2024 ᠣᠨ᠎ᠤ ᠴᠠᠭ᠋ᠠᠨ ᠰᠠᠷ᠎ᠠ ᠵᠢᠨ ᠠᠷᠪᠠᠨ ᠲᠠᠪᠤᠨ᠎ᠤ ᠥᠯᠵᠡᠶ᠋ᠢᠲᠦ ᠡᠳᠦᠷ᠎ᠤᠨ ᠪᠠᠶᠠᠷ᠎ᠤᠨ ᠡᠳᠦᠷ᠎ᠤᠨ ᠢᠳᠡᠭᠡᠨ ᠤᠮᠳᠠᠭ᠋ᠠᠨ᠎ᠤ ᠬᠡᠷᠡᠭᠯᠡᠭᠡᠨ᠎ᠤ ᠰᠠᠨᠠᠭᠤᠯᠤᠮᠵᠢ
2024-02-23

ᠴᠠᠭ᠋ᠠᠨ ᠰᠠᠷ᠎ᠠ ᠵᠢᠨ ᠠᠷᠪᠠᠨ ᠲᠠᠪᠤᠨ᠎ᠤ ᠥᠯᠵᠡᠶ᠋ᠢᠲᠦ ᠡᠳᠦᠷ᠎ᠤᠨ ᠪᠠᠶᠠᠷ ᠪᠣᠯ ᠳᠤᠮᠳᠠᠳᠤ ᠤᠯᠤᠰ᠎ᠤᠨ ᠪᠢᠯᠢᠭ᠎ᠤᠨ ᠤᠯᠠᠷᠢᠯ᠎ᠤᠨ ᠴᠠᠭ᠋ᠠᠨ ᠰᠠᠷ᠎ᠠ ᠵᠢᠨ ᠳᠠᠷᠠᠭ᠋ᠠᠬᠢ ᠠᠩᠬᠠᠳᠠᠭᠴᠢ ᠴᠢᠬᠤᠯᠠ ᠪᠠᠶᠠᠷ᠎ᠤᠨ ᠡᠳᠦᠷ ᠪᠣᠯᠤᠨ᠎ᠠ᠂ ᠥᠩᠭᠡᠲᠦ ᠳ᠋ᠧᠩᠯᠦ᠂ ᠳ᠋ᠧᠩᠯᠦ ᠵᠢᠨ ᠣᠨᠢᠰᠤᠭ᠎ᠠ ᠲᠠᠭ᠋ᠠᠬᠤ ᠵᠡᠷᠭᠡ ᠬᠥᠳᠡᠯᠭᠡᠭᠡᠨ᠎ᠠᠴᠠ ᠭᠠᠳᠠᠨ᠎ᠠ᠂ 《ᠴᠠᠰᠤᠨ ᠪᠥᠮᠪᠦᠭᠡ》 ᠮᠡᠲᠦ ᠥᠯᠵᠡᠶ᠋ᠢᠲᠦ ᠪᠣᠤᠪᠤ ᠠᠮᠲᠠᠯᠠᠵᠤ᠂ ᠪᠠᠶᠠᠷ᠎ᠤᠨ ᠡᠳᠦᠷ᠎ᠲᠤ ᠨᠡᠩ ᠤᠯᠠᠨ ᠪᠠᠶᠠᠷ ᠪᠠᠭ᠍ᠠᠳᠤᠯ ᠨᠡᠮᠡᠷᠢᠯᠡᠪᠡ᠃ ᠵᠠᠬ᠎ᠠ ᠳᠡᠯᠭᠡᠭᠦᠷ ᠳᠡᠭᠡᠷᠡᠬᠢ ᠬᠠᠷᠠᠭ᠎ᠠ ᠳᠦᠭᠦᠷᠡᠩ ᠦᠢ᠍ᠯᠡᠳᠬᠦᠨ᠎ᠢ ᠬᠡᠷᠡᠭᠯᠡᠭᠴᠢᠳ ᠬᠡᠷᠬᠢᠨ ᠰᠣᠩᠭᠣᠵᠤ ᠬᠤᠳᠠᠯᠳᠤᠨ ᠠᠪᠬᠤ ᠪᠤᠢ? ᠦᠢ᠍ᠯᠡᠳᠬᠦᠨ᠎ᠤ ᠲᠡᠮᠳᠡᠭ᠎ᠢ ᠦᠵᠡᠵᠦ ᠲᠠᠨᠢᠬᠤ ᠲᠠᠯ᠎ᠠ᠎ᠠᠴᠠ ᠳᠤᠤᠷᠠᠬᠢ ᠮᠡᠲᠦ ᠬᠡᠷᠡᠭᠯᠡᠭᠡᠨ᠎ᠤ ᠰᠠᠨᠠᠭᠤᠯᠤᠮᠵᠢ ᠥᠭᠭᠦᠶ᠎ᠡ᠃

《ᠥᠯᠵᠡᠢ᠌ᠲᠦ ᠪᠣᠭᠣᠷᠰᠣᠭ》 ᠪᠤᠯᠤᠨ 《ᠥᠯᠵᠡᠶ᠋ᠢᠲᠦ ᠪᠣᠤᠪᠤ》 ᠬᠡᠬᠦ ᠲᠦᠭᠦᠬᠡᠢ ᠮᠠᠲ᠋ᠧᠷᠢᠶᠠᠯ᠂ ᠨᠠᠢ᠌ᠷᠠᠯᠭ᠎ᠠ᠎ᠨᠢ ᠦᠨᠲᠦᠰᠦᠨ᠎ᠳᠤ᠎ᠪᠠᠨ ᠠᠳᠠᠯᠢᠬᠠᠨ ᠪᠤᠯᠪᠠᠴᠦ ᠤᠶ᠋ᠢᠯᠡᠳᠬᠦ ᠮᠡᠷᠭᠡᠵᠢᠯ᠎ᠨᠢ ᠵᠢᠭ᠋ᠠᠬᠠᠨ ᠠᠳᠠᠯᠢ ᠪᠤᠰᠤ ᠪᠠᠶ᠋ᠢᠵᠦ᠂ ᠠᠮᠲᠠ᠎ᠨᠢ ᠴᠦ᠍ ᠢᠯᠭ᠋ᠠᠭ᠎ᠠ᠎ᠲᠠᠢ ᠪᠠᠶ᠋ᠢᠳᠠᠭ᠃ ᠬᠡᠷᠡᠭᠯᠡᠭᠴᠢᠳ ᠥᠪᠡᠷ᠎ᠤᠨ ᠳᠤᠷ᠎ᠠ ᠪᠠᠬ᠎ᠠ᠎ᠪᠠᠨ ᠦᠨᠳᠦᠰᠦᠯᠡᠨ᠂ ᠦᠢ᠍ᠯᠡᠳᠬᠦᠨ᠎ᠤ ᠳᠡᠭᠡᠷᠡᠬᠢ ᠨᠡᠷ᠎ᠡ ᠵᠢ ᠦᠨᠳᠦᠰᠦᠯᠡᠨ᠂ ᠰᠣᠩᠭᠣᠵᠤ ᠬᠤᠳᠠᠯᠳᠤᠨ ᠠᠪᠴᠤ ᠪᠣᠯᠣᠨ᠎ᠠ᠃

ᠱᠤᠰᠢᠭ᠎ᠠ ᠵᠢᠨ ᠮᠡᠳᠡᠭᠡ ᠵᠠᠩᠭᠢ᠎ᠨᠢ ᠪᠦᠷᠢᠨ ᠭᠦᠢ᠍ᠴᠡᠳ ᠪᠠᠢ᠌ᠵᠤ᠂ 《9 +》 ᠵᠦᠢ᠍ᠯ ᠳᠤᠲᠠᠭᠳᠠᠵᠤ ᠪᠣᠯᠤᠰᠢ ᠦᠭᠡᠢ

《ᠢᠳᠡᠭᠡᠨ᠎ᠤ ᠠᠮᠤᠷ ᠲᠦᠪᠰᠢᠨ᠎ᠤ ᠤᠯᠤᠰ᠎ᠤᠨ ᠪᠠᠷᠢᠮᠵᠢᠶ᠎ᠠ ᠵᠢᠨ ᠤᠷᠢᠳᠴᠢᠯᠠᠨ ᠪᠣᠭᠣᠳᠠᠯᠯᠠᠬᠤ ᠢᠳᠡᠭᠡᠨ᠎ᠤ ᠱᠣᠰᠢᠭ᠎ᠠ ᠵᠢᠨ ᠶᠡᠷᠦᠩᠬᠡᠶ ᠳᠦᠷᠢᠮ》 (GB7718 — 2011)᠎ᠤᠨ ᠱᠠᠭ᠋ᠠᠷᠳᠠᠯᠭ᠎ᠠ ᠶᠣᠰᠣᠭ᠋ᠠᠷ᠂ ᠬᠡᠷᠡᠭᠯᠡᠭᠴᠢᠳ᠎ᠲᠤ ᠰᠢᠭᠤᠳ ᠬᠠᠩᠭ᠋ᠠᠭᠰᠠᠨ ᠤᠷᠢᠳᠴᠢᠯᠠᠨ ᠪᠣᠭᠣᠳᠠᠯᠯᠠᠭᠰᠠᠨ ᠢᠳᠡᠭᠡᠨ᠎ᠤ ᠱᠣᠰᠢᠭ᠎ᠠ᠎ᠳᠤ᠄ ᠢᠳᠡᠭᠡᠨ᠎ᠤ ᠨᠡᠷᠡᠶ᠋ᠢᠳᠦᠯ᠂ ᠨᠠᠢ᠌ᠷᠠᠯᠭ᠎ᠠ ᠵᠢᠨ ᠬᠦᠰᠦᠨᠦᠭᠲᠦ᠂ ᠴᠡᠪᠡᠷ ᠠᠭᠤᠯᠤᠭᠳᠠᠴᠠ ᠪᠠ ᠪᠠᠷᠢᠮᠵᠢᠶ᠎ᠠ᠂ ᠦᠢ᠍ᠯᠡᠳᠪᠦᠷᠢᠯᠡᠭᠴᠢ ᠪᠣᠯᠤᠨ (ᠪᠤᠶᠤ) ᠪᠣᠷᠣᠯᠠᠭᠤᠯᠤᠭᠴᠢ ᠵᠢᠨ ᠨᠡᠷᠡᠶ᠋ᠢᠳᠦᠯ᠂ ᠬᠠᠶᠢᠭ ᠪᠣᠯᠤᠨ ᠬᠠᠷᠢᠯᠴᠠᠬᠤ ᠠᠷᠭ᠎ᠠ ᠮᠠᠶᠢᠭ᠂ ᠦᠢ᠍ᠯᠡᠳᠪᠦᠷᠢᠯᠡᠭᠰᠡᠨ ᠡᠳᠦᠷ ᠬᠤᠭᠤᠴᠠᠭ᠎ᠠ ᠪᠣᠯᠤᠨ ᠴᠢᠨᠠᠷ᠎ᠢ ᠪᠠᠲᠤᠯᠠᠬᠤ ᠬᠤᠭᠤᠴᠠᠭ᠎ᠠ᠂ ᠬᠠᠳᠠᠭ᠋ᠠᠯᠠᠬᠤ ᠨᠥᠬᠥᠴᠡᠯ᠂ ᠢᠳᠡᠭᠡᠨ ᠦᠢ᠍ᠯᠡᠳᠪᠦᠷᠢᠯᠡᠬᠦ ᠵᠥᠪᠰᠢᠶᠡᠷᠡᠯ᠎ᠤᠨ ᠦᠨᠡᠮᠯᠡᠯ᠎ᠤᠨ ᠨᠣᠮᠧᠷ᠂ ᠦᠢ᠍ᠯᠡᠳᠬᠦᠨ᠎ᠤ ᠪᠠᠷᠢᠮᠵᠢᠶ᠎ᠠ ᠵᠢᠨ ᠣᠷᠣᠯᠠᠬᠤ ᠨᠣᠮᠧᠷ ᠵᠡᠷᠭᠡ 9 ᠶᠡᠬᠡ ᠲᠥᠷᠥᠯ ᠵᠦᠢ᠍ᠯ ᠵᠢᠴᠢ ᠪᠤᠰᠤᠳ ᠲᠣᠳᠣᠷᠬᠠᠶ᠋ᠢᠯᠠᠬᠤ ᠴᠢᠬᠤᠯᠠᠲᠠᠶ ᠠᠭᠤᠯᠭ᠎ᠠ ᠵᠢ ᠪᠠᠭᠲᠠᠭ᠋ᠠᠨ᠎ᠠ᠃

ᠬᠡᠲᠦ ᠳᠡᠯᠭᠡᠭᠦᠷ ᠵᠡᠷᠭᠡ ᠵᠢᠩᠬᠢᠨᠢ ᠢᠳᠡᠭᠡᠨ ᠪᠣᠷᠣᠯᠠᠭᠤᠯᠬᠤ ᠲᠠᠯᠠᠪᠤᠷ᠎ᠲᠤ ᠪᠣᠷᠣᠯᠠᠭᠤᠯᠬᠤ ᠥᠯᠵᠡᠢ᠌ᠲᠦ ᠪᠣᠭᠣᠷᠰᠣᠭ (ᠥᠯᠵᠡᠶ᠋ᠢᠲᠦ ᠪᠣᠣᠪᠣ)᠎ᠨᠢ᠂ ᠱᠣᠰᠢᠭ᠎ᠠ ᠳᠡᠭᠡᠷ᠎ᠡ᠎ᠪᠠᠨ ᠳᠡᠭᠡᠷ᠎ᠡ ᠳᠤᠷᠠᠳᠤᠭᠰᠠᠨ ᠮᠡᠳᠡᠭᠡ ᠵᠠᠩᠭᠢ ᠵᠢ ᠪᠠᠭᠲᠠᠭ᠋ᠠᠬᠤ ᠬᠡᠷᠡᠭᠲᠡᠶ᠃ ᠬᠡᠷᠡᠭᠯᠡᠭᠴᠢᠳ ᠱᠣᠰᠢᠭ᠎ᠠ ᠦᠭᠡᠶ ᠪᠤᠶᠤ ᠱᠣᠰᠢᠭ᠎ᠠ ᠵᠢᠨ ᠮᠡᠳᠡᠭᠡ ᠵᠠᠩᠭᠢ᠎ᠨᠢ ᠪᠦᠷᠢᠨ ᠪᠤᠰᠤ᠂ ᠠᠭᠤᠯᠭ᠎ᠠ᠎ᠨᠢ ᠲᠣᠳᠣᠷᠬᠠᠶ ᠦᠭᠡᠶ᠂ ᠪᠦᠲᠡᠭᠡᠨ ᠳᠠᠯᠳᠠᠯᠠᠭᠰᠠᠨ᠂ ᠨᠥᠬᠥᠨ ᠳᠠᠷᠤᠮᠠᠯᠯᠠᠭᠰᠠᠨ ᠪᠤᠶᠤ ᠥᠭᠡᠷᠡᠲᠦᠭᠦᠯᠦᠨ ᠬᠤᠪᠢᠷᠠᠭ᠋ᠠᠭᠰᠠᠨ ᠦᠢ᠍ᠯᠡᠳᠬᠦᠨ᠎ᠢ ᠬᠤᠳᠠᠯᠳᠤᠨ ᠠᠪᠴᠤ ᠪᠣᠯᠬᠤ ᠦᠭᠡᠶ᠃

ᠨᠠᠢ᠌ᠷᠠᠯᠭ᠎ᠠ ᠵᠢᠨ ᠳᠡᠰ ᠳᠠᠷᠠᠭ᠋ᠠᠯᠠᠯ᠎ᠨᠢ ᠶᠡᠬᠡ ᠴᠢᠬᠤᠯᠠ᠂ ᠬᠠᠷᠰᠢᠭᠤᠯᠬᠤ ᠪᠣᠯᠣᠮᠵᠢ ᠪᠦᠬᠦᠢ ᠨᠠᠢ᠌ᠷᠠᠯᠭ᠎ᠠ ᠵᠢᠨ ᠮᠡᠳᠡᠭᠡ ᠵᠠᠩᠭᠢ ᠵᠢ ᠠᠩᠬᠠᠷᠬᠤ ᠬᠡᠷᠡᠭᠲᠡᠢ

ᠤᠯᠤᠰ᠎ᠤᠨ ᠬᠠᠮᠢᠶ᠎ᠠ ᠪᠦᠬᠦᠢ ᠪᠠᠷᠢᠮᠵᠢᠶ᠎ᠠ ᠵᠢᠨ ᠱᠠᠭ᠋ᠠᠷᠳᠠᠯᠭ᠎ᠠ ᠶᠣᠰᠣᠭ᠋ᠠᠷ᠂ ᠢᠳᠡᠭᠡᠨ ᠦᠢ᠍ᠯᠡᠳᠬᠦ ᠪᠤᠶᠤ ᠡᠳ᠋ᠰᠢᠭᠦᠯᠬᠦ᠎ᠳᠡᠭᠡᠨ ᠬᠡᠷᠡᠭᠯᠡᠬᠦ ᠵᠢᠨ ᠬᠠᠮᠲᠤ ᠦᠢ᠍ᠯᠡᠳᠬᠦᠨ᠎ᠳᠤ ᠣᠷᠣᠰᠢᠵᠤ ᠪᠠᠶ᠋ᠢᠬᠤ ᠪᠣᠳᠠᠰ (ᠢᠳᠡᠭᠡᠨ᠎ᠤ ᠨᠡᠮᠡᠯᠲᠡ ᠡᠳ᠋ ᠪᠠᠭᠲᠠᠨ᠎ᠠ)᠎ᠢ ᠴᠥᠮ ᠢᠳᠡᠭᠡᠨ᠎ᠤ ᠨᠠᠶ᠋ᠢᠷᠠᠯᠭ᠎ᠠ ᠵᠢᠨ ᠬᠦᠰᠦᠨᠦᠭᠲᠦ᠎ᠳᠤ ᠨᠢᠭᠡᠳ ᠨᠢᠭᠡ᠎ᠪᠠᠷ ᠲᠣᠳᠣᠷᠬᠠᠶ᠋ᠢᠯᠠᠬᠤ ᠬᠡᠷᠡᠭᠲᠡᠶ᠃ ᠡᠭᠦᠨ᠎ᠤ ᠬᠠᠮᠲᠤ ᠨᠡᠮᠡᠵᠦ ᠣᠷᠣᠭᠤᠯᠤᠭᠰᠠᠨ ᠬᠡᠮᠵᠢᠶ᠎ᠡ᠎ᠨᠢ 2%᠎ᠢ ᠳᠠᠪᠠᠭᠰᠠᠨ ᠡᠯ᠎ᠡ ᠵᠦᠢ᠍ᠯ᠎ᠤᠨ ᠨᠠᠶ᠋ᠢᠷᠠᠭᠤᠯᠭ᠎ᠠ᠎ᠢ ᠢᠳᠡᠭᠡᠨ ᠦᠢ᠍ᠯᠡᠳᠬᠦ ᠪᠤᠶᠤ ᠪᠣᠯᠪᠠᠰᠤᠷᠠᠭᠤᠯᠬᠤ ᠦᠶ᠎ᠡ᠎ᠳᠤ ᠨᠡᠮᠡᠵᠦ ᠣᠷᠣᠭᠤᠯᠤᠭᠰᠠᠨ ᠬᠡᠮᠵᠢᠶ᠎ᠡ᠎ᠨᠢ ᠥᠨᠳᠥᠷ᠎ᠠᠴᠠ ᠳᠣᠤᠷ᠎ᠠ ᠬᠦᠷᠲᠡᠯᠡᠬᠢ ᠳᠡᠰ ᠳᠠᠷᠠᠭ᠋ᠠᠯᠠᠯ ᠵᠶ᠋ᠠᠷ ᠵᠢᠭᠰᠠᠭ᠋ᠠᠬᠤ ᠬᠡᠷᠡᠭᠲᠡᠶ᠃ ᠡᠢ᠌ᠮᠦ᠎ᠠᠴᠠ ᠬᠡᠷᠡᠭᠯᠡᠭᠴᠢᠳ ᠥᠯᠵᠡᠢ᠌ᠲᠦ ᠪᠣᠭᠣᠷᠰᠣᠭ (ᠥᠯᠵᠡᠶ᠋ᠢᠲᠦ ᠪᠣᠣᠪᠣ) ᠬᠤᠳᠠᠯᠳᠤᠨ ᠠᠪᠬᠤ᠎ᠳᠠᠭᠠᠨ ᠤᠷᠢᠳᠠᠪᠡᠷ ᠨᠠᠢ᠌ᠷᠠᠯᠭ᠎ᠠ ᠵᠢᠨ ᠬᠦᠰᠦᠨᠦᠭᠲᠦ ᠵᠢ ᠪᠠᠢ᠌ᠴᠠᠭ᠋ᠠᠨ ᠦᠵᠡᠵᠦ᠂ ᠦᠢ᠍ᠯᠡᠳᠬᠦᠨ᠎ᠤ ᠨᠠᠢ᠌ᠷᠠᠯᠭ᠎ᠠ ᠵᠢᠨ ᠪᠠᠢ᠌ᠳᠠᠯ᠎ᠢ ᠣᠢ᠌ᠯᠠᠭ᠋ᠠᠭᠰᠠᠨ᠎ᠤ ᠳᠠᠷᠠᠭ᠎ᠠ ᠠᠯᠢ ᠵᠦᠢ᠍ᠯ᠎ᠤᠨ ᠦᠢ᠍ᠯᠡᠳᠬᠦᠨ᠎ᠢ ᠬᠤᠳᠠᠯᠳᠤᠨ ᠠᠪᠬᠤ᠎ᠪᠠᠨ ᠲᠣᠭᠲᠠᠵᠤ ᠪᠣᠯᠤᠨ᠎ᠠ᠃

ᠡᠭᠦᠨ᠎ᠠᠴᠠ ᠭᠠᠳᠠᠨ᠎ᠠ᠂ ᠮᠠᠲ᠋ᠧᠷᠢᠶᠠᠯ᠎ᠳᠤ ᠬᠡᠷᠪᠡ ᠬᠠᠷᠰᠢᠮᠠᠲᠠᠭ᠋ᠠᠢ ᠲᠤᠰᠬᠠᠯ ᠡᠭᠦᠰᠭᠡᠬᠦ ᠪᠣᠯᠤᠮᠵᠢ ᠪᠦᠬᠦᠢ ᠢᠳᠡᠭᠡᠨ ᠪᠠ ᠲᠡᠭᠦᠨ᠎ᠤ ᠪᠦᠲᠦᠭᠡᠭᠳᠡᠬᠦᠨ᠂   ᠵᠢᠱ᠌ᠢᠶᠡᠯᠡᠪᠡᠯ ᠠᠭ᠋ᠠᠬᠢᠮ᠎ᠠ ᠪᠠ ᠠᠮᠤ ᠪᠤᠳᠠᠭ᠋ᠠᠨ᠎ᠤ ᠲᠥᠷᠥᠯ᠂ ᠯᠣᠬᠠᠱ᠌ᠧᠩ ᠬᠢᠭᠡᠳ ᠲᠡᠭᠦᠨ᠎ᠤ ᠪᠥᠲᠥᠭᠡᠭᠳᠡᠬᠦᠨ ᠵᠡᠷᠭᠡ ᠠᠭᠤᠯᠤᠭᠳᠠᠵᠤ ᠪᠠᠢ᠌ᠪᠠᠯ᠂ ᠦᠢ᠍ᠯᠡᠳᠪᠦᠷᠢᠯᠡᠭᠴᠢ (ᠵᠠᠪᠠᠯ ᠱᠠᠭ᠋ᠠᠷᠳᠠᠬᠤ ᠦᠭᠡᠢ)᠎ᠨᠢ ᠨᠠᠢ᠌ᠷᠠᠯᠭ᠎ᠠ ᠵᠢᠨ ᠬᠦᠰᠦᠨᠦᠭᠲᠦ᠎ᠳᠤ ᠠᠮᠠᠷᠬᠠᠨ ᠢᠯᠭ᠋ᠠᠨ ᠲᠠᠨᠢᠭᠳᠠᠬᠤ ᠨᠡᠷᠡᠢ᠌ᠳᠦᠯ ᠬᠡᠷᠡᠭᠯᠡᠵᠦ᠂ ᠡᠰᠡᠬᠦᠯ᠎ᠡ ᠨᠠᠢ᠌ᠷᠠᠯᠭ᠎ᠠ ᠵᠢᠨ ᠬᠦᠰᠦᠨᠦᠭᠲᠦ ᠵᠢᠨ ᠬᠠᠵᠠᠭᠤ᠎ᠳᠤ ᠰᠠᠨᠠᠭᠤᠯᠤᠮᠵᠢ ᠬᠢᠬᠦ ᠬᠡᠷᠡᠭᠲᠡᠢ; ᠪᠣᠯᠪᠠᠰᠤᠷᠠᠭᠤᠯᠬᠤ ᠶᠠᠪᠤᠴᠠ᠎ᠳᠤ ᠳᠡᠭᠡᠷ᠎ᠡ ᠳᠤᠷᠠᠳᠤᠭᠰᠠᠨ ᠢᠳᠡᠭᠡᠨ ᠪᠤᠶᠤ ᠪᠦᠲᠦᠭᠡᠭᠳᠡᠬᠦᠨ᠎ᠢ ᠣᠷᠣᠭᠤᠯᠬᠤ ᠪᠣᠯᠣᠮᠵᠢ᠎ᠲᠠᠢ ᠪᠣᠯ ᠪᠠᠰᠠ ᠨᠠᠢ᠌ᠷᠠᠯᠭ᠎ᠠ ᠵᠢᠨ ᠬᠦᠰᠦᠨᠦᠭᠲᠦ ᠵᠢᠨ ᠬᠠᠵᠠᠭᠤ᠎ᠳᠤ ᠰᠠᠨᠠᠭᠤᠯᠤᠮᠵᠢ ᠬᠢᠬᠦ ᠬᠡᠷᠡᠭᠲᠡᠢ᠃ ᠬᠠᠷᠰᠢᠮᠠᠲᠠᠭ᠋ᠠᠢ ᠬᠡᠷᠡᠭᠯᠡᠭᠴᠢᠳ ᠥᠯᠵᠡᠢ᠌ᠲᠦ ᠪᠣᠭᠣᠷᠰᠣᠭ (ᠥᠯᠵᠡᠶ᠋ᠢᠲᠦ ᠪᠣᠣᠪᠣ) ᠰᠣᠩᠭᠣᠨ ᠠᠪᠬᠤ ᠦᠶᠡᠰ ᠨᠠᠢ᠌ᠷᠠᠯᠭ᠎ᠠ ᠵᠢᠨ ᠬᠦᠰᠦᠨᠦᠭᠲᠦ ᠵᠢ ᠨᠠᠷᠢᠨ ᠨᠢᠮᠪᠠᠢ ᠪᠠᠢ᠌ᠴᠠᠭ᠋ᠠᠨ ᠦᠵᠡᠵᠦ᠂ ᠨᠠᠢ᠌ᠷᠠᠯᠭ᠎ᠠ ᠵᠢᠨ ᠬᠦᠰᠦᠨᠦᠭᠲᠦ ᠵᠢᠨ ᠬᠠᠵᠠᠭᠤ᠎ᠳᠤ ᠰᠠᠨᠠᠭᠤᠯᠤᠮᠵᠢ ᠪᠠᠢ᠍ᠬᠤ ᠡᠰᠡᠬᠦ ᠵᠢ ᠠᠩᠬᠠᠷᠬᠤ ᠬᠡᠷᠡᠭᠲᠡᠢ᠃

ᠬᠤᠶᠠᠷ ᠡᠳᠤᠷ ᠬᠤᠭᠤᠴᠠᠭ᠎ᠠ ᠵᠢ ᠨᠠᠷᠢᠨ ᠠᠵᠢᠭᠯᠠᠵᠤ᠂ ᠲᠣᠳᠣᠷᠬᠠᠢ᠌ᠯᠠᠯ ᠶᠣᠰᠣᠭ᠋ᠠᠷ ᠪᠣᠯᠭᠣᠵᠤ ᠴᠢᠨᠠᠬᠤ ᠬᠡᠷᠡᠭᠲᠡᠢ

ᠦᠢ᠍ᠯᠡᠳᠬᠦᠨ᠎ᠤ ᠱᠣᠰᠢᠭ᠎ᠠ ᠳᠡᠭᠡᠷᠡᠬᠢ ᠦᠢ᠍ᠯᠡᠳᠪᠦᠷᠢᠯᠡᠭᠰᠡᠨ ᠡᠳᠦᠷ ᠬᠤᠭᠤᠴᠠᠭ᠎ᠠ ᠪᠣᠯᠤᠨ ᠴᠢᠨᠠᠷ᠎ᠢ ᠪᠠᠲᠤᠯᠠᠬᠤ ᠬᠤᠭᠤᠴᠠᠭ᠎ᠠ ᠵᠢ ᠭᠣᠤᠯᠳᠠᠯᠭ᠎ᠠ᠎ᠲᠠᠢ ᠪᠠᠶ᠋ᠢᠴᠠᠭ᠋ᠠᠨ ᠦᠵᠡᠬᠦ ᠬᠡᠷᠡᠭᠲᠡᠶ᠃ ᠵᠢᠩᠬᠢᠨᠢ ᠠᠷᠭ᠎ᠠ ᠵᠠᠮ ᠵᠶ᠋ᠠᠷ ᠪᠣᠷᠣᠯᠠᠭᠤᠯᠤᠭᠰᠠᠨ ᠥᠯᠵᠡᠢ᠌ᠲᠦ ᠪᠣᠭᠣᠷᠰᠣᠭ (ᠥᠯᠵᠡᠶ᠋ᠢᠲᠦ ᠪᠣᠣᠪᠣ)᠎ᠤᠨ ᠪᠣᠭᠤᠳᠠᠯ ᠪᠠᠭᠯᠠᠭ᠎ᠠ ᠳᠡᠭᠡᠷ᠎ᠡ ᠦᠢ᠍ᠯᠡᠳᠪᠦᠷᠢᠯᠡᠭᠰᠡᠨ ᠡᠳᠦᠷ ᠬᠤᠭᠤᠴᠠᠭ᠎ᠠ ᠪᠠ ᠴᠢᠨᠠᠷ᠎ᠢ ᠪᠠᠲᠤᠯᠠᠬᠤ ᠬᠤᠭᠤᠴᠠᠭ᠎ᠠ ᠵᠢ ᠲᠣᠳᠣᠷᠬᠠᠶ ᠲᠡᠮᠳᠡᠭᠯᠡᠭᠰᠡᠨ ᠪᠠᠢ᠌ᠳᠠᠭ᠃ ᠥᠯᠵᠡᠢ᠌ᠲᠦ ᠪᠣᠭᠣᠷᠰᠣᠭ (ᠥᠯᠵᠡᠶ᠋ᠢᠲᠦ ᠪᠣᠣᠪᠣ) ᠬᠤᠳᠠᠯᠳᠤᠨ ᠠᠪᠬᠤ᠎ᠳᠤ᠎ᠪᠠᠨ ᠨᠢᠭᠡᠨᠲᠡ ᠴᠢᠨᠠᠷ ᠪᠠᠲᠤᠯᠠᠬᠤ ᠬᠤᠭᠤᠴᠠᠭ᠋ᠠᠨ᠎ᠠᠴᠠ ᠬᠡᠲᠦᠷᠡᠭᠰᠡᠨ ᠪᠦᠲᠦᠭᠡᠭᠳᠡᠬᠦᠨ᠎ᠢ ᠬᠤᠳᠠᠯᠳᠤᠨ ᠠᠪᠴᠤ ᠪᠣᠯᠬᠤ ᠦᠭᠡᠢ᠃

ᠬᠠᠤᠯᠢ ᠲᠣᠭᠲᠠᠭ᠋ᠠᠯ᠎ᠤᠨ ᠱᠠᠭ᠋ᠠᠷᠳᠠᠯᠭ᠎ᠠ ᠶᠣᠰᠣᠭ᠋ᠠᠷ᠂ ᠤᠷᠢᠳᠴᠢᠯᠠᠨ ᠪᠣᠭᠣᠳᠠᠯᠯᠠᠭᠰᠠᠨ ᠥᠯᠵᠡᠢ᠌ᠲᠦ ᠪᠣᠭᠣᠷᠰᠣᠭ (ᠥᠯᠵᠡᠶ᠋ᠢᠲᠦ ᠪᠣᠣᠪᠣ)᠎ᠤᠨ ᠦᠢ᠍ᠯᠡᠳᠬᠦᠨ᠎ᠤ ᠱᠣᠰᠢᠭ᠎ᠠ ᠳᠡᠭᠡᠷ᠎ᠡ ᠴᠥᠮ ᠬᠠᠳᠠᠭ᠋ᠠᠯᠠᠬᠤ ᠨᠥᠬᠦᠴᠡᠯ᠎ᠢ ᠲᠣᠳᠣᠷᠬᠠᠢ᠌ᠯᠠᠭᠰᠠᠨ ᠪᠠᠢ᠌ᠳᠠᠭ᠃ ᠵᠢᠱ᠌ᠢᠶᠡᠯᠡᠪᠡᠯ ᠲᠦᠷᠭᠡᠨ ᠬᠥᠯᠳᠡᠭᠡᠭᠰᠡᠨ ᠥᠯᠵᠡᠢ᠌ᠲᠦ ᠪᠣᠭᠣᠷᠰᠣᠭ᠎ᠢ ᠲᠡᠭ᠎ᠠᠴᠠ ᠳᠣᠭᠣᠭᠰᠢ 18 ᠭ᠋ᠷᠡᠳᠦ᠋ᠰ᠎ᠤᠨ ᠨᠥᠬᠥᠴᠡᠯ ᠳᠣᠣᠷ᠎ᠠ ᠬᠠᠳᠠᠭ᠋ᠠᠯᠠᠵᠤ᠂ ᠴᠢᠨᠠᠷ᠎ᠢ ᠪᠠᠲᠤᠯᠠᠬᠤ ᠬᠤᠭᠤᠴᠠᠭ᠋ᠠᠨ᠎ᠳᠤ ᠲᠣᠭᠲᠠᠭᠤᠨ ᠴᠢᠨᠠᠷ᠎ᠢ ᠪᠠᠲᠤᠯᠠᠬᠤ ᠬᠡᠷᠡᠭᠲᠡᠢ ᠭᠡᠵᠦ ᠱᠠᠭ᠋ᠠᠷᠳᠠᠪᠠ᠃ ᠡᠶ᠋ᠢᠮᠦ᠎ᠠᠴᠠ ᠦᠢ᠍ᠯᠡᠳᠬᠦᠨ ᠬᠤᠳᠠᠯᠳᠤᠨ ᠠᠪᠬᠤ ᠪᠠ ᠬᠤᠳᠠᠯᠳᠤᠨ ᠠᠪᠤᠭᠰᠠᠨ᠎ᠤ ᠳᠠᠷᠠᠭ᠎ᠠ ᠬᠠᠳᠠᠭ᠋ᠠᠯᠠᠵᠤ ᠦᠶ᠎ᠡ᠎ᠳᠤ᠂ ᠦᠢ᠍ᠯᠡᠳᠬᠦᠨ᠎ᠤ ᠱᠣᠰᠢᠭ᠎ᠠ ᠲᠡᠮᠳᠡᠭ ᠳᠡᠭᠡᠷᠡᠬᠢ ᠬᠠᠳᠠᠭ᠋ᠠᠯᠠᠬᠤ ᠨᠥᠬᠥᠴᠡᠯ ᠳᠣᠣᠷ᠎ᠠ ᠬᠠᠳᠠᠭ᠋ᠠᠯᠠᠬᠤ ᠬᠡᠷᠡᠭᠲᠡᠶ᠃

ᠬᠠᠳᠠᠭ᠋ᠠᠯᠠᠬᠤ ᠨᠥᠬᠥᠴᠡᠯ᠎ᠠᠴᠠ ᠭᠠᠳᠠᠨ᠎ᠠ᠂ ᠡᠩ᠎ᠤᠨ ᠪᠠᠶ᠋ᠢᠳᠠᠯ᠎ᠳᠤ ᠵᠢᠩᠬᠢᠨᠢ ᠦᠢ᠍ᠯᠡᠳᠪᠦᠷᠢ ᠵᠢᠨ ᠦᠢ᠍ᠯᠡᠳᠪᠦᠷᠢᠯᠡᠭᠰᠡᠨ ᠤᠷᠢᠳᠴᠢᠯᠠᠨ ᠪᠣᠭᠣᠳᠠᠯᠯᠠᠭᠰᠠᠨ ᠥᠯᠵᠡᠢ᠌ᠲᠦ ᠪᠣᠭᠣᠷᠰᠣᠭ (ᠥᠯᠵᠡᠶ᠋ᠢᠲᠦ ᠪᠣᠣᠪᠣ)᠎ᠤᠨ ᠦᠢ᠍ᠯᠡᠳᠬᠦᠨ᠎ᠤ ᠱᠣᠰᠢᠭ᠎ᠠ ᠲᠡᠮᠳᠡᠭ ᠳᠡᠭᠡᠷ᠎ᠡ᠂ ᠶᠡᠷᠦ᠎ᠳᠡᠭᠡᠨ ᠵᠥᠪ ᠣᠨᠣᠪᠴᠢᠲᠠᠢ᠎ᠪᠠᠷ ᠪᠣᠯᠭᠣᠵᠤ ᠴᠢᠨᠠᠬᠤ ᠰᠠᠨᠠᠭᠤᠯᠤᠮᠵᠢ ᠵᠢ ᠲᠣᠳᠣᠷᠬᠠᠢ᠌ᠯᠠᠭᠰᠠᠨ ᠪᠠᠢ᠌ᠳᠠᠭ᠃ ᠥᠯᠵᠡᠢ᠌ᠲᠦ ᠪᠣᠭᠣᠷᠰᠣᠭ (ᠥᠯᠵᠡᠶ᠋ᠢᠲᠦ ᠪᠣᠣᠪᠣ)᠎ᠢ ᠴᠢᠨᠠᠬᠤ ᠦᠶ᠎ᠡ᠎ᠳᠤ ᠬᠡᠷᠡᠭᠯᠡᠭᠴᠢᠳ ᠲᠡᠷᠡ ᠰᠠᠨᠠᠭᠤᠯᠤᠮᠵᠢ᠎ᠪᠠᠷ ᠴᠢᠨᠠᠪᠠᠯ ᠵᠣᠬᠢᠨ᠎ᠠ᠃

ᠦᠢ᠍ᠯᠡᠳᠭᠦᠨ᠎ᠤ ᠱᠣᠰᠢᠭ᠎ᠠ ᠵᠢ ᠤᠩᠰᠢᠵᠤ᠂ ᠰᠢᠮ᠎ᠡ ᠲᠡᠵᠢᠭᠡᠯ᠎ᠤᠨ ᠱᠣᠰᠢᠭ᠎ᠠ᠎ᠪᠠᠷ ᠯᠠᠪᠯᠠᠯᠲᠠ ᠪᠣᠯᠭ᠋ᠠᠵᠤ ᠪᠣᠯᠣᠨ᠎ᠠ

ᠡᠮᠦᠨ᠎ᠡ ᠳᠤᠷᠠᠳᠤᠭᠰᠠᠨ ᠢᠳᠡᠭᠡᠨ᠎ᠤ ᠱᠣᠰᠢᠭ᠎ᠠ᠎ᠠᠴᠠ ᠭᠠᠳᠠᠨ᠎ᠠ 《ᠢᠳᠡᠭᠡᠨ᠎ᠤ ᠠᠮᠤᠷ ᠲᠦᠪᠰᠢᠨ᠎ᠤ ᠤᠯᠤᠰ᠎ᠤᠨ ᠪᠠᠷᠢᠮᠵᠢᠶ᠎ᠠ ᠵᠢᠨ ᠤᠷᠢᠳᠴᠢᠯᠠᠨ ᠪᠣᠭᠣᠳᠠᠯᠯᠠᠭᠰᠠᠨ ᠢᠳᠡᠭᠡᠨ᠎ᠤ ᠰᠢᠮ᠎ᠡ ᠲᠡᠵᠢᠭᠡᠯ᠎ᠤᠨ ᠱᠣᠰᠢᠭ᠎ᠠ ᠲᠡᠮᠳᠡᠭ᠎ᠤᠨ ᠶᠡᠷᠦᠩᠬᠡᠶ ᠳᠦᠷᠢᠮ》 (GB28050 — 2011)᠎ᠤᠨ ᠱᠠᠭ᠋ᠠᠷᠳᠠᠯᠭ᠎ᠠ ᠵᠢ ᠦᠨᠳᠦᠰᠦᠯᠡᠪᠡᠯ᠂ ᠥᠯᠵᠡᠢ᠌ᠲᠦ ᠪᠣᠭᠣᠷᠰᠣᠭ (ᠥᠯᠵᠡᠶ᠋ᠢᠲᠦ ᠪᠣᠣᠪᠣ)᠎ᠤᠨ ᠱᠣᠰᠢᠭ᠎ᠠ ᠳᠡᠭᠡᠷ᠎ᠡ ᠪᠠᠰᠠ ᠰᠢᠮ᠎ᠡ ᠲᠡᠵᠢᠭᠡᠯ᠎ᠤᠨ ᠱᠣᠰᠢᠭ᠎ᠠ ᠲᠡᠮᠳᠡᠭ᠎ᠢ ᠭᠣᠤᠯᠳᠠᠭᠤ 《ᠰᠢᠮ᠎ᠡ ᠲᠡᠵᠢᠭᠡᠯ᠎ᠤᠨ ᠪᠦᠷᠢᠯᠳᠦᠬᠦᠨ᠎ᠤ ᠬᠦᠰᠦᠨᠦᠭᠲᠦ》᠎ᠪᠠᠷ ᠲᠣᠳᠣᠷᠬᠠᠢ᠌ᠯᠠᠭᠰᠠᠨ ᠪᠠᠢ᠌ᠳᠠᠭ᠃ ᠰᠢᠮ᠎ᠡ ᠲᠡᠵᠢᠭᠡᠯ᠎ᠤᠨ ᠪᠦᠷᠢᠯᠳᠦᠬᠦᠨ᠎ᠤ ᠬᠦᠰᠦᠨᠦᠭᠲᠦ᠎ᠳᠤ ᠨᠠᠭ᠋ᠠᠳᠤ ᠵᠠᠬ᠎ᠠ᠎ᠳᠠᠭᠠᠨ 5 ᠲᠥᠷᠥᠯ ᠵᠦᠢ᠍ᠯ (ᠡᠨᠧᠷᠭᠢ᠂ ᠤᠭᠤᠷᠠᠭ᠂ ᠥᠭᠡᠬᠦ᠂ ᠨᠡᠭᠦᠷᠡᠰᠦ ᠤᠰᠤᠨ᠎ᠤ ᠨᠢᠭᠡᠳᠪᠦᠷᠢ᠂ ᠨᠠᠲᠷᠢ)᠎ᠤᠨ ᠠᠭᠤᠯᠤᠭᠳᠠᠴᠠ ᠵᠢᠴᠢ ᠰᠢᠮ᠎ᠡ ᠲᠡᠵᠢᠭᠡᠯ᠎ᠤᠨ ᠡᠳ᠋᠎ᠤᠨ ᠯᠠᠪᠯᠠᠯᠲᠠ ᠵᠢᠨ ᠬᠡᠮᠵᠢᠭᠳᠡᠯ (NRV) ᠵᠢᠨ ᠵᠠᠭᠤᠨ᠎ᠤ ᠬᠤᠪᠢ ᠵᠢᠨ ᠬᠠᠷᠢᠴᠠᠯ᠎ᠢ ᠲᠣᠳᠣᠷᠬᠠᠢ᠌ᠯᠠᠭᠰᠠᠨ ᠪᠠᠢ᠌ᠬᠤ ᠬᠡᠷᠡᠭᠲᠡᠶ᠃ ᠬᠡᠷᠡᠭᠯᠡᠭᠴᠢᠳ ᠲᠣᠰ ᠬᠦᠰᠦᠨᠦᠭᠲᠦ ᠪᠣᠯᠤᠨ ᠪᠡᠶ᠎ᠡ ᠵᠢᠨ ᠪᠠᠢ᠌ᠳᠠᠯ ᠵᠶ᠋ᠠᠨ ᠦᠨᠳᠦᠰᠦᠯᠡᠨ ᠰᠣᠩᠭᠣᠨ ᠠᠪᠴᠤ ᠪᠣᠯᠤᠨ᠎ᠠ᠃

ᠴᠠᠭ᠋ᠠᠨ ᠰᠠᠷ᠎ᠠ ᠵᠢᠨ ᠥᠯᠵᠡᠢ᠍ᠲᠦ ᠡᠳᠦᠷ᠎ᠤᠨ ᠥᠯᠵᠡᠢ᠌ᠲᠦ ᠪᠣᠭᠣᠷᠰᠣᠭ᠎ᠨᠢ ᠠᠮᠲᠠᠲᠤ ᠰᠠᠢ᠌ᠬᠠᠨ ᠢᠳᠡᠭᠡᠨ ᠪᠣᠯᠪᠠᠴᠤ᠂ ᠣᠨᠴᠠᠭ᠋ᠠᠢ ᠬᠥᠮᠦᠰ ᠠᠩᠬᠠᠷᠬᠤ ᠬᠡᠷᠡᠭᠲᠡᠢ

ᠶᠡᠷᠦᠳᠡ ᠵᠢᠨ ᠪᠠᠶ᠋ᠢᠳᠠᠯ᠎ᠳᠤ᠂ ᠰᠢᠬᠢᠷᠯᠢᠭ ᠠᠮᠳᠠ᠎ᠲᠠᠢ ᠥᠯᠵᠡᠢ᠌ᠲᠦ ᠪᠣᠭᠣᠷᠰᠣᠭ (ᠥᠯᠵᠡᠶ᠋ᠢᠲᠦ ᠪᠣᠣᠪᠣ)᠎ᠳᠤ ᠰᠢᠯᠦᠬᠡᠢ ᠪᠤᠳᠠᠭ᠋ᠠᠨ ᠨᠤᠨᠳᠠᠭ᠂ ᠬᠤᠪᠢᠷᠠᠮᠠᠯ ᠴᠠᠷᠳᠠᠭᠤᠯ᠂ ᠴᠠᠭ᠋ᠠᠨ ᠰᠢᠬᠢᠷ ᠠᠭᠤᠯᠤᠭᠳᠠᠵᠤ᠂ ᠰᠢᠬᠢᠷ ᠪᠠ ᠲᠣᠰᠣᠨ᠎ᠤ᠎ᠤᠨ ᠠᠭᠤᠯᠤᠭᠳᠠᠴᠠ᠎ᠨᠢ ᠬᠠᠷᠢᠴᠠᠩᠭᠤᠢ ᠥᠨᠳᠥᠷ ᠪᠠᠢ᠌ᠵᠤ᠂ ᠬᠡᠷᠡᠭᠯᠡᠭᠴᠢᠳ ᠵᠤᠬᠢᠬᠤ ᠬᠡᠮᠵᠢᠶ᠎ᠡ᠎ᠪᠠᠷ ᠢᠳᠡᠭᠦ ᠵᠢ ᠰᠠᠨᠠᠭᠤᠯᠤᠶ᠎ᠠ᠂ ᠢᠯᠠᠩᠭᠤᠶ᠎ᠠ ᠰᠢᠩᠭᠡᠭᠡᠯᠲᠡ ᠵᠢᠨ ᠰᠢᠰᠲ᠋ᠧᠮ᠎ᠨᠢ ᠬᠠᠷᠢᠴᠠᠩᠭᠤᠢ ᠪᠠᠭᠤᠷᠠᠢ ᠨᠠᠰᠤᠲᠠᠶ᠋ᠢᠴᠤᠳ ᠪᠠ ᠬᠡᠣᠬᠡᠳ᠎ᠤᠳ ᠢᠳᠡᠬᠦ ᠬᠡᠮᠵᠢᠶ᠎ᠡ ᠵᠢ ᠨᠡᠩ ᠠᠩᠬᠠᠷᠴᠤ᠂ ᠰᠢᠬᠢᠷ ᠰᠢᠵᠢᠩ ᠡᠪᠡᠳᠴᠢᠨ ᠪᠠ ᠵᠢᠷᠦᠬᠡ ᠲᠠᠷᠢᠬᠢᠨ᠎ᠤ ᠴᠢᠰᠤᠨ ᠰᠤᠳᠠᠯ᠎ᠤᠨ ᠡᠪᠡᠳᠴᠢᠲᠡᠨ ᠵᠡᠷᠭᠡ ᠣᠨᠴᠠᠭ᠋ᠠᠢ ᠡᠪᠡᠳᠴᠢᠨ᠎ᠲᠠᠢ ᠡᠪᠡᠳᠴᠢᠲᠡᠨ ᠨᠡᠩ ᠪᠣᠯᠭᠤᠮᠵᠢᠲᠠᠢ᠎ᠪᠠᠷ ᠢᠳᠡᠬᠦ ᠵᠢ ᠰᠠᠨᠠᠭᠤᠯᠤᠶ᠎ᠠ᠃

ᠲᠤᠰᠬᠠᠢ ᠮᠡᠷᠭᠡᠵᠢᠯᠲᠡᠨ᠄

ᠰᠢᠶᠧ ᠵᠢᠩ   ᠱᠠᠩᠬᠠᠶ ᠵᠢᠨ ᠲᠡᠯᠡᠶ ᠲᠠᠩᠭᠢᠰ᠎ᠤᠨ ᠶᠡᠬᠡ ᠰᠤᠷᠭ᠋ᠠᠭᠤᠯᠢ ᠵᠢᠨ ᠢᠳᠡᠭᠡᠨ᠎ᠤ ᠳᠡᠭᠡᠳᠦ ᠰᠤᠷᠭ᠋ᠠᠭᠤᠯᠢ ᠵᠢᠨ ᠵᠠᠬᠢᠷᠤᠯ᠂ ᠫᠷᠤᠹᠧᠰᠰᠤᠷ

ᠱᠧᠨ ᠴᠢᠶᠦ᠋ᠨ   ᠲᠤᠮᠳᠠᠳᠥ ᠤᠯᠤᠰ᠎ᠤᠨ ᠲᠠᠷᠢᠶᠠᠯᠠᠩ᠎ᠤᠨ ᠶᠡᠭᠡ ᠰᠣᠷᠭ᠋ᠠᠭᠤᠯᠢ ᠵᠢᠨ ᠢᠳᠡᠭᠡᠨ᠎ᠤ ᠰᠢᠨᠵᠢᠯᠡᠬᠦ ᠣᠬᠠᠭ᠋ᠠᠨ ᠬᠢᠭᠡᠳ ᠰᠢᠮ᠎ᠡ ᠳᠡᠵᠢᠭᠡᠯ᠎ᠤᠨ ᠢᠨᠵᠧᠨᠧᠷᠢᠩ᠎ᠤᠨ ᠲᠡᠭᠡᠲᠦ ᠰᠣᠷᠭ᠋ᠠᠭᠤᠯᠢ ᠵᠢᠨ ᠫᠷᠦᠹᠧᠰᠰᠥᠷ

ᠬᠤᠸᠠᠩ ᠵᠣᠢ᠍ᠩ ᠮᠢᠠ   ᠾᠧᠨᠠᠨ᠎ᠤ ᠲᠠᠷᠢᠶᠠᠯᠠᠩ᠎ᠤᠨ ᠶᠠᠭᠡ ᠰᠣᠷᠭ᠋ᠠᠭᠣᠯᠢ ᠵᠢᠨ ᠢᠳᠡᠭᠡᠨ᠎ᠤ ᠰᠢᠠᠵᠢᠯᠠᠭᠦ ᠣᠬᠠᠭ᠋ᠠᠨ ᠮᠠᠷᠭᠡᠵᠢᠯ᠎ᠤᠨ ᠲᠠᠭᠡᠲᠤ ᠰᠣᠷᠭ᠋ᠠᠭᠣᠯᠢ ᠵᠢᠨ ᠫᠷᠣᠹᠧᠰᠰᠣᠷ

ᠢᠷᠡᠯᠲᠡ᠄ ᠳᠤᠮᠳᠠᠳᠤ ᠤᠯᠤᠰ᠎ᠤᠨ ᠢᠳᠡᠭᠡᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨᠵᠢᠯᠡᠭᠡᠨ᠎ᠤ ᠨᠡᠶ᠋ᠢᠭᠡᠮᠯᠢᠭ