ᠵᠢᠯ᠎ᠳᠤ ᠨᠢᠭᠡ ᠤᠳᠠᠭ᠎ᠠ ᠵᠢᠨ 《3 · 8》᠎ᠤ ᠡᠮᠡᠭᠲᠡᠶ᠋ᠢᠴᠦᠳ᠎ᠤᠨ ᠪᠠᠶᠠᠷ ᠤᠳᠠᠯ ᠥᠬᠡᠶ ᠬᠦᠷᠴᠦ ᠢᠷᠡᠬᠦ ᠭᠡᠵᠦ ᠪᠠᠶ᠋ᠢᠨ᠎ᠠ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠡᠯ᠎ᠡ ᠲᠣᠮᠣ ᠬᠤᠳᠠᠯᠳᠤᠭ᠋ᠠᠨ᠎ᠤ ᠲᠠᠪᠴᠠᠩ᠎ᠨᠢ ᠴᠥᠮ ᠡᠨᠡ ᠬᠦ᠌ ᠪᠠᠶᠠᠷ᠎ᠤᠨ ᠡᠳᠦᠷ᠎ᠤᠨ ᠭᠤᠤᠯ ᠰᠡᠳᠦᠪ᠎ᠤᠨ ᠲᠣᠭᠤᠷᠢᠨ᠎ᠳᠤ ᠬᠢᠮᠳᠠᠷᠠᠭᠤᠯᠤᠨ ᠪᠣᠷᠣᠯᠠᠭᠤᠯᠵᠤ ᠠᠬᠢᠭᠤᠯᠬᠤ ᠠᠵᠢᠯᠯᠠᠭ᠎ᠠ ᠶᠠᠪᠤᠭᠤᠯᠳᠠᠭ᠃ ᠬᠡᠷᠡᠭᠯᠡᠭᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠬᠤ ᠵᠢᠨ ᠲᠥᠯᠥᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠷᠡᠭᠯᠡᠭᠴᠢᠳ᠎ᠤᠨ ᠨᠡᠢ᠍ᠭᠡᠮᠯᠢᠭ ᠬᠡᠷᠡᠭᠯᠡᠭᠡᠨ᠎ᠤ ᠰᠠᠨᠠᠭᠤᠯᠤᠮᠵᠢ ᠨᠡᠢ᠍ᠲᠡᠯᠡᠵᠦ᠂ ᠥᠷᠭᠡᠨ ᠣᠯᠠᠨ ᠡᠮᠡᠭᠲᠡᠢ ᠬᠡᠷᠡᠭᠯᠡᠭᠴᠢᠳ ᠤᠬᠠᠭ᠋ᠠᠯᠢᠭ ᠵᠶ᠋ᠠᠷ ᠬᠠᠨᠳᠤᠬᠤ ᠬᠡᠷᠡᠭᠲᠡᠢ ᠭᠡᠵᠦ ᠰᠠᠨᠠᠭᠤᠯᠪᠠ᠃
ᠬᠢᠮᠳᠠᠷᠠᠭᠤᠯᠤᠨ ᠪᠣᠷᠣᠯᠠᠭᠤᠯᠵᠤ ᠠᠬᠢᠭᠤᠯᠬᠤ᠎ᠳᠤ ᠤᠬᠠᠭ᠋ᠠᠯᠢᠭ ᠵᠶ᠋ᠠᠷ ᠬᠠᠨᠳᠤᠬᠤ ᠬᠡᠷᠡᠭᠲᠡᠢ
ᠬᠢᠮᠳᠠᠷᠠᠭᠤᠯᠤᠭᠰᠠᠨ ᠲᠠᠸᠠᠷ᠎ᠢ ᠬᠤᠳᠠᠯᠳᠤᠨ ᠠᠪᠬᠤ ᠦᠶ᠎ᠡ᠎ᠳᠤ ᠶᠠᠭ᠋ᠠᠬᠢᠭᠰᠠᠨ ᠴᠤ᠌ 《ᠬᠡᠳᠦᠢ ᠵᠣᠭᠣᠰ ᠲᠤᠯᠪᠠᠯ ᠬᠡᠳᠦᠢ ᠵᠣᠭᠣᠰ ᠬᠠᠰᠤᠬᠤ》᠂ 《ᠬᠡᠳᠦᠢ ᠵᠣᠭᠣᠰ ᠲᠤᠯᠪᠠᠯ ᠬᠡᠳᠦᠢ ᠪᠡᠯᠡᠭᠯᠡᠬᠦ》᠂ 《ᠬᠢᠮᠳᠠᠷᠠᠭᠤᠯᠬᠤ》 ᠵᠡᠷᠭᠡ ᠬᠤᠳᠠᠯᠳᠤᠭ᠋ᠠᠴᠢᠨ᠎ᠤ ᠪᠣᠷᠤᠯᠠᠭᠤᠯᠭ᠎ᠠ ᠵᠢ ᠠᠬᠢᠭᠤᠯᠬᠤ ᠠᠷᠭ᠎ᠠ ᠬᠡᠮᠵᠢᠶᠡᠨ᠎ᠳᠤ ᠲᠠᠷᠢᠬᠢ ᠲᠣᠯᠤᠭ᠋ᠠᠢ ᠬᠥᠭᠡᠷᠴᠦ ᠪᠣᠯᠬᠤ ᠦᠭᠡᠢ᠃
ᠪᠣᠷᠣᠯᠠᠭᠤᠯᠭ᠎ᠠ ᠵᠢ ᠠᠬᠢᠭᠤᠯᠬᠤ ᠠᠵᠢᠯᠯᠠᠭ᠎ᠠ᠎ᠳᠤ ᠣᠷᠣᠯᠴᠠᠵᠤ ᠲᠠᠸᠠᠷ᠎ᠢ ᠰᠣᠩᠭᠤᠵᠤ ᠬᠤᠳᠠᠯᠳᠤᠨ ᠠᠪᠬᠤ᠎ᠳᠠᠭᠠᠨ ᠬᠤᠳᠠᠯᠳᠤᠭ᠋ᠠᠴᠢᠨ᠎ᠤ ᠠᠮᠠᠨ ᠤᠬᠠᠭᠤᠯᠭ᠎ᠠ ᠪᠠ ᠠᠮᠠᠯᠠᠯᠲᠠ ᠵᠢ ᠬᠡᠲᠦᠷᠬᠡᠢ ᠢᠲᠡᠭᠡᠵᠦ ᠪᠣᠯᠬᠤ ᠦᠭᠡᠢ ᠭᠡᠳᠡᠭ᠎ᠢ ᠪᠠᠲᠤ ᠴᠡᠭᠡᠵᠢᠯᠡᠵᠦ᠂ ᠠᠵᠢᠯᠯᠠᠭ᠎ᠠ ᠵᠢᠨ ᠲᠦᠷᠢᠮ ᠪᠠ ᠬᠤᠯᠪᠣᠭᠳᠠᠯ ᠪᠦᠬᠦᠢ ᠮᠡᠳᠡᠭᠡ ᠵᠠᠩᠭᠢ ᠵᠢ ᠨᠠᠷᠢᠨ ᠣᠶ᠋ᠢᠯᠠᠭ᠋ᠠᠵᠤ᠂ ᠲᠠᠸᠠᠷ ᠬᠤᠳᠠᠯᠳᠤᠨ ᠠᠪᠤᠭᠰᠠᠨ᠎ᠤ ᠳᠠᠷᠠᠭ᠎ᠠ ᠡᠷᠬᠡᠪᠰᠢ ᠰᠠᠨᠠᠭ᠋ᠠᠴᠢᠯᠠᠭ᠎ᠠ᠎ᠠᠴᠠ᠎ᠪᠠᠨ ᠭᠡᠷᠡᠴᠢ ᠠᠪᠬᠤ ᠵᠢᠨ ᠬᠠᠮᠲᠤ ᠲᠣᠬᠢᠲᠠᠶ ᠬᠠᠳᠠᠭ᠋ᠠᠯᠠᠬᠤ ᠬᠡᠷᠡᠭᠲᠡᠶ᠃
ᠬᠤᠳᠠᠯᠳᠤᠭ᠋ᠠᠴᠢᠨ᠎ᠤ ᠪᠣᠷᠣᠯᠠᠭᠤᠯᠭ᠎ᠠ ᠵᠢ ᠠᠬᠢᠭᠤᠯᠬᠤ ᠠᠵᠢᠯᠯᠠᠭ᠎ᠠ᠎ᠳᠤ ᠤᠬᠠᠭ᠋ᠠᠯᠢᠭ ᠬᠠᠨᠳᠤᠵᠤ ᠥᠳᠥᠭᠡᠯᠭᠡ ᠵᠢ ᠲᠡᠪᠴᠢᠬᠦ ᠬᠡᠷᠡᠭᠲᠡᠢ᠃
ᠲᠠᠸᠠᠷ ᠰᠤᠩᠭᠤᠬᠤ᠎ᠳᠤ ᠨᠠᠷᠢᠯᠢᠭ ᠪᠠᠶ᠋ᠢᠬᠤ ᠬᠡᠷᠡᠭᠲᠡᠢ
ᠡᠮᠡᠭᠲᠡᠶ᠋ᠢᠴᠦᠳ᠎ᠤᠨ ᠬᠡᠷᠡᠭᠯᠡᠳᠡᠭ ᠵᠠᠰᠠᠯ ᠴᠢᠮᠡᠭᠯᠡᠯ᠎ᠤᠨ ᠡᠳ᠋᠂ ᠬᠤᠪᠴᠠᠰᠤ ᠬᠤᠨᠠᠷ ᠮᠠᠯᠠᠭ᠋ᠠᠢ᠂ ᠬᠠᠶ᠋ᠢᠷᠴᠠᠭ ᠪᠣᠭᠴᠣ ᠠᠷᠠᠰᠤᠨ ᠡᠳ᠋ᠯᠡᠯ ᠵᠡᠷᠭᠡ᠎ᠨᠢ ᠪᠦᠭᠦᠳᠡ ᠬᠤᠳᠠᠯᠳᠤᠭ᠋ᠠᠴᠢᠨ᠎ᠤ ᠪᠣᠷᠣᠯᠠᠭᠤᠯᠬᠤ ᠴᠢᠬᠤᠯᠠ ᠲᠥᠷᠥᠯ ᠵᠦᠢ᠍ᠯ᠎ᠤᠳ ᠶᠤᠮ᠃ ᠬᠡᠷᠡᠭᠯᠡᠭᠴᠢᠳ ᠡᠳᠡᠭᠡᠷ ᠲᠥᠷᠥᠯ᠎ᠤᠨ ᠲᠠᠸᠠᠷ᠎ᠢ ᠬᠤᠳᠠᠯᠳᠤᠨ ᠠᠪᠬᠤ᠎ᠳᠠᠭᠠᠨ ᠡᠵᠡᠩᠨᠡᠯᠲᠡ ᠵᠢᠨ ᠬᠢᠷᠢ ᠬᠡᠮ᠎ᠲᠠᠢ ᠪᠥᠭᠡᠳ ᠢᠲᠡᠭᠡᠯ ᠬᠦᠨᠳᠦ᠎ᠲᠠᠢ ᠳᠡᠯᠭᠡᠭᠦᠷ᠎ᠢ ᠰᠣᠩᠭᠤᠵᠤ᠂ ᠰᠣᠬᠤᠷ ᠪᠠᠯᠠᠢ᠎ᠪᠠᠷ ᠬᠤᠳᠠᠯᠳᠤᠭ᠋ᠠᠴᠢᠨ᠎ᠤ ᠤᠬᠠᠭᠤᠯᠬᠤ ᠪᠤᠶᠤ ᠬᠥᠲᠥᠯᠥᠨ ᠲᠠᠨᠢᠯᠴᠠᠭᠤᠯᠬᠤ ᠵᠢ ᠢᠲᠡᠭᠡᠵᠦ ᠪᠣᠯᠬᠤ ᠦᠭᠡᠢ᠂ ᠬᠤᠳᠠᠯᠳᠤᠨ ᠠᠪᠤᠭᠰᠠᠨ ᠲᠠᠸᠠᠷ᠎ᠤᠨ ᠨᠠᠷᠢᠨ ᠮᠡᠳᠡᠭᠡ ᠵᠠᠩᠭᠢ ᠵᠢᠱ᠌ᠢᠶᠡᠯᠡᠪᠡᠯ ᠦᠢ᠍ᠯᠡᠳᠪᠦᠷᠢᠯᠡᠯ᠎ᠤᠨ ᠬᠤᠳᠠᠯᠳᠤᠭ᠋ᠠᠴᠢᠨ᠎ᠤ ᠨᠡᠷᠡᠶ᠋ᠢᠳᠦᠯ ᠪᠠ ᠬᠠᠶᠢᠭ᠂ ᠦᠢ᠍ᠯᠡᠳᠬᠦᠨ᠎ᠤ ᠬᠡᠯᠪᠡᠷᠢ ᠮᠠᠶᠢᠭ ᠪᠤᠶᠤ ᠬᠡᠪ ᠶᠠᠩᠵᠤ᠂ ᠦᠢ᠍ᠯᠡᠳᠬᠦᠨ᠎ᠤ ᠪᠦᠷᠢᠯᠳᠦᠬᠦᠨ᠂ ᠬᠡᠷᠡᠭᠵᠢᠭᠦᠯᠵᠦ ᠪᠠᠶ᠋ᠢᠭ᠎ᠠ ᠦᠢ᠍ᠯᠡᠳᠬᠦᠨ᠎ᠤ ᠪᠠᠷᠢᠮᠵᠢᠶ᠎ᠠ᠂ ᠠᠶᠤᠯ ᠦᠭᠡᠢ ᠵᠢᠨ ᠲᠥᠷᠥᠯ ᠵᠦᠢ᠍ᠯ᠂ ᠦᠢ᠍ᠯᠡᠳᠪᠦᠷᠢᠯᠡᠬᠦ ᠵᠢ ᠵᠥᠪᠰᠢᠶᠡᠷᠡᠭᠰᠡᠨ ᠳ᠋ᠤᠭ᠋ᠠᠷ ᠵᠡᠷᠭᠡ ᠵᠢ ᠣᠢ᠌ᠯᠠᠭ᠋ᠠᠬᠤ ᠬᠡᠷᠡᠭᠲᠡᠢ᠃
ᠤᠷᠢᠳᠴᠢᠯᠠᠨ ᠰᠦᠢ᠍ᠳᠬᠡᠯ ᠲᠤᠰᠢᠶᠠᠬᠤ ᠺᠠᠷᠲ᠎ᠢ ᠪᠣᠯᠭᠣᠮᠵᠢᠲᠠᠢ ᠬᠤᠳᠠᠯᠳᠤᠵᠤ ᠠᠪᠤᠨ᠎ᠠ
ᠡᠮᠡᠭᠲᠡᠶ ᠬᠡᠷᠡᠭᠯᠡᠭᠴᠢᠳ ᠵᠢᠰᠦ ᠭᠤᠶᠣᠯᠠᠬᠤ᠂ ᠪᠡᠶ᠎ᠡ ᠴᠢᠭᠢᠷᠠᠭᠵᠢᠭᠤᠯᠬᠤ ᠵᠡᠷᠭᠡ ᠤᠷᠢᠳᠴᠢᠯᠠᠨ ᠰᠦᠢ᠍ᠳᠬᠡᠯ ᠲᠤᠰᠢᠶᠠᠬᠤ ᠺᠠᠷᠲ ᠬᠤᠳᠠᠯᠳᠤᠨ ᠠᠪᠬᠤ ᠦᠶ᠎ᠡ᠎ᠳᠤ ᠡᠷᠬᠡᠪᠰᠢ ᠬᠤᠳᠠᠯᠳᠤᠭ᠋ᠠᠴᠢᠨ᠎ᠤ ᠡᠵᠡᠩᠨᠡᠯᠲᠡ ᠵᠢᠨ ᠪᠠᠶ᠋ᠢᠳᠠᠯ ᠪᠠ ᠵᠠᠬ᠎ᠠ ᠳᠡᠯᠭᠡᠭᠦᠷ᠎ᠤᠨ ᠢᠲᠡᠭᠡᠯ ᠬᠦᠨᠳᠦ ᠵᠢ ᠭᠦᠢ᠍ᠴᠡᠳ ᠣᠶ᠋ᠢᠯᠠᠭ᠋ᠠᠬᠤ ᠬᠡᠷᠡᠭᠲᠡᠶ; ᠡᠷᠬᠡᠪᠰᠢ ᠲᠣᠰ ᠺᠠᠷᠲ᠎ᠤᠨ ᠬᠡᠷᠡᠭᠯᠡᠯᠲᠡ ᠵᠢᠨ ᠲᠣᠳᠣᠷᠬᠠᠶ᠋ᠢᠯᠠᠯᠲᠠ᠂ ᠬᠠᠷᠠᠭ᠋ᠠᠯᠵᠠᠯ᠎ᠤᠨ ᠨᠥᠬᠦᠴᠡᠯ᠂ ᠺᠠᠷᠲ ᠰᠣᠯᠢᠬᠤ ᠠᠷᠭ᠎ᠠ ᠮᠠᠶᠢᠭ᠂ ᠨᠡᠮᠡᠯᠲᠡ ᠵᠦᠢ᠍ᠯ ᠵᠤᠷᠪᠤᠰ᠂ ᠭᠡᠷ᠎ᠡ ᠵᠢ ᠵᠥᠷᠢᠴᠡᠭᠰᠡᠨ ᠬᠠᠷᠢᠭᠤᠴᠠᠯᠭ᠎ᠠ ᠵᠡᠷᠭᠡ ᠵᠢ ᠲᠣᠳᠣᠷᠬᠠᠶ ᠣᠶ᠋ᠢᠯᠠᠭ᠋ᠠᠬᠤ ᠬᠡᠷᠡᠭᠲᠡᠶ;
ᠡᠷᠬᠡᠪᠰᠢ ᠪᠢᠴᠢᠭ᠎ᠤᠨ ᠬᠡᠯᠪᠡᠷᠢ᠎ᠪᠠᠷ ᠦᠢ᠍ᠯᠡᠴᠢᠯᠡᠭᠡᠨ᠎ᠤ ᠠᠭᠤᠯᠭ᠎ᠠ ᠪᠠ ᠱᠠᠭ᠋ᠠᠷᠳᠠᠯᠭ᠎ᠠ ᠵᠢ ᠪᠣᠯᠵᠣᠨ ᠲᠣᠭᠲᠠᠬᠤ ᠬᠡᠷᠡᠭᠲᠡᠢ᠃
ᠬᠡᠷᠪᠡ ᠦᠨᠡᠬᠡᠷ ᠺᠠᠷᠲ ᠬᠤᠳᠠᠯᠳᠤᠨ ᠠᠪᠬᠤ ᠴᠢᠬᠤᠯᠠᠲᠠᠢ ᠪᠣᠯ ᠺᠠᠷᠲ᠎ᠳᠤ ᠬᠡᠲᠦ ᠶᠡᠬᠡ ᠵᠣᠭᠣᠰ ᠬᠠᠳᠠᠭ᠋ᠠᠯᠠᠵᠤ ᠪᠣᠯᠬᠤ ᠦᠭᠡᠢ᠃ ᠺᠠᠷᠲ ᠵᠶ᠋ᠠᠷ ᠬᠡᠷᠡᠭᠯᠡᠭᠡ ᠬᠢᠬᠦ ᠦᠶ᠎ᠡ᠎ᠳᠤ᠂ ᠬᠡᠷᠡᠭᠯᠡᠭᠡᠨ᠎ᠤ ᠵᠣᠭᠣᠰ᠎ᠤᠨ ᠲᠣᠭ᠎ᠠ ᠪᠣᠯᠤᠨ ᠺᠠᠷᠲ᠎ᠤᠨ ᠳᠣᠲᠣᠷᠠᠬᠢ ᠦᠯᠡᠳᠡᠪᠦᠷᠢ᠎ᠨᠢ ᠨᠢᠭᠡᠳᠦᠯᠲᠡᠶ ᠪᠠᠶ᠋ᠢᠬᠤ ᠡᠰᠡᠬᠦ ᠵᠢ ᠲᠣᠳᠣᠯᠠᠵᠤ᠂ ᠬᠡᠷᠡᠭᠯᠡᠭᠡᠨ᠎ᠤ ᠭᠡᠷᠡᠴᠢ ᠪᠠᠷᠢᠮᠲᠠ ᠠᠪᠬᠤ ᠬᠡᠷᠡᠭᠲᠡᠶ᠃
ᠰᠢᠨᠵᠢᠯᠡᠬᠦ ᠤᠬᠠᠭ᠋ᠠᠨᠴᠢ ᠤᠬᠠᠭ᠋ᠠᠯᠢᠭ ᠵᠶ᠋ᠠᠷ ᠰᠦᠯᠵᠢᠶᠡᠨ᠎ᠠᠴᠠ ᠬᠤᠳᠠᠯᠳᠤᠨ ᠠᠪᠬᠤ ᠬᠡᠷᠡᠭᠲᠡᠢ
ᠰᠦᠯᠵᠢᠶᠡᠨ᠎ᠠᠴᠠ ᠪᠠᠷᠠᠭ᠎ᠠ ᠬᠤᠳᠠᠯᠳᠤᠨ ᠠᠪᠬᠤ᠎ᠳᠤ ᠴᠢᠳᠠᠬᠤ ᠵᠢᠨ ᠬᠢᠷᠢ᠎ᠪᠠᠷ ᠲᠤᠰᠬᠠᠢ ᠮᠡᠷᠭᠡᠵᠢᠯ᠎ᠤᠨ ᠴᠢᠨᠠᠷ ᠵᠶ᠋ᠠᠷ ᠴᠢᠩᠭ᠎ᠠ᠂ ᠢᠳᠡᠭᠡᠮᠵᠢ ᠵᠢᠨ ᠬᠡᠮᠵᠢᠶ᠎ᠡ᠎ᠪᠠᠷ ᠦᠨᠳᠦᠷ ᠪᠠᠷᠠᠭ᠎ᠠ ᠬᠤᠳᠠᠯᠳᠤᠨ ᠠᠪᠬᠤ ᠰᠦᠯᠵᠢᠶᠡᠨ ᠦᠷᠲᠡᠭᠡ ᠵᠢ ᠰᠣᠩᠭᠤᠨ᠎ᠠ
ᠠᠷᠠᠯᠵᠢᠶᠠᠨ᠎ᠤ ᠠᠮᠤᠷ ᠲᠦᠪᠰᠢᠨ᠎ᠢ ᠴᠢᠬᠤᠯᠠᠴᠢᠯᠠᠵᠤ᠂ ᠬᠤᠪᠢ ᠬᠥᠮᠦᠨ᠎ᠤ ᠨᠢᠭᠤᠴᠠ᠎ᠪᠠᠨ ᠬᠠᠮᠠᠭ᠋ᠠᠯᠠᠬᠤ ᠵᠢ ᠠᠩᠬᠠᠷᠴᠤ᠂ ᠺᠣᠳ᠋ ᠦᠵᠡᠪᠡᠯ ᠰᠢᠷᠪᠢᠭᠡᠳ ᠪᠠᠢ᠌ᠵᠤ ᠪᠣᠯᠬᠤ ᠦᠭᠡᠢ᠂ ᠬᠠᠮᠤᠭ ᠰᠠᠶ᠋ᠢᠨ᠎ᠨᠢ ᠭᠤᠷᠪᠠᠳᠠᠬᠢ ᠡᠲᠡᠭᠡᠳ᠎ᠠᠴᠠ ᠪᠠᠲᠤᠯᠠᠭᠰᠠᠨ ᠪᠠᠷᠠᠭ᠎ᠠ ᠬᠤᠳᠠᠯᠳᠤᠨ ᠠᠪᠬᠤ ᠲᠠᠪᠴᠠᠩ᠎ᠢ ᠰᠣᠩᠭᠤᠵᠤ ᠵᠣᠭᠣᠰ ᠵᠶ᠋ᠠᠨ ᠲᠤᠰᠢᠶᠠᠨ᠎ᠠ᠃
ᠲᠦᠷᠭᠡᠨ ᠬᠦᠷᠭᠡᠯᠳᠡ ᠵᠢᠨ ᠡᠳ᠋ ᠪᠤᠳᠠᠰ᠎ᠢ ᠭᠠᠷᠤᠨ ᠦᠰᠦᠭ ᠵᠢᠷᠤᠵᠤ ᠬᠤᠷᠢᠶᠠᠨ ᠠᠪᠬᠤ᠎ᠳᠠᠭᠠᠨ ᠡᠷᠬᠡᠪᠰᠢ ᠬᠠᠶ᠋ᠢᠷᠴᠠᠭ᠎ᠢ ᠨᠡᠭᠡᠭᠡᠵᠦ ᠪᠠᠷᠠᠭ᠎ᠠ ᠵᠢ ᠰᠢᠯᠭ᠋ᠠᠨ ᠪᠠᠶ᠋ᠢᠴᠠᠭ᠋ᠠᠬᠤ ᠬᠡᠷᠡᠭᠲᠡᠢ᠂ ᠬᠡᠷᠪᠡ ᠪᠣᠳᠠᠲᠤ ᠬᠡᠷᠡᠭᠯᠡᠭᠡ ᠵᠢᠨ ᠪᠠᠶ᠋ᠢᠳᠠᠯ᠎ᠳᠤ ᠨᠡᠶ᠋ᠢᠴᠡᠬᠦ ᠦᠭᠡᠢ ᠪᠠᠶ᠋ᠢᠳᠠᠯ ᠲᠣᠬᠢᠶᠠᠯᠳᠤᠪᠠᠯ ᠨᠢᠭᠤᠷᠳᠠᠨ ᠭᠠᠷᠤᠨ ᠦᠰᠦᠭ ᠵᠢᠷᠤᠬᠤ ᠦᠭᠡᠢ ᠪᠠᠶ᠋ᠢᠬᠤ ᠬᠡᠷᠡᠭᠲᠡᠢ᠃
ᠠᠯᠢ ᠴᠢᠳᠠᠬᠤ᠎ᠪᠠᠷ ᠪᠠᠷᠠᠭ᠎ᠠ ᠬᠤᠳᠠᠯᠳᠤᠨ ᠠᠪᠬᠤ ᠦᠭᠡ᠎ᠳᠤ ᠵᠣᠭᠣᠭᠳᠠᠭᠰᠠᠨ ᠲᠡᠮᠳᠡᠭᠯᠡᠯ᠂ ᠵᠠᠷ ᠮᠡᠳᠡᠭᠡᠨ᠎ᠤ ᠤᠬᠠᠭᠤᠯᠭ᠎ᠠ ᠵᠢᠨ ᠡᠯᠭᠦᠭᠡ ᠵᠢᠷᠤᠭ᠂ ᠬᠡᠷᠡᠭᠯᠡᠭᠡᠨ᠎ᠤ ᠭᠡᠷᠡᠴᠢ ᠪᠠᠷᠢᠮᠲᠠ ᠵᠡᠷᠭᠡ ᠡᠷᠬᠡ᠎ᠪᠠᠨ ᠬᠠᠮᠠᠭ᠋ᠠᠯᠠᠬᠤ ᠦᠨᠳᠦᠰᠦ ᠪᠠᠷᠢᠮᠲᠠ ᠵᠢ ᠰᠠᠶ᠋ᠢᠲᠤᠷ ᠬᠠᠳᠠᠭ᠋ᠠᠯᠠᠬᠤ ᠬᠡᠷᠡᠭᠲᠡᠶ᠃
ᠡᠷᠬᠡ᠎ᠪᠠᠨ ᠬᠠᠮᠠᠭ᠋ᠠᠯᠠᠬᠤ ᠠᠷᠭ᠎ᠠ ᠵᠠᠮ᠎ᠢ ᠮᠡᠳᠡᠬᠦ ᠬᠡᠷᠡᠭᠲᠡᠢ
ᠲᠠᠸᠠᠷ ᠬᠤᠳᠠᠯᠳᠤᠨ ᠠᠪᠬᠤ ᠪᠤᠶᠤ ᠦᠢ᠍ᠯᠡᠴᠢᠯᠡᠭᠡᠨ ᠬᠦᠯᠢᠶᠡᠨ ᠠᠪᠬᠤ᠎ᠳᠠᠭᠠᠨ ᠦᠯᠡᠳᠡᠭᠡᠭᠰᠡᠨ ᠭᠡᠷᠡᠴᠢ ᠪᠠᠷᠢᠮᠲᠠ ᠵᠢ ᠬᠠᠳᠠᠭ᠋ᠠᠯᠠᠬᠤ ᠳᠠᠳᠬᠠᠯ᠎ᠲᠠᠢ ᠪᠣᠯᠭ᠋ᠠᠵᠤ᠂ ᠬᠡᠷᠡᠭᠯᠡᠭᠡᠨ᠎ᠤ ᠪᠠᠷᠢᠮᠲᠠ᠂ ᠵᠢᠵᠢᠭ ᠫᠢᠶᠣᠤ᠂ ᠡᠯᠧᠺᠲᠷᠣᠨ ᠠᠷᠠᠯᠵᠢᠶᠠᠨ᠎ᠤ ᠮᠡᠳᠡᠭᠡ ᠵᠠᠩᠭᠢ ᠵᠢ ᠲᠣᠬᠢᠲᠠᠶ ᠬᠠᠳᠠᠭ᠋ᠠᠯᠠᠬᠤ ᠬᠡᠷᠡᠭᠲᠡᠶ᠃ ᠬᠡᠷᠡᠭᠯᠡᠭᠡᠨ᠎ᠤ ᠵᠢᠭᠤᠷᠠᠯᠳᠤᠭ᠋ᠠᠨ ᠭᠠᠷᠤᠭᠰᠠᠨ ᠦᠶ᠎ᠡ᠎ᠳᠤ᠂ ᠬᠡᠷᠡᠭᠯᠡᠭᠴᠢᠳ ᠤᠷᠢᠳᠠᠪᠠᠷ ᠬᠤᠳᠠᠯᠳᠤᠭ᠋ᠠᠴᠢᠨ᠎ᠲᠠᠢ ᠵᠥᠪᠳᠡᠯᠴᠡᠨ ᠰᠢᠢ᠍ᠳᠪᠦᠷᠢᠯᠡᠵᠦ ᠪᠣᠯᠤᠨ᠎ᠠ᠂ ᠵᠥᠪᠳᠡᠯᠴᠡᠭᠡᠳ ᠪᠦᠲᠦᠬᠦ ᠦᠭᠡᠢ ᠪᠣᠯ 12315᠎ᠤ ᠵᠠᠭ᠋ᠠᠯᠳᠤᠬᠤ ᠢᠯᠡᠴᠢᠯᠡᠨ ᠮᠡᠳᠡᠭᠦᠯᠬᠦ ᠡᠷᠬᠡ ᠠᠰᠢᠭ ᠵᠶ᠋ᠠᠨ ᠬᠠᠮᠠᠭ᠋ᠠᠯᠠᠬᠤ ᠬᠠᠯᠠᠭᠤᠨ ᠤᠲᠠᠰᠤ᠎ᠪᠠᠷ ᠵᠠᠭ᠋ᠠᠯᠳᠤᠵᠤ ᠪᠣᠯᠤᠨ᠎ᠠ᠃