵᠦ ᠪᠠᠶ᠋ᠢᠨ᠎ᠠ᠃ ᠤᠷᠢᠳᠴᠢᠯᠠᠨ ᠰᠦᠢ᠍ᠳᠬᠡᠯ ᠲᠤᠰᠢᠶᠠᠬᠤ ᠮᠠᠶᠢᠭ᠎ᠤᠨ ᠬᠡᠷᠡᠭᠯᠡᠭᠡᠨ᠎ᠢ 《ᠤᠷᠢᠳᠠᠪᠠᠷ ᠰᠦᠢ᠍ᠳᠬᠡᠯ ᠵᠶ᠋ᠡᠨ ᠥᠭᠴᠦ᠂ ᠳᠠᠷᠠᠭ᠎ᠠ᠎ᠨᠢ ᠦᠢ᠍ᠯᠡᠴᠢᠯᠡᠭᠦᠯᠬᠦ》 ᠨᠢᠭᠡ ᠯᠡ ᠤᠳᠠᠭ᠎ᠠ᠎ᠳᠤ ᠵᠣᠭᠤᠰ ᠥᠭᠴᠦ ᠣᠯᠠᠨ ᠤᠳᠠᠭ᠎ᠠ ᠬᠡᠷᠡᠭᠯᠡᠭᠡ ᠬᠢᠬᠦ᠂ ᠬᠡᠷᠡᠭᠯᠡᠭᠡᠨ᠎ᠤ ᠦᠶᠡᠯᠡᠯ᠎ᠤᠨ ᠬᠤᠭᠤᠴᠠᠭ᠎ᠠ᠎ᠨᠢ ᠣᠷᠳᠣ ᠵᠢᠴᠢ ᠬᠡᠷᠡᠭᠯᠡᠭᠡᠨ᠎ᠤ ᠦᠷᠭᠦᠯᠵᠢᠯᠡᠭᠰᠡᠨ ᠪᠤᠰᠤ ᠵᠡᠷᠭᠡ ᠣᠨᠴᠠᠯᠢᠭ᠎ᠲᠠᠢ ᠪᠠᠶ᠋ᠢᠵᠤ᠂ ᠨᠢᠭᠡ ᠵᠦᠢ᠍ᠯ᠎ᠤᠨ ᠨᠡᠶ᠋ᠢᠲᠡᠯᠢᠭ ᠢᠲᠡᠭᠡᠮᠵᠢ ᠵᠢᠨ ᠬᠡᠷᠡᠭᠯᠡᠭᠡ ᠪᠠᠶ᠋ᠢᠵᠤ᠂ ᠦᠵᠡᠬᠦ᠎ᠳᠤ ᠵᠣᠬᠢᠬᠤ ᠲᠥᠬᠦᠮ ᠴᠢᠨᠠᠷ ᠪᠠ ᠦᠨ᠎ᠡ ᠬᠠᠩᠰᠢ ᠵᠢᠨ ᠬᠠᠷᠠᠭ᠋ᠠᠯᠵᠠᠯ᠎ᠲᠠᠢ ᠰᠢᠭ᠋ ᠪᠣᠯᠪᠠᠴᠤ᠂ ᠪᠠᠰᠠ ᠨᠡᠯᠢᠶᠡᠳ ᠶᠡᠭᠡ ᠠᠶᠤᠯ ᠲᠦᠭᠰᠢᠭᠦᠷᠢ ᠣᠷᠣᠰᠢᠵᠤ ᠪᠠᠢ᠌ᠳᠠᠭ᠃
ᠣᠶ᠋ᠢᠷ᠎ᠠ ᠵᠢᠨ ᠬᠤᠭᠤᠴᠠᠭ᠋ᠠᠨ᠎ᠳᠤ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠤᠷᠢᠳᠴᠢᠯᠠᠨ ᠰᠦᠢ᠍ᠳᠬᠡᠯ ᠲᠤᠰᠢᠶᠠᠬᠤ ᠮᠠᠶᠢᠭ᠎ᠤᠨ ᠬᠡᠷᠡᠭᠯᠡᠭᠡᠨ᠎ᠤ ᠵᠠᠭ᠋ᠠᠯᠳᠤᠯᠭ᠎ᠠ ᠵᠢ ᠣᠯᠠᠨ ᠤᠳᠠᠭ᠎ᠠ ᠭᠥᠯᠢᠶᠡᠨ ᠠᠪᠴᠤ᠂ ᠢᠳᠡᠭᠡᠨ ᠤᠮᠳᠠᠭ᠋ᠠᠨ᠂ ᠤᠮᠪᠠᠯᠲᠠ ᠪᠡᠶ᠎ᠡ ᠴᠢᠭᠢᠷᠠᠭᠵᠢᠭᠤᠯᠤᠯᠲᠠ᠂ ᠬᠥᠮᠦᠵᠢᠯ ᠪᠣᠯᠪᠠᠰᠤᠷᠠᠯ᠂ ᠵᠢᠰᠦ ᠭᠤᠶᠣᠯᠠᠵᠤ ᠦᠰᠦ ᠵᠠᠰᠠᠬᠤ ᠵᠡᠷᠭᠡ ᠠᠵᠢᠯ ᠲᠥᠷᠥᠯ᠎ᠳᠤ ᠬᠤᠯᠪᠣᠭᠳᠠᠵᠤ᠂ ᠭᠤᠤᠯᠳᠠᠭᠤ ᠳᠣᠤᠷᠠᠬᠢ ᠠᠰᠠᠭᠤᠳᠠᠯ᠎ᠢ ᠲᠤᠰᠬᠠᠵᠠᠢ᠄
ᠬᠤᠳᠠᠯᠳᠤᠨ ᠠᠪᠤᠭᠴᠢ ᠰᠦᠢ᠍ᠳᠬᠡᠯ ᠲᠤᠰᠢᠶᠠᠬᠤ᠎ᠳᠤ ᠠᠮᠠᠷᠬᠠᠨ᠂ ᠰᠦᠢ᠍ᠳᠬᠡᠯ ᠵᠶ᠋ᠡᠨ ᠪᠤᠴᠠᠭ᠋ᠠᠬᠤ᠎ᠳᠤ ᠬᠦᠴᠢᠷ
ᠡᠵᠡᠩᠨᠡᠭᠴᠢᠳ ᠪᠡᠯᠡᠨ ᠵᠣᠭᠤᠰ᠎ᠢ ᠠᠳᠬᠤᠬᠤ ᠵᠢᠨ ᠲᠥᠯᠥᠭᠡ᠂ ᠭᠡᠰᠢᠭᠦᠳ᠎ᠤᠨ ᠨᠤᠭᠤᠯᠵᠤ ᠪᠤᠳᠤᠬᠤ᠂ ᠬᠠᠷᠠᠭ᠋ᠠᠯᠵᠠᠯ ᠦᠵᠡᠭᠦᠯᠬᠦ᠂ ᠪᠡᠯᠡᠭᠯᠡᠨ ᠬᠦᠷᠭᠡᠬᠦ ᠵᠡᠷᠭᠡ ᠪᠣᠷᠤᠯᠠᠭᠤᠯᠭ᠎ᠠ ᠵᠢ ᠠᠬᠢᠭᠤᠯᠬᠤ ᠠᠵᠢᠯᠯᠠᠭ᠎ᠠ ᠵᠢ ᠥᠷᠨᠢᠭᠦᠯᠵᠦ᠂ ᠶᠠᠮᠠᠷ ᠴᠤ᠌ ᠨᠥᠬᠦᠴᠡᠯ ᠦᠭᠡᠢ᠎ᠪᠠᠷ ᠬᠡᠷᠡᠭᠯᠡᠭᠴᠢᠳ᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠵᠣᠭᠤᠰ ᠮᠥᠩᠭᠦ ᠵᠢ᠎ᠨᠢ ᠭᠠᠷᠭ᠋ᠠᠯᠭ᠋ᠠᠵᠤ᠂ ᠤᠷᠢᠳᠴᠢᠯᠠᠨ ᠬᠠᠳᠠᠭ᠋ᠠᠯᠠᠬᠤ ᠵᠠᠷᠤᠳᠠᠯ᠂ ᠬᠡᠷᠡᠭᠯᠡᠭᠡᠨ᠎ᠤ ᠲᠡᠮᠳᠡᠭᠲᠦ ᠬᠤᠳᠠᠯᠳᠤᠨ ᠠᠪᠤᠭᠤᠯᠵᠤ᠂ ᠬᠡᠷᠡᠭᠯᠡᠭᠴᠢᠳ᠎ᠤᠨ ᠵᠣᠭᠤᠰ ᠮᠥᠩᠭᠦ ᠵᠢ᠎ᠨᠢ ᠬᠤᠷᠢᠶᠠᠭᠰᠠᠨ᠎ᠤ ᠳᠠᠷᠠᠭ᠎ᠠ ᠬᠡᠷᠡᠭᠯᠡᠭᠴᠢᠳ᠎ᠲᠤ ᠦᠢ᠍ᠯᠡᠴᠢᠯᠡᠭᠡ ᠬᠠᠩᠭ᠋ᠠᠬᠤ᠎ᠳᠤ ᠴᠠᠯᠠᠭ᠋ᠠᠢ᠌ᠷᠠᠵᠤ᠂ ᠠᠮᠠᠯᠠᠯᠲᠠ᠎ᠪᠠᠨ ᠭᠦᠢ᠍ᠴᠡᠳᠬᠡᠬᠦ ᠦᠭᠡᠢ᠂ ᠦᠨᠡᠨᠴᠢ ᠢᠲᠡᠭᠡᠮᠵᠢ ᠵᠢᠨ ᠦᠵᠡᠯ ᠤᠬᠠᠮᠰᠠᠷ ᠵᠶ᠋ᠠᠷ ᠳᠤᠲᠠᠮᠠᠭ ᠪᠠᠶ᠋ᠢᠵᠤ᠂ ᠬᠡᠷᠡᠭᠯᠡᠭᠴᠢᠳ ᠰᠦᠢ᠍ᠳᠬᠡᠯ ᠵᠶ᠋ᠡᠨ ᠪᠤᠴᠠᠭ᠋ᠠᠬᠤ ᠦᠶ᠎ᠡ᠎ᠳᠤ᠂ ᠬᠤᠳᠠᠯᠳᠤᠭ᠋ᠠᠴᠢᠨ ᠬᠡᠷᠡᠭᠯᠡᠭᠴᠢᠳ᠎ᠢ ᠭᠡᠷ᠎ᠡ ᠵᠥᠷᠢᠴᠡᠭᠰᠡᠨ ᠵᠶ᠋ᠡᠷ᠎ᠪᠠᠷ ᠰᠢᠯᠲᠠᠭ ᠪᠣᠯᠭ᠋ᠠᠵᠤ ᠰᠦᠢ᠍ᠳᠬᠡᠯ᠎ᠢ᠎ᠨᠢ ᠪᠤᠴᠠᠭ᠋ᠠᠵᠤ ᠥᠭᠳᠡᠭ ᠦᠭᠡᠢ ᠪᠠᠢ᠌ᠨ᠎ᠠ᠃
ᠵᠦᠢ᠍ᠯ ᠵᠤᠷᠪᠤᠰ ᠲᠣᠬᠢᠷᠠᠭᠤᠯᠤᠨ ᠬᠡᠷᠡᠭᠯᠡᠭᠴᠢᠳ᠎ᠤᠨ ᠡᠷᠬᠡ ᠠᠰᠢᠭ᠎ᠢ ᠬᠢᠵᠠᠭ᠋ᠠᠷᠯᠠᠳᠠᠭ
ᠬᠡᠷᠡᠭᠯᠡᠭᠴᠢᠳ ᠺᠠᠷᠲ ᠬᠤᠳᠠᠯᠳᠤᠨ ᠠᠪᠴᠤ᠂ ᠤᠷᠢᠳᠴᠢᠯᠠᠨ ᠰᠦᠢ᠍ᠳᠬᠡᠯ ᠬᠠᠳᠠᠭ᠋ᠠᠯᠠᠬᠤ ᠵᠡᠷᠭᠡ ᠤᠷᠢᠳᠴᠢᠯᠠᠨ ᠰᠦᠢ᠍ᠳᠬᠡᠯ ᠲᠤᠰᠢᠶᠠᠬᠤ ᠮᠠᠶᠢᠭ᠎ᠤᠨ ᠬᠡᠷᠡᠭᠯᠡᠭᠡᠨ᠎ᠤ ᠶᠠᠪᠤᠴᠠ᠎ᠳᠤ᠂ ᠡᠵᠡᠩᠨᠡᠭᠴᠢ ᠶᠡᠷᠦ᠎ᠳᠡᠭᠡᠨ ᠬᠡᠷᠡᠭᠯᠡᠭᠴᠢᠳ᠎ᠲᠠᠢ ᠲᠠᠸᠠᠷ ᠪᠤᠶᠤ ᠦᠢ᠍ᠯᠡᠴᠢᠯᠡᠭᠡᠨ᠎ᠤ ᠠᠭᠤᠯᠭ᠎ᠠ ᠵᠢᠨ ᠲᠤᠬᠠᠶ ᠵᠥᠪᠳᠡᠯᠴᠡᠬᠦ ᠦᠭᠡᠢ᠂ ᠬᠡᠷᠡᠭᠯᠡᠭᠴᠢᠳ ᠵᠥᠪᠬᠡᠨ ᠡᠵᠡᠩᠨᠡᠭᠴᠢ ᠵᠢᠨ ᠬᠠᠩᠭ᠋ᠠᠭᠰᠠᠨ ᠠᠭᠤᠯᠭ᠎ᠠ ᠵᠢᠨ ᠶᠣᠰᠣᠭ᠋ᠠᠷ ᠬᠦᠯᠢᠶᠡᠨ ᠠᠪᠬᠤ ᠡᠰᠡᠬᠦ᠎ᠪᠠᠨ ᠲᠣᠭᠲᠠᠭ᠋ᠠᠵᠤ᠂ ᠡᠵᠡᠩᠨᠡᠭᠴᠢ ᠵᠥᠪᠬᠡᠨ ᠺᠠᠷᠲ ᠲᠠᠷᠬᠠᠭ᠋ᠠᠵᠤ ᠰᠦᠢ᠍ᠳᠬᠡᠯ ᠬᠤᠷᠢᠶᠠᠵᠤ᠂ ᠪᠢᠴᠢᠭ᠎ᠤᠨ ᠭᠡᠷ᠎ᠡ ᠪᠤᠶᠤ ᠬᠡᠯᠡᠯᠴᠡᠭᠡᠷ ᠬᠠᠩᠭ᠋ᠠᠳᠠᠭ ᠦᠭᠡᠢ᠂ ᠬᠠᠷᠢᠨ 《ᠬᠡᠷᠡᠭᠯᠡᠭᠡᠨ᠎ᠤ ᠺᠠᠷᠲ》᠎ᠳᠠᠬᠢ ᠬᠤᠶᠠᠷ ᠲᠠᠯ᠎ᠠ ᠵᠢᠨ ᠡᠷᠬᠡ ᠪᠠ ᠡᠭᠦᠷᠭᠡ᠎ᠨᠢ ᠢᠯᠡᠷᠬᠡᠶ ᠲᠡᠩᠴᠡᠭᠦᠦ ᠪᠤᠰᠤ ᠪᠠᠶ᠋ᠢᠵᠤ᠂ ᠬᠡᠷᠡᠭᠯᠡᠭᠴᠢᠳ᠎ᠤᠨ ᠡᠷᠬᠡ ᠠᠰᠢᠭ᠎ᠢ ᠬᠢᠵᠠᠭ᠋ᠠᠷᠯᠠᠭᠰᠠᠨ ᠵᠦᠢ᠍ᠯ ᠵᠤᠷᠪᠤᠰ ᠮᠠᠰᠢ ᠣᠯᠠᠨ ᠪᠠᠢ᠌ᠳᠠᠭ᠂ ᠵᠢᠱ᠌ᠢᠶᠡᠯᠡᠪᠡᠯ᠂ 《ᠲᠤᠰ ᠳᠡᠯᠭᠡᠭᠦᠷ ᠡᠴᠦᠰ᠎ᠤᠨ ᠲᠠᠶ᠋ᠢᠯᠪᠤᠷᠢᠯᠠᠬᠤ ᠡᠷᠬᠡ᠎ᠲᠠᠢ》᠂ 《ᠬᠦᠴᠦᠨ᠎ᠲᠠᠢ ᠬᠤᠭᠤᠴᠠᠭ᠎ᠠ ᠬᠡᠲᠦᠷᠡᠪᠡᠯ᠂ ᠰᠦᠢ᠍ᠳᠬᠡᠯ᠎ᠢ ᠪᠤᠴᠠᠭ᠋ᠠᠬᠤ ᠦᠭᠡᠢ》᠂ 《ᠬᠡᠷᠡᠭᠯᠡᠭᠡᠨ᠎ᠤ ᠺᠠᠷᠲ᠎ᠢ ᠭᠡᠭᠡᠪᠡᠯ ᠨᠥᠬᠥᠵᠦ ᠲᠤᠰᠢᠶᠠᠬᠤ ᠦᠭᠡᠢ》 ᠵᠡᠷᠭᠡ᠃
ᠭᠡᠷ᠎ᠡ ᠲᠣᠭᠲᠠᠭᠰᠠᠨ ᠦᠭᠡᠢ ᠲᠤᠯᠠ ᠡᠷᠬᠡ᠎ᠪᠠᠨ ᠬᠠᠮᠠᠭ᠋ᠠᠯᠠᠵᠤ ᠭᠡᠷᠡᠴᠢ ᠭᠠᠷᠭ᠋ᠠᠬᠤ᠎ᠳᠤ ᠬᠦᠴᠢᠷᠲᠡᠢ
ᠤᠷᠢᠳᠴᠢᠯᠠᠨ ᠰᠦᠢ᠍ᠳᠬᠡᠯ ᠲᠤᠰᠢᠶᠠᠬᠤ ᠮᠠᠶᠢᠭ᠎ᠤᠨ ᠬᠡᠷᠡᠭᠯᠡᠭᠡ ᠪᠣᠯ ᠮᠥᠨ ᠴᠦ᠍ ᠭᠡᠷᠡᠲᠦ ᠬᠡᠷᠡᠭᠯᠡᠭᠡ ᠮᠥᠨ᠂ ᠭᠡᠪᠡᠴᠦ ᠤᠷᠢᠳᠴᠢᠯᠠᠨ ᠰᠦᠢ᠍ᠳᠬᠡᠯ ᠲᠤᠰᠢᠶᠠᠬᠤ ᠮᠠᠶᠢᠭ᠎ᠤᠨ ᠣᠯᠠᠩᠬᠢ ᠬᠡᠷᠡᠭᠯᠡᠭᠡᠨ᠎ᠢ ᠴᠥᠮ ᠭᠡᠷ᠎ᠡ ᠲᠣᠭᠲᠠᠬᠤ ᠦᠭᠡᠢ᠂ ᠬᠤᠶᠠᠷ ᠲᠠᠯ᠎ᠠ ᠵᠢᠨ ᠡᠷᠬᠡ ᠠᠰᠢᠭ ᠪᠠ ᠡᠭᠦᠷᠭᠡ ᠵᠢ ᠠᠮᠠᠨ ᠬᠡᠯᠪᠡᠷᠢ᠎ᠪᠠᠷ ᠪᠣᠯᠵᠣᠨ ᠲᠣᠭᠲᠠᠳᠠᠭ᠂ ᠡᠵᠡᠩᠨᠡᠭᠴᠢ ᠮᠠᠰᠢ ᠴᠥᠭᠡᠨ ᠪᠢᠴᠢᠭ᠎ᠤᠨ ᠭᠡᠷ᠎ᠡ ᠪᠤᠶᠤ ᠬᠡᠯᠡᠯᠴᠡᠭᠡᠷ ᠬᠠᠩᠭ᠋ᠠᠵᠤ᠂ ᠬᠡᠷᠡᠭᠯᠡᠭᠡᠨ᠎ᠤ ᠶᠠᠪᠤᠴᠠ᠎ᠳᠤ ᠵᠢᠭᠤᠷᠠᠯᠳᠤᠭ᠋ᠠᠨ ᠭᠠᠷᠪᠠᠯ ᠬᠡᠷᠡᠭᠯᠡᠭᠴᠢᠳ ᠶᠡᠷᠦ᠎ᠨᠢ ᠬᠦᠴᠦᠨ ᠪᠦᠬᠦᠢ ᠭᠡᠷᠡᠴᠢ ᠪᠠᠷᠢᠮᠲᠠ ᠳᠤᠲᠠᠭᠳᠠᠭᠰᠠᠨ᠎ᠠᠴᠠ ᠪᠣᠯᠵᠤ ᠡᠷᠬᠡ᠎ᠪᠠᠨ ᠬᠠᠮᠠᠭ᠋ᠠᠯᠠᠬᠤ᠎ᠳᠤ ᠬᠦᠴᠢᠷᠲᠡᠶ ᠪᠠᠶ᠋ᠢᠳᠠᠭ᠃
ᠡᠵᠡᠩᠨᠡᠭᠴᠢ᠎ᠨᠢ ᠡᠭᠦᠳᠡ᠎ᠪᠠᠨ ᠬᠠᠭ᠋ᠠᠵᠤ ᠠᠵᠢᠯ ᠵᠶ᠋ᠠᠨ ᠵᠣᠭᠰᠣᠭ᠋ᠠᠪᠠᠯ ᠲᠥᠯᠥᠪᠦᠷᠢ ᠨᠡᠬᠡᠬᠦ᠎ᠳᠤ ᠬᠦᠴᠢᠷᠲᠡᠢ
ᠬᠡᠰᠡᠭ ᠡᠵᠡᠩᠨᠡᠭᠴᠢ᠎ᠨᠢ ᠦᠨᠡᠨᠴᠢ ᠢᠲᠡᠭᠡᠮᠵᠢ ᠵᠢ ᠡᠷᠬᠢᠮᠯᠡᠬᠦ ᠦᠭᠡᠢ᠂ ᠬᠡᠷᠡᠭᠯᠡᠭᠴᠢᠳ᠎ᠲᠤ ᠮᠡᠳᠡᠭᠳᠡᠭᠰᠡᠨ ᠦᠭᠡᠢ ᠪᠠᠶ᠋ᠢᠳᠠᠯ ᠳᠣᠣᠷ᠎ᠠ᠂ ᠡᠵᠡᠩᠨᠡᠯᠲᠡ᠎ᠪᠠᠨ ᠵᠣᠭᠰᠣᠭ᠋ᠠᠵᠤ ᠶᠠᠪᠤᠴᠢᠬᠠᠳᠠᠭ᠂ ᠬᠡᠷᠡᠭᠯᠡᠭᠴᠢᠳ ᠮᠡᠳᠡᠬᠦ ᠦᠶ᠎ᠡ᠎ᠳᠤ ᠨᠢᠭᠡᠨᠲᠡ ᠡᠵᠡᠩᠨᠡᠭᠴᠢ ᠵᠢ ᠡᠷᠢᠵᠦ ᠣᠯᠬᠤ ᠦᠭᠡᠢ ᠪᠣᠯᠴᠢᠬᠠᠳᠠᠭ᠂ ᠤᠷᠢᠳᠴᠢᠯᠠᠨ ᠰᠦᠢ᠍ᠳᠬᠡᠯ ᠵᠶ᠋ᠡᠨ ᠲᠤᠰᠢᠶᠠᠭᠰᠠᠨ ᠬᠡᠷᠡᠭᠯᠡᠭᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠦᠨᠳᠦ ᠨᠣᠴᠢᠲᠠᠶ ᠬᠤᠬᠢᠷᠠᠭᠤᠯᠤᠭᠰᠠᠨ ᠪᠠᠢ᠌ᠳᠠᠭ᠃ ᠨᠡᠩ ᠣᠨᠴᠠ ᠵᠠᠷᠢᠮ ᠡᠵᠡᠩᠨᠡᠭᠴᠢ᠎ᠨᠢ ᠤᠷᠢᠳᠴᠢᠯᠠᠨ ᠰᠦᠢ᠍ᠳᠬᠡᠯ ᠲᠤᠰᠢᠶᠠᠬᠤ ᠬᠡᠷᠡᠭᠯᠡᠭᠡᠨ᠎ᠤ ᠵᠠᠭᠪᠤᠷ᠎ᠢ ᠠᠰᠢᠭᠯᠠᠨ᠂ ᠬᠡᠷᠡᠭᠯᠡᠭᠴᠢᠳ᠎ᠤᠨ ᠤᠷᠢᠳᠴᠢᠯᠠᠨ ᠬᠠᠳᠠᠭ᠋ᠠᠯᠠᠭᠰᠠᠨ ᠪᠡᠯᠡ ᠮᠥᠩᠭᠦ ᠵᠢ ᠶᠡᠭᠡ ᠬᠡᠮᠵᠢᠶ᠎ᠡ᠎ᠪᠠᠷ ᠰᠢᠩᠭᠡᠭᠡᠨ ᠠᠪᠤᠭᠰᠠᠨ᠎ᠤ ᠳᠠᠷᠠᠭ᠎ᠠ᠂ ᠡᠵᠡᠩᠨᠡᠯᠲᠡ ᠵᠢᠨ ᠠᠵᠢᠯᠯᠠᠭ᠎ᠠ ᠬᠢᠬᠦ ᠦᠭᠡᠢ᠂ ᠬᠡᠷᠡᠭᠯᠡᠭᠴᠢᠳ᠎ᠤᠨ ᠵᠣᠭᠤᠰ᠎ᠢ ᠠᠪᠴᠤ ᠳᠤᠲᠠᠭ᠋ᠠᠵᠤ᠂ ᠬᠡᠷᠡᠭᠯᠡᠭᠴᠢᠳ ᠡᠷᠬᠡ᠎ᠪᠠᠨ ᠬᠠᠮᠠᠭ᠋ᠠᠯᠠᠬᠤ᠎ᠳᠤ ᠮᠠᠰᠢ ᠬᠦᠴᠢᠷ ᠪᠣᠯᠳᠠᠭ᠃
《3.15》 ᠬᠦᠷᠴᠦ ᠢᠷᠡᠬᠦ ᠲᠠᠰᠢᠷᠠᠮ ᠵᠶ᠋ᠠᠷ᠂ ᠵᠠᠷᠢᠮ ᠬᠤᠳᠠᠯᠳᠤᠭ᠋ᠠᠴᠢᠨ ᠡᠨᠡ ᠬᠦ᠌ ᠬᠡᠷᠡᠭᠯᠡᠭᠡᠨ᠎ᠤ ᠣᠷᠭᠢᠯ᠎ᠢ ᠠᠰᠢᠭᠯᠠᠨ᠂ ᠪᠣᠷᠣᠯᠠᠭᠤᠯᠭ᠎ᠠ ᠵᠢ ᠠᠬᠢᠭᠤᠯᠬᠤ ᠬᠠᠷᠠᠭ᠋ᠠᠯᠵᠠᠯ᠎ᠤᠨ ᠠᠵᠢᠯᠯᠠᠭ᠎ᠠ ᠵᠢ ᠶᠡᠭᠡ᠎ᠪᠠᠷ ᠥᠷᠨᠢᠭᠦᠯᠵᠦ᠂ ᠬᠡᠷᠡᠭᠯᠡᠭᠴᠢᠳ᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠰᠦᠢ᠍ᠳᠬᠡᠯ ᠬᠠᠳᠠᠭ᠋ᠠᠯᠠᠭᠤᠯᠵᠤ ᠺᠠᠷᠲ ᠠᠪᠤᠭᠤᠯᠳᠠᠭ᠃ ᠡᠶ᠋ᠢᠮᠦ᠎ᠠᠴᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠥᠷᠭᠡᠨ ᠣᠯᠠᠨ ᠬᠡᠷᠡᠭᠯᠡᠭᠴᠢᠳ᠎ᠲᠤ ᠤᠷᠢᠳᠴᠢᠯᠠᠨ ᠰᠦᠢ᠍ᠳᠬᠡᠯ ᠲᠤᠰᠢᠶᠠᠬᠤ ᠮᠠᠶᠢᠭ᠎ᠤᠨ ᠬᠡᠷᠡᠭᠯᠡᠭᠡ ᠵᠢ ᠰᠣᠩᠭᠤᠬᠤ ᠦᠶ᠎ᠡ᠎ᠳᠤ ᠢᠯᠡᠭᠦᠬᠡᠨ ᠠᠳᠠᠯᠢᠳᠬᠠᠵᠤ᠂ ᠪᠣᠯᠭᠤᠮᠵᠢᠲᠠᠶ ᠰᠣᠩᠭᠤᠵᠤ᠂ ᠳᠣᠤᠷᠠᠬᠢ ᠬᠡᠳᠦᠨ ᠲᠠᠯ᠎ᠠ ᠵᠢ ᠠᠩᠬᠠᠷᠬᠤ ᠬᠡᠷᠡᠭᠲᠡᠶ ᠭᠡᠵᠦ ᠰᠠᠨᠠᠭᠤᠯᠪᠠ᠄
ᠭᠡᠷᠡᠴᠢ ᠦᠨᠡᠮᠯᠡᠯ᠎ᠨᠢ ᠪᠦᠷᠢᠨ ᠡᠵᠡᠩᠨᠡᠭᠴᠢ ᠵᠢ ᠰᠣᠩᠭᠣᠨ᠎ᠠ
ᠬᠡᠷᠡᠭᠯᠡᠭᠴᠢᠳ ᠤᠷᠢᠳᠴᠢᠯᠠᠨ ᠰᠦᠢ᠍ᠳᠬᠡᠯ ᠲᠤᠰᠢᠶᠠᠬᠤ ᠮᠠᠶᠢᠭ᠎ᠤᠨ ᠬᠡᠷᠡᠭᠯᠡᠭᠡ ᠵᠢ ᠰᠣᠩᠭᠣᠬᠤ᠎ᠳᠠᠭᠠᠨ᠂ ᠤᠷᠢᠳᠠᠪᠠᠷ ᠣᠯᠠᠨ ᠲᠠᠯ᠎ᠠ᠎ᠪᠠᠷ ᠳᠠᠮᠵᠢᠭᠤᠯᠤᠨ ᠡᠵᠡᠩᠨᠡᠭᠴᠢᠳ᠎ᠤᠨ ᠡᠵᠡᠩᠨᠡᠯᠲᠡ ᠵᠢᠨ ᠪᠠᠶ᠋ᠢᠳᠠᠯ ᠪᠣᠯᠤᠨ ᠢᠲᠡᠭᠡᠯ ᠬᠦᠨᠳᠦ ᠵᠢ ᠣᠶ᠋ᠢᠯᠠᠭ᠋ᠠᠬᠤ ᠬᠡᠷᠡᠭᠲᠡᠶ᠃ ᠠᠯᠢ ᠴᠢᠳᠠᠬᠤ᠎ᠪᠠᠷ ᠬᠡᠪᠴᠢᠶ᠎ᠡ᠎ᠪᠠᠷ ᠶᠡᠭᠡ᠂ ᠭᠡᠷᠡᠴᠢ ᠦᠨᠡᠮᠯᠡᠯ ᠵᠶ᠋ᠠᠷ ᠪᠦᠷᠢᠨ ᠭᠦᠢ᠍ᠴᠡᠳ᠂ ᠡᠵᠡᠩᠨᠡᠯᠲᠡ ᠵᠢᠨ ᠪᠠᠶ᠋ᠢᠳᠠᠯ ᠵᠶ᠋ᠠᠷ ᠰᠠᠶ᠋ᠢᠨ᠂ ᠦᠢ᠍ᠯᠡᠴᠢᠯᠡᠭᠡᠨ᠎ᠤ ᠶᠠᠰᠤ ᠴᠢᠨᠠᠷ ᠵᠶ᠋ᠠᠷ ᠰᠠᠶ᠋ᠢᠨ᠂ ᠦᠨᠡᠨᠴᠢ ᠢᠲᠡᠭᠡᠮᠵᠢ ᠵᠢᠨ ᠬᠡᠮᠵᠢᠶ᠎ᠡ᠎ᠪᠠᠷ ᠥᠨᠳᠥᠷ ᠡᠵᠡᠩᠨᠡᠭᠴᠢ ᠵᠢ ᠰᠣᠩᠭᠤᠵᠤ᠂ ᠡᠵᠡᠩᠨᠡᠭᠴᠢ ᠵᠢᠨ ᠵᠠᠷ ᠮᠡᠳᠡᠭᠡᠨ᠎ᠤ ᠤᠬᠠᠭᠤᠯᠭ᠎ᠠ᠂ ᠠᠮᠠᠯᠠᠯᠲᠠ ᠵᠢ ᠠᠮᠠᠷᠬᠠᠨ ᠢᠲᠡᠭᠡᠵᠦ ᠪᠣᠯᠬᠤ ᠦᠭᠡᠢ᠂ ᠬᠠᠷᠠᠭ᠋ᠠᠯᠵᠠᠯ᠎ᠤᠨ ᠬᠡᠮᠵᠢᠶ᠎ᠡ ᠶᠡᠬᠡ᠎ᠳᠤ ᠭᠣᠷᠢᠳᠠᠵᠤ ᠳᠠᠯᠳᠠ ᠠᠶᠤᠯ ᠲᠦᠭᠰᠢᠭᠦᠷᠢ ᠵᠢ ᠣᠮᠲᠣᠭ᠋ᠠᠶ᠋ᠢᠯᠠᠵᠤ᠂ ᠥᠪᠡᠷ᠎ᠤᠨ ᠬᠠᠤᠯᠢ ᠶᠣᠰᠣᠨ᠎ᠤ ᠡᠷᠬᠡ ᠠᠰᠢᠭ᠎ᠲᠤ ᠬᠤᠬᠢᠷᠠᠯ ᠤᠴᠠᠷᠠᠭᠤᠯᠬᠤ᠎ᠠᠴᠠ ᠰᠡᠷᠭᠡᠢ᠌ᠯᠡᠬᠦ ᠬᠡᠷᠡᠭᠲᠡᠢ᠃
ᠤᠷᠢᠳᠴᠢᠯᠠᠨ ᠰᠦᠢ᠍ᠳᠬᠡᠯ ᠲᠤᠰᠢᠶᠠᠬᠤ ᠰᠦᠢ᠍ᠳᠬᠡᠯ᠎ᠤᠨ ᠲᠣᠭ᠎ᠠ ᠬᠡᠳᠦ ᠶᠡᠬᠡ ᠪᠠᠢ᠌ᠵᠤ ᠪᠣᠯᠬᠤ ᠦᠭᠡᠢ
ᠬᠡᠷᠡᠭᠯᠡᠭᠴᠢᠳ ᠤᠷᠢᠳᠴᠢᠯᠠᠨ ᠰᠦᠢ᠍ᠳᠬᠡᠯ ᠲᠤᠰᠢᠶᠠᠬᠤ᠎ᠳᠡᠭᠡᠨ ᠥᠪᠡᠷ᠎ᠤᠨ ᠪᠣᠳᠠᠲᠤ ᠬᠡᠷᠡᠭᠴᠡᠭᠡ᠎ᠪᠠᠨ ᠦᠨᠳᠦᠰᠦᠯᠡᠨ᠂ ᠤᠷᠢᠳᠴᠢᠯᠠᠨ ᠰᠦᠢ᠍ᠳᠬᠡᠯ ᠲᠤᠰᠢᠶᠠᠬᠤ ᠮᠠᠶᠢᠭ᠎ᠤᠨ ᠬᠡᠷᠡᠭᠯᠡᠭᠡᠨ᠎ᠢ ᠬᠤᠳᠠᠯᠳᠤᠨ ᠠᠪᠬᠤ᠎ᠳᠠᠭᠠᠨ ᠰᠢᠨᠵᠢᠯᠡᠬᠦ ᠤᠬᠠᠭ᠋ᠠᠨᠴᠢ᠎ᠪᠠᠷ ᠬᠡᠲᠦᠷᠬᠡᠶ ᠠᠷᠪᠢᠨ ᠠᠪᠴᠤ ᠪᠣᠯᠬᠤ ᠥᠬᠡᠶ᠂ ᠵᠣᠭᠤᠰ᠎ᠤᠨ ᠲᠤᠭ᠎ᠠ᠎ᠨᠢ ᠬᠡᠲᠦ ᠶᠡᠭᠡ᠂ ᠦᠢ᠍ᠯᠡᠴᠢᠯᠡᠭᠡᠨ᠎ᠤ ᠦᠶᠡᠯᠡᠯ᠎ᠤᠨ ᠬᠤᠭᠤᠴᠠᠭ᠎ᠠ᠎ᠨᠢ ᠬᠡᠲᠦ ᠣᠷᠳᠣ ᠤᠷᠢᠳᠴᠢᠯᠠᠨ ᠰᠦᠢ᠍ᠳᠬᠡᠯ ᠲᠤᠰᠢᠶᠠᠬᠤ ᠮᠠᠶᠢᠭ᠎ᠤᠨ ᠬᠡᠷᠡᠭᠯᠡᠭᠡ ᠵᠢ ᠪᠣᠯᠭᠤᠮᠵᠢᠲᠠᠶ ᠰᠣᠩᠭᠤᠵᠤ᠂ ᠡᠭᠦᠨ᠎ᠠᠴᠠ ᠪᠤᠯᠵᠤ ᠬᠡᠲᠦ ᠶᠡᠭᠡ ᠲᠦᠭᠰᠢᠭᠦᠷᠢ ᠵᠢ ᠡᠭᠦᠷᠭᠡᠯᠡᠬᠦ᠎ᠠᠴᠠ ᠵᠠᠶ᠋ᠢᠯᠠᠰᠬᠢᠬᠦ ᠬᠡᠷᠡᠭᠲᠡᠶ᠃ ᠵᠣᠭᠣᠰ᠎ᠤᠨ ᠲᠣᠭ᠎ᠠ᠎ᠨᠢ ᠨᠡᠯᠢᠶᠡᠳ ᠪᠠᠭ᠎ᠠ᠂ ᠦᠶᠡᠯᠡᠯ᠎ᠤᠨ ᠬᠤᠭᠤᠴᠠᠭ᠎ᠠ᠎ᠨᠢ ᠨᠡᠯᠢᠶᠡᠳ ᠣᠬᠣᠷ ᠪᠠᠶ᠋ᠢᠬᠤ ᠤᠷᠢᠳᠴᠢᠯᠠᠨ ᠰᠦᠢ᠍ᠳᠬᠡᠯ ᠲᠤᠰᠢᠶᠠᠬᠤ ᠮᠠᠶᠢᠭ᠎ᠤᠨ ᠬᠡᠷᠡᠭᠯᠡᠭᠡ ᠵᠢ ᠰᠣᠩᠭᠣᠪᠠᠯ ᠵᠣᠬᠢᠨ᠎ᠠ᠂ ᠢᠩᠭᠢᠪᠡᠯ ᠡᠵᠡᠩᠨᠡᠭᠴᠢ ᠡᠭᠦᠳᠡ᠎ᠪᠠᠨ ᠬᠠᠭ᠋ᠠᠵᠤ᠂ ᠰᠢᠯᠵᠢᠭᠦᠯᠦᠨ ᠲᠤᠰᠢᠶᠠᠬᠤ ᠵᠡᠷᠭᠡ ᠪᠠᠶ᠋ᠢᠳᠠᠯ ᠭᠠᠷᠤᠭᠰᠠᠨ ᠴᠤ᠌᠂ ᠬᠡᠷᠡᠭᠯᠡᠭᠴᠢᠳ᠎ᠤᠨ ᠲᠦᠭᠰᠢᠭᠦᠷᠢ᠎ᠨᠢ ᠪᠠᠭ᠎ᠠ ᠪᠣᠯᠵᠤ᠂ ᠬᠤᠪᠢ ᠬᠥᠮᠥᠨ᠎ᠤ ᠬᠣᠬᠢᠷᠠᠯ᠎ᠨᠢ ᠴᠦ᠍ ᠪᠠᠭ᠎ᠠ ᠪᠣᠯᠳᠠᠭ᠃
ᠪᠣᠯᠵᠣᠨ ᠲᠣᠭᠲᠠᠭᠰᠠᠨ ᠠᠭᠤᠯᠭ᠎ᠠ ᠵᠢ ᠨᠠᠷᠢᠯᠢᠭᠵᠢᠭᠤᠯᠤᠨ᠎ᠠ
ᠤᠷᠢᠳᠴᠢᠯᠠᠨ ᠰᠦᠢ᠍ᠳᠬᠡᠯ ᠲᠤᠰᠢᠶᠠᠬᠤ ᠮᠠᠶᠢᠭ᠎ᠤᠨ ᠬᠡᠷᠡᠭᠯᠡᠭᠡ ᠵᠢ ᠬᠤᠳᠠᠯᠳᠤᠨ ᠠᠪᠬᠤ ᠦᠶ᠎ᠡ᠎ᠳᠤ᠂ ᠬᠡᠷᠡᠭᠯᠡᠭᠴᠢᠳ ᠬᠤᠯᠪᠣᠭᠳᠠᠯ ᠪᠦᠬᠦᠢ ᠲᠣᠳᠣᠷᠬᠠᠶ᠋ᠢᠯᠠᠯᠲᠠ ᠵᠢ ᠨᠠᠷᠢᠨ ᠣᠢ᠌ᠯᠠᠭ᠋ᠠᠵᠤ᠂ ᠠᠮᠠᠷᠢ ᠪᠣᠳᠣᠬᠤ ᠪᠤᠶᠤ ᠡᠵᠡᠩᠨᠡᠭᠴᠢ ᠵᠢᠨ ᠠᠮᠠᠯᠠᠯᠲᠠ ᠵᠢ ᠠᠮᠠᠷᠬᠠᠨ ᠢᠲᠡᠭᠡᠵᠦ ᠪᠣᠯᠬᠤ ᠦᠭᠡᠢ᠂ ᠬᠠᠮᠤᠭ᠎ᠤᠨ ᠰᠠᠶ᠋ᠢᠨ᠎ᠨᠢ ᠡᠵᠡᠩᠨᠡᠭᠴᠢ᠎ᠲᠠᠢ ᠪᠢᠴᠢᠭ᠎ᠤᠨ ᠭᠡᠷ᠎ᠡ ᠪᠤᠶᠤ ᠬᠡᠯᠡᠯᠴᠡᠭᠡᠷ ᠲᠣᠭᠲᠠᠵᠤ᠂ ᠭᠡᠷ᠎ᠡ ᠪᠤᠶᠤ ᠬᠡᠯᠡᠯᠴᠡᠭᠡᠷ᠎ᠲᠤ ᠤᠷᠢᠳᠴᠢᠯᠠᠨ ᠰᠦᠢ᠍ᠳᠬᠡᠯ ᠲᠤᠰᠢᠶᠠᠬᠤ ᠦᠢ᠍ᠯᠡᠴᠢᠯᠡᠭᠡᠨ᠎ᠤ ᠬᠡᠷᠡᠭᠯᠡᠬᠦ ᠬᠡᠪᠴᠢᠶ᠎ᠡ᠂ ᠬᠦᠴᠦᠨ᠎ᠲᠠᠢ ᠬᠤᠭᠤᠴᠠᠭ᠎ᠠ᠂ ᠦᠢ᠍ᠯᠡᠴᠢᠯᠡᠭᠡᠨ᠎ᠤ ᠲᠦᠷᠦᠯ ᠵᠦᠢ᠍ᠯ᠂ ᠵᠣᠭᠤᠰ ᠪᠤᠴᠠᠭ᠋ᠠᠬᠤ ᠨᠥᠬᠦᠴᠡᠯ᠂ ᠭᠡᠷ᠎ᠡ ᠵᠢ ᠵᠥᠷᠢᠴᠡᠭᠰᠡᠨ ᠬᠠᠷᠢᠭᠤᠴᠠᠯᠭ᠎ᠠ ᠵᠡᠷᠭᠡ ᠵᠦᠢ᠍ᠯ ᠵᠤᠷᠪᠤᠰ᠎ᠢ ᠨᠠᠷᠢᠨ ᠲᠣᠳᠣᠷᠬᠠᠶ ᠪᠣᠯᠵᠣᠨ ᠲᠣᠭᠲᠠᠬᠤ ᠵᠢᠨ ᠬᠠᠮᠲᠤ ᠦᠢ᠍ᠯᠡᠴᠢᠯᠡᠭᠡ ᠵᠢ ᠵᠣᠭᠰᠣᠭ᠋ᠠᠬᠤ᠂ ᠰᠢᠯᠵᠢᠭᠦᠯᠦᠨ ᠲᠤᠰᠢᠶᠠᠬᠤ ᠵᠡᠷᠭᠡ ᠬᠢᠵᠠᠭ᠋ᠠᠷᠯᠠᠬᠤ ᠴᠢᠨᠠᠷᠲᠠᠶ ᠪᠣᠯᠵᠣᠨ ᠲᠣᠭᠲᠠᠭᠰᠠᠨ ᠵᠦᠢ᠍ᠯ᠎ᠢ ᠣᠨᠴᠠᠭ᠋ᠠᠶ᠋ᠢᠯᠠᠨ ᠠᠩᠬᠠᠷᠴᠤ᠂ ᠬᠣᠵᠢᠮ ᠵᠢᠭᠤᠷᠠᠯᠳᠤᠭ᠋ᠠᠨ ᠭᠠᠷᠬᠤ ᠦᠶ᠎ᠡ᠎ᠳᠤ ᠦᠨᠳᠦᠰᠦ ᠪᠠᠷᠢᠮᠲᠠ ᠦᠭᠡᠢ᠎ᠠᠴᠠ ᠪᠣᠯᠵᠤ᠂ ᠡᠷᠬᠡ᠎ᠪᠠᠨ ᠬᠠᠮᠠᠭ᠋ᠠᠯᠠᠬᠤ᠎ᠳᠤ ᠬᠦᠴᠢᠷᠳᠡᠯ ᠤᠴᠠᠷᠠᠭᠤᠯᠬᠤ᠎ᠠᠴᠠ ᠰᠡᠷᠭᠡᠶ᠋ᠢᠯᠡᠬᠦ ᠬᠡᠷᠡᠭᠲᠡᠶ᠃
ᠭᠡᠷᠡᠴᠢ ᠪᠠᠷᠢᠮᠲᠠ᠎ᠪᠠᠨ ᠦᠯᠡᠳᠡᠭᠡᠵᠦ᠂ ᠴᠠᠭ ᠲᠣᠬᠠᠢᠳᠤᠨᠢ ᠡᠷᠬᠡ᠎ᠪᠠᠨ ᠬᠠᠮᠠᠭ᠋ᠠᠯᠠᠬᠤ ᠬᠡᠷᠡᠭᠲᠡᠢ
ᠬᠡᠷᠡᠭᠯᠡᠭᠴᠢᠳ ᠤᠷᠢᠳᠴᠢᠯᠠᠨ ᠰᠦᠢ᠍ᠳᠬᠡᠯ ᠲᠤᠰᠢᠶᠠᠬᠤ ᠮᠠᠶᠢᠭ᠎ᠤᠨ ᠬᠡᠷᠡᠭᠯᠡᠭᠡ ᠵᠢ ᠰᠣᠩᠭᠤᠭᠰᠠᠨ᠎ᠤ ᠳᠠᠷᠠᠭ᠎ᠠ᠂ ᠤᠷᠢᠳᠴᠢᠯᠠᠨ ᠰᠦᠢ᠍ᠳᠬᠡᠯ ᠲᠤᠰᠢᠶᠠᠭᠰᠠᠨ ᠭᠡᠷᠡᠴᠢ ᠪᠠᠷᠢᠮᠲᠠ᠂ ᠭᠡᠷ᠎ᠡ ᠪᠤᠶᠤ ᠬᠡᠯᠡᠯᠴᠡᠭᠡᠷ᠂ ᠤᠬᠠᠭᠤᠯᠭ᠎ᠠ ᠵᠢᠨ ᠬᠠᠭᠤᠳᠠᠰᠤ᠂ ᠪᠠᠷᠢᠮᠲᠠ ᠵᠡᠷᠭᠡ ᠵᠢ ᠰᠠᠶ᠋ᠢᠲᠤᠷ ᠬᠠᠳᠠᠭ᠋ᠠᠯᠠᠬᠤ ᠬᠡᠷᠡᠭᠲᠡᠢ᠂ ᠬᠣᠵᠢᠮ ᠬᠡᠷᠡᠭᠯᠡᠭᠡᠨ᠎ᠤ ᠵᠢᠭᠤᠷᠠᠯᠳᠤᠭ᠋ᠠᠨ ᠭᠠᠷᠬᠤ ᠦᠶ᠎ᠡ᠎ᠳᠤ ᠡᠷᠬᠡ᠎ᠪᠠᠨ ᠬᠠᠮᠠᠭ᠋ᠠᠯᠠᠬᠤ ᠦᠨᠳᠦᠰᠦ ᠪᠠᠷᠢᠮᠲᠠ᠎ᠲᠠᠢ ᠪᠠᠶ᠋ᠢᠵᠤ᠂ ᠡᠵᠡᠩᠨᠡᠭᠴᠢᠳ᠎ᠤᠨ ᠬᠡᠪ᠎ᠤᠨ ᠪᠤᠰᠤ ᠪᠠᠶ᠋ᠢᠳᠠᠯ ᠪᠠᠶ᠋ᠢᠬᠤ ᠵᠢ ᠣᠯᠵᠤ ᠮᠡᠳᠡᠪᠡᠯ᠂ ᠬᠤᠯᠪᠣᠭᠳᠠᠯ ᠪᠦᠬᠦᠢ ᠬᠢᠨᠠᠨ ᠬᠠᠮᠢᠶᠠᠷᠬᠤ ᠰᠠᠯᠠᠭ᠎ᠠ ᠮᠥᠴᠢᠷ᠎ᠠᠴᠠ ᠠᠰᠠᠭᠤᠨ ᠯᠠᠪᠯᠠᠵᠤ᠂ ᠵᠠᠭ᠋ᠠᠯᠳᠤᠬᠤ ᠪᠤᠶᠤ ᠢᠯᠡᠴᠢᠯᠡᠨ ᠮᠡᠳᠡᠭᠦᠯᠵᠦ᠂ ᠲᠤᠰ ᠪᠡᠶ᠎ᠡ ᠵᠢᠨ ᠬᠠᠤᠯᠢ ᠶᠣᠰᠣᠨ᠎ᠤ ᠡᠷᠬᠡ ᠠᠰᠢᠭ ᠵᠶ᠋ᠠᠨ ᠪᠦᠲᠦᠮᠵᠢᠲᠡᠶ ᠬᠠᠮᠠᠭ᠋ᠠᠯᠠᠬᠤ ᠬᠡᠷᠡᠭᠲᠡᠢ᠃