CT᠂ ᠰᠤᠷᠢᠨᠵᠢᠨ ᠳᠠᠷᠪᠢᠯᠲᠠ᠂ X ᠰᠠᠴᠤᠷᠠᠭ᠎ᠤᠨ ᠰᠤᠶ᠋ᠢᠳᠭᠡᠯ ᠬᠤᠷᠢᠶᠠᠬᠤ᠎ᠳᠤ ᠰᠢᠨ᠎ᠡ ᠲᠥᠷᠢᠮ᠎ᠢ ᠬᠡᠷᠡᠭᠵᠢᠭᠦᠯᠦᠨ᠎ᠡ!
2024-11-25

     ᠡᠪᠡᠳᠴᠢᠨ ᠦᠵᠡᠭᠦᠯᠵᠦ ᠡᠮᠨᠡᠭᠦᠯᠬᠦ ᠶᠠᠪᠤᠴᠠ᠎ᠳᠠᠬᠢ 《ᠪᠠᠶ᠋ᠢᠴᠠᠭ᠋ᠠᠯᠲᠠ᠎ᠨᠢ ᠠᠷᠪᠢᠨ᠂ ᠪᠠᠶ᠋ᠢᠴᠠᠭ᠋ᠠᠯᠲᠠ᠎ᠨᠢ ᠦᠨᠡᠲᠡᠢ᠂ ᠪᠠᠶ᠋ᠢᠴᠠᠭ᠋ᠠᠯᠲᠠ᠎ᠨᠢ ᠳᠠᠪᠬᠤᠷᠳᠠᠭᠰᠠᠨ 》 ᠵᠡᠷᠭᠡ ᠣᠯᠠᠨ ᠲᠦᠮᠡᠨ᠎ᠤ ᠲᠤᠰᠬᠠᠯ ᠲᠥᠪᠯᠡᠷᠡᠭᠰᠡᠨ ᠠᠰᠠᠭᠤᠳᠠᠯ᠎ᠳᠤ ᠴᠢᠭᠯᠡᠭᠦᠯᠦᠨ᠂ ᠣᠶ᠋ᠢᠷ᠎ᠠ᠎ᠳᠤ᠂ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ  ᠲᠣᠪᠴᠢᠶ᠎ᠠ᠎ᠠᠴᠠ ᠰᠠᠴᠤᠷᠠᠭ᠎ᠤᠨ ᠪᠠᠶ᠋ᠢᠴᠠᠭ᠋ᠠᠯᠲᠠ ᠵᠢᠨ ᠲᠥᠷᠥᠯ᠎ᠤᠨ ᠦᠨ᠎ᠡ ᠵᠢᠨ  ᠲᠥᠷᠥᠯ ᠵᠦᠢ᠍ᠯ  ᠲᠣᠭᠲᠠᠭ᠋ᠠᠬᠤ ᠵᠦᠭᠯᠡᠭᠦᠷ (ᠲᠤᠷᠰᠢᠨ ᠬᠡᠷᠡᠭᠵᠢᠭᠦᠯᠬᠦ)᠎ᠢ ᠳᠠᠷᠤᠮᠠᠯᠯᠠᠨ ᠲᠠᠷᠬᠠᠭ᠋ᠠᠵᠤ᠂ ᠣᠲᠣ ᠵᠢᠨ ᠬᠡᠷᠡᠭᠵᠢᠭᠦᠯᠵᠦ ᠪᠠᠶ᠋ᠢᠭ᠎ᠠ ᠰᠠᠴᠤᠷᠠᠭ᠎ᠤᠨ ᠪᠠᠶ᠋ᠢᠴᠠᠭ᠋ᠠᠯᠲᠠ ᠵᠢᠨ ᠲᠥᠷᠥᠯ ᠵᠦᠢ᠍ᠯ᠎ᠢ ᠨᠢᠭᠡᠳᠦᠯᠲᠡᠶ ᠡᠮᠬᠢᠯᠡᠨ ᠨᠡᠶ᠋ᠢᠯᠡᠭᠦᠯᠵᠦ ᠵᠢᠷᠤᠮᠵᠢᠭᠤᠯᠤᠨ᠂ CT᠂ X ᠰᠠᠴᠤᠷᠠᠭ᠎ᠤᠨ ᠪᠠᠶ᠋ᠢᠴᠠᠭ᠋ᠠᠯᠲᠠ ᠵᠡᠷᠭᠡ ᠰᠠᠴᠤᠷᠠᠭ᠎ᠤᠨ ᠪᠠᠶ᠋ᠢᠴᠠᠭ᠋ᠠᠯᠲᠠ ᠵᠢᠨ ᠲᠥᠷᠥᠯ ᠵᠦᠢ᠍ᠯ᠎ᠤᠨ ᠰᠡᠳᠦᠪ ᠲᠣᠭᠲᠠᠭ᠋ᠠᠬᠤ᠎ᠳᠤ ᠨᠠᠩ ᠲᠣᠳᠣᠷᠬᠠᠶ᠂ ᠰᠦᠢ᠍ᠳᠭᠡᠯ ᠬᠤᠷᠢᠶᠠᠬᠤ᠎ᠨᠢ ᠨᠠᠩ ᠲᠣᠳᠣᠷᠬᠠᠶ ᠪᠣᠯᠵᠣ᠂ ᠰᠠᠴᠤᠷᠠᠭ᠎ᠤᠨ ᠪᠠᠶ᠋ᠢᠴᠠᠭ᠋ᠠᠯᠲᠠ ᠵᠢᠨ ᠦᠨ᠎ᠡ ᠵᠢ ᠵᠦᠶ ᠵᠣᠬᠢᠰᠲᠠᠶ ᠪᠠᠶ᠋ᠢᠯᠭ᠋ᠠᠬᠤ ᠵᠢ ᠳᠥᠯᠭᠢᠨ ᠠᠬᠢᠭᠤᠯᠪᠠ᠃

     ᠪᠤᠳᠠᠳᠣ ᠴᠣᠠᠠᠴᠠᠳᠣ  ᠹᠢᠯᠢᠮ᠎ᠢ ᠲᠦᠷᠦᠯ ᠵᠦᠢ᠍ᠯ᠎ᠤᠨ ᠦᠨ᠎ᠡ ᠵᠢᠨ  ᠪᠦᠷᠢᠯᠳᠣᠯ᠎ᠠᠴᠠ ᠰᠠᠯᠭ᠋ᠠᠵᠣ᠂ ᠡᠪᠡᠳᠴᠢᠳᠡᠨ᠎ᠤ ᠭᠡᠷᠡᠭᠴᠡᠭᠡ᠎ᠪᠠᠷ ᠰᠣᠩᠭᠤᠵᠣ ᠬᠤᠳᠠᠯᠳᠣᠨ  ᠠᠪᠤᠭᠤᠯᠤᠨ᠎ᠠ

     《ᠲᠥᠷᠥᠯ ᠵᠦᠢ᠍ᠯ ᠲᠣᠭᠲᠠᠭ᠋ᠠᠬᠤ ᠵᠦᠭᠯᠡᠭᠦᠷ》᠎ᠨᠢ ᠲᠣᠭ᠋ᠠᠵᠢᠭᠤᠯᠤᠭᠰᠠᠨ  ᠳᠦᠷᠰᠦ ᠰᠢᠩᠭᠡᠭᠡᠯᠲᠡ ᠵᠢ ᠰᠢᠢ᠍ᠳᠪᠦᠷᠢᠯᠡᠬᠦ᠂ ᠳᠡᠭᠡᠭᠰᠢ ᠳᠠᠮᠵᠢᠭᠤᠯᠬᠤ ᠪᠠ ᠡᠭᠦᠯᠡᠨ ᠬᠠᠳᠠᠭ᠋ᠠᠯᠠᠯᠲᠠ ᠵᠢ ᠰᠠᠴᠤᠷᠠᠭ᠎ᠤᠨ ᠪᠠᠶ᠋ᠢᠴᠠᠭ᠋ᠠᠯᠲᠠ ᠵᠢᠨ ᠦᠨ᠎ᠡ ᠵᠢᠨ ᠪᠦᠷᠢᠯᠳᠦᠯ᠎ᠳᠤ ᠣᠷᠣᠭᠤᠯᠵᠤ᠂ ᠪᠠᠶ᠋ᠢᠴᠠᠭ᠋ᠠᠯᠲᠠ ᠵᠢᠨ  ᠳ᠋ᠦᠩ᠎ᠢ ᠡᠭᠦᠯᠡᠨ ᠦᠵᠦᠬᠦᠷ᠎ᠲᠤ ᠳᠠᠮᠵᠢᠭᠤᠯᠵᠤ᠂ ᠡᠪᠡᠳᠴᠢᠲᠡᠨ᠎ᠠᠴᠠ ᠲᠣᠰ ᠬᠥᠮᠦᠨ᠎ᠤ᠎ᠪᠠᠨ ᠪᠠᠶ᠋ᠢᠴᠠᠭ᠋ᠠᠯᠲᠠ ᠵᠢᠨ ᠮᠠᠲ᠋ᠧᠷᠢᠶᠠᠯ ᠵᠢ ᠪᠠᠢ᠌ᠴᠠᠭ᠋ᠠᠨ ᠦᠵᠡᠬᠦ ᠂ ᠡᠮᠴᠢᠯᠡᠭᠡᠨ᠎ᠤ ᠪᠠᠶ᠋ᠢᠭᠤᠯᠤᠮᠵᠢ᠎ᠨᠢ ᠭᠠᠵᠠᠷ ᠣᠷᠣᠨ ᠠᠯᠤᠰᠯᠠᠨ ᠪᠠᠶ᠋ᠢᠭᠤᠯᠤᠮᠵᠢ ᠠᠯᠤᠰᠯᠠᠨ ᠰᠢᠯᠵᠢᠭᠦᠯᠦᠨ ᠦᠵᠡᠬᠦ᠂ ᠡᠮᠴᠢᠯᠡᠭᠡᠨ᠎ᠤ ᠳᠠᠭ᠋ᠠᠳᠬᠠᠯ᠎ᠤᠨ ᠰᠠᠯᠠᠭ᠎ᠠ ᠮᠥᠴᠢᠷ ᠴᠦ᠍ ᠨᠢᠭᠡᠨᠲᠡ ᠳᠡᠭᠡᠭᠰᠢ ᠳᠠᠮᠵᠢᠭᠤᠯᠤᠭᠰᠠᠨ ᠪᠠᠶ᠋ᠢᠴᠠᠭ᠋ᠠᠯᠲᠠ ᠵᠢᠨ ᠮᠠᠲ᠋ᠧᠷᠢᠶᠠᠯ᠎ᠢ ᠬᠠᠷᠭᠤᠭᠤᠯᠤᠨ ᠪᠠᠶ᠋ᠢᠴᠠᠭ᠋ᠠᠬᠤ᠎ᠳᠤ ᠲᠥᠬᠦᠮ ᠦᠵᠡᠭᠦᠯᠦᠨ᠎ᠡ᠃ ᠬᠡᠷᠪᠡ ᠡᠮᠴᠢᠯᠡᠭᠡᠨ᠎ᠤ ᠪᠠᠶ᠋ᠢᠭᠤᠯᠤᠮᠵᠢ ᠬᠠᠳᠠᠭ᠋ᠠᠯᠠᠭᠰᠠᠨ ᠵᠢᠷᠤᠭ ᠳᠦᠷᠰᠦ ᠵᠢ ᠪᠠᠶ᠋ᠢᠴᠠᠭ᠋ᠠᠨ ᠦᠵᠡᠵᠦ  ᠳᠡᠶ᠋ᠢᠯᠬᠦ ᠥᠬᠡᠶ ᠪᠣᠯ ᠵᠠᠷᠤᠳᠠᠯ᠎ᠢ ᠵᠣᠬᠢᠬᠤ ᠬᠡᠮᠵᠢᠶ᠎ᠡ᠎ᠪᠠᠷ  ᠬᠠᠰᠤᠵᠤ ᠬᠤᠷᠢᠶᠠᠬᠤ ᠬᠡᠷᠡᠭᠲᠡᠶ᠃

     ᠡᠭᠦᠨ᠎ᠠᠴᠠ ᠭᠠᠳᠠᠨ᠎ᠠ᠂ 《ᠲᠥᠷᠥᠯ ᠵᠦᠢ᠍ᠯ ᠲᠣᠭᠲᠠᠭ᠋ᠠᠬᠤ ᠵᠦᠭᠯᠡᠭᠦᠷ》᠎ᠨᠢ ᠪᠣᠳᠠᠲᠤ ᠴᠣᠭᠴᠠᠲᠤ  ᠹᠢᠯᠢᠮ᠎ᠢ ᠲᠥᠷᠥᠯ ᠵᠦᠢ᠍ᠯ᠎ᠤᠨ ᠦᠨ᠎ᠡ ᠵᠢᠨ  ᠪᠦᠷᠢᠯᠳᠦᠯ᠎ᠠᠴᠠ ᠨᠢᠭᠡᠳᠦᠯᠲᠡᠶ ᠰᠠᠯᠭ᠋ᠠᠵᠤ᠂ ᠡᠪᠡᠳᠴᠢᠲᠡᠨ ᠬᠡᠷᠡᠭᠴᠡᠭᠡ᠎ᠪᠠᠨ ᠦᠨᠳᠦᠰᠦᠯᠡᠨ ᠰᠣᠩᠭᠤᠨ ᠬᠤᠳᠠᠯᠳᠤᠨ ᠠᠪᠴᠤ᠂ ᠪᠣᠳᠠᠲᠤ ᠴᠣᠭᠴᠠᠲᠤ  ᠹᠢᠯᠢᠮ᠎ᠢ  ᠵᠥᠷᠢᠶ᠎ᠡ ᠦᠭᠡᠢ ᠦᠨ᠎ᠡ᠎ᠪᠠᠷ ᠪᠣᠷᠣᠯᠠᠭᠤᠯᠬᠤ ᠵᠢ ᠬᠡᠷᠡᠭᠵᠢᠭᠦᠯᠵᠦ᠂ ᠬᠠᠮᠲᠤᠷᠠᠯᠴᠠᠭᠤᠯᠵᠤ  ᠰᠦᠢ᠍ᠳᠬᠡᠯ ᠬᠤᠷᠢᠶᠠᠵᠤ ᠪᠣᠯᠬᠤ  ᠦᠭᠡᠢ᠃

     ᠰᠦᠢ᠍ᠳᠬᠡᠯ ᠬᠤᠷᠢᠶᠠᠬᠤ ᠲᠥᠷᠥᠯ ᠵᠦᠢ᠍ᠯ᠎ᠢ  ᠪᠠᠶ᠋ᠢᠴᠠᠭ᠋ᠠᠬᠤ ᠦᠷ᠎ᠡ ᠪᠦᠲᠦᠮᠵᠢ᠎ᠪᠠᠷ ᠤᠳᠤᠷᠢᠳᠤᠮᠵᠢ ᠪᠣᠯᠭ᠋ᠠᠵᠤ ᠂ ᠲᠥᠬᠥᠭᠡᠷᠦᠮᠵᠢ ᠵᠢᠨ ᠫᠡᠷᠠᠮᠸᠲᠷ᠎ᠢ ᠳᠠᠬᠢᠨ ᠳᠠᠭ᠋ᠠᠭᠤᠯᠵᠤ  ᠪᠣᠯᠬᠤ ᠦᠭᠡᠢ

     ᠰᠠᠴᠤᠷᠠᠭ᠎ᠤᠨ ᠪᠠᠶ᠋ᠢᠴᠠᠭ᠋ᠠᠯᠲᠠ ᠵᠢᠨ ᠲᠦᠷᠦᠯ ᠵᠦᠢ᠍ᠯ᠎ᠳᠤ ᠪᠠᠢ᠌ᠴᠠᠭ᠋ᠠᠯᠲᠠ ᠵᠢᠨ  ᠲᠥᠬᠦᠭᠡᠷᠦᠮᠵᠢ ᠵᠢᠨ  ᠵᠦᠷᠢᠶ᠎ᠡ ᠪᠣᠯ ᠣᠷᠢᠶᠠᠵᠤ ᠭᠠᠷᠴᠤ ᠪᠣᠯᠣᠰᠢ ᠦᠭᠡᠢ ᠶᠠᠷᠢᠯᠴᠠᠭ᠋ᠠᠨ᠎ᠤ ᠰᠡᠳᠦᠪ ᠮᠥᠨ᠃ ᠣᠶ᠋ᠢᠯᠠᠭ᠋ᠠᠮᠵᠢᠲᠠᠶ᠎ᠪᠠᠷ ᠠᠪᠴᠤ ᠬᠡᠯᠡᠪᠡᠯ᠂ ᠪᠠᠶ᠋ᠢᠴᠠᠭ᠋ᠠᠯᠲᠠ ᠵᠢᠨ ᠲᠥᠬᠦᠭᠡᠷᠦᠮᠵᠢ ᠵᠢᠨ ᠵᠢᠭᠰᠠᠭ᠋ᠠᠭᠰᠠᠨ ᠲᠤᠭ᠎ᠠ᠎ᠨᠢ ᠤᠯᠠᠮ ᠠᠷᠪᠢᠨ ᠪᠣᠯ ᠰᠢᠷᠪᠢᠯᠲᠡ ᠵᠢᠨ  ᠳ᠋ᠦᠩ᠎ᠨᠢ ᠤᠯᠠᠮ ᠨᠠᠷᠢᠯᠢᠭ ᠪᠠᠢ᠌ᠵᠤ ᠂ ᠨᠠᠩ ᠲᠣᠳᠣᠷᠬᠠᠶ ᠳᠦᠷᠰᠦ ᠪᠦᠲᠦᠭᠡᠯᠲᠡ ᠵᠢᠨ  ᠳ᠋ᠦᠩ᠎ᠢ ᠭᠠᠷᠭ᠋ᠠᠵᠤ ᠴᠢᠳᠠᠨ᠎ᠠ᠃ ᠡᠭᠦᠨ᠎ᠤ ᠵᠡᠷᠭᠡ᠎ᠳᠤ᠂ ᠡᠨᠡ᠎ᠨᠢ ᠪᠠᠰᠠ ᠨᠠᠩ ᠥᠨᠳᠥᠷ ᠲᠥᠬᠦᠭᠡᠷᠦᠮᠵᠢ ᠵᠢᠨ ᠦᠨ᠎ᠡ  ᠪᠠ ᠡᠮᠴᠢᠯᠡᠭᠡᠨ᠎ᠤ ᠪᠠᠶ᠋ᠢᠭᠤᠯᠤᠮᠵᠢ ᠵᠢᠨ ᠨᠠᠩ ᠣᠯᠠᠨ ᠰᠦᠢ᠍ᠳᠬᠡᠯ ᠬᠤᠷᠢᠶᠠᠬᠤ ᠲᠥᠷᠥᠯ ᠵᠦᠢ᠍ᠯ ᠲᠣᠭᠲᠠᠭ᠋ᠠᠬᠤ ᠬᠦᠰᠡᠯ ᠱᠠᠭ᠋ᠠᠷᠳᠠᠯᠭ᠎ᠠ ᠵᠢ ᠠᠪᠴᠢᠷᠠᠬᠤ ᠪᠣᠯᠣᠨ᠎ᠠ ᠃

     ᠦᠨ᠎ᠡ ᠵᠢᠨ  ᠲᠥᠷᠥᠯ ᠵᠦᠢ᠍ᠯ ᠪᠠ ᠪᠠᠶ᠋ᠢᠴᠠᠭ᠋ᠠᠬᠤ ᠲᠥᠬᠦᠭᠡᠷᠦᠮᠵᠢ ᠵᠢᠨ ᠬᠠᠮᠲᠤᠷᠠᠯᠴᠠᠯ᠎ᠢ  ᠪᠠᠭ᠋ᠠᠰᠬᠠᠬᠤ ᠵᠢᠨ ᠲᠥᠯᠥᠭᠡ᠂ ᠲᠥᠷᠥᠯ ᠵᠦᠢ᠍ᠯ ᠲᠣᠭᠲᠠᠭ᠋ᠠᠬᠤ ᠵᠦᠭᠯᠡᠭᠦᠷ᠎ᠨᠢ ᠦᠢ᠍ᠯᠡᠴᠢᠯᠡᠭᠡᠨ᠎ᠤ ᠦᠢ᠍ᠯᠡᠳᠪᠦᠷᠢᠯᠡᠯ᠎ᠤᠨ ᠤᠳᠤᠷᠢᠳᠤᠮᠵᠢ ᠵᠢᠨ ᠦᠨᠳᠦᠰᠦᠨ ᠵᠠᠷᠴᠢᠮ᠎ᠢ ᠪᠠᠷᠢᠮᠲᠠᠯᠠᠵᠤ᠂ ᠲᠥᠷᠥᠯ ᠵᠦᠢ᠍ᠯ᠎ᠢ ᠲᠣᠭᠲᠠᠭ᠋ᠠᠬᠤ᠎ᠳᠤ ᠲᠥᠬᠦᠭᠡᠷᠦᠮᠵᠢ ᠵᠢᠨ ᠫᠠᠷᠠᠮᠸᠲᠷ᠎ᠢ  ᠳᠠᠬᠢᠨ ᠳᠠᠭ᠋ᠠᠭᠤᠯᠬᠤ  ᠦᠭᠡᠢ᠂ ᠬᠠᠷᠢᠨ ᠪᠠᠶ᠋ᠢᠴᠠᠭ᠋ᠠᠯᠲᠠ ᠵᠢᠨ ᠦᠷ᠎ᠡ ᠪᠦᠲᠦᠮᠵᠢ ᠵᠢ ᠳᠠᠭ᠋ᠠᠭᠤᠯᠵᠤ ᠂ ᠠᠩᠬᠠᠷᠤᠯ᠎ᠤᠨ  ᠴᠡᠭ᠎ᠢ ᠪᠠᠶ᠋ᠢᠴᠠᠭ᠋ᠠᠯᠲᠠ ᠵᠢᠨ ᠨᠠᠷᠢᠯᠢᠭᠴᠠ ᠳᠡᠭᠡᠷ᠎ᠡ ᠲᠥᠪᠯᠡᠷᠡᠭᠦᠯᠦᠨ᠎ᠡ᠃  ᠡᠩ᠎ᠤᠨ CT  ᠪᠠᠢ᠌ᠴᠠᠭ᠋ᠠᠯᠲᠠ ᠵᠢ  ᠵᠢᠭᠰᠠᠭ᠋ᠠᠭᠰᠠᠨ ᠲᠣᠭ᠎ᠠ᠎ᠪᠠᠷ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢ ᠲᠣᠭᠲᠠᠭ᠋ᠠᠬᠤ ᠪᠢᠰᠢ ᠪᠣᠯᠭ᠋ᠠᠵᠤ ᠂ ᠬᠠᠷᠢᠨ ᠰᠢᠷᠪᠢᠯᠲᠡ ᠵᠢᠨ ᠳᠠᠪᠬᠤᠷᠭ᠎ᠠ ᠵᠢᠨ ᠵᠤᠵᠠᠭ᠋ᠠᠨ᠎ᠨᠢ 2mm᠎ᠠᠴᠠ ᠶᠡᠬᠡ 《ᠨᠢᠮᠭᠡᠨ ᠳᠠᠪᠬᠤᠷᠭ᠎ᠠ ᠵᠢᠨ ᠰᠢᠷᠪᠢᠯᠲᠡ》  ᠪᠣᠯᠪᠠᠯ ᠰᠠᠶᠢ  ᠨᠡᠮᠡᠵᠦ ᠬᠤᠷᠢᠶᠠᠬᠤ ᠵᠦᠢ᠍ᠯ ᠭᠠᠷᠭ᠋ᠠᠨ᠎ᠠ ᠃

     ᠵᠣᠬᠢᠶᠠᠮᠠᠯ ᠣᠶᠣᠨ ᠵᠶ᠋ᠠᠷ  ᠤᠨᠤᠰᠢᠯᠠᠬᠤ ᠮᠡᠷᠭᠡᠵᠢᠯ᠎ᠳᠤ ᠲᠤᠰᠠᠯᠠᠬᠤ ᠵᠢ ᠠᠬᠢᠭᠤᠯᠵᠤ ᠂  ᠡᠮᠴᠢᠯᠡᠭᠡ ᠵᠢᠨ ᠬᠡᠷᠡᠭᠯᠡᠯᠲᠡ᠎ᠳᠤ ᠣᠷᠤᠭᠤᠯᠤᠨ᠎ᠠ

     ᠵᠣᠬᠢᠶᠠᠮᠠᠯ ᠣᠶᠤᠨ ᠵᠶ᠋ᠠᠷ ᠣᠨᠣᠰᠢᠯᠠᠬᠤ ᠮᠡᠷᠭᠡᠵᠢᠯ᠎ᠳᠤ ᠲᠤᠰᠠᠯᠠᠭᠤᠯᠵᠤ  ᠡᠮᠴᠢᠯᠡᠭᠡ ᠵᠢᠨ ᠬᠡᠷᠡᠭᠯᠡᠯᠲᠡ᠎ᠳᠤ  ᠣᠷᠣᠭᠤᠯᠬᠤ ᠵᠢ ᠳᠡᠮᠵᠢᠬᠦ ᠵᠢᠨ ᠲᠤᠰᠠᠳᠠ ᠂ ᠪᠠᠰᠠ ᠡᠪᠡᠳᠴᠢᠲᠡᠨ᠎ᠤ ᠳᠠᠷᠤᠭ᠋ᠠᠰᠤ ᠵᠢ ᠢᠯᠡᠭᠦᠴᠡ ᠨᠡᠮᠡᠭᠳᠡᠭᠦᠯᠬᠦ᠎ᠠᠴᠠ ᠰᠡᠷᠭᠡᠶ᠋ᠢᠯᠡᠵᠦ᠂ ᠲᠦᠷᠦᠯ ᠵᠦᠢ᠍ᠯ  ᠲᠣᠭᠲᠠᠭ᠋ᠠᠬᠤ ᠵᠦᠭᠯᠡᠭᠦᠷ᠎ᠨᠢ ᠰᠠᠴᠤᠷᠠᠭ᠎ᠤᠨ ᠪᠠᠶ᠋ᠢᠴᠠᠭ᠋ᠠᠯᠲᠠ ᠵᠢᠨ ᠲᠦᠷᠦᠯ᠎ᠤᠨ ᠭᠤᠣᠯ ᠲᠦᠷᠦᠯ ᠵᠦᠢ᠍ᠯ᠎ᠤᠨ  ᠳᠣᠣᠷ᠎ᠠ 《  ᠵᠣᠬᠢᠶᠠᠮᠠᠯ ᠣᠶᠤᠨ ᠵᠶ᠋ᠠᠷ ᠣᠨᠣᠰᠢᠯᠠᠬᠤ ᠮᠡᠷᠭᠡᠵᠢᠯ᠎ᠳᠤ ᠲᠤᠰᠠᠯᠠᠭᠤᠯᠬᠤ 》  ᠥᠷᠭᠡᠳᠬᠡᠭᠰᠡᠨ ᠵᠦᠢ᠍ᠯ᠎ᠢ ᠨᠢᠭᠡᠳᠦᠯᠲᠡᠢ ᠳᠣᠬᠢᠷᠠᠭᠤᠯᠤᠨ᠎ᠠ ᠂ ᠥᠭᠡᠷ᠎ᠡ᠎ᠪᠠᠷ ᠬᠡᠯᠡᠪᠡᠯ ᠡᠮᠨᠡᠯᠭᠡ ᠵᠢᠨ ᠬᠤᠷᠢᠶ᠎ᠠ ᠵᠣᠬᠢᠶᠠᠮᠠᠯ ᠣᠶᠣᠨ ᠵᠶ᠋ᠠᠷ  ᠬᠠᠪᠰᠤᠷᠤᠨ ᠣᠨᠣᠰᠢᠯᠠᠬᠤ᠎ᠳᠤ ᠲᠤᠰᠠᠯᠠᠭᠤᠯᠤᠭᠰᠠᠨ ᠪᠠᠢ᠌ᠪᠠᠯ ᠂ ᠭᠤᠣᠯ ᠲᠦᠷᠦᠯ ᠵᠦᠢ᠍ᠯ᠎ᠲᠠᠢ ᠠᠳᠠᠯᠢᠬᠠᠨ ᠦᠨ᠎ᠡ ᠵᠢ  ᠬᠡᠷᠡᠭᠵᠢᠭᠦᠯᠦᠨ᠎ᠡ ᠂ ᠭᠡᠪᠡᠴᠦ ᠭᠤᠤᠯ ᠲᠥᠷᠥᠯ ᠵᠦᠢ᠍ᠯ᠎ᠲᠠᠢ ᠳᠠᠪᠬᠤᠷᠳᠠᠭᠤᠯᠤᠨ ᠰᠦᠢ᠍ᠳᠬᠡᠯ ᠬᠤᠷᠢᠶᠠᠵᠤ ᠪᠣᠯᠬᠤ  ᠦᠭᠡᠢ᠃

 

ᠢᠷᠡᠯᠲᠡ᠄ ᠲᠥᠪ ᠲᠧᠯᠸᠢᠰ᠎ᠤᠨ ᠰᠣᠨᠢᠨ ᠮᠡᠳᠡᠭᠡ