《ᠨᠠᠰᠤᠲᠠᠢ᠌ᠴᠤᠳ ᠪᠠ ᠨᠢᠯᠬᠠᠰ》᠎ᠲᠤ ᠬᠣᠯᠪᠣᠭᠳᠠᠬᠤ ᠡᠨᠡᠬᠦ ᠰᠢᠨ᠎ᠡ ᠲᠣᠭᠲᠠᠭ᠋ᠠᠯ᠎ᠢ 3 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ!
2024-02-28

ᠣᠨᠴᠠᠭ᠋ᠠᠢ ᠢᠳᠡᠭᠡᠨ᠎ᠤ ᠦᠢ᠍ᠯᠡᠳᠪᠦᠷᠢᠯᠡᠯ ᠪᠣᠯᠣᠨ ᠡᠵᠡᠩᠨᠡᠯᠲᠡ᠎ᠳᠤ ᠬᠣᠯᠪᠣᠭᠳᠠᠨ᠂ ᠢᠳᠡᠭᠡᠨ᠎ᠤ ᠠᠮᠤᠷ ᠲᠦᠪᠰᠢᠨ᠎ᠤ ᠬᠠᠮᠢᠶᠠᠷᠤᠭᠴᠢ ᠵᠢ ᠬᠢᠨᠠᠨ ᠰᠢᠯᠭ᠋ᠠᠬᠤ ᠰᠢᠨ᠎ᠡ ᠲᠣᠭᠲᠠᠭ᠋ᠠᠯ᠎ᠢ ᠡᠨᠡ ᠵᠢᠯ᠎ᠤᠨ 3 ᠳ᠋ᠤᠭ᠋ᠠᠷ ᠰᠠᠷ᠎ᠠ᠎ᠠᠴᠠ ᠬᠡᠷᠡᠭᠵᠢᠭᠦᠯᠦᠨ᠎ᠡ

ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ ᠣᠶ᠋ᠢᠷ᠎ᠠ᠎ᠳᠤ 《ᠠᠵᠤ ᠠᠬᠤᠶ᠋ᠢᠯᠠᠯ᠎ᠤᠨ ᠢᠳᠡᠭᠡᠨ᠎ᠤ ᠠᠮᠤᠷ ᠲᠦᠪᠰᠢᠨ᠎ᠤ ᠬᠠᠮᠢᠶᠠᠷᠤᠭᠴᠢ᠎ᠳᠤ ᠬᠢᠨᠠᠯᠲᠠ ᠲᠠᠯᠪᠢᠵᠤ ᠰᠤᠭᠤᠴᠢᠨ ᠪᠠᠶ᠋ᠢᠴᠠᠭ᠋ᠠᠵᠤ ᠬᠢᠨᠠᠨ ᠰᠢᠯᠭ᠋ᠠᠬᠤ ᠵᠦᠭᠯᠡᠭᠦᠷ》 ᠪᠠ 《ᠠᠵᠤ ᠠᠬᠤᠶ᠋ᠢᠯᠠᠯ᠎ᠤᠨ ᠢᠳᠡᠭᠡᠨ᠎ᠤ ᠠᠮᠤᠷ ᠲᠦᠪᠰᠢᠨ᠎ᠤ ᠬᠠᠮᠢᠶᠠᠷᠤᠭᠴᠢ᠎ᠳᠤ ᠬᠢᠨᠠᠯᠲᠠ ᠲᠠᠯᠪᠢᠵᠤ ᠰᠤᠭᠤᠴᠢᠨ ᠪᠠᠶ᠋ᠢᠴᠠᠭ᠋ᠠᠵᠤ ᠬᠢᠨᠠᠨ ᠰᠢᠯᠭ᠋ᠠᠬᠤ ᠬᠥᠲᠥᠯᠪᠦᠷᠢ》 ᠵᠢ ᠨᠡᠶ᠋ᠢᠲᠡᠯᠡᠵᠦ᠂ 2024 ᠣᠨ᠎ᠤ 3 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ ᠡᠨᠡ᠎ᠨᠢ ᠣᠨᠴᠠᠭ᠋ᠠᠢ ᠢᠳᠡᠭᠡᠨ ᠦᠢ᠍ᠯᠡᠳᠪᠦᠷᠢᠯᠡᠵᠦ ᠡᠵᠡᠩᠨᠡᠬᠦ ᠠᠵᠤ ᠠᠬᠤᠶ᠋ᠢᠯᠠᠯ᠎ᠤᠨ ᠢᠳᠡᠭᠡᠨ᠎ᠤ ᠠᠮᠤᠷ ᠲᠥᠪᠰᠢᠨ᠎ᠤ ᠬᠠᠮᠢᠶᠠᠷᠤᠭᠴᠢ ᠵᠢᠨ ᠭᠣᠣᠯ ᠬᠠᠷᠢᠭᠤᠴᠠᠯᠭ᠎ᠠ ᠵᠢ ᠤᠯᠠᠮ ᠴᠢᠨᠠᠭᠰᠢᠳᠠ ᠲᠣᠳᠣᠷᠬᠠᠢ ᠪᠣᠯᠭ᠋ᠠᠬᠤ ᠪᠣᠯᠤᠨ᠎ᠠ᠃

ᠣᠨᠴᠠᠭ᠋ᠠᠶ ᠢᠳᠡᠭᠡᠨ᠎ᠳᠤ ᠡᠷᠡᠭᠦᠯᠵᠢᠯ᠎ᠤᠨ ᠢᠳᠡᠭᠡᠨ᠂ ᠠᠨᠠᠭ᠋ᠠᠬᠤ ᠤᠬᠠᠭ᠋ᠠᠨ᠎ᠤ ᠣᠨᠴᠠᠭ᠋ᠠᠶ ᠬᠡᠷᠡᠭᠴᠡᠭᠡᠲᠦ ᠨᠠᠶ᠋ᠢᠷᠠᠯᠭ᠎ᠠ᠎ᠲᠠᠢ ᠢᠳᠡᠭᠡᠨ ᠪᠠ ᠨᠢᠯᠬ᠎ᠠ ᠬᠡᠦᠬᠡᠳ᠎ᠤᠨ ᠨᠠᠶ᠋ᠢᠷᠠᠯᠭ᠎ᠠ᠎ᠲᠠᠢ ᠢᠳᠡᠭᠡᠨ ᠪᠠᠭᠲᠠᠵᠤ᠂ ᠡᠨᠡ᠎ᠨᠢ 《ᠨᠠᠰᠤᠲᠠᠢ᠌ᠴᠤᠳ ᠪᠠ ᠨᠢᠯᠬᠠᠰ》 ᠵᠡᠷᠭᠡ ᠭᠤᠤᠯᠳᠠᠯᠭ᠎ᠠ᠎ᠲᠠᠢ ᠬᠥᠮᠦᠰ᠎ᠤᠨ ᠪᠡᠶ᠎ᠡ ᠮᠠᠬᠠᠪᠣᠳ᠎ᠤᠨ ᠡᠷᠡᠭᠦᠯ ᠮᠡᠨᠳᠦ ᠪᠠ ᠠᠮᠢ ᠨᠠᠰᠤᠨ᠎ᠤ ᠠᠮᠤᠷ ᠲᠦᠪᠰᠢᠨ᠎ᠲᠠᠢ ᠬᠣᠯᠪᠣᠭᠳᠠᠨ᠎ᠠ᠃

《ᠵᠦᠭᠯᠡᠭᠦᠷ》 ᠪᠠ 《ᠬᠥᠲᠥᠯᠪᠦᠷᠢ》 ᠵᠢᠨ ᠬᠠᠮᠢᠶ᠎ᠠ ᠪᠦᠬᠦᠢ ᠱᠠᠭ᠋ᠠᠷᠳᠠᠯᠭ᠎ᠠ ᠵᠢ ᠦᠨᠳᠦᠰᠦᠯᠡᠪᠡᠯ᠂ ᠣᠨᠴᠠᠭ᠋ᠠᠢ ᠢᠳᠡᠭᠡᠨ᠎ᠢ ᠦᠢ᠍ᠯᠡᠳᠪᠦᠷᠢᠯᠡᠵᠦ᠂ ᠡᠵᠡᠩᠨᠡᠬᠦ ᠠᠵᠤ ᠠᠬᠤᠶ᠋ᠢᠯᠠᠯ᠎ᠤᠨ ᠭᠣᠤᠯ ᠬᠠᠷᠢᠭᠤᠴᠠᠯᠭ᠋ᠠᠲᠠᠨ᠎ᠨᠢ ᠣᠨᠴᠠᠭ᠋ᠠᠢ ᠢᠳᠡᠭᠡᠨ᠎ᠤ ᠦᠢ᠍ᠯᠡᠳᠪᠦᠷᠢᠯᠡᠯ ᠪᠠ ᠡᠵᠡᠩᠨᠡᠯᠲᠡ᠎ᠳᠤ ᠬᠣᠯᠪᠣᠭᠳᠠᠬᠤ ᠢᠳᠡᠭᠡᠨ᠎ᠤ ᠠᠮᠤᠷ ᠲᠦᠪᠰᠢᠨ᠎ᠤ ᠬᠠᠤᠯᠢ ᠴᠠᠭ᠋ᠠᠵᠠ ᠳᠦᠷᠢᠮ ᠲᠣᠭᠲᠠᠭ᠋ᠠᠯ ᠪᠣᠯᠤᠨ ᠪᠠᠷᠢᠮᠵᠢᠶ᠎ᠠ ᠵᠢᠨ ᠴᠢᠬᠤᠯᠠ ᠲᠣᠭᠲᠠᠭ᠋ᠠᠯ᠎ᠢ ᠡᠵᠡᠮᠰᠢᠵᠦ᠂ ᠠᠵᠤ ᠠᠬᠤᠶ᠋ᠢᠯᠠᠯ᠎ᠤᠨ ᠭᠣᠤᠯ ᠴᠣᠭᠴᠠ ᠵᠢᠨ ᠬᠠᠷᠢᠭᠤᠴᠠᠯᠭ᠎ᠠ ᠵᠢᠨ ᠳᠦᠷᠢᠮ ᠲᠣᠭᠲᠠᠭ᠋ᠠᠯ ᠵᠢᠴᠢ ᠲᠦᠭᠰᠢᠭᠦᠷᠢ ᠵᠢ ᠰᠡᠷᠭᠡᠶ᠋ᠢᠯᠡᠨ ᠬᠢᠵᠠᠭ᠋ᠠᠷᠯᠠᠬᠤ᠎ᠳᠤ ᠰᠠᠭᠤᠷᠢᠯᠠᠭᠰᠠᠨ ᠬᠥᠳᠡᠯᠦᠩᠭᠦᠶ ᠬᠠᠮᠢᠶᠠᠷᠤᠯᠲᠠ ᠵᠢᠨ ᠲᠣᠭᠲᠠᠴᠠ ᠵᠡᠷᠭᠡ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠬᠤ ᠬᠡᠷᠡᠭᠲᠡᠶ᠃

ᠣᠨᠴᠠᠭ᠋ᠠᠢ ᠢᠳᠡᠭᠡᠨ ᠦᠢ᠍ᠯᠡᠳᠪᠦᠷᠢᠯᠡᠬᠦ ᠠᠵᠤ ᠠᠬᠤᠶ᠋ᠢᠯᠠᠯ᠎ᠤᠨ ᠭᠣᠤᠯ ᠬᠠᠷᠢᠭᠤᠴᠠᠯᠭ᠋ᠠᠲᠠᠨ᠎ᠨᠢ ᠦᠢ᠍ᠯᠡᠳᠪᠦᠷᠢᠯᠡᠯ᠎ᠤᠨ ᠶᠠᠪᠤᠴᠠ᠎ᠳᠠᠬᠢ ᠵᠠᠩᠭᠢᠯᠠᠭ᠎ᠠ ᠵᠢᠨ ᠲᠦᠭᠰᠢᠭᠦᠷᠢ ᠵᠢᠨ ᠴᠡᠭ ᠪᠣᠯᠤᠨ ᠰᠡᠷᠭᠡᠢ᠌ᠯᠡᠨ ᠡᠵᠡᠮᠳᠡᠬᠦ ᠠᠷᠭ᠎ᠠ ᠬᠡᠮᠵᠢᠶ᠎ᠡ᠂ ᠲᠤᠰ ᠠᠵᠤ ᠠᠬᠤᠶ᠋ᠢᠯᠠᠯ᠎ᠤᠨ ᠢᠳᠡᠭᠡᠨ᠎ᠤ ᠠᠮᠤᠷ ᠲᠦᠪᠰᠢᠨ᠎ᠤ ᠬᠠᠮᠢᠶᠠᠷᠤᠯᠲᠠ ᠵᠢᠨ ᠳᠦᠷᠢᠮ᠎ᠢ ᠡᠵᠡᠮᠰᠢᠵᠦ᠂ ᠲᠤᠰ ᠠᠵᠤ ᠠᠬᠤᠶ᠋ᠢᠯᠠᠯ᠎ᠯᠤᠭ᠎ᠠ ᠬᠣᠯᠪᠣᠭᠳᠠᠬᠤ ᠬᠠᠤᠯᠢ ᠵᠢᠨ ᠬᠠᠷᠢᠭᠤᠴᠠᠯᠭ᠎ᠠ ᠪᠣᠯᠤᠨ ᠰᠢᠢ᠍ᠳᠬᠡᠨ ᠲᠣᠷᠭ᠋ᠠᠬᠤ ᠲᠣᠭᠲᠠᠭ᠋ᠠᠯ ᠵᠢᠴᠢ ᠢᠳᠡᠭᠡᠨ᠎ᠤ ᠠᠮᠤᠷ ᠲᠦᠪᠰᠢᠨ᠎ᠤ ᠰᠠᠭᠤᠷᠢ ᠮᠡᠳᠡᠯᠭᠡ ᠵᠡᠷᠭᠡ ᠠᠭᠤᠯᠭ᠎ᠠ ᠵᠢ ᠡᠵᠡᠮᠰᠢᠬᠦ ᠬᠡᠷᠡᠭᠲᠡᠶ᠃ ᠣᠨᠴᠠᠭ᠋ᠠᠢ ᠢᠳᠡᠭᠡᠨ ᠡᠵᠡᠩᠨᠡᠬᠦ ᠠᠵᠤ ᠠᠬᠤᠶ᠋ᠢᠯᠠᠯ᠎ᠤᠨ ᠭᠣᠤᠯ ᠬᠠᠷᠢᠭᠤᠴᠠᠯᠭ᠋ᠠᠲᠠᠨ᠎ᠨᠢ ᠲᠤᠰ ᠠᠵᠤ ᠠᠬᠤᠶ᠋ᠢᠯᠠᠯ᠎ᠤᠨ ᠡᠵᠡᠩᠨᠡᠵᠦ ᠪᠠᠢ᠌ᠭ᠎ᠠ ᠣᠨᠴᠠᠭ᠋ᠠᠢ ᠢᠳᠡᠭᠡᠨ᠎ᠤ ᠳᠠᠩᠰᠠᠯᠠᠨ ᠲᠡᠮᠳᠡᠭᠯᠡᠭᠰᠡᠨ ᠪᠠᠶ᠋ᠢᠳᠠᠯ᠂ ᠣᠨᠴᠠᠭ᠋ᠠᠢ ᠢᠳᠡᠭᠡᠨ᠎ᠢ ᠪᠣᠷᠣᠯᠠᠭᠤᠯᠬᠤ ᠣᠨᠴᠠᠭ᠋ᠠᠢ ᠱᠠᠭ᠋ᠠᠷᠳᠠᠯᠭ᠎ᠠ ᠵᠢᠴᠢ ᠪᠠᠷᠠᠭ᠎ᠠ ᠣᠷᠣᠭᠤᠯᠬᠤ᠂ ᠬᠤᠳᠠᠯᠳᠤᠬᠤ᠂ ᠬᠠᠳᠠᠭ᠋ᠠᠯᠠᠬᠤ᠂ ᠲᠡᠭᠡᠭᠡᠪᠦᠷᠢᠯᠡᠬᠦ ᠵᠡᠷᠭᠡ ᠡᠵᠡᠩᠨᠡᠯᠲᠡ ᠵᠢᠨ ᠶᠠᠪᠤᠴᠠ᠎ᠳᠠᠬᠢ ᠵᠠᠩᠭᠢᠯᠠᠭ᠎ᠠ ᠵᠢᠨ ᠲᠦᠭᠰᠢᠭᠦᠷᠢ ᠵᠢᠨ ᠴᠡᠭ ᠪᠣᠯᠤᠨ ᠰᠡᠷᠭᠡᠢ᠌ᠯᠡᠨ ᠡᠵᠡᠮᠳᠡᠬᠦ ᠠᠷᠭ᠎ᠠ ᠬᠡᠮᠵᠢᠶ᠎ᠡ ᠵᠢ ᠲᠣᠳᠣᠷᠬᠠᠢ ᠣᠶ᠋ᠢᠯᠠᠭ᠋ᠠᠬᠤ ᠬᠡᠷᠡᠭᠲᠡᠶ᠃

ᠢᠷᠡᠯᠲᠡ᠄ ᠰᠢᠨᠬᠤᠸᠠ ᠬᠣᠷᠢᠶ᠎ᠠ