《ᠬᠤᠪᠢ ᠵᠢᠨ ᠥᠪᠥᠷ ᠮᠣᠩᠭᠤᠯ᠎ᠤᠨ ᠢᠲᠡᠭᠡᠮᠵᠢᠲᠦ ᠵᠢᠭᠡᠯᠡᠯᠭᠡ》᠎ᠨᠢ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠪᠠᠯᠠ ᠲᠣᠬᠢᠷᠠᠭᠤᠯᠭ᠎ᠠ ᠵᠢᠨ ᠬᠦᠴᠢᠷᠳᠡᠯ᠎ᠢ ᠨᠠᠮᠳᠠᠭᠤᠯᠬᠤ᠎ᠳᠤ ᠬᠦᠴᠦᠨ ᠨᠡᠮᠡᠷᠢᠯᠡᠵᠦ ᠪᠠᠶ᠋ᠢᠨ᠎ᠠ
2024-02-23

ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠪᠥᠬᠦ ᠣᠷᠣᠨ᠎ᠤ ᠬᠤᠳᠠᠯᠳᠤᠭ᠋ᠠᠴᠢᠨ ᠤᠷᠢᠵᠤ ᠪᠠᠯᠠ ᠣᠷᠣᠭᠤᠯᠬᠤ ᠵᠢᠴᠢ ᠦᠨᠡᠨᠴᠢ ᠢᠲᠡᠭᠡᠮᠵᠢ ᠵᠢᠨ ᠪᠠᠶ᠋ᠢᠭᠤᠯᠤᠯᠲᠠ ᠵᠢᠨ ᠬᠤᠷᠠᠯ᠎ᠤᠨ ᠵᠣᠷᠢᠭ ᠰᠠᠨᠠᠭ᠎ᠠ ᠵᠢ ᠦᠳᠲᠡᠷ ᠲᠦᠷᠭᠡᠨ ᠨᠠᠶ᠋ᠢᠳᠠᠪᠤᠷᠢᠵᠢᠭᠤᠯᠵᠤ᠂ 2 ᠳ᠋ᠤᠭ᠋ᠠᠷ ᠰᠠᠷ᠎ᠠ ᠵᠢᠨ 22᠎ᠤᠨ ᠡᠳᠦᠷ᠎ᠤᠨ ᠦᠳᠡ ᠵᠢᠨ ᠡᠮᠦᠨ᠎ᠡ ᠥᠪᠡᠷᠲᠡᠭᠡᠨ ᠵᠠᠰᠠᠬᠤ ᠣᠷᠣᠨ᠎ᠤ ᠲᠣᠮᠣ ᠳ᠋ᠠᠶ᠋ᠢᠲ᠋ᠠ ᠵᠢᠨ ᠲᠥᠪ᠂ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠤᠨ᠎ᠤ ᠢᠲᠡᠭᠡᠮᠵᠢ ᠵᠢᠨ ᠬᠤᠷᠰᠢᠶ᠎ᠠ ᠵᠢᠨ ᠬᠤᠯᠪᠣᠭ᠋ᠠᠲᠤ ᠬᠤᠷᠰᠢᠶ᠎ᠠ᠎ᠲᠠᠢ ᠬᠠᠮᠲᠤᠷᠠᠨ 《ᠬᠤᠪᠢ ᠵᠢᠨ ᠥᠪᠥᠷ ᠮᠣᠩᠭᠤᠯ᠎ᠤᠨ ᠢᠲᠡᠭᠡᠮᠵᠢᠲᠦ ᠵᠢᠭᠡᠯᠡᠯᠭᠡ》 ᠵᠢ ᠨᠡᠪᠲᠡᠷᠡᠭᠦᠯᠬᠦ ᠶᠣᠰᠣᠯᠠᠯ ᠶᠠᠪᠤᠭᠤᠯᠪᠠ᠃

《ᠬᠤᠪᠢ ᠵᠢᠨ ᠥᠪᠥᠷ ᠮᠣᠩᠭᠤᠯ᠎ᠤᠨ ᠢᠲᠡᠭᠡᠮᠵᠢᠲᠦ ᠵᠢᠭᠡᠯᠡᠯᠭᠡ》᠎ᠨᠢ ᠢᠲᠡᠭᠡᠮᠵᠢ ᠵᠢᠨ ᠦᠨᠡᠯᠡᠯᠲᠡ᠎ᠪᠠᠷ ᠰᠠᠭᠤᠷᠢ ᠪᠣᠯᠭ᠋ᠠᠵᠤ᠂ ᠢᠲᠡᠭᠡᠮᠵᠢ ᠵᠢ ᠲᠦᠰᠢᠭᠯᠡᠬᠦ᠂ ᠪᠠᠷᠢᠴᠠᠭ᠋ᠠᠯᠠᠬᠤ ᠥᠬᠡᠶ᠂ ᠳᠠᠭ᠋ᠠᠭ᠋ᠠᠯᠲᠠ ᠥᠬᠡᠶ᠂ ᠰᠦᠯᠵᠢᠶᠡᠨ ᠳᠡᠭᠡᠷ᠎ᠡ ᠭᠦᠢ᠍ᠴᠡᠳᠬᠡᠬᠦ ᠠᠷᠭ᠎ᠠ ᠮᠠᠶᠢᠭ᠎ᠢ ᠠᠪᠴᠤ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ᠎ᠳᠤ ᠬᠠᠮᠤᠭ᠎ᠤᠨ ᠥᠨᠳᠥᠷ᠎ᠲᠡᠭᠡᠨ 500 ᠲᠦᠮᠡᠨ ᠢᠲᠡᠭᠡᠮᠵᠢᠲᠦ ᠵᠢᠭᠡᠯᠡᠯᠭᠡ ᠬᠠᠩᠭ᠋ᠠᠵᠤ᠂ ᠢᠲᠡᠭᠡᠮᠵᠢ ᠵᠢ ᠦᠨᠡᠨ ᠬᠦ᠌ ᠪᠣᠳᠠᠲᠠᠶ ᠠᠰᠢᠭ ᠪᠣᠯᠭ᠋ᠠᠨ ᠬᠤᠪᠢᠷᠠᠭᠤᠯᠪᠠ᠃ ᠳᠣᠣᠷᠠᠬᠢ ᠳᠥᠷᠪᠡᠨ ᠣᠨᠴᠠᠯᠢᠭ᠎ᠲᠠᠢ᠄

ᠲᠦᠭᠡᠮᠡᠯ ᠬᠠᠷᠠᠭ᠋ᠠᠯᠵᠠᠯ᠎ᠤᠨ ᠴᠢᠨᠠᠷ᠃ ᠬᠠᠮᠤᠷᠬᠤ ᠬᠡᠪᠴᠢᠶ᠎ᠡ᠎ᠨᠢ ᠥᠷᠭᠡᠨ᠂ 《ᠬᠤᠪᠢ ᠵᠢᠨ ᠥᠪᠥᠷ ᠮᠣᠩᠭᠤᠯ᠎ᠤᠨ ᠢᠲᠡᠭᠡᠮᠵᠢᠲᠦ ᠵᠢᠭᠡᠯᠡᠯᠭᠡ》᠎ᠨᠢ ᠪᠥᠬᠦ ᠣᠷᠣᠨ᠎ᠤ ᠡᠯ᠎ᠡ ᠲᠥᠷᠥᠯ᠎ᠤᠨ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠬᠠᠮᠤᠷᠪᠠ; ᠵᠢᠭᠡᠯᠡᠯᠭᠡ ᠵᠢᠨ ᠬᠦᠤ ᠮᠥᠩᠭᠦ ᠵᠢᠨ ᠨᠣᠷᠮ᠎ᠠ᠎ᠨᠢ ᠳᠣᠤᠷ᠎ᠠ ᠪᠠᠶ᠋ᠢᠵᠤ᠂ 3.45%- 6% ᠪᠣᠯᠲᠠᠯ᠎ᠠ ᠪᠠᠭᠤᠷᠠᠵᠤ᠂ ᠴᠢᠨᠠᠷ ᠰᠠᠶ᠋ᠢᠲᠠᠶ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠬᠠᠮᠤᠭ᠎ᠤᠨ ᠳᠣᠤᠷ᠎ᠠ ᠬᠦᠤ ᠮᠥᠩᠭᠦ ᠵᠢᠨ ᠨᠣᠷᠮ᠎ᠠ᠎ᠨᠢ 20% ᠣᠷᠴᠢᠮ ᠪᠠᠭᠤᠷᠠᠵᠠᠶ᠃

ᠣᠨᠣᠪᠴᠢᠲᠤ ᠴᠢᠨᠠᠷ᠃ 79 ᠲᠤᠭ᠎ᠠ ᠪᠠᠷᠢᠮᠲᠠ ᠵᠢᠨ ᠨᠢᠭᠡᠴᠢ ᠵᠢᠨ ᠨᠡᠶ᠋ᠢᠲᠡ 1.7 ᠳ᠋ᠦᠩᠰᠢᠭᠤᠷ ᠵᠤᠷᠪᠤᠰ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠢᠲᠡᠭᠡᠮᠵᠢ ᠵᠢᠨ ᠲᠤᠭ᠎ᠠ ᠪᠠᠷᠢᠮᠲᠠ ᠵᠢ ᠭᠦᠢ᠍ᠴᠡᠳ ᠠᠭᠤᠳᠠᠯᠵᠤ᠂ ᠭᠤᠷᠪᠠᠨ ᠳᠡᠰ ᠬᠤᠪᠢᠶᠠᠨ ᠨᠡᠶ᠋ᠢᠲᠡ 30 ᠲᠤᠭ᠎ᠠ ᠪᠠᠷᠢᠮᠲᠠ ᠵᠢᠨ ᠭᠦᠢ᠍ᠴᠡᠳᠬᠡᠯ ᠲᠣᠭ᠎ᠠ᠎ᠪᠠᠷ ᠢᠲᠡᠭᠡᠮᠵᠢ ᠵᠢᠨ ᠪᠠᠢ᠌ᠳᠠᠯ᠎ᠢ ᠣᠢ᠌ᠯᠠᠭ᠋ᠠᠵᠤ᠂ ᠢᠲᠡᠭᠡᠮᠵᠢ ᠵᠢᠨ ᠬᠤᠪᠢ ᠲᠣᠭᠲᠠᠭ᠋ᠠᠵᠤ᠂ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ᠎ᠳᠤ ᠬᠦᠷᠭᠡᠵᠦ ᠲᠦᠭᠰᠢᠭᠦᠷᠢ ᠵᠢ ᠡᠵᠡᠮᠳᠡᠬᠦ ᠰᠢᠰᠲ᠋ᠧᠮᠵᠢ᠎ᠲᠠᠢ ᠤᠶᠠᠯᠳᠤᠭᠤᠯᠬᠤ᠎ᠪᠠᠷ ᠳᠠᠮᠵᠢᠭᠤᠯᠤᠨ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠢᠲᠡᠭᠡᠮᠵᠢ ᠵᠢᠨ ᠦᠨᠡᠯᠡᠨ ᠵᠢᠱ᠌ᠢᠯᠲᠡ ᠵᠢ ᠪᠡᠶᠡᠯᠡᠭᠦᠯᠪᠡ᠃

ᠳᠥᠬᠥᠮ ᠲᠦᠳᠡ ᠴᠢᠨᠠᠷ᠃ ᠪᠥᠬᠦ ᠶᠠᠪᠤᠴᠠ ᠵᠢ ᠰᠦᠯᠵᠢᠶᠡᠨ ᠳᠡᠭᠡᠷ᠎ᠡ ᠭᠤᠶᠤᠴᠢᠯᠠᠨ ᠡᠷᠭᠢᠯᠡᠵᠦ᠂ ᠵᠢᠭᠡᠯᠡᠯᠭᠡ ᠭᠤᠶᠤᠴᠢᠯᠠᠬᠤ᠂ ᠭᠡᠷ᠎ᠡ ᠲᠣᠭᠲᠠᠬᠤ᠂ ᠵᠣᠭᠤᠰ ᠭᠠᠷᠭ᠋ᠠᠨ ᠠᠪᠬᠤ ᠵᠣᠭᠤᠰ ᠬᠡᠷᠡᠭᠯᠡᠬᠦ ᠵᠡᠷᠭᠡ ᠭᠣᠭᠴᠣᠭ᠎ᠠ ᠵᠢᠨ ᠬᠢᠨᠠᠨ ᠵᠥᠪᠰᠢᠶᠡᠷᠡᠬᠦ ᠴᠠᠭ᠎ᠢ ᠰᠦᠯᠵᠢᠶᠡᠨ ᠭᠠᠳᠠᠨᠠᠬᠢ 3 - 5 ᠠᠵᠢᠯᠯᠠᠬᠤ ᠡᠳᠦᠷ᠎ᠠᠴᠠ ᠬᠠᠮᠤᠭ᠎ᠤᠨ ᠬᠤᠷᠳᠤᠨ᠎ᠳᠤ᠎ᠪᠠᠨ ᠬᠠᠭ᠋ᠠᠰ ᠴᠠᠭ ᠪᠣᠯᠭ᠋ᠠᠨ ᠪᠣᠭᠤᠨᠢᠰᠬᠠᠪᠠ᠃ ᠰᠦᠯᠵᠢᠶᠡᠨ ᠭᠠᠳᠠᠨ᠎ᠠ ᠭᠦᠢ᠍ᠴᠡᠳᠬᠡᠬᠦ ᠴᠢᠬᠤᠯᠠᠲᠠᠶ ᠪᠣᠯ᠂ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠣᠨ᠎ᠤ ᠢᠲᠡᠭᠡᠮᠵᠢ ᠵᠢᠨ ᠬᠣᠷᠰᠢᠶ᠎ᠠ ᠵᠢᠨ ᠬᠣᠯᠪᠣᠭ᠋ᠠᠲᠤ ᠬᠣᠷᠰᠢᠶ᠎ᠠ᠎ᠨᠢ 2200 ᠡᠵᠡᠩᠨᠡᠯᠲᠡ ᠵᠢᠨ ᠲᠣᠤᠷ ᠴᠡᠭ᠎ᠲᠠᠢ ᠪᠠᠶ᠋ᠢᠵᠤ᠂ ᠰᠦᠯᠵᠢᠶ᠎ᠡ᠎ᠪᠠᠷ ᠡᠷᠬᠢᠯᠡᠬᠦ ᠳᠡᠰ ᠳᠠᠷᠠᠭ᠋ᠠᠯᠠᠯ᠎ᠨᠢ ᠴᠦ᠍ ᠨᠡᠯᠢᠶᠡᠳ ᠳᠥᠭᠥᠮ ᠪᠥᠭᠡᠳ ᠲᠦᠷᠭᠡᠨ᠃

ᠤᠷᠮᠠᠰᠢᠭᠤᠯᠬᠤ ᠴᠢᠨᠠᠷ᠃ 《ᠬᠤᠪᠢ ᠵᠢᠨ ᠥᠪᠥᠷ ᠮᠣᠩᠭᠤᠯ᠎ᠤᠨ ᠢᠲᠡᠭᠡᠮᠵᠢᠲᠦ ᠵᠢᠭᠡᠯᠡᠯᠭᠡ》᠎ᠨᠢ ᠢᠲᠡᠭᠡᠮᠵᠢ ᠵᠢᠨ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠦᠢ᠍ᠯᠡᠳᠪᠦᠷᠢᠯᠡᠯ ᠡᠵᠡᠩᠨᠡᠯᠲᠡ᠎ᠳᠤ ᠬᠦᠴᠦᠨ ᠨᠡᠮᠡᠷᠢᠯᠡᠵᠦ᠂ ᠢᠲᠡᠭᠡᠮᠵᠢ ᠵᠢᠨ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠪᠡᠯᠡ ᠲᠣᠬᠢᠷᠠᠭᠤᠯᠭ᠎ᠠ ᠵᠢᠨ ᠬᠦᠴᠢᠷᠳᠡᠯ᠎ᠢ ᠨᠠᠮᠳᠠᠭᠤᠯᠵᠤ᠂ ᠢᠲᠡᠭᠡᠮᠵᠢ ᠵᠢᠨ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠵᠠᠬ᠎ᠠ ᠳᠡᠯᠭᠡᠭᠦᠷ᠎ᠤᠨ ᠥᠷᠢᠰᠥᠯᠳᠦᠭᠡᠨ᠎ᠤ ᠢᠲᠡᠭᠡᠯ ᠵᠣᠷᠢᠭ᠎ᠢ ᠨᠡᠮᠡᠭᠳᠡᠭᠦᠯᠬᠦ ᠦᠢ᠍ᠯᠡᠳᠦᠯ᠎ᠢ ᠪᠠᠳᠠᠷᠠᠭᠤᠯᠵᠤ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠦᠨᠡᠨᠴᠢ ᠢᠲᠡᠭᠡᠮᠵᠢᠲᠡᠶ᠎ᠪᠠᠷ ᠬᠤᠳᠠᠯᠳᠤᠭ᠎ᠠ ᠡᠷᠭᠢᠯᠡᠬᠦ᠂ ᠬᠠᠤᠯᠢ ᠵᠢ ᠰᠠᠬᠢᠵᠤ ᠡᠵᠡᠩᠨᠡᠬᠦ ᠵᠢ ᠪᠦᠲᠦᠮᠵᠢᠲᠡᠶ ᠬᠥᠲᠥᠯᠦᠨ ᠵᠢᠯᠣᠭᠤᠳᠴᠤ᠂ ᠥᠪᠥᠷ ᠮᠣᠩᠭᠤᠯ᠎ᠤᠨ ᠣᠯᠠᠨ ᠲᠦᠮᠡᠨ᠎ᠤ ᠢᠲᠡᠭᠡᠮᠵᠢᠲᠡᠢ᠎ᠪᠠᠷ ᠠᠮᠠᠯᠠᠯᠲᠠ᠎ᠪᠠᠨ ᠪᠡᠶᠡᠯᠡᠭᠦᠯᠳᠡᠭ ᠰᠠᠶ᠋ᠢᠨ ᠤᠯᠠᠮᠵᠢᠯᠠᠯ᠎ᠢ ᠰᠠᠶ᠋ᠢᠲᠤᠷ ᠤᠯᠠᠮᠵᠢᠯᠠᠨ ᠵᠠᠯᠭ᠋ᠠᠮᠵᠢᠯᠠᠪᠠ᠃

ᠢᠷᠡᠯᠲᠡ᠄ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ