ᠥᠨᠥᠳᠥᠷ᠎ᠤᠨ ᠴᠢᠬᠤᠯᠠ ᠮᠡᠳᠡᠭᠡ! ᠪᠠᠲᠤᠯᠠᠨ ᠲᠤᠰᠢᠶᠠᠬᠤ ᠣᠷᠣᠨ ᠰᠠᠭᠤᠴᠠ᠂ ᠬᠤᠪᠢ ᠬᠥᠮᠥᠨ᠎ᠤ ᠭᠡᠷ ᠪᠠᠶ᠋ᠢᠰᠢᠩ᠎ᠤᠨ ᠵᠢᠭᠡᠯᠯᠡᠭᠡ᠎ᠳᠤ ᠬᠣᠯᠪᠣᠭᠳᠠᠭᠰᠠᠨ ᠬᠠᠮᠤᠭ ᠰᠢᠨ᠎ᠡ ᠲᠦᠷᠦ ᠵᠢᠨ ᠪᠣᠳᠣᠯᠭ᠎ᠠ ᠵᠢᠨ ᠭᠣᠣᠯ ᠠᠭᠤᠯᠭ᠎ᠠ ᠵᠢᠨ ᠬᠤᠷᠢᠶᠠᠩᠭᠤᠢ᠌ᠯᠠᠯ
2024-05-22

     ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠣᠨᠢᠨ ᠮᠡᠳᠡᠭᠡᠨ᠎ᠤ ᠠᠯᠪᠠᠨ ᠬᠡᠷ 2024 ᠣᠨ᠎ᠤ 5 ᠳ᠋ᠤᠭ᠋ᠠᠷ ᠰᠠᠷ᠎ᠠ ᠵᠢᠨ 17᠎ᠤ ᠡᠳᠦᠷ᠎ᠤᠨ ᠦᠳᠡ ᠵᠢᠨ ᠬᠤᠶ᠋ᠢᠨ᠎ᠠ ᠲᠥᠷᠥ ᠵᠢᠨ ᠶᠠᠪᠤᠳᠠᠯ᠎ᠤᠨ ᠬᠤᠷᠢᠶᠠᠨ᠎ᠤ ᠲᠥᠷᠥ ᠵᠢᠨ ᠪᠣᠳᠣᠯᠭ᠎ᠠ ᠵᠢᠨ ᠵᠤᠷᠰᠢᠯᠳᠤ ᠪᠠᠶ᠋ᠢᠳᠠᠯ᠎ᠢ ᠮᠡᠳᠡᠭᠳᠡᠬᠦ ᠬᠤᠷᠠᠯ ᠬᠢᠵᠦ᠂ ᠣᠷᠣᠨ ᠰᠠᠭᠤᠴᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠶᠠᠮᠤᠨ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠂ ᠳᠤᠮᠳᠠᠳᠤ ᠤᠯᠤᠰ᠎ᠤᠨ ᠠᠷᠠᠳ᠎ᠤᠨ ᠪᠠᠩᠬᠢ᠂ ᠤᠯᠤᠰ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ ᠵᠢᠨ ᠬᠠᠷᠢᠭᠤᠴᠠᠯᠭ᠋ᠠᠲᠠᠨ ᠪᠠᠲᠤᠯᠠᠨ ᠲᠤᠰᠢᠶᠠᠬᠤ ᠣᠷᠣᠨ ᠰᠠᠭᠤᠴᠠ ᠵᠢᠨ ᠠᠵᠢᠯ᠎ᠢ ᠦᠨᠡᠨ ᠬᠦ᠌ ᠰᠠᠶ᠋ᠢᠲᠤᠷ ᠬᠢᠬᠦ ᠢᠵᠢ ᠪᠦᠷᠢᠯᠳᠦᠭᠦᠯᠬᠦ ᠲᠥᠷᠥ ᠵᠢᠨ ᠪᠣᠳᠣᠯᠭ᠎ᠠ ᠵᠢᠨ ᠪᠠᠶ᠋ᠢᠳᠠᠯ᠎ᠢ ᠲᠠᠨᠢᠯᠴᠠᠭᠤᠯᠪᠠ᠃ ᠬᠠᠮᠲᠤ᠎ᠳᠤ᠎ᠪᠠᠨ ᠦᠵᠡᠵᠡᠭᠡᠶ᠎ᠡ —

     ᠲᠥᠪ ᠪᠠᠩᠬᠢ᠄ ᠳᠥᠷᠪᠡᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠭᠠᠷᠭ᠋ᠠᠪᠠ

     ᠨᠢᠭᠡ᠎ᠳᠤ 3000 ᠳ᠋ᠦᠩᠰᠢᠭᠤᠷ ᠲᠥᠭᠥᠷᠢᠭ᠎ᠤᠨ ᠪᠠᠲᠤᠯᠠᠭ᠎ᠠ ᠵᠢᠨ ᠴᠢᠨᠠᠷᠲᠠᠶ ᠣᠷᠣᠨ ᠰᠠᠭᠤᠴᠠ ᠵᠢᠨ ᠳᠠᠬᠢᠨ ᠵᠢᠭᠡᠯᠡᠯᠭᠡ ᠭᠠᠷᠭ᠋ᠠᠪᠠ᠃ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢ ᠵᠣᠷᠢᠭᠵᠢᠭᠤᠯᠵᠤ ᠬᠥᠲᠥᠯᠥᠨ ᠵᠢᠯᠤᠭᠤᠳᠴᠤ ᠪᠠᠶ᠋ᠢᠭ᠋ᠠᠳ ᠵᠠᠬ᠎ᠠ ᠳᠡᠯᠭᠡᠭᠦᠷᠴᠢᠯᠡᠬᠦ᠂ ᠬᠠᠤᠯᠢ᠎ᠪᠠᠷ ᠵᠠᠰᠠᠬᠤ ᠵᠠᠷᠴᠢᠮ ᠶᠣᠰᠣᠭ᠋ᠠᠷ᠂ ᠣᠷᠣᠨ ᠨᠤᠲᠤᠭ᠎ᠤᠨ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠨᠢᠭᠡᠨᠲᠡ ᠪᠠᠶ᠋ᠢᠭᠤᠯᠤᠭᠰᠠᠨ ᠬᠤᠳᠠᠯᠳᠤᠭ᠋ᠠᠳᠤᠢ ᠲᠠᠸᠠᠷ᠎ᠤᠨ ᠭᠡᠷ ᠪᠠᠶ᠋ᠢᠰᠢᠩ᠎ᠢ ᠵᠦᠢ ᠵᠣᠬᠢᠰᠲᠠᠢ ᠦᠨ᠎ᠡ᠎ᠪᠠᠷ ᠬᠤᠳᠠᠯᠳᠤᠨ ᠠᠪᠬᠤ ᠵᠢ ᠳᠡᠮᠵᠢᠵᠦ᠂ ᠲᠣᠬᠢᠷᠠᠭᠤᠯᠤᠨ ᠬᠤᠳᠠᠯᠳᠤᠬᠤ ᠬᠡᠯᠪᠡᠷᠢ ᠵᠢᠨ ᠪᠤᠶᠤ ᠲᠣᠬᠢᠷᠠᠭᠤᠯᠤᠨ ᠲᠦᠷᠢᠶᠡᠰᠦᠯᠡᠭᠦᠯᠬᠦ ᠬᠡᠯᠪᠡᠷᠢ ᠵᠢᠨ ᠪᠠᠲᠤᠯᠠᠭ᠎ᠠ ᠵᠢᠨ ᠴᠢᠨᠠᠷᠲᠠᠢ ᠣᠷᠣᠨ ᠰᠠᠭᠤᠴᠠ ᠪᠣᠯᠭ᠋ᠠᠨ ᠬᠡᠷᠡᠭᠯᠡᠵᠦ᠂ ᠵᠢᠱ᠌ᠢᠯᠲᠡ᠎ᠪᠠᠷ ᠪᠠᠩᠬᠢ ᠵᠢᠨ 5000 ᠳ᠋ᠦᠩᠰᠢᠭᠤᠷ ᠲᠥᠭᠦᠷᠢᠭ᠎ᠤᠨ ᠵᠢᠭᠡᠯᠡᠯᠭᠡ ᠵᠢ ᠳᠠᠶ᠋ᠢᠴᠢᠯᠠᠬᠤ ᠪᠣᠯᠣᠨ᠎ᠠ᠃

     ᠬᠣᠶᠠᠷ᠎ᠲᠤ ᠪᠦᠬᠦ ᠤᠯᠤᠰ᠎ᠤᠨ ᠳᠠᠪᠬᠤᠷᠭ᠎ᠠ ᠵᠢᠨ ᠬᠤᠪᠢ ᠬᠥᠮᠦᠨ᠎ᠤ ᠣᠷᠣᠨ ᠰᠠᠭᠤᠴᠠ ᠵᠢᠨ ᠵᠢᠭᠡᠯᠡᠯᠭᠡ ᠵᠢᠨ ᠬᠠᠮᠤᠭ᠎ᠤᠨ ᠳᠣᠤᠷ᠎ᠠ ᠠᠩᠬ᠎ᠠ ᠲᠤᠰᠢᠶᠠᠬᠤ ᠬᠠᠷᠢᠴᠠᠯ᠎ᠢ ᠪᠠᠭᠤᠷᠠᠭᠤᠯᠵᠤ᠂ ᠠᠩᠬᠠᠨ᠎ᠤ ᠣᠷᠣᠨ ᠰᠠᠭᠤᠴᠠ ᠵᠢᠨ ᠬᠠᠮᠤᠭ᠎ᠤᠨ ᠳᠣᠤᠷ᠎ᠠ ᠠᠩᠬ᠎ᠠ ᠲᠤᠰᠢᠶᠠᠬᠤ ᠬᠠᠷᠢᠴᠠᠯ᠎ᠢ 20%᠎ᠠᠴᠠ ᠳᠣᠤᠷ᠎ᠠ ᠪᠠᠶ᠋ᠢᠯᠭ᠋ᠠᠵᠤ ᠪᠣᠯᠬᠤ ᠦᠭᠡᠶ ᠪᠠᠶ᠋ᠢᠭᠰᠠᠨ᠎ᠠᠴᠠ 15%᠎ᠠᠴᠠ ᠳᠣᠤᠷ᠎ᠠ ᠪᠠᠶ᠋ᠢᠯᠭ᠋ᠠᠵᠤ ᠪᠣᠯᠬᠤ ᠦᠭᠡᠶ᠂ ᠬᠣᠶᠠᠳᠤᠭ᠋ᠠᠷ ᠣᠷᠣᠨ ᠰᠠᠭᠤᠴᠠ ᠵᠢᠨ ᠬᠠᠮᠤᠭ ᠳᠣᠤᠷ᠎ᠠ ᠠᠩᠬ᠎ᠠ ᠲᠤᠰᠢᠶᠠᠬᠤ ᠬᠠᠷᠢᠴᠠᠯ᠎ᠢ 30%᠎ᠠᠴᠠ ᠳᠣᠤᠷ᠎ᠠ ᠪᠠᠶ᠋ᠢᠯᠭ᠋ᠠᠵᠤ ᠪᠣᠯᠬᠤ ᠦᠭᠡᠶ ᠪᠠᠢ᠌ᠭᠰᠠᠨ᠎ᠠᠴᠠ 25%᠎ᠠᠴᠠ ᠳᠣᠤᠷ᠎ᠠ ᠪᠠᠶ᠋ᠢᠯᠭ᠋ᠠᠵᠤ ᠪᠣᠯᠬᠤ ᠦᠭᠡᠶ ᠪᠣᠯᠭ᠋ᠠᠨ ᠲᠣᠬᠢᠷᠠᠭᠤᠯᠪᠠ᠃

     ᠭᠤᠷᠪᠠ᠎ᠳᠤ ᠪᠦᠬᠦ ᠤᠯᠤᠰ᠎ᠤᠨ ᠳᠠᠪᠬᠤᠷᠭ᠎ᠠ ᠵᠢᠨ ᠬᠤᠪᠢ ᠬᠥᠮᠦᠨ᠎ᠤ ᠣᠷᠣᠨ ᠰᠠᠭᠤᠴᠠ ᠵᠢᠨ ᠵᠢᠭᠡᠯᠡᠯᠭᠡ ᠵᠢᠨ ᠬᠦᠦ ᠵᠢᠨ ᠨᠣᠷᠮ᠎ᠠ ᠵᠢᠨ ᠲᠥᠷᠥ ᠵᠢᠨ ᠪᠣᠳᠣᠯᠭ᠎ᠠ ᠵᠢᠨ ᠳᠣᠤᠷᠠᠳᠤ ᠬᠢᠵᠠᠭ᠋ᠠᠷ᠎ᠢ ᠬᠦᠴᠦᠨ ᠦᠭᠡᠶ ᠪᠣᠯᠭ᠋ᠠᠨ᠎ᠠ᠃ ᠠᠩᠬᠠᠨ᠎ᠤ ᠣᠷᠣᠨ ᠰᠠᠭᠤᠴᠠ ᠪᠠ ᠬᠣᠶᠠᠳᠤᠭ᠋ᠠᠷ ᠣᠷᠣᠨ ᠰᠠᠭᠤᠴᠠ ᠵᠢᠨ ᠵᠢᠭᠡᠯᠡᠯᠭᠡ ᠵᠢᠨ ᠬᠦᠦ ᠮᠥᠩᠭᠥ ᠵᠢᠨ ᠨᠣᠷᠮ᠎ᠠ᠎ᠳᠤ ᠴᠥᠮ ᠲᠥᠷᠥ ᠵᠢᠨ ᠪᠣᠳᠣᠯᠭ᠎ᠠ ᠵᠢᠨ ᠳᠣᠣᠷ᠎ᠠ ᠬᠢᠵᠠᠭ᠋ᠠᠷ᠎ᠢ ᠲᠣᠭᠲᠠᠭ᠋ᠠᠬᠤ ᠦᠭᠡᠢ ᠪᠣᠯᠵᠤ᠂ ᠣᠷᠣᠨ ᠰᠠᠭᠤᠴᠠ ᠵᠢᠨ ᠵᠢᠭᠡᠯᠡᠯᠭᠡ ᠵᠢᠨ ᠬᠦᠦ ᠮᠥᠩᠭᠥ ᠵᠢᠨ ᠨᠣᠷᠮ᠎ᠠ ᠵᠢ ᠵᠠᠬ᠎ᠠ ᠳᠡᠯᠭᠡᠭᠦᠷᠴᠢᠯᠡᠬᠦ ᠵᠢ ᠪᠡᠶᠡᠯᠡᠭᠦᠯᠦᠨ᠎ᠡ᠃

ᠳᠡᠭᠡᠷ᠎ᠡ ᠳᠤᠷᠠᠳᠤᠭᠰᠠᠨ ᠠᠩᠬ᠎ᠠ ᠲᠤᠰᠢᠶᠠᠬᠤ ᠬᠠᠷᠢᠴᠠᠯ᠂ ᠣᠷᠣᠨ ᠰᠠᠭᠤᠴᠠ ᠵᠢᠨ ᠵᠢᠭᠡᠯᠡᠯᠭᠡ ᠵᠢᠨ ᠬᠦᠦ ᠮᠥᠩᠭᠥ ᠵᠢᠨ ᠨᠣᠷᠮ᠎ᠠ ᠵᠢᠨ ᠲᠥᠷᠥ ᠵᠢᠨ ᠪᠣᠳᠣᠯᠭ᠎ᠠ᠎ᠳᠤ ᠲᠣᠬᠢᠷᠠᠭᠤᠯᠤᠯᠲᠠ ᠬᠢᠭᠰᠡᠨ᠎ᠤ ᠳᠠᠷᠠᠭ᠎ᠠ᠂ ᠡᠯ᠎ᠡ ᠭᠠᠵᠠᠷ᠎ᠤᠨ᠎ᠬᠢᠨ ᠬᠤᠲᠠ ᠵᠢᠨ ᠪᠠᠶ᠋ᠢᠳᠠᠯ᠎ᠳᠠᠭᠠᠨ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠠᠷᠢᠶ᠎ᠠ ᠣᠷᠣᠨ᠎ᠤ᠎ᠪᠠᠨ ᠳᠣᠲᠣᠷᠠᠬᠢ ᠠᠩᠬᠠᠨ᠎ᠤ ᠣᠷᠣᠨ ᠰᠠᠭᠤᠴᠠ ᠪᠠ ᠬᠣᠶᠠᠳᠤᠭ᠋ᠠᠷ ᠣᠷᠣᠨ ᠰᠠᠭᠤᠴᠠ ᠵᠢᠨ ᠬᠠᠮᠤᠭ᠎ᠤᠨ ᠳᠣᠣᠷ᠎ᠠ ᠠᠩᠬ᠎ᠠ ᠲᠤᠰᠢᠶᠠᠬᠤ ᠬᠠᠷᠢᠴᠠᠯ ᠪᠠ ᠣᠷᠣᠨ ᠰᠠᠭᠤᠴᠠ ᠵᠢᠨ ᠵᠢᠭᠡᠯᠡᠯᠭᠡ ᠵᠢᠨ ᠬᠦᠦ ᠮᠥᠩᠭᠥ ᠵᠢᠨ ᠨᠣᠷᠮ᠎ᠠ ᠵᠢᠨ ᠳᠣᠣᠷᠠᠳᠤ ᠬᠢᠵᠠᠭ᠋ᠠᠷ᠎ᠢ ᠡᠵᠡᠨ ᠮᠡᠳᠡᠵᠦ ᠲᠣᠭᠲᠠᠭ᠋ᠠᠵᠤ ᠪᠣᠯᠣᠨ᠎ᠠ᠂ ᠬᠦᠦ ᠮᠥᠩᠭᠥ ᠵᠢᠨ ᠨᠣᠷᠮ᠎ᠠ ᠵᠢᠨ ᠳᠣᠣᠷᠠᠳᠤ ᠬᠢᠵᠠᠭ᠋ᠠᠷ᠎ᠢ ᠳᠠᠬᠢᠵᠤ ᠲᠣᠬᠢᠷᠠᠭᠤᠯᠬᠤ ᠦᠭᠡᠢ ᠪᠠᠶ᠋ᠢᠵᠤ ᠴᠤ᠌ ᠪᠣᠯᠣᠨ᠎ᠠ᠃

     ᠳᠥᠷᠪᠡ᠎ᠳᠤ ᠡᠯ᠎ᠡ ᠬᠤᠭᠤᠴᠠᠭ᠋ᠠᠨ᠎ᠤ ᠲᠥᠷᠥᠯ ᠵᠦᠢ᠍ᠯ᠎ᠤᠨ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠦ ᠵᠢᠨ ᠵᠢᠭᠡᠯᠡᠯᠭᠡ ᠵᠢᠨ ᠬᠦᠦ ᠮᠥᠩᠭᠥ ᠵᠢᠨ ᠨᠣᠷᠮ᠎ᠠ ᠵᠢ 0.25 ᠵᠠᠭᠤᠨ᠎ᠤ ᠴᠡᠭ ᠪᠠᠭᠤᠷᠠᠭᠤᠯᠤᠨ᠎ᠠ᠃ ᠲᠣᠬᠢᠷᠠᠭᠤᠯᠤᠯᠲᠠ ᠬᠢᠭᠰᠡᠨ᠎ᠤ ᠳᠠᠷᠠᠭ᠎ᠠ᠂ ᠲᠠᠪᠤᠨ ᠵᠢᠯ᠎ᠠᠴᠠ ᠳᠡᠭᠡᠭᠰᠢ ᠠᠩᠬᠠᠨ᠎ᠤ ᠣᠷᠣᠨ ᠰᠠᠭᠤᠴᠠ ᠵᠢᠨ ᠬᠤᠪᠢ ᠬᠥᠮᠥᠨ᠎ᠤ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠦ ᠵᠢᠨ ᠵᠢᠭᠡᠯᠡᠯᠭᠡ ᠵᠢᠨ ᠬᠦᠦ ᠮᠥᠩᠭᠦ ᠵᠢᠨ ᠨᠣᠷᠮ᠎ᠠ᠎ᠨᠢ 2.85% ᠪᠣᠯᠵᠤ᠂ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠦ ᠵᠢᠨ ᠲᠤᠰᠢᠶᠠᠨ ᠬᠠᠳᠠᠭ᠋ᠠᠯᠠᠭᠤᠯᠤᠭᠴᠢ ᠵᠢᠨ ᠣᠷᠣᠨ ᠰᠠᠭᠤᠴᠠ ᠵᠢᠨ ᠬᠡᠷᠡᠭᠴᠡᠭᠡ ᠵᠢ ᠨᠡᠩ ᠰᠠᠶ᠋ᠢᠨ ᠬᠠᠩᠭ᠋ᠠᠵᠤ ᠪᠣᠯᠣᠨ᠎ᠠ᠃

     ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠶᠠᠮᠤᠨ᠄ ᠡᠭᠡᠯ ᠠᠷᠠᠳ᠎ᠢ ᠭᠡᠷ᠎ᠡ᠎ᠳᠤ ᠪᠣᠯᠵᠣᠨ ᠲᠣᠭᠲᠠᠭᠰᠠᠨ ᠶᠣᠰᠣᠭ᠋ᠠᠷ ᠲᠣᠭᠲᠠᠭᠰᠠᠨ ᠬᠤᠭᠤᠴᠠᠭ᠋ᠠᠨ᠎ᠳᠤ ᠰᠢᠯᠭ᠋ᠠᠨ ᠠᠪᠬᠤ᠎ᠳᠤ ᠬᠢᠷᠢ ᠲᠡᠩᠴᠡᠭᠰᠡᠨ ᠬᠡᠷ ᠪᠠᠢ᠌ᠰᠢᠩ ᠵᠶ᠋ᠠᠨ ᠣᠯᠣᠭᠤᠯᠤᠨ᠎ᠠ

  ᠣᠷᠣᠨ ᠰᠠᠭᠤᠴᠠ ᠬᠤᠳᠠᠯᠳᠤᠨ ᠠᠪᠤᠭᠴᠢ ᠵᠢᠨ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠬᠤ᠎ᠪᠠᠷ ᠦᠨᠳᠦᠰᠦᠨ ᠵᠣᠷᠢᠯᠲᠠ ᠪᠠ ᠲᠤᠰᠤᠯᠲᠠ ᠪᠣᠯᠭ᠋ᠠᠵᠤ᠂ ᠵᠠᠬ᠎ᠠ ᠳᠡᠯᠭᠡᠭᠦᠷᠴᠢᠯᠡᠬᠦ᠂ ᠬᠠᠤᠯᠢ᠎ᠪᠠᠷ ᠵᠠᠰᠠᠬᠤ ᠵᠠᠷᠴᠢᠮ᠎ᠢ ᠪᠠᠷᠢᠮᠲᠠᠯᠠᠨ᠎ᠠ᠃ ᠪᠠᠲᠤᠯᠠᠨ ᠲᠤᠰᠢᠶᠠᠬᠤ ᠣᠷᠣᠨ ᠰᠠᠭᠤᠴᠠ᠎ᠨᠢ ᠥᠷᠭᠡᠨ ᠣᠯᠠᠨ ᠠᠷᠠᠳ ᠲᠦᠮᠡᠨ᠎ᠤ ᠲᠣᠰ ᠪᠡᠶ᠎ᠡ ᠵᠢᠨ ᠠᠰᠢᠭ ᠲᠤᠰᠠ᠎ᠳᠤ ᠬᠤᠯᠪᠣᠭᠳᠠᠨ᠎ᠠ᠂ ᠪᠢᠳᠡ ᠠᠷᠠᠳ ᠲᠦᠮᠡᠨ ᠵᠶ᠋ᠠᠷ ᠭᠤᠤᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠵᠤ᠂ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ᠂ ᠲᠥᠷᠥᠯ ᠬᠤᠪᠢᠶᠠᠨ ᠰᠢᠢ᠍ᠳᠪᠦᠷᠢᠯᠡᠵᠦ᠂ ᠲᠠᠸᠠᠷ᠎ᠤᠨ ᠣᠷᠣᠨ ᠰᠠᠭᠤᠴᠠ ᠵᠢᠨ ᠲᠥᠷᠥᠯ ᠵᠦᠢ᠍ᠯ᠎ᠤᠨ ᠪᠠᠲᠤᠯᠠᠨ ᠲᠤᠰᠢᠶᠠᠬᠤ ᠣᠷᠣᠨ ᠰᠠᠭᠤᠴᠠ ᠵᠢᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠵᠦ᠂  ᠬᠠᠭ᠋ᠠᠰ ᠳᠤᠲᠠᠭᠤ ᠪᠠᠢ᠌ᠰᠢᠩ ᠪᠣᠯᠬᠤ  ᠠᠶᠤᠯ ᠲᠦᠭᠰᠢᠭᠦᠷᠢ ᠵᠢ ᠰᠡᠷᠭᠡᠶ᠋ᠢᠯᠡᠨ ᠰᠢᠢ᠍ᠳᠪᠦᠷᠢᠯᠡᠵᠦ᠂ ᠲᠥᠷᠥᠯ ᠵᠦᠢ᠍ᠯ᠎ᠢ ᠴᠠᠭ ᠲᠤᠬᠠᠶ᠎ᠳᠤᠨᠢ ᠴᠢᠨᠠᠷ᠎ᠢ ᠪᠠᠲᠤᠯᠠᠨ ᠲᠤᠰᠢᠶᠠᠬᠤ ᠵᠢ ᠠᠬᠢᠭᠤᠯᠵᠤ᠂ ᠠᠷᠠᠳ ᠣᠯᠠᠨ᠎ᠢ ᠭᠡᠷ᠎ᠡ᠎ᠳᠤ ᠪᠣᠯᠵᠣᠨ ᠲᠣᠭᠲᠠᠭᠰᠠᠨ ᠶᠣᠰᠣᠭ᠋ᠠᠷ ᠲᠣᠭᠲᠠᠭᠰᠠᠨ ᠬᠤᠭᠤᠴᠠᠭ᠋ᠠᠨ᠎ᠳᠤ ᠰᠢᠯᠭ᠋ᠠᠨ ᠠᠪᠬᠤ᠎ᠳᠤ ᠬᠢᠷᠢ ᠲᠡᠩᠴᠡᠭᠰᠡᠨ ᠭᠡᠷ ᠪᠠᠶ᠋ᠢᠰᠢᠩ ᠵᠶ᠋ᠠᠨ ᠣᠯᠣᠭᠤᠯᠤᠨ᠎ᠠ᠃ ᠠᠷᠭ᠎ᠠ ᠪᠦᠬᠦᠨ᠎ᠢ ᠰᠦᠪᠡᠭᠴᠢᠯᠡᠭᠡᠳ ᠮᠥᠨ ᠯᠠ ᠣᠷᠣᠨ ᠰᠠᠭᠤᠴᠠ᠎ᠪᠠᠨ ᠲᠤᠰᠢᠶᠠᠵᠤ ᠴᠢᠳᠠᠬᠤ ᠦᠭᠡᠢ ᠪᠠᠶ᠋ᠢᠪᠠᠯ᠂ ᠬᠠᠤᠯᠢ ᠴᠠᠭ᠋ᠠᠵᠠ ᠵᠢᠨ ᠠᠷᠭ᠎ᠠ ᠵᠠᠮ ᠵᠶ᠋ᠠᠷ ᠰᠢᠢ᠍ᠳᠪᠦᠷᠢᠯᠡᠬᠦ ᠶᠣᠰᠣᠲᠠᠢ ᠵᠢ᠎ᠨᠢ ᠬᠠᠤᠯᠢ ᠴᠠᠭ᠋ᠠᠵᠠ ᠵᠢᠨ ᠠᠷᠭ᠎ᠠ ᠵᠠᠮ ᠵᠶ᠋ᠠᠷ ᠰᠢᠢ᠍ᠳᠪᠦᠷᠢᠯᠡᠵᠦ᠂ ᠬᠠᠤᠯᠢ ᠴᠠᠭ᠋ᠠᠵᠠ ᠵᠢᠨ ᠰᠢᠢ᠍ᠳᠪᠦᠷᠢᠯᠡᠯᠲᠡ᠎ᠳᠤ ᠮᠥᠨ ᠭᠡᠷ ᠬᠤᠳᠠᠯᠳᠤᠨ ᠠᠪᠤᠭᠴᠢ ᠵᠢᠨ ᠬᠠᠤᠯᠢ ᠶᠣᠰᠣᠨ᠎ᠤ ᠡᠷᠬᠡ ᠠᠰᠢᠭ᠎ᠢ ᠰᠠᠶ᠋ᠢᠲᠤᠷ ᠬᠠᠮᠠᠭ᠋ᠠᠯᠠᠬᠤ ᠵᠢ ᠲᠡᠷᠢᠭᠦᠨ ᠴᠢᠬᠤᠯᠠ ᠪᠠᠶ᠋ᠢᠷᠢᠨ᠎ᠳᠤ ᠲᠠᠯᠪᠢᠨ᠎ᠠ᠃

     ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠄ ᠣᠷᠣᠨ ᠨᠤᠲᠤᠭ᠎ᠤᠨ ᠦᠯᠡᠳᠡᠭᠡᠯ ᠣᠷᠣᠨ ᠰᠠᠭᠤᠴᠠ ᠵᠢᠨ ᠬᠡᠷᠡᠭᠯᠡᠬᠦ ᠭᠠᠵᠠᠷ᠎ᠢ ᠵᠦᠢ ᠵᠣᠬᠢᠰᠲᠠᠶ ᠦᠨ᠎ᠡ ᠬᠠᠩᠰᠢ᠎ᠪᠠᠷ ᠬᠤᠷᠢᠶᠠᠨ ᠠᠪᠬᠤ᠂ ᠬᠤᠳᠠᠯᠳᠤᠨ ᠠᠪᠬᠤ ᠵᠢ ᠳᠡᠮᠵᠢᠨ᠎ᠡ

     ᠡᠬᠢ ᠪᠠᠶᠠᠯᠢᠭ᠎ᠤᠨ ᠶᠠᠮᠤᠨ᠎ᠠᠴᠠ ᠰᠤᠯᠠ ᠪᠠᠢ᠌ᠭ᠎ᠠ ᠭᠠᠵᠠᠷ ᠰᠢᠷᠣᠢ ᠵᠢ ᠲᠣᠬᠢᠲᠠᠶ ᠰᠢᠢ᠍ᠳᠪᠦᠷᠢᠯᠡᠬᠦ᠂ ᠦᠯᠡᠳᠡᠭᠡᠯ ᠭᠠᠵᠠᠷ ᠰᠢᠷᠣᠶ ᠵᠢ ᠠᠮᠢᠳᠤᠯᠢᠭᠵᠢᠭᠤᠯᠬᠤ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠨᠡᠶ᠋ᠢᠲᠡᠯᠡᠬᠦ᠎ᠪᠠᠷ ᠪᠡᠯᠡᠳᠬᠡᠵᠦ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠪᠣᠳᠠᠲᠠᠶ᠎ᠠᠴᠠ ᠡᠭᠦᠰᠴᠦ᠂ ᠪᠠᠶ᠋ᠢᠳᠠᠯ᠎ᠢ᠎ᠨᠢ ᠦᠵᠡᠵᠦ ᠪᠠᠶ᠋ᠢᠭ᠋ᠠᠳ ᠬᠤᠷᠢᠶᠠᠵᠤ ᠠᠪᠬᠤ᠂ ᠬᠤᠳᠠᠯᠳᠤᠨ ᠠᠪᠬᠤ ᠵᠡᠷᠭᠡ ᠠᠷᠭ᠎ᠠ ᠮᠠᠶᠢᠭ ᠵᠶ᠋ᠠᠷ ᠨᠢᠭᠡᠨᠲᠡ ᠰᠢᠯᠵᠢᠭᠦᠯᠦᠨ ᠥᠭᠭᠦᠭᠰᠡᠨ ᠰᠤᠯᠠ ᠪᠠᠶ᠋ᠢᠭ᠎ᠠ ᠣᠷᠣᠨ ᠰᠠᠭᠤᠴᠠ᠎ᠳᠤ ᠬᠡᠷᠡᠭᠯᠡᠬᠦ ᠭᠠᠵᠠᠷ᠎ᠢ ᠲᠣᠬᠢᠲᠠᠶ ᠰᠢᠢ᠍ᠳᠪᠦᠷᠢᠯᠡᠵᠦ᠂ ᠠᠵᠤ ᠠᠬᠤᠶ᠋ᠢᠯᠠᠯ᠎ᠢ ᠬᠠᠪᠰᠤᠷᠤᠨ ᠬᠦᠴᠢᠷᠳᠡᠯ᠎ᠢ᠎ᠨᠢ ᠰᠢᠢ᠍ᠳᠪᠦᠷᠢᠯᠡᠬᠦ ᠵᠢ ᠳᠡᠮᠵᠢᠨ᠎ᠡ᠃ ᠡᠭᠦᠨ᠎ᠤ ᠬᠠᠮᠲᠤ᠂ ᠭᠠᠵᠠᠷ ᠰᠢᠷᠣᠶ ᠵᠢ ᠠᠷᠪᠢᠲᠠᠶ ᠡᠷᠴᠢᠮᠯᠢᠭ ᠠᠰᠢᠭᠯᠠᠬᠤ ᠵᠢ ᠠᠬᠢᠭᠤᠯᠵᠤ᠂ ᠠᠶᠤᠯ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠵᠤ᠂ ᠬᠡᠷ ᠪᠠᠶ᠋ᠢᠰᠢᠩ ᠭᠠᠵᠠᠷ ᠬᠥᠷᠥᠩᠭᠡ ᠵᠢᠨ ᠴᠢᠨᠠᠷ ᠰᠠᠶ᠋ᠢᠲᠠᠶ ᠬᠥᠭᠵᠢᠯᠲᠡ᠎ᠳᠤ ᠬᠦᠴᠦᠨ ᠨᠡᠮᠡᠷᠢᠯᠡᠨ᠎ᠡ᠃ ᠭᠤᠤᠯᠳᠠᠭᠤ ᠬᠤᠶᠠᠷ ᠱᠤᠭᠤᠮ᠄ ᠨᠢᠭᠡ ᠱᠤᠭᠤᠮ᠎ᠨᠢ ᠰᠤᠯᠠ ᠪᠠᠶ᠋ᠢᠭ᠎ᠠ ᠭᠠᠵᠠᠷ ᠰᠢᠷᠣᠶ ᠵᠢ ᠬᠠᠤᠯᠢ ᠶᠣᠰᠣᠭ᠋ᠠᠷ ᠴᠢᠩᠭ᠎ᠠ ᠰᠢᠢ᠍ᠳᠪᠦᠷᠢᠯᠡᠬᠦ ᠵᠢ ᠴᠢᠩᠳᠠᠯᠠᠵᠤ᠂ ᠨᠥᠭᠦᠭᠡ ᠱᠤᠭᠤᠮ᠎ᠨᠢ ᠦᠯᠡᠳᠡᠭᠡᠯ ᠭᠠᠵᠠᠷ ᠰᠢᠷᠣᠶ ᠵᠢ ᠠᠮᠢᠳᠤᠯᠢᠭᠵᠢᠭᠤᠯᠤᠨ ᠠᠰᠢᠭᠯᠠᠬᠤ ᠵᠢ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠤᠨ᠎ᠠ᠃ ᠪᠣᠳᠠᠲᠠᠶ ᠲᠥᠷᠥ ᠵᠢᠨ ᠪᠣᠳᠣᠯᠭ᠎ᠠ ᠵᠢᠨ ᠬᠢᠯᠠᠰ ᠴᠡᠭ᠎ᠢ ᠳᠣᠤᠷᠠᠬᠢ ᠭᠤᠷᠪᠠᠨ ᠲᠠᠯ᠎ᠠ᠎ᠪᠠᠷ ᠲᠣᠪᠴᠢ ᠬᠤᠷᠢᠶᠠᠩᠭᠤᠶ᠋ᠢᠯᠠᠵᠤ ᠪᠣᠯᠤᠨ᠎ᠠ᠄

     ᠨᠢᠭᠡ᠎ᠳᠤ ᠠᠵᠤ ᠠᠬᠤᠶ᠋ᠢᠯᠠᠯ᠎ᠤᠨ ᠰᠢᠯᠢᠳᠡᠭᠵᠢᠭᠦᠯᠦᠨ ᠨᠡᠭᠡᠭᠡᠨ ᠬᠥᠭᠵᠢᠭᠦᠯᠬᠦ ᠵᠢ ᠳᠡᠮᠵᠢᠨ᠎ᠡ᠃ ᠭᠣᠤᠯᠳᠠᠭᠤ ᠨᠡᠭᠡᠭᠡᠯᠲᠡ ᠬᠢᠵᠦ ᠪᠦᠲᠦᠭᠡᠨ ᠪᠠᠶ᠋ᠢᠭᠤᠯᠬᠤ ᠬᠠᠷᠰᠢ ᠰᠠᠭ᠋ᠠᠳ᠎ᠢ ᠠᠷᠢᠯᠭ᠋ᠠᠵᠤ᠂ ᠪᠠᠶ᠋ᠢᠭ᠋ᠠᠯᠢ ᠵᠢᠨ ᠭᠠᠮᠰᠢᠭ᠂ ᠬᠢᠵᠢᠭ᠎ᠤᠨ ᠪᠠᠶ᠋ᠢᠳᠠᠯ᠎ᠠᠴᠠ ᠪᠣᠯᠤᠭᠰᠠᠨ ᠪᠣᠯᠵᠣᠭ᠎ᠠ᠎ᠠᠴᠠ ᠵᠥᠷᠢᠴᠡᠭᠰᠡᠨ ᠬᠠᠷᠢᠭᠤᠴᠠᠯᠭ᠎ᠠ ᠵᠢ ᠵᠦᠢ ᠵᠣᠬᠢᠰᠲᠠᠶ ᠬᠡᠯᠲᠦᠷᠢᠭᠦᠯᠵᠦ᠂ ᠠᠵᠤ ᠠᠬᠤᠶ᠋ᠢᠯᠠᠯ᠎ᠤᠨ ᠳᠡᠰ ᠳᠠᠷᠠᠭ᠋ᠠᠯᠠᠯ ᠶᠣᠰᠣᠭ᠋ᠠᠷ ᠲᠥᠯᠥᠪᠵᠢᠭᠦᠯᠭᠡ ᠵᠢᠨ ᠨᠥᠬᠥᠴᠡᠯ ᠪᠣᠯᠤᠨ ᠵᠢᠷᠤᠭ ᠲᠥᠯᠥᠪᠯᠡᠭᠡ ᠵᠢᠨ ᠱᠠᠭ᠋ᠠᠷᠳᠠᠯᠭ᠎ᠠ᠎ᠪᠠᠨ ᠵᠦᠢ ᠵᠣᠬᠢᠰᠲᠠᠶ ᠲᠣᠬᠢᠷᠠᠭᠤᠯᠬᠤ ᠵᠢ ᠵᠥᠪᠰᠢᠶᠡᠷᠡᠵᠦ᠂ ᠵᠠᠬ᠎ᠠ ᠳᠡᠯᠭᠡᠭᠦᠷ᠎ᠤᠨ ᠬᠡᠷᠡᠭᠴᠡᠭᠡ᠎ᠳᠤ ᠨᠡᠩ ᠰᠠᠶ᠋ᠢᠲᠤᠷ ᠵᠣᠬᠢᠴᠠᠭᠤᠯᠤᠨ᠎ᠠ᠃

     ᠬᠤᠶᠠᠷ᠎ᠲᠤ ᠵᠠᠬ᠎ᠠ ᠳᠡᠯᠭᠡᠭᠦᠷ᠎ᠤᠨ ᠭᠦᠢ᠍ᠯᠭᠡᠭᠡᠨ᠎ᠤ ᠰᠢᠯᠵᠢᠭᠦᠯᠦᠨ ᠥᠭᠬᠦ ᠵᠢ ᠠᠬᠢᠭᠤᠯᠤᠨ᠎ᠠ᠃ ᠭᠤᠣᠯᠳᠠᠭᠤ ᠭᠠᠵᠠᠷ ᠰᠢᠷᠣᠢ ᠵᠢᠨ ᠬᠤᠶᠠᠳᠤᠭ᠋ᠠᠷ ᠳᠡᠰ᠎ᠤᠨ ᠵᠠᠬ᠎ᠠ ᠳᠡᠯᠭᠡᠭᠦᠷ᠎ᠤᠨ ᠦᠢ᠍ᠯᠡᠳᠦᠯ᠎ᠢ ᠪᠠᠳᠠᠷᠠᠭᠤᠯᠵᠤ᠂ ᠤᠷᠢᠳᠴᠢᠯᠠᠨ ᠮᠡᠳᠡᠭᠳᠡᠬᠦ ᠳᠠᠩᠰᠠᠯᠠᠭᠤᠯᠤᠨ ᠰᠢᠯᠵᠢᠭᠦᠯᠦᠨ ᠥᠭᠬᠦ ᠪᠠ 《ᠪᠠᠷᠢᠴᠠᠭ᠎ᠠ᠎ᠲᠠᠢ᠎ᠪᠠᠷ ᠡᠷᠦᠬᠡ ᠰᠢᠯᠵᠢᠭᠦᠯᠬᠦ》 ᠵᠢ ᠳᠡᠮᠵᠢᠵᠦ᠂ ᠰᠢᠯᠵᠢᠭᠦᠯᠦᠨ ᠥᠭᠬᠦ ᠪᠤᠶᠤ ᠬᠠᠮᠲᠤᠷᠠᠨ ᠨᠡᠭᠡᠭᠡᠨ ᠬᠥᠭᠵᠢᠭᠦᠯᠬᠦ ᠵᠢ ᠵᠣᠷᠢᠭᠵᠢᠭᠤᠯᠤᠨ᠎ᠠ᠃

     ᠭᠤᠷᠪᠠ᠎ᠳᠤ ᠣᠷᠣᠨ ᠨᠤᠲᠤᠭ᠎ᠤᠨ ᠭᠠᠵᠠᠷ ᠰᠢᠷᠣᠶ ᠵᠢ ᠵᠦᠢ ᠵᠣᠬᠢᠰᠲᠠᠶ ᠦᠨ᠎ᠡ᠎ᠪᠠᠷ ᠬᠤᠷᠢᠶᠠᠨ ᠠᠪᠬᠤ ᠵᠢ ᠳᠡᠮᠵᠢᠨ᠎ᠡ᠃ ᠭᠣᠤᠯᠳᠠᠭᠤ ᠣᠷᠣᠨ ᠨᠤᠲᠤᠭ᠎ᠤᠨ 《ᠬᠡᠷᠡᠭᠴᠡᠭᠡ᠎ᠪᠠᠷ ᠵᠶ᠋ᠠᠨ ᠬᠤᠳᠠᠯᠳᠤᠨ ᠠᠪᠬᠤ ᠵᠢ ᠲᠣᠭᠲᠠᠭ᠋ᠠᠬᠤ》 ᠵᠠᠷᠴᠢᠮ᠎ᠤᠨ ᠶᠣᠰᠣᠭ᠋ᠠᠷ᠂ ᠰᠤᠯᠠ ᠪᠠᠶ᠋ᠢᠭ᠎ᠠ ᠭᠠᠵᠠᠷ ᠰᠢᠷᠣᠶ ᠵᠢ ᠵᠦᠢ ᠵᠣᠬᠢᠰᠲᠠᠶ ᠦᠨ᠎ᠡ᠎ᠪᠠᠷ ᠬᠤᠷᠢᠶᠠᠨ ᠠᠪᠴᠤ᠂ ᠪᠠᠲᠤᠯᠠᠭ᠎ᠠ ᠵᠢᠨ ᠴᠢᠨᠠᠷᠲᠠᠶ ᠣᠷᠣᠨ ᠰᠠᠭᠤᠴᠠ ᠵᠢᠨ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠵᠢ ᠳᠡᠮᠵᠢᠨ᠎ᠡ᠃ ᠣᠷᠣᠨ ᠨᠤᠲᠤᠭ᠎ᠤᠨ᠎ᠬᠢᠨ 《ᠬᠤᠷᠢᠶᠠᠨ ᠠᠪᠬᠤ — ᠬᠠᠩᠭ᠋ᠠᠬᠤ》 ᠵᠢ ᠵᠡᠷᠭᠡ᠎ᠪᠠᠷ ᠶᠠᠪᠤᠭᠤᠯᠬᠤ ᠠᠷᠭ᠎ᠠ ᠮᠠᠶᠢᠭ ᠵᠶ᠋ᠠᠷ ᠲᠠᠰ ᠳᠠᠷᠠᠭ᠋ᠠᠯᠠᠯ᠎ᠢ ᠳᠥᠭᠦᠮᠴᠢᠯᠡᠵᠦ᠂ ᠲᠥᠯᠥᠪᠵᠢᠭᠦᠯᠭᠡ ᠪᠠ ᠭᠠᠵᠠᠷ ᠬᠠᠩᠭ᠋ᠠᠬᠤ ᠭᠠᠷᠳᠠᠮ᠎ᠢ ᠭᠦᠢ᠍ᠴᠡᠳᠬᠡᠵᠦ᠂ ᠳᠥᠭᠦᠮᠴᠢᠯᠡᠭᠰᠡᠨ ᠦᠢ᠍ᠯᠡᠴᠢᠯᠡᠭᠡ ᠵᠢ ᠨᠠᠩ ᠰᠠᠶ᠋ᠢᠨ ᠬᠠᠩᠭ᠋ᠠᠬᠤ ᠵᠢ ᠵᠥᠪᠰᠢᠶᠡᠷᠡᠨ᠎ᠡ᠃

     ᠲᠥᠪ ᠪᠠᠩᠬᠢ᠄ ᠣᠷᠣᠨ ᠨᠤᠲᠤᠭ᠎ᠤᠨ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ᠎ᠤᠨ ᠨᠢᠭᠡᠨᠲᠡ ᠪᠠᠢ᠌ᠭᠤᠯᠤᠭᠰᠠᠨ ᠬᠤᠳᠠᠯᠳᠤᠭ᠋ᠠᠳᠤᠢ ᠲᠠᠸᠠᠷ᠎ᠤᠨ ᠭᠡᠷ ᠪᠠᠢ᠌ᠰᠢᠩ᠎ᠢ ᠵᠦᠢ ᠵᠣᠬᠢᠰᠲᠠᠢ ᠦᠨ᠎ᠡ᠎ᠪᠠᠷ ᠬᠤᠳᠠᠯᠳᠤᠨ ᠠᠪᠬᠤ ᠵᠢ ᠳᠡᠮᠵᠢᠨ᠎ᠡ᠃

     ᠠᠷᠠᠳ᠎ᠤᠨ ᠪᠠᠩᠬᠢ᠎ᠠᠴᠠ ᠥᠪᠡᠷ᠎ᠤᠨ ᠥᠷᠲᠡᠭ ᠵᠶ᠋ᠠᠷ ᠳᠣᠤᠷ᠎ᠠ ᠳᠠᠬᠢᠨ ᠵᠢᠭᠡᠯᠡᠯᠭᠡ ᠵᠢᠨ ᠪᠡᠯᠡ ᠮᠥᠩᠭᠥ ᠬᠠᠩᠭ᠋ᠠᠵᠤ᠂ ᠪᠦᠬᠦ ᠤᠯᠤᠰ᠎ᠤᠨ ᠴᠢᠨᠠᠷᠲᠠᠶ 21 ᠪᠠᠩᠬᠢ ᠵᠢᠨ ᠪᠠᠶ᠋ᠢᠭᠤᠯᠤᠮᠵᠢ ᠵᠢ ᠵᠣᠷᠢᠭᠵᠢᠭᠤᠯᠤᠨ ᠵᠠᠬ᠎ᠠ ᠳᠡᠯᠭᠡᠭᠦᠷᠴᠢᠯᠡᠬᠦ ᠵᠠᠷᠴᠢᠮ᠎ᠤᠨ ᠶᠣᠰᠣᠭ᠋ᠠᠷ᠂ ᠬᠣᠲᠠ ᠵᠢᠨ ᠵᠠᠰᠠᠭ᠎ᠤᠨ ᠣᠷᠳᠣᠨ᠎ᠤ ᠰᠣᠩᠭᠣᠨ ᠲᠣᠭᠲᠠᠭ᠋ᠠᠭᠰᠠᠨ ᠣᠷᠣᠨ ᠨᠤᠲᠤᠭ᠎ᠤᠨ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠳᠤ ᠵᠢᠭᠡᠯᠡᠯᠭᠡ ᠲᠠᠯᠪᠢᠵᠤ᠂ ᠨᠢᠭᠡᠨᠲᠡ ᠪᠠᠶ᠋ᠢᠭᠤᠯᠤᠭᠰᠠᠨ ᠬᠤᠳᠠᠯᠳᠤᠭ᠋ᠠᠳᠤᠢ ᠲᠠᠸᠠᠷ᠎ᠤᠨ ᠭᠡᠷ ᠪᠠᠶ᠋ᠢᠰᠢᠩ᠎ᠢ ᠵᠦᠢ ᠵᠣᠬᠢᠰᠲᠠᠶ ᠦᠨ᠎ᠡ᠎ᠪᠠᠷ ᠬᠤᠳᠠᠯᠳᠤᠨ ᠠᠪᠴᠤ᠂ ᠪᠠᠲᠤᠯᠠᠭ᠎ᠠ ᠵᠢᠨ ᠴᠢᠨᠠᠷᠲᠠᠶ ᠣᠷᠣᠨ ᠰᠠᠭᠤᠴᠠ ᠪᠣᠯᠭ᠋ᠠᠨ ᠬᠡᠷᠡᠭᠯᠡᠬᠦ ᠵᠢ ᠳᠡᠮᠵᠢᠨ᠎ᠡ᠃ ᠡᠨᠡ ᠬᠦ᠌ ᠲᠥᠷᠥ ᠵᠢᠨ ᠪᠣᠳᠣᠯᠭ᠎ᠠ ᠵᠢᠨ ᠭᠣᠣᠯ ᠠᠭᠤᠯᠭ᠎ᠠ᠎ᠨᠢ ᠳᠣᠣᠷᠠᠬᠢ ᠮᠡᠲᠦ ᠬᠡᠳᠦᠨ ᠵᠦᠢ᠍ᠯ ᠪᠤᠢ᠄

     ᠨᠢᠭᠡᠳᠦᠭᠡᠷ᠎ᠲᠤ ᠪᠠᠲᠤᠯᠠᠭ᠎ᠠ ᠵᠢᠨ ᠴᠢᠨᠠᠷᠲᠠᠶ ᠣᠷᠣᠨ ᠰᠠᠭᠤᠴᠠ ᠵᠢᠨ ᠳᠠᠬᠢᠨ ᠵᠢᠭᠡᠯᠡᠯᠭᠡ ᠵᠢᠨ ᠬᠡᠪᠴᠢᠶ᠎ᠡ᠎ᠨᠢ 3000 ᠳ᠋ᠦᠩᠰᠢᠭᠤᠷ ᠲᠥᠭᠥᠷᠢᠭ᠂ ᠬᠦᠦ ᠮᠥᠩᠭᠥ ᠵᠢᠨ ᠨᠣᠷᠮ᠎ᠠ᠎ᠨᠢ 1.75%᠂ ᠬᠤᠭᠤᠴᠠᠭ᠎ᠠ᠎ᠨᠢ 1 ᠵᠢᠯ᠂ 4 ᠤᠳᠠᠭ᠎ᠠ ᠤᠷᠲᠤᠳᠬᠠᠵᠤ ᠪᠣᠯᠤᠨ᠎ᠠ᠂ ᠲᠠᠯᠪᠢᠬᠤ ᠡᠲᠡᠭᠡᠳ᠎ᠲᠤ ᠤᠯᠤᠰ᠎ᠤᠨ ᠨᠡᠭᠡᠭᠡᠯᠲᠡ ᠵᠢᠨ ᠪᠠᠩᠬᠢ᠂ ᠲᠥᠷᠥ ᠵᠢᠨ ᠪᠣᠳᠣᠯᠭ᠎ᠠ ᠵᠢᠨ ᠴᠢᠨᠠᠷᠲᠠᠶ ᠪᠠᠩᠬᠢ᠂ ᠤᠯᠤᠰ᠎ᠤᠨ ᠥᠮᠴᠢᠯᠡᠯ᠎ᠤᠨ ᠬᠤᠳᠠᠯᠳᠤᠭ᠋ᠠᠨ᠎ᠤ ᠪᠠᠩᠬᠢ᠂ ᠰᠢᠦᠳᠠᠨ᠎ᠤ ᠬᠠᠳᠠᠭ᠋ᠠᠯᠠᠮᠵᠢ ᠵᠢᠨ ᠪᠠᠩᠬᠢ᠂ ᠬᠤᠪᠢᠴᠠᠭ᠋ᠠᠲᠤ ᠳᠦᠷᠢᠮ᠎ᠤᠨ ᠬᠤᠳᠠᠯᠳᠤᠭ᠋ᠠᠨ᠎ᠤ ᠪᠠᠩᠬᠢ ᠵᠡᠷᠭᠡ ᠪᠦᠬᠦ ᠤᠯᠤᠰ᠎ᠤᠨ ᠴᠢᠨᠠᠷᠲᠠᠶ 21 ᠪᠠᠩᠬᠢ ᠪᠠᠭᠲᠠᠨ᠎ᠠ᠃ ᠪᠠᠩᠬᠢ ᠡᠵᠡᠨ ᠮᠡᠳᠡᠵᠦ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠂ ᠲᠦᠭᠰᠢᠭᠦᠷᠢ ᠵᠢ ᠥᠪᠡᠷ ᠵᠶ᠋ᠠᠨ ᠡᠭᠦᠷᠭᠡᠯᠡᠬᠦ ᠵᠠᠷᠴᠢᠮ ᠶᠣᠰᠣᠭ᠋ᠠᠷ ᠵᠢᠭᠡᠯᠡᠯᠭᠡ ᠲᠠᠯᠪᠢᠨ᠎ᠠ᠃ ᠠᠷᠠᠳ᠎ᠤᠨ ᠪᠠᠩᠬᠢ ᠵᠢᠭᠡᠯᠡᠯᠭᠡ ᠵᠢᠨ ᠡᠬᠡ ᠮᠥᠩᠭᠥ ᠵᠢᠨ 60% ᠵᠢᠨ ᠶᠣᠰᠣᠭ᠋ᠠᠷ ᠳᠠᠬᠢᠨ ᠵᠢᠭᠡᠯᠡᠯᠭᠡ ᠲᠠᠯᠪᠢᠵᠤ᠂ ᠪᠠᠩᠬᠢ ᠵᠢᠨ ᠵᠢᠭᠡᠯᠡᠯᠭᠡ ᠵᠢ 5000 ᠳ᠋ᠦᠩᠰᠢᠭᠤᠷ ᠲᠥᠭᠥᠷᠢᠭ ᠳᠠᠢ᠌ᠴᠢᠯᠠᠬᠤ ᠪᠣᠯᠤᠨ᠎ᠠ᠃

     ᠬᠤᠶᠠᠳᠤᠭ᠋ᠠᠷ᠎ᠲᠤ ᠬᠤᠳᠠᠯᠳᠤᠨ ᠠᠪᠬᠤ ᠲᠠᠸᠠᠷ᠎ᠤᠨ ᠬᠡᠷ ᠪᠠᠶ᠋ᠢᠰᠢᠩ᠎ᠢ ᠬᠡᠷ ᠪᠠᠶ᠋ᠢᠰᠢᠩ ᠭᠠᠵᠠᠷ ᠬᠥᠷᠥᠩᠭᠡ ᠵᠢᠨ ᠠᠵᠤ ᠠᠬᠤᠶ᠋ᠢᠯᠠᠯ᠎ᠤᠨ ᠨᠢᠭᠡᠨᠲᠡ ᠪᠠᠶ᠋ᠢᠭᠤᠯᠤᠭᠰᠠᠨ ᠬᠤᠳᠠᠯᠳᠤᠭ᠋ᠠᠳᠤᠢ ᠲᠠᠸᠠᠷ᠎ᠤᠨ ᠬᠡᠷ ᠪᠠᠶ᠋ᠢᠰᠢᠩ ᠵᠶ᠋ᠠᠷ ᠴᠢᠩᠭ᠎ᠠ ᠬᠢᠵᠠᠭ᠋ᠠᠷᠯᠠᠵᠤ᠂ ᠠᠳᠠᠯᠢ ᠪᠤᠰᠤ ᠥᠮᠴᠢᠯᠡᠯ᠎ᠤᠨ ᠬᠡᠷ ᠪᠠᠶ᠋ᠢᠰᠢᠩ ᠭᠠᠵᠠᠷ ᠬᠥᠷᠥᠩᠭᠡ ᠵᠢᠨ ᠠᠵᠤ ᠠᠬᠤᠶ᠋ᠢᠯᠠᠯ᠎ᠳᠤ ᠨᠢᠭᠡ ᠯᠡ ᠠᠳᠠᠯᠢ᠎ᠪᠠᠷ ᠬᠠᠨᠳᠤᠨ᠎ᠠ᠃ ᠪᠠᠲᠤᠯᠠᠭ᠎ᠠ ᠵᠢᠨ ᠴᠢᠨᠠᠷᠲᠠᠶ ᠣᠷᠣᠨ ᠰᠠᠭᠤᠴᠠ ᠪᠣᠯ ᠴᠠᠯᠢᠩ ᠬᠥᠯᠥᠰᠥ ᠵᠢᠨ ᠣᠷᠣᠯᠭ᠎ᠠ᠎ᠲᠠᠢ ᠬᠥᠮᠥᠰ᠎ᠤᠨ ᠵᠠᠶ᠋ᠢᠯᠠᠰᠢ ᠦᠭᠡᠶ ᠣᠷᠣᠨ ᠰᠠᠭᠤᠴᠠ ᠵᠢᠨ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠬᠤ ᠵᠠᠷᠴᠢᠮ ᠶᠣᠰᠣᠭ᠋ᠠᠷ᠂ ᠬᠤᠳᠠᠯᠳᠤᠨ ᠠᠪᠤᠭᠰᠠᠨ ᠲᠠᠸᠠᠷ᠎ᠤᠨ ᠭᠡᠷ ᠪᠠᠶ᠋ᠢᠰᠢᠩ᠎ᠤᠨ ᠡᠷᠦᠬᠡ ᠪᠠ ᠲᠠᠯᠠᠪᠠᠶ ᠵᠢᠨ ᠪᠠᠷᠢᠮᠵᠢᠶ᠎ᠠ ᠵᠢ ᠴᠢᠩᠭ᠎ᠠ ᠡᠵᠡᠮᠳᠡᠬᠦ ᠬᠡᠷᠡᠭᠲᠡᠶ᠃

     ᠭᠤᠷᠪᠠᠳᠤᠭ᠋ᠠᠷ᠎ᠲᠤ ᠬᠣᠲᠠ ᠵᠢᠨ ᠵᠠᠰᠠᠭ᠎ᠤᠨ ᠣᠷᠳᠣᠨ᠎ᠨᠤᠭᠤᠳ ᠣᠷᠣᠨ ᠨᠤᠲᠤᠭ᠎ᠤᠨ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠢ ᠰᠣᠩᠭᠣᠨ ᠬᠤᠳᠠᠯᠳᠤᠨ ᠠᠪᠬᠤ ᠭᠣᠣᠯ ᠴᠣᠭᠴᠠ ᠪᠣᠯᠭ᠋ᠠᠨ᠎ᠠ᠃ ᠲᠣᠰ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ ᠵᠢᠴᠢ ᠬᠠᠷᠢᠶ᠎ᠠ ᠪᠦᠯᠦᠭᠯᠡᠯ᠎ᠨᠢ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠳᠠᠯᠳᠠ ᠥᠭᠴᠡᠭᠡ᠎ᠳᠤ ᠬᠤᠯᠪᠣᠭᠳᠠᠵᠤ ᠪᠣᠯᠬᠤ ᠦᠭᠡᠢ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠪᠡᠯᠡ ᠲᠣᠬᠢᠷᠠᠭᠤᠯᠬᠤ ᠲᠠᠪᠴᠠᠩ ᠪᠠᠶ᠋ᠢᠵᠤ ᠪᠣᠯᠬᠤ ᠦᠭᠡᠢ᠂ ᠡᠭᠦᠨ᠎ᠤ ᠬᠠᠮᠲᠤ ᠪᠠᠩᠬᠢ ᠵᠢᠨ ᠢᠲᠡᠭᠡᠮᠵᠢ ᠣᠯᠭᠤᠬᠤ ᠱᠠᠭ᠋ᠠᠷᠳᠠᠯᠭ᠎ᠠ ᠪᠠ ᠢᠲᠡᠭᠡᠮᠵᠢ ᠣᠯᠭᠤᠬᠤ ᠣᠷᠣᠨ ᠵᠠᠶ ᠵᠢ ᠪᠦᠷᠢᠯᠳᠦᠭᠦᠯᠵᠦ᠂ ᠬᠤᠳᠠᠯᠳᠤᠨ ᠠᠪᠤᠭᠰᠠᠨ᠎ᠤ ᠳᠠᠷᠠᠭ᠎ᠠ ᠦᠳᠲᠡᠷ ᠲᠦᠷᠭᠡᠨ ᠲᠣᠬᠢᠷᠠᠭᠤᠯᠤᠨ ᠬᠤᠳᠠᠯᠳᠤᠬᠤ ᠪᠤᠶᠤ ᠲᠦᠷᠢᠶᠡᠰᠦᠯᠡᠭᠦᠯᠬᠦ ᠬᠡᠷᠡᠭᠲᠡᠶ᠃

     ᠳᠥᠷᠪᠡᠳᠦᠭᠡᠷ᠎ᠲᠤ ᠰᠠᠶ᠋ᠢᠨ ᠳᠤᠷ᠎ᠠ᠎ᠠᠴᠠ᠎ᠪᠠᠨ ᠣᠷᠣᠯᠴᠠᠨ᠎ᠠ᠃ ᠬᠣᠲᠠ ᠵᠢᠨ ᠵᠠᠰᠠᠭ᠎ᠤᠨ ᠣᠷᠳᠣᠨ᠎ᠨᠤᠭᠤᠳ ᠲᠤᠬᠠᠶ ᠵᠢᠨ ᠭᠠᠵᠠᠷ᠎ᠤᠨ ᠪᠠᠲᠤᠯᠠᠭ᠎ᠠ ᠵᠢᠨ ᠴᠢᠨᠠᠷᠲᠠᠶ ᠣᠷᠣᠨ ᠰᠠᠭᠤᠴᠠ ᠵᠢᠨ ᠬᠡᠷᠡᠭᠴᠡᠭᠡ ᠱᠠᠭ᠋ᠠᠷᠳᠠᠯᠭ᠎ᠠ᠂ ᠲᠠᠸᠠᠷ᠎ᠤᠨ ᠭᠡᠷ ᠪᠠᠶ᠋ᠢᠰᠢᠩ᠎ᠤᠨ ᠬᠠᠳᠠᠭ᠋ᠠᠯᠠᠯᠲᠠ ᠵᠢᠨ ᠬᠢᠷᠢ ᠬᠡᠮᠵᠢᠶ᠎ᠡ ᠵᠡᠷᠭᠡ ᠬᠦᠴᠦᠨ ᠵᠦᠢ᠍ᠯ᠎ᠢ ᠦᠨᠳᠦᠰᠦᠯᠡᠨ᠂ ᠣᠷᠣᠯᠴᠠᠬᠤ ᠡᠰᠡᠬᠦ᠎ᠪᠠᠨ ᠡᠵᠡᠨ ᠮᠡᠳᠡᠨ ᠲᠣᠭᠲᠠᠭ᠋ᠠᠨ᠎ᠠ᠃ ᠪᠠᠲᠤᠯᠠᠭ᠎ᠠ ᠵᠢᠨ ᠨᠥᠬᠥᠴᠡᠯ᠎ᠳᠤ ᠨᠡᠶ᠋ᠢᠴᠡᠬᠦ ᠴᠠᠯᠢᠩ ᠬᠥᠯᠥᠰᠥ ᠵᠢᠨ ᠣᠷᠣᠯᠭ᠎ᠠ᠎ᠲᠠᠢ ᠬᠥᠮᠦᠰ ᠡᠵᠡᠨ ᠮᠡᠳᠡᠵᠦ ᠲᠣᠬᠢᠷᠠᠭᠤᠯᠤᠨ ᠬᠤᠳᠠᠯᠳᠤᠬᠤ ᠪᠤᠶᠤ ᠲᠦᠷᠢᠶᠡᠰᠦᠯᠡᠭᠦᠯᠬᠦ᠎ᠳᠤ ᠣᠷᠣᠯᠴᠠᠬᠤ ᠡᠰᠡᠬᠦ᠎ᠪᠠᠨ ᠰᠣᠩᠭᠣᠨ᠎ᠠ᠃ ᠭᠡᠷ ᠪᠠᠢ᠌ᠰᠢᠩ ᠭᠠᠵᠠᠷ ᠬᠥᠷᠥᠩᠭᠡ ᠵᠢᠨ ᠠᠵᠤ ᠠᠬᠤᠢ᠌ᠯᠠᠯ ᠬᠢᠭᠡᠳ ᠬᠤᠳᠠᠯᠳᠤᠨ ᠠᠪᠬᠤ ᠭᠣᠣᠯ ᠴᠣᠭᠴᠠ ᠡᠷᠬᠡ ᠲᠡᠭᠰᠢ ᠵᠥᠪᠳᠡᠯᠴᠡᠵᠦ᠂ ᠬᠤᠳᠠᠯᠳᠤᠬᠤ ᠡᠰᠡᠬᠦ᠎ᠪᠠᠨ ᠡᠵᠡᠨ ᠮᠡᠳᠡᠵᠦ ᠲᠣᠭᠲᠠᠭ᠋ᠠᠨ᠎ᠠ᠃ 21 ᠪᠠᠩᠬᠢ ᠠᠶᠤᠯ ᠲᠦᠭᠰᠢᠭᠦᠷᠢ ᠵᠢ ᠥᠪᠡᠰᠦᠪᠡᠨ ᠡᠭᠦᠷᠭᠡᠯᠡᠬᠦ᠂ ᠬᠤᠳᠠᠯᠳᠤᠭ᠋ᠠᠨ᠎ᠤ ᠦᠷᠭᠦᠯᠵᠢᠯᠡᠭᠦᠯᠬᠦ ᠵᠠᠷᠴᠢᠮ ᠶᠣᠰᠣᠭ᠋ᠠᠷ᠂ ᠬᠤᠳᠠᠯᠳᠤᠨ ᠠᠪᠬᠤ ᠭᠤᠤᠯ ᠴᠣᠭᠴᠠ᠎ᠳᠤ ᠵᠢᠭᠡᠯᠡᠯᠭᠡ ᠲᠠᠯᠪᠢᠬᠤ ᠡᠰᠡᠬᠦ᠎ᠪᠠᠨ ᠡᠵᠡᠨ ᠮᠡᠳᠡᠵᠦ ᠰᠢᠢ᠍ᠳᠪᠦᠷᠢᠯᠡᠨ᠎ᠡ᠃

     ᠳᠡᠭᠡᠷ᠎ᠡ ᠳᠤᠷᠠᠳᠤᠭᠰᠠᠨ ᠲᠥᠷᠥ ᠵᠢᠨ ᠪᠣᠳᠣᠯᠭ᠎ᠠ ᠵᠢ ᠣᠶ᠋ᠢᠷ᠎ᠠ ᠵᠢᠨ ᠬᠤᠭᠤᠴᠠᠭ᠋ᠠᠨ᠎ᠳᠤ ᠠᠷᠠᠳ᠎ᠤᠨ ᠪᠠᠩᠬᠢ ᠵᠢᠩᠬᠢᠨᠢ ᠪᠢᠴᠢᠭ ᠮᠠᠲ᠋ᠧᠷᠢᠶᠠᠯ ᠨᠡᠶ᠋ᠢᠲᠡᠯᠡᠨ᠎ᠡ᠂ ᠡᠨᠡ ᠪᠢᠴᠢᠭ ᠮᠠᠲ᠋ᠧᠷᠢᠶᠠᠯ ᠪᠣᠯ 《ᠪᠠᠲᠤᠯᠠᠭ᠎ᠠ ᠵᠢᠨ ᠴᠢᠨᠠᠷᠲᠠᠢ ᠣᠷᠣᠨ ᠰᠠᠭᠤᠴᠠ ᠵᠢᠨ ᠳᠠᠬᠢᠨ ᠵᠢᠭᠡᠯᠡᠯᠭᠡ ᠲᠠᠯᠪᠢᠬᠤ ᠬᠤᠯᠪᠣᠭᠳᠠᠯ ᠪᠦᠬᠦᠢ ᠶᠠᠪᠤᠳᠠᠯ᠎ᠤᠨ ᠲᠤᠬᠠᠢ ᠮᠡᠳᠡᠭᠳᠡᠯ》 ᠪᠣᠯᠣᠨ᠎ᠠ᠃

     ᠤᠯᠤᠰ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ᠄ ᠠᠳᠠᠯᠢ ᠪᠤᠰᠤ ᠥᠮᠴᠢᠯᠡᠯ᠎ᠤᠨ ᠭᠡᠷ ᠪᠠᠶ᠋ᠢᠰᠢᠩ᠎ᠤᠨ ᠠᠵᠤ ᠠᠬᠤᠶ᠋ᠢᠯᠠᠯ᠎ᠤᠨ 《ᠴᠠᠭ᠋ᠠᠨ ᠨᠡᠷᠡᠰ》᠎ᠤᠨ ᠲᠥᠷᠥᠯ ᠵᠦᠢ᠍ᠯ᠎ᠳᠤ ᠨᠢᠭᠡ ᠯᠡ ᠠᠳᠠᠯᠢ᠎ᠪᠠᠷ ᠬᠠᠨᠳᠤᠵᠤ᠂ ᠵᠢᠭᠡᠯᠡᠭᠦᠯᠬᠦ ᠶᠣᠰᠣᠲᠠᠶ ᠪᠦᠬᠦᠨ᠎ᠳᠤ᠎ᠨᠢ ᠵᠢᠭᠡᠯᠡᠭᠦᠯᠦᠨ᠎ᠡ᠃

     ᠠᠳᠠᠯᠢ ᠪᠤᠰᠤ ᠥᠮᠴᠢᠯᠡᠯ᠎ᠤᠨ ᠬᠡᠷ ᠪᠠᠶ᠋ᠢᠰᠢᠩ ᠭᠠᠵᠠᠷ ᠬᠥᠷᠥᠩᠭᠡ ᠵᠢᠨ ᠠᠵᠤ ᠠᠬᠤᠶ᠋ᠢᠯᠠᠯ ᠪᠠ ᠬᠡᠷ ᠪᠠᠶ᠋ᠢᠰᠢᠩ ᠭᠠᠵᠠᠷ ᠬᠥᠷᠥᠩᠭᠡ ᠵᠢᠨ ᠲᠥᠷᠥᠯ ᠵᠦᠢ᠍ᠯ᠎ᠤᠨ ᠵᠦᠶ ᠵᠣᠬᠢᠰᠲᠠᠶ ᠪᠠᠯᠠ ᠲᠣᠬᠢᠷᠠᠭᠤᠯᠭ᠎ᠠ ᠵᠢᠨ ᠬᠡᠷᠡᠭᠴᠡᠭᠡ ᠱᠠᠭ᠋ᠠᠷᠳᠠᠯᠭ᠎ᠠ ᠵᠢ ᠨᠢᠭᠡ ᠯᠡ ᠠᠳᠠᠯᠢ᠎ᠪᠠᠷ ᠬᠠᠩᠭ᠋ᠠᠵᠤ᠂ ᠠᠳᠠᠯᠢ ᠪᠤᠰᠤ ᠥᠮᠴᠢᠯᠡᠯ᠎ᠤᠨ ᠬᠡᠷ ᠪᠠᠶ᠋ᠢᠰᠢᠩ᠎ᠤᠨ ᠠᠵᠤ ᠠᠬᠤᠶ᠋ᠢᠯᠠᠯ ᠪᠠ ᠬᠡᠷ ᠪᠠᠶ᠋ᠢᠰᠢᠩ ᠭᠠᠵᠠᠷ ᠬᠥᠷᠥᠩᠭᠡ ᠵᠢᠨ ᠲᠥᠷᠥᠯ ᠵᠦᠢ᠍ᠯ᠎ᠳᠤ ᠨᠢᠭᠡ ᠯᠡ ᠠᠳᠠᠯᠢ᠎ᠪᠠᠷ ᠬᠠᠨᠳᠤᠵᠤ᠂ ᠵᠠᠬ᠎ᠠ ᠳᠡᠯᠭᠡᠭᠦᠷᠴᠢᠯᠡᠬᠦ᠂ ᠬᠠᠤᠯᠢ᠎ᠪᠠᠷ ᠵᠠᠰᠠᠬᠤ ᠵᠠᠷᠴᠢᠮ ᠶᠣᠰᠣᠭ᠋ᠠᠷ᠂ ᠵᠦᠶ ᠵᠣᠬᠢᠰᠲᠠᠶ ᠦᠨᠡᠯᠡᠨ ᠵᠢᠱ᠌ᠢᠵᠦ᠂ ᠢᠳᠡᠪᠬᠢᠲᠡᠶ᠎ᠪᠠᠷ ᠳᠡᠮᠵᠢᠯᠭᠡ ᠦᠵᠡᠭᠦᠯᠦᠨ᠎ᠡ᠃

     ᠰᠠᠭ᠋ᠠᠳ ᠦᠭᠡᠢ ᠨᠡᠪᠲᠡᠷᠡᠬᠦ ᠵᠠᠮ᠎ᠢ ᠪᠠᠶ᠋ᠢᠭᠤᠯᠤᠨ᠎ᠠ᠃ ᠪᠠᠩᠬᠢ᠎ᠠᠴᠠ ᠵᠢᠭᠡᠯᠡᠯᠭᠡ ᠵᠢᠨ ᠬᠢᠨᠠᠨ ᠵᠥᠪᠰᠢᠶᠡᠷᠡᠬᠦ ᠪᠠ ᠲᠠᠯᠪᠢᠬᠤ ᠶᠠᠪᠤᠴᠠ᠎ᠪᠠᠨ ᠰᠢᠯᠢᠳᠡᠭᠵᠢᠭᠦᠯᠵᠦ ᠵᠢ ᠱᠠᠭ᠋ᠠᠷᠳᠠᠵᠤ᠂ ᠬᠢᠨᠠᠨ ᠵᠥᠪᠰᠢᠶᠡᠷᠡᠬᠦ ᠡᠷᠬᠡ ᠮᠡᠳᠡᠯ᠎ᠢ ᠵᠣᠬᠢᠬᠤ ᠬᠡᠮᠵᠢᠶ᠎ᠡ᠎ᠪᠠᠷ ᠳᠣᠷᠣᠭᠰᠢ ᠪᠠᠭᠤᠯᠭ᠋ᠠᠵᠤ᠂ ᠵᠢᠭᠡᠯᠡᠯᠭᠡ ᠲᠠᠯᠪᠢᠬᠤ ᠬᠤᠷᠳᠤᠴᠠ ᠵᠢ ᠲᠦᠷᠭᠡᠳᠬᠡᠨ᠂ ᠲᠥᠷᠥᠯ ᠵᠦᠢ᠍ᠯ᠎ᠤᠨ ᠵᠥᠪᠰᠢᠶᠡᠷᠡᠨ ᠣᠷᠣᠭᠤᠯᠬᠤ᠂ ᠳᠡᠰ ᠲᠣᠭᠲᠠᠭ᠋ᠠᠬᠤ᠂ ᠢᠲᠡᠭᠡᠮᠵᠢ ᠣᠯᠭᠣᠬᠤ᠂ ᠵᠢᠭᠡᠯᠡᠯᠭᠡ ᠲᠠᠯᠪᠢᠭᠰᠠᠨ᠎ᠤ ᠳᠠᠷᠠᠭ᠎ᠠ ᠵᠡᠷᠭᠡ ᠲᠠᠯ᠎ᠠ᠎ᠪᠠᠷ ᠴᠥᠮ ᠲᠤᠰᠠᠭ᠋ᠠᠷ ᠬᠠᠮᠢᠶᠠᠷᠴᠤ᠂ ᠢᠲᠡᠭᠡᠮᠵᠢ ᠣᠯᠭᠣᠬᠤ ᠲᠣᠭ᠎ᠠ ᠬᠡᠮᠵᠢᠶ᠎ᠡ ᠵᠢ ᠠᠰ᠎ᠲᠤᠨᠢ ᠵᠢᠭᠰᠠᠭ᠋ᠠᠬᠤ ᠵᠢ ᠵᠥᠪᠰᠢᠶᠡᠷᠡᠨ᠎ᠡ᠃ ᠡᠭᠦᠨ᠎ᠤ ᠬᠠᠮᠲᠤ᠂ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠬᠠᠷᠢᠭᠤᠴᠠᠯᠭ᠎ᠠ᠎ᠠᠴᠠ ᠬᠡᠯᠲᠦᠷᠢᠭᠦᠯᠬᠦ ᠪᠣᠳᠠᠲᠠᠶ ᠨᠠᠷᠢᠨ ᠳᠦᠷᠢᠮ᠎ᠢ ᠲᠣᠭᠲᠠᠭ᠋ᠠᠵᠤ᠂ ᠦᠨᠳᠦᠰᠦᠨ ᠱᠠᠲᠤᠨ᠎ᠤ ᠪᠠᠩᠬᠢ ᠪᠠ ᠬᠤᠯᠪᠣᠭᠳᠠᠯ ᠪᠦᠬᠦᠢ ᠠᠵᠢᠯᠲᠠᠨ ᠠᠵᠢᠯᠴᠢᠨ ᠱᠠᠭ᠋ᠠᠷᠳᠠᠯᠭ᠎ᠠ ᠶᠣᠰᠣᠭ᠋ᠠᠷ ᠴᠢᠷᠮᠠᠶ᠋ᠢᠨ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ᠎ᠳᠤ᠎ᠨᠢ᠂ ᠡᠰᠡᠷᠭᠦᠴᠡᠰᠢ ᠦᠭᠡᠢ ᠬᠦᠴᠦᠨ ᠵᠦᠢ᠍ᠯ᠎ᠠᠴᠠ ᠪᠣᠯᠵᠤ ᠵᠢᠭᠡᠯᠡᠯᠭᠡ᠎ᠳᠤ ᠠᠶᠤᠯ ᠲᠦᠭᠰᠢᠭᠦᠷᠢ ᠭᠠᠷᠤᠭᠰᠠᠨ ᠪᠣᠯ ᠬᠠᠷᠢᠭᠤᠴᠠᠯᠭ᠎ᠠ᠎ᠠᠴᠠ᠎ᠨᠢ ᠬᠡᠯᠲᠦᠷᠢᠭᠦᠯᠦᠨ᠎ᠡ᠃

     ᠵᠢᠭᠡᠯᠡᠭᠦᠯᠬᠦ ᠶᠣᠰᠣᠲᠠᠢ ᠪᠦᠬᠦᠨ᠎ᠳᠤ᠎ᠨᠢ ᠵᠢᠭᠡᠯᠡᠭᠦᠯᠦᠨ᠎ᠡ᠃ ᠠᠳᠠᠯᠢ ᠪᠤᠰᠤ ᠥᠮᠴᠢᠯᠡᠯ᠎ᠤᠨ ᠭᠡᠷ ᠪᠠᠶ᠋ᠢᠰᠢᠩ᠎ᠤᠨ ᠠᠵᠤ ᠠᠬᠤᠶ᠋ᠢᠯᠠᠯ᠎ᠤᠨ 《ᠴᠠᠭ᠋ᠠᠨ ᠨᠡᠷᠡᠰ》᠎ᠤᠨ ᠲᠥᠷᠥᠯ ᠵᠦᠢ᠍ᠯ᠎ᠳᠤ ᠨᠢᠭᠡ ᠯᠡ ᠠᠳᠠᠯᠢ᠎ᠪᠠᠷ ᠬᠠᠨᠳᠤᠨ᠎ᠠ᠃ ᠲᠦᠭᠰᠢᠭᠦᠷᠢ ᠵᠢ ᠬᠢᠵᠠᠭ᠋ᠠᠷᠯᠠᠭᠰᠠᠨ ᠤᠷᠢᠲᠠᠯ ᠳᠣᠤᠷ᠎ᠠ᠂ ᠰᠢᠨ᠎ᠡ᠎ᠪᠠᠷ ᠨᠡᠮᠡᠭᠳᠡᠭᠰᠡᠨ ᠵᠢᠭᠡᠯᠡᠯᠭᠡ᠂ ᠦᠯᠡᠳᠡᠭᠡᠯ ᠵᠢᠭᠡᠯᠡᠯᠭᠡ ᠵᠢᠨ ᠬᠤᠭᠤᠴᠠᠭ᠎ᠠ᠎ᠪᠠᠨ ᠤᠷᠲᠤᠳᠬᠠᠬᠤ ᠵᠢᠴᠢ ᠨᠡᠶ᠋ᠢᠯᠡᠭᠦᠯᠵᠦ ᠬᠤᠳᠠᠯᠳᠤᠨ ᠠᠪᠬᠤ ᠵᠢᠭᠡᠯᠡᠯᠭᠡ ᠲᠠᠯᠪᠢᠬᠤ ᠵᠡᠷᠭᠡ ᠣᠯᠠᠨ ᠵᠦᠢ᠍ᠯ᠎ᠤᠨ ᠠᠷᠭ᠎ᠠ ᠮᠠᠶᠢᠭ᠎ᠢ ᠠᠪᠴᠤ ᠪᠠᠶ᠋ᠢᠭ᠋ᠠᠳ ᠪᠡᠯᠡ ᠲᠣᠬᠢᠷᠠᠭᠤᠯᠭ᠎ᠠ ᠵᠢᠨ ᠳᠡᠮᠵᠢᠯᠭᠡ ᠦᠵᠡᠭᠦᠯᠵᠦ ᠪᠣᠯᠤᠨ᠎ᠠ᠃ ᠵᠢᠭᠡᠯᠡᠯᠭᠡ ᠵᠢᠨ ᠵᠣᠭᠣᠰ᠎ᠤᠨ ᠲᠣᠭ᠎ᠠ ᠵᠢ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢᠨ ᠦᠶᠡᠯᠡᠯ᠎ᠲᠠᠢ ᠵᠣᠬᠢᠴᠠᠭᠤᠯᠵᠤ᠂ ᠲᠥᠷᠥᠯ ᠵᠦᠢ᠍ᠯ᠎ᠢ ᠪᠠᠶ᠋ᠢᠭᠤᠯᠵᠤ ᠳᠠᠭᠤᠰᠬᠠᠨ ᠲᠤᠰᠢᠶᠠᠬᠤ ᠪᠡᠯᠡ ᠮᠥᠩᠭᠥ ᠵᠢᠨ ᠳᠤᠲᠠᠭᠳᠠᠯ᠎ᠢ ᠬᠠᠮᠤᠷᠤᠨ᠂ ᠲᠥᠷᠥᠯ ᠵᠦᠢ᠍ᠯ᠎ᠤᠨ ᠪᠠᠷᠢᠯᠭ᠎ᠠ ᠵᠢ ᠳᠠᠭᠤᠰᠬᠠᠵᠤ ᠲᠤᠰᠢᠶᠠᠨ ᠥᠭᠬᠦ ᠵᠢ ᠠᠬᠢᠭᠤᠯᠵᠤ᠂ ᠭᠡᠷ ᠬᠤᠳᠠᠯᠳᠤᠨ ᠠᠪᠤᠭᠴᠢ ᠵᠢᠨ ᠬᠠᠤᠯᠢ ᠶᠣᠰᠣᠨ᠎ᠤ ᠡᠷᠬᠡ ᠠᠰᠢᠭ᠎ᠢ ᠦᠨᠡᠨ ᠬᠦ᠌ ᠪᠠᠲᠤᠯᠠᠬᠤ ᠬᠡᠷᠡᠭᠲᠡᠶ᠃

    《ᠴᠠᠭ᠋ᠠᠨ ᠨᠡᠷᠡᠰ》᠎ᠤᠨ ᠲᠥᠷᠥᠯ ᠵᠦᠢ᠍ᠯ᠎ᠳᠤ ᠲᠤᠰᠠᠭ᠋ᠠᠷ ᠲᠠᠩᠰᠠ ᠪᠠᠶ᠋ᠢᠭᠤᠯᠤᠨ ᠲᠣᠭ᠋ᠠᠴᠠᠭ᠎ᠠ ᠬᠢᠵᠦ᠂ ᠪᠢᠲᠡᠭᠦᠮᠵᠢᠯᠡᠨ ᠬᠠᠮᠢᠶᠠᠷᠴᠤ᠂ ᠲᠥᠷᠥᠯ ᠵᠦᠢ᠍ᠯ᠎ᠤᠨ ᠬᠤᠭᠤᠷᠣᠨᠳᠣᠬᠢ ᠪᠠᠯᠠ ᠮᠥᠩᠭᠦ ᠵᠢ ᠬᠤᠳᠬᠤᠯᠳᠤᠭᠤᠯᠬᠤ ᠥᠬᠡᠶ᠂ ᠲᠥᠷᠥᠯ ᠵᠦᠢ᠍ᠯ᠎ᠤᠨ ᠪᠠᠯᠠ ᠮᠥᠩᠭᠦ ᠵᠢ ᠪᠤᠰᠤᠳ ᠵᠦᠢ᠍ᠯ᠎ᠳᠤ ᠨᠡᠭᠦᠯᠭᠡᠨ ᠬᠡᠷᠡᠭᠯᠡᠬᠦ ᠵᠢ ᠴᠢᠩᠭ᠎ᠠ ᠴᠠᠭ᠋ᠠᠵᠠᠯᠠᠵᠤ᠂ ᠪᠠᠯᠠ ᠮᠥᠩᠭᠦ ᠵᠢ ᠪᠠᠲᠤᠯᠠᠨ ᠲᠤᠰᠢᠶᠠᠬᠤ᠎ᠳᠤ ᠬᠡᠷᠡᠭᠯᠡᠬᠦ ᠵᠢ ᠦᠨᠡᠨ ᠬᠦ᠌ ᠪᠠᠲᠤᠯᠠᠬᠤ ᠬᠡᠷᠡᠭᠲᠡᠶ᠃ ᠬᠤᠳᠠᠯᠳᠤᠭ᠋ᠠᠨ᠎ᠤ ᠪᠠᠩᠬᠢ᠎ᠨᠢ ᠢᠲᠡᠭᠡᠮᠵᠢᠲᠦ ᠵᠢᠭᠡᠯᠡᠯᠭᠡ ᠵᠢᠨ ᠪᠡᠯᠡ ᠮᠥᠩᠭᠥ ᠵᠢᠨ ᠬᠡᠷᠡᠭᠴᠡᠭᠡ ᠪᠠ ᠭᠦᠢ᠍ᠯᠭᠡᠭᠡ ᠵᠢ ᠴᠢᠩᠭ᠎ᠠ ᠬᠢᠨᠠᠨ ᠪᠠᠶ᠋ᠢᠴᠠᠭ᠋ᠠᠵᠤ᠂ ᠵᠣᠭᠣᠰ ᠵᠢᠭᠡᠯᠡᠭᠴᠢ᠎ᠯᠦᠭᠡ ᠵᠢᠭᠡᠯᠡᠯᠭᠡ ᠵᠢᠨ ᠪᠠᠩᠬᠢ᠎ᠳᠤ ᠲᠥᠷᠥᠯ ᠵᠦᠢ᠍ᠯ᠎ᠤᠨ ᠪᠡᠯᠡ ᠮᠥᠩᠭᠥ ᠵᠢ ᠬᠢᠨᠠᠨ ᠬᠠᠮᠢᠶᠠᠷᠬᠤ ᠳᠠᠩᠰᠠᠨ ᠡᠷᠦᠬᠡ ᠪᠠᠶ᠋ᠢᠭᠤᠯᠵᠤ᠂ ᠲᠥᠷᠥᠯ ᠵᠦᠢ᠍ᠯ᠎ᠤᠨ ᠬᠥᠷᠥᠩᠭᠡ ᠮᠥᠩᠭᠥ᠂ ᠵᠢᠭᠡᠯᠡᠯᠭᠡ ᠲᠠᠯᠪᠢᠬᠤ᠂ ᠵᠠᠷᠤᠴᠠᠭᠤᠯᠬᠤ᠂ ᠵᠢᠭᠡᠯᠡᠯᠭᠡ ᠪᠤᠴᠠᠭ᠋ᠠᠬᠤ ᠵᠡᠷᠭᠡ ᠲᠥᠷᠥᠯ ᠵᠦᠢ᠍ᠯ᠎ᠤᠨ ᠪᠡᠯᠡ ᠮᠥᠩᠭᠥ ᠵᠢᠨ ᠬᠢᠨᠠᠨ ᠬᠠᠮᠢᠶᠠᠷᠬᠤ ᠳᠠᠩᠰᠠᠨ ᠡᠷᠦᠬᠡ᠎ᠪᠠᠷ ᠳᠠᠮᠵᠢᠭᠤᠯᠤᠨ ᠭᠦᠢ᠍ᠴᠡᠳᠬᠡᠬᠦ ᠵᠢ ᠦᠨᠡᠨ ᠬᠦ᠌ ᠪᠠᠲᠤᠯᠠᠬᠤ ᠬᠡᠷᠡᠭᠲᠡᠶ᠃ 《ᠴᠠᠭ᠋ᠠᠨ ᠨᠡᠷᠡᠰ》᠎ᠤᠨ ᠲᠥᠷᠥᠯ ᠵᠦᠢ᠍ᠯ᠎ᠤᠨ ᠤᠷᠢᠳᠴᠢᠯᠠᠨ ᠬᠤᠳᠠᠯᠳᠤᠬᠤ ᠪᠡᠯᠡ ᠮᠥᠩᠭᠥ ᠵᠢᠨ ᠬᠢᠨᠠᠯᠲᠠ ᠬᠠᠮᠢᠶᠠᠷᠤᠯᠲᠠ ᠵᠢᠨ ᠳᠠᠩᠰᠠᠨ ᠡᠷᠦᠬᠡ ᠵᠢ ᠭᠣᠣᠯᠯᠠᠨ ᠡᠷᠬᠢᠯᠡᠬᠦ ᠪᠠᠩᠬᠢ᠎ᠳᠤ ᠪᠠᠶ᠋ᠢᠭᠤᠯᠬᠤ ᠬᠡᠷᠡᠭᠲᠡᠶ᠃

     ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠶᠠᠮᠤᠨ᠄ ᠣᠷᠣᠨ ᠰᠠᠭᠤᠴᠠ ᠵᠢᠨ ᠲᠥᠷᠥᠯ ᠵᠦᠢ᠍ᠯ᠎ᠢ ᠲᠥᠷᠥᠯ ᠬᠤᠪᠢᠶᠠᠨ ᠰᠢᠢ᠍ᠳᠪᠦᠷᠢᠯᠡᠵᠦ᠂ ᠬᠠᠤᠯᠢ ᠵᠢ ᠵᠥᠷᠢᠴᠡᠵᠦ ᠲᠣᠭᠲᠠᠭ᠋ᠠᠯ᠎ᠠᠴᠠ ᠵᠥᠷᠢᠴᠡᠭᠰᠡᠳ᠎ᠢ 《ᠠᠷᠭ᠎ᠠ ᠭᠠᠷᠭ᠋ᠠᠵᠤ ᠪᠡᠶ᠎ᠡ ᠮᠤᠯᠲᠤᠷᠠᠭᠤᠯᠬᠤ》 ᠦᠭᠡᠢ

     ᠬᠤᠲᠠ ᠵᠢᠨ ᠵᠠᠰᠠᠭ᠎ᠤᠨ ᠣᠷᠳᠣᠨ᠎ᠨᠤᠭᠤᠳ ᠵᠠᠬ᠎ᠠ ᠳᠡᠯᠭᠡᠭᠦᠷᠴᠢᠯᠡᠬᠦ᠂ ᠬᠠᠤᠯᠢ᠎ᠪᠠᠷ ᠵᠠᠰᠠᠬᠤ ᠵᠠᠷᠴᠢᠮ ᠶᠣᠰᠣᠭ᠋ᠠᠷ᠂ ᠲᠥᠷᠥᠯ ᠵᠦᠢ᠍ᠯ᠎ᠢ ᠨᠡᠭᠡᠭᠡᠨ ᠬᠥᠭᠵᠢᠭᠦᠯᠬᠦ ᠠᠵᠤ ᠠᠬᠤᠶ᠋ᠢᠯᠠᠯ᠎ᠢ ᠵᠢᠯᠣᠭᠤᠳᠴᠤ ᠪᠠᠶ᠋ᠢᠭ᠋ᠠᠳ 《ᠨᠢᠭᠡ ᠲᠥᠷᠥᠯ᠎ᠳᠤ ᠨᠢᠭᠡ ᠠᠷᠭ᠎ᠠ ᠪᠣᠳᠣᠯᠭ᠎ᠠ ᠠᠪᠬᠤ》 ᠰᠢᠢ᠍ᠳᠪᠦᠷᠢᠯᠡᠬᠦ ᠲᠥᠰᠦᠯ᠎ᠢ ᠲᠣᠭᠲᠠᠭ᠋ᠠᠬᠤ ᠬᠡᠷᠡᠭᠲᠡᠶ᠃ ᠵᠠᠬ᠎ᠠ ᠳᠡᠯᠭᠡᠭᠦᠷᠴᠢᠯᠡᠬᠦ ᠪᠣᠯ ᠳᠠᠷᠤᠶ ᠨᠥᠬᠦᠴᠡᠯ᠎ᠳᠤ ᠨᠡᠶ᠋ᠢᠴᠡᠬᠦ ᠲᠥᠷᠥᠯ ᠵᠦᠢ᠍ᠯ᠂ ᠡᠰᠡᠬᠦᠯ᠎ᠡ ᠵᠠᠬ᠎ᠠ ᠳᠡᠯᠭᠡᠭᠦᠷᠴᠢᠯᠡᠭᠰᠡᠨ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠨᠥᠬᠦᠴᠡᠯ ᠵᠶ᠋ᠠᠨ ᠲᠡᠭᠦᠯᠳᠡᠷᠵᠢᠭᠦᠯᠵᠦ ᠪᠣᠯᠬᠤ ᠲᠥᠷᠥᠯ ᠵᠦᠢ᠍ᠯ᠎ᠢ 《ᠴᠠᠭ᠋ᠠᠨ ᠨᠡᠷᠡᠰ》᠎ᠲᠤ ᠣᠷᠣᠭᠤᠯᠤᠨ ᠪᠠᠯᠠ ᠲᠣᠬᠢᠷᠠᠭᠤᠯᠭ᠎ᠠ ᠵᠢᠨ ᠳᠡᠮᠵᠢᠯᠭᠡ ᠦᠵᠡᠭᠦᠯᠵᠦ᠂ ᠲᠥᠷᠥᠯ ᠵᠦᠢ᠍ᠯ᠎ᠤᠨ ᠪᠥᠲᠥᠭᠡᠨ ᠪᠠᠢ᠌ᠭᠤᠯᠵᠤ ᠲᠤᠰᠢᠶᠠᠨ ᠥᠭᠬᠦ ᠵᠢ ᠠᠬᠢᠭᠤᠯᠬᠤ ᠶᠠᠪᠤᠳᠠᠯ ᠪᠣᠯᠤᠨ᠎ᠠ᠃ ᠬᠠᠤᠯᠢ᠎ᠪᠠᠷ ᠵᠠᠰᠠᠬᠤ ᠪᠣᠯ ᠳᠠᠷᠤᠢ ᠬᠥᠷᠥᠩᠭᠡ ᠥᠷᠢ᠎ᠳᠡᠭᠡᠨ ᠦᠯᠦ ᠬᠦᠷᠬᠦ ᠲᠥᠷᠥᠯ ᠵᠦᠢ᠍ᠯ᠎ᠢ ᠬᠠᠤᠯᠢ ᠴᠠᠭ᠋ᠠᠵᠠ᠎ᠪᠠᠷ ᠰᠢᠢ᠍ᠳᠪᠦᠷᠢᠯᠡᠬᠦ ᠳᠡᠰ ᠳᠠᠷᠠᠭ᠋ᠠᠯᠠᠯ᠎ᠳᠤ ᠣᠷᠣᠭᠤᠯᠬᠤ ᠵᠢ ᠲᠦᠯᠬᠢᠨ ᠠᠬᠢᠭᠤᠯᠵᠤ᠂ ᠳᠠᠮᠫᠤᠷᠠᠬᠤ ᠶᠣᠰᠣᠲᠠᠢ ᠵᠢ᠎ᠨᠢ ᠳᠠᠮᠫᠤᠷᠠᠭᠤᠯᠵᠤ᠂ ᠲᠠᠬᠢᠨ ᠵᠣᠬᠢᠶᠠᠨ ᠪᠠᠢ᠌ᠭᠤᠯᠬᠤ ᠵᠢ᠎ᠨᠢ ᠲᠠᠬᠢᠨ ᠵᠣᠬᠢᠶᠠᠨ ᠪᠠᠢ᠌ᠭᠤᠯᠤᠨ᠎ᠠ᠃ ᠰᠢᠢ᠍ᠳᠪᠦᠷᠢᠯᠡᠬᠦ ᠳᠤᠮᠳᠠ ᠭᠡᠷ ᠬᠤᠳᠠᠯᠳᠤᠨ ᠠᠪᠤᠭᠴᠢ ᠵᠢᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ ᠵᠢ ᠲᠡᠷᠢᠭᠦᠨ ᠪᠠᠶ᠋ᠢᠷᠢᠨ᠎ᠳᠤ ᠲᠠᠯᠪᠢᠬᠤ ᠬᠡᠷᠡᠭᠲᠡᠢ᠃ ᠡᠨᠡ ᠬᠦ᠌ ᠶᠠᠪᠤᠴᠠ᠎ᠳᠤ᠂ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠡᠯ᠎ᠡ ᠲᠥᠷᠥᠯ᠎ᠤᠨ ᠦᠢ᠍ᠯᠡ ᠠᠵᠢᠯᠯᠠᠭ᠎ᠠ ᠵᠢ ᠬᠠᠤᠯᠢ ᠶᠣᠰᠣᠭ᠋ᠠᠷ ᠡᠷᠡᠰ ᠪᠠᠶ᠋ᠢᠴᠠᠭ᠋ᠠᠨ ᠰᠢᠢ᠍ᠳᠪᠦᠷᠢᠯᠡᠵᠦ᠂ ᠬᠠᠤᠯᠢ ᠵᠢ ᠵᠥᠷᠢᠴᠡᠵᠦ ᠲᠣᠭᠲᠠᠭ᠋ᠠᠯ᠎ᠠᠴᠠ ᠵᠥᠷᠢᠴᠡᠭᠰᠡᠳ᠎ᠢ 《ᠠᠷᠭ᠎ᠠ ᠭᠠᠷᠭ᠋ᠠᠵᠤ ᠪᠡᠶ᠎ᠡ ᠮᠤᠯᠲᠤᠷᠠᠭᠤᠯᠬᠤ》 ᠦᠭᠡᠢ ᠪᠠᠢ᠌ᠵᠤ᠂ ᠣᠯᠠᠨ ᠲᠦᠮᠡᠨ᠎ᠤ ᠠᠰᠢᠭ ᠲᠤᠰᠠ ᠵᠢ ᠬᠤᠬᠢᠷᠠᠭᠤᠯᠤᠭᠰᠠᠨ ᠦᠢ᠍ᠯᠡ ᠠᠵᠢᠯᠯᠠᠭ᠎ᠠ ᠵᠢ ᠮᠡᠬᠡᠯᠡᠨ ᠥᠩᠭᠡᠷᠡᠭᠦᠯᠬᠦ ᠦᠭᠡᠢ᠃

     ᠲᠥᠪ ᠪᠠᠩᠬᠢ᠄ ᠲᠦᠷᠢᠶᠡᠰᠦᠨ ᠣᠷᠣᠨ ᠰᠠᠭᠤᠴᠠ ᠵᠢᠨ ᠵᠢᠭᠡᠯᠡᠯᠭᠡ ᠵᠢ ᠳᠡᠮᠵᠢᠬᠦ ᠲᠥᠯᠥᠪᠯᠡᠭᠡ ᠵᠢ ᠪᠠᠲᠤᠯᠠᠭ᠎ᠠ ᠵᠢᠨ ᠴᠢᠨᠠᠷᠲᠠᠶ ᠣᠷᠣᠨ ᠰᠠᠭᠤᠴᠠ ᠵᠢᠨ ᠳᠠᠬᠢᠨ ᠵᠢᠭᠡᠯᠡᠯᠭᠡ ᠵᠢᠨ ᠲᠥᠷᠥ ᠵᠢᠨ ᠪᠣᠳᠣᠯᠭ᠎ᠠ᠎ᠳᠤ ᠨᠡᠶ᠋ᠢᠯᠡᠭᠦᠯᠦᠨ ᠬᠠᠮᠢᠶᠠᠷᠤᠨ᠎ᠠ

    2023 ᠣᠨ᠎ᠳᠤ ᠠᠷᠠᠳ᠎ᠤᠨ ᠪᠠᠩᠬᠢ᠎ᠨᠢ ᠲᠦᠷᠢᠶᠡᠰᠦᠨ ᠣᠷᠣᠨ ᠰᠠᠭᠤᠴᠠ ᠵᠢᠨ ᠵᠢᠭᠡᠯᠡᠯᠭᠡ ᠵᠢ ᠳᠡᠮᠵᠢᠬᠦ ᠲᠥᠯᠥᠪᠯᠡᠭᠡ ᠵᠢ ᠪᠠᠶ᠋ᠢᠭᠤᠯᠵᠤ᠂ ᠵᠢᠨᠠᠨ᠂ ᠵᠧᠩᠵᠧᠦ ᠵᠡᠷᠭᠡ 8 ᠬᠤᠲᠠ ᠵᠢᠨ ᠵᠠᠬ᠎ᠠ ᠳᠡᠯᠭᠡᠭᠦᠷᠴᠢᠯᠡᠭᠰᠡᠨ ᠪᠥᠭᠡᠮ ᠵᠶ᠋ᠠᠷ ᠬᠤᠳᠠᠯᠳᠤᠨ ᠠᠪᠬᠤ᠂ ᠲᠦᠷᠢᠶᠡᠰᠦᠨ ᠣᠷᠣᠨ ᠰᠠᠭᠤᠴᠠ ᠵᠢᠨ ᠬᠠᠩᠭ᠋ᠠᠯᠭ᠎ᠠ ᠵᠢ ᠥᠷᠭᠡᠳᠬᠡᠬᠦ ᠵᠢ ᠲᠤᠷᠰᠢᠬᠤ ᠵᠢ ᠳᠡᠮᠵᠢᠪᠡ᠃ ᠵᠢᠯ ᠭᠠᠷᠤᠶ ᠵᠢᠨ ᠲᠤᠷᠰᠢ᠂ ᠲᠤᠷᠰᠢᠯᠲᠠ ᠵᠢᠨ ᠴᠡᠭ᠎ᠨᠢ 8 ᠬᠤᠲᠠ᠎ᠳᠤ ᠡᠮᠬᠢ ᠵᠢᠷᠤᠮ᠎ᠲᠠᠢ ᠶᠠᠪᠤᠭᠳᠠᠵᠤ᠂ ᠬᠤᠳᠠᠯᠳᠤᠭ᠋ᠠᠨ᠎ᠤ ᠦᠷᠭᠦᠯᠵᠢᠯᠡᠨ ᠲᠦᠷᠢᠶᠡᠰᠦᠯᠡᠬᠦ ᠡᠵᠡᠩᠨᠡᠯᠲᠡ ᠵᠢᠨ ᠵᠠᠭᠪᠤᠷ᠎ᠢ ᠠᠩᠬ᠎ᠠ ᠠᠯᠬᠤᠮ ᠪᠦᠷᠢᠯᠳᠦᠭᠦᠯᠵᠦ᠂ ᠦᠯᠡᠳᠡᠭᠡᠯ ᠣᠷᠣᠨ ᠰᠠᠭᠤᠴᠠ ᠵᠢ ᠰᠢᠩᠭᠡᠭᠡᠬᠦ᠎ᠳᠤ ᠢᠳᠡᠪᠬᠢᠲᠡᠢ ᠦᠢ᠍ᠯᠡᠳᠦᠯ ᠦᠵᠡᠭᠦᠯᠪᠡ᠃ ᠲᠥᠷᠥ ᠵᠢᠨ ᠪᠣᠳᠣᠯᠭ᠎ᠠ ᠵᠢ ᠵᠣᠯᠭ᠋ᠠᠭᠤᠯᠬᠤ ᠵᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠲᠦᠷᠢᠶᠡᠰᠦᠨ ᠣᠷᠣᠨ ᠰᠠᠭᠤᠴᠠ ᠵᠢᠨ ᠵᠢᠭᠡᠯᠡᠯᠭᠡ ᠵᠢᠨ ᠳᠡᠮᠵᠢᠯᠭᠡ ᠵᠢᠨ ᠲᠥᠯᠥᠪᠯᠡᠭᠡ ᠵᠢ ᠪᠠᠲᠤᠯᠠᠭ᠎ᠠ ᠵᠢᠨ ᠴᠢᠨᠠᠷᠲᠠᠶ ᠣᠷᠣᠨ ᠰᠠᠭᠤᠴᠠ ᠵᠢᠨ ᠳᠠᠬᠢᠨ ᠵᠢᠭᠡᠯᠡᠯᠭᠡ ᠵᠢᠨ ᠲᠥᠷᠥ ᠵᠢᠨ ᠪᠣᠳᠣᠯᠭ᠎ᠠ᠎ᠳᠤ ᠨᠡᠶ᠋ᠢᠯᠡᠭᠦᠯᠦᠨ ᠬᠠᠮᠢᠶᠠᠷᠴᠤ᠂ ᠪᠥᠬᠦ ᠤᠯᠤᠰ᠎ᠤᠨ ᠬᠡᠪᠴᠢᠶᠡᠨ᠎ᠳᠤ ᠪᠥᠬᠦ ᠲᠠᠯ᠎ᠠ᠎ᠪᠠᠷ ᠳᠡᠯᠭᠡᠷᠡᠭᠦᠯᠦᠨ᠎ᠡ᠃

 

ᠢᠷᠡᠯᠲᠡ᠄ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠰᠦᠯᠵᠢᠶ᠎ᠡ