ᠬᠤᠳᠠᠯᠳᠤᠨ ᠠᠪᠴᠤ ᠪᠣᠯᠬᠤ ᠦᠭᠡᠢ᠂ ᠢᠳᠡᠵᠦ ᠬᠡᠷᠡᠭᠯᠡᠵᠦ ᠪᠣᠯᠬᠤ ᠦᠭᠡᠢ
2024-02-29

ᠪᠣᠭᠣᠮᠲᠠ ᠵᠢᠨ ᠶᠡᠷᠦᠩᠬᠡᠢ ᠵᠠᠬᠢᠷᠭ᠎ᠠ ᠵᠢᠨ ᠠᠯᠪᠠᠨ᠎ᠤ ᠰᠦᠯᠵᠢᠶ᠎ᠡ ᠵᠢᠨ 26᠎ᠤ ᠡᠳᠦᠷ ᠨᠡᠢ᠍ᠲᠡᠯᠡᠭᠰᠡᠨ ᠮᠡᠳᠡᠭᠡ᠄ ᠳᠤᠮᠳᠠᠳᠤ ᠤᠯᠤᠰ᠎ᠲᠤ ᠳᠠᠩᠰᠠᠯᠠᠭᠤᠯᠤᠭᠰᠠᠨ ᠨᠣᠮᠧᠷ᠎ᠨᠢ CUSA 24092203180057 ᠪᠣᠯᠬᠤ ᠠᠮᠧᠷᠢᠺᠠ ᠵᠢᠨ ᠤᠮᠳᠠᠭ᠋ᠠᠨ ᠦᠢ᠍ᠯᠡᠳᠪᠦᠷᠢᠯᠡᠬᠦ ᠠᠵᠤ ᠠᠬᠤᠢ᠍ᠯᠠᠯ JERRY&SONS PHARMACEUTICAL INC᠎ᠨᠢ  ᠳᠠᠩᠰᠠᠯᠠᠯᠲᠠ ᠭᠤᠶᠤᠴᠢᠯᠠᠬᠤ ᠦᠶᠡᠰ ᠬᠤᠳᠠᠯ ᠬᠠᠭᠤᠷᠮᠠᠭ ᠮᠠᠲ᠋ᠧᠷᠢᠶᠠᠯ ᠬᠠᠩᠭ᠋ᠠᠵᠠᠢ᠃ ᠪᠣᠭᠣᠮᠲᠠ ᠵᠢᠨ ᠶᠡᠷᠦᠩᠬᠡᠶ ᠵᠠᠬᠢᠷᠭ᠎ᠠ᠎ᠨᠢ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠳᠠᠭ᠋ᠠᠳᠤ᠎ᠠᠴᠠ ᠣᠷᠣᠭᠤᠯᠬᠤ ᠢᠳᠡᠭᠡᠨ᠎ᠤ ᠵᠦᠢ᠍ᠯ᠎ᠤᠨ ᠬᠢᠯᠢ ᠵᠢᠨ ᠭᠠᠳᠠᠨᠠᠬᠢ ᠦᠢ᠍ᠯᠡᠳᠪᠦᠷᠢᠯᠡᠬᠦ ᠠᠵᠤ ᠠᠬᠤᠶ᠋ᠢᠯᠠᠯ᠎ᠤᠨ ᠳᠠᠩᠰᠠᠯᠠᠭᠤᠯᠬᠤ ᠬᠠᠮᠢᠶᠠᠷᠤᠯᠲᠠ ᠵᠢᠨ ᠲᠣᠭᠲᠠᠭ᠋ᠠᠯ》᠎ᠤᠨ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ᠂ ᠲᠤᠰ ᠠᠵᠤ ᠠᠬᠤᠶ᠋ᠢᠯᠠᠯ᠎ᠤᠨ ᠳᠤᠮᠳᠠᠳᠤ ᠤᠯᠤᠰ᠎ᠲᠤ ᠳᠠᠩᠰᠠᠯᠠᠭᠤᠯᠬᠤ ᠬᠢᠷᠢ ᠭᠡᠮ᠎ᠢ ᠨᠢᠭᠡᠨᠲᠡ ᠬᠦᠴᠦᠨ ᠦᠭᠡᠶ ᠪᠣᠯᠭ᠋ᠠᠪᠠ᠃ ᠪᠦᠬᠦ ᠠᠭᠤᠯᠭ᠎ᠠ᠎ᠨᠢ ᠲᠤᠤᠷᠠᠬᠢ ᠮᠡᠳᠤ᠄

ᠪᠣᠭᠤᠮᠲᠠ ᠵᠢᠨ ᠶᠡᠷᠦᠩᠬᠡᠢ ᠵᠠᠬᠢᠷᠭ᠎ᠠ᠎ᠠᠴᠠ 1 ᠤᠮᠳᠠᠭ᠋ᠠᠨ᠎ᠤ ᠠᠵᠤ ᠠᠬᠤᠶ᠋ᠢᠯᠠᠯ᠎ᠤᠨ ᠳᠤᠮᠳᠠᠳᠤ ᠤᠯᠤᠰ᠎ᠲᠤ ᠳᠠᠩᠰᠠᠯᠠᠭᠤᠯᠬᠤ ᠬᠢᠷᠢ ᠬᠡᠮ᠎ᠢ ᠬᠦᠴᠦᠨ ᠦᠭᠡᠢ ᠪᠣᠯᠭ᠋ᠠᠪᠠ

ᠬᠢᠨᠠᠨ ᠬᠠᠷᠭᠤᠭᠤᠯᠤᠭᠰᠠᠨ ᠵᠶ᠋ᠠᠷ᠂ ᠳᠤᠮᠳᠠᠳᠤ ᠤᠯᠤᠰ᠎ᠲᠤ ᠳᠠᠩᠰᠠᠯᠠᠭᠤᠯᠤᠭᠰᠠᠨ ᠨᠣᠮᠧᠷ᠎ᠨᠢ CUSA24092203180057 ᠪᠣᠯᠬᠤ ᠠᠮᠧᠷᠢᠺᠠ ᠵᠢᠨ ᠤᠮᠳᠠᠭ᠋ᠠᠨ ᠦᠢ᠍ᠯᠡᠳᠪᠦᠷᠢᠯᠡᠬᠦ ᠠᠵᠤ ᠠᠬᠤᠢ᠍ᠯᠠᠯ JERRY&SONS PHARMACEUTICAL INC᠎ᠨᠢ  ᠳᠠᠩᠰᠠᠯᠠᠯᠲᠠ ᠭᠤᠶᠤᠴᠢᠯᠠᠬᠤ ᠦᠶᠡᠰ ᠬᠤᠳᠠᠯ ᠬᠠᠭᠤᠷᠮᠠᠭ ᠮᠠᠲ᠋ᠧᠷᠢᠶᠠᠯ ᠬᠠᠩᠭ᠋ᠠᠵᠠᠢ᠃ ᠪᠣᠭᠣᠮᠲᠠ ᠵᠢᠨ ᠶᠡᠷᠦᠩᠬᠡᠶ ᠵᠠᠬᠢᠷᠭ᠎ᠠ᠎ᠨᠢ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠳᠠᠭ᠋ᠠᠳᠤ᠎ᠠᠴᠠ ᠣᠷᠣᠭᠤᠯᠬᠤ ᠢᠳᠡᠭᠡᠨ᠎ᠤ ᠵᠦᠢ᠍ᠯ᠎ᠤᠨ ᠬᠢᠯᠢ ᠵᠢᠨ ᠭᠠᠳᠠᠨᠠᠬᠢ ᠦᠢ᠍ᠯᠡᠳᠪᠦᠷᠢᠯᠡᠬᠦ ᠠᠵᠤ ᠠᠬᠤᠶ᠋ᠢᠯᠠᠯ᠎ᠤᠨ ᠳᠠᠩᠰᠠᠯᠠᠭᠤᠯᠬᠤ ᠬᠠᠮᠢᠶᠠᠷᠤᠯᠲᠠ ᠵᠢᠨ ᠲᠣᠭᠲᠠᠭ᠋ᠠᠯ》᠎ᠤᠨ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ᠂ ᠲᠤᠰ ᠠᠵᠤ ᠠᠬᠤᠶ᠋ᠢᠯᠠᠯ᠎ᠤᠨ ᠳᠤᠮᠳᠠᠳᠤ ᠤᠯᠤᠰ᠎ᠲᠤ ᠳᠠᠩᠰᠠᠯᠠᠭᠤᠯᠬᠤ ᠬᠢᠷᠢ ᠭᠡᠮ᠎ᠢ ᠨᠢᠭᠡᠨᠲᠡ ᠬᠦᠴᠦᠨ ᠦᠭᠡᠶ ᠪᠣᠯᠭ᠋ᠠᠪᠠ᠃ ᠪᠣᠭᠣᠮᠲᠠ᠎ᠨᠤᠭᠤᠳ ᠳᠡᠭᠡᠷ᠎ᠡ ᠳᠤᠷᠠᠳᠤᠭᠰᠠᠨ ᠠᠵᠤ ᠠᠬᠤᠢ᠌ᠯᠠᠯ᠎ᠤᠨ ᠦᠢ᠍ᠯᠡᠳᠬᠦᠨ᠎ᠤ ᠪᠣᠭᠣᠮᠲᠠ᠎ᠳᠤ ᠮᠡᠳᠡᠭᠦᠯᠦᠭᠰᠡᠨ ᠲᠡᠮᠳᠡᠭᠯᠡᠯ᠎ᠢ ᠣᠯᠵᠤ ᠮᠡᠳᠡᠭᠰᠡᠨ ᠦᠭᠡᠢ᠃

ᠪᠣᠭᠣᠮᠲᠠ ᠵᠢᠨ ᠶᠡᠷᠦᠩᠬᠡᠢ ᠵᠠᠬᠢᠷᠭ᠎ᠠ ᠬᠡᠷᠡᠭᠯᠡᠭᠴᠢᠳ᠎ᠲᠤ ᠰᠠᠨᠠᠭᠤᠯᠬᠤ᠎ᠨᠢ᠄

1. ᠳᠤᠮᠳᠠᠳᠤ ᠤᠯᠤᠰ᠎ᠲᠤ ᠳᠠᠩᠰᠠᠯᠠᠭᠤᠯᠤᠭᠰᠠᠨ ᠨᠣᠮᠧᠷ᠎ᠨᠢ CUSA24092203180057 ᠪᠣᠯᠬᠤ ᠠᠮᠧᠷᠢᠺᠠ ᠵᠢᠨ ᠠᠵᠤ ᠠᠬᠤᠢ᠍ᠯᠠᠯ JERRY&SONS PHARMACEUTICAL INC ᠵᠢᠨ ᠤᠮᠳᠠᠭ᠋ᠠᠨ᠎ᠤ ᠦᠢ᠍ᠯᠡᠳᠬᠦᠨ ᠪᠣᠯ ᠲᠢᠶᠠᠨ ᠴᠢ ᠡᠸᠦ᠋ᠷᠦᠫᠡ ᠤᠯᠠᠭ᠋ᠠᠨ ᠭᠦᠢ᠍ᠯᠡᠰᠦᠨ᠎ᠤ ᠰᠢᠭᠦᠰᠦ (TiQ Prune Juice)᠃

2. ᠲᠤᠰ ᠠᠵᠤ ᠠᠬᠤᠶ᠋ᠢᠯᠠᠯ᠎ᠤᠨ ᠤᠮᠳᠠᠭ᠋ᠠᠨ᠎ᠢ ᠬᠤᠳᠠᠯᠳᠤᠵᠤ ᠠᠪᠤᠭᠰᠠᠨ ᠪᠠᠶ᠋ᠢᠪᠠᠯ᠂ ᠤᠤᠭᠤᠬᠤ᠎ᠪᠠᠨ ᠵᠣᠭᠰᠣᠭ᠋ᠠᠵᠤ᠂ ᠬᠤᠳᠠᠯᠳᠤᠵᠤ ᠠᠪᠤᠭᠰᠠᠨ ᠠᠷᠭ᠎ᠠ ᠵᠠᠮ ᠵᠶ᠋ᠠᠷ ᠪᠠᠷᠠᠭ᠎ᠠ᠎ᠪᠠᠨ ᠪᠤᠴᠠᠭ᠋ᠠᠬᠤ᠎ᠪᠠᠷ ᠬᠠᠷᠢᠯᠴᠠᠭ᠋ᠠᠷᠠᠢ᠃

ᠢᠷᠡᠯᠲᠡ᠄ ᠪᠣᠭᠤᠮᠲᠠ ᠵᠢᠨ ᠶᠡᠷᠦᠩᠬᠡᠢ ᠵᠠᠬᠢᠷᠭ᠎ᠠ ᠵᠢᠨ ᠠᠯᠪᠠᠨ ᠰᠦᠯᠵᠢᠶ᠎ᠡ