3 . 15᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠠᠵᠢᠯᠯᠠᠭ᠎ᠠ 《ᠰᠠᠨᠠᠭ᠎ᠠ ᠠᠮᠤᠷ ᠬᠡᠷᠡᠭᠯᠡᠭᠡ ᠵᠢᠨ ᠠᠵᠢᠯᠯᠠᠭ᠎ᠠ》 ᠵᠢᠨ ᠲᠡᠮᠳᠡᠭ ᠴᠤᠭᠯᠠᠭᠤᠯᠬᠤ ᠠᠵᠢᠯᠯᠠᠭ᠎ᠠ ᠡᠬᠢᠯᠡᠯ᠎ᠡ
2024-03-05

ᠬᠡᠷᠡᠭᠯᠡᠭᠡ ᠵᠢᠨ ᠥᠷᠭᠡᠳᠬᠦ ᠵᠢ ᠠᠬᠢᠭᠤᠯᠬᠤ᠂ ᠬᠡᠷᠡᠭᠯᠡᠭᠡ ᠵᠢᠨ ᠣᠷᠴᠢᠨ ᠲᠣᠭᠤᠷᠢᠨ᠎ᠢ ᠰᠢᠯᠢᠳᠡᠭᠵᠢᠭᠦᠯᠬᠦ ᠲᠤᠬᠠᠢ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠭᠦᠨᠵᠡᠭᠡᠢ ᠲᠤᠭᠤᠰᠢᠯᠠᠭᠤᠯᠵᠤ᠂ ᠬᠡᠷᠡᠭᠯᠡᠭᠡ ᠵᠢᠨ ᠢᠲᠡᠭᠡᠯ᠎ᠢ ᠤᠯᠠᠮ ᠨᠢᠭᠡ ᠠᠯᠬᠤᠮ ᠬᠥᠪᠴᠢᠯᠡᠵᠦ᠂ ᠰᠠᠨᠠᠭ᠎ᠠ ᠠᠮᠤᠷ ᠬᠡᠷᠡᠭᠯᠡᠭᠡ ᠵᠢᠨ ᠠᠵᠢᠯᠯᠠᠭ᠎ᠠ ᠵᠢ ᠤᠬᠠᠭᠤᠯᠤᠨ ᠳᠡᠯᠭᠡᠷᠡᠭᠦᠯᠵᠦ᠂ ᠪᠦᠬᠦ ᠨᠡᠶ᠋ᠢᠭᠡᠮ᠎ᠤᠨ ᠬᠡᠷᠡᠭᠯᠡᠭᠴᠢᠳ᠎ᠤᠨ ᠡᠷᠬᠡ ᠠᠰᠢᠭ᠎ᠢ ᠬᠠᠮᠠᠭ᠋ᠠᠯᠠᠬᠤ ᠬᠠᠮᠲᠤ ᠵᠢᠨ ᠲᠠᠨᠢᠯᠲᠠ ᠵᠢ ᠨᠡᠮᠡᠭᠳᠡᠭᠦᠯᠬᠦ ᠵᠢᠨ ᠲᠥᠯᠥᠭᠡ᠂ ᠤᠯᠤᠰ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ ᠵᠢᠨ ᠬᠠᠤᠯᠢ ᠬᠡᠷᠡᠭᠵᠢᠭᠦᠯᠵᠦ ᠪᠠᠶ᠋ᠢᠴᠠᠭ᠋ᠠᠬᠤ ᠲᠣᠪᠴᠢᠶ᠎ᠠ ᠪᠦᠬᠦ ᠤᠯᠤᠰ᠎ᠤᠨ 《ᠰᠠᠨᠠᠭ᠎ᠠ ᠠᠮᠤᠷ ᠬᠡᠷᠡᠭᠯᠡᠭᠡ ᠵᠢᠨ ᠠᠵᠢᠯᠯᠠᠭ᠎ᠠ》 ᠵᠢᠨ ᠲᠡᠮᠳᠡᠭ᠎ᠢ ᠢᠯᠡ᠎ᠪᠠᠷ ᠴᠤᠭᠯᠠᠭᠤᠯᠵᠤ᠂ ᠪᠣᠳᠠᠲᠠᠢ ᠱᠠᠭ᠋ᠠᠷᠳᠠᠯᠭ᠎ᠠ᠎ᠨᠢ ᠳᠣᠣᠷᠠᠬᠢ ᠮᠡᠲᠦ᠄

ᠨᠢᠭᠡ᠂ ᠴᠤᠭᠯᠠᠭᠤᠯᠬᠤ ᠴᠠᠭ

ᠡᠨᠡ ᠡᠳᠦᠷ᠎ᠠᠴᠠ ᠡᠬᠢᠯᠡᠵᠦ 2024 ᠣᠨ᠎ᠤ 3 ᠳ᠋ᠤᠭ᠋ᠠᠷ ᠰᠠᠷ᠎ᠠ ᠵᠢᠨ 15᠎ᠤ ᠡᠳᠦᠷ ᠪᠣᠯᠲᠠᠯ᠎ᠠ᠃

ᠬᠤᠶᠠᠷ᠂ ᠴᠤᠭᠯᠠᠭᠤᠯᠬᠤ ᠡᠲᠡᠭᠡᠳ

ᠨᠡᠶ᠋ᠢᠭᠡᠮ ᠨᠡᠶ᠋ᠢᠲᠡ᠎ᠠᠴᠠ ᠢᠯᠡ᠎ᠪᠠᠷ ᠴᠤᠭᠯᠠᠭᠤᠯᠵᠤ᠂ ᠬᠤᠪᠢ ᠬᠦᠮᠦᠨ ᠪᠣᠯᠤᠨ ᠵᠣᠬᠢᠶᠠᠨ ᠪᠠᠶ᠋ᠢᠭᠤᠯᠤᠯᠲᠠ ᠪᠦᠷ ᠣᠷᠣᠯᠴᠠᠵᠤ ᠪᠣᠯᠤᠨ᠎ᠠ᠃

ᠭᠤᠷᠪᠠ᠂ ᠪᠦᠲᠦᠭᠡᠯ᠎ᠤᠨ ᠱᠠᠭ᠋ᠠᠷᠳᠠᠯᠭ᠎ᠠ

ᠴᠤᠭᠯᠠᠭᠤᠯᠬᠤ᠎ᠳᠤ ᠣᠷᠣᠯᠴᠠᠬᠤ ᠪᠦᠲᠦᠭᠡᠯ᠎ᠨᠢ 《ᠰᠠᠨᠠᠭ᠎ᠠ ᠠᠮᠤᠷ ᠬᠡᠷᠡᠭᠯᠡᠭᠡ ᠵᠢᠨ ᠠᠵᠢᠯᠯᠠᠭ᠎ᠠ》 ᠵᠢᠨ ᠠᠭᠤᠯᠤᠭᠳᠠᠬᠤᠨ᠎ᠢ ᠣᠨᠣᠪᠴᠢᠲᠠᠶ ᠲᠤᠰᠬᠠᠵᠤ᠂ ᠬᠡᠷᠡᠭᠯᠡᠭᠴᠢᠳ᠎ᠤᠨ ᠨᠡᠶ᠋ᠢᠭᠡᠮ᠎ᠢ ᠬᠠᠮᠠᠭ᠋ᠠᠯᠠᠵᠤ ᠬᠠᠮᠲᠤ᠎ᠪᠠᠷ ᠵᠠᠰᠠᠬᠤ ᠰᠢᠰᠲ᠋ᠧᠮ᠎ᠢ ᠪᠠᠶ᠋ᠢᠭᠤᠯᠬᠤ ᠣᠶ᠋ᠢᠯᠠᠭ᠋ᠠᠭᠳᠠᠬᠤᠨ᠎ᠢ ᠭᠦᠢ᠍ᠴᠡᠳ ᠢᠯᠡᠷᠡᠭᠦᠯᠵᠦ᠂ ᠬᠡᠷᠡᠭᠯᠡᠭᠡᠨ᠎ᠤ ᠢᠲᠡᠭᠡᠯ᠎ᠢ ᠬᠥᠭᠵᠢᠭᠡᠬᠦ ᠬᠡᠷᠡᠭᠲᠡᠶ᠃

ᠲᠡᠮᠳᠡᠭ᠎ᠨᠢ ᠭᠤᠤᠯᠳᠠᠭᠤ ᠪᠥᠬᠦ ᠤᠯᠤᠰ᠎ᠤᠨ ᠬᠡᠪᠴᠢᠶᠡᠨ᠎ᠳᠠᠬᠢ ᠬᠡᠷᠡᠭᠯᠡᠭᠴᠢᠳ᠎ᠤᠨ ᠡᠷᠬᠡ ᠠᠰᠢᠭ᠎ᠢ ᠬᠠᠮᠠᠭ᠋ᠠᠯᠠᠬᠤ ᠤᠬᠠᠭᠤᠯᠭ᠎ᠠ ᠬᠥᠮᠦᠵᠢᠯ᠎ᠤᠨ ᠵᠢᠯᠣᠭᠤᠳᠤᠮᠵᠢ᠎ᠳᠤ ᠬᠡᠷᠡᠭᠯᠡᠭᠳᠡᠬᠦ ᠲᠤᠯᠠ᠂ ᠴᠤᠭᠯᠠᠭᠤᠯᠬᠤ᠎ᠳᠤ ᠣᠷᠣᠯᠴᠠᠬᠤ ᠪᠦᠲᠦᠭᠡᠯ᠎ᠨᠢ ᠪᠥᠬᠦ ᠤᠯᠤᠰ᠎ᠤᠨ ᠲᠦᠭᠡᠮᠡᠯ ᠴᠢᠨᠠᠷ ᠪᠦᠬᠦᠢ ᠪᠠᠶ᠋ᠢᠵᠤ᠂ ᠭᠠᠵᠠᠷ ᠣᠷᠣᠨ᠎ᠤ ᠬᠢᠵᠠᠭ᠋ᠠᠷᠯᠠᠯᠳᠤ ᠴᠢᠨᠠᠷ ᠦᠭᠡᠶ ᠪᠠᠶ᠋ᠢᠵᠤ᠂ ᠣᠨᠴᠠᠭ᠋ᠠᠶ ᠠᠵᠢᠯ ᠲᠥᠷᠥᠯ᠂ ᠠᠵᠤ ᠠᠬᠤᠶ᠋ᠢᠯᠠᠯ ᠵᠡᠷᠭᠡ ᠵᠢᠨ ᠥᠩᠭᠡ ᠪᠤᠳᠤᠭ᠎ᠢ ᠢᠯᠡᠷᠡᠭᠦᠯᠬᠦ ᠥᠬᠡᠶ ᠪᠠᠶ᠋ᠢᠬᠤ ᠬᠡᠷᠡᠭᠲᠡᠶ᠃

ᠴᠤᠭᠯᠠᠭᠤᠯᠬᠤ᠎ᠳᠤ ᠣᠷᠣᠯᠴᠠᠬᠤ ᠪᠦᠲᠦᠭᠡᠯ᠎ᠤᠨ ᠪᠦᠲᠦᠭᠡᠯᠴᠢ ᠪᠣᠳᠣᠯ᠎ᠨᠢ ᠰᠢᠨ᠎ᠡ ᠰᠡᠪᠡᠭᠦᠨ ᠪᠥᠭᠡᠳ ᠥᠪᠡᠷᠮᠢᠴᠡ᠂ ᠵᠢᠷᠤᠭ ᠲᠥᠯᠥᠪᠯᠡᠭᠡ᠎ᠨᠢ ᠲᠣᠪᠴᠢ ᠠᠪᠰᠠᠷᠬᠠᠨ᠂ ᠨᠡᠯᠢᠶᠡᠳ ᠴᠢᠩᠭ᠎ᠠ ᠬᠠᠷᠠᠭ᠋ᠠᠨ ᠰᠡᠷᠡᠯ᠎ᠤᠨ ᠲᠠᠲᠠᠬᠤ ᠬᠦᠴᠦᠨ᠎ᠲᠠᠢ᠂ ᠢᠯᠭ᠋ᠠᠨ ᠲᠠᠨᠢᠵᠤ ᠴᠡᠭᠡᠵᠢᠯᠡᠬᠦ ᠪᠠ ᠳᠡᠯᠭᠡᠷᠡᠭᠦᠯᠦᠨ ᠤᠬᠠᠭᠤᠯᠬᠤ᠎ᠳᠤ ᠬᠢᠯᠪᠠᠷ᠂ ᠢᠯᠭ᠋ᠠᠨ ᠲᠠᠨᠢᠭᠳᠠᠬᠤ ᠬᠡᠮᠵᠢᠶ᠎ᠡ᠎ᠪᠠᠷ ᠥᠨᠳᠥᠷ᠂ ᠬᠡᠷᠡᠭᠯᠡᠬᠦ ᠴᠢᠨᠠᠷ ᠵᠶ᠋ᠠᠷ ᠴᠢᠩᠭ᠎ᠠ᠂ ᠰᠦᠯᠵᠢᠶ᠎ᠡ᠎ᠪᠠᠷ ᠳᠠᠮᠵᠢᠭᠤᠯᠬᠤ᠎ᠳᠤ ᠲᠣᠬᠢᠷᠠᠮᠵᠢᠲᠠᠶ ᠪᠠᠢ᠌ᠬᠤ ᠬᠡᠷᠡᠭᠲᠡᠢ᠃

ᠴᠤᠭᠯᠠᠭᠤᠯᠬᠤ᠎ᠳᠤ ᠣᠷᠣᠯᠴᠠᠬᠤ ᠪᠦᠲᠦᠭᠡᠯ᠎ᠤᠨ ᠬᠡᠯᠪᠡᠷᠢ᠎ᠨᠢ ᠡᠷᠬᠡᠪᠰᠢ JPG ᠬᠡᠯᠪᠡᠷᠢ ᠵᠢᠨ ᠦᠷ᠎ᠡ ᠳ᠋ᠦᠩ᠎ᠤᠨ ᠵᠢᠷᠤᠭ ᠪᠠ AI ᠪᠤᠶᠤ CDR ᠵᠡᠷᠭᠡ ᠸᠧᠺᠲ᠋ᠣᠷ᠎ᠤᠨ ᠵᠢᠷᠤᠭ ᠪᠠᠶ᠋ᠢᠵᠤ᠂ ᠪᠠᠰᠠ ᠪᠠᠷᠢᠮᠵᠢᠶ᠎ᠠ ᠥᠩᠭᠡ ᠪᠠ ᠲᠤᠰᠬᠠᠢ ᠦᠰᠦᠭ᠎ᠤᠨ ᠲᠢᠭ᠎ᠢ ᠲᠦᠰᠦᠪᠯᠡᠭᠰᠡᠨ ᠡᠬᠡ ᠪᠢᠴᠢᠭ ᠬᠠᠩᠭ᠋ᠠᠬᠤ ᠬᠡᠷᠡᠭᠲᠡᠢ᠃ ᠵᠢᠷᠤᠵᠤ ᠲᠥᠯᠦᠪᠯᠡᠭᠰᠡᠨ ᠡᠬᠡ ᠪᠢᠴᠢᠭ᠎ᠤᠨ ᠥᠩᠭᠡ ᠵᠢᠨ ᠵᠠᠭᠪᠤᠷ᠎ᠨᠢ RGB ᠵᠠᠭᠪᠤᠷ ᠪᠠ CMYK ᠵᠠᠭᠪᠤᠷ ᠪᠠᠶ᠋ᠢᠵᠤ᠂ ᠵᠢᠷᠤᠭ᠎ᠤᠨ ᠢᠯᠭ᠋ᠠᠮᠵᠢ᠎ᠨᠢ 300dpi᠎ᠠᠴᠠ ᠳᠡᠭᠡᠭᠰᠢ ᠪᠠᠶ᠋ᠢᠪᠠᠯ ᠵᠣᠬᠢᠨ᠎ᠠ᠂ ᠶᠡᠭᠡ ᠪᠠᠭ᠎ᠠ᠎ᠨᠢ 1M᠎ᠠᠴᠠ ᠳᠣᠣᠷ᠎ᠠ ᠪᠠᠶ᠋ᠢᠵᠤ ᠪᠣᠯᠬᠤ ᠦᠭᠡᠢ᠃ ᠡᠭᠦᠨ᠎ᠠᠴᠠ ᠭᠠᠳᠠᠨ᠎ᠠ ᠵᠢᠷᠤᠭ ᠲᠡᠮᠳᠡᠭ ᠪᠠ ᠦᠰᠦᠭ᠎ᠤᠨ ᠲᠢᠭ᠎ᠤᠨ ᠪᠦᠲᠦᠭᠡᠯᠴᠢ ᠪᠣᠳᠣᠯ᠎ᠳᠤ 200 ᠦᠰᠦᠭ᠎ᠠᠴᠠ ᠳᠡᠭᠡᠭᠰᠢ ᠦᠰᠦᠭ ᠪᠢᠴᠢᠭ᠎ᠤᠨ ᠲᠣᠳᠣᠷᠬᠠᠶ᠋ᠢᠯᠠᠯᠲᠠ ᠬᠢᠵᠦ ᠳᠠᠭ᠋ᠠᠯᠳᠤᠭᠤᠯᠵᠤ᠂ ᠵᠢᠷᠤᠭ᠎ᠤᠨ ᠶᠡᠬᠡ ᠪᠠᠭ᠎ᠠ᠂ ᠬᠠᠷᠢᠴᠠᠯ᠂ ᠥᠩᠭᠡ᠂ ᠤᠳᠬ᠎ᠠ ᠰᠠᠨᠠᠭ᠎ᠠ᠂ ᠠᠬᠤᠢ ᠪᠠᠢ᠌ᠳᠠᠯ ᠵᠡᠷᠭᠡ ᠠᠭᠤᠯᠭ᠎ᠠ ᠵᠢ ᠪᠠᠭᠲᠠᠭ᠋ᠠᠭᠰᠠᠨ ᠪᠠᠢ᠌ᠬᠤ ᠬᠡᠷᠡᠭᠲᠡᠢ᠃

ᠳᠥᠷᠪᠡ᠂ ᠰᠢᠯᠭ᠋ᠠᠷᠠᠭᠤᠯᠬᠤ ᠪᠠ ᠬᠥᠬᠢᠭᠦᠯᠦᠨ ᠱᠠᠩᠨᠠᠬᠤ

ᠳᠤᠮᠳᠠᠳᠤ ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠬᠡᠪᠯᠡᠯ᠎ᠤᠨ ᠬᠤᠷᠢᠶ᠎ᠠ ᠱᠠᠭ᠋ᠠᠷᠳᠠᠯᠭ᠎ᠠ᠎ᠳᠤ ᠨᠡᠶ᠋ᠢᠴᠡᠭᠰᠡᠨ ᠴᠤᠭᠯᠠᠭᠤᠯᠬᠤ᠎ᠳᠤ ᠣᠷᠣᠯᠴᠠᠭᠰᠠᠨ ᠪᠦᠬᠦ ᠪᠦᠲᠦᠭᠡᠯ᠎ᠳᠤ ᠠᠩᠬᠠᠨ᠎ᠤ ᠦᠨᠡᠯᠡᠯᠲᠡ ᠬᠢᠵᠦ᠂ 4 ᠪᠦᠲᠦᠭᠡᠯ᠎ᠢ ᠰᠣᠩᠭᠤᠬᠤ ᠵᠢᠨ ᠬᠠᠮᠲᠤ ᠰᠣᠩᠭᠣᠭᠳᠠᠭᠰᠠᠨ ᠪᠦᠲᠦᠭᠡᠯ᠎ᠤᠨ ᠵᠣᠬᠢᠶᠠᠭᠴᠢ ᠵᠢ ᠵᠢᠯᠣᠭᠤᠳᠴᠤ ᠪᠠᠶ᠋ᠢᠭ᠋ᠠᠳ ᠵᠢᠷᠤᠭ ᠲᠥᠯᠥᠪᠯᠡᠭᠡ ᠵᠢ᠎ᠨᠢ ᠤᠯᠠᠮ ᠨᠢᠭᠡ ᠠᠯᠬᠤᠮ ᠵᠠᠰᠠᠵᠤ ᠲᠡᠭᠦᠯᠳᠡᠷᠵᠢᠭᠦᠯᠦᠨ᠎ᠡ᠃ ᠬᠠᠮᠤᠭ᠎ᠤᠨ ᠡᠴᠦᠰ᠎ᠤᠨ ᠲᠣᠭᠲᠠᠭ᠋ᠠᠭᠰᠠᠨ ᠪᠦᠲᠦᠭᠡᠯ᠎ᠤᠨ ᠵᠢᠷᠤᠵᠤ ᠲᠥᠯᠥᠪᠯᠡᠭᠴᠢ᠎ᠳᠤ 10000 ᠲᠦᠭᠦᠷᠢᠭ ᠬᠦᠬᠢᠭᠦᠯᠦᠨ ᠱᠠᠩᠨᠠᠵᠤ᠂ ᠵᠣᠬᠢᠶᠠᠭᠴᠢ ᠡᠷᠬᠡᠪᠰᠢ 《ᠰᠠᠨᠠᠭ᠎ᠠ ᠠᠮᠤᠷ ᠬᠡᠷᠡᠭᠯᠡᠭᠡ ᠵᠢᠨ ᠠᠵᠢᠯᠯᠠᠭ᠎ᠠ》 ᠵᠢᠨ ᠲᠡᠮᠳᠡᠭ᠎ᠢ ᠪᠠᠭᠲᠠᠭ᠋ᠠᠭᠰᠠᠨ ᠪᠦᠷᠢᠨ ᠪᠦᠲᠦᠨ ᠰᠢᠰᠲ᠋ᠧᠮᠲᠦ VI ᠬᠠᠷᠠᠭ᠋ᠠᠨ ᠰᠡᠷᠡᠯ᠎ᠤᠨ ᠢᠯᠡᠳᠭᠡᠬᠦ ᠰᠢᠰᠲ᠋ᠧᠮ᠎ᠢ ᠬᠠᠩᠭ᠋ᠠᠵᠤ᠂ ᠲᠡᠮᠳᠡᠭ᠎ᠤᠨ ᠵᠢᠷᠤᠭ ᠳᠦᠷᠰᠦ᠂ ᠪᠠᠷᠢᠮᠵᠢᠶ᠎ᠠ ᠥᠩᠭᠡ᠂ ᠪᠠᠷᠢᠮᠵᠢᠶᠠᠲᠤ ᠦᠰᠦᠭ᠎ᠤᠨ ᠲᠢᠭ᠂ ᠲᠡᠮᠳᠡᠭ᠎ᠤᠨ ᠲᠠᠶ᠋ᠢᠯᠪᠤᠷᠢ ᠵᠢᠴᠢ ᠪᠡᠬᠡ ᠵᠢᠨ ᠡᠬᠡ ᠪᠢᠴᠢᠭ᠂ ᠤᠷᠪᠠᠭᠤ ᠥᠩᠭᠡ ᠵᠢᠨ ᠦᠷ᠎ᠡ ᠳ᠋ᠦᠩ ᠵᠢᠨ ᠡᠬᠡ ᠪᠢᠴᠢᠭ ᠵᠢᠴᠢ ᠪᠠᠷᠢᠮᠵᠢᠶᠠᠲᠤ ᠵᠢᠷᠤᠭ ᠵᠡᠷᠭᠡ ᠵᠢ ᠪᠠᠭᠲᠠᠭ᠋ᠠᠬᠤ ᠮᠥᠷᠲᠡᠭᠡᠨ ᠡᠳᠡᠭᠡᠷ᠎ᠲᠤ ᠬᠢᠵᠠᠭ᠋ᠠᠷᠯᠠᠭᠳᠠᠬᠤ ᠦᠭᠡᠢ ᠪᠠᠢ᠌ᠵᠤ᠂ ᠲᠡᠮᠳᠡᠭ᠎ᠤᠨ ᠵᠢᠷᠤᠭ ᠳᠦᠷᠰᠦ ᠪᠣᠯᠣᠨ ᠪᠠᠷᠢᠮᠵᠢᠶᠠᠲᠤ ᠦᠰᠦᠭ᠎ᠤᠨ ᠡᠯ᠎ᠡ ᠵᠦᠢ᠍ᠯ᠎ᠤᠨ ᠨᠡᠶ᠋ᠢᠯᠡᠯ᠂ ᠬᠡᠷᠡᠭᠯᠡᠯᠲᠡ ᠵᠢᠨ ᠵᠢᠷᠤᠮᠵᠢᠯ ᠵᠡᠷᠭᠡ ᠵᠢ ᠪᠠᠭᠲᠠᠭ᠋ᠠᠭᠰᠠᠨ ᠪᠠᠶ᠋ᠢᠬᠤ ᠬᠡᠷᠡᠭᠲᠡᠢ᠃ ᠪᠤᠰᠤᠳ 3 ᠬᠤᠪᠢ ᠬᠦᠷᠢᠶ᠎ᠡ᠎ᠳᠤ ᠤᠷᠤᠭᠰᠠᠨ ᠪᠦᠲᠦᠭᠡᠯ᠎ᠢ ᠵᠢᠷᠤᠵᠤ ᠲᠥᠯᠥᠪᠯᠡᠭᠴᠢᠳ᠎ᠲᠤ ᠬᠥᠮᠥᠨ ᠪᠦᠷᠢ᠎ᠳᠤ 1 000 ᠲᠥᠭᠦᠷᠢᠭ ᠱᠠᠩᠨᠠᠨ᠎ᠠ᠃

ᠲᠠᠪᠤ᠂ ᠪᠤᠰᠤᠳ ᠱᠠᠭ᠋ᠠᠷᠳᠠᠯᠭ᠎ᠠ

ᠴᠤᠭᠯᠠᠭᠤᠯᠬᠤ᠎ᠳᠤ ᠣᠷᠣᠯᠴᠠᠬᠤ ᠪᠦᠲᠦᠭᠡᠯ᠎ᠨᠢ ᠡᠷᠬᠡᠪᠰᠢ ᠤᠭ ᠪᠦᠲᠦᠭᠡᠯ ᠪᠠᠢ᠌ᠵᠤ᠂ ᠤᠯᠤᠰ᠎ᠤᠨ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠠ ᠨᠡᠶ᠋ᠢᠭᠡᠮ ᠨᠡᠶ᠋ᠢᠲᠡ ᠵᠢᠨ ᠡᠮᠬᠢ ᠵᠢᠷᠤᠮ ᠪᠠ ᠰᠠᠶ᠋ᠢᠨ ᠰᠠᠶ᠋ᠢᠬᠠᠨ ᠬᠡᠪ ᠵᠠᠩᠰᠢᠯ᠎ᠤᠨ ᠱᠠᠭ᠋ᠠᠷᠳᠠᠯᠭ᠎ᠠ᠎ᠳᠤ ᠨᠡᠶ᠋ᠢᠴᠡᠵᠦ᠂ ᠡᠷᠡᠭᠦᠯ ᠪᠤᠰᠤ ᠰᠢᠯᠵᠢᠭᠰᠡᠨ ᠠᠭᠤᠯᠭ᠎ᠠ ᠦᠭᠡᠢ ᠪᠤᠶᠤ ᠠᠮᠠᠷᠬᠠᠨ ᠰᠠᠯᠪᠤᠷᠢ ᠤᠳᠬ᠎ᠠ ᠡᠭᠦᠰᠬᠦ ᠦᠭᠡᠢ᠂ ᠡᠭᠦᠨ᠎ᠠᠴᠠ ᠡᠮᠦᠨ᠎ᠡ ᠶᠠᠮᠠᠷᠪᠠ ᠬᠡᠯᠪᠡᠷᠢ᠎ᠪᠠᠷ ᠨᠡᠶ᠋ᠢᠲᠡᠯᠡᠭᠰᠡᠨ ᠦᠭᠡᠢ ᠪᠠᠢ᠌ᠬᠤ ᠬᠡᠷᠡᠭᠲᠡᠢ᠃ ᠬᠡᠷᠪᠡ ᠪᠤᠰᠤᠳ᠎ᠤᠨ ᠵᠣᠬᠢᠶᠠᠯ ᠪᠦᠲᠦᠭᠡᠯ᠎ᠤᠨ ᠡᠷᠬᠡᠨ᠎ᠳᠤ ᠬᠠᠯᠳᠠᠭᠰᠠᠨ ᠪᠠᠶ᠋ᠢᠪᠠᠯ᠂ ᠲᠡᠮᠳᠡᠭ ᠠᠳᠠᠯᠢ ᠪᠤᠶᠤ ᠠᠳᠠᠯᠢᠪᠲᠤᠷ ᠵᠡᠷᠭᠡ᠎ᠠᠴᠠ ᠪᠣᠯᠵᠤ ᠬᠠᠤᠯᠢ ᠴᠠᠭ᠋ᠠᠵᠠ ᠵᠢᠨ ᠵᠢᠭᠤᠷᠠᠯᠳᠤᠭ᠋ᠠᠨ ᠭᠠᠷᠤᠭᠰᠠᠨ ᠪᠠᠢ᠌ᠪᠠᠯ ᠴᠥᠮ ᠡᠬᠡ ᠪᠢᠴᠢᠭ ᠬᠠᠩᠭ᠋ᠠᠭᠴᠢ᠎ᠠᠴᠠ ᠪᠤᠶ ᠪᠦᠬᠦᠢ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ᠃

ᠪᠦᠲᠦᠭᠡᠯ᠎ᠢ ᠵᠢᠷᠤᠵᠤ ᠲᠥᠯᠥᠪᠯᠡᠭᠴᠢ ᠡᠷᠬᠡᠪᠰᠢ ᠲᠡᠭᠦᠨ᠎ᠤ ᠪᠦᠲᠦᠭᠡᠯ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢ ᠪᠦᠬᠦᠨ᠎ᠢ ᠴᠤᠭᠯᠠᠭᠤᠯᠬᠤ ᠨᠢᠭᠡᠴᠢ᠎ᠳᠤ ᠥᠮᠴᠢᠯᠡᠭᠦᠯᠬᠦ᠎ᠪᠠᠷ ᠠᠮᠠᠯᠳᠠᠬᠤ ᠬᠡᠷᠡᠭᠲᠡᠢ᠂ ᠡᠬᠡ ᠪᠢᠴᠢᠭ ᠶᠠᠪᠤᠭᠤᠯᠤᠭᠰᠠᠨ ᠪᠦᠬᠦᠨ᠎ᠢ ᠴᠥᠮ ᠲᠤᠰ ᠪᠣᠯᠵᠣᠭ᠎ᠠ ᠵᠢ ᠵᠥᠪᠰᠢᠶᠡᠷᠡᠭᠰᠡᠨ ᠵᠶ᠋ᠡᠷ ᠦᠵᠡᠨ᠎ᠡ᠃ ᠴᠤᠭᠯᠠᠭᠤᠯᠬᠤ ᠨᠢᠭᠡᠴᠢ᠎ᠨᠢ ᠬᠡᠪᠴᠢᠶᠡᠨ᠎ᠳᠤ ᠤᠷᠤᠭᠰᠠᠨ ᠪᠦᠲᠦᠭᠡᠯ᠎ᠢ ᠦᠨ᠎ᠡ ᠲᠥᠯᠥᠪᠦᠷᠢ ᠦᠭᠡᠶ᠎ᠪᠠᠷ ᠡᠯ᠎ᠡ ᠵᠦᠢ᠍ᠯ᠎ᠤᠨ ᠬᠡᠯᠪᠡᠷᠢ᠎ᠪᠠᠷ ᠤᠬᠠᠭᠤᠯᠬᠤ ᠵᠢᠴᠢ ᠡᠭᠦᠰᠦᠮᠡᠯ ᠦᠢ᠍ᠯᠡᠳᠬᠡᠭᠦᠨ ᠦᠢ᠍ᠯᠡᠳᠬᠦ ᠡᠷᠬᠡ᠎ᠲᠠᠢ ᠪᠠᠢ᠌ᠵᠤ᠂  ᠳᠠᠬᠢᠵᠤ ᠬᠥᠯᠥᠰᠥ ᠣᠯᠭᠤᠮᠵᠢ ᠥᠭᠬᠦ ᠦᠭᠡᠢ ᠪᠥᠭᠡᠳ ᠲᠡᠭᠦᠨ᠎ᠢ ᠪᠣᠯᠪᠠᠰᠤᠷᠠᠭᠤᠯᠤᠨ ᠵᠠᠰᠠᠵᠤ ᠳᠠᠬᠢᠨ ᠵᠣᠬᠢᠶᠠᠨ ᠪᠦᠲᠦᠭᠡᠬᠦ ᠡᠷᠬᠡ᠎ᠲᠠᠢ᠃

ᠰᠣᠩᠭᠤᠭᠳᠠᠭᠰᠠᠨ (ᠬᠦᠷᠢᠶ᠎ᠡ) ᠨᠡᠷ᠎ᠡ ᠮᠡᠳᠡᠭᠦᠯᠦᠭᠰᠡᠨ᠎ᠨᠢ ᠠᠳᠠᠯᠢ ᠪᠣᠯ ᠲᠤᠰᠢᠶᠠᠭᠰᠠᠨ ᠴᠠᠭ᠎ᠨᠢ ᠬᠠᠮᠤᠭ ᠡᠷᠲᠡ᠎ᠪᠠᠷ ᠪᠠᠷᠢᠮᠵᠢᠶ᠎ᠠ ᠪᠣᠯᠭ᠋ᠠᠨ᠎ᠠ᠃ ᠡᠬᠡ ᠪᠢᠴᠢᠭ ᠬᠠᠩᠭ᠋ᠠᠭᠴᠢ᠎ᠨᠢ ᠡᠷᠬᠡᠪᠰᠢ ᠲᠣᠭᠲᠠᠭᠰᠠᠨ ᠴᠠᠭ᠎ᠤᠨ ᠳᠣᠲᠣᠷ᠎ᠠ ᠴᠤᠭᠯᠠᠭᠤᠯᠬᠤ᠎ᠳᠤ ᠣᠷᠣᠯᠴᠠᠬᠤ ᠪᠦᠲᠦᠭᠡᠯ ᠵᠶ᠋ᠠᠨ ᠢᠮᠸᠯ᠎ᠤᠨ ᠬᠡᠯᠪᠡᠷᠢ᠎ᠪᠠᠷ ᠶᠠᠪᠤᠭᠤᠯᠵᠤ᠂ ᠡᠷᠬᠡᠪᠰᠢ ᠦᠨᠡᠨ ᠪᠣᠳᠠᠲᠤ ᠣᠪᠣᠭ ᠨᠡᠷ᠎ᠡ᠂ ᠠᠵᠢᠯᠯᠠᠵᠤ ᠪᠠᠶ᠋ᠢᠭ᠎ᠠ ᠨᠢᠭᠡᠴᠢ᠂ ᠬᠠᠷᠢᠯᠴᠠᠬᠤ ᠤᠲᠠᠰᠤ ᠵᠡᠷᠭᠡ ᠮᠡᠳᠡᠭᠡ ᠵᠠᠩᠭᠢ ᠵᠢ ᠲᠣᠳᠣᠷᠬᠠᠶ᠋ᠢᠯᠠᠬᠤ ᠬᠡᠷᠡᠭᠲᠡᠶ᠃

ᠢᠮᠧᠯ᠄ xfcs12315@163.com

ᠲᠣᠰ ᠤᠳᠠᠭ᠋ᠠᠨ᠎ᠤ ᠴᠤᠭᠯᠠᠭᠤᠯᠬᠤ ᠠᠵᠢᠯᠯᠠᠭ᠎ᠠ᠎ᠳᠤ ᠶᠠᠮᠠᠷᠪᠠ ᠨᠡᠷ᠎ᠡ ᠮᠡᠳᠡᠭᠦᠯᠬᠦ ᠰᠦᠢ᠍ᠳᠬᠡᠯ ᠪᠠ ᠰᠢᠯᠭ᠋ᠠᠷᠠᠭᠤᠯᠬᠤ᠎ᠳᠤ ᠣᠷᠣᠯᠴᠠᠬᠤ ᠰᠦᠢ᠍ᠳᠬᠡᠯ ᠬᠤᠷᠢᠶᠠᠬᠤ ᠥᠬᠡᠶ᠂ ᠭᠡᠪᠡᠴᠦ ᠮᠠᠲ᠋ᠧᠷᠢᠶᠠᠯ ᠴᠤᠭᠯᠠᠭᠤᠯᠬᠤ᠂ ᠮᠡᠳᠡᠭᠡ ᠵᠠᠩᠭᠢ ᠤᠯᠬᠤ᠂ ᠲᠠᠭᠯᠠᠨ ᠪᠢᠴᠢᠬᠦ ᠪᠠ ᠲᠤᠰᠢᠶᠠᠬᠤ ᠵᠡᠷᠭᠡ ᠲᠣᠰ ᠤᠳᠠᠭ᠋ᠠᠨ᠎ᠤ ᠴᠤᠭᠯᠠᠭᠤᠯᠬᠤ ᠠᠵᠢᠯᠯᠠᠭ᠎ᠠ᠎ᠳᠤ ᠣᠷᠣᠯᠴᠠᠭᠰᠠᠨ᠎ᠠᠴᠠ ᠪᠣᠯᠤᠭᠰᠠᠨ ᠵᠠᠷᠤᠳᠠᠯ᠎ᠢ ᠴᠥᠮ ᠴᠤᠭᠯᠠᠭᠤᠯᠬᠤ᠎ᠳᠤ ᠣᠷᠣᠯᠴᠠᠭᠰᠠᠳ ᠥᠪᠡᠰᠦᠪᠡᠨ ᠡᠭᠦᠷᠭᠡᠯᠡᠨ᠎ᠡ᠃

ᠲᠤᠰ ᠤᠳᠠᠭ᠋ᠠᠨ᠎ᠤ ᠴᠤᠭᠯᠠᠭᠤᠯᠬᠤ ᠠᠵᠢᠯᠯᠠᠭ᠎ᠠ ᠵᠢᠨ ᠬᠠᠮᠤᠭ ᠡᠴᠦᠰ᠎ᠤᠨ ᠲᠠᠶ᠋ᠢᠯᠪᠤᠷᠢᠯᠠᠬᠤ ᠡᠷᠬᠡ ᠵᠢ ᠴᠤᠭᠯᠠᠭᠤᠯᠬᠤ ᠨᠢᠭᠡᠴᠢ ᠥᠮᠴᠢᠯᠡᠨ᠎ᠡ᠃

ᠬᠠᠷᠢᠯᠴᠠᠬᠤ ᠣᠳᠠᠰᠣ᠄ 010-63730080

ᠢᠷᠡᠯᠲᠡ᠄ ᠵᠠᠬ᠎ᠠ ᠳᠡᠯᠭᠡᠭᠦᠷ᠎ᠤᠨ ᠰᠢᠨ᠎ᠡ ᠪᠠᠢ᠌ᠳᠠᠯ